ᠬᠠᠮᠲᠤ ᠪᠠᠷ ᠡᠳ᠋ᠯᠡᠬᠦ᠄ ᠠᠷᠠᠳ ᠲᠦᠮᠡᠨ ᠳᠤ ᠨᠡᠩ ᠣᠯᠠᠨ ᠬᠦᠷᠲᠡᠭᠡᠮᠵᠢ ᠶᠢᠨ ᠲᠥᠷᠥᠭᠳᠡᠯ ᠥᠭᠬᠦ — — ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ
ᠨᠡᠶᠢᠲᠡᠯᠡᠭᠰᠡᠨ ᠴᠠᠭ᠄
2015/11/26
      ︽12.5︾᠎ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠶ ᠶᠢᠨ ᠬᠥᠭᠵᠢᠯᠲᠡ ᠶᠢᠨ ᠵᠡᠷᠭᠡᠴᠡᠯ ᠢ ᠴᠢᠷᠮᠠᠶᠢᠨ ᠪᠡᠶᠡᠯᠡᠭᠦᠯᠵᠦ᠂ ᠠᠷᠠᠳ ᠢ ᠪᠠᠶᠠᠵᠢᠭᠤᠯᠬᠤ ᠬᠢᠭᠡᠳ ᠣᠷᠣᠨ ᠢᠶᠠᠨ ᠬᠦᠴᠦᠷᠬᠡᠭᠵᠢᠭᠦᠯᠬᠦ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠬᠤ ᠬᠡᠷᠡᠭᠲᠡᠶ ᠭᠡᠵᠦ ᠳᠤᠷᠠᠳᠪᠠ᠃ ᠥᠩᠭᠡᠷᠡᠭᠰᠡᠨ ᠲᠠᠪᠤᠨ ᠵᠢᠯ ᠳᠤ᠂ ᠥᠪᠡᠷᠲᠡᠭᠡᠨ ᠵᠠᠰᠠᠬᠤ ᠣᠷᠣᠨ ᠬᠠᠳᠠᠭᠤ ᠪᠡᠷᠬᠡᠰᠢᠶᠡᠯ ᠳᠤᠮᠳᠠ ᠤᠷᠤᠭᠰᠢᠯᠠᠵᠤ᠂ ᠦᠯᠡᠮᠵᠢ ᠦᠷ᠎ᠡ ᠪᠦᠲᠦᠭᠡᠯ ᠣᠯᠪᠠ᠃ ᠣᠳᠣᠬᠠᠨ ᠳᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠬᠠᠮᠲᠤ ᠪᠠᠷ ᠡᠳ᠋ᠯᠡᠬᠦ ᠬᠥᠭᠵᠢᠯᠲᠡ ᠶᠢ ᠪᠠᠷᠢᠮᠲᠠᠯᠠᠬᠤ ᠳᠤ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠠᠷᠠᠳ ᠲᠦᠮᠡᠨ ᠳᠤ ᠲᠦᠰᠢᠭᠯᠡᠨ ᠬᠥᠭᠵᠢᠭᠦᠯᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠨᠡᠩ ᠪᠦᠲᠦᠮᠵᠢᠲᠡᠶ ᠳᠦᠷᠢᠮ ᠤᠨ ᠲᠣᠬᠢᠷᠠᠭᠤᠯᠤᠯᠲᠠ ᠬᠢᠵᠦ᠂ ᠬᠠᠮᠲᠤ ᠪᠠᠷ ᠪᠥᠲᠦᠭᠡᠨ ᠪᠠᠶᠢᠭᠤᠯᠵᠤ ᠬᠥᠭᠵᠢᠯᠲᠡ ᠶᠢᠨ ᠦᠷ᠎ᠡ ᠪᠥᠲᠦᠭᠡᠯ ᠢ ᠬᠠᠮᠲᠤ ᠪᠠᠷ ᠡᠳ᠋ᠯᠡᠬᠦ ᠶᠠᠪᠤᠴᠠ ᠳᠤ ᠪᠦᠬᠦ ᠠᠷᠠᠳ ᠲᠦᠮᠡᠨ ᠳᠤ ᠨᠡᠩ ᠣᠯᠠᠨ ᠬᠦᠷᠲᠡᠭᠡᠮᠵᠢ ᠶᠢᠨ ᠲᠥᠷᠥᠭᠳᠡᠯ ᠲᠠᠢ ᠪᠣᠯᠭᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠂ ᠠᠷᠠᠳ ᠲᠦᠮᠡᠨ ᠤ ᠪᠦᠯᠬᠦᠮᠳᠡᠯ ᠢ ᠨᠢᠭᠲᠠᠷᠠᠭᠤᠯᠵᠤ᠂ ᠬᠠᠮᠲᠤ ᠪᠠᠷ ᠴᠢᠨᠡᠭᠡᠯᠢᠭᠵᠢᠬᠦ ᠴᠢᠭᠯᠡᠯ ᠢᠶᠠᠷ ᠯᠠᠪᠳᠠᠭᠤᠨ ᠤᠷᠤᠭᠰᠢᠯᠠᠬᠤ ᠬᠡᠷᠡᠭᠲᠡᠶ ᠭᠡᠪᠡ᠃      ᠤᠳᠠᠭ᠎ᠠ ᠪᠦᠷᠢ ᠶᠢᠨ ᠲᠠᠪᠤᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠡᠷᠭᠢᠴᠡᠭᠦᠯᠬᠦ ᠳᠤ᠂ ᠬᠥᠭᠵᠢᠯᠲᠡ ᠶᠢᠨ ᠡᠭᠦᠰᠦᠯᠲᠡ ᠪᠣᠯᠣᠨ ᠵᠣᠭᠰᠤᠯᠲᠠ ᠨᠢ ᠴᠦᠮ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠲᠠ ᠳᠡᠭᠡᠷ᠎ᠡ ᠰᠠᠭᠤᠷᠢᠯᠠᠪᠠ᠃ ᠲᠠᠪᠤᠳᠤᠭᠠᠷ ᠪᠥᠬᠦᠳᠡ ᠬᠤᠷᠠᠯ ᠠᠴᠠ ᠬᠠᠮᠲᠤ ᠪᠠᠷ ᠡᠳ᠋ᠯᠡᠬᠦ ᠣᠨᠣᠯᠵᠢᠬᠤᠨ ᠢ ᠳᠤᠷᠠᠳᠤᠭᠰᠠᠨ ᠪᠠ ᠦᠢᠯᠡᠳᠦᠯᠭᠡᠵᠢᠭᠦᠯᠬᠦ ᠭᠡᠵᠦ ᠪᠠᠶᠢᠭ᠎ᠠ ᠨᠢ ︽13.5︾᠎ ᠶᠢᠨ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠶᠢᠳᠡᠮ ᠬᠦᠷᠲᠡᠭᠡᠵᠦ᠂ ᠠᠷᠠᠳ ᠤᠯᠠᠨ ᠤ ᠴᠢᠳᠠᠮᠠᠭᠠᠶ ᠴᠢᠨᠠᠷ ᠢ ᠳᠠᠶᠢᠴᠢᠯᠠᠬᠤ ᠶᠠᠪᠤᠳᠠᠯ ᠨᠢ ᠴᠤ ᠢᠷᠡᠭᠡᠳᠦᠶ ᠶᠢᠨ ᠬᠥᠭᠵᠢᠯᠲᠡ ᠳᠤ ᠰᠦᠷ ᠳᠠᠯᠠᠶᠢᠴᠡᠲᠠᠢ ᠲᠠᠢ ᠬᠥᠳᠡᠯᠭᠡᠭᠴᠢ ᠬᠦᠴᠦᠨ ᠢ ᠣᠯᠭᠤᠬᠤ ᠪᠣᠯᠣᠨ᠎ᠠ᠃      ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠦᠨᠢᠳᠡ ᠶᠢᠨ ᠭᠤᠣᠯ ᠰᠡᠳᠦᠪ ᠮᠦᠨ        — — ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠡᠶᠢᠭᠡᠮ ᠤᠨ ᠪᠠᠲᠤᠯᠠᠭ᠎ᠠ ᠶᠢᠨ ᠭᠠᠵᠠᠷ ᠤᠨ ᠳᠠᠷᠤᠭ᠎ᠠ ᠯᠥᠸᠧ ᠬᠦᠢ ᠰᠧᠨ ᠢ ᠰᠣᠷᠪᠤᠯᠵᠢᠯᠠᠪᠠ      ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠳᠤᠷᠠᠳᠴᠤ ᠭᠠᠷᠭᠠᠭᠰᠠᠨ ᠨᠢ᠂ ᠬᠠᠮᠲᠤ ᠪᠠᠷ ᠡᠳ᠋ᠯᠡᠬᠦ ᠬᠥᠭᠵᠢᠯᠲᠡ ᠶᠢ ᠪᠠᠷᠢᠮᠲᠠᠯᠠᠬᠤ ᠳᠤ ᠡᠷᠬᠡᠪᠰᠢ ᠬᠠᠮᠲᠤ ᠪᠠᠷ ᠪᠥᠲᠦᠭᠡᠨ ᠪᠠᠶᠢᠭᠤᠯᠵᠤ ᠬᠥᠭᠵᠢᠯᠲᠡ ᠶᠢᠨ ᠦᠷ᠎ᠡ ᠪᠥᠲᠦᠭᠡᠯ ᠢ ᠬᠠᠮᠲᠤ ᠪᠠᠷ ᠡᠳ᠋ᠯᠡᠬᠦ ᠶᠠᠪᠤᠴᠠ ᠳᠤ ᠪᠦᠬᠦ ᠠᠷᠠᠳ ᠲᠦᠮᠡᠨ ᠳᠤ ᠨᠡᠩ ᠣᠯᠠᠨ ᠬᠦᠷᠲᠡᠭᠡᠮᠵᠢ ᠶᠢᠨ ᠲᠥᠷᠥᠭᠳᠡᠯ ᠲᠠᠢ ᠪᠣᠯᠭᠠᠬᠤ ᠬᠡᠷᠡᠭᠲᠡᠶ᠃ ᠡᠭᠦᠨ ᠤ ᠲᠤᠰᠠᠲᠠ᠂ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ︽12.5︾᠎ ᠠᠴᠠ ᠨᠠᠰᠢᠬᠢ ᠮᠠᠨ ᠤ ᠣᠷᠣᠨ ᠤ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢᠨ ᠰᠠᠭᠤᠷᠢ ᠲᠠᠢ ᠤᠶᠠᠯᠳᠤᠭᠤᠯᠤᠨ᠂ ᠥᠪᠥᠷ ᠮᠣᠩᠭᠤᠯ ︽13.5︾᠎ ᠶᠢᠨ ᠬᠤᠭᠤᠴᠠᠭᠠᠨ ᠳᠤ ᠡᠳ᠋ ᠤᠨ ᠵᠠᠰᠠᠭ ᠤᠨ ᠳᠦᠷᠢᠮ ᠢ ᠲᠡᠭᠦᠯᠳᠡᠷᠵᠢᠭᠦᠯᠬᠦ ᠪᠠᠷ ᠲᠠᠮᠵᠢᠨ ᠠᠷᠠᠳ ᠤᠨ ᠠᠮᠢᠳᠤᠷᠠᠯ ᠢ ᠬᠡᠷᠬᠢᠨ ᠪᠠᠲᠤᠯᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠡᠶᠢᠭᠡᠮ ᠤᠨ ᠪᠠᠲᠤᠯᠠᠭ᠎ᠠ ᠶᠢᠨ ᠭᠠᠵᠠᠷ ᠤᠨ ᠳᠠᠷᠤᠭ᠎ᠠ ᠯᠥᠸᠧ ᠬᠦᠢ ᠰᠧᠨ 11 ᠳ᠋ᠤᠭᠡᠷ ᠰᠠᠷ᠎ᠠ ᠶᠢᠨ 14᠎ ᠤ ᠡᠳᠦᠷ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃      ︽12.5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠣᠷᠣᠨ ᠤ ᠡᠳ᠋ ᠤᠨ ᠵᠠᠰᠠᠭ ᠠᠷᠠᠳ ᠤᠨ ᠠᠮᠢᠳᠤᠷᠠᠯ ᠢ ᠪᠠᠲᠤᠯᠠᠬᠤ ᠦᠢᠯᠡᠰ ᠤᠨ ᠬᠥᠭᠵᠢᠯᠲᠡ ᠶᠢᠨ ᠳᠤᠮᠳᠠ ᠣᠯᠤᠭᠰᠠᠨ ᠠᠮᠵᠢᠯᠲᠠ ᠶᠢ ᠯᠥᠸᠧ ᠬᠦᠢ ᠰᠧᠨ ᠳ᠋ᠦᠡᠭᠨᠡᠬᠦ ᠳᠡᠭᠡᠨ᠄ ᠲᠠᠪᠤᠨ ᠵᠢᠯ ᠤᠨ ᠲᠤᠷᠰᠢ᠂ ᠪᠥᠬᠦ ᠣᠷᠣᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠨᠢᠬᠡᠲᠦᠯᠲᠡᠢ ᠳᠦᠷᠢᠮ ᠢ ᠪᠠᠶᠢᠭᠤᠯᠵᠤ᠂ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠬᠤᠷᠰᠢᠭᠰᠠᠨ ᠡᠮᠨᠡᠯᠭᠡ ᠶᠢᠨ ᠳᠠᠭᠠᠳᠬᠠᠯ ᠪᠣᠯᠣᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠬᠤ ᠶᠣᠰᠣᠲᠠᠶ ᠶᠢ ᠨᠢ ᠴᠥᠮ ᠳᠠᠭᠠᠳᠬᠠᠯᠭᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠡᠪᠴᠢᠶ᠎ᠡ ᠶᠢ ᠲᠠᠰᠤᠷᠠᠯᠲᠠ ᠦᠭᠡᠶ ᠥᠷᠭᠡᠳᠬᠡᠵᠦ᠂ 3 ᠵᠢᠯ ᠳᠠᠷᠠᠭᠠᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯ ᠠᠴᠠ ᠪᠠᠭᠤᠭᠰᠠᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠬᠢᠷᠢ ᠳᠥᠪᠰᠢᠨ ᠢ ᠥᠷᠭᠦᠯᠵᠢᠯᠡᠨ ᠣᠯᠠᠨᠲᠠ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠵᠢᠯ ᠣᠯᠭᠤᠯᠲᠠ ᠪᠣᠯᠣᠨ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ᠂ ᠡᠮ ᠡᠮᠨᠡᠯᠭᠡ ᠡᠷᠡᠭᠦᠯ ᠬᠠᠮᠠᠭᠠᠯᠠᠯ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠪᠠ ᠵᠡᠮᠳᠡᠭᠴᠦᠳ ᠤᠨ ᠠᠵᠢᠯ ᠦᠢᠯᠡᠰ ᠢ ᠬᠥᠭᠵᠢᠭᠦᠯᠬᠦ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠷᠤᠭ 1500 ᠳ᠋ᠦᠩᠰᠢᠭᠤᠷ ᠲᠥᠭᠦᠷᠢᠭ ᠤᠨ ᠪᠡᠯᠡ ᠮᠥᠡᠭᠭᠦ ᠣᠷᠤᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠵᠢᠴᠢ ᠣᠯᠭᠤᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠨᠠᠶᠢᠳᠠᠪᠤᠷᠢᠲᠠᠶ ᠪᠠᠲᠤᠯᠠᠭ᠎ᠠ ᠣᠯᠭᠤᠭᠰᠠᠨ ᠪᠠᠶᠢᠨ᠎ᠠ᠃      ︽ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠨᠢ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠢᠯᠠᠵᠤ ᠢᠯᠠᠭᠳᠠᠬᠤ ᠥᠪᠥᠷ ᠮᠣᠩᠭᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠤᠷᠤᠭᠰᠢᠲᠠᠢ ᠪᠡᠶᠡᠯᠡᠭᠦᠯᠵᠦ ᠳᠡᠶᠢᠯᠬᠦ ᠡᠰᠡᠬᠦ ᠲᠠᠢ ᠬᠤᠯᠪᠤᠭᠳᠠᠬᠤ ᠪᠥᠭᠡᠳ᠂ ᠪᠠᠰᠠᠴᠤ ᠪᠥᠬᠦ ᠣᠷᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠵᠤ ᠠᠬᠤᠶ ᠨᠡᠶᠢᠭᠡᠮ ᠤᠨ ᠪᠦᠳᠤᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠲᠠᠢ ᠬᠤᠯᠪᠤᠭᠳᠠᠨ᠎ᠠ︾ ᠯᠥᠸᠧ ᠬᠦᠢ ᠰᠧᠨ ᠦᠵᠡᠭᠰᠡᠨ ᠨᠢ᠂ ᠲᠠᠪᠤᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠳᠤᠮᠳᠠᠬᠢ ᠨᠢᠭᠡᠨ ᠴᠢᠬᠤᠯᠠ ᠵᠢᠯᠣᠭᠤᠳᠬᠤ ᠦᠵᠡᠯ ᠰᠠᠨᠠᠭ᠎ᠠ ᠪᠣᠯ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠠᠪᠤᠳᠠᠯ ᠢ ᠬᠠᠮᠤᠭ ᠤᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠬᠢᠵᠠᠭᠠᠷᠲᠠᠶ ᠡᠳ᠋ ᠤᠨ ᠬᠦᠴᠦᠨ ᠢ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠬᠤ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠬᠦᠷᠢᠶᠡᠨ ᠳᠤ ᠣᠷᠤᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠴᠢᠷᠮᠠᠶᠢᠨ ᠲᠣᠬᠢᠷᠠᠭᠤᠯᠤᠭᠰᠠᠨ ᠪᠠ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠳᠠᠬᠢ ᠪᠠᠯᠠ ᠣᠷᠣᠭᠤᠯᠤᠯᠲᠠ ᠪᠠᠨ ᠲᠠᠰᠤᠷᠠᠯᠲᠠ ᠦᠭᠡᠶ ᠨᠡᠮᠡᠭᠳᠡᠭᠦᠯᠵᠦ᠂ ᠠᠷᠠᠳ ᠤᠯᠠᠨ ᠤ ᠬᠡᠰᠢᠭ ᠪᠤᠶᠠᠨ ᠢ ᠦᠨᠡᠨ ᠬᠦ ᠨᠡᠮᠡᠭᠳᠡᠭᠦᠯᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠵᠣᠯ ᠵᠢᠷᠭᠠᠯᠲᠠᠶ ᠠᠮᠢᠳᠤᠷᠠᠬᠤ ᠦᠵᠡᠮᠵᠢᠲᠦ ᠣᠷᠣᠨ ᠢ ᠴᠣᠭᠴᠠᠯᠠᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ ᠭᠡᠪᠡ᠃      ᠲᠠᠪᠤᠳᠤᠭᠠᠷ ᠪᠦᠬᠦᠳᠡ ᠬᠤᠷᠠᠯ ᠠᠴᠠ ᠳᠤᠷᠠᠳᠤᠨ ᠭᠠᠷᠭᠠᠭᠰᠠᠨ ︽ᠬᠦᠭᠵᠢᠯᠲᠡ ᠶᠢᠨ ᠦᠷ᠎ᠡ ᠪᠦᠲᠦᠮᠵᠢ ᠶᠢ ᠠᠷᠠᠳ ᠲᠦᠮᠡᠨ ᠬᠠᠮᠲᠤ ᠪᠠᠷ ᠡᠳ᠋ᠯᠡᠬᠦ︾᠎ ᠳᠤ ᠴᠢᠭᠯᠡᠭᠦᠯᠵᠦ᠂ ᠯᠦᠸᠧ ᠭᠦᠢ ᠰᠧᠨ ᠰᠤᠷᠪᠤᠯᠵᠢᠯᠠᠭᠴᠢ ᠳᠤ ᠬᠡᠯᠡᠭᠰᠡᠨ ᠎ ᠨᠢ᠂ ︽12᠂5︾᠎ ᠶᠢᠨ ᠬᠤᠭᠤᠴᠠᠭᠠᠨ ᠳᠤ᠂ ᠠᠷᠠᠳ ᠤᠨ ᠠᠮᠢᠳᠤᠷᠠᠯ ᠤᠨ ᠡᠳ᠋ ᠤᠨ ᠵᠠᠰᠠᠭ ᠤᠨ ᠤᠷᠤᠭᠤᠯᠤᠯᠲᠠ ᠶᠢᠨ ᠡᠷᠴᠢᠮ ᠢ ᠴᠢᠩᠭᠠᠳᠬᠠᠬᠤ ᠪᠠᠷ ᠳᠠᠮᠵᠢᠵᠤ᠂ ᠦᠪᠦᠷ ᠮᠣᠩᠭᠤᠯ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠨᠦᠬᠦᠪᠦᠷᠢ ᠶᠢᠨ ᠪᠠᠷᠢᠮᠵᠢᠶ᠎ᠠ ᠶᠢ ᠬᠦᠮᠦᠨ ᠪᠦᠷᠢ ᠵᠢᠯ ᠳᠤ 40 ᠲᠦᠭᠦᠷᠢᠭ ᠲᠤ ᠬᠦᠷᠦᠭᠦᠯᠵᠦ᠂ ᠬᠤᠲᠠ᠂ ᠬᠦᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠴᠢᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ ᠰᠠᠷ᠎ᠠ ᠪᠦᠷᠢ ᠳᠤᠮᠳᠠᠴᠢ ᠪᠠᠷ ᠬᠦᠮᠦᠨ ᠪᠦᠬᠦᠨ ᠳᠤ 497 ᠲᠦᠭᠦᠷᠢᠭ ᠪᠠ 288 ᠲᠦᠭᠦᠷᠢᠭ ᠲᠤ ᠬᠦᠷᠦᠭᠦᠯᠵᠦ᠂ ᠲᠠᠪᠤᠨ ᠪᠠᠲᠤᠯᠠᠭᠠᠲᠤ ᠬᠦᠮᠦᠨ᠂ ᠬᠤᠲᠠ ᠪᠠᠯᠭᠠᠰᠤ ᠶᠢᠨ ︽ᠭᠤᠷᠪᠠᠨ ᠦᠭᠡᠢ︾ ᠬᠦᠮᠦᠰ ᠪᠠ ᠥᠨᠥᠴᠢᠨ ᠬᠡᠦᠬᠡᠳ ᠵᠡᠷᠭᠡ ᠲᠡᠩᠬᠡᠷᠡᠭᠦᠯᠦᠨ ᠲᠤᠰᠠᠯᠠᠬᠤ ᠲᠤᠰᠠᠯᠠᠮᠵᠢ ᠬᠦᠷᠲᠡᠭᠴᠢᠳ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠤᠮᠳᠠᠴᠢ ᠪᠠᠷ ᠪᠦᠬᠦ ᠤᠯᠤᠰ ᠤᠨ ᠲᠡᠷᠢᠭᠦᠨ ᠡᠩᠨᠡᠭᠡᠨ ᠳᠤ ᠣᠷᠤᠭᠤᠯᠤᠨ᠎ᠠ —— ᠡᠨᠡ ᠨᠢ ᠮᠠᠨ ᠤ ᠤᠷᠤᠨ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠦᠭᠵᠢᠯᠲᠡ ᠶᠢ ᠤᠯᠠᠮ ᠠᠬᠢᠭᠤᠯᠬᠤ ᠳᠤ ᠤᠷᠢᠳᠠᠯ ᠨᠦᠭᠦᠴᠡᠯ ᠪᠦᠷᠢᠯᠳᠦᠭᠦᠯᠦᠨ ᠦᠭᠴᠡᠢ᠃ ᠲᠡᠷᠡ ᠬᠡᠯᠡᠭᠰᠡᠨ ᠨᠢ᠂ ︽13᠂ 5︾᠎ ᠶᠢᠨ ᠬᠤᠭᠤᠴᠠᠭ᠎ᠠ ᠪᠣᠯ ᠮᠠᠨ ᠤ ᠤᠷᠤᠨ ᠤ ᠡᠳ᠋ ᠤᠨ ᠵᠠᠰᠠᠭ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠨᠢ ᠶᠡᠭᠡ ᠦᠢᠯᠡᠰ ᠢ ᠪᠦᠲᠦᠭᠡᠵᠦ ᠪᠣᠯᠬᠤ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠪᠣᠯᠬᠤ ᠪᠦᠭᠡᠳ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠬᠠᠷᠢᠨ ᠡᠳ᠋ ᠤᠨ ᠵᠠᠰᠠᠭ ᠤᠨ ᠠᠵᠢᠯ ᠤᠨ ᠦᠨᠢᠳᠡ ᠶᠢᠨ ᠭᠤᠣᠯ ᠰᠡᠳᠦᠪ ᠮᠦᠨ ᠭᠡᠵᠡᠢ᠃ ᠡᠶᠢᠮᠦ ᠠᠴᠠ᠂ ᠢᠷᠡᠬᠦ 5 ᠵᠢᠯ ᠳᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠳᠤ᠂ 3 ᠲᠠᠯ᠎ᠠ ᠪᠠᠷ ᠬᠦᠴᠦ ᠲᠠᠯᠪᠢᠬᠤ ᠬᠡᠷᠡᠭᠲᠡᠢ ᠭᠡᠵᠦ ᠯᠦᠸᠧ ᠭᠦᠢ ᠰᠧᠨ ᠦᠵᠡᠵᠦ ᠪᠠᠶᠢᠨ᠎ᠠ᠃      ᠨᠢᠭᠡ ᠳᠤ ᠨᠡᠶᠢᠭᠡᠮ ᠤᠨ ᠪᠠᠲᠤᠯᠠᠭ᠎ᠠ ᠶᠢᠨ ᠳᠦᠷᠢᠮ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠤ ᠂ ᠲᠥᠪ ᠭᠤᠣᠯᠴᠢ ᠴᠢᠨᠠᠷ ᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ ᠪᠠᠶᠢᠭᠰᠠᠨ ᠠᠴᠠ ᠨᠢ ᠲᠥᠪ ᠭᠤᠣᠯᠴᠢ ᠴᠢᠨᠠᠷ ᠬᠢᠭᠡᠳ ᠦᠷᠭᠦᠯᠵᠢᠯᠡᠬᠦ ᠴᠢᠨᠠᠷ ᠢ ᠵᠡᠷᠭᠡᠪᠡᠷ ᠴᠢᠬᠤᠯᠴᠢᠯᠠᠬᠤ ᠵᠦᠭ ᠬᠤᠪᠢᠷᠠᠭᠤᠯᠵᠤ᠂ ᠦᠷᠭᠦᠯᠵᠢᠯᠡᠬᠦ ᠴᠢᠨᠠᠷ ᠢ ᠴᠢᠩᠭᠠᠳᠬᠠᠬᠤ ᠶᠢ ᠨᠡᠩ ᠳᠣᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ︔ ᠳᠦᠷᠢᠮ ᠢ ᠪᠦᠷᠢᠨ ᠪᠦᠷᠬᠦᠭᠦᠯᠵᠤ ᠪᠠᠶᠢᠭᠰᠠᠨ ᠠᠴᠠ ᠨᠢ ᠬᠦᠮᠦᠰ ᠲᠤ ᠪᠦᠷᠢᠨ ᠪᠦᠷᠬᠦᠭᠦᠯᠬᠦ ᠵᠦᠭ ᠬᠤᠪᠢᠷᠠᠭᠤᠯᠵᠤ᠂ ᠭᠤᠣᠯᠳᠠᠯᠭᠠᠲᠤ ᠬᠦᠮᠦᠰ ᠲᠤ ᠴᠢᠭᠯᠡᠭᠦᠯᠵᠦ ᠳᠠᠭᠠᠳᠬᠠᠯ ᠳᠤ ᠣᠷᠣᠯᠴᠠᠬᠤ ᠬᠦᠷᠢᠶ᠎ᠡ ᠬᠡᠪᠴᠢᠶ᠎ᠡ ᠶᠢ ᠥᠷᠭᠡᠳᠬᠡᠬᠦ ᠠᠵᠢᠯ ᠢ ᠤᠯᠠᠮ ᠰᠠᠶᠢᠲᠤᠷ ᠬᠢᠬᠦ ᠬᠡᠷᠡᠭᠲᠡᠢ︔ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠪᠠ ᠡᠳ᠋ ᠤᠨ ᠵᠠᠰᠠᠭ ᠤᠨ ᠨᠦᠬᠦᠪᠦᠷᠢ ᠶᠢᠨ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠬᠦ ᠶᠢᠨ ᠬᠠᠮᠲᠤ᠂ ᠪᠡᠯᠡ ᠮᠥᠩᠭᠦ ᠴᠤᠭᠯᠠᠭᠤᠯᠬᠤ ᠬᠢᠷᠢ ᠲᠦᠪᠰᠢᠨ ᠲᠠᠢ ᠵᠣᠬᠢᠴᠠᠯᠳᠤᠭᠰᠠᠨ ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ︔ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠬᠤᠷᠢᠶᠠᠬᠤ᠂ ᠳᠠᠭᠠᠳᠬᠠᠯ ᠬᠦᠷᠲᠡᠭᠴᠢᠳ ᠢ ᠲᠣᠭᠲᠠᠭᠠᠬᠤ᠂ ᠣᠯᠭᠤᠮᠵᠢ ᠶᠢ ᠬᠢᠨᠠᠨ ᠬᠠᠷᠭᠤᠭᠤᠯᠬᠤ ᠪᠠ ᠪᠡᠯᠡ ᠮᠦᠩᠭᠦ ᠦᠭᠬᠦ ᠵᠡᠷᠭᠡ ᠵᠠᠩᠭᠢᠯᠠᠭ᠎ᠠ ᠶᠢᠨ ᠴᠢᠩᠭ᠎ᠠ ᠪᠣᠰᠤ᠂ ᠦᠨᠡᠨ ᠪᠣᠰᠤ᠂ ᠤᠨᠤᠪᠴᠢ ᠦᠭᠡᠢ ᠪᠠᠶᠢᠭ᠎ᠠ ᠠᠰᠠᠭᠤᠳᠠᠯ ᠵᠢᠴᠢ ᠣᠨᠳᠣᠣ ᠭᠠᠵᠠᠷ ᠳᠠᠩᠰᠠ ᠲᠠᠶᠢᠯᠬᠤ ᠪᠠ ᠨᠡᠶᠢᠭᠡᠮ ᠤᠨ ᠪᠠᠲᠤᠯᠠᠭ᠎ᠠ ᠶᠢᠨ ᠬᠠᠷᠢᠴᠠᠭ᠎ᠠ ᠶᠢ ᠦᠷᠭᠦᠯᠵᠢᠯᠡᠭᠦᠯᠬᠦ ᠲᠠᠯ᠎ᠠ ᠪᠠᠷ ᠳᠥᠭᠦᠮ ᠪᠣᠰᠤ ᠪᠠᠶᠢᠭ᠎ᠠ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃      ᠬᠤᠶᠠᠷ ᠲᠤ ᠲᠣᠭᠲᠠᠴᠠ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠲᠥᠷᠦ ᠶᠢᠨ ᠪᠣᠳᠤᠯᠭ᠎ᠠ ᠶᠢ ᠵᠤᠯᠭᠠᠭᠤᠯᠬᠤ ᠪᠠ ᠳᠦᠷᠢᠮ ᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ︔ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠬᠢᠭᠡᠳ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠨᠠᠰᠤᠲᠠᠶᠢᠴᠤᠳ ᠤᠨ ᠨᠥᠬᠦᠪᠥᠷᠢ ᠮᠥᠩᠭᠦ᠂ ᠵᠡᠮᠳᠡᠭᠴᠦᠳ ᠤᠨ ᠠᠮᠢᠳᠤᠷᠠᠯ ᠤᠨ ᠲᠤᠰᠠᠯᠠᠮᠵᠢ ᠶᠢᠨ ᠮᠦᠩᠭᠦ ᠵᠡᠷᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠢ ᠵᠤᠯᠭᠠᠭᠤᠯᠬᠤ ᠶᠢ ᠦᠨᠡᠨᠬᠦ ᠰᠠᠶᠢᠲᠤᠷ ᠬᠢᠵᠦ᠂ ᠰᠢᠨᠵᠢ ᠴᠢᠨᠠᠷ ᠨᠢ ᠠᠳᠠᠯᠢᠬᠠᠨ ᠳᠠᠪᠬᠤᠴᠠᠬᠤ ᠪᠠᠲᠤᠯᠠᠭ᠎ᠠ ᠶᠢ ᠪᠠᠭᠠᠰᠬᠠᠬᠤ ᠬᠡᠷᠡᠭᠲᠡᠢ︔ ᠨᠡᠩ ᠢᠯᠡ ᠲᠣᠳᠣ᠂ ᠨᠡᠩ ᠰᠢᠨᠵᠢᠯᠡᠬᠦ ᠤᠬᠠᠭᠠᠨᠴᠢ ᠨᠡᠶᠢᠭᠡᠮ ᠤᠨ ᠪᠠᠲᠤᠯᠠᠭ᠎ᠠ ᠶᠢᠨ ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠣᠯᠭᠤᠮᠵᠢ ᠶᠢᠨ ᠬᠢᠷᠢ ᠲᠦᠪᠰᠢᠨ ᠬᠢᠭᠡᠳ ᠰᠠᠭᠤᠷᠢ ᠮᠦᠩᠭᠦ ᠪᠠ ᠡᠳ᠋ ᠤᠨ ᠵᠠᠰᠠᠭ ᠤᠨ ᠳᠤᠮᠳᠠ ᠤᠷᠲᠤ ᠬᠤᠭᠤᠴᠠᠭ᠎ᠠ ᠶᠢᠨ ᠳᠠᠭᠠᠭᠠᠬᠤ ᠴᠢᠳᠠᠪᠤᠷᠢ ᠶᠢ ᠬᠠᠷᠢᠯᠴᠠᠨ ᠵᠣᠬᠢᠴᠠᠯᠳᠤᠭᠤᠯᠬᠤ ᠶᠢ ᠪᠠᠲᠤᠯᠠᠵᠤ᠂ ᠨᠡᠶᠢᠭᠡᠮ ᠤᠨ ᠪᠠᠲᠤᠯᠠᠭ᠎ᠠ ᠶᠢᠨ ᠳᠣᠲᠤᠭᠠᠳᠤ ᠶᠢᠨ ᠠᠳᠠᠯᠢ ᠪᠣᠰᠤ ᠲᠦᠷᠦᠯ ᠵᠦᠢᠯ ᠤᠨ ᠬᠤᠭᠤᠷᠤᠨᠳᠤᠬᠢ᠂ ᠠᠳᠠᠯᠢ ᠪᠣᠰᠤ ᠪᠥᠯᠦᠭᠯᠡᠯ ᠤᠨ ᠬᠤᠭᠤᠷᠤᠨᠳᠤᠬᠢ ᠣᠯᠭᠤᠮᠵᠢ ᠤᠨ ᠬᠢᠷᠢ ᠲᠦᠪᠰᠢᠨ ᠢ ᠬᠠᠷᠢᠯᠴᠠᠨ ᠵᠤᠯᠭᠠᠭᠤᠯᠬᠤ ᠶᠢ ᠪᠠᠲᠤᠯᠠᠬᠤ ᠬᠡᠷᠡᠭᠲᠡᠢ︔ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠥᠬᠦᠪᠥᠷᠢᠯᠡᠬᠦ ᠲᠣᠭᠲᠠᠴᠠ ᠶᠢ ᠰᠢᠯᠤᠭᠤᠳᠬᠠᠵᠤ᠂ ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠡᠭᠦᠷᠭᠡ ᠶᠢ ᠬᠢᠨᠠᠨ ᠲᠣᠭᠲᠠᠭᠠᠬᠤ᠂ ᠤᠷᠤᠯᠭ᠎ᠠ ᠵᠠᠷᠤᠯᠭ᠎ᠠ ᠶᠢ ᠬᠢᠨᠠᠨ ᠲᠣᠭᠲᠠᠭᠠᠬᠤ᠂ ᠠᠮᠵᠢᠯᠲᠠ ᠪᠦᠲᠦᠮᠵᠢ ᠶᠢ ᠬᠢᠨᠠᠨ ᠰᠢᠯᠭᠠᠨ ᠨᠦᠬᠦᠪᠦᠷᠢᠯᠡᠬᠦ︾ ᠡᠳ᠋ ᠤᠨ ᠵᠠᠰᠠᠭ ᠤᠨ ᠨᠦᠬᠦᠪᠦᠷᠢ ᠶᠢᠨ ᠲᠥᠷᠦ ᠶᠢᠨ ᠪᠣᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠦᠨᠳᠦᠰᠦᠨ ᠱᠠᠲᠤᠨ ᠎ ᠳᠤ ᠰᠠᠯᠭᠠᠨ ᠦᠭᠭᠦᠬᠦ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠵᠠᠷᠤᠳᠠᠯ ᠢ ᠠᠯᠬᠤᠮ ᠠᠯᠬᠤᠮ ᠢᠶᠠᠷ ︽ᠪᠣᠭᠤᠵᠢᠯᠠᠨ︾ ᠬᠢᠨᠠᠨ ᠲᠣᠭᠲᠠᠭᠠᠵᠤ᠂ ᠨᠢᠭᠡᠳᠦᠯᠲᠡᠢ ᠲᠦᠯᠦᠪᠯᠡᠨ ᠬᠡᠷᠡᠭᠯᠡᠬᠦ ᠶᠢ ᠨᠢ ᠵᠦᠪᠰᠢᠶᠡᠷᠡᠵᠦ᠂ ᠬᠤᠪᠢᠶᠠᠷᠢᠯᠠᠬᠤ ᠡᠷᠬᠡ ᠮᠡᠳᠡᠯ ᠢ ᠨᠢ ᠥᠷᠭᠡᠳᠬᠡᠵᠦ᠂ ᠠᠵᠢᠯ ᠤᠨ ᠢᠳᠡᠪᠬᠢᠵᠢᠯ ᠢ ᠨᠢ ᠳᠠᠶᠢᠴᠢᠯᠠᠬᠤ ᠬᠡᠷᠡᠭᠲᠡᠶ  ᠃      ᠭᠤᠷᠪᠠ ᠳᠤ ᠪᠡᠯᠡ ᠮᠦᠩᠭᠦ ᠶᠢᠨ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠨᠠᠷᠠᠨ ᠭᠡᠷᠡᠯᠲᠦ ᠡᠳ᠋ ᠤᠨ ᠵᠠᠰᠠᠭ ᠤᠨ ᠱᠠᠭᠠᠷᠳᠠᠯᠭ᠎ᠠ ᠶᠣᠰᠤᠭᠠᠷ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ ᠶᠢᠨ ᠬᠠᠮᠢᠶᠠᠷᠤᠯᠲᠠ ᠶᠢ ᠤᠯᠠᠮ ᠵᠢᠷᠤᠮᠵᠢᠭᠤᠯᠵᠤ᠂ ᠪᠡᠯᠡ ᠮᠦᠩᠭᠦ ᠶᠢᠨ ᠬᠤᠪᠢᠶᠠᠷᠢᠯᠠᠯ ᠪᠠ ᠬᠡᠷᠡᠭᠯᠡᠯᠲᠡ ᠶᠢᠨ ᠪᠠᠶᠢᠳᠠᠯ ᠢ ᠨᠡᠶᠢᠭᠡᠮ ᠳᠤ ᠢᠯᠡ ᠪᠣᠯᠭᠠᠵᠤ ᠂ ᠪᠦᠬᠦ ᠬᠡᠮᠵᠢᠶ᠎ᠡ ᠶᠢᠨ ᠲᠥᠰᠦᠪ ᠤᠨ ᠱᠠᠭᠠᠷᠳᠠᠯᠭ᠎ᠠ ᠶᠣᠰᠣᠭᠠᠷ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠲᠠᠬᠢ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠴᠢᠬᠤᠯᠠ ᠶᠡᠭᠡ ᠲᠦᠷᠦᠯ ᠵᠦᠢᠯ ᠢ ᠰᠠᠶᠢᠵᠢᠷᠠᠭᠤᠯᠬᠤ ᠠᠵᠢᠯᠯᠠᠭᠠᠨ ᠤ ᠲᠣᠭᠲᠠᠴᠠ ᠪᠠ ᠦᠨᠡᠯᠡᠬᠦ ᠠᠷᠭ᠎ᠠ ᠳᠤ ᠴᠢᠭᠯᠡᠭᠦᠯᠦᠨ᠂ ᠲᠥᠰᠦᠪ ᠤᠨ ᠲᠣᠬᠢᠷᠠᠭᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠢ ᠴᠢᠩᠭᠠᠳᠬᠠᠬᠤ ᠬᠡᠷᠡᠭᠲᠡᠢ︔ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠭᠦᠨ ᠤ ᠣᠷᠤᠯᠭ᠎ᠠ ᠶᠢᠨ ᠬᠠᠷᠠᠯᠲᠠ ᠶᠣᠰᠤᠭᠠᠷ ᠡᠭᠦᠷᠭᠡ ᠶᠢ ᠵᠠᠳᠠᠯᠵᠤ᠂ ᠠᠳᠠᠯᠢ ᠱᠠᠲᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠠ ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠲᠠᠢ ᠬᠠᠮᠵᠢᠯᠴᠠᠨ᠂ ᠳᠡᠰ ᠤᠳᠠᠭ᠎ᠠ ᠬᠤᠪᠢᠶᠠᠨ᠂ ᠳᠠᠭᠠᠳᠬᠠᠯ ᠤᠨ ᠲᠦᠷᠦᠯ ᠬᠤᠪᠢᠶᠠᠨ ᠨᠠᠶᠢᠳᠠᠪᠤᠷᠢᠵᠢᠭᠤᠯᠵᠤ᠂ ᠬᠠᠷᠢᠶ᠎ᠠ ᠪᠦᠬᠦᠢ ᠬᠤᠰᠢᠭᠤ ᠰᠢᠶᠠᠨ ᠢ ᠰᠢᠮᠳᠠᠭᠤᠯᠤᠨ ᠱᠠᠭᠠᠷᠳᠠᠵᠤ ᠪᠠᠶᠢᠭᠠᠳ ᠠᠷᠭ᠎ᠠ ᠬᠡᠮᠵᠢᠶ᠎ᠡ ᠠᠪᠤᠭᠤᠯᠤᠨ ᠲᠠᠲᠠᠪᠤᠷᠢᠯᠠᠨ ᠲᠤᠰᠢᠶᠠᠬᠤ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ ᠬᠢᠨᠠᠨ ᠲᠣᠭᠲᠠᠭᠠᠬᠤ ᠶᠣᠰᠤᠲᠠᠢ ᠶᠢ ᠨᠢ ᠲᠤᠤᠱᠠᠲᠠᠢ ᠬᠢᠨᠠᠨ ᠲᠣᠭᠲᠠᠭᠠᠵᠤ᠂ ᠬᠤᠷᠢᠶᠠᠬᠤ ᠶᠣᠰᠤᠲᠠᠢ ᠶᠢ ᠨᠢ ᠲᠤᠤᠱᠠᠲᠠᠢ ᠬᠤᠷᠢᠶᠠᠵᠤ᠂ ᠰᠢᠯᠵᠢᠭᠦᠯᠬᠦ ᠶᠣᠰᠤᠲᠠᠢ ᠶᠢ ᠨᠢ ᠲᠤᠤᠱᠠᠲᠠᠢ ᠰᠢᠯᠵᠢᠭᠦᠯᠵᠦ᠂ ᠪᠦᠬᠦ ᠤᠷᠤᠨ ᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠭᠦᠨ ᠤ ᠣᠷᠤᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ︔ ᠣᠷᠣᠨ ᠨᠤᠲᠤᠭ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠶ ᠢᠯᠠᠭᠠᠨ ᠰᠠᠯᠭᠠᠵᠤ᠂ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠢᠯᠠᠭᠠᠨ ᠰᠠᠯᠭᠠᠵᠤ᠂ ᠠᠶᠢᠮᠠᠭ ᠬᠤᠲᠠ ᠶᠢᠨ ᠰᠠᠭᠤᠷᠢ ᠮᠥᠩᠭᠦ ᠶᠢ ᠬᠢᠨᠠᠨ ᠰᠢᠯᠭᠠᠬᠤ᠂ ᠬᠤᠪᠢᠶᠠᠨ ᠡᠭᠦᠷᠭᠡᠯᠡᠬᠦ ᠪᠠ ᠬᠢᠵᠠᠭᠠᠷᠯᠠᠯ ᠤᠨ ᠲᠠᠯ᠎ᠠ ᠪᠠᠷ ᠬᠢ ᠡᠯ᠎ᠡ ᠲᠦᠷᠦᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃      ᠬᠠᠭᠤᠴᠢᠨ ᠠᠰᠠᠭᠤᠳᠠᠯ ᠢ ᠰᠢᠢᠳᠪᠦᠷᠢᠯᠡᠨ   ᠰᠢᠨ᠎ᠡ ᠦᠷᠢᠰᠦᠯᠳᠦᠭᠡᠨ ᠢ ᠤᠭᠲᠤᠶ᠎ᠠ      ——ᠦᠪᠦᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠫᠷᠣᠹᠧᠰᠰᠣᠷ ᠽᠠᠢ ᠭᠦᠸᠧ ᠵᠢᠶᠦ᠋ᠨ ᠢ ᠰᠣᠷᠪᠤᠯᠵᠢᠯᠠᠪᠠ       ︽ ﹇12᠂ 5﹈᠎ ᠶᠢᠨ ᠬᠤᠭᠤᠴᠠᠭᠠᠨ ᠳᠤ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠠᠮᠢᠳᠤᠷᠠᠯ ᠤᠨ ᠠᠵᠢᠯ ᠪᠦᠬᠦᠯᠢ ᠴᠣᠭᠴᠠ ᠪᠠᠷ ᠲᠦᠷᠭᠡᠨ ᠤᠷᠤᠭᠰᠢᠯᠠᠬᠤ᠂ ᠭᠤᠣᠯᠳᠠᠯᠭ᠎ᠠ ᠲᠠᠢ ᠢᠨᠵᠧᠨᠧᠷᠢᠩ ᠢᠶᠠᠷ ᠰᠢᠪᠲᠤᠯᠬᠤ ᠪᠠᠶᠢᠳᠠᠯ ᠢᠯᠡᠷᠡᠪᠡ︾ ᠭᠡᠵᠦ ᠦᠪᠦᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠫᠷᠣᠹᠧᠰᠰᠣᠷ ᠽᠠᠢ ᠭᠦᠸᠧ ᠵᠢᠶᠦ᠋ᠨ ᠦᠪᠡᠷ ᠤᠨ ᠦᠵᠡᠯᠲᠡ ᠪᠠᠨ ᠶᠠᠷᠢᠯ᠎ᠠ᠃ ᠲᠡᠭᠦᠨ ᠤ ᠦᠵᠡᠬᠦ ᠪᠠᠷ᠂ ︽12᠂ 5︾᠎ ᠶᠢᠨ ᠬᠤᠭᠤᠴᠠᠭᠠᠨ ᠳᠤ᠂ ᠦᠪᠦᠷ ᠮᠣᠩᠭᠤᠯ ᠤᠨ ᠠᠵᠤ ᠠᠬᠤᠢ ᠨᠡᠶᠢᠭᠡᠮ ᠰᠣᠶᠣᠯ ᠵᠡᠷᠭᠡ ᠬᠦᠷᠢᠶ᠎ᠡ ᠬᠡᠪᠴᠢᠶᠡᠨ ᠎ ᠳᠤ ᠯᠣᠳᠤ ᠶᠡᠭᠡ ᠠᠮᠵᠢᠯᠲᠠ ᠣᠯᠵᠤ᠂ ᠡᠯ᠎ᠡ ᠲᠠᠯ᠎ᠠ ᠪᠠᠷ ᠦᠳᠲᠡᠷ ᠲᠦᠷᠭᠡᠨ ᠬᠦᠭᠵᠢᠵᠦ᠂ ᠶᠡᠷᠦᠩᠬᠡᠶᠢᠯᠡᠭᠰᠡᠨ ᠬᠦᠴᠦᠨ ᠢᠯᠡᠳᠲᠡ ᠳᠡᠭᠡᠭᠰᠢᠯᠡᠵᠦ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠲᠠᠰᠤᠷᠠᠯᠲᠠ ᠦᠭᠡᠢ ᠠᠬᠢᠵᠤ᠂ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠦᠪ ᠨᠢ ᠱᠠᠲᠤ ᠦᠶ᠎ᠡ ᠶᠢᠨ ᠴᠢᠨᠠᠷᠲᠠᠶ ᠴᠢᠬᠤᠯᠠ ᠶᠡᠭᠡ ᠦᠷ᠎ᠡ ᠪᠦᠲᠦᠭᠡᠯ ᠣᠯᠪᠠ᠃ ︽ᠦᠪᠡᠷᠲᠡᠭᠡᠨ ᠵᠠᠰᠠᠬᠤ ᠤᠷᠤᠨ ᠶᠠᠳᠠᠭᠤ ᠶᠢ ᠪᠠᠭᠠᠰᠬᠠᠬᠤ᠂ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ᠂ ᠣᠷᠤᠯᠭ᠎ᠠ ᠶᠢ ᠨᠡᠮᠡᠭᠳᠡᠭᠦᠯᠬᠦ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠤᠨ ᠲᠣᠭᠤᠷᠢᠨ ᠳᠤ᠂ ᠰᠢᠷᠭᠠᠭᠤ ᠬᠠᠲᠠᠭᠤᠵᠢᠯᠲᠠᠶ ᠪᠥᠭᠡᠳ ᠠᠮᠵᠢᠯᠲᠠ ᠪᠦᠲᠦᠮᠵᠢ ᠲᠠᠢ ᠴᠢᠷᠮᠠᠶᠢᠯᠭ᠎ᠠ ᠭᠠᠷᠭᠠᠵᠤ᠂ ᠭᠠᠷᠮᠠᠭᠠᠢ ᠠᠮᠵᠢᠯᠲᠠ ᠭᠠᠷᠭᠠᠪᠠ︾᠃      ᠭᠡᠪᠡᠴᠦ ᠬᠤᠶᠢᠰᠢᠳᠠ ᠶᠢᠨ ᠨᠢᠭᠡ ᠬᠤᠭᠤᠴᠠᠭᠠᠨ ᠳᠤ ᠠᠷᠠᠳ ᠤᠨ ᠠᠮᠢᠳᠤᠷᠠᠯ ᠢ ᠬᠦᠭᠵᠢᠭᠦᠯᠬᠦ ᠲᠠᠯ᠎ᠠ ᠪᠠᠷ᠂ ᠽᠠᠢ ᠭᠦᠸᠧ ᠵᠢᠶᠦ᠋ᠨ ᠤ ᠦᠵᠡᠬᠦ ᠪᠠᠷ᠂ ᠤᠯᠠᠨ ᠤᠯᠤᠰ ᠤᠨ ᠪᠠ ᠤᠯᠤᠰ ᠤᠨ ᠳᠣᠲᠤᠭᠠᠳᠤ ᠶᠢᠨ ᠵᠠᠬ᠎ᠠ ᠳᠡᠯᠭᠡᠭᠦᠷ ᠤᠨ ᠱᠠᠭᠠᠷᠳᠠᠯᠭ᠎ᠠ ᠬᠡᠷᠡᠭᠴᠡᠭᠡ ᠭᠦᠢᠴᠡᠳ ᠦᠭᠡᠢ᠂ ᠦᠪᠦᠷ ᠮᠣᠩᠭᠤᠯ ᠤᠨ ᠠᠵᠤ ᠠᠬᠤᠢ ᠶᠢᠨ ᠪᠦᠲᠦᠴᠡ ᠶᠢᠨ ᠴᠢᠨᠠᠷᠲᠠᠢ ᠲᠣᠬᠢᠷᠠᠭᠤᠯᠤᠯᠲᠠ ᠤᠷᠤᠨ ᠪᠠᠶᠢᠷᠢᠨ ᠳᠠᠭᠠᠨ ᠬᠦᠷᠦᠭᠡᠳᠦᠢ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢᠨ ᠲᠦᠰᠢᠭ ᠲᠤᠯᠭᠠᠭᠤᠷᠢ ᠨᠢ ᠪᠠᠲᠤ ᠪᠠᠬᠢ ᠪᠢᠰᠢ ᠵᠢᠴᠢ ᠪᠤᠰᠤᠳ ᠬᠦᠴᠦᠨ ᠵᠦᠢᠯ ᠤᠨ ᠨᠥᠯᠥᠭᠡ ᠠᠴᠠ ᠪᠣᠯᠵᠤ᠂ ᠠᠵᠤ ᠠᠬᠤᠶ ᠪᠠᠭᠤᠷᠠᠬᠤ ᠳᠠᠷᠤᠯᠲᠠ ᠮᠥᠨ ᠯᠡ ᠬᠦᠨᠳᠦ ᠬᠡᠴᠡᠭᠦᠦ ᠪᠠᠶᠢᠵᠤ᠂ ᠠᠷᠠᠳ ᠤᠨ ᠠᠮᠢᠳᠤᠷᠠᠯ ᠢ ᠬᠦᠭᠵᠢᠭᠦᠯᠬᠦ ᠳᠤ ᠮᠠᠰᠢ ᠶᠡᠭᠡ ᠬᠦᠴᠢᠷ ᠪᠡᠷᠬᠡᠰᠢᠶᠡᠯ ᠳᠤ ᠲᠤᠯᠭᠠᠷᠠᠵᠤ᠂ ᠬᠤᠵᠢᠮ ᠤᠨ ᠡᠭᠦᠷᠭᠡ ᠲᠦᠢᠯ ᠤᠨ ᠬᠠᠲᠠᠭᠤ ᠪᠡᠷᠬᠡ ᠪᠠᠶᠢᠨ᠎ᠠ᠃        ︽︿13.5﹀᠎ ᠶᠢᠨ ᠬᠤᠭᠤᠴᠠᠭᠠᠨ ᠳᠤ᠂ ᠠᠷᠠᠳ ᠤᠨ ᠠᠮᠢᠳᠤᠷᠠᠯ ᠤᠨ ᠠᠯᠢ ᠤᠯᠠᠨ ᠰᠢᠨ᠎ᠡ ᠬᠠᠭᠤᠴᠢᠨ ᠠᠰᠠᠭᠤᠳᠠᠯ ᠨᠢ  ᠬᠤᠶᠢᠰᠢᠳᠠ ᠮᠢᠩᠭ᠎ᠠ ᠲᠦᠮᠡᠨ ᠡᠷᠦᠬᠡ ᠶᠢᠨ ᠠᠵᠠ ᠵᠢᠷᠭᠠᠯ ᠪᠤᠯᠤᠨ ᠠᠵᠤ ᠠᠮᠢᠳᠤᠷᠠᠯ ᠢ ᠦᠷᠬᠦᠯᠵᠢᠯᠡᠨ ᠨᠦᠯᠦᠭᠡᠯᠡᠵᠦ ᠭᠠᠴᠢᠭᠳᠠᠭᠤᠯᠬᠤ ᠪᠤᠯᠤᠨ᠎ᠠ᠃︾ ᠴᠠᠢ ᠭᠥᠸᠧ ᠵᠢᠶᠦ᠋ᠨ ᠬᠡᠯᠡᠭᠰᠡᠨ ᠨᠢ᠂ ᠠᠵᠢᠯ ᠣᠯᠭᠤᠯᠲᠠ᠂ ᠣᠷᠣᠨ ᠰᠠᠭᠤᠴᠠ᠂ ᠡᠮ ᠡᠮᠨᠡᠯᠭᠡ ᠵᠡᠷᠭᠡ ᠠᠰᠠᠭᠤᠳᠠᠯ ᠪᠣᠯ ᠠᠷᠠᠳ ᠤᠨ ᠠᠮᠢᠳᠤᠷᠠᠯ ᠳᠤ ᠬᠠᠷᠢᠶᠠᠯᠠᠭᠳᠠᠬᠤ ︽ᠦᠷᠭᠦᠯᠵᠢ ᠰᠤᠷᠲᠠᠭ ᠭᠤᠷᠪᠠᠨ ᠵᠣᠬᠢᠶᠠᠯ︾ ᠪᠤᠯᠤᠨ᠎ᠠ᠂ ᠡᠭᠦᠨ ᠢ ᠬᠠᠷᠠᠬᠠᠨ ᠤᠷᠪᠠᠭᠤᠯᠵᠤ ᠪᠠᠷᠠᠭᠠᠳᠤᠢ ᠪᠠᠶᠢᠲᠠᠯ᠎ᠠ᠂ ᠬᠠᠷᠢᠨ ᠬᠥᠮᠦᠨ ᠠᠮᠠ ᠶᠢᠨ ᠨᠠᠰᠤᠵᠢᠯᠲᠠ᠂ ᠬᠤᠲᠠ ᠬᠥᠳᠡᠭᠡ ᠶᠢᠨ ᠣᠷᠣᠯᠭ᠎ᠠ ᠶᠢᠨ ᠵᠥᠷᠢᠶ᠎ᠡ ᠂ ᠶᠠᠳᠠᠭᠤ ᠶᠢ ᠳᠡᠳᠬᠦᠵᠦ ᠬᠦᠴᠢᠷ ᠢ ᠪᠠᠭᠠᠰᠬᠠᠬᠤ ᠰᠢᠪᠲᠤᠯᠤᠯᠲᠠ ᠵᠡᠷᠭᠡ ᠰᠢᠨ᠎ᠡ ᠥᠷᠢᠰᠥᠯᠳᠦᠭᠡᠨ ᠨᠢᠭᠡᠨᠲᠡ ᠦᠳᠲᠡᠷ ᠲᠦᠷᠭᠡᠨ ᠢᠶᠠᠷ ᠭᠠᠷᠴᠤ ᠢᠷᠡᠪᠡ᠃ ︽13.5︾᠎ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠷᠠᠳ ᠤᠨ ᠠᠮᠢᠳᠤᠷᠠᠯ ᠤᠨ ︽ᠦᠷᠭᠦᠯᠵᠢ ᠰᠤᠷᠲᠠᠭ ᠭᠤᠷᠪᠠᠨ ᠵᠣᠬᠢᠶᠠᠯ︾᠎ ᠤᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠬᠦ ᠤᠨ ᠵᠡᠷᠭᠡᠴᠡᠭᠡᠪᠡᠷ ᠬᠤᠵᠢᠮ ᠤᠨ ᠬᠥᠭᠵᠢᠯᠲᠡ ᠶᠢᠨ ᠳᠤᠮᠳᠠ ᠰᠢᠪᠲᠤᠯᠠᠬᠤ ᠴᠢᠬᠤᠯᠠᠲᠠᠢ ᠪᠠᠶᠢᠭ᠎ᠠ ᠰᠢᠨ᠎ᠡ ᠪᠡᠷᠬᠡ ᠠᠰᠠᠭᠤᠳᠠᠯ ᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ ᠭᠡᠵᠡᠢ᠃ ᠲᠡᠭᠦᠨ ᠤ ᠦᠵᠡᠬᠦ ᠪᠠᠷ᠂ ᠥᠪᠥᠷ ᠮᠣᠩᠭᠤᠯ ᠳᠣᠣᠷᠠᠬᠢ ᠲᠤᠯᠤᠭᠠᠨ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠲᠦᠯᠬᠢᠨ ᠠᠬᠢᠭᠤᠯᠬᠤ ᠴᠢᠬᠤᠯᠠᠲᠠᠢ ᠪᠠᠶᠢᠨ᠎ᠠ᠃      ᠨᠢᠭᠡ ᠳᠤ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠡᠷᠴᠢᠮ ᠢᠶᠠᠨ ᠶᠡᠬᠡᠪᠡᠷ ᠴᠢᠩᠭᠠᠷᠠᠭᠤᠯᠬᠤ ᠬᠡᠷᠡᠭᠲᠡᠶ᠃ ︽13.5︾᠎ ᠶᠢᠨ ᠬᠤᠭᠤᠴᠠᠭᠠᠨ ᠳᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠨᠢ ᠭᠡᠳᠡᠰᠦ ᠴᠠᠳᠬᠤᠯᠠᠩ ᠮᠦᠷᠦ ᠪᠦᠲᠦᠨ ᠢ ᠰᠢᠢᠳᠪᠦᠷᠢᠯᠡᠬᠦ ᠪᠠᠷ ᠭᠤᠣᠯ ᠡᠭᠦᠷᠭᠡ ᠪᠣᠯᠭᠠᠵᠤ ᠪᠠᠶᠢᠭᠰᠠᠨ ᠱᠠᠲᠤᠨ ᠠᠴᠠ ᠪᠠᠨ ᠭᠡᠳᠡᠰᠦ ᠴᠠᠳᠬᠤᠯᠠᠩ ᠮᠦᠷᠦ ᠪᠦᠲᠦᠨ ᠪᠠᠶᠢᠯᠭᠠᠬᠤ ᠦᠷ᠎ᠡ ᠪᠦᠳᠦᠭᠡᠯ ᠢ ᠪᠠᠬᠢᠵᠢᠭᠦᠯᠬᠦ᠂ ᠶᠠᠳᠠᠭᠤ ᠠᠴᠠ ᠠᠩᠭᠢᠵᠢᠷᠠᠨ ᠪᠠᠶᠠᠵᠢᠭᠤᠯᠬᠤ ᠶᠢ ᠲᠦᠷᠭᠡᠳᠬᠡᠬᠦ᠂ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠥᠭᠵᠢᠯᠲᠡ ᠶᠢᠨ ᠵᠥᠷᠢᠶ᠎ᠡ ᠪᠠᠨ ᠪᠠᠭᠠᠰᠬᠠᠬᠤ ᠰᠢᠨ᠎ᠡ ᠱᠠᠲᠤᠨ ᠳᠤ ᠰᠢᠯᠵᠢᠨ ᠤᠷᠤᠬᠤ ᠪᠤᠯᠬᠤᠷ᠂ ᠶᠠᠳᠠᠭᠤ ᠶᠢ ᠲᠡᠳᠬᠦᠬᠦ ᠠᠵᠢᠯ ᠢ ᠨᠡᠩ ᠳᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠶ᠃      ᠬᠤᠶᠠᠷ ᠲᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠶ ᠶᠢᠨ ᠨᠡᠮᠡᠭᠳᠡᠯ ᠢ ᠵᠡᠷᠭᠡ ᠳᠤᠨᠢ ᠨᠡᠮᠡᠭᠳᠡᠭᠦᠯᠬᠦ᠂ ᠬᠥᠳᠡᠯᠮᠦᠷᠢ ᠶᠢᠨ ᠬᠥᠯᠥᠰᠥ ᠣᠯᠭᠤᠮᠵᠢ ᠪᠠ ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢ ᠵᠡᠷᠭᠡ ᠳᠤᠨᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠣᠷᠣᠯᠭ᠎ᠠ ᠶᠢᠨ ᠬᠤᠪᠢᠶᠠᠷᠢᠯᠠᠯᠲᠠ ᠶᠢ ᠵᠣᠬᠢᠰᠲᠠᠶ ᠲᠤᠬᠢᠷᠠᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠤᠳᠠ ᠬᠥᠳᠡᠭᠡ ᠶᠢᠨ ᠰᠠᠭᠤᠭᠠᠯᠢ ᠠᠷᠠᠳ ᠤᠨᠴᠠᠭᠠᠶᠢᠯᠠᠨ ᠣᠷᠣᠯᠭ᠎ᠠ ᠪᠠᠭᠠᠲᠠᠶ ᠬᠥᠮᠦᠰ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠦᠰ ᠤᠨ ᠬᠤᠪᠢ ᠶᠢᠨ ᠵᠢᠩ ᠢ ᠨᠡᠮᠡᠭᠳᠡᠭᠦᠯᠬᠦ ᠬᠡᠷᠡᠭᠲᠡᠢ᠃ ᠰᠠᠭᠤᠭᠠᠯᠢ ᠠᠷᠠᠳ ᠤᠨ ᠡᠳ᠋ ᠬᠥᠷᠤᠩᠭᠡ ᠶᠢᠨ ᠴᠢᠨᠠᠷᠲᠠᠶ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠬᠦ ᠬᠡᠷᠡᠭᠲᠡᠢ᠃ ᠣᠷᠣᠯᠭ᠎ᠠ ᠶᠢᠨ ᠬᠤᠪᠢᠶᠠᠷᠢᠯᠠᠯᠲᠠ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠬᠠᠤᠯᠢ ᠶᠣᠰᠣᠨ ᠤ ᠣᠷᠣᠯᠭ᠎ᠠ ᠶᠢ ᠬᠠᠮᠠᠭᠠᠯᠠᠵᠤ᠂ ᠳᠠᠯᠳᠠ ᠣᠷᠣᠯᠭ᠎ᠠ ᠶᠢ ᠵᠢᠷᠤᠮᠵᠢᠭᠤᠯᠵᠤ᠂ ᠡᠷᠬᠡ᠂ ᠵᠠᠰᠠᠭ ᠵᠠᠬᠢᠷᠭᠠᠨ ᠤ ᠡᠵᠡᠷᠬᠡᠭᠯᠡᠯ ᠵᠡᠷᠭᠡ ᠵᠠᠬ᠎ᠠ ᠳᠡᠯᠭᠡᠭᠦᠷ ᠤᠨ ᠪᠤᠰᠤ ᠬᠦᠴᠦᠨ ᠵᠦᠢᠯ ᠢᠶᠠᠷ ᠤᠷᠤᠯᠭ᠎ᠠ ᠤᠯᠬᠤ ᠶᠢ ᠬᠤᠷᠢᠭᠯᠠᠨ ᠵᠤᠭᠰᠤᠭᠠᠵᠤ᠂ ᠬᠠᠤᠯᠢ ᠪᠤᠰᠤ ᠣᠷᠣᠯᠭ᠎ᠠ ᠶᠢ ᠴᠠᠭᠠᠵᠠᠯᠠᠬᠤ ᠬᠡᠷᠡᠭᠲᠡᠢ᠃      ᠭᠤᠷᠪᠠ ᠳᠤ ᠠᠳᠠᠯ ᠦᠢᠯᠡᠰ ᠴᠣᠭᠴᠠᠯᠠᠬᠤ ᠠᠵᠢᠯ ᠣᠯᠭᠤᠬᠤ ᠶᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠶ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠲᠤᠬᠠᠶᠢᠯᠠᠪᠠᠯ ᠬᠦᠭᠵᠢᠭᠦᠯᠦᠯᠲᠡ ᠪᠠᠷ ᠠᠵᠢᠯ ᠤᠯᠭᠤᠯᠲᠠ ᠶᠢ ᠬᠦᠲᠦᠯᠬᠦ᠂ ᠠᠳᠠᠯ ᠦᠢᠯᠡᠰ ᠴᠤᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠪᠣᠯᠪᠠᠰᠤᠷᠠᠭᠤᠯᠤᠯ ᠢᠶᠠᠷ ᠠᠵᠢᠯ ᠣᠯᠭᠤᠬᠤ ᠶᠢ ᠳᠡᠭᠡᠭᠰᠢᠯᠡᠭᠦᠯᠬᠦ᠂ ᠦᠢᠯᠡᠴᠢᠯᠡᠭᠡᠨ ᠢᠶᠠᠷ ᠠᠵᠢᠯ ᠣᠯᠭᠤᠯᠲᠠ ᠶᠢ ᠠᠬᠢᠭᠤᠯᠬᠤ ᠵᠠᠷᠴᠢᠮ ᠶᠢ ᠪᠠᠷᠢᠮᠲᠠᠯᠠᠵᠤ᠂ ᠨᠡᠩ ᠢᠳᠡᠪᠬᠢᠲᠡᠶ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠨᠡᠩ ᠣᠯᠠᠨ ᠠᠵᠢᠯ ᠤᠯᠭᠤᠯᠲᠠ ᠶᠢᠨ ᠪᠠᠶᠢᠷᠢ ᠶᠢ ᠡᠭᠦᠳᠴᠦ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠦᠷᠢᠴᠡᠯ ᠢ ᠬᠦᠴᠦ ᠲᠠᠯᠪᠢᠨ ᠰᠢᠢᠳᠪᠦᠷᠢᠯᠡᠬᠦ ᠬᠡᠷᠡᠭᠲᠡᠢ᠃ ᠳᠡᠭᠡᠳᠦ ᠰᠤᠷᠭᠠᠭᠤᠯᠢ ᠲᠡᠭᠦᠰᠦᠭᠰᠡᠳ᠂ ︽ᠶᠠᠭ ᠠᠵᠢᠯ ᠤᠯᠭᠤᠯᠲᠠ ᠦᠭᠡᠢ ᠭᠡᠷ ᠪᠦᠯᠢ︾ ᠪᠠ ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠨᠡᠶᠢᠭᠡᠮ ᠤᠨ ᠭᠦᠢᠴᠡᠳ ᠠᠵᠢᠯ ᠤᠯᠭᠤᠬᠤ ᠶᠢ ᠠᠬᠢᠭᠤᠯᠬᠤ ᠪᠠ ᠨᠡᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠬᠦ ᠬᠡᠷᠡᠭᠲᠡᠢ᠃      ᠲᠦᠷᠪᠡ ᠳᠤ ᠬᠤᠳᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ  ᠲᠦᠷᠭᠡᠨ ᠲᠡᠭᠦᠯᠳᠡᠷᠵᠢᠭᠦᠯᠵᠦ ᠬᠡᠷᠡᠭᠲᠡᠢ᠃ ︽ᠥᠷᠭᠡᠨ ᠬᠡᠪᠴᠢᠶ᠎ᠡ ᠪᠠᠷ ᠪᠦᠷᠢᠬᠦᠭᠦᠯᠬᠦ᠂ ᠦᠨᠳᠦᠰᠦᠨ ᠵᠦᠢᠯ ᠢ ᠪᠠᠲᠤᠯᠠᠬᠤ᠂ ᠤᠯᠠᠨ ᠲᠡᠰ ᠳᠠᠪᠬᠤᠷᠭ᠎ᠠ ᠲᠠᠢ ᠪᠠᠶᠢᠬᠤ᠂ ᠦᠷᠭᠦᠯᠵᠢᠯᠡᠭᠦᠯᠬᠦ ᠴᠢᠨᠠᠷᠲᠠᠢ ᠪᠠᠶᠢᠬᠤ︾ ᠴᠢᠭᠯᠡᠯᠲᠡ ᠶᠢ ᠦᠨᠳᠦᠰᠦᠯᠡᠨ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯ ᠠᠴᠠ ᠪᠠᠨ ᠪᠠᠭᠤᠬᠤ ᠨᠠᠰᠤᠨ ᠤ ᠬᠢᠵᠠᠭᠠᠷᠯᠠᠯ ᠢ ᠠᠭᠠᠵᠢᠮ ᠢᠶᠠᠷ ᠤᠷᠳᠤᠳᠭᠠᠬᠤ ᠲᠦᠷᠦ ᠶᠢᠨ ᠪᠤᠳᠤᠯᠭ᠎ᠠ ᠶᠢ ᠠᠯᠬᠤᠮ ᠠᠯᠬᠤᠮ ᠢᠶᠠᠷ ᠬᠡᠷᠡᠭᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠥᠮᠦᠰ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠂ ᠢᠯᠡᠭᠦᠦ ᠲᠤᠰᠢᠶᠠᠪᠠᠯ ᠢᠯᠡᠭᠦᠦ ᠤᠯᠬᠤ ᠤᠷᠮᠠᠰᠢᠭᠤᠯᠤᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯᠳᠡᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠬᠤᠳᠠᠯᠳᠤᠭᠠᠨ ᠤ ᠳᠠᠭᠠᠳᠬᠠᠯ ᠢ ᠬᠤᠳᠠᠯᠳᠤᠨ ᠠᠪᠬᠤ ᠶᠢ ᠨᠢ ᠵᠤᠷᠢᠭᠵᠢᠭᠤᠯᠬᠤ ᠬᠡᠷᠡᠭᠲᠡᠢ᠃      ᠲᠠᠪᠤ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠳᠡᠮᠵᠢᠬᠦ ᠬᠡᠷᠡᠭᠲᠡᠢ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠳᠤ ᠨᠥᠬᠦᠪᠥᠷᠢ ᠥᠭᠬᠦ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮᠵᠢ ᠪᠠ ᠦᠢᠯᠡᠴᠢᠯᠡᠭᠡᠨ ᠤ  ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠳᠡᠮᠵᠢᠬᠦ ᠬᠡᠷᠡᠭᠲᠡᠢ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠮᠨᠡᠯᠭᠡ ᠶᠢᠨ ᠳᠠᠭᠠᠳᠬᠠᠯ ᠤᠨ ᠵᠠᠷᠤᠳᠠᠯ ᠥᠭᠬᠦ ᠠᠷᠭ᠎ᠠ ᠬᠡᠯᠪᠡᠷᠢ ᠶᠢ ᠦᠭᠡᠷᠴᠢᠯᠡᠵᠦ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠬᠢᠵᠠᠭᠠᠷᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ ᠃ ᠡᠮ ᠡᠮᠨᠡᠯᠭᠡ ᠶᠢᠨ ᠪᠠᠲᠤᠯᠠᠭ᠎ᠠ᠂ ᠢᠳᠡᠭᠡᠨ ᠤ ᠵᠦᠢᠯ ᠤᠨ ᠠᠶᠤᠯᠭᠦᠶ ᠶᠢ ᠪᠠᠲᠤᠯᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠢᠳᠡᠭᠡᠨ ᠤ ᠪᠠ ᠡᠮ ᠤᠨ ᠵᠦᠢᠯ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠡᠷᠴᠢᠮ ᠢ  ᠴᠢᠩᠭᠠᠯᠠᠵᠤ᠂ ᠢᠳᠡᠭᠡᠨ ᠤ ᠪᠠ ᠡᠮ ᠤᠨ ᠵᠦᠢᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃      ᠵᠢᠷᠭᠤᠭ᠎ᠠ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠭᠦᠯᠬᠦ ᠶᠢ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠵᠠᠷᠤᠳᠠᠯ ᠠᠷᠰᠠᠷ ᠰᠦᠢᠳᠬᠡᠯ ᠢ ᠬᠡᠯᠲᠦᠷᠢᠭᠦᠯᠬᠦ ᠶᠢ ᠠᠯᠬᠤᠮ ᠠᠯᠬᠤᠮ ᠢᠶᠠᠷ ᠲᠦᠷᠦᠯ ᠬᠤᠪᠢᠶᠠᠨ ᠲᠦᠯᠬᠢᠨ ᠠᠬᠢᠭᠤᠯᠬᠤ ᠬᠡᠷᠡᠭᠲᠡᠢ᠃ ᠡ᠊ᠩ ᠲᠡᠷᠢᠭᠦᠨ ᠳᠤ ᠲᠠᠩᠰᠠ ᠡᠪᠬᠡᠮᠡᠯ ᠺᠠᠷᠲ ᠪᠠᠶᠢᠭᠤᠯᠤᠭᠰᠠᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯ ᠲᠠᠢ ᠰᠤᠷᠤᠭᠴᠢᠳ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠠᠷᠰᠠᠷ ᠵᠠᠷᠤᠳᠠᠯ ᠢ ᠬᠡᠯᠲᠦᠷᠢᠭᠦᠯᠵᠦ᠂ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠢ ᠲᠡᠳᠬᠦᠨ ᠲᠤᠰᠠᠯᠠᠬᠤ  ᠪᠦᠷᠢᠨ ᠪᠦᠷᠬᠦᠭᠦᠯᠬᠦ ᠬᠡᠷᠡᠭᠲᠡᠢ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠪᠠ ᠦᠷᠭᠦᠯᠵᠢᠯᠡᠬᠦ ᠰᠤᠷᠭᠠᠨ ᠬᠦᠮᠦᠵᠢᠯ ᠤᠨ ᠬᠦᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠠᠨ ᠶᠠᠩᠵᠤᠴᠢᠯᠠᠬᠤ᠂ ᠤᠨᠴᠠᠯᠢᠬᠵᠢᠭᠤᠯᠬᠤ ᠪᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠠᠭᠤᠯᠤᠭᠳᠠᠬᠤᠨ ᠬᠡᠯᠪᠡᠷᠢ ᠪᠠᠷ ᠬᠦᠭᠵᠢᠭᠦᠯᠬᠦ ᠶᠢ ᠠᠬᠢᠭᠤᠯᠵᠤ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠢᠳᠡᠪᠬᠢᠲᠡᠶ ᠪᠠᠷ ᠪᠠᠶᠢᠭᠤᠯᠬᠤ ᠬᠡᠷᠡᠭᠲᠡᠶ᠃      ᠲᠤᠯᠤᠭ᠎ᠠ ᠳᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠠᠮᠢ ᠠᠬᠤᠶ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠠᠬᠤᠶ ᠶᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢᠨ ᠨᠡᠮᠡᠭᠳᠡᠯ ᠤᠨ ᠴᠢᠭ᠋ ᠪᠣᠯᠭᠠᠬᠤ ᠬᠡᠷᠡᠭᠲᠡᠶ᠃ ᠠᠵᠤ ᠠᠬᠤᠶ ᠶᠢᠨ ᠬᠥᠭᠵᠢᠯᠲᠡ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠢᠭᠡᠳᠬᠡᠨ ᠨᠡᠶᠢᠯᠡᠭᠦᠯᠵᠦ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾᠎ ᠤᠨ ᠪᠦᠲᠦᠬᠡᠨ ᠪᠠᠶᠢᠭᠤᠯᠤᠯᠲᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map