ᠰᠤᠷᠭᠠᠨ ᠬᠥᠮᠦᠵᠢᠯ ᠤᠨ ᠵᠠᠷᠤᠳᠠᠯ ︽ᠵᠣᠭᠤᠰ ᠨᠢ ᠬᠥᠮᠦᠨ ᠢᠶᠠᠨ ᠳᠠᠭᠠᠬᠤ︾  ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ︽ᠨᠢᠭᠡ ᠯᠡ ᠠᠳᠠᠯᠢ ᠪᠠᠷ ᠬᠠᠨᠳᠤᠬᠤ︾ — — ᠬᠤᠳᠠ ᠬᠥᠳᠡᠭᠡ ᠶᠢᠨ ᠨᠢᠭᠡᠳᠦᠯᠲᠡᠶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠰᠢᠨ᠎ᠡ ᠲᠣᠭᠲᠠᠴᠠ ᠶᠢᠨ ᠲᠣᠬᠠᠢ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ ᠤ  ᠲᠠᠶᠢᠯᠤᠮᠵᠢ
ᠨᠡᠶᠢᠲᠡᠯᠡᠭᠰᠡᠨ ᠴᠠᠭ᠄
2015/12/23
     ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠡ ᠳᠤ ︽ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠮᠡᠳᠡᠭᠳᠡᠯ︾ ᠳᠠᠷᠤᠮᠠᠯᠯᠠᠨ ᠲᠠᠷᠬᠠᠭᠠᠵᠤ᠂ 2016 ᠣᠨ ᠠᠴᠠ ᠡᠬᠢᠯᠡᠨ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠪᠠᠷ ᠲᠣᠭᠲᠠᠪᠠ᠃ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ 7᠎ ᠤ ᠡᠳᠦᠷ ᠡᠨᠡ ᠬᠦ ᠥᠭᠡᠷᠡᠴᠢᠯᠡᠯᠲᠡ ᠶᠢᠨ ᠠᠴᠢ ᠬᠤᠯᠪᠣᠭᠳᠠᠯ ᠪᠣᠯᠤᠨ ᠭᠢᠯᠠᠰ ᠴᠢᠭ᠋ ᠤᠨ ᠲᠣᠬᠠᠢ ᠲᠠᠶᠢᠯᠤᠮᠵᠢ ᠬᠢᠪᠡ᠃      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢ ︽ᠬᠤᠲᠠ ᠬᠥᠳᠡᠭᠡ ᠶᠢ  ᠨᠢᠭᠡᠳᠦᠭᠦᠯᠵᠦ᠂ ᠭᠤᠣᠯᠳᠠᠯᠭ᠎ᠠ ᠶᠢ ᠬᠥᠳᠡᠭᠡ ᠲᠣᠰᠬᠤᠨ ᠳᠤ ᠲᠠᠯᠪᠢᠨ᠎ᠠ︾      ᠡᠨᠡ ᠤᠳᠠᠭᠠᠨ ᠤ ᠰᠢᠨ᠎ᠡ ᠲᠦᠷᠦ ᠶᠢᠨ ᠪᠤᠳᠤᠯᠭ᠎ᠠ ᠶᠢᠨ ᠬᠠᠮᠤᠭ ᠤᠨ ᠶᠡᠭᠡ ᠣᠨᠴᠠᠯᠢᠭ ᠨᠢ ᠳᠠᠷᠤᠢ ᠤᠤᠯ ᠤᠨ ᠬᠥᠳᠡᠭᠡ ᠲᠣᠰᠬᠤᠨ᠂ ᠬᠤᠳᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢᠨ ᠲᠤᠰᠪᠤᠷᠢ ᠶᠢᠨ ᠵᠢᠷᠤᠵᠤ ᠲᠥᠯᠥᠪᠯᠡᠭᠰᠡᠨ ᠵᠠᠭᠪᠤᠷᠰᠢᠯ ᠢ ᠡᠪᠳᠡᠵᠦ᠂ ︽ᠭᠤᠷᠪᠠ ᠶᠢ ᠨᠢᠭᠡᠳᠬᠡᠵᠦ᠂ ᠬᠤᠶᠠᠷ ᠢ ᠪᠠᠬᠢᠵᠢᠭᠦᠯᠬᠦ︾ ᠪᠠᠶᠢᠷᠢᠯᠠᠭᠤᠯᠤᠯᠲᠠ ᠪᠠᠷ ᠳᠠᠮᠵᠢᠭᠤᠯᠤᠨ᠂ ᠬᠤᠲᠠ ᠬᠥᠳᠡᠭᠡ ᠶᠢ  ᠨᠢᠭᠡᠳᠦᠭᠦᠯᠵᠦ᠂ ᠭᠤᠣᠯᠳᠠᠯᠭ᠎ᠠ ᠶᠢ ᠬᠥᠳᠡᠭᠡ ᠲᠣᠰᠬᠤᠨ ᠳᠤ ᠲᠠᠯᠪᠢᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠰᠤᠷᠭᠠᠨ ᠬᠥᠮᠦᠵᠢᠯ ᠤᠨ ᠵᠠᠷᠤᠳᠠᠯ ᠨᠢ ᠰᠤᠷᠤᠭᠴᠢ ᠶᠢᠨ ᠪᠡᠶ᠎ᠡ ᠶᠢ ᠳᠠᠭᠠᠵᠤ ᠶᠠᠪᠤᠵᠤ ᠪᠣᠯᠬᠤ ᠶᠢ ᠪᠡᠶᠡᠯᠡᠭᠦᠯᠬᠦ ᠪᠣᠯᠣᠨ᠎ᠠ᠃      ᠬᠤᠶᠠᠷ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2006 ᠣᠨ ᠠᠴᠠ ᠡᠬᠢᠯᠡᠨ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠰᠤᠷᠤᠭᠴᠢᠳ ᠲᠤ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ ︵ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ᠂ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ᠂ ᠭᠡᠷ ᠤᠨ ᠠᠮᠢᠳᠤᠷᠠᠯ ᠨᠢ ᠬᠦᠴᠢᠷᠳᠡᠯᠲᠡᠶ ᠪᠠᠶᠢᠷᠢ ᠳᠤ ᠰᠠᠭᠤᠭ᠎ᠠ ᠰᠤᠷᠤᠭᠴᠢᠳ ᠲᠤ ᠠᠮᠢᠳᠤᠷᠠᠯ ᠤᠨ ᠵᠠᠷᠤᠳᠠᠯ ᠤᠨ ᠨᠥᠬᠦᠪᠥᠷᠢ ᠥᠭᠬᠦ︶᠎ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶᠠᠲᠤ ᠨᠣᠷᠮ᠎ᠠ ᠶᠢ ᠨᠡᠶᠢᠲᠡᠯᠡᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠶᠢᠨ ᠠᠮᠤᠷ ᠲᠥᠪᠰᠢᠨ ᠪᠣᠯᠤᠨ ᠰᠡᠯᠪᠢᠨ ᠵᠠᠰᠠᠵᠤ  ᠥᠭᠡᠷᠡᠴᠢᠯᠡᠨ ᠰᠠᠶᠢᠵᠢᠷᠠᠭᠤᠯᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ ᠪᠦᠷᠢᠨᠰᠢᠭᠦᠯᠵᠦ᠂ ᠬᠥᠳᠡᠭᠡ ᠲᠣᠰᠬᠤᠨ ᠤ ᠪᠠᠭᠰᠢ ᠶᠢᠨ ᠴᠠᠯᠢᠩ ᠢ ᠪᠠᠲᠤᠯᠠᠬᠤ ᠲᠣᠭᠲᠠᠴᠠ ᠶᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠬᠤᠷᠢᠶ᠎ᠠ ᠪᠣᠯᠣᠨ ᠣᠷᠣᠨ ᠨᠤᠲᠤᠭ ᠠᠴᠠ ᠬᠤᠪᠢᠶᠠᠨ ᠡᠭᠦᠷᠭᠡᠯᠡᠨ᠎ᠡ᠃ 2008 ᠣᠨ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠤᠳᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠠᠰᠤᠬᠤ ᠪᠠᠷ ᠲᠤᠭᠲᠠᠵᠤ᠂ ᠬᠤᠲᠠ ᠳᠤ ᠣᠷᠣᠵᠤ ᠠᠵᠢᠯᠯᠠᠬᠤ ᠬᠥᠮᠦᠰ ᠢ ᠳᠠᠭᠠᠵᠤ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠳᠡᠬᠦ ᠶᠢ ᠦᠨᠡᠨ ᠬᠦ ᠪᠠᠲᠤᠯᠠᠵᠤ᠂ ᠲᠥᠪ ᠤᠨ ᠡᠳ᠋ ᠤᠨ ᠵᠠᠰᠠᠭ ᠠᠴᠠ ᠵᠣᠬᠢᠬᠤ ᠱᠠᠩᠨᠠᠯ ᠤᠨ ᠮᠥᠩᠬᠦ ᠣᠯᠭᠤᠵᠤ ᠨᠥᠬᠦᠪᠦᠷᠢᠯᠡᠨ᠎ᠡ᠃      ᠠᠵᠤ ᠦᠢᠯᠡᠳᠪᠦᠷᠢᠵᠢᠯᠲᠡ ᠪᠣᠯᠣᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠠᠰᠤᠷᠠᠯᠲᠠ ᠦᠭᠡᠢ ᠠᠬᠢᠬᠤ ᠶᠢ ᠳᠠᠭᠠᠯᠳᠤᠨ᠂ ᠵᠠᠷᠢᠮ ᠬᠥᠳᠡᠭᠡ ᠲᠣᠰᠬᠤᠨ ᠤ ᠰᠤᠷᠤᠭᠴᠢᠳ ᠪᠣᠯᠤᠨ ᠬᠥᠳᠡᠭᠡ ᠲᠣᠰᠬᠤᠨ ᠤ ᠰᠤᠷᠭᠠᠭᠤᠯᠢ ᠶᠢᠨ ᠪᠡᠶ᠎ᠡ ᠶᠢᠨ ᠬᠢᠷᠢ ᠬᠡᠮ ᠬᠤᠪᠢᠷᠠᠯᠲᠠ ᠭᠠᠷᠴᠤ᠂ ᠲᠥᠪ ᠤᠨ ᠡᠳ᠋ ᠤᠨ ᠵᠠᠰᠠᠭ ᠤᠨ ︽ᠨᠢᠭᠡ ᠶᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠦᠷᠲᠡᠬᠦ ᠳᠤ ᠪᠡᠷᠬᠡ ᠪᠣᠯᠵᠠᠢ᠃ ᠬᠥᠳᠡᠭᠡ ᠲᠣᠰᠬᠤᠨ ᠤ ᠰᠤᠷᠤᠭᠴᠢᠳ ᠶᠡᠭᠡ ᠬᠡᠮᠵᠢᠶ᠎ᠡ ᠪᠠᠷ ᠬᠤᠲᠠ ᠳᠤ ᠣᠷᠣᠵᠤ᠂ ᠡᠳ᠋ ᠤᠨ ᠬᠦᠴᠦ ᠪᠠᠷ ᠬᠦᠴᠢᠷᠳᠡᠯᠲᠡᠶ ᠵᠠᠷᠢᠮ ᠭᠠᠵᠠᠷ ᠣᠷᠣᠨ ᠵᠢᠴᠢ ᠬᠤᠳᠠ ᠣᠷᠣᠵᠤ  ᠠᠵᠢᠯᠯᠠᠬᠤ ᠬᠥᠮᠥᠰ ᠤᠨ ᠦᠷ᠎ᠡ ᠬᠡᠦᠬᠡᠳ ᠨᠡᠯᠢᠶᠡᠳ ᠠᠷᠪᠢᠨ ᠪᠠᠶᠢᠭ᠎ᠠ ᠰᠤᠷᠭᠠᠭᠤᠯᠢ ᠨᠤᠭᠤᠳ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠥᠷᠢ ᠶᠢᠨ ᠬᠢᠷᠢ ᠬᠡᠮᠵᠢᠶ᠎ᠡ ᠨᠢ ᠬᠤᠲᠠ ᠬᠥᠳᠡᠭᠡ ︽ᠲᠣᠩᠭᠤᠷᠠᠭᠰᠠᠨ︾ ᠦᠵᠡᠭᠳᠡᠯ ᠭᠠᠷᠪᠠ᠃      ᠡᠭᠦᠨ ᠤ ᠲᠤᠯᠠᠳᠠ᠂ ᠰᠢᠨ᠎ᠡ ᠲᠦᠷᠦ ᠶᠢᠨ ᠪᠤᠳᠤᠯᠭ᠎ᠠ ᠳᠤ ᠳᠤᠷᠠᠳᠤᠭᠰᠠᠨ ᠨᠢ᠂ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠨᠢᠭᠡᠳᠬᠡᠵᠦ᠂ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢᠳ ᠤᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶᠠᠲᠤ ᠨᠣᠷᠮ᠎ᠠ ᠶᠢ ᠨᠢᠭᠡᠳᠬᠡᠵᠦ᠂ ᠲᠥᠪ ᠤᠨ ᠪᠠ ᠣᠷᠣᠨ ᠨᠤᠲᠤᠭ ᠤᠨ ᠵᠠᠷᠤᠳᠠᠯ ᠢ ᠬᠤᠪᠢᠶᠠᠨ ᠡᠭᠦᠷᠭᠡᠯᠡᠬᠦ ᠲᠣᠭᠲᠠᠴᠠ ᠶᠢ ᠨᠢᠭᠡᠳᠬᠡᠬᠦ ᠶᠢᠨ ᠬᠠᠮᠲᠤ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠶᠢᠨ ᠠᠮᠤᠷ ᠲᠥᠪᠰᠢᠨ ᠢ ᠪᠠᠲᠤᠯᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠤᠨ ᠲᠦᠷᠦ ᠶᠢᠨ ᠪᠤᠳᠤᠯᠭ᠎ᠠ ᠶᠢ ᠪᠠᠬᠢᠵᠢᠭᠦᠯᠦᠨ ᠨᠠᠶᠢᠳᠠᠪᠤᠷᠢᠵᠢᠭᠤᠯᠤᠨ᠎ᠠ᠃ ᠡᠨᠡ ᠪᠣᠯ ᠮᠠᠨ ᠤ ᠤᠯᠤᠰ ᠤᠨ ᠪᠠᠶᠢᠭᠤᠯᠤᠭᠰᠠᠨ ᠬᠤᠳᠠ ᠬᠥᠳᠡᠭᠡ ᠨᠢᠭᠡᠳᠦᠯᠲᠡᠶ ᠪᠠᠶᠢᠬᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠠᠩᠬᠠᠳᠠᠭᠴᠢ ᠲᠣᠭᠲᠠᠴᠠ ᠪᠣᠯᠣᠨ᠎ᠠ᠃      ᠰᠤᠷᠭᠠᠨ ᠬᠥᠮᠦᠵᠢᠯ ᠤᠨ ᠵᠠᠷᠤᠳᠠᠯ ᠳᠠᠬᠢ ︽ ᠵᠣᠭᠤᠰ ᠨᠢ ᠬᠥᠮᠦᠨ ᠢᠶᠠᠨ ᠳᠠᠭᠠᠬᠤ  ︾ ᠰᠢᠨ᠎ᠡ ᠵᠠᠭᠪᠤᠷᠰᠢᠯ ᠢ ᠨᠡᠭᠡᠭᠡᠪᠡ      ᠬᠠᠮᠢᠶ᠎ᠠ ᠪᠦᠬᠦᠢ ᠰᠤᠷᠭᠠᠨ ᠬᠥᠮᠦᠵᠢᠯ ᠤᠨ ᠵᠠᠷᠤᠳᠠᠯ ᠨᠢ ᠰᠤᠷᠤᠭᠴᠢ ᠶᠢᠨ ᠪᠡᠶ᠎ᠡ ᠶᠢ ᠳᠠᠭᠠᠵᠤ ᠶᠠᠪᠤᠵᠤ ᠪᠣᠯᠬᠤ ᠶᠢ ᠲᠦᠯᠬᠢᠨ ᠠᠬᠢᠭᠤᠯᠬᠤ ᠪᠣᠯ ᠡᠨᠡ ᠤᠳᠠᠭᠠᠨ ᠤ ᠰᠢᠨ᠎ᠡ ᠲᠦᠷᠦ ᠶᠢᠨ ᠪᠤᠳᠤᠯᠭ᠎ᠠ ᠶᠢᠨ ᠪᠠᠰᠠ ᠨᠢᠭᠡᠨ ᠭᠢᠯᠠᠰ ᠴᠢᠭ᠋ ᠮᠦᠨ᠂ ᠥᠭᠡᠷ᠎ᠡ ᠪᠠᠷ ᠬᠡᠯᠡᠪᠡᠯ ︽ᠵᠣᠭᠤᠰ ᠨᠢ ᠬᠥᠮᠦᠨ ᠢᠶᠠᠨ ᠳᠠᠭᠠᠵᠤ ᠶᠠᠪᠤᠬᠤ︾ ᠪᠣᠯᠣᠨ᠎ᠠ᠃      ᠠᠯᠢ ᠠᠯᠢ ᠵᠣᠭᠤᠰ ᠨᠢ ᠬᠥᠮᠥᠨ ᠢᠶᠠᠨ ᠳᠠᠭᠠᠵᠤ ᠶᠠᠪᠤᠵᠤ ᠪᠣᠯᠬᠤ ᠪᠤᠢ︖ ᠬᠤᠶᠠᠷ ᠶᠠᠮᠤᠨ ᠤ ᠲᠠᠨᠢᠯᠴᠠᠭᠤᠯᠤᠭᠰᠠᠨ ᠢᠶᠠᠷ᠂ ᠨᠢᠭᠡ ᠳᠤ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ ᠪᠡᠯᠡ ᠮᠥᠩᠭᠦ  ᠪᠣᠯᠣᠨ᠎ᠠ᠂ ᠰᠤᠷᠤᠭᠴᠢᠳ ᠬᠤᠳᠠ ᠬᠥᠳᠡᠭᠡ ᠶᠢᠨ ᠠᠯᠢᠨ ᠳᠤᠨᠢ ᠪᠠᠶᠢᠯ᠎ᠠ ᠴᠤ ᠭᠡᠰᠡᠨ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠤᠮ ᠤᠤ ᠡᠰᠡᠬᠦᠯ᠎ᠡ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠠᠯᠢᠨ ᠳᠤᠨᠢ ᠪᠠᠶᠢᠯ᠎ᠠ ᠴᠦ ᠭᠡᠰᠡᠨ ᠴᠥᠮ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠬᠦᠷᠲᠡᠨ᠎ᠡ︔ ᠨᠦᠬᠦᠭᠡ ᠨᠢ ᠰᠤᠷᠤᠭᠴᠢᠳ ᠤᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶᠠᠲᠤ ᠨᠣᠷᠮ᠎ᠠ ᠶᠢᠨ ᠪᠡᠯᠡ ᠮᠥᠩᠭᠦ ᠪᠣᠯᠣᠨ᠎ᠠ᠂ ᠲᠤᠰᠠᠯᠠᠮᠵᠢ ᠶᠢᠨ ᠪᠠᠷᠢᠮᠵᠢᠶ᠎ᠠ ᠶᠢ ᠤᠯᠤᠰ ᠠᠴᠠ ᠨᠢᠭᠡᠳᠦᠯᠲᠡᠶ ᠲᠣᠭᠲᠠᠭᠠᠵᠤ᠂ ᠰᠤᠷᠤᠭᠴᠢᠳ ᠬᠠᠮᠢᠭ᠎ᠠ ᠪᠠᠶᠢᠯ᠎ᠠ ᠭᠡᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠤᠯᠤᠰ ᠤᠨ ᠪᠠᠷᠢᠮᠵᠢᠶᠠᠲᠤ ᠨᠣᠷᠮ᠎ᠠ ᠶᠢᠨ ᠲᠤᠭ᠎ᠠ ᠶᠤᠰᠣᠭᠠᠷ ᠰᠤᠷᠭᠠᠭᠤᠯᠢ  ᠳᠤ ᠭᠦᠢᠴᠡᠳ ᠲᠣᠬᠢᠷᠠᠭᠤᠯᠤᠨ᠎ᠠ᠃ ᠡᠶᠢᠮᠦ ᠠᠷᠭ᠎ᠠ ᠬᠡᠯᠪᠡᠷᠢ ᠨᠢ ᠰᠤᠷᠭᠠᠨ ᠬᠥᠮᠦᠵᠢᠯ ᠤᠨ ᠦᠨᠡᠲᠦ ᠲᠡᠮᠳᠡᠭᠲᠦ ᠠᠴᠠ ᠨᠡᠩ ᠰᠢᠭᠤᠳ ᠪᠣᠯᠬᠤ ᠮᠥᠷᠲᠡᠭᠡᠨ ᠪᠠᠰᠠ ᠵᠣᠭᠤᠰ ᠴᠦ ᠰᠣᠯᠢᠬᠤ ᠬᠡᠷᠡᠭ ᠦᠭᠡᠢ᠂ ᠰᠤᠷᠤᠭᠴᠢᠳ ᠰᠢᠭᠤᠳ ᠠᠰᠢᠭ ᠬᠦᠷᠲᠡᠬᠦ ᠪᠣᠯᠣᠨ᠎ᠠ  ᠃      ᠬᠤᠶᠠᠷ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠬᠦ ᠳᠡᠭᠡᠨ᠂ ᠤᠶᠢᠷ᠎ᠠ ᠶᠢᠨ ᠵᠢᠯ ᠠᠴᠠ ᠨᠠᠰᠢ᠂ ᠲᠥᠪ ᠤᠨ ᠡᠳ᠋ ᠤᠨ ᠵᠠᠰᠠᠭ ᠤᠨ ᠳᠡᠮᠵᠢᠯᠭᠡ ᠳᠣᠣᠷ᠎ᠠ᠂ ᠮᠠᠨ ᠤ ᠤᠯᠤᠰ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠠᠷᠢᠶᠠᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠪᠦᠬᠦ ᠤᠯᠤᠰ ᠤᠨ ᠬᠡᠪᠴᠢᠶᠡᠨ ᠳᠠᠬᠢ ᠰᠤᠷᠭᠠᠭᠤᠯᠢ ᠶᠢᠨ ᠬᠠᠷᠢᠶᠠᠨ ᠤ ᠬᠠᠮᠢᠶᠠᠷᠤᠯᠲᠠ ᠶᠢᠨ ᠵᠠᠶ ᠵᠠᠪᠰᠠᠷ ᠥᠭᠡᠢ ᠵᠣᠯᠭᠠᠭᠤᠯᠬᠤ ᠪᠠ ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠵᠠᠷᠤᠳᠠᠯ ᠢ ᠠᠪᠴᠤ ᠶᠠᠪᠤᠵᠤ ᠪᠣᠯᠬᠤ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ ᠡᠭᠦᠨ ᠤ ᠬᠠᠮᠲᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠶᠢᠨ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ ᠪᠠ ᠰᠤᠷᠤᠭᠴᠢᠳ ᠤᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶᠠᠲᠤ ᠨᠣᠷᠮ᠎ᠠ ᠶᠢᠨ ᠲᠦᠷᠦ ᠶᠢᠨ ᠪᠤᠳᠤᠯᠭ᠎ᠠ ᠶᠢ ᠨᠢᠭᠡᠳᠬᠡᠭᠰᠡᠨ ᠨᠢ ᠰᠤᠷᠤᠭᠴᠢᠳ ᠦᠨᠳᠦᠰᠦᠨ ᠡᠷᠬᠡ ᠠᠰᠢᠭ ᠢᠶᠠᠨ ᠡᠷᠬᠡ ᠲᠡᠭᠰᠢ ᠪᠠᠷ ᠬᠦᠷᠲᠡᠬᠦ ᠳᠤ ᠰᠤᠷᠭᠠᠭᠤᠯᠢ ᠶᠢᠨ ᠬᠠᠷᠢᠶ᠎ᠠ ᠪᠠᠷ ᠦᠨᠳᠦᠰᠦᠯᠡᠯ ᠪᠣᠯᠭᠠᠬᠤ ᠠᠴᠠ ᠪᠢᠰᠢ ᠬᠠᠷᠢᠨ ᠡᠷᠦᠬᠡ ᠠᠮᠠ ᠪᠡᠶ᠎ᠡ ᠶᠢᠨ ᠬᠢᠷᠢ ᠬᠡᠮ ᠢᠶᠠᠷ ᠦᠨᠳᠦᠰᠦᠯᠡᠯ ᠦᠯᠦ ᠪᠣᠯᠭᠠᠬᠤ ᠶᠢ ᠴᠢᠩᠭᠠᠳᠬᠠᠵᠤ᠂ ᠲᠡᠷᠡᠴᠢᠯᠡᠨ ᠠᠯᠪᠠᠨ ᠵᠢᠷᠤᠮ ᠤᠨ ᠰᠤᠷᠭᠠᠨ ᠬᠥᠮᠦᠵᠢᠯ ᠨᠢ ᠨᠢᠭᠡ ᠵᠦᠢᠯ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠪᠣᠯᠣᠭᠰᠠᠨ ᠤ  ᠬᠤᠪᠢ ᠎ ᠳᠠᠬᠢ ᠠᠳᠠᠯᠢ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠢᠯᠡᠷᠡᠭᠦᠯᠪᠡ᠃      ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ ᠳᠤ ︽ᠨᠢᠭᠡ ᠯᠡ ᠠᠳᠠᠯᠢ ᠪᠠᠷ ᠬᠠᠨᠳᠤᠨ᠎ᠠ︾      ᠲᠤᠰ ᠤᠳᠠᠭᠠᠨ ᠤ ᠰᠢᠨ᠎ᠡ ᠲᠥᠷᠥ ᠶᠢᠨ ᠪᠣᠳᠣᠯᠭ᠎ᠠ ᠶᠢᠨ ᠪᠠᠰᠠ ᠨᠢᠭᠡᠨ ᠭᠢᠯᠠᠰ ᠴᠡᠭ ᠪᠣᠯ ᠠᠯᠪᠠᠨ ᠠᠴᠠ ᠪᠠᠶᠢᠭᠤᠯᠤᠭᠰᠠᠨ ᠰᠤᠷᠭᠠᠭᠤᠯᠢ ᠪᠠ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠳᠤ ᠨᠢᠭᠡ ᠯᠡ ᠠᠳᠠᠯᠢ ᠪᠠᠷ ᠬᠠᠨᠳᠤᠵᠤ ᠪᠦᠷ ︽ᠬᠤᠶᠠᠷ ᠢ ᠬᠡᠯᠲᠡᠷᠡᠭᠦᠯᠵᠦ ᠨᠢᠭᠡ ᠶᠢ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠶᠢ ᠡᠳ᠋ᠯᠡᠵᠦ ᠪᠣᠯᠣᠨ᠎ᠠ᠃      ᠬᠤᠶᠠᠷ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠶᠠᠷᠢᠬᠤ ᠪᠠᠷ᠂ ᠲᠤᠰ ᠤᠳᠠᠭᠠᠨ ᠤ ᠰᠢᠨ᠎ᠡ ᠲᠥᠷᠥ ᠶᠢᠨ ᠪᠣᠳᠣᠯᠭ᠎ᠠ ᠶᠢᠨ ᠡᠭᠦᠰᠪᠦᠷᠢ ᠨᠢ᠂ ᠳᠠᠷᠤᠢ ᠵᠠᠰᠠᠭ ᠤᠨ ᠣᠷᠳᠣᠨ ᠪᠦᠬᠦᠶᠢᠯᠡ ᠵᠣᠬᠢᠬᠤ ᠨᠠᠰᠤᠨ ᠤ ᠬᠡᠦᠬᠡᠳ ᠲᠤ ᠰᠦᠢᠳᠬᠡᠯ ᠬᠤᠷᠢᠶᠠᠬᠤ ᠦᠭᠡᠢ ᠠᠯᠪᠠᠨ ᠵᠢᠷᠤᠮ ᠤᠨ ᠰᠤᠷᠭᠠᠨ ᠬᠥᠮᠥᠵᠢᠯ ᠬᠦᠷᠲᠡᠭᠡᠬᠦ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠤ᠂ ᠠᠯᠪᠠᠨ ᠠᠴᠠ ᠪᠠᠶᠢᠭᠤᠯᠤᠭᠰᠠᠨ ᠰᠤᠷᠭᠠᠭᠤᠯᠢ ᠪᠠ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ ᠲᠤ ᠨᠢᠭᠡ ᠯᠡ ᠠᠳᠠᠯᠢ ᠪᠠᠷ ᠬᠠᠨᠳᠤᠨ᠎ᠠ᠃ ᠡᠨᠡ ᠎ ᠨᠢ ᠵᠠᠰᠠᠭ ᠤᠨ ᠣᠷᠳᠣᠨ ᠤ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠳᠡᠮᠵᠢᠵᠤ ᠪᠠᠶᠢᠭ᠎ᠠ ᠶᠢ ᠭᠦᠢᠴᠡᠳ ᠬᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠬᠥᠭᠵᠢᠯᠲᠡ ᠳᠤ ᠨᠡᠶᠢᠭᠡᠮ ᠤᠨ ᠬᠦᠴᠦᠨ ᠣᠷᠣᠯᠴᠠᠬᠤ ᠶᠢ ᠳᠠᠶᠢᠴᠢᠯᠠᠬᠤ ᠳᠤ ᠠᠰᠢᠭᠲᠠᠢ ᠪᠠᠶᠢᠵᠤ᠂ ᠰᠤᠷᠤᠭᠴᠢᠳ ᠤᠨ ᠰᠤᠷᠤᠯᠴᠠᠬᠤ ᠰᠤᠩᠭᠤᠮᠵᠢ ᠶᠢ ᠴᠢᠩᠭᠠᠷᠠᠭᠤᠯᠵᠠᠢ᠃      ᠥᠭᠡᠷᠡᠴᠢᠯᠡᠯᠲᠡ ᠶᠢᠨ ᠳᠠᠷᠠᠭ᠎ᠠ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢᠳ ᠤᠨ ᠰᠤᠯᠠ ᠵᠠᠷᠤᠳᠠᠯ ᠢ ᠬᠡᠯᠲᠡᠷᠡᠭᠦᠯᠬᠦ ᠪᠠᠷᠢᠮᠵᠢᠶ᠎ᠠ ᠶᠢ ᠲᠥᠪ ᠤᠨ ᠲᠣᠭᠲᠠᠭᠠᠭᠰᠠᠨ ᠰᠤᠷᠤᠭᠴᠢ ᠳᠤᠮᠳᠠᠴᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶᠠᠲᠤ ᠲᠤᠭ᠎ᠠ ᠶᠣᠰᠣᠭᠠᠷ ᠥᠭᠴᠦ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠨᠢ ᠪᠠᠷᠢᠮᠵᠢᠶᠠᠲᠤ ᠲᠤᠭ᠎ᠠ ᠠᠴᠠ ᠬᠡᠲᠦᠷᠡᠭᠰᠡᠨ ᠪᠠᠶᠢᠪᠠᠯ᠂ ᠰᠤᠷᠤᠭᠴᠢᠳ ᠤᠨ ᠭᠡᠷ ᠤᠨ ᠠᠬᠠᠮᠠᠳ ᠡᠭᠦᠷᠭᠡᠯᠡᠨ᠎ᠡ᠃ ᠤᠯᠤᠰ ᠠᠴᠠ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠪᠠᠷᠢᠮᠵᠢᠶᠠᠲᠤ ᠲᠤᠭ᠎ᠠ ᠪᠠᠷ ᠪᠠᠷᠢᠮᠵᠢᠶ᠎ᠠ ᠪᠣᠯᠭᠠᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠣᠯᠭᠤᠨ᠎ᠠ᠃      ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠬᠢᠭᠡᠳ ᠠᠯᠪᠠᠨ ᠠᠴᠠ ᠪᠠᠶᠢᠭᠤᠯᠤᠭᠰᠠᠨ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠪᠢᠴᠢᠭ ᠢ ᠤᠯᠤᠰ ᠤᠨ ᠲᠣᠭᠲᠠᠭᠠᠭᠳᠠᠭᠰᠠᠨ ᠢᠶᠠᠷ ᠰᠦᠢᠳᠬᠡᠯ ᠬᠤᠷᠢᠶᠠᠬᠤ ᠦᠭᠡᠢ ᠪᠠᠷ ᠠᠳᠠᠯᠢᠬᠠᠨ ᠥᠭᠴᠦ᠂ ᠪᠡᠯᠡ ᠮᠥᠩᠭᠦ ᠶᠢ ᠲᠥᠪ ᠠᠴᠠ ᠪᠦᠬᠦᠨ ᠢ ᠡᠭᠦᠷᠭᠡᠯᠡᠨ᠎ᠡ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷ ᠲᠠᠢ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠢ ᠲᠥᠪ ᠪᠣᠯᠣᠨ ᠣᠷᠣᠨ ᠨᠤᠲᠤᠭ 5᠄ 5᠎ ᠶᠢᠨ ᠬᠠᠷᠢᠴᠠᠯ ᠢᠶᠠᠷ ᠡᠭᠦᠷᠡᠭᠯᠡᠨ᠎ᠡ᠃      2016 ᠣᠨ ᠤ ᠬᠠᠪᠤᠷ ᠤᠨ ᠬᠤᠭᠤᠴᠠᠭ᠎ᠠ ᠠᠴᠠ ᠡᠬᠢᠯᠡᠨ ᠬᠡᠷᠡᠭᠵᠢᠭᠦᠯᠦᠨ᠎ᠡ      ᠬᠤᠶᠠᠷ ᠶᠠᠮᠤᠨ ᠤ ᠬᠤᠯᠪᠤᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠬᠤ ᠪᠠᠷ᠂ ᠰᠢᠨ᠎ᠡ ᠲᠥᠷᠥ ᠶᠢᠨ ᠪᠣᠳᠣᠯᠭ᠎ᠠ ᠶᠢ 2016 ᠣᠨ ᠤ ᠬᠠᠪᠤᠷ ᠤᠨ ᠬᠤᠭᠤᠴᠠᠭ᠎ᠠ ᠠᠴᠠ ᠡᠬᠢᠯᠡᠨ ᠬᠡᠷᠡᠭᠵᠢᠭᠦᠯᠵᠦ᠂ 2017 ᠣᠨ ᠤ ᠬᠠᠪᠤᠷ ᠤᠨ ᠬᠤᠭᠤᠴᠠᠭ᠎ᠠ  ᠪᠣᠯᠲᠠᠯ᠎ᠠ ᠨᠠᠶᠢᠳᠠᠪᠤᠷᠢᠵᠢᠭᠤᠯᠵᠤ ᠳᠠᠭᠤᠰᠬᠠᠨ᠎ᠠ᠃      ᠠᠩᠬᠠᠨ ᠤ ᠵᠢᠱᠢᠯᠲᠡ ᠪᠠᠷ᠂ 2016 —2017 ᠣᠨ ᠤ ᠪᠦᠬᠦ ᠤᠯᠤᠰ ᠤᠨ ᠡᠳ᠋ ᠤᠨ ᠵᠠᠰᠠᠭ ᠠᠴᠠ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠤᠭᠲᠠᠴᠠ ᠳᠤ ᠲᠣᠬᠢᠷᠠᠭᠤᠯᠬᠤ ᠪᠡᠯᠡ ᠮᠥᠩᠭᠦ ᠨᠢ 3500 ᠳ᠋ᠦᠩᠰᠢᠭᠤᠷ ᠲᠥᠭᠦᠷᠢᠭ ᠢ ᠳᠠᠪᠠᠨ᠎ᠠ᠂ ᠡᠭᠦᠨ ᠳᠤ᠄ ᠲᠥᠪ ᠤᠨ ᠡᠳ᠋ ᠤᠨ ᠵᠠᠰᠠᠭ 2200 ᠳ᠋ᠦᠩᠰᠢᠭᠤᠷ ᠲᠥᠭᠦᠷᠢᠭ ᠠᠴᠠ ᠢᠯᠡᠭᠦᠦ ᠪᠠᠶᠢᠵᠤ᠂ ᠣᠷᠣᠨ ᠨᠤᠲᠤᠭ ᠤᠨ ᠡᠳ᠋ ᠤᠨ ᠵᠠᠰᠠᠭ ᠪᠠᠷᠤᠭ 1300 ᠳ᠋ᠦᠩᠰᠢᠭᠤᠷ ᠲᠥᠭᠦᠷᠢᠭ ᠲᠤ ᠬᠥᠷᠥᠨ᠎ᠡ᠃      ᠡᠭᠦᠨ ᠠᠴᠠ ᠭᠠᠳᠠᠨ᠎ᠠ᠂ ᠰᠢᠨ᠎ᠡ ᠲᠥᠷᠥ ᠶᠢᠨ ᠪᠣᠳᠣᠯᠭ᠎ᠠ ᠳᠤ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠪᠣᠯ ᠮᠥᠨ ᠴᠦ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠡᠯᠡ ᠣᠷᠤᠭᠤᠯᠤᠯᠲᠠ ᠶᠢᠨ ᠭᠤᠣᠯᠳᠠᠯᠭ᠎ᠠ ᠪᠣᠯᠬᠤ ᠪᠦᠭᠡᠳ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ᠂ ᠬᠡᠪᠴᠢᠶ᠎ᠡ ᠪᠠᠷ ᠪᠠᠭ᠎ᠠ ᠰᠤᠷᠭᠠᠭᠤᠯᠢ᠂ ᠤᠮᠠᠷᠠᠲᠤ ᠣᠷᠣᠨ ᠤ ᠳᠤᠯᠠᠭᠠᠯᠠᠭ᠎ᠠ ᠲᠠᠢ ᠭᠠᠵᠠᠷ ᠤᠨ ᠰᠤᠷᠭᠠᠭᠤᠯᠢ ᠵᠢᠴᠢ ᠣᠨᠴᠠᠭᠠᠢ ᠰᠤᠷᠭᠠᠨ ᠬᠥᠮᠥᠵᠢᠯ ᠤᠨ ᠰᠤᠷᠭᠠᠭᠤᠯᠢ ᠵᠥᠭ ᠬᠡᠯᠪᠡᠶᠢᠯᠭᠡᠨ᠎ᠡ᠃      ᠰᠤᠷᠤᠭᠴᠢ ᠳᠤᠮᠳᠠᠴᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶᠠᠲᠤ ᠨᠤᠷᠮ᠎ᠠ ᠶᠢ ᠨᠠᠶᠢᠳᠠᠪᠤᠷᠢᠵᠢᠭᠤᠯᠤᠭᠰᠠᠨ ᠤ ᠰᠠᠭᠤᠷᠢᠨ ᠳᠡᠭᠡᠷ᠎ᠡ᠂ 2016 ᠣᠨ ᠠᠴᠠ ᠡᠬᠢᠯᠡᠨ᠂ ᠤᠯᠤᠰ ᠠᠴᠠ ᠬᠤᠲᠠ ᠬᠥᠳᠡᠭᠡ ᠶᠢᠨ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢ ᠨᠢᠭᠡᠪᠦᠷᠢ ᠳᠤ 200 ᠲᠥᠭᠦᠷᠢᠭ ᠤᠨ ᠪᠠᠷᠢᠮᠵᠢᠶ᠎ᠠ ᠶᠣᠰᠣᠭᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢ ᠨᠡᠮᠡᠨ ᠥᠭᠴᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢ ᠰᠠᠶᠢᠲᠤᠷ ᠡᠷᠬᠢᠯᠡᠬᠦ ᠶᠢ ᠳᠡᠮᠵᠢᠨ᠎ᠡ᠃  ᠬᠥᠳᠡᠭᠡ ᠲᠣᠰᠬᠤᠨ ᠤ 100 ᠬᠦᠮᠦᠨ ᠬᠦᠷᠬᠦ ᠦᠭᠡᠢ ᠬᠡᠪᠴᠢᠶ᠎ᠡ ᠪᠠᠷ ᠪᠠᠭ᠎ᠠ ᠰᠤᠷᠭᠠᠭᠤᠯᠢ ᠳᠤ᠂ 100 ᠬᠥᠮᠥᠨ ᠤ ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠲᠣᠭᠲᠠᠭᠠᠵᠤ᠂ ᠬᠡᠪᠴᠢᠶ᠎ᠡ ᠪᠠᠷ ᠪᠠᠭ᠎ᠠ ᠰᠤᠷᠭᠠᠭᠤᠯᠢ ᠪᠠ ᠵᠢᠭᠠᠨ ᠰᠤᠷᠭᠠᠯᠲᠠ ᠶᠢᠨ ᠴᠢᠭ᠋ ᠢ ᠦᠷᠭᠦᠯᠵᠢᠯᠡᠨ ᠳᠡᠮᠵᠢᠨ᠎ᠡ᠃      ᠳᠤᠯᠠᠭᠠᠯᠠᠭ᠎ᠠ ᠶᠢᠨ ᠬᠤᠭᠤᠴᠠᠭ᠎ᠠ᠂ ᠳᠤᠯᠠᠭᠠᠯᠠᠭ᠎ᠠ ᠶᠢᠨ ᠰᠦᠢᠳᠬᠡᠯ ᠤᠨ ᠪᠠᠷᠢᠮᠵᠢᠶ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠤᠮᠠᠷᠠᠲᠤ ᠣᠷᠣᠨ ᠤ ᠳᠤᠯᠠᠭᠠᠯᠠᠭ᠎ᠠ ᠬᠦᠷᠭᠡᠵᠦ ᠪᠠᠶᠢᠭ᠎ᠠ ᠭᠠᠵᠠᠷ ᠤᠨ ᠬᠤᠲᠠ ᠬᠥᠳᠡᠭᠡ ᠶᠢᠨ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢ ᠦᠷᠭᠦᠯᠵᠢᠯᠡᠨ ᠨᠡᠮᠡᠭᠳᠡᠭᠦᠯᠦᠨ᠎ᠡ᠃ ᠬᠤᠲᠠ ᠬᠥᠳᠡᠭᠡ ᠶᠢᠨ ᠣᠨᠴᠠᠭᠠᠢ ᠰᠤᠷᠭᠠᠨ ᠬᠥᠮᠥᠵᠢᠯ ᠤᠨ ᠰᠤᠷᠭᠠᠭᠤᠯᠢ ᠪᠣᠯᠣᠨ ᠠᠩᠭᠢ ᠳᠠᠭᠠᠵᠤ ᠰᠤᠷᠤᠯᠴᠠᠵᠤ ᠪᠠᠶᠢᠭ᠎ᠠ ᠵᠡᠮᠳᠡᠭ ᠰᠤᠷᠤᠭᠴᠢᠳ ᠲᠤ ᠵᠢᠯ ᠪᠦᠷᠢ ᠰᠤᠷᠤᠭᠴᠢ ᠨᠢᠭᠡᠪᠦᠷᠢ ᠳᠤ 6000 ᠲᠥᠭᠦᠷᠢᠭ ᠤᠨ ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠥᠭᠴᠦ᠂ ᠵᠡᠮᠳᠡᠭ ᠰᠤᠷᠤᠭᠴᠢᠳ ᠤᠨ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠡᠷᠬᠡ ᠶᠢ ᠤᠯᠠᠮ ᠨᠢᠭᠡ ᠠᠯᠬᠤᠮ ᠪᠠᠲᠤᠯᠠᠨ᠎ᠠ᠃      ᠬᠤᠶᠠᠷ ᠶᠠᠮᠤᠨ ᠠᠴᠠ ᠢᠯᠡᠷᠬᠡᠶᠢᠯᠡᠭᠰᠡᠨ ᠨᠢ᠂ ᠳᠠᠷᠠᠭᠠᠴᠢ ᠶᠢᠨ ᠠᠯᠬᠤᠮ ᠳᠤ ᠳᠠᠷᠤᠢ ᠲᠦᠷᠭᠡᠨ ᠠᠵᠢᠯ ᠢᠶᠠᠨ ᠪᠠᠶᠢᠷᠢᠰᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠢᠭᠡᠲᠦᠯᠲᠡᠢ ᠲᠥᠯᠥᠪᠯᠡᠵᠦ ᠵᠣᠬᠢᠴᠠᠭᠤᠯᠬᠤ ᠪᠠᠨ ᠴᠢᠩᠭᠠᠷᠠᠭᠤᠯᠤᠨ᠎ᠠ︔ ᠣᠷᠣᠨ ᠨᠤᠲᠤᠭ ᠤᠨ ᠮᠤᠵᠢ ᠶᠢᠨ ᠱᠠᠲᠤ ᠠᠴᠠ ᠨᠢᠭᠡᠲᠦᠯᠲᠡᠢ ᠲᠥᠯᠥᠪᠯᠡᠬᠦ ᠶᠢ ᠵᠢᠯᠣᠭᠤᠳᠬᠤ ᠪᠠ ᠱᠠᠭᠠᠷᠳᠠᠵᠤ᠂ ᠲᠥᠷᠥ ᠶᠢᠨ ᠪᠣᠳᠣᠯᠭ᠎ᠠ ᠪᠠ ᠪᠡᠯᠡ ᠮᠥᠩᠭᠦᠨ ᠤ ᠨᠠᠶᠢᠳᠠᠪᠤᠷᠢᠵᠢᠬᠤ ᠶᠢ ᠪᠠᠲᠤᠯᠠᠵᠤ᠂ ᠬᠢᠨᠠᠨ ᠪᠠᠶᠢᠴᠠᠭᠠᠯᠲᠠ ᠪᠠ ᠮᠡᠳᠡᠭᠡ ᠵᠠᠩᠭᠢ ᠶᠢᠨ ᠢᠯᠡ ᠪᠠᠶᠢᠬᠤ ᠶᠢ ᠴᠢᠩᠭᠠᠷᠠᠭᠤᠯᠤᠨ᠎ᠠ︔ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠵᠦ᠂ ᠴᠠᠭ ᠳᠠᠷᠤᠢ ᠳᠤᠨᠢ ᠬᠠᠮᠢᠶ᠎ᠠ ᠪᠦᠬᠦᠢ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠰᠤᠷᠭᠠᠨ ᠬᠥᠮᠥᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map