ᠦᠨᠳᠦᠰᠦᠲᠡᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢᠨ ᠰᠠᠴᠤᠷᠠᠩᠭᠤᠢ ᠲᠤᠶᠠᠭᠠᠯᠠᠯ ᠳᠤᠤᠷ᠎ᠠ ᠤᠮᠤᠭᠲᠠᠢ ᠤᠷᠤᠭᠰᠢᠯᠠᠨ᠎ᠠ
ᠨᠡᠶᠢᠲᠡᠯᠡᠭᠰᠡᠨ ᠴᠠᠭ᠄
2015/1/26
     ᠦᠪᠦᠷ ᠮᠤᠩᠭᠤᠯ ᠪᠤᠯ ᠮᠠᠨ ᠤ ᠤᠯᠤᠰ ᠤᠨ ᠬᠠᠮᠤᠭ ᠤᠨ ᠡᠷᠲᠡ ᠪᠠᠶᠢᠭᠤᠯᠤᠭᠳᠠᠭᠰᠠᠨ ᠴᠦᠭᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠪᠤᠯᠤᠨ᠎ᠠ᠂ ᠳᠡᠭᠡᠷ᠎ᠡ ᠵᠠᠭᠤᠨ ᠤ ᠲᠠᠪᠢᠭᠠᠳ ᠤᠨ ᠳᠤ ᠶᠡᠷᠦᠩᠭᠡᠢ ᠰᠠᠶᠢᠳ ᠵᠸᠤ ᠡᠸᠡ ᠯᠠᠢ ᠳᠤ《 ᠵᠢᠱᠢᠶᠡᠴᠢ ᠦᠪᠡᠷᠲᠡᠭᠡᠨ ᠵᠠᠰᠠᠬᠤ ᠤᠷᠤᠨ》 ᠬᠡᠵᠤ ᠦᠨᠡᠯᠡᠭᠳᠡᠵᠤ ᠦᠡᠭᠭᠡᠷᠡᠵᠠᠢ᠃  ᠡᠨᠡ ᠵᠢᠯ ᠤᠨ 1 ᠰᠠᠷ᠎ᠠ ᠳᠤ᠂ ᠶᠡᠷᠦᠩᠭᠡᠢ ᠱᠦᠵᠢ ᠰᠢ ᠶᠢᠨ ᠫᠢᠡᠭ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠡᠭᠡᠨ᠂ ᠦᠪᠡᠷᠲᠡᠭᠡᠨ ᠵᠠᠰᠠᠬᠤ ᠤᠷᠤᠨ ᠢ《 ᠤᠷᠲᠤ ᠬᠤᠭᠤᠴᠠᠭᠠᠨ ᠤ ᠲᠤᠷᠰᠢ ᠦᠨᠳᠦᠰᠦᠲᠡᠨ ᠤ ᠪᠦᠯᠬᠦᠮᠳᠡᠯ ᠤᠨ ᠠᠵᠢᠯ ᠢ ᠮᠠᠰᠢ ᠰᠠᠶᠢᠨ ᠬᠢᠵᠠᠢ》 ᠬᠡᠵᠤ ᠬᠦᠢᠴᠡᠳ ᠦᠨᠡᠯᠡᠵᠠᠢ᠃ ᠮᠠᠨ ᠤ ᠤᠯᠤᠰ ᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠤᠨ ᠮᠡᠨᠳᠦᠯᠡᠭᠰᠡᠨ ᠭᠠᠵᠠᠷ ᠪᠤᠯᠤᠭᠰᠠᠨ ᠤ ᠬᠤᠪᠢ ᠳᠤ᠂ ᠦᠪᠦᠷ ᠮᠤᠩᠭᠤᠯ ᠤᠨ ᠦᠨᠳᠦᠰᠦᠲᠡᠨ ᠨᠤᠭᠤᠳ ᠤᠨ ᠠᠷᠠᠳ ᠲᠦᠮᠡᠨ ᠦᠨᠳᠦᠰᠦᠲᠡᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠳᠤᠤᠷ᠎ᠠ᠂ ᠦᠨᠳᠦᠰᠦᠲᠡᠨ ᠎ ᠨᠦᠭᠦᠳ ᠤᠨ ᠶᠡᠭᠡ ᠪᠦᠯᠬᠦᠮᠳᠡᠯ ᠤᠨ ᠲᠤᠭ ᠢ ᠢᠮᠠᠭᠳᠠ ᠦᠨᠳᠦᠷ ᠮᠠᠨᠳᠤᠭᠤᠯᠵᠤ᠂ ᠡᠬᠡ ᠤᠯᠤᠰ ᠤᠨ ᠤᠮᠠᠷᠠᠳᠤ ᠬᠢᠯᠢ ᠬᠢᠵᠠᠭᠠᠷ ᠢᠶᠠᠨ ᠬᠠᠮᠲᠤᠪᠡᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤᠪᠡᠷ ᠴᠤᠭᠴᠠᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠡ ᠶᠢᠨ ᠦᠢᠯᠡᠰ ᠤᠨ ᠠᠤᠭ᠎ᠠ ᠲᠤᠤᠯᠢᠰ ᠢ ᠪᠢᠴᠢᠭᠯᠡᠭᠰᠡᠨ ᠪᠠᠶᠢᠨ᠎ᠠ᠃       ᠨᠢᠭᠡ ᠳᠤ    ᠳᠤᠮᠲᠠᠲᠤ ᠤᠯᠤᠰ ᠤᠨ ᠤᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠦᠪ ᠵᠠᠮ ᠢ ᠪᠠᠷᠢᠮᠲᠠᠯᠠᠵᠤ᠂ ᠦᠨᠳᠦᠰᠦᠲᠡᠨ ᠤ ᠠᠵᠢᠯ ᠤᠨ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠪᠡ᠃ ᠦᠨᠳᠦᠰᠦᠲᠡᠨ ᠤ ᠠᠵᠢᠯ ᠶᠡᠭᠡ ᠲᠠᠯ᠎ᠠ ᠲᠠᠢ ᠬᠤᠯᠪᠤᠭᠳᠠᠨ᠎ᠠ᠃ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠵᠤ᠂ ᠦᠨᠳᠦᠰᠦᠲᠡᠨ ᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠳᠤ᠂ ᠬᠠᠮᠤᠭ ᠤᠨ ᠴᠢᠬᠤᠯᠠ ᠨᠢ ᠳᠤᠮᠲᠠᠲᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠲᠠᠲᠤ ᠤᠯᠤᠰ ᠤᠨ ᠤᠨᠴᠠᠯᠢᠭ ᠎ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠨ᠂ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠬᠤ ᠳᠤ ᠪᠤᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠦᠨᠳᠦᠰᠦᠲᠡᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠵᠦᠪ ᠤᠨᠤᠪᠴᠢᠲᠠᠢ ᠲᠤᠤᠱᠯᠠᠭᠤᠯᠤᠨ ᠬᠡᠷᠡᠭᠵᠢᠭᠦᠯᠵᠤ᠂ ᠦᠨᠳᠦᠰᠦᠲᠡᠨ ᠤ ᠠᠵᠢᠯ ᠢ ᠨᠠᠮ ᠤᠳᠤᠷᠢᠳᠬᠤ ᠪᠠᠶᠢᠭᠤᠯᠤᠮᠵᠢ ᠲᠤᠭᠲᠠᠴᠠ ᠶᠢ ᠲᠠᠰᠤᠷᠤᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠴᠦᠭᠡᠨ ᠲᠤᠭᠠᠲᠤ ᠦᠨᠳᠦᠰᠦᠲᠡᠨ ᠤ ᠺᠠᠲᠠᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ᠂ ᠦᠵᠡᠯ ᠰᠠᠨᠠᠭ᠎ᠠ ᠶᠢᠨ ᠲᠠᠯ᠎ᠠ ᠪᠠᠷ᠂ ᠵᠤᠬᠢᠶᠠᠨ ᠪᠠᠶᠢᠭᠤᠯᠤᠯᠲᠠ ᠶᠢᠨ ᠲᠠᠯ᠎ᠠ ᠪᠠᠷ ᠦᠨᠳᠦᠰᠦᠲᠡᠨ ᠤ ᠠᠵᠢᠯ ᠢ ᠨᠠᠮ ᠤᠨ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ ᠪᠠᠶᠢᠯᠭᠠᠬᠤ ᠶᠢ ᠦᠨᠡᠨᠬᠦ ᠪᠠᠲᠤᠯᠠᠵᠠᠢ᠃       ᠳᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠵᠠᠮ ᠢ ᠢᠮᠠᠭᠲᠠ ᠭᠤᠶᠢᠪᠢᠰᠢ ᠦᠭᠡᠢ ᠪᠠᠷᠢᠮᠲᠠᠯᠠᠨ᠂ ᠳᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠨᠤᠯ ᠢᠶᠠᠷ ᠲᠠᠷᠢᠬᠢ ᠲᠤᠯᠤᠭᠠᠢ ᠪᠠᠨ ᠵᠠᠪᠰᠡᠭᠯᠡᠵᠤ᠂ ᠦᠢᠯᠡᠳᠦᠯᠭᠡ ᠪᠠᠨ ᠵᠢᠯᠤᠭᠤᠳᠤᠭᠤᠯᠬᠤ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠨ᠂ ᠳᠤᠮᠲᠠᠲᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠲᠠᠲᠤ ᠶᠢᠨ ᠵᠡᠬᠦᠲᠤ ᠪᠠᠷ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠵᠤ᠂ ᠵᠠᠮ ᠱᠤᠭᠤᠮ ᠤᠨ ᠦᠪᠡᠷ ᠤᠨ ᠢᠲᠡᠭᠡᠯ᠂ ᠤᠨᠤᠯ ᠤᠨ ᠦᠪᠡᠷ ᠤᠨ ᠢᠲᠡᠭᠡᠯ᠂ ᠪᠠᠶᠢᠭᠤᠯᠤᠮᠵᠢ ᠶᠢᠨ ᠦᠪᠡᠷ ᠤᠨ ᠢᠲᠡᠭᠡᠯ ᠢ ᠲᠠᠰᠤᠷᠠᠯᠳᠠ ᠦᠭᠡᠢ ᠴᠢᠩᠭᠠᠷᠠᠭᠤᠯᠵᠠᠢ᠃ ᠦᠨᠳᠦᠰᠦᠲᠡᠨ ᠤ ᠭᠠᠵᠠᠷ ᠤᠷᠤᠨ ᠤ ᠦᠪᠡᠷᠲᠡᠭᠡᠨ ᠵᠠᠰᠠᠬᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠢᠮᠠᠭᠲᠠ ᠭᠤᠶᠢᠪᠢᠰᠢ ᠦᠭᠡᠢ ᠪᠠᠷᠢᠮᠲᠠᠯᠠᠨ᠂ ᠤᠯᠤᠰ ᠤᠨ ᠨᠢᠭᠡᠳᠤᠯ ᠢ ᠬᠠᠮᠠᠭᠠᠯᠠᠬᠤ ᠪᠤᠯᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠶᠢᠨ ᠬᠠᠷᠢᠴᠠᠭ᠎ᠠ ᠶᠢ ᠵᠦᠪ ᠰᠢᠢᠳᠪᠦᠷᠢᠯᠡᠵᠤ ᠂ ᠦᠨᠳᠦᠰᠦᠲᠡᠨ ᠤ ᠬᠦᠴᠦᠨ ᠵᠦᠢᠯ ᠪᠤᠯᠤᠨ ᠭᠠᠵᠠᠷ ᠪᠦᠰᠡ ᠶᠢᠨ ᠬᠦᠴᠦᠨ ᠵᠦᠢᠯ ᠢ ᠨᠢᠭᠡᠲᠤᠯᠲᠠᠢ ᠲᠦᠯᠦᠪᠵᠢᠭᠦᠯᠦᠨ ᠪᠤᠳᠤᠯᠬᠢᠯᠠᠵᠤ᠂ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠶᠢᠨ ᠪᠤᠳᠠᠲᠠᠢ ᠳᠦᠷᠢᠮ ᠤᠨ ᠲᠤᠬᠢᠷᠠᠭᠤᠯᠤᠯᠲᠠ ᠪᠤᠯᠤᠨ ᠲᠦᠷᠦ ᠶᠢᠨ ᠪᠤᠳᠤᠯᠭ᠎ᠠ ᠶᠢᠨ ᠲᠦᠯᠦᠪᠯᠡᠭᠡ ᠶᠢ ᠲᠠᠰᠤᠷᠤᠯᠲᠠ ᠦᠭᠡᠢ ᠲᠡᠭᠦᠯᠳᠡᠷᠵᠢᠭᠦᠯᠵᠤ᠂ ᠤᠯᠤᠰ ᠤᠨ ᠨᠢᠭᠡᠳᠦᠯ ᠢ ᠡᠷᠡᠰ ᠬᠠᠮᠠᠭᠠᠯᠠᠨ᠂ ᠦᠨᠳᠦᠰᠦᠲᠡᠨ ᠨᠦᠭᠦᠳ ᠡᠷᠭᠡ ᠲᠡᠭᠰᠢ ᠪᠠᠶᠢᠬᠤ ᠶᠢ ᠦᠨᠡᠨᠬᠦ ᠪᠠᠲᠤᠯᠠᠵᠤ ᠂ ᠡᠷᠭᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠤᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠦᠲᠦᠮᠵᠢᠲᠠᠢ ᠬᠠᠮᠠᠭᠠᠯᠠᠵᠤ ᠬᠦᠭᠵᠢᠭᠦᠯᠦᠭᠰᠡᠨ ᠪᠠᠶᠢᠨ᠎ᠠ᠃       ᠬᠤᠶᠠᠷ ᠲᠤ  ᠬᠦᠭᠵᠢᠭᠦᠯᠬᠦ ᠶᠢ ᠦᠨᠳᠦᠰᠦᠲᠡᠨ ᠤ ᠠᠵᠢᠯ ᠤᠨ ᠵᠤᠭᠰᠤᠴᠠ ᠪᠤᠯᠭᠠᠬᠤ ᠶᠢ ᠪᠠᠷᠢᠮᠲᠠᠯᠠᠨ᠂ ᠬᠦᠭᠵᠢᠯᠲᠡ ᠶᠢᠨ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤ ᠠᠰᠢᠭ ᠬᠦᠷᠲᠡᠭᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠪᠦᠯᠬᠦᠮᠳᠡᠯ ᠢ ᠠᠬᠢᠭᠤᠯᠬᠤ ᠳᠡᠭᠡᠷ᠎ᠡ ᠢᠯᠡᠷᠡᠭᠦᠯᠬᠦ ᠪᠠᠷ ᠴᠢᠷᠮᠠᠶᠢᠵᠠᠢ᠃ ᠬᠦᠭᠵᠢᠬᠦᠯᠬᠦ ᠪᠤᠯ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠶᠢᠨ ᠵᠠᠩᠬᠢᠯᠠᠭ᠎ᠠ ᠪᠤᠯᠤᠨ᠎ᠠ᠃ ᠦᠨᠳᠦᠰᠦᠲᠡᠨ ᠨᠦᠭᠦᠳ ᠬᠠᠮᠲᠤᠪᠡᠷ ᠪᠦᠯᠬᠦᠮᠳᠡᠨ ᠲᠡᠮᠡᠴᠡᠵᠤ᠂ ᠬᠠᠮᠲᠤᠪᠡᠷ ᠴᠡᠴᠡᠭᠯᠡᠨ ᠬᠦᠭᠵᠢᠬᠦ ᠶᠢ ᠠᠬᠢᠭᠤᠯᠵᠤ᠂ ᠦᠨᠳᠦᠰᠦᠲᠡᠨ ᠤ ᠭᠠᠵᠠᠷ ᠤᠷᠤᠨ ᠪᠦᠬᠦ ᠤᠯᠤᠰ ᠲᠠᠢ ᠬᠠᠮᠲᠤᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠶᠢ ᠪᠡᠶᠡᠯᠡᠬᠦᠯᠬᠦ ᠶᠢ ᠦᠨᠡᠨᠬᠦ ᠪᠠᠲᠤᠯᠠᠬᠤ ᠳᠤ᠂ ᠡᠷᠬᠡᠪᠰᠢ ᠰᠢᠨᠵᠢᠯᠡᠬᠦ ᠤᠬᠠᠭᠠᠨᠴᠢ ᠪᠠᠷ ᠬᠦᠭᠵᠢᠬᠦ ᠶᠢ ᠲᠦᠷᠭᠡᠳᠭᠡᠨ ᠠᠬᠢᠭᠤᠯᠬᠤ ᠬᠡᠷᠡᠭᠲᠠᠢ᠃ ᠦᠪᠡᠷᠲᠡᠭᠡᠨ ᠵᠠᠰᠠᠬᠤ ᠤᠷᠤᠨ ᠬᠦᠭᠵᠢᠭᠦᠯᠬᠦ ᠪᠤᠯ ᠬᠠᠲᠠᠭᠤ ᠶᠤᠰᠤ ᠪᠤᠯᠬᠤ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠭᠤᠶᠢᠪᠢᠰᠢ ᠦᠭᠡᠢ ᠪᠠᠷᠢᠮᠲᠠᠯᠠᠨ᠂ ᠪᠦᠬᠦ ᠤᠯᠤᠰ ᠤᠨ ᠬᠦᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠪᠤᠯᠤᠨ ᠲᠤᠰ ᠪᠡᠶ᠎ᠡ ᠶᠢᠨ ᠬᠦᠭᠵᠢᠯᠲᠡ ᠪᠠᠨ ᠲᠦᠷᠭᠡᠳᠬᠡᠬᠦ ᠶᠢ ᠤᠬᠠᠮᠰᠠᠷ ᠠᠴᠠ ᠪᠠᠨ ᠨᠢᠭᠡᠳᠭᠡᠵᠤ᠂《 ᠲᠠᠪᠤᠨ ᠶᠡᠭᠡ ᠰᠠᠭᠤᠷᠢᠨ》 ︵ᠴᠡᠪᠡᠷ ᠡᠨᠧᠷᠬᠢ ᠶᠢᠨ ᠰᠠᠭᠤᠷᠢᠨ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ᠂ ᠦᠡᠭᠭᠡᠲᠤ ᠲᠡᠮᠦᠷᠯᠢᠭ ᠪᠤᠯᠤᠨ ᠤᠳᠤ ᠦᠶ᠎ᠡ ᠶᠢᠨ ᠮᠠᠰᠢᠨ ᠲᠤᠨᠤᠭᠯᠠᠯ ᠦᠢᠯᠡᠳᠬᠦ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠰᠠᠭᠤᠷᠢᠨ᠂ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠰᠠᠭᠤᠷᠢᠨ᠂ ᠵᠤᠭᠠᠴᠠᠯ ᠰᠤᠶᠤᠯ ᠤᠨ ᠰᠠᠭᠤᠷᠢᠨ︶᠂《 ᠬᠤᠶᠠᠷ ᠬᠠᠯᠬᠠᠪᠴᠢ》 ︵ᠮᠠᠨ ᠤ ᠤᠯᠤᠰ ᠤᠨ ᠤᠯᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠤᠭᠲᠠᠭᠤᠨ ᠤ ᠬᠠᠯᠬᠠᠪᠴᠢ︶ ᠪᠤᠯᠤᠨ《 ᠨᠢᠭᠡ ᠪᠠᠬᠢᠯᠡᠯᠲᠡ》 ︵ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ︶᠎ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ 2013 ᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠲᠡᠭ 1.68 ᠲᠦᠮᠡᠨ ᠳ᠋ᠦᠡᠭᠰᠢᠭᠤᠷ ᠲᠦᠭᠦᠷᠢᠭ ᠲᠤ ᠬᠦᠷᠴᠦ᠂ ᠬᠦᠮᠦᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠭᠡᠢ ᠦᠷᠲᠡᠭ 1 ᠲᠦᠮᠡᠨ ᠳ᠋ᠤᠯᠯᠠᠷ ᠢ ᠳᠠᠪᠠᠵᠤ᠂ ᠤᠷᠤᠨ ᠨᠤᠲᠤᠭ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 1720 ᠳ᠋ᠦᠡᠭᠰᠢᠭᠤᠷ ᠲᠦᠭᠦᠷᠢᠭ ᠲᠤ ᠬᠦᠷᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠤᠳᠠᠰ ᠤᠨ ᠰᠠᠭᠤᠷᠢ ᠶᠢ ᠨᠡᠩ ᠪᠠᠲᠤ ᠪᠠᠬᠢ ᠲᠠᠯᠪᠢᠵᠠᠢ᠃ ᠬᠦᠭᠵᠢᠯᠲᠠ ᠶᠢ ᠲᠤᠬᠠᠢ ᠶᠢᠨ ᠭᠠᠵᠠᠷ ᠲᠤ  ᠠᠰᠢᠭ ᠬᠦᠷᠲᠡᠭᠡᠬᠦ ᠳᠡᠭᠡᠷ᠎ᠡ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ ᠠᠵᠠ ᠲᠤᠬᠢᠶᠠᠯ ᠢ ᠠᠮᠵᠢᠨ ᠠᠵᠤ ᠦᠢᠯᠡᠳᠪᠦᠷᠢᠵᠢᠯᠲᠡ᠂ ᠬᠤᠲᠠ ᠪᠠᠯᠭᠠᠰᠤᠵᠢᠯᠲᠠ ᠪᠤᠯᠤᠨ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠲᠠ ᠶᠢ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ ᠡᠨᠧᠷᠬᠢ᠂ ᠲᠡᠮᠦᠷᠯᠢᠭ ᠪᠤᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ᠂ ᠲᠡᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠦᠨ ᠪᠤᠯᠪᠠᠰᠤᠷᠠᠭᠤᠯᠬᠤ᠂ ᠲᠤᠨᠤᠭᠯᠠᠯ ᠦᠢᠯᠡᠳᠬᠦ ᠪᠠᠷ ᠭᠤᠤᠯᠳᠠᠯᠭ᠎ᠠ ᠪᠤᠯᠭᠠᠭᠰᠠᠨ ᠤᠨᠴᠠᠯᠢᠭᠲᠤ ᠳᠠᠪᠠᠭᠤᠯᠢᠭ ᠠᠵᠤ ᠦᠢᠯᠡᠰ ᠤᠨ ᠰᠢᠰᠲ᠋ᠧᠮ ᠢ ᠴᠤᠭᠴᠠᠯᠠᠵᠤ᠂ ᠤᠰᠤ ᠴᠠᠬᠢᠯᠭᠠᠨ ᠵᠠᠮ ᠴᠢᠮᠡᠭᠡ ᠬᠤᠯᠪᠤᠭ᠎ᠠ ᠶᠢᠨ ᠰᠠᠭᠤᠷᠢ ᠲᠦᠭᠦᠭᠡᠷᠦᠮᠵᠢ ᠶᠢᠨ ᠨᠦᠬᠦᠴᠡᠯ ᠢ ᠢᠯᠡᠳᠲᠡ ᠰᠠᠶᠢᠵᠢᠷᠠᠭᠤᠯᠵᠤ᠂ ᠲᠠᠯ᠎ᠠ ᠨᠤᠲᠤᠭ ᠤᠨ ᠤᠷᠭᠤᠮᠠᠯ ᠤᠨ ᠪᠦᠷᠬᠦᠴᠡ 44.1%᠎ ᠲᠤ ᠬᠦᠷᠴᠦ᠂ ᠤᠢ ᠰᠢᠭᠤᠢ ᠶᠢᠨ ᠪᠦᠷᠬᠦᠴᠡ ᠳᠡᠭᠡᠭᠰᠢᠯᠡᠭᠡᠳ 21%᠎ ᠲᠤ ᠬᠦᠷᠴᠦ᠂ ᠬᠤᠲᠠ ᠬᠦᠳᠡᠭᠡ ᠶᠢᠨ ᠳᠦᠷᠰᠤ ᠪᠠᠶᠢᠳᠠᠯ ᠳᠤ ᠯᠤᠲᠤ ᠶᠡᠭᠡ ᠬᠤᠪᠢᠷᠠᠯᠲᠠ ᠭᠠᠷᠴᠠᠢ᠃ ᠬᠦᠭᠵᠢᠯᠲᠡ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠶᠠᠳᠠᠭᠤ ᠶᠢ ᠲᠡᠳᠭᠦᠨ ᠪᠠᠬᠢᠯᠡᠯᠳᠡ ᠳᠠᠭᠠᠷᠢᠬᠤ᠂ ᠦᠢᠯᠡᠰ ᠪᠤᠰᠬᠠᠨ ᠠᠵᠢᠯ ᠤᠯᠬᠤ᠂ ᠠᠷᠠᠳ ᠤᠯᠠᠨ ᠤ ᠠᠮᠤᠭᠤᠯᠠᠩ ᠤᠷᠤᠨ ᠰᠠᠭᠤᠴᠠ ᠵᠡᠷᠭᠡ ᠬᠦᠨᠳᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠢ ᠶᠡᠭᠡ ᠪᠠᠷ ᠲᠦᠯᠬᠢᠨ ᠠᠬᠢᠭᠤᠯᠵᠤ᠂ ᠪᠦᠬᠦ ᠤᠷᠤᠨ ᠳᠤ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯ ᠲᠠᠢ ᠬᠡᠷ ᠪᠠᠶᠢᠰᠢᠩ ᠢ ᠰᠢᠨᠡᠳᠭᠡᠨ ᠪᠠᠶᠢᠭᠤᠯᠬᠤ᠂ ᠠᠮᠤᠷ ᠲᠦᠪᠰᠢᠨ ᠤᠰᠤ ᠤᠮᠳᠠ᠂ ᠭᠠᠴᠠᠭ᠎ᠠ ᠲᠤᠰᠬᠤᠨ ᠤ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ ᠭᠠᠴᠠᠭ᠎ᠠ ᠲᠤᠰᠬᠤᠨ ᠪᠤᠯᠭᠠᠨ ᠳᠤ ᠴᠠᠬᠢᠯᠭᠠᠨ ᠨᠡᠪᠲᠡᠷᠡᠬᠦᠯᠬᠦ᠂ ᠨᠡᠶᠢᠭᠡᠮ ᠤᠨ ᠪᠠᠲᠤᠯᠠᠪᠤᠷᠢ ᠵᠡᠷᠭᠡ《 ᠠᠷᠪᠠ ᠶᠢ ᠪᠦᠷᠬᠦᠬᠦᠯᠬᠦ》 ᠢᠨᠵᠧᠨᠧᠷᠢᠩ ᠢ ᠬᠡᠷᠡᠭᠵᠢᠭᠦᠯᠬᠦ ᠶᠢᠨ ᠬᠠᠮᠲᠤ᠂ ᠳᠤᠤᠷ᠎ᠠ ᠤᠷᠤᠯᠭ᠎ᠠ ᠲᠠᠢ ᠮᠠᠯᠵᠢᠬᠤ ᠲᠠᠷᠢᠶᠠᠯᠠᠬᠤ ᠡᠷᠦᠬᠡ ᠳᠤ ᠵᠢᠯ ᠪᠦᠷᠢ ᠰᠦᠢᠳᠭᠡᠯ ᠬᠤᠷᠢᠶᠠᠬᠤ ᠦᠭᠡᠢ ᠪᠠᠷ 1 ᠳᠤᠨ ᠳᠤᠯᠠᠭᠠᠯᠠᠭ᠎ᠠ ᠶᠢᠨ ᠨᠡᠭᠦᠷᠡᠰᠦ ᠬᠠᠨᠭ᠍ᠭᠠᠵᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠬᠦᠷᠲᠡᠵᠤ ᠪᠠᠶᠢᠭ᠎ᠠ ᠬᠡᠷ ᠪᠦᠯᠢ ᠶᠢᠨ ᠤᠶᠤᠲᠠᠳ ᠲᠤ ᠵᠢᠯ ᠪᠦᠷᠢ 1 ᠲᠦᠮᠡᠨ ᠲᠦᠭᠦᠷᠢᠭ ᠤᠨ ᠰᠤᠷᠤᠯᠭ᠎ᠠ ᠶᠢᠨ ᠨᠦᠬᠦᠪᠦᠷᠢ ᠤᠯᠭᠤᠨ᠂ ᠠᠵᠢᠯ ᠲᠠᠢ ᠬᠦᠮᠦᠨ ᠦᠭᠡᠢ ᠬᠡᠷ ᠪᠦᠯᠢ ᠳᠤ ᠠᠳᠠᠭ ᠲᠠᠭᠠᠨ 1 ᠬᠦᠮᠦᠨ ᠳᠤᠨᠢ ᠠᠵᠢᠯ ᠤᠯᠭᠤᠬᠤ ᠠᠰᠠᠭᠤᠳᠠᠯ ᠢ ᠰᠢᠢᠳᠪᠦᠷᠢᠯᠡᠵᠠᠢ᠃ ᠬᠦᠭᠵᠢᠯᠲᠡ ᠶᠢ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠳᠡᠭᠡᠷ᠎ᠡ ᠨᠠᠶᠢᠳᠠᠪᠤᠷᠢᠵᠢᠭᠤᠯᠩᠬᠤ ᠶᠢ ᠪᠠᠷᠢᠮᠲᠠᠯᠠᠵᠤ᠂ ᠠᠵᠤ ᠦᠢᠯᠡᠳᠪᠦᠷᠢᠵᠢᠯᠲᠡ᠂ ᠬᠤᠲᠠ ᠪᠠᠯᠭᠠᠰᠤᠵᠢᠯᠲᠡ ᠶᠢᠨ ᠠᠬᠢᠴᠠ ᠳᠤ ᠬᠠᠷᠢᠯᠴᠠᠨ ᠠᠭᠤᠰᠤᠯᠴᠠᠬᠤ ᠬᠡᠯᠪᠡᠷᠢ ᠶᠢᠨ ᠨᠡᠶᠢᠭᠡᠮ ᠤᠨ ᠪᠦᠲᠦᠴᠡ ᠪᠤᠯᠤᠨ ᠨᠡᠶᠢᠭᠡᠮ ᠲᠭᠤᠷᠢᠭ ᠤᠨ ᠤᠷᠴᠢᠨ ᠲᠤᠭᠤᠷᠢᠨ ᠢ ᠪᠠᠶᠢᠭᠤᠯᠵᠤ᠂ ᠵᠠᠬ᠎ᠠ ᠳᠡᠯᠭᠡᠭᠦᠷᠵᠢᠯᠲᠡ᠂ ᠮᠡᠳᠡᠭᠡ ᠵᠠᠩᠬᠢᠵᠢᠯᠲᠠ ᠶᠢᠨ ᠨᠦᠬᠦᠴᠡᠯ ᠳᠤᠤᠷ᠎ᠠ ᠡᠯ᠎ᠡ ᠦᠨᠳᠦᠰᠦᠲᠡᠨ ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠶᠢ ᠦᠷᠭᠡᠳᠭᠡᠨ᠂ ᠡᠯ᠎ᠡ ᠦᠨᠳᠦᠰᠦᠲᠡᠨ ᠤ ᠠᠷᠠᠳ ᠲᠦᠮᠡᠨ ᠬᠠᠮᠲᠤ ᠶᠢᠨ ᠦᠢᠯᠡᠳᠪᠦᠷᠢᠯᠡᠯ ᠠᠮᠢᠳᠤᠷᠠᠯ ᠪᠤᠯᠤᠨ ᠰᠤᠷᠤᠯᠴᠠᠯᠭ᠎ᠠ ᠳᠤᠮᠳᠠ ᠪᠠᠨ ᠠᠬ᠎ᠠ ᠳᠡᠭᠦᠦ ᠶᠢᠨ ᠰᠡᠳᠬᠢᠯᠭᠡ ᠲᠠᠢ ᠪᠤᠯᠵᠤ᠂ ᠬᠢᠯᠢ ᠬᠢᠵᠠᠭᠠᠷ ᠤᠷᠤᠨ ᠢᠶᠠᠨ ᠰᠠᠬᠢᠨ ᠬᠠᠮᠠᠭᠠᠯᠠᠵᠤ ᠠᠯᠤᠰ ᠢ ᠪᠠᠷᠠᠯᠠᠨ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠠᠢ᠃       ᠭᠤᠷᠪᠠ ᠳᠤ    ᠦᠨᠡᠨ ᠠᠴᠠ ᠵᠦᠪ ᠢ ᠡᠷᠢᠵᠤ᠂ ᠠᠯᠢᠪᠡ ᠪᠦᠬᠦᠨ ᠳᠤ ᠪᠤᠳᠠᠲᠠᠢ ᠠᠴᠠ ᠡᠬᠦᠰᠬᠦ ᠶᠢ ᠪᠠᠷᠢᠮᠲᠠᠯᠠᠨ᠂ ᠭᠠᠵᠠᠷ ᠤᠷᠤᠨ ᠤ ᠪᠤᠳᠠᠲᠠᠢ ᠳᠤᠨᠢ ᠲᠤᠬᠢᠷᠠᠭᠤᠯᠤᠨ ᠦᠨᠳᠦᠰᠦᠲᠡᠨ ᠤ ᠭᠠᠵᠠᠷ ᠤᠷᠤᠨ ᠤ ᠤᠨᠴᠠᠭᠠᠢ ᠵᠦᠷᠢᠴᠡᠯ ᠪᠠ ᠠᠰᠠᠭᠤᠳᠠᠯ ᠢ ᠰᠢᠢᠳᠪᠦᠷᠢᠯᠡᠪᠡ᠃ ᠦᠨᠳᠦᠰᠦᠲᠡᠨ ᠤ ᠠᠰᠠᠭᠤᠳᠠᠯ ᠨᠢ ᠲᠦᠭᠡᠮᠡᠯ ᠴᠢᠨᠡᠷ ᠎ ᠲᠠᠢ ᠮᠦᠷᠲᠡᠭᠡᠨ ᠪᠠᠰᠠ ᠤᠨᠴᠠᠭᠠᠢ ᠴᠢᠨᠠᠷ ᠲᠠᠢ ᠪᠠᠶᠢᠳᠠᠭ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠵᠤ᠂ ᠦᠨᠳᠦᠰᠦᠲᠡᠨ ᠤ ᠵᠦᠷᠢᠴᠡᠯ ᠢ ᠰᠢᠢᠳᠪᠦᠷᠢᠯᠡᠬᠦ ᠳᠤ᠂ ᠡᠷᠬᠡᠪᠰᠢ ᠴᠦᠬᠡᠨ ᠳᠤᠲᠤᠭᠠᠲᠤ ᠦᠨᠳᠦᠰᠦᠲᠡᠨ ᠪᠤᠯᠤᠨ ᠦᠨᠳᠦᠰᠦᠲᠡᠨ ᠤ ᠭᠠᠵᠠᠷ ᠤᠷᠤᠨ ᠤ ᠪᠤᠰᠤᠳᠴᠢ ᠪᠤᠳᠠᠲᠤ ᠪᠠᠶᠢᠳᠠᠯ ᠠᠴᠠ ᠡᠭᠦᠰᠴᠤ᠂ ᠴᠢᠭᠯᠡᠭᠦᠯᠦᠯᠲᠡ ᠴᠢᠨᠠᠷᠲᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠠᠪᠴᠤ᠂ ᠦᠨᠳᠦᠰᠦᠲᠡᠨ ᠨᠦᠭᠦᠳ ᠬᠠᠮᠲᠤᠪᠡᠷ ᠴᠡᠴᠡᠭᠯᠡᠨ ᠬᠦᠭᠵᠢᠬᠦ ᠶᠢ ᠠᠬᠢᠭᠤᠯᠬᠤ ᠬᠡᠷᠡᠭᠲᠠᠢ᠃ ᠴᠦᠭᠡᠨ ᠲᠤᠭᠠᠲᠤ ᠦᠨᠳᠦᠰᠦᠲᠡᠨ ᠲᠦᠪᠯᠡᠷᠡᠨ ᠰᠠᠭᠤᠭᠰᠠᠨ ᠭᠠᠵᠠᠷ ᠤᠷᠤᠨ ᠤ ᠠᠵᠤ ᠠᠬᠤᠢ ᠶᠢᠨ ᠬᠦᠭᠵᠢᠯᠲᠡ ᠬᠠᠷᠢᠴᠠᠩᠭᠤᠢ ᠪᠠᠷ ᠬᠤᠴᠤᠷᠤᠩᠭᠤᠢ ᠪᠠᠶᠢᠬᠤ ᠪᠤᠳᠠᠲᠤ ᠪᠠᠶᠢᠳᠠᠯ ᠳᠤ ᠴᠢᠭᠯᠡᠭᠦᠯᠦᠨ᠂ ᠦᠪᠡᠷᠲᠡᠭᠡᠨ ᠵᠠᠰᠠᠬᠤ ᠤᠷᠤᠨ ᠠᠯᠢ ᠤᠯᠠᠨ ᠤᠨᠴᠠᠭᠠᠢ ᠬᠠᠪᠰᠤᠷᠤᠨ ᠲᠡᠳᠭᠦᠬᠦ ᠲᠦᠷᠦ ᠶᠢᠨ ᠪᠤᠳᠤᠯᠭ᠎ᠠ ᠲᠤᠭᠲᠠᠭᠠᠨ ᠨᠡᠶᠢᠲᠡᠯᠡᠵᠤ᠂《 ᠬᠢᠯᠢ ᠬᠢᠵᠠᠭᠠᠷ ᠢᠶᠠᠨ ᠮᠠᠨᠳᠤᠭᠤᠯᠤᠨ ᠠᠷᠠᠳ ᠢᠶᠠᠨ ᠪᠠᠶᠠᠵᠢᠭᠤᠯᠬᠤ》 ᠠᠵᠢᠯᠯᠠᠭ᠎ᠠ ᠦᠷᠨᠢᠭᠦᠯᠦᠭᠰᠡᠨ ᠪᠦᠭᠡᠳ ᠬᠦᠮᠦᠨ ᠠᠮᠠ ᠴᠦᠬᠡᠪᠲᠦᠷ ᠦᠨᠳᠦᠰᠦᠲᠡᠨ ᠤ ᠬᠦᠭᠵᠢᠯᠲᠡ ᠶᠢᠨ ᠲᠤᠰᠬᠠᠢ ᠲᠦᠷᠦᠯ ᠤᠨ ᠲᠦᠯᠦᠪᠵᠢᠭᠦᠯᠭᠡ ᠶᠢ ᠬᠡᠷᠡᠭᠵᠢᠭᠦᠯᠵᠤ᠂ 2005 ᠤᠨ ᠠᠴᠠ ᠨᠠᠰᠢ ᠦᠪᠡᠷᠲᠡᠭᠡᠨ ᠵᠠᠰᠠᠬᠤ ᠤᠷᠤᠨ ᠬᠢᠯᠢ ᠬᠢᠵᠠᠭᠠᠷ ᠤᠨ ᠬᠤᠰᠢᠭᠤ ᠬᠤᠲᠠ ᠪᠠ ᠭᠤᠷᠪᠠᠨ ᠴᠦᠭᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠳᠤ ᠨᠡᠶᠢᠲᠡ 1300 ᠭᠠᠷᠤᠢ ᠳ᠋ᠦᠡᠭᠰᠢᠭᠤᠷ ᠲᠦᠭᠦᠷᠢᠭ ᠪᠡᠯᠡ ᠮᠦᠡᠭᠭᠦ ᠶᠢ ᠰᠢᠯᠵᠢᠭᠦᠯᠦᠨ ᠤᠯᠭᠤᠵᠤ᠂《 ᠮᠠᠯ ᠠᠵᠤ ᠠᠬᠤᠢ ᠮᠠᠯᠵᠢᠬᠤ ᠤᠷᠤᠨ ᠮᠠᠯᠴᠢᠨ》᠎ ᠤ ᠠᠰᠠᠭᠤᠳᠠᠯ ᠢ ᠰᠢᠢᠳᠪᠦᠷᠢᠯᠡᠬᠦ ᠳᠤ 1500 ᠭᠠᠷᠤᠢ ᠳ᠋ᠦᠡᠭᠰᠢᠭᠤᠷ ᠲᠦᠭᠦᠷᠢᠭ ᠪᠡᠯᠡ ᠤᠷᠤᠭᠤᠯᠵᠤ᠂ ᠴᠦᠭᠡᠨ ᠲᠤᠭᠠᠲᠤ ᠦᠨᠳᠦᠰᠦᠲᠡᠨ ᠲᠦᠪᠯᠡᠷᠡᠨ ᠰᠠᠭᠤᠭᠰᠠᠨ ᠭᠠᠵᠠᠷ ᠤᠷᠤᠨ ᠤ ᠭᠤᠤᠯ ᠪᠤᠯᠬᠤ ᠠᠵᠤ ᠠᠬᠤᠢ ᠶᠢᠨ ᠬᠦᠢᠴᠡᠳᠬᠡᠬᠦ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠤᠷᠤᠨ ᠤ ᠳᠤᠮᠳᠠᠴᠢ ᠲᠦᠪᠰᠢᠨ ᠠᠴᠠ ᠦᠨᠳᠦᠷ ᠪᠤᠯᠵᠤ᠂ ᠮᠠᠯᠴᠢᠳ ᠤᠨ ᠤᠷᠤᠯᠭ᠎ᠠ ᠲᠠᠷᠢᠶᠠᠴᠢᠳ ᠤᠨ ᠤᠷᠤᠯᠭ᠎ᠠ ᠶᠢᠨ ᠲᠦᠪᠰᠢᠨ ᠠᠴᠠ ᠮᠡᠳᠡᠭᠳᠡᠮ᠎ᠡ ᠦᠨᠳᠦᠷ ᠪᠤᠯᠵᠠᠢ᠃ ᠴᠦᠭᠡᠨ ᠲᠤᠭᠠᠲᠤ ᠦᠨᠳᠦᠰᠦᠲᠡᠨ ᠲᠦᠪᠯᠡᠷᠡᠨ ᠰᠠᠭᠤᠭᠰᠠᠨ ᠤᠷᠤᠨ ᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢᠨ ᠵᠦᠷᠢᠶ᠎ᠡ ᠨᠡᠯᠢᠶᠡᠳ ᠶᠡᠭᠡ ᠪᠠᠶᠢᠬᠤ ᠪᠤᠳᠠᠲᠤ ᠪᠠᠶᠢᠳᠠᠯ ᠳᠤ ᠴᠢᠭᠯᠡᠭᠦᠯᠦᠨ᠂ ᠦᠨᠳᠦᠰᠦᠲᠡᠨ ᠤ ᠰᠤᠷᠭᠠᠨ ᠬᠦᠮᠦᠵᠢᠯ᠂ ᠦᠨᠳᠦᠰᠦᠲᠡᠨ ᠤ ᠰᠤᠶᠤᠯ᠂ ᠦᠨᠳᠦᠰᠦᠲᠡᠨ ᠤ ᠡᠮ ᠡᠮᠨᠡᠯᠭᠡ ᠵᠡᠷᠭᠡ ᠦᠢᠯᠡᠰ ᠤᠨ ᠬᠦᠭᠵᠢᠯᠲᠡ ᠶᠢ ᠲᠡᠳᠭᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ ᠪᠠ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠳᠦᠷᠢᠮ ᠢ ᠲᠤᠭᠲᠠᠭᠠᠵᠤ᠂ ᠪᠦᠬᠦ ᠤᠷᠤᠨ ᠤ 90%᠎ ᠤᠨ ᠦᠨᠳᠦᠰᠦᠲᠡᠨ ᠤ  ᠳᠤᠮᠳᠠᠲᠤ ᠪᠠᠭ᠎ᠠ ᠰᠤᠷᠭᠠᠭᠤᠯᠢ ᠪᠠ ᠬᠡᠤᠭᠡᠳ ᠤᠨ ᠴᠡᠴᠡᠷᠯᠢᠭ ᠲᠤ ᠮᠤᠩᠭᠤᠯ ᠬᠢᠲᠠᠳ《 ᠬᠤᠤᠰ ᠬᠡᠯᠡᠨ》᠎ ᠤ ᠵᠢᠭᠠᠨ ᠰᠤᠷᠭᠠᠯᠲᠠ ᠶᠢ ᠬᠡᠷᠡᠭᠵᠢᠭᠦᠯᠵᠤ᠂ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠰᠤᠷᠤᠭᠴᠢᠳ ᠬᠡᠤᠭᠡᠳ ᠤᠨ ᠴᠡᠴᠡᠷᠯᠢᠭ ᠠᠴᠠ ᠦᠨᠳᠦᠷ ᠵᠡᠷᠭᠡ ᠶᠢᠨ ᠳᠤᠮᠲᠠᠲᠤ ᠰᠤᠷᠭᠠᠭᠤᠯᠢ ᠲᠡᠭᠦᠰᠲᠠᠯ᠎ᠡ ᠰᠦᠢᠳᠭᠡᠯ ᠬᠤᠷᠢᠶᠠᠬᠤ ᠦᠭᠡᠢ ᠰᠤᠷᠭᠠᠨ ᠬᠦᠮᠦᠵᠢᠯ ᠢ ᠪᠡᠶᠡᠯᠡᠬᠦᠯᠵᠤ᠂ ᠮᠤᠩᠭᠤᠯ ᠢᠶᠠᠷ ᠬᠢᠴᠢᠯᠡᠯᠯᠡᠭᠰᠡᠨ ᠶᠡᠭᠡ ᠳᠡᠭᠡᠲᠤ ᠰᠤᠷᠭᠠᠭᠤᠯᠢ ᠠᠴᠠ ᠲᠡᠭᠦᠰᠦᠭᠰᠡᠳ ᠲᠤ ᠠᠵᠢᠯ ᠤᠯᠭᠤᠬᠤ ᠳᠤ ᠴᠢᠭᠯᠡᠯ ᠢ ᠲᠤᠭᠲᠠᠨ ᠡᠯᠰᠠᠬᠦ ᠬᠡᠷᠡᠭᠯᠡᠬᠦ ᠶᠢ ᠬᠡᠷᠡᠭᠵᠢᠭᠦᠯᠵᠠᠢ︔ ᠦᠨᠳᠦᠰᠦᠲᠡᠨ ᠤ ᠰᠤᠶᠤᠯ ᠤᠨ ᠦᠪ ᠢ ᠠᠪᠤᠷᠠᠬᠤ ᠪᠠ ᠬᠠᠮᠠᠭᠠᠯᠠᠬᠤ ᠠᠯᠢ ᠤᠯᠠᠨ ᠢᠨᠵᠧᠨᠧᠷᠢᠩ ᠢ ᠬᠡᠷᠡᠭᠵᠢᠭᠦᠯᠵᠤ᠂ ᠮᠤᠩᠭᠤᠯ ᠦᠨᠳᠦᠰᠦᠲᠡᠨ ᠤ ᠤᠷᠲᠤ ᠶᠢᠨ ᠳᠠᠭᠤᠤ᠂ ᠬᠦᠭᠡᠮᠠᠢ ᠶᠢ ᠬᠦᠮᠦᠨ ᠲᠦᠷᠦᠯᠬᠢᠲᠡᠨ ᠤ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠦᠪ ᠤᠨ ᠲᠦᠯᠦᠭᠡᠯᠡᠭᠴᠢ ᠴᠢᠨᠠᠷᠲᠠᠢ ᠪᠦᠲᠦᠭᠡᠯ ᠳᠤ ᠤᠷᠤᠭᠤᠯᠵᠤ᠂ ᠶᠤᠸᠠᠨ ᠤ ᠳᠡᠭᠡᠲᠤ ᠨᠡᠶᠢᠰᠯᠡᠯ ᠤᠨ ᠪᠠᠭᠤᠷᠢ ᠶᠢ ᠳᠡᠯᠡᠭᠡᠢ ᠶᠢᠨ ᠰᠤᠶᠤᠯ ᠤᠨ ᠦᠪ ᠤᠨ ᠨᠡᠷᠡᠰ ᠤᠨ ᠭᠠᠷᠴᠠᠭ ᠲᠤ ᠤᠷᠤᠭᠤᠯᠵᠠᠢ︔ ᠪᠦᠬᠦ ᠤᠷᠤᠨ ᠤ ᠪᠤᠢ ᠪᠦᠬᠦᠢ ᠬᠤᠰᠢᠭᠤ ᠰᠢᠶᠠᠨ ᠳᠤ ᠪᠦᠷ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠲᠠᠢ ᠪᠤᠯᠵᠤ᠂ 87%᠎ ᠤᠨ ᠰᠤᠮᠤ ᠰᠢᠶᠠᠩ ᠪᠠᠯᠭᠠᠰᠤ ᠳᠤ ᠮᠤᠩᠭᠤᠯ ᠬᠢᠲᠠᠳ ᠡᠮᠨᠡᠯᠭᠡ ᠶᠢᠨ ᠰᠠᠯᠠᠭ᠎ᠠ ᠲᠤᠬᠢᠷᠠᠭᠤᠯᠵᠠᠢ᠃ ᠰᠢᠨ᠎ᠡ ᠴᠠᠭ ᠦᠶ᠎ᠡ ᠶᠢᠨ ᠦᠨᠳᠦᠰᠦᠲᠡᠨ ᠤ ᠬᠠᠷᠢᠴᠠᠭ᠎ᠠ ᠳᠤᠮᠳᠠ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠴᠢᠭᠯᠡᠭᠦᠯᠦᠨ᠂ ᠬᠠᠤᠯᠢ ᠴᠠᠭᠠᠵᠠ ᠶᠢ ᠬᠡᠷᠡᠭᠯᠡᠨ ᠦᠨᠳᠦᠰᠦᠲᠡᠨ ᠤ ᠪᠦᠯᠬᠦᠮᠳᠡᠯ ᠢ ᠪᠠᠲᠤᠯᠠᠬᠤ ᠶᠢ ᠪᠠᠷᠢᠮᠲᠠᠯᠠᠨ᠂ ᠪᠤᠲᠠᠲᠤ ᠠᠰᠠᠭᠤᠳᠠᠯ ᠢ ᠪᠤᠳᠠᠲᠠᠢ ᠪᠠᠷ ᠵᠠᠳᠠᠯᠬᠤ ᠶᠢ ᠪᠠᠷᠢᠮᠲᠠᠯᠠᠵᠤ᠂ ᠬᠤᠶᠠᠷ ᠵᠦᠢᠯ ᠤᠨ ᠠᠳᠠᠯᠢ ᠪᠤᠰᠤ ᠰᠢᠨᠵᠢ ᠴᠢᠨᠠᠷ ᠲᠠᠢ ᠵᠦᠷᠢᠴᠡᠯ ᠢ ᠴᠢᠩᠭ᠎ᠠ ᠢᠯᠭᠠᠵᠤ᠂ ᠦᠨᠳᠦᠰᠦᠲᠡᠨ ᠤ ᠬᠦᠴᠦᠨ ᠵᠦᠢᠯ ᠲᠠᠢ ᠬᠤᠯᠪᠤᠭᠳᠠᠭᠰᠠᠨ  ᠵᠢᠭᠤᠷᠠᠭᠠᠨ ᠢ ᠵᠤᠬᠢᠰᠲᠠᠢ ᠰᠡᠷᠭᠡᠶᠢᠯᠡᠬᠦ ᠪᠠ ᠰᠢᠢᠳᠪᠤᠷᠢᠯᠡᠬᠦ᠂ ᠶᠠᠮᠠᠷ ᠠᠰᠠᠭᠤᠳᠠᠯ ᠪᠤᠯ ᠲᠠᠶᠢᠮᠦ ᠠᠰᠠᠭᠤᠳᠠᠯ ᠢᠶᠠᠷ ᠰᠢᠢᠳᠪᠦᠷᠢᠯᠡᠵᠤ᠂ ᠦᠨᠳᠦᠰᠦᠲᠡᠨ ᠤ ᠪᠤᠰᠤ ᠠᠰᠠᠭᠤᠳᠠᠯ ᠢ ᠦᠨᠳᠦᠰᠦᠲᠡᠨ ᠤ ᠠᠰᠠᠭᠤᠳᠠᠯ ᠪᠤᠯᠭᠠᠬᠤ ᠶᠢ ᠦᠨᠡᠨᠬᠦ ᠰᠡᠷᠬᠡᠶᠢᠯᠡᠵᠤ᠂ ᠬᠢᠲᠠᠳ ᠤᠨ ᠳᠡᠭᠡᠷᠡᠩᠭᠦᠢ ᠦᠵᠡᠯ ᠪᠠ ᠢᠪᠴᠤᠤ ᠦᠨᠳᠤᠰᠦᠲᠡᠨ ᠤ ᠦᠵᠡᠯ ᠢ ᠡᠷᠡᠰ ᠡᠰᠡᠷᠭᠦᠴᠡᠪᠠ᠃       ᠳᠦᠷᠪᠡ ᠳᠤ    ᠦᠨᠳᠦᠰᠦᠲᠡᠨ ᠤ ᠭᠠᠵᠠᠷ ᠤᠷᠤᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠢ ᠰᠠᠶᠢᠲᠤᠷ ᠬᠢᠬᠦ ᠶᠢ ᠪᠠᠷᠢᠮᠲᠠᠯᠠᠨ᠂ ᠬᠢᠯᠢ ᠬᠢᠵᠠᠭᠠᠷ ᠤᠷᠤᠨ ᠲᠤᠭᠲᠠᠭᠤᠨ᠂ ᠦᠨᠳᠦᠰᠦᠲᠡᠨ ᠎ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠬᠡᠷ ᠤᠷᠤᠨ ᠢ ᠬᠦᠴᠦᠯᠡᠨ ᠪᠠᠶᠢᠭᠤᠯᠪᠠ᠃ ᠦᠪᠦᠷ ᠮᠤᠩᠭᠤᠯ ᠪᠤᠯ ᠡᠬᠡ ᠤᠯᠤᠰ ᠤᠨ《 ᠤᠮᠠᠷᠠᠲᠤ ᠲᠤᠮᠤ ᠬᠠᠭᠠᠯᠭ᠎ᠠ》᠂ ᠨᠡᠶᠢᠰᠯᠠᠯ ᠤᠨ《 ᠬᠤᠲᠠ ᠬᠠᠮᠠᠭᠠᠯᠠᠬᠤ ᠭᠤᠤᠯ》 ᠪᠠᠶᠢᠵᠤ ᠂ ᠬᠠᠭᠠᠴᠠᠭᠤᠯᠤᠯ ᠢ ᠡᠰᠡᠷᠬᠦᠴᠡᠬᠦ᠂ ᠨᠡᠪᠴᠢᠯᠲᠡ ᠶᠢ ᠡᠰᠡᠷᠭᠦᠴᠡᠬᠦ᠂ ᠨᠤᠷᠠᠭᠠᠯᠲᠠ ᠶᠢ ᠡᠰᠡᠷᠭᠦᠴᠡᠬᠦ ᠲᠡᠮᠡᠴᠡᠯ ᠤᠨ ᠡᠮᠦᠨ᠎ᠡ ᠹᠷᠤᠨᠲ ᠲᠤ ᠤᠷᠤᠰᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠢ ᠰᠠᠶᠢᠲᠤᠷ ᠬᠢᠬᠦ ᠎ ᠨᠢ᠂ ᠤᠯᠠᠨ ᠲᠦᠮᠡᠨ ᠲᠠᠢ ᠪᠦᠯᠬᠦᠮᠳᠡᠨ᠂ ᠬᠦᠮᠦᠰ ᠤᠨ ᠰᠡᠳᠬᠢᠯ ᠢ ᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠵᠤ ᠪᠠᠶᠢᠳᠠᠭ᠃ ᠦᠪᠡᠷᠲᠡᠭᠡᠨ ᠵᠠᠰᠠᠬᠤ ᠤᠷᠤᠨ ᠢᠮᠠᠭᠲᠠ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠬᠡᠷ ᠪᠦᠯᠢ ᠢ ᠪᠦᠲᠦᠭᠡᠨ ᠪᠠᠶᠢᠭᠤᠯᠬᠤ ᠶᠢ ᠪᠠᠶᠢᠯᠳᠤᠬᠤ ᠪᠤᠳᠤᠯᠭ᠎ᠠ ᠶᠢᠨ ᠡᠭᠦᠷᠭᠡ ᠪᠤᠯᠭᠠᠨ ᠠᠳᠬᠤᠵᠤ᠂ ᠳᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠪᠠ ᠳᠤᠮᠳᠠᠲᠤ ᠶᠢᠨ ᠵᠡᠬᠦᠲᠤ ᠶᠢᠨ ᠤᠬᠠᠭᠤᠯᠭ᠎ᠠ ᠬᠦᠮᠦᠵᠢᠯ ᠢ ᠬᠦᠨ ᠬᠦᠨᠵᠡᠭᠡᠢ ᠤᠳᠠᠭᠠᠨ ᠳᠠᠭᠠᠭᠠᠮᠠᠭᠠᠢ ᠦᠷᠨᠢᠭᠦᠯᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠰᠢᠰᠲ᠋ᠧᠮ ᠪᠠ ᠭᠤᠤᠯᠯᠠᠭᠴᠢ ᠦᠷᠲᠡᠭ ᠤᠨ ᠦᠵᠡᠯᠲᠡ ᠶᠢ ᠶᠡᠭᠡ ᠪᠠᠷ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠦᠮᠦᠵᠢᠯ ᠪᠠ ᠡᠬᠦᠳᠦᠨ ᠪᠠᠶᠢᠭᠤᠯᠵᠤ ᠬᠦᠬᠢᠬᠦᠯᠦᠨ ᠰᠠᠶᠢᠰᠢᠶᠠᠬᠤ ᠠᠵᠢᠯᠯᠠᠭ᠎ᠠ ᠶᠢ ᠴᠦᠬᠦᠷᠠᠯ ᠦᠬᠡᠢ ᠦᠷᠨᠢᠭᠦᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤᠯᠤᠰ ᠤᠨ ᠦᠵᠡᠯ ᠤᠬᠠᠮᠰᠠᠷ᠂ ᠠᠷᠠᠳ ᠢᠷᠭᠡᠨ ᠤ ᠦᠵᠡᠯ ᠤᠬᠠᠮᠰᠠᠷ᠂ ᠳᠤᠮᠲᠠᠲᠤ ᠶᠢᠨ ᠦᠨᠳᠦᠰᠦᠲᠡᠨ ᠤ ᠲᠤᠬᠠᠢ ᠬᠠᠮᠲᠤ ᠶᠢᠨ ᠲᠠᠨᠢᠯᠲᠠ᠂ ᠳᠤᠮᠲᠠᠲᠤ ᠶᠢᠨ ᠰᠤᠶᠤᠯ ᠤᠨ ᠲᠤᠬᠠᠢ ᠬᠠᠮᠲᠤ ᠶᠢᠨ ᠲᠠᠨᠢᠯᠲᠠ᠂ ᠳᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠵᠠᠮ ᠱᠤᠭᠤᠮ ᠤᠨ ᠲᠤᠬᠠᠢ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠦᠨᠳᠦᠰᠦᠲᠡᠨ ᠨᠦᠭᠦᠳ ᠬᠠᠮᠲᠤᠪᠡᠷ ᠪᠦᠯᠬᠦᠮᠳᠡᠨ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠦᠨᠡᠨᠬᠦ ᠪᠠᠲᠤ ᠪᠠᠬᠢ ᠪᠤᠯᠭᠠᠵᠠᠢ᠃ ᠡᠬᠡ ᠤᠯᠤᠰ ᠤᠨ ᠬᠢᠯᠢ ᠬᠢᠵᠠᠭᠠᠷ ᠢᠶᠠᠨ ᠰᠠᠶᠢᠲᠤᠷ ᠰᠠᠬᠢᠨ ᠬᠠᠮᠠᠭᠠᠯᠠᠬᠤ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠎ ᠪᠠᠨ ᠡᠭᠦᠷᠭᠡᠯᠡᠵᠤ᠂ ᠬᠢᠯᠢ ᠬᠢᠵᠠᠭᠠᠷ ᠤᠷᠤᠨ ᠤ ᠪᠦᠲᠦᠭᠡᠨ ᠪᠠᠶᠢᠭᠤᠯᠤᠯᠲᠠ ᠶᠢ ᠴᠦᠬᠦᠷᠡᠯ ᠦᠭᠡᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠤᠭᠲᠠᠭᠤᠨ ᠢ ᠨᠦᠯᠦᠭᠡᠯᠡᠬᠦ ᠰᠤᠪᠢᠡᠭ ᠲᠠᠢ ᠠᠰᠠᠭᠤᠳᠠᠯ ᠪᠦᠬᠦᠨ ᠢ ᠳᠡᠭᠡᠲᠤ ᠬᠡᠮᠵᠢᠶ᠎ᠡ ᠪᠠᠷ ᠰᠡᠷᠡᠮᠵᠢᠯᠡᠵᠤ᠂ ᠬᠢᠯᠢ ᠶᠢᠨ ᠳᠤᠲᠤᠨ᠎ᠠ ᠭᠠᠳᠠᠨᠠᠬᠢ ᠳᠠᠶᠢᠰᠤᠩᠨᠠᠭᠴᠢ ᠬᠦᠴᠦᠨ ᠤ ᠲᠡᠳᠡᠨᠠᠷ ᠤᠨ《 ᠦᠨᠳᠦᠰᠦᠲᠡᠨ》᠎ ᠤ ᠠᠰᠠᠭᠤᠳᠠᠯ ᠬᠡᠳᠡᠭ ᠢᠶᠠᠨ ᠠᠰᠢᠭᠯᠠᠨ ᠬᠡᠷᠡᠭ ᠡᠳᠦᠬᠦ᠂ ᠨᠡᠪᠴᠢᠨ ᠡᠪᠳᠡᠯᠡᠭᠡ ᠬᠢᠬᠦ ᠶᠢ ᠡᠷᠡᠰ ᠰᠡᠷᠭᠡᠶᠢᠯᠡᠵᠤ᠂ ᠵᠤᠷᠢᠭᠤᠳᠠ ᠪᠠᠷ ᠦᠨᠳᠦᠰᠦᠲᠡᠨ ᠤ ᠬᠠᠷᠢᠴᠠᠭ᠎ᠠ ᠶᠢ ᠵᠠᠪᠰᠠᠷᠳᠠᠭᠤᠯᠤᠨ᠂ ᠦᠨᠳᠦᠰᠦᠲᠡᠨ ᠤ ᠪᠦᠯᠬᠦᠮᠳᠡᠯ ᠢ ᠡᠪᠳᠡᠭᠰᠡᠨ ᠬᠠᠤᠯᠢ ᠠᠴᠠ ᠵᠦᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ᠂ ᠦᠨᠳᠦᠰᠦᠲᠡᠨ ᠨᠦᠭᠦᠳ ᠤᠨ ᠬᠠᠮᠲᠤᠪᠡᠷ ᠡᠬᠡ ᠤᠯᠤᠰ ᠤᠨ ᠨᠢᠭᠡᠳᠦᠯ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠨᠡᠶᠢᠭᠡᠮ ᠤᠨ ᠲᠤᠭᠲᠠᠭᠤᠨ ᠢ ᠬᠠᠮᠠᠭᠠᠯᠠᠬᠤ ᠪᠤᠯᠤᠳ ᠬᠡᠷᠡᠮ ᠲᠡᠮᠦᠷ ᠬᠠᠨ᠎ᠠ ᠶᠢ ᠦᠨᠡᠨᠬᠦ ᠪᠠᠲᠤ ᠪᠠᠬᠢ ᠴᠤᠭᠴᠠᠯᠠᠨ ᠪᠠᠶᠢᠭᠤᠯᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map