︽ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2015/11/4
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠲᠠᠷᠬᠠᠭᠠᠭᠰᠠᠨ ︽ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠳᠤ ᠶᠢᠰᠦᠨ ᠶᠡᠭᠡ ᠭᠤᠣᠯᠳᠠᠯᠭᠠᠲᠤ ᠡᠭᠦᠷᠭᠡ ᠶᠢᠨ ᠬᠠᠷᠠᠯᠲᠠ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠳ ᠤᠰᠤᠨ ᠤ ᠪᠣᠬᠢᠷᠲᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠣᠷᠣᠨ ᠤ ᠤᠰᠤᠨ ᠤ ᠣᠷᠴᠢᠨ ᠠᠬᠤᠢ ᠶᠢᠨ ᠶᠠᠰᠤ ᠴᠢᠨᠠᠷ ᠢ ᠰᠠᠶᠢᠵᠢᠷᠠᠭᠤᠯᠵᠤ᠂ ᠤᠰᠤᠨ ᠤ ᠣᠷᠴᠢᠨ ᠠᠬᠤᠢ ᠶᠢᠨ ᠠᠶᠤᠯ ᠦᠬᠡᠢ ᠶᠢ ᠪᠠᠲᠤᠯᠠᠬᠤ ᠬᠡᠷᠡᠭᠲᠠᠢ ᠬᠡᠵᠤ ᠱᠠᠭᠠᠷᠳᠠᠪᠠ᠃      ᠪᠣᠬᠢᠷᠲᠤᠭᠤᠯᠤᠭᠴᠢ ᠪᠣᠳᠠᠰ ᠤᠨ ᠭᠠᠳᠠᠭᠰᠢᠯ ᠢ ᠡᠵᠡᠮᠳᠡᠨ᠎ᠡ      ︽ᠰᠠᠨᠠᠯ︾᠎ ᠳᠤ 2016 ᠤᠨ ᠤ ᠡᠴᠦᠰ ᠠᠴᠠ ᠡᠮᠦᠨ᠎ᠡ᠂ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠬᠦ ᠦᠭᠡᠢ ᠵᠢᠵᠢᠭ ᠬᠡᠯᠪᠡᠷᠢ ᠶᠢᠨ ᠴᠠᠭᠠᠰᠤ ᠬᠢᠬᠦ᠂ ᠠᠷᠠᠰᠤ ᠡᠯᠳᠡᠬᠦ᠂ ᠳᠠᠷᠤᠮᠠᠯᠯᠠᠵᠤ ᠪᠣᠳᠤᠬᠤ᠂ ᠪᠤᠳᠤᠵᠤ ᠰᠢᠷᠲᠡᠬᠦ᠂ ᠨᠡᠭᠦᠷᠡᠰᠦ ᠬᠡᠦᠷᠰᠢᠭᠦᠯᠬᠦ᠂ ᠬᠦᠬᠦᠷ ᠪᠣᠯᠪᠠᠰᠤᠷᠠᠭᠤᠯᠬᠤ᠂ ᠠᠷᠰᠧᠨ ᠪᠣᠯᠪᠠᠰᠤᠷᠠᠭᠤᠯᠬᠤ᠂ ᠲᠣᠰᠤ ᠪᠣᠯᠪᠠᠰᠤᠷᠠᠭᠤᠯᠬᠤ᠂ ᠴᠠᠬᠢᠯᠭᠠᠨ ᠢᠶᠠᠷ ᠥᠩᠭᠡᠯᠡᠬᠦ᠂ ᠲᠠᠷᠢᠶᠠᠨ ᠡᠮ ᠵᠡᠷᠭᠡ ᠤᠰᠤᠨ ᠤ ᠣᠷᠴᠢᠨ ᠠᠬᠤᠢ ᠶᠢ ᠬᠦᠨᠳᠦ ᠨᠣᠴᠢᠲᠠᠶ ᠪᠣᠬᠢᠷᠲᠤᠭᠤᠯᠬᠤ ︽ᠠᠷᠪᠠᠨ ᠵᠢᠵᠢᠭ︾ ᠠᠵᠤ ᠠᠬᠤᠶᠢᠯᠠᠯ ᠢ ᠴᠠᠭᠠᠵᠠᠯᠠᠬᠤ ᠬᠡᠷᠡᠭᠲᠠᠢ ᠬᠡᠵᠤ ᠱᠠᠭᠠᠷᠳᠠᠪᠠ᠃ ᠲᠤᠰᠬᠠᠶ ᠵᠦᠢᠯ ᠤᠨ ᠴᠡᠭᠴᠡᠯᠡᠨ ᠵᠠᠰᠠᠬᠤ ᠠᠵᠢᠯ ᠨᠢ ᠴᠠᠭᠠᠰᠤ ᠬᠢᠬᠦ᠂ ᠬᠡᠦᠷᠰᠢᠭᠦᠯᠬᠦ᠂ ᠠᠽᠣᠲ ᠤᠨ ᠪᠤᠷᠳᠤᠭᠤᠷ ᠂ ᠥᠩᠭᠡᠲᠦ ᠲᠡᠮᠦᠷᠯᠢᠭ᠂ ᠳᠠᠷᠤᠮᠠᠯᠯᠠᠨ ᠪᠤᠳᠤᠬᠤ᠂ ᠲᠠᠷᠢᠶᠠᠯᠠᠩ ᠤᠨ ᠲᠤᠰᠠᠯᠠᠬᠤ ᠦᠢᠯᠡᠳᠪᠦᠷᠢᠯᠡᠯ ᠤᠨ ᠢᠳᠡᠭᠡᠨ ᠤᠮᠳᠠᠭᠠᠨ ᠪᠣᠯᠪᠠᠰᠤᠷᠠᠭᠤᠯᠬᠤ᠂ ᠲᠦᠭᠦᠬᠡᠶ ᠮᠠᠲ᠋ᠧᠷᠢᠶᠠᠯ ᠤᠨ ᠡᠮ ᠦᠢᠯᠡᠳᠬᠦ᠂ ᠠᠷᠠᠰᠤ ᠡᠯᠳᠡᠬᠦ᠂ ᠲᠠᠷᠢᠶᠠᠨ ᠡᠮ᠂ ᠴᠠᠬᠢᠯᠭᠠᠨ ᠢᠶᠠᠷ ᠥᠩᠭᠡᠯᠡᠬᠦ ᠵᠡᠷᠭᠡ ᠠᠵᠢᠯ ᠲᠦᠷᠦᠯ ᠲᠠᠢ ᠬᠤᠯᠪᠤᠭᠳᠠᠨ᠎ᠠ᠃ ᠡᠭᠦᠨ ᠠᠴᠠ ᠭᠠᠳᠠᠨ᠎ᠠ᠂ ᠡᠯ᠎ᠡ ᠭᠠᠵᠠᠷ ᠣᠷᠣᠨ ᠲᠤᠰ ᠭᠠᠵᠠᠷ ᠣᠷᠣᠨ ᠤ ᠪᠠᠨ ᠠᠵᠤ ᠦᠢᠯᠡᠳᠪᠦᠷᠢ ᠲᠦᠪᠯᠡᠷᠡᠭᠰᠡᠨ ᠣᠷᠣᠨ ᠤ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠠᠶᠢᠳᠠᠯ ᠢ ᠵᠢᠭᠰᠠᠭᠠᠨ  ᠪᠠᠶᠢᠴᠠᠭᠠᠬᠤ ᠶᠢ ᠳᠠᠷᠤᠶ ᠲᠦᠷᠭᠡᠨ ᠡᠬᠢᠯᠡᠭᠦᠯᠵᠦ᠂ 2017 ᠣᠨ ᠤ ᠡᠴᠦᠰ ᠠᠴᠠ ᠡᠮᠦᠨ᠎ᠡ᠂ ᠠᠵᠤ ᠦᠢᠯᠡᠳᠪᠦᠷᠢ ᠲᠦᠪᠯᠡᠷᠡᠭᠰᠡᠨ ᠣᠷᠣᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠪᠡᠯᠡᠳᠬᠡᠮᠵᠢ ᠶᠢ ᠲᠣᠭᠲᠠᠭᠠᠯ ᠶᠣᠰᠣᠭᠠᠷ ᠪᠠᠶᠢᠭᠤᠯᠬᠤ ᠪᠥᠭᠡᠳ ᠠᠦ᠋ᠲ᠋ᠤᠴᠢᠯᠠᠭᠰᠠᠨ ᠰᠦᠯᠵᠢᠶᠡᠨ ᠳᠡᠭᠡᠷᠡᠬᠢ ᠬᠢᠨᠠᠨ ᠡᠵᠡᠮᠰᠢᠬᠦ ᠲᠥᠬᠦᠭᠡᠷᠦᠮᠵᠢ ᠶᠢ ᠤᠭᠰᠠᠷᠠᠨ᠎ᠠ᠃ ᠬᠤᠭᠤᠴᠠᠭ᠎ᠠ ᠶᠤᠰᠤᠭᠠᠷ ᠪᠡᠶᠡᠯᠡᠭᠦᠯᠦᠭᠰᠡᠨ ᠤᠢᠭᠡᠢ ᠪᠠᠶᠢᠪᠠᠯ᠂  ᠲᠡᠭᠦᠨ ᠤ ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠶᠢ ᠨᠡᠮᠡᠭᠳᠡᠬᠦᠯᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠪᠠ ᠬᠢᠨᠠᠨ ᠬᠠᠷᠭᠤᠭᠤᠯᠬᠤ ᠶᠢ ᠴᠦᠮ ᠲᠦᠷ ᠵᠣᠭᠰᠣᠭᠠᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠡᠭᠦᠨ ᠤ ᠬᠦᠷᠢᠶᠡᠯᠡᠩ ᠲᠣᠭᠤᠷᠢᠭ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ ᠬᠡᠪᠡ᠃      ᠬᠤᠳᠠ ᠪᠠᠯᠭᠠᠰᠤ ᠶᠢᠨ ᠠᠮᠢᠳᠤᠷᠠᠯ ᠤᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠎ᠠ᠃ 2020 ᠣᠨ ᠪᠣᠯᠬᠤ ᠳᠤ᠂ ᠪᠥᠬᠦ ᠣᠷᠣᠨ ᠤ ᠪᠣᠢ ᠪᠦᠬᠦᠢ ᠬᠤᠰᠢᠭᠤ ᠰᠢᠶᠠᠨ ︵ᠬᠤᠳᠠ᠂ ᠲᠣᠭᠤᠷᠢᠭ︶ ᠪᠣᠯᠤᠨ ᠭᠤᠣᠯᠳᠠᠯᠭ᠎ᠠ ᠲᠠᠢ ᠪᠠᠯᠭᠠᠰᠤ ᠶᠢ ᠪᠣᠬᠢᠷ ᠤᠰᠤ ᠶᠢ ᠴᠤᠭᠯᠠᠭᠤᠯᠵᠤ ᠰᠢᠢᠳᠪᠦᠷᠢᠯᠡᠬᠦ ᠴᠢᠳᠠᠪᠤᠷᠢ ᠲᠠᠢ ᠪᠤᠯᠭᠠᠵᠤ᠂ ᠬᠤᠰᠢᠭᠤ ᠰᠢᠶᠠᠨ ︵ᠬᠤᠳᠠ᠂ ᠲᠣᠭᠤᠷᠢᠭ︶᠂ ᠬᠤᠳᠠ ᠶᠢᠨ ᠪᠣᠬᠢᠷ ᠤᠰᠤ ᠰᠢᠢᠳᠪᠦᠷᠢᠯᠡᠬᠦ ᠨᠣᠷᠮ᠎ᠠ ᠶᠢ ᠲᠣᠰ ᠲᠣᠰ 85%᠂ 95% ᠣᠷᠴᠢᠮ ᠳᠤ ᠬᠦᠷᠦᠭᠦᠯᠦᠨ᠎ᠡ᠃ ᠳᠦᠬᠦᠷᠵᠢᠭᠰᠡᠨ ᠬᠤᠭᠤᠯᠠᠶ ᠲᠣᠣᠷ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠳᠠ ᠳᠠᠬᠢ ᠲᠣᠰᠬᠤᠨ᠂ ᠬᠠᠭᠤᠴᠢᠨ ᠬᠤᠳᠠ ᠶᠢᠨ ᠲᠣᠭᠤᠷᠢᠭ ᠪᠠ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠪᠣᠬᠢᠷ ᠤᠰᠤ ᠶᠢ  ᠬᠠᠰᠢᠵᠤ ᠬᠤᠷᠢᠭᠯᠠᠬᠤ᠂ ᠴᠤᠭᠯᠠᠭᠤᠯᠬᠤ ᠶᠢ ᠴᠢᠩᠭᠠᠷᠠᠭᠤᠯᠬᠤ ᠬᠡᠷᠡᠭᠲᠡᠶ᠃ ᠬᠥᠬᠡᠬᠤᠲᠠ ᠶᠢᠨ ᠪᠠᠶᠢᠭᠤᠯᠤᠭᠰᠠᠨ ᠲᠣᠭᠤᠷᠢᠭ 2017 ᠣᠨ ᠪᠤᠯᠲᠠᠯ᠎ᠠ᠂ ᠪᠤᠰᠤᠳ ᠭᠠᠵᠠᠷ ᠣᠷᠣᠨ ᠤ ᠪᠠᠶᠢᠭᠤᠯᠤᠭᠰᠠᠨ ᠲᠣᠭᠤᠷᠢᠭ ᠤᠳ 2020 ᠤᠨ ᠤ ᠡᠴᠦᠰ ᠠᠴᠠ ᠡᠮᠦᠨ᠎ᠡ ᠪᠣᠬᠢᠷ ᠤᠰᠤ ᠶᠢ ᠦᠨᠳᠦᠰᠦᠨ ᠳᠡᠭᠡᠨ ᠪᠦᠷᠢᠨ ᠴᠤᠭᠯᠠᠭᠤᠯᠬᠤ᠂ ᠪᠦᠬᠦᠨ ᠢ ᠰᠢᠢᠳᠪᠦᠷᠢᠯᠡᠬᠦ ᠬᠡᠷᠡᠭᠲᠡᠶ᠃ ᠤᠳᠤ ᠪᠠᠶᠢᠭ᠎ᠠ ᠪᠤᠵᠠᠷ ᠰᠢᠪᠠᠷ ᠢ ᠰᠢᠢᠳᠪᠦᠷᠢᠯᠡᠬᠦ ᠲᠥᠬᠦᠭᠡᠷᠦᠮᠵᠢ ᠶᠢ 2017 ᠤᠨ ᠤ ᠡᠴᠦᠰ ᠠᠴᠠ ᠡᠮᠦᠨ᠎ᠡ ᠦᠨᠳᠦᠰᠦᠨ ᠳᠡᠭᠡᠨ ᠪᠠᠷᠢᠮᠵᠢᠶ᠎ᠠ ᠳᠤ ᠬᠦᠷᠭᠡᠭᠡᠨ ᠥᠭᠡᠷᠡᠴᠢᠯᠡᠬᠦ ᠶᠢ ᠪᠡᠶᠡᠯᠡᠭᠦᠯᠵᠦ᠂ ᠭᠠᠵᠠᠷ ᠣᠷᠣᠨ ᠤ ᠲᠡᠰ ᠤᠨ ᠬᠤᠳᠠ  ᠶᠢᠨ ᠪᠣᠬᠢᠷ ᠰᠢᠪᠡᠷ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠨᠤᠷᠮ᠎ᠠ ᠶᠢ 2020 ᠤᠨ ᠤ ᠡᠴᠦᠰ ᠠᠴᠠ ᠡᠮᠦᠨ᠎ᠡ 90%᠎ ᠠᠴᠠ ᠳᠡᠭᠡᠭᠰᠢ ᠳᠤ ᠬᠦᠷᠦᠭᠦᠯᠦᠨ᠎ᠡ᠃      ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ ᠤᠨ ᠰᠡᠷᠭᠡᠶᠢᠯᠡ᠊ ᠵᠠᠰᠠᠯᠲᠠ ᠶᠢ ᠲᠥᠯᠬᠢᠨ ᠠᠬᠢᠭᠤᠯᠤᠨ᠎ᠠ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠳᠠᠬᠢ ᠪᠣᠬᠢᠷᠲᠤᠯ ᠢ ᠰᠡᠷᠭᠡᠶᠢᠯᠡᠨ ᠵᠠᠰᠠᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠴᠠᠭᠠᠵᠠᠲᠠᠢ ᠣᠷᠣᠨ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ 2017 ᠣᠨ ᠤ ᠡᠴᠦᠰ ᠠᠴᠠ ᠡᠮᠦᠨ᠎ᠡ᠂ ᠬᠠᠤᠯᠢ ᠶᠣᠰᠣᠭᠠᠷ ᠲᠣᠭᠲᠠᠭᠠᠭᠰᠠᠨ ᠲᠡᠵᠢᠭᠡᠬᠦ ᠶᠢ ᠴᠠᠭᠠᠵᠠᠯᠠᠭᠰᠠᠨ ᠣᠷᠣᠨ ᠤ ᠳᠣᠲᠣᠷᠠᠬᠢ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ︵ᠵᠢᠵᠢᠭ ᠲᠣᠭᠤᠷᠢᠭ︶ ᠪᠠ ᠲᠡᠵᠢᠭᠡᠨ ᠦᠷᠡᠵᠢᠭᠦᠯᠬᠦ ᠲᠤᠰᠬᠠᠶ ᠡᠷᠤᠭᠡ ᠶᠢ ᠬᠠᠭᠠᠬᠤ ᠪᠤᠶᠤ ᠨᠡᠭᠦᠯᠭᠡᠨ᠎ᠡ᠃ 2016 ᠣᠨ ᠠᠴᠠ ᠡᠬᠢᠯᠡᠨ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠬᠡᠪᠴᠢᠶᠡᠵᠢᠬᠦᠯᠦᠭᠰᠡᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ︵ᠵᠢᠵᠢᠭ ᠲᠣᠭᠤᠷᠢᠭ︶᠎ ᠶᠢᠨ ᠪᠣᠷᠣᠭᠠᠨ ᠤ ᠤᠰᠤ ᠪᠣᠬᠢᠷ ᠤᠰᠤ ᠶᠢ ᠰᠠᠯᠭᠠᠨ ᠵᠠᠯᠠᠵᠤ᠂ ᠰᠢᠭᠡᠭ ᠦᠷᠲᠡᠩ ᠳᠤ ᠪᠤᠬᠢᠷᠳᠤᠭᠰᠠᠨ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠨ᠎ᠠ᠃ ᠳᠤᠤᠷ᠎ᠠ ᠬᠤᠤᠷᠲᠤ ᠳᠤᠤᠷ᠎ᠠ ᠦᠯᠡᠳᠡᠴᠡᠲᠦ ᠪᠠᠭᠠᠲᠠᠶ ᠲᠠᠷᠢᠶᠠᠨ ᠡᠮ ᠬᠡᠷᠡᠭᠯᠡᠬᠦ ᠳᠤ ᠨᠥᠬᠦᠪᠥᠷᠢ ᠥᠭᠬᠦ ᠲᠤᠷᠰᠢᠯᠲᠠ ᠶᠢᠨ ᠲᠤᠷᠰᠢᠯᠭ᠎ᠠ ᠶᠢ ᠳᠡᠯᠭᠡᠷᠡᠭᠦᠯᠵᠤ᠂ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠪᠤᠬᠢᠷᠳᠤᠯ ᠦᠭᠡᠢ ᠰᠡᠷᠭᠡᠶᠢᠯᠡᠨ ᠬᠢᠵᠠᠭᠠᠷᠯᠠᠬᠤ ᠪᠠ ᠨᠢᠭᠡᠳᠦᠯᠲᠡᠶ ᠪᠠᠷ ᠰᠡᠷᠭᠡᠶᠢᠯᠡᠨ ᠵᠠᠰᠠᠵᠤ᠂ 2020 ᠣᠨ ᠪᠣᠯᠬᠤ ᠳᠤ᠂ ᠲᠠᠷᠢᠮᠠᠯ ᠤᠨ ᠡᠪᠡᠳᠴᠢᠨ ᠬᠤᠷᠣᠬᠠᠶ ᠶᠢ ᠨᠢᠭᠡᠳᠦᠯᠲᠡᠶ ᠪᠠᠷ ᠰᠡᠷᠭᠡᠶᠢᠯᠡᠨ  ᠵᠠᠰᠬᠤ ᠪᠦᠷᠬᠦᠴᠡ ᠶᠢᠨ ᠨᠤᠷᠮ᠎ᠠ ᠶᠢ 40 %᠎ ᠠᠴᠠ ᠳᠡᠭᠡᠭᠰᠢ ᠳᠤ ᠬᠦᠷᠦᠭᠦᠯᠦᠨ᠎ᠡ︔ ᠬᠥᠷᠥᠰᠥ ᠰᠢᠷᠣᠶ ᠶᠢ ᠰᠢᠯᠭᠠᠵᠤ ᠪᠤᠷᠳᠤᠭᠤᠷ ᠣᠷᠣᠭᠤᠯᠬᠤ ᠶᠢ ᠬᠡᠷᠡᠭᠵᠢᠭᠦᠯᠵᠦ᠂ ᠨᠠᠷᠢᠯᠢᠭ ᠤᠨᠤᠪᠴᠢᠲᠠᠢ ᠪᠤᠷᠳᠤᠭᠤᠷ ᠣᠷᠣᠭᠤᠯᠬᠤ ᠮᠡᠷᠭᠡᠵᠢᠯ ᠪᠤᠯᠤᠨ ᠮᠠᠰᠢᠨ ᠪᠠᠭᠠᠵᠢ ᠶᠢ ᠳᠡᠯᠭᠡᠷᠡᠬᠦᠯᠵᠤ᠂ 2020 ᠣᠨ ᠪᠣᠯᠬᠤ ᠳᠤ᠂ ᠬᠥᠷᠥᠰᠥ ᠰᠢᠷᠤᠢ ᠶᠢ ᠰᠢᠯᠭᠠᠵᠤ ᠪᠤᠷᠳᠤᠭᠤᠷ ᠣᠷᠣᠭᠤᠯᠬᠤ ᠮᠡᠷᠭᠡᠵᠢᠯ ᠤᠨ ᠪᠦᠷᠬᠦᠴᠡ ᠶᠢᠨ ᠨᠤᠷᠮ᠎ᠠ ᠶᠢ 90%᠎ ᠠᠴᠠ ᠳᠡᠭᠡᠭᠰᠢ ᠳᠤ ᠬᠦᠷᠦᠭᠦᠯᠵᠤ᠂ ᠬᠢᠮᠢ ᠶᠢᠨ ᠪᠤᠷᠳᠤᠭᠤᠷ ᠶᠢᠨ ᠠᠰᠢᠭᠯᠠᠮᠵᠢ ᠶᠢᠨ ᠨᠤᠷᠮ᠎ᠠ ᠶᠢ 40 %᠎ ᠠᠴᠠ ᠳᠡᠭᠡᠭᠰᠢ ᠳᠤ ᠬᠦᠷᠲᠡᠯ᠎ᠡ ᠳᠡᠭᠡᠭᠰᠢᠯᠡᠭᠦᠯᠦᠨ᠎ᠡ᠃      ᠠᠵᠤ ᠠᠬᠤᠶ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ      ︽ᠰᠠᠨᠠᠯ︾᠎ ᠳᠤ ᠳᠤᠷᠠᠳᠤᠨ ᠭᠠᠷᠭᠠᠭᠰᠠᠨ ᠨᠢ᠂ ᠡᠯ᠎ᠡ ᠭᠠᠵᠠᠷ ᠤᠨ ᠬᠢᠨ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠠᠬᠤᠢ ᠶᠢᠨ ᠳᠠᠭᠠᠭᠠᠴᠠ ᠶᠢᠨ ᠴᠢᠳᠠᠪᠤᠷᠢ ᠶᠢ ᠬᠢᠨᠠᠨ ᠬᠡᠮᠵᠢᠵᠦ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠳᠠᠭᠠᠭᠠᠬᠤ ᠴᠢᠳᠠᠪᠤᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠡᠷᠡᠭᠵᠢᠭᠦᠯᠵᠦ᠂ ᠳᠠᠭᠠᠭᠠᠴᠠ ᠠᠴᠠ ᠬᠡᠲᠦᠷᠡᠭᠰᠡᠨ ᠣᠷᠣᠨ ᠳᠤ ᠤᠰᠤ ᠪᠣᠬᠢᠷᠲᠤᠭᠤᠯᠬᠤ ᠪᠣᠳᠠᠰ ᠢ ᠪᠠᠭᠠᠰᠬᠠᠬᠤ ᠲᠥᠰᠦᠯ ᠢ ᠬᠡᠷᠡᠭᠵᠢᠬᠦᠯᠦᠨ᠂ ᠬᠥᠭᠵᠢᠯᠲᠡ ᠶᠢᠨ ᠲᠥᠯᠥᠪᠵᠢᠭᠦᠯᠭᠡ ᠪᠤᠯᠤᠨ ᠠᠵᠤ ᠦᠢᠯᠡᠰ ᠤᠨ ᠪᠦᠲᠦᠴᠡ ᠶᠢ ᠲᠦᠷᠭᠡᠳᠭᠡᠨ ᠲᠤᠬᠢᠷᠠᠭᠤᠯᠬᠤ ᠬᠡᠷᠡᠭᠲᠠᠢ᠃ 2020 ᠣᠨ ᠪᠣᠯᠬᠤ ᠳᠤ᠂ ᠡᠯ᠎ᠡ ᠭᠠᠵᠠᠷ ᠣᠷᠣᠨ ᠤ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠠᠬᠤᠢ ᠶᠢᠨ ᠳᠠᠭᠠᠭᠠᠴᠠ ᠶᠢᠨ ᠴᠢᠳᠠᠪᠤᠷᠢ ᠶᠢᠨ ᠣᠳᠣᠬᠢ ᠪᠠᠶᠢᠳᠠᠯ ᠤᠨ ᠦᠨᠡᠯᠡᠯᠲᠡ ᠶᠢ ᠪᠡᠶᠡᠯᠡᠭᠦᠯᠦᠨ᠎ᠡ᠃ ᠪᠣᠬᠢᠷᠲᠤᠯ ᠡᠭᠦᠰᠭᠡᠬᠦ ᠠᠵᠤ ᠠᠬᠤᠶᠢᠯᠠᠯ ᠢ ᠤᠬᠤᠷᠢᠨ ᠭᠠᠷᠭᠠᠵᠤ᠂ ᠬᠤᠳᠠ ᠶᠢᠨ ᠪᠠᠶᠢᠭᠤᠯᠤᠭᠰᠠᠨ ᠲᠤᠭᠤᠷᠢᠭ ᠲᠤ ᠤᠳᠤ ᠪᠠᠶᠢᠭ᠎ᠠ ᠪᠤᠯᠤᠳ ᠲᠡᠮᠦᠷ᠂ ᠥᠩᠭᠡᠲᠦ ᠲᠡᠮᠦᠷᠯᠢᠭ᠂ ᠴᠠᠭᠠᠰᠤ ᠬᠢᠬᠦ᠂ ᠳᠠᠷᠤᠮᠠᠯᠯᠠᠨ ᠪᠤᠳᠤᠬᠤ᠂ ᠲᠦᠭᠦᠬᠡᠶ ᠮᠠᠲ᠋ᠧᠷᠢᠶᠠᠯ ᠤᠨ ᠡᠮ ᠦᠢᠯᠡᠳᠬᠦ᠂ ᠬᠢᠮᠢ ᠶᠢᠨ ᠠᠵᠤ ᠦᠢᠯᠡᠳᠪᠦᠷᠢ ᠵᠡᠷᠭᠡ ᠪᠣᠬᠢᠷᠲᠤᠯ ᠶᠡᠬᠡᠪᠲᠦᠷ ᠠᠵᠤ ᠠᠬᠤᠶᠢᠯᠠᠯ ᠢ ᠡᠮᠬᠢ ᠵᠢᠷᠤᠮ ᠲᠠᠢ ᠪᠠᠷ ᠨᠡᠭᠦᠯᠭᠡᠬᠦ ᠪᠤᠶᠤ ᠬᠠᠤᠯᠢ ᠶᠣᠰᠣᠭᠠᠷ ᠬᠠᠭᠠᠬᠤ ᠪᠤᠯᠤᠨ᠎ᠠ᠃      ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠭᠠᠮᠨᠠᠨ ᠬᠠᠮᠠᠭᠠᠯᠠᠨ᠎ᠠ      ︽ᠰᠠᠨᠠᠯ︾᠎ ᠳᠤ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠦᠢᠴᠡᠳᠭᠡᠯ ᠲᠣᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ 2020 ᠣᠨ ᠳᠤ ᠪᠦᠬᠦ ᠣᠷᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 211 ᠳ᠋ᠦᠡᠭᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠨ᠎ᠠ᠃ ᠡᠭᠦᠨ ᠤ ᠬᠠᠮᠲᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ 2017 ᠣᠨ ᠤ ᠡᠴᠦᠰ ᠠᠴᠠ ᠡᠮᠦᠨ᠎ᠡ᠂ ᠪᠦᠬᠦ ᠤᠷᠤᠨ ᠤ ᠭᠠᠵᠠᠷ ᠳᠤᠤᠷ᠎ᠠ ᠠᠴᠠ ᠤᠰᠤ ᠭᠠᠷᠭᠠᠬᠤ ᠶᠢ ᠴᠠᠭᠠᠵᠠᠯᠠᠬᠤ ᠣᠷᠣᠨ᠂ ᠬᠡᠮᠵᠢᠶ᠎ᠡ ᠲᠠᠢ ᠣᠷᠣᠨ ᠪᠤᠯᠤᠨ ᠭᠠᠵᠠᠷ ᠤᠨ ᠭᠠᠳᠠᠷᠭᠤ ᠳᠤᠷᠤᠭᠰᠢ ᠰᠠᠭᠤᠬᠤ ᠶᠢ ᠬᠢᠵᠠᠭᠠᠷᠯᠠᠬᠤ ᠣᠷᠣᠨ ᠤ ᠬᠦᠷᠢᠶ᠎ᠡ ᠬᠡᠪᠴᠢᠶ᠎ᠡ ᠶᠢ ᠲᠣᠭᠲᠠᠭᠠᠬᠤ ᠠᠵᠢᠯ ᠢ ᠪᠡᠶᠡᠯᠡᠬᠦᠯᠦᠨ᠎ᠡ᠃      ᠤᠰᠤᠨ ᠤ ᠣᠷᠴᠢᠨ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ᠎ᠠ      ᠡᠯ᠎ᠡ ᠵᠦᠢᠯ ᠤᠨ ᠤᠰᠤᠨ ᠴᠤᠭᠴᠠᠰ ᠤᠰᠤᠨ ᠴᠢᠨᠠᠷ ᠤᠨ ᠬᠠᠮᠠᠭᠠᠯᠠᠯᠲᠠ ᠶᠢᠨ ᠬᠠᠷᠠᠯᠲᠠ ᠶᠢ ᠲᠤᠲᠤᠷᠬᠠᠶᠢᠯᠠᠵᠤ᠂ ᠤᠰᠤᠨ ᠴᠤᠭᠴᠠᠰ ᠤᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠨᠢᠭᠡ ᠨᠢᠭᠡ ᠪᠠᠷ ᠵᠢᠭᠰᠠᠭᠠᠨ ᠪᠠᠶᠢᠴᠠᠭᠠᠨ᠎ᠠ᠃ 2016 ᠤᠨ ᠠᠴᠠ ᠡᠬᠢᠯᠡᠨ᠂ ᠨᠡᠶᠢᠭᠡᠮ ᠨᠡᠶᠢᠲᠡ ᠳᠤ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃ ᠤᠰᠦᠠ ᠤ ᠴᠢᠨᠠᠷ ᠨᠢ ᠪᠠᠷᠢᠮᠵᠢᠶ᠎ᠠ ᠳᠤ ᠬᠥᠷᠥᠭᠰᠡᠨ ᠥᠭᠡᠢ ᠣᠷᠣᠨ ᠪᠦᠰᠡ ᠶᠢ ᠰᠢᠮᠳᠠᠭᠤᠯᠤᠨ ᠭᠦᠢᠴᠡᠳᠭᠡᠯᠭᠡᠵᠤ᠂ ᠴᠢᠬᠤᠯᠠ ᠲᠠᠢ ᠦᠶ᠎ᠡ ᠳᠤ ᠣᠷᠣᠨ ᠪᠦᠰᠡ ᠶᠢᠨ ᠵᠥᠪᠰᠢᠶᠡᠷᠡᠯ ᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠤᠨ᠎ᠠ᠃ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠬᠢᠨᠠᠨ ᠣᠯᠭᠤᠵᠤ᠂ 2015 ᠣᠨ ᠤ ᠡᠴᠦᠰ ᠠᠴᠠ ᠡᠮᠦᠨ᠎ᠡ᠂ ᠤᠯᠤᠰ ᠤᠨ ᠡᠵᠡᠮᠰᠢᠯᠲᠦ ᠭᠤᠣᠯᠳᠠᠯᠭ᠎ᠠ ᠲᠠᠢ ᠪᠣᠬᠢᠷᠲᠤᠯ ᠤᠨ ᠰᠤᠷᠪᠤᠯᠵᠢ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠶᠢᠨ ᠭᠠᠵᠠᠷ ᠣᠷᠣᠨ ᠤ ᠪᠣᠬᠢᠷᠲᠤᠯ ᠤᠨ  ᠰᠤᠷᠪᠤᠯᠵᠢᠲᠤ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠬᠢᠨᠠᠨ ᠣᠯᠭᠤᠬᠤ ᠠᠵᠢᠯ ᠢ ᠪᠡᠶᠡᠯᠡᠭᠦᠯᠵᠦ᠂ ᠪᠤᠰᠤᠳ ᠪᠣᠬᠢᠷᠲᠤᠯ ᠤᠨ ᠡᠬᠢ ᠰᠤᠷᠪᠤᠯᠵᠢ ᠶᠢ 2017 ᠤᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃      ᠣᠷᠴᠢᠨ ᠲᠤᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ      ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠦᠨ᠎ᠡ᠃  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠲᠦᠷᠢᠮ︾᠎ ᠢ ᠲᠤᠭᠲᠠᠭᠠᠨ᠎ᠠ ︵ᠵᠠᠰᠠᠪᠤᠷᠢ ᠤᠷᠤᠭᠤᠯᠤᠨ᠎ᠠ︶᠃ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠦᠨ᠎ᠡ᠃ 2016 ᠣᠨ ᠠᠴᠠ ᠡᠬᠢᠯᠡᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠰᠢᠷ᠎ᠠ ᠫᠠᠶᠢᠰᠠ︾᠂ ︽ᠤᠯᠠᠭᠠᠨ ᠫᠠᠶᠢᠰᠠ︾ ᠤᠯᠤᠭᠰᠠᠨ ᠠᠵᠤ ᠠᠬᠤᠶᠢᠯᠠᠯ ᠤᠨ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠤ᠂  ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠨᠢᠭᠡᠴᠡ ᠶᠢᠨ ᠭᠠᠳᠠᠭᠰᠢᠯᠠᠭᠤᠯᠤᠯᠲᠠ ᠨᠢ ᠪᠠᠷᠢᠮᠵᠢᠶ᠎ᠠ ᠳᠤ ᠬᠦᠷᠦᠩᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠠᠨ ᠪᠠᠶᠢᠴᠠᠭᠠᠵᠤ᠂ ᠦᠷ᠎ᠡ ᠳ᠋ᠦᠡᠭ ᠢ ᠨᠡᠶᠢᠭᠡᠮ ᠳᠤ ᠨᠡᠶᠢᠲᠡᠯᠡᠨ᠎ᠡ᠃ ᠣᠷᠴᠢᠨ ᠲᠤᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠦᠳᠤᠭᠡᠨ ᠪᠠᠶᠢᠭᠤᠯᠤᠯᠲᠠ ᠶᠢᠨ  ᠲᠦᠷᠦᠯ ᠵᠦᠢᠯ ᠤᠨ ᠣᠷᠴᠢᠨ ᠲᠣᠭᠤᠷᠢᠨ ᠳᠤ ᠦᠵᠡᠬᠦᠯᠬᠦ ᠨᠦᠯᠦᠭᠡ ᠶᠢ ᠦᠨᠡᠯᠡᠬᠦ ᠬᠦᠷᠢᠶ᠎ᠡ ᠬᠡᠪᠴᠢᠶ᠎ᠠ ᠳᠠᠬᠢ ᠡᠷᠬᠡ ᠠᠴᠠ ᠪᠠᠨ ᠳᠠᠪᠠᠵᠤ ᠬᠢᠨᠠᠨ ᠵᠥᠪᠰᠢᠶᠡᠷᠡᠬᠦ ᠂ ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠬᠤ᠂ ᠵᠥᠪᠰᠢᠶᠡᠷᠡᠭᠦᠯᠵᠦ ᠪᠠᠶᠢᠬᠤ ᠶᠢᠨ ᠳᠠᠭᠠᠤ ᠪᠠᠶᠢᠭᠤᠯᠬᠤ᠂ ᠤᠳᠠᠭᠠᠨ ᠵᠢᠯ ᠲᠤᠷᠰᠢᠭᠠᠳ ᠦᠯᠦ ᠰᠢᠯᠭᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠶᠠᠯ᠎ᠠ ᠬᠢᠭᠰᠡᠨ ᠳᠤ ᠲᠤᠭᠠᠴᠠᠭᠳᠠᠭᠰᠠᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠤᠰᠤᠨ ᠤ ᠣᠷᠴᠢᠨ ᠠᠬᠤᠢ ᠶᠢ ᠬᠢᠨᠠᠨ ᠬᠡᠮᠵᠢᠬᠦ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠣᠷᠴᠢᠨ ᠲᠤᠭᠤᠷᠢᠨ ᠢ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠬᠢᠨᠠᠨ ᠬᠡᠮᠵᠢᠬᠦ ᠣᠭᠲᠣᠯᠤᠭᠠᠰᠤ ︵ᠭᠠᠵᠠᠷ ᠣᠷᠣᠨ︶᠎ ᠶᠢ ᠨᠢᠭᠡᠳᠦᠯᠲᠡᠶ ᠲᠥᠯᠥᠪᠵᠢᠭᠦᠯᠦᠨ ᠲᠤᠬᠢᠷᠠᠭᠤᠯᠵᠤ᠂ ᠡᠯ᠎ᠡ ᠭᠠᠵᠠᠷ ᠣᠷᠣᠨ 2016 ᠣᠨ ᠠᠴᠠ ᠡᠬᠢᠯᠡᠨ ᠣᠷᠴᠢᠨ ᠲᠤᠭᠤᠷᠢᠨ ᠢ ᠬᠢᠨᠠᠨ ᠬᠠᠮᠢᠶᠠᠷᠬᠤ ᠰᠦᠯᠵᠢᠶᠡᠨ ᠤ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠬᠦᠯᠦᠨ᠎ᠡ᠃      ᠤᠰᠤᠨ ᠤ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠨ᠎ᠠ      ︽ᠰᠠᠨᠠᠯ︾᠎ ᠳᠤ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠵᠢᠴᠢ ᠤᠰᠤ ᠬᠠᠩᠭᠠᠬᠤ ᠨᠢᠭᠡᠴᠡ ᠲᠤᠰ ᠵᠠᠰᠠᠭ ᠵᠠᠬᠢᠷᠭᠠᠨ ᠤ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ᠂ ᠤᠰᠤ ᠬᠠᠩᠭᠠᠬᠤ ᠦᠢᠯᠡᠳᠪᠦᠷᠢ ᠶᠢᠨ ᠤᠰᠤ ᠭᠠᠷᠭᠠᠬᠤ ᠪᠠ ᠬᠡᠷᠡᠭᠯᠡᠭᠴᠢ ᠶᠢᠨ ᠤᠰᠤᠨ ᠭᠤᠭᠤᠵᠢᠭᠤᠷ ᠠᠴᠠ ᠭᠠᠷᠬᠤ ᠤᠰᠤᠨ ᠤ ᠴᠢᠨᠠᠷ ᠵᠡᠷᠭᠡ ᠤᠤᠭᠤᠬᠤ ᠤᠰᠤᠨ ᠤ ᠠᠶᠤᠯ ᠥᠭᠡᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ᠂ ᠪᠠᠶᠢᠴᠠᠭᠠᠨ ᠬᠡᠮᠵᠢᠬᠦ ᠪᠠ ᠦᠨᠡᠯᠡᠨ ᠵᠢᠱᠢᠵᠤ᠂ ᠭᠠᠵᠠᠷ ᠣᠷᠣᠨ ᠤ ᠲᠡᠰ ᠤᠨ ᠬᠤᠲᠠ 2016 ᠣᠨ ᠠᠴᠠ ᠡᠬᠢᠯᠡᠨ ᠤᠯᠠᠷᠢᠯ ᠪᠦᠷᠢ ᠨᠢᠭᠡ ᠤᠳᠠᠭ᠎ᠠ ᠨᠡᠶᠢᠭᠡᠮ ᠨᠡᠶᠢᠲᠡ ᠳᠤ ᠢᠯᠡ ᠪᠠᠷ ᠵᠠᠷᠯᠠᠨ᠎ᠠ᠃ 2018 ᠣᠨ ᠠᠴᠠ ᠡᠬᠢᠯᠡᠨ᠂ ᠪᠤᠢ ᠪᠦᠬᠦᠢ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠬᠤᠳᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠤᠨ ᠮᠡᠳᠡᠭᠡ ᠵᠠᠩᠭᠢ ᠪᠥᠬᠦᠨ ᠢ ᠴᠥᠮ ᠨᠡᠶᠢᠭᠡᠮ ᠳᠤ ᠢᠯᠡ ᠪᠤᠯᠭᠠᠨ᠎ᠠ᠃ ᠲᠦᠩᠯᠢᠶᠣᠤ ᠬᠤᠳᠠ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ᠂ ᠠᠯᠠᠱᠠ ᠠᠶᠢᠮᠠᠭ᠂ ᠰᠢᠯᠢ ᠶᠢᠨ ᠭᠤᠣᠯ ᠠᠶᠢᠮᠠᠭ᠂ ᠦᠬᠠᠶ ᠬᠤᠳᠠ᠂ ᠮᠠᠨᠵᠤᠤᠷ ᠬᠤᠳᠠ᠂ ᠡᠷᠢᠶᠡᠨ ᠬᠤᠳᠠ ᠵᠡᠷᠭᠡ ᠭᠠᠵᠠᠷ ᠣᠷᠣᠨ ᠤ ᠬᠢᠨ 2020 ᠣᠨ ᠠᠴᠠ ᠡᠮᠦᠨ᠎ᠡ᠂ ᠪᠡᠯᠡᠳᠬᠡᠯ ᠤᠰᠤᠨ ᠰᠤᠷᠪᠤᠯᠵᠢ ᠪᠤᠶᠤ ᠪᠠᠴᠢᠮ ᠪᠠᠶᠢᠳᠠᠯ ᠢ ᠠᠷᠭᠠᠴᠠᠬᠤ ᠣᠰᠣᠠ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ  ᠃ ᠬᠥᠳᠡᠭᠡ ᠲᠣᠰᠬᠤᠨ ᠤ ᠤᠤᠭᠤᠬᠤ ᠣᠰᠣᠨ ᠤ ᠰᠤᠷᠪᠤᠯᠵᠢ ᠶᠢᠨ ᠬᠠᠮᠠᠭᠠᠯᠠᠯᠲᠠ ᠪᠠ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢ ᠴᠢᠩᠭᠠᠳᠬᠠᠨ᠎ᠠ᠃      ᠣᠷᠴᠢᠨ ᠲᠤᠭᠤᠷᠢᠨ ᠤ ᠬᠤᠷᠮᠤᠨᠯᠢᠭ ᠬᠢᠮᠢ ᠶᠢᠨ ᠪᠣᠳᠠᠰ ᠤᠨ ᠪᠣᠬᠢᠷᠲᠤᠯ ᠢ ᠴᠢᠩᠭ᠎ᠠ ᠬᠢᠵᠠᠭᠠᠷᠯᠠᠨ᠎ᠠ᠃ 2017 ᠣᠨ ᠤ ᠵᠢᠯ ᠤᠨ ᠡᠴᠦᠰ ᠠᠴᠠ ᠡᠮᠦᠨ᠎ᠡ ᠣᠷᠴᠢᠨ ᠲᠤᠭᠤᠷᠢᠨ ᠤ ᠬᠤᠷᠮᠤᠨᠯᠢᠭ ᠬᠢᠮᠢ ᠶᠢᠨ ᠵᠦᠢᠯ ᠢ ᠦᠢᠯᠡᠳᠪᠦᠷᠢᠯᠡᠨ ᠬᠡᠷᠡᠭᠯᠡᠵᠦ ᠪᠠᠶᠢᠭ᠎ᠠ ᠪᠠᠶᠢᠳᠠᠯ ᠢ ᠪᠠᠶᠢᠴᠠᠭᠠᠨ ᠳᠠᠭᠤᠰᠬᠠᠵᠤ᠂ ᠤᠰᠤᠨ ᠰᠤᠷᠪᠤᠯᠵᠢ ᠶᠢᠨ ᠭᠠᠵᠠᠷ᠂ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠯᠠᠭ᠎ᠠ ᠶᠢᠨ ᠣᠷᠣᠨ ᠵᠢᠴᠢ ᠤᠰᠤᠨ ᠭᠠᠷᠤᠯᠲᠠ ᠶᠢ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠣᠷᠣᠨ ᠤ ᠠᠶᠤᠯ ᠲᠦᠭᠰᠢᠭᠦᠷᠢ ᠶᠢ ᠬᠢᠨᠠᠨ ᠡᠵᠡᠮᠳᠡᠨ ᠦᠨᠡᠯᠡᠨ ᠵᠢᠱᠢᠵᠤ᠂ ᠣᠷᠴᠢᠨ ᠲᠤᠭᠤᠷᠢᠨ ᠤ ᠬᠤᠷᠮᠤᠨᠯᠢᠭ ᠬᠢᠮᠢ ᠶᠢᠨ ᠵᠦᠢᠯ ᠢ ᠴᠠᠭᠠᠵᠠᠯᠠᠬᠤ᠂ ᠬᠢᠵᠠᠭᠠᠷᠯᠠᠬᠤ᠂ ᠣᠷᠣᠯᠠᠭᠤᠯᠬᠤ ᠵᠡᠷᠭᠡ ᠠᠷᠭ᠎ᠠ ᠬᠡᠮᠵᠢᠶ᠎ᠡ ᠠᠪᠤᠨ᠎ᠠ᠃      ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠭᠠᠵᠠᠷ ᠳᠣᠣᠷᠠᠬᠢ  ᠤᠰᠤ ᠶᠢ ᠲᠥᠪᠯᠡᠷᠡᠩᠭᠦᠶ ᠪᠠᠷ ᠲᠠᠲᠠᠵᠤ ᠤᠤᠭᠤᠬᠤ ᠤᠰᠤᠨ ᠤ ᠡᠬᠢ ᠰᠤᠷᠪᠤᠯᠵᠢ ᠪᠠᠨ ᠨᠥᠬᠦᠨ ᠬᠠᠨᠭ᠍ᠭᠠᠵᠤ ᠪᠠᠶᠢᠭ᠎ᠠ ᠣᠷᠣᠨ ᠵᠡᠷᠭᠡ ᠣᠷᠣᠨ ᠪᠦᠰᠡ ᠶᠢᠨ ᠣᠷᠴᠢᠨ ᠲᠤᠭᠤᠷᠢᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠵᠢᠱᠢᠬᠦ ᠬᠡᠷᠡᠭᠲᠠᠢ᠃ ᠲᠤᠰᠤ ᠨᠡᠮᠡᠬᠦ ᠥᠷᠲᠡᠭᠡᠨ ᠤ ᠭᠠᠵᠠᠷ ᠳᠣᠣᠷᠠᠬᠢ ᠲᠤᠰᠤᠨ ᠰᠠᠪᠠ ᠶᠢ 2017 ᠤᠨ ᠤ ᠵᠢᠯ ᠤᠨ ᠡᠴᠦᠰ ᠠᠴᠠ ᠡᠮᠦᠨ᠎ᠡ ᠪᠥᠬᠦᠳᠡ ᠶᠢ ᠰᠢᠨᠡᠳᠭᠡᠨ ᠳᠠᠪᠬᠤᠷ ᠰᠠᠪᠠ ᠪᠤᠶᠤ ᠨᠡᠪᠴᠢᠬᠦ ᠶᠢ ᠰᠡᠷᠭᠡᠶᠢᠯᠡᠬᠦ ᠴᠥᠭᠦᠷᠥᠮ ᠪᠠᠶᠢᠭᠤᠯᠤᠨ᠎ᠠ᠃ ᠬᠠᠶᠠᠭᠳᠠᠮᠠᠯ ᠠᠭᠤᠷᠬᠠᠶ ᠶᠢᠨ ᠬᠤᠳᠳᠤᠭ᠂ ᠡᠷᠦᠮᠳᠡᠭᠰᠡᠨ ᠬᠤᠳᠳᠤᠭ᠂ ᠤᠰᠤᠨ ᠬᠤᠳᠳᠤᠭ ᠢ ᠪᠦᠭᠯᠡᠨ᠎ᠡ᠃      ᠬᠤᠳᠠ ᠶᠢᠨ ᠬᠠᠷ᠎ᠠ ᠦᠮᠡᠬᠡᠶ ᠤᠰᠤ ᠶᠢ ᠴᠡᠭᠴᠡᠯᠡᠨ ᠵᠠᠰᠠᠨ᠎ᠠ᠃ ᠭᠠᠵᠠᠷ ᠣᠷᠣᠨ ᠤ ᠲᠡᠰ ᠤᠨ ᠬᠤᠲᠠ ᠶᠢᠨ ᠪᠠᠶᠢᠭᠤᠯᠤᠭᠰᠠᠨ ᠲᠣᠭᠤᠷᠢᠭ 2015 ᠣᠨ ᠤ ᠵᠢᠯ ᠤᠨ ᠡᠴᠦᠰ ᠠᠴᠠ ᠡᠮᠦᠨ᠎ᠡ ᠤᠰᠤ ᠶᠢ ᠵᠢᠭᠰᠠᠭᠠᠨ ᠪᠠᠶᠢᠴᠠᠭᠠᠬᠤ ᠠᠵᠢᠯ ᠢᠶᠠᠨ ᠳᠠᠭᠤᠰᠬᠠᠵᠤ᠂ ᠬᠠᠷ᠎ᠠ ᠦᠮᠡᠬᠡᠶ ᠤᠰᠤᠨ ᠤ ᠨᠡᠷᠡᠶᠢᠳᠦᠯ᠂ ᠬᠠᠷᠢᠭᠤᠴᠠᠯᠭᠠᠲᠠᠨ ᠬᠢᠭᠡᠳ ᠪᠠᠷᠢᠮᠵᠢᠶ᠎ᠠ ᠳᠤ ᠬᠦᠷᠭᠡᠬᠦ ᠬᠤᠭᠤᠴᠠᠭ᠎ᠠ ᠶᠢ ᠨᠡᠶᠢᠲᠡᠯᠡᠨ᠎ᠡ︔ 2017 ᠤᠨ ᠤ ᠵᠢᠯ ᠤᠨ ᠡᠴᠦᠰ ᠠᠴᠠ ᠡᠮᠦᠨ᠎ᠡ ᠭᠤᠣᠯ ᠤᠨ ᠤᠰᠤᠨ ᠳᠤ ᠶᠡᠭᠡ  ᠬᠡᠪᠴᠢᠶᠡᠨ ᠤ ᠬᠥᠪᠦᠮᠡᠯ ᠪᠤᠳᠠᠰ ᠳᠡᠭᠳᠡᠬᠦ ᠦᠭᠡᠶ᠂ ᠭᠤᠣᠯ ᠤᠨ ᠡᠷᠭᠢ ᠳᠤ ᠬᠤᠭ ᠨᠣᠪᠰᠢ ᠦᠭᠡᠢ᠂ ᠬᠠᠤᠯᠢ ᠠᠴᠠ ᠵᠥᠷᠢᠴᠡᠵᠦ  ᠪᠤᠬᠢᠷᠳᠤᠭᠤᠯᠬᠤ ᠪᠣᠳᠠᠰ ᠭᠠᠳᠠᠭᠰᠢᠯᠠᠭᠤᠯᠬᠤ ᠠᠮᠠᠰᠠᠷ ᠦᠭᠡᠢ ᠪᠠᠶᠢᠬᠤ ᠶᠢ ᠪᠠᠲᠤᠯᠠᠨ᠎ᠠ︔ 2020 ᠤᠨ ᠤ ᠵᠢᠯ ᠤᠨ ᠡᠴᠦᠰ ᠠᠴᠠ ᠡᠮᠦᠨ᠎ᠡ ᠬᠠᠷ᠎ᠠ ᠦᠮᠡᠬᠡᠶ ᠤᠰᠤ ᠶᠢ ᠵᠠᠰᠠᠬᠤ ᠬᠠᠷᠠᠯᠲᠠ ᠶᠢ ᠪᠡᠶᠡᠯᠡᠭᠦᠯᠬᠦ ᠪᠤᠯᠤᠨ᠎ᠠ᠃ 2017 ᠣᠨ ᠤ ᠵᠢᠯ ᠤᠨ ᠡᠴᠦᠰ ᠠᠴᠠ ᠡᠮᠦᠨ᠎ᠡ᠂ ᠬᠥᠬᠡᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠬᠠᠷ᠎ᠠ ᠦᠮᠡᠬᠡᠶ ᠤᠰᠤ ᠶᠢ ᠦᠨᠳᠦᠰᠦᠨ ᠳᠤᠨᠢ ᠠᠷᠢᠯᠭᠠᠵᠤ᠂ ᠪᠤᠰᠤᠳ ᠭᠠᠵᠠᠷ ᠣᠷᠣᠨ ᠤ ᠲᠡᠰ ᠤᠨ ᠬᠤᠲᠠ ᠶᠢᠨ ᠪᠠᠶᠢᠭᠤᠯᠤᠭᠰᠠᠨ ᠲᠣᠭᠤᠷᠢᠭ ᠨᠢ ᠴᠡᠭᠴᠡᠯᠡᠨ ᠵᠠᠰᠠᠬᠤ ᠬᠠᠷᠠᠯᠲᠠ ᠶᠢᠨ ᠢᠶᠠᠨ 70%᠎ ᠶᠢ ᠪᠡᠶᠡᠯᠡᠬᠦᠯᠬᠦ ᠪᠤᠯᠤᠨ᠎ᠠ᠃      ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠎ᠠ      ︽ᠰᠠᠨᠠᠯ︾᠎ ᠳᠤ ᠱᠠᠭᠠᠷᠳᠠᠭᠰᠠᠨ ᠨᠢ᠂ ᠤᠰᠤᠨ ᠤ ᠦᠨ᠎ᠡ ᠬᠠᠨᠭ᠍ᠰᠢ ᠶᠢᠨ ᠥᠭᠡᠷᠡᠴᠢᠯᠡᠯᠲᠡ ᠶᠢ ᠲᠦᠷᠭᠡᠳᠬᠡᠨ᠂ ᠬᠤᠰᠢᠭᠤ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠬᠤᠲᠠ 2015 ᠣᠨ ᠤ ᠵᠢᠯ ᠤᠨ ᠡᠴᠦᠰ ᠠᠴᠠ ᠡᠮᠦᠨ᠎ᠡ᠂ ᠰᠠᠭᠤᠭᠠᠯᠢ ᠠᠷᠠᠳ ᠤᠨ ᠱᠠᠲᠤᠯᠢᠭ ᠤᠰᠤᠨ ᠤ ᠦᠨ᠎ᠡ ᠶᠢᠨ ᠲᠥᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠥᠬᠦᠴᠡᠯ ᠪᠦᠷᠢᠯᠳᠦᠭᠦᠯᠦᠭᠰᠡᠨ ᠪᠠᠶᠢᠭᠤᠯᠤᠯᠲᠤ ᠪᠠᠯᠭᠠᠰᠤ ᠴᠤ ᠢᠳᠡᠪᠬᠢᠲᠡᠶ ᠪᠠᠷ ᠲᠦᠯᠬᠢᠨ ᠠᠬᠢᠭᠤᠯᠬᠤ ᠬᠡᠷᠡᠭᠲᠡᠶ᠃ 2020 ᠣᠨ ᠤ ᠵᠢᠯ ᠤᠨ ᠡᠴᠦᠰ ᠠᠴᠠ ᠡᠮᠦᠨ᠎ᠡ᠂  ᠰᠠᠭᠤᠭᠠᠯᠢ ᠠᠷᠠᠳ ᠤᠨ ᠬᠡᠷᠡᠭᠯᠡᠭᠡᠨ ᠤ ᠪᠤᠰᠤ ᠤᠰᠤ ᠨᠢ ᠲᠣᠭᠲᠠᠭᠰᠠᠨ ᠨᠤᠷᠮ᠎ᠠ ᠠᠴᠠ ᠬᠡᠲᠦᠷᠡᠭᠰᠡᠨ᠂ ᠲᠥᠯᠥᠪᠯᠡᠭᠡ ᠠᠴᠠ ᠬᠡᠲᠦᠷᠡᠭᠰᠡᠨ ᠪᠠᠶᠢᠪᠠᠯ ᠨᠡᠶᠢᠯᠡᠪᠦᠷᠢ ᠪᠠᠷ ᠨᠢ ᠦᠨ᠎ᠡ ᠨᠡᠮᠡᠵᠤ ᠪᠤᠳᠤᠬᠤ ᠲᠥᠷᠢᠮ ᠢ ᠪᠦᠬᠦ ᠲᠠᠯ᠎ᠠ ᠪᠠᠷ ᠬᠡᠷᠡᠭᠵᠢᠬᠦᠯᠦᠨ᠎ᠡ᠃ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠡᠭᠦᠨ ᠠᠴᠠ ᠭᠠᠳᠠᠨ᠎ᠠ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠪᠠᠶᠢᠭᠤᠯᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠠᠭᠰᠠᠨ ᠲᠡᠷᠢᠭᠦᠨ ᠤ ᠠᠵᠤ ᠠᠬᠤᠶᠢᠯᠠᠯ᠂ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠤᠰᠤ ᠬᠡᠷᠡᠭᠯᠡᠬᠦ ᠦᠷ᠎ᠡ ᠪᠦᠲᠦᠮᠵᠢ᠂ ᠪᠣᠬᠢᠷᠲᠤᠭᠤᠯᠬᠤ ᠪᠣᠳᠠᠰ  ᠭᠠᠳᠠᠭᠰᠢᠯᠠᠭᠤᠯᠬᠤ ᠬᠦᠴᠦᠯᠡᠴᠡ ᠵᠡᠷᠭᠡ ᠶᠢ ᠨᠡᠩ ᠥᠨᠳᠥᠷ ᠪᠠᠷᠢᠮᠵᠢᠶ᠎ᠠ ᠳᠤ ᠬᠦᠷᠭᠡᠬᠦ ᠶᠢ ᠵᠤᠷᠢᠭᠵᠢᠭᠤᠯᠤᠨ᠂ ᠠᠷᠢᠭᠤᠨ ᠴᠡᠪᠡᠷ ᠦᠢᠯᠡᠳᠪᠦᠷᠢᠯᠡᠯ ᠢ ᠦᠷᠨᠢᠭᠦᠯᠦᠭᠰᠡᠨ᠂ ᠤᠰᠤ ᠶᠢ ᠠᠷᠪᠢᠯᠠᠵᠤ ᠬᠡᠷᠡᠭᠯᠡᠭᠰᠡᠨ ᠪᠠ ᠪᠣᠬᠢᠷᠲᠤᠯ ᠢ ᠵᠠᠰᠠᠭᠰᠠᠨ ᠵᠡᠷᠭᠡ ᠦᠯᠢᠬᠡᠷ ᠵᠢᠱᠢᠶ᠎ᠡ ᠶᠢ ᠳᠡᠮᠵᠢᠨ᠎ᠡ᠃ ᠡᠭᠦᠨ ᠤ ᠬᠠᠮᠲᠤ ᠣᠷᠴᠢᠨ ᠲᠤᠭᠤᠷᠢᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠯ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠢᠶᠠᠨ ᠠᠯᠳᠠᠬᠤ ᠶᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ 2017 ᠣᠨ ᠤ ᠵᠢᠯ ᠤᠨ ᠡᠴᠦᠰ ᠠᠴᠠ ᠡᠮᠦᠨ᠎ᠡ ᠠᠵᠤ ᠠᠬᠤᠶᠢᠯᠠᠯ ᠤᠨ ᠣᠷᠴᠢᠨ ᠲᠣᠭᠤᠷᠢᠨ ᠤ ᠢᠲᠡᠭᠡᠮᠵᠢ ᠶᠢᠨ ᠦᠨᠡᠯᠡᠬᠦ ᠰᠢᠰᠲ᠋ᠧᠮ ᠶᠢ ᠱᠠᠳᠤ ᠬᠤᠪᠢᠶᠠᠨ ᠪᠠᠶᠢᠭᠤᠯᠤᠨ᠎ᠠ᠃      ︽ᠰᠠᠨᠠᠯ︾᠎ ᠳᠤ ᠪᠠᠰᠠ ᠬᠢᠯᠢ ᠰᠤᠨᠳᠠᠯᠠᠭᠰᠠᠨ ᠤᠰᠤᠨ ᠤ ᠣᠷᠴᠢᠨ ᠲᠤᠭᠤᠷᠢᠨ ᠤ ᠨᠦᠬᠦᠪᠦᠷᠢ ᠦᠭᠭᠦ ᠶᠢ ᠬᠡᠷᠡᠭᠵᠢᠬᠦᠯᠬᠦ ᠬᠡᠷᠡᠭᠲᠡᠶ ᠭᠡᠵᠦ ᠱᠠᠭᠠᠷᠳᠠᠵᠠᠶ᠃ ᠬᠥᠨᠳᠡᠯᠡᠨ ᠪᠡᠯᠠ ᠮᠥᠩᠭᠦ ᠶᠢᠨ ᠨᠥᠬᠦᠪᠥᠷᠢ᠂ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠯᠴᠠᠬᠤ᠂ ᠠᠵᠤ ᠦᠢᠯᠡᠰ ᠢ ᠰᠢᠯᠵᠢᠬᠦᠯᠬᠦ ᠵᠡᠷᠭᠡ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠬᠢᠯᠢ ᠰᠤᠨᠳᠠᠯᠠᠭᠰᠠᠨ ᠤᠰᠤᠨ ᠤ ᠣᠷᠴᠢᠨ ᠲᠤᠭᠤᠷᠢᠨ ᠤ ᠨᠦᠬᠦᠪᠦᠷᠢ ᠦᠭᠭᠦ ᠲᠣᠭᠲᠠᠴᠠ ᠶᠢ ᠪᠠᠶᠢᠭᠤᠯᠤᠨ᠂ ᠨᠦᠬᠦᠪᠦᠷᠢ ᠦᠭᠭᠦ ᠲᠤᠷᠰᠢᠯᠲᠠ ᠶᠢᠨ ᠠᠵᠢᠯ ᠢ ᠦᠷᠨᠢᠬᠦᠯᠦᠨ᠎ᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠶᠢ ᠬᠦᠨᠵᠡᠭᠡᠶᠢᠷᠡᠬᠦᠯᠦᠨ᠎ᠡ᠃      ᠰᠢᠨᠵᠢᠯᠡᠬᠦ ᠤᠬᠠᠭᠠᠨ ᠮᠡᠷᠭᠡᠵᠢᠯ ᠤᠨ ᠤᠳᠤᠷᠢᠳᠤᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠎ᠠ      ᠣᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠤᠨ ᠵᠠᠬ᠎ᠠ ᠳᠡᠯᠭᠡᠭᠦᠷ ᠢ ᠵᠢᠷᠤᠮᠵᠢᠭᠤᠯᠤᠨ᠎ᠠ᠃ ᠣᠷᠴᠢᠨ ᠲᠤᠭᠤᠷᠢᠨ ᠢ ᠬᠠᠮᠠᠭᠠᠯᠠᠬᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠵᠡᠩᠨᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠳᠤ ᠬᠤᠯᠪᠤᠭᠳᠠᠬᠤ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠪᠦᠬᠦ ᠲᠠᠯ᠎ᠠ ᠪᠠᠷ ᠡᠮᠬᠢᠯᠡᠨ ᠲᠢᠭᠯᠡᠵᠦ᠂   ᠣᠷᠴᠢᠨ ᠲᠤᠭᠤᠷᠢᠨ ᠢ ᠨᠢᠭᠡᠳᠦᠯᠲᠡᠶ ᠬᠠᠮᠠᠭᠠᠯᠠᠬᠤ ᠵᠠᠬ᠎ᠠ ᠳᠡᠯᠭᠡᠭᠦᠷ ᠪᠤᠯᠤᠨ ᠭᠤᠣᠯᠴᠢ ᠥᠷᠢᠰᠥᠯᠳᠦᠭᠡᠨ ᠢ ᠬᠠᠷᠰᠢᠯᠠᠬᠤ ᠲᠣᠭᠲᠠᠭᠠᠯ ᠪᠠ ᠠᠷᠭ᠎ᠠ ᠬᠢᠳᠡᠯ ᠢ ᠬᠦᠴᠦᠨ ᠦᠭᠡᠢ ᠪᠤᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠲᠦᠷᠭᠡᠳᠭᠡᠨ᠎ᠡ᠃ ᠪᠣᠬᠢᠷ ᠤᠰᠤ᠂ ᠬᠤᠭ ᠨᠣᠪᠰᠢ ᠶᠢ ᠰᠢᠢᠳᠪᠦᠷᠢᠯᠡᠬᠦ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠭᠤᠣᠯᠳᠠᠯᠭ᠎ᠠ ᠪᠣᠯᠭᠠᠨ᠂ ᠣᠷᠴᠢᠨ ᠲᠤᠭᠤᠷᠢᠨ ᠤ ᠪᠣᠬᠢᠷᠲᠤᠯ ᠢ ᠭᠤᠷᠪᠠᠳᠠᠬᠢ ᠡᠲᠡᠭᠡᠳ ᠠᠴᠠ ᠵᠠᠰᠠᠬᠤ ᠪᠠ ᠬᠢᠨᠠᠨ ᠬᠡᠮᠵᠢᠬᠦ ᠶᠢ ᠬᠡᠷᠡᠭᠵᠢᠬᠦᠯᠦᠨ᠎ᠡ᠃      ᠨᠡᠶᠢᠲᠡ ᠤᠯᠠᠨ ᠢ ᠣᠷᠣᠯᠴᠠᠭᠤᠯᠬᠤ ᠪᠠ ᠨᠡᠶᠢᠭᠡᠮ ᠤᠨ ᠬᠢᠨᠠᠯᠲᠠ ᠶᠢ ᠴᠢᠩᠭᠠᠳᠬᠠᠨ᠎ᠠ      ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠨᠡᠶᠢᠲᠡᠯᠢᠭ ᠵᠢᠱᠢᠶ᠎ᠡ ᠬᠡᠷᠡᠭ ᠢ ᠨᠡᠶᠢᠲᠡᠯᠡᠨ ᠢᠯᠡᠷᠡᠭᠦᠯᠦᠨ᠎ᠡ᠃ ᠢᠯᠡᠴᠢᠯᠡᠨ ᠮᠡᠳᠡᠭᠦᠯᠬᠦ ᠲᠦᠷᠢᠮ ᠢ ᠲᠡᠭᠦᠯᠳᠡᠷᠵᠢᠭᠦᠯᠦᠨ᠂ ︽12369︾ ᠣᠷᠴᠢᠨ ᠲᠤᠭᠤᠷᠢᠨ ᠤ ᠬᠠᠮᠠᠭᠠᠯᠠᠯᠲᠠ ᠶᠢᠨ ᠢᠯᠡᠴᠢᠯᠡᠨ ᠮᠡᠳᠡᠭᠦᠯᠬᠦ ᠤᠲᠠᠰᠤ ᠪᠤᠯᠤᠨ ᠲᠣᠣᠷ ᠰᠦᠯᠵᠢᠶ᠎ᠡ᠂ ᠸᠢᠴᠠᠲ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠲᠦᠮᠡᠨ ᠤ ᠢᠯᠡᠴᠢᠯᠡᠨ ᠵᠠᠭᠠᠯᠳᠤᠭᠰᠠᠨ ᠣᠷᠴᠢᠨ ᠲᠤᠭᠤᠷᠢᠨ ᠤ ᠠᠰᠠᠭᠤᠳᠠᠯ ᠢ ᠬᠤᠭᠤᠴᠠᠭ᠎ᠠ ᠲᠣᠭᠲᠠᠭᠠᠨ ᠰᠢᠢᠳᠪᠦᠷᠢᠯᠡᠨ᠎ᠡ᠃ ᠣᠷᠴᠢᠨ ᠲᠤᠭᠤᠷᠢᠨ ᠤ ᠶᠠᠪᠤᠳᠠᠯ ᠳᠤ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠬᠢᠬᠦ ᠶᠢ ᠢᠳᠡᠪᠬᠢᠲᠡᠶ ᠬᠡᠷᠡᠭᠵᠢᠬᠦᠯᠦᠨ᠎ᠡ᠃ ᠢᠯᠡ ᠪᠠᠷ ᠭᠡᠷᠡᠴᠢᠯᠡᠭᠡ ᠰᠣᠨᠣᠰᠬᠤ᠂ ᠰᠦᠯᠵᠢᠶ᠎ᠡ ᠪᠠᠷ ᠴᠤᠭᠯᠠᠭᠤᠯᠬᠤ ᠵᠡᠷᠭᠡ ᠬᠡᠯᠪᠡᠷᠢ ᠪᠠᠷ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠢ ᠤᠯᠠᠨ ᠨᠡᠶᠢᠲᠡ ᠶᠢᠨ ᠰᠠᠨᠠᠯ ᠢ ᠭᠦᠢᠴᠡᠳ ᠰᠤᠨᠤᠰᠤᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map