ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠲᠤᠰᠢᠶᠠᠯᠲᠠᠨ ᠤ ᠬᠢᠭᠰᠡᠨ ᠥᠪᠥᠷ ᠮᠣᠩᠭᠤᠯ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2015/12/30
     12 ᠳ᠋ᠤᠭᠠᠷ ᠰᠠᠷ᠎ᠠ ᠶᠢᠨ 3᠎ ᠤ ᠡᠳᠦᠷ ᠪᠠ 12 ᠳ᠋ᠤᠭᠠᠷ ᠰᠠᠷ᠎ᠠ ᠶᠢᠨ 7᠎ ᠤ ᠡᠳᠦᠷ ︽︿ᠥᠪᠥᠷ ᠮᠣᠩᠭᠤᠯ ᠤᠨ  ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ﹀᠎ ᠶᠢ ᠲᠣᠭᠲᠠᠭᠠᠬᠤ︾ ᠪᠠ ︽ᠥᠪᠥᠷ ᠮᠣᠩᠭᠤᠯ᠄ ᠠᠵᠢᠯ ᠮᠡᠷᠭᠡᠵᠢᠯ ᠤᠨ ᠣᠨ ᠤ ᠮᠥᠩᠭᠦ ᠶᠢ ᠨᠢᠭᠡᠴᠡ 8%᠎ ᠪᠠᠷ ᠲᠤᠰᠢᠶᠠᠵᠤ ᠬᠤᠪᠢ ᠬᠥᠮᠥᠨ 4%᠎ ᠪᠠᠷ ᠲᠤᠰᠢᠶᠠᠬᠤ ᠪᠣᠯᠣᠨ᠎ᠠ︾ ᠭᠡᠰᠡᠨ ᠢ ᠨᠡᠶᠢᠲᠡᠯᠡᠵᠦ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠲᠣᠲᠣᠷ᠎ᠠ ᠴᠢᠩᠭ᠎ᠠ ᠰᠦᠷᠬᠡᠢ ᠲᠤᠰᠬᠠᠯ ᠭᠠᠷᠪᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠡᠳᠡᠭᠡᠷ ᠠᠰᠠᠭᠤᠳᠠᠯ ᠳᠤ ᠬᠠᠨᠳᠤᠭᠤᠯᠤᠨ᠂ 12 ᠰᠠᠷ᠎ᠠ ᠶᠢᠨ 18᠎ ᠤ ᠡᠳᠦᠷ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠰᠣᠨᠢᠨ ᠮᠡᠳᠡᠭᠡ ᠵᠠᠭᠤᠴᠢᠯᠠᠭᠤᠷ ᠤᠨ ᠪᠠᠶᠢᠳᠠᠯ ᠢᠶᠠᠨ ᠮᠡᠳᠡᠯᠴᠡᠬᠦ ᠬᠤᠷᠠᠯ ᠬᠤᠷᠠᠯᠳᠤᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠰᠣᠨᠢᠨ ᠮᠡᠳᠡᠭᠡ ᠵᠠᠭᠤᠴᠢᠯᠠᠭᠤᠷ ᠲᠤ ᠲᠠᠨᠢᠯᠴᠠᠭᠤᠯᠵᠤ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠠᠩᠬᠠᠷᠴᠤ ᠪᠠᠶᠢᠭ᠎ᠠ ᠠᠰᠠᠭᠤᠯᠲᠠ ᠶᠢ ᠬᠠᠷᠢᠭᠤᠯᠪᠠ᠃      ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢ ᠵᠡᠷᠭᠡᠪᠡᠷ ᠥᠭᠡᠷᠡᠴᠢᠯᠡᠨ᠎ᠡ      12 ᠳ᠋ᠤᠭᠠᠷ ᠰᠠᠷ᠎ᠠ ᠶᠢᠨ 16᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠳ᠋ᠢᠶᠠᠩᠬᠤᠸᠠ ᠲᠧᠯᠸᠢᠰ ᠬᠤᠷᠠᠯ ᠬᠤᠷᠠᠯᠳᠤᠭᠤᠯᠵᠤ᠂ ᠥᠭᠡᠷᠡᠴᠢᠯᠡᠬᠦ ᠡᠭᠦᠷᠭᠡ ᠳᠤ ᠲᠤᠰᠬᠠᠢ ᠰᠡᠳᠦᠪ ᠤᠨ ᠪᠠᠶᠢᠷᠢᠯᠠᠭᠤᠯᠤᠯᠲᠠ ᠬᠢᠪᠡ᠃ ᠪᠦᠬᠦ ᠵᠠᠭᠤᠴᠢᠯᠠᠭᠤᠷ ᠤᠨ ᠰᠤᠷᠪᠤᠯᠵᠢᠯᠠᠭᠴᠢᠳ ᠤᠨ ᠣᠶᠢᠯᠭᠠᠭᠰᠠᠨ ᠢᠶᠠᠷ᠂ ᠲᠣᠰ ᠤᠳᠠᠭᠠᠨ ᠤ ᠥᠭᠡᠷᠡᠴᠢᠯᠡᠯᠲᠡ ᠨᠢ ᠨᠡᠶᠢᠭᠡᠮ ᠤᠨ ᠪᠤᠰᠤᠳ ᠬᠦᠮᠦᠰ ᠤᠨ ᠠᠰᠢᠭ ᠲᠤᠰᠠ ᠶᠢ ᠬᠥᠨᠳᠡᠵᠦ᠂ ᠬᠤᠯᠪᠣᠭᠳᠠᠬᠤ ᠬᠦᠷᠢᠶ᠎ᠡ ᠬᠡᠪᠴᠢᠶ᠎ᠡ ᠨᠢ ᠥᠷᠭᠡᠨ᠂ ᠨᠡᠶᠢᠭᠡᠮ ᠤᠨ ᠠᠩᠬᠠᠷᠤᠯ ᠢ ᠶᠡᠬᠡᠪᠡᠷ ᠲᠠᠲᠠᠵᠤ᠂ ᠥᠪᠥᠷ ᠮᠣᠩᠭᠤᠯ ᠤᠨ140 ᠲᠦᠮᠡ ᠭᠠᠷᠤᠢ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠬᠥᠮᠥᠰ ᠤᠨ ᠰᠡᠳᠬᠢᠯ ᠲᠠᠯᠪᠢᠵᠤ ᠪᠠᠶᠢᠭ᠎ᠠ ᠵᠦᠢᠯ ᠢ ᠬᠡᠷᠬᠢᠨ ᠥᠭᠡᠷᠡᠴᠢᠯᠡᠬᠦ ᠠᠰᠠᠭᠤᠳᠠᠯ ᠪᠣᠯᠣᠭᠰᠠᠨ ᠪᠠᠶᠢᠨ᠎ᠠ᠃ 11 ᠳ᠋ᠦ᠋ᠭᠡᠷ ᠰᠠᠷ᠎ᠠ ᠶᠢᠨ 17᠎ ᠤ ᠡᠳᠦᠷ᠂ ︽ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠠᠵᠢᠯ ᠦᠢᠯᠡᠰ ᠤᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ︾᠎ ᠶᠢ ᠵᠢᠩᠬᠢᠨᠢ ᠪᠠᠷ ᠨᠡᠶᠢᠲᠡᠯᠡᠪᠡ᠃     ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠡᠶᠢᠭᠡᠮ ᠤᠨ ᠪᠠᠲᠤᠯᠠᠭ᠎ᠠ ᠶᠢᠨ ᠭᠠᠵᠠᠷ ᠤᠨ ᠳᠠᠷᠤᠭ᠎ᠠ ᠹᠧᠩ ᠶᠢᠦ ᠺᠤᠸᠠᠨ ᠢᠯᠡᠳᠬᠡᠭᠰᠡᠨ ᠨᠢ᠂ ᠥᠪᠥᠷ ᠮᠣᠩᠭᠤᠯ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠭᠡᠷᠡᠴᠢᠯᠡᠯᠲᠡ ᠶᠢ 2014 ᠣᠨ ᠳᠤ ᠳᠠᠷᠤᠢ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠵᠦ᠂ ᠪᠦᠬᠦ ᠣᠷᠣᠨ ᠤ ᠬᠡᠪᠴᠢᠶᠡᠨ ᠳᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠵᠢᠴᠢ ᠠᠵᠢᠯ ᠠᠴᠠ ᠪᠠᠨ ᠠᠮᠠᠷᠠᠭᠰᠠᠨ ᠬᠥᠮᠥᠰ ᠤᠨ ᠦᠨᠳᠦᠰᠦᠨ ᠮᠡᠳᠡᠭᠡ ᠵᠠᠩᠭᠢ ᠶᠢ ᠠᠪᠴᠤ᠂ ᠪᠤᠢ ᠪᠦᠬᠦᠢ ᠮᠡᠳᠡᠭᠡ ᠵᠠᠩᠭᠢ ᠪᠠᠷ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠳᠤ ᠵᠢᠱᠢᠨ ᠪᠣᠳᠣᠯᠲᠠ ᠬᠢᠭᠰᠡᠨ ᠪᠠᠶᠢᠨ᠎ᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠬᠤᠯᠪᠣᠭᠳᠠᠭᠰᠠᠨ ᠪᠣᠳᠠᠲᠠᠢ ᠠᠰᠠᠭᠤᠳᠠᠯ ᠳᠤ ᠬᠦᠴᠦᠨ ᠢᠶᠠᠨ ᠵᠣᠬᠢᠶᠠᠨ ᠪᠠᠶᠢᠭᠤᠯᠤᠨ ᠠᠩᠬᠠᠨ ᠤ ᠰᠤᠳᠤᠯᠤᠯᠲᠠ ᠬᠢᠪᠡ᠃ ᠲᠤᠰ ᠤᠳᠠᠭᠠᠨ ᠤ ᠥᠪᠥᠷ ᠮᠣᠩᠭᠤᠯ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠭᠡᠷᠡᠴᠢᠯᠡᠯᠲᠡ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠠᠵᠢᠯ ᠠᠴᠠ ᠪᠠᠨ ᠠᠮᠠᠷᠠᠬᠤ ᠳᠦᠷᠢᠮ ᠳᠤ ᠥᠭᠡᠷᠡᠴᠢᠯᠡᠯᠲᠡ ᠬᠢᠵᠦ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠪᠡᠶ᠎ᠡ ᠪᠠᠨ ᠳᠠᠭᠠᠭᠠᠬᠤ ᠠᠴᠠ ᠭᠠᠳᠠᠨ᠎ᠠ ᠪᠠᠰᠠ᠂ ᠪᠡᠯᠡ ᠮᠥᠩᠭᠦᠨ ᠤ ᠢᠷᠡᠯᠲᠡ ᠨᠢ ᠤᠯᠠᠨ᠂ ᠪᠠᠲᠤᠯᠠᠬᠤ ᠠᠷᠭ᠎ᠠ ᠬᠡᠯᠪᠡᠷᠢ ᠨᠢ ᠤᠯᠠᠨ᠂ ᠬᠠᠮᠢᠶᠠᠷᠤᠯᠲᠠ ᠨᠢ ᠨᠡᠶᠢᠭᠡᠮᠵᠢᠭᠰᠡᠨ ᠦᠢᠯᠡᠴᠢᠯᠡᠭᠡ ᠎ ᠲᠠᠢ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ ᠠᠭᠠᠵᠢᠮ ᠢᠶᠠᠷ ᠪᠠᠶᠢᠭᠤᠯᠬᠤ ᠪᠣᠯᠣᠨ᠎ᠠ᠃      ᠲᠣᠰ ᠣᠳᠠᠭᠠᠨ ᠤ ᠥᠭᠡᠷᠡᠴᠢᠯᠡᠯᠲᠡ ᠶᠢᠨ ᠰᠡᠳᠬᠢᠴᠡ ᠳᠤ ᠶᠠᠭᠤ ᠶᠠᠭᠤ ᠶᠢ ᠵᠢᠷᠤᠮᠯᠠᠨ ᠮᠥᠷᠳᠡᠭᠰᠡᠨ ᠪᠣᠢ︖ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠰᠤᠵᠢᠯ ᠤᠨ ᠠᠰᠠᠷᠠᠮᠵᠢ ᠶᠢᠨ ᠭᠠᠵᠠᠷ ᠤᠨ ᠳᠡᠳ᠋ ᠲᠣᠭᠤᠷᠢᠨ ᠪᠠᠶᠢᠴᠠᠭᠠᠭᠴᠢ ᠶᠤᠤ ᠰᠢᠶᠤᠤ ᠳ᠋ᠦᠩ ᠢᠯᠡᠳᠬᠡᠭᠰᠡᠨ ᠨᠢ᠂ ᠲᠤᠰ ᠤᠳᠠᠭᠠᠨ ᠤ ᠥᠪᠥᠷ ᠮᠣᠩᠭᠤᠯ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠭᠡᠷᠡᠴᠢᠯᠡᠯᠲᠡ ᠶᠢᠨ ᠦᠨᠳᠦᠰᠦᠨ ᠰᠡᠳᠬᠢᠴᠡ ᠪᠣᠯ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠪᠠ ᠠᠵᠤ ᠠᠬᠤᠶᠢᠯᠠᠯ ᠵᠡᠷᠭᠡ ᠬᠤᠲᠠ ᠪᠠᠯᠭᠠᠰᠤ ᠶᠢᠨ ᠠᠵᠢᠯᠯᠠᠵᠤ ᠪᠠᠶᠢᠭ᠎ᠠ ᠬᠥᠮᠥᠰ ᠲᠤ ᠨᠡᠶᠢᠭᠡᠮ ᠠᠴᠠ ᠨᠢᠭᠡᠳᠦᠯᠲᠡᠢ ᠲᠥᠯᠥᠪᠯᠡᠬᠦ ᠪᠠ ᠬᠤᠪᠢ ᠬᠥᠮᠥᠨ ᠤ ᠳᠠᠩᠰᠠ ᠡᠷᠦᠬᠡ ᠶᠢ ᠤᠶᠠᠯᠳᠤᠭᠤᠯᠤᠭᠰᠠᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠨᠢᠭᠡᠳᠦᠯᠲᠡᠢ ᠬᠡᠷᠡᠭᠵᠢᠭᠦᠯᠵᠦ᠂ ᠨᠢᠭᠡᠴᠡ ᠪᠠ ᠬᠤᠪᠢ ᠬᠥᠮᠥᠨ ᠰᠦᠢᠳᠬᠡᠯ ᠲᠤᠰᠢᠶᠠᠬᠤ ᠶᠢ ᠬᠡᠷᠡᠭᠵᠢᠭᠦᠯᠵᠦ᠂ ᠢᠯᠡᠭᠦᠦ ᠲᠤᠰᠢᠶᠠᠪᠠᠯ ᠢᠯᠡᠭᠦᠦ ᠣᠯᠬᠤ ᠵᠠᠷᠴᠢᠮ ᠢᠶᠠᠷ ᠠᠵᠢᠯ ᠠᠴᠠ ᠪᠠᠨ ᠠᠮᠠᠷᠠᠭᠰᠠᠨ ᠰᠦᠢᠳᠬᠡᠯ ᠢ ᠪᠣᠳᠣᠬᠤ ᠠᠷᠭ᠎ᠠ ᠶᠢ ᠥᠭᠡᠷᠡᠴᠢᠯᠡᠨ᠎ᠡ᠃ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢ ᠵᠡᠷᠭᠡᠪᠡᠷ ᠥᠭᠡᠷᠡᠴᠢᠯᠡᠵᠦ᠂ ᠭᠠᠭᠴᠠ ᠬᠦ ᠠᠵᠢᠯ ᠦᠢᠯᠡᠰ ᠤᠨ ᠨᠢᠭᠡᠴᠡ ᠶᠢ ᠥᠭᠡᠷᠡᠴᠢᠯᠡᠬᠦ ᠠᠴᠠ ᠪᠣᠯᠵᠤ ᠡᠭᠦᠰᠬᠦ ᠠᠳᠠᠯᠢᠳᠬᠠᠯ ᠠᠴᠠ ᠵᠠᠶᠢᠯᠠᠰᠬᠢᠨ᠎ᠠ᠃ ᠠᠵᠢᠯ ᠮᠡᠷᠭᠡᠵᠢᠯ ᠤᠨ ᠣᠨ ᠤ ᠮᠥᠩᠭᠦ ᠪᠣᠯᠣᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠵᠡᠷᠭᠡᠪᠡᠷ ᠪᠠᠶᠢᠭᠤᠯᠵᠤ᠂ ᠡᠯ᠎ᠡ ᠳᠠᠪᠬᠤᠷᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠯᠳᠦᠭᠦᠯᠵᠦ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠪᠦᠲᠦᠴᠡ ᠶᠢ ᠰᠢᠯᠢᠳᠡᠭᠵᠢᠭᠦᠯᠬᠦ ᠶᠢᠨ ᠬᠠᠮᠲᠤ ᠬᠠᠷᠠᠭᠠᠯᠵᠠᠯ ᠤᠨ ᠬᠢᠷᠢ ᠲᠦᠪᠰᠢᠨ ᠶᠡᠷᠦᠩᠬᠡᠢ ᠳᠡᠭᠡᠨ ᠳᠣᠷᠣᠭᠰᠢᠯᠠᠬᠤ ᠦᠭᠡᠢ ᠪᠠᠶᠢᠬᠤ ᠶᠢ ᠪᠠᠷᠢᠮᠲᠠᠯᠠᠪᠠ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠪᠠ ᠴᠠᠯᠢᠩ ᠤᠨ ᠳᠦᠷᠢᠮ ᠢ ᠬᠠᠮᠲᠤᠪᠠᠷ ᠲᠡᠭᠦᠯᠳᠡᠷᠵᠢᠭᠦᠯᠵᠦ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠤᠨ ᠬᠠᠷᠠᠭᠠᠯᠵᠠᠯ ᠢ ᠪᠣᠳᠣᠵᠤ ᠥᠭᠬᠦ ᠠᠷᠭ᠎ᠠ ᠳᠤ ᠢᠯᠡᠭᠦᠦ ᠲᠤᠰᠢᠶᠠᠪᠠᠯ ᠢᠯᠡᠭᠦᠦ ᠣᠯᠬᠤ᠂ ᠤᠷᠲᠤ ᠬᠤᠭᠤᠴᠠᠭ᠎ᠠ ᠪᠠᠷ ᠲᠤᠰᠢᠶᠠᠪᠠᠯ ᠢᠯᠡᠭᠦᠦ ᠣᠯᠬᠤ ᠠᠷᠭ᠎ᠠ ᠶᠢ ᠲᠣᠪᠣᠶᠢᠮ᠎ᠠ ᠢᠯᠡᠷᠡᠭᠦᠯᠦᠨ᠎ᠡ᠂ ᠬᠤᠶᠢᠰᠢᠲᠠ ᠬᠠᠷᠠᠭᠠᠯᠵᠠᠯ ᠢ ᠲᠣᠬᠢᠷᠠᠭᠤᠯᠬᠤ ᠳᠠᠭᠠᠨ ᠠᠳᠠᠯᠢ ᠳᠡᠰ ᠤᠨ ᠠᠵᠢᠯᠲᠠᠳ ᠠᠵᠢᠯᠴᠢᠨ ᠤ ᠴᠠᠯᠢᠩ ᠤᠨ ᠥᠰᠥᠯᠲᠡ ᠲᠠᠢ ᠰᠢᠭᠤᠳ ᠬᠤᠯᠪᠣᠭᠠᠯᠠᠬᠤ ᠪᠢᠰᠢ ᠬᠠᠷᠢᠨ ᠠᠵᠤ ᠠᠬᠤᠢ ᠶᠢᠨ ᠬᠥᠭᠵᠢᠯᠲᠡ᠂ ᠡᠳ᠋ ᠪᠠᠷᠠᠭᠠᠠ ᠤ ᠦᠨ᠎ᠡ ᠶᠢᠨ ᠬᠢᠷᠢ ᠲᠦᠪᠰᠢᠨ᠂ ᠴᠠᠯᠢᠩ ᠤᠨ ᠦᠰᠦᠯᠲᠡ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠳᠠᠬᠢᠨ ᠬᠤᠪᠢᠶᠠᠷᠢᠯᠠᠬᠤ ᠳᠤ ᠨᠡᠩ ᠡᠷᠬᠡ ᠲᠡᠭᠰᠢ ᠪᠠᠶᠢᠬᠤ ᠵᠠᠷᠴᠢᠮ ᠢ ᠢᠯᠡᠷᠡᠭᠦᠯᠬᠦ ᠪᠣᠯᠣᠨ᠎ᠠ᠃ ᠥᠭᠡᠷᠡᠴᠢᠯᠡᠯᠲᠡ ᠶᠢ ᠪᠦᠬᠦ ᠤᠯᠤᠰ ᠤᠨ ᠬᠡᠪᠴᠢᠶᠡᠨ ᠳᠤ ᠵᠡᠷᠭᠡᠪᠡᠷ ᠬᠡᠷᠡᠭᠵᠢᠭᠦᠯᠵᠦ᠂ ᠬᠡᠰᠡᠭ ᠭᠠᠵᠠᠷ ᠤᠨ ᠲᠤᠷᠰᠢᠯᠲᠠ ᠶᠢᠨ ᠴᠢᠭ᠋ ᠭᠠᠷᠭᠠᠬᠤ ᠦᠭᠡᠢ᠂ ᠭᠠᠵᠠᠷ ᠣᠷᠣᠨ ᠤ ᠬᠤᠭᠤᠷᠣᠨᠳᠤ ᠬᠤᠶᠢᠨ᠎ᠠ ᠡᠮᠦᠨ᠎ᠡ ᠥᠭᠡᠷᠡᠴᠢᠯᠡᠬᠦ ᠠᠴᠠ ᠪᠣᠯᠵᠤ ᠵᠥᠷᠢᠴᠡᠯ ᠭᠠᠷᠬᠤ ᠠᠴᠠ ᠵᠠᠶᠢᠯᠠᠰᠬᠢᠨ᠎ᠠ᠃ᠥᠭᠡᠷᠡᠴᠢᠯᠡᠯᠲᠡ ᠠᠴᠠ ᠬᠤᠶᠢᠰᠢ ᠤᠷᠤᠯᠠᠨ ᠰᠠᠭᠤᠯᠭᠠᠵᠤ ᠣᠷᠣᠯᠠᠨ ᠲᠤᠰᠢᠶᠠᠬᠤ ᠨᠠᠰᠤᠵᠢᠯ ᠤᠨ ᠳᠠᠭᠠᠳᠬᠠᠯ ᠤᠨ ᠰᠦᠢᠳᠬᠡᠯ 300 ᠭᠠᠷᠤᠢ ᠲᠥᠭᠦᠷᠢᠭ ᠪᠤᠯᠤᠨ᠎ᠠ      ᠨᠠᠰᠤᠵᠢᠯ ᠤᠨ ᠳᠠᠭᠠᠳᠬᠠᠯ ᠤᠨ ᠠᠵᠢᠯ ᠢ ᠤᠳᠠᠭᠠᠨ ᠵᠢᠯ ᠬᠢᠭᠰᠡᠨ ᠹᠧᠩ ᠶᠢᠤ ᠺᠤᠸᠠᠨ ᠤ ᠦᠵᠡᠬᠦ ᠪᠠᠷ᠂ ᠲᠤᠰ ᠤᠳᠠᠭᠠᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠳᠠᠷᠠᠭᠠᠬᠢ ᠪᠦᠳᠦᠭᠦᠪᠴᠢ ᠪᠦᠲᠦᠴᠡ᠂ ᠠᠵᠤ ᠠᠬᠤᠶᠢᠯᠠᠯ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠨᠠᠰᠤᠵᠢᠯ ᠤᠨ ᠳᠠᠭᠠᠳᠬᠠᠯ ᠤᠨ ᠳᠦᠷᠢᠮ ᠲᠠᠢ ᠠᠳᠠᠯᠢ ᠪᠠᠶᠢᠵᠤ᠂ ᠲᠤᠰᠢᠶᠠᠬᠤ ᠰᠦᠢᠳᠬᠡᠯ ᠤᠨ ᠨᠤᠷᠮ᠎ᠠ᠂ ᠪᠤᠳᠤᠵᠤ ᠥᠭᠬᠦ ᠠᠷᠭ᠎ᠠ᠂ ᠰᠢᠯᠵᠢᠭᠦᠯᠵᠦ ᠵᠠᠯᠭᠠᠯᠳᠤᠭᠤᠯᠬᠤ ᠠᠷᠭ᠎ᠠ ᠵᠡᠷᠭᠡ ᠨᠢ᠂ ᠴᠥᠮ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪ ᠵᠠᠭᠪᠤᠷ ᠢ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠡᠢ᠃       ᠲᠣᠭᠲᠠᠭᠠᠯ ᠶᠣᠰᠣᠭᠠᠷ᠂ ᠠᠵᠢᠯᠲᠠᠨ ᠠᠵᠢᠯᠴᠢᠨ ᠲᠤᠰ ᠬᠥᠮᠦᠨ ᠤ ᠰᠦᠢᠳᠬᠡᠯ ᠲᠤᠰᠢᠶᠠᠬᠤ ᠰᠠᠭᠤᠷᠢ ᠲᠣᠭᠠᠨ ᠤ 8%᠎ ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠵᠤ᠂ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠤ ᠪᠤᠳᠤᠵᠤ ᠤᠷᠤᠭᠤᠯᠤᠨ᠎ᠠ︔ ᠨᠢᠭᠡᠴᠡ ᠨᠢ ᠨᠢᠭᠡᠴᠡ ᠶᠢᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠤᠰᠤᠭᠠᠷ 20%᠎ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ᠂ ᠨᠢᠭᠡᠳᠦᠯᠲᠡᠶ ᠲᠥᠯᠥᠪᠯᠡᠬᠦ ᠰᠠᠭᠤᠷᠢ ᠮᠦᠩᠭᠦ ᠳᠤ ᠪᠤᠳᠤᠵᠤ ᠤᠷᠤᠭᠤᠯᠤᠨ᠎ᠠ᠃ ᠡᠭᠦᠨ ᠠᠴᠠ ᠭᠠᠳᠠᠨ᠎ᠠ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠲᠦᠷᠢᠮ ᠢ ᠦᠭᠡᠷᠴᠢᠯᠡᠬᠦ ᠎ ᠶᠢᠨ ᠬᠠᠮᠲᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠨᠢ ᠥᠭᠡᠷᠡᠴᠢᠯᠡᠯᠲᠡ ᠬᠢᠬᠦ ᠬᠡᠪᠴᠢᠶᠡᠨ ᠳᠣᠲᠣᠷᠠᠬᠢ ᠬᠦᠮᠦᠰ ᠲᠤ ᠠᠵᠢᠯ ᠮᠡᠷᠭᠡᠵᠢᠯ ᠤᠨ ᠤᠨ ᠤ ᠮᠥᠩᠭᠦ ᠪᠠᠶᠢᠭᠤᠯᠤᠨ ᠦᠭᠴᠦ᠂ ᠪᠡᠯᠡ ᠮᠥᠩᠭᠦᠨ ᠤ ᠢᠷᠡᠯᠲᠡ ᠶᠢ ᠬᠤᠶᠠᠷ ᠬᠡᠰᠡᠭ ᠢᠶᠠᠷ ᠪᠦᠷᠢᠯᠳᠦᠭᠦᠯᠵᠦ᠂ ᠨᠢᠭᠡᠴᠡ ᠨᠢ ᠴᠠᠯᠢᠩ ᠤᠨ ᠪᠦᠬᠦ ᠲᠣᠭᠠᠨ ᠤ 8%᠎ ᠪᠠᠷ ᠰᠦᠢᠳᠬᠡᠯ ᠲᠤᠰᠢᠶᠠᠵᠤ᠂ ᠬᠤᠪᠢ ᠬᠥᠮᠦᠨ ᠴᠠᠯᠢᠩ ᠤᠨ ᠢᠶᠠᠨ 4%᠎ ᠪᠠᠷ ᠰᠦᠢᠳᠬᠡᠯ ᠲᠤᠰᠢᠶᠠᠨ᠎ᠠ᠃ ᠡᠭᠦᠨ ᠤ ᠲᠤᠬᠠᠶ᠂ ᠹᠧᠩ ᠶᠢᠤ ᠺᠤᠸᠠᠨ ᠢᠯᠡᠳᠬᠡᠭᠰᠡᠨ ᠨᠢ᠂ ᠨᠢᠳᠤᠨᠤᠨ ᠪᠥᠬᠦ ᠣᠷᠣᠨ ᠤ ᠠᠵᠢᠯ ᠤᠨ ᠪᠠᠶᠢᠷᠢ ᠲᠤ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠤᠨ ᠬᠢᠷᠢ ᠬᠡᠮᠵᠢᠶ᠎ᠡ 4538 ᠲᠥᠭᠦᠷᠢᠭ ︵ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ ᠬᠡᠮᠵᠢᠶ᠎ᠡ ᠪᠠᠭ᠋ᠠᠨ ᠥᠨᠳᠥᠷ︶᠎ ᠪᠠᠷ ᠵᠢᠱᠢᠶ᠎ᠡ ᠪᠣᠯᠭᠠᠵᠤ᠂ ᠠᠵᠢᠯᠲᠠᠨ ᠠᠵᠢᠯᠴᠢᠨ ᠲᠤᠰ ᠬᠥᠮᠦᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠠᠵᠢᠯ ᠮᠡᠷᠭᠡᠵᠢᠯ ᠤᠨ ᠤᠨ ᠤ ᠮᠥᠩᠭᠦ ᠶᠢᠨ ᠰᠦᠢᠳᠬᠡᠯ ᠲᠤᠰᠢᠶᠠᠬᠤ ᠬᠠᠷᠢᠴᠠᠯ ᠶᠣᠰᠣᠭᠠᠷ ᠲᠤᠰ ᠲᠤᠰ ᠲᠤᠨᠢ ᠪᠤᠳᠤᠵᠤ᠂ ᠨᠢᠭᠡᠴᠡ ᠨᠢ ᠰᠠᠷ᠎ᠠ ᠪᠦᠷᠢ ᠠᠵᠢᠯᠲᠠᠨ ᠠᠵᠢᠯᠴᠢᠨ ᠤ ᠴᠠᠯᠢᠩ ᠠᠴᠠ ᠣᠷᠣᠯᠠᠨ ᠰᠠᠭᠤᠯᠭᠠᠨ ᠣᠷᠣᠯᠠᠨ ᠲᠤᠰᠢᠶᠠᠬᠤ ᠨᠠᠰᠤᠵᠢᠯ ᠤᠨ ᠳᠠᠭᠠᠳᠬᠠᠯ ᠤᠨ ᠰᠦᠢᠳᠬᠡᠯ ᠪᠠ ᠠᠵᠢᠯ ᠮᠡᠷᠭᠡᠵᠢᠯ ᠤᠨ ᠤᠨ ᠤ ᠮᠥᠩᠭᠦ ᠨᠢ ᠲᠤᠰ ᠪᠦᠷᠢ 363.04 ᠲᠥᠭᠦᠷᠢᠭ ᠪᠠ 181.52 ᠲᠥᠭᠦᠷᠢᠭ ᠪᠣᠯᠤᠨ᠎ᠠ ᠭᠡᠪᠡ᠃      ᠴᠥᠭᠡᠨ ᠪᠤᠰᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠦᠰᠦᠭᠰᠡᠨ ᠤ ᠳᠠᠷᠠᠭᠠᠬᠢ᠂ ᠭᠠᠷ ᠲᠤ  ᠤᠷᠤᠬᠤ ᠴᠠᠯᠢᠩ ᠨᠢ ᠪᠣᠳᠠᠲᠠᠶ ᠲᠤᠭ᠎ᠠ ᠪᠢᠰᠢ ᠪᠠᠶᠢᠳᠠᠭ᠂ ᠡᠨᠡ ᠨᠢ ᠴᠦ ᠮᠠᠰᠢ ᠤᠯᠠᠨ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠢ ᠬᠠᠮᠤᠭ ᠤᠨ ᠶᠡᠭᠡ ᠰᠡᠵᠢᠭ ᠪᠠᠷ ᠲᠦᠭᠡᠷᠡᠭᠳᠡᠭᠦᠯᠳᠡᠭ᠃ ᠹᠧᠩ ᠶᠢᠤ ᠺᠤᠸᠠᠨ ᠵᠢᠱᠢᠶᠡᠯᠡᠭᠰᠡᠨ ᠨᠢ᠂ ᠬᠡᠷᠪᠡ ᠰᠠᠷ᠎ᠠ ᠪᠦᠷᠢ ᠶᠢᠨ ᠴᠠᠯᠢᠩ ᠨᠢ 900 ᠲᠥᠭᠦᠷᠢᠭ ᠦᠰᠪᠡᠯ᠂ ᠪᠣᠳᠠᠲᠠᠶ ᠤᠯᠬᠤ ᠨᠢ 300 ᠲᠥᠭᠦᠷᠢᠭ᠂ ᠲᠡᠭᠡᠪᠡᠯ ᠰᠠᠭᠤᠯᠭᠠᠨ ᠠᠪᠤᠭᠰᠠᠨ 600 ᠲᠥᠭᠦᠷᠢᠭ ᠨᠢ ᠳᠠᠷᠤᠶ ᠴᠢᠨᠤ ᠲᠤᠰᠢᠶᠠᠬᠤ ᠶᠤᠰᠤᠲᠠᠢ ᠨᠠᠰᠤᠵᠢᠯ ᠤᠨ ᠳᠠᠭᠠᠳᠬᠠᠯ ᠤᠨ ᠰᠦᠢᠳᠬᠡᠯ ᠪᠤᠯᠤᠨ᠎ᠠ᠃ ᠬᠡᠳᠦᠢ ᠶᠡᠭᠡ ᠰᠦᠢᠳᠬᠡᠯ ᠲᠤᠰᠢᠶᠠᠪᠠᠯ ᠬᠠᠷᠠᠭᠠᠯᠵᠠᠯ ᠤᠨ ᠬᠢᠷᠢ ᠬᠡᠮᠵᠢᠶ᠎ᠡ ᠨᠢ ᠴᠤ ᠲᠡᠳᠦᠢ ᠶᠡᠭᠡ ᠶᠤᠮ      2014 ᠤᠨ ᠤ10 ᠳ᠋ᠦ᠋ᠭᠡᠷ ᠰᠠᠷ᠎ᠠ ᠶᠢᠨ1᠎ ᠤ ᠡᠳᠦᠷ ᠢᠶᠠᠷ ᠵᠠᠭᠠᠭ ᠪᠤᠯᠭᠠᠪᠠᠯ᠂ ᠡᠨᠡ ᠡᠳᠦᠷ ᠤᠨ ᠡᠮᠦᠨ᠎ᠡ ᠨᠠᠰᠤᠨ ᠤ ᠠᠮᠠᠷᠠᠯᠲᠠ ᠠᠪᠤᠭᠰᠠᠨ ᠢ ︽ᠠᠬᠠᠮᠠᠳ ᠬᠦᠮᠦᠨ︾᠎ ᠢᠶᠠᠷ ᠦᠵᠡᠵᠦ᠂ ᠡᠨᠡ ᠡᠳᠦᠷ ᠠᠴᠠ ᠬᠤᠶᠢᠰᠢ ᠠᠵᠢᠯ ᠎ ᠳᠤ ᠤᠷᠤᠭᠰᠠᠨ ᠢ ᠨᠢ ︽ᠰᠢᠨ᠎ᠡ ᠬᠦᠮᠦᠨ︾᠎ ᠢᠶᠠᠷ ᠦᠵᠡᠨ᠎ᠡ᠂ ᠡᠨᠡ ᠡᠳᠦᠷ ᠤᠨ ᠡᠮᠦᠨ᠎ᠡ ᠠᠵᠢᠯ ᠳᠤ ᠤᠷᠤᠵᠤ ᠡᠨᠡ ᠡᠳᠦᠷ ᠤᠨ ᠲᠠᠷᠠᠭ᠎ᠠ ᠨᠠᠰᠤᠨ ᠤ ᠠᠮᠠᠷᠠᠯᠲᠠ ᠠᠪᠤᠭᠰᠠᠳ ᠢ ︽ᠳᠤᠮᠳᠠ ᠨᠠᠰᠤᠨ ᠤ ᠬᠥᠮᠦᠨ︾᠎ ᠢᠶᠠᠷ ᠦᠵᠡᠨ᠎ᠡ᠃ ᠤᠯᠤᠰ ᠠᠴᠠ ᠲᠣᠭᠲᠠᠭᠠᠭᠰᠠᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠳᠠᠷᠠᠭ᠎ᠠ ︽ᠠᠬᠠᠮᠳ ᠬᠦᠮᠦᠨ ᠳᠤ ᠬᠠᠭᠤᠴᠢᠨ ᠠᠷᠭ᠎ᠠ᠂ ᠰᠢᠨ᠎ᠡ ᠬᠥᠮᠦᠨ ᠳᠤ ᠰᠢᠨ᠎ᠡ ᠲᠦᠷᠢᠮ᠂ ᠳᠤᠮᠳᠠ ᠨᠠᠰᠤᠨ ᠤ ᠬᠥᠮᠦᠰ ᠢ ᠢᠳᠡᠭ ᠢᠳᠡᠭ ᠢᠶᠠᠷ ᠰᠢᠯᠵᠢᠭᠦᠯᠬᠦ︾ ᠠᠷᠭ᠎ᠠ ᠶᠢ ᠬᠡᠷᠡᠭᠵᠢᠭᠦᠯᠦᠨ᠎ᠡ᠃      ᠶᠣᠣ ᠰᠢᠶᠣᠣ ᠳ᠋ᠦᠩ ᠲᠠᠨᠢᠯᠴᠠᠭᠤᠯᠤᠭᠰᠠᠨ ᠨᠢ᠂ ᠥᠭᠡᠷᠡᠴᠢᠯᠡᠯᠲᠡ ᠠᠴᠠ ᠡᠮᠦᠨ᠎ᠡ ︵2014 ᠤᠨ ᠤ10 ᠳ᠋ᠦ᠋ᠭᠡᠷ ᠰᠠᠷ᠎ᠠ ᠶᠢᠨ1᠎ ᠤ ᠡᠳᠦᠷ︶ ᠨᠢᠭᠡᠨᠲᠡ ᠨᠠᠰᠤᠨ ᠤ ᠠᠮᠠᠷᠠᠯᠲᠠ ᠠᠪᠤᠭᠰᠠᠨ ︽ᠠᠬᠠᠮᠠᠳ ᠬᠦᠮᠦᠨ︾᠎ ᠤ ᠤᠤᠯ ᠤᠨ ᠬᠠᠷᠠᠭᠠᠯᠵᠠᠯ ᠢ ᠨᠢ ᠬᠤᠪᠢᠷᠠᠭᠤᠯᠬᠤ ᠦᠭᠡᠢ ᠪᠥᠭᠡᠳ ᠬᠤᠶᠢᠰᠢᠳᠠ ᠶᠢᠨ ᠬᠠᠷᠠᠭᠠᠯᠵᠠᠯ ᠤᠨ ᠲᠤᠬᠢᠷᠠᠭᠤᠯᠭ᠎ᠠ ᠳᠤ ᠤᠷᠤᠯᠴᠠᠨ᠎ᠠ︔ ᠥᠭᠡᠷᠡᠴᠢᠯᠡᠯᠲᠡ ᠶᠢᠨ ᠳᠠᠷᠠᠭᠠᠪᠠᠷ ᠠᠵᠢᠯ ᠳᠤ ᠤᠷᠤᠭᠰᠠᠨ ︽ᠰᠢᠨ᠎ᠡ ᠬᠥᠮᠦᠨ︾᠎ ᠤ ᠨᠠᠰᠤᠨ ᠤ ᠠᠮᠠᠷᠠᠯᠲᠠ ᠠᠪᠤᠭᠰᠠᠨ ᠤ ᠳᠠᠷᠠᠭᠠᠬᠢ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠨᠢ ᠳᠠᠷᠤᠢ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠪᠠ ᠬᠤᠪᠢ ᠬᠥᠮᠦᠨ ᠤ ᠳᠠᠩᠰᠠᠨ ᠡᠷᠦᠬᠡ ᠳᠠᠬᠢ ᠨᠠᠰᠤᠵᠢᠯ ᠤᠨ ᠠᠰᠠᠷᠠᠮᠵᠢ ᠶᠢᠨ ᠮᠦᠩᠭᠦ ᠪᠠᠷ ᠪᠦᠷᠢᠯᠳᠦᠵᠦ᠂ ᠰᠠᠭᠤᠷᠢ ᠨᠠᠰᠤᠵᠢᠯ ᠤᠨ ᠮᠥᠩᠭᠦ ᠨᠢ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠪᠣᠯᠤᠨ ᠬᠤᠪᠢ ᠬᠥᠮᠦᠨ ᠤ ᠰᠦᠢᠳᠬᠡᠯ ᠲᠤᠰᠢᠶᠠᠬᠤ ᠴᠠᠯᠢᠩ ᠤᠨ ᠳᠤᠮᠳᠠᠴᠢ ᠲᠤᠭ᠎ᠠ ᠪᠠᠷ ᠰᠠᠭᠤᠷᠢᠯᠠᠵᠤ᠂ ᠨᠢᠭᠡ ᠵᠢᠯ ᠰᠦᠢᠳᠬᠡᠯ ᠲᠤᠰᠢᠶᠠᠪᠠᠯ᠂ ᠨᠢᠭᠡ ᠵᠠᠭᠤᠨ ᠤ ᠴᠢᠭ ᠢᠶᠠᠷ ᠪᠤᠳᠤᠵᠤ ᠦᠭᠭᠦᠨ᠎ᠡ ᠃ ᠥᠭᠡᠷ᠎ᠡ ᠪᠠᠷ ᠬᠡᠯᠡᠪᠡᠯ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠨᠢ ᠬᠡᠳᠦᠶ ᠤᠷᠳᠤ ᠪᠤᠯ᠂ ᠬᠠᠷᠠᠭᠠᠯᠵᠠᠯ ᠤᠨ ᠬᠢᠷᠢ ᠬᠡᠮᠵᠢᠶ᠎ᠡ ᠨᠢ ᠴᠤ ᠲᠡᠳᠦᠶ ᠶᠡᠭᠡ︔ ᠬᠤᠪᠢ ᠬᠥᠮᠦᠨ ᠤ ᠲᠠᠩᠰᠠᠨ ᠡᠷᠥᠭᠡ ᠶᠢᠨ ᠨᠠᠰᠤᠵᠢᠯ ᠤᠨ ᠮᠥᠩᠭᠦ ᠶᠢᠨ ᠵᠢᠯ ᠳᠠᠷᠠᠭᠠᠯᠠᠨ ᠬᠤᠪᠢ ᠬᠥᠮᠦᠨ ᠤ ᠰᠦᠢᠳᠬᠡᠯ ᠲᠤᠰᠢᠶᠠᠭᠰᠠᠨ ᠡᠭᠡ ᠬᠦᠤ ᠮᠥᠩᠭᠦ ᠶᠢᠨ ᠨᠡᠶᠢᠯᠡᠪᠦᠷᠢ ᠲᠤᠭ᠎ᠠ ᠶᠢ ᠦᠭᠬᠦ ᠪᠠᠷ ᠲᠣᠭᠲᠠᠭᠠᠭᠰᠠᠨ ᠰᠠᠷ᠎ᠠ ᠶᠢᠨ ᠲᠤᠭ᠎ᠠ ᠪᠠᠷ ᠬᠤᠪᠢᠶᠠᠨ᠎ᠠ᠂ ᠥᠭᠡᠷ᠎ᠡ ᠪᠠᠷ ᠬᠡᠯᠡᠪᠡᠯ ᠰᠦᠢᠳᠬᠡᠯ ᠲᠤᠰᠢᠶᠠᠭᠰᠠᠨ ᠨᠢ ᠬᠡᠳᠦᠶ ᠠᠷᠪᠢᠨ ᠪᠤᠯ  ᠂  ᠬᠠᠷᠠᠭᠠᠯᠵᠠᠯ ᠤᠨ ᠬᠢᠷᠢ ᠬᠡᠮᠵᠢᠶ᠎ᠡ ᠨᠢ ᠴᠤ ᠲᠡᠳᠦᠶ ᠶᠡᠭᠡ ᠪᠠᠶᠢᠳᠠᠭ᠃ ᠥᠭᠡᠷᠡᠴᠢᠯᠡᠯᠲᠡ ᠠᠴᠠ ᠡᠮᠦᠨ᠎ᠡ ᠠᠵᠢᠯ ᠳᠤ ᠤᠷᠤᠵᠤ᠂ ᠥᠭᠡᠷᠡᠴᠢᠯᠡᠯᠲᠡ ᠶᠢᠨ ᠲᠠᠷᠠᠭ᠎ᠠ ᠨᠠᠰᠤᠨ ᠤ ᠠᠮᠠᠷᠠᠯᠲᠠ ᠠᠪᠤᠭᠰᠠᠨ ︽ᠳᠤᠮᠳᠠ ᠨᠠᠰᠤᠨ ᠤ ᠬᠥᠮᠦᠨ︾᠎ ᠳᠤ᠂ ᠳᠡᠭᠡᠷ᠎ᠡ ᠳᠤᠷᠠᠳᠤᠭᠰᠠᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ᠂ ᠳᠠᠩᠰᠠᠨ ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠠᠴᠠ ᠭᠠᠳᠠᠨ᠎ᠠ ᠪᠠᠰᠠ ᠰᠢᠯᠵᠢᠯᠲᠡ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠨ᠎ᠠ᠃      ᠡᠭᠦᠨ ᠠᠴᠠ ᠭᠠᠳᠠᠨ᠎ᠠ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠤᠷᠤᠨ ᠲᠣᠭᠠᠨ ᠠᠴᠠ ᠭᠠᠳᠠᠨᠠᠬᠢ ᠬᠦᠮᠦᠰ ᠢ ᠠᠵᠤ ᠠᠬᠤᠶᠢᠯᠠᠯ ᠤᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠬᠡᠷᠬᠢᠨ ᠣᠷᠤᠭᠤᠯᠬᠤ ᠡᠨᠡᠬᠦ ᠠᠰᠠᠭᠤᠳᠠᠯ ᠤᠨ ᠲᠤᠬᠠᠢ ᠹᠧᠩ ᠶᠢᠥ ᠺᠤᠸᠠᠨ ᠲᠠᠶᠢᠯᠪᠤᠷᠢᠯᠠᠭᠰᠠᠨ ᠨᠢ᠂ ᠤᠯᠤᠰ ᠤᠨ ᠲᠣᠭᠲᠠᠭᠠᠯ ᠶᠣᠰᠤᠭᠠᠷ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠤᠷᠤᠨ ᠲᠣᠭᠠᠨ ᠠᠴᠠ ᠭᠠᠳᠠᠨᠠᠬᠢ ᠬᠦᠮᠦᠰ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠤᠯᠴᠠᠨ᠎ᠠ᠃ ᠦᠪᠡᠷᠲᠡᠭᠡᠨ ᠵᠠᠰᠠᠬᠤ ᠤᠷᠤᠨ ᠤ ᠪᠣᠳᠠᠲᠤ ᠪᠠᠶᠢᠳᠠᠯ ᠠᠴᠠ ᠦᠵᠡᠪᠡᠯ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠣᠯᠠᠩᠬᠢ ᠤᠷᠤᠨ ᠲᠣᠭᠠᠨ ᠠᠴᠠ ᠭᠠᠳᠠᠨᠠᠬᠢ ᠬᠦᠮᠦᠰ ᠨᠢᠭᠡᠨᠲᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠵᠠᠢ᠂ ᠡᠳᠡᠭᠡᠷ ᠬᠦᠮᠦᠰ ᠲᠣᠭᠲᠠᠭᠠᠯ ᠶᠣᠰᠤᠭᠠᠷ ᠦᠷᠭᠦᠯᠵᠢᠯᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠤᠷᠤᠯᠴᠠᠨ᠎ᠠ︔ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠭᠰᠠᠨ ᠦᠭᠡᠢ ᠪᠠᠶᠢᠪᠠᠯ᠂ ᠦᠪᠡᠷᠲᠡᠭᠡᠨ ᠵᠠᠰᠠᠬᠤ ᠤᠷᠤᠨ ᠠᠴᠠ ᠰᠦᠢᠳᠭᠡᠯ ᠢ ᠨᠢ ᠨᠦᠬᠦᠪᠦᠷᠢᠯᠡᠨ ᠲᠤᠰᠢᠶᠠᠬᠤ ᠵᠡᠷᠭᠡ ᠲᠥᠷᠦ ᠶᠢᠨ ᠪᠣᠳᠤᠯᠭ᠎ᠠ ᠲᠣᠭᠲᠠᠭᠠᠵᠤ ᠲᠡᠳᠡᠨ ᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠤᠷᠤᠭᠤᠯᠵᠤ᠂ ᠤᠷᠤᠨ ᠲᠣᠭᠠᠨ ᠠᠴᠠ ᠭᠠᠳᠠᠨᠠᠬᠢ ᠬᠦᠮᠦᠰ ᠤᠨ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠡᠷᠬᠡ ᠠᠰᠢᠭ ᠢ ᠪᠠᠲᠤᠯᠠᠬᠤ ᠬᠡᠷᠡᠭᠲᠡᠢ᠃      ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾᠎ ᠶᠢᠨ ᠤᠷᠲᠤ ᠣᠬᠤᠷ ᠢᠶᠠᠷ ᠨᠢ ᠰᠢᠯᠵᠢᠯᠲᠡ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠮᠦᠩᠭᠦ ᠪᠣᠳᠤᠵᠤ ᠥᠭᠭᠦᠨ᠎ᠡ      ᠣᠳᠣᠬᠢ ᠪᠠᠶᠢᠭ᠎ᠠ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ︽ᠬᠠᠳᠠᠭᠠᠯᠠᠮᠵᠢ︾ ᠳᠣᠲᠤᠷᠠᠬᠢ᠂ ᠨᠡᠩ ᠤᠯᠠᠩᠬᠢ ᠨᠢ ︽ᠳᠤᠮᠳᠠ ᠨᠠᠰᠤᠨ ᠤ ᠬᠦᠮᠦᠨ︾ ᠪᠣᠯᠤᠨ᠎ᠠ᠃ ᠡᠨᠡ ᠤᠳᠠᠭᠠᠨ ᠤ ᠦᠭᠡᠷᠡᠴᠢᠯᠡᠯᠲᠡ ᠶᠢᠨ ᠳᠠᠷᠠᠭ᠎ᠠ᠂ ᠡᠨᠡ ᠪᠦᠯᠦᠭ ︽ᠳᠤᠮᠳᠠ ᠨᠠᠰᠤᠨ ᠤ ᠬᠦᠮᠦᠨ︾᠎ ᠳᠤ ᠨᠠᠰᠤᠵᠢᠯ ᠤᠨ ᠠᠰᠠᠷᠠᠮᠵᠢ ᠶᠢᠨ ᠮᠦᠩᠭᠦ ᠣᠯᠭᠤᠬᠤ ᠦᠶ᠎ᠡ᠂ ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾᠎ ᠶᠢᠨ ᠤᠷᠲᠤ ᠣᠬᠤᠷ ᠵᠡᠷᠭᠡ ᠬᠦᠴᠦᠨ ᠵᠦᠢᠯ ᠢ ᠨᠢ ᠦᠨᠳᠦᠰᠦᠯᠡᠵᠦ᠂ ᠰᠢᠯᠵᠢᠯᠲᠡ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠮᠦᠩᠭᠦ ᠪᠣᠳᠤᠵᠤ ᠣᠯᠭᠤᠬᠤ ᠪᠣᠯᠤᠨ᠎ᠠ᠃      ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾ ᠭᠡᠳᠡᠭ ᠨᠢ ᠶᠠᠭᠤ ᠪᠣᠢ︖ ᠣᠶᠢᠯᠠᠭᠠᠮᠵᠢᠲᠠᠢ ᠪᠠᠷ ᠬᠡᠯᠡᠪᠡᠯ᠂ ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾ ᠭᠡᠳᠡᠭ ᠪᠣᠯ ᠠᠵᠢᠯᠲᠠᠨ ᠠᠵᠢᠯᠴᠢᠨ ᠤ ᠪᠦᠬᠦ ᠠᠵᠢᠯᠯᠠᠭᠰᠠᠨ ᠬᠤᠭᠤᠴᠠᠭᠠᠨ ᠳᠠᠬᠢ᠂ ᠲᠡᠭᠦᠨ ᠤ ᠪᠣᠳᠠᠲᠠᠢ ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ ᠠᠴᠠ ᠡᠮᠦᠨᠡᠬᠢ ᠤᠯᠤᠰ ᠤᠨ ᠲᠣᠭᠲᠠᠭᠠᠯ ᠶᠣᠰᠤᠭᠠᠷ ᠲᠣᠭᠠᠯᠠᠨ ᠪᠣᠳᠤᠭᠰᠠᠨ ᠦᠷᠭᠦᠯᠵᠢᠯᠡᠨ ᠠᠵᠢᠯᠯᠠᠭᠰᠠᠨ ᠴᠠᠭ ᠢ ᠵᠢᠭᠠᠵᠤ ᠪᠠᠶᠢᠨ᠎ᠠ᠃ ᠶᠤᠤ ᠰᠢᠶᠤᠤ ᠳ᠋ᠦᠩ ᠬᠡᠯᠡᠭᠰᠡᠨ ᠨᠢ᠂ ᠦᠭᠡᠷᠡᠴᠢᠯᠡᠯᠲᠡ ᠠᠴᠠ ᠡᠮᠦᠨ᠎ᠡ ᠠᠵᠢᠯ ᠳᠤ ᠣᠷᠤᠯᠴᠠᠨ᠂ ᠦᠭᠡᠷᠡᠴᠢᠯᠡᠯᠲᠡ ᠶᠢᠨ ᠳᠠᠷᠠᠭ᠎ᠠ ᠠᠵᠢᠯ ᠠᠴᠠ ᠪᠠᠨ ᠠᠮᠠᠷᠠᠭᠰᠠᠨ ︽ᠳᠤᠮᠳᠠ ᠨᠠᠰᠤᠨ ᠤ ᠬᠦᠮᠦᠨ︾᠎ ᠨᠢ᠂ ᠦᠭᠡᠷᠡᠴᠢᠯᠡᠯᠲᠡ ᠠᠴᠠ ᠡᠮᠦᠨᠡᠬᠢ ᠠᠵᠢᠯᠯᠠᠭᠰᠠᠨ ᠬᠤᠭᠤᠴᠠᠭ᠎ᠠ ᠳᠠᠭᠠᠨ ᠬᠤᠪᠢ ᠬᠦᠮᠦᠨ ᠤ ᠰᠦᠢᠳᠭᠡᠯ ᠲᠤᠰᠢᠶᠠᠭᠰᠠᠨ ᠦᠭᠡᠢ ᠠᠴᠠ ᠪᠣᠯᠵᠤ᠂ ᠲᠡᠭᠦᠨ ᠢ ᠠᠵᠢᠯ ᠠᠴᠠ ᠎ ᠪᠠᠨ ᠠᠮᠠᠷᠠᠬᠤ ᠦᠶ᠎ᠡ ᠶᠢᠨ ᠬᠤᠪᠢ ᠬᠦᠮᠦᠨ ᠤ ᠳᠠᠩᠰᠠᠨ ᠡᠷᠦᠬᠡ ᠳᠠᠬᠢ ᠬᠠᠳᠠᠭᠠᠯᠠᠮᠵᠢ ᠶᠢᠨ ᠵᠤᠭᠤᠰᠤᠨ ᠳᠤ ᠡᠨᠡᠬᠦ ᠬᠤᠭᠤᠴᠠᠭᠠᠨ ᠤ ᠬᠦᠳᠡᠯᠮᠦᠷᠢ ᠶᠢᠨ ᠬᠤᠪᠢ ᠨᠡᠮᠡᠷᠢ ᠶᠢ ᠨᠢ ᠢᠯᠡᠷᠡᠭᠦᠯᠦᠭᠰᠡᠨ ᠦᠭᠡᠢ᠂ ᠡᠶᠢᠮᠦ ᠠᠴᠠ ᠠᠵᠢᠯᠲᠠᠨ ᠠᠵᠢᠯᠴᠢᠨ ᠤ ᠦᠭᠡᠷᠡᠴᠢᠯᠡᠯᠲᠡ ᠠᠴᠠ ᠡᠮᠦᠨᠡᠬᠢ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠳᠤ ᠦᠷᠭᠦᠯᠵᠢᠯᠡᠨ ᠠᠵᠢᠯᠯᠠᠭᠰᠠᠨ ᠣᠨ ᠢ ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾᠎ ᠪᠠᠷ ᠮᠠᠭᠠᠳᠯᠠᠨ ᠲᠣᠭᠲᠠᠭᠠᠵᠤ᠂ ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾ ᠪᠣᠯ ᠳᠠᠭᠠᠳᠬᠠᠯ ᠳᠤ ᠤᠷᠤᠯᠴᠠᠭᠰᠠᠳ ᠤᠨ ᠡᠷᠬᠡ ᠠᠰᠢᠭ ᠪᠣᠯᠬᠤᠷ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ ᠪᠠ ᠰᠢᠯᠵᠢᠯᠲᠡ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠪᠣᠳᠤᠨ ᠣᠯᠭᠤᠬᠤ ᠳᠤ ᠢᠯᠡᠷᠡᠨ᠎ᠡ᠃      ᠶᠤᠤ ᠰᠢᠶᠤᠤ ᠳ᠋ᠦᠩ ᠶᠠᠷᠢᠭᠰᠠᠨ ᠨᠢ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠭᠠᠯᠲᠠ ᠲᠤᠭ᠎ᠠ ᠪᠣᠯ ᠦᠭᠡᠷᠡᠴᠢᠯᠡᠯᠲᠡ ᠠᠴᠠ ᠡᠮᠦᠨᠡᠬᠢ ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾᠎ ᠶᠢᠨ ᠬᠤᠭᠤᠴᠠᠭᠠᠨ ᠳᠤ᠂ ᠬᠤᠪᠢ ᠬᠦᠮᠦᠨ ᠤ ᠴᠠᠯᠢᠩ ᠬᠢᠭᠡᠳ ᠲᠤᠰᠢᠶᠠᠯ ᠳᠤ ᠪᠠᠶᠢᠬᠤ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ ᠬᠠᠷᠢᠴᠠᠯ ᠮᠦᠨ᠃ ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠭᠠᠯᠲᠠ ᠲᠤᠭ᠎ᠠ ᠨᠢ ᠰᠢᠨ᠎ᠡ ᠬᠠᠭᠤᠴᠢᠨ ᠬᠠᠷᠠᠭᠠᠯᠵᠠᠯ ᠢ ᠲᠣᠭᠳᠠᠭᠤᠨ ᠢᠶᠠᠷ ᠵᠤᠯᠭᠠᠭᠤᠯᠬᠤ ᠵᠠᠷᠴᠢᠮ ᠪᠠ ᠡᠯ᠎ᠡ ᠲᠦᠷᠦᠯ ᠤᠨ ᠬᠦᠮᠦᠰ ᠤᠨ ᠵᠡᠷᠭᠡ ᠲᠤᠰᠢᠶᠠᠯ ᠤᠨ ᠶᠤᠰᠤᠭᠠᠷ ᠲᠣᠭᠲᠠᠭᠠᠨ᠎ᠠ ᠭᠡᠵᠦ ᠤᠯᠤᠰ ᠠᠴᠠ ᠱᠠᠭᠠᠷᠳᠠᠵᠠᠢ᠃ ᠦᠪᠦᠷ ᠮᠣᠩᠭᠤᠯ ᠤᠨ ᠡᠯ᠎ᠡ ᠲᠦᠷᠦᠯ ᠤᠨ ᠬᠦᠮᠦᠰ ᠤᠨ ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠭᠠᠯᠲᠠ ᠲᠤᠭ᠎ᠠ ᠪᠣᠯ ᠣᠳᠣ ᠶᠢᠨ ᠬᠡᠷᠡᠭᠵᠢᠭᠦᠯᠵᠦ ᠪᠠᠶᠢᠭ᠎ᠠ ᠴᠠᠯᠢᠩ ᠤᠨ ᠪᠦᠲᠦᠴᠡ ᠶᠢ ᠦᠨᠳᠦᠰᠦᠯᠡᠨ᠂ ᠲᠤᠰ ᠤᠳᠠᠭᠠᠨ ᠤ ᠴᠠᠯᠢᠩ ᠤᠨ ᠳᠦᠷᠢᠮ ᠢ ᠲᠡᠭᠦᠯᠳᠡᠷᠵᠢᠭᠦᠯᠦᠭᠰᠡᠨ ᠤ ᠳᠠᠷᠠᠭᠠᠬᠢ ᠰᠦᠢᠳᠭᠡᠯ ᠲᠤᠰᠢᠶᠠᠬᠤ ᠴᠠᠯᠢᠩ ᠬᠢᠭᠡᠳ 2014 ᠣᠨ ᠤ ᠪᠦᠬᠦ ᠤᠷᠤᠨ ᠤ ᠠᠵᠢᠯ ᠤᠨ ᠪᠠᠶᠢᠷᠢᠨ ᠳᠤ ᠪᠠᠶᠢᠬᠤ ᠳᠤᠮᠳᠠᠴᠢ ᠴᠠᠯᠢᠩ ᠤᠨ ᠬᠠᠷᠢᠴᠠᠯ ᠶᠣᠰᠤᠭᠠᠷ ᠲᠣᠭᠲᠠᠭᠠᠭᠰᠠᠨ ᠪᠦᠭᠡᠳ ᠡᠯ᠎ᠡ ᠠᠶᠢᠮᠠᠭ ᠬᠤᠲᠠ ᠶᠢᠨ ᠨᠦᠬᠦᠪᠦᠷᠢ ᠶᠢᠨ ᠬᠢᠷᠢ ᠲᠥᠪᠰᠢᠨ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠤᠯᠬᠢᠯᠠᠭᠰᠠᠨ ᠪᠠᠶᠢᠨ᠎ᠠ ᠭᠡᠪᠡ᠃      ᠡᠨᠡ ᠲᠤᠬᠠᠢ᠂ ᠹᠧᠩ ᠶᠢᠥ ᠺᠤᠸᠠᠨ ᠬᠡᠯᠡᠭᠰᠡᠨ ᠨᠢ᠂ ᠦᠭᠡᠷᠡᠴᠢᠯᠡᠯᠲᠡ ᠶᠢᠨ ᠡᠮᠦᠨ᠎ᠡ ᠬᠤᠶᠢᠨ᠎ᠠ ᠠᠵᠢᠯ ᠠᠴᠠ ᠎ ᠪᠠᠨ ᠠᠮᠠᠷᠠᠭᠰᠠᠨ ᠠᠵᠢᠯᠲᠠᠨ ᠤ ᠬᠠᠷᠠᠭᠠᠯᠵᠠᠯ ᠤᠨ ᠬᠢᠷᠢ ᠲᠥᠪᠰᠢᠨ ᠢ ᠲᠣᠭᠳᠠᠭᠤᠨ ᠢᠶᠠᠷ ᠵᠤᠯᠭᠠᠭᠤᠯᠬᠤ ᠶᠢ ᠪᠠᠲᠤᠯᠠᠬᠤ ᠶᠢᠨ ᠲᠤᠰᠠᠳᠠ᠂ ᠤᠯᠤᠰ ᠠᠴᠠ 10 ᠵᠢᠯ ᠤᠨ ᠰᠢᠯᠵᠢᠯᠲᠡ ᠶᠢᠨ ᠬᠤᠭᠤᠴᠠᠭ᠎ᠠ ᠶᠢ ᠲᠣᠭᠲᠠᠭᠠᠪᠠ᠃ ᠰᠢᠯᠵᠢᠯᠲᠡ ᠶᠢᠨ ᠬᠤᠭᠤᠴᠠᠭᠠᠨ ᠳᠣᠲᠤᠷ᠎ᠠ᠂ ᠰᠢᠨ᠎ᠡ ᠬᠠᠭᠤᠴᠢᠨ ᠠᠷᠭ᠎ᠠ ᠶᠢ ᠬᠠᠷᠢᠴᠠᠭᠤᠯᠤᠨ᠂ ᠰᠢᠨ᠎ᠡ ᠠᠷᠭ᠎ᠠ ᠪᠠᠷ ᠪᠣᠳᠤᠨ ᠣᠯᠭᠤᠭᠰᠠᠨ ᠨᠠᠰᠤᠵᠢᠯ ᠤᠨ ᠠᠰᠠᠷᠠᠮᠵᠢ ᠶᠢᠨ ᠮᠦᠩᠭᠦ ᠨᠢ ᠬᠠᠭᠤᠴᠢᠨ ᠠᠷᠭ᠎ᠠ ᠠᠴᠠ ᠳᠣᠣᠷ᠎ᠠ ᠪᠠᠶᠢᠪᠠᠯ᠂ ᠬᠠᠭᠤᠴᠢᠨ ᠠᠷᠭ᠎ᠠ ᠶᠣᠰᠤᠭᠠᠷ ᠨᠦᠬᠦᠪᠦᠷᠢᠯᠡᠨ᠎ᠡ︔ ᠰᠢᠨ᠎ᠡ ᠠᠷᠭ᠎ᠠ ᠪᠠᠷ ᠪᠣᠳᠤᠨ ᠣᠯᠭᠤᠭᠰᠠᠨ ᠨᠠᠰᠤᠵᠢᠯ ᠤᠨ ᠠᠰᠠᠷᠠᠮᠵᠢ ᠶᠢᠨ ᠮᠦᠩᠭᠦ ᠨᠢ ᠬᠠᠭᠤᠴᠢᠨ ᠠᠷᠭ᠎ᠠ ᠠᠴᠠ ᠦᠨᠳᠦᠷ ᠪᠠᠶᠢᠪᠠᠯ᠂ ᠢᠯᠡᠭᠦᠦ ᠭᠠᠷᠤᠭᠰᠠᠨ ᠬᠡᠰᠡᠭ ᠢ ᠠᠵᠢᠯ ᠠᠴᠠ ᠪᠠᠨ ᠠᠮᠠᠷᠠᠬᠤ ᠬᠤᠭᠤᠴᠠᠭ᠎ᠠ ᠶᠢ ᠨᠢ ᠦᠨᠳᠦᠰᠦᠯᠡᠨ ᠬᠠᠷᠢᠴᠠᠯ ᠶᠣᠰᠤᠭᠠᠷ ᠪᠣᠳᠤᠨ ᠣᠯᠭᠤᠨ᠎ᠠ᠂ ᠢᠩᠭᠢᠪᠡᠯ ᠰᠠᠶ᠋ᠢ ᠦᠭᠡᠷᠡᠴᠢᠯᠡᠯᠲᠡ ᠶᠢᠨ ᠡᠮᠦᠨ᠎ᠡ ᠬᠤᠶᠢᠨ᠎ᠠ ᠠᠵᠢᠯ ᠠᠴᠠ ᠪᠠᠨ ᠠᠮᠠᠷᠠᠭᠰᠠᠨ ᠠᠵᠢᠯᠲᠠᠨ ᠤ ᠬᠠᠷᠠᠭᠠᠯᠵᠠᠯ ᠤᠨ ᠬᠢᠷᠢ ᠲᠥᠪᠰᠢᠨ ᠢ ᠲᠣᠭᠳᠠᠭᠤᠨ ᠢᠶᠠᠷ ᠵᠤᠯᠭᠠᠭᠤᠯᠬᠤ ᠶᠢ ᠦᠨᠳᠦᠰᠦᠨ ᠳᠡᠭᠡᠨ ᠪᠠᠲᠤᠯᠠᠵᠤ ᠴᠢᠳᠠᠨ᠎ᠠ ᠭᠡᠪᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map