ᠤᠷᠳᠤᠰ ᠬᠤᠲᠠ《 ᠵᠢᠷᠭᠤᠭ᠎ᠠ ᠶᠢ ᠨᠢᠭᠡ ᠴᠤᠭᠴᠠᠵᠢᠭᠤᠯᠤᠨ᠂ ᠠᠷᠪᠠ ᠶᠢ ᠪᠦᠷᠢᠨ ᠪᠦᠷᠬᠦᠭᠦᠯᠬᠦ ︾  ᠎ ᠶᠢ   ᠨᠢᠭᠡᠳᠤᠯᠲᠠᠢ  ᠲᠦᠯᠬᠢᠨ  ᠠᠬᠢᠭᠤᠯᠪᠠ
ᠨᠡᠶᠢᠲᠡᠯᠡᠭᠰᠡᠨ ᠴᠠᠭ᠄
2015/3/17
ᠰᠤᠷᠪᠤᠯᠵᠢᠯᠠᠭ᠎ᠠ ᠶᠢᠨ ᠭᠤᠤᠯ ᠰᠡᠳᠦᠪ᠄           ᠤᠷᠳᠤᠰ ᠬᠤᠲᠠ《 ᠵᠢᠷᠭᠤᠭ᠎ᠠ ᠶᠢ ᠨᠢᠭᠡ ᠴᠤᠭᠴᠠᠵᠢᠭᠤᠯᠤᠨ᠂ ᠠᠷᠪᠠ ᠶᠢ           ᠪᠦᠷᠢᠨ ᠪᠦᠷᠬᠦᠭᠦᠯᠬᠦ  ︾  ᠎ ᠶᠢ   ᠨᠢᠭᠡᠳᠤᠯᠲᠠᠢ   ᠲᠦᠯᠬᠢᠨ   ᠠᠬᠢᠭᠤᠯᠪᠠ
ᠰᠤᠷᠪᠤᠯᠵᠢᠯᠠᠭᠰᠠᠨ ᠴᠠᠭ ᠬᠤᠭᠤᠴᠠᠭ᠎ᠠ᠄       2015 ᠤᠨ ᠤ1 ᠳ᠋ᠤᠭᠡᠷ ᠰᠠᠷ᠎ᠠ ᠶᠢᠨ15᠎ ᠤ ᠡᠳᠦᠷ ᠤᠨ ᠦᠳᠡ ᠶᠢᠨ ᠡᠮᠦᠨᠡᠬᠢ 10 ᠴᠠᠭ ᠰᠤᠷᠪᠤᠯᠵᠢᠯᠠᠨ ᠶᠠᠷᠢᠯᠴᠠᠭᠰᠠᠨ ᠵᠤᠴᠢᠨ᠄       ᠤᠷᠳᠤᠰ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠲᠠᠷᠢᠶᠠᠯᠠᠬᠤ ᠮᠠᠯᠵᠢᠬᠤ ᠤᠷᠤᠨ ᠤ ᠠᠵᠢᠯ ᠤᠨ ᠬᠡᠯᠳᠡᠰ ᠤᠨ ᠳᠠᠷᠤᠭ᠎ᠠ  ᠭᠤᠤ ᠶᠤᠤ ᠸᠧᠢ ᠰᠤᠷᠪᠤᠯᠵᠢᠯᠠᠭ᠎ᠠ ᠶᠢᠨ ᠲᠤᠪᠴᠢ᠄       2014 ᠤᠨ ᠤ ᠡᠬᠢ ᠪᠠᠷ᠂ ᠦᠪᠡᠷᠲᠡᠭᠡᠨ ᠵᠠᠰᠠᠬᠤ ᠤᠷᠤᠨ ᠠᠴᠠ ᠪᠦᠬᠦ ᠤᠷᠤᠨ ᠤ ᠲᠠᠷᠢᠶᠠᠯᠠᠬᠤ ᠮᠠᠯᠵᠢᠬᠤ ᠤᠷᠤᠨ ᠎ ᠳᠤ《ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠬᠤᠲᠠ ᠬᠦᠳᠡᠭᠡ ᠶᠢᠨ ᠵᠦᠷᠢᠶ᠎ᠡ ᠶᠢ ᠪᠠᠭᠠᠰᠬᠠᠨ᠂   ᠤᠯᠠᠨ ᠨᠡᠶᠢᠳᠡ ᠶᠢᠨ ᠦᠨᠳᠤᠰᠤᠨ ᠦᠢᠯᠡᠴᠢᠯᠡᠭᠡᠨ ᠤ ᠲᠡᠩᠴᠡᠭᠦᠷᠢᠲᠠᠢ ᠬᠦᠭᠵᠢᠬᠦ ᠶᠢ ᠠᠬᠢᠭᠤᠯᠤᠨ᠎ᠠ ᠭᠡᠵᠦ ᠲᠤᠷᠠᠳᠪᠠ᠃《ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ  ᠪᠤᠯ ᠤᠶᠢᠷ᠎ᠠ ᠶᠢᠨ ᠭᠤᠷᠪᠠᠨ ᠵᠢᠯ ᠳᠠᠬᠢ ᠲᠠᠷᠢᠶᠠᠯᠠᠬᠤ ᠮᠠᠯᠵᠢᠬᠤ ᠤᠷᠤᠨ ᠤ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠬᠠᠮᠤᠭ ᠤᠨ ᠲᠤᠮᠤ ᠢᠨᠵᠧᠨᠧᠷᠢᠩ ᠪᠤᠯᠤᠨ᠎ᠠ᠃《 ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ ᠤᠨ ᠠᠬᠢᠴᠠ ᠎ ᠶᠢᠨ ᠪᠠᠶᠢᠳᠠᠯ ᠢ ᠤᠯᠠᠮ ᠨᠢᠭᠡ ᠠᠯᠬᠤᠮ ᠤᠶᠢᠯᠠᠭᠠᠬᠤ ᠶᠢᠨ ᠲᠤᠯᠠᠳᠠ᠂ ᠤᠶᠢᠷ᠎ᠠ ᠎ ᠳᠤ  ᠂ ᠪᠢᠳᠡ ᠤᠨᠴᠠᠭᠠᠶᠢᠯᠠᠨ ᠤᠷᠳᠤᠰ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠲᠠᠷᠢᠶᠠᠯᠠᠬᠤ ᠮᠠᠯᠵᠢᠬᠤ ᠤᠷᠤᠨ ᠤ ᠠᠵᠢᠯ ᠤᠨ ᠬᠡᠯᠳᠡᠰ ᠤᠨ ᠳᠠᠷᠤᠭ᠎ᠠ ᠭᠤᠤ ᠶᠤᠤ ᠸᠧᠢ ᠶᠢ ︽ᠳᠤᠮᠳᠠᠲᠤ ᠤᠯᠤᠰ  ᠦᠪᠦᠷ ᠮᠤᠩᠭᠤᠯ︾ ᠰᠦᠯᠵᠢᠶᠡᠨ ᠳᠤ ᠤᠷᠢᠨ ᠵᠠᠯᠠᠵᠤ᠂ ᠤᠷᠳᠤᠰ ᠬᠤᠲᠠ ᠶᠢᠨ《 ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ ᠢ ᠬᠡᠷᠡᠭᠵᠢᠭᠦᠯᠦᠭᠰᠡᠨ ᠬᠤᠯᠪᠤᠭᠳᠠᠯ ᠪᠦᠬᠦᠢ ᠪᠠᠶᠢᠳᠠᠯ ᠢ ᠲᠠ ᠪᠦᠭᠦᠨ ᠲᠠᠢ ᠵᠤᠭᠤᠭᠳᠠᠭᠤᠯᠬᠤ ᠪᠠᠷ ᠪᠤᠯᠪᠠ᠃ ᠲᠤᠬᠠᠢ ᠎ ᠶᠢᠨ ᠦᠶᠡᠰ᠂ ᠰᠦᠯᠵᠢᠶᠡᠨ ᠠᠨᠳᠠ ᠨᠠᠷ ᠤᠨ ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠳᠤᠵᠦ ᠪᠠᠶᠢᠨ᠎ᠠ︕     〔 ᠬᠦᠲᠦᠯᠦᠭᠴᠢ﹈ ᠰᠦᠯᠵᠢᠶᠡᠨ ᠠᠨᠳᠠ ᠨᠠᠷ ᠰᠠᠶᠢᠨ ᠪᠠᠶᠢᠨ᠎ᠠ︖ ᠲᠠ ᠪᠦᠬᠦᠨ ᠤ《 ᠳᠤᠮᠳᠠᠳᠤ ᠤᠯᠤᠰ   ᠦᠪᠦᠷ ᠮᠤᠩᠭᠤᠯ︾ ᠰᠦᠯᠵᠢᠶᠡᠨ ᠤ ᠰᠤᠷᠪᠤᠯᠵᠢᠯᠠᠨ ᠶᠠᠷᠢᠯᠴᠠᠬᠤ ᠪᠤᠯᠤᠩ ᠢ ᠬᠦᠯᠢᠶᠡᠨ ᠠᠪᠴᠤ ᠦᠵᠡᠬᠦ ᠶᠢ  ᠪᠠᠶᠠᠷᠯᠠᠨ ᠤᠭᠳᠤᠵᠦ ᠪᠠᠶᠢᠨ᠎ᠠ᠃ ᠦᠨᠦᠳᠦᠷ ᠪᠢᠳᠡ ᠤᠷᠳᠤᠰ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠲᠠᠷᠢᠶᠠᠯᠠᠬᠤ ᠮᠠᠯᠵᠢᠬᠤ ᠤᠷᠤᠨ ᠤ ᠠᠵᠢᠯ ᠤᠨ ᠬᠡᠯᠳᠡᠰ ᠤᠨ ᠳᠠᠷᠤᠭ᠎ᠠ ᠭᠤᠤ ᠶᠤᠤ ᠸᠧᠢ ᠨᠦᠬᠦᠷ ᠢ ᠵᠠᠯᠠᠵᠤ᠂ ᠤᠷᠳᠤᠰ ᠬᠤᠲᠠ ᠶᠢᠨ《 ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ ᠢ ᠬᠡᠷᠡᠭᠵᠢᠭᠦᠯᠦᠭᠰᠡᠨ ᠲᠠᠯ᠎ᠠ ᠪᠠᠷ ᠬᠢ ᠬᠤᠯᠪᠤᠭᠳᠠᠯ ᠪᠦᠬᠦᠢ ᠪᠠᠶᠢᠳᠠᠯ ᠢ ᠲᠠᠨᠢᠯᠴᠠᠭᠤᠯᠬᠤ ᠪᠠᠷ ᠪᠤᠯᠪᠠ᠃ ᠭᠤᠤ ᠨᠠᠷᠢᠨ ᠪᠢᠴᠢᠭ ᠤᠨ ᠳᠠᠷᠤᠭ᠎ᠠ ᠡ᠂ ᠲᠠᠨ ᠢ ᠪᠠᠶᠠᠷᠯᠠᠨ ᠤᠭᠳᠤᠵᠦ ᠪᠠᠶᠢᠨ᠎ᠠ︕    〔 ᠵᠤᠴᠢᠨ ᠭᠤᠤ ᠶᠤᠤ ᠸᠧᠢ〕 ᠬᠦᠲᠦᠯᠦᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠤᠳ ᠮᠢᠨᠢ ᠰᠠᠶᠢᠨ ᠪᠠᠶᠢᠵᠠᠭᠠᠨ᠎ᠠ ᠤᠤ︕  ᠠᠳᠡ ᠲᠠ ᠪᠦᠬᠦᠨ ᠲᠠᠢ ᠶᠠᠷᠢᠯᠴᠠᠬᠤ ᠪᠤᠯᠤᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ︕    〔 ᠬᠦᠲᠦᠯᠦᠭᠴᠢ  ﹈ ᠡᠩ ᠲᠡᠷᠢᠭᠦᠨ ᠳᠤ ᠭᠤᠤ ᠨᠠᠷᠢᠨ ᠪᠢᠴᠢᠭ ᠤᠨ ᠳᠠᠷᠤᠭ᠎ᠠ ᠲᠠ ᠪᠢᠳᠡᠨ ᠳᠤ《 ᠠᠷᠪᠠ  ᠎ ᠶᠢ ᠪᠦᠷᠢᠨ ᠪᠦᠷᠬᠦᠭᠦᠯᠬᠦ 》ᠢᠨᠵᠧᠨᠧᠷᠢᠩ ᠳᠤ ᠶᠠᠮᠠᠷ ᠪᠤᠳᠠᠲᠠᠢ ᠠᠭᠤᠯᠭ᠎ᠠ ᠪᠠᠭᠲᠠᠬᠤ ᠶᠢ ᠲᠠᠨᠢᠯᠴᠠᠭᠤᠯᠵᠤ ᠦᠭᠭᠦᠨ᠎ᠡ ᠤᠤ︖    〔 ᠵᠤᠴᠢᠨ  ᠭᠤᠤ ᠶᠤᠤ ᠸᠧᠢ〕 ᠲᠠᠷᠢᠶᠠᠯᠠᠬᠤ ᠮᠠᠯᠵᠢᠬᠤ ᠤᠷᠤᠨ ᠤ《 ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ ᠳᠤ ᠭᠤᠤᠯᠳᠠᠭᠤ ᠲᠠᠷᠢᠶᠠᠯᠠᠬᠤ ᠮᠠᠯᠵᠢᠬᠤ ᠤᠷᠤᠨ ᠤ ᠨᠤᠷᠠᠬᠤ ᠠᠶᠤᠯᠲᠠᠢ ᠬᠡᠷ ᠪᠠᠶᠢᠰᠢᠩ ᠢ ᠵᠠᠰᠠᠵᠦ ᠦᠬᠡᠷᠡᠴᠢᠯᠡᠬᠦ᠂  ᠤᠤᠭᠤᠬᠤ ᠤᠰᠤ ᠶᠢ ᠠᠮᠤᠷ ᠲᠦᠪᠰᠢᠨ ᠪᠠᠶᠢᠯᠭᠠᠬᠤ᠂ ᠭᠠᠴᠠᠭ᠎ᠠ ᠲᠤᠰᠬᠤᠨ ᠵᠡᠭᠡᠯᠢ ᠭᠤᠳᠤᠮᠵᠢ ᠵᠠᠮ ᠢ  ᠬᠠᠳᠠᠭᠤᠷᠠᠭᠤᠯᠬᠤ᠂ ᠬᠦᠳᠡᠭᠡ ᠲᠤᠰᠬᠤᠨ ᠎ ᠳᠤ ᠴᠠᠬᠢᠯᠭᠠᠨ ᠨᠡᠪᠳᠡᠷᠡᠭᠦᠯᠬᠦ ᠬᠢᠭᠡᠳ ᠬᠦᠳᠡᠭᠡ ᠲᠤᠰᠬᠤᠨ ᠤ ᠰᠦᠯᠵᠢᠶ᠎ᠡ ᠶᠢ ᠦᠬᠡᠷᠡᠴᠢᠯᠡᠬᠦ᠂ ᠲᠤᠰᠬᠤᠨ ᠪᠦᠷᠢ ᠳᠤ ᠷᠠᠳᠢᠤ᠋ ᠨᠡᠪᠲᠡᠷᠡᠭᠦᠯᠭᠡ ᠴᠢᠮᠡᠭᠡ ᠨᠡᠪᠳᠡᠷᠡᠯᠭᠡ ᠨᠡᠪᠳᠡᠷᠡᠭᠦᠯᠬᠦ᠂ ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠬᠢᠭᠡᠳ ᠠᠮᠤᠷ ᠲᠦᠪᠰᠢᠨ ᠤ ᠦᠭᠡᠷᠡᠴᠢᠯᠡᠯᠲᠡ ᠬᠢᠬᠦ᠂ ᠭᠠᠴᠠᠭ᠎ᠠ ᠲᠤᠰᠬᠤᠨ ᠳᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠦᠷᠦᠭᠡ ᠲᠠᠢ ᠪᠠᠶᠢᠯᠭᠠᠬᠤ᠂ ᠭᠠᠴᠠᠭ᠎ᠠ ᠲᠤᠰᠬᠤᠨ ᠳᠤ ᠰᠤᠶᠤᠯ ᠤᠨ ᠠᠵᠢᠯᠯᠠᠭᠠᠨ ᠤ ᠦᠷᠦᠭᠡ ᠲᠠᠢ ᠪᠠᠶᠢᠯᠭᠠᠬᠤ᠂ ᠠᠷᠠᠳ ᠲᠤ ᠳᠦᠭᠦᠮ ᠦᠵᠡᠭᠦᠯᠬᠦ ᠬᠤᠯᠪᠤᠭᠠᠲᠤ ᠰᠦᠫᠧᠷ ᠳᠡᠯᠭᠡᠬᠦᠷ ᠭᠠᠷᠭᠠᠬᠤ᠂ ᠲᠠᠷᠢᠶᠠᠯᠠᠬᠤ ᠮᠠᠯᠵᠢᠬᠤ ᠤᠷᠤᠨ ᠤ ᠪᠠᠶᠢᠡᠭᠭᠤ ᠰᠠᠭᠤᠭ᠎ᠠ ᠬᠦᠮᠦᠨ ᠠᠮᠠ ᠶᠢᠨ ᠨᠠᠰᠤᠲᠠᠨ ᠤ ᠠᠰᠠᠷᠠᠯ ᠡᠮ ᠡᠮᠨᠡᠯᠭᠡ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠪᠠᠳᠤᠯᠠᠭ᠎ᠠ ᠶᠢᠨ ᠠᠷᠪᠠᠨ ᠢᠨᠵᠧᠨᠧᠷᠢᠩ ᠪᠠᠭᠲᠠᠨ᠎ᠠ᠃ ᠴᠡᠭᠡᠵᠢᠯᠡᠬᠦ ᠳᠤ ᠳᠦᠭᠦᠮ ᠢ ᠪᠤᠳᠤᠵᠦ᠂ ᠪᠢᠳᠡ ᠡᠨᠡ ᠠᠷᠪᠠᠨ ᠲᠤᠮᠤ ᠢᠨᠵᠧᠨᠧᠷᠢᠩ ᠢ《 ᠤᠰᠤ ᠴᠠᠬᠢᠯᠭᠠᠨ ᠵᠠᠮ ᠴᠢᠮᠡᠭᠡ ᠬᠡᠷ᠂ ᠨᠡᠶᠢᠭᠡᠮ ᠬᠦᠮᠤᠵᠢᠯ  ᠰᠤᠶᠤᠯ ᠡᠮᠴᠢᠯᠡᠭᠡ ᠬᠤᠳᠠᠯᠳᠤᠭ᠎ᠠ》 ᠬᠡᠵᠤ ᠳᠦᠭᠦᠮᠴᠢᠯᠡᠪᠡ᠂ ᠤᠶᠢᠯᠠᠭᠠᠮᠵᠢᠲᠠᠢ ᠰᠢᠭ ᠬᠡᠯᠡᠪᠡᠯ᠂ ᠦᠷᠭᠡᠨ ᠤᠯᠠᠨ ᠲᠠᠷᠢᠶᠠᠴᠢᠨ ᠮᠠᠯᠴᠢᠨ ᠳᠤ《 ᠠᠭᠤᠵᠢᠮ ᠲᠤᠬᠢᠯᠢᠭ ᠬᠡᠷ ᠪᠠᠶᠢᠰᠢᠩ ᠲᠠᠢ᠂ ᠲᠡᠭᠰᠢ ᠳᠠᠷᠳᠠᠩ ᠵᠠᠮ ᠲᠠᠢ᠂ ᠴᠡᠪᠡᠷ ᠲᠤᠩᠭᠠᠯᠠᠭ ᠤᠤᠭᠤᠬᠤ ᠤᠰᠤ ᠲᠠᠢ᠂  ᠷᠠᠳᠢᠤ᠋ ᠲᠧᠯᠸᠢᠰ ᠨᠢ ᠰᠤᠨᠤᠰᠬᠤ ᠦᠵᠡᠬᠦ ᠫᠷᠤᠭ᠍ᠷᠠᠮ ᠲᠠᠢ᠂ ᠪᠡᠶ᠎ᠡ ᠶᠢᠨ ᠬᠦᠳᠡᠯᠭᠡᠭᠡᠨ ᠬᠢᠬᠦ ᠲᠠᠯᠠᠪᠤᠷ ᠲᠠᠢ᠂ ᠡᠷᠦᠬᠡ ᠪᠦᠷᠢ ᠳᠤ ᠴᠠᠬᠢᠯᠭᠠᠨ ᠲᠠᠢ᠂ ᠰᠤᠷᠭᠠᠭᠤᠯᠢ ᠶᠢᠨ ᠪᠠᠶᠢᠷᠢ ᠨᠢ ᠠᠮᠤᠷ ᠲᠦᠪᠰᠢᠨ ᠂ ᠡᠪᠡᠳᠴᠢᠨ ᠦᠵᠡᠬᠦᠯᠬᠦ ᠳᠤ ᠬᠢᠯᠪᠡᠷ ᠳᠦᠭᠦᠮ᠂  ᠤᠶᠢᠷ᠎ᠠ ᠵᠠᠭᠤᠷ᠎ᠠ ᠪᠠᠨ ᠬᠤᠷᠰᠢᠶ᠎ᠠ ᠬᠤᠳᠠᠯᠳᠤᠭ᠎ᠠ ᠎ ᠲᠠᠢ᠂ ᠦᠳᠡᠯᠡᠭᠡᠳ ᠢᠷᠡᠪᠡᠯ ᠳᠠᠭᠠᠳᠬᠠᠯ ᠲᠠᠢ》ᠪᠠᠶᠢᠯᠭᠠᠬᠤ ᠶᠠᠪᠤᠳᠠᠯ ᠪᠤᠯᠤᠨ᠎ᠠ᠃ ᠡᠨᠡ ᠠᠷᠪᠠᠨ ᠢᠨᠵᠧᠨᠧᠷᠢᠩ ᠨᠢ ᠨᠡᠶᠢᠭᠡᠮ ᠨᠡᠶᠢᠲᠡ ᠶᠢᠨ ᠦᠢᠯᠡᠴᠢᠯᠡᠭᠡᠨ ᠤ ᠭᠤᠤᠯ ᠲᠠᠯ᠎ᠠ ᠶᠢ ᠬᠠᠮᠤᠷᠴᠤ᠂ ᠨᠢᠳᠤᠨ ᠡᠮᠤᠨᠡᠬᠢ ᠪᠤᠯᠤᠨ ᠠᠯᠤᠰ ᠬᠡᠳᠤ ᠶᠢ ᠨᠢᠭᠡᠳᠦᠯᠲᠠᠢ ᠬᠠᠷᠠᠭᠠᠯᠵᠠᠵᠤ᠂ ᠱᠠᠭᠠᠷᠳᠠᠯᠭ᠎ᠠ ᠪᠠ ᠪᠤᠯᠤᠯᠴᠠᠭ᠎ᠠ ᠶᠢ ᠬᠦᠢᠴᠡᠳ ᠪᠤᠳᠤᠯᠬᠢᠯᠠᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠦᠷᠭᠡᠨ ᠤᠯᠠᠨ ᠲᠠᠷᠢᠶᠠᠴᠢᠨ ᠮᠠᠯᠴᠢᠨ ᠳᠤ ᠦᠭᠭᠦᠭᠰᠡᠨ ᠲᠦᠪ ᠴᠢᠩᠭ᠎ᠠ ᠠᠮᠠᠯᠠᠯᠳᠠ ᠪᠤᠯᠤᠨ᠎ᠠ᠃ ᠢᠨᠵᠧᠨᠧᠷᠢᠩ ᠤᠨ ᠬᠠᠮᠤᠷᠤᠭᠰᠠᠨ ᠲᠠᠯ᠎ᠠ ᠤᠯᠠᠨ᠂ ᠪᠡᠯᠡ ᠮᠦᠡᠭᠭᠦ ᠶᠢᠨ ᠬᠡᠷᠡᠭᠴᠡᠭᠡ ᠶᠡᠭᠡ᠂ ᠪᠡᠶᠡᠯᠡᠭᠦᠯᠬᠦ ᠴᠠᠭ ᠪᠠᠴᠢᠮ ᠲᠤᠯᠠ ᠨᠢᠭᠡᠨ ᠬᠦᠴᠢᠷ ᠪᠡᠷᠭᠡᠰᠢᠶᠡᠯᠲᠠᠢ ᠪᠦᠭᠡᠳ ᠪᠠᠴᠢᠮ ᠡᠭᠦᠷᠭᠡ ᠪᠤᠯᠬᠤ ᠮᠦᠷᠳᠡᠭᠡᠨ ᠪᠠᠰᠠ ᠲᠠᠷᠢᠶᠠᠯᠠᠬᠤ ᠮᠠᠯᠵᠢᠬᠤ ᠤᠷᠤᠨ ᠤ ᠨᠦᠬᠦᠴᠡᠯ ᠢ ᠰᠠᠶᠢᠵᠢᠷᠠᠭᠤᠯᠬᠤ᠂ ᠬᠤᠲᠠ ᠬᠦᠳᠡᠭᠡ ᠶᠢᠨ ᠵᠦᠷᠢᠶ᠎ᠡ ᠶᠢ ᠪᠠᠭᠠᠰᠬᠠᠬᠤ᠂ ᠡᠪ ᠵᠤᠬᠢᠴᠠᠯᠳᠤ ᠬᠦᠭᠵᠢᠯᠲᠡ ᠶᠢ ᠠᠬᠢᠭᠤᠯᠬᠤ ᠴᠢᠬᠤᠯᠠ ᠶᠡᠭᠡ ᠠᠵᠠ ᠲᠤᠬᠢᠶᠠᠯ ᠪᠤᠯᠤᠨ᠎ᠠ᠃    〔 ᠬᠦᠲᠦᠯᠦᠭᠴᠢ〕 ᠲᠡᠭᠡᠪᠡᠯ ᠤᠷᠳᠤᠰ ᠬᠤᠲᠠ ᠶᠠᠮᠠᠷ ᠠᠵᠢᠯ ᠤᠨ ᠰᠡᠳᠬᠢᠴᠡ ᠪᠠᠷ ᠡᠯ᠎ᠡ ᠲᠦᠷᠦᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠨᠢᠭᠡᠳᠤᠯᠲᠠᠢ ᠲᠤᠬᠢᠷᠠᠭᠤᠯᠤᠭᠰᠠᠨ ᠪᠤᠢ︖    〔ᠵᠤᠴᠢᠨ  ᠭᠤᠤ ᠶᠤᠤ ᠸᠧᠢ〕 ᠭᠤᠷᠪᠠᠨ ᠵᠢᠯ ᠤᠨ ᠬᠤᠭᠤᠴᠠᠭᠠᠨ ᠳᠤ ᠲᠠᠷᠢᠶᠠᠯᠠᠬᠤ ᠮᠠᠯᠵᠢᠬᠤ ᠤᠷᠤᠨ ᠳᠤ ᠤᠯᠠᠨ ᠨᠡᠶᠢᠲᠡ ᠶᠢᠨ  ᠦᠨᠳᠤᠰᠤᠨ ᠦᠢᠯᠡᠴᠢᠯᠡᠬᠡᠨ ᠢ ᠪᠦᠬᠦᠨ ᠢ ᠪᠦᠷᠬᠦᠬᠦᠯᠬᠦ ᠳᠤ ᠬᠦᠷᠢᠶ᠎ᠡ ᠬᠡᠪᠴᠢᠶ᠎ᠡ ᠦᠷᠭᠡᠨ᠂ ᠴᠠᠭ ᠬᠤᠭᠤᠴᠠᠭ᠎ᠠ ᠪᠠᠴᠢᠮ᠂ ᠡᠭᠦᠷᠭᠡ ᠬᠦᠨᠳᠦ ᠪᠠᠶᠢᠭ᠎ᠠ ᠶᠤᠮ᠃ ᠡᠨᠡᠬᠦ ᠯᠤᠳᠤ ᠶᠡᠭᠡ ᠰᠢᠰᠲ᠋ᠧᠮᠳᠤ ᠢᠨᠵᠧᠨᠧᠷᠢᠩ ᠢ ᠰᠠᠶᠢᠨ ᠬᠡᠷᠡᠭᠵᠢᠭᠦᠯᠬᠦ ᠶᠢᠨ ᠲᠤᠯᠠᠳᠠ᠂ ᠬᠤᠲᠠ ᠶᠢᠨ  ᠨᠠᠮ ᠤᠨ ᠬᠤᠷᠢᠶ᠎ᠠ᠂ ᠵᠠᠰᠠᠭ ᠤᠨ ᠤᠷᠳᠤᠨ ᠮᠠᠨ ᠤ ᠬᠤᠲᠠ ᠶᠢᠨ ᠭᠤᠤᠯ ᠳᠠᠭᠠᠤ᠂ ᠬᠢᠷ᠎ᠠ ᠭᠠᠵᠠᠷ᠂ ᠲᠠᠷᠢᠶᠠᠯᠠᠬᠤ ᠤᠷᠤᠨ᠂ ᠮᠠᠯᠵᠢᠬᠤ ᠤᠷᠤᠨ ᠤ ᠠᠳᠠᠯᠢ ᠪᠤᠰᠤ ᠤᠨᠴᠠᠯᠢᠭ ᠢ ᠦᠨᠳᠦᠰᠦᠯᠡᠵᠤ᠂ ᠨᠠᠷᠢᠨ ᠬᠢᠨᠠᠮᠠᠭᠠᠢ ᠰᠤᠳᠤᠯᠤᠭᠰᠠᠨ ᠰᠠᠭᠤᠷᠢᠨ ᠳᠡᠭᠡᠷ᠎ᠡ᠂《  ᠲᠦᠯᠦᠪᠵᠢᠭᠦᠯᠬᠡ ᠪᠠᠷ ᠵᠠᠮᠴᠢᠯᠠᠭᠤᠯᠵᠦ᠂ ᠦᠯᠢᠭᠡᠷ ᠵᠢᠱᠢᠶ᠎ᠡ ᠪᠠᠷ ᠳᠠᠭᠠᠭᠤᠯᠵᠦ᠂ ᠲᠤᠬᠠᠢ ᠶᠢᠨ ᠭᠠᠵᠠᠷ ᠎ ᠲᠠᠭᠠᠨ ᠲᠤᠬᠢᠷᠠᠭᠤᠯᠵᠤ᠂ ᠲᠦᠷᠦᠯ ᠬᠤᠪᠢᠶᠠᠨ ᠵᠢᠯᠤᠭᠤᠳᠴᠤ᠂〈 ᠵᠢᠷᠭᠤᠭ᠎ᠠ ᠶᠢ ᠨᠢᠭᠡ ᠴᠤᠭᠴᠠᠵᠢᠭᠤᠯᠵᠤ〉᠂ ᠨᠢᠭᠡᠳᠦᠯᠲᠠᠢ ᠲᠦᠯᠬᠢᠨ ᠠᠬᠢᠭᠤᠯᠵᠤ᠂ ᠠᠷᠠᠳ ᠲᠦᠮᠡᠨ ᠳᠤ ᠲᠦᠰᠢᠭᠯᠡᠵᠦ᠂ ᠴᠤᠭ ᠢᠶᠠᠷ ᠠᠳᠬᠤᠨ ᠬᠠᠮᠳᠤ ᠪᠠᠷ ᠪᠦᠲᠦᠬᠡᠨ ᠪᠠᠶᠢᠭᠤᠯᠬᠤ》ᠶᠡᠷᠦᠩᠭᠡᠢ ᠠᠵᠢᠯ ᠤᠨ ᠰᠡᠳᠬᠢᠴᠡ ᠶᠢ ᠳᠤᠷᠠᠳᠪᠠ᠃     《 ᠲᠦᠯᠦᠪᠵᠢᠭᠦᠯᠭᠡ ᠪᠠᠷ ᠵᠠᠮᠴᠢᠯᠠᠭᠤᠯᠵᠦ᠂  ᠦᠯᠢᠭᠡᠷ ᠵᠢᠱᠢᠶ᠎ᠡ ᠪᠠᠷ ᠳᠠᠭᠠᠭᠤᠯᠬᠤ》 ᠬᠡᠳᠡᠭ ᠨᠢ《 ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ ᠢ ᠬᠡᠷᠡᠭᠵᠢᠬᠦᠯᠬᠦ ᠰᠢᠨᠵᠢᠯᠡᠬᠦ ᠤᠬᠠᠭᠠᠨᠴᠢ ᠴᠢᠨᠠᠷ ᠪᠠ ᠵᠢᠱᠢᠶ᠎ᠠ ᠦᠵᠡᠬᠦᠯᠬᠦ ᠴᠢᠨᠠᠷ ᠢ ᠳᠤᠪᠤᠶᠢᠯᠭᠠᠬᠤ ᠶᠢᠨ ᠲᠦᠯᠦᠭᠡ ᠶᠤᠮ᠃ ᠨᠢᠭᠡᠳᠦᠯᠲᠠᠢ ᠲᠦᠯᠦᠪᠵᠢᠭᠦᠯᠭᠡ ᠶᠢ ᠰᠠᠶᠢᠲᠤᠷ ᠬᠢᠬᠦ ᠶᠢᠨ ᠲᠤᠯᠠᠳᠠ᠂ ᠬᠤᠲᠠ ᠶᠢᠨ ᠱᠠᠲᠤᠨ ᠠᠴᠠ ᠬᠦᠳᠡᠭᠡ ᠲᠤᠰᠬᠤᠨ᠂ ᠮᠠᠯᠵᠢᠬᠤ ᠤᠷᠤᠨ ᠤ《 ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ ᠤᠨ ᠵᠢᠯᠤᠭᠤᠳᠬᠤ ᠰᠠᠨᠠᠯ ᠪᠤᠯᠤᠨ ᠬᠡᠷᠡᠭᠵᠢᠬᠦᠯᠬᠦ ᠲᠦᠰᠦᠯ ᠢ ᠲᠤᠰ ᠲᠤᠰ ᠳᠤᠷᠠᠳᠪᠠ᠃ ᠬᠤᠲᠠ ᠬᠤᠰᠢᠭᠤ ᠲᠤᠭᠤᠷᠢᠭ ᠨᠢ ᠭᠠᠴᠠᠭ᠎ᠠ ᠲᠤᠰᠬᠤᠨ ᠤ ᠪᠠᠶᠢᠷᠢᠯᠠᠭᠤᠯᠤᠯᠳᠠ ᠶᠢ ᠨᠢᠭᠡᠳᠦᠯᠲᠠᠢ ᠲᠦᠯᠦᠪᠵᠢᠭᠦᠯᠵᠤ᠂ ᠭᠠᠴᠠᠭ᠎ᠠ ᠲᠤᠰᠬᠤᠨ ᠢ ᠬᠠᠰᠤᠬᠤ ᠨᠡᠶᠢᠯᠡᠭᠦᠯᠬᠦ᠂ ᠦᠯᠡᠳᠡᠭᠡᠬᠦ ᠪᠠ ᠭᠤᠤᠯᠳᠠᠯᠭ᠎ᠠ ᠲᠠᠢ ᠬᠦᠭᠵᠢᠭᠦᠯᠬᠦ ᠲᠦᠯᠦᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠪᠠ᠃ ᠡᠯ᠎ᠡ ᠬᠤᠰᠢᠭᠤ ᠲᠤᠭᠤᠷᠢᠭ ᠭᠤᠷᠪᠠᠨ ᠵᠢᠯ ᠤᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ᠂ ᠤᠨ ᠤ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠪᠠ ᠳᠠᠩ ᠲᠦᠷᠦᠯ ᠤᠨ ᠲᠦᠯᠦᠪᠵᠢᠭᠦᠯᠭᠡ ᠶᠢ ᠲᠤᠰ ᠲᠤᠰ ᠲᠤᠭᠲᠠᠭᠠᠪᠠ᠃ ᠲᠦᠯᠦᠪᠵᠢᠭᠦᠯᠭᠡ ᠶᠢᠨ ᠰᠠᠯᠠᠭ᠎ᠠ ᠮᠦᠴᠢᠷ ᠬᠢᠭᠡᠳ ᠡᠯ᠎ᠡ ᠰᠤᠮᠤ ᠰᠢᠶᠠᠩ ᠪᠠᠯᠭᠠᠰᠤ ᠪᠤᠳᠠᠲᠤ ᠪᠠᠶᠢᠳᠠᠯ ᠢᠶᠠᠨ ᠦᠨᠳᠦᠰᠦᠯᠡᠵᠤ᠂ ᠲᠤᠰᠬᠤᠨ ᠳᠠᠷᠠᠭᠠᠯᠠᠨ ᠡᠷᠦᠬᠡ ᠳᠠᠷᠠᠭᠠᠯᠠᠨ ᠲᠦᠯᠦᠪᠵᠢᠭᠦᠯᠭᠡ ᠬᠢᠵᠦ᠂ ᠤᠨᠴᠠᠯᠢᠭ ᠪᠠ ᠦᠷ᠎ᠡ ᠪᠦᠲᠦᠮᠵᠢ ᠶᠢ ᠴᠢᠬᠤᠯᠠᠴᠢᠯᠠᠵᠤ᠂ ᠡᠯ᠎ᠡ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠤᠨ᠂《 ᠲᠤᠰᠬᠤᠨ ᠪᠦᠷᠢ ᠳᠤ ᠨᠢᠭᠡ ᠲᠦᠯᠦᠪᠵᠢᠭᠦᠯᠭᠡ᠂ ᠡᠷᠦᠭᠡ ᠪᠦᠷᠢ ᠳᠤ ᠨᠢᠭᠡ ᠵᠢᠷᠤᠭ︾᠎ ᠲᠠᠢ ᠪᠤᠯᠭᠠᠪᠠ᠃ ᠦᠯᠢᠭᠡᠷ ᠵᠢᠱᠢᠶ᠎ᠡ ᠪᠠᠷ ᠳᠠᠭᠠᠭᠤᠯᠬᠤ ᠶᠢ ᠴᠢᠩᠭᠠᠳᠬᠠᠬᠤ ᠶᠢᠨ ᠲᠤᠯᠠᠳᠠ᠂ ᠪᠦᠬᠦ ᠬᠤᠲᠠ ᠶᠢᠨ ᠲᠠᠷᠢᠶᠠᠯᠠᠬᠤ ᠮᠠᠯᠵᠢᠬᠤ ᠤᠷᠤᠨ《 ᠭᠤᠷᠪᠠᠨ ᠤᠷᠤᠨ》᠎ ᠤ ᠬᠦᠭᠵᠢᠯᠲᠡ ᠶᠢᠨ ᠲᠦᠯᠦᠪᠵᠢᠭᠦᠯᠭᠡ ᠲᠠᠢ ᠤᠶᠠᠯᠳᠤᠭᠤᠯᠤᠨ᠂ ᠬᠦᠮᠦᠨ ᠠᠮᠠ ᠶᠢᠨ ᠬᠤᠪᠢᠷᠠᠯᠲᠠ ᠶᠢᠨ ᠪᠠᠶᠢᠳᠠᠯ᠂ ᠠᠶᠢᠯ ᠲᠤᠰᠬᠤᠨ ᠤ ᠨᠡᠭᠦᠬᠦ ᠬᠠᠨᠳᠤᠰᠢ ᠪᠠ ᠠᠵᠦ ᠦᠢᠯᠡᠰ ᠤᠨ ᠬᠦᠭᠵᠢᠯᠲᠡ ᠶᠢᠨ ᠳᠠᠯᠳᠠ ᠬᠦᠴᠦᠨ ᠢ ᠦᠨᠳᠦᠰᠦᠯᠡᠨ᠂  ᠲᠤᠰ ᠲᠤᠰ  ᠎ ᠤᠨ ᠤᠨᠴᠠᠯᠢᠭ ᠲᠠᠢ᠂ ᠦᠪᠡᠷ ᠦᠪᠡᠷ ᠎ ᠤᠨ ᠭᠤᠤᠯᠳᠠᠯᠭ᠎ᠠ ᠲᠠᠢ ᠪᠠᠶᠢᠬᠤ ᠲᠦᠯᠬᠢᠨ ᠠᠬᠢᠭᠤᠯᠬᠤ ᠬᠡᠯᠪᠡᠷᠢ ᠶᠢ ᠰᠦᠪᠡᠭᠴᠢᠯᠡᠪᠡ᠃ ᠬᠤᠲᠠ ᠪᠠᠯᠭᠠᠰᠤ ᠶᠢᠨ ᠨᠡᠶᠢᠯᠡᠭᠦᠯᠬᠦ ᠬᠡᠯᠪᠡᠷᠢ ᠶᠢᠨ ᠪᠦᠲᠦᠭᠡᠨ ᠪᠠᠶᠢᠭᠤᠯᠤᠯᠲᠠ ᠶᠢᠨ ᠦᠯᠢᠭᠡᠷ ᠬᠡᠪ ᠲᠠᠢ ᠠᠳᠠᠯᠢ ᠪᠠᠷ ᠬᠤᠲᠠ ᠪᠠᠯᠭᠠᠰᠤ᠂ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠤᠶᠢᠷᠠᠯᠴᠠᠭᠠᠬᠢ ᠭᠠᠴᠠᠭ᠎ᠠ ᠲᠤᠰᠬᠤᠨ ᠢ ᠵᠢᠵᠢᠭ ᠬᠤᠲᠠ ᠪᠠᠯᠭᠠᠰᠤᠨ ᠤ ᠲᠦᠯᠦᠪᠵᠢᠭᠦᠯᠭᠡ ᠳᠤ ᠪᠦᠬᠦᠯᠢ ᠴᠤᠭᠴᠠ ᠪᠠᠷ ᠨᠢ ᠤᠷᠤᠭᠤᠯᠤᠨ᠂ ᠠᠶᠢᠯ ᠲᠤᠰᠬᠤᠨ ᠢ ᠵᠢᠵᠢᠭ ᠬᠤᠲᠠ ᠪᠠᠯᠭᠠᠰᠤᠨ ᠳᠤ ᠲᠦᠪᠯᠡᠷᠡᠭᠦᠯᠬᠦ ᠶᠢ ᠠᠬᠢᠭᠤᠯᠪᠠ᠃ ᠲᠦᠪ ᠲᠤ ᠲᠦᠪᠯᠡᠷᠡᠭᠦᠯᠬᠦ ᠬᠡᠯᠪᠡᠷᠢ ᠶᠢᠨ ᠦᠯᠢᠭᠡᠷ ᠬᠡᠪ ᠎ ᠲᠠᠢ ᠠᠳᠠᠯᠢ ᠪᠠᠷ ᠬᠦᠭᠵᠢᠯᠲᠡ ᠶᠢᠨ ᠨᠦᠬᠦᠴᠡᠯ ᠢᠶᠠᠷ ᠨᠡᠯᠢᠶᠡᠳ ᠰᠠᠶᠢᠨ᠂ ᠬᠦᠮᠦᠨ ᠠᠮᠠ ᠬᠠᠷᠢᠴᠠᠩᠭᠤᠢ ᠲᠦᠪᠯᠡᠷᠡᠭᠰᠡᠨ ᠭᠠᠴᠠᠭ᠎ᠠ ᠲᠤᠰᠬᠤᠨ ᠳᠤ᠂ ᠨᠤᠷᠠᠬᠤ ᠠᠶᠤᠯᠲᠠᠢ ᠬᠡᠷ ᠪᠠᠶᠢᠰᠢᠩ ᠢ ᠵᠠᠰᠠᠵᠦ ᠦᠭᠡᠷᠡᠴᠢᠯᠡᠬᠦ ᠬᠢᠭᠡᠳ ᠲᠤᠰᠬᠤᠨ ᠤ ᠳᠦᠷᠢ ᠳᠦᠷᠬᠦ ᠶᠢ ᠵᠠᠰᠠᠵᠦ ᠴᠡᠭᠴᠡᠯᠡᠬᠦ ᠯᠦᠭᠡ  ᠡᠮᠬᠢ ᠵᠢᠷᠤᠮ ᠲᠠᠢ ᠵᠠᠯᠭᠠᠯᠳᠤᠭᠤᠯᠬᠤ ᠶᠢ ᠪᠠᠷᠢᠮᠲᠠᠯᠠᠵᠤ᠂ ᠦᠨᠳᠦᠷ ᠡᠬᠢᠯᠡᠯᠲᠡ᠂ ᠳᠡᠭᠡᠳᠤ ᠪᠠᠷᠢᠮᠵᠢᠶ᠎ᠠ ᠪᠠᠷ ᠠᠶᠢᠯ ᠲᠤᠰᠬᠤᠨ ᠤ ᠲᠦᠯᠦᠪᠵᠢᠭᠦᠯᠭᠡ ᠶᠢ ᠬᠢᠵᠦ᠂ ᠤᠰᠤ᠂ ᠴᠠᠬᠢᠯᠭᠠᠨ᠂ ᠵᠠᠮ᠂ ᠴᠢᠮᠡᠭᠡ ᠵᠡᠷᠭᠡ ᠰᠠᠭᠤᠷᠢ ᠪᠡᠯᠡᠳᠭᠡᠮᠵᠢ ᠪᠠ ᠰᠤᠶᠤᠯ ᠤᠨ ᠠᠵᠢᠯᠯᠠᠭᠠᠨ ᠤ ᠦᠷᠦᠭᠡ᠂ ᠡᠮ ᠡᠮᠨᠡᠯᠭᠡ ᠶᠢᠨ ᠦᠷᠦᠬᠡ᠂ ᠠᠷᠠᠳ ᠲᠤ ᠳᠦᠭᠦᠮ ᠦᠵᠡᠭᠦᠯᠬᠦ ᠰᠤᠫᠧᠷ ᠳᠡᠯᠭᠡᠬᠦᠷ ᠵᠡᠷᠭᠡ ᠨᠡᠶᠢᠭᠡᠮ ᠨᠡᠶᠢᠲᠡ ᠶᠢᠨ ᠦᠢᠯᠡᠴᠢᠯᠡᠭᠡᠨ ᠤ ᠭᠠᠵᠠᠷ ᠢ ᠲᠦᠪᠯᠡᠷᠡᠭᠦᠯᠦᠨ ᠲᠦᠬᠦᠷᠵᠢᠭᠦᠯᠪᠠ᠃ ᠬᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠬᠡᠯᠪᠡᠷᠢ ᠶᠢᠨ ᠦᠯᠢᠭᠡᠷ ᠬᠡᠪ ᠲᠠᠢ ᠠᠳᠠᠯᠢ ᠪᠠᠷ ᠪᠠᠶᠢᠭᠠᠯᠢ ᠶᠢᠨ ᠨᠦᠬᠦᠴᠡᠯ ᠢᠶᠠᠷ ᠨᠡᠯᠢᠶᠡᠳ ᠰᠠᠶᠢᠨ ᠮᠠᠯᠵᠢᠬᠤ ᠤᠷᠤᠨ ᠳᠤ᠂ ᠲᠡᠨᠢᠭᠡᠷ ᠠᠭᠤᠳᠠᠮ ᠲᠠᠯ᠎ᠠ ᠨᠤᠲᠤᠭ ᠪᠠ ᠦᠨᠳᠦᠰᠦᠲᠡᠨ ᠤ ᠰᠤᠶᠤᠯ ᠤᠨ ᠤᠨᠴᠠᠯᠢᠭ ᠲᠤ ᠲᠦᠰᠢᠭᠯᠡᠵᠤ᠂ ᠨᠤᠷᠠᠬᠤ ᠠᠶᠤᠯᠲᠠᠢ ᠬᠡᠷ ᠪᠠᠶᠢᠰᠢᠩ ᠢ  ᠵᠠᠰᠠᠵᠦ ᠦᠭᠡᠷᠡᠴᠢᠯᠡᠬᠦ ᠲᠠᠢ ᠲᠠᠢ ᠤᠶᠠᠯᠳᠤᠭᠤᠯᠤᠨ᠂ ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠭᠤᠤᠯᠳᠠᠯᠭ᠎ᠠ ᠲᠠᠢ ᠪᠦᠲᠦᠭᠡᠨ ᠪᠠᠶᠢᠭᠤᠯᠵᠤ᠂ ᠪᠤᠬᠢᠷᠳᠤᠯ ᠦᠭᠡᠢ ᠲᠡᠵᠢᠭᠡᠨ ᠦᠷᠡᠵᠢᠬᠦᠯᠬᠦ᠂ ᠤᠨᠴᠠᠯᠢᠭᠲᠤ ᠵᠢᠭᠤᠯᠴᠢᠯᠠᠯ ᠢᠶᠠᠷ ᠭᠤᠤᠯ ᠪᠤᠯᠭᠠᠭᠰᠠᠨ ᠬᠦᠷᠢᠶᠡᠯᠡᠩ ᠲᠤᠰᠬᠤᠨ ᠢ ᠴᠤᠭᠴᠠᠯᠠᠨ ᠪᠠᠶᠢᠭᠤᠯᠪᠠ᠃ ᠰᠢᠯᠵᠢᠭᠦᠯᠦᠨ ᠰᠢᠯᠢᠳᠡᠭᠵᠢᠬᠦᠯᠬᠦ ᠬᠡᠯᠪᠡᠷᠢ ᠶᠢᠨ ᠦᠯᠢᠭᠡᠷ ᠬᠡᠪ ᠲᠠᠢ ᠠᠳᠠᠯᠢ ᠪᠠᠷ ᠬᠦᠮᠦᠨ ᠠᠮᠠ ᠶᠢᠨ ᠰᠠᠭᠤᠷᠢᠰᠢᠯ ᠲᠠᠷᠬᠠᠢ ᠪᠤᠲᠠᠷᠬᠠᠢ᠂ ᠠᠮᠢ ᠠᠬᠤᠢ ᠶᠢᠨ ᠤᠷᠴᠢᠨ ᠲᠤᠭᠤᠷᠢᠨ ᠬᠡᠪᠡᠷᠡᠭ ᠭᠠᠵᠠᠷ ᠤᠷᠤᠨ ᠳᠤ᠂ ᠲᠠᠷᠢᠶᠠᠴᠢᠨ ᠮᠠᠯᠴᠢᠨ ᠢ ᠢᠳᠡᠪᠬᠢᠲᠠᠢ ᠵᠢᠯᠤᠭᠤᠳᠤᠨ ᠬᠤᠲᠠ ᠪᠠᠯᠭᠠᠰᠤ᠂ ᠲᠦᠪ ᠲᠤᠰᠬᠤᠨ ᠳᠤ ᠰᠢᠯᠵᠢᠭᠦᠯᠬᠦ ᠪᠤᠶᠤ ᠠᠵᠦ ᠦᠢᠯᠡᠰ ᠬᠦᠭᠵᠢᠭᠦᠯᠬᠦ ᠳᠤ ᠲᠤᠬᠢᠷᠠᠬᠤ ᠳᠤ᠂ ᠬᠦᠮᠦᠨ ᠠᠮᠠ ᠰᠠᠭᠤᠷᠢᠰᠢᠬᠤ ᠳᠤ ᠠᠰᠢᠭᠲᠠᠢ ᠭᠠᠵᠠᠷ ᠤᠷᠤᠨ ᠢ ᠰᠤᠩᠭᠤᠭᠤᠯᠪᠠ ᠃ ᠡᠭᠦᠨ ᠤ ᠬᠠᠮᠲᠤ᠂ ᠪᠢᠳᠡ《 ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ ᠤᠨ ᠵᠢᠱᠢᠶ᠎ᠡ ᠦᠵᠡᠭᠦᠯᠬᠦ ᠴᠢᠭ᠋ ᠢ ᠢᠳᠡᠪᠬᠢᠲᠠᠢ ᠴᠤᠭᠴᠠᠯᠠᠵᠤ᠂ ᠵᠢᠱᠢᠶ᠎ᠡ ᠦᠵᠡᠭᠦᠯᠬᠦ ᠴᠢᠭ᠋ ᠤᠨ ᠪᠦᠲᠦᠭᠡᠨ ᠪᠠᠶᠢᠭᠤᠯᠤᠯᠲᠠ ᠶᠢ ᠦᠨᠳᠦᠷ ᠪᠠᠷᠢᠮᠵᠢᠶ᠎ᠠ ᠪᠠᠷ ᠲᠦᠯᠦᠪᠵᠢᠭᠦᠯᠵᠤ᠂ ᠦᠨᠳᠦᠷ ᠬᠢᠷᠢ ᠲᠦᠪᠰᠢᠨ ᠢᠶᠠᠷ ᠲᠦᠯᠬᠢᠨ ᠠᠬᠢᠭᠤᠯᠵᠤ᠂ ᠦᠯᠢᠭᠡᠷ ᠳᠠᠭᠤᠷᠢᠶᠠᠯ ᠪᠤᠯᠭᠠᠵᠦ᠂ ᠦᠯᠢᠭᠡᠷ ᠵᠢᠱᠢᠶ᠎ᠡ ᠪᠠᠷ ᠳᠠᠭᠠᠭᠤᠯᠬᠤ ᠲᠠᠶᠢᠴᠢᠨ ᠦᠢᠯᠡᠳᠦᠯ ᠢ ᠪᠠᠳᠠᠷᠠᠭᠤᠯᠪᠠ᠃ ᠵᠢᠯ ᠪᠦᠷᠢ ᠶᠢᠨ ᠠᠵᠢᠯ ᠤᠨ ᠭᠤᠤᠯᠳᠠᠯᠭ᠎ᠠ ᠶᠢ ᠳᠤᠳᠤᠷᠬᠠᠶᠢᠯᠠᠬᠤ ᠶᠢᠨ ᠲᠤᠯᠠᠳᠠ᠂ ᠪᠢᠳᠡ ᠭᠤᠷᠪᠠᠨ ᠵᠢᠯ ᠤᠨ《 ᠠᠷᠪᠠ ᠶᠢ ᠪᠦᠷᠢᠨ ᠪᠦᠷᠬᠦᠭᠦᠯᠬᠦ︾ ᠠᠵᠢᠯ ᠤᠨ ᠡᠭᠦᠷᠭᠡ ᠳᠤ ᠵᠠᠳᠠᠯᠤᠯᠳᠠ ᠬᠢᠵᠦ᠂ 2014 ᠤᠨ ᠢ ᠦᠯᠢᠭᠡᠷ ᠵᠢᠱᠢᠶ᠎ᠡ ᠪᠠᠷ ᠳᠠᠭᠠᠭᠤᠯᠬᠤ ᠵᠢᠯ᠂ 2015᠎ ᠢ ᠪᠦᠬᠦ ᠲᠠᠯ᠎ᠠ ᠪᠠᠷ ᠰᠢᠪᠲᠤᠯᠠᠬᠤ ᠵᠢᠯ᠂ 2016 ᠤᠨ ᠢ ᠬᠦᠨᠵᠡᠭᠡᠶᠢᠷᠡᠬᠦᠯᠤᠨ ᠳᠡᠭᠡᠭᠰᠢᠯᠡᠭᠦᠯᠬᠦ ᠵᠢᠯ ᠪᠠᠷ ᠳᠤᠭᠳᠠᠭᠠᠵᠦ᠂ ᠭᠤᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂《 ᠠᠷᠪᠠ ᠶᠢ ᠪᠦᠷᠢᠨ ᠪᠦᠷᠬᠦᠭᠦᠯᠬᠦ》 ᠪᠦᠲᠦᠭᠡᠨ  ᠪᠠᠶᠢᠭᠤᠯᠤᠯᠳᠠ ᠶᠢᠨ ᠡᠭᠦᠷᠭᠡ ᠶᠢ ᠦᠨᠳᠦᠷ ᠪᠠᠷᠢᠮᠵᠢᠶ᠎ᠠ᠂ ᠴᠢᠨᠠᠷ ᠰᠠᠶᠢᠲᠠᠢ ᠪᠡᠶᠡᠯᠡᠭᠦᠯᠬᠦ ᠪᠠᠷ ᠴᠢᠷᠮᠠᠶᠢᠨ᠎ᠠ᠃     〔 ᠵᠤᠴᠢᠨ  ᠭᠤᠤ ᠶᠤᠤ ᠸᠧᠢ〕 ︽ᠲᠤᠬᠠᠢ ᠶᠢᠨ ᠭᠠᠵᠠᠷ ᠲᠠᠭᠠᠨ ᠲᠤᠬᠢᠷᠠᠭᠤᠯᠵᠤ᠂ ᠲᠦᠷᠦᠯ ᠬᠤᠪᠢᠶᠠᠨ ᠵᠢᠯᠤᠭᠤᠳᠬᠤ 》 ᠭᠡᠳᠡᠭ ᠨᠢ᠂ ᠬᠠᠲᠤᠨ ᠭᠤᠤᠯ ᠳᠠᠭᠠᠤ᠂ ᠲᠤᠭᠲᠠᠪᠤᠷᠢ ᠦᠭᠡᠢ ᠭᠤᠤᠯ ᠳᠠᠭᠠᠤ᠂ ᠵᠠᠮ ᠬᠠᠷᠢᠯᠴᠠᠭᠠᠨ ᠤ ᠱᠤᠭᠤᠮ ᠳᠠᠭᠠᠤ ᠵᠡᠷᠭᠡ ᠭᠤᠤᠯᠳᠠᠯᠭ᠎ᠠ ᠲᠠᠢ ᠤᠷᠤᠨ ᠪᠦᠰᠡ ᠶᠢ ᠰᠠᠶᠢᠲᠤᠷ ᠠᠳᠬᠤᠵᠤ᠂ ᠲᠠᠷᠢᠶᠠᠯᠠᠬᠤ ᠤᠷᠤᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ᠂ ᠮᠠᠯᠵᠢᠬᠤ ᠤᠷᠤᠨ ᠵᠡᠷᠭᠡ ᠠᠳᠠᠯᠢ ᠪᠤᠰᠤ ᠭᠠᠵᠠᠷ ᠤᠷᠤᠨ ᠤ ᠤᠨᠴᠠᠯᠢᠭ ᠢ ᠦᠨᠳᠦᠰᠦᠯᠡᠵᠤ᠂ 《 ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠠᠳᠠᠯᠢ ᠪᠤᠰᠤ ᠬᠡᠯᠪᠡᠷᠢ ᠮᠠᠶ᠋ᠢᠭ ᠢᠶᠠᠷ ᠬᠡᠷᠡᠭᠵᠢᠬᠦᠯᠬᠦ ᠰᠡᠳᠬᠢᠴᠡ ᠠᠷᠭ᠎ᠠ ᠬᠡᠮᠵᠢᠶ᠎ᠡ ᠶᠢ ᠲᠤᠭᠳᠠᠭᠠᠵᠦ᠂ ᠲᠤᠰ ᠲᠤᠰ ᠤᠨ ᠤᠨᠴᠠᠯᠢᠭ ᠲᠠᠢ᠂ ᠦᠪᠡᠷ ᠦᠪᠡᠷ ᠤᠨ ᠭᠤᠤᠯᠳᠠᠯᠭ᠎ᠠ ᠲᠠᠢ ᠲᠦᠯᠬᠢᠨ ᠠᠬᠢᠭᠤᠯᠬᠤ ᠬᠡᠯᠪᠡᠷᠢ ᠮᠠᠶ᠋ᠢᠭ ᠢ ᠰᠦᠪᠡᠭᠴᠢᠯᠡᠨ᠎ᠡ᠃ ᠬᠦᠮᠦᠨ ᠠᠮᠠ ᠨᠢᠭᠲᠠᠷᠠᠭᠰᠠᠨ ᠬᠠᠲᠤᠨ ᠭᠤᠤᠯ ᠳᠠᠭᠠᠤ ᠲᠠᠷᠢᠶᠠᠯᠠᠬᠤ ᠤᠷᠤᠨ ᠳᠤ᠂ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠬᠤ ᠪᠠ ᠵᠡᠭᠡᠯᠢ ᠭᠤᠳᠤᠮᠵᠢ ᠶᠢᠨ ᠵᠠᠮ ᠢ ᠬᠠᠲᠠᠭᠤᠷᠠᠭᠤᠯᠬᠤ ᠪᠠᠷ ᠭᠤᠤᠯᠳᠠᠯᠭ᠎ᠠ ᠪᠤᠯᠭᠠᠨ᠂ ᠴᠢᠭ ᠨᠡᠶᠢᠳᠡᠮ ᠢ ᠤᠶᠠᠯᠳᠤᠭᠤᠯᠵᠦ᠂ ᠲᠦᠭᠦᠷᠵᠢᠭᠦᠯᠬᠦ ᠶᠢ ᠬᠠᠮᠲᠤ ᠳᠤᠨᠢ ᠠᠬᠢᠭᠤᠯᠵᠤ᠂ ᠶᠡᠭᠡ ᠪᠠᠷ ᠨᠤᠷᠠᠭᠠᠵᠤ᠂ ᠶᠡᠭᠡ ᠪᠠᠷ ᠪᠠᠶᠢᠭᠤᠯᠬᠤ ᠦᠭᠡᠢ᠂ ᠶᠡᠭᠡ ᠪᠠᠷ ᠳᠠᠭᠠᠭᠠᠴᠢᠯᠠᠵᠦ ᠶᠡᠭᠡ ᠪᠠᠷ ᠳᠦᠷᠢᠶᠡᠰᠦᠯᠡᠬᠦ ᠦᠭᠡᠢ᠂ ᠦᠡᠭᠭᠡᠨ ᠲᠠᠯ᠎ᠠ ᠶᠢᠨ ᠠᠵᠢᠯ ᠢ ᠬᠢᠬᠦ ᠦᠭᠡᠢ᠂ ᠳᠤᠤᠷ᠎ᠠ ᠬᠢᠷᠢ ᠲᠦᠪᠰᠢᠨ ᠪᠠᠷ ᠳᠠᠬᠢᠨ ᠪᠦᠲᠦᠭᠡᠨ ᠪᠠᠶᠢᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠶᠠᠭᠤ ᠳᠤᠲᠠᠪᠠᠯ ᠶᠠᠭᠤ ᠶᠢ ᠨᠦᠬᠦᠵᠤ᠂ ᠨᠢᠭᠡ ᠶᠢ ᠪᠠᠶᠢᠭᠤᠯᠪᠠᠯ ᠨᠢᠭᠡ ᠶᠢ ᠪᠦᠲᠦᠭᠡᠬᠦ ᠶᠢ ᠪᠠᠲᠤᠯᠠᠵᠤ᠂ ᠪᠦᠬᠦ ᠲᠤᠰᠬᠤᠨ ᠢᠶᠠᠷ ᠢᠶᠠᠨ《 ᠠᠷᠪᠠ ᠶᠢ ᠪᠦᠷᠢᠨ ᠪᠦᠷᠬᠦᠭᠦᠯᠬᠦ︾᠎ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠲᠠᠷᠬᠠᠢ ᠪᠤᠲᠠᠷᠬᠠᠢ ᠰᠠᠭᠤᠷᠢᠰᠢᠵᠦ᠂ ᠲᠦᠪᠯᠡᠷᠡᠬᠦᠯᠬᠦ ᠳᠤ ᠪᠡᠷᠭᠡ ᠲᠠᠢ ᠪᠠᠶᠢᠭ᠎ᠠ ᠪᠠᠷᠠᠭᠤᠨ ᠬᠡᠰᠡᠭ ᠎ ᠤᠨ ᠮᠠᠯᠵᠢᠬᠤ ᠤᠷᠤᠨ ᠳᠤ᠂ ᠤᠰᠤ ᠴᠠᠬᠢᠯᠭᠠᠨ ᠵᠠᠮ ᠬᠡᠷ ᠵᠡᠷᠭᠡ ᠰᠠᠭᠤᠷᠢ ᠪᠡᠯᠡᠳᠭᠡᠮᠵᠢ ᠶᠢ ᠰᠠᠶᠢᠵᠢᠷᠠᠭᠤᠯᠬᠤ ᠪᠠᠷ ᠭᠤᠤᠯᠳᠠᠯᠭ᠎ᠠ ᠪᠤᠯᠭᠠᠵᠤ᠂ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠬᠦᠴᠦ ᠭᠠᠷᠭᠠᠨ ᠰᠠᠶᠢᠵᠢᠷᠠᠭᠤᠯᠬᠤ ᠶᠢᠨ ᠬᠠᠮᠲᠤ᠂ ᠨᠦᠬᠦᠴᠡᠯ ᠢᠶᠠᠷ ᠬᠠᠷᠢᠴᠠᠩᠭᠤᠢ ᠰᠠᠶᠢᠨ ᠪᠠᠶᠢᠬᠤ ᠭᠠᠵᠠᠷ ᠢ ᠰᠤᠩᠭᠤᠨ᠂ ᠰᠤᠷᠭᠠᠨ ᠬᠦᠮᠦᠵᠢᠯ᠂ ᠡᠮ ᠡᠮᠨᠡᠯᠭᠡ᠂ ᠰᠤᠶᠤᠯ ᠭᠡᠭᠡᠷᠡᠯ᠂ ᠰᠤᠫᠧᠷ ᠳᠡᠯᠭᠡᠬᠦᠷ ᠵᠡᠷᠭᠡ ᠪᠡᠯᠡᠳᠭᠡᠮᠵᠢ ᠶᠢ ᠲᠦᠪᠯᠡᠷᠡᠭᠦᠯᠦᠨ ᠪᠦᠲᠦᠭᠡᠨ ᠪᠠᠶᠢᠭᠤᠯᠵᠤ᠂ ᠮᠠᠯᠴᠢᠳ ᠲᠤ ᠬᠦᠳᠡᠯᠦᠩᠬᠦᠢ ᠪᠦᠭᠡᠳ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠬᠡᠯᠪᠡᠷᠢ ᠶᠢ ᠬᠠᠨᠭ᠍ᠭᠠᠵᠤ᠂ ᠤᠯᠠᠨ ᠨᠡᠶᠢᠲᠡ ᠶᠢᠨ ᠦᠨᠳᠤᠰᠤᠨ ᠦᠢᠯᠡᠴᠢᠯᠡᠭᠡ ᠶᠢ ᠮᠠᠯᠵᠢᠬᠤ ᠤᠷᠤᠨ ᠳᠤ ᠪᠦᠷᠭᠦᠬᠦᠯᠬᠦ ᠪᠠ ᠦᠷᠭᠦᠯᠵᠢᠯᠡᠭᠦᠯᠬᠦ ᠶᠢ ᠪᠡᠶᠡᠯᠡᠭᠦᠯᠦᠨ᠎ᠡ᠃     〔 ᠵᠤᠴᠢᠨ  ᠭᠤᠤ ᠶᠤᠤ ᠸᠧᠢ〕《 ᠵᠢᠷᠭᠤᠭ᠎ᠠ ᠶᠢ ᠨᠢᠭᠡ ᠴᠤᠭᠴᠠᠵᠢᠭᠤᠯᠵᠤ᠂ ᠨᠢᠭᠡᠳᠦᠯᠲᠠᠢ ᠲᠦᠯᠬᠢᠨ ᠠᠬᠢᠭᠤᠯᠬᠤ》 ᠬᠡᠳᠡᠭ ᠨᠢ᠂《 ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠬᠡᠷᠡᠭᠵᠢᠬᠦᠯᠬᠦ ᠲᠤᠬᠢᠶᠠᠯ ᠢ ᠵᠠᠪᠳᠤᠨ᠂ ᠲᠠᠷᠢᠶᠠᠯᠠᠬᠤ ᠮᠠᠯᠵᠢᠬᠤ ᠤᠷᠤᠨ ᠤ ᠠᠵᠤ ᠠᠬᠤᠢ᠂ ᠨᠡᠶᠢᠭᠡᠮ ᠤᠨ ᠦᠢᠯᠡᠰ ᠤᠨ ᠬᠦᠭᠵᠢᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠷᠠᠳ ᠲᠦᠮᠡᠨ ᠤ ᠦᠢᠯᠡᠳᠪᠦᠷᠢᠯᠡᠯ᠂ ᠠᠮᠢᠳᠤᠷᠠᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠤ᠂ ᠨᠡᠩ ᠵᠢᠷᠭᠠᠯᠲᠠᠢ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠦᠨ᠎ᠡ᠃ ᠬᠤᠲᠠ ᠶᠢᠨ ᠨᠠᠮ ᠤᠨ ᠬᠤᠷᠢᠶ᠎ᠠ ᠶᠢᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦ ᠬᠡᠰᠢᠭᠦᠳ ︵ᠦᠷᠭᠡᠳᠭᠡᠭᠰᠡᠨ︶᠎ ᠤᠨ ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠶᠢᠨ ᠬᠤᠲᠠ ᠪᠠᠯᠭᠠᠰᠤᠴᠢᠯᠠᠯᠲᠠ ᠶᠢᠨ ᠠᠵᠢᠯ ᠤᠨ ᠬᠤᠷᠠᠯ ᠳᠡᠭᠡᠷ᠎ᠡ᠂ ᠮᠠᠨ ᠤ ᠬᠤᠳᠠ《 ᠵᠢᠷᠭᠤᠭ᠎ᠠ ᠶᠢ ᠨᠢᠭᠡ ᠴᠤᠭᠴᠠᠵᠢᠭᠤᠯᠤᠨ》᠂《 ᠠᠷᠪᠠ ᠶᠢ ᠪᠦᠷᠢᠨ ᠪᠦᠷᠬᠦᠭᠦᠯᠬᠦ︾᠎ ᠶᠢ ᠨᠢᠭᠡᠳᠤᠯᠲᠠᠢ ᠲᠦᠯᠬᠢᠨ ᠠᠬᠢᠭᠤᠯᠬᠤ ᠰᠡᠳᠬᠢᠴᠡ ᠶᠢ ᠳᠤᠷᠠᠳᠪᠠ᠃ ᠲᠤᠬᠠᠶᠢᠯᠠᠪᠠᠯ ᠪᠦᠬᠦ ᠲᠠᠯ᠎ᠠ ᠠᠴᠠ ᠡᠭᠦᠰᠴᠤ᠂《 ᠠᠷᠪᠠ ᠶᠢ ᠪᠦᠷᠢᠨ ᠪᠦᠷᠬᠦᠭᠦᠯᠬᠦ︾᠎ ᠶᠢ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ᠂ ᠶᠠᠳᠠᠭᠤ ᠶᠢ ᠲᠡᠳᠬᠦᠬᠦ ᠰᠢᠪᠳᠤᠯᠤᠯᠳᠠ᠂ ᠨᠤᠲᠤᠭ ᠤᠷᠤᠨ ᠤ ᠬᠡᠪ ᠰᠤᠷᠳᠠᠯ ᠪᠤᠯᠪᠠᠰᠤᠨ᠂ ᠰᠤᠶᠤᠯ ᠵᠢᠭᠤᠯᠴᠢᠯᠠᠯ᠂ ᠰᠢᠶᠠᠩ ᠲᠤᠰᠬᠤᠨ ᠤ ᠵᠠᠰᠠᠮᠠᠯ ᠵᠠᠮ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠨᠢᠭᠡᠳᠦᠯᠲᠠᠢ ᠲᠦᠯᠬᠢᠨ ᠠᠬᠢᠭᠤᠯᠵᠤ᠂ ᠬᠠᠮᠲᠤ ᠳᠤᠨᠢ ᠬᠡᠷᠡᠭᠵᠢᠭᠦᠯᠦᠨ᠂《ᠵᠢᠷᠭᠤᠭ᠎ᠠ ᠶᠢ ᠨᠢᠭᠡ ᠴᠤᠭᠴᠠᠵᠢᠭᠤᠯᠤᠨ》ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠪ ᠪᠠᠶᠢᠳᠠᠯ ᠢ ᠪᠤᠢ ᠪᠤᠯᠭᠠᠵᠦ᠂《 ᠠᠷᠪᠠ ᠶᠢ ᠪᠦᠷᠢᠨ ᠪᠦᠷᠬᠦᠭᠦᠯᠬᠦ︾ ᠡᠭᠦᠷᠭᠡ ᠶᠢ ᠪᠠᠳᠤᠯᠠᠨ ᠪᠡᠶᠡᠯᠡᠭᠦᠯᠦᠭᠰᠡᠨ ᠦᠶ᠎ᠡ ᠳᠤ᠂ ᠦᠢᠯᠡᠳᠪᠦᠷᠢᠯᠡᠯ ᠬᠦᠭᠵᠢᠵᠤ᠂ ᠠᠮᠢ ᠠᠬᠤᠢ ᠰᠡᠷᠭᠦᠵᠦ᠂ ᠶᠠᠳᠠᠭᠤ ᠬᠦᠴᠢᠷᠳᠡᠯᠲᠠᠢ ᠬᠦᠮᠦᠨ ᠠᠮᠠ ᠶᠠᠳᠠᠭᠤ ᠠᠴᠠ ᠠᠩᠭᠢᠵᠢᠷᠠᠵᠦ᠂ ᠲᠠᠷᠢᠶᠠᠴᠢᠨ ᠮᠠᠯᠴᠢᠨ ᠤ ᠤᠷᠤᠯᠭ᠎ᠠ ᠨᠡᠮᠡᠭᠳᠡᠵᠤ᠂  ᠤᠯᠠᠨ ᠨᠡᠶᠢᠲᠡ ᠶᠢᠨ ᠦᠨᠳᠤᠰᠤᠨ ᠦᠢᠯᠡᠴᠢᠯᠡᠭᠡ ᠦᠷᠨᠢᠵᠦ᠂ ᠲᠤᠰᠬᠤᠨ ᠤ ᠳᠦᠷᠢ ᠳᠦᠷᠬᠦ ᠰᠠᠶᠢᠵᠢᠷᠠᠵᠤ᠂ ᠨᠤᠳᠤᠭ ᠤᠷᠤᠨ ᠤ ᠬᠡᠪ ᠰᠤᠷᠲᠠᠯ ᠪᠤᠯᠪᠠᠰᠤᠨ ᠳᠡᠭᠡᠭᠰᠢᠯᠡᠵᠤ᠂ ᠦᠨᠳᠦᠰᠦᠨ ᠱᠠᠲᠤᠨ ᠤ ᠰᠠᠭᠤᠷᠢ ᠪᠠᠬᠢᠵᠢᠵᠤ᠂ ᠲᠤᠰᠬᠤᠨ ᠤ ᠬᠠᠮᠳᠤ ᠶᠢᠨ ᠠᠵᠤ ᠠᠬᠤᠢ ᠪᠤᠵᠠᠭᠠᠶᠢᠷᠠᠭᠰᠠᠨ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠬᠠᠮᠲᠤ ᠳᠤᠨᠢ ᠲᠡᠮᠡᠴᠡᠨ ᠤᠯᠤᠨ᠎ᠠ᠃《 ᠠᠷᠪᠠ ᠶᠢ ᠪᠦᠷᠢᠨ ᠪᠦᠷᠬᠦᠭᠦᠯᠬᠦ》 ᠢᠨᠵᠧᠨᠧᠷᠢᠩ ᠢ ᠲᠦᠯᠬᠢᠨ ᠠᠬᠢᠭᠤᠯᠬᠤ ᠶᠢ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢ ᠬᠦᠭᠵᠢᠬᠦᠯᠬᠦ ᠲᠠᠢ ᠤᠶᠠᠯᠳᠤᠭᠤᠯᠵᠦ᠂ ᠲᠤᠬᠠᠶᠢᠯᠠᠪᠠᠯ ᠠᠵᠦ ᠦᠢᠯᠡᠰ ᠢᠶᠠᠷ ᠲᠤᠯᠭᠠᠭᠤᠷᠢᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠲᠤᠨ ᠭᠤᠤᠯ ᠳᠠᠭᠠᠤ᠂ ᠲᠤᠭᠲᠠᠪᠤᠷᠢ ᠦᠭᠡᠢ ᠭᠤᠤᠯ ᠳᠠᠭᠠᠤ ᠶᠢᠨ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢᠨ ᠠᠵᠤ ᠠᠬᠤᠢ ᠶᠢᠨ ᠪᠦᠰᠡ ᠪᠠ ᠤᠳᠤ ᠦᠶ᠎ᠡ ᠶᠢᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠠᠵᠦ ᠦᠢᠯᠡᠰ ᠤᠨ ᠬᠦᠭᠵᠢᠯᠲᠡ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠳᠤᠷ ᠲᠦᠯᠬᠢᠨ ᠠᠬᠢᠭᠤᠯᠵᠤ᠂ ᠲᠠᠷᠢᠶᠠᠴᠢᠨ ᠮᠠᠯᠴᠢᠨ ᠤ ᠤᠷᠤᠯᠭ᠎ᠠ ᠎ ᠶᠢ ᠲᠤᠭᠳᠠᠭᠤᠨ ᠢᠶᠠᠷ ᠨᠡᠮᠡᠭᠳᠡᠭᠦᠯᠬᠦ ᠠᠵᠦ ᠦᠢᠯᠠᠰ ᠤᠨ ᠰᠠᠭᠤᠷᠢ ᠶᠢ ᠪᠠᠲᠤᠳᠬᠠᠨ᠎ᠠ᠃《 ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠠᠬᠢᠭᠤᠯᠬᠤ ᠶᠢ ᠶᠠᠳᠠᠭᠤ ᠶᠢ ᠲᠡᠳᠭᠦᠬᠦ ᠲᠠᠢ ᠤᠶᠠᠯᠳᠤᠭᠤᠯᠵᠦ᠂ ᠲᠤᠬᠠᠶᠢᠯᠠᠪᠠᠯ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠬᠤ ᠶᠢᠨ ᠬᠠᠮᠲᠤ᠂ ᠶᠠᠳᠠᠭᠤ ᠬᠦᠴᠢᠷᠳᠡᠯᠲᠠᠢ ᠭᠠᠵᠠᠷ ᠤᠷᠤᠨ ᠤ ᠦᠪᠡᠷᠲᠡᠭᠡᠨ ᠬᠦᠭᠵᠢᠬᠦ ᠴᠢᠳᠠᠪᠤᠷᠢ ᠶᠢ ᠨᠡᠮᠡᠭᠳᠡᠬᠦᠯᠵᠦ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠤᠷᠤᠯᠭ᠎ᠠ ᠶᠢ ᠨᠡᠮᠡᠭᠳᠡᠭᠦᠯᠵᠤ᠂ ᠶᠠᠳᠠᠭᠤ ᠬᠦᠴᠢᠷᠳᠡᠯᠲᠠᠢ ᠲᠠᠷᠢᠶᠠᠴᠢᠨ ᠮᠠᠯᠴᠢᠨ ᠢ ᠡᠷᠳᠡᠬᠡᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠶᠢ ᠲᠦᠯᠬᠢᠨ ᠠᠬᠢᠭᠤᠯᠤᠨ᠎ᠠ᠃《 ᠠᠷᠪᠠ ᠎ ᠶᠢ ᠪᠦᠷᠢᠨ ᠪᠦᠷᠬᠦᠭᠦᠯᠬᠦ》ᠢᠨᠵᠧᠨᠧᠷᠢᠩ ᠢ ᠠᠬᠢᠭᠤᠯᠬᠤ ᠶᠢ ᠨᠤᠳᠤᠭ ᠤᠷᠤᠨ ᠤ ᠬᠡᠪ ᠰᠤᠷᠲᠠᠯ ᠪᠤᠯᠪᠠᠰᠤᠨ ᠤ ᠶᠡᠭᠡ ᠠᠵᠢᠯᠯᠠᠭ᠎ᠠ ᠲᠠᠢ ᠤᠶᠠᠯᠳᠤᠭᠤᠯᠵᠦ᠂ ᠲᠤᠬᠠᠶᠢᠯᠠᠪᠠᠯ ᠤᠷᠴᠢᠨ ᠲᠤᠭᠤᠷᠢᠨ ᠤ ᠪᠤᠵᠠᠷ ᠡᠮᠬᠢ ᠲᠢᠭᠯᠢᠮ ᠦᠭᠡᠢ ᠮᠠᠭᠤ ᠪᠠᠶᠢᠬᠤ ᠵᠡᠷᠭᠡ ᠠᠰᠠᠭᠤᠳᠠᠯ ᠢ ᠬᠦᠴᠦ ᠤᠷᠤᠭᠤᠯᠤᠨ ᠰᠢᠢᠳᠪᠦᠷᠢᠯᠡᠵᠤ᠂ ᠲᠠᠷᠢᠶᠠᠯᠠᠬᠤ ᠮᠠᠯᠵᠢᠬᠤ ᠤᠷᠤᠨ ᠢ  ᠭᠠᠵᠠᠷ ᠨᠤᠲᠤᠭ ᠨᠢ ᠭᠤᠶᠤ᠂ ᠠᠶᠢᠯ ᠲᠤᠰᠬᠤᠨ ᠨᠢ ᠭᠤᠶᠤ᠂  ᠭᠡᠷ ᠬᠦᠷᠢᠶ᠎ᠠ ᠨᠢ ᠭᠤᠶᠤ᠂ ᠠᠮᠢᠳᠤᠷᠠᠯ ᠨᠢ ᠭᠤᠶᠤ ᠪᠠᠶᠢᠬᠤ ᠦᠵᠡᠰᠭᠦᠯᠡᠩ ᠰᠠᠶᠢᠬᠠᠨ ᠭᠡᠷ ᠤᠷᠤᠨ  ᠪᠠ ᠪᠤᠯᠪᠠᠰᠤᠨ ᠭᠡᠷ ᠤᠷᠤᠨ ᠪᠤᠯᠭᠠᠨ ᠪᠦᠲᠦᠭᠡᠨ ᠪᠠᠶᠢᠭᠤᠯᠤᠨ᠎ᠠ᠃《 ᠠᠷᠪᠠ ᠶᠢ ᠪᠦᠷᠢᠨ ᠪᠦᠷᠬᠦᠭᠦᠯᠬᠦ》 ᠢᠨᠵᠧᠨᠧᠷᠢᠩ ᠢ ᠠᠬᠢᠭᠤᠯᠬᠤ ᠶᠢ ᠰᠤᠶᠤᠯ ᠵᠢᠭᠤᠯᠴᠢᠯᠠᠯ ᠤᠨ ᠦᠢᠯᠡᠰ ᠤᠨ ᠬᠦᠭᠵᠢᠯᠲᠡ ᠲᠠᠢ ᠤᠶᠠᠯᠳᠤᠭᠤᠯᠵᠦ᠂  ᠲᠤᠬᠠᠶᠢᠯᠠᠪᠠᠯ ᠤᠷᠤᠨ ᠨᠤᠲᠤᠭ ᠤᠨ ᠤᠨᠴᠠᠯᠢᠭ ᠲᠠᠢ᠂ ᠦᠨᠳᠦᠰᠦᠲᠡᠨ ᠤ ᠤᠨᠴᠠᠯᠢᠭ ᠲᠠᠢ᠂ ᠰᠤᠶᠤᠯ ᠤᠨ ᠤᠨᠴᠠᠯᠢᠭ ᠲᠠᠢ᠂ ᠠᠵᠦ ᠦᠢᠯᠡᠰ ᠤᠨ ᠤᠨᠴᠠᠯᠢᠭ ᠲᠠᠢ ᠭᠠᠴᠠᠭ᠎ᠠ ᠲᠤᠰᠬᠤᠨ ᠢ ᠪᠦᠲᠦᠭᠡᠨ ᠪᠠᠶᠢᠭᠤᠯᠵᠤ᠂ ᠤᠨᠴᠠᠭᠠᠶᠢᠯᠠᠨ ᠬᠠᠳᠤᠨ ᠭᠤᠤᠯ ᠳᠠᠭᠠᠤ ᠰᠤᠶᠤᠯ ᠵᠢᠭᠤᠯᠴᠢᠯᠠᠯ ᠤᠨ ᠠᠵᠦ ᠦᠢᠯᠠᠰ ᠤᠨ ᠪᠦᠰᠡ ᠶᠢ ᠰᠤᠶᠤᠯ ᠵᠢᠭᠤᠯᠴᠢᠯᠠᠯ ᠤᠨ ᠦᠢᠯᠡᠰ ᠤᠨ ᠬᠦᠭᠵᠢᠯᠲᠡ ᠪᠠᠷ ᠰᠢᠨ᠎ᠡ ᠲᠠᠷᠢᠶᠠᠯᠠᠬᠤ ᠮᠠᠯᠵᠢᠬᠤ ᠤᠷᠤᠨ ᠢ ᠪᠦᠲᠦᠭᠡᠨ ᠪᠠᠶᠢᠭᠤᠯᠬᠤ ᠪᠠ ᠲᠠᠷᠢᠶᠠᠴᠢᠨ ᠮᠠᠯᠴᠢᠨ ᠤ ᠤᠷᠤᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠨ᠎ᠠ᠃《 ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ ᠢ ᠠᠬᠢᠭᠤᠯᠬᠤ ᠶᠢ ᠬᠦᠳᠡᠭᠡ ᠲᠤᠰᠬᠤᠨ ᠤ ᠵᠠᠰᠠᠮᠠᠯ ᠵᠠᠮ ᠢ ᠪᠦᠲᠦᠭᠡᠨ ᠪᠠᠶᠢᠭᠤᠯᠬᠤ ᠲᠠᠢ  ᠤᠶᠠᠯᠳᠤᠭᠤᠯᠵᠦ᠂ ᠲᠤᠬᠠᠶᠢᠯᠠᠪᠠᠯ ᠭᠠᠴᠠᠭ᠎ᠠ ᠲᠤᠰᠬᠤᠨ ᠤ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠢᠨᠵᠧᠨᠧᠷᠢᠩ ᠢ ᠶᠡᠭᠡ  ᠎ ᠪᠠᠷ ᠰᠠᠶᠢᠲᠤᠷ ᠬᠡᠷᠡᠭᠵᠢᠬᠦᠯᠬᠦ ᠮᠦᠷᠲᠡᠭᠡᠨ ᠪᠠᠰᠠ ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠭᠠᠴᠠᠭ᠎ᠠ ᠲᠤᠰᠬᠤᠨ ᠤ ᠵᠡᠭᠡᠯᠢ ᠭᠤᠳᠤᠮᠵᠢ ᠶᠢ ᠭᠠᠴᠠᠭᠠᠨ ᠳᠤ ᠨᠡᠪᠳᠡᠷᠡᠭᠰᠡᠨ ᠴᠠᠷᠳᠠᠮᠠᠯ ᠵᠠᠮ ᠲᠠᠢ ᠵᠠᠯᠭᠠᠯᠳᠤᠭᠤᠯᠬᠤ ᠶᠢ ᠪᠡᠶᠡᠯᠡᠭᠦᠯᠵᠤ᠂ ᠵᠠᠰᠠᠮᠠᠯ ᠵᠠᠮ ᠢ ᠦᠨᠡᠨᠬᠦ ᠠᠷᠠᠳ ᠲᠦᠮᠡᠨ ᠤ ᠡᠭᠦᠳᠡᠨ ᠡᠮᠦᠨ᠎ᠡ ᠲᠤᠯᠳᠠᠯ᠎ᠠ ᠵᠠᠰᠠᠵᠤ ᠦᠭᠴᠦ᠂ ᠲᠠᠷᠢᠶᠠᠴᠢᠨ ᠮᠠᠯᠴᠢᠨ ᠲᠦᠮᠡᠨ ᠤ ᠦᠢᠯᠡᠳᠪᠦᠷᠢᠯᠡᠯ ᠪᠠ ᠭᠠᠳᠠᠭᠰᠢ ᠭᠠᠷᠬᠤ ᠱᠠᠭᠠᠷᠳᠠᠯᠭ᠎ᠠ ᠶᠢ ᠬᠠᠨᠭ᠍ᠭᠠᠨ᠎ᠠ᠃     〔 ᠵᠤᠴᠢᠨ  ᠭᠤᠤ ᠶᠤᠤ ᠸᠧᠢ〕《 ᠠᠷᠠᠳ ᠲᠦᠮᠡᠨ ᠳᠤ ᠲᠦᠰᠢᠭᠯᠡᠵᠦ᠂ ᠴᠤᠭ ᠢᠶᠠᠷ ᠠᠳᠬᠤᠵᠦ ᠬᠠᠮᠳᠤ ᠪᠠᠷ ᠪᠦᠲᠦᠬᠡᠨ ᠪᠠᠶᠢᠭᠤᠯᠬᠤ》ᠭᠡᠳᠡᠭ ᠨᠢ᠂ ᠠᠵᠢᠯ ᠢᠶᠠᠨ ᠲᠦᠯᠬᠢᠨ ᠠᠬᠢᠭᠤᠯᠬᠤ ᠳᠤᠮᠳᠠ ᠵᠠᠰᠠᠭ ᠤᠨ ᠤᠷᠳᠤᠨ ᠪᠠ ᠠᠷᠠᠳ ᠲᠦᠮᠡᠨ ᠤ ᠬᠤᠭᠤᠷᠤᠨᠳᠠᠬᠢ ᠬᠠᠷᠢᠴᠠᠭ᠎ᠠ ᠶᠢ ᠲᠤᠬᠢᠲᠠᠢ ᠰᠢᠢᠳᠪᠦᠷᠢᠯᠡᠵᠤ᠂ ᠠᠷᠠᠳ ᠲᠦᠮᠡᠨ ᠢ ᠡᠭᠦᠨ ᠳᠤ ᠢᠳᠡᠪᠬᠢᠲᠠᠢ ᠤᠷᠤᠯᠴᠠᠭᠤᠯᠤᠨ᠎ᠠ᠃《 ᠠᠷᠪᠠ ᠶᠢ ᠪᠦᠷᠢᠨ ᠪᠦᠷᠬᠦᠭᠦᠯᠬᠦ》 ᠢᠨᠵᠧᠨᠧᠷᠢᠩ ᠢ ᠠᠷᠠᠳ ᠲᠦᠮᠡᠨ ᠤ ᠳᠠᠭᠠᠰᠢᠶᠠᠯ ᠳᠤ ᠨᠡᠶᠢᠴᠡᠭᠰᠡᠨ ᠢᠨᠵᠧᠨᠧᠷᠢᠩ ᠪᠤᠯᠭᠠᠬᠤ ᠶᠢᠨ ᠲᠤᠯᠠᠳᠠ᠂ ᠠᠵᠢᠯ ᠤᠨ ᠳᠤᠮᠳᠠ ᠪᠠᠨ ᠪᠢᠳᠡ《 ᠵᠠᠰᠠᠭ ᠤᠨ ᠤᠷᠳᠤᠨ ᠤᠳᠤᠷᠢᠳᠴᠤ᠂ ᠠᠷᠠᠳ ᠲᠦᠮᠡᠨ ᠢ ᠭᠤᠤᠯ ᠴᠤᠭᠴᠠ ᠪᠤᠯᠭᠠᠬᠤ︾ ᠵᠠᠷᠴᠢᠮ ᠢ ᠪᠠᠷᠢᠮᠳᠠᠯᠠᠪᠠ᠃ ᠵᠠᠰᠠᠭ ᠤᠨ ᠤᠷᠳᠤᠨ ᠤᠳᠤᠷᠢᠳᠬᠤ ᠬᠡᠳᠡᠭ ᠨᠢ ᠲᠠᠷᠤᠢ ᠬᠤᠲᠠ᠂ ᠬᠤᠰᠢᠭᠤ᠂ ᠰᠢᠶᠠᠩ᠂ ᠲᠤᠰᠬᠤᠨ ᠤ ᠰᠠᠯᠠᠭ᠎ᠠ ᠮᠦᠴᠢᠷ ᠤᠨ ᠡᠷᠬᠡ ᠴᠢᠳᠡᠪᠤᠷᠢ ᠶᠢ ᠬᠦᠢᠴᠡᠳ ᠪᠠᠳᠠᠷᠠᠭᠤᠯᠵᠤ᠂ ᠨᠢᠭᠡᠳᠤᠯᠲᠠᠢ ᠵᠤᠬᠢᠴᠠᠭᠤᠯᠬᠤ᠂ ᠰᠢᠮᠳᠠᠭᠤᠯᠤᠨ ᠠᠬᠢᠭᠤᠯᠬᠤ᠂ ᠠᠵᠢᠯ ᠲᠦᠷᠦᠯ ᠢᠶᠠᠷ ᠵᠢᠯᠤᠭᠤᠳᠬᠤ᠂ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ᠂ ᠡᠭᠦᠷᠭᠡ ᠶᠢ ᠢᠯᠭᠠᠨ ᠰᠠᠯᠭᠠᠬᠤ᠂ ᠪᠠᠷᠢᠯᠭ᠎ᠠ ᠶᠢ ᠵᠢᠷᠤᠵᠦ ᠲᠦᠯᠦᠪᠯᠡᠬᠦ᠂ ᠠᠷᠠᠳ ᠲᠦᠮᠡᠨ ᠲᠠᠢ ᠬᠠᠷᠢᠴᠠᠬᠤ᠂ ᠵᠦᠷᠢᠴᠡᠯ ᠢ ᠪᠠᠶᠢᠴᠠᠭᠠᠨ ᠰᠢᠢᠳᠪᠤᠷᠢᠯᠡᠬᠦ ᠵᠡᠷᠭᠡ ᠲᠠᠯ᠎ᠠ ᠪᠠᠷ ᠭᠤᠤᠯᠯᠠᠬᠤ ᠦᠢᠯᠡᠳᠦᠯ ᠢ ᠨᠢ ᠲᠤᠰ ᠲᠤᠰ ᠬᠦᠢᠴᠡᠳ ᠪᠠᠳᠠᠷᠠᠭᠤᠯᠪᠠ᠃ ᠠᠷᠠᠳ ᠲᠦᠮᠡᠨ  ᠎ ᠢ  ᠭᠤᠤᠯ ᠴᠤᠭᠴᠠ ᠪᠤᠯᠭᠠᠬᠤ ᠭᠡᠳᠡᠭ ᠨᠢ  ᠳᠠᠷᠤᠢ ᠠᠷᠠᠳ ᠲᠦᠮᠡᠨ ᠤ ᠳᠠᠭᠠᠰᠢᠶᠠᠯ ᠳᠤ ᠬᠦᠷᠬᠦ ᠡᠰᠡᠬᠦ ᠪᠠᠷ ᠦᠨᠳᠦᠰᠦᠨ ᠪᠠᠷᠢᠮᠵᠢᠶ᠎ᠠ ᠪᠤᠯᠭᠠᠵᠤ᠂ ᠲᠠᠷᠢᠶᠠᠴᠢᠨ ᠮᠠᠯᠴᠢᠨ ᠤ ᠦᠨᠡᠨ ᠪᠤᠳᠤᠯ ᠰᠠᠨᠠᠯ ᠢ ᠪᠦᠬᠦ ᠲᠠᠯ᠎ᠠ ᠪᠠᠷ ᠤᠶᠢᠯᠠᠭᠠᠨ᠂ ᠳᠡᠭᠡᠲᠦ ᠬᠡᠮᠵᠢᠶ᠎ᠡ ᠪᠠᠷ ᠬᠦᠨᠳᠤᠳᠭᠡᠵᠦ᠂ ᠠᠷᠠᠳ ᠲᠦᠮᠡᠨ ᠢ ᠵᠢᠯᠤᠭᠤᠳᠤᠨ ᠰᠠᠶᠢᠨ ᠲᠤᠷ᠎ᠠ ᠠᠴᠠ ᠪᠠᠨ ᠤᠷᠤᠯᠴᠠᠬᠤ᠂ ᠪᠡᠶ᠎ᠡ ᠪᠠᠨ ᠳᠠᠭᠠᠭᠠᠨ ᠤᠷᠤᠭᠤᠯᠤᠯᠳᠠ ᠬᠢᠬᠦ᠂ ᠦᠪᠡᠷ ᠤᠨ ᠪᠡᠶ᠎ᠡ ᠪᠠᠨ ᠬᠠᠮᠢᠶᠠᠷᠬᠤ ᠪᠤᠯᠭᠠᠪᠠ᠃ ᠰᠤᠨᠢᠨ ᠰᠡᠳᠭᠦᠯ ᠳᠤ ᠲᠤᠰᠬᠠᠢ ᠮᠡᠳᠡᠭᠡᠯᠡᠬᠦ ᠪᠠᠷ ᠳᠠᠮᠵᠢᠭᠤᠯᠤᠨ᠂ ᠬᠤᠲᠠ ᠶᠢᠨ ᠱᠠᠲᠤᠨ ᠤ ᠷᠠᠳᠢᠤ᠋᠂ ᠲᠧᠯᠸᠢᠰ᠂ ᠰᠤᠨᠢᠨ ᠰᠡᠳᠭᠦᠯ ᠳᠤ ᠲᠤᠰᠬᠠᠢ ᠪᠤᠯᠤᠩ ᠭᠠᠷᠭᠠᠵᠤ᠂  ᠭᠠᠴᠠᠭ᠎ᠠ ᠲᠤᠰᠬᠤᠨ‌ᠡᠷᠦᠭᠡ ᠪᠦᠷᠢ ᠳᠤ ᠤᠬᠠᠭᠤᠯᠵᠦ᠂ ᠰᠠᠨᠠᠯ ᠬᠤᠷᠢᠶᠠᠵᠤ᠂ ᠭᠠᠴᠠᠭ᠎ᠠ ᠲᠤᠰᠬᠤᠨ ᠤ《 ᠬᠤᠶᠠᠷ ᠵᠦᠪᠯᠡᠯ》᠎ ᠤᠨ ᠪᠠᠭ ᠤᠨ ᠬᠤᠷᠠᠯ᠂  ᠭᠠᠴᠠᠭ᠎ᠠ ᠲᠤᠰᠬᠤᠨ ᠤ ᠠᠷᠠᠳ ᠤᠨ ᠲᠦᠯᠦᠭᠡᠯᠡᠭᠴᠢᠳ ᠤᠨ ᠬᠤᠷᠠᠯ᠂ ᠪᠦᠬᠦ  ᠭᠠᠴᠠᠭ᠎ᠠ ᠲᠤᠰᠬᠤᠨ ᠤ ᠬᠡᠰᠢᠭᠦᠳ ᠤᠨ ᠳᠠᠶᠢᠴᠢᠯᠠᠯᠲᠠ ᠶᠢᠨ ᠬᠤᠷᠠᠯ ᠵᠡᠷᠭᠡ ᠬᠤᠷᠠᠯ ᠬᠢᠵᠦ᠂ ᠤᠬᠠᠭᠤᠯᠤᠨ ᠵᠢᠯᠤᠭᠤᠳᠬᠤ ᠶᠢ ᠨᠢᠭᠤᠷᠳᠠᠨ ᠰᠠᠨᠠᠯ ᠬᠤᠷᠢᠶᠠᠬᠤ ᠎ ᠲᠠᠢ ᠤᠶᠠᠯᠳᠤᠭᠤᠯᠤᠨ᠂ ᠵᠠᠰᠠᠭ ᠤᠨ ᠤᠷᠳᠤᠨ ᠵᠢᠯᠤᠭᠤᠳᠴᠤ᠂ ᠠᠷᠠᠳ ᠲᠦᠮᠡᠨ ᠤᠷᠤᠯᠴᠠᠵᠤ᠂ ᠨᠡᠶᠢᠭᠡᠮ ᠨᠡᠶᠢᠳᠡ ᠠᠩᠬᠠᠷᠤᠯ ᠳᠤ ᠪᠠᠨ ᠠᠪᠤᠭᠰᠠᠨ ᠰᠠᠶᠢᠨ ᠰᠠᠶᠢᠬᠠᠨ  ᠶᠠᠷᠢᠶ᠎ᠠ ᠬᠡᠯᠡᠯᠴᠡᠭᠡᠨ ᠤ ᠤᠷᠴᠢᠨ ᠲᠤᠭᠤᠷᠢᠨ ᠢ ᠪᠤᠢ ᠪᠤᠯᠭᠠᠪᠠ᠃ ᠪᠤᠳᠠᠲᠠᠢ ᠬᠡᠷᠡᠭᠵᠢᠭᠦᠯᠬᠦ ᠶᠠᠪᠤᠴᠠ ᠳᠤᠮᠳᠠ᠂ ᠲᠦᠯᠦᠪᠵᠢᠭᠦᠯᠭᠡ ᠶᠢᠨ  ᠵᠢᠷᠤᠭ ᠲᠦᠯᠦᠪᠯᠡᠭᠡ ᠶᠢ ᠤᠯᠠᠨ ᠲᠦᠮᠡᠨ ᠢᠶᠠᠷ ᠶᠠᠷᠢᠯᠴᠠᠭᠤᠯᠬᠤ᠂ ᠪᠠᠷᠢᠯᠭ᠎ᠠ ᠶᠢᠨ ᠠᠵᠤ ᠠᠬᠤᠶᠢᠯᠠᠯ ᠢ ᠠᠷᠠᠳ ᠤᠯᠠᠨ ᠡᠷᠢᠬᠦ᠂ ᠪᠡᠯᠡ ᠬᠤᠷᠠᠮᠳᠠᠭᠤᠯᠬᠤ ᠪᠠᠷᠢᠮᠵᠢᠶ᠎ᠠ ᠶᠢ ᠠᠷᠠᠳ ᠤᠯᠠᠨ ᠲᠤᠭᠲᠠᠭᠠᠬᠤ ᠶᠢ ᠪᠠᠷᠢᠮᠲᠠᠯᠠᠵᠤ᠂ ᠲᠠᠷᠢᠶᠠᠴᠢᠨ ᠮᠠᠯᠴᠢᠨ ᠢ ᠵᠢᠯᠤᠭᠤᠳᠤᠨ ᠰᠠᠶᠢᠨ ᠲᠤᠷ᠎ᠠ ᠠᠴᠠ ᠪᠠᠨ ᠤᠷᠤᠯᠴᠠᠬᠤ᠂ ᠪᠡᠶ᠎ᠡ ᠪᠠᠨ ᠳᠠᠭᠠᠭᠠᠨ ᠤᠷᠤᠭᠤᠯᠤᠯᠳᠠ ᠬᠢᠬᠦ᠂ ᠦᠪᠡᠷ ᠤᠨ ᠪᠡᠶ᠎ᠡ ᠪᠠᠨ ᠬᠠᠮᠢᠶᠠᠷᠬᠤ  ᠪᠤᠯᠭᠠᠵᠦ᠂ ᠴᠢᠮ᠎ᠠ ᠪᠠᠷ ᠬᠢᠯᠭᠡᠬᠦ ᠬᠡᠰᠡᠨ ᠢ ᠪᠢ ᠦᠪᠡᠷ ᠢᠶᠠᠨ ᠬᠢᠬᠦ᠂ ᠰᠠᠨᠠᠭᠠᠴᠢᠯᠠᠭ᠎ᠠ ᠦᠭᠡᠢ ᠬᠡᠷᠡᠭᠵᠢᠭᠦᠯᠵᠦ ᠪᠠᠶᠢᠭᠰᠠᠨ ᠢ ᠰᠠᠨᠠᠭᠠᠴᠢᠯᠠᠭ᠎ᠠ ᠠᠴᠠ ᠪᠠᠨ ᠬᠡᠷᠡᠭᠵᠢᠬᠦᠯᠬᠦ᠂  ᠬᠠᠨᠴᠤᠢ ᠲᠤᠭᠳᠤᠶᠢᠯᠠᠨ ᠬᠠᠷᠠᠵᠦ ᠪᠠᠶᠢᠭᠰᠠᠨ ᠠᠴᠠ ᠪᠠᠨ ᠢᠳᠡᠪᠬᠢᠲᠠᠢ ᠤᠷᠤᠯᠴᠠᠬᠤ《 ᠭᠤᠷᠪᠠᠨ ᠬᠤᠪᠢᠷᠠᠯᠳᠠ︾᠎ ᠶᠢ ᠪᠡᠶᠡᠯᠡᠭᠦᠯᠤᠨ᠂ ᠲᠠᠷᠢᠶᠠᠴᠢᠨ ᠮᠠᠯᠴᠢᠨ ᠤ ᠭᠤᠤᠯ ᠴᠤᠭᠴᠠ ᠶᠢᠨ ᠪᠠᠶᠢᠷᠢ ᠰᠠᠭᠤᠷᠢ ᠶᠢ ᠤᠯᠠᠮ ᠲᠤᠪᠤᠶᠢᠯᠭᠠᠪᠠ᠃《 ᠠᠷᠪᠠ ᠶᠢ ᠪᠦᠷᠢᠨ ᠪᠦᠷᠬᠦᠭᠦᠯᠬᠦ︾᠎ ᠶᠢ ᠠᠷᠠᠳ ᠲᠦᠮᠡᠨ ᠤ ᠳᠠᠭᠠᠰᠢᠶᠠᠯ ᠳᠤ ᠨᠡᠶᠢᠴᠡᠭᠰᠡᠨ ᠢᠨᠵᠧᠨᠧᠷᠢᠩ ᠪᠤᠯᠭᠠᠨ ᠴᠤᠭᠴᠠᠯᠠᠬᠤ ᠶᠢᠨ ᠲᠤᠯᠠᠳᠠ᠂ ᠪᠢᠳᠡ ᠠᠷᠠᠳ ᠲᠦᠮᠡᠨ ᠢ ᠪᠦᠬᠦ ᠶᠠᠪᠤᠴᠠ ᠳᠤ ᠤᠷᠤᠯᠴᠠᠬᠤ ᠶᠢ ᠪᠠᠷᠢᠮᠲᠠᠯᠠᠵᠤ᠂ ᠭᠠᠴᠠᠭ᠎ᠠ ᠲᠤᠰᠬᠤᠨ ᠠᠷᠠᠳᠴᠢᠯᠠᠯ ᠢᠶᠠᠷ ᠠᠷᠠᠳ ᠤᠨ ᠲᠦᠯᠦᠭᠡᠯᠡᠭᠴᠢ ᠰᠤᠩᠭᠤᠬᠤ ᠪᠠᠷ ᠳᠠᠮᠵᠢᠭᠤᠯᠤᠨ᠂  ᠭᠠᠴᠠᠭ᠎ᠠ ᠲᠤᠰᠬᠤᠨ ᠤ《 ᠬᠤᠶᠠᠷ ᠵᠦᠪᠯᠡᠯ》᠎ ᠤᠨ ᠭᠡᠰᠢᠭᠦᠨ ᠢ ᠤᠷᠤᠯᠴᠠᠭᠤᠯᠤᠭᠰᠠᠨ《 ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠦᠪᠯᠡᠯ ᠪᠠᠶᠢᠭᠤᠯᠵᠦ᠂ ᠠᠷᠠᠳ ᠲᠦᠮᠡᠨ ᠬᠦᠴᠦ ᠬᠦᠳᠡᠯᠮᠦᠷᠢ ᠤᠷᠤᠭᠤᠯᠵᠤ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠲᠠᠢ ᠬᠠᠮᠲᠤ ᠢᠨᠵᠧᠨᠧᠷᠢᠩ ᠤᠨ ᠠᠬᠢᠴᠠ ᠶᠢ ᠬᠢᠨᠠᠵᠤ᠂ ᠠᠷᠠᠳ ᠲᠦᠮᠡᠨ ᠰᠢᠢᠳᠪᠦᠷᠢᠲᠦ ᠪᠤᠳᠤᠯᠭ᠎ᠠ ᠳᠤ ᠤᠷᠤᠯᠴᠠᠬᠤ᠂ ᠬᠠᠮᠢᠶᠠᠷᠤᠯᠲᠠ ᠳᠤ ᠤᠷᠤᠯᠴᠠᠬᠤ᠂ ᠬᠢᠨᠠᠯᠲᠠ ᠲᠠᠯᠪᠢᠬᠤ ᠳᠤ ᠤᠷᠤᠯᠴᠠᠬᠤ ᠶᠢ ᠦᠨᠡᠨᠬᠦ ᠪᠡᠶᠡᠯᠡᠭᠦᠯᠵᠤ᠂《 ᠵᠠᠰᠠᠭ ᠤᠨ ᠤᠷᠳᠤᠨ ᠪᠦᠳᠤᠭᠡᠨ ᠪᠠᠶᠢᠭᠤᠯᠵᠤ᠂ ᠠᠷᠠᠳ ᠲᠦᠮᠡᠨ ᠬᠠᠷᠠᠵᠦ ᠰᠠᠭᠤᠬᠤ》 ᠪᠠᠶᠢᠳᠠᠯ ᠢᠯᠡᠷᠡᠬᠦ ᠶᠢ ᠪᠦᠲᠦᠮᠵᠢᠲᠠᠢ ᠪᠠᠷ ᠬᠤᠷᠢᠭᠯᠠᠪᠠ᠃     〔 ᠬᠦᠲᠦᠯᠦᠭᠴᠢ﹈《 ᠠᠷᠪᠠ ᠶᠢ ᠪᠦᠷᠢᠨ ᠪᠦᠷᠬᠦᠭᠦᠯᠬᠦ》 ᠢᠨᠵᠧᠨᠧᠷᠢᠩ ᠤᠨ ᠰᠢᠢᠳᠪᠤᠷᠢᠯᠡᠬᠦ ᠨᠢ ᠦᠷᠭᠡᠨ ᠤᠯᠠᠨ ᠲᠠᠷᠢᠶᠠᠴᠢᠨ ᠮᠠᠯᠴᠢᠨ ᠤ ᠠᠩᠬᠠᠷᠴᠤ ᠬᠠᠯᠠᠮᠵᠢᠯᠠᠵᠤ ᠪᠠᠶᠢᠭ᠎ᠠ ᠬᠤᠪᠢ ᠪᠡᠶ᠎ᠡ ᠶᠢᠨ ᠠᠰᠢᠭ ᠲᠤᠰᠠ ᠪᠤᠯᠤᠨ᠎ᠠ᠂《 ᠠᠷᠠᠳ ᠢ ᠪᠠᠶᠠᠵᠢᠭᠤᠯᠵᠦ ᠠᠷᠠᠳ ᠢ ᠠᠮᠤᠷᠵᠢᠭᠤᠯᠵᠦ ᠠᠷᠠᠳ ᠢ ᠪᠠᠶᠠᠰᠬᠠᠬᠤ》 ᠢᠨᠵᠧᠨᠧᠷᠢᠩ ᠪᠤᠯᠤᠨ᠎ᠠ᠂ ᠭᠤᠷᠪᠠᠨ ᠵᠢᠯ ᠤᠨ ᠬᠤᠭᠤᠴᠠᠭᠠᠨ ᠳᠤ ᠲᠠᠷᠢᠶᠠᠯᠠᠬᠤ ᠮᠠᠯᠵᠢᠬᠤ ᠤᠷᠤᠨ ᠳᠤ  ᠤᠯᠠᠨ ᠨᠡᠶᠢᠲᠡ ᠶᠢᠨ ᠦᠨᠳᠤᠰᠤᠨ ᠦᠢᠯᠡᠴᠢᠯᠡᠭᠡ ᠶᠢ  ᠪᠦᠷᠬᠦᠭᠦᠯᠬᠦ ᠨᠢ ᠦᠨᠡᠨ ᠳᠡᠭᠡᠨ ᠬᠡᠪᠴᠢᠶ᠎ᠡ ᠦᠷᠭᠡᠨ᠂ ᠴᠠᠭ ᠪᠠᠴᠢᠮ᠂ ᠡᠭᠦᠷᠭᠡ ᠬᠦᠨᠳᠤ ᠪᠠᠶᠢᠭ᠎ᠠ ᠶᠤᠮ᠂ ᠲᠡᠭᠡᠪᠡᠯ ᠤᠷᠳᠤᠰ ᠬᠤᠲᠠ ᠲᠤᠰ ᠢᠨᠵᠧᠨᠧᠷᠢᠩ ᠢ  ᠬᠡᠷᠬᠢᠨ ᠪᠤᠳᠠᠲᠠᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠭᠰᠠᠨ ᠪᠤᠢ︖     〔ᠵᠤᠴᠢᠨ  ᠭᠤᠤ ᠶᠤᠤ ᠸᠧᠢ〕 ︽ᠠᠷᠪᠠ  ᠎ ᠶᠢ ᠪᠦᠷᠢᠨ ᠪᠦᠷᠬᠦᠭᠦᠯᠬᠦ》ᠢᠨᠵᠧᠨᠧᠷᠢᠩ ᠢ ᠪᠦᠬᠦ ᠲᠠᠯ᠎ᠠ ᠪᠠᠷ ᠰᠠᠶᠢᠲᠤᠷ ᠬᠡᠷᠡᠭᠵᠢᠬᠦᠯᠵᠦ᠂ ᠨᠠᠮ ᠪᠠ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠶᠢ ᠦᠨᠳᠦᠰᠦᠨ ᠱᠠᠲᠤᠨ ᠳᠤ ᠬᠦᠷᠭᠡᠬᠦ ᠶᠢᠨ ᠲᠤᠰᠠᠳᠠ᠂ ᠮᠠᠨ ᠤ ᠬᠤᠲᠠ ᠳᠡᠭᠡᠲᠦ ᠬᠡᠮᠵᠢᠶ᠎ᠡ ᠪᠠᠷ ᠬᠦᠨᠳᠤᠳᠭᠡᠨ ᠦᠵᠡᠵᠦ᠂ ᠨᠠᠷᠢᠨ ᠬᠢᠨᠠᠮᠠᠭᠠᠢ ᠰᠤᠳᠤᠯᠤᠨ ᠪᠠᠶᠢᠷᠢᠯᠠᠭᠤᠯᠪᠠ᠃ ᠬᠤᠲᠠ᠂ ᠬᠤᠰᠢᠭᠤ ᠲᠤᠭᠤᠷᠢᠭ᠂ ᠰᠤᠮᠤ ᠰᠢᠶᠠᠩ ᠪᠠᠯᠭᠠᠰᠤᠨ ᠳᠤ ᠲᠤᠰ ᠲᠤᠰ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠭᠠᠴᠠᠭ᠎ᠠ ᠲᠤᠰᠬᠤᠨ ᠳᠤ ᠢᠨᠵᠧᠨᠧᠷᠢᠩ ᠢ ᠪᠦᠲᠦᠭᠡᠨ ᠪᠠᠶᠢᠭᠤᠯᠬᠤ ᠵᠦᠪᠯᠡᠯ ᠪᠠᠶᠢᠭᠤᠯᠵᠠᠢ᠃ ᠬᠤᠲᠠ ᠶᠢᠨ ᠱᠠᠲᠤᠨ ᠤ ᠤᠳᠤᠷᠢᠳᠬᠤ  ᠳᠤᠭᠤᠶᠢᠯᠠᠩ ᠨᠢᠭᠡᠳᠤᠯᠲᠠᠢ ᠵᠤᠬᠢᠴᠠᠭᠤᠯᠬᠤ᠂ ᠪᠡᠯᠡ ᠮᠦᠡᠭᠭᠦ ᠪᠠᠲᠤᠯᠠᠬᠤ ᠶᠢ ᠬᠠᠷᠢᠭᠤᠴᠠᠪᠠ︔ ᠬᠤᠰᠢᠭᠤ ᠶᠢᠨ ᠱᠠᠲᠤᠨ ᠤ ᠬᠢᠨᠢ ᠪᠦᠬᠦ ᠲᠠᠯ᠎ᠠ ᠪᠠᠷ ᠬᠠᠷᠢᠭᠤᠴᠠᠵᠤ᠂ ᠴᠢᠭ ᠢ ᠠᠳᠬᠤᠨ ᠪᠦᠬᠦ ᠲᠠᠯ᠎ᠠ ᠶᠢ ᠠᠬᠢᠭᠤᠯᠪᠠ︔ ᠰᠤᠮᠤ ᠰᠢᠶᠠᠩ ᠪᠠᠯᠭᠠᠰᠤ  ᠎ ᠶᠢᠨ ᠬᠢᠨᠢ ᠭᠤᠤᠯ ᠴᠤᠭᠴᠠ ᠪᠠᠷ ᠠᠬᠢᠭᠤᠯᠵᠤ᠂ ᠲᠤᠬᠠᠢ ᠶᠢᠨ ᠲᠠᠯᠠᠪᠤᠷ ᠲᠤᠨᠢ  ᠵᠢᠯᠤᠭᠤᠳᠪᠠ︔ ᠬᠤᠲᠠ ᠬᠤᠰᠢᠭᠤ ᠲᠤᠭᠤᠷᠢᠭ ᠤᠨ ᠬᠤᠶᠠᠷ ᠱᠠᠲᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠲᠦᠯᠦᠪᠵᠢᠭᠦᠯᠦᠨ ᠵᠢᠷᠤᠭᠯᠠᠬᠤ᠂ ᠮᠡᠷᠭᠡᠵᠢᠯ ᠲᠠᠯ᠎ᠠ ᠪᠠᠷ ᠵᠢᠯᠤᠭᠤᠳᠬᠤ᠂ ᠶᠠᠰᠤ ᠴᠢᠨᠠᠷ ᠎ ᠤᠨ   ᠪᠤᠭᠤᠮᠳᠠ ᠶᠢ ᠠᠳᠬᠤᠬᠤ ᠶᠢ ᠬᠠᠷᠢᠭᠤᠴᠠᠪᠠ︔ ᠭᠠᠴᠠᠭ᠎ᠠ ᠲᠤᠰᠬᠤᠨ ᠤᠬᠠᠭᠤᠯᠤᠨ ᠵᠢᠯᠤᠭᠤᠳᠬᠤ᠂ ᠠᠷᠠᠳ ᠲᠦᠮᠡᠨ ᠢ ᠳᠠᠶᠢᠴᠢᠯᠠᠬᠤ᠂ ᠵᠦᠷᠢᠴᠡᠯ ᠢ ᠰᠢᠢᠳᠪᠤᠷᠢᠯᠡᠬᠦ ᠶᠢ ᠬᠠᠷᠢᠭᠤᠴᠠᠪᠠ︔ ᠲᠠᠷᠢᠶᠠᠴᠢᠨ ᠮᠠᠯᠴᠢᠨ ᠲᠦᠮᠡᠨ ᠬᠦᠴᠦ ᠬᠦᠳᠡᠯᠮᠦᠷᠢ ᠤᠷᠤᠭᠤᠯᠵᠤ᠂  ᠡᠷᠡᠭᠦᠯ ᠬᠠᠮᠠᠭᠠᠯᠠᠯ ᠤᠨ ᠴᠡᠪᠡᠷᠯᠡᠭᠡ ᠬᠢᠵᠤ᠂ ᠭᠡᠷ ᠪᠠᠶᠢᠰᠢᠩ ᠢ ᠵᠠᠰᠠᠵᠦ ᠪᠠᠶᠢᠭᠤᠯᠪᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠤᠨ᠂ ᠪᠡᠶ᠎ᠡ ᠪᠠᠷ ᠢᠶᠠᠨ ᠵᠢᠯᠤᠭᠤᠳᠴᠦ᠂ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠦᠷᠭᠦᠯᠵᠢ ᠠᠰᠠᠭᠤᠨ ᠰᠤᠷᠠᠵᠦ᠂  ᠪᠡᠶ᠎ᠡ ᠪᠠᠷ ᠢᠶᠠᠨ ᠨᠠᠶᠢᠳᠠᠪᠤᠷᠢᠵᠢᠭᠤᠯᠬᠤ  ᠶᠢᠨ ᠬᠠᠮᠲᠤ ᠤᠷᠢᠳ ᠬᠤᠵᠢᠳ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ ᠤ ᠬᠤᠷᠠᠯ᠂ ᠬᠤᠰᠢᠭᠤ ᠲᠤᠭᠤᠷᠢᠭ ᠤᠨ   ᠨᠠᠮ ‍ᠤᠨ‌ᠬᠤᠷᠢᠶ᠎ᠠ ᠶᠢᠨ ᠱᠦᠵᠢ ᠶᠢᠨ ᠬᠤᠷᠠᠯ᠂ ᠳᠠᠶᠢᠴᠢᠯᠠᠯᠲᠠ ᠶᠢᠨ ᠬᠤᠷᠠᠯ᠂ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠪᠠ ᠠᠵᠢᠯ ᠢ ᠠᠬᠢᠭᠤᠯᠬᠤ ᠬᠤᠷᠠᠯ ᠵᠡᠷᠭᠡ ᠬᠤᠷᠠᠯ ᠬᠢᠵᠦ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠪᠠ᠃ ᠡᠭᠦᠨ ᠤ ᠬᠠᠮᠲᠤ   ︽ᠭᠠᠷᠠᠭ ᠲᠤ ᠨᠢᠭᠡ ᠮᠡᠳᠡᠬᠦᠯᠬᠦ᠂ ᠬᠠᠭᠠᠰ ᠰᠠᠷ᠎ᠠ ᠳᠤ ᠨᠢᠭᠡ ᠨᠡᠪᠳᠡᠷᠡᠬᠦᠯᠬᠦ᠂ ᠰᠠᠷ᠎ᠠ ᠳᠤ ᠨᠢᠭᠡ ᠲᠤᠬᠢᠷᠠᠭᠤᠯᠬᠤ︾ ᠠᠵᠢᠯᠯᠠᠬᠤ ᠠᠷᠭ᠎ᠠ  ᠶᠢ ᠠᠪᠴᠤ᠂《 ᠤᠳᠤᠷᠢᠳᠬᠤ ᠳᠤᠭᠤᠶᠢᠯᠠᠩ ᠨᠢᠭᠡᠳᠤᠯᠲᠠᠢ ᠵᠤᠬᠢᠴᠠᠭᠤᠯᠬᠤ᠂ ᠡᠷᠬᠡ ᠴᠢᠳᠠᠪᠤᠷᠢᠳᠤ ᠰᠠᠯᠠᠭ᠎ᠠ ᠮᠦᠴᠢᠷ ᠪᠤᠳᠠᠲᠠᠢ ᠵᠢᠯᠤᠭᠤᠳᠬᠤ᠂ ᠰᠤᠮᠤ ᠰᠢᠶᠠᠩ ᠪᠠᠯᠭᠠᠰᠤ ᠵᠤᠬᠢᠶᠠᠨ ᠪᠠᠶᠢᠭᠤᠯᠤᠨ ᠬᠡᠷᠡᠭᠵᠢᠬᠦᠯᠬᠦ᠂ ᠲᠠᠷᠢᠶᠠᠯᠠᠬᠤ ᠮᠠᠯᠵᠢᠬᠤ ᠤᠷᠤᠨ ᠤ ᠠᠷᠠᠳ ᠲᠦᠮᠡᠨ ᠢᠳᠡᠪᠬᠢᠲᠠᠢ ᠤᠷᠤᠯᠴᠠᠬᠤ》 ᠬᠤᠲᠠ᠂ ᠬᠤᠰᠢᠭᠤ᠂ ᠰᠢᠶᠠᠩ᠂ ᠲᠤᠰᠬᠤᠨ᠂ ᠲᠠᠷᠢᠶᠠᠴᠢᠨ ᠮᠠᠯᠴᠢᠨ ᠤ《 ᠲᠠᠪᠤᠨ ᠱᠠᠲᠤ ᠬᠠᠮᠳᠤᠷᠠᠨ ᠬᠦᠳᠡᠯᠦᠯᠴᠡᠭᠰᠡᠨ︾ ᠲᠤᠭᠳᠠᠴᠠ ᠶᠢ ᠪᠦᠷᠢᠯᠳᠦᠭᠦᠯᠵᠤ᠂ ᠲᠠᠷᠢᠶᠠᠯᠠᠬᠤ ᠮᠠᠯᠵᠢᠬᠤ ᠤᠷᠤᠨ ᠎ ᠳᠤ《 ᠠᠷᠪᠠ ᠶᠢ ᠪᠦᠷᠢᠨ ᠪᠦᠷᠬᠦᠭᠦᠯᠬᠦ 》ᠢᠨᠵᠧᠨᠧᠷᠢᠩ ᠤᠨ ᠤᠷᠤᠭᠰᠢᠲᠠᠢ  ᠬᠡᠷᠡᠭᠵᠢᠬᠦᠯᠦᠭᠳᠡᠬᠦ ᠶᠢ ᠪᠠᠲᠤᠯᠠᠪᠠ᠃     〔 ᠬᠦᠲᠦᠯᠦᠭᠴᠢ〕 ᠤᠳᠤ ᠪᠤᠯᠬᠤ ᠳᠤ᠂《 ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ  ᠎ ᠢ ᠬᠡᠷᠡᠭᠵᠢᠭᠦᠯᠤᠭᠡᠳ ᠵᠢᠯ ᠰᠢᠬᠠᠮ ᠪᠤᠯᠪᠠ᠂ ᠪᠢᠳᠡ ᠶᠠᠮᠠᠷ ᠠᠮᠵᠢᠯᠳᠠ ᠪᠦᠳᠤᠭᠡᠯ ᠤᠯᠤᠭᠰᠠᠨ ᠪᠤᠢ︖ ᠠᠵᠢᠯ ᠤᠨ ᠳᠤᠮᠳᠠ ᠪᠠᠨ ᠵᠠᠮᠠᠷ ᠬᠦ ᠰᠠᠶᠢᠨ ᠠᠷᠭ᠎ᠠ ᠬᠡᠮᠵᠢᠶ᠎ᠡ ᠠᠪᠤᠭᠰᠠᠨ ᠪᠤᠢ︖     〔ᠵᠤᠴᠢᠨ  ᠭᠤᠤ ᠶᠤᠤ ᠸᠧᠢ〕2014 ᠤᠨ᠂ ᠪᠦᠬᠦ ᠬᠤᠲᠠ ᠳᠤ《 ᠠᠷᠪᠠ ᠶᠢ  ᠪᠦᠷᠢᠨ ᠪᠦᠷᠬᠦᠭᠦᠯᠬᠦ︾ ᠢᠨᠵᠧᠨᠧᠷᠢᠩ ᠢ ᠬᠡᠷᠡᠭᠵᠢᠬᠦᠯᠦᠭᠰᠡᠨ ᠭᠠᠴᠠᠭ᠎ᠠ ᠲᠤᠰᠬᠤᠨ 643 ᠪᠠᠶᠢᠵᠤ᠂ ᠨᠡᠶᠢᠲᠡ 2045 ᠲᠦᠷᠦᠯ ᠤᠨ ᠲᠦᠷᠦᠯ ᠵᠦᠢᠯ ᠢ ᠬᠡᠷᠡᠭᠵᠢᠬᠦᠯᠵᠤ᠂  ᠪᠡ᠊192413ᠲᠦᠮᠡᠨ ᠲᠦᠭᠦᠷᠢᠭ  ᠎ ᠤᠨ  ᠪᠡᠯᠡ ᠤᠷᠤᠭᠤᠯᠤᠯᠲᠠ ᠶᠢ ᠪᠡᠶᠡᠯᠡᠬᠦᠯᠵᠦ᠂ ᠲᠦᠯᠦᠪᠯᠡᠭᠰᠡᠨ ᠪᠡᠯᠡ ᠤᠷᠤᠭᠤᠯᠤᠯᠲᠠ ᠶᠢᠨ 104%᠎ ᠶᠢ ᠡᠵᠡᠯᠡᠪᠡ᠃ ᠡᠭᠦᠨ ᠎ ᠳᠤ᠂ ᠨᠤᠷᠠᠬᠤ ᠠᠶᠤᠯᠲᠠᠢ ᠬᠡᠷ ᠪᠠᠶᠢᠰᠢᠩ ᠦᠬᠡᠷᠡᠴᠢᠯᠡᠬᠦ᠂ ᠵᠡᠭᠡᠯᠢ ᠭᠤᠳᠤᠮᠵᠢ ᠶᠢ  ᠬᠠᠳᠠᠭᠤᠷᠠᠭᠤᠯᠬᠤ ᠵᠡᠷᠭᠡ 6 ᠲᠦᠷᠦᠯ ᠤᠨ ᠢᠨᠵᠧᠨᠧᠷᠢᠩ ᠨᠢ ᠪᠦᠲᠦᠭᠡᠨ ᠪᠠᠶᠢᠭᠤᠯᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠤ᠂ 60 ᠵᠢᠱᠢᠶ᠎ᠡ ᠦᠵᠡᠭᠦᠯᠬᠦ ᠭᠠᠴᠠᠭ᠎ᠠ ᠲᠤᠰᠬᠤᠨ ᠢ ᠭᠤᠤᠯᠳᠠᠯᠭ᠎ᠠ ᠲᠠᠢ ᠴᠤᠭᠴᠠᠯᠠᠨ᠂ ᠤᠳᠤᠬᠠᠨ ᠳᠤ ᠨᠢᠭᠡᠨᠲᠡ ᠪᠦᠬᠦᠳᠡ ᠶᠢ ᠪᠦᠳᠤᠭᠡᠨ ᠪᠠᠶᠢᠭᠤᠯᠵᠠᠢ᠃ ᠨᠢᠭᠡ ᠪᠦᠯᠦᠭ ᠦᠡᠭᠭᠡᠷᠡᠭᠰᠡᠨ ᠳᠤ ᠤᠯᠠᠨ ᠨᠡᠶᠢᠲᠡ ᠶᠢᠨ ᠦᠢᠯᠡᠴᠢᠯᠡᠭᠡᠨ ᠤ ᠨᠦᠬᠦᠴᠡᠯ ᠎ ᠢᠶᠠᠷ ᠲᠤᠩ ᠮᠠᠭᠤ ᠪᠠᠶᠢᠭᠰᠡᠨ‌ᠨᠢᠭᠡ ᠪᠦᠯᠦᠭ ᠭᠠᠴᠠᠭ᠎ᠠ ᠲᠤᠰᠬᠤᠨ《 ᠠᠷᠪᠠ ᠶᠢ ᠪᠦᠷᠢᠨ ᠪᠦᠷᠬᠦᠭᠦᠯᠬᠦ》 ᠢᠨᠵᠧᠨᠧᠷᠢᠩ ᠢ ᠬᠡᠷᠡᠭᠵᠢᠭᠦᠯᠦᠭᠡᠳ᠂ ᠯᠤᠲᠤ ᠶᠡᠭᠡ ᠬᠤᠪᠢᠷᠠᠯᠲᠠ ᠭᠠᠷᠤᠭᠰᠠᠨ ᠢ ᠪᠢᠳᠡ ᠪᠠᠶᠠᠷᠲᠠᠢ ᠪᠠᠷ ᠤᠯᠵᠦ ᠬᠠᠷᠠᠯ᠎ᠠ᠄ ᠬᠡᠷ ᠪᠠᠶᠢᠰᠢᠩ ᠎ ᠨᠢ ᠰᠢᠨᠡᠳᠴᠤ᠂ ᠵᠠᠮ ᠬᠠᠷᠢᠯᠴᠠᠭ᠎ᠠ᠂ ᠴᠠᠬᠢᠯᠭᠠᠨ ᠨᠡᠪᠳᠡᠷᠡᠵᠦ᠂ ᠲᠦᠭᠡᠭᠡᠭᠦᠷ ᠤᠰᠤ ᠲᠠᠢ ᠪᠤᠯᠵᠦ᠂ ᠤᠲᠠᠰᠤᠲᠤ ᠲᠧᠯᠸᠢᠰ ᠨᠡᠪᠳᠡᠷᠡᠵᠦ᠂ ᠰᠤᠷᠭᠠᠭᠤᠯᠢ ᠶᠢᠨ ᠪᠠᠶᠢᠷᠢ ᠴᠤ ᠰᠢᠨ᠎ᠡ ᠪᠠᠷ ᠪᠠᠶᠢᠭᠤᠯᠤᠭᠳᠠᠨ ᠵᠠᠰᠠᠭᠳᠠᠵᠦ᠂ ᠡᠮ ᠡᠮᠨᠡᠯᠭᠡ ᠶᠢᠨ ᠦᠷᠦᠬᠡ᠂ ᠰᠤᠶᠤᠯ ᠤᠨ ᠦᠷᠦᠬᠡ᠂ ᠠᠷᠠᠳ ᠲᠤ ᠳᠦᠭᠦᠮ ᠦᠵᠡᠭᠦᠯᠬᠦ ᠰᠤᠫᠧᠷ ᠳᠡᠯᠭᠡᠭᠦᠷ ᠴᠤ ᠪᠠᠶᠢᠭᠤᠯᠤᠭᠳᠠᠵᠦ᠂ ᠡᠮ ᠡᠮᠨᠡᠯᠭᠡ ᠶᠢᠨ ᠳᠠᠭᠠᠳᠬᠠᠯ ᠪᠠ ᠨᠠᠰᠤᠲᠠᠨ ᠢ ᠠᠰᠠᠷᠠᠬᠤ ᠳᠠᠭᠠᠳᠬᠠᠯ ᠰᠢᠢᠳᠪᠤᠷᠢᠯᠡᠭᠳᠡᠭᠡᠳ᠂ ᠠᠶᠢᠯ ᠲᠤᠰᠬᠤᠨ ᠤ ᠤᠷᠴᠢᠨ ᠲᠤᠭᠤᠷᠢᠨ ᠭᠤᠶᠢᠳᠠ ᠰᠠᠶᠢᠬᠠᠨ ᠪᠤᠯᠤᠭᠰᠠᠨ ᠪᠠᠶᠢᠨ᠎ᠠ  ᠃  ᠨᠢᠬᠡ ᠵᠢᠯ ᠤᠨ ᠴᠢᠷᠮᠠᠶᠢᠯᠭ᠎ᠠ ᠢᠶᠠᠷ ᠳᠠᠮᠵᠢᠨ᠂ ᠪᠢᠳᠡ ᠲᠠᠷᠢᠶᠠᠴᠢᠨ ᠮᠠᠯᠴᠢᠨ ᠤ ᠤᠯᠠᠨ ᠵᠢᠯ ᠮᠦᠷᠦᠭᠡᠳᠦᠭᠰᠡᠭᠡᠷ ᠢᠷᠡᠭᠰᠡᠨ ᠪᠦᠭᠡᠳ ᠨᠢᠭᠡᠨ ᠠᠶᠢᠯ ᠡᠷᠤᠭᠡ ᠳᠤ ᠲᠦᠰᠢᠭᠯᠡᠨ ᠰᠢᠢᠳᠪᠤᠷᠢᠯᠡᠵᠦ ᠦᠯᠦ ᠳᠡᠶᠢᠯᠬᠦ ᠵᠠᠷᠢᠮ ᠲᠤᠮᠤ ᠠᠰᠠᠭᠤᠳᠠᠯ ᠢ ᠦᠨᠡᠨᠬᠦ ᠰᠢᠢᠳᠪᠤᠷᠢᠯᠡᠬᠡᠳ᠂ ᠲᠠᠷᠢᠶᠠᠴᠢᠨ ᠮᠠᠯᠴᠢᠨ ᠲᠦᠮᠡᠨ ᠳᠤ ᠦᠨᠡᠨ ᠪᠤᠳᠠᠲᠠᠢ ᠰᠠᠶᠢᠭ ᠬᠦᠷᠳᠡᠭᠡᠵᠦ᠂ ᠺᠠᠳ᠋ᠷᠴᠤᠳ ᠲᠤ ᠳᠤᠤᠱᠲᠠᠢ ᠪᠤᠯᠪᠠᠰᠤᠷᠠᠯ ᠬᠦᠷᠳᠡᠭᠡᠵᠦ᠂ ᠠᠷᠠᠳ ᠤᠯᠠᠨ ᠳᠤ ᠵᠢᠪ ᠵᠢᠩᠬᠢᠨᠢ ᠬᠤᠪᠢᠷᠠᠯᠳᠠ ᠶᠢ ᠤᠯᠵᠦ ᠬᠠᠷᠠᠭᠤᠯᠪᠠ᠃ ᠡᠨᠡ ᠵᠢᠯ ᠤᠨ 10 ᠳ᠋ᠤᠭᠠᠷ ᠰᠠᠷ᠎ᠠ ᠶᠢᠨ ᠡᠴᠦᠰ ᠲᠤ ᠬᠤᠷᠠᠯᠳᠤᠭᠤᠯᠤᠭᠰᠠᠨ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠢᠯ ᠭᠤᠤᠯᠳᠠᠯᠭ᠎ᠠ ᠲᠠᠢ ᠢᠨᠵᠧᠨᠧᠷᠢᠩ ᠎ ᠤᠨ ᠲᠤᠬᠠᠢ ᠶᠢᠨ ᠲᠠᠯᠠᠪᠤᠷ ᠢ ᠦᠵᠡᠬᠦ ᠪᠠᠶᠢᠴᠠᠭᠠᠬᠤ ᠬᠤᠷᠠᠯ ᠳᠡᠭᠡᠷ᠎ᠡ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠵᠡᠭᠦᠨᠭᠠᠷ ᠬᠤᠰᠢᠭᠤᠨ ᠳᠤ ᠠᠷᠪᠠᠨ ᠬᠤᠶᠠᠷ ᠵᠠᠯᠭᠠᠯᠳᠤᠭᠰᠠᠨ ᠬᠤᠲᠠ ᠰᠢᠶᠠᠩ ᠤᠨ ᠰᠢᠭᠤᠶᠢᠳᠤ ᠲᠤᠰᠬᠤᠨ᠂ ᠰᠢᠩ ᠰᠸᠡᠭ ᠳ᠋ᠢᠶᠠᠨ ᠲᠤᠰᠬᠤᠨ ᠤ《 ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ ᠢ ᠪᠠᠶᠢᠴᠠᠭᠠᠨ ᠦᠵᠡᠭᠰᠡᠨ ᠤ ᠪᠠᠨ ᠳᠠᠷᠠᠭ᠎ᠠ᠂ ᠵᠢᠱᠢᠶ᠎ᠡ ᠦᠵᠡᠭᠦᠯᠬᠦ ᠴᠢᠭ᠋ ᠤᠨ ᠪᠦᠲᠦᠭᠡᠨ ᠪᠠᠶᠢᠭᠤᠯᠤᠯᠲᠠ ᠶᠢ ᠬᠦᠢᠴᠡᠳ ᠨᠤᠳᠠᠯᠠᠵᠦ᠂ ᠵᠡᠭᠦᠨᠭᠠᠷ ᠬᠤᠰᠢᠭᠤᠨ ᠤ ᠦᠯᠢᠭᠡᠷ ᠬᠡᠪ ᠢ ᠳᠠᠭᠤᠷᠢᠶᠠᠵᠦ ᠪᠤᠯᠬᠤ᠂ ᠳᠡᠯᠭᠡᠷᠡᠭᠦᠯᠵᠤ ᠪᠤᠯᠬᠤ ᠪᠦᠭᠡᠳ ᠪᠦᠬᠦ ᠤᠷᠤᠨ ᠤ ᠡᠯ᠎ᠡ ᠠᠶᠢᠮᠠᠭ ᠬᠤᠲᠠ ᠳᠤ ᠤᠷᠳᠤᠰ ᠬᠤᠳᠠ ᠶᠢᠨ  ︽ᠠᠷᠪᠠ ᠶᠢ ᠪᠦᠷᠢᠨ ᠪᠦᠷᠬᠦᠭᠦᠯᠬᠦ》ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤᠮᠳᠠᠬᠢ ᠨᠡᠶᠢᠲᠡᠯᠢᠭ ᠲᠤᠷᠰᠢᠯᠠᠭ᠎ᠠ᠂ ᠠᠷᠭ᠎ᠠ  ᠎ ᠶᠢ ᠰᠤᠷᠤᠯᠴᠠᠬᠤ ᠪᠠᠷ ᠱᠠᠭᠠᠷᠳᠠᠵᠤ ᠪᠤᠯᠤᠨ᠎ᠠ ᠬᠡᠵᠤ ᠦᠵᠡᠵᠠᠢ᠃ ᠮᠠᠨ ᠤ ᠬᠤᠲᠠ ᠶᠢᠨ《 ᠠᠷᠪᠠ  ᠎ ᠶᠢ ᠪᠦᠷᠢᠨ ᠪᠦᠷᠬᠦᠭᠦᠯᠬᠦ》 ᠢᠨᠵᠧᠨᠧᠷᠢᠩ  ᠡᠶᠢᠮᠦᠷᠭᠦᠦ ᠴᠠᠭ ᠪᠠᠴᠢᠮ᠂ ᠡᠭᠦᠷᠭᠡ ᠬᠦᠨᠳᠦ ᠪᠠᠶᠢᠳᠠᠯ ᠳᠤᠤᠷ᠎ᠠ᠂ ᠳᠡᠭᠡᠷᠡᠬᠢ ᠮᠡᠲᠦ ᠠᠮᠵᠢᠯᠳᠠ ᠪᠦᠳᠤᠭᠡᠯ ᠤᠯᠤᠭᠰᠠᠨ ᠨᠢ ᠦᠨᠡᠬᠡᠷ ᠬᠢᠯᠪᠠᠷ ᠪᠤᠰᠤ ᠶᠤᠮ᠂ ᠡᠨᠡ ᠨᠢ ᠭᠤᠤᠯᠳᠠᠭᠤ ᠳᠤᠤᠷᠠᠬᠢ ᠭᠤᠷᠪᠠᠨ ᠲᠠᠯ᠎ᠠ ᠠᠴᠠ ᠠᠰᠢᠭ ᠬᠦᠷᠲᠡᠪᠡ᠄ ᠨᠢᠭᠡ ᠳᠤ  ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠳᠡᠭᠡᠲᠦ ᠬᠡᠮᠵᠢᠶ᠎ᠡ ᠪᠠᠷ ᠬᠦᠨᠳᠤᠳᠭᠡᠨ ᠦᠵᠡᠵᠦ᠂ ᠳᠠᠶᠢᠴᠢᠯᠠᠯᠲᠠ ᠶᠢᠨ ᠬᠤᠷᠠᠯ᠂ ᠠᠬᠢᠭᠤᠯᠬᠤ ᠬᠤᠷᠠᠯ᠂ ᠲᠤᠬᠢᠷᠠᠭᠤᠯᠬᠤ ᠬᠤᠷᠠᠯ᠂  ᠠᠬᠤᠢ ᠲᠠᠯᠠᠪᠤᠷ ᠤᠨ ᠬᠤᠷᠠᠯ ᠪᠠᠷ  ᠲᠠᠮᠵᠢᠭᠤᠯᠤᠨ ᠪᠦᠬᠦ ᠬᠤᠳᠠ ᠶᠢᠨ ︽ᠠᠷᠪᠠ ᠶᠢ  ᠪᠦᠷᠢᠨ ᠪᠦᠷᠬᠦᠭᠦᠯᠬᠦ︾ ᠠᠵᠢᠯ ᠢ ᠤᠯᠠᠨ ᠤᠳᠠᠭ᠎ᠠ ᠲᠤᠰᠬᠠᠢ ᠰᠡᠳᠤᠪ ᠢᠶᠠᠷ ᠰᠤᠳᠤᠯᠤᠨ ᠲᠤᠬᠢᠷᠠᠭᠤᠯᠤᠭᠰᠠᠨ ᠤ ᠬᠠᠮᠲᠤ᠂ ᠳᠡᠭᠡᠭᠰᠢ ᠢᠳᠡᠪᠬᠢᠲᠠᠢ ᠲᠠᠢ ᠵᠤᠯᠭᠠᠭᠤᠯᠤᠨ ᠵᠤᠬᠢᠴᠠᠭᠤᠯᠵᠦ᠂ ᠳᠤᠷᠤᠭᠰᠢ ᠦᠨᠳᠦᠰᠦᠨ ᠱᠠᠲᠤᠨ ᠤ ᠨᠢᠭᠡᠳᠤᠭᠡᠷ ᠹᠠᠷᠤᠨᠲ ᠳᠤ ᠬᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠵᠦ ᠠᠵᠢᠯ ᠢ ᠨᠢ ᠵᠢᠯᠤᠭᠤᠳᠤᠨ᠂ ᠪᠦᠬᠦ ᠬᠤᠲᠠ ᠶᠢᠨ  ᠳᠡᠭᠡᠳᠤ ᠳᠤᠤᠷᠠᠳᠤ ᠶᠢ ᠳᠠᠶᠢᠴᠢᠯᠠᠭᠰᠠᠨ《 ᠠᠷᠪᠠ ᠶᠢ ᠪᠦᠷᠢᠨ ᠪᠦᠷᠬᠦᠭᠦᠯᠬᠦ︾ ᠠᠵᠢᠯ ᠤᠨ ᠪᠠᠶᠢᠳᠠᠯ ᠢ ᠪᠤᠯ ᠪᠤᠯᠭᠠᠨ᠂ ᠠᠵᠢᠯ ᠤᠨ ᠨᠠᠶᠢᠳᠠᠪᠤᠷᠢᠵᠢᠯ ᠢ ᠬᠦᠴᠤᠲᠠᠢ ᠠᠬᠢᠭᠤᠯᠵᠤ᠂ ᠦᠨᠡᠨᠬᠦ ᠠᠮᠵᠢᠯᠳᠠ ᠪᠦᠳᠤᠭᠡᠯ ᠭᠠᠷᠳᠠᠯ᠎ᠠ ᠠᠳᠬᠤᠪᠠ᠃ ᠬᠤᠶᠠᠷ ᠲᠤ 2014 ᠤᠨ ᠢ《 ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠎ ᠢ ᠡᠬᠢᠯᠡᠬᠦᠯᠬᠦ ᠵᠢᠱᠢᠶ᠎ᠡ ᠦᠵᠡᠬᠦᠯᠬᠦ ᠵᠢᠯ  ᠪᠤᠯᠭᠠᠭᠰᠠᠨ ᠤ ᠬᠤᠪᠢ ᠳᠤ᠂ ᠮᠠᠨ ᠤ ᠬᠤᠲᠠ ᠨᠡᠶᠢᠲᠡᠯᠢᠭ ᠵᠢᠱᠢᠶ᠎ᠡ ᠦᠵᠡᠬᠦᠯᠬᠦ ᠴᠢᠭ᠋ ᠪᠠ ᠤᠷᠤᠨ ᠪᠠᠶᠢᠷᠢ ᠶᠢ ᠤᠨᠤᠪᠴᠢᠲᠠᠢ ᠰᠤᠩᠭᠤᠵᠦ᠂ ᠵᠢᠱᠢᠶ᠎ᠡ ᠦᠵᠡᠬᠦᠯᠬᠦ ᠴᠢᠭ᠋ ᠢ ᠴᠤᠭᠴᠠᠯᠠᠬᠤ ᠶᠢ ᠴᠢᠩᠭ᠎ᠠ ᠯᠠᠪᠳᠠᠭᠤᠨ ᠠᠳᠬᠤᠵᠤ᠂ ᠦᠨᠡᠨᠬᠦ ᠠᠮᠵᠢᠯᠳᠠ ᠪᠦᠳᠤᠭᠡᠯ ᠭᠠᠷᠳᠠᠯ᠎ᠠ ᠠᠳᠬᠤᠵᠦ᠂ ᠭᠢᠯᠠᠰ ᠴᠢᠭ ᠪᠤᠯᠳᠠᠯ᠎ᠠ ᠠᠳᠬᠤᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠪᠠ ᠃ ᠭᠤᠷᠪᠠ ᠳᠤ ᠪᠡᠯᠡ ᠮᠦᠡᠭᠭᠦ ᠶᠢᠨ ᠬᠠᠮᠢᠶᠠᠷᠤᠷᠯᠲᠠ ᠶᠢᠨ ᠲᠠᠯ᠎ᠠ ᠪᠠᠷ᠂《 ᠠᠷᠪᠠ ᠶᠢ ᠪᠦᠷᠢᠨ ᠪᠦᠷᠬᠦᠭᠦᠯᠬᠦ》 ᠪᠡᠯᠡ ᠮᠦᠡᠭᠭᠦ ᠶᠢ ᠲᠤᠰᠬᠠᠢ ᠡᠷᠦᠬᠡ ᠎ ᠪᠠᠷ ᠬᠠᠮᠢᠶᠠᠷᠤᠨ᠂ ᠲᠤᠰᠬᠠᠢ ᠲᠦᠷᠦᠯ ᠢᠶᠠᠷ ᠬᠡᠷᠡᠭᠯᠡᠵᠦ᠂ ᠪᠡᠯᠡ ᠮᠦᠡᠭᠭᠦ ᠶᠢ ᠴᠠᠭ ᠲᠤᠬᠠᠢ ᠳᠤᠨᠢ ᠲᠤᠬᠢᠷᠠᠭᠤᠯᠤᠨ ᠦᠭᠴᠤ᠂ ᠲᠦᠷᠦᠯ ᠵᠦᠢᠯ ᠤᠨ ᠪᠡᠯᠡ ᠮᠦᠡᠭᠭᠦ ᠶᠢ ᠦᠨᠳᠦᠷ ᠦᠷ᠎ᠡ ᠪᠦᠲᠦᠮᠵᠢ ᠎ ᠲᠠᠢ᠂ ᠬᠡᠪ ᠤᠨ ᠬᠡᠷᠡᠭᠯᠡᠯᠳᠡ ᠲᠠᠢ ᠪᠠᠶᠢᠬᠤ  ᠎ ᠶᠢ ᠪᠦᠲᠦᠮᠵᠢᠲᠠᠢ ᠪᠠᠷ ᠪᠠᠳᠤᠯᠠᠵᠦ᠂ ᠦᠨᠦ ᠪᠤᠯᠳᠠᠯ᠎ᠠ᠂ ᠪᠦᠬᠦ ᠬᠤᠲᠠ ᠳᠤ ᠪᠡᠯᠡ ᠮᠦᠡᠭᠭᠦ ᠶᠢ ᠲᠤᠭᠲᠠᠭᠠᠯ ᠠᠴᠠ ᠵᠦᠷᠢᠴᠡᠨ ᠨᠡᠭᠦᠯᠭᠡᠨ ᠬᠡᠷᠡᠭᠯᠡᠭᠰᠡᠨ ᠦᠵᠡᠭᠳᠡᠯ ᠨᠢᠭᠡ ᠴᠤ ᠭᠠᠷᠤᠭᠰᠠᠨ ᠦᠭᠡᠢ᠃ ᠪᠡᠯᠡ ᠮᠦᠡᠭᠭᠦ ᠶᠢᠨ ᠲᠦᠭᠦᠷᠵᠢᠭᠦᠯᠦᠯᠲᠡ ᠶᠢᠨ ᠲᠠᠯ᠎ᠠ ᠪᠠᠷ᠂ ᠪᠤᠳᠠᠲᠠᠢ ᠪᠠᠶᠢᠳᠠᠯ ᠳᠤ ᠨᠡᠶᠢᠴᠡᠭᠰᠡᠨ ᠲᠦᠷᠦ ᠶᠢᠨ ᠪᠤᠳᠤᠯᠭ᠎ᠠ ᠲᠤᠭᠲᠠᠭᠠᠨ᠂ ᠤᠳᠤᠬᠠᠨ ᠤ ᠠᠵᠤ ᠠᠬᠤᠢ ᠶᠢᠨ ᠪᠠᠶᠢᠳᠠᠯ ᠢ ᠪᠤᠳᠤᠯᠬᠢᠯᠠᠵᠤ᠂《 ᠠᠷᠪᠠ ᠶᠢ ᠪᠦᠷᠢᠨ ᠪᠦᠷᠬᠦᠭᠦᠯᠬᠦ》ᠡᠯ᠎ᠡ ᠲᠦᠷᠦᠯ ᠤᠨ ᠢᠨᠵᠧᠨᠧᠷᠢᠩ ᠤᠨ ᠪᠡᠯᠡ ᠮᠦᠡᠭᠭᠦᠨ ᠤ ᠲᠦᠬᠦᠷᠵᠢᠭᠦᠯᠦᠯᠲᠡ ᠶᠢ ᠤᠤᠯ  ᠎ ᠳᠠᠭᠠᠨ ᠬᠤᠰᠢᠭᠤ ᠲᠤᠭᠤᠷᠢᠭ ᠢᠯᠡᠭᠦᠤ ᠡᠭᠦᠷᠭᠡᠯᠡᠵᠤ ᠪᠠᠶᠢᠭᠰᠠᠨ ᠢ ᠬᠤᠲᠠ ᠶᠢᠨ ᠱᠠᠲᠤ ᠢᠯᠡᠭᠦᠤ ᠡᠭᠦᠷᠭᠡᠯᠡᠬᠦ ᠪᠤᠯᠭᠠᠨ ᠬᠤᠪᠢᠷᠠᠭᠤᠯᠪᠠ᠃ ᠵᠢᠱᠢᠶᠡᠯᠡᠪᠡᠯ᠂ ᠨᠤᠷᠠᠬᠤ ᠠᠶᠤᠯᠲᠠᠢ ᠬᠡᠷ ᠪᠠᠶᠢᠰᠢᠩ ᠢ ᠵᠠᠰᠠᠬᠤ ᠢᠨᠵᠧᠨᠧᠷᠢᠩ ᠤᠨ ᠬᠤᠲᠠ᠂ ᠬᠤᠰᠢᠭᠤ ᠶᠢᠨ ᠪᠡᠯᠡ ᠮᠦᠡᠭᠭᠦᠨ ᠤ ᠲᠦᠬᠦᠷᠵᠢᠬᠦᠯᠦᠯᠲᠡ ᠶᠢᠨ ᠬᠠᠷᠢᠴᠠᠯ ᠢ 8 ᠄2 ᠪᠤᠯᠭᠠᠨ ᠲᠤᠬᠢᠷᠠᠭᠤᠯᠵᠦ᠂ ᠪᠤᠰᠤᠳ ᠢᠨᠵᠧᠨᠧᠷᠢᠩ ᠤᠨ ᠪᠡᠯᠡ ᠮᠦᠡᠭᠭᠦᠨ ᠤ ᠬᠤᠲᠠ᠂ ᠬᠤᠰᠢᠭᠤ ᠶᠢᠨ ᠲᠦᠬᠦᠷᠵᠢᠭᠦᠯᠦᠯᠲᠡ ᠶᠢᠨ ᠬᠠᠷᠢᠴᠠᠯ ᠢ 5᠄5 ᠪᠤᠯᠭᠠᠨ ᠲᠤᠬᠢᠷᠠᠭᠤᠯᠵᠤ᠂ ᠬᠠᠨᠭ᠍ᠬᠢᠨ ᠬᠤᠰᠢᠭᠤ ᠶᠢᠨ ᠲᠦᠬᠦᠷᠵᠢᠭᠦᠯᠦᠯᠲᠡ ᠶᠢᠨ ᠪᠡᠯᠡ ᠮᠦᠡᠭᠭᠦ ᠶᠢ ᠬᠤᠲᠠ ᠶᠢᠨ ᠱᠠᠳᠤ ᠨᠢ ᠪᠦᠬᠦᠨ ᠢ ᠨᠢ ᠡᠭᠦᠷᠭᠡᠯᠡᠵᠡᠢ᠃ ᠪᠡᠯᠡ ᠮᠦᠡᠭᠭᠦ  ᠎ ᠶᠢ ᠨᠡᠶᠢᠯᠡᠭᠦᠯᠬᠦ ᠲᠠᠯ᠎ᠠ ᠪᠠᠷ᠂ ᠲᠠᠷᠢᠶᠠᠯᠠᠩ ᠮᠠᠯ ᠠᠵᠦ ᠠᠬᠤᠢ ᠲᠠᠢ ᠬᠤᠯᠪᠤᠭᠳᠠᠭᠰᠠᠨ ᠪᠡᠯᠡ ᠮᠦᠡᠭᠭᠦ ᠶᠢ ᠠᠪᠴᠢᠯᠳᠤᠭᠤᠯᠤᠨ ᠬᠡᠷᠡᠭᠯᠡᠵᠦ᠂ ᠨᠢᠭᠡ ᠬᠡᠷᠡᠭ ᠢ ᠨᠢᠭᠡ ᠵᠦᠪᠯᠡᠵᠤ᠂ ᠨᠡᠶᠢᠭᠡᠮ ᠨᠡᠶᠢᠳᠡ ᠮᠦᠩᠬᠦ ᠬᠠᠨᠳᠢᠪᠯᠠᠵᠦ᠂ ᠮᠦᠡᠭᠭᠦᠨ ᠬᠦᠢᠯᠭᠡᠭᠡᠨ ᠵᠢᠭᠡᠯᠡᠯᠭᠡ ᠦᠭᠴᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠡᠷᠭᠡ ᠬᠡᠯᠪᠡᠷᠢ ᠪᠠᠷ ᠪᠡᠯᠡ ᠮᠦᠡᠭᠭᠦ ᠬᠤᠷᠠᠮᠳᠤᠭᠤᠯᠵᠤ᠂《 ᠵᠠᠰᠠᠭ ᠤᠨ ᠤᠷᠳᠤᠨ ᠠᠴᠠ ᠨᠢᠭᠡ ᠬᠡᠰᠡᠭ ᠢ ᠭᠠᠷᠭᠠᠵᠤ᠂ ᠪᠠᠩᠬᠢ ᠠᠴᠠ ᠨᠢᠭᠡ ᠬᠡᠰᠡᠭ ᠎ ᠢ ᠵᠢᠭᠡᠯᠡᠨ ᠦᠭᠴᠤ᠂ ᠠᠵᠤ ᠠᠬᠤᠶᠢᠯᠠᠯ ᠨᠢᠭᠡ ᠬᠡᠰᠡᠭ ᠢ ᠭᠠᠷᠭᠠᠵᠤ᠂ ᠠᠷᠠᠳ ᠲᠦᠮᠡᠨ ᠨᠢᠭᠡ ᠬᠡᠰᠡᠭ ᠢ ᠭᠠᠷᠭᠠᠬᠤ》 ᠪᠡᠯᠡ ᠮᠦᠡᠭᠭᠦᠨ ᠤ ᠬᠠᠮᠲᠤᠷᠠᠭᠰᠠᠨ ᠬᠦᠴᠦᠨ ᠢ ᠪᠦᠷᠢᠯᠳᠦᠬᠦᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠡᠭᠭᠦᠨ ᠤ ᠱᠠᠭᠠᠷᠳᠠᠯᠭ᠎ᠠ ᠶᠢ ᠦᠨᠡᠨᠬᠦ ᠪᠠᠲᠤᠯᠠᠪᠠ᠃ ᠲᠦᠷᠦᠯ ᠵᠦᠢᠯ ᠤᠨ ᠪᠡᠯᠡ ᠮᠦᠡᠭᠭᠦᠨ ᠤ ᠬᠠᠮᠢᠶᠠᠷᠤᠯᠲᠠ᠂ ᠲᠦᠭᠦᠷᠵᠢᠭᠦᠯᠦᠯᠲᠡ ᠶᠢᠨ ᠠᠷᠭ᠎ᠠ ᠶᠢ ᠴᠠᠭ ᠲᠤᠬᠠᠢ ᠳᠤᠨᠢ ᠲᠤᠬᠢᠷᠠᠭᠤᠯᠤᠭᠰᠠᠨ ᠎ ᠢᠶᠠᠷ《 ᠠᠷᠪᠠ ᠶᠢ  ᠪᠦᠷᠢᠨ ᠪᠦᠷᠬᠦᠭᠦᠯᠬᠦ》ᠢᠨᠵᠧᠨᠧᠷᠢᠩ ᠢ ᠤᠷᠤᠭᠰᠢᠲᠠᠢ  ᠬᠡᠷᠡᠭᠵᠢᠬᠦᠯᠬᠦ ᠳᠤ ᠰᠠᠶᠢᠨ ᠰᠠᠶᠢᠬᠠᠨ ᠰᠠᠭᠤᠷᠢ ᠳᠠᠯᠪᠢᠨ ᠦᠭᠴᠠᠢ᠃     〔 ᠬᠦᠲᠦᠯᠦᠭᠴᠢ〕 ᠵᠠ᠂ ᠭᠤᠤ ᠨᠠᠷᠢᠨ ᠤᠨ ᠪᠢᠴᠢᠭ ᠤᠨ ᠳᠠᠷᠤᠭ᠎ᠠ ᠶᠢᠨ ᠲᠠᠶᠢᠯᠪᠤᠷᠢᠯᠠᠯᠲᠠ ᠬᠢᠭᠰᠡᠨ ᠳᠤ ᠪᠠᠶᠠᠷᠯᠠᠯ᠎ᠠ᠂ ᠡᠷᠬᠢᠮ ᠰᠦᠯᠵᠢᠶᠡᠨ ᠤ ᠠᠨᠳᠠ ᠨᠠᠷ ᠤᠨ ᠬᠦᠯᠢᠶᠡᠨ ᠦᠵᠡᠭᠰᠡᠨ ᠳᠤ ᠪᠠᠶᠠᠷᠯᠠᠯ᠎ᠠ᠃ ᠲᠤᠰ ᠤᠳᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠦᠨᠳᠤᠷᠯᠠᠯ᠎ᠠ᠂ ᠳᠠᠷᠠᠭᠠᠴᠢ ᠶᠢᠨ ᠫᠷᠦᠭᠷᠡᠮ ᠢᠶᠠᠷ ᠳᠠᠬᠢᠨ ᠵᠤᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map