ᠰᠢᠨ᠎ᠡ ᠬᠡᠪ ᠪᠠᠶᠢᠳᠠᠯ ᠢ ᠲᠠᠨᠢᠵᠥ ᠰᠢᠨ᠎ᠡ ᠠᠵᠠ ᠲᠤᠬᠢᠶᠠᠯ ᠢ ᠡᠵᠡᠮᠳᠡᠵᠥ ᠰᠢᠨ᠎ᠡ ᠬᠦᠭᠵᠢᠯᠳᠡ ᠶᠢ ᠲᠥᠯᠥᠪᠵᠢᠬᠦᠯᠥᠨᠡᠮ — ᠲᠦᠪ ᠤᠨ ᠠᠵᠥ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭᠠᠨ ᠤ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2015/1/26
      2014 ᠣᠨ ᠤ ᠳᠤᠮᠳᠠᠳᠤ ᠶᠢᠨ ᠠᠵᠤ ᠠᠬᠤᠢ ᠶᠠᠮᠠᠷ ᠴᠢᠭᠯᠡᠯ ᠢᠶᠠᠷ ᠶᠠᠪᠤᠬᠤ ᠪᠣᠢ︖ 11᠎ ᠤ ᠡᠳᠦᠷ ᠪᠡᠭᠡᠵᠢᠩ ᠳᠤ ᠥᠨᠳᠦᠷᠯᠡᠭᠰᠡᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ︽ᠰᠢᠨ᠎ᠡ ᠬᠡᠪ ᠪᠠᠶᠢᠳᠠᠯ︾᠎ ᠤᠨ ᠠᠭᠤᠯᠭ᠎ᠠ ᠶᠢ ᠪᠠᠭᠲᠠᠭᠠᠭᠰᠠᠨ ᠠᠯᠢ ᠣᠯᠠᠨ ᠴᠢᠬᠤᠯᠡ ᠮᠡᠳᠡᠭᠡ ᠵᠠᠩᠭᠢ ᠶᠢ ᠭᠠᠷᠭᠠᠯ᠎ᠠ᠃ ᠰᠣᠷᠪᠤᠯᠵᠢᠯᠠᠭᠴᠢ ᠰᠢᠨᠬᠤᠸᠠ ᠬᠤᠷᠢᠶᠠᠨ ᠤ ᠨᠡᠶᠢᠲᠡᠯᠡᠭᠰᠡᠨ 5000 ᠦᠰᠦᠭ ᠲᠠᠢ ᠤᠷᠲᠤ ᠡᠬᠡ ᠪᠢᠴᠢᠭ ᠳᠤᠮᠳᠠ ᠠᠴᠠ 50 ᠦᠭᠦᠯᠡᠪᠦᠷᠢ ᠶᠢ ᠬᠡᠰᠡᠭᠯᠡᠨ ᠪᠠᠭᠴᠠᠯᠠᠵᠤ᠂ ᠣᠩᠰᠢᠭᠴᠢ ᠶᠢᠨ ᠳᠤᠮᠳᠠᠲᠤ ᠤᠯᠤᠰ ᠤᠨ ᠠᠵᠤ ᠠᠬᠤᠢ ᠶᠢᠨ ᠬᠠᠨᠳᠤᠰᠢ ᠶᠢ ᠰᠣᠳᠣᠯᠣᠨ ᠲᠥᠰᠦᠭᠡᠯᠡᠬᠦ ᠳᠤ ᠯᠠᠪᠯᠠᠯᠲᠠ ᠪᠣᠯᠭᠠᠯ᠎ᠠ᠃         ᠨᠢᠬᠡ᠂ ᠡᠨᠡ ᠵᠢᠯ ᠤᠨ ᠪᠠᠶᠢᠳᠠᠯ ᠪᠠ ᠬᠦᠴᠢᠷᠳᠡᠯ ᠦᠷᠢᠰᠦᠯᠳᠦᠭᠡᠨ      1᠂ ᠠᠵᠥ ᠠᠬᠤᠢ ᠨᠡᠶᠢᠭᠡᠮ ᠦᠷᠬᠦᠯᠵᠢᠯᠡᠨ ᠡᠷᠡᠬᠦᠯ ᠢᠶᠠᠷ ᠬᠦᠭᠵᠢᠵᠥ᠂ ᠪᠦᠬᠦ ᠵᠢᠯ ᠤᠨ ᠭᠤᠤᠯ ᠪᠤᠯᠬᠤ ᠬᠠᠷᠠᠯᠳᠡ ᠡᠬᠦᠷᠬᠡ ᠶᠢ ᠨᠡᠯᠢᠶᠡᠳ ᠰᠠᠶᠢᠨ ᠪᠡᠶᠡᠯᠡᠬᠦᠯᠬᠦ ᠪᠤᠯᠤᠮᠵᠢ ᠲᠠᠢ ᠪᠠᠶᠢᠨ᠎ᠠ      2᠂ ᠠᠵᠥ ᠠᠬᠤᠢ ᠶᠢᠨ ᠠᠵᠢᠯᠯᠠᠭᠠᠨ ᠵᠤᠬᠢᠰᠳᠠᠢ ᠤᠷᠤᠨ ᠵᠠᠢ ᠳᠤ ᠪᠠᠶᠢᠵᠥ᠂ ᠠᠵᠥ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠡ ᠳᠤ ᠢᠳᠡᠪᠬᠢᠳᠡᠢ ᠬᠤᠪᠢᠷᠠᠯᠳᠡ ᠭᠠᠷᠴᠦ᠂ ᠦᠭᠡᠷᠡᠴᠢᠯᠡᠯᠳᠡ ᠨᠡᠬᠡᠬᠡᠯᠳᠡ ᠶᠢ ᠬᠦᠨᠵᠡᠬᠡᠶᠢᠷᠡᠬᠦᠯᠬᠦ ᠠᠵᠢᠯ ᠴᠢᠬᠤᠯᠠ ᠶᠡᠭᠡ ᠠᠬᠢᠴᠠ ᠲᠠᠢ ᠪᠤᠯᠵᠥ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠲᠡᠭᠡᠭᠰᠢᠯᠡᠪᠠ      3᠂ ᠠᠵᠥ ᠠᠬᠤᠢ ᠶᠢᠨ ᠤᠷᠤᠭᠤᠳᠠᠯ ᠤᠨ ᠲᠠᠷᠤᠯᠳᠡ ᠨᠡᠯᠢᠶᠡᠳ ᠶᠡᠭᠡ ᠪᠤᠯᠵᠥ᠂ ᠪᠦᠳᠦᠴᠡ ᠶᠢᠨ ᠲᠤᠬᠢᠷᠠᠭᠤᠯᠤᠯᠳᠡ ᠶᠢᠨ ᠡᠪᠡᠷᠰᠢᠶᠡᠯ ᠢᠯᠡ ᠪᠤᠯᠵᠥ᠂ ᠠᠵᠥ ᠠᠬᠤᠢᠢᠯᠠᠯ ᠤᠨ ᠦᠢᠯᠡᠳᠪᠤᠷᠢᠯᠡᠯ ᠡᠵᠡᠩᠨᠡᠯᠳᠡ ᠶᠢᠨ ᠬᠦᠴᠢᠷᠳᠡᠯ ᠨᠡᠮᠡᠭᠳᠡᠵᠥ᠂ ᠠᠵᠥ ᠠᠬᠤᠢ ᠶᠢᠨ ᠬᠡᠰᠡᠭ ᠠᠶᠤᠯ ᠲᠦᠭᠰᠢᠬᠦᠷᠢ ᠢᠯᠡ ᠪᠤᠯᠪᠠ       ᠬᠤᠶᠠᠷ᠂ ᠠᠵᠥ ᠠᠬᠤᠢ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠤᠷᠤᠪᠠ      — ᠬᠡᠷᠡᠭᠯᠡᠭᠡᠨ ᠤ ᠬᠡᠷᠡᠭᠴᠡᠭᠡ ᠠᠴᠠ ᠦᠵᠡᠪᠡᠯ      4᠂ ᠲᠠᠭᠤᠷᠢᠶᠠᠮᠠᠯ ᠬᠡᠯᠪᠡᠷᠢ ᠶᠢᠨ ᠲᠠᠪᠠᠯᠭᠠᠨ ᠮᠠᠶ᠋ᠢᠭ ᠤᠨ ᠬᠡᠷᠡᠭᠯᠡᠭᠡ ᠶᠢᠨ ᠱᠠᠳᠤ ᠦᠶ᠎ᠡ ᠦᠨᠳᠦᠰᠦᠨ ᠳᠡᠭᠡᠨ ᠲᠠᠭᠤᠰᠴᠦ᠂ ᠪᠤᠳᠠᠭᠠᠯᠢᠴᠢᠯᠠᠭᠰᠠᠠ᠂ ᠤᠯᠠᠨ ᠶᠠᠩᠵᠤᠯᠠᠭᠰᠠᠠ ᠬᠡᠷᠡᠭᠯᠡᠭᠡ ᠠᠭᠠᠵᠢᠮ ᠢᠶᠠᠷ ᠭᠤᠤᠯ ᠤᠷᠤᠰᠬᠠᠯ ᠪᠤᠯᠵᠥ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠳᠤᠯᠠᠵᠥ᠂ ᠬᠠᠩᠭᠠᠯᠭ᠎ᠠ ᠶᠢᠨ ᠰᠢᠨ᠎ᠡ ᠎ ᠶᠢ ᠡᠬᠦᠳᠴᠦ ᠪᠠᠶᠢᠭᠠᠳ ᠬᠡᠷᠡᠭᠯᠡᠭᠡ ᠶᠢ ᠬᠦᠭᠵᠢᠶᠡᠨᠳᠡᠢ ᠪᠤᠯᠭᠠᠬᠤ ᠶᠢᠨ ᠴᠢᠬᠤᠯᠠ ᠴᠢᠨᠠᠷ ᠮᠡᠳᠡᠭᠳᠡᠮ᠎ᠡ ᠲᠡᠭᠡᠭᠰᠢᠯᠡᠵᠤ ᠪᠠᠶᠢᠨ᠎ᠠ      5᠂ ᠡᠷᠬᠡᠪᠰᠢ ᠬᠡᠷᠡᠭᠯᠡᠭᠡᠨ ᠤ ᠵᠦᠪ ᠲᠦᠷᠦ ᠶᠢᠨ ᠪᠤᠳᠤᠯᠭ᠎ᠠ ᠶᠢ ᠠᠪᠴᠦ᠂ ᠬᠡᠷᠡᠭᠯᠡᠭᠡᠨ ᠤ ᠨᠦᠬᠡᠴᠡ ᠬᠦᠴᠦᠨ ᠢ ᠪᠠᠳᠠᠷᠠᠭᠤᠯᠵᠥ᠂ ᠠᠵᠥ ᠠᠬᠤᠢ ᠶᠢᠨ ᠬᠦᠭᠵᠢᠯᠳᠡ ᠶᠢ ᠠᠬᠢᠭᠤᠯᠬᠤ ᠶᠠᠪᠤᠴᠠ ᠳᠠᠬᠢ ᠬᠡᠷᠡᠭᠯᠡᠭᠡᠨ ᠤ ᠰᠠᠭᠤᠷᠢ ᠦᠢᠯᠡᠳᠦᠯ ᠢ ᠦᠷᠬᠦᠯᠵᠢᠯᠡᠨ ᠪᠠᠳᠠᠷᠠᠭᠤᠯᠬᠤ ᠬᠡᠷᠡᠭᠲᠡᠢ      — ᠪᠡᠯᠡ ᠤᠷᠤᠭᠤᠯᠤᠯᠳᠠ ᠶᠢᠨ ᠬᠡᠷᠡᠭᠴᠡᠭᠡ ᠠᠴᠠ ᠦᠵᠡᠪᠡᠯ      6᠂ ᠤᠯᠠᠮᠵᠢᠯᠠᠯᠳᠤ ᠠᠵᠥ ᠦᠢᠯᠡᠰ ᠬᠠᠷᠢᠴᠠᠩᠭᠤᠢ ᠪᠠᠷ ᠬᠠᠨᠤᠯᠳᠠ ᠲᠠᠢ ᠪᠤᠯᠪᠠ᠂ ᠬᠡᠪᠡᠴᠦ ᠰᠠᠭᠤᠷᠢ ᠲᠦᠬᠦᠭᠡᠷᠤᠮᠵᠢ ᠶᠢᠨ ᠬᠤᠯᠪᠤᠯᠳᠤᠨ ᠨᠡᠪᠳᠡᠷᠡᠯᠴᠡᠬᠦ ᠪᠠ ᠵᠠᠷᠢᠮ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠠᠵᠥ ᠪᠠᠶᠢᠳᠠᠯ᠂ ᠰᠢᠨ᠎ᠡ ᠬᠤᠳᠠᠯᠳᠤᠭᠠᠨ ᠤ ᠵᠠᠭᠪᠤᠷ ᠤᠨ ᠪᠡᠯᠡ ᠤᠷᠤᠭᠤᠯᠬᠤ ᠲᠤᠬᠢᠶᠠᠯ ᠦᠯᠡᠮᠵᠢᠬᠡᠨ ᠭᠠᠷᠴᠦ᠂ ᠪᠡᠯᠡ ᠤᠷᠤᠭᠤᠯᠤᠯᠳᠡ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠬᠦᠳᠬᠦ ᠳᠤ ᠰᠢᠨ᠎ᠡ ᠱᠠᠭᠠᠷᠳᠠᠯᠭ᠎ᠠ ᠲᠠᠯᠪᠢᠬᠳᠠᠪᠠ      7᠂ ᠪᠡᠯᠡ ᠤᠷᠤᠭᠤᠯᠤᠯᠲᠠ ᠶᠢᠨ ᠴᠢᠭᠯᠡᠯ ᠢ ᠴᠢᠳᠠᠮᠠᠭᠠᠢ ᠡᠵᠡᠮᠳᠡᠵᠦ᠂ ᠪᠡᠯᠡ ᠤᠷᠤᠭᠤᠯᠤᠯᠲᠠ ᠶᠢᠨ ᠬᠠᠷᠰᠢ ᠰᠠᠭᠠᠳ ᠢ ᠠᠷᠢᠯᠭᠠᠵᠥ᠂ ᠪᠡᠯᠡ ᠤᠷᠤᠭᠤᠯᠤᠯᠲᠠ ᠪᠠᠷ ᠠᠵᠤ ᠠᠬᠤᠢ ᠶᠢᠨ ᠬᠦᠭᠵᠢᠯᠲᠠ ᠳᠤ ᠦᠷᠬᠦᠯᠵᠢᠯᠡᠨ ᠵᠠᠩᠬᠢᠯᠠᠭ᠎ᠠ ᠶᠢᠨ ᠦᠢᠯᠡᠳᠦᠯ ᠦᠵᠡᠬᠦᠯᠬᠦ ᠭᠡᠷᠡᠭᠲᠡᠢ      — ᠭᠠᠳᠠᠭᠠᠳᠦ ᠭᠠᠷᠭᠠᠯᠲᠠ ᠪᠠ ᠳᠡᠯᠡᠬᠡᠢ ᠶᠢᠨ ᠤᠷᠤᠯᠭ᠎ᠠ ᠵᠠᠷᠤᠯᠭ᠎ᠠ ᠠᠴᠠ ᠦᠵᠡᠪᠡᠯ      8᠂ ᠲᠤᠤᠷ᠎ᠠ ᠦᠪᠡᠷ ᠤᠨ ᠦᠷᠳᠡᠭ ᠪᠦᠬᠦᠢ ᠬᠠᠷᠢᠴᠠᠭᠤᠯᠤᠭᠰᠠᠨ ᠲᠠᠪᠠᠭᠤᠯᠢᠭ ᠲᠤ ᠬᠤᠪᠢᠷᠠᠯᠳᠠ ᠭᠠᠷᠬᠤ ᠶᠢᠨ ᠵᠡᠷᠭᠡᠪᠡᠷ ᠭᠠᠳᠠᠭᠠᠳᠦ ᠭᠠᠷᠭᠠᠯᠳᠠ ᠶᠢᠨ ᠦᠷᠢᠰᠦᠯᠳᠦᠭᠡᠨ ᠤ ᠲᠠᠪᠠᠭᠤᠯᠢᠭ ᠮᠦᠨ ᠤᠷᠤᠰᠢᠵᠦ᠂ ᠲᠡᠭᠡᠳᠤ ᠲᠦᠪᠰᠢᠨ ᠢᠶᠠᠷ ᠤᠷᠤᠭᠤᠯᠤᠨ ᠠᠪᠴᠢᠷᠠᠵᠦ᠂ ᠶᠡᠭᠡ ᠬᠡᠪᠴᠢᠶ᠎ᠠ ᠪᠠᠷ ᠭᠠᠳᠠᠭᠰᠢ ᠭᠠᠷᠭᠠᠬᠤ ᠠᠵᠢᠯ ᠵᠡᠷᠬᠡᠪᠡᠷ ᠶᠠᠪᠤᠭᠳᠠᠵᠤ ᠪᠤᠢ      9᠂ ᠡᠷᠬᠡᠪᠰᠢ ᠰᠢᠨ᠎ᠡ ᠬᠠᠷᠢᠴᠠᠭᠤᠯᠤᠭᠰᠠᠠ ᠳᠠᠪᠠᠭᠤᠯᠢᠭ ᠢ ᠱᠠᠯᠠᠪᠳᠠᠨ ᠪᠤᠶᠢᠵᠢᠭᠤᠯᠵᠦ᠂ ᠭᠠᠳᠠᠭᠠᠳᠦ ᠭᠠᠷᠭᠠᠯᠳᠡ ᠶᠢ ᠦᠷᠬᠦᠯᠵᠢᠯᠡᠨ ᠠᠵᠤ ᠠᠬᠤᠢ ᠶᠢᠨ ᠬᠦᠭᠵᠢᠯᠲᠠ ᠳᠤ ᠲᠤᠯᠭᠠᠭᠤᠷᠢᠯᠠᠬᠤ ᠦᠢᠯᠡᠳᠦᠯ ᠭᠠᠷᠭᠠᠯᠭᠠᠬᠤ ᠭᠡᠷᠡᠭᠲᠡᠢ      — ᠦᠢᠯᠡᠳᠪᠤᠷᠢᠯᠡᠯ ᠤᠨ ᠴᠢᠳᠠᠪᠤᠷᠢ ᠪᠠ ᠠᠵᠤ ᠦᠢᠯᠡᠰ ᠤᠨ ᠵᠤᠬᠢᠶᠠᠨ ᠪᠠᠶᠢᠭᠤᠯᠤᠯᠲᠠ ᠶᠢᠨ ᠭᠡᠯᠪᠡᠷᠢ ᠠᠴᠠ ᠦᠵᠡᠪᠡᠯ      10᠂ ᠤᠯᠠᠮᠵᠢᠯᠠᠯᠳᠦ ᠠᠵᠤ ᠦᠢᠯᠡᠰ ᠤᠨ ᠬᠠᠩᠭᠠᠯᠭ᠎ᠠ ᠶᠢᠨ ᠴᠢᠳᠠᠪᠤᠷᠢ ᠨᠢ ᠭᠡᠷᠡᠭᠴᠡᠭᠡ ᠠᠴᠠ ᠶᠡᠭᠡᠪᠡᠷ ᠬᠡᠳᠤᠷᠡᠵᠥ᠂ ᠠᠵᠤ ᠦᠢᠯᠡᠰ ᠤᠨ ᠪᠦᠳᠦᠴᠡ ᠶᠢ ᠡᠷᠬᠡᠪᠰᠢ ᠰᠢᠯᠢᠳᠡᠭᠵᠢᠬᠦᠯᠦᠨ ᠲᠡᠰ ᠲᠡᠪᠰᠢᠬᠦᠯᠵᠦ᠂ ᠠᠵᠤ ᠠᠬᠤᠢᠢᠯᠠᠯ ᠢ ᠨᠡᠶᠢᠯᠡᠬᠦᠯᠦᠨ ᠲᠠᠬᠢᠨ ᠪᠠᠶᠢᠭᠤᠯᠬᠤ᠂ ᠦᠢᠯᠡᠳᠪᠤᠷᠢᠯᠡᠯ ᠢ ᠬᠠᠷᠢᠴᠠᠩᠭᠤᠢ ᠪᠠᠷ ᠲᠦᠪᠯᠡᠷᠡᠬᠦᠯᠬᠦ ᠨᠢ ᠵᠠᠶᠢᠯᠠᠰᠢ ᠦᠭᠡᠢ ᠬᠢᠬᠦ ᠠᠵᠢᠯ ᠪᠤᠯᠵᠥ᠂ ᠰᠢᠨ᠎ᠠ ᠪᠠᠷ ᠮᠠᠨᠳᠤᠭᠰᠠᠨ ᠠᠵᠤ ᠦᠢᠯᠡᠰ᠂ ᠦᠢᠯᠡᠴᠢᠯᠡᠭᠡᠨ ᠤᠦ᠋ᠯᠡᠰ᠂ ᠪᠠᠭ᠎ᠠ ᠵᠢᠵᠢᠭ ᠠᠵᠤ ᠠᠬᠤᠢᠢᠯᠠᠯ ᠤᠨ ᠦᠢᠯᠡᠳᠦᠯ ᠨᠢ ᠤᠯᠠᠮ ᠲᠤᠪᠤᠶᠢᠮ᠎ᠠ ᠪᠤᠯᠵᠤ ᠪᠤᠢ      11᠂ ᠦᠢᠯᠡᠳᠪᠤᠷᠢᠯᠡᠯ ᠤᠨ ᠪᠠᠭ᠎ᠠ ᠭᠡᠯᠪᠡᠷᠢᠵᠢᠯᠳᠡ᠂ ᠤᠶᠤᠨᠵᠢᠯᠳᠡ᠂ ᠲᠤᠰᠬᠠᠢᠢᠵᠢᠯᠳᠡ ᠨᠢ ᠠᠵᠤ ᠦᠢᠯᠡᠰ ᠤᠨ ᠵᠤᠬᠢᠶᠠᠨ ᠪᠠᠶᠢᠭᠤᠯᠤᠯᠲᠠ ᠶᠢᠨ ᠰᠢᠨ᠎ᠠ ᠤᠨᠴᠠᠯᠢᠭ ᠪᠤᠯᠵᠤ ᠪᠤᠢ      — ᠦᠢᠯᠡᠳᠪᠤᠷᠢᠯᠡᠯ ᠤᠨ ᠴᠢᠬᠤᠯᠠ ᠡᠯᠧᠮᠧᠨ᠋ᠲ ᠤᠨ ᠬᠠᠷᠢᠴᠠᠩᠭᠤᠢ ᠲᠠᠪᠠᠭᠤᠯᠢᠭ ᠠᠴᠠ ᠦᠵᠡᠪᠡᠯ      12. ᠬᠦᠮᠦᠨ ᠠᠮᠠ ᠶᠢᠨ ᠨᠠᠰᠤᠵᠢᠯ ᠡᠳᠦᠷ ᠢᠷᠡᠬᠦᠶ᠎ᠠ ᠨᠡᠮᠡᠭᠳᠡᠵᠦ᠂ ᠬᠦᠳᠡᠭᠡ ᠠᠵᠥ ᠠᠬᠤᠢ ᠶᠢᠨ ᠦᠯᠡᠬᠦᠦ ᠬᠦᠳᠡᠯᠮᠦᠷᠢ ᠬᠦᠴᠦ ᠬᠠᠰᠤᠭᠳᠠᠵᠥ᠂ ᠴᠢᠬᠤᠯᠠ ᠡᠯᠧᠮᠧᠨ᠋ᠲ ᠤᠨ ᠬᠡᠪᠴᠢᠶᠠᠳᠤ ᠬᠦᠳᠡᠯᠭᠡᠬᠦ ᠬᠦᠴᠦᠨ ᠮᠠᠭᠤᠳᠠᠵᠤ ᠪᠤᠢ      13᠂ ᠠᠵᠤ ᠠᠬᠤᠢ ᠶᠢᠨ ᠨᠡᠮᠡᠭᠳᠡᠯ ᠤᠯᠠᠮ ᠢᠶᠠᠷ ᠬᠦᠮᠥᠨ ᠤ ᠬᠦᠴᠦ ᠪᠠ ᠬᠦᠷᠦᠩᠭᠡ ᠶᠢᠨ ᠶᠠᠰᠤ ᠴᠢᠨᠠᠷ ᠪᠤᠯᠤᠨ ᠮᠡᠷᠭᠡᠵᠢᠯ ᠤᠨ ᠲᠠᠪᠰᠢᠯᠳᠠ ᠳᠤ ᠲᠦᠰᠢᠭᠯᠡᠬᠦ ᠪᠤᠯᠤᠭᠰᠠᠠ ᠠᠴᠠ ᠡᠷᠭᠡᠪᠰᠢ ᠰᠢᠨ᠎ᠠ ᠶᠢ ᠡᠬᠦᠳᠬᠦ ᠪᠠᠷ ᠬᠦᠭᠵᠢᠯᠲᠠ ᠶᠢᠨ ᠰᠢᠨ᠎ᠠ ᠬᠦᠳᠡᠯᠭᠡᠬᠦ ᠬᠦᠴᠦᠨ ᠪᠤᠯᠭᠠᠬᠤ ᠭᠡᠷᠡᠭᠲᠡᠢ      — ᠵᠠᠬ᠎ᠠ ᠳᠡᠯᠭᠡᠭᠦᠷ ᠤᠨ ᠦᠷᠢᠰᠦᠯᠳᠦᠭᠡᠨ ᠤ ᠤᠨᠴᠠᠯᠢᠭ ᠠᠴᠠ ᠦᠵᠡᠪᠠᠯ      14᠂ ᠠᠯᠭᠤᠷ ᠠᠭᠠᠵᠢᠮ ᠢᠶᠠᠷ ᠶᠠᠰᠤ ᠴᠢᠨᠠᠷ ᠤᠨ ᠬᠡᠯᠪᠠᠷᠢ᠂ ᠵᠦᠷᠢᠶᠠᠳᠦ ᠴᠢᠨᠠᠷ ᠢᠶᠠᠷ ᠭᠤᠤᠯᠯᠠᠬᠰᠠᠨ ᠦᠷᠢᠰᠦᠯᠳᠦᠭᠡᠨ ᠲᠡᠰᠢ ᠰᠢᠯᠵᠢᠵᠦ᠂ ᠪᠦᠬᠦ ᠤᠯᠤᠰ ᠤᠨ ᠵᠠᠬ᠎ᠠ ᠳᠡᠯᠬᠡᠬᠦᠷ ᠢ ᠨᠢᠭᠡᠳᠬᠡᠬᠦ᠂ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠠ ᠪᠦᠳᠦᠮᠵᠢ ᠶᠢ ᠳᠡᠭᠡᠭᠰᠢᠯᠡᠬᠦᠯᠬᠦ ᠪᠤᠯ ᠠᠵᠦ ᠠᠬᠤᠢ ᠶᠢᠨ ᠬᠦᠭᠵᠢᠯᠳᠠ ᠶᠢᠨ ᠳᠤᠳᠤᠭᠠᠳᠤ ᠱᠠᠭᠠᠷᠳᠠᠯᠭ᠎ᠠ ᠶᠤᠮ᠃      15᠂ ᠡᠷᠬᠡᠪᠰᠢ ᠦᠭᠡᠷᠡᠴᠢᠯᠡᠯᠳᠠ ᠨᠡᠭᠡᠭᠡᠯᠳᠠ ᠶᠢ ᠬᠦᠨᠵᠡᠭᠡᠶᠢᠷᠡᠬᠦᠯᠵᠦ᠂ ᠨᠢᠭᠡᠳᠦᠯᠳᠠᠢ᠂ ᠢᠯᠠ ᠳᠤᠳᠤᠷᠬᠠᠢ᠂ ᠡᠮᠬᠢ ᠵᠢᠷᠤᠮ ᠲᠠᠢ᠂ ᠵᠢᠷᠤᠮᠵᠢᠬᠰᠠᠨ ᠵᠠᠬ᠎ᠠ ᠳᠡᠯᠭᠡᠬᠦᠷ ᠤᠨ ᠤᠷᠴᠢᠨ ᠳᠤᠭᠤᠷᠢᠨ ᠥᠳᠲᠡᠷ ᠲᠦᠷᠭᠡᠨ ᠪᠦᠷᠢᠯᠳᠤᠭᠦᠯᠬᠦ ᠬᠡᠷᠡᠭᠳᠠᠢ᠃      — ᠡᠬᠢ ᠪᠠᠶᠠᠯᠢᠭ ᠤᠨ ᠤᠷᠴᠢᠨ ᠳᠤᠭᠤᠷᠢᠨ ᠤ ᠬᠦᠯᠢᠶᠡᠰᠦᠯᠡᠯ ᠠᠴᠠ ᠦᠵᠡᠪᠠᠯ      16᠂ ᠤᠷᠴᠢᠨ ᠳᠤᠭᠤᠷᠢᠨ ᠤ ᠳᠠᠭᠠᠭᠠᠴᠠ ᠨᠢ ᠨᠢᠭᠡᠨᠳᠠ ᠬᠠᠮᠤᠭ ᠶᠡᠭᠡ ᠬᠡᠮᠵᠢᠶᠠᠨ ᠳᠤ ᠬᠦᠷᠦᠭᠰᠡᠨ ᠪᠤᠶᠤ ᠦᠢᠷᠠᠳᠴᠦ ᠪᠤᠢ ᠲᠤᠯᠨ᠂ ᠠᠷᠠᠳ ᠲᠦᠮᠡᠨ ᠤ ᠰᠠᠶᠢᠨ ᠰᠠᠶᠢᠬᠠᠨ ᠠᠮᠢ ᠠᠬᠤᠢ ᠶᠢᠨ ᠤᠷᠴᠢᠨ ᠳᠤᠭᠤᠷᠢᠨ ᠤ ᠳᠤᠬᠠᠢ ᠬᠦᠰᠡᠯ ᠪᠡᠷᠡᠯᠡᠯ ᠳᠤ ᠨᠡᠶᠢᠴᠡᠬᠦᠯᠬᠦ ᠬᠡᠷᠡᠭᠳᠠᠢ᠃      17᠂ ᠪᠤᠬᠢᠷᠳᠤᠯ ᠦᠭᠡᠢ ᠳᠤᠤᠷ᠎ᠠ ᠨᠡᠭᠦᠷᠡᠰᠤᠳᠦ᠋ᠷᠦᠭᠴᠢᠳᠦ ᠤᠷᠴᠢᠯ ᠤᠨ ᠬᠦᠭᠵᠢᠯᠳᠠ ᠶᠢᠨ ᠰᠢᠨ᠎ᠠ ᠠᠷᠭ᠎ᠠ ᠬᠡᠯᠪᠠᠷᠢ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠳᠠᠢ᠃      — ᠠᠵᠦ ᠠᠬᠤᠢ ᠶᠢᠨ ᠠᠶᠤᠯ ᠲᠦᠭᠰᠢᠬᠦᠷᠢ ᠶᠢᠨ ᠬᠤᠷᠠᠯᠳᠤᠯ ᠪᠠ ᠠᠷᠢᠯᠭᠠᠬᠤ ᠠᠴᠠ ᠦᠵᠡᠪᠠᠯ      18᠂ ᠠᠶᠤᠯ ᠲᠦᠭᠰᠢᠬᠦᠷᠢ ᠶᠢ ᠦᠨᠳᠦᠰᠦᠨ ᠳᠡᠭᠡᠨ ᠬᠤᠷᠢᠬᠯᠠᠵᠦ ᠪᠤᠯᠬᠤ ᠪᠤᠯᠪᠠᠴᠦ ᠦᠨᠳᠦᠷ ᠬᠦᠰᠢᠬᠦᠷᠭᠡ ᠪᠠ ᠬᠥᠭᠡᠰᠤᠷᠡᠯ ᠢᠶᠠᠷ ᠭᠤᠤᠯ ᠤᠨᠴᠠᠯᠢᠭ ᠢᠶᠠᠨ ᠪᠤᠯᠭᠠᠬᠰᠠᠨ ᠡᠯ᠎ᠠ ᠵᠦᠢᠯ ᠤᠨ ᠠᠶᠤᠯ ᠲᠦᠭᠰᠢᠭᠦᠷᠢ ᠨᠢᠭᠡ ᠬᠡᠰᠡᠭ ᠬᠤᠭᠤᠴᠠᠭ᠎ᠠ ᠦᠷᠬᠦᠯᠵᠢᠯᠡᠬᠦ ᠪᠤᠯᠤᠨ᠎ᠠ᠃      19᠂ ᠦᠩᠭᠡᠨ ᠲᠠᠯ᠎ᠠ ᠪᠠ ᠦᠨᠳᠦᠰᠦ ᠶᠢ ᠨᠢ ᠬᠠᠮᠳᠤ ᠲᠤᠨᠢ ᠵᠠᠰᠠᠵᠦ᠂ ᠡᠪᠡᠳᠴᠢᠨ ᠢ ᠨᠢ ᠤᠨᠤᠰᠢᠯᠠᠵᠦ ᠵᠠᠰᠠᠯᠭ᠎ᠠ ᠬᠢᠵᠦ᠂ ᠡᠯ᠎ᠠ ᠵᠦᠢᠯ ᠤᠨ ᠠᠶᠤᠯ ᠲᠦᠭᠰᠢᠭᠦᠷᠢ ᠢ ᠠᠷᠢᠯᠭᠠᠬᠤ ᠪᠠᠶᠢᠭᠤᠯᠤᠮᠵᠢ ᠳᠤᠬᠳᠠᠴᠠ ᠶᠢ ᠪᠠᠶᠢᠭᠤᠯᠤᠨ ᠳᠡᠭᠦᠯᠳᠡᠷᠵᠢᠬᠦᠯᠬᠦ ᠬᠡᠷᠡᠭᠳᠠᠢ᠃      — ᠡᠬᠢ ᠪᠠᠶᠠᠯᠢᠭ ᠤᠨ ᠳᠤᠬᠢᠷᠠᠭᠤᠯᠤᠯᠳᠠ ᠶᠢᠨ ᠬᠡᠯᠪᠠᠷᠢ ᠪᠠ ᠬᠤᠷᠸ᠎ᠠ ᠳᠤᠬᠢᠷᠠᠭᠤᠯᠤᠯᠳᠠ ᠶᠢᠨ ᠠᠷᠭ᠎ᠠ ᠬᠡᠯᠪᠠᠷᠢ ᠠᠴᠠ ᠦᠵᠡᠪᠠᠯ      20᠂ ᠪᠦᠬᠦ ᠲᠠᠯ᠎ᠠ ᠪᠠᠷ ᠦᠢᠯᠡᠳᠪᠦᠷᠢᠯᠡᠯ ᠤᠨ ᠴᠢᠳᠠᠪᠦᠷᠢ ᠶᠢᠨ ᠢᠯᠡᠭᠦᠳᠡᠯ ᠢ ᠠᠷᠢᠯᠭᠠᠬᠤ ᠪᠠᠷ ᠪᠠᠷᠠᠬᠤ ᠦᠭᠡᠢ ᠵᠠᠬ᠎ᠠ ᠳᠡᠯᠭᠡᠬᠦᠷ ᠤᠨ ᠳᠤᠬᠳᠠᠴᠠ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠨ ᠬᠤᠶᠢᠰᠢᠳᠠ ᠶᠢᠨ ᠠᠵᠦ ᠦᠢᠯᠡᠰ ᠤᠨ ᠬᠦᠭᠵᠢᠯᠳᠠ ᠶᠢᠨ ᠴᠢᠭᠯᠡᠯ ᠢ ᠰᠦᠪᠡᠭᠴᠢᠯᠡᠬᠦ ᠬᠡᠷᠡᠭᠳᠠᠢ᠃      21᠂ ᠶᠡᠷᠦᠩᠬᠡᠢ ᠬᠠᠩᠭᠠᠯᠭ᠎ᠠ ᠬᠡᠷᠡᠭᠴᠡᠭᠡᠨ ᠤ ᠬᠠᠷᠢᠴᠠᠭ᠎ᠠ ᠶᠢᠨ ᠰᠢᠨ᠎ᠠ ᠬᠤᠪᠢᠷᠠᠯᠳᠠ ᠶᠢ ᠡᠷᠬᠡᠪᠰᠢ ᠪᠦᠬᠦ ᠲᠠᠯ᠎ᠠ ᠪᠠᠷ ᠠᠳᠬᠤᠵᠦ᠂ ᠰᠢᠨᠵᠢᠯᠡᠬᠦ ᠤᠬᠠᠭᠠᠨᠴᠢ ᠪᠠᠷ ᠬᠤᠷᠸ᠎ᠠ ᠳᠤᠬᠢᠷᠠᠭᠤᠯᠤᠯᠳᠠ ᠬᠢᠬᠦ ᠬᠡᠷᠡᠭᠳᠠᠢ᠃      — ᠠᠵᠦ ᠠᠬᠤᠢ ᠶᠢᠨ ᠬᠦᠭᠵᠢᠯᠳᠠ ᠰᠢᠨ᠎ᠠ ᠬᠡᠪ ᠪᠠᠶᠢᠳᠠᠯ ᠳᠤ ᠤᠷᠤᠪᠠ      22᠂ ᠦᠨᠳᠦᠷ ᠬᠤᠷᠳᠤᠴᠠ ᠶᠢᠨ ᠨᠡᠮᠡᠭᠳᠡᠯ ᠠᠴᠠ ᠳᠤᠮᠳᠠ ᠥᠨᠳᠥᠷ ᠬᠤᠷᠳᠤᠴᠠ ᠶᠢᠨ ᠨᠡᠮᠡᠭᠳᠡᠯ ᠳᠡᠰᠢ ᠰᠢᠯᠵᠢᠵᠦ ᠪᠤᠢ᠃      23᠂ ᠬᠡᠪᠴᠢᠶᠡᠵᠢᠯ ᠤᠨ ᠬᠤᠷᠳᠤᠴᠠ ᠶᠢᠨ ᠬᠡᠯᠪᠡᠷᠢ ᠶᠢᠨ ᠪᠦᠳᠦᠭᠦᠯᠢᠭ ᠨᠡᠮᠡᠭᠳᠡᠯ ᠠᠴᠠ ᠶᠠᠰᠤ ᠴᠢᠨᠠᠷ ᠦᠷ᠎ᠠ ᠪᠦᠳᠦᠮᠵᠢ ᠶᠢᠨ ᠬᠡᠯᠪᠡᠷᠢ ᠶᠢᠨ ᠡᠷᠴᠢᠮᠯᠢᠭ ᠨᠡᠮᠡᠭᠳᠡᠯ ᠲᠡᠰᠢ ᠰᠢᠯᠵᠢᠵᠦ ᠪᠤᠢ᠃      24᠂ ᠬᠡᠮᠵᠢᠶ᠎ᠠ ᠴᠢᠳᠠᠪᠬᠢ ᠪᠠᠨ ᠦᠷᠭᠡᠳᠭᠡᠨ ᠨᠡᠮᠡᠭᠳᠡᠬᠦᠯᠬᠦ ᠪᠠᠷ ᠭᠤᠤᠯ ᠪᠤᠯᠭᠠᠬᠤ ᠠᠴᠠ ᠨᠦᠬᠡᠴᠡ ᠎ ᠶᠢᠨ ᠬᠡᠮᠵᠢᠶ᠎ᠠ ᠶᠢᠨ ᠳᠤᠬᠢᠷᠠᠭᠤᠯᠤᠯᠳᠠ᠂ ᠨᠡᠮᠡᠭᠳᠡᠯ ᠤᠨ ᠰᠢᠯᠢᠳᠡᠭᠵᠢᠬᠦᠯᠤᠯᠳᠠ ᠬᠠᠮᠳᠤ ᠤᠷᠤᠰᠢᠬᠰᠠᠨ ᠬᠦᠨᠵᠡᠬᠡᠢ ᠳᠤᠬᠢᠷᠠᠭᠤᠯᠤᠯᠳᠠ ᠳᠡᠰᠢ ᠰᠢᠯᠵᠢᠵᠦ ᠪᠤᠢ᠃      25᠂ ᠤᠯᠠᠮᠵᠢᠯᠠᠯᠳᠦ ᠨᠡᠮᠡᠭᠳᠡᠯ ᠤᠨ ᠴᠡᠭ ᠠᠴᠠ ᠰᠢᠨ᠎ᠠ ᠨᠡᠮᠡᠭᠳᠡᠯ ᠤᠨ ᠴᠡᠭ ᠲᠡᠰᠢ ᠰᠢᠯᠵᠢᠵᠦ ᠪᠤᠢ᠃      26᠂ ᠰᠢᠨ᠎ᠠ ᠬᠡᠪ ᠪᠠᠶᠢᠳᠠᠯ ᠢ ᠳᠠᠨᠢᠬᠤ᠂ ᠰᠢᠨ᠎ᠠ ᠬᠡᠪ ᠪᠠᠶᠢᠳᠠᠯ ᠳᠤ ᠵᠤᠬᠢᠴᠠᠬᠤ᠂ ᠰᠢᠨ᠎ᠠ ᠬᠡᠪ ᠪᠠᠶᠢᠳᠠᠯ ᠢ ᠬᠦᠳᠦᠯᠦᠨ ᠳᠠᠭᠠᠭᠤᠯᠬᠤ ᠪᠤᠯ ᠤᠳᠤᠬᠠᠨ ᠪᠠ ᠬᠤᠶᠢᠰᠢᠳᠠ ᠶᠢᠨ ᠨᠢᠬᠡ ᠬᠤᠭᠤᠴᠠᠭᠠᠨ ᠤ ᠮᠠᠨ ᠤ ᠤᠯᠤᠰ ᠎ ᠤᠨ ᠠᠵᠦ ᠠᠬᠤᠢ ᠶᠢᠨ ᠬᠦᠭᠵᠢᠯᠳᠠ ᠶᠢᠨ ᠶᠡᠭᠡ ᠯᠤᠭᠢᠭ ᠶᠤᠮ᠃      27᠂ ᠰᠢᠨ᠎ᠠ ᠬᠡᠪ ᠪᠠᠶᠢᠳᠠᠯ ᠳᠠᠬᠢ ᠨᠠᠢᠮᠡᠨ ︽ᠨᠡᠩ ᠰᠠᠶᠢᠨ︾᠄      ᠠᠷᠠᠳ ᠲᠦᠮᠡᠨ ᠤ ᠬᠡᠷᠡᠭᠴᠡᠭᠡ ᠶᠢ ᠬᠠᠩᠭᠠᠬᠤ ᠶᠢ ᠨᠡᠩ ᠰᠠᠶᠢᠨ ᠠᠩᠬᠠᠷᠬᠤ ᠬᠡᠷᠡᠭᠳᠠᠢ      ᠵᠠᠬ᠎ᠠ ᠳᠡᠯᠭᠡᠬᠦᠷ ᠪᠠ ᠬᠡᠷᠡᠭᠯᠡᠭᠡ ᠶᠢᠨ ᠰᠡᠳᠬᠢᠴᠡ ᠶᠢᠨ ᠵᠠᠳᠠᠯᠤᠯᠳᠠ ᠶᠢ ᠨᠡᠩ ᠰᠠᠶᠢᠨ ᠠᠩᠬᠠᠷᠬᠤ ᠬᠡᠷᠡᠭᠳᠠᠢ      ᠨᠡᠶᠢᠭᠡᠮ ᠤᠨ ᠵᠢᠱᠢᠯᠳᠠ ᠶᠢ ᠬᠦᠳᠦᠯᠦᠨ ᠳᠠᠭᠠᠭᠤᠯᠬᠤ ᠶᠢ ᠨᠡᠩ ᠰᠠᠶᠢᠨ ᠠᠩᠬᠠᠷᠬᠤ ᠬᠡᠷᠡᠭᠳᠠᠢ      ᠦᠮᠴᠢᠯᠡᠬᠦ ᠡᠷᠬᠡ ᠪᠠ ᠮᠡᠳᠡᠯᠭᠡ ᠶᠢᠨ ᠦᠮᠴᠢᠯᠡᠬᠦ ᠡᠷᠬᠡ ᠶᠢᠨ ᠬᠠᠮᠠᠭᠠᠯᠠᠯᠳᠠ ᠶᠢ ᠴᠢᠩᠭᠠᠳᠬᠠᠬᠤ ᠶᠢ ᠨᠡᠩ ᠰᠠᠶᠢᠨ ᠠᠩᠬᠠᠷᠬᠤ ᠬᠡᠷᠡᠭᠳᠠᠢ      ᠠᠵᠦ ᠠᠬᠤᠢᠢᠯᠡᠯᠳᠡᠨ ᠤ ᠤᠬᠠᠭᠠᠨ ᠴᠢᠳᠠᠪᠦᠷᠢ ᠶᠢ ᠪᠠᠳᠠᠷᠠᠭᠤᠯᠬᠤ ᠶᠢ ᠨᠡᠩ ᠰᠠᠶᠢᠨ ᠠᠩᠬᠠᠷᠬᠤ ᠬᠡᠷᠡᠭᠳᠠᠢ      ᠬᠦᠮᠦᠨ ᠤ ᠬᠦᠴᠦᠨ ᠤ ᠡᠬᠢ ᠪᠠᠶᠠᠯᠢᠭ ᠤᠨ ᠤᠤᠷ ᠴᠢᠨᠠᠷ ᠢ ᠬᠦᠮᠦᠵᠢᠬᠦᠯᠬᠦ ᠪᠠ ᠳᠡᠭᠡᠭᠰᠢᠯᠡᠬᠦᠯᠬᠦ ᠶᠢ ᠴᠢᠩᠭᠠᠳᠬᠠᠬᠤ ᠶᠢ ᠨᠡᠩ ᠰᠠᠶᠢᠨ ᠠᠩᠬᠠᠷᠬᠤ ᠬᠡᠷᠡᠭᠳᠠᠢ      ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠨᠡᠩ ᠰᠠᠶᠢᠨ ᠠᠩᠬᠠᠷᠬᠤ ᠬᠡᠷᠡᠭᠳᠠᠢ      ᠰᠢᠨᠵᠢᠯᠡᠬᠦ ᠤᠬᠠᠭᠠᠨ ᠤ ᠳᠠᠪᠰᠢᠯᠳᠠ ᠪᠠ ᠪᠦᠬᠦ ᠲᠠᠯ᠎ᠠ ᠪᠠᠷ ᠰᠢᠨ᠎ᠠ ᠶᠢ ᠡᠭᠦᠳᠬᠦ ᠶᠢ ᠨᠡᠩ ᠰᠠᠶᠢᠨ ᠠᠩᠬᠠᠷᠬᠤ ᠬᠡᠷᠡᠭᠳᠠᠢ      ᠭᠤᠷᠪᠠ᠂ ᠳᠡᠯᠡᠭᠡᠢ ᠶᠢᠨ ᠠᠵᠦ ᠠᠬᠤᠢ ᠶᠢᠨ ᠪᠠᠶᠢᠳᠠᠯ ᠤᠨ ᠲᠤᠬᠠᠢ ᠮᠠᠭᠠᠳᠯᠠᠯᠳᠠ      28᠂ ᠳᠡᠯᠡᠬᠡᠢ ᠶᠢᠨ ᠠᠵᠦ ᠠᠬᠤᠢ ᠮᠦᠨᠬᠦ ᠤᠯᠠᠨ ᠤᠯᠤᠰ ᠤᠨ ᠮᠦᠩᠬᠦᠨ ᠬᠦᠢᠯᠭᠡᠭᠡᠨ ᠤ ᠬᠢᠮᠤᠷᠠᠯ ᠎ ᠤᠨ ᠳᠡᠷᠠᠭᠠᠬᠢ ᠬᠦᠨᠵᠡᠬᠡᠢ ᠳᠤᠬᠢᠷᠠᠭᠤᠯᠤᠯᠳᠠ ᠶᠢᠨ ᠬᠤᠭᠤᠴᠠᠭᠠᠨ ᠳᠤ ᠤᠷᠤᠰᠢᠵᠦ᠂ ᠢᠷᠡᠬᠦ ᠵᠢᠯ ᠳᠤ ᠨᠡᠮᠡᠭᠳᠡᠯ ᠤᠨ ᠬᠤᠷᠳᠤᠴᠠ ᠳᠡᠭᠡᠭᠰᠢᠯᠡᠬᠦ ᠬᠠᠨᠳᠤᠰᠢ ᠲᠠᠢ᠂ ᠬᠡᠪᠡᠴᠦ ᠶᠡᠷᠦᠩᠬᠡᠢ ᠰᠡᠷᠬᠦᠯᠳᠠ ᠶᠢᠨ ᠪᠠᠭᠤᠷᠠᠢ ᠪᠠᠶᠢᠳᠠᠯ ᠢ ᠦᠭᠡᠷᠡᠴᠢᠯᠡᠬᠦ ᠎ ᠳᠤ ᠬᠦᠴᠢᠷᠳᠡᠯ ᠲᠠᠢ᠃      29᠂ ᠤᠯᠠᠨ ᠤᠯᠤᠰ ᠤᠨ ᠮᠦᠩᠬᠦᠨ ᠬᠦᠢᠯᠭᠡᠭᠡᠨ ᠤ ᠵᠠᠬ᠎ᠠ ᠳᠡᠯᠭᠡᠬᠦᠷ ᠤᠨ ᠬᠤᠪᠢᠷᠠᠯᠳᠠ ᠶᠡᠭᠡ ᠪᠠᠶᠢᠵᠦ᠂ ᠤᠯᠠᠨ ᠤᠯᠤᠰ ᠤᠨ ᠪᠡᠯᠡᠨ ᠲᠠᠸᠠᠷ ᠤᠨ ᠦᠨ᠎ᠠ ᠬᠤᠪᠢᠷᠠᠯᠳᠠ ᠲᠠᠢ ᠪᠠᠶᠢᠵᠦ᠂ ᠭᠠᠵᠠᠷ ᠤᠷᠤᠨ ᠤ ᠤᠯᠤᠰ ᠲᠦᠷᠦ ᠵᠡᠷᠭᠡ ᠠᠵᠦ ᠠᠬᠤᠢ ᠶᠢᠨ ᠪᠤᠰᠤ ᠨᠦᠯᠦᠭᠡ ᠶᠡᠬᠡᠰᠴᠤ ᠪᠤᠢ᠃       ᠲᠦᠷᠪᠠ᠂ 2015 ᠣᠨ ᠤ ᠠᠵᠦ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ      30᠂ ᠳᠤᠬᠳᠠᠭᠤᠨ ᠤ ᠳᠤᠮᠳᠠ ᠤᠷᠤᠬᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ ᠂ ᠠᠵᠦ ᠠᠬᠤᠢ ᠶᠢᠨ ᠬᠦᠭᠵᠢᠯᠳᠠ ᠶᠢᠨ ᠶᠠᠰᠤ ᠴᠢᠨᠠᠷ ᠪᠠ ᠦᠷ᠎ᠠ ᠠᠰᠢᠭ ᠢ ᠳᠡᠭᠡᠭᠰᠢᠯᠡᠬᠦᠯᠬᠦ ᠪᠠᠷ ᠭᠤᠤᠯ ᠪᠤᠯᠭᠠᠬᠤ ᠎ ᠶᠢ ᠪᠠᠷᠢᠮᠳᠠᠯᠠᠵᠦ᠂ ᠠᠵᠦ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠳᠤ ᠰᠠᠨᠠᠭᠠᠴᠢᠯᠠᠭ᠎ᠠ ᠲᠠᠢ ᠪᠠᠷ ᠵᠤᠬᠢᠴᠠᠵᠦ᠂ ᠠᠵᠦ ᠠᠬᠤᠢ ᠶᠢᠨ ᠵᠦᠢ ᠵᠤᠬᠢᠰᠲᠠᠢ ᠤᠷᠤᠨ ᠵᠠᠢ ᠶᠢ ᠪᠠᠳᠤᠯᠠᠵᠦ᠂ ᠭᠡᠯᠪᠡᠷᠢ ᠶᠢ ᠪᠠᠨ ᠬᠤᠪᠢᠷᠠᠭᠤᠯᠬᠤ᠂ ᠪᠦᠳᠦᠴᠠ ᠪᠠᠨ ᠳᠤᠬᠢᠷᠠᠭᠤᠯᠬᠤ ᠶᠢ ᠨᠡᠩ ᠴᠢᠬᠤᠯᠠ ᠪᠠᠶᠢᠷᠢᠨ ᠳᠤ ᠳᠠᠯᠪᠢᠵᠦ᠂ ᠦᠭᠡᠷᠡᠴᠢᠯᠡᠯᠳᠠ ᠪᠤᠭᠤᠮᠳᠠ ᠰᠢᠪᠳᠤᠯᠬᠤ ᠶᠢ ᠴᠢᠩᠭ᠎ᠠ ᠠᠳᠬᠤᠵᠦ᠂ ᠰᠢᠨ᠎ᠠ ᠶᠢ ᠡᠭᠦᠳᠬᠦ ᠬᠦᠳᠡᠯᠭᠡᠬᠦᠷ ᠢ ᠳᠤᠪᠤᠶᠢᠯᠭᠠᠵᠦ᠂ ᠠᠶᠤᠯ ᠲᠦᠭᠰᠢᠬᠦᠷᠢ ᠎ ᠶᠢ ᠰᠡᠷᠬᠡᠶᠢᠯᠡᠨ ᠬᠤᠷᠢᠬᠯᠠᠬᠤ ᠶᠢ ᠴᠢᠩᠭᠠᠳᠬᠠᠵᠦ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠵᠦ᠂ ᠠᠵᠦ ᠠᠬᠤᠢ ᠶᠢᠨ ᠳᠤᠬᠳᠠᠭᠤᠨ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠵᠤᠬᠢᠴᠠᠩᠭᠤᠢ ᠳᠤᠬᠳᠠᠭᠤᠨ ᠪᠠᠶᠢᠬᠤ ᠶᠢ ᠠᠬᠢᠭᠤᠯᠬᠤ ᠬᠡᠷᠡᠭᠳᠠᠢ᠃      ᠳᠠᠪᠦ᠂ ᠢᠷᠡᠬᠦ ᠵᠢᠯ ᠤᠨ ᠠᠵᠦ ᠠᠬᠤᠢ ᠶᠢᠨ ᠠᠵᠢᠯ ᠤᠨ ᠲᠠᠪᠤᠨ ᠶᠡᠭᠡ ᠡᠭᠦᠷᠭᠡ      — ᠠᠵᠦ ᠠᠬᠤᠢ ᠶᠢᠨ ᠬᠦᠭᠵᠢᠯᠳᠠ ᠶᠢᠨ ᠳᠤᠬᠳᠠᠭᠤᠨ ᠨᠡᠮᠡᠭᠳᠡᠯ ᠢ ᠪᠠᠳᠤᠯᠠᠬᠤ ᠪᠠᠷ ᠴᠢᠷᠮᠠᠶᠢᠬᠤ ᠬᠡᠷᠡᠭᠳᠠᠢ      31᠂ ᠡᠳ᠋ ᠤᠨ ᠵᠠᠰᠠᠭ ᠤᠨ ᠢᠳᠡᠪᠬᠢᠳᠠᠢ ᠲᠦᠷᠦ ᠶᠢᠨ ᠪᠤᠳᠤᠯᠭ᠎ᠠ ᠶᠢ ᠡᠷᠴᠢᠮ ᠲᠠᠢ ᠪᠤᠯᠭᠠᠵᠤ᠂ ᠵᠤᠭᠤᠰᠤᠨ ᠤ ᠲᠤᠬᠠᠢ ᠲᠦᠷᠦ ᠶᠢᠨ ᠪᠤᠳᠤᠯᠭ᠎ᠠ ᠶᠢᠨ ᠴᠢᠩᠭ᠎ᠠ ᠰᠤᠯᠠ ᠵᠤᠬᠢᠴᠠᠩᠭᠤᠢ ᠪᠠᠶᠢᠬᠤ ᠶᠢ ᠠᠩᠬᠠᠷᠬᠤ ᠬᠡᠷᠡᠭᠳᠠᠢ᠃      32᠂ ᠠᠶᠤᠯ ᠲᠦᠭᠰᠢᠬᠦᠷᠢ ᠶᠢᠨ ᠡᠭᠦᠰᠬᠦ ᠬᠦᠭᠵᠢᠬᠦ ᠬᠠᠨᠳᠤᠰᠢ ᠶᠢ ᠳᠡᠭᠡᠳᠤ ᠬᠡᠮᠵᠢᠶ᠎ᠠ ᠪᠠᠷ ᠠᠩᠬᠠᠷᠴᠦ᠂ ᠨᠡᠮᠡᠭᠳᠡᠯ ᠤᠨ ᠬᠡᠮᠵᠢᠶ᠎ᠠ ᠶᠢ ᠴᠢᠩᠭ᠎ᠠ ᠬᠢᠵᠠᠭᠠᠷᠯᠠᠬᠤ᠂ ᠢᠯᠭᠠᠭ᠎ᠠ ᠲᠠᠢ ᠪᠠᠷ ᠬᠠᠨᠳᠤᠬᠤ᠂ ᠲᠦᠷᠦᠯ ᠬᠤᠪᠢᠶᠠᠨ ᠪᠤᠳᠤᠯᠭ᠎ᠠ ᠶᠢ ᠬᠡᠷᠡᠭᠵᠢᠬᠦᠯᠬᠦ᠂ ᠠᠯᠭᠤᠷ ᠢᠶᠠᠷ ᠠᠷᠢᠯᠭᠠᠬᠤ ᠵᠠᠷᠴᠢᠮ ᠶᠤᠰᠤᠭᠠᠷ᠂ ᠡᠮᠬᠢ ᠵᠢᠷᠤᠮ ᠲᠠᠢ ᠪᠠᠷ ᠠᠶᠤᠯ ᠲᠦᠭᠰᠢᠬᠦᠷᠢ ᠶᠢ ᠠᠷᠢᠯᠭᠠᠬᠤ ᠬᠡᠷᠡᠭᠳᠠᠢ᠃      — ᠰᠢᠨ᠎ᠠ ᠨᠡᠮᠡᠭᠳᠡᠯ ᠤᠨ ᠴᠡᠭ ᠢ ᠢᠳᠠᠪᠬᠢᠳᠠᠢ ᠪᠠᠷ ᠢᠯᠡᠷᠡᠬᠦᠯᠦᠨ ᠪᠤᠶᠢᠵᠢᠭᠤᠯᠬᠤ ᠬᠡᠷᠡᠭᠳᠠᠢ      33᠂ ᠵᠠᠬ᠎ᠠ ᠲᠡᠯᠬᠡᠬᠦᠷ ᠢ ᠠᠮᠢᠳᠤᠯᠢᠬ᠂ ᠰᠢᠨ᠎ᠠ ᠡᠬᠦᠳᠤᠯᠳᠠ ᠶᠢ ᠪᠤᠳᠠᠳᠠᠢ᠂ ᠲᠦᠷᠤ ᠶᠢᠨ ᠪᠤᠳᠤᠯᠭ᠎ᠠ ᠎ ᠶᠢ ᠠᠭᠤᠵᠢᠭᠤ ᠪᠠᠶᠢᠯᠭᠠᠬᠤ ᠭᠡᠷᠡᠭᠳᠠᠢ      — ᠲᠠᠷᠢᠶᠠᠯᠠᠩ ᠤᠨ ᠬᠦᠭᠵᠢᠯᠳᠠ ᠶᠢᠨ ᠬᠡᠯᠪᠡᠷᠢ ᠮᠠᠶ᠋ᠢᠬ ᠢ ᠲᠦᠷᠬᠡᠨ ᠬᠤᠪᠢᠷᠠᠭᠤᠯᠬᠤ ᠭᠡᠷᠡᠭᠳᠠᠢ      34᠂ ᠬᠦᠳᠡᠭᠡ ᠲᠤᠰᠬᠤᠨ ᠤ ᠭᠠᠵᠠᠷ ᠰᠢᠷᠤᠢ ᠶᠢᠨ ᠡᠵᠡᠩᠨᠡᠯᠳᠠ ᠶᠢᠨ ᠡᠷᠭᠡ ᠶᠢ ᠰᠢᠯᠵᠢᠬᠦᠯᠬᠦ ᠲᠦᠷᠤ ᠎ ᠶᠢᠨ ᠪᠤᠳᠤᠯᠭ᠎ᠠ ᠶᠢ ᠲᠡᠬᠦᠯᠳᠡᠷᠵᠢᠬᠦᠯᠵᠤ᠂ ᠭᠠᠵᠠᠷ ᠰᠢᠷᠤᠢ ᠶᠢᠨ ᠲᠠᠭᠠᠭᠠᠴᠢᠯᠠᠯᠳᠠ ᠡᠵᠡᠩᠨᠡᠯᠳᠠ ᠶᠢᠨ ᠡᠷᠬᠡ ᠶᠢ ᠵᠦᠪᠰᠢᠶᠡᠷᠡᠨ ᠲᠠᠩᠰᠠᠯᠠᠵᠤ ᠦᠨᠡᠮᠯᠠᠯ ᠤᠯᠭᠤᠬᠤ ᠠᠵᠢᠯ ᠢ ᠰᠠᠶᠢᠳᠤᠷ ᠬᠢᠵᠤ᠂ ᠭᠠᠵᠠᠷ ᠰᠢᠷᠤᠢ ᠶᠢ ᠰᠢᠯᠵᠢᠬᠦᠯᠬᠦ ᠢᠯᠠ ᠵᠢᠷᠤᠮᠵᠢᠭᠤᠯᠤᠬᠰᠠᠨ ᠵᠠᠬ᠎ᠠ ᠲᠡᠯᠬᠡᠬᠦᠷ ᠢ ᠲᠡᠬᠦᠯᠳᠡᠷᠵᠢᠬᠦᠯᠬᠦ ᠭᠡᠷᠡᠭᠳᠠᠢ      — ᠠᠵᠤ ᠠᠬᠤᠢ ᠶᠢᠨ ᠬᠦᠭᠵᠢᠯᠳᠠ ᠶᠢᠨ ᠤᠷᠤᠨ ᠵᠠᠢ ᠶᠢᠨ ᠪᠠᠶᠢᠷᠢᠰᠢᠯ ᠢ ᠰᠢᠯᠢᠳᠡᠭᠵᠢᠬᠦᠯᠬᠦ ᠭᠡᠷᠡᠭᠳᠠᠢ      35᠂ ︽ᠨᠢᠬᠡ ᠪᠦᠰᠠ ᠨᠢᠬᠡ ᠵᠠᠮ︾᠂ ᠪᠡᠬᠡᠵᠢᠩ ᠲᠢᠶᠠᠨᠵᠢᠨ ᠡᡁᠧᠪᠸᠢ ᠶᠢ ᠵᠤᠬᠢᠴᠠᠩᠭᠤᠢ ᠬᠦᠭᠵᠢᠬᠦᠯᠬᠦ᠂ ᠬᠦᠬᠡᠮᠦ᠋ᠷᠡᠨ ᠤ ᠠᠵᠤ ᠠᠬᠤᠢ ᠶᠢᠨ ᠪᠦᠰᠠ ᠶᠢᠨ ᠭᠤᠷᠪᠡᠨ ᠶᠡᠭᠡ ᠪᠠᠶᠢᠯᠳᠤᠬᠤ ᠪᠤᠳᠤᠯᠭ᠎ᠠ ᠶᠢ ᠭᠤᠤᠯᠳᠠᠯᠭ᠎ᠠ ᠲᠠᠢ ᠭᠡᠷᠡᠭᠵᠢᠬᠦᠯᠵᠤ᠂ ᠲᠠᠷᠠᠭ᠎ᠠ ᠵᠢᠯ ᠳᠤ ᠰᠠᠶᠢᠨ ᠡᠬᠢᠯᠠᠯᠳᠠ ᠲᠠᠢ ᠪᠤᠯᠭᠠᠬᠤ ᠪᠠᠷ ᠴᠢᠷᠮᠠᠶᠢᠬᠤ ᠭᠡᠷᠡᠭᠳᠠᠢ      36᠂ ᠬᠤᠳᠠ ᠪᠠᠯᠭᠠᠰᠤᠵᠢᠯᠳᠠ ᠶᠢᠨ ᠡᠷᠡᠬᠦᠯ ᠬᠦᠭᠵᠢᠯᠳᠠ ᠶᠢ ᠠᠬᠢᠭᠤᠯᠬᠤ ᠪᠤᠯ ᠠᠵᠤ ᠠᠬᠤᠢ ᠶᠢᠨ ᠬᠦᠭᠵᠢᠯᠳᠠ ᠶᠢᠨ ᠤᠷᠤᠨ ᠵᠠᠢ ᠶᠢᠨ ᠪᠠᠶᠢᠷᠢᠰᠢᠯ ᠢ ᠰᠢᠯᠢᠳᠡᠭᠵᠢᠬᠦᠯᠬᠦ ᠴᠢᠬᠤᠯᠠ ᠠᠭᠤᠯᠭ᠎ᠠ ᠪᠤᠯᠬᠤᠷ ᠲᠠᠰᠪᠤᠷᠢᠳᠠᠢ ᠪᠠᠶᠢᠵᠤ᠂ ᠲᠦᠷᠬᠡᠨ ᠪᠦᠳᠤᠬᠡᠬᠦ ᠪᠠᠷ ᠶᠠᠭᠠᠷᠠᠵᠤ ᠪᠣᠯᠬᠤ ᠦᠭᠡᠢ      37᠂ ᠡᠬᠢ ᠡᠬᠦᠰᠤᠯ ᠠᠴᠠ ᠨᠢ ᠴᠢᠩᠭ᠎ᠠ ᠰᠡᠷᠬᠡᠶᠢᠯᠡᠬᠦ᠂ ᠶᠠᠪᠤᠴᠠ ᠶᠢ ᠴᠢᠩᠭ᠎ᠠ ᠬᠠᠮᠢᠶᠠᠷᠬᠤ᠂ ᠤᠷᠰᠢᠬ ᠢ ᠴᠢᠩᠭ᠎ᠠ ᠰᠢᠳᠬᠡᠬᠦ ᠶᠢ ᠪᠠᠷᠢᠮᠳᠠᠯᠠᠵᠤ᠂ ᠦᠩᠬᠡᠨ ᠲᠠᠯ᠎ᠠ ᠪᠠ ᠦᠨᠳᠤᠰᠤ ᠠᠴᠠ ᠨᠢ ᠵᠠᠰᠠᠵᠤ ᠤᠯᠠᠨ ᠲᠠᠯ᠎ᠠ ᠪᠠᠷ ᠬᠠᠮᠢᠶᠠᠷᠴᠤ᠂ ᠴᠡᠩᠬᠡᠷ ᠤᠬᠳᠠᠷᠭᠤᠢ ᠴᠡᠩᠭᠡᠭ ᠤᠰᠤ ᠶᠢᠨ ᠬᠠᠷᠠᠯᠳᠠ ᠶᠢ ᠪᠡᠶᠡᠯᠡᠬᠦᠯᠬᠦ ᠪᠠᠷ ᠲᠠᠰᠤᠷᠠᠯᠲᠠ ᠦᠭᠡᠢ ᠤᠷᠤᠬᠰᠢᠯᠠᠬᠤ ᠭᠡᠷᠡᠭᠳᠠᠢ      — ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠢ ᠴᠢᠩᠭᠠᠳᠬᠠᠬᠤ ᠭᠡᠷᠡᠭᠳᠠᠢ      38᠂ ᠵᠠᠬ᠎ᠠ ᠲᠡᠯᠬᠡᠬᠦᠷ ᠤᠨ ᠠᠵᠢᠯ ᠤᠯᠭᠤᠯᠳᠠ ᠶᠢ ᠠᠬᠢᠭᠤᠯᠬᠤ ᠶᠠᠪᠤᠴᠠ ᠳᠠᠬᠢ ᠤᠢᠢᠯᠡᠳᠤᠯ ᠢ ᠰᠠᠶᠢᠳᠤᠷ ᠪᠠᠳᠠᠷᠠᠭᠤᠯᠵᠤ᠂ ᠠᠳᠠᠯ ᠤᠢᠢᠯᠡᠰ ᠪᠤᠰᠬᠠᠬᠤ ᠪᠠᠷ ᠠᠵᠢᠯ ᠤᠯᠭᠤᠯᠳᠠ ᠶᠢ ᠲᠠᠶᠢᠴᠢᠯᠠᠵᠤ᠂ ᠠᠵᠢᠯ ᠮᠡᠷᠬᠡᠵᠢᠯ ᠤᠨ ᠪᠤᠯᠪᠠᠰᠤᠷᠠᠯ ᠤᠨ ᠶᠠᠰᠤ ᠴᠢᠨᠠᠷ ᠢ ᠲᠡᠭᠡᠭᠰᠢᠯᠡᠬᠦᠯᠵᠤ᠂ ᠵᠠᠰᠠᠬ ᠤᠨ ᠤᠷᠳᠤᠨ ᠤ ᠨᠡᠶᠢᠳᠠ ᠶᠢᠨ ᠠᠵᠢᠯ ᠤᠯᠭᠤᠯᠳᠠ ᠶᠢᠨ ᠤᠢᠢᠯᠡᠴᠢᠯᠡᠬᠡᠨ ᠤ ᠴᠢᠳᠠᠪᠤᠷᠢ ᠶᠢ ᠴᠢᠩᠭᠠᠳᠬᠠᠬᠤ ᠭᠡᠷᠡᠭᠳᠠᠢ      39᠂ ᠶᠠᠳᠠᠭᠤ ᠬᠦᠴᠢᠷᠳᠠᠢ ᠭᠡᠷ ᠪᠦᠯᠢ ᠶᠢᠨ ᠬᠡᠤᠬᠡᠳ ᠤᠨ ᠡᠷᠬᠡ ᠲᠡᠭᠰᠢ ᠪᠠᠷ ᠶᠠᠰᠤ ᠴᠢᠨᠠᠷ ᠲᠠᠢ ᠰᠤᠷᠭᠠᠨ ᠬᠦᠮᠤᠵᠢᠯ ᠬᠦᠷᠳᠡᠬᠦ ᠶᠢ ᠪᠠᠳᠤᠯᠠᠵᠤ᠂ ᠬᠡᠤᠬᠡᠳ ᠢ ᠡᠬᠢᠯᠠᠯᠳᠠ ᠶᠢᠨ ᠱᠤᠭᠤᠮ ᠲᠡᠭᠡᠷ᠎ᠠ ᠬᠤᠴᠤᠷᠭᠠᠵᠤ ᠪᠣᠯᠬᠤ ᠦᠭᠡᠢ      40᠂ ᠨᠡᠩ ᠤᠯᠠᠨ ᠤᠨᠴᠠᠭᠠᠢ ᠬᠦᠮᠤᠨ ᠠᠮᠠ᠂ ᠪᠤᠳᠠᠳᠠᠢ ᠬᠦᠮᠤᠨ ᠠᠮᠠ ᠳᠤ ᠬᠠᠨᠳᠤᠭᠤᠯᠵᠤ᠂ ᠨᠠᠷᠢᠨ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠵᠤ᠂ ᠲᠡᠭᠰᠢᠳᠬᠡᠭᠰᠡᠨ ᠲᠤᠭ᠎ᠠ ᠪᠠᠷ ᠤᠯᠠᠩᠬᠢ ᠲᠤᠭ᠎ᠠ ᠶᠢ ᠲᠠᠯᠳᠠᠯᠠᠵᠤ ᠪᠣᠯᠬᠤ ᠦᠭᠡᠢ      ᠵᠢᠷᠭᠤᠭ᠎ᠠ᠂ ᠥᠭᠡᠷᠡᠴᠢᠯᠡᠯᠳᠠ ᠨᠠᠭᠡᠭᠡᠯᠳᠠ ᠶᠢ ᠲᠥᠷᠭᠡᠳᠭᠡᠨ ᠠᠭᠢᠭᠤᠯᠤᠨ᠎ᠠ      41᠂ ᠵᠠᠰᠠᠬ ᠵᠠᠬᠢᠷᠭᠠᠨ ᠤ ᠬᠢᠨᠨᠠ ᠵᠦᠪᠰᠢᠶᠡᠷᠡᠬᠦ᠂ ᠪᠡᠯᠡ ᠤᠷᠤᠭᠤᠯᠬᠤ᠂ ᠦᠨ᠎ᠠ ᠬᠠᠩᠰᠢ᠂ ᠭᠠᠭᠴᠠᠭᠠᠷ ᠡᠵᠡᠮᠰᠢᠬᠦ ᠠᠵᠢᠯ ᠲᠦᠷᠤᠯ᠂ ᠤᠨᠴᠠᠭᠠᠢ ᠵᠦᠪᠰᠢᠶᠡᠷᠡᠭᠰᠡᠨ ᠡᠵᠡᠩᠨᠡᠯᠳᠠ᠂ ᠵᠠᠰᠠᠬ ᠤᠨ ᠤᠷᠳᠤᠨ ᠤ ᠬᠤᠳᠠᠯᠳᠤᠨ ᠠᠪᠬᠤ ᠤᠢᠢᠯᠡᠴᠢᠯᠡᠭᠡ᠂ ᠬᠦᠷᠤᠩᠬᠡ ᠶᠢᠨ ᠵᠠᠬ᠎ᠠ ᠲᠡᠯᠬᠡᠬᠦᠷ᠂ ᠠᠷᠠᠳ ᠤᠨ ᠡᠵᠡᠩᠨᠡᠯᠳᠠ ᠶᠢᠨ ᠪᠠᠩᠬᠢ ᠎ ᠶᠢᠨ ᠤᠷᠤᠬᠤ ᠶᠢ ᠵᠦᠪᠰᠢᠶᠡᠷᠡᠬᠦ᠂ ᠭᠠᠳᠠᠭᠠᠳᠤ ᠳᠤ ᠪᠡᠯᠡ ᠤᠷᠤᠭᠤᠯᠬᠤ ᠵᠡᠷᠬᠡ ᠬᠦᠷᠢᠶᠠᠨ ᠤ ᠥᠭᠡᠷᠡᠴᠢᠯᠡᠯᠲᠡ ᠶᠢ ᠲᠦᠷᠬᠡᠳᠬᠡᠬᠦ ᠭᠡᠷᠡᠭᠳᠠᠢ      42᠂ ᠤᠯᠤᠰ ᠤᠨ ᠦᠮᠴᠢᠯᠡᠯᠳᠤ ᠠᠵᠤ ᠠᠬᠤᠢᠢᠯᠠᠯ ᠤᠨ ᠦᠬᠡᠷᠡᠴᠢᠯᠠᠯᠳᠠ ᠶᠢᠨ ᠠᠰᠠᠭᠤᠳᠠᠯ ᠢ ᠰᠢᠢᠳᠪᠤᠷᠢᠯᠡᠬᠦ ᠶᠢ ᠠᠬᠢᠭᠤᠯᠵᠤ᠂ ᠠᠵᠤ ᠠᠬᠤᠢᠢᠯᠠᠯ ᠤᠨ ᠠᠮᠢᠵᠢᠷᠠᠯ ᠤᠨ ᠬᠦᠴᠤᠨ ᠢ ᠨᠡᠮᠡᠭᠳᠡᠬᠦᠯᠬᠦ᠂ ᠦᠷ᠎ᠠ ᠠᠰᠢᠭ ᠎ ᠢ ᠲᠡᠭᠡᠭᠰᠢᠯᠡᠬᠦᠯᠬᠦ ᠪᠠᠷ ᠭᠤᠤᠯ ᠪᠤᠯᠭᠠᠵᠤ᠂ ᠤᠯᠤᠰ ᠤᠨ ᠥᠮᠴᠢᠯᠡᠯᠲᠦ ᠠᠵᠤ ᠠᠬᠤᠢᠢᠯᠠᠯ ᠤᠨ ᠭᠤᠣᠯ ᠥᠷᠢᠰᠦᠯᠳᠦᠭᠡᠨ ᠤ ᠬᠦᠴᠤᠨ ᠢ ᠲᠡᠭᠡᠭᠰᠢᠯᠡᠬᠦᠯᠬᠦ ᠭᠡᠷᠡᠭᠳᠠᠢ      43᠂ ᠭᠠᠳᠠᠭᠠᠳᠤ ᠭᠠᠷᠭᠠᠯᠳᠠ ᠶᠢ ᠦᠷᠬᠡᠳᠬᠡᠬᠦ ᠪᠠ ᠤᠷᠤᠭᠤᠯᠤᠯᠳᠠ ᠶᠢ ᠨᠡᠮᠡᠭᠳᠡᠬᠦᠯᠬᠦ ᠲᠦᠷᠤ ᠶᠢᠨ ᠪᠤᠳᠤᠯᠭ᠎ᠠ ᠶᠢ ᠲᠡᠬᠦᠯᠳᠡᠷᠵᠢᠬᠦᠯᠵᠤ᠂ ᠠᠷᠠᠯᠵᠢᠶᠠᠨ ᠤ ᠲᠦᠬᠦᠮᠴᠢᠯᠠᠯᠳᠠ ᠶᠢᠨ ᠲᠦᠪᠰᠢᠨ ᠢ ᠲᠡᠭᠡᠭᠰᠢᠯᠡᠬᠦᠯᠵᠤ᠂ ᠭᠠᠳᠠᠭᠠᠳᠤ ᠳᠤ ᠭᠠᠷᠭᠠᠬᠤ ᠵᠠᠬ᠎ᠠ ᠲᠡᠯᠬᠡᠬᠦᠷ ᠤᠨ ᠬᠤᠪᠢᠳᠠᠯ ᠲᠤᠭ᠎ᠠ ᠶᠢ ᠪᠠᠳᠤᠳᠬᠠᠬᠤ ᠭᠡᠷᠡᠭᠳᠠᠢ      44᠂ ᠱᠠᠩᠬᠠᠢ ᠶᠢᠨ ᠴᠢᠯᠤᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠲᠤᠷᠰᠢᠯᠭ᠎ᠠ ᠶᠢ ᠲᠡᠯᠬᠡᠷᠡᠬᠦᠯᠬᠦ ᠭᠡᠷᠡᠭᠳᠠᠢ      45᠂ ᠭᠠᠳᠠᠭᠠᠳᠤ ᠳᠤ ᠪᠡᠯᠡ ᠤᠷᠤᠭᠤᠯᠬᠤ ᠦᠷ᠎ᠠ ᠠᠰᠢᠬ ᠪᠤᠯᠤᠨ ᠶᠠᠰᠤ ᠴᠢᠨᠠᠷ ᠢ ᠴᠢᠷᠮᠠᠶᠢᠨ ᠲᠡᠭᠡᠭᠰᠢᠯᠡᠬᠦᠯᠵᠤ᠂ ᠠᠷᠠᠳ ᠤᠨ ᠵᠤᠭᠤᠰᠤᠨ ᠤ ᠲᠡᠯᠡᠬᠡᠶᠢᠵᠢᠯ ᠢ ᠯᠠᠪᠳᠠᠭᠤᠨ ᠢᠶᠠᠷ ᠠᠬᠢᠭᠤᠯᠬᠤ ᠭᠡᠷᠡᠭᠳᠠᠢ      ᠲᠤᠯᠤᠭ᠎ᠠ᠂ ᠪᠤᠰᠤᠳ ᠵᠦᠢᠯ      46᠂ ᠮᠠᠨ ᠤ ᠤᠯᠤᠰ ᠤᠨ ᠠᠵᠤ ᠠᠬᠤᠢ ᠶᠢᠨ ᠯᠤᠳᠤ ᠶᠡᠭᠡ ᠬᠠᠷᠢᠮᠠᠬᠠᠢ ᠴᠢᠨᠠᠷ᠂ ᠨᠦᠬᠡᠴᠠ ᠬᠦᠴᠤᠨ ᠪᠤᠯᠤᠨ ᠠᠮᠢᠳᠤᠯᠢᠬ ᠤᠷᠤᠨ ᠵᠠᠢ ᠶᠢ ᠨᠠᠷᠢᠨ ᠨᠢᠬᠳᠠ ᠲᠥᠯᠤᠪᠵᠢᠬᠦᠯᠤᠨ ᠰᠠᠶᠢᠳᠤᠷ ᠠᠰᠢᠬᠯᠠᠵᠤ᠂ ᠬᠤᠷᠳᠤᠴᠠ ᠳᠤ ᠲᠤᠬᠢᠷᠠᠭᠤᠯᠤᠯᠳᠠ ᠬᠢᠬᠦ ᠠᠴᠠ ᠪᠢᠰᠢ ᠬᠠᠨᠳᠤᠰᠢ ᠶᠢ ᠬᠤᠪᠢᠷᠠᠭᠤᠯᠬᠤ ᠦᠭᠡᠢ᠂ ᠬᠡᠮᠵᠢᠶ᠎ᠠ ᠶᠢ ᠨᠡᠮᠡᠭᠳᠡᠬᠦᠯᠵᠤ ᠶᠠᠰᠤ ᠴᠢᠨᠠᠷ ᠢ ᠨᠡᠩ ᠰᠢᠯᠢᠳᠡᠭ ᠪᠠᠶᠢᠯᠭᠠᠬᠤ ᠪᠠᠷ ᠴᠢᠷᠮᠠᠶᠢᠬᠤ ᠭᠡᠷᠡᠭᠳᠠᠢ      47᠂ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠶᠢ ᠵᠤᠬᠢᠰᠳᠠᠢ ᠲᠤᠭᠳᠠᠭᠠᠵᠤ᠂ ᠤᠷᠤᠨ ᠪᠦᠰᠠ ᠶᠢᠨ ᠬᠤᠭᠤᠷᠤᠨᠳᠤᠬᠢ ᠲᠤᠬᠢᠷᠠᠭᠤᠯᠭ᠎ᠠ ᠡᠵᠡᠮᠰᠢᠯ ᠤᠨ ᠬᠠᠷᠢᠮᠠᠬᠠᠢ ᠴᠢᠨᠠᠷ ᠢ ᠪᠠᠳᠤᠯᠠᠵᠤ᠂ ᠴᠢᠭᠯᠡᠯᠳᠤ ᠴᠢᠨᠠᠷᠳᠠᠢ ᠲᠤᠬᠢᠷᠠᠭᠤᠯᠭ᠎ᠠ ᠡᠵᠡᠮᠰᠢᠯ᠂ ᠪᠦᠳᠤᠴᠡᠳᠤ ᠴᠢᠨᠠᠷᠳᠠᠢ ᠲᠤᠬᠢᠷᠠᠭᠤᠯᠭ᠎ᠠ ᠡᠵᠡᠮᠰᠢᠯ ᠢ ᠦᠷᠬᠦᠯᠵᠢᠯᠠᠨ ᠭᠡᠷᠡᠭᠵᠢᠬᠦᠯᠬᠦ ᠭᠡᠷᠡᠭᠳᠠᠢ      48᠂ ᠵᠠᠰᠠᠬ ᠤᠨ ᠤᠷᠳᠤᠨ ᠤ ᠲᠤᠰ ᠪᠠᠶ᠎ᠠ ᠶᠢᠨ ᠬᠤᠪᠢᠰᠬᠠᠯ ᠢᠶᠠᠷ ᠴᠢᠬᠤᠯᠠ ᠬᠦᠷᠢᠶᠠᠨ ᠤ ᠦᠬᠡᠷᠡᠴᠢᠯᠠᠯᠳᠠ ᠶᠢ ᠲᠠᠶᠢᠴᠢᠯᠠᠵᠤ᠂ ᠤᠯᠠᠨ ᠨᠡᠶᠢᠳᠠ ᠶᠢᠨ ᠠᠳᠠᠯ ᠤᠢᠢᠯᠡᠰ ᠪᠤᠰᠬᠠᠬᠤ᠂ ᠲᠦᠮᠡᠨ ᠤᠯᠠᠨ ᠢᠶᠠᠷ ᠢᠶᠠᠨ ᠰᠢᠨ᠎ᠠ ᠶᠢ ᠡᠬᠦᠳᠬᠦ ᠪᠠᠷ ᠬᠦᠭᠵᠢᠯᠳᠠ ᠶᠢᠨ ᠰᠢᠨ᠎ᠠ ᠬᠦᠳᠡᠯᠬᠡᠬᠦ ᠬᠦᠴᠤᠨ ᠪᠤᠯᠭᠠᠬᠤ ᠭᠡᠷᠡᠭᠳᠠᠢ      49᠂ ᠳᠤᠳᠤᠭᠠᠳᠤ ᠭᠡᠷᠡᠭᠴᠡᠭᠡ ᠶᠢᠨ ᠠᠵᠤ ᠠᠬᠤᠢ ᠶᠢᠨ ᠨᠡᠮᠡᠭᠳᠡᠯ ᠳᠠᠬᠢ ᠲᠠᠶᠢᠴᠢᠯᠠᠬᠤ ᠬᠦᠴᠤᠨ ᠢ ᠦᠨᠡᠨᠬᠦ ᠨᠡᠮᠡᠭᠳᠡᠬᠦᠯᠵᠤ᠂ ᠰᠢᠨ᠎ᠠ ᠨᠢᠬᠡ ᠡᠬᠡᠯᠵᠢ ᠶᠢᠨ ᠥᠨᠳᠥᠷ ᠲᠦᠪᠰᠢᠨ ᠲᠠᠢ ᠭᠠᠳᠠᠭᠠᠳᠤ ᠨᠡᠬᠡᠬᠡᠯᠳᠠ ᠶᠢ ᠭᠡᠷᠡᠭᠵᠢᠬᠦᠯᠬᠦ ᠭᠡᠷᠡᠭᠳᠠᠢ      50᠂ ᠨᠠᠮ ᠠᠴᠠ ᠠᠵᠤ ᠠᠬᠤᠢ ᠶᠢᠨ ᠠᠵᠢᠯ ᠢ ᠤᠳᠤᠷᠢᠳᠬᠤ ᠳᠦᠷᠢᠮᠵᠢᠯ ᠤᠨ ᠪᠠᠶᠢᠭᠤᠯᠤᠯᠳᠠ ᠶᠢ ᠴᠢᠩᠭᠠᠳᠬᠠᠵᠤ᠂ ᠨᠠᠮ ᠠᠴᠠ ᠠᠵᠤ ᠠᠬᠤᠢ ᠶᠢᠨ ᠠᠵᠢᠯ ᠢ ᠤᠳᠤᠷᠢᠳᠬᠤ ᠬᠠᠤᠯᠢᠵᠢᠯ ᠤᠨ ᠲᠦᠪᠰᠢᠨ ᠢ ᠲᠡᠭᠡᠭᠰᠢᠯᠡᠬᠦᠯᠵᠤ᠂ ᠨᠠᠮ ᠠᠴᠠ ᠠᠵᠤ ᠠᠬᠤᠢ ᠶᠢᠨ ᠠᠵᠢᠯ ᠢ ᠤᠳᠤᠷᠢᠳᠬᠤ ᠲᠤᠰᠬᠠᠢᠢᠵᠢᠯᠳᠠ ᠶᠢᠨ ᠴᠢᠳᠠᠪᠤᠷᠢ ᠶᠢ ᠨᠡᠮᠡᠭᠳᠡᠬᠦᠯᠵᠤ᠂ ᠶᠠᠷᠢᠶ᠎ᠠ ᠬᠡᠯᠡᠯᠴᠡᠬᠡᠨ ᠤ ᠬᠦᠳᠤᠯᠤᠨ ᠵᠢᠯᠤᠭᠤᠳᠬᠤ ᠠᠵᠢᠯ ᠢ ᠴᠢᠩᠭᠠᠳᠬᠠᠬᠤ ᠭᠡᠷᠡᠭᠳᠠᠢ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠡᠵᠡᠮᠰᠢᠬᠦ ᠱᠠᠭᠠᠷᠳᠠᠯᠭ᠎ᠠ      12 ᠰᠠᠷ᠎ᠠ ᠶᠢᠨ 12᠎ ᠤᠨ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠮᠤᠵᠢ ᠶᠢᠨ ᠲᠡᠰ ᠤᠨ ᠤᠳᠤᠷᠢᠳᠬᠤ ᠺᠠᠳ᠋ᠷ ᠤᠨ ᠬᠤᠷᠠᠯ ᠬᠤᠷᠠᠯᠳᠤᠭᠤᠯᠵᠦ᠂ ᠦᠪᠡᠷᠲᠡᠭᠡᠨ ᠵᠠᠰᠠᠬᠤ ᠤᠷᠤᠨ ᠎ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠬᠤᠷᠠᠯ ᠡᠷᠬᠢᠯᠡᠨ ᠶᠠᠷᠢᠶ᠎ᠠ ᠲᠠᠯᠪᠢᠪᠠ᠃ ᠸᠠᠩ ᠵᠢᠶᠦ᠋ᠨ ᠱᠦᠵᠢ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠦ᠂ ᠮᠠᠨ ᠤ ᠤᠷᠤᠨ ᠤ ᠠᠵᠤ ᠠᠬᠤᠢ ᠶᠢᠨ ᠠᠵᠢᠯ ᠤᠨ ᠠᠮᠵᠢᠯᠳᠠ ᠪᠠ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ ᠮᠠᠨ ᠤ ᠤᠷᠤᠨ ᠤ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠠ ᠶᠢᠨ ᠡᠯ᠎ᠠ ᠲᠦᠷᠦᠯ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃ᠨᠢᠭᠡ᠂ ᠦᠵᠡᠯ ᠰᠠᠨᠠᠭ᠎ᠠ ᠪᠠᠨ ᠨᠢᠭᠡᠳᠭᠡᠵᠦ ᠲᠠᠨᠢᠯᠳᠠ ᠪᠠᠨ ᠨᠢᠭᠡᠳᠭᠡᠬᠦ ᠭᠡᠷᠡᠭᠲᠡᠢ      1. ᠦᠵᠡᠯ ᠰᠠᠨᠠᠭ᠎ᠠ ᠪᠠᠨ ᠲᠦᠪ ᠤᠨ ᠡᠨᠡ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠳ᠋ᠦᠩᠨᠡᠯᠲᠡ ᠦᠨᠡᠯᠡᠯᠳᠠ ᠳᠡᠭᠡᠷ᠎ᠠ ᠨᠢᠭᠡᠳᠭᠡᠬᠦ ᠭᠡᠷᠡᠭᠲᠡᠢ      2. ᠦᠵᠡᠯ ᠰᠠᠨᠠᠭ᠎ᠠ ᠪᠠᠨ ᠲᠦᠪ ᠤᠨ ᠠᠵᠤ ᠠᠬᠤᠢ ᠶᠢᠨ ᠬᠦᠭᠵᠢᠯᠲᠠ ᠶᠢᠨ ᠰᠢᠨ᠎ᠠ ᠭᠡᠪ ᠪᠠᠶᠢᠳᠠᠯ ᠤᠨ ᠲᠤᠬᠠᠢ ᠵᠠᠳᠠᠯᠤᠯᠳᠠ ᠮᠠᠭᠠᠳᠯᠠᠯ ᠳᠡᠭᠡᠷ᠎ᠠ ᠨᠢᠭᠡᠳᠭᠡᠬᠦ ᠭᠡᠷᠡᠭᠲᠡᠢ      3. ᠦᠵᠡᠯ ᠰᠠᠨᠠᠭ᠎ᠠ ᠪᠠᠨ ᠲᠦᠪ ᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠶᠡᠷᠦᠩᠭᠡᠢ ᠱᠠᠭᠠᠷᠳᠠᠯᠭ᠎ᠠ ᠳᠡᠭᠡᠷ᠎ᠠ ᠨᠢᠭᠡᠳᠭᠡᠬᠦ ᠭᠡᠷᠡᠭᠲᠡᠢ      4. ᠦᠵᠡᠯ ᠰᠠᠨᠠᠭ᠎ᠠ ᠪᠠᠨ ᠲᠦᠪ ᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠭᠤᠤᠯ ᠡᠬᠦᠷᠭᠡ ᠳᠡᠭᠡᠷ᠎ᠠ ᠨᠢᠭᠡᠳᠭᠡᠬᠦ ᠭᠡᠷᠡᠭᠲᠡᠢ      5. ᠦᠵᠡᠯ ᠰᠠᠨᠠᠭ᠎ᠠ ᠪᠠᠨ ᠲᠦᠪ ᠤᠨ ᠦᠭᠡᠷᠡᠴᠢᠯᠡᠯᠲᠡ ᠨᠡᠭᠡᠭᠡᠯᠲᠡ ᠶᠢ ᠲᠦᠷᠭᠡᠳᠭᠡᠨ ᠠᠬᠢᠭᠤᠯᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠠ ᠨᠢᠭᠡᠳᠭᠡᠬᠦ ᠭᠡᠷᠡᠭᠲᠡᠢ      6. ᠦᠵᠡᠯ ᠰᠠᠨᠠᠭ᠎ᠠ ᠪᠠᠨ ᠲᠦᠪ ᠤᠨ ᠨᠠᠮ ᠠᠴᠠ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠲᠤᠬᠠᠢ ᠱᠠᠭᠠᠷᠳᠠᠯᠭ᠎ᠠ ᠳᠡᠭᠡᠷ᠎ᠠ ᠨᠢᠭᠡᠳᠭᠡᠬᠦ ᠭᠡᠷᠡᠭᠲᠡᠢ      ᠰᠢᠨ᠎ᠠ ᠬᠡᠪ ᠪᠠᠶᠢᠳᠠᠯ ᠢ ᠬᠦᠨᠵᠡᠭᠡᠢ ᠲᠠᠨᠢᠵᠦ᠂ ᠰᠢᠨ᠎ᠠ ᠭᠡᠪ ᠪᠠᠶᠢᠳᠠᠯ ᠳᠤ ᠰᠠᠨᠠᠭᠠᠴᠢᠯᠠᠭ᠎ᠠ ᠲᠠᠢ ᠵᠤᠬᠢᠴᠠᠵᠦ᠂ ᠰᠢᠨ᠎ᠠ ᠬᠡᠪ ᠪᠠᠶᠢᠳᠠᠯ ᠢ ᠢᠳᠡᠪᠬᠢᠳᠠᠢ ᠤᠳᠤᠷᠢᠳᠴᠦ᠂ ᠪᠠᠶᠢᠯᠳᠤᠬᠤ ᠪᠤᠳᠤᠯᠭ᠎ᠠ ᠶᠢᠨ ᠢᠳᠡᠭᠡᠯ ᠢᠶᠠᠨ ᠤᠯᠠᠮ ᠴᠢᠨᠠᠭᠰᠢᠳᠠ ᠨᠡᠮᠡᠭᠳᠡᠬᠦᠯᠵᠦ᠂ ᠬᠦᠭᠵᠢᠯᠲᠠ ᠶᠢᠨ ᠢᠳᠡᠭᠡᠯ ᠢᠶᠠᠨ ᠤᠯᠠᠮ ᠴᠢᠨᠠᠭᠰᠢᠳᠠ ᠪᠡᠳᠤᠳᠬᠠᠵᠤ᠂ ᠠᠵᠤ ᠠᠬᠤᠢ ᠶᠢᠨ ᠠᠵᠢᠯ ᠤᠨ ᠰᠠᠨᠠᠭᠠᠴᠢᠯᠠᠭᠠᠳᠦ ᠡᠷᠭᠡ ᠶᠢ ᠯᠠᠪᠳᠠᠭᠤᠨ ᠪᠠᠳᠤᠳᠠᠢ ᠠᠳᠬᠤᠵᠦ᠂ ᠠᠵᠤ ᠠᠬᠤᠢ ᠶᠢᠨ ᠥᠷᠭᠦᠯᠵᠢᠯᠡᠨ ᠡᠷᠡᠬᠦᠯ ᠢᠶᠠᠷ ᠬᠦᠭᠵᠢᠬᠦ ᠪᠠ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠴᠢᠷᠮᠠᠶᠢᠨ ᠠᠬᠢᠭᠤᠯᠬᠤ ᠭᠡᠷᠡᠭᠲᠡᠢ᠃ᠬᠤᠶᠠᠷ᠂ ᠡᠨᠡ ᠵᠢᠯ ᠤᠨ ᠠᠵᠤ ᠠᠬᠤᠢ ᠶᠢᠨ ᠠᠵᠢᠯ ᠢᠶᠠᠨ ᠰᠠᠶᠢᠳᠤᠷ ᠳ᠋ᠦᠩᠨᠡᠬᠦ ᠭᠡᠷᠡᠭᠳᠠᠢ      ᠠᠵᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠲᠠ ᠢᠳᠡᠷᠭᠡᠭ ᠠᠯᠬᠤᠮ ᠢ ᠠᠯᠬᠤᠵᠤ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠠᠵᠢᠯ ᠰᠠᠶᠢᠨ ᠰᠠᠶᠢᠬᠠᠨ ᠡᠬᠢᠯᠡᠯᠲᠡ ᠲᠠᠢ ᠪᠤᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠢᠳᠡᠪᠬᠢᠳᠠᠢ ᠦᠷ᠎ᠠ ᠪᠦᠳᠦᠮᠵᠢ ᠤᠯᠵᠦ᠂ ᠦᠨᠳᠦᠰᠦᠳᠠᠨ ᠨᠦᠭᠦᠳ ᠎ ᠤᠨ ᠤᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠥᠷᠬᠦᠯᠵᠢᠯᠠᠨ ᠰᠠᠶᠢᠵᠢᠷᠠᠵᠤ᠂ ᠪᠦᠬᠦ ᠤᠷᠤᠨ ᠤ ᠠᠵᠤ ᠠᠬᠤᠢ ᠶᠡᠷᠦᠩᠭᠡᠢ ᠲᠡᠭᠡᠷ᠎ᠠ ᠪᠠᠨ ᠲᠤᠭᠳᠠᠭᠤᠨ᠂ ᠲᠤᠭᠳᠠᠭᠤᠨ ᠤ ᠳᠤᠮᠳᠠ ᠤᠷᠤᠭᠰᠢᠯᠠᠯᠳᠠ ᠲᠠᠢ᠂ ᠲᠤᠭᠳᠠᠭᠤᠨ ᠤ ᠳᠤᠮᠳᠠ ᠰᠠᠶᠢᠵᠢᠷᠠᠯᠳᠡ ᠲᠠᠢ ᠪᠠᠶᠢᠬᠤ ᠪᠠᠶᠢᠳᠠᠯ ᠲᠠᠢ ᠪᠤᠯᠪᠡ᠃      ᠤᠨᠴᠠᠭᠠᠢᠢᠯᠠᠨ᠂ ᠪᠢᠳᠡ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠭᠡᠪ ᠪᠠᠶᠢᠳᠠᠯ ᠲᠠᠢ ᠢᠳᠡᠪᠬᠢᠳᠠᠢ ᠵᠤᠬᠢᠴᠠᠵᠦ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠰᠤᠬᠤᠷ ᠪᠠᠯᠠᠢ ᠪᠠᠷ ᠬᠦᠭᠡᠭᠡᠴᠡᠯᠳᠦᠭᠰᠡᠨ ᠦᠭᠡᠢ᠂ ᠬᠡᠯᠪᠡᠷᠢ ᠶᠢᠨ ᠬᠤᠪᠢᠷᠠᠭᠤᠯᠤᠯᠲᠠ ᠪᠦᠳᠦᠴᠡ ᠶᠢᠨ ᠲᠤᠬᠢᠷᠠᠭᠤᠯᠤᠯᠲᠠ ᠶᠢ ᠨᠡᠩ ᠴᠢᠬᠤᠯᠠᠴᠢᠯᠠᠨ ᠦᠵᠡᠵᠦ᠂ ᠬᠦᠭᠵᠢᠯᠲᠠ ᠶᠢᠨ ᠤᠢᠢᠯᠭᠠᠭᠳᠠᠬᠤᠨ᠂ ᠪᠠᠶᠢᠷᠢ ᠲᠤᠭᠳᠠᠭᠠᠯᠳᠠ᠂ ᠠᠷᠭ᠎ᠠ ᠵᠠᠮ ᠪᠠ ᠬᠠᠷᠠᠯᠳᠠ ᠶᠢ ᠰᠢᠨ᠎ᠠ ᠬᠡᠪ ᠪᠠᠶᠢᠳᠠᠯ ᠳᠡᠭᠡᠷ᠎ᠠ ᠲᠦᠪᠯᠡᠷᠡᠬᠦᠯᠵᠦ᠂ ᠠᠵᠢᠯ ᠤᠨ ᠪᠠᠶᠢᠷᠢᠯᠠᠭᠤᠯᠤᠯᠲᠠ᠂ ᠲᠦᠷᠦ ᠶᠢᠨ ᠪᠤᠳᠤᠯᠭ᠎ᠠ ᠠᠷᠭ᠎ᠠ ᠠᠪᠴᠠᠯ᠂ ᠰᠢᠯᠭᠠᠨ ᠲᠤᠭᠳᠠᠭᠠᠬᠤ ᠵᠢᠯᠤᠭᠤᠳᠤᠯᠭ᠎ᠠ ᠶᠢ ᠰᠢᠨ᠎ᠠ ᠬᠡᠪ ᠪᠠᠶᠢᠳᠠᠯ ᠤᠷᠤᠭᠤ ᠬᠦᠴᠦᠯᠡᠨ ᠰᠢᠯᠵᠢᠭᠦᠯᠵᠤ᠂ ᠠᠵᠤ ᠠᠬᠤᠢ ᠨᠡᠶᠢᠭᠡᠮ ᠤᠨ ᠬᠦᠭᠵᠢᠯᠲᠠ ᠰᠢᠨ᠎ᠠ ᠠᠮᠵᠢᠯᠳᠠ ᠤᠯᠪᠠ᠃ᠭᠤᠷᠪᠡ᠂ ᠢᠷᠡᠬᠦ ᠵᠢᠯ ᠤᠨ ᠠᠵᠤ ᠠᠬᠤᠢ ᠶᠢᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠎ᠠ      ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠢᠷᠡᠬᠦ ᠵᠢᠯ ᠤᠨ ᠠᠵᠢᠯ ᠤᠨ ᠰᠡᠳᠬᠢᠴᠡ᠂ ᠬᠠᠷᠠᠯᠳᠠ ᠪᠠ ᠠᠷᠭ᠎ᠠ ᠠᠪᠴᠠᠯ ᠢᠶᠠᠨ ᠰᠢᠨᠵᠢᠯᠡᠬᠦ ᠤᠬᠠᠭᠠᠨᠴᠢ ᠪᠠᠷ ᠲᠤᠭᠳᠠᠭᠠᠵᠦ᠂ ᠦᠭᠡᠷᠡᠴᠢᠯᠡᠯᠲᠡ ᠬᠦᠭᠵᠢᠯᠲᠠ ᠶᠢ ᠠᠬᠢᠭᠤᠯᠬᠤ ᠶᠢᠨ ᠬᠦᠴᠦᠯᠡᠬᠦ ᠴᠡᠭ ᠪᠠ ᠰᠢᠪᠳᠤᠯᠤᠯᠳᠠ ᠶᠢᠨ ᠴᠡᠭ ᠢ ᠤᠨᠤᠪᠴᠢᠳᠠᠢ ᠤᠯᠵᠦ᠂ ᠦᠭᠡᠷᠡᠴᠢᠯᠡᠯᠲᠡ ᠬᠦᠭᠵᠢᠯᠲᠠ ᠲᠤᠭᠳᠠᠭᠤᠨ ᠪᠠᠶᠢᠯᠭᠠᠬᠤ ᠡᠯ᠎ᠠ ᠲᠦᠷᠦᠯ ᠤᠨ ᠠᠵᠢᠯ ᠢᠶᠠᠨ ᠯᠠᠪᠳᠠᠭᠤᠨ ᠪᠠᠳᠤᠳᠠᠢ ᠬᠢᠬᠦ ᠭᠡᠷᠡᠭᠲᠡᠢ᠃      ᠠᠵᠤ ᠠᠬᠤᠢ ᠶᠢᠨ ᠬᠦᠭᠵᠢᠯᠲᠠ ᠶᠢᠨ ᠰᠢᠨ᠎ᠠ ᠬᠡᠪ ᠪᠠᠶᠢᠳᠠᠯ ᠠᠴᠠ ᠪᠤᠢ ᠪᠤᠯᠤᠭᠰᠠᠨ ᠬᠠᠨᠳᠤᠰᠢ ᠶᠢᠨ ᠴᠢᠨᠠᠷᠳᠠᠢ ᠬᠤᠪᠢᠷᠠᠯᠳᠠ ᠶᠢ ᠬᠦᠨᠵᠡᠭᠡᠢ ᠵᠠᠳᠠᠯᠤᠨ ᠰᠤᠳᠤᠯᠵᠦ᠂ ᠰᠢᠨ᠎ᠠ ᠭᠡᠪ ᠪᠠᠶᠢᠳᠠᠯ ᠳᠤ ᠠᠭᠤᠯᠤᠭᠳᠠᠬᠤ ᠬᠦᠭᠵᠢᠯᠲᠠ ᠶᠢᠨ ᠠᠵᠠ ᠲᠤᠬᠢᠶᠠᠯ ᠢ ᠴᠢᠳᠠᠮᠠᠭᠠᠢ ᠡᠵᠡᠮᠳᠡᠵᠦ᠂ ᠰᠢᠨ᠎ᠠ ᠬᠡᠪ ᠪᠠᠶᠢᠳᠠᠯ ᠠᠴᠠ ᠪᠤᠢ ᠪᠤᠯᠤᠭᠰᠠᠨ ᠲᠥᠭᠰᠢᠭᠦᠷᠢ ᠥᠷᠢᠰᠦᠯᠳᠦᠭᠡᠨ ᠢ ᠢᠳᠡᠪᠬᠢᠳᠠᠢ ᠠᠷᠭᠠᠴᠠᠬᠤ ᠭᠡᠷᠡᠭᠲᠡᠢ᠃      ᠠᠵᠤ ᠠᠬᠤᠢ ᠶᠢᠨ ᠬᠦᠭᠵᠢᠯᠲᠠ ᠶᠢᠨ ᠶᠠᠰᠤ ᠴᠢᠨᠠᠷ ᠪᠠ ᠦᠷ᠎ᠠ ᠠᠰᠢᠭ ᠢ ᠳᠡᠭᠡᠭᠰᠢᠯᠡᠬᠦᠯᠬᠦ ᠪᠠᠷ ᠭᠤᠤᠯ ᠪᠤᠯᠭᠠᠬᠤ ᠶᠢ ᠪᠠᠷᠢᠮᠳᠠᠯᠠᠵᠦ᠂ ᠬᠡᠯᠪᠡᠷᠢ ᠪᠠᠨ ᠬᠤᠪᠢᠷᠠᠭᠤᠯᠬᠤ ᠪᠦᠳᠦᠴᠡ ᠪᠠᠨ ᠲᠤᠬᠢᠷᠠᠭᠤᠯᠬᠤ ᠶᠢ ᠨᠡᠩ ᠴᠢᠬᠤᠯᠠ ᠪᠠᠶᠢᠷᠢᠨ ᠳᠤ ᠲᠠᠯᠪᠢᠵᠦ᠂ ᠦᠭᠡᠷᠡᠴᠢᠯᠡᠯᠲᠡ ᠶᠢᠨ ᠪᠤᠭᠤᠮᠳᠠ ᠰᠢᠪᠳᠤᠯᠬᠤ ᠶᠢ ᠬᠦᠴᠦᠳᠠᠢ ᠠᠳᠬᠤᠵᠦ᠂ ᠰᠢᠨ᠎ᠠ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠶᠢ ᠲᠤᠪᠤᠶᠢᠯᠭᠠᠵᠦ᠂ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠦ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠪᠠᠨ ᠡᠷᠴᠢᠮᠵᠢᠬᠦᠯᠵᠦ᠂ ᠦᠷᠬᠦᠯᠵᠢᠯᠡᠨ ᠬᠦᠭᠵᠢᠬᠦ᠂ ᠬᠡᠯᠪᠡᠷᠢ ᠶᠢ ᠬᠤᠪᠢᠷᠠᠭᠤᠯᠤᠨ ᠬᠦᠭᠵᠢᠬᠦ᠂ ᠵᠤᠬᠢᠴᠠᠯᠳᠤᠨ ᠬᠦᠭᠵᠢᠬᠦ᠂ ᠡᠶ᠎ᠡ ᠵᠤᠬᠢᠴᠠᠩᠭᠤᠢ ᠬᠦᠭᠵᠢᠬᠦ ᠶᠢ ᠪᠦᠬᠦ ᠬᠦᠴᠦᠨ ᠢᠶᠠᠷ ᠠᠬᠢᠭᠤᠯᠬᠤ ᠭᠡᠷᠡᠭᠳᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map