ᠦᠪᠦᠷ ᠮᠣᠩᠭᠤᠯ ᠤᠨ ︽13·5︾᠎ ᠶᠢᠨ ᠲᠥᠯᠥᠪᠵᠢᠭᠦᠯᠭᠡ ᠶᠢ ᠲᠣᠭᠲᠠᠭᠠᠬᠤ ᠲᠣᠬᠠᠢ ᠰᠠᠨᠠᠭᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2015/12/10
     ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠳᠦᠷᠪᠡᠳᠦᠭᠡᠷ ᠪᠦᠭᠦᠳᠡ ᠬᠤᠷᠠᠯ 2015 ᠣᠨ ᠤ 11 ᠳ᠋ᠤᠭᠡᠷ ᠰᠠᠷ᠎ᠠ ᠶᠢᠨ 18᠎ ᠤ ᠡᠳᠦᠷ ᠠᠴᠠ 20᠎ ᠤ ᠡᠳᠦᠷ ᠪᠣᠯᠳᠠᠯ᠎ᠠ ᠬᠦᠬᠡᠬᠤᠳᠠ ᠳᠤ ᠬᠤᠷᠠᠯᠳᠣᠪᠠ᠃ ᠬᠤᠷᠠᠯ ᠠᠴᠠ ᠸᠠᠩ ᠵᠢᠶᠦ᠋ᠨ ᠤ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠦᠯᠦᠭᠡᠯᠡᠨ ᠬᠢᠭᠰᠡᠨ ᠠᠵᠢᠯ ᠤᠨ ᠮᠡᠳᠡᠭᠦᠯᠦᠯᠳᠡ ᠶᠢ ᠰᠣᠨᠣᠰᠣᠨ ᠶᠠᠷᠢᠯᠴᠠᠵᠣ᠂ ︽ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠣᠭᠠᠷ ᠳᠠᠪᠣᠨ ᠵᠢᠯ ᠤᠨ ᠲᠦᠯᠦᠪᠵᠢᠭᠦᠯᠭᠡ ᠶᠢ ᠳᠣᠭᠳᠠᠭᠠᠬᠤ ᠳᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠠᠨᠠᠭᠤᠯᠭ᠎ᠠ︾᠎ ᠶᠢ ᠬᠢᠨᠠᠨ ᠵᠦᠪᠯᠡᠵᠦ ᠪᠠᠳᠣᠯᠠᠪᠠ᠃ ᠸᠠᠩ ᠵᠢᠶᠦ᠋ᠨ ︽ᠰᠠᠨᠠᠭᠤᠯᠭ᠎ᠠ ︵ᠶᠠᠷᠢᠯᠴᠠᠬᠤ ᠨᠣᠣᠷᠠᠭ︶︾᠎ ᠶᠢᠨ ᠳᠣᠬᠠᠢ ᠳᠣᠳᠣᠷᠬᠠᠢᠢᠯᠠᠯᠳᠠ ᠬᠢᠵᠠᠢ᠃      ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠳᠦᠷᠪᠡᠳᠦᠭᠡᠷ ᠪᠦᠭᠦᠳᠡ ᠬᠤᠷᠠᠯ ᠠᠴᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠢᠭᠡ ᠵᠢᠯ ᠤᠨ ᠳᠣᠷᠰᠢᠬᠢ ᠠᠵᠢᠯ ᠢ ᠭᠦᠢᠴᠡᠳ ᠨᠤᠳᠠᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠵᠢᠯ ᠤᠨ ᠬᠤᠭᠤᠴᠠᠭᠠᠨ ᠳᠠᠬᠢ ᠮᠠᠨ ᠤ ᠣᠷᠣᠨ ᠤ ᠬᠥᠭᠵᠢᠯᠲᠡ ᠶᠢᠨ ᠣᠯᠣᠭᠰᠠᠨ ᠴᠢᠬᠤᠯᠡ ᠶᠡᠭᠡ ᠠᠮᠵᠢᠯᠲᠠ ᠶᠢ ᠥᠨᠳᠥᠷ ᠦᠨᠡᠯᠡᠬᠦ ᠶᠢᠨ ᠬᠠᠮᠲᠤ ᠢᠷᠡᠬᠦ ᠲᠠᠪᠤᠨ ᠵᠢᠯ ᠤᠨ ᠦᠪᠦᠷ ᠮᠣᠩᠭᠤᠯ ᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠠᠤᠭ᠎ᠠ ᠵᠢᠷᠤᠭ ᠢ ᠵᠢᠷᠤᠭᠯᠠᠪᠠ᠃ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠤᠯᠠᠮ ᠨᠢᠭᠡ ᠠᠯᠬᠤᠮ ᠲᠠᠶᠢᠯᠪᠦᠷᠢᠯᠠᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠬᠡᠨ ᠤ ᠤᠷᠴᠢᠨ ᠲᠤᠭᠤᠷᠢᠨ ᠢ ᠪᠤᠢ ᠪᠤᠯᠭᠠᠬᠤ ᠶᠢᠨ ᠲᠦᠯᠦᠬᠡ ᠲᠤᠰ ᠰᠤᠨᠢᠨ ᠰᠢᠷᠢᠰ ᠲᠠᠶᠢᠯᠤᠮᠵᠢ ᠶᠢᠨ ᠲᠤᠰᠬᠠᠢ ᠬᠡᠪᠯᠡᠯ ᠢ ᠨᠡᠶᠢᠳᠡᠯᠡᠨ ᠂ ᠬᠤᠷᠸ᠎ᠠ ᠲᠠᠯ᠎ᠠ ᠠᠴᠠ ᠶᠢᠰᠦᠳᠦᠬᠡᠷ ᠬᠤᠭᠤᠴᠠᠭᠠᠨ ᠤ ᠠᠷᠪᠠᠨ ᠲᠦᠷᠪᠡᠳᠦᠬᠡᠷ ᠪᠦᠬᠦᠳᠡ ᠬᠤᠷᠠᠯ ᠤᠨ ᠠᠯᠪᠠᠨ ᠮᠡᠳᠡᠭᠡ ᠳᠤ ᠲᠠᠶᠢᠯᠤᠮᠵᠢ ᠬᠢᠬᠦ ᠪᠠᠷ ᠪᠤᠯᠪᠠ᠃       ᠰᠢᠨ᠎ᠠ ᠪᠠᠶᠢᠳᠠᠯ᠄      ᠮᠠᠨ ᠤ ᠤᠷᠤᠨ ᠤ ᠬᠦᠭᠵᠢᠯᠲᠡ ᠮᠦᠨ ᠯᠡ ᠣᠯᠠᠨ ᠶᠠᠭᠤᠮ᠎ᠠ ᠬᠢᠵᠦ ᠪᠣᠯᠬᠤ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠳᠣ ᠬᠤᠭᠤᠴᠠᠭᠠᠨ ᠳᠤ ᠤᠷᠤᠰᠢᠵᠦ ᠪᠠᠶᠢᠨ᠎ᠠ      ᠬᠤᠷᠠᠯ ᠠᠴᠠ ︽13· 5︾᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠤᠷᠤᠨ ᠤ ᠬᠦᠭᠵᠢᠯᠲᠡ ᠶᠢᠨ ᠤᠷᠴᠢᠨ ᠲᠤᠭᠤᠷᠢᠨ ᠤ ᠦᠨᠳᠦᠰᠦᠨ ᠤᠨᠴᠠᠯᠢᠭ ᠢ ᠬᠦᠨᠵᠡᠬᠡᠢ ᠵᠠᠳᠠᠯᠬᠤ ᠳᠠᠭᠠᠨ᠂ ᠮᠠᠨ ᠤ ᠤᠷᠤᠨ ᠤ ᠬᠦᠭᠵᠢᠯᠲᠡ ᠮᠦᠨ ᠯᠡ ᠣᠯᠠᠨ ᠶᠠᠭᠤᠮ᠎ᠠ ᠬᠢᠵᠦ ᠪᠣᠯᠬᠤ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠳᠣ ᠬᠤᠭᠤᠴᠠᠭᠠᠨ ᠳᠤ ᠤᠷᠤᠰᠢᠵᠦ ᠪᠠᠶᠢᠨ᠎ᠠ᠂ ᠠᠵᠦ ᠠᠬᠤᠢ ᠶᠢᠨ ᠪᠠᠶᠢᠳᠠᠯ ᠤᠷᠲᠦ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭᠰᠠᠨ ᠦᠬᠡᠢ᠂ ᠡᠭᠦᠨ ᠤ ᠬᠠᠮᠳᠣ ᠮᠠᠰᠢ ᠤᠯᠠᠨ ᠵᠦᠷᠢᠴᠡᠯ ᠰᠤᠯᠢᠪᠴᠠᠵᠣ ᠳᠠᠪᠬᠤᠴᠠᠨ ᠤᠷᠤᠰᠢᠵᠣ ᠪᠠᠶᠢᠭ᠎ᠠ ᠬᠠᠲᠠᠭᠤ ᠴᠢᠩᠭ᠎ᠠ ᠦᠷᠢᠰᠦᠯᠳᠦᠭᠡᠨ ᠳᠤ ᠲᠤᠯᠭᠠᠷᠠᠵᠦ ᠪᠠᠶᠢᠨ᠎ᠠ᠂ ᠶᠡᠷᠦᠩᠬᠡᠢ ᠳᠡᠭᠡᠨ ᠠᠵᠠ ᠲᠤᠬᠢᠶᠠᠯ ᠦᠷᠢᠰᠦᠯᠳᠦᠭᠡᠨ ᠠᠴᠠ ᠶᠡᠭᠡ᠂ ᠠᠰᠢᠬᠲᠠᠢ ᠬᠦᠴᠦᠨ ᠵᠦᠢᠯ ᠠᠰᠢᠭ ᠦᠬᠡᠢ ᠬᠦᠴᠦᠨ ᠵᠦᠢᠯ ᠠᠴᠠ ᠣᠯᠠᠨ ᠪᠠᠶᠢᠨ᠎ᠠ ᠬᠡᠵᠤ ᠰᠠᠨᠠᠯ ᠨᠢᠭᠡᠳᠴᠡᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽13· 5︾᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠤᠷᠤᠨ ᠤ ᠬᠦᠭᠵᠢᠯᠲᠡ ᠶᠢ ᠠᠬᠢᠭᠤᠯᠬᠤ ᠳᠤ ᠡᠷᠬᠡᠪᠰᠢ ᠳᠤᠤᠷᠠᠬᠢ ᠵᠠᠷᠴᠢᠮ ᠢ ᠪᠠᠲᠦ ᠡᠵᠡᠮᠰᠢᠬᠦ ᠬᠡᠷᠡᠭᠲᠡᠢ᠄ ᠠᠷᠠᠳ ᠲᠦᠮᠠᠨ ᠤ ᠭᠤᠤᠯ ᠴᠤᠭᠴᠠ ᠪᠣᠯᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠬᠦᠭᠵᠢᠯᠲᠠ ᠶᠢ ᠪᠠᠷᠢᠮᠲᠠᠯᠠᠵᠤ᠂ ᠦᠬᠡᠷᠠᠴᠢᠯᠠᠯᠲᠠ ᠶᠢ ᠬᠦᠨᠵᠡᠬᠡᠶᠢᠷᠠᠬᠦᠯᠬᠦ ᠶᠢ ᠪᠠᠷᠢᠮᠲᠠᠯᠠᠵᠤ᠂ ᠬᠠᠤᠯᠢ ᠪᠠᠷ ᠤᠷᠤᠨ ᠢᠶᠠᠨ ᠵᠠᠰᠠᠬᠤ ᠶᠢ ᠪᠠᠷᠢᠮᠲᠠᠯᠠᠵᠤ᠂ ᠤᠯᠤᠰ ᠤᠨ ᠲᠤᠲᠤᠭᠠᠲᠤ ᠪᠠ ᠲᠠᠯᠠᠬᠡᠢ ᠶᠢᠨ ᠬᠤᠶᠠᠷ ᠶᠡᠭᠡ ᠲᠠᠯ᠎ᠠ ᠶᠢᠨ ᠳᠣᠮᠳᠠ ᠬᠦᠭᠵᠢᠯᠲᠠ ᠶᠢ ᠰᠦᠪᠡᠭᠴᠢᠯᠡᠨ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠤᠲᠤᠷᠢᠲᠤᠯᠭ᠎ᠠ ᠶᠢ ᠪᠠᠷᠢᠮᠲᠠᠯᠠᠬᠤ ᠬᠡᠷᠡᠭᠳᠡᠢ ᠬᠡᠵᠠᠢ᠃      ᠰᠢᠨ᠎ᠠ ᠬᠠᠷᠠᠯᠳᠠ᠄      ᠠᠵᠤ ᠠᠬᠤᠢ ᠶᠢᠨ ᠨᠡᠯᠢᠶᠡᠳ ᠲᠦᠷᠭᠡᠨ ᠪᠣᠶᠣ ᠲᠦᠷᠭᠡᠨ ᠨᠡᠮᠡᠭᠳᠡᠯ ᠢ ᠪᠠᠳᠣᠯᠠᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠪᠦᠬᠦ ᠣᠯᠣᠰ ᠤᠨ ᠲᠤᠮᠲᠠᠴᠢ ᠲᠦᠪᠰᠢᠨ ᠳᠤ ᠬᠦᠷᠬᠡᠨ᠎ᠠ      ᠬᠤᠷᠠᠯ ᠠᠴᠠ ︽13· 5︾᠎ ᠶᠢᠨ ᠲᠦᠯᠦᠪᠵᠢᠬᠦᠯᠬᠡ ᠶᠢᠨ ᠬᠤᠭᠤᠴᠠᠭᠠᠨ ᠳᠠᠬᠢ ᠮᠠᠨ ᠤ ᠤᠷᠤᠨ ᠤ ᠠᠵᠤ ᠠᠬᠤᠢ ᠨᠠᠶᠢᠬᠡᠮ ᠤᠨ ᠬᠦᠭᠵᠢᠯᠲᠠ ᠶᠢᠨ ᠭᠤᠤᠯ ᠬᠠᠷᠠᠯᠲᠠ ᠶᠢ ᠲᠤᠷᠠᠳᠪᠠ᠃ ᠲᠠᠷᠤᠢ᠄ ᠠᠵᠤ ᠠᠬᠤᠢ ᠶᠢᠨ ᠨᠡᠯᠢᠶᠡᠳ ᠲᠦᠷᠭᠡᠨ ᠪᠣᠶᠣ ᠲᠦᠷᠭᠡᠨ ᠨᠡᠮᠡᠭᠳᠡᠯ ᠢ ᠪᠠᠳᠣᠯᠠᠵᠣ᠂ ᠪᠠᠯᠠ ᠤᠷᠤᠭᠤᠯᠤᠯᠲᠠ ᠶᠢᠨ ᠬᠡᠪᠴᠢᠶ᠎ᠡ ᠶᠢ ᠦᠷᠭᠡᠳᠭᠡᠨ᠂ ᠪᠦᠳᠦᠴᠡ ᠶᠢ ᠰᠢᠯᠢᠳᠡᠭᠵᠢᠭᠦᠯᠵᠦ᠂ ᠦᠷ᠎ᠡ ᠠᠰᠢᠭ ᠢ ᠳᠡᠭᠡᠭᠰᠢᠯᠡᠭᠦᠯᠵᠦ᠂ ᠬᠡᠷᠡᠭᠯᠡᠭᠡ ᠶᠢᠨ ᠠᠵᠤ ᠠᠬᠤᠢ ᠶᠢᠨ ᠨᠡᠮᠡᠭᠳᠡᠯ ᠳᠠᠬᠢ ᠬᠤᠪᠢ ᠨᠡᠮᠡᠷᠢ ᠶᠢ ᠢᠯᠡᠳᠳᠡ ᠳᠡᠭᠡᠭᠰᠢᠯᠡᠭᠦᠯᠵᠦ᠂ ᠭᠠᠲᠠᠭᠠᠲᠤ ᠭᠠᠷᠭᠠᠯᠲᠠ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠦᠢᠯᠡᠲᠤᠯ ᠢ ᠴᠢᠩᠭᠠᠷᠠᠭᠤᠯᠣᠨ᠎ᠠ︔ ᠬᠠᠩᠭᠠᠯᠭ᠎ᠠ ᠶᠢᠨ ᠬᠡᠪᠴᠢᠶ᠎ᠡ ᠶᠢ ᠦᠷᠭᠡᠳᠭᠡᠵᠦ᠂ ᠶᠠᠰᠣ ᠴᠢᠨᠠᠷ ᠢ ᠨᠢ ᠰᠠᠶᠢᠵᠢᠷᠠᠭᠤᠯᠣᠨ᠎ᠠ︔ ᠰᠠᠭᠤᠷᠢ ᠲᠦᠬᠦᠬᠡᠷᠤᠮᠵᠢ ᠶᠢᠨ ᠰᠢᠰᠲ᠋ᠧᠮ ᠢ ᠨᠠᠩ ᠲᠠᠬᠦᠯᠲᠠᠷᠵᠢᠬᠦᠯᠤᠨ᠎ᠡ︔ ᠬᠦᠭᠵᠢᠯᠳᠡ ᠶᠢᠨ ᠴᠢᠨᠠᠷ ᠴᠢᠨᠰᠠᠭ᠎ᠠ ᠪᠣᠯᠣᠨ ᠦᠷ᠎ᠡ ᠠᠰᠢᠭ ᠢ ᠳᠡᠭᠡᠭᠰᠢᠯᠡᠭᠦᠯᠵᠦ᠂ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ᠂ ᠠᠵᠣ ᠠᠬᠤᠢᠢᠯᠠᠯ ᠤᠨ ᠠᠰᠢᠭ ᠬᠤᠨᠵᠢᠪᠣᠷᠢ ᠶᠢᠨ ᠨᠣᠷᠮ᠎ᠠ ᠶᠢ ᠳᠣᠭᠳᠠᠭᠤᠨ ᠢᠶᠠᠷ ᠳᠡᠭᠡᠭᠰᠢᠯᠡᠭᠦᠯᠵᠦ᠂ ᠪᠠᠷᠠᠭᠠᠨ ᠤ ᠦᠨ᠎ᠡ ᠬᠠᠩᠰᠢ ᠶᠢᠨ ᠲᠦᠪᠰᠢᠨ ᠵᠣᠬᠢᠰᠳᠠᠢ ᠬᠡᠪᠴᠢᠶᠡᠨ ᠳᠣᠳᠣᠷ᠎ᠠ ᠪᠠᠶᠢᠬᠤ ᠶᠢ ᠪᠠᠳᠣᠯᠠᠵᠣ᠂ ᠭᠤᠣᠯ ᠪᠣᠯᠬᠤ ᠠᠵᠣ ᠠᠬᠤᠢ ᠶᠢᠨ ᠭᠦᠢᠴᠡᠳᠭᠡᠬᠦ ᠳᠤᠭ᠎ᠠ ᠶᠢ ᠳᠡᠩᠴᠡᠭᠦᠷᠢᠳᠡᠢ ᠵᠣᠬᠢᠴᠠᠩᠭᠤᠢ ᠪᠠᠶᠢᠯᠭᠠᠨ᠎ᠠ᠃ ᠬᠦᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠳᠠᠯ᠎ᠠ ᠪᠠᠷ ᠴᠢᠬᠤᠯᠠ ᠰᠢᠪᠳᠣᠯᠣᠯᠳᠠ ᠲᠠᠢ ᠪᠣᠯᠵᠣ᠂ ᠠᠵᠣ ᠦᠢᠯᠡᠰ ᠤᠨ ᠬᠦᠭᠵᠢᠯᠳᠡ ᠶᠢ ᠳᠣᠮᠳᠠ ᠦᠨᠳᠦᠷ ᠲᠦᠪᠰᠢᠨ ᠳᠡᠰᠢ ᠠᠬᠢᠭᠤᠯᠵᠣ ᠂ ᠣᠯᠠᠨ ᠡᠰᠢᠵᠢᠨ ᠬᠦᠭᠵᠢᠵᠦ ᠣᠯᠠᠨ ᠲᠦᠢᠯ ᠢᠶᠠᠷ ᠳᠣᠯᠭᠠᠭᠤᠷᠢᠯᠠᠭᠰᠠᠨ ᠣᠳᠣ ᠦᠶ᠎ᠡ ᠶᠢᠨ ᠠᠵᠣ ᠦᠢᠯᠡᠰ ᠤᠨ ᠰᠢᠰᠲ᠋ᠧᠮ ᠶᠢ ᠦᠨᠳᠦᠰᠦᠨ ᠳᠡᠭᠡᠨ ᠪᠦᠷᠢᠯᠳᠦᠭᠦᠯᠦᠨ᠎ᠡ︔ ︽ᠲᠠᠪᠤᠨ ᠶᠡᠭᠡ ᠰᠠᠭᠤᠷᠢᠨ︾᠎ ᠤ ᠪᠦᠲᠦᠬᠡᠨ ᠪᠠᠶᠢᠭᠤᠯᠤᠯᠲᠠ ᠶᠢ ᠬᠦᠨᠵᠡᠬᠡᠢ ᠠᠬᠢᠭᠤᠯᠵᠤ᠂ ᠡᠬᠢ ᠪᠠᠶᠠᠯᠢᠭ ᠢ ᠶᠠᠷᠦᠩᠬᠡᠶᠢᠯᠠᠨ ᠠᠰᠢᠡᠡᠯᠠᠬᠤ ᠨᠤᠷᠮ᠎ᠠ ᠪᠠ ᠨᠠᠷᠢᠯᠢᠭ ᠡᠳ᠋ᠰᠢᠬᠦᠯᠤᠨ ᠪᠣᠯᠪᠠᠰᠣᠷᠠᠭᠤᠯᠬᠤ ᠬᠡᠮᠵᠢᠶ᠎ᠠ ᠶᠢ ᠲᠠᠬᠡᠭᠰᠢᠯᠡᠬᠦᠯᠤᠨ᠎ᠠ︔ ᠰᠢᠨᠵᠢᠯᠡᠬᠦ ᠣᠬᠠᠭᠠᠨ ᠮᠡᠷᠭᠡᠵᠢᠯ ᠤᠨ ᠠᠵᠣ ᠠᠬᠤᠢ ᠶᠢᠨ ᠨᠡᠮᠡᠭᠳᠡᠯ ᠳᠠᠬᠢ ᠬᠤᠪᠢ ᠨᠡᠮᠡᠷᠢ ᠶᠢᠨ ᠨᠣᠷᠮ᠎ᠠ ᠶᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠭᠰᠠᠨ ᠬᠦᠭᠵᠢᠯᠳᠡ ᠶᠢᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠦᠨ᠎ᠡ︔ ᠬᠤᠳᠠ ᠪᠠᠯᠭᠠᠰᠣᠵᠢᠯᠳᠠ ᠶᠢᠨ ᠲᠤᠳᠤᠭᠠᠳᠤ ᠠᠭᠤᠯᠬᠤᠨ ᠢ ᠬᠦᠭᠵᠢᠭᠦᠯᠵᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠤᠳᠠ ᠬᠦᠳᠡᠭᠡ ᠵᠣᠬᠢᠴᠠᠩᠭᠤᠢ ᠪᠠᠷ ᠬᠦᠭᠵᠢᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ︔ ᠦᠢᠯᠡᠳᠪᠦᠷᠢᠯᠡᠯ ᠤᠨ ᠬᠦᠴᠦᠨ ᠤ ᠳᠠᠷᠬᠠᠴᠠ ᠶᠢ ᠴᠢᠨᠠᠭᠰᠢᠳᠠ ᠰᠢᠯᠢᠳᠡᠭᠵᠢᠭᠦᠯᠵᠦ᠂ ᠣᠷᠣᠨ ᠲᠤᠭᠤᠷᠢᠭ ᠤᠨ ᠬᠦᠭᠵᠢᠯᠳᠡ ᠶᠢᠨ ᠵᠣᠬᠢᠴᠠᠩᠭᠤᠢ ᠴᠢᠨᠠᠷ ᠢ ᠳᠠᠰᠣᠷᠠᠯᠳᠠ ᠦᠭᠡᠢ ᠳᠡᠭᠡᠭᠰᠢᠯᠡᠭᠦᠯᠦᠨ᠎ᠡ᠃ ᠠᠷᠠᠳ ᠲᠦᠮᠡᠨ ᠤ ᠠᠮᠢᠳᠣᠷᠠᠯ ᠤᠨ ᠲᠦᠪᠰᠢᠨ ᠪᠣᠯᠣᠨ ᠴᠢᠨᠠᠷ ᠴᠢᠨᠰᠠᠭ᠎ᠠ ᠶᠢ ᠨᠡᠶᠢᠳᠡᠮ ᠳᠡᠭᠡᠭᠰᠢᠯᠡᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠪᠦᠬᠦ ᠣᠯᠣᠰ ᠤᠨ ᠲᠤᠮᠲᠠᠴᠢ ᠲᠦᠪᠰᠢᠨ ᠳᠤ ᠬᠦᠷᠬᠡᠵᠤ᠂ ᠤᠯᠤᠰ ᠤᠨ ᠤᠲᠣ ᠶᠢᠨ ᠬᠡᠷᠡᠭᠵᠢᠬᠦᠯᠵᠤ ᠪᠦᠬᠦᠢ ᠪᠠᠷᠢᠮᠵᠢᠶ᠎ᠠ ᠠᠴᠠ ᠲᠤᠤᠷ᠎ᠠ ᠪᠠᠶᠢᠭ᠎ᠠ ᠶᠠᠲᠠᠭᠤ ᠬᠦᠴᠢᠷᠲᠡᠯᠳᠠᠢ ᠬᠦᠮᠤᠨ ᠠᠮᠠ ᠶᠢ ᠶᠠᠲᠠᠭᠤ ᠠᠴᠠ ᠨᠢ ᠠᠩᠭᠢᠵᠢᠷᠠᠭᠤᠯᠵᠤ᠂ ᠶᠠᠲᠠᠭᠤ ᠬᠦᠴᠢᠷ ᠲᠠᠢ ᠬᠤᠰᠢᠭᠤ ᠰᠢᠶᠠᠨ ᠢ ᠪᠦᠬᠦᠨ ᠢ ᠨᠢ ᠶᠠᠲᠠᠭᠤ ᠠᠴᠠ ᠨᠢ ᠠᠩᠭᠢᠵᠢᠷᠠᠭᠤᠯᠵᠤ᠂ ᠤᠷᠤᠨ ᠳᠤᠭᠤᠷᠢᠭ ᠤᠨ ᠴᠢᠨᠠᠷᠲᠠᠢ ᠪᠦᠬᠦᠯᠢ ᠴᠤᠭᠴᠠ ᠪᠠᠷ ᠢᠶᠠᠨ ᠶᠠᠲᠠᠭᠤ ᠬᠦᠴᠢᠷᠲᠡᠯᠳᠠᠢ ᠠᠰᠠᠭᠤᠳᠠᠯ ᠢ ᠰᠢᠢᠳᠪᠤᠷᠢᠯᠠᠨ᠎ᠠ᠃ ᠤᠯᠤᠰ ᠠᠷᠠᠳ ᠤᠨ ᠬᠡᠪ ᠪᠤᠯᠪᠠᠰᠤᠷᠠᠯ ᠪᠠ ᠨᠠᠶᠢᠬᠡᠮ ᠤᠨ ᠪᠤᠯᠪᠠᠰᠤᠨ ᠤ ᠲᠦᠪᠰᠢᠨ ᠢ ᠮᠡᠳᠡᠭᠲᠠᠮ᠎ᠠ ᠲᠠᠬᠡᠭᠰᠢᠯᠡᠬᠦᠯᠤᠨ᠎ᠠ᠃ ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠦᠷᠬᠦᠯᠵᠢᠯᠠᠨ ᠰᠠᠶᠢᠵᠢᠷᠠᠭᠤᠯᠤᠨ᠎ᠠ᠃ ᠡᠯ᠎ᠠ ᠲᠠᠯ᠎ᠠ ᠶᠢᠨ ᠪᠠᠶᠢᠭᠤᠯᠤᠮᠵᠢ ᠲᠤᠭᠲᠠᠴᠠ ᠶᠢ ᠨᠠᠩ ᠪᠦᠷᠢᠨᠰᠢᠬᠦᠯᠤᠨ ᠲᠠᠬᠦᠯᠲᠠᠷᠵᠢᠬᠦᠯᠤᠨ᠎ᠠ᠃      ᠰᠢᠨ᠎ᠠ ᠤᠢᠢᠯᠠᠭᠠᠬᠳᠠᠬᠤᠨ᠄      ᠰᠢᠨ᠎ᠠ ᠶᠢ ᠡᠬᠦᠳᠬᠦ ᠬᠦᠭᠵᠢᠯᠲᠠ᠂ ᠵᠤᠬᠢᠴᠠᠩᠭᠤᠢ ᠬᠦᠭᠵᠢᠯᠲᠠ᠂ ᠪᠤᠬᠢᠷᠲᠤᠯ ᠦᠬᠡᠢ ᠬᠦᠭᠵᠢᠯᠲᠠ᠂ ᠨᠠᠬᠡᠬᠡᠯᠲᠠᠳᠤ ᠬᠦᠭᠵᠢᠯᠲᠠ᠂ ᠬᠠᠮᠲᠤᠪᠠᠷ ᠡᠳ᠋ᠯᠡᠬᠦ ᠬᠦᠭᠵᠢᠯᠳᠡ      ᠬᠤᠷᠠᠯ ᠠᠴᠠ ᠱᠠᠭᠠᠷᠲᠠᠭᠰᠠᠨ ᠨᠢ᠂ ︽13· 5︾᠎ ᠶᠢᠨ ᠲᠦᠯᠦᠪᠵᠢᠬᠦᠯᠬᠡ ᠶᠢᠨ ᠬᠤᠭᠤᠴᠠᠭᠠᠨ ᠳᠠᠬᠢ ᠬᠦᠭᠵᠢᠯᠲᠠ ᠶᠢᠨ ᠬᠠᠷᠠᠯᠲᠠ ᠶᠢ ᠪᠠᠶᠠᠯᠠᠬᠦᠯᠬᠦ ᠳᠤ᠂ ᠡᠷᠬᠡᠪᠰᠢ ᠰᠢᠨ᠎ᠠ ᠶᠢ ᠡᠬᠦᠳᠬᠦ ᠬᠦᠭᠵᠢᠯᠲᠠ᠂ ᠵᠤᠬᠢᠴᠠᠩᠭᠤᠢ ᠬᠦᠭᠵᠢᠯᠲᠠ᠂ ᠪᠤᠬᠢᠷᠲᠤᠯ ᠦᠬᠡᠢ ᠬᠦᠭᠵᠢᠯᠲᠠ᠂ ᠨᠠᠬᠡᠬᠡᠯᠲᠠᠳᠤ ᠬᠦᠭᠵᠢᠯᠲᠠ᠂ ᠬᠠᠮᠲᠤᠪᠠᠷ ᠡᠳ᠋ᠯᠡᠬᠦ ᠬᠦᠭᠵᠢᠯᠲᠠ ᠶᠢᠨ ᠤᠢᠢᠯᠠᠭᠠᠭᠳᠠᠬᠤᠨ ᠢ ᠪᠠᠲᠤ ᠪᠤᠢ ᠪᠤᠯᠭᠠᠵᠤ᠂ ︽ᠲᠠᠪᠤᠨ ᠶᠡᠭᠡ ᠬᠦᠭᠵᠢᠯᠲᠠ ᠶᠢᠨ ᠤᠢᠢᠯᠠᠭᠠᠭᠳᠠᠬᠤᠨ︾᠎ ᠢ ᠳᠣᠣᠱᠯᠠᠭᠤᠯᠣᠨ ᠨᠠᠶᠢᠳᠠᠪᠣᠷᠢᠵᠢᠭᠤᠯᠬᠤ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠳᠦᠭᠡᠯᠴᠢ ᠴᠢᠨᠠᠷ ᠢᠶᠠᠨ ᠦᠨᠡᠨᠬᠦ ᠴᠢᠩᠭᠠᠷᠠᠭᠤᠯᠵᠣ᠂ ᠰᠢᠨ᠎ᠡ ᠬᠦᠭᠵᠢᠯᠳᠡ ᠶᠢᠨ ᠤᠢᠢᠯᠠᠭᠠᠭᠳᠠᠬᠤᠨ ᠢ ᠨᠡᠩ ᠰᠠᠶᠢᠳᠣᠷ ᠬᠡᠷᠡᠭᠯᠡᠨ ᠬᠦᠭᠵᠢᠯᠳᠡ ᠶᠢ ᠲᠦᠯᠦᠪᠵᠢᠭᠦᠯᠦᠨ᠂ ᠬᠦᠭᠵᠢᠯᠲᠠ ᠶᠢ ᠬᠦᠲᠤᠯᠤᠨ ᠲᠠᠭᠠᠭᠤᠯᠵᠤ᠂ ᠬᠦᠭᠵᠢᠯᠲᠠ ᠶᠢ ᠠᠬᠢᠭᠤᠯᠬᠤ ᠬᠡᠷᠡᠭᠲᠠᠢ ᠬᠡᠪᠡ᠃      ᠬᠤᠷᠠᠯ ᠠᠴᠠ ᠲᠤᠷᠠᠲᠤᠭᠰᠠᠨ ᠨᠢ᠂ ᠠᠵᠤ ᠠᠬᠤᠢ ᠶᠢᠨ ᠦᠷᠬᠦᠯᠵᠢᠯᠠᠨ ᠡᠷᠠᠬᠦᠯ ᠢᠶᠠᠷ ᠬᠦᠭᠵᠢᠬᠦ ᠶᠢ ᠠᠬᠢᠭᠤᠯᠵᠤ᠂ ᠤᠷᠤᠨ ᠨᠣᠳᠤᠭ ᠤᠨ ᠶᠠᠷᠦᠩᠬᠡᠶᠢᠯᠡᠭᠰᠡᠨ ᠪᠤᠲᠠᠲᠤ ᠬᠦᠴᠤᠨ ᠢᠶᠠᠨ ᠪᠤᠵᠠᠭᠠᠢᠢᠷᠠᠭᠤᠯᠬᠤ ᠳᠤ᠂ ᠡᠷᠬᠡᠪᠰᠢ ᠪᠦᠲᠦᠮᠵᠢᠲᠠᠢ ᠬᠡᠷᠡᠭᠴᠡᠭᠡ ᠤᠨᠴᠠᠭᠠᠢᠢᠯᠠᠨ ᠬᠡᠷᠡᠭᠯᠡᠭᠡ ᠶᠢᠨ ᠬᠡᠷᠡᠭᠴᠡᠭᠡ ᠶᠢ ᠴᠢᠨᠠᠭᠰᠢᠲᠠ ᠦᠷᠬᠡᠳᠬᠡᠵᠤ᠂ ᠬᠠᠨᠭ᠍ᠭᠠᠯᠭ᠎ᠠ ᠶᠢᠨ ᠴᠢᠨᠠᠷ ᠴᠢᠨᠰᠠᠭ᠎ᠠ ᠪᠠ ᠲᠦᠪᠰᠢᠨ ᠢᠶᠠᠨ ᠲᠠᠬᠡᠭᠰᠢᠯᠡᠬᠦᠯᠵᠤ᠂ ᠪᠠᠭᠤᠷᠠᠢ ᠭᠤᠭᠴᠤᠭ᠎ᠠ ᠪᠠᠨ ᠴᠢᠩᠭᠠᠳᠬᠠᠨ᠂ ᠵᠠᠬ᠎ᠠ ᠲᠠᠯᠬᠡᠬᠦᠷ ᠤᠨ ᠭᠤᠤᠯ ᠴᠤᠭᠴᠠ ᠶᠢ ᠪᠤᠵᠠᠭᠠᠢᠢᠷᠠᠭᠤᠯᠵᠤ᠂ ᠬᠦᠭᠵᠢᠯᠲᠠ ᠶᠢᠨ ᠤᠷᠤᠨ ᠵᠠᠢ ᠪᠠᠨ ᠦᠷᠬᠡᠳᠬᠡᠵᠤ᠂ ᠪᠠᠶᠢᠭᠤᠯᠤᠮᠵᠢ ᠲᠤᠭᠲᠠᠴᠠ ᠪᠠᠨ ᠪᠦᠷᠢᠨᠰᠢᠭᠦᠯᠬᠦ ᠬᠡᠷᠡᠭᠳᠡᠢ᠃ ᠪᠦᠳᠦᠮᠵᠢᠳᠡᠢ ᠬᠡᠷᠡᠭᠴᠡᠭᠡ ᠶᠢ ᠰᠣᠯᠠᠯᠠᠵᠣ᠂ ᠪᠡᠯᠡ ᠣᠷᠣᠭᠤᠯᠣᠯᠳᠠ᠂ ᠬᠡᠷᠡᠭᠯᠡᠭᠡ᠂ ᠭᠠᠳᠠᠭᠠᠳᠣ ᠭᠠᠷᠭᠠᠯᠳᠠ ᠶᠢᠨ ᠵᠣᠬᠢᠴᠠᠩᠭᠤᠢ ᠳᠠᠳᠠᠯᠳᠠ ᠶᠢ ᠴᠢᠩᠭᠠᠳᠬᠠᠵᠣ᠂ ᠠᠵᠣ ᠠᠬᠤᠢ ᠶᠢᠨ ᠳᠣᠭᠳᠠᠭᠤᠨ ᠨᠡᠮᠡᠭᠳᠡᠯ ᠢ ᠠᠬᠢᠭᠤᠯᠣᠨ᠎ᠠ᠃ ᠰᠠᠭᠤᠷᠢ ᠲᠦᠬᠦᠬᠡᠷᠤᠮᠵᠢ ᠶᠢᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠨ᠂ ᠮᠠᠯ ᠠᠵᠣ ᠠᠬᠤᠢ ᠲᠠᠷᠢᠶᠠᠯᠠᠩ ᠤᠨ ᠤᠲᠤᠬᠢᠴᠢᠯᠠᠯᠲᠠ ᠶᠢ ᠠᠬᠢᠭᠤᠯᠵᠤ᠂ ᠠᠵᠤ ᠦᠢᠯᠡᠳᠪᠤᠷᠢ ᠶᠢᠨ ᠬᠡᠯᠪᠠᠷᠢ ᠪᠠᠨ ᠬᠤᠪᠢᠷᠠᠭᠤᠯᠤᠨ ᠲᠠᠰ ᠲᠠᠪᠰᠢᠬᠦ ᠶᠢ ᠠᠬᠢᠭᠤᠯᠤᠨ᠂ ᠤᠲᠤ ᠦᠶ᠎ᠠ ᠶᠢᠨ ᠦᠢᠯᠡᠴᠢᠯᠡᠬᠡᠨ ᠤ ᠦᠢᠯᠡᠰ ᠢ ᠬᠦᠭᠵᠢᠬᠦᠯᠵᠤ᠂ ᠵᠠᠬ᠎ᠠ ᠲᠠᠯᠬᠡᠬᠦᠷ ᠤᠨ ᠭᠤᠤᠯ ᠴᠤᠭᠴᠠ‌‍ᠶᠢ ᠪᠤᠶᠢᠵᠢᠭᠤᠯᠣᠨ ᠪᠤᠵᠠᠭᠠᠢᠢᠷᠠᠭᠤᠯᠵᠣ᠂ ᠠᠵᠤ ᠠᠬᠤᠢ ᠶᠢᠨ ᠡᠷᠬᠢᠯᠲᠠ ᠶᠢᠨ ᠡᠵᠡᠮᠰᠢᠯ ᠲᠤᠬᠢᠷᠠᠭᠤᠯᠭ᠎ᠠ ᠪᠠ ᠵᠠᠰᠠᠯᠳᠠ ᠶᠢ ᠴᠢᠩᠭᠠᠳᠬᠠᠨ᠎ᠠ ᠭᠡᠪᠡ᠃      ᠨᠢᠭᠡ᠂ ᠰᠢᠨ᠎ᠠ ᠶᠢ ᠡᠭᠦᠳᠬᠦ ᠬᠦᠭᠵᠢᠯᠳᠡ      ᠬᠤᠷᠠᠯ ᠠᠴᠠ ᠳᠣᠷᠠᠳᠣᠭᠰᠠᠨ ᠨᠢ᠂ ᠰᠢᠨ᠎ᠠ ᠶᠢ ᠡᠭᠦᠳᠬᠦ ᠬᠦᠭᠵᠢᠯᠳᠡ ᠶᠢ ᠪᠠᠷᠢᠮᠳᠠᠯᠠᠨ᠂ ᠬᠦᠭᠵᠢᠯᠳᠡ ᠶᠢᠨ ᠴᠢᠨᠠᠷ ᠴᠢᠨᠰᠠᠭ᠎ᠠ ᠪᠤᠯᠤᠨ ᠦᠷ᠎ᠠ ᠠᠰᠢᠭ ᠢ ᠲᠡᠭᠡᠭᠰᠢᠯᠡᠭᠦᠯᠬᠦ ᠳᠤ᠂ ᠡᠷᠬᠡᠪᠰᠢ ᠰᠢᠨ᠎ᠡ ᠶᠢ ᠡᠭᠦᠳᠬᠦ ᠶᠢ ᠬᠦᠭᠵᠢᠯᠳᠡ ᠶᠢᠨ ᠪᠦᠬᠦ ᠳᠠᠯ᠎ᠠ ᠶᠢᠨ ᠭᠤᠣᠯᠯᠠᠭᠴᠢ ᠪᠠᠶᠢᠷᠢ ᠳᠤ ᠲᠠᠯᠪᠢᠵᠤ᠂ ᠬᠦᠭᠵᠢᠯᠳᠡ ᠶᠢᠨ ᠰᠠᠭᠤᠷᠢ ᠴᠡᠭ ᠢ ᠰᠢᠨ᠎ᠡ ᠶᠢ ᠡᠭᠦᠳᠬᠦ ᠳᠡᠭᠡᠷ᠎ᠡ ᠳᠠᠯᠪᠢᠵᠣ᠂ ᠰᠢᠨᠵᠢᠯᠡᠬᠦ ᠣᠬᠠᠭᠠᠨ ᠮᠡᠷᠭᠡᠵᠢᠯ᠂ ᠴᠢᠬᠤᠯᠠ ᠬᠦᠴᠦᠨ ᠵᠦᠢᠯ᠂ ᠠᠵᠤ ᠦᠢᠯᠡᠰ᠂ ᠦᠢᠯᠡᠳᠭᠦᠨ᠂ ᠵᠤᠬᠢᠶᠠᠨ ᠪᠠᠶᠢᠭᠤᠯᠤᠯᠳᠠ᠂ ᠬᠠᠮᠢᠶᠠᠷᠤᠯᠳᠠ᠂ ᠲᠦᠷᠦᠯ ᠲᠡᠮᠳᠡᠭ᠂ ᠠᠵᠢᠯ ᠤᠨ ᠪᠠᠶᠢᠳᠠᠯ᠂ ᠬᠤᠳᠠᠯᠳᠣᠭᠠᠨ ᠤ ᠵᠠᠭᠪᠤᠷ ᠤᠨ ᠪᠦᠬᠦ ᠳᠠᠯ᠎ᠠ ᠪᠠᠷ ᠰᠢᠨ᠎ᠠ ᠶᠢ ᠡᠭᠦᠳᠬᠦ ᠶᠢ ᠠᠬᠢᠭᠤᠯᠵᠤ᠂ ᠰᠢᠨ᠎ᠡ ᠶᠢ ᠡᠭᠦᠳᠬᠦ ᠬᠦᠭᠵᠢᠯᠳᠡ ᠶᠢ ᠬᠦᠯᠢᠶᠡᠰᠦᠯᠡᠵᠦ ᠪᠠᠶᠢᠭ᠎ᠠ ᠪᠠᠶᠢᠭᠤᠯᠣᠮᠵᠢ ᠳᠣᠭᠳᠠᠴᠠ ᠶᠢᠨ ᠰᠠᠭᠠᠳ ᠬᠠᠷᠰᠢ ᠶᠢ ᠠᠷᠢᠯᠠᠭᠠᠵᠣ᠂ ᠰᠢᠨ᠎ᠠ ᠶᠢ ᠡᠭᠦᠳᠬᠦ ᠪᠠᠷ ᠴᠢᠬᠤᠯᠠ ᠤᠳᠤᠷᠢᠳᠤᠮᠵᠢ ᠪᠤᠯᠤᠨ ᠲᠤᠯᠭᠠᠭᠤᠷᠢᠯᠠᠯ ᠪᠤᠯᠭᠠᠭᠰᠠᠨ ᠠᠵᠤ ᠠᠬᠤᠢ ᠶᠢᠨ ᠰᠢᠰᠲ᠋ᠧᠮ ᠪᠤᠯᠤᠨ ᠬᠦᠭᠵᠢᠯᠳᠡ ᠶᠢᠨ ᠵᠠᠭᠪᠤᠷ ᠢ ᠪᠦᠷᠢᠯᠳᠦᠭᠦᠯᠬᠦ ᠬᠡᠷᠡᠭᠳᠡᠢ᠃      ᠬᠦᠭᠵᠢᠯᠳᠡ ᠶᠢᠨ ᠰᠢᠨ᠎ᠠ ᠤᠷᠤᠨ ᠵᠠᠢ ᠶᠢ ᠦᠷᠭᠡᠳᠭᠡᠵᠦ᠂ ᠬᠠᠳᠤᠨ ᠭᠤᠤᠯ ᠲᠠᠭᠠᠤ ᠭᠤᠣᠯ ᠪᠤᠯᠬᠤ ᠵᠠᠰᠠᠮᠠᠯ ᠵᠠᠮ ᠳᠠᠭᠠᠣ ᠶᠢᠨ ᠠᠵᠤ ᠠᠬᠤᠢ ᠶᠢᠨ ᠪᠦᠰᠡ ᠶᠢᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠵᠣ᠂ ᠬᠦᠬᠡᠬᠤᠳᠠ ᠪᠤᠭᠤᠳᠤ ᠤᠷᠳᠤᠰ ᠢ ᠵᠣᠬᠢᠴᠠᠭᠤᠯᠣᠨ ᠬᠦᠭᠵᠢᠭᠦᠯᠬᠦ ᠶᠢ ᠠᠬᠢᠭᠤᠯᠵᠤ᠂ ᠦᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠢ ᠨᠢᠭᠡ ᠴᠤᠭᠴᠠᠵᠢᠭᠤᠯᠣᠨ ᠬᠦᠭᠵᠢᠭᠦᠯᠬᠦ ᠶᠢ ᠨᠢᠭᠡᠳᠦᠯᠳᠡᠢ ᠲᠦᠯᠦᠪᠵᠢᠭᠦᠯᠵᠦ᠂ ᠦᠪᠦᠷ ᠮᠤᠩᠭᠤᠯ ᠤᠨ ᠵᠡᠭᠦᠨ ᠬᠡᠰᠡᠭ ᠤᠨ ᠡᠨᠧᠷᠬᠢ ᠶᠢᠨ ᠰᠠᠭᠤᠷᠢᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠰᠢᠯᠢ ᠶᠢᠨ ᠭᠤᠤᠯ ᠲᠦᠡᠭᠯᠢᠶᠤᠤ ᠤᠯᠠᠭᠠᠨᠬᠠᠳᠠ ᠶᠢᠨ ᠠᠵᠤ ᠠᠬᠤᠢ ᠶᠢᠨ ᠳᠣᠭᠤᠷᠢᠭ ᠢ ᠪᠤᠶᠢᠵᠢᠭᠤᠯᠤᠨ᠂ ᠬᠢᠯᠢ ᠲᠠᠭᠠᠤ ᠶᠢᠨ ᠠᠵᠤ ᠠᠬᠤᠢ ᠶᠢᠨ ᠪᠦᠰᠡ ᠶᠢ ᠪᠠᠶᠢᠭᠤᠯᠵᠣ᠂ ᠠᠵᠤ ᠦᠢᠯᠡᠳᠪᠤᠷᠢ ᠶᠢᠨ ᠬᠦᠷᠢᠶᠡᠯᠡᠩ ᠳᠣᠭᠤᠷᠢᠭ ᠤᠨ ᠤᠷᠤᠨ ᠵᠠᠢ ᠶᠢᠨ ᠳᠠᠷᠬᠠᠴᠠ ᠶᠢ ᠰᠢᠯᠢᠳᠡᠭᠵᠢᠭᠦᠯᠦᠨ᠂ ᠬᠦᠭᠵᠢᠭᠰᠡᠨ ᠤᠷᠤᠨ ᠤ ᠲᠡᠷᠢᠭᠦᠨ ᠤ ᠠᠵᠤ ᠦᠢᠯᠡᠰ ᠢᠶᠠᠨ ᠰᠢᠯᠵᠢᠭᠦᠯᠬᠦ ᠶᠢ ᠶᠡᠬᠡᠪᠡᠷ ᠬᠦᠯᠢᠶᠡᠨ ᠠᠪᠣᠨ᠎ᠠ᠃      ᠠᠵᠤ ᠦᠢᠯᠡᠰ ᠤᠨ ᠰᠢᠨ᠎ᠠ ᠰᠢᠰᠲ᠋ᠧᠮ ᠢ ᠴᠣᠭᠴᠠᠯᠠᠵᠣ᠂ ︽ᠲᠠᠪᠤᠨ ᠶᠡᠭᠡ ᠰᠠᠭᠤᠷᠢᠨ︾᠎ ᠤ ᠪᠦᠳᠦᠭᠡᠨ ᠪᠠᠶᠢᠭᠤᠯᠤᠯᠳᠠ ᠶᠢᠨ ᠲᠤᠭᠤᠷᠢᠨ ᠳᠤ᠂ ᠤᠯᠠᠮᠵᠢᠯᠠᠯᠳᠤ ᠠᠵᠤ ᠦᠢᠯᠡᠰ ᠤᠨ ᠰᠢᠨ᠎ᠠ ᠬᠡᠯᠪᠡᠷᠢᠵᠢᠬᠦ᠂ ᠰᠢᠨ᠎ᠠ ᠪᠠᠷ ᠮᠠᠨᠳᠣᠵᠣ ᠪᠠᠶᠢᠭ᠎ᠠ ᠠᠵᠤ ᠦᠢᠯᠡᠰ ᠤᠨ ᠬᠡᠪᠴᠢᠶᠡᠵᠢᠬᠦ᠂ ᠲᠤᠯᠭᠠᠭᠤᠷᠢ ᠠᠵᠤ ᠦᠢᠯᠡᠰ ᠤᠨ ᠤᠯᠠᠨ ᠡᠰᠢᠵᠢᠬᠦ ᠶᠢ ᠠᠬᠢᠭᠤᠯᠤᠨ᠎ᠠ᠃      ᠬᠤᠶᠠᠷ᠂ ᠵᠤᠬᠢᠴᠠᠩᠭᠤᠢ ᠬᠦᠭᠵᠢᠯᠳᠡ      ᠬᠤᠷᠠᠯ ᠠᠴᠠ ᠲᠤᠷᠠᠳᠤᠭᠰᠠᠨ ᠨᠢ᠂ ᠵᠤᠬᠢᠴᠠᠩᠭᠤᠢ ᠬᠦᠭᠵᠢᠯᠳᠡ ᠶᠢ ᠪᠠᠷᠢᠮᠳᠠᠯᠠᠨ᠂ ᠬᠦᠭᠵᠢᠯᠳᠡ ᠶᠢᠨ ᠪᠦᠬᠦᠯᠢ ᠴᠤᠭᠴᠠᠳᠤ ᠴᠢᠨᠠᠷ ᠢ ᠴᠢᠩᠭᠠᠳᠬᠠᠬᠤ ᠳᠤ᠂ ᠡᠷᠬᠡᠪᠰᠢ ᠬᠦᠭᠵᠢᠯᠳᠡ ᠶᠢᠨ ᠲᠤᠮᠳᠠᠬᠢ ᠴᠢᠬᠤᠯᠠ ᠬᠠᠷᠢᠴᠠᠭ᠎ᠠ ᠶᠢ ᠵᠦᠪ ᠤᠨᠤᠪᠴᠢᠳᠠᠢ ᠰᠢᠢᠳᠪᠤᠷᠢᠯᠡᠵᠦ᠂ ᠵᠤᠬᠢᠴᠠᠩᠭᠤᠢ ᠬᠦᠭᠵᠢᠯᠳᠡ ᠳᠣᠮᠳᠠ ᠬᠦᠭᠵᠢᠯᠳᠡ ᠶᠢᠨ ᠤᠷᠤᠨ ᠵᠠᠢ ᠪᠠᠨ ᠦᠷᠭᠡᠳᠭᠡᠵᠦ᠂ ᠪᠠᠭᠤᠷᠠᠢ ᠬᠦᠷᠢᠶ᠎ᠠ ᠬᠡᠪᠴᠢᠶᠠᠨ ᠳᠠᠬᠢ ᠬᠦᠭᠵᠢᠯᠳᠡ ᠶᠢᠨ ᠨᠦᠬᠡᠴᠡ ᠬᠦᠴᠦᠨ ᠢᠶᠠᠨ ᠴᠢᠩᠭᠠᠷᠠᠭᠤᠯᠬᠤ ᠶᠢ ᠴᠢᠩᠭᠠᠳᠬᠠᠬᠤ ᠬᠡᠷᠡᠭᠳᠡᠢ᠃      ᠭᠤᠷᠪᠠ᠂ ᠪᠤᠬᠢᠷᠳᠤᠯ ᠦᠭᠡᠢ ᠬᠦᠭᠵᠢᠯᠳᠡ      ᠬᠤᠷᠠᠯ ᠠᠴᠠ ᠳᠣᠷᠠᠳᠣᠭᠰᠠᠨ ᠨᠢ᠂ ᠪᠤᠬᠢᠷᠳᠤᠯ ᠦᠭᠡᠢ ᠬᠦᠭᠵᠢᠯᠳᠡ ᠶᠢ ᠪᠠᠷᠢᠮᠳᠠᠯᠠᠵᠣ᠂ ᠮᠨᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠦᠳᠦᠭᠡᠨ ᠪᠠᠶᠢᠭᠤᠯᠬᠤ ᠳᠤ᠂ ᠡᠷᠬᠡᠪᠰᠢ ᠪᠤᠬᠢᠷᠳᠤᠯ ᠦᠭᠡᠢ ᠬᠦᠭᠵᠢᠯᠳᠡ ᠪᠠᠷ ᠤᠷᠤᠨ ᠢᠶᠠᠨ ᠪᠠᠶᠠᠵᠢᠭᠤᠯᠬᠤ᠂ ᠪᠤᠬᠢᠷᠳᠤᠯ ᠦᠭᠡᠢ ᠬᠦᠭᠵᠢᠯᠳᠡ ᠪᠠᠷ ᠠᠷᠠᠳ ᠲᠤ ᠠᠰᠢᠭ ᠬᠦᠷᠳᠡᠭᠡᠬᠦ ᠶᠢ ᠪᠠᠷᠢᠮᠳᠠᠯᠠᠵᠣ᠂ ᠦᠷᠭᠦᠯᠵᠢᠯᠡᠬᠦ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠲᠦᠷᠢᠮ ᠢ ᠰᠦᠪᠡᠭᠴᠢᠯᠡᠨ ᠪᠠᠶᠢᠭᠤᠯᠵᠤ᠂ ᠪᠤᠬᠢᠷᠳᠤᠯ ᠦᠭᠡᠢ ᠬᠦᠭᠵᠢᠯᠳᠡ ᠶᠢᠨ ᠠᠷᠭ᠎ᠠ ᠬᠡᠯᠪᠡᠷᠢ ᠪᠤᠯᠤᠨ ᠠᠮᠢᠳᠤᠷᠠᠯ ᠤᠨ ᠠᠷᠭ᠎ᠠ ᠬᠡᠯᠪᠡᠷᠢ ᠶᠢᠨ ᠪᠦᠷᠢᠯᠳᠦᠬᠦ ᠶᠢ ᠠᠬᠢᠭᠤᠯᠬᠤ ᠬᠡᠷᠡᠭᠳᠡᠢ᠃      ᠳᠥᠷᠪᠡ᠂ ᠨᠡᠭᠡᠭᠡᠯᠳᠡᠳᠤ ᠬᠦᠭᠵᠢᠯᠳᠡ      ᠬᠤᠷᠠᠯ ᠠᠴᠠ ᠳᠤᠷᠠᠳᠤᠭᠰᠠᠨ ᠨᠢ᠂ ᠨᠡᠭᠡᠭᠡᠯᠳᠡᠳᠤ ᠬᠦᠭᠵᠢᠯᠳᠡ ᠶᠢ ᠪᠠᠷᠢᠮᠳᠠᠯᠠᠵᠦ᠂ ᠨᠡᠭᠡᠭᠡᠯᠳᠡ ᠶᠢᠨ ᠬᠡᠯᠪᠡᠷᠢ ᠶᠢᠨ ᠠᠵᠦ ᠠᠬᠤᠢ ᠶᠢᠨ ᠲᠦᠪᠰᠢᠨ ᠢᠶᠠᠨ ᠳᠡᠭᠡᠭᠰᠢᠯᠡᠬᠦᠯᠬᠦ ᠳᠤ᠂ ᠡᠷᠭᠡᠪᠰᠢ ᠨᠡᠩ ᠰᠠᠨᠠᠭᠠᠴᠢᠯᠠᠭ᠎ᠠ ᠲᠠᠢ ᠭᠠᠳᠠᠭᠠᠳᠤ ᠨᠡᠭᠡᠭᠡᠯᠳᠡ ᠬᠢᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠭᠠᠳᠠᠭᠠᠳᠤ ᠨᠡᠭᠡᠭᠡᠯᠳᠡ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠪᠠᠨ ᠳᠡᠬᠦᠯᠳᠡᠷᠵᠢᠬᠦᠯᠦᠨ᠂ ᠨᠡᠭᠡᠭᠡᠯᠳᠡ ᠶᠢᠨ ᠬᠡᠯᠪᠡᠷᠢ ᠶᠢᠨ ᠠᠵᠦ ᠠᠬᠤᠢ ᠶᠢᠨ ᠰᠢᠨ᠎ᠠ ᠪᠠᠶᠢᠭᠤᠯᠤᠮᠵᠢ ᠶᠢ ᠴᠤᠭᠴᠠᠯᠠᠵᠦ᠂ ᠨᠡᠭᠡᠭᠡᠯᠳᠡ ᠶᠢᠨ ᠬᠡᠯᠪᠡᠷᠢ ᠶᠢᠨ ᠠᠵᠦ ᠠᠬᠤᠢ ᠶᠢᠨ ᠰᠢᠨ᠎ᠠ ᠤᠷᠤᠨ ᠵᠠᠢ ᠶᠢ ᠦᠷᠭᠡᠳᠬᠡᠨ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠶᠢ ᠪᠠᠶᠢᠭᠤᠯᠬᠤ ᠬᠡᠷᠡᠭᠳᠡᠢ᠃      ᠲᠠᠪᠤ᠂ ᠬᠠᠮᠳᠤᠪᠡᠷ ᠡᠳ᠋ᠯᠡᠬᠦ ᠬᠦᠭᠵᠢᠯᠳᠡ      ᠬᠤᠷᠠᠯ ᠠᠴᠠ ᠳᠤᠷᠠᠳᠤᠭᠰᠠᠨ ᠨᠢ᠂ ᠬᠠᠮᠳᠤᠪᠡᠷ ᠡᠳ᠋ᠯᠡᠬᠦ ᠬᠦᠭᠵᠢᠯᠳᠡ ᠶᠢ ᠪᠠᠷᠢᠮᠳᠠᠯᠠᠵᠦ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠬᠦᠯᠬᠦ ᠳᠤ᠂ ᠡᠷᠭᠡᠪᠰᠢ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠤ ᠪᠤᠢ ᠪᠤᠯᠭᠠᠵᠦ᠂ ᠬᠤᠷᠢᠭ᠎ᠠ ᠱᠤᠭᠤᠮ ᠢ ᠪᠠᠳᠣ ᠰᠠᠬᠢᠵᠣ᠂ ᠭᠤᠤᠯᠳᠠᠯᠭ᠎ᠠ ᠪᠠᠨ ᠳᠤᠪᠤᠶᠢᠯᠭᠠᠨ᠂ ᠲᠦᠷᠢᠮ ᠢᠶᠠᠨ ᠳᠡᠬᠦᠯᠳᠡᠷᠵᠢᠬᠦᠯᠵᠦ᠂ ᠤᠷᠢᠳᠴᠢᠯᠠᠭᠰᠠᠨ ᠬᠠᠷᠠᠯᠳᠠ ᠳᠡᠰᠢ ᠪᠠᠨ ᠬᠦᠳᠦᠯᠦᠨ ᠳᠠᠭᠠᠭᠤᠯᠵᠣ᠂ ᠠᠵᠠ ᠳᠣᠬᠢᠶᠠᠯ ᠡᠷᠭᠡ ᠳᠡᠭᠰᠢ ᠪᠠᠶᠢᠬᠤ ᠶᠢ ᠬᠦᠨᠳᠦᠳᠭᠡᠨ᠂ ᠦᠨᠳᠤᠰᠤᠨ ᠠᠷᠠᠳ ᠤᠨ ᠠᠮᠢᠳᠤᠷᠠᠯ ᠢ ᠪᠠᠳᠤᠯᠠᠵᠦ᠂ ᠦᠨᠳᠤᠰᠤᠳᠡᠨ ᠨᠦᠭᠦᠳ ᠤᠨ ᠠᠷᠠᠳ ᠲᠦᠮᠡᠨ ᠬᠠᠮᠳᠤᠪᠡᠷ ᠪᠦᠬᠦ ᠳᠠᠯ᠎ᠠ ᠶᠢᠨ ᠴᠢᠨᠡᠭᠡᠯᠢᠭ ᠨᠡᠶᠢᠭᠡᠮ ᠳᠤ ᠳᠠᠪᠰᠢᠨ ᠤᠷᠤᠬᠤ ᠶᠢ ᠪᠡᠶᠡᠯᠡᠬᠦᠯᠬᠦ ᠬᠡᠷᠡᠭᠳᠡᠢ᠃      ᠡᠶ᠎ᠡ ᠵᠣᠬᠢᠴᠠᠩᠭᠤᠢ ᠦᠪᠦᠷ ᠮᠣᠩᠭᠤᠯ ᠤᠨ ᠪᠠᠶᠢᠭᠤᠯᠣᠯᠳᠠ ᠶᠢ ᠠᠬᠢᠭᠤᠯᠤᠨ᠂ ᠡᠬᠡ ᠣᠯᠣᠰ ᠤᠨ ᠣᠮᠠᠷᠠᠳᠣ ᠶᠢᠨ ᠠᠮᠣᠷ ᠲᠦᠪᠰᠢᠨ ᠳᠣᠭᠳᠠᠭᠤᠨ ᠤ ᠬᠠᠯᠬᠠᠪᠴᠢ ᠶᠢ ᠪᠠᠳᠣ ᠴᠣᠭᠴᠠᠯᠠᠨ᠎ᠠ      ᠬᠤᠷᠠᠯ ᠠᠴᠠ ᠵᠢᠭᠠᠵᠣ ᠭᠠᠷᠭᠠᠭᠰᠠᠨ ᠨᠢ᠂ ᠡᠷᠬᠡᠪᠰᠢ ᠦᠭᠡᠷᠡᠴᠢᠯᠡᠯᠳᠡ ᠬᠦᠭᠵᠢᠯᠳᠡ ᠳᠣᠭᠳᠠᠭᠤᠨ ᠤ ᠬᠠᠷᠢᠴᠠᠭ᠎ᠠ ᠶᠢ ᠵᠦᠪ ᠰᠢᠢᠳᠪᠦᠷᠢᠯᠡᠵᠦ᠂ ᠬᠢᠯᠢ ᠣᠷᠣᠨ ᠢᠶᠠᠨ ᠰᠠᠬᠢᠨ ᠬᠠᠮᠠᠭᠠᠯᠠᠵᠣ ᠬᠠᠷᠢᠯᠴᠠᠨ ᠬᠠᠪᠰᠣᠷᠣᠯᠴᠠᠬᠤ ᠶᠢ ᠪᠠᠷᠢᠮᠳᠠᠯᠠᠵᠣ᠂ ᠦᠨᠳᠦᠰᠦᠳᠡᠨ ᠨᠦᠭᠦᠳ ᠪᠦᠯᠬᠦᠮᠳᠡᠯ ᠲᠠᠢ᠂ ᠨᠡᠶᠢᠭᠡᠮ ᠠᠮᠣᠷ ᠳᠣᠭᠳᠠᠭᠤᠨ᠂ ᠬᠢᠯᠢ ᠬᠢᠵᠠᠭᠠᠷ ᠠᠮᠣᠷ ᠳᠠᠶᠢᠪᠣᠩ ᠣᠯᠣᠰ ᠲᠦᠷᠦ ᠶᠢᠨ ᠪᠠᠶᠢᠳᠠᠯ ᠢ ᠳᠠᠰᠣᠷᠠᠯᠳᠠ ᠦᠭᠡᠢ ᠪᠠᠳᠣᠳᠬᠠᠨ ᠬᠦᠭᠵᠢᠭᠦᠯᠬᠦ ᠬᠡᠷᠡᠭᠳᠡᠢ᠃ ᠦᠨᠳᠦᠰᠦᠳᠡᠨ ᠤ ᠪᠦᠯᠬᠦᠮᠳᠡᠯ ᠢ ᠴᠢᠩᠭᠠᠳᠬᠠᠨ ᠪᠠᠬᠢᠵᠢᠭᠦᠯᠵᠦ᠂ ᠦᠨᠳᠦᠰᠦᠳᠡᠨ ᠤ ᠣᠷᠣᠨ ᠤ ᠦᠪᠡᠷᠳᠡᠭᠡᠨ ᠵᠠᠰᠠᠬᠤ ᠪᠠᠶᠢᠭᠤᠯᠣᠯ ᠢ ᠪᠠᠷᠢᠮᠳᠠᠯᠠᠨ ᠳᠡᠭᠦᠯᠳᠡᠷᠵᠢᠭᠦᠯᠵᠦ᠂ ᠦᠨᠳᠦᠰᠦᠳᠡᠨ ᠤ ᠭᠠᠵᠠᠷ ᠣᠷᠣᠨ ᠤ ᠬᠦᠭᠵᠢᠯᠳᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠳᠡᠭᠦᠯᠳᠡᠷᠵᠢᠭᠦᠯᠵᠦ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠣᠬᠠᠭᠤᠯᠭ᠎ᠠ ᠬᠦᠮᠦᠵᠢᠯ ᠢ ᠭᠦᠨᠵᠡᠭᠡᠢ ᠦᠷᠨᠢᠭᠦᠯᠬᠦ ᠬᠡᠷᠡᠭᠳᠡᠢ᠃ ᠪᠦᠬᠦ ᠳᠠᠯ᠎ᠠ ᠪᠠᠷ ᠬᠠᠣᠯᠢ ᠪᠠᠷ ᠣᠷᠣᠨ ᠢᠶᠠᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠰᠢᠨᠵᠢᠯᠡᠬᠦ ᠣᠬᠠᠭᠠᠨᠴᠢ ᠪᠠᠷ ᠬᠠᠣᠯᠢ ᠳᠣᠭᠳᠠᠭᠠᠬᠤ᠂ ᠬᠠᠣᠯᠢ ᠶᠢ ᠴᠢᠩᠭ᠎ᠠ ᠬᠡᠷᠡᠭᠵᠢᠭᠦᠯᠬᠦ᠂ ᠭᠤᠣᠯᠴᠢ ᠪᠠᠷ ᠬᠠᠣᠯᠢ ᠶᠠᠪᠣᠭᠤᠯᠬᠤ᠂ ᠪᠦᠬᠦ ᠠᠷᠠᠳ ᠬᠠᠣᠯᠢ ᠶᠢ ᠰᠠᠬᠢᠬᠤ ᠶᠢ ᠠᠬᠢᠭᠤᠯᠵᠣ᠂ ᠬᠠᠣᠯᠢᠵᠢᠯ ᠤᠨ ᠦᠪᠦᠷ ᠮᠣᠩᠭᠤᠯ ᠢ ᠲᠦᠷᠭᠡᠨ ᠪᠠᠶᠢᠭᠤᠯᠬᠤ ᠬᠡᠷᠡᠭᠳᠡᠢ᠃ ᠨᠡᠶᠢᠭᠡᠮ ᠢ ᠵᠠᠰᠠᠬᠤ ᠠᠵᠢᠯ ᠢ ᠴᠢᠩᠭᠠᠳᠬᠠᠨ ᠰᠢᠨ᠎ᠡ ᠶᠢ ᠡᠭᠦᠳᠴᠦ᠂ ᠨᠡᠶᠢᠭᠡᠮ ᠤᠨ ᠵᠦᠷᠢᠴᠡᠯ ᠢ ᠪᠠᠶᠢᠴᠠᠭᠠᠨ ᠰᠡᠷᠡᠮᠵᠢᠯᠡᠭᠦᠯᠬᠦ ᠪᠠ ᠡᠶᠡᠳᠡᠭᠦᠯᠦᠨ ᠨᠠᠮᠳᠠᠭᠤᠯᠬᠤ ᠶᠡᠷᠦᠩᠬᠡᠶᠢᠯᠡᠭᠰᠡᠨ ᠳᠣᠭᠳᠠᠴᠠ ᠶᠢ ᠳᠡᠭᠦᠯᠳᠡᠷᠵᠢᠭᠦᠯᠵᠦ᠂ ᠨᠡᠶᠢᠭᠡᠮ ᠤᠨ ᠠᠮᠣᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠣ᠂ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠣᠯᠣᠨ ᠬᠠᠮᠢᠶᠠᠷᠣᠯᠳᠠ ᠶᠢᠨ ᠳᠦᠷᠢᠮ ᠢ ᠳᠡᠭᠦᠯᠳᠡᠷᠵᠢᠭᠦᠯᠦᠨ ᠨᠠᠶᠢᠳᠠᠪᠣᠷᠢᠵᠢᠭᠤᠯᠵᠣ᠂ ᠣᠯᠣᠰ ᠤᠨ ᠠᠮᠣᠷ ᠲᠦᠪᠰᠢᠨ ᠤ ᠬᠦᠴᠦᠨ ᠪᠣᠯᠣᠨ ᠠᠷᠭ᠎ᠠ ᠪᠠᠷᠢᠯ ᠤᠨ ᠪᠠᠶᠢᠭᠤᠯᠣᠯᠳᠠ ᠶᠢ ᠴᠢᠩᠭᠠᠳᠬᠠᠬᠤ ᠬᠡᠷᠡᠭᠳᠡᠢ ᠬᠡᠪᠡ᠃      ᠤᠳᠤᠬᠠᠨ ᠪᠠ ᠬᠤᠶᠢᠰᠢᠳᠠ ᠶᠢᠨ ᠨᠢᠬᠡ ᠬᠤᠭᠤᠴᠠᠭᠠᠨ ᠤ ᠡᠬᠦᠷᠬᠡ      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠳᠠᠪᠣᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ︽13· 5︾᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠬᠦᠭᠵᠢᠯᠳᠡ ᠶᠢᠨ ᠴᠢᠬᠤᠯᠠ ᠠᠰᠠᠭᠤᠳᠠᠯ ᠤᠨ ᠳᠣᠬᠠᠢ ᠰᠣᠳᠣᠯᠭᠠᠨ ᠡᠵᠡᠮᠰᠢᠯ ᠢᠶᠠᠨ ᠴᠢᠨᠠᠭᠰᠢᠳᠠ ᠭᠦᠨᠵᠡᠭᠡᠶᠢᠷᠡᠭᠦᠯᠵᠦ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠦᠯᠦᠪᠵᠢᠭᠦᠯᠭᠡ ᠶᠢᠨ ᠰᠠᠨᠠᠭᠤᠯᠭ᠎ᠠ ᠶᠢ ᠳᠣᠣᠱᠯᠠᠭᠤᠯᠣᠨ ᠨᠠᠶᠢᠳᠠᠪᠣᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠣᠷ ᠠᠳᠬᠤᠵᠣ᠂ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠰᠠᠶᠢᠳᠣᠷ ᠬᠢᠬᠦ ᠰᠠᠨᠠᠭᠠᠴᠢᠯᠠᠭᠠᠳᠣ ᠡᠷᠬᠡ ᠶᠢ ᠪᠠᠳᠣ ᠡᠵᠡᠮᠰᠢᠬᠦ ᠬᠡᠷᠡᠭᠳᠡᠢ᠃ ᠺᠠᠳ᠋ᠷ ᠤᠨ ᠡᠩᠨᠡᠭᠡ ᠶᠢᠨ ᠪᠠᠶᠢᠭᠤᠯᠣᠯᠳᠠ ᠶᠢ ᠴᠢᠨᠠᠭᠰᠢᠳᠠ ᠴᠢᠩᠭᠠᠳᠬᠠᠵᠣ᠂ ᠢᠳᠡᠪᠬᠢᠳᠡᠢ ᠦᠭᠡᠳᠡᠷᠬᠡᠭ᠂ ᠠᠵᠢᠯ ᠬᠢᠵᠦ ᠦᠢᠯᠡᠰ ᠪᠣᠰᠬᠠᠬᠤ᠂ ᠴᠡᠪᠡᠷ ᠠᠷᠢᠭᠤᠨ ᠲᠦᠪ ᠴᠢᠭᠡᠴᠢ ᠰᠠᠶᠢᠨ ᠰᠠᠶᠢᠬᠠᠨ ᠣᠯᠣᠰ ᠲᠦᠷᠦ ᠶᠢᠨ ᠠᠮᠢ ᠠᠬᠤᠢ ᠶᠢ ᠶᠡᠭᠡ ᠬᠦᠴᠦᠨ ᠢᠶᠠᠷ ᠡᠭᠦᠳᠴᠦ᠂ ᠦᠪᠡᠷᠳᠡᠭᠡᠨ ᠵᠠᠰᠠᠬᠤ ᠣᠷᠣᠨ ᠤ ᠡᠯ᠎ᠡ ᠵᠦᠢᠯ ᠤᠨ ᠦᠢᠯᠡᠰ ᠤᠨ ᠬᠦᠭᠵᠢᠯᠳᠡ ᠳᠤ ᠡᠷᠡᠰ ᠴᠢᠩᠭ᠎ᠠ ᠣᠯᠣᠰ ᠲᠦᠷᠦ ᠶᠢᠨ ᠪᠠᠳᠣᠯᠠᠭ᠎ᠠ ᠬᠠᠩᠭᠠᠬᠤ ᠬᠡᠷᠡᠭᠳᠡᠢ ᠬᠡᠪᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map