ᠰᠢᠨ᠎ᠡ ᠶᠢ ᠡᠭᠦᠳᠬᠦ᠄ ᠬᠥᠭᠵᠢᠯᠲᠡ ᠶᠢ ᠬᠥᠲᠥᠯᠥᠨ ᠳᠠᠭᠠᠭᠤᠯᠬᠤ ᠠᠩᠬᠠᠳᠠᠭᠴᠢ ᠬᠥᠳᠡᠯᠭᠡᠭᠴᠢ ᠬᠦᠴᠦᠨ — — ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ
ᠨᠡᠶᠢᠲᠡᠯᠡᠭᠰᠡᠨ ᠴᠠᠭ᠄
2015/12/9
     ᠳᠤᠮᠳᠠᠳᠤ ᠤᠯᠤᠰ ᠤᠨ ᠠᠵᠤ ᠠᠬᠤᠶ ᠰᠢᠨ᠎ᠡ ᠬᠡᠪ ᠪᠠᠶᠢᠳᠠᠯ ᠳᠤ ᠣᠷᠣᠵᠤ᠂ ᠠᠵᠤ ᠠᠬᠤᠶ ᠶᠢᠨ ᠬᠥᠭᠵᠢᠯᠲᠡ ᠶᠢᠨ  ᠬᠥᠳᠡᠯᠭᠡᠭᠴᠢ ᠬᠦᠴᠦᠨ ᠥᠩᠭᠡᠷᠡᠭᠰᠡᠨ ᠤ ᠭᠤᠣᠯᠳᠠᠭᠤ ᠪᠡᠯᠡ ᠣᠷᠣᠭᠤᠯᠤᠯᠲᠠ᠂ ᠭᠠᠳᠠᠭᠠᠳᠤ ᠭᠠᠷᠭᠠᠯᠲᠠ ᠶᠢᠨ ᠳᠠᠶᠢᠴᠢᠯᠠᠯᠲᠠ ᠳᠤ ᠲᠦᠰᠢᠭᠯᠡᠵᠦ ᠪᠠᠶᠢᠭᠰᠠᠨ ᠠᠴᠠ ᠪᠠᠨ ᠭᠤᠣᠯᠳᠠᠭᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠲᠦᠰᠢᠭᠯᠡᠬᠦ ᠪᠣᠯᠣᠭᠰᠠᠨ ᠪᠠᠶᠢᠨ᠎ᠠ᠃ ︽12.5︾᠎ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠤᠷᠢᠳ ᠬᠤᠵᠢᠳ ᠨᠡᠶᠢᠲᠡᠯᠡᠪᠡ᠃ ᠴᠢᠳᠠᠪᠤᠷᠢᠲᠠᠨ ᠢ ᠣᠷᠣᠭᠤᠯᠵᠤ ᠢᠷᠡᠬᠦ᠂ ᠬᠥᠮᠦᠵᠢᠭᠦᠯᠬᠦ ᠪᠠ ᠬᠡᠷᠡᠭᠯᠡᠬᠦ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠢ ᠦᠷᠭᠦᠯᠵᠢᠯᠡᠨ ᠬᠥᠮᠦᠵᠢᠭᠦᠯᠬᠦ᠂ ᠣᠯᠠᠨ ᠤᠯᠤᠰ ᠤᠨ ᠬᠤᠭᠤᠷᠣᠨᠳᠣᠬᠢ ᠬᠠᠮᠳᠤᠷᠠᠯᠴᠠᠭ᠎ᠠ ᠪᠣᠯᠣᠨ ᠰᠣᠯᠢᠯᠴᠠᠭ᠎ᠠ ᠶᠢ ᠥᠷᠭᠡᠳᠬᠡᠬᠦ ᠵᠡᠷᠭᠡ ᠶᠢ ᠣᠨᠴᠠᠭᠠᠶᠢᠯᠠᠨ ᠴᠢᠬᠤᠯᠠᠴᠢᠯᠠᠵᠤ᠂ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠳᠠᠪᠤᠷᠢ ᠶᠢ ᠲᠤᠯᠭᠠᠭᠤᠷᠢᠯᠠᠨ ᠲᠡᠰᠦᠷᠡᠯᠳᠠ ᠤᠢᠭᠡᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃      ︽ᠤᠯᠤᠰ ᠠᠷᠠᠳ ᠤᠨ ᠠᠵᠤ ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠨᠠᠭᠤᠯᠭ᠎ᠠ︾᠎ ᠳᠤ ᠵᠢᠭᠠᠵᠤ ᠭᠠᠷᠭᠠᠭᠰᠠᠨ ᠨᠢ᠂ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠳᠤᠯ ᠦᠭᠡᠢ᠂ ᠨᠡᠬᠡᠬᠡᠯᠲᠡᠲᠦ᠂ ᠬᠠᠮᠲᠤ ᠪᠠᠷ ᠡᠳ᠋ᠯᠡᠬᠦ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠢᠶᠠᠷ ︽13. 5︾᠎ ᠶᠢᠨ ᠪᠠᠶᠢᠷᠢᠯᠠᠭᠤᠯᠤᠯᠲᠠ ᠶᠢ ᠪᠣᠳᠣᠯᠬᠢᠯᠠᠨ ᠲᠣᠬᠢᠷᠠᠭᠤᠯᠬᠤ ᠬᠡᠷᠡᠭᠲᠡᠢ ᠭᠡᠪᠡ᠂ ᠡᠭᠦᠨ ᠳᠤ᠂ ︽ᠰᠢᠨ᠎ᠡ ᠶᠢ ᠡᠭᠦᠳᠬᠦ︾ ᠭᠡᠰᠡᠨ ᠦᠭᠡ 71 ᠤᠳᠠᠭ᠎ᠠ ᠳᠤᠷᠠᠳᠤᠭᠳᠠᠪᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠶᠢ ᠡᠭᠦᠳᠬᠦ ᠶᠢ ᠪᠠᠷᠢᠮᠲᠠᠯᠠᠨ᠂ ᠰᠢᠨ᠎ᠡ ᠶᠢ ᠡᠭᠦᠳᠬᠦ ᠶᠢ ᠵᠠᠪᠠᠯ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠭᠤᠣᠯᠯᠠᠬᠤ ᠪᠠᠶᠢᠷᠢᠨ ᠳᠤ ᠲᠠᠯᠪᠢᠬᠤ ᠬᠡᠷᠡᠭᠲᠡᠶ᠂ ᠤᠨᠤᠯ ᠤᠨ ᠰᠢᠨ᠎ᠡ ᠶᠢ ᠡᠭᠦᠳᠬᠦ᠂ ᠪᠠᠶᠢᠭᠤᠯᠤᠯ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ ᠵᠡᠷᠭᠡ ᠡᠯ᠎ᠡ ᠲᠠᠯ᠎ᠠ ᠪᠠᠷ ᠬᠢ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠶᠢ ᠨᠠᠮ ᠪᠣᠯᠣᠨ ᠤᠯᠤᠰ ᠣᠷᠣᠨ ᠤ ᠠᠯᠢᠪᠠ ᠠᠵᠢᠯ ᠳᠤ ᠲᠤᠤᠱᠯᠠᠭᠤᠯᠤᠨ᠂ ᠰᠢᠨ᠎ᠡ ᠶᠢ ᠡᠭᠦᠳᠬᠦ ᠶᠢ ᠪᠦᠬᠦ ᠨᠡᠶᠢᠭᠡᠮ ᠤᠨ ᠬᠡᠪ ᠵᠠᠩᠰᠢᠯ ᠪᠣᠯᠭᠠᠬᠤ ᠬᠡᠷᠡᠭᠲᠡᠢ ᠭᠡᠵᠡᠢ᠃      ᠰᠢᠨ᠎ᠡ ᠶᠢ ᠡᠭᠦᠳᠬᠦ ᠶᠢ ᠤᠷᠢᠳᠤ ᠭᠠᠷᠤᠭ᠎ᠠ ᠦᠭᠡᠢ ᠲᠤᠪᠤᠶᠢᠮ᠎ᠠ ᠪᠠᠶᠢᠷᠢ ᠪᠣᠯᠣᠨ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠭᠰᠠᠨ ᠨᠢ᠂ ᠮᠠᠨ ᠳᠤ ᠪᠠᠰᠠ ᠪᠠᠶᠠᠰᠤᠩᠭᠤᠢ ᠪᠠᠷ ᠬᠦᠰᠡᠨ ᠡᠷᠡᠮᠡᠯᠵᠡᠬᠦ ᠰᠢᠯᠲᠠᠭᠠᠨ ᠲᠠᠢ ᠪᠠᠶᠢᠬᠤ ᠳᠤ ᠣᠷᠣᠰᠢᠨ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢᠨ ᠬᠦᠴᠦᠨ ᠴᠢᠳᠠᠯ ᠢᠶᠠᠷ ᠳᠠᠮᠵᠢᠭᠤᠯᠤᠨ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠨᠡᠮᠡᠷᠢᠯᠡᠬᠦ ᠪᠣᠯᠣᠨ᠎ᠠ᠃      ᠰᠢᠨ᠎ᠡ ᠶᠢ ᠡᠭᠦᠳᠬᠦ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠭᠦᠷ ᠮᠦᠨ      — — — ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ ᠮᠠ ᠶᠦᠩ ᠵᠧᠨ ᠢ ᠰᠣᠷᠪᠣᠯᠵᠢᠯᠠᠭᠰᠠᠨ ᠨᠢ        ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠳᠤᠷᠠᠳᠴᠤ ᠭᠠᠷᠭᠠᠭᠰᠠᠨ ᠨᠢ᠂ ᠰᠢᠨ᠎ᠡ ᠶᠢ ᠡᠭᠦᠳᠬᠦ ᠬᠥᠭᠵᠢᠯᠲᠡ ᠶᠢ ᠪᠠᠷᠢᠮᠲᠠᠯᠠᠨ᠂ ᠰᠢᠨ᠎ᠡ ᠶᠢ ᠡᠭᠦᠳᠬᠦ ᠶᠢ ᠡᠷᠬᠡᠪᠰᠢ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠭᠤᠣᠯᠯᠠᠬᠤ ᠪᠠᠶᠢᠷᠢᠨ ᠳᠤ ᠲᠠᠯᠪᠢᠵᠤ᠂ ᠤᠨᠤᠯ ᠤᠨ ᠰᠢᠨ᠎ᠡ ᠶᠢ ᠡᠭᠦᠳᠬᠦ᠂ ᠪᠠᠶᠢᠭᠤᠯᠤᠯ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ ᠵᠡᠷᠭᠡ ᠡᠯ᠎ᠡ ᠲᠠᠯ᠎ᠠ ᠪᠠᠷ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠶᠢ ᠨᠠᠮ ᠪᠣᠯᠣᠨ ᠤᠯᠤᠰ ᠣᠷᠣᠨ ᠤ ᠠᠯᠢᠪᠠ ᠠᠵᠢᠯ ᠳᠤ ᠲᠤᠤᠱᠯᠠᠭᠤᠯᠤᠨ᠂ ᠰᠢᠨ᠎ᠡ ᠶᠢ ᠡᠭᠦᠳᠬᠦ ᠶᠢ ᠪᠦᠬᠦ ᠨᠡᠶᠢᠭᠡᠮ ᠤᠨ ᠬᠡᠪ ᠵᠠᠩᠰᠢᠯ ᠪᠣᠯᠭᠠᠨ᠎ᠠ ᠭᠡᠪᠡ᠃ ᠡᠭᠦᠨ ᠤ ᠲᠤᠰᠠᠲᠠ᠂ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ︽12.5︾᠎ ᠠᠴᠠ ᠨᠠᠰᠢᠬᠢ ᠮᠠᠨ ᠤ ᠣᠷᠣᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠴᠢᠩᠭᠠᠳᠬᠠᠭᠠᠳ ᠣᠯᠤᠭᠰᠠᠨ ᠠᠮᠵᠢᠯᠲᠠ ᠲᠠᠢ ᠤᠶᠠᠯᠳᠤᠭᠤᠯᠤᠨ᠂ ᠥᠪᠥᠷ ᠮᠣᠩᠭᠤᠯ ︽13.5︾᠎ ᠶᠢᠨ ᠬᠤᠭᠤᠴᠠᠭᠠᠨ ᠳᠤ ᠰᠢᠨ᠎ᠡ ᠶᠢ ᠡᠭᠦᠳᠦᠨ ᠬᠥᠭᠵᠢᠭᠦᠯᠬᠦ ᠶᠢ ᠬᠡᠷᠬᠢᠨ ᠪᠠᠷᠢᠮᠲᠠᠯᠠᠬᠤ ᠲᠤᠬᠠᠢ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ ᠮᠠ ᠶᠦᠩ ᠵᠧᠨ ᠣᠷᠴᠢᠮᠬᠠᠨ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠵᠡᠶ᠃      ︽ᠤᠯᠤᠰ ᠤᠨ ︿12.5﹀᠎ ᠶᠢᠨ ᠲᠥᠯᠥᠪᠵᠢᠭᠦᠯᠭᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠬᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠥᠭᠵᠢᠯᠲᠡ ᠶᠢ ᠲᠥᠷᠭᠡᠳᠬᠡᠬᠦ᠂ ᠥᠨᠳᠥᠷ ᠬᠡᠪ ᠴᠢᠨᠠᠷ ᠪᠦᠬᠦᠢ ᠴᠢᠳᠠᠪᠤᠷᠢᠲᠠᠨ ᠤ ᠯᠣᠳᠤ ᠶᠡᠭᠡ ᠡᠩᠨᠡᠭᠡ ᠶᠢ ᠪᠠᠶᠢᠭᠤᠯᠬᠤ ᠵᠡᠷᠭᠡ ᠭᠤᠷᠪᠠᠨ ᠲᠠᠯ᠎ᠠ ᠪᠠᠷ ᠤᠯᠤᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠲᠥᠷᠭᠡᠳᠬᠡᠨ ᠪᠠᠶᠢᠭᠤᠯᠬᠤ᠂ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠣᠷᠣᠨ ᠢ ᠪᠥᠲᠦᠭᠡᠨ ᠪᠠᠶᠢᠭᠤᠯᠬᠤ ᠳᠤ ᠨᠠᠷᠢᠨ ᠪᠣᠳᠠᠲᠠᠶ ᠪᠠᠶᠢᠷᠢᠯᠠᠭᠤᠯᠤᠯᠲᠠ ᠬᠢᠪᠡ᠃ 2012 ᠣᠨ ᠤ 11 ᠳ᠋ᠤᠭᠡᠷ ᠰᠠᠷ᠎ᠠ ᠳᠤ ᠬᠤᠷᠠᠯᠳᠤᠭᠤᠯᠤᠭᠰᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠤᠯᠠᠮ ᠲᠣᠳᠣᠷᠬᠠᠶ ᠳᠤᠷᠠᠳᠤᠭᠰᠠᠨ ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠪᠣᠯᠣᠨ ᠤᠯᠤᠰ ᠤᠨ ᠶᠡᠷᠦᠩᠬᠡᠶᠢᠯᠡᠭᠰᠡᠨ ᠬᠦᠴᠦᠨ ᠢ ᠳᠡᠭᠡᠭᠰᠢᠯᠡᠭᠦᠯᠬᠦ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢ ᠪᠣᠯᠣᠨ᠎ᠠ᠂ ᠡᠷᠬᠡᠪᠰᠢ ᠤᠯᠤᠰ ᠤᠨ ᠬᠥᠭᠵᠢᠯᠲᠡ ᠶᠢᠨ ᠪᠥᠬᠦ ᠲᠠᠯ᠎ᠠ ᠶᠢᠨ ᠭᠤᠣᠯᠯᠠᠬᠤ ᠪᠠᠶᠢᠷᠢᠨ ᠳᠤ ᠲᠠᠯᠪᠢᠬᠤ ᠬᠡᠷᠡᠭᠲᠡᠶ᠃ ᠳᠤᠮᠳᠠᠳᠤ ᠤᠯᠤᠰ ᠤᠨ ᠣᠨᠴᠠᠯᠢᠭ ᠪᠦᠬᠦᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠬᠡᠷᠡᠭᠵᠢᠭᠦᠯᠬᠦ ᠶᠢ ᠴᠢᠬᠤᠯᠠᠴᠢᠯᠠᠪᠠ᠃ ᠡᠨᠡ ᠪᠣᠯ ᠮᠠᠨ ᠤ ᠨᠠᠮ ᠤᠨ ᠪᠦᠬᠦ ᠳᠡᠯᠡᠬᠡᠶ ᠶᠢ ᠪᠠᠷᠠᠯᠠᠵᠤ᠂ ᠪᠦᠬᠦ ᠲᠠᠯ᠎ᠠ ᠳᠤ ᠰᠠᠭᠤᠷᠢᠯᠠᠨ᠂ ᠢᠷᠡᠭᠡᠳᠦᠶ ᠳᠤ ᠬᠠᠨᠳᠤᠵᠤ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠵᠤ᠂ ᠪᠢᠳᠡᠨ ᠤ ᠪᠦᠬᠦ ᠪᠥᠮᠪᠥᠷᠴᠡᠭ ᠤᠨ ᠬᠠᠷᠠᠭᠠᠰᠤ ᠠᠴᠠ ᠰᠡᠳᠥᠨ ᠲᠥᠰᠦᠪᠯᠡᠬᠦ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠢ ᠬᠦᠴᠦᠯᠡᠨ ᠨᠡᠮᠡᠭᠳᠡᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠠᠷᠭ᠎ᠠ ᠮᠠᠶ᠋ᠢᠭ ᠢ ᠲᠦᠷᠭᠡᠪᠴᠢᠯᠡᠨ ᠪᠣᠢ ᠪᠣᠯᠭᠠᠵᠤ᠂ ᠠᠵᠤ ᠠᠬᠤᠶ ᠨᠡᠶᠢᠭᠡᠮ ᠢ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ᠂ ᠡᠩ ᠲᠡᠷᠢᠭᠦᠨ ᠳᠤ ᠬᠥᠭᠵᠢᠭᠦᠯᠬᠦ ᠶᠢ ᠲᠦᠯᠬᠢᠨ ᠠᠬᠢᠭᠤᠯᠬᠤ ᠶᠢ ᠱᠠᠭᠠᠷᠳᠠᠪᠠ᠃ ᠡᠭᠦᠨ ᠢᠶᠠᠷ ᠬᠠᠷᠠᠯᠲᠠ ᠪᠣᠯᠭᠠᠵᠤ᠂ ᠪᠦᠬᠦ᠋ᠢᠯᠡ ︿12.5﹀᠎ ᠶᠢᠨ ᠬᠤᠭᠤᠴᠠᠭᠠᠨ ᠳᠠᠬᠢ ᠮᠠᠨ ᠤ ᠤᠯᠤᠰ ᠤᠨ ᠰᠢᠨ᠎ᠡ ᠶᠢ ᠡᠭᠦᠳᠬᠦ ᠴᠢᠳᠠᠪᠤᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠰᠤᠷᠭᠠᠨ ᠬᠥᠮᠦᠵᠢᠯ ᠤᠨ ᠥᠭᠡᠷᠡᠴᠢᠯᠡᠯᠲᠡ᠂ ᠴᠢᠳᠠᠪᠤᠷᠢᠲᠠᠨ ᠤ ᠬᠥᠮᠦᠵᠢᠭᠦᠯᠦᠯᠲᠡ ᠵᠡᠷᠭᠡ ᠲᠠᠯ᠎ᠠ ᠪᠠᠷ ᠴᠥᠮ ᠴᠢᠬᠤᠯᠠ ᠶᠡᠭᠡ ᠠᠮᠵᠢᠯᠲᠠ ᠣᠯᠤᠭᠰᠠᠨ ᠪᠠᠶᠢᠨ᠎ᠠ᠃︾ ᠮᠠ ᠶᠦᠩ ᠵᠧᠨ ᠬᠡᠯᠡᠭᠰᠡᠨ ᠨᠢ᠂ ᠤᠯᠤᠰ ᠤᠨ ︽12.5︾᠎ ᠶᠢᠨ ᠲᠥᠯᠥᠪᠵᠢᠭᠦᠯᠭᠡ ᠶᠢᠨ ᠲᠣᠪᠴᠢ ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ 2011 ᠣᠨ ᠤ 1 ᠳ᠋ᠤᠭᠡᠷ ᠰᠠᠷ᠎ᠠ ᠳᠤ ᠥᠪᠥᠷ ᠮᠣᠩᠭᠤᠯ ᠤᠨ ︽12.5︾᠎ ᠶᠢᠨ ᠲᠥᠯᠥᠪᠵᠢᠭᠦᠯᠭᠡ ᠶᠢᠨ ᠲᠣᠪᠴᠢ ᠶᠢ ᠨᠡᠶᠢᠲᠡᠯᠡᠵᠦ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠢᠶᠠᠷ ᠣᠷᠣᠨ ᠢᠶᠠᠨ ᠬᠥᠭᠵᠢᠭᠦᠯᠬᠦ ᠪᠠ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠪᠥᠲᠦᠭᠡᠨ ᠪᠠᠶᠢᠭᠤᠯᠬᠤ ᠪᠠᠷ ᠲᠣᠭᠲᠠᠭᠠᠪᠠ᠃ ᠵᠠᠩᠭᠢᠯᠠᠭ᠎ᠠ ᠶᠢᠨ ᠬᠦᠷᠢᠶᠡᠨ ᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠥᠷᠭᠡᠳᠬᠡᠨ᠂ ᠰᠢᠨ᠎ᠡ ᠶᠢ ᠡᠭᠦᠳᠬᠦ ᠠᠴᠢᠶᠠᠯᠠᠪᠤᠷᠢ ᠪᠣᠯᠣᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠰᠤᠷᠭᠠᠭᠤᠯᠢ ᠳᠤ ᠣᠷᠣᠬᠤ ᠠᠴᠠ ᠡᠮᠦᠨᠡᠬᠢ ᠬᠥᠮᠦᠵᠢᠯ ᠢ ᠬᠦᠨᠳᠦᠳᠬᠡᠬᠦ ᠵᠡᠷᠭᠡ 15 ᠲᠠᠯ᠎ᠠ ᠪᠠᠷ ᠬᠦᠴᠦ ᠲᠠᠯᠪᠢᠨ᠂ ᠥᠪᠥᠷ ᠮᠣᠩᠭᠤᠯ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃       ︽12᠂ 5︾᠎ ᠶᠢᠨ ᠬᠤᠭᠤᠴᠠᠭᠠᠨ ᠳᠤ ᠮᠠᠨ ᠤ ᠤᠷᠤᠨ ᠤ ᠰᠢᠨ᠎ᠡ ᠶᠢ ᠡᠭᠦᠳᠬᠦ ᠬᠦᠭᠵᠢᠯᠲᠡ ᠳᠤᠮᠳᠠ ᠣᠯᠤᠭᠰᠠᠨ ᠦᠷ᠎ᠡ ᠪᠦᠲᠦᠮᠵᠢ ᠶᠢᠨ ᠲᠤᠬᠠᠢ ᠮᠠ ᠶᠦᠩ ᠵᠧᠨ ᠶᠠᠷᠢᠭᠰᠠᠨ ᠨᠢ᠂ ︽12᠂ 5︾᠎ ᠶᠢᠨ ᠲᠦᠯᠦᠪᠵᠢᠭᠦᠯᠭᠡ ᠶᠢ ᠬᠡᠷᠡᠭᠵᠢᠭᠦᠯᠦᠭᠰᠡᠨ ᠠᠴᠠ ᠨᠠᠰᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠭᠰᠠᠨ ᠬᠦᠭᠵᠢᠯᠲᠡ ᠶᠢᠨ ᠡᠨᠡᠬᠦ ᠵᠠᠩᠭᠢᠯᠭ᠎ᠠ ᠶᠢ ᠪᠠᠷᠢᠵᠤ᠂ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠤᠷᠤᠨ ᠢᠶᠠᠨ ᠬᠦᠭᠵᠢᠭᠦᠯᠬᠦ ᠪᠠ ᠴᠢᠳᠠᠪᠤᠷᠢᠲᠠᠨ ᠢᠶᠠᠷ ᠤᠷᠤᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠤᠯᠭ᠎ᠠ ᠶᠢ ᠡᠷᠴᠢᠮᠯᠡᠨ ᠬᠡᠷᠡᠭᠵᠢᠭᠦᠯᠵᠦ᠂ ᠪᠡᠯᠡ ᠣᠷᠤᠭᠤᠯᠤᠯᠲᠠ ᠪᠠ ᠡᠯᠧᠮᠧᠨ᠋ᠲ ᠢᠶᠠᠷ ᠬᠥᠳᠡᠯᠭᠡᠭᠦᠷ ᠪᠣᠯᠭᠠᠨ ᠠᠵᠤ ᠠᠬᠤᠢ ᠶᠢᠨ ᠨᠡᠮᠡᠭᠳᠡᠯ ᠢ ᠲᠦᠯᠬᠢᠨ ᠠᠬᠢᠭᠤᠯᠵᠤ ᠪᠠᠶᠢᠭᠰᠠᠨ ᠠᠴᠠ ᠪᠠᠨ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠨ ᠬᠤᠪᠢᠷᠠᠭᠤᠯᠵᠤ᠂ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠲᠣᠨᠤᠭᠯᠠᠯ ᠦᠢᠯᠡᠳᠬᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠰᠢᠨ᠎ᠡ ᠮᠠᠲ᠋ᠧᠷᠢᠶᠠᠯ ᠵᠡᠷᠭᠡ ᠭᠤᠣᠯᠳᠠᠯᠭᠠᠲᠤ ᠠᠵᠤ ᠦᠢᠯᠡᠰ ᠤᠨ ᠬᠦᠷᠢᠶ᠎ᠡ ᠬᠡᠪᠴᠢᠶᠡᠨ ᠳᠤ ᠣᠨᠤᠯ ᠬᠢᠭᠡᠳ ᠮᠡᠷᠭᠡᠵᠢᠯ ᠤᠨ ᠰᠢᠪᠲᠤᠯᠤᠯᠲᠠ ᠶᠢ ᠲᠠᠰᠤᠷᠠᠯᠲᠠ ᠦᠭᠡᠢ ᠪᠡᠶᠡᠯᠡᠭᠦᠯᠵᠦ᠂ ᠮᠡᠷᠭᠡᠵᠢᠯ ᠤᠨ ᠰᠢᠨ᠎ᠡ ᠶᠢ ᠡᠭᠦᠳᠬᠦ ᠵᠠᠬ᠎ᠠ ᠳᠡᠯᠭᠡᠭᠦᠷ ᠤᠨ ᠤᠳᠤᠷᠢᠳᠤᠮᠵᠢ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠢᠳᠠᠪᠤᠷᠢᠲᠠᠨ ᠬᠥᠮᠦᠵᠢᠭᠦᠯᠬᠦ᠂ ᠣᠷᠣᠭᠤᠯᠬᠤ ᠪᠠ ᠬᠡᠷᠡᠭᠯᠡᠬᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢ ᠬᠠᠮᠠᠭᠠᠯᠠᠬᠤ ᠵᠡᠷᠭᠡ ᠲᠠᠯ᠎ᠠ ᠪᠠᠷ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠡᠯ᠎ᠡ ᠲᠦᠷᠦᠯ ᠤᠨ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠠ ︽ᠭᠠᠳᠠᠭᠠᠳᠤ ᠳᠤ ᠰᠤᠷᠤᠯᠴᠠᠬᠤ ᠰᠤᠷᠤᠭᠴᠢᠳ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ︾᠎ ᠤᠨ ᠪᠠᠶᠢᠭᠤᠯᠤᠯᠲᠠ ᠶᠢ ᠢᠳᠡᠪᠬᠢᠲᠡᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠮᠵᠢ ᠶᠢ ᠤᠯᠠᠷᠢᠯᠠᠭᠤᠯᠬᠤ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠮᠡᠷᠭᠡᠵᠢᠯ ᠤᠨ ᠳᠠᠪᠰᠢᠯᠲᠠ ᠪᠠᠷ ᠠᠵᠤ ᠦᠢᠯᠡᠰ ᠤᠨ ᠳᠡᠰ ᠳᠡᠭᠡᠭᠰᠢᠯᠡᠭᠦᠯᠬᠦ ᠶᠢ ᠳᠠᠶᠢᠴᠢᠯᠠᠵᠤ ᠡᠯ᠎ᠡ ᠲᠦᠷᠦᠯ ᠤᠨ ᠰᠢᠨ᠎ᠡ ᠶᠢ ᠡᠭᠦᠳᠬᠦ ᠬᠦᠴᠦᠨ ᠵᠦᠢᠯ ᠪᠦᠷᠢᠨ ᠭᠦᠢᠴᠡᠳ ᠴᠤᠭᠯᠠᠷᠠᠭᠰᠠᠨ᠂ ᠴᠢᠳᠠᠪᠤᠷᠢᠲᠠᠨ ᠤ ᠠᠮᠢᠵᠢᠷᠠᠯ ᠤᠨ ᠬᠦᠴᠦᠨ ᠥᠷᠢᠰᠥᠯᠳᠦᠨ ᠪᠠᠳᠠᠷᠠᠭᠰᠠᠨ ᠠᠮᠢᠳᠤᠯᠢᠭ ᠪᠠᠶᠢᠳᠠᠯ ᠢ ᠪᠣᠢ ᠪᠣᠯᠭᠠᠪᠠ᠃      ᠮᠠ ᠶᠦᠩ ᠵᠧᠨ ᠰᠤᠷᠪᠤᠯᠵᠢᠯᠠᠭᠴᠢ ᠳᠤ ᠶᠠᠷᠢᠭᠰᠠᠨ ᠨᠢ᠂ ︽12᠂ 5︾᠎ ᠶᠢᠨ ᠬᠤᠭᠤᠴᠠᠭ᠎ᠠ ᠳᠤ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠭᠰᠠᠨ ᠬᠦᠭᠵᠢᠯᠲᠡ ᠴᠢᠬᠤᠯᠠ ᠶᠡᠭᠡ ᠠᠮᠵᠢᠯᠲᠠ ᠣᠯᠤᠭᠰᠠᠨ ᠤ ᠰᠠᠭᠤᠷᠢᠨ ᠳᠡᠭᠡᠷ᠎ᠡ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠰᠢᠨ᠎ᠡ ᠶᠢ ᠡᠭᠦᠳᠬᠦ᠂ ᠵᠣᠬᠢᠴᠠᠯᠳᠤᠬᠤ᠂ ᠪᠣᠬᠢᠷᠲᠤᠯ ᠦᠭᠡᠢ᠂ ᠨᠡᠬᠡᠬᠡᠯᠲᠡ ᠬᠢᠬᠦ᠂ ᠬᠠᠮᠲᠤ ᠪᠠᠷ ᠡᠳ᠋ᠯᠡᠬᠦ ︽ᠲᠠᠪᠤᠨ ᠶᠡᠭᠡ ᠬᠦᠭᠵᠢᠯᠲᠡ︾᠎ ᠶᠢᠨ ᠣᠨᠤᠯᠵᠢᠬᠤᠨ ᠳᠤᠮᠳᠠ᠂ ᠰᠢᠨ᠎ᠡ ᠶᠢ ᠡᠭᠦᠳᠬᠦ ᠶᠢ ᠲᠡᠷᠢᠭᠦᠨ ᠤ ᠪᠠᠶᠢᠷᠢᠨ ᠳᠤ ᠲᠠᠯᠪᠢᠪᠠ᠃ ᠡᠭᠦᠨ ᠢᠶᠠᠷ ᠪᠠᠷᠠᠬᠤ ᠦᠭᠡᠶ᠂ ︽13᠂ 5︾᠎ ᠶᠢᠨ ᠲᠦᠯᠦᠪᠵᠢᠭᠦᠯᠭᠡ ᠶᠢᠨ ᠰᠠᠨᠠᠭᠤᠯᠤᠮᠵᠢ ᠨᠢ ᠪᠠᠰᠠ ᠳᠡᠯᠡᠬᠡᠢ ᠶᠢᠨ ᠪᠠ ᠤᠯᠤᠰ ᠤᠨ ᠲᠣᠳᠤᠭᠠᠳᠤ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠶᠢ ᠦᠨᠳᠦᠰᠦᠯᠡᠵᠦ᠂ ᠴᠠᠭ ᠢ ᠦᠵᠡᠨ ᠪᠠᠶᠢᠳᠠᠯ ᠢ ᠰᠢᠨᠵᠢᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠰᠢᠨ᠎ᠡ ᠶᠢ ᠡᠭᠦᠳᠬᠦ ᠲᠦᠯᠦᠪᠵᠢᠭᠦᠯᠭᠡ ᠶᠢᠨ ᠲᠠᠯ᠎ᠠ ᠪᠠᠷ ᠴᠦᠬᠡᠨ ᠪᠣᠰᠤ ᠰᠢᠨ᠎ᠡ ᠣᠨᠤᠯᠵᠢᠬᠤᠨ᠂ ᠰᠢᠨ᠎ᠡ ᠰᠡᠳᠭᠢᠮᠵᠢ ᠶᠢ ᠳᠤᠷᠠᠳᠪᠠ᠂ ᠵᠢᠱᠢᠶᠡᠯᠡᠪᠡᠯ ᠢᠨᠲ᠋ᠧᠷ ᠰᠦᠯᠵᠢᠶ᠎ᠡ ᠶᠢᠨ ᠠᠵᠤ ᠠᠬᠤᠢ ᠶᠢᠨ ᠤᠷᠤᠨ ᠵᠠᠢ ᠶᠢ ᠦᠷᠭᠡᠳᠬᠡᠵᠦ᠂ ︽ᠢᠨᠲ᠋ᠧᠷ ᠰᠦᠯᠵᠢᠶ᠎ᠡ +︾ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠬᠦ᠂ ᠤᠯᠤᠰ ᠤᠨ ᠶᠡᠭᠡ ᠲᠤᠭ᠎ᠠ ᠪᠠᠷᠢᠮᠳᠠ ᠶᠢᠨ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠬᠦ᠂ ᠴᠠᠬᠢᠯᠭᠠᠨ ᠬᠤᠯᠪᠣᠭᠠᠨ ᠤ ᠨᠡᠶᠢᠳᠡᠮ ᠤᠨ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠬᠦ᠂ ᠢᠨᠲ᠋ᠧᠷ ᠰᠦᠯᠵᠢᠶᠡᠨ ᠳᠤ ᠰᠠᠭᠤᠷᠢᠯᠠᠭᠰᠠᠨ ᠡᠯ᠎ᠡ ᠲᠦᠷᠦᠯ ᠤᠨ ᠰᠢᠨ᠎ᠡ ᠶᠢ ᠡᠭᠦᠳᠬᠦ ᠶᠢ ᠳᠡᠮᠵᠢᠬᠦ ᠵᠡᠷᠭᠡ ᠶᠢ ᠱᠠᠭᠠᠷᠳᠠᠪᠠ᠃ ᠡᠳᠡᠭᠡᠷ ᠨᠢ ᠪᠦᠷ ᠨᠠᠮ ᠤᠨ ᠲᠥᠪ ᠬᠤᠷᠢᠶᠠᠨ ᠤ ᠳᠡᠯᠡᠬᠡᠢ ᠶᠢᠨ ᠪᠠ ᠤᠯᠤᠰ ᠤᠨ ᠳᠣᠲᠤᠭᠠᠳᠤ ᠶᠢᠨ ᠬᠤᠶᠠᠷ ᠶᠡᠭᠡ ᠪᠠᠶᠢᠳᠠᠯ ᠢ ᠨᠢᠭᠡᠳᠦᠯᠲᠡᠢ ᠲᠦᠯᠦᠪᠯᠡᠵᠦ ᠂ ᠣᠳᠣᠬᠢ ᠪᠠᠶᠢᠳᠠᠯ ᠳᠤ ᠰᠠᠭᠤᠷᠢᠯᠠᠨ᠂ ᠠᠯᠤᠰ ᠢᠷᠡᠭᠡᠳᠦᠢ ᠪᠠᠨ ᠲᠦᠯᠦᠪᠯᠡᠬᠦ ᠳᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠦᠨ᠂ ︽ᠳᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠤᠯᠭ᠎ᠠ ᠶᠢ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠪᠠ 2020 ᠣᠨ ᠪᠣᠯᠬᠤ ᠳᠤ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠤᠨ ᠡᠩᠨᠡᠭᠡᠨ ᠳᠤ ᠣᠷᠤᠬᠤ ᠬᠠᠷᠠᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃       ︽ᠶᠡᠷᠦᠩᠬᠡᠢ ᠱᠦᠵᠢ ᠰᠢ ᠶᠢᠨ ᠫᠢᠩ ᠵᠢᠭᠠᠨ ᠭᠠᠷᠭᠠᠭᠰᠠᠨ ᠨᠢ᠂ ᠰᠢᠨ᠎ᠡ ᠶᠢ ᠡᠭᠦᠳᠬᠦ ᠶᠢ ᠠᠳᠬᠤᠬᠤ ᠪᠣᠯ ᠳᠠᠷᠤᠢ ᠬᠦᠭᠵᠢᠯᠲᠡ ᠶᠢ ᠠᠳᠬᠤᠭᠰᠠᠨ ᠶᠠᠪᠤᠳᠠᠯ ᠮᠦᠨ᠂ ᠰᠢᠨ᠎ᠡ ᠶᠢ ᠡᠭᠦᠳᠬᠦ ᠶᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠰᠦᠪᠡᠭᠴᠢᠯᠡᠭᠰᠡᠨ ᠶᠠᠪᠤᠳᠠᠯ ᠪᠣᠯᠤᠨ᠎ᠠ᠃ ᠡᠶᠢᠮᠦ ᠠᠴᠠ᠂ ᠤᠯᠠᠨ ᠤᠯᠤᠰ ᠤᠨ ᠬᠦᠭᠵᠢᠯᠲᠡ ᠶᠢᠨ ᠦᠷᠢᠰᠦᠯᠳᠦᠭᠡᠨ ᠡᠳᠦᠷ ᠢᠷᠡᠬᠦᠶ᠎ᠡ ᠰᠢᠷᠦᠭᠦᠰᠴᠦ ᠪᠠᠶᠢᠬᠤ ᠪᠠ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠰᠢᠨ᠎ᠡ ᠬᠡᠪ ᠪᠠᠶᠢᠳᠠᠯ ᠳᠤ ᠣᠷᠤᠭᠰᠠᠨ ᠪᠠᠶᠢᠳᠠᠯ ᠳᠣᠣᠷ᠎ᠠ᠂  ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠶᠢ ᠳᠤᠮᠳᠠ ᠠᠴᠠ ᠦᠨᠳᠦᠷ ᠵᠡᠷᠭᠡ ᠶᠢᠨ ᠨᠡᠮᠳᠡᠭᠳᠡᠯ ᠢ ᠪᠠᠲᠤᠯᠠᠵᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠪᠠ ᠶᠠᠰᠤ ᠴᠢᠨᠠᠷ ᠢ ᠨᠡᠶᠢᠳᠡᠮ ᠳᠤᠨᠢ ᠳᠡᠭᠡᠭᠰᠢᠯᠡᠭᠦᠯᠦᠶ᠎ᠡ ᠭᠡᠪᠡᠯ᠂ ᠬᠦᠭᠵᠢᠯᠲᠡ ᠶᠢᠨ ᠰᠠᠭᠤᠷᠢ ᠴᠢᠭ᠋ ᠢ ᠰᠢᠨ᠎ᠡ ᠶᠢ ᠡᠭᠦᠳᠬᠦ ᠳᠡᠭᠡᠷ᠎ᠡ ᠲᠠᠯᠪᠢᠵᠤ᠂ ᠰᠢᠨ᠎ᠡ ᠶᠢ ᠡᠭᠦᠳᠬᠦ ᠶᠢ ᠮᠠᠨ ᠤ ᠤᠯᠤᠰ ᠤᠨ ᠠᠵᠤ ᠠᠬᠤᠢ ᠶᠢ ᠨᠡᠮᠡᠭᠳᠡᠭᠦᠯᠬᠦ ᠶᠢᠨ ᠰᠢᠨ᠎ᠡ ᠬᠦᠳᠡᠯᠭᠡᠭᠦᠷ ᠪᠣᠯᠭᠠᠬᠤ ᠬᠡᠷᠡᠭᠲᠡᠢ︾ ᠭᠡᠪᠡ᠂ ᠡᠭᠦᠨ ᠢ ᠮᠠᠨ ᠤ ᠤᠷᠤᠨ ᠳᠤ ᠪᠣᠳᠠᠲᠠᠶᠢᠵᠢᠭᠤᠯᠬᠤ ᠳᠤ᠂ ᠳᠠᠷᠠᠭᠠᠴᠢ ᠶᠢᠨ ᠠᠯᠬᠤᠮ ᠳᠤᠨᠢ ᠤᠯᠤᠰ ᠤᠨ ︽13᠂ 5︾᠎ ᠶᠢᠨ ᠲᠦᠯᠦᠪᠵᠢᠭᠦᠯᠭᠡ ᠶᠢ ᠵᠢᠷᠤᠮᠯᠠᠵᠤ᠂ ᠦᠪᠦᠷ ᠮᠣᠩᠭᠤᠯ ᠰᠢᠨ᠎ᠡ ᠶᠢ ᠡᠭᠦᠳᠬᠦ ᠲᠠᠯ᠎ᠠ ᠪᠠᠷ ᠪᠠᠰᠠ ᠶᠠᠭᠤ ᠶᠠᠭᠤ ᠬᠢᠬᠦ ᠪᠣᠢ︖ ᠮᠠ ᠶᠦᠩ ᠵᠧᠨ ᠤ ᠦᠵᠡᠬᠦ ᠪᠠᠷ᠂ ᠪᠢᠳᠡ ᠠᠮᠵᠢᠯᠲᠠ ᠪᠠᠨ ᠣᠯᠵᠤ ᠦᠵᠡᠬᠦ ᠶᠢᠨ ᠬᠠᠮᠲᠤ ᠪᠠᠰᠠ ᠤᠯᠤᠰ ᠤᠨ ᠳᠣᠲᠤᠭᠠᠳᠤ ᠶᠢᠨ ᠬᠦᠭᠵᠢᠭᠰᠡᠨ ᠮᠤᠵᠢ ᠤᠷᠤᠨ ᠲᠠᠢ ᠠᠳᠠᠯᠢᠳᠬᠠᠪᠠᠯ᠂ ᠮᠠᠨ ᠤ ᠤᠷᠤᠨ ᠤ ᠰᠢᠨ᠎ᠡ ᠶᠢ ᠡᠭᠦᠳᠬᠦ ᠴᠢᠳᠠᠪᠤᠷᠢ ᠠᠨᠢ ᠪᠠᠶᠢᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠪᠠ ᠠᠵᠤ ᠦᠢᠯᠡᠰ ᠤᠨ ᠳᠡᠰ ᠳᠡᠪᠰᠢᠭᠦᠯᠬᠦ ᠳᠠᠷᠤᠭᠠᠰᠤ ᠨᠡᠯᠢᠶᠡᠳ ᠶᠡᠭᠡ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠤᠯᠭ᠎ᠠ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠨᠢ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠲᠠᠢ ᠪᠠᠰᠠ ᠵᠣᠬᠢᠬᠤ ᠵᠦᠷᠢᠶ᠎ᠡ ᠪᠠᠶᠢᠬᠤ᠂ ᠬᠡᠰᠡᠭ ᠪᠦᠯᠦᠭ ᠤᠯᠠᠨ ᠲᠦᠮᠡᠨ ᠤ ᠠᠮᠢᠳᠤᠷᠠᠯ ᠮᠥᠨ ᠯᠡ ᠨᠡᠯᠢᠶᠡᠳ ᠬᠦᠴᠢᠷᠲᠡᠶ ᠪᠦᠭᠡᠳ ᠨᠡᠶᠢᠭᠡᠮ ᠤᠨ ᠵᠠᠰᠠᠯᠲᠠ ᠳᠤ ᠤᠯᠠᠨ ᠠᠷᠪᠢᠨ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠲᠤᠯᠭᠠᠷᠠᠵᠤ᠂ ᠨᠡᠶᠢᠭᠡᠮ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠲᠤᠯᠭᠠᠮ᠎ᠠ ᠱᠠᠭᠠᠷᠳᠠᠭᠳᠠᠵᠤ᠂ ᠡᠳᠡᠭᠡᠷ ᠢ ᠪᠦᠷ ︽13᠂ 5︾᠎ ᠶᠢᠨ ᠲᠦᠯᠦᠪᠵᠢᠭᠦᠯᠭᠡ ᠳᠤᠮᠳᠠ ᠰᠢᠢᠳᠪᠦᠷᠢᠯᠡᠬᠦ ᠴᠢᠬᠤᠯᠠᠲᠠᠢ ᠪᠠᠶᠢᠬᠤ ᠶᠢ ᠰᠡᠷᠭᠡᠭ ᠢᠶᠠᠷ ᠣᠯᠵᠤ ᠲᠠᠨᠢᠬᠤ ᠬᠡᠷᠡᠭᠲᠡᠢ ᠭᠡᠵᠡᠢ᠃       ᠲᠡᠷᠡ ᠶᠠᠷᠢᠭᠰᠠᠨ ᠨᠢ᠂ ᠦᠪᠡᠷᠲᠡᠭᠡᠨ ᠵᠠᠰᠠᠬᠤ ᠤᠷᠤᠨ ︽13᠂ 5︾᠎ ᠶᠢᠨ ᠲᠦᠯᠦᠪᠵᠢᠭᠦᠯᠭᠡ ᠶᠢᠨ ᠬᠦᠲᠦᠯᠪᠦᠷᠢ ᠶᠢ ᠲᠣᠭᠲᠠᠭᠠᠬᠤ ᠦᠶ᠎ᠡ ᠳᠤ᠂ ᠤᠯᠤᠰ ᠤᠨ ︽13᠂ 5︾᠎ ᠶᠢᠨ ᠲᠦᠯᠦᠪᠵᠢᠭᠦᠯᠭᠡ ᠶᠢᠨ ᠰᠠᠭᠤᠷᠢᠨ ᠳᠡᠭᠡᠷ᠎ᠡ᠂ ᠦᠪᠦᠷ ᠮᠣᠩᠭᠤᠯ ᠤᠨ ᠬᠦᠭᠵᠢᠯᠲᠡ ᠪᠠᠷ ᠠᠨᠢ ᠪᠠᠶᠢᠬᠤ ᠤᠷᠤᠨ ᠦᠨᠳᠦᠰᠦᠨ ᠤ ᠪᠠᠶᠢᠳᠠᠯ ᠪᠠ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠰᠢᠨ᠎ᠡ ᠬᠡᠪ ᠪᠠᠶᠢᠳᠠᠯ ᠳᠤ ᠣᠷᠤᠬᠤ ᠡᠨᠡᠬᠦ ᠴᠢᠬᠤᠯᠠ ᠶᠡᠭᠡ ᠪᠠᠶᠢᠯᠳᠤᠬᠤ ᠪᠣᠳᠤᠯᠭ᠎ᠠ ᠶᠢᠨ ᠮᠠᠭᠠᠳᠯᠠᠯᠲᠠ ᠪᠠᠷ ᠵᠣᠭᠰᠤᠴᠠ ᠪᠠᠨ ᠪᠣᠯᠭᠠᠵᠤ᠂ ᠳᠡᠯᠡᠬᠡᠶᠢᠴᠢᠯᠡᠯᠲᠡ ᠶᠢᠨ ᠬᠠᠷᠠᠭ᠎ᠠ ᠪᠠ ᠪᠦᠬᠦ ᠤᠯᠤᠰ ᠤᠨ ᠶᠡᠭᠡ ᠪᠠᠶᠢᠳᠠᠯ ᠳᠤᠮᠳᠠ ᠦᠪᠦᠷ ᠮᠣᠩᠭᠤᠯ ᠤᠨ ᠬᠦᠭᠵᠢᠯᠲᠡ ᠶᠢ ᠰᠦᠪᠡᠭᠴᠢᠯᠡᠨ ᠲᠦᠯᠦᠪᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠶᠠᠷᠢᠶ᠎ᠠ ᠪᠠ ᠦᠪᠦᠷ ᠮᠣᠩᠭᠤᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ︽8337︾᠎ ᠶᠢᠨ ᠬᠦᠭᠵᠢᠯᠲᠡ ᠶᠢᠨ ᠰᠡᠳᠭᠢᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠪᠠ ᠬᠡᠷᠡᠭᠵᠢᠭᠦᠯᠵᠦ᠂ ︽ᠲᠣᠷᠭᠠᠨ ᠵᠠᠮ ᠤᠨ ᠠᠵᠤ ᠠᠬᠤᠢ ᠶᠢᠨ ᠪᠦᠰᠡ︾᠎ ᠶᠢ ᠪᠠᠶᠢᠭᠤᠯᠬᠤ ᠠᠵᠠ ᠳᠣᠬᠢᠶᠠᠯ ᠢ ᠠᠳᠬᠤᠵᠤ᠂ ︽ᠡᠬᠡ ᠤᠯᠤᠰ ᠤᠨ ᠤᠮᠠᠷᠠᠲᠤ ᠬᠢᠯᠢ ᠶᠢᠨ ᠡᠨᠡᠬᠦ ᠦᠵᠡᠮᠵᠢ ᠶᠢ ᠨᠡᠩ ᠦᠵᠡᠰᠭᠦᠯᠡᠩ ᠪᠣᠯᠭᠠᠬᠤ︾ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠎ ᠪᠠᠷ ᠪᠠᠶᠢᠭᠤᠯᠤᠨ ᠪᠡᠶᠡᠯᠡᠭᠦᠯᠬᠦ ᠴᠠᠭ ᠦᠶ᠎ᠡ ᠶᠢᠨ ᠬᠡᠷᠡᠭᠴᠡᠭᠡ ᠶᠣᠰᠤᠭᠠᠷ᠂ ᠦᠪᠦᠷ ᠮᠣᠩᠭᠤᠯ ᠤᠨ ᠰᠢᠨ᠎ᠡ ᠶᠢ ᠡᠭᠦᠳᠦᠨ ᠬᠦᠭᠵᠢᠭᠦᠯᠬᠦ ᠶᠢ ᠤᠯᠠᠮ ᠲᠦᠯᠬᠢᠨ ᠠᠬᠢᠭᠤᠯᠬᠤ ᠬᠡᠷᠡᠭᠲᠡᠢ᠃ ᠰᠢᠨ᠎ᠡ ᠶᠢ ᠡᠭᠦᠳᠦᠨ ᠬᠦᠭᠵᠢᠭᠦᠯᠬᠦ ᠶᠢ ᠮᠠᠨ ᠤ ᠤᠷᠤᠨ ᠤ ᠦᠭᠡᠷᠡᠴᠢᠯᠡᠯᠲᠡ ᠨᠡᠬᠡᠬᠡᠯᠲᠡ ᠪᠣᠯᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠤᠱᠠᠯᠠᠭᠤᠯᠵᠤ᠂ ᠠᠵᠢᠯ ᠤᠨ ᠡᠯ᠎ᠡ ᠲᠠᠯ᠎ᠠ ᠪᠠᠷ ᠢᠯᠡᠷᠡᠭᠦᠯᠵᠦ᠂ ᠦᠪᠡᠷᠲᠡᠭᠡᠨ ᠵᠠᠰᠠᠬᠤ ᠤᠷᠤᠨ ᠤ ᠪᠣᠳᠠᠲᠤ ᠪᠠᠶᠢᠳᠠᠯ ᠳᠤ ᠨᠡᠶᠢᠴᠡᠭᠰᠡᠨ ᠰᠢᠨ᠎ᠡ ᠶᠢ ᠡᠭᠦᠳᠦᠨ ᠬᠦᠭᠵᠢᠭᠦᠯᠬᠦ ᠶᠢᠨ ᠰᠡᠳᠭᠢᠮᠵᠢ ᠪᠠ ᠲᠥᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠢᠳᠡᠪᠬᠢᠲᠡᠢ ᠬᠠᠶᠢᠨ ᠰᠦᠪᠡᠭᠴᠢᠯᠡᠬᠦ ᠪᠠ ᠲᠡᠭᠦᠯᠳᠡᠷᠵᠢᠭᠦᠯᠵᠦ᠂ ᠰᠢᠨ᠎ᠡ ᠶᠢ ᠡᠭᠦᠳᠦᠨ ᠬᠦᠭᠵᠢᠭᠦᠯᠬᠦ ᠶᠢᠨ ᠪᠠᠶᠢᠯᠳᠤᠬᠤ ᠪᠣᠳᠤᠯᠭ᠎ᠠ ᠶᠢ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ ᠪᠠ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠲᠠᠢ ᠤᠶᠠᠯᠳᠤᠭᠤᠯᠵᠤ᠂ ᠮᠠᠨ ᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠢᠭᠡᠳᠦᠯᠲᠡᠢ ᠲᠦᠯᠦᠪᠯᠡᠬᠦ ᠬᠡᠷᠡᠭᠲᠡᠢ ᠭᠡᠪᠡ᠃      ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠵᠤ ᠬᠦᠭᠵᠢᠯᠲᠡ ᠶᠢᠨ ᠬᠡᠯᠪᠡᠷᠢ ᠬᠤᠪᠢᠷᠠᠭᠤᠯᠬᠤ ᠶᠢ ᠬᠦᠲᠦᠯᠦᠨ ᠳᠠᠭᠠᠭᠤᠯᠬᠤ ᠬᠡᠷᠡᠭᠲᠡᠢ        —— ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠠᠷᠤᠭ᠎ᠠ ᠯᠢ ᠪᠢᠩ ᠷᠦᠩ ᠤᠨ ᠰᠤᠷᠪᠤᠯᠵᠢᠯᠠᠭ᠎ᠠ      ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠰᠢᠨ᠎ᠡ ᠶᠢ ᠡᠭᠦᠳᠦᠨ ᠬᠦᠭᠵᠢᠭᠦᠯᠬᠦ ᠶᠢ ︽13᠂5︾᠎ ᠶᠢᠨ ᠡᠷᠬᠡᠪᠰᠢ ᠪᠠᠷᠢᠮᠳᠠᠯᠠᠬᠤ ᠲᠠᠪᠤᠨ ᠶᠡᠭᠡ ᠬᠦᠭᠵᠢᠯᠲᠡ ᠶᠢᠨ ᠣᠨᠤᠯᠵᠢᠬᠤᠨ ᠤ ᠲᠡᠷᠢᠭᠦᠨ ᠳᠤ ᠲᠠᠯᠪᠢᠪᠠ᠃ ᠦᠪᠦᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠲᠠᠢ ᠤᠶᠠᠯᠳᠤᠭᠤᠯᠵᠤ᠂ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠠᠯᠠᠭᠤᠯᠤᠨ ᠨᠠᠶᠢᠳᠠᠪᠤᠷᠢᠵᠢᠭᠤᠯᠬᠤ ᠲᠤᠬᠠᠢ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠠᠷᠤᠭ᠎ᠠ ᠯᠢ ᠪᠢᠩ ᠷᠦᠩ ᠢ ᠰᠤᠷᠪᠤᠯᠵᠢᠯᠠᠪᠠ᠃       ︽︿12.5﹀᠎ ᠠᠴᠠ ᠨᠠᠰᠢ᠂ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠰᠢᠨ᠎ᠡ ᠬᠡᠪ ᠪᠠᠶᠢᠳᠠᠯ ᠎ ᠳᠤ ᠤᠷᠤᠵᠤ᠂ ᠠᠵᠤ ᠠᠬᠤᠢ ᠶᠢᠨ ᠬᠦᠭᠵᠢᠯᠲᠡ ᠳᠠᠬᠢ ︿ᠠᠭᠤᠯᠬᠤ ᠠᠯᠲᠠ ᠶᠢᠨ ᠬᠡᠮᠵᠢᠶ᠎ᠡ﹀᠎ ᠶᠢᠨ ᠱᠠᠭᠠᠷᠳᠠᠯᠭ᠎ᠠ ᠨᠢ ᠨᠡᠩ ᠦᠨᠳᠦᠷ ᠪᠣᠯᠪᠠ᠃ ᠡᠭᠦᠨ ᠤ ᠬᠠᠮᠲᠤ᠂ ᠳᠡᠯᠡᠬᠡᠢ ᠶᠢᠨ ᠬᠡᠪᠴᠢᠶᠡᠨ ᠳᠤ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠡᠭᠦᠰᠦᠮᠡᠷ ᠪᠣᠯᠵᠤ᠂ ᠨᠢᠭᠡᠨ ᠪᠦᠯᠦᠭ ᠴᠢᠬᠤᠯᠠ ᠶᠡᠭᠡ ᠤᠷᠪᠠᠭᠤᠯᠬᠤ ᠴᠢᠨᠠᠷᠲᠠᠶ ᠰᠢᠨ᠎ᠡ ᠡᠭᠦᠳᠦᠯᠲᠡ ᠨᠢ ᠶᠠᠭ ᠤᠯᠤᠰ ᠪᠠ ᠭᠠᠵᠠᠷ ᠤᠷᠤᠨ ᠤ ᠦᠷᠢᠰᠦᠯᠳᠦᠬᠦ ᠬᠦᠴᠦᠨ ᠢ ᠨᠦᠯᠦᠭᠡᠯᠡᠬᠦ ᠭᠤᠣᠯᠯᠠᠬᠤ ᠡᠯᠧᠮᠧᠨ᠋ᠲ ᠪᠣᠯᠵᠤ ᠪᠠᠶᠢᠨ᠎ᠠ᠃ ᠡᠶᠢᠮᠦ ᠠᠴᠠ᠂ ᠲᠠᠪᠤᠳᠤᠭᠠᠷ ᠪᠥᠬᠦᠳᠡ ᠬᠤᠷᠠᠯ ᠠᠴᠠ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠭᠰᠠᠨ ᠬᠦᠭᠵᠢᠯᠲᠡ ᠶᠢᠨ ᠪᠠᠶᠢᠯᠳᠤᠬᠤ ᠪᠣᠳᠤᠯᠭ᠎ᠠ ᠶᠢ ︿13.5﹀᠎ ᠶᠢᠨ ᠬᠤᠭᠤᠴᠠᠭᠠᠨ ᠤ ᠴᠢᠬᠤᠯᠠ ᠶᠡᠭᠡ ᠪᠠᠶᠢᠯᠳᠤᠬᠤ ᠪᠣᠳᠤᠯᠭ᠎ᠠ ᠶᠢᠨ ᠡᠭᠦᠷᠭᠡ ᠪᠣᠯᠭᠠᠨ ᠬᠡᠷᠡᠭᠵᠢᠭᠦᠯᠬᠦ ᠪᠠᠷ ᠪᠠᠶᠢᠷᠢᠯᠠᠭᠤᠯᠤᠯᠲᠠ ᠬᠢᠪᠡ᠂ ᠡᠨᠡ ᠨᠢ ᠢᠷᠡᠬᠦ ᠲᠠᠪᠤᠨ ᠵᠢᠯ ᠤᠨ ᠠᠵᠤ ᠠᠬᠤᠢ ᠬᠦᠭᠵᠢᠯᠲᠡ ᠶᠢᠨ ᠪᠤᠰᠤᠳᠴᠢ ᠬᠡᠷᠡᠭᠴᠡᠭᠡ ᠪᠣᠯᠬᠤ ᠪᠠᠷ ᠦᠯᠦ ᠪᠠᠷᠠᠨ ᠨᠡᠩ ᠴᠦ ᠮᠠᠨ ᠤ ᠤᠯᠤᠰ ᠤᠨ ᠬᠦᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠰᠣᠩᠭᠤᠯᠲᠠ ᠮᠦᠨ᠃︾ ᠭᠡᠵᠦ ᠯᠢ ᠪᠢᠩ ᠷᠦᠩ ᠬᠡᠯᠡᠪᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠡᠯ᠎ᠡ ᠲᠦᠷᠦᠯ ᠤᠨ ᠰᠢᠨ᠎ᠡ ᠶᠢ ᠡᠭᠦᠳᠬᠦ ᠶᠢᠨ ᠬᠠᠮᠤᠭ ᠴᠢᠬᠤᠯᠠ᠂ ᠬᠠᠮᠤᠭ ᠵᠠᠩᠭᠢᠯᠠᠭ᠎ᠠ᠂ ᠬᠠᠮᠤᠭ ᠭᠤᠣᠯᠯᠠᠬᠤ ᠬᠡᠰᠡᠭ ᠮᠦᠨ᠂ ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ ᠬᠠᠷᠢᠴᠠᠭᠠᠨ ᠳᠤ ᠪᠦᠷ ᠰᠢᠢᠳᠪᠦᠷᠢᠯᠡᠬᠦ ᠴᠢᠨᠠᠷ ᠤᠨ ᠨᠦᠯᠦᠭᠡ ᠲᠠᠢ ᠪᠠᠶᠢᠵᠤ᠂ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ᠂ ᠠᠵᠤ ᠦᠢᠯᠡᠰ ᠤᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠬᠤ᠂ ᠬᠤᠲᠠ ᠬᠦᠳᠡᠭᠡ ᠶᠢᠨ ᠵᠦᠷᠢᠶ᠎ᠡ ᠶᠢ ᠪᠠᠭᠠᠰᠬᠠᠬᠤ ᠵᠡᠷᠭᠡ ᠤᠯᠠᠨ ᠠᠷᠪᠢᠨ ᠠᠰᠠᠭᠤᠳᠠᠯ ᠳᠤ ᠪᠦᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠶᠠᠷ ᠰᠢᠪᠲᠤᠯᠤᠯᠲᠠ ᠶᠢᠨ ᠰᠡᠳᠦᠪ ᠪᠣᠯᠭᠠᠬᠤ ᠴᠢᠬᠤᠯᠠᠲᠠᠢ ᠶᠤᠮ᠃      ᠯᠢ ᠪᠢᠩ ᠷᠦᠩ ᠬᠡᠯᠡᠭᠰᠡᠨ ᠨᠢ᠄ ︽ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠨᠢ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠬᠡᠷᠡᠭᠵᠢᠭᠦᠯᠦᠭᠡᠳ ᠪᠦᠲᠦᠮᠵᠢᠲᠡᠶ ᠰᠠᠶᠢᠨ ᠠᠷᠭ᠎ᠠ ᠬᠡᠮᠵᠢᠶ᠎ᠡ ᠶᠢ ᠠᠪᠤᠭᠰᠠᠨ ᠨᠢ᠂ ᠡᠨᠡ ᠤᠳᠠᠭᠠᠨ ᠤ ᠲᠠᠪᠤᠳᠤᠭᠠᠷ ᠪᠥᠬᠦᠳᠡ ᠬᠤᠷᠠᠯ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠳᠤ ᠪᠦᠷᠢᠮᠦᠰᠦᠨ ᠨᠡᠶᠢᠴᠡᠭᠰᠡᠨ ᠪᠠᠶᠢᠨ᠎ᠠ᠃︾ ᠲᠡᠷᠡ ᠪᠠᠷ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠮᠠᠨ ᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠣᠯᠤᠭᠰᠠᠨ ᠠᠮᠵᠢᠯᠲᠠ ᠶᠢ 6 ᠲᠠᠯ᠎ᠠ ᠪᠠᠷ ᠳ᠋ᠦᠩᠨᠡᠯᠲᠡ ᠬᠢᠪᠡ᠃ ᠨᠢᠭᠡ ᠳᠤ ᠬᠥᠭᠵᠢᠯᠲᠡ ᠶᠢ ᠨᠢᠭᠲᠠ ᠤᠶᠠᠯᠳᠤᠭᠤᠯᠤᠨ᠂ ᠵᠥᠪ ᠴᠢᠭᠯᠡᠯ ᠢ ᠪᠠᠲᠤ ᠡᠵᠡᠮᠰᠢᠪᠡ᠃ ︽8337︾ ᠬᠥᠭᠵᠢᠯᠲᠡ ᠵᠨ ᠰᠡᠳᠬᠢᠴᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠳᠡᠭᠡᠳᠦ ᠵᠡᠷᠭᠡᠯᠡᠯ ᠤᠨ ᠵᠢᠷᠤᠭ ᠲᠥᠯᠥᠪᠯᠡᠭᠡ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠲᠦᠯᠦᠪᠵᠢᠭᠦᠯᠭᠡ︾᠎ ᠶᠢ ᠨᠡᠶᠢᠲᠡᠯᠡᠵᠦ᠂ ᠭᠤᠣᠯᠳᠠᠯᠭ᠎ᠠ ᠲᠠᠢ ᠠᠵᠤ ᠦᠢᠯᠡᠰ ᠤᠨ ᠮᠡᠷᠭᠡᠵᠢᠯ ᠤᠨ ᠵᠠᠮ ᠱᠤᠭᠤᠮ ᠤᠨ ᠵᠢᠷᠤᠭ ᠤᠳ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠷᠠᠯᠲᠠᠲᠤ ᠡᠭᠦᠷᠭᠡ ᠪᠠ ᠠᠷᠭ᠎ᠠ ᠵᠠᠮ ᠶᠢ ᠲᠤᠳᠤᠷᠬᠠᠶᠢᠯᠠᠭᠰᠠᠨ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠤᠶ ᠪᠤᠯᠬᠤ ᠲᠣᠭᠲᠠᠴᠠ ᠶᠢ ᠰᠢᠨᠡᠴᠢᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠥᠭᠡᠴᠡ ᠲᠥᠷᠥᠯ ᠵᠦᠢᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︾᠎ ᠶᠢ ᠨᠡᠶᠢᠲᠡᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠨᠥᠭᠡᠴᠡᠯᠡᠬᠦ ᠬᠥᠮᠥᠷᠭᠡ ᠶᠢ ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠪᠠ ᠠᠵᠤ ᠠᠬᠤᠶ ᠶᠢᠨ ᠬᠡᠷᠡᠭᠴᠡᠭᠡ ᠬᠤᠶᠠᠷ ᠵᠦᠢᠯ ᠤᠨ ᠠᠰᠠᠭᠤᠳᠠᠯ ᠢ ᠡᠬᠢ ᠰᠤᠷᠪᠤᠯᠵᠢ ᠠᠴᠠ ᠨᠢ ᠰᠢᠢᠳᠪᠦᠷᠢᠯᠡᠪᠡ︔ ᠬᠤᠶᠠᠷ ᠲᠤ ᠤᠷᠮᠠᠰᠢᠭᠤᠯᠬᠤ ᠶᠢ ᠴᠢᠩᠭᠠᠳᠬᠠᠵᠤ᠂ ᠰᠢᠰᠲ᠋ᠧᠮ ᠢᠶᠠᠷ ᠵᠢᠷᠤᠵᠤ ᠲᠦᠯᠦᠪᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠴᠤ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠳᠦᠷᠢᠮ︾᠎ ᠳᠤ ᠵᠠᠰᠠᠪᠤᠷᠢ ᠣᠷᠣᠭᠤᠯᠤᠭᠰᠠᠨ ᠤ ᠬᠠᠮᠲᠤ ᠲᠦᠷᠦ ᠶᠢᠨ ᠪᠤᠳᠤᠯᠭ᠎ᠠ᠂ ᠲᠦᠷᠢᠮ ᠪᠠ ᠴᠢᠳᠠᠪᠤᠷᠢᠲᠠᠨ ᠵᠡᠷᠭᠡ ᠭᠤᠷᠪᠠᠨ ᠶᠡᠭᠡ ᠠᠷᠭ᠎ᠠ ᠬᠡᠮᠵᠢᠶ᠎ᠡ ᠶᠢ ᠪᠠᠲᠤᠯᠠᠬᠤ ᠲᠠᠯ᠎ᠠ ᠪᠠᠷ᠂ ᠬᠡᠷᠡᠭᠵᠢᠭᠦᠯᠬᠦ ᠠᠷᠭ᠎ᠠ ᠪᠠ ᠲᠥᠰᠦᠯ ᠨᠤᠭᠤᠳ ᠢ ᠤᠳᠤ ᠶᠠᠭ ᠲᠣᠭᠲᠠᠭᠠᠵᠤ ᠪᠠᠶᠢᠨ᠎ᠠ᠂ ᠡᠳᠡᠭᠡᠷ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠤ ᠳᠠᠷᠠᠭ᠎ᠠ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠳᠡᠭᠡᠳᠦ ᠰᠤᠷᠭᠠᠭᠤᠯᠢ ᠵᠡᠷᠭᠡ ᠰᠢᠨ᠎ᠡ ᠶᠢ ᠡᠭᠦᠳᠬᠦ ᠪᠡᠶᠡᠴᠢ ᠴᠣᠭᠴᠠ ᠨᠤᠭᠤᠳ ᠤᠨ ᠠᠮᠢᠵᠢᠷᠠᠯ ᠤᠨ ᠬᠦᠴᠦᠨ ᠢ ᠪᠢᠯᠬᠠᠭᠤᠯᠤᠨ᠂ ᠥᠨᠳᠥᠷ ᠪᠦᠲᠦᠮᠵᠢᠲᠡᠶ ᠪᠠᠷ ᠬᠠᠮᠲᠤᠷᠠᠯᠴᠠᠭᠤᠯᠵᠤ᠂ ᠴᠢᠳᠠᠪᠤᠷᠢᠲᠠᠨ᠂ ᠮᠡᠷᠭᠡᠵᠢᠯ᠂ ᠪᠡᠯᠡ ᠮᠥᠩᠭᠦ ᠵᠡᠷᠭᠡ ᠰᠢᠨ᠎ᠡ ᠶᠢ ᠡᠭᠦᠳᠬᠦ ᠡᠯᠧᠮᠧᠨ᠋ᠲ ᠤᠨ ᠡᠷᠭᠢᠯᠲᠡ ᠶᠢ ᠨᠡᠩ ᠰᠢᠭᠤᠳ ᠰᠢᠯᠤᠭᠤᠨ ᠪᠣᠯᠭᠠᠵᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠲᠣᠬᠢᠷᠠᠭᠤᠯᠭ᠎ᠠ ᠶᠢ ᠨᠡᠩ ᠰᠢᠯᠢᠳᠡᠭᠴᠢᠯᠡᠵᠦ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠠᠭᠤᠷ ᠠᠮᠢᠰᠬᠤᠯ ᠨᠡᠩ ᠭᠦᠨ ᠭᠦᠨᠵᠡᠭᠡᠢ ᠪᠤᠯᠪᠠ︔ ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠲᠣᠭᠲᠠᠭᠠᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠯᠡᠭᠡ ᠬᠠᠮᠢᠶᠠᠷᠤᠯᠲᠠ ᠶᠢ ᠥᠭᠡᠷᠡᠴᠢᠯᠡᠵᠦ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯᠡᠰ ᠢ ᠬᠦᠨᠵᠡᠭᠡᠶᠢᠷᠡᠭᠦᠯᠬᠦ ᠪᠠ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠯ︾᠎ ᠢ ᠨᠡᠶᠢᠳᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠨ ᠤ ᠪᠠᠶᠢᠷᠢᠯᠠᠭᠤᠯᠤᠯᠲᠠ ᠶᠢ ᠡᠮᠬᠢᠯᠡᠨ  ᠨᠡᠶᠢᠯᠡᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠪᠠ ᠪᠡᠯᠡ ᠮᠥᠩᠭᠦ ᠶᠢᠨ ᠬᠠᠮᠢᠶᠠᠷᠤᠯᠲᠠ ᠶᠢ ᠥᠭᠡᠷᠡᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠡᠷᠴᠢᠮ ᠲᠠᠢ ᠥᠭᠡᠷᠡᠴᠢᠯᠡᠯᠲᠡ ᠪᠠ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠲᠦᠷᠪᠡ ᠳᠤ᠂ ᠨᠡᠭᠡᠭᠡᠯᠳᠡ ᠶᠢ ᠥᠷᠭᠡᠳᠬᠡᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠤᠷᠰᠢᠯᠴᠠᠭ᠎ᠠ ᠪᠠ ᠬᠠᠮᠵᠢᠯᠴᠠᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠪᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠲᠦᠷᠪᠡᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠲᠦᠭᠡᠨ ᠪᠠᠶᠢᠭᠤᠯᠪᠠ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠂ ᠢᠨᠵᠧᠨᠧᠷᠢᠩ ᠤᠨ ᠬᠦᠷᠢᠶᠡᠯᠡᠩ ᠎ ᠯᠤᠭ᠎ᠠ ᠶᠢᠨ ᠪᠦᠬᠦ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠠᠨ ᠬᠦᠨᠵᠡᠭᠡᠶᠢᠷᠡᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯᠡᠰ ᠤᠨ ᠪᠡᠷᠬᠡ ᠰᠡᠳᠦᠪ ᠢ ᠬᠠᠮᠲᠤᠷᠠᠨ ᠰᠢᠢᠳᠪᠦᠷᠢᠯᠡᠬᠦ᠂ ᠴᠢᠬᠤᠯᠠ ᠶᠡᠭᠡ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠵᠥᠪᠯᠡᠯᠭᠡ ᠥᠭᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠪᠡ᠃ ᠬᠥᠭᠵᠢᠭᠰᠡᠨ ᠮᠤᠵᠢ ᠣᠷᠣᠨ ᠯᠤᠭ᠎ᠠ ᠬᠠᠮᠵᠢᠯᠴᠠᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠰᠢᠯᠵᠢᠯᠲᠡ᠂ ᠦᠷᠭᠦᠯᠵᠢᠯᠡᠯ ᠪᠠ ᠲᠡᠰ ᠳᠡᠪᠰᠢᠭᠦᠯᠬᠦ ᠶᠢ ᠠᠬᠢᠭᠤᠯᠪᠠ︔ ᠲᠠᠪᠤ ᠳᠤ᠂ ᠵᠢᠮ᠎ᠡ ᠶᠣᠰᠣ ᠶᠢ ᠬᠦᠨᠳᠦᠳᠬᠡᠵᠦ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠨ᠂ 38 ᠠᠵᠤ ᠠᠬᠤᠶᠢᠯᠠᠯ ᠢᠶᠠᠷ ᠪᠡᠶᠡᠴᠢ ᠴᠣᠭᠴᠠ ᠪᠣᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠤᠭᠰᠠᠨ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠ 22 ᠠᠵᠤ ᠠᠬᠤᠶᠢᠯᠠᠯ ᠢᠶᠠᠷ ᠭᠤᠣᠯᠯᠠᠭᠤᠯᠤᠭᠰᠠᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ ᠶᠢ ᠪᠠᠶᠢᠭᠤᠯᠵᠤ᠂ ᠪᠦᠬᠦ ᠣᠷᠣᠨ ᠤ 12 ᠠᠶᠢᠮᠠᠭ ᠬᠤᠲᠠ ᠶᠢ ᠪᠦᠷᠬᠦᠭᠦᠯᠦᠭᠰᠡᠨ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠤᠨ 87.6%᠎ ᠶᠢᠨ ᠵᠠᠷᠤᠳᠠᠯ ᠢ ᠠᠵᠤ ᠠᠬᠤᠶᠢᠯᠠᠯ ᠳᠤ ᠤᠷᠤᠭᠤᠯᠵᠤ᠂ ᠠᠵᠤ ᠦᠢᠯᠡᠰ ᠤᠨ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ 36 ᠳ᠋ᠦᠩᠰᠢᠭᠤᠷ ᠲᠦᠬᠦᠷᠢᠭ ᠤᠨ ᠣᠷᠣᠭᠤᠯᠤᠯᠲᠠ ᠶᠢ ᠳᠠᠶᠢᠴᠢᠯᠠᠪᠠ᠃ ︽ᠠᠷᠪᠠᠨ ᠬᠤᠶᠠᠳᠤᠭᠠᠷ ᠲᠠᠪᠤᠨ ᠵᠢᠯ︾᠎ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠨᠢᠭᠡ᠂ ᠬᠤᠶᠠᠳᠤᠭᠠᠷ ᠳᠡᠰ ᠤᠨ ᠱᠠᠩᠨᠠᠯ ᠣᠯᠤᠭᠰᠠᠨ ᠲᠦᠷᠦᠯ ᠵᠦᠢᠯ ᠤᠨ 42.5%᠎ ᠶᠢᠨ ᠱᠠᠩᠨᠠᠯ ᠢ ᠠᠵᠤ ᠠᠬᠤᠶᠢᠯᠠᠯ ᠬᠦᠷᠲᠡᠭᠰᠡᠨ ᠪᠠᠶᠢᠨ᠎ᠠ᠃ ᠶᠡᠷᠦᠩᠬᠡᠶ ᠬᠡᠪᠴᠢᠶ᠎ᠡ ᠨᠢ 4.8 ᠳ᠋ᠦᠩᠰᠢᠭᠤᠷ ᠲᠥᠭᠦᠷᠢᠭ ᠬᠦᠷᠬᠦ ᠥᠪᠥᠷ ᠮᠣᠩᠭᠤᠯ ᠬᠠᠮᠵᠢᠯᠴᠠᠨ ᠰᠢᠨ᠎ᠡ ᠶᠢ ᠡᠭᠦᠳᠬᠦ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦ ᠶᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠮᠥᠩᠭᠦᠨ ᠭᠦᠢᠯᠭᠡᠭᠡᠨ ᠤ ᠨᠡᠶᠢᠯᠡᠯ ᠢᠶᠠᠷ ᠳᠠᠮᠵᠢᠨ᠂ ᠳᠤᠮᠳᠠ ᠵᠢᠵᠢᠭ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠪᠠ︔ ᠵᠢᠷᠭᠤᠭ᠎ᠠ ᠳᠤ᠂ ᠭᠤᠣᠯᠳᠠᠯᠭ᠎ᠠ ᠶᠢ ᠳᠤᠪᠤᠶᠢᠯᠭᠠᠵᠤ᠂ ᠭᠤᠷᠪᠠᠨ ᠶᠡᠭᠡ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠪᠡ᠃ ︽8337︾ ᠬᠥᠭᠵᠢᠯᠲᠡ ᠶᠢᠨ ᠰᠡᠳᠬᠢᠮᠵᠢ ᠶᠢᠨ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠮᠡᠷᠭᠡᠵᠢᠯ ᠤᠨ ᠬᠡᠷᠡᠭᠴᠡᠭᠡ ᠶᠢᠨ ᠲᠣᠭᠤᠷᠢᠨ ᠳᠤ᠂ ᠵᠠᠩᠭᠢᠯᠠᠭ᠎ᠠ ᠪᠣᠯᠬᠤ ᠨᠡᠶᠢᠲᠡᠴᠢ ᠴᠢᠨᠠᠷᠲᠠᠶ ᠮᠡᠷᠭᠡᠵᠢᠯ ᠢ ᠰᠤᠳᠤᠯᠤᠨ ᠨᠡᠭᠡᠭᠡᠬᠦ ᠪᠠ ᠲᠥᠪᠯᠡᠷᠡᠭᠦᠯᠦᠨ ᠵᠢᠱᠢᠶ᠎ᠡ ᠦᠵᠡᠭᠦᠯᠬᠦ ᠢᠨᠵᠧᠨᠧᠷᠢᠩ ᠪᠣᠯᠤᠨ ᠬᠡᠷᠡᠭᠯᠡᠭᠡᠨ ᠤ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠢᠨᠵᠧᠨᠧᠷᠢᠩ ᠶᠢ ᠬᠡᠷᠡᠭᠵᠢᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠬᠦᠷᠢᠶ᠎ᠡ ᠶᠢᠨ ᠬᠥᠭᠵᠢᠯᠲᠡ ᠶᠢᠨ ᠪᠣᠭᠤᠮᠢ ᠶᠢ ᠰᠢᠪᠲᠤᠯᠵᠤ᠂ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠵᠦ ᠳᠠᠪᠠᠨ᠂ ᠨᠢᠭᠡ ᠪᠦᠯᠦᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠵᠤ᠂ ᠠᠵᠤ ᠦᠢᠯᠡᠰ ᠤᠨ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠ ᠶᠡᠷᠦᠩᠬᠡᠶᠢᠯᠡᠭᠰᠡᠨ ᠥᠷᠢᠰᠥᠯᠳᠦᠬᠦ ᠴᠢᠳᠠᠪᠤᠷᠢ ᠶᠢᠨ ᠳᠡᠭᠡᠭᠰᠢᠯᠡᠭᠦᠯᠦᠯᠲᠡ ᠶᠢ ᠲᠦᠯᠬᠢᠨ ᠠᠬᠢᠭᠤᠯᠪᠠ᠃ ᠰᠢᠨ᠎ᠡ ᠶᠢ ᠡᠭᠦᠳᠬᠦ ᠴᠢᠳᠠᠪᠤᠷᠢᠲᠠᠨ ᠪᠠ ᠲᠠᠪᠴᠠᠩ ᠰᠢᠰᠲ᠋ᠧᠮᠵᠢ ᠶᠢᠨ ᠪᠦᠳᠤᠬᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠥᠷᠥᠯ ᠵᠦᠢᠯ᠂ ᠲᠠᠪᠴᠠᠩ᠂ ᠴᠢᠳᠠᠪᠤᠷᠢᠲᠠᠨ ᠭᠤᠷᠪᠠ ᠶᠢ ᠨᠢᠭᠡ ᠴᠤᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠰᠡᠳᠬᠢᠴᠡ ᠶᠤᠰᠤᠭᠠᠷ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠤᠯᠤᠰ ᠤᠨ ᠱᠠᠲᠤᠨ ᠤ ᠲᠠᠪᠴᠠᠩ ᠤᠨ ᠪᠠᠶᠢᠭᠤᠯᠤᠯᠲᠠ ᠴᠢᠬᠤᠯᠠ ᠰᠢᠪᠲᠤᠯᠤᠯᠲᠠ ᠲᠠᠢ ᠪᠤᠯᠵᠤ᠂ ᠤᠯᠤᠰ ᠤᠨ ᠳᠡᠰ ᠤᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ 2 ᠨᠡᠮᠡᠭᠳᠡᠵᠦ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠬᠥᠭᠵᠢᠭᠡᠳ 2 ᠪᠤᠯᠵᠤ᠂ ᠨᠡᠶᠢᠲᠡ 20 ᠤᠯᠤᠰ ᠤᠨ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠠᠢ᠃ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠰᠢᠰᠲ᠋ᠧᠮ︾᠎ ᠢ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠳᠤ ᠭᠤᠣᠯ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ︽ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠲᠥᠯᠥᠪᠵᠢᠭᠦᠯᠭᠡ﹀᠎ ᠳᠤ ᠳᠤᠷᠠᠳᠤᠭᠰᠠᠨ ᠨᠢ 2020 ᠣᠨ ᠪᠣᠯᠬᠤ ᠳᠤ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠦᠬᠦ ᠤᠯᠤᠰ ᠤᠨ ᠳᠤᠮᠳᠠ ᠳᠡᠰ ᠤᠨ ᠬᠢᠷᠢ ᠲᠦᠪᠰᠢᠨ ᠤ ᠬᠥᠭᠵᠢᠯᠲᠡ ᠶᠢᠨ ᠬᠠᠷᠠᠯᠲᠠ ᠳᠤ ᠬᠦᠷᠦᠨ᠎ᠡ᠂ ᠡᠨᠡ ᠪᠣᠯ ᠨᠢᠭᠡᠨ ᠲᠣᠮᠣ ᠳᠠᠪᠠᠯᠲᠠ ᠮᠥᠨ᠂ ᠡᠶᠢᠮᠦ ᠠᠴᠠ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠮᠠᠰᠢ ᠲᠤᠯᠭᠠᠮ᠎ᠠ᠂ ᠡᠭᠦᠷᠭᠡ ᠬᠠᠲᠠᠭᠤ ᠪᠡᠷᠬᠡᠰᠢᠶᠡᠯᠲᠡᠢ ᠪᠣᠢ︾᠃ ᠯᠢ ᠪᠢᠩ ᠷᠦᠩ ᠤᠨ ᠦᠵᠡᠬᠦ ᠪᠠᠷ᠂ ︽12 · 5︾᠎ ᠠᠴᠠ ᠨᠠᠰᠢ᠂ ᠮᠠᠨ ᠤ ᠣᠷᠣᠨ ᠤ ᠥᠷᠨᠢᠭᠦᠯᠦᠭᠰᠡᠨ ᠪᠠ ᠬᠡᠷᠡᠭᠵᠢᠭᠦᠯᠦᠭᠰᠡᠨ ᠨᠢᠭᠡ ᠪᠦᠯᠦᠭ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠪᠦᠬᠦ ᠤᠯᠤᠰ ᠤᠨ ᠠᠬ᠎ᠠ ᠳᠡᠭᠦᠦ ᠦᠨᠳᠦᠰᠦᠲᠡᠨ ᠤ ᠡᠮᠦᠨ᠎ᠡ ᠡᠩᠨᠡᠭᠡᠨ ᠳᠤ ᠣᠷᠣᠵᠤ ᠠᠩᠬ᠎ᠠ ᠠᠮᠵᠢᠯᠲᠠ ᠣᠯᠵᠠᠢ᠃ ᠭᠡᠪᠡᠴᠦ ᠰᠡᠷᠭᠡᠭ ᠢᠶᠠᠷ ᠲᠠᠨᠢᠵᠤ ᠣᠯᠣᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠮᠥᠨ ᠯᠠ ᠪᠦᠬᠦ ᠤᠯᠤᠰ ᠤᠨ ᠭᠤᠷᠪᠠᠳᠤᠭᠠᠷ ᠡᠩᠨᠡᠭᠡ ᠶᠢᠨ ᠰᠡᠭᠦᠯ ᠳᠤ ᠪᠠᠶᠢᠷᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠷᠪᠠᠨ ᠶᠡᠭᠡ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠢᠬᠦ ᠪᠣᠯ᠂ ︽13 · 5︾᠎ ᠶᠢᠨ ᠬᠤᠭᠤᠴᠠᠭᠠᠨ ᠳᠤ ᠥᠪᠥᠷ ᠮᠣᠩᠭᠤᠯ ᠤᠨ ᠬᠥᠭᠵᠢᠯᠲᠡ ᠬᠡᠯᠪᠡᠷᠢ ᠪᠠᠨ ᠬᠤᠪᠢᠷᠠᠭᠤᠯᠬᠤ ᠳᠡᠰ ᠳᠠᠪᠰᠢᠬᠤ ᠶᠢᠨ ᠵᠠᠶᠢᠯᠠᠰᠢ ᠦᠭᠡᠢ ᠰᠣᠩᠭᠤᠯᠲᠠ ᠮᠥᠨ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠭᠤᠣᠯᠯᠠᠭᠴᠢ ᠪᠣᠯᠭᠠᠭᠰᠠᠨ ᠰᠢᠰᠲ᠋ᠧᠮᠲᠦ ᠢᠨᠵᠧᠨᠧᠷᠢᠩ ᠪᠣᠯᠬᠤ ᠶᠢᠨ ᠬᠤᠪᠢ ᠳᠤ᠂ ᠪᠦᠬᠦ ᠨᠡᠶᠢᠭᠡᠮ ᠢᠶᠠᠷ ᠢᠶᠠᠨ ᠠᠰᠠᠭᠤᠳᠠᠯ ᠤᠨ ᠵᠢᠯᠣᠭᠤᠳᠤᠮᠵᠢ ᠪᠣᠯᠣᠨ ᠬᠡᠷᠡᠭᠴᠡᠭᠡ ᠱᠠᠭᠠᠷᠳᠠᠯᠭ᠎ᠠ ᠶᠢᠨ ᠵᠢᠯᠣᠭᠤᠳᠤᠮᠵᠢ ᠶᠣᠰᠣᠭᠠᠷ᠂ ᠰᠢᠨ᠎ᠡ ᠶᠢ ᠡᠭᠦᠳᠬᠦ ᠳᠤᠮᠳᠠᠬᠢ ᠠᠰᠠᠭᠤᠳᠠᠯ ᠢ ᠰᠢᠰᠲ᠋ᠧᠮ ᠲᠠᠢ ᠪᠠᠷ ᠰᠢᠢᠳᠪᠦᠷᠢᠯᠡᠵᠦ᠂ ᠰᠢᠨ᠎ᠡ ᠶᠢ ᠡᠭᠦᠳᠬᠦ ᠶᠢ ᠦᠨᠡᠨᠬᠦ ᠡᠯ᠎ᠡ ᠲᠦᠷᠦᠯ ᠤᠨ ᠠᠵᠢᠯ ᠳᠠᠭᠠᠨ ᠲᠤᠤᠱᠯᠠᠭᠤᠯᠵᠤ᠂ ᠡᠬᠡ ᠤᠯᠤᠰ ᠤᠨ ᠤᠮᠠᠷᠠᠲᠤ ᠶᠢᠨ ᠬᠢᠯᠢ ᠎ ᠶᠢᠨ ᠦᠵᠡᠮᠵᠢᠲᠦ ᠱᠤᠭᠤᠮ ᠢ ᠴᠣᠭᠴᠠᠯᠠᠬᠤ ᠳᠤ ᠵᠢᠯᠣᠭᠤᠳᠤᠮᠵᠢ ᠶᠢᠨ ᠦᠢᠯᠡᠳᠦᠯ ᠪᠠᠳᠠᠷᠠᠭᠤᠯᠵᠤ᠂ ᠲᠠᠪᠤᠳᠤᠭᠠᠷ ᠪᠦᠭᠦᠳᠡ ᠬᠤᠷᠠᠯ ᠤᠨ ᠰᠢᠨ᠎ᠡ ᠶᠢ ᠡᠭᠦᠳᠬᠦ ᠳᠤ ᠲᠠᠯᠪᠢᠭᠰᠠᠨ ᠨᠡᠩ ᠥᠨᠳᠥᠷ ᠱᠠᠭᠠᠷᠳᠠᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠶᠤᠮ᠃      ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠡᠵᠦ ᠰᠢᠨᠵᠢᠯᠡᠬᠦ ᠣᠬᠠᠭᠠᠨ ᠰᠤᠷᠭᠠᠨ ᠬᠦᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ          ᠤᠯᠤᠰ ᠤᠨ ᠳᠤᠮᠳᠠ ᠤᠷᠲᠤ ᠬᠤᠭᠤᠴᠠᠭᠠᠨ ᠤ ᠰᠢᠨᠵᠢᠯᠡᠬᠦ ᠤᠬᠠᠭᠠᠨ᠂ ᠰᠤᠷᠭᠠᠨ ᠬᠥᠮᠥᠵᠢᠯ᠂ ᠴᠢᠳᠠᠪᠤᠷᠢᠲᠠᠨ ᠤ ᠲᠥᠯᠥᠪᠵᠢᠭᠦᠯᠭᠡ ᠶᠢᠨ ᠬᠥᠲᠥᠯᠪᠦᠷᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠶᠡᠭᠡ ᠬᠦᠴᠦᠨ ᠢᠶᠠᠷ ᠳᠡᠭᠡᠭᠰᠢᠯᠡᠭᠦᠯᠵᠦ᠂ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢᠨ ᠬᠥᠭᠵᠢᠯᠲᠡ ᠶᠢ ᠲᠦᠷᠭᠡᠳᠬᠡᠵᠦ᠂ ᠴᠢᠳᠠᠪᠤᠷᠢᠲᠠᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠰᠤᠭᠠᠢ᠃      — ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ︾᠎ ᠠᠴᠠ      ᠰᠢᠨ᠎ᠡ ᠶᠢ ᠡᠭᠦᠳᠬᠦ ᠪᠣᠯ ᠬᠥᠭᠵᠢᠯᠲᠡ ᠶᠢ ᠵᠠᠮᠴᠢᠯᠠᠬᠤ ᠨᠢᠭᠡᠳᠦᠭᠡᠷ ᠬᠥᠳᠡᠯᠭᠡᠬᠦ ᠬᠦᠴᠦᠨ ᠮᠥᠨ᠃ ᠰᠢᠨ᠎ᠡ ᠶᠢ ᠡᠭᠦᠳᠬᠦ ᠶᠢ ᠡᠷᠬᠡᠪᠰᠢ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠭᠤᠣᠯᠯᠠᠬᠤ ᠪᠠᠶᠢᠷᠢᠨ ᠳᠤ ᠲᠠᠯᠪᠢᠵᠤ᠂ ᠣᠨᠣᠯ ᠤᠨ ᠰᠢᠨ᠎ᠡ ᠶᠢ ᠡᠭᠦᠳᠬᠦ᠂ ᠳᠦᠷᠢᠮ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ ᠵᠡᠷᠭᠡ ᠡᠯ᠎ᠡ ᠲᠠᠯ᠎ᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠪᠠᠷ ᠨᠠᠮ ᠪᠣᠯᠣᠨ ᠤᠯᠤᠰ ᠤᠨ ᠠᠯᠢᠪᠠ ᠠᠵᠢᠯ ᠢ ᠲᠤᠤᠱᠯᠠᠭᠤᠯᠵᠤ᠂ ᠰᠢᠨ᠎ᠡ ᠶᠢ ᠡᠭᠦᠳᠬᠦ ᠪᠠᠷ ᠪᠦᠬᠦ ᠨᠡᠶᠢᠭᠡᠮ ᠤᠨ ᠵᠠᠩᠰᠢᠯ ᠪᠣᠯᠭᠠᠬᠤ ᠬᠡᠷᠡᠭᠲᠡᠢ᠃       — ︽ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠭᠤᠯᠭ᠎ᠠ︾᠎ ᠠᠴᠠ      ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠡᠵᠦ ᠰᠢᠨᠵᠢᠯᠡᠬᠦ ᠣᠬᠠᠭᠠᠨ ᠰᠤᠷᠭᠠᠨ ᠬᠥᠮᠥᠵᠢᠯ ᠢᠶᠠᠷ ᠣᠷᠣᠨ ᠢᠶᠠᠨ ᠮᠠᠨᠳᠤᠭᠤᠯᠬᠤ ᠪᠠ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ      ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠤᠮᠳᠠ ᠤᠷᠲᠤ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠥᠵᠢᠯ᠂ ᠴᠢᠳᠠᠪᠤᠷᠢᠲᠠᠨ ᠤ ᠲᠥᠯᠥᠪᠵᠢᠭᠦᠯᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠤᠷᠢᠳᠠᠪᠠᠷ ᠰᠤᠷᠭᠠᠨ ᠬᠥᠮᠥᠵᠢᠯ ᠢ ᠬᠥᠭᠵᠢᠭᠦᠯᠵᠦ᠂ ᠴᠢᠳᠠᠪᠤᠷᠢᠲᠠᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠦᠷᠭᠡᠳᠬᠡᠵᠦ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠪᠠ ᠬᠦᠮᠦᠨ ᠤ ᠬᠦᠴᠦᠨ ᠤ ᠡᠬᠢ ᠪᠠᠶᠠᠯᠢᠭ ᠤᠨ ᠪᠠᠲᠤ ᠪᠠᠬᠢ ᠰᠠᠭᠤᠷᠢ ᠶᠢ ᠲᠠᠯᠪᠢᠵᠤ᠂ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠪᠦᠲᠦᠭᠡᠨ ᠪᠠᠶᠢᠭᠤᠯᠤᠨ᠎ᠠ᠃      — ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ︾᠎ ᠠᠴᠠ
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map