| | | ᠰᠤᠷᠪᠤᠯᠵᠢᠯᠠᠨ ᠶᠠᠷᠢᠯᠴᠠᠭᠰᠠᠨ ᠴᠠᠭ᠄ 2015 ᠣᠨ ᠤ 2 ᠳ᠋ᠤᠭᠠᠷ ᠰᠠᠷ᠎ᠠ ᠶᠢᠨ 13 ᠤ ᠡᠳᠥᠷ ᠤᠨ | ᠦᠳᠡ ᠶᠢᠨ ᠬᠤᠶᠢᠨᠠᠬᠢ 3᠄ 30 ᠴᠠᠭ ᠲᠤ | ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠦᠪᠡᠷᠳᠡᠭᠡᠨ ᠵᠠᠰᠠᠬᠤ | ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢᠨ ᠠᠵᠢᠯ ᠤᠨ ᠠᠯᠪᠠᠨ | ᠭᠡᠷ ᠤᠨ ᠡᠷᠬᠢᠯᠡᠭᠴᠢ ᠬᠤ᠋ ᠸᠧᠨ ᠢ | | | ᠰᠦᠯᠵᠢᠶᠡᠨ ᠠᠨᠳᠠ ᠨᠠᠷ ᠡ᠂ ᠰᠠᠶᠢᠨ ᠪᠠᠶᠢᠵᠠᠭᠠᠨ᠎ᠠ ᠤᠤ︕ ᠦᠪᠥᠷ ᠮᠣᠩᠭᠤᠯ ᠤᠨ ᠦᠪᠡᠷᠳᠡᠭᠡᠨ | ᠵᠠᠰᠠᠬᠤ ᠣᠷᠣᠨᠣ ᠵᠠᠰᠠᠭ ᠤᠨ ᠶᠠᠪᠤᠳᠠᠯ ᠤᠨ ᠶᠡᠷᠥᠩᠬᠡᠶᠢᠯᠡᠭᠰᠡᠨ ᠫᠤᠷᠲ᠋ᠧᠯ ᠰᠠᠶᠢᠲ ᠤᠨ ︽ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ︾ ᠫᠷᠤᠭ᠍ᠷᠠᠮ ᠢ ᠬᠦᠯᠢᠶᠡᠨ ᠠᠪᠴᠦ ᠰᠣᠨᠢᠷᠬᠠᠬᠤ ᠶᠢ ᠤᠭᠲᠤᠵᠦ ᠪᠠᠶᠢᠨ᠎ᠠ᠃ ᠦᠨᠥᠳᠥᠷ ᠪᠢᠳᠡ | ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ ᠵᠦᠪᠯᠡᠯ ᠤᠨ ᠳᠡᠳ᠋ ᠡᠷᠬᠢᠯᠡᠭᠴᠢ | ᠬᠤ᠋ ᠸᠧᠨ ᠢ ᠶᠢ ᠤᠷᠢᠵᠦ ︽ᠳᠤᠮᠳᠠᠳᠦ ᠤᠯᠤᠰ· ᠦᠪᠥᠷ ᠮᠣᠩᠭᠤᠯ︾ ᠰᠦᠯᠵᠢᠶᠡᠨ ᠳᠡᠭᠡᠷ᠎ᠡ ᠣᠯᠠᠨ ᠲᠠᠢ | ᠰᠣᠯᠢᠯᠴᠠᠭ᠎ᠠ ᠬᠢᠯᠭᠡᠬᠦ ᠶᠢᠨ ᠬᠠᠮᠲᠦ ᠰᠦᠯᠵᠢᠶᠡᠨ ᠠᠨᠳᠠ ᠨᠠᠷ ᠤᠨ ᠠᠰᠠᠭᠤᠭᠰᠠᠨ ᠳᠤ ᠬᠠᠷᠢᠭᠤᠯᠲᠠ ᠦᠭᠬᠦ ᠪᠣᠯᠤᠨ᠎ᠠ᠂ | ᠬᠤ᠋ ᠡᠷᠬᠢᠯᠡᠭᠴᠢ ᠲᠠ ᠰᠠᠶᠢᠨ ᠪᠠᠶᠢᠨ᠎ᠠ ᠤᠤ᠂ ︽ᠳᠤᠮᠳᠠᠳᠦ ᠤᠯᠤᠰ· ᠦᠪᠥᠷ ᠮᠣᠩᠭᠤᠯ︾ ᠰᠦᠯᠵᠢᠶ᠎ᠡ ᠲᠠᠨ ᠢ | ᠪᠠᠶᠠᠷᠯᠠᠨ ᠤᠭᠲᠤᠵᠦ ᠪᠠᠶᠢᠨ᠎ᠠ︕ | ᠬᠤ᠋ ᠸᠧᠨ ᠢ᠄ ᠬᠦᠲᠥᠯᠥᠭᠴᠢ ᠲᠠ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠨᠠᠷ ᠰᠠᠶᠢᠨ | ᠪᠠᠶᠢᠵᠠᠭᠠᠨ᠎ᠠ ᠤᠤ︕ ᠰᠢᠶᠠᠨ ᠤ ᠱᠠᠲᠥᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠶᠡᠷᠥᠩᠬᠡᠶᠢᠯᠡᠭᠰᠡᠨ ᠦᠭᠡᠷᠡᠴᠢᠯᠡᠯᠲᠡ ᠶᠢᠨ ᠲᠤᠬᠠᠢ ᠰᠡᠳᠥᠪ ᠢᠶᠠᠷ ᠠᠳᠡ ᠲᠠ ᠣᠯᠠᠨ ᠲᠠᠢ ᠰᠣᠯᠢᠯᠴᠠᠭ᠎ᠠ ᠬᠢᠬᠦ | ᠪᠣᠯᠣᠭᠰᠠᠨ ᠳᠤ ᠲᠣᠩ ᠪᠠᠶᠠᠷᠲᠠᠢ ᠪᠠᠶᠢᠨ᠎ᠠ᠃ ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠪᠠ ᠲᠦᠯᠥᠪᠯᠡᠭᠡᠲᠦ ᠦᠷᠡᠵᠢᠯ ᠤᠨ ᠠᠵᠢᠯ ᠦᠢᠯᠡᠰ ᠤᠨ ᠦᠭᠡᠷᠡᠴᠢᠯᠡᠯᠲᠡ ᠬᠦᠭᠵᠢᠯᠲᠡ ᠶᠢ ᠶᠡᠷᠦ ᠠᠴᠠ | ᠠᠩᠬᠠᠷᠴᠦ ᠳᠡᠮᠵᠢᠭᠰᠡᠭᠡᠷ ᠢᠷᠡᠭᠰᠡᠨ ᠰᠦᠯᠵᠢᠶᠡᠨ ᠠᠨᠳᠠ ᠨᠠᠷ ᠲᠤ ᠲᠠᠯᠠᠷᠬᠠᠵᠦ ᠪᠠᠶᠢᠨ᠎ᠠ᠃ | ᠬᠦᠲᠥᠯᠥᠭᠴᠢ᠄ ᠬᠤ᠋ ᠡᠷᠬᠢᠯᠡᠭᠴᠢ ᠡ᠂ ᠮᠠᠨ ᠤ ᠣᠷᠣᠨ ᠤ ᠬᠤᠰᠢᠭᠤ ᠰᠢᠶᠠᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ ᠠᠯᠢ ᠦᠶ᠎ᠡ ᠠᠴᠠ ᠡᠬᠢᠯᠡᠭᠦᠯᠥᠭᠰᠡᠨ ᠪᠣᠢ᠂ ᠬᠡᠳᠥᠢ | ᠶᠡᠭᠡ ᠬᠡᠪᠴᠢᠶᠡᠨ ᠳᠤ ᠦᠷᠨᠢᠭᠦᠯᠵᠦ ᠪᠠᠶᠢᠭ᠎ᠠ ᠪᠣᠢ︖ | ᠬᠤ᠋ ᠸᠧᠨ ᠢ᠄ ᠮᠠᠨ ᠤ ᠣᠷᠣᠨ ᠤ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ 2012 ᠣᠨ ᠤ 5 ᠳ᠋ᠤᠭᠠᠷ ᠰᠠᠷ᠎ᠠ ᠳᠤ ᠡᠬᠢᠯᠡᠭᠦᠯᠥᠭᠰᠡᠨ᠃ | ᠡᠬᠢᠯᠡᠯᠲᠡ ᠶᠢᠨ ᠱᠠᠲᠦ ᠦᠶ᠎ᠡ ᠳᠤ᠂ ᠡᠯ᠎ᠡ ᠭᠠᠵᠠᠷ ᠤᠳ ᠡᠮ ᠢᠶᠠᠷ ᠡᠮᠨᠡᠯᠭᠡ ᠳᠤ ᠨᠦᠬᠦᠪᠥᠷᠢ ᠣᠷᠣᠭᠤᠯᠵᠦ ᠪᠠᠶᠢᠭ᠎ᠠ ᠶᠢ | ᠦᠭᠡᠶᠢᠰᠭᠡᠬᠦ᠂ ᠠᠵᠢᠯᠲᠠᠨ ᠤ ᠶᠠᠪᠤᠳᠠᠯ ᠬᠤᠪᠢᠶᠠᠷᠢᠯᠠᠯᠲᠠ ᠶᠢᠨ ᠳᠦᠷᠢᠮ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠬᠠᠤᠯᠢ ᠶᠢᠨ ᠡᠷᠬᠡᠲᠡᠨ ᠠᠴᠠ ᠵᠠᠰᠠᠬᠤ ᠪᠦᠲᠥᠴᠡ ᠪᠠᠶᠢᠭᠤᠯᠬᠤ᠂ ᠡᠮᠨᠡᠯᠭᠡ ᠶᠢᠨ ᠬᠤᠷᠢᠶᠠᠨ ᠤ ᠲᠣᠲᠤᠭᠠᠳᠦ | ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢᠨ ᠲᠣᠭᠤᠷᠢᠨᠳᠣ ᠢᠳᠡᠪᠬᠢᠲᠠᠢ ᠬᠠᠶᠢᠨ ᠰᠦᠪᠡᠭᠴᠢᠯᠡᠯᠲᠡ ᠬᠢᠪᠡ᠃ | 2014 ᠣᠨ ᠳᠤ᠂ ᠪᠢᠳᠡ ᠤᠯᠤᠰ ᠤᠨ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ ᠵᠦᠪᠯᠡᠯ ᠵᠡᠷᠭᠡ ᠲᠠᠪᠤᠨ | ᠶᠠᠮᠤᠨ ᠵᠦᠪᠯᠡᠯ ᠤᠨ ︽ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠶᠡᠷᠥᠩᠬᠡᠶᠢᠯᠡᠭᠰᠡᠨ ᠦᠭᠡᠷᠡᠴᠢᠯᠡᠯᠲᠡ ᠶᠢ ᠲᠦᠯᠬᠢᠨ ᠠᠬᠢᠭᠤᠯᠬᠤ ᠲᠤᠬᠠᠢ ᠰᠠᠨᠠᠯ︾ ᠢ ᠦᠨᠳᠥᠰᠥᠯᠡᠨ᠂ ᠦᠪᠡᠷᠳᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤ ᠵᠦᠪᠯᠡᠯ᠂ ᠡᠳ᠋ ᠤᠨ ᠵᠠᠰᠠᠭ ᠵᠡᠷᠭᠡ 5 ᠰᠠᠯᠠᠭ᠎ᠠ | ᠮᠦᠴᠢᠷ ᠬᠠᠮᠲᠤᠷᠠᠨ ︽ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢᠨ | ᠲᠤᠷᠰᠢᠯᠲᠠ ᠶᠢᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠵᠦ᠂ ᠮᠠᠨ ᠤ ᠣᠷᠣᠨ ᠤ ᠬᠤᠰᠢᠭᠤ ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢᠨ | ᠬᠠᠷᠠᠯᠲᠠ ᠪᠠ ᠡᠭᠦᠷᠭᠡ ᠶᠢ ᠣᠯᠠᠨ ᠨᠢᠭᠡ ᠠᠯᠬᠤᠮ ᠲᠣᠳᠤᠷᠬᠠᠶᠢᠯᠠᠪᠠ᠃ ᠮᠠᠨ ᠤ ᠣᠷᠣᠨ ᠨᠢ ᠤᠯᠤᠰ ᠠᠴᠠ | ᠲᠣᠭᠲᠠᠭᠠᠭᠰᠠᠨ 15 ᠲᠤᠷᠰᠢᠯᠲᠠ ᠶᠢᠨ ᠬᠤᠰᠢᠭᠤ ᠰᠢᠶᠠᠨ ᠤ ᠰᠠᠭᠤᠷᠢᠨ ᠳᠡᠭᠡᠷ᠎ᠡ ᠪᠠᠰᠠ ᠦᠪᠡᠷᠳᠡᠭᠡᠨ ᠵᠠᠰᠠᠬᠤ | ᠣᠷᠣᠨ ᠤ ᠱᠠᠲᠤᠨ ᠤ 25 ᠲᠤᠷᠰᠢᠯᠲᠠ ᠶᠢᠨ ᠴᠢᠭ᠋ ᠢ ᠨᠡᠮᠡᠵᠦ᠂ ᠤᠯᠤᠰ ᠪᠣᠯᠣᠨ ᠦᠪᠡᠷᠳᠡᠭᠡᠨ ᠵᠠᠰᠠᠬᠤ ᠣᠷᠣᠨ ᠤ | ᠲᠤᠷᠰᠢᠯᠲᠠ ᠶᠢᠨ ᠬᠤᠰᠢᠭᠤ ᠰᠢᠶᠠᠨ ᠤ ᠶᠡᠷᠥᠩᠬᠡᠢ ᠲᠤᠭ᠎ᠠ ᠶᠢ 40 ᠳᠤ ᠬᠦᠷᠥᠭᠦᠯᠥᠭᠡᠳ᠂ ᠪᠦᠬᠦ ᠣᠷᠣᠨ ᠤ | ᠬᠠᠭᠠᠰ ᠠᠴᠠ ᠳᠡᠭᠡᠭᠰᠢᠬᠢ ᠬᠤᠰᠢᠭᠤ ᠰᠢᠶᠠᠨ ᠢ ᠬᠠᠮᠤᠷᠤᠭᠤᠯᠪᠠ᠃ | ᠬᠦᠲᠥᠯᠥᠭᠴᠢ᠄ ᠮᠠᠨ ᠤ ᠣᠷᠣᠨ ᠤ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠠᠮᠠᠷ ᠶᠠᠮᠠᠷ ᠰᠢᠨ᠎ᠡ ᠠᠬᠢᠴᠠ ᠲᠠᠢ ᠪᠣᠯᠪᠠ︖ | ᠬᠤ᠋ ᠸᠧᠨ ᠢ᠄ ᠦᠩᠭᠡᠷᠡᠭᠰᠡᠨ ᠨᠢᠭᠡ ᠵᠢᠯ ᠳᠤ᠂ ᠡᠩ ᠲᠡᠷᠢᠭᠦᠨ ᠳᠤ ᠳᠡᠭᠡᠳᠦ ᠵᠡᠷᠭᠡᠯᠡᠯ ᠤᠨ ᠵᠢᠷᠤᠭ | ᠲᠦᠯᠥᠪᠯᠡᠭᠡ ᠬᠢᠬᠦ ᠶᠢ ᠴᠢᠩᠭᠠᠷᠠᠭᠤᠯᠤᠨ᠂ ᠠᠯᠢ ᠣᠯᠠᠨ ᠲᠦᠭᠦᠷ ᠲᠦᠷᠦ ᠶᠢᠨ ᠪᠣᠳᠤᠯᠭ᠎ᠠ᠂ ᠪᠢᠴᠢᠭ | ᠮᠠᠲ᠋ᠧᠷᠢᠶᠠᠯ ᠤᠳ ᠢ ᠨᠡᠶᠢᠲᠡᠯᠡᠪᠡ᠃ ᠵᠢᠱᠢᠶᠡᠯᠡᠪᠡᠯ᠂ ᠡᠮ ᠤᠨ ᠵᠦᠢᠯ ᠳᠤ ᠦᠨ᠎ᠡ ᠨᠡᠮᠡᠬᠦ ᠶᠢ ᠦᠭᠡᠶᠢᠰᠭᠡᠬᠦ᠂ ᠰᠢᠨᠵᠢᠯᠡᠬᠦ | ᠤᠬᠠᠭᠠᠨᠴᠢ ᠨᠦᠬᠦᠪᠥᠷᠢᠯᠡᠬᠦ ᠲᠣᠭᠲᠠᠴᠠ ᠪᠠᠶᠢᠭᠤᠯᠬᠤ ᠲᠠᠯ᠎ᠠ ᠪᠠᠷ᠂ ᠦᠪᠡᠷᠳᠡᠭᠡᠨ ᠵᠠᠰᠠᠬᠤ ᠣᠷᠣᠨ ︽ᠦᠪᠥᠷ | ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢᠨ ᠲᠤᠷᠰᠢᠯᠲᠠ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ | ᠬᠠᠩᠰᠢ ᠳᠤ ᠲᠣᠬᠢᠷᠠᠭᠤᠯᠤᠯᠲᠠ ᠬᠢᠬᠦ ᠰᠠᠨᠠᠯ︾᠂ ︽ᠵᠠᠰᠠᠭ ᠤᠨ ᠣᠷᠳᠤᠨ ᠠᠴᠠ ᠡᠷᠡᠭᠦᠯ ᠬᠠᠮᠠᠭᠠᠯᠠᠯ ᠳᠤ | ᠣᠷᠣᠭᠤᠯᠤᠯᠲᠠ ᠣᠷᠣᠭᠤᠯᠬᠤ ᠲᠦᠷᠦ ᠶᠢᠨ ᠪᠣᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ︾ | ᠢ ᠨᠡᠶᠢᠲᠡᠯᠡᠪᠡ︔ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ ᠵᠦᠢᠯ ᠬᠤᠳᠠᠯᠳᠤᠨ ᠠᠪᠬᠤ | ᠲᠣᠭᠲᠠᠴᠠ ᠶᠢᠨ ᠲᠠᠯ᠎ᠠ ᠪᠠᠷ᠂ ︽ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠪᠠᠶᠢᠩᠭᠤ ᠬᠡᠷᠡᠭᠯᠡᠬᠦ ᠬᠢᠮᠳᠠ ᠡᠮ ᠤᠨ ᠵᠦᠢᠯ ᠬᠤᠳᠠᠯᠳᠤᠨ ᠠᠪᠬᠤ | ᠲᠦᠰᠥᠯ︾᠂ ︽ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ | ᠦᠷᠲᠡᠭ ᠶᠡᠬᠡᠲᠠᠢ ᠵᠠᠷᠤᠴᠠᠭᠤᠯᠬᠤ ᠮᠠᠲ᠋ᠧᠷᠢᠶᠠᠯ ᠢ ᠢᠯᠡ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾᠂ ︽ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠵᠦᠢᠯ ᠲᠣᠬᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢᠨ | ᠠᠵᠢᠯ ᠢ ᠵᠢᠷᠤᠮᠵᠢᠭᠤᠯᠬᠤ ᠲᠤᠬᠠᠢ ᠦᠪᠥᠷ ᠮᠣᠩᠭᠤᠯ ᠤᠨ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ | ᠵᠦᠪᠯᠡᠯ ᠤᠨ ᠮᠡᠳᠡᠭᠳᠡᠯ︾ ᠵᠡᠷᠭᠡ ᠶᠢ ᠨᠡᠶᠢᠲᠡᠯᠡᠪᠡ︔ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠠᠯ᠎ᠠ ᠪᠠᠷ᠂ ︽ᠪᠦᠬᠦ ᠣᠷᠣᠨ ᠤ ᠬᠤᠰᠢᠭᠤ | ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠲᠠᠨ ᠤ ᠶᠠᠪᠤᠳᠠᠯ | ᠬᠤᠪᠢᠶᠠᠷᠢᠯᠠᠯᠲᠠ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠯᠤᠭᠤᠳᠬᠤ ᠰᠠᠨᠠᠯ︾ ᠢ ᠨᠡᠶᠢᠲᠡᠯᠡᠪᠡ᠃ | ᠡᠳᠡᠭᠡᠷ ᠲᠦᠷᠦ ᠶᠢᠨ ᠪᠣᠳᠤᠯᠭ᠎ᠠ ᠶᠢᠨ ᠪᠢᠴᠢᠭ ᠮᠠᠲ᠋ᠧᠷᠢᠶᠠᠯ ᠤᠳ ᠢ ᠨᠡᠶᠢᠲᠡᠯᠡᠭᠰᠡᠨ ᠶᠠᠪᠤᠳᠠᠯ ᠨᠢ ᠬᠤᠰᠢᠭᠤ ᠰᠢᠶᠠᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠳᠤ ᠲᠦᠷᠦ ᠶᠢᠨ ᠪᠣᠳᠤᠯᠭ᠎ᠠ ᠶᠢᠨ | ᠦᠨᠳᠥᠰᠥᠯᠡᠯ ᠬᠠᠩᠭᠠᠭᠰᠠᠨ ᠪᠦᠭᠡᠳ ᠦᠭᠡᠷᠡᠴᠢᠯᠡᠯᠲᠡ ᠶᠢᠨ ᠴᠢᠭᠯᠡᠯ ᠢ ᠲᠣᠳᠤᠷᠬᠠᠢ ᠵᠢᠭᠠᠵᠦ ᠦᠭᠭᠦᠭᠰᠡᠨ ᠪᠠᠶᠢᠨ᠎ᠠ᠃ | ᠬᠤ᠋ ᠸᠧᠨ ᠢ᠄ ᠳᠠᠷᠠᠭᠠᠯᠠᠪᠠᠯ ᠲᠦᠷᠦ ᠶᠢᠨ ᠪᠣᠳᠤᠯᠭ᠎ᠠ᠂ ᠠᠷᠭ᠎ᠠ ᠬᠡᠮᠵᠢᠶ᠎ᠡ ᠶᠢᠨ | ᠨᠠᠶᠢᠳᠠᠪᠥᠷᠢᠵᠢᠭᠤᠯᠤᠯᠲᠠ ᠶᠢ ᠴᠢᠩᠭᠠᠷᠠᠭᠤᠯᠤᠭᠰᠠᠨ ᠠᠴᠠ ᠦᠭᠡᠷᠡᠴᠢᠯᠡᠯᠲᠡ ᠶᠢᠨ ᠠᠵᠢᠯ ᠢᠳᠡᠪᠬᠢᠲᠠᠢ ᠠᠬᠢᠴᠠ ᠲᠠᠢ | ᠪᠣᠯᠪᠠ᠃ ᠣᠳᠣᠬᠠᠨ ᠳᠤ᠂ ᠪᠦᠬᠦ ᠣᠷᠣᠨ ᠤ ᠬᠤᠰᠢᠭᠤ ᠰᠢᠶᠠᠨ ᠤ ᠱᠠᠲᠤᠨ ᠤ 67 ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠰᠢᠨᠵᠢᠯᠡᠬᠦ ᠤᠬᠠᠭᠠᠨᠴᠢ ᠪᠠᠷ ᠲᠦᠰᠥᠭᠡᠯᠡᠨ ᠪᠣᠳᠤᠭᠰᠠᠨ ᠰᠠᠭᠤᠷᠢᠨ ᠳᠡᠭᠡᠷ᠎ᠡ᠂ ᠡᠮ ᠤᠨ | ᠵᠦᠢᠯ ᠳᠤ ᠦᠨ᠎ᠡ ᠨᠡᠮᠡᠬᠦ ᠶᠢ ᠪᠦᠬᠦᠨ ᠢᠶᠠᠷ ᠢᠶᠠᠨ ᠦᠭᠡᠶᠢᠰᠭᠡᠵᠦ᠂ ᠡᠭᠦᠨ ᠠᠴᠠ ᠪᠣᠯᠵᠦ ᠪᠠᠭᠠᠰᠤᠭᠰᠠᠨ ᠣᠷᠣᠯᠭ᠎ᠠ ᠶᠢ | ᠡᠮᠴᠢᠯᠡᠭᠡᠨ ᠤ ᠮᠡᠷᠭᠡᠵᠢᠯ ᠤᠨ ᠦᠢᠯᠡᠴᠢᠯᠡᠭᠡᠨ ᠤ ᠦᠨ᠎ᠡ ᠬᠠᠩᠰᠢ ᠳᠤ ᠲᠤᠬᠢᠷᠠᠭᠤᠯᠤᠯᠲᠠ ᠬᠢᠬᠦ᠂ ᠵᠠᠰᠠᠭ ᠤᠨ | ᠣᠷᠳᠤᠨ ᠤ ᠣᠷᠣᠭᠤᠯᠤᠯᠲᠠ ᠶᠢ ᠨᠡᠮᠡᠭᠳᠡᠭᠦᠯᠬᠦ ᠪᠠ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢ ᠴᠢᠩᠭᠠᠳᠬᠠᠬᠤ᠂ | ᠠᠵᠢᠯᠯᠠᠭᠠᠨ ᠤ ᠦᠪᠡᠷ ᠤᠨ ᠦᠷᠲᠡᠭ ᠢ ᠠᠷᠪᠢᠯᠠᠬᠤ ᠵᠡᠷᠭᠡ ᠪᠠᠷ ᠳᠠᠮᠵᠢᠭᠤᠯᠤᠨ ᠣᠯᠠᠨ ᠲᠠᠯ᠎ᠠ ᠶᠢᠨ ᠬᠢᠨ ᠬᠠᠮᠲᠥᠪᠡᠷ | ᠡᠭᠦᠷᠭᠡᠯᠡᠬᠦ ᠪᠣᠯᠭᠠᠪᠠ︔ ᠪᠠᠶᠢᠩᠭᠤ ᠬᠡᠷᠡᠭᠯᠡᠬᠦ ᠬᠢᠮᠳᠠ ᠡᠮ ᠤᠨ ᠵᠦᠢᠯ ᠤᠨ ᠨᠡᠷ᠎ᠡ ᠮᠡᠳᠡᠭᠦᠯᠥᠨ ᠬᠤᠳᠠᠯᠳᠤᠨ ᠠᠪᠬᠤ | ᠠᠵᠢᠯ ᠢ ᠡᠬᠢᠯᠡᠭᠦᠯᠵᠦ᠂ ᠦᠢᠯᠡᠳᠪᠥᠷᠢᠯᠡᠬᠦ ᠠᠵᠦ ᠠᠬᠤᠶᠢᠯᠠᠯ᠂ ᠲᠣᠬᠢᠷᠠᠭᠤᠯᠤᠨ ᠬᠦᠷᠭᠡᠬᠦ ᠠᠵᠦ ᠠᠬᠤᠶᠢᠯᠠᠯ ᠳᠤ | ᠬᠢᠨᠠᠨ ᠰᠢᠯᠭᠠᠯᠲᠠ ᠬᠢᠵᠦ ᠪᠤᠴᠠᠭᠠᠵᠦ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠥᠨ᠂ ᠡᠮᠴᠢᠯᠡᠭᠡᠨ ᠤ | ᠪᠠᠶᠢᠭᠤᠯᠤᠮᠵᠢ ᠨᠤᠭᠤᠳ ᠤᠨ ᠡᠮ ᠤᠨ ᠵᠦᠢᠯ ᠢ ᠬᠡᠷᠡᠭᠯᠡᠬᠦ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠪᠠ︔ | ᠣᠷᠳᠤᠰ ᠤᠨ ᠵᠠᠭᠦᠨᠭᠠᠷ ᠬᠤᠰᠢᠭᠤ᠂ ᠳᠠᠯᠠᠳ ᠬᠤᠰᠢᠭᠤ᠂ ᠦᠤᠰᠢᠨ ᠬᠤᠰᠢᠭᠤ᠂ ᠡᠵᠡᠨᠬᠤᠷᠤᠭ᠎ᠠ ᠬᠤᠰᠢᠭᠤ ᠪᠣᠯᠣᠨ | ᠣᠲᠤᠭ ᠬᠤᠰᠢᠭᠤ᠂ ᠪᠤᠭᠤᠲᠦ ᠬᠤᠲᠠ ᠶᠢᠨ ᠲᠦᠮᠡᠳ ᠪᠠᠷᠠᠭᠤᠨ ᠬᠤᠰᠢᠭᠤ᠂ ᠮᠠᠨᠵᠤᠤᠷ ᠬᠤᠲᠠ ᠵᠡᠷᠭᠡ | ᠲᠤᠷᠰᠢᠯᠲᠠ ᠶᠢᠨ ᠴᠢᠭ᠋ ᠤᠨ ᠭᠠᠵᠠᠷ ᠣᠷᠣᠨ ᠨᠤᠭᠤᠳ ᠡᠮᠨᠡᠯᠭᠡ ᠶᠢᠨ ᠬᠤᠷᠢᠶᠠᠨ ᠤ ᠳᠠᠷᠤᠭ᠎ᠠ ᠶᠢᠨ ᠲᠤᠰᠢᠶᠠᠯ ᠤᠨ | ᠬᠤᠭᠤᠴᠠᠭᠠᠨ ᠤ ᠬᠠᠷᠠᠯᠲᠠᠲᠦ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠰᠢᠢᠳᠪᠥᠷᠢᠲᠦ ᠪᠣᠳᠤᠯᠭ᠎ᠠ | ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ ᠶᠢᠨ ᠬᠠᠷᠢᠯᠴᠠᠨ ᠬᠢᠵᠠᠭᠠᠷᠯᠠᠭᠰᠠᠨ ᠠᠵᠢᠯᠯᠠᠭᠠᠨ ᠤ | ᠬᠠᠮᠢᠶᠠᠷᠤᠯᠲᠠ ᠶᠢᠨ ᠲᠣᠭᠲᠠᠴᠠ ᠶᠢ ᠠᠯᠬᠤᠮ ᠠᠯᠬᠤᠮ ᠢᠶᠠᠷ ᠪᠣᠢ ᠪᠣᠯᠭᠠᠭᠰᠠᠨ ᠪᠠᠶᠢᠨ᠎ᠠ︔ ᠮᠠᠨᠵᠤᠤᠷ ᠬᠤᠲᠠ᠂ | ᠰᠢᠨ᠎ᠡ ᠪᠠᠷᠭᠤ ᠵᠡᠭᠦᠨ ᠬᠤᠰᠢᠭᠤ᠂ ᠵᠠᠯᠠᠨ ᠠᠶᠢᠯ ᠬᠤᠲᠠ ᠵᠡᠷᠭᠡ ᠬᠤᠰᠢᠭᠤ ᠰᠢᠶᠠᠨ ᠨᠦᠭᠦᠳ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠰᠢᠶᠠᠩ ᠪᠠᠯᠭᠠᠰᠦ ᠶᠢᠨ ᠡᠷᠡᠭᠦᠯ | ᠬᠠᠮᠠᠭᠠᠯᠠᠯ ᠤᠨ ᠬᠤᠷᠢᠶ᠎ᠠ ᠬᠢᠭᠡᠳ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠤᠶᠠᠷ ᠲᠠᠯ᠎ᠠ ᠪᠠᠷ ᠢᠶᠠᠨ | ᠰᠢᠯᠵᠢᠭᠦᠯᠥᠨ ᠣᠨᠣᠰᠢᠯᠠᠬᠤ ᠠᠵᠢᠯ ᠦᠷᠨᠢᠭᠦᠯᠬᠦ ᠶᠠᠪᠤᠳᠠᠯ ᠢ ᠬᠠᠶᠢᠨ ᠰᠦᠪᠡᠭᠴᠢᠯᠡᠭᠰᠡᠨ ᠪᠠᠶᠢᠨ᠎ᠠ︔ ᠮᠣᠩᠭᠤᠯ | ᠡᠮᠨᠡᠯᠭᠡ ᠬᠢᠲᠠᠳ ᠡᠮᠨᠡᠯᠭᠡ ᠶᠢᠨ ᠪᠠᠶᠢᠭᠤᠯᠤᠮᠵᠢ ᠳᠤ ᠡᠮᠨᠡᠭᠦᠯᠥᠭᠰᠡᠨ ᠤ ᠳᠠᠩᠰᠠ ᠲᠠᠶᠢᠯᠬᠤ ᠬᠠᠷᠢᠴᠠᠯ ᠢ | 10%~20% ᠪᠠᠷ ᠳᠡᠭᠡᠭᠰᠢᠯᠡᠭᠦᠯᠵᠦ᠂ ᠳᠠᠩᠰᠠ ᠲᠠᠶᠢᠯᠬᠤ ᠶᠢᠨ ᠡᠬᠢᠯᠡᠵᠦ ᠵᠠᠷᠤᠴᠠᠭᠤᠯᠬᠤ ᠱᠤᠭᠤᠮ ᠢ | 20%~50% ᠪᠠᠷ ᠪᠠᠭᠤᠷᠠᠭᠤᠯᠪᠠ︔ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠤᠯᠠᠮᠵᠢᠯᠠᠯᠲᠦ ᠵᠠᠰᠠᠬᠤ | ᠠᠷᠭ᠎ᠠ ᠶᠢ ᠡᠮᠨᠡᠯᠭᠡ ᠳᠤ ᠰᠠᠭᠤᠭᠰᠠᠨ ᠤ ᠳᠠᠩᠰᠠ ᠲᠠᠶᠢᠯᠬᠤ ᠬᠡᠪᠴᠢᠶᠡᠨ ᠳᠤ ᠣᠷᠣᠭᠤᠯᠤᠨ᠎ᠠ︔ ᠮᠣᠩᠭᠤᠯ | ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠶᠢᠨ 387 ᠲᠦᠷᠥᠯ ᠵᠦᠢᠯ ᠤᠨ ᠦᠨ᠎ᠡ ᠬᠠᠩᠰᠢ ᠶᠢ ᠵᠣᠬᠢᠶᠠᠨ | ᠪᠠᠶᠢᠭᠤᠯᠤᠨ ᠲᠣᠬᠢᠷᠠᠭᠤᠯᠵᠦ᠂ ᠰᠢᠨ᠎ᠡ ᠦᠨ᠎ᠡ ᠬᠠᠩᠰᠢ ᠶᠢᠨ ᠪᠠᠷᠢᠮᠵᠢᠶ᠎ᠠ ᠶᠢ 2014 ᠣᠨ ᠤ 8 ᠳ᠋ᠤᠭᠠᠷ ᠰᠠᠷ᠎ᠠ ᠶᠢᠨ | 1 ᠤ ᠡᠳᠥᠷ ᠠᠴᠠ ᠨᠢᠭᠡᠨᠲᠡ ᠵᠢᠩᠬᠢᠨᠢ ᠪᠠᠷ ᠡᠬᠢᠯᠡᠵᠦ ᠬᠡᠷᠡᠭᠵᠢᠭᠦᠯᠪᠡ᠃ | ᠬᠦᠲᠥᠯᠥᠭᠴᠢ᠄ ᠦᠭᠡᠷᠡᠴᠢᠯᠡᠯᠲᠡ ᠶᠢᠨ ᠣᠯᠣᠭᠰᠠᠨ ᠭᠤᠣᠯ ᠪᠣᠯᠬᠤ ᠠᠮᠵᠢᠯᠲᠠ ᠶᠢ ᠲᠠ ᠪᠢᠳᠡᠨ ᠳᠤ | ᠲᠣᠭᠠᠴᠢᠵᠦ ᠦᠭᠭᠦᠨ᠎ᠡ ᠤᠤ︖ | ᠬᠤ᠋ ᠸᠧᠨ ᠢ᠄ ᠦᠭᠡᠷᠡᠴᠢᠯᠡᠯᠲᠡ ᠦᠨᠡᠬᠡᠷ ᠵᠣᠬᠢᠬᠤ ᠠᠮᠵᠢᠯᠲᠠ ᠣᠯᠪᠠ᠃ ᠵᠢᠱᠢᠶᠡᠯᠡᠪᠡᠯ᠂ 2014 | ᠣᠨ ᠤ 12 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠳᠤ ᠣᠨᠣᠰᠢᠯᠠᠭᠤᠯᠤᠨ ᠡᠮᠨᠡᠭᠦᠯᠥᠭᠰᠡᠨ ᠬᠦᠮᠥᠨ ᠤᠳᠠᠭ᠎ᠠ ᠪᠠᠷᠤᠭ 3500 ᠲᠦᠮᠡᠨ ᠬᠦᠮᠥᠨ᠂ | ᠡᠮᠨᠡᠯᠭᠡ ᠳᠤ ᠣᠷᠣᠭᠰᠠᠨ ᠬᠦᠮᠥᠨ ᠤᠳᠠᠭ᠎ᠠ ᠨᠢ 205 ᠲᠦᠮᠡᠨ ᠬᠦᠮᠥᠨ ᠪᠠᠶᠢᠵᠦ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠶᠡᠭᠡ ᠡᠮᠴᠢ ᠨᠠᠷ ᠡᠳᠥᠷ ᠲᠤ ᠳᠤᠮᠳᠠᠴᠢ ᠪᠠᠷ 5.6 ᠬᠦᠮᠥᠨ ᠤᠳᠠᠭ᠎ᠠ ᠪᠠ ᠡᠳᠥᠷ ᠲᠤ 2. | 4 ᠣᠷᠣ ᠡᠮᠨᠡᠯᠭᠡ ᠳᠤ ᠰᠠᠭᠤᠯᠭᠠᠨ ᠣᠨᠣᠰᠢᠯᠠᠨ ᠡᠮᠨᠡᠵᠦ ᠪᠠᠶᠢᠬᠤ ᠪᠦᠭᠡᠳ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠣᠷᠣ ᠶᠢᠨ ᠬᠡᠷᠡᠭᠯᠡᠯᠲᠡ ᠶᠢᠨ ᠨᠣᠷᠮ᠎ᠠ 76% ᠣᠷᠴᠢᠮ ᠪᠠᠶᠢᠵᠦ᠂ | ᠴᠦᠮ ᠦᠩᠭᠡᠷᠡᠭᠰᠡᠨ ᠤ ᠬᠢ ᠠᠴᠠ ᠢᠯᠡᠷᠬᠡᠢ ᠳᠡᠭᠡᠭᠰᠢᠯᠡᠭᠰᠡᠨ ᠪᠠᠶᠢᠨ᠎ᠠ᠃ ᠡᠮᠨᠡᠯᠭᠡ ᠶᠢᠨ ᠬᠤᠷᠢᠶᠠᠨ ᠤ ᠡᠭᠦᠳᠡᠨ | ᠡᠮᠨᠡᠯᠭᠡ ᠶᠢᠨ ᠡᠮ ᠤᠨ ᠵᠠᠷᠤᠳᠠᠯ 42% ᠢ ᠡᠵᠡᠯᠡᠵᠦ᠂ ᠳᠡᠭᠡᠷ᠎ᠡ ᠵᠢᠯ ᠤᠨ ᠬᠢ ᠠᠴᠠ ᠵᠠᠭᠤᠨ ᠤ ᠴᠢᠭ᠋ ᠤᠨ 0.5 ᠪᠠᠷ | ᠪᠠᠭᠤᠷᠠᠪᠠ︔ ᠡᠮᠨᠡᠯᠭᠡ ᠶᠢᠨ ᠬᠤᠷᠢᠶᠠᠨ ᠳᠤ ᠰᠠᠭᠤᠭᠰᠠᠨ ᠤ ᠡᠮ ᠤᠨ ᠵᠠᠷᠤᠳᠠᠯ 43% ᠶᠢ ᠡᠵᠡᠯᠡᠵᠦ᠂ ᠳᠡᠭᠡᠷ᠎ᠡ | ᠵᠢᠯ ᠤᠨ ᠬᠢ ᠠᠴᠠ ᠵᠠᠭᠤᠨ ᠤ ᠴᠢᠭ᠋ ᠤᠨ 0.6 ᠪᠠᠷ ᠪᠠᠭᠤᠷᠠᠪᠠ᠃ ᠦᠨᠳᠥᠰᠥᠨ ᠱᠠᠲᠤᠨ ᠤ ᠣᠯᠠᠨ ᠲᠦᠮᠡᠨ ᠤ | ᠬᠦᠷᠲᠡᠵᠦ ᠪᠦᠬᠦᠢ ᠦᠭᠡᠷᠡᠴᠢᠯᠡᠯᠲᠡ ᠶᠢᠨ ᠠᠰᠢᠭ ᠲᠤᠰᠠ ᠨᠢ ᠬᠠᠰᠢ ᠯᠠ ᠡᠬᠢᠯᠡᠯᠲᠡ ᠳᠡᠭᠡᠨ ᠪᠠᠶᠢᠭ᠎ᠠ ᠪᠦᠭᠡᠳ | ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ | ᠦᠭᠡᠷᠡᠴᠢᠯᠡᠯᠲᠡ ᠶᠢᠨ ᠭᠦᠨᠵᠡᠭᠡᠶᠢᠷᠡᠬᠦ ᠶᠢ ᠳᠠᠭᠠᠯᠳᠤᠭᠤᠯᠤᠨ᠂ ᠦᠭᠡᠷᠡᠴᠢᠯᠡᠯᠲᠡ ᠶᠢᠨ ᠠᠰᠢᠭ ᠲᠤᠰᠠ ᠶᠢ ᠤᠯᠠᠮ ᠨᠢᠭᠡ | ᠠᠯᠬᠤᠮ ᠲᠠᠯᠪᠢᠵᠦ ᠭᠠᠷᠭᠠᠬᠤ ᠲᠤᠯᠠ᠂ ᠠᠷᠠᠳ ᠣᠯᠠᠨ ᠨᠡᠩ ᠢᠯᠡᠭᠦᠦ ᠪᠤᠳᠠᠲᠦ ᠠᠰᠢᠭ ᠣᠯᠬᠤ ᠶᠤᠮ᠃ | ᠬᠦᠲᠥᠯᠥᠭᠴᠢ᠄ ᠲᠡᠭᠡᠪᠡᠯ᠂ ᠦᠪᠡᠷᠳᠡᠭᠡᠨ ᠵᠠᠰᠠᠬᠤ ᠣᠷᠣᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢᠨ ᠠᠬᠢᠴᠠ ᠳᠤ ᠭᠤᠣᠯᠳᠠᠭᠤ ᠶᠠᠮᠠᠷ ᠬᠦᠴᠢᠷᠳᠡᠯ ᠲᠤᠯᠭᠠᠷᠠᠭᠰᠠᠨ ᠪᠣᠢ︖ | | ᠬᠤ᠋ ᠸᠧᠨ ᠢ᠄ ᠣᠳᠣᠬᠠᠨ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠦᠭᠡᠷᠡᠴᠢᠯᠡᠯᠲᠡ ᠪᠡᠷᠬᠡ ᠶᠢ ᠲᠤᠭᠤᠯᠬᠤ᠂ ᠬᠦᠴᠢᠷ ᠠᠰᠠᠭᠤᠳᠠᠯ ᠢ ᠰᠢᠢᠳᠪᠥᠷᠢᠯᠡᠬᠦ ᠬᠤᠭᠤᠴᠠᠭᠠᠨ ᠳᠤ ᠣᠷᠣᠯ᠎ᠠ ᠭᠡᠵᠦ | ᠬᠡᠯᠡᠵᠦ ᠪᠣᠯᠤᠨ᠎ᠠ᠂ ᠬᠦᠴᠢᠷ ᠬᠠᠰᠢᠯᠠ ᠲᠣᠩ ᠠᠷᠪᠢᠨ ᠪᠠᠶᠢᠨ᠎ᠠ᠂ ᠬᠡᠳᠥᠶᠢᠪᠡᠷ ᠮᠠᠨ ᠤ ᠣᠷᠣᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠵᠣᠬᠢᠬᠤ ᠠᠬᠢᠴᠠ ᠲᠠᠢ ᠪᠣᠯᠣᠭᠰᠠᠨ ᠪᠣᠯᠪᠠᠴᠦ | ᠦᠭᠡᠷᠡᠴᠢᠯᠡᠯᠲᠡ ᠶᠢᠨ ᠬᠠᠷᠠᠯᠲᠠ ᠶᠢᠨ ᠱᠠᠭᠠᠷᠳᠠᠯᠭ᠎ᠠ ᠵᠢᠴᠢ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠪᠠᠯ᠂ | ᠪᠠᠰᠠ ᠵᠣᠬᠢᠬᠤ ᠵᠦᠷᠢᠶ᠎ᠡ ᠲᠠᠢ ᠪᠠᠶᠢᠭ᠎ᠠ ᠪᠦᠭᠡᠳ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢᠨ ᠲᠦᠷᠦ ᠶᠢᠨ ᠪᠣᠳᠤᠯᠭ᠎ᠠ ᠶᠢᠨ ᠰᠢᠰᠲ᠋ᠧᠮᠲᠦ ᠴᠢᠨᠠᠷ | ᠂ ᠪᠦᠬᠦᠯᠢ ᠴᠣᠭᠴᠠᠲᠦ ᠴᠢᠨᠠᠷ᠂ ᠬᠠᠮᠲᠤᠷᠠᠯᠲᠦ ᠴᠢᠨᠠᠷ ᠢ ᠴᠢᠩᠭᠠᠳᠬᠠᠬᠤ ᠬᠡᠷᠡᠭᠲᠡᠢ ᠪᠠᠶᠢᠨ᠎ᠠ᠃ ᠦᠭᠡᠷᠡᠴᠢᠯᠡᠯᠲᠡ ᠶᠢᠨ | ᠪᠠᠶᠢᠳᠠᠯ ᠠᠴᠠ ᠠᠪᠴᠦ ᠦᠵᠡᠪᠡᠯ᠂ ᠮᠠᠨ ᠤ ᠣᠷᠣᠨ ᠮᠦᠨᠬᠦ ᠠᠩᠬᠠᠨ ᠤ ᠱᠠᠲᠦ ᠦᠶ᠎ᠡ ᠳᠡᠭᠡᠨ ᠣᠷᠣᠰᠢᠵᠦ ᠪᠠᠶᠢᠭ᠎ᠠ | ᠪᠦᠭᠡᠳ ᠮᠠᠰᠢ ᠣᠯᠠᠨ ᠠᠵᠢᠯ ᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ ᠪᠠᠶᠢᠨ᠎ᠠ᠃ ᠵᠢᠱᠢᠶᠡᠯᠡᠪᠡᠯ᠂ ᠦᠨ᠎ᠡ | ᠬᠠᠩᠰᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ᠂ ᠡᠳ᠋ ᠤᠨ ᠵᠠᠰᠠᠭ ᠤᠨ ᠲᠤᠰᠠᠯᠠᠮᠵᠢ ᠶᠢᠨ ᠲᠠᠯ᠎ᠠ ᠪᠠᠷ᠂ ᠡᠮᠨᠡᠯᠭᠡ ᠶᠢᠨ | ᠳᠠᠭᠠᠳᠬᠠᠯ ᠤᠨ ᠳᠠᠩᠰᠠ ᠲᠠᠶᠢᠯᠬᠤ ᠲᠠᠯ᠎ᠠ ᠪᠠᠷ ᠬᠠᠮᠢᠶ᠎ᠠ ᠪᠦᠬᠦᠢ ᠲᠦᠭᠦᠷ ᠲᠦᠷᠦ ᠶᠢᠨ ᠪᠣᠳᠤᠯᠭ᠎ᠠ ᠶᠢ ᠲᠦᠷᠭᠡᠬᠡᠨ | ᠨᠡᠶᠢᠲᠡᠯᠡᠵᠦ᠂ ᠲᠡᠭᠦᠯᠳᠡᠷᠵᠢᠭᠦᠯᠬᠦ ᠶᠢᠨ ᠬᠠᠮᠲᠦ ᠨᠠᠶᠢᠳᠠᠪᠥᠷᠢᠵᠢᠭᠤᠯᠬᠤ ᠴᠢᠬᠤᠯᠠᠲᠠᠢ ᠪᠠᠶᠢᠭ᠎ᠠ ᠨᠢ ᠮᠠᠨ ᠤ ᠣᠶᠢᠷ᠎ᠠ ᠶᠢᠨ | ᠬᠤᠭᠤᠴᠠᠭᠠᠨ ᠤ ᠦᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ ᠭᠤᠣᠯᠳᠠᠯᠭ᠎ᠠ ᠪᠣᠯᠵᠦ ᠪᠠᠶᠢᠭ᠎ᠠ ᠲᠤᠯᠠ᠂ ᠦᠨ᠎ᠡ | ᠬᠠᠩᠰᠢ ᠶᠢᠨ ᠲᠣᠬᠢᠷᠠᠭᠤᠯᠤᠯᠲᠠ ᠶᠢ ᠣᠷᠣᠨ ᠪᠠᠶᠢᠷᠢ ᠳᠤᠨᠢ ᠬᠦᠷᠥᠭᠦᠯᠬᠦ᠂ ᠡᠳ᠋ ᠤᠨ ᠵᠠᠰᠠᠭ ᠤᠨ ᠲᠤᠰᠠᠯᠠᠮᠵᠢ ᠶᠢ | ᠣᠷᠣᠨ ᠪᠠᠶᠢᠷᠢ ᠳᠤᠨᠢ ᠬᠦᠷᠥᠭᠦᠯᠬᠦ᠂ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠶᠢ ᠣᠷᠣᠨ ᠪᠠᠶᠢᠷᠢ ᠳᠤᠨᠢ | ᠬᠦᠷᠥᠭᠦᠯᠬᠦ ︽ᠭᠤᠷᠪᠠ ᠶᠢ ᠣᠷᠣᠨ ᠪᠠᠶᠢᠷᠢ ᠳᠤᠨᠢ ᠬᠦᠷᠥᠭᠦᠯᠬᠦ︾ ᠶᠢ ᠴᠢᠷᠮᠠᠶᠢᠵᠦ ᠪᠠᠶᠢᠭᠠᠳ ᠲᠦᠷᠭᠡᠬᠡᠨ | ᠭᠦᠢᠴᠡᠳᠭᠡᠬᠦ ᠬᠡᠷᠡᠭᠲᠡᠢ ᠪᠠᠶᠢᠨ᠎ᠠ᠃ | ᠬᠦᠲᠥᠯᠥᠭᠴᠢ᠄ ᠡᠨᠡᠬᠦ ︽ᠭᠤᠷᠪᠠ ᠶᠢ ᠣᠷᠣᠨ ᠪᠠᠶᠢᠷᠢ ᠳᠤᠨᠢ ᠬᠦᠷᠥᠭᠦᠯᠬᠦ︾ ᠶᠢ ᠬᠡᠷᠬᠢᠨ | ᠲᠠᠶᠢᠯᠪᠥᠷᠢᠯᠠᠬᠤ ᠪᠣᠢ᠂ ᠲᠠ ᠮᠠᠨ ᠳᠤ ᠶᠠᠷᠢᠭᠠᠳ ᠦᠭᠭᠦᠨ᠎ᠡ ᠤᠤ︖ | ᠬᠤ᠋ ᠸᠧᠨ ᠢ᠄ ︽ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠣᠷᠣᠨ ᠪᠠᠶᠢᠷᠢ ᠳᠤᠨᠢ ᠬᠦᠷᠥᠭᠦᠯᠬᠦ︾ | ᠭᠡᠰᠡᠨ ᠨᠢ ᠪᠣᠯ ︽ᠶᠡᠷᠥᠩᠬᠡᠢ ᠬᠡᠮᠵᠢᠶ᠎ᠡ ᠶᠢ ᠡᠵᠡᠮᠳᠡᠬᠦ᠂ ᠪᠦᠲᠥᠴᠡ ᠶᠢ ᠲᠣᠬᠢᠷᠠᠭᠤᠯᠬᠤ᠂ ᠦᠰᠥᠯᠲᠡ ᠲᠠᠢ | ᠪᠠᠭᠤᠷᠠᠯᠲᠠ ᠲᠠᠢ ᠪᠠᠶᠢᠯᠭᠠᠵᠦ᠂ ᠠᠯᠬᠤᠮ ᠠᠯᠬᠤᠮ ᠢᠶᠠᠷ ᠣᠷᠣᠨ ᠪᠠᠶᠢᠷᠢ ᠳᠤᠨᠢ ᠬᠦᠷᠥᠭᠦᠯᠬᠦ︾ ᠵᠠᠷᠴᠢᠮ ᠤᠨ | ᠶᠣᠰᠤᠭᠠᠷ᠂ ᠡᠮ ᠤᠨ ᠦᠨ᠎ᠡ ᠳᠤ ᠨᠡᠮᠡᠬᠦ ᠬᠡᠰᠡᠭ ᠢ ᠦᠭᠡᠶᠢᠰᠭᠡᠨ᠂ ᠲᠣᠮᠦ ᠬᠡᠯᠪᠡᠷᠢ ᠶᠢᠨ ᠲᠦᠬᠦᠭᠡᠷᠥᠮᠵᠢ ᠪᠠᠷ | ᠪᠠᠶᠢᠴᠠᠭᠠᠵᠦ ᠵᠠᠰᠠᠬᠤ ᠪᠠ ᠰᠢᠯᠭᠠᠨ ᠪᠠᠶᠢᠴᠠᠭᠠᠬᠤ ᠦᠨ᠎ᠡ ᠬᠠᠩᠰᠢ ᠶᠢ ᠪᠠᠭᠤᠷᠠᠭᠤᠯᠵᠦ᠂ ᠣᠨᠣᠰᠢᠯᠠᠨ ᠡᠮᠨᠡᠬᠦ᠂ ᠮᠡᠰᠡ | ᠵᠠᠰᠠᠯ ᠬᠢᠬᠦ᠂ ᠰᠤᠪᠢᠯᠠᠬᠤ᠂ ᠣᠷᠣ ᠪᠣᠯᠣᠨ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ | ᠬᠠᠩᠰᠢ ᠶᠢ ᠵᠦᠢ ᠵᠣᠬᠢᠰᠲᠠᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠮᠴᠢᠯᠡᠭᠡ ᠶᠢᠨ | ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠬᠤ ᠶᠢᠨ ᠬᠠᠮᠲᠦ ᠠᠯᠬᠤᠮ ᠠᠯᠬᠤᠮ ᠢᠶᠠᠷ ᠰᠢᠯᠤᠭᠤᠳᠬᠠᠬᠤ | ᠶᠠᠪᠤᠳᠠᠯ ᠪᠣᠯᠤᠨ᠎ᠠ᠃ ᠣᠳᠣᠬᠠᠨ ᠳᠤ᠂ ᠮᠠᠨ ᠤ ᠣᠷᠣᠨ ᠤ ᠡᠮᠴᠢ ᠶᠢᠨ ᠬᠠᠩᠭᠠᠵᠦ ᠪᠦᠬᠦᠢ ᠦᠢᠯᠡᠴᠢᠯᠡᠭᠡᠨ ᠤ ᠦᠨ᠎ᠡ | ᠬᠠᠩᠰᠢ ᠢᠯᠡᠷᠬᠡᠢ ᠳᠣᠣᠷ᠎ᠠ ᠪᠠᠶᠢᠵᠦ᠂ ᠦᠢᠯᠡᠴᠢᠯᠡᠭᠡᠨ ᠤ ᠦᠨ᠎ᠡ ᠬᠠᠩᠰᠢ ᠶᠢ ᠨᠢ ᠲᠣᠬᠢᠷᠠᠭᠤᠯᠬᠤ ᠶᠠᠪᠤᠳᠠᠯ ᠭᠡᠳ | ᠰᠠᠶ᠋ᠢ ᠡᠬᠢᠯᠡᠵᠦ᠂ ᠲᠣᠭᠲᠠᠭᠠᠭᠰᠠᠨ ᠦᠨ᠎ᠡ ᠬᠠᠩᠰᠢ ᠲᠣᠬᠢᠷᠠᠭᠤᠯᠬᠤ ᠬᠡᠮᠵᠢᠶ᠎ᠡ ᠶᠣᠰᠤᠭᠠᠷ ᠪᠣᠯ ᠵᠠᠷᠢᠮ | ᠭᠠᠵᠠᠷ ᠤᠳ ᠤᠨ ᠨᠦᠬᠦᠪᠥᠷᠢᠯᠡᠬᠦ ᠨᠢ ᠪᠠᠰᠠ ᠬᠦᠷᠥᠯᠴᠡᠬᠦ ᠦᠭᠡᠢ ᠪᠠᠶᠢᠨ᠎ᠠ᠃ ᠪᠢᠳᠡ ᠶᠠᠭ ᠤᠯᠠᠮ ᠨᠢᠭᠡ ᠠᠯᠬᠤᠮ | ᠪᠠᠶᠢᠴᠠᠭᠠᠨ ᠰᠤᠳᠤᠯᠵᠦ᠂ ᠲᠣᠬᠢᠷᠠᠭᠤᠯᠬᠤ ᠰᠠᠨᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠠᠪᠤᠳᠠᠯ ᠢ ᠴᠢᠷᠮᠠᠶᠢᠨ | ᠲᠦᠯᠬᠢᠨ ᠠᠬᠢᠭᠤᠯᠵᠦ᠂ ᠦᠨ᠎ᠡ ᠬᠠᠩᠰᠢ ᠬᠢᠨᠠᠨ ᠵᠦᠪᠰᠢᠶᠡᠷᠡᠬᠦ᠂ ᠲᠣᠬᠢᠷᠠᠭᠤᠯᠬᠤ ᠡᠷᠬᠡ ᠮᠡᠳᠡᠯ ᠢ ᠠᠶᠢᠮᠠᠭ ᠬᠤᠲᠠ | ᠪᠣᠯᠣᠨ ᠬᠤᠰᠢᠭᠤ ᠰᠢᠶᠠᠨ ᠳᠤ ᠪᠠᠭᠤᠯᠭᠠᠵᠦ᠂ ᠰᠢᠨᠵᠢᠯᠡᠬᠦ ᠤᠬᠠᠭᠠᠨᠴᠢ ᠪᠠᠷ ᠲᠦᠰᠥᠭᠡᠯᠡᠨ ᠪᠣᠳᠣᠵᠦ᠂ ᠵᠦᠢ | ᠵᠣᠬᠢᠰᠲᠠᠢ ᠲᠣᠬᠢᠷᠠᠭᠤᠯᠤᠨ᠂ ᠲᠣᠬᠢᠷᠠᠭᠤᠯᠤᠭᠰᠠᠨ ᠤ ᠳᠠᠷᠠᠭᠠᠬᠢ ᠡᠮᠴᠢᠯᠡᠭᠡ ᠶᠢᠨ ᠦᠢᠯᠡᠴᠢᠯᠡᠭᠡᠨ ᠤ ᠦᠨ᠎ᠡ | ᠬᠠᠩᠰᠢ ᠶᠢ ᠡᠮᠴᠢᠯᠡᠭᠡᠨ ᠤ ᠠᠵᠢᠯᠲᠠᠳ ᠤᠨ ᠮᠡᠷᠭᠡᠵᠢᠯ ᠤᠨ ᠬᠦᠳᠡᠯᠮᠥᠷᠢ ᠦᠢᠯᠡᠴᠢᠯᠡᠭᠡᠨ ᠤ ᠦᠷᠲᠡᠭ ᠢ ᠬᠠᠷᠠᠭᠤᠯᠬᠤ | ᠪᠣᠯᠭᠠᠨ᠂ ᠡᠮᠴᠢ ᠨᠠᠷ ᠢ ᠨᠡᠷ᠎ᠡ ᠬᠦᠨᠳᠦ ᠲᠠᠢ ᠠᠵᠢᠯᠯᠠᠭᠤᠯᠬᠤ ᠪᠣᠯᠤᠨ᠎ᠠ᠃ | ︽ᠡᠳ᠋ ᠤᠨ ᠵᠠᠰᠠᠭ ᠠᠴᠠ ᠨᠦᠬᠦᠪᠥᠷᠢᠯᠡᠬᠦ ᠶᠢ ᠤᠷᠣᠨ ᠪᠠᠶᠢᠷᠢ ᠳᠤᠨᠢ ᠬᠦᠷᠥᠭᠦᠯᠬᠦ︾ ᠭᠡᠰᠡᠨ ᠨᠢ ᠪᠣᠯ | ᠡᠮᠨᠡᠯᠭᠡ ᠶᠢᠨ ᠬᠤᠷᠢᠶᠠᠨ ᠤ ᠡᠮ ᠤᠨ ᠵᠦᠢᠯ ᠳᠤ ᠦᠨ᠎ᠡ ᠨᠡᠮᠡᠬᠦ ᠶᠢ ᠦᠭᠡᠶᠢᠰᠭᠡᠭᠰᠡᠨ ᠠᠴᠠ ᠪᠣᠯᠣᠭᠰᠠᠨ ᠤ | ᠬᠠᠰᠤᠭᠳᠠᠭᠰᠠᠨ ᠵᠦᠢ ᠵᠣᠬᠢᠰᠲᠠᠢ ᠣᠷᠣᠯᠭ᠎ᠠ ᠳᠤ ᠡᠳ᠋ ᠤᠨ ᠵᠠᠰᠠᠭ ᠠᠴᠠ ᠲᠤᠰᠠᠯᠠᠬᠤ ᠶᠢ ᠬᠡᠯᠡᠵᠦ ᠪᠠᠶᠢᠭ᠎ᠠ ᠪᠦᠭᠡᠳ | ᠦᠪᠡᠷᠳᠡᠭᠡᠨ ᠵᠠᠰᠠᠬᠤ ᠣᠷᠣᠨ ᠪᠤᠳᠠᠲᠠᠢ ᠨᠦᠬᠦᠪᠥᠷᠢᠯᠡᠬᠦ ᠠᠷᠭ᠎ᠠ ᠶᠢ ᠲᠦᠷᠭᠡᠬᠡᠨ ᠨᠡᠶᠢᠲᠡᠯᠡᠵᠦ᠂ ᠦᠪᠡᠷᠳᠡᠭᠡᠨ ᠵᠠᠰᠠᠬᠤ | ᠣᠷᠣᠨ᠂ ᠠᠶᠢᠮᠠᠭ ᠬᠤᠲᠠ ᠪᠣᠯᠣᠨ ᠬᠤᠰᠢᠭᠤ ᠰᠢᠶᠠᠨ ᠭᠤᠷᠪᠠᠨ ᠱᠠᠲᠤᠨ ᠤ ᠡᠳ᠋ ᠤᠨ ᠵᠠᠰᠠᠭ ᠬᠤᠪᠢᠳᠠᠨ ᠡᠭᠦᠷᠭᠡᠯᠡᠬᠦ | ᠬᠠᠷᠢᠴᠠᠯ ᠢ ᠲᠣᠳᠤᠷᠬᠠᠶᠢᠯᠠᠬᠤ ᠬᠡᠷᠡᠭᠲᠡᠢ᠃ ᠡᠯ᠎ᠡ ᠭᠠᠵᠠᠷ ᠤᠳ ᠨᠦᠬᠦᠪᠥᠷᠢᠯᠡᠬᠦ ᠠᠷᠭ᠎ᠠ ᠶᠢ ᠦᠨᠳᠥᠰᠥᠯᠡᠨ᠂ | ᠵᠠᠷᠤᠯᠭ᠎ᠠ ᠶᠢᠨ ᠪᠦᠲᠥᠴᠡ ᠳᠡᠭᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠲᠤᠰᠠᠯᠠᠬᠤ ᠪᠡᠯᠡ ᠮᠦᠩᠭᠦ ᠶᠢ | ᠣᠷᠣᠨ ᠪᠠᠶᠢᠷᠢ ᠳᠤᠨᠢ ᠬᠦᠷᠥᠭᠦᠯᠥᠨ᠂ ᠡᠮᠨᠡᠯᠭᠡ ᠶᠢᠨ ᠬᠤᠷᠢᠶᠠᠨ ᠤ ᠬᠡᠪ ᠤᠨ ᠠᠵᠢᠯᠯᠠᠭᠠᠨ ᠢ ᠦᠨᠡᠨᠬᠦ ᠪᠠᠲᠤᠯᠠᠬᠤ | ᠬᠡᠷᠡᠭᠲᠡᠢ᠃ | ︽ᠡᠮᠨᠡᠯᠭᠡ ᠶᠢᠨ ᠳᠠᠩᠰᠠ ᠲᠠᠶᠢᠯᠬᠤ ᠶᠢ ᠣᠷᠣᠨ ᠪᠠᠶᠢᠷᠢ ᠳᠤᠨᠢ ᠬᠦᠷᠥᠭᠦᠯᠬᠦ︾ ᠭᠡᠰᠡᠨ ᠨᠢ ᠪᠣᠯ | ᠬᠤᠲᠠ ᠪᠠᠯᠭᠠᠰᠦ ᠶᠢᠨ ᠠᠵᠢᠯᠲᠠᠨ ᠠᠵᠢᠯᠴᠢᠨ᠂ ᠡᠰᠡᠭᠦᠯ᠎ᠡ ᠬᠤᠲᠠ ᠪᠠᠯᠭᠠᠰᠦ ᠶᠢᠨ ᠰᠠᠭᠤᠭᠠᠯᠢ ᠠᠷᠠᠳ᠂ ᠲᠠᠷᠢᠶᠠᠴᠢᠨ | ᠮᠠᠯᠴᠢᠨ ᠭᠡᠰᠡᠨ ᠦᠭᠡᠢ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠤᠭᠰᠠᠨ ᠤ ᠳᠠᠷᠠᠭ᠎ᠠ᠂ | ᠦᠨ᠎ᠡ ᠬᠠᠩᠰᠢ ᠲᠣᠬᠢᠷᠠᠭᠤᠯᠤᠭᠠᠳ ᠨᠡᠮᠡᠭᠳᠡᠭᠰᠡᠨ ᠡᠨᠡᠬᠦ ᠬᠡᠰᠡᠭ ᠵᠠᠷᠤᠳᠠᠯ ᠢ ᠴᠦᠮ ᠡᠮᠨᠡᠯᠭᠡ ᠶᠢᠨ ᠳᠠᠭᠠᠳᠬᠠᠯ ᠳᠤ | ᠲᠠᠯᠪᠢᠨ ᠳᠠᠩᠰᠠ ᠲᠠᠶᠢᠯᠵᠦ᠂ ᠡᠮᠨᠡᠯᠭᠡ ᠶᠢᠨ ᠬᠤᠷᠢᠶᠠᠨ ᠤ ᠬᠡᠪ ᠤᠨ ᠶᠣᠰᠤᠨ ᠤ ᠵᠠᠷᠤᠳᠠᠯ ᠢ ᠡᠵᠡᠯᠡᠨ ᠬᠡᠷᠡᠭᠯᠡᠬᠦ | ᠮᠦᠷᠲᠡᠭᠡᠨ ᠪᠠᠰᠠ ᠠᠷᠠᠳ ᠣᠯᠠᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠥᠭᠰᠡᠨ ᠤ ᠡᠭᠦᠷᠭᠡᠯᠡᠯ ᠢ ᠨᠡᠮᠡᠭᠳᠡᠭᠦᠯᠬᠦ | ᠦᠭᠡᠢ ᠪᠠᠷ ᠬᠠᠷᠢᠨ ᠡᠮᠨᠡᠯᠭᠡ ᠶᠢᠨ ᠳᠠᠭᠠᠳᠬᠠᠯ ᠤᠨ ᠪᠡᠯᠡ ᠮᠦᠩᠭᠦ ᠠᠴᠠ ᠡᠭᠦᠷᠭᠡᠯᠡᠬᠦ ᠪᠣᠯᠤᠨ᠎ᠠ᠃ | ᠣᠳᠣ ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ᠪᠦᠬᠦᠨ ᠠᠯᠪᠠᠨ ᠠᠴᠠ ᠡᠷᠬᠢᠯᠡᠭᠰᠡᠨ | ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢ ᠮᠠᠰᠢ ᠴᠢᠬᠤᠯᠠᠴᠢᠯᠠᠨ ᠦᠵᠡᠵᠦ ᠪᠠᠶᠢᠭ᠎ᠠ ᠪᠦᠭᠡᠳ | ᠦᠭᠡᠷᠡᠴᠢᠯᠡᠯᠲᠡ ᠶᠢᠨ ᠲᠦᠷᠦ ᠶᠢᠨ ᠪᠣᠳᠤᠯᠭ᠎ᠠ ᠶᠢᠨ ᠢᠵᠢ ᠪᠦᠷᠢᠳᠥᠭᠦᠯᠥᠯᠲᠡ ᠶᠢ ᠣᠷᠣᠨ ᠪᠠᠶᠢᠷᠢ ᠳᠤᠨᠢ ᠬᠦᠷᠥᠭᠦᠯᠬᠦ | ᠶᠠᠪᠤᠳᠠᠯ ᠲᠡᠳᠡᠨ ᠳᠤ ᠬᠠᠮᠤᠭ ᠠᠴᠠ ᠪᠠᠴᠢᠮ ᠬᠡᠷᠡᠭᠴᠡᠭᠡ ᠲᠠᠢ ᠪᠠᠶᠢᠵᠦ᠂ ︽ᠭᠤᠷᠪᠠ ᠶᠢ ᠣᠷᠣᠨ ᠪᠠᠶᠢᠷᠢ ᠳᠤᠨᠢ | ᠬᠦᠷᠥᠭᠦᠯᠬᠦ︾ ᠨᠢ ᠪᠤᠰᠤᠳ ᠡᠯ᠎ᠡ ᠵᠦᠢᠯ ᠤᠨ ᠦᠭᠡᠷᠡᠴᠢᠯᠡᠯᠲᠡ ᠶᠢᠨ ᠠᠵᠢᠯ ᠢ ᠤᠷᠤᠭᠰᠢᠲᠠᠢ ᠲᠦᠯᠬᠢᠨ | ᠠᠬᠢᠭᠤᠯᠬᠤ ᠳᠤ ᠠᠰᠢᠭᠲᠠᠢ ᠪᠠᠶᠢᠨ᠎ᠠ᠃ ᠬᠡᠷᠪᠡ ︽ᠭᠤᠷᠪᠠ ᠶᠢ ᠣᠷᠣᠨ ᠪᠠᠶᠢᠷᠢ ᠳᠤᠨᠢ ᠬᠦᠷᠥᠭᠦᠯᠬᠦ︾ ᠠᠰᠠᠭᠤᠳᠠᠯ ᠢ | ᠰᠢᠢᠳᠪᠥᠷᠢᠯᠡᠴᠢᠪᠡᠯ᠂ ᠬᠤᠰᠢᠭᠤ ᠰᠢᠶᠠᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ | ᠦᠭᠡᠷᠡᠴᠢᠯᠡᠯᠲᠡ ᠶᠢᠨ ᠠᠬᠢᠴᠠ ᠶᠡᠬᠡᠬᠡᠨ ᠲᠦᠷᠭᠡᠳᠬᠦ ᠶᠢᠨ ᠤᠯᠠᠮ ᠢᠶᠠᠷ ᠠᠷᠠᠳ ᠣᠯᠠᠨ ᠤ ︽ᠡᠪᠡᠳᠴᠢᠨ | ᠦᠵᠡᠭᠦᠯᠬᠦ ᠳᠤ ᠬᠦᠴᠢᠷ︾᠂ ︽ᠡᠪᠡᠳᠴᠢᠨ ᠦᠵᠡᠭᠦᠯᠬᠦ ᠳᠤ ᠦᠨᠡᠲᠡᠢ︾ ᠪᠠᠶᠢᠬᠤ ᠠᠰᠭᠤᠳᠠᠯ ᠢ ᠰᠢᠢᠳᠪᠥᠷᠢᠯᠡᠬᠦ | ᠶᠠᠪᠤᠳᠠᠯ ᠠᠯᠬᠤᠮ ᠠᠯᠬᠤᠮ ᠢᠶᠠᠷ ᠨᠠᠮᠳᠠᠵᠦ᠂ ᠡᠴᠥᠰ ᠲᠡᠭᠡᠨ ᠠᠷᠠᠳ ᠣᠯᠠᠨ ᠡᠪᠡᠳᠴᠢᠨᠢᠶ᠋ᠠᠨ ᠦᠵᠡᠭᠦᠯᠵᠦ | ᠳᠡᠶᠢᠯᠥᠨ᠂ ᠡᠪᠡᠳᠴᠢᠨ ᠢᠶᠠᠨ ᠰᠠᠶᠢᠲᠤᠷ ᠦᠵᠡᠭᠦᠯᠬᠦ ᠪᠣᠯᠤᠨ᠎ᠠ᠃ | ᠬᠦᠲᠥᠯᠥᠭᠴᠢ᠄ ᠲᠡᠭᠡᠪᠡᠯ ᠠᠷᠠᠳ ᠣᠯᠠᠨ ᠡᠪᠡᠳᠴᠢᠨ ᠢᠶᠠᠨ ᠦᠵᠡᠭᠦᠯᠬᠦ ᠳᠤ ᠴᠣᠬᠤᠮ ᠳᠠᠭᠠᠨ | ᠶᠠᠭᠤᠨ ᠠᠴᠠ ᠪᠣᠯᠤᠭᠠᠳ ︽ᠬᠦᠴᠢᠷ︾ ᠪᠠᠶᠢᠭ᠎ᠠ ᠪᠣᠢ᠂ ᠶᠠᠭᠤᠨ ᠠᠴᠠ ᠪᠣᠯᠤᠭᠠᠳ ︽ᠦᠨᠡᠲᠡᠢ︾ ᠪᠠᠶᠢᠭ᠎ᠠ ᠪᠣᠢ᠂ | ᠡᠭᠦᠨ ᠠᠴᠠ ᠭᠠᠳᠠᠨ᠎ᠠ᠂ ᠠᠷᠠᠳ ᠣᠯᠠᠨ ᠪᠠᠰᠠ ᠶᠠᠭᠤᠨ ᠳᠤ ᠰᠡᠳᠭᠢᠯ ᠲᠠᠯᠪᠢᠵᠦ ᠪᠠᠶᠢᠭ᠎ᠠ ᠪᠣᠢ︖ | ᠬᠤ᠋ ᠸᠧᠨ ᠢ᠄ ᠦᠩᠭᠡᠷᠡᠭᠰᠡᠨ ᠳᠤ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠨᠡᠯᠢᠶᠡᠳ | ᠪᠠᠴᠢᠮ ᠪᠠᠶᠢᠵᠦ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠦᠷᠥᠭᠡ ᠨᠡᠶᠢᠳᠡᠮᠵᠢᠭᠡᠳᠥᠢ ᠮᠦᠷᠲᠡᠭᠡᠨ | ᠨᠦᠬᠦᠴᠡᠯ ᠨᠢ ᠮᠠᠰᠢ ᠪᠦᠳᠥᠭᠦᠯᠢᠭ᠂ ᠰᠢᠶᠠᠩ ᠪᠠᠯᠭᠠᠰᠦ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠶᠢᠯ᠎ᠠ ᠴᠦ ᠭᠡᠰᠡᠨ | ᠪᠦᠷᠢᠨᠰᠢᠭᠡᠳᠥᠢ ᠲᠤᠯᠠ᠂ ᠠᠷᠠᠳ ᠣᠯᠠᠨ ᠡᠪᠡᠳᠴᠢᠨ ᠢᠶᠠᠨ ᠦᠵᠡᠭᠦᠯᠬᠦ ᠳᠤ ᠡᠮᠴᠢ ᠪᠤᠶᠤ ᠡᠮᠨᠡᠯᠭᠡ ᠶᠢᠨ ᠬᠤᠷᠢᠶ᠎ᠠ | ᠣᠯᠳᠠᠬᠤ ᠦᠭᠡᠢ᠂ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠬᠤᠮᠰᠠᠳᠠᠵᠦ ᠪᠠᠶᠢᠭᠰᠠᠨ ᠪᠣᠯᠬᠤᠷ ︽ᠬᠦᠴᠢᠷ︾ | ᠪᠠᠶᠢᠭᠰᠠᠨ ᠪᠠᠶᠢᠨ᠎ᠠ᠃ ᠰᠢᠨ᠎ᠡ ᠨᠢᠭᠡᠨ ᠡᠭᠡᠯᠵᠢ ᠶᠢᠨ ᠡᠮ ᠡᠮᠨᠡᠯᠭᠡ ᠡᠷᠡᠭᠢᠯ ᠬᠠᠮᠠᠭᠠᠯᠠᠯ ᠤᠨ ᠪᠠᠶᠢᠭᠤᠯᠤᠯ ᠤᠨ | ᠦᠭᠡᠷᠡᠴᠢᠯᠡᠯᠲᠡ ᠠᠴᠠ ᠨᠠᠰᠢ᠂ ︽ᠦᠨᠳᠥᠰᠥᠨ ᠵᠦᠢᠯ ᠢ ᠪᠠᠲᠤᠯᠠᠬᠤ᠂ ᠦᠨᠳᠥᠰᠥᠨ ᠱᠠᠲᠦ ᠶᠢ ᠬᠦᠴᠥᠷᠬᠡᠭᠵᠢᠭᠦᠯᠬᠦ᠂ | ᠲᠣᠭᠲᠠᠴᠠ ᠪᠠᠶᠢᠭᠤᠯᠬᠤ︾ ᠪᠠᠷ ᠳᠠᠮᠵᠢᠭᠤᠯᠤᠨ᠂ ᠦᠨᠳᠥᠰᠥᠨ ᠱᠠᠲᠦ ᠠᠯᠬᠤᠮ ᠠᠯᠬᠤᠮ ᠢᠶᠠᠷ ᠬᠦᠴᠥᠷᠬᠡᠭᠵᠢᠵᠦ | ᠢᠷᠡᠪᠡ᠂ ᠣᠳᠣ ᠭᠠᠴᠠᠭ᠎ᠠ ᠲᠣᠰᠬᠤᠨ ᠨᠢᠭᠡᠪᠥᠷᠢ ᠳᠤ ᠴᠦᠮ ᠡᠷᠡᠭᠦᠯ ᠬᠠᠮᠠᠭᠠᠯᠠᠯ ᠤᠨ ᠦᠷᠥᠭᠡ ᠲᠠᠢ᠂ ᠰᠢᠶᠠᠩ | ᠪᠠᠯᠭᠠᠰᠦ ᠨᠢᠭᠡᠪᠥᠷᠢ ᠳᠤ ᠠᠳᠠᠭ ᠲᠠᠭᠠᠨ ᠨᠢᠭᠡ ᠡᠷᠡᠭᠦᠯ ᠬᠠᠮᠠᠭᠠᠯᠠᠯ ᠤᠨ ᠬᠤᠷᠢᠶ᠎ᠠ ᠲᠠᠢ᠂ ᠬᠤᠰᠢᠭᠤ ᠰᠢᠶᠠᠨ | ᠨᠢᠭᠡᠪᠥᠷᠢ ᠳᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠠᠳᠠᠭ ᠲᠠᠭᠠᠨ ᠬᠤᠶᠠᠷ ᠪᠠᠶᠢᠵᠦ᠂ ᠬᠠᠲᠠᠭᠤ | ᠬᠡᠷᠡᠭᠰᠡᠯ ᠤᠨ ᠲᠣᠬᠢᠷᠠᠭᠤᠯᠤᠯᠲᠠ ᠶᠢᠨ ᠲᠠᠯ᠎ᠠ ᠠᠴᠠ ᠠᠪᠴᠦ ᠦᠵᠡᠪᠡᠯ᠂ ᠣᠯᠠᠨ ᠲᠦᠮᠡᠨ ᠤ ᠡᠪᠡᠳᠴᠢᠨ ᠢᠶᠠᠨ | ᠦᠵᠡᠭᠦᠯᠬᠦ ᠳᠤ ᠬᠦᠴᠢᠷ ᠪᠠᠶᠢᠬᠤ ᠠᠰᠠᠭᠤᠳᠠᠯ ᠢ ᠦᠨᠳᠥᠰᠥᠨ ᠳᠡᠭᠡᠨ ᠰᠢᠢᠳᠪᠥᠷᠢᠯᠡᠪᠡ᠃ ᠭᠡᠪᠡᠴᠦ ᠡᠪᠡᠳᠴᠢᠨ | ᠦᠵᠡᠭᠦᠯᠵᠦ ᠪᠠᠶᠢᠭ᠎ᠠ ᠬᠦᠮᠥᠰ ᠠᠴᠠ ᠠᠪᠴᠦ ᠦᠵᠡᠪᠡᠯ᠂ ᠣᠯᠠᠨ ᠲᠦᠮᠡᠨ ᠤ ᠠᠮᠢᠳᠤᠷᠠᠯ ᠤᠨ ᠬᠢᠷᠢ ᠬᠡᠮᠵᠢᠶ᠎ᠡ ᠪᠣᠯᠣᠨ | ᠡᠮᠴᠢᠯᠡᠭᠡ ᠶᠢᠨ ᠦᠢᠯᠡᠴᠢᠯᠡᠭᠡᠨ ᠤ ᠬᠡᠷᠡᠭᠴᠡᠭᠡ ᠶᠢᠨ ᠳᠡᠭᠡᠭᠰᠢᠯᠡᠬᠦ ᠶᠢ ᠳᠠᠭᠠᠯᠳᠤᠨ᠂ ᠴᠦᠭᠡᠨ ᠪᠣᠰᠦ ᠡᠪᠡᠳᠴᠢᠲᠡᠨ | ᠬᠠᠷᠢᠨ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠳᠤ ᠣᠴᠢᠵᠦ ᠪᠠᠶᠢᠬᠤ ᠠᠴᠠ ᠪᠣᠯᠤᠭᠠᠳ ᠰᠢᠶᠠᠩ | ᠪᠠᠯᠭᠠᠰᠦ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠰᠠ ᠬᠡᠰᠡᠭ ᠵᠠᠷᠢᠮ ᠬᠤᠰᠢᠭᠤ ᠰᠢᠶᠠᠨ ᠤ ᠡᠮᠨᠡᠯᠭᠡ ᠶᠢᠨ | ᠬᠤᠷᠢᠶᠠᠨ ᠳᠤ ᠡᠮᠴᠢ ᠨᠠᠷ ᠡᠳᠥᠷ ᠪᠦᠷᠢ ᠡᠪᠡᠳᠴᠢᠲᠡᠨ ᠢ ᠬᠦᠯᠢᠶᠡᠬᠦ ᠦᠵᠡᠭᠳᠡᠯ ᠭᠠᠷᠴᠦ᠂ ︽ᠡᠪᠡᠳᠴᠢᠨ | ᠦᠵᠡᠭᠦᠯᠬᠦ ᠬᠦᠴᠢᠷ︾ ᠪᠠᠶᠢᠭᠰᠠᠨ ᠶᠠᠪᠤᠳᠠᠯ ᠳᠤ ᠰᠢᠨ᠎ᠡ ᠬᠤᠪᠢᠷᠠᠯᠲᠠ ᠭᠠᠷᠪᠠ᠂ ᠡᠨᠡ ᠨᠢ ᠪᠤᠳᠠᠲᠠᠢ ᠬᠤᠶᠠᠷ | ᠲᠠᠯ᠎ᠠ ᠪᠠᠷ ᠢᠯᠡᠷᠡᠵᠦ ᠪᠣᠢ᠄ ᠨᠢᠭᠡ ᠳᠤ ᠶᠡᠭᠡ ᠡᠮᠨᠡᠯᠭᠡ ᠶᠢᠨ ᠬᠤᠷᠢᠶᠠᠨ ᠤ ᠲᠦᠬᠦᠭᠡᠷᠥᠮᠵᠢ ᠨᠢ ᠲᠡᠷᠢᠭᠦᠨ ᠤ᠂ | ᠦᠢᠯᠡᠴᠢᠯᠡᠬᠦ ᠴᠢᠳᠠᠪᠥᠷᠢ ᠨᠢ ᠴᠢᠩᠭ᠎ᠠ ᠪᠣᠯᠬᠤᠷ ᠬᠦᠮᠥᠨ ᠠᠷᠪᠢᠳᠤᠭᠠᠳ ᠵᠣᠪᠠᠯᠠᠩ ᠪᠣᠯᠵᠦ᠂ ᠶᠡᠷᠦ ᠠᠴᠠ ᠳ᠋ᠤᠭᠠᠷ | ᠣᠯᠬᠤ ᠳᠤ ᠬᠦᠴᠢᠷ ᠪᠠᠶᠢᠵᠦ᠂ ᠡᠪᠡᠳᠴᠢᠨ ᠦᠵᠡᠭᠦᠯᠬᠦ᠂ ᠪᠠᠶᠢᠴᠠᠭᠠᠯᠭᠠᠬᠤ ᠳᠤ ᠮᠦᠷᠯᠡᠭᠡᠳ ᠤᠳᠠᠭᠠᠨ ᠴᠠᠭ ᠢᠶᠠᠷ | ᠬᠦᠯᠢᠶᠡᠬᠦ ᠴᠢᠬᠤᠯᠠᠲᠠᠢ ᠪᠦᠭᠡᠳ ᠨᠡᠷᠡᠲᠠᠢ ᠲᠤᠰᠬᠠᠢ ᠮᠡᠷᠭᠡᠵᠢᠲᠡᠨ ᠢᠶᠠᠷ ᠡᠪᠡᠳᠴᠢᠨ ᠦᠵᠡᠭᠦᠯᠬᠦ ᠳᠤ ᠨᠡᠩ ᠪᠡᠷᠬᠡ | ᠪᠠᠶᠢᠳᠠᠭ︔ ᠬᠤᠶᠠᠷ ᠲᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠬᠡᠪᠴᠢᠶ᠎ᠡ ᠨᠢ | ᠶᠡᠭᠡ᠂ ᠠᠵᠢᠯᠯᠠᠭᠠᠨ ᠤ ᠦᠪᠡᠷ ᠤᠨ ᠦᠷᠲᠡᠭ ᠨᠢ ᠦᠨᠳᠥᠷ᠂ ᠵᠠᠷᠤᠳᠠᠯ ᠬᠤᠷᠢᠶᠠᠬᠤ ᠨᠢ ᠶᠡᠭᠡ ᠪᠣᠯᠬᠤᠷ᠂ ᠶᠡᠬᠡᠩᠬᠢ | ᠲᠣᠭᠠᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠲᠤ ᠠᠪᠴᠦ ᠬᠡᠯᠡᠪᠡᠯ᠂ ︽ᠡᠪᠡᠳᠴᠢᠨ ᠦᠵᠡᠭᠦᠯᠬᠦ ᠳᠤ | ᠦᠨᠡᠲᠡᠢ︾ ᠪᠠᠶᠢᠬᠤ ᠶᠢ ᠪᠡᠶ᠎ᠡ ᠪᠠᠷ ᠢᠶᠠᠨ ᠦᠩᠭᠡᠷᠡᠭᠡᠭᠡᠳ᠂ ᠬᠡᠳᠥᠶᠢᠪᠡᠷ ᠡᠮᠨᠡᠯᠭᠡ ᠶᠢᠨ ᠳᠠᠭᠠᠳᠬᠠᠯ ᠳᠤ ᠳᠠᠩᠰᠠ | ᠲᠠᠶᠢᠯᠤᠭᠰᠠᠨ ᠤ ᠳᠠᠷᠠᠭ᠎ᠠ᠂ ᠡᠪᠡᠳᠴᠢᠲᠡᠨ ᠪᠠᠰᠠ ᠡᠮᠴᠢᠯᠡᠭᠡᠨ ᠤ ᠵᠣᠬᠢᠬᠤ ᠵᠠᠷᠤᠳᠠᠯ ᠢ ᠡᠭᠦᠷᠭᠡᠯᠡᠬᠦ ᠬᠡᠷᠡᠭᠲᠡᠢ ᠲᠤᠯᠠ᠂ | ᠡᠭᠦᠨ ᠠᠴᠠ ᠪᠣᠯᠤᠭᠠᠳ ᠪᠠᠰᠠ ᠨᠦᠭᠦᠭᠡ ᠨᠢᠭᠡ ᠲᠠᠯ᠎ᠠ ᠶᠢᠨ ᠡᠪᠡᠳᠴᠢᠨ ᠦᠵᠡᠭᠦᠯᠬᠦ ᠳᠤ ᠬᠦᠴᠢᠷ ᠪᠠᠶᠢᠬᠤ ᠳᠤ | ᠬᠦᠷᠥᠭᠦᠯᠵᠦ ᠪᠠᠶᠢᠨ᠎ᠠ᠃ | ᠡᠶᠢᠮᠦ ᠠᠴᠠ᠂ ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ ᠦᠵᠡᠭᠦᠯᠬᠦ ᠳᠤ ᠦᠨᠡᠲᠠᠢ ᠪᠠᠶᠢᠬᠤ | ᠰᠢᠨ᠎ᠡ ᠠᠰᠠᠭᠤᠳᠠᠯ ᠢ ᠰᠢᠢᠳᠪᠥᠷᠢᠯᠡᠬᠦ ᠳᠤ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢ ᠲᠦᠷᠭᠡᠳᠭᠡᠨ ᠠᠬᠢᠭᠤᠯᠵᠦ᠂ ᠠᠷᠭ᠎ᠠ ᠪᠦᠬᠦᠨ ᠢ | ᠰᠦᠪᠡᠭᠴᠢᠯᠡᠵᠦ ᠪᠠᠶᠢᠭᠠᠳ ᠴᠢᠳᠠᠪᠥᠷᠢᠲᠠᠨ ᠬᠦᠮᠥᠵᠢᠭᠦᠯᠵᠦ᠂ ᠴᠢᠳᠠᠪᠥᠷᠢᠲᠠᠨ ᠣᠷᠣᠭᠤᠯᠵᠦ ᠢᠷᠡᠨ᠂ ᠴᠢᠳᠠᠪᠥᠷᠢᠲᠠᠨ | ᠦᠯᠡᠳᠡᠭᠡᠨ ᠠᠪᠴᠦ᠂ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠵᠦᠭᠡᠯᠡᠨ | ᠪᠤᠳᠠᠲᠦ ᠬᠦᠴᠥᠨ ᠢ ᠶᠡᠬᠡᠪᠡᠷ ᠳᠡᠭᠡᠭᠰᠢᠯᠡᠭᠦᠯᠬᠦ ᠨᠢ ᠪᠠᠰᠠᠴᠦ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠦᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠤᠨ᠎ᠠ᠃ ᠲᠡᠭᠡᠪᠡᠯ ᠪᠠᠰᠠ ᠠᠷᠠᠳ ᠲᠤ ᠲᠦᠬᠦᠮ | ᠦᠵᠡᠭᠦᠯᠵᠦ ᠠᠷᠠᠳ ᠲᠤ ᠠᠰᠢᠭ ᠬᠦᠷᠲᠡᠭᠡᠬᠦ ᠲᠠᠯ᠎ᠠ ᠪᠠᠷ᠂ ᠠᠵᠢᠯ ᠢᠶᠠᠨ ᠦᠷᠭᠦᠯᠵᠢᠯᠡᠨ ᠪᠤᠳᠠᠲᠠᠢ ᠬᠢᠵᠦ᠂ ᠠᠷᠠᠳ | ᠣᠯᠠᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠬᠦ ᠳᠤᠨᠢ ᠠᠯᠢ ᠪᠣᠯᠬᠤᠶᠢᠴᠠ ᠲᠦᠬᠦᠮ ᠬᠠᠩᠭᠠᠬᠤ ᠬᠡᠷᠡᠭᠲᠡᠢ | ᠪᠠᠶᠢᠨ᠎ᠠ᠃ ᠡᠭᠦᠨ ᠠᠴᠠ ᠭᠠᠳᠠᠨ᠎ᠠ᠂ ᠦᠢᠯᠡᠴᠢᠯᠡᠭᠡᠨ ᠤ ᠴᠢᠳᠠᠪᠥᠷᠢ ᠪᠠᠨ ᠳᠡᠭᠡᠭᠰᠢᠯᠡᠭᠦᠯᠥᠨ᠂ ᠦᠢᠯᠡᠴᠢᠯᠡᠬᠦ | ᠣᠪᠣᠷ ᠢᠶᠠᠨ ᠬᠠᠯᠠᠨ ᠰᠠᠶᠢᠵᠢᠷᠠᠭᠤᠯᠵᠦ᠂ ᠡᠮᠴᠢ ᠪᠠ ᠡᠪᠡᠳᠴᠢᠲᠡᠨ ᠤ ᠡᠶ᠎ᠡ ᠵᠣᠬᠢᠴᠠᠯ ᠲᠠᠢ ᠬᠠᠷᠢᠴᠠᠭ᠎ᠠ ᠶᠢ | ᠪᠠᠶᠢᠭᠤᠯᠬᠤ ᠨᠢ ᠮᠦᠨᠴᠦ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢᠨ | ᠬᠠᠷᠠᠯᠲᠠ ᠪᠣᠯᠤᠨ᠎ᠠ᠃ ᠡᠳᠡᠭᠡᠷ ᠪᠣᠯ ᠠᠷᠠᠳ ᠣᠯᠠᠨ ᠤ ᠮᠠᠰᠢ ᠰᠡᠳᠭᠢᠯ ᠲᠠᠯᠪᠢᠵᠦ ᠪᠠᠶᠢᠭ᠎ᠠ ᠶᠠᠪᠤᠳᠠᠯ ᠪᠣᠯᠤᠨ᠎ᠠ᠃ | ᠬᠦᠲᠥᠯᠥᠭᠴᠢ᠄ ᠮᠠᠨ ᠤ ᠣᠷᠣᠨ ᠤ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠦᠭᠡᠷᠡᠴᠢᠯᠡᠯᠲᠡ ᠳᠠᠷᠠᠭ᠎ᠠ ᠠᠯᠬᠤᠮ ᠳᠤ ᠪᠠᠰᠠ ᠶᠠᠮᠠᠷ ᠶᠠᠮᠠᠷ ᠠᠵᠢᠯ ᠢ ᠰᠠᠶᠢᠲᠤᠷ ᠠᠳᠬᠤᠬᠤ ᠬᠡᠷᠡᠭᠲᠡᠢ ᠪᠤᠢ︖ | ᠬᠤ᠋ ᠸᠧᠨ ᠢ᠄ ᠡᠨᠡ ᠵᠢᠯ᠂ ᠮᠠᠨ ᠤ ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢ ᠤᠯᠤᠰ ᠤᠨ ᠱᠠᠭᠠᠷᠳᠠᠯᠭ᠎ᠠ ᠶᠢ ᠦᠨᠳᠥᠰᠥᠯᠡᠨ | ᠪᠦᠬᠦ ᠲᠠᠯ᠎ᠠ ᠪᠠᠷ ᠳᠡᠯᠭᠡᠷᠡᠭᠦᠯᠬᠦ ᠲᠤᠯᠠ᠂ ᠴᠠᠭ ᠨᠡᠯᠢᠶᠡᠳ ᠪᠠᠴᠢᠮ ᠪᠠᠶᠢᠵᠦ᠂ ᠨᠢᠭᠡᠲᠥᠯᠲᠡᠢ ᠲᠦᠯᠥᠪᠯᠡᠨ ᠠᠬᠢᠭᠤᠯᠬᠤ | ᠴᠢᠬᠤᠯᠠᠲᠠᠢ ᠭᠤᠣᠯᠳᠠᠯᠭ᠎ᠠ ᠲᠠᠢ ᠡᠭᠦᠷᠭᠡ ᠪᠠᠰᠠ ᠮᠠᠰᠢ ᠠᠷᠪᠢᠨ᠂ ᠮᠠᠰᠢ ᠨᠦᠰᠡᠷ ᠬᠦᠨᠳᠦ ᠪᠣᠯᠬᠤᠷ᠂ ᠲᠦᠯᠬᠢᠨ | ᠠᠬᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠬᠦ ᠴᠢᠬᠤᠯᠠᠲᠠᠢ ᠪᠠᠶᠢᠵᠦ᠂ ᠳᠣᠣᠷᠠᠬᠢ ᠬᠡᠳᠥᠨ | ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ ᠪᠠᠶᠢᠨ᠎ᠠ᠄ | ᠨᠢᠭᠡ ᠳᠤ ᠰᠢᠶᠠᠨ ᠤ ᠬᠡᠪᠴᠢᠶᠡᠨ ᠤ ᠡᠮᠨᠡᠯᠭᠡ ᠶᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢ | ᠰᠢᠯᠢᠳᠡᠭᠵᠢᠭᠦᠯᠬᠦ ᠲᠠᠯ᠎ᠠ ᠪᠠᠷ᠂ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠴᠢᠳᠠᠮᠵᠢ ᠶᠢᠨ ᠣᠷᠣᠨ ᠪᠠᠶᠢᠷᠢ ᠶᠢ ᠤᠯᠠᠮ ᠨᠢᠭᠡ ᠠᠯᠬᠤᠮ ᠲᠣᠳᠤᠷᠬᠠᠶᠢᠯᠠᠨ᠂ ᠦᠨᠳᠥᠰᠥᠨ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡ ᠬᠠᠩᠭᠠᠬᠤ ᠲᠠᠯ᠎ᠠ ᠶᠢᠨ ᠬᠠᠷᠢᠭᠤᠴᠴᠠᠯᠭᠠ ᠪᠠᠨ ᠭᠦᠢᠴᠡᠳᠭᠡᠬᠦ ᠶᠢ ᠨᠢ ᠲᠦᠯᠬᠢᠨ | ᠠᠬᠢᠭᠤᠯᠤᠨ᠎ᠠ᠃ | ᠬᠤᠶᠠᠷ ᠲᠤ ᠬᠠᠮᠢᠶᠠᠷᠤᠯᠲᠠ ᠶᠢᠨ ᠪᠠᠶᠢᠭᠤᠯᠤᠯ ᠢ ᠦᠭᠡᠷᠡᠴᠢᠯᠡᠬᠦ ᠲᠠᠯ᠎ᠠ ᠪᠠᠷ᠂ ᠰᠢᠶᠠᠨ ᠤ ᠱᠠᠲᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠮᠵᠢᠯᠲᠠ ᠪᠦᠲᠥᠮᠵᠢ ᠶᠢ ᠬᠢᠨᠠᠨ ᠰᠢᠯᠭᠠᠬᠤ ᠠᠷᠭ᠎ᠠ ᠶᠢ | ᠲᠣᠭᠲᠠᠭᠠᠨ᠂ ᠴᠢᠳᠠᠮᠵᠢ ᠶᠢᠨ ᠣᠷᠣᠨ ᠪᠠᠶᠢᠷᠢ᠂ ᠨᠡᠶᠢᠲᠡ ᠶᠢᠨ ᠠᠰᠠᠷᠠᠮᠵᠢ ᠶᠢᠨ ᠡᠭᠦᠷᠭᠡ ᠬᠠᠷᠢᠭᠤᠴᠠᠯᠭ᠎ᠠ ᠶᠢ | ᠭᠦᠢᠴᠡᠳᠭᠡᠬᠦ᠂ ᠵᠠᠷᠤᠳᠠᠯ ᠢ ᠬᠢᠵᠠᠭᠠᠷᠯᠠᠬᠤ᠂ ᠠᠵᠢᠯᠯᠠᠭᠠᠨ ᠤ ᠦᠷ᠎ᠡ ᠪᠦᠲᠥᠮᠵᠢ ᠪᠠ ᠨᠡᠶᠢᠭᠡᠮ ᠤᠨ ᠬᠢᠨ ᠤ | ᠬᠠᠨᠤᠮᠵᠢ ᠶᠢᠨ ᠬᠡᠮᠵᠢᠶ᠎ᠡ ᠵᠡᠷᠭᠡ ᠬᠢᠨᠠᠨ ᠰᠢᠯᠭᠠᠬᠤ ᠭᠦᠢᠴᠡᠳᠭᠡᠬᠦ ᠲᠤᠭ᠎ᠠ ᠶᠢ ᠲᠣᠪᠣᠶᠢᠯᠭᠠᠨ᠂ ᠬᠤᠰᠢᠭᠤ ᠰᠢᠶᠠᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠮᠵᠢᠯᠲᠠ ᠪᠦᠲᠥᠮᠵᠢ ᠶᠢ ᠬᠢᠨᠠᠨ ᠰᠢᠯᠭᠠᠬᠤ ᠵᠢᠴᠢ | ᠬᠤᠷᠢᠶᠠᠨ ᠳᠠᠷᠤᠭ᠎ᠠ ᠶᠢᠨ ᠣᠨ ᠤ ᠪᠠ ᠲᠤᠰᠢᠶᠠᠯ ᠤᠨ ᠬᠤᠭᠤᠴᠠᠭᠠᠨ ᠤ ᠬᠠᠷᠢᠭᠤᠴᠠᠯᠭ᠎ᠠ ᠶᠢ ᠬᠢᠨᠠᠨ ᠰᠢᠯᠭᠠᠬᠤ ᠶᠢ | ᠦᠷᠨᠢᠭᠦᠯᠥᠨ᠎ᠡ︔ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠪᠡᠶ᠎ᠡ ᠪᠠᠨ | ᠳᠠᠭᠠᠭᠠᠭᠰᠠᠨ ᠬᠠᠤᠯᠢ ᠶᠢᠨ ᠡᠷᠬᠡᠲᠡᠨ ᠤ ᠪᠠᠶᠢᠷᠢ ᠰᠠᠭᠤᠷᠢ ᠪᠣᠯᠣᠨ ᠡᠵᠡᠩᠨᠡᠯᠲᠡ ᠬᠠᠮᠢᠶᠠᠷᠤᠯᠲᠠ ᠶᠢᠨ ᠡᠵᠡᠨ ᠮᠡᠳᠡᠬᠦ | ᠡᠷᠬᠡ ᠶᠢ ᠨᠠᠶᠢᠳᠠᠪᠥᠷᠢᠵᠢᠭᠤᠯᠵᠦ᠂ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ | ᠵᠠᠰᠠᠭ ᠵᠠᠬᠢᠷᠭᠠᠨᠴᠢᠯᠠᠬᠤ ᠶᠢ ᠲᠦᠯᠬᠢᠨ ᠠᠬᠢᠭᠤᠯᠵᠦ᠂ ᠡᠮᠨᠡᠯᠭᠡ ᠶᠢᠨ ᠬᠤᠷᠢᠶᠠᠨ ᠤ ᠵᠠᠰᠠᠭ ᠵᠠᠬᠢᠷᠭᠠᠨ ᠤ ᠲᠡᠰ ᠢ | ᠠᠯᠬᠤᠮ ᠠᠯᠬᠤᠮ ᠢᠶᠠᠷ ᠦᠭᠡᠶᠢᠰᠭᠡᠨ᠎ᠡ᠃ | ᠬᠤ᠋ ᠸᠧᠨ ᠢ᠄ ᠭᠤᠷᠪᠠ ᠳᠤ ᠡᠮ ᠤᠨ ᠵᠦᠢᠯ ᠬᠠᠩᠭᠠᠬᠤ ᠪᠠᠲᠤᠯᠠᠭ᠎ᠠ ᠶᠢᠨ ᠳᠦᠷᠢᠮ ᠢ | ᠲᠡᠭᠦᠯᠳᠡᠷᠵᠢᠭᠦᠯᠬᠦ ᠲᠠᠯ᠎ᠠ ᠪᠠᠷ᠂ ᠲᠣᠭᠲᠠᠭᠠᠭᠰᠠᠨ ᠡᠮ ᠤᠨ ᠵᠦᠢᠯ ᠢ ᠳᠠᠭᠠᠭᠠᠴᠢᠯᠠᠯᠲᠠ ᠣᠯᠣᠭᠰᠠᠨ ᠦᠢᠯᠡᠳᠪᠥᠷᠢᠯᠡᠬᠦ | ᠠᠵᠦ ᠠᠬᠤᠶᠢᠯᠠᠯ ᠠᠴᠠ ᠰᠢᠭᠤᠳ ᠲᠣᠬᠢᠷᠠᠭᠤᠯᠤᠨ ᠬᠦᠷᠭᠡᠬᠦ ᠪᠤᠶᠤ ᠲᠣᠬᠢᠷᠠᠭᠤᠯᠤᠨ ᠬᠦᠷᠭᠡᠬᠦ ᠴᠢᠳᠠᠪᠥᠷᠢ ᠲᠠᠢ | ᠡᠵᠡᠩᠨᠡᠯᠲᠡ ᠶᠢᠨ ᠠᠵᠦ ᠠᠬᠤᠶᠢᠯᠠᠯ ᠳᠤ ᠦᠪᠡᠷ ᠢᠶᠠᠨ ᠨᠠᠶᠢᠳᠠᠵᠦ ᠵᠢᠭᠠᠨ ᠲᠣᠭᠲᠠᠭᠠᠭᠰᠠᠨ ᠡᠮᠨᠡᠯᠭᠡ ᠶᠢᠨ | ᠬᠤᠷᠢᠶᠠᠨ ᠳᠤ ᠲᠣᠬᠢᠷᠠᠭᠤᠯᠤᠨ ᠬᠦᠷᠭᠡᠯᠡᠭᠡᠵᠦ ᠪᠣᠯᠬᠤ ᠪᠦᠭᠡᠳ ᠵᠠᠪᠰᠠᠷ ᠤᠨ ᠭᠤᠭᠴᠤᠭ᠎ᠠ ᠶᠢ ᠪᠠᠭᠠᠰᠬᠠᠨ᠎ᠠ᠃ ᠠᠭᠯᠠᠭ | ᠪᠣᠶᠢᠳᠠ᠂ ᠵᠠᠮ ᠬᠠᠷᠢᠯᠴᠠᠭ᠎ᠠ ᠲᠦᠬᠦᠮ ᠦᠭᠡᠢ ᠭᠠᠵᠠᠷ ᠣᠷᠣᠨ ᠤ ᠡᠮ ᠤᠨ ᠵᠦᠢᠯ ᠢ ᠲᠣᠬᠢᠷᠠᠭᠤᠯᠤᠨ ᠬᠦᠷᠭᠡᠬᠦ | ᠶᠠᠪᠤᠳᠠᠯ ᠢ ᠡᠯ᠎ᠡ ᠱᠠᠲᠤᠨ ᠤ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ ᠰᠠᠯᠠᠭ᠎ᠠ ᠮᠦᠴᠢᠷ ᠠᠴᠠ ᠬᠤᠯᠠ | ᠣᠶᠢᠷ᠎ᠠ ᠶᠢ ᠨᠢ ᠤᠶᠠᠯᠳᠤᠭᠤᠯᠬᠤ᠂ ᠬᠤᠲᠠ ᠬᠦᠳᠡᠭᠡ ᠶᠢ ᠬᠠᠮᠲᠤᠷᠠᠯᠴᠠᠭᠤᠯᠬᠤ ᠵᠠᠷᠴᠢᠮ ᠤᠨ ᠶᠣᠰᠤᠭᠠᠷ᠂ | ᠲᠣᠬᠢᠷᠠᠭᠤᠯᠤᠨ ᠬᠦᠷᠭᠡᠬᠦ ᠶᠢᠨ ᠲᠦᠪᠯᠡᠷᠡᠴᠡ ᠶᠢ ᠨᠢ ᠳᠡᠭᠡᠭᠰᠢᠯᠡᠭᠦᠯᠥᠨ᠂ ᠰᠢᠶᠠᠨ ᠰᠢᠶᠠᠩ ᠲᠣᠰᠬᠤᠨ ᠢ ᠨᠢᠭᠡ | ᠴᠣᠭᠴᠠᠵᠢᠭᠤᠯᠤᠨ ᠲᠣᠬᠢᠷᠠᠭᠤᠯᠤᠨ ᠬᠦᠷᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠥᠨ᠎ᠡ᠃ | ᠳᠦᠷᠪᠡ ᠳᠤ ᠡᠮᠨᠡᠯᠭᠡ ᠶᠢᠨ ᠳᠠᠭᠠᠳᠬᠠᠯ ᠤᠨ ᠵᠠᠷᠤᠴᠠᠭᠤᠯᠭ᠎ᠠ ᠶᠢᠨ ᠳᠦᠷᠢᠮ ᠢ ᠦᠭᠡᠷᠡᠴᠢᠯᠡᠬᠦ | ᠲᠠᠯ᠎ᠠ ᠪᠠᠷ᠂ ᠡᠪᠡᠳᠴᠢᠨ ᠤ ᠲᠦᠷᠥᠯ ᠢᠶᠠᠷ ᠨᠢ ᠵᠠᠷᠤᠳᠠᠯ ᠦᠭᠬᠦ ᠪᠠᠷ ᠭᠤᠣᠯ ᠪᠣᠯᠭᠠᠨ᠂ ᠬᠦᠮᠥᠨ ᠢᠶᠠᠷ ᠨᠢ᠂ ᠣᠷᠣ | ᠪᠠ ᠡᠳᠥᠷ ᠢᠶᠠᠷ ᠨᠢ ᠵᠡᠷᠭᠡ ᠨᠡᠶᠢᠯᠡᠮᠡᠯ ᠮᠠᠶ᠋ᠢᠭ ᠤᠨ ᠵᠠᠷᠤᠳᠠᠯ ᠦᠭᠬᠦ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ | ᠦᠷᠭᠦᠯᠵᠢᠯᠡᠨ ᠶᠠᠪᠤᠭᠤᠯᠬᠤ ᠬᠡᠷᠡᠭᠲᠡᠢ᠃ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠴᠢᠩᠭᠠᠳᠬᠠᠨ᠂ | ᠣᠨᠣᠰᠢᠯᠠᠨ ᠡᠮᠨᠡᠬᠦ ᠡᠪᠡᠳᠴᠢᠨ ᠤ ᠲᠦᠷᠥᠯ ᠤᠨ ᠬᠡᠪᠴᠢᠶ᠎ᠡ ᠶᠢ ᠲᠣᠳᠤᠷᠬᠠᠶᠢᠯᠠᠵᠦ᠂ ᠲᠣᠬᠢᠷᠠᠬᠤ ᠡᠮᠴᠢᠯᠡᠭᠡᠨ ᠤ ᠠᠷᠭ᠎ᠠ | ᠵᠠᠮ᠂ ᠵᠤᠷ ᠢ ᠬᠠᠮᠲᠤᠷᠠᠭᠤᠯᠤᠨ ᠣᠨᠣᠰᠢᠯᠠᠨ ᠡᠮᠨᠡᠬᠦ ᠵᠢᠷᠤᠮᠵᠢᠯ ᠢ ᠪᠠᠶᠢᠭᠤᠯᠤᠨ᠎ᠠ᠃ | ᠲᠠᠪᠤ ᠳᠤ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠂ ᠬᠤᠷᠢᠶᠠᠨ | ᠳᠠᠷᠤᠭ᠎ᠠ ᠬᠠᠷᠢᠭᠤᠴᠠᠬᠤ ᠳᠦᠷᠢᠮ ᠢ ᠨᠠᠶᠢᠳᠠᠪᠥᠷᠢᠵᠢᠭᠤᠯᠤᠨ᠂ ᠬᠤᠷᠢᠶᠠᠨ ᠳᠠᠷᠤᠭ᠎ᠠ ᠶᠢ ᠰᠢᠯᠢᠨ ᠳᠡᠪᠰᠢᠭᠦᠯᠵᠦ | ᠲᠣᠮᠢᠯᠠᠨ ᠬᠡᠷᠡᠭᠯᠡᠬᠦ ᠳᠦᠷᠢᠮ ᠪᠠᠶᠢᠭᠤᠯᠤᠨ᠂ ᠬᠤᠷᠢᠶᠠᠨ ᠳᠠᠷᠤᠭ᠎ᠠ ᠶᠢ ᠲᠤᠰᠬᠠᠢ ᠠᠵᠢᠯ ᠤᠨ ᠪᠣᠯᠭᠠᠬᠤ ᠪᠠ | ᠲᠤᠰᠬᠠᠶᠢᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠦ᠂ ᠬᠤᠷᠢᠶᠠᠨ ᠳᠠᠷᠤᠭ᠎ᠠ ᠶᠢᠨ ᠣᠷᠣᠯᠭ᠎ᠠ ᠶᠢ | ᠡᠮᠨᠡᠯᠭᠡ ᠶᠢᠨ ᠬᠤᠷᠢᠶᠠᠨ ᠤ ᠠᠵᠦ ᠠᠬᠤᠢ ᠶᠢᠨ ᠣᠷᠣᠯᠭ᠎ᠠ ᠯᠤᠭ᠎ᠠ ᠰᠢᠭᠤᠳ ᠬᠤᠯᠪᠤᠭᠳᠠᠭᠤᠯᠬᠤ ᠶᠢ ᠴᠢᠩᠭ᠎ᠠ | ᠴᠠᠭᠠᠵᠠᠯᠠᠬᠤ ᠬᠡᠷᠡᠭᠲᠡᠢ︔ ᠡᠮᠨᠡᠯᠭᠡ ᠶᠢᠨ ᠠᠵᠢᠯᠲᠠᠳ ᠢ ᠦᠨᠡᠯᠡᠬᠦ ᠳᠦᠷᠢᠮ ᠢ ᠲᠡᠭᠦᠯᠳᠡᠷᠵᠢᠭᠦᠯᠥᠨ᠂ ᠮᠡᠷᠭᠡᠵᠢᠯ ᠤᠨ | ᠴᠢᠳᠠᠪᠥᠷᠢ ᠪᠠ ᠦᠢᠯᠡᠴᠢᠯᠡᠭᠡᠨ ᠤ ᠶᠠᠰᠦ ᠴᠢᠨᠠᠷ ᠤᠨ ᠬᠢᠨᠠᠨ ᠰᠢᠯᠭᠠᠬᠤ ᠶᠢ ᠲᠣᠪᠣᠶᠢᠯᠭᠠᠵᠦ᠂ ᠬᠢᠨᠠᠨ ᠰᠢᠯᠭᠠᠭᠰᠠᠨ | ᠦᠷ᠎ᠡ ᠳ᠋ᠦᠩ ᠢ ᠡᠮᠨᠡᠯᠭᠡ ᠶᠢᠨ ᠠᠵᠢᠯᠲᠠᠳ ᠢ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠮᠡᠷᠭᠡᠵᠢᠯ ᠤᠨ ᠴᠤᠯᠠ | ᠳᠡᠪᠰᠢᠭᠦᠯᠬᠦ᠂ ᠬᠤᠪᠢ ᠬᠦᠮᠥᠨ ᠤ ᠴᠠᠯᠢᠩ ᠬᠦᠯᠥᠰᠦ ᠯᠦᠭᠡ ᠨᠢ ᠬᠤᠯᠪᠤᠭᠳᠠᠭᠤᠯᠵᠦ᠂ ︽ᠡᠮ ᠢ ᠬᠡᠲᠥᠷᠡᠲᠡᠯ᠎ᠡ | ᠬᠡᠷᠡᠭᠯᠡᠬᠦ︾᠂ ︽ᠬᠡᠲᠥᠷᠡᠲᠡᠯ᠎ᠡ ᠡᠮᠨᠡᠨ ᠵᠠᠰᠠᠬᠤ︾ ᠵᠡᠷᠭᠡ ᠠᠰᠠᠭᠤᠳᠠᠯ ᠢ ᠰᠢᠢᠳᠪᠥᠷᠢᠯᠡᠬᠦ ᠶᠠᠪᠤᠳᠠᠯ ᠢ ᠠᠬᠢᠭᠤᠯᠤᠨ᠂ | ᠡᠮᠨᠡᠯᠭᠡ ᠶᠢᠨ ᠠᠵᠢᠯᠲᠠᠳ ᠤᠨ ᠠᠵᠢᠯ ᠤᠨ ᠢᠳᠡᠪᠬᠢᠵᠢᠯ ᠢ ᠨᠢ ᠭᠦᠢᠴᠡᠳ ᠳᠠᠶᠢᠴᠢᠯᠠᠨ᠎ᠠ᠃ | ᠵᠢᠷᠭᠤᠭ᠎ᠠ ᠳᠤ ᠳᠡᠭᠡᠳᠦ ᠱᠠᠲᠦ ᠪᠠ ᠳᠣᠣᠷᠠᠲᠦ ᠱᠠᠲᠦ ᠪᠠᠷ ᠢᠶᠠᠨ ᠬᠠᠮᠲᠤᠷᠠᠨ ᠬᠦᠳᠡᠯᠥᠯᠴᠡᠬᠦ ᠶᠢ | ᠴᠢᠩᠭᠠᠳᠬᠠᠬᠤ ᠲᠠᠯ᠎ᠠ ᠪᠠᠷ᠂ ᠱᠠᠲᠦ ᠬᠤᠪᠢᠶᠠᠨ ᠣᠨᠣᠰᠢᠯᠠᠨ ᠡᠮᠨᠡᠬᠦ ᠳᠦᠷᠢᠮ ᠪᠠᠶᠢᠭᠤᠯᠬᠤ ᠶᠢ ᠲᠦᠯᠬᠢᠨ ᠠᠬᠢᠭᠤᠯᠵᠦ | ᠂ ᠰᠢᠶᠠᠨ᠂ ᠰᠢᠶᠠᠩ᠂ ᠲᠣᠰᠬᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠮᠵᠢ ᠶᠢᠨ ᠣᠷᠣᠨ | ᠪᠠᠶᠢᠷᠢ ᠪᠠ ᠦᠢᠯᠡᠴᠢᠯᠡᠭᠡᠨ ᠤ ᠴᠢᠳᠠᠪᠥᠷᠢ ᠶᠢᠨ ᠲᠣᠭᠤᠷᠢᠨ ᠳᠤ᠂ ᠡᠯ᠎ᠡ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠣᠨᠣᠰᠢᠯᠠᠨ ᠡᠮᠨᠡᠬᠦ ᠭᠤᠣᠯ ᠡᠪᠡᠳᠴᠢᠨ ᠤ ᠲᠦᠷᠥᠯ ᠢ ᠲᠣᠭᠲᠠᠭᠠᠨ᠂ ᠡᠮᠨᠡᠯᠭᠡ ᠳᠤ ᠣᠷᠣᠬᠤ | ᠭᠠᠷᠬᠤ ᠪᠠ ᠰᠢᠯᠵᠢᠭᠦᠯᠥᠨ ᠣᠨᠣᠰᠢᠯᠠᠬᠤ ᠪᠠᠷᠢᠮᠵᠢᠶ᠎ᠠ ᠶᠢ ᠲᠣᠳᠤᠷᠬᠠᠶᠢᠯᠠᠵᠦ᠂ ᠦᠨᠳᠥᠰᠥᠨ ᠱᠠᠲᠦ ᠠᠩᠬ᠎ᠠ | ᠣᠨᠣᠰᠢᠯᠠᠬᠤ᠂ ᠬᠤᠶᠠᠷ ᠲᠠᠯ᠎ᠠ ᠪᠠᠷ ᠢᠶᠠᠨ ᠰᠢᠯᠵᠢᠭᠦᠯᠥᠨ ᠣᠨᠣᠰᠢᠯᠠᠬᠤ᠂ ᠲᠦᠷᠭᠡᠨ ᠴᠢᠨᠠᠷᠲᠠᠢ ᠪᠠ ᠤᠳᠠᠭᠠᠨ | ᠴᠢᠨᠠᠷᠲᠠᠢ ᠡᠪᠡᠳᠴᠢᠨ ᠢ ᠬᠤᠪᠢᠶᠠᠨ ᠵᠠᠰᠠᠬᠤ᠂ ᠳᠡᠭᠡᠳᠦ ᠱᠠᠲᠦ ᠪᠠ ᠳᠣᠣᠷᠠᠲᠦ ᠱᠠᠲᠦ ᠪᠠᠷ ᠢᠶᠠᠨ ᠬᠠᠮᠲᠤᠷᠠᠨ | ᠬᠦᠳᠡᠯᠥᠯᠴᠡᠭᠰᠡᠨ ᠣᠨᠣᠰᠢᠯᠠᠨ ᠡᠮᠨᠡᠬᠦ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ | ᠳᠣᠯᠤᠭ᠎ᠠ ᠳᠤ ᠵᠣᠬᠢᠶᠠᠨ ᠪᠠᠶᠢᠭᠤᠯᠤᠨ ᠶᠠᠪᠤᠭᠳᠠᠭᠤᠯᠬᠤ ᠲᠠᠯ᠎ᠠ ᠪᠠᠷ᠂ ᠡᠭᠦᠷᠭᠡ ᠬᠤᠪᠢᠶᠠᠷᠢᠯᠠᠭᠰᠠᠨ | ᠲᠦᠰᠥᠯ ᠢ ᠴᠢᠩᠭ᠎ᠠ ᠨᠠᠶᠢᠳᠠᠪᠥᠷᠢᠵᠢᠭᠤᠯᠵᠦ᠂ ᠰᠠᠯᠠᠭ᠎ᠠ ᠮᠦᠴᠢᠷ ᠤᠨ ᠬᠤᠭᠤᠷᠣᠨᠳᠦ ᠶᠢᠨ ᠬᠠᠮᠲᠤᠷᠠᠨ | ᠬᠠᠮᠵᠢᠯᠴᠠᠬᠤ ᠶᠢ ᠴᠢᠩᠭᠠᠳᠬᠠᠨ᠂ ᠦᠭᠡᠷᠡᠴᠢᠯᠡᠯᠲᠡ ᠶᠢᠨ ᠨᠡᠶᠢᠯᠡᠮᠡᠯ ᠬᠦᠴᠥᠨ ᠢ ᠪᠣᠢ ᠪᠣᠯᠭᠠᠬᠤ ᠬᠡᠷᠡᠭᠲᠡᠢ︔ ᠬᠢᠨᠠᠨ | ᠵᠢᠯᠤᠭᠤᠳᠴᠦ ᠪᠠᠶᠢᠴᠠᠭᠠᠬᠤ ᠶᠢ ᠴᠠᠭ ᠬᠤᠭᠤᠴᠠᠭᠠᠨ ᠳᠤᠨᠢ ᠲᠣᠬᠢᠷᠠᠭᠤᠯᠤᠨ ᠦᠷᠨᠢᠭᠦᠯᠵᠦ᠂ ᠠᠰᠠᠭᠤᠳᠠᠯ ᠢ ᠴᠠᠭ | ᠲᠤᠬᠠᠢ ᠳᠤᠨᠢ ᠣᠯᠵᠦ ᠮᠡᠳᠡᠬᠦ ᠪᠠ ᠰᠢᠢᠳᠪᠥᠷᠢᠯᠡᠨ᠂ ᠨᠡᠶᠢᠲᠡᠯᠢᠭ ᠵᠢᠱᠢᠶ᠎ᠡ ᠪᠣᠢ ᠪᠣᠯᠭᠠᠨ ᠳᠡᠯᠭᠡᠷᠡᠭᠦᠯᠬᠦ ᠬᠡᠷᠡᠭᠲᠡᠢ︔ | ᠡᠯ᠎ᠡ ᠭᠠᠵᠠᠷ ᠤᠨ ᠬᠢᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠤᠨ ᠤ ᠠᠮᠵᠢᠯᠲᠠ ᠪᠦᠲᠥᠮᠵᠢ ᠶᠢ ᠬᠢᠨᠠᠨ ᠰᠢᠯᠭᠠᠬᠤ ᠠᠭᠤᠯᠭ᠎ᠠ ᠳᠠᠭᠠᠨ | ᠣᠷᠣᠭᠤᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠬᠢᠨᠠᠨ ᠰᠢᠯᠭᠠᠵᠦ ᠦᠨᠡᠯᠡᠬᠦ ᠶᠠᠪᠤᠳᠠᠯ ᠢ | ᠴᠢᠩᠭᠠᠷᠠᠭᠤᠯᠬᠤ ᠶᠢ ᠢᠳᠡᠪᠬᠢᠲᠠᠢ ᠪᠠᠷ ᠲᠦᠯᠬᠢᠨ ᠠᠬᠢᠭᠤᠯᠬᠤ ᠬᠡᠷᠡᠭᠲᠡᠢ᠃ | ᠶᠡᠷᠥᠩᠬᠡᠢ ᠳᠤᠨᠢ ᠠᠪᠴᠦ ᠬᠡᠯᠡᠪᠡᠯ᠂ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠪᠣᠯ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠴᠢᠬᠤᠯᠠ ᠶᠡᠭᠡ | ᠪᠦᠭᠡᠳ ᠪᠤᠳᠤᠯᠢᠶᠠᠨ ᠲᠠᠢ ᠢᠨᠵᠧᠨᠧᠷᠢᠩ ᠪᠣᠯᠬᠤ ᠲᠤᠯᠠ᠂ ᠦᠭᠡᠷᠡᠴᠢᠯᠡᠯᠲᠡ ᠶᠢ ᠲᠦᠯᠬᠢᠨ ᠤᠷᠤᠭᠰᠢᠯᠠᠭᠤᠯᠬᠤ ᠳᠤ | ᠣᠯᠠᠨ ᠲᠠᠯ᠎ᠠ ᠪᠠᠷ ᠵᠡᠷᠭᠡ ᠳᠤᠨᠢ ᠶᠠᠪᠤᠭᠳᠠᠭᠤᠯᠵᠦ᠂ ᠦᠭᠡᠷᠡᠴᠢᠯᠡᠯᠲᠡ ᠶᠢᠨ ᠠᠷᠭ᠎ᠠ ᠪᠠᠷᠢᠯ ᠨᠢ ᠡᠮᠨᠡᠯᠭᠡ ᠶᠢᠨ | ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠬᠤ ᠬᠡᠷᠡᠭᠲᠡᠢ ᠮᠦᠷᠲᠡᠭᠡᠨ ᠪᠠᠰᠠ ᠡᠮᠨᠡᠯᠭᠡ ᠶᠢᠨ | ᠠᠵᠢᠯᠲᠠᠳ ᠤᠨ ᠢᠳᠡᠪᠬᠢᠵᠢᠯ ᠢ ᠳᠠᠶᠢᠴᠢᠯᠠᠵᠦ᠂ ᠪᠠᠰᠠ ᠡᠮᠨᠡᠯᠭᠡᠶᠢᠨ ᠬᠤᠷᠢᠶᠠᠨ ᠤ ᠬᠦᠭᠵᠢᠯᠲᠡ ᠶᠢᠨ ᠦᠷᠭᠦᠯᠵᠢᠯᠡᠬᠦ | ᠴᠢᠨᠠᠷ ᠢ ᠪᠠᠲᠤᠯᠠᠬᠤ ᠬᠡᠷᠡᠭᠲᠡᠢ᠃ ᠪᠢᠲᠡ ᠰᠤᠳᠤᠯᠤᠯᠲᠠ ᠬᠢᠬᠦ ᠪᠠᠨ ᠴᠢᠩᠭᠠᠳᠬᠠᠨ᠂ ᠴᠦᠬᠦᠷᠡᠯ ᠦᠭᠡᠢ ᠴᠢᠷᠮᠠᠶᠢᠵᠦ᠂ | ᠦᠭᠡᠷᠡᠴᠢᠯᠡᠯᠲᠡ ᠶᠢᠨ ᠬᠠᠷᠠᠯᠲᠠ ᠶᠢᠨ ᠱᠠᠭᠠᠷᠳᠠᠯᠭ᠎ᠠ ᠶᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠨ᠎ᠠ᠃ | ᠬᠦᠲᠥᠯᠥᠭᠴᠢ᠄ ᠲᠠᠨ ᠤ ᠶᠠᠷᠢᠭᠰᠠᠨ ᠲᠣᠩ ᠮᠠᠭᠲᠠᠭᠤᠰᠢᠲᠠᠢ ᠪᠠᠶᠢᠨ᠎ᠠ᠃ ᠦᠭᠡᠷᠡᠴᠢᠯᠡᠯᠲᠡ ᠶᠢ | ᠲᠦᠯᠬᠢᠨ ᠤᠷᠤᠭᠰᠢᠯᠠᠭᠤᠯᠬᠤ ᠡᠳᠡᠭᠡᠷ ᠠᠷᠭ᠎ᠠ ᠬᠡᠮᠵᠢᠶ᠎ᠡ ᠨᠦᠭᠦᠳ ᠦᠨᠡᠬᠡᠷ ᠪᠤᠲᠠᠲᠠᠢ ᠮᠦᠷᠲᠡᠭᠡᠨ ᠲᠤᠰᠠᠲᠠᠢ᠃ | ᠰᠦᠯᠵᠢᠶᠡᠨ ᠤ ᠠᠨᠳᠠ ᠴᠡᠩᠬᠡᠷ ᠣᠭᠲᠠᠷᠭᠤᠢ ᠴᠠᠭᠠᠨ ᠡᠭᠦᠯᠡ᠄ ᠬᠦᠮᠥᠰ ᠤᠨ ᠬᠦᠰᠡᠵᠦ ᠪᠠᠶᠢᠭᠰᠠᠨ ᠢ ᠬᠤ᠋ | ᠡᠷᠬᠢᠯᠡᠭᠴᠢ ᠲᠠ ᠦᠨᠡᠬᠡᠷ ᠶᠠᠷᠢᠵᠦ ᠭᠠᠷᠭᠠᠯ᠎ᠠ᠂ ᠠᠷᠠᠳ ᠣᠯᠠᠨ ᠤ ︽ᠡᠪᠡᠳᠴᠢᠨ ᠢᠶᠠᠨ ᠦᠵᠡᠭᠦᠯᠬᠦ ᠳᠤ ᠬᠦᠴᠢᠷ | ᠪᠠᠶᠢᠬᠤ᠂ ᠦᠨᠡᠲᠡᠢ ᠪᠠᠶᠢᠬᠤ︾ ᠠᠰᠠᠭᠤᠳᠠᠯ ᠠᠯᠬᠤᠮ ᠠᠯᠬᠤᠮ ᠢᠶᠠᠷ ᠰᠢᠢᠳᠪᠥᠷᠢᠯᠡᠭᠳᠡᠬᠦ ᠶᠤᠮ ᠪᠠᠶᠢᠨ᠎ᠠ᠃ | ᠬᠦᠲᠥᠯᠥᠭᠴᠢ᠄ ᠴᠠᠭ ᠤᠨ ᠬᠠᠷᠠᠭ᠎ᠠ ᠠᠴᠠ ᠪᠣᠯᠤᠭᠠᠳ ᠦᠨᠥᠳᠥᠷ ᠤᠨ ᠰᠤᠷᠪᠤᠯᠵᠢᠯᠠᠨ | ᠶᠠᠷᠢᠯᠴᠠᠬᠤ ᠪᠠᠨ ᠠᠳᠡ ᠬᠦᠷᠭᠡᠶ᠎ᠡ᠃ ᠬᠤ᠋ ᠡᠷᠬᠢᠯᠡᠭᠴᠢ ᠶᠠᠭᠠᠷᠠᠤ ᠪᠠᠶᠢᠲᠠᠯ᠎ᠠ ᠪᠠᠨ ᠮᠠᠨ ᠤ ᠰᠦᠯᠵᠢᠶᠡᠨ ᠳᠡᠭᠡᠷ᠎ᠡ | ᠰᠤᠷᠪᠤᠯᠵᠢᠯᠠᠬᠤ ᠫᠷᠤᠭ᠍ᠷᠠᠮ ᠳᠤ ᠮᠣᠷᠢᠯᠠᠨ ᠰᠠᠭᠠᠲᠠᠭᠰᠠᠨ ᠳᠤ ᠲᠠᠯᠠᠷᠬᠠᠵᠦ ᠪᠠᠶᠢᠬᠤ ᠶᠢᠨ ᠵᠡᠷᠭᠡᠴᠡᠪᠡᠷ ᠰᠦᠯᠵᠢᠶᠡᠨ | ᠠᠨᠳᠠ ᠨᠠᠷ ᠤᠨ ᠢᠳᠡᠪᠬᠢᠲᠠᠢ ᠣᠷᠣᠯᠴᠠᠵᠦ ᠠᠰᠠᠭᠤᠯᠲᠠ ᠠᠰᠠᠭᠤᠭᠰᠠᠨ ᠳᠤ ᠲᠠᠯᠠᠷᠬᠠᠵᠦ ᠪᠠᠶᠢᠨ᠎ᠠ᠂ ᠦᠨᠥᠳᠥᠷ ᠤᠨ | ᠰᠤᠷᠪᠤᠯᠵᠢᠯᠠᠨ ᠶᠠᠷᠢᠯᠴᠠᠬᠤ ᠠᠳᠡ ᠬᠦᠷᠥᠭᠡᠳ ᠳᠠᠭᠤᠰᠪᠠ᠂ ᠳᠠᠷᠠᠭᠠᠴᠢ ᠶᠢᠨ ᠫᠷᠤᠭ᠍ᠷᠠᠮ ᠳᠤ ᠵᠣᠯᠭᠠᠶ᠎ᠠ᠃ | | | | | |