ᠠᠯᠪᠠᠨ ᠪᠠᠶᠢᠭᠤᠯᠭ᠎ᠠ ᠶᠢᠨ ᠠᠵᠢᠯᠳᠠᠨ ᠠᠵᠢᠯᠴᠢᠨ ᠤ ᠦᠨᠳᠦᠰᠦᠨ ᠴᠠᠯᠢᠩ ᠤᠨ ᠪᠠᠷᠢᠮᠵᠢᠶ᠎ᠠ ᠲᠤ ᠳᠤᠬᠢᠷᠠᠭᠤᠯᠤᠯᠳᠠ ᠬᠢᠬᠦ ᠲᠣᠬᠠᠢ ᠭᠡᠷᠡᠭᠵᠢᠭᠦᠯᠬᠦ ᠳᠦᠰᠦᠯ
ᠨᠡᠶᠢᠲᠡᠯᠡᠭᠰᠡᠨ ᠴᠠᠭ᠄
2015/2/25
      ᠦᠨᠳᠦᠰᠦᠨ ᠴᠠᠯᠢᠩ ᠤᠨ ᠪᠠᠷᠢᠮᠵᠢᠶ᠎ᠠ ᠳᠤ ᠳᠤᠬᠢᠷᠠᠭᠤᠯᠤᠯᠳᠠ ᠬᠢᠬᠦ ᠠᠷᠭ᠎ᠠ      ᠡᠬᠢᠯᠡᠵᠦ ᠬᠡᠷᠡᠭᠵᠢᠭᠦᠯᠬᠦ ᠴᠠᠭ᠄ 2014 ᠤᠨ ᠤ 10 ᠰᠠᠷ᠎ᠠ ᠶᠢᠨ 1᠎ ᠠᠴᠠ ᠡᠬᠢᠯᠡᠵᠦ᠂ ᠤᠯᠤᠰ ᠤᠨ ᠠᠯᠪᠠᠳᠠᠨ ᠤ ᠦᠨᠳᠦᠰᠦᠨ ᠴᠠᠯᠢᠩ ᠤᠨ ᠪᠠᠷᠢᠮᠵᠢᠶ᠎ᠠ ᠳᠤ ᠳᠤᠬᠢᠷᠠᠭᠤᠯᠤᠯᠳᠠ ᠬᠢᠵᠦ᠂ ᠡᠭᠦᠨ ᠤ ᠬᠠᠮᠳᠤ ᠭᠡᠰᠡᠭ ᠳᠦᠷᠢᠮᠵᠢᠭᠰᠡᠨ ᠨᠡᠮᠡᠭᠦᠷᠢ ᠨᠦᠬᠦᠪᠦᠷᠢ ᠶᠢ ᠦᠨᠳᠦᠰᠦᠨ ᠴᠠᠯᠢᠩ ᠳᠤ ᠨᠡᠶᠢᠯᠡᠭᠦᠯᠦᠨ᠎ᠠ᠃      ᠠᠵᠢᠯ ᠲᠦᠷᠦᠯ ᠤᠨ ᠴᠠᠯᠢᠩ ᠤᠨ ᠪᠠᠷᠢᠮᠵᠢᠶ᠎ᠠ᠄ 340 — 4000 ᠲᠦᠭᠦᠷᠢᠭ ᠠᠴᠠ 510 — 5250 ᠲᠦᠭᠦᠷᠢᠭ ᠪᠤᠯᠭᠠᠨ ᠨᠡᠮᠡᠭᠳᠡᠭᠦᠯᠦᠨ᠎ᠠ᠃      ᠵᠡᠷᠭᠡ ᠳᠡᠰ ᠤᠨ ᠴᠠᠯᠢᠩ ᠤᠨ ᠪᠠᠷᠢᠮᠵᠢᠶ᠎ᠠ᠄ 293 — 3020 ᠲᠦᠭᠦᠷᠢᠭ ᠠᠴᠠ 810 — 6135 ᠲᠦᠭᠦᠷᠢᠭ ᠪᠤᠯᠭᠠᠨ ᠨᠡᠮᠡᠭᠳᠡᠭᠦᠯᠦᠨ᠎ᠠ᠃      ᠠᠯᠪᠠᠨ ᠪᠠᠶᠢᠭᠤᠯᠭ᠎ᠠ ᠶᠢᠨ ᠠᠵᠢᠯᠴᠢᠨ ᠤ ᠮᠡᠷᠭᠡᠵᠢᠯ ᠤᠨ ᠵᠡᠷᠭᠡ ᠳᠡᠰ ᠤᠨ ᠴᠠᠯᠢᠩ ᠤᠨ ᠪᠠᠷᠢᠮᠵᠢᠶ᠎ᠠ᠄ ᠮᠡᠷᠭᠡᠵᠢᠯ ᠤᠨ ᠵᠡᠷᠭᠡ ᠳᠡᠰ ᠤᠨ ᠴᠠᠯᠢᠩ ᠤᠨ ᠪᠠᠷᠢᠮᠵᠢᠶ᠎ᠠ ᠳᠤ ᠮᠦᠨ ᠵᠤᠬᠢᠬᠤ ᠳᠤᠬᠢᠷᠠᠭᠤᠯᠤᠯᠳᠠ ᠬᠢᠨ᠎ᠠ᠃ ᠡᠭᠦᠨ ᠤ ᠬᠠᠮᠳᠤ᠂ ᠭᠡᠰᠡᠭ ᠳᠦᠷᠢᠮᠵᠢᠭᠰᠡᠨ ᠨᠡᠮᠡᠭᠦᠷᠢ ᠨᠦᠬᠦᠪᠦᠷᠢ ᠶᠢ ᠮᠡᠷᠭᠡᠵᠢᠯ ᠤᠨ ᠵᠡᠷᠭᠡ ᠳᠡᠰ ᠤᠨ ᠴᠠᠯᠢᠩ ᠳᠤ ᠨᠡᠶᠢᠯᠡᠭᠦᠯᠦᠨ᠎ᠠ᠃      ᠳᠦᠷᠢᠮᠵᠢᠭᠰᠡᠨ ᠨᠦᠬᠦᠪᠦᠷᠢ ᠶᠢᠨ ᠪᠠᠷᠢᠮᠵᠢᠶ᠎ᠠ᠄ ᠳᠦᠷᠢᠮᠵᠢᠭᠰᠡᠨ ᠨᠦᠬᠦᠪᠦᠷᠢ ᠶᠢᠨ ᠪᠠᠷᠢᠮᠵᠢᠶ᠎ᠠ ᠨᠢ ᠬᠠᠷᠢᠴᠠᠩᠭᠤᠢ ᠪᠠᠷ ᠬᠠᠰᠤᠭᠳᠠᠨ᠎ᠠ᠃ ᠨᠦᠬᠦᠪᠦᠷᠢ ᠶᠢᠨ ᠪᠠᠷᠢᠮᠵᠢᠶ᠎ᠠ ᠶᠢᠨ ᠦᠨᠳᠦᠰᠦᠨ ᠴᠠᠯᠢᠩ ᠳᠤ ᠨᠡᠶᠢᠯᠡᠭᠦᠯᠦᠭᠡᠳ ᠦᠯᠡᠳᠡᠭᠰᠡᠨ ᠭᠡᠰᠡᠭ ᠢ ᠦᠨᠳᠦᠰᠦᠯᠡᠨ ᠬᠡᠷᠡᠭᠵᠢᠭᠦᠯᠦᠨ᠎ᠡ᠃                 ᠤᠯᠤᠰ ᠤᠨ ᠠᠯᠪᠠᠳᠠᠨ ᠤ ᠠᠵᠢᠯ ᠲᠦᠷᠦᠯ ᠵᠡᠷᠭᠡ ᠳᠡᠰ ᠤᠨ              ᠴᠠᠯᠢᠩ ᠤᠨ ᠪᠠᠷᠢᠮᠵᠢᠶ᠎ᠠ ᠶᠢᠨ ᠬᠦᠰᠦᠨᠦᠭᠳᠦ
              ᠠᠯᠪᠠᠨ ᠪᠠᠶᠢᠭᠤᠯᠭ᠎ᠠ ᠶᠢᠨ ᠠᠵᠢᠯᠴᠢᠨ ᠤ ᠠᠵᠢᠯ ᠤᠨ ᠪᠠᠶᠢᠷᠢ ᠮᠡᠷᠭᠡᠵᠢᠯ ᠤᠨ                ᠵᠡᠷᠭᠡ ᠳᠡᠰ ᠤᠨ ᠴᠠᠯᠢᠩ ᠤᠨ ᠪᠠᠷᠢᠮᠵᠢᠶ᠎ᠠ ᠶᠢᠨ ᠬᠦᠰᠦᠨᠦᠭᠳᠦ
     ᠪᠤᠰᠤᠳ ᠳᠦᠷᠦ ᠶᠢᠨ ᠪᠤᠳᠤᠯᠭ᠎ᠠ ᠶᠢᠨ ᠠᠰᠠᠭᠤᠳᠠᠯ     ᠡᠯ᠎ᠠ ᠲᠦᠷᠦᠯ ᠤᠨ ᠰᠤᠷᠭᠠᠭᠤᠯᠢ ᠠᠴᠠ ᠳᠡᠭᠦᠰᠦᠭᠰᠡᠨ ᠰᠤᠷᠤᠭᠴᠢᠳ ᠠᠴᠠ ᠡᠯᠰᠡᠭᠰᠡᠨ ᠤᠯᠤᠰ ᠤᠨ ᠠᠯᠪᠠᠳᠠᠨ ᠤ ᠳᠤᠷᠰᠢᠨ ᠭᠡᠷᠡᠭᠯᠡᠬᠦ ᠬᠤᠭᠤᠴᠠᠭᠠᠨ ᠤ ᠴᠠᠯᠢᠩ ᠤᠨ ᠪᠠᠷᠢᠮᠵᠢᠶ᠎ᠠ ︵ᠨᠡᠮᠡᠭᠳᠡᠭᠦᠯᠦᠭᠰᠡᠨ ᠤ ᠳᠠᠷᠠᠭ᠎ᠠ︶᠄      ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠡᠭᠦᠰᠦᠭᠰᠡᠳ᠄ 1190 ᠲᠦᠭᠦᠷᠢᠭ      ᠦᠨᠳᠦᠷ  ᠵᠡᠷᠭᠡ  ᠶᠢᠨ ᠳᠤᠮᠳᠠᠳᠤ  ᠰᠤᠷᠭᠠᠭᠤᠯᠢ᠂ ᠳᠤᠮᠳᠠ ᠵᠡᠷᠭᠡ  ᠶᠢᠨ ᠠᠵᠢᠯ ᠮᠡᠷᠭᠡᠵᠢᠯ ᠤᠨ ᠰᠤᠷᠭᠠᠭᠤᠯᠢ ᠳᠡᠭᠦᠰᠦᠭᠰᠡᠳ᠄ 1220 ᠲᠦᠭᠦᠷᠢᠭ      ᠶᠡᠭᠡ ᠰᠤᠷᠭᠠᠭᠤᠯᠢ ᠶᠢᠨ  ᠳᠤᠰᠬᠠᠢ  ᠮᠡᠷᠭᠡᠵᠢᠯ  ᠤᠨ  ᠠᠩᠬᠢ  ᠠᠴᠠ  ᠳᠡᠭᠦᠰᠦᠭᠰᠡᠳ᠄ 1345 ᠲᠦᠭᠦᠷᠢᠭ      ᠶᠡᠭᠡ ᠰᠤᠷᠭᠠᠭᠤᠯᠢ ᠶᠢᠨ ᠦᠨᠳᠦᠰᠦᠨ ᠠᠩᠬᠢ ᠠᠴᠠ ᠳᠡᠭᠦᠰᠦᠭᠰᠡᠳ᠄ 1390 ᠲᠦᠭᠦᠷᠢᠭ      ᠬᠤᠤᠰ ᠴᠤᠯᠠ ᠲᠠᠢ ︵6 ᠵᠢᠯ ᠠᠴᠠ ᠳᠡᠭᠡᠭᠰᠢ ᠰᠤᠷᠤᠯᠭ᠎ᠠ ᠶᠢᠨ ᠳᠦᠷᠢᠮ ᠲᠠᠢ ᠶᠢ ᠪᠠᠭᠳᠠᠭᠠᠨ᠎ᠠ︶ ᠤᠶᠤᠳᠠᠨ᠂ ᠰᠤᠳᠤᠯᠬᠤ ᠰᠤᠷᠤᠭᠴᠢ ᠶᠢᠨ ᠠᠩᠬᠢ ᠠᠴᠠ ᠳᠡᠭᠦᠰᠦᠭᠰᠡᠳ ᠪᠠ ᠠᠰᠫᠢᠷᠠᠨᠲ ᠤᠨ ᠴᠤᠯᠠ ᠣᠯᠣᠭᠰᠠᠨ ᠦᠭᠡᠢ ᠰᠤᠳᠤᠯᠬᠤ ᠰᠤᠷᠤᠭᠴᠢ᠄ 1435 ᠲᠦᠭᠦᠷᠢᠭ      ᠠᠰᠫᠢᠷᠠᠨᠲ ᠤᠨ ᠴᠤᠯᠠ ᠤᠯᠤᠭᠰᠠᠨ ᠰᠤᠳᠤᠯᠬᠤ ᠰᠤᠷᠤᠭᠴᠢ᠄ 1580 ᠲᠦᠭᠦᠷᠢᠭ      ᠳ᠋ᠤᠺᠲ᠋ᠤᠷ ᠴᠤᠯᠠ ᠬᠠᠮᠠᠭᠠᠯᠠᠭᠰᠠᠨ ᠰᠤᠳᠤᠯᠬᠤ ᠰᠤᠷᠤᠭᠴᠢ᠄ 1720 ᠲᠦᠭᠦᠷᠢᠭ      ᠳᠦᠷᠢᠮᠵᠢᠭᠰᠡᠨ ᠨᠦᠬᠦᠪᠦᠷᠢ ᠶᠢᠨ ᠪᠠᠷᠢᠮᠵᠢᠶ᠎ᠠ᠄ ᠳᠦᠷᠢᠮᠵᠢᠭᠰᠡᠨ ᠨᠦᠬᠦᠪᠦᠷᠢ ᠶᠢᠨ ᠪᠠᠷᠢᠮᠵᠢᠶ᠎ᠠ ᠨᠢ ᠬᠠᠷᠢᠴᠠᠩᠭᠤᠢ ᠪᠠᠷ ᠬᠠᠰᠤᠭᠳᠠᠬᠤ ᠳᠤᠬᠠᠢ ᠪᠤᠳᠠᠳᠠᠢ ᠠᠷᠭ᠎ᠠ ᠶᠢ ᠡᠯ᠎ᠠ ᠭᠠᠵᠠᠷ ᠤᠷᠤᠨ ᠪᠤᠳᠠᠳᠠᠢ ᠪᠠᠶᠢᠳᠠᠯ ᠢ ᠦᠨᠳᠦᠰᠦᠯᠡᠨ ᠳᠤᠭᠳᠠᠭᠠᠨ᠎ᠠ      ᠠᠯᠪᠠᠨ ᠪᠠᠶᠢᠭᠤᠯᠭ᠎ᠠ ᠶᠢᠨ ᠰᠢᠨ᠎ᠡ ᠠᠵᠢᠯ ᠳᠤ ᠭᠠᠷᠣᠭᠰᠠᠨ ᠠᠵᠢᠯᠴᠢᠨ ᠤ ᠱᠠᠪᠢ ᠠᠵᠢᠯᠴᠢᠨ ᠤ ᠬᠤᠭᠤᠴᠠᠭ᠎ᠠ᠂ ᠳᠠᠳᠤᠯᠭ᠎ᠠ ᠶᠢᠨ ᠬᠤᠭᠤᠴᠭᠠᠨ ᠤ ᠴᠠᠯᠢᠩ ᠤᠨ ᠪᠠᠷᠢᠮᠵᠢᠶ᠎ᠠ᠄ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠵᠠᠰᠠᠭ ᠤᠨ ᠤᠷᠳᠤᠨ ᠪᠤᠳᠠᠳᠠᠢ ᠪᠠᠶᠢᠳᠠᠯ ᠢᠶᠠᠨ ᠦᠨᠳᠦᠰᠦᠯᠡᠨ ᠳᠤᠭᠳᠠᠭᠠᠨ᠎ᠠ                   ᠤᠯᠤᠰ ᠤᠨ ᠠᠯᠪᠠᠲᠠᠨ ᠪᠠ ᠠᠯᠪᠠᠨ ᠪᠠᠶᠢᠭᠤᠯᠭ᠎ᠠ ᠶᠢᠨ ᠠᠵᠢᠯᠴᠢᠨ ᠤ                   ᠳᠦᠷᠢᠮᠵᠢᠭᠰᠡᠨ ᠨᠦᠬᠦᠪᠦᠷᠢ ᠶᠢᠨ ᠬᠠᠰᠤᠭᠳᠠᠭᠰᠠᠨ ᠬᠡᠮᠵᠢᠶ᠎ᠡ
     ᠦᠨᠳᠦᠰᠦᠨ ᠴᠠᠯᠢᠩ ᠤᠨ ᠪᠠᠷᠢᠮᠵᠢᠶ᠎ᠠ ᠶᠢᠨ ᠬᠡᠪ ᠤᠨ ᠳᠤᠬᠢᠷᠠᠭᠤᠯᠤᠯᠳᠠ ᠶᠢᠨ ᠳᠤᠭᠳᠠᠴᠠ ᠶᠢ ᠪᠠᠶᠢᠭᠤᠯᠤᠨ᠎ᠠ      ᠳᠤᠬᠢᠷᠠᠭᠤᠯᠤᠯᠳᠠ ᠶᠢᠨ ᠳᠠᠪᠳᠠᠮᠵᠢ᠄ ᠤᠢᠢᠷ᠎ᠠ ᠶᠢᠨ ᠬᠤᠭᠤᠴᠠᠭᠠᠨ ᠳᠤ ᠦᠨᠳᠦᠰᠦᠨ ᠴᠠᠯᠢᠩ ᠤᠨ ᠪᠠᠷᠢᠮᠵᠢᠶ᠎ᠠ ᠳᠤ ᠠᠯᠪᠠᠨ‌‍ᠪᠠᠶᠢᠭᠤᠯᠭ᠎ᠠ 2 ᠵᠢᠯ ᠳᠤ ᠨᠢᠭᠡ ᠤᠳᠠᠭ᠎ᠠ᠂ ᠠᠵᠢᠯ ᠦᠢᠯᠡᠰ ᠤᠨ ᠨᠢᠭᠡᠴᠡ 1 ᠵᠢᠯ ᠳᠤ ᠨᠢᠭᠡ ᠤᠳᠠᠭ᠎ᠠ ᠳᠤᠬᠢᠷᠠᠭᠤᠯᠤᠯᠳᠠ ᠬᠢᠨ᠎ᠡ᠃     ᠠᠳᠠᠯᠢ ᠬᠤᠭᠤᠴᠠᠭᠠᠨ ᠤ ᠪᠤᠳᠠᠰ ᠤᠨ ᠦᠨ᠎ᠡ ᠦᠰᠦᠭᠰᠡᠨ ᠬᠡᠮᠵᠢᠶ᠎ᠡ᠂ ᠠᠳᠠᠯᠢ ᠬᠤᠭᠤᠴᠠᠭᠠᠨ ᠲᠠᠬᠢ ᠠᠵᠤ ᠠᠬᠤᠢᠢᠯᠠᠯ ᠤᠨ ᠠᠵᠢᠯᠳᠠᠨ ᠤ ᠴᠠᠯᠢᠩ ᠤᠨ ᠨᠡᠮᠡᠭᠳᠡᠯ ᠤᠨ ᠬᠡᠮᠵᠢᠶ᠎ᠡ ᠪᠠᠷ ᠯᠠᠪᠯᠠᠯᠳᠠ ᠪᠤᠯᠭᠠᠨ᠎ᠠ᠃      ᠤᠨᠴᠠᠭᠠᠢ ᠪᠠᠶᠢᠳᠠᠯ᠄ ᠠᠵᠤ ᠠᠬᠤᠢ ᠶᠢᠨ ᠬᠢᠮᠤᠷᠠᠯ᠂ ᠤᠨᠴᠠ ᠶᠡᠭᠡ ᠪᠠᠶᠢᠭᠠᠯᠢ ᠶᠢᠨ ᠭᠠᠮᠰᠢᠬ ᠵᠡᠷᠭᠡ ᠤᠨᠴᠠᠭᠠᠢ ᠪᠠᠶᠢᠳᠠᠯ ᠳᠤ ᠦᠨᠳᠦᠰᠦᠨ ᠴᠠᠯᠢᠩ ᠤᠨ ᠪᠠᠷᠢᠮᠵᠢᠶ᠎ᠡ ᠳᠤ ᠳᠤᠬᠢᠷᠠᠭᠤᠯᠤᠯᠳᠠ ᠬᠢᠬᠦ ᠶᠢ ᠠᠯᠭᠤᠷᠯᠠᠨ᠎ᠠ᠃      ᠬᠠᠷᠢᠭᠤᠴᠠᠬᠤ ᠪᠠᠶᠢᠭᠤᠯᠭ᠎ᠠ᠄ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠳᠤᠯᠠᠪᠤᠷᠢ ᠶᠢᠨ ᠶᠠᠮᠤᠨ᠂ ᠡᠳ᠋ ᠤᠨ ᠵᠠᠰᠠᠭ ᠤᠨ ᠶᠠᠮᠤᠨ      ᠪᠡᠯᠡ ᠮᠦᠩᠭᠦᠨ ᠤ ᠢᠷᠡᠯᠳᠡ᠄      ᠠᠯᠪᠠᠨ‌‍ᠪᠠᠶᠢᠭᠤᠯᠭ᠎ᠠ ᠶᠢᠨ ᠬᠢ ᠶᠢ ᠵᠠᠰᠠᠭ ᠵᠠᠬᠢᠷᠭᠠᠨ ᠤ ᠬᠠᠷᠢᠶᠠᠯᠠᠬᠤ ᠬᠠᠷᠢᠴᠠᠭ᠎ᠠ ᠪᠠ ᠤᠳᠤ ᠶᠢᠨ ᠬᠡᠷᠡᠭᠵᠢᠭᠦᠯᠵᠦ ᠪᠠᠶᠢᠭ᠎ᠠ ᠪᠡᠯᠡ ᠮᠦᠩᠬᠦ ᠶᠢ ᠪᠠᠳᠤᠯᠠᠵᠤ ᠪᠦᠬᠦᠢ ᠠᠷᠭ᠎ᠠ ᠵᠠᠮ ᠢᠶᠠᠷ ᠰᠢᠢᠳᠪᠦᠷᠢᠯᠡᠨ᠎ᠡ᠃      ᠠᠵᠢᠯ ᠦᠢᠯᠡᠰ ᠤᠨ ᠨᠢᠭᠡᠴᠡ ᠶᠢᠨ ᠬᠢ ᠶᠢ ᠡᠳ᠋ ᠤᠨ ᠵᠠᠰᠠᠭ ᠪᠠ ᠠᠵᠢᠯ ᠦᠢᠯᠡᠰ ᠤᠨ ᠨᠢᠭᠡᠴᠡ ᠠᠴᠠ ᠬᠠᠷᠢᠭᠤᠴᠠᠨ᠎ᠠ᠃      ᠡᠳ᠋ ᠤᠨ ᠵᠠᠰᠠᠭ ᠠᠴᠠ ᠬᠠᠷᠢᠭᠤᠴᠠᠬᠤ ᠭᠡᠰᠡᠭ ᠢ ᠤᠳᠤ ᠶᠢᠨ ᠡᠳ᠋ ᠤᠨ ᠵᠠᠰᠠᠭ ᠤᠨ ᠳᠤᠭᠳᠠᠴᠠ ᠪᠠ ᠨᠢᠭᠡᠴᠡ ᠶᠢᠨ ᠬᠠᠷᠢᠶᠠᠯᠠᠬᠤ ᠬᠠᠷᠢᠴᠠᠭ᠎ᠠ ᠪᠠᠷ ᠳᠦᠪ ᠤᠨ ᠡᠳ᠋ ᠤᠨ ᠵᠠᠰᠠᠭ ᠪᠠ ᠭᠠᠵᠠᠷ ᠤᠷᠤᠨ ᠤ ᠡᠳ᠋ ᠤᠨ ᠵᠠᠰᠠᠭ ᠠᠴᠠ ᠬᠤᠪᠢᠶᠠᠨ ᠬᠠᠷᠢᠭᠤᠴᠠᠨ᠎ᠠ᠃      ᠵᠠᠷᠢᠮ ᠭᠠᠵᠠᠷ ᠤᠷᠤᠨ ᠳᠤ ᠳᠦᠪ ᠤᠨ ᠡᠳ᠋ ᠤᠨ ᠵᠠᠰᠠᠭ ᠠᠴᠠ ᠰᠢᠯᠵᠢᠭᠦᠯᠦᠨ ᠤᠯᠭᠤᠬᠤ ᠠᠷᠭ᠎ᠠ ᠪᠠᠷ ᠨᠦᠬᠦᠪᠦᠷᠢ ᠤᠯᠭᠤᠨ᠎ᠠ᠂ ᠪᠤᠳᠠᠳᠠᠢ ᠠᠷᠭ᠎ᠠ ᠶᠢ ᠡᠳ᠋ ᠤᠨ ᠵᠠᠰᠠᠭ ᠤᠨ ᠶᠠᠮᠤᠨ ᠠᠴᠠ ᠳᠤᠰᠬᠠᠢᠢᠯᠠᠨ ᠰᠤᠳᠤᠯᠤᠨ ᠳᠤᠭᠳᠠᠭᠠᠨ᠎ᠠ᠃      ᠵᠤᠬᠢᠶᠠᠨ ᠪᠠᠶᠢᠭᠤᠯᠤᠨ ᠭᠡᠷᠡᠭᠵᠢᠭᠦᠯᠬᠦ      ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠠ ᠰᠠᠯᠠᠭ᠎ᠠ ᠮᠦᠴᠢᠷ ᠪᠠ ᠪᠦᠬᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ᠂ ᠠᠷᠠᠳ ᠤᠨ ᠳᠡᠭᠡᠳᠦ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠡᠯ᠎ᠠ ᠨᠠᠮ ᠪᠦᠯᠦᠭ᠂ ᠡᠯ᠎ᠠ ᠠᠷᠠᠳ ᠤᠨ ᠪᠦᠯᠭᠦᠮ ᠨᠢᠭᠡᠴᠡ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠵᠢᠴᠢ ᠪᠡᠭᠡᠵᠢᠩ ᠲᠠᠬᠢ ᠬᠠᠮᠢᠶ᠎ᠠ ᠪᠦᠬᠦᠢ ᠨᠢᠭᠡᠴᠡ ᠶᠢᠨ ᠪᠠᠶᠢᠭᠤᠯᠭ᠎ᠠ ᠶᠢᠨ ᠠᠵᠢᠯᠳᠠᠨ ᠤ ᠦᠨᠳᠦᠰᠦᠨ ᠴᠠᠯᠢᠩ ᠤᠨ ᠪᠠᠷᠢᠮᠵᠢᠶ᠎ᠠ ᠳᠤ ᠳᠤᠬᠢᠷᠠᠭᠤᠯᠤᠯᠳᠠ ᠬᠢᠬᠦ ᠠᠵᠢᠯ ᠢ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠳᠤᠯᠠᠪᠤᠷᠢ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠬᠠᠷᠢᠭᠤᠴᠠᠨ ᠵᠤᠬᠢᠴᠠᠭᠤᠯᠵᠤ᠂ ᠡᠯ᠎ᠠ ᠰᠠᠯᠠᠭ᠎ᠠ ᠮᠦᠴᠢᠷ ︵ᠪᠠᠶᠢᠭᠤᠯᠭ᠎ᠠ︶᠎ ᠤᠨ ᠬᠢᠨ ᠪᠤᠳᠠᠳᠠᠢ ᠬᠡᠷᠡᠭᠵᠢᠭᠦᠯᠦᠨ᠎ᠠ︔ ᠡᠯ᠎ᠠ ᠭᠠᠵᠠᠷ ᠤᠷᠤᠨ ᠪᠠ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠠ ᠰᠠᠯᠠᠭ᠎ᠠ ᠮᠦᠴᠢᠷ ᠤᠨ ᠪᠡᠭᠡᠵᠢᠩ ᠠᠴᠠ ᠭᠠᠳᠠᠨᠠᠬᠢ ᠨᠢᠭᠡᠴᠡ ︵ᠴᠦᠭᠡᠨ ᠭᠡᠰᠡᠭ ᠰᠠᠯᠠᠭ᠎ᠠ ᠮᠦᠴᠢᠷ ᠢ ᠪᠠᠭᠳᠠᠭᠠᠬᠤ ᠦᠭᠡᠢ︶᠂ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠳᠤᠯᠠᠪᠤᠷᠢ ᠶᠢᠨ ᠰᠠᠯᠠᠭ᠎ᠠ ᠮᠦᠴᠢᠷ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃      ᠠᠯᠪᠠᠨ ᠪᠠᠶᠢᠭᠤᠯᠭ᠎ᠠ ᠶᠢᠨ ᠬᠤᠪᠢ ᠳᠤ᠂ ᠡᠯ᠎ᠠ ᠭᠠᠵᠠᠷ ᠤᠷᠤᠨ ᠤ ᠬᠢᠨ ᠳᠤᠬᠠᠢ ᠶᠢᠨ ᠭᠠᠵᠠᠷ ᠤᠷᠤᠨ ᠤ ᠪᠠᠨ ᠦᠨᠳᠦᠰᠦᠨ ᠴᠠᠯᠢᠩ ᠤᠨ ᠪᠠᠷᠢᠮᠵᠢᠶ᠎ᠠ ᠪᠠ ᠭᠡᠰᠡᠭ ᠳᠦᠷᠢᠮᠵᠢᠭᠰᠡᠨ ᠨᠦᠬᠦᠪᠦᠷᠢ ᠶᠢ ᠦᠨᠳᠦᠰᠦᠨ ᠴᠠᠯᠢᠩ ᠳᠤ ᠨᠡᠶᠢᠯᠡᠭᠦᠯᠬᠦ ᠪᠤᠳᠠᠳᠠᠢ ᠠᠷᠭ᠎ᠠ ᠶᠢ ᠳᠤᠭᠤᠷᠪᠢᠵᠤ᠂ ᠵᠢᠷᠤᠮ ᠤᠨ ᠳᠠᠭᠠᠤ ᠮᠡᠳᠡᠭᠦᠯᠦᠨ ᠵᠦᠪᠰᠢᠶᠡᠷᠡᠭᠦᠯᠵᠦ ᠵᠤᠬᠢᠶᠠᠨ ᠪᠠᠶᠢᠭᠤᠯᠤᠨ᠎ᠠ ᠭᠡᠷᠡᠭᠵᠢᠭᠦᠯᠦᠨ᠎ᠡ᠃ ᠡᠯ᠎ᠠ ᠮᠤᠵᠢ ᠶᠢᠨ ᠰᠢᠭᠤᠳ ᠬᠠᠷᠢᠶ᠎ᠡ ᠪᠠᠶᠢᠭᠤᠯᠭ᠎ᠠ ᠪᠠ ᠡᠯ᠎ᠠ ᠮᠤᠵᠢ ᠶᠢᠨ ᠳᠦᠪ ᠬᠤᠳᠠ᠂ ᠳᠦᠯᠦᠪᠯᠡᠭᠡᠨ ᠲᠠᠬᠢ ᠪᠡᠶ᠎ᠡ ᠪᠠᠨ ᠳᠠᠭᠠᠭᠠᠭᠰᠠᠨ ᠬᠤᠳᠠ ᠶᠢᠨ ᠭᠡᠷᠡᠭᠵᠢᠭᠦᠯᠬᠦ ᠠᠷᠭ᠎ᠠ ᠶᠢ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠳᠤᠯᠠᠪᠤᠷᠢ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠳᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠠ︔ ᠪᠤᠰᠤᠳ ᠬᠤᠳᠠ ︵ᠤᠷᠤᠨ᠂ ᠵᠧᠦ᠂ ᠠᠶᠢᠮᠠᠬ︶ ᠪᠠ ᠡᠯ᠎ᠠ ᠰᠢᠶᠡᠨ ︵ᠬᠤᠳᠠ᠂ ᠳᠤᠭᠤᠷᠢᠬ᠂ ᠬᠤᠰᠢᠭᠤ︶᠎ ᠤ ᠬᠢᠨᠠᠨ ᠵᠦᠪᠰᠢᠶᠡᠷᠡᠬᠦ ᠠᠷᠭ᠎ᠠ ᠶᠢ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤᠬᠠᠢ ᠶᠢᠨ ᠭᠠᠵᠠᠷ ᠤᠨ ᠪᠤᠳᠠᠳᠤ ᠪᠠᠶᠢᠳᠠᠯ ᠲᠠᠢ ᠪᠠᠨ ᠤᠶ᠋ᠯᠳᠤᠭᠤᠯᠤᠨ ᠳᠤᠭᠳᠠᠭᠠᠵᠤ᠂ ᠭᠡᠰᠡᠭ ᠳᠦᠷᠢᠮᠵᠢᠭᠰᠡᠨ ᠨᠦᠬᠦᠪᠦᠷᠢ ᠶᠢ ᠦᠨᠳᠦᠰᠦᠨ ᠴᠠᠯᠢᠩ ᠳᠤ ᠨᠡᠶᠢᠯᠡᠭᠦᠯᠬᠦ ᠠᠵᠢᠯ ᠢ ᠦᠨᠡᠨᠬᠦ ᠨᠠᠶᠢᠳᠠᠪᠤᠷᠢᠵᠢᠭᠤᠯᠬᠤ ᠭᠡᠷᠡᠭᠳᠡᠢ᠃      ᠠᠵᠢᠯ ᠦᠢᠯᠡᠰ ᠤᠨ ᠨᠢᠭᠡᠴᠡ ᠶᠢᠨ ᠬᠤᠪᠢ ᠳᠤ᠂ ᠡᠯ᠎ᠠ ᠭᠠᠵᠠᠷ ᠤᠷᠤᠨ ᠤ ᠬᠢᠨ ᠳᠤᠬᠠᠢ ᠶᠢᠨ ᠭᠠᠵᠠᠷ ᠤᠷᠤᠨ ᠤ ᠪᠠᠨ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠦᠨᠳᠦᠰᠦᠨ ᠴᠠᠯᠢᠩ ᠤᠨ ᠪᠠᠷᠢᠮᠵᠢᠶ᠎ᠠ ᠪᠠ ᠭᠡᠰᠡᠭ ᠦᠷ᠎ᠡ ᠪᠦᠲᠦᠮᠵᠢ ᠶᠢᠨ ᠴᠠᠯᠢᠩ ᠢ ᠦᠨᠳᠦᠰᠦᠨ ᠴᠠᠯᠢᠩ ᠳᠤ ᠨᠡᠶᠢᠯᠡᠭᠦᠯᠬᠦ ᠪᠤᠳᠠᠳᠠᠢ ᠠᠷᠭ᠎ᠠ ᠶᠢ ᠳᠤᠭᠤᠷᠪᠢᠵᠤ᠂ ᠵᠢᠷᠤᠮ ᠤᠨ ᠳᠠᠭᠠᠤ ᠮᠡᠳᠡᠭᠦᠯᠦᠨ ᠵᠦᠪᠰᠢᠶᠡᠷᠡᠭᠦᠯᠵᠦ ᠵᠤᠬᠢᠶᠠᠨ ᠪᠠᠶᠢᠭᠤᠯᠤᠨ ᠭᠡᠷᠡᠭᠵᠢᠭᠦᠯᠦᠨ᠎ᠡ᠃ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠭᠡᠷᠡᠭᠵᠢᠭᠦᠯᠬᠦ ᠠᠷᠭ᠎ᠠ ᠶᠢ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠳᠤᠯᠠᠪᠤᠷᠢ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠳᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠠ︔ ᠪᠤᠰᠤᠳ ᠬᠤᠳᠠ ︵ᠤᠷᠤᠨ᠂ ᠵᠧᠦ᠂ ᠠᠶᠢᠮᠠᠬ︶ ᠪᠠ ᠡᠯ᠎ᠠ ᠰᠢᠶᠡᠨ ︵ᠬᠤᠳᠠ᠂ ᠳᠤᠭᠤᠷᠢᠬ᠂ ᠬᠤᠰᠢᠭᠤ︶᠎ ᠤ ᠬᠢᠨᠠᠨ ᠵᠦᠪᠰᠢᠶᠡᠷᠡᠬᠦ ᠠᠷᠭ᠎ᠠ ᠶᠢ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤᠬᠠᠢ ᠶᠢᠨ ᠭᠠᠵᠠᠷ ᠤᠨ ᠪᠤᠳᠠᠳᠤ ᠪᠠᠶᠢᠳᠠᠯ ᠲᠠᠢ ᠪᠠᠨ ᠤᠶ᠋ᠯᠳᠤᠭᠤᠯᠤᠨ ᠳᠤᠭᠳᠠᠭᠠᠨ᠎ᠠ᠃      ᠭᠡᠰᠡᠭ ᠦᠷ᠎ᠡ ᠪᠦᠲᠦᠮᠵᠢ ᠶᠢᠨ ᠴᠠᠯᠢᠩ ᠢ ᠦᠨᠳᠦᠰᠦᠨ ᠴᠠᠯᠢᠩ ᠳᠤ ᠨᠡᠶᠢᠯᠡᠭᠦᠯᠦᠭᠰᠡᠨ ᠤ ᠳᠠᠷᠠᠭ᠎ᠠ᠂ ᠡᠯ᠎ᠠ ᠭᠠᠵᠠᠷ ᠤᠨ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠳᠤᠯᠠᠪᠤᠷᠢ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠵᠢᠯ ᠦᠢᠯᠡᠰ ᠤᠨ ᠨᠢᠭᠡᠴᠡ ᠶᠢᠨ ᠦᠷ᠎ᠡ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠠ ᠶᠢ ᠳᠠᠬᠢᠨ ᠬᠢᠨᠠᠨ ᠳᠤᠭᠳᠠᠭᠠᠵᠤ᠂ ᠡᠯ᠎ᠠ ᠨᠢᠭᠡᠴᠡ ᠶᠢᠨ ᠬᠢᠨ ᠡᠨᠡᠬᠦ ᠬᠢᠨᠠᠨ ᠳᠤᠭᠳᠠᠭᠠᠭᠰᠠᠨ ᠶᠡᠷᠦᠩᠬᠡᠢ ᠬᠡᠮᠵᠢᠶ᠎ᠠ ᠶᠢᠨ ᠳᠠᠭᠠᠤ ᠴᠢᠩᠭ᠎ᠠ ᠬᠡᠷᠡᠭᠵᠢᠭᠦᠯᠦᠨ᠎ᠡ᠃      ᠳᠤᠭᠳᠠᠭᠠᠯ ᠠᠴᠠ ᠵᠦᠷᠢᠴᠡᠭᠰᠡᠳ ᠢ ︽ᠳᠤᠭᠳᠠᠭᠠᠯ ᠠᠴᠠ ᠵᠦᠷᠢᠴᠡᠨ ᠨᠦᠭᠦᠪᠦᠷᠢ ᠦᠭᠭᠦᠭᠰᠡᠨ ᠠᠵᠢᠯᠯᠠᠭ᠎ᠠ ᠳᠤ ᠰᠢᠢᠳᠬᠡᠯ ᠥᠭᠬᠦ ᠳᠤᠭᠳᠠᠭᠠᠯ︾ ᠶᠣᠰᠣᠭᠠᠷ ᠴᠢᠩᠭ᠎ᠠ ᠰᠢᠳᠭᠡᠨ᠎ᠠ᠃                  ᠳᠤᠰ ᠭᠡᠷᠡᠭᠵᠢᠬᠦᠯᠬᠦ ᠳᠦᠰᠦᠯ ᠢ ᠬᠦᠮᠦᠨ ᠤ ᠬᠦᠴᠦᠨ ᠤ ᠡᠬᠢ ᠪᠠᠶᠠᠯᠢᠬ ᠪᠠ                  ᠨᠡᠶᠢᠭᠡᠮ ᠤᠨ ᠪᠠᠳᠤᠯᠠᠪᠤᠷᠢ ᠶᠢᠨ ᠶᠠᠮᠤᠨ ᠬᠠᠷᠢᠭᠤᠴᠠᠨ ᠳᠠᠶᠢᠯᠪᠤᠷᠢᠯᠡᠨ᠎ᠠ
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map