︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠮᠥᠩᠭᠦᠨ ᠭᠦᠢᠯᠭᠡᠭᠡᠨ ᠢᠶᠠᠷ ᠮᠠᠯᠵᠢᠬᠤ ᠲᠠᠷᠢᠶᠠᠯᠠᠬᠤ ᠤᠷᠤᠨ ᠤ ﹇ᠠᠷᠪᠠ ᠪᠠᠷ ᠪᠦᠬᠦᠨ ᠢ ᠬᠠᠮᠤᠷᠬᠤ﹈ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠵᠢᠯᠤᠭᠤᠳᠬᠤ ᠰᠠᠨᠠᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2015/10/27
      ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠰᠠᠳᠠ᠂ ᠦᠪᠡᠷᠲᠡᠭᠡᠨ ᠵᠠᠰᠠᠬᠤ ᠤᠷᠤᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠠᠷᠠᠳ ᠤᠨ ᠪᠠᠩᠬᠢ ᠶᠢᠨ ᠬᠥᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠡ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠲᠣᠪᠴᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠭᠡᠷ ᠵᠡᠷᠭᠡ ᠵᠢᠷᠭᠤᠭᠠᠨ ᠰᠠᠯᠠᠭ᠎ᠠ ᠮᠥᠴᠢᠷ ᠢᠳᠡᠪᠬᠢᠲᠡᠶ ᠬᠦᠳᠡᠯᠦᠯᠴᠡᠵᠦ᠂ 8 ᠳ᠋ᠤᠭᠠᠷ ᠰᠠᠷ᠎ᠠ ᠶᠢᠨ ᠰᠡᠭᠦᠯᠴᠢ ᠳᠤ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠮᠥᠩᠭᠦᠨ ᠭᠦᠢᠯᠭᠡᠭᠡᠨ ᠢᠶᠠᠷ ᠮᠠᠯᠵᠢᠬᠤ ᠲᠠᠷᠢᠶᠠᠯᠠᠬᠤ ᠤᠷᠤᠨ ᠤ ﹇ᠠᠷᠪᠠ ᠪᠠᠷ ᠪᠦᠬᠦᠨ ᠢ ᠬᠠᠮᠤᠷᠬᠤ﹈ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠵᠢᠯᠤᠭᠤᠳᠬᠤ ᠰᠠᠨᠠᠯ︾᠎ ᠶᠢ ᠬᠠᠮᠲᠤᠷᠠᠨ ᠲᠣᠭᠲᠠᠭᠠᠵᠤ ᠨᠡᠶᠢᠲᠡᠯᠡᠪᠡ᠃ ︽ᠰᠠᠨᠠᠯ︾᠎ ᠨᠢ ︽ᠠᠷᠪᠠ ᠪᠠᠷ ᠪᠦᠬᠦᠨ ᠢ ᠬᠠᠮᠤᠷᠬᠤ︾᠎ ᠳᠤ ᠬᠡᠷᠬᠢᠨ ᠮᠥᠩᠭᠦᠨ ᠭᠦᠢᠯᠭᠡᠭᠡᠨ ᠤ ᠦᠢᠯᠡᠰ ᠤᠨ ᠲᠠᠰᠤᠷᠠᠯᠲᠠ ᠦᠭᠡᠶ ᠬᠥᠳᠡᠯᠭᠡᠬᠦ ᠬᠦᠴᠦᠨ ᠬᠠᠩᠭᠠᠬᠤ ᠶᠢ ᠬᠡᠷᠬᠢᠨ ᠬᠥᠲᠥᠯᠥᠨ ᠵᠢᠯᠣᠭᠤᠳᠬᠤ ᠪᠠ ᠵᠣᠷᠢᠭᠵᠢᠭᠤᠯᠬᠤ ᠪᠣᠢ︖ ᠦᠪᠦᠷ ᠮᠣᠩᠭᠤᠯ ᠤᠨ ᠡᠳᠦᠷ ᠤᠨ ᠰᠣᠨᠢᠨ ᠡᠭᠦᠨ ᠳᠤ ᠨᠠᠷᠢᠨ ᠲᠠᠶᠢᠯᠤᠮᠵᠢ ᠬᠢᠪᠡ᠃      ᠵᠣᠭᠤᠰ ᠤᠨ ᠲᠥᠷᠦ ᠶᠢᠨ ᠪᠣᠳᠤᠯᠭ᠎ᠠ ᠶᠢᠨ ᠪᠠᠭᠠᠵᠢ ᠴᠢᠳᠠᠪᠤᠷᠢ ᠪᠠᠨ ᠦᠵᠡᠭᠦᠯᠵᠦ   ᠳᠠᠬᠢᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠪᠠ      ᠡᠯ᠎ᠡ ᠱᠠᠲᠤᠨ ᠤ ᠠᠷᠠᠳ ᠤᠨ ᠪᠠᠩᠬᠢ ᠨᠤᠭᠤᠳ ᠬᠦᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠬᠤᠷᠰᠢᠭᠰᠠᠨ ᠪᠠᠩᠬᠢ᠂ ᠢᠲᠡᠭᠡᠮᠵᠢ ᠶᠢᠨ ᠬᠤᠷᠰᠢᠶ᠎ᠠ᠂ ᠭᠠᠴᠠᠭ᠎ᠠ ᠪᠠᠯᠭᠠᠰᠤᠨ ᠤ ᠪᠠᠩᠬᠢ ᠶᠢᠨ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠶ ᠳᠤᠮᠳᠠ ᠵᠢᠵᠢᠭ ᠠᠵᠤ ᠠᠬᠤᠶᠢᠯᠠᠯ ᠳᠤ ᠭᠠᠷ ᠤᠨ ᠦᠰᠦᠭ ᠵᠢᠷᠤᠵᠤ ᠶᠠᠪᠤᠭᠤᠯᠤᠭᠰᠠᠨ ᠬᠤᠳᠠᠯᠳᠤᠭᠠᠨ ᠤ ᠭᠤᠪᠢᠭᠤᠯᠭ᠎ᠠ ᠶᠢᠨ ᠬᠠᠭᠤᠳᠠᠰᠤ ᠶᠢ ᠡᠩ ᠲᠡᠷᠢᠭᠦᠨ ᠳᠤ ᠪᠡᠯᠡᠨ ᠵᠣᠭᠤᠰ ᠰᠣᠯᠢᠵᠤ ᠦᠭᠬᠦ ᠬᠡᠷᠡᠭᠲᠡᠢ᠃ ᠲᠠᠷᠢᠶᠠᠯᠠᠩ ᠳᠤ ᠬᠤᠯᠪᠤᠭᠳᠠᠬᠤ ᠬᠠᠤᠯᠢ ᠶᠢᠨ ᠡᠷᠬᠡᠲᠡᠨ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠠᠮᠵᠢᠵᠤ ᠪᠠᠶᠢᠭᠠᠳ ︽ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠳ︾᠂ ᠲᠠᠷᠢᠶᠠᠯᠠᠬᠤ ᠮᠠᠯᠵᠢᠬᠤ ᠤᠷᠤᠨ ᠤ ᠵᠢᠵᠢᠭ ᠪᠢᠴᠢᠯ ᠠᠵᠤ ᠠᠬᠤᠶᠢᠯᠠᠯ ᠤᠨ ᠬᠦᠭᠵᠢᠯᠲᠡ᠂ ᠶᠠᠳᠠᠭᠤ ᠶᠢ ᠳᠡᠳᠬᠦᠵᠦ ᠨᠡᠬᠡᠬᠡᠨ ᠬᠦᠭᠵᠢᠭᠦᠯᠬᠦ ᠳᠠᠬᠢ ᠪᠡᠯᠡ ᠮᠥᠩᠭᠦ ᠶᠢᠨ ᠳᠡᠮᠵᠢᠯᠭᠡ ᠶᠢ ᠨᠢ ᠨᠡᠮᠡᠭᠳᠡᠭᠦᠯᠵᠦ᠂ ︽ᠠᠷᠪᠠ ᠪᠠᠷ ᠪᠥᠬᠦᠨ ᠢ ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠤ ᠠᠬᠤᠢ ᠶᠢᠨ ᠰᠠᠭᠤᠷᠢ ᠶᠢ  ᠰᠠᠶᠢᠲᠤᠷ ᠲᠠᠯᠪᠢᠬᠤ ᠬᠡᠷᠡᠭᠲᠡᠢ᠃ ᠠᠳᠠᠯᠢ ᠨᠦᠭᠦᠴᠡᠯ ᠤᠨ ᠳᠣᠣᠷ᠎ᠠ᠂  ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠪᠠᠷ ᠶᠡᠭᠡ ᠲᠠᠷᠢᠶᠠᠯᠠᠩ ᠳᠤ ᠬᠤᠯᠪᠤᠭᠳᠠᠬᠤ ᠬᠠᠤᠯᠢ ᠶᠢᠨ ᠡᠷᠬᠡᠲᠡᠨ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ᠂ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠲᠠᠯᠪᠢᠬᠤ᠂ ᠳᠠᠬᠢᠨ ᠪᠡᠯᠡᠨ ᠵᠣᠭᠤᠰ ᠰᠣᠯᠢᠵᠤ ᠥᠭᠬᠦ ᠵᠡᠷᠭᠡ ᠲᠥᠷᠦ ᠶᠢᠨ ᠪᠣᠳᠤᠯᠭ᠎ᠠ ᠶᠢᠨ ᠳᠡᠳᠭᠦᠮᠵᠢ ᠡᠩ ᠲᠡᠷᠢᠭᠦᠨ ᠳᠤ ᠣᠯᠭᠤᠵᠤ᠂ ᠲᠠᠷᠢᠶᠠᠯᠠᠩ ᠳᠤ ᠬᠤᠯᠪᠤᠭᠳᠠᠬᠤ ᠬᠠᠤᠯᠢ ᠶᠢᠨ ᠡᠷᠬᠡᠲᠡᠨ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ  ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠳᠠᠬᠢ ᠪᠡᠯᠡ ᠮᠦᠩᠭᠦᠨ ᠤ ᠳᠡᠮᠵᠢᠯᠭᠡ ᠪᠠᠨ ᠦᠷᠭᠦᠯᠵᠢᠯᠡᠨ ᠨᠡᠮᠡᠭᠳᠡᠭᠦᠯᠬᠦ ᠶᠢ ᠵᠣᠷᠢᠭᠵᠢᠭᠤᠯᠬᠤ ᠬᠡᠷᠡᠭᠲᠡᠢ᠃      ᠵᠣᠭᠤᠰ ᠤᠨ ᠲᠥᠷᠦ ᠶᠢᠨ ᠪᠣᠳᠤᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢ ᠨᠡᠮᠡᠭᠳᠡᠭᠦᠯᠪᠡ      ︽ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠶᠢ ᠬᠠᠨᠳᠤᠯᠭ᠎ᠠ ᠲᠠᠢ ᠪᠠᠷ ᠪᠠᠭᠤᠷᠠᠭᠤᠯᠬᠤ︾ ᠲᠥᠷᠦ ᠶᠢᠨ ᠪᠣᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠷᠢᠶᠠᠯᠠᠩ ᠳᠤ ᠬᠤᠯᠪᠤᠭᠳᠠᠬᠤ ᠢᠲᠡᠭᠡᠮᠵᠢᠲᠦ ᠵᠢᠭᠡᠯᠡᠯᠭᠡ ᠲᠠᠯᠪᠢᠬᠤ ᠬᠡᠮᠵᠢᠶ᠎ᠡ ᠶᠢ ᠦᠨᠡᠨ ᠬᠦ ᠨᠡᠮᠡᠭᠳᠡᠭᠦᠯᠦᠨ᠎ᠡ᠃  ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠪᠣᠯᠤᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠳ ᠤᠨ ᠬᠦᠭᠵᠢᠯᠲᠡ ᠶᠢ ᠡᠩ ᠲᠡᠷᠢᠭᠦᠨ ᠳᠤ ᠳᠡᠮᠵᠢᠵᠦ᠂ ᠲᠠᠷᠢᠶᠠᠯᠠᠩ ᠳᠤ ᠬᠤᠯᠪᠣᠭᠳᠠᠭᠰᠠᠨ ᠢᠲᠡᠭᠡᠮᠵᠢᠲᠦ ᠵᠢᠭᠡᠯᠡᠯᠭᠡ ᠲᠠᠯᠪᠢᠬᠤ ᠬᠡᠮᠵᠢᠶ᠎ᠡ ᠪᠠᠷ ᠶᠡᠭᠡ᠂ ᠡᠵᠡᠯᠡᠬᠦ ᠬᠠᠷᠢᠴᠠᠯ ᠨᠢ ᠦᠨᠳᠦᠷ᠂ ᠦᠷ᠎ᠡ ᠪᠦᠲᠦᠮᠵᠢ ᠪᠠᠷ ᠰᠠᠶᠢᠨ ᠤᠷᠤᠨ ᠨᠤᠲᠤᠭ ᠤᠨ ᠬᠠᠤᠯᠢ ᠶᠢᠨ ᠡᠷᠬᠡᠲᠡᠨ ᠲᠠᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠳᠤ ᠪᠣᠯ᠂ ᠠᠷᠠᠳ ᠤᠨ ᠪᠠᠩᠬᠢ ᠶᠢᠨ ᠬᠥᠬᠡᠬᠤᠲᠠ ᠭᠤᠣᠯ ᠰᠠᠯᠪᠤᠷᠢ ᠪᠠᠩᠬᠢ ᠨᠢ ᠶᠡᠷᠦᠩᠬᠡᠢ ᠪᠠᠩᠬᠢ ᠠᠴᠠ ᠪᠠᠨ ᠢᠲᠡᠭᠡᠮᠵᠢᠲᠦ ᠵᠢᠭᠡᠯᠡᠯᠭᠡ ᠶᠢᠨ ᠲᠥᠯᠦᠪᠵᠢᠭᠦᠯᠭᠡ ᠶᠢ ᠢᠳᠡᠪᠬᠢᠯᠡᠨ ᠣᠯᠵᠤ᠂ ᠣᠨ ᠤ ᠢᠲᠡᠭᠡᠮᠵᠢᠲᠦ ᠵᠢᠭᠡᠯᠡᠯᠭᠡ ᠶᠢᠨ ᠲᠥᠯᠥᠪᠵᠢᠭᠦᠯᠭᠡ ᠶᠢ ᠲᠥᠰᠦᠭᠡᠯᠡᠨ ᠪᠣᠳᠤᠬᠤ ᠳᠠᠭᠠᠨ᠂ ᠢᠯᠡᠳᠭᠡᠮᠵᠢ ᠶᠢ ᠨᠢ ᠵᠣᠬᠢᠰᠲᠠᠶ ᠲᠣᠬᠢᠷᠠᠭᠤᠯᠵᠤ᠂ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ ᠢᠯᠠᠩᠭᠤᠶ᠎ᠠ ᠢᠲᠡᠭᠡᠮᠵᠢᠲᠦ ᠵᠢᠭᠡᠯᠡᠯᠭᠡ ᠶᠢᠨ ᠵᠠᠭᠪᠤᠷ ᠬᠢᠭᠡᠳ ᠨᠡᠷᠡᠯᠡᠭᠳᠡᠬᠦᠨ ᠤ ᠰᠢᠨ᠎ᠡ ᠶᠢ ᠡᠭᠦᠳᠴᠦ᠂ ︽ᠠᠷᠪᠠ ᠪᠠᠷ ᠪᠦᠬᠦᠨ ᠢ ᠬᠠᠮᠤᠷᠬᠤ︾ ᠪᠦᠲᠦᠭᠡᠨ ᠪᠠᠶᠢᠭᠤᠯᠤᠯᠲᠠ ᠶᠢ ᠬᠦᠴᠦᠲᠡᠢ ᠳᠡᠮᠵᠢᠭᠰᠡᠨ ᠤᠷᠤᠨ ᠨᠤᠲᠤᠭ ᠤᠨ ᠬᠠᠤᠯᠢ ᠶᠢᠨ ᠡᠷᠬᠡᠲᠡᠨ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠢᠯᠡᠭᠦᠬᠡᠨ ᠳᠡᠮᠵᠢᠯᠭᠡ ᠦᠵᠡᠭᠦᠯᠦᠨ᠎ᠡ᠃       ︽ᠴᠣᠩᠬᠤᠨ ᠵᠢᠯᠤᠭᠤᠳᠤᠯᠭ᠎ᠠ︾᠎ ᠶᠢᠨ ᠦᠢᠯᠡᠳᠦᠯ ᠢ ᠪᠠᠳᠠᠷᠠᠭᠤᠯᠪᠠ      ᠡᠯ᠎ᠡ ᠱᠠᠲᠤᠨ ᠤ ᠠᠷᠠᠳ ᠤᠨ ᠪᠠᠩᠬᠢ ᠨᠤᠭᠤᠳ ᠲᠥᠷᠦ ᠶᠢᠨ ᠪᠣᠳᠤᠯᠭ᠎ᠠ ᠪᠠᠷ ᠬᠥᠲᠥᠯᠥᠨ ᠵᠢᠯᠣᠭᠤᠳᠬᠤ ᠪᠠ ᠴᠣᠩᠬᠤᠨ ᠵᠢᠯᠤᠭᠤᠳᠤᠯᠭ᠎ᠠ ᠬᠢᠬᠦ ᠪᠠᠨ ᠴᠢᠩᠭᠠᠳᠬᠠᠵᠤ᠂ ᠢᠲᠡᠭᠡᠮᠵᠢᠲᠦ ᠵᠢᠭᠡᠯᠡᠯᠭᠡ ᠶᠢᠨ ᠲᠥᠷᠦ ᠶᠢᠨ ᠪᠣᠳᠤᠯᠭ᠎ᠠ ᠶᠢᠨ ᠳᠠᠮᠵᠢᠭᠤᠯᠭ᠎ᠠ ᠶᠢᠨ ᠴᠠᠭ ᠲᠤᠬᠠᠶᠢᠴᠢ ᠴᠢᠨᠠᠷ ᠪᠠ ᠪᠦᠲᠦᠮᠵᠢᠲᠦ ᠴᠢᠨᠠᠷ ᠢ ᠨᠡᠮᠡᠭᠳᠡᠭᠦᠯᠬᠦ ᠬᠡᠷᠡᠭᠲᠡᠢ᠃ ᠲᠤᠬᠠᠢ ᠶᠢᠨ ᠭᠠᠵᠠᠷ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠴᠢᠯᠡᠯᠲᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠭᠰᠠᠨ ᠵᠢᠭᠡᠯᠡᠯᠭᠡ ᠲᠠᠯᠪᠢᠬᠤ ᠶᠢ ᠬᠥᠲᠥᠯᠥᠨ ᠵᠢᠯᠣᠭᠤᠳᠬᠤ᠂ ᠮᠠᠯᠵᠢᠬᠤ ᠲᠠᠷᠢᠶᠠᠯᠠᠬᠤ ᠤᠷᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠠᠶᠢᠵᠢᠷᠠᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠳᠠᠬᠢ ᠢᠲᠡᠭᠡᠮᠵᠢᠲᠦ ᠵᠢᠭᠡᠯᠡᠯᠭᠡ ᠶᠢᠨ ᠲᠥᠷᠦ ᠶᠢᠨ ᠪᠣᠳᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃      ᠬᠦᠦ ᠮᠥᠩᠭᠦ ᠶᠢᠨ ᠨᠣᠷᠮ᠎ᠠ ᠶᠢᠨ ᠦᠨ᠎ᠡ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ      ᠠᠷᠠᠳ ᠤᠨ ᠪᠠᠩᠬᠢ ᠶᠢᠨ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠲᠠᠯᠪᠢᠬᠤ ᠶᠢᠨ ᠬᠢᠵᠠᠭᠠᠷᠲᠤ ᠬᠦᠦ ᠮᠥᠩᠭᠦ ᠨᠡᠮᠡᠬᠦ ᠲᠥᠷᠦ ᠶᠢᠨ ᠪᠣᠳᠤᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ᠪᠦᠬᠦ ᠤᠷᠤᠨ ᠤ ᠪᠠᠩᠬᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠭᠤᠴᠠᠭ᠎ᠠ ᠬᠤᠪᠢᠶᠠᠭᠰᠠᠨ᠂  ᠪᠠᠶᠢᠭᠤᠯᠤᠮᠵᠢ ᠬᠤᠪᠢᠶᠠᠭᠰᠠᠨ ᠬᠦᠦ ᠮᠥᠩᠭᠦ ᠶᠢᠨ ᠨᠣᠷᠮ᠎ᠠ ᠶᠢᠨ ᠬᠢᠨᠠᠨ ᠬᠡᠮᠵᠢᠵᠦ ᠵᠠᠳᠠᠯᠤᠯᠲᠠ ᠬᠢᠭᠰᠡᠨ ᠮᠡᠳᠡᠭᠦᠯᠦᠯᠲᠡ ᠪᠠ ᠲᠤᠭ᠎ᠠ ᠪᠠᠷᠢᠮᠳᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠪᠠᠩᠬᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠲᠦᠯᠦᠨ ᠵᠢᠯᠤᠭᠤᠳᠴᠤ ᠪᠠᠶᠢᠭᠠᠳ ᠬᠦᠦ ᠮᠦᠩᠭᠦ ᠶᠢᠨ ᠨᠣᠷᠮ᠎ᠠ ᠶᠢᠨ ᠦᠨ᠎ᠡ ᠲᠣᠭᠲᠠᠭᠠᠬᠤ ᠲᠣᠭᠲᠠᠴᠠ ᠶᠢ ᠨᠢ ᠰᠢᠯᠢᠳᠡᠭᠵᠢᠭᠦᠯᠵᠦ᠂ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠳ ᠲᠤ  ᠰᠠᠨᠠᠭᠠᠴᠢᠯᠠᠭ᠎ᠠ ᠲᠠᠢ ᠪᠠᠷ ᠦᠪᠡᠷ ᠤᠨ ᠦᠷᠲᠡᠭ ᠢ ᠪᠠᠭᠤᠷᠠᠭᠤᠯᠤᠨ ᠠᠰᠢᠭ ᠲᠠᠯᠪᠢᠨ᠎ᠠ᠃ ᠤᠷᠤᠨ ᠨᠤᠲᠤᠭ ᠤᠨ ᠵᠠᠰᠠᠭ ᠤᠨ ᠤᠷᠳᠤᠨ ᠣᠯᠭᠤᠭᠰᠠᠨ ᠡᠳ᠋ ᠤᠨ ᠵᠠᠰᠠᠭ ᠤᠨ ᠳᠠᠮ ᠬᠦᠦ ᠥᠭᠬᠦ᠂ ᠲᠦᠭᠰᠢᠭᠦᠷᠢ ᠳᠤ ᠨᠦᠭᠦᠪᠦᠷᠢᠯᠡᠭᠰᠡᠨ ᠵᠢᠭᠡᠯᠡᠯᠭᠡ᠂ ᠪᠠᠷᠢᠴᠠᠭᠠᠯᠠᠵᠤ ᠳᠠᠨᠵᠢᠯᠠᠬᠤ ᠠᠷᠭ᠎ᠠ ᠮᠠᠶ᠋ᠢᠭ ᠪᠤᠶᠤ ᠳᠠᠭᠠᠳᠬᠠᠯ᠂ ᠳᠠᠭᠠᠭᠠᠯᠲᠠ ᠬᠢᠬᠦ ᠲᠣᠭᠲᠠᠴᠠ ᠶᠢ ᠣᠷᠤᠭᠤᠯᠵᠤ ᠢᠷᠡᠬᠦ ᠪᠠᠷ ᠳᠠᠮᠵᠢᠭᠤᠯᠤᠨ ᠲᠠᠯᠪᠢᠭᠰᠠᠨ ᠵᠢᠭᠡᠯᠡᠯᠭᠡ ᠳᠤ᠂ ᠮᠦᠩᠭᠦᠨ ᠭᠦᠢᠯᠡᠭᠡᠭᠡᠨ ᠤ ᠪᠠᠶᠢᠭᠤᠯᠤᠮᠵᠢ ᠎ ᠨᠤᠭᠤᠳ ᠵᠦᠶ ᠵᠣᠬᠢᠰᠲᠠᠶ ᠦᠨ᠎ᠡ ᠲᠣᠭᠲᠠᠭᠠᠵᠤ᠂ ᠬᠦᠦ ᠮᠥᠩᠭᠦ ᠶᠢᠨ ᠨᠣᠷᠮ᠎ᠠ ᠶᠢ ᠵᠠᠷᠴᠢᠮ ᠳᠡᠭᠡᠷ᠎ᠡ ᠪᠠᠨ ᠲᠤᠰ ᠪᠠᠶᠢᠭᠤᠯᠤᠮᠵᠢ ᠶᠢᠨ ᠠᠳᠠᠯᠢ ᠲᠦᠷᠦᠯ ᠠᠳᠠᠯᠢ ᠳᠡᠰ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠳᠤᠮᠳᠠᠴᠢ ᠬᠢᠷᠢ ᠬᠡᠮᠵᠢᠶ᠎ᠡ ᠠᠴᠠ ᠳᠣᠣᠷ᠎ᠠ ᠪᠠᠶᠢᠯᠭᠠᠬᠤ ᠬᠡᠷᠡᠭᠲᠡᠢ᠃      ᠮᠦᠩᠭᠦᠨ ᠭᠦᠢᠯᠭᠡᠭᠡᠨ ᠤ ᠪᠠᠶᠢᠭᠤᠯᠤᠮᠵᠢ ᠳᠠᠪᠠᠭᠤᠯᠢᠭ ᠢᠶᠠᠨ ᠢᠯᠡᠷᠡᠭᠦᠯᠵᠦ   ᠲᠥᠷᠦ ᠶᠢᠨ ᠪᠣᠳᠤᠯᠭ᠎ᠠ ᠶᠢᠨ ᠴᠢᠨᠠᠷᠲᠠᠢ ᠮᠦᠩᠭᠦᠨ ᠭᠦᠢᠯᠭᠡᠭᠡ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠪᠠ      ᠤᠯᠤᠰ ᠤᠨ ᠨᠡᠬᠡᠬᠡᠯᠲᠡ ᠶᠢᠨ ᠪᠠᠩᠬᠢ ᠤᠷᠲᠤᠪᠲᠤᠷ ᠪᠠ ᠤᠷᠲᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠪᠡᠯᠡ ᠲᠣᠬᠢᠷᠠᠭᠤᠯᠬᠤ ᠵᠠᠭᠪᠤᠷ ᠪᠠ ᠢᠲᠡᠭᠡᠮᠵᠢᠲᠦ ᠵᠢᠭᠡᠯᠡᠯᠭᠡ ᠶᠢᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠲᠠᠶ ᠪᠠᠶᠢᠰᠢᠩ ᠢ ᠵᠠᠰᠠᠨ ᠰᠢᠨᠡᠳᠭᠡᠬᠦ ᠢᠨᠵᠧᠨᠧᠷᠢᠩ ᠳᠠᠬᠢ ᠪᠡᠯᠡ ᠮᠦᠩᠭᠦ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠭᠡᠷ᠎ᠡ ᠲᠣᠭᠲᠠᠬᠤ ᠭᠠᠷᠳᠠᠮ ᠢᠶᠠᠨ ᠤᠯᠠᠮ ᠨᠢᠭᠡ ᠠᠯᠬᠤᠮ ᠳᠥᠭᠦᠮᠴᠢᠯᠡᠨ᠂ ᠤᠷᠢᠳᠠᠪᠠᠷ ᠬᠢᠨᠠᠨ ᠵᠦᠪᠰᠢᠶᠡᠷᠡᠨ᠂ ᠵᠢᠭᠡᠯᠡᠯᠭᠡ ᠲᠠᠯᠪᠢᠵᠤ᠂ ᠮᠠᠯᠴᠢᠨ ᠲᠠᠷᠢᠶᠠᠴᠢᠳ ᠤᠨ ᠪᠡᠯᠡ ᠮᠦᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠩᠭᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠲᠠᠶ ᠪᠠᠶᠢᠰᠢᠩ ᠢ ᠵᠠᠰᠠᠨ ᠰᠢᠨᠡᠳᠭᠡᠬᠦ ᠶᠢᠨ ᠢᠵᠢ ᠪᠦᠷᠢᠯᠳᠦᠭᠦᠯᠬᠦ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠠᠶᠤᠯ ᠦᠭᠡᠢ ᠤᠤᠭᠤᠬᠤ ᠤᠰᠤ᠂ ᠭᠠᠴᠠᠭ᠎ᠠ ᠲᠣᠰᠬᠤᠨ ᠤ ᠵᠡᠭᠡᠯᠢ ᠭᠤᠲᠤᠮᠵᠢ ᠶᠢ ᠬᠠᠲᠠᠭᠤᠷᠠᠭᠤᠯᠬᠤ᠂ ᠭᠠᠴᠠᠭ᠎ᠠ ᠲᠤᠰᠬᠤᠨ ᠪᠦᠬᠦᠨ ᠳᠤ ᠴᠠᠬᠢᠯᠭᠠᠨ ᠨᠡᠪᠲᠡᠷᠡᠭᠦᠯᠬᠦ ᠪᠠ ᠬᠥᠳᠡᠭᠡ ᠲᠤᠰᠬᠤᠨ ᠤ ᠴᠠᠬᠢᠯᠭᠠᠨ ᠲᠣᠣᠷ ᠤ ᠥᠭᠡᠷᠡᠴᠢᠯᠡᠨ ᠳᠡᠰ ᠳᠡᠪᠰᠢᠭᠦᠯᠬᠦ᠂ ᠭᠠᠴᠠᠭ᠎ᠠ ᠲᠣᠰᠬᠤᠨ ᠪᠦᠬᠦᠨ ᠳᠤ ᠷᠠᠳᠢᠣ᠋ ᠲᠧᠯᠸᠢᠰ ᠴᠢᠮᠡᠭᠡ ᠨᠡᠪᠲᠡᠷᠯᠡᠭᠡ ᠨᠡᠪᠲᠡᠷᠡᠭᠦᠯᠬᠦ ᠵᠡᠷᠭᠡ ᠢᠨᠵᠧᠨᠧᠷᠢᠩ ᠢ ᠢᠳᠡᠪᠬᠢᠲᠡᠢ ᠳᠡᠮᠵᠢᠵᠦ᠂ ᠡᠩ ᠲᠡᠷᠢᠭᠦᠨ ᠳᠤ ᠬᠢᠨᠠᠨ ᠵᠥᠪᠰᠢᠶᠡᠷᠡᠵᠦ᠂ ᠵᠢᠭᠡᠯᠡᠯᠭᠡ ᠲᠠᠯᠪᠢᠨ᠂ ᠲᠤᠰᠬᠠᠶ ᠵᠣᠭᠤᠰ ᠢ ᠲᠤᠰᠬᠠᠢ ᠵᠦᠢᠯ ᠳᠤᠨᠢ ᠬᠡᠷᠡᠭᠯᠡᠭᠦᠯᠦᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠤᠷᠤᠭᠰᠢᠲᠠᠶ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠨᠤᠭᠤᠳ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠨᠡᠬᠡᠬᠡᠯᠲᠡ ᠬᠢᠬᠦ ᠪᠠ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠠᠬᠢ ᠤᠷᠲᠤᠪᠲᠤᠷ ᠪᠠ ᠤᠷᠲᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠪᠠᠨ ᠨᠡᠮᠡᠭᠳᠡᠭᠦᠯᠵᠦ᠂ ᠨᠡᠷᠡᠳᠬᠦᠨ᠂ ᠦᠢᠯᠡᠴᠢᠯᠡᠭᠡ᠂ ᠪᠠᠷᠢᠴᠠᠭᠠᠯᠠᠵᠤ ᠳᠠᠨᠵᠢᠯᠠᠬᠤ ᠠᠷᠭ᠎ᠠ ᠮᠠᠶ᠋ᠢᠭ ᠵᠡᠷᠭᠡ ᠲᠠᠯ᠎ᠠ ᠪᠠᠷ ᠨᠡᠬᠡᠬᠡᠯᠲᠡ ᠬᠢᠬᠦ ᠪᠠ ᠰᠢᠨ᠎ᠡ ᠶᠢ ᠡᠭᠦᠳᠬᠦ ᠪᠠᠨ ᠴᠢᠩᠭᠠᠳᠬᠠᠵᠤ᠂ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ ᠳᠡᠰ ᠳᠡᠪᠰᠢᠭᠦᠯᠬᠦ ᠵᠡᠷᠭᠡ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠠᠬᠢ ᠣᠷᠤᠭᠤᠯᠤᠯᠲᠠ ᠪᠠᠨ ᠠᠯᠬᠤᠮ ᠠᠯᠬᠤᠮ ᠢᠶᠠᠷ ᠦᠷᠭᠡᠳᠬᠡᠵᠦ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠳᠠᠬᠢ ᠪᠡᠯᠡ ᠮᠦᠩᠭᠦ ᠶᠢᠨ ᠳᠡᠮᠵᠢᠯᠭᠡ ᠦᠵᠡᠭᠦᠯᠬᠦ ᠪᠠᠨ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃      ᠬᠤᠳᠠᠯᠳᠤᠭᠠᠨ ᠤ ᠴᠢᠨᠠᠷᠲᠠᠢ ᠮᠦᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠦᠢᠯᠡᠳᠦᠯ ᠢ ᠪᠠᠳᠠᠷᠠᠭᠤᠯᠪᠠ      ᠡᠯ᠎ᠡ ᠬᠤᠳᠠᠯᠳᠤᠭᠠᠨ ᠤ ᠪᠠᠩᠬᠢ ᠨᠢ ᠲᠤᠰ ᠪᠡᠶ᠎ᠡ ᠶᠢᠨ ᠣᠨᠴᠠᠯᠢᠭ ᠢᠶᠠᠨ ᠦᠨᠳᠦᠰᠦᠯᠡᠨ᠂ ᠳᠠᠪᠠᠭᠤᠯᠢᠭ ᠢᠶᠠᠨ ᠪᠠᠳᠠᠷᠠᠭᠤᠯᠵᠤ᠂ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠭᠰᠡᠨ ᠡᠵᠡᠩᠨᠡᠯᠲᠡ ᠵᠢᠴᠢ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠦᠢᠯᠡᠰ ᠤᠨ ᠬᠦᠭᠵᠢᠯᠲᠡ ᠶᠢ ᠳᠡᠮᠵᠢᠬᠦ ᠵᠡᠷᠭᠡ ᠲᠦᠷᠦᠯ ᠵᠦᠢᠯ ᠳᠠᠬᠢ ᠪᠡᠯᠡ ᠮᠦᠩᠭᠦ ᠶᠢᠨ ᠣᠷᠤᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠴᠠᠬᠢᠯᠭᠠᠨ ᠤ ᠲᠣᠣᠷ ᠤᠨ ᠦᠭᠡᠷᠴᠢᠯᠡᠯᠲᠡ᠂ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ᠂ ᠲᠠᠸᠠᠷ ᠤᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠴᠢᠬᠤᠯᠠ ᠶᠡᠭᠡ ᠲᠦᠷᠦᠯ ᠵᠦᠢᠯ ᠎ ᠳᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠬᠦ ᠬᠡᠷᠡᠭᠲᠡᠢ᠃ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠎ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠭᠰᠠᠨ ᠨᠢᠭᠡᠴᠡ ᠪᠣᠯᠤᠨ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠵᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠡᠢ᠃      ᠰᠢᠤᠳᠠᠨ ᠤ ᠶᠠᠪᠤᠳᠠᠯ ᠤᠨ ᠬᠠᠳᠠᠭᠠᠯᠠᠮᠵᠢ ᠶᠢᠨ ᠪᠠᠩᠬᠢ ᠶᠢᠨ ᠨᠦᠬᠦᠪᠦᠷᠢᠯᠡᠬᠦ ᠦᠢᠯᠡᠳᠦᠯ ᠢ ᠪᠠᠳᠠᠷᠠᠭᠤᠯᠪᠠ      ᠰᠢᠤᠳᠠᠨ ᠤ ᠶᠠᠪᠤᠳᠠᠯ ᠤᠨ ᠬᠠᠳᠠᠭᠠᠯᠠᠮᠵᠢ ᠶᠢᠨ ᠪᠠᠩᠬᠢ ᠨᠤᠭᠤᠳ ᠮᠠᠯᠵᠢᠬᠤ ᠲᠠᠷᠢᠶᠠᠯᠠᠬᠤ ᠤᠷᠤᠨ ᠳᠤ ᠨᠡᠶᠢᠳᠡᠮ ᠲᠠᠷᠬᠠᠵᠤ ᠪᠠᠶᠢᠭ᠎ᠠ ᠲᠣᠣᠷ ᠰᠦᠯᠵᠢᠶᠡᠨ ᠤ ᠳᠠᠪᠠᠭᠤᠯᠢᠭ ᠢᠶᠠᠨ ᠭᠦᠢᠴᠡᠳ ᠠᠰᠢᠭᠯᠠᠨ᠂ ᠮᠠᠯᠵᠢᠬᠤ ᠲᠠᠷᠢᠶᠠᠯᠠᠬᠤ ᠤᠷᠤᠨ ᠤ ᠮᠦᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠨ ᠦᠷᠭᠡᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠳᠠᠬᠢ ᠡᠯ᠎ᠡ ᠲᠦᠷᠦᠯ ᠤᠨ ᠢᠲᠡᠭᠡᠮᠵᠢᠲᠦ ᠵᠢᠭᠡᠯᠡᠯᠭᠡ ᠶᠢᠨ ᠤᠷᠤᠭᠤᠯᠤᠯᠲᠠ ᠪᠠᠨ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠬᠤ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ ᠦᠷᠭᠡᠳᠬᠡᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠠᠯᠬᠤᠮ ᠠᠯᠬᠤᠮ ᠢᠶᠠᠷ ᠰᠢᠮᠡᠳᠦᠨ ᠣᠷᠤᠬᠤ ᠬᠡᠷᠡᠭᠲᠡᠢ᠃        ︽ᠮᠦᠩᠭᠦᠨ ᠭᠦᠢᠯᠭᠡᠭᠡᠨ ᠢᠶᠠᠷ ᠶᠠᠳᠠᠭᠤ ᠶᠢ ᠳᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ︾᠎ ᠤᠨ ᠰᠠᠭᠤᠷᠢ ᠦᠢᠯᠡᠳᠦᠯ ᠢ ᠪᠠᠳᠠᠷᠠᠭᠤᠯᠪᠠ      ᠲᠠᠷᠢᠶᠠᠯᠠᠩ ᠤᠨ ᠪᠠᠩᠬᠢ ᠨᠤᠭᠤᠳ ︽ᠮᠦᠩᠭᠦᠨ ᠭᠦᠢᠯᠭᠡᠭᠡᠨ ᠢᠶᠠᠷ ᠶᠠᠳᠠᠭᠤ ᠶᠢ ᠳᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ︾ ᠬᠢᠭᠡᠳ ︽ᠠᠷᠪᠠ ᠪᠠᠷ ᠪᠦᠬᠦᠨ ᠢ ᠬᠠᠮᠤᠷᠬᠤ︾᠎ ᠶᠢ ᠣᠷᠭᠠᠨᠢᠭ ᠢᠶᠠᠷ ᠤᠶᠠᠯᠳᠤᠭᠤᠯᠵᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠡᠯᠡ ᠮᠦᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠬᠠᠩᠭᠠᠬᠤ ᠬᠡᠷᠡᠭᠲᠡᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠦᠷᠢᠰᠦᠯᠳᠦᠬᠦ ᠲᠣᠭᠲᠠᠴᠠ ᠶᠢ ᠣᠷᠤᠭᠤᠯᠵᠤ ᠢᠷᠡᠨ᠂ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ︽ᠮᠦᠩᠭᠦᠨ ᠭᠦᠢᠯᠭᠡᠭᠡᠨ ᠤ ᠶᠠᠳᠠᠭᠤ ᠶᠢ ᠳᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ︾᠎ ᠳᠤ ᠢᠳᠡᠪᠬᠢᠲᠡᠢ ᠣᠷᠣᠯᠴᠠᠭᠤᠯᠤᠨ᠂ ︽ᠮᠦᠩᠭᠦᠨ ᠭᠦᠢᠯᠭᠡᠭᠡᠨ ᠢᠶᠠᠷ ᠶᠠᠳᠠᠭᠤ ᠶᠢ ᠳᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ︾᠎ ᠤᠨ ᠠᠵᠢᠯ ᠤᠨ ᠭᠦᠨᠵᠡᠭᠡᠶᠢᠷᠡᠬᠦ᠂ ᠦᠷᠭᠦᠯᠵᠢᠯᠡᠨ ᠦᠷᠨᠢᠬᠦ ᠶᠢ ᠲᠦᠯᠬᠢᠨ ᠠᠬᠢᠭᠤᠯᠵᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃      ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠤᠯᠠᠨ ᠡᠰᠢᠵᠢᠭᠦᠯᠵᠦ   ᠮᠦᠩᠭᠦᠨ ᠭᠦᠢᠯᠭᠡᠭᠡᠨ ᠤ ᠨᠡᠷᠡᠳᠬᠦᠨ᠂ ᠬᠦᠦ ᠮᠦᠩᠭᠦ ᠶᠢᠨ ᠨᠤᠷᠮ᠎ᠠ ᠵᠡᠷᠭᠡ ᠦᠢᠯᠡᠴᠢᠯᠡᠭᠡ ᠶᠢᠨ ᠵᠠᠭᠪᠤᠷ ᠤᠨ ᠰᠢᠨ᠎ᠡ ᠶᠢ ᠡᠭᠦᠳᠪᠡ      ᠢᠲᠡᠭᠡᠮᠵᠢᠲᠦ ᠵᠢᠭᠡᠯᠡᠯᠭᠡ ᠶᠢᠨ ᠲᠥᠷᠦ ᠶᠢᠨ ᠪᠣᠳᠤᠯᠭ᠎ᠠ ᠶᠢ ᠠᠮᠢᠳᠤᠯᠢᠭ ᠢᠶᠠᠷ ᠬᠡᠷᠡᠭᠯᠡᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠤᠨᠴᠠᠯᠢᠭ ᠲᠤ ᠴᠢᠭᠯᠡᠭᠦᠯᠦᠨ᠂ ᠣᠳᠣ ᠪᠠᠶᠢᠭ᠎ᠠ ᠲᠤᠬᠠᠶᠢᠯᠠᠭᠰᠠᠨ ᠠᠵᠢᠯ ᠤᠨ ᠲᠦᠷᠦᠯ ᠵᠦᠢᠯ ᠳᠡᠭᠡᠨ ᠰᠢᠪᠲᠤᠯᠤᠯᠲᠠ ᠬᠢᠵᠦ᠂ ᠨᠢᠭᠡᠳᠦᠯᠲᠡᠢ ᠵᠢᠭᠡᠯᠡᠵᠦ ᠬᠤᠪᠢᠶᠠᠨ ᠬᠡᠷᠡᠭᠯᠡᠬᠦ ᠵᠡᠷᠭᠡ ᠠᠷᠭ᠎ᠠ ᠮᠠᠶ᠋ᠢᠭ ᠢ ᠠᠪᠴᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠡᠯᠡ ᠮᠦᠩᠭᠦ ᠶᠢᠨ ᠣᠷᠤᠭᠤᠯᠤᠯᠲᠠ ᠶᠢ ᠪᠦᠲᠦᠮᠵᠢᠲᠡᠢ ᠪᠠᠷ ᠥᠷᠭᠡᠳᠬᠡᠬᠦ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ ᠤ ᠦᠪᠡᠷ ᠢᠶᠠᠨ ᠦᠢᠯᠡᠴᠢᠯᠡᠳᠡᠭ ᠪᠠᠩᠬᠢ᠂ ᠳ᠋ᠢᠶᠠᠩᠬᠤᠸᠠ ᠳᠡᠭᠡᠷᠡᠬᠢ ᠪᠠᠩᠬᠢ᠂ ᠭᠠᠷ ᠤᠲᠠᠰᠤᠨ ᠳᠡᠭᠡᠷᠡᠬᠢ ᠪᠠᠩᠬᠢ᠂ ᠣᠬᠤᠷ ᠴᠢᠮᠡᠭᠡᠨ ᠪᠠᠩᠬᠢ᠂ ᠸᠢᠴᠠᠲ ᠳᠡᠭᠡᠷᠡᠬᠢ ᠪᠠᠩᠬᠢ᠂ ᠰᠦᠯᠵᠢᠶ᠎ᠡ ᠳᠡᠭᠡᠷᠡᠬᠢ ᠪᠠᠩᠬᠢ ᠵᠡᠷᠭᠡ ᠰᠢᠨ᠎ᠡ ᠬᠡᠯᠪᠡᠷᠢ ᠶᠢᠨ ᠲᠤᠬᠠᠶᠢᠯᠠᠭᠰᠠᠨ ᠠᠵᠢᠯ ᠢ ᠶᠡᠬᠡᠪᠡᠷ ᠬᠦᠭᠵᠢᠭᠦᠯᠦᠨ᠂ ᠲᠤᠰᠬᠠᠢ ᠡᠵᠡᠩᠨᠡᠬᠦ ᠪᠠᠶᠢᠭᠤᠯᠤᠮᠵᠢ᠂ ᠢᠲᠡᠭᠡᠮᠵᠢᠲᠦ ᠵᠢᠭᠡᠯᠡᠯᠭᠡ ᠶᠢᠨ ᠦᠢᠯᠡᠳᠪᠦᠷᠢ ᠵᠡᠷᠭᠡ ᠦᠢᠯᠡᠴᠢᠯᠡᠭᠡᠨ ᠵᠠᠭᠪᠤᠷ ᠤᠨ ᠰᠢᠨ᠎ᠡ ᠶᠢ ᠡᠭᠦᠳᠬᠦ ᠪᠠ ᠳᠡᠯᠭᠡᠷᠡᠭᠦᠯᠬᠦ ᠬᠡᠷᠡᠭᠲᠡᠢ᠃ ᠣᠳᠣ ᠪᠠᠶᠢᠭ᠎ᠠ ᠮᠠᠯᠵᠢᠬᠤ ᠲᠠᠷᠢᠶᠠᠯᠠᠬᠤ ᠤᠷᠤᠨ ᠤ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠭᠤᠯᠤᠭᠳᠠᠬᠤᠨ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠲᠡᠭᠦᠨ ᠢ ︽ᠠᠷᠪᠠ ᠪᠠᠷ ᠪᠦᠬᠦᠨ ᠢ ᠬᠠᠮᠤᠷᠬᠤ︾ ᠲᠡᠰᠢ ᠬᠡᠯᠪᠡᠶᠢᠯᠭᠡᠬᠦ ᠶᠢ ᠲᠦᠯᠬᠢᠨ ᠠᠬᠢᠭᠤᠯᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠵᠣᠭᠤᠰ ᠤᠨ ᠲᠤᠭ᠎ᠠ ᠶᠢ ᠨᠡᠮᠡᠭᠳᠡᠭᠦᠯᠵᠦ᠂ ᠵᠢᠭᠡᠯᠡᠯᠭᠡ ᠵᠢᠭᠡᠯᠡᠭᠴᠢ ᠶᠢ ᠰᠤᠩᠭᠠᠨ᠂ ᠵᠢᠭᠡᠯᠡᠯᠭᠡ ᠶᠢᠨ ᠬᠡᠷᠡᠭᠴᠡᠭᠡ ᠶᠢ ᠦᠷᠭᠡᠵᠢᠭᠦᠯᠬᠦ ᠬᠡᠷᠡᠭᠲᠡᠢ᠃      ᠪᠠᠷᠢᠴᠠᠭᠠᠯᠠᠵᠤ ᠳᠠᠨᠵᠢᠯᠠᠨ ᠳᠠᠭᠠᠭᠠᠯᠲᠠ ᠬᠢᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠪᠡ      ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ᠂ ᠨᠤᠲᠤᠭ ᠪᠡᠯᠴᠢᠭᠡᠷ ᠡᠵᠡᠩᠨᠡᠬᠦ ᠡᠷᠬᠡ᠂ ᠤᠷᠤᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ᠂ ᠤᠢ ᠮᠣᠳᠤᠨ ᠤ ᠡᠷᠬᠡ ᠪᠠᠨ ᠪᠠᠷᠢᠴᠠᠭᠠᠯᠠᠵᠤ ᠳᠠᠨᠵᠢᠯᠠᠨ ᠵᠢᠭᠡᠯᠡᠯᠭᠡ ᠵᠢᠭᠡᠯᠡᠬᠦ ᠲᠤᠬᠠᠶᠢᠯᠠᠭᠰᠠᠨ ᠠᠵᠢᠯ ᠤᠨ ᠲᠠᠪᠴᠠᠩ ᠤᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠵᠢᠭᠡᠯᠡᠯᠭᠡ ᠶᠢᠨ ᠲᠥᠭᠰᠢᠭᠦᠷᠢ ᠲᠤ ᠨᠦᠬᠦᠪᠦᠷᠢᠯᠡᠬᠦ ᠰᠠᠭᠤᠷᠢ ᠮᠦᠩᠭᠦ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠰᠠᠭᠤᠷᠢ ᠮᠦᠩᠭᠦ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠶᠢᠨ ᠰᠠᠭᠤᠷᠢ ᠮᠦᠩᠭᠦ ᠪᠠᠶᠢᠭᠤᠯᠬᠤ ᠶᠢ ᠲᠦᠯᠬᠢᠨ ᠠᠬᠢᠭᠤᠯᠵᠤ᠂ ᠲᠠᠷᠢᠶᠠᠯᠠᠩ ᠳᠤ ᠬᠤᠯᠪᠤᠭᠳᠠᠬᠤ ᠮᠠᠯ ᠠᠵᠤ ᠠᠬᠤᠢ ᠳᠤ ᠬᠤᠯᠪᠤᠭᠳᠠᠭᠰᠠᠨ ᠵᠢᠭᠡᠯᠡᠯᠭᠡ ᠶᠢᠨ ᠲᠦᠭᠰᠢᠭᠦᠷᠢ ᠶᠢ ᠵᠦᠢ ᠵᠣᠬᠢᠰᠲᠠᠢ ᠬᠤᠪᠢᠶᠠᠨ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠨ᠂ ᠲᠠᠷᠢᠶᠠᠯᠠᠩ ᠳᠤ ᠬᠤᠯᠪᠤᠭᠳᠠᠬᠤ ᠮᠠᠯ ᠠᠵᠤ ᠠᠬᠤᠢ ᠳᠤ ᠬᠤᠯᠪᠤᠭᠳᠠᠬᠤ ᠢᠲᠡᠭᠡᠮᠵᠢᠲᠦ ᠵᠢᠭᠡᠯᠡᠯᠭᠡ ᠪᠣᠯᠤᠨ ᠳᠠᠭᠠᠳᠬᠠᠯ ᠎ ᠤᠨ ᠬᠤᠷᠰᠢᠯᠴᠠᠭ᠎ᠠ ᠶᠢ ᠴᠢᠩᠭᠠᠳᠬᠠᠨ᠂ ᠲᠠᠷᠢᠶᠠᠯᠠᠩ ᠳᠤ ᠬᠤᠯᠪᠤᠭᠳᠠᠬᠤ ᠮᠠᠯ ᠠᠵᠤ ᠠᠬᠤᠢ ᠳᠤ ᠬᠤᠯᠪᠤᠭᠳᠠᠬᠤ ᠳᠠᠭᠠᠳᠬᠠᠯ ᠤᠨ ᠬᠠᠭᠤᠳᠠᠰᠤ ᠶᠢ ᠪᠠᠷᠢᠴᠠᠭᠠᠯᠠᠵᠤ ᠳᠠᠨᠵᠢᠯᠠᠭᠰᠠᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠦᠷᠨᠢᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠡᠯ᠎ᠡ ᠲᠦᠷᠦᠯ ᠤᠨ ᠦᠮᠴᠢᠯᠡᠬᠦ ᠡᠷᠬᠡ ᠪᠠᠨ ᠪᠠᠷᠢᠴᠠᠭᠠᠯᠠᠵᠤ ᠳᠠᠨᠵᠢᠯᠠᠭᠰᠠᠨ ᠵᠢᠭᠡᠯᠡᠯᠭᠡ ᠶᠢᠨ ᠬᠠᠮᠢᠶᠠᠷᠤᠯᠲᠠ ᠶᠢᠨ ᠠᠷᠭ᠎ᠠ ᠪᠣᠯᠤᠨ ᠠᠵᠢᠯᠯᠠᠭᠤᠯᠬᠤ ᠴᠣᠪᠤᠷᠠᠯ ᠢ ᠲᠥᠷᠭᠡᠳᠬᠡᠨ ᠲᠣᠭᠲᠠᠭᠠᠵᠤ᠂ ᠪᠠᠷᠢᠴᠠᠭᠠᠯᠠᠵᠤ ᠳᠠᠨᠵᠢᠯᠠᠭᠰᠠᠨ ᠵᠢᠭᠡᠯᠡᠯᠭᠡ ᠶᠢᠨ ᠲᠤᠷᠰᠢᠯᠲᠠ ᠶᠢᠨ ᠴᠢᠭ᠋ ᠤᠨ ᠠᠵᠢᠯ ᠢ ᠦᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠲᠦᠬᠦᠭᠡᠷᠦᠮᠵᠢ᠂ ᠲᠡᠭᠡᠭᠡᠪᠦᠷᠢ ᠶᠢᠨ ᠪᠠᠭᠠᠵᠢ᠂ ᠨᠠᠭᠤᠷ ᠤᠰᠤ ᠭᠤᠣᠯ ᠤᠨ ᠳᠠᠩ ᠤᠨ ᠲᠡᠵᠢᠭᠡᠨ ᠦᠷᠡᠵᠢᠭᠦᠯᠬᠦ ᠡᠷᠬᠡ᠂ ᠳᠠᠭᠠᠭᠠᠴᠢᠯᠠᠭᠰᠠᠨ ᠭᠠᠵᠠᠷ ᠰᠢᠷᠣᠶ ᠪᠠ ᠨᠤᠲᠤᠭ ᠪᠡᠯᠴᠢᠭᠡᠷ ᠤᠨ ᠠᠰᠢᠭ ᠤᠯᠬᠤ ᠡᠷᠬᠡ᠂ ᠲᠡᠵᠢᠭᠡᠵᠦ ᠪᠠᠶᠢᠭ᠎ᠠ ᠮᠠᠯ ᠵᠢᠭᠦᠷᠲᠡᠨ ᠵᠡᠷᠭᠡ ᠪᠠᠷ ᠪᠠᠷᠢᠴᠠᠭᠠᠨ ᠡᠳ᠋ ᠪᠣᠯᠭᠠᠭᠰᠠᠨ ᠰᠢᠨ᠎ᠡ ᠬᠡᠯᠪᠡᠷᠢ ᠶᠢᠨ ᠪᠠᠷᠢᠴᠠᠭᠠᠯᠠᠵᠤ ᠳᠠᠨᠵᠢᠯᠠᠨ ᠳᠠᠭᠠᠭᠠᠯᠲᠠ ᠬᠢᠬᠦ ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ᠃      ᠤᠯᠠᠨ ᠡᠰᠢᠵᠢᠭᠰᠡᠨ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠨᠡᠬᠡᠬᠡᠪᠡ      ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠰᠢᠭᠤᠳ ᠪᠡᠯᠡ ᠲᠣᠬᠢᠷᠠᠭᠤᠯᠬᠤ ᠶᠢ ᠵᠣᠷᠢᠭᠵᠢᠭᠤᠯᠤᠨ᠂ ᠪᠠᠩᠬᠢ ᠶᠢᠨ ᠬᠤᠭᠤᠷᠤᠨᠳᠤ ᠶᠢᠨ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠢᠶᠠᠷ ᠪᠡᠯᠡ ᠲᠣᠬᠢᠷᠠᠭᠤᠯᠬᠤ ᠪᠠᠭᠠᠵᠢ ᠶᠢ ᠬᠡᠷᠡᠭᠯᠡᠬᠦ ᠶᠢ ᠨᠡᠮᠡᠭᠳᠡᠭᠦᠯᠦᠨ᠂ ᠠᠵᠤ ᠠᠬᠤᠶᠢᠯᠠᠯ ᠤᠳ ᠤᠨ ᠠᠵᠤ ᠠᠬᠤᠶᠢᠯᠠᠯ ᠤᠨ ᠵᠢᠭᠡᠯᠡᠯᠭᠡ᠂ ᠤᠷᠲᠤᠪᠲᠤᠷ ᠬᠤᠭᠤᠴᠠᠭᠠᠨ ᠤ ᠫᠢᠶᠣᠣ ᠪᠠᠷᠢᠮᠲᠠ᠂ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ᠂ ᠳᠤᠮᠳᠠ ᠵᠢᠵᠢᠭ ᠠᠵᠤ ᠠᠬᠤᠶᠢᠯᠠᠯ ᠤᠨ ᠦᠪᠡᠷ ᠢᠶᠠᠨ ᠴᠤᠭᠯᠠᠭᠤᠯᠬᠤ ᠲᠡᠮᠳᠡᠭᠲᠦ᠂ ᠳᠤᠮᠳᠠ ᠵᠢᠵᠢᠭ ᠠᠵᠤ ᠠᠬᠤᠶᠢᠯᠠᠯ ᠤᠨ ᠨᠡᠶᠢᠯᠡᠮᠡᠯ ᠫᠢᠶᠣᠣ ᠪᠠᠷᠢᠮᠲᠠ ᠪᠠ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠬᠦᠲᠦᠯᠦᠨ ᠵᠢᠯᠤᠭᠤᠳᠬᠤ ᠪᠠ ᠵᠤᠬᠢᠶᠠᠨ ᠪᠠᠶᠢᠭᠤᠯᠵᠤ᠂ ᠨᠦᠭᠦᠴᠡᠯ ᠪᠦᠷᠢᠳᠦᠭᠰᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠶᠢ ᠳᠡᠮᠵᠢᠨ᠎ᠡ᠃ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠠᠵᠢᠯ ᠦᠢᠯᠡᠰ ᠪᠠ ᠰᠠᠭᠤᠷᠢ ᠪᠡᠯᠡᠳᠭᠡᠮᠵᠢ ᠶᠢᠨ ᠪᠠᠶᠢᠭᠤᠯᠤᠯᠲᠠ ᠳᠤ ᠨᠡᠶᠢᠭᠡᠮ ᠤᠨ ᠬᠦᠷᠦᠩᠭᠡ ᠮᠦᠩᠭᠦ ᠤᠷᠤᠭᠤᠯᠬᠤ ᠶᠢ ᠬᠦᠲᠦᠯᠦᠨ ᠵᠢᠯᠤᠭᠤᠳᠤᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠤᠨ ᠲᠠᠷᠢᠶᠠᠴᠢᠨ ᠮᠠᠯᠴᠢᠳ ᠲᠤ ᠲᠤᠰᠬᠠᠢ ᠵᠦᠢᠯ ᠢᠶᠠᠷ ᠬᠡᠷᠡᠭᠯᠡᠬᠦ ᠮᠦᠩᠭᠦᠨ ᠭᠦᠢᠯᠭᠡᠭᠡᠨ ᠤ ᠵᠢᠭᠡᠯᠡᠯᠭᠡ ᠲᠠᠷᠬᠠᠭᠠᠬᠤ ᠶᠢ ᠳᠡᠮᠵᠢᠵᠦ᠂ ᠲᠠᠷᠢᠶᠠᠯᠠᠩ ᠳᠤ ᠬᠤᠯᠪᠤᠭᠳᠠᠬᠤ ᠮᠠᠯ ᠠᠵᠤ ᠠᠬᠤᠢ ᠳᠤ ᠬᠤᠯᠪᠤᠭᠳᠠᠬᠤ ᠡᠳ᠋ ᠬᠦᠷᠦᠩᠭᠡ ᠶᠢ ᠲᠡᠮᠳᠡᠭᠲᠦᠵᠢᠭᠦᠯᠬᠦ ᠲᠤᠷᠰᠢᠯᠲᠠ ᠶᠢᠨ ᠴᠢᠭ᠋ ᠤᠨ ᠠᠵᠢᠯ ᠦᠷᠨᠢᠭᠦᠯᠵᠦ᠂ ᠲᠠᠷᠢᠶᠠᠯᠠᠩ ᠳᠤ ᠬᠤᠯᠪᠤᠭᠳᠠᠬᠤ ᠮᠠᠯ ᠠᠵᠤ ᠠᠬᠤᠢ ᠳᠤ ᠬᠤᠯᠪᠤᠭᠳᠠᠬᠤ ᠳᠦᠷᠢᠶᠡᠰᠦᠯᠡᠯ ᠤᠨ ᠲᠤᠬᠠᠶᠢᠯᠠᠭᠰᠠᠨ ᠠᠵᠢᠯ ᠢ ᠶᠡᠬᠡᠪᠡᠷ ᠬᠦᠭᠵᠢᠭᠦᠯᠦᠨ᠂ ᠮᠦᠩᠭᠦᠨ ᠭᠦᠢᠯᠭᠡᠭᠡᠨ ᠤ ᠳᠦᠷᠢᠶᠡᠰᠦᠯᠡᠯ ᠤᠨ ᠺᠣᠮᠫᠠᠨᠢ ᠶᠢᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠲᠦᠬᠦᠭᠡᠷᠦᠮᠵᠢ ᠶᠢᠨ ᠪᠡᠯᠡ ᠲᠣᠬᠢᠷᠠᠭᠤᠯᠬᠤ ᠲᠤᠬᠠᠶᠢᠯᠠᠭᠰᠠᠨ ᠠᠵᠢᠯ ᠦᠷᠨᠢᠭᠦᠯᠬᠦ ᠶᠢ ᠳᠡᠮᠵᠢᠨ᠎ᠡ᠃      ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠷᠰᠢᠯᠴᠠᠭ᠎ᠠ ᠶᠢᠨ ᠰᠢᠨ᠎ᠡ ᠶᠢ ᠵᠣᠷᠢᠭᠵᠢᠭᠤᠯᠤᠨ᠎ᠠ      ᠪᠠᠩᠬᠢ ᠶᠢᠨ ᠪᠦᠯᠬᠦᠮ ᠤᠨ ᠵᠢᠭᠡᠯᠡᠯᠭᠡ᠂ ᠪᠦᠭᠡᠮ ᠪᠠ ᠲᠠᠷᠠᠬᠠᠢ ᠪᠣᠲᠠᠷᠬᠠᠢ ᠶᠢ ᠤᠶᠠᠯᠳᠤᠭᠤᠯᠬᠤ᠂ ᠲᠤᠬᠠᠶᠢᠯᠠᠭᠰᠠᠨ ᠠᠵᠢᠯ ᠢ ᠣᠷᠤᠯᠠᠨ ᠭᠦᠢᠴᠡᠳᠭᠡᠬᠦ᠂ ᠪᠠᠩᠬᠢ ᠪᠠ ᠳᠠᠭᠠᠳᠬᠠᠯ ᠤᠨ ᠬᠢᠨ ᠬᠤᠷᠰᠢᠯᠴᠠᠬᠤ᠂ ᠪᠠᠩᠬᠢ ᠪᠠ ᠳᠠᠭᠠᠭᠠᠯᠲᠠ ᠬᠢᠬᠦ ᠲᠠᠯ᠎ᠠ ᠶᠢᠨ ᠬᠢᠨ ᠬᠤᠷᠰᠢᠯᠴᠠᠬᠤ᠂ ᠪᠠᠩᠬᠢ ᠪᠠ ᠳᠦᠷᠢᠶᠡᠰᠦᠯᠡᠯ ᠤᠨ ᠲᠠᠯ᠎ᠠ ᠶᠢᠨ ᠬᠢᠨ ᠬᠤᠷᠰᠢᠯᠴᠠᠬᠤ᠂ ᠪᠡᠯᠡ ᠣᠷᠤᠭᠤᠯᠬᠤ ᠪᠠ ᠵᠢᠭᠡᠯᠡᠯᠭᠡ ᠲᠠᠯᠪᠢᠬᠤ ᠬᠠᠮᠲᠤᠷᠠᠨ ᠬᠥᠳᠡᠯᠦᠯᠴᠡᠬᠦ ᠵᠡᠷᠭᠡ ᠪᠠᠷ ᠳᠠᠮᠵᠢᠭᠤᠯᠤᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠳᠤ ᠪᠦᠬᠦ ᠲᠠᠯ᠎ᠠ ᠶᠢᠨ ᠮᠦᠩᠭᠦᠨ ᠭᠦᠢᠯᠭᠡᠭᠡᠨ ᠤ ᠦᠢᠯᠡᠴᠢᠯᠡᠭᠡᠨ ᠬᠠᠩᠭᠠᠨ᠎ᠠ᠃ ᠳᠠᠭᠠᠭᠠᠯᠲᠠ ᠬᠠᠩᠭᠠᠬᠤ ᠳᠤ ᠬᠦᠴᠢᠷ ᠲᠠᠢ ᠲᠠᠷᠢᠶᠠᠯᠠᠩ ᠳᠤ ᠬᠤᠯᠪᠤᠭᠳᠠᠬᠤ ᠮᠠᠯ ᠠᠵᠤ ᠠᠬᠤᠢ ᠳᠤ ᠬᠤᠯᠪᠤᠭᠳᠠᠬᠤ ᠭᠤᠣᠯ ᠴᠣᠭᠴᠠ ᠳᠤ᠂ ᠪᠠᠲᠤᠯᠠᠬᠤ᠂ ᠪᠠᠷᠢᠴᠠᠭᠠᠯᠠᠬᠤ᠂ ᠳᠠᠨᠵᠢᠯᠠᠬᠤ ᠨᠡᠶᠢᠯᠡᠮᠡᠯ ᠳᠠᠭᠠᠭᠠᠯᠲᠠ ᠬᠢᠬᠦ ᠬᠡᠯᠪᠡᠷᠢ ᠪᠤᠶᠤ ᠤᠯᠠᠨ ᠵᠦᠢᠯ ᠤᠨ ᠬᠡᠯᠪᠡᠷᠢ ᠪᠦᠬᠦᠢ ᠬᠠᠮᠵᠢᠯᠴᠠᠬᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠶᠢ ᠠᠪᠴᠤ᠂ ᠨᠢᠭᠡ ᠪᠦᠯᠦᠭ ᠪᠦᠲᠦᠮᠵᠢᠲᠡᠢ ᠮᠦᠩᠭᠦᠨ ᠭᠦᠢᠯᠡᠭᠡᠭᠡᠨ ᠤ ᠬᠤᠷᠰᠢᠭᠰᠠᠨ ᠦᠢᠯᠡᠴᠢᠯᠡᠭᠡ ᠶᠢᠨ ᠨᠡᠶᠢᠲᠡᠯᠢᠭ ᠵᠢᠱᠢᠶ᠎ᠡ ᠶᠢ ᠳᠡᠯᠭᠡᠷᠡᠭᠦᠯᠬᠦ ᠪᠠ ᠬᠠᠭᠤᠯᠵᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠢᠲᠡᠭᠡᠮᠵᠢᠲᠦ ᠵᠢᠭᠡᠯᠡᠯᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠎ᠡ      ᠲᠥᠭᠰᠢᠭᠦᠷᠢ ᠶᠢ ᠡᠵᠡᠮᠳᠡᠵᠦ ᠴᠢᠳᠠᠬᠤ ᠰᠠᠭᠤᠷᠢᠨ ᠳᠡᠭᠡᠷ᠎ᠡ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠎ ᠨᠤᠭᠤᠳ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠬᠤ ᠢᠲᠡᠭᠡᠮᠵᠢᠲᠦ ᠵᠢᠭᠡᠯᠡᠯᠭᠡ ᠶᠢᠨ ᠲᠥᠯᠦᠪᠯᠡᠭᠡ ᠶᠢ ᠠᠰ ᠲᠤᠨᠢ ᠵᠢᠭᠰᠠᠭᠠᠬᠤ ᠶᠢ ᠵᠣᠷᠢᠭᠵᠢᠭᠤᠯᠵᠤ᠂ ᠵᠢᠭᠡᠯᠡᠯᠭᠡ ᠶᠢᠨ ᠬᠢᠨᠠᠨ ᠵᠦᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠳᠣᠷᠤᠭᠰᠢ ᠪᠠᠭᠤᠯᠭᠠᠨ᠂ ᠦᠷ᠎ᠡ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠰᠢᠯᠢᠳᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠳᠤᠨᠢ ᠬᠠᠷᠢᠭᠤᠴᠠᠯᠭ᠎ᠠ ᠠᠴᠠ ᠬᠡᠯᠲᠦᠷᠢᠭᠦᠯᠬᠦ ᠳᠦᠷᠢᠮ ᠢ ᠶᠠᠪᠤᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠳ ᠲᠤ ᠢᠲᠡᠭᠡᠮᠵᠢᠲᠦ ᠵᠢᠭᠡᠯᠡᠯᠭᠡ ᠲᠠᠯᠪᠢᠬᠤ ᠢᠳᠡᠪᠬᠢᠵᠢᠯ ᠢ ᠳᠠᠶᠢᠴᠢᠯᠠᠨ᠎ᠠ᠃ ᠵᠢᠭᠡᠯᠡᠯᠭᠡ ᠶᠢᠨ ᠬᠢᠨᠠᠨ ᠵᠦᠪᠰᠢᠶᠡᠷᠡᠬᠦ ᠭᠠᠷᠳᠠᠮ ᠢ ᠤᠯᠠᠮ ᠨᠢᠭᠡ ᠠᠯᠬᠤᠮ ᠳᠦᠭᠦᠮᠴᠢᠯᠡᠨ᠂ ᠲᠤᠬᠠᠶᠢᠯᠠᠭᠰᠠᠨ ᠠᠵᠢᠯ ᠤᠨ ᠠᠵᠢᠯᠯᠠᠭᠤᠯᠬᠤ ᠴᠣᠪᠤᠷᠠᠯ ᠢ ᠲᠣᠳᠤᠷᠬᠠᠶᠢᠯᠠᠵᠤ᠂ ᠬᠢᠨᠠᠨ ᠵᠦᠪᠰᠢᠶᠡᠷᠡᠬᠦ ᠬᠤᠷᠳᠤᠴᠠ ᠶᠢ ᠲᠦᠷᠭᠡᠳᠬᠡᠨ᠂ ᠴᠠᠭ ᠬᠤᠭᠤᠴᠠᠭ᠎ᠠ ᠬᠢᠵᠠᠭᠠᠷᠯᠠᠨ ᠭᠦᠢᠴᠡᠳᠭᠡᠬᠦ ᠶᠢ ᠶᠠᠪᠤᠭᠤᠯᠵᠤ᠂ ᠵᠢᠭᠡᠯᠡᠯᠭᠡ ᠵᠢᠭᠡᠯᠡᠭᠦᠯᠦᠭᠰᠡᠨ ᠤ ᠳᠠᠷᠠᠭ᠎ᠠ ᠮᠦᠷᠳᠡᠨ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ ᠵᠢᠭᠡᠯᠡᠯᠭᠡ ᠶᠢᠨ ᠲᠦᠭᠰᠢᠭᠦᠷᠢ ᠶᠢ ᠪᠠᠭᠤᠷᠠᠭᠤᠯᠤᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠳᠤ ᠦᠷᠭᠦᠯᠵᠢᠯᠡᠭᠰᠡᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠬᠠᠩᠭᠠᠨ᠎ᠠ᠃      ᠮᠦᠩᠭᠦᠨ ᠭᠦᠢᠯᠭᠡᠭᠡᠨ ᠤ ᠰᠠᠭᠤᠷᠢ ᠦᠢᠯᠡᠴᠢᠯᠡᠭᠡ ᠪᠠᠷ ᠪᠦᠬᠦᠨ ᠢ ᠬᠠᠮᠤᠷᠬᠤ   ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠪᠠᠲᠤᠯᠠᠭ᠎ᠠ ᠶᠢᠨ ᠮᠦᠩᠭᠦᠨ ᠭᠦᠢᠯᠭᠡᠭᠡᠨ ᠤ ᠰᠠᠭᠤᠷᠢ ᠦᠢᠯᠡᠴᠢᠯᠡᠭᠡ ᠶᠢ ᠴᠢᠩᠭᠠᠳᠬᠠᠨ᠎ᠠ      ᠦᠪᠡᠷᠲᠡᠭᠡᠨ ᠵᠠᠰᠠᠬᠤ ᠤᠷᠤᠨ ᠤ ︽ᠠᠷᠪᠠ ᠪᠠᠷ ᠪᠦᠬᠦᠨ ᠢ ᠬᠠᠮᠤᠷᠬᠤ ᠬᠤᠯᠪᠤᠭᠠᠯᠠᠨ ᠨᠡᠪᠲᠡᠷᠡᠯᠴᠡᠭᠰᠡᠨ ᠠᠷᠠᠳ ᠲᠤ ᠠᠰᠢᠭ ᠬᠦᠷᠲᠡᠭᠡᠬᠦ ᠠᠷᠠᠳ ᠲᠤ ᠳᠦᠭᠦᠮ ᠦᠵᠡᠭᠦᠯᠬᠦ︾ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠴᠠᠭ᠎ᠠ ᠲᠤᠰᠬᠤᠨ ᠤ ᠲᠠᠷᠢᠶᠠᠯᠠᠩ ᠢ ᠳᠡᠮᠵᠢᠬᠦ ᠮᠦᠩᠭᠦᠨ ᠭᠦᠢᠯᠭᠡᠭᠡᠨ ᠤ ᠦᠢᠯᠡᠴᠢᠯᠡᠬᠦ ᠴᠢᠭ᠋ ᠢ ᠲᠦᠰᠢᠵᠦ᠂ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠴᠢᠭ᠋ ᠲᠤ ᠪᠠᠶᠢᠭᠤᠯᠤᠨ᠎ᠠ᠃ ᠮᠦᠩᠭᠦᠨ ᠭᠦᠢᠯᠭᠡᠭᠡᠨ ᠤ ᠴᠢᠳᠠᠮᠵᠢ ᠶᠢ ᠠᠴᠢᠶᠠᠯᠠᠭᠰᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠯᠭᠤᠬᠤ ᠪᠠ ᠬᠡᠷᠡᠭᠯᠡᠭᠦᠯᠬᠦ ᠶᠢ ᠲᠦᠷᠭᠡᠳᠬᠡᠨ᠂ ︽ᠦᠪᠦᠷ ᠮᠣᠩᠭᠤᠯ12333︾ ᠬᠡᠷᠡᠭᠯᠡᠯᠲᠡ ᠶᠢ ᠠᠴᠢᠶᠠᠯᠠᠭᠰᠠᠨ ᠤᠶᠤᠨᠴᠢ ᠮᠠᠰᠢᠨ ᠬᠡᠷᠡᠭᠰᠡᠯ ᠤᠨ ᠦᠵᠦᠭᠦᠷ ᠢ ᠪᠦᠬᠦ ᠲᠠᠯ᠎ᠠ ᠪᠠᠷ ᠲᠣᠬᠢᠷᠠᠭᠤᠯᠤᠨ᠂ ᠨᠡᠶᠢᠭᠡᠮ ᠤᠨ ᠪᠠᠲᠤᠯᠠᠭ᠎ᠠ ᠶᠢ ᠪᠠᠶᠢᠴᠠᠭᠠᠨ ᠠᠰᠠᠭᠤᠬᠤ᠂ ᠳᠡᠰ ᠰᠤᠩᠭᠤᠨ ᠰᠦᠢᠳᠭᠡᠯ ᠲᠤᠰᠢᠶᠠᠬᠤ᠂ ᠬᠢᠷᠢ ᠭᠡᠮ ᠭᠡᠷᠡᠴᠢᠯᠡᠬᠦ᠂ ᠣᠯᠭᠤᠮᠵᠢ ᠠᠪᠬᠤ ᠵᠡᠷᠭᠡ ᠲᠤᠰᠬᠤᠨ ᠠᠴᠠ ᠪᠠᠨ ᠭᠠᠷᠬᠤ ᠦᠭᠡᠢ ᠨᠡᠶᠢᠭᠡᠮ ᠤᠨ ᠪᠠᠲᠤᠯᠠᠭ᠎ᠠ ᠶᠢᠨ ᠮᠦᠩᠭᠦᠨ ᠭᠦᠢᠯᠭᠡᠭᠡᠨ ᠤ ᠦᠢᠯᠡᠴᠢᠯᠡᠭᠡᠨ ᠬᠠᠩᠭᠠᠨ᠎ᠠ᠃      ᠮᠠᠯᠵᠢᠬᠤ ᠲᠠᠷᠢᠶᠠᠯᠠᠬᠤ ᠤᠷᠤᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠣᠷ ᠴᠢᠭ᠋ ᠤᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ      ᠲᠣᠮᠤ ᠳᠤᠮᠳᠠ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠰᠢᠶᠠᠨ ᠤ ᠬᠡᠪᠴᠢᠶᠡᠨ ᠳᠠᠬᠢ ᠲᠣᠣᠷ ᠴᠢᠭ᠋ ᠤᠨ ᠪᠠᠶᠢᠷᠢᠰᠢᠭᠤᠯᠤᠯ ᠢᠶᠠᠨ ᠲᠦᠷᠭᠡᠳᠬᠡᠬᠦ ᠶᠢ ᠳᠡᠮᠵᠢᠬᠦ ᠶᠢᠨ ᠬᠠᠮᠲᠤ ᠦᠢᠯᠡᠴᠢᠯᠡᠭᠡᠨ ᠤ ᠲᠣᠣᠷᠯᠠᠯ ᠢ ᠨᠢ ᠰᠢᠶᠠᠩ ᠪᠠᠯᠭᠠᠰᠤ ᠵᠦᠭ ᠲᠡᠰᠢ ᠰᠤᠩᠭᠠᠨ᠎ᠠ᠃ ᠤᠷᠤᠨ ᠨᠤᠲᠤᠭ ᠤᠨ ᠴᠢᠨᠠᠷᠲᠠᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠰᠣᠮᠦ ᠰᠢᠶᠠᠩ ᠪᠠᠯᠭᠠᠰᠤ ᠳᠤ ᠲᠣᠣᠷ ᠴᠢᠭ᠋ ᠪᠠᠶᠢᠭᠤᠯᠬᠤ ᠶᠢ ᠳᠡᠮᠵᠢᠵᠦ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠦᠭᠡᠢ ᠰᠢᠶᠠᠩ ᠪᠠᠯᠭᠠᠰᠤ ᠶᠢᠨ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠡᠷᠦᠬᠡ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ ᠦᠷᠭᠡᠳᠬᠡᠨ᠎ᠡ᠃ ᠤᠷᠤᠨ ᠤ ᠳᠣᠲᠤᠷ᠎ᠠ ᠭᠠᠳᠠᠨᠠᠬᠢ ᠪᠣᠳᠠᠲᠤ ᠬᠦᠴᠦᠨ ᠪᠦᠬᠦᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠭᠠᠴᠠᠭ᠎ᠠ ᠪᠠᠯᠭᠠᠰᠤ ᠶᠢᠨ ᠪᠠᠩᠬᠢ ᠡᠭᠦᠰᠭᠡᠨ ᠪᠠᠶᠢᠭᠤᠯᠬᠤ ᠶᠢ ᠳᠡᠮᠵᠢᠵᠦ᠂ ᠣᠳᠣ ᠪᠠᠶᠢᠭ᠎ᠠ ᠨᠦᠭᠦᠴᠡᠯ ᠳᠤ ᠨᠡᠶᠢᠴᠡᠬᠦ ᠭᠠᠴᠠᠭ᠎ᠠ ᠪᠠᠯᠭᠠᠰᠤ ᠶᠢᠨ ᠪᠠᠩᠬᠢ ᠶᠢᠨ ᠳᠣᠷᠣᠭᠰᠢ ᠬᠤᠪᠢᠶᠠᠷᠢ ᠰᠠᠯᠪᠤᠷᠢ ᠪᠠᠶᠢᠭᠤᠯᠤᠮᠵᠢ ᠪᠠ ᠦᠢᠯᠡᠴᠢᠯᠡᠭᠡᠨ ᠤ ᠴᠢᠭ᠋ ᠢᠶᠠᠨ ᠰᠤᠩᠭᠠᠬᠤ ᠶᠢ ᠵᠣᠷᠢᠭᠵᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠳᠤ ᠦᠢᠯᠡᠴᠢᠯᠡᠬᠦ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠪᠠᠶᠢᠭᠤᠯᠬᠤ ᠶᠢ ᠳᠡᠮᠵᠢᠵᠦ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠬᠤ ᠲᠤᠬᠠᠶᠢᠯᠠᠭᠰᠠᠨ ᠠᠵᠢᠯ ᠢᠶᠠᠨ ᠲᠠᠰᠤᠷᠠᠯᠲᠠ ᠦᠭᠡᠢ ᠦᠷᠭᠡᠳᠬᠡᠬᠦ ᠶᠢ ᠬᠥᠲᠥᠯᠥᠨ ᠵᠢᠯᠤᠭᠤᠳᠴᠤ ᠵᠣᠷᠢᠭᠵᠢᠭᠤᠯᠤᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠳᠡᠳᠭᠦᠬᠦ ᠡᠷᠴᠢᠮ ᠢ ᠴᠢᠩᠭᠠᠷᠠᠭᠤᠯᠤᠨ᠎ᠠ᠃      ᠬᠦᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ      ᠢᠲᠡᠭᠡᠮᠵᠢᠲᠦ ᠪᠠᠯᠭᠠᠰᠤ᠂ ᠢᠲᠡᠭᠡᠮᠵᠢᠲᠦ ᠲᠣᠰᠬᠤᠨ᠂ ᠢᠲᠡᠭᠡᠮᠵᠢᠲᠦ ᠡᠷᠦᠬᠡ ᠡᠭᠦᠳᠦᠨ ᠪᠠᠶᠢᠭᠤᠯᠬᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠢᠯᠭᠠᠨ ᠬᠢᠨᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠢᠲᠡᠭᠡᠯ ᠲᠠᠢ ᠪᠠᠶᠢᠪᠠᠯ ᠠᠰᠢᠭ ᠣᠯᠬᠤ ᠲᠣᠭᠲᠠᠴᠠ ᠪᠠ ᠢᠲᠡᠭᠡᠯ  ᠢᠶᠠᠨ ᠠᠯᠳᠠᠪᠠᠯ ᠰᠢᠳᠭᠡᠨ ᠲᠣᠷᠭᠠᠬᠤ ᠲᠣᠭᠲᠠᠴᠠ ᠶᠢ ᠪᠠᠶᠢᠭᠤᠯᠤᠨ᠎ᠠ᠃ ᠲᠥᠷᠦ ᠶᠢᠨ ᠶᠠᠪᠤᠳᠠᠯ ᠤᠨ ᠬᠤᠷᠢᠶ᠎ᠠ ᠶᠢᠨ ︽2013 —2014 ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠦᠯᠦᠪᠵᠢᠭᠦᠯᠭᠡ ᠶᠢᠨ ᠲᠣᠪᠴᠢ︾᠎ ᠶᠢᠨ ᠱᠠᠭᠠᠷᠳᠠᠯᠭ᠎ᠠ ᠶᠣᠰᠤᠭᠠᠷ᠂ ᠬᠦᠳᠡᠭᠡ ᠲᠤᠰᠬᠤᠨ ᠤ ᠢᠲᠡᠭᠡᠮᠵᠢ ᠶᠢᠨ ᠰᠢᠰᠲ᠋ᠧᠮᠵᠢ ᠶᠢᠨ ᠲᠤᠷᠰᠢᠯᠲᠠ ᠶᠢᠨ ᠤᠷᠤᠨ ᠢ ᠪᠠᠶᠢᠭᠤᠯᠬᠤ ᠲᠣᠰᠬᠠᠢ ᠵᠦᠢᠯ ᠤᠨ ᠢᠨᠵᠧᠨᠧᠷᠢᠩ ᠢ ᠦᠷᠨᠢᠭᠦᠯᠵᠦ᠂ ᠲᠠᠷᠢᠶᠠᠯᠠᠬᠤ ᠮᠠᠯᠵᠢᠬᠤ ᠡᠷᠦᠬᠡ ᠪᠠ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠬᠢ ᠶᠢᠨ ᠬᠦᠮᠦᠷᠭᠡ ᠶᠢᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠳᠤ ᠬᠤᠯᠪᠤᠭᠳᠠᠬᠤ ᠳᠤᠮᠳᠠ ᠵᠢᠵᠢᠭ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠡᠷᠦᠬᠡ ᠳᠤ ᠢᠲᠡᠭᠡᠮᠵᠢ ᠶᠢᠨ ᠮᠡᠳᠡᠭᠡ ᠵᠠᠩᠬᠢ ᠶᠢ ᠪᠦᠬᠦᠨ ᠢ ᠴᠤᠭᠯᠠᠭᠤᠯᠬᠤ ᠶᠢ ᠪᠡᠶᠡᠯᠡᠭᠦᠯᠵᠦ᠂ ᠢᠲᠡᠭᠡᠮᠵᠢ ᠳᠤ ᠬᠤᠪᠢ ᠣᠯᠭᠤᠬᠤ ᠳᠦᠷᠢᠮ ᠪᠠᠶᠢᠭᠤᠯᠵᠤ᠂ ᠲᠠᠷᠢᠶᠠᠯᠠᠩ ᠳᠤ ᠬᠤᠯᠪᠤᠭᠳᠠᠬᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠢ ᠬᠦᠲᠦᠯᠦᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠵᠦᠷᠢᠶᠡᠴᠢᠯᠡᠭᠰᠡᠨ ᠢᠲᠡᠭᠡᠮᠵᠢᠲᠦ ᠵᠢᠭᠡᠯᠡᠯᠭᠡ ᠶᠢᠨ ᠢᠲᠡᠭᠡᠯ ᠣᠯᠭᠤᠬᠤ ᠲᠣᠭᠲᠠᠴᠠ ᠶᠢ ᠪᠠᠶᠢᠭᠤᠯᠤᠨ᠎ᠠ᠃      ᠮᠠᠯᠵᠢᠬᠤ ᠲᠠᠷᠢᠶᠠᠯᠠᠬᠤ ᠤᠷᠤᠨ ᠤ ᠮᠦᠩᠭᠦᠨ ᠭᠦᠢᠯᠭᠡᠭᠡᠨ ᠤ ᠮᠡᠳᠡᠯᠭᠡ ᠤᠬᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ      ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠴᠠᠭ᠎ᠠ ᠲᠣᠰᠬᠤᠨ ᠤ ᠰᠤᠶᠤᠯ ᠤᠨ ᠦᠷᠦᠭᠡ᠂ ᠬᠡᠯᠬᠢᠶ᠎ᠡ ᠬᠡᠳᠦ ᠳᠡᠯᠭᠡᠭᠦᠷ ᠵᠢᠴᠢ ᠲᠠᠷᠢᠶᠠᠯᠠᠩ ᠢ ᠲᠤᠰᠠᠯᠠᠬᠤ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠴᠢᠭ᠋ ᠲᠤ ᠲᠦᠰᠢᠵᠦ᠂ ︽ᠬᠠᠮᠤᠷᠬᠤ ᠨᠢ ᠦᠷᠭᠡᠨ᠂ ᠬᠠᠮᠢᠶᠠᠷᠤᠯᠲᠠ ᠨᠢ ᠡᠮᠬᠢ ᠵᠢᠷᠤᠮ ᠲᠠᠢ᠂ ᠯᠠᠪᠯᠠᠯᠭ᠎ᠠ ᠦᠭᠬᠦ ᠨᠢ ᠪᠡᠯᠡᠬᠡᠨ᠂ ᠦᠢᠯᠡᠳᠦᠯ ᠨᠢ ᠤᠳᠠᠭᠠᠨ ᠳᠠᠭᠠᠭᠠᠮᠠᠭᠠᠢ︾ ᠮᠦᠩᠭᠦᠨ ᠭᠦᠢᠯᠭᠡᠭᠡᠨ ᠤ ᠮᠡᠳᠡᠯᠭᠡ ᠤᠬᠠᠭᠤᠯᠬᠤ ᠲᠣᠣᠷ ᠰᠦᠯᠵᠢᠶᠡᠨ ᠤ ᠰᠢᠰᠲ᠋ᠧᠮᠵᠢ ᠶᠢ ᠪᠠᠶᠢᠭᠤᠯᠤᠨ᠎ᠠ᠃ ᠤᠷᠤᠨ ᠨᠤᠲᠤᠭ ᠤᠨ ᠵᠠᠰᠠᠭ ᠤᠨ ᠤᠷᠳᠤᠨ ᠤ ᠰᠠᠯᠠᠭ᠎ᠠ ᠮᠦᠴᠢᠷ ᠲᠠᠢ ᠬᠠᠮᠲᠤᠷᠠᠨ᠂ ᠤᠯᠤᠰ ᠪᠣᠯᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠠᠷᠢᠶᠠᠯᠠᠩ ᠢ ᠲᠤᠰᠠᠯᠠᠬᠤ᠂ ᠲᠠᠷᠢᠶᠠᠴᠢᠳ ᠲᠤ ᠠᠰᠢᠭ ᠬᠦᠷᠲᠡᠭᠡᠬᠦ᠂ ᠲᠠᠷᠢᠶᠠᠴᠢᠳ ᠲᠤ ᠳᠦᠭᠦᠮ ᠦᠵᠡᠭᠦᠯᠬᠦ ᠮᠦᠩᠭᠦᠨ ᠭᠦᠢᠯᠭᠡᠭᠡᠨ ᠤ ᠲᠥᠷᠦ ᠶᠢᠨ ᠪᠣᠳᠤᠯᠭ᠎ᠠ᠂ ᠮᠦᠩᠭᠦᠨ ᠭᠦᠢᠯᠭᠡᠭᠡᠨ ᠤ ᠠᠪᠴᠠᠭᠠᠨ ᠤ ᠡᠷᠬᠡ ᠶᠢ ᠬᠠᠮᠠᠭᠠᠯᠠᠬᠤ᠂ ᠮᠠᠯᠵᠢᠬᠤ ᠲᠠᠷᠢᠶᠠᠯᠠᠬᠤ ᠤᠷᠤᠨ ᠤ ᠢᠲᠡᠭᠡᠮᠵᠢ ᠶᠢᠨ ᠣᠷᠴᠢᠨ ᠠᠬᠤᠢ ᠶᠢ ᠰᠢᠯᠢᠳᠡᠭᠵᠢᠭᠦᠯᠬᠦ ᠪᠠ ᠮᠠᠯᠵᠢᠬᠤ ᠲᠠᠷᠢᠶᠠᠯᠠᠬᠤ ᠤᠷᠤᠨ ᠤ ᠲᠡᠷᠢᠭᠦᠨ ᠤ ᠰᠣᠶᠣᠯ ᠢ ᠪᠠᠶᠢᠭᠤᠯᠬᠤ᠂ ᠮᠠᠯᠵᠢᠬᠤ ᠲᠠᠷᠢᠶᠠᠯᠠᠬᠤ ᠤᠷᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠮᠠᠯᠴᠢᠨ ᠲᠠᠷᠢᠶᠠᠴᠢᠳ ᠤᠨ ᠮᠦᠩᠭᠦᠨ ᠭᠦᠢᠯᠭᠡᠭᠡᠨ ᠢ ᠲᠠᠨᠢᠨ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠮᠠᠯᠴᠢᠨ ᠲᠡᠷᠢᠶᠠᠴᠢᠳ ᠢᠲᠡᠭᠡᠮᠵᠢ ᠤᠨ ᠲᠤᠬᠠᠢ ᠦᠵᠡᠯ ᠤᠬᠠᠮᠰᠠᠷ ᠢ ᠨᠡᠮᠡᠭᠳᠡᠭᠦᠯᠦᠨ᠂ ᠮᠦᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠨ᠎ᠠ᠃      ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠳᠠᠭᠠᠭᠠᠮᠠᠭᠠᠢ ᠠᠳᠬᠤᠵᠤ  ᠮᠦᠩᠭᠦᠨ ᠭᠦᠢᠯᠭᠡᠭᠡᠨ ᠤ ᠺᠠᠳ᠋ᠷ᠂ ᠬᠤᠰᠢᠭᠤ ᠰᠢᠶᠠᠨ ᠤ ᠺᠠᠳ᠋ᠷ ᠤᠨ ᠬᠤᠣᠰ ᠴᠢᠭᠯᠡᠯ ᠢᠶᠠᠷ ᠲᠤᠰᠢᠶᠠᠯ ᠡᠭᠦᠷᠭᠡᠯᠡᠬᠦ ᠶᠢ ᠯᠠᠪᠳᠠᠭᠤᠨ ᠦᠷᠨᠢᠭᠦᠯᠦᠨ᠎ᠡ      ᠦᠪᠡᠷᠲᠡᠭᠡᠨ ᠵᠠᠰᠠᠬᠤ ᠤᠷᠤᠨ ᠤ ︽ᠮᠦᠩᠭᠦᠨ ᠭᠦᠢᠯᠭᠡᠭᠡᠨ ᠤ ᠺᠠᠳ᠋ᠷ ᠢ ᠬᠤᠰᠢᠭᠤ ᠰᠢᠶᠠᠨ ᠳᠤ ᠣᠴᠢᠭᠤᠯᠬᠤ︾ ᠢᠨᠵᠧᠨᠧᠷᠢᠩ ᠤᠨ ᠮᠦᠩᠭᠦᠨ ᠭᠦᠢᠯᠭᠡᠭᠡᠨ ᠤ ᠺᠠᠳ᠋ᠷ ᠬᠤᠰᠢᠭᠤ ᠰᠢᠶᠠᠨ ᠤ ᠳᠡᠳ᠋ ᠳᠠᠷᠤᠭ᠎ᠠ ᠶᠢᠨ ᠲᠤᠰᠢᠶᠠᠯ ᠡᠭᠦᠷᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠰᠢᠭᠤ ᠰᠢᠶᠠᠨ ᠤ ᠮᠦᠩᠭᠦᠨ ᠭᠦᠢᠯᠭᠡᠭᠡᠨ ᠤ ᠡᠬᠢ ᠪᠠᠶᠠᠯᠢᠭ ᠢ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠲᠡᠰᠢ ᠬᠡᠯᠪᠡᠶᠢᠯᠭᠡᠬᠦ ᠶᠢ ᠪᠦᠲᠦᠮᠵᠢᠲᠡᠢ ᠵᠣᠬᠢᠶᠠᠨ ᠪᠠᠶᠢᠭᠤᠯᠵᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠮᠦᠩᠭᠦᠨ ᠭᠦᠢᠯᠭᠡᠭᠡᠨ ᠤ ᠦᠢᠯᠡᠴᠢᠯᠡᠭᠡ ᠶᠢ ᠪᠦᠬᠦ ᠲᠠᠯ᠎ᠠ ᠪᠠᠷ ᠨᠡᠮᠡᠭᠳᠡᠭᠦᠯᠦᠨ᠎ᠡ᠃ ᠡᠨᠡᠬᠦ ᠰᠠᠭᠤᠷᠢᠨ ᠳᠡᠭᠡᠷ᠎ᠡ᠂ ᠬᠤᠰᠢᠭᠤ ᠰᠢᠶᠠᠨ ᠤ ᠺᠳ᠋ᠷᠴᠤᠳ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠳᠤ ᠲᠤᠰᠢᠶᠠᠯ ᠡᠭᠦᠷᠭᠡᠯᠡᠬᠦ ᠠᠵᠢᠯ ᠢ ᠡᠬᠢᠯᠡᠭᠦᠯᠵᠦ᠂ ᠬᠤᠰᠢᠭᠤ ᠰᠢᠶᠠᠨ ᠤ ᠺᠳ᠋ᠷᠴᠤᠳ ᠤᠨ ᠮᠦᠩᠭᠦᠨ ᠭᠦᠢᠯᠭᠡᠭᠡᠨ ᠢ ᠰᠤᠷᠤᠯᠴᠠᠬᠤ᠂ ᠮᠦᠩᠭᠦᠨ ᠭᠦᠢᠯᠭᠡᠭᠡᠨ ᠢ ᠮᠡᠳᠡᠵᠦ ᠠᠪᠬᠤ᠂ ᠮᠦᠩᠭᠦᠨ ᠭᠦᠢᠯᠭᠡᠭᠡᠨ ᠢ ᠬᠡᠷᠡᠭᠯᠡᠬᠦ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠮᠦᠩᠭᠦᠨ ᠭᠦᠢᠯᠭᠡᠭᠡᠨ ᠤ ᠠᠵᠢᠯ ᠢ ᠴᠢᠩᠭᠠᠳᠬᠠᠬᠤ ᠳᠤ ᠨᠢᠭᠡ ᠪᠦᠯᠦᠭ ᠦᠨᠳᠦᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠦᠮᠦᠵᠢᠭᠦᠯᠦᠨ ᠪᠣᠢ ᠪᠣᠯᠭᠠᠵᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠢᠷᠢ ᠬᠡᠮᠵᠢᠶ᠎ᠡ ᠶᠢ ᠥᠨᠡᠨᠬᠦ ᠳᠡᠭᠡᠭᠰᠢᠯᠡᠭᠦᠯᠦᠨ᠎ᠡ᠃       ︽ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ︾ ᠠᠵᠤ ᠦᠢᠯᠡᠰ ᠤᠨ ᠰᠠᠭᠤᠷᠢ ᠮᠦᠩᠭᠦ ᠶᠢᠨ ᠪᠡᠯᠡ ᠲᠣᠬᠢᠷᠠᠭᠤᠯᠬᠤ ᠵᠠᠭᠪᠤᠷ ᠢ ᠳᠡᠯᠭᠡᠷᠡᠭᠦᠯᠦᠨ᠎ᠡ       ︽ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ︾ ᠠᠵᠤ ᠦᠢᠯᠡᠰ ᠤᠨ ᠰᠠᠭᠤᠷᠢ ᠮᠦᠩᠭᠦ ᠨᠢ ᠠᠶᠢᠮᠠᠭ ᠬᠤᠲᠠ ᠶᠢᠨ ᠵᠠᠰᠠᠭ ᠤᠨ ᠤᠷᠳᠤᠨ ᠬᠦᠲᠦᠯᠦᠨ ᠵᠢᠯᠤᠭᠤᠳᠬᠤ ᠮᠦᠩᠭᠦ ᠪᠠᠶᠢᠭᠤᠯᠬᠤ᠂ ᠠᠷᠠᠳ ᠤᠨ ᠳᠤᠮᠳᠠᠬᠢ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠣᠷᠤᠭᠤᠯᠤᠯᠲᠠ ᠶᠢ ᠲᠠᠲᠠᠵᠤ ᠠᠵᠤ ᠦᠢᠯᠡᠰ ᠤᠨ ᠰᠠᠭᠤᠷᠢ ᠮᠦᠩᠭᠦ ᠶᠢ ᠬᠠᠮᠲᠤᠪᠡᠷ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠣᠬᠤᠷ ᠬᠤᠭᠤᠴᠠᠭᠠᠨ ᠤ ᠪᠡᠯᠡ ᠮᠦᠩᠭᠦ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠨᠦᠭᠦᠴᠡᠯ ᠪᠦᠬᠦᠢ ᠠᠶᠢᠮᠠᠭ ᠬᠤᠲᠠ ᠪᠠ ᠬᠤᠰᠢᠭᠤ ᠰᠢᠶᠠᠨ ᠨᠦᠭᠦᠳ ᠡᠨᠡᠬᠦ ᠵᠠᠭᠪᠤᠷ ᠢ ᠢᠳᠡᠪᠬᠢᠲᠡᠢ ᠪᠠᠷ ᠲᠣᠯᠢ ᠪᠣᠯᠭᠠᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠦᠷᠭᠡᠵᠢᠭᠦᠯᠵᠦ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠤᠷᠤᠭᠰᠢᠲᠠᠢ ᠬᠡᠷᠡᠭᠵᠢᠭᠦᠯᠬᠦ ᠳᠤ ᠬᠦᠴᠦᠨ ᠲᠡᠭᠦᠯᠳᠡᠷ ᠪᠡᠯᠡ ᠮᠦᠩᠭᠦ ᠶᠢᠨ ᠳᠡᠮᠵᠢᠯᠭᠡ ᠪᠠ ᠪᠠᠲᠤᠯᠠᠭ᠎ᠠ ᠶᠢ ᠬᠠᠩᠭᠠᠬᠤ ᠬᠡᠷᠡᠭᠲᠡᠢ᠃      ︽ᠠᠷᠪᠠ ᠪᠠᠷ ᠪᠦᠬᠦᠨ ᠢ ᠬᠠᠮᠤᠷᠬᠤ︾᠎ ᠶᠢ ᠮᠦᠩᠭᠦᠨ ᠭᠦᠢᠯᠭᠡᠭᠡᠨ ᠢᠶᠠᠷ ᠳᠡᠮᠵᠢᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠬᠤ ᠶᠢ ᠴᠢᠩᠭᠠᠳᠬᠠᠨ᠎ᠠ      ᠦᠪᠡᠷᠲᠡᠭᠡᠨ ᠵᠠᠰᠠᠬᠤ ᠤᠷᠤᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠠᠷᠠᠳ ᠤᠨ ᠪᠠᠩᠬᠢ ᠎ ᠶᠢᠨ ᠬᠦᠬᠡᠬᠤᠲᠠ ᠶᠢᠨ ᠭᠤᠣᠯ ᠰᠠᠯᠪᠤᠷᠢ ᠪᠠᠩᠬᠢ᠂ ᠦᠪᠦᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠡᠯ᠎ᠡ ᠬᠤᠯᠪᠤᠭᠳᠠᠯ ᠪᠦᠬᠦᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠳᠡᠮᠵᠢᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠰᠢᠯᠭᠠᠨ ᠬᠢᠨᠠᠭᠰᠠᠨ ᠪᠠᠶᠢᠳᠠᠯ ᠢ ᠵᠢᠯ ᠤᠨ ᠡᠴᠦᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠲᠦᠷᠦᠯ ᠤᠨ ᠱᠠᠩᠨᠠᠵᠤ ᠦᠨᠡᠯᠡᠬᠦ ᠭᠦᠢᠴᠡᠳᠭᠡᠬᠦ ᠲᠤᠭ᠎ᠠ ᠶᠢᠨ ᠰᠢᠰᠲ᠋ᠧᠮ ᠳᠤ ᠵᠢᠭᠰᠠᠭᠠᠨ ᠣᠷᠤᠭᠤᠯᠬᠤ ᠬᠡᠷᠡᠭᠲᠡᠢ᠃      ᠬᠤᠯᠪᠤᠭᠳᠠᠯ ᠪᠦᠬᠦᠢ ᠰᠠᠯᠠᠭ᠎ᠠ ᠮᠦᠴᠢᠷ ᠬᠢᠭᠡᠳ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ      ᠰᠠᠯᠠᠭ᠎ᠠ ᠮᠦᠴᠢᠷ ᠤᠨ ᠬᠤᠭᠤᠷᠤᠨᠳᠤ᠂ ᠰᠠᠯᠠᠭ᠎ᠠ ᠮᠦᠴᠢᠷ ᠬᠢᠭᠡᠳ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠭᠤᠷᠤᠨᠳᠤ ᠶᠢᠨ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠠᠷ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠳᠡᠮᠵᠢᠭᠦᠯᠬᠦ ᠪᠦᠲᠦᠮᠵᠢᠲᠡᠢ ᠠᠷᠭ᠎ᠠ ᠮᠠᠶ᠋ᠢᠭ ᠪᠠ ᠵᠠᠮ ᠮᠦᠷ ᠢ ᠰᠣᠳᠤᠯᠤᠨ ᠰᠢᠨᠵᠢᠯᠡᠵᠦ᠂ ᠮᠦᠩᠭᠦᠨ ᠭᠦᠢᠯᠭᠡᠭᠡᠨ ᠤ ᠨᠡᠷᠡᠳᠭᠦᠨ ᠤ ᠰᠢᠨ᠎ᠡ ᠶᠢ ᠡᠭᠦᠳᠴᠦ᠂ ᠪᠣᠳᠠᠲᠠᠢ ᠠᠰᠠᠭᠤᠳᠠᠯ ᠢ ᠰᠢᠢᠳᠪᠦᠷᠢᠯᠡᠨ᠂ ᠰᠡᠳᠭᠢᠮᠵᠢ ᠶᠢᠨ ᠰᠠᠨᠠᠭᠤᠯᠭ᠎ᠠ ᠳᠤᠷᠠᠳᠴᠤ᠂ ᠠᠵᠢᠯ ᠤᠨ ᠬᠤᠪᠢᠶᠠᠷᠢᠯᠠᠯ ᠤᠨ ᠬᠠᠷᠢᠭᠤᠴᠠᠯᠭ᠎ᠠ ᠶᠢ ᠲᠣᠳᠤᠷᠬᠠᠶᠢᠯᠠᠨ᠂ ᠪᠦᠲᠦᠮᠵᠢᠲᠡᠢ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map