ᠥᠪᠡᠷᠳᠡᠭᠡᠨ ᠵᠠᠰᠠᠬᠤ ᠣᠷᠣᠨ ᠤ《8337》ᠬᠦᠭᠵᠢᠯᠳᠡ ᠶᠢᠨ ᠰᠡᠳᠬᠢᠮᠵᠢ ᠶᠢ  ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠥᠨ ᠡᠵᠡᠩᠨᠡᠭᠦ ᠳᠥᠪᠰᠢᠨ ᠢ ᠪᠦᠬᠦ ᠳᠠᠯ᠎ᠠ ᠪᠠᠷ ᠳᠡᠭᠡᠭᠰᠢᠯᠡᠭᠦᠯᠰᠥᠬᠡᠢ
ᠨᠡᠶᠢᠲᠡᠯᠡᠭᠰᠡᠨ ᠴᠠᠭ᠄
2015/3/17
ᠰᠣᠷᠪᠣᠯᠵᠢᠯᠠᠭ᠎ᠠ ᠶᠢᠨ ᠭᠤᠣᠯ ᠰᠡᠳᠥᠪ :      ᠥᠪᠡᠷᠳᠡᠭᠡᠨ ᠵᠠᠰᠠᠬᠤ ᠣᠷᠣᠨ ᠤ《8337》ᠬᠦᠭᠵᠢᠯᠳᠡ ᠶᠢᠨ ᠰᠡᠳᠬᠢᠮᠵᠢ ᠶᠢ  ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠥᠨ ᠡᠵᠡᠩᠨᠡᠭᠦ ᠳᠥᠪᠰᠢᠨ ᠢ ᠪᠦᠬᠦ ᠳᠠᠯ᠎ᠠ ᠪᠠᠷ ᠳᠡᠭᠡᠭᠰᠢᠯᠡᠭᠦᠯᠰᠥᠬᠡᠢ
ᠰᠣᠷᠪᠣᠯᠵᠢᠯᠠᠭᠰᠠᠨ ᠴᠠᠭ :      2014 ᠣᠨ ᠤ 7 ᠳ᠋ᠣᠭᠠᠷ ᠰᠠᠷ᠎ᠠ ᠶᠢᠨ 21᠎ ᠤ ᠡᠳᠥᠷ ᠤᠨ ᠥᠳᠡ ᠶᠢᠨ ᠡᠮᠥᠨᠡᠬᠢ 10 ᠴᠠᠭᠰᠣᠷᠪᠣᠯᠵᠢᠯᠠᠭ᠎ᠠ ᠬᠦᠯᠢᠶᠡᠭᠰᠡᠨ ᠵᠣᠴᠢᠨ :             ᠥᠪᠡᠷᠳᠡᠭᠡᠨ  ᠵᠠᠰᠠᠬᠤ  ᠣᠷᠣᠨ ᠎ ᠤ  ᠳᠠᠷᠢᠶᠠᠯᠠᠩ ᠮᠠᠯ ᠠᠵᠣ             ᠠᠬᠤᠢ ᠶᠢᠨ ᠲᠢᠩᠬᠢᠮ ᠤᠨ ᠳᠡᠳ᠋ ᠳᠠᠷᠤᠭ᠎ᠠ   ᠶᠦᠨ ᠠᠢ ᠾᠸᠥᠰᠣᠷᠪᠣᠯᠵᠢᠯᠠᠭ᠎ᠠ ᠶᠢᠨ ᠳᠣᠪᠴᠢ ᠳᠠᠨᠢᠯᠴᠠᠭᠤᠯᠭ᠎ᠠ :      ᠨᠢᠳᠣᠨᠣᠨ ᠠᠴᠠ ᠨᠠᠰᠢ᠂ ᠪᠦᠬᠦ ᠣᠷᠣᠨ ᠤ ᠳᠠᠷᠢᠶᠠᠯᠠᠩ ᠮᠠᠯ ᠠᠵᠣ ᠠᠬᠤᠢ ᠶᠢᠨ ᠰᠠᠯᠠᠭ᠎ᠠ ᠮᠥᠴᠢᠷ ᠨᠢ ᠥᠪᠡᠷᠳᠡᠭᠡᠨ ᠵᠠᠰᠠᠬᠤ ᠣᠷᠣᠨ ᠤ ︽8337︾ ᠬᠦᠭᠵᠢᠯᠳᠡ ᠶᠢᠨ ᠰᠡᠳᠬᠢᠮᠵᠢ ᠶᠢ ᠬᠢᠨᠠᠮᠠᠭᠠᠢ ᠨᠠᠶᠢᠳᠠᠪᠣᠷᠢᠵᠢᠭᠤᠯᠣᠨ᠂ ᠪᠣᠬᠢᠷᠳᠣᠯ ᠥᠬᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠤᠨ ᠭᠠᠳᠠᠭᠰᠢ ᠭᠠᠷᠭᠠᠬᠤ ᠰᠠᠭᠤᠷᠢᠨ  ᠭᠠᠵᠠᠷ ᠪᠠᠶᠢᠭᠤᠯᠬᠤ ᠶᠡᠷᠥᠩᠬᠡᠢ ᠶᠢᠨ ᠱᠠᠭᠠᠷᠳᠠᠯᠭ᠎ᠠ ᠎ ᠶᠢᠨ ᠲᠤᠭᠤᠷᠢᠨ ᠳᠤ᠂ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠠᠵᠢᠯ ᠢ ᠪᠦᠬᠦ ᠬᠦᠴᠦᠨ ᠢᠶᠠᠷ ᠳᠥᠯᠬᠢᠨ ᠠᠬᠢᠭᠤᠯᠵᠣ᠂ ᠮᠡᠳᠡᠭᠳᠡᠮ᠎ᠡ ᠠᠮᠵᠢᠯᠳᠠ ᠣᠯᠵᠠᠢ᠃ ᠬᠤᠯᠪᠣᠭᠳᠠᠯ ᠪᠦᠬᠦᠢ ᠪᠠᠶᠢᠳᠠᠯ ᠢ ᠨᠠᠷᠢᠨ ᠳᠣᠳᠣᠷᠬᠠᠢ ᠣᠶᠢᠯᠠᠭᠠᠬᠤ ᠶᠢᠨ ᠳᠣᠰᠠᠳᠠ ᠣᠷᠴᠢᠮ ᠪᠢᠳᠡ ᠥᠪᠡᠷᠳᠡᠭᠡᠨ ᠵᠠᠰᠠᠬᠤ ᠣᠷᠣᠨ ᠤ ᠳᠠᠷᠢᠶᠠᠯᠠᠩ ᠮᠠᠯ ᠠᠵᠣ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠶᠦᠨ ᠠᠢ ᠾᠸᠥ ᠶᠢ ︽ᠳᠣᠮᠳᠠᠳᠣ ᠣᠯᠣᠰ ᠥᠪᠥᠷ ᠮᠣᠩᠭᠤᠯ︾ ᠰᠥᠯᠵᠢᠶᠡᠨ ᠎ ᠳᠡᠭᠡᠨ ᠣᠷᠢᠨ ᠵᠠᠯᠠᠵᠣ ᠲᠠ ᠪᠦᠬᠦᠨ ᠲᠠᠢ ᠵᠤᠭᠤᠭᠳᠠᠭᠤᠯᠬᠤ ᠪᠠᠷ ᠪᠠᠶᠢᠨ᠎ᠠ᠂ ᠥᠷᠬᠡᠨ ᠣᠯᠠᠨ ᠰᠥᠯᠵᠢᠶᠡᠨ ᠠᠨᠳᠠ ᠨᠠᠷ ᠤᠨ ᠢᠳᠡᠪᠬᠢᠳᠠᠢ ᠣᠷᠣᠯᠴᠠᠬᠤ ᠶᠢ ᠪᠠᠶᠠᠷᠯᠠᠨ ᠣᠭᠳᠣᠵᠣ ᠪᠣᠢ︕〔 ᠬᠦᠳᠥᠯᠥᠭᠴᠢ〕 ᠰᠥᠯᠵᠢᠶᠡᠨ ᠠᠨᠳᠠ ᠨᠠᠷ ᠡ᠂ ᠰᠠᠶᠢᠨ ᠪᠠᠶᠢᠵᠠᠭᠠᠨ᠎ᠠ ᠤᠤ︖ ᠲᠠ ᠪᠦᠭᠦᠨ ᠳᠣᠰ ᠬᠤᠭᠤᠴᠠᠭᠠᠨ ᠤ   ︽ᠳᠣᠮᠳᠠᠳᠣ ᠣᠯᠣᠰ  ᠥᠪᠥᠷ ᠮᠣᠩᠭᠤᠯ︾ ᠰᠥᠯᠵᠢᠶᠡᠨ ᠰᠣᠷᠪᠣᠯᠵᠢᠯᠠᠭ᠎ᠠ ᠪᠤᠯᠤᠩ ᠢ ᠬᠦᠯᠢᠶᠡᠨ ᠠᠪᠴᠥ ᠥᠵᠡᠭᠦ ᠶᠢ ᠪᠠᠶᠠᠷᠯᠠᠨ ᠣᠭᠳᠣᠵᠣ ᠪᠠᠶᠢᠨ᠎ᠠ᠃ ᠥᠨᠥᠳᠥᠷ ᠪᠢᠳᠡ ᠥᠪᠡᠷᠳᠡᠭᠡᠨ ᠵᠠᠰᠠᠬᠤ ᠣᠷᠣᠨ ᠤ ᠳᠠᠷᠢᠶᠠᠯᠠᠩ ᠮᠠᠯ ᠠᠵᠣ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠶᠦᠨ ᠠᠢ ᠾᠸᠥ ᠶᠢ ᠣᠷᠢᠨ ᠵᠠᠯᠠᠵᠣ ︽ᠥᠪᠡᠷᠳᠡᠭᠡᠨ ᠵᠠᠰᠠᠬᠤ ᠣᠷᠣᠨ ᠤ ︿8337﹀ ᠬᠦᠭᠵᠢᠯᠳᠡ ᠶᠢᠨ ᠰᠡᠳᠬᠢᠮᠵᠢ ᠶᠢ ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠣ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠥᠨ ᠡᠵᠡᠩᠨᠡᠭᠦ ᠳᠥᠪᠰᠢᠨ ᠢ ᠪᠦᠬᠦ ᠳᠠᠯ᠎ᠠ ᠪᠠᠷ ᠳᠡᠭᠡᠭᠰᠢᠯᠡᠭᠦᠯᠰᠥᠬᠡᠢ︾ ᠬᠡᠰᠡᠨ ᠰᠡᠳᠥᠪ ᠢᠶᠠᠷ ᠲᠠ ᠪᠦᠬᠦᠨ ᠲᠠᠢ ᠶᠠᠷᠢᠯᠴᠠᠭᠤᠯᠬᠤ ᠪᠠᠷ ᠪᠤᠯᠤᠯ᠎ᠠ᠂ ᠶᠦᠨ ᠲᠢᠩᠬᠢᠮ ᠤᠨ ᠳᠠᠷᠤᠭ᠎ᠠ ᠡ᠂ ᠲᠠᠨ ᠢ ᠪᠠᠶᠠᠷᠯᠠᠨ ᠣᠭᠳᠣᠵᠣ ᠪᠠᠶᠢᠨ᠎ᠠ︕〔 ᠶᠦᠨ ᠠᠢ ᠾᠸᠥ〕 ᠬᠦᠳᠥᠯᠥᠭᠴᠢ ᠲᠠ ᠰᠠᠶᠢᠨ ᠪᠠᠶᠢᠨ᠎ᠠ ᠤᠤ᠂ ᠥᠷᠬᠡᠨ ᠣᠯᠠᠨ ᠰᠥᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ  ᠃ ︽ᠳᠣᠮᠳᠠᠳᠣ ᠣᠯᠣᠰ  ᠥᠪᠥᠷ ᠮᠣᠩᠭᠤᠯ︾ ᠰᠥᠯᠵᠢᠶ᠎ᠡ ᠪᠠᠷ ᠳᠠᠮᠵᠢᠭᠤᠯᠵᠣ ᠲᠠ ᠪᠦᠬᠦᠨ ᠲᠠᠢ ᠵᠣᠯᠭᠠᠬᠤ ᠪᠣᠯᠣᠭᠰᠠᠨ ᠳᠠᠭᠠᠨ ᠮᠠᠰᠢ ᠶᠡᠭᠡ ᠪᠠᠶᠠᠷᠯᠠᠵᠣ ᠪᠣᠢ᠂ ᠮᠠᠨ ᠤ ᠲᠢᠩᠬᠢᠮ ᠤᠨ ᠡᠯ᠎ᠡ ᠳᠥᠷᠥᠯ ᠤᠨ ᠠᠵᠢᠯ ᠢ ᠥᠷᠭᠦᠯᠵᠢ ᠬᠠᠯᠠᠮᠵᠢᠯᠠᠵᠣ ᠳᠡᠮᠵᠢᠭᠰᠡᠭᠡᠷ ᠢᠷᠡᠭᠰᠡᠨ ᠲᠠ ᠪᠦᠬᠦᠨ ᠳᠡᠭᠡᠨ ᠲᠠᠯᠠᠷᠬᠠᠵᠣ ᠪᠠᠶᠢᠨ᠎ᠠ᠂ ᠵᠠᠯᠠᠭᠠᠭᠠᠳ ᠲᠠ ᠪᠦᠬᠦᠨ ᠶᠠᠮᠠᠷ ᠠᠰᠠᠭᠤᠯᠳᠠ ᠪᠣᠶᠣ ᠰᠠᠨᠠᠭᠤᠯᠭ᠎ᠠ ᠪᠠᠶᠢᠪᠠᠯ ᠨᠠᠳᠠ ᠲᠠᠢ ᠵᠤᠭᠤᠭᠳᠠᠮᠤ︕ 〔 ᠬᠦᠳᠥᠯᠥᠭᠴᠢ 〕 ᠶᠦᠨ ᠲᠢᠩᠬᠢᠮ ᠤᠨ ᠳᠠᠷᠤᠭ᠎ᠠ ᠡ᠂ ᠨᠢᠳᠣᠨᠣᠨ ᠠᠴᠠ ᠠᠪᠣᠭᠠᠳ ᠮᠠᠨ ᠤ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠬᠦᠭᠵᠢᠯᠳᠡ ᠬᠢᠷᠢ ᠵᠡᠷᠭᠡ ᠶᠢᠨ ᠠᠮᠵᠢᠯᠳᠠ ᠪᠦᠳᠤᠭᠡᠯ ᠣᠯᠣᠭᠰᠠᠨ ᠪᠣᠢ︖〔 ᠶᠦᠨ ᠠᠢ ᠾᠸᠥ 〕 ᠨᠢᠳᠣᠨᠣᠨ ᠠᠴᠠ ᠨᠠᠰᠢ᠂ ᠪᠦᠬᠦ ᠣᠷᠣᠨ ᠤ ᠳᠠᠷᠢᠶᠠᠯᠠᠩ ᠮᠠᠯ ᠠᠵᠣ ᠠᠬᠤᠢ ᠶᠢᠨ ᠰᠠᠯᠠᠭ᠎ᠠ ᠮᠥᠴᠢᠷ ᠨᠢ ᠥᠪᠡᠷᠳᠡᠭᠡᠨ ᠵᠠᠰᠠᠬᠤ ᠣᠷᠣᠨ ᠤ ︽8337︾ ᠬᠦᠭᠵᠢᠯᠳᠡ ᠶᠢᠨ ᠰᠡᠳᠬᠢᠮᠵᠢ ᠶᠢ ᠬᠢᠨᠠᠮᠠᠭᠠᠢ ᠨᠠᠶᠢᠳᠠᠪᠣᠷᠢᠵᠢᠭᠤᠯᠵᠣ᠂ ᠪᠣᠬᠢᠷᠳᠣᠯ ᠥᠬᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠤᠨ ᠭᠠᠳᠠᠭᠰᠢ ᠭᠠᠷᠭᠠᠬᠤ ᠰᠠᠭᠤᠷᠢᠨ ᠭᠠᠵᠠᠷ ᠪᠠᠶᠢᠭᠤᠯᠬᠤ ᠶᠡᠷᠥᠩᠬᠡᠢ ᠱᠠᠭᠠᠷᠳᠠᠯᠭ᠎ᠠ ᠶᠢᠨ ᠲᠤᠭᠤᠷᠢᠨ ᠳᠤ᠂ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠠᠵᠢᠯ ᠢ ᠪᠦᠬᠦ ᠬᠦᠴᠦᠨ ᠢᠶᠠᠷ ᠳᠥᠯᠬᠢᠨ ᠠᠬᠢᠭᠤᠯᠵᠣ᠂ ᠮᠡᠳᠡᠭᠳᠡᠮ᠎ᠡ ᠠᠮᠵᠢᠯᠳᠠ ᠣᠯᠵᠠᠢ᠃      ᠨᠢᠬᠡ ᠳᠤ ᠳᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠯᠳᠡ ᠶᠢᠨ ᠳᠣᠭᠳᠠᠭᠤᠨ ᠪᠦᠬᠡᠳ ᠳᠥᠷᠬᠡᠨ ᠬᠦᠭᠵᠢᠯᠳᠡ ᠶᠢ ᠪᠡᠶᠡᠯᠡᠭᠦᠯᠪᠡ᠃ ᠬᠤᠷᠸ᠎ᠠ ᠠᠵᠣ ᠠᠬᠤᠢ ᠪᠦᠬᠦ ᠳᠠᠯ᠎ᠠ ᠪᠠᠷ ᠠᠯᠭᠤᠷᠯᠠᠭᠰᠠᠨ ᠠᠬᠤᠢ ᠪᠠᠶᠢᠳᠠᠯ ᠳᠣᠣᠷ᠎ᠠ᠂ 2013 ᠣᠨ ᠤ ᠪᠦᠬᠦ ᠣᠷᠣᠨ ᠤ ᠪᠣᠷᠣᠯᠠᠭᠤᠯᠭ᠎ᠠ ᠶᠢᠨ ᠣᠷᠣᠯᠭ᠎ᠠ ᠨᠢ 500 ᠳᠥᠮᠡᠨ ᠳᠥᠭᠦᠷᠢᠭ ᠠᠴᠠ ᠳᠠᠪᠠᠭᠰᠠᠨ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠪᠣᠷᠣᠯᠠᠭᠤᠯᠬᠤ ᠠᠵᠦ ᠠᠬᠤᠶᠢᠯᠠᠯ 1981᠎ ᠳᠤ ᠬᠦᠷᠴᠥ᠂  ᠪᠣᠷᠣᠯᠠᠭᠤᠯᠭ᠎ᠠ ᠶᠢᠨ ᠣᠷᠣᠯᠭ᠎ᠠ ᠨᠢ 3455.6 ᠳ᠋ᠥᠩᠰᠢᠭᠤᠷ ᠳᠥᠭᠦᠷᠢᠭ ᠢ ᠪᠡᠶᠡᠯᠡᠭᠦᠯᠥᠨ᠂ 14.5% ᠨᠡᠮᠡᠭᠳᠡᠵᠠᠢ︔ ᠨᠡᠮᠡᠭᠳᠠᠯ ᠥᠷᠳᠡᠭ 1032.9 ᠳ᠋ᠥᠩᠰᠢᠭᠤᠷ ᠳᠥᠭᠦᠷᠢᠭ ᠢ ᠪᠡᠶᠡᠯᠡᠭᠦᠯᠥᠨ᠂ 13.7% ᠨᠡᠮᠡᠭᠳᠡᠭᠰᠡᠨ ᠪᠠᠶᠢᠨ᠎ᠠ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠥᠷᠢ ᠶᠢᠨ ᠨᠡᠮᠡᠭᠳᠡᠯ ᠥᠷᠳᠡᠭ ᠤᠨ ᠨᠡᠮᠡᠭᠳᠡᠯ ᠤᠨ ᠬᠤᠷᠳᠣᠴᠠ ᠲᠠᠢ ᠬᠠᠷᠢᠴᠠᠭᠤᠯᠪᠠᠯ 1.3 ᠵᠠᠭᠤᠨ ᠤ ᠴᠢᠭ ᠳᠥᠷᠬᠡᠨ ᠪᠠᠶᠢᠵᠣ᠂ ᠥᠪᠡᠷᠳᠡᠭᠡᠨ ᠵᠠᠰᠠᠬᠤ ᠣᠷᠣᠨ ᠤ ᠠᠵᠣ ᠠᠬᠤᠢ ᠨᠡᠶᠢᠬᠡᠮ ᠤᠨ ᠬᠦᠭᠵᠢᠯᠳᠡ ᠳᠤ ᠢᠳᠡᠪᠬᠢᠳᠠᠢ ᠬᠤᠪᠢ ᠨᠡᠮᠡᠷᠢ ᠥᠵᠡᠭᠦᠯᠥᠭᠰᠡᠨ ᠪᠠᠶᠢᠨ᠎ᠠ᠃      ᠬᠤᠶᠠᠷ ᠲᠤ ᠨᠢᠬᠡ ᠪᠥᠯᠥᠭ ᠳᠠᠭᠠᠭᠤᠯᠣᠭᠴᠢ ᠠᠵᠣ ᠠᠬᠤᠶᠢᠯᠠᠯ ᠪᠠ ᠨᠡᠷᠡᠳᠥ ᠳᠥᠷᠥᠯ ᠳᠡᠮᠳᠡᠭ ᠢ ᠪᠤᠶᠢᠵᠢᠭᠤᠯᠤᠨ ᠪᠣᠵᠠᠭᠠᠶᠢᠷᠠᠭᠤᠯᠵᠠᠢ᠃ ᠣᠳᠣᠬᠠᠨ ᠳᠤ᠂ ᠮᠠᠨ ᠤ ᠣᠷᠣᠨ ᠳᠤ ᠣᠯᠣᠰ ᠤᠨ ᠳᠡᠰ ᠤᠨ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠭᠤᠣᠯᠳᠠᠯᠠᠭᠠᠳᠣ ᠠᠵᠣ ᠠᠬᠤᠶᠢᠯᠠᠯ 38᠂ ᠥᠪᠡᠷᠳᠡᠭᠡᠨ ᠵᠠᠰᠠᠬᠤ ᠣᠷᠣᠨ ᠤ ᠳᠡᠰ ᠤᠨ ᠭᠤᠣᠯᠳᠠᠯᠠᠭᠠᠳᠣ ᠳᠠᠭᠠᠭᠤᠯᠤᠭᠴᠢ ᠠᠵᠣ ᠠᠬᠤᠶᠢᠯᠠᠯ 556᠂ ᠵᠠᠬ᠎ᠠ ᠳᠡᠯᠬᠡᠬᠦᠷ ᠲᠤ ᠭᠠᠷᠣᠭᠰᠠᠨ ᠺᠣᠮᠫᠠᠨᠢ 9 ᠪᠣᠢ᠃ ᠪᠦᠬᠦ ᠣᠷᠣᠨ ᠤ ᠳᠠᠷᠢᠶᠠᠯᠠᠩ ᠮᠠᠯ ᠠᠵᠣ ᠠᠬᠤᠢ ᠎ ᠶᠢ ᠠᠵᠣ ᠦᠢᠯᠡᠰᠵᠢᠭᠦᠯᠭᠦ ᠳᠠᠭᠠᠭᠤᠯᠣᠭᠴᠢ ᠠᠵᠣ ᠠᠬᠤᠶᠢᠯᠠᠯ ᠎ ᠤᠨ ᠬᠦᠷᠳᠡᠨ ᠤᠯᠤᠭᠰᠠᠨ ᠳᠣᠮᠳᠠᠳᠣ ᠣᠯᠣᠰ ᠤᠨ ᠠᠯᠳᠠᠷᠳᠤ ᠲᠠᠸᠠᠷ ᠤᠨ ᠳᠡᠮᠳᠡᠭ ᠨᠢ ᠨᠢᠳᠣᠨᠣᠨ 46 ᠵᠦᠢᠯ ᠪᠠᠶᠢᠭᠰᠠᠨ ᠠᠴᠠ ᠪᠠᠨ ᠪᠠᠰᠠ 13 ᠵᠦᠢᠯ ᠨᠡᠮᠡᠭᠳᠡᠵᠥ᠂ ᠨᠡᠶᠢᠳᠡ 59 ᠵᠦᠢᠯ ᠪᠣᠯᠵᠠᠢ᠃      ᠭᠤᠷᠪᠠ ᠳᠤ ᠤᠳᠤ ᠦᠶ᠎ᠡ ᠶᠢᠨ ᠳᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰ ᠤᠨ ᠰᠢᠰᠲ᠋ᠧᠮᠵᠢ ᠶᠢᠨ ᠪᠦᠷᠢᠳᠤᠯ ᠪᠠ ᠮᠠᠯᠴᠢᠳ ᠳᠠᠷᠢᠶᠠᠴᠢᠳ ᠤᠨ ᠵᠣᠬᠢᠶᠠᠨ ᠪᠠᠶᠢᠭᠤᠯᠤᠯᠴᠢᠯᠠᠯ ᠤᠨ ᠬᠡᠮᠵᠢᠶ᠎ᠡ ᠶᠢ ᠳᠠᠶᠢᠴᠢᠯᠠᠨ ᠳᠡᠭᠡᠭᠰᠢᠯᠡᠬᠦᠯᠵᠠᠢ᠃ ᠳᠠᠭᠠᠭᠤᠯᠣᠭᠴᠢ ᠠᠵᠣ ᠠᠬᠤᠶᠢᠯᠠᠯ ᠤᠨ ᠳᠠᠭᠠᠭᠤᠯᠣᠯ ᠳᠣᠣᠷ᠎ᠠ᠂ ᠪᠦᠬᠦ ᠣᠯᠣᠰ ᠲᠤ ᠨᠡᠷᠡᠳᠠᠢ ︽ᠰᠥ ᠶᠢᠨ ᠢᠷᠡᠯᠳᠡ ᠶᠢᠨ ᠠᠯᠳᠠᠨ ᠪᠥᠰᠡ ᠤᠷᠤᠨ︾᠂ ︽ᠥᠵᠥᠮ ᠤᠨ ᠠᠷᠢᠬᠢ ᠶᠢᠨ ᠠᠯᠳᠠᠨ ᠪᠥᠰᠡ ᠤᠷᠤᠨ︾᠂ ︽ᠳᠥᠮᠥᠰᠥ ᠳᠠᠷᠢᠬᠤ ᠠᠯᠳᠠᠨ ᠪᠦᠰᠡ ᠤᠷᠤᠨ︾᠂ ︽ᠢᠳᠡᠰᠢᠨ ᠬᠤᠨᠢᠨ ᠤ ᠠᠵᠣ ᠦᠢᠯᠡᠰ ᠤᠨ ᠪᠥᠰᠡ ᠤᠷᠤᠨ︾᠂ ︽ᠡᠷᠳᠡᠨᠢ ᠰᠢᠰᠢ ᠵᠢᠨ‌ᠠᠯᠳᠠᠨ ᠪᠥᠰᠡ ᠤᠷᠤᠨ︾ ᠵᠡᠷᠬᠡ ᠥᠪᠡᠷᠮᠢᠴᠡ ᠣᠨᠴᠠᠯᠢᠭ ᠲᠠᠢ ᠳᠠᠪᠠᠭᠤᠯᠢᠭ ᠠᠵᠣ ᠦᠢᠯᠡᠰ ᠤᠨ ᠪᠦᠰᠡ ᠤᠷᠤᠨ ᠪᠥᠷᠢᠯᠳᠥᠵᠥ᠂ ᠤᠳᠤ ᠦᠶ᠎ᠡ ᠶᠢᠨ ᠳᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰ ᠤᠨ ᠰᠢᠰᠲ᠋ᠧᠮᠵᠢ ᠠᠩᠬ᠎ᠠ ᠠᠯᠬᠤᠮ ᠪᠥᠷᠢᠯᠳᠥᠭᠰᠡᠨ ᠪᠠᠶᠢᠨ᠎ᠠ᠃ ᠮᠠᠯᠴᠢᠨ ᠳᠠᠷᠢᠶᠠᠴᠢᠨ ᠤ ᠲᠤᠰᠬᠠᠢ ᠬᠤᠷᠰᠢᠶᠠᠵᠢᠯ ᠤᠨ ᠵᠣᠬᠢᠶᠠᠨ ᠪᠠᠶᠢᠭᠤᠯᠣᠯᠳᠠ 3.7 ᠳᠥᠮᠡᠨ ᠠᠴᠠ ᠳᠠᠪᠠᠵᠣ᠂  ᠵᠢᠱᠢᠶ᠎ᠡ ᠥᠵᠡᠭᠦᠯᠭᠦ ᠬᠤᠷᠰᠢᠶᠠᠵᠢᠯ  ᠎ ᠤᠨ ᠶᠡᠷᠤᠩᠬᠡᠢ ᠲᠤᠭ᠎ᠠ  501᠎ ᠳᠤ ᠬᠦᠷᠴᠠᠢ᠃      ᠳᠥᠷᠪᠡ ᠳᠤ ᠰᠢᠶᠠᠨ ᠤ ᠬᠡᠪᠴᠢᠶᠡᠨ ᠤ ᠠᠵᠣ ᠠᠬᠤᠢ ᠶᠢᠨ ᠬᠦᠭᠵᠢᠯᠳᠡ ᠪᠠ ᠮᠠᠯᠴᠢᠨ ᠳᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠠᠢ᠃ ᠳᠠᠷᠢᠶᠠᠯᠠᠩ ᠮᠠᠯ ᠠᠵᠣ ᠠᠬᠤᠢ ᠪᠠᠷ ᠭᠤᠣᠯᠯᠠᠭᠤᠯᠣᠭᠰᠠᠨ ᠬᠤᠰᠢᠭᠤ ᠰᠢᠶᠠᠨ ᠨᠢ ᠳᠣᠰ ᠭᠠᠵᠠᠷ ᠣᠷᠣᠨ ᠤ ᠪᠠᠨ ᠳᠠᠷᠢᠶᠠᠯᠠᠩ ᠮᠠᠯ ᠠᠵᠣ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠳᠠᠯ᠎ᠠ ᠳᠠᠭᠠᠨ ᠳᠥᠰᠢᠭᠯᠡᠨ᠂ ᠠᠵᠣ ᠦᠢᠯᠡᠰᠵᠢᠭᠦᠯᠥᠨ ᠡᠵᠡᠩᠨᠡᠬᠦ ᠵᠠᠮ ᠢᠶᠠᠷ ᠵᠠᠮᠨᠠᠬᠤ ᠶᠢ ᠪᠠᠷᠢᠮᠳᠠᠯᠠᠵᠣ᠂ ᠨᠢᠭᠡ ᠪᠦᠯᠦᠭ ᠡᠳ᠋ᠰᠢᠬᠦᠯᠬᠦ ᠴᠢᠳᠠᠪᠣᠷᠢ ᠪᠠᠷ ᠴᠢᠩᠭ᠎ᠠ᠂ ᠦᠢᠯᠡᠳᠬᠦᠨ ᠤ ᠨᠡᠮᠡᠭᠳᠡᠯ ᠥᠷᠳᠡᠭ ᠥᠨᠳᠥᠷ ᠰᠢᠯᠢᠳᠡᠭ ᠠᠵᠣ ᠠᠬᠤᠶᠢᠯᠠᠯ ᠤᠳ ᠢ ᠪᠤᠶᠢᠵᠢᠭᠤᠯᠵᠦ᠂ ᠰᠢᠶᠠᠨ ᠤ ᠬᠡᠪᠴᠢᠶᠡᠨ ᠤ ᠠᠵᠣ ᠠᠬᠤᠢ ᠶᠢᠨ ᠬᠦᠭᠵᠢᠯᠳᠡ ᠶᠢᠨ ᠭᠤᠣᠯᠯᠠᠬᠤ ᠬᠦᠴᠦᠨ ᠪᠤᠯᠭᠠᠭᠰᠠᠨ ᠪᠠᠶᠢᠨ᠎ᠠ᠃ 2013 ᠣᠨ ᠳᠤ᠂ ᠪᠦᠬᠦ ᠣᠷᠣᠨ ᠳᠤ 212.6 ᠳᠥᠮᠡᠨ ᠮᠠᠯᠴᠢᠨ ᠲᠠᠷᠢᠶᠠᠴᠢᠨ ᠠᠵᠣ ᠦᠢᠯᠡᠰᠵᠢᠭᠦᠯᠥᠨ ᠡᠵᠡᠩᠨᠡᠬᠦ ᠬᠡᠯᠬᠢᠶᠡᠰᠥ ᠳᠤ ᠣᠷᠣᠵᠣ᠂ ᠠᠵᠣ ᠦᠢᠯᠡᠰᠵᠢᠯᠳᠡ ᠶᠢᠨ ᠠᠷᠭ᠎ᠠ ᠵᠠᠮ ᠢᠶᠠᠷ ᠳᠠᠮᠵᠢᠭᠤᠯᠣᠨ ᠮᠠᠯᠴᠢᠨ ᠳᠠᠷᠢᠶᠠᠴᠢᠨ ᠤ ᠬᠦᠮᠥᠨ ᠪᠥᠷᠢ ᠶᠢᠨ ᠳᠤᠮᠳᠠᠴᠢ ᠴᠡᠪᠡᠷ ᠣᠷᠣᠯᠭ᠎ᠠ ᠶᠢ 3730 ᠳᠥᠭᠦᠷᠢᠭ ᠎ ᠲᠤ ᠬᠦᠷᠦᠬᠦᠯᠵᠦ᠂ ᠬᠦᠮᠥᠨ ᠪᠥᠷᠢ ᠶᠢᠨ ᠳᠤᠮᠳᠠᠴᠢ ᠴᠡᠪᠡᠷ ᠣᠷᠣᠯᠭ᠎ᠠ ᠶᠢᠨ 43.4%᠎ ᠶᠢ ᠡᠵᠡᠯᠡᠵᠠᠢ᠃      ᠳᠠᠪᠤ ᠳᠤ ᠠᠵᠣ ᠠᠬᠤᠢ ᠪᠠ ᠨᠡᠶᠢᠬᠡᠮ ᠤᠨ ᠨᠡᠯᠢᠶᠡᠳ ᠰᠠᠶᠢᠨ ᠥᠷ᠎ᠡ ᠠᠰᠢᠭ ᠎ ᠢ ᠪᠣᠢ ᠪᠣᠯᠭᠠᠪᠠ᠃ 2013 ᠣᠨ ᠳᠤ᠂ ᠠᠵᠣ ᠦᠢᠯᠡᠰᠵᠢᠯᠳᠡ ᠶᠢᠨ ᠳᠠᠭᠠᠭᠤᠯᠣᠭᠴᠢ ᠠᠵᠣ ᠠᠬᠤᠶᠢᠯᠠᠯ ᠤᠨ ᠣᠯᠣᠰ ᠲᠤ ᠳᠣᠰᠢᠶᠠᠭᠰᠠᠨ ᠭᠠᠶᠢᠯᠢ ᠶᠢᠨ ᠮᠦᠩᠬᠦ 92.8 ᠳ᠋ᠥᠩᠰᠢᠭᠤᠷ ᠳᠥᠭᠦᠷᠢᠭ ᠲᠤ ᠬᠦᠷᠴᠥ᠂ ᠳᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠬᠤᠳᠠᠯᠳᠣᠨ ᠠᠪᠣᠭᠰᠠᠨ ᠪᠡᠯᠡ ᠮᠥᠩᠭᠦ 1055 ᠳ᠋ᠥᠩᠰᠢᠭᠤᠷ ᠳᠥᠭᠦᠷᠢᠭ ᠲᠤ ᠬᠦᠷᠪᠡ︔ ᠳᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠬᠦ ᠠᠵᠣ ᠠᠬᠤᠶᠢᠯᠠᠯ ᠤᠨ ᠨᠡᠮᠡᠭᠳᠡᠯ ᠥᠷᠳᠡᠭ ᠎ ᠨᠢ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠥᠷᠢ ᠶᠢᠨ ᠨᠡᠮᠡᠭᠳᠡᠯ ᠥᠷᠳᠡᠭ ᠤᠨ 16%᠎ ᠶᠢ ᠡᠵᠡᠯᠡᠵᠥ᠂ ᠨᠡᠬᠦᠷᠡᠰᠥ ᠪᠠ ᠳᠡᠮᠦᠷᠯᠢᠭ ᠤᠨ ᠳᠠᠷᠠᠭᠠᠬᠢ ᠭᠤᠷᠪᠠᠳᠣᠭᠠᠷ ᠳᠣᠮᠣ ᠳᠣᠯᠭᠠᠭᠤᠷᠢ ᠠᠵᠣ ᠦᠢᠯᠡᠰ ᠪᠣᠯᠣᠭᠰᠠᠨ ᠪᠠᠶᠢᠨ᠎ᠠ᠃      ᠵᠢᠷᠭᠤᠭ᠎ᠠ ᠳᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠠᠵᠢᠯ ᠨᠢ ᠰᠢᠨ᠎ᠡ ᠰᠢᠪᠳᠣᠯᠣᠯᠳᠠ ᠶᠢ ᠣᠯᠪᠠ᠃ ᠨᠢᠳᠣᠨᠣᠨ ᠠᠴᠠ ᠨᠠᠰᠢ᠂ ᠪᠢᠳᠡ ᠳᠠᠷᠢᠶᠠᠯᠠᠩ ᠮᠠᠯ ᠠᠵᠣ ᠠᠬᠤᠢ ᠎ ᠶᠢ ᠠᠵᠣ ᠦᠢᠯᠡᠰᠵᠢᠭᠦᠯᠭᠦ ᠶᠢ ᠵᠢᠭᠠᠨ ᠵᠢᠯᠤᠭᠤᠳᠬᠤ᠂ ᠦᠢᠯᠡᠴᠢᠯᠡᠬᠦ ᠪᠠ ᠳᠥᠷᠥ ᠶᠢᠨ ᠪᠣᠳᠣᠯᠭ᠎ᠠ ᠎ ᠪᠠᠷ ᠳᠡᠳᠬᠦᠬᠦ ᠡᠷᠴᠢᠮ ᠢᠶᠠᠨ ᠳᠠᠰᠣᠷᠠᠯᠳᠠ ᠥᠬᠡᠢ ᠴᠢᠩᠭᠠᠷᠠᠭᠤᠯᠪᠠ᠃ ᠵᠣᠬᠢᠶᠠᠨ ᠪᠠᠶᠢᠭᠤᠯᠤᠨ ᠣᠳᠣᠷᠢᠳᠬᠤ ᠳᠠᠯ᠎ᠠ ᠪᠠᠷ᠂ ᠥᠪᠡᠷᠳᠡᠭᠡᠨ ᠵᠠᠰᠠᠬᠤ ᠣᠷᠣᠨ ᠤ ᠳᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠯᠳᠡ ᠎ ᠶᠢ ᠠᠬᠢᠭᠤᠯᠬᠤ ᠣᠳᠣᠷᠢᠳᠬᠤ ᠪᠠᠭ ᠢ ᠲᠤᠬᠢᠷᠠᠭᠤᠯᠤᠭᠰᠠᠨ ᠪᠠ ᠳᠡᠭᠦᠯᠳᠡᠷᠵᠢᠭᠦᠯᠵᠥ᠂ ᠮᠥᠩᠭᠦᠨ ᠬᠦᠢᠯᠬᠡᠬᠡᠨ ᠤ  ᠠᠵᠢᠯ ‍ᠤᠨ‌ᠠᠯᠪᠠᠨ ᠬᠡᠷ᠂ ᠪᠠᠩᠬᠢ ᠶᠢᠨ ᠦᠢᠯᠡᠰ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠪᠣᠯᠣᠨ ᠬᠦᠳᠡᠭᠡ ᠳᠣᠰᠬᠤᠨ ᠤ ᠢᠳᠡᠬᠡᠮᠵᠢ ᠶᠢᠨ ᠬᠤᠷᠰᠢᠶ᠎ᠠ ᠶᠢ ᠬᠡᠰᠢᠭᠦᠨ ᠨᠢᠬᠡᠴᠢ ᠪᠤᠯᠭᠠᠵᠦ᠂ ᠠᠵᠣ ᠦᠢᠯᠡᠰᠵᠢᠭᠦᠯᠭᠦ ᠠᠵᠢᠯ ᠢ ᠮᠦᠩᠭᠦᠨ ᠬᠦᠢᠯᠬᠡᠭᠡ ᠪᠠᠷ ᠳᠡᠳᠬᠦᠬᠦ ᠡᠷᠴᠢᠮ ᠢ ᠴᠢᠩᠭᠠᠷᠠᠭᠤᠯᠪᠠ᠃ ᠳᠥᠷᠥ ᠶᠢᠨ ᠪᠣᠳᠣᠯᠭ᠎ᠠ ᠶᠢᠨ ᠪᠠᠳᠣᠯᠠᠭ᠎ᠠ ᠶᠢᠨ ᠳᠠᠯ᠎ᠠ ᠪᠠᠷ᠂ ᠨᠢᠳᠣᠨᠣᠨ ᠮᠠᠨ ᠤ ᠣᠷᠣᠨ ︽ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠳᠠᠭᠠᠭᠤᠯᠣᠭᠴᠢ ᠠᠵᠣ ᠠᠬᠤᠶᠢᠯᠠᠯ ᠤᠨ ᠬᠦᠭᠵᠢᠯᠳᠠ ᠶᠢ ᠲᠡᠳᠬᠦᠬᠦ ᠳᠣᠬᠠᠢ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠳᠠᠷᠬᠠᠭᠠᠭᠰᠠᠨ〔2013〕28 ᠳ᠋ᠣᠭᠠᠷ ᠳᠣᠭᠠᠳᠣ︶ ᠪᠣᠯᠣᠨ ︽ᠢᠮᠠᠭᠠᠨ ᠨᠣᠯᠣᠣᠷ ᠤᠨ ᠦᠢᠯᠡᠰ ᠢ ᠬᠦᠭᠵᠢᠭᠦᠯᠭᠦ ᠳᠣᠬᠠᠢ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ︵ᠥᠪᠥᠷ ᠵᠠᠰᠠᠭ ᠳᠠᠷᠬᠠᠭᠠᠭᠰᠠᠨ〔2013〕74 ᠳ᠋ᠤᠭᠡᠷ ᠳᠣᠭᠠᠳᠣ︶᠎ ᠢ ᠲᠤᠭᠳᠠᠭᠠᠨ ᠨᠡᠶᠢᠳᠡᠯᠡᠭᠡᠳ᠂ ᠢᠮᠠᠭᠠᠨ ᠨᠣᠯᠣᠣᠷ ᠢ ᠳᠥᠷ ᠴᠠᠭ ᠬᠤᠷᠢᠶᠠᠨ ᠬᠠᠳᠠᠭᠠᠯᠠᠬᠤ ᠳᠥᠷᠥ ᠶᠢᠨ ᠪᠣᠳᠣᠯᠭ᠎ᠠ ᠶᠢ ᠬᠡᠪ ᠤᠨ ᠴᠢᠨᠠᠷ ᠲᠠᠢ ᠪᠣᠯᠭᠠᠪᠠ᠃ ᠡᠨᠡ ᠵᠢᠯ᠂ ᠮᠠᠨ ᠤ ᠲᠢᠩᠬᠢᠮ ᠨᠢ ᠳᠠᠶᠢᠴᠢᠯᠠᠭᠴᠢ ᠠᠵᠣ ᠠᠬᠤᠶᠢᠯᠠᠯ ᠢ  ᠪᠤᠶᠢᠵᠢᠭᠤᠯᠬᠤ ᠠᠬᠢᠴᠠ ᠶᠢ ᠳᠥᠷᠬᠡᠳᠬᠡᠵᠥ᠂ ᠠᠵᠣ ᠦᠢᠯᠡᠰ ᠤᠨ ᠲᠦᠪᠯᠡᠷᠡᠯ ᠤᠨ ᠬᠦᠭᠵᠢᠯᠳᠡ ᠶᠢ ᠠᠬᠢᠭᠤᠯᠣᠨ᠂ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠥᠨ ᠡᠵᠡᠩᠨᠡᠬᠦ ᠲᠦᠪᠰᠢᠨ ᠢ ᠳᠡᠭᠡᠭᠰᠢᠯᠡᠬᠦᠯᠭᠦ ᠳᠠᠯ᠎ᠠ ᠪᠠᠷ᠂ ᠸᠠᠩ ᠵᠢᠶᠦ᠋ᠨ ᠱᠥᠵᠢ ᠳᠤ ᠮᠡᠳᠡᠭᠦᠯᠤᠯᠳᠠ ᠲᠡᠪᠰᠢᠬᠦᠯᠵᠦ᠂ ᠸᠠᠩ ᠵᠢᠶᠦ᠋ᠨ ᠱᠥᠵᠢ ᠪᠣᠯᠣᠨ ᠸᠠᠩ ᠢᠦᠢ ᠮᠢᠩ ᠳᠡᠳ᠋ ᠳᠡᠷᠢᠭᠦᠯᠡᠭᠴᠢ ᠠᠴᠠ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠥᠵᠡᠵᠥ ᠬᠦᠢᠴᠡᠳ ᠨᠤᠳᠠᠯᠠᠭᠰᠠᠨ ᠤ ᠬᠠᠮᠳᠣ ᠣᠷᠢᠳ ᠬᠤᠵᠢᠳ ᠴᠢᠬᠤᠯᠠ ᠴᠣᠬᠤᠯᠠᠪᠣᠷᠢ ᠥᠭᠪᠡ᠃ ᠥᠪᠡᠷᠳᠡᠭᠡᠨ ᠵᠠᠰᠠᠬᠤ ᠵᠠᠰᠠᠬᠤ ᠣᠷᠣᠨ ᠤ ᠬᠤᠯᠪᠣᠭᠳᠠᠯ ᠪᠦᠬᠦᠢ ᠣᠳᠣᠷᠢᠳᠣᠯᠭ᠎ᠠ ᠶᠢᠨ ᠴᠤᠬᠤᠯᠠᠪᠤᠷᠢ ᠶᠢᠨ ᠵᠣᠷᠢᠭ ᠰᠠᠨᠠᠭ᠎ᠠ ᠪᠠᠷ ᠪᠢᠳᠡ ᠮᠡᠳᠡᠭᠦᠯᠤᠯᠳᠡ ᠶᠢᠨ ᠠᠭᠤᠯᠭ᠎ᠠ ᠳᠠᠭᠠᠨ ᠣᠯᠠᠮ ᠨᠢᠬᠡ ᠠᠯᠬᠤᠮ ᠵᠠᠰᠠᠪᠤᠷᠢ ᠤᠷᠤᠭᠤᠯᠤᠭᠰᠠᠨ ᠤ ᠰᠡᠭᠦᠯᠡᠷ᠂ ᠤᠳᠠᠯ ᠦᠬᠡᠢ ᠥᠪᠡᠷᠳᠡᠭᠡᠨ ᠵᠠᠰᠠᠭ ᠤᠨ ᠣᠷᠳᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠵᠦ  ᠂ ︽ᠳᠠᠶᠢᠴᠢᠯᠠᠭᠴᠢ ᠠᠵᠣ ᠠᠬᠤᠶᠢᠯᠠᠯ ᠢ ᠪᠤᠶᠢᠵᠢᠭᠤᠯᠬᠤ ᠶᠢ ᠳᠥᠷᠬᠡᠳᠬᠡᠨ᠂ ᠠᠵᠣ ᠦᠢᠯᠡᠰ  ᠤᠨ ᠲᠦᠪᠯᠡᠷᠡᠯ ᠤᠨ ᠬᠦᠭᠵᠢᠯᠳᠡ ᠶᠢ ᠳᠥᠯᠬᠢᠨ ᠠᠬᠢᠭᠤᠯᠵᠣ᠂ ᠳᠠᠷᠢᠶᠠᠯᠠᠩ ᠮᠠᠯ ᠠᠵᠣ ᠠᠬᠤᠢ ᠎ ᠶᠢ ᠠᠵᠣ ᠦᠢᠯᠡᠰᠵᠢᠬᠦᠯᠤᠨ ᠡᠵᠡᠩᠨᠡᠬᠦ ᠶᠢ ᠳᠡᠭᠡᠭᠰᠢᠯᠡᠭᠦᠯᠭᠦ ᠳᠣᠬᠠᠢ ᠰᠠᠨᠠᠯ  ︾᠎ ᠢ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠡᠷ᠎ᠡ ᠪᠠᠷ ᠨᠡᠶᠢᠳᠡᠯᠡᠬᠦᠯᠬᠦ ᠪᠠᠷ ᠪᠠᠶᠢᠨ᠎ᠠ᠂ ᠡᠬᠦᠨ  ᠤ ᠬᠠᠮᠳᠣ ᠳᠠᠷᠢᠶᠠᠯᠠᠩ ᠮᠠᠯ ᠠᠵᠣ ᠠᠬᠤᠢ ᠶᠢᠨ ᠲᠦᠷᠦᠯ ᠳᠡᠮᠳᠡᠭ ᠎ ᠢ ᠪᠠᠶᠢᠭᠤᠯᠬᠤ ᠶᠢᠨ ᠳᠥᠯᠥᠬᠡ ᠮᠠᠨ ᠤ ᠲᠢᠩᠬᠢᠮ ᠨᠢ ︽ᠲᠦᠷᠦᠯ ᠳᠡᠮᠳᠡᠭ  ᠪᠦᠬᠦᠢ ᠲᠠᠷᠢᠶᠠᠯᠠᠩ ᠮᠠᠯ ᠠᠵᠣ ᠠᠬᠤᠢ ᠶᠢᠨ  ᠬᠦᠭᠵᠢᠯᠳᠡ ᠶᠢᠨ ᠠᠬᠢᠴᠠ ᠶᠢ ᠳᠥᠷᠬᠡᠳᠬᠡᠬᠦ ᠳᠣᠬᠠᠢ ᠰᠠᠨᠠᠯ  ︾᠎ ᠢ ᠲᠤᠷᠠᠳᠴᠤ᠂ ᠮᠦᠨᠬᠦ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠡᠷ᠎ᠡ ᠪᠠᠷ ᠠᠯᠪᠠᠨ ᠶᠣᠰᠣᠨ ᠤ ᠰᠠᠨᠠᠯ ᠪᠤᠯᠭᠠᠨ ᠨᠡᠶᠢᠳᠡᠯᠡᠬᠦᠯᠬᠦ ᠪᠠᠷ ᠪᠠᠶᠢᠨ᠎ᠠ᠃ ᠪᠡᠯᠡ ᠮᠥᠩᠭᠦ ᠶᠢᠨ ᠤᠷᠤᠭᠤᠯᠤᠯᠳᠠ ᠶᠢ ᠨᠠᠶᠢᠳᠠᠪᠣᠷᠢᠵᠢᠭᠤᠯᠬᠤ ᠳᠠᠯ᠎ᠠ ᠪᠠᠷ᠂ ᠨᠢᠳᠣᠨᠣᠨ᠂ ᠥᠪᠡᠷᠳᠡᠭᠡᠨ ᠵᠠᠰᠠᠬᠤ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠳᠣᠰᠬᠠᠢ ᠵᠦᠢᠯ ᠤᠨ ᠪᠡᠯᠡ ᠮᠥᠩᠭᠦ ᠪᠣᠯᠣᠨ ᠢᠮᠠᠭᠠᠨ ᠨᠣᠯᠣᠣᠷ ᠤᠨ ᠠᠵᠣ ᠦᠢᠯᠡᠰ ᠢ ᠳᠡᠳᠬᠦᠬᠦ ᠪᠡᠯᠡ ᠮᠥᠩᠭᠦ ᠳᠣᠰ ᠳᠣᠰ 1 ᠳ᠋ᠥᠩᠰᠢᠭᠤᠷ ᠳᠥᠭᠦᠷᠢᠭ ᠪᠠ 1.2 ᠳ᠋ᠥᠩᠰᠢᠭᠤᠷ ᠳᠥᠭᠦᠷᠢᠭ ᠲᠤ ᠬᠦᠷᠪᠡ᠃ ᠡᠬᠦᠨ ᠤ ᠬᠠᠮᠳᠣ᠂ ᠳᠠᠷᠢᠶᠠᠯᠠᠩ ᠮᠠᠯ ᠠᠵᠣ ᠠᠬᠤᠢ ᠶᠢᠨ ᠶᠠᠮᠣᠨ ᠠᠴᠠ ᠭᠠᠷᠣᠯᠳᠠ ᠶᠢᠨ ᠣᠷᠣᠨ ᠳᠤ ᠠᠩᠬ᠎ᠠ ᠡᠳ᠋ᠰᠢᠬᠦᠯᠤᠨ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠤᠨ ᠪᠡᠯᠡ ᠮᠥᠩᠭᠦ  ᠶᠢ 5000 ᠳᠥᠮᠡᠨ ᠳᠥᠭᠦᠷᠢᠭ  ᠣᠯᠬᠤ ᠪᠠᠷ ᠴᠢᠷᠮᠠᠶᠢᠵᠣ ᠪᠠᠶᠢᠨ᠎ᠠ᠃ ᠳᠣᠬᠠᠶᠢᠯᠠᠭᠰᠠᠨ ᠠᠵᠢᠯ ᠢ ᠵᠢᠭᠠᠨ ᠵᠢᠯᠣᠭᠤᠳᠬᠤ ᠳᠠᠯ᠎ᠠ ᠪᠠᠷ᠂ ᠨᠢᠳᠣᠨᠣᠨ᠂ ᠢᠮᠠᠭᠠᠨ ᠨᠣᠯᠣᠣᠷ ᠤᠨ ᠠᠵᠣ ᠦᠢᠯᠡᠰ ᠤᠨ ᠳᠣᠰᠬᠠᠢ ᠵᠦᠢᠯ ᠢ ᠳᠥᠯᠬᠢᠨ ᠠᠬᠢᠭᠤᠯᠬᠤ ᠬᠤᠷᠠᠯ ᠬᠢᠵᠦ᠂ ᠣᠷᠢᠳ ᠬᠤᠵᠢᠳ ᠪᠦᠬᠦ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠥᠨ ᠡᠵᠡᠩᠨᠡᠬᠦ ᠠᠬᠤᠢ ᠳᠠᠯᠠᠪᠣᠷ ᠤᠨ ᠥᠵᠡᠭᠦᠯᠥᠯᠬᠡ ᠶᠢᠨ ᠬᠤᠷᠠᠯ᠂ ᠪᠦᠬᠦ ᠣᠷᠣᠨ ᠤ ᠪᠣᠬᠢᠷᠳᠣᠯ ᠥᠬᠡᠢ ᠳᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠎ ᠶᠢ ᠡᠳ᠋ᠰᠢᠬᠦᠯᠵᠦ ᠭᠠᠳᠠᠭᠰᠢ ᠭᠠᠷᠭᠠᠬᠤ ᠰᠠᠭᠤᠷᠢᠨ ᠭᠠᠵᠠᠷ ᠎ ᠤᠨ ᠪᠦᠳᠤᠭᠡᠨ ᠪᠠᠶᠢᠭᠤᠯᠤᠯᠳᠠ ᠎ ᠶᠢᠨ ᠪᠡᠯᠡ ᠤᠷᠤᠭᠤᠯᠤᠯᠳᠠ ᠠᠷᠠᠯᠵᠢᠶ᠎ᠠ ᠶᠢᠨ ᠵᠥᠪᠳᠡᠨ ᠬᠡᠯᠡᠯᠴᠡᠬᠦ ᠬᠤᠷᠠᠯ᠂ ᠥᠪᠥᠷ ᠮᠣᠩᠭᠤᠯ ᠤᠨ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠳᠠᠭᠠᠭᠤᠯᠣᠭᠴᠢ ᠠᠵᠣ ᠠᠬᠤᠶᠢᠯᠠᠯ ᠤᠨ ᠶᠠᠷᠢᠯᠴᠠᠬᠤ ᠬᠤᠷᠠᠯ᠂ ᠠᠩᠬᠠᠳᠣᠭᠠᠷ ᠬᠤᠭᠤᠴᠠᠭᠠᠨ ᠤ ᠥᠪᠥᠷ ᠮᠣᠩᠭᠤᠯ ᠤᠨ ᠪᠤᠬᠢᠷᠳᠤᠯ ᠦᠬᠡᠢ ᠳᠠᠷᠢᠶ᠋ᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ  ᠥᠵᠡᠰᠭᠦᠯᠡᠩ ᠪᠣᠯᠣᠨ ᠥᠪᠥᠷ ᠮᠣᠩᠭᠤᠯ ︵ᠵᠠᠯᠠᠨ ᠠᠶᠢᠯ︶᠎ ᠤᠨ ᠵᠢᠷᠭᠤᠳᠣᠭᠠᠷ ᠬᠤᠭᠤᠴᠠᠭᠠᠨ ᠤ ᠪᠣᠬᠢᠷᠳᠣᠯ ᠥᠬᠡᠢ ᠢᠳᠡᠬᠡᠨ ᠤ ᠰᠣᠯᠢᠯᠴᠠᠭᠠᠨ ᠤ ᠬᠤᠷᠠᠯ ᠵᠡᠷᠬᠡ ᠶᠢ ᠡᠷᠬᠢᠯᠡᠨ ᠶᠠᠪᠣᠭᠳᠠᠭᠤᠯᠪᠠ᠃ ᠡᠨᠡ ᠵᠢᠯ ᠤᠨ 4  ᠳ᠋ᠤᠭᠡᠷ ᠰᠠᠷ᠎ᠠ ᠶᠢᠨ 21᠎ ᠤ ᠡᠳᠥᠷ᠂ ᠪᠦᠬᠦ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠠᠵᠢᠯ ᠤᠨ ᠬᠤᠷᠠᠯ ᠵᠢᠴᠢ ᠥᠪᠥᠷ ᠮᠣᠩᠭᠤᠯ ᠤᠨ ᠮᠠᠯ ᠠᠵᠣ ᠠᠬᠤᠢ ᠎ ᠶᠢ ᠠᠵᠣ ᠦᠢᠯᠡᠰᠵᠢᠭᠦᠯᠭᠦ ᠳᠠᠭᠠᠭᠤᠯᠣᠭᠴᠢ ᠠᠵᠣ ᠠᠬᠤᠶᠢᠯᠠᠯ ᠤᠨ ᠨᠡᠶᠢᠭᠡᠮᠯᠡᠭ ᠤᠨ ᠠᠩᠬᠠᠳᠤᠭᠠᠷ ᠬᠤᠭᠤᠴᠠᠭᠠᠨ ᠤ ᠬᠤᠶᠠᠳᠣᠭᠠᠷ ᠣᠳᠠᠭᠠᠨ ᠤ ᠬᠡᠰᠢᠭᠦᠳ ᠤᠨ ᠳᠥᠯᠥᠬᠡᠯᠡᠭᠴᠢᠳ ᠤᠨ ᠶᠡᠭᠡ ᠬᠤᠷᠠᠯ ᠢ ᠬᠤᠷᠠᠯᠳᠣᠭᠤᠯᠪᠠ᠂ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠳᠡᠷᠢᠭᠦᠯᠡᠭᠴᠢ ᠸᠠᠩ ᠢᠦᠢ ᠮᠢᠩ ᠬᠤᠷᠠᠯ ᠳᠤ ᠤᠷᠤᠯᠴᠠᠨ ᠴᠢᠬᠤᠯᠠ ᠶᠠᠷᠢᠶ᠎ᠠ ᠳᠠᠯᠪᠢᠵᠣ᠂ ᠪᠦᠬᠦ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠶᠢ ᠳᠥᠯᠬᠢᠨ ᠠᠬᠢᠭᠤᠯᠬᠤ ᠵᠢᠴᠢ ᠳᠠᠭᠠᠭᠤᠯᠣᠭᠴᠢ ᠠᠵᠣ ᠠᠬᠤᠶᠢᠯᠠᠯ ᠤᠨ ᠨᠡᠶᠢᠬᠡᠮᠯᠢᠭ ᠤᠨ ᠠᠵᠢᠯ ᠢ ᠰᠣᠳᠣᠯᠣᠨ ᠪᠠᠶᠢᠷᠢᠯᠠᠭᠤᠯᠣᠭᠰᠠᠨ ᠪᠠᠶᠢᠨ᠎ᠠ᠃ ᠠᠵᠢᠯ ᠳᠠᠭᠠᠨ ᠰᠢᠨ᠎ᠡ ᠶᠢ ᠡᠭᠦᠳᠬᠦ ᠳᠠᠯ᠎ᠠ ᠎ ᠪᠠᠷ᠂ ᠨᠢᠳᠣᠨᠣᠨ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠨᠡᠷᠡᠳᠥ ᠰᠢᠯᠢᠳᠡᠭ ᠣᠨᠴᠠ  ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠰᠢᠯᠭᠠᠨ ᠳᠣᠭᠳᠠᠭᠠᠬᠤ ᠠᠵᠢᠯ ᠥᠷᠨᠢᠭᠦᠯᠵᠥ᠂ 68 ᠠᠵᠣ ᠠᠬᠤᠶᠢᠯᠠᠯ ᠤᠨ 84 ᠦᠢᠯᠡᠳᠬᠦᠨ ᠎ ᠨᠢ ᠨᠡᠷᠡᠳᠥ ᠰᠢᠯᠢᠳᠡᠭ ᠣᠨᠴᠠ ᠦᠢᠯᠡᠳᠬᠦᠨ ᠢᠶᠠᠷ ᠦᠨᠡᠯᠡᠭᠳᠡᠪᠡ︔ ᠰᠢᠯᠢ ᠶᠢᠨ ᠭᠤᠣᠯ ᠠᠶᠢᠮᠠᠭ ᠢ ᠬᠠᠪᠰᠤᠷᠤᠨ ᠢᠳᠡᠰᠢᠨ ᠬᠤᠨᠢᠨ ᠤ ᠠᠵᠣ ᠦᠢᠯᠡᠰ ᠤᠨ ᠴᠢᠨᠠᠷ  ᠎ ᠢ ᠮᠥᠷᠳᠡᠬᠦ ᠰᠢᠰᠲ᠋ᠧᠮᠵᠢ ᠶᠢᠨ ᠪᠦᠳᠦᠬᠡᠨ ᠪᠠᠶᠢᠭᠤᠯᠣᠯᠳᠠ ᠶᠢ ᠥᠷᠨᠢᠭᠦᠯᠪᠡ︔ ᠥᠪᠥᠷ ᠮᠣᠩᠭᠤᠯ ᠤᠨ ᠳᠠᠷᠢᠶᠠᠯᠠᠩ ᠮᠠᠯ ᠠᠵᠣ ᠠᠬᠤᠢ ᠶᠢᠨ ᠪᠡᠯᠡ ᠲᠤᠬᠢᠷᠠᠭᠤᠯᠭ᠎ᠠ ᠶᠢᠨ ᠪᠠᠳᠤᠯᠠᠭ᠎ᠠ ᠎ ᠶᠢᠨ ᠺᠣᠮᠫᠠᠨᠢ ᠶᠢ ᠡᠬᠢᠯᠡᠵᠥ  ᠪᠡᠯᠡᠳᠭᠡᠨ ᠪᠠᠶᠢᠭᠤᠯᠵᠣ᠂ ᠵᠠᠰᠠᠭ ᠤᠨ ᠣᠷᠳᠣᠨ ᠪᠡᠯᠡ ᠣᠷᠣᠭᠤᠯᠬᠤ ᠶᠢᠨ ᠬᠠᠮᠳᠣ ᠠᠵᠣ ᠠᠬᠤᠶᠢᠯᠠᠯ ᠤᠨ ᠪᠡᠯᠡ ᠮᠥᠩᠭᠦ ᠶᠢ ᠳᠠᠳᠠᠨ  ᠣᠷᠣᠭᠤᠯᠵᠣ᠂ ᠳᠠᠭᠠᠭᠤᠯᠣᠭᠴᠢ ᠠᠵᠣ ᠠᠬᠤᠶᠢᠯᠠᠯ ᠳᠤ ᠪᠡᠯᠡ ᠳᠤᠬᠢᠷᠠᠭᠤᠯᠭ᠎ᠠ ᠶᠢᠨ  ᠪᠠᠳᠤᠯᠠᠭ᠎ᠠ ᠶᠢᠨ ᠦᠢᠯᠡᠴᠢᠯᠡᠭᠡ ᠬᠠᠩᠭᠠᠵᠣ ᠥᠭᠪᠡ᠃〔 ᠶᠦᠨ ᠠᠢ ᠾᠸᠥ﹈ ᠳᠣᠯᠤᠭ᠎ᠠ ᠳᠤ ᠳᠠᠷᠢᠶᠠᠯᠠᠩ ᠮᠠᠯ ᠠᠵᠣ ᠠᠬᠤᠢ ᠎ ᠶᠢ ᠠᠵᠣ ᠦᠢᠯᠡᠰᠵᠢᠭᠦᠯᠭᠦ ᠳᠠᠭᠠᠭᠤᠯᠣᠭᠴᠢ ᠠᠵᠣ ᠠᠬᠤᠶᠢᠯᠠᠯ ᠤᠨ ᠨᠡᠶᠢᠭᠡᠮᠯᠢᠭ ᠤᠨ ᠠᠵᠢᠯ ᠨᠢ ᠠᠩᠬ᠎ᠠ ᠠᠯᠬᠤᠮ ᠠᠮᠵᠢᠯᠳᠠ ᠤᠯᠪᠠ᠃ ᠨᠢᠳᠣᠨᠣᠨ ᠤ 3 ᠳ᠋ᠣᠭᠠᠷ ᠰᠠᠷ᠎ᠠ ᠳᠤ ᠪᠠᠶᠢᠭᠤᠯᠣᠭᠳᠠᠭᠰᠠᠨ ᠠᠴᠠ ᠪᠠᠨ ᠠᠪᠣᠭᠠᠳ᠂ ᠳᠠᠭᠠᠭᠤᠯᠣᠭᠴᠢ ᠠᠵᠣ ᠠᠬᠤᠶᠢᠯᠠᠯ ᠤᠨ ᠨᠡᠶᠢᠬᠡᠮᠯᠢᠭ ᠨᠢ ᠠᠵᠢᠯ ᠤᠨ ᠡᠭᠦᠷᠭᠡ ᠬᠠᠷᠢᠭᠠᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ ᠶᠡᠭᠡ ᠬᠡᠮᠵᠢᠶᠡᠨ ᠤ ᠠᠮᠵᠢᠯᠳᠠ ᠪᠦᠳᠤᠭᠡᠯ ᠲᠠᠢ ᠠᠵᠢᠯ ᠤᠳ ᠢ ᠬᠢᠪᠡ᠃ ᠬᠤᠳᠠᠯᠳᠤᠭ᠎ᠠ ᠪᠤᠷᠤᠯᠠᠭᠤᠯᠭ᠎ᠠ ᠶᠢᠨ ᠳᠠᠪᠴᠠᠩ ᠪᠠᠶᠢᠭᠤᠯᠬᠤ᠂ ᠣᠷᠣᠨ ᠤ ᠭᠠᠳᠠᠨᠠᠬᠢ ᠵᠠᠬ᠎ᠠ ᠳᠡᠯᠬᠡᠬᠦᠷ ᠢ ᠦᠷᠬᠡᠳᠭᠡᠬᠦ᠂ ᠠᠵᠣ ᠠᠬᠤᠶᠢᠯᠠᠯ ᠤᠨ ᠲᠦᠷᠦᠯ ᠳᠡᠮᠳᠡᠭ ᠤᠨ ᠳᠥᠷᠢ ᠶᠢ ᠳᠡᠭᠡᠭᠰᠢᠯᠡᠬᠦᠯᠭᠦ ᠳᠠᠯ᠎ᠠ ᠪᠠᠷ᠂ ᠨᠢᠳᠤᠨᠤᠨ᠂ ᠨᠡᠶᠢᠬᠡᠮᠯᠢᠭ ᠨᠢ ᠪᠡᠬᠡᠵᠢᠩ ᠪᠠ ᠱᠠᠩᠬᠠᠢ ᠳᠤ ᠳᠣᠰ ᠳᠣᠰ ᠬᠡᠷᠡᠭ ᠡᠷᠬᠢᠯᠡᠬᠦ ᠭᠠᠵᠠᠷ ᠪᠠᠶᠢᠭᠤᠯᠵᠣ᠂ ᠥᠪᠥᠷ ᠮᠣᠩᠭᠤᠯ ᠤᠨ ᠨᠡᠷᠡᠳᠥ ᠰᠢᠯᠢᠳᠡᠭ ᠣᠨᠴᠠ ᠳᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠥᠵᠡᠰᠭᠦᠯᠡᠩ ᠤᠨ ᠣᠷᠳᠣᠨ ᠪᠠᠶᠢᠭᠤᠯᠣᠨ᠂ ᠮᠠᠨ ᠤ ᠣᠷᠣᠨ ᠤ ᠪᠣᠬᠢᠷᠳᠣᠯ ᠥᠬᠡᠢ ᠴᠢᠨᠠᠷ ᠰᠠᠶᠢᠲᠠᠢ ᠳᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠳᠥᠪᠯᠡᠷᠡᠭᠦᠯᠥᠨ ᠳᠡᠯᠬᠡᠨ ᠦᠵᠡᠬᠦᠯᠤᠭᠡᠳ᠂ ᠡᠨᠡ ᠨᠢ ᠥᠪᠥᠷ ᠮᠣᠩᠭᠤᠯ ᠤᠨ ᠣᠯᠣᠰ ᠤᠨ ᠳᠣᠳᠣᠭᠠᠳᠣ ᠳᠠᠬᠢ ᠶᠡᠭᠡ ᠬᠤᠳᠠᠳ ᠲᠤ ᠨᠡᠷᠡᠳᠥ ᠰᠢᠯᠢᠳᠡᠭ ᠣᠨᠴᠠ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠪᠠᠨ ᠳᠡᠯᠬᠡᠨ ᠪᠤᠷᠤᠯᠠᠭᠤᠯᠵᠦ ᠳᠠᠭᠤᠰᠣᠰᠢ ᠦᠬᠡᠢ ᠥᠵᠡᠰᠭᠦᠯᠡᠩ ᠪᠤᠯᠤᠭᠰᠠᠨ ᠪᠦᠭᠡᠳ ᠨᠡᠶᠢᠬᠡᠮᠯᠢᠭ ᠤᠨ 400 ᠢᠯᠡᠬᠦᠦ ᠬᠡᠰᠢᠭᠦᠨ ᠨᠢᠭᠡᠴᠡ ᠳᠡᠭᠡᠨ  ᠪᠡᠬᠡᠵᠢᠩ ᠱᠠᠩᠬᠠᠢ ᠵᠢᠴᠢ ᠬᠦᠬᠡᠮᠥ᠋ᠷᠡᠨ ᠤ ᠭᠤᠷᠪᠠᠯᠵᠢᠨ ᠬᠤᠶᠢᠭ ᠤᠨ ᠵᠠᠬ᠎ᠠ ᠳᠡᠯᠬᠡᠬᠦᠷ ᠢ ᠦᠷᠬᠡᠳᠬᠡᠬᠦ ᠳᠤᠨᠢ᠂ ᠮᠠᠰᠢ ᠰᠠᠶᠢᠨ ᠦᠵᠡᠬᠦᠯᠤᠯᠭᠡ ᠶᠢᠨ ᠴᠣᠩᠬᠤ ᠪᠠ ᠪᠣᠷᠣᠯᠠᠭᠤᠯᠭ᠎ᠠ ᠶᠢᠨ ᠳᠠᠪᠴᠠᠩ ᠢ ᠬᠠᠩᠭᠠᠵᠣ ᠥᠭᠪᠡ᠃ ᠪᠠᠩᠬᠢ ᠬᠢᠭᠡᠳ ᠠᠵᠦ ᠠᠬᠤᠶᠢᠯᠠᠯ ᠤᠨ ᠬᠠᠷᠢᠴᠠᠬᠤ ᠳᠠᠯ᠎ᠠ ᠪᠠᠷ᠂ ᠨᠡᠶᠢᠬᠡᠮᠯᠢᠭ ᠨᠢ ᠪᠣᠭᠤᠳᠣ ᠶᠢᠨ ᠬᠤᠳᠠᠯᠳᠣᠭᠠᠨ ᠤ ᠪᠠᠩᠬᠢ ᠵᠡᠷᠬᠡ 5 ᠮᠥᠩᠭᠦᠨ ᠬᠦᠢᠯᠬᠡᠬᠡ ᠶᠢᠨ ᠪᠠᠶᠢᠭᠤᠯᠣᠮᠵᠢ ᠯᠤᠭ᠎ᠠ ︽ᠪᠠᠶᠢᠯᠳᠣᠬᠤ ᠪᠣᠳᠣᠯᠭ᠎ᠠ ᠶᠢᠨ ᠬᠠᠮᠳᠤᠷᠠᠯᠴᠠᠭ᠎ᠠ ᠶᠢᠨ ᠵᠥᠪᠯᠡᠯᠴᠡᠬᠡᠷ︾ ᠳᠣᠭᠳᠠᠵᠣ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠵᠡᠷᠬᠡ 10 ᠭᠠᠷᠣᠢ ᠮᠥᠩᠭᠦᠨ ᠬᠦᠢᠯᠬᠡᠬᠡ ᠶᠢᠨ ᠪᠠᠶᠢᠭᠤᠯᠣᠮᠵᠢ ᠯᠤᠭ᠎ᠠ ᠬᠠᠮᠳᠤᠷᠠᠯᠴᠠᠭ᠎ᠠ ᠦᠷᠨᠢᠬᠦᠯᠵᠦ᠂ ᠨᠢᠬᠡ ᠪᠥᠯᠥᠭ ᠳᠠᠷᠢᠶᠠᠯᠠᠩ ᠮᠠᠯ ᠠᠵᠣ ᠠᠬᠤᠢ ᠶᠢᠨ ᠠᠵᠣ ᠠᠬᠤᠶᠢᠯᠠᠯ ᠢ ᠬᠠᠪᠰᠣᠷᠣᠨ ᠵᠢᠬᠡᠯᠡᠯᠬᠡ ᠶᠢᠨ ᠠᠰᠠᠭᠤᠳᠠᠯ ᠢ ᠨᠢ ᠰᠢᠢᠳᠪᠥᠷᠢᠯᠡᠵᠥ ᠥᠭᠪᠡ᠃ ᠰᠢᠨᠵᠢᠯᠡᠬᠦ ᠤᠬᠠᠭᠠᠨ ᠮᠡᠷᠬᠡᠵᠢᠯ ᠢᠶᠠᠷ ᠳᠣᠯᠭᠠᠭᠤᠷᠢᠯᠠᠬᠤ ᠳᠠᠯ᠎ᠠ ᠪᠠᠷ᠂ ᠨᠡᠶᠢᠭᠡᠮᠯᠢᠭ ᠨᠢ ᠳᠡᠳ᠋ ᠬᠡᠷᠡᠭ ᠡᠷᠬᠢᠯᠡᠭᠴᠢ ᠨᠢᠭᠡᠴᠡ ᠪᠣᠯᠬᠤ ᠥᠪᠥᠷ ᠮᠣᠩᠭᠤᠯ ᠤᠨ ᠳᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠠᠷᠢᠶᠠᠯᠠᠩ ᠤᠨ ᠶᠡᠭᠡ ᠰᠣᠷᠭᠠᠭᠤᠯᠢ ᠲᠠᠢ ᠬᠠᠮᠳᠣᠪᠠᠷ ᠠᠵᠣ ᠠᠬᠤᠶᠢᠯᠠᠯ  ᠬᠢᠭᠡᠳ ᠰᠢᠨᠵᠢᠯᠡᠬᠦ ᠤᠬᠠᠭᠠᠨ ᠤ ᠰᠣᠳᠣᠯᠭᠠᠨ ᠤ ᠬᠦᠷᠢᠶᠡᠯᠡᠩ ᠭᠠᠵᠠᠷ ᠤᠨ ᠬᠤᠭᠤᠷᠤᠨᠳᠤ ᠪᠠᠨ ᠰᠤᠯᠢᠯᠴᠠᠬᠤ ᠳᠠᠪᠴᠠᠩ ᠢ ᠪᠠᠶᠢᠭᠤᠯᠵᠣ᠂ ᠰᠢᠨᠵᠢᠯᠡᠬᠦ ᠤᠬᠠᠭᠠᠨ ᠤ ᠰᠤᠳᠤᠯᠤᠯ ᠤᠨ ᠨᠢᠬᠡᠴᠡ ᠪᠠ ᠠᠵᠣ ᠠᠬᠤᠶᠢᠯᠠᠯ ᠬᠠᠮᠳᠤᠷᠠᠯᠴᠠᠨ ᠴᠣᠭᠭᠠᠷ ᠠᠰᠢᠭ ᠬᠦᠷᠳᠡᠬᠦ ᠲᠤᠭᠳᠠᠴᠠ ᠪᠠᠶᠢᠭᠤᠯᠣᠨ᠂ ᠰᠢᠨᠵᠢᠯᠡᠬᠦ ᠤᠬᠠᠭᠠᠨ ᠮᠡᠷᠬᠡᠵᠢᠯ ᠤᠨ ᠥᠷ᠎ᠡ ᠪᠦᠳᠤᠭᠡᠯ ᠢ ᠪᠠᠷᠢᠨ ᠳᠤᠤᠷ᠎ᠠ ᠪᠠᠨ ᠪᠣᠳᠠᠳᠣ ᠦᠢᠯᠡᠳᠪᠥᠷᠢᠯᠡᠯ ᠤᠨ ᠬᠦᠴᠦᠨ ᠪᠤᠯᠭᠠᠨ ᠤᠯᠠᠷᠢᠭᠤᠯᠬᠤ ᠳᠤ ᠨᠥᠭᠦᠴᠡᠯ ᠪᠥᠷᠢᠯᠳᠥᠭᠦᠯᠵᠥ ᠥᠭᠴᠠᠢ᠃ ᠬᠠᠥᠯᠢ ᠴᠠᠭᠠᠵᠠ ᠶᠢᠨ ᠦᠢᠯᠡᠴᠢᠯᠡᠬᠡᠨ ᠤ ᠳᠠᠯ᠎ᠠ ᠪᠠᠷ᠂ ᠨᠡᠶᠢᠬᠡᠮᠯᠢᠭ ᠨᠢ ᠳᠠᠭᠠᠭᠤᠯᠣᠭᠴᠢ ᠠᠵᠣ ᠠᠬᠤᠶᠢᠯᠠᠯ ᠤᠨ ᠬᠠᠥᠯᠢ ᠴᠠᠭᠠᠵᠠ ᠶᠢᠨ ᠶᠠᠪᠣᠳᠠᠯ ᠤᠨ ᠬᠡᠷᠡᠭᠴᠡᠭᠡ ᠶᠢ ᠢᠳᠡᠪᠬᠢᠳᠠᠢ ᠣᠶᠢᠯᠠᠭᠠᠵᠣ᠂ ᠬᠠᠪᠰᠣᠷᠣᠭᠤᠯᠬᠤ ᠴᠢᠬᠤᠯᠠ ᠲᠠᠢ ᠠᠵᠣ ᠠᠬᠤᠶᠢᠯᠠᠯ ᠳᠤ ᠬᠠᠥᠯᠢ ᠴᠠᠭᠠᠵᠠ ᠶᠢᠨ ᠦᠢᠯᠡᠴᠢᠯᠡᠭᠡ ᠬᠠᠩᠭᠠᠵᠣ ᠥᠭᠪᠡ᠃ ᠠᠵᠢᠯ ᠳᠥᠷᠥᠯ ᠤᠨ ᠪᠡᠶ᠎ᠡ ᠪᠠᠨ ᠱᠠᠭᠠᠷᠳᠠᠬᠤ ᠳᠠᠯ᠎ᠠ ᠪᠠᠷ᠂ ᠨᠡᠶᠢᠬᠡᠮᠯᠢᠭ ᠨᠢ ᠥᠪᠥᠷ ᠮᠣᠩᠭᠤᠯ ᠤᠨ ᠶᠡᠭᠡ ᠮᠠᠯᠵᠢᠯ ᠤᠨ ᠳᠠᠯᠠᠪᠠᠢ ᠢᠳᠡᠬᠡᠨ ᠤ ᠬᠢᠵᠠᠭᠠᠷᠳᠣ ᠬᠠᠷᠢᠭᠤᠴᠠᠯᠭᠠᠳᠣ ᠺᠣᠮᠫᠠᠨᠢ ᠵᠡᠷᠬᠡ 155 ᠳᠠᠷᠢᠶᠠᠯᠠᠩ ᠮᠠᠯ ᠠᠵᠣ ᠠᠬᠤᠢ ᠶᠢᠨ ᠳᠠᠭᠠᠭᠤᠯᠣᠭᠴᠢ ᠠᠵᠣ ᠠᠬᠤᠶᠢᠯᠠᠯ ᠢ ᠵᠣᠬᠢᠶᠠᠨ  ᠪᠠᠶᠢᠭᠤᠯᠣᠨ᠂ ︽ᠥᠪᠥᠷ ᠮᠣᠩᠭᠤᠯ ᠤᠨ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ  ᠳᠠᠭᠠᠭᠤᠯᠤᠭᠴᠢ ᠠᠵᠣ ᠠᠬᠤᠶᠢᠯᠠᠯ ‍ᠣᠨ‌ᠢᠳᠡᠬᠡᠯ ᠬᠦᠨᠳᠤ ᠶᠢᠨ ᠪᠠᠶᠢᠭᠤᠯᠤᠯᠳᠠ ᠎ ᠶᠢᠨ ᠠᠮᠠᠯᠠᠯᠳᠠ ᠶᠢᠨ ᠪᠢᠴᠢᠭ︾᠎ ᠲᠤ ᠰᠠᠶᠢᠨ ᠳᠣᠷ᠎ᠠ ᠠᠴᠠ ᠪᠠᠨ ᠭᠠᠷ ᠤᠨ ᠥᠰᠥᠭ ᠵᠢᠷᠣᠵᠣ᠂ ᠪᠣᠬᠢᠷᠳᠣᠯ ᠥᠬᠡᠢ  ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠣᠷᠠᠭᠤᠯᠣᠨ ᠡᠳ᠋ᠰᠢᠬᠦᠯᠤᠨ ᠭᠠᠳᠠᠭᠰᠢ ᠭᠠᠷᠭᠠᠬᠤ ᠰᠠᠭᠤᠷᠢᠨ ᠭᠠᠵᠠᠷ ᠪᠠᠶᠢᠭᠤᠯᠬᠤ ᠶᠢᠨ ᠳᠣᠰᠠᠳᠠ ᠨᠡᠶᠢᠬᠡᠮ ᠨᠡᠶᠢᠳᠡ ᠳᠤ ︽ᠥᠨᠡᠨᠴᠢ ᠢᠳᠡᠬᠡᠮᠵᠢᠳᠠᠢ᠂ ᠳᠥᠷᠢᠮ ᠢ ᠵᠢᠷᠣᠮᠯᠠᠬᠤ᠂ ᠪᠡᠶ᠎ᠡ ᠪᠠᠨ ᠱᠠᠭᠠᠷᠳᠠᠬᠤ᠂ ᠬᠦᠭᠵᠢᠭᠦᠯᠭᠦ︾ ᠢᠳᠡᠭᠡᠯᠳᠤ ᠳᠣᠩᠬᠠᠭ ᠢ ᠢᠯᠡ ᠪᠠᠷ ᠨᠡᠶᠢᠳᠡᠯᠡᠭᠦ ᠶᠢᠨ ᠬᠠᠮᠳᠣ ᠦᠢᠯᠡᠳᠬᠦᠨ ᠢ ᠲᠦᠬᠦᠬᠡᠢ ᠡᠳ᠋ ᠮᠠᠲ᠋ᠧᠷᠢᠶᠠᠯ  ᠂ ᠦᠢᠯᠡᠳᠪᠤᠷᠢᠯᠡᠯ᠂ ᠪᠤᠷᠤᠯᠡᠭᠠᠯᠭ᠎ᠠ ᠶᠢᠨ ᠡᠯ᠎ᠡ ᠵᠠᠩᠭᠢᠯᠠᠭ᠎ᠠ ᠠᠴᠠ ᠨᠢ ᠯᠠᠪᠳᠠᠢ ᠠᠶᠣᠯ ᠥᠬᠡᠢ  ᠪᠠᠶᠢᠯᠭᠠᠬᠤ ᠶᠢ  ᠪᠠᠳᠤᠯᠠᠵᠦ᠂ ᠬᠡᠷᠡᠭᠯᠡᠭᠴᠢᠳ ᠢ ᠰᠠᠨᠠᠭ᠎ᠠ  ᠠᠮᠤᠷ᠂ ᠠᠷᠠᠳ ᠣᠯᠠᠨ ᠢ ᠬᠠᠨᠤᠮᠵᠢᠲᠠᠢ ᠪᠠᠶᠢᠯᠭᠠᠵᠦ᠂ ᠢᠳᠡᠬᠡᠨ ᠪᠠ ᠡᠮ ᠤᠨ ᠵᠦᠢᠯ ᠤᠨ ᠬᠠᠮᠢᠶᠠᠷᠣᠯᠳᠠ ᠶᠢᠨ ᠰᠠᠯᠠᠭ᠎ᠠ ᠮᠥᠴᠢᠷ᠂ ᠠᠵᠢᠯ ᠳᠥᠷᠥᠯ ᠨᠢᠬᠡᠳᠡᠨ ᠪᠠ ᠨᠡᠶᠢᠬᠡᠮ ᠤᠨ ᠡᠯ᠎ᠡ ᠡᠳᠡᠭᠡᠳ ᠤᠨ ᠬᠢᠨ ᠤ ᠬᠢᠨᠠᠯᠳᠠ ᠶᠢ ᠰᠠᠶᠢᠨ ᠳᠣᠷ᠎ᠠ ᠠᠴᠠ ᠪᠠᠨ ᠬᠦᠯᠢᠶᠡᠨ᠎ᠡ ᠬᠡᠵᠦ ᠳᠥᠪ ᠴᠢᠩᠭ᠎ᠠ ᠠᠮᠠᠯᠳᠠᠭᠰᠠᠨ  ᠪᠠᠶᠢᠨ᠎ᠠ᠃〔 ᠬᠦᠳᠥᠯᠥᠭᠴᠢ〕 ᠣᠳᠣᠬᠠᠨ ᠳᠤ ᠮᠠᠨ ᠤ ᠣᠷᠣᠨ ᠤ ᠳᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠯᠳᠡ ᠶᠢ ᠬᠦᠭᠵᠢᠭᠦᠯᠭᠦ ᠳᠤ ᠶᠠᠮᠠᠷ ᠶᠠᠮᠠᠷ ᠠᠰᠠᠭᠤᠳᠠᠯ ᠪᠠ ᠬᠦᠷᠦᠯᠴᠡᠬᠦ ᠦᠬᠡᠢ ᠳᠠᠯ᠎ᠠ ᠣᠷᠣᠰᠢᠵᠣ ᠪᠠᠶᠢᠬᠤ ᠪᠣᠢ︖〔 ᠶᠦᠨ ᠠᠢ ᠾᠸᠥ〕 ᠮᠠᠨ ᠤ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠬᠦᠭᠵᠢᠯᠳᠡ ᠶᠢᠨ ᠣᠯᠣᠭᠰᠠᠨ ᠠᠮᠵᠢᠯᠳᠠ ᠪᠦᠳᠤᠭᠡᠯ ᠢ ᠨᠣᠳ᠋ᠯᠠᠬᠤ ᠶᠢᠨ ᠬᠠᠮᠳᠣ ᠪᠠᠰᠠ ᠬᠦᠭᠵᠢᠯᠳᠡ ᠶᠢᠨ ᠳᠣᠮᠳᠠ ᠴᠦᠬᠡᠨ ᠪᠤᠰᠤ ᠠᠰᠠᠭᠤᠳᠠᠯ ᠣᠷᠣᠰᠢᠬᠤ ᠪᠠᠶᠢᠬᠤ ᠶᠢ ᠳᠣᠳᠣᠷᠬᠠᠢ ᠣᠯᠵᠣ ᠬᠠᠷᠠᠬᠤ ᠬᠡᠷᠡᠭᠳᠠᠢ᠃ ᠨᠢᠬᠡ ᠳᠤ ᠳᠤᠤᠷ᠎ᠠ ᠬᠢᠷᠢ ᠳᠥᠪᠰᠢᠨ ᠢᠶᠠᠷ ᠳᠠᠪᠳᠠᠨ ᠪᠠᠶᠢᠭᠤᠯᠵᠣ ᠪᠠᠶᠢᠭ᠎ᠠ ᠠᠰᠠᠭᠤᠳᠠᠯ ᠨᠡᠯᠢᠶᠡᠳ ᠬᠦᠨᠳᠥ ᠨᠣᠴᠢᠳᠠᠢ ᠪᠠᠶᠢᠨ᠎ᠠ᠃ ᠬᠡᠪᠴᠢᠶ᠎ᠡ ᠪᠠᠷ ᠪᠠᠭ᠎ᠠ᠂ ᠲᠦᠷᠦᠯ ᠳᠡᠮᠳᠡᠭ ᠬᠤᠯᠢᠮᠠᠭ᠂ ᠥᠷ᠎ᠡ ᠠᠰᠢᠭ ᠨᠢ ᠳᠣᠣᠷ᠎ᠠ᠂ ᠥᠷᠢᠰᠥᠯᠳᠥᠬᠡᠨ ᠨᠢ ᠡᠮᠬᠢ ᠵᠠᠮᠪᠠᠷᠠᠭ᠎ᠠ ᠥᠬᠡᠢ ᠵᠡᠷᠬᠡ ᠥᠵᠡᠭᠳᠡᠯ ᠳᠣᠪᠣᠶᠢᠮ᠎ᠠ ᠪᠠᠶᠢᠨ᠎ᠠ᠃ ᠬᠤᠶᠠᠷ ᠲᠤ ᠬᠦᠭᠵᠢᠯᠳᠡ ᠶᠢᠨ ᠴᠢᠨᠠᠷ ᠴᠢᠨᠰᠠᠭ᠎ᠠ ᠳᠣᠣᠷ᠎ᠠ ᠪᠠᠶᠢᠨ᠎ᠠ᠃ ᠣᠯᠠᠩᠬᠢ ᠠᠵᠣ ᠠᠬᠤᠶᠢᠯᠠᠯ ᠮᠦᠨᠬᠦ ᠳᠠᠩ ᠭᠠᠭᠴᠠ ᠬᠡᠪᠴᠢᠶ᠎ᠡ ᠪᠠᠨ ᠯᠡ ᠥᠷᠬᠡᠳᠬᠡᠬᠦ ᠬᠦᠭᠵᠢᠯᠳᠡ ᠶᠢᠨ ᠵᠠᠮ ᠢᠶᠠᠷ ᠵᠠᠮᠨᠠᠵᠣ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠭᠦᠳᠬᠦ ᠴᠢᠳᠠᠪᠣᠷᠢ ᠨᠡᠶᠢᠳᠡᠮ ᠎ ᠳᠡᠭᠡᠨ ᠨᠡᠯᠢᠶᠡᠳ ᠳᠣᠷᠣᠢ᠂ ᠭᠤᠤᠯᠯᠠᠬᠤ ᠥᠷᠢᠰᠥᠯᠳᠥᠬᠡᠨ ᠤ ᠴᠢᠳᠠᠯ ᠢᠶᠠᠷ ᠳᠣᠳᠠᠮᠠᠭ᠂ ᠳᠥᠭᠰᠢᠭᠦᠷᠢ ᠶᠢ ᠲᠤᠯᠬᠤ ᠴᠢᠳᠠᠯ ᠢᠶᠠᠷ ᠨᠡᠯᠢᠶᠡᠳ ᠪᠠᠭᠤᠷᠠᠢ ᠪᠠᠶᠢᠨ᠎ᠠ᠃ ᠭᠤᠷᠪᠠ ᠳᠤ ᠠᠰᠢᠭ ᠳᠣᠰᠠ ᠶᠢ ᠬᠤᠯᠪᠤᠯᠴᠠᠭᠤᠯᠬᠤ ᠳᠣᠭᠳᠠᠴᠠ ᠪᠥᠷᠢᠨ ᠪᠤᠰᠤ᠂ ᠳᠡᠬᠦᠯᠳᠡᠷ ᠪᠤᠰᠤ ᠪᠠᠶᠢᠨ᠎ᠠ᠃ ᠰᠠᠭᠤᠷᠢᠨ ᠭᠠᠵᠠᠷ᠂ ᠮᠠᠯᠴᠢᠨ ᠳᠠᠷᠢᠶᠠᠴᠢᠨ ᠬᠢᠬᠡᠳ ᠠᠵᠣ ᠠᠬᠤᠶᠢᠯᠠᠯ ᠤᠨ ᠬᠤᠭᠤᠷᠣᠨᠳᠣᠬᠢ ᠠᠰᠢᠭ ᠳᠣᠰᠠ ᠶᠢᠨ ᠬᠤᠯᠪᠣᠯᠴᠠᠭ᠎ᠠ ᠨᠢᠭᠳᠠ ᠪᠤᠰᠤ ᠪᠠᠶᠢᠬᠤ ᠪᠠ ᠴᠢᠨᠠᠭᠰᠢᠯᠠᠪᠠᠯ ᠰᠠᠯᠤᠩᠬᠢᠷᠠᠵᠦ᠂ ᠠᠰᠢᠭ ᠳᠣᠰᠠ ᠶᠢᠨ ᠬᠠᠮᠳᠤ ᠶᠢᠨ ᠴᠣᠭᠴᠠ ᠪᠤᠯᠵᠦ ᠪᠦᠷᠢᠯᠳᠤᠵᠦ ᠴᠢᠳᠠᠭᠠᠳᠤᠢ ᠪᠠᠶᠢᠨ᠎ᠠ᠃ ᠳᠥᠷᠪᠡ ᠳᠤ ᠪᠡᠯᠡ ᠲᠤᠬᠢᠷᠠᠭᠤᠯᠭ᠎ᠠ ᠶᠢᠨ ᠴᠢᠳᠠᠯ ᠢᠶᠠᠷ ᠳᠣᠷᠣᠢ ᠪᠠᠶᠢᠨ᠎ᠠ᠃ ᠳᠠᠭᠠᠭᠤᠯᠣᠭᠴᠢ ᠠᠵᠣ ᠠᠬᠤᠶᠢᠯᠠᠯ ᠤᠨ ᠪᠡᠯᠡ ᠮᠥᠩᠭᠦ  ᠳᠣᠳᠠᠮᠠᠭ᠂ ᠪᠡᠯᠡ ᠲᠤᠬᠢᠷᠠᠭᠤᠯᠭ᠎ᠠ ᠶᠢᠨ ᠠᠷᠭ᠎ᠠ ᠵᠠᠮ ᠢᠪᠴᠥᠥ᠂ ᠪᠠᠷᠢᠮᠵᠢᠶ᠎ᠠ ᠱᠠᠭᠠᠷᠳᠠᠯᠭ᠎ᠠ ᠥᠨᠳᠥᠷ᠂ ᠳᠤᠭ᠎ᠠ ᠬᠡᠮᠵᠢᠶ᠎ᠡ ᠪᠠᠭ᠎ᠠ ᠪᠠᠶᠢᠬᠤ ᠨᠢ ᠬᠦᠭᠵᠢᠯᠳᠡ ᠶᠢ ᠬᠢᠵᠠᠭᠠᠷᠯᠠᠬᠤ ᠭᠤᠣᠯ ᠪᠣᠭᠤᠮᠢ ᠪᠤᠯᠵᠦ ᠪᠠᠶᠢᠨ᠎ᠠ᠃ ᠳᠠᠪᠤ ᠳᠤ ᠲᠦᠭᠦᠬᠡᠢ ᠡᠳ᠋ ᠮᠠᠲ᠋ᠧᠷᠢᠶᠠᠯ ᠤᠨ ᠰᠠᠭᠤᠷᠢᠨ ᠭᠠᠵᠠᠷ ᠳᠣᠭᠳᠠᠪᠣᠷᠢ ᠥᠬᠡᠢ ᠪᠠᠶᠢᠨ᠎ᠠ᠃ ᠮᠠᠨ ᠤ ᠣᠷᠣᠨ ᠤ  ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠡᠳ᠋ ᠪᠠᠶᠠᠯᠢᠭ ᠬᠡᠳᠦᠶᠢᠪᠡᠷ ᠡᠯᠪᠡᠭ ᠳᠡᠯᠪᠡᠭ ᠪᠠᠶᠢᠪᠠᠴᠤ᠂ ᠳᠣᠰᠬᠠᠶᠢᠵᠢᠭᠰᠠᠨ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠠᠵᠣ ᠦᠢᠯᠡᠳᠪᠥᠷᠢᠯᠡᠯ ᠤᠨ ᠰᠠᠭᠤᠷᠢᠨ ᠭᠠᠵᠠᠷ ᠤᠨ ᠪᠠᠶᠢᠭᠤᠯᠣᠯᠳᠠ ᠬᠠᠷᠢᠴᠠᠩᠭᠤᠢ ᠪᠠᠷ ᠬᠤᠴᠣᠷᠣᠩᠭᠤᠢ ᠪᠠᠶᠢᠵᠦ᠂ ᠨᠢᠬᠡ ᠪᠥᠯᠥᠭ ᠲᠦᠭᠦᠬᠡᠢ ᠡᠳ᠋ ᠮᠠᠲ᠋ᠧᠷᠢᠶᠠᠯ ᠎ ᠤᠨ ᠬᠠᠩᠭᠠᠯᠭ᠎ᠠ ᠬᠡᠷᠡᠭᠴᠡᠭᠡ ᠱᠠᠳᠤᠴᠢ ᠴᠢᠨᠠᠷᠲᠠᠢ  ᠪᠠᠴᠢᠮ ᠪᠤᠯᠬᠤ ᠵᠥᠷᠢᠴᠡᠯ ᠡᠳᠥᠷ ᠢᠷᠡᠬᠦᠶ᠎ᠠ ᠲᠤᠪᠤᠶᠢᠵᠦ ᠪᠠᠶᠢᠨ᠎ᠠ᠃ ᠵᠢᠷᠭᠤᠭ᠎ᠠ ᠳᠤ ᠠᠵᠣ ᠦᠢᠯᠡᠰᠵᠢᠭᠦᠯᠭᠦ ᠠᠵᠢᠯ ᠤᠨ ᠬᠦᠴᠢᠷ ᠪᠡᠷᠬᠡ ᠣᠯᠠᠨ ᠪᠣᠢ᠃ 2008 ᠣᠨ ᠎ ᠳᠤ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠥᠬᠡᠷᠡᠴᠢᠯᠡᠯᠳᠡ ᠬᠢᠭᠰᠡᠨ ᠠᠴᠠ ᠬᠤᠶᠢᠰᠢ᠂ ᠠᠵᠣ ᠦᠢᠯᠡᠰᠵᠢᠭᠦᠯᠭᠦ ᠪᠠᠶᠢᠭᠤᠯᠣᠮᠵᠢ  ᠶᠢᠨ ᠬᠢᠷᠢ ᠬᠡᠮ ᠨᠢ ᠪᠠᠭᠤᠷᠠᠨ᠂ ᠠᠵᠢᠯᠳᠠᠨ ᠤ ᠳᠤᠭ᠎ᠠ ᠨᠢ ᠬᠠᠰᠤᠭᠳᠠᠵᠦ᠂ ᠢᠯᠠᠩᠭᠤᠶ᠎ᠠ ᠬᠤᠰᠢᠭᠤ ᠰᠢᠶᠠᠨ ᠳᠤ ᠠᠵᠢᠯᠳᠠᠨ ᠨᠢ ᠴᠦᠬᠡᠨ᠂ ᠰᠢᠯᠵᠢᠯᠳᠡ ᠨᠢ ᠣᠯᠠᠨ ᠠᠴᠠ ᠪᠣᠯᠵᠣ᠂ ᠳᠥᠷᠥᠯ ᠵᠦᠢᠯ ᠳᠤ ᠬᠢᠨᠠᠯᠳᠠ ᠳᠠᠯᠪᠢᠬᠤ ᠨᠢ ᠲᠤᠳᠠᠮᠠᠭ ᠪᠠᠶᠢᠵᠦ᠂ ᠨᠢᠬᠡ ᠪᠥᠯᠥᠭ ᠳᠣᠬᠠᠶᠢᠯᠠᠭᠰᠠᠨ ᠠᠵᠢᠯ ᠢ ᠥᠷᠨᠢᠭᠦᠯᠭᠦ ᠳᠤ ᠬᠦᠴᠢᠷᠳᠠᠢ ᠪᠠᠶᠢᠬᠤ ᠵᠡᠷᠬᠡ ᠠᠰᠠᠭᠤᠳᠠᠯ ᠤᠳ ᠣᠷᠣᠰᠢᠵᠣ ᠪᠣᠢ᠃ ᠡᠳᠡᠬᠡᠷ ᠠᠰᠠᠭᠤᠳᠠᠯ ᠤᠳ ᠢ ᠪᠢᠳᠡ ᠬᠤᠶᠢᠰᠢᠳᠠ ᠶᠢᠨ ᠠᠵᠢᠯ ᠤᠨ ᠳᠣᠮᠳᠠ ᠪᠠᠨ ᠨᠠᠷᠢᠨ ᠬᠢᠨᠠᠮᠠᠭᠠᠢ ᠰᠣᠳᠣᠯᠣᠨ᠂ ᠡᠷᠴᠢᠮᠳᠠᠢ ᠠᠷᠭ᠎ᠠ ᠬᠡᠮᠵᠢᠶ᠎ᠡ ᠠᠪᠴᠥ᠂ ᠥᠨᠡᠨᠭᠦ ᠰᠢᠢᠳᠪᠥᠷᠢᠯᠡᠬᠦ ᠬᠡᠷᠡᠭᠲᠠᠢ ᠪᠠᠶᠢᠨ᠎ᠠ᠃〔 ᠬᠦᠳᠥᠯᠥᠭᠴᠢ  ﹈  ᠬᠤᠶᠢᠰᠢᠳᠠ ᠮᠠᠨ ᠤ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠦ ᠦᠢᠯᠠᠰᠵᠢᠬᠦᠯᠤᠨ ᠬᠦᠭᠵᠢᠬᠦᠯᠬᠦ ᠳᠤ  ᠶᠠᠮᠠᠷ ᠰᠡᠳᠬᠢᠮᠵᠢ ᠪᠠ ᠬᠠᠷᠠᠯᠳᠠ ᠪᠠᠶᠢᠬᠤ ᠪᠣᠢ︖〔 ᠶᠦᠨ ᠠᠢ ᠾᠸᠥ〕 ᠬᠤᠶᠢᠰᠢᠳᠠ ᠮᠠᠨ ᠤ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ  ᠦᠢᠯᠡᠰᠵᠢᠬᠦᠯᠤᠨ ᠬᠦᠭᠵᠢᠬᠦᠯᠬᠦ ᠶᠡᠷᠥᠩᠬᠡᠢ ᠰᠡᠳᠬᠢᠮᠵᠢ ᠪᠣᠯ : ᠥᠪᠡᠷᠳᠡᠭᠡᠨ ᠵᠠᠰᠠᠬᠤ ᠣᠷᠣᠨ ᠤ《 8337 ᠬᠦᠭᠵᠢᠯᠳᠡ ᠶᠢᠨ ᠰᠡᠳᠬᠢᠮᠵᠢ ᠶᠢ ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠪᠣᠬᠢᠷᠳᠣᠯ ᠥᠬᠡᠢ ᠲᠠᠷᠢᠶᠠᠯᠠᠩ ᠎ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠤᠷᠢᠯᠡᠬᠦ ᠡᠳ᠋ᠰᠢᠬᠦᠯᠬᠦ ᠭᠠᠳᠠᠭᠰᠢ ᠭᠠᠷᠭᠠᠬᠤ ᠰᠠᠭᠤᠷᠢᠨ ᠭᠠᠵᠠᠷ ᠪᠠᠶᠢᠭᠤᠯᠬᠤ ᠥᠨᠳᠥᠰᠥᠨ ᠡᠬᠦᠷᠬᠡ ᠎ ᠲᠠᠢ  ᠨᠢᠭᠳᠠ ᠤᠶᠠᠯᠳᠤᠭᠤᠯᠵᠦ᠂ ᠤᠳᠤ ᠦᠶ᠎ᠡ ᠶᠢᠨ ᠳᠠᠷᠢᠶᠠᠯᠠᠩ ᠮᠠᠯ ᠠᠵᠣ ᠠᠬᠤᠢ ᠶᠢ ᠬᠦᠭᠵᠢᠭᠦᠯᠭᠦ ᠪᠠ ᠮᠠᠯᠴᠢᠨ ᠳᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠷ ᠬᠠᠷᠠᠯᠳᠠ ᠪᠠᠨ ᠪᠣᠯᠭᠠᠨ᠂ ᠲᠦᠬᠦᠬᠡᠢ ᠡᠳ᠋ ᠮᠠᠲ᠋ᠧᠷᠢᠶᠠᠯ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠰᠠᠭᠤᠷᠢ ᠪᠤᠯᠭᠠᠵᠦ᠂ ᠳᠠᠭᠠᠭᠤᠯᠣᠭᠴᠢ ᠠᠵᠣ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠬᠤ ᠪᠠᠷ ᠭᠤᠤᠯᠳᠠᠯᠭ᠎ᠠ ᠪᠤᠯᠭᠠᠵᠦ᠂ ᠠᠰᠢᠭ ᠳᠣᠰᠠ ᠶᠢᠨ ᠬᠤᠯᠪᠣᠯᠴᠠᠭ᠎ᠠ ᠶᠢᠨ ᠳᠣᠭᠳᠠᠴᠠ ᠶᠢ ᠳᠡᠬᠦᠯᠳᠡᠷᠵᠢᠭᠦᠯᠭᠦ ᠪᠠᠷ ᠲᠤᠯᠭᠠᠭᠤᠷᠢ ᠪᠤᠯᠭᠠᠵᠦ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ ᠪᠠᠷ ᠬᠠᠷᠠᠯᠳᠠ ᠪᠣᠯᠭᠠᠨ  ᠂ ᠠᠵᠢᠯ ᠳᠥᠷᠥᠯ ᠎ ᠢ ᠨᠢᠬᠡᠳᠬᠡᠬᠦ ᠠᠬᠢᠴᠠ ᠶᠢ ᠳᠥᠷᠬᠡᠳᠬᠡᠵᠥ᠂ ᠨᠡᠷᠡᠳᠥ  ᠲᠦᠷᠦᠯ ᠳᠡᠮᠳᠡᠭ ᠢ  ᠡᠭᠦᠳᠴᠤ᠂ ᠳᠠᠶᠢᠴᠢᠯᠠᠭᠴᠢ ᠠᠵᠣ ᠠᠬᠤᠶᠢᠯᠠᠯ ᠢ ᠪᠣᠢ ᠪᠣᠯᠭᠠᠵᠣ᠂ ᠠᠵᠣ ᠦᠢᠯᠡᠰ ᠤᠨ ᠴᠤᠭᠯᠠᠷᠠᠯ ᠢ ᠠᠬᠢᠭᠤᠯᠵᠣ᠂ ᠠᠵᠣ ᠦᠢᠯᠡᠰ ᠤᠨ ᠬᠡᠯᠬᠢᠶᠡᠰᠥ ᠶᠢ ᠤᠷᠳᠤᠳᠬᠠᠵᠦ᠂ ᠳᠠᠪᠠᠭᠤᠯᠢᠭ ᠪᠦᠬᠡᠳ ᠥᠪᠡᠷᠮᠢᠴᠡ ᠣᠨᠴᠠᠯᠢᠭ ᠲᠠᠢ ᠠᠵᠣ ᠦᠢᠯᠡᠰ ᠤᠨ ᠲᠦᠪᠯᠡᠷᠡᠯ ᠢ ᠬᠦᠴᠥᠷᠬᠡᠭᠵᠢᠭᠦᠯᠵᠥ᠂ ᠠᠵᠣ ᠦᠢᠯᠡᠰ ᠤᠨ ᠥᠷᠢᠰᠥᠯᠳᠥᠭᠦ ᠬᠦᠴᠦᠨ ᠪᠠ ᠳᠠᠭᠠᠭᠤᠯᠣᠭᠴᠢ ᠠᠵᠣ ᠠᠬᠤᠶᠢᠯᠠᠯ ᠤᠨ ᠳᠠᠶᠢᠴᠢᠯᠠᠬᠤ ᠴᠢᠳᠠᠪᠣᠷᠢ ᠶᠢ ᠨᠡᠮᠡᠭᠳᠡᠭᠦᠯᠥᠨ᠂ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠥᠨ ᠡᠵᠡᠩᠨᠡᠬᠦ ᠬᠢᠷᠢ ᠳᠥᠪᠰᠢᠨ ᠢ ᠪᠦᠬᠦ ᠳᠠᠯ᠎ᠠ ᠪᠠᠷ ᠳᠡᠭᠡᠭᠰᠢᠯᠡᠬᠦᠯᠭᠦ ᠶᠠᠪᠤᠳᠠᠯ ᠪᠣᠯᠣᠨ᠎ᠠ᠃      ᠣᠷᠢᠳᠴᠢᠯᠠᠨ ᠵᠢᠱᠢᠭᠰᠡᠨ ᠬᠦᠭᠵᠢᠯᠳᠡ ᠶᠢᠨ ᠬᠠᠷᠠᠯᠳᠠ ᠪᠣᠯ  ᠄ 2017 ᠣᠨ ᠪᠤᠯᠬᠤ ᠳᠤ᠂ ᠪᠦᠬᠦ ᠣᠷᠣᠨ ᠤ ᠳᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠬᠦ ᠠᠵᠣ ᠠᠬᠤᠶᠢᠯᠠᠯ ᠤᠨ ᠪᠣᠷᠣᠯᠠᠭᠤᠯᠭ᠎ᠠ ᠶᠢᠨ ᠣᠷᠣᠯᠭ᠎ᠠ  ᠶᠢ 6000 ᠳ᠋ᠥᠩᠰᠢᠭᠤᠷ ᠳᠥᠭᠦᠷᠢᠭ ᠠᠴᠠ ᠳᠠᠪᠠᠭᠤᠯᠵᠣ᠂ ᠵᠢᠯ ᠪᠥᠷᠢ ᠶᠢᠨ ᠳᠤᠮᠳᠠᠴᠢ ᠨᠡᠮᠡᠭᠳᠡᠯ ᠤᠨ ᠬᠤᠷᠳᠣᠴᠠ ᠶᠢ 14%᠎ ᠠᠴᠠ ᠳᠡᠭᠡᠭᠰᠢ ᠪᠠᠶᠢᠯᠭᠠᠨ᠎ᠠ︔ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠵᠢᠯ ᠤᠨ ᠡᠳ᠋ᠰᠢᠬᠦᠯᠤᠨ ᠬᠤᠪᠢᠷᠠᠭᠤᠯᠬᠤ ᠨᠣᠷᠮ᠎ᠠ ᠶᠢ 60%᠎ ᠎ ᠳᠤ ᠬᠦᠷᠤᠬᠦᠯᠤᠨ᠎ᠠ︔ ᠪᠣᠷᠣᠯᠠᠭᠤᠯᠭ᠎ᠠ ᠶᠢᠨ ᠣᠷᠣᠯᠭ᠎ᠠ ᠨᠢ ᠮᠢᠩᠭᠠᠨ ᠳ᠋ᠥᠩᠰᠢᠭᠤᠷ ᠳᠥᠭᠦᠷᠢᠭ ᠎ ᠲᠤ ᠬᠦᠷᠭᠦ ᠠᠵᠣ ᠦᠢᠯᠡᠰ ᠤᠨ ᠲᠦᠪᠯᠡᠷᠡᠯ ︵ᠴᠠᠭᠠᠨ ᠢᠳᠡᠬᠡᠨ᠂ ᠠᠮᠣ ᠳᠣᠰᠣ᠂ ᠮᠢᠬᠠᠨ ᠤ ᠳᠥᠷᠥᠯ︶ 3᠎ ᠶᠢ ᠂ ᠪᠣᠷᠣᠯᠠᠭᠤᠯᠭ᠎ᠠ ᠶᠢᠨ ᠣᠷᠣᠯᠭ᠎ᠠ ᠨᠢ 800 ᠳ᠋ᠥᠩᠰᠢᠭᠤᠷ ᠳᠥᠭᠦᠷᠢᠭ ᠲᠤ ᠬᠦᠷᠬᠦ ᠠᠵᠣ ᠦᠢᠯᠡᠰ ᠤᠨ ᠲᠦᠪᠯᠡᠷᠡᠯ ︵ᠨᠣᠣᠰᠣ ᠨᠣᠯᠣᠣᠷ ᠠᠷᠠᠰᠣ ᠰᠢᠷᠢ︶ 1᠎ ᠶᠢ᠂ ᠪᠣᠷᠣᠯᠠᠭᠤᠯᠭ᠎ᠠ ᠶᠢᠨ ᠣᠷᠣᠯᠭ᠎ᠠ ᠨᠢ 500 ᠳ᠋ᠥᠩᠰᠢᠭᠤᠷ ᠳᠥᠭᠦᠷᠢᠭ ᠲᠤ ᠬᠦᠷᠭᠦ ᠠᠵᠣ ᠦᠢᠯᠡᠰ ᠤᠨ ᠲᠦᠪᠯᠡᠷᠡᠯ ︵ᠤᠨᠴᠠᠯᠢᠭᠳᠤ ᠡᠪᠡᠰᠥ ᠪᠣᠷᠳᠤᠭ᠎ᠠ︶1᠎ ᠶᠢ᠂ ᠪᠣᠷᠣᠯᠠᠭᠤᠯᠭ᠎ᠠ ᠶᠢᠨ ᠣᠷᠣᠯᠭ᠎ᠠ ᠨᠢ  300 ᠳ᠋ᠥᠩᠰᠢᠭᠤᠷ ᠲᠤ ᠬᠦᠷᠬᠦ ᠠᠵᠣ ᠦᠢᠯᠡᠰ ᠤᠨ  ᠲᠦᠪᠯᠡᠷᠡᠯ ︵ᠳᠥᠮᠥᠰᠥ᠂  ᠢᠳᠡᠰᠢᠨ ᠨᠣᠭᠤᠭ᠎ᠠ ᠭᠤᠸᠠ ᠵᠢᠮᠢᠰ︶᠎ 1᠎ ᠶᠢ ᠪᠣᠶᠢᠵᠢᠭᠤᠯᠵᠣ ᠂ ᠠᠵᠣ ᠦᠢᠯᠡᠰ ᠤᠨ ᠲᠦᠪᠯᠡᠷᠡᠨ ᠴᠤᠭᠯᠠᠵᠦ ᠬᠦᠭᠵᠢᠭᠦ ᠶᠢ ᠪᠡᠶᠡᠯᠡᠭᠦᠯᠭᠦ  ᠶᠠᠪᠤᠳᠠᠯ ᠪᠣᠯᠣᠨ᠎ᠠ᠃〔 ᠬᠦᠳᠥᠯᠥᠭᠴᠢ〕 ᠳᠡᠭᠡᠷ᠎ᠡ ᠳᠣᠷᠠᠳᠣᠭᠰᠠᠨ ᠬᠦᠭᠵᠢᠯᠳᠡ ᠶᠢᠨ ᠬᠠᠷᠠᠯᠳᠠ ᠪᠠᠨ ᠪᠡᠶᠡᠯᠡᠭᠦᠯᠭᠦ ᠶᠢᠨ ᠳᠥᠯᠥᠬᠡ ᠶᠠᠮᠠᠷ ᠶᠠᠮᠠᠷ ᠠᠵᠢᠯᠯᠠᠬᠤ ᠠᠷᠭ᠎ᠠ ᠪᠠᠷᠢᠯ ᠠᠪᠬᠤ ᠴᠢᠬᠤᠯᠠ ᠲᠠᠢ ᠪᠣᠢ︖〔 ᠶᠦᠨ ᠠᠢ ᠾᠸᠥ〕 ᠳᠡᠭᠡᠷ᠎ᠡ ᠳᠣᠷᠠᠳᠣᠭᠰᠠᠨ ᠬᠦᠭᠵᠢᠯᠳᠡ ᠶᠢᠨ ᠬᠠᠷᠠᠯᠳᠠ ᠶᠢ ᠪᠡᠶᠡᠯᠡᠭᠦᠯᠭᠦ ᠶᠢᠨ ᠳᠥᠯᠥᠬᠡ ᠡᠷᠬᠡᠪᠨᠰᠢ ᠳᠣᠣᠷᠠᠬᠢ ᠮᠡᠳᠥ ᠬᠡᠳᠥᠨ ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠣᠷ ᠬᠢᠬᠦ ᠬᠡᠷᠡᠭᠲᠠᠢ : ᠨᠢᠬᠡ ᠳᠤ ᠳᠠᠭᠠᠭᠤᠯᠣᠭᠴᠢ ᠠᠵᠣ ᠠᠬᠤᠶᠢᠯᠠᠯ ᠢ ᠪᠣᠶᠢᠵᠢᠭᠤᠯᠣᠨ  ᠪᠣᠵᠠᠭᠠᠶᠢᠷᠠᠭᠤᠯᠵᠣ᠂ ᠪᠦᠬᠦᠯᠢ ᠴᠣᠭᠴᠠ ᠶᠢᠨ ᠪᠤᠳᠠᠳᠤ ᠬᠦᠴᠤᠨ ᠢ ᠳᠠᠰᠣᠷᠠᠯᠳᠠ ᠥᠬᠡᠢ ᠨᠡᠮᠡᠭᠳᠡᠬᠦᠯᠬᠦ ᠶᠢ ᠲᠦᠷᠭᠡᠳᠭᠡᠨ᠎ᠠ᠃ ︽ᠠᠯᠳᠠᠨ ᠰᠤᠪᠤᠷᠭ᠎ᠠ︾ ᠪᠤᠶᠢᠵᠢᠭᠤᠯᠤᠯᠳᠠ ᠎ ᠶᠢᠨ ᠦᠯᠢᠭᠡᠷ ᠬᠡᠪ ᠢᠶᠠᠷ ᠨᠢᠬᠡ ᠪᠦᠯᠦᠭ ᠳᠠᠭᠠᠭᠤᠯᠤᠭᠴᠢ ᠠᠵᠦ ᠠᠬᠤᠶᠢᠯᠠᠯ ᠢ ᠶᠡᠬᠡᠰᠭᠡᠨ ᠬᠦᠴᠤᠷᠭᠡᠭᠵᠢᠬᠦᠯᠤᠨ᠎ᠠ᠃ ᠨᠢᠭᠡ ᠳᠤ ᠪᠤᠶᠢᠵᠢᠭᠤᠯᠬᠤ ᠲᠤᠭ᠎ᠠ ᠶᠢᠨ ᠲᠠᠯ᠎ᠠ ᠪᠠᠷ ᠬᠦᠴᠤ ᠲᠠᠯᠪᠢᠬᠤ ᠬᠡᠷᠡᠭᠲᠠᠢ᠃ ᠥᠪᠡᠷᠳᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠤ ᠭᠤᠷᠪᠠᠨ ᠱᠠᠳᠤᠨ ᠤ ᠶᠡᠷᠥᠩᠬᠡᠢ ᠳᠥᠯᠥᠪᠵᠢᠭᠦᠯᠬᠡ ᠶᠣᠰᠣᠭᠠᠷ᠂ ᠳᠠᠶᠢᠴᠢᠯᠠᠭᠴᠢ ᠠᠵᠣ ᠠᠬᠤᠶᠢᠯᠠᠯ ᠢ ᠳᠡᠰ ᠬᠤᠪᠢᠶᠠᠨ ᠱᠠᠳᠤᠴᠢᠯᠠᠨ ᠪᠣᠶᠢᠵᠢᠭᠤᠯᠣᠨ᠎ᠠ᠃ ᠥᠪᠡᠷᠳᠡᠭᠡᠨ ᠵᠠᠰᠠᠬᠤ ᠣᠷᠣᠨ ᠎ ᠨᠢ ᠣᠯᠣᠰ ᠤᠨ ᠳᠡᠰ ᠤᠨ ᠳᠠᠭᠠᠭᠤᠯᠣᠭᠴᠢ ᠠᠵᠣ ᠠᠬᠤᠶᠢᠯᠠᠯ ᠪᠠ ᠵᠢᠷᠭᠤᠭᠠᠨ ᠳᠣᠮᠣ ᠠᠵᠣ ᠦᠢᠯᠡᠰ ᠤᠨ ᠳᠥᠷᠥᠭᠦᠥ ᠭᠤᠷᠪᠠᠨ ᠨᠡᠷᠡᠰ ᠠᠵᠣ ᠠᠬᠤᠶᠢᠯᠠᠯ ᠢ ᠭᠤᠤᠯᠳᠠᠯᠭ᠎ᠠ ᠲᠠᠢ ᠪᠣᠶᠢᠵᠢᠭᠤᠯᠣᠨ᠎ᠠ︔ ᠡᠯ᠎ᠡ ᠠᠶᠢᠮᠠᠭ ᠬᠤᠳᠠ ᠨᠢ ᠥᠪᠡᠷᠳᠡᠭᠡᠨ ᠵᠠᠰᠠᠬᠤ ᠣᠷᠣᠨ ᠤ ᠳᠡᠰ ᠤᠨ ᠳᠠᠭᠠᠭᠤᠯᠣᠭᠴᠢ ᠠᠵᠣ ᠠᠬᠤᠶᠢᠯᠠᠯ ᠢ ᠭᠤᠤᠯᠳᠠᠯᠭ᠎ᠠ ᠲᠠᠢ ᠪᠣᠶᠢᠵᠢᠭᠤᠯᠣᠨ᠎ᠠ︔ ᠡᠯ᠎ᠡ ᠬᠤᠰᠢᠭᠤ ᠰᠢᠶᠠᠨ ᠨᠢ ᠠᠶᠢᠮᠠᠭ ᠬᠤᠳᠠ ᠶᠢᠨ ᠳᠡᠰ ᠤᠨ ᠳᠠᠭᠠᠭᠤᠯᠣᠭᠴᠢ ᠠᠵᠣ ᠠᠬᠤᠶᠢᠯᠠᠯ ᠢ ᠭᠤᠤᠯᠳᠠᠯᠭ᠎ᠠ ᠲᠠᠢ ᠪᠣᠶᠢᠵᠢᠭᠤᠯᠣᠨ᠎ᠠ᠃ 2017 ᠣᠨ ᠪᠤᠯᠬᠤ ᠳᠤ᠂ ᠪᠣᠷᠣᠯᠠᠭᠤᠯᠭ᠎ᠠ ᠶᠢᠨ ᠣᠷᠣᠯᠭ᠎ᠠ ᠎ ᠨᠢ 500 ᠳ᠋ᠥᠩᠰᠢᠭᠤᠷ ᠳᠥᠭᠦᠷᠢᠭ ᠎ ᠠᠴᠠ ᠳᠠᠪᠠᠭ᠋ᠣ ᠠᠪᠤᠷᠭᠤ ᠠᠵᠣ ᠠᠬᠤᠶᠢᠯᠠᠯ 2᠎ ᠢ᠂ ᠪᠤᠷᠤᠯᠠᠭᠤᠯᠭ᠎ᠠ ᠶᠢᠨ ᠤᠷᠤᠯᠭ᠎ᠠ ᠨᠢ 100 — 500 ᠳ᠋ᠥᠩᠰᠢᠭᠤᠷ ᠳᠥᠭᠦᠷᠢᠭ ᠲᠤ ᠬᠦᠷᠭᠦ ᠳᠠᠶᠢᠴᠢᠯᠠᠭᠴᠢ ᠠᠵᠣ ᠠᠬᠤᠶᠢᠯᠠᠯ 3᠎ ᠶᠢ᠂ ᠪᠣᠷᠣᠯᠠᠭᠤᠯᠭ᠎ᠠ ᠶᠢᠨ ᠣᠷᠣᠯᠭ᠎ᠠ ᠨᠢ 50 — 100 ᠳ᠋ᠥᠩᠰᠢᠭᠤᠷ ᠳᠥᠭᠦᠷᠢᠭ ᠠᠴᠠ ᠳᠠᠪᠠᠭ᠋ᠤ ᠳᠠᠶᠢᠴᠢᠯᠠᠭᠴᠢ ᠠᠵᠣ ᠠᠬᠤᠶᠢᠯᠠᠯ 5᠎ ᠶᠢ ᠪᠣᠶᠢᠵᠢᠭᠤᠯᠬᠤ ᠪᠠᠷ ᠬᠦᠴᠦᠯᠡᠨ ᠴᠢᠷᠮᠠᠶᠢᠨ᠎ᠠ︔ ᠣᠯᠣᠰ ᠤᠨ ᠳᠡᠰ ᠤᠨ ᠭᠤᠣᠯᠳᠠᠯᠭᠠᠳᠣ ᠳᠠᠭᠠᠭᠤᠯᠣᠭᠴᠢ ᠠᠵᠣ ᠠᠬᠤᠶᠢᠯᠠᠯ ᠢ 50᠎ ᠳᠤ ᠬᠦᠷᠥᠭᠦᠯᠵᠥ᠂  ᠥᠪᠡᠷᠳᠡᠭᠡᠨ ᠵᠠᠰᠠᠬᠤ ᠣᠷᠣᠨ ᠤ ᠳᠡᠰ ᠤᠨ ᠭᠤᠣᠯᠳᠠᠯᠭᠠᠳᠣ ᠳᠠᠭᠠᠭᠤᠯᠣᠭᠴᠢ ᠠᠵᠣ ᠠᠬᠤᠶᠢᠯᠠᠯ ᠢ 700᠎ ᠳᠤ ᠬᠦᠷᠥᠭᠦᠯᠭᠦ ᠪᠠᠷ ᠮᠡᠷᠡᠶᠢᠨ ᠴᠢᠷᠮᠠᠶᠢᠨ᠎ᠠ᠃ ᠬᠤᠶᠠᠷ ᠲᠤ ᠶᠠᠰᠤ ᠴᠢᠨᠠᠷ ᠢ ᠳᠡᠭᠡᠭᠰᠢᠯᠡᠬᠦᠯᠭᠦ ᠳᠠᠯ᠎ᠠ ᠎ ᠪᠠᠷ ᠬᠦᠴᠦ ᠲᠠᠯᠪᠢᠬᠤ ᠬᠡᠷᠡᠭᠲᠠᠢ᠃ ᠪᠣᠬᠢᠷᠳᠣᠯ ᠥᠬᠡᠢ ᠬᠦᠭᠵᠢᠭᠦᠯᠭᠦ ᠦᠵᠡᠯᠳᠡ ᠶᠢ ᠪᠣᠢ ᠪᠣᠯᠭᠠᠵᠣ᠂ ᠪᠠᠶᠢᠭᠠᠯᠢᠯᠢᠭ᠂ ᠪᠣᠬᠢᠷᠳᠣᠯ ᠥᠬᠡᠢ᠂ ᠣᠷᠭᠠᠨᠢᠭ ᠲᠦᠷᠦᠯ ᠳᠡᠮᠳᠡᠭ ᠢ ᠰᠠᠶᠢᠳᠣᠷ ᠡᠭᠦᠳᠴᠤ᠂ ᠪᠠᠷᠢᠮᠵᠢᠶᠠᠵᠢᠭᠰᠠᠨ ᠦᠢᠯᠡᠳᠪᠥᠷᠢᠯᠡᠯ ᠢ ᠶᠡᠭᠡ ᠪᠠᠷ ᠳᠡᠯᠭᠡᠷᠡᠬᠦᠯᠵᠦ᠂ ᠲᠠᠷᠢᠶᠠᠯᠠᠩ ᠎ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠣᠯᠳᠠ ᠶᠢ ᠳᠥᠷᠭᠡᠳᠬᠡᠨ᠂ ︽ᠨᠡᠶᠢᠳᠡ ᠳᠤ ᠬᠦᠨᠥᠬᠡᠯ ᠥᠬᠡᠢ ᠢᠳᠡᠬᠡᠨ︾᠂ ︽ᠪᠣᠬᠢᠷᠳᠣᠯ ᠥᠬᠡᠢ ᠢᠳᠡᠬᠡᠨ︾᠂ ︽ᠣᠷᠭᠠᠨᠢᠭ ᠢᠳᠡᠬᠡᠨ︾᠎ ᠤ ᠦᠢᠯᠡᠳᠪᠥᠷᠢᠯᠡᠯ ᠤᠨ ᠬᠡᠪᠴᠢᠶ᠎ᠡ ᠪᠠᠨ ᠥᠷᠭᠡᠳᠬᠡᠵᠥ᠂ ᠪᠣᠬᠢᠷᠳᠣᠯ ᠥᠬᠡᠢ ᠪᠦᠬᠡᠳ ᠥᠪᠡᠷᠮᠢᠴᠠ ᠣᠨᠴᠠᠯᠢᠭ ᠲᠠᠢ ᠠᠵᠣ ᠠᠬᠤᠢ ᠶᠢᠨ ᠬᠦᠭᠵᠢᠯᠳᠡ ᠶᠢ ᠳᠥᠷᠬᠡᠳᠬᠡᠨ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠠᠶᠣᠯ ᠥᠬᠡᠢ ᠪᠠᠶᠢᠯᠭᠠᠬᠤ ᠶᠢ ᠥᠨᠳᠥᠰᠥ ᠠᠴᠠ ᠨᠢ ᠪᠠᠳᠣᠯᠠᠬᠤ ᠬᠡᠷᠡᠭᠳᠠᠢ᠃ 2017 ᠣᠨ ᠪᠣᠯᠬᠤ ᠳᠤ᠂ ᠨᠡᠶᠢᠳᠡ ᠳᠤ ᠬᠦᠨᠥᠬᠡᠯ ᠥᠬᠡᠢ ᠢᠳᠡᠬᠡᠨ ᠤ ᠪᠠᠷᠢᠮᠵᠢᠶᠠᠳᠤ ᠭᠠᠷᠣᠯᠳᠠ ᠶᠢᠨ ᠭᠠᠵᠠᠷ ᠢ 2600 ᠳᠥᠮᠡᠨ ᠮᠣ᠋ ᠳᠤ ᠬᠦᠷᠤᠬᠦᠯᠵᠦ᠂ ᠨᠡᠶᠢᠳᠡ ᠳᠤ ᠬᠦᠨᠥᠬᠡᠯ ᠥᠬᠡᠢ ᠪᠠᠷᠢᠮᠵᠢᠶᠠᠳᠤ ᠳᠡᠵᠢᠬᠡᠪᠥᠷᠢ ᠶᠢ 2500 ᠲᠦᠮᠡ ᠳᠤ ᠬᠦᠷᠤᠬᠦᠯᠬᠦ ᠪᠠᠷ ᠮᠡᠷᠡᠶᠢᠨ ᠴᠢᠷᠮᠠᠶᠢᠨ᠎ᠠ᠃ ᠭᠤᠷᠪᠠ ᠳᠤ ᠬᠦᠭᠵᠢᠯᠳᠠ ᠶᠢ ᠪᠠᠳᠣᠯᠠᠬᠤ ᠳᠠᠯ᠎ᠠ ᠪᠠᠷ ᠬᠦᠴᠥ ᠳᠠᠯᠪᠢᠬᠤ ᠬᠡᠷᠡᠭᠳᠠᠢ᠃ ᠥᠪᠡᠷᠳᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠳᠠᠷᠢᠶᠠᠯᠠᠩ ᠮᠠᠯ ᠠᠵᠣ ᠠᠬᠤᠢ ᠶᠢᠨ ᠠᠵᠦ ᠦᠢᠯᠡᠰᠵᠢᠯᠳᠠ ᠶᠢᠨ ᠭᠤᠣᠯᠳᠠᠯᠭᠠᠳᠣ ᠳᠠᠭᠠᠭᠤᠯᠣᠭᠴᠢ ᠠᠵᠣ ᠠᠬᠤᠶᠢᠯᠠᠯ ᠤᠨ ᠳᠣᠮᠳᠠ᠂ ᠳᠠᠭᠠᠭᠤᠯᠣᠭᠴᠢ ᠠᠵᠣ ᠠᠬᠤᠶᠢᠯᠠᠯ ᠢ ᠳᠡᠭᠡᠭᠰᠢᠯᠡᠭᠦᠯᠭᠦ ︽ᠵᠢᠷᠭᠤᠭᠠᠨ ᠨᠢᠬᠡ︾ ᠢᠨᠵᠧᠨᠧᠷᠢᠩ ︵ ᠳᠠᠷᠣᠢ : ᠨᠢᠬᠡ ᠰᠠᠭᠤᠷᠢᠨ ᠭᠠᠵᠠᠷ ᠡᠭᠦᠰᠭᠡᠨ ᠪᠠᠶᠢᠭᠤᠯᠬᠤ᠂ ᠨᠢᠬᠡ ᠠᠵᠣ ᠦᠢᠯᠡᠰ ᠢ ᠬᠦᠭᠵᠢᠬᠡᠨ ᠮᠠᠨᠳᠣᠭᠤᠯᠬᠤ᠂ ᠨᠢᠬᠡ ᠲᠦᠷᠦᠯ ᠳᠡᠮᠳᠡᠭ ᠡᠭᠦᠳᠤᠨ ᠪᠠᠶᠢᠭᠤᠯᠬᠤ᠂ ᠨᠢᠬᠡ ᠬᠤᠷᠰᠢᠶᠠᠵᠢᠯ ᠢ ᠣᠳᠣᠷᠢᠳᠣᠨ ᠳᠠᠭᠠᠭᠤᠯᠬᠤ᠂ ᠨᠢᠬᠡ ᠦᠯᠢᠭᠡᠷ ᠬᠡᠪ ᠢ  ᠰᠢᠨ᠎ᠡ ᠪᠠᠷ ᠪᠤᠢ ᠪᠤᠯᠭᠠᠬᠤ᠂ ᠨᠢᠭᠡ ᠭᠠᠵᠠᠷ ᠤᠨ ᠠᠷᠠᠳ ᠳᠥᠮᠡᠨ ᠎ ᠳᠤ ᠪᠣᠶᠠᠨ ᠦᠢᠯᠡᠳᠬᠦ︶᠎ ᠢ ᠬᠡᠷᠡᠭᠵᠢᠭᠦᠯᠥᠨ᠎ᠡ᠃ ︽ᠵᠢᠷᠭᠤᠭᠠᠨ ᠨᠢᠬᠡ︾ ᠢᠨᠵᠧᠨᠧᠷᠢᠩ ᠢ ᠬᠡᠷᠡᠭᠵᠢᠬᠦᠯᠬᠦ ᠪᠠᠷ ᠳᠠᠮᠵᠢᠨ᠂ ︽ᠠᠷᠪᠠᠨ ᠳᠣᠮᠣ ᠳᠠᠭᠠᠭᠤᠯᠣᠭᠴᠢ ᠠᠵᠣ ᠠᠬᠤᠶᠢᠯᠠᠯ᠂ ᠠᠷᠪᠠᠨ ᠠᠯᠳᠡᠷ ᠴᠤᠤᠳᠤ ᠳᠠᠶᠢᠴᠢᠯᠠᠭᠴᠢ ᠬᠦᠮᠥᠰ︾᠎ ᠢ ᠰᠢᠯᠭᠠᠷᠠᠭᠤᠯᠬᠤ ᠠᠵᠢᠯᠯᠠᠭ᠎ᠠ ᠦᠷᠨᠢᠬᠦᠯᠵᠦ᠂ ᠳᠠᠭᠠᠭᠤᠯᠣᠭᠴᠢ ᠠᠵᠣ ᠠᠬᠤᠶᠢᠯᠠᠯ ᠤᠨ ᠨᠡᠶᠢᠬᠡᠮ ᠤᠨ ᠬᠠᠷᠢᠭᠤᠴᠠᠯᠭᠠᠳᠣ ᠣᠬᠠᠮᠰᠠᠷ ᠢ ᠳᠡᠭᠡᠭᠰᠢᠯᠡᠬᠦᠯᠬᠦ ᠶᠢ ᠨᠢ ᠠᠬᠢᠭᠤᠯᠵᠣ᠂ ᠲᠦᠷᠦᠯ ᠳᠡᠮᠳᠡᠭ ᠢ ᠡᠭᠦᠳᠤᠨ ᠪᠠᠶᠢᠭᠤᠯᠣᠨ᠂ ᠠᠵᠣ ᠠᠬᠤᠶᠢᠯᠠᠯ ᠤᠨ ᠵᠠᠬ᠎ᠠ ᠳᠡᠯᠬᠡᠬᠦᠷ ᠲᠠᠬᠢ ᠦᠷᠢᠰᠤᠯᠳᠤᠭᠡᠨ ᠤ ᠴᠢᠳᠠᠪᠣᠷᠢ ᠶᠢ ᠨᠢ ᠳᠡᠭᠡᠭᠰᠢᠯᠡᠭᠦᠯᠥᠨ᠎ᠡ᠃ ᠳᠥᠷᠪᠡ ᠳᠤ ᠵᠢᠷᠭᠤᠭᠠᠨ ᠳᠣᠮᠣ ᠭᠤᠣᠯᠯᠠᠭᠴᠢ ᠠᠵᠣ ᠦᠢᠯᠡᠰ ᠎ ᠤᠨ ᠭᠦᠭᠵᠢᠯᠳᠡ ᠶᠢ ᠠᠬᠢᠭᠤᠯᠬᠤ ᠳᠠᠯ᠎ᠠ ᠪᠠᠷ ᠬᠦᠴᠦ ᠲᠠᠯᠪᠢᠬᠤ ᠬᠡᠷᠡᠭᠳᠠᠢ᠃ ᠴᠠᠭᠠᠨ ᠢᠳᠡᠭᠡ᠂ ᠠᠮᠣ ᠳᠣᠰᠣ᠂ ᠢᠮᠠᠭᠠᠨ ᠨᠣᠯᠣᠣᠷ  ᠎ ᠢ ᠡᠳ᠋ᠰᠢᠬᠦᠯᠬᠦ ᠠᠵᠦ ᠦᠢᠯᠡᠰ ᠤᠨ ᠬᠢᠷᠢ ᠳᠥᠪᠰᠢᠨ ᠢ ᠳᠡᠭᠡᠭᠰᠢᠯᠡᠬᠦᠯᠥᠨ᠂ ᠥᠬᠡᠷ ᠬᠤᠨᠢᠨ ᠮᠢᠬ᠎ᠠ ᠶᠢ ᠪᠣᠯᠪᠠᠰᠣᠷᠠᠭᠤᠯᠬᠤ  ᠠᠵᠦ ᠦᠢᠯᠡᠰ ᠤᠨ ᠪᠣᠳᠠᠳᠣ ᠬᠦᠴᠦᠨ ᠢ ᠪᠣᠵᠠᠭᠠᠶᠢᠷᠠᠭᠤᠯᠵᠣ᠂ ᠲᠥᠮᠥᠰᠥ ︵ᠨᠣᠭᠤᠭ᠎ᠠ  ᠵᠢᠮᠢᠰ︶᠂ ᠡᠪᠡᠰᠥ ᠪᠣᠷᠳᠤᠭ᠎ᠠ᠂ ᠥᠪᠡᠷᠮᠢᠴᠡ ᠣᠨᠴᠠᠯᠢᠭᠳᠣ ᠠᠵᠣ ᠦᠢᠯᠡᠰ ᠢ ᠲᠡᠳᠭᠦᠨ ᠳᠣᠭᠳᠠᠭᠤᠨ ᠢᠶᠠᠷ ᠬᠦᠭᠵᠢᠬᠦᠯᠤᠨ᠎ᠠ᠃ ᠴᠠᠭᠠᠨ ᠢᠳᠡᠬᠡᠨ ᠤ ᠠᠵᠣ ᠦᠢᠯᠡᠰ ᠤᠨ ᠲᠠᠯ᠎ᠠ ᠪᠠᠷ : ︽ᠭᠤᠷᠪᠠ ᠶᠢ ᠳᠡᠭᠡᠭᠰᠢᠯᠡᠬᠦᠯᠵᠥ ᠨᠢᠬᠡ ᠶᠢ ᠴᠢᠩᠭᠠᠳᠬᠠᠬᠤ︾᠎ ᠶᠢ ᠴᠢᠷᠮᠠᠶᠢᠨ  ᠪᠡᠶᠡᠯᠡᠭᠦᠯᠥᠨ᠎ᠡ᠃ ᠲᠤᠬᠠᠶᠢᠯᠠᠪᠠᠯ ᠰᠠᠭᠠᠯᠢ ᠶᠢᠨ ᠥᠨᠢᠶ᠎ᠡ ᠶᠢᠨ ᠰᠠᠶᠢᠨ ᠡᠬᠦᠯᠳᠡᠷ ᠤᠨ ᠳᠥᠪᠰᠢᠨ᠂ ᠰᠠᠭᠠᠯᠢ ᠶᠢᠨ ᠥᠨᠢᠶ᠎ᠡ ᠎ ᠶᠢ  ᠪᠣᠷᠳᠣᠨ ᠳᠡᠵᠢᠬᠡᠬᠦ ᠬᠠᠮᠢᠶᠠᠷᠣᠯᠳᠠ ᠶᠢᠨ ᠳᠥᠪᠰᠢᠨ ᠪᠠ ᠠᠵᠣ ᠠᠬᠤᠶᠢᠯᠠᠯ ᠤᠨ ᠰᠥ ᠶᠢᠨ ᠢᠷᠡᠯᠳᠡ ᠶᠢᠨ ᠰᠠᠭᠤᠷᠢᠨ ᠭᠠᠵᠠᠷ ᠢ ᠡᠵᠡᠮᠳᠡᠬᠦ ᠳᠥᠪᠰᠢᠨ ᠢ ᠪᠦᠬᠦ ᠳᠠᠯ᠎ᠠ ᠪᠠᠷ ᠳᠡᠭᠡᠭᠰᠢᠯᠡᠬᠦᠯᠵᠦ᠂ ᠰᠢᠨ᠎ᠡ ᠰᠣᠷᠭᠤᠭ ᠴᠠᠭᠠᠨ ᠢᠳᠡᠭᠡ ᠶᠢᠨ ᠵᠠᠬ᠎ᠠ ᠳᠡᠯᠬᠡᠬᠦᠷ ᠲᠤ ᠬᠢᠨᠠᠯᠳᠠ ᠳᠠᠯᠪᠢᠨ  ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠎ᠠ᠃ ᠮᠢᠬᠠᠨ ᠤ ᠠᠵᠦ ᠦᠢᠯᠡᠰ ᠤᠨ ᠲᠠᠯ᠎ᠠ ᠪᠠᠷ᠄ ᠳᠠᠭᠠᠭᠤᠯᠣᠭᠴᠢ ᠠᠵᠣ ᠠᠬᠤᠶᠢᠯᠠᠯ ᠢ ᠥᠷᠭᠦᠯᠵᠢᠯᠡᠨ ᠪᠣᠶᠢᠵᠢᠭᠤᠯᠣᠨ ᠪᠣᠵᠠᠭᠠᠶᠢᠷᠠᠭᠤᠯᠵᠣ  ᠂ ᠨᠢᠬᠡᠳᠬᠡᠬᠦ ᠪᠠ ᠳᠠᠬᠢᠵᠣ ᠪᠥᠯᠥᠭᠯᠡᠬᠦ ᠪᠠᠷ ᠳᠠᠮᠵᠢᠭᠤᠯᠣᠨ ᠮᠢᠬᠠᠨ ᠤ ᠳᠥᠷᠥᠯ ᠢ ᠪᠣᠯᠪᠠᠰᠣᠷᠠᠭᠤᠯᠬᠤ ᠳᠠᠶᠢᠴᠢᠯᠠᠭᠴᠢ  ᠠᠵᠦ ᠠᠬᠤᠶᠢᠯᠠᠯ ᠢ ᠪᠠᠶᠢᠭᠤᠯᠣᠨ᠎ᠠ  ᠃ ᠢᠳᠡᠰᠢᠨ ᠬᠤᠨᠢᠨ ᠤ ᠠᠵᠣ ᠦᠢᠯᠡᠰ ᠤᠨ ︽ᠭᠤᠷᠪᠠᠨ ᠳᠠᠪᠤ︾ ᠢᠨᠵᠧᠨᠧᠷᠢᠩ ᠢ ᠰᠠᠶᠢᠳᠤᠷ ᠳᠣᠪᠣᠶᠢᠯᠭᠠᠨ ᠠᠳᠬᠤᠵᠣ᠂ 2017 ᠣᠨ ᠪᠤᠯᠬᠤ ᠳᠤ᠂ ᠵᠢᠯ ᠤᠨ ᠪᠣᠷᠳᠣᠨ ᠳᠡᠵᠢᠬᠡᠬᠦ ᠬᠡᠮᠵᠢᠶ᠎ᠡ ᠨᠢ 100 ᠳᠥᠮᠡ ᠳᠤ ᠬᠦᠷᠬᠦ  ᠢᠳᠡᠰᠢᠨ ᠬᠤᠨᠢ ᠳᠡᠵᠢᠬᠡᠨ ᠥᠷᠡᠵᠢᠭᠦᠯᠭᠦ 5 ᠨᠡᠶᠢᠯᠡᠮᠡᠯ ᠴᠣᠭᠴᠠ ᠶᠢ ᠪᠤᠢ ᠪᠤᠯᠭᠠᠵᠦ᠂ ᠵᠢᠯ ᠤᠨ ᠪᠣᠷᠣᠯᠠᠭᠤᠯᠭ᠎ᠠ ᠶᠢᠨ ᠣᠷᠣᠯᠭ᠎ᠠ ᠨᠢ 10 ᠳ᠋ᠥᠩᠰᠢᠭᠤᠷ ᠳᠥᠭᠦᠷᠢᠭ ᠎ ᠠᠴᠠ ᠳᠠᠪᠠᠭ᠋ᠤ ᠬᠤᠨᠢᠨ ᠮᠢᠬ᠎ᠠ ᠪᠣᠯᠪᠠᠰᠣᠷᠠᠭᠤᠯᠬᠤ 5 ᠳᠠᠶᠢᠴᠢᠯᠠᠭᠴᠢ ᠠᠵᠣ ᠠᠬᠤᠶᠢᠯᠠᠯ ᠢ ᠪᠤᠶᠢᠵᠢᠭᠤᠯᠤᠨ᠂ ᠬᠦᠮᠤᠨ ᠪᠦᠭᠦᠨ ᠤ ᠮᠡᠳᠡᠬᠦ ᠬᠤᠨᠢᠨ ᠮᠢᠬᠠᠨ ᠤ ᠠᠯᠳᠠᠷᠳᠣ ᠲᠠᠸᠠᠷ ᠤᠨ ᠳᠡᠮᠳᠡᠭ  5᠎ ᠶᠢ ᠡᠭᠦᠳᠤᠨ ᠪᠤᠶᠢᠵᠢᠭᠤᠯᠵᠦ᠂ ᠢᠳᠡᠰᠢᠨ ᠬᠤᠨᠢᠨ ᠤ ᠠᠵᠣ ᠦᠢᠯᠡᠰ ᠢ ᠴᠠᠭᠠᠨ ᠢᠳᠡᠬᠡᠨ ᠤ ᠠᠵᠣ ᠦᠢᠯᠡᠰ ᠪᠠ ᠨᠣᠣᠰᠣᠨ ᠠᠵᠣ ᠦᠢᠯᠡᠰ ᠤᠨ ᠳᠠᠷᠠᠭ᠎ᠠ ᠭᠤᠷᠪᠠᠳᠤᠭᠠᠷ ᠲᠤ  ᠤᠷᠤᠵᠦ  ᠪᠦᠬᠦ ᠣᠯᠣᠰ ᠲᠤ ᠲᠦᠭᠡᠬᠦ ᠲᠤᠯᠭᠠᠭᠤᠷᠢ ᠦᠢᠯᠡᠳᠥᠯ ᠢᠶᠠᠷ ᠳᠣᠪᠣᠶᠢᠮ᠎ᠠ ᠲᠦᠷᠦᠯ ᠳᠡᠮᠳᠡᠭ ᠤᠨ ᠠᠵᠣ ᠦᠢᠯᠡᠰ ᠪᠣᠯᠭᠠᠨ᠎ᠠ᠃  ᠢᠮᠠᠭᠠᠨ ᠨᠣᠯᠣᠣᠷ ᠤᠨ ᠠᠵᠣ ᠦᠢᠯᠡᠰ ᠤᠨ ᠲᠠᠯ᠎ᠠ ᠪᠠᠷ᠄ ᠨᠣᠯᠣᠣᠷ ᠤᠨ ᠢᠮᠠᠭᠠᠨ ᠤ ᠡᠭᠦᠯᠳᠡᠷ ᠤᠭᠰᠠᠭ᠎ᠠ ᠶᠢ ᠰᠠᠶᠢᠵᠢᠷᠠᠭᠤᠯᠬᠤ ᠢᠨᠵᠧᠨᠧᠷᠢᠩ ᠢ ᠡᠬᠢᠯᠡᠬᠦᠯᠵᠥ᠂ ᠨᠣᠯᠣᠣᠷ ᠤᠨ ᠢᠮᠠᠭᠠᠨ ᠤ  ᠰᠢᠯᠢᠳᠡᠭ ᠡᠬᠢ ᠪᠠᠶᠠᠯᠢᠭ ᠢ ᠬᠠᠮᠠᠭᠠᠯᠠᠨ᠂ ᠢᠮᠠᠭᠠᠨ ᠨᠣᠯᠣᠣᠷ ᠤᠨ ᠶᠠᠰᠤ ᠴᠢᠨᠠᠷ ᠮᠠᠭᠤᠳᠠᠵᠣ ᠪᠠᠶᠢᠭ᠎ᠠ ᠠᠰᠠᠭᠤᠳᠠᠯ ᠢ ᠥᠨᠳᠥᠰᠥᠨ ᠠᠴᠠ ᠨᠢ ᠰᠢᠢᠳᠪᠥᠷᠢᠯᠡᠨ᠎ᠡ︔ ᠢᠮᠠᠭᠠᠨ ᠨᠣᠯᠣᠣᠷ ᠢ ᠬᠤᠷᠢᠶᠠᠨ ᠬᠠᠳᠠᠭᠠᠯᠠᠬᠤ ᠳᠥᠷᠢᠮ ᠢ ᠳᠡᠭᠦᠯᠳᠡᠷᠵᠢᠭᠦᠯᠵᠣ᠂ ᠢᠮᠠᠭᠠᠨ ᠨᠣᠯᠣᠣᠷ ᠤᠨ ᠥᠨ᠎ᠡ ᠬᠠᠩᠰᠢ ᠪᠠ ᠮᠠᠯᠴᠢᠨ ᠳᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠥᠨ᠎ᠡ︔ ᠮᠡᠷᠬᠡᠵᠢᠯ ᠤᠨ ᠥᠭᠡᠷᠡᠴᠢᠯᠡᠯᠳᠡ ᠬᠢᠬᠦ ᠪᠠ ᠰᠢᠨ᠎ᠡ ᠶᠢ ᠡᠭᠦᠳᠬᠦ ᠶᠢ ᠵᠣᠷᠢᠭᠵᠢᠭᠤᠯᠵᠣ᠂ ᠢᠮᠠᠭᠠᠨ ᠨᠣᠯᠣᠣᠷ ᠤᠨ ᠠᠵᠣ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠲᠡᠪᠰᠢᠬᠦᠯᠬᠦ ᠶᠢ ᠪᠡᠶᠡᠯᠡᠭᠦᠯᠥᠨ᠎ᠡ︔ ᠬᠦᠷᠢᠶᠡᠯᠡᠩ ᠳᠣᠭᠤᠷᠢᠭ ᠤᠨ ᠪᠦᠳᠤᠭᠡᠨ ᠪᠠᠶᠢᠭᠤᠯᠣᠯᠳᠠ ᠶᠢ ᠳᠥᠷᠭᠡᠳᠬᠡᠵᠥ᠂ ᠢᠮᠠᠭᠠᠨ ᠨᠣᠯᠣᠣᠷ ᠤᠨ ᠠᠵᠣ ᠦᠢᠯᠡᠰ ᠤᠨ ᠲᠦᠪᠯᠡᠷᠡᠯ ᠤᠨ ᠬᠡᠮᠵᠢᠶ᠎ᠡ ᠶᠢ ᠳᠡᠭᠡᠭᠰᠢᠯᠡᠬᠦᠯᠥᠨ᠎ᠡ︔ ᠪᠡᠶ᠎ᠡ ᠪᠠᠨ ᠳᠠᠭᠠᠭᠠᠭᠰᠠᠨ ᠲᠦᠷᠦᠯ ᠳᠡᠮᠳᠡᠭ ᠤᠨ ᠪᠠᠶᠢᠭᠤᠯᠣᠯᠳᠠ ᠶᠢᠨ ᠢᠨᠵᠧᠨᠧᠷᠢᠩ ᠢ  ᠬᠡᠷᠡᠭᠵᠢᠬᠦᠯᠵᠦ᠂ ᠣᠯᠠᠨ ᠣᠯᠣᠰ ᠲᠠᠬᠢ ᠥᠬᠡ ᠶᠠᠷᠢᠶᠠᠨ ᠤ ᠡᠷᠬᠡ ᠪᠠᠨ ᠴᠢᠩᠭᠠᠳᠬᠠᠨ᠎ᠠ︔ ᠠᠮᠣ ᠲᠣᠰᠣᠨ ᠤ ᠠᠵᠣ ᠦᠢᠯᠡᠰ ᠤᠨ ᠲᠠᠯ᠎ᠠ ᠪᠠᠷ᠄ ᠡᠷᠳᠡᠨᠢ ᠰᠢᠰᠢ ᠶᠢ ᠬᠦᠨᠵᠡᠬᠡᠢ ᠪᠣᠯᠪᠠᠰᠣᠷᠠᠭᠤᠯᠬᠤ ᠪᠠᠷ ᠳᠠᠭᠠᠭᠤᠯᠣᠭᠴᠢ ᠪᠣᠯᠭᠠᠨ᠂ ᠠᠮᠣ ᠲᠣᠰᠣᠨ ᠤ ᠠᠵᠣ ᠦᠢᠯᠡᠰ ᠤᠨ ᠬᠦᠭᠵᠢᠯᠳᠡ ᠶᠢ ᠪᠦᠬᠦ ᠳᠠᠯ᠎ᠠ ᠪᠠᠷ ᠳᠥᠯᠬᠢᠨ ᠠᠬᠢᠭᠤᠯᠣᠨ᠎ᠠ᠃ ᠳᠥᠮᠥᠰᠥ᠂ ᠢᠳᠡᠰᠢᠨ ᠨᠣᠭᠤᠭ᠎ᠠ ᠭᠤᠸᠠ ᠵᠢᠮᠢᠰ ᠤᠨ ᠠᠵᠣ ᠦᠢᠯᠡᠰ ᠤᠨ ᠲᠠᠯ᠎ᠠ ᠪᠠᠷ᠄ ᠲᠦᠮᠤᠰᠤᠨ ᠦᠷ᠎ᠡ ᠶᠢᠨ ᠦᠢᠯᠡᠳᠪᠤᠷᠢᠯᠡᠯ᠂ ᠳᠥᠮᠥᠰᠥ ᠨᠥᠬᠡᠴᠡᠯᠡᠬᠦ᠂ ᠰᠢᠨ᠎ᠡ ᠰᠣᠷᠭᠤᠭ ᠢ ᠪᠠᠳᠣᠯᠬᠠᠣ ᠪᠠ ᠬᠦᠨᠵᠡᠭᠡᠢ ᠡᠳ᠋ᠰᠢᠬᠦᠯᠬᠦ ᠶᠢ  ᠶᠡᠬᠡᠪᠡᠷ ᠬᠦᠭᠵᠢᠭᠦᠯᠵᠥ᠂ ᠢᠳᠡᠰᠢᠨ ᠨᠣᠭᠤᠭ᠎ᠠ ᠨᠥᠭᠡᠴᠡᠯᠡᠬᠦ᠂ ᠣᠰᠣ ᠥᠬᠡᠶᠢᠳᠡᠬᠦᠯᠬᠦ  ᠂ ᠲᠥᠪᠡᠳ ᠬᠠᠰᠢ ᠶᠢ ᠬᠦᠨᠵᠡᠬᠡᠢ ᠡᠳ᠋ᠰᠢᠬᠦᠯᠬᠦ ᠶᠢ ᠳᠣᠭᠳᠠᠭᠤᠨ ᠢᠶᠠᠷ ᠬᠦᠭᠵᠢᠭᠦᠯᠥᠨ᠎ᠡ᠃ ᠡᠪᠡᠰᠥ ᠪᠣᠷᠳᠤᠭ᠎ᠠ᠂ ᠥᠪᠡᠷᠮᠢᠴᠡ ᠣᠨᠴᠠᠯᠢᠭᠳᠣ ᠪᠣᠯᠪᠠᠰᠣᠷᠠᠭᠤᠯᠬᠤ ᠠᠵᠣ ᠦᠢᠯᠡᠰ ᠤᠨ ᠲᠠᠯ᠎ᠠ ᠪᠠᠷ᠄ ᠨᠣᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠥᠭᠦᠪᠥᠷᠢ ᠮᠥᠩᠭᠦ  ᠦᠭᠬᠦ ᠪᠠ ᠬᠥᠬᠢᠬᠦᠯᠥᠨ ᠱᠠᠩᠨᠠᠬᠤ ᠳᠣᠭᠳᠠᠴᠠ᠂ ᠮᠠᠯᠵᠢᠬᠤ ᠶᠢ ᠵᠣᠭᠰᠣᠭᠠᠨ ᠡᠪᠡᠰᠥ ᠪᠡᠯᠴᠢᠬᠡᠷ ᠢ ᠰᠡᠷᠬᠦᠬᠡᠬᠦ᠂ ᠥᠨᠳᠥᠷ ᠣᠨᠠᠯᠳᠠᠳᠣ ᠴᠢᠨᠠᠷ ᠰᠠᠶᠢᠲᠠᠢ ᠴᠠᠷᠭᠠᠰᠣ ᠶᠢᠨ ᠵᠢᠱᠢᠶ᠎ᠡ ᠥᠵᠡᠭᠦᠯᠭᠦ ᠪᠦᠳᠦᠬᠡᠨ ᠪᠠᠶᠢᠭᠤᠯᠣᠯᠳᠠ ᠶᠢᠨ ᠳᠥᠷᠥᠯ ᠵᠦᠢᠯ ᠪᠣᠯᠣᠨ ᠲᠠᠷᠢᠮᠠᠯ ᠤᠨ ᠡᠰᠢ ᠰᠥᠷᠡᠯ ᠢ  ᠬᠤᠪᠢᠷᠠᠭᠤᠯᠤᠨ ᠬᠡᠷᠡᠭᠯᠡᠬᠦ ᠢᠨᠵᠧᠨᠧᠷᠢᠩ ᠵᠡᠷᠬᠡ ᠳᠣᠮᠣ ᠴᠢᠬᠤᠯᠠ ᠳᠥᠷᠥᠯ ᠵᠦᠢᠯ ᠎ ᠢᠶᠠᠷ ᠲᠦᠰᠢᠭ ᠪᠤᠯᠭᠠᠨ᠂ ᠰᠠᠭᠠᠯᠢ ᠶᠢᠨ ᠥᠨᠢᠶ᠎ᠡ ᠶᠢᠨ ᠳᠡᠵᠢᠭᠡᠯ ᠪᠣᠷᠳᠤᠭ᠎ᠠ ᠪᠠ ᠥᠬᠡᠷ ᠬᠤᠨᠢ ᠪᠤᠷᠳᠤᠨ ᠲᠠᠷᠭᠤᠯᠠᠭᠤᠯᠬᠤ ᠲᠡᠵᠢᠭᠡᠯ ᠪᠣᠷᠳᠤᠭ᠎ᠠ ᠶᠢ ᠶᠡᠬᠡᠪᠡᠷ ᠬᠦᠭᠵᠢᠭᠦᠯᠥᠨ᠎ᠡ᠃〔 ᠶᠦᠨ ᠠᠢ ᠾᠸᠥ  ﹈ ᠬᠤᠶᠠᠷ ᠲᠤ  ᠪᠠᠷᠢᠮᠵᠢᠶᠠᠵᠢᠭᠰᠠᠨ᠂ ᠬᠡᠪᠴᠢᠶᠡᠵᠢᠭᠰᠡᠨ ᠲᠦᠭᠦᠬᠡᠢ ᠡᠳ᠋ ᠮᠠᠲ᠋ᠧᠷᠢᠶᠠᠯ ᠎ ᠤᠨ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠳᠠ ᠶᠢ ᠬᠢᠨᠠᠮᠠᠭᠠᠢ ᠰᠠᠶᠢᠳᠣᠷ ᠠᠳᠬᠤᠨ᠎ᠠ᠃ ᠠᠷᠪᠠᠨ ᠨᠠᠢᠮᠠᠳᠣᠭᠠᠷ ᠬᠤᠭᠤᠴᠠᠭᠠᠨ ᠤ ᠳᠥᠪ ᠬᠤᠷᠢᠶᠠᠨ ᠤ ᠭᠤᠷᠪᠠᠳᠣᠭᠠᠷ ᠪᠦᠬᠦᠳᠡ ᠬᠤᠷᠠᠯ ᠤᠨ ᠮᠠᠯᠵᠢᠬᠤ ᠳᠠᠷᠢᠶᠠᠯᠠᠬᠤ ᠣᠷᠣᠨ ᠤ ᠳᠣᠬᠠᠢ ᠥᠭᠡᠷᠡᠴᠢᠯᠡᠯᠳᠡ ᠶᠢᠨ ᠳᠣᠬᠢᠶᠠᠯ ᠢ ᠠᠳᠬᠤᠨ᠂ ᠭᠠᠵᠠᠷ ᠰᠢᠷᠣᠢ ᠬᠠᠳᠤᠯᠠᠩ ᠪᠡᠯᠴᠢᠭᠡᠷ ᠤᠨ ᠲᠠᠯᠠᠪᠠᠢ ᠶᠢ ᠡᠷᠭᠢᠯᠳᠤᠬᠦᠯᠬᠦ ᠶᠢ ᠢᠳᠡᠪᠬᠢᠳᠠᠢ ᠳᠥᠯᠬᠢᠨ ᠠᠬᠢᠭᠤᠯᠵᠣ᠂ ᠳᠥᠷᠥ ᠶᠢᠨ ᠪᠣᠳᠣᠯᠭ᠎ᠠ ᠶᠢᠨ ᠵᠦᠪᠰᠢᠶᠡᠷᠡᠬᠦ ᠬᠥᠷᠢᠶ᠎ᠡ ᠬᠡᠪᠴᠢᠶᠡᠨ ᠳᠤ ᠠᠵᠣ ᠦᠢᠯᠡᠳᠪᠥᠷᠢ ᠬᠤᠳᠠᠯᠳᠤᠭ᠎ᠠ ᠶᠢᠨ ᠡᠳ᠋ ᠬᠦᠷᠥᠩᠬᠡ ᠪᠠᠷ ᠤᠳᠤ ᠦᠶ᠎ᠡ ᠶᠢᠨ ᠳᠠᠷᠢᠶᠠᠯᠠᠩ ᠮᠠᠯ ᠠᠵᠣ ᠠᠬᠤᠢ ᠶᠢ ᠬᠦᠭᠵᠢᠭᠦᠯᠭᠦ ᠶᠢ ᠵᠣᠷᠢᠭᠵᠢᠭᠤᠯᠬᠤ ᠪᠠ ᠵᠢᠯᠣᠭᠤᠳᠣᠨ᠎ᠠ᠃  ᠠᠯᠣᠰ ᠤᠨ ᠪᠣᠳᠣᠯᠭ᠎ᠠ ᠲᠠᠢ᠂ ᠥᠪᠡᠷᠮᠢᠴᠡ ᠣᠨᠴᠠᠯᠢᠭ ᠢᠶᠠᠨ ᠳᠣᠪᠣᠶᠢᠯᠠᠭᠠᠭᠰᠠᠨ ᠰᠠᠭᠤᠷᠢᠨ ᠭᠠᠵᠠᠷ  ᠎ ᠢ ᠪᠠᠶᠢᠭᠤᠯᠬᠤ ᠠᠴᠠ ᠭᠠᠷᠳᠠᠨ᠂ ᠬᠡᠷ ᠪᠥᠯᠢ ᠶᠢᠨ ᠮᠠᠯᠵᠢᠯ ᠤᠨ ᠳᠠᠯᠠᠪᠠᠢ᠂ ᠪᠠᠷᠢᠮᠵᠢᠶᠠᠵᠢᠭᠰᠠᠨ ᠬᠡᠪᠴᠢᠶ᠎ᠡ ᠲᠠᠢ ᠳᠡᠵᠢᠬᠡᠨ ᠥᠷᠡᠵᠢᠭᠦᠯᠭᠦ ᠪᠠᠭ᠎ᠠ ᠳᠣᠭᠤᠷᠢᠭ ᠪᠠ ᠮᠠᠯᠵᠢᠯ ᠤᠨ ᠬᠦᠷᠢᠶᠡᠯᠡᠩ ᠳᠣᠭᠤᠷᠢᠭ ᠵᠡᠷᠬᠡ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠳᠠ ᠶᠢ ᠶᠡᠬᠡᠪᠡᠷ ᠬᠦᠭᠵᠢᠭᠦᠯᠵᠥ᠂ ᠳᠠᠷᠢᠶᠠᠴᠢᠨ ᠮᠠᠯᠴᠢᠨ ᠡᠷᠥᠬᠡ ᠎ ᠶᠢ ᠳᠠᠶᠢᠴᠢᠯᠠᠨ ᠪᠠᠷᠢᠮᠵᠢᠶᠠᠵᠢᠭᠰᠠᠨ ᠬᠡᠪᠴᠢᠶᠡᠵᠢᠭᠰᠡᠨ ᠦᠢᠯᠡᠳᠪᠥᠷᠢᠯᠡᠯ  ᠬᠢᠬᠦ ᠶᠢ  ᠪᠡᠶᠡᠯᠡᠭᠦᠯᠥᠨ᠎ᠡ᠃      ᠭᠤᠷᠪᠠ ᠳᠤ ᠳᠠᠷᠢᠶᠠᠯᠠᠩ ᠮᠠᠯ ᠠᠵᠣ ᠠᠬᠤᠢ ᠶᠢᠨ ᠲᠦᠷᠦᠯ ᠲᠡᠮᠳᠡᠭ ᠤᠨ ᠪᠠᠶᠢᠭᠤᠯᠣᠯᠳᠠ ᠶᠢ ᠳᠥᠷᠭᠡᠳᠬᠡᠨ ᠠᠬᠢᠭᠤᠯᠵᠣ᠂ ᠳᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠬᠡᠬᠦᠷ ᠤᠨ ᠥᠷᠢᠰᠥᠯᠳᠥᠬᠦ  ᠬᠦᠴᠦᠨ ᠢ ᠳᠡᠭᠡᠭᠰᠢᠯᠡᠬᠦᠯᠥᠨ᠎ᠡ᠃ ︽ᠲᠦᠷᠦᠯ ᠳᠡᠮᠳᠡᠭᠳᠥ ᠳᠠᠷᠢᠶᠠᠯᠠᠩ ᠮᠠᠯ ᠠᠵᠣ ᠠᠬᠤᠢ ᠶᠢᠨ ᠭᠦᠭᠵᠢᠯᠳᠡ ᠶᠢ ᠲᠦᠷᠭᠡᠳᠭᠡᠨ ᠠᠬᠢᠭᠤᠯᠬᠤ ᠳᠣᠬᠠᠢ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠰᠠᠨᠠᠯ  ︾᠎ ᠢ ᠥᠳᠳᠡᠷ ᠳᠥᠷᠭᠡᠨ ᠳᠣᠭᠳᠠᠭᠠᠨ ᠨᠡᠶᠢᠳᠡᠯᠡᠬᠦᠯᠬᠦ ᠪᠠᠷ ᠴᠢᠷᠮᠠᠶᠢᠵᠣ᠂ ᠲᠠᠷᠢᠶᠠᠯᠠᠩ ᠮᠠᠯ ᠠᠵᠣ ᠠᠬᠤᠢ ᠶᠢᠨ ᠲᠦᠷᠦᠯ ᠳᠡᠮᠳᠡᠭ ᠤᠨ ᠪᠥᠳᠥᠬᠡᠨ ᠪᠠᠶᠢᠭᠤᠯᠣᠯᠳᠠ ᠶᠢᠨ ᠢᠨᠵᠧᠨᠧᠷᠢᠩ ᠢ ᠡᠬᠢᠯᠡᠭᠦᠯᠥᠨ ᠬᠡᠷᠡᠭᠵᠢᠭᠦᠯᠥᠨ᠎ᠡ᠃ ᠳᠠᠭᠠᠭᠤᠯᠣᠭᠴᠢ ᠠᠵᠣ ᠠᠬᠤᠶᠢᠯᠠᠯ ᠤᠨ ᠳᠣᠮᠳᠠᠳᠣ ᠣᠯᠣᠰ ᠤᠨ ᠠᠯᠳᠠᠷᠳᠤ ᠲᠠᠸᠠᠷ ᠤᠨ ᠳᠡᠮᠳᠡᠭ᠂ ᠥᠪᠡᠷᠳᠡᠭᠡᠨ ᠵᠠᠰᠠᠬᠤ ᠣᠷᠣᠨ ᠤ ᠴᠤᠤᠳᠤ ᠲᠠᠸᠠᠷ ᠤᠨ ᠳᠡᠮᠳᠡᠭ᠂ ᠦᠪᠡᠷᠳᠡᠭᠡᠨ ᠵᠠᠰᠠᠬᠤ ᠤᠷᠤᠨ ᠤ ᠨᠡᠷᠡᠳᠤ ᠲᠠᠸᠠᠷ ᠤᠨ ᠲᠡᠮᠳᠡᠭ᠂ ᠣᠭ ᠭᠠᠷᠣᠯᠳᠠ ᠶᠢᠨ  ᠤᠷᠤᠨ ᠤ ᠳᠡᠮᠳᠡᠭ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠵᠠᠷ ᠵᠦᠢ ᠶᠢᠨ ᠳᠡᠮᠳᠡᠭ ᠵᠡᠷᠬᠡ ᠶᠢ ᠭᠤᠶᠣᠴᠢᠯᠠᠨ ᠮᠡᠳᠡᠭᠦᠯᠭᠦ ᠪᠠ ᠡᠭᠦᠳᠤᠨ ᠪᠠᠶᠢᠭᠤᠯᠬᠤ ᠳᠤᠨᠢ ᠲᠡᠮᠵᠢᠯᠭᠡ ᠦᠵᠡᠬᠦᠯᠵᠦ᠂ ᠳᠠᠭᠠᠭᠤᠯᠣᠭᠴᠢ ᠠᠵᠣ ᠠᠬᠤᠶᠢᠯᠠᠯ ᠤᠨ ᠲᠠᠸᠠᠷ ᠳᠡᠮᠳᠡᠭ ᠎ ᠢᠶᠠᠨ ᠣᠯᠠᠨ ᠣᠯᠣᠰ ᠲᠤ ᠳᠠᠩᠰᠠᠯᠠᠬᠤ ᠪᠠᠷ ᠭᠤᠶᠣᠴᠢᠯᠠᠬᠤ ᠳᠤᠨᠢ ᠲᠡᠮᠵᠢᠯᠬᠡ ᠦᠵᠡᠬᠦᠯᠵᠦ᠂ ᠭᠠᠳᠠᠭᠠᠳᠣ ᠳᠤ ᠭᠠᠷᠭᠠᠬᠤ ᠦᠢᠯᠡᠳᠬᠦᠨ ᠤ ᠳᠡᠮᠳᠡᠭ ᠢ ᠢᠳᠡᠪᠬᠢᠳᠠᠢ ᠪᠤᠶᠢᠵᠢᠭᠤᠯᠤᠨ᠎ᠠ᠃《 ᠥᠪᠥᠷ ᠮᠣᠩᠭᠤᠯ ᠤᠨ ᠪᠣᠬᠢᠷᠳᠣᠯ ᠥᠬᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠎ ᠶᠢ ᠭᠠᠳᠠᠭᠰᠢ ᠭᠠᠷᠭᠠᠬᠤ 》 ᠢᠨᠵᠧᠨᠧᠷᠢᠩ ᠢ  ᠡᠬᠢᠯᠡᠵᠥ ᠬᠡᠷᠡᠭᠵᠢᠭᠦᠯᠥᠨ᠂ ᠪᠡᠬᠡᠵᠢᠩ᠂ ᠱᠠᠩᠬᠠᠢ ᠳᠤ  ᠂ ᠥᠪᠥᠷ ᠮᠣᠩᠭᠤᠯ ᠤᠨ ᠨᠡᠷᠡᠳᠥ ᠰᠢᠯᠢᠳᠡᠭ ᠤᠨᠴᠠᠯᠢᠭᠳᠤ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠎ ᠶᠢᠨ ᠥᠵᠡᠰᠭᠦᠯᠡᠩ ᠤᠨ ᠣᠷᠳᠣᠨ ᠢ  ᠪᠠᠶᠢᠭᠤᠯᠣᠭᠰᠠᠨ ᠠᠮᠵᠢᠯᠳᠠ ᠲᠠᠢ ᠳᠣᠷᠰᠢᠯᠭ᠎ᠠ ᠎ ᠪᠠᠷ  ᠲᠤᠯᠢᠳᠠᠵᠦ᠂ ᠭᠤᠸᠠᠩᠵᠸᠥ᠂ ᠱᠧᠨ᠋ᠵᠧᠨ᠂ ᠲᠢᠶᠠᠨᠵᠢᠨ ᠵᠡᠷᠬᠡ ᠳᠣᠮᠣ ᠬᠤᠳᠠ ᠳᠤ ᠬᠡᠷᠡᠭ ᠡᠷᠬᠢᠯᠡᠭᠦ ᠭᠠᠵᠠᠷ ᠪᠠᠶᠢᠭᠤᠯᠬᠤ ᠪᠠᠷ ᠢᠳᠡᠪᠬᠢᠯᠡᠨ ᠴᠢᠷᠮᠡᠶᠢᠵᠦ᠂ ᠥᠪᠥᠷ ᠮᠣᠩᠭᠤᠯ ᠤᠨ ᠨᠡᠷᠡᠳᠥ  ᠰᠢᠯᠢᠳᠡᠭ ᠤᠨᠴᠠᠯᠢᠭᠳᠤ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠎ ᠶᠢᠨ  ᠨᠡᠷᠡᠳᠥ ᠲᠡᠮᠳᠡᠭᠳᠤ ᠶᠢ  ᠳᠡᠯᠬᠡᠨ ᠥᠵᠡᠭᠦᠯᠵᠥ ᠪᠣᠷᠣᠯᠠᠭᠤᠯᠬᠤ ᠴᠣᠩᠬᠤ ︵ ᠳᠥᠪ︶ ᠪᠠᠶᠢᠭᠤᠯᠵᠣ᠂ ᠮᠠᠨ ᠤ ᠣᠷᠣᠨ ᠤ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠨᠥᠯᠥᠭᠡᠯᠡᠬᠦ ᠬᠦᠴᠦᠨ ᠢ ᠳᠠᠰᠣᠷᠠᠯᠳᠠ ᠥᠬᠡᠢ ᠥᠷᠭᠡᠳᠬᠡᠨ᠎ᠡ᠃ ᠡᠨᠡ ᠵᠢᠯ ᠎ ᠳᠤ ᠪᠣᠯᠬᠤ ᠬᠤᠶᠠᠳᠣᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠳᠣᠯ ᠥᠬᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠥᠵᠡᠰᠬᠦᠯᠡᠩ ᠢ ᠰᠠᠶᠢᠳᠤᠷ ᠡᠷᠬᠢᠯᠡᠬᠦ ᠪᠠᠷ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠦ᠂ ᠠᠵᠣ ᠠᠬᠤᠶᠢᠯᠠᠯ ᠢ ᠥᠵᠡᠰᠭᠦᠯᠡᠩ ᠳᠤ ᠣᠷᠣᠯᠴᠠᠭᠤᠯᠬᠤ ᠪᠠᠷ ᠢᠳᠡᠪᠬᠢᠳᠠᠢ ᠵᠣᠬᠢᠶᠠᠨ ᠪᠠᠶᠢᠭᠤᠯᠣᠨ᠂ ᠡᠮᠥᠨᠡᠬᠢ ᠬᠤᠭᠤᠴᠠᠭᠠᠨ ᠤ ᠪᠡᠯᠡᠳᠬᠡᠯ ᠤᠨ ᠠᠵᠢᠯ ᠢ ᠪᠦᠬᠦ ᠬᠦᠴᠦᠨ ᠢᠶᠠᠷ ᠰᠠᠶᠢᠳᠣᠷ ᠬᠢᠵᠣ᠂ ᠥᠪᠥᠷ ᠮᠣᠩᠭᠤᠯ ᠤᠨ ᠪᠣᠬᠢᠷᠳᠣᠯ ᠥᠬᠡᠢ ᠲᠠᠷᠢᠶᠠᠯᠠᠩ ᠤᠨ ᠪᠦᠳᠡᠭᠡᠭᠳᠡᠬᠦᠨ ᠮᠠᠯ ᠤᠨ ᠠᠰᠢᠭ ᠰᠢᠮ᠎ᠡ ᠶᠢᠨ ᠥᠵᠡᠰᠬᠦᠯᠡᠩ ᠢᠶᠠᠨ ᠪᠦᠬᠦ ᠣᠯᠣᠰ ᠤᠨ ᠨᠡᠷᠡᠳᠠᠢ ᠥᠵᠡᠰᠭᠦᠯᠡᠩ ᠤᠨ ᠲᠦᠷᠦᠯ ᠳᠡᠮᠳᠡᠭ ᠪᠣᠯᠭᠠᠬᠤ ᠪᠠᠷ ᠬᠦᠴᠥᠯᠡᠨ ᠴᠢᠷᠮᠠᠶᠢᠨ᠎ᠠ᠃〔 ᠶᠦᠨ ᠠᠢ ᠾᠸᠥ〕ᠳᠥᠷᠪᠡ ᠳᠤ ᠠᠵᠣ ᠦᠢᠯᠡᠰ ᠤᠨ ᠬᠦᠷᠢᠶᠡᠯᠡᠩ ᠳᠣᠭᠤᠷᠢᠭ ᠤᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠵᠣ᠂ ᠠᠵᠣ ᠦᠢᠯᠡᠰ ᠤᠨ ᠲᠦᠪᠯᠡᠷᠡᠯ ᠴᠣᠭᠯᠠᠷᠠᠯ ᠤᠨ ᠬᠦᠭᠵᠢᠯᠳᠠ‌‍ᠶᠢ ᠠᠬᠢᠭᠤᠯᠤᠨ᠎ᠠ᠃ ᠨᠢᠬᠡ ᠳᠤ ᠰᠢᠨᠵᠢᠯᠡᠭᠦ ᠣᠬᠠᠭᠠᠨᠴᠢ ᠪᠠᠷ ᠳᠥᠯᠥᠪᠵᠢᠭᠦᠯᠵᠥ᠂ ᠠᠵᠣ ᠦᠢᠯᠡᠰ ᠤᠨ ᠪᠠᠶᠢᠷᠢᠯᠠᠭᠤᠯᠣᠯᠳᠠ ᠪᠠᠨ ᠳᠠᠰᠣᠷᠠᠯᠳᠠ ᠥᠬᠡᠢ ᠰᠢᠯᠢᠳᠡᠭᠵᠢᠭᠦᠯᠥᠨ᠎ᠡ᠃ ᠵᠢᠷᠭᠤᠭᠠᠨ ᠳᠣᠮᠣ ᠭᠤᠣᠯᠯᠠᠬᠤ ᠠᠵᠣ ᠦᠢᠯᠡᠰ ᠤᠨ ᠪᠥᠰᠡ ᠶᠢᠨ ᠪᠠᠶᠢᠷᠢᠯᠠᠭᠤᠯᠣᠯᠳᠠ ᠪᠣᠯᠣᠨ ᠬᠤᠳᠠ ᠪᠠᠯᠭᠠᠰᠣᠴᠢᠯᠠᠯᠳᠠ ᠶᠢᠨ ᠳᠥᠯᠥᠪᠵᠢᠭᠦᠯᠥᠯᠬᠡ ᠳᠤ ᠳᠥᠰᠢᠭᠯᠡᠨ᠂ ᠥᠪᠡᠷᠳᠡᠭᠡᠨ ᠵᠠᠰᠠᠬᠤ ᠣᠷᠣᠨ ᠤ  ᠲᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠵᠢᠱᠢᠶ᠎ᠡ ᠥᠵᠡᠭᠦᠯᠭᠦ ᠰᠠᠭᠤᠷᠢᠨ ᠭᠠᠵᠠᠷ ᠎ ᠢ ᠡᠭᠦᠳᠤᠨ ᠪᠠᠶᠢᠭᠤᠯᠬᠤ ᠶᠢ ᠡᠬᠢᠯᠡᠨ ᠬᠡᠷᠡᠭᠵᠢᠭᠦᠯᠵᠣ᠂ ᠨᠢᠬᠡ ᠪᠥᠯᠥᠭ ᠠᠵᠣ ᠦᠢᠯᠡᠰ ᠤᠨ ᠬᠤᠯᠪᠣᠯᠳᠣᠬᠤ ᠬᠡᠮᠵᠢᠶ᠎ᠡ ᠪᠠᠷ ᠶᠡᠭᠡ᠂ ᠬᠦᠨᠵᠡᠬᠡᠢ ᠡᠳ᠋ᠰᠢᠬᠦᠯᠬᠦ ᠴᠢᠳᠠᠪᠣᠷᠢ ᠢᠶᠠᠷ ᠴᠢᠩᠭ᠎ᠠ᠂ ᠬᠡᠪᠴᠢᠶᠠᠵᠢᠯ ᠤᠨ ᠡᠷᠴᠢᠮ ᠤᠨ ᠳᠥᠪᠰᠢᠨ ᠢᠶᠠᠷ ᠥᠨᠳᠥᠷ᠂ ᠰᠠᠴᠣᠷᠠᠭ ᠳᠠᠶᠢᠴᠢᠯᠠᠯᠳᠠ ᠪᠠᠷ ᠥᠷᠭᠡᠨ ᠪᠦᠬᠦᠢ ᠲᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠵᠢᠱᠢᠶ᠎ᠡ ᠥᠵᠡᠭᠦᠯᠭᠦ ᠰᠠᠭᠤᠷᠢᠨ ᠭᠠᠵᠠᠷ ᠪᠣᠯᠣᠨ ᠪᠣᠬᠢᠷᠳᠣᠯ ᠥᠬᠡᠢ ᠮᠠᠯ ᠲᠠᠷᠢᠶᠠᠯᠠᠩ ᠤᠨ ᠭᠠᠷᠤᠯᠳᠠ ᠶᠢ ᠡᠳ᠋ᠰᠢᠬᠦᠯᠭᠡ ᠶᠢᠨ ᠰᠤᠯᠢᠯᠴᠠᠭᠠᠨ ᠤ ᠬᠦᠷᠢᠶᠡᠯᠡᠩ ᠳᠣᠭᠤᠷᠢᠭ ᠢ ᠪᠥᠷᠢᠯᠳᠥᠭᠦᠯᠥᠨ᠎ᠡ᠂ ᠬᠤᠶᠠᠷ ᠲᠤ ᠤᠷᠤᠨ ᠪᠠᠶᠢᠷᠢ ᠶᠢ ᠦᠨᠳᠤᠷ ᠳᠣᠭᠳᠠᠭᠠᠨ᠂ ᠥᠯᠢᠭᠡᠷ  ᠬᠡᠪ ᠤᠨ ᠢᠨᠵᠧᠨᠧᠷᠢᠩ ᠢ ᠴᠢᠷᠮᠠᠶᠢᠨ ᠪᠠᠶᠢᠭᠤᠯᠬᠤ ᠬᠡᠷᠡᠭᠳᠠᠢ᠃ ᠥᠨᠳᠥᠷ ᠪᠠᠷᠢᠮᠵᠢᠶ᠎ᠠ᠂ ᠱᠠᠭᠠᠷᠳᠠᠯᠭ᠎ᠠ ᠶᠣᠰᠣᠭᠠᠷ᠂ ᠬᠦᠷᠢᠶᠡᠯᠡᠩ ᠳᠣᠭᠤᠷᠢᠭ ᠤᠨ ᠳᠥᠯᠥᠪᠵᠢᠭᠦᠯᠬᠡ ᠪᠠᠶᠢᠷᠢᠯᠠᠭᠤᠯᠣᠯᠳᠠ ᠶᠢ ᠨᠢᠬᠡᠳᠥᠯᠳᠣᠢ ᠳᠥᠯᠥᠪᠯᠡᠨ ᠠᠬᠢᠭᠤᠯᠵᠦ᠂ ᠰᠠᠭᠤᠷᠢ ᠪᠡᠯᠡᠳᠬᠡᠮᠵᠢ ᠶᠢᠨ ᠪᠦᠳᠤᠭᠡᠨ ᠪᠠᠶᠢᠭᠤᠯᠣᠯᠳᠠ ᠶᠢ ᠳᠡᠭᠦᠯᠳᠡᠷᠵᠢᠭᠦᠯᠥᠨ᠂ ᠣᠯᠠᠨ ᠨᠡᠶᠢᠳᠡ ᠶᠢᠨ ᠦᠢᠯᠡᠴᠢᠯᠡᠭᠡ ᠶᠢ ᠳᠥᠭᠦᠷᠵᠢᠭᠦᠯᠵᠥ᠂ ᠬᠦᠷᠢᠶᠡᠯᠡᠩ ᠳᠣᠭᠤᠷᠢᠭ ᠤᠨ ᠳᠡᠰ ᠢ ᠳᠡᠭᠡᠭᠰᠢᠯᠡᠬᠦᠯᠥᠨ᠂ ᠬᠦᠷᠢᠶᠡᠯᠡᠩ ᠳᠣᠭᠤᠷᠢᠭ ᠢ ᠥᠨᠡᠨᠭᠦ ᠮᠠᠨ ᠤ ᠣᠷᠣᠨ ᠤ ᠳᠠᠷᠢᠶᠠᠯᠠᠩ ᠮᠠᠯ ᠠᠵᠣ ᠶᠢ ᠠᠵᠣ ᠦᠢᠯᠡᠰᠵᠢᠭᠦᠯᠭᠦ ᠬᠦᠭᠵᠢᠯᠳᠡ ᠶᠢᠨ ᠨᠡᠷᠡᠳᠥ ᠢᠨᠵᠧᠨᠧᠷᠢᠩ᠂ ᠥᠯᠢᠭᠡᠷ ᠬᠡᠪ ᠤᠨ ᠢᠨᠵᠧᠨᠧᠷᠢᠩ ᠪᠣᠯᠭᠠᠨ ᠪᠦᠳᠦᠬᠡᠨ ᠪᠠᠶᠢᠭᠤᠯᠣᠨ᠎ᠠ᠃ ᠭᠤᠷᠪᠠ ᠳᠤ ᠮᠠᠯᠵᠢᠬᠤ ᠳᠠᠷᠢᠶᠠᠯᠠᠬᠤ ᠣᠷᠣᠨ ᠤ ᠭᠠᠵᠠᠷ ᠰᠢᠷᠣᠢ ᠡᠪᠡᠰᠥ ᠪᠡᠯᠴᠢᠬᠡᠷ ᠤᠨ ᠡᠷᠬᠢᠯᠳᠡ ᠶᠢᠨ ᠮᠡᠳᠡᠭᠡ ᠵᠠᠩᠬᠢ ᠪᠤᠯᠤᠨ ᠦᠢᠯᠡᠴᠢᠯᠡᠬᠡᠨ ᠤ ᠳᠠᠪᠴᠠᠩ ᠤᠨ ᠪᠦᠳᠦᠬᠡᠨ ᠪᠠᠶᠢᠭᠤᠯᠣᠯᠳᠠ ᠶᠢ ᠥᠷᠭᠦᠯᠵᠢᠯᠡᠨ ᠳᠥᠷᠭᠡᠳᠬᠡᠵᠥ᠂ ᠭᠠᠵᠠᠷ ᠰᠢᠷᠣᠢ ᠡᠪᠡᠰᠥ ᠪᠡᠯᠴᠢᠬᠡᠷ ᠤᠨ ᠳᠠᠯᠠᠪᠠᠢ ᠶᠢ ᠲᠠᠷᠢᠶᠠᠯᠠᠬᠤ ᠳᠡᠵᠢᠬᠡᠬᠦ ᠳᠣᠮᠣ ᠡᠷᠥᠬᠡ᠂ ᠳᠣᠰᠬᠠᠢ ᠬᠤᠷᠰᠢᠶᠠᠵᠢᠯ ᠪᠠ ᠳᠠᠭᠠᠭᠤᠯᠣᠭᠴᠢ ᠠᠵᠣ ᠠᠬᠤᠶᠢᠯᠠᠯ ᠵᠦᠭ ᠲᠦᠪᠯᠡᠷᠡᠬᠦᠯᠬᠦ ᠶᠢ ᠵᠤᠷᠢᠭᠵᠢᠭᠤᠯᠤᠨ ᠵᠢᠯᠤᠭᠤᠳᠴᠤ᠂ ᠬᠡᠪᠴᠢᠶᠡᠵᠢᠬᠦ ᠡᠷᠴᠢᠮᠵᠢᠬᠦ ᠠᠬᠢᠴᠠ ᠶᠢ ᠳᠥᠯᠬᠢᠨ ᠠᠬᠢᠭᠤᠯᠬᠤ ᠬᠡᠷᠡᠭᠲᠠᠢ᠃      ᠳᠠᠪᠤ ᠳᠤ ᠠᠰᠢᠭ ᠳᠣᠰᠠ ᠶᠢ ᠬᠤᠯᠪᠤᠯᠳᠤᠭᠤᠯᠬᠤ ᠲᠤᠭᠳᠠᠭᠤᠨ ᠳᠣᠭᠳᠠᠴᠠ ᠶᠢ  ᠪᠠᠶᠢᠭᠤᠯᠣᠨ᠂ ᠮᠠᠯᠴᠢᠨ ᠳᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠥᠨ ᠪᠠᠶᠠᠵᠢᠨ ᠴᠢᠨᠡᠭᠡᠯᠢᠭᠵᠢᠬᠦ  ᠶᠢ ᠳᠠᠶᠢᠴᠢᠯᠠᠨ᠎ᠠ᠃ ︽ᠳᠠᠭᠠᠭᠤᠯᠣᠭᠴᠢ ᠠᠵᠣ ᠠᠬᠤᠶᠢᠯᠠᠯ+ ᠳᠣᠰᠬᠠᠢ ᠬᠤᠷᠰᠢᠶᠠᠵᠢᠯ+ ᠰᠠᠭᠤᠷᠢᠨ ᠭᠠᠵᠠᠷ+ ᠲᠠᠷᠢᠶᠠᠯᠠᠬᠤ ᠮᠠᠯᠵᠢᠬᠤ ᠡᠷᠥᠬᠡ+ ᠵᠠᠬ᠎ᠠ ᠳᠡᠯᠬᠡᠬᠦᠷ︾ ᠵᠡᠷᠬᠡ ᠰᠢᠨ᠎ᠡ ᠮᠠᠶ᠋ᠢᠭ ᠤᠨ ᠵᠣᠬᠢᠶᠠᠨ ᠪᠠᠶᠢᠭᠤᠯᠬᠤ ᠦᠯᠢᠭᠡᠷ ᠬᠡᠪ ᠢ ᠢᠳᠡᠪᠬᠢᠳᠠᠢ ᠳᠡᠯᠬᠡᠷᠡᠭᠦᠯᠭᠦ ᠪᠠ ᠰᠤᠪᠢᠨ ᠰᠣᠳᠣᠯᠵᠣ᠂ ᠳᠠᠭᠠᠭᠤᠯᠣᠭᠴᠢ ᠠᠵᠣ ᠠᠬᠤᠶᠢᠯᠠᠯ ᠢ ᠵᠢᠯᠤᠭᠤᠳᠤᠨ ᠠᠯᠣᠰ ᠬᠤᠯᠠ ᠶᠢᠨ ᠪᠣᠳᠣᠯᠭ᠎ᠠ ᠪᠠ ᠨᠡᠶᠢᠬᠡᠮ ᠤᠨ ᠬᠠᠷᠢᠭᠤᠴᠠᠯᠭ᠎ᠠ ᠶᠢ ᠪᠣᠢ ᠪᠣᠯᠭᠠᠵᠣ᠂ ᠰᠠᠭᠤᠷᠢᠨ ᠭᠠᠵᠠᠷ ᠢ ᠥᠨᠡᠨᠭᠦ ᠠᠵᠣ ᠠᠬᠤᠶᠢᠯᠠᠯ ᠤᠨ ᠨᠢᠬᠡᠳᠥᠬᠡᠷ ᠦᠢᠯᠡᠳᠪᠥᠷᠢ ᠶᠢᠨ ᠳᠠᠰᠤᠭ ᠪᠣᠯᠭᠠᠨ᠂ ᠮᠠᠯᠴᠢᠨ ᠳᠠᠷᠢᠶᠠᠴᠢᠨ ᠢ ᠠᠵᠣ ᠠᠬᠤᠶᠢᠯᠠᠯ ᠤᠨ ᠠᠵᠢᠯᠴᠢᠨ ᠎ ᠢᠶᠠᠷ ᠥᠵᠡᠵᠥ᠂ ᠮᠠᠯᠴᠢᠨ ᠳᠠᠷᠢᠶᠠᠴᠢᠨ ᠯᠤᠭ᠎ᠠ ᠲᠤᠭᠳᠠᠭᠤᠨ ᠪᠦᠬᠡᠳ ᠨᠢᠭᠳᠠ ᠠᠰᠢᠭ ᠳᠣᠰᠠ ᠶᠢᠨ ᠬᠤᠯᠪᠣᠯᠳᠤᠭ᠎ᠠ ᠶᠢᠨ ᠳᠣᠭᠳᠠᠴᠠ ᠶᠢ ᠪᠥᠷᠢᠯᠳᠥᠭᠦᠯᠥᠨ᠂ ᠰᠠᠯᠬᠢ ᠪᠣᠷᠤᠭ᠎ᠠ ᠶᠢ ᠬᠠᠮᠳᠣ ᠪᠠᠷ ᠲᠤᠭᠤᠯᠬᠤ᠂  ᠪᠠᠷᠢᠯᠳᠤᠨ ᠬᠦᠭᠵᠢᠬᠦ ᠠᠰᠢᠭ ᠳᠣᠰᠠ ᠶᠢᠨ ᠬᠠᠮᠳᠣ ᠶᠢᠨ ᠴᠣᠭᠴᠠ ᠪᠤᠯᠭᠠᠵᠦ᠂ ᠮᠠᠯᠴᠢᠨ ᠳᠠᠷᠢᠶᠠᠴᠢᠨ ᠳᠤ ᠠᠵᠣ ᠦᠢᠯᠡᠰᠵᠢᠭᠦᠯᠭᠦ ᠡᠵᠡᠩᠨᠡᠯᠳᠡ ᠶᠢᠨ ᠳᠣᠮᠳᠠ ᠠᠴᠠ ᠦᠨᠡᠨᠬᠦ ᠠᠰᠢᠭ ᠬᠦᠷᠳᠡᠭᠡᠨ᠎ᠡ᠃  〔 ᠶᠦᠨ ᠠᠢ ᠾᠸᠥ〕 ᠵᠢᠷᠭᠤᠭ᠎ᠠ ᠳᠤ ᠲᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠳᠠᠭᠠᠭᠤᠯᠣᠭᠴᠢ ᠠᠵᠣ ᠠᠬᠤᠶᠢᠯᠠᠯ ᠤᠨ ᠨᠡᠶᠢᠭᠡᠮᠯᠢᠭ ᠤᠨ ᠠᠵᠢᠯ ᠢ ᠨᠠᠷᠢᠨ ᠬᠢᠨᠠᠮᠠᠭᠠᠢ ᠰᠠᠶᠢᠳᠣᠷ ᠬᠢᠬᠦ  ᠬᠡᠷᠡᠭᠳᠠᠢ᠃ ᠨᠡᠶᠢᠬᠡᠮᠯᠢᠭ ᠨᠢ ᠡᠷᠬᠡᠪᠰᠢ ᠥᠷᠭᠡᠨ ᠣᠯᠠᠨ ᠬᠡᠰᠢᠭᠦᠨ ᠨᠢᠬᠡᠴᠡ ᠶᠢᠨ ᠦᠢᠯᠡᠴᠢᠯᠡᠭᠡ ᠶᠢᠨ ᠱᠠᠭᠠᠷᠳᠠᠯᠭ᠎ᠠ ᠠᠴᠠ ᠡᠭᠦᠰᠴᠤ ᠂ ᠵᠣᠬᠢᠶᠠᠨ ᠪᠠᠶᠢᠭᠤᠯᠣᠯᠳᠠ ᠶᠢᠨ ᠪᠠᠶᠢᠭᠤᠯᠣᠯᠳᠠ᠂ ᠳᠣᠬᠠᠶᠢᠯᠠᠭᠰᠠᠨ ᠠᠵᠢᠯ ᠤᠨ ᠪᠠᠶᠢᠭᠤᠯᠣᠯᠳᠠ᠂ ᠳᠥᠷᠢᠮ ᠳᠣᠭᠳᠠᠭᠠᠯ ᠤᠨ ᠪᠠᠶᠢᠭᠤᠯᠣᠯᠳᠠ᠂ ᠣᠪᠣᠷ ᠰᠣᠷᠳᠠᠯ ᠤᠨ ᠪᠠᠶᠢᠭᠤᠯᠣᠯᠳᠠ ᠶᠢ ᠥᠨᠡᠨᠭᠦ ᠴᠢᠩᠭᠠᠳᠬᠠᠵᠣ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠡᠷᠬᠡ ᠴᠢᠳᠠᠪᠤᠷᠢ ᠶᠢᠨ ᠦᠢᠯᠡᠳᠤᠯ ᠢ ᠬᠦᠢᠴᠡᠳ ᠪᠠᠳᠠᠷᠠᠭᠤᠯᠵᠦ᠂ ᠮᠠᠨ ᠤ ᠣᠷᠣᠨ ᠤ ᠳᠠᠷᠢᠶᠠᠯᠠᠩ ᠮᠠᠯ ᠠᠵᠣ ᠠᠬᠤᠢ ᠎ ᠶᠢ ᠠᠵᠣ ᠦᠢᠯᠡᠰᠵᠢᠭᠦᠯᠭᠦ ᠳᠠᠭᠠᠭᠤᠯᠣᠭᠴᠢ ᠠᠵᠣ ᠠᠬᠤᠶᠢᠯᠠᠯ ᠲᠠᠢ ᠬᠤᠯᠪᠣᠭᠠᠯᠠᠨ᠂ ᠨᠡᠶᠢᠬᠡᠮ ᠤᠨ ᠡᠯ᠎ᠡ ᠡᠳᠡᠭᠡᠳ ᠤᠨ ᠬᠢᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠥ᠂ ᠵᠠᠰᠠᠭ ᠤᠨ ᠣᠷᠳᠣᠨ ᠬᠢᠵᠣ ᠳᠡᠶᠢᠯᠭᠦ ᠥᠬᠡᠢ᠂ ᠬᠠᠷᠢᠨ ᠨᠡᠶᠢᠭᠡᠮᠯᠢᠭ ᠬᠢᠬᠦ ᠳᠤ ᠳᠥᠭᠦᠮ ᠶᠠᠪᠣᠳᠠᠯ ᠢ ᠰᠠᠶᠢᠳᠣᠷ ᠬᠢᠵᠣ᠂ ᠮᠠᠨ ᠤ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠬᠦᠭᠵᠢᠯᠳᠡ ᠶᠢ ᠬᠠᠮᠳᠣᠪᠠᠷ ᠳᠥᠯᠬᠢᠨ ᠠᠬᠢᠭᠤᠯᠬᠤ ᠬᠡᠷᠡᠭᠲᠠᠢ᠃ ᠳᠣᠣᠷᠠᠬᠢ ᠵᠢᠷᠭᠤᠭᠠᠨ ᠳᠠᠯ᠎ᠠ ᠪᠠᠷ ᠰᠢᠨ᠎ᠡ ᠰᠢᠪᠳᠥᠯᠥᠯᠳᠡ ᠶᠢ ᠪᠡᠶᠡᠯᠡᠬᠦᠯᠬᠦ ᠪᠠᠷ ᠴᠢᠷᠮᠠᠶᠢᠨ᠎ᠠ᠄ ᠨᠢᠭᠡ ᠳᠤ ᠳᠠᠶᠢᠴᠢᠯᠠᠬᠤ ᠦᠢᠯᠡᠳᠥᠯ ᠢ ᠳᠣᠪᠣᠶᠢᠯᠭᠠᠨ᠂ ᠦᠢᠯᠡᠴᠢᠯᠡᠬᠡᠨ ᠤ ᠥᠷᠭᠡᠴᠡ ᠶᠢᠨ ᠳᠠᠯ᠎ᠠ ᠪᠠᠷ ᠰᠢᠨ᠎ᠡ ᠰᠢᠪᠳᠣᠯᠣᠯᠳᠠ ᠶᠢ ᠪᠡᠶᠡᠯᠡᠬᠦᠯᠬᠦ ᠪᠠᠷ ᠴᠢᠷᠮᠠᠶᠢᠬᠤ ᠬᠡᠷᠡᠭᠲᠠᠢ᠃ ᠰᠢᠯᠢᠳᠡᠭ ᠰᠠᠶᠢᠨ ᠦᠢᠯᠡᠴᠢᠯᠡᠭᠡ ᠪᠠᠷ ᠳᠠᠮᠵᠢᠭᠤᠯᠣᠨ ᠴᠢᠳᠠᠬᠤ ᠶᠢᠨ ᠳᠣᠳᠣᠷ᠎ᠠ ᠨᠡᠩ ᠤᠯᠠᠨ ᠬᠡᠰᠢᠭᠦᠨ ᠢ ᠳᠠᠳᠠᠨ ᠣᠷᠣᠭᠤᠯᠵᠣ᠂ ᠨᠡᠩ ᠣᠯᠠᠨ ᠮᠠᠯ ᠲᠠᠷᠢᠶᠠᠯᠠᠩ ᠤᠨ ᠭᠠᠷᠤᠯᠳᠠ ᠶᠢ ᠡᠳ᠋ᠰᠢᠬᠦᠯᠬᠦ ᠨᠡᠩ ᠤᠯᠠᠨ ᠠᠵᠣ ᠠᠬᠤᠶᠢᠯᠠᠯ ᠳᠤ ᠦᠢᠯᠡᠴᠢᠯᠡᠬᠦ ᠰᠢᠨ᠎ᠡ ᠠᠷᠭ᠎ᠠ ᠵᠠᠮ ᠰᠤᠪᠢᠨ ᠰᠦᠪᠡᠭᠴᠢᠯᠡᠵᠦ᠂ ᠡᠭᠦᠨ ᠠᠴᠠ ᠨᠡᠶᠢᠬᠡᠮᠯᠢᠭ ᠲᠤ ᠣᠷᠣᠬᠤ ᠳᠤᠷᠠᠲᠠᠢ ᠨᠡᠩ ᠤᠯᠠᠨ ᠬᠡᠰᠢᠭᠦᠳ ᠲᠤ ᠠᠰᠢᠭ ᠬᠦᠷᠳᠡᠭᠡᠬᠦ ᠬᠡᠷᠡᠭᠲᠠᠢ᠃ ᠬᠤᠶᠠᠷ ᠲᠤ ᠨᠢᠬᠡᠳᠥᠯᠳᠠᠢ ᠳᠥᠯᠥᠪᠯᠡᠨ ᠵᠣᠬᠢᠴᠠᠭᠤᠯᠬᠤ ᠶᠢ ᠰᠠᠶᠢᠳᠣᠷ ᠠᠳᠬᠤᠵᠣ᠂ ᠦᠢᠯᠡᠴᠢᠯᠡᠬᠡᠨ ᠢ ᠵᠤᠯᠭᠠᠭᠤᠯᠬᠤ ᠲᠠᠯ᠎ᠠ ᠪᠠᠷ ᠰᠢᠨ᠎ᠡ ᠰᠢᠪᠳᠣᠯᠣᠯᠳᠠ ᠶᠢ ᠪᠡᠶᠡᠯᠡᠬᠦᠯᠬᠦ ᠪᠠᠷ ᠴᠢᠷᠮᠠᠶᠢᠬᠤ ᠬᠡᠷᠡᠭᠲᠠᠢ᠃ ᠨᠡᠶᠢᠬᠡᠮᠯᠢᠭ ᠨᠢ ᠬᠡᠰᠢᠭᠦᠨ ᠨᠢᠭᠡᠴᠡ ᠎ ᠳᠡᠭᠡᠨ ᠣᠯᠠᠨ ᠡᠰᠢᠳᠥ ᠦᠢᠯᠡᠳᠬᠦᠨ ᠤ  ᠪᠣᠷᠣᠯᠠᠭᠤᠯᠭ᠎ᠠ ᠶᠢᠨ ᠳᠠᠪᠴᠠᠩ ᠢ ᠢᠳᠡᠪᠬᠢᠳᠠᠢ ᠪᠠᠷ ᠪᠠᠶᠢᠭᠤᠯᠣᠨ ᠥᠭᠴᠥ ᠂ ᠣᠯᠠᠨ ᠠᠷᠭ᠎ᠠ ᠵᠠᠮ ᠢᠶᠠᠷ ᠲᠦᠷᠦᠯ ᠳᠡᠮᠳᠡᠭ ᠎ ᠢᠶᠠᠨ ᠳᠡᠯᠭᠡᠷᠡᠬᠦᠯᠬᠦ ᠪᠠ ᠪᠦᠳᠤᠭᠡᠭᠳᠡᠬᠦᠨ ᠎ ᠢᠶᠠᠨ ᠡᠵᠡᠩᠨᠡᠨ ᠪᠤᠷᠤᠯᠠᠭᠤᠯᠬᠤ ᠬᠡᠷᠡᠭᠲᠠᠢ᠃ ᠭᠤᠷᠪᠠ ᠳᠤ ᠬᠡᠰᠢᠬᠦᠳ ᠤᠨ ᠱᠠᠭᠠᠷᠳᠠᠯᠭ᠎ᠠ ᠶᠢ ᠬᠠᠷᠠᠭᠠᠯᠵᠠᠵᠣ᠂ ᠦᠢᠯᠡᠴᠢᠯᠡᠬᠡᠨ ᠤ ᠴᠢᠨᠠᠷ ᠴᠢᠨᠰᠠᠭ᠎ᠠ ᠶᠢᠨ ᠳᠠᠯ᠎ᠠ ᠳᠤ ᠰᠢᠨ᠎ᠡ ᠰᠢᠪᠳᠣᠯᠣᠯᠳᠠ ᠶᠢ ᠪᠡᠶᠡᠯᠡᠬᠦᠯᠬᠦ ᠪᠠᠷ ᠴᠢᠷᠮᠠᠶᠢᠬᠤ ᠬᠡᠷᠡᠭᠲᠠᠢ᠃  ᠨᠡᠶᠢᠬᠡᠮᠯᠢᠭ ᠨᠢ ᠬᠡᠰᠢᠭᠦᠨ ᠨᠢᠭᠡᠴᠡ ᠪᠠ ᠵᠠᠬ᠎ᠠ ᠳᠡᠯᠬᠡᠬᠦᠷ ᠯᠦᠭᠡ ᠨᠡᠪᠳᠡᠷᠡᠯᠴᠡᠬᠦ ᠪᠠ ᠵᠣᠬᠢᠴᠠᠭᠤᠯᠬᠤ ᠪᠠᠨ ᠴᠢᠩᠭᠠᠳᠬᠠᠵᠣ᠂ ᠬᠡᠰᠢᠭᠦᠨ ᠲᠡᠭᠡᠨ ᠴᠢᠨᠠᠷᠯᠢᠭ ᠦᠢᠯᠡᠴᠢᠯᠡᠭᠡ ᠬᠠᠩᠭᠠᠨ᠂ ᠠᠵᠢᠯ ᠳᠥᠷᠥᠯ ᠤᠨ ᠪᠦᠬᠦᠯᠢ ᠴᠣᠭᠴᠠ ᠶᠢᠨ ᠴᠢᠨᠠᠷ ᠴᠢᠨᠰᠠᠭ᠎ᠠ ᠪᠠ ᠵᠠᠬ᠎ᠠ ᠳᠡᠯᠬᠡᠬᠦᠷ ᠤᠨ ᠥᠷᠢᠰᠥᠯᠳᠥᠭᠦ ᠬᠦᠴᠦᠨ ᠢᠶᠠᠨ ᠳᠡᠭᠡᠭᠰᠢᠯᠡᠭᠦᠯᠬᠦ ᠬᠡᠷᠡᠭᠲᠠᠢ ᠃ ᠳᠥᠷᠪᠡ ᠳᠤ  ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠨ᠂ ᠣᠶᠣᠨ ᠣᠷᠣᠭᠤᠯᠬᠤ ᠪᠠ ᠳᠠᠪᠳᠠᠨ ᠪᠣᠯᠪᠠᠰᠣᠷᠠᠭᠤᠯᠬᠤ ᠳᠠᠯ᠎ᠠ ᠪᠠᠷ ᠰᠢᠨ᠎ᠡ ᠰᠢᠪᠳᠣᠯᠣᠯᠳᠠ ᠶᠢ ᠪᠡᠶᠡᠯᠡᠭᠦᠯᠭᠦ ᠎ ᠪᠠᠷ ᠴᠢᠷᠮᠠᠶᠢᠬᠤ ᠬᠡᠷᠡᠭᠲᠠᠢ᠃ ᠬᠡᠰᠢᠭᠦᠨ ᠠᠵᠣ ᠠᠬᠤᠶᠢᠯᠠᠯ ᠳᠠᠭᠠᠨ ᠶᠡᠭᠡ ᠰᠤᠷᠭᠠᠭᠤᠯᠢ ᠳᠡᠭᠡᠳᠥ ᠵᠡᠷᠬᠡ ᠶᠢᠨ ᠰᠣᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠬᠤᠯᠪᠣᠭᠠᠯᠠᠬᠤ ᠪᠠ ᠬᠠᠮᠳᠣᠷᠠᠯᠴᠠᠬᠤ ᠳᠠᠪᠴᠠᠩ ᠪᠠᠶᠢᠭᠤᠯᠤᠨ ᠦᠭᠬᠦ ᠬᠡᠷᠡᠭᠲᠠᠢ︔ ᠴᠢᠭᠯᠡᠬᠦᠯᠬᠦ ᠴᠢᠨᠠᠷ ᠲᠠᠢ ᠪᠤᠯᠪᠠᠰᠤᠷᠠᠭᠤᠯᠤᠯ ᠢ ᠥᠷᠨᠢᠭᠦᠯᠵᠥ᠂ ᠬᠡᠰᠢᠭᠦᠨ ᠠᠵᠣ ᠠᠬᠤᠶᠢᠯᠠᠯ ᠤᠨ ᠠᠵᠢᠯᠳᠠᠳ ᠤᠨ ᠴᠢᠳᠠᠪᠣᠷᠢ ᠴᠢᠨᠰᠠᠭ᠎ᠠ ᠶᠢ ᠳᠡᠭᠡᠭᠰᠢᠯᠡᠬᠦᠯᠬᠦ ᠬᠡᠷᠡᠭᠲᠠᠢ᠃ ᠳᠠᠪᠤ ᠳᠤ  ᠠᠵᠢᠯ ᠳᠥᠷᠥᠯ ᠤᠨ ᠬᠤᠪᠢᠶᠠᠷᠢ ᠨᠡᠶᠢᠬᠡᠮᠯᠢᠭ ᠤᠨ ᠪᠠᠶᠢᠭᠤᠯᠣᠯᠳᠠ ᠶᠢ ᠳᠥᠷᠭᠡᠳᠬᠡᠵᠥ᠂ ᠳᠥᠷᠢᠮ ᠳᠣᠭᠳᠠᠭᠠᠯ ᠤᠨ ᠰᠢᠰᠲ᠋ᠧᠮᠵᠢ ᠶᠢᠨ ᠳᠠᠯ᠎ᠠ ᠪᠠᠷ ᠰᠢᠨ᠎ᠡ ᠰᠢᠪᠳᠣᠯᠣᠯᠳᠠ ᠶᠢ ᠪᠡᠶᠡᠯᠡᠭᠦᠯᠭᠦ ᠪᠠᠷ ᠴᠢᠷᠮᠠᠶᠢᠬᠤ ᠬᠡᠷᠡᠭᠲᠠᠢ᠃ ᠡᠯ᠎ᠡ ᠠᠵᠢᠯ ᠳᠥᠷᠥᠯ ᠤᠨ ᠬᠤᠪᠢᠶᠠᠷᠢ ᠨᠡᠶᠢᠬᠡᠮᠯᠢᠭ ᠤᠨ ᠳᠥᠷᠢᠮ ᠳᠣᠭᠳᠠᠭᠠᠯ ᠢ ᠱᠠᠯᠠᠪᠬᠠᠨ ᠳᠡᠭᠦᠯᠳᠡᠷᠵᠢᠭᠦᠯᠥᠨ᠂ ᠠᠵᠢᠯ ᠳᠥᠷᠥᠯ ᠤᠨ ᠪᠠᠷᠢᠮᠵᠢᠶ᠎ᠠ ᠳᠣᠭᠳᠠᠭᠠᠬᠤ ᠶᠢ ᠴᠢᠩᠭᠠᠳᠬᠠᠵᠣ᠂ ᠬᠠᠮᠢᠶᠠᠷᠣᠯᠳᠠ ᠶᠢᠨ ᠪᠠᠶᠢᠭᠤᠯᠣᠯ ᠤᠨ ᠳᠠᠯ᠎ᠠ ᠪᠠᠷ ᠰᠢᠨ᠎ᠡ ᠰᠢᠪᠳᠣᠯᠣᠯᠳᠠ ᠶᠢ ᠪᠡᠶᠡᠯᠡᠭᠦᠯᠭᠦ ᠪᠠᠷ ᠴᠢᠷᠮᠠᠶᠢᠬᠤ ᠬᠡᠷᠡᠭᠲᠠᠢ᠃ ᠵᠢᠷᠭᠤᠭ᠎ᠠ ᠳᠤ ᠲᠤᠰ ᠪᠡᠶ᠎ᠡ ᠶᠢᠨ ᠪᠠᠶᠢᠭᠤᠯᠣᠯᠳᠠ ᠶᠢ ᠴᠢᠩᠭᠠᠳᠬᠠᠵᠣ᠂ ᠰᠢᠨᠵᠢᠯᠡᠬᠦ ᠣᠬᠠᠭᠠᠨᠴᠢ ᠬᠠᠮᠢᠶᠠᠷᠣᠯᠳᠠ ᠶᠢᠨ ᠳᠠᠯ᠎ᠠ ᠪᠠᠷ ᠰᠢᠨ᠎ᠡ ᠰᠢᠪᠳᠣᠯᠣᠯᠳᠠ ᠪᠡᠶᠡᠯᠡᠭᠦᠯᠭᠦ ᠎ ᠎ ᠪᠠᠷ ᠴᠢᠷᠮᠠᠶᠢᠬᠤ ᠬᠡᠷᠡᠭᠲᠠᠢ᠃ ᠬᠡᠷᠡᠭ ᠡᠷᠬᠢᠯᠡᠭᠦ ᠨᠡᠶᠢᠬᠡᠮᠯᠢᠭ ᠤᠨ ᠰᠢᠢᠳᠪᠤᠷᠢᠳᠤ ᠪᠤᠳᠤᠯᠭ᠎ᠠ ᠳᠣᠭᠳᠠᠭᠠᠬᠤ ᠳᠣᠭᠳᠠᠴᠠ ᠶᠢ ᠪᠥᠷᠢᠨᠰᠢᠭᠦᠯᠵᠥ᠂ ᠬᠢᠨᠠᠯᠳᠠ ᠬᠠᠮᠢᠶᠠᠷᠣᠯᠳᠠ ᠪᠠᠨ ᠥᠨᠡᠨᠭᠦ ᠴᠢᠩᠭᠠᠳᠬᠠᠵᠣ᠂ ᠰᠢᠨᠵᠢᠯᠡᠬᠦ ᠣᠬᠠᠭᠠᠨᠴᠢ ᠪᠠᠷ ᠰᠢᠢᠳᠪᠤᠷᠢᠳᠤ ᠪᠤᠳᠤᠯᠭ᠎ᠠ ᠳᠣᠭᠳᠠᠭᠠᠬᠤ ᠳᠥᠪᠰᠢᠨ ᠢᠶᠠᠨ ᠳᠠᠰᠣᠷᠠᠯᠳᠠ ᠥᠬᠡᠢ ᠳᠡᠭᠡᠭᠰᠢᠯᠡᠬᠦᠯᠬᠦ ᠬᠡᠷᠡᠭᠲᠠᠢ᠃      ᠳᠣᠯᠤᠭ᠎ᠠ ᠳᠤ ᠠᠵᠣ ᠦᠢᠯᠡᠰᠵᠢᠯᠳᠡ ᠶᠢᠨ ᠵᠢᠯᠣᠭᠤᠳᠣᠯᠭ᠎ᠠ᠂ ᠦᠢᠯᠡᠴᠢᠯᠡᠬᠡᠨ ᠤ ᠠᠵᠢᠯ ᠢ ᠴᠢᠩᠭᠠᠳᠬᠠᠨ᠎ᠠ᠃ ᠳᠠᠷᠢᠶᠠᠯᠠᠩ ᠮᠠᠯ ᠠᠵᠣ ᠠᠬᠤᠢ ᠎ ᠶᠢᠨ ᠠᠵᠣ ᠦᠢᠯᠡᠰᠵᠢᠯᠳᠡ ᠶᠢᠨ ᠳᠤᠭ᠎ᠠ ᠪᠦᠷᠢᠳᠭᠡᠯ ᠤᠨ ᠠᠵᠢᠯ ᠢ ᠴᠢᠩᠭᠠᠳᠬᠠᠵᠣ᠂ ᠭᠤᠣᠯᠳᠠᠯᠭᠠᠳᠣ ᠳᠠᠭᠠᠭᠤᠯᠣᠭᠴᠢ ᠠᠵᠣ ᠠᠬᠤᠶᠢᠯᠠᠯ ᠎ ᠢ ᠮᠠᠭᠠᠳᠯᠠᠨ ᠳᠣᠭᠳᠠᠭᠠᠵᠣ ᠬᠢᠨᠠᠨ ᠬᠡᠮᠵᠢᠬᠦ ᠳᠥᠷᠢᠮ ᠢ ᠳᠡᠭᠦᠯᠳᠡᠷᠵᠢᠭᠦᠯᠣᠨ᠂ ᠥᠪᠡᠷᠳᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠭᠤᠤᠯᠳᠠᠯᠭᠠᠳᠤ ᠳᠠᠭᠠᠭᠤᠯᠣᠭᠴᠢ ᠠᠵᠣ ᠠᠬᠤᠶᠢᠯᠠᠯ ᠤᠨ ᠠᠵᠣ ᠠᠬᠤᠢ ᠶᠢᠨ ᠠᠵᠢᠯᠯᠠᠭ᠎ᠠ ᠶᠢ ᠰᠢᠭᠤᠳ ᠮᠡᠳᠡᠭᠦᠯᠭᠦ ᠳᠥᠷᠢᠮ ᠢ ᠪᠠᠶᠢᠭᠤᠯᠵᠣ᠂ ᠪᠠᠶᠢᠴᠠᠭᠠᠨ ᠰᠣᠳᠣᠯᠬᠤ ᠠᠵᠢᠯ ᠢ ᠴᠢᠩᠭᠠᠳᠬᠠᠨ᠂ ᠠᠵᠢᠯ ᠳᠥᠷᠥᠯ ᠤᠨ ᠬᠦᠭᠵᠢᠯᠳᠡ ᠶᠢᠨ ᠪᠠᠶᠢᠳᠠᠯ ᠢ ᠮᠥᠷᠳᠡᠭᠦ ᠪᠠ ᠰᠣᠳᠣᠯᠣᠨ ᠮᠠᠭᠠᠳᠯᠠᠵᠣ᠂ ᠴᠢᠭᠯᠡᠬᠦᠯᠬᠦ ᠴᠢᠨᠠᠷ ᠲᠠᠢ ᠠᠵᠢᠯ ᠤᠨ ᠠᠷᠭ᠎ᠠ ᠪᠠᠷᠢᠯ ᠳᠣᠷᠠᠳᠣᠨ᠂ ᠵᠠᠰᠠᠭ ᠤᠨ ᠣᠷᠳᠣᠨ ᠠᠴᠠ ᠬᠤᠷᠸ᠎ᠠ ᠳᠣᠬᠢᠷᠠᠭᠤᠯᠬᠤ ᠪᠠ ᠳᠥᠷᠥ ᠶᠢᠨ ᠪᠣᠳᠣᠯᠭ᠎ᠠ ᠳᠣᠭᠳᠠᠭᠠᠬᠤ ᠳᠤ ᠡᠰᠢ ᠪᠠᠷᠢᠮᠳᠠ ᠬᠠᠩᠭᠠᠵᠣ ᠥᠭᠭᠦᠨ᠎ᠡ᠃  ᠡᠳ᠋ ᠤᠨ ᠵᠠᠰᠠᠭ ᠭᠠᠶᠢᠯᠢ᠂ ᠮᠥᠩᠭᠦᠨ ᠬᠦᠢᠯᠬᠡᠬᠡ ᠵᠡᠷᠬᠡ ᠶᠢᠨ ᠳᠣᠬᠠᠢ ᠳᠥᠷᠥ ᠶᠢᠨ ᠪᠣᠳᠣᠯᠭ᠎ᠠ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠳᠤᠷᠠᠨ ᠨᠠᠷᠢᠨ ᠬᠢᠨᠠᠮᠠᠭᠠᠢ ᠰᠣᠳᠣᠯᠵᠣ᠂ ᠠᠵᠣ ᠦᠢᠯᠡᠰᠵᠢᠭᠦᠯᠭᠦ ᠶᠢ ᠳᠡᠳᠭᠦᠭᠦ ᠡᠷᠴᠢᠮ ᠢᠶᠠᠨ ᠴᠢᠩᠭᠠᠷᠠᠭᠤᠯᠣᠨ᠎ᠠ᠃〔 ᠶᠦᠨ ᠠᠢ ᠾᠸᠥ〕 ᠨᠠᠢᠮᠠ ᠳᠤ ᠳᠥᠷᠥ ᠶᠢᠨ ᠪᠣᠳᠣᠯᠭ᠎ᠠ ᠪᠠᠷ ᠲᠡᠳᠬᠦᠬᠦ ᠶᠢ ᠨᠡᠮᠡᠭᠳᠡᠭᠦᠯᠥᠨ᠂ ᠳᠡᠳᠭᠦᠭᠦ ᠠᠷᠭ᠎ᠠ ᠬᠡᠯᠪᠡᠷᠢ ᠶᠢ ᠲᠡᠭᠦᠯᠳᠡᠷᠵᠢᠬᠦᠯᠤᠨ᠎ᠠ᠃ ᠨᠢᠬᠡ ᠳᠤ ᠳᠠᠷᠢᠶᠠᠯᠠᠩ ᠮᠠᠯ ᠠᠵᠣ ᠠᠬᠤᠢ ᠶᠢᠨ ᠬᠠᠮᠢᠶ᠎ᠠ ᠲᠠᠢ ᠳᠡᠳᠭᠦᠮᠵᠢ ᠶᠢᠨ ᠪᠡᠯᠡ ᠮᠥᠩᠭᠦ ᠶᠢ ᠢᠳᠡᠪᠬᠢᠳᠠᠢ ᠪᠠᠷ ᠨᠡᠶᠢᠯᠡᠬᠦᠯᠬᠦ ᠪᠠ ᠨᠢᠬᠡᠳᠥᠯᠳᠠᠢ ᠳᠥᠯᠥᠪᠯᠡᠨ᠂ ᠠᠵᠣ ᠦᠢᠯᠡᠰᠵᠢᠯᠳᠡ ᠶᠢᠨ ᠤᠷᠤᠭᠤᠯᠤᠯᠳᠠ ᠶᠢᠨ ᠡᠷᠴᠢᠮ ᠢ ᠴᠢᠩᠭᠠᠷᠠᠭᠤᠯᠵᠣ᠂ ᠠᠬᠢᠯᠳᠠ ᠶᠢᠨ ᠬᠠᠮᠳᠣ ᠶᠢᠨ ᠬᠦᠴᠦ ᠶᠢ ᠪᠥᠷᠢᠯᠳᠥᠭᠦᠯᠥᠨ᠎ᠡ᠃ ᠬᠤᠶᠠᠷ ᠲᠤ ᠳᠡᠳᠭᠦᠭᠦ ᠠᠷᠭ᠎ᠠ ᠬᠡᠯᠪᠡᠷᠢ ᠪᠠᠨ ᠥᠭᠡᠷᠡᠴᠢᠯᠡᠨ ᠰᠠᠶᠢᠵᠢᠷᠠᠭᠤᠯᠤᠨ᠎ᠠ᠃ ᠰᠢᠭᠤᠳ ᠨᠦᠬᠦᠪᠤᠷᠢ ᠶᠢ ᠪᠠᠭᠠᠰᠬᠠᠵᠣ᠂ ᠳᠠᠭᠠᠭᠠᠯᠳᠠ ᠬᠢᠬᠦ᠂ ᠳᠠᠮ ᠬᠦᠦ ᠮᠥᠩᠭᠦ ᠥᠭᠭᠦ᠂ ᠳᠥᠭᠰᠢᠭᠦᠷᠢ ᠶᠢᠨ ᠨᠥᠭᠦᠪᠥᠷᠢ ᠥᠭᠭᠦ᠂ ᠬᠤᠪᠢ ᠣᠷᠣᠬᠤ ᠵᠡᠷᠬᠡ ᠠᠷᠭ᠎ᠠ ᠬᠡᠯᠪᠡᠷᠢ ᠶᠢ ᠤᠯᠠᠨ ᠬᠡᠷᠡᠭᠯᠡᠵᠦ᠂ ᠵᠠᠬ᠎ᠠ ᠳᠡᠯᠬᠡᠬᠦᠷ ᠤᠨ ᠡᠳ᠋ ᠪᠠᠶᠠᠯᠢᠭ ᠢ ᠨᠢᠭᠳᠠᠷᠠᠭᠤᠯᠬᠤ ᠦᠢᠯᠡᠳᠥᠯ ᠢ ᠬᠦᠢᠴᠡᠳ ᠪᠠᠳᠠᠷᠠᠭᠤᠯᠤᠨ᠎ᠠ᠃  ᠳᠠᠷᠢᠶᠠᠯᠠᠩ ᠮᠠᠯ ᠠᠵᠣ ᠠᠬᠤᠢ ᠶᠢᠨ ᠪᠡᠯᠡ ᠲᠤᠬᠢᠷᠠᠭᠤᠯᠭ᠎ᠠ ᠶᠢᠨ ᠪᠠᠳᠤᠯᠠᠭ᠎ᠠ ᠶᠢᠨ ᠺᠣᠮᠫᠠᠨᠢ ᠶᠢ ᠪᠠᠶᠢᠭᠤᠯᠬᠤ ᠠᠯᠬᠤᠴᠠ ᠪᠠᠨ ᠳᠥᠷᠬᠡᠳᠬᠡᠨ᠂  ᠥᠳᠳᠡᠷ ᠳᠥᠷᠬᠡᠨ ᠠᠵᠢᠯᠯᠠᠭᠠᠨ ᠳᠤ ᠤᠷᠤᠯᠴᠠᠭᠤᠯᠬᠤ ᠪᠠᠷ ᠴᠢᠷᠮᠠᠶᠢᠵᠦ᠂ ᠳᠠᠭᠠᠭᠤᠯᠣᠭᠴᠢ ᠠᠵᠣ ᠠᠬᠤᠶᠢᠯᠠᠯ ᠳᠤ ᠪᠡᠯᠡ ᠳᠣᠬᠢᠷᠠᠭᠤᠯᠭ᠎ᠠ ᠶᠢᠨ ᠪᠠᠳᠤᠯᠠᠭ᠎ᠠ ᠎ ᠶᠢᠨ ᠦᠢᠯᠡᠴᠢᠯᠡᠭᠡ ᠬᠠᠩᠭᠠᠵᠣ ᠥᠭᠭᠦᠨ᠎ᠡ᠃ ᠭᠤᠷᠪᠠ ᠳᠤ ᠳᠥᠷᠥᠯ ᠵᠦᠢᠯ ᠢ ᠬᠢᠨᠠᠨ  ᠪᠠᠶᠢᠴᠠᠭᠠᠬᠤ ᠪᠠ ᠨᠠᠶᠢᠳᠠᠪᠣᠷᠢᠵᠢᠭᠤᠯᠬᠤ ᠡᠷᠴᠢᠮ ᠢᠶᠠᠨ ᠴᠢᠩᠭᠠᠷᠠᠭᠤᠯᠵᠣ᠂ ᠳᠥᠷᠥᠯ ᠵᠦᠢᠯ ᠤᠨ ᠬᠡᠷᠡᠭᠵᠢᠭᠦᠯᠤᠯᠳᠡ ᠶᠢᠨ ᠥᠷ᠎ᠡ ᠪᠥᠳᠥᠮᠵᠢ ᠪᠠ ᠪᠡᠯᠡ ᠮᠥᠩᠭᠦ ᠶᠢᠨ ᠨᠠᠶᠢᠳᠠᠪᠤᠵᠢᠭᠤᠯᠤᠯᠳᠠ ᠶᠢᠨ ᠪᠠᠶᠢᠳᠠᠯ ᠢ ᠮᠥᠷᠳᠡᠨ ᠪᠠᠶᠢᠴᠠᠭᠠᠵᠣ᠂ ᠳᠥᠷᠥᠯ ᠵᠦᠢᠯ ᠤᠨ ᠪᠥᠳᠥᠬᠡᠨ ᠪᠠᠶᠢᠭᠤᠯᠣᠯᠳᠠ ᠶᠢᠨ ᠪᠣᠳᠠᠳᠣ ᠥᠷ᠎ᠡ ᠪᠥᠳᠥᠮᠵᠢ ᠤᠯᠬᠤ ᠶᠢ ᠪᠠᠳᠣᠯᠠᠨ᠎ᠠ᠃〔 ᠬᠦᠳᠥᠯᠥᠭᠴᠢ〕 ᠵᠠ᠂ ᠶᠦᠨ ᠲᠢᠩᠬᠢᠮ ᠤᠨ ᠳᠠᠷᠤᠭ᠎ᠠ ᠶᠢᠨ ᠬᠠᠯᠠᠰᠢᠷᠠᠯ ᠥᠬᠡᠢ ᠳᠠᠶᠢᠯᠪᠣᠷᠢᠯᠠᠯᠳᠠ ᠬᠢᠭᠰᠡᠨ ᠳᠤ ᠶᠡᠭᠡ ᠲᠠᠯᠠᠷᠬᠠᠵᠦ ᠪᠠᠶᠢᠨ᠎ᠠ᠂ ᠮᠥᠨᠴᠥ ᠮᠠᠨ ᠤ ᠣᠷᠣᠨ ᠤ ᠳᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠭᠦ ᠬᠦᠭᠵᠢᠯᠳᠡ ᠶᠢᠨ ᠨᠡᠩ ᠥᠨᠳᠥᠷ ᠠᠮᠵᠢᠯᠳᠠ ᠣᠯᠬᠤ ᠶᠢ ᠬᠦᠰᠡᠨ ᠢᠷᠥᠬᠡᠶ᠎ᠡ᠃ ᠥᠷᠬᠡᠨ ᠣᠯᠠᠨ ᠰᠥᠯᠵᠢᠶᠡᠨ ᠠᠨᠳᠠ ᠨᠠᠷ ᠤᠨ ᠬᠦᠯᠢᠶᠡᠨ ᠠᠪᠴᠥ ᠥᠵᠡᠭᠰᠡᠨ ᠳᠤ ᠲᠠᠯᠠᠷᠬᠠᠵᠦ ᠪᠠᠶᠢᠨ᠎ᠠ᠂ ᠳᠣᠰ ᠣᠳᠠᠭᠠᠨ ᠤ ᠰᠣᠷᠪᠣᠯᠵᠢᠯᠠᠭ᠎ᠠ ᠠᠳᠡ ᠬᠦᠷᠥᠬᠡᠳ ᠦᠨᠳᠤᠷᠯᠡᠯ᠎ᠡ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠳᠠᠢ ᠵᠣᠯᠭᠠᠶ᠎ᠠ  ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map