ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠳᠣᠣᠱᠯᠠᠭᠤᠯᠤᠨ ᠨᠠᠶᠢᠳᠠᠪᠦᠷᠢᠵᠢᠭᠤᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠤᠨ ᠢ ᠪᠠᠶᠢᠭᠤᠯᠬᠤ ᠠᠬᠢᠴᠠ ᠶᠢ ᠳᠥᠷᠭᠡᠳᠬᠡᠶ᠎ᠡ
ᠨᠡᠶᠢᠲᠡᠯᠡᠭᠰᠡᠨ ᠴᠠᠭ᠄
2015/3/17
ᠰᠣᠷᠪᠣᠯᠵᠢᠯᠠᠭ᠎ᠠ ᠶᠢᠨ ᠭᠤᠣᠯ ᠰᠡᠳᠥᠪ᠄      ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠳᠣᠣᠱᠯᠠᠭᠤᠯᠤᠨ ᠨᠠᠶᠢᠳᠠᠪᠦᠷᠢᠵᠢᠭᠤᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠤᠨ ᠢ ᠪᠠᠶᠢᠭᠤᠯᠬᠤ ᠠᠬᠢᠴᠠ ᠶᠢ ᠳᠥᠷᠭᠡᠳᠬᠡᠶ᠎ᠡ
ᠰᠣᠷᠪᠣᠯᠵᠢᠯᠠᠭᠰᠠᠨ ᠴᠠᠭ ᠬᠤᠭᠤᠴᠠᠭ᠎ᠠ᠄ 2014 ᠣᠨ ᠤ 11 ᠳ᠋ᠣᠭᠡᠷ ᠰᠠᠷ᠎ᠠ ᠶᠢᠨ 19᠎ ᠤ ᠡᠳᠥᠷ ᠤᠨ ᠥᠳᠡ ᠶᠢᠨ ᠬᠤᠶᠢᠨ᠎ᠠ ᠶᠢᠨ 3 ᠴᠠᠭᠰᠣᠷᠪᠣᠯᠵᠢᠯᠠᠭ᠎ᠠ ᠬᠦᠯᠢᠶᠡᠭᠰᠡᠨ ᠵᠣᠴᠢᠨ᠄ ᠥᠪᠡᠷᠳᠡᠭᠡᠨ ᠵᠠᠰᠠᠬᠤ ᠣᠷᠣᠨ ᠤ ᠬᠠᠥᠯᠢ ᠳᠥᠷᠢᠮ ᠤᠨ ᠠᠵᠢᠯ ᠤᠨ ᠠᠯᠪᠠᠨ ᠬᠡᠷ ᠤᠨ ᠨᠠᠮ ᠤᠨ ᠤᠳᠤᠷᠢᠳᠬᠤ ᠳᠣᠭᠤᠶᠢᠯᠠᠩ ᠤᠨ ᠪᠦᠷᠢᠯᠳᠥᠭᠦᠨ᠂ ᠳᠡᠳ᠋ ᠡᠷᠬᠢᠯᠡᠭᠴᠢ   ᠵᠠᠩ ᠰᠢᠶᠣᠣ ᠫᠢᠩᠰᠣᠷᠪᠣᠯᠵᠢᠯᠭ᠎ᠠ ᠶᠢᠨ ᠳᠣᠪᠴᠢ ᠲᠠᠨᠢᠯᠴᠠᠭᠤᠯᠭ᠎ᠠ᠄      ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠠᠴᠠ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠶᠡᠷᠥᠩᠬᠡᠢ ᠬᠠᠷᠠᠯᠲᠠ ᠪᠣᠯ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ  ᠬᠠᠥᠯᠢ ᠪᠠᠷ ᠵᠠᠰᠠᠬᠤ ᠰᠢᠰᠲ᠋ᠧᠮᠵᠢ ᠶᠢ ᠪᠦᠳᠥᠬᠡᠨ ᠪᠠᠶᠢᠭᠤᠯᠵᠣ᠂ ᠨᠡᠶᠢᠬᠡᠮ ᠵᠢᠷᠣᠮ ᠤᠨ ᠬᠠᠥᠯᠢ ᠪᠠᠷ ᠵᠠᠰᠠᠭᠰᠠᠨ ᠣᠯᠣᠰ ᠢ ᠪᠦᠳᠦᠬᠡᠨ ᠪᠠᠶᠢᠭᠤᠯᠬᠤ ᠶᠠᠪᠤᠳᠠᠯ ᠪᠣᠯᠤᠨ᠎ᠠ ᠬᠡᠵᠣ ᠳᠣᠭᠳᠠᠭᠠᠪᠠ᠃ ᠡᠨᠡ ᠨᠢ ᠮᠠᠨ ᠤ ᠨᠠᠮ ᠤᠨ ᠣᠯᠣᠰ ᠢᠶᠠᠨ ᠵᠠᠰᠠᠵᠣ ᠳᠥᠷᠥ ᠪᠠᠷᠢᠬᠤ ᠣᠨᠣᠯᠵᠢᠬᠤᠨ᠂ ᠣᠯᠣᠰ ᠢᠶᠠᠨ ᠵᠠᠰᠠᠵᠣ ᠳᠥᠷᠥ ᠪᠠᠷᠢᠬᠤ ᠠᠷᠭ᠎ᠠ ᠮᠠᠶ᠋ᠢᠭ ᠤᠨ ᠲᠡᠤᠬᠡᠲᠦ ᠴᠢᠨᠠᠷᠲᠠᠢ ᠳᠠᠪᠠᠯᠲᠠ ᠲᠠᠢ ᠪᠣᠯᠤᠭᠰᠠᠨ ᠢ ᠬᠠᠷᠠᠭᠤᠯᠵᠦ ᠪᠠᠶᠢᠭ᠎ᠠ ᠪᠦᠭᠡᠳ ᠣᠯᠣᠰ ᠣᠷᠣᠨ ᠢᠶᠠᠨ ᠵᠠᠰᠠᠬᠤ ᠰᠢᠰᠲ᠋ᠧᠮᠵᠢ ᠪᠣᠯᠣᠨ ᠵᠠᠰᠠᠬᠤ ᠴᠢᠳᠠᠪᠣᠷᠢ ᠣᠳᠣᠬᠢᠴᠢᠯᠠᠯᠳᠠ ᠲᠡᠰᠢ ᠳᠠᠪᠰᠢᠨ ᠣᠷᠣᠭᠰᠠᠨ ᠢ ᠬᠠᠷᠠᠭᠤᠯᠵᠦ ᠪᠠᠶᠢᠭ᠎ᠠ ᠶᠤᠮ᠃ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠣᠶᠢᠯᠠᠭᠠᠬᠤ ᠶᠢᠨ ᠳᠣᠰᠠᠳᠠ᠂ ᠣᠶᠢᠷ᠎ᠠ ᠳᠤ ᠪᠢᠳᠡ ᠥᠪᠡᠷᠳᠡᠭᠡᠨ ᠵᠠᠰᠠᠬᠤ ᠣᠷᠣᠨ ᠤ ᠬᠠᠥᠯᠢ ᠳᠥᠷᠢᠮ ᠤᠨ ᠠᠵᠢᠯ ᠤᠨ ᠠᠯᠪᠠᠨ ᠬᠡᠷ ᠤᠨ ᠨᠠᠮ ᠤᠨ ᠤᠳᠤᠷᠢᠳᠬᠤ ᠳᠣᠭᠤᠶᠢᠯᠠᠩ ᠤᠨ ᠪᠦᠷᠢᠯᠳᠥᠭᠦᠨ᠂ ᠳᠡᠳ᠋ ᠡᠷᠬᠢᠯᠡᠭᠴᠢ ᠵᠠᠩ ᠰᠢᠶᠣᠣ ᠫᠢᠩ ᠢ ︽ᠳᠣᠮᠳᠠᠳᠣ ᠣᠯᠣᠰ · ᠥᠪᠥᠷ ᠮᠣᠩᠭᠤᠯ︾ ᠰᠥᠯᠵᠢᠶᠡᠨ ᠳᠤ ᠣᠷᠢᠵᠦ ᠲᠠ ᠪᠦᠬᠦᠨ ᠲᠠᠢ ᠵᠣᠯᠭᠠᠭᠤᠯᠬᠤ ᠪᠠᠷ ᠪᠠᠶᠢᠨ᠎ᠠ᠂ ᠥᠷᠬᠡᠨ ᠣᠯᠠᠨ ᠰᠥᠯᠵᠢᠶᠡᠨ ᠠᠨᠳᠠ ᠨᠠᠷ ᠤᠨ ᠢᠳᠡᠪᠬᠢᠳᠠᠢ ᠣᠷᠣᠯᠴᠠᠬᠤ ᠶᠢ ᠪᠠᠶᠠᠷᠯᠠᠨ ᠣᠭᠳᠣᠵᠣ  ᠪᠠᠶᠢᠨ᠎ᠠ  ︕    〔 ᠬᠦᠳᠥᠯᠥᠭᠴᠢ 〕 ᠰᠥᠯᠵᠢᠶᠡᠨ ᠠᠨᠳᠠ ᠨᠠᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︖ ᠳᠣᠰ ᠬᠤᠭᠤᠴᠠᠭᠠᠨ ᠤ ︽ᠳᠣᠮᠳᠠᠳᠣ ᠣᠯᠣᠰ   ᠥᠪᠥᠷ ᠮᠣᠩᠭᠤᠯ︾ ᠰᠥᠯᠵᠢᠶᠡᠨ ᠰᠣᠷᠪᠣᠯᠵᠢᠯᠠᠭ᠎ᠠ ᠪᠤᠯᠤᠩ ᠢ ᠬᠦᠯᠢᠶᠡᠨ ᠠᠪᠴᠥ ᠥᠵᠡᠭᠦ ᠶᠢ ᠪᠠᠶᠠᠷᠯᠠᠨ ᠣᠭᠳᠣᠵᠣ ᠪᠠᠶᠢᠨ᠎ᠠ᠃ ᠥᠨᠥᠳᠥᠷ ᠤᠨ ᠤᠷᠢᠭᠰᠠᠨ ᠵᠣᠴᠢᠨ ᠪᠣᠯ ᠥᠪᠡᠷᠳᠡᠭᠡᠨ ᠵᠠᠰᠠᠬᠤ ᠣᠷᠣᠨ ᠤ ᠬᠠᠥᠯᠢ ᠳᠥᠷᠢᠮ ᠤᠨ ᠠᠵᠢᠯ ᠤᠨ ᠠᠯᠪᠠᠨ ᠬᠡᠷ ᠤᠨ ᠳᠡᠳ᠋ ᠡᠷᠬᠢᠯᠡᠭᠴᠢ ᠵᠠᠩ ᠰᠢᠶᠣᠣ ᠫᠢᠩ ᠪᠣᠯᠣᠨ᠎ᠠ᠂ ᠲᠡᠷᠡ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠢ ᠪᠦᠬᠦ ᠳᠠᠯ᠎ᠠ ᠪᠠᠷ ᠲᠠᠶᠢᠯᠣᠮᠵᠢ ᠬᠢᠬᠦ ᠪᠣᠯᠤᠨ᠎ᠠ᠃ ᠵᠠᠩ ᠡᠷᠬᠢᠯᠡᠭᠴᠢ ᠡ᠂ ᠲᠠᠨ ᠢ ᠪᠠᠶᠠᠷᠯᠠᠨ ᠣᠭᠳᠣᠵᠣ ᠪᠠᠶᠢᠨ᠎ᠠ  ︕〔 ᠵᠠᠩ ᠰᠢᠶᠣᠣ ᠫᠢᠩ〕ᠬᠦᠳᠥᠯᠥᠭᠴᠢ ᠲᠠ ᠰᠠᠶᠢᠨ ᠤᠤ᠂ ᠰᠥᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ᠂ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠥᠯᠵᠢᠶ᠎ᠡ ᠪᠠᠷ ᠳᠠᠮᠵᠢᠭᠤᠯᠣᠨ ᠲᠠ ᠪᠦᠬᠦᠨ ᠲᠠᠢ ᠵᠣᠯᠭᠠᠬᠤ ᠪᠣᠯᠣᠭᠰᠠᠨ ᠳᠠᠭᠠᠨ ᠮᠠᠰᠢ ᠪᠠᠶᠠᠷᠯᠠᠵᠣ ᠪᠠᠶᠢᠨ᠎ᠠ᠂ ᠮᠠᠨ ᠤ ᠬᠠᠣᠯᠢ ᠳᠥᠷᠢᠮ ᠤᠨ ᠠᠵᠢᠯ ᠎ ᠢ ᠠᠩᠬᠠᠷᠴᠦ ᠳᠡᠮᠵᠢᠭᠰᠡᠭᠡᠷ ᠢᠷᠡᠭᠰᠡᠨ ᠲᠠ ᠪᠦᠬᠦᠨ ᠳᠤ ᠲᠠᠯᠠᠷᠬᠠᠵᠣ ᠪᠠᠶᠢᠨ᠎ᠠ  ︕〔 ᠬᠦᠳᠥᠯᠥᠭᠴᠢ 〕ᠵᠠᠩ ᠡᠷᠬᠢᠯᠡᠭᠴᠢ ᠡ᠂ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠠᠴᠠ ᠬᠠᠥᠯᠢ ᠪᠠᠷ ᠣᠯᠣᠰ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠣᠬᠠᠢ ᠰᠢᠨ᠎ᠡ ᠪᠠᠶᠢᠷᠢᠯᠠᠭᠤᠯᠣᠯᠳᠠ ᠨᠤᠭᠤᠳ ᠢ ᠬᠢᠭᠰᠡᠨ ᠪᠠᠶᠢᠨ᠎ᠠ᠂ ᠲᠡᠬᠡᠪᠡᠯ ᠲᠠ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠠᠴᠠ ᠭᠠᠷᠭᠠᠭᠰᠠᠨ ︽ᠲᠣᠭᠲᠠᠭᠠᠯ︾᠎ ᠤᠨ ᠶᠡᠷᠥᠩᠬᠡᠢ ᠪᠣᠷᠣ ᠳᠥᠯᠥᠪ ᠨᠢ ᠶᠠᠭᠤ ᠪᠣᠯᠬᠤ ᠳᠣᠬᠠᠢ ᠶᠠᠷᠢᠭᠠᠳ ᠥᠭᠭᠦᠨ᠎ᠡ ᠤᠤ︖〔 ᠵᠠᠩ ᠰᠢᠶᠣᠣ ᠫᠢᠩ〕ᠪᠣᠯᠤᠨ᠎ᠠ᠂ ᠲᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠳᠤ ᠨᠢᠬᠡ ᠭᠤᠣᠯ ᠱᠣᠭᠤᠮ ︵ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ ᠬᠠᠥᠯᠢ ᠪᠠᠷ ᠵᠠᠰᠠᠬᠤ ᠱᠣᠭᠤᠮ︶ ᠲᠤᠤᠱᠯᠠᠭᠳᠠᠵᠦ᠂ ᠭᠤᠷᠪᠠᠨ ᠶᠡᠭᠡ  ᠬᠡᠰᠡᠭ ︵ᠶᠡᠷᠥᠩᠬᠡᠢ ᠬᠠᠷᠠᠯᠳᠠ᠂ ᠶᠡᠷᠥᠩᠬᠡᠢ ᠡᠬᠦᠷᠬᠡ᠂ ᠶᠡᠷᠥᠩᠬᠡᠢ ᠪᠠᠶᠢᠷᠢᠯᠠᠭᠤᠯᠣᠯᠳᠠ︶᠂ ᠳᠣᠯᠣᠭᠠᠨ ᠪᠥᠯᠥᠭ ᠪᠠᠶᠢᠵᠦ᠂ ᠨᠢᠬᠡᠨ ᠣᠷᠭᠠᠨᠢᠭ ᠪᠦᠬᠦᠯᠢ ᠴᠣᠭᠴᠠ ᠪᠣᠯᠵᠦ ᠪᠥᠷᠢᠯᠳᠥᠭᠰᠡᠨ ᠶᠤᠮ᠃ ᠰᠢᠨ᠎ᠡ ᠥᠵᠡᠯ ᠰᠠᠨᠠᠭ᠎ᠠ ᠰᠢᠨ᠎ᠡ ᠥᠵᠡᠯᠳᠡ ᠨᠦᠭᠦᠳ᠂180 ᠭᠠᠷᠣᠢ ᠵᠦᠢᠯ ᠤᠨ ᠴᠢᠬᠤᠯᠠ ᠶᠡᠭᠡ ᠥᠬᠡᠷᠡᠴᠢᠯᠡᠯᠳᠡ ᠶᠢᠨ ᠠᠷᠭ᠎ᠠ ᠪᠠᠷᠢᠯ ᠨᠢ ᠬᠠᠥᠯᠢ ᠪᠠᠷ ᠣᠯᠣᠰ ᠢᠶᠠᠨ ᠵᠠᠰᠠᠬᠤ ᠰᠢᠨ᠎ᠡ ᠬᠠᠭᠤᠳᠠᠰᠣ ᠶᠢ ᠰᠡᠭᠦᠭᠦ ᠳᠤ ᠳᠣᠳᠣᠷᠬᠠᠢ ᠪᠣᠷᠣ ᠵᠢᠷᠤᠭ ᠢ ᠵᠢᠷᠣᠭᠯᠠᠵᠣ ᠥᠭᠭᠦᠭᠰᠡᠨ ᠶᠣᠮ᠃〔 ᠬᠦᠳᠥᠯᠥᠭᠴᠢ 〕2011 ᠣᠨ ᠳᠤ ᠪᠦᠬᠦ ᠣᠯᠣᠰ ᠤᠨ ᠠᠷᠠᠳ ᠤᠨ ᠳᠥᠯᠥᠭᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠮᠠᠨ ᠤ ᠣᠯᠣᠰ ᠨᠡᠶᠢᠬᠡᠮ  ᠵᠢᠷᠣᠮ ᠤᠨ ᠬᠠᠣᠯᠢ ᠴᠠᠭᠠᠵᠠ ᠶᠢᠨ ᠰᠢᠰᠲ᠋ᠧᠮᠵᠢ ᠶᠢ  ᠪᠠᠶᠢᠭᠤᠯᠪᠠ ᠬᠡᠵᠥ ᠨᠡᠶᠢᠲᠡᠯᠡᠪᠡ᠂ ᠡᠨᠡ ᠣᠳᠠᠭ᠎ᠠ ᠶᠢᠨ ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠠᠴᠠ ᠨᠡᠶᠢᠬᠡᠮ ᠵᠢᠷᠣᠮ ᠤᠨ ᠬᠠᠥᠯᠢ ᠪᠠᠷ ᠵᠠᠰᠠᠬᠤ ᠰᠢᠰᠲ᠋ᠧᠮᠵᠢ ᠶᠢ ᠪᠦᠳᠦᠬᠡᠨ ᠪᠠᠶᠢᠭᠤᠯᠬᠤ ᠪᠣᠯ ᠶᠡᠷᠥᠩᠬᠡᠢ ᠬᠠᠷᠠᠯᠳᠠ ᠪᠣᠯᠤᠨ᠎ᠠ ᠬᠡᠵᠥ ᠳᠣᠷᠠᠳᠪᠠ᠂ ᠡᠬᠦᠨ ᠤ ᠳᠣᠬᠠᠢ ᠲᠠ ᠬᠡᠷᠬᠢᠨ ᠣᠶᠢᠯᠠᠭᠠᠵᠦ ᠪᠣᠢ︖〔 ᠵᠠᠩ ᠰᠢᠶᠣᠣ ᠫᠢᠩ〕ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠠᠴᠠ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ ᠬᠠᠣᠯᠢ ᠪᠠᠷ ᠵᠠᠰᠠᠬᠤ ᠰᠢᠰᠲ᠋ᠧᠮᠵᠢ ᠶᠢ ᠪᠦᠳᠦᠬᠡᠨ ᠪᠠᠶᠢᠭᠤᠯᠵᠣ᠂ ᠨᠡᠶᠢᠬᠡᠮ ᠵᠢᠷᠣᠮ ᠤᠨ ᠬᠠᠥᠯᠢ ᠪᠠᠷ ᠵᠠᠰᠠᠭᠰᠠᠨ ᠣᠯᠣᠰ ᠢ ᠪᠦᠳᠦᠬᠡᠨ ᠪᠠᠶᠢᠭᠤᠯᠬᠤ ᠪᠣᠯ ᠬᠠᠥᠯᠢ ᠪᠠᠷ ᠣᠯᠣᠰ ᠢᠶᠠᠨ ᠵᠠᠰᠠᠬᠤ ᠶᠢ ᠪᠦᠬᠦ ᠳᠠᠯ᠎ᠠ ᠪᠠᠷ ᠲᠦᠯᠬᠢᠨ ᠠᠬᠢᠭᠤᠯᠬᠤ ᠶᠢᠨ ᠶᠡᠷᠥᠩᠬᠡᠢ ᠬᠠᠷᠠᠯᠳᠠ ᠪᠣᠯᠣᠨ᠎ᠠ ᠭᠡᠵᠥ ᠳᠣᠭᠳᠠᠭᠠᠪᠠ᠃ 2011 ᠣᠨ ᠳᠤ ᠪᠦᠬᠦ ᠣᠯᠣᠰ ᠤᠨ ᠠᠷᠠᠳ ᠤᠨ ᠳᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠮᠠᠨ ᠤ ᠣᠯᠣᠰ ᠨᠡᠶᠢᠬᠡᠮ ᠵᠢᠷᠣᠮ ᠤᠨ ᠬᠠᠥᠯᠢ  ᠴᠠᠭᠠᠴᠠ ᠶᠢᠨ ᠰᠢᠰᠲ᠋ᠧᠮᠵᠢ ᠶᠢ ᠪᠦᠳᠥᠬᠡᠨ ᠪᠠᠶᠢᠭᠤᠯᠪᠠ ᠬᠡᠵᠥ ᠨᠡᠶᠢᠲᠡᠯᠡᠭᠰᠡᠨ ᠠᠴᠠ ᠠᠪᠣᠭᠠᠳ ᠡᠨᠡ ᠤᠳᠠᠭ᠎ᠠ ᠶᠢᠨ ᠨᠡᠶᠢᠬᠡᠮ ᠵᠢᠷᠣᠮ ᠤᠨ ᠬᠠᠣᠯᠢ ᠪᠠᠷ ᠵᠠᠰᠠᠬᠤ ᠰᠢᠰᠲ᠋ᠧᠮᠵᠢ ᠶᠢ ᠪᠥᠳᠥᠬᠡᠨ ᠪᠠᠶᠢᠭᠤᠯᠬᠤ ᠶᠢ ᠳᠣᠷᠠᠳᠣᠭᠰᠠᠨ ᠬᠦᠷᠳᠡᠯ᠎ᠡ᠂ ᠬᠡᠳᠦᠶᠢᠪᠡᠷ ᠨᠢᠭᠡ ᠯᠠ ᠥᠰᠥᠭ ᠵᠦᠷᠢᠵᠦ ᠪᠠᠶᠢᠭ᠎ᠠ ᠪᠣᠯᠪᠠᠴᠥ᠂ ᠴᠢᠨᠠᠷ ᠤᠨ ᠦᠰᠥᠷᠥᠯᠲᠡ ᠲᠠᠢ ᠪᠣᠯᠤᠭᠰᠠᠨ ᠪᠠᠶᠢᠨ᠎ᠠ᠂ ︽ᠬᠠᠥᠯᠢ ᠴᠠᠭᠠᠵᠠ ᠶᠢᠨ ᠰᠢᠰᠲ᠋ᠧᠮᠵᠢ︾ ᠪᠣᠯ ᠳᠣᠭᠳᠠᠩᠭᠤᠢ ᠪᠠᠶᠢᠳᠠᠭ᠂ ︽ᠬᠠᠥᠯᠢ ᠪᠠᠷ ᠵᠠᠰᠠᠬᠤ ᠰᠢᠰᠲ᠋ᠧᠮᠵᠢ︾ ᠪᠣᠯ ᠬᠦᠳᠡᠯᠥᠩᠭᠦᠢ ᠪᠠᠶᠢᠳᠠᠭ᠂ ᠬᠠᠥᠯᠢ ᠴᠠᠭᠠᠵᠠ ᠶᠢᠨ ᠠᠮᠢᠵᠢᠷᠠᠯ ᠤᠨ ᠬᠦᠴᠦᠨ ᠨᠢ ᠬᠡᠷᠡᠭᠵᠢᠭᠦᠯᠭᠦ ᠳᠤ ᠪᠣᠢ᠂ ᠬᠠᠥᠯᠢ ᠶᠢ ᠴᠢᠩᠭ᠎ᠠ ᠬᠡᠷᠡᠭᠵᠢᠭᠦᠯᠭᠦ᠂ ᠬᠠᠥᠯᠢ ᠎ ᠶᠢ ᠭᠤᠣᠯᠴᠢ ᠪᠠᠷ ᠪᠠᠷᠢᠬᠤ ᠳᠤ ᠪᠣᠢ᠂ ᠪᠦᠬᠦ ᠠᠷᠠᠳ ᠢᠶᠠᠷ ᠢᠶᠠᠨ ᠬᠠᠥᠯᠢ ᠶᠢ ᠵᠢᠷᠣᠮᠯᠠᠬᠤ ᠨᠢ ᠮᠠᠨ ᠤ ᠨᠠᠮ ᠤᠨ ᠣᠯᠣᠰ ᠢᠶᠠᠨ ᠵᠠᠰᠠᠵᠣ ᠳᠥᠷᠥ ᠪᠠᠷᠢᠬᠤ ᠣᠨᠣᠯᠵᠢᠬᠤᠨ᠂ ᠣᠯᠣᠰ ᠢᠶᠠᠨ ᠵᠠᠰᠠᠵᠣ ᠳᠥᠷᠥ ᠪᠠᠷᠢᠬᠤ ᠠᠷᠭ᠎ᠠ ᠮᠠᠶ᠋ᠢᠭ ᠤᠨ ᠲᠡᠤᠬᠡᠲᠦ ᠴᠢᠨᠠᠷᠲᠠᠢ ᠳᠠᠪᠠᠯᠲᠠ ᠲᠠᠢ ᠪᠣᠯᠣᠭᠰᠠᠨ ᠢ ᠬᠠᠷᠠᠭᠤᠯᠵᠦ᠂ ᠣᠯᠣᠰ ᠢᠶᠠᠨ ᠵᠠᠰᠠᠬᠤ ᠰᠢᠰᠲ᠋ᠧᠮᠵᠢ ᠪᠣᠯᠣᠨ ᠵᠠᠰᠠᠬᠤ ᠴᠢᠳᠠᠪᠣᠷᠢ ᠣᠳᠣᠬᠢᠴᠢᠯᠠᠯᠳᠠ ᠲᠡᠰᠢ ᠳᠠᠪᠰᠢᠨ ᠣᠷᠣᠭᠰᠠᠨ ᠢ ᠬᠠᠷᠠᠭᠤᠯᠵᠦ ᠪᠠᠶᠢᠭ᠎ᠠ ᠶᠤᠮ᠃ 〔 ᠬᠦᠳᠥᠯᠥᠭᠴᠢ 〕ᠣᠳᠣ ᠪᠦᠬᠦ ᠣᠷᠣᠨ ᠳᠠᠶᠠᠭᠠᠷ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠭᠵᠢᠶᠡᠨ ᠲᠠᠢ ᠶᠠᠷᠢᠯᠴᠠᠵᠠᠭᠠᠵᠦ ᠪᠠᠶᠢᠨ᠎ᠠ ᠂ ᠲᠠ ᠲᠥᠪ ᠬᠤᠷᠢᠶ᠎ᠠ ᠶᠢᠨ ᠳᠥᠷᠪᠡᠳᠥᠭᠡᠷ ᠪᠦᠬᠦᠳᠡ ᠬᠤᠷᠠᠯ ᠤᠨ ︽ᠲᠣᠭᠲᠠᠭᠠᠯ︾᠎ ᠳᠤ ᠳᠣᠷᠠᠳᠣᠭᠰᠠᠨ ᠲᠠᠪᠣᠨ ᠶᠡᠭᠡ ᠰᠢᠰᠲ᠋ᠧᠮᠵᠢ ᠨᠢ ᠶᠠᠭᠤ ᠪᠣᠯᠬᠤ ᠳᠣᠬᠠᠢ ᠲᠠᠨᠢᠯᠴᠠᠭᠤᠯᠣᠭᠠᠳ ᠥᠭᠭᠦᠨ᠎ᠡ ᠤᠤ︖〔 ᠵᠠᠩ ᠰᠢᠶᠣᠣ ᠫᠢᠩ〕ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ︽ᠲᠣᠭᠲᠠᠭᠠᠯ︾᠎ ᠳᠤ ᠨᠡᠶᠢᠬᠡᠮ ᠵᠢᠷᠣᠮ ᠤᠨ ᠬᠠᠥᠯᠢ ᠪᠠᠷ ᠵᠠᠰᠠᠭᠰᠠᠨ ᠣᠯᠣᠰ ᠢ ᠪᠦᠳᠦᠬᠡᠨ ᠪᠠᠶᠢᠭᠤᠯᠬᠤ ᠳᠤ᠂ ᠬᠠᠥᠯᠢ ᠴᠠᠭᠠᠵᠠ ᠶᠢᠨ ᠪᠥᠷᠢᠨ ᠪᠥᠳᠥᠨ ᠵᠢᠷᠤᠮᠵᠢᠯ ᠤᠨ ᠰᠢᠰᠲ᠋ᠧᠮᠵᠢ᠂ ᠬᠠᠥᠯᠢ ᠪᠠᠷ ᠵᠠᠰᠠᠬᠤ ᠶᠢ ᠥᠨᠳᠥᠷ ᠥᠷ᠎ᠡ ᠪᠥᠳᠥᠮᠵᠢᠳᠠᠢ ᠬᠡᠷᠡᠭᠵᠢᠭᠦᠯᠭᠦ ᠰᠢᠰᠲ᠋ᠧᠮᠵᠢ᠂  ᠬᠠᠥᠯᠢ ᠪᠠᠷ ᠵᠠᠰᠠᠬᠤ ᠳᠤ ᠴᠢᠩᠭ᠎ᠠ ᠨᠢᠭᠳᠠ ᠬᠢᠨᠠᠯᠳᠠ ᠳᠠᠯᠪᠢᠬᠤ ᠰᠢᠰᠲ᠋ᠧᠮᠵᠢ᠂ ᠬᠠᠥᠯᠢ ᠪᠠᠷ ᠵᠠᠰᠠᠬᠤ ᠶᠢ ᠬᠦᠴᠥᠨ ᠲᠡᠭᠦᠯᠳᠡᠷ ᠪᠠᠳᠣᠯᠠᠬᠤ ᠰᠢᠰᠲ᠋ᠧᠮᠵᠢ᠂ ᠨᠠᠮ ᠤᠨ ᠳᠣᠳᠣᠭᠠᠳᠦ ᠶᠢᠨ ᠪᠥᠷᠢᠨ ᠳᠡᠭᠦᠯᠳᠡᠷ ᠬᠠᠥᠯᠢ ᠳᠣᠭᠳᠠᠭᠠᠯ ᠤᠨ ᠰᠢᠰᠲ᠋ᠧᠮᠵᠢ ᠭᠡᠬᠦ ᠮᠡᠲᠦ ᠶᠢᠨ ᠳᠠᠪᠣᠨ ᠶᠡᠭᠡ ᠰᠢᠰᠲ᠋ᠧᠮᠵᠢ ᠶᠢ ᠡᠷᠬᠡᠪᠰᠢ ᠪᠥᠷᠢᠳᠥᠭᠦᠯᠭᠦ ᠬᠡᠷᠡᠭᠳᠡᠢ ᠬᠡᠵᠥ ᠳᠤᠷᠠᠳᠤᠭᠰᠠᠨ ᠪᠠᠶᠢᠨ᠎ᠠ᠃      ︽ᠲᠣᠭᠲᠠᠭᠠᠯ︾᠎ ᠳᠤ ᠬᠠᠤᠯᠢ ᠪᠠᠷ ᠤᠯᠤᠰ ᠢᠶᠠᠨ ᠵᠠᠰᠠᠬᠤ᠂ ᠬᠠᠥᠯᠢ ᠶᠣᠰᠣᠭᠠᠷ ᠲᠥᠷᠥ ᠪᠠᠷᠢᠬᠤ᠂ ᠬᠠᠥᠯᠢ ᠶᠣᠰᠣᠭᠠᠷ ᠵᠠᠰᠠᠭ ᠶᠠᠪᠣᠭᠤᠯᠬᠤ ᠶᠢ ᠬᠠᠮᠳᠣ ᠳᠤᠨᠢ ᠲᠦᠯᠬᠢᠨ ᠠᠬᠢᠭᠤᠯᠬᠤ ᠶᠢ ᠪᠠᠷᠢᠮᠳᠠᠯᠠᠨ᠂ ᠬᠠᠥᠯᠢ ᠪᠠᠷ ᠵᠠᠰᠠᠭᠰᠠᠨ ᠣᠯᠣᠰ᠂ ᠬᠠᠥᠯᠢ ᠪᠠᠷ ᠵᠠᠰᠠᠭᠰᠠᠨ ᠵᠠᠰᠠᠭ ᠤᠨ ᠣᠷᠳᠤᠨ᠂ ᠬᠠᠥᠯᠢ ᠪᠠᠷ ᠵᠠᠰᠠᠭᠰᠠᠨ ᠨᠡᠶᠢᠬᠡᠮ ᠢ ᠨᠢᠬᠡ ᠴᠣᠭᠴᠠᠵᠢᠭᠤᠯᠣᠨ ᠪᠥᠳᠥᠬᠡᠨ ᠪᠠᠶᠢᠭᠤᠯᠵᠦ᠂ ᠰᠢᠨᠵᠢᠯᠡᠬᠦ ᠣᠬᠠᠭᠠᠨᠴᠢ ᠪᠠᠷ ᠬᠠᠥᠯᠢ ᠳᠣᠭᠳᠠᠭᠠᠬᠤ᠂ ᠬᠠᠥᠯᠢ ᠶᠢ ᠴᠢᠩᠭ᠎ᠠ ᠬᠡᠷᠡᠭᠵᠢᠭᠦᠯᠭᠦ᠂ ᠬᠠᠥᠯᠢ ᠶᠢ ᠭᠤᠣᠯᠴᠢ ᠪᠠᠷ ᠪᠠᠷᠢᠬᠤ᠂ ᠪᠦᠬᠦ ᠠᠷᠠᠳ ᠢᠶᠠᠷ ᠢᠶᠠᠨ ᠬᠠᠥᠯᠢ ᠶᠢ ᠵᠢᠷᠣᠮᠯᠠᠬᠤ ᠶᠢ ᠪᠡᠶᠡᠯᠡᠬᠦᠯᠵᠥ᠂ ᠣᠯᠣᠰ ᠢᠶᠠᠨ ᠵᠠᠰᠠᠬᠤ ᠰᠢᠰᠲ᠋ᠧᠮᠵᠢ ᠪᠣᠯᠣᠨ ᠬᠠᠥᠯᠢ ᠪᠠᠷ ᠵᠠᠰᠠᠬᠤ  ᠴᠢᠳᠠᠪᠣᠷᠢ ᠶᠢᠨ ᠣᠳᠣᠬᠢᠴᠢᠯᠠᠯᠳᠠ ᠶᠢ ᠠᠬᠢᠭᠤᠯᠬᠤ ᠬᠡᠷᠡᠭᠲᠡᠢ ᠭᠡᠵᠦ ᠳᠣᠷᠠᠳᠪᠠ᠃〔 ᠬᠦᠳᠥᠯᠥᠭᠴᠢ 〕ᠵᠠᠩ  ᠡᠷᠬᠢᠯᠡᠭᠴᠢ  ᠡ  ᠂  ᠲᠠ  ᠰᠠᠶ᠋ᠢ  ᠬᠠᠥᠯᠢ  ᠪᠠᠷ  ᠵᠠᠰᠠᠭᠰᠠᠨ  ᠵᠠᠰᠠᠭ  ᠤᠨ ᠣᠷᠳᠣᠨ ᠢ ᠬᠠᠥᠯᠢ ᠪᠠᠷ ᠵᠠᠰᠠᠭᠰᠠᠨ ᠣᠯᠣᠰ᠂ ᠬᠠᠥᠯᠢ ᠪᠠᠷ ᠵᠠᠰᠠᠭᠰᠠᠨ ᠨᠡᠶᠢᠬᠡᠮ ᠯᠦᠭᠡ ᠨᠢᠬᠡ ᠴᠣᠭᠴᠠᠵᠢᠭᠤᠯᠣᠨ ᠪᠦᠳᠦᠬᠡᠨ ᠪᠠᠶᠢᠭᠤᠯᠬᠤ ᠬᠡᠷᠡᠭᠳᠠᠢ ᠬᠡᠵᠥ ᠳᠤᠷᠠᠳᠪᠠ᠂ ᠬᠠᠥᠯᠢ ᠪᠠᠷ ᠵᠠᠰᠠᠭᠰᠠᠨ ᠵᠠᠰᠠᠭ ᠤᠨ ᠣᠷᠳᠣᠨ ᠢ ᠡᠷᠲᠡᠬᠡᠨ ᠪᠦᠳᠦᠬᠡᠨ ᠪᠠᠶᠢᠭᠤᠯᠬᠤ ᠶᠢ ᠪᠢᠲᠡ ᠴᠦᠮ ᠬᠦᠰᠡᠵᠦ ᠪᠠᠶᠢᠨ᠎ᠠ᠃ ᠳᠡᠭᠡᠪᠡᠯ ᠲᠠ ᠬᠠᠥᠯᠢ ᠪᠠᠷ ᠵᠠᠰᠠᠭᠰᠠᠨ ᠵᠠᠰᠠᠭ ᠤᠨ ᠣᠷᠳᠣᠨ ᠤ ᠳᠣᠬᠠᠢ ᠳᠥᠷᠰᠥᠯᠡᠬᠡᠳ ᠥᠭᠭᠦ ᠤᠤ︖〔 ᠵᠠᠩ ᠰᠢᠶᠣᠣ ᠫᠢᠩ〕ᠰᠢᠨ᠎ᠡ ᠲᠡᠤᠬᠡᠨ ᠨᠥᠭᠦᠴᠡᠯ ᠪᠠ ᠪᠠᠶᠢᠳᠠᠯ ᠤᠨ ᠳᠣᠣᠷ᠎ᠠ᠂ ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠬᠠᠥᠯᠢ ᠪᠠᠷ ᠵᠠᠰᠠᠭᠰᠠᠨ ᠵᠠᠰᠠᠭ ᠤᠨ ᠣᠷᠳᠣᠨ ᠢ ᠪᠦᠬᠦ ᠳᠠᠯ᠎ᠠ ᠪᠠᠷ ᠰᠢᠰᠲ᠋ᠧᠮ ᠲᠠᠢ ᠪᠦᠳᠦᠬᠡᠨ ᠪᠠᠶᠢᠭᠤᠯᠬᠤ ᠳᠣᠬᠠᠢ ᠨᠡᠩ ᠪᠣᠳᠠᠳᠠᠢ᠂ ᠨᠡᠩ ᠰᠢᠨᠵᠢᠯᠡᠬᠦ ᠣᠬᠠᠭᠠᠨᠴᠢ᠂ ᠨᠡᠩ ᠡᠯᠪᠡᠭ ᠪᠠᠶᠠᠯᠢᠭ ᠠᠭᠤᠯᠤᠭᠳᠠᠬᠤᠨ ᠲᠠᠢ ᠱᠠᠭᠠᠷᠳᠠᠯᠭ᠎ᠠ ᠶᠢ ᠳᠣᠷᠠᠳᠪᠠ : ᠲᠤᠬᠠᠶᠢᠯᠠᠪᠠᠯ ᠡᠭᠦᠷᠭᠡ ᠴᠢᠳᠠᠪᠥᠷᠢ ᠰᠢᠨᠵᠢᠯᠡᠬᠦ ᠣᠬᠠᠭᠠᠨᠴᠢ ᠪᠠᠶᠢᠬᠤ᠂ ᠡᠷᠬᠡ ᠬᠠᠷᠢᠭᠤᠴᠠᠯᠭ᠎ᠠ ᠶᠢ ᠬᠠᠥᠯᠢ ᠪᠠᠷ ᠳᠣᠭᠳᠠᠭᠠᠬᠤ᠂ ᠬᠠᠥᠯᠢ ᠬᠡᠷᠡᠭᠵᠢᠭᠦᠯᠭᠦ ᠳᠤ ᠴᠢᠩᠭ᠎ᠠ ᠳᠣᠳᠣᠷᠬᠠᠢ᠂ ᠢᠯᠡ ᠪᠦᠭᠡᠳ ᠳᠥᠪ ᠭᠤᠣᠯᠴᠢ᠂ ᠠᠷᠢᠭᠤᠨ ᠴᠢᠬᠡᠴᠢ ᠥᠨᠳᠥᠷ ᠥᠷ᠎ᠡ ᠪᠥᠳᠥᠮᠵᠢ ᠲᠠᠢ᠂ ᠬᠠᠥᠯᠢ ᠶᠢ ᠵᠢᠷᠣᠮᠯᠠᠵᠣ ᠥᠨᠡᠨᠴᠢ ᠢᠳᠡᠬᠡᠮᠵᠢᠳᠠᠢ ᠪᠠᠶᠢᠬᠤ ᠪᠣᠯᠣᠨ᠎ᠠ᠃ ᠥᠬᠡᠷ᠎ᠡ ᠪᠠᠷ ᠬᠡᠯᠡᠪᠡᠯ᠂ ᠬᠠᠥᠯᠢ ᠪᠠᠷ ᠵᠠᠰᠠᠭᠰᠠᠨ ᠵᠠᠰᠠᠭ ᠤᠨ ᠣᠷᠳᠣᠨ ᠢ ᠪᠠᠶᠢᠭᠤᠯᠬᠤ ᠳᠤ ᠡᠷᠬᠡᠪᠰᠢ ᠳᠣᠰᠢᠶᠠᠯᠳᠠᠳ ᠢ ᠬᠠᠤᠯᠢ ᠪᠠᠷ ᠵᠠᠰᠠᠬᠤ᠂ ᠡᠷᠬᠡ ᠶᠢ ᠬᠠᠤᠯᠢ ᠪᠠᠷ ᠵᠠᠰᠠᠬᠤ ᠬᠡᠷᠡᠭᠳᠠᠢ᠂ ᠡᠨᠡ 6 ᠳᠠᠯ᠎ᠠ ᠶᠢᠨ ᠬᠢ 24 ᠥᠰᠥᠭ ᠤᠨ ᠠᠭᠤᠯᠭ᠎ᠠ ᠨᠢ ᠬᠠᠥᠯᠢ ᠪᠠᠷ ᠵᠠᠰᠠᠭᠰᠠᠨ ᠵᠠᠰᠠᠭ ᠤᠨ ᠣᠷᠳᠣᠨ ᠤ ᠡᠯ᠎ᠡ ᠳᠠᠯ᠎ᠠ ᠶᠢ ᠬᠠᠮᠣᠷᠴᠥ᠂ ᠵᠠᠰᠠᠭ ᠵᠠᠬᠢᠷᠭᠠᠨ ᠤ ᠡᠷᠬᠡ ᠶᠢ ᠰᠢᠩᠬᠡᠯᠢᠭ ᠲᠤ ᠬᠤᠷᠢᠨ᠎ᠠ ᠭᠡᠰᠡᠨ ᠡᠷᠬᠡ ᠶᠢ ᠬᠠᠤᠯᠢ ᠪᠠᠷ ᠵᠠᠰᠠᠬᠤ ᠤᠨᠤᠯᠵᠢᠬᠤᠨ ᠢ ᠬᠠᠷᠠᠭᠤᠯᠵᠣ ᠪᠠᠶᠢᠭ᠎ᠠ ᠶᠤᠮ᠃〔 ᠬᠦᠳᠥᠯᠥᠭᠴᠢ 〕ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠬᠠᠥᠯᠢ ᠪᠠᠷ ᠵᠠᠰᠠᠭᠰᠠᠨ ᠵᠠᠰᠠᠭ ᠤᠨ ᠣᠷᠳᠣᠨ ᠤ ᠲᠤᠬᠠᠢ ᠱᠠᠭᠠᠷᠳᠠᠯᠭ᠎ᠠ ᠳᠤᠷᠠᠳᠪᠠ᠂ ᠵᠠᠩ ᠡᠷᠬᠢᠯᠡᠭᠴᠢ ᠲᠠ ᠪᠢᠳᠡᠨ ᠳᠤ ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠠᠴᠠ ᠬᠠᠥᠯᠢ ᠶᠣᠰᠣᠭᠠᠷ ᠵᠠᠰᠠᠭ ᠶᠠᠪᠣᠭᠤᠯᠬᠤ ᠶᠠᠮᠠᠷ ᠶᠠᠮᠠᠷ ᠰᠢᠨ᠎ᠡ ᠱᠠᠭᠠᠷᠳᠠᠯᠭ᠎ᠠ ᠳᠣᠷᠠᠳᠣᠭᠰᠠᠨ ᠲᠤᠬᠠᠢ ᠶᠠᠷᠢᠭᠠᠳ ᠥᠭᠭᠦᠨ᠎ᠡ ᠤᠤ︖〔 ᠵᠠᠩ ᠰᠢᠶᠣᠣ ᠫᠢᠩ〕ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠎ ᠤᠨ ︽ᠲᠣᠭᠲᠠᠭᠠᠯ︾᠎ ᠳᠤ ᠬᠠᠥᠯᠢ ᠶᠣᠰᠣᠭᠠᠷ ᠵᠠᠰᠠᠭ ᠶᠠᠪᠣᠭᠤᠯᠬᠤ ᠶᠢ ᠬᠦᠨᠵᠡᠬᠡᠢ ᠳᠥᠯᠬᠢᠨ ᠠᠬᠢᠭᠤᠯᠵᠣ᠂ ᠬᠠᠥᠯᠢ ᠪᠠᠷ ᠵᠠᠰᠠᠭᠰᠠᠨ ᠵᠠᠰᠠᠭ ᠤᠨ ᠣᠷᠳᠣᠨ ᠢ ᠪᠦᠳᠦᠬᠡᠨ ᠪᠠᠶᠢᠭᠤᠯᠬᠤ ᠶᠢ ᠳᠥᠷᠬᠡᠳᠬᠡᠬᠦ 6 ᠲᠠᠯ᠎ᠠ ᠶᠢᠨ ᠪᠣᠳᠠᠳᠠᠢ ᠠᠭᠤᠯᠭ᠎ᠠ ᠶᠢ ᠳᠣᠷᠠᠳᠪᠠ᠃ ᠠᠳᠡ ᠪᠢ ᠣᠨᠴᠠᠭᠠᠶᠢᠯᠠᠨ ᠠᠩᠬᠠᠷᠣᠭᠤᠰᠢᠳᠠᠢ ᠵᠦᠢᠯ ᠪᠣᠯᠬᠤ ᠴᠢᠬᠤᠯᠠ ᠶᠡᠭᠡ ᠰᠢᠢᠳᠪᠣᠷᠢᠳᠥ ᠪᠣᠳᠣᠯᠭ᠎ᠠ ᠶᠢᠨ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠳᠥᠷᠢᠮ ᠪᠠᠶᠢᠭᠤᠯᠬᠤ ᠳᠣᠬᠠᠢ ᠭᠤᠣᠯᠳᠠᠯᠭ᠎ᠠ ᠲᠠᠢ ᠶᠠᠷᠢᠵᠦ ᠦᠭᠭᠦᠶ᠎ᠡ᠂ ᠥᠬᠡᠷ᠎ᠡ ᠪᠠᠷ ᠬᠡᠯᠡᠪᠡᠯ᠂ ᠴᠢᠬᠤᠯᠠ ᠶᠡᠭᠡ ᠰᠢᠢᠳᠪᠣᠷᠢᠳᠣ ᠪᠣᠳᠣᠯᠭ᠎ᠠ ᠳᠣᠭᠳᠠᠭᠠᠬᠤ ᠠᠴᠠ ᠡᠮᠥᠨ᠎ᠡ᠂ ᠣᠯᠠᠨ ᠨᠡᠶᠢᠳᠡ ᠶᠢ ᠣᠷᠣᠯᠴᠠᠭᠤᠯᠬᠤ᠂ ᠳᠣᠰᠬᠠᠢ ᠮᠡᠷᠬᠡᠵᠢᠯᠳᠡᠳ ᠢᠶᠠᠷ ᠨᠤᠲᠠᠯᠠᠭᠤᠯᠬᠤ᠂ ᠳᠥᠭᠰᠢᠭᠦᠷᠢ ᠎ ᠶᠢᠨ ᠥᠨᠡᠯᠡᠨ ᠵᠢᠱᠢᠯᠳᠡ ᠬᠢᠯᠭᠡᠬᠦ᠂ ᠬᠠᠥᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠳᠠ ᠬᠢᠬᠦ᠂ ᠬᠠᠮᠳᠣ ᠎ ᠪᠠᠷ ᠶᠠᠷᠢᠯᠴᠠᠵᠦ ᠲᠣᠭᠲᠠᠭᠠᠬᠤ ᠶᠠᠪᠤᠳᠠᠯ ᠢ ᠴᠢᠬᠤᠯᠠ ᠶᠡᠭᠡ ᠰᠢᠢᠳᠪᠥᠷᠢᠲᠦ ᠳᠣᠭᠳᠠᠭᠠᠬᠤ ᠶᠢᠨ ᠬᠠᠣᠯᠢ ᠪᠠᠷ ᠳᠣᠭᠳᠠᠭᠠᠭᠰᠠᠨ ᠲᠡᠰ ᠳᠠᠷᠠᠭᠠᠯᠠᠯ ᠪᠣᠯᠭᠠᠵᠣ᠂ ᠴᠢᠬᠤᠯᠠ ᠶᠡᠭᠡ ᠰᠢᠢᠳᠪᠣᠷᠢᠳᠥ ᠪᠣᠳᠣᠯᠭ᠎ᠠ ᠶᠢᠨ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠳᠥᠷᠢᠮ ᠬᠢᠭᠡᠳ ᠬᠠᠷᠢᠭᠤᠴᠠᠯᠭ᠎ᠠ ᠶᠢ ᠪᠤᠴᠠᠭᠠᠨ ᠪᠠᠶᠢᠴᠠᠭᠠᠬᠤ ᠳᠥᠷᠢᠮ ᠪᠠᠶᠢᠭᠤᠯᠣᠨ᠂ ᠰᠢᠢᠳᠪᠥᠷᠢᠳᠣ ᠪᠣᠳᠣᠯᠭ᠎ᠠ ᠶᠢᠨ ᠬᠦᠨᠳᠥ ᠨᠣᠴᠢᠳᠠᠢ ᠠᠯᠳᠠᠰᠢ ᠪᠣᠶᠣ ᠡᠰᠡᠬᠦᠯ᠎ᠡ ᠬᠠᠣᠯᠢ ᠶᠣᠰᠣᠭᠠᠷ ᠴᠠᠭ ᠳᠣᠬᠠᠢ ᠳᠤᠨᠢ ᠰᠢᠢᠳᠪᠥᠷᠢ ᠳᠣᠭᠳᠠᠭᠠᠬᠤ ᠬᠡᠷᠡᠭᠲᠡᠢ ᠪᠠᠶᠢᠳᠠᠯ᠎ᠠ ᠳᠣᠭᠳᠠᠭᠠᠬᠤ ᠥᠬᠡᠢ ᠬᠤᠶᠢᠰᠢᠯᠠᠭᠤᠯᠤᠭᠰᠠᠭᠠᠷ ᠪᠠᠶᠢᠭᠠᠳ ᠬᠦᠨᠳᠥ ᠶᠡᠭᠡ ᠬᠤᠬᠢᠷᠠᠯ ᠣᠴᠠᠷᠠᠭᠤᠯᠵᠣ᠂ ᠮᠠᠭᠤ ᠨᠥᠯᠥᠭᠡ ᠪᠣᠯᠭᠠᠭᠰᠠᠨ ᠤ ᠪᠠᠶᠢᠭᠤᠯᠭ᠎ᠠ ᠶᠢᠨ ᠠᠵᠢᠯᠳᠠᠨ ᠎ ᠤ ᠬᠠᠥᠯᠢ ᠴᠠᠭᠠᠴᠠ ᠶᠢᠨ ᠬᠠᠷᠢᠭᠤᠴᠠᠯᠭ᠎ᠠ ᠶᠢ ᠨᠡᠬᠡᠮᠵᠢᠯᠡᠭᠦ ᠪᠣᠯᠣᠨ᠎ᠠ᠃ ᠡᠨᠡ ᠪᠣᠯ ᠨᠢᠬᠡ ᠵᠦᠢᠯ ᠤᠨ ᠴᠢᠬᠤᠯᠠ ᠶᠡᠭᠡ ᠥᠬᠡᠷᠡᠴᠢᠯᠡᠯᠳᠡ ᠪᠣᠯᠬᠤ ᠪᠦᠭᠡᠳ ᠣᠳᠣᠷᠢᠳᠬᠤ ᠺᠠᠳ᠋ᠷ ᠤᠨ ︽ᠳᠣᠯᠣᠭᠠᠢ ᠪᠠᠨ ᠠᠯᠠᠭᠠᠳᠠᠮᠠᠭᠴᠠ ᠰᠢᠢᠳᠪᠣᠷᠢᠳᠣ ᠪᠣᠳᠣᠯᠭ᠎ᠠ ᠳᠣᠭᠳᠠᠭᠠᠬᠤ᠂ ᠡᠪᠴᠢᠭᠦᠦ ᠪᠠᠨ ᠠᠯᠠᠭᠠᠳᠠᠮᠠᠭᠴᠠ ᠪᠠᠳᠣᠯᠠᠬᠤ᠂ ᠪᠦᠭᠰᠡ ᠪᠠᠨ ᠠᠯᠠᠭᠠᠳᠠᠮᠠᠭᠴᠠ ᠶᠠᠪᠤᠴᠢᠬᠠᠬᠤ︾᠂ ︽ᠭᠤᠷᠪᠠ ᠠᠯᠭᠠᠳᠠᠬᠤ︾ ᠦᠵᠡᠭᠳᠡᠯ ᠢ ᠳᠣᠶᠢᠯᠪᠣᠷᠢᠳᠠᠢ ᠲᠦᠭᠵᠢᠵᠦ᠂ ᠴᠢᠬᠤᠯᠠ ᠶᠡᠭᠡ ᠰᠢᠢᠳᠪᠣᠷᠢᠳᠥ ᠪᠣᠳᠣᠯᠭ᠎ᠠ ᠠᠳᠡᠯ ᠪᠣᠶᠣ ᠠᠰᠠᠭᠤᠳᠠᠯ ᠭᠠᠷᠪᠠᠯ᠂ ᠥᠨᠳᠥᠰᠥ ᠰᠣᠷᠪᠣᠯᠵᠢ ᠶᠢ ᠨᠢ ᠣᠬᠤᠴᠢᠯᠠᠵᠣ᠂ ᠲᠣᠶᠢᠯᠪᠥᠷᠢᠲᠠᠢ ᠪᠠᠶᠢᠴᠠᠭᠠᠬᠤ ᠪᠣᠯᠣᠨ᠎ᠠ᠂ ᠡᠨᠡ ᠨᠢ ᠣᠯᠣᠰ ᠤᠨ ᠬᠠᠥᠯᠢ ᠪᠠᠷ ᠵᠠᠰᠠᠬᠤ ᠰᠡᠳᠬᠢᠬᠦᠢ ᠪᠣᠯᠣᠨ ᠬᠠᠥᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠵᠠᠰᠠᠭ ᠵᠠᠬᠢᠷᠭᠠᠨ ᠤ ᠡᠷᠬᠡ ᠶᠢ ᠰᠠᠶᠢᠳᠣᠷ ᠬᠠᠮᠢᠶᠠᠷᠬᠤ ᠡᠷᠡᠰ ᠵᠣᠷᠢᠭ ᠪᠠ ᠢᠳᠡᠭᠡᠯ ᠢ ᠬᠠᠷᠠᠭᠤᠯᠵᠦ ᠪᠠᠶᠢᠭ᠎ᠠ ᠶᠤᠮ᠃〔 ᠬᠦᠳᠥᠯᠥᠭᠴᠢ 〕ᠪᠢᠳᠡ ᠰᠣᠷᠣᠯᠴᠠᠬᠤ ᠪᠠᠷ ᠳᠠᠮᠵᠢᠭᠠᠳ ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ᠬᠠᠥᠯᠢ ᠪᠠᠷ ᠵᠠᠰᠠᠭᠰᠠᠨ ᠵᠠᠰᠠᠭ ᠤᠨ ᠣᠷᠳᠣᠨ ᠢ ᠪᠦᠳᠦᠬᠡᠨ ᠪᠠᠶᠢᠭᠤᠯᠬᠤ ᠲᠤᠬᠠᠢ ᠳᠣᠷᠠᠳᠣᠭᠰᠠᠨ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠨᠢ ᠳᠣᠩ ᠪᠣᠳᠠᠳᠠᠢ ᠪᠣᠯᠬᠤ ᠶᠢ ᠣᠶᠢᠯᠠᠭᠠᠯ᠎ᠠ᠂ ᠵᠠᠩ ᠡᠷᠬᠢᠯᠡᠭᠴᠢ ᠡ᠂ ᠶᠠᠭᠠᠬᠢᠪᠠᠯ ᠰᠠᠶ᠋ᠢ ᠡᠨᠡ ᠬᠦ ᠱᠠᠭᠠᠷᠳᠠᠯᠭ᠎ᠠ ᠶᠢ   ᠪᠤᠳᠠᠲᠦ ᠭᠠᠵᠠᠷ ᠲᠤᠨᠢ ᠨᠠᠶᠢᠳᠠᠪᠣᠷᠢᠵᠢᠭᠤᠯᠬᠤ ᠳᠣᠬᠠᠢ  ᠶᠠᠷᠢᠭᠠᠳ ᠥᠭᠭᠦᠨ᠎ᠡ ᠤᠤ︖〔 ᠵᠠᠩ ᠰᠢᠶᠣᠣ ᠫᠢᠩ〕ᠥᠩᠭᠡᠷᠡᠭᠰᠡᠨ ᠳᠤ᠂ ᠵᠠᠰᠠᠭ ᠤᠨ ᠣᠷᠳᠣᠨ ᠢ ᠬᠢᠨᠠᠨ ᠰᠢᠯᠭᠠᠬᠤ ᠳᠤ᠂ ᠭᠤᠣᠯᠳᠠᠭᠤ ᠠᠵᠣ ᠠᠬᠤᠢ ᠨᠡᠶᠢᠬᠡᠮ ᠤᠨ ᠬᠦᠭᠵᠢᠯᠳᠡ ᠶᠢᠨ ᠬᠡᠮᠵᠢᠶ᠎ᠡ ᠶᠢ ᠥᠵᠡᠳᠡᠭ ᠪᠠᠶᠢᠭᠰᠠᠨ᠂ ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ︽ᠲᠣᠭᠲᠠᠭᠠᠯ︾᠎ ᠨᠢ ᠬᠢᠨᠠᠨ ᠰᠢᠯᠭᠠᠬᠤ ᠬᠦᠢᠴᠡᠳᠬᠡᠬᠦ ᠳᠤᠭ᠎ᠠ ᠭᠡᠵᠦ ᠨᠡᠮᠡᠭᠳᠡᠭᠦᠯᠥᠭᠰᠡᠨ ᠪᠠᠶᠢᠨ᠎ᠠ᠂ ᠥᠬᠡᠷ᠎ᠡ ᠪᠠᠷ ᠬᠡᠯᠡᠪᠡᠯ ᠨᠠᠮ ᠤᠨ ᠬᠡᠰᠢᠭᠦᠨ ᠺᠠᠳ᠋ᠷᠴᠤᠳ ᠤᠨ ᠬᠠᠥᠯᠢ ᠪᠠᠷ ᠵᠠᠰᠠᠬᠤ ᠰᠡᠳᠬᠢᠬᠦᠢ ᠪᠣᠯᠣᠨ ᠬᠠᠥᠯᠢ ᠶᠣᠰᠣᠭᠠᠷ ᠠᠵᠢᠯ ᠶᠠᠪᠤᠳᠠᠯ ᠡᠷᠬᠢᠯᠡᠨ ᠭᠦᠢᠴᠡᠳᠭᠡᠬᠦ ᠴᠢᠳᠠᠪᠣᠷᠢ ᠶᠢ ᠳᠡᠭᠡᠭᠰᠢᠯᠡᠬᠦᠯᠵᠥ᠂ ᠬᠠᠥᠯᠢ ᠪᠠᠷ ᠵᠠᠰᠠᠬᠤ ᠪᠦᠳᠦᠬᠡᠨ ᠪᠠᠶᠢᠭᠤᠯᠣᠯᠳᠠ ᠶᠢᠨ ᠥᠷ᠎ᠡ ᠪᠥᠳᠥᠮᠵᠢ ᠶᠢ ᠡᠯ᠎ᠡ ᠱᠠᠳᠣᠨ ᠤ ᠣᠳᠣᠷᠢᠳᠬᠤ ᠪᠠᠭ ᠪᠣᠯᠣᠨ ᠣᠳᠣᠷᠢᠳᠬᠤ ᠺᠠᠳ᠋ᠷ ᠤᠨ ᠠᠵᠢᠯ ᠤᠨ ᠪᠣᠳᠠᠳᠣ ᠠᠮᠵᠢᠯᠲᠠ ᠶᠢ ᠬᠡᠮᠵᠢᠬᠦ ᠴᠢᠬᠤᠯᠠ ᠠᠭᠤᠯᠭ᠎ᠠ ᠪᠣᠯᠭᠠᠵᠦ ᠵᠠᠰᠠᠭ ᠤᠨ ᠠᠵᠢᠯ ᠤᠨ ᠪᠥᠳᠥᠮᠵᠢ ᠎ ᠶᠢ ᠬᠢᠨᠠᠨ ᠰᠢᠯᠭᠠᠬᠤ ᠬᠦᠢᠴᠡᠳᠬᠡᠬᠦ ᠳᠤᠭ᠎ᠠ ᠳᠤ ᠣᠷᠣᠭᠤᠯᠵᠣ᠂ ᠬᠠᠣᠯᠢ ᠴᠠᠭᠠᠵᠠ ᠶᠢ ᠵᠢᠷᠣᠮᠯᠠᠵᠣ ᠴᠢᠳᠠᠬᠤ ᠡᠰᠡᠬᠦ᠂ ᠬᠠᠣᠯᠢ ᠶᠣᠰᠣᠭᠠᠷ ᠠᠵᠢᠯ ᠶᠠᠪᠤᠳᠠᠯ ᠡᠷᠬᠢᠯᠡᠨ ᠭᠦᠢᠴᠡᠳᠭᠡᠵᠦ ᠴᠢᠳᠠᠬᠤ ᠡᠰᠡᠬᠦ ᠶᠢ ᠺᠠᠳ᠋ᠷ ᠢ ᠰᠢᠯᠭᠠᠨ ᠪᠠᠶᠢᠴᠠᠭᠠᠬᠤ ᠴᠢᠬᠤᠯᠠ ᠠᠭᠤᠯᠭ᠎ᠠ ᠪᠣᠯᠭᠠᠪᠠ᠃ ᠮᠠᠨ ᠤ ᠣᠷᠣᠨ ᠢᠶᠠᠷ ᠠᠪᠴᠥ ᠬᠡᠯᠡᠪᠡᠯ᠂ ᠬᠠᠥᠯᠢ ᠬᠡᠷᠡᠭᠵᠢᠭᠦᠯᠭᠦ ᠬᠠᠷᠢᠭᠤᠴᠠᠯᠭ᠎ᠠ ᠶᠢᠨ ᠳᠥᠷᠢᠮ ᠤᠨ ᠬᠢᠨᠠᠨ ᠰᠢᠯᠭᠠᠬᠤ ᠠᠵᠢᠯ ᠢ ᠠᠶᠢᠮᠠᠭ ᠬᠤᠳᠠ᠂ ᠲᠢᠩᠬᠢᠮ ᠳᠣᠪᠴᠢᠶ᠎ᠠ ᠶᠢᠨ ᠣᠳᠣᠷᠢᠳᠬᠤ ᠪᠠᠭ ᠤᠨ ᠪᠣᠳᠠᠳᠣ ᠠᠮᠵᠢᠯᠲᠠ ᠶᠢ ᠬᠢᠨᠠᠨ ᠰᠢᠯᠭᠠᠬᠤ ᠳᠤ ᠣᠷᠣᠭᠤᠯᠣᠨ᠂ ᠬᠠᠥᠯᠢ ᠳᠥᠷᠢᠮ ᠤᠨ ᠠᠵᠢᠯ ᠤᠨ ᠠᠯᠪᠠᠨ ᠬᠡᠷ ᠨᠢ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠳᠡᠰ ᠤᠨ ᠨᠠᠶᠢᠳᠠᠯᠭ᠎ᠠ ᠪᠠᠷ ᠡᠨᠡᠬᠦ ᠠᠵᠢᠯ ᠢ ᠪᠤᠳᠠᠲᠠᠢ ᠬᠠᠷᠢᠭᠤᠴᠠᠪᠠ᠃ ᠡᠨᠡ ᠵᠢᠯ᠂ ᠪᠢᠳᠡ ᠱᠠᠭᠠᠷᠳᠠᠯᠭ᠎ᠠ ᠶᠣᠰᠣᠭᠠᠷ ᠬᠠᠥᠯᠢ ᠶᠣᠰᠣᠭᠠᠷ ᠵᠠᠰᠠᠭ ᠶᠠᠪᠣᠭᠤᠯᠤᠭᠰᠠᠨ ᠢ ᠬᠢᠨᠠᠨ ᠰᠢᠯᠭᠠᠬᠤ ᠰᠢᠨᠵᠢᠯᠡᠬᠦ ᠣᠬᠠᠭᠠᠨᠴᠢ ᠵᠦᠢ ᠵᠣᠬᠢᠰᠲᠠᠢ ᠬᠦᠢᠴᠡᠳᠬᠡᠬᠦ ᠳᠤᠭ᠎ᠠ ᠶᠢᠨ ᠰᠢᠰᠲ᠋ᠧᠮᠵᠢ ᠶᠢ ᠳᠣᠭᠳᠠᠭᠠᠭᠰᠠᠨ ᠰᠠᠭᠤᠷᠢᠨ ᠳᠡᠭᠡᠷ᠎ᠡ᠂ 12 ᠳ᠋ᠤᠭᠠᠷ ᠰᠠᠷ᠎ᠠ ᠠᠴᠠ ᠡᠬᠢᠯᠡᠨ ᠪᠦᠬᠦ ᠣᠷᠣᠨ ᠳᠤ ᠬᠠᠥᠯᠢ ᠶᠣᠰᠣᠭᠠᠷ ᠵᠠᠰᠠᠭ ᠶᠠᠪᠣᠭᠤᠯᠤᠭᠰᠠᠨ ᠢ ᠬᠢᠨᠠᠨ ᠰᠢᠯᠭᠠᠬᠤ ᠠᠵᠢᠯ ᠢ ᠡᠬᠢᠯᠡᠬᠦᠯᠬᠦ ᠪᠠᠷ ᠪᠠᠶᠢᠨ᠎ᠠ᠃ ᠡᠨᠡ ᠨᠢ ᠡᠯ᠎ᠡ ᠱᠠᠳᠣᠨ ᠤ ᠣᠳᠣᠷᠢᠳᠬᠤ ᠺᠠᠳ᠋ᠷ ᠢᠯᠠᠩᠭᠤᠶ᠎ᠠ ᠣᠳᠣᠷᠢᠳᠬᠤ ᠺᠠᠳ᠋ᠷ ᠤᠨ ᠬᠠᠥᠯᠢ ᠪᠠᠷ ᠵᠠᠰᠠᠬᠤ ᠰᠡᠳᠬᠢᠬᠦᠢ ᠪᠣᠯᠣᠨ ᠬᠠᠥᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ᠂ ᠬᠠᠥᠯᠢ ᠶᠣᠰᠣᠭᠠᠷ ᠵᠠᠰᠠᠭ ᠶᠠᠪᠣᠭᠤᠯᠬᠤ ᠶᠢ ᠲᠦᠯᠬᠢᠨ ᠤᠷᠤᠭᠰᠢᠯᠠᠭᠤᠯᠵᠦ᠂ ᠳᠣᠬᠠᠢ ᠶᠢᠨ ᠭᠠᠵᠠᠷ ᠤᠨ ᠢᠶᠠᠨ ᠠᠵᠣ ᠠᠬᠤᠢ ᠨᠡᠶᠢᠬᠡᠮ ᠤᠨ ᠡᠶ᠎ᠡ ᠵᠣᠬᠢᠴᠠᠯ ᠲᠠᠢ ᠬᠦᠭᠵᠢᠬᠦ ᠶᠢ ᠲᠦᠯᠬᠢᠨ ᠠᠬᠢᠭᠤᠯᠬᠤ ᠶᠢ ᠱᠠᠭᠠᠷᠳᠠᠵᠣ᠂ ᠥᠩᠭᠡᠷᠡᠭᠰᠡᠨ ᠤ ︽ᠵᠦᠪᠬᠡᠨ ᠠᠵᠣ ᠠᠬᠤᠢ ᠶᠢᠨ ᠬᠦᠭᠵᠢᠯᠳᠡ ᠪᠠᠷ ᠪᠠᠭᠠᠳᠣᠷ ᠰᠣᠩᠭᠤᠬᠤ︾ ᠬᠢᠨᠠᠨ ᠰᠢᠯᠭᠠᠬᠤ ᠠᠷᠭ᠎ᠠ ᠮᠠᠶ᠋ᠢᠭ ᠢ ᠬᠤᠪᠢᠷᠠᠭᠤᠯᠤᠭᠰᠠᠨ ᠪᠣᠯᠬᠤᠷ᠂ ᠮᠠᠨ ᠤ ᠨᠠᠮ ᠤᠨ ᠳᠥᠷᠥ ᠪᠠᠷᠢᠬᠤ ᠠᠷᠭ᠎ᠠ ᠮᠠᠶ᠋ᠢᠭ ᠪᠣᠯᠣᠨ ᠳᠥᠷᠥ ᠪᠠᠷᠢᠬᠤ ᠣᠨᠣᠯᠵᠢᠬᠤᠨ ᠤ ᠴᠢᠬᠤᠯᠠ ᠶᠡᠭᠡ ᠬᠤᠪᠢᠷᠠᠯᠳᠠ ᠲᠠᠢ ᠪᠣᠯᠣᠭᠰᠠᠨ ᠢ ᠬᠠᠷᠠᠭᠤᠯᠵᠦ ᠪᠠᠶᠢᠭ᠎ᠠ ᠶᠤᠮ᠃ ᠬᠤᠶᠢᠰᠢᠳᠠ᠂ ᠬᠠᠥᠯᠢ ᠬᠡᠷᠡᠭᠵᠢᠭᠦᠯᠭᠦ ᠬᠠᠷᠢᠭᠤᠴᠠᠯᠭ᠎ᠠ ᠶᠢᠨ ᠳᠥᠷᠢᠮ ᠤᠨ ᠬᠢᠨᠠᠨ ᠰᠢᠯᠭᠠᠬᠤ ᠶᠢ ᠴᠢᠩᠭᠠᠳᠬᠠᠬᠤ ᠳᠠᠯ᠎ᠠ ᠪᠠᠷ ᠴᠢᠬᠤᠯᠠ ᠪᠣᠯᠬᠤ ᠬᠡᠮᠵᠢᠶ᠎ᠡ ᠶᠢᠨ ᠬᠠᠷᠢᠴᠠᠯ ᠢ ᠡᠷᠬᠡᠪᠰᠢ ᠳᠡᠭᠡᠭᠰᠢᠯᠡᠬᠦᠯᠬᠦ ᠬᠡᠷᠡᠭᠳᠠᠢ᠂ ᠢᠩᠬᠢᠪᠡᠯ ᠳᠥᠪ ᠬᠤᠷᠢᠶᠠᠨ ᠤ ᠳᠥᠷᠪᠡᠳᠥᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠡᠶᠢᠴᠡᠨ᠎ᠡ᠃〔 ᠬᠦᠳᠥᠯᠥᠭᠴᠢ 〕ᠵᠠᠩ ᠡᠷᠬᠢᠯᠡᠭᠴᠢ ᠡ᠂ ᠲᠠᠨ ᠲᠠᠢ ᠠᠷᠪᠢᠨ ᠵᠣᠭᠤᠭᠳᠠᠯ᠎ᠠ᠂  ᠪᠢᠳᠡ ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢᠨ ᠳᠣᠬᠠᠢ ᠠᠩᠬ᠎ᠠ ᠠᠯᠬᠤᠮ ᠤᠨ ᠰᠤᠷᠤᠯᠴᠠᠭᠰᠠᠨ ᠣᠶᠢᠯᠠᠭᠠᠯᠳᠠ ᠲᠠᠢ ᠪᠣᠯᠣᠯ᠎ᠠ᠂ ᠨᠠᠮ ᠤᠨ ᠣᠳᠣᠷᠢᠳᠣᠯᠭ᠎ᠠ ᠬᠢᠭᠡᠳ ᠬᠠᠥᠯᠢ ᠪᠠᠷ ᠣᠯᠣᠰ ᠢᠶᠠᠨ ᠵᠠᠰᠠᠬᠤ ᠶᠢᠨ ᠬᠠᠷᠢᠴᠠᠭ᠎ᠠ ᠶᠢ ᠬᠡᠷᠬᠢᠨ ᠣᠶᠢᠯᠠᠭᠠᠬᠤ ᠪᠣᠢ︖ ᠡᠨᠡ ᠪᠣᠯ ᠮᠢᠨᠤ ᠶᠡᠷᠦ ᠠᠴᠠ ᠠᠰᠠᠭᠤᠶ᠎ᠠ ᠭᠡᠵᠦ ᠪᠣᠳᠤᠭᠠᠳ ᠪᠠᠶᠢᠭᠰᠠᠨ ᠠᠰᠠᠭᠤᠯᠲᠠ ᠪᠣᠯᠤᠨ᠎ᠠ᠃〔 ᠵᠠᠩ ᠰᠢᠶᠣᠣ ᠫᠢᠩ〕ᠨᠡᠶᠢᠬᠡᠮ ᠵᠢᠷᠣᠮ ᠤᠨ ᠬᠠᠥᠯᠢ ᠪᠠᠷ ᠵᠠᠰᠠᠬᠤ ᠶᠢ ᠪᠠᠷᠢᠮᠳᠠᠯᠠᠬᠤ ᠳᠤ ᠡᠷᠬᠡᠪᠰᠢ ᠨᠠᠮ ᠤᠨ ᠣᠳᠣᠷᠢᠳᠣᠯᠭ᠎ᠠ ᠶᠢ ᠳᠥᠰᠢᠭᠯᠡᠬᠦ ᠬᠡᠷᠡᠭᠳᠠᠢ᠂ ᠨᠠᠮ ᠪᠠ ᠬᠠᠥᠯᠢ ᠪᠠᠷ ᠵᠠᠰᠠᠬᠤ ᠶᠢᠨ ᠬᠠᠷᠢᠴᠠᠭ᠎ᠠ ᠪᠣᠯ ᠬᠠᠥᠯᠢ ᠪᠠᠷ ᠵᠠᠰᠠᠬᠤ ᠪᠠᠶᠢᠭᠤᠯᠣᠯᠳᠠ ᠶᠢᠨ ᠭᠤᠣᠯ ᠠᠰᠠᠭᠤᠳᠠᠯ ᠪᠣᠯᠬᠤ ᠪᠦᠭᠡᠳ ᠡᠨᠡ ᠬᠤᠶᠠᠷ ᠪᠣᠯ ᠨᠢᠬᠡᠳᠥᠯᠳᠠᠢ ᠪᠠᠶᠢᠳᠠᠭ᠃ ᠨᠠᠮ ᠤᠨ ᠣᠳᠣᠷᠢᠳᠣᠯᠭ᠎ᠠ ᠪᠣᠯ ᠴᠢᠭᠯᠡᠯ᠂ ᠣᠯᠣᠰ ᠳᠥᠷᠥ ᠶᠢᠨ ᠪᠠᠳᠣᠯᠠᠭ᠎ᠠ ᠪᠣᠯᠣᠨ᠎ᠠ᠂ ᠨᠠᠮ ᠤᠨ ᠣᠳᠣᠷᠢᠳᠣᠯᠭ᠎ᠠ ᠎ ᠶᠢ ᠪᠠᠷᠢᠮᠳᠠᠯᠠᠬᠤ ᠪᠣᠯ ᠳᠡᠥᠬᠡ ᠶᠢᠨ ᠰᠣᠩᠭᠤᠯᠳᠠ᠂ ᠠᠷᠠᠳ ᠳᠥᠮᠡᠨ ᠤ ᠰᠣᠩᠭᠤᠯᠳᠠ ᠪᠣᠯᠣᠨ᠎ᠠ᠂ ᠬᠤᠪᠢᠰᠬᠠᠯ᠂ ᠪᠦᠳᠦᠬᠡᠨ ᠪᠠᠶᠢᠭᠤᠯᠣᠯᠳᠠ᠂ ᠥᠬᠡᠷᠡᠴᠢᠯᠡᠯᠳᠡ ᠶᠢᠨ ᠠᠭᠤᠣ ᠶᠡᠭᠡ ᠠᠮᠵᠢᠯᠳᠠ ᠣᠯᠣᠭᠰᠠᠨ ᠤ ᠬᠠᠮᠤᠭ ᠤᠨ ᠰᠠᠶᠢᠨ ᠬᠡᠷᠡᠴᠢ ᠪᠣᠯᠣᠨ᠎ᠠ᠂ ᠥᠨᠳᠥᠰᠥᠨ ᠬᠠᠥᠯᠢ ᠨᠢ ᠣᠯᠣᠰ ᠬᠦᠷᠦᠨ ᠤ ᠥᠨᠳᠥᠰᠦ ᠪᠣᠯᠬᠤ ᠶᠡᠭᠡ ᠬᠠᠥᠯᠢ ᠪᠣᠯᠣᠭᠰᠠᠨ ᠤ ᠬᠤᠪᠢ ᠳᠤ ᠨᠠᠮ ᠤᠨ ᠣᠳᠣᠷᠢᠳᠬᠤ ᠪᠠᠶᠢᠷᠢ ᠰᠠᠭᠤᠷᠢ ᠶᠢ ᠳᠣᠭᠳᠠᠭᠠᠭᠰᠠᠨ ᠶᠤᠮ᠃ ᠡᠬᠦᠨ ᠤ ᠳᠣᠬᠠᠢ᠂ ᠰᠢ ᠶᠢᠨ ᠫᠢᠩ ᠶᠡᠷᠥᠩᠬᠡᠢ ᠱᠥᠵᠢ ᠶᠠᠷᠢᠶᠠᠨ ᠳᠠᠭᠠᠨ᠂ ᠮᠠᠨ ᠤ ᠨᠠᠮ ᠤᠨ ᠣᠳᠣᠷᠢᠳᠬᠤ ᠪᠠᠶᠢᠷᠢ ᠰᠠᠭᠤᠷᠢ ᠶᠢ ᠣᠮᠤᠭ ᠳᠡᠭᠦᠯᠳᠡᠷ ᠰᠥᠷ ᠳᠠᠯᠠᠶᠢᠴᠢᠳᠠᠢ ᠶᠠᠷᠢᠵᠣ᠂ ᠥᠨᠳᠥᠰᠥᠨ ᠠᠴᠠ ᠨᠢ ᠰᠢᠢᠳᠪᠥᠷᠢᠯᠡᠨ᠂ ᠵᠥᠪ ᠢᠶᠠᠷ ᠣᠶᠢᠯᠠᠭᠠᠵᠦ ᠮᠡᠳᠡᠬᠦ ᠬᠡᠷᠡᠭᠳᠠᠢ ᠭᠡᠵᠦ ᠵᠢᠭᠠᠵᠦ ᠭᠠᠷᠭᠠᠰᠠᠨ ᠶᠤᠮ᠃ 〔 ᠬᠦᠳᠥᠯᠥᠭᠴᠢ 〕ᠵᠠᠩ ᠡᠷᠬᠢᠯᠡᠭᠴᠢ ᠡ᠂ ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ  ᠵᠣᠷᠢᠭ ᠰᠠᠨᠠᠭ᠎ᠠ ᠶᠢᠨ ᠳᠣᠬᠠᠢ ᠲᠠᠨ ᠤ ᠥᠵᠡᠯᠳᠡ ᠶᠢ ᠰᠣᠨᠣᠰᠣᠶ᠎ᠠ ᠬᠡᠵᠥ ᠪᠣᠳᠣᠵᠣ ᠪᠠᠶᠢᠨ᠎ᠠ︖〔 ᠵᠠᠩ ᠰᠢᠶᠣᠣ ᠫᠢᠩ〕ᠮᠠᠨ ᠤ ᠣᠯᠣᠰ ᠤᠨ ᠬᠠᠥᠯᠢ ᠪᠠᠷ ᠵᠠᠰᠠᠬᠤ ᠪᠠᠶᠢᠭᠤᠯᠣᠯᠳᠠ ᠪᠣᠯ ᠢᠳᠡᠭ ᠢᠳᠡᠭ ᠢᠶᠠᠷ ᠣᠷᠣᠭᠰᠢᠯᠠᠵᠦ ᠢᠷᠡᠭᠰᠡᠨ ᠶᠣᠮ᠂ 17 ᠵᠢᠯ ᠤᠨ ᠡᠮᠥᠨ᠎ᠡ᠂ ᠨᠠᠮ ᠤᠨ ᠠᠷᠪᠠᠨ ᠳᠠᠪᠣᠳᠣᠭᠠᠷ ᠶᠡᠭᠡ ᠬᠤᠷᠠᠯ ᠠᠴᠠ ᠬᠠᠥᠯᠢ ᠪᠠᠷ ᠣᠯᠣᠰ ᠢᠶᠠᠨ ᠵᠠᠰᠠᠬᠤ ᠠᠷᠭ᠎ᠠ ᠪᠣᠳᠤᠯᠭ᠎ᠠ ᠶᠢ ᠳᠣᠷᠠᠳᠣᠭᠰᠠᠨ ᠨᠢ ᠨᠠᠮ ᠤᠨ ᠳᠥᠪ ᠬᠤᠷᠢᠶ᠎ᠠ ᠶᠢᠨ ᠠᠯᠣᠰ ᠬᠤᠯᠠ ᠶᠢᠨ ᠪᠣᠳᠣᠯᠭ᠎ᠠ ᠶᠢ ᠢᠯᠡᠳᠬᠡᠵᠥ ᠪᠠᠶᠢᠨ᠎ᠠ᠃ 17 ᠵᠢᠯ ᠤᠨ ᠳᠠᠷᠠᠭ᠎ᠠ᠂ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠳᠥᠪ ᠬᠤᠷᠢᠶᠠᠨ ᠤ ᠳᠥᠷᠪᠡᠳᠥᠬᠡᠷ ᠪᠦᠬᠦᠳᠡ ᠬᠤᠷᠠᠯ ᠠᠴᠠ ︽ᠬᠠᠥᠯᠢ ᠪᠠᠷ ᠣᠯᠣᠰ ᠎ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠳᠣᠬᠠᠢ ᠳᠣᠮᠳᠠᠳᠣ ᠣᠯᠣᠰ ᠤᠨ ᠡᠪ ᠬᠠᠮᠳᠣ ᠨᠠᠮ ᠤᠨ ᠳᠥᠪ ᠬᠤᠷᠢᠶ᠎ᠠ ᠶᠢᠨ ᠳᠣᠭᠳᠠᠭᠠᠯ︾᠎ ᠢ ᠬᠢᠨᠠᠨ ᠵᠦᠪᠯᠡᠵᠦ ᠪᠠᠲᠤᠯᠠᠭᠰᠠᠨ ᠶᠠᠪᠤᠳᠠᠯ ᠨᠢ ᠬᠠᠥᠯᠢ ᠪᠠᠷ ᠣᠯᠣᠰ ᠢᠶᠠᠨ ᠵᠠᠰᠠᠬᠤ ᠳᠣᠳᠣᠷᠬᠠᠢ ᠪᠣᠷᠣ ᠵᠢᠷᠤᠭ ᠢ ᠳᠠᠳᠠᠯᠠᠨ ᠵᠢᠷᠣᠭᠯᠠᠵᠠᠢ᠂ ᠬᠠᠥᠯᠢ ᠪᠠᠷ ᠣᠯᠣᠰ ᠢᠶᠠᠨ ᠵᠠᠰᠠᠬᠤ ᠶᠢ ᠣᠯᠣᠰ ᠳᠥᠷᠥ ᠶᠢᠨ ᠠᠷᠭ᠎ᠠ ᠪᠣᠳᠤᠯᠭ᠎ᠠ ᠠᠴᠠ ᠪᠦᠬᠦ ᠳᠠᠯ᠎ᠠ ᠶᠢᠨ᠂ ᠪᠣᠳᠠᠳᠠᠢ ᠬᠠᠥᠯᠢ ᠪᠠᠷ ᠵᠠᠰᠠᠬᠤ ᠦᠢᠯᠡᠳᠥᠯᠬᠡ ᠲᠡᠰᠢ ᠵᠠᠮᠨᠠᠭᠤᠯᠤᠭᠰᠠᠨ ᠪᠣᠯᠬᠤᠷ ᠪᠡᠯᠭᠡ ᠲᠡᠮᠳᠡᠭ ᠤᠨ ᠠᠴᠢ ᠬᠤᠯᠪᠤᠭᠳᠠᠯ ᠲᠠᠢ ᠬᠡᠵᠥ ᠬᠡᠯᠡᠵᠥ ᠪᠣᠯᠬᠤ ᠪᠦᠭᠡᠳ ᠬᠠᠥᠯᠢ ᠪᠠᠷ ᠣᠯᠣᠰ ᠢᠶᠠᠨ ᠵᠠᠰᠠᠬᠤ ᠰᠢᠨ᠎ᠡ ᠬᠠᠭᠤᠳᠠᠰᠣ ᠶᠢ ᠰᠡᠬᠦᠨ᠂ ᠬᠠᠥᠯᠢ ᠪᠠᠷ ᠣᠯᠣᠰ ᠢᠶᠠᠨ ᠵᠠᠰᠠᠬᠤ ᠰᠢᠨ᠎ᠡ ᠴᠠᠭ ᠡᠷᠡᠨ ᠢ ᠨᠡᠬᠡᠬᠡᠬᠦ ᠨᠢ ᠯᠠᠪᠲᠠᠢ ᠶᠤᠮ᠃ ᠪᠢᠳᠡ ᠬᠠᠮᠳᠣᠪᠠᠷ ᠭᠠᠷ ᠭᠠᠷ ᠢᠶᠠᠨ ᠬᠤᠯᠪᠣᠨ ᠴᠢᠷᠮᠠᠶᠢᠵᠣ  ᠂ ᠣᠯᠣᠰ ᠢᠶᠠᠨ ᠬᠠᠤᠯᠢ ᠪᠠᠷ ᠵᠠᠰᠠᠬᠤ ᠶᠢ ᠡᠷᠳᠡ ᠨᠢᠬᠡᠨ ᠡᠳᠥᠷ ᠪᠡᠶᠡᠯᠡᠭᠦᠯᠰᠥᠬᠡᠢ︕〔 ᠬᠦᠳᠥᠯᠥᠭᠴᠢ 〕ᠮᠠᠨ ᠤ ᠥᠪᠥᠷ ᠮᠣᠩᠭᠤᠯ ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠣᠷᠢᠵᠢᠭᠤᠯᠵᠣ᠂ ᠴᠢᠬᠤᠯᠠ ᠶᠡᠭᠡ ᠰᠢᠢᠳᠪᠣᠷᠢᠲᠦ ᠪᠣᠳᠤᠯᠭ᠎ᠠ ᠳᠣᠭᠳᠠᠭᠠᠬᠤ ᠲᠡᠰ ᠳᠠᠷᠠᠭᠠᠯᠠᠯ ᠢ ᠵᠢᠷᠤᠮᠵᠢᠭᠤᠯᠬᠤ ᠳᠠᠯ᠎ᠠ ᠪᠠᠷ ᠶᠠᠮᠠᠷ ᠠᠷᠭ᠎ᠠ ᠪᠠᠷᠢᠯ ᠪᠠᠶᠢᠬᠤ ᠪᠣᠢ︖〔 ᠵᠠᠩ ᠰᠢᠶᠣᠣ ᠫᠢᠩ〕2013 ᠣᠨ ᠤ 8 ᠳ᠋ᠣᠭᠠᠷ ᠰᠠᠷ᠎ᠠ ᠠᠴᠠ ᠡᠬᠢᠯᠡᠨ᠂ ᠥᠪᠡᠷᠳᠡᠭᠡᠨ ᠵᠠᠰᠠᠬᠤ ᠣᠷᠣᠨ ᠤ ᠬᠠᠥᠯᠢ ᠳᠥᠷᠢᠮ ᠤᠨ ᠠᠵᠢᠯ ᠤᠨ ᠠᠯᠪᠠᠨ ᠬᠡᠷ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠥᠷᠢᠲᠦ ᠪᠣᠳᠤᠯᠭ᠎ᠠ ᠳᠣᠭᠳᠠᠭᠠᠬᠤ ᠶᠢᠨ ᠬᠠᠥᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠰᠡᠳᠥᠪ ᠤᠨ ᠰᠣᠳᠣᠯᠣᠯ ᠢ ᠵᠣᠬᠢᠶᠠᠨ ᠪᠠᠶᠢᠭᠤᠯᠤᠨ ᠥᠷᠨᠢᠭᠦᠯᠪᠡ᠂ ᠣᠯᠠᠨ ᠣᠳᠠᠭ᠎ᠠ᠂ ᠳᠠᠬᠢᠨ ᠳᠠᠪᠳᠠᠨ ᠪᠠᠶᠢᠴᠠᠭᠠᠨ ᠰᠣᠳᠣᠯᠵᠣ ᠨᠣᠳ᠋ᠯᠠᠯᠳᠠ ᠬᠢᠬᠦ ᠪᠠᠷ ᠳᠠᠮᠵᠢᠭᠠᠳ᠂ ᠣᠳᠣᠬᠠᠨ ᠳᠤ ︽ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠥᠷᠢᠲᠦ ᠪᠣᠳᠤᠯᠭ᠎ᠠ ᠳᠣᠭᠳᠠᠭᠠᠬᠤ ᠳᠡᠰ ᠳᠠᠷᠠᠭᠠᠯᠠᠯ ᠤᠨ ᠲᠣᠭᠲᠠᠭᠠᠯ ︵ᠲᠦᠰᠥᠯ︶︾᠎ ᠢ ᠪᠣᠢ ᠪᠣᠯᠭᠠᠭᠠᠳ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠥᠷᠢ ᠳᠣᠭᠳᠠᠭᠠᠬᠤ ᠬᠡᠪᠴᠢᠶ᠎ᠡ᠂ ᠠᠯᠬᠤᠮ ᠳᠠᠷᠠᠭ᠎ᠠ᠂ ᠳᠡᠰ ᠳᠠᠷᠠᠭᠠᠯᠠᠯ ᠵᠡᠷᠬᠡ ᠳᠠᠯ᠎ᠠ ᠪᠠᠷ ᠵᠢᠷᠤᠮᠵᠢᠭᠤᠯᠪᠠ᠃ ᠳᠠᠷᠠᠭ᠎ᠠ ᠠᠯᠬᠤᠮ ᠳᠤ᠂ ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠥᠨᠳᠥᠰᠥᠯᠡᠨ ᠣᠯᠠᠮ ᠨᠢᠬᠡ ᠠᠯᠬᠤᠮ ᠵᠠᠰᠠᠪᠣᠷᠢ ᠣᠷᠣᠭᠤᠯᠵᠦ ᠨᠣᠳ᠋ᠯᠠᠭᠰᠠᠨ ᠤ ᠳᠠᠷᠠᠭ᠎ᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠣᠰᠢᠶᠠᠨ ᠬᠢᠨᠠᠨ ᠵᠦᠪᠯᠡᠭᠦᠯᠬᠦ ᠪᠣᠯᠣᠨ᠎ᠠ᠃ ᠡᠨᠡ ᠪᠣᠯ ᠪᠢᠳᠡᠨ ᠤ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠣᠷᠢᠵᠢᠭᠤᠯᠬᠤ ᠴᠢᠬᠤᠯᠠ ᠶᠡᠭᠡ ᠠᠷᠭ᠎ᠠ ᠪᠠᠷᠢᠯ ᠤᠨ ᠨᠢᠬᠡ ᠪᠣᠯᠬᠤ ᠪᠦᠭᠡᠳ ᠮᠠᠨ ᠤ ᠣᠷᠣᠨ ᠤ ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠭᠦᠨᠵᠡᠭᠡᠢ ᠦᠷᠨᠢᠭᠦᠯᠬᠦ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠤᠨ ᠢ ᠲᠦᠷᠭᠡᠳᠭᠡᠨ ᠪᠦᠲᠥᠭᠡᠨ ᠪᠠᠶᠢᠭᠤᠯᠬᠤ ᠠᠬᠢᠴᠠ ᠶᠢ ᠲᠦᠯᠬᠢᠨ ᠠᠬᠢᠭᠤᠯᠬᠤ ᠳᠤ ᠴᠢᠬᠤᠯᠠ ᠶᠡᠭᠡ ᠠᠯᠤᠰ ᠬᠡᠳᠦ ᠶᠢᠨ ᠲᠡᠤᠬᠡᠲᠦ ᠠᠴᠢ ᠬᠤᠯᠪᠤᠭᠳᠠᠯ ᠦᠵᠡᠭᠦᠯᠬᠦ ᠨᠢ ᠵᠠᠶᠢᠯᠠᠰᠢ ᠦᠭᠡᠢ ᠶᠤᠮ᠃ ᠡᠬᠦᠨ ᠤ ᠵᠡᠷᠭᠡᠴᠡᠪᠡᠷ᠂ ᠪᠢᠳᠡ ᠪᠠᠰᠠ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠥᠷᠢᠲᠦ ᠪᠣᠳᠤᠯᠭ᠎ᠠ ᠳᠣᠭᠳᠠᠭᠠᠬᠤ ᠬᠠᠮᠢᠶ᠎ᠠ ᠪᠦᠬᠦᠢ ᠪᠠᠶᠢᠴᠭᠠᠨ ᠰᠣᠳᠣᠯᠣᠭᠰᠠᠨ ᠪᠠᠶᠢᠳᠠᠯ ᠢᠶᠠᠨ ᠥᠪᠡᠷᠳᠡᠭᠡᠨ ᠵᠠᠰᠠᠬᠤ ᠣᠷᠣᠨ ᠎ ᠤ ᠨᠡᠶᠢᠬᠡᠮ ᠤᠨ ᠰᠢᠨᠵᠢᠯᠡᠬᠦ ᠣᠬᠠᠭᠠᠨ ᠤ ᠬᠦᠷᠢᠶᠡᠯᠡᠩ ᠤᠨ ᠰᠡᠳᠥᠪ ᠪᠣᠯᠭᠠᠨ ᠭᠤᠶᠣᠴᠢᠯᠠᠵᠣ ᠬᠦᠨᠵᠡᠬᠡᠢ ᠰᠣᠳᠣᠯᠣᠭᠠᠳ᠂ ᠴᠢᠬᠤᠯᠠ ᠶᠡᠭᠡ ᠥᠷ᠎ᠡ ᠪᠦᠲᠥᠭᠡᠯ ᠣᠯᠪᠠ᠂ ᠡᠨᠡᠬᠦ ᠠᠵᠢᠯ ᠤᠨ ᠳᠠᠯ᠎ᠠ ᠪᠠᠷ ᠪᠢᠳᠡ ᠶᠡᠷᠦ ᠠᠴᠠ ᠪᠦᠬᠦ ᠣᠯᠣᠰ ᠲᠤ ᠲᠡᠷᠢᠭᠦᠨ ᠳᠤᠨᠢ ᠶᠠᠪᠤᠭᠰᠠᠭᠠᠷ ᠢᠷᠡᠭᠰᠡᠨ ᠶᠤᠮ᠃〔 ᠬᠦᠳᠥᠯᠥᠭᠴᠢ 〕ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠥᠨᠳᠥᠰᠥᠯᠡᠪᠡᠯ᠂ ᠵᠠᠰᠠᠭ ᠤᠨ ᠣᠷᠳᠣᠨ ᠤ ᠬᠠᠥᠯᠢ ᠳᠥᠷᠢᠮ ᠤᠨ ᠪᠠᠶᠢᠭᠤᠯᠣᠮᠵᠢ ᠶᠢᠨ ᠬᠤᠶᠢᠰᠢᠳᠠ ᠶᠢᠨ ᠬᠠᠥᠯᠢ ᠶᠣᠰᠣᠭᠠᠷ ᠵᠠᠰᠠᠭ ᠶᠠᠪᠣᠭᠤᠯᠬᠤ ᠠᠵᠢᠯ ᠤᠨ ᠳᠣᠮᠳᠠᠬᠢ ᠡᠬᠦᠷᠬᠡ ᠣᠯᠠᠮ ᠠᠴᠠ ᠣᠯᠠᠮ ᠬᠦᠨᠳᠥᠷᠡᠬᠦ ᠪᠣᠯᠣᠨ᠎ᠠ᠂ ᠵᠠᠩ ᠡᠷᠬᠢᠯᠡᠭᠴᠢ ᠲᠠ᠂ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠤ ᠬᠠᠥᠯᠢ ᠳᠥᠷᠢᠮ ᠤᠨ ᠠᠵᠢᠯ ᠤᠨ ᠠᠯᠪᠠᠨ ᠬᠡᠷ ᠳᠠᠷᠠᠭ᠎ᠠ ᠠᠯᠬᠤᠮ ᠤᠨ ᠬᠠᠥᠯᠢ ᠳᠣᠭᠳᠠᠭᠠᠬᠤ ᠠᠵᠢᠯ ᠤᠨ ᠳᠣᠮᠳᠠ ᠶᠠᠮᠠᠷ ᠶᠠᠮᠠᠷ ᠠᠷᠭ᠎ᠠ ᠪᠠᠷᠢᠯ ᠠᠪᠴᠥ ᠳᠣᠣᠱᠯᠠᠭᠤᠯᠣᠨ ᠨᠠᠶᠢᠳᠠᠪᠣᠷᠢᠵᠢᠭᠤᠯᠬᠤ ᠳᠣᠬᠠᠢ ᠲᠠᠨᠢᠯᠴᠠᠭᠤᠯᠣᠭᠠᠳ ᠦᠭᠭᠦᠨ᠎ᠡ ᠤᠤ︖〔 ᠵᠠᠩ ᠰᠢᠶᠣᠣ ᠫᠢᠩ 〕ᠬᠤᠶᠢᠰᠢᠳᠠ ᠶᠢᠨ ᠬᠠᠥᠯᠢ ᠶᠣᠰᠣᠭᠠᠷ ᠵᠠᠰᠠᠭ ᠶᠠᠪᠣᠭᠤᠯᠬᠤ ᠠᠵᠢᠯ ᠤᠨ ᠳᠣᠮᠳᠠ᠂ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠤ ᠬᠠᠥᠯᠢ ᠳᠥᠷᠢᠮ ᠤᠨ ᠠᠵᠢᠯ ᠤᠨ ᠠᠯᠪᠠᠨ ᠬᠡᠷ ᠤᠨ ᠡᠭᠦᠷᠭᠡᠯᠡᠬᠦ ᠠᠵᠢᠯ ᠤᠨ ᠡᠬᠦᠷᠬᠡ ᠥᠨᠡᠨᠬᠦ ᠣᠯᠠᠮ ᠠᠴᠠ ᠣᠯᠠᠮ ᠬᠦᠨᠳᠥᠷᠡᠭᠦ ᠪᠣᠯᠣᠨ᠎ᠠ᠂ ᠳᠥᠪ ᠬᠤᠷᠢᠶ᠎ᠠ ᠶᠢᠨ ᠳᠥᠷᠪᠡᠳᠥᠬᠡᠷ ᠪᠦᠬᠦᠳᠡ ᠬᠤᠷᠠᠯ ᠠᠴᠠ ᠬᠠᠥᠯᠢ ᠳᠣᠭᠳᠠᠭᠠᠬᠤ᠂ ᠳᠠᠬᠢᠨ ᠵᠥᠪᠯᠡᠬᠦ᠂ ᠬᠢᠨᠠᠯᠳᠠ ᠳᠠᠯᠪᠢᠬᠤ᠂ ᠵᠢᠷᠤᠮᠵᠢᠯ ᠎ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠳᠠᠯᠠᠵᠦ ᠬᠢᠨᠨ᠋ᠨ ᠪᠠᠶᠢᠴᠠᠭᠠᠬᠤ᠂ ᠬᠠᠥᠯᠢ ᠴᠠᠭᠠᠴᠠ ᠶᠢᠨ ᠵᠦᠪᠯᠡᠭᠴᠢ ᠪᠣᠯᠬᠤ ᠵᠡᠷᠬᠡ ᠠᠵᠢᠯ  ᠎ ᠳᠤ ᠴᠦᠮ ᠨᠡᠩ ᠥᠨᠳᠥᠷ ᠰᠢᠨ᠎ᠡ ᠱᠠᠭᠠᠷᠳᠠᠯᠭ᠎ᠠ ᠳᠣᠷᠠᠳᠪᠠ᠃      ᠥᠪᠡᠷᠳᠡᠭᠡᠨ ᠵᠠᠰᠠᠬᠤ ᠣᠷᠣᠨ ᠤ ᠬᠠᠥᠯᠢ ᠳᠥᠷᠢᠮ ᠤᠨ ᠠᠵᠢᠯ ᠤᠨ ᠠᠯᠪᠠᠨ ᠬᠡᠷ ᠨᠢ ᠮᠠᠨ ᠤ ᠣᠷᠣᠨ ᠎ ᠤ ᠬᠠᠥᠯᠢ ᠳᠣᠭᠳᠠᠭᠠᠬᠤ ᠠᠵᠢᠯ ᠤᠨ ᠪᠤᠳᠠᠲᠦ ᠪᠠᠶᠢᠳᠠᠯ ᠲᠠᠢ ᠣᠶᠠᠯᠳᠣᠭᠤᠯᠣᠨ᠂ ᠬᠠᠥᠯᠢ ᠳᠣᠭᠳᠠᠭᠠᠬᠤ ᠠᠷᠭ᠎ᠠ ᠮᠠᠶ᠋ᠢᠭ ᠪᠠ ᠠᠷᠭ᠎ᠠ ᠪᠠᠨ ᠬᠠᠯᠠᠨ ᠰᠠᠶᠢᠵᠢᠷᠠᠭᠤᠯᠵᠣ᠂ ᠵᠠᠰᠠᠭ ᠤᠨ ᠣᠷᠳᠣᠨ ᠤ ᠬᠠᠥᠯᠢ ᠳᠣᠭᠳᠠᠭᠠᠬᠤ ᠳᠡᠰ ᠳᠡᠷᠠᠭᠠᠯᠠᠯ ᠎ ᠢ ᠳᠡᠭᠦᠯᠳᠡᠵᠢᠭᠦᠯᠥᠨ᠂ ᠬᠠᠥᠯᠢ ᠳᠣᠭᠳᠠᠭᠠᠬᠤ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠳᠣᠭᠳᠠᠴᠠ᠂ ᠬᠠᠥᠯᠢ ᠳᠣᠭᠳᠠᠭᠠᠬᠤ ᠳᠥᠷᠥᠯ ᠵᠦᠢᠯ ᠢ ᠴᠤᠭᠯᠠᠭᠤᠯᠬᠤ  ᠪᠠ ᠨᠣᠳ᠋ᠯᠠᠬᠤ  ᠳᠥᠷᠢᠮ᠂ ᠥᠨᠳᠥᠰᠥᠨ ᠱᠠᠳᠣᠨ ᠤ ᠬᠠᠥᠯᠢ ᠳᠣᠭᠳᠠᠭᠠᠬᠤ ᠬᠠᠷᠢᠯᠴᠠᠬᠤ ᠴᠢᠭ᠋ ᠤᠨ ᠳᠥᠷᠢᠮ ᠢ ᠪᠥᠷᠢᠨᠰᠢᠭᠦᠯᠥᠨ᠎ᠡ᠃ ᠪᠦᠬᠦ ᠣᠷᠣᠨ ᠤ ᠠᠵᠣ ᠠᠬᠤᠢ ᠨᠡᠶᠢᠬᠡᠮ ᠤᠨ ᠬᠦᠭᠵᠢᠭᠦᠯᠥᠯᠲᠡ ᠶᠢᠨ ᠳᠥᠯᠥᠪᠵᠢᠭᠦᠯᠬᠡ ᠲᠠᠢ ᠣᠶᠠᠯᠳᠣᠭᠤᠯᠣᠨ᠂ ᠠᠷᠠᠳ ᠤᠨ ᠠᠮᠢᠳᠣᠷᠠᠯ ᠢ ᠪᠠᠳᠣᠯᠠᠬᠤ ᠪᠠ ᠰᠠᠶᠢᠵᠢᠷᠠᠭᠤᠯᠬᠤ᠂ ᠨᠡᠶᠢᠬᠡᠮ ᠤᠨ ᠬᠠᠮᠢᠶᠠᠷᠣᠯᠳᠠ ᠶᠢᠨ ᠰᠢᠨ᠎ᠡ ᠶᠢ ᠡᠭᠦᠳᠬᠦ᠂ ᠣᠷᠴᠢᠨ ᠳᠣᠭᠤᠷᠢᠨ ᠡᠬᠢ ᠪᠠᠶᠠᠯᠢᠭ  ᠎ ᠢ ᠬᠠᠮᠠᠭᠠᠯᠠᠬᠤ ᠵᠡᠷᠬᠡ ᠭᠤᠣᠯᠳᠠᠯᠭ᠎ᠠ ᠪᠣᠯᠬᠤ ᠬᠦᠷᠢᠶ᠎ᠡ ᠬᠡᠪᠴᠢᠶᠡᠨ ᠳᠤ ᠵᠠᠰᠠᠭ ᠤᠨ ᠣᠷᠳᠣᠨ ᠤ ᠬᠠᠥᠯᠢ ᠳᠣᠭᠳᠠᠭᠠᠬᠤ ᠶᠢ ᠬᠦᠴᠥᠯᠡᠨ ᠴᠢᠩᠭᠠᠳᠬᠠᠵᠣ᠂ ᠬᠠᠥᠯᠢ ᠳᠣᠭᠳᠠᠭᠠᠬᠤ ᠳᠣᠰᠬᠠᠢ ᠮᠡᠷᠬᠡᠵᠢᠯᠳᠡᠨ ᠤ ᠯᠠᠪᠯᠠᠯᠭ᠎ᠠ ᠶᠢᠨ ᠳᠥᠷᠢᠮ ᠢ ᠳᠡᠭᠦᠯᠳᠡᠷᠵᠢᠭᠦᠯᠣᠨ᠂ ᠢᠯᠠᠩᠭᠤᠶ᠎ᠠ ᠶᠡᠷᠥᠩᠬᠡᠶᠢᠯᠡᠭᠰᠡᠨ ᠴᠢᠨᠠᠷ ᠢᠶᠠᠷ ᠴᠢᠩᠭ᠎ᠠ᠂ ᠨᠡᠶᠢᠬᠡᠮ ᠳᠤ ᠨᠥᠯᠥᠬᠡ ᠶᠡᠬᠡᠳᠠᠢ ᠬᠠᠥᠯᠢ ᠳᠣᠭᠳᠠᠭᠠᠬᠤ ᠳᠥᠷᠥᠯ ᠵᠦᠢᠯ ᠳᠤ ᠬᠠᠥᠯᠢ ᠳᠣᠭᠳᠠᠭᠠᠬᠤ ᠠᠵᠢᠯᠳᠠᠨ᠂ ᠪᠣᠳᠠᠳᠠᠢ ᠠᠵᠢᠯᠳᠠᠨ ᠪᠠ ᠳᠣᠰᠬᠠᠢ ᠮᠡᠷᠬᠡᠵᠢᠯᠳᠡᠨ ᠡᠷᠳᠡᠮᠲᠡᠳ ᠢ ᠣᠶᠠᠯᠳᠣᠭᠤᠯᠣᠭᠰᠠ ᠲᠤᠭᠤᠷᠪᠢᠬᠤ  ᠵᠠᠭᠪᠤᠷ ᠢ ᠬᠡᠷᠡᠭᠵᠢᠭᠦᠯᠥᠨ᠎ᠡ᠃ ᠨᠢᠳᠣᠨᠣᠨ ᠠᠴᠠ ᠡᠬᠢᠯᠡᠨ᠂ ᠥᠪᠡᠷᠳᠡᠬᠡᠨ ᠵᠠᠰᠠᠬᠤ ᠣᠷᠣᠨ ᠤ ᠬᠠᠥᠯᠢ ᠳᠥᠷᠢᠮ ᠤᠨ ᠠᠵᠢᠯ ᠤᠨ ᠠᠯᠪᠠᠨ ᠬᠡᠷ ᠨᠢ ᠬᠠᠥᠯᠢ ᠳᠣᠭᠳᠠᠭᠠᠬᠤ ᠳᠥᠷᠥᠯ ᠵᠦᠢᠯ ᠢ ᠨᠡᠶᠢᠬᠡᠮ ᠠᠴᠠ ᠢᠯᠡ ᠪᠠᠷ ᠴᠣᠭᠯᠠᠭᠤᠯᠬᠤ ᠠᠵᠢᠯ ᠤᠨ ᠳᠣᠭᠳᠠᠴᠠ ᠶᠢ ᠪᠠᠶᠢᠭᠤᠯᠵᠣ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠳᠥᠯᠥᠬᠡᠯᠡᠭᠴᠢ᠂ ᠣᠯᠣᠰ ᠳᠥᠷᠥ ᠶᠢᠨ ᠵᠥᠪᠯᠡᠯᠬᠡᠨ ᠤ  ᠭᠡᠰᠢᠭᠦᠳ ᠬᠢᠬᠡᠳ ᠨᠡᠶᠢᠬᠡᠮ ᠨᠡᠶᠢᠳᠡ ᠪᠠᠷ ᠢᠶᠠᠨ ᠣᠷᠣᠯᠴᠠᠵᠣ᠂ ᠰᠠᠨᠠᠯ ᠪᠣᠳᠤᠯᠭ᠎ᠠ ᠪᠠᠨ ᠳᠡᠪᠰᠢᠭᠦᠯᠥᠭᠡᠳ ᠨᠡᠶᠢᠬᠡᠮ ᠤᠨ ᠨᠠᠰᠢ ᠰᠠᠶᠢᠨ ᠥᠷ᠎ᠡ ᠪᠥᠳᠥᠮᠵᠢ ᠣᠯᠪᠠ᠃ ᠡᠨᠡ ᠵᠢᠯ ᠪᠠᠰᠠ ᠥᠪᠡᠷᠳᠡᠭᠡᠨ ᠵᠠᠰᠠᠬᠤ ᠣᠷᠣᠨ ᠤ ᠣᠯᠣᠰ ᠳᠥᠷᠥ ᠶᠢᠨ ᠵᠥᠪᠯᠡᠯᠬᠡᠨ ᠯᠦᠭᠡ ᠬᠠᠥᠯᠢ ᠳᠣᠭᠳᠠᠭᠠᠬᠤ ᠶᠢ ᠵᠥᠪᠳᠡᠬᠦ ᠠᠵᠢᠯ ᠤᠨ ᠳᠣᠭᠳᠠᠴᠠ ᠪᠠᠶᠢᠭᠤᠯᠤᠭᠰᠠᠨ ᠤ ᠬᠠᠮᠳᠣ ᠬᠠᠮᠢᠶ᠎ᠠ ᠪᠦᠬᠦᠢ ᠠᠵᠢᠯ ᠥᠷᠨᠢᠭᠦᠯᠪᠡ᠃〔 ᠬᠦᠳᠥᠯᠥᠭᠴᠢ 〕ᠶᠡᠷᠥ ᠶᠢᠨ ᠥᠬᠡᠨ ᠳᠤ ︽ᠬᠠᠥᠯᠢ ᠴᠠᠭᠠᠵᠠ ᠶᠢᠨ ᠠᠮᠢᠵᠢᠷᠠᠯ ᠤᠨ ᠬᠦᠴᠥᠨ ᠤ ᠴᠢᠬᠤᠯᠠ ᠨᠢ ᠬᠡᠷᠡᠭᠵᠢᠭᠦᠯᠭᠦ ᠳᠤ ᠪᠣᠢ᠂ ᠬᠠᠥᠯᠢ ᠴᠠᠭᠠᠵᠠ ᠶᠢᠨ ᠡᠷᠬᠡ ᠰᠥᠷ ᠤᠨ ᠴᠢᠬᠤᠯᠠ ᠨᠢ ᠴᠦ ᠬᠡᠷᠡᠭᠵᠢᠭᠦᠯᠭᠦ ᠳᠤ ᠪᠣᠢ︾ ᠬᠡᠵᠥ  ᠬᠡᠯᠡᠳᠡᠭ  ᠃ ᠥᠪᠡᠷᠳᠡᠭᠡᠨ ᠵᠠᠰᠠᠬᠤ ᠣᠷᠣᠨ ᠤ ᠬᠠᠥᠯᠢ ᠳᠥᠷᠢᠮ ᠤᠨ ᠠᠵᠢᠯ ᠤᠨ ᠠᠯᠪᠠᠨ ᠬᠡᠷ ᠡᠨᠡ ᠳᠠᠯ᠎ᠠ ᠪᠠᠷ ᠪᠠᠰᠠ ᠶᠠᠮᠠᠷ ᠶᠠᠮᠠᠷ ᠳᠥᠯᠥᠪᠡᠯᠡᠭᠡ ᠲᠠᠢ ᠪᠠᠶᠢᠭ᠎ᠠ ᠪᠣᠢ︖〔  ᠵᠠᠩ ᠰᠢᠶᠣᠣ ᠫᠢᠩ 〕︽ᠡᠷᠬᠡ ᠶᠢ ᠳᠥᠷᠢᠮ ᠤᠨ ᠰᠢᠩᠬᠡᠯᠢᠭ ᠲᠤ ᠬᠤᠷᠢᠭᠰᠠᠨ︾᠎ ᠤ ᠳᠠᠷᠠᠭ᠎ᠠ ᠪᠠᠰᠠ᠂ ᠴᠠᠭ ᠢᠮᠠᠭᠳᠠ ᠬᠢᠨᠠᠯᠳᠠ ᠳᠠᠯᠪᠢᠵᠣ᠂ ᠰᠢᠩᠬᠡᠯᠢᠭ ᠠᠴᠠ ᠭᠠᠷᠴᠥ ᠢᠷᠡᠭᠦ ᠠᠴᠠ ᠰᠡᠷᠬᠡᠶᠢᠯᠡᠭᠦ ᠬᠡᠷᠡᠭᠳᠠᠢ᠃ ᠬᠠᠥᠯᠢ ᠳᠥᠷᠢᠮ ᠤᠨ ᠠᠵᠢᠯ ᠤᠨ ᠠᠯᠪᠠᠨ ᠬᠡᠷ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠵᠦ ᠬᠢᠨᠠᠨ ᠪᠠᠶᠢᠴᠠᠭᠠᠬᠤ ᠠᠵᠢᠯ ᠤᠨ ᠲᠠᠯ᠎ᠠ ᠪᠠᠷ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ  ᠎ ᠤᠨ ᠭᠤᠣᠯ ᠴᠣᠭᠴᠠ ᠶᠢᠨ ᠬᠢᠷᠢ ᠬᠡᠮ ᠢ ᠲᠣᠭᠲᠠᠭᠠᠬᠤ ᠳᠥᠷᠢᠮ ᠪᠠᠶᠢᠭᠤᠯᠵᠣ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ︽ᠭᠤᠷᠪᠠ ᠶᠢ ᠨᠢᠬᠡᠳᠥᠯᠳᠠᠢ︾ ᠪᠠᠶᠢᠯᠭᠠᠬᠤ ᠳᠥᠷᠢᠮ᠂ ᠳᠣᠰᠬᠠᠢ ᠮᠡᠷᠬᠡᠵᠢᠯᠳᠡᠨ ᠢᠶᠠᠷ ᠬᠠᠪᠰᠤᠷᠤᠭᠤᠯᠤᠨ ᠬᠢᠨᠠᠨ ᠪᠠᠶᠢᠴᠠᠭᠠᠬᠤ ᠳᠥᠷᠢᠮ ᠢ  ᠬᠡᠷᠡᠭᠵᠢᠭᠦᠯᠭᠦ ᠶᠢᠨ ᠬᠠᠮᠳᠣ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠳᠥᠷᠢᠮ ᠤᠨ ᠪᠠᠶᠢᠭᠤᠯᠣᠯᠳᠠ ᠶᠢ ᠣᠯᠠᠮ ᠨᠢᠬᠡ ᠠᠯᠬᠤᠮ ᠴᠢᠩᠭᠠᠳᠬᠠᠨ᠂ ᠦᠨᠳᠥᠰᠥᠨ ᠱᠠᠲᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠡᠷᠡᠭᠵᠢᠭᠦᠯᠬᠦ ᠡᠷᠴᠢᠮ ᠢ ᠴᠢᠩᠭᠠᠳᠬᠠᠨ᠎ᠠ᠃ ᠵᠠᠰᠠᠭ ᠤᠨ ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠶᠢᠨ ᠠᠵᠢᠯᠲᠠᠨ ᠢᠶᠠᠷ ᠭᠤᠣᠯ ᠴᠣᠭᠴᠠ ᠪᠣᠯᠭᠠᠭᠰᠠᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠰᠢᠢᠳᠪᠣᠷᠢ ᠳᠣᠭᠳᠠᠭᠠᠬᠤ ᠳᠤ ᠴᠢᠨᠠᠷ ᠰᠠᠶᠢᠲᠠᠢ ᠥᠨᠳᠥᠷ ᠥᠷ᠎ᠡ ᠪᠥᠳᠥᠮᠵᠢᠲᠠᠢ ᠦᠢᠯᠡᠴᠢᠯᠡᠭᠡ ᠬᠠᠩᠭᠠᠨ᠎ᠠ᠃      ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠭᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠭᠦ ᠪᠠᠶᠢᠭᠤᠯᠣᠯ ᠤᠨ ᠥᠭᠡᠷᠡᠴᠢᠯᠡᠯᠳᠡ ᠶᠢ ᠬᠦᠨᠵᠡᠬᠡᠢ ᠲᠦᠯᠬᠢᠨ ᠠᠬᠢᠭᠤᠯᠬᠤ ᠳᠠᠯ᠎ᠠ ᠪᠠᠷ ᠬᠠᠤᠯᠢ ᠠᠴᠠ ᠵᠦᠷᠢᠴᠡᠭᠰᠡᠨ ᠪᠤᠶᠤ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠭᠦ ᠨᠢ ᠵᠣᠬᠢᠰ ᠦᠭᠡᠢ ᠪᠣᠯᠤᠭᠰᠠᠨ ᠦᠢᠯᠡ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠭᠦ ᠡᠷᠴᠢᠮ ᠢ ᠨᠡᠮᠡᠭᠳᠡᠭᠦᠯᠥᠨ᠎ᠡ︔ ᠵᠠᠰᠠᠭ ᠵᠠᠬᠢᠷᠭᠠᠨ ᠎ ᠤ ᠬᠠᠥᠯᠢ ᠬᠡᠷᠡᠭᠵᠢᠭᠦᠯᠭᠦ ᠳᠤ ᠬᠢᠨᠠᠯᠳᠠ ᠳᠠᠯᠪᠢᠬᠤ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠭᠦ  ᠳᠡᠰ ᠳᠠᠷᠠᠭᠠᠯᠠᠯ ᠢ ᠵᠢᠷᠤᠮᠵᠢᠭᠤᠯᠵᠦ᠂ ᠵᠠᠰᠠᠭ ᠵᠠᠬᠢᠷᠭᠠᠨ ᠤ ᠳᠠᠰᠣᠯᠬᠤ ᠡᠷᠬᠡ ᠶᠢᠨ ᠰᠠᠭᠤᠷᠢ ᠪᠠᠷᠢᠮᠵᠢᠶ᠎ᠠ ᠶᠢᠨ ᠳᠥᠷᠢᠮ ᠢ ᠪᠠᠶᠢᠭᠤᠯᠣᠨ ᠪᠥᠷᠢᠨᠰᠢᠭᠦᠯᠵᠥ᠂ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠭᠦ ᠬᠢᠷᠢ ᠬᠡᠮ ᠤᠨ ᠬᠠᠮᠢᠶᠠᠷᠣᠯᠳᠠ ᠶᠢ ᠴᠢᠩᠳᠠᠯᠠᠨ᠂ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠥᠭᠰᠡᠨ ᠢ ᠨᠡᠶᠢᠲᠡ ᠳᠤ ᠵᠠᠷᠯᠠᠬᠤ ᠳᠥᠷᠢᠮ ᠢ ᠳᠥᠯᠬᠢᠨ ᠠᠬᠢᠭᠤᠯᠣᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠭᠦ ᠳᠥᠷᠢᠮ ᠤᠨ ᠥᠭᠡᠷᠡᠴᠢᠯᠡᠯᠳᠡ ᠶᠢ ᠬᠦᠨᠵᠡᠬᠡᠢ ᠳᠥᠯᠬᠢᠨ ᠠᠬᠢᠭᠤᠯᠵᠣ᠂ ᠵᠠᠰᠠᠭ ᠢ ᠴᠣᠮᠬᠠᠳᠬᠠᠨ ᠡᠷᠬᠡ ᠶᠢ ᠳᠠᠯᠪᠢᠵᠦ᠂ ᠵᠠᠬ᠎ᠠ ᠳᠡᠯᠬᠡᠬᠦᠷ ᠲᠤ ᠠᠰᠢᠭ ᠬᠦᠷᠳᠡᠬᠡᠨ᠂ ᠵᠠᠰᠠᠭ ᠤᠨ ᠣᠷᠳᠣᠨ ᠤ ᠡᠷᠬᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ᠂ ᠨᠠᠵᠠᠭᠠᠢ ᠳᠠᠯ᠎ᠠ ᠶᠢᠨ ᠨᠠᠷᠢᠨ ᠳᠠᠩᠰᠠ ᠶᠢ ᠭᠤᠣᠯᠴᠢᠯᠠᠨ ᠪᠠᠶᠢᠭᠤᠯᠣᠨ᠎ᠠ᠃ ᠣᠳᠣᠬᠠᠨ ᠳᠤ᠂ ᠪᠢᠳᠡ ᠶᠠᠭ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠡᠷᠬᠡ ᠶᠢᠨ ᠳᠠᠷᠠᠭᠠᠯᠠᠯ ᠢ ᠳᠠᠬᠢᠵᠣ ᠵᠣᠬᠢᠶᠠᠬᠤ ᠪᠠ ᠵᠠᠰᠠᠭ ᠵᠠᠬᠢᠷᠭᠠᠨ ᠤ ᠡᠷᠬᠡ ᠶᠢ ᠴᠡᠭᠴᠡᠯᠡᠵᠦ ᠪᠠᠶᠢᠭ᠎ᠠ ᠪᠦᠭᠡᠳ ᠢᠷᠡᠬᠦ ᠵᠢᠯ ᠤᠨ ᠳᠡᠭᠡᠷ᠎ᠡ ᠬᠠᠭᠠᠰ ᠵᠢᠯ ᠳᠤ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠎ ᠤ ᠡᠯ᠎ᠡ ᠰᠠᠯᠠᠭ᠎ᠠ ᠮᠥᠴᠢᠷ ᠤᠨ ᠡᠷᠬᠡ ᠶᠢᠨ ᠨᠠᠷᠢᠨ ᠳᠠᠩᠰᠠ ᠶᠢᠨ ᠡᠬᠦᠷᠭᠡ ᠶᠢ  ᠪᠡᠶᠡᠯᠡᠭᠦᠯᠭᠦ ᠪᠠᠷ ᠪᠠᠶᠢᠭ᠎ᠠ ᠲᠤᠯᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠡᠷᠬᠡᠪᠰᠢ ᠨᠡᠶᠢᠳᠡᠯᠡᠭᠰᠡᠨ ᠡᠷᠬᠡ ᠶᠢᠨ ᠨᠠᠷᠢᠨ  ᠳᠠᠩᠰᠠ ᠶᠢᠨ  ᠬᠡᠪᠴᠢᠶᠡᠨ ᠳᠤ ᠵᠠᠰᠠᠭ ᠵᠠᠬᠢᠷᠭᠠᠨ ᠤ ᠡᠷᠬᠡ ᠪᠠᠨ ᠬᠡᠷᠡᠭᠵᠢᠭᠦᠯᠵᠣ᠂ ︽ᠬᠠᠥᠯᠢ ᠴᠠᠭᠠᠵᠠ ᠠᠴᠠ ᠡᠷᠬᠡ ᠣᠯᠭᠤᠭᠰᠠᠨ ᠥᠬᠡᠢ ᠪᠣᠯ ᠬᠢᠬᠦ ᠥᠬᠡᠢ︾ ᠪᠠᠶᠢᠬᠤ ᠬᠡᠷᠡᠭᠳᠠᠢ᠃〔 ᠵᠠᠩ ᠰᠢᠶᠣᠣ ᠫᠢᠩ 〕ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠵᠢᠷᠤᠮᠵᠢᠭᠤᠯᠬᠤ ᠪᠠᠶᠢᠭᠤᠯᠣᠯᠳᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠡᠷᠬᠡ ᠶᠢ ᠮᠡᠳᠡᠭᠳᠡᠭᠦ ᠳᠥᠷᠢᠮ ᠢ ᠬᠢᠨᠠᠮᠠᠭᠠᠢ ᠨᠠᠶᠢᠳᠠᠪᠣᠷᠢᠵᠢᠭᠤᠯᠵᠦ᠂ ᠵᠠᠰᠠᠭ ᠵᠠᠬᠢᠷᠭᠠᠨ  ᠢᠶᠠᠷ ᠳᠠᠬᠢᠨ ᠵᠦᠪᠯᠡᠭᠦᠯᠬᠦ ᠶᠢ ᠬᠦᠯᠢᠶᠡᠨ ᠠᠪᠬᠤ ᠠᠵᠢᠯ ᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠵᠠᠮ ᠢ ᠢᠳᠡᠪᠬᠢᠳᠠᠢ ᠪᠠᠷ ᠰᠠᠭᠠᠳ ᠦᠭᠡᠢ ᠨᠡᠪᠳᠡᠷᠡᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠳᠥᠷᠢᠮ ᠤᠨ ᠪᠠᠶᠢᠭᠤᠯᠣᠯᠳᠠ᠂ ᠡᠩᠨᠡᠭᠡᠨ ᠤ ᠪᠠᠶᠢᠭᠤᠯᠣᠯᠳᠠ ᠪᠣᠯᠣᠨ ᠬᠡᠷᠡᠭ ᠰᠢᠳᠭᠡᠬᠦ ᠪᠠᠳᠣᠯᠠᠭ᠎ᠠ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠳᠠᠬᠢᠨ  ᠵᠥᠪᠯᠡᠬᠦ  ᠠᠵᠢᠯᠲᠠᠳ ᠤᠨ ᠬᠢᠷᠢ ᠬᠡᠮ ᠤᠨ ᠬᠠᠮᠢᠶᠠᠷᠣᠯᠳᠠ ᠶᠢ ᠨᠠᠶᠢᠳᠠᠪᠣᠷᠢᠵᠢᠭᠤᠯᠵᠦ᠂ ᠵᠠᠰᠠᠭ ᠵᠠᠬᠢᠷᠭᠠᠨ ᠤ ᠳᠠᠬᠢᠨ  ᠵᠥᠪᠯᠡᠬᠦ ᠺᠣᠮᠢᠰ ᠤᠨ ᠳᠥᠷᠢᠮ ᠢ ᠶᠠᠪᠣᠭᠤᠯᠵᠣ᠂ ᠥᠪᠡᠷᠳᠡᠭᠡᠨ ᠵᠠᠰᠠᠬᠤ ᠣᠷᠣᠨ ᠤ ᠠᠷᠠᠳ ᠤᠨ ᠦᠨᠳᠥᠷ ᠵᠡᠷᠬᠡ ᠶᠢᠨ ᠰᠢᠭᠦᠭᠦ ᠬᠤᠷᠢᠶ᠎ᠠ ᠯᠤᠭ᠎ᠠ ᠪᠠᠶᠢᠭᠤᠯᠤᠭᠰᠠᠨ ᠣᠷᠭᠠᠨᠢᠭ ᠵᠣᠯᠭᠠᠯᠳᠤᠭ᠎ᠠ᠂ ᠬᠠᠷᠢᠯᠴᠠᠨ ᠵᠣᠬᠢᠴᠠᠯᠳᠤᠭᠰᠠᠨ ᠬᠠᠮᠲᠤᠷᠠᠭᠰᠠᠨ ᠬᠤᠷᠠᠯ ᠤᠨ ᠳᠦᠷᠢᠮ ᠢ ᠰᠠᠶᠢᠳᠣᠷ ᠬᠡᠷᠡᠭᠯᠡᠨ᠂ ᠨᠡᠶᠢᠬᠡᠮ ᠤᠨ ᠵᠥᠷᠢᠴᠡᠯ ᠵᠢᠭᠤᠷᠠᠯᠳᠤᠭᠠᠨ ᠢ ᠪᠥᠳᠥᠮᠵᠢᠳᠠᠢ ᠰᠡᠷᠬᠡᠶᠢᠯᠡᠨ ᠠᠷᠢᠯᠭᠠᠵᠦ᠂ ᠣᠯᠠᠨ ᠲᠦᠮᠡᠨ ᠤ ᠬᠠᠥᠯᠢ ᠶᠣᠰᠣᠨ ᠤ ᠡᠷᠬᠡ ᠠᠰᠢᠭ ᠢ ᠬᠠᠮᠤᠭ ᠶᠡᠭᠡ ᠬᠡᠮᠵᠢᠶ᠎ᠡ ᠪᠠᠷ ᠬᠠᠮᠠᠭᠠᠯᠠᠨ᠂ ᠨᠡᠶᠢᠬᠡᠮ ᠤᠨ ᠡᠶ᠎ᠡ ᠵᠣᠬᠢᠴᠠᠯ ᠲᠠᠢ ᠪᠦᠭᠡᠳ ᠲᠣᠭᠲᠠᠭᠤᠨ ᠪᠠᠶᠢᠬᠤ ᠶᠢ ᠬᠠᠮᠠᠭᠠᠯᠠᠨ᠎ᠠ᠃〔 ᠬᠦᠳᠥᠯᠥᠭᠴᠢ 〕ᠵᠠ᠂ ᠵᠠᠩ ᠡᠷᠬᠢᠯᠡᠭᠴᠢ ᠶᠢᠨ ᠨᠠᠷᠢᠨ ᠲᠣᠳᠤᠷᠬᠠᠢ ᠳᠠᠶᠢᠯᠪᠣᠷᠢᠯᠠᠨ ᠬᠠᠷᠢᠭᠤᠯᠳᠠ ᠥᠭᠭᠦᠭᠰᠡᠨ ᠎ ᠳᠤ ᠮᠠᠰᠢ  ᠲᠠᠯᠠᠷᠬᠠᠵᠦ ᠪᠠᠶᠢᠨ᠎ᠠ᠂ ᠥᠷᠬᠡᠨ ᠣᠯᠠᠨ ᠰᠥᠯᠵᠢᠶᠡᠨ ᠠᠨᠳᠠ ᠨᠠᠷ ᠤᠨ ᠢᠳᠡᠪᠬᠢᠳᠠᠢ ᠣᠷᠣᠯᠴᠠᠭᠰᠠᠨ ᠎ ᠳᠤ ᠲᠠᠯᠠᠷᠬᠠᠵᠦ ᠪᠠᠶᠢᠨ᠎ᠠ᠂ ᠳᠣᠰ ᠣᠳᠠᠭᠠᠨ ᠤ ᠰᠣᠷᠪᠣᠯᠵᠢᠯᠠᠭ᠎ᠠ ᠠᠳᠡ ᠬᠦᠷᠥᠬᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠳᠠᠢ ᠵᠣᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map