︽ᠳᠥᠷᠪᠡᠨ ᠪᠦᠬᠦ ᠲᠠᠯ᠎ᠠ︾ ᠪᠣᠯᠣᠨ ︽13 · 5︾᠎ ᠶᠢᠨ ᠲᠥᠯᠥᠪᠵᠢᠭᠦᠯᠭᠡ
ᠨᠡᠶᠢᠲᠡᠯᠡᠭᠰᠡᠨ ᠴᠠᠭ᠄
2015/11/25
     ᠰᠠᠶ᠋ᠢᠬᠠᠨ ᠲᠡᠭᠦᠰᠦᠭᠰᠡᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷ᠎ᠡ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠯᠠᠭᠤᠯᠤᠯᠲᠠ ᠲᠥᠪ ᠬᠤᠷᠢᠶ᠎ᠠ ᠶᠢᠨ ᠪᠥᠬᠦᠳᠡ ᠬᠤᠷᠠᠯ ᠤᠨ ᠪᠢᠴᠢᠭ ᠮᠠᠲ᠋ᠧᠷᠢᠶᠠᠯ ᠳᠤ ᠠᠩᠬ᠎ᠠ ᠤᠳᠠᠭ᠎ᠠ ᠪᠢᠴᠢᠭᠳᠡᠵᠦ᠂ ᠤᠯᠤᠰ ᠠᠷᠠᠳ ᠤᠨ ᠠᠵᠤ ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠴᠢᠬᠤᠯᠠ ᠠᠭᠤᠯᠭ᠎ᠠ ᠪᠣᠯᠣᠭᠰᠠᠨ ᠪᠠᠶᠢᠨ᠎ᠠ᠃ ᠶᠠᠭᠤᠨ ᠤ ᠤᠴᠢᠷ ᠠᠴᠠ ︽ᠳᠥᠷᠪᠡᠨ ᠪᠦᠬᠦ ᠲᠠᠯ᠎ᠠ︾᠎ ᠶᠢ ︽13 · 5︾᠎ ᠶᠢᠨ ᠲᠥᠯᠥᠪᠵᠢᠭᠦᠯᠭᠡ ᠳᠤ ᠪᠢᠴᠢᠵᠦ ᠣᠷᠣᠭᠤᠯᠤᠭᠰᠠᠨ ᠪᠣᠢ︖ ᠰᠢᠨᠬᠤᠸᠠ ᠰᠦᠯᠵᠢᠶ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ  ᠬᠤᠷᠢᠶ᠎ᠠ ᠶᠢᠨ ᠲᠤᠯᠭᠤᠷ ᠪᠢᠴᠢᠭ ᠰᠤᠳᠤᠯᠬᠤ ᠭᠡᠷ ᠤᠨ ᠳᠡᠳ᠋ ᠡᠷᠬᠢᠯᠡᠭᠴᠢ ᠰᠦᠨ ᠶᠧ ᠯᠢ ᠡᠭᠦᠨ ᠤ ᠲᠤᠬᠠᠶ ᠭᠦᠨᠵᠡᠭᠡᠶ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃      ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︽13 · 5︾᠎ ᠶᠢᠨ ᠲᠥᠯᠥᠪᠵᠢᠭᠦᠯᠭᠡ ᠨᠢ ᠵᠢᠯᠣᠭᠤᠳᠬᠤ ᠦᠵᠡᠯ ᠰᠠᠨᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠢᠶᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠪᠠ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠠᠷᠢᠮᠲᠠᠯᠠᠬᠤ ᠶᠢ ᠲᠤᠲᠤᠷᠬᠠᠢ ᠳᠤᠷᠠᠳᠬᠤ ᠶᠢ ᠰᠠᠨᠠᠭᠤᠯᠪᠠ᠃ ᠥᠭᠡᠷ᠎ᠡ ᠪᠠᠷ ᠬᠡᠯᠡᠪᠡᠯ᠂ ︽ᠳᠥᠷᠪᠡᠨ ᠪᠦᠬᠦ ᠲᠠᠯ᠎ᠠ︾᠎ ᠨᠢ ᠮᠠᠨ ᠤ ᠨᠠᠮ ᠤᠨ ︽13 · 5︾᠎ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ ᠳᠤ ᠴᠢᠬᠤᠯᠠ ᠵᠢᠯᠣᠭᠤᠳᠬᠤ ᠦᠵᠡᠯ ᠰᠠᠨᠠᠭ᠎ᠠ ᠪᠣᠯᠣᠨ ᠦᠨᠳᠦᠰᠦᠨ ᠳᠦᠷᠢᠮᠵᠢᠯ ᠪᠣᠯᠣᠭᠰᠠᠨ ᠪᠠᠶᠢᠨ᠎ᠠ᠃       ᠶᠠᠭᠤᠨ ᠤ ᠤᠴᠢᠷ ᠠᠴᠠ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ ︽13 · 5︾᠎ ᠶᠢᠨ ᠲᠥᠯᠥᠪᠵᠢᠭᠦᠯᠭᠡ ᠶᠢᠨ ᠵᠢᠯᠣᠭᠤᠳᠬᠤ ᠦᠵᠡᠯ ᠰᠠᠨᠠᠭ᠎ᠠ ᠳᠤ ᠪᠢᠴᠢᠵᠦ ᠣᠷᠣᠭᠤᠯᠤᠭᠰᠠᠨ ᠪᠤᠢ︖      ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠰᠢ ᠶᠢᠨ ᠫᠢᠩ ᠨᠥᠬᠦᠷ ᠢᠶᠠᠷ ᠶᠡᠷᠦᠩᠬᠡᠶ ᠱᠦᠵᠢ ᠪᠣᠯᠭᠠᠭᠰᠠᠨ ᠨᠠᠮ ᠤᠨ ᠲᠥᠪ ᠬᠤᠷᠢᠶ᠎ᠠ  ᠠᠴᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠬᠦᠭᠵᠢᠭᠦᠯᠬᠦ ᠪᠦᠬᠦ ᠲᠠᠯ᠎ᠠ ᠶᠢ ᠦᠨᠳᠦᠰᠦᠯᠡᠨ᠂ ᠪᠠᠰᠠ ᠴᠤ ᠮᠠᠨ ᠤ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ ᠳᠤᠷᠠᠳᠤᠭᠰᠠᠨ ᠶᠤᠮ᠃ ︽ᠳᠥᠷᠪᠡᠨ ᠪᠦᠬᠦ ᠲᠠᠯ᠎ᠠ︾᠎ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ ᠪᠣᠯᠣᠨ ᠬᠥᠮᠦᠨ ᠲᠥᠷᠥᠯᠬᠢᠲᠡᠨ ᠤ ᠬᠥᠭᠵᠢᠯᠲᠡ ᠶᠢᠨ ᠵᠢᠮ᠎ᠡ ᠶᠤᠰᠣ ᠶᠢᠨ ᠲᠤᠬᠠᠶ ᠲᠠᠨᠢᠯᠲᠠ ᠶᠢ ᠲᠦᠢᠯ ᠤᠨ ᠶᠡᠭᠡ ᠪᠠᠷ ᠭᠦᠨᠵᠡᠭᠡᠶᠢᠷᠡᠭᠦᠯᠵᠦ᠂ ᠮᠠᠨ ᠤ ᠨᠠᠮ ᠤᠨ ᠤᠨᠤᠯ ᠤᠨ ᠲᠠᠯ᠎ᠠ ᠪᠠᠷ ᠰᠢᠨ᠎ᠡ ᠶᠢ ᠡᠭᠦᠳᠦᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠃ ᠲᠡᠦᠬᠡ ᠶᠢᠨ ᠰᠢᠨ᠎ᠡ ᠨᠥᠬᠦᠴᠡᠯ ᠳᠣᠣᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠬᠦᠭᠵᠢᠭᠦᠯᠬᠦ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠶᠢ ᠪᠠᠷᠢᠮᠲᠠᠯᠠᠬᠤ᠂ ᠡᠭᠦᠨ ᠤ ᠤᠯᠠᠮ ᠠᠴᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠲᠡᠷᠭᠡᠯᠰᠢᠭᠦᠯᠬᠦ ᠳᠤ ᠴᠢᠬᠤᠯᠠ ᠤᠨᠦᠯ ᠤᠨ ᠵᠢᠯᠦᠭᠤᠳᠦᠯᠭ᠎ᠠ ᠪᠣᠯᠤᠨ ᠦᠢᠯᠡᠳᠦᠯᠭᠡ ᠶᠢᠨ ᠵᠦᠭᠯᠡᠭᠦᠷ ᠪᠣᠯᠣᠨ᠎ᠠ᠃ ᠡᠶᠢᠮᠦ ᠨᠢᠭᠡᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠨᠢ ︽13 · 5︾᠎ ᠶᠢᠨ ᠲᠥᠯᠥᠪᠵᠢᠭᠦᠯᠭᠡ ᠶᠢ ᠲᠣᠭᠲᠠᠭᠠᠬᠤ ᠪᠠ ᠨᠠᠶᠢᠳᠠᠪᠤᠷᠢᠵᠢᠭᠤᠯᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠡᠶᠢᠮᠦ ᠠᠴᠠ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠠᠷᠢᠮᠲᠠᠯᠠᠬᠤ ᠶᠢ ︽13 · 5︾᠎ ᠶᠢᠨ ᠲᠥᠯᠥᠪᠵᠢᠭᠦᠯᠭᠡ ᠶᠢᠨ ᠰᠠᠨᠠᠭᠤᠯᠭ᠎ᠠ ᠳᠤ ᠪᠢᠴᠢᠵᠦ ᠣᠷᠣᠭᠤᠯᠬᠤ ᠶᠢᠨ ᠬᠠᠮᠲᠤ ᠵᠢᠯᠣᠭᠤᠳᠬᠤ ᠦᠵᠡᠯ ᠰᠠᠨᠠᠭᠠᠨ ᠤ ᠠᠭᠤᠯᠭ᠎ᠠ ᠪᠣᠯᠭᠠᠨ ᠲᠣᠳᠣᠷᠬᠠᠶ ᠲᠣᠭᠲᠠᠭᠠᠭᠰᠠᠨ ᠨᠢ᠂ ᠮᠠᠨ ᠤ ᠨᠠᠮ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢᠶᠠᠷ ᠪᠦᠬᠦ ᠨᠠᠮ ᠢ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠬᠤ ᠰᠢᠯᠢᠳᠡᠭ ᠤᠯᠠᠮᠵᠢᠯᠠᠯ ᠢ ᠬᠠᠷᠠᠭᠤᠯᠵᠤ᠂ ᠮᠦᠨ ᠴᠦ ᠮᠠᠨ ᠤ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠪᠠ ᠤᠯᠤᠰ ᠣᠷᠣᠨ ᠢᠶᠠᠨ ᠵᠠᠰᠠᠵᠤ ᠵᠠᠰᠠᠭ ᠤᠨ ᠶᠠᠪᠤᠳᠠᠯ ᠢ ᠡᠷᠬᠢᠯᠡᠬᠦ ᠰᠢᠨ᠎ᠡ ᠰᠡᠳᠬᠢᠮᠵᠢ ᠶᠢ ᠬᠠᠷᠠᠭᠤᠯᠪᠠ᠃      ︽13 · 5︾᠎ ᠶᠢᠨ ᠲᠥᠯᠥᠪᠵᠢᠭᠦᠯᠭᠡ ᠪᠣᠯᠣᠨ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠨᠢ ᠳᠡᠭᠡᠳᠦ ᠬᠡᠮᠵᠢᠶ᠎ᠡ ᠪᠠᠷ ᠨᠢᠭᠡᠳᠴᠦ ᠪᠠᠶᠢᠨ᠎ᠠ᠄ ︽ᠳᠥᠷᠪᠡᠨ ᠪᠦᠬᠦ ᠲᠠᠯ᠎ᠠ︾᠎ ᠶᠢᠨ ᠨᠢᠭᠡᠳᠦᠭᠡᠷ ︽ᠪᠦᠬᠦ ᠲᠠᠯ᠎ᠠ︾ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠣᠯᠣᠨ᠎ᠠ᠂ ᠪᠠᠰᠠ ᠴᠤ ᠮᠠᠨ ᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠮᠥᠨ᠃ ᠶᠡᠷᠦᠩᠬᠡᠶ ᠱᠦᠵᠢ ᠰᠢ ᠶᠢᠨ ᠫᠢᠩ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ ᠮᠠᠨ ᠤ ᠪᠣᠢ ᠪᠦᠭᠦᠢ ᠲᠡᠮᠡᠴᠡᠯ ᠴᠥᠮ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠡᠶᠢᠮᠦ ᠨᠢᠭᠡᠨ ᠬᠠᠷᠠᠯᠲᠠ ᠳᠤ ᠲᠥᠪᠯᠡᠷᠡᠵᠦ ᠪᠤᠢ ᠭᠡᠵᠦ ᠶᠠᠷᠢᠵᠤ ᠥᠩᠭᠡᠷᠡᠪᠡ᠃ ︽13 · 5︾᠎ ᠶᠢᠨ ᠲᠥᠯᠥᠪᠵᠢᠭᠦᠯᠭᠡ ᠶᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠲᠣᠭᠲᠠᠭᠠᠭᠰᠠᠨ ᠶᠤᠮ᠃ ᠬᠡᠷᠪᠡ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯ ᠪᠠᠶᠢᠯᠳᠤᠬᠤ ᠪᠤᠳᠤᠯᠭ᠎ᠠ ᠶᠢᠨ ᠲᠠᠯ᠎ᠠ ᠠᠴᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠬᠢᠭᠰᠡᠨ ᠪᠠᠶᠢᠷᠢᠯᠠᠭᠤᠯᠤᠯᠲᠠ ᠪᠣᠯᠣᠨ᠎ᠠ ᠭᠡᠵᠦ ᠬᠡᠯᠡᠪᠡᠯ᠂ ︽13 · 5︾᠎ ᠶᠢᠨ ᠲᠥᠯᠥᠪᠵᠢᠭᠦᠯᠭᠡ ᠨᠢ ᠬᠡᠷᠡᠭ ᠳᠡᠭᠡᠷ᠎ᠡ ᠪᠠᠨ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠬᠤ ᠳᠤ ᠪᠣᠳᠠᠲᠠᠶ ᠠᠵᠢᠯ ᠤᠨ ᠲᠠᠯ᠎ᠠ ᠪᠠᠷ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃       ︽13 · 5︾᠎ ᠶᠢᠨ ᠲᠥᠯᠥᠪᠵᠢᠭᠦᠯᠭᠡ ᠶᠢ ᠬᠡᠷᠡᠭᠵᠢᠭᠦᠯᠦᠨ ᠨᠠᠶᠢᠳᠠᠪᠤᠷᠢᠵᠢᠭᠤᠯᠬᠤ ᠶᠢ ᠪᠠᠲᠤᠯᠠᠬᠤ ᠳᠤ᠂ ᠮᠥᠨ ᠴᠦ  ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠵᠢᠯᠣᠭᠤᠳᠣᠯᠭ᠎ᠠ ᠪᠣᠯᠣᠨ ᠶᠡᠷᠦᠩᠭᠡᠢ ᠤᠳᠤᠷᠢᠳᠤᠮᠵᠢ ᠠᠴᠠ ᠰᠠᠯᠵᠤ ᠴᠢᠳᠠᠬᠤ ᠦᠭᠡᠢ ᠶᠤᠮ᠃ ᠲᠥᠯᠥᠪᠵᠢᠭᠦᠯᠭᠡ ᠶᠢᠨ ᠰᠠᠨᠠᠭᠤᠯᠭ᠎ᠠ ᠳᠤ ᠰᠢᠨ᠎ᠡ ᠶᠢ ᠡᠭᠦᠳᠴᠦ ᠬᠥᠭᠵᠢᠭᠦᠯᠬᠦ᠂ ᠵᠣᠬᠢᠴᠠᠩᠭᠤᠶ  ᠬᠦᠭᠵᠢᠭᠦᠯᠬᠦ᠂ ᠪᠣᠬᠢᠷᠲᠤᠯ ᠦᠭᠡᠢ ᠬᠥᠭᠵᠢᠭᠦᠯᠬᠦ᠂ ᠨᠡᠬᠡᠬᠡᠯᠳᠡ ᠬᠢᠵᠦ ᠬᠥᠭᠵᠢᠭᠦᠯᠬᠦ᠂ ᠬᠥᠭᠵᠢᠯᠲᠡ ᠶᠢ ᠬᠠᠮᠲᠤ ᠪᠠᠷ ᠡᠳ᠋ᠯᠡᠬᠦ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠢ ᠳᠤᠷᠠᠳᠴᠦ᠂ ᠡᠳᠡᠭᠡᠷ  ᠣᠨᠣᠯᠵᠢᠬᠤᠨ ᠤ ᠲᠤᠤᠱᠯᠠᠭᠳᠠᠨ ᠨᠠᠶᠢᠳᠠᠪᠤᠷᠢᠵᠢᠬᠤ ᠶᠢ ᠬᠡᠷᠬᠢᠨ ᠪᠠᠲᠤᠯᠠᠬᠤ ᠪᠤᠢ ᠭᠡᠪᠡᠯ ᠳᠠᠷᠤᠶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠡᠳᠡᠭᠡᠷ ᠬᠥᠭᠵᠢᠯᠲᠡ ᠶᠢᠨ ᠣᠨᠣᠯᠵᠢᠬᠤᠨ ᠢ ᠬᠠᠷᠰᠢᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢ ᠦᠭᠡᠶᠢᠰᠬᠡᠵᠦ᠂ ᠬᠠᠤᠯᠢ ᠴᠠᠭᠠᠵᠠ ᠪᠣᠯᠣᠨ ᠲᠦᠷᠢᠮ ᠲᠣᠭᠲᠠᠭᠠᠯ ᠢᠶᠠᠷ ᠳᠠᠮᠵᠢᠭᠤᠯᠤᠨ ᠡᠲᠡᠭᠡᠷ ᠣᠨᠣᠯᠵᠢᠬᠤᠨ ᠤ ᠪᠣᠳᠠᠲᠠᠶᠢᠵᠢᠬᠤ ᠶᠢ ᠪᠠᠲᠤᠯᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠷ ᠳᠠᠮᠵᠢᠭᠤᠯᠤᠨ᠂ ᠮᠠᠨ ᠤ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠬᠤ ᠦᠢᠯᠡᠳᠦᠯ ᠢ ᠤᠯᠠᠮ ᠰᠠᠶᠢᠲᠤᠷ ᠪᠠᠳᠠᠷᠠᠭᠤᠯᠬᠤ ᠪᠣᠯᠣᠨ᠎ᠠ᠃      ᠡᠶᠢᠮᠦ ᠠᠴᠠ᠂ ᠲᠥᠯᠥᠪᠵᠢᠭᠦᠯᠭᠡ ᠨᠢ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ ᠰᠠᠶᠢᠲᠤᠷ ᠢᠯᠡᠷᠡᠭᠦᠯᠵᠦ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ︔ ︽13 · 5︾᠎ ᠶᠢᠨ ᠲᠥᠯᠥᠪᠵᠢᠭᠦᠯᠭᠡ ᠶᠢ ᠪᠡᠶᠡᠯᠡᠭᠦᠯᠬᠦ ᠳᠤ ᠮᠦᠨ ᠴᠦ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠵᠢᠯᠤᠭᠤᠳᠤᠯᠭ᠎ᠠ ᠪᠠ ᠶᠡᠷᠦᠩᠭᠡᠢ ᠤᠳᠤᠷᠢᠳᠤᠮᠵᠢ ᠠᠴᠠ ᠰᠠᠯᠵᠤ ᠴᠢᠳᠠᠬᠤ ᠦᠭᠡᠢ ᠶᠤᠮ᠃      ᠶᠠᠭᠤᠨ ᠤ ᠤᠴᠢᠷ ᠠᠴᠠ ︽ᠳᠦᠷᠪᠡᠨ ᠪᠦᠬᠦ ᠲᠠᠯ᠎ᠠ︾᠎ ᠶᠢ ︽ᠳᠤᠮᠳᠠᠳᠤ ᠤᠯᠤᠰ ᠤᠨ ᠰᠢᠨ᠎ᠡ ᠲᠡᠦᠬᠡᠨ ᠨᠥᠬᠦᠴᠡᠯ ᠳᠣᠣᠷᠠᠬᠢ ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠠᠷᠭ᠎ᠠ ᠪᠣᠳᠣᠯᠭ᠎ᠠ︾ ᠭᠡᠬᠦ ᠪᠣᠢ︖      ᠣᠳᠣ ᠦᠶ᠎ᠡ ᠶᠢᠨ ᠳᠤᠮᠳᠠᠳᠤ ᠤᠯᠤᠰ ᠲᠤ ᠠᠪᠴᠤ ᠬᠡᠯᠡᠪᠡᠯ᠂ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠵᠦ ᠴᠢᠳᠠᠬᠤ ᠡᠰᠡᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠯ᠎ᠡ ᠵᠦᠢᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠴᠢᠳᠠᠬᠤ ᠡᠰᠡᠬᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ  ᠲᠥᠯᠥᠪᠵᠢᠭᠦᠯᠭᠡ ᠶᠢᠨ ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ ᠲᠤᠤᠱᠯᠠᠭᠳᠠᠨ ᠨᠠᠶᠢᠳᠠᠪᠤᠷᠢᠵᠢᠭᠤᠯᠤᠭᠳᠠᠬᠤ ᠡᠰᠡᠬᠦ ᠨᠢ ᠡᠴᠦᠰ ᠤᠨ ᠡᠴᠦᠰ ᠲᠤ ᠪᠠᠨ ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠬᠢᠷᠢ ᠲᠦᠪᠰᠢᠨ ᠳᠡᠭᠡᠷ᠎ᠡ ᠢᠯᠡᠷᠡᠬᠦ ᠪᠣᠯᠣᠨ᠎ᠠ᠃ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠨᠢ ᠲᠡᠦᠬᠡᠨ ᠲᠤᠷᠰᠢᠯᠭ᠎ᠠ ᠶᠢ ᠬᠤᠷᠢᠶᠠᠩᠭᠤᠶᠢᠯᠠᠬᠤ ᠪᠠᠷ ᠳᠠᠮᠵᠢᠨ᠂ ᠣᠳᠣ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠳᠤ ᠬᠢᠭᠰᠡᠨ ᠰᠢᠨ᠎ᠡ ᠰᠦᠪᠡᠭᠴᠢᠯᠡᠯ ᠮᠥᠨ᠃      ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠬᠢᠷᠢ ᠲᠦᠪᠰᠢᠨ ᠤ ᠥᠨᠳᠥᠷ ᠳᠣᠣᠷ᠎ᠠ ᠢᠯᠠᠵᠤ ᠢᠯᠠᠭᠳᠠᠬᠤ ᠪᠠᠷᠢᠮᠵᠢᠶ᠎ᠠ ᠨᠢ ᠠᠷᠠᠳ ᠤᠯᠠᠨ ᠤ ᠬᠠᠨᠤᠮᠵᠢᠲᠠᠢ ᠡᠰᠡᠬᠦ ᠳᠡᠭᠡᠷ᠎ᠡ ᠲᠥᠪᠯᠡᠷᠡᠩᠭᠦᠢ ᠪᠠᠷ ᠢᠯᠡᠷᠡᠵᠦ᠂ ᠥᠭᠡᠷ᠎ᠡ ᠪᠠᠷ ᠬᠡᠯᠡᠪᠡᠯ ᠠᠷᠠᠳ ᠲᠦᠮᠡᠨ ᠤ ᠠᠰᠢᠭ ᠲᠤᠰᠠ ᠶᠢ ᠬᠡᠳᠦᠢ ᠬᠡᠮᠵᠢᠶ᠎ᠡ ᠪᠠᠷ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠳᠡᠭᠡᠷ᠎ᠡ ᠢᠯᠡᠷᠡᠨ᠎ᠡ᠃      ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠪᠣᠯ ᠦᠷᠭᠦᠯᠵᠢᠯᠡᠨ ᠬᠥᠭᠵᠢᠬᠦ ᠶᠢᠨ ᠰᠠᠭᠤᠷᠢᠨ ᠳᠡᠭᠡᠷ᠎ᠡ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠥᠭᠵᠢᠯᠲᠡ ᠶᠢᠨ ᠦᠷ᠎ᠡ  ᠪᠦᠲᠦᠭᠡᠯ ᠢ ᠪᠦᠬᠦᠶᠢᠯᠡ ᠠᠷᠠᠳ ᠲᠦᠮᠡᠨ ᠳᠤ ᠬᠦᠷᠲᠡᠭᠡᠵᠦ᠂ ᠠᠷᠠᠳ ᠲᠦᠮᠡᠨ ᠢ ᠨᠡᠩ ᠰᠠᠶᠢᠨ ᠠᠮᠢᠳᠤᠷᠠᠭᠤᠯᠤᠨ᠎ᠠ᠃ ︽ᠳᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠨᠢ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠶᠢ ᠡᠶᠢᠮᠦᠷᠬᠦ ᠴᠢᠬᠤᠯᠠ ᠪᠠᠶᠢᠷᠢ ᠳᠤ ᠲᠠᠯᠪᠢᠵᠤ᠂ ᠠᠯᠢᠪᠠ ᠲᠡᠮᠡᠴᠡᠯ ᠢ ᠴᠥᠮ ᠡᠶᠢᠮᠦᠷᠬᠦ ᠬᠠᠷᠠᠯᠲᠠ ᠳᠤ ᠲᠥᠪᠯᠡᠷᠡᠭᠦᠯᠬᠦ ᠶᠢ ᠴᠢᠬᠤᠯᠠᠴᠢᠯᠠᠵᠠᠢ᠂ ᠡᠨᠡ ᠨᠢ ᠮᠠᠨ ᠤ ᠨᠠᠮ ᠤᠨ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠣᠯᠭᠠᠵᠤ ᠪᠠᠶᠢᠭ᠎ᠠ ᠶᠢ ᠭᠦᠢᠴᠡᠳ ᠢᠯᠡᠷᠡᠭᠦᠯᠵᠦ᠂ ᠦᠷᠡᠭᠡᠨ ᠣᠯᠠᠨ ᠠᠷᠠᠳ ᠲᠦᠮᠡᠨ ᠤ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠪᠠᠷ ᠠᠯᠢᠪᠠ ᠠᠵᠢᠯ ᠤᠨ ᠡᠬᠢᠯᠡᠯᠲᠡ ᠪᠠ ᠲᠡᠭᠦᠰᠦᠯᠲᠡ ᠪᠣᠯᠭᠠᠭᠰᠠᠨ ᠲᠡᠷᠢᠭᠦᠨ ᠤ ᠣᠨᠣᠯᠵᠢᠬᠤᠨ ᠪᠣᠯᠣᠨ᠎ᠠ᠃      ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠶᠢᠨ ᠬᠦᠰᠡᠯᠡᠩᠲᠦ ᠬᠡᠯᠪᠡᠷᠢ ᠨᠢ ᠨᠡᠶᠢᠭᠡᠮ ᠢ ᠠᠮᠢᠵᠢᠷᠠᠯ ᠤᠨ ᠬᠦᠴᠦᠨ ᠪᠢᠯᠬᠠᠮ᠎ᠠ ᠮᠥᠷᠲᠡᠭᠡᠨ ᠡᠶ᠎ᠡ ᠵᠣᠬᠢᠴᠠᠩᠭᠤᠢ ᠲᠣᠭᠲᠠᠭᠤᠨ ᠪᠣᠯᠭᠠᠨ᠎ᠠ᠃ ᠠᠮᠢᠵᠢᠷᠠᠯ ᠤᠨ ᠬᠦᠴᠦᠨ ᠪᠠ ᠡᠮᠬᠢ ᠳᠠᠷᠠᠭᠠᠯᠠᠯ ᠲᠠᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠮᠢᠵᠢᠷᠠᠯ ᠤᠨ ᠬᠦᠴᠦᠨ ᠢ ᠡᠮᠬᠢ ᠳᠠᠷᠠᠭᠠᠯᠠᠯ ᠎ ᠲᠠᠢ ᠪᠠᠷ ᠪᠠᠳᠠᠷᠠᠭᠤᠯᠤᠨ᠎ᠠ᠃ ᠪᠦᠬᠦ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠪᠠᠶᠢᠭᠤᠯᠤᠯ ᠲᠤᠭᠲᠠᠴᠠ ᠶᠢᠨ ᠬᠠᠷᠰᠢ ᠰᠠᠭᠠᠳ ᠢ ᠡᠪᠳᠡᠵᠦ᠂ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠵᠦ ᠬᠥᠭᠵᠢᠭᠦᠯᠦᠨ᠎ᠡ︔ ᠤᠯᠤᠰ ᠢᠶᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠪᠣᠯ ᠶᠣᠰᠣ ᠳᠦᠷᠢᠮ ᠲᠠᠢ ᠪᠣᠯᠭᠠᠵᠤ᠂ ᠶᠣᠰᠣ ᠳᠦᠷᠢᠮ ᠢ ᠶᠠᠷᠢᠵᠤ᠂ ᠶᠣᠰᠣ ᠳᠦᠷᠢᠮ ᠢ ᠰᠠᠬᠢᠵᠤ᠂ ᠬᠠᠤᠯᠢ ᠪᠠᠷ ᠬᠠᠮᠤᠭ ᠤᠨ ᠶᠡᠭᠡ ᠶᠤᠰᠤ ᠳᠦᠷᠢᠮ ᠪᠣᠯᠭᠠᠨ ᠨᠡᠶᠢᠭᠡᠮ ᠤᠨ ᠦᠢᠯᠡ ᠠᠵᠢᠯᠯᠠᠭ᠎ᠠ ᠶᠢ ᠲᠣᠬᠢᠷᠠᠭᠤᠯᠬᠤ ᠪᠠ ᠳᠦᠷᠢᠮᠵᠢᠭᠦᠯᠵᠦ᠂ ᠪᠦᠬᠦᠶᠢᠯᠡ ᠨᠡᠶᠢᠭᠡᠮ ᠢ ᠲᠣᠭᠲᠠᠭᠤᠨ ᠪᠥᠭᠡᠳ ᠡᠮᠬᠢ ᠵᠢᠷᠤᠮ ᠲᠠᠢ ᠪᠣᠯᠭᠠᠨ᠎ᠠ᠃ ᠪᠦᠬᠦ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠤᠯᠤᠰ ᠢᠶᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠨᠢ ᠡᠪᠳᠡᠬᠦ ᠪᠠ ᠪᠠᠶᠢᠭᠤᠯᠬᠤ ᠶᠢᠨ ᠬᠤᠪᠢᠰᠤᠩᠭᠤᠢ ᠨᠢᠬᠡᠲᠦᠯ ᠢ ᠢᠯᠡᠷᠡᠭᠦᠯᠵᠦ᠂ ᠰᠢᠨ᠎ᠡ ᠨᠢᠭᠡ ᠬᠤᠭᠤᠴᠠᠭᠠᠨ ᠤ ᠨᠠᠮ ᠤᠨ ᠲᠥᠪ ᠬᠤᠷᠢᠶ᠎ᠠ ᠨᠢᠭᠡ ᠶᠢ ᠡᠪᠳᠡᠵᠦ ᠨᠢᠭᠡ ᠶᠢ ᠪᠠᠶᠢᠭᠤᠯᠬᠤ ᠳᠤᠮᠳᠠ ᠤᠯᠤᠰ ᠢᠶᠠᠨ ᠵᠠᠰᠠᠬᠤ ᠰᠢᠰᠲ᠋ᠧᠮᠵᠢ ᠪᠣᠯᠣᠨ ᠤᠯᠤᠰ ᠢᠶᠠᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠪᠦᠬᠦᠶᠢᠯᠡ ᠤᠯᠤᠰ ᠢ ᠠᠮᠢᠵᠢᠷᠠᠯ ᠤᠨ ᠬᠦᠴᠦᠨ ᠪᠢᠯᠬᠠᠮ᠎ᠠ ᠮᠥᠷᠲᠡᠭᠡᠨ ᠡᠶ᠎ᠡ ᠵᠣᠬᠢᠴᠠᠩᠭᠤᠢ ᠲᠣᠭᠲᠠᠭᠤᠨ ᠰᠢᠨ᠎ᠡ ᠰᠡᠳᠬᠢᠮᠵᠢ ᠲᠠᠢ ᠪᠣᠯᠭᠠᠨ᠎ᠠ᠃      ᠤᠯᠤᠰ ᠢᠶᠠᠨ ᠵᠠᠰᠠᠬᠤ ᠳᠤ ᠡᠷᠬᠡᠪᠰᠢ ᠤᠷᠢᠳᠠᠪᠠᠷ ᠨᠠᠮ ᠢᠶᠠᠨ ᠵᠠᠰᠠᠬᠤ ᠬᠡᠷᠡᠭᠲᠡᠢ᠂ ᠡᠨᠡ ᠪᠣᠯ ᠲᠡᠦᠬᠡ ᠶᠢᠨ ᠲᠤᠷᠰᠢᠯᠭ᠎ᠠ ᠳᠤᠮᠳᠠ ᠠᠴᠠ ᠣᠯᠣᠭᠰᠠᠨ ᠳ᠋ᠦᠩᠨᠡᠯᠲᠡ ᠮᠥᠨ᠃ ᠳᠣᠮᠳᠠᠳᠣ ᠤᠯᠤᠰ ᠤᠨ ᠡᠪ ᠬᠠᠮᠲᠤ ᠨᠠᠮ ᠪᠣᠯ ᠲᠥᠷᠥ ᠪᠠᠷᠢᠭᠴᠢ ᠨᠠᠮ᠂ ᠮᠠᠨ ᠤ ᠤᠳᠤᠷᠢᠳᠬᠤ ᠭᠤᠣᠯᠯᠠᠭᠴᠢ ᠪᠣᠯᠣᠨ᠎ᠠ᠂ ᠮᠠᠨ ᠤ ᠤᠯᠤᠰ ᠢᠶᠠᠨ ᠵᠠᠰᠠᠬᠤ ᠴᠢᠳᠠᠪᠤᠷᠢ ᠪᠠ ᠲᠥᠷᠥ ᠪᠠᠷᠢᠬᠤ ᠬᠢᠷᠢ ᠲᠦᠪᠰᠢᠨ ᠳᠠᠷᠤᠢ ᠨᠠᠮ ᠤᠨ ᠲᠥᠷᠥ ᠪᠠᠷᠢᠬᠤ ᠴᠢᠳᠠᠪᠤᠷᠢ ᠪᠣᠯᠣᠨ ᠲᠥᠷᠥ ᠪᠠᠷᠢᠬᠤ ᠬᠢᠷᠢ ᠲᠦᠪᠰᠢᠨ ᠳᠡᠭᠡᠷ᠎ᠡ ᠲᠥᠪᠯᠡᠷᠡᠵᠦ ᠪᠠᠶᠢᠳᠠᠭ᠂ ᠨᠠᠮ ᠢ ᠴᠢᠩᠭ᠎ᠠ ᠵᠠᠰᠠᠬᠤ ᠨᠢ ᠳᠠᠷᠤᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠣᠯᠣᠨ᠎ᠠ᠂ ᠡᠨᠡ ᠨᠢ ᠮᠥᠨ ᠴᠦ ᠳᠣᠮᠳᠠᠳᠣ ᠤᠯᠤᠰ ᠤᠨ ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠲᠠᠯ᠎ᠠ ᠪᠠᠷ ᠬᠢ ᠢᠯᠭᠤᠮ ᠲᠣᠳᠣ ᠣᠨᠴᠠᠯᠢᠭ ᠪᠠ ᠬᠠᠮᠤᠭ ᠤᠨ ᠶᠡᠭᠡ ᠳᠠᠪᠠᠭᠤᠯᠢᠭ ᠶᠤᠮ᠃      ᠡᠪ ᠬᠠᠮᠲᠤ ᠨᠠᠮ ᠲᠥᠷᠥ ᠶᠢᠨ ᠡᠷᠬᠡ ᠶᠢ ᠣᠯᠣᠭᠰᠠᠨ ᠤ ᠳᠠᠷᠠᠭ᠎ᠠ᠂ ᠨᠢᠭᠡ ᠤᠯᠤᠰ ᠬᠡᠷᠬᠢᠨ ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠶᠢ ᠮᠠᠷᠺᠰ᠂ ᠡᠩᠭᠯᠧᠰ ᠪᠠᠷᠠᠯᠠᠵᠤ ᠥᠩᠭᠡᠷᠡᠪᠡ᠂ ᠭᠡᠪᠡᠴᠦ ᠪᠣᠳᠠᠲᠤ ᠲᠤᠷᠰᠢᠯᠭ᠎ᠠ ᠦᠭᠡᠢ᠂ ᠬᠤᠵᠢᠮ ᠨᠢ ᠣᠯᠠᠨ ᠤᠯᠤᠰ ᠤᠨ ᠡᠪ ᠬᠠᠮᠲᠤ ᠶᠢᠨ ᠬᠥᠳᠡᠯᠭᠡᠭᠡᠨ ᠳᠤᠮᠳᠠ ᠡᠨᠡ ᠬᠦ ᠠᠰᠠᠭᠤᠳᠠᠯ ᠨᠢ ᠮᠥᠨ ᠴᠦ ᠰᠢᠢᠳᠪᠦᠷᠢᠯᠡᠭᠳᠡᠭᠰᠡᠨ ᠦᠭᠡᠢ᠃ ᠪᠢᠳᠡ ᠡᠨᠡ ᠬᠦ ᠠᠰᠠᠭᠤᠳᠠᠯ ᠳᠡᠭᠡᠷ᠎ᠡ ᠤᠯᠠᠨ ᠠᠮᠵᠢᠯᠲᠠ ᠲᠠᠢ ᠲᠤᠷᠰᠢᠯᠭ᠎ᠠ ᠎ ᠲᠠᠢ ᠭᠡᠵᠦ ᠬᠡᠯᠡᠵᠦ ᠪᠣᠯᠣᠨ᠎ᠠ᠂ ᠭᠡᠪᠡᠴᠦ  ᠰᠤᠷᠭᠠᠮᠵᠢ ᠴᠦ ᠤᠯᠠᠨ ᠪᠠᠶᠢᠭᠰᠠᠭᠠᠷ᠃ ᠡᠨᠡ ᠬᠦ ᠠᠰᠠᠭᠤᠳᠠᠯ ᠳᠡᠭᠡᠷ᠎ᠡ ᠰᠢᠪᠲᠤᠯᠤᠯᠲᠠ ᠲᠠᠢ ᠪᠠᠶᠢᠬᠤ ᠡᠰᠡᠬᠦ ᠨᠢ ᠣᠳᠣᠬᠢ ᠴᠠᠭ ᠦᠶ᠎ᠡ ᠶᠢᠨ ᠳᠣᠮᠳᠠᠳᠣ ᠤᠯᠤᠰ ᠤᠨ ᠡᠪ ᠬᠠᠮᠲᠤ ᠨᠠᠮ ᠳᠤ ᠠᠪᠴᠤ ᠬᠡᠯᠡᠪᠡᠯ ᠬᠠᠲᠠᠭᠤ ᠰᠡᠳᠦᠪ ᠪᠠ ᠰᠢᠯᠭᠠᠯᠲᠠ ᠪᠣᠯᠣᠨ᠎ᠠ᠃      ︽ᠳᠦᠷᠪᠡᠨ ᠪᠦᠬᠦ ᠲᠠᠯ᠎ᠠ︾᠎ ᠶᠢᠨ ︽ᠪᠦᠬᠦ ᠲᠠᠯ᠎ᠠ︾ ᠪᠣᠯᠭᠠᠨ ᠨᠢ ᠮᠠᠨ ᠤ ᠨᠠᠮ ᠤᠨ ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠰᠢᠨ᠎ᠡ ᠰᠡᠳᠬᠢᠮᠵᠢ ᠪᠣᠯᠣᠨ ᠡᠷᠢᠯᠬᠢᠯᠡᠯ ᠢ ᠢᠯᠡᠷᠡᠭᠦᠯᠵᠦ᠂ ᠬᠠᠮᠲᠤᠷᠠᠨ ᠨᠡᠶᠢᠯᠡᠪᠡᠯ ᠪᠦᠬᠦᠯᠢ ᠪᠦᠲᠦᠨ ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠠᠷᠭ᠎ᠠ ᠪᠣᠳᠣᠯᠭ᠎ᠠ ᠪᠣᠯᠳᠠᠭ᠃ ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠠᠷᠭ᠎ᠠ ᠪᠣᠳᠣᠯᠭ᠎ᠠ ᠬᠥᠮᠥᠨ ᠲᠥᠷᠥᠯᠬᠢᠲᠡᠨ ᠤ ᠪᠣᠯᠪᠠᠰᠤᠨ ᠤ ᠦᠷ᠎ᠡ ᠪᠦᠲᠦᠭᠡᠯ ᠢ ᠰᠢᠩᠭᠡᠭᠡᠨ ᠠᠪᠬᠤ ᠪᠠ ᠤᠯᠠᠮᠵᠢᠯᠠᠵᠤ᠂ ᠪᠠᠰᠠ ᠢᠯᠡ ᠲᠣᠳᠣᠷᠬᠠᠢ ᠳᠤᠮᠳᠠᠳᠤ ᠶᠢᠨ ᠣᠨᠴᠠᠯᠢᠭ ᠢ ᠢᠯᠡᠷᠡᠭᠦᠯᠦᠨ᠂ ᠪᠣᠳᠠᠲᠤ ᠴᠢᠨᠠᠷᠲᠠᠢ᠂ ᠬᠠᠷᠠᠯᠲᠠᠲᠤ ᠴᠢᠨᠠᠷᠲᠠᠢ ᠮᠥᠷᠲᠡᠭᠡᠨ ᠠᠯᠤᠰ ᠬᠤᠯᠠ ᠶᠢᠨ ᠪᠣᠳᠣᠯᠬᠢᠯᠠᠯ ᠲᠠᠢ᠂ ᠮᠠᠨ ᠤ ᠳᠤᠮᠳᠠᠳᠤ ᠶᠢᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠵᠢᠮ᠎ᠡ ᠶᠣᠰᠣᠨ ᠤ ᠲᠠᠨᠢᠯᠲᠠ ᠰᠢᠨ᠎ᠡ ᠨᠢᠭᠡ ᠲᠦᠪᠰᠢᠨ ᠳᠤ ᠳᠠᠪᠰᠢᠭᠰᠠᠨ ᠮᠥᠷᠲᠡᠭᠡᠨ ᠳᠤᠮᠳᠠᠳᠤ ᠤᠯᠤᠰ ᠤᠨ ᠰᠢᠨ᠎ᠡ ᠲᠡᠦᠬᠡᠨ ᠨᠥᠬᠦᠴᠡᠯ ᠳᠣᠣᠷ᠎ᠠ ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠳᠤ ᠦᠨᠳᠦᠰᠦᠨ ᠵᠢᠷᠤᠮᠯᠠᠯ ᠢ ᠬᠠᠩᠭᠠᠪᠠ᠃      ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠡᠷᠬᠢᠨ ᠳᠤᠷᠠᠳᠤᠭᠰᠠᠨ ᠪᠤᠢ︖      ᠶᠡᠷᠦᠩᠬᠡᠶ ᠱᠦᠵᠢ ᠰᠢ ᠶᠢᠨ ᠫᠢᠩ ᠤᠨ ᠬᠡᠯᠡᠭᠰᠡᠨ ᠬᠤᠶᠠᠷ ᠪᠠᠳᠠᠭ ᠦᠭᠡ ᠨᠢ ᠣᠨᠴᠠ ᠠᠩᠬᠠᠷᠤᠭᠤᠰᠢᠲᠠᠶ᠂ ᠨᠢᠭᠡ ᠨᠢ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠶᠡᠷᠦᠩᠬᠡᠢ ᠪᠠᠶᠢᠳᠠᠯ ᠶᠢ ᠪᠠᠷᠢᠮᠲᠠᠯᠠᠬᠤ ᠪᠠ ᠬᠥᠭᠵᠢᠭᠦᠯᠬᠦ ᠠᠴᠠ ᠡᠭᠦᠰᠦᠨ ᠳᠤᠷᠠᠳᠤᠨ ᠭᠠᠷᠭᠠᠭᠰᠠᠨ ᠪᠥᠭᠡᠳ ᠪᠤᠢ ᠪᠣᠯᠤᠭᠰᠠᠨ ᠶᠤᠮ᠂ ᠡᠨᠡ ᠦᠭᠡ ᠨᠢ ᠪᠢᠳᠡᠨ ᠤ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠣᠶᠢᠯᠭᠠᠬᠤ ᠳᠤ ᠲᠦᠢᠯ ᠤᠨ ᠴᠢᠬᠤᠯᠠ ᠶᠤᠮ᠃      ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠬᠥᠭᠵᠢᠭᠦᠯᠵᠦ ᠴᠢᠳᠠᠨ᠎ᠠ᠂ ᠪᠢᠳᠡ ᠭᠠᠭᠴᠠ ᠬᠦ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠵᠠᠮᠨᠠᠪᠠᠯ ᠰᠠᠶ᠋ᠢ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠤᠨ ᠬᠦᠰᠡᠯ ᠢ ᠪᠡᠶᠡᠯᠡᠭᠦᠯᠵᠦ ᠴᠢᠳᠠᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠳᠤ ᠪᠣᠯᠲᠠᠯ᠎ᠠ ᠪᠠᠰᠠ ᠲᠦᠢᠯ ᠤᠨ ᠰᠠᠶᠢᠨ ᠰᠠᠶᠢᠬᠠᠨ ᠪᠣᠯᠵᠤ ᠴᠢᠳᠠᠭᠠᠳᠤᠢ᠂ ᠡᠨᠡ ᠵᠠᠮ ᠢᠶᠠᠷ ᠪᠢᠳᠠ ᠪᠠᠰᠠ ᠮᠠᠰᠢ ᠠᠷᠪᠢᠨ ᠠᠰᠠᠭᠤᠳᠠᠯ ᠢ ᠲᠣᠳᠣᠷᠬᠠᠶ ᠲᠠᠨᠢᠭ᠎ᠠ ᠦᠭᠡᠢ᠂ ᠰᠢᠢᠳᠪᠦᠷᠢᠯᠡᠭᠡ ᠤᠢᠭᠡᠢ ᠪᠠᠶᠢᠭᠰᠠᠭᠠᠷ᠂ ᠡᠳᠡᠭᠡᠷ ᠠᠰᠠᠭᠤᠳᠠᠯ ᠢ ᠰᠢᠢᠳᠪᠦᠷᠢᠯᠡᠬᠦ ᠤᠢᠭᠡᠢ ᠪᠣᠯ ᠮᠠᠨ ᠤ ᠬᠠᠷᠠᠯᠲᠠ ᠪᠡᠶᠡᠯᠡᠭᠳᠡᠬᠦ ᠳᠤ ᠲᠤᠩ ᠬᠦᠴᠢᠷ ᠪᠣᠯᠬᠤ ᠶᠤᠮ᠂ ᠡᠶᠢᠮᠦ ᠠᠴᠠ ᠶᠡᠷᠦᠩᠬᠡᠶ ᠱᠦᠵᠢ ᠰᠢ ᠶᠢᠨ ᠫᠢᠩ ᠳᠤᠷᠠᠳᠤᠭᠰᠠᠨ ᠨᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠡᠷᠡᠰ ᠭᠤᠶᠢᠪᠢᠰᠢ ᠦᠭᠡᠢ ᠪᠠᠷᠢᠮᠲᠠᠯᠠᠬᠤ ᠪᠠ ᠬᠥᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠳᠦᠯᠭᠡ ᠶᠢᠨ ᠣᠨᠴᠠᠯᠢᠭ᠂ ᠤᠨᠤᠯ ᠤᠨ ᠣᠨᠴᠠᠯᠢᠭ᠂ ᠦᠨᠳᠦᠰᠦᠲᠡᠨ ᠤ ᠣᠨᠴᠠᠯᠢᠭ ᠢ ᠲᠡᠰᠦᠷᠡᠯᠳᠠ ᠤᠢᠭᠡᠢ ᠪᠠᠶᠠᠯᠢᠭᠵᠢᠭᠤᠯᠬᠤ ᠬᠡᠷᠡᠭᠲᠡᠢ᠂ ᠲᠡᠷᠡ ᠬᠡᠯᠡᠬᠦ ᠳᠡᠭᠡᠨ ᠡᠨᠡ ᠪᠣᠯ ᠮᠠᠨ ᠤ ᠡᠨᠡ ᠨᠢᠭᠡ ᠦᠶ᠎ᠡ ᠶᠢᠨ ᠡᠪ ᠬᠠᠮᠲᠤᠴᠤᠳ ᠤᠨ ᠡᠷᠬᠢᠮ ᠳᠡᠭᠡᠳᠦ ᠬᠠᠷᠢᠭᠤᠴᠠᠯᠭ᠎ᠠ ᠪᠠ ᠲᠡᠦᠬᠡᠲᠦ ᠡᠭᠦᠷᠭᠡ ᠮᠥᠨ ᠭᠡᠵᠡᠢ᠃      ᠲᠡᠭᠡᠪᠡᠯ᠂ ᠶᠠᠭᠠᠬᠢᠪᠠᠯ ᠰᠠᠶ᠋ᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠨᠡᠩ ᠰᠠᠶᠢᠨ ᠪᠠᠷᠢᠮᠲᠠᠯᠠᠨ ᠬᠥᠭᠵᠢᠭᠦᠯᠵᠦ ᠴᠢᠳᠠᠬᠤ ᠪᠤᠢ︖ ︽ᠳᠥᠷᠪᠡᠨ ᠪᠦᠬᠦ ᠲᠠᠯ᠎ᠠ︾ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠦᠷᠭᠦᠯᠵᠢᠯᠡᠨ ᠪᠠᠷᠢᠮᠲᠠᠯᠠᠨ ᠬᠥᠭᠵᠢᠭᠦᠯᠬᠦ ᠴᠢᠭᠯᠡᠯ ᠢᠶᠠᠷ ᠳᠤᠷᠠᠳᠴᠤ ᠭᠠᠷᠭᠠᠭᠰᠠᠨ ᠶᠤᠮ᠃ ᠡᠭᠦᠨ ᠳᠤ᠂ ︽ᠶᠡᠷᠦᠩᠬᠡᠢ ᠪᠠᠶᠢᠳᠠᠯ︾ ᠭᠡᠳᠡᠭ ᠤᠬᠠᠭᠳᠠᠬᠤᠨ ᠲᠦᠢᠯ ᠤᠨ ᠴᠢᠬᠤᠯᠠ ᠪᠠᠶᠢᠳᠠᠭ᠃ ᠬᠡᠳᠦᠨ ᠦᠶ᠎ᠡ ᠶᠢᠨ ᠬᠥᠮᠦᠰ ᠤᠨ ᠪᠤᠤᠬᠢᠶᠠᠯᠤᠮᠠᠯ ᠬᠠᠶᠢᠨ ᠰᠦᠪᠡᠭᠴᠢᠯᠡᠯ ᠢ ᠳᠠᠮᠵᠢᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠨᠢᠭᠡᠨᠲᠡ ᠯᠤᠲᠤ ᠶᠡᠭᠡ ᠠᠮᠵᠢᠯᠲᠠ ᠣᠯᠤᠭᠰᠠᠨ ᠪᠠᠶᠢᠨ᠎ᠠ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠶ ᠮᠠᠨ ᠤ ᠲᠠᠨᠢᠯᠲᠠ ᠨᠢᠭᠡᠨᠲᠡ ᠤᠷᠢᠳᠤ ᠡᠮᠦᠨ᠎ᠡ ᠪᠠᠶᠢᠭ᠎ᠠ ᠦᠭᠡᠢ ᠬᠢᠷᠢ ᠬᠡᠮᠵᠢᠶ᠎ᠡ ᠪᠣᠯᠣᠨ ᠳᠡᠭᠡᠳᠦ ᠬᠡᠮᠵᠢᠶᠡᠨ ᠳᠤ ᠬᠦᠷᠪᠡ᠃ ᠡᠶᠢᠮᠦ ᠨᠢᠭᠡᠨ ᠲᠡᠦᠬᠡᠨ ᠰᠢᠨ᠎ᠡ ᠡᠬᠢᠯᠡᠯᠲᠡ ᠳᠡᠭᠡᠷ᠎ᠡ ᠵᠣᠭᠰᠣᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠳᠤ ᠪᠢᠳᠡ ︽ᠲᠠᠷᠪᠤᠰ ᠤᠨ ᠬᠠᠯᠢᠰᠤ ᠶᠢ ᠭᠢᠰᠬᠢᠭᠰᠡᠨ ᠮᠡᠲᠦ᠂ ᠬᠠᠮᠢᠭ᠎ᠠ ᠬᠦᠷᠲᠡᠯ᠎ᠡ ᠭᠤᠯᠭᠤᠪᠠᠯ ᠬᠠᠮᠢᠭ᠎ᠠ ᠬᠦᠷᠬᠦ︾ ᠭᠡᠵᠦ ᠪᠣᠯᠬᠤ ᠦᠭᠡᠢ᠂ ᠲᠣᠯᠣᠭᠠᠶ ᠡᠪᠡᠳᠪᠡᠯ ᠲᠣᠯᠣᠭᠠᠶ ᠪᠠᠨ ᠡᠮᠨᠡᠵᠦ ᠬᠦᠯ ᠡᠪᠡᠳᠪᠡᠯ ᠬᠦᠯ ᠢᠶᠠᠨ ᠨᠤᠬᠤᠯᠠᠵᠤ ᠴᠤ ᠪᠣᠯᠬᠤ ᠦᠭᠡᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠶᠡᠷᠦᠩᠬᠡᠢ ᠪᠠᠶᠢᠳᠠᠯ ᠠᠴᠠ ᠡᠭᠦᠰᠴᠦ᠂ ᠪᠦᠬᠦᠯᠢ ᠴᠣᠭᠴᠠ ᠶᠢᠨ ᠲᠠᠯ᠎ᠠ ᠪᠠᠷ ᠨᠢᠭᠡᠨ ᠪᠠᠶᠢᠯᠳᠤᠬᠤ ᠪᠤᠳᠤᠯᠭ᠎ᠠ ᠶᠢᠨ ᠪᠣᠳᠣᠯᠬᠢᠯᠠᠯ ᠲᠠᠢ ᠪᠠᠶᠢᠬᠤ ᠬᠡᠷᠡᠭᠲᠡᠶ᠃      ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠪᠣᠯ ᠨᠢᠭᠡᠨ ᠲᠦᠷᠦ ᠶᠢᠨ ᠨᠠᠮ᠂ ᠨᠢᠭᠡᠨ ᠤᠯᠤᠰ ᠣᠷᠣᠨ ᠤ ᠦᠨᠳᠦᠰᠦᠨ ᠴᠢᠨᠠᠷᠲᠠᠶ ᠠᠰᠠᠭᠤᠳᠠᠯ ᠮᠥᠨ᠂ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠣᠨᠣᠪᠴᠢᠲᠠᠶ ᠮᠠᠭᠠᠳᠯᠠᠵᠤ᠂ ᠮᠠᠭᠠᠳᠯᠠᠬᠤ ᠶᠢᠨ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠵᠦ᠂ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠰᠠᠨᠠᠭᠠᠴᠢᠯᠠᠭᠠᠲᠤ ᠪᠠᠶᠢᠷᠢ ᠶᠢ ᠲᠡᠮᠡᠴᠡᠨ ᠣᠯᠪᠠᠯ᠂ ᠨᠠᠮ ᠪᠠ ᠤᠯᠤᠰ ᠣᠷᠣᠨ ᠮᠠᠰᠢ ᠶᠡᠭᠡ ᠬᠥᠭᠵᠢᠯ ᠤᠨ ᠢᠷᠡᠭᠡᠳᠦᠶ ᠲᠠᠢ ᠪᠣᠯᠬᠤ ᠶᠤᠮ᠃ ᠶᠡᠷᠦᠩᠬᠡᠶ ᠱᠦᠵᠢ ᠰᠢ ᠶᠢᠨ ᠫᠢᠩ ᠠᠴᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤᠮᠳᠠ ᠪᠠᠶᠢᠯᠳᠤᠬᠤ ᠪᠤᠳᠤᠯᠭ᠎ᠠ ᠶᠢᠨ ᠰᠢᠪᠲᠤᠯᠤᠯᠲᠠ ᠶᠢ ᠪᠡᠶᠡᠯᠡᠭᠦᠯᠬᠦ ᠳᠤ ᠴᠢᠳᠠᠮᠠᠭᠠᠶ ᠪᠠᠶᠢᠵᠤ᠂ ᠡᠭᠦᠨ ᠤ ᠬᠠᠮᠲᠤ᠂ ᠪᠠᠶᠢᠯᠳᠤᠬᠤ ᠪᠤᠳᠤᠯᠭ᠎ᠠ ᠶᠢᠨ ᠶᠡᠷᠦᠩᠬᠡᠢ ᠲᠠᠯ᠎ᠠ ᠶᠢ ᠡᠵᠡᠮᠰᠢᠬᠦ ᠳᠤᠮᠳᠠ ᠡᠯ᠎ᠡ ᠵᠦᠢᠯ ᠤᠨ ᠠᠵᠢᠯ ᠢᠶᠠᠨ ᠠᠬᠢᠭᠤᠯᠬᠤ ᠬᠡᠷᠡᠭᠲᠡᠢ ᠭᠡᠵᠦ ᠲᠤᠷᠠᠳᠪᠠ᠃ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯ ᠲᠤᠪᠦ᠋ᠢᠮ᠎ᠠ ᠠᠰᠠᠭᠤᠳᠠᠯ ᠢ ᠠᠳᠬᠤᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠦᠬᠦ ᠪᠠᠶᠢᠳᠠᠯ ᠢ ᠳᠠᠶᠢᠴᠢᠯᠠᠵᠤ᠂ ᠪᠠᠶᠢᠯᠳᠤᠬᠤ ᠪᠤᠳᠤᠯᠭ᠎ᠠ ᠶᠢᠨ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠵᠡᠷᠭᠡᠴᠡᠭᠡᠪᠡᠷ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠦᠬᠦ ᠲᠠᠯ᠎ᠠ ᠶᠢ ᠡᠵᠡᠮᠰᠢᠬᠦ ᠳᠠᠬᠢ ᠡᠯ᠎ᠡ ᠵᠦᠢᠯ ᠤᠨ ᠠᠵᠢᠯ ᠢᠶᠠᠨ ᠲᠦᠯᠬᠢᠨ ᠠᠬᠢᠭᠤᠯᠬᠤ ᠨᠢᠭᠡᠨ ᠠᠮᠢᠳᠤᠯᠢᠭ ᠪᠣᠳᠠᠲᠠᠶ ᠢᠯᠡᠷᠡᠯ ᠮᠥᠨ᠃      ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠲᠦᠷᠪᠡᠨ ᠲᠠᠯ᠎ᠠ ᠨᠢ ᠴᠥᠮ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠦᠬᠦ ᠲᠠᠯ᠎ᠠ ᠳᠤ ᠬᠤᠯᠪᠣᠭᠳᠠᠬᠤ ᠬᠠᠮᠤᠭ ᠤᠨ ᠴᠢᠬᠤᠯᠠ ᠶᠡᠭᠡ ᠠᠰᠠᠭᠤᠳᠠᠯ ᠤᠳ ᠮᠥᠨ᠃ ᠵᠢᠱᠢᠶᠡᠯᠡᠪᠡᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠶᠡᠷᠦᠩᠬᠡᠶ ᠡᠭᠦᠷᠭᠡ ᠪᠣᠯ ᠳᠠᠷᠤᠶ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯᠣᠨ᠎ᠠ ᠃ ᠭᠡᠲᠡᠯ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠣᠯ ᠶᠡᠷᠦᠩᠬᠡᠶ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠠᠯᠬᠤᠮ ᠪᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ ᠴᠢᠳᠠᠬᠤ ᠦᠭᠡᠢ ᠪᠣᠯ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠳᠠᠪᠠᠭᠤᠯᠢᠭ ᠴᠢᠨᠠᠷ ᠢ ᠬᠡᠷᠬᠢᠨ ᠬᠠᠷᠠᠭᠤᠯᠵᠤ ᠴᠢᠳᠠᠬᠤ ᠪᠤᠢ︖ ᠦᠨᠡᠨ ᠳᠡᠭᠡᠨ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠳᠤᠮᠳᠠᠳᠤ ᠤᠯᠤᠰ ᠲᠠᠬᠢ ᠢᠷᠡᠭᠡᠳᠦᠶ ᠪᠠ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠳᠠᠭ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠣᠯ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠪᠤᠢ ᠪᠣᠯᠵᠤ᠂ ᠠᠮᠢᠳᠤᠯᠢᠭ ᠪᠤᠲᠠᠲᠠᠢ ᠪᠠᠶᠢᠳᠠᠭ ᠤᠨ ᠤᠴᠢᠷ ᠨᠢ ᠪᠣᠯ ᠥᠭᠡᠷᠡᠴᠢᠯᠡᠯᠲᠡ ᠨᠡᠭᠡᠭᠡᠯᠳᠡ ᠲᠠᠢ ᠨᠡᠶᠢᠭᠡᠮ ᠵᠢᠷᠤᠮ ᠳᠤ ᠣᠷᠣᠰᠢᠵᠤ᠂ ᠥᠭᠡᠷᠡᠴᠢᠯᠡᠯᠲᠡ ᠨᠡᠭᠡᠭᠡᠯᠲᠡ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠶᠢᠯᠠᠰᠢ ᠦᠭᠡᠢ ᠶᠠᠪᠤᠬᠤ ᠵᠠᠮ ᠮᠥᠨ᠃ ᠤᠯᠤᠰ ᠢᠶᠠᠨ ᠬᠠᠤᠯᠢ ᠪᠠᠷ ᠵᠠᠰᠠᠬᠤ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠪᠠᠲᠤᠯᠠᠭ᠎ᠠ ᠮᠥᠨ᠃ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯᠣᠨ᠎ᠠ᠂ ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠬᠠᠨ ᠪᠦᠲᠦᠭᠡᠵᠦ ᠴᠢᠳᠠᠬᠤ ᠡᠰᠡᠬᠦ ᠨᠢ᠂ ᠶᠠᠭᠤᠨ ᠤ ᠡᠮᠦᠨ᠎ᠡ ᠨᠢ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠴᠢᠷ ᠶᠠᠪᠤᠳᠠᠯ ᠢ ᠰᠠᠶᠢᠳᠤᠷ ᠬᠢᠵᠦ ᠴᠢᠳᠠᠬᠤ ᠡᠰᠡᠬᠦ ᠳᠤ ᠣᠷᠣᠰᠢᠨ᠎ᠠ᠃ ᠡᠶᠢᠮᠦ ᠠᠴᠠ ᠡᠨᠡ ᠳᠦᠷᠪᠡᠨ ᠲᠠᠯ᠎ᠠ ᠶᠢ ᠠᠳᠬᠤᠵᠤ ᠠᠪᠤᠪᠠᠯ ᠲᠡᠦᠬᠡᠨ ᠰᠢᠨ᠎ᠡ ᠨᠥᠬᠦᠴᠡᠯ ᠳᠣᠣᠷᠠᠬᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠭᠤᠣᠯ ᠵᠥᠷᠢᠴᠡᠯ ᠢ ᠠᠳᠬᠤᠵᠤ ᠠᠪᠤᠭᠰᠠᠨ ᠶᠠᠪᠤᠳᠠᠯ ᠪᠣᠯᠣᠨ᠎ᠠ᠂ 1 +1᠎ ᠨᠢ 2᠎ ᠠᠴᠠ ᠶᠡᠭᠡ ᠦᠷ᠎ᠡ ᠳ᠋ᠦᠩ ᠣᠯᠬᠤ ᠪᠣᠯᠣᠯᠴᠠᠭ᠎ᠠ ᠲᠠᠢ ᠪᠣᠯᠵᠤ᠂ ᠡᠭᠦᠨ ᠤ ᠤᠯᠠᠮ ᠠᠴᠠ ᠪᠦᠬᠦ᠋ᠢᠯᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠯᠳᠤᠬᠤ ᠪᠤᠳᠤᠯᠭ᠎ᠠ ᠶᠢᠨ ᠰᠢᠨ᠎ᠡ ᠰᠢᠪᠲᠤᠯᠤᠯᠲᠠ ᠶᠢᠨ ᠪᠡᠶᠡᠯᠡᠭᠳᠡᠯ ᠢ ᠳᠠᠶᠢᠴᠢᠯᠠᠬᠤ ᠪᠣᠯᠣᠨ᠎ᠠ᠃      ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤᠮᠳᠠᠬᠢ ᠪᠦᠬᠦ ᠲᠠᠯ᠎ᠠ ᠨᠢᠭᠡᠪᠦᠷᠢ ᠨᠢ ᠴᠥᠮ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠦᠬᠦ ᠲᠠᠯ᠎ᠠ ᠠᠴᠠ ᠡᠭᠦᠰᠴᠦ᠂ ᠪᠦᠬᠦ ᠲᠠᠯ᠎ᠠ ᠶᠢ ᠡᠵᠡᠮᠳᠡᠬᠦ ᠳᠤᠮᠳᠠ ᠪᠥᠬᠦ ᠲᠠᠯ᠎ᠠ ᠪᠠᠷ ᠲᠦᠯᠬᠢᠨ ᠤᠷᠤᠭᠰᠢᠯᠠᠭᠤᠯᠬᠤ ᠬᠡᠷᠡᠭᠲᠡᠶ᠃ ᠵᠢᠱᠢᠶᠡᠯᠡᠪᠡᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠣᠯ ᠠᠵᠤ ᠠᠬᠤᠶ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠶ ᠶᠢᠨ ᠪᠣᠯᠪᠠᠰᠤᠨ ᠵᠡᠷᠭᠡ ᠡᠯ᠎ᠡ ᠬᠦᠷᠢᠶ᠎ᠡ ᠶᠢ ᠬᠠᠮᠤᠷᠤᠭᠰᠠᠨ ᠨᠢᠭᠡᠨ ᠪᠦᠬᠦᠯᠢ ᠴᠣᠭᠴᠠ ᠶᠢᠨ ᠴᠢᠨᠠᠷᠲᠠᠶ ᠬᠠᠷᠠᠯᠲᠠ ᠶᠤᠮ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠶ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠵᠦ᠂ ᠲᠥᠷᠥ ᠶᠢᠨ ᠵᠠᠰᠠᠬᠤ ᠰᠢᠰᠲ᠋ᠧᠮᠵᠢ ᠪᠣᠯᠤᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠂ ᠥᠭᠡᠷ᠎ᠡ ᠪᠠᠷ ᠬᠡᠯᠡᠪᠡᠯ ᠪᠢᠳᠡ ᠪᠥᠬᠦᠶᠢᠯᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠨᠡᠩ ᠪᠣᠯᠪᠠᠰᠤᠷᠠᠩᠭᠤᠶ ᠨᠡᠩ ᠬᠡᠯᠪᠡᠷᠢᠵᠢᠭᠦᠯᠬᠦ ᠳᠤ ᠬᠠᠨᠳᠤᠭᠤᠯᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠬᠢᠵᠦ᠂ ᠪᠢᠳᠡ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠬᠢᠬᠦ ᠳᠡᠭᠡᠨ ᠬᠡᠰᠡᠭ ᠪᠤᠰᠠᠭ ᠢᠶᠠᠷ ᠲᠣᠬᠢᠷᠠᠭᠤᠯᠬᠤ ᠪᠠ ᠵᠠᠰᠠᠵᠤ ᠨᠥᠬᠦᠬᠦ ᠪᠢᠰᠢ᠂ ᠬᠠᠷᠢᠨ ᠬᠤᠷᠸ᠎ᠠ ᠰᠡᠳᠬᠢᠬᠦ ᠪᠠ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠬᠢᠬᠦ ᠶᠢ ᠨᠡᠩ ᠴᠢᠬᠤᠯᠠᠴᠢᠯᠠᠵᠤ᠂ ᠥᠭᠡᠷᠡᠴᠢᠯᠡᠯᠲᠡ ᠶᠢᠨ ᠰᠢᠰᠢᠲ᠋ᠧᠮᠵᠢᠲᠦ ᠴᠢᠨᠠᠷ᠂ ᠪᠦᠬᠦᠯᠢ ᠴᠣᠭᠴᠠᠲᠤ ᠴᠢᠨᠠᠷ ᠪᠣᠯᠣᠨ ᠵᠣᠬᠢᠴᠠᠯᠳᠤ ᠴᠢᠨᠠᠷ ᠢ ᠨᠡᠩ ᠴᠢᠬᠤᠯᠠᠴᠢᠯᠠᠬᠤ ᠬᠡᠷᠡᠭᠲᠡᠢ᠂ ᠥᠭᠡᠷ᠎ᠡ ᠪᠠᠷ ᠬᠡᠯᠡᠪᠡᠯ᠂ ᠤᠯᠤᠰ ᠣᠷᠣᠨ ᠢ ᠵᠠᠰᠠᠬᠤ ᠰᠢᠰᠲ᠋ᠧᠮᠵᠢ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠠᠯ᠎ᠠ ᠪᠠᠷ ᠪᠦᠬᠦᠯᠢ ᠴᠣᠭᠴᠠ ᠶᠢᠨ ᠦᠷ᠎ᠡ ᠪᠦᠲᠦᠮᠵᠢ ᠣᠯᠬᠤ ᠬᠡᠷᠡᠭᠲᠡᠢ᠃ ᠪᠦᠬᠦ ᠲᠠᠯ᠎ᠠ ᠨᠢᠭᠡᠪᠦᠷᠢ ᠨᠢ ᠴᠥᠮ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠥᠬᠦᠯᠢ ᠴᠣᠭᠴᠠ ᠶᠢ ᠪᠠᠷᠢᠮᠲᠠᠯᠠᠨ ᠬᠥᠭᠵᠢᠭᠦᠯᠵᠦ᠂ ᠪᠦᠬᠦ ᠲᠠᠯ᠎ᠠ ᠨᠢᠭᠡᠪᠦᠷᠢ ᠨᠢ ᠴᠥᠮ ᠪᠦᠷᠢᠨ ᠪᠦᠲᠦᠨ ᠬᠠᠷᠠᠯᠲᠠ ᠲᠠᠢ ᠪᠠᠶᠢᠵᠤ᠂ ᠴᠦᠮ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠣᠳᠣᠯᠬᠢᠯᠠᠨ ᠬᠥᠭᠵᠢᠭᠦᠯᠦᠭᠰᠡᠨ ᠪᠦᠬᠦ᠋ᠢᠯᠡ ᠴᠣᠭᠴᠠ ᠶᠢᠨ ᠦᠷ᠎ᠡ ᠪᠦᠲᠦᠮᠵᠢ ᠪᠠᠶᠢᠵᠤ᠂ ᠳᠥᠷᠪᠡᠨ ᠪᠦᠬᠦ ᠲᠠᠯ᠎ᠠ ᠶᠢ ᠨᠡᠶᠢᠯᠡᠭᠦᠯᠦᠭᠡᠳ᠂ ᠵᠣᠬᠢᠴᠠᠩᠭᠤᠶ ᠪᠠᠷ ᠲᠦᠯᠬᠢᠨ ᠠᠬᠢᠭᠤᠯᠪᠠᠯ ᠳᠠᠷᠤᠢ ᠨᠢᠭᠡᠨ ᠪᠦᠬᠦ ᠲᠠᠯ᠎ᠠ ᠪᠣᠯᠵᠤ᠂ ᠪᠦᠬᠦᠯᠢ ᠴᠣᠭᠴᠠ ᠶᠢᠨ ᠲᠠᠯ᠎ᠠ ᠠᠴᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃ ᠡᠶᠢᠮᠦᠷᠬᠦ ᠨᠢᠭᠡᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠢᠯᠡᠷᠡᠭᠦᠯᠵᠦ ᠪᠠᠶᠢᠭ᠎ᠠ ᠨᠢ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠪᠠ ᠪᠦᠬᠦᠯᠢ ᠴᠣᠭᠴᠠ ᠶᠢᠨ ᠲᠣᠬᠢᠷᠠᠭᠤᠯᠤᠯᠲᠠ ᠪᠣᠯᠬᠤ ᠪᠥᠭᠡᠳ ᠮᠠᠨ ᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠢᠮ᠎ᠡ ᠶᠣᠰᠣᠨ ᠤ ᠲᠤᠬᠠᠶ ᠲᠠᠨᠢᠯᠲᠠ ᠶᠢ ᠰᠢᠨ᠎ᠡ ᠬᠢᠷᠢ ᠬᠡᠮᠵᠢᠶᠡᠨ ᠳᠤ ᠬᠦᠷᠭᠡᠭᠰᠡᠨ ᠢ ᠢᠯᠡᠷᠡᠭᠦᠯᠦᠭᠰᠡᠨ ᠪᠠᠶᠢᠨ᠎ᠠ᠃      ᠬᠤᠶᠠᠳᠤᠭᠠᠷ ᠦᠭᠡ ᠭᠡᠪᠡᠯ᠂ ᠶᠡᠷᠦᠩᠬᠡᠶ ᠱᠦᠵᠢ ᠰᠢ ᠶᠢᠨ ᠫᠢᠩ ᠠᠴᠠ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠨᠢ ᠳᠤᠮᠳᠠᠳᠤ ᠤᠯᠤᠰ ᠤᠨ ᠬᠥᠭᠵᠢᠯᠲᠡ ᠶᠢᠨ ᠪᠣᠳᠠᠲᠤ ᠪᠠᠶᠢᠳᠠᠯ ᠢᠶᠠᠷ ᠰᠠᠭᠤᠷᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠯᠬᠤᠮ ᠠᠯᠬᠤᠮ ᠢᠶᠠᠷ ᠪᠦᠷᠢᠯᠳᠦᠭᠰᠡᠨ ᠪᠥᠭᠡᠳ ᠢᠳᠡᠪᠬᠢᠲᠡᠶ ᠪᠠᠷ ᠲᠦᠯᠬᠢᠨ ᠠᠬᠢᠭᠤᠯᠤᠭᠰᠠᠨ ᠶᠤᠮ ᠭᠡᠵᠦ ᠬᠡᠯᠡᠪᠡ᠃ ᠡᠭᠦᠨ ᠳᠠᠬᠢ ᠬᠥᠭᠵᠢᠯᠲᠡ ᠶᠢᠨ ᠪᠣᠳᠠᠲᠤ ᠪᠠᠶᠢᠳᠠᠯ ᠢᠶᠠᠷ ᠰᠠᠭᠤᠷᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠭᠡᠳᠡᠭ ᠲᠤ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠠᠰᠠᠭᠤᠳᠠᠯ ᠤᠨ ᠦᠵᠡᠯ ᠤᠬᠠᠮᠰᠠᠷ ᠪᠣᠯᠣᠨ ᠪᠣᠳᠠᠲᠤ ᠬᠠᠨᠳᠤᠯᠭᠠᠲᠤ ᠴᠢᠨᠠᠷ ᠢ ᠭᠦᠨᠵᠡᠭᠡᠶ ᠢᠯᠡᠷᠡᠭᠦᠯᠪᠡ᠃      ︽ᠳᠥᠷᠪᠡᠨ ᠪᠦᠬᠦ ᠲᠠᠯ᠎ᠠ︾ ᠪᠣᠯ ᠨᠢᠭᠡ ᠵᠦᠢᠯ ᠤᠨ ᠪᠠᠶᠢᠯᠳᠤᠬᠤ ᠪᠤᠳᠤᠯᠭ᠎ᠠ ᠶᠢᠨ ᠪᠣᠳᠣᠯᠬᠢᠯᠠᠯ᠂ ᠪᠦᠬᠦᠯᠢ ᠴᠣᠭᠴᠠ ᠶᠢᠨ ᠵᠢᠷᠤᠭᠯᠠᠯ ᠶᠤᠮ᠂ ᠵᠦᠪᠬᠡᠨ ᠡᠩ ᠤᠨ ᠬᠡᠶᠢᠰᠪᠦᠷᠢ ᠤᠬᠠᠭᠳᠠᠬᠤᠨ ᠲᠡᠳᠦᠢ ᠪᠢᠰᠢ᠃ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠲᠤᠬᠠᠶ ᠥᠭᠦᠯᠡᠯᠲᠡ ᠨᠢ ᠴᠥᠮ ᠨᠠᠮ ᠪᠣᠯᠤᠨ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠤᠳ ᠤᠨ ᠬᠠᠷᠢᠭᠤᠯᠲᠠ ᠪᠣᠯᠬᠤ ᠶᠤᠮ᠃ ᠵᠢᠱᠢᠶᠡᠯᠡᠪᠡᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠭᠡᠳᠡᠭ ᠤᠨ ᠬᠠᠮᠤᠭ ᠤᠨ ᠲᠤᠯᠭᠠᠮ᠎ᠠ᠂ ᠬᠠᠮᠤᠭ ᠤᠨ ᠦᠨᠳᠦᠰᠦᠨ ᠡᠭᠦᠷᠭᠡ ᠨᠢ ᠮᠥᠨ ᠯᠡ ᠦᠢᠯᠡᠳᠪᠦᠷᠢᠯᠡᠯ ᠤᠨ ᠬᠦᠴᠦᠨ ᠢ ᠤᠯᠠᠮ ᠨᠢᠭᠡ ᠠᠯᠬᠤᠮ ᠴᠢᠯᠥᠭᠡᠯᠡᠨ ᠬᠥᠭᠵᠢᠭᠦᠯᠬᠦ ᠶᠠᠪᠤᠳᠠᠯ ᠪᠣᠯᠬᠤ ᠶᠢ ᠴᠢᠬᠤᠯᠠᠴᠢᠯᠠᠵᠤ᠂ ᠡᠭᠦᠨ ᠤ ᠵᠡᠷᠭᠡ ᠳᠤ GDP᠎ ᠢᠶᠠᠷ ᠠᠵᠢᠯ ᠤᠨ ᠦᠷ᠎ᠡ ᠪᠥᠲᠦᠮᠵᠢ ᠶᠢ ᠦᠨᠡᠯᠡᠬᠦ ᠦᠭᠡᠢ ᠪᠠᠶᠢᠬᠤ᠂ ᠰᠢᠨ᠎ᠡ ᠬᠡᠪ ᠪᠠᠶᠢᠳᠠᠯ ᠳᠤ ᠵᠣᠬᠢᠴᠠᠬᠤ᠂ ᠡᠵᠡᠮᠰᠢᠬᠦ ᠪᠠ ᠳᠠᠭᠠᠭᠤᠯᠬᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ᠂ ᠴᠢᠨᠡᠭᠡᠯᠢᠭ ᠨᠡᠶᠢᠭᠡᠮ ᠳᠤ ᠣᠷᠣᠬᠤ ᠡᠰᠡᠬᠦ ᠶᠢᠨ ᠵᠠᠩᠭᠢᠯᠠᠭ᠎ᠠ ᠨᠢ ᠲᠠᠷᠢᠶᠠᠴᠢᠳ ᠴᠢᠨᠡᠭᠡᠯᠢᠭᠵᠢᠭᠰᠡᠨ ᠡᠰᠡᠬᠦ ᠵᠡᠷᠭᠡ ᠶᠢ ᠴᠢᠬᠤᠯᠠᠴᠢᠯᠠᠭᠰᠠᠨ ᠪᠠᠶᠢᠨ᠎ᠠ᠃ ᠡᠳᠡᠭᠡᠷ ᠥᠭᠦᠯᠡᠯᠲᠡ ᠨᠢ ᠦᠨᠡᠨ ᠳᠡᠭᠡᠨ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠵᠠᠷᠢᠮ ᠲᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠰᠢᠨ᠎ᠡ ᠪᠠᠶᠢᠳᠠᠯ ᠳᠣᠣᠷ᠎ᠠ ᠮᠠᠨ ᠤ ᠡᠮᠦᠨ᠎ᠡ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠤᠨ ᠵᠠᠷᠢᠮ ᠰᠢᠨ᠎ᠡ ᠲᠠᠨᠢᠯᠲᠠ ᠳᠤ ᠴᠢᠭᠯᠡᠭᠦᠯᠦᠨ ᠠᠪᠤᠭᠰᠠᠨ ᠰᠢᠨ᠎ᠡ ᠠᠷᠭ᠎ᠠ ᠬᠡᠮᠵᠢᠶ᠎ᠡ ᠨᠦᠭᠦᠳ ᠮᠥᠨ᠂ ᠪᠠᠰᠠ ᠴᠤ ᠰᠢᠨ᠎ᠡ ᠪᠠᠶᠢᠳᠠᠯ ᠤᠨ ᠳᠣᠣᠷ᠎ᠠ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠭᠤᠣᠯ ᠡᠭᠦᠷᠭᠡ᠂ ᠵᠠᠩᠭᠢᠯᠠᠭ᠎ᠠ ᠶᠢᠨ ᠭᠤᠭᠴᠤᠭ᠎ᠠ ᠪᠣᠯᠤᠨ ᠭᠤᠣᠯᠳᠠᠯᠭ᠎ᠠ ᠲᠠᠢ ᠪᠡᠷᠬᠡ ᠠᠰᠠᠭᠤᠳᠠᠯ ᠤᠨ ᠲᠤᠬᠠᠶ ᠬᠠᠷᠢᠭᠤᠯᠤᠭᠰᠠᠨ ᠬᠠᠷᠢᠭᠤᠯᠲᠠ ᠪᠣᠯᠣᠨ ᠠᠷᠭ᠎ᠠ ᠬᠢᠳᠡᠯ ᠪᠣᠯᠬᠤ ᠶᠤᠮ᠃ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠪᠦᠬᠦ ᠲᠠᠯ᠎ᠠ ᠨᠢᠭᠡᠪᠦᠷᠢ ᠨᠢ ᠤᠨᠤᠯ ᠤᠨ ᠲᠤᠳᠤᠷᠬᠠᠶᠢᠯᠠᠯᠲᠠ ᠲᠠᠢ ᠮᠥᠷᠲᠡᠭᠡᠨ ᠠᠵᠢᠯ ᠤᠨ ᠪᠠᠶᠢᠷᠢᠯᠠᠭᠤᠯᠤᠯᠲᠠ ᠲᠠᠢ ᠪᠠᠶᠢᠵᠤ᠂ ᠠᠵᠢᠯ ᠦᠢᠯᠡᠰ ᠢ ᠶᠡᠷᠦᠩᠬᠡᠶ ᠳᠤᠨᠢ ᠡᠵᠡᠮᠰᠢᠨ᠂ ᠵᠢᠮ᠎ᠡ ᠶᠣᠰᠣᠴᠢ ᠴᠢᠨᠠᠷ ᠢ ᠨᠢ ᠲᠠᠨᠢᠵᠤ᠂ ᠮᠦᠨᠴᠦ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠠᠷᠭ᠎ᠠ ᠲᠠᠢ ᠪᠠᠶᠢᠵᠤ᠂ ᠮᠠᠨ ᠤ ᠨᠠᠮ ᠪᠣᠯᠣᠨ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠶᠢ ᠢᠯᠡᠷᠡᠭᠦᠯᠦᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠶ ᠮᠠᠨ ᠤ ᠲᠠᠨᠢᠯᠲᠠ ᠶᠢ ᠭᠦᠨᠵᠡᠭᠡᠶᠢᠷᠡᠭᠦᠯᠦᠭᠰᠡᠨ ᠨᠢ ᠮᠠᠨ ᠤ ᠤᠨᠤᠯ ᠤᠨ ᠰᠢᠨ᠎ᠡ ᠡᠭᠦᠳᠦᠯᠲᠡ ᠶᠢᠨ ᠬᠠᠮᠤᠭ ᠤᠨ ᠰᠢᠨ᠎ᠡ ᠦᠷ᠎ᠡ ᠪᠦᠲᠦᠭᠡᠯ ᠪᠣᠯᠣᠨ᠎ᠠ᠂ ᠮᠦᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠤᠨᠤᠯ ᠤᠨ ᠵᠢᠯᠤᠭᠤᠳᠤᠯᠭ᠎ᠠ ᠪᠣᠯᠣᠨ ᠦᠢᠯᠡᠳᠦᠯᠭᠡ ᠶᠢᠨ ᠵᠦᠭᠯᠡᠭᠦᠷ ᠬᠠᠩᠭᠠᠭᠰᠠᠨ ᠪᠠᠶᠢᠨ᠎ᠠ᠃      ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠷᠠᠳᠤᠮᠠᠭᠴᠠ᠂ ᠲᠡᠷᠡ ᠳᠣᠣᠷ᠎ᠠ ᠨᠢ ᠨᠠᠮ ᠤᠨ ᠳᠣᠲᠣᠷ᠎ᠠ ᠭᠠᠳᠠᠨ᠎ᠠ᠂ ᠤᠯᠤᠰ ᠤᠨ ᠳᠣᠲᠣᠭᠠᠳᠤ ᠭᠠᠳᠠᠭᠠᠳᠤ ᠳᠤ ᠴᠢᠩᠭ᠎ᠠ ᠲᠤᠰᠬᠠᠯ ᠭᠠᠷᠤᠭᠰᠠᠨ ᠪᠥᠭᠡᠳ ᠳᠡᠭᠡᠳᠦ ᠬᠡᠮᠵᠢᠶᠡᠨ ᠤ ᠠᠩᠬᠠᠷᠤᠯ ᠢ ᠲᠠᠲᠠᠵᠤ᠂ ᠡᠨᠡᠬᠦ ᠤᠨᠦᠯ ᠢ ᠳᠤᠷᠠᠳᠴᠤ ᠭᠠᠷᠭᠠᠭᠰᠠᠨ ᠴᠢᠬᠤᠯᠠ ᠶᠡᠭᠡ ᠠᠯᠤᠰ ᠭᠡᠳᠦ ᠶᠢᠨ ᠠᠴᠢ ᠬᠤᠯᠪᠣᠭᠳᠠᠯ ᠶᠤᠮ ᠭᠡᠰᠡᠨ ᠰᠡᠷᠡᠯᠲᠡ ᠶᠢ ᠬᠥᠮᠦᠰ ᠲᠤ ᠨᠡᠶᠢᠳᠡᠮ ᠥᠭᠴᠦ᠂ ᠰᠢᠨ᠎ᠡ ᠨᠢᠭᠡ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠬᠤᠶᠠᠷ ᠵᠢᠯ ᠭᠠᠷᠤᠶ ᠶᠢᠨ ᠲᠤᠷᠰᠢᠬᠢ ᠠᠮᠵᠢᠯᠲᠠ ᠲᠠᠢ ᠦᠢᠯᠡᠳᠦᠯᠭᠡ ᠪᠣᠯᠣᠨ ᠬᠤᠪᠣᠷ ᠨᠠᠨᠳᠢᠨ ᠲᠤᠷᠰᠢᠯᠭ᠎ᠠ ᠨᠢ ᠶᠠᠭ ᠤᠨᠤᠯ ᠪᠣᠯᠣᠨ ᠲᠠᠨᠢᠯᠲᠠ ᠶᠢᠨ ᠳᠠᠪᠰᠢᠯᠲᠠ ᠶᠢ ᠪᠡᠶᠡᠯᠡᠭᠦᠯᠵᠤ᠂ ᠨᠠᠮ ᠤᠨ ᠤᠨᠤᠯ ᠰᠢᠨ᠎ᠡ ᠴᠢᠬᠤᠯᠠ ᠶᠡᠭᠡ ᠬᠥᠭᠵᠢᠯᠲᠡ ᠲᠠᠢ ᠪᠣᠯᠪᠠ᠃ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠶᠠᠭᠠᠬᠢᠵᠤ ᠳᠤᠷᠠᠳᠤᠨ ᠭᠠᠷᠭᠠᠭᠰᠠᠨ ᠪᠣᠢ᠂ ᠠᠴᠢ ᠬᠤᠯᠪᠣᠭᠳᠠᠯ ᠨᠢ ᠶᠠᠭᠤᠨ ᠳᠡᠭᠡᠷ᠎ᠡ ᠪᠠᠶᠢᠬᠤ ᠪᠣᠢ᠂ ᠭᠦᠨ ᠭᠦᠨᠵᠡᠭᠡᠶ ᠠᠭᠤᠯᠬᠤᠨ ᠨᠢ ᠶᠠᠭᠤ ᠪᠤᠢ ᠭᠡᠳᠡᠭ ᠲᠤ ᠮᠠᠰᠢ ᠤᠯᠠᠨ ᠨᠥᠬᠦᠳ ᠠᠩᠬᠠᠷᠤᠯ ᠪᠠᠨ ᠲᠠᠯᠪᠢᠵᠤ᠂ ᠢᠯᠠᠩᠭᠤᠶ᠎ᠠ ᠡᠨᠡ ᠤᠳᠠᠭᠠᠨ ᠤ ᠲᠠᠪᠤᠳᠤᠭᠠᠷ ᠪᠥᠬᠦᠳᠡ ᠬᠤᠷᠠᠯ ᠠᠴᠠ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ︽13.5︾᠎ ᠶᠢᠨ ᠲᠥᠯᠥᠪᠵᠢᠭᠦᠯᠭᠡ ᠶᠢᠨ ᠵᠢᠯᠣᠭᠤᠳᠬᠤ ᠦᠵᠡᠯ ᠰᠠᠨᠠᠭ᠎ᠠ ᠪᠣᠯᠭᠠᠬᠤ ᠴᠢᠬᠤᠯᠠ ᠠᠭᠤᠯᠭ᠎ᠠ ᠶᠢ ᠨᠡᠮᠡᠨ ᠲᠣᠳᠣᠷᠬᠠᠶᠢᠯᠠᠭᠰᠠᠨ ᠨᠢ ᠣᠯᠠᠨ ᠤ ᠠᠩᠬᠠᠷᠤᠯ ᠢ ᠤᠯᠠᠮ ᠢᠯᠡᠭᠦᠦ ᠲᠠᠲᠠᠪᠠ᠃ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠨᠠᠮ ᠤᠨ ᠬᠢᠨ ᠳᠤ ᠰᠤᠷᠤᠯᠴᠠᠨ ᠣᠶᠢᠯᠠᠭᠠᠭᠤᠯᠬᠤ ᠳᠤ ᠨᠢᠭᠡᠨ ᠡᠷᠬᠡ ᠰᠦᠷᠲᠤ ᠵᠢᠭᠠᠬᠤ ᠮᠠᠲ᠋ᠧᠷᠢᠶᠠᠯ ᠬᠠᠨᠭ᠍ᠭᠠᠬᠤ ᠶᠢᠨ ᠲᠥᠯᠦᠭᠡ᠂ ᠲᠥᠪ ᠬᠤᠷᠢᠶᠠᠨ ᠤ ᠲᠤᠯᠭᠤᠷ ᠪᠢᠴᠢᠭ ᠰᠤᠳᠤᠯᠬᠤ ᠭᠡᠷ ︽︿ᠳᠥᠷᠪᠡᠨ ᠪᠦᠬᠦ ᠲᠠᠯ᠎ᠠ﹀᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠯᠳᠤᠭᠤᠯᠤᠨ ᠠᠬᠢᠭᠤᠯᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾᠎ ᠶᠢ ᠨᠠᠶᠢᠷᠠᠭᠤᠯᠤᠨ ᠬᠡᠪᠯᠡᠭᠦᠯᠵᠦ᠂ ᠪᠦᠬᠦ ᠨᠠᠮ ᠤᠨ ᠨᠥᠬᠦᠳ ᠰᠢ ᠶᠢᠨ ᠫᠢᠩ ᠨᠥᠬᠦᠷ ᠤᠨ ᠴᠢᠬᠤᠯᠠ ᠥᠭᠦᠯᠡᠯᠲᠡ ᠨᠦᠭᠦᠳ ᠢ ᠰᠤᠷᠤᠯᠴᠠᠬᠤ ᠪᠠᠷ ᠳᠠᠮᠵᠢᠭᠤᠯᠤᠨ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠤᠨ ᠶᠡᠷᠦᠩᠬᠡᠶ ᠱᠠᠭᠠᠷᠳᠠᠯᠭ᠎ᠠ ᠶᠢ ᠰᠢᠰᠲ᠋ᠧᠮ ᠲᠠᠢ ᠡᠵᠡᠮᠰᠢᠵᠦ᠂ ᠨᠠᠮ ᠪᠣᠯᠣᠨ ᠤᠯᠤᠰ ᠣᠷᠣᠨ ᠤ ᠡᠯ᠎ᠡ ᠵᠦᠢᠯ ᠤᠨ ᠠᠵᠢᠯ ᠪᠣᠯᠣᠨ ︽13.5︾᠎ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ ᠶᠢ ᠨᠡᠩ ᠰᠠᠶᠢᠲᠤᠷ ᠲᠦᠯᠬᠢᠨ ᠠᠬᠢᠭᠤᠯᠬᠤ ᠳᠤ ᠳᠥᠭᠦᠮ ᠦᠵᠡᠭᠦᠯᠪᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map