ᠰᠠᠭᠤᠷᠢ ᠪᠠᠨ ᠪᠠᠬᠢᠵᠢᠬᠦᠯᠵᠤ᠂ ᠭᠤᠤᠯᠳᠠᠯᠭ᠎ᠠ ᠲᠠᠢ ᠰᠢᠪᠳᠤᠯᠵᠤ᠂ ︽ᠢᠳᠡᠭᠡᠮᠵᠢᠳᠤ ᠦᠪᠦᠷ ᠮᠤᠩᠭᠤᠯ︾ ᠎ ᠤᠨ ᠪᠠᠶᠢᠭᠤᠯᠤᠯᠳᠠ ᠶᠢ ᠪᠦᠬᠦ ᠭᠦᠴᠦᠨ ᠢᠶᠠᠷ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2015/11/5
     ᠰᠤᠷᠪᠤᠯᠵᠢᠯᠠᠭᠰᠠᠨ ᠴᠠᠭ ᠬᠤᠭᠤᠴᠠᠭ᠎ᠠ᠄ 2015 ᠤᠨ ᠤ 10 ᠳ᠋ᠤᠭᠠᠷ ᠰᠠᠷ᠎ᠠ ᠶᠢᠨ 22᠎ ᠤ ᠡᠳᠦᠷ ᠤᠨ  ᠦᠳᠡ ᠶᠢᠨ ᠬᠤᠶᠢᠨ᠎ᠠ ᠶᠢᠨ 3 ᠴᠠᠭ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠦᠪᠡᠷᠳᠡᠭᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠲᠡᠳ᠋ ᠡᠷᠬᠢᠯᠡᠭᠴᠢ  ᠺᠧ ᠶᠥᠩ ᠭᠥᠸᠧ      ᠰᠤᠷᠪᠤᠯᠵᠢᠯᠠᠭ᠎ᠠ ᠶᠢᠨ ᠲᠤᠪᠴᠢ ᠲᠠᠨᠢᠯᠴᠠᠭᠤᠯᠭ᠎ᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠ᠂ ᠲᠦᠷᠪᠡᠳᠦᠭᠡᠷ ᠪᠦᠬᠦᠳᠡ ᠬᠤᠷᠠᠯ ᠠᠴᠠ ᠨᠠᠰᠢ᠂ ᠤᠯᠤᠰ ᠠᠴᠠ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠲᠦᠷᠭᠡᠨ ᠠᠬᠢᠭᠤᠯᠬᠤ ᠲᠠᠯ᠎ᠠ ᠎ ᠪᠠᠷ ᠰᠢᠨ᠎ᠡ ᠪᠠᠶᠢᠷᠢᠯᠠᠭᠤᠯᠤᠯᠳᠠ ᠬᠢᠵᠤ᠂ ᠰᠢᠨ᠎ᠡ ᠱᠠᠭᠠᠷᠳᠠᠯᠭ᠎ᠠ ᠲᠤᠷᠠᠳᠴᠤ᠂ ᠨᠡᠶᠢᠭᠡᠮ ᠤᠨ ᠢᠳᠡᠭᠡᠮᠵᠢ ᠶᠢᠨ ᠨᠢᠬᠡᠳᠦᠯᠳᠡᠢ ᠨᠤᠮᠧᠷ ᠤᠨ  ᠲᠦᠷᠢᠮ ᠢ ᠭᠡᠷᠡᠭᠵᠢᠬᠦᠯᠵᠤ᠂ ᠢᠳᠡᠭᠡᠯ ᠢᠶᠠᠨ ᠰᠠᠬᠢᠪᠠᠯ ᠤᠷᠮᠠᠰᠢᠭᠤᠯᠵᠤ᠂ ᠢᠳᠡᠭᠡᠯ ᠢᠶᠠᠨ ᠠᠯᠳᠠᠪᠠᠯ ᠰᠢᠳᠭᠡᠨ ᠵᠠᠯᠬᠠᠭᠠᠬᠤ ᠲᠤᠭᠳᠠᠴᠠ ᠶᠢ ᠪᠠᠶᠢᠭᠤᠯᠵᠤ᠂ ᠢᠳᠡᠭᠡᠮᠵᠢ ᠪᠠᠷ ᠭᠤᠤᠯ  ᠴᠤᠭᠴᠠ ᠪᠤᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠭᠳᠠᠴᠠ ᠵᠡᠷᠭᠡ ᠰᠢᠷᠢᠰ ᠠᠵᠢᠯ ᠤᠨ ᠪᠠᠶᠢᠷᠢᠯᠠᠭᠤᠯᠤᠯᠳᠠ ᠶᠢ ᠪᠠᠶᠢᠭᠤᠯᠤᠭᠰᠠᠨ ᠪᠠᠶᠢᠨ᠎ᠠ᠃ ᠤᠷᠴᠢᠮ ᠤᠨ ᠵᠢᠯ᠂ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠨᠢ ᠠᠯᠢ ᠤᠯᠠᠨ ᠦᠷ᠎ᠡ ᠪᠦᠳᠦᠮᠵᠢ ᠤᠯᠪᠠ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠪᠠᠶᠢᠳᠠᠯ ᠢ ᠪᠦᠬᠦ ᠲᠠᠯ᠎ᠠ ᠎ ᠪᠠᠷ ᠤᠶᠢᠯᠠᠭᠠᠭᠤᠯᠬᠤ ᠶᠢᠨ ᠲᠤᠰᠠᠳᠠ ᠤᠨᠴᠠᠭᠠᠶᠢᠯᠠᠨ ᠦᠪᠡᠷᠳᠡᠭᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠲᠡᠳ᠋ ᠡᠷᠬᠢᠯᠡᠭᠴᠢ ᠺᠧ ᠶᠥᠩ ᠭᠥᠸᠧ ᠶᠢ ᠤᠷᠢᠵᠤ ᠰᠤᠷᠪᠤᠯᠵᠢᠯᠠᠨ ᠶᠠᠷᠢᠯᠴᠠᠪᠠ᠃      ᠬᠦᠳᠦᠯᠦᠭᠴᠢ᠄ ᠰᠦᠯᠵᠢᠶᠡᠨ ᠠᠨᠳᠠ ᠨᠠᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︖ ᠲᠤᠰ ᠬᠤᠭᠤᠴᠠᠭᠠᠨ ᠤ ︽ᠲᠤᠮᠳᠠᠳᠤ ᠤᠯᠤᠰ   ᠦᠪᠦᠷ ᠮᠤᠩᠭᠤᠯ︾ ᠰᠦᠯᠵᠢᠶᠡᠨ ᠰᠤᠷᠪᠤᠯᠵᠢᠯᠠᠭ᠎ᠠ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠤ ᠪᠠᠶᠢᠨ᠎ᠠ᠃ ᠦᠨᠦᠳᠦᠷ ᠪᠢᠳᠡ ᠠᠵᠠ ᠲᠠᠢ ᠪᠠᠷ ᠦᠪᠡᠷᠳᠡᠭᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠲᠡᠳ᠋ ᠡᠷᠬᠢᠯᠡᠭᠴᠢ ᠺᠧ ᠶᠥᠩ ᠭᠥᠸᠧ ᠶᠢ ᠤᠷᠢᠵᠤ ᠢᠷᠡᠯ᠎ᠡ᠂ ᠲᠡᠷᠡ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠪᠠᠶᠢᠳᠠᠯ ᠤᠨ ᠲᠠᠯ᠎ᠠ ᠪᠠᠷ ᠲᠠ ᠪᠦᠬᠦᠨ ᠲᠠᠢ ᠵᠤᠭᠤᠭᠳᠠᠬᠤ ᠪᠤᠯᠤᠨ᠎ᠠ᠃ ᠺᠧ ᠡᠷᠬᠢᠯᠡᠭᠴᠢ ᠡ᠂ ᠲᠠᠨ ᠢ ᠪᠠᠶᠠᠷᠯᠠᠨ ᠤᠭᠳᠤᠵᠤ ᠪᠠᠶᠢᠨ᠎ᠠ︕      ᠬᠦᠳᠦᠯᠦᠭᠴᠢ᠄ ᠺᠧ ᠡᠷᠬᠢᠯᠡᠭᠴᠢ ᠡ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠪᠤᠯ ᠤᠷᠴᠢᠮ ᠤᠨ ᠵᠢᠯ ᠤᠯᠠᠨ ᠢᠶᠠᠷ ᠢᠶᠠᠨ ᠨᠡᠯᠢᠶᠡᠳ ᠰᠡᠳᠬᠢᠯ ᠲᠠᠯᠪᠢᠵᠤ ᠪᠠᠶᠢᠭ᠎ᠠ ᠨᠢᠬᠡᠨ ᠲᠤᠮᠤ ᠶᠠᠪᠤᠳᠠᠯ ᠪᠤᠯᠤᠨ᠎ᠠ᠂ ᠤᠳᠤᠬᠠᠨ ᠳᠤ ᠶᠠᠮᠠᠷ ᠠᠬᠢᠴᠠ ᠲᠠᠢ ᠪᠠᠶᠢᠨ᠎ᠠ ᠪᠤᠢ︖      ᠺᠧ ᠡᠷᠬᠢᠯᠡᠭᠴᠢ᠄ ᠬᠦᠳᠦᠯᠦᠭᠴᠢ ᠲᠠ ᠰᠠᠶᠢᠨ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ᠂ ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ︕ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠ᠂ ᠲᠦᠷᠪᠡᠳᠦᠭᠡᠷ ᠪᠦᠬᠦᠳᠡ ᠬᠤᠷᠠᠯ ᠠᠴᠠ ᠨᠠᠰᠢ᠂ ᠤᠯᠤᠰ ᠠᠴᠠ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠠᠵᠢᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠤᠯᠭ᠎ᠠ ᠪᠠ ᠡᠯ᠎ᠡ ᠰᠠᠯᠠᠭ᠎ᠠ ᠮᠦᠴᠢᠷ ᠤᠨ ᠨᠦᠬᠦᠳ ᠤᠨ ᠬᠠᠮᠳᠤ ᠶᠢᠨ ᠴᠢᠷᠮᠠᠶᠢᠯᠭ᠎ᠠ ᠲᠤᠤᠷ᠎ᠠ  ᠵᠤᠬᠢᠬᠤ ᠠᠮᠵᠢᠯᠳᠠ ᠪᠦᠳᠦᠮᠵᠢ ᠤᠯᠤᠭᠰᠠᠨ ᠪᠠᠶᠢᠨ᠎ᠠ᠂ ᠪᠤᠳᠠᠳᠠᠢ ᠲᠤᠤᠷᠠᠬᠢ ᠭᠡᠳᠦᠨ ᠲᠠᠯ᠎ᠠ ᠪᠠᠷ ᠢᠯᠡᠷᠡᠵᠤ ᠪᠠᠶᠢᠨ᠎ᠠ᠄ ᠨᠢᠬᠡ᠂  ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠢ ᠪᠠᠶᠢᠭᠤᠯᠵᠤ᠂ ᠤᠯᠠᠨ ᠰᠠᠯᠠᠭ᠎ᠠ ᠮᠦᠴᠢᠷ ᠎ ᠤᠨ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠬᠤ᠂ ᠰᠤᠯᠢᠯᠴᠠᠬᠤ ᠪᠠ ᠬᠠᠮᠳᠤᠪᠡᠷ ᠡᠳ᠋ᠯᠡᠬᠦ ᠶᠢ ᠪᠡᠶᠡᠯᠡᠬᠦᠯᠦᠭᠰᠡᠨ ᠪᠠᠶᠢᠨ᠎ᠠ᠃ ᠬᠤᠶᠠᠷ ᠲᠤ᠂ ᠢᠳᠡᠭᠡᠮᠵᠢ ᠶᠢᠨ ᠠᠵᠢᠯ ᠤᠨ ᠰᠠᠭᠤᠷᠢ ᠴᠢᠨᠠᠷᠳᠠᠢ ᠲᠦᠷᠢᠮ ᠲᠤᠭᠳᠠᠭᠠᠯ ᠎ ᠢ  ᠲᠤᠭᠳᠠᠭᠠᠨ ᠪᠦᠷᠢᠨᠰᠢᠬᠦᠯᠪᠡ᠃ ᠭᠤᠷᠪᠠ ᠳᠤ᠂ ᠢᠳᠡᠭᠡᠮᠵᠢ ᠶᠢᠨ ᠪᠠᠷᠢᠮᠵᠢᠶ᠎ᠠ ᠶᠢ ᠵᠢᠷᠤᠮᠵᠢᠭᠤᠯᠤᠨ ᠲᠤᠭᠳᠠᠭᠠᠬᠤ ᠠᠵᠢᠯ ᠢ ᠦᠷᠨᠢᠬᠦᠯᠪᠡ᠃ ᠲᠦᠷᠪᠡ ᠳᠤ᠂ ᠵᠤᠬᠢᠬᠤ ᠬᠡᠪᠴᠢᠶᠡᠨ ᠳᠤ ᠢᠳᠡᠭᠡᠮᠵᠢ ᠶᠢᠨ ᠮᠡᠳᠡᠭᠡ ᠵᠠᠩᠬᠢ ᠶᠢ ᠭᠡᠷᠡᠭᠯᠡᠬᠦ ᠎ ᠶᠢ ᠰᠦᠪᠡᠭᠴᠢᠯᠡᠨ ᠦᠷᠨᠢᠬᠦᠯᠪᠡ᠃      ᠬᠦᠳᠦᠯᠦᠭᠴᠢ᠄ ᠺᠧ ᠡᠷᠬᠢᠯᠡᠭᠴᠢ ᠡ᠂ ᠮᠠᠨ ᠤ ᠤᠷᠤᠨ ᠢᠳᠡᠭᠡᠮᠵᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖      ᠺᠧ ᠡᠷᠬᠢᠯᠡᠭᠴᠢ᠄ ᠢᠳᠡᠬᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠨᠢ ᠢᠳᠡᠭᠡᠮᠵᠢ ᠶᠢᠨ ᠮᠡᠳᠡᠭᠡ ᠵᠠᠩᠬᠢ ᠎ ᠶᠢ  ᠨᠡᠶᠢᠯᠡᠬᠦᠯᠬᠦ᠂ ᠬᠠᠮᠢᠶᠠᠷᠬᠤ᠂ ᠭᠡᠷᠡᠭᠯᠡᠬᠦ ᠵᠡᠷᠭᠡ ᠵᠠᠩᠬᠢᠯᠠᠭ᠎ᠠ ᠲᠠᠢ ᠬᠤᠯᠪᠤᠭᠳᠠᠬᠤ ᠶᠢᠨ ᠬᠠᠮᠳᠤ ᠢᠳᠡᠬᠡᠮᠵᠢ ᠶᠢᠨ ᠮᠡᠳᠡᠭᠡ ᠵᠠᠩᠬᠢ ᠶᠢ ᠴᠤᠭᠯᠠᠭᠤᠯᠬᠤ ᠪᠠ ᠭᠡᠷᠡᠭᠯᠡᠬᠦ ᠨᠢ ᠪᠦᠬᠦ ᠨᠡᠶᠢᠭᠡᠮ ᠤᠨ ᠨᠢᠬᠡᠴᠡ ᠪᠦᠬᠦᠨ ᠴᠢᠨᠠᠭᠰᠢᠯᠠᠪᠠᠯ ᠬᠦᠮᠦᠨ ᠪᠦᠬᠦᠨ ᠲᠠᠢ ᠬᠤᠯᠪᠤᠭᠳᠠᠨ᠎ᠠ᠃ ᠡᠶᠢᠮᠤ ᠠᠴᠠ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠬᠤ ᠎ ᠨᠢ ᠲᠤᠰ ᠠᠵᠢᠯ ᠢ ᠰᠠᠶᠢᠳᠤᠷ ᠬᠢᠬᠦ ᠶᠢᠨ ᠰᠠᠭᠤᠷᠢ ᠪᠤᠯᠤᠨ᠎ᠠ᠃ ᠤᠯᠤᠰ ᠤᠨ ᠱᠠᠭᠠᠷᠳᠠᠯᠭ᠎ᠠ ᠶᠤᠰᠤᠭᠠᠷ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠭᠡᠷᠡᠭᠴᠡᠭᠡᠨ ᠎ ᠤ ᠲᠤᠭᠤᠷᠢᠨ ᠳᠤ᠂ ᠮᠠᠨ ᠤ ᠵᠦᠪᠯᠡᠯ ᠨᠢ ᠦᠪᠡᠷᠳᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠲᠤᠪᠴᠢᠶ᠎ᠠ ᠲᠠᠢ ᠬᠠᠮᠳᠤᠷᠠᠵᠤ᠂ ᠢᠳᠡᠭᠡᠮᠵᠢ ᠶᠢᠨ ᠮᠡᠳᠡᠭᠡ ᠵᠠᠩᠬᠢ ᠶᠢᠨ ᠮᠡᠷᠭᠡᠵᠢᠯ᠂ ᠢᠳᠡᠭᠡᠮᠵᠢ ᠎ ᠶᠢᠨ ᠲᠤᠭ᠎ᠠ ᠪᠠᠷᠢᠮᠳᠠ ᠶᠢᠨ ᠬᠠᠮᠢᠶᠠᠷᠤᠯᠳᠠ ᠪᠠ ᠢᠳᠡᠭᠡᠮᠵᠢ ᠶᠢᠨ ᠠᠵᠢᠯ  ᠎ ᠤᠨ ᠲᠦᠷᠢᠮ ᠵᠡᠷᠭᠡ ᠭᠤᠷᠪᠠᠨ ᠲᠠᠯ᠎ᠠ ᠪᠠᠷ 8 ᠲᠦᠷᠦᠯ ᠤᠨ ᠪᠠᠷᠢᠮᠵᠢᠶ᠎ᠠ ᠶᠢᠨ ᠵᠢᠷᠤᠮᠵᠢᠯ ᠢ ᠲᠤᠭᠳᠠᠭᠠᠭᠰᠠᠨ ᠪᠠᠶᠢᠨ᠎ᠠ᠃ ᠡᠳᠡᠭᠡᠷ ᠪᠠᠷᠢᠮᠵᠢᠶ᠎ᠠ ᠶᠢᠨ ᠵᠢᠷᠤᠮᠵᠢᠯ ᠢ ᠲᠤᠭᠳᠠᠭᠠᠭᠰᠠᠨ ᠶᠠᠪᠤᠳᠠᠯ ᠨᠢ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠎ ᠶᠢᠨ ᠠᠵᠢᠯ  ᠎ ᠢ ᠵᠢᠷᠤᠮᠵᠢᠭᠤᠯᠬᠤ᠂ ᠠᠯᠬᠤᠮ ᠲᠠᠷᠠᠭ᠎ᠠ ᠲᠠᠢ ᠦᠷᠨᠢᠬᠦᠯᠬᠦ ᠶᠢ ᠪᠡᠶᠡᠯᠡᠬᠦᠯᠬᠦ ᠪᠤᠯᠤᠨ᠎ᠠ᠃ ᠭᠡᠯᠡᠯᠭᠡᠨ ᠦᠬᠡᠢ᠂ ᠤᠳᠤᠬᠠᠨ ᠳᠤ ᠬᠢᠵᠤ ᠪᠠᠶᠢᠭ᠎ᠠ ᠪᠤᠯ ᠵᠦᠪᠬᠡᠨ ᠨᠢᠬᠡ ᠡᠬᠢᠯᠡᠯᠳᠡ ᠪᠤᠯᠤᠨ᠎ᠠ᠂ ᠬᠤᠶᠢᠰᠢᠳᠠ ᠪᠢᠳᠡ ᠨᠡᠩ ᠦᠷᠭᠡᠨ ᠬᠡᠪᠴᠢᠶ᠎ᠠ᠂ ᠨᠡᠩ ᠬᠦᠨ ᠲᠠᠪᠬᠤᠷᠭ᠎ᠠ ᠳᠤ ᠲᠤᠰ ᠠᠵᠢᠯ ᠢ ᠲᠦᠯᠬᠢᠨ ᠠᠬᠢᠭᠤᠯᠬᠤ ᠪᠤᠯᠤᠨ᠎ᠠ᠃      ᠬᠦᠳᠦᠯᠦᠭᠴᠢ᠄ ᠺᠧ ᠡᠬᠢᠯᠡᠭᠴᠢ ᠡ᠂ ᠲᠨ ᠰᠠᠶ᠋ᠢ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠢ ᠨᠢᠬᠡᠨᠳᠡ ᠪᠠᠶᠢᠭᠤᠯᠵᠤ ᠲᠠᠭᠤᠰᠬᠠᠪᠠ ᠭᠡᠵᠤ ᠲᠠᠨᠢᠯᠴᠠᠭᠤᠯᠤᠯ᠎ᠠ᠂ ᠤᠳᠤᠬᠠᠨ ᠳᠤ᠂ ᠮᠠᠨ ᠤ ᠤᠷᠤᠨ ᠤ ᠢᠳᠡᠭᠡᠮᠵᠢ ᠶᠢᠨ ᠮᠡᠳᠡᠭᠡ ᠵᠠᠩᠬᠢ ᠶᠢ ᠭᠡᠷᠬᠢᠨ ᠭᠡᠷᠡᠭᠯᠡᠵᠤ ᠪᠠᠶᠢᠬᠤ ᠪᠤᠢ︖      ᠺᠧ ᠡᠷᠬᠢᠯᠡᠭᠴᠢ᠄ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠬᠤ ᠪᠤᠯ ᠰᠠᠭᠤᠷᠢ ᠪᠤᠯᠤᠨ᠎ᠠ᠂ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠴᠢᠬᠠᠭᠠᠳ ︽ᠭᠡᠷᠡᠭᠯᠡᠪᠠᠯ︾ ᠰᠠᠶ᠋ᠢ ᠢᠳᠡᠭᠡᠮᠵᠢ ᠶᠢᠨ ᠪᠠᠶᠢᠭᠤᠯᠤᠯᠳᠠ ᠶᠢᠨ ᠴᠢᠬᠤᠯᠠ ᠦᠢᠯᠡᠳᠦᠯ ᠢ ᠪᠠᠳᠠᠷᠠᠭᠤᠯᠵᠤ ᠴᠢᠳᠠᠨ᠎ᠠ᠃ ᠤᠳᠤᠬᠠᠨ ᠳᠤ᠂ ᠪᠢᠳᠡ ᠢᠳᠡᠭᠡᠮᠵᠢ ᠶᠢᠨ ᠮᠡᠳᠡᠭᠡ ᠵᠠᠩᠬᠢ ᠶᠢᠨ ᠭᠡᠷᠡᠭᠯᠡᠭᠡ ᠶᠢ ᠬᠤᠶᠠᠷ ᠲᠠᠯ᠎ᠠ ᠪᠠᠷ ᠰᠦᠪᠡᠭᠴᠢᠯᠡᠨ ᠦᠷᠨᠢᠬᠦᠯᠵᠤ ᠪᠠᠶᠢᠨ᠎ᠠ᠄ ᠨᠢᠬᠡ ᠳᠤ᠂ ︽ᠢᠳᠡᠭᠡᠮᠵᠢᠳᠤ ᠦᠪᠤᠷ ᠮᠤᠩᠭᠤᠯ︾᠎ ᠪᠠᠷ ᠲᠠᠮᠵᠢᠭᠤᠯᠤᠨ ᠨᠡᠶᠢᠭᠡᠮ ᠨᠡᠶᠢᠳᠡ ᠳᠤ ᠢᠳᠡᠭᠡᠮᠵᠢ ᠶᠢᠨ ᠮᠡᠳᠡᠭᠡ ᠵᠠᠩᠬᠢ ᠶᠢ ᠬᠦᠷᠭᠡᠬᠦ ︽ᠨᠢᠬᠡ ᠦᠷᠳᠡᠭᠡᠳᠤ ᠬᠡᠯᠪᠡᠷᠢ︾᠎ ᠶᠢᠨ ᠠᠰᠠᠭᠤᠨ ᠯᠠᠪᠯᠠᠬᠤ ᠦᠢᠯᠡᠴᠢᠯᠡᠭᠡ ᠶᠢ ᠬᠠᠩᠭᠠᠵᠤ ᠪᠠᠶᠢᠨ᠎ᠠ᠃ ᠬᠤᠶᠠᠷ ᠲᠤ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠡᠪᠴᠠᠩ ᠢᠶᠠᠷ ᠲᠡᠮᠵᠢᠭᠤᠯᠤᠨ᠂ ᠦᠪᠡᠷᠳᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠲᠤ ᠮᠡᠳᠡᠭᠡ ᠵᠠᠩᠬᠢ ᠰᠤᠯᠢᠯᠴᠠᠠᠬᠤ ᠪᠠ ᠬᠠᠮᠳᠤᠪᠡᠷ ᠡᠳ᠋ᠯᠡᠬᠦ ᠦᠢᠯᠡᠴᠢᠯᠡᠭᠡ ᠬᠠᠩᠭᠠᠵᠤ᠂ ᠰᠠᠯᠠᠭ᠎ᠠ ᠮᠦᠴᠢᠷ ᠠᠯᠤᠰᠯᠠᠵᠤ ᠮᠡᠳᠡᠭᠡ ᠵᠠᠩᠬᠢ ᠲᠠᠮᠵᠢᠭᠤᠯᠬᠤ ᠪᠠ ᠲᠤᠭ᠎ᠠ ᠪᠠᠷᠢᠮᠳᠠ ᠶᠢ ᠬᠠᠮᠳᠤᠪᠡᠷ ᠡᠳ᠋ᠯᠡᠬᠦ ᠲᠤᠭᠳᠠᠴᠠ ᠶᠢ ᠪᠠᠶᠢᠭᠤᠯᠤᠭᠰᠠᠨ ᠪᠠᠶᠢᠨ᠎ᠠ᠃      ᠬᠦᠳᠦᠯᠦᠭᠴᠢ᠄ ᠺᠧ ᠡᠷᠬᠢᠯᠡᠭᠴᠢ ᠡ᠂ ︽ᠨᠡᠶᠢᠭᠡᠮ ᠤᠨ ᠢᠳᠡᠭᠡᠮᠵᠢ ᠶᠢᠨ ᠨᠢᠬᠡᠳᠦᠯᠳᠡᠢ ᠨᠤᠮᠧᠷ ᠤᠨ ᠲᠦᠷᠢᠮ︾᠎ ᠨᠢ ᠶᠠᠮᠠᠷ ᠤᠳᠬ᠎ᠠ ᠲᠠᠢ ᠪᠤᠢ︖ ᠠᠷᠠᠳ ᠤᠯᠠᠨ ᠪᠤᠯᠤᠨ ᠠᠵᠤ ᠠᠬᠤᠶᠢᠯᠠᠯ ᠳᠤ ᠶᠠᠮᠠᠷ ᠨᠦᠯᠦᠭᠡ ᠲᠤᠰᠬᠠᠯ ᠲᠠᠢ ᠪᠤᠢ︖      ᠺᠧ ᠡᠷᠬᠢᠯᠡᠭᠴᠢ᠄ ᠨᠡᠶᠢᠭᠡᠮ ᠤᠨ ᠢᠳᠡᠭᠡᠮᠵᠢ ᠶᠢᠨ ᠨᠢᠭᠡᠳᠦᠯᠳᠡᠢ ᠨᠤᠮᠧᠷ ᠨᠢ ᠡᠷᠭᠡᠳᠤ ᠠᠷᠠᠳ ᠲᠤ ᠠᠪᠴᠤ ᠬᠡᠯᠡᠪᠡᠯ ᠪᠡᠶ᠎ᠡ ᠶᠢᠨ ᠦᠨᠡᠮᠯᠡᠯ ᠤᠨ ᠨᠤᠮᠧᠷ ᠪᠤᠯᠤᠨ᠎ᠠ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠯᠤᠨ ᠠᠵᠤ ᠠᠬᠤᠶᠢᠯᠠᠯ ᠳᠤ ᠠᠪᠴᠤ ᠬᠡᠯᠡᠪᠡᠯ ᠲᠠᠷᠤᠢ ᠦᠨᠤ ᠵᠢᠯ ᠤᠨ 6 ᠰᠠᠷ᠎ᠠ ᠳᠤ ᠲᠦᠷᠤ ᠶᠢᠨ ᠶᠠᠪᠤᠳᠠᠯ ᠤᠨ ᠬᠤᠷᠢᠶᠠᠨ ᠤ ᠵᠢᠩᠬᠢᠨᠢ ᠪᠠᠷ ᠵᠦᠪᠰᠢᠶᠠᠷᠡᠭᠰᠡᠨ ︽ᠬᠠᠤᠯᠢ ᠶᠢᠨ ᠬᠦᠮᠦᠨ ᠪᠠ ᠪᠤᠰᠤᠳ ᠵᠤᠬᠢᠶᠠᠨ ᠪᠠᠶᠢᠭᠤᠯᠤᠯᠳᠠ ᠶᠢᠨ ᠨᠡᠶᠢᠭᠡᠮ ᠤᠨ ᠢᠳᠡᠭᠡᠮᠵᠢ ᠶᠢᠨ ᠨᠢᠭᠡᠳᠦᠯᠳᠡᠢ ᠨᠤᠮᠧᠷ ᠤᠨ ᠲᠦᠷᠢᠮ ᠤᠨ ᠪᠠᠶᠢᠭᠤᠯᠤᠯᠳᠠ ᠶᠢᠨ ᠶᠡᠷᠦᠩᠬᠡᠢ ᠲᠦᠰᠦᠯ︾᠎ ᠳᠤ ᠲᠤᠭᠳᠠᠭᠠᠭᠰᠠᠨ 18 ᠤᠷᠤᠨᠳᠤ ᠨᠤᠮᠧᠷ ᠪᠤᠯᠤᠨ᠎ᠠ᠃      ᠤᠯᠤᠰ ᠠᠴᠠ ᠨᠡᠶᠢᠭᠡᠮ ᠤᠨ ᠢᠳᠡᠭᠡᠮᠵᠢ ᠶᠢᠨ ᠨᠢᠬᠡᠳᠦᠯᠳᠡᠢ ᠨᠤᠮᠧᠷ ᠤᠨ ᠲᠦᠷᠢᠮ ᠢ ᠭᠡᠷᠡᠭᠵᠢᠬᠦᠯᠵᠤ ᠪᠠᠶᠢᠭ᠎ᠠ ᠎ ᠨᠢ ᠠᠷᠠᠳ ᠢᠷᠭᠡᠳ ᠪᠦᠬᠦᠨ᠂ ᠬᠠᠤᠯᠢ ᠶᠢᠨ ᠬᠦᠮᠦᠨ ᠪᠠ ᠪᠤᠰᠤᠳ ᠵᠤᠬᠢᠶᠠᠨ ᠪᠠᠶᠢᠭᠤᠯᠤᠯᠳᠠ ᠳᠤ ᠤᠯᠭᠤᠭᠰᠠᠨ ᠴᠤᠷ ᠤᠨ ᠭᠠᠭᠴᠠ ᠪᠦᠬᠡᠳ ᠨᠠᠰᠤᠨ ᠲᠤᠷᠰᠢᠳᠠ ᠦᠯᠦ ᠬᠤᠪᠢᠷᠠᠬᠤ ᠭᠤᠤᠯ ᠰᠡᠳᠤᠪᠳᠤ ᠢᠯᠭᠠᠨ ᠲᠠᠨᠢᠬᠤ ᠨᠤᠮᠧᠷ ᠪᠤᠯᠤᠨ᠎ᠠ᠃ ᠡᠨᠡᠬᠦ ᠨᠤᠮᠧᠷ ᠢᠶᠠᠷ ᠠᠴᠢᠶᠠᠯᠠᠪᠤᠷᠢ ᠪᠤᠯᠭᠠᠵᠤ᠂ ᠠᠷᠠᠳ ᠢᠷᠭᠡᠳ ᠪᠤᠯᠤᠨ ᠬᠠᠤᠯᠢ ᠶᠢᠨ ᠬᠦᠮᠦᠨ ᠤ ᠮᠡᠳᠡᠭᠡ ᠵᠠᠩᠬᠢ ᠶᠢ ᠪᠦᠳᠦᠮᠵᠢᠳᠠᠢ ᠪᠠᠷ ᠨᠡᠶᠢᠯᠡᠬᠦᠯᠬᠦ ᠨᠢ ᠢᠳᠡᠭᠡᠮᠵᠢ ᠶᠢᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤᠪᠡᠷ ᠡᠳ᠋ᠯᠡᠬᠦ᠂ ᠨᠡᠶᠢᠭᠡᠮ ᠤᠨ ᠬᠠᠮᠢᠶᠠᠷᠤᠯᠳᠠ ᠶᠢᠨ ᠦᠪᠡᠷ ᠤᠨ ᠦᠷᠳᠡᠭ ᠢ ᠪᠠᠭᠤᠷᠠᠭᠤᠯᠬᠤ᠂ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠬᠦ᠂ ᠨᠡᠶᠢᠭᠡᠮ ᠤᠨ ᠵᠠᠰᠠᠯᠳᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠬᠦ ᠳᠤ ᠠᠰᠢᠭᠳᠠᠢ ᠶᠤᠮ᠃ ᠬᠤᠶᠢᠰᠢᠳᠠ ︽ᠪᠢ ᠪᠤᠯ ᠲᠠᠷᠤᠢ ᠪᠢ︾ ᠪᠤᠯᠬᠤ ᠶᠢ ᠭᠡᠷᠡᠴᠢᠯᠡᠬᠦ ᠬᠠᠴᠢᠨ ᠦᠵᠡᠭᠳᠡᠯ ᠤᠯᠠᠮ ᠠᠴᠠ ᠤᠯᠠᠮ ᠴᠦᠭᠡᠷᠡᠨ᠎ᠠ᠂ ᠤᠴᠢᠷ ᠨᠢ ᠮᠡᠳᠡᠭᠡ ᠵᠠᠩᠬᠢ ᠤᠯᠠᠮ ᠲᠦᠪᠯᠡᠷᠡᠬᠦ ᠲᠤᠰᠤᠮ ᠢᠶᠠᠨ ᠨᠡᠶᠢᠭᠡᠮ ᠤᠨ ᠭᠤᠤᠯ ᠴᠤᠭᠴᠠ ᠪᠦᠬᠦᠨ ᠤ ᠪᠠᠶᠢᠳᠠᠯ ᠢ ᠤᠯᠠᠮ ᠦᠨᠡᠨ ᠪᠤᠳᠠᠳᠠᠢ ᠲᠤᠰᠬᠠᠵᠤ  ᠂  ᠬᠤᠪᠢ ᠬᠦᠮᠦᠨ ᠤ ᠭᠡᠷᠡᠭ ᠶᠠᠪᠤᠳᠠᠯ ᠡᠷᠬᠢᠯᠡᠬᠦ ᠳᠤ ᠠᠰᠢᠭᠳᠠᠢ ᠪᠤᠯᠬᠤ ᠮᠦᠷᠳᠡᠭᠡᠨ ᠪᠠᠰᠠ ᠵᠠᠰᠠᠭ ᠤᠨ ᠤᠷᠳᠤᠨ ᠤ ᠵᠠᠰᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠪᠤᠯᠤᠨ᠎ᠠ᠃      ᠬᠦᠳᠦᠯᠦᠭᠴᠢ᠄  ᠺᠧ ᠡᠷᠬᠢᠯᠡᠭᠴᠢ ᠡ᠂ ᠪᠢᠳᠡ ᠪᠦᠷ ᠢᠳᠡᠭᠡᠯ ᠠᠯᠳᠠᠪᠠᠯ ᠰᠢᠳᠭᠡᠨ ᠵᠠᠯᠬᠠᠭᠠᠬᠤ ᠶᠠᠪᠤᠳᠠᠯ ᠢ ᠰᠤᠨᠤᠰᠴᠤ ᠦᠩᠭᠡᠷᠡᠪᠠ᠂ ᠲᠡᠭᠡᠪᠡᠯ ᠮᠡᠨ ᠤ ᠤᠷᠤᠨ ᠢᠳᠡᠭᠡᠯ ᠠᠯᠳᠠᠪᠠᠯ ᠰᠢᠳᠭᠡᠨ ᠵᠠᠯᠬᠠᠭᠠᠬᠤ ᠲᠠᠯ᠎ᠠ ᠪᠠᠷ ᠶᠠᠭᠠᠬᠢᠵᠤ ᠬᠢᠵᠤ ᠪᠠᠶᠢᠨ᠎ᠠ ᠤᠤ︖ᠺᠧ ᠡᠷᠬᠢᠯᠡᠭᠴᠢ᠄  ᠢᠳᠡᠭᠡᠯ ᠠᠯᠳᠠᠬᠤ ᠨᠢ ᠵᠦᠪᠯᠡᠯᠴᠡᠭᠡᠷ ᠪᠤᠶᠤ ᠠᠮᠠᠯᠳᠠ ᠠᠴᠠ ᠪᠠᠨ ᠲᠡᠷᠰᠯᠡᠵᠤ᠂ ᠢᠳᠡᠭᠡᠯ ᠢᠶᠠᠨ ᠠᠯᠳᠠᠭᠰᠠᠨ ᠶᠠᠪᠤᠳᠠᠯ ᠪᠤᠯᠬᠤ ᠶᠤᠮ᠃ ︽ᠰᠢᠬᠦᠮᠵᠢ ᠦᠬᠦᠯᠡᠯ︾᠎ ᠳᠤ ︽ᠬᠦᠮᠦᠨ ᠢᠳᠡᠭᠡᠯ ᠢᠶᠠᠨ ᠠᠯᠳᠠᠪᠠᠰᠤ ᠲᠡᠬᠦᠨ ᠤ ᠶᠠᠭᠤᠨ ᠬᠢᠵᠤ ᠴᠢᠳᠠᠬᠤ ᠶᠢ ᠭᠡᠷᠬᠢᠨ ᠮᠡᠳᠡᠮᠤᠢ︾ ᠬᠡᠮᠡᠨ ᠦᠬᠦᠯᠡᠭᠰᠡᠨ ᠪᠠᠶᠢᠳᠠᠭ᠃ ᠦᠨᠡᠨᠴᠢ ᠢᠳᠡᠭᠡᠯᠳᠠᠢ ᠪᠠᠶᠢᠬᠤ ᠨᠢ ᠲᠤᠮᠳᠠᠳᠤ ᠶᠢᠨ ᠦᠨᠳᠦᠰᠦᠳᠡᠨ ᠤ ᠡᠷᠳᠡᠨ ᠠᠴᠠ ᠡᠷᠬᠢᠮᠯᠡᠭᠰᠡᠭᠡᠷ ᠢᠷᠡᠭᠰᠡᠨ ᠤᠯᠠᠮᠵᠢᠯᠯᠠᠳᠤ ᠪᠤᠯᠪᠠᠰᠤᠨ ᠰᠤᠷᠳᠠᠯ ᠮᠦᠨ᠂ ᠮᠦᠨᠴᠤ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠴᠢᠬᠤᠯᠠ ᠠᠭᠤᠯᠭ᠎ᠠ ᠪᠤᠯᠤᠨ ᠵᠠᠬ᠎ᠠ ᠲᠡᠯᠭᠡᠭᠦᠷ ᠤᠨ ᠠᠵᠤ ᠠᠬᠤᠢ ᠶᠢᠨ ᠡᠷᠡᠭᠦᠯ ᠠᠵᠢᠯᠯᠠᠭᠠᠨ ᠤ ︽ᠰᠠᠭᠤᠷᠢ︾ ᠮᠦᠨ᠃ ᠤᠳᠤ ᠶᠢᠨ ᠨᠡᠶᠢᠭᠡᠮ ᠤᠨ ᠬᠤᠪᠢ ᠬᠦᠮᠦᠨ ᠪᠠ ᠬᠠᠤᠯᠢ ᠶᠢᠨ ᠭᠦᠮᠦᠨ ᠤ ᠢᠳᠡᠭᠡᠯ ᠠᠯᠳᠠᠬᠤ ᠠᠵᠢᠯᠯᠠᠭ᠎ᠠ ᠨᠢ ᠨᠡᠶᠢᠭᠡᠮ ᠤᠨ ᠭᠤᠤᠯ ᠴᠤᠭᠴᠠ ᠪᠤᠯᠤᠨ ᠨᠡᠶᠢᠭᠡᠮ ᠤᠨ ᠡᠮᠬᠢ ᠲᠢᠭᠯᠢᠮ ᠳᠤ ᠮᠠᠭᠤ ᠨᠦᠯᠦᠭᠡ  ᠲᠤᠰᠬᠠᠯ ᠤᠴᠠᠷᠠᠭᠤᠯᠵᠤ ᠮᠡᠳᠡᠨ᠎ᠡ᠂ ᠡᠶᠢᠮᠤ ᠠᠴᠠ ᠢᠳᠡᠭᠡᠯ ᠠᠯᠳᠠᠵᠤ ᠪᠠᠶᠢᠭ᠎ᠠ ᠭᠤᠤᠯ ᠴᠤᠭᠴᠠ ᠳᠤ ᠬᠠᠮᠳᠤᠷᠠᠨ ᠰᠢᠳᠭᠡᠯ ᠵᠠᠯᠬᠠᠭᠠᠯ ᠤᠯᠭᠤᠬᠤ ᠨᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠵᠠᠶᠢᠯᠠᠰᠢ ᠦᠬᠡᠢ ᠱᠠᠭᠠᠷᠳᠠᠯᠭ᠎ᠠ ᠪᠤᠯᠤᠨ᠎ᠠ᠃      ᠤᠳᠤᠬᠠᠨ ᠳᠤ᠂ ᠮᠠᠨ ᠤ ᠵᠦᠪᠯᠡᠯ ᠲᠦᠷᠦᠬᠦᠯᠵᠤ ︽ᠢᠳᠡᠭᠡᠯ ᠠᠯᠳᠠᠭᠰᠠᠨ ᠢᠶᠠᠷ ᠭᠡᠷᠡᠭᠵᠢᠬᠦᠯᠬᠦ ᠬᠦᠮᠦᠨ︾᠂︽ᠭᠠᠶᠢᠯᠢ ᠲᠠᠳᠠᠪᠤᠷᠢ ᠶᠢᠨ ᠬᠠᠤᠯᠢ ᠠᠴᠠ ᠵᠦᠷᠢᠴᠡᠭᠰᠡᠨ ᠲᠤᠮᠤ ᠭᠡᠷᠡᠭ ᠤᠨ ᠲᠤᠬᠠᠢ ᠶᠢᠨ ᠬᠦᠮᠦᠨ︾ ᠪᠤᠯᠤᠨ ︽ᠢᠳᠡᠭᠡᠯ ᠠᠯᠳᠠᠭᠰᠠᠨ ᠠᠵᠤ ᠠᠬᠤᠶᠢᠯᠠᠯ︾᠎ ᠳᠤ ᠴᠢᠭᠯᠡᠬᠦᠯᠦᠨ ᠢᠳᠡᠭᠡᠯ ᠠᠯᠳᠠᠭᠰᠠᠳ ᠢ ᠬᠠᠮᠳᠤᠷᠠᠨ ᠰᠢᠳᠭᠡᠨ ᠵᠠᠯᠬᠠᠭᠠᠬᠤ ᠠᠵᠢᠯ ᠢ ᠲᠦᠯᠬᠢᠨ ᠠᠬᠢᠭᠤᠯᠵᠤ ᠪᠠᠶᠢᠨ᠎ᠠ᠃ ᠡᠨᠡᠬᠦ ᠠᠵᠢᠯ ᠨᠢ ᠦᠪᠡᠷᠳᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠤᠨ ᠬᠦᠴᠦᠳᠡᠢ ᠲᠡᠮᠵᠢᠯᠭᠡ ᠪᠤᠯᠤᠨ ᠬᠠᠮᠳᠤᠷᠠᠯᠴᠠᠭ᠎ᠠ ᠶᠢ ᠤᠯᠵᠤ ᠪᠤᠢ᠂ ᠲᠠᠷᠠᠭᠠᠴᠢ ᠶᠢᠨ ᠠᠯᠬᠤᠮ ᠎ ᠳᠤ ᠪᠢᠳᠡ ᠬᠠᠮᠳᠤᠷᠠᠯᠴᠠᠭ᠎ᠠ ᠪᠠᠨ ᠬᠦᠨᠵᠡᠬᠡᠶᠢᠷᠡᠭᠦᠯᠵᠤ᠂ ᠡᠨᠡᠬᠦ ᠠᠵᠢᠯ ᠢ ᠦᠷᠬᠦᠯᠵᠢᠯᠡᠨ ᠲᠦᠯᠬᠢᠨ ᠠᠬᠢᠭᠤᠯᠵᠤ᠂ ᠦᠨᠡᠨᠴᠢ ᠢᠳᠡᠭᠡᠯ ᠢ ᠡᠷᠬᠢᠮᠯᠡᠳᠡᠭ ᠨᠡᠶᠢᠭᠡᠮ ᠤᠨ ᠤᠷᠴᠢᠨ ᠠᠬᠤᠢ ᠶᠢ ᠪᠠᠶᠢᠭᠤᠯᠬᠤ ᠳᠤ ᠨᠢᠬᠡᠨ ᠮᠦᠷᠤ ᠶᠢᠨ ᠬᠦᠴᠦᠨ ᠴᠢᠳᠡᠯ ᠢᠶᠠᠨ ᠡᠷᠬᠦᠨ᠎ᠡ᠃ ᠡᠭᠦᠨ ᠤ ᠬᠠᠮᠳᠤ ᠪᠢᠳᠡ ︽ᠢᠳᠡᠭᠡᠯ ᠢ ᠡᠷᠬᠢᠮᠯᠡᠬᠦ︾ ᠨᠡᠶᠢᠭᠡᠮ ᠤᠨ ᠭᠤᠤᠯ ᠴᠤᠭᠴᠠ ᠶᠢ ᠭᠡᠷᠬᠢᠨ ᠤᠷᠮᠠᠰᠢᠭᠤᠯᠬᠤ ᠲᠤᠬᠠᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠶᠢ ᠰᠤᠳᠤᠯᠵᠤ᠂ ᠢᠳᠡᠭᠡᠯ ᠢ ᠡᠷᠬᠢᠮᠯᠡᠳᠡᠭ ᠬᠤᠪᠢ ᠬᠦᠮᠦᠨ ᠪᠤᠯᠤᠨ ᠬᠠᠤᠯᠢ ᠶᠢᠨ ᠬᠦᠮᠦᠨ ᠳᠤ ᠬᠦᠮᠦᠨ ᠤ ᠠᠮᠢᠳᠤᠷᠠᠯ ᠤᠨ ︽VIP︾ ᠤᠯᠭᠤᠮᠵᠢ ᠶᠢ ᠦᠨᠡᠨᠬᠦ ᠬᠦᠷᠳᠡᠭᠡᠨ᠎ᠡ᠃ ᠡᠶᠢᠮᠤ ᠠᠴᠠ᠂ ᠤᠯᠠᠨ ᠳᠤ ᠬᠦᠰᠡᠬᠦ ᠨᠢ ᠦᠪᠡᠷ ᠤᠨ ᠢᠳᠡᠭᠡᠯ ᠬᠦᠨᠳᠤ ᠪᠠᠨ ᠠᠩᠬᠠᠷᠴᠤ᠂ ᠦᠨᠡᠨᠴᠢ ᠢᠳᠡᠭᠡᠯ ᠢ ᠡᠷᠬᠢᠮᠯᠡᠳᠡᠭ ᠠᠵᠤ ᠠᠬᠤᠶᠢᠯᠠᠯ ᠪᠤᠶᠤ ᠬᠤᠪᠢ ᠬᠦᠮᠦᠨ ᠪᠤᠯᠬᠤ ᠭᠡᠷᠡᠭᠳᠡᠢ᠃ ᠡᠷᠳᠡᠨ ᠤ ᠦᠬᠡᠨ ᠳᠤ ︽ᠭᠦᠳᠡᠯᠮᠦᠷᠢᠴᠢ ᠬᠦᠮᠦᠨ ᠢ ᠲᠡᠭᠷᠢ ᠠᠴᠠ ᠲᠡᠳᠬᠦᠳᠡᠭ︾ ᠭᠡᠳᠡᠭ᠂ ᠬᠤᠶᠢᠰᠢᠳᠡ ︽ᠬᠦᠳᠡᠯᠮᠦᠷᠢ ᠶᠢ ᠲᠡᠭᠡᠳᠦᠯᠡᠬᠦ︾ ᠮᠦᠷᠳᠡᠭᠡᠨ ᠪᠠᠰᠠ ︽ᠦᠨᠡᠨᠴᠢ ᠢᠳᠡᠭᠡᠯ︾᠎ ᠢ ᠲᠡᠭᠡᠳᠦᠯᠡᠬᠦ ᠭᠡᠷᠡᠭᠳᠡᠢ᠃      ᠬᠦᠳᠦᠯᠦᠭᠴᠢ᠄ ᠺᠧ ᠡᠷᠬᠢᠯᠡᠭᠴᠢ ᠡ᠂ ᠲᠠᠨ ᠤ ᠰᠠᠶ᠋ᠢ ᠶᠢᠨ ᠲᠠᠨᠢᠯᠴᠠᠭᠤᠯᠤᠭᠰᠠᠨ ᠪᠠᠶᠢᠳᠠᠯ ᠳᠤ ᠪᠢᠳᠡᠨ ᠤ ᠤᠷᠮ᠎ᠠ ᠵᠤᠷᠢᠭ ᠶᠡᠬᠡᠪᠡᠷ ᠬᠦᠭᠵᠢᠵᠤ ᠪᠠᠶᠢᠨ᠎ᠠ᠂ ︽ᠢᠳᠡᠭᠡᠮᠵᠢᠳᠤ ᠦᠪᠦᠷ ᠮᠤᠩᠭᠤᠯ︾᠎ ᠤᠨ ᠪᠠᠶᠢᠭᠤᠯᠤᠯᠳᠠ ᠶᠢᠨ ᠬᠠᠷᠠᠯᠳᠠ ᠲᠦᠳᠡᠯ  ᠦᠬᠡᠢ ᠪᠡᠶᠡᠯᠡᠭᠳᠡᠬᠦ ᠪᠠᠶᠢᠬ᠎ᠠ᠂ ᠲᠡᠭᠡᠪᠡᠯ ᠲᠠᠷᠠᠭᠠᠴᠢ ᠶᠢᠨ ᠠᠯᠬᠤᠮ ᠳᠤ ᠠᠯᠢ ᠭᠡᠳᠦᠨ ᠲᠠᠯ᠎ᠠ ᠪᠠᠷ ᠠᠵᠢᠯ ᠢᠶᠠᠨ ᠦᠷᠨᠢᠬᠦᠯᠬᠦ ᠭᠡᠵᠤ ᠪᠠᠶᠢᠨ᠎ᠠ ᠪᠤᠢ︖      ᠺᠧ ᠡᠷᠬᠢᠯᠡᠭᠴᠢ᠄ ᠭᠦᠳᠦᠯᠦᠭᠴᠢ ᠶᠢᠨ ᠰᠠᠶᠢᠨ ᠰᠠᠶᠢᠬᠠᠨ ᠵᠦᠩᠨᠡᠯ ᠳᠤ ᠪᠠᠶᠠᠷᠯᠠᠯ᠎ᠠ᠂ ︽ᠢᠳᠡᠭᠡᠮᠵᠢᠳᠤ ᠦᠪᠦᠷ ᠮᠤᠩᠭᠤᠯ︾᠎ ᠤᠨ ᠪᠠᠶᠢᠭᠤᠯᠤᠯᠳᠠ ᠪᠤᠯ ᠪᠢᠳᠡᠨ ᠪᠦᠬᠦᠨ ᠤ ᠬᠠᠮᠳᠤ ᠶᠢᠨ ᠭᠦᠰᠡᠯ ᠡᠷᠡᠮᠡᠯᠵᠢᠯᠡᠯ ᠮᠦᠨ᠂ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ ᠪᠢᠳᠡ ᠡᠯ᠎ᠡ ᠰᠠᠯᠠᠭ᠎ᠠ ᠮᠦᠴᠢᠷ ᠯᠦᠭᠡ ᠠᠵᠢᠯ ᠤᠨ ᠬᠠᠮᠳᠤᠷᠠᠯᠴᠠᠭ᠎ᠠ ᠪᠠᠶᠢᠭᠤᠯᠵᠤ᠂ ᠡᠯ᠎ᠡ ᠲᠦᠷᠦᠯ ᠤᠨ ᠠᠵᠢᠯ ᠢ ᠦᠷᠬᠦᠯᠵᠢᠯᠡᠨ ᠯᠠᠪᠳᠠᠭᠤᠨ ᠪᠠᠳᠤᠳᠠᠢ ᠠᠬᠢᠭᠤᠯᠤᠨ᠎ᠠ᠃ ᠤᠶᠢᠷ᠎ᠠ ᠶᠢᠨ ᠬᠤᠭᠤᠴᠠᠭᠠᠨ ᠳᠤ ᠲᠤᠤᠷᠠᠬᠢ ᠭᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠬᠢᠬᠦ ᠪᠠᠷ ᠪᠠᠶᠢᠨ᠎ᠠ᠄      1᠂ ᠢᠳᠡᠭᠡᠮᠵᠢ ᠶᠢᠨ ᠬᠠᠤᠯᠢ ᠲᠦᠷᠢᠮ ᠢ ᠦᠷᠬᠦᠯᠵᠢᠯᠡᠨ ᠲᠡᠬᠦᠯᠳᠡᠷᠵᠢᠬᠦᠯᠦᠨ᠎ᠡ᠃ ᠪᠢᠳᠡ ᠡᠯ᠎ᠡ ᠰᠠᠯᠠᠭ᠎ᠠ ᠮᠦᠴᠢᠷ ᠲᠠᠢ ᠬᠠᠮᠳᠤᠷᠠᠵᠤ᠂ ᠤᠳᠤ ᠶᠢᠨ ᠪᠠᠶᠢᠭ᠎ᠠ ᠬᠠᠤᠯᠢ ᠲᠦᠷᠢᠮ ᠤᠨ ᠰᠠᠭᠤᠷᠢᠨ ᠲᠡᠭᠡᠷ᠎ᠡ ᠮᠠᠨ ᠤ ᠤᠷᠤᠨ ᠤ ᠢᠳᠡᠭᠡᠮᠵᠢ ᠶᠢᠨ ᠬᠠᠤᠯᠢ ᠲᠦᠷᠢᠮ ᠤᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠬᠢ ᠶᠢᠨ ᠠᠮᠤᠷ ᠲᠦᠪᠰᠢᠨ ᠢ ᠪᠠᠳᠤᠯᠠᠬᠤ ᠪᠠ ᠢᠳᠡᠭᠡᠮᠵᠢ ᠶᠢᠨ ᠭᠤᠤᠯ ᠴᠤᠭᠴᠠ ᠶᠢᠨ ᠡᠷᠭᠡ ᠠᠰᠢᠭ ᠢ ᠬᠠᠮᠠᠭᠠᠯᠠᠭᠰᠠᠨ ᠰᠠᠭᠤᠷᠢᠨ ᠲᠡᠭᠡᠷ᠎ᠡ᠂ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠬᠤ᠂ ᠬᠠᠮᠳᠤᠪᠡᠷ ᠡᠳ᠋ᠯᠡᠬᠦ ᠪᠠ ᠬᠠᠮᠢᠶᠠᠷᠬᠤ ᠶᠢ ᠵᠢᠷᠤᠮᠯᠠᠬᠤ ᠬᠠᠤᠯᠢ ᠲᠠᠢ ᠪᠤᠯᠭᠠᠨ᠎ᠠ᠃ ᠡᠭᠦᠨ ᠤ ᠬᠠᠮᠳᠤ᠂ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠶᠤᠰᠤᠭᠠᠷ᠂ ᠮᠠᠨ ᠤ ᠤᠷᠤᠨ ᠤ ᠪᠤᠳᠠᠳᠠᠢ ᠲᠠᠢ ᠤᠶᠠᠯᠳᠤᠭᠤᠯᠵᠤ᠂ ᠢᠳᠡᠭᠡᠮᠵᠢ ᠶᠢ ᠦᠨᠡᠯᠡᠬᠦ᠂ ᠢᠳᠡᠭᠡᠮᠵᠢ ᠶᠢᠨ ᠪᠦᠳᠦᠭᠡᠭᠳᠡᠭᠦᠨ ᠢ ᠭᠡᠷᠡᠭᠯᠡᠬᠦ᠂ ᠢᠳᠡᠭᠡᠮᠵᠢ ᠶᠢᠨ ᠵᠠᠭᠤᠴᠢ ᠪᠠᠶᠢᠭᠤᠯᠤᠮᠵᠢ ᠪᠤᠯᠤᠨ ᠲᠤᠬᠠᠶᠢᠯᠠᠭᠰᠠᠨ ᠠᠵᠢᠯ ᠡᠷᠬᠢᠯᠡᠵᠤ ᠪᠠᠶᠢᠭ᠎ᠠ ᠠᠵᠢᠯᠳᠠᠨ ᠤ ᠬᠠᠮᠢᠶᠠᠷᠤᠯᠳᠠ ᠵᠡᠷᠭᠡ ᠲᠠᠯ᠎ᠠ ᠪᠠᠷ ᠬᠠᠮᠢᠶ᠎ᠠ ᠪᠦᠬᠦᠢ ᠲᠦᠷᠢᠮ ᠲᠤᠭᠳᠠᠭᠠᠯ ᠢ ᠲᠡᠬᠦᠯᠳᠡᠷᠵᠢᠬᠦᠯᠬᠦ ᠶᠢ ᠲᠦᠷᠭᠡᠳᠭᠡᠨ᠂ ᠨᠡᠶᠢᠭᠡᠮ ᠤᠨ ᠡᠯ᠎ᠡ ᠵᠦᠢᠯ ᠤᠨ ᠠᠵᠢᠯᠯᠠᠭ᠎ᠠ ᠳᠤ ᠬᠠᠤᠯᠢ ᠶᠢᠨ ᠪᠠᠳᠤᠯᠠᠭ᠎ᠠ ᠬᠠᠩᠭᠠᠨ᠎ᠠ᠃ ᠺᠧ ᠡᠷᠬᠢᠯᠡᠭᠴᠢ᠄      2᠂  ᠪᠠᠶᠢᠭᠤᠯᠤᠮᠵᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠨᠢ ᠪᠦᠬᠦ ᠨᠡᠶᠢᠭᠡᠮ ᠤᠨ ᠡᠯ᠎ᠡ ᠠᠵᠢᠯ ᠲᠦᠷᠦᠯ ᠳᠤ ᠬᠤᠯᠪᠤᠭᠳᠠᠨ᠎ᠠ᠂ ᠤᠳᠤᠬᠠᠨ ᠎ ᠳᠤ᠂ ᠮᠠᠨ ᠤ ᠤᠷᠤᠨ ᠤ ᠨᠡᠶᠢᠭᠡᠮ ᠤᠨ ᠢᠳᠡᠭᠡᠮᠵᠢ  ᠎ ᠶᠢᠨ ᠰᠢᠰᠲ᠋ᠧᠮᠵᠢ ᠶᠢᠨ ᠪᠠᠶᠢᠭᠤᠯᠤᠯᠳᠠ ᠨᠢ ᠡᠬᠢᠯᠡᠯᠳᠡ ᠶᠢᠨ ᠱᠠᠳᠤᠨ ᠳᠠᠭᠠᠨ ᠪᠠᠶᠢᠵᠤ᠂ ᠠᠵᠢᠯ ᠤᠨ ᠭᠦᠴᠦᠯᠡᠴᠡ ᠮᠦᠨ ᠪᠠᠭᠤᠷᠠᠢ ᠪᠠᠶᠢᠨ᠎ᠠ᠂ ᠲᠤᠰᠬᠠᠶᠢᠵᠢᠭᠰᠠᠨ᠂ ᠰᠢᠷᠭᠠᠭᠠᠤ ᠠᠵᠢᠯᠯᠠᠭᠴᠢ ᠶᠢᠨ ᠲᠤᠬᠠᠶᠢᠯᠠᠭᠰᠠᠨ ᠠᠵᠢᠯ ᠤᠨ ᠡᠩᠨᠡᠭᠡ ᠲᠠᠢ ᠪᠠᠶᠢᠬᠤ ᠪᠤᠯ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠴᠢᠬᠤᠯᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠮᠦᠨ᠃ ᠡᠶᠢᠮᠤ ᠠᠴᠠ᠂ ᠲᠠᠷᠠᠭᠠᠴᠢ ᠶᠢᠨ ᠠᠯᠬᠤᠮ ᠳᠤ ᠪᠢᠳᠡ ᠤᠯᠠᠨ ᠨᠡᠶᠢᠳᠡ ᠶᠢᠨ ᠮᠡᠳᠡᠭᠡ ᠵᠠᠩᠬᠢ ᠶᠢ ᠴᠤᠭᠯᠠᠭᠤᠯᠬᠤ ᠪᠠᠶᠢᠭᠤᠯᠤᠮᠵᠢ ᠪᠠᠷ ᠤᠳᠤᠷᠢᠳᠤᠮᠵᠢ ᠪᠤᠯᠭᠠᠭᠰᠠᠨ᠂ ᠰᠠᠯᠠᠭ᠎ᠠ ᠮᠦᠴᠢᠷ ᠤᠨ ᠮᠡᠳᠡᠭᠡ ᠵᠠᠩᠬᠢ ᠶᠢ ᠴᠤᠭᠯᠠᠭᠤᠯᠬᠤ ᠪᠠᠶᠢᠭᠤᠯᠤᠮᠵᠢ ᠪᠠᠷ ᠲᠦᠰᠢᠭ ᠪᠤᠯᠭᠠᠭᠰᠠᠨ᠂ ᠨᠡᠶᠢᠭᠡᠮ ᠤᠨ ᠮᠡᠳᠡᠭᠡ ᠵᠠᠩᠬᠢ ᠶᠢ ᠴᠤᠭᠯᠠᠭᠤᠯᠬᠤ ᠪᠠᠶᠢᠭᠤᠯᠤᠮᠵᠢ ᠪᠠᠷ ᠨᠦᠬᠦᠪᠦᠷᠢ ᠪᠤᠯᠭᠠᠭᠰᠠᠨ ᠨᠡᠶᠢᠭᠡᠮ ᠤᠨ ᠢᠳᠡᠭᠡᠮᠵᠢ ᠶᠢᠨ ᠪᠠᠶᠢᠭᠤᠯᠤᠯᠳᠠ ᠶᠢᠨ ᠵᠤᠬᠢᠶᠠᠨ ᠪᠠᠶᠢᠭᠤᠯᠤᠯᠳᠠ ᠶᠢᠨ ᠰᠢᠰᠲ᠋ᠧᠮᠵᠢ ᠶᠢ ᠭᠦᠴᠦᠯᠡᠨ ᠪᠠᠶᠢᠭᠤᠯᠵᠤ᠂ ᠵᠠᠰᠠᠭ ᠤᠨ ᠤᠷᠳᠤᠨ ᠤᠳᠤᠷᠢᠳᠴᠤ᠂ ᠨᠡᠶᠢᠭᠡᠮ ᠨᠡᠶᠢᠳᠡ ᠬᠠᠮᠳᠤᠪᠠᠷ ᠪᠠᠶᠢᠭᠤᠯᠬᠤ ᠭᠦᠭᠵᠢᠯᠳᠡ ᠶᠢᠨ ᠪᠠᠶᠢᠳᠠᠯ ᠢ ᠪᠤᠢ ᠪᠤᠯᠭᠠᠨ᠎ᠠ᠃      3᠂  ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠤᠨ ᠴᠢᠳᠠᠮᠵᠢ ᠶᠢ ᠲᠡᠰ ᠲᠡᠪᠰᠢᠬᠦᠯᠦᠨ ᠲᠡᠬᠦᠯᠳᠡᠷᠵᠢᠬᠦᠯᠦᠨ᠎ᠡ᠃ ᠤᠳᠤᠬᠠᠨ ᠳᠤ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠨᠢᠬᠡᠨᠳᠡ ᠮᠡᠳᠡᠭᠡ ᠵᠠᠩᠬᠢ ᠶᠢ ᠨᠡᠯᠢᠶᠡᠳ ᠰᠠᠶᠢᠨ ᠬᠤᠷᠢᠶᠠᠨ ᠴᠤᠭᠯᠠᠭᠤᠯᠬᠤ ᠪᠠ ᠬᠠᠮᠢᠶᠠᠷᠬᠤ ᠴᠢᠳᠠᠪᠤᠷᠢ ᠶᠢ ᠪᠦᠷᠢᠯᠳᠦᠬᠦᠯᠪᠠ᠂ ᠲᠠᠷᠠᠭᠠᠴᠢ ᠶᠢᠨ ᠠᠯᠬᠤᠮ ᠳᠤ ᠢᠳᠡᠭᠡᠮᠵᠢ ᠶᠢᠨ ᠮᠡᠳᠡᠭᠡ ᠵᠠᠩᠬᠢ ᠶᠢᠨ ᠦᠢᠯᠡᠴᠢᠯᠡᠭᠡ ᠪᠠ ᠭᠡᠷᠡᠭᠯᠡᠭᠡᠨ ᠤ ᠴᠢᠳᠠᠪᠤᠷᠢ ᠶᠢ ᠤᠯᠠᠮ ᠲᠡᠰ ᠲᠡᠪᠰᠢᠬᠦᠯᠵᠤ᠂ ᠬᠤᠪᠢ ᠬᠦᠮᠦᠨ ᠪᠤᠯᠤᠨ ᠬᠠᠤᠯᠢ ᠶᠢᠨ ᠬᠦᠮᠦᠨ ᠵᠡᠷᠭᠡ ᠡᠯ᠎ᠡ ᠲᠦᠷᠦᠯ ᠤᠨ ᠢᠳᠡᠭᠡᠮᠵᠢ ᠶᠢᠨ ᠭᠤᠤᠯ ᠴᠤᠭᠴᠠ ᠳᠤ ᠡᠷᠭᠡ ᠬᠦᠴᠦᠨ ᠪᠦᠬᠦᠢ ᠢᠳᠡᠭᠡᠮᠵᠢ ᠶᠢᠨ ᠭᠡᠷᠡᠭᠯᠡᠭᠡᠨ ᠤ ᠦᠢᠯᠡᠴᠢᠯᠡᠭᠡ ᠶᠢ ᠬᠠᠩᠭᠠᠬᠤ ᠶᠢᠨ ᠬᠠᠮᠳᠤ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠤᠨ ᠲᠠᠪᠴᠠᠩ ᠤᠨ ᠨᠡᠪᠳᠡᠷᠡᠬᠦ ᠴᠢᠳᠠᠪᠤᠷᠢ ᠶᠢ ᠦᠷᠭᠡᠳᠭᠡᠵᠤ᠂ ︽ᠢᠳᠡᠭᠡᠮᠵᠢᠳᠤ ᠲᠤᠮᠳᠠᠳᠤ ᠤᠯᠤᠰ︾ ᠰᠦᠯᠵᠢᠶ᠎ᠡ ᠪᠤᠯᠤᠨ ᠪᠦᠬᠦ ᠤᠯᠤᠰ ᠤᠨ ᠡᠯ᠎ᠡ ᠮᠤᠵᠢ ᠬᠤᠳᠠ ᠶᠢᠨ ᠢᠳᠡᠭᠡᠮᠵᠢ ᠶᠢᠨ ᠰᠢᠰᠲ᠋ᠧᠮᠵᠢ ᠲᠠᠢ ᠵᠤᠯᠭᠠᠭᠤᠯᠬᠤ ᠶᠢ ᠪᠡᠶᠡᠯᠡᠬᠦᠯᠵᠤ᠂  ᠪᠦᠬᠦ ᠤᠯᠤᠰ ᠤᠨ ᠢᠳᠡᠭᠡᠮᠵᠢ ᠎ ᠶᠢᠨ ᠬᠢᠨᠠᠨ ᠬᠠᠮᠢᠶᠠᠷᠤᠯᠳᠠ ᠶᠢ ᠪᠦᠷᠬᠦᠭᠰᠡᠨ  ︽ᠲᠤᠤᠷ ᠰᠦᠯᠵᠢᠶ᠎ᠡ︾᠎ ᠶᠢ ᠪᠤᠢ ᠪᠤᠯᠭᠠᠨ᠎ᠠ᠃      ᠺᠧ ᠡᠷᠬᠢᠯᠡᠭᠴᠢ᠄      4᠂ ᠢᠳᠡᠭᠡᠮᠵᠢ ᠶᠢᠨ ᠬᠠᠮᠳᠤᠷᠠᠭᠰᠠᠨ ᠱᠠᠩᠨᠠᠨ ᠲᠤᠷᠭᠠᠬᠤ ᠠᠵᠢᠯ ᠢ ᠬᠦᠨᠵᠡᠬᠡᠢ ᠦᠷᠨᠢᠬᠦᠯᠤᠨ᠎ᠡ᠃ ᠤᠳᠤᠬᠠᠨ ᠎ ᠳᠤ  ᠦᠷᠨᠢᠬᠦᠯᠵᠤ ᠪᠠᠶᠢᠭ᠎ᠠ ᠢᠳᠡᠭᠡᠮᠵᠢ ᠶᠢᠨ ᠬᠠᠮᠳᠤᠷᠠᠭᠰᠠᠨ ᠰᠢᠳᠭᠡᠨ ᠵᠠᠯᠬᠠᠭᠠᠬᠤ ᠠᠵᠢᠯ ᠨᠢ ᠲᠤᠷᠰᠢᠯᠳᠠ ᠶᠢᠨ ᠱᠠᠳᠤᠨ ᠳᠠᠭᠠᠨ ᠪᠠᠶᠢᠬᠤ ᠲᠤᠯᠠ ᠡᠯ᠎ᠡ ᠰᠠᠯᠠᠭ᠎ᠠ ᠮᠦᠴᠢᠷ ᠦᠵᠡᠯ ᠰᠠᠨᠠᠭ᠎ᠠ ᠪᠠᠨ ᠤᠯᠠᠮ ᠨᠢᠬᠡ ᠠᠯᠬᠤᠮ ᠴᠢᠯᠦᠬᠡᠯᠡᠵᠤ᠂ ᠡᠭᠦᠳᠦᠯᠳᠡ ᠶᠢᠨ ᠴᠢᠨᠠᠷᠳᠠᠢ ᠠᠵᠢᠯ ᠢᠶᠠᠨ ᠦᠷᠨᠢᠬᠦᠯᠬᠦ ᠴᠢᠬᠤᠯᠠᠳᠠᠢ ᠪᠠᠶᠢᠨ᠎ᠠ᠃ ᠲᠠᠷᠠᠭᠠᠴᠢ ᠶᠢᠨ ᠠᠯᠬᠤᠮ ᠳᠤ ᠪᠢᠳᠡ᠂ ᠰᠠᠯᠠᠭ᠎ᠠ ᠮᠦᠴᠢᠷ ᠤᠨ ᠬᠠᠮᠳᠤᠷᠠᠯᠴᠠᠬᠤ ᠲᠤᠭᠳᠠᠴᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠵᠤ᠂ ᠮᠡᠳᠡᠭᠡ ᠵᠠᠩᠬᠢ ᠶᠢᠨ ᠰᠢᠰᠲ᠋ᠧᠮᠵᠢ  ᠎ ᠶᠢ ᠵᠤᠯᠭᠠᠭᠤᠯᠬᠤ ᠪᠠ ᠲᠤᠬᠠᠶᠢᠯᠠᠭᠰᠠᠨ ᠠᠵᠢᠯ ᠳᠤ ᠬᠠᠮᠵᠢᠯᠴᠠᠨ ᠬᠢᠨᠠᠵᠤ ᠬᠠᠮᠢᠶᠠᠷᠬᠤ ᠵᠡᠷᠭᠡ ᠠᠵᠢᠯ ᠢ ᠴᠢᠩᠭᠠᠳᠬᠠᠵᠤ᠂ ᠨᠡᠩ ᠪᠦᠷᠢᠨ ᠲᠡᠭᠦᠯᠳᠡᠷᠵᠢᠭᠰᠡᠨ ︽ᠢᠳᠡᠭᠡᠯ ᠢ ᠡᠷᠬᠢᠮᠯᠡᠪᠡᠯ ᠤᠷᠮᠠᠰᠢᠭᠤᠯᠬᠤ︾ ᠪᠠ ︽ᠢᠳᠡᠭᠡᠯ ᠠᠯᠳᠠᠪᠠᠯ ᠰᠢᠳᠭᠡᠨ ᠵᠠᠯᠬᠠᠭᠠᠬᠤ︾ ᠲᠦᠷᠢᠮ ᠢ ᠲᠤᠭᠳᠠᠭᠠᠵᠤ᠂ ︽ᠢᠳᠡᠭᠡᠮᠵᠢᠳᠤ ᠦᠪᠦᠷ ᠮᠤᠩᠭᠤᠯ︾ ᠎ ᠤᠨ ᠪᠠᠶᠢᠭᠤᠯᠤᠯᠳᠠ ᠶᠢ ᠪᠦᠬᠦ ᠭᠦᠴᠦᠨ ᠢᠶᠠᠷ ᠢᠶᠠᠨ ᠲᠦᠯᠬᠢᠨ ᠠᠬᠢᠭᠤᠯᠤᠨ᠎ᠡ᠃      ᠭᠦᠳᠦᠯᠦᠭᠴᠢ᠄ ᠵᠠ ᠰᠠᠶᠢᠨ ᠪᠤᠯᠤᠯ᠎ᠠ᠂ ᠺᠧ ᠡᠷᠬᠢᠯᠡᠭᠴᠢ ᠶᠢᠨ ᠬᠠᠯᠠᠰᠢᠷᠠᠯ ᠦᠬᠡᠢ ᠲᠠᠶᠢᠯᠪᠤᠷᠢᠯᠠᠭᠰᠠᠨ ᠳᠤ  ᠲᠠᠯᠠᠷᠬᠠᠵᠤ ᠪᠠᠶᠢᠨ᠎ᠠ᠂ ᠮᠦᠨᠴᠤ ᠦᠷᠭᠡᠨ ᠤᠯᠠᠨ ᠰᠦᠯᠵᠢᠶᠡᠨ ᠠᠨᠳᠠ ᠨᠠᠷ ᠤᠨ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ ᠤᠳᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠦᠨᠳᠦᠷᠯᠡᠬᠦ ᠪᠤᠯᠤᠯ᠎ᠠ᠂ ᠲᠠᠷᠠᠭᠠᠴᠢ ᠶᠢᠨ ᠫᠷᠦᠭᠷᠡᠮ ᠳᠤ ᠪᠠᠶᠠᠷᠳᠠᠢ ᠵᠤᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map