ᠦᠪᠦᠷ ᠮᠤᠩᠭᠤᠯ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2015/10/26
ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠎ ᠠᠴᠠ  ᠦᠨᠦᠬᠡᠨ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠬᠤᠰᠢᠭᠤ ᠰᠢᠶᠡᠨ ᠤ ᠱᠠᠳᠤᠨ ᠤ ᠠᠯᠪᠠᠨ ᠎ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢ ᠭᠡᠷᠡᠭᠵᠢᠬᠦᠯᠬᠦ ᠲᠦᠰᠦᠯ︾ ︵ᠲᠤᠷᠤᠭᠰᠢ ︽ᠲᠦᠰᠦᠯ︾ ᠬᠡᠮᠡᠨ ᠲᠦᠭᠦᠮᠴᠢᠯᠡᠨ᠎ᠡ︶ ᠲᠠᠷᠤᠮᠠᠯᠯᠠᠨ ᠲᠠᠷᠬᠠᠭᠠᠪᠠ᠃ ᠰᠤᠷᠪᠤᠯᠵᠢᠯᠠᠭᠴᠢ ᠶᠢᠨ  ᠦᠴᠦᠭᠡᠳᠦᠷ ᠤᠨ ᠤᠶᠢᠯᠠᠭᠠᠭᠰᠠᠨ ᠢᠶᠠᠷ᠂ ︽ᠲᠦᠰᠦᠯ︾᠎ ᠳᠤ 2015 ᠤᠨ ᠤ 10 ᠰᠠᠷ᠎ᠠ ᠶᠢᠨ ᠰᠡᠬᠦᠯᠴᠢ ᠠᠴᠠ ᠡᠮᠦᠨ᠎ᠡ᠂ ᠪᠦᠬᠦ ᠤᠷᠤᠨ ᠤ 80 ᠬᠤᠰᠢᠭᠤ ᠰᠢᠶᠡᠨ ︵ᠬᠤᠳᠠ︶᠎ ᠤ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ ᠤᠷᠤᠯᠭ᠎ᠠ ᠪᠠᠷ ᠡᠮᠨᠡᠯᠭᠡ ᠶᠢ ᠲᠡᠳᠬᠦᠵᠤ ᠪᠠᠶᠢᠭᠰᠠᠨ ᠶᠠᠪᠤᠳᠠᠯ ᠢ ᠭᠦᠴᠦᠨ ᠦᠬᠡᠢ ᠪᠤᠯᠭᠠᠵᠤ᠂ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠᠷ ᠪᠠᠶᠢᠨ᠎ᠠ᠃ 2017 ᠤᠨ ᠳᠤ ᠤᠳᠤᠬᠢᠴᠢᠯᠠᠭᠰᠠᠨ ᠡᠮᠨᠡᠯᠭᠡ ᠶᠢᠨ ᠬᠤᠷᠢᠶᠠᠨ ᠎ ᠤ ᠬᠠᠮᠢᠶᠠᠷᠤᠯᠳᠠ ᠶᠢᠨ ᠲᠦᠷᠢᠮ ᠢ ᠦᠨᠳᠦᠰᠦᠨ ᠳᠡᠭᠡᠨ ᠪᠠᠶᠢᠭᠤᠯᠤᠨ᠂ ᠬᠦᠨᠳᠤ ᠡᠪᠡᠳᠴᠢᠨ ᠢ ᠬᠤᠰᠢᠭᠤ ᠰᠢᠶᠠᠨ ᠎ ᠳᠠᠭᠠᠨ ᠡᠮᠴᠢᠯᠡᠵᠤ ᠲᠡᠶᠢᠯᠬᠦ ᠶᠢ ᠦᠨᠳᠦᠰᠦᠨ ᠳᠡᠭᠡᠨ ᠪᠠᠶᠠᠯᠡᠬᠦᠯᠦᠨ᠎ᠡ᠃ ᠲᠡᠭᠡᠪᠡᠯ ︽ᠲᠦᠰᠦᠯ︾᠎ ᠳᠤ ᠬᠠᠮᠢᠶᠠᠷᠤᠯᠳᠠ ᠎ ᠶᠢᠨ ᠪᠠᠶᠢᠭᠤᠯᠤᠯ ᠪᠠ ᠠᠵᠢᠯᠯᠠᠭᠠᠨ ᠤ ᠰᠢᠨ᠎ᠡ ᠲᠤᠭᠳᠠᠴᠠ᠂ ᠡᠮ ᠡᠮᠨᠡᠯᠭᠡ ᠶᠢ ᠰᠠᠯᠭᠠᠬᠤ ᠪᠠ ᠡᠮᠨᠡᠯᠭᠡ ᠶᠢᠨ ᠲᠠᠭᠠᠳᠬᠠᠯ ᠢ ᠦᠭᠬᠦ ᠵᠡᠷᠭᠡ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠶᠢ ᠲᠤᠷᠠᠳᠤᠨ ᠭᠠᠷᠭᠠᠭᠰᠠᠨ ᠪᠤᠢ︖ᠵᠠᠩᠬᠢᠯᠠᠭ᠎ᠠ ᠶᠢᠨ ᠦᠬᠡ᠄  ᠡᠮ ᠡᠮᠨᠡᠯᠭᠡ ᠶᠢ ᠰᠠᠯᠭᠠᠬᠤ ᠶᠢ ᠲᠦᠯᠬᠢᠨ ᠠᠬᠢᠭᠤᠯᠬᠤᠭᠤᠤᠯ ᠰᠠᠨᠠᠭᠤᠯᠤᠮᠵᠢ᠄ 2015 ᠤᠨ ᠤ 10 ᠰᠠᠷ᠎ᠠ ᠶᠢᠨ ᠰᠡᠬᠦᠯᠴᠢ ᠠᠴᠠ ᠡᠮᠦᠨ᠎ᠡ᠂ ᠡᠮ ᠤᠨ ᠵᠦᠢᠯ ᠤᠨ ᠦᠨ᠎ᠡ ᠨᠡᠮᠡᠬᠦ ︵ᠮᠤᠩᠭᠤᠯ ᠡᠮ ᠢ ᠲᠤᠳᠤᠭᠠᠳᠤ ᠳᠠᠭᠠᠨ ᠨᠠᠶᠢᠷᠠᠭᠤᠯᠬᠤ᠂ ᠮᠤᠩᠭᠤᠯ ᠬᠢᠳᠡᠳ ᠡᠮ ᠤᠨ ᠴᠢᠨᠠᠯᠭ᠎ᠠ ᠡᠮ ᠠᠴᠠ ᠭᠠᠳᠠᠨ᠎ᠠ︶᠎ ᠶᠢ ᠬᠦᠴᠦᠨ ᠦᠬᠡᠢ ᠪᠤᠯᠭᠠᠨ᠎ᠠ᠃ ᠡᠬᠦᠨ ᠠᠴᠠ ᠭᠠᠳᠠᠨ᠎ᠠ᠂ ᠬᠤᠰᠢᠭᠤ ᠰᠢᠶᠡᠨ ᠤ ᠱᠠᠳᠤᠨ ᠤ ᠠᠯᠪᠠᠨ ᠎ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠭᠡᠷᠡᠭᠯᠡᠵᠤ ᠪᠠᠶᠢᠭ᠎ᠠ ᠪᠦᠬᠦ ᠡᠮ ᠤᠨ ᠵᠦᠢᠯ ᠢ ᠦᠪᠡᠷᠳᠡᠭᠡᠨ ᠵᠠᠰᠠᠬᠤ ᠤᠷᠤᠨ ᠤ ᠡᠮ ᠤᠨ ᠵᠦᠢᠯ ᠢ ᠲᠦᠪᠯᠡᠷᠡᠬᠦᠯᠦᠨ ᠬᠤᠳᠠᠯᠳᠤᠨ ᠠᠪᠬᠤ ᠲᠠᠪᠴᠠᠩ ᠠᠴᠠ ᠬᠤᠳᠠᠯᠳᠤᠨ ᠠᠪᠴᠤ ᠦᠭᠬᠦᠨ᠎ᠡ᠃︽ᠲᠦᠰᠦᠯ︾᠎ ᠳᠤ ᠲᠤᠷᠠᠳᠤᠭᠰᠠᠨ ᠨᠢ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠎ ᠶᠢᠨ ᠬᠤᠷᠢᠶᠠᠨ ᠳᠤ ᠬᠠᠮᠢᠶᠠᠷᠤᠯᠳᠠ ᠶᠢᠨ ᠵᠦᠪᠯᠡᠯ ᠪᠠᠶᠢᠭᠤᠯᠵᠤ᠂ ᠵᠦᠪᠯᠡᠯ ᠳᠤ ᠠᠵᠢᠯᠳᠠᠨ ᠤ ᠶᠠᠪᠤᠳᠠᠯ ᠢ ᠬᠠᠮᠢᠶᠠᠷᠬᠤ ᠡᠷᠭᠡ᠂ ᠲᠡᠳ᠋ ᠲᠤᠰᠢᠶᠡᠯᠳᠠᠨ ᠢ ᠲᠠᠨᠢᠯᠴᠠᠭᠤᠯᠬᠤ ᠡᠷᠭᠡ᠂ ᠲᠤᠮᠳᠠ ᠲᠠᠪᠬᠤᠷᠭ᠎ᠠ ᠶᠢᠨ ᠺᠠᠳ᠋ᠷ ᠢ ᠤᠷᠢᠨ ᠲᠤᠮᠢᠯᠠᠬᠤ ᠡᠷᠭᠡ᠂ ᠲᠤᠳᠤᠭᠠᠳᠤ ᠳᠠᠭᠠᠨ ᠬᠤᠪᠢᠶᠠᠷᠢᠯᠠᠬᠤ ᠡᠷᠭᠡ᠂ ᠤᠨ ᠤ ᠲᠦᠰᠦᠪ ᠢ ᠭᠡᠷᠡᠭᠵᠢᠬᠦᠯᠬᠦ ᠡᠷᠭᠡ ᠵᠡᠷᠭᠡ ᠡᠵᠡᠩᠨᠡᠨ ᠬᠠᠮᠢᠶᠠᠷᠤᠯᠳᠠ ᠶᠢᠨ ᠡᠵᠡᠨ ᠮᠡᠳᠡᠬᠦ ᠡᠷᠭᠡ ᠲᠠᠢ᠃ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠵᠠᠰᠠᠭ ᠵᠠᠬᠢᠷᠭᠠᠵᠢᠯ ᠢ ᠬᠠᠰᠤᠵᠤ᠂ ᠡᠮᠨᠡᠯᠭᠡ ᠶᠢᠨ ᠬᠤᠷᠢᠶᠠᠨ ᠤ ᠵᠡᠷᠭᠡ ᠲᠡᠰ ᠢ ᠠᠯᠬᠤᠮ ᠠᠯᠬᠤᠮ ᠢᠶᠠᠷ ᠬᠦᠴᠦᠨ ᠦᠬᠡᠢ ᠪᠤᠯᠭᠠᠬᠤ ᠶᠢ ᠲᠦᠯᠬᠢᠨ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠠᠴᠠ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ ᠦᠷ᠎ᠡ ᠪᠦᠳᠦᠮᠵᠢ ᠶᠢ ᠬᠢᠨᠠᠨ ᠰᠢᠯᠭᠠᠬᠤ ᠶᠢ ᠵᠢᠯᠤᠭᠤᠳᠬᠤ ᠰᠠᠨᠠᠯ ᠲᠤᠭᠳᠠᠭᠠᠨ᠂ ᠡᠯ᠎ᠡ ᠭᠠᠵᠠᠷ ᠤᠷᠤᠨ ᠨᠤᠭᠤᠳ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠠᠵᠢᠯ ᠤᠨ ᠦᠷ᠎ᠡ ᠪᠦᠳᠦᠮᠵᠢ ᠎ ᠶᠢ ᠬᠢᠨᠠᠨ ᠰᠢᠯᠭᠠᠬᠤ ᠠᠷᠭ᠎ᠠ ᠪᠤᠯᠤᠨ ᠬᠦᠢᠴᠡᠳᠭᠡᠬᠦ ᠲᠤᠭ᠎ᠠ ᠶᠢᠨ ᠰᠢᠰᠲ᠋ᠧᠮ ᠢ ᠲᠤᠭᠳᠠᠭᠠᠵᠤ᠂ ᠠᠵᠢᠯ ᠤᠨ ᠦᠷ᠎ᠡ ᠪᠦᠳᠦᠮᠵᠢ ᠶᠢ ᠬᠢᠨᠠᠨ ᠰᠢᠯᠭᠠᠬᠤ ᠠᠵᠢᠯ ᠢ ᠦᠷᠨᠢᠬᠦᠯᠤᠨ᠎ᠡ᠃ᠲᠤᠰ ︽ᠲᠦᠰᠦᠯ︾᠎ ᠳᠤ ᠲᠤᠭᠳᠠᠭᠠᠭᠰᠠᠨ ᠨᠢ ᠪᠦᠬᠦᠶᠢᠯᠡ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠡᠮ ᠡᠮᠨᠡᠯᠭᠡ ᠶᠢ ᠰᠠᠯᠭᠠᠬᠤ ᠶᠢ ᠠᠬᠢᠭᠤᠯᠵᠤ᠂ ᠤᠯᠠᠨ ᠵᠦᠢᠯ ᠤᠨ ᠪᠦᠳᠦᠮᠵᠢᠳᠠᠢ ᠠᠷᠭ᠎ᠠ ᠬᠡᠮᠵᠢᠶ᠎ᠡ ᠶᠢ  ᠰᠦᠪᠡᠭᠴᠢᠯᠡᠨ ᠡᠮ ᠡᠮᠨᠡᠯᠭᠡ ᠶᠢ ᠨᠦᠬᠦᠪᠦᠷᠢᠯᠡᠬᠦ ᠲᠤᠭᠳᠠᠴᠠ ᠶᠢ ᠦᠭᠡᠷᠡᠴᠢᠯᠡᠨ᠂ 2015 ᠤᠨ ᠤ 10 ᠰᠠᠷ᠎ᠠ ᠶᠢᠨ ᠰᠡᠬᠦᠯᠴᠢ ᠠᠴᠠ ᠡᠮᠦᠨ᠎ᠡ ᠡᠮ ᠤᠨ ᠵᠦᠢᠯ ᠤᠨ ᠦᠨ᠎ᠡ ᠨᠡᠮᠡᠬᠦ ︵ᠮᠤᠩᠭᠤᠯ ᠡᠮ ᠎ ᠢ ᠲᠤᠳᠤᠭᠠᠳᠤ ᠳᠠᠭᠠᠨ ᠨᠠᠶᠢᠷᠠᠭᠤᠯᠬᠤ᠂ ᠮᠤᠩᠭᠤᠯ ᠬᠢᠳᠡᠳ ᠡᠮ ᠤᠨ ᠴᠢᠨᠠᠯᠭ᠎ᠠ ᠡᠮ ᠠᠴᠠ ᠭᠠᠳᠠᠨ᠎ᠠ︶᠎ ᠶᠢ ᠬᠦᠴᠦᠨ ᠦᠬᠡᠢ ᠪᠤᠯᠭᠠᠬᠤ ᠭᠡᠷᠡᠭᠳᠡᠢ᠃ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠦᠬᠦᠪᠦᠷᠢ ᠶᠢ ᠦᠢᠯᠡᠴᠢᠯᠡᠭᠡᠨ ᠤ ᠵᠠᠷᠤᠳᠠᠯ ᠬᠤᠷᠢᠶᠠᠬᠤ᠂ ᠡᠮ ᠤᠨ ᠵᠦᠢᠯ ᠤᠨ ᠦᠨ᠎ᠡ ᠶᠢᠨ ᠨᠡᠮᠡᠭᠳᠡᠯ ᠎ ᠤᠨ ᠤᠷᠤᠯᠭ᠎ᠠ ᠪᠤᠯᠤᠨ ᠵᠠᠰᠠᠭ ᠤᠨ ᠤᠷᠳᠤᠨ ᠤ ᠨᠦᠬᠦᠪᠦᠷᠢ ᠶᠢᠨ ᠭᠤᠷᠪᠠᠨ ᠠᠷᠭ᠎ᠠ ᠵᠠᠮ ᠢᠶᠠᠷ ᠨᠦᠬᠦᠪᠦᠷᠢᠯᠡᠵᠤ ᠪᠠᠶᠢᠭᠰᠠᠨ ᠨᠢ ᠦᠢᠯᠡᠴᠢᠯᠡᠭᠡᠨ ᠤ ᠵᠠᠷᠤᠳᠠᠯ ᠬᠤᠷᠢᠶᠠᠬᠤ ᠪᠠ ᠵᠠᠰᠠᠭ ᠤᠨ ᠤᠷᠳᠤᠨ ᠠᠴᠠ ᠨᠦᠬᠦᠪᠦᠷᠢᠯᠡᠬᠦ ᠬᠤᠶᠠᠷ ᠵᠦᠢᠯ ᠤᠨ ᠠᠷᠭ᠎ᠠ ᠵᠠᠮ ᠪᠤᠯᠭᠠᠨ ᠦᠬᠡᠷᠡᠴᠢᠯᠡᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢ ᠰᠢᠯᠤᠭᠤᠳᠬᠠᠬᠤ᠂ ᠵᠠᠰᠠᠭ ᠤᠨ ᠤᠷᠳᠤᠨ ᠤ ᠤᠷᠤᠭᠤᠯᠤᠯᠳᠠ ᠶᠢ ᠨᠡᠮᠡᠭᠳᠡᠬᠦᠯᠬᠦ ᠪᠠ ᠡᠮᠨᠡᠯᠭᠡ ᠶᠢᠨ ᠬᠤᠷᠢᠶᠠᠨ ᠤ ᠠᠵᠢᠯᠯᠠᠭᠠᠨ ᠤ ᠦᠷᠳᠡᠭ ᠎ ᠢ ᠪᠠᠭᠤᠷᠠᠭᠤᠯᠬᠤ ᠵᠡᠷᠭᠡ ᠤᠯᠠᠨ ᠲᠠᠯ᠎ᠠ ᠪᠠᠷ ᠬᠠᠮᠳᠤ ᠪᠠᠷ ᠡᠭᠦᠷᠭᠡᠯᠡᠨ᠎ᠡ᠃ ᠡᠮ ᠤᠨ ᠵᠦᠢᠯ ᠪᠤᠯᠤᠨ ᠬᠤᠷᠤᠭᠳᠠᠯ ᠮᠠᠲ᠋ᠧᠷᠢᠶᠡᠯ ᠤᠨ ᠬᠠᠩᠭᠠᠯᠭ᠎ᠠ ᠶᠢᠨ ᠪᠠᠳᠤᠯᠠᠭ᠎ᠠ ᠶᠢᠨ ᠲᠦᠷᠢᠮ ᠢ ᠭᠡᠷᠬᠢᠨ ᠲᠡᠬᠦᠯᠳᠡᠷᠵᠢᠬᠦᠯᠬᠦ ᠪᠤᠢ︖ ︽ᠲᠦᠰᠦᠪ︾᠎ ᠲᠤ ᠲᠤᠷᠠᠳᠤᠭᠰᠠᠨ ᠨᠢ᠂ ᠬᠤᠰᠢᠭᠤ ᠰᠢᠶᠡᠨ ᠤ ᠱᠠᠳᠤᠨ ᠤ ᠠᠯᠪᠠᠨ ᠎ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠭᠡᠷᠡᠭᠯᠡᠵᠤ ᠪᠠᠶᠢᠭ᠎ᠠ ᠪᠦᠬᠦ ᠡᠮ ᠤᠨ ᠵᠦᠢᠯ ᠢ ᠦᠪᠡᠷᠳᠡᠭᠡᠨ ᠵᠠᠰᠠᠬᠤ ᠤᠷᠤᠨ ᠤ ᠡᠮ ᠤᠨ ᠵᠦᠢᠯ ᠢ ᠲᠦᠪᠯᠡᠷᠡᠬᠦᠯᠦᠨ ᠬᠤᠳᠠᠯᠳᠤᠨ ᠠᠪᠬᠤ ᠲᠡᠪᠴᠠᠩ ᠬᠤᠳᠠᠯᠳᠤᠨ ᠠᠪᠬᠤ ᠭᠡᠷᠡᠭᠳᠡᠢ᠃ ᠡᠮ ᠤᠨ ᠵᠦᠢᠯ ᠢ ᠲᠠᠭᠠᠭᠠᠴᠢᠯᠠᠯᠳᠠ ᠤᠯᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠰᠢᠭᠤᠳ ᠬᠦᠷᠬᠡᠬᠦ ᠪᠤᠶᠤ ᠲᠤᠬᠢᠷᠠᠭᠤᠯᠤᠨ ᠬᠦᠷᠭᠡᠬᠦ ᠴᠢᠳᠠᠪᠤᠷᠢ ᠲᠠᠢ ᠡᠮ ᠤᠨ ᠵᠦᠢᠯ ᠤᠨ ᠡᠵᠡᠩᠨᠡᠯᠳᠡ ᠶᠢᠨ ᠠᠵᠤ ᠠᠬᠤᠶᠢᠯᠠᠯ ᠎ ᠳᠤ ᠦᠪᠡᠷᠳᠡᠭᠡᠨ ᠨᠠᠶᠢᠳᠠᠵᠤ ᠵᠢᠭᠠᠨ ᠲᠤᠭᠳᠠᠭᠠᠭᠰᠠᠨ ᠡᠮᠨᠡᠯᠭᠡ ᠶᠢᠨ ᠬᠤᠷᠢᠶᠠᠨ ᠳᠤ ᠬᠦᠷᠬᠡᠬᠦᠯᠵᠤ᠂ ᠵᠠᠪᠰᠠᠷ ᠤᠨ ᠶᠠᠪᠤᠴᠠ ᠶᠢ ᠪᠠᠭᠠᠰᠬᠠᠵᠤ ᠪᠤᠯᠤᠨ᠎ᠠ᠃ ᠡᠮᠨᠡᠯᠭᠡ ᠶᠢᠨ ᠬᠤᠷᠢᠶ᠎ᠠ ᠨᠢ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠯᠤᠭ᠎ᠠ ᠡᠮ ᠤᠨ ᠵᠦᠢᠯ ᠤᠨ ᠵᠠᠷᠤᠳᠠᠯ ᠢ ᠳ᠋ᠦᠩᠨᠡᠨ ᠪᠤᠳᠤᠬᠤ᠂ ᠡᠮ ᠤᠨ ᠵᠦᠢᠯ ᠤᠨ ᠦᠢᠯᠡᠳᠪᠦᠷᠢᠯᠡᠯ ᠎ ᠤᠨ ᠠᠵᠤ ᠠᠬᠤᠶᠢᠯᠠᠯ ᠪᠤᠯᠤᠨ ᠲᠤᠬᠢᠷᠠᠭᠤᠯᠤᠨ ᠬᠦᠷᠭᠡᠬᠦ ᠠᠵᠤ ᠠᠬᠤᠶᠢᠯᠠᠯ ᠯᠤᠭ᠎ᠠ ᠲᠤᠬᠢᠷᠠᠭᠤᠯᠤᠨ ᠬᠦᠷᠭᠡᠬᠦ ᠵᠠᠷᠤᠳᠠᠯ ᠢ ᠳ᠋ᠦᠩᠨᠡᠨ ᠪᠤᠳᠤᠬᠤ ᠶᠢ ᠵᠤᠷᠢᠭᠵᠢᠭᠤᠯᠤᠨ᠎ᠠ᠃ᠵᠠᠩᠬᠢᠯᠠᠭ᠎ᠠ ᠶᠢᠨ ᠦᠬᠡ᠄ ᠡᠮᠨᠡᠯᠭᠡ ᠶᠢᠨ ᠲᠠᠭᠠᠳᠬᠠᠯ ᠦᠭᠬᠦ ᠶᠢ ᠨᠠᠶᠢᠳᠡᠮ ᠪᠦᠷᠬᠦᠬᠦᠯᠬᠦ ᠭᠤᠤᠯ ᠰᠠᠨᠠᠭᠤᠯᠤᠮᠵᠢ  ᠄ 2016 ᠤᠨ ᠤ ᠰᠡᠬᠦᠯᠴᠢ ᠠᠴᠠ ᠡᠮᠦᠨ᠎ᠡ᠂ ᠡᠮᠨᠡᠯᠭᠡ ᠶᠢᠨ ᠲᠠᠭᠠᠳᠬᠠᠯ ᠦᠭᠬᠦ ᠠᠷᠭ᠎ᠠ  ᠎ ᠶᠢᠨ ᠦᠭᠡᠷᠡᠴᠢᠯᠡᠯᠳᠡ ᠶᠢ ᠬᠤᠰᠢᠭᠤ ᠰᠢᠶᠡᠨ ᠤ ᠬᠡᠪᠴᠢᠶᠡᠨ ᠤ ᠠᠯᠪᠠᠨ ᠠᠴᠠ ᠪᠠᠶᠢᠭᠤᠯᠤᠭᠰᠠᠨ ᠪᠦᠬᠦ ᠡᠮᠨᠡᠯᠭᠡ ᠶᠢᠨ ᠬᠤᠷᠢᠶ᠎ᠠ ᠳᠤ  ᠪᠦᠷᠬᠦᠬᠦᠯᠵᠤ᠂ 40%᠎ ᠠᠴᠠ ᠲᠡᠭᠡᠭᠰᠢᠬᠢ ᠡᠮᠨᠡᠯᠭᠡ ᠶᠢᠨ ᠬᠤᠷᠢᠶᠠᠨ ᠤ ᠡᠮᠨᠡᠯᠭᠡ ᠠᠴᠠ ᠭᠠᠷᠬᠤ ᠡᠪᠡᠳᠴᠢᠨ ᠤ ᠵᠢᠱᠢᠶ᠎ᠡ ᠶᠢ ᠬᠠᠮᠤᠷᠡᠭᠤᠯᠬᠤ ᠭᠡᠷᠡᠭᠳᠡᠢ᠃  2017 ᠤᠨ ᠪᠤᠯᠬᠤ ᠳᠤ᠂ ᠡᠪᠡᠳᠴᠢᠨ ᠤ ᠲᠦᠷᠦᠯ ᠢᠶᠠᠷ ᠵᠠᠷᠤᠳᠠᠯ ᠦᠭᠬᠦ ᠪᠠᠷ ᠭᠤᠤᠯ ᠪᠤᠯᠭᠠᠵᠤ᠂ ᠬᠦᠮᠦᠨ ᠤ ᠲᠤᠭ᠎ᠠ᠂ ᠡᠪᠡᠳᠴᠢᠳᠡᠨ ᠤ ᠤᠷᠤ ᠶᠢᠨ ᠡᠳᠦᠷ ᠢᠶᠠᠷ ᠵᠠᠷᠤᠳᠠᠯ ᠦᠭᠬᠦ ᠵᠡᠷᠭᠡ ᠨᠡᠶᠢᠯᠡᠮᠡᠯ ᠬᠡᠯᠪᠡᠷᠢ ᠶᠢᠨ ᠵᠠᠷᠤᠳᠠᠯ ᠦᠭᠬᠦ ᠬᠡᠯᠪᠡᠷᠢ ᠶᠢ ᠪᠦᠬᠦ ᠲᠠᠯ᠎ᠠ ᠪᠠᠷ ᠭᠡᠷᠡᠭᠵᠢᠬᠦᠯᠦᠨ᠎ᠡ᠃ᠦᠪᠡᠷᠳᠡᠭᠡᠨ ᠵᠠᠰᠠᠬᠤ ᠤᠷᠤᠨ ᠠᠴᠠ ᠡᠮᠨᠡᠯᠭᠡ ᠶᠢᠨ ᠲᠠᠭᠠᠳᠬᠠᠯ ᠦᠭᠬᠦ ᠠᠷᠭ᠎ᠠ ᠶᠢᠨ ᠦᠬᠡᠷᠡᠴᠢᠯᠡᠯᠳᠡ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠳᠠᠭᠠᠵᠤ᠂ ᠶᠡᠷᠦᠩᠬᠡᠢ ᠲᠤᠭ᠎ᠠ ᠶᠢ ᠬᠢᠵᠠᠭᠠᠷᠯᠠᠬᠤ ᠪᠠᠶᠢᠳᠠᠯ ᠲᠤᠤᠷ᠎ᠠ ᠡᠪᠡᠳᠴᠢᠨ ᠤ ᠲᠦᠷᠦᠯ᠂ ᠬᠦᠮᠦᠨ ᠤ ᠲᠤᠭ᠎ᠠ᠂ ᠡᠪᠡᠳᠴᠢᠳᠡᠨ ᠤ ᠤᠷᠤ ᠶᠢᠨ ᠡᠳᠦᠷ ᠢᠶᠠᠷ ᠵᠠᠷᠤᠳᠠᠯ ᠦᠭᠬᠦ ᠠᠷᠭ᠎ᠠ ᠎ ᠶᠢᠨ ᠦᠬᠡᠷᠡᠴᠢᠯᠡᠯᠳᠡ ᠶᠢ ᠲᠦᠷᠭᠡᠳᠭᠡᠨ ᠠᠬᠢᠭᠤᠯᠤᠨ᠎ᠠ᠃ 2016 ᠤᠨ ᠤ ᠵᠢᠯ ᠤᠨ ᠡᠴᠤᠰ ᠠᠴᠠ ᠡᠮᠦᠨ᠎ᠡ᠂ ᠵᠠᠷᠤᠳᠠᠯ ᠦᠭᠬᠦ ᠠᠷᠭ᠎ᠠ ᠶᠢᠨ ᠦᠭᠡᠷᠡᠴᠢᠯᠡᠯᠳᠡ ᠶᠢ ᠬᠤᠰᠢᠭᠤ ᠰᠢᠶᠡᠨ ᠤ ᠬᠡᠪᠴᠢᠶᠡᠨ ᠤ ᠠᠯᠪᠠᠨ ᠠᠴᠠ ᠪᠠᠶᠢᠭᠤᠯᠤᠭᠰᠠᠨ ᠪᠦᠬᠦ ᠡᠮᠨᠡᠯᠭᠡ ᠶᠢᠨ ᠬᠤᠷᠢᠶ᠎ᠠ ᠳᠤ ᠪᠦᠷᠬᠦᠬᠦᠯᠵᠤ᠂ 40%᠎ ᠠᠴᠠ ᠲᠡᠭᠡᠭᠰᠢᠬᠢ ᠡᠮᠨᠡᠯᠭᠡ ᠶᠢᠨ ᠬᠤᠷᠢᠶᠠᠨ ᠤ ᠡᠮᠨᠡᠯᠭᠡ ᠠᠴᠠ ᠭᠠᠷᠬᠤ ᠡᠪᠡᠳᠴᠢᠨ ᠤ ᠵᠢᠱᠢᠶ᠎ᠡ ᠶᠢ ᠬᠠᠮᠤᠷᠡᠭᠤᠯᠤᠨ᠎ᠠ᠃ 2017 ᠤᠨ ᠪᠤᠯᠬᠤ ᠳᠤ᠂ ᠡᠪᠡᠳᠴᠢᠨ ᠤ ᠲᠦᠷᠦᠯ ᠢᠶᠠᠷ ᠵᠠᠷᠤᠳᠠᠯ ᠦᠭᠬᠦ ᠪᠠᠷ ᠭᠤᠤᠯ ᠪᠤᠯᠭᠠᠵᠤ᠂ ᠬᠦᠮᠦᠨ ᠤ ᠲᠤᠭ᠎ᠠ᠂ ᠡᠪᠡᠳᠴᠢᠳᠡᠨ ᠤ ᠤᠷᠤ ᠎ ᠶᠢᠨ ᠡᠳᠦᠷ ᠵᠡᠷᠭᠡ ᠨᠡᠶᠢᠯᠡᠮᠡᠯ ᠬᠡᠯᠪᠡᠷᠢ ᠶᠢᠨ ᠵᠠᠷᠤᠳᠠᠯ ᠦᠭᠬᠦ ᠬᠡᠯᠪᠡᠷᠢ ᠶᠢ ᠪᠦᠬᠦ ᠲᠠᠯ᠎ᠠ ᠪᠠᠷ ᠭᠡᠷᠡᠭᠵᠢᠬᠦᠯᠦᠨ᠎ᠡ᠃ ᠮᠤᠩᠭᠤᠯ ᠡᠮ ᠡᠮᠨᠡᠯᠭᠡ ᠪᠤᠯᠤᠨ ᠬᠢᠳᠡᠳ ᠡᠮ ᠡᠮᠨᠡᠯᠭᠡ ᠶᠢᠨ ᠲᠤᠬᠢᠷᠠᠮᠵᠢᠳᠠᠢ ᠦᠢᠯᠡᠴᠢᠯᠡᠭᠡ ᠶᠢ ᠬᠠᠩᠭᠠᠨ ᠭᠡᠷᠡᠭᠯᠡᠬᠦ ᠶᠢ ᠤᠷᠮᠠᠰᠢᠭᠤᠯᠵᠤ᠂ ᠮᠤᠩᠭᠤᠯ ᠬᠢᠳᠡᠳ ᠡᠮ ᠡᠮᠨᠡᠯᠭᠡ ᠶᠢᠨ ᠡᠮ ᠤᠨ ᠵᠦᠢᠯ ᠤᠨ ᠪᠤᠰᠤ ᠡᠮᠴᠢᠯᠡᠭᠡᠨ ᠤ ᠮᠡᠷᠬᠡᠵᠢᠯ ᠢ ᠵᠢᠷᠤᠮᠵᠢᠭᠤᠯᠬᠤ ᠰᠠᠭᠤᠷᠢᠨ ᠲᠡᠭᠡᠷ᠎ᠡ᠂ ᠡᠮᠨᠡᠯᠭᠡ ᠶᠢᠨ ᠲᠠᠭᠠᠳᠬᠠᠯ ᠦᠭᠬᠦ ᠡᠮ ᠡᠮᠨᠡᠯᠭᠡ ᠶᠢᠨ ᠪᠠᠶᠢᠭᠤᠯᠤᠮᠵᠢ ᠶᠢᠨ ᠮᠤᠩᠭᠤᠯ ᠬᠢᠳᠡᠳ ᠨᠠᠶᠢᠷᠠᠯᠭ᠎ᠠ ᠡᠮ ᠪᠠ ᠵᠡᠭᠦᠤ ᠲᠦᠭᠡᠨᠡᠯᠭᠡ᠂ ᠡᠮᠴᠢᠯᠡᠭᠡᠨ ᠤ ᠴᠢᠨᠠᠷᠳᠠᠢ ᠢᠯᠢᠵᠤ ᠨᠤᠬᠤᠯᠠᠬᠤ ᠵᠡᠷᠭᠡ ᠮᠤᠩᠭᠤᠯ ᠬᠢᠳᠡᠳ ᠡᠮᠨᠡᠯᠭᠡ ᠶᠢᠨ ᠦᠪᠡᠷᠮᠢᠴᠡ ᠤᠨᠴᠠᠯᠢᠭ ᠲᠠᠢ ᠡᠮᠴᠢᠯᠡᠭᠡᠨ ᠤ ᠮᠡᠷᠭᠡᠵᠢᠯ ᠤᠨ ᠬᠡᠪᠴᠢᠶᠡᠨ ᠳᠤ ᠠᠯᠬᠤᠮ ᠠᠯᠬᠤᠮ ᠢᠶᠠᠷ ᠦᠷᠭᠡᠳᠬᠡᠨ ᠤᠷᠤᠭᠤᠯᠤᠨ᠎ᠠ᠃ ᠡᠨᠡ ᠨᠢ ᠲᠤᠰ ︽ᠲᠦᠰᠦᠯ︾᠎ ᠳᠤ ᠲᠤᠳᠤᠷᠬᠠᠢ ᠲᠤᠷᠠᠳᠤᠭᠰᠠᠨ ᠡᠮᠨᠡᠯᠭᠡ ᠶᠢᠨ ᠲᠠᠭᠠᠳᠬᠠᠯ ᠦᠭᠬᠦ ᠠᠷᠭ᠎ᠠ ᠶᠢᠨ ᠦᠭᠡᠷᠡᠴᠢᠯᠡᠯᠳᠡ ᠶᠢᠨ ᠬᠠᠷᠠᠯᠳᠠ ᠪᠤᠯᠤᠨ ᠴᠢᠭᠯᠡᠯ ᠪᠤᠯᠤᠨ᠎ᠠ᠃︽ᠲᠦᠰᠦᠯ︾᠎ ᠳᠤ ᠪᠠᠰᠠ ᠲᠤᠷᠠᠳᠤᠭᠰᠠᠨ ᠨᠢ 2016 ᠤᠨ ᠤ ᠡᠴᠦᠰ ᠪᠤᠯᠬᠤ ᠳᠤ ᠬᠤᠰᠢᠭᠤ ᠰᠢᠶᠠᠨ ᠤ ᠱᠠᠳᠤᠨ ᠎ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠳᠠ ᠭᠡᠷᠡᠭᠵᠢᠬᠦᠯᠦᠨ ᠡᠪᠡᠳᠴᠢᠨ ᠤ ᠲᠦᠷᠦᠯ ᠤᠨ ᠲᠤᠭ᠎ᠠ 50᠎ ᠠᠴᠠ ᠲᠡᠭᠡᠭᠰᠢ ᠳᠤ ᠬᠦᠷᠭᠡᠬᠦ ᠶᠢ ᠪᠡᠶᠡᠯᠡᠬᠦᠯᠬᠦ ᠶᠢᠨ ᠬᠠᠮᠳᠤ ᠡᠪᠡᠳᠴᠢᠨ ᠤ ᠲᠦᠷᠦᠯ ᠢ ᠠᠯᠬᠤᠮ ᠠᠯᠬᠤᠮ ᠢᠶᠠᠷ ᠦᠷᠭᠡᠳᠭᠡᠵᠤ᠂ ᠠᠭᠤᠯᠭ᠎ᠠ ᠶᠢ ᠨᠢ ᠨᠠᠷᠢᠯᠢᠭᠵᠢᠭᠤᠯᠵᠤ᠂ ᠡᠪᠡᠳᠴᠢᠨ ᠤ ᠲᠦᠷᠦᠯ ᠢ ᠪᠦᠯᠦᠭ ᠲᠤ ᠤᠷᠤᠭᠤᠯᠬᠤ ᠨᠤᠷᠮ᠎ᠠ ᠪᠤᠯᠤᠨ ᠪᠡᠶᠡᠯᠡᠬᠦᠯᠬᠦ ᠨᠤᠷᠮ᠎ᠠ ᠶᠢ ᠲᠡᠭᠡᠭᠰᠢᠯᠡᠬᠦᠯᠤᠨ᠎ᠡ᠃ ᠬᠦᠨᠳᠤ ᠤᠨᠴᠠᠭᠠᠢ ᠡᠪᠡᠳᠴᠢᠨ ᠤ ᠪᠠᠳᠤᠯᠠᠭ᠎ᠠ ᠶᠢᠨ ᠲᠤᠭᠳᠠᠴᠠ ᠶᠢᠨ ᠲᠠᠯ᠎ᠠ ᠪᠠᠷ᠂ ︽ᠲᠦᠰᠦᠯ︾᠎ ᠳᠤ ᠬᠤᠭᠤᠴᠠᠭ᠎ᠠ ᠲᠤᠭᠳᠠᠭᠠᠵᠤ᠂ 2015 ᠤᠨ ᠳᠤ ᠬᠤᠰᠢᠭᠤ ᠰᠢᠶᠠᠨ ︵ᠬᠤᠳᠠ︶ ᠪᠦᠬᠦᠨ ᠳᠤ ᠬᠤᠳᠠ ᠭᠦᠳᠡᠭᠡ ᠎ ᠶᠢᠨ ᠰᠠᠭᠤᠭᠠᠯᠢ ᠠᠷᠠᠳ ᠤᠨ ᠭᠦᠨᠳᠤ ᠡᠪᠡᠳᠴᠢᠨ ᠤ ᠲᠠᠭᠠᠳᠬᠠᠯ ᠤᠨ ᠲᠦᠷᠢᠮ ᠪᠤᠯᠤᠨ ᠡᠪᠡᠳᠴᠢᠨ ᠡᠮᠭᠡᠭ ᠢ ᠪᠠᠴᠢᠮ ᠠᠪᠤᠷᠠᠨ ᠲᠤᠰᠠᠯᠠᠬᠤ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠵᠤ᠂ ᠬᠦᠨᠳᠤ ᠤᠨᠴᠠᠭᠠᠢ ᠡᠪᠡᠳᠴᠢᠨ ᠢ  ᠡᠮᠴᠢᠯᠡᠭᠡᠨ ᠢᠶᠠᠷ ᠠᠪᠤᠷᠠᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠤᠨ᠎ᠡ ᠭᠡᠵᠤ ᠲᠤᠳᠤᠷᠬᠠᠶᠢᠯᠠᠵᠠᠢ᠃ᠵᠠᠩᠬᠢᠯᠠᠭ᠎ᠠ ᠶᠢᠨ ᠦᠬᠡ᠄ ᠡᠮᠨᠡᠯᠬᠡ ᠶᠢᠨ ᠠᠵᠢᠯᠳᠠᠨ ᠤ ᠴᠠᠯᠢᠩ ᠮᠦᠩᠬᠦ ᠶᠢ ᠲᠤᠬᠢᠷᠠᠮᠵᠢᠳᠠᠢ ᠲᠤᠭᠳᠠᠭᠠᠬᠤ ᠭᠤᠤᠯ ᠰᠠᠨᠠᠭᠤᠯᠤᠮᠵᠢ᠄ ᠡᠯ᠎ᠡ ᠭᠠᠵᠠᠷ ᠤᠷᠤᠨ ᠠᠵᠢᠯ ᠤᠨ ᠦᠷ᠎ᠡ ᠪᠦᠳᠦᠮᠵᠢ ᠶᠢᠨ ᠴᠠᠯᠢᠩ ᠤᠨ ᠬᠢᠷᠢ ᠲᠦᠪᠰᠢᠨ ᠢ ᠵᠤᠬᠢᠰᠳᠠᠢ ᠲᠤᠭᠳᠠᠭᠠᠵᠤ᠂ ᠡᠮᠨᠡᠯᠭᠡ ᠶᠢᠨ ᠠᠵᠢᠯᠳᠠᠳ ᠲᠤ ᠤᠷᠤᠯᠭ᠎ᠠ ᠤᠯᠬᠤ ᠬᠦᠢᠴᠡᠳᠭᠡᠯ ᠲᠤᠭ᠎ᠠ ᠲᠤᠭᠳᠠᠭᠠᠵᠤ ᠦᠭᠬᠦ ᠶᠢ ᠴᠠᠭᠠᠵᠠᠯᠠᠵᠤ᠂ ᠡᠮᠨᠡᠯᠭᠡ ᠶᠢᠨ ᠠᠵᠢᠯᠳᠠᠳ ᠤᠨ ᠤᠷᠤᠯᠭ᠎ᠠ ᠶᠢ ᠡᠮᠨᠡᠯᠭᠡ ᠶᠢᠨ ᠬᠤᠷᠢᠶᠠᠨ ᠤ ᠡᠮ ᠤᠨ ᠵᠦᠢᠯ᠂ ᠪᠠᠶᠢᠴᠠᠭᠠᠯᠳᠠ᠂ ᠡᠮᠴᠢᠯᠡᠭᠡ ᠵᠡᠷᠭᠡ ᠶᠢᠨ ᠤᠷᠤᠯᠭ᠎ᠠ ᠲᠠᠢ ᠬᠤᠯᠪᠤᠭᠳᠠᠭᠤᠯᠬᠤ ᠶᠢ ᠴᠠᠭᠠᠵᠠᠯᠠᠨ᠎ᠠ᠃ ︽ᠲᠦᠰᠦᠯ︾ ᠎ ᠳᠤ ᠲᠤᠳᠤᠷᠬᠠᠶᠢᠯᠠᠭᠰᠠᠨ ᠨᠢ ᠦᠪᠡᠷᠳᠡᠭᠡᠨ ᠵᠠᠰᠠᠬᠤ ᠤᠷᠤᠨ ᠠᠴᠠ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠳᠠᠨ ᠲᠤᠬᠢᠷᠠᠭᠤᠯᠬᠤ ᠪᠠᠷᠢᠮᠵᠢᠶ᠎ᠠ ᠶᠢ ᠲᠤᠭᠳᠠᠭᠠᠵᠤ᠂ ᠠᠵᠢᠯᠳᠠᠨ ᠎ ᠤ ᠤᠷᠤᠨ ᠲᠤᠭᠠᠨ ᠤ ᠶᠡᠷᠦᠩᠬᠡᠢ ᠬᠡᠮᠵᠢᠶ᠎ᠡ ᠶᠢ ᠲᠤᠬᠢᠷᠠᠮᠵᠢᠳᠠᠢ ᠲᠤᠭᠳᠠᠭᠠᠬᠤ ᠶᠢᠨ ᠬᠠᠮᠳᠤ ᠬᠦᠳᠡᠯᠦᠩᠬᠦᠢ ᠲᠤᠬᠢᠷᠠᠭᠤᠯᠤᠯᠳᠠ ᠶᠢ ᠭᠡᠷᠡᠭᠵᠢᠬᠦᠯᠦᠨ᠎ᠡ᠃ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠤᠷᠤᠨ ᠲᠤᠭᠠᠨ ᠤ ᠬᠠᠮᠢᠶᠠᠷᠤᠯᠳᠠ ᠶᠢᠨ ᠠᠷᠭ᠎ᠠ ᠶᠢᠨ ᠰᠢᠨ᠎ᠡ ᠡᠭᠦᠳᠦᠯᠳᠡ ᠶᠢ ᠰᠦᠪᠡᠭᠴᠢᠯᠡᠵᠤ᠂ ᠤᠷᠤᠨ ᠲᠤᠭ᠎ᠠ ᠶᠢ ᠪᠦᠷᠢᠳᠭᠡᠨ ᠲᠠᠩᠰᠠᠯᠠᠬᠤ ᠲᠦᠷᠢᠮᠳᠤ ᠬᠠᠮᠢᠶᠠᠷᠤᠯᠳᠠ ᠶᠢ ᠠᠯᠬᠤᠮ ᠠᠯᠬᠤᠮ ᠎ ᠢᠶᠠᠷ ᠭᠡᠷᠡᠭᠵᠢᠬᠦᠯᠤᠨ᠎ᠠ᠃ ᠤᠷᠢᠵᠤ ᠭᠡᠷᠡᠭᠯᠡᠬᠦ ᠲᠦᠷᠢᠮ᠂ ᠠᠵᠢᠯ ᠤᠨ ᠪᠠᠶᠢᠷᠢ ᠶᠢᠨ ᠬᠠᠮᠢᠶᠠᠷᠤᠯᠳᠠ ᠶᠢᠨ ᠲᠦᠷᠢᠮ ᠪᠤᠯᠤᠨ ᠢᠯᠡ ᠪᠠᠷ ᠡᠯᠰᠡᠬᠦ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠦᠨ᠎ᠡ᠃ ᠭᠡᠷᠡᠭᠴᠡᠭᠡ ᠱᠠᠭᠠᠷᠳᠠᠯᠭ᠎ᠠ ᠪᠠᠷ ᠠᠵᠢᠯ ᠎ ᠤᠨ ᠪᠠᠶᠢᠷᠢ ᠲᠤᠬᠢᠷᠠᠭᠤᠯᠬᠤ᠂ ᠦᠷᠢᠰᠦᠯᠳᠦᠭᠡᠨ ᠢᠶᠠᠷ ᠲᠠᠮᠵᠢᠨ ᠠᠵᠢᠯ ᠳᠤ ᠭᠠᠷᠬᠤ᠂ ᠠᠵᠢᠯ ᠤᠨ ᠪᠠᠶᠢᠷᠢ ᠪᠠᠷ ᠤᠷᠢᠨ ᠭᠡᠷᠡᠭᠯᠡᠬᠦ᠂ ᠭᠡᠷ᠎ᠡ ᠪᠠᠷ ᠬᠠᠮᠢᠶᠠᠷᠬᠤ ᠶᠢ ᠪᠠᠷᠢᠮᠳᠠᠯᠠᠵᠤ᠂  ᠬᠢᠷᠢ ᠭᠡᠮ ᠢ ᠬᠤᠪᠢᠷᠠᠭᠤᠯᠤᠨ ᠬᠠᠮᠢᠶᠠᠷᠬᠤ ᠶᠢ ᠠᠵᠢᠯ ᠤᠨ ᠪᠠᠶᠢᠷᠢ ᠶᠢᠨ ᠬᠠᠮᠢᠶᠠᠷᠤᠯᠳᠠ ᠪᠤᠯᠭᠠᠨ᠎ᠠ᠃ᠲᠤᠰ ︽ᠲᠦᠰᠦᠯ︾᠎ ᠳᠤ ᠲᠤᠭᠳᠠᠭᠠᠭᠰᠠᠨ ᠨᠢ ᠡᠯ᠎ᠡ ᠭᠠᠵᠠᠷ ᠤᠷᠤᠨ ᠨᠤᠭᠤᠳ ᠠᠵᠤ ᠠᠬᠤᠢ ᠶᠢᠨ ᠭᠦᠭᠵᠢᠯᠳᠡ᠂ ᠡᠳ᠋ ᠶᠢᠨ ᠵᠠᠰᠠᠭ ᠤᠨ ᠪᠠᠶᠢᠳᠠᠯ᠂ ᠪᠠᠷᠠᠭᠠᠨ ᠤ ᠦᠨ᠎ᠡ ᠶᠢᠨ ᠬᠡᠷᠡᠭᠯᠡᠭᠡᠨ ᠤ ᠬᠢᠷᠢ ᠲᠦᠪᠰᠢᠨ᠂ ᠬᠤᠳᠠ ᠪᠠᠯᠭᠠᠰᠤᠨ ᠤ ᠪᠠᠶᠢᠭᠤᠯᠭ᠎ᠠ ᠶᠢᠨ ᠠᠵᠢᠯ ᠤᠨ ᠪᠠᠶᠢᠷᠢᠨ ᠳᠠᠬᠢ ᠠᠵᠢᠯᠳᠠᠨ ᠠᠵᠢᠯᠴᠢᠳ ᠤᠨ ᠵᠢᠯ ᠤᠨ ᠲᠤᠮᠳᠠᠴᠢ ᠴᠠᠯᠢᠩ ᠤᠨ ᠬᠢᠷᠢ ᠬᠡᠮᠵᠢᠶ᠎ᠡ ᠪᠤᠯᠤᠨ ᠠᠵᠢᠯ ᠦᠢᠯᠡᠰ ᠤᠨ ᠨᠢᠬᠡᠴᠡ ᠶᠢᠨ ᠵᠢᠷᠤᠮᠵᠢᠭᠤᠯᠤᠭᠰᠠᠨ ᠤ ᠲᠠᠷᠠᠭᠠᠬᠢ ᠨᠡᠮᠡᠬᠦᠷᠢ ᠨᠦᠬᠦᠪᠦᠷᠢ ᠶᠢᠨ ᠬᠢᠷᠢ ᠬᠡᠮᠵᠢᠶ᠎ᠡ ᠵᠡᠷᠭᠡ ᠡᠯᠧᠮᠧᠨ᠋ᠲ ᠢ ᠶᠡᠷᠦᠩᠬᠡᠶᠢᠯᠡᠨ ᠪᠤᠳᠤᠯᠬᠢᠯᠠᠵᠤ᠂ ᠠᠵᠢᠯ ᠤᠨ ᠦᠷ᠎ᠡ ᠪᠦᠳᠦᠮᠵᠢ ᠶᠢᠨ ᠴᠠᠯᠢᠩ ᠤᠨ ᠬᠢᠷᠢ ᠬᠡᠮᠵᠢᠶ᠎ᠡ ᠶᠢ ᠲᠤᠬᠢᠷᠠᠮᠵᠢᠳᠠᠢ ᠲᠤᠭᠳᠠᠭᠠᠵᠤ᠂ ᠬᠦᠳᠡᠯᠦᠩᠬᠦᠢ ᠲᠤᠬᠢᠷᠠᠭᠤᠯᠬᠤ ᠲᠤᠭᠳᠠᠴᠠ ᠶᠢ ᠪᠠᠶᠢᠭᠤᠯᠬᠤ ᠬᠡᠷᠡᠭᠳᠡᠢ᠃ ᠡᠮᠨᠡᠯᠭᠡ ᠶᠢᠨ ᠠᠵᠢᠯᠳᠠᠨ ᠳᠤ ᠤᠷᠤᠯᠭ᠎ᠠ ᠤᠯᠬᠤ ᠬᠦᠢᠴᠡᠳᠭᠡᠯ ᠲᠤᠭ᠎ᠠ ᠶᠢ ᠲᠤᠭᠳᠠᠭᠠᠵᠤ ᠦᠭᠬᠦ ᠶᠢ ᠴᠠᠭᠠᠵᠠᠯᠠᠵᠤ᠂ ᠡᠮᠨᠡᠯᠭᠡ ᠶᠢᠨ ᠠᠵᠢᠯᠳᠠᠨ ᠤ ᠤᠷᠤᠯᠭ᠎ᠠ ᠶᠢ ᠡᠮᠨᠡᠯᠭᠡ ᠶᠢᠨ ᠬᠤᠷᠢᠶᠠᠨ ᠤ ᠡᠮ ᠤᠨ ᠵᠦᠢᠯ᠂  ᠪᠠᠶᠢᠴᠠᠭᠠᠯᠳᠠ᠂ ᠡᠮᠴᠢᠯᠡᠭᠡ ᠵᠡᠷᠭᠡ ᠶᠢᠨ ᠤᠷᠤᠯᠭ᠎ᠠ ᠲᠠᠢ ᠬᠤᠯᠪᠤᠭᠳᠠᠭᠤᠯᠬᠤ ᠶᠢ ᠴᠠᠭᠠᠵᠠᠯᠠᠬᠤ ᠭᠡᠷᠡᠭᠳᠡᠢ᠃ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠲᠤᠳᠤᠭᠠᠳᠤ ᠳᠠᠭᠠᠨ ᠬᠢᠨᠡᠨ  ᠰᠢᠯᠭᠠᠬᠤ ᠶᠢ ᠬᠠᠷᠢᠭᠤᠴᠠᠵᠤ᠂ ᠠᠵᠢᠯ ᠤᠨ ᠦᠷ᠎ᠡ ᠪᠦᠳᠦᠮᠵᠢ ᠶᠢ ᠭᠤᠤᠯᠳᠠᠯᠭ᠎ᠠ ᠲᠠᠢ ᠬᠢᠨᠠᠨ ᠰᠢᠯᠭᠠᠵᠤ᠂ ᠠᠵᠢᠯ ᠎ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠬᠦᠢᠴᠡᠳᠭᠡᠭᠰᠡᠨ᠂ ᠠᠵᠢᠯ ᠤᠨ ᠬᠡᠮᠵᠢᠶ᠎ᠡ᠂ ᠦᠢᠯᠡᠴᠢᠯᠡᠭᠡᠨ ᠤ ᠴᠢᠨᠠᠷ ᠴᠢᠨᠰᠠᠭ᠎ᠠ᠂ ᠠᠵᠢᠯᠯᠠᠭᠠᠨ ᠤ ᠵᠢᠷᠤᠮᠵᠢᠯ᠂ ᠮᠡᠷᠭᠡᠵᠢᠯ ᠴᠢᠳᠠᠪᠤᠷᠢ᠂ ᠦᠪᠡᠷ ᠤᠨ ᠦᠷᠳᠡᠭ ᠤᠨ ᠬᠢᠵᠠᠭᠠᠷᠯᠠᠯ᠂ ᠡᠮᠴᠢᠯᠡᠬᠦ ᠶᠤᠰᠤ ᠮᠤᠷᠠᠯ ᠪᠤᠯᠤᠨ ᠡᠪᠡᠳᠴᠢᠳᠡᠨ ᠤ ᠲᠠᠭᠠᠰᠢᠶᠠᠯ ᠤᠨ ᠬᠡᠮᠵᠢᠶ᠎ᠡ ᠵᠡᠷᠭᠡ ᠪᠠᠶᠢᠳᠠᠯ ᠢ ᠲᠤᠪᠤᠶᠢᠯᠭᠠᠵᠤ᠂ ᠬᠢᠨᠠᠨ ᠰᠢᠯᠭᠠᠯᠳᠠ ᠶᠢᠨ ᠦᠷ᠎ᠡ ᠳ᠋ᠦᠩ ᠢ ᠡᠮᠨᠡᠯᠭᠡ ᠶᠢᠨ ᠠᠵᠢᠯᠳᠠᠨ ᠤ ᠠᠵᠢᠯ ᠤᠨ ᠪᠠᠶᠢᠷᠢ ᠳᠤ ᠤᠷᠢᠨ ᠭᠡᠷᠡᠭᠯᠡᠬᠦ᠂ ᠴᠤᠯᠠ ᠵᠡᠷᠭᠡ ᠶᠢ ᠲᠡᠪᠰᠢᠬᠦᠯᠬᠦ ᠪᠠ ᠬᠤᠪᠢ ᠬᠦᠮᠦᠨ ᠤ ᠴᠠᠯᠢᠩ ᠮᠦᠩᠬᠦ ᠲᠠᠢ ᠬᠤᠯᠪᠤᠭᠳᠠᠭᠤᠯᠬᠤ ᠭᠡᠷᠡᠭᠳᠡᠢ᠃ᠵᠠᠩᠬᠢᠯᠠᠭ᠎ᠠ ᠶᠢᠨ ᠦᠬᠡ᠄ ᠠᠯᠪᠠᠨ ᠠᠴᠠ ᠪᠠᠶᠢᠭᠤᠯᠤᠭᠰᠠᠨ ᠨᠢᠬᠡ ᠡᠮᠨᠡᠯᠭᠡ ᠶᠢᠨ ᠬᠤᠷᠢᠶ᠎ᠠ ᠶᠢ ᠭᠤᠤᠯᠳᠠᠯᠭ᠎ᠠ ᠲᠠᠢ ᠰᠠᠶᠢᠳᠤᠷ ᠡᠷᠬᠢᠯᠡᠬᠦᠭᠤᠤᠯ ᠰᠠᠨᠠᠭᠤᠯᠤᠮᠵᠢ᠄ ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠨᠢ ᠬᠤᠰᠢᠭᠤ ᠰᠢᠶᠡᠨ ᠤ ᠬᠡᠪᠴᠢᠶᠡᠨ ᠳᠠᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠤᠭ᠎ᠠ ᠶᠢ ᠲᠤᠬᠢᠷᠠᠮᠵᠢᠳᠠᠢ ᠲᠤᠭᠳᠠᠭᠠᠵᠤ᠂ ᠬᠤᠰᠢᠭᠤ ᠰᠢᠶᠡᠨ ︵ᠬᠤᠳᠠ︶ ᠪᠦᠷᠢ ᠠᠯᠪᠠᠨ ᠠᠴᠠ ᠪᠠᠶᠢᠭᠤᠯᠤᠭᠰᠠᠨ ᠨᠢᠬᠡ ᠶᠡᠷᠦᠩᠬᠡᠢ ᠡᠮᠨᠡᠯᠭᠡ ᠶᠢᠨ ᠬᠤᠷᠢᠶ᠎ᠠ ᠪᠤᠯᠤᠨ ᠨᠢᠬᠡ ᠮᠤᠩᠭᠤᠯ ᠬᠢᠳᠡᠳ ᠡᠮᠨᠡᠯᠬᠡ ᠶᠢᠨ ᠬᠤᠷᠢᠶ᠎ᠠ ᠶᠢ ᠭᠤᠤᠯᠳᠠᠯᠭ᠎ᠠ ᠲᠠᠢ ᠰᠠᠶᠢᠳᠤᠷ ᠡᠷᠬᠢᠯᠡᠬᠦ ᠭᠡᠷᠡᠭᠳᠡᠢ᠃︽ᠲᠦᠰᠦᠯ︾᠎ ᠳᠤ ᠲᠤᠷᠠᠳᠤᠭᠰᠠᠨ ᠨᠢ᠂ ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠎ ᠨᠤᠭᠤᠳ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠬᠦᠮᠦᠨ ᠠᠮᠠ ᠪᠤᠯᠤᠨ ᠤᠷᠤᠨ ᠪᠠᠶᠢᠷᠢ ᠵᠡᠷᠭᠡ ᠤᠨᠴᠠᠯᠢᠭ ᠲᠠᠢ ᠪᠠᠨ ᠤᠶᠠᠯᠳᠤᠭᠤᠯᠵᠤ᠂ ᠬᠤᠰᠢᠭᠤ ᠰᠢᠶᠡᠨ ᠤ ᠬᠡᠪᠴᠢᠶᠡᠨ ᠳᠠᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠤᠭ᠎ᠠ ᠶᠢ ᠲᠤᠬᠢᠷᠠᠮᠵᠢᠳᠠᠢ ᠲᠤᠭᠳᠠᠭᠠᠵᠤ᠂ ᠬᠤᠰᠢᠭᠤ ᠰᠢᠶᠡᠨ ︵ᠬᠤᠳᠠ︶ ᠪᠦᠷᠢ ᠠᠯᠪᠠᠨ ᠠᠴᠠ ᠪᠠᠶᠢᠭᠤᠯᠤᠭᠰᠠᠨ ᠨᠢᠬᠡ ᠶᠡᠷᠦᠩᠬᠡᠢ ᠡᠮᠨᠡᠯᠭᠡ ᠶᠢᠨ ᠬᠤᠷᠢᠶ᠎ᠠ ᠪᠠ ᠨᠢᠬᠡ ᠮᠤᠩᠭᠤᠯ ᠬᠢᠳᠡᠳ ᠡᠮᠨᠡᠯᠭᠡ ᠶᠢᠨ ᠬᠤᠷᠢᠶ᠎ᠠ ᠶᠢ ᠭᠤᠤᠯᠳᠠᠯᠭ᠎ᠠ ᠲᠠᠢ ᠰᠠᠶᠢᠳᠤᠷ ᠡᠷᠬᠢᠯᠡᠬᠦ ᠭᠡᠷᠡᠭᠳᠡᠢ᠃ᠲᠤᠰ ︽ᠲᠦᠰᠦᠯ︾᠎ ᠳᠤ ᠲᠤᠳᠤᠷᠬᠠᠶᠢᠯᠠᠭᠰᠠᠨ ᠨᠢ᠂ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠭᠤᠤᠯᠳᠠᠯᠭ᠎ᠠ ᠲᠠᠢ ᠰᠢᠨᠵᠢᠯᠡᠭᠡᠨ ᠤ ᠪᠠᠶᠢᠭᠤᠯᠤᠯᠳᠠ᠂ ᠮᠤᠩᠭᠤᠯ ᠬᠢᠳᠡᠳ ᠡᠮᠨᠡᠯᠭᠡ ᠶᠢᠨ ᠲᠠᠪᠠᠭᠤᠯᠢᠭ ᠰᠢᠨᠵᠢᠯᠡᠭᠡᠨ ᠤ ᠪᠠᠶᠢᠭᠤᠯᠤᠯᠳᠠ᠂ ᠲᠤᠬᠢᠳᠠᠢ ᠮᠡᠷᠭᠡᠵᠢᠯ ᠤᠨ ᠲᠡᠯᠭᠡᠷᠡᠬᠦᠯᠦᠯᠳᠡ ᠵᠢᠴᠢ ᠬᠤᠳᠠ ᠶᠢᠨ ᠭᠤᠷᠪᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ ᠲᠠᠢ ᠨᠢᠭᠳᠠ ᠬᠠᠮᠳᠤᠷᠠᠯᠴᠠᠬᠤ ᠵᠡᠷᠭᠡ ᠠᠷᠭ᠎ᠠ ᠪᠠᠷ ᠲᠠᠮᠵᠢᠭᠤᠯᠤᠨ᠂ ᠤᠷᠤᠨ ᠬᠤᠪᠢᠶᠠᠷᠢ ᠶᠢᠨ ᠲᠤᠰᠬᠠᠢ ᠡᠪᠡᠳᠴᠢᠨ ᠤ ᠲᠦᠪ ᠪᠠᠶᠢᠭᠤᠯᠬᠤ ᠶᠢ ᠲᠦᠷᠭᠡᠳᠭᠡᠵᠤ᠂ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠠᠷ ᠲᠤᠯᠤᠭᠠᠶᠢᠯᠠᠭᠴᠢ ᠪᠤᠯᠭᠠᠭᠰᠠᠨ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠭᠠᠪᠰᠢᠭᠠᠢ ᠬᠦᠴᠦᠨ ᠪᠤᠯᠭᠠᠭᠰᠠᠨ᠂ ᠰᠤᠷᠠᠭ ᠵᠠᠩᠬᠢᠵᠢᠯᠳᠡ ᠶᠢᠨ ᠰᠦᠯᠵᠢᠶ᠎ᠡ ᠪᠠᠷ ᠠᠴᠢᠶᠠᠯᠠᠭᠴᠢ ᠪᠤᠯᠭᠠᠭᠰᠠᠨ ᠬᠤᠰᠢᠭᠤ ᠰᠢᠶᠡᠨ ᠤ ᠬᠡᠪᠴᠢᠶᠡᠨ  ᠎ ᠤ ᠡᠮᠨᠡᠯᠭᠡ ᠶᠢᠨ ᠡᠮᠨᠡᠯᠭᠡ ᠶᠢᠨ ᠤᠬᠠᠭᠠᠨ ᠤ ᠰᠡᠭᠦᠳᠡᠷ ᠵᠢᠷᠤᠭ ᠢᠶᠠᠷ ᠤᠨᠤᠰᠢᠯᠠᠬᠤ᠂ ᠰᠢᠯᠭᠠᠨ ᠪᠠᠶᠢᠴᠠᠭᠠᠬᠤ᠂ ᠵᠢᠷᠦᠭᠡᠨ ᠤ ᠴᠠᠬᠢᠯᠭᠠᠨ ᠵᠢᠷᠤᠭ᠂ ᠡᠪᠡᠳᠴᠢᠨ ᠤ ᠵᠦᠢ ᠵᠡᠷᠭᠡ ᠬᠠᠮᠳᠤ ᠪᠠᠷ ᠭᠦᠷᠳᠡᠬᠦ ᠲᠦᠪ ᠪᠠᠶᠢᠭᠤᠯᠬᠤ ᠶᠢ ᠤᠷᠮᠠᠰᠢᠭᠤᠯᠵᠤ᠂ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠦᠷᠨᠢᠬᠦᠯᠬᠦ ᠭᠡᠷᠡᠭᠴᠡᠭᠡ ᠱᠠᠭᠠᠷᠳᠠᠯᠭ᠎ᠠ ᠶᠢ ᠨᠢ ᠤᠷᠢᠳᠠᠪᠠᠷ ᠬᠠᠩᠭᠠᠬᠤ ᠭᠡᠷᠡᠭᠳᠡᠢ᠃ ᠡᠮᠨᠡᠯᠭᠡ ᠶᠢᠨ ᠲᠠᠭᠠᠳᠬᠠᠯ ᠤᠨ ᠭᠦᠰᠢᠭᠦᠷᠭᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠲᠠᠭᠠᠳᠬᠠᠯ ᠦᠭᠬᠦ ᠲᠦᠷᠦ ᠶᠢᠨ ᠪᠤᠳᠤᠯᠭ᠎ᠠ ᠶᠢ ᠦᠨᠳᠦᠰᠦᠨ ᠱᠠᠳᠤᠨ ᠵᠦᠭ ᠤᠯᠠᠮ ᠢᠯᠡᠭᠦᠤ ᠬᠡᠯᠪᠡᠶᠢᠯᠭᠡᠵᠤ᠂ ᠦᠨᠳᠦᠰᠦᠨ ᠱᠠᠳᠤᠨ ᠳᠤ ᠠᠩᠬ᠎ᠠ ᠡᠮᠴᠢᠯᠡᠬᠦ᠂ ᠱᠠᠳᠤ ᠬᠤᠪᠢᠶᠠᠨ ᠡᠮᠴᠢᠯᠡᠬᠦ᠂ ᠬᠤᠤᠰ ᠴᠢᠭᠯᠡᠯ ᠢᠶᠠᠷ ᠡᠮᠨᠡᠯᠭᠡ ᠰᠢᠯᠵᠢᠬᠦᠯᠦᠨ ᠡᠮᠴᠢᠯᠡᠬᠦᠯᠬᠦ ᠠᠯᠬᠤᠮ ᠲᠠᠷᠠᠭ᠎ᠠ ᠶᠢ ᠠᠯᠬᠤᠮ ᠠᠯᠬᠤᠮ ᠢᠶᠠᠷ ᠪᠦᠷᠢᠯᠳᠦᠬᠦᠯᠵᠤ᠂ ᠬᠦᠩᠭᠡᠨ ᠡᠪᠡᠳᠴᠢᠨ ᠢ ᠦᠨᠳᠦᠰᠦᠨ ᠱᠠᠳᠤᠨ ᠳᠤ ᠡᠮᠨᠡᠬᠦᠯᠵᠤ᠂ ᠬᠦᠨᠳᠤ ᠡᠪᠡᠳᠴᠢᠨ ᠢ ᠰᠢᠶᠡᠨ ᠎ ᠤ ᠡᠮᠨᠡᠯᠬᠡ ᠳᠤ ᠵᠠᠰᠠᠭᠤᠯᠬᠤ ᠶᠢ ᠢᠳᠡᠭ ᠢᠳᠡᠭ ᠢᠶᠠᠷ ᠪᠠᠶᠡᠯᠡᠬᠦᠯᠬᠦ ᠭᠡᠷᠡᠭᠳᠡᠢ᠃ 2015 ᠤᠨ ᠤ ᠰᠡᠬᠦᠯᠴᠢ ᠠᠴᠠ ᠡᠮᠦᠨ᠎ᠡ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠬᠤᠳᠠ ᠪᠤᠯᠤᠨ ᠲᠡᠭᠦᠨ ᠤ ᠬᠠᠷᠢᠶ᠎ᠠ ᠪᠦᠬᠦᠢ ᠬᠤᠰᠢᠭᠤ ᠰᠢᠶᠡᠨ ︵ᠬᠤᠳᠠ︶᠎ ᠨᠤᠭᠤᠳ ᠴᠦᠮ ᠱᠠᠳᠤ ᠬᠤᠪᠢᠶᠠᠨ ᠡᠮᠴᠢᠯᠡᠬᠦ ᠲᠤᠷᠰᠢᠯᠳᠠ ᠬᠢᠵᠤ᠂ 2017 ᠤᠨ ᠳᠤ ᠱᠠᠳᠤ ᠬᠤᠪᠢᠶᠠᠨ ᠡᠮᠴᠢᠯᠡᠬᠦ ᠠᠵᠢᠯ ᠢ ᠪᠦᠬᠦ ᠲᠠᠯ᠎ᠠ ᠪᠠᠷ ᠲᠡᠯᠭᠡᠷᠡᠭᠦᠯᠬᠦ ᠭᠡᠷᠡᠭᠳᠡᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map