ᠠᠵᠤ ᠠᠬᠤᠶ ᠶᠢᠨ ᠰᠢᠨ᠎ᠡ ᠬᠡᠪ ᠪᠠᠶᠢᠳᠠᠯ ᠲᠠᠢ ᠵᠣᠬᠢᠴᠠᠭᠤᠯᠤᠨ ᠬᠢᠨᠠᠨ ᠪᠣᠳᠣᠯᠲᠠ ᠶᠢᠨ ᠰᠢᠨ᠎ᠡ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠰᠦᠭᠡᠢ
ᠨᠡᠶᠢᠲᠡᠯᠡᠭᠰᠡᠨ ᠴᠠᠭ᠄
2015/10/23
     ᠰᠤᠷᠪᠤᠯᠵᠢᠯᠠᠨ ᠶᠠᠷᠢᠯᠴᠠᠭᠰᠠᠨ ᠴᠠᠭ᠄      2015 ᠤᠨ ᠤ 8 ᠳ᠋ᠤᠭᠠᠷ ᠰᠠᠷ᠎ᠠ ᠶᠢᠨ 24᠎ ᠤ ᠡᠳᠦᠷ ᠤᠨ ᠦᠳᠡ ᠶᠢᠨ ᠬᠤᠶᠢᠨᠠᠬᠢ 15 ᠴᠠᠭ      ᠰᠤᠷᠪᠤᠯᠵᠢᠯᠠᠨ ᠶᠠᠷᠢᠯᠴᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠶᠡᠷᠦᠩᠬᠡᠶ ᠬᠢᠨᠠᠨ ᠪᠣᠳᠣᠭᠴᠢ  ᠯᠢᠦ ᠸᠧᠨ ᠯᠸᠢ      ᠰᠤᠷᠪᠤᠯᠵᠢᠯᠠᠨ ᠶᠠᠷᠢᠯᠴᠠᠭᠰᠠᠨ ᠠᠭᠤᠯᠭ᠎ᠠ ᠶᠢᠨ ᠲᠣᠪᠴᠢ᠄      ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠤᠯᠢ ᠪᠠᠷ ᠤᠯᠤᠰ ᠢᠶᠠᠨ ᠵᠠᠰᠠᠬᠤ ᠶᠢ ᠳᠥᠯᠭᠢᠨ ᠠᠬᠢᠭᠤᠯᠬᠤ ᠨᠢ ᠨᠢᠭᠡᠨᠲᠡ ᠦᠨᠦ ᠶᠢᠨ ᠮᠠᠨ ᠤ ᠤᠯᠤᠰ ᠤᠨ ᠱᠠᠲᠤ ᠦᠶ᠎ᠡ ᠶᠢᠨ ᠴᠢᠨᠠᠷᠲᠠᠶ ᠬᠦᠭᠵᠢᠯᠲᠡ ᠶᠢᠨ ᠰᠢᠨ᠎ᠡ ᠬᠡᠪ ᠤᠨ ᠪᠠᠶᠢᠳᠠᠯ ᠪᠤᠯᠪᠠ᠂ ᠬᠢᠨᠠᠨ ᠪᠣᠳᠣᠯᠲᠠ ᠨᠢ ᠤᠯᠤᠰ ᠢᠶᠠᠨ ᠵᠠᠰᠠᠬᠤ ᠴᠢᠬᠤᠯᠠ ᠪᠠᠭᠠᠵᠢ ᠪᠣᠯᠤᠭᠰᠠᠨ ᠤ ᠬᠤᠪᠢ ᠳᠤ᠂ ᠥᠭᠡᠷᠡᠴᠢᠯᠡᠯᠲᠡ ᠬᠦᠭᠵᠢᠯᠲᠡ ᠳᠤ ᠦᠢᠯᠡᠴᠢᠯᠡᠬᠦ᠂ ᠠᠵᠤ ᠠᠬᠤᠶ ᠶᠢᠨ ᠡᠮᠬᠢ ᠲᠢᠭᠯᠢᠮ ᠢ ᠬᠠᠮᠠᠭᠠᠯᠠᠬᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠡᠭᠦᠷᠭᠡ ᠶᠢ ᠡᠭᠦᠷᠭᠡᠯᠡᠵᠤ ᠪᠠᠶᠢᠭ᠎ᠠ ᠶᠤᠮ᠃ ᠰᠢᠨ᠎ᠡ ᠬᠡᠪ ᠤᠨ ᠪᠠᠶᠢᠳᠠᠯ ᠳᠣᠣᠷ᠎ᠠ᠂ ᠮᠠᠨ ᠤ ᠣᠷᠣᠨ ᠤ ᠬᠢᠨᠠᠨ ᠪᠣᠳᠣᠬᠤ ᠰᠠᠯᠠᠭ᠎ᠠ ᠮᠥᠴᠢᠷ ᠨᠢ ᠰᠢᠨ᠎ᠡ ᠥᠷᠢᠰᠥᠯᠳᠦᠭᠡᠨ ᠢ ᠬᠡᠷᠬᠢᠨ ᠤᠭᠲᠤᠵᠤ᠂ ᠰᠢᠨ᠎ᠡ ᠡᠭᠦᠷᠭᠡ ᠬᠠᠷᠢᠭᠤᠴᠠᠯᠭ᠎ᠠ ᠪᠠᠨ ᠬᠡᠷᠬᠢᠨ ᠬᠦᠢᠴᠡᠳᠭᠡᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠥᠭᠵᠢᠯᠲᠡ ᠳᠤ ᠬᠡᠷᠬᠢᠨ ᠦᠢᠯᠡᠴᠢᠯᠡᠵᠤ ᠪᠠᠶᠢᠭ᠎ᠠ ᠶᠢ ᠨᠡᠩ ᠰᠠᠶᠢᠨ ᠤᠶᠢᠯᠠᠭᠠᠬᠤ ᠶᠢᠨ ᠲᠤᠯᠠᠳᠠ᠂ ᠤᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠶᠡᠷᠦᠩᠬᠡᠶ ᠬᠢᠨᠠᠨ ᠪᠣᠳᠣᠭᠴᠢ ᠯᠢᠦ ᠸᠧᠨ ᠯᠸᠢ ᠶᠢ ᠤᠷᠢᠵᠤ ᠰᠦᠯᠵᠢᠶᠡᠨ ᠳᠡᠭᠡᠷ᠎ᠡ ᠲᠠ ᠨᠠᠷ ᠲᠠᠢ ᠶᠠᠷᠢᠯᠴᠠᠭᠤᠯᠬᠤ ᠪᠤᠯᠤᠨ᠎ᠠ᠃ ᠲᠤᠬᠠᠢ ᠶᠢᠨ ᠴᠠᠭ ᠲᠤ᠂ ᠥᠷᠭᠡᠨ ᠣᠯᠠᠨ ᠰᠦᠯᠵᠢᠶᠡᠨ ᠠᠨᠳᠠ ᠨᠠᠷ ᠮᠢᠨᠢ ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕      ﹇ᠬᠦᠲᠦᠯᠦᠭᠴᠢ﹈      ᠰᠦᠯᠵᠢᠶᠡᠨ ᠠᠨᠳᠠ ᠨᠠᠷ ᠡ ᠰᠠᠶᠢᠨ ᠪᠠᠶᠢᠵᠠᠭᠠᠨᠠᠤ︕ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠦᠨᠦᠳᠦᠷ ᠪᠢᠳᠡ ᠠᠵᠠ ᠲᠠᠢ ᠪᠠᠷ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠶᠡᠷᠦᠩᠬᠡᠶ ᠬᠢᠨᠠᠨ ᠪᠣᠳᠣᠭᠴᠢ ᠯᠢᠦ ᠸᠧᠨ ᠯᠸᠢ ᠶᠢ ᠤᠷᠢᠨ᠂ ᠰᠢᠨ᠎ᠡ ᠬᠡᠪ ᠤᠨ ᠪᠠᠶᠢᠳᠠᠯ ᠳᠣᠣᠷ᠎ᠠ᠂ ᠮᠠᠨ ᠤ ᠣᠷᠣᠨ ᠤ ᠬᠢᠨᠠᠨ ᠪᠣᠳᠣᠬᠤ ᠰᠠᠯᠠᠭ᠎ᠠ ᠮᠥᠴᠢᠷ ᠨᠢ ᠰᠢᠨ᠎ᠡ ᠥᠷᠢᠰᠥᠯᠳᠦᠭᠡᠨ ᠢ ᠬᠡᠷᠬᠢᠨ ᠤᠭᠲᠤᠵᠤ᠂ ᠰᠢᠨ᠎ᠡ ᠡᠭᠦᠷᠭᠡ ᠬᠠᠷᠢᠭᠤᠴᠠᠯᠭ᠎ᠠ ᠪᠠᠨ ᠬᠡᠷᠬᠢᠨ ᠬᠦᠢᠴᠡᠳᠭᠡᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠥᠭᠵᠢᠯᠲᠡ ᠳᠤ ᠬᠡᠷᠬᠢᠨ ᠦᠢᠯᠡᠴᠢᠯᠡᠵᠤ ᠪᠠᠶᠢᠭ᠎ᠠ ᠬᠤᠯᠪᠤᠭᠳᠠᠯ ᠪᠦᠬᠦᠢ ᠪᠠᠶᠢᠳᠠᠯ ᠢ  ᠲᠠᠶᠢᠯᠪᠤᠷᠢᠯᠠᠭᠤᠯᠬᠤ ᠪᠠᠷ ᠪᠤᠯᠪᠠ᠃ ᠯᠢᠦ ᠶᠡᠷᠦᠩᠬᠡᠶ ᠬᠢᠨᠠᠨ ᠪᠣᠳᠣᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ﹇ᠯᠢᠦ ᠸᠧᠨ ᠯᠸᠢ﹈      ᠬᠥᠲᠥᠯᠥᠭᠴᠢ ᠰᠠᠶᠢᠨ ᠤᠤ︕ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︕ ᠲᠠ ᠪᠦᠬᠦᠨ ᠲᠠᠢ ᠶᠠᠷᠢᠯᠴᠠᠬᠤ ᠪᠤᠯᠤᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ︕      ﹇ᠬᠦᠲᠦᠯᠦᠭᠴᠢ﹈      ᠰᠢᠨ᠎ᠡ ᠬᠡᠪ ᠤᠨ ᠪᠠᠶᠢᠳᠠᠯ ᠨᠢ ᠬᠢᠨᠠᠨ ᠪᠣᠳᠣᠬᠤ ᠠᠵᠢᠯ ᠳᠤ ᠶᠠᠮᠠᠷ ᠰᠢᠨ᠎ᠡ ᠱᠠᠭᠠᠷᠳᠠᠯᠭ᠎ᠠ ᠨᠤᠭᠤᠳ ᠢ ᠲᠠᠯᠪᠢᠭᠰᠠᠨ ᠪᠤᠶ︖      ﹇ᠯᠢᠦ ᠸᠧᠨ ᠯᠸᠢ﹈      ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠠᠴᠠ ᠬᠢᠨᠠᠨ ᠪᠣᠳᠣᠬᠤ ᠳᠦᠷᠢᠮ ᠢ ᠲᠡᠭᠦᠯᠳᠡᠷᠵᠢᠬᠦᠯᠵᠤ᠂ ᠬᠠᠤᠯᠢ ᠶᠣᠰᠣᠭᠠᠷ ᠪᠡᠶ᠎ᠡ ᠪᠠᠨ ᠳᠠᠭᠠᠭᠠᠭᠰᠠᠨ ᠬᠢᠨᠠᠨ ᠪᠤᠳᠤᠬᠤ ᠬᠢᠨᠠᠯᠲᠠ ᠲᠠᠯᠪᠢᠬᠤ ᠡᠷᠬᠡ ᠪᠠᠨ ᠬᠡᠷᠡᠭᠵᠢᠭᠦᠯᠬᠦ ᠶᠢ ᠪᠠᠲᠤᠯᠠᠬᠤ ᠬᠡᠷᠡᠭᠲᠠᠢ᠃ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠡᠳ᠋ ᠬᠥᠷᠥᠩᠭᠡ᠂ ᠤᠯᠤᠰ ᠤᠨ ᠡᠬᠢ ᠪᠠᠶᠠᠯᠢᠭ ᠬᠢᠭᠡᠳ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠦᠢᠴᠡᠳᠭᠡᠵᠤ ᠪᠠᠶᠢᠭ᠎ᠠ ᠪᠠᠶᠢᠳᠠᠯ ᠳᠤ ᠬᠢᠨᠠᠨ ᠪᠣᠳᠣᠯᠲᠠ ᠶᠢ ᠪᠦᠷᠢᠨ ᠪᠦᠷᠬᠦᠬᠦᠯᠬᠦ ᠬᠡᠷᠡᠭᠲᠠᠢ᠃ ᠬᠢᠨᠠᠨ ᠪᠣᠳᠣᠯᠲᠠ ᠶᠢᠨ ᠠᠵᠢᠯ ᠢ ᠲᠤᠰᠬᠠᠢ ᠮᠡᠷᠬᠡᠵᠢᠬᠦᠯᠬᠦ ᠪᠠᠶᠢᠭᠤᠯᠤᠯᠲᠠ ᠶᠢ ᠠᠬᠢᠭᠤᠯᠬᠤ ᠬᠡᠷᠡᠭᠲᠠᠢ᠃ ᠡᠭᠦᠨ ᠤ ᠬᠠᠮᠲᠤ᠂ ᠪᠠᠰᠠ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠶᠢ ᠨᠠᠮ ᠪᠠ ᠤᠯᠤᠰ ᠤᠨ ᠨᠠᠢᠮᠠᠨ ᠶᠡᠭᠡ ᠬᠢᠨᠠᠯᠲᠠ ᠲᠠᠯᠪᠢᠬᠤ ᠰᠢᠰᠲ᠋ᠧᠮᠵᠢ ᠶᠢᠨ ᠨᠢᠭᠡ ᠪᠤᠯᠭᠠᠨ᠂ ᠤᠯᠤᠰ ᠤᠨ ᠵᠠᠰᠠᠯᠲᠠ ᠶᠢᠨ  ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠪᠤᠯᠭᠠᠬᠤ ᠬᠡᠷᠡᠭᠲᠠᠢ ᠬᠡᠵᠤ ᠳᠤᠷᠠᠳᠴᠤ᠂ ᠬᠢᠨᠠᠨ ᠪᠣᠳᠣᠯᠲᠠ ᠶᠢ ᠰᠢᠨᠡᠴᠢᠯᠡᠬᠦ ᠳᠤ ᠨᠡᠩ ᠦᠨᠳᠦᠷ ᠬᠠᠷᠢᠭᠤᠴᠠᠯᠭ᠎ᠠ ᠪᠠ ᠡᠭᠦᠷᠭᠡ ᠤᠯᠭᠤᠭᠰᠠᠨ ᠪᠠᠶᠢᠨ᠎ᠠ᠃      ︽ᠬᠢᠨᠠᠨ ᠪᠣᠳᠣᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠬᠦᠯᠬᠦ ᠰᠠᠨᠠᠯ︾ ︵ᠳᠣᠷᠣᠭᠰᠢ ︽ᠬᠡᠷᠡᠭᠵᠢᠬᠦᠯᠬᠦ ᠰᠠᠨᠠᠯ︾ ᠭᠡᠵᠦ ᠲᠤᠪᠴᠢᠯᠠᠨ᠎ᠠ︶᠎ ᠳᠤ ᠲᠥᠪ ᠤᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠨ ᠪᠣᠳᠣᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠵᠠᠷᠯᠢᠭ ᠤᠨ ᠰᠢᠯᠤᠭᠤᠬᠠᠨ ᠶᠠᠪᠤᠭᠳᠠᠬᠤ ᠶᠢ ᠠᠬᠢᠭᠤᠯᠬᠤ ᠬᠡᠷᠡᠭᠲᠠᠢ︔ ᠠᠵᠤ ᠠᠬᠤᠶ ᠨᠡᠶᠢᠭᠡᠮ ᠤᠨ ᠠᠵᠢᠯᠯᠠᠭᠠᠨ ᠤ ᠳᠤᠮᠳᠠᠬᠢ ᠲᠦᠭᠰᠢᠭᠦᠷᠢ ᠶᠢᠨ ᠳᠠᠯᠳᠠ ᠭᠡᠮ ᠢ ᠢᠯᠡᠷᠡᠭᠦᠯᠬᠦ ᠪᠠ ᠲᠤᠰᠬᠠᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠣᠷᠣᠨ ᠤ ᠠᠵᠤ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠠᠢ︔ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠲᠤᠮᠤ ᠠᠰᠠᠭᠤᠳᠠᠯ ᠢ ᠢᠯᠡᠴᠢᠯᠡᠬᠦ ᠪᠠ ᠪᠠᠶᠢᠴᠠᠭᠠᠨ ᠰᠢᠳᠭᠡᠬᠦ ᠡᠷᠴᠢᠮ ᠢᠶᠠᠨ ᠴᠢᠩᠭᠠᠷᠠᠭᠤᠯᠵᠤ᠂ ᠬᠢᠨᠠᠨ ᠪᠣᠳᠣᠬᠤ ᠪᠠᠷ ᠳᠠᠮᠵᠢᠨ ᠤᠯᠵᠤ ᠮᠡᠳᠡᠭᠰᠡᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠲᠤᠮᠤ ᠠᠰᠠᠭᠤᠳᠠᠯ ᠢ ᠨᠡᠪᠲᠡ ᠭᠦᠨᠵᠡᠭᠡᠶ ᠲᠤᠤᠱᠲᠠᠢ ᠪᠠᠶᠢᠴᠠᠭᠠᠬᠤ ᠬᠡᠷᠡᠭᠲᠡᠶ︔ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠠᠷᠠᠳᠴᠢᠯᠠᠯᠲᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠬᠡᠷᠡᠭᠲᠠᠢ︔ ᠡᠷᠬᠡ ᠪᠠᠨ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠ ᠬᠢᠵᠠᠭᠠᠷᠯᠠᠬᠤ ᠡᠷᠴᠢᠮ ᠢᠶᠠᠨ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠢᠭᠤᠴᠠᠯᠭ᠎ᠠ ᠠᠰᠠᠭᠤᠬᠤ ᠲᠣᠭᠲᠠᠴᠠ ᠶᠢ ᠲᠡᠭᠦᠯᠳᠡᠷᠵᠢᠬᠦᠯᠦᠨ ᠪᠦᠷᠢᠨᠰᠢᠬᠦᠯᠬᠦ ᠶᠢ ᠠᠬᠢᠭᠤᠯᠬᠤ ᠬᠡᠷᠡᠭᠲᠠᠢ︔ ᠠᠮᠵᠢᠯᠲᠠ ᠪᠦᠲᠦᠭᠡᠯ ᠳᠤ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠦᠷ᠎ᠡ ᠠᠰᠢᠭ ᠱᠠᠭᠠᠷᠳᠠᠬᠤ᠂ ᠪᠦᠲᠦᠮᠵᠢ ᠠᠰᠠᠭᠤᠬᠤ᠂ ᠬᠠᠷᠢᠭᠤᠴᠠᠯᠭ᠎ᠠ ᠨᠡᠬᠡᠮᠵᠢᠯᠡᠬᠦ ᠶᠢ ᠬᠢᠨᠠᠨ ᠪᠣᠳᠣᠬᠤ ᠠᠵᠢᠯ ᠳᠤ ᠨᠡᠶᠢᠳᠡᠮ ᠲᠤᠤᠱᠯᠠᠭᠤᠯᠵᠤ᠂ ᠣᠯᠠᠨ ᠨᠡᠶᠢᠲᠡ ᠶᠢᠨ ᠪᠡᠯᠡ ᠮᠦᠡᠭᠭᠦ ᠶᠢ ᠠᠮᠤᠷ ᠲᠦᠪᠰᠢᠨ ᠥᠨᠳᠥᠷ ᠪᠦᠲᠦᠮᠵᠢᠲᠡᠶ ᠬᠡᠷᠡᠭᠯᠡᠬᠦ ᠶᠢ ᠠᠬᠢᠭᠤᠯᠬᠤ ᠬᠡᠷᠡᠭᠲᠠᠢ︔ ᠠᠷᠠᠳ ᠤᠨ ᠠᠮᠢᠳᠤᠷᠠᠯ ᠢᠶᠠᠷ ᠭᠤᠣᠯᠳᠠᠯᠭ᠎ᠠ ᠪᠣᠯᠭᠠᠭᠰᠠᠨ ᠨᠡᠶᠢᠭᠡᠮ ᠤᠨ ᠪᠠᠶᠢᠭᠤᠯᠤᠯᠲᠠ ᠶᠢᠨ ᠪᠠᠶᠢᠳᠠᠯ ᠳᠤ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠬᠡᠷᠡᠭᠲᠠᠢ ᠭᠡᠵᠤ ᠱᠠᠭᠠᠷᠳᠠᠪᠠ᠃ ᠡᠨᠡ ᠨᠢ ᠬᠢᠨᠠᠨ ᠪᠣᠳᠣᠬᠤ ᠳᠤ ᠳᠠᠩᠰᠠ ᠶᠢ ᠪᠠᠶᠢᠴᠠᠭᠠᠬᠤ ᠮᠦᠷᠲᠡᠭᠡᠨ ᠪᠠᠰᠠ ᠬᠥᠮᠦᠨ ᠢ ᠬᠢᠨᠠᠵᠤ᠂ ᠪᠣᠳᠠᠰ ᠢ ᠬᠢᠨᠠᠵᠤ᠂ ᠲᠥᠷᠥ ᠶᠢᠨ ᠪᠣᠳᠣᠯᠭ᠎ᠠ ᠶᠢ ᠬᠢᠨᠠᠵᠤ᠂ ᠬᠢᠨᠠᠨ ᠪᠣᠳᠣᠬᠤ ᠬᠢᠨᠠᠯᠲᠠ ᠲᠠᠯᠪᠢᠬᠤ ᠳᠤ ︽ᠪᠦᠬᠦᠨ ᠢ ᠪᠦᠷᠬᠦᠬᠦᠯᠬᠦ︾᠎ ᠶᠢ ᠪᠡᠶᠡᠯᠡᠬᠦᠯᠬᠦ ᠶᠢ ᠬᠠᠷᠠᠭᠤᠯᠵᠤ ᠪᠤᠢ᠃      ᠰᠢᠨ᠎ᠡ ᠬᠡᠪ ᠤᠨ ᠪᠠᠶᠢᠳᠠᠯ ᠳᠤᠤᠷ᠎ᠠ ᠬᠢᠨᠠᠨ ᠪᠣᠳᠣᠬᠤ ᠠᠵᠢᠯ ᠢ ᠰᠠᠶᠢᠲᠤᠷ ᠬᠢᠬᠦ ᠳᠤ᠂ ᠵᠠᠪᠠᠯ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠠᠨᠢᠯᠲᠠ ᠪᠠ ᠮᠠᠭᠠᠳᠯᠠᠯᠲᠠ ᠲᠠᠢ ᠨᠢᠭᠡᠳᠬᠡᠵᠦ᠂ ᠰᠢᠨ᠎ᠡ ᠬᠡᠪ ᠪᠠᠶᠢᠳᠠᠯ ᠢ ᠲᠠᠨᠢᠨ᠂ ᠰᠢᠨ᠎ᠡ ᠬᠡᠪ ᠪᠠᠶᠢᠳᠠᠯ ᠳᠤ ᠵᠤᠬᠢᠴᠠᠨ᠂ ᠰᠢᠨ᠎ᠡ ᠬᠡᠪ ᠪᠠᠶᠢᠳᠠᠯ ᠳᠤ ᠦᠢᠯᠡᠴᠢᠯᠡᠵᠤ᠂ ᠰᠢᠨ᠎ᠡ ᠰᠡᠳᠬᠢᠬᠦᠶ᠂ ᠰᠢᠨ᠎ᠡ ᠠᠷᠭ᠎ᠠ᠂ ᠰᠢᠨ᠎ᠡ ᠬᠢᠳᠡᠯ ᠢ ᠬᠡᠷᠡᠭᠯᠡᠨ ᠬᠢᠨᠠᠨ ᠪᠣᠳᠣᠬᠤ ᠠᠵᠢᠯ ᠤᠨ ᠰᠠᠨᠠᠭᠠᠴᠢᠯᠠᠭᠠᠲᠤ ᠴᠢᠨᠠᠷ ᠪᠠ ᠵᠣᠬᠢᠴᠠᠬᠤ ᠴᠢᠨᠠᠷ ᠢ ᠲᠠᠰᠤᠷᠠᠯᠲᠠ ᠦᠭᠡᠶ ᠴᠢᠩᠭᠠᠷᠠᠭᠤᠯᠬᠤ ᠬᠡᠷᠡᠭᠲᠠᠢ᠃      ﹇ᠬᠦᠲᠦᠯᠦᠭᠴᠢ﹈      ︽ᠬᠡᠷᠡᠭᠵᠢᠬᠦᠯᠬᠦ ᠰᠠᠨᠠᠯ︾᠎ ᠨᠢ ᠬᠤᠶᠢᠰᠢᠳᠠ ᠶᠢᠨ ᠬᠢᠨᠠᠨ ᠪᠣᠳᠣᠬᠤ ᠳᠤ ᠠᠵᠢᠯ ᠶᠠᠮᠠᠷ ᠶᠠᠮᠠᠷ ᠰᠢᠨ᠎ᠡ ᠱᠠᠭᠠᠷᠳᠠᠯᠭ᠎ᠠ ᠪᠠ ᠰᠢᠨ᠎ᠡ ᠲᠤᠭᠲᠠᠭᠠᠯ  ᠭᠠᠷᠭᠠᠭᠰᠠᠨ ᠪᠤᠶ︖      ﹇ᠯᠢᠦ ᠸᠧᠨ ᠯᠸᠢ﹈      ︽ᠬᠡᠷᠡᠭᠵᠢᠬᠦᠯᠬᠦ ᠰᠠᠨᠠᠯ︾᠎ ᠳᠤ ᠤᠯᠤᠰ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ  ᠨᠠᠶᠢᠳᠠᠪᠤᠷᠢᠵᠢᠭᠤᠯᠤᠯ ᠢ ᠠᠬᠢᠭᠤᠯᠬᠤ ᠲᠠᠯ᠎ᠠ ᠪᠠᠷ ᠬᠢᠨᠠᠨ ᠪᠤᠳᠤᠬᠤ ᠶᠢᠨ ᠪᠠᠲᠤᠯᠠᠭ᠎ᠠ ᠶᠢᠨ ᠦᠢᠯᠡᠳᠦᠯ᠂ ᠬᠢᠨᠠᠨ ᠪᠣᠳᠣᠬᠤ ᠶᠢᠨ  ᠬᠢᠨᠠᠯᠲᠠ ᠲᠠᠯᠪᠢᠯᠲᠠ ᠶᠢᠨ ᠦᠢᠯᠡᠳᠦᠯ ᠢ ᠪᠠᠳᠠᠷᠠᠭᠤᠯᠬᠤ ᠶᠢ ᠲᠠᠪᠤᠨ ᠲᠠᠯ᠎ᠠ ᠪᠠᠷ ᠴᠢᠬᠤᠯᠠᠴᠢᠯᠠᠪᠠ᠃      ᠨᠢᠭᠡ ᠳᠤ᠂ ᠬᠢᠨᠠᠨ ᠪᠤᠳᠤᠬᠤ ᠲᠠᠯ᠎ᠠ ᠶᠢ ᠤᠯᠠᠮ ᠨᠢᠭᠡ ᠠᠯᠬᠤᠮ ᠲᠤᠲᠤᠷᠬᠠᠶᠢᠯᠠᠪᠠ᠃ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠡᠳ᠋ ᠬᠥᠷᠥᠩᠭᠡ᠂ ᠤᠯᠤᠰ ᠤᠨ ᠦᠮᠴᠢᠯᠡᠯᠲᠦ ᠡᠬᠢ ᠪᠠᠶᠠᠯᠢᠭ ᠢ ᠬᠠᠮᠢᠶᠠᠷᠬᠤ᠂ ᠬᠤᠪᠢᠶᠠᠷᠢᠯᠠᠬᠤ᠂ ᠬᠡᠷᠡᠭᠯᠡᠬᠦ ᠳᠤ ᠬᠤᠯᠪᠤᠭᠳᠠᠭᠰᠠᠨ ᠰᠠᠯᠠᠭ᠎ᠠ ᠮᠥᠴᠢᠷ᠂ ᠨᠢᠭᠡᠴᠡ ᠪᠤᠯᠤᠨ ᠬᠤᠪᠢ ᠬᠥᠮᠦᠨ ᠶᠤᠮ ᠪᠤᠯ᠂ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠦᠢᠴᠡᠳᠭᠡᠭᠰᠡᠨ ᠪᠠᠶᠢᠳᠠᠯ ᠳᠤ ᠴᠥᠮ ᠬᠢᠨᠠᠨ ᠪᠣᠳᠣᠯᠲᠠ ᠶᠢ ᠬᠦᠯᠢᠶᠡᠵᠤ᠂ ᠬᠢᠨᠠᠨ ᠪᠣᠳᠣᠯᠲᠠ ᠶᠢ ᠬᠠᠮᠵᠢᠨ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ︽ᠪᠦᠬᠦᠨ ᠢ ᠪᠦᠷᠬᠦᠬᠦᠯᠬᠦ︾᠎ ᠶᠢ ᠦᠯᠡᠳᠡᠭᠡᠯ ᠦᠬᠡᠢ ᠪᠡᠶᠡᠯᠡᠬᠦᠯᠬᠦ ᠬᠡᠷᠡᠭᠲᠠᠢ᠃      ᠬᠤᠶᠠᠷ ᠲᠤ᠂ ᠬᠢᠨᠠᠨ ᠪᠣᠳᠣᠬᠤ ᠶᠢᠨ ᠬᠢᠨᠠᠯᠲᠠ ᠲᠠᠯᠪᠢᠬᠤ ᠦᠢᠯᠡᠳᠦᠯ ᠢ ᠴᠢᠩᠭᠠᠷᠠᠭᠤᠯᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠪᠠᠶᠢᠳᠠᠯ ᠳᠤ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠠᠶᠢᠭᠠᠳ ᠵᠢᠷᠤᠮᠯᠠᠬᠤ ᠦᠭᠡᠶ᠂ ᠬᠠᠤᠯᠢ ᠬᠡᠷᠡᠭᠵᠢᠭᠦᠯᠬᠦ ᠨᠢ ᠴᠢᠩᠭ᠎ᠠ ᠪᠤᠰᠤ ᠵᠡᠷᠭᠡ ᠠᠰᠠᠭᠤᠳᠠᠯ ᠢ ᠣᠯᠵᠤ ᠮᠡᠳᠡᠬᠦ ᠶᠢ ᠠᠩᠬᠠᠷᠴᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠬᠠᠤᠯᠢ ᠴᠠᠭᠠᠵᠠ ᠶᠢᠨ ᠰᠦᠷ ᠬᠦᠴᠦᠨ ᠢ ᠦᠨᠡᠨ ᠬᠦ ᠬᠠᠮᠠᠭᠠᠯᠠᠬᠤ ᠬᠡᠷᠡᠭᠲᠠᠢ᠃ ᠣᠯᠠᠨ ᠲᠦᠮᠡᠨ ᠤ ᠠᠰᠢᠭ ᠲᠤᠰᠠ ᠶᠢ ᠬᠦᠨᠳᠦ ᠨᠣᠴᠢᠲᠠᠶ ᠬᠤᠬᠢᠷᠠᠭᠤᠯᠤᠭᠰᠠᠨ᠂ ᠡᠷᠬᠡ ᠲᠡᠭᠰᠢ ᠥᠷᠢᠰᠥᠯᠳᠦᠭᠡᠨ ᠢ ᠬᠠᠷᠰᠢᠯᠠᠭᠰᠠᠨ ᠵᠡᠷᠭᠡ ᠠᠰᠠᠭᠤᠳᠠᠯ ᠢ ᠬᠦᠴᠦ ᠲᠠᠯᠪᠢᠨ ᠲᠤᠰᠬᠠᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠲᠢᠭᠯᠢᠮ ᠪᠣᠯᠤᠨ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠠᠢ᠃      ﹇ᠯᠢᠦ ᠸᠧᠨ ᠯᠸᠢ﹈      ︽ᠬᠡᠷᠡᠭᠵᠢᠬᠦᠯᠬᠦ ᠰᠠᠨᠠᠯ︾᠎ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠬᠢᠨᠠᠨ ᠪᠣᠳᠣᠯᠲᠠ ᠶᠢᠨ ᠳᠤᠮᠳᠠ ᠤᠯᠵᠤ ᠮᠡᠳᠡᠭᠰᠡᠨ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠴᠢᠬᠤᠯᠠ ᠶᠡᠭᠡ ᠠᠰᠠᠭᠤᠳᠠᠯ ᠢ᠂ ᠬᠦᠨᠵᠡᠭᠡᠢ᠂ ᠨᠡᠪᠲᠡ᠂ ᠲᠤᠤᠱᠲᠠᠢ ᠪᠠᠶᠢᠴᠠᠭᠠᠬᠤ ᠬᠡᠷᠡᠭᠲᠡᠶ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠤᠪᠢᠶᠠᠷᠢᠯᠠᠯᠲᠠ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠤᠯᠤᠨ ᠲᠦᠷᠦᠯ ᠵᠦᠢᠯ ᠤᠨ ᠬᠢᠨᠠᠨ ᠵᠦᠪᠰᠢᠶᠡᠷᠡᠯ᠂ ᠴᠢᠬᠤᠯᠠ ᠶᠡᠭᠡ ᠡᠳ᠋ ᠪᠣᠳᠠᠰ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠳᠤ ᠣᠷᠣᠯᠴᠠᠬᠤ᠂ ᠵᠢᠭᠡᠯᠡᠯᠭᠡ ᠲᠠᠯᠪᠢᠬᠤ ᠪᠠ ᠦᠨᠡᠲᠦ ᠲᠡᠮᠳᠡᠭᠲᠦ ᠰᠤᠯᠢᠯᠴᠠᠭ᠎ᠠ᠂ ᠤᠯᠤᠰ ᠤᠨ ᠦᠮᠴᠢᠯᠡᠯᠲᠦ ᠡᠳ᠋ ᠬᠥᠷᠥᠩᠭᠡ ᠪᠤᠯᠤᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ᠂ ᠭᠠᠵᠠᠷ ᠰᠢᠷᠣᠶ ᠪᠤᠯᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠰᠤᠯᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠠᠩᠬᠠᠷᠴᠤ᠂ ᠡᠷᠬᠡ ᠪᠠᠨ ᠠᠰᠢᠭᠯᠠᠨ ᠠᠮᠢ ᠪᠠᠨ ᠪᠤᠷᠳᠤᠭᠰᠠᠨ᠂ ᠬᠠᠷᠢᠭᠤᠴᠠᠯᠭ᠎ᠠ ᠪᠠᠨ ᠠᠯᠳᠠᠭᠰᠠᠨ ᠲᠤᠰᠢᠶᠠᠯ ᠢᠶᠠᠨ ᠭᠤᠲᠤᠭᠠᠭᠰᠠᠨ᠂ ᠱᠠᠮᠰᠢᠭᠰᠠᠨ ᠬᠠᠭ᠋ᠤᠤᠯᠢ ᠢᠳᠡᠭᠰᠡᠨ᠂ ᠳᠣᠲᠣᠭᠠᠳᠤ ᠳᠠᠭᠠᠨ ᠰᠤᠯᠢᠯᠴᠠᠭᠰᠠᠨ ᠵᠡᠷᠭᠡ ᠠᠰᠠᠭᠤᠳᠠᠯ ᠢ ᠢᠯᠡᠴᠢᠯᠡᠨ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠠᠢ᠃  ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ ᠭᠦᠨᠵᠡᠭᠡᠶᠢᠷᠡᠭᠦᠯᠵᠦ᠂ ᠤᠳᠤᠷᠢᠳᠬᠤ ᠺᠠᠳ᠋ᠷᠴᠤᠳ ᠤᠨ ᠬᠠᠤᠯᠢ ᠴᠠᠭᠠᠵᠠ ᠰᠠᠬᠢᠯᠭ᠎ᠠ ᠪᠠᠲᠤ ᠳᠦᠷᠢᠮ ᠲᠤᠭᠲᠠᠭᠠᠯ ᠢ ᠵᠢᠷᠤᠮᠯᠠᠨ ᠰᠠᠬᠢᠵᠤ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠬᠦᠴᠦ ᠲᠠᠯᠪᠢᠨ ᠪᠠᠶᠢᠴᠠᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠰᠠᠨᠠᠭᠠᠴᠢᠯᠠᠭ᠎ᠠ ᠲᠠᠢ ᠠᠵᠢᠯᠯᠠᠬᠤ᠂ ᠪᠦᠲᠦᠮᠵᠢᠲᠠᠢ ᠠᠵᠢᠯᠯᠠᠬᠤ ᠶᠢ ᠲᠦᠯᠬᠢᠨ ᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠬᠦ ᠬᠡᠷᠡᠭᠲᠠᠢ᠃ ᠠᠵᠢᠯ ᠶᠠᠪᠤᠳᠠᠯ ᠬᠢᠳᠡᠭ ᠦᠭᠡᠢ᠂ ᠠᠵᠢᠯ ᠶᠠᠪᠤᠳᠠᠯ ᠢ ᠤᠳᠠᠭᠠᠨ ᠪᠡᠶᠡᠯᠡᠭᠦᠯᠳᠡᠭ᠂ ᠠᠵᠢᠯ ᠶᠠᠪᠤᠳᠠᠯ ᠢ ᠳᠤᠷ᠎ᠠ ᠪᠠᠷ ᠢᠶᠠᠨ ᠬᠢᠳᠡᠭ ᠠᠰᠠᠭᠤᠳᠠᠯ ᠢ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠲᠤᠰᠬᠠᠵᠤ᠂ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠢᠭᠤᠴᠠᠯᠭ᠎ᠠ ᠠᠰᠠᠭᠤᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠬᠦᠯᠬᠦ ᠶᠢ ᠠᠬᠢᠭᠤᠯᠬᠤ ᠬᠡᠷᠡᠭᠲᠠᠢ᠃      ︽ᠬᠡᠷᠡᠭᠵᠢᠬᠦᠯᠬᠦ ᠰᠠᠨᠠᠯ︾᠎ ᠳᠤ ᠬᠢᠨᠠᠨ ᠪᠤᠳᠤᠯᠲᠠ ᠨᠢ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠤᠶᠠᠯᠳᠤᠭᠤᠯᠤᠭᠰᠠᠨ ᠪᠠᠶᠢᠳᠠᠯ ᠢ ᠨᠢᠭᠲᠠ ᠠᠩᠬᠠᠷᠴᠤ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠠ ᠵᠣᠬᠢᠴᠠᠯᠳᠤ ᠴᠢᠨᠠᠷ ᠢ ᠴᠢᠩᠭᠠᠳᠬᠠᠬᠤ ᠪᠠᠨ ᠠᠬᠢᠭᠤᠯᠬᠤ ᠬᠡᠷᠡᠭᠲᠠᠢ᠃ ᠥᠭᠡᠷᠡᠴᠢᠯᠡᠯᠲᠡ ᠪᠠ ᠬᠥᠭᠵᠢᠯᠲᠡ ᠶᠢᠨ ᠳᠤᠮᠳᠠ ᠢᠯᠡᠷᠡᠭᠰᠡᠨ ᠰᠢᠨ᠎ᠡ ᠪᠠᠶᠢᠳᠠᠯ ᠢ ᠵᠥᠪ ᠡᠵᠡᠮᠳᠡᠵᠦ᠂ ᠴᠠᠭ ᠦᠶ᠎ᠡ ᠳᠤ ᠲᠤᠬᠢᠷᠠᠬᠤ ᠦᠭᠡᠢ᠂ ᠬᠥᠭᠵᠢᠯᠲᠡ ᠶᠢ ᠬᠢᠵᠠᠭᠠᠷᠯᠠᠬᠤ᠂ ᠥᠭᠡᠷᠡᠴᠢᠯᠡᠯᠲᠡ ᠶᠢ ᠬᠠᠷᠰᠢᠯᠠᠬᠤ ᠳᠦᠷᠢᠮ ᠲᠣᠭᠲᠠᠭᠠᠯ ᠢ ᠴᠠᠭ ᠲᠤᠬᠠᠶ ᠳᠤᠨᠢ ᠲᠤᠰᠬᠠᠵᠤ᠂ ᠰᠠᠶᠢᠵᠢᠷᠠᠭᠤᠯᠬᠤ ᠪᠠ ᠲᠡᠭᠦᠯᠳᠡᠷᠵᠢᠭᠦᠯᠬᠦ ᠶᠢ ᠳᠥᠯᠭᠢᠨ ᠠᠬᠢᠭᠤᠯᠬᠤ ᠬᠡᠷᠡᠭᠲᠠᠢ ᠭᠡᠵᠤ ᠲᠤᠲᠤᠷᠬᠠᠶᠢᠯᠠᠪᠠ᠃      ﹇ᠯᠢᠦ ᠸᠧᠨ ᠯᠸᠢ﹈      ᠭᠤᠷᠪᠠ ᠳᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠨᠡᠬᠡᠮᠵᠢᠯᠡᠬᠦ ᠳᠤ ᠰᠢᠨ᠎ᠡ ᠱᠠᠭᠠᠷᠳᠠᠯᠭ᠎ᠠ ᠳᠤᠷᠠᠳᠪᠠ᠃ ︽ᠬᠡᠷᠡᠭᠵᠢᠬᠦᠯᠬᠦ ᠰᠠᠨᠠᠯ︾᠎ ᠳᠤ ᠴᠡᠭᠴᠡᠯᠡᠨ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠬᠤ ᠶᠢ ᠬᠤᠶᠠᠷ ᠲᠠᠯ᠎ᠠ ᠪᠠᠷ ᠲᠤᠭᠲᠠᠭᠠᠪᠠ᠄ ᠨᠢᠭᠡ ᠨᠢ ᠢᠯᠡ ᠲᠣᠳᠣ ᠪᠠᠶᠢᠯᠭᠠᠬᠤ ᠶᠠᠪᠤᠳᠠᠯ ᠪᠤᠯᠤᠨ᠎ᠠ᠂ ᠦᠭᠡᠷ᠎ᠡ ᠪᠠᠷ ᠬᠡᠯᠡᠪᠡᠯ ᠬᠢᠨᠠᠨ ᠪᠤᠳᠤᠯᠲᠠ ᠬᠢᠯᠭᠡᠭᠰᠡᠨ ᠨᠢᠭᠡᠴᠡ ᠨᠢ ᠬᠢᠨᠠᠨ ᠪᠤᠳᠤᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠨᠡᠶᠢᠭᠡᠮ ᠨᠡᠶᠢᠲᠡ ᠳᠤ ᠵᠠᠷᠯᠠᠨ ᠮᠡᠳᠡᠭᠳᠡᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠶᠢ ᠱᠠᠭᠠᠷᠳᠠᠪᠠ︔ ᠨᠦᠬᠦᠭᠡ ᠨᠢ ᠳᠠᠷᠤᠢ ᠬᠠᠷᠢᠭᠤᠴᠠᠯᠭ᠎ᠠ ᠠᠰᠠᠭᠤᠬᠤ ᠶᠠᠪᠤᠳᠠᠯ ᠪᠤᠯᠤᠨ᠎ᠠ᠂ ᠬᠠᠷᠢᠭᠤᠴᠠᠯᠭ᠎ᠠ ᠶᠢᠨ ᠳᠦᠷᠢᠮ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠴᠢᠩᠭᠠᠳᠬᠠᠨ᠎ᠠ᠃ ︽ᠬᠡᠷᠡᠭᠵᠢᠬᠦᠯᠬᠦ ᠰᠠᠨᠠᠯ︾᠎ ᠳᠤ ᠬᠢᠨᠠᠨ  ᠪᠤᠳᠤᠯᠲᠠ ᠬᠢᠯᠭᠡᠭᠰᠡᠨ ᠨᠢᠭᠡᠴᠡ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠨᠠᠨ ᠪᠤᠳᠤᠬᠤ ᠳᠤ ᠢᠯᠡᠷᠡᠭᠦᠯᠦᠭᠰᠡᠨ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠵᠤ᠂ ᠬᠢᠨᠠᠨ ᠪᠣᠳᠣᠯᠲᠠ ᠶᠢᠨ ᠦᠷ᠎ᠡ ᠪᠦᠲᠦᠮᠵᠢ ᠶᠢ ᠭᠦᠢᠴᠡᠳ ᠬᠡᠷᠡᠭᠯᠡᠬᠦ ᠶᠢ ᠰᠢᠮᠳᠠᠭᠤᠯᠬᠤ ᠶᠢᠨ ᠲᠤᠯᠠᠳᠠ᠂ ᠬᠠᠮᠢᠶ᠎ᠠ ᠪᠦᠬᠦᠢ ᠨᠢᠭᠡᠴᠡ ᠶᠢᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃      ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠤ ᠪᠡᠶᠡᠴᠢ ᠴᠣᠭᠴᠠ ᠶᠢ ᠲᠤᠲᠤᠷᠬᠠᠶᠢᠯᠠᠵᠤ᠂ ᠬᠢᠨᠠᠨ ᠪᠤᠳᠤᠭᠤᠯᠬᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠢ ᠴᠡᠭᠴᠡᠯᠡᠨ ᠰᠠᠶᠢᠵᠢᠷᠠᠭᠤᠯᠬᠤ ᠶᠢᠨ ᠨᠢᠭᠡᠳᠦᠭᠡᠷ ᠬᠠᠷᠢᠭᠤᠴᠠᠯᠭᠠᠲᠠᠨ ᠪᠤᠯᠭᠠᠬᠤ ᠶᠢ ᠱᠠᠭᠠᠷᠳᠠᠪᠠ᠃ ᠴᠡᠭᠴᠡᠯᠡᠨ ᠰᠠᠶᠢᠵᠢᠷᠠᠭᠤᠯᠬᠤ ᠶᠢ ︽ᠨᠢᠭᠡᠳᠦᠭᠡᠷ ᠭᠠᠷ︾᠎ ᠤᠨ ᠢᠨᠵᠧᠨᠧᠷᠢᠩ ᠪᠤᠯᠭᠠᠪᠠᠯ᠂ ᠨᠢᠭᠡᠴᠡ ᠨᠢ ᠠᠶᠠᠨᠳᠠᠭᠠᠨ ᠨᠡᠩ ᠴᠢᠬᠤᠯᠠᠴᠢᠯᠠᠨ ᠦᠵᠡᠬᠦ ᠪᠤᠯᠤᠨ᠎ᠠ᠃ ᠬᠢᠨᠠᠨ ᠪᠤᠳᠤᠭᠤᠯᠬᠤ ᠨᠢᠬᠡᠴᠡ ᠨᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠬᠢᠨᠠᠨ ᠪᠣᠳᠣᠬᠤ ᠪᠠᠶᠢᠭᠤᠯᠭ᠎ᠠ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠠᠳᠠᠯᠢ ᠱᠠᠲᠤᠨ ᠤ ᠵᠠᠰᠠᠭ ᠤᠨ ᠣᠷᠳᠣᠨ ᠪᠤᠶᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠎ ᠲᠡᠭᠡᠨ ᠮᠡᠳᠡᠭᠦᠯᠬᠦ ᠶᠢᠨ ᠳᠠᠭᠠᠤ ᠨᠡᠶᠢᠭᠡᠮ ᠨᠡᠶᠢᠲᠡ ᠳᠤ ᠵᠠᠷᠯᠠᠨ ᠮᠡᠳᠡᠭᠳᠡᠬᠦ ᠶᠢ ᠱᠠᠭᠠᠷᠳᠠᠪᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠯ ᠪᠦᠷᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠰᠬᠠᠶ ᠰᠡᠳᠦᠪ ᠢᠶᠠᠷ ᠰᠤᠳᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠬᠢᠨᠠᠨ ᠪᠠᠶᠢᠴᠠᠭᠠᠵᠤ ᠰᠢᠪᠠᠳᠠᠨ ᠰᠢᠢᠳᠪᠦᠷᠢᠯᠡᠬᠦ ᠶᠠᠪᠤᠳᠠᠯ ᠳᠤ ᠣᠷᠣᠭᠤᠯᠵᠤ᠂ ᠬᠢᠨᠠᠨ ᠪᠤᠳᠤᠭᠤᠯᠬᠤ ᠨᠢᠬᠡᠴᠡ ᠶᠢᠨ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠴᠠᠭ ᠲᠤᠬᠠᠶ ᠳᠤᠨᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠠᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠨᠠᠨ ᠪᠣᠳᠣᠭᠰᠠᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠢᠨᠠᠨ ᠰᠢᠯᠭᠠᠬᠤ᠂ ᠱᠠᠩᠨᠠᠵᠤ ᠰᠢᠳᠬᠡᠬᠦ ᠶᠢᠨ ᠴᠢᠬᠤᠯᠠ ᠦᠨᠳᠦᠰᠦ ᠪᠠᠷᠢᠮᠲᠠ ᠪᠤᠯᠭᠠᠨ᠂ ᠴᠡᠭᠴᠡᠯᠡᠨ ᠰᠠᠶᠢᠵᠢᠷᠠᠭᠤᠯᠬᠤ ᠶᠢ ᠲᠤᠤᠱᠲᠠᠢ ᠬᠢᠭᠰᠡᠨ ᠦᠭᠡᠢ ᠪᠤᠯ ᠬᠢᠨᠠᠨ ᠪᠤᠳᠤᠭᠤᠯᠬᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠯᠤᠭ᠎ᠠ ᠪᠣᠯᠵᠣᠨ ᠶᠠᠷᠢᠯᠴᠠᠵᠤ᠂ ᠰᠠᠶᠢᠲᠤᠷ ᠴᠡᠭᠴᠡᠯᠡᠨ ᠦᠭᠡᠷᠡᠴᠢᠯᠡᠭᠰᠡᠨ ᠦᠭᠡᠢ᠂ ᠬᠢᠨᠠᠨ ᠪᠤᠳᠤᠬᠤ ᠪᠦᠷᠢ ᠴᠦᠮ ᠵᠦᠷᠢᠴᠡᠭᠰᠡᠨ ᠠᠰᠠᠭᠤᠳᠠᠯ ᠲᠠᠢ ᠪᠤᠯ ᠬᠠᠷᠢᠭᠤᠴᠠᠯᠭ᠎ᠠ ᠶᠢ ᠨᠢ ᠴᠢᠩᠭ᠎ᠠ ᠨᠡᠬᠡᠮᠵᠢᠯᠡᠨ ᠠᠰᠠᠭᠤᠬᠤ ᠬᠡᠷᠡᠭᠲᠠᠢ᠃ ᠬᠢᠨᠠᠨ ᠪᠣᠳᠣᠬᠤ ᠪᠠᠶᠢᠭᠤᠯᠭ᠎ᠠ ᠨᠢ ᠴᠡᠭᠴᠡᠯᠡᠨ ᠰᠠᠶᠢᠵᠢᠷᠠᠭᠤᠯᠬᠤ ᠶᠢ ᠪᠠᠶᠢᠴᠠᠭᠠᠨ ᠮᠥᠷᠳᠡᠬᠦ ᠲᠣᠭᠲᠠᠴᠠ ᠶᠢ ᠪᠠᠶᠢᠭᠤᠯᠵᠤ᠂ ᠴᠢᠬᠤᠯᠠ ᠎ ᠲᠠᠢ ᠦᠶ᠎ᠡ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠤᠷᠢᠵᠤ ᠴᠡᠭᠴᠡᠯᠡᠨ ᠰᠠᠶᠢᠵᠢᠷᠠᠭᠤᠯᠬᠤ ᠰᠠᠨᠠᠯ ᠢ ᠬᠠᠮᠵᠢᠯᠴᠠᠨ ᠨᠠᠶᠢᠳᠠᠪᠤᠷᠢᠵᠢᠭᠤᠯᠬᠤ ᠪᠣᠯᠤᠨ᠎ᠠ᠂ ᠡᠭᠦᠨ ᠤ ᠬᠠᠮᠲᠤ ᠪᠠᠰᠠ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠡᠶᠢᠭᠡᠮ ᠨᠡᠶᠢᠲᠡ ᠳᠤ ᠬᠠᠷᠢᠴᠠᠩᠭᠤᠢ ᠪᠠᠷ ᠨᠡᠶᠢᠲᠡᠯᠡᠬᠦ ᠪᠤᠯᠤᠨ᠎ᠠ᠃      ﹇ᠯᠢᠦ ᠸᠧᠨ ᠯᠸᠢ﹈      ᠳᠦᠷᠪᠡ ᠳᠤ᠂ ᠬᠢᠨᠠᠨ ᠪᠣᠳᠣᠬᠤ ᠠᠵᠢᠯ ᠢ ᠬᠠᠮᠵᠢᠯᠴᠠᠬᠤ ᠳᠤ ᠰᠢᠨ᠎ᠡ ᠵᠢᠷᠤᠮᠯᠠᠯ ᠲᠠᠢ ᠪᠤᠯᠪᠠ᠃ ᠬᠢᠨᠠᠨ ᠪᠤᠳᠤᠬᠤ ᠶᠢᠨ ᠬᠢᠨᠠᠯᠲᠠ ᠲᠠᠯᠪᠢᠬᠤ ᠨᠢ ᠮᠠᠨ ᠤ ᠤᠯᠤᠰ ᠲᠤ ᠪᠠᠨ ᠨᠡᠯᠢᠶᠡᠳ ᠬᠦᠴᠢᠷ ᠲᠠᠢ ᠠᠰᠠᠭᠤᠳᠠᠯ ᠪᠤᠯᠤᠨ᠎ᠠ᠂ ᠬᠢᠨᠠᠨ ᠪᠤᠳᠤᠭᠤᠯᠬᠤ ᠲᠠᠯ᠎ᠠ ᠨᠢ ᠬᠢᠨᠠᠨ ᠪᠤᠳᠤᠬᠤ ᠶᠢ ᠬᠠᠤᠯᠢ ᠶᠣᠰᠣᠭᠠᠷ ᠬᠦᠯᠢᠶᠡᠨ ᠠᠪᠬᠤ ᠦᠵᠡᠯ ᠤᠬᠠᠮᠰᠠᠷ ᠢᠶᠠᠷ ᠳᠤᠲᠠᠮᠠᠭ ᠠᠴᠠ ᠪᠤᠯᠤᠭᠠᠳ᠂ ᠬᠢᠨᠠᠨ ᠪᠣᠳᠣᠭᠴᠢᠳ ᠵᠠᠷᠢᠮ ᠳᠠᠭᠠᠨ ᠤᠨᠴᠠ ᠵᠠᠷᠢᠮ ᠪᠤᠳᠤᠭᠤᠯᠬᠤ ᠲᠠᠯ᠎ᠠ ᠶᠢᠨ ᠬᠠᠮᠵᠢᠯᠴᠠᠵᠤ ᠦᠭᠭᠦ ᠦᠭᠡᠢ ᠬᠦᠴᠢᠷᠳᠡᠯ ᠳᠤ ᠲᠤᠯᠭᠠᠷᠠᠳᠠᠭ᠃ ᠲᠡᠳᠡᠨ ᠤ ᠵᠠᠷᠢᠮ ᠨᠢ ᠬᠢᠨᠠᠨ ᠪᠣᠳᠣᠯᠲᠠ ᠳᠤ ᠴᠢᠬᠤᠯᠠ ᠪᠦᠬᠦᠢ ᠮᠠᠲ᠋ᠧᠷᠢᠶᠠᠯ ᠢ ᠬᠠᠩᠭᠠᠬᠤ ᠶᠢ ᠲᠠᠪᠴᠢᠬᠦ ᠪᠤᠶᠤ  ᠵᠤᠷᠢᠭᠤᠳᠠ ᠭᠡᠷᠡᠴᠢ ᠪᠠᠷᠢᠮᠲᠠ ᠶᠢ ᠤᠰᠠᠳᠬᠠᠬᠤ᠂ ᠬᠠᠭᠤᠷᠮᠠᠭ ᠭᠡᠷᠡᠴᠢ ᠪᠠᠷᠢᠮᠲᠠ ᠬᠠᠨᠭ᠍ᠭᠠᠬᠤ᠂ ᠵᠠᠷᠢᠮ ᠨᠢ ᠴᠢᠨᠠᠭᠰᠢᠯᠠᠭᠠᠳ ᠬᠢᠨᠠᠨ ᠪᠣᠳᠣᠭᠴᠢᠳ ᠢ ᠠᠶᠤᠯᠭᠠᠨ ᠰᠦᠷᠳᠡᠭᠦᠯᠳᠡᠭ᠃ ᠡᠭᠦᠨ ᠠᠴᠠ ᠭᠠᠳᠠᠨ᠎ᠠ᠂ ᠣᠨᠴᠠ ᠵᠠᠷᠢᠮ ᠬᠠᠮᠵᠢᠨ ᠪᠠᠶᠢᠴᠠᠭᠠᠬᠤ ᠨᠢᠭᠡᠴᠡ ᠨᠢ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠳᠤᠲᠠᠮᠠᠭ ᠪᠠᠶᠢᠵᠤ᠂ ᠬᠢᠨᠠᠨ ᠪᠣᠳᠣᠬᠤ ᠠᠵᠢᠯ ᠤᠨ ᠪᠠᠶᠢᠳᠠᠯ ᠢ ᠵᠠᠳᠠᠷᠠᠭᠤᠯᠳᠠᠭ ᠪᠠᠶᠢᠨ᠎ᠠ᠃      ︽ᠬᠡᠷᠡᠭᠵᠢᠬᠦᠯᠬᠦ ᠰᠠᠨᠠᠯ︾᠎ ᠳᠤ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠬᠢᠨᠠᠨ ᠪᠣᠳᠣᠯᠲᠠ ᠳᠤ ᠬᠠᠮᠵᠢᠯᠴᠠᠬᠤ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠂ ᠬᠢᠨᠠᠨ ᠪᠣᠳᠣᠯᠲᠠ ᠶᠢ ᠬᠦᠯᠢᠶᠡᠭᠰᠡᠳ ᠪᠦᠬᠦᠨ ᠬᠠᠷᠰᠢ ᠰᠠᠭᠠᠳ ᠭᠠᠷᠭᠠᠵᠤ ᠪᠤᠯᠬᠤ ᠦᠭᠡᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠯᠤᠨ ᠨᠢᠭᠡᠴᠡ ᠨᠢ ᠬᠢᠨᠠᠨ ᠪᠣᠳᠣᠯᠲᠠ ᠳᠤ ᠬᠡᠷᠡᠭᠴᠡᠭᠡ ᠪᠦᠬᠦᠢ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ᠂ ᠲᠤᠬᠠᠶᠢᠯᠠᠭᠰᠠᠨ ᠠᠵᠢᠯ ᠪᠣᠯᠤᠨ ᠬᠠᠮᠢᠶᠠᠷᠤᠯᠲᠠ ᠵᠡᠷᠭᠡ ᠮᠠᠲ᠋ᠧᠷᠢᠶᠠᠯ ᠢ ᠬᠠᠤᠯᠢ ᠶᠣᠰᠣᠭᠠᠷ᠂ ᠴᠠᠭ ᠲᠤᠬᠠᠶ ᠳᠤᠨᠢ᠂ ᠪᠦᠷᠢᠨ ᠪᠦᠲᠦᠨ᠂ ᠦᠨᠡᠨ ᠪᠣᠳᠠᠲᠤ᠂ ᠪᠦᠬᠦ ᠲᠠᠯ᠎ᠠ ᠪᠠᠷ ᠬᠠᠨᠭ᠍ᠭᠠᠬᠤ ᠬᠡᠷᠡᠭᠲᠠᠢ᠂ ᠬᠤᠯᠪᠣᠭᠳᠠᠯ ᠪᠦᠬᠦᠢ ᠡᠯᠧᠺᠲᠷᠣᠨ ᠲᠤᠭ᠎ᠠ ᠪᠠᠷᠢᠮᠲᠠ ᠶᠢᠨ ᠮᠡᠳᠡᠭᠡ ᠵᠠᠩᠭᠢ᠂ ᠴᠢᠬᠤᠯᠠ ᠪᠦᠬᠦᠢ ᠮᠡᠷᠭᠡᠵᠢᠯ ᠤᠨ ᠪᠢᠴᠢᠭᠯᠡᠯ ᠵᠢᠴᠢ ᠴᠢᠬᠤᠯᠠ ᠪᠦᠬᠦᠢ ᠠᠵᠢᠯ ᠤᠨ ᠣᠷᠴᠢᠨ ᠲᠣᠭᠤᠷᠢᠨ ᠢ ᠪᠠᠭᠲᠠᠭᠠᠭᠰᠠᠨ ᠬᠢᠨᠠᠨ ᠪᠣᠳᠣᠬᠤ ᠪᠠᠶᠢᠭᠤᠯᠭ᠎ᠠ ᠳᠤ ᠮᠠᠲ᠋ᠧᠷᠢᠶᠠᠯ ᠬᠠᠨᠭ᠍ᠭᠠᠬᠤ ᠪᠠ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠵᠤ ᠪᠠᠶᠢᠴᠠᠭᠠᠨ ᠯᠠᠪᠯᠠᠬᠤ ᠡᠷᠬᠡ ᠮᠡᠳᠡᠯ ᠢ  ᠬᠢᠵᠠᠭᠠᠷᠯᠠᠬᠤ ᠲᠤᠭᠲᠠᠭᠠᠯ ᠲᠤᠭᠲᠠᠭᠠᠵᠤ ᠪᠤᠯᠬᠤ ᠦᠭᠡᠢ᠂ ᠨᠢᠭᠡᠨᠲᠡ ᠲᠣᠭᠲᠠᠭᠠᠭᠰᠠᠨ ᠪᠠᠶᠢᠪᠠᠯ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠶ ᠪᠣᠯᠭᠠᠬᠤ ᠭᠡᠷᠡᠭᠲᠠᠢ᠃     ﹇ᠯᠢᠦ ᠸᠧᠨ ᠯᠸᠢ﹈      ᠲᠠᠪᠤ ᠳᠤ ᠬᠢᠨᠠᠨ ᠪᠣᠳᠣᠯᠲᠠ ᠶᠢᠨ ᠪᠡᠶ᠎ᠡ ᠪᠠᠨ ᠳᠠᠭᠠᠭᠠᠬᠤ ᠴᠢᠨᠠᠷ ᠨᠢ ᠬᠦᠴᠦᠲᠡᠶ ᠪᠠᠲᠤᠯᠠᠭ᠎ᠠ ᠲᠠᠢ ᠪᠣᠯᠪᠠ᠃ ︽ᠬᠡᠷᠡᠭᠵᠢᠭᠦᠯᠬᠦ ᠰᠠᠨᠠᠯ︾᠎ ᠳᠤ ᠬᠢᠨᠠᠨ ᠪᠣᠳᠣᠯᠲᠠ ᠶᠢᠨ ᠪᠡᠶ᠎ᠡ ᠪᠠᠨ ᠳᠠᠭᠠᠭᠠᠬᠤ ᠴᠢᠨᠠᠷ ᠢ ᠬᠠᠮᠠᠭᠠᠯᠠᠵᠤ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠬᠢᠨᠠᠨ ᠪᠣᠳᠣᠯᠲᠠ ᠶᠢᠨ ᠪᠠᠶᠢᠭᠤᠯᠭ᠎ᠠ ᠶᠢᠨ ᠬᠠᠤᠯᠢ ᠶᠣᠰᠣᠭᠠᠷ ᠬᠢᠨᠠᠨ ᠪᠣᠳᠣᠬᠤ᠂ ᠠᠰᠠᠭᠤᠳᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ᠂ ᠬᠢᠨᠠᠨ ᠪᠣᠳᠣᠭᠰᠠᠨ ᠦᠷ᠎ᠡ ᠳ᠋ᠦᠩ ᠢ ᠨᠡᠶᠢᠭᠡᠮ ᠨᠡᠶᠢᠲᠡ ᠳᠤ ᠬᠠᠤᠯᠢ ᠶᠣᠰᠣᠭᠠᠷ ᠵᠠᠷᠯᠠᠨ ᠮᠡᠳᠡᠭᠳᠡᠬᠦ ᠶᠢ ᠪᠠᠲᠤᠯᠠᠬᠤ ᠬᠡᠷᠡᠭᠲᠡᠢ᠂ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠪᠦᠯᠬᠦᠮ ᠪᠣᠯᠣᠨ ᠬᠤᠪᠢ ᠬᠥᠮᠦᠨ ᠤ ᠭᠠᠷ ᠲᠦᠷᠦᠭᠦ ᠶᠢ ᠬᠦᠯᠢᠶᠡᠬᠦ ᠦᠭᠡᠢ᠂ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠨ ᠪᠣᠳᠣᠯᠲᠠ ᠶᠢᠨ ᠬᠢᠨᠠᠯᠲᠠ ᠪᠠᠶᠢᠴᠠᠭᠠᠯᠲᠠ ᠬᠢᠬᠦ ᠶᠢ ᠲᠤᠭᠲᠠᠮᠠᠯ ᠬᠤᠭᠤᠴᠠᠭ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠲᠡᠪᠴᠢᠬᠦ᠂ ᠬᠢᠨᠠᠨ ᠪᠣᠳᠣᠬᠤ ᠠᠵᠢᠯ ᠢ ᠬᠠᠷᠰᠢᠯᠠᠬᠤ ᠰᠠᠭᠠᠲᠠᠭᠠᠬᠤ᠂ ᠥᠯᠦ ᠬᠠᠮᠵᠢᠯᠴᠠᠬᠤ᠂ ᠡᠰᠡᠭᠦᠯ᠎ᠡ ᠬᠢᠨᠠᠨ ᠪᠣᠳᠣᠭᠴᠢᠳ ᠢ ᠠᠶᠤᠯᠭᠠᠨ ᠰᠦᠷᠳᠡᠬᠦᠯᠬᠦ ᠪᠣᠶᠤ ᠥᠰᠢᠶ᠎ᠡ ᠠᠪᠤᠭᠰᠠᠨ ᠶᠠᠪᠤᠳᠠᠯ ᠢ ᠬᠠᠦᠯᠢ ᠳᠦᠷᠢᠮ ᠰᠠᠬᠢᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠨᠤᠭᠤᠳ ᠬᠢᠨᠠᠨ ᠪᠣᠳᠣᠭᠰᠠᠨ ᠦᠷ᠎ᠡ ᠳ᠋ᠦᠩ ᠪᠣᠯᠣᠨ ᠬᠦᠨᠳᠦ ᠶᠡᠭᠡ ᠬᠡᠷᠡᠭ ᠤᠨ ᠰᠦᠪᠡᠭᠴᠢ ᠶᠢ ᠠᠳᠠᠯᠢ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠡᠷᠬᠡᠪᠰᠢ ᠳᠡᠭᠡᠷ᠎ᠡ ᠨᠢᠭᠡᠨ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠂ ᠡᠨᠡ ᠨᠢ ᠠᠳᠠᠯᠢ ᠱᠠᠲᠤᠨ ᠤ ᠵᠠᠰᠠᠭ ᠤᠨ ᠣᠷᠳᠣᠨ ᠤ ᠨᠣᠶᠠᠨ ᠨᠣᠶᠠᠨ ᠢᠶᠠᠨ ᠬᠠᠷᠢᠯᠴᠠᠨ ᠥᠮᠦᠭᠡᠷᠡᠬᠦ ᠶᠢ ᠰᠡᠷᠭᠡᠶᠢᠯᠡᠵᠦ᠂ ᠬᠢᠨᠠᠨ ᠪᠣᠳᠣᠬᠤ ᠠᠵᠢᠯ ᠤᠨ ᠤᠷᠤᠭᠰᠢᠲᠠᠶ ᠶᠠᠪᠤᠭᠳᠠᠬᠤ ᠳᠤ ᠠᠰᠢᠭᠲᠠᠢ ᠪᠣᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠨᠢ ᠬᠢᠨᠠᠨ ᠪᠣᠳᠣᠬᠤ ᠠᠵᠢᠯ ᠳᠠᠬᠢ ᠪᠠᠲᠤ ᠴᠢᠩᠭ᠎ᠠ ᠳᠡᠮᠵᠢᠯᠭᠡ ᠪᠣᠯᠣᠨ ᠬᠦᠨᠳᠦ ᠨᠠᠶᠢᠳᠠᠯᠭ᠎ᠠ ᠶᠢ ᠢᠯᠡᠷᠡᠭᠦᠯᠵᠦ᠂ ᠬᠢᠨᠠᠨ ᠪᠣᠳᠣᠬᠤ ᠠᠵᠢᠯ ᠰᠢᠨ᠎ᠡ ᠬᠡᠪ ᠪᠠᠶᠢᠳᠠᠯ ᠳᠤ ᠤᠷᠤᠭᠰᠠᠨ ᠢ ᠬᠠᠷᠠᠭᠤᠯᠵᠠᠢ᠄ ᠡᠭᠦᠷᠭᠡ ᠬᠠᠷᠢᠭᠤᠴᠠᠯᠭ᠎ᠠ ᠶᠢᠨ ᠣᠷᠣᠨ ᠪᠠᠶᠢᠷᠢ ᠨᠡᠩ ᠥᠨᠳᠥᠷᠵᠢᠵᠦ᠂ ᠡᠭᠦᠷᠭᠡ ᠨᠡᠩ ᠬᠥᠨᠳᠦᠷᠡᠵᠦ᠂ ᠡᠷᠬᠡ ᠮᠡᠳᠡᠯ ᠨᠡᠩ ᠶᠡᠬᠡᠳᠴᠦ᠂ ᠱᠠᠭᠠᠷᠳᠠᠯᠭ᠎ᠠ ᠨᠡᠩ ᠴᠢᠩᠭᠠᠷᠠᠵᠤ᠂ ᠲᠦᠭᠰᠢᠭᠦᠷᠢ ᠴᠦ ᠪᠠᠰᠠ ᠨᠡᠩ ᠶᠡᠭᠡ ᠪᠣᠯᠵᠤ᠂ ᠬᠢᠨᠠᠨ ᠪᠣᠳᠣᠯᠲᠠ ᠶᠢᠨ ᠤᠯᠤᠰ ᠣᠷᠣᠨ ᠢ ᠵᠠᠰᠠᠬᠤ ᠪᠠᠭᠠᠵᠢ ᠶᠢᠨ ᠥᠪᠡᠷᠮᠢᠴᠡ ᠣᠨᠴᠠᠯᠢᠭ ᠨᠢ ᠡᠳᠦᠷ ᠢᠷᠡᠬᠦᠶ᠎ᠡ ᠳᠣᠪᠣᠶᠢᠮ᠎ᠠ ᠪᠣᠯᠪᠠ᠃ ︽ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ︾ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ᠂ ᠬᠢᠨᠠᠨ ᠪᠣᠳᠣᠬᠤ ᠠᠵᠢᠯ ᠤᠨ ᠬᠦᠨᠳᠦ ᠡᠭᠦᠷᠭᠡ ᠶᠢ ᠡᠭᠦᠷᠭᠡᠯᠡᠨ᠂ ᠲᠦᠯᠬᠢᠵᠤ ᠪᠣᠯᠣᠰᠢ ᠦᠭᠡᠢ ᠬᠠᠷᠢᠭᠤᠴᠠᠯᠭ᠎ᠠ ᠲᠠᠢ ᠪᠠᠶᠢᠨ᠎ᠠ᠃     ﹇ᠬᠥᠲᠥᠯᠦᠭᠴᠢ﹈      ᠮᠠᠨ ᠤ ᠬᠢᠨᠠᠨ ᠪᠣᠳᠣᠬᠤ ᠰᠠᠯᠠᠭ᠎ᠠ ᠮᠥᠴᠢᠷ ᠤᠳ ᠨᠢ ᠰᠢᠨ᠎ᠡ ᠬᠡᠪ ᠪᠠᠶᠢᠳᠠᠯ ᠳᠣᠣᠷ᠎ᠠ ᠡᠯ᠎ᠡ ᠵᠦᠢᠯ ᠤᠨ ᠱᠠᠭᠠᠷᠳᠠᠯᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠶ︖     ﹇ᠯᠢᠦ ᠸᠧᠨ ᠯᠸᠢ﹈      ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠬᠢᠨᠠᠨ ᠪᠣᠳᠣᠬᠤ ᠶᠢᠨ ᠠᠭᠤᠯᠤᠭᠳᠠᠬᠤᠨ ᠮᠠᠰᠢ ᠲᠥᠷᠭᠡᠨ ᠪᠠᠶᠠᠯᠢᠭᠵᠢᠵᠤ᠂ ᠠᠭᠤᠯᠬᠤᠨ ᠨᠢ ᠦᠳᠲᠡᠷ ᠲᠦᠷᠭᠡᠨ ᠥᠷᠭᠡᠳᠪᠡ᠂ ᠡᠨᠡ ᠨᠢ ᠬᠢᠨᠠᠨ ᠪᠣᠳᠣᠯᠲᠠ ᠶᠢᠨ ᠺᠠᠳ᠋ᠷ ᠰᠢᠨ᠎ᠡ ᠬᠡᠪ ᠪᠠᠶᠢᠳᠠᠯ ᠳᠤ ᠦᠳᠲᠡᠷ ᠲᠦᠷᠭᠡᠨ ᠵᠣᠬᠢᠴᠠᠬᠤ ᠶᠢ ᠱᠠᠭᠠᠷᠳᠠᠪᠠ᠃      ᠰᠢᠨ᠎ᠡ ᠬᠡᠪ ᠪᠠᠶᠢᠳᠠᠯ᠂ ᠰᠢᠨ᠎ᠡ ᠡᠭᠦᠷᠭᠡ᠃ ᠰᠢᠨ᠎ᠡ ᠱᠠᠭᠠᠷᠳᠠᠯᠭ᠎ᠠ᠂ ᠲᠣᠭᠲᠠᠭᠠᠯ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠢᠨᠠᠨ ᠪᠣᠳᠣᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠣᠳᠠᠲᠠᠶ ᠲᠤᠬᠠᠶᠢᠯᠠᠭᠰᠠᠨ ᠠᠵᠢᠯ ᠤᠨ ᠲᠠᠯ᠎ᠠ ᠪᠠᠷ ᠪᠠᠰᠠ ᠨᠢᠭᠡ ᠬᠡᠮᠵᠢᠶᠡᠨ ᠤ ᠲᠣᠬᠢᠷᠠᠭᠤᠯᠤᠯᠲᠠ ᠬᠢᠬᠦ ᠪᠣᠯᠣᠨ᠎ᠠ᠃      ᠡᠳ᠋ ᠤᠨ ᠵᠠᠰᠠᠭ ᠤᠨ ᠬᠢᠨᠠᠨ ᠪᠣᠳᠣᠯᠲᠠ ᠶᠢ ᠭᠦᠨᠵᠡᠭᠡᠶᠢᠷᠡᠭᠦᠯᠦᠨ᠎ᠡ᠃ ᠡᠳ᠋ ᠤᠨ ᠵᠠᠰᠠᠭ ᠤᠨ ᠬᠢᠨᠠᠨ ᠪᠣᠳᠣᠯᠲᠠ ᠶᠢᠨ ᠬᠦᠴᠦᠯᠡᠬᠦ ᠴᠢᠭ᠋ ᠢ ᠣᠯᠠᠨ ᠨᠡᠶᠢᠲᠡ ᠶᠢᠨ ᠪᠡᠯᠡ ᠮᠥᠩᠭᠦᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠨᠢᠭᠡ ᠳᠤ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠬᠢᠶ᠎ᠠ ᠳᠦᠷᠢᠮ︾᠎ ᠤᠨ ᠱᠠᠭᠠᠷᠳᠠᠯᠭ᠎ᠠ ᠶᠢ ᠲᠣᠣᠱᠯᠠᠭᠤᠯᠬᠤ ᠲᠣᠭᠤᠷᠢᠨ ᠳᠤ᠂ ᠠᠯᠪᠠᠨ ᠵᠠᠷᠤᠯᠭ᠎ᠠ ᠪᠣᠯᠣᠨ ᠠᠯᠪᠠᠨ ᠤ ᠵᠣᠭᠤᠰ ᠤᠨ ᠬᠡᠷᠡᠭᠯᠡᠭᠡ ᠶᠢᠨ ᠬᠢᠨᠠᠨ ᠪᠣᠳᠣᠯᠲᠠ ᠶᠢ ᠴᠢᠩᠭᠠᠳᠬᠠᠵᠤ᠂ ᠬᠡᠳᠦ ᠬᠡᠬᠡᠨᠴᠢᠷ ᠪᠦᠷᠢᠯᠭᠡᠨ ᠰᠦᠢᠳᠬᠡᠬᠦ ᠪᠠᠶᠢᠭᠤᠯᠤᠯᠲᠠ ᠶᠢᠨ ᠬᠢᠨᠠᠨ ᠪᠣᠳᠣᠯᠲᠠ ᠶᠢ ᠴᠢᠩᠭᠠᠳᠬᠠᠨ᠂ ᠠᠯᠪᠠᠨ ᠲᠡᠷᠭᠡ ᠶᠢᠨ ᠳᠦᠷᠢᠮ ᠤᠨ ᠥᠭᠡᠷᠡᠴᠢᠯᠡᠯᠲᠡ ᠶᠢᠨ ᠬᠢᠨᠠᠨ ᠪᠣᠳᠣᠯᠲᠠ ᠶᠢ ᠴᠢᠩᠭᠠᠳᠬᠠᠵᠤ᠂ ᠲᠤᠰᠬᠠᠶ ᠵᠦᠢᠯ ᠤᠨ ᠬᠢᠨᠠᠨ ᠪᠣᠳᠣᠯᠲᠠ ᠶᠢᠨ ᠡᠷᠴᠢᠮ ᠢ ᠴᠢᠩᠭᠠᠷᠠᠭᠤᠯᠤᠨ᠂ ᠠᠷᠪᠢᠯᠠᠨ ᠭᠠᠮᠨᠠᠬᠤ ᠪᠠ ᠬᠠᠮᠢᠶᠠᠷᠤᠯᠲᠠ ᠪᠠᠨ ᠵᠢᠷᠤᠮᠵᠢᠭᠤᠯᠬᠤ ᠶᠢ ᠠᠬᠢᠭᠤᠯᠵᠤ᠂ ᠪᠣᠷᠣᠭᠵᠢᠭᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠠᠲᠤᠯᠠᠭ᠎ᠠ ᠶᠢᠨ ᠴᠢᠨᠠᠷᠲᠠᠶ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ᠂ ᠲᠠᠷᠢᠶᠠᠯᠠᠩ ᠣᠶ ᠰᠢᠭᠤᠶ ᠤᠰᠤᠨ ᠤ ᠶᠠᠪᠤᠳᠠᠯ᠂ ᠰᠤᠷᠭᠠᠨ ᠬᠥᠮᠦᠵᠢᠯ᠂ ᠡᠮ ᠡᠮᠨᠡᠯᠭᠡ᠂ ᠬᠤᠨᠵᠢᠪᠤᠷᠢᠲᠤ ᠰᠤᠭᠤᠯᠤᠭ᠎ᠠ ᠵᠡᠷᠭᠡ ᠪᠡᠯᠡ ᠮᠥᠩᠭᠦ ᠪᠣᠯᠣᠨ ᠲᠥᠷᠥᠯ ᠵᠦᠢᠯ ᠤᠨ ᠬᠢᠨᠠᠨ ᠪᠣᠳᠣᠯᠲᠠ ᠶᠢ ᠴᠢᠩᠭᠠᠳᠬᠠᠵᠤ᠂ ᠣᠯᠠᠨ ᠲᠦᠮᠡᠨ ᠤ ᠳᠡᠷᠭᠡᠳᠡ ᠡᠭᠦᠰᠴᠦ ᠪᠠᠶᠢᠭ᠎ᠠ ᠬᠠᠦᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠢᠯᠡᠷᠡᠭᠦᠯᠦᠨ ᠲᠤᠰᠬᠠᠨ᠎ᠠ᠃ ᠣᠯᠠᠨ ᠨᠡᠶᠢᠲᠡ ᠶᠢᠨ ᠪᠡᠯᠡ ᠮᠥᠩᠭᠦ ᠶᠢ ᠴᠢᠩᠭ᠎ᠠ ᠬᠠᠮᠢᠶᠠᠷᠴᠤ᠂ ᠱᠠᠮᠰᠢᠬᠤ᠂ ᠪᠦᠷᠢᠯᠭᠡᠬᠦ ᠵᠡᠷᠭᠡ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠦᠷᠢᠴᠡᠬᠦ ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠨ᠎ᠡ᠃ ᠬᠤᠶᠠᠷ ᠲᠤ᠂ ᠨᠡᠶᠢᠭᠡᠮ ᠨᠡᠶᠢᠲᠡ ᠳᠤ ᠢᠯᠡ ᠪᠣᠯᠭᠠᠵᠤ᠂ ᠬᠢᠨᠠᠨ ᠪᠣᠳᠣᠬᠤ ᠠᠵᠢᠯ ᠤᠨ ᠪᠠᠶᠢᠳᠠᠯ ᠢ ᠢᠯᠡ ᠪᠣᠯᠭᠠᠵᠤ᠂ ᠬᠢᠨᠠᠨ ᠪᠣᠳᠣᠭᠰᠠᠨ ᠦᠷ᠎ᠡ ᠳ᠋ᠦᠩ ᠢ ᠢᠯᠡ ᠪᠣᠯᠭᠠᠵᠤ᠂ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠢᠯᠡ ᠪᠣᠯᠭᠠᠨ᠎ᠠ᠃ ᠦᠷ᠎ᠡ ᠠᠰᠢᠭ ᠢ ᠯᠠᠪᠯᠠᠬᠤ᠂ ᠠᠮᠵᠢᠯᠲᠠ ᠶᠢ ᠯᠠᠪᠯᠠᠬᠤ᠂ ᠬᠠᠷᠢᠭᠤᠴᠠᠯᠭ᠎ᠠ ᠶᠢ ᠠᠰᠠᠭᠤᠬᠤ ᠶᠢ ᠬᠢᠨᠠᠨ ᠪᠣᠳᠣᠬᠤ ᠠᠵᠢᠯ ᠳᠤ ᠨᠡᠶᠢᠳᠡᠮ ᠲᠤᠤᠱᠯᠠᠭᠤᠯᠤᠨ᠂ ᠣᠯᠠᠨ ᠨᠡᠶᠢᠲᠡ ᠶᠢᠨ ᠪᠡᠯᠡ ᠮᠥᠡᠭᠭᠦ ᠶᠢ ᠠᠮᠤᠷ ᠲᠦᠪᠰᠢᠨ ᠥᠨᠳᠥᠷ ᠪᠦᠲᠦᠮᠵᠢᠲᠡᠶ ᠬᠡᠷᠡᠭᠯᠡᠬᠦ ᠶᠢ ᠠᠬᠢᠭᠤᠯᠤᠨ᠎ᠠ᠃      ᠠᠷᠠᠳ ᠤᠨ ᠠᠮᠢᠳᠤᠷᠠᠯ ᠤᠨ ᠬᠢᠨᠠᠨ ᠪᠣᠳᠣᠯᠲᠠ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠨᠢ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠬᠤ ᠮᠥᠷᠲᠡᠭᠡᠨ ᠪᠠᠰᠠ ᠠᠵᠤ ᠠᠬᠤᠶ ᠶᠢᠨ ᠨᠡᠮᠡᠭᠳᠡᠯ ᠳᠠᠬᠢ ᠲᠣᠳᠣᠭᠠᠲᠤ ᠬᠡᠷᠡᠭᠯᠡᠭᠡ ᠶᠢᠨ ᠳᠠᠶᠢᠴᠢᠯᠠᠬᠤ ᠬᠦᠦᠴᠨ ᠢ ᠨᠡᠮᠡᠭᠳᠡᠬᠦᠯᠬᠦ ᠶᠢᠨ ᠬᠡᠷᠡᠭᠴᠡᠭᠡ ᠮᠦᠨ᠃ ᠠᠷᠠᠳ ᠤᠨ ᠠᠮᠢᠳᠤᠷᠠᠯ ᠤᠨ ᠬᠢᠨᠠᠨ ᠪᠣᠳᠣᠯᠲᠠ ᠳᠤ ᠭᠤᠯᠳᠣᠰᠢ ᠪᠣᠳᠣᠬᠤ ᠶᠢ ᠪᠠᠷᠢᠮᠲᠠᠯᠠᠵᠤ᠂ ᠪᠡᠯᠡ ᠮᠥᠡᠭᠭᠦᠨ ᠤ ᠬᠠᠨᠳᠤᠰᠢ ᠶᠢ ᠳᠠᠭᠠᠭᠤᠯᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠲᠥᠰᠦᠪ ᠤᠨ ᠲᠣᠬᠢᠷᠠᠭᠤᠯᠤᠯᠲᠠ᠂ ᠪᠡᠯᠡ ᠮᠥᠩᠭᠦ ᠬᠤᠪᠢᠶᠠᠷᠢᠯᠠᠨ ᠥᠭᠬᠦ ᠠᠴᠠ ᠠᠪᠤᠭᠠᠳ ᠲᠥᠷᠥᠯ ᠵᠦᠢᠯ ᠬᠦᠷᠲᠡᠯ᠎ᠡ᠂ ᠬᠤᠪᠢ ᠬᠥᠮᠦᠨ ᠬᠦᠷᠲᠡᠯ᠎ᠡ ᠮᠦᠷᠳᠡᠵᠦ᠂ ᠣᠯᠠᠨ ᠲᠦᠮᠡᠨ ᠡᠭᠦᠨ ᠤ ᠳᠤᠮᠳᠠ ᠠᠴᠠ ᠦᠨᠡᠨ ᠬᠦ ᠠᠰᠢᠭ ᠬᠦᠷᠲᠡᠬᠦ ᠶᠢ ᠨᠢ ᠪᠠᠲᠤᠯᠠᠨ᠎ᠠ᠃ ᠣᠷᠣᠰᠢᠵᠤ ᠪᠠᠶᠢᠭ᠎ᠠ ᠬᠦᠴᠢᠷ ᠪᠡᠷᠬᠡᠰᠢᠶᠡᠯ᠂ ᠠᠰᠠᠭᠤᠳᠠᠯ ᠪᠣᠯᠣᠨ ᠲᠦᠭᠰᠢᠭᠦᠷᠢ ᠶᠢ ᠢᠯᠡᠷᠡᠭᠦᠯᠵᠦ᠂ ᠠᠷᠭᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠤᠨ᠎ᠠ᠃     ﹇ᠯᠢᠦ ᠸᠧᠨ ᠯᠸᠢ﹈      ᠪᠡᠯᠡ ᠣᠷᠤᠭᠤᠯᠤᠯᠲᠠ ᠶᠢ ᠬᠢᠨᠠᠨ ᠪᠣᠳᠣᠬᠤ ᠶᠢ ᠰᠠᠶᠢᠲᠤᠷ ᠠᠳᠬᠤᠬᠤ ᠬᠡᠷᠡᠭᠲᠡᠢ᠃ ︽ᠪᠦᠬᠦᠨ ᠢ ᠬᠠᠮᠤᠷᠬᠤ︾᠎ ᠶᠢᠨ ᠰᠡᠳᠬᠢᠮᠵᠢ᠂ ᠣᠨᠣᠯᠵᠢᠬᠤᠨ ᠢᠶᠠᠷ ᠲᠤᠰ ᠠᠵᠢᠯ ᠢ ᠬᠥᠲᠥᠯᠥᠨ ᠳᠠᠭᠠᠭᠤᠯᠬᠤ ᠪᠠ ᠠᠬᠢᠭᠤᠯᠣᠨ᠎ᠠ᠃ ᠬᠢᠨᠠᠨ ᠪᠣᠳᠣᠬᠤ ᠰᠢᠨ᠎ᠡ ᠠᠷᠭ᠎ᠠ ᠶᠢ ᠡᠭᠦᠳᠴᠦ᠂ ᠮᠥᠷᠳᠡᠵᠦ ᠬᠢᠨᠠᠨ ᠪᠣᠳᠣᠬᠤ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠦᠬᠦ ᠶᠠᠪᠤᠴᠠ ᠳᠤ ᠬᠢᠨᠠᠨ ᠪᠣᠳᠣᠬᠤ ᠶᠢᠨ ᠬᠢᠨᠠᠯᠲᠠ ᠲᠠᠯᠪᠢᠬᠤ ᠶᠢ ᠴᠢᠷᠮᠠᠶᠢᠨ ᠪᠡᠶᠡᠯᠡᠭᠦᠯᠦᠨ᠎ᠡ᠃ ᠬᠢᠨᠠᠨ ᠪᠣᠳᠣᠬᠤ ᠪᠠᠶᠢᠭᠤᠯᠭ᠎ᠠ ᠤᠯᠤᠰ ᠤᠨ ᠪᠡᠯᠡ ᠣᠷᠣᠭᠤᠯᠤᠯᠲᠠ ᠶᠢᠨ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠪᠣᠳᠣᠬᠤ ᠶᠠᠪᠤᠴᠠ ᠳᠤ ᠣᠯᠵᠤ ᠮᠡᠳᠡᠭᠰᠡᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠤ ᠬᠠᠦᠯᠢ ᠠᠴᠠ ᠵᠦᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ︔ ᠬᠢᠨᠠᠨ ᠲᠣᠭᠲᠠᠭᠠᠭᠰᠠᠨ ᠲᠤᠭ᠎ᠠ ᠪᠣᠯᠣᠨ ᠳᠠᠭᠠᠭᠠᠴᠢᠯᠠᠯᠲᠠ ᠣᠯᠣᠭᠰᠠᠨ ᠦᠨ᠎ᠡ ᠶᠢᠨ ᠵᠥᠷᠢᠶ᠎ᠡ ᠨᠢ ᠨᠡᠯᠢᠶᠡᠳ ᠶᠡᠭᠡ ᠲᠥᠷᠥᠯ ᠵᠦᠢᠯ ᠢ ᠪᠣᠯ ᠠᠳᠠᠯᠢ ᠪᠤᠰᠤ ᠪᠠᠶᠢᠳᠠᠯ ᠢᠶᠠᠷ ᠨᠢ ᠲᠥᠷᠥᠯ ᠵᠦᠢᠯ ᠤᠨ ᠥᠮᠴᠢᠲᠡᠨ ᠢ ᠵᠠᠷᠯᠢᠭᠳᠠᠵᠤ ᠪᠠᠶᠢᠭᠠᠳ ᠴᠠᠭ ᠲᠤᠬᠠᠶ ᠳᠤᠨᠢ ᠲᠥᠷᠥᠯ ᠵᠦᠢᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠳᠡᠭᠡᠭᠰᠢ ᠮᠡᠳᠡᠭᠦᠯᠦᠨ ᠵᠦᠪᠰᠢᠶᠡᠷᠡᠭᠦᠯᠬᠦ᠂ ᠡᠰᠡᠬᠦᠯ᠎ᠡ ᠬᠢᠨᠠᠨ ᠪᠠᠶᠢᠴᠠᠭᠠᠬᠤ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠳᠤ ᠴᠠᠭ ᠲᠤᠬᠠᠶ ᠳᠤᠨᠢ ᠰᠢᠯᠵᠢᠭᠦᠯᠦᠨ ᠬᠦᠷᠭᠡᠵᠦ ᠬᠢᠨᠠᠨ ᠪᠠᠶᠢᠴᠠᠭᠠᠯᠭᠠᠵᠤ ᠰᠢᠢᠳᠪᠦᠷᠢᠯᠡᠭᠦᠯᠦᠨ᠎ᠡ︔ ᠬᠢᠨᠠᠨ ᠬᠠᠰᠤᠬᠤ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠲᠥᠷᠥᠯ ᠵᠦᠢᠯ ᠢ ᠪᠣᠯ ᠬᠢᠨᠠᠨ ᠪᠠᠶᠢᠴᠠᠭᠠᠬᠤ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠳᠤ ᠴᠠᠭ ᠲᠤᠬᠠᠶ ᠳᠤᠨᠢ ᠰᠢᠯᠵᠢᠭᠦᠯᠦᠨ ᠬᠦᠷᠭᠡᠵᠦ ᠬᠢᠨᠠᠨ ᠪᠠᠶᠢᠴᠠᠭᠠᠯᠭᠠᠨ ᠰᠢᠢᠳᠪᠦᠷᠢᠯᠡᠭᠦᠯᠬᠦ ᠵᠡᠷᠭᠡ ᠬᠠᠮᠢᠶ᠎ᠡ ᠪᠦᠬᠦᠢ ᠲᠣᠭᠲᠠᠭᠠᠯ ᠢ ᠪᠣᠲᠠᠲᠠᠢ ᠨᠠᠶᠢᠳᠠᠪᠤᠷᠢᠵᠢᠭᠤᠯᠤᠨ᠎ᠠ᠃      ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ᠃ ᠠᠮᠵᠢᠯᠲᠠ ᠪᠦᠲᠦᠮᠵᠢ ᠶᠢᠨ ᠣᠨᠣᠯᠵᠢᠬᠤᠨ ᠢ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠠᠵᠢᠯ ᠳᠤ ᠪᠦᠷᠢᠨ ᠲᠤᠤᠱᠯᠠᠭᠤᠯᠵᠤ᠂ ᠲᠤᠰᠢᠶᠠᠯ ᠤᠨ ᠬᠤᠭᠤᠴᠠᠭᠠᠨ ᠳᠤ ᠬᠢᠨᠠᠨ ᠪᠣᠳᠣᠬᠤ ᠪᠠᠷ ᠭᠤᠣᠯ ᠪᠣᠯᠭᠠᠵᠤ᠂ ᠲᠤᠰᠢᠶᠠᠯ ᠤᠨ ᠬᠤᠭᠤᠴᠠᠭᠠᠨ ᠳᠤ ᠬᠢᠨᠠᠨ ᠪᠣᠳᠣᠬᠤ ᠪᠠ ᠲᠤᠰᠢᠶᠠᠯ ᠠᠴᠠ ᠪᠠᠨ ᠰᠠᠯᠤᠭᠰᠠᠨ ᠤ ᠬᠤᠶᠢᠨ᠎ᠠ ᠬᠢᠨᠠᠨ ᠪᠣᠳᠣᠬᠤ ᠶᠢ ᠤᠶᠠᠯᠳᠤᠭᠤᠯᠬᠤ ᠬᠢᠨᠠᠨ ᠪᠣᠳᠣᠬᠤ ᠠᠷᠭ᠎ᠠ ᠶᠢ ᠴᠢᠩᠭᠠᠳᠬᠠᠵᠤ᠂ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠣᠳᠣᠯᠲᠠ ᠶᠢᠨ ᠪᠥᠬᠦᠨ ᠢ ᠪᠥᠷᠬᠦᠬᠦᠯᠬᠦ ᠶᠢ ᠬᠡᠷᠡᠭᠵᠢᠭᠦᠯᠵᠦ᠂ ᠪᠦᠬᠦ ᠲᠠᠯ᠎ᠠ ᠪᠠᠷ ᠬᠢᠨᠠᠯᠲᠠ ᠲᠠᠯᠪᠢᠬᠤ ᠠᠴᠠ ᠭᠠᠳᠠᠨ᠎ᠠ ᠪᠠᠰᠠ ᠪᠦᠬᠦ ᠲᠠᠯ᠎ᠠ ᠪᠠᠷ ᠵᠠᠳᠠᠯᠵᠤ᠂ ᠬᠠᠮᠤᠭ ᠰᠡᠭᠦᠯ ᠳᠤᠨᠢ ᠬᠢᠨᠠᠨ ᠪᠣᠳᠣᠯᠲᠠ ᠶᠢ ᠬᠦᠯᠢᠶᠡᠭᠰᠡᠨ ᠤᠳᠤᠷᠢᠳᠬᠤ ᠺᠠᠳ᠋ᠷ ᠤᠨ ᠲᠤᠰᠢᠶᠠᠯ ᠡᠭᠦᠷᠭᠡᠯᠡᠵᠦ ᠪᠠᠶᠢᠭ᠎ᠠ ᠬᠤᠭᠤᠴᠠᠭᠠᠨ ᠳᠠᠬᠢ ᠡᠭᠦᠷᠭᠡᠯᠡᠬᠦ ᠶᠣᠰᠣᠲᠠᠶ ᠠᠵᠤ ᠠᠬᠤᠶ ᠶᠢᠨ ᠬᠠᠷᠢᠭᠤᠴᠠᠯᠭ᠎ᠠ ᠪᠠᠶᠢᠳᠠᠯ ᠳᠤ ᠵᠥᠪ ᠣᠨᠣᠪᠴᠢᠲᠠᠶ᠂ ᠦᠨ᠎ᠡ ᠴᠡᠨ᠎ᠡ ᠲᠠᠢ᠂ ᠲᠣᠯᠢᠳᠠᠭᠤᠰᠢᠲᠠᠢ ᠦᠨᠡᠯᠡᠯᠲᠡ ᠥᠭᠴᠦ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠤᠳᠤᠷᠢᠳᠬᠤ ᠺᠠᠳ᠋ᠷ ᠢ ᠬᠢᠨᠠᠨ ᠰᠢᠯᠭᠠᠬᠤ ᠪᠠ ᠲᠣᠮᠢᠯᠠᠨ ᠬᠡᠷᠡᠭᠯᠡᠬᠦ ᠳᠤ ᠦᠨᠳᠦᠰᠦ ᠪᠠᠷᠢᠮᠲᠠ ᠬᠠᠨᠭ᠍ᠭᠠᠨ᠎ᠠ᠃      ᠡᠬᠢ ᠪᠠᠶᠠᠯᠢᠭ ᠤᠨ ᠣᠷᠴᠢᠨ ᠲᠣᠭᠤᠷᠢᠨ ᠤ ᠬᠢᠨᠠᠨ ᠪᠣᠳᠣᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃  ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠨᠢ ᠴᠢᠩᠭ᠎ᠠ ᠬᠠᠮᠢᠶᠠᠷᠬᠤ᠂ ᠦᠷ᠎ᠡ ᠳ᠋ᠥᠡᠭ ᠢ ᠨᠢ ᠴᠢᠩᠭ᠎ᠠ ᠰᠢᠳᠬᠡᠬᠦ ᠲᠤᠬᠠᠢ ᠱᠠᠭᠠᠷᠳᠠᠯᠭ᠎ᠠ ᠶᠢᠨ ᠲᠣᠭᠤᠷᠢᠨ ᠳᠤ᠂ ᠡᠬᠢ ᠪᠠᠶᠠᠯᠢᠭ ᠢ ᠬᠠᠮᠢᠶᠠᠷᠬᠤ᠂ ᠪᠣᠬᠢᠷᠲᠤᠯ ᠢ ᠵᠠᠰᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠪᠠᠶᠢᠳᠠᠯ ᠤᠨ ᠬᠢᠨᠠᠨ ᠪᠣᠳᠣᠯᠲᠠ ᠶᠢ ᠴᠢᠩᠭᠠᠳᠬᠠᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠠᠭᠠᠯᠠᠬᠤ ᠪᠠᠶᠢᠳᠠᠯ ᠢ ᠬᠢᠨᠠᠨ ᠪᠣᠳᠣᠬᠤ ᠪᠠᠨ ᠴᠢᠩᠭᠠᠳᠬᠠᠵᠤ᠂ ᠬᠠᠮᠢᠶ᠎ᠡ ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠵᠢᠭᠤᠯᠤᠯ᠂ ᠠᠭᠤᠷᠬᠠᠶ ᠶᠢᠨ ᠠᠵᠤ ᠦᠢᠯᠡᠰ ᠤᠨ ᠡᠷᠬᠡ ᠶᠢᠨ ᠬᠠᠮᠢᠶᠠᠷᠤᠯᠲᠠ᠂ ᠪᠡᠯᠡ ᠮᠥᠩᠭᠦ ᠶᠢᠨ ᠲᠠᠲᠠᠪᠤᠷᠢᠯᠠᠯᠲᠠ ᠬᠠᠮᠢᠶᠠᠷᠤᠯᠲᠠ ᠵᠡᠷᠭᠡ ᠪᠠᠶᠢᠳᠠᠯ ᠢ ᠠᠩᠬᠠᠷᠴᠤ᠂ ᠬᠠᠤᠯᠢ ᠠᠴᠠ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ᠂ ᠣᠷᠴᠢᠨ ᠲᠣᠭᠤᠷᠢᠨ ᠢ ᠡᠪᠳᠡᠭᠰᠡᠨ ᠵᠡᠷᠭᠡ ᠠᠰᠠᠭᠤᠳᠠᠯ ᠢ ᠭᠤᠣᠯᠯᠠᠨ ᠢᠯᠡᠷᠡᠭᠦᠯᠵᠦ᠂ ᠤᠯᠤᠰ ᠤᠨ ᠥᠮᠴᠢᠯᠡᠯ ᠤᠨ ᠡᠷᠬᠡ ᠠᠰᠢᠭ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ᠎ᠠ᠃     ﹇ᠬᠥᠲᠥᠯᠦᠭᠴᠢ﹈      ᠬᠢᠨᠠᠨ ᠪᠣᠳᠣᠬᠤ ᠠᠵᠢᠯ ᠤᠨ ᠬᠠᠷᠢᠭᠤᠴᠠᠯᠭ᠎ᠠ ᠬᠦᠨᠳᠦ ᠶᠣᠮ᠂ ᠬᠢᠨᠠᠨ ᠪᠣᠳᠣᠬᠤ ᠠᠵᠢᠯ ᠢ ᠰᠠᠶᠢᠲᠤᠷ ᠬᠢᠬᠦ ᠶᠢᠨ ᠲᠤᠰᠠᠲᠠ᠂ ᠮᠠᠨ ᠤ ᠬᠢᠨᠠᠨ ᠪᠣᠳᠣᠬᠤ ᠰᠠᠯᠠᠭ᠎ᠠ ᠮᠥᠴᠢᠷ ᠨᠢ ᠲᠤᠰ ᠡᠩᠨᠡᠭᠡ ᠶᠢᠨ ᠪᠠᠶᠢᠭᠤᠯᠤᠯᠲᠠ ᠪᠠᠨ ᠬᠡᠷᠬᠢᠨ ᠴᠢᠩᠭᠠᠳᠬᠠᠬᠤ ᠪᠤᠶ︖     ﹇ᠯᠢᠦ ᠸᠧᠨ ᠯᠸᠢ﹈      ᠬᠢᠨᠠᠨ ᠪᠣᠳᠣᠭᠴᠢᠳ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠶ ᠭᠡᠳᠡᠭ ᠢᠶᠠᠨ ᠣᠶᠢᠯᠠᠭᠠᠵᠤ ᠪᠠᠶᠢᠨ᠎ᠠ᠃ ᠰᠢᠨ᠎ᠡ ᠴᠠᠭ ᠦᠶ᠎ᠡ ᠳᠤ ᠰᠢᠨ᠎ᠡ ᠡᠭᠦᠷᠭᠡ ᠡᠭᠦᠷᠭᠡᠯᠡᠬᠦ ᠳᠤ᠂ ᠡᠷᠬᠡᠪᠰᠢ ᠬᠢᠨᠠᠨ ᠪᠣᠳᠣᠬᠤ ᠳᠦᠷᠢᠮ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠬᠢᠨᠠᠨ ᠪᠣᠳᠣᠬᠤ ᠠᠵᠢᠯ ᠢ ᠢᠮᠠᠭᠲᠠ ᠠᠮᠢᠵᠢᠷᠠᠯ ᠤᠨ ᠬᠦᠴᠦᠨ ᠲᠠᠢ ᠪᠠᠶᠢᠯᠭᠠᠵᠤ᠂ ᠬᠢᠨᠠᠨ ᠪᠣᠳᠣᠬᠤ ᠠᠵᠢᠯ ᠤᠨ ᠪᠦᠲᠦᠭᠡᠯᠴᠢ ᠴᠢᠳᠠᠪᠤᠷᠢ ᠶᠢ ᠬᠥᠭᠵᠢᠭᠡᠨ᠂ ᠬᠢᠨᠠᠨ ᠪᠣᠳᠣᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠬᠢᠨᠠᠨ ᠪᠣᠳᠣᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠨᠢᠭᠡ ᠳᠤ᠂ ᠤᠯᠤᠰ ᠲᠥᠷᠥ ᠶᠢᠨ ᠰᠢᠯᠢᠳᠡᠭ ᠵᠠᠩ ᠴᠢᠨᠠᠷ ᠢ ᠳᠠᠪᠳᠠᠨ ᠪᠣᠯᠪᠠᠰᠤᠷᠠᠭᠤᠯᠤᠨ᠎ᠠ᠃ ᠬᠢᠨᠠᠨ ᠪᠣᠳᠣᠬᠤ ᠠᠵᠢᠯ ᠢ ᠬᠢᠬᠦ ᠳᠤ ᠡᠷᠬᠡᠪᠰᠢ ᠬᠡᠬᠦᠳᠡᠭ ᠴᠡᠭᠡᠵᠢᠨ ᠳᠡᠭᠡᠨ ᠪᠦᠬᠦ ᠲᠠᠯ᠎ᠠ ᠶᠢ ᠪᠠᠭᠳᠠᠭᠠᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠨ᠂ ᠬᠢᠨᠠᠨ ᠪᠣᠳᠣᠯᠲᠠ ᠶᠢᠨ ᠺᠠᠳ᠋ᠷᠴᠤᠳ ᠡᠷᠬᠡᠪᠰᠢ ᠨᠠᠮ ᠪᠠ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠶᠡᠭᠡ ᠲᠠᠯ᠎ᠠ ᠳᠤ ᠵᠣᠭᠰᠣᠨ ᠠᠰᠠᠭᠤᠳᠠᠯ ᠢ ᠪᠣᠳᠣᠯᠬᠢᠯᠠᠵᠤ᠂ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠂ ᠡᠨᠡ ᠨᠢ ᠪᠢᠳᠡᠨ ᠢ ᠡᠷᠬᠡᠪᠰᠢ ᠤᠯᠤᠰ ᠲᠥᠷᠥ ᠶᠢᠨ ᠰᠢᠯᠢᠳᠡᠭ ᠵᠠᠩ ᠴᠢᠨᠠᠷ ᠲᠠᠢ ᠪᠠᠶᠢᠵᠤ᠂ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠨᠠᠮ ᠪᠠ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠳᠤ ᠣᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠡᠷᠡᠰ ᠪᠠᠲᠤ ᠢᠲᠡᠭᠡᠯ ᠬᠦᠰᠡᠯᠡᠩ ᠲᠠᠢ ᠪᠠᠶᠢᠬᠤ ᠬᠡᠷᠡᠭᠲᠡᠶ᠃ ᠬᠠᠷᠢᠴᠠᠯᠠᠰᠢᠭᠦᠶ ᠪᠠᠷ ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ᠂ ᠬᠢᠨᠠᠨ ᠪᠣᠳᠣᠬᠤ ᠦᠢᠯᠡᠰ ᠲᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠵᠤ᠂ ᠠᠰᠠᠭᠤᠳᠠᠯ ᠢ ᠢᠯᠡᠴᠢᠯᠡᠬᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠢᠳᠬᠠᠯ ᠳᠠᠭᠠᠨ ᠴᠢᠳᠠᠮᠠᠭᠠᠢ ᠪᠠᠶᠢᠬᠤ ᠪᠠᠷ ᠠᠮᠢᠳᠤᠷᠠᠬᠤᠢ ᠶᠢᠨ ᠬᠥᠭᠡᠭᠡᠴᠡᠯᠳᠦᠯ ᠪᠣᠯᠭᠠᠵᠤ᠂ ᠪᠡᠷᠬᠡ ᠰᠡᠳᠦᠪ ᠢ ᠰᠢᠢᠳᠪᠦᠷᠢᠯᠡᠬᠦ᠂ ᠬᠤᠪᠢ ᠨᠡᠮᠡᠷᠢ ᠦᠵᠡᠭᠦᠯᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠪᠠᠷ ᠬᠥᠮᠦᠨ ᠤ ᠠᠮᠢᠳᠤᠷᠠᠯ ᠤᠨ ᠦᠨ᠎ᠡ ᠴᠡᠨ᠎ᠡ ᠪᠣᠯᠭᠠᠬᠤ ᠬᠡᠷᠡᠭᠲᠡᠢ᠃ ᠪᠦᠬᠦ ᠲᠠᠯ᠎ᠠ ᠶᠢᠨ ᠴᠢᠩᠭ᠎ᠠ ᠦᠵᠡᠯ ᠤᠬᠠᠮᠰᠠᠷ ᠪᠠᠶᠢᠬᠤ ᠬᠡᠷᠡᠭᠲᠡᠶ᠃ ᠬᠢᠨᠠᠨ ᠪᠣᠳᠣᠬᠤ ᠠᠵᠢᠯᠲᠠᠳ ᠶᠡᠭᠡ ᠲᠠᠯ᠎ᠠ ᠳᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠤᠯᠤᠰ ᠣᠷᠣᠨ ᠤ ᠵᠠᠰᠠᠯᠲᠠ ᠶᠢ ᠲᠡᠭᠦᠯᠳᠡᠷᠵᠢᠭᠦᠯᠦᠨ ᠠᠬᠢᠭᠤᠯᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠵᠣᠭᠰᠤᠴᠠ ᠠᠴᠠ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠨ᠂ ᠠᠵᠢᠯ ᠢᠶᠠᠨ ᠠᠳᠬᠤᠵᠣ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠶᠢᠨ ᠵᠥᠪᠯᠡᠭᠴᠢ ᠪᠣᠯᠬᠤ ᠬᠡᠷᠡᠭᠲᠡᠢ᠃  ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ ᠭᠡᠳᠡᠭ ᠢ ᠱᠠᠭᠠᠷᠳᠠᠵᠠᠢ᠃ ᠰᠢᠨ᠎ᠡ ᠪᠠᠶᠢᠳᠠᠯ ᠤᠨ ᠳᠣᠣᠷ᠎ᠠ᠂ ᠪᠢᠳᠡ ᠠᠵᠢᠯ ᠦᠢᠯᠡᠰ ᠢᠶᠠᠨ ᠨᠡᠩ ᠢᠯᠡᠭᠦᠦ ᠬᠡᠴᠢᠶᠡᠨ ᠡᠷᠬᠢᠮᠯᠡᠨ᠂ ᠡᠭᠦᠷᠭᠡ ᠲᠤᠰᠢᠶᠠᠯ ᠢᠶᠠᠨ ᠨᠡᠩ ᠢᠯᠡᠭᠦᠦ ᠬᠡᠴᠢᠶᠡᠩᠭᠦᠶᠢᠯᠡᠨ ᠭᠦᠢᠴᠡᠳᠬᠡᠵᠦ᠂ ᠨᠡᠩ ᠢᠯᠡᠭᠦᠦ ᠣᠷᠭᠢᠯᠤᠮ᠎ᠠ ᠰᠡᠳᠬᠢᠯᠭᠡ ᠪᠠᠷ ᠠᠵᠢᠯᠯᠠᠵᠤ᠂ ᠬᠤᠪᠢ ᠨᠡᠮᠡᠷᠢ ᠦᠵᠡᠭᠦᠯᠬᠦ ᠳᠤᠮᠳᠠ ᠬᠥᠮᠦᠨ ᠤ ᠠᠮᠢᠳᠤᠷᠠᠯ ᠤᠨ ᠦᠨ᠎ᠡ ᠴᠡᠨ᠎ᠡ ᠶᠢ ᠢᠯᠡᠷᠡᠭᠦᠯᠬᠦ ᠬᠡᠷᠡᠭᠲᠡᠢ᠃     ﹇ᠯᠢᠦ ᠸᠧᠨ ᠯᠸᠢ﹈      ᠬᠤᠶᠠᠷ ᠲᠤ ᠨᠠᠷᠢᠨ ᠨᠢᠮᠪᠠᠢ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠨ᠎ᠠ᠃ ᠬᠢᠨᠠᠨ ᠪᠣᠳᠣᠬᠤ ᠠᠵᠢᠯ ᠤᠨ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠪᠠᠶᠢᠳᠠᠭ ᠲᠤᠯᠠ᠂ ᠬᠢᠨᠠᠨ ᠪᠣᠳᠣᠭᠴᠢᠳ ᠡᠷᠬᠡᠪᠰᠢ ᠴᠠᠭᠠᠷᠠᠭᠰᠠᠨ ᠦᠨᠳᠦᠰᠦᠨ ᠮᠡᠳᠡᠯᠭᠡ ᠶᠢ ᠪᠦᠷᠢᠯᠳᠦᠭᠦᠯᠦᠭᠰᠡᠨ ᠪᠠᠶᠢᠬᠤ ᠶᠢ ᠱᠠᠭᠠᠷᠳᠠᠨ᠎ᠠ᠃ ᠳᠠᠩᠰᠠ ᠪᠠᠶᠢᠴᠠᠭᠠᠵᠤ ᠴᠢᠳᠠᠬᠤ ᠪᠠᠷ ᠪᠠᠷᠠᠬᠤ ᠦᠭᠡᠢ ᠨᠡᠩ ᠢᠯᠡᠭᠦᠦ ᠦᠵᠡᠭᠳᠡᠯ ᠢ ᠲᠤᠩᠭᠠᠨ ᠮᠥᠨ ᠴᠢᠨᠠᠷ ᠢ ᠨᠢ ᠬᠠᠷᠠᠵᠤ ᠴᠢᠳᠠᠬᠤ ᠬᠡᠷᠡᠭᠲᠡᠢ︔ ᠲᠤᠭ᠎ᠠ ᠪᠠᠷᠢᠮᠲᠠ ᠶᠢ ᠬᠢᠨᠠᠵᠤ ᠴᠢᠳᠠᠬᠤ ᠪᠠᠷ ᠪᠠᠷᠠᠬᠤ ᠦᠭᠡᠢ ᠨᠡᠩ ᠢᠯᠡᠭᠦᠦ ᠲᠤᠭ᠎ᠠ ᠪᠠᠷᠢᠮᠲᠠ ᠪᠠᠷ ᠳᠠᠮᠵᠢᠭᠤᠯᠤᠨ ᠵᠢᠮ᠎ᠡ ᠶᠣᠰᠣ ᠶᠢ ᠡᠷᠢᠵᠦ ᠴᠢᠳᠠᠬᠤ ᠬᠡᠷᠡᠭᠲᠡᠢ︔ ᠡᠳ᠋ ᠤᠨ ᠶᠠᠪᠤᠳᠠᠯ ᠳᠤ ᠨᠡᠪᠲᠡᠷᠡᠬᠦ ᠪᠠᠷ ᠪᠠᠷᠠᠬᠤ ᠦᠭᠡᠢ ᠨᠡᠩ ᠢᠯᠡᠭᠦᠦ ᠲᠥᠷᠥ ᠶᠢᠨ ᠪᠣᠳᠣᠯᠭ᠎ᠠ ᠶᠢ ᠰᠠᠶᠢᠨ ᠣᠶᠢᠯᠠᠭᠠᠬᠤ ᠬᠡᠷᠡᠭᠲᠡᠢ︔ ᠠᠰᠠᠭᠤᠳᠠᠯ ᠢ ᠣᠯᠵᠤ ᠮᠡᠳᠡᠵᠦ ᠴᠢᠳᠠᠬᠤ ᠪᠠᠷ ᠪᠠᠷᠠᠬᠤ ᠦᠭᠡᠢ ᠨᠡᠩ ᠢᠯᠡᠭᠦᠦ ᠠᠰᠠᠭᠤᠳᠠᠯ ᠰᠢᠢᠳᠪᠦᠷᠢᠯᠡᠬᠦ ᠳᠤ ᠴᠢᠳᠠᠮᠠᠭᠠᠢ ᠪᠠᠶᠢᠬᠤ ᠬᠡᠷᠡᠭᠲᠡᠢ︔ ︽ᠠᠵᠢᠯ ᠳᠠᠭᠠᠨ ᠴᠠᠭᠠᠷᠠᠬᠤ︾᠎ ᠪᠠᠷ ᠪᠠᠷᠠᠬᠤ ᠦᠭᠡᠢ ᠨᠡᠩ ᠢᠯᠡᠭᠦᠦ ︽ᠣᠯᠠᠨ ᠴᠢᠳᠠᠪᠤᠷᠢ︾᠎ ᠲᠠᠢ ᠪᠠᠶᠢᠬᠤ ᠬᠡᠷᠡᠭᠲᠡᠢ᠃  ᠭᠤᠷᠪᠠ ᠳᠤ ᠡᠷᠡᠰ ᠴᠢᠩᠭ᠎ᠠ ᠰᠠᠬᠢᠯᠭ᠎ᠠ ᠰᠤᠷᠲᠠᠯ ᠢ ᠪᠣᠢ ᠪᠣᠯᠭᠠᠨ᠎ᠠ᠃ ᠣᠳᠣᠬᠠᠨ ᠳᠤ᠂ ᠪᠦᠬᠦ ᠣᠷᠣᠨ ᠤ ᠭᠤᠷᠪᠠᠨ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠶᠢᠨ ᠬᠢᠨᠠᠨ ᠪᠣᠳᠣᠬᠤ ᠡᠩᠨᠡᠭᠡᠨ ᠤ ᠶᠡᠷᠦᠩᠬᠡᠶ ᠪᠠᠶᠢᠳᠠᠯ ᠨᠢ ᠰᠠᠶᠢᠨ ᠪᠠᠶᠢᠨ᠎ᠠ᠂ ᠭᠡᠪᠡᠴᠦ ᠨᠠᠮ ᠪᠣᠯᠣᠨ ᠠᠷᠠᠳ ᠲᠦᠮᠡᠨ ᠤ ᠱᠠᠭᠠᠷᠳᠠᠯᠭ᠎ᠠ ᠠᠴᠠ ᠪᠠᠰᠠ ᠵᠦᠷᠢᠶ᠎ᠡ ᠲᠠᠢ ᠪᠠᠶᠢᠨ᠎ᠠ᠂ ᠪᠢᠳᠡᠨᠠᠷ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭᠠᠨ ᠤ ᠦᠷ᠎ᠡ ᠪᠥᠲᠦᠭᠡᠯ ᠢ ᠦᠨᠡᠨ ᠬᠦ ᠪᠠᠬᠢᠵᠢᠭᠦᠯᠵᠦ᠂ ︽ᠭᠤᠷᠪᠠᠨ ᠴᠢᠩᠭ᠎ᠠ ᠭᠤᠷᠪᠠᠨ ᠪᠣᠳᠠᠲᠠᠶ︾᠎ ᠶᠢᠨ ᠱᠠᠭᠠᠷᠳᠠᠯᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠪᠣᠰᠤᠳ ᠢ ᠵᠠᠰᠠᠬᠤ ᠠᠴᠠ ᠡᠮᠦᠨ᠎ᠡ ᠥᠪᠡᠷ ᠢ ᠪᠠᠨ ᠵᠠᠰᠠᠵᠤ᠂ ᠤᠯᠤᠰ ᠲᠥᠷᠥ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠬᠢᠯᠭ᠎ᠠ ᠪᠠᠲᠤ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠠᠮ ᠤᠨ ᠳᠣᠲᠣᠭᠠᠳᠤᠬᠢ ᠠᠮᠢᠳᠤᠷᠠᠯ ᠤᠨ ᠳᠦᠷᠢᠮ ᠢ ᠴᠢᠩᠭᠠᠳᠬᠠᠵᠤ᠂ ᠨᠠᠮ ᠤᠨ ᠳᠤᠳᠤᠭᠠᠳᠤᠬᠢ ᠠᠮᠢᠳᠤᠷᠠᠯ ᠤᠨ ᠪᠣᠯᠬᠢᠴᠢᠯᠠᠭᠰᠠᠨ᠂ ᠴᠡᠩᠬᠡᠯᠳᠤᠭᠰᠡᠨ᠂ ᠬᠡᠯᠪᠡᠷᠢᠴᠢᠯᠡᠭᠰᠡᠨ᠂ ᠥᠡᠭᠭᠡᠪᠴᠢᠯᠡᠭᠰᠡᠨ ᠬᠡᠯᠪᠡᠷᠢᠯ ᠢ ᠡᠷᠡᠰ ᠡᠰᠡᠷᠭᠦᠴᠡᠵᠦ᠂ ᠨᠠᠮ ᠤᠨ ᠳᠣᠲᠣᠭᠠᠳᠤᠬᠢ ᠠᠮᠢᠳᠤᠷᠠᠯ ᠢ ᠳᠦᠷᠢᠮᠵᠢᠭᠦᠯᠬᠦ᠂ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠠᠰᠠᠭᠤᠬᠤ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠬᠢᠯᠭ᠎ᠠ ᠪᠠᠲᠤ ᠪᠣᠯ ᠬᠢᠨᠠᠨ ᠪᠣᠳᠣᠬᠤ ᠠᠵᠢᠯ ᠤᠨ ︽ᠥᠨᠳᠥᠷ ᠬᠦᠴᠦᠳᠡᠯᠲᠦ ᠴᠠᠬᠢᠯᠭᠠᠨ ᠤᠲᠠᠰᠤ︾ ᠮᠦᠨ ᠭᠡᠳᠡᠭ ᠢ ᠢᠮᠠᠭᠲᠠ ᠪᠠᠲᠤ ᠴᠡᠭᠡᠵᠢᠯᠡᠵᠦ᠂ ︽ᠨᠠᠢᠮᠠ ᠶᠢ ᠵᠦᠪᠰᠢᠶᠡᠷᠡᠬᠦ ᠦᠭᠡᠢ︾ ᠬᠢᠨᠠᠨ ᠪᠣᠳᠣᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠠᠷᠢᠭᠤᠨ ᠴᠢᠬᠡᠴᠢ ᠬᠥᠮᠦᠨ ᠪᠣᠯᠵᠤ᠂ ᠠᠵᠢᠯ ᠦᠢᠯᠡᠰ ᠢ ᠰᠢᠳᠤᠷᠭᠤ ᠰᠢᠭᠤᠷᠬᠠᠢ ᠭᠦᠢᠴᠡᠳᠬᠡᠬᠦ ᠶᠢ ᠦᠨᠡᠨ ᠬᠦ ᠪᠡᠶᠡᠯᠡᠭᠦᠯᠵᠦ᠂ ᠰᠠᠬᠢᠯᠭ᠎ᠠ ᠪᠠᠲᠤ ᠵᠦᠷᠢᠴᠡᠭᠰᠡᠳ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠠᠰᠠᠭᠤᠬᠤ ᠬᠡᠷᠡᠭᠲᠡᠢ ᠃ ︽ᠬᠠᠷᠢᠭᠤᠴᠠᠯᠭ᠎ᠠ ᠲᠠᠢ᠂ ᠦᠨᠡᠨᠴᠢ ᠰᠢᠳᠤᠷᠭᠤ᠂ ᠴᠢᠭᠡᠴᠢ ᠪᠠᠶᠢᠬᠤ ᠪᠠ ᠬᠠᠤᠯᠢ ᠶᠣᠰᠣ ᠶᠢ ᠵᠢᠷᠤᠮᠯᠠᠬᠤ᠂ ᠪᠡᠶ᠎ᠡ ᠪᠠᠨ ᠳᠠᠭᠠᠭᠠᠬᠤ᠂ ᠬᠤᠪᠢ ᠨᠡᠮᠡᠷᠢ ᠦᠵᠡᠭᠦᠯᠬᠦ︾ ᠬᠢᠨᠠᠨ ᠪᠣᠳᠣᠭᠴᠢᠳ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠲᠤ ᠰᠠᠬᠢᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠬᠠᠷᠠᠮ ᠦᠭᠡᠢ ᠵᠣᠷᠢᠭᠤᠯᠬᠤ ᠮᠥᠷᠲᠡᠭᠡᠨ ᠠᠶᠤᠬᠤ ᠵᠦᠢᠯ ᠦᠭᠡᠢ ᠪᠠᠶᠢᠵᠤ᠂ ︽ᠪᠣᠳᠠᠲᠤ᠂ ᠥᠨᠳᠥᠷ᠂ ᠰᠢᠨ᠎ᠡ᠂ ᠴᠢᠩᠭ᠎ᠠ᠂ ᠨᠠᠷᠢᠨ︾ ᠠᠵᠢᠯ ᠤᠨ ᠰᠤᠷᠲᠠᠯ ᠢ ᠤᠯᠠᠮ ᠨᠢᠭᠡ ᠠᠯᠬᠤᠮ ᠪᠣᠢ ᠪᠣᠯᠭᠠᠵᠤ᠂ ︽ᠪᠣᠯᠬᠢ ᠠᠯᠵᠠᠭᠤ ᠵᠠᠳᠠᠭᠠᠢ︾᠂ ︽ᠣᠮᠣᠷᠬᠠᠭ ᠲᠠᠩᠬᠢᠯ ᠰᠦᠯᠳᠡ ᠦᠭᠡᠢ︾ ᠪᠠᠶᠢᠬᠤ ᠶᠢ ᠴᠢᠩᠭ᠎ᠠ ᠴᠡᠭᠡᠷᠯᠡᠵᠦ᠂ ᠬᠠᠷᠢᠭᠤᠴᠠᠯᠭ᠎ᠠ ᠡᠭᠦᠷᠭᠡᠯᠡᠬᠦ ᠪᠠᠷ ᠵᠣᠷᠢᠭ ᠢᠶᠠᠨ ᠬᠥᠪᠴᠢᠯᠡᠵᠦ ᠂ ᠶᠣᠰᠣ ᠮᠤᠷᠠᠯ ᠢᠶᠠᠷ ᠪᠡᠶ᠎ᠡ ᠪᠠᠨ ᠵᠠᠰᠠᠵᠤ᠂ ᠡᠷᠳᠡᠮ ᠴᠢᠳᠠᠪᠤᠷᠢ ᠪᠠᠷ ᠦᠢᠯᠡᠰ ᠴᠣᠭᠴᠠᠯᠠᠵᠤ᠂ ᠦᠢᠯᠡ ᠠᠵᠢᠯᠯᠠᠭ᠎ᠠ ᠪᠠᠷ ᠢᠶᠠᠨ ᠢᠲᠡᠬᠡᠯ ᠢ ᠣᠯᠵᠤ᠂ ᠬᠢᠨᠠᠨ ᠪᠣᠳᠣᠯᠲᠠ ᠶᠢᠨ ︽ᠢᠯᠭᠤᠭᠰᠠᠨ ᠴᠡᠷᠢᠭ ᠠᠩᠭᠢ︾᠎ ᠶᠢ ᠪᠣᠢ ᠪᠣᠯᠭᠠᠬᠤ ᠬᠡᠷᠡᠭᠲᠡᠢ᠃     ﹇ᠬᠥᠲᠥᠯᠦᠭᠴᠢ﹈      ᠲᠠᠶᠢᠮᠤ ᠡ᠂ ᠮᠠᠨ ᠳᠤ ᠡᠶᠢᠮᠦ ᠨᠢᠭᠡᠨ ᠬᠡᠪ ᠴᠢᠨᠠᠷ ᠡᠷᠳᠡᠮ ᠴᠢᠳᠠᠪᠤᠷᠢ ᠬᠤᠣᠰᠯᠠᠭᠰᠠᠨ ︽ᠢᠯᠭᠤᠭᠰᠠᠨ ᠴᠡᠷᠢᠭ ᠠᠩᠭᠢ︾ ᠪᠠᠶᠢᠬᠤ ᠲᠣᠯᠠ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠲᠡᠮᠦᠷ ᠬᠡᠷᠡᠮ ᠪᠣᠯᠣᠳ ᠬᠠᠨ᠎ᠠ ᠶᠢ ᠯᠠᠪᠲᠠᠢ ᠴᠤᠭᠴᠠᠯᠠᠵᠤ᠂ ᠰᠢᠨ᠎ᠡ ᠬᠡᠪ ᠪᠠᠶᠢᠳᠠᠯ ᠳᠣᠣᠷ᠎ᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠳᠡᠭ ᠢ ᠢᠲᠡᠭᠡᠵᠦ ᠪᠠᠶᠢᠨ᠎ᠠ︕  ᠵᠠ ᠰᠠᠶᠢᠨ ᠪᠣᠯᠣᠯ᠎ᠠ᠂ ᠯᠢᠦ ᠶᠡᠷᠦᠩᠬᠡᠶ ᠬᠢᠨᠠᠨ ᠪᠣᠳᠣᠭᠴᠢ ᠶᠢᠨ ᠲᠠᠶᠢᠯᠪᠤᠷᠢᠯᠠᠯᠳᠠ ᠬᠢᠭᠰᠡᠨ ᠳᠤ ᠲᠠᠯᠠᠷᠬᠠᠵᠦ ᠪᠠᠶᠢᠨ᠎ᠠ᠃ ᠮᠦᠨᠴᠤ ᠰᠦᠯᠵᠢᠶᠡᠨ ᠠᠨᠳᠠ ᠨᠠᠷ ᠤᠨ ᠣᠷᠣᠯᠴᠠᠭᠰᠠᠨ ᠳᠤ ᠲᠠᠯᠠᠷᠬᠠᠵᠦ ᠪᠠᠶᠢᠨ᠎ᠠ᠃ ᠡᠨᠡ ᠤᠳᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠲᠠᠭᠦᠰᠤᠯ᠎ᠠ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠤᠯᠭᠠᠶ᠎ᠠ  ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map