︽ᠦᠪᠦᠷ ᠮᠣᠩᠭᠤᠯ ᠤᠨ ᠡᠷᠡᠭᠦᠦ ᠶᠢᠨ ᠵᠠᠷᠭᠤ ᠳᠠᠬᠢ ᠬᠠᠤᠯᠢᠴᠢ ᠶᠢᠨ ᠠᠵᠢᠯ ᠡᠷᠬᠢᠯᠡᠬᠦ ᠡᠷᠬᠡ ᠶᠢ ᠬᠠᠤᠯᠢ ᠶᠣᠰᠤᠭᠠᠷ ᠭᠦᠢᠴᠡᠳ ᠪᠠᠳᠤᠯᠠᠬᠤ ᠲᠤᠭᠲᠠᠭᠠᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2015/10/29
     ᠥᠢᠷ᠎ᠠ ᠶᠢᠨ ᠡᠳᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠲᠣᠲᠤᠭᠠᠳᠣ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠬᠤᠯᠪᠤᠭᠠᠯᠠᠵᠤ ︽ᠡᠷᠡᠭᠦᠦ ᠶᠢᠨ ᠵᠠᠷᠭᠤ ᠳᠠᠬᠢ ᠬᠠᠤᠯᠢᠴᠢ ᠶᠢᠨ ᠠᠵᠢᠯ ᠡᠷᠬᠢᠯᠡᠬᠦ ᠡᠷᠬᠡ ᠶᠢ ᠬᠠᠤᠯᠢ ᠶᠤᠰᠤᠭᠠᠷ ᠭᠦᠢᠴᠡᠳ ᠪᠠᠳᠤᠯᠠᠬᠤ ᠲᠤᠬᠠᠢ ᠲᠤᠭᠲᠠᠭᠠᠯ︾ ︵ᠳᠤᠷᠤᠭᠰᠢ ᠪᠠᠨ ︽ᠲᠤᠭᠲᠠᠭᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ︽ᠲᠣᠭᠲᠠᠭᠠᠯ︾᠎ ᠨᠢ ᠨᠠᠶᠢᠳᠠᠬᠤ᠂ ᠠᠭᠤᠯᠵᠠᠬᠤ ᠪᠠ ᠴᠢᠮᠡᠭᠡ ᠨᠡᠪᠲᠡᠷᠡᠬᠦ᠂ ᠡᠪᠬᠡᠮᠡᠯ ᠦᠵᠡᠬᠦ᠂ ᠪᠠᠶᠢᠴᠠᠭᠠᠵᠤ ᠭᠡᠷᠡᠴᠢ ᠣᠯᠬᠤ᠂ ᠦᠮᠦᠭᠯᠡᠬᠦ ᠠᠵᠢᠯᠯᠠᠭ᠎ᠠ᠂ ᠭᠤᠮᠤᠳᠠᠯ ᠵᠠᠭᠠᠯᠳᠤᠯᠭ᠎ᠠ ᠬᠢᠭᠡᠳ ᠬᠠᠤᠯᠢ ᠴᠠᠭᠠᠵᠠ ᠶᠢᠨ ᠬᠠᠷᠢᠴᠠᠭᠤᠯᠭ᠎ᠠ ᠵᠡᠷᠭᠡ ᠲᠠᠯ᠎ᠠ ᠪᠠᠷ ᠬᠠᠤᠯᠢᠴᠢ ᠶᠢᠨ ᠠᠵᠢᠯ ᠡᠷᠬᠢᠯᠡᠬᠦ ᠡᠷᠬᠡ ᠶᠢ ᠤᠯᠠᠮ ᠨᠢᠭᠡ ᠠᠯᠬᠤᠮ ᠪᠠᠳᠤᠯᠠᠬᠤ ᠲᠤᠭᠲᠠᠭᠠᠯ ᠭᠠᠷᠭᠠᠪᠠ᠃        ︽ᠲᠤᠭᠲᠠᠭᠠᠯ︾᠎ ᠳᠤ᠂ ᠬᠡᠷᠡᠭ ᠰᠢᠳᠭᠡᠬᠦ ᠪᠠᠶᠢᠭᠤᠯᠭ᠎ᠠ ᠨᠢ ᠬᠠᠤᠯᠢᠴᠢ ᠶᠢᠨ ᠬᠠᠤᠯᠢ ᠶᠣᠰᠤᠭᠠᠷ ᠦᠮᠦᠭᠯᠡᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠳᠤᠯᠠᠬᠤ ᠶᠣᠰᠤᠲᠠᠢ᠂ ᠥᠮᠥᠭᠯᠡᠬᠦ ᠬᠠᠤᠯᠢᠴᠢ ᠶᠢᠨ ᠬᠠᠤᠯᠢ ᠶᠣᠰᠤᠭᠠᠷ ᠡᠳ᠋ᠯᠡᠬᠦ ᠪᠠᠶᠢᠳᠠᠯ ᠮᠡᠳᠡᠬᠦ ᠡᠷᠬᠡ᠂ ᠠᠭᠤᠯᠵᠠᠬᠤ ᠡᠷᠬᠡ᠂ ᠡᠪᠬᠡᠮᠡᠯ ᠦᠵᠡᠬᠦ ᠡᠷᠬᠡ᠂ ᠰᠤᠳᠤᠯᠤᠨ ᠪᠠᠶᠢᠴᠠᠭᠠᠬᠤ ᠡᠷᠬᠡ ᠪᠤᠯᠤᠨ ᠦᠭᠡ ᠬᠡᠯᠡᠬᠦ ᠡᠷᠬᠡ᠂ ᠰᠠᠨᠠᠯ ᠰᠠᠨᠠᠭᠤᠯᠭ᠎ᠠ ᠳᠤᠷᠠᠳᠬᠤ ᠡᠷᠬᠡ᠂ ᠰᠠᠭᠠᠳ ᠤᠴᠠᠷᠠᠭᠤᠯᠬᠤ ᠪᠤᠶᠤ ᠬᠢᠵᠠᠭᠠᠷᠯᠠᠵᠤ ᠪᠤᠯᠠᠬᠤ ᠦᠭᠡᠢ᠃ ᠠᠷᠠᠳ ᠤᠨ ᠪᠠᠶᠢᠴᠠᠭᠠᠬᠤ ᠬᠤᠷᠢᠶ᠎ᠠ ᠬᠡᠷᠡᠭ ᠰᠢᠳᠭᠡᠬᠦ ᠪᠠᠶᠢᠭᠤᠯᠭ᠎ᠠ ᠶᠢᠨ ᠨᠠᠶᠢᠳᠠᠪᠤᠷᠢᠵᠢᠭᠤᠯᠤᠯᠲᠠ ᠪᠣᠯᠣᠨ ᠬᠠᠤᠯᠢᠴᠢ ᠶᠢᠨ ᠡᠷᠬᠡ ᠶᠢ ᠪᠠᠳᠤᠯᠠᠵᠤ ᠪᠠᠶᠢᠭ᠎ᠠ ᠪᠠᠶᠢᠳᠠᠯ ᠳᠤ ᠬᠠᠤᠯᠢ ᠶᠣᠰᠤᠭᠠᠷ ᠬᠢᠨᠠᠯᠲᠠ ᠲᠠᠯᠪᠢᠵᠤ᠂ ᠬᠠᠤᠯᠢᠴᠢ ᠶᠢᠨ ᠬᠠᠤᠯᠢ ᠶᠣᠰᠤᠨ ᠤ ᠡᠷᠬᠡ ᠳᠤ ᠬᠠᠯᠳᠠᠬᠤ ᠶᠢ ᠰᠡᠷᠭᠡᠶᠢᠯᠡᠵᠦ᠂ ᠬᠡᠷᠡᠭ ᠰᠢᠳᠭᠡᠬᠦ ᠪᠠᠶᠢᠭᠤᠯᠭ᠎ᠠ ᠶᠢᠨ ᠬᠠᠤᠯᠢᠴᠢ ᠶᠢᠨ ᠳᠤᠰᠢᠶᠠᠯ ᠢᠶᠠᠨ ᠭᠦᠢᠴᠡᠳᠭᠡᠬᠦ ᠳᠤ ᠰᠠᠭᠠᠳ ᠤᠴᠠᠷᠠᠭᠤᠯᠤᠭᠰᠠᠨ ᠪᠣᠶᠤ ᠬᠢᠵᠠᠭᠠᠷᠯᠠᠭᠰᠠᠨ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠵᠠᠯᠠᠷᠠᠭᠤᠯᠤᠨ᠎ᠠ᠃ ᠡᠨᠡ ᠪᠣᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠲᠡ ᠪᠤᠯᠤᠨ ᠲᠥᠷᠪᠡᠳᠦᠭᠡᠷ ᠪᠦᠭᠦᠲᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ᠂ ᠬᠠᠤᠯᠢᠴᠢ ᠶᠢᠨ ᠲᠥᠷᠢᠮ ᠤᠨ ᠦᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ ᠬᠠᠤᠯᠢᠴᠢ ᠶᠢᠨ ᠠᠵᠢᠯ ᠡᠷᠬᠢᠯᠡᠬᠦ ᠡᠷᠬᠡ ᠶᠢ ᠪᠠᠳᠤᠯᠠᠬᠤ ᠲᠤᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠬᠤᠷ᠂ ᠬᠠᠤᠯᠢᠴᠢ ᠶᠢᠨ ᠡᠷᠡᠭᠦᠦ ᠶᠢᠨ ᠵᠠᠷᠭᠤ ᠳᠤ ᠬᠠᠤᠯᠢ ᠶᠤᠰᠤᠭᠠᠷ ᠡᠳ᠋ᠯᠡᠬᠦ ᠡᠷᠬᠡ ᠶᠢ ᠪᠠᠲᠤᠯᠠᠬᠤ᠂ ᠥᠮᠦᠭᠯᠡᠬᠦ ᠬᠠᠤᠯᠢᠴᠢ ᠶᠢᠨ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠳᠦᠷᠢᠮᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠥᠮᠦᠭᠯᠡᠬᠦ ᠬᠠᠤᠯᠢᠴᠢ ᠠᠭᠤᠯᠵᠠᠬᠤ ᠳᠤᠷᠠᠳᠤᠯᠭ᠎ᠠ ᠭᠠᠷᠭᠠᠪᠠᠯ ᠲᠡᠷᠡ ᠳᠤᠤᠷ᠎ᠠ ᠨᠢ ᠲᠤᠬᠢᠷᠠᠭᠤᠯᠵᠣ ᠥᠭᠪᠡᠯ ᠵᠣᠬᠢᠨ᠎ᠠ      ︽ᠲᠤᠭᠲᠠᠭᠠᠯ︾᠎ ᠳᠤ᠂ ᠬᠡᠷᠡᠭ ᠰᠢᠳᠭᠡᠬᠦ ᠪᠠᠶᠢᠭᠤᠯᠭ᠎ᠠ ᠨᠢ ᠥᠪᠡᠷ ᠤᠨ ᠰᠢᠳᠭᠡᠬᠦ ᠬᠡᠷᠡᠭ ᠢᠶᠠᠨ ᠬᠡᠷᠡᠭ ᠪᠤᠯᠠᠭᠠᠨ ᠳᠠᠩᠰᠠᠯᠠᠬᠤ ᠳᠠᠭᠠᠨ ᠤᠯᠤᠰ ᠤᠨ ᠠᠮᠤᠷ ᠲᠦᠪᠰᠢᠨ ᠳᠤ ᠬᠤᠤᠷ ᠬᠦᠨᠦᠭᠡᠯ ᠣᠴᠠᠷᠠᠭᠤᠯᠤᠭᠰᠠᠨ ᠶᠠᠯᠠᠳᠤ ᠬᠡᠷᠡᠭ᠂ ᠰᠦᠷᠳᠡᠭᠦᠯᠦᠯ ᠤᠨ ᠠᠵᠢᠯᠯᠠᠭ᠎ᠠ ᠶᠢᠨ ᠶᠠᠯᠠᠳᠤ ᠬᠡᠷᠡᠭ᠂ ᠣᠨᠴᠠ ᠬᠦᠨᠳᠦ ᠶᠡᠭᠡ ᠬᠡᠭᠡᠯᠢ ᠬᠠᠭ᠋ᠤᠤᠯᠢ ᠶᠢᠨ ᠶᠠᠯᠠᠲᠤ ᠬᠡᠷᠡᠭ ᠤᠨ ᠬᠦᠷᠢᠶ᠎ᠡ ᠬᠡᠪᠴᠢᠶᠡᠨ ᠳᠤ ᠪᠠᠭᠲᠠᠬᠤ ᠡᠰᠡᠬᠦ ᠶᠢ ᠬᠠᠤᠯᠢ ᠶᠣᠰᠤᠭᠠᠷ ᠴᠢᠩᠭ᠎ᠠ ᠨᠢᠮᠪᠠᠢ ᠲᠣᠳᠣᠯᠠᠬᠤ ᠶᠣᠰᠤᠲᠠᠢ᠂ ᠳᠤᠷ᠎ᠠ ᠪᠠᠷ ᠢᠶᠠᠨ ᠦᠷᠭᠡᠳᠭᠡᠨ ᠲᠠᠶᠢᠯᠪᠦᠷᠢᠯᠠᠵᠦ ᠪᠣᠯᠬᠤ ᠦᠭᠡᠢ᠃ ᠬᠡᠷᠡᠭ ᠰᠢᠳᠭᠡᠬᠦ ᠪᠠᠶᠢᠭᠤᠯᠭ᠎ᠠ ᠬᠡᠷᠡᠭ ᠪᠤᠯᠭᠠᠨ ᠳᠠᠩᠰᠠᠯᠠᠬᠤ ᠦᠶ᠎ᠡ ᠳᠤ᠂ ᠦᠪᠡᠷ ᠤᠨ ᠰᠢᠳᠭᠡᠵᠦ ᠪᠠᠶᠢᠭ᠎ᠠ ᠬᠡᠷᠡᠭ ᠨᠢ ᠳᠡᠭᠡᠷ᠎ᠡ ᠳᠤᠷᠠᠳᠤᠭᠰᠠᠨ ᠭᠤᠷᠪᠠᠨ ᠳᠦᠷᠦᠯ ᠤᠨ ᠬᠡᠷᠡᠭ ᠲᠤ ᠪᠠᠭᠲᠠᠬᠤ ᠦᠭᠡᠢ ᠪᠣᠯᠪᠠᠴᠤ ᠬᠡᠷᠡᠭ ᠰᠢᠳᠭᠡᠬᠦ ᠠᠬᠢᠴᠠ ᠶᠢ ᠦᠨᠳᠦᠰᠦᠯᠡᠪᠡᠯ᠂ ᠰᠢᠳᠭᠡᠵᠦ ᠪᠠᠶᠢᠭ᠎ᠠ ᠬᠡᠷᠡᠭ ᠤᠨ ᠰᠢᠨᠵᠢ ᠴᠢᠨᠠᠷ ᠪᠤᠯᠤᠨ ᠶᠠᠯ᠎ᠠ ᠶᠢᠨ ᠨᠡᠷ᠎ᠡ ᠨᠢ ᠳᠡᠭᠡᠷ᠎ᠡ ᠳᠤᠷᠠᠳᠤᠭᠰᠠᠨ ᠭᠤᠷᠪᠠᠨ ᠲᠦᠷᠦᠯ ᠤᠨ ᠬᠡᠷᠡᠭ ᠲᠤ ᠪᠠᠭᠲᠠᠬᠤ ᠦᠭᠡᠢ ᠮᠦᠷᠲᠡᠭᠡᠨ ᠨᠢᠭᠡᠨᠲᠡ ᠭᠡᠷᠡᠴᠢ ᠪᠠᠷᠢᠮᠲᠠ ᠪᠠᠷ ᠨᠤᠳ᠋ᠯᠠᠭᠰᠠᠨ ᠭᠡᠵᠦ ᠦᠵᠡᠪᠡᠯ᠂ ᠭᠤᠷᠪᠠᠨ ᠡᠳᠦᠷ ᠤᠨ ᠳᠣᠲᠣᠷ᠎ᠠ ᠬᠤᠷᠢᠭᠤᠯ ᠤᠨ ᠭᠠᠵᠠᠷ ᠲᠤ ᠮᠡᠳᠡᠭᠳᠡᠬᠦ ᠶᠢᠨ ᠬᠠᠮᠳᠤ ᠥᠮᠦᠭᠯᠡᠬᠦ ᠬᠠᠤᠯᠢᠴᠢ ᠳᠤ ᠬᠡᠯᠡᠵᠦ ᠥᠭᠬᠦ ᠶᠣᠰᠤᠲᠠᠢ᠃ ᠥᠮᠥᠭᠯᠡᠬᠦ ᠬᠠᠤᠯᠢᠴᠢ ᠬᠤᠷᠢᠵᠤ ᠪᠠᠶᠢᠭ᠎ᠠ ᠶᠡᠯ᠎ᠠ ᠬᠢᠭᠰᠡᠨ ᠰᠡᠵᠢᠭᠲᠡᠨ᠂ ᠵᠠᠭᠠᠯᠳᠤᠭᠳᠠᠭᠴᠢ ᠲᠠᠢ ᠠᠭᠤᠯᠵᠠᠬᠤ ᠳᠤ᠂ ᠬᠤᠷᠢᠭᠤᠯ ᠤᠨ ᠭᠠᠵᠠᠷ ᠬᠠᠤᠯᠢᠴᠢ ᠶᠢᠨ ᠠᠵᠢᠯ ᠡᠷᠬᠢᠯᠡᠬᠦ ᠥᠨᠡᠮᠯᠡᠯ᠂ ᠬᠠᠤᠯᠢᠴᠢ ᠶᠢᠨ ᠶᠠᠪᠤᠳᠠᠯ ᠤᠨ ᠭᠠᠵᠠᠷ ᠤᠨ ᠭᠡᠷᠡᠴᠢ ᠪᠢᠴᠢᠭ ᠪᠤᠯᠤᠨ ᠨᠠᠶᠢᠳᠠᠯᠭ᠎ᠠ ᠶᠢᠨ ᠪᠢᠴᠢᠭ ᠪᠤᠶᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠯᠪᠠᠨ ᠪᠢᠴᠢᠭ ᠢ ᠪᠠᠶᠢᠴᠠᠭᠠᠨ ᠰᠢᠯᠭᠠᠭᠰᠠᠨ ᠤ ᠳᠠᠷᠠᠭ᠎ᠠ᠂ ᠲᠡᠷᠡ ᠳᠠᠷᠤᠢ ᠳᠤᠨᠢ ᠠᠭᠤᠯᠵᠠᠭᠤᠯᠬᠠᠤ ᠶᠣᠰᠤᠲᠠᠢ᠃ ᠬᠡᠷᠡᠭ ᠰᠢᠳᠭᠡᠭᠴᠢ ᠶᠠᠭ ᠪᠠᠶᠢᠴᠠᠭᠠᠨ ᠠᠰᠠᠭᠤᠵᠤ ᠪᠠᠶᠢᠬᠤ ᠵᠡᠷᠭᠡ ᠤᠨᠴᠠᠭᠠᠢ ᠪᠠᠶᠢᠳᠠᠯ ᠠᠴᠠ ᠪᠤᠯᠵᠤ ᠲᠡᠷᠡ ᠳᠠᠷᠤᠢ ᠳᠤᠨᠢ ᠠᠭᠤᠯᠵᠠᠭᠤᠯᠵᠤ ᠳᠡᠶᠢᠯᠡᠬᠦ ᠦᠭᠡᠢ ᠪᠠᠶᠢᠪᠠᠯ᠂ ᠬᠤᠷᠢᠭᠤᠯ ᠤᠨ ᠭᠠᠵᠠᠷ ᠤᠨ ᠬᠢᠨ ᠥᠮᠥᠭᠯᠡᠬᠦ ᠬᠠᠤᠯᠢᠴᠢ ᠳᠤ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠳᠤ ᠥᠮᠥᠭᠯᠡᠬᠦ ᠬᠠᠤᠯᠢᠴᠢ ᠳᠥᠴᠢᠨ ᠨᠠᠢᠮᠠᠨ ᠴᠠᠭ ᠤᠨ ᠳᠤᠲᠤᠷ᠎ᠠ ᠶᠠᠯ᠎ᠠ ᠬᠢᠭᠰᠡᠨ ᠰᠡᠵᠢᠭᠲᠡᠨ᠂ ᠵᠠᠭᠠᠯᠳᠤᠭᠳᠠᠭᠴᠢ ᠲᠠᠢ ᠣᠯᠵᠤ ᠠᠭᠤᠯᠵᠠᠬᠤ ᠶᠢ ᠪᠠᠳᠤᠯᠠᠬᠤ ᠶᠣᠰᠤᠲᠠᠢ᠃      ᠬᠡᠷᠡᠭ ᠤᠨ ᠡᠪᠬᠡᠮᠡᠯ ᠢ ᠰᠡᠭᠦᠳᠡᠷᠯᠡᠵᠦ ᠳᠠᠷᠤᠮᠠᠯᠯᠠᠨ ᠪᠠᠭᠤᠯᠭᠠᠵᠤ ᠪᠤᠯᠤᠨ᠎ᠠ᠂ ᠡᠪᠬᠡᠮᠡᠯ ᠢ ᠣᠯᠠᠨᠲᠠ ᠦᠵᠡᠵᠦ ᠪᠣᠯᠣᠨ᠎ᠠ      ᠥᠮᠥᠭᠯᠡᠬᠦ ᠬᠠᠤᠯᠢᠴᠢ ᠠᠷᠠᠳ‌‍ᠤᠨ ᠪᠠᠶᠢᠴᠠᠭᠠᠬᠤ ᠬᠤᠷᠢᠶ᠎ᠠ ᠬᠡᠷᠡᠭ ᠢ ᠬᠢᠨᠠᠨ ᠪᠠᠶᠢᠴᠠᠭᠠᠵᠤ ᠵᠠᠭᠠᠯᠳᠤᠭᠰᠠᠨ ᠲᠡᠷᠡ ᠡᠳᠦᠷ ᠠᠴᠠ ᠡᠬᠢᠯᠡᠨ᠂ ᠲᠣᠰ ᠬᠡᠷᠡᠭ ᠤᠨ ᠡᠪᠬᠡᠮᠡᠯ ᠮᠠᠲ᠋ᠧᠷᠢᠶᠠᠯ ᠢ ᠪᠠᠶᠢᠴᠠᠭᠠᠨ ᠦᠵᠡᠵᠦ᠂ ᠲᠣᠪᠴᠢᠯᠠᠨ ᠬᠠᠭᠤᠯᠵᠤ᠂ ᠪᠠᠭᠤᠯᠭᠠᠵᠤ ᠪᠣᠯᠣᠨ᠎ᠠ᠂ ᠪᠠᠭᠤᠯᠭᠠᠨ ᠳᠠᠷᠤᠮᠠᠯᠯᠠᠬᠤ᠂ ᠰᠡᠭᠦᠳᠡᠷᠯᠡᠬᠦ᠂ ᠰᠢᠷᠪᠡᠬᠦ ᠵᠡᠷᠭᠡ ᠠᠷᠭ᠎ᠠ ᠮᠠᠶ᠋ᠢᠭ ᠢᠶᠠᠷ ᠪᠠᠭᠤᠯᠭᠠᠨ ᠠᠪᠴᠤ ᠪᠣᠯᠣᠨ᠎ᠠ᠃ ᠬᠠᠤᠯᠢᠴᠢ ᠠᠵᠢᠯ ᠤᠨ ᠬᠡᠷᠡᠭᠴᠡᠭᠡ ᠪᠠᠨ ᠦᠵᠡᠵᠦ ᠪᠠᠶᠢᠭᠠᠳ᠂ ᠠᠵᠢᠯᠯᠠᠬᠤ ᠴᠠᠭ ᠤᠨ ᠳᠣᠲᠣᠷ᠎ᠠ ᠡᠪᠬᠡᠮᠡᠯ ᠦᠵᠡᠬᠦ ᠤᠳᠠᠭ᠎ᠠ ᠪᠤᠯᠤᠨ ᠴᠠᠭ ᠢᠶᠠᠨ ᠰᠣᠩᠭᠤᠵᠤ ᠪᠤᠯᠤᠨ᠎ᠠ᠃ ᠥᠮᠥᠭᠯᠡᠬᠦ ᠬᠠᠤᠯᠢᠴᠢ ᠬᠠᠤᠯᠢ ᠴᠠᠭᠠᠵᠠ ᠶᠢᠨ ᠲᠣᠭᠲᠠᠭᠠᠯ ᠶᠤᠰᠤᠭᠠᠷ ᠬᠡᠷᠡᠭ ᠲᠠᠢ ᠬᠤᠯᠪᠤᠭᠳᠠᠬᠤ ᠬᠠᠮᠢᠶ᠎ᠠ ᠪᠥᠬᠦᠢ ᠭᠡᠷᠡᠴᠢ ᠮᠠᠲ᠋ᠧᠷᠢᠶᠠᠯ ᠢ ᠴᠤᠭᠯᠠᠭᠤᠯᠵᠤ ᠪᠤᠯᠤᠨ᠎ᠠ᠃       ᠬᠡᠷᠡᠭ ᠰᠢᠳᠭᠡᠬᠦ ᠶᠠᠪᠤᠴᠠ ᠳᠤᠮᠳᠠ ᠥᠮᠥᠭᠯᠡᠬᠦ ᠬᠠᠤᠯᠢᠴᠢ ᠶᠢᠨ ᠰᠠᠨᠠᠯ ᠢ ᠰᠣᠨᠣᠰᠬᠤ ᠶᠤᠰᠤᠲᠠᠢ       ᠲᠤᠷᠰᠢᠨ ᠪᠠᠶᠢᠴᠠᠭᠠᠬᠤ ᠪᠠᠶᠢᠭᠤᠯᠤᠯᠭ᠎ᠠ ᠬᠡᠷᠡᠭ ᠢ ᠲᠤᠷᠰᠢᠨ ᠪᠠᠶᠢᠴᠠᠭᠠᠵᠤ ᠳᠠᠭᠤᠰᠬᠠᠬᠤ ᠶᠢᠨ ᠡᠮᠦᠨ᠎ᠡ᠂ ᠠᠷᠠᠳ ᠤᠨ ᠪᠠᠶᠢᠴᠠᠭᠠᠬᠤ ᠬᠤᠷᠢᠶ᠎ᠠ ᠪᠠᠷᠢᠪᠴᠢᠯᠠᠬᠤ ᠪᠠᠷ ᠬᠢᠨᠠᠨ ᠵᠥᠪᠰᠢᠶᠡᠷᠡᠬᠦ᠂ ᠲᠣᠭᠲᠠᠭᠠᠬᠤ ᠦᠶ᠎ᠡ ᠳᠤ᠂ ᠠᠷᠠᠳ ᠤᠨ ᠰᠢᠭᠦᠬᠦ ᠬᠤᠷᠢᠶ᠎ᠠ ᠪᠠᠷᠢᠪᠴᠢᠯᠠᠬᠤ ᠪᠠᠷ ᠲᠣᠭᠲᠠᠭᠠᠬᠤ ᠦᠶ᠎ᠡ ᠳᠤ᠂ ᠥᠮᠥᠭᠯᠡᠬᠦ ᠬᠠᠤᠯᠢᠴᠢ ᠱᠠᠭᠠᠷᠳᠠᠯᠭ᠎ᠠ ᠳᠤᠷᠠᠳᠤᠭᠰᠠᠨ ᠪᠠᠶᠢᠪᠠᠯ᠂ ᠥᠮᠥᠭᠯᠡᠬᠦ ᠬᠠᠤᠯᠢᠴᠢ ᠶᠢᠨ ᠰᠠᠨᠠᠯ ᠢ ᠰᠣᠨᠣᠰᠬᠤ ᠶᠣᠰᠣᠲᠠᠢ᠃ ᠠᠷᠠᠳ ᠤᠨ ᠪᠠᠶᠢᠴᠠᠭᠠᠬᠤ ᠬᠤᠷᠢᠶ᠎ᠠ ᠶᠢ ᠬᠢᠨᠠᠨ ᠵᠠᠭᠠᠯᠳᠤᠬᠤ᠂ ᠠᠷᠠᠳ ᠤᠨ ᠰᠢᠭᠦᠬᠦ ᠬᠤᠷᠢᠶ᠎ᠠ ᠰᠢᠭᠦᠨ ᠰᠢᠢᠳᠪᠦᠷᠢᠯᠡᠬᠦ ᠬᠤᠭᠤᠴᠠᠭᠠᠨ ᠳᠤ ᠪᠠᠨ ᠥᠮᠥᠭᠯᠡᠬᠦ ᠬᠠᠤᠯᠢᠴᠢ ᠶᠢᠨ ᠰᠠᠨᠠᠯ ᠢ ᠭᠦᠢᠴᠡᠳ ᠰᠣᠨᠣᠰᠬᠤ ᠶᠣᠰᠣᠲᠠᠢ᠃      ᠲᠢᠩᠬᠢᠮ ᠤᠨ ᠰᠢᠭᠦᠯᠲᠡ ᠳᠤ ᠣᠷᠣᠯᠴᠠᠬᠤ ᠦᠶ᠎ᠡ ᠳᠤ ᠰᠢᠭᠦᠬᠦ ᠬᠤᠷᠢᠶ᠎ᠠ ᠬᠠᠤᠯᠢᠴᠢ ᠳᠤ ᠠᠶᠤᠯ ᠦᠭᠡᠢ ᠶᠢᠨ ᠪᠠᠶᠢᠴᠠᠭᠠᠯᠲᠠ ᠬᠢᠬᠦ ᠦᠭᠡᠢ      ᠥᠮᠥᠭᠯᠡᠬᠦ ᠬᠠᠤᠯᠢᠴᠢ ᠰᠢᠭᠦᠯᠲᠡ ᠡᠬᠢᠯᠡᠬᠦ ᠮᠡᠳᠡᠭᠳᠡᠯ ᠢ ᠦᠨᠳᠦᠰᠦᠯᠡᠨ ᠬᠠᠤᠯᠢᠴᠢ ᠶᠢᠨ ᠠᠵᠢᠯ ᠡᠷᠬᠢᠯᠡᠬᠦ ᠦᠨᠡᠮᠯᠡᠯ ᠢᠶᠠᠨ ᠠᠪᠴᠤ ᠰᠢᠭᠦᠨ ᠲᠠᠰᠤᠯᠬᠤ ᠲᠠᠯᠠᠪᠤᠷ ᠲᠤ ᠣᠷᠤᠵᠤ ᠲᠢᠩᠬᠢᠮ ᠤᠨ ᠰᠢᠭᠦᠯᠲᠡ ᠳᠤ ᠣᠷᠣᠯᠴᠠᠬᠤ ᠳᠤ᠂ ᠠᠷᠠᠳ ᠤᠨ ᠰᠢᠭᠦᠬᠦ ᠬᠤᠷᠢᠶ᠎ᠠ ᠬᠠᠤᠯᠢᠴᠢ ᠶᠢᠨ ᠪᠡᠶ᠎ᠡ ᠳᠤ ᠠᠶᠤᠯ ᠦᠭᠡᠢ ᠶᠢᠨ ᠪᠠᠶᠢᠴᠠᠭᠠᠯᠲᠠ ᠬᠢᠬᠦ ᠦᠭᠡᠢ᠃ ᠠᠷᠠᠳ ᠤᠨ ᠰᠢᠭᠦᠬᠦ ᠬᠤᠷᠢᠶ᠎ᠠ ᠥᠮᠥᠭᠯᠡᠬᠦ ᠬᠠᠤᠯᠢᠴᠢ ᠲᠢᠩᠬᠢᠮ ᠤᠨ ᠰᠢᠭᠦᠯᠲᠡ ᠳᠤ ᠣᠷᠣᠯᠴᠠᠵᠣ᠂ ᠥᠮᠥᠭᠯᠡᠬᠦ ᠠᠵᠢᠯᠯᠠᠭ᠎ᠠ ᠬᠢᠬᠦ ᠳᠤ ᠳᠤᠰᠬᠠᠢ ᠨᠡᠪᠲᠡᠷᠡᠬᠦ ᠵᠠᠮ᠂ ᠬᠤᠪᠴᠠᠰᠤ ᠰᠣᠯᠢᠬᠤ ᠲᠠᠰᠤᠭ᠂ ᠡᠪᠬᠡᠮᠡᠯ ᠦᠵᠡᠬᠦ ᠲᠠᠰᠤᠭ᠂ ᠠᠮᠠᠷᠠᠯᠲᠠ ᠶᠢᠨ ᠲᠠᠰᠤᠭ ᠵᠡᠷᠭᠡ ᠳᠦᠭᠦᠮ ᠨᠦᠬᠦᠴᠡᠯ ᠬᠠᠩᠭᠠᠬᠤ ᠶᠣᠰᠤᠲᠠᠢ᠃ ᠠᠷᠠᠳ ᠤᠨ ᠰᠢᠭᠦᠬᠦ ᠬᠤᠷᠢᠶ᠎ᠠ ᠰᠢᠭᠦᠯᠲᠡ ᠡᠬᠢᠯᠡᠬᠦ ᠵᠢᠭᠰᠠᠭᠠᠯᠲᠠ ᠶᠢᠨ ᠬᠤᠭᠤᠴᠠᠭᠠᠨ ᠠᠴᠠ ᠡᠮᠦᠨ᠎ᠡ᠂ ᠥᠮᠥᠭᠯᠡᠬᠦ ᠬᠠᠤᠯᠢᠴᠢ ᠶᠢᠨ ᠰᠠᠨᠠᠯ ᠢ ᠠᠰᠠᠭᠤᠬᠤ ᠶᠣᠰᠣᠲᠠᠢ᠃ ᠰᠢᠭᠦᠬᠦ ᠲᠢᠩᠬᠢᠮ ᠨᠢ ᠥᠮᠥᠭᠯᠡᠬᠦ ᠬᠠᠤᠯᠢᠴᠢ ᠶᠢᠨ ᠲᠢᠩᠬᠢᠮ ᠤᠨ ᠰᠢᠭᠦᠯᠲᠡ ᠳᠤ ᠠᠰᠠᠭᠤᠬᠤ ᠂ ᠭᠡᠷᠡᠴᠢ ᠲᠤᠯᠭᠠᠬᠤ᠂ ᠮᠠᠷᠭᠤᠯᠳᠤᠬᠤ ᠵᠡᠷᠭᠡ ᠵᠠᠷᠭᠤ ᠶᠢᠨ ᠡᠷᠬᠡ ᠶᠢ ᠭᠦᠢᠴᠡᠳ ᠪᠠᠳᠤᠯᠠᠬᠤ  ᠶᠣᠰᠣᠲᠠᠢ᠃      ᠬᠠᠤᠯᠢᠴᠢ ᠶᠢᠨ ᠵᠠᠷᠭᠤ ᠶᠢᠨ ᠡᠷᠬᠡ  ᠳᠤ ᠰᠠᠭᠠᠳ ᠤᠴᠠᠷᠠᠪᠠᠯ ᠭᠤᠮᠤᠳᠠᠯ ᠭᠠᠷᠭᠠᠨ᠂ ᠢᠯᠡᠴᠢᠯᠡᠨ ᠵᠠᠭᠠᠯᠳᠤᠵᠤ ᠪᠤᠯᠤᠨ᠎ᠠ      ︽ᠲᠣᠭᠲᠠᠭᠠᠯ︾᠎ ᠳᠤ᠂ ᠠᠷᠠᠳ ᠤᠨ ᠪᠠᠶᠢᠴᠠᠭᠠᠬᠤ ᠬᠤᠷᠢᠶ᠎ᠠ᠂ ᠬᠠᠤᠯᠢᠴᠢ ᠶᠢᠨ ᠬᠠᠤᠯᠢ ᠶᠣᠰᠤᠭᠠᠷ ᠠᠵᠢᠯ ᠡᠷᠬᠢᠯᠡᠬᠦ ᠶᠢ  ᠬᠠᠷᠰᠢᠯᠠᠬᠤ ᠳᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠬᠦ ᠶᠣᠰᠤᠲᠠᠢ᠃ ᠬᠠᠤᠯᠢᠴᠢ ᠡᠷᠡᠭᠦᠦ ᠶᠢᠨ ᠵᠠᠷᠭᠤ ᠶᠢᠨ ᠬᠠᠤᠯᠢ ᠶᠢᠨ ᠳᠥᠴᠢᠨ ᠳᠣᠯᠣᠳᠤᠭᠠᠷ ᠵᠦᠢᠯ ᠤᠨ ᠲᠣᠭᠲᠠᠭᠠᠯ ᠢ ᠥᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ ᠵᠢᠴᠢ ᠠᠵᠢᠯᠲᠠᠨ ᠲᠡᠭᠦᠨ ᠤ ᠵᠠᠷᠭᠤ ᠶᠢᠨ ᠡᠷᠬᠡ ᠪᠠᠨ ᠬᠠᠤᠯᠢ ᠶᠣᠰᠤᠭᠠᠷ ᠶᠠᠪᠤᠭᠤᠯᠬᠤ ᠶᠢ ᠬᠠᠷᠰᠢᠯᠠᠯ᠎ᠠ ᠭᠡᠵᠦ ᠦᠵᠡᠭᠡᠳ᠂ ᠠᠳᠠᠯᠢ ᠱᠠᠲᠤᠨ ᠤ ᠪᠤᠶᠤ ᠳᠡᠭᠡᠷ᠎ᠡ ᠨᠢᠭᠡᠨ ᠱᠠᠲᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠤ ᠭᠤᠮᠤᠳᠠᠯ ᠭᠠᠷᠭᠠᠭᠰᠠᠨ ᠪᠣᠶᠤ ᠢᠯᠡᠴᠢᠯᠡᠨ ᠵᠠᠭᠠᠯᠳᠤᠭᠰᠠᠨ ᠪᠠᠶᠢᠪᠠᠯ᠂ ᠭᠤᠮᠤᠳᠠᠯ ᠵᠠᠭᠠᠯᠳᠤᠯᠭ᠎ᠠ ᠶᠢ ᠬᠦᠯᠢᠶᠡᠨ ᠠᠪᠤᠭᠰᠠᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠭᠤᠮᠣᠳᠠᠯ ᠵᠠᠭᠠᠯᠳᠤᠯᠭ᠎ᠠ ᠪᠠᠶᠢᠴᠠᠭᠠᠬᠤ ᠰᠠᠯᠠᠭ᠎ᠠ ᠮᠥᠴᠢᠷ ᠬᠦᠯᠢᠶᠡᠨ ᠠᠪᠤᠭᠰᠠᠨ ᠤ ᠳᠠᠷᠠᠭᠠᠬᠢ ᠠᠷᠪᠠᠨ ᠬᠤᠨᠤᠭ ᠤᠨ ᠳᠤᠲᠤᠷ᠎ᠠ ᠬᠢᠨᠠᠨ ᠪᠠᠶᠢᠴᠠᠭᠠᠭᠠᠳ᠂ ᠪᠠᠶᠢᠳᠠᠯ ᠨᠢ ᠦᠨᠡᠨ ᠪᠣᠳᠠᠲᠠᠢ ᠪᠠᠶᠢᠪᠠᠯ᠂ ᠬᠤᠯᠪᠤᠭᠳᠠᠯ ᠪᠦᠬᠦᠢ ᠪᠠᠶᠢᠭᠤᠯᠤᠯᠭ᠎ᠠ ᠪᠣᠶᠤ ᠲᠣᠰ ᠬᠤᠷᠢᠶ᠎ᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠳᠣᠣᠷ᠎ᠠ ᠱᠠᠳᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠤ  ᠮᠡᠳᠡᠭᠳᠡᠨ ᠵᠠᠯᠠᠷᠠᠭᠤᠯᠬᠤ ᠶᠢᠨ ᠬᠠᠮᠳᠤ ᠭᠦᠢᠴᠡᠳᠬᠡᠭᠰᠡᠨ ᠪᠠᠶᠢᠳᠠᠯ ᠢᠶᠠᠨ ᠬᠠᠤᠯᠢᠴᠢ ᠳᠤ ᠪᠢᠴᠢᠭ ᠢᠶᠠᠷ ᠬᠠᠷᠢᠭᠤ ᠥᠭᠬᠦ  ᠶᠣᠰᠣᠲᠠᠢ︔ ᠪᠠᠶᠢᠳᠠᠯ ᠨᠢ ᠥᠨᠡᠨ ᠪᠣᠳᠠᠲᠠᠢ ᠪᠢᠰᠢ ᠪᠠᠶᠢᠪᠠᠯ᠂ ᠭᠦᠢᠴᠡᠳᠭᠡᠭᠰᠡᠨ ᠪᠠᠶᠢᠳᠠᠯ ᠢᠶᠠᠨ ᠬᠠᠤᠯᠢᠴᠢ ᠳᠤ ᠪᠢᠴᠢᠭ ᠢᠶᠠᠷ ᠬᠠᠷᠢᠭᠤ ᠦᠭᠭᠦ ᠶᠢᠨ ᠬᠠᠮᠳᠤ ᠲᠣᠳᠤᠷᠬᠠᠶᠢᠯᠠᠨ ᠲᠠᠶᠢᠯᠪᠤᠷᠢᠯᠠᠬᠤ ᠠᠵᠢᠯ ᠢ ᠰᠠᠶᠢᠳᠤᠷ ᠬᠢᠬᠦ ᠶᠤᠰᠤᠲᠡᠢ᠃ ᠠᠷᠠᠳ ᠤᠨ ᠰᠢᠭᠦᠬᠦ ᠬᠤᠷᠢᠶ᠎ᠠ ᠬᠡᠷᠡᠭ ᠰᠢᠭᠦᠬᠦ ᠶᠠᠪᠤᠴᠠ ᠳᠣᠮᠳᠠ ᠬᠠᠤᠯᠢᠴᠢ ᠶᠢᠨ ᠡᠷᠬᠡ ᠪᠠᠨ ᠬᠠᠤᠯᠢ ᠶᠣᠰᠤᠭᠠᠷ ᠶᠠᠪᠤᠭᠤᠯᠬᠤ ᠶᠢ ᠬᠠᠷᠰᠢᠯᠠᠭᠰᠠᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠵᠠᠯᠠᠷᠠᠭᠤᠯᠬᠤ ᠰᠠᠨᠠᠯ ᠢᠶᠠᠨ ᠬᠠᠤᠯᠢ ᠶᠣᠰᠤᠭᠠᠷ ᠳᠤᠷᠠᠳᠬᠤ ᠶᠣᠰᠣᠲᠡᠢ᠃      ᠬᠠᠤᠯᠢᠴᠢ ᠵᠠᠷᠭᠤ ᠶᠢ ᠬᠠᠷᠰᠢᠯᠠᠵᠤ ᠶᠠᠯ᠎ᠠ ᠬᠢᠭᠰᠡᠨ ᠢᠶᠠᠷ ᠰᠡᠵᠢᠭᠯᠡᠭᠳᠡᠪᠡᠯ ᠬᠡᠷᠡᠭ ᠪᠣᠯᠭᠠᠵᠤ ᠲᠣᠷᠰᠢᠨ ᠪᠠᠶᠢᠴᠠᠭᠠᠨ᠎ᠠ       ᠬᠡᠷᠡᠭ ᠰᠢᠳᠭᠡᠬᠦ ᠪᠠᠶᠢᠭᠤᠯᠤᠯᠭ᠎ᠠ ᠥᠮᠥᠭᠯᠡᠬᠦ ᠬᠠᠤᠯᠢᠴᠢ ᠳᠤ ᠬᠠᠤᠯᠢ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ᠂ ᠥᠮᠥᠭᠯᠡᠬᠦ ᠬᠠᠤᠯᠢᠴᠢ ᠶᠢ ᠬᠠᠷᠢᠶᠠᠯᠠᠬᠤ ᠬᠠᠤᠯᠢᠴᠢ ᠶᠢᠨ ᠶᠠᠪᠤᠳᠠᠯ ᠤᠨ ᠭᠠᠵᠠᠷ ᠤᠨ ᠪᠠᠶᠢᠭ᠎ᠠ ᠭᠠᠵᠠᠷ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠤᠯᠭ᠎ᠠ ᠪᠣᠶᠤ ᠬᠠᠤᠯᠢᠴᠢ ᠶᠢᠨ ᠨᠡᠶᠢᠭᠡᠮᠯᠢᠭ ᠲᠤ ᠳᠠᠷᠤᠶᠢᠬᠠᠨ ᠮᠡᠳᠡᠭᠳᠡᠬᠦ ᠶᠣᠰᠣᠲᠠᠢ᠃ ᠳᠤᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ ᠠᠷᠠᠳ ᠤᠨ ᠪᠠᠶᠢᠴᠠᠭᠠᠬᠤ ᠬᠤᠷᠢᠶ᠎ᠠ ᠥᠮᠥᠭᠯᠡᠬᠦ ᠬᠠᠤᠯᠢᠴᠢ ᠵᠠᠷᠭᠤ ᠶᠢᠨ ᠠᠵᠢᠯᠯᠠᠭ᠎ᠠ ᠶᠢ ᠬᠠᠷᠰᠢᠯᠠᠵᠤ ᠶᠠᠯ᠎ᠠ ᠬᠢᠭᠰᠡᠨ ᠢᠶᠠᠷ ᠰᠡᠵᠢᠭᠯᠡᠭᠳᠡᠬᠦ ᠶᠢ ᠣᠯᠵᠤ ᠮᠡᠳᠡᠪᠡᠯ᠂ ᠲᠣᠭᠲᠠᠭᠠᠯ ᠶᠣᠰᠤᠭᠠᠷ ᠥᠮᠥᠭᠯᠡᠬᠦ ᠬᠠᠤᠯᠢᠴᠢ ᠶᠢᠨ ᠳᠠᠭᠠᠭᠠᠨ ᠰᠢᠳᠭᠡᠵᠦ ᠪᠠᠶᠢᠭ᠎ᠠ ᠬᠡᠷᠡᠭ ᠢ ᠲᠤᠷᠰᠢᠨ ᠪᠠᠶᠢᠴᠠᠭᠠᠬᠤ ᠪᠠᠶᠢᠭᠤᠯᠤᠯᠭ᠎ᠠ ᠶᠢᠨ ᠳᠡᠭᠡᠷ᠎ᠡ ᠨᠢᠭᠡᠨ ᠱᠠᠳᠤᠨ ᠤ ᠲᠣᠷᠰᠢᠨ ᠪᠠᠶᠢᠴᠠᠭᠠᠭᠰᠠᠨ ᠪᠠᠶᠢᠭᠤᠯᠤᠯᠭ᠎ᠠ ᠶᠢᠨ ᠵᠢᠭᠠᠨ ᠲᠣᠭᠲᠠᠭᠠᠭᠰᠠᠨ ᠪᠣᠰᠣᠳ ᠲᠣᠷᠰᠢᠨ ᠪᠠᠶᠢᠴᠠᠭᠠᠬᠤ ᠪᠠᠶᠢᠭᠤᠯᠤᠯᠭ᠎ᠠ ᠶᠢ ᠨᠡᠷᠡᠯᠡᠨ ᠲᠣᠭᠲᠠᠭᠠᠵᠤ ᠬᠡᠷᠡᠭ ᠪᠣᠯᠭᠠᠨ ᠲᠣᠷᠰᠢᠨ ᠪᠠᠶᠢᠴᠠᠭᠠᠯᠭᠠᠬᠤ ᠪᠠᠷ ᠳᠡᠪᠰᠢᠭᠦᠯᠦᠨ ᠮᠡᠳᠡᠭᠦᠯᠬᠦ  ᠶᠣᠰᠣᠲᠠᠢ᠂ ᠡᠰᠡᠭᠦᠯ᠎ᠡ ᠳᠡᠭᠡᠷ᠎ᠡ ᠨᠢᠭᠡᠨ ᠱᠠᠳᠤᠨ ᠤ ᠲᠣᠷᠰᠢᠨ ᠪᠠᠶᠢᠴᠠᠭᠠᠬᠤ ᠪᠠᠶᠢᠭᠤᠯᠤᠯᠭ᠎ᠠ ᠠᠴᠠ ᠬᠡᠷᠡᠭ ᠪᠣᠯᠭᠠᠨ ᠲᠣᠷᠰᠢᠨ ᠪᠠᠶᠢᠴᠠᠭᠠᠬᠤ ᠶᠣᠰᠣᠲᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map