ᠲᠣᠭᠲᠠᠴᠠ ᠶᠢ ᠪᠠᠶᠢᠭᠤᠯᠤᠨ  ᠦᠢᠯᠡᠴᠢᠯᠡᠭᠡ ᠪᠠᠨ ᠴᠢᠩᠭᠠᠳᠬᠠᠵᠤ  ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ  ᠤᠷᠳᠤᠰ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2015/12/16
     ᠰᠣᠷᠪᠤᠯᠵᠢᠯᠠᠭᠰᠠᠨ ᠴᠠᠭ᠄      2015 ᠣᠨ ᠤ 11 ᠳ᠋ᠤᠭᠡᠷ ᠰᠠᠷ᠎ᠠ ᠶᠢᠨ 23᠎ ᠤ ᠡᠳᠦᠷ ᠤᠨ ᠦᠳᠡ ᠶᠢᠨ ᠬᠤᠶᠢᠨ᠎ᠠ ᠶᠢᠨ 3 ᠴᠠᠭ      ᠰᠣᠷᠪᠤᠯᠵᠢᠯᠠᠭᠰᠠᠨ ᠵᠣᠴᠢᠨ᠄      ᠣᠷᠳᠣᠰ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ   ᠡᠾᠧ ᠲᠣᠣ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢ ᠲᠥᠭ ᠲᠦᠮᠡᠨ ᠠᠶᠢᠯ ᠡᠷᠤᠬᠡ ᠶᠢᠨ ᠡᠷᠡᠭᠦᠯ ᠮᠡᠨᠳᠦ ᠠᠵᠠ ᠵᠢᠷᠭᠠᠯ ᠲᠠᠢ ᠬᠤᠯᠪᠤᠭᠳᠠᠬᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠦᠨ ᠪᠥᠭᠡᠳ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠪᠣᠯᠵᠤ᠂ ᠨᠡᠶᠢᠭᠡᠮ ᠨᠡᠶᠢᠲᠡ ᠶᠢᠨ ᠡᠯ᠎ᠡ ᠡᠲᠡᠭᠡᠳ ᠤᠨ ᠬᠢᠨ ᠤ ᠠᠩᠬᠠᠷᠤᠯ ᠢ ᠶᠡᠬᠡᠪᠡᠷ ᠲᠠᠲᠠᠵᠤ ᠪᠠᠶᠢᠨ᠎ᠠ᠃ ᠣᠶᠢᠷ᠎ᠠ ᠳᠤ᠂ ᠪᠢᠳᠡ ᠣᠷᠳᠣᠰ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠾᠧ ᠲᠣᠣ ᠶᠢ ᠤᠷᠢᠨ ᠵᠠᠯᠠᠵᠦ ᠤᠷᠳᠤᠰ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠬᠠᠮᠢᠶ᠎ᠡ ᠪᠦᠬᠦᠢ ᠪᠠᠶᠢᠳᠠᠯ ᠤᠨ ᠲᠤᠬᠠᠢ ᠰᠦᠯᠵᠢᠶᠡᠨ ᠳᠡᠭᠡᠷ᠎ᠡ ᠲᠠᠶᠢᠯᠤᠮᠵᠢ ᠬᠢᠯᠬᠡᠬᠦ ᠪᠠᠷ ᠪᠤᠯᠪᠠ᠂ ᠲᠤᠬᠠᠢ ᠶᠢᠨ ᠴᠠᠭ ᠲᠤ ᠰᠦᠯᠵᠢᠶᠡᠨ ᠠᠨᠳᠠ ᠨᠠᠷ ᠢᠳᠡᠪᠬᠢᠲᠡᠢ ᠤᠷᠤᠯᠴᠠᠬᠤ ᠪᠤᠯᠪᠠᠤ︕      ᠰᠤᠷᠪᠤᠯᠵᠢᠯᠠᠨ ᠶᠠᠷᠢᠯᠴᠠᠭᠰᠠᠨ ᠲᠣᠪᠴᠢ᠄      ᠬᠦᠳᠤᠯᠦᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠤ︖ ᠲᠠ ᠪᠦᠬᠦᠨ ︽ᠳᠤᠮᠳᠠᠳᠤ ᠤᠯᠤᠰ    ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢ ᠲᠥᠭ ᠲᠦᠮᠡᠨ ᠠᠶᠢᠯ ᠡᠷᠤᠬᠡ ᠶᠢᠨ ᠡᠷᠡᠭᠦᠯ ᠮᠡᠨᠳᠦ ᠠᠵᠠ ᠵᠢᠷᠭᠠᠯ ᠲᠠᠢ ᠬᠤᠯᠪᠤᠭᠳᠠᠬᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠦᠨ ᠪᠥᠭᠡᠳ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠪᠣᠯᠵᠤ᠂ ᠨᠡᠶᠢᠭᠡᠮ ᠨᠡᠶᠢᠲᠡ ᠶᠢᠨ ᠡᠯ᠎ᠡ ᠡᠲᠡᠭᠡᠳ ᠤᠨ ᠬᠢᠨ ᠤ ᠠᠩᠬᠠᠷᠤᠯ ᠢ ᠶᠡᠬᠡᠪᠡᠷ ᠲᠠᠲᠠᠵᠤ ᠪᠠᠶᠢᠨ᠎ᠠ᠃ ᠦᠨᠦᠳᠤᠷ ᠪᠢᠳᠡᠨ ᠤ ᠤᠷᠢᠨ ᠵᠠᠯᠠᠭᠰᠠᠨ ᠵᠤᠴᠢᠨ ᠪᠤᠯ ᠣᠷᠳᠣᠰ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠾᠧ ᠲᠣᠣ ᠪᠤᠯᠤᠨ᠎ᠠ ᠂ ᠳᠡᠷᠡ ᠤᠳᠤ ᠤᠷᠳᠤᠰ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠬᠠᠮᠢᠶ᠎ᠡ ᠪᠥᠬᠦᠢ ᠪᠠᠶᠢᠳᠠᠯ ᠢ ᠪᠢᠳᠡᠨᠠᠷ ᠲᠤ ᠲᠠᠨᠢᠯᠴᠠᠭᠤᠯᠬᠤ ᠪᠣᠯᠣᠨ᠎ᠠ᠃ ᠡᠾᠧ ᠡᠷᠬᠢᠯᠡᠭᠴᠢ ᠡ᠂ ᠲᠠᠨ ᠢ ᠪᠠᠶᠠᠷᠯᠠᠨ ᠤᠭᠳᠤᠵᠦ ᠪᠠᠶᠢᠨ᠎ᠠ︕      ᠡᠾᠧ ᠲᠣᠣ᠄      ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨᠠᠤ︖ ︽ᠳᠤᠮᠳᠠᠳᠤ ᠤᠯᠤᠰ  ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠳᠤ ᠤᠷᠢᠭᠳᠠᠵᠤ ᠲᠠ ᠨᠠᠷ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ︕      ᠬᠦᠳᠦᠯᠦᠭᠴᠢ᠄      ᠡᠾᠧ ᠡᠷᠬᠢᠯᠡᠭᠴᠢ ᠡ᠂ ᠲᠠ ᠶᠠᠭᠤᠨ ᠤ ᠤᠷᠢᠳ ᠣᠷᠳᠣᠰ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠠᠬᠢᠴᠠ ᠶᠢ ᠲᠠᠨᠢᠯᠴᠠᠭᠤᠯᠤᠭᠠᠳ ᠦᠭᠬᠦᠨᠡᠤ︖      ᠡᠾᠧ ᠲᠣᠣ᠄      2009 ᠣᠨ ᠳᠤ ᠤᠯᠤᠰ ᠠᠴᠠ ᠰᠢᠨ᠎ᠡ ᠨᠢᠭᠡᠨ ᠡᠭᠡᠯᠵᠢ ᠶᠢᠨ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠡᠬᠢᠯᠡᠭᠦᠯᠦᠭᠰᠡᠨ ᠠᠴᠠ ᠨᠠᠰᠢ᠂ ᠤᠷᠳᠤᠰ ᠬᠤᠳᠠ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ︽ᠦᠨᠳᠦᠰᠦᠨ ᠵᠦᠢᠯ ᠢ ᠪᠠᠲᠤᠯᠠᠬᠤ᠂ ᠦᠨᠳᠦᠰᠦᠨ ᠱᠠᠳᠤ ᠶᠢ ᠬᠦᠴᠦᠷᠬᠡᠭᠵᠢᠭᠦᠯᠬᠦ᠂ ᠲᠣᠭᠲᠠᠴᠠ ᠪᠠᠶᠢᠭᠤᠯᠬᠤ︾ ᠦᠨᠳᠦᠰᠦᠨ ᠵᠠᠷᠴᠢᠮ ᠶᠣᠰᠤᠭᠠᠷ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠲᠦᠷᠢᠮ ᠲᠣᠭᠲᠠᠭᠠᠯ ᠢ ᠪᠦᠷᠢᠨᠰᠢᠭᠦᠯᠵᠦ᠂ ᠣᠷᠣᠭᠤᠯᠤᠯᠲᠠ ᠪᠠᠨ ᠨᠡᠮᠡᠭᠳᠡᠭᠦᠯᠦᠨ ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠢᠯᠡᠳᠲᠡ ᠠᠬᠢᠴᠠ ᠎ ᠲᠠᠢ ᠪᠣᠯᠣᠭᠰᠠᠨ ᠠᠩᠬ᠎ᠠ ᠠᠯᠬᠤᠮ ᠤᠨ ᠦᠷ᠎ᠡ ᠪᠥᠲᠦᠮᠵᠢ ᠣᠯᠪᠠ᠃ 2011 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠣᠷᠳᠣᠰ ᠬᠤᠲᠠ ᠶᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠲᠠ ᠪᠠᠷ ᠲᠣᠭᠲᠠᠭᠠᠵᠠᠢ᠃ 2014 ᠣᠨ ᠳᠤ᠂ ᠤᠯᠤᠰ ᠠᠴᠠ ᠤᠷᠳᠤᠰ ᠬᠤᠳᠠ ᠶᠢ ᠪᠦᠬᠦ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠬᠤᠶᠠᠳᠤᠭᠠᠷ ᠪᠦᠯᠦᠭ ᠤᠨ ᠲᠤᠷᠰᠢᠯᠲᠠ ᠶᠢᠨ ᠬᠤᠳᠠ ᠪᠠᠷ ᠲᠣᠭᠲᠠᠭᠠᠵᠠᠢ᠃ ᠡᠨᠡ ᠨᠢ ᠮᠠᠨ ᠤ ᠥᠭᠡᠷᠡᠴᠢᠯᠡᠯᠲᠡ ᠶᠢᠨ ᠢᠲᠡᠭᠡᠯ ᠵᠣᠷᠢᠭ ᠢ ᠨᠡᠩ ᠢᠯᠡᠭᠦᠦ ᠬᠥᠪᠴᠢᠯᠡᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠭᠤᠯᠳᠤ ᠭᠦᠨ ᠲᠡᠶᠢᠰᠢ ᠬᠥᠭᠵᠢᠬᠦ ᠶᠢ ᠲᠦᠯᠬᠢᠨ ᠠᠬᠢᠭᠤᠯᠵᠤ᠂ ᠬᠠᠮᠢᠶᠠᠷᠤᠯᠲᠠ ᠶᠢᠨ ᠪᠠᠶᠢᠭᠤᠯᠤᠯ᠂ ᠨᠥᠬᠦᠪᠥᠷᠢᠯᠡᠬᠦ ᠲᠣᠭᠲᠠᠴᠠ᠂ ᠦᠨ᠎ᠡ ᠬᠠᠩᠰᠢ ᠶᠢᠨ ᠲᠣᠭᠲᠠᠴᠠ᠂ ᠡᠮ ᠤᠨ ᠵᠦᠢᠯ ᠢ ᠬᠤᠳᠠᠯᠳᠤᠨ ᠠᠪᠬᠤ᠂ ᠠᠵᠢᠯᠲᠠᠨ ᠤ ᠣᠷᠣᠨ ᠲᠤᠭ᠎ᠠ᠂ ᠣᠷᠣᠯᠭ᠎ᠠ ᠶᠢᠨ ᠬᠤᠪᠢᠶᠠᠷᠢᠯᠠᠯᠲᠠ᠂ ᠡᠮ ᠡᠮᠨᠡᠯᠭᠡ ᠶᠢᠨ ᠳᠠᠭᠠᠳᠬᠠᠯ ᠤᠨ ᠲᠥᠷᠢᠮ᠂ ᠬᠢᠨᠠᠨ ᠬᠠᠮᠢᠶᠠᠷᠬᠤ ᠲᠣᠭᠲᠠᠴᠠ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠵᠡᠢ᠃      ᠬᠥᠲᠥᠯᠥᠭᠴᠢ᠄      ᠣᠷᠳᠣᠰ ᠬᠤᠲᠠ ᠦᠨᠳᠦᠰᠦᠨ ᠱᠠᠲᠤᠨ ᠤ ᠥᠭᠡᠷᠡᠴᠢᠯᠡᠯᠲᠡ ᠶᠢᠨ ᠲᠠᠯ᠎ᠠ ᠪᠠᠷ ᠶᠠᠮᠠᠷ ᠶᠠᠮᠠᠷ ᠬᠠᠶᠢᠨ ᠰᠦᠪᠡᠭᠴᠢᠯᠡᠯᠲᠡ ᠬᠢᠭᠰᠡᠨ ᠪᠤᠢ︖      ᠡᠾᠧ ᠲᠣᠣ᠄      ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠃ ᠨᠢᠭᠡ ᠳᠤ ᠬᠤᠰᠢᠭᠤ ᠰᠤᠮᠤ ᠭᠠᠴᠠᠭᠠᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠶᠢ ᠲᠦᠷᠦᠭᠦᠯᠦᠨ ᠥᠷᠨᠢᠭᠦᠯᠪᠡ᠃ ᠬᠤᠰᠢᠭᠤ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠲᠦᠷᠦᠭᠦᠯᠡᠭᠦᠯᠦᠨ᠂ ︽ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠨᠢᠭᠡᠳᠦᠯᠲᠡᠶ ᠡᠵᠡᠩᠨᠡᠬᠦ ᠪᠠ ᠲᠠᠷᠠᠬᠠᠶ ᠡᠵᠡᠩᠨᠡᠬᠦ ᠶᠢ ᠤᠶᠠᠯᠳᠤᠭᠤᠯᠬᠤ᠂ ᠵᠣᠬᠢᠴᠠᠩᠭᠤᠶ ᠪᠠᠷ ᠬᠥᠭᠵᠢᠭᠦᠯᠬᠦ︾ ᠵᠠᠷᠴᠢᠮ ᠶᠣᠰᠤᠭᠠᠷ᠂ ᠬᠤᠰᠢᠭᠤ᠂ ᠰᠤᠮᠤ᠂ ᠭᠠᠴᠠᠭᠠᠨ ᠤ ᠡᠷᠡᠭᠦᠯ ᠬᠠᠮᠠᠭᠠᠯᠠᠯ ᠤᠨ ᠡᠬᠢ ᠪᠠᠶᠠᠯᠢᠭ ᠵᠢᠴᠢ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠳᠠᠨ ᠢ ᠨᠢᠭᠡᠳᠦᠯᠲᠡᠶ ᠲᠣᠬᠢᠷᠠᠭᠤᠯᠤᠨ ᠬᠡᠷᠡᠭᠯᠡᠵᠦ᠂ ᠪᠡᠶ᠎ᠡ ᠪᠠᠨ ᠳᠠᠭᠠᠭᠠᠨ ᠡᠵᠡᠩᠨᠡᠵᠦ ᠪᠠᠶᠢᠭ᠎ᠠ ᠭᠤᠷᠪᠠᠳᠤᠭᠠᠷ ᠳᠡᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ︽ᠬᠠᠮᠵᠢᠯᠴᠠᠭᠠᠲᠦ ᠴᠣᠭᠴᠠ︾ ᠪᠣᠯᠭᠠᠨ ᠵᠣᠬᠢᠶᠠᠨ ᠪᠠᠶᠢᠭᠤᠯᠤᠭᠰᠠᠨ ᠤ ᠬᠠᠮᠲᠤ ᠭᠤᠣᠯᠳᠠᠯᠭᠠᠲᠤ ᠣᠷᠣᠨ ᠤ ᠡᠮᠨᠡᠯᠭᠡ ᠶᠢᠨ ᠬᠤᠷᠢᠶ᠎ᠡ ᠨᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠠᠵᠢᠯ ᠲᠦᠷᠦᠯ ᠢᠶᠠᠷ ᠢᠶᠠᠨ ᠲᠤᠰᠠᠯᠠᠠᠬᠤ ᠠᠵᠢᠯ ᠢ ᠥᠷᠨᠢᠭᠦᠯᠵᠦ᠂ ᠦᠨᠳᠦᠰᠦᠨ ᠱᠠᠲᠤᠨ ᠳᠤ ᠠᠩᠬ᠎ᠠ ᠡᠮᠴᠢᠯᠡᠭᠦᠯᠬᠦ᠂ ᠬᠤᠶᠠᠷ ᠲᠡᠰᠢ ᠰᠢᠯᠵᠢᠭᠦᠯᠦᠨ ᠡᠮᠴᠢᠯᠡᠭᠦᠯᠬᠦ᠂ ᠠᠵᠢᠯ ᠬᠤᠪᠢᠶᠠᠷᠢᠯᠠᠨ ᠬᠠᠮᠵᠢᠯᠴᠠᠬᠤ ᠡᠮᠴᠢᠯᠡᠭᠡᠨ ᠤ ᠰᠢᠨ᠎ᠡ ᠬᠡᠪ ᠪᠠᠶᠢᠳᠠᠯ ᠢ ᠪᠤᠢ ᠪᠣᠯᠭᠠᠪᠠ᠃ ᠬᠤᠶᠠᠷ ᠲᠤ ᠡᠷᠡᠭᠦᠯ ᠬᠠᠮᠠᠭᠠᠯᠠᠯ ᠤᠨ ᠲᠣᠭᠲᠠᠮᠠᠯ ᠪᠠᠶᠢᠭᠤᠯᠤᠮᠵᠢ ᠬᠢᠭᠡᠳ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠡᠭᠦᠳᠡᠯ ᠨᠢᠭᠡᠴᠡ ᠶᠢ ᠬᠠᠷᠢᠯᠴᠠᠨ ᠤᠶᠠᠯᠳᠤᠭᠤᠯᠤᠭᠰᠠᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠭᠪᠤᠷᠰᠢᠯ ᠢ ᠬᠠᠮᠤᠭ ᠤᠨ ᠲᠦᠷᠦᠭᠦᠯᠦᠨ ᠥᠷᠨᠢᠭᠦᠯᠪᠡ᠃ ᠬᠤᠰᠢᠭᠤ ᠲᠣᠭᠤᠷᠢᠭ ᠤᠨ 6 ᠪᠦᠯᠦᠭ ︽ᠨᠡᠭᠦᠳᠡᠯ ᠡᠮᠨᠡᠯᠭᠡ ᠶᠢᠨ ᠬᠤᠷᠢᠶ᠎ᠠ︾᠎ ᠳᠤ12 ᠲᠡᠷᠭᠡ ᠲᠣᠬᠢᠷᠠᠭᠤᠯᠤᠨ᠂ ᠪᠤᠶᠢᠳᠠ ᠪᠥᠭᠯᠡᠭᠦᠦ ᠭᠠᠵᠠᠷ ᠣᠷᠣᠨ ᠤ ︽ᠲᠣᠰᠬᠤᠨ ᠤ ᠨᠡᠭᠦᠳᠡᠯ ᠡᠷᠡᠭᠦᠯ ᠬᠠᠮᠠᠭᠠᠯᠠᠯ ᠤᠨ ᠳᠠᠰᠤᠭ︾᠎ ᠲᠤ 45᠎ ᠶᠢ ᠲᠣᠬᠢᠷᠠᠭᠤᠯᠵᠤ᠂ ᠡᠷᠡᠭᠦᠯ ᠬᠠᠮᠠᠭᠠᠯᠠᠯ ᠤᠨ ᠲᠣᠭᠲᠠᠮᠠᠯ ᠪᠠᠶᠢᠭᠤᠯᠤᠮᠵᠢ ᠪᠣᠯᠣᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠡᠭᠦᠳᠡᠯ ᠨᠢᠭᠡᠴᠡ ᠶᠢᠨ ᠦᠢᠯᠡᠴᠢᠯᠡᠭᠡᠨ ᠤ ᠣᠷᠣᠨ ᠪᠦᠰᠡ ᠶᠢ ᠵᠦᠢ ᠵᠣᠬᠢᠰᠲᠠᠶ ᠬᠤᠪᠢᠶᠠᠷᠢᠯᠠᠵᠤ᠂ ᠪᠤᠶᠢᠳᠠ ᠪᠥᠭᠯᠡᠭᠦᠦ ᠭᠠᠵᠠᠷ ᠣᠷᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠨ ᠡᠮ ᠡᠮᠨᠡᠯᠭᠡ ᠶᠢᠨ ᠠᠵᠢᠯᠯᠠᠭ᠎ᠠ ᠥᠷᠨᠢᠭᠦᠯᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠪᠥᠷᠭᠦᠴᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠡᠢ᠃ ᠭᠤᠷᠪᠠ ᠳᠤ ᠦᠢᠯᠡᠴᠢᠯᠡᠭᠡ ᠶᠢᠨ ᠭᠡᠷ᠎ᠡ ᠪᠠᠶᠢᠭᠤᠯᠬᠤ ᠶᠢ ᠲᠦᠷᠦᠭᠦᠯᠦᠨ ᠥᠷᠨᠢᠭᠦᠯᠪᠡ᠃ ᠡᠮᠴᠢ ᠬᠢᠭᠡᠳ ᠭᠡᠷ ᠪᠦᠯᠢ ᠦᠢᠯᠡᠴᠢᠯᠡᠭᠡᠨ ᠤ ᠭᠡᠷ᠎ᠡ ᠪᠠᠶᠢᠭᠤᠯᠬᠤ ᠬᠡᠯᠪᠡᠷᠢ ᠪᠠᠷ ᠳᠠᠮᠵᠢᠭᠤᠯᠤᠨ᠂ ᠭᠡᠷ ᠪᠦᠯᠢ ᠶᠢᠨ ᠬᠡᠷᠡᠭᠴᠡᠭᠡ ᠶᠣᠰᠣᠭᠠᠷ ᠭᠡᠷ ᠲᠤᠨᠢ ᠬᠦᠷᠴᠦ ᠣᠨᠣᠰᠢᠯᠠᠨ ᠡᠮᠨᠡᠵᠦ᠂ ᠰᠠᠨᠠᠭᠠᠴᠢᠯᠭᠠᠲᠤ ᠪᠣᠰᠤ ᠦᠢᠯᠡᠴᠢᠯᠡᠭᠡ ᠶᠢ ᠰᠠᠨᠠᠭᠠᠴᠢᠯᠠᠭᠠᠲᠤ ᠦᠢᠯᠡᠴᠢᠯᠡᠭᠡ ᠪᠣᠯᠭᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ︽ᠬᠠᠭᠠᠯᠭ᠎ᠠ ᠰᠠᠬᠢᠭᠴᠢ︾᠎ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠪᠡ᠃ ᠣᠳᠣ ᠪᠣᠯᠬᠤ ᠳᠤ᠂ ᠪᠦᠬᠦ ᠬᠤᠲᠠ 12.33 ᠲᠥᠮᠡᠨ ᠡᠷᠦᠬᠡ᠂ 30.34 ᠲᠥᠮᠡᠨ ᠬᠥᠮᠦᠨ ᠲᠠᠢ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠨᠤᠷᠮ᠎ᠠ ᠨᠢ 35.8%᠎ ᠳᠤ ᠬᠦᠷᠴᠦ᠂ ᠡᠮᠴᠢ ᠨᠠᠷ ᠭᠡᠷ ᠲᠤᠨᠢ ᠬᠦᠷᠴᠦ ᠦᠢᠯᠡᠴᠢᠯᠡᠬᠦ ᠨᠢ ᠬᠡᠪ ᠤᠨ ᠪᠠᠶᠢᠳᠠᠯ ᠪᠣᠯᠪᠠ᠃ ᠲᠦᠷᠪᠡ ᠳᠤ ᠤᠷᠢᠳᠠᠪᠠᠷ ᠡᠪᠡᠳᠴᠢᠨ ᠢ ᠨᠢ ᠦᠵᠡᠵᠦ ᠳᠠᠷᠠᠭ᠎ᠠ ᠨᠢ ᠰᠦᠢᠳᠬᠡᠯ ᠲᠤᠰᠢᠶᠠᠬᠤ ᠶᠢ ᠲᠦᠷᠦᠭᠦᠯᠦᠨ ᠥᠷᠨᠢᠭᠦᠯᠪᠡ᠃ ᠡᠮ ᠡᠮᠨᠡᠯᠭᠡ ᠶᠢᠨ ᠦᠢᠯᠡᠴᠢᠯᠡᠭᠡᠨ ᠤ ᠵᠠᠭᠪᠤᠷᠰᠢᠯ ᠢ ᠢᠳᠡᠪᠬᠢᠲᠡᠶ ᠪᠠᠷ ᠰᠠᠶᠢᠵᠢᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠲᠠᠢ ᠡᠪᠡᠳᠴᠢᠲᠡᠨ ᠬᠤᠰᠢᠭᠤ ᠲᠣᠭᠤᠷᠢᠭ ᠤᠨ ᠱᠠᠲᠤ ᠵᠢᠴᠢ ᠲᠡᠭᠦᠨ ᠠᠴᠠ ᠳᠣᠷᠣᠭᠰᠢᠬᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠢᠬ ᠤᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠳᠤ ᠡᠮᠨᠡᠯᠭᠡ ᠳᠤ ᠰᠠᠭᠤᠬᠤ ᠳᠡᠨᠵᠢ ᠶᠢᠨ ᠮᠥᠡᠭᠭᠦ ᠲᠤᠰᠢᠶᠠᠬᠤ ᠦᠭᠡᠢ ᠪᠠᠷ ᠰᠢᠭᠤᠳ ᠡᠮᠨᠡᠯᠭᠡ ᠳᠤ ᠰᠠᠭᠤᠵᠤ ᠡᠮᠴᠢᠯᠡᠭᠦᠯᠦᠭᠡᠳ᠂ ᠡᠮᠨᠡᠯᠭᠡ ᠠᠴᠠ ᠭᠠᠷᠤᠭᠰᠠᠨ ᠤ ᠳᠠᠷᠠᠭ᠎ᠠ ᠳ᠋ᠦᠡᠭᠨᠡᠨ ᠪᠣᠳᠣᠬᠤ ᠪᠣᠯᠵᠤ᠂ ᠡᠮᠨᠡᠯᠭᠡ ᠳᠤ ᠰᠠᠭᠤᠬᠤ ᠡᠪᠡᠳᠴᠢᠲᠡᠨ ᠤ ᠪᠡᠯᠡ ᠮᠥᠩᠭᠦ ᠴᠤᠭᠯᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠡᠢ᠃ ᠣᠳᠣ ᠪᠣᠯᠬᠤ ᠳᠤ᠂ ᠨᠡᠶᠢᠲᠡ 18.54 ᠲᠥᠮᠡᠨ ᠬᠥᠮᠦᠨ ᠤᠳᠠᠭ᠎ᠠ ᠠᠰᠢᠭ ᠬᠦᠷᠲᠡᠪᠡ᠃ ᠲᠠᠪᠤ ᠳᠤ ᠭᠠᠴᠠᠭ᠎ᠠ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠢᠨᠵᠧᠨᠧᠷᠢᠩ ᠢ ᠲᠦᠷᠦᠭᠦᠯᠦᠨ ᠥᠷᠨᠢᠭᠦᠯᠪᠡ᠃ ᠭᠠᠴᠠᠭ᠎ᠠ ᠲᠣᠰᠬᠤᠨ ᠤ ᠡᠮᠴᠢ ᠶᠢᠨ ᠡᠩᠨᠡᠭᠡ ᠶᠢ ᠲᠣᠭᠲᠠᠭᠤᠨ ᠪᠠᠶᠢᠯᠭᠠᠵᠤ᠂ ᠬᠥᠳᠡᠭᠡ ᠲᠣᠰᠬᠤᠨ ᠤ ᠡᠮᠴᠢ ᠶᠢᠨ ᠢᠳᠡᠪᠬᠢᠵᠢᠯ ᠢ ᠳᠠᠶᠢᠴᠢᠯᠠᠬᠤ ᠶᠢᠨ ᠲᠤᠰᠠᠲᠠ᠂ 2013 ᠣᠨ ᠳᠤ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠥᠷᠢ ᠶᠢ ᠪᠥᠬᠦ ᠣᠷᠣᠨ ᠳᠤ ᠲᠦᠷᠦᠭᠦᠯᠦᠨ ᠬᠡᠷᠡᠭᠵᠢᠭᠦᠯᠵᠦ᠂ 1600 ᠭᠠᠷᠤᠶ ᠬᠥᠳᠡᠭᠡ ᠲᠣᠰᠬᠤᠨ ᠤ ᠡᠮᠴᠢ ᠳᠤ ᠬᠥᠮᠦᠨ ᠪᠣᠯᠭᠠᠨ ᠰᠠᠷ᠎ᠠ ᠪᠦᠷᠢ 1200 ᠲᠥᠭᠦᠷᠢᠭ ᠤᠨ ᠠᠵᠢᠯ ᠠᠴᠠ ᠪᠠᠨ ᠪᠠᠭᠤᠭᠰᠠᠨ ᠮᠥᠩᠭᠦ ᠥᠭᠴᠦ᠂ ᠭᠠᠴᠠᠭ᠎ᠠ ᠲᠣᠰᠬᠤᠨ ᠤ ᠡᠮᠴᠢ ᠶᠢᠨ ᠬᠤᠵᠢᠮ ᠤᠨ ᠵᠤᠪᠠᠯᠠᠩ ᠢ ᠨᠢ ᠰᠢᠢᠳᠪᠦᠷᠢᠯᠡᠪᠡ᠃ ᠵᠢᠷᠭᠤᠭ᠎ᠠ ᠳᠤ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠦᠭᠦᠯᠦᠨ ᠥᠷᠨᠢᠭᠦᠯᠪᠡ᠃ 2011 ᠣᠨ ᠠᠴᠠ ᠡᠬᠢᠯᠡᠨ ᠬᠤᠲᠠ ᠶᠢᠨ ᠱᠠᠲᠤᠨ ᠤ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠲᠠᠪᠴᠠᠩ ᠳᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮ ᠡᠮᠨᠡᠯᠭᠡ ᠶᠢᠨ ᠦᠢᠯᠡᠴᠢᠯᠡᠭᠡ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ᠂ ᠦᠨᠳᠦᠰᠦᠨ ᠡᠮ ᠤᠨ ᠵᠦᠢᠯ ᠤᠨ ᠲᠥᠷᠢᠮ ᠪᠣᠯᠤᠨ ᠶᠡᠷᠦᠩᠬᠡᠶᠢᠯᠡᠭᠰᠡᠨ ᠬᠠᠮᠢᠶᠠᠷᠤᠯᠲᠠ ᠵᠡᠷᠭᠡ ᠲᠠᠪᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠰᠲ᠋ᠧᠮ ᠢ ᠬᠠᠮᠤᠷᠪᠠ᠃ ᠣᠳᠣᠬᠠᠨ ᠳᠤ᠂ ᠬᠤᠳᠠ ᠶᠢᠨ ᠱᠠᠲᠤᠨ ᠤ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠲᠠᠪᠴᠠᠩ ᠨᠢᠭᠡᠨᠲᠡ ᠦᠨᠳᠦᠰᠦᠨ ᠳᠡᠭᠡᠨ ᠪᠠᠶᠢᠭᠤᠯᠤᠨ ᠳᠠᠭᠤᠰᠴᠦ᠂ ᠪᠦᠬᠦ ᠬᠤᠲᠠ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠨ ᠨᠡᠪᠲᠡᠷᠡᠯᠴᠡᠬᠦ ᠶᠢ ᠠᠩᠬ᠎ᠠ ᠠᠯᠬᠤᠮ ᠪᠡᠶᠡᠯᠡᠭᠦᠯᠪᠡ᠃ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠲᠠᠢ ᠬᠠᠮᠲᠤᠷᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠺᠠᠷᠲ ᠶᠢ ᠲᠠᠷᠬᠠᠭᠠᠵᠤ᠂ ᠡᠷᠡᠭᠦᠯ ᠮᠡᠨᠳᠦ ᠶᠢᠨ ᠪᠦᠬᠦᠨ ᠳᠤ ᠲᠤᠬᠢᠷᠠᠬᠤ ᠺᠠᠷᠲ ᠶᠢ ᠪᠡᠶᠡᠯᠡᠭᠦᠯᠵᠦ᠂ ᠠᠷᠠᠳ ᠢᠷᠭᠡᠳ ᠤᠨ ᠡᠪᠡᠳᠴᠢᠨ ᠢᠶᠠᠨ ᠦᠵᠡᠭᠦᠯᠵᠦ ᠡᠮᠴᠢᠯᠡᠭᠦᠯᠬᠦ ᠳᠤ ᠮᠠᠰᠢ ᠲᠦᠭᠦᠮ ᠦᠵᠡᠭᠦᠯᠪᠡ᠃      ᠬᠥᠲᠥᠯᠥᠭᠴᠢ᠄      2014 ᠣᠨ ᠳᠤ ᠤᠯᠤᠰ ᠠᠴᠠ ᠣᠷᠳᠣᠰ ᠬᠤᠲᠠ ᠶᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠳᠠ ᠪᠣᠯᠭᠠᠨ ᠲᠣᠭᠲᠠᠭᠠᠭᠰᠠᠨ ᠤ ᠲᠠᠷᠠᠭ᠎ᠠ᠂ ᠤᠷᠳᠤᠰ ᠬᠤᠳᠠ ᠪᠠᠰᠠ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ︖      ᠡᠾᠧ ᠲᠣᠣ᠄      ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠠᠵᠢᠯ ᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠣᠷᠳᠣᠰ ᠬᠤᠲᠠ ᠶᠢᠨ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾᠎ ᠢ ᠲᠣᠭᠲᠠᠭᠠᠨ ᠨᠡᠶᠢᠲᠡᠯᠡᠵᠦ᠂ ᠪᠦᠬᠦ ᠬᠤᠲᠠ ᠵᠢᠨ‌‍ᠲ᠋ᠠᠶᠢᠴᠢᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠵᠤ᠂ 9 ᠬᠤᠰᠢᠭᠤ ᠲᠣᠭᠤᠷᠢᠭ᠂ 9 ᠰᠠᠯᠠᠭ᠎ᠠ ᠮᠥᠴᠢᠷ ︵ᠲᠤᠰᠬᠠᠶ ᠳᠦᠯᠬᠢᠨ ᠠᠬᠢᠭᠤᠯᠬᠤ ᠳᠤᠭᠤᠶᠢᠯᠠᠩ︶᠎ ᠲᠠᠢ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠢ ᠲᠣᠭᠲᠠᠪᠠ᠃ ᠡᠭᠦᠨ ᠤ ᠬᠠᠮᠲᠤ ︽ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ  ᠶᠡᠷᠦᠩᠬᠡᠢ ᠨᠢᠭᠲᠠᠯᠠᠨ ᠪᠤᠳᠦᠬᠴᠢ ᠶᠢ ᠲᠣᠮᠢᠯᠠᠬᠤ ᠲᠦᠷᠢᠮ︾ ᠵᠡᠷᠭᠡ 28 ᠳᠥᠭᠦᠷ ᠪᠢᠴᠢᠭ ᠮᠠᠲ᠋ᠧᠷᠢᠶᠠᠯ ᠢ ᠤᠷᠢᠳ ᠬᠤᠵᠢᠳ ᠲᠣᠭᠲᠠᠭᠠᠨ ᠳᠠᠷᠤᠮᠠᠯᠯᠠᠨ ᠲᠠᠷᠬᠠᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ᠂ ᠬᠠᠮᠢᠶᠠᠷᠤᠯᠲᠠ ᠶᠢᠨ ᠪᠠᠶᠢᠭᠤᠯᠤᠯ᠂ ᠡᠮ ᠤᠨ ᠣᠷᠣᠯᠭ᠎ᠠ ᠪᠠᠷ ᠡᠮᠨᠡᠯᠭᠡ ᠶᠢ ᠨᠥᠬᠦᠪᠥᠷᠢᠯᠡᠬᠦ ᠶᠠᠪᠤᠳᠠᠯ ᠢ ᠠᠷᠢᠯᠭᠠᠬᠤ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠳᠥᠯᠥᠬᠦ ᠳᠦᠷᠢᠮ ᠤᠨ ᠥᠭᠡᠷᠡᠴᠢᠯᠡᠯᠲᠡ᠂ ᠤᠯᠠᠨ ᠡᠰᠢᠵᠢᠭᠰᠡᠨ ᠡᠮᠨᠡᠯᠭᠡ ᠡᠷᠬᠢᠯᠡᠬᠦ ᠶᠢ ᠠᠬᠢᠭᠤᠯᠬᠤ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠶᠢ ᠲᠣᠬᠢᠷᠠᠭᠤᠯᠬᠤ ᠵᠡᠷᠭᠡ ᠲᠠᠯ᠎ᠠ ᠪᠠᠷ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠢᠳᠡᠪᠬᠢᠲᠡᠶ ᠲᠦᠯᠬᠢᠨ ᠠᠬᠢᠭᠤᠯᠪᠠ᠃      ᠡᠨᠡ ᠵᠢᠯ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠥᠭᠡᠷᠡᠴᠢᠯᠡᠯᠲᠡ ᠶᠢᠨ ᠠᠯᠪᠠᠨ ᠭᠡᠷ ᠠᠴᠠ ᠪᠦᠬᠦ ᠣᠷᠣᠨ ᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠎ ᠳᠤ ᠲᠤᠰᠬᠠᠶ ᠦᠨᠡᠯᠡᠨ ᠵᠢᠱᠢᠯᠲᠡ ᠬᠢᠭᠰᠡᠨ ᠪᠦᠭᠡᠳ ᠮᠡᠳᠡᠭᠡᠯᠡᠪᠡ᠃ ᠪᠦᠬᠦ ᠣᠷᠣᠨ ᠤ 15 ᠤᠯᠤᠰ ᠤᠨ ᠲᠡᠰ ᠤᠨ ᠲᠤᠷᠰᠢᠯᠲᠠ ᠶᠢᠨ ᠬᠤᠰᠢᠭᠤ ᠰᠢᠶᠠᠨ ᠳᠣᠲᠤᠷ᠎ᠠ ᠶᠡᠷᠦᠩᠬᠡᠢ ᠬᠤᠪᠢ ᠨᠢ 190 ᠬᠤᠪᠢ ᠠᠴᠠ ᠳᠡᠭᠡᠭᠰᠢ ᠬᠤᠰᠢᠭᠤ ᠰᠢᠶᠠᠨ 4 ᠪᠠᠶᠢᠵᠤ᠂ ᠡᠭᠦᠨ ᠤ ᠳᠣᠲᠣᠷ᠎ᠠ ᠮᠠᠨ ᠤ ᠬᠤᠲᠠ 3᠎ ᠶᠢ ᠨᠢ ᠡᠵᠡᠯᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ 25 ᠲᠤᠷᠰᠢᠯᠲᠠ ᠶᠢᠨ ᠬᠤᠰᠢᠭᠤ ᠰᠢᠶᠠᠨ ᠤ ᠳᠣᠲᠣᠷ᠎ᠠ᠂ ᠶᠡᠷᠦᠩᠬᠡᠢ ᠬᠤᠪᠢ ᠣᠯᠤᠭᠰᠠᠨ ᠨᠢ 180 ᠬᠤᠪᠢ ᠠᠴᠠ ᠳᠡᠭᠡᠭᠰᠢ ᠬᠤᠰᠢᠭᠤ ᠰᠢᠶᠠᠨ 6 ᠪᠠᠶᠢᠵᠤ᠂ ᠡᠭᠦᠨ ᠤ ᠳᠣᠲᠣᠷ᠎ᠠ ᠮᠠᠨ ᠤ ᠬᠤᠲᠠ 3᠎ ᠶᠢ ᠨᠢ ᠡᠵᠡᠯᠡᠵᠦ ᠪᠠᠶᠢᠨ᠎ᠠ᠃ ᠡᠨᠡ ᠨᠢ ᠮᠠᠨ ᠤ ᠬᠤᠲᠠ ᠶᠢᠨ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠢ ᠬᠠᠷᠠᠭᠤᠯᠵᠤ ᠪᠠᠶᠢᠨ᠎ᠠ᠃      ᠬᠥᠲᠥᠯᠥᠭᠴᠢ᠄        ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠦᠯᠦᠪᠵᠢᠭᠦᠯᠭᠡ ᠶᠢᠨ ᠪᠠᠶᠢᠷᠢᠯᠠᠭᠤᠯᠤᠯᠲᠠ ᠶᠢ ᠬᠡᠷᠬᠢᠨ ᠵᠦᠢ ᠵᠣᠬᠢᠰᠲᠠᠶ ᠲᠣᠬᠢᠷᠠᠭᠤᠯᠬᠤ ᠪᠣᠢ︖      ᠡᠾᠧ ᠲᠣᠣ᠄      ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ ᠲᠣᠬᠢᠷᠠᠭᠤᠯᠬᠤ᠂ ᠬᠡᠪᠴᠢᠶ᠎ᠡ ᠶᠢ ᠲᠣᠬᠢᠷᠠᠮᠵᠢᠲᠠᠶ ᠪᠠᠶᠢᠯᠭᠠᠬᠤ ᠵᠠᠷᠴᠢᠮ ᠶᠣᠰᠣᠭᠠᠷ᠂ ᠵᠠᠰᠠᠭ ᠵᠠᠬᠢᠷᠭᠠᠨ ᠤ ᠣᠷᠣᠨ ᠤ ᠬᠢᠵᠠᠭᠠᠷᠯᠠᠯ ᠢ ᠡᠪᠳᠡᠵᠦ᠂ ᠨᠡᠭᠦᠯᠭᠡᠨ ᠪᠠᠶᠢᠭᠤᠯᠬᠤ᠂ ᠡᠮᠬᠢᠯᠡᠨ ᠨᠡᠶᠢᠯᠡᠭᠦᠯᠬᠦ᠂ ᠨᠠᠶᠢᠳᠠᠨ ᠬᠠᠮᠢᠶᠠᠷᠤᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠴᠢᠳᠠᠮᠵᠢ ᠨᠢ ᠠᠳᠠᠯᠢᠬᠠᠨ ᠪᠣᠶᠤ ᠣᠶᠢᠷᠠᠯᠴᠠᠭ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠨᠡᠶᠢᠯᠡᠭᠦᠯᠦᠨ᠎ᠡ᠃ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠬᠢᠭᠡᠳ ᠠᠷᠠᠳ ᠤᠨ ᠡᠮᠨᠡᠯᠭᠡ ᠶᠢᠨ ᠬᠤᠷᠢᠶ᠎ᠠ ᠶᠢ ᠡᠮᠬᠢᠯᠡᠨ ᠨᠡᠶᠢᠯᠡᠭᠦᠯᠵᠦ᠂ ᠨᠢᠭᠡ ᠡᠮᠨᠡᠯᠭᠡ ᠶᠢᠨ ᠬᠤᠷᠢᠶ᠎ᠠ ᠬᠤᠶᠠᠷ ᠳᠦᠷᠢᠮ ᠢ ᠬᠡᠷᠡᠭᠵᠢᠭᠦᠯᠵᠦ᠂ ᠬᠤᠶᠠᠷ ᠬᠡᠰᠡᠭ ᠢ ᠬᠠᠷᠢᠴᠠᠩᠭᠤᠶ ᠪᠠᠷ ᠪᠡᠶ᠎ᠡ ᠶᠢ ᠨᠢ ᠳᠠᠭᠠᠭᠠᠯᠭᠠᠵᠤ ᠂ ᠭᠤᠣᠯᠳᠠᠭᠤ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠡᠮᠨᠡᠯᠭᠡ ᠶᠢᠨ ᠪᠠᠶᠢᠭᠤᠯᠤᠮᠵᠢ ᠪᠠ ᠪᠦᠯᠬᠦᠮ ᠲᠠᠢ ᠬᠠᠮᠲᠤᠷᠠᠨ ᠡᠳᠦᠢ ᠲᠡᠳᠦᠢ ᠣᠷᠣᠨ ᠬᠤᠪᠢᠶᠠᠷᠢ ᠶᠢᠨ ᠡᠮᠨᠡᠨ ᠵᠠᠰᠠᠬᠤ ᠲᠥᠪ ᠢ ᠪᠦᠲᠦᠭᠡᠨ ᠪᠠᠶᠢᠭᠤᠯᠤᠨ᠎ᠠ︔ ᠬᠤᠲᠠ ᠶᠢᠨ ᠬᠢᠲᠠᠳ ᠡᠮᠨᠡᠯᠭᠡ ᠶᠢᠨ ᠬᠤᠷᠢᠶ᠎ᠠ ᠶᠢ ᠬᠢᠶᠠ ᠪᠠᠭᠰᠢ ᠡᠮᠨᠡᠯᠭᠡ ᠶᠢᠨ ᠬᠤᠷᠢᠶ᠎ᠠ ᠲᠠᠢ ᠨᠡᠶᠢᠯᠡᠭᠦᠯᠦᠨ᠎ᠡ︔ ᠬᠤᠲᠠ ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠶᠢ ᠤᠯᠤᠰ ᠤᠨ ᠳᠣᠲᠣᠭᠠᠳᠤ ᠶᠢᠨ ᠭᠤᠣᠯᠳᠠᠯᠭᠠᠲᠤ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠦᠯᠦᠭᠯᠡᠯ — ᠲᠦᠭᠡᠮᠡᠯ ᠬᠠᠶᠢᠷ᠎ᠠ ᠡᠮᠴᠢᠯᠡᠭᠡᠨ ᠤ ᠪᠦᠯᠦᠭᠯᠡᠯ ᠳᠤ ᠨᠠᠶᠢᠳᠠᠨ ᠡᠵᠡᠩᠨᠡᠭᠦᠯᠦᠨ᠎ᠡ᠃      ᠬᠥᠲᠥᠯᠥᠭᠴᠢ᠄        ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠠᠯ᠎ᠠ ᠪᠠᠷ ᠶᠠᠭᠠᠬᠢᠵᠤ ᠦᠭᠡᠷᠡᠴᠢᠯᠡᠭᠰᠡᠨ ᠪᠤᠢ︖      ᠡᠾᠧ ᠲᠣᠣ᠄      ᠨᠢᠭᠡ ᠳᠤ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠲᠥᠷᠢᠮ ᠢ ᠠᠯᠬᠤᠮ ᠠᠯᠬᠤᠮ ᠢᠶᠠᠷ ᠪᠠᠶᠢᠭᠤᠯᠪᠠ᠃ ᠬᠤᠲᠠ ᠶᠢᠨ ᠳᠠᠷᠤᠭ᠎ᠠ ᠪᠠᠷ ᠡᠷᠬᠢᠯᠡᠭᠴᠢ ᠪᠣᠯᠭᠠᠭᠰᠠᠨ᠂ ᠬᠤᠳᠠ ᠶᠢᠨ ᠪᠠᠶᠢᠩᠭᠤ ᠶᠢᠨ ᠳᠡᠳ᠋ ᠳᠠᠷᠤᠭ᠎ᠠ ᠪᠠ ᠬᠤᠪᠢᠶᠠᠨ ᠬᠠᠮᠢᠶᠠᠷᠬᠤ ᠬᠤᠲᠠ ᠶᠢᠨ ᠳᠡᠳ᠋ ᠳᠠᠷᠤᠭ᠎ᠠ ᠪᠠᠷ ᠳᠡᠳ᠋ ᠡᠷᠬᠢᠯᠡᠭᠴᠢ ᠪᠣᠯᠭᠠᠭᠰᠠᠨ᠂ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ᠂ ᠣᠷᠤᠨ ᠲᠤᠭ᠎ᠠ᠂ ᠥᠭᠡᠷᠡᠴᠢᠯᠡᠯᠲᠡ ᠬᠦᠭᠵᠢᠭᠦᠯᠣᠯᠲᠠ᠂ ᠡᠳ᠋ ᠤᠨ ᠵᠠᠰᠠᠭ᠂ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠺᠣᠮᠢᠰ ᠢ ᠪᠠᠶᠢᠭᠤᠯᠵᠤ᠂ ᠵᠠᠰᠠᠭ ᠤᠨ ᠣᠷᠳᠣᠨ ᠤ ᠡᠮᠨᠡᠯᠭᠡ ᠡᠷᠬᠢᠯᠡᠬᠦ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠯᠭᠡᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠳ᠋ ᠬᠦᠷᠦᠩᠭᠡ ᠶᠢᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠡᠮᠨᠡᠯᠭᠡ ᠶᠢᠨ ᠬᠤᠷᠢᠶᠠᠨ ᠤ ᠭᠤᠣᠯ ᠬᠠᠷᠢᠭᠤᠴᠠᠯᠭᠠᠲᠠᠨ ᠢ ᠲᠣᠮᠢᠯᠠᠨ ᠬᠡᠷᠡᠭᠯᠡᠬᠦ ᠶᠢ ᠬᠠᠷᠢᠭᠤᠴᠠᠭᠤᠯᠪᠠ᠃ ᠨᠢᠭᠲᠠᠯᠠᠨ ᠪᠤᠳᠤᠭᠴᠢ ᠶᠢ ᠲᠣᠮᠢᠯᠠᠬᠤ ᠲᠦᠷᠢᠮ ᠢ ᠬᠡᠷᠡᠭᠵᠢᠭᠦᠯᠵᠦ᠂ ᠡᠮᠨᠡᠯᠭᠡ ᠶᠢᠨ ᠬᠤᠷᠢᠶᠠᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠭᠰᠠᠨ ᠪᠠᠶᠢᠨ᠎ᠠ᠃ ᠪᠦᠬᠦ ᠠᠵᠢᠯᠲᠠᠨ ᠢ ᠤᠷᠢᠨ ᠬᠡᠷᠡᠭᠯᠡᠬᠦ᠂ ᠠᠵᠢᠯ ᠤᠨ ᠪᠠᠶᠢᠷᠢ ᠶᠢᠨ ᠬᠠᠮᠢᠶᠠᠷᠬᠤ᠂ ᠬᠡᠷᠡᠭᠴᠡᠭᠡ ᠪᠠᠨ ᠦᠨᠳᠦᠰᠦᠯᠡᠵᠦ ᠠᠵᠢᠯ ᠤᠨ ᠪᠠᠶᠢᠷᠢ ᠲᠣᠬᠢᠷᠠᠭᠤᠯᠬᠤ ᠶᠢ ᠪᠠᠷᠢᠮᠳᠠᠯᠠᠬᠤ᠂ ᠦᠷᠢᠰᠦᠯᠳᠦᠭᠡᠨ ᠢᠶᠠᠷ ᠠᠵᠢᠯ ᠤᠨ ᠪᠠᠶᠢᠷᠢ ᠳᠤ ᠭᠠᠷᠬᠤ᠂ ᠠᠵᠢᠯ ᠤᠨ ᠪᠠᠶᠢᠷᠢ ᠢᠶᠠᠷ ᠬᠠᠷᠢᠭᠤᠴᠠᠯᠭ᠎ᠠ ᠲᠣᠭᠲᠠᠭᠠᠬᠤ᠂ ᠠᠵᠢᠯ ᠤᠨ ᠪᠠᠶᠢᠷᠢ ᠬᠤᠪᠢᠷᠠᠪᠠᠯ ᠴᠠᠯᠢᠩ ᠴᠦ ᠬᠤᠪᠢᠷᠠᠬᠤ ᠶᠢᠨ ᠬᠥᠮᠦᠨ ᠬᠡᠷᠡᠭᠯᠡᠬᠦ ᠲᠣᠭᠲᠠᠴᠠ ᠶᠢ ᠬᠡᠷᠡᠭᠵᠢᠭᠦᠯᠵᠦ᠂ ᠡᠮᠨᠡᠯᠭᠡ ᠶᠢᠨ ᠬᠤᠷᠢᠶᠠᠨ ᠤ ᠠᠵᠢᠯᠲᠠᠨ ᠡᠯᠰᠡᠬᠦ ᠪᠠ ᠬᠥᠮᠦᠨ ᠬᠡᠷᠡᠭᠯᠡᠬᠦ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠪᠠ᠃ ᠬᠥᠮᠦᠰ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠥᠷᠢᠮ ᠢ ᠲᠡᠭᠦᠯᠳᠡᠷᠵᠢᠭᠦᠯᠵᠦ᠂ ᠡᠮᠨᠡᠯᠭᠡ ᠶᠢᠨ ᠠᠵᠢᠯᠲᠠᠳ ᠤᠨ ᠴᠠᠯᠢᠩ ᠣᠷᠣᠯᠭ᠎ᠠ ᠶᠢ ᠡᠮ ᠡᠮᠨᠡᠯᠭᠡ ᠶᠢᠨ ᠦᠢᠯᠡᠴᠢᠯᠡᠭᠡᠨ ᠤ ᠲᠤᠭ᠎ᠠ ᠬᠡᠮᠵᠢᠶ᠎ᠡ᠂ ᠶᠠᠰᠤ ᠴᠢᠨᠠᠷ᠂ ᠮᠡᠷᠭᠡᠵᠢᠯ ᠤᠨ ᠬᠦᠴᠢᠷ ᠤᠨ ᠬᠡᠮᠵᠢᠶ᠎ᠡ᠂ ᠤᠯᠠᠨ ᠲᠦᠮᠡᠨ ᠤ ᠲᠠᠭᠠᠰᠢᠶᠠᠯ ᠤᠨ ᠬᠡᠮᠵᠢᠶ᠎ᠡ ᠵᠡᠷᠭᠡ ᠲᠠᠢ ᠬᠤᠯᠪᠤᠭᠳᠠᠭᠤᠯᠵᠤ᠂ ᠣᠷᠣᠯᠭ᠎ᠠ ᠶᠢᠨ ᠵᠥᠷᠢᠶ᠎ᠡ ᠶᠢ ᠵᠦᠢ ᠵᠣᠬᠢᠰᠲᠠᠶ ᠶᠡᠬᠡᠰᠬᠡᠨ᠂ ᠡᠮᠨᠡᠯᠭᠡ ᠶᠢᠨ ᠠᠵᠢᠯᠳᠠᠨ ᠤ ᠢᠳᠡᠪᠬᠢᠵᠢᠯ ᠢ ᠭᠦᠢᠴᠡᠳ ᠳᠠᠶᠢᠴᠢᠯᠠᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠡᠶᠢᠳᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠪᠠ᠃      ᠬᠤᠶᠠᠷ ᠲᠤ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠪᠠ᠃ ᠲᠤᠷᠰᠢᠯᠲᠠ ᠶᠢᠨ ᠬᠤᠰᠢᠭᠤ ᠲᠣᠭᠤᠷᠢᠭ ᠪᠥᠬᠦᠳᠡ ᠡᠮᠨᠡᠯᠭᠡ ᠶᠢᠨ ᠬᠤᠷᠢᠶᠠᠨ ᠤ ᠵᠠᠰᠠᠭ ᠵᠠᠬᠢᠷᠭᠠᠨ ᠤ ᠳᠡᠰ ᠢ ᠪᠦᠬᠦᠨ ᠢ ᠬᠦᠴᠦᠨ ᠦᠭᠡᠢ ᠪᠣᠯᠭᠠᠨ᠂ ᠵᠠᠰᠠᠭ ᠵᠠᠬᠢᠷᠭᠠᠴᠢᠯᠠᠬᠤ ᠪᠣᠰᠤ ᠬᠠᠮᠢᠶᠠᠷᠤᠯᠲᠠ ᠶᠢ ᠬᠡᠷᠡᠭᠵᠢᠭᠦᠯᠵᠦ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠨᠡᠶᠢᠭᠡᠮ ᠠᠴᠠ ᠢᠯᠡ ᠪᠠᠷ ᠤᠷᠢᠨ ᠵᠠᠯᠠᠪᠠ︔ ᠬᠤᠳᠠ ᠶᠢᠨ ᠰᠢᠭᠤᠳ ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠤᠷᠢᠨ ᠵᠠᠯᠠᠬᠤ ᠠᠯᠪᠠᠨ ᠵᠠᠷ ᠢ ᠨᠢᠭᠡᠨᠲᠡ ᠵᠢᠩᠬᠢᠨᠢ ᠪᠠᠷ ᠲᠠᠷᠬᠠᠭᠠᠵᠤ ᠣᠳᠣ ᠶᠠᠭ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠨ᠎ᠠ᠃ ᠡᠭᠦᠨ ᠤ ᠬᠠᠮᠲᠤ ᠪᠦᠬᠦ ᠬᠤᠲᠠ ᠶᠢᠨ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠪᠣᠳᠠᠲᠤ ᠴᠣᠭᠴᠠ ᠶᠢᠨ ᠣᠷᠤᠨ ᠲᠤᠭ᠎ᠠ ᠶᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠵᠤ᠂ ᠣᠷᠣᠨ ᠲᠤᠭ᠎ᠠ ᠶᠢ ᠡᠳ᠋ ᠤᠨ ᠵᠠᠰᠠᠭ ᠡᠵᠡᠮᠳᠡᠬᠦ ᠬᠠᠮᠢᠶᠠᠷᠤᠯᠲᠠ ᠶᠢ ᠬᠡᠷᠡᠭᠵᠢᠭᠦᠯᠦᠨ᠂ ᠣᠷᠤᠨ ᠲᠤᠭ᠎ᠠ ᠪᠠᠷ ᠨᠦᠬᠦᠪᠦᠷᠢᠯᠡᠬᠦ ᠬᠡᠯᠪᠡᠷᠢ ᠶᠢ ᠠᠪᠤᠨ᠂ ᠡᠮ ᠡᠮᠨᠡᠯᠭᠡ ᠶᠢᠨ ᠪᠠᠶᠢᠭᠤᠯᠤᠮᠵᠢ ᠳᠠᠬᠢ ᠣᠷᠣᠭᠤᠯᠤᠯᠲᠠ ᠪᠠᠨ ᠨᠡᠮᠡᠭᠳᠡᠭᠦᠯᠪᠡ᠃ ᠣᠳᠣᠬᠠᠨ ᠳᠤ᠂ ᠬᠤᠲᠠ ᠶᠢᠨ ᠰᠢᠭᠤᠳ ᠬᠠᠷᠢᠶᠠᠲᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠨᠡᠶᠢᠳᠡ 2789 ᠣᠷᠤᠨ ᠲᠤᠭ᠎ᠠ ᠪᠠᠶᠢᠵᠤ᠂ ᠡᠭᠦᠨ ᠳᠤ ᠡᠵᠡᠮᠰᠢᠯ ᠤᠨ ᠤᠷᠤᠨ ᠲᠤᠭ᠎ᠠ 2073 ᠪᠠᠶᠢᠵᠤ᠂ 74.3% ᠡᠵᠡᠯᠡᠵᠦ ᠪᠠᠶᠢᠨ᠎ᠠ︔ 2009 ᠣᠨ ᠲᠠᠢ ᠬᠠᠷᠢᠴᠠᠭᠤᠯᠪᠠᠯ᠂ ᠶᠡᠷᠦᠩᠬᠡᠶ ᠤᠷᠤᠨ ᠲᠤᠭ᠎ᠠ 1529 ᠨᠡᠮᠡᠭᠳᠡᠨ᠂ ᠡᠭᠦᠨ ᠳᠤ ᠡᠵᠡᠮᠰᠢᠯ ᠤᠨ ᠤᠷᠤᠨ ᠲᠤᠭ᠎ᠠ 1434 ᠨᠡᠮᠡᠭᠳᠡᠪᠡ᠃      ᠬᠥᠲᠥᠯᠥᠭᠴᠢ᠄        ᠤᠷᠳᠤᠰ ᠬᠤᠳᠠ ᠡᠮ ᠤᠨ ᠣᠷᠣᠯᠭ᠎ᠠ ᠪᠠᠷ ᠡᠮᠨᠡᠯᠭᠡ ᠶᠢ ᠨᠥᠬᠦᠪᠥᠷᠢᠯᠡᠬᠦ ᠶᠠᠪᠤᠳᠠᠯ ᠢ ᠦᠭᠡᠶᠢᠰᠭᠡᠬᠦ ᠲᠠᠯ᠎ᠠ ᠳᠤ ᠶᠠᠭᠠᠬᠢᠵᠤ ᠬᠢᠭᠰᠡᠨ ᠪᠤᠢ︖      ᠡᠾᠧ ᠲᠣᠣ᠄      2010 ᠣᠨ ᠠᠴᠠ ᠡᠬᠢᠯᠡᠨ᠂ ᠪᠦᠬᠦ ᠬᠤᠲᠠ ᠶᠢᠨ ᠵᠠᠰᠠᠭ ᠤᠨ ᠣᠷᠳᠣᠨ ᠤ ᠡᠷᠭᠢᠯᠡᠭᠰᠡᠨ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ︵ᠬᠤᠰᠢᠭᠤ ᠲᠣᠭᠤᠷᠢᠭ ᠤᠨ ᠱᠠᠲᠤᠨ ᠤ ᠡᠮᠨᠡᠯᠭᠡ ᠶᠢᠨ ᠬᠤᠷᠢᠶ᠎ᠠ ᠶᠢ ᠪᠠᠭᠲᠠᠨ᠎ᠠ︶ ᠪᠦᠬᠦᠨ ᠳᠤ ᠤᠯᠤᠰ ᠤᠨ ᠡᠮ ᠤᠨ ᠵᠦᠢᠯ ᠤᠨ ᠦᠨᠳᠦᠰᠦᠨ ᠲᠦᠷᠢᠮ ᠢ ᠬᠡᠷᠡᠭᠵᠢᠭᠦᠯᠵᠦ ᠣᠷᠤᠭᠤᠯᠤᠭᠰᠠᠨ ᠦᠨ᠎ᠡ ᠪᠠᠷ ᠨᠢ ᠪᠣᠷᠤᠯᠠᠭᠤᠯᠪᠠ᠃ ᠣᠷᠤᠭᠤᠯᠤᠭᠰᠠᠨ ᠦᠨ᠎ᠡ ᠪᠠᠷ ᠨᠢ ᠪᠣᠷᠤᠯᠠᠭᠤᠯᠬᠤ ᠠᠴᠠ ᠪᠣᠯᠵᠤ ᠬᠠᠰᠤᠭᠳᠠᠭᠰᠠᠨ ᠵᠦᠢ ᠵᠣᠬᠢᠰᠲᠠᠶ ᠣᠷᠣᠯᠭ᠎ᠠ ᠶᠢ᠂ ᠭᠠᠵᠠᠷ ᠤᠷᠤᠨ ᠤ ᠤᠨ ᠡᠳ᠋ ᠤᠨ ᠵᠠᠰᠠᠭ ᠠᠴᠠ ᠡᠮ ᠤᠨ ᠵᠦᠢᠯ ᠢ ᠪᠣᠷᠤᠯᠠᠭᠤᠯᠤᠭᠰᠠᠨ ᠶᠡᠷᠦᠩᠬᠡᠢ ᠦᠨ᠎ᠡ ᠶᠢᠨ 15 % ︵ᠮᠣᠩᠭᠤᠯ ᠡᠮ ᠬᠢᠲᠠᠳ ᠡᠮ ᠤᠨ 25%︶᠎ ᠪᠠᠷ ᠨᠦᠬᠦᠪᠦᠷᠢᠯᠡᠵᠦ ᠥᠭᠪᠡ᠃ ᠡᠮ ᠤᠨ ᠵᠦᠢᠯ ᠤᠨ ᠦᠨᠳᠦᠰᠦᠨ ᠲᠦᠷᠢᠮ ᠢ ᠬᠡᠷᠡᠭᠵᠢᠭᠦᠯᠦᠭᠰᠡᠨ ᠠᠴᠠ ᠨᠠᠰᠢ᠂ ᠡᠪᠡᠳᠴᠢᠲᠡᠨ ᠲᠦᠮᠡᠨ ᠳᠤ ᠨᠡᠶᠢᠲᠡ 2.4 ᠳ᠋ᠦᠩᠰᠢᠭᠤᠷ ᠲᠥᠭᠦᠷᠢᠭ ᠤᠨ ᠡᠮ ᠤᠨ ᠵᠦᠢᠯ ᠤᠨ ᠳᠠᠷᠤᠭᠠᠰᠤ ᠶᠢ ᠬᠦᠩᠭᠡᠷᠡᠭᠦᠯᠵᠦ ᠥᠭᠪᠡ᠃ ᠡᠨᠡ ᠵᠢᠯ ᠤᠨ 6 ᠳ᠋ᠤᠭᠠᠷ ᠰᠠᠷ᠎ᠠ ᠠᠴᠠ ᠡᠬᠢᠯᠡᠨ᠂ ᠬᠤᠳᠠ ᠶᠢᠨ ᠰᠢᠭᠤᠳ ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠦᠬᠦᠨ ᠳᠤ ᠡᠮ ᠤᠨ ᠵᠦᠢᠯ ᠢ ᠣᠷᠤᠭᠤᠯᠤᠭᠰᠠᠨ ᠦᠨ᠎ᠡ ᠪᠠᠷ ᠎ ᠨᠢ ᠪᠣᠷᠤᠯᠠᠭᠤᠯᠬᠤ ᠶᠢ ᠬᠡᠷᠡᠭᠵᠢᠭᠦᠯᠵᠦ᠂ ᠵᠢᠯ ᠪᠦᠷᠢ ᠡᠪᠡᠳᠴᠢᠲᠡᠨ ᠲᠦᠮᠡᠨ ᠳᠤ 6 ᠲᠦᠮᠡᠨ ᠲᠥᠭᠦᠷᠢᠭ ᠤᠨ ᠡᠮ ᠤᠨ ᠵᠦᠢᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠦᠩᠭᠡᠷᠡᠭᠦᠯᠵᠦ ᠥᠭᠪᠡ᠃ ᠡᠮᠨᠡᠯᠭᠡ ᠶᠢᠨ ᠬᠤᠷᠢᠶ᠎ᠠ ᠡᠭᠦᠨ ᠠᠴᠠ ᠪᠣᠯᠵᠤ ᠬᠠᠰᠤᠭᠳᠠᠭᠰᠠᠨ ᠣᠷᠣᠯᠭ᠎ᠠ ᠶᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯ 6:3:1᠂ ᠲᠤᠰᠬᠠᠶ ᠮᠡᠷᠭᠡᠵᠢᠯ ᠤᠨ ᠡᠮᠨᠡᠯᠭᠡ ᠶᠢᠨ ᠬᠤᠷᠢᠶ᠎ᠠ ᠪᠣᠯ 3:6:1᠎ ᠶᠢᠨ ᠬᠠᠷᠢᠴᠠᠯ ᠢᠶᠠᠷ ᠨᠦᠬᠦᠪᠦᠷᠢᠯᠡᠵᠦ ᠥᠭᠪᠡ᠃ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠨ ᠠᠪᠬᠤ ᠲᠠᠪᠴᠠᠩ ᠤᠨ ᠳᠣᠣᠷ᠎ᠠ ᠲᠥᠪᠯᠡᠷᠡᠭᠦᠯᠵᠦ ᠪᠠᠶᠢᠭᠠᠳ ᠵᠦᠪᠯᠡᠯᠭᠡᠨ ᠤ ᠦᠨ᠎ᠡ ᠬᠠᠩᠰᠢ ᠪᠠᠷ ᠬᠤᠳᠠᠯᠳᠤᠨ ᠠᠪᠤᠪᠠ᠂ ᠮᠠᠨ ᠤ ᠬᠤᠲᠠ ᠣᠳᠣ ᠶᠠᠭ ᠬᠤᠳᠠ ᠶᠢᠨ ᠱᠠᠲᠤᠨ ᠤ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠢᠨᠠᠯᠲᠠ ᠬᠠᠮᠢᠶᠠᠷᠤᠯᠲᠠ ᠪᠠ ᠳ᠋ᠦᠩᠨᠡᠨ ᠪᠤᠳᠤᠬᠤ ᠲᠠᠪᠴᠠᠩ ᠢ ᠪᠠᠶᠢᠭᠤᠯᠤᠭᠠᠳ ᠡᠮ ᠤᠨ ᠵᠦᠢᠯ ᠤᠨ ᠦᠨ᠎ᠡ ᠶᠢ ᠪᠠᠭᠤᠷᠠᠭᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠦᠩᠭᠡᠷᠡᠭᠦᠯᠵᠦ ᠪᠠᠶᠢᠨ᠎ᠠ᠃      ᠬᠥᠲᠥᠯᠥᠭᠴᠢ᠄      ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠥᠭᠬᠦ ᠳᠦᠷᠢᠮ ᠤᠨ ᠥᠭᠡᠷᠡᠴᠢᠯᠡᠯᠲᠡ ᠶᠢ ᠬᠡᠷᠬᠢᠨ ᠲᠦᠯᠬᠢᠨ ᠠᠬᠢᠭᠤᠯᠬᠤ ᠪᠣᠢ︖      ᠾᠧ ᠲᠣᠣ᠄      ᠡᠮᠴᠢᠯᠡᠭᠡᠨ ᠤ ᠠᠷᠭ᠎ᠠ ᠵᠠᠮ᠂ ᠪᠦᠬᠦ ᠲᠤᠭ᠎ᠠ ᠪᠠᠷ ᠤᠷᠢᠳᠴᠢᠯᠠᠨ ᠲᠤᠰᠢᠶᠠᠬᠤ ᠪᠠ ᠭᠠᠭᠴᠠ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠥᠭᠡᠷᠡᠴᠢᠯᠡᠯᠲᠡ ᠶᠢ ᠢᠳᠡᠪᠬᠢᠲᠡᠢ ᠪᠠᠷ ᠳᠡᠯᠭᠡᠷᠡᠭᠦᠯᠦᠨ᠎ᠡ︔ ᠡᠯ᠎ᠡ ᠬᠤᠰᠢᠭᠤ ᠲᠣᠭᠤᠷᠢᠭ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠴᠥᠮ ᠠᠷᠪᠠᠭᠠᠳ ᠡᠪᠡᠳᠴᠢᠨ ᠤ ᠲᠥᠷᠥᠯ ᠤᠨ ᠡᠮᠴᠢᠯᠡᠭᠡᠨ ᠤ ᠠᠷᠭ᠎ᠠ ᠵᠠᠮ ᠢ ᠲᠣᠭᠲᠠᠭᠠᠪᠠ᠂ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ 21ᠲᠤᠰᠬᠠᠢ ᠮᠡᠷᠭᠡᠵᠢᠯ᠂ 158 ᠡᠪᠡᠳᠴᠢᠨ ᠤ ᠲᠥᠷᠥᠯ ᠤᠨ ᠡᠮᠴᠢᠯᠡᠭᠡᠨ ᠤ ᠠᠷᠭ᠎ᠠ ᠵᠠᠮ ᠢ ᠲᠣᠭᠲᠠᠭᠠᠪᠠ︔ ᠬᠡᠰᠡᠭ ᠬᠤᠰᠢᠭᠤ ᠲᠣᠭᠤᠷᠢᠭ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠦᠬᠦ ᠲᠤᠭ᠎ᠠ ᠪᠠᠷ ᠤᠷᠢᠳᠴᠢᠯᠠᠨ ᠲᠤᠰᠢᠶᠠᠬᠤ ᠶᠢ ᠬᠡᠷᠡᠭᠵᠢᠭᠦᠯᠵᠡᠢ︔ ᠬᠤᠲᠠ ᠶᠢᠨ ᠳᠥᠷᠪᠡᠳᠦᠭᠡᠷ ᠠᠷᠠᠳ ᠤᠨ ᠡᠮᠨᠡᠯᠭᠡ ᠶᠢᠨ ᠬᠤᠷᠢᠶ᠎ᠠ ᠡᠮᠴᠢᠯᠡᠭᠡᠨ ᠤ ᠣᠷᠣ ᠶᠢᠨ ᠡᠳᠦᠷ ᠤᠨ ᠲᠤᠭ᠎ᠠ ᠪᠠᠷ ᠵᠠᠷᠤᠳᠠᠯ ᠲᠤᠰᠢᠶᠠᠬᠤ ᠶᠢ ᠬᠡᠷᠡᠭᠵᠢᠭᠦᠯᠵᠦ᠂ ᠡᠮ ᠡᠮᠨᠡᠯᠭᠡ ᠶᠢᠨ ᠶᠡᠷᠦᠩᠬᠡᠢ ᠵᠠᠷᠤᠳᠠᠯ ᠪᠣᠯᠣᠨ ᠣᠳᠠᠭ᠎ᠠ ᠪᠦᠷᠢ ᠶᠢᠨ ᠵᠠᠷᠤᠳᠠᠯ ᠢ ᠪᠦᠲᠦᠮᠵᠢᠲᠡᠢ ᠪᠠᠷ  ᠬᠢᠵᠠᠭᠠᠷᠯᠠᠪᠠ᠃      ᠬᠥᠲᠥᠯᠥᠭᠴᠢ᠄      ᠤᠯᠠᠨ ᠡᠰᠢᠯᠡᠭᠰᠡᠨ ᠡᠮᠨᠡᠯᠭᠡ ᠡᠷᠬᠢᠯᠡᠬᠦ ᠲᠠᠯ᠎ᠠ ᠪᠠᠷ ᠶᠠᠮᠠᠷ ᠪᠣᠳᠠᠲᠠᠢ ᠠᠷᠭ᠎ᠠ ᠪᠠᠶᠢᠬᠤ ᠪᠣᠢ︖      ᠾᠧ ᠲᠣᠣ᠄      ᠨᠡᠶᠢᠭᠡᠮ ᠤᠨ ᠬᠦᠴᠦᠨ ᠤ ᠡᠷᠬᠢᠯᠡᠭᠰᠡᠨ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠡᠮᠨᠡᠯᠭᠡ ᠶᠢᠨ ᠪᠠᠶᠢᠭᠤᠯᠤᠮᠵᠢ ᠳᠤ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠲᠠᠢ ᠠᠳᠠᠯᠢᠬᠠᠨ ᠬᠠᠷᠠᠭᠠᠯᠵᠠᠯ ᠬᠦᠷᠲᠡᠭᠡᠨ᠎ᠡ᠃ ᠬᠤᠲᠠ ᠶᠢᠨ ᠡᠳ᠋ ᠤᠨ ᠵᠠᠰᠠᠭ ᠠᠴᠠ 3200 ᠲᠦᠮᠡᠨ ᠲᠦᠭᠦᠷᠡᠭ ᠤᠨ ᠪᠡᠯᠡ ᠤᠷᠤᠭᠤᠯᠤᠨ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠶᠢ ᠲᠤᠰᠬᠠᠢ ᠳᠡᠮᠵᠢᠬᠦ ᠱᠠᠩᠨᠠᠯ ᠤᠨ ᠰᠠᠭᠤᠷᠢ ᠮᠥᠩᠭᠦ ᠶᠢ ᠪᠠᠶᠢᠭᠤᠯᠵᠤ᠂ ᠠᠷᠠᠳ ᠠᠴᠠ ᠡᠷᠬᠢᠯᠡᠵᠦ ᠠᠯᠪᠠᠨ ᠠᠴᠠ ᠳᠡᠮᠵᠢᠬᠦ᠂ ᠦᠢᠯᠡᠴᠢᠯᠡᠭᠡ ᠶᠢ ᠬᠤᠳᠠᠯᠳᠤᠨ ᠠᠪᠬᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠨᠠᠶᠢᠳᠠᠵᠤ ᠬᠠᠮᠢᠶᠠᠷᠤᠭᠤᠯᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠨ ᠠᠷᠠᠳ ᠠᠴᠠ ᠡᠵᠡᠩᠨᠡᠭᠰᠡᠨ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠪᠡ᠃ ᠣᠳᠣᠬᠠᠨ ᠳᠤ᠂ ᠪᠦᠬᠦ ᠬᠤᠲᠠ ᠳᠤ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠨᠡᠶᠢᠲᠡ 56 ᠪᠠᠶᠢᠵᠤ᠂ ᠡᠪᠡᠳᠴᠢᠲᠡᠨ ᠤ ᠣᠷᠣ ᠶᠢᠨ ᠲᠤᠭ᠎ᠠ ᠨᠢ ᠪᠦᠬᠦ ᠬᠤᠲᠠ ᠶᠢᠨ ᠶᠡᠷᠦᠩᠬᠡᠢ ᠡᠪᠡᠳᠴᠢᠲᠡᠨ ᠤ ᠣᠷᠣ ᠶᠢᠨ 23%᠎ ᠶᠢ ᠡᠵᠡᠯᠡᠵᠦ ᠪᠣᠢ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠬᠢᠭᠡᠳ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠡᠮᠬᠢ ᠴᠡᠭᠴᠡᠲᠡᠢ ᠪᠠᠷ ᠥᠷᠢᠰᠦᠯᠳᠦᠵᠦ᠂ ᠬᠠᠮᠲᠤᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠨᠢᠭᠡᠨᠲᠡ ᠦᠨᠳᠦᠰᠦᠨ ᠳᠡᠭᠡᠨ ᠪᠣᠢ ᠪᠣᠯᠭᠠᠪᠠ᠃      ᠬᠥᠲᠥᠯᠥᠭᠴᠢ᠄      ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖      ᠾᠧ ᠲᠣᠣ᠄      ᠪᠦᠬᠦ ᠬᠤᠲᠠ ᠳᠤ ᠨᠡᠶᠢᠲᠡ ᠮᠣᠩᠭᠤᠯ ᠬᠢᠲᠠᠳ 9 ᠰᠠᠭᠤᠷᠢ ᠡᠮᠨᠡᠯᠭᠡ ᠶᠢᠨ ᠬᠤᠷᠢᠶ᠎ᠠ ᠪᠠᠶᠢᠭᠤᠯᠵᠤ᠂ ᠤᠯᠤᠰ ᠤᠨ ᠪᠠᠷᠢᠮᠵᠢᠶᠠᠵᠢᠭᠤᠯᠤᠯᠲᠠ ᠪᠠᠷ ᠡᠮ ᠨᠠᠶᠢᠷᠠᠭᠤᠯᠬᠤ ᠭᠡᠷ 5 ᠪᠠᠶᠢᠵᠤ᠂10 ᠡᠮ ᠤᠨ ᠬᠡᠯᠪᠡᠷᠢ᠂ 198 ᠲᠥᠷᠥᠯ ᠤᠨ ᠡᠮ ᠢ ᠲᠤᠳᠤᠭᠠᠳᠤ ᠳᠤ ᠪᠡᠶ᠎ᠡ ᠪᠠᠨ ᠳᠠᠭᠠᠭᠠᠵᠤ ᠦᠢᠯᠡᠳᠪᠦᠷᠢᠯᠡᠵᠦ ᠪᠣᠯᠣᠨ᠎ᠠ︔ ᠤᠯᠤᠰ ᠤᠨ ᠬᠢᠲᠠᠳ ᠮᠣᠩᠭᠤᠯ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠬᠤᠲᠠ ᠶᠢ ᠡᠭᠦᠳᠦᠨ ᠪᠠᠶᠢᠭᠤᠯᠬᠤ ᠶᠢ ᠲᠦᠷᠭᠡᠳᠬᠡᠵᠦ᠂ ᠴᠢᠳᠠᠪᠤᠷᠢᠲᠠᠨ ᠤ ᠬᠥᠮᠥᠵᠢᠭᠦᠯᠦᠯ ᠪᠠ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠡᠷᠴᠢᠮ ᠢᠶᠠᠨ ᠪᠠᠨ ᠴᠢᠩᠭᠠᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠬᠡᠷᠡᠭᠯᠡᠬᠦ ᠶᠢ ᠵᠣᠷᠢᠭᠵᠢᠭᠤᠯᠵᠤ᠂ ᠮᠣᠩᠭᠤᠯ ᠬᠢᠲᠠᠳ ᠡᠮ ᠡᠮᠴᠢᠯᠡᠭᠡ ᠶᠢᠨ ᠦᠢᠯᠡᠴᠢᠯᠡᠭᠡ ᠶᠢᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠡᠬᠢᠯᠡᠯᠲᠡ ᠶᠢᠨ ᠲᠤᠭ᠎ᠠ ᠶᠢ 50 % ᠪᠠᠭᠤᠷᠠᠭᠤᠯᠵᠤ᠂ ᠳᠠᠩᠰᠠ ᠲᠠᠶᠢᠯᠬᠤ ᠬᠠᠷᠢᠴᠠᠯ ᠢ 15 ᠵᠠᠭᠤᠨ ᠤ ᠴᠡᠭ ᠢᠶᠠᠷ ᠳᠡᠭᠡᠭᠰᠢᠯᠡᠭᠦᠯᠵᠦ᠂ ᠢᠯᠢᠵᠦ ᠨᠤᠬᠤᠯᠠᠬᠤ ᠰᠣᠷᠣᠭᠤᠯ ᠲᠠᠯᠪᠢᠬᠤ ᠵᠡᠷᠭᠡ ᠡᠮ ᠤᠨ ᠲᠦᠷᠦᠯ ᠤᠨ ᠪᠤᠰᠤ ᠵᠠᠰᠠᠯᠲᠠ ᠶᠢ ᠳᠠᠩᠰᠠ ᠲᠠᠶᠢᠯᠬᠤ ᠬᠡᠪᠴᠢᠶᠡᠨ ᠳᠤ ᠣᠷᠣᠭᠤᠯᠵᠦ᠂ ᠮᠣᠩᠭᠤᠯ ᠬᠢᠲᠠᠳ ᠡᠮ ᠡᠮᠨᠡᠯᠭᠡ ᠶᠢᠨ ︽ᠬᠢᠯᠪᠠᠷ᠂ ᠳᠥᠭᠦᠮ᠂ ᠣᠨᠣᠬᠤ᠂ ᠬᠢᠮᠳᠠ︾ ᠣᠨᠴᠠᠯᠢᠭ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠳᠤ ᠴᠢᠨᠠᠷ ᠰᠠᠶᠢᠲᠠᠢ ᠦᠨ᠎ᠡ ᠬᠢᠮᠳᠠ ᠡᠮᠴᠢᠯᠡᠭᠡᠨ ᠤ ᠦᠢᠯᠡᠴᠢᠯᠡᠭᠡ ᠬᠠᠩᠭᠠᠪᠠ᠃      ᠬᠥᠲᠥᠯᠥᠭᠴᠢ᠄      ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠳᠤᠮᠳᠠ᠂ ᠣᠷᠳᠣᠰ ᠬᠤᠲᠠ ᠡᠶᠢᠮᠦ ᠤᠯᠠᠨ ᠥᠭᠡᠷᠡᠴᠢᠯᠡᠬᠦ ᠰᠦᠪᠡᠭᠴᠢᠯᠡᠯᠲᠡ ᠬᠢᠭᠰᠡᠨ ᠲᠤᠯᠠ᠂ ᠠᠷᠠᠳ ᠲᠦᠮᠡᠨ ᠳᠤ ᠯᠠᠪᠲᠠᠢ ᠤᠯᠠᠨ ᠬᠠᠷᠠᠭᠠᠯᠵᠠᠯ ᠦᠵᠡᠭᠦᠯᠦᠭᠰᠡᠨ ᠪᠠᠶᠢᠬ᠎ᠠ︖      ᠾᠧ ᠲᠣᠣ᠄      ᠡᠮ ᠡᠮᠨᠡᠯᠭᠡ ᠶᠢᠨ ᠰᠢᠨ᠎ᠡ ᠥᠭᠡᠷᠡᠴᠢᠯᠡᠯᠲᠡ ᠶᠢ ᠡᠬᠢᠯᠡᠭᠦᠯᠦᠭᠰᠡᠨ ᠠᠴᠠ ᠠᠪᠤᠭᠠᠳ᠂ ᠪᠢᠳᠡᠨ ᠡᠮ ᠡᠮᠨᠡᠯᠭᠡ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠬᠢᠨᠠᠨ ᠰᠢᠯᠭᠠᠬᠤ ᠠᠵᠢᠯ ᠢ ᠲᠠᠰᠤᠯᠳᠠᠭᠤᠯᠤᠯ ᠦᠭᠡᠢ ᠪᠠᠷ ᠵᠡᠷᠭᠡᠪᠡᠷ ᠶᠠᠪᠤᠭᠳᠠᠭᠤᠯᠪᠡ᠃ ᠬᠢᠨᠠᠨ ᠰᠢᠯᠭᠠᠬᠤ ᠰᠢᠰᠲ᠋ᠧᠮᠵᠢ ᠪᠠᠷ ᠳᠠᠮᠵᠢᠭᠤᠯᠤᠨ᠂ ᠥᠭᠡᠷᠡᠴᠢᠯᠡᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠠᠯᠠᠭ᠎ᠠ ᠮᠥᠴᠢᠷ ᠲᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠴᠠᠭ ᠲᠤᠬᠠᠢ ᠳᠤᠨᠢ ᠲᠣᠬᠢᠷᠠᠭᠤᠯᠬᠤ ᠪᠠ ᠲᠡᠭᠦᠯᠳᠡᠷᠵᠢᠭᠦᠯᠬᠦ ᠳᠤ ᠦᠨᠳᠦᠰᠦᠯᠡᠯ ᠣᠯᠭᠤᠨ ᠥᠭᠭᠦᠭᠰᠡᠨ ᠤ ᠳᠠᠭᠠᠤ ᠡᠮ ᠡᠮᠨᠡᠯᠭᠡ ᠶᠢᠨ ᠥᠭᠡᠷᠡᠴᠢᠯᠡᠯᠲᠡ ᠠᠴᠠ ᠡᠮᠦᠨ᠎ᠡ ᠬᠤᠶᠢᠨᠠᠬᠢ ᠣᠯᠠᠨ ᠲᠦᠮᠡᠨ ᠤ ᠬᠦᠷᠲᠡᠬᠦ ᠠᠰᠢᠭ ᠲᠣᠰᠠ᠂ ᠡᠮ ᠡᠮᠨᠡᠯᠭᠡ ᠶᠢᠨ ᠦᠢᠯᠡᠴᠢᠯᠡᠭᠡᠨ ᠤ ᠬᠤᠪᠢᠷᠠᠯᠲᠠ ᠵᠡᠷᠭᠡ ᠳᠤ ᠬᠠᠷᠢᠴᠠᠭᠤᠯᠤᠯ ᠵᠠᠳᠠᠯᠤᠯᠲᠠ ᠬᠢᠪᠠ᠃ ᠬᠠᠷᠢᠴᠠᠭᠤᠯᠬᠤ ᠪᠠᠷ ᠳᠠᠮᠵᠢᠭᠤᠯᠵᠤ ᠣᠯᠵᠤ ᠮᠡᠳᠡᠭᠰᠡᠨ ᠭᠤᠣᠯ ᠬᠤᠪᠢᠷᠠᠯᠲᠠ ᠭᠡᠪᠡᠯ᠄ ᠨᠢᠭᠡ ᠳᠤ ᠵᠠᠰᠠᠭ ᠤᠨ ᠣᠷᠳᠣᠨ ᠤ ᠡᠮ ᠡᠮᠨᠡᠯᠭᠡ ᠡᠷᠡᠭᠦᠯ ᠬᠠᠮᠠᠭᠠᠯᠠᠯ ᠳᠠᠬᠢ ᠪᠡᠯᠡ ᠣᠷᠤᠭᠤᠯᠤᠯᠲᠠ ᠲᠠᠰᠤᠷᠠᠯᠲᠠ ᠦᠭᠡᠢ ᠨᠡᠮᠡᠭᠳᠡᠪᠡ᠃ ᠬᠤᠲᠠ ᠶᠢᠨ 80%᠎ ᠶᠢᠨ ᠭᠠᠵᠠᠷ ᠣᠷᠣᠨ ︽15 ᠮᠢᠨᠦ᠋ᠲ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠠᠭᠠᠷᠢᠭ︾᠎ ᠢ ᠪᠡᠶᠡᠯᠡᠭᠦᠯᠪᠡ᠂ ᠮᠠᠯᠵᠢᠬᠤ ᠲᠠᠷᠢᠶᠠᠯᠠᠬᠤ ᠣᠷᠣᠨ ︽ᠨᠢᠭᠡ ᠲᠣᠰᠬᠤᠨ ᠨᠢᠭᠡ ᠡᠮᠨᠡᠯᠭᠡ ᠶᠢᠨ ᠥᠷᠥᠭᠡ ᠲᠠᠢ ᠪᠠᠶᠢᠬᠤ᠂ ᠨᠢᠭᠡ ᠰᠢᠶᠠᠩ ᠨᠢᠭᠡ ᠡᠮᠨᠡᠯᠭᠡ ᠶᠢᠨ ᠬᠤᠷᠢᠶ᠎ᠠ ᠲᠠᠢ ᠪᠠᠶᠢᠬᠤ︾ ᠬᠠᠷᠠᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠪᠡ᠃ ᠬᠤᠶᠠᠷ ᠲᠤ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠪᠠ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ᠂ ᠬᠢᠷᠢ ᠲᠦᠪᠰᠢᠨ ᠪᠠ ᠦᠷ᠎ᠡ ᠪᠦᠲᠦᠮᠵᠢ ᠦᠨᠳᠦᠰᠦᠨ ᠴᠢᠨᠠᠷᠲᠠᠢ ᠰᠠᠶᠢᠵᠢᠷᠠᠪᠠ᠃ ᠭᠤᠷᠪᠠ ᠳᠤ ᠤᠯᠠᠨ ᠲᠦᠮᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠬᠦᠷᠲᠡᠬᠦ ᠴᠢᠨᠠᠷ ᠳᠡᠭᠡᠭᠰᠢᠯᠡᠵᠤ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠠᠷᠤᠭᠠᠰᠤ ᠶᠢ ᠪᠦᠲᠦᠮᠵᠢᠲᠡᠢ ᠪᠠᠷ ᠬᠥᠩᠭᠡᠯᠡᠪᠡ᠃ ᠳᠥᠷᠪᠡ ᠳᠤ᠂ ᠡᠮ ᠡᠮᠨᠡᠯᠭᠡ ᠶᠢᠨ ᠳᠠᠭᠠᠳᠬᠠᠯ ᠤᠨ ᠪᠦᠷᠬᠦᠴᠠ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠵᠤ᠂ ᠵᠣᠩᠭᠢᠯᠬᠤ ᠣᠯᠠᠨ ᠲᠣᠭᠠᠨ ᠤ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠨᠢ ᠪᠠᠲᠤᠯᠠᠭ᠎ᠠ ᠲᠠᠢ ᠪᠣᠯᠪᠠ᠃ ᠲᠠᠪᠤ ᠳᠤ ᠰᠠᠭᠤᠭᠠᠯᠢ ᠠᠷᠠᠳ ᠤᠨ ᠡᠮᠨᠡᠯᠭᠡ ᠳᠤ ᠰᠠᠭᠤᠬᠤ ᠬᠤᠪᠢ ᠶᠢᠨ ᠰᠦᠢᠳᠬᠡᠯ ᠤᠨ ᠬᠠᠷᠢᠴᠠᠯ ᠢᠯᠡᠷᠬᠡᠢ ᠳᠣᠷᠣᠭᠰᠢᠯᠠᠵᠤ᠂ ᠪᠦᠬᠦ ᠬᠤᠲᠠ ᠶᠢᠨ ᠰᠠᠭᠤᠭᠠᠯᠢ ᠠᠷᠠᠳ ᠤᠨ ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠵᠤ ᠶᠠᠳᠠᠭᠤᠷᠠᠬᠤ ᠦᠵᠡᠭᠳᠡᠯ ᠢ ᠪᠦᠲᠦᠮᠵᠢᠲᠡᠢ ᠪᠠᠷ ᠨᠠᠮᠳᠠᠭᠠᠪᠠ᠃ ᠵᠢᠷᠭᠤᠭ᠎ᠠ ᠳᠤ᠂ ᠰᠠᠭᠤᠭᠠᠯᠢ ᠠᠷᠠᠳ ᠤᠨ ᠭᠤᠣᠯ ᠡᠷᠡᠭᠦᠯ ᠮᠡᠨᠳᠦ ᠶᠢᠨ ᠵᠢᠭᠠᠯᠲᠠ ᠲᠤᠭ᠎ᠠ ᠢᠯᠡᠷᠬᠡᠢ ᠰᠠᠶᠢᠵᠢᠷᠠᠪᠠ᠃ ᠣᠳᠣ ᠣᠷᠳᠣᠰ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠥᠭᠵᠢᠯᠲᠡ ᠢᠳᠡᠭ ᠢᠳᠡᠭ ᠢᠶᠠᠷ ᠰᠠᠶᠢᠨ ᠡᠷᠭᠢᠯᠲᠡ ᠶᠢᠨ ᠵᠠᠮ ᠳᠤ ᠪᠠᠨ ᠣᠷᠣᠵᠤ᠂ ᠡᠮ ᠡᠮᠨᠡᠯᠭᠡ ᠶᠢᠨ ᠡᠮᠬᠢ ᠵᠢᠷᠤᠮ ᠶᠡᠷᠦᠩᠬᠡᠢ ᠳᠡᠭᠡᠨ ᠰᠠᠶᠢᠨ ᠲᠡᠰᠢ ᠪᠠᠶᠠᠷᠯᠠᠭᠤᠰᠢᠲᠠᠢ ᠬᠤᠪᠢᠷᠠᠯᠲᠠ ᠲᠠᠢ ᠪᠣᠯᠵᠤ ᠪᠠᠶᠢᠨ᠎ᠠ᠃      ᠬᠥᠲᠥᠯᠥᠭᠴᠢ᠄      ᠵᠠ ᠰᠠᠶᠢᠨ ᠪᠣᠯᠣᠯ᠎ᠠ᠂ ᠾᠧ ᠡᠷᠬᠢᠯᠡᠭᠴᠢ ᠶᠢᠨ ᠨᠠᠷᠢᠨ ᠲᠠᠶᠢᠯᠪᠤᠷᠢ ᠬᠢᠭᠰᠡᠨ ᠳᠤ ᠮᠠᠰᠢ ᠲᠠᠯᠠᠷᠬᠠᠯ᠎ᠠ᠂ ᠮᠥᠨᠴᠦ ᠣᠷᠳᠣᠰ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠨᠡᠩ ᠰᠠᠶᠢᠨ ᠦᠷ᠎ᠡ ᠪᠦᠲᠦᠮᠵᠢ ᠣᠯᠬᠤ ᠶᠢ ᠵᠥᠩᠨᠡᠶ᠎ᠡ︕      ᠾᠧ ᠲᠤᠣ᠄      ᠪᠠᠶᠠᠷᠯᠠᠯ᠎ᠠ︕ ᠬᠤᠶᠢᠰᠢᠳᠠ ᠪᠢᠳᠡ ᠦᠷᠭᠦᠯᠵᠢᠯᠡᠨ ᠪᠦᠬᠦ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠷ ᠵᠢᠯᠣᠭᠤᠳᠤᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠠᠵᠢᠯᠯᠠᠭᠠᠨ ᠤ ᠲᠤᠭᠲᠠᠴᠠ᠂ ᠨᠥᠬᠦᠪᠦᠷᠢ ᠶᠢᠨ ᠲᠤᠭᠲᠠᠴᠠ ᠪᠠ ᠬᠢᠨᠠᠨ ᠬᠠᠮᠢᠶᠠᠷᠤᠯᠲᠠ ᠶᠢᠨ ᠲᠤᠭᠲᠠᠴᠠ ᠵᠡᠷᠭᠡ ᠬᠦᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠡᠮᠨᠡᠯᠭᠡ ᠶᠢᠨ ᠠᠵᠢᠯᠲᠠᠳ ᠤᠨ ᠢᠳᠡᠪᠬᠢ ᠴᠢᠨᠠᠷ ᠢ ᠳᠠᠶᠢᠴᠢᠯᠠᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠥᠪᠡᠷ ᠤᠨ ᠥᠷᠲᠡᠭ ᠪᠠ ᠵᠠᠷᠤᠳᠠᠯ ᠢ ᠪᠠᠭᠠᠰᠬᠠᠵᠤ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ᠂ ᠡᠮ ᠡᠮᠴᠢᠯᠡᠭᠡ ᠶᠢ ᠬᠤᠯᠪᠣᠭᠠᠯᠠᠨ ᠳᠠᠶᠢᠴᠢᠯᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠡᠷᠡᠭᠦᠯ ᠮᠡᠨᠳᠦ ᠣᠷᠳᠣᠰ ᠢ ᠴᠣᠭᠴᠠᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ᠂ ᠭᠡᠷᠡᠯ ᠰᠠᠴᠤᠷᠠᠩᠭᠤᠢ ᠣᠷᠳᠣᠰ ᠬᠤᠲᠠ ᠶᠢ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠶᠢ ᠦᠵᠡᠭᠦᠯᠣᠨ᠎ᠠ᠃      ᠬᠥᠲᠥᠯᠦᠭᠴᠢ᠄      ᠵᠠ ᠰᠠᠶᠢᠨ ᠪᠣᠯᠣᠯ᠎ᠠ᠂ ᠾᠧ ᠡᠷᠬᠢᠯᠡᠭᠴᠢ ᠶᠢᠨ ᠮᠠᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠳᠤ ᠰᠠᠭᠠᠲᠠᠭᠰᠠᠨ ᠳᠤ ᠳᠠᠬᠢᠨᠲᠠ ᠲᠠᠯᠠᠷᠬᠠᠯ᠎ᠠ᠂ ᠮᠥᠨᠴᠦ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ  ᠲᠠᠯᠠᠷᠬᠠᠯ᠎ᠠ᠂ ᠲᠤᠰ ᠬᠤᠭᠤᠴᠠᠭ᠎ᠠ ᠶᠢᠨ ᠰᠤᠷᠪᠤᠯᠵᠢᠯᠠᠭ᠎ᠠ ᠶᠠᠷᠢᠯᠴᠠᠭ᠎ᠠ ᠡᠶᠢᠨᠬᠦ ᠦᠨᠳᠦᠷᠯᠡᠯ᠎ᠡ᠂ ᠳᠠᠷᠠᠭᠠᠴᠢ ᠶᠢᠨ ᠳ᠋ᠤᠭᠠᠷ ᠲᠤ  ᠪᠠᠶᠠᠷᠲᠠᠢ ᠵᠣᠯᠭᠠᠶ᠎ᠠ︕
     ᠣᠷᠳᠣᠰ ᠪᠦᠬᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠡᠷᠡᠭᠦᠯ ᠬᠠᠮᠠᠭᠠᠯᠠᠯ ᠤᠨ ᠠᠵᠢᠯ ᠤᠨ ᠬᠤᠷᠠᠯ ᠬᠤᠷᠠᠯᠳᠤᠭᠤᠯᠪᠠ᠃
     ᠣᠷᠳᠣᠰ ᠪᠦᠬᠦ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢᠨ  ᠰᠠᠭᠤᠳᠠᠯ ᠤᠨ ᠬᠤᠷᠠᠯ ᠬᠤᠷᠠᠯᠳᠤᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map