︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2015/11/5
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ︾᠎ ᠶᠢ 12 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠠᠷᠭ᠎ᠠ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ᠂ ᠭᠠᠮᠰᠢᠭ ᠲᠤ ᠳᠠᠭᠠᠷᠢᠭᠳᠠᠭᠰᠠᠨ ᠬᠥᠮᠦᠰ ᠤᠨ ᠬᠡᠪᠴᠢᠶ᠎ᠡ ᠵᠢᠴᠢ ᠲᠡᠳᠡᠨᠠᠷ ᠤᠨ ᠬᠦᠷᠲᠡᠬᠦ ᠶᠣᠰᠤᠲᠠᠢ ᠡᠮᠴᠢᠯᠡᠭᠡ᠂ ᠰᠤᠷᠭᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠠᠪᠤᠷᠠᠨ ᠲᠤᠰᠠᠯᠠᠬᠤ ᠲᠥᠷᠥᠯ ᠵᠦᠢᠯ ᠢ ᠲᠣᠳᠣᠷᠬᠠᠶᠢᠯᠠᠭᠰᠠᠨ ᠤ ᠬᠠᠮᠲᠤ ᠨᠡᠶᠢᠭᠡᠮ ᠤᠨ ᠠᠪᠤᠷᠠᠨ ᠲᠤᠰᠠᠯᠠᠯᠲᠠ ᠳᠤ ᠨᠡᠶᠢᠭᠡᠮ ᠤᠨ ᠬᠦᠴᠦᠨ ᠣᠷᠤᠯᠴᠠᠬᠤ ᠶᠢ ᠵᠣᠷᠢᠭᠵᠢᠭᠤᠯᠪᠠ  ᠃      ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠴᠠᠭ ᠲᠤᠬᠠᠢ ᠳᠤᠨᠢ ᠲᠣᠬᠢᠷᠠᠭᠤᠯᠤᠨ᠎ᠠ      ᠲᠤᠰ ᠠᠷᠭ᠎ᠠ ᠳᠤ ᠲᠣᠭᠲᠠᠭᠠᠭᠰᠠᠨ ᠨᠢ᠂ ᠡᠯ᠎ᠡ ᠱᠠᠲᠤᠨ ᠤ ᠵᠠᠰᠠᠭ ᠤᠨ ᠤᠷᠳᠤᠨ ᠠᠴᠠ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠣᠬᠠᠢ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠮᠦᠷᠲᠡᠭᠡᠨ ᠲᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ ᠶᠢᠨ ᠡᠳ᠋ ᠬᠥᠷᠤᠩᠭᠡ ᠶᠢᠨ ᠪᠠᠶᠢᠳᠠᠯ ᠎ ᠤᠨ ᠲᠤᠬᠠᠢ ᠲᠣᠭᠲᠠᠭᠠᠯ ᠳᠤ ᠨᠡᠶᠢᠴᠡᠭᠰᠡᠨ ᠭᠡᠷ ᠪᠦᠯᠢ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠣᠯᠭᠤᠨ᠎ᠠ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠡᠯ᠎ᠡ ᠭᠠᠵᠠᠷ ᠤᠷᠤᠨ ᠲᠤᠬᠠᠢ ᠶᠢᠨ ᠭᠠᠵᠠᠷ ᠤᠨ ᠢᠶᠠᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠠᠷᠤᠳᠠᠯ ᠶᠣᠰᠤᠭᠠᠷ ᠨᠤᠲᠠᠯᠠᠨ ᠲᠣᠭᠲᠠᠭᠠᠭᠰᠠᠨ ᠤ ᠳᠠᠷᠠᠭ᠎ᠠ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠳᠤ ᠮᠡᠳᠡᠭᠦᠯᠦᠨ ᠬᠢᠨᠠᠨ ᠬᠠᠷᠭᠤᠭᠤᠯᠤᠨ ᠨᠡᠶᠢᠲᠡᠯᠡᠬᠦ ᠶᠢᠨ ᠬᠠᠮᠲᠤ᠂ ᠴᠠᠭ ᠲᠤᠬᠠᠢ ᠳᠤᠨᠢ ᠲᠣᠬᠢᠷᠠᠭᠤᠯᠤᠯᠲᠠ ᠬᠢᠨ᠎ᠡ᠃ ᠡᠯ᠎ᠡ ᠭᠠᠵᠠᠷ ᠣᠷᠣᠨ ᠬᠤᠲᠠ ᠬᠥᠳᠡᠭᠡ ᠪᠠ ᠭᠠᠵᠠᠷ ᠣᠷᠣᠨ ᠤ ᠬᠤᠭᠤᠷᠣᠨᠳᠣᠬᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠶᠣᠰᠤᠲᠠᠢ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠬᠤ ᠳᠤ᠂ ᠭᠡᠷ ᠪᠦᠯᠢ ᠪᠠᠷ ᠨᠢᠭᠡᠴᠢ ᠪᠣᠯᠭᠠᠨ᠂ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠨᠠᠷ ᠤᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠰᠣᠮᠦ ᠰᠢᠶᠠᠩ ᠪᠠᠯᠭᠠᠰᠤ᠂ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠤᠶᠤᠴᠢᠯᠠᠯ ᠢᠶᠠᠨ ᠪᠢᠴᠢᠭ ᠢᠶᠠᠷ ᠳᠤᠷᠠᠳᠤᠪᠠᠯ ᠵᠣᠬᠢᠨ᠎ᠠ᠃ ᠭᠡᠷ ᠪᠦᠯᠢ ᠶᠢᠨ ᠪᠦᠷᠢᠯᠳᠦᠭᠦᠨ ᠨᠠᠷ ᠭᠤᠶᠤᠴᠢᠯᠠᠬᠤ ᠳᠤ ᠬᠦᠴᠢᠷ ᠲᠠᠢ ᠪᠠᠶᠢᠪᠠᠯ᠂ ᠭᠠᠴᠠᠭ᠎ᠠ ᠲᠤᠰᠬᠤᠨ ︵ᠰᠠᠭᠤᠭᠠᠯᠢ ᠠᠷᠠᠳ ᠤᠨ ᠵᠦᠪᠯᠡᠯ︶᠎ ᠳᠤ ᠨᠠᠶᠢᠳᠠᠵᠤ ᠣᠷᠤᠯᠠᠨ ᠭᠤᠶᠤᠴᠢᠯᠠᠭᠤᠯᠵᠤ ᠪᠣᠯᠤᠨ᠎ᠠ᠃ ᠰᠣᠮᠦ ᠰᠢᠶᠠᠩ ᠪᠠᠯᠭᠠᠰᠤ᠂ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠡᠷᠡᠭᠰᠡᠬᠦ ᠪᠦᠬᠦᠢ ᠮᠠᠲ᠋ᠧᠷᠢᠶᠠᠯ ᠢ ᠨᠢᠭᠡ ᠯᠡ ᠤᠳᠠᠭ᠎ᠠ ᠳᠤ ᠬᠡᠯᠡᠵᠦ ᠦᠭᠭᠦᠭᠰᠡᠨ ᠤ ᠳᠠᠷᠠᠭ᠎ᠠ᠂ ᠭᠡᠷ ᠲᠤ ᠨᠢ ᠬᠦᠷᠴᠦ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠭᠤᠶᠤᠴᠢᠯᠠᠭᠴᠢ ᠶᠢᠨ ᠭᠡᠷ ᠪᠦᠯᠢ ᠶᠢᠨ ᠬᠦᠮᠦᠨ ᠠᠮᠠ ᠶᠢᠨ ᠪᠠᠶᠢᠳᠠᠯ᠂ ᠣᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠤᠭᠠᠳ᠂ ᠠᠩᠬ᠎ᠠ ᠬᠢᠨᠠᠭᠰᠠᠨ ᠰᠠᠨᠠᠯ ᠢᠶᠠᠨ ᠳᠤᠷᠠᠳᠬᠤ ᠶᠣᠰᠤᠲᠠᠢ᠃ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ ᠲᠤᠰᠬᠤᠨ᠂ ᠨᠡᠶᠢᠭᠡᠮ ᠲᠣᠭᠤᠷᠢᠭ ᠲᠤ ᠨᠡᠶᠢᠲᠡᠯᠡᠨ ᠵᠠᠷᠯᠠᠭᠰᠠᠨ ᠤ ᠳᠠᠷᠠᠭ᠎ᠠ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠭᠡᠷ ᠪᠦᠯᠢ ᠶᠢᠨ ᠠᠵᠤ ᠠᠬᠤᠢ ᠶᠢᠨ ᠣᠷᠤᠯᠭ᠎ᠠ ᠶᠢᠨ ᠪᠠᠶᠢᠳᠠᠯ ᠢ ᠬᠠᠷᠭᠤᠭᠤᠯᠬᠤ ᠪᠠ ᠭᠡᠷ ᠲᠤ ᠨᠢ ᠬᠦᠷᠴᠦ ᠰᠤᠭᠤᠴᠢᠨ ᠪᠠᠶᠢᠴᠠᠭᠠᠬᠤ ᠪᠠᠷ ᠳᠠᠮᠵᠢᠵᠤ᠂ ᠨᠦᠭᠦᠴᠡᠯ ᠳᠤ ᠨᠡᠶᠢᠴᠡᠬᠦ ᠭᠤᠶᠤᠴᠢᠯᠠᠯ ᠢ ᠵᠥᠪᠰᠢᠶᠡᠷᠡᠬᠦ ᠶᠢᠨ ᠬᠠᠮᠲᠤ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ ᠲᠤᠰᠬᠤᠨ᠂ ᠨᠡᠶᠢᠭᠡᠮ ᠲᠣᠭᠤᠷᠢᠭ ᠲᠤ ᠨᠡᠶᠢᠲᠡᠯᠡᠨ ᠵᠠᠷᠯᠠᠨ᠎ᠠ︔ ᠨᠦᠭᠦᠴᠡᠯ ᠳᠤ ᠨᠡᠶᠢᠴᠡᠬᠦ ᠦᠭᠡᠢ ᠭᠤᠶᠤᠴᠢᠯᠠᠯ ᠢ ᠦᠯᠦ ᠵᠦᠪᠰᠢᠶᠡᠷᠡᠬᠦ ᠶᠢᠨ ᠬᠠᠮᠲᠤ ᠰᠢᠯᠲᠠᠭᠠᠨ ᠢᠶᠠᠨ ᠭᠤᠶᠤᠴᠢᠯᠠᠭᠴᠢ ᠳᠤ ᠪᠢᠴᠢᠭ ᠢᠶᠠᠷ ᠲᠣᠳᠤᠷᠬᠠᠶᠢᠯᠠᠨ᠎ᠠ᠃ ᠬᠦᠴᠢᠷᠳᠡᠯᠲᠡᠢ ᠭᠡᠷ ᠪᠦᠯᠢ ᠳᠠᠬᠢ ᠬᠦᠳᠡᠯᠮᠦᠷᠢ ᠶᠢᠨ ᠴᠢᠳᠠᠪᠤᠷᠢ ᠪᠠᠨ ᠠᠯᠳᠠᠭᠠᠳ᠂ ᠪᠣᠰᠤᠳ ᠎ ᠲᠤ ᠲᠦᠰᠢᠨ ᠠᠮᠢᠳᠤᠷᠠᠵᠤ ᠪᠠᠶᠢᠭ᠎ᠠ ᠨᠠᠰᠤᠨ ᠳᠤ ᠬᠦᠷᠦᠭᠰᠡᠨ ᠬᠦᠨᠳᠦ ᠵᠡᠮᠳᠡᠭ ᠬᠦᠮᠦᠨ ᠢ ᠠᠰ ᠲᠤᠨᠢ ᠡᠷᠥᠬᠡ ᠠᠮᠠ ᠶᠢᠨ ᠳᠠᠩᠰᠠ ᠲᠠᠢ ᠪᠠᠷ ᠪᠣᠳᠤᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠠᠰ ᠲᠤᠨᠢ ᠭᠤᠶᠤᠴᠢᠯᠠᠵᠤ ᠪᠣᠯᠤᠨ᠎ᠠ᠃      ᠠᠷᠭ᠎ᠠ ᠳᠤ ᠪᠠᠰᠠ ᠲᠤᠭᠲᠠᠭᠠᠭᠰᠠᠨ ᠨᠢ᠂ ᠬᠦᠳᠡᠯᠮᠦᠷᠢᠯᠡᠬᠦ ᠴᠢᠳᠠᠪᠤᠷᠢ ᠦᠭᠡᠢ᠂ ᠠᠮᠢᠳᠤᠷᠠᠯ ᠤᠨ ᠢᠷᠡᠯᠲᠡ ᠦᠭᠡᠢ ᠮᠦᠷᠲᠡᠭᠡᠨ ᠬᠠᠤᠯᠢ ᠳᠤ ᠲᠣᠭᠲᠠᠭᠠᠭᠰᠠᠨ ᠠᠰᠠᠷᠠᠨ ᠲᠡᠵᠢᠭᠡᠬᠦ᠂ ᠦᠰᠭᠡᠨ ᠲᠡᠵᠢᠭᠡᠬᠦ᠂ ᠳᠡᠳᠭᠦᠨ ᠲᠡᠵᠢᠭᠡᠬᠦ ᠡᠭᠦᠷᠭᠡ ᠲᠠᠢ ᠬᠦᠮᠦᠨ ᠪᠠᠶᠢᠬᠤ ᠦᠭᠡᠢ᠂ ᠡᠰᠡᠬᠦᠯ᠎ᠡ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ᠂ ᠦᠰᠭᠡᠨ ᠲᠡᠵᠢᠭᠡᠬᠦ᠂ ᠳᠡᠳᠭᠦᠨ ᠲᠡᠵᠢᠭᠡᠬᠦ ᠡᠭᠦᠷᠭᠡ ᠲᠠᠢ ᠬᠦᠮᠦᠨ ᠨᠢ ᠠᠰᠠᠷᠠᠨ ᠲᠡᠵᠢᠭᠡᠬᠦ᠂ ᠦᠰᠭᠡᠨ ᠲᠡᠵᠢᠭᠡᠬᠦ᠂ ᠳᠡᠳᠭᠦᠨ ᠲᠡᠵᠢᠭᠡᠬᠦ ᠴᠢᠳᠠᠪᠤᠷᠢ ᠦᠭᠡᠢ ᠨᠠᠰᠤᠲᠠᠨ ᠬᠦᠮᠦᠨ᠂ ᠵᠡᠮᠳᠡᠭ ᠬᠦᠮᠦᠨ᠂ ᠪᠦᠬᠦᠯᠢ16 ᠨᠠᠰᠤᠨ ᠳᠤ ᠦᠯᠦ ᠬᠦᠷᠦᠭᠰᠡᠳ ᠪᠠᠶᠢᠪᠠᠯ ᠣᠨᠴᠠ ᠬᠦᠴᠢᠷᠳᠡᠯᠲᠡᠢ ᠬᠦᠮᠦᠨ ᠪᠣᠯᠭᠠᠵᠤ ᠠᠰᠠᠷᠠᠨ ᠲᠡᠵᠢᠭᠡᠨ᠎ᠡ᠃ ᠣᠨᠴᠠ ᠬᠦᠴᠢᠷᠳᠡᠯᠲᠡᠢ ᠬᠦᠮᠦᠨ ᠢ ᠠᠰᠠᠷᠠᠨ ᠲᠡᠵᠢᠭᠡᠬᠦ ᠠᠭᠤᠯᠭ᠎ᠠ ᠳᠤ ᠦᠨᠳᠦᠰᠦᠨ ᠠᠮᠢᠳᠤᠷᠠᠯ ᠤᠨ ᠨᠦᠭᠦᠴᠡᠯ ᠤᠨ ᠬᠠᠩᠭᠠᠯᠭ᠎ᠠ ᠪᠠᠭᠲᠠᠨ᠎ᠠ᠃ ᠠᠮᠢᠳᠤᠷᠠᠯ ᠢᠶᠠᠨ ᠦᠪᠡᠰᠦᠪᠡᠨ ᠠᠷᠭᠠᠴᠠᠭᠠᠵᠤ ᠳᠡᠶᠢᠯᠬᠦ ᠦᠭᠡᠢ ᠪᠠᠶᠢᠪᠠᠯ ᠬᠠᠷᠠᠭᠠᠯᠵᠠᠯ ᠦᠵᠡᠭᠦᠯᠵᠦ᠂ ᠡᠪᠡᠳᠴᠢᠨ ᠡᠮᠭᠡᠭ ᠢ ᠨᠢ ᠵᠠᠰᠠᠨ ᠡᠮᠴᠢᠯᠡᠵᠦ᠂ ᠪᠠᠯᠪᠠᠰᠤᠷᠠᠯ ᠣᠷᠤᠰᠢᠯᠭ᠎ᠠ ᠶᠢᠨ ᠶᠠᠪᠤᠳᠠᠯ ᠢ ᠨᠢ ᠬᠢᠵᠦ ᠥᠭᠭᠦᠨ᠎ᠡ᠃ ᠣᠨᠴᠠ ᠬᠦᠴᠢᠷᠳᠡᠯᠲᠡᠢ ᠬᠦᠮᠦᠰ ᠤᠨ ᠠᠰᠠᠷᠠᠨ ᠲᠡᠵᠢᠭᠡᠬᠦ ᠪᠠᠷᠢᠮᠵᠢᠶ᠎ᠠ ᠶᠢ ᠡᠯ᠎ᠡ ᠭᠠᠵᠠᠷ ᠤᠷᠤᠨ ᠤ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠳᠤᠮᠳᠠᠴᠢ ᠬᠡᠷᠡᠭᠯᠡᠭᠡᠨ ᠤ ᠬᠡᠮᠵᠢᠶ᠎ᠡ ᠵᠢᠴᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠦᠨᠳᠦᠰᠦᠯᠡᠨ ᠲᠣᠭᠲᠠᠭᠠᠵᠤ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠬᠢᠨᠠᠨ ᠬᠠᠷᠭᠤᠭᠤᠯᠵᠤ ᠨᠡᠶᠢᠲᠡᠯᠡᠬᠦ ᠶᠢᠨ ᠬᠠᠮᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠨ᠎ᠡ᠃ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠬᠦᠮᠦᠰ ᠲᠤᠬᠠᠢ ᠵᠨ ᠭᠠᠵᠠᠷ ᠤᠨ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠴᠤᠭᠯᠠᠷᠠᠵᠤ ᠠᠰᠠᠷᠠᠨ ᠲᠡᠵᠢᠭᠡᠯᠭᠡᠬᠦ ᠪᠤᠶᠤ ᠭᠡᠷ ᠲᠡᠭᠡᠨ ᠰᠠᠭᠤᠵᠤ ᠠᠰᠠᠷᠠᠨ ᠲᠡᠵᠢᠭᠡᠯᠭᠡᠬᠦ ᠪᠠᠨ ᠦᠪᠡᠰᠦᠪᠡᠨ ᠰᠤᠩᠭᠤᠨ᠎ᠠ᠃       ᠡᠮᠴᠢᠯᠡᠭᠡ ᠪᠠ ᠣᠷᠤᠨ ᠰᠠᠭᠤᠴᠠ ᠶᠢᠨ ᠠᠪᠤᠷᠠᠨ ᠲᠤᠰᠠᠯᠠᠯᠲᠠ ᠶᠢ ᠭᠤᠶᠤᠴᠢᠯᠠᠵᠤ ᠪᠣᠯᠤᠨ᠎ᠠ      ᠠᠷᠭ᠎ᠠ ᠶᠢ ᠵᠢᠩᠬᠢᠨᠢ ᠪᠠᠷ ᠬᠡᠷᠡᠭᠵᠢᠭᠦᠯᠦᠭᠰᠡᠨ ᠤ ᠳᠠᠷᠠᠭ᠎ᠠ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ ᠶᠢᠨ ᠬᠦᠮᠦᠰ᠂ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠬᠦᠮᠦᠰ᠂ ᠳᠣᠣᠷ᠎ᠠ ᠣᠷᠤᠯᠭ᠎ᠠ ᠲᠠᠢ ᠭᠡᠷ ᠪᠦᠯᠢ ᠶᠢᠨ ᠨᠠᠰᠤᠲᠠᠶᠢᠴᠤᠳ᠂ ᠨᠠᠰᠤᠨ ᠳᠤ ᠳᠤ ᠦᠯᠦ ᠬᠦᠷᠦᠭᠰᠡᠳ᠂ ᠬᠦᠨᠳᠦ ᠵᠡᠮᠳᠡᠭ ᠬᠦᠮᠦᠨ ᠪᠠ ᠬᠦᠨᠳᠦ ᠡᠪᠡᠳᠴᠢᠲᠡᠨ ᠵᠢᠴᠢ ᠦᠯᠡᠮᠵᠢ ᠲᠣᠭᠠᠨ ᠤ ᠡᠮᠴᠢᠯᠡᠭᠡᠨ ᠤ ᠵᠠᠷᠤᠳᠠᠯ ᠭᠠᠷᠭᠠᠭᠰᠠᠨ᠂ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠬᠡᠲᠦᠷᠡᠭᠰᠡᠨ᠂ ᠦᠨᠳᠦᠰᠦᠨ ᠠᠮᠢᠳᠤᠷᠠᠯ ᠳᠤᠨᠢ ᠬᠦᠨᠳᠦ ᠰᠥᠷᠬᠡᠢ ᠬᠦᠴᠢᠷᠳᠡᠯ ᠲᠤᠯᠭᠠᠷᠠᠭᠰᠠᠨ ᠭᠡᠷ ᠪᠦᠯᠢ ᠳᠠᠬᠢ ᠬᠦᠨᠳᠦ ᠡᠪᠡᠳᠴᠢᠲᠡᠨ ᠪᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠲᠣᠭᠲᠠᠭᠠᠭᠰᠠᠨ ᠪᠣᠰᠤᠳ ᠣᠨᠴᠠ ᠬᠦᠴᠢᠷᠳᠡᠯᠲᠡᠢ ᠬᠦᠮᠦᠰ ᠡᠮᠴᠢᠯᠡᠭᠡᠨ ᠤ ᠠᠪᠤᠷᠠᠨ ᠲᠤᠰᠠᠯᠠᠯᠲᠠ ᠭᠤᠶᠤᠴᠢᠯᠠᠵᠤ ᠪᠣᠯᠤᠨ᠎ᠠ᠃ ᠠᠷᠭ᠎ᠠ ᠶᠢᠨ ᠲᠣᠭᠲᠠᠭᠠᠯ ᠶᠣᠰᠤᠭᠠᠷ᠂ ᠠᠪᠤᠷᠠᠨ ᠲᠤᠰᠠᠯᠠᠭᠳᠠᠭᠴᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠪᠤᠶᠤ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠤ ᠬᠤᠷᠰᠢᠶᠠᠵᠢᠯᠲᠠ ᠶᠢᠨ ᠡᠮ ᠡᠮᠨᠡᠯᠭᠡ ᠶᠢᠨ ᠬᠤᠪᠢ ᠬᠦᠮᠦᠨ ᠦᠪᠡᠷ ᠢᠶᠠᠨ ᠲᠤᠰᠢᠶᠠᠬᠤ ᠶᠣᠰᠤᠲᠠᠢ ᠰᠦᠢᠳᠭᠡᠯ ᠤᠨ ᠬᠡᠰᠡᠭ ᠲᠤ ᠨᠦᠬᠦᠪᠦᠷᠢ ᠣᠯᠭᠤᠨ᠎ᠠ᠃ ᠠᠪᠤᠷᠠᠨ ᠲᠤᠰᠠᠯᠠᠭᠳᠠᠭᠴᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠪᠣᠰᠤᠳ ᠨᠦᠬᠦᠪᠦᠷᠢ ᠡᠮ ᠡᠮᠨᠡᠯᠭᠡ ᠶᠢᠨ ᠳᠠᠭᠠᠳᠬᠠᠯ ᠢ ᠵᠠᠷᠤᠴᠠᠭᠤᠯᠤᠭᠰᠠᠨ ᠤ ᠳᠠᠷᠠᠭ᠎ᠠ᠂ ᠬᠤᠪᠢ ᠬᠦᠮᠦᠨ ᠵᠢᠴᠢ ᠭᠡᠷ ᠪᠦᠯᠢ ᠎ ᠨᠢ ᠡᠭᠦᠷᠭᠡᠯᠡᠬᠦ ᠳᠤ ᠪᠡᠷᠬᠡ ᠪᠦᠭᠡᠳ ᠲᠣᠭᠲᠠᠭᠠᠯ ᠳᠤ ᠨᠡᠶᠢᠴᠡᠬᠦ ᠦᠨᠳᠦᠰᠦᠨ ᠡᠮ ᠡᠮᠨᠡᠯᠭᠡ ᠶᠢᠨ ᠦᠪᠡᠷ ᠢᠶᠠᠨ ᠲᠤᠰᠢᠶᠠᠬᠤ ᠶᠣᠰᠤᠲᠠᠢ ᠵᠠᠷᠤᠳᠠᠯ ᠳᠤ ᠲᠤᠰᠠᠯᠠᠮᠵᠢ ᠣᠯᠭᠤᠨ᠎ᠠ᠃ ᠠᠪᠤᠷᠠᠨ ᠲᠤᠰᠠᠯᠠᠭᠳᠠᠭᠴᠢ ᠶᠢᠨ ᠳᠣᠲᠤᠷᠠᠬᠢ ᠤᠷᠲᠤ ᠬᠤᠭᠤᠴᠠᠭ᠎ᠠ ᠪᠠᠷ ᠡᠮ ᠤᠤᠭᠤᠬᠤ ᠴᠢᠬᠤᠯᠠ ᠲᠠᠢ ᠠᠷᠬᠠᠭ ᠡᠪᠡᠳᠴᠢᠨ᠂ ᠬᠦᠨᠳᠦ ᠶᠡᠭᠡ ᠡᠪᠡᠳᠴᠢᠨ ᠳᠤ ᠨᠡᠷᠪᠡᠭᠳᠡᠭᠰᠡᠳ ᠲᠤ ᠡᠭᠦᠳᠡᠨ ᠡᠮᠨᠡᠯᠭᠡ ᠶᠢᠨ ᠠᠪᠤᠷᠠᠨ ᠲᠤᠰᠠᠯᠠᠮᠵᠢ ᠣᠯᠭᠤᠨ᠎ᠠ᠃ ᠡᠮᠴᠢᠯᠡᠭᠡᠨ ᠤ ᠠᠪᠤᠷᠠᠨ ᠲᠤᠰᠠᠯᠠᠬᠤ ᠲᠤᠰᠠᠯᠠᠮᠵᠢ ᠣᠯᠤᠭᠰᠠᠨ ᠨᠢ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠪᠡᠳᠴᠢᠨ ᠢᠶᠠᠨ ᠦᠵᠡᠭᠦᠯᠵᠦ᠂ ᠡᠭᠦᠳᠡᠨ ᠡᠮᠨᠡᠯᠭᠡ ᠶᠢᠨ ᠳ᠋ᠤᠭᠠᠷᠯᠠᠬᠤ ᠵᠠᠷᠤᠳᠠᠯ᠂ ᠡᠮᠴᠢᠯᠡᠭᠡᠨ ᠤ ᠵᠠᠷᠤᠳᠠᠯ᠂ ᠡᠮ ᠡᠮᠨᠡᠯᠭᠡ ᠶᠢᠨ ᠪᠡᠯᠡᠳᠭᠡᠮᠵᠢ ᠶᠢᠨ ᠪᠠᠶᠢᠴᠠᠭᠠᠬᠤ ᠵᠠᠷᠤᠳᠠᠯ᠂ ᠡᠮᠨᠡᠯᠭᠡ ᠳᠤ ᠰᠠᠭᠤᠬᠤ ᠣᠷᠣ ᠶᠢᠨ ᠵᠠᠷᠤᠳᠠᠯ ᠵᠡᠷᠭᠡ ᠶᠢ ᠬᠤᠯᠪᠤᠭᠳᠠᠯ ᠪᠦᠬᠦᠢ ᠲᠣᠭᠲᠠᠭᠠᠯ ᠶᠣᠰᠤᠭᠠᠷ ᠬᠥᠩᠭᠡᠷᠡᠭᠦᠯᠦᠨ ᠬᠡᠯᠲᠦᠷᠢᠭᠦᠯᠬᠦ ᠬᠠᠷᠠᠭᠠᠯᠵᠠᠯ ᠦᠵᠡᠭᠦᠯᠦᠨ᠎ᠡ᠃ ᠡᠮᠴᠢᠯᠡᠭᠡᠨ ᠤ ᠠᠪᠤᠷᠠᠨ ᠲᠤᠰᠠᠯᠠᠬᠤ ᠪᠠᠷᠢᠮᠵᠢᠶ᠎ᠠ ᠶᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠠᠴᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠢᠷᠢ ᠲᠦᠪᠰᠢᠨ ᠪᠠ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠦᠩᠭᠦ ᠶᠢᠨ ᠪᠠᠶᠢᠳᠠᠯ ᠶᠣᠰᠤᠭᠠᠷ ᠲᠣᠭᠲᠠᠭᠠᠵᠤ ᠨᠡᠶᠢᠲᠡᠯᠡᠨ᠎ᠡ᠃ ᠡᠭᠦᠨ ᠠᠴᠠ ᠭᠠᠳᠠᠨ᠎ᠠ᠂ ᠠᠷᠭ᠎ᠠ ᠳᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠪᠠ ᠣᠨᠴᠠ ᠬᠦᠴᠢᠷᠳᠡᠯᠲᠡᠢ ᠬᠦᠮᠦᠰ ᠤᠨ ᠤᠷᠤᠨ ᠰᠠᠭᠤᠴᠠ ᠶᠢᠨ ᠠᠪᠤᠷᠠᠨ ᠲᠤᠰᠠᠯᠠᠬᠤ ᠲᠠᠯ᠎ᠠ ᠪᠠᠷ ᠲᠣᠳᠤᠷᠬᠠᠢ ᠲᠣᠭᠲᠠᠭᠠᠭᠰᠠᠨ ᠨᠢ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠬᠦ ᠣᠷᠤᠨ ᠰᠠᠭᠤᠴᠠ ᠨᠢ ᠬᠦᠴᠢᠷᠳᠡᠯᠲᠡᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ᠂ ᠲᠠᠷᠠᠬᠠᠢ ᠪᠣᠲᠠᠷᠬᠠᠢ ᠠᠰᠠᠷᠠᠨ ᠲᠡᠵᠢᠭᠡᠯᠭᠡᠵᠦ ᠪᠠᠶᠢᠬᠤ ᠣᠨᠴᠠ ᠬᠦᠴᠢᠷᠳᠡᠯᠲᠡᠢ ᠬᠦᠮᠦᠰ ᠲᠤ᠂ ᠤᠯᠤᠰ ᠠᠴᠠ ᠣᠷᠤᠨ ᠰᠠᠭᠤᠴᠠ ᠶᠢᠨ ᠠᠪᠤᠷᠠᠨ ᠲᠤᠰᠠᠯᠠᠬᠤ ᠲᠤᠰᠠᠯᠠᠮᠵᠢ ᠣᠯᠭᠤᠨ᠎ᠠ᠃ ᠣᠷᠤᠨ ᠰᠠᠭᠤᠴᠠ ᠶᠢᠨ ᠠᠪᠤᠷᠠᠨ ᠲᠤᠰᠠᠯᠠᠯᠲᠠ ᠶᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠣᠬᠢᠷᠠᠭᠤᠯᠤᠨ ᠳᠦᠷᠢᠶᠡᠰᠦᠯᠡᠭᠦᠯᠬᠦ᠂ ᠣᠷᠤᠨ ᠰᠠᠭᠤᠴᠠ ᠳᠦᠷᠢᠶᠡᠰᠦᠯᠡᠬᠦ ᠨᠦᠬᠦᠪᠦᠷᠢ ᠣᠯᠭᠤᠬᠤ᠂ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠲᠠᠢ ᠪᠠᠶᠢᠰᠢᠩ ᠢ ᠵᠠᠰᠠᠨ ᠰᠢᠨᠡᠳᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠵᠤ ᠬᠡᠷᠡᠭᠵᠢᠭᠦᠯᠦᠨ᠎ᠡ᠃ ᠣᠷᠤᠨ ᠰᠠᠭᠤᠴᠠ ᠶᠢᠨ ᠬᠦᠴᠢᠷᠳᠡᠯ ᠤᠨ ᠪᠠᠷᠢᠮᠵᠢᠶ᠎ᠠ ᠪᠠ ᠠᠪᠤᠷᠠᠨ ᠲᠤᠰᠠᠯᠠᠬᠤ ᠪᠠᠷᠢᠮᠵᠢᠶ᠎ᠠ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠢᠷᠢ ᠲᠦᠪᠰᠢᠨ᠂ ᠤᠷᠤᠨ ᠰᠠᠭᠤᠴᠠ ᠶᠢᠨ ᠦᠨ᠎ᠡ ᠬᠠᠩᠰᠢ ᠶᠢᠨ ᠬᠢᠷᠢ ᠬᠡᠮᠵᠢᠶ᠎ᠡ ᠵᠡᠷᠭᠡ ᠡᠯᠧᠮᠧᠨ᠋ᠲ ᠶᠢ ᠦᠨᠳᠦᠰᠦᠯᠡᠨ ᠲᠣᠭᠲᠠᠭᠠᠵᠤ ᠨᠡᠶᠢᠲᠡᠯᠡᠨ᠎ᠡ᠃      ᠰᠤᠷᠭᠠᠨ ᠬᠦᠮᠦᠵᠢᠯ ᠤᠨ ᠠᠪᠤᠷᠠᠨ ᠲᠤᠰᠠᠯᠠᠯᠲᠠ ᠵᠢᠴᠢ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠳᠡᠳᠭᠦᠮᠵᠢ ᠣᠯᠭᠤᠨ᠎ᠠ       ᠠᠷᠭ᠎ᠠ ᠳᠤ ᠲᠣᠭᠲᠠᠭᠠᠭᠰᠠᠨ ᠨᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠰᠤᠷᠭᠠᠨ ᠬᠦᠮᠦᠵᠢᠯ ᠤᠨ ᠠᠪᠤᠷᠠᠨ ᠲᠤᠰᠠᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠭᠠᠭᠤᠯᠢ ᠳᠤ ᠤᠷᠤᠬᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠭᠦᠨ᠂ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠬᠦᠮᠦᠰ ᠲᠤ᠂ ᠰᠤᠷᠭᠠᠨ ᠬᠦᠮᠦᠵᠢᠯ ᠤᠨ ᠠᠪᠤᠷᠠᠨ ᠲᠤᠰᠠᠯᠠᠬᠤ ᠲᠤᠰᠠᠯᠠᠮᠵᠢ ᠣᠯᠭᠤᠨ᠎ᠠ᠃ ᠰᠤᠷᠬᠤ ᠨᠠᠰᠤᠨ ᠤ ᠡᠮᠦᠨᠡᠬᠢ ᠰᠤᠷᠭᠠᠨ ᠬᠦᠮᠦᠵᠢᠯ᠂ ᠦᠨᠳᠦᠷ ᠳᠤᠮᠳᠠᠳᠤ ᠶᠢᠨ ᠰᠤᠷᠭᠠᠨ ᠬᠦᠮᠦᠵᠢᠯ ︵ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠨ ᠬᠦᠮᠦᠵᠢᠯ ᠪᠠᠭᠲᠠᠨ᠎ᠠ︶᠂ ᠡᠩ ᠤᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠱᠠᠲᠤᠨ ᠤ ᠰᠤᠷᠭᠠᠭᠤᠯᠢ ᠳᠤ ᠣᠷᠤᠬᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠭᠦᠨ᠂ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠬᠦᠮᠦᠰ᠂ ᠵᠢᠴᠢ ᠰᠤᠷᠭᠠᠭᠤᠯᠢ ᠳᠤ ᠣᠷᠤᠵᠤ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠵᠦ ᠴᠢᠳᠠᠬᠤ ᠦᠭᠡᠢ ᠵᠡᠮᠳᠡᠭ ᠬᠡᠤᠬᠡᠳ ᠲᠤ᠂ ᠪᠣᠳᠠᠲᠠᠢ ᠪᠠᠶᠢᠳᠠᠯ ᠢ ᠦᠨᠳᠦᠰᠦᠯᠡᠨ ᠵᠣᠬᠢᠬᠤ ᠬᠡᠮᠵᠢᠶ᠎ᠡ ᠶᠢᠨ ᠰᠤᠷᠭᠠᠨ ᠬᠦᠮᠦᠵᠢᠯ  ᠤᠨ ᠠᠪᠤᠷᠠᠨ ᠲᠤᠰᠠᠯᠠᠬᠤ ᠲᠤᠰᠠᠯᠠᠮᠵᠢ ᠣᠯᠭᠤᠨ᠎ᠠ᠃      ᠠᠷᠭ᠎ᠠ ᠳᠤ ᠪᠠᠰᠠ ᠲᠣᠳᠤᠷᠬᠠᠢ ᠲᠣᠭᠲᠠᠭᠠᠭᠰᠠᠨ ᠨᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ ᠶᠢᠨ ᠬᠠᠤᠯᠢ ᠪᠠᠷ ᠲᠣᠭᠲᠠᠭᠠᠭᠰᠠᠨ ᠬᠦᠳᠡᠯᠮᠦᠷᠢᠯᠡᠬᠦ ᠨᠠᠰᠤᠨ ᠳᠠᠬᠢ ᠬᠦᠳᠡᠯᠮᠦᠷᠢᠯᠡᠬᠦ ᠴᠢᠳᠠᠪᠤᠷᠢ ᠲᠠᠢ᠂ ᠠᠵᠢᠯ ᠣᠯᠬᠤ ᠬᠦᠰᠡᠯᠡᠩ ᠲᠠᠢ ᠪᠦᠭᠡᠳ ᠣᠳᠣᠬᠠᠨ ᠳᠤ ᠠᠵᠢᠯ ᠠᠯᠳᠠᠭᠰᠠᠨ ᠪᠠᠶᠢᠳᠠᠯ ᠳᠤ ᠣᠷᠤᠰᠢᠵᠤ ᠪᠠᠶᠢᠬᠤ ᠪᠦᠷᠢᠯᠳᠦᠭᠦᠨ ᠨᠢ᠂ ᠦᠪᠡᠷᠲᠡᠭᠡᠨ ᠵᠠᠰᠠᠬᠤ ᠤᠷᠤᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠳᠡᠳᠬᠦᠯᠲᠡ ᠶᠢᠨ ᠲᠥᠷᠦ ᠶᠢᠨ ᠪᠣᠳᠤᠯᠭ᠎ᠠ ᠳᠤ ᠨᠡᠶᠢᠴᠡᠵᠦ ᠪᠠᠶᠢᠪᠠᠯ᠂ ᠲᠣᠭᠲᠠᠭᠠᠯ ᠶᠣᠰᠤᠭᠠᠷ ᠠᠳᠠᠯ ᠦᠢᠯᠡᠰ ᠴᠣᠭᠴᠠᠯᠠᠬᠤ ᠳᠠᠭᠠᠭᠠᠯᠲᠤ ᠵᠢᠭᠡᠯᠡᠯᠭᠡ᠂ ᠨᠡᠶᠢᠭᠡᠮ ᠤᠨ ᠳᠠᠭᠠᠳᠬᠠᠯ ᠤᠨ ᠨᠦᠬᠦᠪᠦᠷᠢ᠂ ᠪᠣᠯᠪᠠᠰᠤᠷᠠᠯ ᠤᠨ ᠨᠦᠬᠦᠪᠦᠷᠢ᠂ ᠭᠠᠶᠢᠯᠢ ᠵᠠᠷᠤᠳᠠᠯ ᠢ ᠬᠦᠩᠭᠡᠷᠡᠭᠦᠯᠵᠦ ᠬᠡᠯᠲᠦᠷᠢᠭᠦᠯᠬᠦ ᠵᠡᠷᠭᠡ ᠠᠵᠢᠯ ᠣᠯᠵᠤ ᠠᠳᠠᠯ ᠦᠢᠯᠡᠰ ᠴᠣᠭᠴᠠᠯᠠᠬᠤ ᠳᠡᠳᠬᠦᠮᠵᠢ ᠣᠯᠭᠤᠨ᠎ᠠ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ ᠶᠢᠨ ᠬᠠᠤᠯᠢ ᠪᠠᠷ ᠲᠤᠭᠲᠠᠭᠠᠭᠰᠠᠨ ᠬᠦᠳᠡᠯᠮᠦᠷᠢᠯᠡᠬᠦ ᠨᠠᠰᠤᠨ ᠳᠠᠬᠢ ᠬᠦᠳᠡᠯᠮᠦᠷᠢᠯᠡᠬᠦ ᠴᠢᠳᠠᠪᠤᠷᠢ ᠲᠠᠢ ᠪᠦᠷᠢᠯᠳᠦᠭᠦᠨ ᠨᠢ ᠪᠦᠭᠦᠳᠡᠭᠡᠷ ᠢᠶᠠᠨ ᠪᠦᠷ ᠠᠵᠢᠯ ᠠᠯᠳᠠᠭᠰᠠᠨ ᠪᠠᠶᠢᠳᠠᠯ ᠳᠤ ᠣᠷᠤᠰᠢᠵᠤ ᠪᠠᠶᠢᠪᠠᠯ᠂ ᠤᠯᠠᠨ ᠨᠡᠶᠢᠲᠡ ᠶᠢᠨ ᠠᠵᠢᠯ ᠣᠯᠬᠤ ᠦᠢᠯᠡᠴᠢᠯᠡᠭᠡᠨ ᠤ ᠪᠠᠶᠢᠭᠤᠯᠤᠮᠵᠢ ᠳᠤ ᠠᠵᠢᠯ ᠠᠯᠳᠠᠭᠰᠠᠨ ᠢᠶᠠᠷ ᠲᠡᠮᠳᠡᠭᠯᠡᠨ ᠳᠠᠩᠰᠠᠯᠠᠬᠤ ᠶᠢᠨ ᠬᠠᠮᠲᠤ ᠠᠵᠢᠯ ᠣᠯᠤᠭᠰᠠᠨ ᠦᠭᠡᠢ ᠬᠦᠮᠦᠰ ᠭᠡᠷ ᠪᠦᠯᠢ ᠪᠠᠷ ᠮᠠᠭᠠᠳᠯᠠᠨ ᠮᠡᠳᠡᠭᠦᠯᠦᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠴᠢᠭᠯᠡᠭᠦᠯᠬᠦ ᠴᠢᠨᠠᠷᠲᠠᠢ ᠠᠷᠭ᠎ᠠ ᠬᠡᠮᠵᠢᠶ᠎ᠡ ᠠᠪᠴᠤ᠂ ᠲᠤᠰ ᠭᠡᠷ ᠪᠦᠯᠢ ᠳᠤ ᠠᠳᠠᠭ ᠲᠠᠭᠠᠨ ᠨᠢᠭᠡ ᠬᠦᠮᠦᠨ ᠠᠵᠢᠯ ᠣᠯᠬᠤ ᠶᠢ ᠥᠨᠡᠨᠬᠦ ᠪᠠᠲᠤᠯᠠᠬᠤ ᠶᠣᠰᠤᠲᠠᠢ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠣᠯᠤᠭᠰᠠᠳ ᠠᠵᠢᠯ ᠣᠯᠬᠤ ᠶᠢ ᠪᠡᠶᠡᠯᠡᠭᠦᠯᠦᠭᠡᠳ ᠲᠡᠭᠦᠨ ᠤ ᠭᠡᠷ ᠪᠦᠯᠢ ᠶᠢᠨ ᠣᠷᠤᠯᠭ᠎ᠠ ᠶᠢᠨ ᠲᠣᠭᠠᠴᠠᠭ᠎ᠠ ᠬᠢᠬᠦ ᠦᠶ᠎ᠡ᠂ ᠠᠵᠢᠯ ᠣᠯᠤᠭᠰᠠᠳ ᠴᠢᠬᠤᠯᠠ ᠪᠦᠬᠦᠢ ᠦᠪᠡᠷ ᠤᠨ ᠦᠷᠲᠡᠭ ᠢ ᠰᠠᠭᠤᠯᠭᠠᠨ ᠠᠪᠴᠤ ᠪᠣᠯᠤᠨ᠎ᠠ᠃      ᠳᠤᠲᠤᠭᠠᠳᠤ ᠶᠢ ᠬᠠᠮᠠᠭᠠᠯᠠᠬᠤ ᠪᠠ ᠬᠤᠲᠠ ᠶᠢᠨ ᠬᠠᠮᠢᠶᠠᠷᠤᠯᠲᠠ ᠶᠢᠨ ᠬᠢᠨ ᠲᠡᠨᠦᠭᠦᠯᠴᠢ ᠭᠤᠶᠢᠷᠠᠨᠴᠢᠳ ᠢ ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠬᠤ ᠬᠡᠷᠡᠭᠲᠡᠢ      ᠠᠷᠭ᠎ᠠ ᠶᠢᠨ ᠲᠣᠭᠲᠠᠭᠠᠯ ᠶᠣᠰᠤᠭᠠᠷ᠂ ᠭᠠᠯ ᠲᠣᠶᠢᠮᠠᠷ᠂ ᠵᠠᠮ ᠬᠠᠷᠢᠯᠴᠠᠭᠠᠨ ᠤ ᠠᠳᠡᠯ ᠵᠡᠷᠭᠡ ᠰᠠᠨᠠᠭᠠᠨ ᠤ ᠭᠠᠳᠠᠭᠤᠷᠬᠢ ᠬᠡᠷᠡᠭ ᠶᠠᠪᠤᠳᠠᠯ ᠲᠤᠯᠭᠠᠷᠠᠭᠰᠠᠨ᠂ ᠭᠡᠷ ᠪᠦᠯᠢ ᠶᠢᠨ ᠪᠦᠷᠢᠯᠳᠦᠭᠦᠨ ᠨᠢ ᠭᠡᠨᠡᠳᠲᠡ ᠬᠦᠨᠳᠦ ᠡᠪᠡᠳᠴᠢᠯᠡᠭᠰᠡᠨ ᠵᠡᠷᠭᠡ ᠰᠢᠯᠲᠠᠭᠠᠨ ᠠᠴᠠ ᠪᠣᠯᠵᠤ᠂ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ ᠰᠦᠷᠡᠬᠡᠢ ᠬᠦᠴᠢᠷᠳᠡᠯ ᠳᠤ ᠲᠤᠯᠭᠠᠷᠠᠭᠰᠠᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ᠂ ᠡᠰᠡᠬᠦᠯ᠎ᠡ ᠠᠮᠢᠳᠤᠷᠠᠯ ᠤᠨ ᠴᠢᠬᠤᠯᠠ ᠪᠦᠬᠦᠢ ᠵᠠᠷᠤᠯᠭ᠎ᠠ ᠨᠢ ᠭᠡᠨᠡᠳᠲᠡ ᠨᠡᠮᠡᠭᠳᠡᠭᠡᠳ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠬᠡᠲᠦᠷᠡᠭᠰᠡᠨ ᠵᠡᠷᠭᠡ ᠰᠢᠯᠲᠠᠭᠠᠨ ᠠᠴᠠ ᠪᠣᠯᠵᠤ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ ᠰᠦᠷᠡᠬᠡᠢ ᠬᠦᠴᠢᠷᠳᠡᠯ ᠳᠤ ᠲᠤᠯᠭᠠᠷᠠᠭᠰᠠᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ᠂ ᠵᠢᠴᠢ ᠪᠣᠰᠤᠳ ᠣᠨᠴᠠᠭᠠᠢ ᠬᠦᠴᠢᠷᠳᠡᠯ ᠲᠠᠢ ᠭᠡᠷ ᠪᠦᠯᠢ ᠨᠦᠭᠦᠳ ᠴᠦᠮ ᠲᠦᠷ ᠴᠠᠭ ᠤᠨ ᠠᠪᠤᠷᠠᠨ ᠲᠤᠰᠠᠯᠠᠬᠤ ᠲᠤᠰᠠᠯᠠᠮᠵᠢ ᠶᠢ ᠭᠤᠶᠤᠴᠢᠯᠠᠵᠤ ᠪᠣᠯᠤᠨ᠎ᠠ᠃ ᠲᠦᠷ ᠴᠠᠭ ᠤᠨ ᠠᠪᠤᠷᠠᠨ ᠲᠤᠰᠠᠯᠠᠬᠤ ᠪᠣᠳᠠᠲᠠᠢ ᠵᠦᠢᠯ ᠪᠠ ᠪᠠᠷᠢᠮᠵᠢᠶ᠎ᠠ ᠶᠢ ᠡᠯ᠎ᠡ ᠭᠠᠵᠠᠷ ᠤᠷᠤᠨ ᠠᠪᠤᠷᠠᠨ ᠲᠤᠰᠠᠯᠠᠭᠰᠠᠳ ᠤᠨ ᠬᠦᠴᠢᠷᠳᠡᠯ ᠤᠨ ᠲᠦᠷᠦᠯ ᠰᠢᠨᠵᠢ᠂ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠵᠦ᠂ ᠨᠡᠶᠢᠭᠡᠮ ᠤᠨ ᠪᠣᠰᠤᠳ ᠠᠪᠤᠷᠠᠨ ᠲᠤᠰᠠᠯᠠᠬᠤ ᠳᠦᠷᠢᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠨᠢᠭᠡᠳᠦᠯᠲᠡᠢ ᠲᠦᠯᠦᠪᠯᠡᠨ ᠪᠣᠳᠤᠯᠬᠢᠯᠠᠭᠰᠠᠨ ᠤ ᠳᠠᠷᠠᠭ᠎ᠠ ᠲᠣᠭᠲᠠᠭᠠᠬᠤ ᠶᠢᠨ ᠬᠠᠮᠲᠤ ᠵᠢᠯ ᠳᠠᠷᠠᠭᠠᠯᠠᠨ ᠲᠣᠬᠢᠷᠠᠭᠤᠯᠤᠯᠲᠠ ᠬᠢᠨ᠎ᠡ᠃       ᠠᠷᠭ᠎ᠠ ᠳᠤ ᠲᠣᠳᠤᠷᠬᠠᠢ ᠲᠣᠭᠲᠠᠭᠠᠭᠰᠠᠨ ᠨᠢ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠵᠢᠴᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠡᠷᠬᠡᠪᠰᠢ ᠰᠠᠶᠢᠨ ᠳᠤᠷ᠎ᠠ ᠠᠴᠠ ᠪᠠᠨ ᠲᠤᠰᠠᠯᠠᠮᠵᠢ ᠬᠦᠷᠲᠡᠵᠦ᠂ ᠲᠦᠯᠦᠪᠦᠷᠢ ᠦᠭᠡᠢ ᠪᠠᠷ ᠠᠪᠤᠷᠠᠨ ᠲᠤᠰᠠᠯᠠᠬᠤ ᠵᠠᠷᠴᠢᠮ ᠢ ᠵᠢᠷᠤᠮᠯᠠᠵᠤ᠂ ᠲᠡᠨᠦᠭᠦᠯᠴᠢ ᠭᠤᠶᠢᠷᠠᠨᠴᠢᠳ ᠲᠤ ᠲᠦᠷ ᠴᠠᠭ ᠤᠨ ᠢᠳᠡᠭᠡᠨ ᠤᠮᠳᠠᠭᠠᠨ ᠣᠷᠤᠨ ᠰᠠᠭᠤᠴᠠ᠂ ᠲᠦᠷᠭᠡᠨ ᠡᠪᠡᠳᠴᠢᠨ ᠤ ᠡᠮᠨᠡᠨ ᠵᠠᠰᠠᠯᠲᠠ᠂ ᠬᠠᠮᠵᠢᠨ ᠬᠠᠪᠰᠤᠷᠴᠤ ᠪᠣᠴᠠᠭᠠᠬᠤ ᠵᠡᠷᠭᠡ ᠠᠪᠤᠷᠠᠨ ᠲᠤᠰᠠᠯᠠᠯᠲᠠ ᠬᠠᠩᠭᠠᠬᠤ ᠶᠣᠰᠤᠲᠠᠢ᠃ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠤᠲᠠ ᠶᠢᠨ ᠬᠠᠮᠢᠶᠠᠷᠤᠯᠲᠠ ᠪᠠ ᠪᠣᠰᠤᠳ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠠᠵᠢᠯᠲᠠᠨ ᠠᠯᠪᠠᠨ ᠶᠠᠪᠤᠳᠠᠯ ᠢ ᠭᠦᠢᠴᠡᠳᠭᠡᠬᠦ ᠳᠡᠭᠡᠨ ᠲᠡᠨᠦᠭᠦᠯᠴᠢ ᠭᠤᠶᠢᠷᠠᠨᠴᠢᠳ ᠢ ᠣᠯᠵᠤ ᠮᠡᠳᠡᠪᠡᠯ᠂ ᠠᠪᠤᠷᠠᠨ ᠲᠤᠰᠠᠯᠠᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠰᠠᠯᠠᠮᠵᠢ ᠭᠤᠶᠤᠴᠢᠯᠠᠬᠤ ᠶᠢ ᠲᠡᠳᠡᠨ ᠳᠤ ᠬᠡᠯᠡᠵᠦ ᠥᠭᠬᠦ ᠶᠣᠰᠤᠲᠠᠢ᠃ ᠲᠡᠳᠡᠨ ᠤ ᠳᠣᠲᠤᠷᠠᠬᠢ ᠵᠡᠮᠳᠡᠭ ᠬᠦᠮᠦᠨ᠂ ᠨᠠᠰᠤᠨ ᠳᠤ ᠦᠯᠦ ᠬᠦᠷᠦᠭᠰᠡᠳ᠂ ᠨᠠᠰᠤᠲᠠᠶᠢᠴᠤᠳ᠂ ᠬᠥᠳᠡᠯᠵᠦ ᠪᠠᠷᠢᠬᠤ ᠨᠢ ᠳᠦᠭᠦᠮ ᠦᠭᠡᠢ ᠪᠠ ᠣᠨᠴᠠᠭᠠᠢ ᠬᠦᠴᠢᠷᠳᠡᠯ ᠲᠠᠢ ᠪᠤᠰᠤᠳ ᠬᠦᠮᠦᠰ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠬᠦᠲᠦᠯᠦᠨ ᠵᠢᠯᠤᠭᠤᠳᠴᠤ᠂ ᠬᠠᠮᠠᠭᠠᠯᠠᠨ ᠬᠦᠷᠭᠡᠬᠦ ᠶᠣᠰᠤᠲᠠᠢ︔ ᠲᠦᠷᠭᠡᠨ ᠡᠪᠡᠳᠴᠢᠨ ᠲᠠᠢ ᠬᠦᠮᠦᠨ ᠢ ᠲᠦᠷᠭᠡᠨ ᠠᠪᠤᠷᠠᠯᠲᠠ ᠶᠢᠨ ᠪᠠᠶᠢᠭᠤᠯᠤᠮᠵᠢ ᠳᠤ ᠲᠡᠷᠡ ᠳᠠᠷᠤᠢ ᠳᠤᠨᠢ ᠮᠡᠳᠡᠭᠳᠡᠵᠦ ᠠᠪᠤᠷᠠᠨ ᠡᠮᠴᠢᠯᠡᠭᠦᠯᠬᠦ ᠶᠣᠰᠤᠲᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map