| ᠰᠤᠷᠪᠤᠯᠵᠢᠯᠠᠨ ᠶᠠᠷᠢᠯᠴᠠᠭᠰᠠᠨ ᠴᠠᠭ᠄ | 2015 ᠣᠨ ᠤ 11 ᠳ᠋ᠦ᠋ᠭᠡᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨᠡᠬᠢ 10 ᠴᠠᠭ ᠲᠤ | ᠰᠤᠷᠪᠤᠯᠵᠢᠯᠠᠭ᠎ᠠ ᠬᠦᠯᠢᠶᠡᠭᠰᠡᠨ ᠡᠷᠬᠢᠮ ᠵᠣᠴᠢᠳ᠄ | ᠲᠦᠩᠯᠢᠶᠣᠤ ᠬᠤᠲᠠ ᠶᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶᠠᠨ ᠤ | ᠳᠠᠷᠤᠭ᠎ᠠ ᠱᠧᠩ ᠴᠢᠨ | ᠰᠤᠷᠪᠤᠯᠵᠢᠯᠠᠨ ᠶᠠᠷᠢᠯᠴᠠᠭᠰᠠᠨ ᠲᠣᠪᠴᠢ ᠲᠠᠨᠢᠯᠴᠠᠭᠤᠯᠭ᠎ᠠ᠄ | ᠲᠦᠩᠯᠢᠶᠣᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠯᠢ ᠡᠷᠲᠡ ᠠᠴᠠ | ᠰᠣᠶᠣᠯ ᠤᠨ ᠠᠵᠢᠯ ᠢ ᠮᠠᠰᠢ ᠴᠢᠬᠤᠯᠠᠴᠢᠯᠠᠨ ᠦᠵᠡᠵᠦ᠂ ︽ᠰᠣᠶᠣᠯ ᠤᠨ ᠬᠦᠴᠦᠷᠬᠡᠭ ᠬᠤᠲᠠ ᠶᠢ ᠪᠠᠶᠢᠭᠤᠯᠬᠤ︾ | ᠬᠥᠭᠵᠢᠯᠲᠡ ᠶᠢᠨ ᠰᠡᠳᠬᠢᠮᠵᠢ ᠶᠢ ᠳᠤᠷᠠᠳᠪᠠ᠃ ᠬᠡᠳᠦᠨ ᠵᠢᠯ ᠤᠨ ᠲᠤᠷᠰᠢ᠂ ᠲᠦᠩᠯᠢᠶᠣᠤ ᠪᠦᠬᠦ ᠬᠤᠲᠠ ᠶᠢᠨ | ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠠᠯᠬᠤᠮ ᠠᠯᠬᠤᠮ ᠢᠶᠠᠷ ᠭᠦᠨᠵᠡᠭᠡᠶᠢᠷᠡᠨ᠂ ᠰᠣᠶᠣᠯ ᠤᠨ ᠦᠢᠯᠡᠰ | ᠦᠷᠭᠦᠯᠵᠢᠯᠡᠨ ᠲᠦᠷᠭᠡᠨ ᠪᠥᠭᠡᠳ ᠡᠷᠡᠭᠦᠯ ᠢᠶᠠᠷ ᠬᠦᠭᠵᠢᠵᠦ᠂ ᠤᠷᠠᠯᠢᠭ ᠤᠨ ᠵᠣᠬᠢᠶᠠᠨ ᠪᠦᠲᠦᠭᠡᠯ ᠡᠯᠪᠡᠭ ᠪᠠᠶᠠᠯᠢᠭ | ᠪᠣᠯᠵᠤ᠂ ᠤᠷᠠᠨ ᠰᠠᠶᠢᠬᠠᠨ ᠤ ᠲᠣᠭᠯᠠᠯᠲᠠ ᠪᠣᠯᠣᠨ ᠤᠯᠠᠨ ᠲᠦᠮᠡᠨᠴᠢ ᠰᠣᠶᠣᠯ ᠤᠨ ᠠᠵᠢᠯᠯᠠᠭ᠎ᠠ ᠦᠷᠭᠦᠯᠵᠢᠯᠡᠨ | ᠬᠥᠭᠵᠢᠶᠡᠨᠲᠡᠶ ᠶᠠᠪᠤᠭᠳᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠰᠢᠨ᠎ᠡ ᠠᠬᠢᠴᠠ ᠲᠠᠢ ᠪᠣᠯᠬᠤᠷ᠂ | ᠰᠣᠶᠣᠯ ᠤᠨ ᠠᠵᠤ ᠦᠢᠯᠡᠰ ᠠᠩᠬ᠎ᠠ ᠠᠯᠬᠤᠮ ᠬᠡᠪᠴᠢᠶᠡᠵᠢᠵᠤ᠂ ᠠᠮᠢᠵᠢᠷᠠᠯ ᠤᠨ ᠬᠦᠴᠦᠨ ᠨᠢ ᠠᠯᠬᠤᠮ | ᠠᠯᠬᠤᠮ ᠢᠶᠠᠷ ᠨᠡᠮᠡᠭᠳᠡᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠠᠩᠬ᠎ᠠ ᠠᠯᠬᠤᠮ | ᠪᠠᠶᠢᠭᠤᠯᠤᠭᠳᠠᠵᠤ᠂ ᠠᠷᠠᠳ ᠤᠯᠠᠨ ᠤ ᠰᠣᠶᠣᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠢᠳᠡᠭ ᠢᠳᠡᠭ ᠢᠶᠠᠷ | ᠳᠡᠭᠡᠭᠰᠢᠯᠡᠪᠡ᠃ ᠲᠦᠩᠯᠢᠶᠣᠤ ᠬᠤᠲᠠ ᠶᠢᠨ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ | ᠪᠠᠶᠢᠳᠠᠯ ᠢ ᠨᠠᠷᠢᠨ ᠣᠶᠢᠯᠠᠭᠠᠬᠤ ᠶᠢᠨ ᠲᠥᠯᠥᠭᠡ᠂ ᠣᠶᠢᠷ᠎ᠠ ᠳᠤ᠂ ᠪᠢᠳᠡ ᠲᠦᠩᠯᠢᠶᠣᠤ ᠬᠤᠲᠠ ᠶᠢᠨ ᠰᠣᠶᠣᠯ | ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶᠠᠨ ᠤ ᠳᠠᠷᠤᠭ᠎ᠠ ᠱᠧᠩ ᠴᠢᠨ ᠢ ᠤᠷᠢᠵᠤ ᠥᠷᠭᠡᠨ | ᠣᠯᠠᠨ ᠰᠦᠯᠵᠢᠶᠡᠨ ᠠᠨᠳᠠ ᠨᠠᠷ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠭᠤᠯᠬᠤ ᠪᠠᠷ ᠪᠠᠶᠢᠨ᠎ᠠ᠃ | ᠲᠤᠬᠠᠶ ᠶᠢᠨ ᠦᠶ᠎ᠡ ᠳᠤ᠂ ᠰᠦᠯᠵᠢᠶᠡᠨ ᠠᠨᠳᠠ ᠨᠠᠷ ᠮᠢᠨᠢ ᠢᠳᠡᠪᠬᠢᠲᠡᠶ ᠣᠷᠣᠯᠴᠠᠬᠤ ᠶᠢ ᠪᠠᠶᠠᠷᠯᠠᠨ ᠣᠭᠲᠤᠵᠤ | ᠪᠠᠶᠢᠨ᠎ᠠ᠃ | ᠬᠥᠲᠥᠯᠥᠭᠴᠢ᠄ | ᠰᠦᠯᠵᠢᠶᠡᠨ ᠠᠨᠳᠠ ᠨᠠᠷ ᠡ ᠰᠠᠶᠢᠨ ᠪᠠᠶᠢᠵᠠᠭᠠᠨ᠎ᠠ ᠤᠤ᠂ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ | ᠤᠯᠤᠰ· ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ | ᠤᠭᠲᠤᠵᠤ ᠪᠠᠶᠢᠨ᠎ᠠ᠃ ᠥᠨᠥᠳᠦᠷ ᠪᠢᠳᠡ ᠠᠵᠠ ᠲᠠᠢ ᠪᠠᠷ ᠲᠦᠩᠯᠢᠶᠣᠤ ᠬᠤᠲᠠ ᠶᠢᠨ ᠰᠣᠶᠣᠯ ᠰᠣᠨᠢᠨ ᠮᠡᠳᠡᠭᠡ | ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶᠠᠨ ᠤ ᠳᠠᠷᠤᠭ᠎ᠠ ᠱᠧᠩ ᠴᠢᠨ ᠢ ᠤᠷᠢᠵᠤ᠂ ᠲᠡᠷᠡ ᠲᠦᠩᠯᠢᠶᠣᠤ | ᠬᠤᠳᠠ ᠶᠢᠨ ᠰᠣᠶᠣᠯ ᠤᠨ ᠦᠢᠯᠡᠰ ᠪᠣᠯᠣᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ | ᠲᠠᠯ᠎ᠠ ᠪᠠᠷ ᠲᠠ ᠪᠦᠬᠦᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠣᠨ᠎ᠠ᠃ ᠱᠧᠩ ᠲᠣᠪᠴᠢᠶᠠᠨ | ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠱᠧᠩ ᠴᠢᠨ᠄ | ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠶᠢᠨ ᠲᠠᠪᠴᠠᠩ ᠢᠶᠠᠷ ᠳᠠᠮᠵᠢᠭᠤᠯᠤᠨ ᠲᠠ | ᠪᠦᠬᠦᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠃ | ᠰᠦᠯᠵᠢᠶᠡᠨ ᠠᠨᠳᠠ ᠨᠠᠷ ᠲᠦᠩᠯᠢᠶᠣᠤ ᠬᠤᠳᠠ ᠶᠢᠨ ᠰᠣᠶᠣᠯ ᠤᠨ ᠦᠢᠯᠡᠰ ᠢ ᠬᠠᠯᠠᠮᠵᠢᠯᠠᠨ ᠳᠡᠮᠵᠢᠭᠰᠡᠭᠡᠷ | ᠢᠷᠡᠭᠰᠡᠨ ᠳᠤ ᠲᠠᠯᠠᠷᠬᠠᠵᠤ ᠪᠠᠶᠢᠨ᠎ᠠ︕ | ᠬᠥᠲᠥᠯᠥᠭᠴᠢ᠄ | ᠱᠧᠩ ᠲᠣᠪᠴᠢᠶᠠᠨ ᠳᠠᠷᠤᠭ᠎ᠠ᠂ ᠮᠠᠨ ᠤ ᠲᠦᠩᠯᠢᠶᠣᠤ ᠬᠤᠳᠠ ᠪᠣᠯ ᠥᠪᠡᠷᠲᠡᠭᠡᠨ ᠵᠠᠰᠠᠬᠤ ᠣᠷᠣᠨ ᠤ ᠵᠡᠭᠦᠨ | ᠬᠡᠰᠡᠭ ᠤᠨ ᠲᠡᠦᠭᠡ ᠶᠢᠨ ᠳᠤᠷᠠᠰᠬᠠᠯᠲᠤ ᠵᠦᠢᠯᠡᠰ ᠤᠨ ᠲᠤᠮᠤ ᠬᠤᠳᠠ ᠪᠣᠯᠣᠨ᠎ᠠ᠂ ᠲᠠ ᠪᠢᠳᠡᠨ ᠳᠤ ᠳᠥᠭᠦᠮᠬᠡᠨ | ᠲᠠᠨᠢᠯᠴᠠᠭᠤᠯᠤᠭᠠᠳ ᠥᠭᠭᠦᠨ᠎ᠡ ᠤᠤ︖ | ᠱᠧᠩ ᠴᠢᠨ᠄ | ᠲᠦᠩᠯᠢᠶᠣᠤ ᠬᠤᠳᠠ ᠳᠤ ᠬᠤᠳᠠ ᠶᠢᠨ ᠳᠡᠰ ᠠᠴᠠ ᠳᠡᠭᠡᠭᠰᠢᠬᠢ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ᠨᠢᠭᠡᠴᠡ ᠨᠡᠶᠢᠲᠡ 113 ᠪᠠᠶᠢᠨ᠎ᠠ᠂ ᠡᠭᠦᠨ ᠳᠤ᠄ ᠺᠠᠶᠢᠯᠤ ᠳᠠᠬᠢ ᠶᠤᠸᠠᠨ ᠤᠯᠤᠰ ᠤᠨ ᠪᠤᠷᠬᠠᠨ ᠤ | ᠰᠤᠪᠤᠷᠭ᠎ᠠ᠂ ᠶᠢᠨ ᠤᠯᠤᠰ ᠤᠨ ᠰᠤᠪᠠᠭ ᠤᠨ ᠡᠷᠲᠡᠨ ᠤ ᠪᠠᠭᠤᠷᠢ᠂ ᠲᠣᠭᠤᠯᠵᠢᠨ ᠠᠭᠤᠯᠠ ᠳᠠᠬᠢ ᠯᠢᠶᠣᠤ | ᠤᠯᠤᠰ ᠤᠨ ᠡᠷᠲᠡᠨ ᠤ ᠣᠩᠭᠤᠨ᠂ ᠬᠦᠷᠢᠶ᠎ᠡ ᠬᠤᠰᠢᠭᠤᠨ ᠤ ᠭᠤᠷᠪᠠᠨ ᠶᠡᠭᠡ ᠰᠦᠮ᠎ᠡ ᠵᠡᠷᠭᠡ ᠤᠯᠤᠰ ᠤᠨ ᠲᠡᠰ ᠤᠨ | ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ14᠂ ᠰᠢᠶᠤᠤ ᠫᠤᠤ ᠽᠢ ᠪᠠᠭᠤᠷᠢ᠂ | ᠱᠣᠩᠬᠤᠷ ᠴᠠᠭᠠᠨ ᠰᠤᠪᠤᠷᠭ᠎ᠠ᠂ ᠣᠶᠣᠨ ᠲᠡᠭᠦᠯᠳᠡᠷ ᠰᠦᠮ᠎ᠡ ᠵᠡᠷᠭᠡ ᠥᠪᠡᠷᠲᠡᠭᠡᠨ ᠵᠠᠰᠠᠬᠤ ᠣᠷᠣᠨ ᠤ ᠳᠡᠰ ᠤᠨ | ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ47᠂ ᠪᠤᠤ ᠯᠦᠩ ᠱᠠᠨ ᠤ | ᠡᠷᠲᠡᠨ ᠤ ᠪᠠᠭᠤᠷᠢ᠂ ᠴᠣᠷᠵᠢ ᠰᠦᠮ᠎ᠡ᠂ ᠡᠮᠦᠨ᠎ᠡ ᠰᠠᠯᠠᠭ᠎ᠠ ᠶᠢᠨ ᠪᠠᠷᠠᠭᠤᠨ ᠪᠠᠭᠤᠷᠢ ᠵᠡᠷᠭᠡ 52 ᠭᠠᠵᠠᠷ ᠪᠠᠭᠲᠠᠨ᠎ᠠ᠃ | ᠪᠦᠬᠦ ᠬᠤᠲᠠ ᠳᠤ ᠡᠯ᠎ᠡ ᠲᠥᠷᠥᠯ ᠤᠨ ᠮᠦᠽᠧᠶ 40 ᠪᠠᠶᠢᠵᠤ᠂ ᠮᠦᠽᠧᠶ ᠳᠤ ᠬᠠᠳᠠᠭᠠᠯᠠᠵᠤ ᠪᠠᠶᠢᠭ᠎ᠠ ᠡᠯ᠎ᠡ | ᠵᠦᠢᠯ ᠤᠨ ᠲᠡᠦᠭᠡ ᠶᠢᠨ ᠳᠤᠷᠠᠰᠬᠠᠯᠲᠤ ᠵᠦᠢᠯᠡᠰ 2 ᠲᠦᠮᠡᠨ ᠵᠦᠢᠯ ︵ᠳᠤᠭᠤᠶᠢᠯᠠᠩ︶᠂ ᠡᠯ᠎ᠡ ᠲᠥᠷᠥᠯ ᠤᠨ | ᠰᠢᠯᠵᠢᠭᠦᠯᠵᠦ ᠪᠣᠯᠤᠰᠢ ᠤᠢᠭᠡᠢ ᠲᠡᠦᠬᠡ ᠶᠢᠨ ᠳᠤᠷᠠᠰᠬᠠᠯᠲᠤ ᠵᠦᠢᠯᠡᠰ 2492 ᠭᠠᠵᠠᠷ ᠪᠤᠢ᠃ ᠲᠤᠭᠤᠯᠵᠢᠨ | ᠠᠭᠤᠯᠠ ᠳᠠᠬᠢ ᠯᠢᠶᠤᠤ ᠤᠯᠤᠰ ᠤᠨ ᠢᠵᠠᠭᠤᠷᠲᠠᠳ ᠤᠨ ᠣᠩᠭᠤᠨ ᠪᠠ ᠴᠢᠩ ᠯᠦᠩ ᠱᠠᠨ ᠠᠭᠤᠯᠠ ᠳᠠᠬᠢ ᠯᠢᠶᠣᠣ | ᠣᠯᠣᠰ ᠤᠨ ᠴᠧᠨ ᠭᠦᠸᠧ ᠭᠦᠩᠵᠦ ᠪᠣᠯᠤᠨ ᠡᠹᠦ᠋ ᠶᠢᠨ ᠬᠠᠮᠲᠤ ᠣᠷᠣᠰᠢᠭᠤᠯᠤᠭᠰᠠᠨ ᠣᠩᠭᠤᠨ ᠨᠢ ᠤᠷᠢᠳ | ᠬᠤᠵᠢᠳ ᠪᠦᠬᠦ ᠤᠯᠤᠰ ᠤᠨ ᠬᠠᠭᠤᠴᠢ ᠰᠤᠳᠤᠯᠤᠯ ᠤᠨ ᠠᠷᠪᠠᠨ ᠶᠡᠭᠡ ᠢᠯᠡᠷᠡᠭᠦᠯᠦᠯᠲᠡ ᠳᠤ ᠣᠷᠣᠵᠤ᠂ ᠬᠠᠮᠢᠨ | ᠮᠠᠩᠬᠠᠨ ᠤ ᠡᠷᠲᠡᠨ ᠤ ᠪᠠᠭᠤᠷᠢ ᠨᠢ 2011 ᠣᠨ ᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠵᠢᠷᠭᠤᠭᠠᠨ | ᠶᠡᠭᠡ ᠰᠢᠨ᠎ᠡ ᠢᠯᠡᠷᠡᠭᠦᠯᠦᠯᠲᠡ ᠶᠢᠨ ᠨᠢᠭᠡ ᠪᠠᠷ ᠦᠨᠡᠯᠡᠭᠳᠡᠵᠦ᠂ ᠡᠮᠦᠨᠡᠲᠦ ᠪᠤᠯᠠᠩᠲᠤ ᠶᠢᠨ ᠡᠷᠲᠡᠨ ᠤ ᠣᠡᠭᠭᠤᠨ ᠤ | ᠰᠦᠷᠦᠭ ᠨᠢ 2007 ᠣᠨ ᠳᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠵᠢᠷᠭᠤᠭᠠᠨ ᠶᠡᠭᠡ ᠰᠢᠨ᠎ᠡ | ᠢᠯᠡᠷᠡᠭᠦᠯᠦᠯᠲᠡ ᠳᠤ ᠰᠤᠩᠭᠤᠭᠳᠠᠪᠠ ᠃ | ᠮᠠᠨ ᠤ ᠬᠤᠳᠠ ᠳᠤ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ 13 ᠵᠦᠢᠯ᠂ | ᠥᠪᠡᠷᠲᠡᠭᠡᠨ ᠵᠠᠰᠠᠬᠤ ᠣᠷᠣᠨ ᠤ ᠳᠡᠰ ᠤᠨ 35 ᠵᠦᠢᠯ᠂ ᠬᠤᠲᠠ ᠶᠢᠨ ᠳᠡᠰ ᠤᠨ 83 ᠵᠦᠢᠯ᠂ ᠤᠯᠤᠰ ᠤᠨ | ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ 9 ᠬᠥᠮᠦᠨ᠂ ᠥᠪᠡᠷᠲᠡᠭᠡᠨ ᠵᠠᠰᠠᠬᠤ ᠣᠷᠣᠨ ᠤ | ᠳᠡᠰ ᠤᠨ 55 ᠬᠥᠮᠦᠨ᠂ ᠬᠤᠲᠠ ᠶᠢᠨ ᠳᠡᠰ ᠤᠨ 144 ᠬᠥᠮᠦᠨ ᠪᠠᠶᠢᠨ᠎ᠠ᠃ ᠣᠳᠣᠬᠠᠨ ᠳᠤ᠂ ᠲᠦᠩᠯᠢᠶᠣᠤ | ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ ᠪᠠᠶᠢᠭᠤᠯᠤᠭᠳᠠᠵᠤ᠂ ᠮᠠᠨ ᠤ ᠬᠤᠲᠠ ᠶᠢᠨ | ︽ᠪᠣᠳᠠᠰ ᠤᠨ ᠪᠤᠰᠤ ᠰᠣᠶᠣᠯ ᠤᠨ ᠥᠪ︾ ᠢ ᠬᠠᠮᠠᠭᠠᠯᠠᠬᠤ᠂ ᠰᠤᠳᠤᠯᠬᠤ ᠲᠤᠰᠬᠠᠢ ᠪᠠᠶᠢᠭᠤᠯᠤᠮᠵᠢ ᠪᠣᠯᠪᠠ᠃ ᠪᠦᠬᠦ | ᠬᠤᠲᠠ ᠶᠢᠨ ᠡᠯ᠎ᠡ ᠱᠠᠲᠤᠨ ᠤ ᠰᠣᠶᠣᠯ ᠤᠨ ᠣᠷᠳᠣᠨ ᠠᠲᠠᠷ ᠬᠡᠭᠡᠷ᠎ᠡ ᠶᠢᠨ ᠪᠠᠶᠢᠴᠠᠭᠠᠯᠲᠠ ᠶᠢ ᠥᠷᠭᠡᠨ ᠢᠶᠠᠷ | ᠦᠷᠨᠢᠭᠦᠯᠵᠦ᠂ ᠬᠠᠷᠢᠶ᠎ᠠ ᠲᠣᠭᠤᠷᠢᠭ ᠤᠨ ᠲᠣᠲᠤᠷᠠᠬᠢ ᠡᠯ᠎ᠡ ᠳᠡᠰ ᠤᠨ ᠨᠡᠷᠡᠰ ᠤᠨ ᠵᠢᠭᠰᠠᠭᠠᠯᠲᠠ ᠶᠢᠨ | ᠲᠠᠷᠬᠠᠯᠲᠠ ᠶᠢᠨ ᠰᠦᠪᠡᠭᠴᠢ ᠶᠢ ᠲᠣᠳᠣᠷᠬᠠᠶ ᠣᠶᠢᠯᠠᠭᠠᠵᠤ᠂ ᠮᠠᠨ ᠤ ᠬᠤᠲᠠ ᠶᠢᠨ ᠬᠤᠷᠴᠢᠨ ᠣᠷᠳᠣ ᠳᠠᠭᠤᠯᠠᠯ᠂ | ᠴᠤᠭᠤᠷ ᠬᠥᠭᠵᠢᠮ᠂ ᠬᠤᠷᠴᠢᠨ ᠦᠯᠢᠭᠡᠷᠲᠦ ᠠᠷᠠᠳ ᠤᠨ ᠳᠠᠭᠤᠤ ᠵᠡᠷᠭᠡ ᠤᠰᠠᠳᠬᠤ ᠰᠢᠬᠠᠭᠰᠠᠨ ᠲᠥᠷᠥᠯ ᠵᠦᠢᠯ ᠢ | ᠠᠭᠤᠳᠠᠯᠤᠨ ᠡᠮᠬᠢᠳᠬᠡᠵᠦ᠂ ᠲᠥᠷᠥᠯ ᠵᠦᠢᠯ ᠤᠨ ᠤᠯᠠᠮᠵᠢᠯᠠᠨ ᠵᠠᠯᠭᠠᠮᠵᠢᠯᠠᠭᠴᠢ ᠪᠣᠯᠣᠨ ᠤᠷᠠᠯᠢᠭᠴᠢᠳ ᠲᠤ ᠢᠵᠠᠭᠤᠷ | ᠲᠡᠭᠤ ᠶᠢᠨ ᠰᠢᠩᠭᠡᠭᠡᠯᠲᠡ ᠬᠢᠵᠦ᠂ ᠴᠤᠭᠯᠠᠭᠤᠯᠬᠤ᠂ ᠲᠡᠮᠳᠡᠭᠯᠡᠬᠦ᠂ ᠲᠥᠷᠥᠯ ᠬᠤᠪᠢᠶᠠᠬᠤ᠂ ᠭᠠᠷᠴᠠᠭ ᠵᠣᠬᠢᠶᠠᠬᠤ | ᠵᠡᠷᠭᠡ ᠠᠷᠭ᠎ᠠ ᠪᠠᠷ ᠳᠠᠮᠵᠢᠭᠤᠯᠤᠨ᠂ ᠡᠯ᠎ᠡ ᠳᠡᠰ ᠤᠨ ᠨᠡᠷᠡᠰ ᠤᠨ ᠵᠢᠭᠰᠠᠭᠠᠯᠲᠠ ᠪᠣᠯᠣᠨ ᠤᠯᠠᠮᠵᠢᠯᠠᠨ ᠵᠠᠯᠭᠠᠮᠵᠢᠯᠠᠭᠴᠢ | ᠳᠤ ᠲᠡᠩᠰᠡ ᠡᠪᠬᠡᠮᠡᠯ ᠪᠠᠶᠢᠭᠤᠯᠵᠤ᠂ ᠪᠦᠬᠦ ᠬᠤᠲᠠ ᠶᠢᠨ ︽ᠰᠣᠶᠣᠯ ᠤᠨ ᠪᠤᠰᠤ ᠥᠪ︾ ᠤᠨ ᠳ᠋ᠠᠶᠢᠲ᠋ᠠ | ᠬᠥᠮᠥᠷᠭᠡ ᠶᠢ ᠪᠠᠶᠢᠭᠤᠯᠬᠤ ᠳᠤ ᠰᠠᠭᠤᠷᠢ ᠠᠵᠢᠯ ᠢ ᠰᠠᠶᠢᠲᠤᠷ ᠬᠢᠵᠦ ᠥᠭᠪᠡ᠃ | ᠬᠥᠲᠥᠯᠥᠭᠴᠢ᠄ | ᠰᠣᠶᠣᠯ ᠤᠨ ᠵᠥᠭᠡᠯᠡᠨ ᠪᠣᠳᠠᠲᠤ ᠬᠦᠴᠦᠨ ᠢ ᠬᠡᠷᠬᠢᠨ ᠳᠡᠭᠡᠭᠰᠢᠯᠡᠭᠦᠯᠬᠦ ᠪᠤᠢ︖ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠭᠰᠠᠨ ᠠᠴᠠ ᠨᠠᠰᠢ᠂ ᠬᠤᠳᠠ ᠶᠢᠨ | ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠨᠢ ᠶᠠᠮᠠᠷ ᠶᠠᠮᠠᠷ ᠠᠵᠢᠯ ᠥᠷᠨᠢᠭᠦᠯᠵᠦ᠂ | ᠶᠠᠮᠠᠷ ᠦᠷ᠎ᠡ ᠪᠦᠲᠦᠮᠵᠢ ᠣᠯᠤᠭᠰᠠᠨ ᠪᠤᠢ︖ | ᠱᠧᠩ ᠴᠢᠨ᠄ | ᠮᠠᠨ ᠤ ᠬᠤᠳᠠ ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ᠪᠢᠳᠠ | ︽ᠵᠢᠷᠭᠤᠭᠠᠨ ᠶᠡᠭᠡ ᠢᠨᠵᠧᠨᠧᠷᠢᠩ︾ ᠢ ᠬᠡᠷᠡᠭᠵᠢᠭᠦᠯᠵᠦ᠂ ᠴᠥᠮ ᠨᠡᠯᠢᠶᠡᠳ ᠰᠠᠶᠢᠨ ᠦᠷ᠎ᠡ ᠪᠦᠲᠦᠮᠵᠢ ᠣᠯᠤᠭᠰᠠᠨ | ᠪᠠᠶᠢᠨ᠎ᠠ᠃ | ᠨᠢᠭᠡ ᠳᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠪᠡ᠃ ᠪᠦᠬᠦ | ᠬᠤᠲᠠ ᠶᠢᠨ 9 ᠲᠤᠰᠬᠠᠶ ᠮᠡᠷᠭᠡᠵᠢᠯ ᠤᠨ ᠲᠣᠭᠯᠠᠯᠲᠠ ᠶᠢᠨ ᠪᠦᠯᠬᠦᠮ ᠪᠣᠯᠣᠨ 586 ᠠᠵᠢᠯ ᠤᠨ ᠴᠢᠯᠥᠭᠡᠨ ᠤ | ᠵᠦᠴᠦᠭᠡ ᠶᠢᠨ ᠪᠦᠯᠬᠦᠮ ᠵᠢᠯ ᠪᠦᠷᠢ ᠦᠨᠳᠦᠰᠦᠨ ᠱᠠᠲᠤᠨ ᠳᠤ 4500 ᠭᠠᠷᠤᠢ ᠲᠠᠯᠠᠪᠤᠷ ᠲᠣᠭᠯᠠᠯᠲᠠ ᠭᠠᠷᠭᠠᠵᠤ᠂ | ᠭᠠᠴᠠᠭ᠎ᠠ ᠲᠣᠰᠬᠤᠨ ᠨᠢᠭᠡᠪᠦᠷᠢ ᠳᠤ ᠵᠢᠯ ᠪᠦᠷᠢ 2 ᠲᠠᠯᠠᠪᠤᠷ ᠲᠣᠭᠯᠠᠯᠲᠠ ᠦᠵᠡᠭᠦᠯᠬᠦ ᠶᠢ ᠪᠠᠲᠤᠯᠠᠭᠰᠠᠨ ᠪᠠᠶᠢᠨ᠎ᠠ︔ | ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠤᠨ ᠰᠣᠶᠣᠯ ᠤᠨ ᠪᠠᠶᠢᠭᠤᠯᠤᠯᠲᠠ ᠶᠢᠨ ᠲᠥᠷᠥᠯ ᠵᠦᠢᠯ ᠢ | ᠬᠢᠨᠠᠮᠠᠭᠠᠢ ᠬᠡᠷᠡᠭᠵᠢᠭᠦᠯᠦᠭᠰᠡᠨ ᠪᠥᠭᠡᠳ 700 ᠭᠠᠴᠠᠭᠠᠨ ᠤ ᠲᠠᠯ᠎ᠠ ᠨᠤᠲᠤᠭ ᠤᠨ ᠨᠣᠮ ᠦᠷᠦᠬᠡ᠂ ᠨᠠᠮ ᠤᠨ | ᠭᠡᠰᠢᠭᠦᠨ ᠺᠠᠳ᠋ᠷᠴᠤᠳ ᠤᠨ ᠤᠳᠤ ᠦᠶ᠎ᠡ ᠶᠢᠨ ᠠᠯᠤᠰ ᠠᠴᠠ ᠡᠵᠡᠮᠳᠡᠨ ᠵᠢᠭᠠᠬᠤ ᠰᠤᠷᠭᠠᠨ ᠬᠥᠮᠦᠵᠢᠯ ᠤᠨ ᠠᠵᠢᠯᠯᠠᠭ᠎ᠠ | ᠶᠢᠨ ᠲᠠᠰᠤᠭ ᠪᠣᠯᠤᠨ ᠣᠳᠣ ᠪᠠᠶᠢᠭ᠎ᠠ ᠰᠣᠶᠣᠯ ᠤᠨ ᠠᠵᠢᠯᠯᠠᠭᠠᠨ ᠤ ᠲᠡᠰᠤᠬ ᠢ ᠡᠮᠬᠢᠯᠡᠨ ᠨᠡᠶᠢᠯᠡᠭᠦᠯᠵᠦ᠂ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠰᠣᠶᠣᠯ ᠤᠨ ᠶᠡᠷᠦᠩᠬᠡᠶᠢᠯᠡᠭᠰᠡᠨ ᠠᠵᠢᠯᠯᠠᠭᠠᠨ ᠤ ᠲᠥᠪ ᠤᠨ | ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ︔ ᠵᠢᠯ ᠪᠦᠷᠢ ᠠᠷᠠᠳ ᠤᠨ ᠵᠦᠴᠦᠭᠡ ᠶᠢᠨ | ᠪᠦᠯᠬᠦᠮ100 ᠶᠢ ᠰᠢᠨ᠎ᠡ ᠪᠠᠷ ᠪᠠᠶᠢᠭᠤᠯᠵᠤ᠂ ᠭᠠᠴᠠᠭ᠎ᠠ ᠪᠦᠷᠢ ᠳᠤ ᠴᠥᠮ ᠪᠠᠭ᠎ᠠ ᠵᠦᠴᠦᠭᠡ ᠶᠢᠨ ᠪᠦᠯᠬᠦᠮ ᠲᠠᠢ | ᠪᠠᠶᠢᠬᠤ ᠶᠢ ᠪᠡᠶᠡᠯᠡᠭᠦᠯᠪᠡ︔ ᠬᠤᠰᠢᠭᠤ ᠰᠢᠶᠠᠨ ᠤ ᠱᠠᠲᠤᠨ ᠤ ᠰᠣᠶᠣᠯ ᠤᠨ ᠰᠠᠭᠤᠷᠢ ᠪᠡᠯᠡᠳᠬᠡᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠰᠤᠮᠤ ᠪᠠᠯᠭᠠᠰᠤ ᠶᠢᠨ ᠰᠣᠶᠣᠯ ᠤᠨ ᠦᠷᠳᠡᠭᠡ᠂ ᠭᠠᠴᠠᠭᠠᠨ ᠤ ᠰᠣᠶᠣᠯ ᠤᠨ | ᠦᠷᠦᠭᠡ ᠶᠢᠨ ᠴᠢᠨᠠᠷ ᠢ ᠳᠡᠭᠡᠭᠰᠢᠯᠡᠭᠦᠯᠦᠨ ᠰᠢᠯᠢᠳᠡᠭᠵᠢᠭᠦᠯᠬᠦ ᠶᠢ ᠪᠡᠶᠡᠯᠡᠭᠦᠯᠪᠡ︔ ᠮᠦᠽᠧᠶ᠂ ᠳᠤᠷᠠᠰᠬᠠᠯ ᠤᠨ | ᠣᠷᠳᠣᠨ ᠪᠣᠯᠤᠨ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠤᠯᠠᠨ ᠲᠦᠮᠡᠨ ᠤ ᠤᠷᠠᠯᠢᠭ | ᠤᠨ ᠣᠷᠳᠣᠨ᠂ ᠨᠣᠮ ᠤᠨ ᠰᠠᠩ᠂ ᠰᠣᠶᠣᠯ ᠤᠨ ᠣᠷᠳᠣᠨ ᠢ ᠰᠦᠢᠳᠬᠡᠯ ᠬᠤᠷᠢᠶᠠᠬᠤ ᠣᠢᠭᠡᠢ ᠪᠠᠷ ᠨᠡᠭᠡᠭᠡᠯᠲᠡ ᠬᠢᠬᠦ | ᠢᠨᠵᠧᠨᠧᠷᠢᠩ ᠢ ᠥᠷᠭᠦᠯᠵᠢᠯᠡᠨ ᠬᠡᠷᠡᠭᠵᠢᠭᠦᠯᠵᠦ᠂ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠬᠤ᠂ ᠳᠡᠯᠭᠡᠨ | ᠦᠵᠡᠭᠦᠯᠬᠦ᠂ ᠬᠠᠪᠰᠤᠷᠤᠨ ᠵᠢᠯᠣᠭᠤᠳᠬᠤ ᠪᠣᠯᠭᠠᠪᠠ᠃ | ᠬᠤᠶᠠᠷ ᠲᠤ ᠰᠣᠶᠣᠯ ᠤᠷᠠᠯᠢᠭ ᠤᠨ ᠵᠣᠬᠢᠶᠠᠨ ᠪᠦᠲᠦᠭᠡᠬᠦ ᠢᠨᠵᠧᠨᠧᠷᠢᠩ ᠢ ᠬᠡᠷᠡᠭᠵᠢᠭᠦᠯᠪᠡ᠃ ᠬᠦᠭᠵᠢᠮ | ᠪᠦᠵᠢᠭᠲᠦ ᠰᠢᠯᠦᠭ ︽ᠮᠣᠩᠭᠤᠯ ᠵᠠᠩ︾ ᠂ ︽ᠴᠡᠩᠬᠡᠷ ᠠᠨᠳᠠᠶ︾᠂ ᠪᠥᠵᠢᠭᠲᠦ ᠵᠦᠴᠦᠭᠡ ︽ᠲᠩᠷᠢ ᠶᠢᠨ ᠰᠠᠯᠬᠢ︾ | ᠂ ︽ᠨᠤᠭᠤᠨᠵᠢᠶᠠᠭ᠎ᠠ︾᠂ ᠪᠣᠳᠠᠲᠤ ᠲᠡᠮᠳᠡᠭᠯᠡᠯ ᠤᠨ ᠶᠠᠷᠢᠶᠠᠲᠤ ᠵᠦᠴᠦᠭᠡ ︽ᠠᠬᠠᠮᠠᠳ ᠪᠠᠶᠢᠯᠳᠤᠭᠴᠢ ᠷᠧᠨ ᠮᠢᠩ | ᠳ᠋ᠧ︾ ᠶᠢ ᠵᠣᠬᠢᠶᠠᠨ ᠪᠦᠲᠦᠭᠡᠵᠦ᠂ ︽ᠬᠤᠷᠴᠢᠨ ᠦᠯᠢᠭᠡᠷᠲᠦ ᠠᠷᠠᠳ ᠤᠨ ᠳᠠᠭᠤᠤ︾᠂ ︽ᠡᠦ ᠶᠦᠨ ᠯᠦᠩ ᠤᠨ | ᠳᠥᠷᠪᠡᠨ ᠤᠲᠠᠰᠤᠲᠤ ᠬᠤᠭᠤᠷ ᠤᠨ110 ᠠᠶᠠᠯᠭᠤ︾ ᠢ ᠨᠠᠶᠢᠷᠠᠭᠤᠯᠤᠨ ᠡᠮᠬᠢᠯᠡᠵᠦ ᠬᠡᠪᠯᠡᠪᠡ︔ ᠵᠢᠭᠤᠯᠴᠢᠯᠠᠯ ᠤᠨ | ᠦᠵᠡᠮᠵᠢᠲᠦ ᠣᠷᠣᠨ ᠳᠤ ᠲᠣᠭᠯᠠᠯᠲᠠ ᠭᠠᠷᠭᠠᠬᠤ ᠳᠤ ᠳᠣᠬᠢᠷᠠᠭᠰᠠᠨ ᠦᠨᠳᠦᠰᠦᠲᠡᠨ ᠤ ᠰᠣᠶᠣᠯ ᠤᠨ ᠣᠨᠴᠠᠯᠢᠭ | ᠪᠣᠯᠣᠨ ᠠᠷᠠᠳ ᠤᠨ ᠲᠡᠦᠬᠡᠲᠦ ᠵᠠᠩ ᠦᠢᠯᠡ ᠠᠷᠠᠨᠰᠢᠨ ᠲᠠᠢ ᠲᠣᠭᠯᠠᠯᠲᠠ ︵ᠵᠦᠴᠦᠭᠡ︶ ᠶᠢ ᠵᠣᠬᠢᠶᠠᠨ ᠪᠦᠲᠦᠭᠡᠪᠡ᠃ | ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ︽ᠲᠠᠪᠤᠨ ᠨᠢᠭᠡ ᠶᠢᠨ ᠢᠨᠵᠧᠨᠧᠷᠢᠩ︾ | ᠤᠨ ᠱᠠᠩᠨᠠᠯᠲᠤ ᠠᠵᠢᠯᠯᠠᠭ᠎ᠠ ᠳᠤ᠂ ᠪᠥᠵᠢᠭ ︽ᠬᠤᠷᠴᠢᠨ ᠬᠡᠦᠬᠡᠨ︾᠂ ᠳᠠᠭᠤᠤ ︽ᠪᠠᠷᠠᠯᠠᠯ ᠲᠤᠰᠠᠯᠠᠯ︾᠂ ᠨᠣᠮ | ᠪᠢᠴᠢᠭ ︽ᠬᠦᠷᠢᠶ᠎ᠡ ᠶᠢᠨ ᠲᠡᠦᠬᠡ ᠰᠣᠶᠣᠯ ᠤᠨ ᠰᠤᠳᠤᠯᠤᠯ︾᠂ ︽ᠲᠩᠷᠢ ᠶᠢᠨ ᠬᠠᠶᠠᠭᠠᠨ ᠳᠠᠬᠢ ᠪᠦᠷᠲᠦᠯᠵᠡᠬᠦ ᠪᠠᠷ᠎ᠠ | ︾ ᠱᠠᠩᠨᠠᠯ ᠭᠥᠷᠳᠡᠪᠡ᠃ | ᠱᠧᠩ ᠴᠢᠨ᠄ | ᠭᠤᠷᠪᠠ ᠳᠤ ᠰᠣᠶᠣᠯ ᠤᠨ ᠥᠪ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠪᠡ᠃ ᠠᠩᠬᠠᠳᠤᠭᠠᠷ | ᠤᠳᠠᠭᠠᠨ ᠤ ᠪᠦᠬᠦ ᠤᠯᠤᠰ ᠤᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ | ᠪᠠᠶᠢᠴᠠᠭᠠᠯᠲᠠ ᠶᠢ ᠨᠠᠷᠢᠨ ᠬᠢᠨᠠᠮᠠᠭᠠᠶ ᠬᠡᠷᠡᠭᠵᠢᠭᠦᠯᠵᠦ᠂ ᠮᠡᠳᠡᠭᠡ ᠵᠠᠩᠭᠢ ᠴᠤᠭᠯᠠᠭᠤᠯᠬᠤ ᠶᠢ ᠪᠡᠶᠡᠯᠡᠭᠦᠯᠪᠡ︔ ᠣᠨᠴᠠᠯᠢᠭ | ᠪᠦᠬᠦᠢ ᠲᠤᠰᠬᠠᠶ ᠰᠡᠳᠦᠪᠲᠦ 12 ᠮᠦᠽᠧᠶ ᠪᠠᠶᠢᠭᠤᠯᠬᠤ ᠶᠢ ᠢᠳᠡᠪᠬᠢᠲᠡᠶ ᠪᠡᠯᠡᠳᠬᠡᠪᠡ︔ ᠰᠡᠩᠭᠡᠷᠢᠨᠴᠢᠨ ᠤ ᠸᠠᠩ ᠤᠨ | ᠣᠷᠳᠣᠨ ᠢ ᠵᠠᠰᠠᠨ ᠰᠡᠷᠭᠦᠭᠡᠬᠦ ᠪᠠᠷᠢᠯᠭ᠎ᠠ ᠶᠢ ᠬᠡᠪ ᠤᠨ ᠶᠣᠰᠣᠭᠠᠷ ᠠᠬᠢᠭᠤᠯᠵᠤ᠂ 4000 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠬᠥᠷᠰᠢ ᠵᠡᠷᠭᠡᠯᠡᠳᠡᠭᠡ ᠠᠶᠢᠯ ᠢ ᠨᠤᠷᠠᠭᠠᠵᠤ ᠨᠡᠭᠦᠯᠭᠡᠬᠦ ᠠᠵᠢᠯ ᠤᠨ 70% ᠶᠢ ᠨᠢ ᠨᠢᠭᠡᠨᠲᠡ | ᠪᠡᠶᠡᠯᠡᠭᠦᠯᠪᠡ︔ ᠨᠠᠢᠮᠠᠨ ᠸᠠᠩ ᠤᠨ ᠣᠷᠳᠣᠨ ᠢ ᠵᠠᠰᠠᠵᠤ ᠰᠡᠷᠭᠦᠭᠡᠬᠦ ᠪᠠᠷᠢᠯᠭ᠎ᠠ ᠶᠢᠨ ᠣᠷᠳᠣᠨ ᠤ ᠶᠠᠮᠤᠨ ᠤ | ᠬᠦᠷᠢᠶ᠎ᠡ ᠶᠢᠨ ᠭᠤᠷᠪᠠᠨ ᠭᠡᠷ ᠪᠠᠶᠢᠰᠢᠩ ᠤᠨ ᠴᠣᠭᠴᠠ ᠶᠢ ᠨᠢᠭᠡᠨᠲᠡ ᠪᠠᠷᠢᠵᠤ ᠳᠠᠭᠤᠰᠬᠠᠪᠠ︔ ᠬᠠᠮᠢᠨ ᠤ | ᠪᠠᠭᠤᠷᠢ ᠶᠢᠨ ᠮᠦᠽᠧᠢ ᠶᠢᠨ ᠭᠤᠣᠯ ᠴᠣᠭᠴᠠᠲᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ | ᠪᠡᠶᠡᠯᠡᠭᠦᠯᠵᠦ᠂ ᠶᠠᠭ ᠪᠤᠯᠤᠳ ᠪᠦᠲᠦᠴᠡ ᠶᠢ ᠪᠣᠰᠬᠠᠵᠤ ᠪᠤᠢ᠂ ᠪᠠᠭᠤᠷᠢ ᠶᠢᠨ ᠬᠠᠮᠠᠭᠠᠯᠠᠯᠲᠠ ᠶᠢᠨ ᠳᠡᠯᠭᠡᠨ | ᠦᠵᠡᠭᠦᠯᠭᠡ ᠣᠷᠳᠣᠨ ᠶᠠᠭ ᠨᠢᠭᠡᠳᠦᠭᠡᠷ ᠳᠠᠪᠬᠤᠷ ᠤᠨ ᠪᠦᠳᠦᠭᠦᠪᠴᠢ ᠪᠠᠶᠢᠭᠤᠯᠤᠯᠲᠠ ᠪᠠᠷᠢᠵᠤ ᠪᠣᠢ︔ ᠡᠮᠦᠨᠡᠲᠦ | ᠪᠤᠯᠠᠭᠲᠤ ᠶᠢᠨ ᠡᠷᠲᠡᠨ ᠤ ᠪᠠᠭᠤᠷᠢ ᠶᠢᠨ ᠴᠡᠴᠡᠷᠯᠢᠭ ᠤᠨ ᠡᠷᠲᠡᠨ ᠤ ᠪᠠᠭᠤᠷᠢ ᠶᠢᠨ ᠮᠦᠽᠧᠶ ᠶᠢᠨ ᠦᠷ᠎ᠡ ᠳ᠋ᠦᠩ ᠤᠨ | ᠵᠢᠷᠤᠭ ᠢ ᠨᠢᠭᠡᠨᠲᠡ ᠵᠢᠷᠤᠵᠤ ᠲᠥᠯᠥᠪᠯᠡᠭᠰᠡᠨ ᠪᠥᠭᠡᠳ ᠪᠠᠯᠠᠷ ᠡᠷᠲᠡᠨ ᠤ ᠭᠡᠷ ᠤᠨ ᠪᠠᠭᠤᠷᠢ ᠶᠢ ᠴᠡᠪᠡᠷᠯᠡᠪᠡ︔ | ᠦᠨᠳᠦᠰᠦᠲᠡᠨ ᠤ ᠣᠨᠴᠠᠯᠢᠭ ᠪᠦᠬᠦᠢ ᠦᠢᠯᠡᠳᠬᠦᠨ ᠢ ᠲᠡᠳᠬᠦᠬᠦ ᠨᠡᠭᠡᠭᠡᠨ ᠬᠥᠭᠵᠢᠭᠦᠯᠬᠦ ᠠᠵᠢᠯ ᠢ ᠡᠬᠢᠯᠡᠭᠦᠯᠵᠦ᠂ | ᠦᠨᠳᠦᠰᠦᠲᠡᠨ ᠤ ᠬᠤᠪᠴᠠᠰᠤ ᠵᠠᠰᠠᠯ᠂ ᠦᠨᠳᠦᠰᠦᠲᠡᠨ ᠤ ᠬᠥᠭᠵᠢᠮᠳᠡᠭᠦᠷ ᠬᠢᠬᠦ᠂ ᠪᠠᠷ ᠵᠢᠷᠤᠭ ᠵᠡᠷᠭᠡ ᠲᠥᠷᠥᠯ | ᠵᠦᠢᠯ ᠢ ᠬᠠᠮᠠᠭᠠᠯᠠᠬᠤ᠂ ᠤᠯᠠᠮᠵᠢᠯᠠᠬᠤ᠂ ᠨᠡᠭᠡᠭᠡᠨ ᠬᠥᠭᠵᠢᠭᠦᠯᠬᠦ᠂ ᠠᠰᠢᠭᠯᠠᠬᠤ ᠳᠦᠷᠪᠡᠨ ᠲᠠᠯ᠎ᠠ ᠪᠠᠷ | ᠰᠢᠰᠲ᠋ᠧᠮ ᠲᠠᠢ ᠪᠠᠷ ᠵᠠᠳᠠᠯᠤᠨ ᠰᠤᠳᠤᠯᠵᠤ᠂ ᠲᠡᠭᠦᠨ ᠤ ᠦᠷᠳᠡᠭ ᠤᠨ ᠦᠢᠯᠡᠳᠦᠯ ᠢ ᠨᠢ ᠪᠠᠳᠠᠷᠠᠭᠤᠯᠪᠠ︔ ︽ | ᠠᠷᠪᠠᠳᠠᠬᠢ ᠰᠣᠶᠣᠯ ᠤᠨ ᠥᠪ ᠤᠨ ᠡᠳᠦᠷ ᠢ ᠳᠤᠷᠠᠰᠬᠠᠬᠤ ᠲᠣᠭᠯᠠᠯᠲᠠ ᠦᠵᠡᠭᠦᠯᠦᠯᠭᠡ ᠶᠢᠨ ᠠᠵᠢᠯᠯᠠᠭ᠎ᠠ︾ ᠶᠢ | ᠡᠷᠬᠢᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ᠬᠠᠤᠯᠢ︾ ︽ᠪᠣᠳᠠᠰ ᠤᠨ ᠪᠤᠰᠤ ᠰᠣᠶᠣᠯ ᠤᠨ ᠥᠪ ᠬᠥᠷᠥᠩᠭᠡ ᠶᠢ ᠬᠠᠮᠠᠭᠠᠯᠠᠬᠤ ᠬᠠᠤᠯᠢ︾ ᠶᠢ | ᠵᠣᠬᠢᠶᠠᠨ ᠪᠠᠶᠢᠭᠤᠯᠤᠨ ᠤᠬᠠᠭᠤᠯᠵᠤ᠂ ᠠᠷᠠᠳ ᠨᠡᠶᠢᠲᠡ ᠶᠢᠨ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠨᠢ | ᠳᠡᠭᠡᠭᠰᠢᠯᠡᠭᠦᠯᠪᠡ︔ ᠲᠦᠩᠯᠢᠶᠣᠤ ᠬᠤᠲᠠ ᠶᠢᠨ ᠮᠦᠽᠧᠶ ᠪᠣᠯᠤᠨ ᠭᠦᠢᠵᠧᠦ ᠮᠤᠵᠢ ᠶᠢᠨ ᠦᠨᠳᠦᠰᠦᠲᠡᠨ ᠤ ᠮᠦᠽᠧᠢ | ᠲᠠᠢ ᠬᠠᠮᠲᠤᠷᠠᠵᠤ ︽ᠲᠠᠯ᠎ᠠ ᠨᠤᠲᠤᠭ ᠤᠨ ᠬᠤᠪᠴᠠᠰᠤ ᠭᠤᠶᠣᠯᠠᠯ — ᠳᠤᠮᠳᠠᠳᠤ ᠤᠯᠤᠰ ᠤᠨ ᠮᠣᠩᠭᠤᠯ | ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ︾ ᠶᠢ ᠡᠷᠬᠢᠯᠡᠵᠦ᠂ ᠡᠮᠦᠨᠡᠲᠦ ᠤᠮᠠᠷᠠᠲᠤ ᠶᠢᠨ ᠴᠥᠭᠡᠨ | ᠲᠣᠭᠠᠲᠤ ᠦᠨᠳᠦᠰᠦᠲᠡᠨ ᠤ ᠭᠠᠵᠠᠷ ᠣᠷᠣᠨ ᠤ ᠰᠣᠶᠣᠯ ᠤᠨ ᠰᠣᠯᠢᠯᠴᠠᠭ᠎ᠠ ᠲᠤᠩ ᠰᠠᠶᠢᠨ ᠠᠬᠢᠭᠤᠯᠪᠠ᠃ | ᠲᠦᠷᠪᠡ ᠳᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠢᠨᠵᠧᠨᠧᠷᠢᠩ ᠢ ᠬᠡᠷᠡᠭᠵᠢᠭᠦᠯᠪᠡ᠃ ︽ | ᠶᠤᠸᠠᠨ ᠳ᠋ᠦ᠋ ᠬᠤᠷᠴᠢᠨ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ︾ ᠤᠨ | 5000 ᠲᠡᠭᠰᠢ ᠳᠥᠷᠪᠡᠯᠵᠢᠨ ᠮᠧᠲᠷ ᠤᠨ ᠭᠤᠣᠯ ᠴᠣᠭᠴᠠᠲᠤ ᠪᠠᠷᠢᠯᠭ᠎ᠠ ᠶᠢᠨ ᠠᠵᠢᠯ ᠢ ᠨᠢᠭᠡᠨᠲᠡ ᠪᠡᠶᠡᠯᠡᠭᠦᠯᠵᠦ᠂ | ᠶᠠᠭ ᠭᠤᠣᠯ ᠴᠣᠭᠴᠠᠪᠤᠷᠢ ᠶᠢᠨ ᠵᠠᠰᠠᠯ ᠴᠢᠮᠡᠭᠯᠡᠯ ᠤᠨ ᠪᠠᠷᠢᠯᠭ᠎ᠠ ᠶᠢ ᠪᠠᠷᠢᠵᠤ ᠪᠣᠢ︔ ︽ᠪᠢ ᠺᠧ ᠨᠠᠭᠠᠳᠤᠮ ᠤᠨ ᠵᠠᠩ | ᠦᠢᠯᠡ ᠶᠢᠨ ᠬᠦᠷᠢᠶᠡᠯᠡᠩ︾ ᠤᠨ ᠦᠨᠳᠦᠰᠦᠲᠡᠨ ᠤ ᠬᠤᠳᠠᠯᠳᠤᠭᠠᠨ ᠤ ᠵᠡᠭᠡᠯᠢ ᠶᠢ ᠨᠢᠭᠡᠨᠲᠡ ᠨᠡᠭᠡᠭᠡᠨ ᠬᠥᠭᠵᠢᠭᠦᠯᠬᠦ | ᠪᠠᠶᠢᠭᠤᠯᠤᠨ ᠳᠠᠭᠤᠰᠴᠤ᠂ ᠤᠳᠤ ᠶᠠᠭ ᠤᠯᠤᠰ ᠤᠨ ᠳᠣᠲᠣᠭᠠᠳᠤ ᠶᠢᠨ ᠦᠨᠳᠦᠰᠦᠲᠡᠨ ᠤ ᠣᠨᠴᠠᠯᠢᠭ ᠪᠦᠬᠦᠢ | ᠦᠢᠯᠡᠳᠬᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠬᠤᠳᠠᠯᠳᠤᠭᠠᠴᠢᠳ ᠢ ᠤᠷᠢᠵᠤ ᠪᠣᠢ︔ ︽ | ᠬᠠᠰᠠᠷ ᠤᠨ ᠠᠷᠢᠭᠤᠨ ᠣᠷᠣᠨ ᠮᠣᠩᠭᠤᠯ ᠵᠠᠩ ᠦᠢᠯᠡ ᠶᠢᠨ ᠬᠦᠷᠢᠶᠡᠯᠡᠩ︾ ᠤᠨ ᠬᠤᠶᠠᠳᠤᠭᠠᠷ ᠬᠤᠭᠤᠴᠠᠭᠠᠨ ᠤ | ᠪᠠᠷᠢᠯᠭ᠎ᠠ ᠶᠢᠨ ᠮᠣᠩᠭᠤᠯ ᠰᠣᠶᠣᠯ ᠤᠷᠠᠯᠢᠭ ᠤᠨ ᠳᠡᠯᠭᠡᠨ ᠦᠵᠡᠭᠦᠯᠬᠦ ᠣᠷᠳᠣᠨ᠂ ᠵᠢᠭᠤᠯᠴᠢᠯᠠᠭᠴᠢᠳ ᠢ ᠬᠦᠯᠢᠶᠡᠨ | ᠠᠪᠬᠤ ᠲᠥᠪ ᠤᠨ ᠭᠤᠣᠯ ᠴᠣᠭᠴᠠᠲᠤ ᠪᠠᠷᠢᠯᠭ᠎ᠠ ᠶᠢ ᠨᠢᠭᠡᠨᠲᠡ ᠳᠠᠭᠤᠰᠬᠠᠪᠠ︔ ︽ᠬᠡᠪᠯᠡᠯ ᠤᠨ ᠰᠣᠶᠣᠯ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ︾ ᠤᠨ ᠨᠢᠭᠡᠳᠦᠭᠡᠷ ᠬᠤᠭᠤᠴᠠᠭᠠᠨ ᠤ ᠦᠨᠳᠦᠰᠦᠨ ᠪᠦ᠋ᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢ ᠨᠢᠭᠡᠨᠲᠡ ᠳᠠᠭᠤᠰᠬᠠᠵᠤ᠂ 8 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠪᠠ᠃ | ︽ᠮᠣᠩᠭᠤᠯ ᠸᠠᠩ ᠠᠷᠢᠬᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ︾ ᠤᠨ ᠨᠢᠭᠡᠳᠦᠭᠡᠷ ᠬᠤᠭᠤᠴᠠᠭᠠᠨ ᠤ | ᠪᠠᠷᠢᠯᠭ᠎ᠠ ᠶᠢᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠪᠡᠶᠡᠯᠡᠭᠦᠯᠵᠦ᠂ ᠶᠠᠭ ᠲᠡᠭᠦᠯᠳᠡᠷᠵᠢᠵᠦ ᠵᠠᠰᠠᠪᠤᠷᠢ | ᠣᠷᠣᠭᠤᠯᠵᠤ ᠪᠤᠢ᠃ 5 ᠳ᠋ᠤᠭᠠᠷ ᠰᠠᠷ᠎ᠠ ᠶᠢᠨ 14 ᠤ ᠡᠳᠦᠷ ᠠᠴᠠ 18 ᠤ ᠡᠳᠦᠷ ᠪᠣᠯᠲᠠᠯ᠎ᠠ᠂ ᠠᠷᠪᠠᠨ ᠨᠢᠭᠡᠳᠦᠭᠡᠷ | ᠬᠤᠭᠤᠴᠠᠭᠠᠨ ᠤ ᠳᠤᠮᠳᠠᠳᠤ ᠤᠯᠤᠰ ︵ᠱᠧᠨᠵᠧᠨ︶ ᠤᠨ ᠤᠯᠠᠨ ᠤᠯᠤᠰ ᠤᠨ ᠰᠣᠶᠣᠯ ᠤᠨ ᠠᠵᠤ ᠦᠢᠯᠡᠰ ᠤᠨ | ᠳᠡᠯᠭᠡᠨ ᠦᠵᠡᠭᠦᠯᠦᠯᠭᠡ ᠶᠢᠨ ᠠᠷᠠᠯᠵᠢᠶ᠎ᠠ ᠰᠣᠯᠢᠯᠴᠠᠭᠠᠨ ᠤ ᠴᠤᠭᠯᠠᠭᠠᠨ ᠳᠤ ᠣᠷᠣᠯᠴᠠᠵᠤ᠂ ᠬᠤᠷᠴᠢᠨ ᠪᠠᠷ | ᠵᠢᠷᠤᠭ ᠤᠨ ᠵᠢᠩᠬᠢᠨᠢ ᠡᠳ᠋ ᠪᠣᠳᠠᠰ ᠤᠨ ᠦᠵᠡᠭᠦᠯᠦᠯᠭᠡ ᠬᠢᠵᠦ᠂ ᠡᠭᠦᠨ ᠤ ᠬᠠᠮᠲᠤ ᠬᠤᠷᠴᠢᠨ ᠤ ᠦᠨᠳᠦᠰᠦᠲᠡᠨ ᠤ | ᠬᠤᠪᠴᠠᠰᠤ ᠵᠠᠰᠠᠯ᠂ ᠦᠨᠳᠦᠰᠦᠲᠡᠨ ᠤ ᠬᠥᠭᠵᠢᠮ ᠦᠢᠯᠡᠳᠬᠦ᠂ ᠦᠨᠳᠦᠰᠦᠲᠡᠨ ᠤ ᠢᠳᠡᠭᠡᠨ᠂ᠠᠷᠠᠰᠤᠨ ᠰᠡᠶᠢᠯᠦᠮᠡᠯ | ᠵᠡᠷᠭᠡ 35 ᠵᠦᠢᠯ ᠢ ᠭᠤᠣᠯᠳᠠᠯᠭ᠎ᠠ ᠲᠠᠢ ᠲᠠᠨᠢᠯᠴᠠᠭᠤᠯᠪᠠ᠃ ᠤᠯᠤᠰ ᠤᠨ ᠳᠣᠲᠣᠭᠠᠳᠤ ᠶᠢᠨ ᠰᠣᠶᠣᠯ ᠤᠨ | ᠦᠢᠯᠡᠳᠬᠦᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ 42 ᠠᠵᠤ ᠠᠬᠤᠶᠢᠯᠠᠯ ᠲᠠᠢ ᠠᠩᠬ᠎ᠠ ᠠᠯᠬᠤᠮ ᠤᠨ | ᠵᠥᠪᠯᠡᠯᠴᠡᠭᠡᠷ ᠬᠢᠵᠦ᠂ ᠳᠠᠷᠠᠭᠠᠴᠢ ᠶᠢᠨ ᠠᠯᠬᠤᠮ ᠤᠨ ᠬᠤᠷᠰᠢᠯᠴᠠᠭ᠎ᠠ ᠳᠤ ᠰᠠᠭᠤᠷᠢ ᠲᠠᠯᠪᠢᠪᠠ︔ ᠪᠠᠷ ᠵᠢᠷᠤᠭ ᠤᠨ | ᠵᠣᠬᠢᠶᠠᠯ ᠪᠦᠲᠦᠭᠡᠯ ᠢ ᠵᠣᠬᠢᠶᠠᠨ ᠪᠠᠶᠢᠭᠤᠯᠬᠤ ︽ᠥᠪᠥᠷ ᠮᠣᠩᠭᠤᠯ ᠳᠠᠬᠢ ᠪᠣᠯᠵᠤᠭ᠎ᠠ — — ᠹᠷᠠᠨᠼᠢ | ·ᠳᠤᠮᠳᠠᠳᠤ ᠤᠯᠤᠰ ᠤᠨ ᠥᠪᠥᠷ ᠮᠣᠩᠭᠤᠯ ᠤᠨ ᠰᠣᠶᠣᠯ ᠤᠨ ᠭᠠᠷᠠᠭ ᠤᠨ ᠠᠵᠢᠯᠯᠠᠭ᠎ᠠ ᠳᠤ ᠣᠷᠣᠯᠴᠠᠵᠤ ᠂ | ᠹᠷᠠᠨᠼᠢ ᠶᠢᠨ ᠫᠠᠷᠢᠰ ᠲᠤ 50 ᠵᠢᠷᠤᠭ ᠤᠨ ᠪᠦᠲᠦᠭᠡᠯ ᠢ ᠳᠡᠯᠭᠡᠨ ᠦᠵᠡᠭᠦᠯᠪᠡ᠃ | ᠱᠧᠩ ᠴᠢᠨ᠄ | ᠲᠠᠪᠤ ᠳᠤ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠪᠡ᠃ ᠬᠤᠷᠴᠢᠨ | ᠲᠣᠭᠤᠷᠢᠭ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠷᠢᠮᠵᠢᠶᠠᠵᠢᠭᠤᠯᠬᠤ᠂ | ᠲᠡᠩᠴᠡᠭᠦᠯᠬᠦ ᠪᠠᠶᠢᠭᠤᠯᠤᠯᠲᠠ ᠪᠣᠯᠣᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ | ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠮᠡᠳᠡᠭᠳᠡᠮ᠎ᠡ | ᠠᠮᠵᠢᠯᠲᠠ ᠣᠯᠵᠤ᠂ ᠰᠣᠶᠣᠯ ᠤᠨ ᠪᠡᠯᠡᠳᠬᠡᠮᠵᠢ ᠢᠯᠡᠳᠲᠡ ᠰᠠᠶᠢᠵᠢᠷᠠᠵᠤ᠂ ᠰᠣᠶᠣᠯ ᠤᠨ ᠠᠵᠢᠯᠯᠠᠭ᠎ᠠ ᠡᠯᠪᠡᠭ | ᠪᠠᠶᠠᠯᠢᠭ ᠪᠣᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠯᠠᠪᠳᠠᠭᠤᠨ ᠢᠶᠠᠷ ᠠᠬᠢᠵᠤ᠂ | ᠰᠦᠢᠳᠬᠡᠯ ᠬᠤᠷᠢᠶᠠᠬᠤ ᠦᠭᠡᠢ ᠪᠠᠷ ᠨᠡᠬᠡᠬᠡᠨ ᠦᠢᠯᠡᠴᠢᠯᠡᠬᠦ ᠶᠢ ᠵᠡᠷᠭᠡ ᠳᠡᠰ ᠢ ᠳᠡᠪᠰᠢᠭᠦᠯᠵᠦ᠂ ᠲᠤᠰᠬᠠᠶ | ᠮᠡᠷᠭᠡᠵᠢᠯ ᠤᠨ ᠰᠣᠶᠣᠯ ᠤᠨ ᠦᠢᠯᠡᠴᠢᠯᠡᠭᠡᠨ ᠤ ᠪᠦᠬᠦ᠋ᠢᠯᠡ ᠬᠢᠷᠢ ᠲᠦᠪᠰᠢᠨ ᠳᠡᠭᠡᠭᠰᠢᠯᠡᠵᠦ᠂ ᠮᠠᠨ ᠤ ᠬᠤᠲᠠ ᠶᠢᠨ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠲᠡᠩᠴᠡᠭᠦᠯᠬᠦ ᠶᠢ ᠠᠬᠢᠭᠤᠯᠬᠤ ᠳᠤ | ᠦᠯᠢᠭᠡᠷ ᠵᠢᠱᠢᠶ᠎ᠡ ᠪᠠ ᠳᠠᠭᠠᠭᠤᠯᠤᠭᠴᠢ ᠶᠢᠨ ᠦᠢᠯᠡᠳᠦᠯ ᠦᠵᠡᠭᠦᠯᠪᠡ︔ ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ᠂ ᠠᠩᠬ᠎ᠠ ᠵᠣᠬᠢᠶᠠᠭᠰᠠᠨ ᠵᠦᠴᠦᠭᠡ ᠳᠤ ᠨᠥᠬᠦᠪᠥᠷᠢ ᠥᠭᠬᠦ᠂ ᠱᠠᠩᠨᠠᠬᠤ ᠪᠠᠷ ᠨᠥᠬᠦᠪᠦᠷᠢᠯᠡᠬᠦ | ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠤᠯᠤᠰ ᠤᠨ ᠥᠮᠴᠢᠯᠡᠯ ᠠᠴᠠ ᠠᠵᠤ ᠠᠬᠤᠶᠢᠯᠠᠯ ᠪᠣᠯᠣᠨ ᠬᠤᠪᠢᠷᠠᠬᠤ | ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠳᠤ ᠤᠷᠠᠯᠢᠭ ᠤᠨ ᠵᠣᠬᠢᠶᠠᠨ ᠪᠦᠲᠦᠭᠡᠬᠦ ᠦᠢᠯᠡᠳᠪᠦᠷᠢᠯᠡᠯ ᠤᠨ | ᠥᠭᠡᠷᠡᠴᠢᠯᠡᠯᠲᠡ ᠶᠢ ᠲᠡᠳᠬᠦᠨ ᠳᠡᠮᠵᠢᠬᠦ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠲᠦᠩᠯᠢᠶᠣᠤ | ᠬᠤᠲᠠ ᠶᠢᠨ ᠰᠣᠶᠣᠯ ᠤᠷᠠᠯᠢᠭ ᠤᠨ ᠰᠣᠩᠭᠤᠳᠠᠭ ᠪᠦᠲᠦᠭᠡᠯ ᠢ ᠵᠣᠬᠢᠶᠠᠨ ᠪᠦᠲᠦᠭᠡᠬᠦ ᠶᠢ ᠱᠠᠩᠨᠠᠬᠤ ᠲᠡᠳᠬᠦᠬᠦ ᠠᠷᠭ᠎ᠠ | ︾ ᠶᠢ ᠲᠣᠭᠲᠠᠭᠠᠪᠠ᠃ | ᠵᠢᠷᠭᠤᠭ᠎ᠠ ᠳᠤ ᠰᠠᠭᠤᠷᠢ ᠪᠡᠯᠡᠳᠬᠡᠮᠵᠢ ᠶᠢᠨ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ | ᠪᠠᠷᠢᠯᠭ᠎ᠠ ᠶᠢᠨ ᠲᠠᠯᠠᠪᠠᠶ ᠨᠢ 3.8 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠪᠦᠬᠦᠢ ᠲᠦᠩᠯᠢᠶᠣᠤ ᠬᠤᠲᠠ ᠶᠢᠨ | ᠨᠣᠮ ᠤᠨ ᠰᠠᠩ ᠤᠨ ᠰᠢᠨ᠎ᠡ ᠣᠷᠳᠣᠨ ᠤ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠠᠨ ᠤ ᠬᠤᠲᠠᠨ ᠤ ︽ | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠤᠨ ᠶᠡᠭᠡ ᠭᠤᠣᠯᠳᠠᠯᠭ᠎ᠠ ᠲᠠᠢ | ᠲᠥᠷᠥᠯ ᠵᠦᠢᠯ︾ ᠳᠤ ᠣᠷᠣᠭᠤᠯᠪᠠ᠃ ᠣᠳᠣᠬᠠᠨ ᠳᠤ᠂ ᠣᠶᠣᠨᠲᠤ ᠵᠢᠷᠤᠭ ᠲᠥᠯᠥᠪᠯᠡᠭᠡ᠂ ᠠᠩᠬ᠎ᠠ ᠠᠯᠬᠤᠮ | ᠵᠠᠰᠠᠵᠤ ᠴᠢᠮᠡᠭᠯᠡᠬᠦ ᠵᠢᠷᠤᠭ ᠲᠥᠯᠥᠪᠯᠡᠭᠡ ᠶᠢᠨ ᠲᠥᠯᠥᠪᠵᠢᠭᠦᠯᠭᠡ᠂ ᠶᠡᠷᠦᠩᠬᠡᠶ ᠪᠠᠶᠢᠷᠢᠯᠠᠭᠤᠯᠤᠯᠲᠠ ᠶᠢᠨ ᠵᠢᠷᠤᠭ | ᠲᠥᠯᠥᠪᠯᠡᠭᠡ ᠶᠢᠨ ᠲᠥᠯᠥᠪᠵᠢᠭᠦᠯᠭᠡ ᠶᠢ ᠵᠡᠷᠭᠡ ᠳᠤᠨᠢ ᠲᠦᠯᠬᠢᠨ ᠠᠬᠢᠭᠤᠯᠪᠠ︔ ᠠᠴᠢᠮᠠᠭ ᠠᠭᠤᠯᠠ᠂ ᠬᠠᠨ | ᠠᠭᠤᠯᠠ ᠶᠢᠨ ᠷᠠᠳᠢᠣ᠋ ᠨᠡᠪᠲᠡᠷᠡᠭᠦᠯᠭᠡ ᠲᠧᠯᠸᠢᠰ ᠤᠨ ᠰᠠᠴᠤᠷᠠᠭᠤᠯᠬᠤ ᠲᠠᠪᠴᠠᠩ᠂ ᠪᠠᠶᠢᠰᠢᠩᠳᠤ ᠶᠢᠨ ᠷᠠᠳᠢᠣ᠋ | ᠨᠡᠪᠲᠡᠷᠡᠭᠦᠯᠭᠡ ᠲᠧᠯᠸᠢᠰ ᠳᠠᠮᠵᠢᠭᠤᠯᠬᠤ ᠥᠷᠲᠡᠭᠡᠨ ᠤ ᠷᠠᠳᠢᠣ᠋ ᠨᠡᠪᠲᠡᠷᠡᠭᠦᠯᠭᠡ ᠲᠧᠯᠸᠢᠰ ᠤᠨ ᠥᠨᠳᠥᠷ ᠠᠭᠤᠯᠠ ᠶᠢᠨ | ᠷᠠᠳᠢᠣ᠋ ᠰᠠᠴᠤᠷᠠᠭᠤᠯᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠡᠪ ᠤᠨ ᠶᠣᠰᠣᠭᠠᠷ | ᠲᠦᠯᠬᠢᠨ ᠠᠬᠢᠭᠤᠯᠪᠠ︔ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠮᠦᠽᠧᠶ ᠶᠠᠭ ᠲᠥᠰᠦᠪ ᠤᠨ | ᠬᠢᠨᠠᠨ ᠲᠣᠭᠲᠠᠭᠠᠯ ᠬᠢᠵᠦ ᠪᠤᠢ︔ ᠵᠢᠷᠢᠮ ᠤᠨ ᠮᠣᠳᠣᠨ ᠪᠠᠷ ᠵᠢᠷᠤᠭ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢ ᠡᠬᠢᠯᠡᠭᠦᠯᠪᠡ︔ ᠬᠤᠷᠴᠢᠨ ᠤ ᠤᠯᠠᠨ ᠲᠦᠮᠡᠨ ᠤ ᠰᠣᠶᠣᠯ ᠤᠨ ᠲᠥᠪ ᠢ ᠤᠳᠤ ᠨᠢᠭᠡᠨᠲᠡ | ᠲᠥᠯᠥᠪᠵᠢᠭᠦᠯᠦᠨ ᠵᠢᠷᠤᠭᠯᠠᠨ ᠲᠥᠯᠥᠪᠯᠡᠬᠦ ᠳᠤ ᠣᠷᠣᠭᠤᠯᠪᠠ︔ ᠺᠠᠶᠢᠯᠦ ᠶᠢᠨ ᠰᠣᠶᠣᠯ ᠤᠨ ᠵᠠᠭᠤᠴᠢ ᠶᠢᠨ ᠲᠥᠪ ︵ | 8000 ᠲᠡᠭᠰᠢ ᠳᠥᠷᠪᠡᠯᠵᠢᠨ ᠮᠧᠲᠷ︶ ᠤᠨ ᠲᠥᠯᠥᠪᠵᠢᠭᠦᠯᠦᠨ ᠵᠢᠷᠤᠭ ᠲᠥᠯᠥᠪᠯᠡᠭᠡ ᠪᠠ ᠦᠷ᠎ᠡ ᠳ᠋ᠦᠩ ᠤᠨ | ᠵᠢᠷᠤᠭ ᠢ ᠨᠢᠭᠡᠨᠲᠡ ᠪᠡᠶᠡᠯᠡᠭᠦᠯᠪᠡ︔ ᠬᠦᠷᠢᠶ᠎ᠡ ᠶᠢᠨ ᠰᠣᠶᠣᠯ ᠤᠨ ᠣᠷᠳᠣᠨ ᠤ ᠨᠡᠭᠦᠨ ᠰᠢᠯᠵᠢᠬᠦ ᠶᠢ ᠪᠡᠶᠡᠯᠡᠭᠦᠯᠪᠡ︔ | ᠵᠠᠷᠤᠳ ᠬᠤᠰᠢᠭᠤᠨ ᠤ ᠰᠣᠶᠣᠯ ᠤᠨ ᠣᠷᠳᠣᠨ᠂ ᠬᠤᠣᠯᠢᠨ ᠭᠤᠣᠯ ᠬᠤᠳᠠ ᠶᠢᠨ ᠨᠣᠮ ᠤᠨ ᠰᠠᠩ ᠤᠨ ᠪᠦᠳᠦᠭᠡᠨ | ᠪᠠᠶᠢᠭᠤᠯᠤᠯᠲᠠ ᠶᠢᠨ ᠭᠤᠣᠯ ᠴᠣᠭᠴᠠ ᠶᠢᠨ ᠪᠠᠷᠢᠯᠭ᠎ᠠ ᠶᠢ ᠨᠢᠭᠡᠨᠲᠡ ᠳᠠᠭᠤᠰᠬᠠᠵᠤ᠂ ᠤᠳᠤ ᠶᠠᠭ ᠵᠠᠰᠠᠯ ᠴᠢᠮᠡᠭᠯᠡᠯ ᠤᠨ | ᠠᠵᠢᠯ ᠢ ᠬᠢᠬᠦ ᠪᠤᠢ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠢ ᠪᠠᠷᠢᠮᠵᠢᠶᠠᠵᠢᠭᠤᠯᠬᠤ ᠪᠠᠶᠢᠭᠤᠯᠤᠯᠲᠠ | ᠪᠠᠶᠠᠷᠯᠠᠭᠤᠰᠢᠲᠠᠶ ᠠᠯᠬᠤᠮ ᠢᠶᠠᠨ ᠠᠯᠬᠤᠪᠠ᠃ | ᠬᠥᠲᠥᠯᠥᠭᠴᠢ᠄ | ᠵᠠ ᠰᠠᠶᠢᠨ ᠪᠤᠯᠤᠯ᠎ᠠ᠂ ᠱᠧᠩ ᠲᠣᠪᠴᠢᠶᠠᠨ ᠳᠠᠷᠤᠭ᠎ᠠ ᠶᠢᠨ ᠨᠠᠷᠢᠨ ᠨᠢᠮᠪᠠᠢ ᠲᠠᠶᠢᠯᠪᠤᠷᠢᠯᠠᠭᠰᠠᠨ ᠳᠤ | ᠲᠠᠯᠠᠷᠬᠠᠵᠦ ᠪᠠᠶᠢᠨ᠎ᠠ᠂ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠦ ᠪᠠᠶᠢᠨ᠎ᠠ᠂ | ᠡᠨᠡ ᠤᠳᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠲᠠᠭᠦᠰᠤᠯᠠ᠂ ᠲᠠᠷᠠᠭᠠᠴᠢ ᠶᠢᠨ ᠫᠷᠦᠭᠷᠡᠮ ᠳᠤ | ᠪᠠᠶᠠᠷᠲᠠᠢ ᠵᠤᠯᠭᠠᠶ᠎ᠠ ︕ | |