ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠡᠭᠦᠳᠦᠯᠲᠡ ᠶᠢᠨ ᠴᠢᠨᠠᠷᠲᠠᠶ ᠬᠦᠭᠵᠢᠭᠦᠯᠦᠯᠲᠡ ᠶᠢ ᠬᠡᠷᠬᠢᠨ ᠪᠡᠶᠡᠯᠡᠭᠦᠯᠬᠦ ᠪᠣᠢ
ᠨᠡᠶᠢᠲᠡᠯᠡᠭᠰᠡᠨ ᠴᠠᠭ᠄
2015/10/12
      ᠰᠣᠶᠣᠯ ᠨᠢ ᠪᠤᠰᠤᠳᠴᠢ ᠶᠢᠷᠲᠢᠨᠴᠦ ᠶᠢᠨ ᠲᠤᠰᠬᠠᠯ ᠪᠣᠯᠤᠭᠰᠠᠨ ᠤ ᠬᠤᠪᠢ ᠳᠤ ᠠᠵᠤ ᠠᠬᠤᠢ ᠨᠡᠶᠢᠭᠡᠮ ᠤᠨ ᠳᠠᠪᠰᠢᠯᠲᠠ ᠶᠢ ᠳᠠᠭᠠᠯᠳᠤᠨ ᠬᠦᠭᠵᠢᠨ ᠰᠢᠨᠡᠳᠬᠦ ᠨᠢ ᠵᠠᠶᠢᠯᠠᠰᠢ ᠦᠭᠡᠢ᠃ ᠲᠠᠯ᠎ᠠ ᠨᠤᠲᠤᠭ ᠤᠨ ᠰᠤᠶᠤᠯ ᠪᠣᠯ ᠦᠪᠦᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠳᠤ ᠦᠨᠳᠦᠰᠦᠯᠡᠭᠰᠡᠨ ᠰᠤᠶᠤᠯ ᠮᠦᠨ᠂ ᠦᠪᠦᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠤᠨ ᠳᠤᠮᠳᠠ ᠬᠦᠳᠡᠯᠦᠩᠭᠦᠢ ᠤᠯᠠᠮᠵᠢᠯᠠᠭᠳᠠᠵᠤ ᠪᠠᠶᠢᠭ᠎ᠠ ᠰᠤᠶᠤᠯ ᠪᠣᠯᠤᠨ᠎ᠠ᠃ ᠰᠢ ᠶᠢᠨ ᠫᠢᠩ ᠶᠡᠷᠦᠩᠬᠡᠶ ᠱᠦᠵᠢ ᠵᠢᠭᠠᠨ ᠭᠠᠷᠭᠠᠭᠰᠠᠨ ᠨᠢ᠂ ︽ᠤᠯᠠᠮᠵᠢᠯᠠᠯᠲᠤ ᠰᠤᠶᠤᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠡᠭᠦᠳᠦᠯᠲᠡ ᠶᠢᠨ ᠴᠢᠨᠠᠷᠲᠠᠶ ᠬᠦᠭᠵᠢᠭᠦᠯᠦᠯᠲᠡ ᠶᠢ ᠴᠢᠷᠮᠠᠶᠢᠨ ᠪᠡᠶᠡᠯᠡᠭᠦᠯᠵᠦ᠂ ᠡᠭᠦᠨ ᠤ ᠤᠯᠠᠮ ᠢᠶᠠᠷ ᠠᠬᠤᠢ ᠰᠤᠶᠤᠯ ᠯᠤᠭ᠎ᠠ ᠬᠠᠷᠢᠯᠴᠠᠨ ᠨᠡᠪᠴᠢᠭᠦᠯᠵᠦ᠂ ᠰᠤᠶᠤᠯᠲᠠᠳ ᠤᠨ ᠴᠠᠭ ᠦᠶ᠎ᠡ ᠶᠢᠨ ᠡᠭᠦᠷᠭᠡ ᠳᠤ ᠬᠠᠮᠲᠤ ᠦᠢᠯᠡᠴᠢᠯᠡᠭᠦᠯᠬᠦ ᠬᠡᠷᠡᠭᠲᠡᠢ︾ ᠭᠡᠵᠡᠢ᠃ ︽ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠡᠭᠦᠳᠦᠯᠲᠡ ᠶᠢᠨ ᠴᠢᠨᠠᠷᠲᠠᠶ ᠬᠦᠭᠵᠢᠭᠦᠯᠦᠯᠲᠡ︾᠎ ᠶᠢᠨ ᠴᠢᠭᠯᠡᠯᠲᠡ ᠎ ᠨᠢ ᠨᠠᠮ ᠤᠨ ᠰᠢᠨ᠎ᠡ ᠲᠡᠤᠬᠡ ᠶᠢᠨ ᠨᠦᠭᠦᠴᠡᠯ ᠳᠤᠤᠷ᠎ᠠ ᠰᠤᠶᠤᠯ ᠤᠨ ᠬᠦᠭᠵᠢᠯᠲᠡ ᠶᠢᠨ ᠵᠢᠮ᠎ᠡ ᠶᠤᠰᠤ ᠪᠤᠯᠤᠨ ᠰᠤᠶᠤᠯ ᠤᠨ ᠬᠦᠭᠵᠢᠯᠲᠡ ᠶᠢᠨ ᠬᠠᠷᠢᠭᠤᠴᠠᠯᠭ᠎ᠠ᠂ ᠡᠭᠦᠷᠭᠡ᠂ ᠵᠠᠮ ᠮᠥᠷ ᠤᠨ ᠲᠤᠬᠠᠢ ᠲᠠᠨᠢᠯᠲᠠ ᠨᠢᠭᠡᠨ ᠰᠢᠨ᠎ᠡ ᠳᠡᠭᠡᠳᠦ ᠬᠡᠮᠵᠢᠶ᠎ᠡ ᠳᠤ ᠬᠦᠷᠦᠭᠰᠡᠨ ᠤ ᠪᠡᠯᠭᠡ ᠲᠡᠮᠳᠡᠭ ᠮᠦᠨ ᠪᠦᠭᠡᠳ ᠲᠠᠯ᠎ᠠ ᠨᠤᠲᠤᠭ ᠤᠨ ᠰᠤᠶᠤᠯ ᠤᠨ ᠬᠦᠭᠵᠢᠯᠲᠡ ᠶᠢᠨ ᠴᠢᠭᠯᠡᠯ ᠰᠢᠩᠭᠡᠵᠦ ᠪᠠᠶᠢᠭ᠎ᠠ ᠶᠤᠮ᠃ ᠲᠡᠭᠡᠪᠡᠯ᠂ ᠲᠠᠯ᠎ᠠ ᠨᠤᠲᠤᠭ ᠤᠨ ᠰᠤᠶᠤᠯ ᠤᠨ  ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠡᠭᠦᠳᠦᠯᠲᠡ ᠶᠢᠨ ᠴᠢᠨᠠᠷᠲᠠᠶ ᠬᠦᠭᠵᠢᠭᠦᠯᠦᠯᠲᠡ ᠶᠢᠨ ᠴᠢᠬᠤᠯᠠ ᠠᠴᠢ ᠬᠤᠯᠪᠤᠭᠳᠠᠯ ᠎ ᠨᠢ ᠶᠠᠭᠤ ᠪᠣᠢ︖ ᠲᠠᠯ᠎ᠠ ᠨᠤᠲᠤᠭ ᠤᠨ ᠰᠤᠶᠤᠯ ᠢ ᠤᠯᠠᠮᠵᠢᠯᠠᠨ ᠬᠦᠭᠵᠢᠭᠦᠯᠬᠦ ᠶᠢᠨ ᠣᠳᠤᠬᠢ ᠪᠠᠶᠢᠳᠠᠯ ᠨᠢ ᠶᠠᠮᠠᠷ ᠪᠠᠶᠢᠬᠤ ᠪᠠ ᠶᠠᠮᠠᠷ ᠠᠰᠠᠭᠤᠳᠠᠯ ᠤᠷᠤᠰᠢᠵᠤ ᠪᠠᠶᠢᠬᠤ ᠪᠣᠢ︖ ᠲᠠᠯ᠎ᠠ ᠨᠤᠲᠤᠭ ᠤᠨ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠡᠭᠦᠳᠦᠯᠲᠡ ᠶᠢᠨ ᠴᠢᠨᠠᠷᠲᠠᠶ ᠬᠦᠭᠵᠢᠭᠦᠯᠦᠯᠲᠡ ᠶᠢ ᠬᠡᠷᠬᠢᠨ ᠪᠡᠶᠡᠯᠡᠭᠦᠯᠬᠦ ᠪᠣᠢ︖ ᠡᠨᠡ ᠲᠤᠬᠠᠢ᠂ ᠰᠤᠷᠪᠤᠯᠵᠢᠯᠠᠭᠴᠢ ᠦᠪᠦᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠸᠠᠩᠴᠤᠭ᠂ ᠪᠣᠥ ᠰᠡᠴᠡᠨ ᠪᠤᠯᠤᠨ ᠢ ᠰᠦᠩ 3 ᠰᠣᠳᠤᠯᠤᠭᠴᠢ ᠶᠢ ᠲᠤᠰᠬᠠᠶ ᠰᠤᠷᠪᠤᠯᠵᠢᠯᠠᠪᠠ᠃      ᠰᠤᠷᠪᠤᠯᠵᠢᠯᠠᠭᠴᠢ᠄ ᠲᠠᠯ᠎ᠠ ᠨᠤᠲᠤᠭ ᠤᠨ ᠰᠤᠶᠤᠯ ᠪᠣᠯ ᠳᠤᠮᠳᠠᠳᠤ ᠶᠢᠨ ᠰᠤᠶᠤᠯ ᠤᠨ ᠭᠤᠷᠪᠠᠨ ᠶᠡᠭᠡ ᠡᠬᠢ ᠰᠠᠩ ᠪᠣᠯᠬᠤ ᠪᠦᠭᠡᠳ ᠪᠠᠰᠠᠴᠤ ᠡᠳᠦᠭᠡ ᠶᠢᠨ ᠦᠪᠦᠷ ᠮᠣᠩᠭᠤᠯ ᠤᠨ ᠬᠠᠮᠤᠭ ᠤᠨ ᠣᠨᠴᠠᠯᠢᠭ ᠲᠠᠢ ᠪᠦᠭᠡᠳ ᠠᠮᠢᠵᠢᠷᠠᠯ ᠤᠨ ᠬᠦᠴᠦᠨ ᠲᠠᠢ ᠤᠷᠤᠨ ᠨᠤᠲᠤᠭ ᠤᠨ ᠰᠤᠶᠤᠯ ᠪᠣᠯᠤᠨ᠎ᠠ᠃ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠶᠢ ᠪᠦᠬᠦ ᠲᠠᠯ ᠪᠠᠷ ᠭᠦᠨᠵᠡᠭᠡᠶᠢᠷᠡᠵᠦ᠂ ᠰᠣᠶᠣᠯ ᠤᠨ ᠪᠠᠶᠢᠭᠤᠯᠤᠯᠲᠠ ᠲᠠᠰᠤᠷᠠᠯᠲᠠ ᠦᠭᠡᠶ ᠴᠢᠩᠭᠠᠷᠠᠵᠤ ᠪᠠᠶᠢᠭ᠎ᠠ ᠦᠨᠦᠳᠦᠷ᠂ ᠲᠠᠯ᠎ᠠ ᠨᠤᠲᠤᠭ ᠤᠨ ᠰᠤᠶᠤᠯ ᠤᠨ ᠲᠡᠥᠬᠡ ᠶᠢᠨ ᠦᠨ᠎ᠡ ᠴᠠᠨ᠎ᠠ ᠪᠠ ᠪᠣᠳᠠᠲᠤ ᠠᠴᠢ ᠬᠤᠯᠪᠤᠭᠳᠠᠯ ᠢ ᠡᠳᠦᠷ ᠢᠷᠡᠬᠦᠶ᠎ᠡ ᠳᠣᠪᠤᠶᠢᠯᠭᠠᠵᠤ᠂ ᠲᠠᠯ᠎ᠠ ᠨᠤᠲᠤᠭ ᠤᠨ ᠰᠤᠶᠤᠯ ᠭᠡᠮᠡᠬᠦ ᠦᠪᠦᠷ ᠮᠤᠩᠭᠤᠯ ᠤᠨ ᠬᠠᠮᠤᠭ ᠤᠨ ᠲᠥᠯᠥᠭᠡᠯᠡᠬᠦ ᠴᠢᠨᠠᠷᠲᠠᠢ ᠰᠣᠶᠣᠯ ᠤᠨ ᠨᠡᠷᠡᠲᠦ ᠲᠦᠷᠦᠯ ᠲᠡᠮᠳᠡᠭᠲᠦ ᠪᠠ ᠲᠡᠮᠳᠡᠭ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ ᠪᠠ ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠶᠢᠨ ᠴᠢᠬᠤᠯᠠ ᠠᠴᠢ ᠬᠤᠯᠪᠤᠭᠳᠠᠯ ᠨᠢ ᠶᠠᠭᠤ ᠪᠣᠢ︖      ᠸᠠᠩᠴᠤᠭ᠄ ᠡᠩ ᠲᠡᠷᠢᠭᠦᠨ ᠳᠤ᠂ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠤᠨ ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠨᠢ ᠲᠡᠭᠦᠨ ᠤ ᠲᠤᠰ ᠪᠡᠶ᠎ᠡ ᠶᠢᠨ ᠰᠢᠰᠲ᠋ᠧᠮ ᠢ ᠬᠠᠮᠠᠭᠠᠯᠠᠬᠤ᠂ ᠤᠯᠠᠮᠵᠢᠯᠠᠬᠤ ᠪᠠ ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ ᠳᠤ ᠲᠦᠢᠯ ᠤᠨ ᠢᠳᠡᠪᠬᠢᠲᠡᠢ ᠲᠦᠯᠬᠢᠨ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃ ᠤᠷᠴᠢᠮ ᠤᠨ ᠵᠢᠯ ᠤᠳ ᠲᠤ᠂ ᠦᠪᠦᠷ ᠮᠤᠩᠭᠤᠯ ᠲᠠᠯ᠎ᠠ ᠨᠤᠲᠤᠭ ᠤᠨ ᠰᠤᠶᠣᠯ ᠤᠨ ᠲᠣᠭᠤᠷᠢᠨ ᠳᠤ ᠶᠡᠭᠡ ᠬᠡᠮᠵᠢᠶᠡᠨ ᠤ ᠦᠯᠡᠮᠵᠢ ᠦᠷ᠎ᠡ ᠪᠦᠲᠦᠮᠵᠢᠲᠡᠢ ᠦᠨᠡᠨ ᠪᠣᠳᠠᠲᠠᠢ ᠠᠵᠢᠯ ᠬᠢᠵᠦ᠂ ᠲᠠᠯ᠎ᠠ ᠨᠤᠲᠤᠭ ᠤᠨ ᠰᠤᠶᠤᠯ ᠤᠨ ᠡᠷᠳᠡᠮ ᠰᠢᠨᠵᠢᠯᠡᠭᠡ ᠶᠢᠨ ᠰᠣᠳᠤᠯᠤᠯ᠂ ᠰᠤᠳᠤᠯᠭᠠᠨ ᠤ ᠰᠠᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ ᠲᠠᠯ᠎ᠠ ᠨᠤᠲᠤᠭ ᠤᠨ ᠰᠤᠶᠤᠯ ᠢᠶᠠᠷ ᠣᠨᠴᠠᠯᠢᠭ ᠪᠣᠯᠭᠠᠭᠰᠠᠨ ᠪᠠ ᠭᠤᠣᠯ ᠰᠡᠳᠦᠪ ᠪᠣᠯᠭᠠᠭᠰᠠᠨ ᠰᠤᠶᠤᠯ ᠤᠨ ᠰᠣᠯᠢᠯᠴᠠᠭ᠎ᠠ᠂ ᠰᠤᠶᠤᠯ ᠤᠨ ᠦᠢᠯᠡᠰ᠂ ᠰᠤᠶᠤᠯ ᠤᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠮᠠᠰᠢ ᠰᠠᠶᠢᠨ ᠠᠮᠵᠢᠯᠲᠠ ᠣᠯᠵᠤ᠂ ᠦᠪᠡᠷ ᠤᠨ ᠦᠪᠡᠷᠮᠢᠴᠡ ᠤᠨᠴᠠᠯᠢᠭᠲᠤ ᠳᠠᠪᠠᠭᠤᠯᠢᠭ ᠢ ᠪᠦᠷᠢᠯᠳᠦᠭᠦᠯᠪᠡ᠃ ᠰᠢᠨ᠎ᠡ ᠶᠢ ᠡᠭᠦᠳᠬᠦ ᠪᠣᠯ ᠰᠤᠶᠤᠯ ᠤᠨ ᠡᠬᠢ ᠪᠠᠶᠠᠯᠢᠭ ᠢ ᠬᠠᠮᠠᠭᠠᠯᠠᠬᠤ ᠬᠠᠮᠤᠭ ᠎ ᠤᠨ ᠪᠦᠲᠦᠮᠵᠢᠲᠡᠢ ᠠᠷᠭ᠎ᠠ ᠬᠡᠯᠪᠡᠷᠢ ᠪᠣᠯᠣᠨ᠎ᠠ᠃ ᠲᠠᠯ᠎ᠠ ᠨᠤᠲᠤᠭ ᠤᠨ ᠰᠤᠶᠤᠯ ᠢ ᠰᠢᠨᠡᠴᠢᠯᠡᠬᠦ ᠳᠤ᠂ ᠣᠳᠣ ᠦᠶ᠎ᠡ ᠶᠢᠨ ᠣᠨᠤᠯ᠂ ᠣᠳᠣ ᠦᠶ᠎ᠡ ᠶᠢᠨ ᠮᠡᠷᠭᠡᠵᠢᠯ ᠬᠢᠭᠡᠳ ᠬᠠᠮᠢᠶᠠᠷᠤᠯᠲᠠ ᠶᠢ ᠬᠡᠷᠡᠭᠯᠡᠨ ᠲᠡᠭᠦᠨ ᠤ ᠢᠵᠠᠭᠤᠷ ᠰᠢᠰᠲ᠋ᠧᠮᠵᠢ ᠶᠢ ᠰᠢᠨᠡᠴᠢᠯᠡᠵᠦ᠂ ᠲᠡᠭᠦᠨ ᠳᠤ ᠨᠡᠩ ᠤᠯᠠᠨ ᠰᠢᠨ᠎ᠡ ᠰᠤᠷᠭᠤᠭ ᠡᠯᠧᠮᠧᠨ᠋ᠲ ᠣᠷᠤᠭᠤᠯᠵᠤ᠂ᠲᠡᠭᠦᠨ ᠢ ᠨᠡᠩ ᠢᠯᠡᠭᠦᠦ ᠴᠠᠭ ᠦᠶᠡᠴᠢ ᠴᠢᠨᠠᠷᠲᠠᠢ ᠪᠤᠯᠭᠠᠬᠤ ᠴᠢᠬᠤᠯᠠ ᠲᠠᠢ ᠶᠤᠮ᠃ ᠭᠠᠨᠴᠠᠬᠦ ᠲᠠᠰᠤᠷᠠᠯᠲᠠ ᠦᠭᠡᠢ ᠰᠢᠨ᠎ᠡ ᠶᠢ ᠡᠭᠦᠳᠪᠡᠯ᠂ ᠲᠠᠯ᠎ᠠ ᠨᠤᠲᠤᠭ ᠤᠨ ᠰᠤᠶᠤᠯ ᠰᠠᠶ᠋ᠢ ᠨᠡᠩ ᠡᠶ᠎ᠡ ᠵᠣᠬᠢᠴᠠᠩᠭᠤᠢ ᠪᠠᠷ ᠡᠳᠦᠭᠡ ᠴᠠᠭ ᠲᠤ ᠠᠭᠤᠰᠤᠨ ᠨᠠᠪᠴᠢᠵᠤ᠂ ᠥᠪᠡᠷ ᠤᠨ ᠰᠢᠰᠲ᠋ᠧᠮ ᠢᠶᠠᠨ ᠨᠡᠩ ᠪᠦᠲᠦᠮᠵᠢᠲᠡᠢ ᠬᠠᠮᠠᠭᠠᠯᠠᠨ ᠤᠯᠠᠮᠵᠢᠯᠠᠵᠤ᠂ ᠦᠪᠡᠷ ᠤᠨ ᠠᠮᠢᠵᠢᠷᠠᠯ ᠤᠨ ᠬᠦᠴᠦᠨ ᠪᠤᠯᠤᠨ ᠴᠠᠭ ᠦᠶ᠎ᠡ ᠶᠢᠨ ᠦᠨ᠎ᠡ ᠴᠠᠨ᠎ᠠ ᠶᠢ ᠳᠡᠭᠡᠭᠰᠢᠯᠡᠭᠦᠯᠵᠦ ᠴᠢᠳᠠᠨ᠎ᠠ᠃      ᠳᠠᠷᠠᠭ᠎ᠠ ᠳᠤᠨᠢ᠂ ᠲᠠᠯ᠎ᠠ ᠨᠤᠲᠤᠭ ᠤᠨ ᠰᠤᠶᠤᠯ ᠢ ᠪᠦᠲᠦᠭᠡᠯᠴᠢ ᠴᠢᠨᠠᠷᠲᠠᠢ ᠬᠤᠪᠢᠷᠠᠭᠤᠯᠤᠨ ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠨᠢ ᠦᠪᠦᠷ ᠮᠣᠩᠭᠤᠯ ᠤᠨ ᠤᠷᠤᠨ ᠨᠤᠲᠤᠭ ᠤᠨ ᠰᠤᠶᠤᠯ ᠤᠨ ᠪᠠᠶᠢᠭᠤᠯᠤᠯᠲᠠ ᠳᠤ ᠮᠠᠰᠢ ᠴᠢᠬᠤᠯᠠ ᠪᠣᠳᠠᠲᠤ ᠠᠴᠢ ᠬᠤᠯᠪᠤᠭᠳᠠᠯ ᠶᠤᠮ᠃ ᠲᠠᠯ᠎ᠠ ᠨᠤᠲᠤᠭ ᠤᠨ ᠰᠤᠶᠤᠯ ᠪᠣᠯ ᠦᠨᠳᠦᠰᠦᠲᠡᠨ ᠤ ᠰᠤᠶᠤᠯ ᠬᠢᠭᠡᠳ ᠤᠷᠤᠨ ᠨᠤᠲᠤᠭ ᠤᠨ ᠰᠤᠶᠤᠯ᠂ ᠨᠡᠭᠦᠳᠡᠯ ᠰᠤᠶᠤᠯ ᠬᠢᠭᠡᠳ ᠪᠣᠰᠤᠳ ᠰᠤᠶᠤᠯ᠂ ᠤᠯᠠᠮᠵᠢᠯᠠᠯᠲᠤ ᠰᠤᠶᠤᠯ ᠬᠢᠭᠡᠳ ᠣᠳᠣ ᠦᠶ᠎ᠡ ᠶᠢᠨ ᠰᠤᠶᠤᠯ ᠤᠨ ᠨᠢᠭᠡᠲᠦᠯ ᠮᠦᠨ᠂ ᠥᠪᠥᠷ ᠮᠣᠩᠭᠤᠯ ᠤᠨ ᠬᠠᠮᠤᠭ ᠤᠨ ᠲᠦᠭᠡᠮᠡᠯ ᠠᠴᠢ ᠬᠤᠯᠪᠣᠭᠳᠠᠯ ᠲᠠᠢ ᠰᠣᠶᠣᠯ ᠤᠨ ᠦᠨᠳᠦᠰᠦ ᠰᠠᠭᠤᠷᠢ ᠮᠦᠨ᠃ ᠦᠪᠦᠷ ᠮᠣᠩᠭᠤᠯ ᠤᠨ ᠦᠨᠳᠦᠰᠦᠲᠡᠨ ᠤ ᠰᠤᠶᠤᠯ ᠤᠨ ᠬᠦᠴᠦᠷᠬᠡᠭ ᠤᠷᠤᠨ ᠢ ᠪᠦᠲᠦᠭᠡᠨ ᠪᠠᠶᠢᠭᠤᠯᠬᠤ ᠪᠠ ︽8337︾ ᠬᠦᠭᠵᠢᠯᠲᠡ ᠶᠢᠨ ᠰᠡᠳᠬᠢᠴᠡ ᠨᠢ ᠪᠦᠷ ᠲᠠᠯ᠎ᠠ ᠨᠤᠲᠤᠭ ᠤᠨ ᠰᠤᠶᠤᠯ ᠤᠨ ᠲᠤᠯᠭᠠᠭᠤᠷᠢᠯᠠᠬᠤ ᠦᠢᠯᠡᠳᠦᠯ ᠠᠴᠠ ᠰᠠᠯᠵᠤ ᠴᠢᠳᠠᠬᠤ ᠦᠭᠡᠢ ᠶᠤᠮ᠃ ᠡᠶᠢᠮᠦ ᠠᠴᠠ᠂ ᠲᠠᠯ᠎ᠠ ᠨᠤᠲᠤᠭ ᠤᠨ ᠰᠤᠶᠤᠯ ᠢ ᠪᠦᠲᠦᠭᠡᠯᠴᠢ ᠴᠢᠨᠠᠷᠲᠠᠢ ᠬᠤᠪᠢᠷᠠᠭᠤᠯᠤᠨ ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠨᠢ ᠦᠪᠦᠷ ᠮᠣᠩᠭᠤᠯ ᠤᠨ ᠤᠷᠤᠨ ᠨᠤᠲᠤᠭ ᠤᠨ ᠠᠵᠤ ᠠᠬᠤᠢ ᠰᠤᠶᠤᠯ ᠤᠨ ᠪᠦᠲᠦᠭᠡᠨ ᠪᠠᠶᠢᠭᠤᠯᠤᠯᠲᠠ᠂ ᠨᠡᠩ ᠢᠯᠠᠩᠭᠤᠶ᠎ᠠ ᠰᠤᠶᠤᠯ ᠤᠨ ᠠᠵᠤ ᠦᠢᠯᠡᠰ᠂ ᠰᠤᠶᠤᠯ ᠨᠡᠭᠦᠳᠡᠯ ᠮᠠᠯᠵᠢᠯ ᠤᠨ ᠦᠢᠯᠡᠰ ᠤᠨ ᠬᠦᠭᠵᠢᠯᠲᠡ᠂ ᠤᠷᠤᠨ ᠨᠤᠲᠤᠭ ᠤᠨ ᠰᠤᠶᠤᠯ ᠤᠨ ᠨᠡᠷᠡᠲᠦ ᠲᠦᠷᠦᠯ ᠲᠡᠮᠳᠡᠭᠲᠦ ᠶᠢᠨ ᠪᠠᠶᠢᠭᠤᠯᠤᠯᠲᠠ᠂ ᠭᠠᠵᠠᠷ ᠤᠷᠤᠨ ᠤ ᠰᠤᠶᠤᠯ ᠤᠨ ᠨᠦᠯᠦᠭᠡᠯᠡᠬᠦ ᠬᠦᠴᠦ᠂ ᠰᠤᠶᠤᠯ ᠤᠨ ᠨᠢᠭᠲᠠᠷᠠᠯ ᠤᠨ ᠬᠦᠴᠦᠨ ᠤ ᠳᠡᠭᠡᠭᠰᠢᠯᠡᠭᠦᠯᠦᠯᠲᠡ ᠵᠢᠴᠢ ᠨᠡᠶᠢᠭᠡᠮ ᠤᠨ ᠡᠶ᠎ᠡ ᠵᠣᠬᠢᠴᠠᠯ᠂ ᠦᠨᠳᠦᠰᠦᠲᠡᠨ ᠤ ᠪᠦᠯᠬᠦᠮᠳᠡᠯ ᠤᠨ ᠠᠬᠢᠭᠤᠯᠤᠯᠲᠠ ᠵᠡᠷᠭᠡ ᠳᠤ ᠪᠦᠷ ᠥᠪᠡᠷᠮᠢᠴᠡ ᠪᠣᠳᠠᠲᠤ ᠠᠴᠢ ᠬᠤᠯᠪᠣᠭᠳᠠᠯ ᠲᠠᠢ ᠶᠤᠮ᠃      ᠭᠤᠷᠪᠠ ᠳᠤ᠂ ᠲᠠᠯ᠎ᠠ ᠨᠤᠲᠤᠭ ᠤᠨ ᠰᠤᠶᠤᠯ ᠢ ᠪᠦᠲᠦᠭᠡᠯᠴᠢ ᠴᠢᠨᠠᠷᠲᠠᠢ ᠬᠤᠪᠢᠷᠠᠭᠤᠯᠤᠨ ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠨᠢ ᠥᠪᠥᠷ ᠮᠣᠩᠭᠤᠯ ᠤᠨ ᠭᠠᠳᠠᠭᠠᠳᠤ ᠨᠡᠭᠡᠭᠡᠯᠲᠡ ᠶᠢᠨ ᠠᠵᠤ ᠦᠢᠯᠡᠰ ᠲᠤ ᠰᠣᠶᠣᠯ ᠤᠨ ᠢᠳᠡᠪᠬᠢᠲᠡᠢ ᠵᠠᠮᠴᠢ ᠶᠢᠨ ᠠᠴᠢ ᠬᠤᠯᠪᠣᠭᠳᠠᠯ ᠲᠠᠢ ᠶᠤᠮ᠃ ᠲᠣᠷᠭᠠᠨ ᠵᠠᠮ ᠤᠨ ᠠᠵᠤ ᠠᠬᠤᠢ ᠶᠢᠨ ᠪᠦᠰᠡ ᠪᠤᠯᠤᠨ ᠳᠤᠮᠳᠠᠳᠤ ᠤᠷᠤᠰ ᠮᠣᠩᠭᠤᠯ ᠭᠤᠷᠪᠠᠨ ᠤᠯᠤᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠤᠯᠭ᠎ᠠ ᠶᠢᠨ ᠪᠣᠳᠤᠯᠬᠢᠯᠠᠯ ᠨᠢ ᠡᠷᠲᠡᠨ ᠤ ᠲᠣᠷᠭᠠᠨ ᠵᠠᠮ ᠤᠨ ᠲᠡᠤᠬᠡᠨ ᠰᠤᠶᠤᠯ ᠤᠨ ᠤᠯᠠ ᠮᠦᠷ ᠢ ᠦᠨᠳᠦᠰᠦᠯᠡᠪᠡ᠃ ᠲᠠᠯ᠎ᠠ ᠨᠤᠲᠤᠭ ᠤᠨ ᠲᠣᠷᠭᠠᠨ ᠵᠠᠮ ᠪᠣᠯ ᠲᠠᠯ᠎ᠠ ᠨᠤᠲᠤᠭ ᠤᠨ ᠰᠤᠶᠤᠯ ᠤᠨ ᠬᠠᠮᠤᠭ ᠠᠴᠠ ᠲᠦᠪᠯᠡᠷᠡᠩᠭᠦᠢ ᠲᠠᠷᠬᠠᠴᠠ᠂ ᠳᠣᠷᠣᠨᠠᠳᠠᠬᠢᠨ ᠪᠠ ᠥᠷᠥᠨᠡᠳᠠᠬᠢᠨ ᠤ ᠰᠣᠶᠣᠯ ᠤᠨ ᠨᠡᠶᠢᠯᠡᠯ ᠤᠨ ᠬᠠᠮᠤᠭ ᠤᠨ ᠦᠷᠨᠢᠭᠦᠨ ᠰᠣᠶᠣᠯ ᠤᠨ ᠬᠤᠩᠭᠢᠯ ᠪᠣᠯᠵᠤ ᠪᠠᠶᠢᠪᠠ᠃ ᠦᠪᠦᠷ ᠮᠣᠩᠭᠤᠯ ᠪᠣᠯ ᠳᠤᠮᠳᠠᠳᠤ ᠤᠯᠤᠰ ᠤᠨ ᠲᠠᠯ᠎ᠠ ᠨᠤᠲᠤᠭ ᠤᠨ ᠰᠤᠶᠤᠯ ᠤᠨ ᠲᠥᠪ ᠤᠷᠤᠨ ᠪᠣᠯᠵᠤ᠂ ᠤᠮᠠᠷᠠᠰᠢ ᠤᠷᠤᠰ ᠮᠣᠩᠭᠤᠯ ᠬᠤᠶᠠᠷ ᠤᠯᠤᠰ ᠲᠠᠢ ᠵᠠᠬ᠎ᠠ ᠨᠡᠶᠢᠯᠡᠵᠦ᠂ ᠮᠠᠨ ᠤ ᠤᠯᠤᠰ ᠤᠨ ᠤᠮᠠᠷᠠᠰᠢ ᠨᠡᠬᠡᠬᠡᠯᠲᠡ ᠶᠢᠨ ᠴᠣᠩᠬᠤ ᠪᠠ ᠬᠦᠭᠦᠷᠭᠡ ᠪᠣᠯᠤᠨ᠎ᠠ᠃ ᠭᠠᠳᠠᠭᠠᠳᠤ ᠲᠠᠢ ᠠᠵᠤ ᠠᠬᠤᠢ ᠶᠢᠨ ᠬᠠᠮᠲᠤᠷᠠᠯᠴᠠᠭ᠎ᠠ ᠬᠢᠬᠦ ᠳᠤ ᠰᠤᠶᠤᠯ ᠢᠶᠠᠷ ᠵᠠᠮᠴᠢ ᠪᠣᠯᠭᠠᠬᠤ ᠬᠡᠷᠡᠭᠲᠡᠢ ᠶᠤᠮ᠃      ᠡᠶᠢᠮᠦ ᠠᠴᠠ᠂ ᠲᠠᠯ᠎ᠠ ᠨᠤᠲᠤᠭ ᠤᠨ ᠰᠤᠶᠤᠯ ᠢ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠶᠡᠭᠡ ᠪᠠᠶᠢᠷᠢᠭᠤᠯᠤᠯᠲᠠ ᠳᠤ ᠤᠷᠤᠭᠤᠯᠵᠤ᠂ ᠲᠠᠯ᠎ᠠ ᠨᠤᠲᠤᠭ ᠤᠨ ᠰᠤᠶᠤᠯ ᠤᠨ ᠴᠠᠭ ᠦᠶ᠎ᠡ ᠶᠢᠨ ᠦᠨ᠎ᠡ ᠴᠠᠨ᠎ᠠ ᠶᠢ ᠪᠣᠯᠪᠠᠰᠤᠷᠠᠭᠤᠯᠤᠨ ᠡᠭᠦᠳᠴᠦ᠂ ᠲᠠᠯ᠎ᠠ ᠨᠤᠲᠤᠭ ᠤᠨ ᠰᠤᠶᠤᠯ ᠢᠶᠠᠷ ᠬᠦᠮᠦᠨ ᠰᠤᠶᠤᠯ ᠤᠨ ᠬᠤᠯᠪᠤᠭᠠᠰᠤ ᠪᠣᠯᠭᠠᠵᠤ᠂ ᠲᠠᠯ᠎ᠠ ᠨᠤᠲᠤᠭ ᠤᠨ ᠲᠣᠷᠭᠠᠨ ᠵᠠᠮ ᠳᠠᠭᠠᠦ ᠡᠯ᠎ᠡ ᠤᠯᠤᠰ ᠯᠤᠭ᠎ᠠ ᠥᠷᠭᠡᠨ ᠬᠡᠪᠴᠢᠶᠡᠨ ᠤ ᠰᠣᠶᠣᠯ ᠤᠨ ᠬᠠᠮᠲᠤ ᠶᠢᠨ ᠲᠠᠨᠢᠯᠲᠠ ᠶᠢ ᠪᠣᠢ ᠪᠣᠯᠭᠠᠵᠤ᠂ ᠲᠠᠯ᠎ᠠ ᠨᠤᠲᠤᠭ ᠤᠨ ᠰᠤᠶᠤᠯ ᠢᠶᠠᠷ ᠣᠨᠴᠠᠯᠢᠭ ᠪᠠ ᠭᠤᠣᠯ ᠰᠡᠳᠦᠪ ᠪᠣᠯᠭᠠᠭᠰᠠᠨ ᠰᠤᠶᠤᠯ ᠤᠨ ᠰᠣᠯᠢᠯᠴᠠᠭ᠎ᠠ᠂ ᠰᠤᠶᠤᠯ ᠤᠨ ᠠᠵᠤ ᠦᠢᠯᠡᠰ ᠤᠨ ᠰᠢᠰᠲ᠋ᠧᠮᠵᠢ ᠶᠢ ᠬᠠᠮᠲᠤᠪᠡᠷ ᠴᠣᠭᠴᠠᠯᠠᠬᠤ ᠨᠢ᠂ ᠦᠪᠦᠷ ᠮᠣᠩᠭᠤᠯ ᠤᠨ ᠭᠠᠳᠠᠭᠠᠳᠤ ᠰᠤᠶᠤᠯ ᠤᠨ ᠨᠦᠯᠦᠭᠡᠯᠡᠬᠦ ᠬᠦᠴᠦᠨ ᠢ ᠳᠡᠭᠡᠭᠰᠢᠯᠡᠭᠦᠯᠬᠦ ᠳᠤ ᠴᠦ ᠲᠡᠷᠡ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠤᠯᠠᠨ ᠤᠯᠤᠰ ᠤᠨ ᠵᠦᠭᠡᠯᠡᠨ ᠤᠷᠴᠢᠨ ᠠᠬᠤᠢ ᠶᠢ ᠰᠠᠶᠢᠵᠢᠷᠠᠭᠤᠯᠬᠤ ᠪᠠ ᠲᠡᠭᠦᠨ ᠤ ᠲᠥᠪᠯᠡᠩᠭᠦᠢ ᠬᠦᠴᠦᠨ᠂ ᠨᠡᠶᠢᠯᠡᠯ ᠬᠦᠴᠦᠨ᠂ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠬᠦ ᠳᠤ ᠴᠦ ᠲᠡᠷᠡ ᠪᠦᠷ ᠯᠤᠲᠤ ᠶᠡᠭᠡ ᠳᠠᠯᠳᠠ ᠦᠨ᠎ᠡ ᠴᠠᠨ᠎ᠠ ᠲᠠᠢ ᠶᠤᠮ᠃      ᠰᠣᠷᠪᠤᠯᠵᠢᠯᠠᠭᠴᠢ᠄ ᠬᠦᠮᠦᠨ ᠲᠦᠷᠦᠯᠬᠢᠲᠡᠨ ᠤ ᠲᠡᠥᠬᠡ ᠶᠢᠨ ᠠᠬᠢᠴᠠ ᠶᠢᠨ ᠲᠦᠷᠭᠡᠳᠬᠦ ᠶᠢ ᠳᠠᠭᠠᠯᠳᠤᠨ᠂ ᠤᠶᠢᠷ᠎ᠠ ᠶᠢᠨ ᠦᠶ᠎ᠡ ᠣᠳᠣ ᠦᠶ᠎ᠡ ᠠᠴᠠ ᠨᠠᠰᠢ᠂ ᠳᠡᠯᠡᠬᠡᠢ ᠶᠢᠨ ᠡᠯ᠎ᠡ ᠭᠠᠵᠠᠷ ᠤᠷᠤᠨ᠂ ᠡᠯ᠎ᠡ ᠦᠨᠳᠦᠰᠦᠲᠡᠨ ᠤ ᠰᠤᠶᠤᠯ ᠤᠨ ᠤᠯᠠᠷᠢᠯᠲᠠ᠂ ᠨᠡᠶᠢᠯᠡᠯᠲᠡ ᠶᠢᠨ ᠬᠥᠭ ᠠᠶᠢᠵᠠᠮ ᠮᠡᠳᠡᠭᠳᠡᠮ᠎ᠡ ᠲᠦᠷᠭᠡᠳᠴᠦ᠂ ᠲᠠᠯ᠎ᠠ ᠨᠤᠲᠤᠭ ᠲᠤ ᠨᠤᠲᠤᠭ ᠤᠨ ᠰᠤᠶᠤᠯ ᠪᠠ ᠭᠠᠳᠠᠨ᠎ᠠ ᠶᠢᠨ ᠰᠤᠶᠤᠯ ᠤᠨ ᠤᠷᠢᠳ ᠭᠠᠷᠤᠭᠠᠳᠤᠶ ᠶᠡᠭᠡ ᠳᠣᠯᠭᠢᠰᠤᠯᠲᠠ᠂ ᠶᠡᠭᠡ ᠮᠥᠷᠭᠦᠯᠳᠦᠯ᠂ ᠶᠡᠭᠡ ᠨᠡᠶᠢᠯᠡᠯᠲᠡ ᠶᠢᠨ ᠴᠠᠭ ᠦᠶ᠎ᠡ ᠬᠦᠷᠴᠦ ᠢᠷᠡᠪᠡ᠃ ᠶᠠᠭ ᠡᠶᠢᠮᠦ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ᠂ ᠲᠠᠯ᠎ᠠ ᠨᠤᠲᠤᠭ ᠤᠨ ᠰᠤᠶᠤᠯ ᠢ ᠤᠯᠠᠮᠵᠢᠯᠠᠨ ᠬᠥᠭᠵᠢᠭᠦᠯᠬᠦ ᠪᠠᠶᠢᠳᠠᠯ ᠶᠠᠮᠠᠷ ᠪᠠᠶᠢᠬᠤ ᠪᠠ ᠶᠠᠮᠠᠷ ᠠᠰᠠᠭᠤᠳᠠᠯ ᠤᠷᠤᠰᠢᠵᠤ ᠪᠠᠶᠢᠬᠤ ᠪᠣᠢ︖      ᠪᠣᠥ ᠰᠡᠴᠡᠨ᠄ ᠤᠶᠢᠷ᠎ᠠ ᠶᠢᠨ ᠦᠶ᠎ᠡ ᠣᠳᠣ ᠦᠶ᠎ᠡ ᠠᠴᠠ ᠨᠠᠰᠢ᠂ ᠲᠠᠯ᠎ᠠ ᠨᠤᠲᠤᠭ ᠤᠨ ᠬᠦᠮᠦᠨ ᠠᠮᠠ ᠶᠢᠨ ᠪᠠᠶᠢᠭᠠᠯᠢᠯᠢᠭ ᠨᠡᠮᠡᠭᠳᠡᠬᠦ᠂ ᠪᠠᠶᠢᠭᠠᠯᠢ ᠶᠢᠨ ᠣᠷᠴᠢᠨ ᠠᠬᠤᠢ ᠶᠢᠨ ᠨᠦᠭᠦᠴᠡᠯ ᠤᠨ ᠬᠤᠪᠢᠷᠠᠬᠤ᠂ ᠳᠤᠲᠤᠷ᠎ᠠ ᠭᠠᠵᠠᠷ ᠤᠨ ᠬᠦᠮᠦᠨ  ᠠᠮᠠ ᠶᠡᠭᠡ ᠬᠡᠮᠵᠢᠶ᠎ᠡ ᠪᠠᠷ ᠣᠷᠤᠵᠤ ᠢᠷᠡᠬᠦ ᠶᠢ ᠳᠠᠭᠠᠯᠳᠤᠨ᠂ ᠰᠠᠭᠤᠷᠢᠰᠢᠬᠤ᠂ ᠬᠠᠭᠠᠰ ᠰᠠᠭᠤᠷᠢᠰᠢᠬᠤ ᠮᠠᠯ ᠠᠵᠤ ᠠᠬᠤᠢ ᠢᠳᠡᠭ ᠢᠳᠡᠭ ᠢᠶᠠᠷ ᠴᠤᠯ ᠨᠡᠭᠦᠳᠡᠯ ᠮᠠᠯ ᠠᠵᠤ ᠠᠬᠤᠢ ᠶᠢ ᠣᠷᠤᠯᠠᠵᠤ᠂ ᠲᠠᠷᠢᠶᠠᠯᠠᠩ ᠤᠨ ᠪᠣᠯᠪᠠᠰᠤᠨ᠂ ᠠᠵᠤ ᠦᠢᠯᠡᠳᠪᠦᠷᠢ ᠶᠢᠨ ᠪᠣᠯᠪᠠᠰᠤᠨ᠂ ᠬᠤᠳᠠᠯᠳᠤᠭᠠᠨ ᠤ ᠪᠣᠯᠪᠠᠰᠤᠨ᠂ ᠬᠤᠲᠠ ᠶᠢᠨ ᠪᠣᠯᠪᠠᠰᠤᠨ ᠤ ᠬᠦᠴᠦᠨ ᠵᠦᠢᠯ ᠶᠡᠭᠡ ᠬᠡᠮᠵᠢᠶ᠎ᠡ ᠪᠠᠷ ᠴᠣᠯᠭᠤᠷᠠᠭᠠᠳ᠂ ᠦᠶ᠎ᠡ ᠤᠯᠠᠷᠢᠨ ᠰᠠᠭᠠᠲᠤᠭᠰᠠᠨ ᠲᠠᠯ᠎ᠠ ᠨᠤᠲᠤᠭ ᠤᠨ ᠦᠨᠳᠦᠰᠦᠲᠡᠨ ᠤ ᠰᠤᠶᠤᠯ ᠳᠤ ᠲᠦᠢᠯ ᠤᠨ ᠶᠡᠭᠡ ᠬᠤᠪᠢᠷᠠᠯᠲᠠ ᠭᠠᠷᠭᠠᠪᠠ᠃ ᠣᠪ ᠣᠬᠤᠷᠬᠠᠨ ᠬᠤᠶᠠᠷ ᠵᠠᠭᠤᠨ ᠵᠢᠯ ᠤᠨ ᠬᠤᠭᠤᠷᠤᠨᠳᠤ᠂ ᠰᠠᠭᠤᠬᠤ ᠠᠶᠠᠯᠠᠬᠤ ᠠᠴᠠ ᠠᠪᠤᠭᠠᠳ ᠢᠳᠡᠭᠡᠨ ᠤᠮᠳᠠᠭᠠᠨ ᠤ ᠶᠣᠰᠣ ᠵᠠᠩᠰᠢᠯ ᠬᠦᠷᠲᠡᠯ᠎ᠡ᠂ ᠤᠷᠤᠨ ᠨᠤᠲᠤᠭ ᠤᠨ ᠬᠡᠯᠡ ᠬᠡᠯᠡᠯᠭᠡ ᠦᠨᠳᠦᠰᠦᠲᠡᠨ ᠤ ᠬᠡᠯᠡᠯᠭᠡ ᠠᠴᠠ ᠠᠪᠤᠭᠠᠳ ᠤᠳᠬ᠎ᠠ ᠵᠣᠬᠢᠶᠠᠯ ᠤᠷᠠᠯᠢᠭ ᠬᠦᠷᠲᠡᠯ᠎ᠡ᠂ ᠲᠠᠯ᠎ᠠ ᠨᠤᠲᠤᠭ ᠤᠨ ᠰᠤᠶᠤᠯ ᠤᠨ ᠬᠦᠭᠵᠢᠯᠲᠡ ᠤᠯᠠᠷᠢᠯᠲᠠ ᠮᠠᠰᠢ ᠶᠡᠭᠡ ᠬᠤᠪᠢᠷᠠᠭᠰᠠᠨ ᠪᠠᠶᠢᠨ᠎ᠠ᠃ ᠲᠠᠯ᠎ᠠ ᠨᠤᠲᠤᠭ ᠤᠨ ᠦᠨᠳᠦᠰᠦᠲᠡᠨ ᠵᠠᠷᠢᠮ ᠤᠳᠤᠮ ᠰᠤᠶᠤᠯ᠂ ᠤᠯᠠᠮᠵᠢᠯᠠᠯᠲᠤ ᠰᠤᠶᠤᠯ ᠤᠨ ᠤᠨᠴᠠᠯᠢᠭ ᠰᠢᠨᠵᠢ ᠪᠠᠨ ᠠᠯᠳᠠᠭᠰᠠᠨ ᠮᠠᠭᠠᠳ ᠦᠭᠡᠢ᠂ ᠭᠡᠪᠡᠴᠦ ᠪᠠᠰᠠ ᠮᠠᠰᠢ ᠣᠯᠠᠨ ᠣᠨᠳᠣᠣ ᠰᠣᠶᠣᠯ ᠤᠨ ᠤᠨᠴᠠᠯᠢᠭ ᠰᠢᠨᠵᠢ ᠶᠢ ᠰᠢᠩᠭᠡᠭᠡᠨ ᠠᠪᠴᠤ᠂ ᠤᠯᠠᠮᠵᠢᠯᠠᠯᠲᠤ ᠡᠬᠡ ᠪᠡᠶ᠎ᠡ ᠲᠠᠢ ᠠᠳᠠᠯᠢ ᠪᠣᠰᠤ ᠮᠦᠷᠲᠡᠭᠡᠨ ᠪᠠᠰᠠ ᠤᠯᠠᠮᠵᠢᠯᠠᠨ ᠬᠠᠩᠭᠠᠭᠴᠢ ᠪᠡᠶ᠎ᠡ ᠲᠠᠢ ᠠᠳᠠᠯᠢ ᠪᠣᠰᠤ ᠮᠠᠰᠢ ᠤᠯᠠᠨ ᠰᠤᠶᠤᠯ ᠤᠨ ᠰᠢᠨ᠎ᠡ ᠤᠨᠴᠠᠯᠢᠭ ᠰᠢᠨᠵᠢ ᠶᠢ ᠡᠭᠦᠳᠦᠨ ᠪᠦᠲᠦᠭᠡᠭᠰᠡᠨ ᠪᠠᠶᠢᠨ᠎ᠠ᠃ ᠲᠠᠯ᠎ᠠ ᠨᠤᠲᠤᠭ ᠤᠨ ᠰᠤᠶᠤᠯ ᠤᠨ ᠬᠦᠭᠵᠢᠯᠲᠡ᠂ ᠤᠯᠠᠷᠢᠯᠲᠠ ᠶᠢᠨ ᠴᠢᠭᠯᠡᠯ ᠪᠠ ᠬᠠᠨᠳᠤᠰᠢ ᠪᠣᠯ ᠪᠣᠯᠪᠠᠰᠤᠨ᠂ ᠳᠠᠪᠰᠢᠩᠭᠤᠢ᠂ ᠠᠷᠠᠳᠴᠢᠯᠠᠯᠲᠤ᠂ ᠰᠢᠨᠵᠢᠯᠡᠬᠦ ᠤᠬᠠᠭᠠᠨᠴᠢ ᠪᠠᠶᠢᠬᠤ ᠨᠢ ᠭᠠᠷᠴᠠᠭ᠎ᠠ ᠦᠭᠡᠢ᠃ ᠪᠣᠳᠠᠰ ᠤᠨ ᠰᠤᠶᠤᠯ᠂ ᠳᠦᠷᠢᠮᠲᠤ ᠰᠤᠶᠤᠯ ᠠᠴᠠ ᠠᠪᠤᠭᠠᠳ ᠤᠶᠤᠨ ᠤ ᠰᠤᠶᠤᠯ ᠬᠦᠷᠲᠡᠯ᠎ᠡ ᠠᠯᠢ ᠨᠢ ᠴᠦ ᠭᠡᠳ ᠡᠶᠢᠮᠦ ᠶᠤᠮ᠃      ᠢᠯᠠᠩᠭᠤᠶ᠎ᠠ ᠳᠡᠯᠡᠬᠡᠶᠢᠴᠢᠯᠡᠯᠲᠡ ᠶᠢᠨ ᠳᠠᠪᠠᠯᠭᠠᠨ ᠨᠢ ᠬᠥᠮᠦᠨ ᠲᠥᠷᠥᠯᠬᠢᠲᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠬᠢᠴᠠ ᠶᠢ  ᠭᠦᠨᠵᠡᠭᠡᠶ ᠬᠤᠪᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠡᠯ᠎ᠡ ᠤᠯᠤᠰ ᠦᠨᠳᠦᠰᠦᠲᠡᠨ ᠤ ᠰᠤᠶᠤᠯ ᠤᠨ ᠴᠣᠭᠴᠠᠯᠠᠯᠲᠠ ᠳᠤ ᠶᠠᠭ ᠭᠦᠨ ᠭᠦᠨᠵᠡᠭᠡᠢ ᠨᠥᠯᠥᠭᠡ ᠦᠵᠡᠭᠦᠯᠵᠦ ᠪᠠᠶᠢᠨ᠎ᠠ᠃ ᠰᠣᠶᠣᠯ ᠤᠨ ᠤᠯᠠᠮᠵᠢᠯᠠᠯ ᠢ ᠬᠠᠷᠰᠢᠯᠠᠵᠤ ᠪᠠᠶᠢᠭᠰᠠᠨ ᠦᠩᠭᠡᠷᠡᠭᠰᠡᠨ ᠤ ᠲᠡᠷᠡᠬᠦ ᠬᠦᠮᠦᠨ ᠤ ᠤᠷᠰᠢᠭ ᠪᠤᠶᠤ ᠪᠠᠶᠢᠭᠠᠯᠢ ᠶᠢᠨ ᠡᠯᠳᠡᠪ ᠵᠦᠢᠯ ᠤᠨ ᠪᠠᠬᠢᠯᠡᠯᠲᠡ ᠨᠢ ᠶᠠᠭ ᠲᠠᠰᠤᠷᠠᠯᠲᠠ ᠦᠭᠡᠶ ᠰᠦᠢᠷᠡᠵᠦ᠂ ᠰᠤᠶᠤᠯ ᠤᠨ ᠤᠯᠠᠮᠵᠢᠯᠠᠯ ᠤᠷᠢᠳ ᠭᠠᠷᠤᠭᠠᠳᠤᠢ ᠬᠤᠷᠳᠤᠨ ᠪᠣᠯᠵᠤ᠂ ᠪᠢᠳᠡ ᠤᠯᠠᠨ ᠤ ᠳᠠᠪᠠᠭᠤᠯᠢᠭ ᠲᠠᠯ᠎ᠠ ᠶᠢ ᠦᠷᠭᠡᠨ ᠢᠶᠠᠷ ᠡᠵᠡᠮᠰᠢᠨ ᠠᠪᠴᠤ᠂ ᠳᠡᠯᠡᠬᠡᠢ ᠶᠢᠨ ᠡᠯ᠎ᠡ ᠦᠨᠳᠦᠰᠦᠲᠡᠨ ᠤ ᠰᠤᠶᠤᠯ ᠤᠨ ᠰᠣᠳᠤ ᠶᠢ ᠨᠢ ᠮᠠᠰᠢ ᠳᠦᠭᠦᠮ ᠳᠦᠲᠡ ᠪᠠᠷ ᠰᠢᠩᠭᠡᠭᠡᠨ ᠠᠪᠴᠤ᠂ ᠦᠪᠡᠷ ᠢ ᠪᠠᠨ ᠪᠠᠶᠠᠯᠢᠭᠵᠢᠭᠤᠯᠬᠤ ᠪᠠ ᠬᠦᠭᠵᠢᠭᠦᠯᠵᠦ ᠴᠢᠳᠠᠬᠤ ᠪᠣᠯᠭᠠᠵᠠᠢ᠃ ᠨᠢᠭᠡᠨ ᠦᠨᠳᠦᠰᠦᠲᠡᠨ ᠤ ᠰᠤᠶᠤᠯ ᠤᠨ ᠬᠦᠭᠵᠢᠯᠲᠡ ᠶᠢᠨ ᠬᠢᠷᠢ ᠲᠦᠪᠰᠢᠨ ᠨᠢ ᠰᠢᠨᠵᠢᠯᠡᠬᠦ ᠤᠬᠠᠭᠠᠨ᠂ ᠰᠤᠶᠤᠯ ᠰᠤᠷᠭᠠᠨ ᠬᠦᠮᠦᠵᠢᠯ ᠤᠨ ᠦᠢᠯᠡᠰ ᠳᠡᠭᠡᠷ᠎ᠡ ᠲᠦᠪᠯᠡᠷᠡᠩᠭᠦᠢ ᠲᠤᠰᠬᠠᠭᠳᠠᠬᠤ ᠨᠢ ᠵᠠᠶᠢᠯᠠᠰᠢ ᠦᠭᠡᠢ᠃ ᠲᠡᠥᠬᠡ ᠶᠢᠨ ᠠᠯᠢ ᠨᠢᠭᠡᠨ ᠴᠠᠭ ᠦᠶ᠎ᠡ ᠳᠤ ᠴᠦ᠂ ᠮᠣᠩᠭᠤᠯ᠂ ᠳᠠᠭᠤᠷ᠂ ᠡᠸᠡᠩᠬᠢ᠂ ᠣᠷᠴᠣᠨ ᠵᠡᠷᠭᠡ ᠲᠠᠯ᠎ᠠ ᠨᠤᠲᠤᠭ ᠤᠨ ᠦᠨᠳᠦᠰᠦᠲᠡᠨ ᠳᠤ ᠶᠡᠷᠦ ᠠᠴᠠ ᠥᠨᠥ ᠶᠢᠨ ᠮᠡᠲᠦ ᠡᠶᠢᠮᠦ ᠤᠯᠠᠨ ᠰᠢᠨᠵᠢᠯᠡᠬᠦ ᠤᠬᠠᠭᠠᠨᠲᠠᠨ᠂ ᠵᠣᠬᠢᠶᠠᠯᠴᠢ᠂ ᠮᠡᠷᠭᠡᠵᠢᠯᠲᠡᠨ ᠫᠷᠣᠹᠧᠰᠰᠣᠷ ᠎ ᠲᠠᠢ ᠪᠠᠶᠢᠭ᠎ᠠ ᠦᠭᠡᠢ᠂ ᠶᠡᠷᠦ ᠠᠴᠠ ᠥᠨᠥ ᠶᠢᠨ ᠮᠡᠲᠤ ᠡᠶᠢᠮᠦ ᠡᠯᠪᠡᠭ ᠪᠠᠶᠠᠯᠢᠭ ᠰᠤᠶᠤᠯ ᠪᠦᠲᠦᠭᠡᠯ ᠢ ᠡᠩ ᠤᠨ ᠤᠯᠠᠨ ᠲᠦᠮᠡᠨ ᠳᠤ ᠬᠠᠩᠭᠠᠵᠤ ᠬᠡᠷᠡᠭᠯᠡᠭᠦᠯᠵᠦ ᠪᠠᠶᠢᠭᠰᠠᠨ ᠦᠭᠡᠢ᠂ ᠮᠣᠩᠭᠤᠯ ᠲᠦᠮᠡᠨ ᠤ ᠪᠦᠬᠦᠶᠢᠯᠡ ᠴᠣᠭᠴᠠ ᠶᠢᠨ ᠰᠤᠶᠤᠯ ᠪᠣᠯᠪᠠᠰᠤᠷᠠᠯ ᠤᠨ ᠬᠡᠪ ᠴᠢᠨᠠᠷ ᠠᠴᠠ ᠥᠨᠥ ᠶᠢᠨ ᠮᠡᠲᠤ ᠡᠶᠢᠮᠦ ᠦᠨᠳᠦᠷ ᠬᠡᠮᠵᠢᠶ᠎ᠡ ᠳᠤ ᠬᠦᠷᠴᠦ ᠴᠢᠳᠠᠭ᠎ᠠ ᠦᠭᠡᠢ ᠶᠤᠮ᠃ ᠭᠡᠲᠡᠯ᠎ᠡ᠂ ᠲᠠᠯ᠎ᠠ ᠨᠤᠲᠤᠭ ᠤᠨ ᠰᠤᠶᠤᠯ ᠳᠤ ᠠᠪᠴᠤ ᠬᠡᠯᠡᠪᠡᠯ᠂ ᠳᠡᠯᠡᠬᠡᠶᠢᠴᠢᠯᠡᠯᠲᠡ ᠬᠢᠭᠡᠳ ᠣᠳᠣᠬᠢᠴᠢᠯᠠᠯᠲᠠ ᠨᠢ ᠪᠠᠰᠠ ᠨᠢᠭᠡᠨ ᠬᠤᠶᠠᠷ ᠢᠷᠲᠦ ᠰᠡᠯᠡᠮ᠎ᠡ ᠪᠣᠯᠤᠨ᠎ᠠ᠃ ᠪᠢᠳᠡ ᠭᠠᠳᠠᠨ᠎ᠠ ᠶᠢᠨ ᠰᠤᠶᠤᠯ ᠢᠯᠠᠩᠭᠤᠶ᠎ᠠ ᠬᠥᠴᠦᠷᠭᠡᠭ ᠰᠤᠶᠤᠯ ᠤᠨ ᠳᠠᠭᠠᠷᠢᠯᠲᠠ ᠳᠤ ᠤᠴᠠᠷᠠᠬᠤ ᠨᠢ ᠯᠠᠪᠲᠠᠢ ᠶᠤᠮ᠃ ᠡᠨᠡᠬᠦ ᠳᠠᠭᠠᠷᠢᠯᠲᠠ ᠳᠤ ᠣᠯᠤᠭᠰᠠᠨ ᠪᠦᠬᠦᠨ ᠴᠢᠨᠢ ᠪᠦᠷ ᠲᠠᠨ ᠤ ᠤᠯᠬᠤ ᠪᠠᠷ ᠬᠥᠭᠰᠡᠭᠰᠡᠨ ᠵᠦᠢᠯ ᠪᠢᠰᠢ᠂ ᠠᠯᠳᠠᠭᠰᠠᠨ ᠪᠦᠬᠦᠨ ᠴᠢᠨᠢ ᠪᠦᠷ ᠲᠠᠨ ᠤ ᠣᠷᠬᠢᠬᠤ ᠪᠠᠷ ᠵᠣᠷᠢᠭᠰᠠᠨ ᠵᠦᠢᠯ ᠪᠢᠰᠢ ᠪᠠᠶᠢᠬ᠎ᠠ᠃ ᠴᠦᠬᠡᠨ ᠲᠣᠭᠠᠲᠤ ᠦᠨᠳᠦᠰᠦᠲᠡᠨ ᠤ ᠰᠤᠶᠤᠯ ᠨᠢ ᠭᠠᠳᠠᠨ᠎ᠠ ᠶᠢᠨ ᠰᠤᠶᠤᠯ ᠤᠨ ᠣᠷᠤᠭᠤᠯᠤᠯᠲᠠ ᠳᠤ ᠶᠡᠷᠦ ᠨᠢ ᠢᠳᠡᠪᠬᠢ ᠪᠣᠰᠤ ᠬᠦᠯᠢᠶᠡᠨ ᠠᠪᠬᠤ ᠪᠠᠶᠢᠳᠠᠯ ᠲᠠᠢ ᠪᠠᠶᠢᠳᠠᠭ ᠪᠦᠭᠡᠳ ᠰᠤᠶᠤᠯ ᠤᠨ ᠤᠯᠠᠮᠵᠢᠯᠠᠯ ᠢᠶᠠᠨ ᠬᠠᠮᠠᠭᠠᠯᠠᠬᠤ ᠳᠤ ᠴᠦ ᠬᠡᠵᠢᠶᠡᠳᠡ ᠰᠠᠨᠠᠭ᠎ᠠ ᠪᠠᠶᠢᠭᠠᠳ ᠤᠨᠤᠭ᠎ᠠ ᠎ ᠨᠢ ᠬᠦᠷᠬᠦ ᠦᠭᠡᠢ ᠪᠠᠶᠢᠳᠠᠭ᠃ ᠡᠶᠢᠮᠦ ᠠᠴᠠ᠂ ᠦᠪᠡᠷ ᠢ ᠪᠠᠨ ᠪᠣᠰᠤᠳ ᠰᠤᠶᠤᠯ ᠠᠴᠠ ᠢᠯᠭᠠᠭᠳᠠᠬᠤ ᠶᠢ ᠬᠠᠮᠠᠭᠠᠯᠠᠵᠤ ᠴᠢᠳᠠᠬᠤ ᠡᠰᠡᠬᠦ᠂ ᠲᠡᠷᠡᠴᠢᠯᠡᠨ ᠥᠪᠡᠷᠮᠢᠴᠡ ᠬᠡᠯᠪᠡᠷᠢ ᠮᠠᠶ᠋ᠢᠭ ᠤᠨ ᠣᠯᠠᠨ ᠡᠯᠧᠮᠧᠨ᠋ᠲ ᠪᠣᠯᠭᠠᠵᠤ ᠴᠢᠳᠠᠬᠤ ᠡᠰᠡᠬᠦ︖ ᠦᠨᠳᠦᠰᠦᠲᠡᠨ ᠤ ᠰᠤᠶᠤᠯ ᠤᠨ ᠣᠷᠣᠰᠢᠨ ᠲᠣᠭᠲᠠᠨᠢᠬᠤ ︽ᠰᠤᠶᠤᠯ ᠤᠨ ᠠᠮᠢ ᠠᠬᠤᠢ︾᠎ ᠶᠢ ᠬᠡᠷᠬᠢᠨ ᠬᠠᠮᠠᠭᠠᠯᠠᠬᠤ︖ ᠡᠨᠡ ᠨᠢ ᠲᠠᠯ᠎ᠠ ᠨᠤᠲᠤᠭ ᠤᠨ ᠡᠯ᠎ᠡ ᠦᠨᠳᠦᠰᠦᠲᠡᠨ ᠤ ᠰᠤᠶᠤᠯ ᠳᠤ ᠬᠠᠮᠲᠤ ᠲᠤᠯᠭᠠᠷᠠᠵᠤ ᠪᠠᠶᠢᠭ᠎ᠠ ᠠᠰᠠᠭᠤᠳᠠᠯ ᠪᠠᠶᠢᠵᠤ ᠮᠡᠳᠡᠨ᠎ᠡ᠃      ᠦᠨᠳᠦᠰᠦᠲᠡᠨ ᠤ ᠰᠤᠶᠤᠯ ᠤᠨ ᠵᠠᠷᠢᠮ ᠰᠢᠯᠢᠳᠡᠭ ᠣᠨᠴᠠᠯᠢᠭ ᠰᠢᠨᠵᠢ ᠨᠢ ᠢᠳᠡᠭ ᠢᠳᠡᠭ ᠢᠶᠠᠷ ᠲᠡᠭᠦᠨ ᠤ ᠤᠷᠢᠳᠤ ᠶᠢᠨ ᠴᠢᠳᠠᠮᠵᠢ ᠪᠠᠨ ᠠᠯᠳᠠᠵᠤ ᠪᠠᠶᠢᠨ᠎ᠠ᠂ ᠲᠡᠳᠡᠭᠡᠷ ᠤᠨ ᠳᠣᠲᠤᠷ᠎ᠠ ᠤᠯᠠᠮᠵᠢᠯᠠᠯ ᠲᠠᠰᠤᠷᠠᠭᠠᠳ᠂ ᠥᠨᠢ ᠡᠭᠦᠷᠢᠳᠡ ᠶᠢᠨ ᠬᠠᠷᠠᠮᠰᠠᠯ ᠪᠣᠯᠤᠭᠰᠠᠨ ᠦᠨᠳᠦᠰᠦᠲᠡᠨ ᠤ ᠰᠤᠶᠤᠯ ᠤᠨ ᠣᠬᠢ ᠴᠦ ᠵᠦᠩᠳᠡᠭᠡᠨ ᠪᠣᠢ᠃ ᠤᠯᠠᠮᠵᠢᠯᠠᠯᠲᠤ ᠨᠡᠶᠢᠭᠡᠮ ᠤᠨ ᠬᠥᠮᠦᠰ ᠤᠨ ᠬᠠᠷᠢᠴᠠᠭ᠎ᠠ᠂ ᠶᠣᠰᠣ ᠰᠤᠷᠲᠠᠬᠤᠨ ᠤ ᠪᠠᠷᠢᠮᠵᠢᠶ᠎ᠠ᠂ ᠦᠷᠲᠡᠭ ᠤᠨ ᠦᠵᠡᠯᠲᠡ ᠴᠦ ᠤᠯᠠᠨ ᠴᠢᠭᠯᠡᠴᠡ ᠶᠢᠨ ᠬᠤᠪᠢᠷᠠᠯᠲᠠ ᠡᠭᠦᠰᠴᠦ ᠪᠠᠶᠢᠬᠤ ᠮᠥᠷᠲᠡᠭᠡᠨ ᠨᠢᠭᠡ ᠪᠦᠯᠦᠭ ᠬᠤᠪᠢᠷᠠᠯᠲᠠ ᠨᠢ ᠪᠦᠷ ᠢᠳᠡᠪᠬᠢᠲᠡᠢ ᠪᠠ ᠬᠦᠮᠦᠨ ᠲᠦᠷᠦᠯᠬᠢᠲᠡᠨ ᠤ ᠠᠯᠤᠰ ᠬᠤᠯᠠ ᠶᠢᠨ ᠦᠷᠲᠡᠭ ᠤᠨ ᠪᠠᠷᠢᠮᠵᠢᠶ᠎ᠠ ᠳᠤ ᠨᠡᠶᠢᠴᠡᠭᠰᠡᠨ ᠪᠢᠰᠢ ᠶᠤᠮ᠃ ᠲᠠᠯ᠎ᠠ ᠨᠤᠲᠤᠭ ᠤᠨ ᠦᠨᠳᠦᠰᠦᠲᠡᠨ ᠤ ᠨᠢᠭᠡ ᠪᠦᠯᠦᠭ ᠦᠪᠡᠷᠮᠢᠴᠡ ᠪᠠᠶᠢᠳᠠᠭ ᠪᠣᠳᠠᠰ ᠤᠨ ᠪᠣᠰᠤ ᠰᠤᠶᠤᠯ ᠤᠨ ᠥᠪ ᠶᠠᠭ ᠥᠳᠲᠦᠷ ᠲᠦᠷᠭᠡᠨ ᠤᠰᠠᠳᠴᠤ ᠪᠠᠶᠢᠨ᠎ᠠ᠂ ᠲᠠᠯ᠎ᠠ ᠨᠤᠲᠤᠭ ᠤᠨ ᠰᠤᠶᠤᠯ ᠤᠨ ᠬᠦᠮᠦᠨ ᠬᠢᠭᠡᠳ ᠪᠠᠶᠢᠭᠠᠯᠢ ᠶᠢᠨ ᠬᠠᠷᠢᠴᠠᠭ᠎ᠠ᠂ ᠠᠳᠠᠯᠢ ᠪᠣᠰᠤ ᠪᠦᠯᠦᠭ ᠠᠳᠠᠯᠢ ᠪᠤᠰᠤ ᠰᠤᠶᠤᠯ ᠤᠨ ᠬᠠᠷᠢᠴᠠᠭ᠎ᠠ᠂ ᠬᠦᠮᠦᠨ ᠬᠢᠭᠡᠳ ᠬᠦᠮᠦᠨ ᠤ ᠬᠠᠷᠢᠴᠠᠭ᠎ᠠ ᠶᠢ ᠰᠢᠢᠳᠪᠦᠷᠢᠯᠡᠬᠦ ᠪᠠ ᠡᠶᠡᠳᠡᠭᠦᠯᠵᠦ ᠪᠠᠶᠢᠭᠰᠠᠨ ᠤᠯᠠᠮᠵᠢᠯᠠᠯᠲᠤ ᠣᠨᠤᠯᠵᠢᠬᠤᠨ ᠪᠠ ᠬᠡᠪ ᠰᠤᠷᠲᠠᠯ ᠢ ᠲᠡᠶᠢᠮᠦ ᠰᠠᠶᠢᠬᠠᠨ ᠤᠯᠠᠮᠵᠢᠯᠠᠵᠤ ᠴᠢᠳᠠᠭᠰᠠᠨ ᠦᠭᠡᠢ᠂ ᠴᠢᠨᠠᠭᠰᠢᠯᠠᠪᠠᠯ ᠬᠠᠶᠠᠭᠠᠨ ᠳᠤᠨᠢ ᠬᠠᠶᠠᠵᠠᠢ᠃ ᠢᠯᠠᠩᠭᠤᠶ᠎ᠠ ᠲᠠᠯ᠎ᠠ ᠨᠤᠲᠤᠭ ᠤᠨ ᠡᠯ᠎ᠡ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠠᠮᠠᠭᠠᠯᠠᠬᠤ ᠠᠰᠠᠭᠤᠳᠠᠯ ᠎ ᠤᠨ ᠲᠠᠯ᠎ᠠ ᠪᠠᠷ᠂ ᠡᠭᠦᠷᠭᠡ ᠬᠦᠨᠳᠦ ᠵᠠᠮ ᠬᠤᠯᠠ ᠪᠠᠶᠢᠭᠰᠠᠭᠠᠷ ᠭᠡᠨ᠎ᠡ᠃ ᠡᠷᠳᠡᠮ ᠰᠢᠨᠵᠢᠯᠡᠭᠡᠨ ᠤ ᠬᠢᠨ ︽ᠬᠡᠯᠡᠨ ᠤ ᠤᠰᠠᠳᠤᠯ ᠬᠢᠭᠡᠳ ᠳᠥᠷᠰᠦ ᠶᠢᠨ ᠮᠦᠬᠦᠯ ᠨᠢ ᠨᠢᠭᠡᠨ ᠠᠳᠠᠯᠢ ᠠᠶᠤᠮᠰᠢᠭᠲᠠᠢ︾ ᠭᠡᠳᠡᠭ ᠢ ᠲᠠᠰᠤᠷᠠᠯᠲᠠ ᠦᠭᠡᠢ ᠰᠡᠷᠡᠮᠵᠢᠯᠡᠭᠦᠯᠪᠡ᠂ ᠭᠡᠪᠡᠴᠦ ᠴᠦᠬᠡᠨ ᠲᠣᠭᠠᠲᠤ ᠦᠨᠳᠦᠰᠦᠲᠡᠨ ᠤ ᠬᠦᠮᠦᠨ ᠠᠮᠠ ᠴᠦᠬᠡᠨ᠂ ᠦᠨᠳᠦᠰᠦᠲᠡᠨ ᠤ ᠦᠭᠡ ᠬᠡᠯᠡ ᠶᠢᠨ ᠬᠠᠷᠢᠯᠴᠠᠭᠠᠨ ᠤ ᠬᠦᠷᠢᠶ᠎ᠡ ᠬᠡᠪᠴᠢᠶ᠎ᠡ ᠬᠢᠵᠠᠭᠠᠷ ᠲᠠᠢ᠂ ᠨᠡᠶᠢᠭᠡᠮ ᠳᠠᠶᠠᠭᠠᠷ ᠤᠨ ᠨᠡᠶᠢᠳᠡᠮ ᠬᠡᠷᠡᠭᠯᠡᠭᠡᠨ ᠤ ᠦᠭᠡ ᠬᠡᠯᠡ ᠪᠣᠯᠬᠤ ᠳᠤ ᠪᠡᠷᠬᠡ ᠵᠡᠷᠭᠡ ᠰᠢᠯᠲᠠᠭᠠᠨ ᠠᠴᠠ ᠪᠣᠯᠤᠭᠠᠳ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠦᠷᠢᠶ᠎ᠡ ᠬᠡᠪᠴᠢᠶ᠎ᠡ ᠦᠷᠭᠦᠯᠵᠢᠯᠡᠨ ᠢᠪᠴᠤᠷᠠᠬᠤ ᠪᠠᠶᠢᠳᠠᠯ ᠢ ᠣᠳᠣ ᠪᠣᠯᠲᠠᠯ᠎ᠠ ᠬᠠᠷᠠᠬᠠᠨ ᠬᠤᠷᠢᠭᠯᠠᠵᠤ ᠴᠢᠳᠠᠭᠠᠳᠤᠢ᠂ ᠪᠦᠭᠡᠳ ᠦᠷᠭᠦᠯᠵᠢᠯᠡᠨ ᠥᠷᠭᠡᠳᠬᠦ ᠪᠠᠶᠢᠳᠠᠯ ᠲᠠᠢ ᠪᠠᠶᠢᠨ᠎ᠠ᠃ ᠡᠨᠡᠬᠦ ᠪᠠᠶᠢᠳᠠᠯ ᠬᠡᠷᠪᠡ ᠠᠶ᠎ᠠ ᠶᠢ ᠨᠢ ᠳᠠᠭᠠᠭᠤᠯᠤᠨ᠂ ᠳᠤᠷ᠎ᠠ ᠪᠠᠷ ᠨᠢ ᠬᠦᠭᠵᠢᠭᠦᠯᠪᠡᠯ᠂ ᠪᠠᠰᠠ ᠲᠡᠭᠦᠨ ᠤ ᠢᠪᠴᠤᠷᠠᠬᠤ ᠬᠤᠷᠳᠤᠴᠠ ᠶᠢ ᠲᠦᠷᠭᠡᠳᠬᠡᠵᠦ᠂ ᠬᠠᠮᠠᠭᠠᠯᠠᠬᠤ᠂ ᠬᠠᠳᠠᠭᠠᠯᠠᠬᠤ ᠬᠢᠭᠡᠳ ᠬᠦᠭᠵᠢᠭᠦᠯᠬᠦ ᠭᠡᠳᠡᠭ ᠨᠢ ᠬᠤᠭᠤᠰᠤᠨ ᠦᠭᠡ ᠲᠡᠳᠦᠢ ᠪᠣᠯᠣᠨ᠎ᠠ᠃ ᠪᠢᠳᠡ ᠡᠷᠬᠡᠪᠰᠢ ᠰᠤᠶᠤᠯ ᠢᠶᠠᠷ ᠢᠲᠡᠭᠡᠯ ᠪᠣᠯᠭᠠᠬᠤ᠂ ᠰᠤᠶᠤᠯ ᠢᠶᠠᠷ ᠤᠬᠠᠮᠰᠠᠷᠯᠠᠬᠤ᠂ ᠰᠤᠶᠤᠯ ᠢᠶᠠᠷ ᠬᠦᠴᠦᠷᠬᠡᠭᠵᠢᠬᠦ ᠦᠵᠡᠯᠲᠡ ᠪᠠᠷ ᠲᠠᠯ᠎ᠠ ᠨᠤᠲᠤᠭ ᠤᠨ ᠰᠤᠶᠤᠯ ᠢ ᠤᠯᠠᠮᠵᠢᠯᠠᠬᠤ᠂ ᠬᠠᠮᠠᠭᠠᠯᠠᠬᠤ᠂ ᠬᠦᠭᠵᠢᠭᠦᠯᠬᠦ ᠠᠰᠠᠭᠤᠳᠠᠯ ᠳᠤ ᠬᠠᠨᠳᠤᠬᠤ ᠬᠡᠷᠡᠭᠲᠡᠢ᠃      ᠰᠣᠷᠪᠣᠯᠵᠢᠯᠠᠭᠴᠢ᠄ ᠥᠳᠲᠦᠷ ᠲᠦᠷᠭᠡᠨ ᠬᠥᠭᠵᠢᠵᠦ ᠪᠠᠶᠢᠭ᠎ᠠ ᠣᠳᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠪᠠᠰᠤᠨ ᠬᠢᠭᠡᠳ ᠡᠳᠦᠷ ᠢᠷᠡᠬᠦᠶ᠎ᠡ ᠰᠢᠨᠡᠳᠴᠦ ᠪᠠᠶᠢᠭ᠎ᠠ ᠣᠳᠣ ᠦᠶ᠎ᠡ ᠶᠢᠨ ᠰᠣᠶᠣᠯ ᠤᠨ ᠪᠠᠶᠢᠭᠤᠯᠤᠯᠲᠠ ᠎ ᠨᠢ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ᠂ ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠳᠤ ᠰᠢᠨ᠎ᠡ ᠬᠦᠭᠵᠢᠯᠲᠡ ᠶᠢᠨ ᠠᠵᠠ ᠳᠣᠬᠢᠶᠠᠯ ᠪᠠ ᠦᠷᠢᠰᠦᠯᠳᠦᠭᠡᠨ ᠢ ᠠᠪᠴᠢᠷᠠᠵᠤ ᠥᠭᠭᠦᠯ᠎ᠡ᠃ ᠠᠵᠠ ᠳᠣᠬᠢᠶᠠᠯ ᠪᠠ ᠦᠷᠢᠰᠦᠯᠳᠦᠭᠡᠨ ᠤ ᠡᠮᠦᠨ᠎ᠡ᠂ ᠪᠢᠳᠡ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ ᠪᠠ ᠡᠭᠦᠳᠦᠯᠲᠡ ᠶᠢᠨ ᠴᠢᠨᠠᠷᠲᠠᠶ ᠬᠥᠭᠵᠢᠭᠦᠯᠬᠦ ᠶᠢ ᠬᠡᠷᠬᠢᠨ ᠪᠡᠶᠡᠯᠡᠭᠦᠯᠬᠦ ᠪᠣᠢ︖      ᠢ ᠰᠦᠩ᠄ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ ᠪᠠ ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠳᠤ᠂ ᠦᠨᠳᠦᠰᠦᠲᠡᠨ ᠤ ᠤᠯᠠᠮᠵᠢᠯᠠᠯᠲᠤ ᠰᠢᠯᠢᠳᠡᠭ ᠰᠤᠶᠤᠯ ᠢ ᠵᠠᠯᠭᠠᠮᠵᠢᠯᠠᠬᠤ ᠪᠠᠷ ᠬᠤᠰᠢᠭᠤᠴᠢ ᠪᠣᠯᠭᠠᠬᠤ ᠬᠡᠷᠡᠭᠲᠡᠢ᠃ ᠰᠤᠶᠤᠯ ᠤᠨ ᠪᠦᠲᠦᠭᠡᠯᠲᠡ᠂ ᠡᠭᠦᠳᠦᠯᠲᠡ ᠨᠢ ᠬᠡᠵᠢᠶᠡᠳᠡ ᠤᠯᠠᠮᠵᠢᠯᠠᠯᠲᠤ ᠰᠤᠶᠤᠯ ᠤᠨ ᠪᠠᠲᠤ ᠪᠠᠬᠢ ᠰᠠᠭᠤᠷᠢ ᠠᠴᠠ ᠰᠠᠯᠵᠤ ᠴᠢᠳᠠᠬᠤ ᠦᠭᠡᠢ᠃ ᠲᠠᠯ᠎ᠠ ᠨᠤᠲᠤᠭ ᠤᠨ ᠰᠤᠶᠤᠯ ᠤᠨ ᠲᠡᠤᠬᠡᠲᠦ ᠴᠢᠨᠠᠷᠲᠠᠢ ᠲᠠᠷᠬᠠᠯᠲᠠ ᠪᠠᠷ ᠨᠢ᠂ ᠲᠡᠤᠬᠡ ᠶᠢᠨ ᠰᠤᠶᠤᠯ ᠬᠢᠭᠡᠳ ᠠᠬᠤᠢ ᠰᠤᠶᠤᠯ ᠭᠡᠵᠦ ᠬᠤᠪᠢᠶᠠᠵᠤ ᠪᠣᠯᠤᠨ᠎ᠠ᠃ ᠲᠡᠤᠬᠡ ᠶᠢᠨ ᠰᠤᠶᠤᠯ ᠳᠤ᠂ ᠪᠢᠳᠡ ᠭᠦᠨᠵᠡᠭᠡᠢ ᠰᠣᠳᠤᠯᠭᠠᠨ ᠢᠶᠠᠷ ᠳᠠᠮᠵᠢᠨ᠂ ᠲᠡᠭᠦᠨ ᠤ ᠳᠣᠲᠤᠷᠠᠬᠢ ᠲᠡᠤᠬᠡᠨ ᠦᠨ᠎ᠡ ᠴᠠᠨ᠎ᠠ ᠶᠢ ᠨᠢ ᠠᠭᠤᠳᠠᠯᠵᠤ᠂ ᠲᠡᠭᠦᠨ ᠤ ᠦᠵᠡᠯ ᠰᠠᠨᠠᠭᠠᠨ ᠤ ᠵᠣᠷᠢᠭ ᠰᠠᠨᠠᠭ᠎ᠠ ᠶᠢ ᠳᠡᠯᠭᠡᠷᠡᠭᠦᠯᠦᠨ ᠲᠠᠶᠢᠯᠪᠤᠷᠢᠯᠠᠵᠤ᠂ ᠲᠡᠤᠬᠡ ᠶᠢᠨ ᠰᠤᠶᠤᠯ ᠤᠨ ᠦᠵᠡᠯ ᠰᠠᠨᠠᠭᠠᠨ ᠤ ᠵᠣᠷᠢᠭ ᠰᠠᠨᠠᠭ᠎ᠠ ᠶᠢ ᠢᠳᠡᠪᠬᠢᠲᠡᠢ ᠰᠢᠩᠭᠡᠭᠡᠨ ᠠᠪᠤᠭᠠᠳ ᠤᠯᠠᠮᠵᠢᠯᠠᠨ᠂ ᠪᠠᠳᠠᠷᠠᠭᠤᠯᠬᠤ ᠬᠡᠷᠡᠭᠲᠡᠢ᠃ ᠠᠬᠤᠢ ᠰᠤᠶᠤᠯ ᠭᠡᠳᠡᠭ ᠪᠣᠯ ᠮᠥᠨᠬᠦ ᠪᠣᠳᠠᠲᠠᠢ ᠠᠬᠤᠢ ᠳᠤ ᠤᠷᠤᠰᠢᠵᠤ ᠪᠠᠶᠢᠭ᠎ᠠ ᠦᠢᠯᠡᠳᠪᠦᠷᠢᠯᠡᠯ ᠠᠮᠢᠳᠤᠷᠠᠯ ᠤᠨ ᠬᠡᠯᠪᠡᠷᠢ᠂ ᠠᠷᠠᠳ ᠤᠨ ᠵᠠᠩ ᠳᠠᠳᠬᠠᠯ᠂ ᠰᠤᠶᠤᠯ ᠤᠨ ᠠᠵᠢᠯᠯᠠᠭ᠎ᠠ᠂ ᠤᠳᠬ᠎ᠠ ᠵᠣᠬᠢᠶᠠᠯ ᠤᠷᠠᠯᠢᠭ ᠵᠡᠷᠭᠡ ᠶᠢ ᠵᠢᠭᠠᠵᠤ ᠪᠠᠶᠢᠨ᠎ᠠ᠂ ᠲᠡᠷᠡ ᠨᠢ ᠬᠦᠳᠡᠯᠦᠩᠭᠦᠢ ᠪᠦᠭᠡᠳ ᠤᠯᠠᠮᠵᠢᠯᠠᠭᠳᠠᠬᠤ ᠣᠨᠴᠠᠯᠢᠭ ᠎ ᠲᠠᠢ ᠪᠠᠶᠢᠳᠠᠭ᠃ ᠠᠬᠤᠢ ᠰᠤᠶᠤᠯ ᠳᠤ᠂ ᠪᠢᠳᠡ ᠲᠡᠭᠦᠨ ᠤ ᠣᠬᠢ ᠰᠣᠳᠤ ᠶᠢ ᠠᠪᠴᠤ᠂ ᠤᠭ ᠴᠢᠨᠠᠷ ᠢ ᠨᠢ ᠦᠯᠡᠳᠡᠭᠡᠵᠦ᠂ ᠬᠠᠭᠤᠴᠢᠨ ᠢ ᠣᠷᠬᠢᠵᠤ ᠰᠢᠨ᠎ᠡ ᠶᠢ ᠮᠠᠨᠳᠤᠭᠤᠯᠬᠤ ᠬᠡᠷᠡᠭᠲᠡᠢ᠃ ᠲᠠᠯ᠎ᠠ ᠨᠤᠲᠤᠭ ᠤᠨ ᠰᠤᠶᠤᠯ ᠪᠣᠯ ᠦᠪᠦᠷ ᠮᠣᠩᠭᠤᠯ ᠤᠨ ᠦᠨᠳᠦᠰᠦᠲᠡᠨ ᠤ ᠰᠤᠶᠤᠯ ᠤᠨ ᠬᠥᠴᠦᠷᠬᠡᠭ ᠤᠷᠤᠨ ᠢ ᠪᠦᠲᠦᠭᠡᠨ ᠪᠠᠶᠢᠭᠤᠯᠬᠤ ᠶᠢᠨ ᠴᠢᠬᠤᠯᠠ ᠡᠬᠢ ᠪᠠᠶᠠᠯᠢᠭ᠂ ᠴᠢᠬᠤᠯᠠ ᠰᠠᠭᠤᠷᠢ ᠮᠦᠨ ᠪᠦᠭᠡᠳ ᠪᠠᠰᠠᠴᠤ ᠬᠤᠶᠢᠰᠢᠳᠠ ᠶᠢᠨ ᠰᠤᠶᠤᠯ ᠤᠨ ᠪᠠᠶᠢᠭᠤᠯᠤᠯᠲᠠ᠂ ᠰᠤᠶᠤᠯ ᠤᠨ ᠬᠦᠭᠵᠢᠯᠲᠡ ᠶᠢᠨ ᠤᠨᠴᠠᠯᠢᠭ ᠬᠢᠭᠡᠳ ᠬᠠᠨᠳᠤᠰᠢ ᠶᠢ ᠮᠠᠰᠢ ᠶᠡᠭᠡ ᠬᠡᠮᠵᠢᠶᠡᠨ ᠳᠡᠭᠡᠷ᠎ᠡ ᠲᠣᠭᠲᠠᠭᠠᠭᠰᠠᠨ ᠪᠠᠶᠢᠨ᠎ᠠ᠃ ᠪᠢᠳᠡ ᠡᠩ ᠲᠡᠷᠢᠭᠦᠨ ᠳᠤ ᠲᠠᠯ᠎ᠠ ᠨᠤᠲᠤᠭ ᠤᠨ ᠰᠤᠶᠤᠯ ᠤᠨ ᠣᠶᠤᠨ ᠰᠠᠨᠠᠭᠠᠨ ᠤ ᠠᠮᠢᠨ ᠰᠤᠳᠠᠰᠤ ᠶᠢ ᠵᠠᠯᠭᠠᠮᠵᠢᠯᠠᠵᠤ᠂ ᠲᠡᠤᠬᠡ ᠶᠢᠨ ᠤᠯᠠᠮᠵᠢᠯᠠᠯ ᠢ ᠬᠦᠨᠳᠦᠳᠭᠡᠬᠦ ᠪᠣᠯᠤᠨ ᠦᠷᠭᠦᠯᠵᠢᠯᠡᠭᠦᠯᠵᠦ᠂ ᠰᠢᠭᠦᠮᠵᠢᠯᠡᠯ ᠲᠠᠢ ᠪᠠᠷ ᠵᠠᠯᠭᠠᠮᠵᠢᠯᠠᠬᠤ ᠬᠡᠷᠡᠭᠲᠡᠢ᠃ ᠢᠩᠭᠢᠪᠡᠯ ᠪᠢᠳᠡᠨ ᠤ ᠪᠠᠶᠢᠭᠤᠯᠬᠤ ᠰᠤᠶᠤᠯ ᠨᠢ ᠦᠨᠳᠦᠰᠦ ᠲᠠᠢ ᠪᠣᠯᠵᠤ᠂ ᠠᠮᠢᠨ ᠰᠦᠨᠡᠰᠦ ᠲᠠᠢ ᠪᠣᠯᠵᠤ ᠴᠢᠳᠠᠨ᠎ᠠ᠃       ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ ᠪᠠ ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠶᠢ ᠪᠡᠶᠡᠯᠡᠭᠦᠯᠬᠦ ᠪᠣᠯ ᠰᠤᠶᠤᠯ ᠤᠨ ᠬᠦᠭᠵᠢᠯᠲᠡ ᠶᠢᠨ ᠴᠠᠭ ᠦᠶ᠎ᠡ ᠶᠢᠨ ᠱᠠᠭᠠᠷᠳᠠᠯᠭ᠎ᠠ ᠮᠦᠨ᠃ ᠰᠢᠨ᠎ᠡ ᠶᠢ ᠡᠭᠦᠳᠬᠦ ᠪᠣᠯ ᠰᠤᠶᠤᠯ ᠤᠨ ᠠᠮᠢᠵᠢᠷᠠᠯ ᠤᠨ ᠬᠦᠴᠦᠨ ᠮᠦᠨ᠃ ᠥᠨᠥ ᠶᠢᠨ ᠳᠡᠯᠡᠬᠡᠢ ᠶᠢᠨ ᠰᠢᠨᠵᠢᠯᠡᠬᠦ ᠤᠬᠠᠭᠠᠨ ᠮᠡᠷᠭᠡᠵᠢᠯ ᠦᠳᠲᠦᠷ ᠲᠦᠷᠭᠡᠨ ᠬᠦᠭᠵᠢᠵᠦ ᠪᠠᠶᠢᠭ᠎ᠠ ᠮᠡᠳᠡᠭᠡ ᠵᠠᠩᠬᠢᠵᠢᠯᠲᠠ ᠶᠢᠨ ᠴᠠᠭ ᠦᠶ᠎ᠡ ᠳᠤ᠂ ᠠᠵᠤ ᠠᠬᠤᠢ ᠨᠡᠶᠢᠭᠡᠮ ᠤᠨ ᠬᠦᠭᠵᠢᠯᠲᠡ ᠨᠢ ᠰᠤᠶᠤᠯ ᠤᠨ ᠬᠦᠭᠵᠢᠨ ᠴᠡᠴᠡᠭᠯᠡᠬᠦ ᠳᠤ ᠡᠷᠬᠢᠮ ᠨᠠᠨᠳᠢᠨ ᠠᠵᠠ ᠳᠣᠬᠢᠶᠠᠯ ᠢ ᠣᠯᠭᠤᠵᠤ᠂ ᠪᠠᠰᠠ ᠴᠦ ᠰᠤᠶᠤᠯ ᠢ ᠦᠷᠭᠦᠯᠵᠢᠯᠡᠨ ᠰᠢᠨᠡᠳᠭᠡᠬᠦ ᠶᠢ ᠰᠢᠮᠳᠠᠭᠤᠯᠵᠤ᠂ ᠬᠤᠪᠢᠷᠠᠵᠤ ᠪᠠᠶᠢᠭ᠎ᠠ ᠠᠵᠤ ᠠᠬᠤᠢ ᠨᠡᠶᠢᠭᠡᠮ ᠣᠷᠴᠢᠨ ᠲᠣᠭᠤᠷᠢᠨ ᠳᠤ ᠵᠣᠬᠢᠴᠠᠭᠤᠯᠬᠤ ᠪᠣᠯᠭᠠᠵᠠᠢ᠃ ᠲᠠᠯ᠎ᠠ ᠨᠤᠲᠤᠭ ᠤᠨ ᠰᠤᠶᠤᠯ ᠪᠣᠯ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠰᠤᠶᠤᠯ ᠤᠨ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠨ᠎ᠠ᠂ ᠲᠠᠯ᠎ᠠ ᠨᠤᠲᠤᠭ ᠤᠨ ᠰᠤᠶᠤᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ ᠪᠠ ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠨᠢ ᠳᠤᠮᠳᠠᠳᠤ ᠶᠢᠨ ᠰᠤᠶᠤᠯ ᠤᠨ ᠤᠯᠠᠨ ᠶᠠᠩᠵᠤᠲᠥ᠂ ᠪᠦᠬᠦᠯᠢ ᠴᠣᠭᠴᠠᠲᠤ᠂ ᠪᠦᠬᠦ ᠲᠠᠯ᠎ᠠ ᠪᠠᠷ ᠬᠦᠭᠵᠢᠬᠦ ᠳᠤ ᠬᠤᠯᠪᠤᠭᠳᠠᠨ᠎ᠠ᠂ ᠪᠠᠰᠠ ᠦᠪᠦᠷ ᠮᠣᠩᠭᠤᠯ ᠤᠨ ᠤᠷᠤᠨ ᠨᠤᠲᠤᠭ ᠤᠨ ᠤᠨᠴᠠᠯᠢᠭ᠂ ᠦᠨᠳᠦᠰᠦᠲᠡᠨ ᠤ ᠣᠨᠴᠠᠯᠢᠭ ᠲᠠᠢ ᠰᠤᠶᠤᠯ ᠤᠨ ᠪᠠᠶᠢᠭᠤᠯᠤᠯᠲᠠ ᠬᠢᠭᠡᠳ ᠬᠦᠭᠵᠢᠯᠲᠡ ᠲᠠᠢ ᠬᠤᠯᠪᠤᠭᠳᠠᠨ᠎ᠠ᠂ ᠦᠪᠦᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭᠠᠨ ᠤ ᠱᠠᠭᠠᠷᠳᠠᠯᠭ᠎ᠠ ᠪᠠ ᠰᠤᠶᠤᠯ ᠠᠷᠠᠳ ᠤᠨ ᠠᠮᠢᠳᠤᠷᠠᠯ ᠲᠠᠢ ᠬᠤᠯᠪᠤᠭᠳᠠᠨ᠎ᠠ᠃ ᠡᠨᠡ ᠨᠢ ᠦᠪᠦᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠤᠶᠤᠯ ᠤᠬᠠᠮᠰᠠᠷ᠂ ᠰᠤᠶᠤᠯ ᠢᠲᠡᠭᠡᠯ ᠢ ᠨᠡᠮᠡᠭᠳᠡᠭᠦᠯᠵᠦ᠂ ᠦᠪᠦᠷ ᠮᠣᠩᠭᠤᠯ ᠤᠨ ᠰᠤᠶᠤᠯ ᠤᠨ ᠪᠣᠳᠠᠲᠤ ᠬᠦᠴᠦᠨ ᠢ ᠳᠡᠭᠡᠭᠰᠢᠯᠡᠭᠦᠯᠬᠦ ᠳᠤ ᠵᠠᠪᠠᠯ ᠭᠦᠢᠴᠡᠳᠭᠡᠬᠦ ᠶᠠᠪᠤᠳᠠᠯ ᠪᠣᠯᠤᠨ᠎ᠠ᠃      ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ ᠪᠠ ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠶᠢ ᠪᠡᠶᠡᠯᠡᠭᠦᠯᠬᠦ ᠳᠤ ᠲᠠᠯ᠎ᠠ ᠨᠤᠲᠤᠭ ᠤᠨ ᠰᠤᠶᠤᠯ ᠤᠨ ᠬᠦᠭᠵᠢᠯᠲᠡ ᠶᠢᠨ ᠳᠦᠷᠢᠮ ᠤᠨ ᠲᠣᠭᠲᠠᠴᠠ᠂ ᠤᠯᠠᠮᠵᠢᠯᠠᠨ ᠮᠠᠨᠳᠤᠭᠤᠯᠬᠤ ᠠᠷᠭ᠎ᠠ ᠮᠠᠶ᠋ᠢᠭ᠂ ᠠᠴᠢᠶᠠᠯᠠᠭᠴᠢ ᠲᠠᠪᠴᠠᠩ ᠢ ᠴᠣᠭᠴᠠᠯᠠᠬᠤ᠂ ᠠᠭᠤᠯᠤᠭᠳᠠᠬᠤᠨ ᠪᠣᠯᠤᠨ ᠬᠡᠯᠪᠡᠷᠢ ᠵᠡᠷᠭᠡ ᠶᠢ ᠪᠦᠷ ᠨᠢᠭᠡᠨ ᠰᠢᠨ᠎ᠡ ᠳᠦᠷᠰᠦ ᠦᠵᠡᠭᠳᠡᠯ ᠲᠠᠢ ᠪᠣᠯᠭᠠᠬᠤ ᠬᠡᠷᠡᠭᠲᠡᠢ᠃ ᠰᠤᠶᠤᠯ ᠤᠨ ᠬᠦᠭᠵᠢᠯᠲᠡ ᠶᠢᠨ ᠱᠠᠲᠤ ᠦᠶ᠎ᠡ ᠶᠢᠨ ᠴᠢᠨᠠᠷᠲᠠᠶ ᠣᠨᠴᠠᠯᠢᠭ ᠰᠢᠨᠵᠢ ᠠᠴᠠ ᠠᠪᠴᠤ ᠬᠡᠯᠡᠪᠡᠯ᠂ ᠮᠠᠨ ᠤ ᠤᠯᠤᠰ ᠤᠨ ᠰᠤᠶᠤᠯ ᠤᠨ ᠬᠦᠭᠵᠢᠯᠲᠡ ᠨᠢᠭᠡᠨᠲᠡ ᠮᠥᠨ ᠴᠢᠨᠠᠷ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠱᠠᠲᠤ ᠦᠶ᠎ᠡ ᠳᠤ ᠤᠷᠤᠭᠠᠳ ᠪᠠᠶᠢᠨ᠎ᠠ᠂ ᠰᠤᠶᠤᠯ ᠤᠨ ᠬᠦᠭᠵᠢᠯᠲᠡ ᠳᠤᠮᠳᠠᠬᠢ ᠰᠢᠨ᠎ᠡ ᠶᠢ ᠡᠭᠦᠳᠬᠦ ᠶᠢᠨ ᠬᠦᠳᠡᠯᠦᠩᠭᠦᠢ᠂ ᠭᠤᠣᠯᠯᠠᠬᠤ ᠪᠠᠶᠢᠷᠢ ᠶᠢ ᠡᠷᠬᠡᠪᠰᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠪᠠᠷ ᠰᠤᠶᠤᠯ ᠤᠨ ᠵᠦᠭᠡᠯᠡᠨ ᠪᠣᠳᠠᠲᠤ ᠬᠦᠴᠦᠨ ᠤ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ ᠤᠯᠤᠰ ᠤᠨ ᠶᠡᠷᠦᠩᠬᠡᠢ ᠬᠦᠴᠦᠨ ᠢ ᠴᠢᠩᠭᠠᠷᠠᠭᠤᠯᠬᠤ ᠬᠡᠷᠡᠭᠲᠡᠢ᠃ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ ᠪᠠ ᠡᠭᠦᠳᠦᠯᠲᠡ ᠶᠢᠨ ᠴᠢᠨᠠᠷᠲᠠᠶ ᠬᠦᠭᠵᠢᠯᠲᠡ ᠶᠢ ᠪᠡᠶᠡᠯᠡᠭᠦᠯᠬᠦ ᠳᠤᠮᠳᠠ᠂ ᠡᠩ ᠲᠡᠷᠢᠭᠦᠨ ᠳᠤ ᠲᠠᠯ᠎ᠠ ᠨᠤᠲᠤᠭ ᠤᠨ ᠰᠤᠶᠤᠯ ᠳᠤ ᠠᠭᠤᠯᠤᠭᠳᠠᠵᠤ ᠪᠠᠶᠢᠭ᠎ᠠ ᠤᠶᠤᠨ ᠤᠬᠠᠭᠠᠨ ᠤ ᠠᠭᠤᠯᠬᠤᠨ᠂ ᠦᠵᠡᠯ ᠰᠠᠨᠠᠭᠠᠨ ᠤ ᠦᠨ᠎ᠡ ᠴᠠᠨ᠎ᠠ ᠶᠢ ᠢᠯᠡᠷᠡᠭᠦᠯᠦᠨ ᠠᠭᠤᠳᠠᠯᠬᠤ ᠪᠠ ᠳᠡᠯᠭᠡᠷᠡᠭᠦᠯᠦᠨ ᠲᠠᠶᠢᠯᠪᠤᠷᠢᠯᠠᠬᠤ ᠶᠢᠨ ᠳᠠᠭᠠᠤ ᠴᠠᠭ ᠦᠶ᠎ᠡ ᠲᠠᠢ ᠵᠡᠷᠭᠡᠴᠡᠨ ᠤᠷᠤᠭᠰᠢᠯᠠᠬᠤ ᠴᠠᠭ ᠦᠶ᠎ᠡ ᠶᠢᠨ ᠴᠢᠨᠠᠷ ᠣᠯᠭᠤᠵᠤ᠂ ᠡᠭᠦᠨ ᠤ ᠤᠯᠠᠮ ᠢᠶᠠᠷ ᠪᠢᠳᠡᠨ ᠤ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠢ ᠪᠦᠲᠦᠭᠡᠨ ᠪᠠᠶᠢᠭᠤᠯᠬᠤ ᠴᠢᠬᠤᠯᠠ ᠤᠶᠤᠨ ᠰᠠᠨᠠᠭᠠᠨ ᠤ ᠬᠦᠴᠦᠨ ᠪᠣᠯᠭᠠᠬᠤ ᠬᠡᠷᠡᠭᠲᠡᠢ᠃ ᠳᠠᠷᠠᠭ᠎ᠠ ᠨᠢ᠂ ᠲᠠᠯ᠎ᠠ ᠨᠤᠲᠤᠭ ᠤᠨ ᠰᠤᠶᠤᠯ ᠤᠨ ᠦᠨᠳᠦᠰᠦᠨ ᠠᠭᠤᠯᠬᠤᠨ ᠪᠠ ᠬᠡᠯᠪᠡᠷᠢ ᠶᠢ ᠬᠦᠴᠦ ᠲᠠᠯᠪᠢᠨ ᠤᠯᠠᠮᠵᠢᠯᠠᠬᠤ ᠪᠠ ᠬᠦᠭᠵᠢᠭᠦᠯᠬᠦ ᠬᠡᠷᠡᠭᠲᠡᠢ᠃ ᠮᠦᠨ ᠴᠢᠨᠠᠷ ᠪᠣᠯᠤᠨ ᠦᠪᠡᠷᠮᠢᠴᠡ ᠤᠨᠴᠠᠯᠢᠭ ᠢ ᠬᠦᠨᠳᠦᠳᠭᠡᠵᠦ᠂ ᠲᠡᠭᠦᠨ ᠤ ᠤᠶᠤᠨ ᠰᠠᠨᠠᠭ᠎ᠠ᠂ ᠴᠤᠭ ᠵᠠᠯᠢ᠂ ᠠᠮᠢᠨ ᠰᠦᠨᠡᠰᠦ ᠶᠢ ᠪᠠᠳᠠᠷᠠᠭᠤᠯᠬᠤ ᠬᠡᠷᠡᠭᠲᠡᠢ᠃ ᠡᠨᠡᠬᠦ ᠰᠠᠭᠤᠷᠢᠨ ᠳᠡᠭᠡᠷ᠎ᠡ᠂ ᠪᠣᠳᠠᠲᠠᠢ ᠲᠠᠢ ᠤᠶᠠᠯᠳᠤᠭᠤᠯᠤᠨ᠂ ᠲᠠᠯ᠎ᠠ ᠨᠤᠲᠤᠭ ᠤᠨ ᠰᠤᠶᠤᠯ ᠤᠨ ᠤᠤᠯ ᠠᠭᠤᠯᠠᠭᠳᠠᠬᠤᠨ᠂ ᠬᠡᠯᠪᠡᠷᠢ ᠳᠤ ᠰᠢᠨ᠎ᠡ ᠴᠠᠭ ᠦᠶ᠎ᠡ ᠶᠢᠨ ᠤᠳᠬ᠎ᠠ ᠰᠠᠨᠠᠭ᠎ᠠ ᠶᠢ ᠲᠠᠰᠤᠷᠠᠯᠲᠠ ᠦᠭᠡᠢ ᠣᠯᠭᠤᠵᠤ᠂ ᠲᠠᠯ᠎ᠠ ᠨᠤᠲᠤᠭ ᠤᠨ ᠰᠤᠶᠤᠯ ᠤᠨ ᠠᠭᠤᠯᠬᠤᠨ ᠪᠣᠯᠤᠨ ᠬᠡᠯᠪᠡᠷᠢ ᠶᠢ ᠰᠢᠨᠡᠴᠢᠯᠡᠨ ᠬᠦᠭᠵᠢᠭᠦᠯᠬᠦ ᠬᠡᠷᠡᠭᠲᠡᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map