ᠳᠤᠮᠳᠠᠳᠤ ᠮᠣᠩᠭᠤᠯ ᠬᠤᠶᠠᠷ ᠤᠯᠤᠰ ᠤᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠤ ︽ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ ᠵᠦᠪᠳᠡᠯᠴᠡᠭᠡᠷ︾᠎ ᠤᠨ ᠬᠡᠰᠡᠭ ᠤᠨ ᠠᠬᠢᠴᠠ ᠶᠢᠨ ᠪᠠᠶᠢᠳᠠᠯ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2015/11/6
     ᠰᠤᠷᠪᠤᠯᠵᠢᠯᠠᠭᠰᠠᠨ ᠴᠠᠭ᠄ 2015 ᠣᠨ ᠤ10 ᠳ᠋ᠤᠭᠠᠷ ᠰᠠᠷ᠎ᠠ ᠶᠢᠨ 30᠎ ᠤ ᠡᠳᠦᠷ ᠤᠨ 10 ᠴᠠᠭ      ᠰᠣᠷᠪᠤᠯᠵᠢᠯᠠᠭᠰᠠᠨ ᠵᠣᠴᠢᠨ᠄ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ  ᠸᠧᠢ ᠰᠢᠶᠣᠣ ᠮᠢᠩ      ᠰᠣᠷᠪᠤᠯᠵᠢᠯᠠᠭᠰᠠᠨ ᠲᠣᠪᠴᠢ ᠲᠠᠨᠢᠯᠴᠠᠭᠤᠯᠭ᠎ᠠ  ᠄      10  ᠳ᠋ᠤᠭᠠᠷ ᠰᠠᠷ᠎ᠠ ᠶᠢᠨ 27᠎ ᠤ ᠡᠳᠦᠷ᠂ ︽ᠲᠠᠯ᠎ᠠ ᠨᠤᠲᠤᠭ᠂ ᠲᠣᠷᠭᠠᠨ ᠵᠠᠮ ᠢᠶᠠᠷ ᠬᠠᠮᠲᠤ ᠠᠶᠠᠯᠠᠨ᠂ ᠬᠤᠯᠪᠤᠭᠠᠯᠠᠵᠤ ᠬᠠᠮᠲᠤᠷᠠᠨ ᠬᠦᠭᠵᠢᠭᠦᠯᠬᠦ ᠬᠤᠩᠭᠢᠯ︾᠎ ᠢᠶᠠᠷ ᠭᠤᠣᠯ ᠰᠡᠳᠦᠪ ᠪᠣᠯᠭᠠᠵᠤ᠂ 5 ᠡᠳᠦᠷ ᠶᠠᠪᠤᠭᠳᠠᠭᠰᠠᠨ ᠳᠤᠮᠳᠠᠳᠤ ᠮᠣᠩᠭᠤᠯ ᠬᠤᠶᠠᠷ ᠤᠯᠤᠰ ᠤᠨ ᠠᠩᠬᠠᠳᠠᠭᠴᠢ ᠤᠳᠠᠭ᠎ᠠ ᠶᠢᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠮᠠᠨ ᠤ ᠤᠷᠤᠨ ᠳᠤ ᠠᠮᠵᠢᠯᠲᠠ ᠲᠠᠢ ᠦᠨᠳᠦᠷᠯᠡᠪᠡ᠃ ᠡᠨᠡ ᠪᠣᠯ ᠳᠤᠮᠳᠠᠳᠤ ᠮᠣᠩᠭᠤᠯ ᠬᠤᠶᠠᠷ ᠤᠯᠤᠰ ᠤᠨ ᠬᠡᠪᠴᠢᠶ᠎ᠡ ᠪᠠᠷ ᠬᠠᠮᠤᠭ ᠶᠡᠭᠡ᠂ ᠬᠡᠪ ᠪᠠᠷᠢᠮᠵᠢᠶ᠎ᠠ ᠪᠠᠷ ᠬᠠᠮᠤᠭ ᠤᠨ ᠥᠨᠳᠥᠷ᠂ ᠦᠷ᠎ᠡ ᠪᠦᠲᠦᠮᠵᠢ ᠪᠠᠷ ᠬᠠᠮᠤᠭ ᠤᠨ ᠪᠠᠶᠠᠯᠢᠭ ᠰᠣᠯᠢᠯᠴᠠᠭ᠎ᠠ ᠬᠠᠮᠲᠤᠷᠠᠯᠴᠠᠭ᠎ᠠ ᠶᠢᠨ ᠲᠡᠤᠬᠡᠨ ᠳᠤ ᠦᠭᠡᠢ ᠠᠵᠢᠯᠯᠠᠭ᠎ᠠ ᠮᠦᠨ᠂ ᠨᠡᠩ ᠴᠦ ᠮᠠᠨ ᠤ ᠤᠯᠤᠰ ᠤᠨ ᠤᠮᠠᠷᠠᠰᠢ ᠨᠡᠬᠡᠬᠡᠯᠲᠡ ᠶᠢ ᠲᠦᠯᠬᠢᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠶᠠᠨ ᠵᠠᠮ ᠳᠤᠮᠳᠠ ᠰᠢᠨ᠎ᠡ ᠳᠣᠬᠢᠶᠠᠯ ᠢ ᠪᠣᠢ ᠪᠣᠯᠭᠠᠵᠤ᠂ ᠰᠢᠨ᠎ᠡ ᠢᠷᠡᠭᠡᠳᠦᠢ ᠶᠢ ᠲᠣᠳᠤᠷᠠᠭᠤᠯᠤᠭᠰᠠᠨ ᠤᠷᠢᠳ ᠭᠠᠷᠤᠭ᠎ᠠ ᠦᠭᠡᠢ ᠦᠪᠡᠳᠡᠭᠰᠢ ᠶᠡᠭᠡ ᠬᠤᠷᠠᠯ ᠪᠣᠯᠤᠨ᠎ᠠ᠃ ᠲᠤᠰ ᠤᠳᠠᠭ᠎ᠠ ᠶᠢᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠤ ᠬᠤᠭᠤᠴᠠᠭᠠᠨ ᠳᠤ᠂ ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ ᠵᠦᠪᠳᠡᠯᠴᠡᠭᠡᠷ᠂ ᠬᠤᠷᠠᠯ ᠤᠨ ᠶᠠᠷᠢᠶᠠᠨ ᠤ ᠲᠠᠪᠴᠠᠩ᠂ ᠳᠡᠯᠭᠡᠨ ᠦᠵᠡᠭᠦᠯᠦᠯᠭᠡ᠂ ᠰᠤᠶᠤᠯ ᠤᠨ ᠰᠣᠯᠢᠯᠴᠠᠭ᠎ᠠ ᠵᠡᠷᠭᠡ ᠳᠥᠷᠪᠡᠨ ᠶᠡᠭᠡ ᠬᠡᠰᠡᠭ ᠤᠨ ᠨᠡᠶᠢᠲᠡ 32 ᠵᠦᠢᠯ ᠤᠨ ᠪᠣᠳᠠᠲᠤ ᠠᠵᠢᠯᠯᠠᠭ᠎ᠠ ᠶᠠᠪᠤᠭᠳᠠᠭᠤᠯᠵᠤ᠂ ᠡᠯ᠎ᠡ ᠲᠦᠷᠦᠯ ᠤᠨ ᠬᠠᠮᠲᠤᠷᠠᠯᠴᠠᠭ᠎ᠠ ᠶᠢᠨ ᠵᠥᠪᠯᠡᠯᠴᠡᠭᠡᠷ 166 ᠵᠦᠢᠯ ᠳᠤ ᠭᠠᠷ ᠤᠨ ᠦᠰᠦᠭ ᠵᠢᠷᠤᠵᠤ᠂ ᠵᠥᠪᠯᠡᠯᠴᠡᠭᠡᠷ ᠤᠨ ᠪᠡᠯᠡ ᠤᠷᠤᠭᠤᠯᠤᠯᠲᠠ ᠨᠢ 1485.9 ᠳ᠋ᠦᠩᠰᠢᠭᠤᠷ ᠲᠦᠭᠦᠷᠢᠭ ᠲᠤ ᠬᠦᠷᠪᠡ᠃      ᠬᠦᠲᠦᠯᠦᠭᠴᠢ᠄ᠰᠦᠯᠵᠢᠶᠡᠨ ᠠᠨᠳᠠ ᠨᠡᠷ ᠰᠠᠶᠢᠨ ᠪᠠᠶᠢᠵᠠᠭᠠᠨᠠᠤ︕ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ   ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠮᠣᠩᠭᠤᠯ ᠬᠤᠶᠠᠷ ᠤᠯᠤᠰ ᠤᠨ ᠠᠩᠬᠠᠳᠠᠭᠴᠢ ᠤᠳᠠᠭ᠎ᠠ ᠶᠢᠨ ᠳᠡᠯᠭᠡᠨ ᠦᠵᠡᠭᠦᠯᠦᠯᠭᠡ ᠶᠢᠨ ᠴᠤᠭᠯᠠᠭᠠᠨ 10 ᠳ᠋ᠤᠭᠠᠷ ᠰᠠᠷ᠎ᠠ ᠶᠢᠨ 27᠎ ᠤ ᠡᠳᠦᠷ ᠠᠮᠵᠢᠯᠲᠠ ᠲᠠᠢ ᠦᠨᠳᠦᠷᠯᠡᠪᠡ᠃ ᠡᠯ᠎ᠡ ᠲᠦᠷᠦᠯ ᠤᠨ ᠬᠠᠮᠲᠤᠷᠠᠯᠴᠠᠭ᠎ᠠ ᠶᠢᠨ ᠵᠥᠪᠯᠡᠯᠴᠡᠭᠡᠷ ᠨᠡᠶᠢᠲᠡ 166 ᠵᠦᠢᠯ ᠳᠤ ᠭᠠᠷ ᠤᠨ ᠦᠰᠦᠭ ᠵᠢᠷᠤᠵᠤ᠂ ᠬᠠᠮᠲᠤᠷᠠᠯᠴᠠᠭ᠎ᠠ ᠶᠢᠨ ᠲᠦᠷᠦᠯ ᠵᠦᠢᠯ ᠤᠨ ᠵᠦᠪᠯᠡᠯᠴᠡᠭᠡᠷ ᠤᠨ ᠪᠡᠯᠡ ᠤᠷᠤᠭᠤᠯᠤᠯᠲᠠ ᠨᠢ1485.9 ᠳ᠋ᠦᠩᠰᠢᠭᠤᠷ ᠲᠦᠭᠦᠷᠢᠭ ᠲᠤ ᠬᠦᠷᠪᠡ᠃ ᠦᠨᠦᠳᠦᠷ ᠪᠢᠳᠡ ᠠᠵᠠ ᠲᠠᠢ ᠪᠠᠷ ᠲᠤᠰ ᠤᠳᠠᠭᠠᠨ ᠤ ᠳᠡᠯᠭᠡᠨ ᠦᠵᠡᠭᠦᠯᠦᠯᠭᠡ ᠶᠢᠨ ᠴᠤᠭᠯᠠᠭᠠᠨ ᠤ ︽ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ ᠵᠦᠪᠳᠡᠯᠴᠡᠭᠡᠷ︾ ᠬᠡᠰᠡᠭ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ᠂ ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ ᠵᠦᠪᠳᠡᠯᠴᠡᠭᠡᠷ ᠬᠡᠯᠲᠡᠰ ᠤᠨ ᠳᠡᠳ᠋ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠢ ᠰᠢᠶᠣᠣ ᠮᠢᠩ ᠢ ᠤᠷᠢᠨ᠂ ︽ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ ᠵᠦᠪᠳᠡᠯᠴᠡᠭᠡᠷ︾᠎ ᠤᠨ ᠬᠡᠰᠡᠭ ᠪᠠ ︽ᠳᠤᠮᠳᠠᠳᠤ ᠮᠣᠩᠭᠤᠯ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠣᠷᠴᠢᠨ ᠲᠣᠭᠤᠷᠢᠨ ᠪᠣᠯᠤᠨ ᠭᠤᠣᠯᠳᠠᠯᠭᠠᠲᠤ ᠲᠦᠷᠦᠯ ᠵᠦᠢᠯ ᠢ ᠲᠠᠨᠢᠯᠴᠠᠭᠤᠯᠬᠤ ᠬᠤᠷᠠᠯ︾᠎ ᠤᠨ ᠪᠠᠶᠢᠳᠠᠯ ᠢ ᠰᠦᠯᠵᠢᠶᠡᠨ ᠤ ᠠᠨᠳᠠ ᠨᠠᠷ ᠲᠠᠢ ᠵᠣᠭᠤᠭᠳᠠᠭᠤᠯᠬᠤ ᠪᠠᠷ ᠪᠣᠯᠪᠠ᠃ ᠸᠧᠢ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠸᠧᠢ ᠰᠢᠶᠣᠣ ᠮᠢᠩ᠄      ᠬᠦᠲᠦᠯᠦᠭᠴᠢ ᠰᠠᠶᠢᠨ ᠤᠤ︖ ︽ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ ᠵᠦᠪᠳᠡᠯᠴᠡᠭᠡᠷ︾᠎ ᠤᠨ ᠬᠡᠰᠡᠭ ᠪᠣᠯ ᠳᠤᠮᠳᠠᠳᠤ ᠮᠤᠩᠭᠤᠯ ᠬᠤᠶᠠᠷ ᠤᠯᠤᠰ ᠤᠨ ᠠᠩᠬᠠᠳᠠᠭᠴᠢ ᠬᠤᠭᠤᠴᠠᠭ᠎ᠠ ᠶᠢᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠤ ᠳᠥᠷᠪᠡᠨ ᠶᠡᠭᠡ ᠬᠡᠰᠡᠭ ᠤᠨ ᠨᠢᠭᠡ ᠨᠢ ᠮᠦᠨ᠂ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ  ᠦᠭᠡᠷᠴᠢᠯᠡᠯᠲᠡ ᠶᠢᠨ ᠵᠦᠪᠯᠡᠯ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠪᠠ᠃ ᠲᠤᠰ ᠬᠡᠰᠡᠭ ᠲᠤ ᠨᠡᠶᠢᠲᠡ 9 ᠬᠤᠪᠢᠶᠠᠷᠢ ᠵᠦᠢᠯ ᠤᠨ ᠠᠵᠢᠯᠯᠠᠭ᠎ᠠ ᠪᠠᠶᠢᠵᠤ᠂ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠴᠢᠯᠡᠯᠲᠡ ᠶᠢᠨ ᠵᠦᠪᠯᠡᠯ ᠨᠢ ᠮᠣᠩᠭᠤᠯ ᠤᠯᠤᠰ ᠤᠨ ᠵᠠᠰᠠᠭ ᠤᠨ ᠭᠠᠵᠠᠷ ᠤᠨ ᠪᠡᠯᠡ ᠤᠷᠤᠭᠤᠯᠤᠯᠲᠠ ᠶᠢᠨ ᠲᠣᠪᠴᠢᠶ᠎ᠠ ᠲᠠᠢ ᠲᠡᠭᠦᠨ ᠤ ᠳᠣᠲᠤᠷᠠᠬᠢ ︽ᠳᠤᠮᠳᠠᠳᠤ ᠮᠣᠩᠭᠤᠯ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠣᠷᠴᠢᠨ ᠲᠣᠭᠤᠷᠢᠨ ᠪᠣᠯᠤᠨ ᠭᠤᠣᠯᠳᠠᠯᠭᠠᠲᠤ ᠲᠦᠷᠦᠯ ᠵᠦᠢᠯ ᠢ ᠲᠠᠨᠢᠯᠴᠠᠭᠤᠯᠬᠤ ᠬᠤᠷᠠᠯ︾ ᠎ ᠤᠨ ᠠᠵᠢᠯᠯᠠᠭᠠᠨ ᠢ ᠳᠠᠭᠠᠭᠠᠨ ᠡᠷᠬᠢᠯᠡᠪᠡ᠃      ᠬᠦᠲᠦᠯᠦᠭᠴᠢ᠄      ᠸᠧᠢ ᠡᠷᠬᠢᠯᠡᠭᠴᠢ ᠡ᠂ ᠪᠣᠰᠤᠳ 8 ᠬᠤᠪᠢᠶᠠᠷᠢ ᠵᠦᠢᠯ ᠤᠨ ᠠᠵᠢᠯᠯᠠᠭ᠎ᠠ ᠨᠢ ᠶᠠᠭᠤ ᠶᠠᠭᠤ ᠪᠠᠶᠢᠬᠤ ᠪᠣᠢ︖      ᠸᠧᠢ ᠰᠢᠶᠣᠣ ᠮᠢᠩ᠄      ᠪᠣᠰᠤᠳ 8 ᠬᠤᠪᠢᠶᠠᠷᠢ ᠵᠦᠢᠯ ᠨᠢ ᠭᠡᠪᠡᠯ ᠲᠤᠰ ᠲᠤᠰ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠬᠦᠭᠵᠢᠭᠦᠯᠬᠦ ᠵᠦᠪᠳᠡᠯᠴᠡᠭᠡᠷ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠦᠭᠵᠢᠭᠦᠯᠬᠦ ᠵᠦᠪᠳᠡᠯᠴᠡᠭᠡᠷ᠂ ᠵᠢᠭᠤᠯᠴᠢᠯᠠᠯ ᠤᠨ ᠬᠠᠮᠲᠤᠷᠠᠯᠴᠠᠭ᠎ᠠ ᠶᠢᠨ ᠵᠦᠪᠳᠡᠯᠴᠡᠭᠡᠷ᠂ ᠳᠤᠮᠳᠠᠳᠤ ᠮᠣᠩᠭᠤᠯ ᠬᠤᠶᠠᠷ ᠤᠯᠤᠰ ᠤᠨ ᠳᠤᠮᠳᠠ ᠪᠠᠭ᠎ᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠵᠦᠪᠳᠡᠯᠴᠡᠭᠡᠷ᠂ ᠦᠪᠦᠷ ᠮᠣᠩᠭᠤᠯ —  ᠰᠢᠶᠠᠩᠭᠠᠩ ᠎ ᠤᠨ ᠠᠵᠤ ᠠᠬᠤᠢ ᠠᠷᠠᠯᠵᠢᠶ᠎ᠠ ᠶᠢᠨ ᠵᠦᠪᠳᠡᠯᠴᠡᠭᠡᠷ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠎ ᠤᠨ ᠵᠦᠪᠳᠡᠯᠴᠡᠭᠡᠷ᠂ ᠳᠤᠮᠳᠠᠳᠤ ᠮᠣᠩᠭᠤᠯ ᠬᠤᠶᠠᠷ ᠤᠯᠤᠰ ᠤᠨ ᠰᠢᠨᠵᠢᠯᠡᠬᠦ ᠮᠡᠷᠭᠡᠵᠢᠯ ᠤᠨ ᠠᠵᠤ ᠠᠬᠤᠶᠢᠯᠠᠯ ᠤᠨ ᠮᠡᠷᠭᠡᠵᠢᠯ ᠢ ᠰᠢᠯᠵᠢᠭᠦᠯᠬᠦ ᠬᠢᠭᠡᠳ ᠬᠠᠮᠲᠤᠷᠠᠯᠴᠠᠭ᠎ᠠ ᠶᠢᠨ ᠵᠦᠪᠳᠡᠯᠴᠡᠭᠡᠷ᠂ ᠳᠤᠮᠳᠠᠳᠤ ᠮᠣᠩᠭᠤᠯ ᠬᠤᠶᠠᠷ ᠤᠯᠤᠰ ᠤᠨ ᠮᠢᠬᠠᠨ ᠤ ᠦᠢᠯᠡᠰ ᠤᠨ ᠬᠠᠮᠲᠤᠷᠠᠯᠴᠠᠭ᠎ᠠ ᠶᠢᠨ ᠵᠦᠪᠳᠡᠯᠴᠡᠭᠡᠷ ᠪᠣᠯᠤᠨ᠎ᠠ᠃      ᠬᠦᠲᠦᠯᠦᠭᠴᠢ᠄      ᠲᠠ ᠣᠳᠣ ︽ᠳᠤᠮᠳᠠᠳᠤ ᠮᠣᠩᠭᠤᠯ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠣᠷᠴᠢᠨ ᠲᠣᠭᠤᠷᠢᠨ ᠪᠣᠯᠤᠨ ᠭᠤᠣᠯᠳᠠᠯᠭᠠᠲᠤ ᠲᠦᠷᠦᠯ ᠵᠦᠢᠯ ᠢ ᠲᠠᠨᠢᠯᠴᠠᠭᠤᠯᠬᠤ ᠬᠤᠷᠠᠯ︾᠎ ᠤᠨ ᠪᠠᠶᠢᠳᠠᠯ ᠢ ᠭᠤᠣᠯᠳᠠᠯᠭ᠎ᠠ ᠲᠠᠢ ᠲᠠᠨᠢᠯᠴᠠᠭᠤᠯᠤᠭᠠᠳ ᠦᠭᠭᠦᠨᠡᠦ︖      ᠸᠧᠢ ᠰᠢᠶᠣᠣ ᠮᠢᠩ᠄      ︽ᠳᠤᠮᠳᠠᠳᠤ ᠮᠣᠩᠭᠤᠯ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠣᠷᠴᠢᠨ ᠲᠣᠭᠤᠷᠢᠨ ᠪᠣᠯᠤᠨ ᠭᠤᠣᠯᠳᠠᠯᠭᠠᠲᠤ ᠲᠦᠷᠦᠯ ᠵᠦᠢᠯ ᠢ ᠲᠠᠨᠢᠯᠴᠠᠭᠤᠯᠬᠤ ᠬᠤᠷᠠᠯ︾᠎ ᠨᠢ ᠬᠤᠷᠠᠯ ᠳᠤ ᠣᠷᠣᠯᠴᠠᠭᠰᠠᠨ ᠳᠤᠮᠳᠠᠳᠤ ᠭᠠᠳᠠᠭᠠᠳᠤ ᠶᠢᠨ ᠵᠣᠴᠢᠨ ᠬᠤᠳᠠᠯᠳᠤᠭᠠᠴᠢᠨ ᠪᠠ ᠠᠵᠤ ᠠᠬᠤᠶᠢᠯᠠᠯᠲᠠᠨ ᠳᠤ ᠦᠪᠦᠷ ᠮᠣᠩᠭᠤᠯ ᠪᠣᠯᠤᠨ ᠮᠣᠩᠭᠤᠯ ᠤᠯᠤᠰ ᠤᠨ ᠪᠡᠯᠡ ᠣᠷᠣᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠤᠬᠠᠭᠤᠯᠵᠤ᠂ ᠦᠪᠦᠷ ᠮᠣᠩᠭᠤᠯ ᠪᠣᠯᠤᠨ ᠮᠣᠩᠭᠤᠯ ᠤᠯᠤᠰ ᠤᠨ ᠭᠤᠣᠯᠳᠠᠯᠭᠠᠲᠤ ᠪᠡᠯᠡ ᠤᠷᠤᠭᠤᠯᠤᠯᠲᠠ ᠶᠢᠨ ᠲᠦᠷᠦᠯ ᠵᠦᠢᠯ ᠢ ᠲᠠᠨᠢᠯᠴᠠᠭᠤᠯᠵᠤ᠂ ᠳᠤᠮᠳᠠᠳᠤ ᠭᠠᠳᠠᠭᠠᠳᠤ ᠶᠢᠨ ᠠᠵᠤ ᠠᠬᠤᠶᠢᠯᠠᠯ ᠤᠳ ᠢ ᠲᠠᠲᠠᠵᠤ ᠦᠪᠦᠷ ᠮᠣᠩᠭᠤᠯ ᠪᠣᠯᠤᠨ ᠮᠣᠩᠭᠤᠯ ᠤᠯᠤᠰ ᠲᠤ ᠪᠡᠯᠡ ᠤᠷᠤᠭᠤᠯᠤᠨ ᠦᠢᠯᠡᠰ ᠬᠦᠭᠵᠢᠭᠦᠯᠬᠦ ᠪᠠᠷ ᠵᠣᠷᠢᠯᠭ᠎ᠠ ᠪᠣᠯᠭᠠᠭᠰᠠᠨ ᠶᠤᠮ᠃ ᠲᠠᠨᠢᠯᠴᠠᠭᠤᠯᠬᠤ ᠬᠤᠷᠠᠯ ᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠬᠢᠭᠡᠳ ᠮᠣᠩᠭᠤᠯ ᠤᠯᠤᠰ ᠤᠨ ᠵᠠᠰᠠᠭ ᠤᠨ ᠭᠠᠵᠠᠷ ᠤᠨ ᠪᠡᠯᠡ ᠤᠷᠤᠭᠤᠯᠤᠯᠲᠠ ᠶᠢᠨ ᠲᠣᠪᠴᠢᠶ᠎ᠠ ᠭᠤᠣᠯᠯᠠᠨ ᠡᠷᠭᠢᠯᠡᠵᠦ᠂ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠴᠢᠯᠡᠯᠲᠡ ᠶᠢᠨ ᠵᠦᠪᠯᠡᠯ ᠬᠢᠭᠡᠳ ᠮᠣᠩᠭᠤᠯ ᠤᠯᠤᠰ ᠤᠨ ᠵᠠᠰᠠᠭ ᠤᠨ ᠭᠠᠵᠠᠷ ᠤᠨ ᠪᠡᠯᠡ ᠤᠷᠤᠭᠤᠯᠤᠯᠲᠠ ᠶᠢᠨ ᠲᠣᠪᠴᠢᠶ᠎ᠠ ᠪᠣᠳᠠᠲᠠᠢ ᠳᠠᠭᠠᠭᠠᠨ ᠡᠷᠬᠢᠯᠡᠪᠡ᠃      ᠬᠦᠲᠦᠯᠦᠭᠴᠢ᠄       ︽ᠳᠤᠮᠳᠠᠳᠤ ᠮᠣᠩᠭᠤᠯ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠣᠷᠴᠢᠨ ᠲᠣᠭᠤᠷᠢᠨ ᠬᠢᠭᠡᠳ ᠭᠤᠣᠯᠳᠠᠯᠭᠠᠲᠤ ᠲᠦᠷᠦᠯ ᠵᠦᠢᠯ ᠤᠨ ᠲᠠᠨᠢᠯᠴᠠᠭᠤᠯᠬᠤ ᠬᠤᠷᠠᠯ︾᠎ ᠨᠢ ᠶᠠᠮᠠᠷ ᠶᠠᠮᠠᠷ ᠭᠤᠣᠯ ᠠᠭᠤᠯᠭ᠎ᠠ ᠲᠠᠢ ᠪᠣᠢ︖      ᠸᠧᠢ ᠰᠢᠶᠣᠣ ᠮᠢᠩ᠄      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠲᠡᠷᠢᠭᠦᠯᠡᠭᠴᠢ ᠹᠦ᠋ ᠲᠠᠢ ᠽᠧᠩ ᠪᠣᠯᠤᠨ ᠮᠣᠩᠭᠤᠯ ᠤᠯᠤᠰ ᠤᠨ ᠤᠯᠤᠰ ᠤᠨ ᠶᠡᠭᠡ ᠬᠤᠷᠠᠯ ᠤᠨ ᠭᠡᠰᠢᠭᠦᠨ ᠰᠠᠩ᠂ ᠪᠢᠮᠪᠠᠴᠣᠭᠲᠤ ᠲᠤᠰ ᠲᠤᠰ ᠦᠭᠡ ᠬᠡᠯᠡᠪᠡ᠂ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠴᠢᠯᠡᠯᠲᠡ ᠶᠢᠨ ᠵᠦᠪᠯᠡᠯ ᠤᠨ ᠡᠷᠬᠢᠯᠡᠭᠴᠢ ᠪᠣᠥ ᠮᠭᠳᠠ᠂ ᠮᠣᠩᠭᠤᠯ ᠤᠯᠤᠰ ᠤᠨ ᠵᠠᠰᠠᠭ ᠤᠨ ᠭᠠᠵᠠᠷ ᠤᠨ ᠪᠡᠯᠡ ᠤᠷᠤᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠰᠡ᠊᠂ ᠵᠢᠪᠬᠤᠯᠠᠩᠪᠠᠭᠠᠲᠤᠷ ᠲᠤᠰ ᠲᠤᠰ ᠦᠪᠡᠷᠰᠡᠳ ᠤᠨ ᠪᠡᠯᠡ ᠤᠷᠤᠭᠤᠯᠤᠯᠲᠠ ᠶᠢᠨ ᠣᠷᠴᠢᠨ ᠲᠣᠭᠤᠷᠢᠨ ᠢᠶᠠᠨ ᠲᠠᠨᠢᠯᠴᠠᠭᠤᠯᠪᠠ᠃ ᠹᠦ᠋ ᠲᠡᠷᠢᠭᠦᠯᠡᠭᠴᠢ ᠶᠠᠷᠢᠶᠠᠨ ᠳᠠᠭᠠᠨ ᠴᠢᠬᠤᠯᠴᠢᠯᠠᠭᠰᠠᠨ ᠨᠢ᠂ ᠳᠤᠮᠳᠠᠳᠤ ᠤᠯᠤᠰ ᠬᠢᠭᠡᠳ ᠮᠣᠩᠭᠤᠯ ᠤᠯᠤᠰ ᠠᠭᠤᠯᠠ ᠤᠰᠤ ᠵᠠᠯᠭᠠᠯᠳᠤᠨ᠂ ᠬᠦᠮᠦᠨ ᠰᠤᠶᠤᠯ ᠢᠨᠠᠭᠰᠢᠭᠠᠳ᠂ ᠠᠵᠤ ᠠᠬᠤᠢ ᠠᠷᠠᠯᠵᠢᠶ᠎ᠠ ᠶᠢᠨ ᠶᠠᠪᠤᠯᠴᠠᠭ᠎ᠠ ᠰᠠᠭᠤᠷᠢ ᠰᠠᠶᠢᠲᠠᠢ᠂ ᠠᠭᠤᠳᠠᠮ ᠰᠠᠷᠠᠭᠤᠯ ᠢᠷᠡᠭᠡᠳᠦᠢ ᠲᠠᠢ ᠪᠠᠶᠢᠨ᠎ᠠ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠴᠢᠬᠤᠯᠠ ᠶᠡᠭᠡ ᠬᠦᠭᠵᠢᠯᠲᠡ ᠶᠢᠨ ᠪᠠᠶᠢᠯᠳᠤᠬᠤ ᠪᠣᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠬᠦᠷᠢᠶ᠎ᠡ ᠪᠠᠨ ᠬᠦᠴᠦ ᠲᠠᠯᠪᠢᠨ ᠥᠷᠭᠡᠳᠬᠡᠵᠦ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠦᠬᠦᠪᠦᠷᠢᠯᠡᠨ ᠬᠠᠷᠢᠯᠴᠠᠨ ᠠᠰᠢᠭᠯᠠᠵᠤ ᠬᠠᠮᠲᠤ ᠪᠠᠷ ᠠᠰᠢᠭ ᠬᠦᠷᠲᠡᠬᠦ ᠶᠢ ᠪᠠᠷᠢᠮᠳᠠᠯᠠᠵᠤ᠂ 2020 ᠣᠨ ᠪᠣᠯᠬᠤ ᠎ ᠳᠤ ᠬᠤᠶᠠᠷ ᠲᠠᠯ᠎ᠠ ᠶᠢᠨ ᠠᠷᠠᠯᠵᠢᠶᠠᠨ ᠤ ᠲᠤᠭ᠎ᠠ ᠶᠢ 100 ᠳ᠋ᠦᠩᠰᠢᠭᠤᠷ ᠳ᠋ᠣᠯᠯᠠᠷ ᠳᠤ ᠬᠦᠷᠦᠭᠦᠯᠬᠦ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ ᠡᠷᠬᠢᠯᠡᠭᠴᠢ ᠪᠣᠥ ᠮᠭᠳᠠ ᠦᠪᠦᠷ ᠮᠣᠩᠭᠤᠯ ᠤᠨ ︽ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ︾᠎ ᠤᠨ ᠪᠦᠲᠦᠭᠡᠨ ᠪᠠᠶᠢᠭᠤᠯᠤᠯᠲᠠ ᠳᠤᠮᠳᠠᠬᠢ ᠤᠷᠤᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠶᠢ ᠲᠠᠨᠢᠯᠴᠠᠭᠤᠯᠵᠤ᠂ ᠦᠪᠡᠷᠲᠡᠭᠡᠨ ᠵᠠᠰᠠᠬᠤ ᠤᠷᠤᠨ ᠤ ︽ᠲᠠᠪᠤᠨ ᠶᠡᠭᠡ ᠰᠠᠭᠤᠷᠢᠨ ᠭᠠᠵᠠᠷ︾᠎ ᠤᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠴᠢᠭᠯᠡᠯ ᠪᠣᠯᠤᠨ ᠭᠤᠣᠯᠳᠠᠯᠭᠠᠲᠤ ᠲᠥᠷᠥᠯ ᠵᠦᠢᠯ ᠢ ᠲᠠᠨᠢᠯᠴᠠᠭᠤᠯᠪᠠ᠃ ᠮᠣᠩᠭᠤᠯ ᠤᠯᠤᠰ᠂ ᠤᠷᠤᠰ᠂ ᠨᠣᠷᠸᠠᠶ ᠪᠣᠯᠤᠨ ᠤᠯᠤᠰ ᠤᠨ ᠳᠣᠲᠤᠭᠠᠳᠤᠬᠢ ᠳᠤᠮᠳᠠᠳᠤ ᠭᠠᠳᠠᠭᠠᠳᠤ ᠶᠢᠨ 220 ᠰᠢᠬᠠᠮ ᠵᠣᠴᠢᠨ ᠬᠤᠷᠠᠯ ᠳᠤ ᠣᠷᠤᠯᠴᠠᠪᠠ᠃      ᠬᠦᠲᠦᠯᠦᠭᠴᠢ᠄       ︽ᠳᠤᠮᠳᠠᠳᠤ ᠮᠣᠩᠭᠤᠯ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠣᠷᠴᠢᠨ ᠲᠣᠭᠤᠷᠢᠨ ᠬᠢᠭᠡᠳ ᠭᠤᠣᠯᠳᠠᠯᠭᠠᠲᠤ ᠲᠥᠷᠥᠯ ᠵᠦᠢᠯ ᠢ ᠲᠠᠨᠢᠯᠴᠠᠭᠤᠯᠬᠤ ᠬᠤᠷᠠᠯ︾᠎ ᠨᠢ ᠶᠠᠮᠠᠷ ᠶᠠᠮᠠᠷ ᠵᠦᠪᠳᠡᠯᠴᠡᠭᠡᠷ ᠲᠤ ᠭᠠᠷ ᠤᠨ ᠦᠰᠦᠭ ᠵᠢᠷᠤᠭᠰᠠᠨ ᠪᠣᠢ︖      ᠸᠧᠢ ᠰᠢᠶᠣᠣ ᠮᠢᠩ᠄      ᠲᠠᠨᠢᠯᠴᠠᠭᠤᠯᠬᠤ ᠬᠤᠷᠠᠯ ᠤᠨ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠵᠦᠪᠳᠡᠯᠴᠡᠭᠡᠷ ᠡᠯᠪᠡᠭ ᠪᠠᠶᠠᠯᠢᠭ ᠦᠷ᠎ᠡ ᠪᠦᠲᠦᠮᠵᠢ ᠣᠯᠪᠠ᠃ ᠡᠨᠧᠷᠭᠢ ᠶᠢᠨ ᠰᠤᠷᠪᠤᠯᠵᠢ᠂ ᠬᠢᠮᠢ ᠶᠢᠨ ᠠᠵᠤ ᠦᠢᠯᠡᠳᠪᠦᠷᠢ᠂ ᠲᠣᠨᠤᠭ ᠲᠦᠬᠦᠭᠡᠷᠦᠮᠵᠢ᠂ ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠶ ᠮᠠᠯᠲᠠᠬᠤ ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠳ᠋ᠰᠢᠭᠦᠯᠭᠡ᠂ ᠡᠭᠦᠯᠡᠨ ᠪᠣᠳᠣᠯᠳᠠ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠵᠢᠭᠤᠯᠴᠢᠯᠠᠯ᠂ ᠰᠠᠭᠤᠷᠢ ᠪᠡᠯᠡᠳᠭᠡᠮᠵᠢ ᠵᠡᠷᠭᠡ ᠬᠦᠷᠢᠶᠡᠨ ᠤ ᠵᠣᠴᠢᠳ ᠬᠤᠳᠠᠯᠳᠤᠭᠠᠴᠢᠳ ᠨᠢᠭᠡ ᠳᠣᠣᠷ᠎ᠠ ᠴᠤᠭᠯᠠᠷᠠᠵᠤ᠂ ᠬᠤᠷᠠᠯ ᠳᠤ ᠪᠡᠯᠡ ᠤᠷᠤᠭᠤᠯᠤᠯᠲᠠ ᠶᠢᠨ ᠲᠦᠷᠦᠯ ᠵᠦᠢᠯ ᠪᠠ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠶᠢᠨ ᠵᠦᠪᠯᠡᠯᠴᠡᠭᠡᠷ ᠢ ᠨᠡᠶᠢᠲᠡ 46 ᠵᠦᠢᠯ ᠲᠣᠭᠲᠠᠵᠤ᠂ ᠭᠡᠷ᠎ᠡ ᠲᠣᠭᠲᠠᠭᠰᠠᠨ ᠶᠡᠷᠦᠩᠬᠡᠢ ᠵᠣᠭᠤᠰ ᠤᠨ ᠲᠤᠭ᠎ᠠ ᠨᠢ 570 ᠤᠷᠴᠢᠮ ᠳ᠋ᠦᠩᠰᠢᠭᠤᠷ ᠲᠦᠭᠦᠷᠢᠭ ᠲᠤ ᠬᠦᠷᠪᠡ᠃      ᠬᠥᠲᠦᠯᠦᠭᠴᠢ᠄      ᠵᠠ ᠰᠠᠶᠢᠨ ᠪᠣᠯᠤᠯ᠎ᠠ᠂ ᠸᠧᠢ ᠡᠷᠬᠢᠯᠡᠭᠴᠢ ᠶᠢᠨ ᠲᠠᠶᠢᠯᠪᠦᠷᠢᠯᠠᠭᠰᠠᠨ ᠳᠤ ᠲᠠᠯᠠᠷᠬᠠᠵᠤ ᠪᠠᠶᠢᠨ᠎ᠠ᠂ ᠲᠠᠨ ᠤ ᠲᠠᠨᠢᠯᠴᠠᠭᠤᠯᠭ᠎ᠠ ᠪᠠᠷ ᠳᠠᠮᠵᠢᠵᠤ ᠪᠢᠳᠡ ᠳᠤᠮᠳᠠᠳᠤ ᠮᠣᠩᠭᠤᠯ ᠬᠤᠶᠠᠷ ᠤᠯᠤᠰ ᠤᠨ ᠠᠩᠬᠠᠳᠠᠭᠴᠢ ᠤᠳᠠᠭ᠎ᠠ ᠶᠢᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠨᠢ ᠪᠡᠯᠡ ᠤᠷᠤᠭᠤᠯᠤᠯᠲᠠ ᠠᠷᠠᠯᠵᠢᠶ᠎ᠠ ᠶᠢᠨ ᠵᠦᠪᠳᠡᠯᠴᠡᠭᠡᠷ ᠤᠨ ᠠᠯᠢ ᠤᠯᠠᠨ ᠠᠵᠢᠯᠯᠠᠭᠠᠨ ᠢ ᠠᠮᠵᠢᠯᠲᠠ ᠲᠠᠢ ᠡᠷᠬᠢᠯᠡᠭᠡᠳ᠂ ᠳᠤᠮᠳᠠᠳᠤ ᠮᠣᠩᠭᠤᠯ ᠬᠤᠶᠠᠷ ᠤᠯᠤᠰ ᠤᠨ ᠬᠦᠭᠵᠢᠯᠲᠡ ᠶᠢᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠬᠦ ᠳᠤ ᠰᠢᠨ᠎ᠡ ᠲᠠᠪᠴᠠᠩ ᠢ ᠪᠠᠶᠢᠭᠤᠯᠤᠨ ᠦᠭᠴᠦ᠂ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠠᠷᠠᠯᠵᠢᠶ᠎ᠠ ᠶᠢᠨ ᠬᠦᠷᠢᠶᠡᠨ ᠤ ᠭᠦᠨᠵᠡᠭᠡᠢ ᠬᠠᠮᠲᠤᠷᠠᠯᠴᠠᠭ᠎ᠠ ᠶᠢ ᠲᠦᠯᠬᠢᠨ ᠠᠬᠢᠭᠤᠯᠤᠭᠰᠠᠨ ᠢ ᠣᠯᠵᠤ ᠬᠠᠷᠠᠯ᠎ᠠ᠂ ᠪᠢᠳᠡ ᠨᠠᠷ ᠴᠦ ᠳᠤᠮᠳᠠᠳᠤ ᠮᠣᠩᠭᠤᠯ ᠬᠤᠶᠠᠷ ᠤᠯᠤᠰ ᠬᠤᠶᠢᠰᠢᠳᠠ ᠨᠡᠩ ᠠᠷᠪᠢᠨ ᠰᠣᠯᠢᠯᠴᠠᠭ᠎ᠠ ᠬᠠᠮᠲᠤᠷᠠᠯᠴᠠᠭ᠎ᠠ ᠲᠠᠢ ᠪᠠᠶᠢᠬᠤ ᠶᠢ ᠬᠦᠰᠡᠵᠦ ᠪᠠᠶᠢᠨ᠎ᠠ᠃ ᠸᠧᠢ ᠡᠷᠬᠢᠯᠡᠭᠴᠢ ᠳᠤ ᠳᠠᠬᠢᠨᠲᠠ ᠲᠠᠯᠠᠷᠬᠠᠯ᠎ᠠ᠂ ᠮᠦᠨᠴᠦ ᠰᠦᠯᠵᠢᠶᠡᠨ ᠠᠨᠳᠠ ᠨᠠᠷ ᠤᠨ ᠢᠳᠡᠪᠬᠢᠲᠡᠢ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠪᠡ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠤᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map