ᠮᠠᠨ ᠎ ᠤ ᠣᠷᠣᠨ ᠤ ᠡᠯ᠎ᠡ ᠱᠠᠳᠤᠨ ᠤ ᠵᠠᠰᠠᠭ ᠤᠨ ᠣᠷᠳᠣᠨ  ᠤ  ᠡᠷᠬᠡ  ᠎ ᠶᠢᠨ  ᠨᠠᠷᠢᠨ ᠳᠠᠩᠰᠠ ᠶᠢᠨ ᠳᠦᠷᠢᠮ ᠤᠨ ᠪᠠᠶᠢᠭᠤᠯᠣᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠤᠶ᠎ᠠ
ᠨᠡᠶᠢᠲᠡᠯᠡᠭᠰᠡᠨ ᠴᠠᠭ᠄
2015/3/17
ᠰᠤᠷᠪᠤᠯᠵᠢᠯᠠᠭ᠎ᠠ ᠶᠢᠨ ᠭᠤᠣᠯ ᠰᠡᠳᠦᠪ᠄         ᠮᠠᠨ ᠎ ᠤ ᠣᠷᠣᠨ ᠤ ᠡᠯ᠎ᠡ ᠱᠠᠳᠤᠨ ᠤ ᠵᠠᠰᠠᠭ ᠤᠨ ᠣᠷᠳᠣᠨ  ᠤ  ᠡᠷᠬᠡ  ᠎ ᠶᠢᠨ  ᠨᠠᠷᠢᠨ         ᠳᠠᠩᠰᠠ ᠶᠢᠨ ᠳᠦᠷᠢᠮ ᠤᠨ ᠪᠠᠶᠢᠭᠤᠯᠣᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠤᠶ᠎ᠠᠰᠣᠷᠪᠣᠯᠵᠢᠯᠠᠭᠰᠠᠨ ᠴᠠᠭ :      2015 ᠣᠨ ᠤ 2 ᠳ᠋ᠤᠭᠠᠷ ᠰᠠᠷ᠎ᠠ ᠶᠢᠨ 27᠎ ᠤ ᠡᠳᠦᠷ ᠤᠨ ᠦᠳᠡ ᠶᠢᠨ ᠡᠮᠦᠨᠡᠬᠢ 10᠄ 30ᠰᠣᠷᠪᠣᠯᠵᠢᠯᠠᠭ᠎ᠠ ᠬᠦᠯᠢᠶᠡᠭᠰᠡᠨ ᠵᠣᠴᠢᠨ :      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠯᠪᠠᠨ ᠭᠡᠷ ᠤᠨ ᠡᠷᠬᠢᠯᠡᠭᠴᠢ  ᠰᠦᠨ ᠡᠾᠦ᠋ᠢ ᠮᠢᠨᠰᠣᠷᠪᠣᠯᠵᠢᠯᠠᠭ᠎ᠠ ᠶᠢᠨ ᠳᠣᠪᠴᠢ ᠳᠠᠨᠢᠯᠴᠠᠭᠤᠯᠭ᠎ᠠ :      ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠣᠯ ᠮᠠᠨ ᠤ ᠣᠷᠣᠨ ᠴᠢᠨᠠᠭᠰᠢᠯᠠᠪᠠᠯ ᠪᠦᠬᠦ ᠤᠯᠤᠰ ᠤᠨ ᠵᠠᠰᠠᠭ ᠤᠨ ᠣᠷᠳᠣᠨ ᠤ ᠠᠵᠢᠯ ᠤᠨ ᠴᠢᠬᠤᠯᠠ ᠠᠴᠠ ᠴᠢᠬᠤᠯᠠ ᠬᠡᠰᠡᠭ ᠪᠣᠯᠣᠨ᠎ᠠ᠂ ᠨᠢᠳᠤᠨᠤᠨ ᠠᠴᠠ ᠡᠬᠢᠯᠡᠵᠦ᠂ ᠲᠤᠰ ᠠᠵᠢᠯ ᠤᠨ ᠭᠤᠣᠯᠳᠠᠯᠭ᠎ᠠ ᠶᠢ ᠪᠠᠰᠠ ᠵᠠᠰᠠᠭ ᠤᠨ ᠣᠷᠳᠣᠨ ᠤ ᠡᠷᠬᠡ ᠶᠢᠨ ᠨᠠᠷᠢᠨ ᠳᠠᠩᠰᠠ ᠶᠢᠨ ᠳᠦᠷᠢᠮ ᠤᠨ ᠪᠠᠶᠢᠭᠤᠯᠤᠯᠲᠠ ᠳᠡᠭᠡᠷ᠎ᠡ ᠰᠢᠯᠵᠢᠭᠦᠯᠪᠠ᠃ ᠣᠳᠣᠬᠠᠨ ᠳᠤ᠂ ᠪᠦᠬᠦ ᠣᠷᠣᠨ ᠤ ᠡᠯ᠎ᠡ ᠱᠠᠳᠤᠨ ᠤ ᠵᠠᠰᠠᠭ ᠤᠨ ᠣᠷᠳᠣᠨ ᠤ ᠡᠷᠬᠡ ᠶᠢᠨ ᠨᠠᠷᠢᠨ ᠳᠠᠩᠰᠠ ᠶᠢᠨ ᠪᠠᠶᠢᠭᠤᠯᠤᠯᠲᠠ ᠶᠢᠨ ᠠᠵᠢᠯ ᠨᠢᠭᠡᠨᠲᠠ ᠪᠦᠬᠦ ᠲᠠᠯ᠎ᠠ ᠪᠠᠷ ᠦᠷᠨᠢᠪᠡ᠃     ﹇ᠬᠦᠲᠦᠯᠦᠭᠴᠢ﹈ ᠰᠦᠯᠵᠢᠶᠡᠨ ᠠᠨᠳᠠ ᠨᠠᠷ ᠡ᠂ ᠰᠠᠶᠢᠨ ᠪᠠᠶᠢᠵᠠᠭᠠᠨ᠎ᠠ ᠤᠤ  ᠂  ᠲᠠ ᠪᠦᠭᠦᠨ ᠳᠣᠰ  ᠬᠤᠭᠤᠴᠠᠭᠠᠨ ᠤ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠶᠡᠷᠦᠩᠭᠡᠶᠢᠯᠡᠭᠰᠡᠨ ᠫᠣᠷᠲ᠋ᠧᠯ ᠰᠠᠶᠢᠲ ᠰᠦᠯᠵᠢᠶᠡᠨ ᠤ ︽ᠰᠥᠯᠵᠢᠶᠡᠨ ᠰᠣᠷᠪᠣᠯᠵᠢᠯᠠᠭ᠎ᠠ︾ ᠪᠤᠯᠤᠩ ᠢ ᠬᠦᠯᠢᠶᠡᠨ ᠠᠪᠴᠥ ᠥᠵᠡᠭᠦ ᠶᠢ ᠪᠠᠶᠠᠷᠯᠠᠨ ᠣᠭᠳᠣᠵᠣ ᠪᠠᠶᠢᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠠ ᠪᠣᠯ ᠶᠡᠷᠦ ᠠᠴᠠ ᠪᠠᠨ ᠮᠠᠨ ᠤ ᠣᠷᠣᠨ ᠴᠢᠨᠠᠭᠰᠢᠯᠠᠪᠠᠯ ᠪᠦᠬᠦ ᠤᠯᠤᠰ ᠤᠨ ᠵᠠᠰᠠᠭ ᠤᠨ ᠣᠷᠳᠣᠨ ᠤ ᠠᠵᠢᠯ ᠤᠨ ᠴᠢᠬᠤᠯᠠ ᠠᠴᠠ ᠴᠢᠬᠤᠯᠠ ᠬᠡᠰᠡᠭ ᠪᠠᠶᠢᠵᠤ᠂ ᠨᠢᠳᠤᠨᠤᠨ ᠠᠴᠠ ᠡᠬᠢᠯᠡᠨ᠂ ᠲᠤᠰ ᠲᠦᠷᠦᠯ ᠤᠨ ᠠᠵᠢᠯ ᠤᠨ ᠭᠤᠣᠯᠳᠠᠯᠭ᠎ᠠ ᠶᠢ ᠪᠠᠰᠠ ᠵᠠᠰᠠᠭ ᠤᠨ ᠣᠷᠳᠣᠨ ᠤ ᠡᠷᠬᠡ ᠶᠢᠨ ᠨᠠᠷᠢᠨ ᠳᠠᠩᠰᠠ ᠶᠢᠨ ᠳᠦᠷᠢᠮ ᠤᠨ  ᠪᠠᠶᠢᠭᠤᠯᠤᠯᠲᠠ ᠳᠡᠭᠡᠷ᠎ᠡ ᠰᠢᠯᠵᠢᠭᠦᠯᠪᠡ᠃ ᠣᠳᠣᠬᠠᠨ ᠳᠤ᠂ ᠪᠦᠬᠦ ᠣᠷᠣᠨ ᠤ ᠡᠯ᠎ᠡ ᠱᠠᠳᠤᠨ ᠤ ᠵᠠᠰᠠᠭ ᠤᠨ ᠣᠷᠳᠣᠨ ᠤ ᠡᠷᠬᠡ ᠶᠢᠨ ᠨᠠᠷᠢᠨ ᠳᠠᠩᠰᠠ ᠶᠢᠨ ᠪᠠᠶᠢᠭᠤᠯᠤᠯᠲᠠ ᠶᠢᠨ ᠠᠵᠢᠯ ᠨᠢᠭᠡᠨᠲᠠ ᠪᠦᠬᠦ   ᠲᠠᠯ᠎ᠠ ᠪᠠᠷ ᠦᠷᠨᠢᠪᠡ᠃      ᠥᠨᠥᠳᠦᠷ ᠪᠢᠳᠡ ᠠᠵᠠ ᠵᠠᠪᠰᠢᠶᠠᠨ ᠲᠠᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠤᠨ ᠡᠷᠬᠢᠯᠡᠭᠴᠢ ᠰᠦᠨ ᠡᠾᠦ᠋ᠢ ᠮᠢᠨ ᠢ ᠠᠳᠡ ᠣᠷᠢᠨ ᠢᠷᠡᠵᠤ  ᠲᠠᠨᠠᠷ ᠲᠠᠢ ᠵᠤᠭᠤᠭᠳᠠᠭᠤᠯᠬᠤ ᠶᠢᠨ ᠬᠠᠮᠲᠤ ᠰᠦᠯᠵᠢᠶᠡᠨ ᠠᠨᠳᠠ ᠨᠠᠷ ᠤᠨ ᠠᠰᠠᠭᠤᠯᠲᠠ ᠶᠢ ᠬᠠᠷᠢᠭᠤᠯᠬᠤ ᠪᠠᠷ ᠪᠤᠯᠤᠯ᠎ᠠ᠃ ᠰᠦᠨ ᠡᠷᠬᠢᠯᠡᠭᠴᠢ ᠡ᠂ ᠲᠠᠨ ᠤ ︽ᠳᠤᠮᠳᠠᠳᠤ ᠤᠯᠤᠰ᠂ ᠥᠪᠥᠷ  ᠮᠣᠩᠭᠤᠯ ᠰᠦᠯᠵᠢᠶᠡᠨ︾᠎ ᠳᠤ  ᠮᠤᠷᠢᠯᠠᠨ ᠢᠷᠡᠭᠰᠡᠨ ᠢ  ᠪᠠᠶᠠᠷᠯᠠᠨ ᠤᠭᠳᠤᠵᠦ ᠪᠠᠶᠢᠨ᠎ᠠ︕     ﹇ᠰᠦᠨ ᠡᠾᠦ᠋ᠢ ᠮᠢᠨ﹈ ᠬᠦᠳᠥᠯᠥᠭᠴᠢ ᠲᠠ ᠰᠠᠶᠢᠨ ᠪᠠᠶᠢᠨ᠎ᠠ ᠤᠤ᠂ ᠥᠷᠬᠡᠨ ᠣᠯᠠᠨ ᠰᠥᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ  ᠃ ᠠᠳᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠠ ᠡᠷᠬᠡ ᠶᠢᠨ ᠨᠠᠷᠢᠨ ᠳᠠᠩᠰᠠ ᠶᠢᠨ ᠳᠦᠷᠢᠮ ᠤᠨ ᠪᠠᠶᠢᠭᠤᠯᠤᠯᠲᠠ ᠭᠡᠰᠡᠨ ᠰᠡᠳᠦᠪ ᠢᠶᠠᠷ ᠲᠠ ᠪᠦᠬᠦᠨ ᠲᠠᠢ ᠶᠠᠷᠢᠯᠴᠠᠬᠤ  ᠪᠤᠯᠤᠭᠰᠠᠨ ᠳᠠᠭᠠᠨ ᠲᠤᠩ ᠪᠠᠶᠠᠷᠲᠠᠢ ᠪᠠᠶᠢᠨ᠎ᠠ᠃ ᠮᠦᠨ ᠴᠦ ᠥᠷᠭᠡᠨ ᠣᠯᠠᠨ ᠰᠦᠯᠵᠢᠶᠡᠨ ᠠᠨᠳᠠ ᠨᠠᠷ ᠤᠨ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠭ ᠪᠠᠷᠢᠬᠤ ᠠᠵᠢᠯ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠠᠯᠠᠮᠵᠢᠯᠠᠨ  ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ᠃     ﹇ᠬᠦᠲᠦᠯᠦᠭᠴᠢ﹈ ᠰᠦᠨ ᠡᠷᠬᠢᠯᠡᠭᠴᠢ ᠡ᠂  ᠡᠨᠡ ᠬᠡᠳᠤᠨ ᠵᠢᠯ ᠂ ᠮᠠᠨ ᠤ ᠣᠷᠣᠨ ᠪᠠ ᠪᠦᠬᠦ ᠣᠯᠣᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠶᠡᠭᠡ ᠲᠥᠯᠥᠪ ᠶᠠᠮᠠᠷ ᠪᠠᠶᠢᠳᠠᠯ ᠲᠠᠢ  ᠪᠠᠶᠢᠬᠤ ᠶᠢ ᠲᠠᠨᠢᠯᠴᠠᠭᠤᠯᠤᠭᠠᠳ ᠦᠭᠬᠦᠨ᠎ᠡ ᠤᠤ︖     ﹇ᠰᠦᠨ ᠡᠾᠦ᠋ᠢ ᠮᠢᠨ﹈ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠨᠢ 2001 ᠣᠨ ᠠᠴᠠ ᠡᠬᠢᠯᠡᠵᠦ᠂ ᠤᠯᠤᠰ ᠤᠨ ᠬᠢᠨᠠᠨ ᠪᠠᠶᠢᠴᠠᠭᠠᠬᠠᠤ ᠶᠠᠮᠤᠨ ᠲᠦᠷᠦᠭᠦᠯᠦᠨ ᠬᠠᠷᠢᠭᠤᠴᠠᠵᠤ᠂ ᠤᠯᠤᠰ ᠤᠨ ᠳᠡᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠴᠤᠨ ᠦᠬᠡᠢ ᠪᠤᠯᠭᠠᠬᠤ᠂ ᠲᠣᠬᠢᠷᠠᠭᠤᠯᠬᠤ  ᠪᠠ ᠳᠣᠷᠣᠭᠰᠢ ᠪᠠᠭᠤᠯᠭᠠᠬᠤ ᠶᠠᠪᠤᠳᠠᠯ ᠎ ᠢᠶᠠᠷ ᠭᠤᠤᠯ ᠡᠭᠦᠷᠬᠡ ᠪᠠᠨ ᠪᠤᠯᠭᠠᠪᠠ  ᠃ 2013 ᠣᠨ ᠠᠴᠠ ᠡᠬᠢᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢᠨ ᠠᠵᠢᠯ ᠢ ᠲᠥᠪ ᠤᠨ ᠣᠷᠣᠨ ᠲᠣᠭᠠᠨ ᠤ ᠠᠯᠪᠠᠨ ᠭᠡᠷ ᠲᠦᠷᠦᠬᠦᠯᠦᠨ ᠬᠠᠷᠢᠭᠤᠴᠠᠬᠤ ᠪᠠᠷ ᠦᠭᠡᠷᠡᠴᠢᠯᠡᠪᠡ᠃      ᠮᠠᠨ ᠤ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠨᠢ 2004 ᠣᠨ ᠠᠴᠠ ᠡᠬᠢᠯᠡᠵᠦ᠂ ᠥᠪᠡᠷᠲᠡᠭᠡᠨ ᠵᠠᠰᠠᠬᠤ ᠣᠷᠣᠨ ᠤ ᠬᠠᠤᠯᠢ ᠲᠦᠷᠢᠮ ᠤᠨ ᠠᠯᠪᠠᠨ ᠭᠡᠷ ᠲᠦᠷᠦᠭᠦᠯᠦᠨ ᠬᠠᠷᠢᠭᠤᠴᠠᠭᠰᠠᠭᠠᠷ ᠢᠷᠡᠪᠡ  ᠃ ᠮᠠᠨ ᠤ ᠣᠷᠣᠨ 2004 ᠣᠨ᠂ 2011 ᠣᠨ ᠪᠠ 2013 ᠣᠨ ᠳᠤ ᠲᠤᠰᠪᠤᠷᠢ᠂ ᠳᠦᠷᠪᠡᠨ ᠪᠦᠯᠦᠭ ᠬᠤᠪᠢᠶᠠᠵᠤ ᠤᠷᠢᠳ ᠬᠤᠵᠢᠳ 405 ᠵᠦᠢᠯ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠬᠦᠴᠦᠨ ᠦᠭᠡᠢ ᠪᠣᠯᠭᠠᠬᠤ᠂ ᠳᠣᠷᠣᠭᠰᠢ ᠪᠠᠭᠤᠯᠭᠠᠬᠤ ᠪᠠ ᠳᠣᠬᠢᠷᠠᠭᠤᠯᠵᠠᠢ᠃ ᠣᠨᠴᠤᠭᠤᠶᠢᠯᠠᠨ 2014 ᠣᠨ ᠤ ᠵᠢᠯ ᠤᠨ ᠡᠬᠢᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠬᠠᠤᠯᠢ ᠲᠦᠷᠢᠮ ᠤᠨ ᠠᠯᠪᠠᠨ ᠭᠡᠷ  ᠪᠠᠰᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠣᠳᠣ ᠶᠢᠨ ᠬᠡᠷᠡᠭᠵᠢᠭᠦᠯᠵᠦ ᠪᠠᠶᠢᠭ᠎ᠠ ᠪᠦᠳᠤᠮᠵᠢᠲᠠᠢ ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠦᠯ ᠵᠦᠢᠯ ᠳᠤ ᠪᠦᠬᠦ ᠲᠠᠯ᠎ᠠ ᠪᠠᠷ᠂ ︽ ᠲᠤᠤᠷᠴᠢᠯᠠᠬᠤ ᠮᠠᠶ᠋ᠢᠭ︾᠂ ︽ᠢᠯᠡᠴᠢᠯᠡᠬᠦ ᠮᠠᠶ᠋ᠢᠭ︾᠎ ᠤᠨ ᠪᠦᠬᠦ ᠲᠠᠯ᠎ᠠ ᠶᠢᠨ ᠴᠡᠪᠡᠷᠯᠡᠭᠡ ᠬᠢᠪᠡ᠃ ᠬᠠᠭᠠᠰ ᠵᠢᠯ ᠣᠷᠴᠢᠮ ᠤᠨ ᠬᠠᠲᠠᠭᠤᠵᠢᠯᠲᠠᠢ ᠠᠵᠢᠯᠯᠠᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠰ ᠱᠠᠲᠤᠨ ᠤ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠦᠯ ᠵᠦᠢᠯ ᠤᠨ ᠲᠤᠭ᠎ᠠ ᠬᠡᠮᠵᠢᠶ᠎ᠡ ᠶᠢ ᠠᠩᠬ᠎ᠠ‌ᠤᠳᠠᠭ᠎ᠠ ᠲᠣᠲᠤᠷᠬᠠᠢ ᠮᠡᠳᠡᠪᠠ᠃ 2014 ᠣᠨ ᠤ 5 ᠳ᠋ᠤᠭᠠᠷ ᠰᠠᠷ᠎ᠠ ᠪᠠ 7 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠦᠯ ᠵᠦᠢᠯ ᠤᠨ ᠦᠯᠡᠳᠡᠭᠡᠬᠦ ᠭᠠᠷᠴᠠᠭ ︵247 ᠵᠦᠢᠯ︶᠂ ᠱᠠᠲᠤ  ᠬᠤᠪᠢᠶᠠᠨ ᠵᠦᠪᠰᠢᠶᠠᠷᠡᠬᠦ ᠭᠠᠷᠴᠠᠭ ︵52 ᠵᠦᠢᠯ︶᠂ ᠳᠣᠷᠣᠭᠰᠢ ᠪᠠᠭᠤᠯᠭᠠᠬᠤ ᠭᠠᠷᠴᠠᠭ ︵52 ᠵᠦᠢᠯ︶᠂ ᠬᠦᠴᠦᠨ ᠦᠭᠡᠢ ᠪᠤᠯᠭᠠᠬᠤ ᠭᠠᠷᠴᠠᠭ  ︵10 ᠵᠦᠢᠯ︶᠎ ᠢ 2 ᠬᠤᠪᠢᠶᠠᠨ ᠪᠦᠬᠦ ᠨᠡᠶᠢᠭᠡᠮ ᠳᠤ ᠨᠡᠶᠢᠳᠡᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠦᠯ ᠵᠦᠢᠯ ᠤᠨ ᠪᠦᠷᠢᠨ ᠲᠦᠬᠦᠷ ᠨᠠᠷᠢᠨ ᠳᠠᠩᠰᠠ ᠶᠢ ᠪᠦᠷᠢᠯᠳᠦᠬᠦᠯᠦᠭᠰᠡᠨ ᠪᠠᠶᠢᠨ᠎ᠠ᠃ ᠶᠡᠷᠦᠩᠭᠡᠢ ᠰᠠᠶᠢᠳ ᠯᠢ ᠺᠧ ᠴᠢᠶᠠᠩ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠣᠩᠨᠢᠭᠤᠳ ᠬᠤᠰᠢᠭᠤᠨ ᠤ ᠨᠠᠮ ᠤᠨ ᠬᠤᠷᠢᠶ᠎ᠠ ᠶᠢᠨ ᠬᠥᠮᠥᠵᠢᠯ ᠦᠢᠯᠡᠳᠦᠯᠭᠡ ᠶᠢᠨ ᠠᠵᠢᠯᠯᠠᠭᠠᠨ ᠤ ᠪᠠᠶᠢᠳᠠᠯ ᠤᠨ ᠮᠡᠳᠡᠭᠦᠯᠦᠯᠲᠡ ᠶᠢ ᠰᠣᠨᠣᠰᠬᠤ ᠳᠠᠭᠠᠨ᠂ ᠮᠠᠨ ᠤ ᠣᠷᠣᠨ ᠤ  ᠡᠨᠡᠬᠦ ᠠᠵᠢᠯ ᠢ ᠦᠨᠳᠦᠷ ᠦᠨᠡᠯᠡᠭᠰᠡᠨ ᠪᠠᠶᠢᠨ᠎ᠠ᠃     ﹇ᠬᠦᠲᠦᠯᠦᠭᠴᠢ﹈ ᠨᠢᠳᠤᠨᠤᠨ ᠠᠴᠠ ᠡᠬᠢᠯᠡᠭᠡᠳ ᠪᠦᠬᠦ ᠤᠯᠤᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢᠨ ᠭᠤᠣᠯᠳᠠᠯᠭ᠎ᠠ ᠶᠢ ᠡᠷᠬᠡ ᠶᠢᠨ ᠨᠠᠷᠢᠨ ᠳᠠᠩᠰᠠ ᠶᠢᠨ ᠳᠦᠷᠢᠮ ᠤᠨ ᠪᠠᠶᠢᠭᠤᠯᠤᠯᠲᠠ ᠶᠢᠨ ᠠᠵᠢᠯ ᠳᠡᠭᠡᠷ᠎ᠡ ᠢᠳᠡᠭ ᠢᠳᠡᠭ ᠢᠶᠠᠷ ᠰᠢᠯᠵᠢᠭᠦᠯᠪᠠ᠂ ᠡᠨᠡ ᠨᠢ  ᠶᠠᠭᠠᠬᠢᠭᠠᠳ ᠪᠣᠢ︖     ﹇ᠰᠦᠨ ᠡᠾᠦ᠋ᠢ ᠮᠢᠨ﹈  2014 ᠣᠨ ᠠᠴᠠ ᠡᠬᠢᠯᠡᠭᠡᠳ᠂ ᠪᠦᠬᠦ ᠤᠯᠤᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠪᠠᠶᠢᠳᠠᠯ ᠪᠠ ᠡᠭᠦᠷᠭᠡ ᠳᠤ ᠴᠦᠮ ᠯᠤᠳᠤ ᠶᠡᠭᠡ ᠬᠤᠪᠢᠷᠠᠯᠲᠠ ᠭᠠᠷᠴᠠᠢ᠃  ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠦᠷᠪᠡᠳᠦᠭᠡᠷ  ᠬᠤᠶᠠᠷ  ᠪᠥᠭᠦᠳᠡ ᠬᠤᠷᠠᠯ ᠠᠴᠠ ᠲᠤᠰ ᠥᠭᠡᠷᠡᠴᠢᠯᠡᠯᠲᠡ ᠶᠢᠨ ᠡᠭᠦᠷᠭᠡ ᠳᠤ ᠲᠣᠳᠤᠷᠬᠠᠢ ᠪᠠᠶᠢᠷᠢᠯᠠᠭᠤᠯᠤᠯᠲᠠ ᠬᠢᠭᠰᠡᠨ ᠤ ᠬᠠᠮᠲᠤ᠂ ᠪᠦᠬᠦ ᠵᠠᠰᠠᠭ ᠵᠠᠬᠢᠷᠭᠠᠨ ᠡᠷᠬᠡ ᠶᠢ ᠵᠢᠷᠤᠮᠵᠢᠭᠤᠯᠬᠤ ᠪᠠᠷ ᠵᠤᠭᠰᠤᠴᠠ ᠪᠠᠨ ᠪᠤᠯᠭᠠᠵᠦ᠂ ᠲᠤᠬᠠᠶᠢᠯᠠᠪᠠᠯ ᠵᠠᠰᠠᠭ ᠤᠨ ᠣᠷᠳᠣᠨ ᠤ ᠡᠷᠬᠡ ᠶᠢᠨ ᠨᠠᠷᠢᠨ ᠳᠠᠩᠰᠠ ᠶᠢᠨ ᠳᠦᠷᠢᠮ ᠢ ᠬᠡᠷᠡᠭᠵᠢᠭᠦᠯᠪᠡ᠃ ᠢᠩᠬᠢᠵᠦ ᠬᠤᠪᠢᠷᠠᠭᠤᠯᠤᠭᠰᠠᠨ ᠤ ᠰᠢᠯᠲᠠᠭᠠᠨ ᠨᠢ ᠭᠡᠪᠡᠯ ᠳᠠᠷᠤᠢ᠂ ᠵᠠᠰᠠᠭ ᠵᠠᠬᠢᠷᠭᠠᠨ ᠤ ᠬᠢᠨᠡᠨ ᠵᠥᠪᠰᠢᠶᠡᠷᠡᠬᠦ ᠵᠦᠢᠯᠡᠰ ᠢ  ᠵᠦᠪᠭᠡᠨ ᠬᠦᠴᠦᠨ ᠦᠭᠡᠢ ᠪᠣᠯᠭᠠᠬᠤ᠂ ᠳᠣᠷᠣᠭᠰᠢ ᠪᠠᠭᠤᠯᠭᠠᠬᠤ ᠣᠣᠯ ᠤᠨ ᠲᠡᠷᠡᠬᠦ  ᠠᠷᠭ᠎ᠠ ᠨᠢ ᠨᠢᠭᠡᠨᠲᠡ ᠪᠠᠶᠢᠳᠠᠯ ᠤᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠪᠠᠨ ᠪᠤᠯᠢᠭᠠᠳ᠂ ᠵᠠᠰᠠᠭ ᠤᠨ ᠣᠷᠳᠣᠨ ᠤ ᠡᠷᠬᠡ ᠶᠢᠨ ᠰᠠᠭᠤᠷᠢ ᠲᠤᠭ᠎ᠠ ᠨᠢ ᠲᠣᠳᠣ ᠪᠣᠰᠤ ᠡᠭᠦᠷᠭᠡ ᠬᠠᠷᠢᠭᠤᠴᠠᠯᠭ᠎ᠠ ᠨᠢ ᠲᠣᠳᠣᠷᠬᠠᠢ ᠪᠣᠰᠤ ᠠᠰᠠᠭᠤᠳᠠᠯ ᠨᠢ ᠨᠢᠭᠡᠨᠲᠡ ᠦᠭᠡᠷᠡᠴᠢᠯᠡᠯᠲᠡ ᠬᠥᠭᠵᠢᠯᠲᠡ ᠶᠢ ᠬᠠᠷᠰᠢᠯᠠᠬᠤ ᠬᠠᠮᠤᠭ ᠤᠨ ᠲᠤᠮᠤ ᠪᠤᠭᠤᠮᠢ ᠪᠤᠯᠤᠭᠰᠠᠨ ᠎ ᠳᠤ ᠪᠠᠶᠢᠨ᠎ᠠ᠃  ᠡᠯ᠎ᠡ ᠱᠠᠲᠤᠨ ᠤ ᠵᠠᠰᠠᠭ ᠤᠨ ᠣᠷᠳᠣᠨ ᠤ ᠡᠷᠬᠡ ᠶᠢᠨ ᠨᠠᠷᠢᠨ ᠳᠠᠩᠰᠠ ᠶᠢ ᠰᠢᠯᠤᠭᠤᠳᠬᠠᠬᠤ᠂ ᠦᠢᠯᠡᠳᠬᠦ᠂ ᠨᠡᠶᠢᠲᠡᠯᠡᠬᠦ ᠨᠢ ᠡᠨᠡ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠪᠠᠴᠢᠮ ᠡᠭᠦᠷᠭᠡ ᠪᠣᠯᠪᠠ᠃  ᠡᠨᠡᠬᠦ ᠤᠳᠬ᠎ᠠ ᠠᠭᠤᠯᠭ᠎ᠠ ᠠᠴᠠ ᠠᠪᠴᠤ ᠬᠡᠯᠡᠪᠡᠯ᠂ ᠡᠷᠬᠡ ᠶᠢᠨ ᠨᠠᠷᠢᠨ ᠳᠠᠩᠰᠠ ᠶᠢᠨ ᠳᠦᠷᠢᠮ ᠤᠨ ᠠᠵᠢᠯ ᠨᠢ ᠦᠨᠡᠨᠳᠡᠭᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠭᠦᠨᠵᠡᠭᠡᠶᠢᠷᠡᠯ᠂ ᠤᠷᠲᠤᠳᠬᠠᠯ ᠪᠠ ᠬᠥᠭᠵᠢᠯᠲᠡ ᠪᠣᠯᠣᠨ᠎ᠠ᠃      ﹇ᠬᠦᠲᠦᠯᠦᠭᠴᠢ﹈ ᠣᠳᠣᠬᠠᠨ ᠳᠤ ᠮᠠᠨ ᠤ ᠣᠷᠣᠨ ᠤ ᠡᠷᠬᠡ ᠶᠢᠨ ᠨᠠᠷᠢᠨ ᠳᠠᠩᠰᠠ ᠶᠢᠨ ᠳᠦᠷᠢᠮ ᠤᠨ  ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠶᠠᠮᠠᠷ ᠪᠠᠶᠢᠨ᠎ᠠ ᠪᠤᠢ︖ ᠪᠦᠬᠦ ᠤᠯᠤᠰ ᠲᠤ ᠠᠪᠴᠤ ᠬᠡᠯᠡᠪᠡᠯ ᠶᠠᠮᠠᠷ ᠪᠠᠶᠢᠷᠢᠨ ᠳᠤ ᠪᠠᠶᠢᠭ᠎ᠠ ᠪᠤᠢ︖      ﹇ᠰᠦᠨ ᠡᠾᠦ᠋ᠢ ᠮᠢᠨ﹈ 2014 ᠣᠨ ᠤ 7 ᠳ᠋ᠤᠭᠠᠷ ᠰᠠᠷ᠎ᠠ ᠶᠢᠨ 8᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠪᠦᠬᠦ ᠣᠷᠣᠨ ᠳᠤ ︽ ᠵᠠᠰᠠᠭ ᠵᠠᠬᠢᠷᠭᠠᠨ ᠤ ᠡᠷᠬᠡ ᠶᠢ ᠳᠢᠭᠯᠡᠬᠦ ᠠᠵᠢᠯ ᠢ ᠦᠨᠡᠨᠬᠦ ᠰᠠᠶᠢᠳᠦᠷ ᠬᠢᠬᠦ ᠲᠤᠬᠠᠢ ᠮᠡᠳᠡᠭᠳᠡᠯ︾ ︵ᠥᠪᠦᠷ ᠵᠠᠰᠠᠭ ᠲᠠᠷᠬᠠᠭᠠᠭᠰᠠᠨ ﹇2014﹈ 80 ᠲᠣᠭᠠᠲᠤ︶ ᠪᠠᠭᠤᠯᠭᠠᠵᠦ᠂ ᠡᠭᠦᠨ ᠢᠶᠠᠷ ᠡᠬᠢᠯᠡᠯᠲᠡ  ᠪᠣᠯᠭᠠᠨ᠂ ᠥᠪᠡᠷᠲᠡᠭᠡᠨ ᠵᠠᠰᠠᠬᠤ ᠣᠷᠣᠨ ᠤ ᠡᠷᠬᠡ ᠶᠢᠨ ᠨᠠᠷᠢᠨ ᠳᠠᠩᠰᠠ ᠶᠢᠨ ᠳᠦᠷᠢᠮ ᠤᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠦᠷᠨᠢᠪᠡ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠡᠷᠬᠡ ᠎ ᠶᠢ ᠳᠢᠭᠯᠡᠬᠦ ᠲᠣᠳᠤᠯᠠᠬᠤ ᠠᠵᠢᠯ ᠳᠤ᠂  ᠪᠢᠳᠡ ᠥᠩᠭᠡᠷᠡᠭᠰᠡᠨ ᠤ ᠠᠮᠵᠢᠯᠲᠠ ᠲᠠᠢ ᠲᠤᠷᠰᠢᠯᠭ᠎ᠠ ᠪᠠ ᠠᠬ᠎ᠠ ᠳᠡᠭᠦᠦ ᠮᠤᠵᠢ ᠬᠤᠲᠠ ᠶᠢᠨ ᠦᠷ᠎ᠡ ᠪᠦᠲᠦᠮᠵᠢᠲᠠᠢ ᠠᠷᠭ᠎ᠠ ᠶᠢ ᠳ᠋ᠦᠩᠨᠡᠭᠡᠳ᠂ ︽ᠭᠤᠷᠪᠠ ᠮᠡᠳᠡᠭᠦᠯᠵᠦ ᠭᠤᠷᠪᠠ ᠪᠭᠤᠯᠭᠠᠬᠤ︾ ᠬᠢᠨᠠᠨ ᠬᠠᠷᠭᠤᠭᠤᠯᠬᠤ ᠠᠷᠭ᠎ᠠ ᠶᠢ ᠠᠪᠤᠪᠠ᠂  ᠲᠤᠬᠠᠶᠢᠯᠠᠪᠠᠯ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠎ ᠨᠢ ᠲᠤᠰ ᠰᠠᠯᠠᠭ᠎ᠠ ᠮᠦᠴᠢᠷ ᠤᠨ ᠢᠶᠠᠨ ᠳᠢᠭᠯᠡᠭᠰᠡᠨ ᠡᠷᠬᠡ ᠶᠢᠨ ᠨᠠᠷᠢᠨ ᠳᠠᠩᠰᠠ ᠪᠠᠨ ᠠᠯᠢ ᠴᠦᠬᠡᠨ ᠎ ᠳᠡᠭᠡᠨ ᠭᠤᠷᠪᠠ ᠤᠳᠠᠭ᠎ᠠ ᠥᠪᠡᠷᠲᠡᠭᠡᠨ ᠵᠠᠰᠠᠬᠤ ᠣᠷᠤᠨ ᠤ ᠬᠠᠤᠯᠢ ᠲᠦᠷᠢᠮ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠡ︔ ᠡᠭᠦᠨ ᠲᠠᠢ ᠬᠠᠷᠢᠴᠠᠩᠭᠤᠢ ᠪᠠᠷ᠂ ᠥᠪᠡᠷᠲᠡᠭᠡᠨ ᠵᠠᠰᠠᠬᠤ ᠣᠷᠤᠨ ᠤ ᠬᠠᠤᠯᠢ ᠲᠦᠷᠢᠮ ‍ᠤᠨ‌ᠠᠯᠪᠠᠨ ᠭᠡᠷ ᠎ ᠨᠢ ᠡᠯ᠎ᠡ ᠲᠢᠩᠬᠢᠮ ᠲᠤᠪᠴᠢᠶ᠎ᠡ ᠳᠤ ᠮᠦᠨᠬᠦ ᠭᠤᠷᠪᠠ ᠤᠳᠠᠭ᠎ᠠ ᠵᠠᠰᠠᠯᠲᠠ ᠬᠢᠬᠦ ᠰᠠᠨᠠᠯ ᠢᠶᠠᠨ ᠬᠠᠷᠢᠭᠤ ᠲᠤᠰᠬᠠᠨ᠎ᠠ᠃ 2014 ᠣᠨ ᠤ 11 ᠳ᠋ᠦ᠋ᠭᠡᠷ ᠰᠠᠷ᠎ᠠ ᠶᠢᠨ ᠳᠤᠮᠳᠠᠴᠢ ᠪᠠᠷ᠂ ᠪᠠᠭᠠᠲᠤᠷ ᠲᠡᠷᠢᠭᠦᠯᠡᠭᠴᠢ ᠠᠴᠠ᠂ ᠥᠪᠡᠷᠲᠡᠭᠡᠨ ᠵᠠᠰᠠᠬᠤ ᠣᠷᠤᠨ ᠤ ᠲᠤᠰ ᠱᠠᠲᠤᠨ ᠤ ᠡᠷᠬᠡ ᠶᠢᠨ ᠨᠠᠷᠢᠨ ᠳᠠᠩᠰᠠ ᠶᠢᠨ ᠠᠵᠢᠯ ᠢ ᠤᠯᠠᠮ ᠨᠢᠭᠡ ᠠᠯᠬᠤᠮ ᠲᠦᠷᠭᠡᠳᠬᠡᠵᠦ᠂ 2015 ᠣᠨ ᠤ 8 ᠳ᠋ᠤᠭᠠᠷ ᠰᠠᠷ᠎ᠠ ᠶᠢᠨ ᠡᠴᠦᠰ ᠲᠤ ᠪᠡᠶᠡᠯᠡᠬᠦᠯᠬᠦ ᠶᠢ ᠤᠷᠢᠳᠴᠢᠯᠠᠭᠠᠳ 2014 ᠣᠨ ᠤ 12 ᠳ᠋ᠤᠭᠠᠷ ᠰᠠᠷ᠎ᠠ ᠶᠢᠨ ᠡᠴᠤᠰ ᠠᠴᠠ ᠡᠮᠤᠨ᠎ᠡ ᠪᠡᠶᠡᠯᠡᠭᠦᠯᠬᠦ ᠬᠡᠷᠡᠭᠲᠡᠢ ᠭᠡᠵᠦ ᠵᠢᠭᠠᠪᠤᠷᠢᠯᠠᠪᠠ᠃ ᠴᠠᠭ ᠪᠠᠴᠢᠮ᠂ ᠡᠭᠦᠷᠭᠡ  ᠬᠥᠨᠳᠦ᠂ ᠠᠵᠢᠯ ᠶᠠᠪᠤᠳᠠᠯ ᠤᠯᠠᠨ᠂ ᠠᠵᠢᠯᠲᠠᠨ ᠴᠥᠭᠡᠨ ᠪᠠᠶᠢᠳᠠᠯ ᠳᠤᠤᠷ᠎ᠠ᠂ ᠪᠢᠳᠡ ᠪᠦᠬᠦ ᠬᠥᠴᠦᠨ ᠢᠶᠠᠨ ᠰᠢᠪᠬᠠᠨ᠂ ᠡᠯ᠎ᠡ ᠰᠠᠯᠠᠭ᠎ᠠ ᠮᠦᠴᠢᠷ ᠤᠨ ᠬᠦᠷᠭᠡᠵᠦ ᠢᠷᠡᠭᠰᠡᠨ ᠡᠷᠬᠡ ᠶᠢᠨ ᠲᠦᠷᠦᠯ ᠵᠦᠢᠯ ᠳᠤ ᠵᠦᠢᠯ ᠳᠠᠷᠠᠭᠠᠯᠠᠨ ᠬᠠᠷᠭᠤᠭᠤᠯᠤᠯᠳᠠ᠂  ᠬᠢᠨᠠᠨ ᠬᠠᠷᠭᠤᠭᠤᠯᠤᠯᠳᠠ᠂  ᠢᠯᠭᠠᠨ ᠲᠣᠳᠣᠯᠠᠯᠲᠠ᠂ ᠨᠤᠳᠠᠯᠠᠨ ᠲᠤᠭᠳᠠᠭᠠᠯᠳᠠ ᠬᠢᠪᠠ᠃ ᠬᠤᠶᠠᠷ ᠰᠠᠷ᠎ᠠ ᠰᠢᠬᠠᠮ ᠤᠨ ᠡᠳᠦᠷ ᠰᠦᠨᠢ ᠦᠭᠡᠢ ᠬᠠᠲᠠᠭᠤᠵᠢᠯᠲᠠᠢ ᠠᠵᠢᠯᠯᠠᠬᠤ ᠪᠠᠷ ᠳᠠᠮᠵᠢᠨ᠂ ᠡᠴᠤᠰ ᠲᠡᠭᠡᠨ ᠵᠠᠰᠠᠭ ᠵᠠᠬᠢᠷᠭᠠᠨ ᠤ ᠡᠷᠬᠡ ᠶᠢ ᠳᠢᠭᠯᠡᠬᠦ᠂ ᠡᠷᠬᠡ ᠶᠢᠨ ᠨᠠᠷᠢᠨ ᠳᠠᠩᠰᠠ ᠶᠢ ᠪᠠᠶᠢᠭᠤᠯᠬᠤ ᠡᠭᠦᠷᠭᠡ ᠶᠢ ᠪᠡᠶᠡᠯᠡᠭᠦᠯᠪᠡ᠂ ᠳᠢᠭᠯᠡᠵᠦ ᠲᠤᠭᠳᠠᠭᠠᠭᠰᠠᠨ ᠤ ᠳ᠋ᠦᠩ ᠳᠤ᠄ ᠥᠪᠡᠷᠲᠡᠭᠡᠨ ᠵᠠᠰᠠᠬᠤ ᠣᠷᠣᠨ ᠤ  ᠲᠤᠰ ᠱᠠᠲᠣᠨ ᠳᠤ ᠨᠡᠶᠢᠲᠡ 36 ᠰᠠᠯᠠᠭ᠎ᠠ ᠮᠦᠴᠢᠷ ᠪᠠ ᠨᠢᠭᠡᠴᠡ 4274 ᠵᠦᠢᠯ  ᠎ ᠤᠨ ᠵᠠᠰᠠᠭ ᠵᠠᠬᠢᠷᠭᠠᠨ ᠤ ᠡᠷᠬᠡ ᠬᠡᠷᠡᠭᠵᠢᠭᠦᠯᠬᠦ ᠪᠤᠯᠤᠭᠠᠳ᠂ ᠮᠠᠨ ᠤ ᠣᠷᠣᠨ ᠨᠢ ᠪᠦᠬᠦ ᠤᠯᠤᠰ ᠤᠨ ᠮᠤᠵᠢ᠂ ᠥᠪᠡᠷᠲᠡᠭᠡᠨ ᠵᠠᠰᠠᠬᠤ ᠣᠷᠣᠨ ᠪᠠ ᠰᠢᠭᠤᠳ ᠬᠠᠷᠢᠶ᠎ᠠ ᠬᠤᠲᠠ  ᠎ ᠶᠢᠨ ᠳᠤᠳᠤᠷ᠎ᠠ ᠲᠤᠯᠤᠳᠤᠭᠠᠷ ᠲᠤ ᠡᠷᠬᠡ ᠶᠢᠨ ᠨᠠᠷᠢᠨ ᠳᠠᠩᠰᠠ ᠪᠠᠨ ᠨᠡᠶᠢᠳᠡᠯᠡᠭᠰᠡᠨ ᠣᠷᠣᠨ ᠪᠣᠯᠪᠠ᠃       ﹇ᠬᠦᠲᠦᠯᠦᠭᠴᠢ﹈ ᠡᠷᠬᠡ ᠶᠢᠨ ᠨᠠᠷᠢᠨ ᠳᠠᠩᠰᠠ ᠶᠢᠨ ᠳᠦᠷᠢᠮ ᠤᠨ ᠪᠠᠶᠢᠭᠤᠯᠤᠯᠲᠠ ᠶᠢᠨ ᠡᠭᠦᠷᠭᠡ ᠪᠠᠨ ᠤᠯᠠᠮ ᠰᠠᠶᠢᠨ ᠪᠡᠶᠡᠯᠡᠭᠦᠯᠬᠦ ᠶᠢᠨ ᠲᠦᠯᠦᠭᠡ᠂ ᠮᠠᠨ ᠤ ᠣᠷᠣᠨ ᠶᠠᠮᠠᠷ ᠳᠦᠷᠢᠮ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠨ᠎ᠠ ᠪᠣᠢ︖       ﹇ᠰᠦᠨ ᠡᠾᠦ᠋ᠢ ᠮᠢᠨ﹈  ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠷᠬᠡ ᠶᠢᠨ ᠨᠠᠷᠢᠨ ᠳᠠᠩᠰᠠ ᠎ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂  ᠪᠢᠳᠡ ᠳᠦᠷᠢᠮ ᠤᠨ ᠪᠠᠶᠢᠭᠤᠯᠤᠯᠲᠠ ᠪᠠ ᠪᠠᠳᠤᠯᠠᠭ᠎ᠠ ᠶᠢᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂  ᠳᠡᠭᠡᠳᠤ ᠬᠠᠤᠯᠢ ᠪᠤᠶᠤ ᠳᠡᠭᠡᠳᠤ ᠪᠢᠴᠢᠭ ᠮᠠᠲ᠋ᠧᠷᠢᠶᠠᠯ ᠤᠨ ᠦᠨᠳᠦᠰᠦᠯᠡᠯ ᠦᠭᠡᠢ ᠮᠦᠷᠳᠡᠭᠡᠨ  ᠪᠠᠰᠠ ᠠᠬ᠎ᠠ ᠳᠡᠭᠦᠦ ᠮᠤᠵᠢ ᠣᠷᠣᠨ ᠬᠤᠲᠠ ᠶᠢᠨ ᠠᠮᠵᠢᠯᠲᠠ ᠎ ᠲᠠᠢ ᠲᠤᠷᠰᠢᠯᠭ᠎ᠠ ᠪᠠ  ᠬᠠᠤᠯᠢ ᠶᠢᠨ ᠲᠤᠯᠢᠳᠠᠯ ᠦᠬᠡᠢ ᠪᠠᠶᠢᠳᠠᠯ ᠳᠣᠣᠷ᠎ᠠ᠂  ᠥᠪᠡᠷ ᠤᠨ ᠲᠤᠰᠬᠠᠢ ᠮᠡᠷᠭᠡᠵᠢᠯ ᠤᠨ ᠬᠦᠴᠦᠨ ᠳᠡᠭᠡᠨ ᠲᠦᠰᠢᠭᠯᠡᠨ ᠦᠩᠭᠡᠷᠡᠭᠰᠡᠨ ᠤ ᠠᠵᠢᠯ ᠤᠨ ᠲᠤᠷᠰᠢᠯᠭ᠎ᠠ ᠎ ᠪᠠᠨ ᠳ᠋ᠦᠩᠨᠡᠨ ᠪᠣᠯᠪᠠᠰᠣᠷᠠᠭᠤᠯᠵᠤ᠂ ᠬᠤᠵᠢᠮ ᠤᠨ ᠠᠵᠢᠯ ᠤᠨ ᠴᠢᠭᠯᠡᠯ ᠢᠶᠠᠨ ᠣᠷᠢᠳᠴᠢᠯᠡᠨ ᠵᠢᠱᠢᠵᠦ᠂ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠬᠢᠨᠠᠯᠳᠠ ᠬᠠᠮᠢᠶᠠᠷᠤᠯᠳᠠ ᠶᠢᠨ ᠠᠷᠭ᠎ᠠ ︵ᠲᠦᠰᠦᠯ ︶︾᠎ ᠢ ᠨᠣᠣᠷᠠᠭᠯᠠᠨ ᠪᠢᠴᠢᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠬᠢᠨᠠᠨ ᠵᠦᠪᠯᠡᠭᠦᠯᠬᠦ ᠪᠠᠷ ᠳᠡᠪᠰᠢᠭᠦᠯᠪᠠ᠃  ᠡᠨᠡᠬᠦ ᠲᠦᠷᠢᠮ ᠤᠨ ᠲᠦᠰᠦᠯ ᠢ ᠬᠢᠨᠠᠨ ᠵᠦᠪᠯᠡᠭᠡᠳ ᠨᠡᠶᠢᠳᠡᠯᠡᠪᠡᠯ᠂ ᠪᠦᠬᠦ ᠤᠯᠤᠰ ᠲᠤ ᠡᠷᠬᠡ ᠶᠢᠨ ᠨᠠᠷᠢᠨ ᠳᠠᠩᠰᠠ ᠶᠢᠨ ᠳᠦᠷᠢᠮ ᠤᠨ  ᠪᠠᠶᠢᠭᠤᠯᠤᠯᠲᠠ ᠶᠢᠨ ᠲᠠᠯ᠎ᠠ ᠪᠠᠷ ᠬᠢ ᠠᠩᠬᠠᠳᠤᠭᠴᠢ ᠬᠠᠤᠯᠢ ᠲᠣᠭᠲᠠᠭᠠᠯ ᠪᠣᠯᠤᠨ᠎ᠠ  ᠃      ﹇ᠬᠦᠲᠦᠯᠦᠭᠴᠢ﹈  ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠤᠰ ᠱᠠᠲᠤᠨ ᠤ ᠡᠷᠬᠡ ᠶᠢᠨ ᠨᠠᠷᠢᠨ ᠳᠠᠩᠰᠠ ᠶᠢ ᠨᠢᠭᠡᠨᠲᠡ ᠪᠡᠶᠡᠯᠡᠭᠦᠯᠦᠭᠰᠡᠨ ᠤ ᠬᠠᠮᠲᠤ ᠨᠡᠶᠢᠲᠡᠯᠡᠪᠡ᠂ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ᠤ ᠡᠷᠬᠡ ᠶᠢᠨ ᠨᠠᠷᠢᠨ ᠳᠠᠩᠰᠠ ᠶᠢᠨ ᠠᠵᠢᠯ ᠨᠢ ᠶᠠᠮᠠᠷ ᠪᠠᠶᠢᠳᠠᠯ ᠲᠠᠢ ᠪᠠᠶᠢᠨ᠎ᠠ ᠪᠣᠢ︖      ﹇ᠰᠦᠨ ᠡᠾᠦ᠋ᠢ ᠮᠢᠨ﹈  ᠪᠦᠬᠦ ᠣᠷᠣᠨ ᠤ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ᠤ ᠡᠷᠬᠡ ᠶᠢᠨ ᠨᠠᠷᠢᠨ ᠳᠠᠩᠰᠠ ᠶᠢᠨ ᠪᠠᠶᠢᠭᠤᠯᠤᠯᠲᠠ ᠶᠢᠨ ᠠᠵᠢᠯ ᠤᠳᠤ ᠨᠢᠭᠡᠨᠲᠡ ᠪᠦᠬᠦ ᠲᠠᠯ᠎ᠠ ᠪᠠᠷ ᠦᠷᠨᠢᠪᠡ᠃ ᠪᠢᠳᠠ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ᠤ ᠡᠨᠡᠬᠦ ᠠᠵᠢᠯ ᠳᠤ ᠬᠤᠶᠠᠷ ᠠᠯᠬᠤᠮ ᠢᠶᠠᠷ ᠶᠠᠪᠤᠬᠤ ᠬᠠᠷᠠᠯᠲᠠ ᠪᠠ ᠡᠭᠦᠷᠭᠡ ᠶᠢ ᠲᠤᠷᠠᠳᠪᠠ  ᠄      ᠨᠢᠭᠡᠳᠦᠭᠡᠷ ᠠᠯᠬᠤᠮ ᠳᠤ᠂ ᠡᠯ᠎ᠡ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠡᠷᠬᠡ ᠶᠢ ᠪᠦᠬᠦ ᠲᠠᠯ᠎ᠠ ᠪᠠᠷ ᠳᠢᠭᠯᠡᠬᠦ ᠪᠠ ᠲᠣᠳᠤᠯᠠᠭᠰᠠᠨ ᠰᠠᠭᠤᠷᠢᠨ ᠳᠡᠭᠡᠷ᠎ᠡ᠂ ᠡᠷᠬᠡ ᠶᠢᠨ ᠨᠡᠷᠡᠶᠢᠳᠦᠯ᠂  ᠡᠷᠬᠡ ᠲᠣᠭᠲᠠᠭᠠᠭᠰᠠᠨ ᠦᠨᠳᠦᠰᠦᠯᠡᠯ᠂ ᠬᠡᠷᠡᠭᠵᠢᠭᠦᠯᠬᠦ  ᠭᠤᠤᠯ ᠴᠣᠭᠴᠠ ᠪᠠᠷ ᠦᠨᠳᠦᠰᠦᠨ ᠬᠦᠴᠦᠨ ᠵᠦᠢᠯ ᠪᠣᠯᠭᠠᠭᠰᠠᠨ ᠠᠩᠬᠠᠨ ᠤ ᠱᠠᠲᠤᠨ ᠤ ᠡᠷᠬᠡ ᠶᠢᠨ ᠨᠠᠷᠢᠨ ᠳᠠᠩᠰᠠ ᠶᠢ ᠪᠤᠢ ᠪᠣᠯᠭᠠᠵᠤ᠂ ᠲᠤᠰᠬᠠᠢ ᠮᠡᠷᠭᠡᠵᠢᠯᠲᠡᠨ ᠢᠶᠠᠷ ᠨᠤᠳᠠᠯᠠᠭᠤᠯᠬᠤ᠂ ᠣᠯᠠᠨ ᠲᠦᠮᠡᠨ ᠢ ᠤᠷᠤᠯᠴᠠᠭᠤᠯᠬᠤ᠂ ᠬᠠᠤᠯᠢ ᠶᠤᠰᠤᠨ ᠤ ᠴᠢᠨᠠᠷᠲᠠᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠤᠭᠳᠠᠭᠠᠬᠤ ᠵᠡᠷᠭᠡ ᠬᠠᠤᠯᠢ ᠳᠤ ᠲᠤᠭᠳᠠᠭᠠᠭᠰᠠᠨ ᠲᠡᠰ ᠳᠠᠷᠠᠭᠠᠯᠠᠯ ᠢᠶᠠᠷ ᠳᠠᠮᠵᠢᠭᠰᠠᠨ ᠤ  ᠰᠡᠭᠦᠯᠡᠷ᠂ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ  ᠤ ᠵᠠᠰᠠᠭ ᠤᠨ ᠣᠷᠳᠣᠨ ᠠᠴᠠ ᠨᠡᠶᠢᠭᠡᠮ ᠨᠡᠶᠢᠳᠡ ᠳᠤ ᠨᠡᠶᠢᠲᠡᠯᠡᠨ᠎ᠡ᠃ ᠡᠨᠡ ᠪᠤᠯ ᠣᠶᠢᠷ᠎ᠠ ᠶᠢᠨ ᠬᠤᠭᠤᠴᠠᠭᠠᠨ ᠤ ᠬᠠᠷᠠᠯᠲᠠ ᠮᠦᠨ᠂ 2015 ᠣᠨ ᠤ 6 ᠳ᠋ᠤᠭᠠᠷ ᠰᠠᠷ᠎ᠠ ᠶᠢᠨ 30᠎ ᠤ ᠡᠳᠦᠷ ᠠᠴᠠ ᠡᠮᠦᠨ᠎ᠡ ᠪᠡᠶᠡᠯᠡᠬᠦᠯᠦᠨ᠎ᠡ᠃ ᠬᠤᠶᠠᠳᠤᠭᠠᠷ ᠠᠯᠬᠤᠮ ᠳᠤ᠂ ᠠᠩᠬᠠᠨ ᠤ ᠱᠠᠲᠤᠨ ᠤ ᠡᠷᠬᠡ ᠶᠢᠨ ᠨᠠᠷᠢᠨ ᠳᠠᠩᠰᠠᠨ ᠤ ᠰᠠᠭᠤᠷᠢᠨ ᠳᠡᠭᠡᠷ᠎ᠡ᠂ ᠡᠷᠬᠡ ᠪᠣᠯᠭᠠᠨ ᠤ ᠠᠵᠢᠯᠯᠠᠬᠤ ᠲᠡᠰ ᠳᠠᠷᠠᠭᠠᠯᠠᠯ᠂ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠬᠢᠨᠠᠯᠲᠠ ᠬᠠᠮᠢᠶᠠᠷᠤᠯᠳᠠ  ᠵᠡᠷᠭᠡ ᠴᠢᠬᠤᠯᠠ ᠬᠦᠴᠦᠨ ᠵᠦᠢᠯ ᠢ ᠪᠦᠬᠦ ᠲᠠᠯ᠎ᠠ ᠪᠠᠷ᠂ ᠭᠦᠨᠵᠡᠭᠡᠢ ᠰᠤᠳᠤᠯᠬᠤ ᠪᠠ ᠵᠢᠷᠤᠮᠵᠢᠭᠤᠯᠵᠤ᠂ ᠬᠠᠷᠢᠴᠠᠩᠭᠤᠢ ᠪᠦᠬᠦᠢ ᠲᠤᠬᠠᠶᠢᠯᠠᠭᠰᠠᠨ ᠠᠵᠢᠯ ᠤᠨ ᠳᠦᠷᠢᠮ᠂ ᠦᠢᠯᠡᠴᠢᠯᠡᠭᠡᠨ ᠤ ᠵᠦᠭᠯᠡᠭᠦᠷ᠂ ᠡᠷᠬᠡ ᠶᠢᠨ ᠠᠵᠢᠯᠯᠠᠭᠠᠨ ᠤ ᠴᠤᠪᠤᠷᠠᠯ ᠵᠢᠷᠤᠭ ᠢ ᠬᠢᠵᠦ᠂  ᠬᠠᠮᠤᠭ ᠡᠴᠦᠰ ᠲᠤ ᠡᠷᠬᠡ ᠴᠢᠳᠠᠮᠵᠢ ᠪᠠᠷ ᠪᠦᠷᠢᠨ᠂  ᠴᠢᠬᠤᠯᠠ ᠬᠦᠴᠦᠨ ᠵᠦᠢᠯ ᠢᠶᠠᠷ ᠳᠦᠬᠦᠷ᠂ ᠡᠷᠬᠡ ᠪᠠ ᠬᠠᠷᠢᠭᠤᠴᠠᠯᠭ᠎ᠠ ᠨᠢᠭᠡᠳᠦᠭᠰᠡᠨ᠂ ᠲᠥᠪ ᠬᠤᠷᠢᠶ᠎ᠠ ᠶᠢᠨ ᠱᠠᠭᠠᠷᠳᠠᠯᠭ᠎ᠠ ᠪᠠ ᠠᠷᠠᠳ ᠲᠦᠮᠡᠨ ᠤ ᠪᠣᠳᠣᠯ ᠰᠠᠨᠠᠭ᠎ᠠ ᠳᠤ ᠨᠡᠶᠢᠴᠡᠭᠰᠡᠨ ᠵᠠᠰᠠᠭ ᠤᠨ ᠣᠷᠳᠣᠨ ᠤ ᠡᠷᠬᠡ ᠶᠢᠨ ᠨᠠᠷᠢᠨ ᠳᠠᠩᠰᠠ ᠶᠢ ᠪᠣᠢ ᠪᠣᠯᠭᠠᠨ᠎ᠠ᠃ ᠡᠨᠡ ᠪᠣᠯ ᠬᠤᠯᠠ ᠶᠢᠨ ᠬᠠᠷᠠᠯᠲᠠ ᠮᠦᠨ᠂ 2016 ᠣᠨ ᠤ 6 ᠳ᠋ᠤᠭᠠᠷ ᠰᠠᠷ᠎ᠠ ᠶᠢᠨ 30᠎ ᠤ ᠡᠳᠦᠷ ᠠᠴᠠ ᠡᠮᠦᠨ᠎ᠡ ᠪᠡᠶᠡᠯᠡᠬᠦᠯᠤᠨ᠎ᠡ᠃     ﹇ᠬᠦᠲᠦᠯᠦᠭᠴᠢ﹈ ᠡᠷᠬᠡ ᠶᠢᠨ ᠨᠠᠷᠢᠨ ᠳᠠᠩᠰᠠ ᠶᠢᠨ ᠳᠦᠷᠢᠮ ᠤᠨ ᠪᠠᠶᠢᠭᠤᠯᠤᠯᠲᠠ ᠶᠢᠨ ᠠᠵᠢᠯ ᠪᠣᠯ ᠨᠢᠭᠡᠨ ᠵᠦᠢᠯ ᠤᠨ ᠮᠤᠩᠳᠠᠭ ᠶᠡᠭᠡ ᠰᠢᠰᠲ᠋ᠧᠮ ᠤᠨ ᠴᠢᠨᠠᠷᠲᠠᠢ ᠢᠨᠵᠧᠨᠧᠷᠢᠩ ᠮᠦᠨ᠂ ᠣᠳᠣᠬᠠᠨ ᠳᠤ ᠪᠢᠳᠡ ᠵᠥᠪᠬᠡᠨ ᠨᠢᠭᠡᠳᠦᠭᠡᠷ ᠠᠯᠬᠤᠮ ᠤᠨ ᠠᠵᠢᠯ ᠢ ᠪᠡᠶᠡᠯᠡᠭᠦᠯᠦᠭᠰᠡᠨ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠠᠷᠠᠭᠠᠴᠢ ᠶᠢᠨ ᠠᠯᠬᠤᠮ ᠳᠠᠭᠠᠨ ᠶᠠᠮᠠᠷ ᠪᠣᠳᠣᠯ ᠲᠠᠢ ᠪᠠᠶᠢᠨ᠎ᠠ ᠪᠣᠢ︖     ﹇ᠰᠦᠨ ᠡᠾᠦ᠋ᠢ ᠮᠢᠨ﹈ ᠣᠳᠣᠬᠠᠨ ᠳᠤ ᠪᠡᠶᠡᠯᠡᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠷᠬᠡ ᠶᠢᠨ ᠨᠠᠷᠢᠨ ᠳᠠᠩᠰᠠ ᠨᠢ ᠵᠥᠪᠬᠡᠨ ᠡᠷᠬᠡ ᠶᠢᠨ ᠨᠡᠷᠡᠶᠢᠳᠦᠯ᠂  ᠡᠷᠬᠡ ᠲᠣᠭᠲᠠᠭᠠᠭᠰᠠᠨ ᠦᠨᠳᠦᠰᠦᠯᠡᠯ᠂ ᠬᠡᠷᠡᠭᠵᠢᠭᠦᠯᠬᠦ  ᠭᠤᠤᠯ ᠴᠣᠭᠴᠠ ᠵᠡᠷᠭᠡ ᠬᠡᠳᠦᠨ ᠵᠦᠢᠯ ᠤᠨ ᠦᠨᠳᠦᠰᠦᠨ ᠬᠦᠴᠦᠨ ᠵᠦᠢᠯ ᠪᠠᠶᠢᠵᠤ᠂  ᠲᠤᠬᠠᠶᠢᠯᠠᠪᠠᠯ ᠡᠮᠦᠨ᠎ᠡ ᠳᠤᠷᠠᠳᠤᠭᠰᠠᠨ ᠠᠩᠬᠠᠨ ᠤ ᠱᠠᠲᠤᠨ ᠤ ᠨᠠᠷᠢᠨ ᠳᠠᠩᠰᠨ ᠯᠠ ᠪᠤᠯᠬᠤ ᠲᠤᠯᠠ᠂ ᠥᠭᠡᠷᠡᠴᠢᠯᠡᠯᠲᠡ ᠶᠢᠨ ᠱᠠᠭᠠᠷᠳᠠᠯᠭ᠎ᠠ ᠪᠠ ᠤᠯᠠᠨ ᠲᠦᠮᠡᠨ ᠤ ᠬᠡᠷᠡᠭᠴᠡᠭᠡ ᠶᠢ  ᠪᠦᠷᠢᠨ ᠬᠠᠩᠭᠠᠵᠤ ᠳᠡᠶᠢᠯᠬᠦ ᠦᠭᠡᠢ ᠶᠤᠮ᠃ ᠳᠠᠷᠠᠭ᠎ᠠ ᠠᠯᠬᠤᠮ ᠳᠠᠭᠠᠨ ᠪᠢᠳᠡ ᠱᠠᠭᠠᠷᠳᠠᠬᠤ ᠨᠢ᠂ ᠵᠠᠰᠠᠭ ᠵᠠᠬᠢᠷᠭᠠᠨ ᠤ ᠡᠷᠬᠡ ᠲᠠᠢ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠎ ᠨᠢ ᠡᠷᠬᠡ ᠶᠢᠨ ᠨᠠᠷᠢᠨ ᠳᠠᠩᠰᠠ ᠶᠢᠨ ᠠᠭᠤᠯᠭ᠎ᠠ ᠶᠢ ᠪᠠᠶᠠᠯᠢᠭᠵᠢᠭᠤᠯᠬᠤ ᠠᠵᠢᠯ ᠠᠴᠠ ᠭᠠᠷᠳᠠᠵᠦ᠂ ᠲᠤᠬᠠᠶᠢᠯᠠᠪᠠᠯ ᠲᠤᠰ ᠰᠠᠯᠠᠭ᠎ᠠ ᠮᠦᠴᠢᠷ ᠤᠨ ᠬᠡᠷᠡᠭᠵᠢᠬᠦᠯᠵᠦ ᠪᠠᠶᠢᠭ᠎ᠠ ᠡᠷᠬᠡ ᠪᠣᠯᠭᠠᠨ ᠢ ᠬᠢᠨᠠᠮᠠᠭᠠᠢ ᠰᠤᠳᠤᠯᠤᠨ ᠵᠠᠳᠠᠯᠵᠤ᠂ ᠡᠷᠬᠡ ᠶᠢᠨ ᠠᠵᠢᠯᠯᠠᠭᠠᠨ ᠲᠡᠰ ᠳᠠᠷᠠᠭᠠᠯᠠᠯ᠂ ᠡᠭᠦᠷᠭᠡᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠬᠡᠷᠬᠢᠨ ᠬᠢᠨᠠᠨ ᠬᠠᠮᠢᠶᠠᠷᠬᠤ ᠳᠤ ᠪᠤᠳᠠᠲᠠᠢ ᠠᠷᠭ᠎ᠠ ᠬᠡᠮᠵᠢᠶ᠎ᠡ ᠭᠠᠷᠭᠠᠵᠤ᠂ ᠨᠢᠭᠡ ᠲᠠᠯ᠎ᠠ ᠪᠠᠷ ᠨᠢᠭᠡᠨᠲᠡ ᠨᠡᠶᠢᠲᠡᠯᠡᠭᠰᠡᠨ ᠨᠠᠷᠢᠨ ᠳᠠᠩᠰᠠ ᠶᠢᠨ ᠠᠭᠤᠯᠭ᠎ᠠ ᠎ ᠪᠠᠨ ᠪᠦᠷᠢᠨᠰᠢᠭᠦᠯᠵᠦ᠂ ᠨᠥᠭᠦᠭᠡ ᠲᠠᠯ᠎ᠠ ᠪᠠᠷ ᠪᠤᠳᠠᠳᠤ ᠪᠠᠶᠢᠳᠠᠯ ᠎ ᠢᠶᠠᠨ ᠥᠨᠳᠦᠰᠦᠯᠡᠨ ᠬᠠᠷᠢᠴᠠᠩᠭᠤᠢ ᠪᠦᠬᠦᠢ ᠲᠦᠬᠦᠷᠵᠢᠭᠦᠯᠦᠭᠰᠡᠨ ᠪᠢᠴᠢᠭ ᠮᠠᠲ᠋ᠧᠷᠢᠶᠠᠯ ᠲᠤᠭᠳᠠᠭᠠᠵᠦ᠂ ᠨᠡᠶᠢᠭᠡᠮ ᠳᠤ ᠬᠠᠮᠲᠤ ᠳᠤᠨᠢ ᠨᠡᠶᠢᠲᠡᠯᠡᠨ᠂ ᠡᠷᠬᠡ ᠪᠠ ᠬᠠᠷᠢᠭᠤᠴᠠᠯᠭ᠎ᠠ ᠨᠢᠭᠡᠳᠦᠭᠰᠡᠨ ᠳᠡᠭᠦᠯᠳᠡᠷᠵᠢᠨ ᠪᠣᠯᠪᠠᠰᠤᠷᠠᠭᠰᠠᠨ ᠡᠷᠬᠡ ᠶᠢᠨ ᠨᠠᠷᠢᠨ ᠳᠠᠩᠰᠠ ᠶᠢ ᠪᠤᠢ ᠪᠤᠯᠭᠠᠬᠤ ᠬᠡᠷᠡᠭᠲᠠᠢ᠂ ᠦᠨᠡᠨᠳᠡᠭᠡᠨ ᠪᠣᠯ ᠨᠢᠭᠡ ᠬᠠᠷᠢᠭᠤᠴᠠᠯᠭ᠎ᠠ ᠶᠢᠨ ᠨᠠᠷᠢᠨ ᠳᠠᠩᠰᠠᠨ ᠪᠣᠯᠣᠨ᠎ᠠ᠃      ᠡᠭᠦᠨ ᠠᠴᠠ ᠭᠠᠳᠠᠨ᠎ᠠ᠂ ᠪᠢᠳᠡ ᠪᠠᠰᠠ ᠡᠷᠬᠡ ᠶᠢᠨ ᠨᠠᠷᠢᠨ ᠳᠠᠩᠰᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠳᠡᠭᠡᠷ᠎ᠡ ᠬᠦᠴᠤ ᠳᠠᠯᠪᠢᠬᠤ ᠪᠤᠯᠤᠨ᠎ᠠ᠃      ᠵᠠᠰᠠᠭ ᠵᠠᠬᠢᠷᠭᠠᠨ ᠤ ᠡᠷᠬᠡ ᠶᠢ ᠶᠡᠭᠡ ᠲᠥᠯᠦᠪ ᠬᠤᠶᠠᠷ ᠶᠡᠭᠡ ᠲᠦᠷᠦᠯ ᠬᠤᠪᠢᠶᠠᠨ᠎ᠠ᠂ ᠨᠢᠭᠡ ᠲᠦᠷᠦᠯ ᠎ ᠨᠢ ᠠᠷᠠᠳ ᠢᠷᠭᠡᠳ ‍ᠦᠨ‌ᠡᠷᠬᠡ ᠠᠰᠢᠭ ᠢ ᠬᠠᠰᠤᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠬᠦ ᠡᠷᠬᠡ ᠪᠤᠯᠤᠨ᠎ᠠ᠂ ᠲᠤᠬᠠᠶᠢᠯᠠᠪᠠᠯ ᠵᠠᠰᠠᠭ ᠵᠠᠬᠢᠷᠭᠠᠨ ᠤ ᠲᠣᠷᠭᠠᠭᠤᠯᠢ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ  ᠭᠠᠶᠢᠯᠢ ᠲᠠᠲᠠᠪᠤᠷᠢ ᠵᠡᠷᠭᠡ ᠪᠣᠯᠣᠨ᠎ᠠ  ᠃ ᠨᠦᠭᠦᠭᠡ ᠨᠢᠭᠡ ᠲᠦᠷᠦᠯ ᠨᠢ ᠠᠷᠠᠳ ᠢᠷᠭᠡᠳ ᠤᠨ ᠡᠷᠬᠡ ᠠᠰᠢᠭ ᠢ ᠦᠷᠭᠡᠳᠬᠦ ᠪᠤᠶᠤ ᠲᠡᠳᠡᠨ ᠤ ᠡᠭᠦᠷᠭᠡ ᠶᠢ ᠬᠦᠩᠭᠡᠯᠡᠬᠦ ᠡᠷᠬᠡ ᠪᠤᠯᠤᠨ᠎ᠠ᠂  ᠲᠤᠬᠠᠶᠢᠯᠠᠪᠠᠯ ᠵᠠᠰᠠᠭ ᠵᠠᠬᠢᠷᠭᠠᠨ ᠤ ᠣᠯᠭᠤᠯᠲᠠ᠂ ᠵᠠᠰᠠᠭ ᠵᠠᠬᠢᠷᠭᠠᠨ ᠤ  ᠱᠠᠩᠨᠠᠯ ᠵᠡᠷᠭᠡ  ᠪᠣᠯᠣᠨ᠎ᠠ᠃ ᠰᠡᠭᠦᠯ ᠎ ᠤᠨ ᠨᠢᠭᠡ ᠲᠦᠷᠦᠯ ᠤᠨ ᠵᠠᠰᠠᠭ ᠵᠠᠬᠢᠷᠭᠠᠨ ᠤ ᠡᠷᠬᠡ ᠤᠯᠠᠮ ᠣᠯᠠᠨ ᠪᠣᠯ᠂ ᠵᠠᠰᠠᠭ ᠤᠨ ᠣᠷᠳᠣᠨ ᠤ ᠣᠯᠠᠨ ᠨᠡᠶᠢᠲᠡ ᠎ ᠳᠤ ᠦᠢᠯᠡᠴᠢᠯᠡᠬᠦ ᠴᠢᠳᠠᠮᠵᠢ ᠤᠯᠠᠮ ᠴᠢᠩᠭᠠᠷᠠᠵᠦ᠂ ᠠᠷᠠᠳ ᠲᠦᠮᠡᠨ ᠳᠤ ᠦᠢᠯᠡᠴᠢᠯᠡᠬᠦ ᠲᠥᠪᠰᠢᠨ ᠤᠯᠠᠮ ᠦᠨᠳᠦᠷ ᠪᠤᠯᠤᠭᠰᠠᠨ ᠢ ᠬᠠᠷᠠᠭᠤᠯᠵᠦ᠂ ᠮᠦᠨ ᠴᠦ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ᠂ ᠦᠢᠯᠡᠴᠢᠯᠡᠭᠡᠨ ᠤ ᠵᠠᠰᠠᠭ ᠤᠨ ᠣᠷᠳᠣᠨ ᠢ ᠪᠠᠶᠢᠭᠤᠯᠬᠤ ᠬᠠᠷᠠᠯᠲᠠ ᠳᠤ ᠤᠯᠠᠮ ᠣᠶᠢᠷᠠᠲᠤᠵᠤ ᠪᠤᠢ᠃  ᠢᠢᠮᠤ ᠡᠴᠠ‌ᠡᠷᠬᠡ ᠶᠢᠨ ᠨᠠᠷᠢᠨ ᠳᠠᠩᠰᠠ ᠶᠢᠨ ᠶᠡᠷᠦᠩᠭᠡᠢ ᠲᠤᠭ᠎ᠠ ᠬᠡᠮᠵᠢᠶ᠎ᠡ ᠨᠢ ᠨᠢᠭᠡ ᠱᠠᠲᠤᠨ ᠤ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠲᠥᠪᠰᠢᠨ ᠪᠠ ᠦᠢᠯᠡᠴᠢᠯᠡᠭᠡᠨ ᠤ ᠲᠥᠪᠰᠢᠨ ᠢ ᠲᠤᠰᠬᠠᠵᠤ ᠳᠡᠶᠢᠯᠬᠦ ᠦᠭᠡᠢ ᠪᠤᠯᠪᠠᠴᠤ᠂ ᠡᠷᠬᠡ ᠶᠢᠨ ᠨᠠᠷᠢᠨ ᠳᠠᠩᠰᠠ ᠶᠢᠨ ᠪᠦᠲᠦᠴᠡ ᠨᠢ ᠬᠠᠷᠢᠨ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪᠰᠢᠨ ᠢ ᠵᠤᠬᠢᠬᠤ ᠬᠡᠮᠵᠢᠶ᠎ᠡ ᠪᠠᠷ ᠲᠤᠰᠬᠠᠵᠤ ᠴᠢᠳᠠᠨ᠎ᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠷᠬᠡ ᠶᠢᠨ ᠨᠠᠷᠢᠨ ᠳᠠᠩᠰᠠᠨ ᠳᠤ᠂  ᠵᠠᠰᠠᠭ ᠵᠠᠬᠢᠷᠭᠠᠨ ᠤ ᠣᠯᠭᠤᠯᠲᠠ ᠪᠠ ᠵᠠᠰᠠᠭ ᠵᠠᠬᠢᠷᠭᠠᠨ  ᠎ ᠤ ᠰᠠᠩᠨᠠᠯ ᠤᠨ ᠡᠷᠬᠡ ᠶᠢᠨ ᠨᠡᠶᠢᠯᠡᠪᠦᠷᠢ ᠶᠢᠨ ᠡᠵᠡᠯᠡᠬᠦ ᠬᠠᠷᠢᠴᠠᠯ ᠨᠢ ᠰᠠᠶ᠋ᠢ 4.66% ᠪᠠᠶᠢᠵᠤ᠂ ᠪᠠᠰᠠ ᠨᠡᠯᠢᠶᠡᠳ ᠳᠣᠣᠷ᠎ᠠ ᠲᠦᠪᠰᠢᠨ ᠳᠤ ᠪᠠᠶᠢᠨ᠎ᠠ᠃  ᠬᠤᠶᠢᠰᠢᠳᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠪᠠᠰᠠ ᠨᠡᠶᠢᠭᠠᠮ ᠨᠡᠶᠢᠳᠡ ᠳᠤ ᠨᠡᠩ ᠣᠯᠠᠨ ᠠᠰᠢᠭ ᠬᠦᠷᠲᠡᠭᠡᠬᠦ ᠵᠠᠰᠠᠭ ᠵᠠᠬᠢᠷᠭᠠᠨ ᠤ ᠣᠯᠭᠤᠯᠲᠠ ᠪᠠ ᠵᠠᠰᠠᠭ ᠵᠠᠬᠢᠷᠭᠠᠨ ᠤ ᠱᠠᠩᠨᠠᠯ ᠤᠨ ᠲᠥᠷᠦ ᠶᠢᠨ ᠪᠣᠳᠣᠯᠭ᠎ᠠ ᠶᠢ ᠰᠤᠳᠤᠯᠤᠨ ᠲᠤᠭᠳᠠᠭᠠᠵᠦ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠪᠠᠨ ᠤᠯᠠᠮ ᠰᠠᠶᠢᠨ  ᠭᠦᠢᠴᠡᠳᠭᠡᠬᠦ ᠪᠤᠯᠤᠨ᠎ᠠ  ᠃     ﹇ᠬᠦᠲᠦᠯᠦᠭᠴᠢ﹈ ᠵᠠ ᠰᠠᠶᠢᠨ ᠪᠤᠯᠤᠯ᠎ᠠ᠂  ᠰᠦᠨ ᠡᠷᠬᠢᠯᠡᠭᠴᠢ ᠶᠢᠨ ᠰᠠᠶᠢᠬᠠᠨ ᠬᠠᠷᠢᠭᠤᠯᠳᠠ ᠦᠭᠬᠦᠭᠰᠡᠨ ᠳᠤ ᠲᠠᠯᠠᠷᠬᠠᠯ᠎ᠠ᠂ ᠡᠷᠬᠢᠮ ᠰᠦᠯᠵᠢᠶᠡᠨ ᠤ ᠠᠨᠳᠠ ᠨᠠᠷ ᠤᠨ ᠬᠦᠯᠢᠶᠡᠨ ᠦᠵᠡᠭᠰᠡᠨ ᠳᠤ ᠲᠠᠯᠠᠷᠬᠠᠯ᠎ᠠ᠃ ᠳᠠᠷᠠᠭᠠᠴᠢ ᠶᠢᠨ ᠫᠷᠦᠭᠷᠡᠮ ᠳᠠᠭᠠᠨ  ᠪᠠᠶᠠᠷᠲᠠᠢ ᠵᠤᠯᠭᠠᠶ᠎ᠠ  ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map