︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2015/11/13
     ᠰᠣᠷᠪᠤᠯᠵᠢᠯᠠᠭᠰᠠᠨ ᠴᠠᠭ᠄      2015 ᠣᠨ ᠤ 11 ᠳ᠋ᠦ᠋ᠭᠡᠷ ᠰᠠᠷ᠎ᠠ ᠶᠢᠨ 6᠎ ᠤ ᠡᠳᠦᠷ ᠤᠨ ᠦᠳᠡ ᠶᠢᠨ ᠬᠤᠶᠢᠨ᠎ᠠ ᠶᠢᠨ 3 ᠴᠠᠭ      ᠰᠣᠷᠪᠤᠯᠵᠢᠯᠠᠭᠰᠠᠨ ᠵᠣᠴᠢᠨ᠄      ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ    ᠸᠠᠩ ᠵᠢᠶᠦ᠋ᠨ ᠹᠧᠩ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠠᠷᠠᠳ ᠤᠯᠠᠨ ᠤ ᠠᠮᠢ ᠨᠠᠰᠤᠨ ᠤ ᠡᠷᠡᠭᠦᠯ ᠮᠡᠨᠳᠦ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2015﹈ 79 ᠳ᠋ᠤᠭᠠᠷ ᠲᠣᠭᠠᠲᠤ᠂ ᠳᠣᠷᠤᠭᠰᠢ ﹇ᠲᠣᠭᠲᠠᠭᠠᠯ﹈ ᠭᠡᠵᠦ ᠲᠣᠪᠴᠢᠯᠠᠨ᠎ᠠ︶᠎ ᠢ ᠲᠣᠭᠲᠠᠭᠠᠨ ᠨᠡᠶᠢᠲᠡᠯᠡᠪᠡ᠃  ︽ᠲᠣᠭᠲᠠᠭᠠᠯ︾᠎ ᠤᠨ ᠬᠠᠮᠢᠶ᠎ᠠ ᠪᠦᠬᠦᠢ ᠠᠭᠤᠯᠭ᠎ᠠ ᠶᠢ ᠨᠡᠶᠢᠭᠡᠮ ᠨᠡᠶᠢᠲᠡ ᠳᠤ ᠤᠯᠠᠮ ᠨᠢᠭᠡ ᠠᠯᠬᠤᠮ ᠭᠦᠨᠵᠡᠭᠡᠢ ᠤᠶᠢᠯᠭᠠᠭᠤᠯᠬᠤ ᠶᠢᠨ ᠲᠤᠰᠠᠳᠠ᠂ ᠤᠶᠢᠷ᠎ᠠ ᠳᠤ ᠪᠢᠳᠡ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠢᠶᠦ᠋ᠨ ᠹᠧᠩ ᠢ ᠤᠷᠢᠵᠤ ︽ᠳᠤᠮᠳᠠᠳᠤ ᠤᠯᠤᠰ᠂ ᠦᠪᠦᠷ ᠮᠣᠩᠭᠤᠯ︾ ᠰᠦᠯᠵᠢᠶᠡᠨ ᠳᠡᠭᠡᠷ᠎ᠡ ᠲᠠ ᠪᠦᠬᠦᠨ ᠲᠠᠢ ᠶᠠᠷᠢᠯᠴᠠᠭᠤᠯᠬᠤ ᠪᠠᠷ ᠪᠠᠶᠢᠨ᠎ᠠ᠃ ᠥᠷᠭᠡᠨ ᠣᠯᠠᠨ ᠰᠦᠯᠵᠢᠶᠡᠨ ᠠᠨᠳᠠ ᠨᠠᠷ ᠮᠢᠨᠢ ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕      ﹇ᠬᠦᠲᠦᠯᠦᠭᠴᠢ﹈᠄      ᠰᠦᠯᠵᠢᠶᠡᠨ ᠠᠨᠳᠠ ᠨᠠᠷ ᠡ ᠰᠠᠶᠢᠨ ᠪᠠᠶᠢᠵᠠᠭᠠᠨᠠᠤ︕ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ   ᠦᠪᠦᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠦᠨᠦᠳᠦᠷ ᠪᠢᠳᠡ ᠠᠵᠠ ᠲᠠᠢ ᠪᠠᠷ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠢᠶᠦ᠋ᠨ ᠹᠧᠩ ᠢ ᠤᠷᠢᠨ᠂ ᠰᠦᠯᠵᠢᠶᠡᠨ ᠳᠡᠭᠡᠷ᠎ᠡ ︽ᠲᠣᠭᠲᠠᠭᠠᠯ︾᠎ ᠤᠨ ᠲᠠᠶᠢᠯᠤᠮᠵᠢi ᠬᠢᠯᠭᠡᠬᠦ ᠪᠠᠷ ᠪᠣᠯᠤᠯ᠎ᠠ᠂ ᠲᠠ ᠪᠦᠬᠦᠨ ᠤ ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠸᠠᠩ ᠲᠣᠪᠴᠢᠶᠠᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ﹇ᠸᠠᠩ ᠵᠢᠶᠦ᠋ᠨ ᠹᠧᠩ﹈᠄      ᠬᠥᠲᠥᠯᠥᠭᠴᠢ ᠲᠠ ᠰᠠᠶᠢᠨ ᠪᠠᠶᠢᠨᠠᠤ᠂ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨ᠎ᠠ ᠦᠦ︕ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠲᠠᠯ᠎ᠠ ᠪᠠᠷ ᠲᠠ ᠪᠥᠬᠦᠨ ᠲᠠᠢ ᠵᠣᠭᠤᠭᠳᠠᠬᠤ ᠳᠣᠬᠢᠶᠠᠯ ᠲᠠᠢ ᠪᠣᠯᠣᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠃      ﹇ᠬᠦᠲᠦᠯᠦᠭᠴᠢ﹈᠄      ᠸᠠᠩ ᠲᠣᠪᠴᠢᠶᠠᠨ ᠳᠠᠷᠤᠭ᠎ᠠ ᠡ᠂ ᠡᠩ ᠲᠡᠷᠢᠭᠦᠨ ᠳᠤ ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾᠎ ᠢ ᠨᠡᠶᠢᠲᠡᠯᠡᠭᠰᠡᠨ ᠠᠬᠤᠢ ᠪᠠᠶᠢᠳᠠᠯ ᠢ ᠮᠠᠨ ᠎ ᠳᠤ ᠲᠠᠨᠢᠯᠴᠠᠭᠤᠯᠤᠭᠠᠳ ᠥᠭᠭᠦᠨᠡᠦ︖      ﹇ᠸᠠᠩ ᠵᠢᠶᠦ᠋ᠨ ᠹᠧᠩ﹈᠄      ᠵᠠ ᠲᠡᠭᠡᠶ᠎ᠡ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ ᠤᠳᠤᠷᠢᠳᠤᠯᠭ᠎ᠠ ᠪᠣᠯᠤᠨ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠵᠤ᠂ ᠤᠶᠢᠷ᠎ᠠ ᠶᠢᠨ ᠵᠢᠯ ᠳᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠡᠭᠦᠰᠦᠭᠰᠡᠨ ᠲᠤᠭ᠎ᠠ ᠪᠠ ᠦᠭᠦᠭᠰᠡᠨ ᠬᠥᠮᠦᠨ ᠤ ᠲᠤᠭ᠎ᠠ ︽ᠬᠤᠣᠰ ᠪᠠᠭᠤᠷᠠᠪᠠ︾᠃ ᠭᠡᠪᠡᠴᠦ ᠵᠠᠷᠢᠮ ᠠᠵᠢᠯ ᠲᠦᠷᠦᠯ ᠤᠨ ᠬᠦᠷᠢᠶᠡᠨ ᠳᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠮᠦᠨ ᠯᠡ ᠪᠠᠶᠢᠨ ᠲᠠᠬᠢᠨ ᠭᠠᠷᠴᠤ ᠪᠠᠶᠢᠨ᠎ᠠ᠂ ᠡᠭᠦᠨ ᠤ ᠬᠠᠮᠤᠭ ᠎ ᠤᠨ ᠦᠨᠳᠦᠰᠦᠨ ᠰᠢᠯᠲᠠᠭᠠᠨ ᠨᠢ ᠪᠣᠯ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠭᠰᠠᠨ ᠦᠭᠡᠢl ᠶᠠᠪᠤᠭᠳᠠ ᠪᠣᠯᠤᠨ᠎ᠠ᠃ ᠪᠢᠳᠡ ᠪᠠᠶᠢᠴᠠᠭᠠᠬᠤ ᠳᠤᠮᠳᠠ ᠣᠯᠵᠤ ᠮᠡᠳᠡᠭᠰᠡᠨ ᠢᠶᠠᠷ ᠪᠣᠯ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠠᠯ᠎ᠠ ᠪᠠᠷ ᠵᠠᠰᠠᠭ ᠤᠨ ᠤᠷᠳᠤᠨ ᠴᠢᠬᠤᠯᠴᠢᠯᠠᠵᠤ ᠠᠵᠤ ᠠᠬᠤᠶᠢᠯᠠᠯ ᠴᠢᠬᠤᠯᠴᠢᠯᠠᠬᠤ ᠦᠭᠡᠢ ᠪᠠᠶᠢᠵᠤ᠂ ᠵᠠᠷᠢᠮ ᠠᠵᠤ ᠠᠬᠤᠶᠢᠯᠠᠯ ᠨᠢ ᠠᠰᠢᠭ ᠲᠤᠰᠠ ᠶᠢᠨ ᠬᠤᠶᠢᠨ᠎ᠠ ᠠᠴᠠ ᠬᠦᠭᠡᠴᠡᠯᠳᠦᠨ᠂ ᠨᠢᠳᠦᠨ ᠡᠮᠦᠨᠡᠬᠢ ᠪᠠᠨ ᠯᠡ ᠴᠢᠬᠤᠯᠴᠢᠯᠠᠵᠤ᠂ ᠠᠯᠤᠰ ᠬᠤᠯᠠ ᠶᠢ ᠬᠦᠩᠭᠡᠪᠴᠢᠯᠡᠵᠦ᠂ ᠦᠷ᠎ᠡ ᠠᠰᠢᠭ ᠢ ᠴᠢᠬᠤᠯᠴᠢᠯᠠᠵᠤ᠂ ᠠᠮᠤᠷ ᠲᠦᠪᠰᠢᠨ ᠢ ᠬᠦᠩᠭᠡᠪᠴᠢᠯᠡᠵᠦ᠂ ᠦᠢᠯᠡᠳᠪᠦᠷᠢᠯᠡᠯ ᠢ ᠴᠢᠬᠤᠯᠴᠢᠯᠠᠨ᠂ ᠬᠠᠮᠢᠶᠠᠷᠤᠯᠲᠠ ᠶᠢ ᠬᠦᠩᠭᠡᠪᠴᠢᠯᠡᠭᠡᠳ᠂ ᠠᠶᠤᠯ ᠦᠭᠡᠢ ᠶᠢᠨ ᠤᠷᠤᠭᠤᠯᠤᠯᠲᠠ ᠪᠠᠷ ᠳᠤᠲᠠᠮᠠᠭ᠂ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯᠲᠠᠨ ᠢ ᠲᠣᠬᠢᠷᠠᠭᠤᠯᠤᠭᠰᠠᠨ ᠢᠶᠠᠷ ᠬᠦᠷᠦᠯᠴᠡᠬᠦ ᠦᠭᠡᠢ᠂ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠠᠯ ᠳᠦᠷᠢᠮ ᠢ ᠨᠠᠶᠢᠳᠠᠪᠤᠷᠢᠵᠢᠭᠤᠯᠬᠤ ᠦᠭᠡᠢ᠂ ᠠᠶᠤᠯ ᠦᠭᠡᠢ ᠶᠢᠨ ᠬᠦᠮᠦᠵᠢᠯ ᠪᠣᠯᠪᠠᠰᠤᠷᠠᠭᠤᠯᠤᠯ ᠢ ᠪᠣᠳᠠᠲᠠᠢ ᠬᠢᠭᠰᠡᠨ ᠦᠭᠡᠢ ᠵᠡᠷᠭᠡ ᠠᠰᠠᠭᠤᠳᠠᠯ ᠣᠷᠤᠰᠢᠵᠤ ᠪᠠᠶᠢᠨ᠎ᠠ᠂ ᠡᠳᠡᠭᠡᠷ ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦᠨ ᠠᠷᠭ᠎ᠠ ᠬᠡᠮᠵᠢᠶ᠎ᠡ ᠪᠣᠯ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠃ ︽ᠲᠣᠭᠲᠠᠭᠠᠯ︾᠎ ᠢ ᠡᠨᠡᠬᠦ ᠬᠡᠷᠡᠭᠴᠡᠭᠡ ᠳᠤ ᠶᠠᠭ ᠵᠣᠬᠢᠴᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠤᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠤ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ᠤᠯᠠᠨ ᠵᠢᠯ ᠤᠨ ᠠᠵᠢᠯ ᠤᠨ ᠦᠢᠯᠡᠳᠦᠯᠭᠡ ᠳᠤᠮᠳᠠᠬᠢ ᠪᠦᠲᠦᠮᠵᠢᠲᠡᠢ ᠲᠤᠷᠰᠢᠯᠭ᠎ᠠ ᠪᠠ ᠠᠷᠭ᠎ᠠ ᠶᠢ ᠳ᠋ᠦᠩᠨᠡᠨ ᠬᠤᠷᠢᠶᠠᠩᠭᠤᠶᠢᠯᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠭᠤᠣᠯᠳᠠᠯᠭ᠎ᠠ ᠲᠠᠢ ᠠᠵᠤ ᠠᠬᠤᠶᠢᠯᠠᠯ ᠤᠨ ᠰᠠᠨᠠᠯ ᠢ ᠬᠤᠷᠢᠶᠠᠭᠰᠠᠨ ᠤ ᠳᠠᠷᠠᠭ᠎ᠠ ᠲᠣᠭᠲᠠᠭᠠᠨ ᠨᠡᠶᠢᠲᠡᠯᠡᠪᠡ᠃      ﹇ᠬᠦᠲᠦᠯᠦᠭᠴᠢ﹈᠄      ︽ᠲᠣᠭᠲᠠᠭᠠᠯ︾᠎ ᠳᠤ ᠳᠤᠷᠠᠳᠤᠭᠰᠠᠨ ᠵᠠᠩᠭᠢᠯᠭ᠎ᠠ ᠶᠢᠨ ᠦᠭᠡ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ︾ ᠭᠡᠳᠡᠭ ᠨᠢ ᠪᠣᠳᠠᠲᠠᠢ ᠶᠠᠭᠤ ᠶᠢ ᠵᠢᠭᠠᠵᠤ ᠪᠠᠶᠢᠬᠤ ᠪᠣᠢ︖ ᠡᠨᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠭᠦᠢᠴᠡᠳᠭᠡᠬᠦ ᠤᠢᠭᠡᠢ ᠪᠣᠯ ᠪᠠᠰᠠ ᠶᠠᠮᠠᠷ ᠦᠷ᠎ᠡ ᠳ᠋ᠦᠩ ᠲᠠᠢ ᠪᠣᠯᠬᠤ ᠪᠣᠢ︖      ﹇ᠸᠠᠩ ᠵᠢᠶᠦ᠋ᠨ ᠹᠧᠩ﹈᠄      ᠪᠣᠳᠠᠲᠠᠢ ᠪᠠᠷ ᠬᠡᠯᠡᠪᠡᠯ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠢ ᠠᠶᠤᠯ ᠦᠭᠡᠢ ᠦᠢᠯᠡᠳᠪᠦᠷᠢᠯᠡᠯ ᠤᠨ ᠪᠠᠲᠤᠯᠠᠭ᠎ᠠ ᠶᠢᠨ ᠲᠠᠯ᠎ᠠ ᠪᠠᠷ ᠤᠯᠤᠰ ᠤᠨ ᠬᠤᠯᠪᠤᠭᠳᠠᠯ ᠪᠦᠬᠦᠢ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠬᠡᠷᠡᠭᠵᠢᠭᠦᠯᠬᠦ ᠶᠣᠰᠣᠲᠠᠶ ᠬᠤᠯᠪᠣᠭᠳᠠᠯ ᠪᠦᠬᠦᠢ ᠲᠣᠭᠲᠠᠭᠠᠯ᠂ ᠭᠦᠢᠴᠡᠳᠭᠡᠬᠦ ᠶᠣᠰᠤᠲᠠᠢ ᠠᠵᠢᠯ ᠤᠨ ᠡᠭᠦᠷᠭᠡ ᠬᠠᠷᠢᠭᠤᠴᠠᠯᠭ᠎ᠠ᠂ ᠪᠦᠷᠢᠳᠦᠭᠦᠯᠬᠦ ᠶᠣᠰᠣᠲᠠᠶ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ᠂ ᠬᠡᠷᠡᠭᠵᠢᠭᠦᠯᠬᠦ ᠶᠣᠰᠣᠲᠠᠶ ᠠᠵᠢᠯ ᠲᠥᠷᠥᠯ ᠤᠨ ᠪᠠᠷᠢᠮᠵᠢᠶ᠎ᠠ᠂ ᠡᠭᠦᠷᠭᠡᠯᠡᠬᠦ ᠶᠣᠰᠣᠲᠠᠶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠵᠢᠭᠠᠵᠤ ᠪᠠᠶᠢᠨ᠎ᠠ᠃ ᠡᠭᠦᠨ ᠳᠤ ᠲᠠᠪᠤᠨ ᠲᠠᠯ᠎ᠠ ᠶᠢ ᠳᠣᠪᠤᠶᠢᠯᠭᠠᠬᠤ ᠬᠡᠷᠡᠭᠲᠡᠢ᠄ ᠨᠢᠭᠡᠳᠦᠭᠡᠷ ᠲᠤ᠂ ᠭᠤᠣᠯ ᠬᠠᠷᠢᠭᠤᠴᠠᠯᠭᠠᠲᠠᠨ ᠢ ᠠᠳᠬᠤᠬᠤ᠃ ᠭᠤᠣᠯ ᠬᠠᠷᠢᠭᠤᠴᠠᠯᠭᠠᠲᠠᠨ ᠨᠢ ᠡᠷᠬᠡᠪᠰᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠶ ᠡᠵᠡᠮᠳᠡᠭᠴᠢ᠂ ᠪᠣᠳᠠᠲᠠᠶ ᠪᠡᠯᠡ ᠣᠷᠣᠭᠤᠯᠤᠭᠴᠢ ᠪᠠᠶᠢᠬᠤ ᠬᠡᠷᠡᠭᠲᠡᠢ᠃ ᠬᠤᠶᠠᠳᠤᠭᠠᠷ ᠲᠤ᠂ ᠬᠠᠷᠢᠭᠤᠴᠠᠯᠭ᠎ᠠ ᠶᠢᠨ ᠳᠦᠷᠢᠮ ᠢ ᠠᠳᠬᠤᠬᠤ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠤᠳᠤᠷᠢᠳᠬᠤ ᠺᠠᠳ᠋ᠷ ᠵᠢᠴᠢ ᠡᠯ᠎ᠡ ᠳᠡᠰ ᠳᠠᠪᠬᠤᠷᠭ᠎ᠠ᠂ ᠡᠯ᠎ᠡ ᠲᠦᠷᠦᠯ ᠤᠨ ᠠᠵᠢᠯᠲᠠᠳ ᠤᠨ ᠡᠯ᠎ᠡ ᠠᠵᠢᠯ ᠤᠨ ᠪᠠᠶᠢᠷᠢ ᠶᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠᠳᠤᠭᠠᠷ ᠲᠤ᠂ ᠵᠣᠬᠢᠶᠠᠨ ᠪᠠᠶᠢᠭᠤᠯᠬᠤ ᠪᠠᠶᠢᠭᠤᠯᠤᠮᠵᠢ ᠪᠠ ᠠᠵᠢᠯᠲᠠᠨ ᠢ ᠠᠳᠬᠤᠬᠤ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠦᠬᠦᠨ ᠡᠷᠬᠡᠪᠰᠢ ᠠᠶᠤᠯ ᠦᠭᠡᠢ ᠬᠠᠮᠢᠶᠠᠷᠤᠯᠲᠠ ᠶᠢᠨ ᠲᠤᠰᠬᠠᠢ ᠪᠠᠶᠢᠭᠤᠯᠤᠮᠵᠢ ᠶᠢ ᠬᠠᠤᠯᠢ ᠶᠣᠰᠤᠭᠠᠷ ᠪᠠᠶᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠲᠤᠰᠢᠶᠠᠯᠲᠠᠨ ᠢ ᠲᠣᠬᠢᠷᠠᠭᠤᠯᠵᠤ᠂ ᠴᠢᠬᠤᠯᠠ ᠠᠵᠢᠯ ᠤᠨ ᠪᠠᠶᠢᠷᠢ᠂ ᠵᠠᠩᠭᠢᠯᠭ᠎ᠠ ᠶᠢᠨ ᠭᠤᠭᠴᠤᠭ᠎ᠠ ᠳᠤ ᠡᠯᠪᠡᠭ ᠪᠠᠶᠠᠯᠢᠭ ᠲᠤᠰᠬᠠᠶ ᠮᠡᠷᠭᠡᠵᠢᠯ ᠤᠨ ᠮᠡᠳᠡᠯᠭᠡ ᠪᠠ ᠬᠠᠮᠢᠶᠠᠷᠤᠯᠲᠠ ᠶᠢᠨ ᠲᠤᠷᠰᠢᠯᠭ᠎ᠠ ᠲᠠᠢ ᠠᠵᠢᠯᠲᠠᠨ ᠢ ᠭᠦᠢᠴᠡᠳ ᠴᠢᠩᠭ᠎ᠠ ᠲᠣᠬᠢᠷᠠᠭᠤᠯᠬᠤ ᠬᠡᠷᠡᠭᠲᠡᠢ᠃ ᠳᠥᠷᠪᠡᠳᠦᠭᠡᠷ ᠎ ᠲᠤ᠂ ᠣᠷᠤᠭᠤᠯᠤᠯᠲᠠ ᠶᠢ ᠠᠳᠬᠤᠬᠤ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠬᠡᠷᠡᠭᠴᠡᠭᠡ ᠪᠦᠬᠦᠢ ᠪᠡᠯᠠ ᠮᠦᠩᠭᠦᠨ ᠤ ᠣᠷᠣᠭᠤᠯᠤᠯᠲᠠ ᠶᠢ ᠨᠠᠶᠢᠳᠠᠪᠤᠷᠢᠵᠢᠭᠤᠯᠵᠤ᠂ ᠠᠶᠤᠯ ᠥᠭᠡᠢ ᠦᠢᠯᠡᠳᠪᠦᠷᠢᠯᠡᠯ ᠤᠨ ᠵᠠᠷᠤᠳᠠᠯ ᠢ ᠬᠠᠤᠯᠢ ᠶᠣᠰᠣᠭᠠᠷ ᠭᠦᠢᠴᠡᠳ ᠲᠤᠭ᠎ᠠ ᠪᠠᠷ ᠭᠠᠷᠭᠠᠵᠤ ᠠᠪᠤᠨ ᠰᠠᠶᠢᠲᠤᠷ ᠬᠡᠷᠡᠭᠯᠡᠬᠦ ᠬᠡᠷᠡᠭᠲᠡᠢ᠃ ᠲᠠᠪᠤᠳᠤᠭᠠᠷ ᠲᠤ᠂ ᠳᠦᠷᠢᠮ ᠲᠣᠭᠲᠠᠭᠠᠯ ᠪᠠ ᠠᠵᠢᠯᠯᠠᠬᠤ ᠳᠦᠷᠢᠮ ᠢ ᠠᠳᠬᠤᠬᠤ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ ᠳᠦᠷᠢᠮ ᠪᠠ ᠠᠶᠤᠯ ᠦᠭᠡᠢ ᠠᠵᠢᠯᠯᠠᠬᠤ ᠳᠦᠷᠢᠮ ᠢ ᠨᠠᠶᠢᠳᠠᠪᠤᠷᠢᠵᠢᠭᠤᠯᠵᠤ᠂ ᠳᠠᠯᠳᠠ ᠭᠡᠮ ᠢ ᠴᠢᠩᠭ᠎ᠠ ᠪᠠᠶᠢᠴᠠᠭᠠᠵᠤ ᠵᠠᠰᠠᠬᠤ᠂ ᠠᠶᠤᠯ ᠦᠭᠡᠢ ᠶᠢᠨ ᠰᠤᠷᠭᠠᠨ ᠬᠦᠮᠦᠵᠢᠯ ᠤᠨ ᠪᠣᠯᠪᠠᠰᠤᠷᠠᠭᠤᠯᠤᠯ᠂ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠳᠦᠷᠢᠮ ᠲᠣᠭᠲᠠᠭᠠᠯ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠡᠳᠡᠭᠡᠷ ᠠᠭᠤᠯᠭ᠎ᠠ ᠨᠢ ᠮᠠᠰᠢ ᠴᠢᠩᠭ᠎ᠠ ᠴᠢᠭᠯᠡᠭᠦᠯᠬᠦ ᠴᠢᠨᠠᠷ᠂ ᠵᠢᠯᠣᠭᠤᠳᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠭᠤᠯᠬᠤ ᠶᠢ ᠲᠦᠯᠬᠢᠨ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠬᠡᠷᠪᠡ ᠳᠡᠭᠡᠷ᠎ᠡ ᠳᠤᠷᠠᠳᠤᠭᠰᠠᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠪᠤᠷᠢᠵᠢᠭᠤᠯᠬᠤ ᠦᠭᠡᠢ ᠪᠣᠯ ᠠᠶᠤᠯ ᠦᠭᠡᠢ ᠦᠢᠯᠡᠳᠪᠦᠷᠢᠯᠡᠯ ᠢ ᠪᠠᠲᠤᠯᠠᠵᠤ ᠴᠢᠳᠠᠬᠤ ᠦᠭᠡᠢ ᠪᠦᠭᠡᠳ ᠳᠠᠷᠤᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠡᠭᠦᠰᠴᠦ᠂ ᠳᠠᠷᠤᠢ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠳᠤ ᠬᠤᠬᠢᠷᠠᠯ ᠤᠴᠠᠷᠠᠭᠤᠯᠬᠤ ᠪᠣᠯᠤᠨ᠎ᠠ᠃      ﹇ᠸᠠᠩ ᠵᠢᠶᠦ᠋ᠨ ᠹᠧᠩ﹈᠄      ︽ᠲᠣᠭᠲᠠᠭᠠᠯ︾᠎ ᠳᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠥᠯᠦ ᠭᠦᠢᠴᠡᠳᠬᠡᠭᠰᠡᠨ ᠦᠭᠡᠢ ᠭᠤᠣᠯ ᠦᠢᠯᠡ ᠪᠠᠶᠢᠳᠠᠯ ᠳᠤ ᠴᠢᠩᠭ᠎ᠠ ᠰᠢᠳᠬᠡᠬᠦ ᠠᠷᠭ᠎ᠠ ᠬᠡᠮᠵᠢᠶ᠎ᠡ ᠲᠣᠭᠲᠠᠭᠠᠵᠠᠢ᠂ ᠵᠢᠱᠢᠶᠡᠯᠡᠪᠡᠯ᠂ ᠠᠳᠡᠯ ᠠᠴᠠ ᠭᠦᠨᠵᠡᠭᠡᠢ ᠰᠤᠷᠭᠠᠮᠵᠢ ᠠᠪᠤᠭᠰᠠᠨ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠬᠠᠤᠯᠢ ᠶᠣᠰᠣᠭᠠᠷ ᠴᠢᠩᠭ᠎ᠠ ᠪᠥᠭᠡᠳ ᠬᠦᠨᠳᠦ ᠪᠠᠷ ᠰᠢᠢᠳᠪᠦᠷᠢᠯᠡᠵᠦ᠂ ᠠᠵᠢᠯ ᠦᠢᠯᠡᠳᠪᠦᠷᠢᠯᠡᠯ ᠢ ᠨᠢ ᠵᠣᠭᠰᠤᠭᠠᠵᠤ ᠴᠡᠭᠴᠡᠯᠡᠭᠦᠯᠦᠭᠡᠳ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠢ ᠮᠥᠨ ᠬᠦ ᠪᠦᠷᠢᠳᠦᠭᠦᠯᠵᠦ ᠳᠡᠶᠢᠯᠦᠭᠰᠡᠨ ᠤᠢᠭᠡᠢ ᠪᠣᠯ᠂ ᠬᠠᠷᠢᠶᠠᠯᠠᠯ ᠤᠨ ᠡᠷᠬᠡ ᠪᠥᠬᠦᠢ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠦᠭᠡᠳ ᠬᠠᠤᠯᠢ ᠶᠣᠰᠣᠭᠠᠷ ᠬᠠᠭᠠᠵᠤ ᠵᠣᠭᠰᠤᠭᠠᠨ᠎ᠠ᠂ ᠶᠠᠯ᠎ᠠ ᠬᠢᠭᠰᠡᠨ ᠳᠤ ᠬᠦᠷᠦᠭᠰᠡᠨ ᠪᠣᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠠᠭᠴᠠᠯᠠᠭᠠᠳ ᠬᠡᠯᠡᠪᠡᠯ᠂ ᠠᠵᠤ ᠠᠬᠤᠶᠢᠯᠠᠯ ᠤᠳ ᠬᠠᠮᠢᠶ᠎ᠡ ᠪᠦᠬᠦᠢ ᠬᠠᠷᠢᠭᠤᠴᠠᠯᠭ᠎ᠠ ᠪᠠᠨ ᠭᠦᠢᠴᠡᠳᠬᠡᠬᠦ ᠤᠢᠭᠡᠢ ᠯᠠ ᠶᠤᠮ ᠪᠣᠯ᠂ ᠯᠠᠪᠲᠠᠶ ᠴᠢᠩᠭ᠎ᠠ ᠰᠢᠳᠬᠡᠯ ᠣᠯᠵᠤ᠂ ᠬᠠᠤᠯᠢ ᠠᠴᠠ ᠵᠦᠷᠢᠴᠡᠭᠰᠡᠨ ᠨᠢ ᠶᠡᠭᠡ ᠥᠷᠲᠡᠭ ᠭᠠᠷᠭᠠᠬᠤ ᠪᠣᠯᠭᠠᠵᠤ᠂ ᠡᠭᠦᠨ ᠤ ᠤᠯᠠᠮ ᠢᠶᠠᠷ ᠲᠤᠰ ᠪᠡᠶ᠎ᠡ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯᠯᠠᠭ᠎ᠠ ᠪᠠᠨ ᠤᠬᠠᠮᠰᠠᠷ ᠠᠴᠠ ᠪᠠᠨ ᠲᠣᠬᠢᠷᠠᠭᠤᠯᠤᠨ ᠵᠢᠷᠤᠮᠵᠢᠭᠤᠯᠵᠤ᠂ ᠠᠶᠤᠯ ᠦᠭᠡᠢ ᠦᠢᠯᠡᠳᠪᠦᠷᠢᠯᠡᠯ ᠢ ᠪᠡᠶᠡᠯᠡᠭᠦᠯᠬᠦ ᠪᠣᠯᠭᠠᠨ᠎ᠠ᠃      ﹇ᠬᠦᠲᠦᠯᠦᠭᠴᠢ﹈᠄      ︽ᠲᠣᠭᠲᠠᠭᠠᠯ︾᠎ ᠳᠤ ᠦᠢᠯᠡᠳᠪᠦᠷᠢᠯᠡᠯ ᠡᠵᠡᠩᠨᠡᠭᠴᠢ ᠶᠢ ᠬᠢᠵᠠᠭᠠᠷᠯᠠᠭᠰᠠᠨ ᠠᠴᠠ ᠭᠠᠳᠠᠨ᠎ᠠ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠪᠣᠳᠠᠲᠠᠶ ᠲᠣᠭᠲᠠᠭᠠᠯ ᠪᠠᠶᠢᠨ᠎ᠠ ᠦᠦ︖      ﹇ᠸᠠᠩ ᠵᠢᠶᠦ᠋ᠨ ᠹᠧᠩ﹈᠄      ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠨᠢ ᠪᠦᠲᠦᠮᠵᠢᠲᠡᠶ ᠬᠢᠨᠠᠯᠲᠠ ᠲᠠᠯᠪᠢᠬᠤ ᠠᠴᠠ ᠰᠠᠯᠵᠤ ᠴᠢᠳᠠᠬᠤ ᠦᠭᠡᠢ᠂ ᠠᠶᠤᠯ ᠦᠭᠡᠢ ᠦᠢᠯᠡᠳᠪᠦᠷᠢᠯᠡᠯ ᠤᠨ ᠰᠠᠶᠢᠨ ᠰᠠᠶᠢᠬᠠᠨ ᠣᠷᠴᠢᠨ ᠠᠬᠤᠶ ᠶᠢ ᠤᠯᠠᠨ ᠰᠠᠯᠠᠭ᠎ᠠ ᠮᠥᠴᠢᠷ ᠤᠨ ᠬᠠᠮᠲᠤᠪᠠᠷ ᠪᠣᠢ ᠪᠣᠯᠭᠠᠬᠤ ᠬᠡᠷᠡᠭᠴᠡᠭᠡ ᠲᠠᠢ ᠶᠤᠮ᠃ ᠶᠡᠷᠦᠩᠬᠡᠶ ᠱᠦᠵᠢ ᠰᠢ ᠶᠢᠨ ᠫᠢᠩ ︽11.22︾᠎ ᠤᠨ ᠳᠤᠮᠳᠠᠳᠤ ᠤᠯᠤᠰ ᠤᠨ ᠴᠢᠯᠠᠭᠤᠨ ᠳᠣᠰᠣᠠ ᠤ ᠳ᠋ᠥᠡᠭᠶ᠋ᠢᠩ ᠠᠴᠠ ᠬᠤᠸᠠᠩᠳᠤᠤ ᠬᠦᠷᠬᠦ ᠳᠤᠰᠤ ᠳᠠᠮᠵᠢᠭᠤᠯᠬᠤ ᠬᠤᠭᠤᠯᠠᠶ ᠭᠤᠭᠤᠵᠢᠵᠤ ᠳᠡᠯᠪᠡᠷᠡᠭᠰᠡᠨ ᠣᠨᠴᠠ ᠶᠡᠭᠡ ᠠᠳᠡᠯ ᠤᠨ ᠠᠶᠤᠯ ᠠᠴᠠ ᠠᠪᠤᠷᠠᠵᠤ ᠪᠠᠶᠢᠭ᠎ᠠ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠳᠤ ᠴᠢᠬᠤᠯᠠᠴᠢᠯᠠᠭᠰᠠᠨ ᠨᠢ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ ᠶᠢ ᠪᠠᠷᠢᠮᠲᠠᠯᠠᠬᠤ ᠬᠡᠷᠡᠭᠲᠡᠢ ᠬᠡᠪᠡ᠃ ︽ᠲᠣᠭᠲᠠᠭᠠᠯ︾᠎ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ ᠭᠡᠵᠦ ᠲᠣᠳᠣᠷᠬᠠᠶ ᠳᠤᠷᠠᠳᠤᠪᠠ᠃ ᠡᠭᠦᠨ ᠳᠤ᠂ ᠠᠷᠪᠠᠳᠤᠭᠠᠷ ᠵᠦᠢᠯ ᠳᠤ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠠᠵᠤ ᠠᠬᠤᠶ ᠶᠢᠨ ᠲᠦᠷᠦ ᠶᠢᠨ ᠪᠤᠳᠤᠯᠭ᠎ᠠ ᠠᠴᠠ ᠦᠵᠡᠭᠦᠯᠬᠦ ᠤᠳᠤᠷᠢᠳᠤᠮᠵᠢ ᠶᠢᠨ ᠦᠢᠯᠡᠳᠦᠯ ᠶᠢ ᠨᠢ ᠴᠢᠩᠭᠠᠳᠬᠠᠬᠬᠤ ᠬᠡᠷᠡᠭᠲᠡᠢ ᠭᠡᠵᠦ ᠲᠣᠭᠲᠠᠭᠠᠪᠠ︔ ᠠᠷᠪᠠᠨ ᠨᠢᠭᠡᠳᠦᠭᠡᠷ ᠵᠦᠢᠯ ᠳᠤ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠠᠶᠤᠯ ᠦᠭᠡᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠢ ᠳᠡᠮᠵᠢᠬᠦ ᠪᠠ ᠰᠢᠮᠳᠠᠭᠤᠯᠵᠤ ᠪᠠᠶᠢᠭᠠᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠢ ᠦᠨᠡᠨ ᠬᠦ ᠭᠦᠢᠴᠡᠳᠬᠡᠯᠭᠡᠬᠦ ᠬᠡᠷᠡᠭᠲᠡᠢ᠂ ᠠᠶᠤᠯ ᠥᠭᠡᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠶᠠᠮᠠᠷᠪᠠ ᠰᠢᠯᠲᠠᠭ ᠢᠶᠠᠷ ᠰᠢᠭᠤᠳ ᠪᠤᠶᠤ ᠬᠡᠯᠪᠡᠷᠢ ᠶᠢ ᠨᠢ ᠥᠭᠡᠷᠡᠲᠡᠭᠦᠯᠦᠨ ᠬᠢᠵᠠᠭᠠᠷᠯᠠᠬᠤ ᠨᠥᠬᠦᠴᠡᠯ ᠪᠣᠯᠣᠨ ᠬᠠᠷᠰᠢ ᠰᠠᠭᠠᠳ ᠲᠣᠬᠢᠷᠠᠭᠤᠯᠵᠤ ᠪᠣᠯᠬᠤ ᠦᠭᠡᠢ ᠭᠡᠵᠦ ᠲᠣᠭᠲᠠᠭᠠᠪᠠ︔ ᠠᠷᠪᠠᠨ ᠬᠤᠶᠠᠳᠤᠭᠠᠷ ᠵᠦᠢᠯ ᠳᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ ᠴᠢᠩᠭ᠎ᠠ ᠬᠢᠨᠠᠨ ᠬᠠᠮᠢᠶᠠᠷᠬᠤ ᠪᠠ ᠪᠣᠯᠣᠨ ᠪᠦᠲᠦᠮᠵᠢᠲᠡᠶ ᠵᠢᠯᠤᠭᠤᠳᠴᠤ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠲᠣᠭᠲᠠᠭᠠᠵᠠᠢ᠃      ﹇ᠬᠦᠲᠦᠯᠦᠭᠴᠢ﹈᠄      ︽ᠲᠣᠭᠲᠠᠭᠠᠯ︾᠎ ᠢ ᠤᠬᠠᠭᠤᠯᠤᠨ ᠲᠤᠤᠱᠯᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ      ﹇ᠸᠠᠩ ᠵᠢᠶᠦ᠋ᠨ ᠹᠧᠩ﹈᠄      ᠤᠬᠠᠭᠤᠯᠤᠨ ᠲᠤᠤᠱᠯᠠᠭᠤᠯᠬᠤ ᠲᠥᠰᠥᠯ ᠢ ᠪᠢᠳᠡ ᠨᠢᠭᠡᠨᠲᠡ ᠲᠣᠭᠲᠠᠭᠠᠨ ᠲᠠᠷᠬᠠᠭᠠᠳ᠂ ᠣᠳᠣ ᠶᠠᠭ ᠤᠬᠠᠭᠤᠯᠤᠨ ᠲᠤᠤᠱᠯᠠᠭᠤᠯᠬᠤ ᠠᠵᠢᠯᠯᠠᠭ᠎ᠠ ᠶᠢ ᠶᠠᠭ ᠢᠳᠡᠪᠬᠢᠲᠡᠶ ᠥᠷᠨᠢᠭᠦᠯᠵᠦ ᠪᠠᠶᠢᠨ᠎ᠠ᠃ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠺᠣᠮᠢᠰ ᠤᠨ ᠬᠤᠯᠪᠣᠭᠳᠠᠯ ᠪᠥᠬᠦᠢ ᠪᠦᠷᠢᠯᠳᠦᠬᠦᠨ ᠨᠢᠭᠡᠴᠡ ᠳᠤ ᠲᠤᠰ ᠠᠵᠢᠯ ᠲᠥᠷᠥᠯ ᠤᠨ ᠬᠦᠷᠢᠶᠡᠨ ᠤ ᠣᠨᠴᠠᠯᠢᠭ ᠢᠶᠠᠨ ᠦᠨᠳᠦᠰᠦᠯᠡᠨ ᠲᠤᠰᠬᠠᠶ ᠠᠵᠢᠯ ᠤᠨ ᠲᠥᠰᠦᠯ ᠲᠣᠭᠲᠠᠭᠠᠵᠤ᠂ ︽ᠲᠣᠭᠲᠠᠭᠠᠯ︾᠎ ᠢ ᠤᠬᠠᠭᠤᠯᠤᠨ ᠲᠤᠤᠱᠯᠠᠭᠤᠯᠬᠤ ᠠᠵᠢᠯ ᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠡᠯ᠎ᠡ ᠠᠶᠢᠮᠠᠭ ᠬᠤᠳᠠ ᠴᠤ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠤᠰ ᠭᠠᠵᠠᠷ ᠣᠷᠣᠨ ᠤ ᠪᠠᠨ ᠤᠬᠠᠭᠤᠯᠤᠨ ᠲᠤᠤᠱᠯᠠᠭᠤᠯᠬᠤ ᠠᠵᠢᠯ ᠢ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠬᠤ ᠶᠢ ᠱᠠᠭᠠᠷᠳᠠᠪᠠ᠃ ᠬᠤᠶᠠᠷ ᠲᠤ ᠤᠯᠠᠨ ᠵᠦᠢᠯ ᠤᠨ ᠬᠡᠯᠪᠡᠷᠢ ᠪᠠᠷ ︽ᠲᠣᠭᠲᠠᠭᠠᠯ︾᠎ ᠢ ᠰᠤᠷᠤᠯᠴᠠᠨ ᠣᠬᠠᠭᠤᠯᠪᠠ᠃ ᠯᠧᠺᠼᠢ ᠡᠷᠬᠢᠯᠡᠬᠦ᠂  ᠪᠣᠯᠪᠠᠰᠤᠷᠠᠭᠤᠯᠤᠯ ᠡᠷᠬᠢᠯᠡᠬᠦ᠂ ᠤᠷᠢᠶ᠎ᠠ ᠯᠣᠽᠦ᠋ᠩ ᠨᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠲᠣᠭᠲᠠᠭᠠᠯ︾᠎ ᠢ ᠣᠶᠢᠯᠠᠭᠠᠭᠤᠯᠬᠤ ᠨᠤᠷᠮ᠎ᠠ ᠶᠢ ᠥᠷᠭᠡᠳᠬᠡᠵᠦ᠂ ᠥᠷᠭᠡᠨ ᠤᠯᠠᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠦᠵᠡᠯ ᠤᠬᠠᠮᠰᠠᠷ ᠢ ᠨᠢ ᠳᠡᠭᠡᠭᠰᠢᠯᠡᠭᠦᠯᠪᠡ᠃ ᠭᠤᠷᠪᠠ ᠳᠤ ᠬᠠᠮᠢᠶ᠎ᠡ ᠪᠦᠬᠦᠢ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠪᠡ᠃ ᠰᠢᠨ᠎ᠡ ︽ᠠᠶᠤᠯ ᠦᠭᠡᠢ ᠦᠢᠯᠡᠳᠪᠦᠷᠢᠯᠡᠯ ᠤᠨ ᠬᠠᠤᠯᠢ︾᠎ ᠶᠢ ᠤᠬᠠᠭᠤᠯᠤᠨ ᠲᠤᠤᠱᠯᠠᠭᠤᠯᠬᠤ ᠠᠵᠢᠯ ᠲᠠᠢ ᠤᠶᠠᠯᠳᠤᠭᠤᠯᠤᠨ᠂ ︽ᠲᠣᠭᠲᠠᠭᠠᠯ︾᠎ ᠤᠨ ᠬᠤᠯᠪᠣᠭᠳᠠᠯ ᠪᠦᠬᠦᠢ ᠠᠭᠤᠯᠭ᠎ᠠ ᠶᠢ ᠺᠠᠳ᠋ᠷᠴᠤᠳ ᠢ ᠪᠣᠯᠪᠠᠰᠤᠷᠠᠭᠤᠯᠬᠤ ᠲᠥᠯᠥᠪᠯᠡᠭᠡ ᠳᠤ ᠣᠷᠤᠭᠤᠯᠪᠠ︔ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ︽ᠲᠣᠭᠲᠠᠭᠠᠯ︾᠎ ᠤᠨ ᠰᠤᠷᠤᠯᠴᠠᠯᠭ᠎ᠠ ᠶᠢ ᠭᠤᠣᠯ ᠬᠠᠷᠢᠭᠤᠴᠠᠯᠭᠠᠲᠠᠨ᠂ ᠠᠶᠤᠯ ᠥᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠳᠠᠨ ᠪᠣᠯᠤᠨ ᠠᠵᠢᠯᠯᠠᠵᠤ ᠪᠠᠶᠢᠭ᠎ᠠ ᠬᠥᠮᠦᠰ ᠤᠨ ᠪᠣᠯᠪᠠᠰᠤᠷᠠᠭᠤᠯᠤᠯ ᠤᠨ ᠠᠭᠤᠯᠭ᠎ᠠ ᠳᠤ ᠣᠷᠤᠭᠤᠯᠪᠠ᠃ ᠡᠳᠦᠷ ᠲᠤᠳᠤᠮ ᠤᠨ ᠬᠠᠤᠯᠢ ᠶᠢᠨ ᠬᠡᠷᠡᠭᠵᠢᠭᠦᠯᠦᠯᠲᠡ ᠪᠠᠶᠢᠴᠠᠭᠠᠯᠲᠠ ᠳᠤᠮᠳᠠ ᠰᠢᠨ᠎ᠡ ︽ᠠᠶᠤᠯ ᠦᠭᠡᠢ ᠦᠢᠯᠡᠳᠪᠦᠷᠢᠯᠡᠯ ᠤᠨ ᠬᠠᠤᠯᠢ︾ ᠪᠣᠯᠣᠨ ︽ᠲᠣᠭᠲᠠᠭᠠᠯ︾᠎ ᠢ ᠲᠥᠭᠡᠮᠡᠯᠵᠢᠭᠦᠯᠬᠦ ᠪᠠ ᠤᠬᠠᠭᠤᠯᠬᠤ ᠪᠠᠨ ᠴᠢᠩᠭᠠᠳᠬᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠲᠤ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠠᠭᠤᠯᠭ᠎ᠠ ᠶᠢ ᠣᠶᠢᠯᠠᠭᠠᠨ ᠡᠵᠡᠮᠰᠢᠭᠦᠯᠪᠡ᠃ ᠡᠭᠦᠨ ᠤ ᠵᠡᠷᠭᠡᠴᠡᠪᠡᠷ᠂ ︽ᠲᠣᠭᠲᠠᠭᠠᠯ︾᠎ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠤᠭᠤᠯᠪᠠ᠃      ᠳᠠᠷᠠᠭᠠᠴᠢ ᠶᠢᠨ ᠠᠯᠬᠤᠮ ᠳᠤ ᠪᠢᠳᠡ ︽ᠲᠣᠭᠲᠠᠭᠠᠯ︾᠎ ᠢ ᠨᠠᠶᠢᠳᠠᠪᠤᠷᠢᠵᠢᠭᠤᠯᠤᠭᠰᠠᠨ ᠪᠠ ᠬᠡᠷᠡᠭᠵᠢᠭᠦᠯᠦᠭᠰᠡᠨ ᠢ ᠦᠨᠳᠦᠰᠦᠯᠡᠨ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠤᠭᠤᠯᠤᠨ ᠲᠡᠭᠦᠯᠳᠡᠷᠵᠢᠭᠦᠯᠵᠦ᠂ ᠰᠠᠶᠢᠨ ᠲᠤᠷᠰᠢᠯᠭ᠎ᠠ ᠪᠣᠯᠣᠨ ᠠᠷᠭ᠎ᠠ ᠬᠢᠳᠡᠯ ᠢ ᠶᠠᠭ ᠵᠠᠰᠠᠪᠤᠷᠢ ᠣᠷᠤᠭᠤᠯᠵᠤ ᠪᠠᠶᠢᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠲᠥᠷᠢᠮ︾᠎ ᠳᠤ ᠣᠷᠤᠭᠤᠯᠵᠤ᠂ ᠬᠠᠤᠯᠢ ᠲᠣᠭᠲᠠᠭᠠᠯ ᠤᠨ ᠬᠡᠯᠪᠡᠷᠢ ᠪᠠᠷ ᠲᠣᠭᠲᠠᠪᠤᠷᠢᠵᠢᠭᠤᠯᠬᠤ ᠪᠠᠷ ᠪᠠᠶᠢᠨ᠎ᠠ᠃      ﹇ᠬᠦᠲᠦᠯᠦᠭᠴᠢ﹈᠄        ᠵᠠ ᠰᠠᠶᠢᠨ ᠪᠤᠯᠤᠯ᠎ᠠ᠂ ᠸᠠᠩ ᠲᠣᠪᠴᠢᠶᠠᠨ ᠳᠠᠷᠤᠭ᠎ᠠ ᠶᠢᠨ ᠨᠠᠷᠢᠨ ᠨᠢᠮᠪᠠᠢ ᠲᠠᠶᠢᠯᠪᠤᠷᠢᠯᠠᠯᠳᠠ ᠳᠤ ᠲᠠᠯᠠᠷᠬᠠᠵᠦ ᠪᠠᠶᠢᠨ᠎ᠠ᠂ ᠮᠠᠨ ᠤ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠠᠵᠢᠯ ᠰᠢᠨ᠎ᠡ ᠨᠢᠭᠡᠨ ᠳᠡᠭᠲᠡᠷ ᠲᠤ ᠭᠠᠷᠬᠤ ᠶᠢ ᠠᠳᠡ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠦ ᠪᠠᠶᠢᠨ᠎ᠠ᠂ ᠡᠨᠡ ᠤᠳᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠲᠠᠭᠦᠰᠤᠯ᠎ᠠ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠤᠯᠭᠠᠶ᠎ᠠ  ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map