ᠮᠠᠨ ᠤ ᠣᠯᠣᠰ ᠤᠨ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ ᠬᠦᠨᠵᠡᠭᠡᠶᠢᠷᠡᠯ
ᠨᠡᠶᠢᠲᠡᠯᠡᠭᠰᠡᠨ ᠴᠠᠭ᠄
2015/1/26
         ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ ᠰᠢᠨ᠎ᠡ ᠠᠶᠠᠨ      2014 ᠤᠨ ᠤ 9 ᠰᠠᠷ᠎ᠠ ᠶᠢᠨ 3᠎ ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ ᠰᠠᠨᠠᠯ︾ ︵ᠲᠤᠷᠤᠭᠰᠢ ︽ᠬᠡᠷᠡᠭᠵᠢᠬᠦᠯᠬᠦ ᠰᠠᠨᠠᠯ︾ ᠭᠡᠵᠤ ᠲᠦᠬᠦᠮᠴᠢᠯᠡᠨ᠎ᠡ︶᠎ ᠢ ᠨᠡᠶᠢᠳᠡᠯᠡᠪᠡ᠃  ᠡᠨᠡ ᠨᠢ ᠮᠠᠨ ᠤ ᠣᠯᠤᠰ ᠤᠨ ᠰᠤᠷᠭᠠᠨ ᠬᠦᠮᠦᠵᠢᠯ ᠤᠨ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠰᠢᠨ᠎ᠡ ᠨᠢᠭᠡᠨ ᠡᠭᠡᠯᠵᠢ ᠶᠢᠨ ᠦᠭᠡᠷᠡᠴᠢᠯᠡᠯᠳᠡ ᠡᠬᠢᠯᠡᠵᠤ᠂ ᠰᠤᠷᠭᠠᠨ ᠬᠦᠮᠦᠵᠢᠯ ᠤᠨ ᠶᠡᠷᠦᠩᠭᠡᠶᠢᠯᠡᠭᠰᠡᠨ ᠦᠭᠡᠷᠡᠴᠢᠯᠡᠯᠳᠡ ᠴᠤ ᠰᠢᠨ᠎ᠡ ᠠᠯᠬᠤᠮ ᠢᠶᠠᠨ ᠡᠬᠢᠯᠡᠬᠦᠯᠦᠭᠰᠡᠨ ᠢ ᠬᠠᠷᠠᠭᠤᠯᠵᠤ ᠪᠤᠢ᠃      ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠪᠤᠯ ᠮᠠᠨ ᠤᠨ ᠤᠯᠤᠰ ᠤᠨ ᠰᠤᠷᠭᠠᠨ ᠬᠦᠮᠦᠵᠢᠯ ᠤᠨ ᠦᠨᠳᠦᠰᠦᠨ ᠲᠦᠷᠢᠮ ᠪᠤᠯᠤᠨ᠎ᠠ᠃ ᠶᠠᠮᠠᠷᠰᠢᠤ ᠪᠠᠷᠢᠮᠵᠢᠶ᠎ᠠ ᠪᠠᠷ ᠴᠢᠳᠠᠪᠤᠷᠢᠳᠠᠨ ᠢ ᠰᠤᠩᠭᠤᠬᠤ ᠪᠤᠢ︖ ᠶᠠᠭᠠᠬᠢᠵᠤ ᠰᠤᠩᠭᠤᠬᠤ ᠪᠤᠢ︖ ᠡᠨᠡ ᠨᠢ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠨᠦᠯᠦᠭᠡᠯᠡᠬᠦ ᠪᠠᠷ ᠪᠠᠷᠠᠬᠤ ᠦᠭᠡᠢ ᠨᠡᠩ ᠴᠤ ᠰᠤᠷᠭᠠᠨ ᠬᠦᠮᠦᠵᠢᠯ ᠤᠨ ᠦᠨᠡᠯᠡᠯᠳᠡ᠂ ᠴᠢᠳᠠᠪᠤᠷᠢᠳᠠᠨ ᠤ ᠰᠢᠯᠭᠠᠷᠠᠭᠤᠯᠤᠯᠳᠠ ᠳᠤ ᠲᠠᠭᠤᠷᠢᠶᠠᠯ ᠱᠤᠭᠤᠨ ᠦᠭᠴᠤ᠂ ᠰᠤᠷᠭᠠᠨ ᠬᠦᠮᠦᠵᠢᠯ᠂ ᠵᠢᠭᠠᠨ ᠰᠤᠷᠭᠠᠯᠳᠠ ᠪᠤᠯᠤᠨ ᠴᠢᠳᠠᠪᠤᠷᠢᠳᠠᠨ ᠢ ᠬᠦᠮᠦᠵᠢᠬᠦᠯᠬᠦ ᠳᠤ ᠮᠠᠰᠢ ᠴᠢᠬᠤᠯᠠ ᠬᠦᠴᠦᠨ ᠪᠦᠬᠦᠢ ᠬᠦᠲᠦᠯᠦᠮᠵᠢ ᠶᠢᠨ ᠦᠢᠯᠡᠳᠦᠯ ᠦᠵᠡᠬᠦᠯᠬᠦ ᠪᠤᠯᠤᠨ᠎ᠠ᠃ ᠤᠳᠤ ᠶᠢᠨ ᠬᠡᠷᠡᠭᠵᠢᠬᠦᠯᠵᠤ ᠪᠠᠶᠢᠭ᠎ᠠ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠨᠢ ᠰᠤᠷᠤᠭᠴᠢ ᠶᠢ ᠪᠦᠬᠦ ᠲᠠᠯ᠎ᠠ ᠪᠠᠷ ᠬᠢᠨᠠᠨ ᠰᠢᠯᠭᠠᠵᠤ ᠦᠨᠡᠯᠡᠬᠦ ᠶᠢ ᠱᠠᠭᠠᠷᠳᠠᠵᠤ ᠪᠠᠶᠢᠭ᠎ᠠ ᠪᠤᠯᠪᠠᠴᠤ ᠵᠠᠷᠢᠮ ᠲᠠᠯ᠎ᠠ ᠶᠢᠨ ᠲᠦᠷᠢᠮ ᠢᠯᠡᠩᠭᠤᠶ᠎ᠠ ᠢᠳᠡᠭᠡᠮᠵᠢᠳᠤ ᠲᠦᠷᠢᠮ ᠤᠨ ᠲᠤᠳᠠᠭᠤ ᠲᠤᠷᠭᠤᠨ ᠠᠴᠠ ᠪᠤᠯᠵᠤ ᠪᠤᠳᠠᠳᠤ ᠬᠡᠷᠡᠭᠯᠡᠭᠡᠨ ᠤ ᠶᠠᠪᠤᠴᠠ ᠳᠤ ᠰᠢᠯᠭᠠᠯᠳᠠ ᠶᠢᠨ ᠬᠤᠪᠢ ᠶᠢᠨ ᠡᠷᠬᠡ ᠶᠢᠨ ᠬᠦᠨᠳᠦᠴᠡ ᠤᠯᠠᠮ ᠢᠶᠠᠷ ᠴᠢᠬᠤᠯᠠᠴᠢᠯᠠᠭᠳᠠᠨ᠂ ᠰᠢᠯᠭᠠᠯᠳᠠ ᠶᠢᠨ ᠬᠤᠪᠢ ᠨᠢ ᠴᠢᠳᠠᠪᠤᠷᠢᠳᠠᠨ ᠢ ᠰᠤᠩᠭᠤᠨ ᠰᠢᠯᠭᠠᠷᠠᠭᠤᠯᠵᠤ ᠡᠯᠰᠡᠬᠦ ᠴᠤᠷ ᠤᠨ ᠭᠠᠭᠴᠠ ᠡᠰᠢ ᠪᠠᠷᠢᠮᠳᠠ ᠪᠤᠯᠪᠠ᠂ ᠮᠦᠨ ᠡᠬᠦᠨ ᠠᠴᠠ ᠪᠤᠯᠵᠤ ᠰᠤᠷᠭᠠᠭᠤᠯᠢ ᠲᠠᠪᠰᠢᠬᠦ ᠦᠷᠢᠰᠦᠯᠳᠦᠭᠡᠨ ᠎ ᠨᠢ ᠤᠯᠠᠷᠢᠨ ᠬᠤᠪᠢᠷᠠᠭᠠᠳ ︽ᠬᠤᠪᠢ ᠨᠢᠭᠡᠪᠦᠷᠢ︾᠎ ᠶᠢ ᠬᠦᠭᠡᠭᠡᠴᠡᠯᠳᠦᠬᠦ ᠦᠷᠢᠰᠦᠯᠳᠦᠭᠡᠨ ᠪᠤᠯᠤᠭᠰᠠᠨ ᠪᠠᠶᠢᠨ᠎ᠠ᠃ ᠡᠨᠡ ᠨᠢ ᠰᠠᠭᠤᠷᠢ ᠰᠤᠷᠭᠠᠨ ᠬᠦᠮᠦᠵᠢᠯ ᠳᠤ ᠬᠦᠨᠳᠤ ᠨᠤᠴᠢᠳᠠᠢ ᠦᠷ᠎ᠡ ᠳ᠋ᠦᠩ ᠠᠪᠴᠢᠷᠠᠭᠰᠠᠨ ᠨᠢ ᠶᠠᠷᠢᠶᠠᠨ ᠦᠭᠡᠢ᠃ ᠰᠤᠷᠭᠠᠭᠤᠯᠢ ᠲᠠᠪᠰᠢᠬᠦ ᠬᠤᠷᠴᠠ ᠰᠢᠷᠦᠬᠦᠨ ᠦᠷᠢᠰᠦᠯᠳᠦᠭᠡᠨ ᠪᠤᠯᠤᠨ ᠠᠰᠢᠭ ᠬᠠᠷᠠᠭᠰᠠᠨ ᠰᠤᠷᠭᠠᠨ ᠬᠦᠮᠦᠵᠢᠯ ᠤᠨ ᠨᠦᠯᠦᠭᠡᠯᠡᠯ ᠲᠤᠤᠷ᠎ᠠ᠂ ︽ᠶᠠᠭᠤ ᠶᠢ ᠰᠢᠯᠭᠠᠪᠠᠯ ᠶᠠᠭᠤ ᠶᠢ ᠵᠢᠭᠠᠬᠤ︾ ᠰᠢᠯᠭᠠᠯᠳᠠ ᠶᠢ ᠠᠷᠭᠠᠴᠠᠬᠤ ᠰᠤᠷᠭᠠᠨ ᠬᠦᠮᠦᠵᠢᠯ ᠨᠢ ᠤᠷᠳᠤ ᠬᠤᠭᠤᠴᠠᠭ᠎ᠠ ᠪᠠᠷ ᠵᠠᠰᠠᠷᠠᠰᠢ ᠦᠭᠡᠢ ᠠᠷᠬᠠᠭ ᠬᠡᠮ ᠪᠤᠯᠵᠤ᠂ ᠰᠤᠷᠤᠭᠴᠢ ᠶᠢᠨ ᠦᠵᠡᠯ ᠰᠠᠨᠠᠭ᠎ᠠ ᠶᠤᠰᠤ ᠰᠤᠷᠳᠠᠬᠤᠨ᠂ ᠭᠤᠸ᠎ᠠ ᠰᠠᠶᠢᠬᠠᠨ᠂ ᠪᠡᠶ᠎ᠡ ᠮᠠᠬᠠᠪᠤᠳ ᠵᠡᠷᠭᠡ ᠪᠦᠬᠦ ᠲᠠᠯ᠎ᠠ ᠶᠢᠨ ᠬᠦᠭᠵᠢᠯᠳᠡ ᠪᠤᠯᠤᠨ ᠦᠢᠯᠡᠳᠦᠯᠭᠡ ᠶᠢᠨ ᠴᠢᠳᠠᠪᠤᠷᠢ ᠶᠢ ᠬᠦᠮᠦᠵᠢᠬᠦᠯᠬᠦ ᠶᠢ ᠤᠮᠳᠠᠭᠠᠶᠢᠯᠠᠨ᠂ ᠶᠡᠭᠡ ᠬᠡᠮᠵᠢᠶᠡᠨ ᠤ ᠴᠠᠭ ᠢᠶᠠᠨ ᠲᠠᠪᠳᠠᠬᠤ ᠪᠠ ︽ᠰᠡᠳᠦᠪ ᠤᠨ ᠲᠠᠯᠠᠢ ᠶᠢ ᠰᠢᠪᠳᠤᠯᠬᠤ︾ ᠲᠡᠭᠡᠷ᠎ᠡ ᠵᠠᠷᠤᠴᠠᠭᠤᠯᠤᠭᠠᠳ᠂ ᠰᠤᠷᠤᠭᠴᠢ ᠶᠢᠨ ᠰᠡᠳᠬᠢᠬᠦ ᠴᠢᠳᠠᠪᠤᠷᠢ ᠪᠤᠯᠤᠨ ᠡᠬᠦᠳᠦᠯᠳᠡ ᠶᠢᠨ ᠴᠢᠳᠠᠪᠤᠷᠢ ᠶᠢᠨ ᠬᠦᠭᠵᠢᠯᠳᠡ ᠶᠢ ᠬᠠᠷᠰᠢᠯᠠᠭᠰᠠᠨ ᠪᠠᠶᠢᠨ᠎ᠠ᠃ ᠡᠶᠢᠮᠦᠷᠬᠦ ᠠᠬᠤᠢ ᠪᠠᠶᠢᠳᠠᠯ ᠲᠤᠤᠷ᠎ᠠ᠂ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠨᠢ ᠨᠢᠭᠡᠨᠳᠡ ᠰᠤᠷᠭᠠᠨ ᠬᠦᠮᠦᠵᠢᠯ ᠤᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢᠨ ᠴᠢᠬᠤᠯᠠ ᠰᠢᠪᠳᠤᠯᠤᠯᠳᠠ ᠪᠤᠯᠵᠤ᠂ ᠡᠨᠡᠬᠦ ᠬᠠᠴᠢᠨ ᠠᠬᠤᠢ ᠪᠠᠶᠢᠳᠠᠯ ᠠᠴᠠ ᠠᠯᠬᠤᠨ ᠭᠠᠷᠬᠤ ᠶᠢ ᠪᠠᠴᠢᠮ ᠲᠤᠯᠭᠠᠮ᠎ᠠ ᠱᠠᠭᠠᠷᠳᠠᠨ᠂ ᠲᠡᠯᠡᠭᠡᠢ ᠨᠡᠶᠢᠳᠡ ᠶᠢᠨ ᠦᠷᠢᠰᠦᠯᠳᠦᠭᠡᠨ ᠪᠤᠯᠤᠨ ᠴᠠᠭ ᠦᠶ᠎ᠡ ᠶᠢᠨ ᠱᠠᠭᠠᠷᠳᠠᠯᠭ᠎ᠠ ᠳᠤ ᠵᠤᠬᠢᠴᠠᠭᠰᠠᠨ ᠴᠢᠳᠠᠪᠤᠷᠢᠳᠠᠨ ᠢ ᠬᠦᠮᠦᠵᠢᠬᠦᠯᠬᠦ ᠵᠠᠭᠪᠤᠷ ᠢ ᠡᠬᠦᠳᠦᠨ ᠰᠢᠨᠡᠳᠭᠡᠬᠦ ᠳᠤ ᠵᠠᠮ ᠲᠡᠪᠢᠰᠴᠤ ᠦᠭᠬᠦ ᠬᠡᠷᠡᠭᠳᠡᠢ ᠪᠤᠯᠵᠠᠢ᠃ ᠡᠶᠢᠮᠤ ᠪᠠᠴᠢᠮ ᠵᠠᠩᠬᠢᠯᠠᠭ᠎ᠠ ᠶᠢᠨ ᠦᠶ᠎ᠡ ᠳᠤ᠂ ᠮᠠᠨ ᠤ ᠤᠯᠤᠰ ︽ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ ᠰᠠᠨᠠᠯ︾᠎ ᠢ ᠨᠡᠶᠢᠳᠡᠯᠡᠵᠤ᠂ ᠰᠤᠷᠭᠠᠨ ᠬᠦᠮᠦᠵᠢᠯ ᠤᠨ ᠬᠦᠷᠢᠶᠠᠨ ᠤ ᠶᠡᠷᠦᠩᠭᠡᠶᠢᠯᠡᠭᠰᠡᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠳᠤ ᠴᠢᠬᠤᠯᠠ ᠨᠢᠭᠡ ᠠᠯᠬᠤᠮ ᠢᠶᠠᠨ ᠠᠯᠬᠤᠭᠰᠠᠨ ᠪᠠᠶᠢᠨ᠎ᠠ᠃      ︽ᠬᠡᠷᠡᠭᠵᠢᠬᠦᠯᠬᠦ ᠰᠠᠨᠠᠯ︾ ᠪᠤᠯ ᠤᠯᠠᠨ ᠵᠢᠯ ᠤᠨ ᠦᠭᠡᠷᠡᠴᠢᠯᠡᠯᠳᠡ ᠶᠢᠨ ᠦᠢᠯᠡᠳᠦᠯᠭᠡ ᠶᠢᠨ ᠰᠠᠭᠤᠷᠢ ᠲᠡᠭᠡᠷ᠎ᠡ ᠪᠤᠢ ᠪᠤᠯᠤᠭᠰᠠᠨ ᠪᠦᠬᠦᠳᠡ ᠤᠯᠠᠨ ᠤ ᠤᠶᠤᠨ ᠤ ᠲᠠᠯᠠᠰ ᠪᠤᠯᠬᠤ ᠪᠦᠭᠡᠳ ᠨᠠᠮ ᠤᠨ ᠲᠦᠪ ᠬᠤᠷᠢᠶ᠎ᠠ ᠠᠴᠠ ᠲᠤᠷᠠᠳᠤᠭᠰᠠᠨ ᠦᠵᠦ ᠲᠦᠯᠦᠪᠯᠡᠭᠡ ᠪᠤᠯᠬᠤ ᠶᠤᠮ᠃ ᠦᠭᠡᠷᠡᠴᠢᠯᠡᠯᠳᠡ ᠶᠢ ᠠᠬᠢᠭᠤᠯᠵᠤ ᠬᠡᠷᠡᠭᠵᠢᠬᠦᠯᠬᠦ ᠶᠠᠪᠤᠴᠠ ᠳᠤ ᠮᠠᠰᠢ ᠤᠯᠠᠨ ᠰᠢᠨ᠎ᠡ ᠠᠰᠠᠭᠤᠳᠠᠯ ᠪᠤᠯᠤᠨ ᠬᠦᠴᠢᠷᠳᠡᠯ ᠲᠤᠯᠭᠠᠷᠠᠬᠤ ᠨᠢ ᠶᠠᠷᠢᠶᠠᠨ ᠦᠭᠡᠢ᠂ ᠬᠡᠪᠡᠴᠤ ᠡᠨᠡ ᠨᠢ ᠪᠦᠬᠦ ᠤᠯᠤᠰ ᠪᠤᠯᠤᠨ ᠡᠯ᠎ᠡ ᠱᠠᠳᠤᠨ ᠤ ᠵᠠᠰᠠᠭ ᠤᠨ ᠤᠷᠳᠤᠨ ᠢ ᠲᠠᠶᠢᠴᠢᠯᠡᠨ ᠦᠭᠡᠷᠡᠴᠢᠯᠡᠯᠳᠡ ᠶᠢ ᠭᠤᠶᠢᠪᠢᠰᠢ ᠦᠭᠡᠢ ᠯᠠᠪᠳᠠᠭᠤᠨ ᠢᠶᠠᠷ ᠠᠬᠢᠭᠤᠯᠤᠨ᠂ ᠮᠠᠨ ᠤ ᠤᠯᠤᠰ ᠤᠨ ᠰᠤᠷᠭᠠᠨ ᠬᠦᠮᠦᠵᠢᠯ ᠤᠨ ᠦᠢᠯᠡᠰ ᠪᠤᠯᠤᠨ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠳᠤ ᠠᠯᠤᠰ ᠬᠡᠳᠤ ᠶᠢᠨ ᠨᠦᠯᠦᠭᠡ ᠦᠵᠡᠬᠦᠯᠬᠦ ᠨᠢ ᠵᠠᠶᠢᠯᠠᠰᠢ ᠦᠭᠡᠢ᠃ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠢ ᠰᠡᠷᠬᠦᠭᠡᠭᠰᠡᠨ ᠨᠢ ᠵᠠᠯᠠᠭᠤ ᠨᠢᠭᠡ ᠦᠶ᠎ᠡ ᠶᠢᠨ ᠎ ᠬᠢᠨ ᠳᠤ ᠬᠤᠪᠢ ᠵᠠᠶᠠᠭ᠎ᠠ ᠪᠠᠨ ᠬᠤᠪᠢᠷᠠᠭᠤᠯᠬᠤ ᠠᠵᠠ ᠲᠤᠬᠢᠶᠠᠯ ᠬᠠᠩᠭᠠᠵᠤ᠂ ᠮᠡᠳᠡᠯᠭᠡ ᠰᠤᠷᠬᠤ ᠶᠢ ᠬᠦᠭᠡᠭᠡᠴᠡᠯᠳᠦᠨ᠂ ᠰᠢᠷᠭᠠᠭᠤ ᠬᠠᠳᠠᠭᠤᠵᠢᠯᠳᠠᠢ ᠰᠤᠷᠤᠯᠴᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠭᠰᠠᠨ ᠪᠢᠯᠡ᠃ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠰᠢᠨ᠎ᠡ ᠦᠭᠡᠷᠡᠴᠢᠯᠡᠯᠳᠡ ᠨᠢ ᠰᠢᠨ᠎ᠡ ᠵᠠᠭᠤᠨ ᠤ ᠰᠢᠨ᠎ᠡ ᠨᠢᠭᠡ ᠦᠶ᠎ᠡ ᠶᠢᠨ ᠬᠢᠨ ᠳᠤ ᠴᠢᠳᠠᠪᠤᠷᠢᠳᠠᠨ ᠪᠤᠯᠬᠤ ᠶᠠᠪᠤᠴᠠ ᠳᠠᠭᠠᠨ ᠤᠯᠠᠨ ᠵᠦᠢᠯ ᠤᠨ ᠠᠷᠭ᠎ᠠ ᠬᠡᠯᠪᠡᠷᠢ ᠪᠠᠷ ᠤᠯᠠᠨ ᠤᠳᠠᠭ᠎ᠠ ᠶᠢᠨ ᠰᠤᠩᠭᠤᠯᠳᠠ ᠬᠢᠬᠦ ᠠᠷᠭ᠎ᠠ ᠵᠠᠮ ᠢ ᠬᠠᠩᠭᠠᠨ ᠦᠭᠬᠦ ᠪᠠ ᠨᠠᠰᠤᠨ ᠲᠤᠷᠰᠢᠳᠠ ᠰᠤᠷᠤᠯᠴᠠᠬᠤ ︽ᠵᠦᠷᠢᠯᠢᠭ ᠬᠦᠬᠦᠷᠭᠡ︾᠎ ᠶᠢ ᠲᠡᠪᠢᠰᠴᠤ᠂ ᠬᠦᠮᠦᠨ ᠪᠦᠬᠦᠨ ᠴᠢᠳᠠᠪᠤᠷᠢᠳᠠᠨ ᠪᠤᠯᠬᠤ᠂ ᠴᠢᠳᠠᠪᠤᠷᠢᠳᠠᠨ ᠲᠠᠬᠢᠨ ᠢᠶᠠᠷ ᠴᠤᠯᠭᠤᠷᠠᠨ ᠭᠠᠷᠬᠤ ᠰᠢᠨ᠎ᠡ ᠪᠠᠶᠢᠳᠠᠯ ᠢ ᠤᠭᠳᠤᠨ ᠠᠪᠴᠢᠷᠠᠬᠤ ᠶᠢ ᠪᠢᠳᠠ ᠬᠦᠰᠡᠨ ᠬᠦᠯᠢᠶᠡᠵᠤ ᠪᠠᠶᠢᠭ᠎ᠠ ᠪᠦᠭᠡᠳ ᠢᠳᠡᠭᠡᠵᠤ ᠪᠠᠶᠢᠨ᠎ᠠ᠃       ᠰᠤᠷᠭᠠᠨ ᠬᠦᠮᠦᠵᠢᠯ ᠤᠨ ᠬᠦᠷᠢᠶᠠᠨ ᠤ ᠶᠡᠷᠦᠩᠭᠡᠶᠢᠯᠡᠭᠰᠡᠨ ᠦᠭᠡᠷᠡᠴᠢᠯᠡᠯᠳᠡ ᠶᠢᠨ ᠰᠢᠨ᠎ᠡ ᠲᠠᠪᠠᠯᠳᠠ      ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠢ ᠬᠦᠮᠦᠰ ᠶᠡᠷᠦᠳᠡᠭᠡᠨ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠲᠤᠬᠢᠭᠤᠷ ᠮᠤᠳᠤ ᠭᠡᠵᠤ ᠦᠵᠡᠳᠡᠭ᠃ ᠰᠢᠯᠭᠠᠯᠳᠠ ᠶᠢᠨ ᠲᠦᠷᠢᠮ ᠢ ᠦᠭᠡᠷᠡᠴᠢᠯᠡᠬᠦ ᠦᠭᠡᠢ ᠪᠤᠯ ᠬᠡᠪ ᠴᠢᠨᠠᠡᠷ ᠤᠨ ᠰᠤᠷᠭᠠᠨ ᠬᠦᠮᠦᠵᠢᠯ ᠢ ᠠᠬᠢᠭᠤᠯᠬᠤ ᠶᠢᠨ ᠠᠷᠭ᠎ᠠ ᠦᠭᠡᠢ ᠭᠡᠵᠤ  ᠤᠯᠠᠩᠬᠢ ᠰᠤᠷᠭᠠᠭᠤᠯᠢ ᠶᠢᠨ ᠵᠠᠬᠢᠷᠤᠯ ᠪᠤᠯᠤᠨ ᠪᠠᠭᠰᠢ ᠨᠠᠷ ᠶᠠᠷᠢᠨ᠎ᠠ᠃ ᠲᠡᠶᠢᠮᠦ ᠠᠴᠠ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠨᠢ ᠰᠤᠷᠭᠠᠨ ᠬᠦᠮᠦᠵᠢᠯ ᠤᠨ ᠬᠦᠷᠢᠶᠠᠨ ᠤ ᠶᠡᠷᠦᠩᠭᠡᠶᠢᠯᠡᠭᠰᠡᠨ ᠦᠭᠡᠷᠡᠴᠢᠯᠡᠯᠳᠡ ᠶᠢᠨ ᠭᠤᠤᠯᠳᠠᠯᠭ᠎ᠠ ᠪᠤᠯᠬᠤ ᠲᠤᠯᠠ ᠰᠤᠷᠭᠠᠨ ᠬᠦᠮᠦᠵᠢᠯ ᠤᠨ ᠬᠦᠷᠢᠶᠡᠨ ᠤ ᠦᠭᠡᠷᠡᠴᠢᠯᠡᠯᠳᠡ ᠪᠤᠯᠤᠨ ᠬᠦᠭᠵᠢᠯᠳᠡ ᠶᠢ ᠠᠬᠢᠭᠤᠯᠬᠤ ᠨᠢ ᠵᠠᠶᠢᠯᠠᠰᠢ ᠦᠭᠡᠢ᠃      ᠡᠨᠡ ᠤᠳᠠᠭ᠎ᠠ ᠶᠢᠨ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ ᠶᠡᠷᠦᠩᠭᠡᠢ ᠬᠠᠷᠠᠯᠳᠠ ᠪᠤᠯ ᠲᠦᠷᠦᠯ ᠬᠤᠪᠢᠶᠠᠨ ᠰᠢᠯᠭᠠᠯᠳᠠ ᠬᠢᠬᠦ᠂ ᠶᠡᠷᠦᠩᠭᠡᠶᠢᠯᠡᠨ ᠦᠨᠡᠯᠡᠬᠦ᠂ ᠤᠯᠠᠨ ᠠᠷᠭ᠎ᠠ ᠵᠠᠮ ᠢᠶᠠᠷ ᠰᠤᠷᠤᠭᠴᠢ ᠡᠯᠰᠡᠬᠦ ᠵᠠᠭᠪᠤᠷ ᠢ ᠪᠦᠷᠢᠯᠳᠦᠬᠦᠯᠵᠤ᠂ ᠴᠢᠳᠠᠪᠤᠷᠢᠳᠠᠨ ᠢ ᠡᠷᠭᠡ ᠲᠡᠭᠰᠢ᠂ ᠰᠢᠨᠵᠢᠯᠡᠬᠦ ᠤᠬᠠᠭᠠᠨᠴᠢ ᠪᠠᠷ ᠰᠤᠩᠭᠤᠨ ᠰᠢᠯᠭᠠᠷᠠᠭᠤᠯᠬᠤ ᠶᠢ ᠠᠬᠢᠭᠤᠯᠤᠨ᠂ ᠬᠢᠨᠠᠯᠳᠠ ᠲᠠᠯᠪᠢᠯᠳᠠ ᠨᠢ ᠡᠷᠴᠢᠮᠯᠢᠭ ᠪᠠᠶᠢᠭᠤᠯᠤᠮᠵᠢ ᠶᠢᠨ ᠲᠤᠭᠳᠠᠴᠠ ᠶᠢ ᠪᠠᠶᠢᠭᠤᠯᠵᠤ᠂ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠬᠠᠷᠢᠯᠴᠠᠨ ᠤᠶᠠᠯᠳᠤᠵᠤ ᠵᠠᠯᠭᠠᠯᠳᠤᠬᠤ ᠶᠢ ᠪᠡᠶᠡᠯᠡᠬᠦᠯᠦᠨ᠂ ᠤᠯᠠᠨ ᠠᠷᠭ᠎ᠠ ᠬᠡᠯᠪᠡᠷᠢ ᠪᠠᠷ ᠰᠤᠷᠤᠯᠴᠠᠭᠰᠠᠨ ᠰᠤᠷᠤᠯᠭ᠎ᠠ ᠶᠢᠨ ᠬᠢᠷᠢ ᠪᠦᠳᠦᠮᠵᠢ ᠶᠢ ᠮᠡᠳᠡᠷᠡᠭᠰᠡᠨ ᠨᠠᠰᠤᠨ ᠲᠤᠷᠰᠢᠳᠠ ᠰᠤᠷᠤᠯᠴᠠᠬᠤ ᠵᠦᠷᠢᠯᠢᠭ ᠬᠦᠬᠦᠷᠭᠡ ᠶᠢ ᠪᠠᠶᠢᠭᠤᠯᠬᠤ ᠪᠤᠯᠤᠨ᠎ᠠ᠃ ᠡᠨᠡᠬᠦ ᠶᠡᠷᠦᠩᠭᠡᠢ ᠬᠠᠷᠠᠯᠳᠠ ᠶᠢ ᠦᠨᠳᠦᠰᠦᠯᠡᠪᠡᠯ ᠡᠶᠢᠮᠦ ᠬᠡᠳᠦᠨ ᠵᠦᠢᠯ ᠤᠨ ᠴᠢᠬᠤᠯᠠ ᠶᠡᠭᠡ ᠦᠭᠡᠷᠡᠴᠢᠯᠡᠯᠳᠡ ᠶᠢ ᠬᠢᠬᠦ ᠪᠤᠯᠤᠨ᠎ᠠ᠃      ᠨᠢᠭᠡ  ᠂ ᠦᠨᠡᠯᠡᠯᠳᠡ ᠶᠢᠨ ᠲᠦᠷᠢᠮ ᠢ ᠦᠭᠡᠷᠡᠴᠢᠯᠡᠨ᠎ᠡ᠃ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠳᠤ ᠰᠤᠷᠤᠯᠭ᠎ᠠ ᠶᠢᠨ ᠲᠦᠪᠰᠢᠨ ᠤ ᠰᠢᠯᠭᠠᠯᠳᠠ ᠪᠤᠯᠤᠨ ᠶᠡᠷᠦᠩᠭᠡᠶᠢᠯᠡᠭᠰᠡᠨ ᠬᠡᠪ ᠴᠢᠨᠠᠷ ᠤᠨ ᠦᠨᠡᠯᠡᠯᠳᠡ ᠶᠢ ᠬᠡᠷᠡᠭᠵᠢᠬᠦᠯᠦᠨ᠎ᠡ᠃ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠳᠤ᠂ ᠨᠢᠭᠡ ᠬᠢᠴᠢᠶᠡᠯ ᠲᠦᠷᠦᠯ ᠢ ᠰᠤᠷᠤᠭᠠᠳ ᠪᠠᠷᠠᠪᠠᠯ ᠰᠢᠯᠭᠠᠨ᠎ᠠ  ᠂ ᠵᠠᠭᠤᠨ ᠬᠤᠪᠢ ᠶᠢᠨ ᠲᠦᠷᠢᠮ ᠢ ᠲᠠᠬᠢᠵᠤ ᠬᠡᠷᠡᠭᠵᠢᠬᠦᠯᠬᠦ ᠦᠭᠡᠢ᠂ ᠬᠠᠷᠢᠨ ᠬᠢᠷᠢ ᠲᠡᠩᠴᠡᠬᠦ ᠪᠠ ᠲᠡᠰ ᠢᠯᠭᠠᠬᠤ ᠠᠷᠭ᠎ᠠ ᠪᠠᠷ ᠰᠤᠷᠤᠭᠴᠢ ᠶᠢᠨ ᠰᠤᠷᠤᠯᠭ᠎ᠠ ᠶᠢᠨ ᠲᠦᠪᠰᠢᠨ ᠢ ᠦᠨᠡᠯᠡᠨ᠎ᠡ᠃ ᠡᠨᠡ ᠪᠤᠯ ᠨᠢᠭᠡ ᠵᠦᠢᠯ ᠤᠨ ᠴᠢᠬᠤᠯᠠ ᠶᠡᠭᠡ ᠦᠭᠡᠷᠡᠴᠢᠯᠡᠯᠳᠡ ᠪᠤᠯᠤᠨ᠎ᠠ᠂ ᠡᠨᠡ ᠨᠢ ᠶᠤᠰᠤ ᠰᠤᠷᠳᠠᠬᠤᠨ ᠢᠶᠠᠷ ᠬᠦᠮᠦᠨ ᠢ ᠱᠤᠭᠤᠬᠤ᠂ ᠰᠤᠷᠤᠭᠴᠢ ᠶᠢᠨ ᠪᠦᠬᠦ ᠲᠠᠯ᠎ᠠ ᠶᠢᠨ ᠬᠦᠭᠵᠢᠯᠳᠡ ᠪᠤᠯᠤᠨ ᠦᠪᠡᠷᠮᠢᠴᠡ ᠬᠦᠭᠵᠢᠯᠳᠡ ᠶᠢ ᠠᠬᠢᠭᠤᠯᠬᠤ ᠪᠠᠷ ᠰᠤᠷᠭᠠᠨ ᠬᠦᠮᠦᠵᠢᠯ ᠦᠨᠳᠦᠰᠦᠨ ᠡᠬᠦᠷᠭᠡ ᠪᠤᠯᠭᠠᠬᠤ ᠶᠢ ᠢᠯᠡᠷᠡᠬᠦᠯᠪᠡ᠃ ᠡᠶᠢᠮᠦ ᠪᠠᠶᠢᠳᠠᠯ ᠲᠤᠤᠷ᠎ᠠ ᠰᠤᠷᠭᠠᠭᠤᠯᠢ ᠶᠢᠨ ᠲᠠᠯ᠎ᠠ ᠠᠴᠠ ᠰᠤᠷᠤᠭᠴᠢ ᠶᠢᠨ ᠶᠡᠷᠦᠩᠭᠡᠢ ᠬᠡᠪ ᠴᠢᠨᠠᠷ ᠢ ᠬᠦᠮᠦᠵᠢᠬᠦᠯᠬᠦ ᠶᠢ ᠴᠢᠬᠤᠯᠠᠴᠢᠯᠠᠨ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠲᠦᠪᠰᠢᠨ ᠢᠶᠠᠨ ᠴᠢᠷᠮᠠᠶᠢᠨ ᠲᠡᠭᠡᠭᠰᠢᠯᠡᠬᠦᠯᠬᠦ ᠬᠡᠷᠡᠭᠳᠡᠢ ᠪᠤᠯᠪᠠ᠃ ᠤᠳᠤᠬᠠᠨ ᠤ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠬᠢᠴᠢᠶᠡᠯᠡᠯᠭᠡ ᠶᠢᠨ ᠦᠭᠡᠷᠡᠴᠢᠯᠡᠯᠳᠡ ᠶᠢ ᠬᠢᠬᠦ ᠳᠡᠭᠡᠨ ᠰᠤᠷᠤᠭᠴᠢᠳ ᠦᠪᠡᠷ ᠤᠨ ᠲᠤᠷ᠎ᠠ ᠪᠠᠬ᠎ᠠ ᠪᠤᠯᠤᠨ ᠲᠠᠪᠠᠭᠤᠯᠢᠭ ᠢᠶᠠᠨ ᠦᠨᠳᠦᠰᠦᠯᠡᠨ ᠰᠤᠷᠤᠯᠴᠠᠬᠤ ᠪᠠ ᠬᠤᠵᠢᠮ ᠤᠨ ᠨᠢᠭᠡᠳᠦᠯᠳᠡᠢ ᠰᠢᠯᠭᠠᠯᠳᠠ ᠶᠢᠨ ᠲᠤᠰᠬᠠᠢ ᠮᠡᠷᠭᠡᠵᠢᠯ ᠲᠠᠢ ᠬᠤᠯᠪᠤᠭᠳᠠᠬᠤ ᠬᠢᠴᠢᠶᠡᠯ ᠲᠦᠷᠦᠯ ᠢᠶᠠᠨ ᠰᠤᠩᠭᠤᠵᠤ ᠰᠤᠷᠬᠤ ᠳᠤ ᠠᠰᠢᠭᠳᠠᠢ᠂ ᠴᠢᠳᠠᠪᠤᠷᠢᠳᠠᠨ ᠤ ᠦᠰᠦᠯᠳᠡ ᠪᠤᠶᠢᠵᠢᠯᠳᠠ ᠳᠤ ᠠᠰᠢᠭᠳᠠᠢ ᠪᠠᠶᠢᠯᠭᠠᠬᠤ ᠶᠢ ᠪᠤᠳᠤᠯᠬᠢᠯᠠᠬᠤ ᠬᠡᠷᠡᠭᠳᠡᠢ᠃ ᠶᠡᠷᠦᠩᠭᠡᠶᠢᠯᠡᠭᠰᠡᠨ ᠬᠡᠪ ᠴᠢᠨᠠᠷ ᠤᠨ ᠦᠨᠡᠯᠡᠯᠳᠡ ᠨᠢ ᠰᠤᠷᠤᠭᠴᠢ ᠶᠢᠨ ᠡᠩ ᠤᠨ ᠦᠶ᠎ᠡ ᠶᠢᠨ ᠶᠤᠰᠤ ᠰᠤᠷᠳᠠᠬᠤᠨ ᠤ ᠢᠯᠡᠷᠡᠯ᠂ ᠪᠡᠶ᠎ᠡ ᠰᠡᠳᠬᠢᠴᠡ ᠶᠢᠨ ᠡᠷᠡᠬᠦᠯ ᠴᠢᠬᠢᠷᠠᠭ ᠤᠨ ᠪᠠᠶᠢᠳᠠᠯ᠂ ᠦᠢᠯᠡᠳᠦᠯᠭᠡ ᠶᠢᠨ ᠴᠢᠳᠠᠪᠤᠷᠢ᠂ ᠦᠪᠡᠷ ᠢ ᠪᠠᠨ ᠬᠠᠮᠢᠶᠠᠷᠬᠤ ᠴᠢᠳᠠᠪᠤᠷᠢ ᠵᠡᠷᠭᠡ ᠶᠢ ᠬᠢᠨᠠᠨ ᠪᠠᠶᠢᠴᠠᠭᠠᠬᠤ ᠪᠠᠶᠢᠴᠠᠭᠠᠯᠳᠠ ᠪᠤᠯᠬᠤ ᠶᠤᠮ᠃ ᠰᠤᠷᠤᠯᠭ᠎ᠠ ᠶᠢᠨ ᠲᠦᠪᠰᠢᠨ ᠤ ᠰᠢᠯᠭᠠᠯᠳᠠ ᠪᠤᠯᠤᠨ ᠶᠡᠷᠦᠩᠭᠡᠶᠢᠯᠡᠭᠰᠡᠨ ᠬᠡᠪ ᠴᠢᠨᠠᠷ ᠤᠨ ᠦᠨᠡᠯᠡᠯᠳᠡ ᠨᠢ ᠲᠤᠰ ᠪᠦᠷᠢ ᠲᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠳᠤ ᠡᠰᠢ ᠪᠠᠷᠢᠮᠳᠠ ᠪᠠ ᠯᠠᠪᠯᠠᠯᠳᠠ ᠪᠤᠯᠵᠤ᠂ ᠨᠢᠭᠡ ᠰᠢᠯᠭᠠᠯᠳᠠ ᠪᠠᠷ ᠨᠠᠰᠤᠨ ᠲᠤᠷᠰᠢᠬᠢ ᠶᠢ ᠲᠤᠭᠳᠠᠭᠠᠳᠠᠭ ᠲᠤᠳᠠᠭᠳᠠᠯ ᠢ ᠬᠤᠪᠢᠷᠠᠭᠤᠯᠬᠤ ᠪᠤᠯᠤᠨ᠎ᠠ᠃      ᠬᠤᠶᠠᠷ᠂ ᠨᠢᠭᠡᠳᠦᠯᠳᠡᠢ ᠰᠢᠯᠭᠠᠯᠳᠠ ᠶᠢᠨ ᠠᠷᠭ᠎ᠠ ᠬᠡᠯᠪᠡᠷᠢ ᠪᠤᠯᠤᠨ ᠠᠭᠤᠯᠭ᠎ᠠ ᠶᠢ ᠦᠭᠡᠷᠡᠴᠢᠯᠡᠨ᠎ᠡ᠃ ᠲᠤᠷᠰᠢᠯᠳᠠ ᠶᠢᠨ ᠴᠢᠭ᠋ ᠤᠨ ᠭᠠᠵᠠᠷ ᠤᠷᠤᠨ ᠳᠤ ᠬᠡᠯᠡ ᠪᠢᠴᠢᠭ᠂ ᠲᠤᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ ᠭᠤᠷᠪᠠᠨ ᠬᠢᠴᠢᠶᠠᠯ ᠲᠦᠷᠦᠯ ᠢ ᠨᠢᠭᠡᠳᠦᠯᠳᠡᠢ ᠰᠢᠯᠭᠠᠵᠤ᠂ ᠨᠡᠶᠢᠭᠡᠮ ᠤᠨ ᠪᠠ ᠪᠠᠶᠢᠭᠠᠯᠢ ᠶᠢᠨ ᠰᠢᠨᠵᠢᠯᠡᠭᠡᠨ ᠤ ᠲᠦᠷᠦᠯ ᠭᠡᠵᠤ ᠰᠠᠯᠭᠠᠬᠤ ᠦᠭᠡᠢ᠂ ᠭᠠᠳᠠᠭᠠᠳᠤ ᠬᠡᠯᠡ ᠶᠢ ᠬᠤᠶᠠᠷ ᠤᠳᠠᠭ᠎ᠠ ᠰᠢᠯᠭᠠᠵᠤ ᠪᠤᠯᠬᠤ ᠪᠦᠭᠡᠳ ᠬᠠᠮᠤᠭ ᠤᠨ ᠰᠠᠶᠢᠨ ᠬᠢᠷᠢ ᠪᠦᠳᠦᠮᠵᠢ ᠶᠢ ᠨᠢᠭᠡᠳᠦᠯᠳᠡᠢ ᠰᠢᠯᠭᠠᠯᠳᠠ ᠶᠢᠨ ᠶᠡᠷᠦᠩᠭᠡᠢ ᠬᠤᠪᠢ ᠳᠤ ᠪᠤᠳᠤᠵᠤ ᠤᠷᠤᠭᠤᠯᠤᠨ᠎ᠠ᠃ ᠡᠬᠦᠨ ᠠᠴᠠ ᠭᠠᠳᠠᠨ᠎ᠠ᠂ ᠰᠤᠷᠤᠭᠴᠢᠳ ᠦᠪᠡᠷ ᠢᠶᠠᠨ ᠭᠤᠷᠪᠠᠨ ᠬᠢᠴᠢᠶᠠᠯ ᠲᠦᠷᠦᠯ ᠤᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢᠨ ᠬᠢᠷᠢ ᠪᠦᠳᠦᠮᠵᠢ ᠪᠠᠨ ᠰᠤᠩᠭᠤᠵᠤ᠂ ᠲᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠳᠤ ᠯᠠᠪᠯᠠᠯᠳᠠ ᠪᠤᠯᠭᠠᠨ ᠬᠠᠩᠭᠠᠵᠤ ᠪᠤᠯᠤᠨ᠎ᠠ  ᠃ ᠡᠨᠡ ᠨᠢ ᠰᠤᠷᠤᠭᠴᠢ ᠶᠢᠨ ᠨᠢᠭᠡᠳᠦᠯᠳᠡᠢ ᠰᠢᠯᠭᠠᠯᠳᠠ ᠶᠢᠨ ᠲᠠᠷᠤᠭᠠᠰᠤ ᠶᠢ ᠬᠦᠩᠭᠡᠷᠡᠬᠦᠯᠵᠤ᠂ ᠡᠩ ᠤᠨ ᠴᠠᠭ ᠤᠨ ᠰᠤᠷᠤᠯᠴᠠᠯᠭ᠎ᠠ ᠶᠢ ᠴᠢᠬᠤᠯᠠᠴᠢᠯᠠᠬᠤ ᠪᠤᠯᠭᠠᠭᠰᠠᠨ ᠪᠠᠶᠢᠨ᠎ᠠ᠃ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠳᠤ ᠨᠡᠶᠢᠭᠡᠮ ᠤᠨ ᠪᠠ ᠪᠠᠶᠢᠭᠠᠯᠢ ᠶᠢᠨ ᠰᠢᠨᠵᠢᠯᠡᠭᠡᠨ ᠤ ᠲᠦᠷᠦᠯ ᠭᠡᠵᠤ ᠰᠠᠯᠭᠠᠬᠤ ᠦᠭᠡᠢ ᠪᠤᠯᠤᠭᠰᠠᠨ ᠠᠴᠠ ᠰᠤᠷᠤᠭᠴᠢᠳ ᠤᠨ ᠬᠢᠴᠢᠶᠠᠯ ᠢᠯᠭᠠᠵᠤ ᠰᠤᠷᠤᠯᠴᠠᠬᠤ ᠦᠵᠡᠭᠳᠡᠯ ᠢ ᠦᠭᠡᠶᠢᠰᠭᠡᠵᠤ᠂ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠵᠤ ᠴᠢᠳᠠᠬᠤ ᠪᠤᠯᠤᠨ᠎ᠠ᠃      ᠭᠤᠷᠪᠠ᠂ ᠲᠦᠷᠦᠯ ᠬᠤᠪᠢᠶᠠᠨ ᠰᠢᠯᠭᠠᠬᠤ ᠶᠢ ᠬᠡᠷᠡᠭᠵᠢᠬᠦᠯᠦᠨ᠎ᠡ  ᠃ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠵᠦᠪᠭᠡᠨ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢᠨ ᠬᠢᠷᠢ ᠪᠦᠳᠦᠮᠵᠢ ᠪᠤᠯᠤᠨ ᠬᠠᠮᠢᠶ᠎ᠠ ᠪᠦᠬᠦᠢ ᠮᠡᠷᠭᠡᠵᠢᠯ ᠴᠢᠳᠠᠪᠤᠷᠢ ᠶᠢᠨ ᠬᠢᠨᠠᠨ ᠰᠢᠯᠭᠠᠯᠳᠠ ᠶᠢ ᠦᠨᠳᠦᠰᠦᠯᠡᠨ ᠰᠤᠷᠤᠭᠴᠢ ᠡᠯᠰᠡᠵᠤ ᠪᠤᠯᠤᠨ᠎ᠠ᠃ ᠡᠨᠡ ᠨᠢ ᠨᠢᠭᠡ ᠪᠦᠯᠦᠭ ᠰᠤᠷᠤᠭᠴᠢ ᠶᠢ ᠨᠢᠭᠡᠳᠦᠯᠳᠡᠢ ᠰᠢᠯᠭᠠᠯᠳᠠ ᠶᠢᠨ ᠬᠦᠯᠢᠶᠡᠰᠦᠯᠡᠯ ᠠᠴᠠ ᠮᠤᠯᠳᠤᠷᠠᠭᠤᠯᠵᠤ᠂ ᠲᠡᠳᠡᠨ ᠤ ᠦᠪᠡᠷᠮᠢᠴᠡ ᠴᠢᠳᠠᠪᠤᠷᠢ ᠶᠢᠨ ᠬᠦᠭᠵᠢᠯᠳᠡ ᠶᠢ ᠠᠬᠢᠭᠤᠯᠵᠤ ᠴᠢᠳᠠᠬᠤ ᠪᠤᠯᠤᠨ᠎ᠠ᠃ ᠡᠬᠦᠨ ᠤ ᠲᠠᠭᠠᠤ ᠨᠠᠰᠤᠨ ᠲᠤᠷᠰᠢᠳᠠ ᠰᠤᠷᠤᠯᠴᠠᠬᠤ ᠰᠤᠷᠭᠠᠨ ᠬᠦᠮᠦᠵᠢᠯ ᠤᠨ ᠤᠶᠢᠯᠠᠭᠠᠭᠳᠠᠬᠤᠨ ᠢ ᠦᠨᠳᠦᠰᠦᠯᠡᠨ ᠦᠵᠤ ᠲᠦᠯᠦᠪᠯᠡᠭᠡ ᠬᠢᠬᠦ ᠳᠡᠭᠡᠨ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠵᠠᠯᠭᠠᠯᠳᠤᠨ ᠨᠢᠭᠡᠳᠬᠦ᠂ ᠤᠯᠠᠨ ᠵᠦᠢᠯ ᠤᠨ ᠠᠷᠭ᠎ᠠ ᠪᠠᠷ ᠰᠤᠷᠤᠯᠴᠠᠭᠰᠠᠨ ᠰᠤᠷᠤᠯᠭ᠎ᠠ ᠶᠢᠨ ᠬᠢᠷᠢ ᠪᠦᠳᠦᠮᠵᠢ ᠶᠢ ᠮᠡᠳᠡᠷᠡᠬᠦ ᠨᠠᠰᠤᠨ ᠲᠤᠷᠰᠢᠳᠠ ᠰᠤᠷᠤᠯᠴᠠᠬᠤ ︽ᠵᠦᠷᠢᠯᠢᠭ ᠬᠦᠬᠦᠷᠭᠡ︾᠎ ᠶᠢ ᠵᠢᠷᠤᠭᠯᠠᠨ ᠲᠦᠯᠦᠪᠯᠡᠭᠰᠡᠨ ᠶᠤᠮ᠃ ᠶᠠᠮᠠᠷᠪᠠ ᠨᠢᠭᠡᠨ ᠰᠤᠷᠤᠭᠴᠢ ᠬᠡᠷᠪᠡ ᠦᠪᠡᠷ ᠢᠶᠠᠨ ᠰᠤᠷᠤᠯᠴᠠᠬᠤ ᠲᠤᠷ᠎ᠠ ᠲᠠᠢ ᠪᠦᠭᠡᠳ ᠴᠢᠳᠠᠪᠤᠷᠢ ᠲᠠᠢ ᠪᠤᠯ ᠨᠡᠩ ᠦᠨᠳᠦᠷ ᠲᠡᠰ ᠲᠠᠪᠬᠤᠷᠭ᠎ᠠ ᠳᠤ ᠰᠤᠷᠤᠯᠴᠠᠬᠤ ᠠᠵᠠ ᠲᠤᠬᠢᠶᠠᠯ ᠲᠠᠢ᠃      ᠲᠦᠷᠪᠡ᠂ ᠰᠢᠯᠭᠠᠯᠳᠠ ᠳᠤ ᠬᠠᠷᠠᠭᠠᠯᠵᠠᠯ ᠤᠨ ᠬᠤᠪᠢ ᠨᠡᠮᠡᠬᠦ ᠶᠢ ᠪᠠᠭᠠᠰᠬᠠᠬᠤ ᠪᠠ ᠲᠦᠷᠢᠮᠵᠢᠬᠦᠯᠦᠨ᠎ᠡ᠃ ᠡᠯ᠎ᠡ ᠵᠦᠢᠯ ᠤᠨ ᠰᠢᠨᠵᠢᠯᠡᠬᠦ ᠤᠬᠠᠭᠠᠨᠨᠴᠢ ᠪᠤᠰᠤ᠂ ᠲᠦᠷᠢᠮᠵᠢᠯ ᠪᠤᠰᠤ ᠬᠤᠪᠢ ᠨᠡᠮᠡᠬᠦ ᠠᠷᠭ᠎ᠠ ᠶᠢ ᠦᠭᠡᠶᠢᠰᠭᠡᠪᠡᠯ ᠬᠤᠳᠠᠯ ᠬᠠᠭᠤᠷᠮᠠᠭ ᠢᠶᠠᠷ ᠬᠤᠪᠢ ᠨᠡᠮᠡᠬᠦᠯᠬᠦ ᠠᠵᠢᠯᠯᠠᠭ᠎ᠠ ᠶᠢ ᠬᠤᠷᠢᠭᠯᠠᠵᠤ ᠰᠤᠷᠭᠠᠨ ᠬᠦᠮᠦᠵᠢᠯ ᠤᠨ ᠡᠷᠭᠡ ᠲᠡᠭᠰᠢ ᠶᠢ ᠬᠠᠮᠠᠭᠠᠯᠠᠵᠤ  ᠴᠢᠳᠠᠨ᠎ᠠ᠂ ᠮᠦᠨ ᠴᠤ ᠰᠤᠷᠤᠭᠴᠢᠳ ᠤᠨ ᠰᠤᠷᠤᠯᠭ᠎ᠠ ᠶᠢᠨ ᠲᠠᠷᠤᠭᠠᠰᠤ ᠶᠢ ᠬᠦᠩᠭᠡᠷᠡᠬᠦᠯᠦᠨ᠂ ᠡᠯᠳᠡᠪ ᠶᠠᠩᠵᠤ ᠶᠢᠨ ᠲᠠᠪᠳᠠᠬᠤ ᠠᠩᠬᠢ ᠳᠤ ᠤᠷᠤᠯᠴᠠᠬᠤ ᠴᠢᠬᠤᠯᠠ ᠦᠭᠡᠢ᠂ ᠬᠠᠷᠢᠨ ᠨᠢᠭᠡ ᠯᠡ ᠰᠡᠳᠬᠢᠯ ᠢᠶᠠᠷ ᠰᠤᠷᠭᠠᠭᠤᠯᠢ ᠶᠢᠨ ᠲᠦᠯᠦᠪᠯᠡᠵᠤ ᠲᠤᠬᠢᠷᠠᠭᠤᠯᠤᠭᠰᠠᠨ ᠬᠢᠴᠢᠶᠠᠯ ᠲᠦᠷᠦᠯ ᠢᠶᠠᠨ ᠰᠠᠶᠢᠳᠤᠷ ᠰᠤᠷᠬᠤ ᠶᠢᠨ ᠲᠠᠭᠠᠤ ᠴᠢᠯᠦᠭᠡ ᠵᠠᠪ ᠢᠶᠠᠷ ᠢᠶᠠᠨ ᠲᠤᠷ᠎ᠠ ᠪᠠᠬ᠎ᠠ ᠲᠠᠢ ᠵᠦᠢᠯ ᠢᠶᠠᠨ ᠰᠤᠷᠴᠤ ᠪᠤᠯᠬᠤ ᠪᠤᠯᠤᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map