ᠴᠠᠭ ᠲᠤᠬᠢᠶᠠᠯ ᠢ ᠵᠠᠪᠳᠤᠵᠦ ᠰᠢᠨ᠎ᠡ ᠬᠡᠪ ᠪᠠᠶᠢᠳᠠᠯ ᠳᠤ ᠵᠤᠬᠢᠴᠠᠭᠤᠯᠤᠨ ᠶᠠᠰᠤ ᠴᠢᠨᠠᠷ ᠲᠤ ᠬᠢᠨᠠᠯᠳᠠ ᠲᠠᠯᠪᠢᠬᠤ ᠠᠵᠢᠯ ᠤᠨ ᠰᠢᠨ᠎ᠡ ᠦᠰᠤᠷᠤᠯᠳᠠ ᠶᠢ ᠪᠡᠶᠡᠯᠡᠭᠦᠯᠬᠦ ᠪᠠᠷ ᠴᠢᠷᠮᠠᠶᠢᠶ᠎ᠠ
ᠨᠡᠶᠢᠲᠡᠯᠡᠭᠰᠡᠨ ᠴᠠᠭ᠄
2015/3/25
ᠰᠤᠷᠪᠤᠯᠵᠢᠯᠠᠭ᠎ᠠ ᠶᠠᠷᠢᠯᠴᠠᠭ᠎ᠠ ᠶᠢᠨ ᠭᠤᠤᠯ ᠰᠡᠳᠤᠪ               ᠴᠠᠭ ᠲᠤᠬᠢᠶᠠᠯ ᠢ ᠵᠠᠪᠳᠤᠵᠦ ᠰᠢᠨ᠎ᠡ ᠬᠡᠪ ᠪᠠᠶᠢᠳᠠᠯ ᠳᠤ ᠵᠤᠬᠢᠴᠠᠭᠤᠯᠤᠨ ᠶᠠᠰᠤ ᠴᠢᠨᠠᠷ ᠲᠤ               ᠬᠢᠨᠠᠯᠳᠠ ᠲᠠᠯᠪᠢᠬᠤ ᠠᠵᠢᠯ ᠤᠨ ᠰᠢᠨ᠎ᠡ ᠦᠰᠤᠷᠤᠯᠳᠠ ᠶᠢ ᠪᠡᠶᠡᠯᠡᠭᠦᠯᠬᠦ ᠪᠠᠷ ᠴᠢᠷᠮᠠᠶᠢᠶ᠎ᠠ
     ᠰᠤᠷᠪᠤᠯᠵᠢᠯᠠᠭᠰᠠᠨ ᠴᠠᠭ᠄  2015 ᠤᠨ ᠤ 3 ᠳ᠋ᠤᠭᠠᠷ ᠰᠠᠷ᠎ᠠ ᠶᠢᠨ 4᠎ ᠤ ᠡᠳᠦᠷ ᠤᠨ ᠦᠳᠡ ᠎ ᠶᠢᠨ ᠡᠮᠦᠨᠡᠬᠢ10᠄ 00 ᠴᠠᠭ      ᠰᠤᠷᠪᠤᠯᠵᠢᠯᠠᠭᠰᠠᠨ ᠵᠤᠴᠢᠨ᠄ ᠦᠪᠤᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠶᠠᠰᠤ ᠴᠢᠨᠠᠷ ᠎ ᠲᠤ ᠮᠡᠷᠭᠡᠵᠢᠯ ᠤᠨ ᠬᠢᠨᠠᠯᠳᠠ ᠳᠠᠯᠪᠢᠬᠤ ᠲᠤᠪᠴᠢᠶ᠎ᠠ ᠶᠢᠨ ᠳᠡᠳ᠋ ᠳᠤᠭᠤᠷᠢᠨ ᠪᠠᠶᠢᠴᠠᠭᠠᠭᠴᠢ ᠭᠤᠤ ᠢᠩ ᠵᠢᠶᠧ      ᠰᠤᠷᠪᠤᠯᠵᠢᠯᠠᠭ᠎ᠠ ᠶᠢᠨ ᠲᠤᠪᠴᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠬᠦᠭᠵᠢᠯᠳᠡ ᠶᠢ ᠠᠬᠢᠭᠤᠯᠬᠤ ᠵᠤᠭᠰᠤᠴᠠ ᠪᠠᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠬᠦᠯᠬᠦ ᠳᠡᠭᠡᠷ᠎ᠡ ᠰᠢᠯᠵᠢᠭᠦᠯᠬᠦ ᠬᠡᠷᠡᠭᠲᠠᠢ ᠬᠡᠵᠦ ᠲᠤᠳᠤᠷᠬᠠᠢ ᠲᠤᠭᠳᠠᠭᠠᠭᠰᠠᠨ ᠪᠢᠯᠡ᠃ ᠤᠶᠢᠷ᠎ᠠ ᠶᠢᠨ ᠵᠢᠯ ᠳᠤ᠂ ᠦᠪᠡᠷᠳᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠲᠤᠪᠴᠢᠶ᠎ᠠ ᠨᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠂ ᠵᠠᠰᠠᠭ ᠤᠨ ᠤᠷᠳᠤᠨ ᠪᠤᠯᠤᠨ ᠤᠯᠤᠰ ᠤᠨ ᠶᠠᠰᠤ ᠴᠢᠨᠠᠷ ᠪᠠᠶᠢᠴᠠᠭᠠᠬᠤ ᠶᠡᠷᠦᠩᠬᠡᠢ ᠲᠤᠪᠴᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ  ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠭᠡᠷᠡᠴᠢᠯᠡᠯᠳᠠ ᠬᠢᠵᠦ ᠰᠢᠨ᠎ᠡ ᠶᠢ ᠡᠭᠦᠳᠬᠦ ᠵᠤᠷᠢᠭ ᠰᠠᠨᠠᠭ᠎ᠠ ᠪᠠᠷ ᠶᠠᠰᠤ ᠴᠢᠨᠠᠷ ᠢ ᠠᠳᠬᠤᠵᠦ᠂᠂ ᠠᠮᠤᠷ ᠲᠦᠪᠰᠢᠨ ᠢ ᠪᠠᠳᠤᠯᠠᠵᠦ᠂ ᠬᠦᠭᠵᠢᠯᠳᠡ ᠶᠢ ᠠᠬᠢᠭᠤᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠶᠢ ᠴᠢᠩᠭᠠᠷᠠᠭᠤᠯᠤᠭᠠᠳ᠂ ᠡᠯ᠎ᠡ ᠲᠦᠷᠦᠯ ᠤᠨ ᠠᠵᠢᠯ ᠢᠯᠠᠳᠳᠠ ᠠᠮᠵᠢᠯᠳᠠ ᠤᠯᠪᠠ᠃ ᠤᠶᠢᠷ᠎ᠠ ᠳᠤ᠂ ᠪᠠᠳᠠ ᠦᠪᠡᠷᠳᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠳᠠᠯᠪᠢᠬᠤ ᠲᠤᠪᠴᠢᠶ᠎ᠠ ᠶᠢᠨ ᠳᠡᠳ᠋ ᠳᠤᠭᠤᠷᠢᠨ ᠪᠠᠶᠢᠴᠠᠭᠠᠭᠴᠢ ᠭᠤᠤ ᠢᠩ ᠵᠢᠶᠧ ᠶᠢ ᠤᠷᠢᠵᠦ ᠳᠠᠪᠤᠨ ᠵᠢᠯ ᠤᠨ ᠲᠤᠷᠰᠢᠬᠢ ᠮᠠᠨ ᠤ ᠤᠷᠤᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠦᠢᠯᠡᠰ ᠤᠨ ᠬᠦᠭᠵᠢᠯᠳᠠ ᠶᠢᠨ ᠠᠮᠵᠢᠯᠳᠠ ᠪᠠ ᠲᠠᠷᠠᠭ᠎ᠠ ᠠᠯᠬᠤᠮ ᠤᠨ ᠪᠤᠳᠤᠯᠬᠢᠯᠠᠯ ᠤᠨ ᠲᠠᠯ᠎ᠠ ᠪᠠᠷ ᠰᠦᠯᠵᠢᠶᠡᠨ ᠠᠨᠳᠠ ᠨᠠᠷ ᠲᠠᠢ ᠵᠤᠭᠤᠭᠳᠠᠭᠤᠯᠬᠤ ᠪᠠᠷ ᠪᠤᠯᠪᠠ᠃ ᠰᠦᠯᠵᠢᠶᠡᠨ ᠠᠨᠳᠠ ᠨᠠᠷ ᠤᠨ ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠳᠤᠵᠦ ᠪᠠᠶᠢᠨᠠᠮ︕       ﹇ᠬᠦᠳᠤᠯᠦᠭᠴᠢ﹈  ᠄ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨᠠᠤ︖ ᠲᠠ ᠪᠦᠬᠦᠨ ᠤ ᠲᠤᠰ ᠬᠤᠭᠤᠴᠠᠭᠠᠨ ᠤ  ︽ᠳᠤᠮᠳᠠᠳᠤ ᠤᠯᠤᠰ   ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭ᠎ᠠ ᠎ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠡᠨᠡ ᠡᠳᠤᠷ ᠪᠢᠳᠠ ᠦᠪᠤᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠳᠠᠯᠪᠢᠬᠤ ᠲᠤᠪᠴᠢᠶ᠎ᠠ ᠶᠢᠨ ᠳᠡᠳ᠋ ᠳᠤᠭᠤᠷᠢᠨ ᠪᠠᠶᠢᠴᠠᠭᠠᠭᠴᠢ ᠭᠤᠤ ᠢᠩ ᠵᠢᠶᠧ ᠶᠢ ᠤᠷᠢᠵᠦ ᠢᠷᠡᠯ᠎ᠡ᠂ ᠲᠡᠷᠡ ᠮᠠᠨ ᠤ ᠤᠷᠤᠨ ᠤ ᠤᠶᠢᠷ᠎ᠠ ᠶᠢᠨ ᠵᠢᠯ ᠎ ᠳᠤ ᠤᠯᠤᠭᠰᠠᠨ ᠠᠮᠵᠢᠯᠳᠠ ᠪᠦᠳᠤᠭᠡᠯ ᠪᠤᠯᠤᠨ ᠬᠤᠶᠢᠰᠢᠳᠠ ᠶᠢᠨ ᠪᠤᠳᠤᠯᠬᠢᠯᠠᠯ ᠢᠶᠠᠨ ᠰᠦᠯᠵᠢᠶᠡᠨ ᠠᠨᠳᠠ ᠨᠠᠷ ᠲᠠᠢ ᠵᠤᠭᠤᠭᠳᠠᠬᠤ ᠪᠤᠯᠤᠨ᠎ᠠ᠃ ᠭᠤᠤ ᠳᠤᠭᠤᠷᠢᠨ ᠪᠠᠶᠢᠴᠠᠭᠠᠭᠴᠢ ᠡ᠂ ᠳᠠᠨ ᠢ ᠪᠠᠶᠠᠷᠯᠠᠨ ᠤᠭᠳᠤᠵᠦ ᠪᠠᠶᠢᠨ᠎ᠠ︕      ﹇ᠭᠤᠤ ᠢᠩ ᠵᠢᠶᠧ﹈᠄ ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨᠠᠤ︖ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠦᠯᠵᠢᠶ᠎ᠡ ᠪᠠᠷ ᠳᠠᠮᠵᠢᠨ ᠲᠠ ᠪᠦᠬᠦᠨ ᠎ ᠲᠠᠢ ᠵᠤᠭᠤᠭᠳᠠᠬᠤ ᠪᠤᠯᠤᠭᠰᠠᠨ ᠳᠠᠭᠠᠨ ᠮᠠᠰᠢ ᠪᠠᠶᠠᠷᠯᠠᠵᠦ ᠪᠠᠶᠢᠨ᠎ᠠ᠃ ᠰᠦᠯᠵᠢᠶᠡᠨ ᠠᠨᠳᠠ ᠨᠠᠷ ᠮᠠᠨ ᠤ ᠲᠤᠪᠴᠢᠶᠠᠨ ᠎ ᠤ ᠡᠯ᠎ᠡ ᠲᠦᠷᠦᠯ ᠤᠨ ᠠᠵᠢᠯ ᠢ ᠶᠡᠷᠦ ᠠᠴᠠ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠳᠠᠯᠠᠷᠬᠠᠵᠦ ᠪᠠᠶᠢᠨ᠎ᠠ︕      ﹇ᠬᠦᠳᠤᠯᠦᠭᠴᠢ﹈᠄ ᠭᠤᠤ ᠳᠠᠷᠤᠭ᠎ᠠ ᠡ᠂ ᠦᠩᠬᠡᠷᠡᠭᠰᠡᠨ ᠳᠠᠪᠤᠨ ᠵᠢᠯ ᠪᠤᠯ ᠦᠪᠤᠷ ᠮᠤᠩᠭᠤᠯ ᠤᠨ ᠶᠠᠰᠤ ᠴᠢᠨᠠᠷ ᠲᠤ ᠬᠢᠨᠠᠯᠳᠠ ᠳᠠᠯᠪᠢᠬᠤ ᠦᠢᠯᠡᠰ ᠤᠨ ᠬᠦᠭᠵᠢᠯᠳᠠ ᠶᠢᠨ ᠳᠡᠤᠬᠡᠨ ᠳᠡᠭᠡᠷᠡᠬᠢ ᠬᠠᠮᠤᠭ ᠤᠨ ᠶᠡᠷᠦ ᠪᠤᠰᠤ ᠎ ᠶᠢᠨ ᠱᠠᠳᠤ ᠦᠶ᠎ᠡ ᠪᠤᠯᠤᠨ᠎ᠠ᠃ ᠳᠠᠪᠤᠨ ᠵᠢᠯ ᠤᠨ  ᠲᠤᠷᠰᠢ᠂ ᠮᠠᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠲᠤᠪᠴᠢᠶ᠎ᠠ ᠨᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠤᠯᠤᠰ ᠤᠨ ᠶᠠᠰᠤ ᠴᠢᠨᠠᠷ  ᠪᠠᠶᠢᠴᠠᠭᠠᠬᠤ ᠶᠡᠷᠦᠩᠬᠡᠢ ᠲᠤᠪᠴᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ ᠲᠤᠱᠯᠠᠭᠤᠯᠤᠨ ᠨᠠᠶᠢᠳᠠᠪᠤᠷᠢᠵᠢᠭᠤᠯᠵᠦ᠂ ᠦᠭᠡᠷᠡᠴᠢᠯᠡᠯᠳᠠ ᠬᠢᠵᠦ ᠰᠢᠨ᠎ᠡ ᠶᠢ ᠡᠭᠦᠳᠬᠦ ᠵᠤᠷᠢᠭ ᠰᠠᠨᠠᠭ᠎ᠠ ᠪᠠᠷ ᠶᠠᠰᠤ ᠴᠢᠨᠠᠷ ᠢ ᠠᠳᠬᠤᠵᠦ᠂ ᠠᠮᠤᠷ ᠲᠦᠪᠰᠢᠨ ᠢ ᠪᠠᠳᠤᠯᠠᠵᠦ᠂ ᠬᠦᠭᠵᠢᠯᠳᠡ ᠶᠢ ᠠᠬᠢᠭᠤᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠶᠢ ᠴᠢᠩᠭᠠᠷᠠᠭᠤᠯᠤᠭᠠᠳ᠂ ᠡᠯ᠎ᠡ ᠲᠦᠷᠦᠯ ᠤᠨ ᠠᠵᠢᠯ ᠢᠯᠠᠳᠳᠠ ᠠᠮᠵᠢᠯᠳᠠ ᠤᠯᠪᠠ᠃ ᠲᠡᠭᠡᠪᠡᠯ ᠂ ᠲᠠ ᠮᠠᠨ ᠤ ᠰᠦᠯᠵᠢᠶᠡᠨ ᠠᠨᠳᠠ ᠨᠠᠷ ᠲᠤ ᠪᠢᠳᠠ ᠶᠠᠮᠠᠷ ᠶᠠᠮᠠᠷ ᠠᠮᠵᠢᠯᠳᠠ ᠤᠯᠤᠭᠰᠠᠨ ᠢᠶᠠᠨ ᠶᠠᠷᠢᠭᠠᠳ ᠦᠭᠬᠦᠨᠡᠤ      ﹇ᠭᠤᠤ ᠢᠩ ᠵᠢᠶᠧ﹈᠄ ᠨᠢᠭᠡ ᠳᠤ ᠶᠡᠷᠤᠩᠬᠡᠶᠢᠯᠡᠭᠰᠡᠨ ᠪᠤᠳᠠᠳᠤ ᠬᠦᠴᠤᠨ ᠢᠯᠡᠳᠳᠠ ᠲᠡᠭᠡᠭᠰᠢᠯᠡᠪᠡ᠃ ᠶᠠᠰᠤ ᠴᠢᠨᠠᠷ ᠲᠤ ᠬᠢᠨᠠᠯᠳᠠ ᠲᠠᠯᠪᠢᠬᠤ ᠠᠵᠢᠯ ᠤᠨ ᠬᠦᠷᠢᠶ᠎ᠡ ᠲᠠᠰᠤᠷᠠᠯᠳᠠ ᠦᠬᠡᠢ ᠦᠷᠭᠡᠵᠢᠵᠦ᠂ ᠠᠵᠦ ᠠᠬᠤᠢ ᠨᠡᠶᠢᠭᠡᠮ ᠳᠤ ᠦᠢᠯᠡᠴᠢᠯᠡᠬᠦ ᠪᠦᠳᠤᠮᠵᠢᠳᠤ ᠴᠢᠨᠠᠷ ᠳᠠᠰᠤᠷᠠᠯᠳᠠ ᠦᠬᠡᠢ ᠨᠡᠮᠡᠭᠳᠡᠵᠦ᠂  ᠠᠵᠢᠯ ᠤᠨ ︽ᠬᠡᠮᠵᠢᠶ᠎ᠡ︾ ᠪᠠ ︽ᠴᠢᠨᠠᠷ︾᠎ ᠤᠨ ᠲᠤᠬᠠᠶᠢᠯᠠᠭᠰᠠᠨ ᠠᠵᠢᠯ ᠤᠨ ᠤᠷᠤᠯᠭ᠎ᠠ ᠶᠡᠭᠡ ᠪᠠᠷ ᠨᠡᠮᠡᠭᠳᠡᠵᠦ᠂ ᠪᠦᠬᠦ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠤᠷᠤᠯᠭ᠎ᠠ ᠡᠮᠤᠨᠡᠬᠢ 10 ᠵᠢᠯ ᠤᠨ ᠬᠢ ᠠᠴᠠ 2.3 ᠲᠠᠬᠢᠨ ᠪᠤᠯᠪᠠ᠃ ᠰᠠᠭᠤᠷᠢ ᠪᠡᠯᠡᠳᠬᠡᠮᠵᠢ᠂ ᠮᠡᠷᠭᠡᠵᠢᠯ ᠤᠨ ᠲᠤᠨᠤᠭᠯᠠᠯ ᠪᠦᠬᠦ ᠲᠠᠯ᠎ᠠ ᠪᠠᠷ ᠲᠦᠷᠭᠡᠨ ᠰᠠᠶᠢᠵᠢᠷᠠᠵᠦ᠂ ᠪᠦᠬᠦ ᠰᠢᠰᠲ᠋ᠧᠮ ᠤᠨ ᠳᠤᠭᠳᠠᠮᠠᠯ ᠬᠦᠷᠦᠩᠬᠡ ᠳᠤ ᠨᠡᠶᠢᠳᠠ 35 ᠳ᠋ᠦᠩᠰᠢᠭᠤᠷ ᠲᠦᠭᠦᠷᠢᠭ ᠤᠷᠤᠭᠤᠯᠵᠦ᠂ ᠡᠮᠤᠨᠡᠬᠢ 10 ᠵᠢᠯ ᠤᠨ ᠬᠢ ᠎ ᠠᠴᠠ 9 ᠲᠠᠬᠢᠨ ᠤᠷᠴᠢᠮ ᠪᠤᠯᠪᠠ  ᠃ ᠤᠯᠤᠰ ᠤᠨ ᠶᠠᠰᠤ ᠴᠢᠨᠠᠷ ᠪᠠᠶᠢᠴᠠᠭᠠᠬᠤ ᠲᠦᠪ᠂ ᠦᠪᠡᠷᠳᠡᠭᠡᠨ ᠵᠠᠰᠠᠬᠤ ᠤᠷᠤᠨ ᠤ ᠶᠠᠰᠤ ᠴᠢᠨᠠᠷ ᠪᠠᠶᠢᠴᠠᠭᠠᠬᠤ ᠲᠦᠪ ᠪᠤᠯᠤᠨ ᠲᠤᠮᠤ ᠬᠡᠯᠪᠡᠷᠢ ᠶᠢᠨ ᠰᠢᠯᠭᠠᠨ ᠪᠠᠶᠢᠴᠠᠭᠠᠬᠤ ᠰᠠᠭᠤᠷᠢᠨ ᠭᠠᠵᠠᠷ ᠎ ᠤᠨ ᠪᠦᠳᠤᠭᠡᠨ ᠪᠠᠶᠢᠭᠤᠯᠤᠯᠳᠠ ᠶᠢ ᠶᠡᠭᠡ ᠪᠠᠷ ᠲᠦᠯᠬᠢᠨ ᠠᠬᠢᠭᠤᠯᠵᠦ᠂ ᠤᠯᠤᠰ ᠤᠨ ᠪᠠᠶᠢᠭᠠᠯᠢ ᠶᠢᠨ ᠬᠡᠢ ᠨᠡᠭᠦᠷᠡᠰᠤᠨ ᠤ ᠬᠢᠮᠢ ᠶᠢᠨ ᠦᠢᠯᠡᠳᠪᠤᠷᠢ ᠶᠢᠨ ᠦᠢᠯᠡᠳᠬᠦᠨ ᠤ ᠶᠠᠰᠤ ᠴᠢᠨᠠᠷ ᠢ ᠪᠠᠶᠢᠴᠠᠭᠠᠬᠤ ᠲᠦᠪ᠂ ᠤᠯᠤᠰ ᠤᠨ ᠬᠤᠳᠠ ᠬᠦᠳᠡᠭᠡ ᠶᠢᠨ ᠡᠨᠧᠷᠬᠢ ᠤᠨ ᠬᠡᠮᠵᠢᠯᠳᠡ ᠶᠢᠨ ᠲᠦᠪ ᠢᠯᠡᠷᠬᠡᠶᠢᠯᠡᠯ ᠡᠯᠭᠦᠨ ᠠᠵᠢᠯᠯᠠᠪᠠ᠃ ᠮᠠᠨ ᠤ ᠤᠷᠤᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠢᠰᠲ᠋ᠧᠮ ᠤᠨ ᠰᠠᠭᠤᠷᠢ ᠨᠢᠮᠭᠡᠨ᠂ ᠰᠠᠭᠤᠷᠢ ᠪᠠᠷᠤᠭᠲᠠᠢ᠂ ᠲᠤᠨᠤᠭᠯᠠᠯ ᠬᠤᠴᠤᠷᠤᠩᠭᠤᠢ ᠪᠠᠶᠢᠭᠰᠠᠨ ᠪᠠᠶᠢᠳᠠᠯ ᠦᠨᠳᠤᠰᠤᠨ ᠳᠡᠭᠡᠨ ᠰᠠᠶᠢᠵᠢᠷᠠᠪᠠ᠃       ﹇ᠭᠤᠤ ᠢᠩ ᠵᠢᠶᠧ﹈᠄ ᠬᠤᠶᠠᠷ ᠲᠤ ᠶᠠᠰᠤ ᠴᠢᠨᠠᠷ ᠢᠶᠠᠷ ᠤᠷᠤᠨ ᠢᠶᠠᠨ ᠮᠠᠨᠳᠤᠭᠤᠯᠬᠤ ᠠᠵᠢᠯ ᠯᠠᠪᠳᠠᠭᠤᠨ ᠪᠠᠳᠤᠲᠠᠢ ᠠᠬᠢᠪᠠ᠃ ︽ᠶᠠᠰᠤ ᠴᠢᠨᠠᠷ ᠤᠨ ᠬᠦᠭᠵᠢᠭᠦᠯᠦᠯᠳᠠ ᠶᠢᠨ ᠲᠤᠪᠴᠢ︾᠎ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠶᠠᠰᠤ ᠴᠢᠨᠠᠷ ᠤᠨ ᠠᠵᠢᠯ ᠤᠨ ᠠᠵᠢᠯᠯᠠᠭᠠᠨ ᠤ ᠲᠦᠯᠦᠪᠯᠡᠭᠡ ᠲᠤᠭᠳᠠᠭᠠᠵᠦ᠂ ᠪᠦᠬᠦ ᠤᠷᠤᠨ ᠤ ᠡᠯ᠎ᠡ ᠭᠠᠵᠠᠷ ᠶᠠᠰᠤ ᠴᠢᠨᠠᠷ ᠢᠶᠠᠷ ᠠᠶᠢᠮᠠᠭ ᠬᠤᠳᠠ ᠪᠠᠨ ᠮᠠᠨᠳᠤᠭᠤᠯᠬᠤ ᠠᠵᠢᠯᠯᠠᠭ᠎ᠠ ᠶᠢ ᠨᠡᠶᠢᠳᠡᠮ ᠦᠷᠨᠢᠬᠦᠯᠪᠠ᠃ ᠦᠪᠡᠷᠳᠡᠭᠡᠨ ᠵᠠᠰᠠᠬᠤ ᠤᠷᠨ ᠤ ᠲᠡᠷᠢᠬᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠪᠠᠶᠢᠭᠤᠯᠵᠦ᠂ 9 ᠠᠶᠢᠮᠠᠭ ᠬᠤᠳᠠ ᠴᠤ ᠵᠠᠰᠠᠭ ᠤᠨ ᠤᠷᠳᠤᠨ ᠤ ᠶᠠᠰᠤ ᠴᠢᠨᠠᠷ ᠤᠨ ᠱᠠᠩᠨᠠᠯ ᠪᠠᠶᠢᠭᠤᠯᠤᠭᠠᠳ᠂ ᠡᠯ᠎ᠡ ᠱᠠᠳᠤᠨ ᠤ ᠵᠠᠰᠠᠭ ᠤᠨ ᠤᠷᠳᠤᠨ ᠤ ᠶᠠᠰᠤ ᠴᠢᠨᠠᠷ  ᠎ ᠤᠨ ᠬᠦᠭᠵᠢᠬᠦᠯᠦᠯᠳᠡ ᠶᠢᠨ ᠭᠤᠤᠯᠯᠠᠬᠤ ᠦᠢᠯᠡᠳᠤᠯ ᠢ ᠨᠢ ᠢᠯᠡᠳᠳᠠ ᠳᠡᠭᠡᠭᠰᠢᠯᠡᠭᠦᠯᠪᠠ᠃ ᠨᠡᠷᠡᠳᠤ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠵᠦ᠂ 412 ᠦᠢᠯᠡᠳᠬᠦᠨ ᠦᠪᠤᠷ ᠮᠤᠩᠭᠤᠯ ᠤᠨ ᠨᠠᠷᠠᠳᠤ ᠦᠢᠯᠡᠳᠬᠦᠨ ᠢᠶᠠᠷ ᠦᠨᠡᠯᠡᠭᠳᠡᠪᠠ᠃ ᠪᠢᠳᠡ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠡᠷᠬᠡ ᠴᠢᠳᠠᠮᠵᠢ ᠪᠠᠨ ᠭᠦᠢᠴᠡᠳᠭᠡᠬᠦ ᠬᠤᠭᠤᠴᠠᠭᠠᠨ ᠳᠤ᠂ ︽ᠭᠡᠮ ᠦᠬᠡᠢ ᠰᠦᠨ ᠲᠠᠯᠬ᠎ᠠ ᠶᠢ ᠦᠪᠤᠷ ᠮᠤᠩᠭᠤᠯ ᠡᠬᠢᠯᠡᠨ ᠬᠢᠬᠦ︾ ᠠᠵᠢᠯᠯᠠᠭ᠎ᠠ ᠶᠢ ᠪᠦᠬᠦ ᠤᠯᠤᠰ ᠲᠤ ᠲᠡᠷᠢᠬᠦᠯᠡᠨ ᠦᠷᠨᠢᠬᠦᠯᠵᠦ᠂ ᠦᠨᠳᠤᠰᠤᠳᠡᠨ ᠤ ᠴᠠᠭᠠᠨ ᠢᠳᠡᠭᠡᠨ ᠎ ᠤ ᠲᠠᠯ᠎ᠠ ᠪᠠᠷ ᠬᠢ ᠢᠳᠡᠭᠡᠯ ᠢ ᠨᠢ ᠨᠡᠮᠡᠭᠳᠡᠭᠦᠯᠪᠠ᠃ ᠤᠷᠳᠤᠰ ᠬᠤᠳᠠ ᠨᠢ ᠪᠦᠬᠦ ᠤᠷᠤᠨ ᠤ ᠲᠡᠷᠢᠬᠦᠨ ᠡᠷᠤᠬᠡ ᠤᠯᠤᠰ ᠤᠨ ᠢᠳᠡᠭᠡᠨ ᠤ ᠦᠢᠯᠡᠳᠪᠤᠷᠢᠯᠡᠯ ‍ᠤᠨ‌‍ᠶᠠᠰᠤ ᠴᠢᠨᠠᠷ ᠤᠨ ᠠᠮᠤᠷ ᠲᠦᠪᠰᠢᠨ ᠤ ᠦᠯᠢᠭᠡᠷ ᠳᠠᠭᠤᠷᠢᠶᠠᠯ ‍ᠤᠨ‌ᠬᠤᠳᠠ ᠶᠢ ᠡᠭᠦᠳᠤᠨ ᠪᠠᠶᠢᠭᠤᠯᠤᠭᠰᠠᠨ ᠭᠠᠵᠠᠷ ᠤᠷᠤᠨ ᠪᠤᠯᠪᠠ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠶᠠᠰᠤ ᠴᠢᠨᠠᠷ ᠤᠨ ᠠᠵᠢᠯ ᠤᠨ ᠬᠢᠨᠠᠨ ᠰᠢᠯᠭᠠᠬᠤ ᠲᠤᠭᠳᠠᠴᠠ ᠶᠢ ᠪᠠᠶᠢᠭᠤᠯᠬᠤ ᠶᠢ ᠠᠬᠢᠭᠤᠯᠵᠦ᠂ ᠶᠠᠰᠤ ᠴᠢᠨᠠᠷ ᠤᠨ ᠬᠦᠭᠵᠢᠬᠦᠯᠦᠯᠳᠡ ᠶᠢᠨ ᠲᠦᠯᠦᠪᠵᠢᠭᠦᠯᠬᠡ᠂ ᠬᠡᠮᠵᠢᠯᠳᠠ ᠶᠢᠨ ᠬᠦᠭᠵᠢᠭᠦᠯᠦᠯᠳᠠ ᠶᠢᠨ ᠲᠦᠯᠦᠪᠵᠢᠭᠦᠯᠬᠡ ᠎ ᠶᠢ ᠦᠪᠡᠷᠳᠡᠭᠡᠨ ᠵᠠᠰᠠᠬᠤ ᠤᠷᠤᠨ ᠤ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠯᠡᠭᠡ︾᠎ ᠶᠢᠨ ᠬᠤᠭᠤᠴᠠᠭᠠᠨ ᠤ ᠤᠯᠤᠰ ᠠᠷᠠᠳ ᠤᠨ ᠠᠵᠦ ᠠᠬᠤᠢ ᠪᠤᠯᠤᠨ ᠨᠡᠶᠢᠭᠡᠮ ᠤᠨ ᠬᠦᠭᠵᠢᠬᠦᠯᠦᠯᠳᠡ ᠶᠢᠨ ᠨᠢᠭᠡᠳᠤᠭᠡᠷ ᠲᠦᠷᠦᠯ ᠤᠨ ᠲᠦᠯᠦᠪᠵᠢᠭᠦᠯᠬᠡ ᠳᠤ ᠤᠷᠤᠭᠤᠯᠵᠦ᠂ ᠲᠤᠯᠭᠠᠭᠤᠷᠢ ᠠᠵᠦ ᠦᠢᠯᠡᠰ ᠤᠨ ᠪᠠᠷᠢᠮᠵᠢᠶᠠᠵᠢᠭᠤᠯᠤᠯᠳᠠ ᠵᠢᠨ‌‍ᠪᠠᠶᠢᠭᠤᠯᠤᠯᠳᠠ᠂ ᠦᠢᠯᠡᠳᠬᠦᠨ ᠢ ᠰᠢᠯᠭᠠᠨ ᠬᠡᠮᠵᠢᠬᠦ ᠤᠯᠠᠨ ᠨᠡᠶᠢᠳᠡ ᠶᠢᠨ ᠲᠠᠪᠴᠠᠩ ᠤᠨ ᠪᠠᠶᠢᠭᠤᠯᠤᠯᠳᠠ ᠶᠢ ᠶᠡᠷᠦᠩᠬᠡᠶᠢᠯᠡᠭᠰᠡᠨ ᠴᠢᠨᠠᠷᠲᠠᠢ ᠬᠤᠶᠠᠳᠤᠭᠠᠷ ᠲᠦᠷᠦᠯ ᠤᠨ ᠲᠦᠯᠦᠪᠵᠢᠭᠦᠯᠭᠡ ᠳᠤ ᠤᠷᠤᠭᠤᠯᠤᠭᠠᠳ᠂ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠶᠠᠰᠤ ᠴᠢᠨᠠᠷ ᠤᠨ ᠠᠵᠢᠯ ᠳᠤ ᠨᠡᠩ ᠦᠷᠭᠡᠨ ᠳᠡᠯᠭᠡᠷ ᠲᠠᠪᠴᠠᠩ ᠤᠯᠭᠤᠪᠠ᠃      ﹇ᠭᠤᠤ ᠢᠩ ᠵᠢᠶᠧ﹈᠄ ᠭᠤᠷᠪᠠ ᠳᠤ ᠶᠠᠰᠤ ᠴᠢᠨᠠᠷ ᠤᠨ ᠰᠠᠭᠤᠷᠢ ᠠᠵᠢᠯ ᠪᠦᠬᠦ ᠲᠠᠯ᠎ᠠ ᠪᠠᠷ ᠴᠢᠩᠭᠠᠳᠪᠠ᠃ ᠪᠠᠷᠢᠮᠵᠢᠶᠠᠵᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢ ᠲᠦᠷᠭᠡᠨ ᠬᠡᠷᠡᠭᠵᠢᠬᠦᠯᠵᠦ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠷᠢᠮᠵᠢᠶᠠᠵᠢᠭᠤᠯᠤᠯᠳᠠ ᠶᠢᠨ ᠠᠵᠢᠯ ᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ︾᠎ ᠶᠢ ᠨᠡᠶᠢᠳᠡᠯᠡᠬᠦ ᠶᠢ ᠠᠬᠢᠭᠤᠯᠪᠠ︔ ᠪᠠᠷᠢᠮᠵᠢᠶᠠᠵᠢᠭᠤᠯᠤᠯᠳᠠ ᠶᠢᠨ ᠠᠷᠭ᠎ᠠ ᠪᠠᠷᠢᠯ ᠢᠶᠠᠷ ᠦᠨᠳᠤᠰᠤᠳᠡᠨ ᠤ ᠤᠯᠠᠮᠵᠢᠯᠠᠯᠳᠤ ᠰᠤᠶᠤᠯ ᠢ ᠬᠠᠮᠠᠭᠠᠯᠠᠨ ᠤᠯᠠᠮᠵᠢᠯᠠᠵᠦ᠂ ︽ᠮᠤᠩᠭᠤᠯ ᠦᠨᠳᠤᠰᠤᠳᠡᠨ ᠤ ᠠᠶᠢᠮᠠᠭ ᠪᠦᠯᠦᠭ ᠤᠨ ᠬᠤᠪᠴᠠᠰᠤ ᠵᠠᠰᠠᠯ︾ ᠂ ︽ᠦᠪᠤᠷ ᠮᠤᠩᠭᠤᠯ ᠤᠨ ᠮᠤᠩᠭᠤᠯ ᠢᠳᠡᠭᠡᠨ︾᠎ ᠤ ᠪᠠᠷᠢᠮᠵᠢᠶ᠎ᠠ ᠨᠢ ᠤᠯᠤᠰ ᠲᠤ ᠬᠤᠭᠤᠰᠤᠨ ᠪᠠᠶᠢᠭᠰᠠᠨ ᠢ ᠨᠦᠬᠦᠪᠤᠷᠢᠯᠡᠪᠡ᠃ ᠬᠡᠮᠵᠢᠯᠳᠠ ᠶᠢᠨ ᠮᠡᠷᠭᠡᠵᠢᠯ ᠤᠨ ᠰᠠᠭᠤᠷᠢ ᠤᠯᠠᠮ ᠴᠢᠩᠭᠠᠳᠴᠤ᠂ ᠠᠷᠠᠳ ᠤᠨ ᠠᠮᠢᠳᠤᠷᠠᠯ ᠤᠨ ᠬᠡᠮᠵᠢᠯᠳᠡ ᠬᠦᠨᠵᠡᠬᠡᠢ ᠠᠬᠢᠵᠦ᠂ ᠡᠨᠧᠷᠬᠢ ᠶᠢᠨ ᠬᠡᠮᠵᠢᠯᠳᠡ ᠴᠢᠩᠭᠠᠷᠠᠵᠦ᠂ ᠪᠦᠬᠦ ᠤᠷᠤᠨ ᠤ ᠬᠡᠮᠵᠢᠯᠳᠡ ᠶᠢᠨ ᠮᠡᠷᠭᠡᠵᠢᠯ ᠤᠨ ᠪᠠᠳᠤᠯᠠᠭ᠎ᠠ ᠶᠢᠨ ᠰᠢᠰᠲ᠋ᠧᠮ ᠲᠠᠰᠤᠷᠠᠯᠳᠠ ᠦᠬᠡᠢ ᠲᠡᠭᠦᠯᠳᠡᠷᠵᠢᠪᠠ᠃ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠴᠢᠳᠠᠪᠤᠷᠢ ᠢᠯᠠᠳᠳᠠ ᠨᠡᠮᠡᠭᠳᠡᠵᠦ᠂ ᠰᠢᠯᠭᠠᠨ ᠪᠠᠶᠢᠴᠠᠭᠠᠬᠤ ᠲᠦᠷᠦᠯ ᠵᠦᠢᠯ ᠢ ᠰᠢᠨ᠎ᠡ ᠪᠠᠷ1506 ᠲᠦᠷᠦᠯ ᠨᠡᠮᠡᠭᠳᠡᠬᠦᠯᠵᠦ᠂ ︽ᠪᠠᠶᠢᠴᠠᠭᠠᠵᠦ ᠳᠡᠶᠢᠯᠬᠦ ᠦᠬᠡᠢ᠂ ᠪᠠᠶᠢᠴᠠᠭᠠᠵᠦ ᠭᠠᠷᠬᠤ ᠦᠬᠡᠢ᠂ ᠲᠦᠷᠭᠡᠨ ᠪᠠᠶᠢᠴᠠᠭᠠᠬᠤ ᠦᠬᠡᠢ᠂ ᠤᠨᠤᠪᠴᠢᠲᠠᠢ ᠪᠠᠶᠢᠴᠠᠭᠠᠬᠤ ᠦᠬᠡᠢ︾ ᠪᠠᠶᠢᠭᠰᠠᠨ ︽ᠲᠤᠮᠤ ᠬᠦᠴᠢᠷ︾ ᠶᠠᠪᠤᠳᠠᠯ ᠢ ᠢᠯᠠᠳᠳᠠ ᠰᠠᠶᠢᠵᠢᠷᠠᠭᠤᠯᠪᠠ᠃ ᠬᠡᠷᠡᠴᠢᠯᠡᠬᠦ ᠵᠦᠪᠰᠢᠶᠡᠷᠡᠬᠦ ᠠᠵᠢᠯ ᠳᠠᠬᠢ ᠬᠢᠨᠠᠯᠳᠠ ᠬᠠᠮᠢᠶᠠᠷᠤᠯᠳᠠ ᠲᠠᠰᠤᠷᠠᠯᠳᠠ ᠦᠬᠡᠢ ᠴᠢᠩᠭᠠᠳᠴᠤ᠂ ᠬᠠᠮᠢᠶ᠎ᠠ ᠪᠦᠬᠦᠢ ᠠᠵᠦ ᠠᠬᠤᠶᠢᠯᠠᠯ ᠪᠤᠯᠤᠨ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠲᠦᠷᠢᠮᠵᠢᠭᠦᠯᠦᠨ ᠠᠵᠢᠯᠯᠠᠬᠤ ᠶᠢ ᠠᠬᠢᠭᠤᠯᠪᠠ︔ ᠤᠷᠭᠠᠨᠢᠭ ᠦᠢᠯᠡᠳᠬᠦᠨ ᠢ ᠬᠡᠷᠡᠴᠢᠯᠡᠬᠦ ᠦᠯᠢᠭᠡᠷ ᠳᠠᠭᠤᠷᠢᠶᠡᠯ ᠤᠨ ᠠᠵᠦ ᠠᠬᠤᠶᠢᠯᠠᠯ ᠵᠢᠯ ᠳᠠᠷᠠᠭᠠᠯᠠᠨ ᠨᠡᠮᠡᠭᠳᠡᠵᠦ᠂920 ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠪᠠᠶᠢᠭᠤᠯᠤᠮᠵᠢ ᠶᠢ ᠬᠢᠨᠠᠨ ᠪᠠᠶᠢᠴᠠᠭᠠᠨ ᠵᠦᠪᠰᠢᠶᠡᠷᠡᠭᠡᠳ᠂  ᠮᠠᠨ ᠤ ᠤᠷᠤᠨ ᠤ ᠠᠵᠢᠯ ᠲᠦᠷᠦᠯ ᠦᠨᠳᠤᠰᠤᠨ ᠳᠡᠭᠡᠨ ᠪᠦᠷᠢᠨᠰᠢᠭᠰᠡᠨ ᠮᠡᠷᠭᠡᠵᠢᠯ ᠤᠨ ᠦᠢᠯᠡᠴᠢᠯᠡᠭᠡᠨ ᠤ ᠠᠵᠦ ᠦᠢᠯᠡᠰ ᠠᠩᠬ᠎ᠠ ᠠᠯᠬᠤᠮ ᠪᠦᠷᠢᠯᠳᠤᠪᠠ᠃      ﹇ᠭᠤᠤ ᠢᠩ ᠵᠢᠶᠧ﹈ ᠲᠦᠷᠪᠠ ᠳᠤ ᠬᠠᠤᠯᠢ ᠪᠠᠷ ᠵᠠᠰᠠᠬᠤ ᠶᠠᠰᠤ ᠴᠢᠨᠠᠷ ᠲᠤ ᠬᠢᠨᠠᠯᠳᠠ ᠳᠠᠯᠪᠢᠬᠤ ᠪᠠᠶᠢᠭᠤᠯᠤᠯᠳᠠ ᠪᠦᠬᠦ ᠲᠠᠯ᠎ᠠ ᠪᠠᠷ ᠠᠬᠢᠪᠠ  ᠃ ᠶᠠᠰᠤ ᠴᠢᠨᠠᠷ ᠤᠨ ᠬᠠᠤᠯᠢ ᠲᠤᠭᠳᠠᠭᠠᠬᠤ ᠠᠵᠢᠯ ᠢ ᠠᠬᠢᠭᠤᠯᠬᠤ ᠲᠠᠯ᠎ᠠ ᠪᠠᠷ᠂ ᠪᠢᠳᠡᠨ ᠤ ᠴᠢᠷᠮᠠᠶᠢᠯᠭ᠎ᠠ ᠪᠠᠷ ᠳᠠᠮᠵᠢᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ  ᠶᠡᠭᠡ ᠬᠤᠷᠠᠯ᠂ ᠵᠠᠰᠠᠭ ᠤᠨ ᠤᠷᠳᠤᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠨᠴᠠ ᠲᠦᠷᠦᠯ ᠤᠨ ᠲᠦᠬᠦᠭᠡᠷᠤᠮᠵᠢ ᠶᠢᠨ ᠠᠶᠤᠯ ᠦᠬᠡᠢ ᠶᠢᠨ ᠬᠢᠨᠠᠨ ᠪᠠᠶᠢᠴᠠᠭᠠᠬᠤ ᠲᠦᠷᠢᠮ︾ ᠵᠡᠷᠭᠡ ᠤᠷᠤᠨ ᠨᠤᠳᠤᠭ ᠤᠨ ᠴᠢᠨᠠᠷᠲᠠᠢ ᠬᠠᠤᠯᠢ ᠲᠦᠷᠢᠮ ᠪᠠ ᠲᠦᠷᠢᠮ ᠢ ᠨᠡᠶᠢᠳᠡᠯᠡᠨ ᠬᠡᠷᠡᠭᠵᠢᠭᠦᠯᠵᠦ᠂ ᠨᠢᠭᠡ ᠪᠦᠯᠦᠭ ᠬᠠᠤᠯᠢ ᠲᠦᠷᠢᠮ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠳᠠᠭᠠᠪᠠ᠃ ᠵᠠᠰᠠᠭ ᠵᠠᠬᠢᠷᠭᠠᠨ ᠤ ᠰᠢᠳᠭᠡᠯ ᠲᠤᠷᠭᠠᠭᠤᠯᠢ ᠎ ᠶᠢᠨ ᠬᠡᠷᠡᠭ ᠢ ᠬᠠᠮᠳᠤ ᠪᠠᠷ ᠰᠢᠬᠦᠨ ᠰᠢᠢᠳᠪᠤᠷᠢᠯᠡᠬᠦ᠂ ᠴᠢᠯᠤᠭᠡᠲᠠᠢ ᠳᠠᠰᠤᠯᠬᠤ ᠵᠡᠷᠭᠡ ᠲᠡᠰ ᠳᠠᠷᠠᠭᠠᠯᠠᠯ ᠤᠨ ᠴᠢᠨᠠᠷᠲᠠᠢ ᠲᠦᠷᠢᠮ ᠢ ᠪᠠᠶᠢᠭᠤᠯᠤᠨ ᠲᠡᠭᠦᠯᠳᠡᠷᠵᠢᠭᠦᠯᠪᠠ᠃ ︽ᠬᠠᠤᠯᠢ ᠶᠢ ᠬᠡᠷᠡᠭᠵᠢᠭᠦᠯᠤᠨ ᠬᠤᠳᠠᠯ ᠬᠠᠭᠤᠷᠮᠠᠭ ᠲᠤ ᠴᠤᠬᠢᠯᠳᠠ ᠦᠭᠬᠦ︾ ᠰᠢᠷᠢᠰ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠲᠠᠷᠢᠶᠠᠯᠠᠩ ᠤᠨ ᠬᠡᠷᠡᠭᠰᠡᠯ᠂ ᠪᠠᠷᠢᠯᠭ᠎ᠠ ᠎ ᠶᠢᠨ ᠮᠠᠲ᠋ᠧᠷᠢᠶᠠᠯ᠂ ᠨᠤᠤᠰᠤ ᠨᠤᠯᠤᠤᠷ ᠤᠨ ᠰᠢᠷᠬᠡᠭᠯᠢᠭ᠂ ᠢᠳᠡᠭᠡᠨ ᠤ ᠬᠠᠮᠢᠶ᠎ᠠ ᠲᠠᠢ ᠦᠢᠯᠡᠳᠬᠦᠨ᠂ ᠮᠠᠰᠢᠨ  ᠲᠡᠷᠭᠡᠨ ᠤ ᠰᠡᠯᠪᠢᠭ ᠲᠤᠨᠤᠭ᠂ ᠬᠡᠤᠬᠡᠳ ᠤᠨ ᠲᠤᠭᠯᠠᠭᠠᠮ ᠵᠡᠷᠭᠡ ᠶᠢᠨ ᠬᠤᠳᠠᠯ ᠬᠠᠭᠤᠷᠮᠠᠭ ᠵᠦᠢᠯ ᠳᠤ ᠴᠤᠬᠢᠯᠳᠠ ᠦᠭᠬᠦ ᠠᠵᠢᠯ ᠢᠯᠠᠳᠳᠠ ᠦᠷ᠎ᠡ ᠪᠦᠳᠤᠭᠡᠯ ᠤᠯᠪᠠ᠃ ᠦᠢᠯᠡᠳᠭᠦᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠪᠠ ᠤᠨᠴᠠ ᠲᠦᠬᠦᠭᠡᠷᠦᠮᠵᠢ ᠶᠢ ᠬᠢᠨᠠᠨ ᠬᠠᠮᠢᠶᠠᠷᠬᠤ ᠠᠵᠢᠯ ᠢᠯᠠᠳᠳᠠ ᠠᠮᠵᠢᠯᠳᠠ ᠤᠯᠵᠦ᠂ ᠤᠶᠢᠷ᠎ᠠ ᠶᠢᠨ ᠵᠢᠯ ᠳᠤ ᠤᠷᠤᠨ ᠨᠤᠳᠤᠭ ᠤᠨ ᠴᠢᠨᠠᠷᠲᠠᠢ᠂ ᠰᠢᠰᠲ᠋ᠧᠮ ᠤᠨ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ ᠠᠶᠤᠯ ᠦᠬᠡᠢ ᠶᠢᠨ ᠠᠳᠡᠯ ᠭᠠᠷᠤᠭᠰᠠᠨ ᠦᠬᠡᠢ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠴᠢᠩᠭᠠᠳᠬᠠᠵᠦ᠂ ᠵᠠᠰᠠᠭ ᠎ ᠤᠨ ᠶᠠᠪᠤᠳᠠᠯ ᠤᠨ ᠦᠢᠯᠡᠴᠢᠯᠡᠭᠡᠨ ᠤ ᠲᠤᠮᠤ ᠲᠠᠩᠬᠢᠮ ᠭᠠᠷᠭᠠᠵᠦ᠂ ᠬᠢᠨᠠᠨ ᠵᠦᠪᠰᠢᠶᠡᠷᠡᠬᠦᠯᠬᠦ ᠬᠡᠷᠡᠭ ᠶᠠᠪᠤᠳᠠᠯ ᠢ ᠨᠢᠭᠡᠳᠤᠯᠲᠠᠢ ᠬᠦᠯᠢᠶᠡᠨ ᠠᠪᠴᠤ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠢᠯᠡ ᠪᠠᠶᠢᠯᠭᠠᠵᠦ᠂ ᠬᠢᠨᠠᠨ ᠵᠦᠪᠰᠢᠶᠡᠷᠡᠬᠦ ᠲᠡᠰ ᠳᠠᠷᠠᠭᠠᠯᠠᠯ ᠢ ᠲᠦᠭᠦᠮᠴᠢᠯᠡᠵᠦ᠂ ᠰᠢᠯᠢᠳᠡᠭ ᠦᠢᠯᠡᠴᠢᠯᠡᠭᠡ ᠬᠠᠩᠭᠠᠵᠦ᠂ ᠨᠡᠶᠢᠭᠡᠮ ᠨᠡᠶᠢᠳᠡ ᠶᠢᠨ ᠎ ᠬᠢᠨ ᠤ ᠰᠠᠶᠢᠨ ᠦᠨᠡᠯᠡᠯᠳᠡ ᠶᠢ ᠤᠯᠪᠠ᠃      ﹇ᠭᠤᠤ ᠢᠩ ᠵᠢᠶᠧ﹈ ᠳᠠᠪᠤ ᠳᠤ ᠶᠠᠰᠤ ᠴᠢᠨᠠᠷ ᠲᠤ ᠬᠢᠨᠠᠯᠳᠠ ᠳᠠᠯᠪᠢᠬᠤ ᠰᠤᠶᠤᠯ ᠤᠨ ᠪᠠᠶᠢᠭᠤᠯᠤᠯᠳᠠ ᠰᠢᠯᠢᠳᠡᠭ ᠠᠮᠵᠢᠯᠳᠠ ᠲᠠᠢ ᠪᠤᠯᠪᠠ᠃ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ ᠪᠠᠷ ᠵᠢᠯᠤᠭᠤᠳᠤᠭᠤᠯᠵᠦ᠂ ᠦᠪᠤᠷ ᠮᠤᠩᠭᠤᠯ ᠤᠨ ᠶᠠᠰᠤ ᠴᠢᠨᠠᠷ ᠲᠤ ᠬᠢᠨᠠᠯᠳᠠ ᠳᠠᠯᠪᠢᠬᠤ ᠰᠤᠶᠤᠯ ᠤᠨ ᠰᠢᠰᠲ᠋ᠧᠮ ᠢ ᠲᠠᠰᠤᠷᠠᠯᠳᠠ ᠦᠬᠡᠢ ᠡᠭᠦᠳᠤᠨ ᠪᠤᠢ ᠪᠤᠯᠭᠠᠪᠠ᠃ ᠪᠢᠳᠡᠨ ᠤ ᠲᠤᠷᠠᠳᠤᠭᠰᠠᠨ ᠭᠤᠤᠯᠯᠬᠤ ᠦᠵᠡᠯᠳᠡ᠂ ᠲᠡᠮᠡᠴᠡᠬᠦ ᠬᠠᠷᠠᠯᠳᠠ᠂ ᠶᠠᠰᠤ ᠴᠢᠨᠠᠷ ᠲᠤ ᠬᠢᠨᠠᠯᠳᠠ ᠳᠠᠯᠪᠢᠬᠤ ᠵᠤᠷᠢᠭ ᠰᠠᠨᠠᠭ᠎ᠠ᠂ ᠠᠵᠢᠯ ᠤᠨ ᠭᠤᠤᠯ ᠱᠤᠭᠤᠮ ᠨᠢ ᠪᠤᠢ ᠪᠦᠬᠦᠢ ᠬᠢᠨᠠᠯᠳᠠ ᠳᠠᠯᠪᠢᠭᠴᠢᠳ ᠢ ᠵᠤᠷᠢᠭᠵᠢᠭᠤᠯᠤᠨ ᠪᠦᠯᠬᠦᠮᠳᠡᠨ ᠲᠡᠮᠡᠴᠡᠬᠦ ᠵᠤᠷᠢᠭ ᠰᠠᠨᠠᠭᠠᠨ ᠤ ᠬᠦᠳᠡᠯᠭᠡᠬᠦ ᠬᠦᠴᠤᠨ ᠪᠤᠯᠪᠠ ᠃ ︽ᠬᠤᠶᠠᠷ ᠰᠦᠯᠵᠢᠶ᠎ᠡ ᠨᠢᠬᠡ ᠰᠡᠳᠭᠦᠯ︾  ᠎ ᠢᠶᠠᠷ ᠭᠤᠤᠯ ᠹᠠᠷᠤᠨᠲ  ᠪᠤᠯᠭᠠᠭᠰᠠᠨ ᠰᠤᠶᠤᠯ ᠤᠨ ᠤᠬᠠᠭᠤᠯᠭ᠎ᠠ ᠎ ᠶᠢᠨ ᠲᠠᠪᠴᠠᠩ  ᠎ ᠤᠨ ᠨᠦᠯᠦᠭᠡᠯᠡᠬᠦ ᠬᠦᠴᠤᠨ᠂ ᠤᠷᠢᠶᠠᠯᠭ᠎ᠠ ᠶᠢᠨ ᠬᠦᠴᠤᠨ ᠨᠢ ᠡᠳᠤᠷ ᠢᠷᠡᠬᠦᠶ᠎ᠡ ᠦᠷᠭᠡᠳᠪᠠ᠃ ︽ᠶᠠᠰᠤ ᠴᠢᠨᠠᠷ ᠤᠨ ᠳᠠᠭᠤᠤ︾᠂ ︽ᠲᠤᠯᠤᠭᠠᠨ ᠰᠠᠷ᠎ᠠ ᠶᠢᠨ ᠭᠡᠷᠡᠯ ᠭᠢᠯᠪᠠᠭ᠎ᠠ︾᠂ ︽ᠬᠢᠨᠠᠯᠳᠠ ᠳᠠᠯᠪᠢᠭᠴᠢᠳ ᠤᠨ ᠬᠦᠬᠡᠬᠡᠴᠡᠯᠳᠤᠯ︾᠂ ︽ᠮᠠᠨ ᠤ ᠤᠳᠤᠷᠢᠳᠤᠭᠴᠢ ᠮᠠᠤ ᠽᠧ ᠳ᠋ᠦᠩ︾ ᠵᠡᠷᠭᠡ ᠨᠢᠬᠡ ᠪᠦᠯᠦᠭ ᠰᠤᠶᠤᠯ ᠤᠨ ᠦᠷ᠎ᠡ ᠪᠦᠳᠤᠭᠡᠯ ᠢ ᠴᠤᠯᠭᠤᠷᠠᠭᠤᠯᠤᠨ ᠭᠠᠷᠭᠠᠪᠠ᠃ ᠤᠷᠠᠨ ᠰᠠᠶᠢᠬᠠᠨ ᠤ ᠬᠠᠷᠢᠭᠤ ᠮᠡᠳᠡᠭᠦᠯᠦᠯᠳᠠ ᠶᠢᠨ ᠲᠤᠭᠯᠠᠯᠳᠠ᠂ ᠰᠢᠯᠭᠠᠨ ᠪᠠᠶᠢᠴᠠᠭᠠᠬᠤ ᠤᠷ᠎ᠠ ᠮᠡᠷᠭᠡᠵᠢᠯ ᠤᠨ ᠮᠦᠷᠦᠶᠢᠴᠡᠭᠡᠨ᠂ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ᠂ ᠤᠷᠠᠨ ᠶᠠᠷᠢᠶ᠎ᠠ ᠶᠢᠨ ᠤᠷᠤᠯᠳᠤᠭᠠᠨ᠂ ᠵᠢᠷᠤᠭ ᠰᠡᠭᠦᠳᠡᠷ ᠤᠨ ᠤᠷᠤᠯᠳᠤᠭᠠᠨ᠂ ᠤᠷᠠᠨ ᠪᠢᠴᠢᠯᠭᠡ ᠶᠢᠨ ᠤᠷᠤᠯᠳᠤᠭᠠᠨ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠶᠢ ᠦᠷᠨᠢᠭᠦᠯᠵᠦ᠂ ︽ᠶᠠᠰᠤ ᠴᠢᠨᠠᠷ ᠤᠨ ᠭᠢᠯᠪᠠᠭ᠎ᠠ︾ ᠤᠷᠠᠨ ᠰᠠᠶᠢᠬᠠᠨ ᠤ ᠬᠠᠷᠢᠭᠤ ᠮᠡᠳᠡᠭᠦᠯᠦᠯᠳᠠ ᠶᠢᠨ ᠲᠤᠭᠯᠠᠯᠳᠠ ᠶᠢ ᠪᠦᠬᠦ ᠤᠯᠤᠰ ᠲᠤ ᠨᠡᠪᠳᠡᠷᠡᠬᠦᠯᠵᠦ ᠦᠩᠭᠡᠷᠡᠪᠡ᠃ ᠶᠠᠰᠤ ᠴᠢᠨᠠᠷ ᠲᠤ ᠬᠢᠨᠠᠯᠳᠠ ᠳᠠᠯᠪᠢᠬᠤ ᠰᠤᠶᠤᠯ ᠳᠤ ᠤᠷᠢᠳᠤ ᠡᠮᠤᠨ᠎ᠡ ᠭᠠᠷᠤᠭᠠᠳᠤᠢ ᠬᠦᠭᠵᠢᠨ ᠴᠡᠴᠡᠭᠯᠡᠭᠰᠡᠨ ᠪᠠᠶᠢᠳᠠᠯ ᠢᠯᠡᠷᠡᠪᠠ᠃      ﹇ᠭᠤᠤ ᠢᠩ ᠵᠢᠶᠧ﹈ ᠵᠢᠷᠭᠤᠭ᠎ᠠ ᠳᠤ ᠡᠩᠨᠡᠭᠡᠨ ᠤ ᠪᠠᠶᠢᠭᠤᠯᠤᠯᠳᠠ ᠱᠠᠳᠤ ᠦᠶ᠎ᠡ ᠶᠢᠨ ᠴᠢᠨᠠᠷᠲᠠᠢ ᠦᠷ᠎ᠡ ᠪᠦᠳᠤᠭᠡᠯ ᠤᠯᠪᠠ᠃ ᠡᠯ᠎ᠡ ᠱᠠᠳᠤᠨ ᠤ ᠤᠳᠤᠷᠢᠳᠬᠤ ᠪᠠᠭ ᠤᠨ ᠪᠠᠶᠢᠭᠤᠯᠤᠯᠳᠠ ᠶᠢ ᠴᠢᠩᠭᠠᠳᠬᠠᠵᠦ᠂ ᠨᠢᠭᠡ ᠪᠦᠯᠦᠭ ᠨᠠᠰᠤ ᠵᠠᠯᠠᠭᠤ ᠬᠦᠴᠤ ᠲᠤᠷᠪᠢᠲᠠᠢ ᠺᠠᠳ᠋ᠷ ᠤᠳᠤᠷᠢᠳᠬᠤ ᠪᠠᠶᠢᠷᠢᠨ ᠳᠤ ᠲᠡᠪᠰᠢᠵᠦ᠂ ᠵᠦᠪᠬᠡᠨ 2008 ᠤᠨ ᠪᠠ 2009᠎ ᠳᠤ ᠡᠯᠰᠡᠭᠰᠡᠨ 379 ᠠᠯᠪᠠᠳᠠᠨ ᠤ ᠳᠤᠳᠤᠷ᠎ᠠ ᠠᠴᠠ185᠎ ᠨᠢ ᠰᠠᠯᠠᠭ᠎ᠠ ᠶᠢᠨ ᠱᠠᠳᠤᠨ ᠤ ᠤᠳᠤᠷᠢᠳᠬᠤ ᠪᠠᠶᠢᠷᠢᠨ ᠳᠤ ᠲᠡᠪᠰᠢᠪᠠ᠃ ᠪᠠᠶᠢᠭᠤᠯᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠳᠤᠳᠤᠭᠠᠳᠤ ᠪᠠᠶᠢᠭᠤᠯᠤᠮᠵᠢ ᠪᠠ ᠤᠳᠤᠷᠢᠳᠬᠤ ᠲᠤᠰᠢᠶᠠᠯ ᠤᠨ ᠲᠤᠭ᠎ᠠ ᠶᠢ ᠨᠡᠮᠡᠭᠳᠡᠬᠦᠯᠵᠦ᠂ ᠦᠪᠡᠷᠳᠡᠭᠡᠨ ᠵᠠᠰᠠᠬᠤ ᠤᠷᠤᠨ ᠤ ᠬᠡᠮᠵᠢᠯᠳᠠ ᠶᠢᠨ ᠬᠦᠷᠢᠶᠡᠯᠡᠩ ᠢ ᠳᠡᠳ᠋ ᠲᠢᠩᠬᠢᠮ ᠤᠨ ᠲᠡᠰ ᠤᠨ ᠠᠵᠢᠯ ᠦᠢᠯᠠᠰ ᠤᠨ ᠪᠠᠶᠢᠭᠤᠯᠤᠮᠵᠢ ᠪᠤᠯᠭᠠᠨ ᠦᠰᠭᠡᠪᠠ᠃ ᠲᠡᠷᠢᠬᠦᠨ ᠤ ᠨᠡᠶᠢᠳᠡᠯᠢᠭ ᠵᠢᠱᠢᠶ᠎ᠡ ᠶᠢ ᠶᠡᠬᠡᠪᠡᠷ ᠪᠤᠶᠢᠵᠢᠭᠤᠯᠤᠨ ᠭᠠᠷᠭᠠᠵᠦ᠂ ᠪᠦᠬᠦ ᠰᠢᠰᠲ᠋ᠧᠮ ᠳᠤ ᠲᠡᠷᠢᠬᠦᠨ ᠤ ᠡᠭᠦᠷ ᠢ ᠪᠠᠶᠢᠭᠤᠯᠤᠨ ᠰᠢᠯᠢᠳᠡᠭ ᠬᠡᠰᠢᠬᠦᠨ ᠢ ᠪᠤᠢ ᠪᠤᠯᠭᠠᠬᠤ ᠠᠵᠢᠯᠯᠠᠭ᠎ᠠ ᠦᠷᠨᠢᠨ ᠬᠦᠭᠵᠢᠵᠦ᠂ ᠢᠯᠠᠩᠭᠤᠶ᠎ᠠ ︽ᠶᠠᠰᠤ ᠴᠢᠨᠠᠷ ᠲᠤ ᠬᠢᠨᠠᠯᠳᠠ ᠳᠠᠯᠪᠢᠬᠤ ᠰᠠᠳᠭᠢᠯ ᠬᠦᠳᠡᠯᠭᠡᠮ᠎ᠡ ᠬᠦᠮᠤᠰ︾᠎ ᠢ ᠠᠳᠠᠯᠢᠳᠬᠠᠨ ᠰᠢᠯᠭᠠᠷᠠᠭᠤᠯᠵᠦ ᠬᠦᠬᠢᠬᠦᠯᠦᠨ ᠰᠠᠶᠢᠰᠢᠶᠠᠬᠤ ᠠᠵᠢᠯᠯᠠᠭ᠎ᠠ ᠨᠢ ᠶᠠᠰᠤ ᠴᠢᠨᠠᠷ ᠲᠤ ᠬᠢᠨᠠᠯᠳᠠ ᠳᠠᠯᠪᠢᠬᠤ ᠡᠩᠨᠡᠭᠡᠨ ᠤ ᠪᠠᠶᠢᠭᠤᠯᠤᠯᠳᠠ ᠶᠢᠨ ᠨᠢᠭᠡᠨ ᠨᠡᠷᠡᠳᠤ ᠲᠡᠮᠳᠡᠭ ᠪᠤᠯᠤᠭᠰᠠᠨ ᠪᠠᠶᠢᠨ᠎ᠠ᠃ ᠡᠭᠦᠨ ᠳᠤ ᠬᠤᠶᠠᠷ ᠨᠦᠬᠦᠷ ᠢ ᠤᠯᠤᠰ ᠤᠨ ᠶᠠᠰᠤ ᠴᠢᠨᠠᠷ ᠤᠨ ᠪᠠᠶᠢᠴᠠᠭᠠᠯᠳᠠ ᠶᠢᠨ ᠶᠡᠷᠦᠩᠬᠡᠢ ᠲᠤᠪᠴᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠲᠤᠰ ᠲᠤᠰ ᠲᠡᠷᠢᠬᠦᠨ ᠤ ᠨᠡᠶᠢᠳᠡᠯᠢᠭ ᠵᠢᠱᠢᠶ᠎ᠡ ᠪᠤᠯᠭᠠᠭᠰᠠᠨ ᠪᠠᠶᠢᠨ᠎ᠠ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠤᠵᠢᠯ ᠦᠢᠯᠡᠳᠤᠯᠭᠡ ᠶᠢᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ︽ᠲᠦᠷᠪᠡᠨ ᠰᠤᠷᠳᠠᠯ︾ ᠎ ᠤᠨ ᠲᠠᠯ᠎ᠠ ᠪᠠᠷ ᠬᠢ ᠲᠤᠪᠤᠶᠢᠮ᠎ᠠ ᠠᠰᠠᠭᠤᠳᠠᠯ ᠢ ᠡᠷᠡᠰ ᠵᠠᠯᠠᠷᠠᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠤᠯᠠᠨ ᠲᠦᠮᠡᠨᠴᠢ ᠱᠤᠭᠤᠮ ᠤᠨ ᠬᠦᠮᠤᠵᠢᠯ ᠦᠢᠯᠡᠳᠤᠯᠭᠡ ᠶᠢᠨ ᠠᠵᠢᠯᠯᠠᠭ᠎ᠠ ᠶᠢᠨ ᠠᠯᠪᠠᠨ ᠭᠡᠷ ᠤᠨ ᠦᠨᠡᠯᠡᠯᠳᠡ ᠶᠢ ᠤᠯᠪᠠ᠃ ᠨᠠᠮ ᠤᠨ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ᠂ ᠵᠠᠰᠠᠭ ᠤᠨ ᠰᠤᠷᠳᠠᠯ ᠠᠵᠢᠯ ᠲᠦᠷᠦᠯ ᠤᠨ ᠰᠤᠷᠳᠠᠯ ᠤᠨ ᠪᠠᠶᠢᠭᠤᠯᠤᠯᠳᠠ ᠲᠠᠰᠤᠷᠠᠯᠳᠠ ᠦᠬᠡᠢ ᠴᠢᠩᠭᠠᠳᠴᠤ᠂ ᠳᠤᠳᠤᠭᠠᠳᠤ ᠳᠠᠭᠠᠨ ᠬᠢᠨᠠᠨ ᠪᠤᠳᠤᠬᠤ᠂ ᠬᠠᠤᠯᠢ ᠶᠢ ᠬᠡᠷᠡᠭᠵᠢᠬᠦᠯᠤᠨ ᠬᠢᠨᠠᠯᠳᠠ ᠳᠠᠯᠪᠢᠬᠤ᠂ ᠠᠵᠢᠯ ᠲᠦᠷᠦᠯ ᠤᠨ ᠰᠤᠷᠳᠠᠯ ᠢ ᠬᠠᠷᠢᠯᠴᠠᠨ ᠪᠠᠶᠢᠴᠠᠭᠠᠬᠤ ᠵᠡᠷᠭᠡ ᠲᠠᠯ᠎ᠠ ᠪᠠᠷ ᠬᠢᠨᠠᠯᠳᠠ ᠳᠠᠯᠪᠢᠬᠤ ᠶᠢ ᠨᠡᠮᠡᠭᠳᠡᠭᠦᠯᠵᠦ᠂ ᠡᠩᠨᠡᠭᠡᠨ ᠤ ᠠᠮᠤᠷ ᠲᠦᠪᠰᠢᠨ ᠤ ᠪᠠᠶᠢᠳᠠᠯ ᠤᠯᠠᠮ ᠪᠠᠬᠢᠵᠢᠪᠠ᠃      ﹇ᠬᠦᠳᠤᠯᠦᠭᠴᠢ﹈ ᠭᠤᠤ ᠳᠠᠷᠤᠭ᠎ᠠ ᠰᠠᠶ᠋ᠢ ᠮᠠᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠲᠤᠪᠴᠢᠶ᠎ᠠ ᠎ ᠶᠢᠨ ᠤᠶᠢᠷ᠎ᠠ ᠶᠢᠨ ᠬᠡᠳᠤᠨ ᠵᠢᠯ ᠳᠤ ᠤᠯᠤᠭᠰᠠᠨ ᠠᠮᠵᠢᠯᠳᠠ ᠪᠦᠳᠤᠭᠡᠯ  ᠎ ᠢ ᠠᠮᠠᠨ ᠤᠩᠰᠢᠯᠭ᠎ᠠ ᠮᠡᠳᠤ ᠶᠠᠷᠢᠵᠦ ᠦᠭᠬᠦᠯ᠎ᠡ᠂ ᠤᠳᠤ ᠲᠠ ᠮᠠᠨ ᠤ ᠰᠦᠯᠵᠢᠶᠡᠨ ᠠᠨᠳᠠ ᠨᠠᠷ  ᠎ ᠲᠤ ᠡᠳᠡᠭᠡᠷ ᠰᠢᠯᠢᠳᠡᠭ ᠠᠮᠵᠢᠯᠳᠠ ᠶᠢ ᠶᠠᠭᠠᠬᠢᠵᠦ ᠤᠯᠤᠭᠰᠠᠨ ᠢᠶᠠᠨ ᠬᠡᠯᠡᠬᠡᠳ ᠦᠭᠬᠦᠨᠡᠤ︖      ﹇ᠭᠤᠤ ᠢᠩ ᠵᠢᠶᠧ﹈ ᠵᠠ ᠪᠤᠯᠤᠨ᠎ᠠ᠂ ᠪᠢᠳᠡ ᠬᠦᠭᠵᠢᠯᠳᠠ ᠶᠢ ᠪᠦᠬᠦ ᠲᠠᠯ᠎ᠠ ᠪᠠᠷ ᠲᠦᠷᠭᠡᠳᠭᠡᠭᠰᠡᠨ ᠤ ᠬᠠᠮᠳᠤ ᠪᠠᠰᠠ ᠮᠠᠰᠢ ᠤᠯᠠᠨ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠯ᠎ᠠ᠄ ᠭᠤᠤᠯ ᠨᠢ᠄ ᠨᠢᠭᠡ ᠳᠤ ᠦᠵᠡᠯ ᠰᠠᠨᠠᠭ᠎ᠠ ᠪᠠᠨ ᠴᠢᠯᠤᠭᠡᠯᠡᠵᠦ᠂ ᠦᠨᠡᠨ ᠢ ᠪᠠᠷᠢᠮᠳᠠᠯᠠᠬᠤ ᠪᠤᠯ ᠬᠦᠭᠵᠢᠯᠳᠡ ᠶᠢ ᠲᠦᠷᠭᠡᠳᠭᠡᠬᠦ ᠶᠢᠨ ᠴᠢᠬᠤᠯᠠ ᠡᠷᠳᠡᠨᠢ ᠮᠦᠨ᠃ ᠮᠠᠤ ᠽᠧ ᠳ᠋ᠦᠩ  ᠎ ᠤᠨ ᠦᠵᠡᠯ ᠰᠠᠨᠠᠭᠠᠨ ᠤ ᠠᠮᠢᠨ ᠰᠦᠨᠡᠰᠤ ᠶᠢ ᠢᠮᠠᠭᠳᠠ ᠪᠠᠷᠢᠮᠳᠠᠯᠠᠵᠦ᠂ ᠪᠦᠬᠦ ᠰᠢᠰᠲ᠋ᠧᠮ ᠳᠤ ᠦᠵᠡᠯ ᠰᠠᠨᠠᠭ᠎ᠠ ᠪᠠᠨ ᠴᠢᠯᠦᠬᠡᠯᠡᠬᠦ᠂ ᠦᠨᠡᠨ ᠢ ᠪᠠᠷᠢᠮᠳᠠᠯᠠᠬᠤ ᠶᠡᠭᠡ ᠰᠤᠷᠤᠯᠴᠠᠭ᠎ᠠ᠂ ᠶᠡᠭᠡ ᠶᠠᠷᠢᠯᠴᠠᠭ᠎ᠠ ᠎ ᠶᠢᠨ ᠠᠵᠢᠯᠯᠠᠭ᠎ᠠ ᠶᠢ ᠦᠷᠭᠡᠨ ᠳᠡᠯᠭᠡᠷ ᠦᠷᠨᠢᠭᠦᠯᠪᠠ᠃ ᠠᠵᠢᠯ ᠤᠨ ᠦᠢᠯᠡᠳᠤᠯᠭᠡ ᠳᠤᠮᠳᠠ ︽ᠭᠤᠷᠪᠠ ᠳᠤ ᠠᠰᠢᠭᠲᠠᠢ ᠪᠠᠶᠢᠬᠤ︾᠎ ᠶᠢ ᠪᠠᠷᠢᠮᠳᠠᠯᠠᠵᠦ᠂ ᠦᠷᠭᠡᠨ ᠤᠯᠠᠨ ᠺᠠᠳ᠋ᠷ ᠤᠯᠠᠨ ᠲᠦᠮᠠᠨ ᠢ ᠵᠢᠯᠤᠭᠤᠳᠤᠨ ᠦᠵᠡᠯ ᠲᠠᠨᠢᠯᠳᠠ ᠎ ᠪᠠᠨ ᠬᠤᠪᠢᠷᠠᠭᠤᠯᠬᠤ᠂ ᠵᠤᠷᠢᠭᠲᠠᠢ ᠪᠠᠷ ᠰᠡᠳᠬᠢᠬᠦ᠂ ᠵᠤᠷᠢᠭᠲᠠᠢ ᠪᠠᠷ ᠳᠠᠭᠠᠷᠢᠬᠤ᠂ ᠵᠤᠷᠢᠭᠲᠠᠢ ᠪᠠᠷ ᠠᠵᠢᠯᠯᠠᠬᠤ ᠪᠤᠯᠭᠠᠵᠦ᠂ ᠶᠠᠰᠤ ᠴᠢᠨᠠᠷ  ᠎ ᠲᠤ ᠬᠢᠨᠠᠯᠳᠠ ᠳᠠᠯᠪᠢᠬᠤ ᠰᠢᠰᠲ᠋ᠧᠮ ᠤᠨ ᠪᠢᠳᠡᠭᠦᠮᠵᠢᠯᠡᠨ ᠰᠠᠬᠢᠬᠤ ᠬᠤᠴᠤᠷᠤᠩᠭᠤᠢ ᠪᠠᠶᠢᠳᠠᠯ ᠢ ᠬᠤᠪᠢᠷᠠᠭᠤᠯᠪᠠ᠃ ᠬᠤᠶᠠᠷ ᠲᠤ ᠵᠤᠷᠢᠭᠲᠠᠢ ᠪᠠᠷ ᠦᠬᠡᠷᠡᠴᠢᠯᠡᠯᠳᠡ ᠬᠢᠵᠦ᠂ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠬᠦ ᠪᠤᠯ ᠬᠦᠭᠵᠢᠯᠳᠡ ᠶᠢ ᠠᠬᠢᠭᠤᠯᠬᠤ ᠶᠢᠨ ᠬᠦᠴᠤᠲᠠᠢ ᠬᠦᠳᠡᠯᠭᠡᠬᠦ ᠬᠦᠴᠤᠨ ᠮᠦᠨ᠃ ᠵᠤᠷᠢᠭᠲᠠᠢ ᠎ ᠪᠠᠷ ᠦᠬᠡᠷᠡᠴᠢᠯᠡᠯᠳᠡ ᠬᠢᠵᠦ᠂ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠬᠦ ᠴᠠᠭ ᠦᠶ᠎ᠡ ᠶᠢᠨ ᠵᠤᠷᠢᠭ ᠰᠠᠨᠠᠭ᠎ᠠ ᠎ ᠶᠢ ᠢᠮᠠᠭᠳᠠ ᠪᠠᠷᠢᠮᠳᠠᠯᠠᠵᠦ᠂ ᠦᠬᠡᠷᠡᠴᠢᠯᠡᠯᠳᠡ ᠳᠤ ᠲᠦᠰᠢᠭᠯᠡᠨ ᠦᠪᠡᠷ ᠢ ᠪᠠᠨ ᠬᠦᠴᠤᠷᠬᠡᠭᠵᠢᠭᠦᠯᠬᠦ  ᠪᠠ ᠰᠢᠨ᠎ᠡ ᠎ ᠶᠢ ᠡᠭᠦᠳᠬᠦ ᠳᠤ ᠲᠦᠰᠢᠭᠯᠡᠨ ᠦᠪᠡᠷ ᠢ ᠪᠠᠨ ᠪᠠᠬᠢᠵᠢᠭᠦᠯᠵᠦ᠂ ᠡᠳ᠋ ᠤᠨ ᠶᠠᠪᠤᠳᠠᠯ ᠤᠨ ᠪᠡᠯᠡ ᠮᠦᠩᠬᠦ ᠶᠢ ᠨᠢᠭᠡᠳᠤᠯᠲᠠᠢ ᠪᠡᠯᠡᠳᠭᠡᠬᠦ ᠲᠦᠷᠢᠮ ᠢ ᠪᠠᠶᠢᠭᠤᠯᠵᠦ᠂ ᠮᠡᠳᠡᠭᠡ ᠵᠠᠩᠭᠢᠵᠢᠯᠳᠠ ᠶᠢᠨ ᠠᠷᠭ᠎ᠠ ᠪᠠᠷᠢᠯ ᠢ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠯᠤᠭ᠎ᠠ ᠪᠦᠳᠤᠮᠵᠢᠲᠠᠢ ᠤᠶᠠᠯᠳᠤᠭᠤᠯᠵᠦ᠂ ᠦᠨᠳᠤᠰᠤᠳᠡᠨ ᠤ ᠰᠤᠶᠤᠯ ᠢ ᠪᠠᠷᠢᠮᠵᠢᠶᠠᠵᠢᠭᠤᠯᠤᠨ ᠤᠯᠠᠮᠵᠢᠯᠠᠬᠤ᠂ ᠤᠯᠠᠨ ᠤᠯᠤᠰ ᠤᠨ ᠠᠯᠳᠠᠷᠲᠠᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠤᠷᠤᠭᠤᠯᠤᠨ ᠠᠪᠴᠢᠷᠠᠵᠦ ᠬᠦᠮᠤᠨ ᠤ ᠬᠢ ᠪᠠᠷ ᠲᠤᠯᠢᠳᠠᠨ ᠠᠵᠢᠯᠯᠠᠬᠤ᠂ ᠲᠤᠯᠤᠭᠠᠨ ᠲᠤᠮᠤ ᠬᠢᠨᠠᠯᠳᠠ ᠬᠠᠮᠢᠶᠠᠷᠤᠯᠳᠠ ᠎ ᠶᠢᠨ ᠠᠷᠭ᠎ᠠ ᠬᠡᠮᠵᠢᠶ᠎ᠡ ᠪᠠᠷ ᠬᠡᠮ ᠦᠬᠡᠢ ᠰᠦᠨ ᠳᠠᠯᠬ᠎ᠠ ᠶᠢ ᠦᠢᠯᠡᠳᠪᠤᠷᠢᠯᠡᠬᠦ᠂ ᠲᠦᠮᠡᠨ ᠭᠠᠵᠠᠷ ᠤᠨ ᠠᠶᠠᠯᠠᠯ ᠤᠨ ︽ ᠬᠠᠷᠢᠯᠴᠠᠨ ᠰᠤᠷᠤᠯᠴᠠᠵᠦ ᠬᠠᠷᠢᠯᠴᠠᠨ ᠠᠬᠢᠭᠤᠯᠬᠤ︾ ᠵᠡᠷᠭᠡ ᠠᠵᠢᠯᠯᠠᠭ᠎ᠠ ᠤᠳ ᠢ ᠦᠷᠨᠢᠭᠦᠯᠵᠦ᠂ ᠠᠵᠢᠯ ᠦᠢᠯᠡᠰ ᠤᠨ ᠬᠦᠭᠵᠢᠯᠳᠠ ᠳᠤ ᠠᠮᠢᠵᠢᠷᠠᠯ ᠤᠨ ᠬᠦᠴᠤᠨ ᠪᠠ ᠠᠮᠢᠳᠤᠯᠢᠭ ᠬᠦᠴᠤᠨ ᠤᠯᠭᠤᠬᠤ ᠶᠢ ᠠᠬᠢᠭᠤᠯᠪᠠ᠃ ᠭᠤᠷᠪᠠ ᠳᠤ ᠦᠨᠡᠨ ᠢ ᠪᠠᠷᠢᠮᠳᠠᠯᠠᠨ ᠦᠨᠡᠨ ᠪᠤᠳᠠᠲᠠᠢ ᠠᠵᠢᠯᠯᠠᠬᠤ ᠪᠤᠯ ᠠᠵᠢᠯ ᠦᠢᠯᠡᠰ ᠤᠨ ᠠᠮᠵᠢᠯᠳᠠ ᠤᠯᠬᠤ ᠶᠢᠨ ᠴᠢᠬᠤᠯᠠ ᠤᠷᠢᠳᠠᠴᠢ ᠨᠦᠬᠦᠴᠡᠯ ᠮᠦᠨ᠃ ᠶᠠᠰᠤ ᠴᠢᠨᠠᠷ ᠨᠢ ᠲᠠᠯ᠎ᠠ ᠲᠠᠯ᠎ᠠ ᠶᠢᠨ ᠬᠢᠨ ᠤ ᠠᠰᠢᠭ ᠲᠤᠰᠠ ᠲᠠᠢ ᠬᠤᠯᠪᠤᠭᠳᠠᠵᠦ᠂ ᠬᠢᠨᠠᠯᠳᠠ ᠬᠠᠮᠢᠶᠠᠷᠤᠯᠳᠠ ᠨᠢ ᠦᠨᠡᠨ ᠪᠤᠳᠠᠲᠠᠢ ᠪᠠᠶᠢᠵᠦ᠂ ᠦᠴᠤᠬᠡᠨ ᠴᠤ ᠬᠤᠳᠠᠯ ᠬᠠᠭᠤᠷᠮᠠᠭ ᠪᠠᠶᠢᠵᠦ ᠪᠤᠯᠳᠠᠭ ᠦᠬᠡᠢ᠃ ᠦᠢᠯᠡᠳᠤᠯᠭᠡ ᠭᠡᠷᠡᠴᠢᠯᠡᠭᠰᠡᠨ ᠢᠶᠠᠷ᠂ ᠭᠠᠭᠴᠠᠬᠦ ᠦᠨᠡᠨ ᠪᠠᠶᠢᠳᠠᠯ ᠢ ᠪᠠᠶᠢᠴᠠᠭᠠᠨ ᠤᠶᠢᠯᠠᠭᠠᠵᠦ᠂ ᠦᠨᠡᠨ ᠪᠤᠳᠠᠲᠠᠢ ᠠᠷᠭ᠎ᠠ ᠬᠡᠮᠵᠢᠶ᠎ᠡ ᠠᠪᠴᠤ᠂ ᠦᠨᠡᠨ ᠪᠤᠳᠠᠲᠠᠢ ᠠᠵᠢᠯ ᠬᠢᠵᠦ᠂ ᠦᠨᠡᠨ ᠪᠤᠳᠠᠲᠠᠢ ᠦᠷ᠎ᠡ ᠪᠦᠳᠤᠭᠡᠯ ᠤᠯᠪᠠᠯ ᠰᠠᠶ᠋ᠢ ᠶᠠᠰᠤ ᠴᠢᠨᠠᠷ ᠲᠤ ᠬᠢᠨᠠᠯᠳᠠ ᠳᠠᠯᠪᠢᠬᠤ ᠦᠢᠯᠠᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠵᠦ ᠴᠢᠳᠠᠨ᠎ᠠ᠃ ᠲᠦᠷᠪᠠ ᠳᠤ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠪᠤᠯ ᠦᠷᠬᠦᠯᠵᠢᠯᠡᠨ ᠬᠦᠭᠵᠢᠭᠦᠯᠬᠦ ᠶᠢᠨ ᠨᠠᠶᠢᠳᠠᠪᠤᠷᠢᠲᠠᠢ ᠪᠠᠳᠤᠯᠠᠭ᠎ᠠ ᠮᠦᠨ᠃ ᠳᠡᠭᠡᠳᠤ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠲᠤᠷᠨᠢᠭᠤᠯᠤᠨ ᠪᠤᠶᠢᠵᠢᠭᠤᠯᠬᠤ ᠶᠢ ᠢᠮᠠᠭᠳᠠ ᠴᠢᠬᠤᠯᠠ ᠪᠠᠶᠢᠷᠢᠨ ᠳᠤ ᠳᠠᠯᠪᠢᠵᠦ᠂ ᠠᠵᠢᠯ ᠬᠢᠬᠦ ᠲᠤᠷᠠᠲᠠᠢ᠂ ᠠᠵᠢᠯ ᠬᠢᠵᠦ ᠴᠢᠳᠠᠬᠤ᠂ ᠠᠵᠢᠯ ᠬᠢᠪᠡᠯ ᠪᠦᠳᠤᠭᠡᠬᠦ ᠤᠷᠴᠢᠨ ᠠᠬᠤᠢ ᠶᠢ ᠢᠳᠡᠪᠬᠢᠲᠠᠢ ᠪᠤᠢ ᠪᠤᠯᠭᠠᠨ᠂ ᠨᠡᠯᠢᠶᠡᠳ ᠪᠦᠯᠦᠭ ᠮᠡᠷᠭᠡᠵᠢᠯ ᠤᠨ ᠲᠤᠯᠭᠠᠭᠤᠷᠢ ᠬᠦᠴᠤᠨ ᠪᠠ ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠤᠷᠤᠭᠤᠯᠤᠨ ᠠᠪᠴᠢᠷᠠᠵᠦ᠂ ᠬᠦᠮᠤᠵᠢᠭᠦᠯᠤᠨ ᠪᠤᠶᠢᠵᠢᠭᠤᠯᠵᠦ᠂ ᠲᠦᠪᠯᠡᠷᠡᠭᠦᠯᠤᠨ ᠴᠤᠭᠯᠠᠭᠤᠯᠪᠠ᠂ ᠡᠨᠡ ᠪᠤᠯ ᠠᠵᠢᠯ ᠦᠢᠯᠡᠰ ᠤᠨ ᠬᠦᠭᠵᠢᠯᠳᠡ ᠎ ᠶᠢᠨ ᠪᠠᠷᠠᠭᠳᠠᠰᠢ ᠦᠬᠡᠢ ᠬᠦᠳᠡᠯᠭᠡᠬᠦ ᠬᠦᠴᠤᠨ ᠮᠦᠨ ᠪᠦᠭᠡᠳ ᠮᠠᠨ ᠤ ᠡᠷᠬᠢᠮ ᠨᠠᠨᠳᠢᠨ ᠦᠪ ᠬᠦᠷᠤᠩᠭᠡ ᠮᠦᠨ᠃      ﹇ᠬᠦᠳᠤᠯᠦᠭᠴᠢ﹈ ᠬᠦᠭᠵᠢᠯᠳᠠ ᠶᠢ ᠠᠬᠢᠭᠤᠯᠬᠤ ᠵᠤᠭᠰᠤᠴᠠ ᠪᠠᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠳᠡᠭᠡᠷ᠎ᠡ ᠰᠢᠯᠵᠢᠭᠦᠯᠬᠦ ᠬᠡᠷᠡᠭᠲᠠᠢ ᠬᠡᠵᠦ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠲᠤᠳᠤᠷᠬᠠᠢ ᠳᠤᠷᠠᠳᠪᠠ᠂ ᠰᠢ ᠶᠢᠨ ᠫᠢᠩ ᠶᠡᠷᠦᠩᠬᠡᠢ ᠱᠦᠵᠢ ︽ᠭᠤᠷᠪᠠ ᠶᠢ ᠬᠤᠪᠢᠷᠠᠭᠤᠯᠬᠤ︾ ᠴᠢᠬᠤᠯᠠ ᠦᠬᠦᠯᠡᠯ ᠲᠤᠷᠠᠳᠴᠤ᠂ ᠯᠢ ᠺᠡ ᠴᠢᠶᠠᠩ ᠶᠡᠷᠦᠩᠬᠡᠢ ᠰᠠᠶᠢᠳ ᠪᠡᠭᠡᠵᠢᠩ ᠳᠤ ᠪᠤᠯᠤᠭᠰᠠᠨ ᠳᠤᠮᠳᠠᠳᠤ ᠤᠯᠤᠰ ᠤᠨ ᠶᠠᠰᠤ ᠴᠢᠨᠠᠷ ᠎ ᠤᠨ ᠶᠡᠭᠡ  ᠬᠤᠷᠠᠯ ᠳᠡᠭᠡᠷ᠎ᠡ ︽ᠬᠤᠯᠪᠤᠭᠳᠠᠭᠤᠯᠬᠤ᠂ ᠬᠠᠮᠢᠶᠠᠷᠬᠤ᠂ ᠵᠠᠰᠠᠬᠤ︾ ᠶᠠᠰᠤ ᠴᠢᠨᠠᠷ ᠤᠨ ᠠᠵᠢᠯ ᠤᠨ ᠰᠢᠨ᠎ᠡ ᠬᠡᠪ ᠪᠠᠶᠢᠳᠠᠯ ᠢ ᠲᠤᠷᠠᠳᠴᠤ᠂ ᠶᠠᠰᠤ ᠴᠢᠨᠠᠷ ᠲᠤ ᠬᠢᠨᠠᠯᠳᠠ ᠳᠠᠯᠪᠢᠬᠤ ᠦᠢᠯᠡᠰ ᠲᠤ ᠤᠷᠢᠨ ᠲᠤᠯᠠᠭᠠᠨ ᠬᠠᠪᠤᠷ ᠢ ᠠᠪᠴᠢᠷᠠᠵᠦ ᠦᠭᠪᠠ᠃ ᠤᠳᠤᠬᠠᠨ ᠳᠤ᠂ ᠮᠠᠨ ᠤ ᠤᠯᠤᠰ ᠤᠨ ᠠᠵᠦ ᠠᠬᠤᠢ ᠶᠢᠨ ᠬᠦᠭᠵᠢᠯᠳᠠ ᠰᠢᠨ᠎ᠡ ᠬᠡᠪ ᠪᠠᠶᠢᠳᠠᠯ ᠳᠤ ᠤᠷᠤᠵᠦ᠂ ᠲᠦᠪ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠰᠢᠨ᠎ᠡ ᠬᠡᠪ ᠪᠠᠶᠢᠳᠠᠯ ᠤᠨ ᠲᠤᠬᠠᠢ ᠵᠠᠳᠠᠯᠤᠨ ᠮᠠᠭᠠᠳᠯᠠᠯᠳᠠ ᠪᠠ ᠰᠢᠢᠳᠪᠤᠷᠢᠳᠤ ᠪᠤᠳᠤᠯᠭ᠎ᠠ ᠳᠠᠭᠠᠨ ᠴᠦᠮ ᠶᠠᠰᠤ ᠴᠢᠨᠠᠷ ᠤᠨ ᠠᠵᠢᠯ ᠳᠤ ᠲᠤᠳᠤᠷᠬᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠮᠠᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠲᠤᠪᠴᠢᠶ᠎ᠠ ᠰᠢᠨ᠎ᠡ ᠪᠠᠶᠢᠳᠠᠯ ᠳᠤ ᠬᠢᠷᠬᠢᠨ ᠵᠤᠬᠢᠴᠠᠬᠤ ᠮᠦᠷᠳᠡᠭᠡᠨ ᠪᠠᠰᠠ ᠶᠠᠮᠠᠷ ᠲᠦᠯᠦᠪᠵᠢᠭᠦᠯᠭᠡ ᠪᠠᠶᠢᠬᠤ ᠪᠤᠢ︖      ﹇ᠭᠤᠤ ᠢᠩ ᠵᠢᠶᠧ﹈ ᠪᠢᠳᠡ ᠤᠶᠢᠯᠠᠭᠠᠵᠦ ᠮᠡᠳᠡᠬᠦ ᠢᠳᠡᠭᠡᠨ ᠤ ᠵᠦᠢᠯ ᠢ ᠬᠢᠨᠠᠨ ᠬᠠᠮᠢᠶᠠᠷᠬᠤ ᠬᠦᠷᠢᠶᠡᠨ ᠠᠴᠠ ᠤᠬᠤᠷᠢᠨ ᠭᠠᠷᠬᠤ ᠳᠤ ᠬᠢᠨᠠᠨ ᠬᠠᠮᠢᠶᠠᠷᠬᠤ ᠭᠤᠤᠯᠳᠠᠯᠭ᠎ᠠ ᠪᠠᠨ ᠲᠤᠬᠢᠷᠠᠭᠤᠯᠬᠤ ᠠᠰᠠᠭᠤᠳᠠᠯ ᠵᠠᠶᠢᠯᠠᠰᠢ ᠦᠬᠡᠢ ᠲᠤᠯᠭᠠᠷᠠᠨ᠎ᠠ︔ ᠡᠭᠴᠡ ᠬᠠᠮᠢᠶᠠᠷᠤᠯᠳᠠ ᠶᠢᠨ ᠪᠠᠶᠢᠭᠤᠯᠤᠯ ᠢ ᠦᠬᠡᠶᠢᠰᠬᠡᠵᠦ᠂ ᠤᠷᠤᠨ ᠨᠤᠳᠤᠭ ᠤᠨ ᠵᠠᠰᠠᠭ ᠤᠨ ᠤᠷᠳᠤᠨ ᠱᠠᠳᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠳᠤ ᠲᠤᠬᠢᠷᠠᠭᠤᠯᠤᠨ ᠵᠤᠬᠢᠴᠠᠬᠤ᠂ ᠰᠢᠨ᠎ᠡ ᠡᠮᠬᠢ ᠲᠢᠭᠯᠢᠮ ᠢ ᠪᠠᠶᠢᠭᠤᠯᠬᠤ ᠶᠠᠪᠤᠴᠠ ᠶᠢ ᠵᠠᠶᠢᠯᠠᠰᠢ ᠦᠬᠡᠢ ᠦᠩᠬᠡᠷᠡᠭᠦᠯᠦᠨ᠎ᠠ︔ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠪᠠᠶᠢᠭᠤᠯᠤᠮᠵᠢ ᠶᠢ ᠨᠡᠶᠢᠯᠡᠬᠦᠯᠬᠦ ᠪᠠ ᠠᠵᠢᠯ ᠦᠢᠯᠡᠰ ᠤᠨ ᠨᠢᠭᠡᠴᠡ ᠶᠢ ᠲᠦᠷᠦᠯ ᠬᠤᠪᠢᠶᠠᠨ ᠦᠬᠡᠷᠡᠴᠢᠯᠡᠬᠦ ᠎ ᠨᠢ ᠲᠤᠭᠳᠠᠮᠠᠯ ᠠᠰᠢᠭ ᠲᠤᠰᠠ ᠶᠢᠨ ᠬᠡᠪ ᠪᠠᠶᠢᠳᠠᠯ ᠢ ᠡᠪᠳᠡᠭᠰᠡᠨ ᠰᠢᠨ᠎ᠡ ᠬᠤᠯᠢᠯᠳᠤᠯ ᠢ ᠵᠠᠶᠢᠯᠠᠰᠢ ᠦᠬᠡᠢ ᠪᠤᠢ ᠪᠤᠯᠭᠠᠨ᠎ᠠ︔ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠦ᠂ ᠬᠠᠤᠯᠢ ᠪᠠᠷ ᠵᠠᠰᠠᠬᠤ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠬᠤ ᠳᠤ ᠠᠵᠢᠯ ᠤᠨ ᠠᠷᠭ᠎ᠠ ᠬᠡᠯᠪᠡᠷᠢ ᠪᠠᠨ ᠵᠠᠶᠢᠯᠠᠰᠢ ᠦᠬᠡᠢ ᠬᠤᠪᠢᠰᠬᠠᠬᠤ ᠪᠤᠯᠤᠨ᠎ᠠ᠃ ᠡᠨᠡ  ᠪᠤᠯ ᠳᠠᠷᠤᠢ ᠮᠠᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲ᠋ᠧᠮ ᠤᠨ ᠤᠳᠤᠬᠠᠨ ᠤ ᠪᠠ ᠬᠤᠶᠢᠰᠢᠳᠠ ᠎ ᠶᠢᠨ ᠨᠢᠭᠡᠨ ᠨᠡᠯᠢᠶᠡᠳ ᠤᠷᠳᠤ ᠬᠤᠭᠤᠴᠠᠭᠠᠨ ᠳᠤ ᠲᠤᠯᠭᠠᠷᠠᠬᠤ ︽ᠰᠢᠨ᠎ᠡ ᠬᠡᠪ ᠪᠠᠶᠢᠳᠠᠯ ᠪᠤᠯᠤᠨ᠎ᠠ︾᠃      ﹇ᠭᠤᠤ ᠢᠩ ᠵᠢᠶᠧ﹈ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠤᠯᠤᠰ ᠤᠨ ᠶᠠᠰᠤ ᠴᠢᠨᠠᠷ ᠤᠨ ᠪᠠᠶᠢᠴᠠᠭᠠᠯᠳᠠ ᠶᠢᠨ ᠶᠡᠷᠦᠩᠬᠡᠢ ᠲᠤᠪᠴᠢᠶ᠎ᠠ ᠶᠢᠨ ᠪᠠᠶᠢᠷᠢᠯᠡᠭᠤᠯᠤᠯᠳᠠ ᠪᠠ ᠱᠠᠭᠠᠷᠳᠠᠯᠭ᠎ᠠ ᠪᠠᠷ᠂ ᠮᠠᠨ ᠤ ᠪᠤᠳᠠᠲᠠᠢ ᠪᠠᠶᠢᠳᠠᠯ ᠲᠠᠢ ᠪᠠᠨ ᠤᠶᠠᠯᠳᠤᠭᠤᠯᠵᠦ᠂ ᠤᠳᠤᠬᠠᠨ ᠤ ᠪᠠ ᠬᠤᠶᠢᠰᠢᠳᠠ ᠶᠢᠨ ᠨᠢᠭᠡᠨ ᠬᠤᠭᠤᠴᠠᠭᠠᠨ ᠤ ᠪᠦᠬᠦ ᠤᠷᠤᠨ ᠤ ᠶᠠᠰᠤ ᠴᠢᠨᠠᠷ ᠲᠤ ᠬᠢᠨᠠᠯᠳᠠ  ᠳᠠᠯᠪᠢᠬᠤ ᠠᠵᠢᠯ ᠤᠨ ᠶᠡᠷᠦᠩᠬᠡᠢ ᠴᠤᠭᠴᠠ ᠶᠢᠨ ᠰᠡᠳᠬᠢᠴᠡ ᠪᠤᠯᠤᠨ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠ᠂ ᠲᠦᠷᠪᠠᠳᠤᠭᠡᠷ ᠪᠦᠭᠦᠳᠠ ᠬᠤᠷᠠᠯᠳᠤᠭᠠᠨ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠶᠢᠨ ᠠᠵᠢᠯ ᠤᠨ ᠬᠤᠷᠠᠯ  ᠵᠢᠴᠢ ᠪᠦᠬᠦ ᠤᠯᠤᠰ ᠤᠨ ᠶᠠᠰᠤ ᠴᠢᠨᠠᠷ ᠎ ᠤᠨ ᠪᠠᠶᠢᠴᠠᠭᠠᠯᠳᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ᠦᠪᠡᠷᠳᠡᠭᠡᠨ ᠵᠠᠰᠠᠬᠤ ᠤᠷᠤᠨ ᠤ ︽8337︾ ᠬᠦᠭᠵᠢᠬᠦᠯᠦᠯᠳᠠ ᠶᠢᠨ ᠰᠡᠳᠬᠢᠴᠡ ᠶᠢ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ᠶᠠᠰᠤ ᠴᠢᠨᠠᠷ ᠪᠠ ᠦᠷ᠎ᠡ ᠠᠰᠢᠭ ᠢᠶᠠᠷ ᠭᠤᠤᠯ ᠪᠤᠯᠭᠠᠬᠤ ᠶᠢ ᠪᠠᠷᠢᠮᠳᠠᠯᠠᠵᠦ᠂ ︽ᠠᠷᠠᠳ ᠤᠨ ᠠᠮᠢᠳᠤᠷᠠᠯ ᠢᠶᠠᠷ ᠦᠨᠳᠤᠰᠤ ᠪᠤᠯᠭᠠᠵᠦ᠂ ᠠᠷᠠᠳ ᠤᠨ ᠢᠳᠡᠭᠡᠯ ᠢᠶᠠᠷ ᠡᠷᠬᠢᠮ ᠪᠤᠯᠭᠠᠬᠤ︾ ᠭᠤᠤᠯᠯᠠᠭᠴᠢ ᠦᠵᠡᠯᠳᠡ ᠎ ᠶᠢ ᠪᠠᠷᠢᠮᠳᠠᠯᠠᠵᠦ᠂  ︽ᠶᠠᠰᠤ ᠴᠢᠨᠠᠷ ᠢ ᠠᠳᠬᠤᠬᠤ᠂ ᠠᠮᠤᠷ ᠲᠦᠪᠰᠢᠨ ᠢ ᠪᠠᠳᠤᠯᠠᠬᠤ᠂ ᠬᠦᠭᠵᠢᠯᠳᠠ ᠶᠢ ᠠᠬᠢᠭᠤᠯᠬᠤ᠂ ᠶᠠᠰᠤ ᠴᠢᠨᠠᠷ ᠲᠤ  ᠬᠢᠨᠠᠯᠳᠠ ᠳᠠᠯᠪᠢᠬᠤ ᠶᠢ ᠴᠢᠩᠭᠠᠳᠬᠠᠬᠤ︾ ᠠᠵᠢᠯ ᠤᠨ ᠴᠢᠭᠯᠡᠯᠳᠠ ᠶᠢ ᠪᠠᠷᠢᠮᠳᠠᠯᠠᠵᠦ᠂ ︽ᠶᠠᠰᠤ ᠴᠢᠨᠠᠷ ᠤᠨ ᠭᠤᠤᠯ ᠰᠡᠳᠤᠪ ᠢ ᠲᠤᠪᠤᠶᠢᠯᠭᠠᠬᠤ᠂ ᠠᠮᠤᠷ ᠲᠦᠪᠰᠢᠨ ᠤ ᠰᠡᠷᠭᠡᠶᠢᠯᠡᠯᠳᠠ ᠶᠢᠨ ᠱᠤᠭᠤᠮ ᠢ ᠪᠠᠬᠢᠯᠡᠬᠦ᠂ ᠠᠵᠢᠯ ᠤᠨ ᠬᠡᠯᠪᠡᠷᠢ ᠪᠠᠨ ᠬᠤᠪᠢᠷᠠᠭᠤᠯᠬᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ︾ ᠠᠵᠢᠯ ᠤᠨ ᠶᠡᠷᠦᠩᠬᠡᠢ ᠬᠦᠭ ᠠᠶᠠᠰ ᠢᠶᠠᠷ ᠰᠢᠨ᠎ᠡ ᠬᠡᠪ ᠪᠠᠶᠢᠳᠠᠯ᠂ ᠰᠢᠨ᠎ᠡ ᠪᠠᠶᠢᠭᠤᠯᠤᠯ ᠳᠤᠤᠷᠠᠬᠢ ᠠᠵᠢᠯ ᠤᠨ ᠰᠢᠨ᠎ᠡ ᠲᠤᠭᠳᠠᠴᠠ ᠶᠢ  ᠰᠦᠪᠡᠭᠴᠢᠯᠡᠨ ᠪᠠᠶᠢᠭᠤᠯᠵᠦ᠂  ᠶᠠᠰᠤ ᠴᠢᠨᠠᠷ ᠲᠤ ᠬᠢᠨᠠᠯᠳᠠ  ᠲᠠᠯᠪᠢᠬᠤ ᠦᠢᠯᠡᠰ ᠤᠨ ᠰᠢᠨ᠎ᠡ ᠦᠰᠤᠷᠤᠯᠳᠠ ᠶᠢ ᠪᠠᠶᠡᠯᠡᠬᠦᠯᠬᠦ ᠶᠠᠪᠤᠳᠠᠯ ᠪᠤᠯᠤᠨ᠎ᠠ᠃      ﹇ᠬᠦᠳᠤᠯᠦᠭᠴᠢ﹈  ᠭᠤᠤ ᠳᠠᠷᠤᠭ᠎ᠠ ᠡ᠂ ᠲᠠ ᠮᠠᠨ ᠤ ᠰᠦᠯᠵᠢᠶᠡᠨ ᠠᠨᠳᠠ ᠨᠠᠷ ᠲᠤ ᠲᠠᠨᠠᠷ ᠶᠠᠮᠠᠷ ᠠᠵᠢᠯ ᠤᠨ ᠬᠠᠷᠠᠯᠳᠠ ᠲᠠᠢ ᠪᠠᠶᠢᠬᠤ ᠪᠠᠨ ᠶᠠᠷᠢᠭᠠᠳ ᠦᠭᠬᠦᠨᠡᠤ︖      ﹇ᠭᠤᠤ ᠢᠩ ᠵᠢᠶᠧ﹈ ᠵᠠ ᠳᠡᠭᠡᠶ᠎ᠡ᠂ ᠦᠪᠤᠷ ᠮᠤᠩᠭᠤᠯ ᠤᠨ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲ᠋ᠧᠮ ᠤᠨ ︽ᠠᠷᠪᠠᠨ ᠭᠤᠷᠪᠠᠳᠤᠭᠠᠷ ᠲᠠᠪᠤ︾᠎ ᠶᠢᠨ ᠰᠡᠭᠦᠯᠴᠢ ᠶᠢᠨ ᠬᠤᠭᠤᠴᠠᠭ᠎ᠠ ᠪᠤᠯᠳᠠᠯᠠᠬᠢ ᠲᠡᠮᠡᠴᠡᠬᠦ ᠬᠠᠷᠠᠯᠳᠠ ᠬᠡᠪᠡᠯ᠄ ᠱᠠᠳᠤ ᠬᠤᠪᠢᠶᠠᠨ ᠬᠠᠮᠢᠶᠠᠷᠬᠤ ᠪᠠᠶᠢᠭᠤᠯᠤᠯ ᠳᠤ ᠵᠤᠬᠢᠴᠠᠭᠰᠠᠨ ᠶᠠᠰᠤ ᠴᠢᠨᠠᠷ ᠲᠤ ᠬᠢᠨᠠᠯᠳᠠ ᠳᠠᠯᠪᠢᠬᠤ ᠠᠵᠢᠯ ᠤᠨ ᠠᠵᠢᠯᠯᠠᠭᠠᠨ ᠤ ᠲᠤᠭᠳᠠᠴᠠ ᠶᠢ ᠪᠦᠬᠦ ᠲᠠᠯ᠎ᠠ ᠪᠠᠷ ᠪᠠᠶᠢᠭᠤᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠰᠠᠯᠠᠭ᠎ᠠ ᠮᠦᠴᠢᠷ ᠤᠨ ᠬᠦᠭᠵᠢᠯᠳᠡ ᠳᠤ ᠦᠢᠯᠡᠴᠢᠯᠡᠬᠦ ᠴᠢᠳᠠᠪᠤᠷᠢ ᠶᠢ ᠢᠯᠠᠳᠳᠠ ᠨᠡᠮᠡᠭᠳᠡᠭᠦᠯᠵᠦ᠂ ᠠᠵᠦ ᠠᠬᠤᠢ ᠨᠡᠶᠢᠭᠡᠮ ᠤᠨ ᠬᠦᠭᠵᠢᠯᠳᠡ ᠳᠤ ᠶᠠᠰᠤ ᠴᠢᠨᠠᠷ ᠤᠨ ᠬᠠᠮᠢᠶᠠᠷᠤᠯᠳᠠ᠂ ᠬᠡᠮᠵᠢᠯᠳᠠ᠂ ᠪᠷᠢᠮᠵᠢᠶᠠᠭᠤᠯᠤᠯᠳᠠ᠂ ᠵᠦᠪᠰᠢᠶᠡᠷᠡᠯ ᠦᠨᠡᠯᠡᠯᠳᠠ᠂ ᠰᠢᠯᠭᠠᠨ ᠪᠠᠶᠢᠴᠠᠭᠠᠯᠳᠠ ᠰᠢᠯᠭᠠᠨ ᠬᠡᠮᠵᠢᠯᠳᠠ ᠠᠴᠠ ᠬᠤᠪᠢ ᠨᠡᠮᠡᠷᠢ ᠦᠵᠡᠭᠦᠯᠬᠦ ᠨᠤᠷᠮ᠎ᠠ ᠎ ᠶᠢ ᠢᠯᠡᠳᠳᠠ ᠳᠡᠭᠡᠭᠰᠢᠯᠡᠬᠦᠯᠵᠦ᠂ ᠶᠠᠰᠤ ᠴᠢᠨᠠᠷ ᠢ ᠬᠠᠮᠳᠤ ᠪᠠᠷ ᠵᠠᠰᠠᠬᠤ ᠬᠡᠪ ᠪᠠᠶᠢᠳᠠᠯ ᠢ ᠦᠨᠳᠤᠰᠤᠨ ᠳᠡᠭᠡᠨ ᠪᠤᠢ ᠪᠤᠯᠭᠠᠨ᠎ᠠ᠃ ᠪᠦᠬᠦ ᠤᠷᠤᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲ᠋ᠧᠮ ᠤᠨ ᠶᠡᠷᠦᠩᠬᠡᠢ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠦᠬᠦ ᠤᠯᠤᠰ ᠤᠨ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲ᠋ᠧᠮ ᠤᠨ ᠳᠤᠮᠳᠠ ᠵᠡᠷᠭᠡ ᠎ ᠶᠢᠨ ᠬᠢᠷᠢ ᠲᠦᠪᠰᠢᠨ ᠳᠤ ᠬᠦᠷᠦᠭᠦᠯᠵᠦ᠂ ︽ᠦᠪᠤᠷ ᠮᠤᠩᠭᠤᠯ ᠤᠨ ᠡᠭᠦᠳᠤᠯᠳᠠ︾᠂ ︽ᠦᠪᠤᠷ ᠮᠤᠩᠭᠤᠯ ᠤᠨ ᠶᠠᠰᠤ ᠴᠢᠨᠠᠷ︾᠂ ︽ᠦᠪᠤᠷ ᠮᠤᠩᠭᠤᠯ ᠤᠨ ᠨᠡᠷᠡᠳᠤ ᠲᠡᠮᠳᠡᠭ︾᠎ ᠢ ᠪᠠᠶᠢᠭᠤᠯᠬᠤ ᠶᠢ ᠠᠬᠢᠭᠤᠯᠬᠤ ᠭᠤᠤᠯ ᠰᠠᠯᠠᠭ᠎ᠠ ᠮᠦᠴᠢᠷ ᠪᠠ ᠠᠵᠦ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠤᠨ ᠦᠷ᠎ᠡ ᠠᠰᠢᠭ ᠢ ᠨᠡᠮᠡᠭᠳᠡᠭᠦᠯᠤᠨ ᠲᠡᠰ ᠦᠰᠭᠡᠬᠦ ᠎ ᠶᠢᠨ ᠴᠢᠬᠤᠯᠠ ᠬᠦᠴᠤᠨ ᠪᠤᠯᠭᠠᠬᠤ ᠶᠠᠪᠤᠳᠠᠯ ᠪᠤᠯᠤᠨ᠎ᠠ᠃      ﹇ᠬᠦᠳᠤᠯᠦᠭᠴᠢ﹈ ᠳᠠᠭᠡᠪᠡᠯ᠂ ᠳᠡᠭᠡᠷᠡᠬᠢ ᠬᠠᠷᠠᠯᠳᠠ ᠶᠢ ᠶᠠᠭᠠᠬᠢᠪᠠᠯ ᠰᠠᠶ᠋ᠢ ᠪᠠᠶᠠᠯᠡᠬᠦᠯᠵᠦ ᠴᠢᠳᠠᠬᠤ ᠪᠤᠢ      ﹇ᠭᠤᠤ ᠢᠩ ᠵᠢᠶᠧ﹈ ᠳᠡᠭᠡᠷᠡᠬᠢ ᠬᠠᠷᠠᠯᠳᠠ ᠶᠢ ᠪᠡᠶᠡᠯᠡᠬᠦᠯᠦᠶ᠎ᠡ ᠭᠡᠪᠡᠯ᠂ ᠪᠢᠳᠡ ᠡᠷᠬᠡᠪᠰᠢ ᠦᠵᠡᠯ ᠳᠠᠨᠢᠯᠳᠠ ᠪᠠᠨ ᠳᠡᠭᠡᠭᠰᠢᠯᠡᠬᠦᠯᠵᠦ᠂ ᠰᠢᠨ᠎ᠡ ᠬᠡᠪ ᠪᠠᠶᠢᠳᠠᠯ ᠤᠨ ᠦᠵᠡᠯ ᠰᠠᠨᠠᠭᠠᠨ ᠤ ᠳᠤᠳᠤᠭᠠᠳᠤ ᠠᠭᠤᠯᠬᠤᠨ ᠪᠠ ᠦᠢᠯᠡᠳᠤᠯᠭᠡ ᠶᠢᠨ ᠱᠠᠭᠠᠷᠳᠠᠯᠭ᠎ᠠ ᠶᠢ ᠤᠨᠤᠪᠴᠢᠲᠠᠢ ᠡᠵᠡᠮᠰᠢᠵᠦ᠂  ᠦᠵᠠᠯᠳᠠ ᠳᠠᠨᠢᠯᠳᠠ ᠵᠠᠪᠠᠯ ᠦᠨᠳᠤᠷ ᠲᠦᠪᠰᠢᠨ ᠳᠤ ᠬᠦᠷᠦᠭᠰᠡᠨ ᠪᠠᠶᠢᠬᠤ ᠬᠡᠷᠡᠭᠲᠠᠢ︔ ᠪᠢᠳᠡ ᠡᠷᠬᠡᠪᠰᠢ ᠦᠬᠡᠷᠡᠴᠢᠯᠡᠬᠦ ᠰᠢᠨ᠎ᠡ ᠶᠢ ᠡᠭᠦᠳᠬᠦ ᠳᠡᠭᠡᠷ᠎ᠡ ᠬᠦᠴᠤ ᠳᠠᠯᠪᠢᠵᠦ᠂ ᠦᠬᠡᠷᠡᠴᠢᠯᠠᠯᠳᠠ ᠬᠢᠬᠦ ᠪᠠ ᠬᠠᠤᠯᠢ ᠪᠠᠷ ᠵᠠᠰᠠᠬᠤ ᠵᠤᠷᠢᠭ ᠰᠠᠨᠠᠭ᠎ᠠ ᠪᠠᠷ ᠵᠠᠰᠠᠭ ᠵᠠᠬᠢᠷᠭᠠᠨ ᠤ ᠬᠡᠯᠪᠡᠷᠢ᠂ ᠬᠢᠨᠠᠨ ᠬᠠᠮᠢᠶᠠᠷᠬᠤ ᠬᠡᠯᠪᠡᠷᠢ ᠶᠢ ᠲᠦᠷᠭᠡᠨ ᠬᠤᠪᠢᠷᠠᠭᠤᠯᠬᠤ ᠬᠡᠷᠡᠭᠲᠠᠢ︔ ᠪᠢᠳᠡ ᠡᠷᠬᠡᠪᠰᠢ ᠤᠷᠢᠳᠴᠢᠯᠠᠨ ᠠᠷᠭ᠎ᠠ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠦ᠂ ᠰᠢᠨ᠎ᠠ ᠴᠠᠭ ᠲᠤᠬᠢᠶᠠᠯ ᠢ ᠵᠠᠪᠳᠤᠵᠦ᠂ ᠰᠢᠨ᠎ᠠ ᠦᠷᠢᠰᠤᠯᠳᠤᠭᠡᠨ ᠢ ᠤᠭᠳᠤᠬᠤ ᠬᠡᠷᠡᠭᠲᠠᠢ᠃ ᠤᠳᠤᠬᠠᠨ ᠪᠠ ᠬᠤᠶᠢᠰᠢᠳᠠ ᠶᠢᠨ ᠨᠢᠬᠡᠨ ᠬᠤᠭᠤᠴᠠᠭᠠᠨ ᠳᠤ ᠤᠨᠴᠠᠭᠠᠶᠢᠯᠠᠨ ᠬᠦᠴᠤᠨ ᠴᠢᠳᠠᠯ ᠢᠶᠠᠨ ᠲᠦᠪᠯᠡᠷᠡᠭᠦᠯᠦᠨ ᠭᠤᠷᠪᠠᠨ ᠲᠤᠮᠤ ᠶᠠᠪᠤᠳᠠᠯ ᠢ ᠭᠤᠤᠯᠳᠠᠯᠭ᠎ᠠ ᠲᠠᠢ ᠰᠠᠶᠢᠨ ᠬᠢᠬᠦ ᠬᠡᠷᠡᠭᠲᠠᠢ  ᠃      ﹇ᠬᠦᠳᠤᠯᠦᠭᠴᠢ﹈ ᠲᠡᠷᠡ ᠨᠢ ᠠᠯᠢ ᠭᠤᠷᠪᠠᠨ ᠲᠤᠮᠤ ᠶᠠᠪᠤᠳᠠᠯ ᠪᠤᠢ︖      ﹇ᠭᠤᠤ ᠢᠩ ᠵᠢᠶᠧ﹈  ᠭᠤᠤᠯ ᠨᠢ ᠳᠤᠤᠷᠠᠬᠢ ᠭᠤᠷᠪᠠᠨ ᠲᠤᠮᠤ ᠶᠠᠪᠤᠳᠠᠯ ᠪᠤᠯᠤᠨ᠎ᠠ᠄      ︵ᠨᠢᠭᠡ︶ ᠬᠦᠭᠵᠢᠯᠳᠠ ᠳᠤ ᠦᠢᠯᠡᠴᠢᠯᠡᠬᠦ ᠪᠦᠳᠤᠮᠵᠢᠳᠤ ᠴᠢᠨᠠᠷ ᠢ ᠳᠡᠭᠡᠭᠰᠢᠯᠡᠬᠦᠯᠵᠦ᠂ ᠤᠷᠤᠨ ᠨᠤᠳᠤᠭ ᠤᠨ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠶᠡᠭᠡ ᠪᠠᠶᠢᠳᠠᠯ ᠯᠤᠭ᠎ᠠ  ᠨᠡᠪᠴᠢᠨ ᠰᠢᠮᠡᠳᠬᠦ ᠶᠢ ᠡᠷᠢᠯᠬᠢᠯᠡᠨ᠎ᠡ᠃ ᠤᠳᠤᠬᠠᠨ ᠳᠤ᠂ ᠶᠠᠰᠤ ᠴᠢᠨᠠᠷ ᠲᠤ ᠬᠢᠨᠠᠯᠳᠠ ᠳᠠᠯᠪᠢᠬᠤ ᠦᠢᠯᠡᠰ ᠤᠨ ᠬᠦᠭᠵᠢᠯᠳᠠ ᠶᠢ ᠬᠢᠵᠠᠭᠠᠷᠯᠠᠵᠦ ᠪᠠᠶᠢᠭ᠎ᠠ ᠭᠤᠤᠯ ᠵᠦᠷᠢᠴᠡᠯ ᠪᠤᠯ ᠮᠦᠨᠬᠦ ᠪᠢᠳᠡᠨ ᠤ ᠰᠡᠳᠬᠢᠴᠡ ᠦᠷᠭᠡᠨ ᠪᠢᠰᠢ᠂  ᠬᠠᠭᠤᠴᠢᠨ ᠬᠡᠪᠰᠢᠮᠡᠯ ᠦᠵᠡᠯ ᠳᠠᠨᠢᠯᠳᠠ ᠮᠦᠨᠬᠦ ᠤᠷᠤᠰᠢᠵᠦ ᠪᠠᠶᠢᠬᠤ ᠠᠰᠠᠭᠤᠳᠠᠯ ᠪᠤᠯᠤᠨ᠎ᠠ᠃ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲ᠋ᠧᠮ ᠨᠢ ᠬᠡᠳᠤᠶᠢᠪᠡᠷ ᠲᠤᠰᠬᠠᠢ ᠮᠡᠷᠭᠡᠵᠢᠯ ᠤᠨ ᠰᠠᠯᠠᠭ᠎ᠠ ᠮᠦᠴᠢᠷ ᠪᠤᠯᠬᠤ ᠪᠤᠯᠪᠠᠴᠤ ᠶᠠᠰᠤ ᠴᠢᠨᠠᠷ ᠲᠤ ᠬᠢᠨᠠᠯᠳᠠ ᠳᠠᠯᠪᠢᠬᠤ ᠠᠵᠢᠯ ᠢ ᠰᠠᠶᠢᠳᠤᠷ ᠠᠳᠬᠤᠵᠦ᠂ ᠦᠢᠯᠡᠰ ᠤᠨ ᠬᠦᠭᠵᠢᠯᠳᠠ ᠶᠢ ᠠᠬᠢᠭᠤᠯᠬᠤ ᠳᠤ ᠡᠷᠬᠡᠪᠰᠢ ︽ᠦᠪᠡᠷ ᠨᠢ ᠦᠪᠡᠷ ᠢ ᠪᠠᠨ ᠠᠳᠬᠤᠬᠤ︾ ᠬᠦᠷᠢᠶ᠎ᠡ ᠠᠴᠠ ᠦᠰᠤᠷᠤᠨ ᠭᠠᠷᠴᠤ᠂ ᠡᠷᠬᠡᠪᠰᠢ ᠲᠤᠰ ᠭᠠᠵᠠᠷ ᠤᠷᠤᠨ ᠤ ᠠᠵᠦ ᠠᠬᠤᠢ ᠶᠢᠨ ᠬᠦᠭᠵᠢᠬᠦᠯᠦᠯᠳᠠ ᠶᠢᠨ ᠪᠦᠳᠤᠭᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ ᠨᠡᠪᠴᠢᠨ ᠰᠢᠮᠡᠳᠬᠦ ᠬᠡᠷᠡᠭᠲᠠᠢ᠂ ᠡᠨᠡᠬᠦ ᠡᠭᠦᠰᠤᠯᠳᠠ ᠪᠤᠯᠤᠨ ᠵᠤᠭᠰᠤᠴᠠ ᠠᠴᠠ ᠰᠠᠯᠪᠠᠯ᠂ ᠪᠠᠳᠡ ᠳᠠᠷᠤᠢ ᠠᠵᠢᠯ ᠤᠨ ᠴᠢᠭᠯᠡᠯ ᠎ ᠠᠴᠠ ᠪᠠᠨ ᠰᠠᠯᠵᠦ᠂ ᠭᠤᠤᠯ ᠪᠠᠶᠢᠯᠳᠤᠭᠠᠨ ᠤ ᠲᠠᠯᠠᠪᠤᠷ ᠪᠠ ᠡᠷᠳᠡᠮ ᠴᠢᠳᠠᠪᠤᠷᠢ ᠪᠠᠨ ᠭᠠᠷᠭᠠᠬᠤ ᠲᠤᠮᠤ ᠲᠠᠪᠴᠠᠩ ᠎ ᠢᠶᠠᠨ ᠠᠯᠳᠠᠵᠦ᠂ ᠲᠤᠬᠠᠶᠢᠯᠠᠭᠰᠠᠨ ᠠᠵᠢᠯ ᠢ ᠠᠳᠬᠤᠬᠤ ᠲᠤᠳᠤᠮ ᠴᠦᠬᠡᠭᠡᠷᠡᠵᠦ᠂ ᠠᠵᠢᠯ ᠦᠢᠯᠡᠰ ᠢ ᠬᠢᠬᠦ ᠳᠤᠳᠤᠮ ᠪᠠᠭᠠᠰᠴᠤ᠂ ᠡᠴᠤᠰ ᠲᠡᠭᠡᠨ ᠰᠠᠨᠠᠭᠠᠴᠢᠯᠠᠭᠠᠳᠤ ᠪᠤᠰᠤ ᠪᠠᠶᠢᠷᠢᠨ ᠳᠤ ᠤᠷᠤᠬᠤ ᠪᠤᠯᠤᠨ᠎ᠠ᠃ ᠡᠭᠦᠷᠭᠡ ᠬᠠᠷᠢᠭᠤᠴᠠᠯᠭ᠎ᠠ ᠎ ᠪᠠᠨ ᠲᠤᠤᠱᠲᠠᠢ ᠭᠦᠢᠴᠡᠳᠭᠡᠬᠦ ᠳᠤ ᠡᠷᠬᠡᠪᠰᠢ ᠭᠤᠤᠯ ᠠᠵᠢᠯ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ ᠬᠡᠷᠡᠭᠲᠠᠢ᠃ ᠪᠢᠳᠠ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠢᠮᠠᠭᠳᠠ ᠮᠦᠷᠳᠡᠨ ᠳᠠᠭᠠᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠠᠵᠢᠯ ᠢ ᠤᠷᠤᠨ ᠨᠤᠳᠤᠭ ᠤᠨ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠶᠡᠭᠡ ᠲᠠᠯ᠎ᠠ ᠳᠤ ᠨᠡᠩ ᠰᠠᠨᠠᠭᠠᠴᠢᠯᠠᠭ᠎ᠠ ᠠᠴᠠ ᠪᠠᠨ ᠰᠢᠮᠡᠳᠭᠡᠨ ᠲᠡᠭᠦᠨ ᠢᠶᠠᠨ ᠪᠤᠳᠤᠯᠬᠢᠯᠡᠵᠦ᠂ ᠠᠷᠭ᠎ᠠ ᠤᠬᠠᠭᠠᠨ ᠰᠦᠪᠡᠭᠴᠢᠯᠡᠵᠦ᠂ ᠲᠡᠭᠦᠨ ᠢᠶᠠᠨ ᠠᠬᠢᠭᠤᠯᠵᠦ᠂ ᠤᠷᠤᠨ ᠨᠤᠳᠤᠭ ᠲᠤ ᠦᠢᠯᠡᠴᠢᠯᠡᠬᠦ᠂ ᠬᠦᠭᠵᠢᠯᠳᠠ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠡᠯ᠎ᠡ ᠲᠦᠷᠦᠯ ᠤᠨ ᠠᠵᠢᠯ ᠢ ᠨᠡᠩ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠤᠷᠤᠨ ᠨᠤᠳᠤᠭ ᠤᠨ ᠭᠤᠤᠯ ᠠᠵᠢᠯ ᠎ ᠯᠤᠭ᠎ᠠ ︽ᠨᠢᠭᠡᠨ ᠬᠦᠯᠬᠡ ᠰᠢᠳᠠᠷ᠎ᠠ﹈ ᠮᠡᠳᠤ ᠪᠤᠯᠭᠠᠵᠦ᠂ ︽ᠨᠢᠭᠡ ᠴᠤᠭᠴᠠᠵᠢᠭᠤᠯᠤᠯᠳᠠ︾᠎ ᠶᠢ ᠪᠡᠶᠡᠯᠡᠭᠦᠯᠤᠨ᠎ᠠ᠃ ᠪᠤᠳᠠᠲᠠᠢ ᠪᠠᠷ ᠬᠡᠯᠡᠪᠡᠯ᠂ ᠦᠪᠡᠷᠳᠡᠭᠡᠨ ᠵᠠᠰᠠᠬᠤ ᠤᠷᠤᠨ ᠤ ︽8337︾ ᠬᠦᠭᠵᠢᠬᠦᠯᠦᠯᠳᠠ ᠶᠢᠨ ᠰᠡᠳᠬᠢᠴᠡ ᠲᠠᠢ ᠨᠢᠭᠳᠠ ᠤᠶᠠᠯᠳᠤᠭᠤᠯᠵᠦ ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠢᠰᠤᠳᠤᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦ ᠬᠡᠰᠢᠭᠦᠳ ᠤᠨ ᠬᠤᠷᠠᠯᠳᠤᠭᠠᠨ ᠵᠢᠴᠢ ᠪᠦᠬᠦ ᠤᠷᠤᠨ ᠤ ᠠᠵᠦ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ  ᠎ ᠲᠠᠢ ᠤᠶᠠᠯᠳᠤᠭᠤᠯᠵᠦ᠂ ᠦᠪᠡᠷᠳᠡᠭᠡᠨ ᠵᠠᠰᠠᠬᠤ ᠤᠷᠤᠨ ᠤ ᠤᠷᠢᠳᠡᠪᠡᠷ ᠬᠦᠭᠵᠢᠬᠦ᠂ ᠰᠢᠨᠵᠢᠯᠡᠬᠦ ᠤᠬᠠᠭᠠᠨᠴᠢ ᠪᠠᠷ ᠬᠦᠭᠵᠢᠬᠦ᠂ ᠡᠶ᠎ᠡ ᠵᠤᠬᠢᠴᠠᠯ ᠲᠠᠢ ᠬᠦᠭᠵᠢᠬᠦ ᠳᠤ ᠰᠢᠨ᠎ᠡ ᠦᠢᠯᠡᠳᠤᠯ ᠦᠵᠡᠬᠦᠯᠦᠨ᠎ᠡ᠃ ᠡᠨᠡ ᠵᠢᠯ ᠵᠢᠴᠢ ᠬᠤᠶᠢᠰᠢᠳᠠ ᠶᠢᠨ ᠨᠢᠭᠡᠨ ᠬᠤᠭᠤᠴᠠᠭᠠᠨ ᠳᠤ᠂ ᠲᠦᠷᠪᠡᠨ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠᠷ ᠭᠤᠤᠯᠳᠠᠯᠭ᠎ᠠ ᠪᠤᠯᠭᠠᠨ᠎ᠠ᠄ ᠨᠢᠭᠡ ᠳᠤ ᠠᠷᠭ᠎ᠠ ᠬᠡᠯᠪᠡᠷᠢ ᠪᠠᠨ ᠬᠤᠪᠢᠷᠠᠭᠤᠯᠵᠦ ᠪᠦᠳᠤᠴᠡ ᠶᠢ ᠲᠤᠬᠢᠷᠠᠭᠤᠯᠬᠤ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠎ᠡ᠃ ᠲᠡᠷᠢᠭᠦᠨ ᠤ ᠦᠢᠯᠡᠳᠬᠦ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠤᠷᠢᠳᠠᠪᠡᠷ ᠬᠦᠭᠵᠢᠬᠦᠯᠵᠦ᠂ ᠦᠢᠯᠡᠳᠬᠦᠨ ᠤ ᠶᠠᠰᠤ ᠴᠢᠨᠠᠷ ᠪᠤᠯᠤᠨ ᠦᠢᠯᠡᠴᠢᠯᠡᠭᠡᠨ ᠤ ᠶᠠᠰᠤ ᠴᠢᠨᠠᠷ ᠢ ᠲᠡᠩᠴᠡᠭᠦᠯᠦᠨ ᠬᠦᠭᠵᠢᠬᠦᠯᠬᠦ ᠶᠢ ᠴᠢᠬᠤᠯᠠᠴᠢᠯᠠᠵᠦ᠂ ᠰᠢᠨ᠎ᠡ ᠬᠡᠯᠪᠡᠷᠢ ᠶᠢᠨ ᠠᠵᠦ ᠦᠢᠯᠡᠳᠪᠤᠷᠢᠵᠢᠯᠳᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠢᠯᠠᠩᠭᠤᠶ᠎ᠠ ᠵᠠᠷᠢᠮ ᠠᠵᠢᠯ ᠲᠦᠷᠦᠯ ᠤᠨ ᠦᠢᠯᠡᠳᠪᠤᠷᠢᠯᠡᠬᠦ ᠴᠢᠳᠡᠪᠬᠢ ᠢᠯᠡᠳᠳᠠ ᠢᠯᠡᠭᠦᠳᠡᠵᠦ ᠪᠠᠶᠢᠬᠤ ᠠᠰᠠᠭᠤᠳᠠᠯ ᠎ ᠳᠤ ᠴᠢᠭᠯᠡᠭᠦᠯᠦᠨ᠂ ᠦᠢᠯᠡᠳᠪᠤᠷᠢᠯᠡᠯ ᠤᠨ ᠵᠦᠪᠰᠢᠶᠡᠷᠡᠯ᠂ ᠵᠠᠬ᠎ᠠ  ᠲᠡᠯᠭᠡᠭᠦᠷ ᠲᠤ ᠤᠷᠤᠬᠤ ᠵᠦᠪᠰᠢᠶᠡᠷᠡᠯ ᠤᠨ ᠡᠷᠬᠡ ᠴᠢᠳᠠᠪᠤᠷᠢ ᠪᠠᠨ ᠢᠳᠡᠪᠬᠢᠲᠡᠢ ᠭᠦᠢᠴᠡᠳᠭᠡᠵᠦ᠂ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠳᠤᠮᠳᠠ ᠡᠭᠦᠷᠭᠡ ᠬᠠᠷᠢᠭᠤᠴᠠᠯᠭ᠎ᠠ ᠪᠠᠨ ᠳᠤᠤᠱᠲᠠᠢ ᠭᠦᠢᠴᠡᠳᠭᠡᠨ᠎ᠡ᠃ ᠬᠤᠶᠡᠷ ᠲᠤ ᠲᠠᠷᠢᠶᠠᠯᠠᠬᠤ ᠮᠠᠯᠵᠢᠬᠤ ᠤᠷᠤᠨ ᠳᠤ ︽ᠠᠷᠪᠠ ᠶᠢ ᠪᠦᠷᠢᠨ ᠪᠦᠷᠬᠦᠬᠦᠯᠬᠦ︾᠎ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠎ᠡ᠃ ᠨᠡᠶᠢᠭᠡᠮ ᠵᠢᠷᠤᠮᠳᠤ ᠰᠢᠨ᠎ᠡ ᠬᠦᠳᠡᠭᠡ ᠲᠤᠰᠬᠤᠨ ᠢ ᠪᠦᠳᠤᠭᠡᠨ ᠪᠠᠶᠢᠭᠤᠯᠬᠤ ᠲᠤᠭᠤᠷᠢᠨ ᠳᠤ ᠴᠢᠨᠠᠷ ᠰᠠᠶᠢᠲᠠᠢ ᠦᠯᠡᠮᠵᠢ ᠦᠷ᠎ᠡ ᠠᠰᠢᠭ ᠲᠠᠢ ᠲᠠᠷᠢᠶᠠᠯᠠᠩ ᠢ ᠬᠦᠭᠵᠢᠬᠦᠯᠬᠦ ᠪᠠᠷ ᠭᠤᠤᠯ ᠡᠭᠦᠷᠬᠡ ᠪᠠᠨ ᠪᠤᠯᠭᠠᠬᠤ ᠶᠢ ᠪᠠᠷᠢᠮᠳᠠᠯᠠᠵᠦ᠂ ᠲᠠᠷᠢᠶᠠᠯᠠᠩ ᠮᠠᠯ ᠠᠵᠦ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠨ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢᠨ ᠬᠠᠮᠳᠤ ᠲᠠᠷᠢᠶᠠᠴᠢᠨ ᠮᠠᠯᠴᠢᠳ ᠤᠨ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠰᠠᠶᠢᠳᠤᠷ ᠬᠠᠮᠠᠭᠠᠯᠠᠨ᠎ᠠ᠃ ᠭᠤᠷᠪᠠ ᠳᠤ ᠤᠷᠴᠢᠨ ᠠᠬᠤᠢ ᠶᠢ ᠰᠢᠯᠢᠳᠡᠭᠵᠢᠭᠦᠯᠬᠦ ᠪᠠ ᠬᠡᠷᠡᠭᠴᠡᠭᠡ ᠶᠢ ᠦᠷᠭᠡᠳᠭᠡᠬᠦ  ᠎ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠎ᠡ᠃ ᠵᠠᠬ᠎ᠠ ᠳᠡᠯᠭᠡᠭᠦᠷ ᠤᠨ ᠡᠮᠬᠢ ᠲᠢᠭᠯᠢᠮ ᠪᠤᠯᠤᠨ ᠶᠠᠰᠤ ᠴᠢᠨᠠᠷ ᠤᠨ ᠠᠮᠤᠷ ᠲᠦᠪᠰᠢᠨ ᠢ ᠬᠦᠴᠤᠲᠠᠢ ᠠᠳᠬᠤᠬᠤ ᠶᠢ ᠪᠠᠷᠢᠮᠳᠠᠯᠠᠵᠦ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠬᠤ ᠠᠰᠠᠭᠤᠳᠠᠯ ᠎ ᠢ ᠭᠤᠤᠯᠴᠢᠯᠠᠨ ᠰᠢᠢᠳᠪᠤᠷᠢᠯᠠᠵᠦ᠂ ᠰᠠᠶᠢᠨ ᠰᠠᠶᠢᠬᠠᠨ ᠵᠠᠬ᠎ᠠ ᠳᠡᠯᠭᠡᠬᠦᠷ ᠤᠨ ᠤᠷᠴᠢᠨ ᠪᠠ ᠬᠡᠷᠡᠭᠯᠡᠭᠡᠨ ᠤ ᠤᠷᠴᠢᠨ ᠢ ᠪᠤᠢ ᠪᠤᠯᠭᠠᠵᠦ᠂ ᠨᠡᠶᠢᠭᠡᠮ ᠤᠨ ᠡᠶ᠎ᠡ ᠵᠤᠬᠢᠴᠠᠯ ᠤᠨ ᠪᠠᠶᠢᠭᠤᠯᠤᠯᠳᠠ ᠶᠢ ᠠᠬᠢᠭᠤᠯᠤᠨ᠎ᠠ᠃ ᠲᠦᠷᠪᠡ ᠳᠤ ᠡᠨᠧᠷᠬᠢ ᠠᠷᠪᠢᠯᠠᠬᠤ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠎ᠡ᠃ ᠶᠡᠷᠦᠩᠬᠡᠢ ᠲᠤᠪᠴᠢᠶ᠎ᠠ ᠶᠢᠨ ᠱᠠᠭᠠᠷᠳᠠᠯᠭ᠎ᠠ ᠪᠤᠯᠤᠨ ᠦᠪᠤᠷ ᠮᠤᠩᠭᠤᠯ ᠤᠨ ᠪᠤᠳᠠᠲᠠᠢ ᠪᠠᠶᠢᠳᠠᠯ ᠢ ᠦᠨᠳᠤᠰᠤᠯᠡᠨ ᠪᠢᠳᠡ ᠶᠠᠰᠤ ᠴᠢᠨᠠᠷ ᠲᠤ ᠬᠢᠨᠠᠯᠳᠠ ᠳᠠᠯᠪᠢᠬᠤ ᠳᠠᠪᠠᠭᠤᠯᠢᠭ ᠢᠶᠠᠨ ᠪᠠᠳᠠᠷᠠᠭᠤᠯᠵᠦ᠂ ᠦᠪᠡᠷᠳᠡᠭᠡᠨ ᠵᠠᠰᠠᠬᠤ ᠤᠷᠤᠨ ᠤ ᠡᠨᠧᠷᠬᠢ ᠠᠷᠪᠢᠯᠠᠨ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠭᠠᠬᠤ ᠠᠵᠢᠯ ᠪᠤᠯᠤᠨ ᠦᠢᠯᠡᠴᠢᠯᠡᠭᠡᠨ ᠤ ᠬᠦᠷᠢᠶᠡᠨ ᠳᠤ ᠢᠳᠡᠭ ᠢᠳᠡᠭ ᠢᠶᠠᠷ ᠤᠷᠤᠯᠴᠠᠬᠤ ᠪᠠ ᠦᠷᠬᠡᠳᠭᠡᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠶᠡᠷᠦᠩᠬᠡᠢ ᠪᠠᠶᠢᠷᠢᠯᠠᠭᠤᠯᠤᠯᠳᠠ ᠪᠠᠷ ᠮᠠᠨ ᠤ ᠤᠷᠤᠨ ᠤ ᠪᠤᠬᠢᠷᠳᠤᠯ ᠦᠬᠡᠢ ᠡᠷᠭᠢᠯᠳᠠ ᠳᠤᠤᠷ᠎ᠠ ᠨᠡᠭᠦᠷᠡᠰᠤᠳᠦ᠋ᠷᠦᠭᠴᠢ ᠶᠢᠨ ᠬᠦᠭᠵᠢᠯᠳᠠ ᠶᠢ ᠶᠡᠭᠡ ᠪᠠᠷ ᠠᠬᠢᠭᠤᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤ ᠬᠤᠪᠢ ᠨᠡᠮᠡᠷᠢ ᠦᠵᠡᠭᠦᠯᠦᠨ᠎ᠡ᠃      ᠡᠨᠡ ᠵᠢᠯ᠂ ︽ᠦᠪᠤᠷ ᠮᠤᠩᠭᠤᠯ ᠤᠨ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲ᠋ᠧᠮ ᠤᠨ ᠦᠢᠯᠡᠴᠢᠯᠡᠭᠡᠨ ᠤ ᠠᠵᠦ ᠠᠬᠤᠶᠢᠯᠠᠯ ᠤᠨ ᠭᠤᠷᠪᠠᠨ ᠵᠢᠯ ᠤᠨ ᠠᠵᠢᠯᠯᠠᠭᠠᠨ ᠤ  ᠲᠦᠯᠦᠪᠯᠡᠭᠡ︾ ᠪᠤᠯᠤᠨ ᠬᠡᠷᠡᠭᠵᠢᠭᠦᠯᠬᠦ ᠨᠡᠷᠢᠨ ᠲᠦᠷᠢᠮ ᠢ ᠲᠤᠭᠳᠠᠭᠠᠵᠦ᠂ ᠦᠢᠯᠡᠴᠢᠯᠡᠭᠡᠨ ᠤ ᠠᠵᠦ ᠠᠬᠤᠶᠢᠯᠠᠯ ᠤᠨ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠦ᠂ ᠦᠢᠯᠡᠴᠢᠯᠡᠭᠡᠨ ᠤ ᠠᠵᠦ ᠠᠬᠤᠶᠢᠯᠠᠯ ᠤᠨ ᠠᠵᠢᠯ ᠢ ᠨᠢᠭᠡᠳᠤᠯᠲᠠᠢ ᠲᠤᠬᠢᠷᠠᠭᠤᠯᠵᠦ᠂ ᠡᠯ᠎ᠡ ᠤᠨ᠂ ᠡᠯ᠎ᠡ ᠱᠠᠳᠤ ᠪᠦᠷᠢ ᠶᠢᠨ ᠭᠤᠤᠯᠳᠠᠯᠭ᠎ᠠ ᠲᠠᠢ ᠠᠵᠢᠯ᠂ ᠦᠢᠯᠡᠴᠢᠯᠡᠬᠦ ᠡᠳᠡᠭᠡᠳ ᠪᠤᠯᠤᠨ ᠬᠠᠷᠢᠭᠤᠴᠠᠯᠭ᠎ᠠ ᠶᠢᠨ ᠨᠢᠭᠡᠴᠡ ᠶᠢ  ᠳᠤᠲᠤᠷᠬᠠᠶᠢᠯᠠᠬᠤ ᠶᠢᠨ ᠬᠠᠮᠳᠤ  ᠡᠯ᠎ᠡ ᠦᠢᠯᠡᠴᠢᠯᠡᠭᠡᠨ ᠤ ᠠᠵᠦ ᠠᠬᠤᠶᠢᠯᠠᠯ ᠤᠨ ᠠᠵᠢᠯ ᠢ ᠡᠯ᠎ᠡ ᠭᠠᠵᠠᠷ ᠤᠷᠤᠨ᠂ ᠡᠯ᠎ᠡ ᠨᠢᠭᠡᠴᠡ᠂ ᠡᠯ᠎ᠡ ᠰᠠᠯᠠᠭ᠎ᠠ ᠮᠦᠴᠢᠷ ᠤᠨ ᠠᠵᠢᠯ ᠤᠨ ᠠᠮᠵᠢᠯᠳᠠ ᠶᠢ ᠬᠢᠨᠠᠨ ᠰᠢᠯᠭᠠᠬᠤ ᠭᠦᠢᠴᠡᠳᠭᠡᠯ ᠲᠤᠭ᠎ᠠ ᠪᠤᠯᠭᠠᠵᠦ᠂ ᠡᠯ᠎ᠡ ᠲᠦᠷᠦᠯ ᠤᠨ ᠦᠢᠯᠡᠴᠢᠯᠡᠭᠡᠨ ᠤ ᠠᠵᠦ ᠠᠬᠤᠶᠢᠯᠠᠯ ᠤᠨ ᠠᠵᠢᠯ ᠢ ᠪᠤᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠤᠪᠤᠷ ᠢᠶᠠᠨ ᠰᠠᠶᠢᠵᠢᠷᠠᠭᠤᠯᠵᠦ᠂ ᠦᠢᠯᠡᠴᠢᠯᠡᠭᠳᠡᠭᠰᠡᠳ ᠢ ᠦᠢᠯᠡᠴᠢᠯᠡᠭᠡᠨ ᠢ ᠪᠠᠶᠠᠷᠲᠠᠢ ᠪᠠᠷ ᠬᠦᠯᠢᠶᠡᠨ ᠠᠪᠬᠤ ᠪᠤᠯᠭᠠᠨ᠎ᠠ︔ ᠮᠡᠷᠭᠡᠵᠢᠯ ᠤᠨ ᠦᠢᠯᠡᠴᠢᠯᠡᠭᠡᠨ ᠤ ᠦᠨ᠎ᠡ ᠴᠠᠨ᠎ᠠ ᠎ ᠶᠢ ᠨᠡᠮᠡᠭᠳᠡᠭᠦᠯᠵᠦ᠂ ᠦᠢᠯᠡᠴᠢᠯᠡᠭᠳᠡᠭᠰᠡᠳ ᠤᠨ ᠳᠠᠭᠠᠰᠢᠶᠠᠯ ᠢ ᠳᠡᠭᠡᠭᠰᠢᠯᠡᠭᠦᠯᠦᠨ᠎ᠠ︔ ᠪᠦᠬᠦ ᠲᠠᠯ᠎ᠠ ᠪᠠᠷ ᠬᠦᠨ ᠲᠡᠰ ᠳᠠᠪᠬᠤᠷᠭ᠎ᠠ ᠪᠠᠷ ᠦᠢᠯᠡᠴᠢᠯᠡᠬᠦ ᠶᠢ ᠴᠢᠩᠭᠠᠳᠬᠠᠵᠦ᠂ ᠦᠢᠯᠡᠴᠢᠯᠡᠭᠳᠡᠭᠰᠡᠳ᠂ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠶᠡᠭᠡ ᠲᠠᠯ᠎ᠠ ᠳᠤ ᠨᠡᠩ ᠠᠭᠤᠰᠤᠨ ᠨᠡᠪᠳᠡᠷᠡᠯᠴᠡᠬᠦ ᠶᠢ ᠡᠷᠡᠯᠬᠢᠯᠡᠨ᠎ᠡ᠃      ﹇ᠭᠤᠤ ᠢᠩ  ᠵᠢᠶᠧ﹈ ︵ᠬᠤᠶᠡᠷ︶ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠦᠷ᠎ᠡ ᠪᠦᠳᠤᠮᠵᠢᠳᠤ ᠴᠢᠨᠠᠷ ᠢ ᠨᠡᠮᠡᠭᠳᠡᠬᠦᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠴᠢᠳᠠᠮᠵᠢ ᠶᠢᠨ ᠤᠷᠤᠨ ᠪᠠᠶᠢᠷᠢ ᠶᠢ ᠤᠨᠤᠪᠴᠢᠲᠠᠢ ᠲᠤᠭᠳᠠᠭᠠᠨ᠎ᠠ᠃ ᠶᠠᠰᠤ ᠴᠢᠨᠠᠷ ᠢ ᠬᠢᠨᠠᠨ ᠬᠠᠮᠢᠶᠠᠷᠬᠤ ᠪᠤᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠶᠠᠰᠤ ᠴᠢᠨᠠᠷ ᠲᠤ ᠬᠢᠨᠠᠯᠳᠠ ᠳᠠᠯᠪᠢᠬᠤ  ᠰᠢᠰᠲ᠋ᠧᠮ ᠳᠤ ᠤᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠪᠤᠯᠤᠨ ᠭᠤᠤᠯ ᠡᠭᠦᠷᠭᠡ ᠮᠦᠨ᠂ ᠪᠢᠳᠡ ᠵᠠᠶᠢᠯᠭᠤᠯᠵᠦ ᠪᠤᠯᠬᠤ ᠦᠬᠡᠢ᠃ ᠲᠦᠯᠬᠢᠵᠦ ᠪᠤᠯᠬᠤ ᠦᠬᠡᠢ ᠶᠤᠮ᠃ ᠨᠢᠭᠡ ᠳᠤ ᠶᠠᠰᠤ ᠴᠢᠨᠠᠷ ᠢ ᠬᠢᠨᠠᠵᠦ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠲᠤᠳᠤᠯᠬᠤ ᠬᠡᠷᠡᠭᠲᠠᠢ  ᠃ ᠵᠠᠰᠠᠭ ᠤᠨ ᠤᠷᠳᠤᠨ ᠤ ᠤᠳᠤᠷᠢᠳᠬᠤ ᠦᠢᠯᠡᠳᠤᠯ ᠢ ᠲᠤᠪᠤᠶᠢᠯᠭᠠᠬᠤ ᠬᠡᠷᠡᠭᠲᠠᠢ ᠃ ᠰᠢᠨ᠎ᠡ ᠪᠠᠶᠢᠳᠠᠯ ᠳᠤᠤᠷ᠎ᠠ᠂ ᠵᠠᠰᠠᠭ ᠤᠨ ᠤᠷᠳᠤᠨ ᠤ ᠡᠨᠡᠬᠦ ︽ ᠰᠦᠷᠳᠤ ᠮᠤᠳᠤᠷ︾᠎ ᠨᠢ ᠮᠦᠨᠬᠦ ᠶᠠᠰᠤ ᠴᠢᠨᠠᠷ ᠎ ᠢ ᠬᠢᠨᠠᠨ ᠬᠠᠮᠢᠶᠠᠷᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠳᠤ ᠤᠷᠤᠯᠠᠵᠦ ᠪᠤᠯᠤᠰᠢ ᠦᠬᠡᠢ ᠨᠦᠯᠦᠭᠡᠯᠡᠬᠦ ᠬᠦᠴᠤᠨ ᠪᠤᠯᠤᠨ ᠰᠦᠷᠳᠡᠭᠦᠯᠬᠦ ᠬᠦᠴᠤᠨ ᠲᠠᠢ ᠶᠤᠮ᠃ ᠡᠯ᠎ᠡ ᠱᠠᠳᠤᠨ ᠤ ᠬᠢᠨ ᠡᠨᠡᠬᠦ ᠬᠦᠴᠤᠨ ᠢ ᠴᠢᠳᠠᠮᠠᠭᠠᠢ ᠪᠠᠷ ᠵᠢᠭᠡᠯᠡᠨ ᠬᠡᠷᠡᠭᠯᠡᠵᠦ᠂ ᠦᠪᠡᠷᠳᠡᠭᠡᠨ ᠵᠠᠰᠠᠬᠤ ᠤᠷᠤᠨ ᠵᠢᠴᠢ ᠤᠷᠤᠨ ᠨᠤᠳᠤᠭ ᠤᠨ ᠵᠠᠰᠠᠭ ᠤᠨ ᠤᠷᠳᠤᠨ ᠤ ᠬᠤᠶᠠᠷ ᠲᠠᠯ᠎ᠠ ᠎ ᠶᠢᠨ ᠬᠢᠨᠠᠨ  ᠰᠢᠯᠭᠠᠬᠤ ᠲᠤᠭᠳᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠱᠠᠳᠤ ᠱᠠᠳᠤ ᠪᠠᠷ ᠮᠦᠷᠳᠡᠨ ᠲᠠᠷᠤᠵᠦ ᠂ ᠵᠠᠰᠠᠭ ᠤᠨ ᠤᠷᠳᠤᠨ ᠤ ᠵᠢᠯᠤᠭᠤᠳᠬᠤ ᠦᠢᠯᠡᠳᠤᠯ ᠢ ᠤᠷᠭᠢᠯ ᠳᠤᠨᠢ ᠲᠤᠯᠳᠠᠯ᠎ᠠ ᠪᠠᠳᠠᠷᠠᠭᠤᠯᠬᠤ ᠬᠡᠷᠡᠭᠲᠠᠢ᠃ ᠠᠵᠦ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠠᠢ᠃ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠤᠭᠴᠠ ᠶᠢᠨ ᠬᠠᠷᠢᠭᠤᠴᠠᠯᠭ᠎ᠠ ᠪᠤᠯ ᠠᠵᠦ ᠠᠬᠤᠶᠢᠯᠠᠯ ᠮᠦᠨ᠂ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠡᠬᠢ ᠰᠤᠷᠪᠤᠯᠵᠢ ᠨᠢ ᠠᠵᠦ ᠠᠬᠤᠶᠢᠯᠠᠯ ᠳᠤ ᠪᠤᠢ᠃ ᠡᠯ᠎ᠡ ᠱᠠᠳᠤᠨ ᠤ ᠬᠢᠨ ᠶᠠᠰᠤ ᠴᠢᠨᠠᠷ ᠤᠨ ᠬᠢᠨᠠᠨ ᠬᠠᠮᠢᠶᠠᠷᠤᠯᠳᠠ ᠶᠢᠨ ᠦᠷ᠎ᠡ ᠪᠦᠳᠤᠮᠵᠢᠳᠤ ᠴᠢᠨᠠᠷ ᠢ ᠨᠡᠮᠡᠭᠳᠡᠭᠦᠯᠬᠦ ᠭᠤᠤᠯᠳᠠᠯᠭ᠎ᠠ ᠪᠠᠨ ᠠᠵᠦ ᠠᠬᠤᠶᠢᠯᠠᠯ ᠳᠤ ᠳᠠᠯᠪᠢᠵᠦ᠂ ᠠᠵᠦ ᠠᠬᠤᠶᠢᠯᠠᠯ ᠳᠤ ︽ᠡᠭᠦᠷᠭᠡ ᠲᠠᠷᠤᠭᠠᠰᠤ ᠶᠢ ᠨᠢ ᠬᠦᠩᠬᠡᠯᠡᠨ ᠦᠭᠬᠦ︾ ᠤᠷᠢᠳᠠᠯ ᠳᠤᠤᠷ᠎ᠠ᠂  ᠠᠵᠦ ᠠᠬᠤᠶᠢᠯᠠᠯ ᠳᠤ ᠶᠠᠰᠤ ᠴᠢᠨᠠᠷ ᠢ ᠬᠢᠨᠠᠨ ᠬᠠᠮᠢᠶᠠᠷᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠎ ᠨᠢ ᠲᠤᠳᠤᠷᠬᠠᠶᠢᠯᠠᠨ ᠦᠭᠴᠤ᠂ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠶᠢ ᠬᠡᠯᠡᠵᠦ ᠦᠭᠴᠤ᠂ ᠠᠵᠦ ᠠᠬᠤᠶᠢᠯᠠᠯ ᠢ ᠦᠨᠡᠨᠬᠦ ᠵᠠᠬ᠎ᠠ ᠳᠡᠯᠭᠡᠭᠦᠷ ᠤᠨ ᠭᠤᠤᠯ ᠴᠤᠭᠴᠠ᠂ ᠶᠠᠰᠤ ᠴᠢᠨᠠᠷ ᠤᠨ ᠭᠤᠤᠯ ᠴᠤᠭᠴᠠ ᠪᠤᠯᠭᠠᠬᠤ ᠬᠡᠷᠡᠭᠲᠠᠢ᠃ ᠡᠷᠬᠡ ᠴᠢᠳᠠᠪᠤᠷᠢᠳᠤ ᠰᠠᠯᠠᠭ᠎ᠠ ᠮᠦᠴᠢᠷ ᠤᠨ ᠬᠡᠷᠡᠭ ᠶᠠᠪᠤᠳᠠᠯ ᠤᠨ ᠡᠮᠤᠨ᠎ᠡ ᠬᠤᠶᠢᠨ᠎ᠡ ᠬᠢᠨᠠᠨ ᠬᠠᠮᠢᠶᠠᠷᠬᠤ ᠡᠷᠴᠢᠮ ᠢ ᠨᠢ  ᠴᠢᠩᠭᠠᠯᠠᠬᠤ ᠬᠡᠷᠡᠭᠲᠠᠢ᠃ ᠶᠠᠰᠤ ᠴᠢᠨᠠᠷ ᠲᠤ ᠬᠢᠨᠠᠯᠳᠠ ᠳᠠᠯᠪᠢᠬᠤ ᠶᠢ ᠰᠤᠭᠤᠴᠢᠨ ᠪᠠᠶᠢᠴᠠᠭᠠᠬᠤ ᠰᠢᠨᠵᠢᠯᠡᠬᠦ ᠤᠬᠠᠭᠠᠨᠴᠢ ᠲᠦᠷᠢᠮ ᠢ ᠪᠠᠶᠢᠭᠤᠯᠵᠦ᠂ ᠲᠦᠭᠰᠢᠭᠦᠷᠢ ᠶᠡᠬᠡᠲᠠᠢ ᠦᠢᠯᠡᠳᠭᠦᠨ᠂ ᠭᠤᠤᠯᠳᠠᠯᠭ᠎ᠠ ᠲᠠᠢ ᠬᠡᠷᠡᠭᠯᠡᠭᠡᠨ ᠤ ᠦᠢᠯᠡᠳᠭᠦᠨ᠂ ᠡᠯᠧᠺᠲᠷᠤᠨ ᠬᠤᠳᠠᠯᠳᠤᠭᠠᠨ ᠤ ᠦᠢᠯᠡᠳᠭᠦᠨ ᠤ ᠬᠢᠨᠠᠯᠳᠠ ᠳᠠᠯᠪᠢᠯᠳᠠ ᠶᠢ ᠰᠤᠭᠤᠴᠢᠨ ᠪᠠᠶᠢᠴᠠᠭᠠᠬᠤ ᠡᠷᠴᠢᠮ ᠢ ᠴᠢᠩᠭᠠᠯᠠᠬᠤ ᠬᠡᠷᠡᠭᠲᠠᠢ︔ ᠶᠠᠰᠤ ᠴᠢᠨᠠᠷ ᠤᠨ ᠠᠮᠤᠷ ᠲᠦᠪᠰᠢᠨ ᠲᠦᠭᠰᠢᠭᠦᠷᠢ ᠶᠢᠨ ᠬᠠᠮᠢᠶᠠᠷᠤᠯᠳᠠ᠂ ᠦᠢᠯᠡᠳᠬᠦᠨ ᠤ ᠬᠤᠤᠷᠳᠠᠭᠤᠯᠤᠯ ᠤᠨ ᠬᠢᠨᠠᠨ ᠬᠡᠮᠵᠢᠯᠳᠠ ᠪᠤᠯᠤᠨ ᠦᠢᠯᠡᠴᠢᠯᠡᠭᠡᠨ ᠤ ᠶᠠᠰᠤ ᠴᠢᠨᠠᠷ ᠤᠨ ᠬᠢᠨᠠᠨ ᠬᠡᠮᠵᠢᠯᠳᠠ ᠶᠢᠨ ᠲᠦᠷᠢᠮ ᠢ ᠰᠦᠪᠡᠭᠴᠢᠯᠡᠨ ᠪᠠᠶᠢᠭᠤᠯᠵᠦ᠂ ᠬᠡᠷᠡᠭ ᠠᠴᠠ ᠡᠮᠤᠨ᠎ᠡ ᠤᠷᠢᠳᠴᠢᠯᠠᠨ ᠰᠡᠷᠭᠡᠶᠢᠯᠡᠬᠦ ᠪᠤᠯᠭᠠᠬᠤ ᠬᠡᠷᠡᠭᠲᠠᠢ︔ ᠵᠤᠬᠢᠶᠠᠨ ᠪᠠᠶᠢᠭᠤᠯᠬᠤ ᠪᠠᠶᠢᠭᠤᠯᠤᠮᠵᠢ ᠶᠢᠨ ᠤᠷᠤᠯᠠᠬᠤ ᠨᠤᠮᠧᠷ ᠢᠶᠠᠷ ᠰᠠᠭᠤᠷᠢ ᠪᠤᠯᠭᠠᠭᠰᠠᠨ ᠶᠠᠰᠤ ᠴᠢᠨᠠᠷ ᠤᠨ ᠢᠳᠡᠭᠡᠮᠵᠢ ᠶᠢᠨ ᠰᠢᠰᠲ᠋ᠧᠮ ᠢ ᠲᠦᠷᠭᠡᠨ ᠪᠠᠶᠢᠭᠤᠯᠵᠦ᠂ ᠶᠠᠰᠤ ᠴᠢᠨᠠᠷ  ᠎ ᠤᠨ ᠮᠠᠳᠡᠭᠡ ᠵᠠᠩᠬᠢ ᠶᠢ ᠢᠯᠡᠷᠡᠭᠦᠯᠬᠦ ᠲᠤᠭᠳᠠᠴᠠ ᠶᠢ ᠳᠡᠭᠦᠯᠳᠡᠷᠵᠢᠭᠦᠯᠵᠦ᠂ ᠶᠠᠰᠤ ᠴᠢᠨᠠᠷ ᠤᠨ ︽ᠨᠡᠷ᠎ᠡ ᠶᠢᠨ ᠬᠠᠷ᠎ᠠ ᠳᠠᠩᠰᠠ︾᠎ ᠶᠢ ᠬᠡᠷᠡᠭᠵᠢᠬᠦᠯᠬᠦ ᠲᠦᠷᠢᠮ ᠢ ᠱᠠᠯᠠᠪᠬᠠᠨ  ᠪᠠᠶᠢᠭᠤᠯᠬᠤ ᠬᠡᠷᠡᠭᠲᠠᠢ︔ ᠲᠦᠪᠯᠡᠷᠡᠭᠦᠯᠦᠨ ᠵᠠᠰᠠᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠬᠢᠨᠠᠨ ᠬᠠᠮᠢᠶᠠᠷᠬᠤ ᠨᠢ ᠪᠠᠷᠤᠭᠲᠠᠢ ᠤᠷᠤᠨ ᠲᠤᠭᠤᠷᠢᠭ ᠢ ᠪᠤᠯ ᠤᠷᠤᠨ ᠨᠤᠳᠤᠭ ᠤᠨ ᠵᠠᠰᠠᠭ ᠤᠨ ᠤᠷᠳᠤᠨ ᠲᠠᠢ ᠨᠢ ᠳᠠᠷᠤᠶᠢᠬᠠᠨ ᠪᠤᠯᠵᠤᠨ ᠶᠠᠷᠢᠯᠴᠠᠭᠤᠯᠵᠦ᠂ ᠲᠤᠮᠤ ᠬᠡᠷᠡᠭ ᠴᠢᠬᠤᠯᠠ ᠬᠡᠷᠡᠭ ᠢ ᠴᠢᠩᠭ᠎ᠠ ᠲᠤᠤᠱᠲᠠᠢ ᠪᠠᠶᠢᠴᠠᠭᠠᠨ ᠰᠢᠢᠳᠪᠤᠷᠢᠯᠡᠵᠦ᠂ ᠬᠡᠷᠡᠭ ᠤᠨ ᠮᠡᠳᠡᠭᠡ ᠵᠠᠩᠬᠢ ᠶᠢ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠵᠦ᠂ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠨᠡᠶᠢᠳᠡ ᠶᠢᠨ ᠢᠳᠡᠭᠡᠮᠵᠢ ᠶᠢᠨ ᠬᠦᠴᠤᠨ ᠢ ᠨᠡᠮᠡᠭᠳᠡᠭᠦᠯᠬᠦ ᠬᠡᠷᠡᠭᠲᠠᠢ︔ ᠮᠡᠷᠭᠡᠵᠢᠯ ᠤᠨ ᠲᠤᠯᠭᠠᠭᠤᠷᠢᠯᠠᠬᠤ ᠦᠢᠯᠡᠳᠤᠯ  ᠎ ᠢ ᠪᠦᠳᠤᠮᠵᠢᠲᠠᠢ ᠪᠠᠷ ᠪᠠᠳᠠᠷᠠᠭᠤᠯᠵᠦ᠂ ᠮᠡᠷᠭᠡᠵᠢᠯ ᠳᠤ ᠲᠦᠰᠢᠭᠯᠡᠨ ᠶᠠᠰᠤ ᠴᠢᠨᠠᠷ ᠤᠨ ᠬᠢᠨᠠᠨ ᠬᠠᠮᠢᠶᠠᠷᠤᠯᠳᠠ ᠶᠢᠨ ᠰᠢᠨᠵᠢᠯᠡᠬᠦ ᠤᠬᠠᠭᠠᠨᠴᠢ ᠴᠢᠨᠠᠷ᠂ ᠡᠷᠭᠡ ᠰᠦᠷᠳᠤ ᠴᠢᠨᠠᠷ ᠢ ᠴᠢᠩᠭᠠᠷᠠᠭᠤᠯᠵᠦ᠂ ᠮᠡᠷᠭᠡᠵᠢᠯ ᠳᠤ ᠲᠦᠰᠢᠭᠯᠡᠨ ᠶᠠᠰᠤ ᠴᠢᠨᠠᠷ ᠤᠨ ᠰᠤᠬᠤᠷ ᠪᠠᠯᠠᠶᠢᠴᠢ ᠴᠢᠨᠠᠷ᠂ ᠳᠤᠷ᠎ᠠ ᠳᠠᠪᠠᠳᠤ ᠴᠢᠨᠠᠷ ᠢ ᠰᠢᠢᠳᠪᠤᠷᠢᠯᠠᠵᠦ᠂ ᠮᠡᠷᠭᠡᠵᠢᠯ ᠳᠤ ᠲᠦᠰᠢᠭᠯᠡᠨ ᠠᠵᠢᠯ ᠲᠦᠷᠦᠯ ᠤᠨ ᠭᠠᠭᠴᠠᠭᠠᠷ ᠡᠵᠡᠷᠬᠡᠭᠯᠡᠯ  ᠎ ᠢ ᠠᠷᠢᠯᠭᠠᠵᠦ᠂ ᠤᠷᠤᠨ ᠨᠤᠳᠤᠭ ᠤᠨ ᠬᠠᠮᠠᠭᠠᠴᠯᠠᠯᠳᠠ ᠶᠢ ᠡᠪᠳᠡᠬᠦ ᠬᠡᠷᠡᠭᠲᠠᠢ᠃ ᠶᠠᠰᠤ ᠴᠢᠨᠠᠷ ᠢ ᠬᠠᠮᠳᠤ ᠪᠠᠷ ᠢᠶᠠᠨ ᠵᠠᠰᠠᠬᠤ ᠬᠡᠪ ᠪᠠᠶᠢᠳᠠᠯ ᠢ ᠪᠤᠢ ᠪᠤᠯᠭᠠᠬᠤ ᠬᠡᠷᠡᠭᠲᠠᠢ᠃  ᠰᠠᠯᠠᠭ᠎ᠠ ᠮᠦᠴᠢᠷ ᠤᠳ ᠬᠠᠮᠳᠤᠷᠠᠨ ᠶᠠᠰᠤ ᠴᠢᠨᠠᠷ ᠢ ᠠᠳᠬᠤᠬᠤ ᠶᠢ ᠢᠳᠡᠪᠬᠢᠲᠠᠢ ᠠᠬᠢᠭᠤᠯᠵᠦ᠂ ᠦᠢᠯᠡᠳᠬᠦᠨ ᠤ ᠶᠠᠰᠤ ᠴᠢᠨᠠᠷ᠂ ᠪᠠᠷᠢᠯᠭ᠎ᠠ ᠶᠢᠨ ᠶᠠᠰᠤ ᠴᠢᠨᠠᠷ᠂ ᠦᠢᠯᠡᠴᠢᠯᠡᠭᠡᠨ ᠤ ᠶᠠᠰᠤ ᠴᠢᠨᠠᠷ᠂ ᠤᠷᠴᠢᠨ ᠲᠤᠭᠤᠷᠢᠨ ᠤ ᠶᠠᠰᠤ ᠴᠢᠨᠠᠷ ᠢ ᠴᠤᠭ ᠢᠶᠠᠷ ᠠᠳᠬᠤᠨ ᠬᠠᠮᠳᠤ ᠎ ᠪᠠᠷ ᠬᠠᠮᠢᠶᠠᠷᠴᠤ᠂ ᠬᠠᠮᠳᠤ ᠪᠠᠷ ᠠᠷᠭ᠎ᠠ  ᠪᠤᠳᠤᠯᠭ᠎ᠠ ᠭᠠᠷᠭᠠᠵᠦ᠂ ᠬᠦᠴᠤ ᠪᠠᠨ ᠳᠡᠩᠴᠡᠭᠦᠷᠢᠲᠠᠢ ᠬᠡᠷᠡᠭᠯᠡᠵᠦ᠂ ᠤᠯᠠᠨ ᠨᠡᠶᠢᠳᠡ ᠶᠢᠨ ᠠᠮᠤᠷ ᠲᠦᠪᠰᠢᠨ᠂ ᠬᠦᠮᠤᠨ ᠠᠷᠠᠳ ᠤᠨ ᠡᠷᠡᠭᠦᠯ ᠮᠡᠨᠳᠤ ᠪᠠ ᠠᠮᠢ ᠨᠠᠰᠤ᠂ ᠡᠳ᠋ ᠬᠦᠷᠦᠩᠬᠡ ᠎ ᠶᠢᠨ ᠠᠮᠤᠷ ᠲᠦᠪᠰᠢᠨ ᠲᠠᠢ ᠬᠤᠯᠪᠤᠭᠳᠠᠬᠤ ᠭᠤᠤᠯᠳᠠᠯᠭ᠎ᠠ ᠲᠠᠢ ᠶᠠᠰᠤ ᠴᠢᠨᠠᠷ ᠤᠨ ᠠᠰᠠᠭᠤᠳᠠᠯ ᠢ ᠪᠦᠳᠤᠮᠵᠢᠲᠠᠢ ᠪᠠᠷ ᠰᠢᠢᠳᠪᠤᠷᠢᠯᠠᠬᠦ ᠬᠡᠷᠡᠭᠲᠠᠢ︔ ᠪᠦᠬᠦ ᠨᠡᠶᠢᠭᠡᠮ ᠢᠶᠠᠷ ᠢᠶᠠᠨ ᠶᠠᠰᠤ ᠴᠢᠨᠠᠷ ᠢ ᠠᠳᠬᠤᠬᠤ ᠶᠢ ᠪᠦᠳᠤᠮᠵᠢᠲᠠᠢ ᠠᠬᠢᠭᠤᠯᠵᠦ᠂ ᠨᠡᠶᠢᠭᠡᠮ ᠨᠡᠶᠢᠳᠡ ᠶᠢᠨ ᠬᠦᠴᠤᠨ ᠢ ᠦᠷᠭᠡᠨ ᠢᠶᠠᠷ ᠲᠠᠶᠢᠴᠢᠯᠠᠵᠦ᠂ ᠨᠡᠶᠢᠭᠡᠮ ᠤᠨ ᠪᠦᠯᠭᠦᠮ᠂ ᠤᠯᠠᠨ ᠲᠤᠮᠡᠨ ᠤ ᠵᠤᠬᠢᠶᠠᠨ ᠪᠠᠶᠢᠭᠤᠯᠤᠯᠳᠠ᠂ ᠰᠤᠨᠢᠨ ᠮᠡᠳᠡᠭᠡᠯᠡᠯ ᠤᠨ ᠵᠠᠭᠤᠴᠢ ᠶᠠᠰᠤ ᠴᠢᠨᠠᠷ ᠲᠤ ᠬᠢᠨᠠᠯᠳᠠ ᠳᠠᠯᠪᠢᠬᠤ ᠳᠤ ᠤᠷᠤᠯᠴᠠᠬᠤ ᠶᠢ ᠵᠤᠷᠢᠭᠵᠢᠭᠤᠯᠬᠤ ᠪᠠ ᠳᠡᠮᠵᠢᠯᠭᠡ ᠦᠵᠡᠭᠦᠯᠵᠦ᠂ ᠬᠡᠷᠡᠭᠯᠡᠭᠴᠢᠳ ᠢ ᠵᠢᠯᠤᠭᠤᠳᠤᠨ ᠶᠠᠰᠤ ᠴᠢᠨᠠᠷ ᠤᠨ ᠲᠠᠯ᠎ᠠ ᠪᠠᠷ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠢᠳᠡᠪᠬᠢᠲᠠᠢ ᠢᠯᠡᠴᠢᠯᠡᠭᠦᠯᠵᠦ᠂ ᠪᠦᠬᠦ ᠠᠷᠠᠳ ᠤᠨ ᠶᠠᠰᠤ ᠴᠢᠨᠠᠷ ᠤᠨ ᠦᠵᠡᠯ  ᠤᠬᠠᠮᠰᠠᠷ ᠢ ᠳᠡᠭᠡᠭᠰᠢᠯᠡᠬᠦᠯᠵᠦ᠂ ᠶᠠᠰᠤ ᠴᠢᠨᠠᠷ ᠢ ᠡᠷᠬᠢᠮᠯᠡᠨ ᠦᠵᠡᠬᠦ᠂ ᠦᠨᠡᠨ ᠭᠤᠤᠯᠴᠢ ᠪᠠᠶᠢᠬᠤ ᠶᠠᠷᠢᠶ᠎ᠠ ᠬᠡᠯᠡᠯᠴᠡᠭᠡ ᠶᠢᠨ ᠤᠷᠴᠢᠨ ᠢ ᠪᠤᠢ ᠪᠤᠯᠭᠠᠬᠤ ᠬᠡᠷᠡᠭᠲᠠᠢ᠃ ᠬᠤᠶᠠᠷ ᠲᠤ᠂ ᠠᠵᠢᠯ ᠤᠨ ᠠᠷᠭ᠎ᠠ ᠬᠡᠯᠪᠡᠷᠢ ᠪᠠᠨ ᠦᠨᠡᠨᠬᠦ ᠬᠤᠪᠢᠷᠠᠭᠤᠯᠬᠤ ᠬᠡᠷᠡᠭᠲᠠᠢ᠃ ᠡᠯ᠎ᠡ ᠱᠠᠳᠤᠨ ᠤ ᠬᠢᠨ ᠰᠢᠨ᠎ᠡ ᠪᠠᠶᠢᠳᠠᠯ ᠳᠤ  ᠰᠠᠨᠠᠭᠠᠴᠢᠯᠠᠭ᠎ᠠ ᠎ ᠠᠴᠠ ᠪᠠᠨ ᠲᠤᠬᠢᠷᠠᠯᠴᠠᠵᠦ᠂ ᠰᠢᠨ᠎ᠡ ᠠᠷᠭ᠎ᠠ ᠪᠤᠳᠤᠯᠭ᠎ᠠ ᠶᠢ ᠰᠤᠳᠤᠯᠵᠦ᠂ ᠠᠵᠢᠯ ᠤᠨ ᠠᠷᠭ᠎ᠠ ᠬᠡᠯᠪᠡᠷᠢ ᠪᠠᠨ ᠢᠳᠡᠪᠬᠢᠲᠠᠢ ᠬᠤᠪᠢᠷᠠᠭᠤᠯᠵᠦ᠂ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠦᠷ᠎ᠡ ᠪᠦᠳᠤᠮᠵᠢᠳᠤ ᠴᠢᠨᠠᠷ ᠢ ᠨᠡᠮᠡᠭᠳᠡᠭᠦᠯᠬᠦ ᠬᠡᠷᠡᠭᠲᠠᠢ᠃ ᠦᠵᠡᠯ ᠲᠠᠨᠢᠯᠳᠠ ᠪᠠᠨ ᠦᠨᠡᠨᠬᠦ ᠬᠤᠪᠢᠷᠠᠭᠤᠯᠬᠤ ᠬᠡᠷᠡᠭᠲᠠᠢ᠃ ᠬᠤᠮᠠᠬᠢ ᠬᠠᠮᠢᠶᠠᠷᠤᠯᠳᠠ ᠶᠢ  ᠴᠢᠬᠤᠯᠠᠴᠢᠯᠠᠵᠦ ᠪᠠᠶᠢᠭᠰᠠᠨ ᠠᠴᠠ ᠪᠠᠨ  ᠬᠤᠷᠸ᠎ᠠ ᠬᠠᠮᠢᠶᠠᠷᠤᠯᠳᠠ ᠶᠢ ᠡᠷᠬᠢᠮᠯᠡᠬᠦ ᠪᠤᠯᠭᠠᠵᠦ᠂ ᠬᠤᠷᠸ᠎ᠠ ᠡᠵᠡᠮᠰᠢᠯ ᠲᠤᠬᠢᠷᠠᠭᠤᠯᠭ᠎ᠠ ᠪᠤᠯᠤᠨ ᠡᠬᠢ ᠰᠤᠷᠪᠤᠯᠵᠢ ᠶᠢᠨ ᠬᠠᠮᠢᠶᠠᠷᠤᠯᠳᠠ ᠶᠢ ᠨᠡᠩ ᠴᠢᠬᠤᠯᠠᠴᠢᠯᠠᠵᠦ᠂ ᠬᠠᠤᠯᠢ ᠴᠠᠭᠠᠵᠠ᠂ ᠵᠠᠰᠠᠭ ᠵᠠᠬᠢᠷᠭ᠎ᠠ᠂ ᠮᠡᠷᠭᠡᠵᠢᠯ ᠵᠡᠷᠬᠡ ᠶᠢᠨ ᠠᠷᠭ᠎ᠠ ᠪᠠᠷᠢᠯ ᠢ ᠬᠡᠷᠡᠭᠯᠡᠬᠦ ᠪᠠᠷ ᠲᠠᠮᠵᠢᠭᠤᠯᠤᠨ ᠦᠢᠯᠡᠳᠭᠦᠨ ᠤ ᠶᠠᠰᠤ ᠴᠢᠨᠠᠷ ᠢ ᠨᠦᠯᠦᠭᠡᠯᠡᠬᠦ ᠴᠢᠬᠤᠯᠠ ᠡᠯᠧᠮᠧᠨ᠋ᠲ ᠤᠨ ᠬᠠᠮᠢᠶᠠᠷᠤᠯᠳᠠ ᠶᠢ ᠴᠢᠩᠭᠠᠷᠠᠭᠤᠯᠵᠦ᠂ ᠠᠵᠦ ᠠᠬᠤᠶᠢᠯᠠᠯ ᠢ ᠬᠠᠪᠰᠤᠷᠤᠨ ᠳᠤᠳᠤᠭᠠᠳᠤ ᠳᠠᠭᠠᠨ ᠬᠡᠷᠡᠭᠵᠢᠬᠦᠯᠦᠰᠢᠲᠠᠢ ᠶᠠᠰᠤ ᠴᠢᠨᠠᠷ ᠤᠨ ᠠᠵᠢᠯ ᠤᠨ ᠬᠠᠷᠢᠭᠤᠴᠠᠯᠭ᠎ᠠ ᠶᠢᠨ ᠲᠤᠭᠳᠠᠴᠠ ᠶᠢ ᠪᠠᠶᠢᠭᠤᠯᠵᠦ᠂ ︽ᠠᠵᠦ ᠠᠬᠤᠶᠢᠯᠠᠯ ᠡᠵᠡᠨ ᠮᠡᠳᠡᠬᠦ᠂ ᠵᠠᠬ᠎ᠠ ᠳᠡᠯᠭᠡᠭᠦᠷ ᠢᠶᠠᠷ ᠲᠤᠬᠢᠷᠠᠭᠤᠯᠬᠤ᠂ ᠠᠵᠢᠯ ᠲᠦᠷᠦᠯ ᠦᠪᠡᠷ ᠢ ᠪᠠᠨ ᠱᠠᠭᠠᠷᠳᠠᠬᠤ᠂ ᠰᠠᠯᠠᠭ᠎ᠠ ᠮᠦᠴᠢᠷ ᠬᠢᠨᠠᠨ ᠬᠠᠮᠢᠶᠠᠷᠬᠤ᠂ ᠨᠡᠶᠢᠭᠡᠮ ᠨᠡᠶᠢᠳᠡ ᠪᠠᠷ  ᠎ ᠢᠶᠠᠨ ᠤᠷᠤᠯᠴᠠᠬᠤ︾ ᠶᠠᠰᠤ ᠴᠢᠨᠠᠷ ᠤᠨ ᠬᠢᠨᠠᠨ ᠬᠠᠮᠢᠶᠠᠷᠤᠯᠳᠠ ᠶᠢᠨ ᠪᠠᠶᠢᠳᠠᠯ ᠢ ᠪᠤᠢ ᠪᠤᠯᠭᠠᠬᠤ ᠬᠡᠷᠡᠭᠲᠠᠢ᠃ ᠬᠢᠨᠠᠯᠳᠠ ᠬᠠᠮᠢᠶᠠᠷᠤᠯᠳᠠ ᠶᠢᠨ ᠵᠦᠪ ᠤᠨᠤᠯᠵᠢᠬᠤᠨ ᠪᠠ ᠬᠢᠨᠠᠯᠳᠠ ᠬᠠᠮᠢᠶᠠᠷᠤᠯᠳᠠ ᠶᠢᠨ ᠠᠷᠭ᠎ᠠ ᠬᠡᠯᠪᠡᠷᠢ ᠶᠢ ᠪᠤᠢ ᠪᠤᠯᠭᠠᠬᠤ ᠬᠡᠷᠡᠭᠲᠠᠢ᠃ ᠬᠢᠨᠠᠯᠳᠠ ᠬᠠᠮᠢᠶᠠᠷᠤᠯᠳᠠ ᠶᠢ ᠬᠦᠨᠳᠤᠳᠭᠡᠵᠦ ᠦᠢᠯᠡᠴᠢᠯᠡᠭᠡᠨ ᠢ ᠬᠦᠩᠬᠡᠪᠴᠢᠯᠡᠳᠡᠭ ᠪᠠᠶᠢᠭᠰᠠᠨ ᠢ ᠬᠢᠨᠠᠯᠳᠠ ᠬᠠᠮᠢᠶᠠᠷᠤᠯᠳᠠ ᠦᠢᠯᠡᠴᠢᠯᠡᠭᠡᠨ ᠢ ᠬᠤᠤᠰᠯᠠᠭᠤᠯᠬᠤ ᠦᠭᠡᠳᠡ ᠬᠤᠪᠢᠷᠠᠭᠤᠯᠵᠦ᠂ ᠦᠢᠯᠡᠴᠢᠭᠡᠨ ᠤ ᠴᠢᠨᠠᠷᠲᠠᠢ ᠶᠠᠰᠤ ᠴᠢᠨᠠᠷ ᠤᠨ ᠬᠢᠨᠠᠯᠳᠠ ᠳᠠᠯᠪᠢᠬᠤ ᠪᠠᠶᠢᠭᠤᠯᠤᠯᠳᠠ ᠶᠢ ᠴᠢᠩᠭᠠᠳᠬᠠᠵᠦ᠂ ᠠᠵᠦ ᠠᠬᠤᠶᠢᠯᠠᠯ ᠤᠨ ᠪᠤᠳᠠᠲᠠᠢ ᠪᠠᠶᠢᠳᠠᠯ ᠪᠠ ᠬᠡᠷᠡᠭᠴᠡᠭᠡ ᠳᠤ ᠴᠢᠭᠯᠡᠭᠦᠯᠤᠨ᠂ ᠡᠯ᠎ᠡ ᠲᠦᠷᠦᠯ ᠤᠨ ᠡᠬᠢ ᠪᠠᠶᠠᠯᠢᠭ ᠢ ᠪᠦᠳᠤᠮᠵᠢᠲᠠᠢ ᠪᠠᠷ ᠨᠡᠶᠢᠯᠡᠬᠦᠯᠬᠦ᠂ ᠴᠤᠭᠯᠠᠭᠤᠯᠬᠤ ᠪᠠ ᠰᠢᠯᠢᠳᠡᠭᠵᠢᠬᠦᠯᠵᠦ᠂ ᠠᠵᠦ ᠠᠬᠤᠶᠢᠯᠠᠯ ᠳᠤ ᠶᠠᠰᠤ ᠴᠢᠨᠠᠷ ᠶᠢ ᠬᠠᠮᠢᠶᠠᠷᠬᠤ᠂ ᠮᠡᠷᠭᠡᠵᠢᠯ ᠤᠨ ᠰᠢᠪᠳᠤᠯᠤᠯᠳᠠ ᠬᠢᠬᠦ᠂ ᠪᠠᠷᠢᠮᠵᠢᠶᠠᠵᠢᠭᠤᠯᠤᠨ ᠪᠦᠳᠤᠭᠡᠨ ᠪᠠᠶᠢᠭᠤᠯᠬᠤ᠂ ᠰᠢᠯᠭᠠᠨ ᠪᠠᠶᠢᠴᠠᠭᠠᠵᠦ ᠰᠢᠯᠭᠠᠨ ᠬᠡᠮᠵᠢᠬᠦ᠂ ᠨᠡᠷᠡᠳᠤ ᠦᠢᠯᠡᠳᠬᠦᠨ ᠡᠭᠦᠳᠬᠦ ᠵᠡᠷᠭᠡ ᠪᠦᠬᠦ ᠲᠠᠯ᠎ᠠ ᠶᠢᠨ ᠦᠢᠯᠡᠴᠢᠯᠡᠭᠡᠨ ᠬᠠᠩᠭᠠᠵᠦ᠂ ᠠᠵᠦ ᠠᠬᠤᠶᠢᠯᠠᠯ ᠤᠨ ᠶᠠᠰᠤ ᠴᠢᠨᠠᠷ ᠤᠨ ᠬᠦᠭᠵᠢᠯᠳᠡ ᠶᠢ ᠠᠬᠢᠭᠤᠯᠬᠤ ᠨᠢᠬᠡᠨ ᠲᠦᠬᠦᠷ ᠮᠡᠷᠭᠡᠵᠢᠯ ᠤᠨ ᠲᠤᠯᠭᠠᠭᠤᠷᠢ ᠰᠢᠰᠲ᠋ᠧᠮ ᠪᠤᠯᠤᠨ ᠡᠬᠢ ᠪᠠᠶᠠᠯᠢᠭ ᠢ ᠬᠠᠮᠳᠤ ᠪᠠᠷ ᠬᠦᠷᠳᠡᠬᠦ ᠠᠷᠭ᠎ᠠ ᠵᠠᠮ ᠢ ᠬᠦᠴᠤᠯᠡᠨ ᠪᠤᠢ ᠪᠤᠯᠭᠠᠬᠤ ᠬᠡᠷᠡᠭᠲᠠᠢ᠃ ᠬᠢᠨᠠᠯᠳᠠ ᠬᠠᠮᠢᠶᠠᠷᠤᠯᠳᠠ ᠎ ᠶᠢᠨ ᠲᠠᠯ᠎ᠠ ᠪᠠᠷ ᠬᠡᠷᠡᠭ ᠶᠠᠪᠤᠳᠠᠯ ᠠᠴᠠ ᠡᠮᠤᠨ᠎ᠡ ᠬᠢᠨᠠᠨ ᠵᠦᠪᠰᠢᠶᠡᠷᠡᠬᠦ ᠶᠢ ᠬᠦᠨᠳᠤᠳᠭᠡᠵᠦ ᠪᠠᠶᠢᠭᠰᠠᠨ ᠢ ᠬᠡᠷᠡᠭ ᠶᠠᠪᠤᠳᠠᠯ ᠤᠨ ᠳᠤᠮᠳᠠ ᠪᠠ ᠬᠤᠶᠢᠨ᠎ᠠ ᠨᠢ ᠬᠢᠨᠠᠨ ᠬᠠᠮᠢᠶᠠᠷᠬᠤ ᠦᠬᠡᠳᠡ ᠬᠤᠪᠢᠷᠠᠭᠤᠯᠵᠦ᠂ ᠡᠳᠤᠷ ᠲᠤᠳᠤᠮ ᠤᠨ ᠬᠢᠨᠠᠨ ᠪᠠᠶᠢᠴᠠᠭᠠᠯᠳᠠ᠂ ᠲᠤᠭ᠎ᠠ ᠪᠠᠷᠢᠮᠳᠠ ᠶᠢᠨ ᠰᠢᠯᠭᠠᠯᠳᠠ ᠬᠡᠮᠵᠢᠯᠳᠡ᠂ ᠭᠤᠮᠤᠳᠠᠯ ᠲᠤᠭᠠᠴᠠᠬᠤ ᠢᠯᠡᠴᠢᠯᠡᠬᠦ ᠲᠠᠪᠴᠠᠩ᠂ ᠶᠠᠷᠢᠶ᠎ᠠ ᠬᠡᠯᠡᠯᠴᠡᠭᠡᠨ ᠤ ᠵᠠᠳᠠᠯᠤᠯᠳᠠ ᠵᠡᠷᠭᠡ ᠮᠡᠳᠡᠭᠡ ᠵᠠᠩᠭᠢ ᠶᠢᠨ ᠢᠷᠡᠯᠳᠡ ᠪᠠᠷ ᠲᠠᠮᠵᠢᠭᠤᠯᠤᠨ᠂ ᠦᠢᠯᠡᠳᠬᠦᠨ ᠤ ᠶᠠᠰᠤ ᠴᠢᠨᠠᠷ ᠤᠨ ᠪᠠᠶᠢᠳᠠᠯ ᠢ ᠡᠵᠡᠮᠰᠢᠬᠦ ᠬᠡᠷᠡᠭᠲᠠᠢ︔ ᠴᠢᠩᠭ᠎ᠠ ᠬᠢᠨᠠᠨ ᠪᠠᠶᠢᠴᠠᠭᠠᠵᠦ᠂ ᠵᠠᠬ᠎ᠠ ᠳᠡᠯᠭᠡᠭᠦᠷ ᠤᠨ ᠠᠵᠦ ᠠᠬᠤᠢ ᠶᠢᠨ ᠡᠮᠬᠢ ᠲᠢᠭᠯᠢᠮ ᠢ ᠬᠠᠮᠠᠭᠠᠯᠠᠬᠤ ᠬᠡᠷᠡᠭᠲᠠᠢ︔ ᠴᠢᠩᠭ᠎ᠠ ᠮᠦᠷᠳᠡᠨ ᠴᠡᠭᠴᠡᠯᠡᠨ ᠵᠠᠰᠠᠵᠦ᠂ ᠠᠵᠦ ᠠᠬᠤᠶᠢᠯᠠᠯ ᠢ ᠬᠡᠷᠡᠭ ᠶᠠᠪᠤᠳᠠᠯ ᠤᠨ ᠲᠠᠷᠠᠭ᠎ᠠ ᠬᠢᠨᠠᠨ ᠬᠠᠮᠢᠶᠠᠷᠬᠤ ᠶᠢ ᠴᠢᠩᠭᠠᠷᠠᠭᠤᠯᠬᠤ ᠬᠡᠷᠡᠭᠲᠠᠢ  ᠃  ᠰᠠᠶᠢᠨ ᠰᠠᠶᠢᠬᠠᠨ ᠠᠵᠢᠯᠯᠠᠭᠠᠨ ᠤ ᠲᠤᠭᠳᠠᠴᠠ ᠶᠢ ᠡᠭᠦᠳᠤᠨ ᠪᠠᠶᠢᠭᠤᠯᠬᠤ ᠬᠡᠷᠡᠭᠲᠠᠢ᠃  ᠱᠠᠯᠠᠪᠳᠠᠨ ᠵᠠᠰᠠᠨ ᠴᠡᠭᠴᠡᠯᠡᠵᠦ ᠪᠠᠶᠢᠭᠰᠠᠨ ᠢ ᠤᠷᠳᠤ ᠬᠤᠭᠤᠴᠠᠭ᠎ᠠ ᠬᠦᠴᠤᠨ ᠲᠠᠢ ᠲᠤᠭᠳᠠᠴᠠ ᠶᠢ ᠪᠠᠶᠢᠭᠤᠯᠬᠤ ᠵᠦᠭ ᠬᠤᠪᠢᠷᠠᠭᠤᠯᠵᠦ᠂ ᠲᠤᠰᠬᠠᠢ ᠴᠡᠭᠴᠡᠯᠡᠨ ᠵᠠᠰᠠᠬᠤ ᠲᠤᠭᠳᠠᠴᠠ ᠶᠢ ᠳᠡᠭᠦᠯᠳᠡᠷᠵᠢᠭᠦᠯᠵᠦ᠂ ᠬᠡᠯᠪᠡᠷᠢ ᠶᠢ ᠯᠠ ᠡᠷᠬᠢᠮᠯᠡᠭᠡᠳ ᠦᠷ᠎ᠡ ᠪᠦᠳᠤᠭᠡᠯ ᠢ ᠤᠮᠳᠤᠭᠠᠶᠢᠯᠠᠬᠤ ᠶᠠᠪᠤᠳᠠᠯ ᠢ ᠡᠷᠡᠰ ᠲᠡᠪᠴᠢᠵᠦ᠂ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠭᠤᠤᠯᠳᠠᠯᠭ᠎ᠠ᠂ ᠬᠦᠴᠢᠷᠲᠠᠢ ᠠᠰᠠᠭᠤᠳᠠᠯ ᠳᠤ ᠴᠢᠭᠯᠡᠭᠦᠯᠤᠨ᠂ ᠤᠷᠳᠤ ᠬᠤᠭᠤᠴᠠᠭ᠎ᠠ ᠬᠦᠴᠤᠨ ᠲᠠᠢ ᠲᠤᠭᠳᠠᠴᠠ ᠶᠢ ᠰᠤᠳᠤᠯᠤᠨ ᠪᠠᠶᠢᠭᠤᠯᠬᠤ ᠬᠡᠷᠡᠭᠲᠠᠢ  ︔ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠦᠩᠭᠡᠨ ᠲᠠᠯ᠎ᠠ ᠶᠢ ᠵᠠᠰᠠᠬᠤ ᠦᠢᠯᠡᠳᠤᠯ ᠪᠠ ᠵᠢᠯᠤᠭᠤᠳᠬᠤ᠂ ᠵᠢᠷᠤᠮᠵᠢᠭᠤᠯᠬᠤ᠂ ᠬᠦᠮᠤᠵᠢᠬᠦᠯᠬᠦ᠂ ᠪᠠᠳᠤᠯᠠᠬᠤ ᠵᠡᠷᠭᠡ ᠦᠨᠳᠤᠰᠤ ᠠᠴᠠ ᠨᠢ ᠵᠠᠰᠠᠬᠤ ᠴᠢᠳᠠᠪᠤᠷᠢ ᠶᠢ ᠴᠢᠬᠤᠯᠠᠴᠢᠯᠠᠨ ᠪᠠᠳᠠᠷᠠᠭᠤᠯᠬᠤ ᠬᠡᠷᠡᠭᠲᠠᠢ᠃ ᠠᠵᠢᠯ ᠤᠨ ᠵᠦᠪ ᠤᠳᠤᠷᠢᠳᠤᠮᠵᠢ ᠶᠢ ᠪᠤᠢ ᠪᠤᠯᠭᠠᠬᠤ ᠬᠡᠷᠡᠭᠲᠠᠢ᠃ ᠲᠤᠬᠠᠶᠢᠯᠠᠭᠰᠠᠨ ᠠᠵᠢᠯ ᠤᠨ ᠭᠦᠢᠴᠡᠳᠭᠡᠯ ᠲᠤᠭ᠎ᠠ ᠶᠢ ᠪᠡᠶᠡᠯᠡᠭᠦᠯᠳᠡᠭ  ᠪᠠᠶᠢᠭᠰᠠᠨ ᠢ ᠶᠠᠰᠤ ᠴᠢᠨᠠᠷ ᠤᠨ ᠤᠷᠴᠢᠨ ᠢ ᠰᠢᠯᠢᠳᠡᠭᠵᠢᠬᠦᠯᠬᠦ ᠵᠦᠭ ᠬᠤᠪᠢᠷᠠᠭᠤᠯᠵᠦ᠂ ᠲᠤᠬᠠᠶᠢᠯᠠᠭᠰᠠᠨ ᠠᠵᠢᠯ ᠎ ᠤᠨ ᠤᠷᠤᠯᠭ᠎ᠠ ᠶᠢ ᠨᠢᠭᠡᠨ ᠨᠢᠭᠡᠴᠡ ᠶᠢᠨ ᠠᠵᠢᠯ ᠤᠨ ᠬᠡᠮᠵᠢᠶ᠎ᠡ ᠶᠢ ᠰᠢᠯᠭᠠᠬᠤ ᠦᠨᠳᠤᠰᠤᠨ ᠬᠡᠮᠵᠢᠭᠦᠷ ᠪᠤᠯᠭᠠᠵᠦ᠂ ᠶᠠᠰᠤ ᠴᠢᠨᠠᠷ ᠢ ᠳᠡᠭᠡᠭᠰᠢᠯᠡᠭᠦᠯᠬᠦ ᠬᠤᠷᠳᠤᠴᠠ ᠪᠤᠯᠤᠨ ᠶᠠᠰᠤ ᠴᠢᠨᠠᠷ ᠤᠨ ᠤᠷᠴᠢᠨ ᠤ ᠰᠠᠶᠢᠨ ᠮᠠᠭᠤ ᠪᠠᠷ ᠨᠢᠭᠡᠨ ᠨᠢᠭᠡᠴᠡ ᠶᠢ ᠦᠨᠡᠯᠡᠬᠦ  ᠴᠢᠬᠤᠯᠠ ᠪᠠᠷᠢᠮᠵᠢᠶ᠎ᠠ ᠪᠤᠯᠭᠠᠬᠤ ᠬᠡᠷᠡᠭᠲᠠᠢ᠃  ᠭᠤᠷᠪᠠ ᠳᠤ ᠶᠠᠰᠤ ᠴᠢᠨᠠᠷ ᠤᠨ ᠬᠢᠨᠠᠨ ᠬᠠᠮᠢᠶᠠᠷᠬᠤ ᠬᠡᠪᠴᠢᠶ᠎ᠡ ᠪᠠᠨ ᠦᠷᠭᠡᠳᠬᠡᠬᠦ ᠬᠡᠷᠡᠭᠲᠠᠢ᠃ ᠶᠠᠰᠤ ᠴᠢᠨᠠᠷ ᠤᠨ ᠬᠢᠨᠠᠨ ᠬᠠᠮᠢᠶᠠᠷᠬᠤ ᠬᠡᠪᠴᠢᠶ᠎ᠡ ᠪᠠᠨ ᠦᠷᠭᠡᠳᠬᠡᠬᠦ ᠪᠤᠯ ᠬᠤᠭᠤᠰᠤᠨ ᠢ ᠨᠦᠬᠦᠪᠤᠷᠢᠯᠡᠬᠦ᠂ ᠬᠢᠨᠠᠨ ᠬᠠᠮᠢᠶᠠᠷᠬᠤ ᠪᠦᠷᠬᠦᠴᠡ ᠶᠢ ᠦᠷᠬᠡᠵᠢᠭᠦᠯᠬᠦ᠂ ᠬᠢᠨᠠᠨ ᠬᠠᠮᠢᠶᠠᠷᠬᠤ ᠦᠷ᠎ᠡ ᠪᠦᠳᠤᠭᠡᠯ ᠢ ᠨᠡᠮᠡᠭᠳᠡᠭᠦᠯᠬᠦ ᠶᠢᠨ ᠴᠢᠬᠤᠯᠠ ᠠᠷᠭ᠎ᠠ ᠵᠠᠮ ᠮᠦᠨ᠃ ᠤᠳᠤᠬᠠᠨ ᠤ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠪᠠ ᠡᠷᠬᠡ ᠴᠢᠳᠠᠪᠤᠷᠢ ᠶᠢᠨ ᠤᠷᠤᠨ ᠲᠤᠭᠳᠠᠭᠠᠯᠳᠠ ᠠᠴᠠ ᠦᠵᠡᠪᠡᠯ᠂ ᠪᠢᠳᠡ ᠪᠠᠰᠠ ᠮᠠᠰᠢ ᠤᠯᠠᠨ ᠬᠦᠷᠢᠶ᠎ᠡ ᠬᠡᠪᠴᠢᠶ᠎ᠡ ᠶᠢ ᠭᠦᠢᠴᠡᠳ ᠬᠠᠮᠤᠷᠠᠭᠠᠳᠤᠢ᠂ ᠪᠠᠰᠠ ᠨᠡᠭᠡ ᠪᠦᠯᠦᠭ ᠡᠷᠭᠡ ᠴᠢᠳᠠᠪᠤᠷᠢ ᠦᠢᠯᠡᠳᠤᠯ ᠎ ᠢᠶᠠᠨ ᠦᠨᠡᠨᠬᠦ ᠪᠠᠳᠠᠷᠠᠭᠤᠯᠤᠭᠠᠳᠤᠢ᠂ ᠪᠠᠰᠠ ᠨᠡᠯᠢᠶᠡᠳ ᠤᠯᠠᠨ ᠬᠢᠨᠠᠨ ᠬᠠᠮᠢᠶᠠᠷᠬᠤ ᠠᠷᠭ᠎ᠠ ᠳᠤ ᠪᠦᠳᠤᠮᠵᠢᠲᠠᠢ ᠠᠳᠬᠤᠴᠠ ᠲᠤᠳᠠᠭᠳᠠᠵᠦ᠂ ᠬᠢᠨᠠᠨ ᠬᠠᠮᠢᠶᠠᠷᠤᠯᠳᠠ ᠶᠢᠨ ᠬᠦᠴᠤᠨ ᠳᠡᠭᠦᠯᠳᠡᠷ ᠪᠤᠰᠤ᠂ ᠦᠷ᠎ᠡ ᠪᠦᠳᠤᠮᠵᠢ ᠪᠠᠷ ᠪᠠᠷᠤᠭᠲᠠᠢ ᠪᠠᠶᠢᠬᠤ ᠦᠵᠡᠭᠳᠡᠯ ᠨᠡᠶᠢᠳᠡᠮ ᠤᠷᠤᠰᠢᠵᠦ᠂ ᠪᠢᠳᠡᠨ ᠢ ᠵᠢᠯ ᠵᠢᠯ ᠬᠠᠭᠤᠴᠢᠨ ᠳᠠᠭᠤᠤ ᠪᠠᠨ ᠲᠠᠪᠳᠠᠨ ᠳᠠᠭᠤᠯᠠᠬᠤ ᠪᠤᠯᠭᠠᠵᠦ᠂ ᠨᠢᠭᠡ ᠪᠦᠯᠦᠭ ᠦᠢᠯᠡᠳᠭᠦᠨ ᠤ ᠬᠢᠷᠢ ᠳᠤ ᠳᠡᠩᠴᠡᠬᠦ ᠨᠤᠷᠮ᠎ᠠ ᠨᠢ ᠮᠦᠨᠬᠦ ᠤᠤᠯ ᠬᠡᠪ ᠲᠡᠭᠡᠨ ᠡᠷᠬᠢᠯᠳᠤᠵᠦ ᠪᠠᠶᠢᠨ᠎ᠠ᠃ ᠬᠢᠨᠠᠨ ᠬᠠᠮᠢᠶᠠᠷᠬᠤ ᠬᠦᠷᠢᠶ᠎ᠡ ᠶᠢ ᠦᠷᠭᠡᠳᠬᠡᠬᠦ ᠳᠤ ᠡᠩ ᠳᠡᠷᠢᠬᠦᠨ ᠳᠤ ᠦᠵᠡᠯ ᠲᠠᠨᠢᠯᠳᠠ ᠎ ᠶᠢᠨ ᠲᠠᠯ᠎ᠠ ᠪᠠᠷ ᠴᠢᠯᠤᠬᠡᠲᠠᠢ ᠪᠤᠯᠭᠠᠵᠦ᠂ ᠤᠯᠠᠮᠵᠢᠯᠠᠯᠳᠤ ᠬᠠᠯᠬᠠᠪᠴᠢ ᠶᠢ ᠵᠤᠷᠢᠭᠲᠠᠢ ᠪᠠᠷ ᠰᠢᠪᠳᠤᠯᠵᠦ᠂ ᠬᠠᠭᠤᠴᠢᠨ ᠳᠠᠳᠬᠠᠯ ᠲᠠᠢ ᠵᠤᠷᠢᠭᠲᠠᠢ ᠪᠠᠷ ᠳᠠᠶᠢᠨ ᠵᠠᠷᠯᠠᠵᠦ᠂ ᠰᠢᠨ᠎ᠡ ᠬᠦᠷᠢᠶ᠎ᠡ ᠬᠡᠪᠴᠢᠶ᠎ᠡ ᠶᠢ ᠡᠵᠡᠮᠳᠡᠵᠦ᠂ ᠰᠢᠨ᠎ᠡ ᠬᠡᠷᠡᠭ ᠪᠤᠳᠠᠰ ᠢ ᠬᠦᠯᠢᠶᠡᠨ ᠠᠪᠬᠤ ᠬᠡᠷᠡᠭᠲᠠᠢ᠃ ᠲᠠᠷᠠᠭ᠎ᠠ ᠳᠤᠨᠢ ᠶᠠᠰᠤ ᠴᠢᠨᠠᠷ ᠢ ᠳᠡᠭᠡᠭᠰᠢᠯᠡᠭᠦᠯᠬᠦ ᠪᠠ ᠮᠡᠷᠭᠡᠵᠢᠯ ᠢᠶᠠᠷ ᠲᠤᠯᠭᠠᠭᠤᠷᠢᠯᠠᠬᠤ ᠠᠩᠬᠠᠷᠤᠯ ᠤᠨ ᠴᠢᠭ ᠢ ᠰᠢᠨ᠎ᠡ ᠠᠵᠦ ᠦᠢᠯᠠᠰ᠂ ᠰᠢᠨ᠎ᠠ ᠦᠢᠯᠡᠴᠢᠯᠡᠭᠡᠨ ᠤ ᠦᠢᠯᠡᠰ᠂ ᠤᠷᠴᠢᠨ ᠲᠤᠭᠤᠷᠢᠨ ᠤ ᠢᠨᠵᠧᠨᠧᠷᠢᠩ᠂ ᠡᠯᠧᠺᠲᠷᠤᠨ ᠬᠤᠳᠠᠯᠳᠤᠭ᠎ᠠ᠂ ᠪᠠᠭ᠎ᠠ ᠵᠢᠵᠢᠭ ᠠᠵᠦ ᠠᠬᠤᠶᠢᠯᠠᠯ ᠳᠤ ᠰᠢᠯᠵᠢᠭᠦᠯᠬᠦ ᠬᠡᠷᠡᠭᠲᠠᠢ᠃ ᠭᠤᠷᠪᠠᠳᠤᠭᠠᠷ ᠲᠤ ᠲᠤᠳᠠᠮᠠᠭ ᠲᠠᠯ᠎ᠠ ᠪᠠᠨ ᠲᠠᠷᠤᠶᠢᠬᠠᠨ ᠨᠦᠬᠦᠵᠦ᠂ ᠶᠠᠮᠠᠷᠪᠠ ᠨᠢᠬᠡᠨ ᠠᠵᠦ ᠠᠬᠤᠶᠢᠯᠠᠯ᠂ ᠶᠠᠮᠠᠷᠪᠠ ᠨᠢᠭᠡᠨ ᠦᠢᠯᠡᠳᠬᠦᠨ ᠢ ᠪᠦᠳᠤᠮᠵᠢᠳᠤ ᠬᠢᠨᠠᠯᠳᠠ ᠬᠠᠮᠢᠶᠠᠷᠤᠯᠳᠠ ᠠᠴᠠ ᠭᠠᠳᠠᠨ᠎ᠠ ᠲᠤᠷ᠎ᠠ ᠪᠠᠷ ᠨᠢ ᠳᠠᠯᠪᠢᠵᠦ ᠪᠤᠯᠬᠤ ᠦᠬᠡᠢ᠃ ᠲᠦᠷᠪᠡᠳᠤᠭᠡᠷ ᠲᠤ᠂ ᠶᠠᠰᠤ ᠴᠢᠨᠠᠷ ᠢ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠦᠨ ᠬᠤᠳᠠᠯ ᠬᠠᠭᠤᠷᠮᠠᠭ ᠲᠤ ᠴᠤᠬᠢᠯᠳᠠ ᠦᠭᠬᠦ ᠬᠦᠴᠤᠨ ᠢ ᠵᠤᠬᠢᠰᠲᠠᠢ ᠲᠤᠬᠢᠷᠠᠭᠤᠯᠵᠦ᠂ ᠭᠤᠤᠯ ᠬᠦᠴᠤᠨ ᠢᠶᠠᠨ ᠦᠢᠯᠡᠳᠪᠤᠷᠢᠯᠡᠯ ᠤᠨ ᠴᠢᠳᠠᠮᠵᠢ ᠨᠢ ᠦᠯᠡᠭᠦᠳᠡᠭᠰᠡᠨ᠂ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠡ ᠠᠰᠢᠭ ᠎ ᠤᠨ ᠤᠷᠮ᠎ᠠ ᠨᠢ ᠦᠨᠳᠤᠷ ᠪᠢᠰᠢ ᠪᠠᠶᠢᠭ᠎ᠠ ᠠᠵᠦ ᠠᠬᠤᠶᠢᠯᠠᠯ ᠢ ᠬᠢᠨᠠᠨ ᠬᠠᠮᠢᠶᠠᠷᠬᠤ ᠳᠤ ᠬᠡᠷᠡᠭᠯᠡᠵᠦ᠂ ᠭᠠᠪᠰᠢᠭᠠᠢ ᠬᠦᠴᠤᠨ ᠢᠶᠠᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠦᠢᠯᠡᠰ᠂ ᠰᠢᠨ᠎ᠡ ᠬᠤᠳᠠᠯᠳᠤᠭᠠᠨ ᠤ ᠦᠯᠢᠭᠡᠷ ᠬᠡᠪ ᠵᠡᠷᠭᠡ ᠬᠦᠷᠢᠶᠡᠨ ᠳᠤ  ᠬᠡᠷᠡᠭᠯᠡᠬᠦ ᠬᠡᠷᠡᠭᠲᠠᠢ᠂ ᠳᠠᠪᠤᠳᠠᠭᠠᠷ ᠲᠤ᠂ ᠡᠯ᠎ᠡ ᠬᠦᠷᠢᠶᠡᠨ ᠤ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢ ᠬᠠᠮᠤᠷᠠᠭᠰᠠᠨ ᠪᠦᠳᠤᠮᠵᠢᠲᠠᠢ ᠠᠳᠬᠤᠴᠠ ᠶᠢ ᠡᠷᠢᠨ ᠤᠯᠵᠦ᠂ ᠡᠷᠡᠰ ᠴᠢᠩᠭ᠎ᠠ ᠬᠦᠴᠤᠨ ᠳᠡᠭᠦᠯᠳᠡᠷ ᠠᠷᠭ᠎ᠠ ᠬᠡᠮᠵᠢᠶ᠎ᠡ ᠪᠤᠯᠤᠨ ᠰᠢᠨᠵᠢᠯᠡᠬᠦ ᠤᠬᠠᠭᠠᠨᠴᠢ ᠪᠦᠳᠤᠮᠵᠢᠲᠠᠢ ᠠᠷᠭ᠎ᠠ ᠳᠤ ᠲᠦᠰᠢᠭᠯᠡᠨ᠂ ᠪᠦᠬᠦ ᠲᠠᠯ᠎ᠠ ᠎ ᠪᠠᠷ ᠬᠢᠨᠠᠨ ᠬᠠᠮᠢᠶᠠᠷᠬᠤ᠂ ᠲᠦᠷᠢᠮ ᠢᠶᠠᠷ ᠬᠢᠨᠠᠨ ᠬᠠᠮᠢᠶᠠᠷᠬᠤ᠂ ᠤᠷᠳᠤ ᠬᠤᠭᠤᠴᠠᠭ᠎ᠠ ᠪᠠᠷ ᠬᠢᠨᠠᠨ ᠬᠠᠮᠢᠶᠠᠷᠬᠤ ᠬᠡᠷᠡᠭᠲᠠᠢ᠃      ﹇ᠭᠤᠤ ᠢᠩ ᠵᠢᠶᠧ﹈ ︵ᠭᠤᠷᠪᠠ︶ ᠦᠬᠡᠷᠡᠴᠢᠯᠡᠬᠦ ᠪᠠ ᠬᠠᠤᠯᠢ ᠪᠠᠷ ᠵᠠᠰᠠᠬᠤ ᠪᠠᠷ ᠬᠦᠳᠡᠯᠭᠡᠬᠦ ᠬᠦᠴᠤᠨ ᠪᠤᠯᠭᠠᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠦᠢᠯᠡᠰ ᠤᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠎ ᠶᠢ ᠠᠬᠢᠭᠤᠯᠬᠤ ᠬᠡᠷᠡᠭᠲᠠᠢ᠃      ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠪᠤᠯ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠦᠢᠯᠡᠰ ᠤᠨ ᠬᠦᠭᠵᠢᠯᠳᠡ ᠶᠢ ᠠᠬᠢᠭᠤᠯᠬᠤ ᠠᠮᠢᠳᠤ ᠬᠦᠴᠤᠨ ᠤ ᠡᠬᠢ ᠪᠤᠯᠠᠭ ᠮᠦᠨ᠂ ᠶᠡᠭᠡ ᠪᠠᠶᠢᠳᠠᠯ ᠤᠨ ᠬᠠᠨᠳᠤᠰᠢ᠂ ᠬᠦᠭᠵᠢᠯᠳᠠ ᠶᠢᠨ ᠬᠡᠷᠡᠭᠴᠡᠭᠡ ᠮᠦᠨ᠂ ᠵᠤᠭᠰᠤᠩᠭᠤᠶᠢᠷᠠᠬᠤ ᠪᠠ ᠤᠬᠤᠷᠢᠬᠤ ᠨᠢ ᠭᠠᠷᠬᠤ ᠵᠠᠮ ᠦᠬᠡᠢ  ᠶᠤᠮ᠃ ᠨᠢᠭᠡ ᠳᠤ ᠲᠤᠮᠤ ᠶᠠᠰᠤ ᠴᠢᠨᠠᠷ ᠤᠨ ᠠᠵᠢᠯ ᠤᠨ ᠰᠢᠨ᠎ᠡ ᠲᠤᠭᠳᠠᠴᠠ ᠶᠢ ᠪᠠᠶᠢᠭᠤᠯᠤᠨ᠎ᠠ᠃ ᠵᠠᠰᠠᠭ ᠤᠨ ᠤᠷᠳᠤᠨ ᠵᠢᠯᠤᠭᠤᠳᠬᠤ᠂ ᠰᠠᠯᠠᠭ᠎ᠠ ᠮᠦᠴᠢᠷ ᠠᠬᠢᠭᠤᠯᠬᠤ᠂ ᠠᠵᠦ ᠠᠬᠤᠶᠢᠯᠠᠯ ᠭᠤᠤᠯ ᠬᠠᠷᠢᠭᠤᠴᠠᠬᠤ᠂ ᠨᠡᠶᠢᠭᠡᠮ ᠨᠡᠶᠢᠳᠡ ᠠᠴᠠ ᠬᠢᠨᠡᠯᠳᠠ ᠳᠠᠯᠪᠢᠬᠤ ᠪᠠᠷ ᠭᠤᠤᠯ ᠠᠭᠤᠯᠭ᠎ᠠ ᠪᠤᠯᠭᠠᠭᠰᠠᠨ ᠲᠤᠮᠤ ᠶᠠᠰᠤ ᠴᠢᠨᠠᠷ ᠤᠨ ᠰᠢᠨ᠎ᠡ ᠲᠤᠭᠳᠠᠴᠠ ᠶᠢ ᠪᠠᠶᠢᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠳᠤ ᠵᠠᠰᠠᠭ ᠤᠨ ᠤᠷᠳᠤᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂ ᠰᠠᠯᠠᠭ᠎ᠠ ᠮᠦᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠬᠡᠯᠡᠬᠦ᠂ ᠠᠵᠦ ᠠᠬᠤᠶᠢᠯᠠᠯ ᠭᠤᠤᠯ ᠴᠤᠭᠴᠠ ᠶᠢᠨ ᠬᠠᠷᠢᠭᠤᠴᠠᠯᠭ᠎ᠠ ᠡᠭᠦᠷᠭᠡᠯᠡᠬᠦ᠂ ᠨᠡᠶᠢᠭᠡᠮ ᠨᠡᠶᠢᠳᠡ ᠬᠢᠨᠠᠯᠳᠠ ᠳᠠᠯᠪᠢᠬᠤ ᠬᠠᠷᠢᠭᠤᠴᠠᠯᠭ᠎ᠠ ᠶᠢ ᠡᠭᠦᠷᠭᠡᠯᠡᠬᠦ ᠶᠢ  ᠨᠠᠶᠢᠳᠠᠪᠤᠷᠢᠵᠢᠭᠤᠯᠤᠨ᠎ᠠ᠃ ᠬᠤᠶᠠᠷ ᠲᠤ᠂ ︽ᠴᠢᠯᠤᠭᠡᠲᠠᠢ ᠪᠤᠯᠭᠠᠬᠤ᠂ ᠬᠠᠮᠢᠶᠠᠷᠬᠤ᠂ ᠵᠠᠰᠠᠬᠤ︾ ᠰᠢᠨ᠎ᠡ ᠪᠠᠶᠢᠳᠠᠯ ᠢ ᠪᠤᠢ ᠪᠤᠯᠭᠠᠨ᠎ᠠ᠃ ︽ᠴᠢᠯᠤᠭᠡᠲᠠᠢ ᠪᠤᠯᠭᠠᠬᠤ︾ ᠬᠡᠳᠡᠭ ᠨᠢ ᠶᠡᠭᠡ ᠬᠦᠴᠤ ᠤᠷᠤᠭᠤᠯᠤᠨ ᠬᠢᠨᠠᠨ ᠵᠦᠪᠰᠢᠶᠡᠷᠡᠬᠦ ᠲᠦᠷᠦᠯ ᠵᠦᠢᠯ ᠪᠤᠯᠤᠨ ᠵᠠᠷᠤᠳᠠᠯ ᠬᠤᠷᠢᠶᠠᠬᠤ ᠲᠦᠷᠦᠯ ᠵᠦᠢᠯ ᠢ ᠬᠠᠰᠤᠵᠦ᠂ ᠰᠢᠭᠤᠳ ᠰᠢᠯᠤᠭᠤᠨ ᠵᠠᠮ ᠨᠡᠭᠡᠭᠡᠬᠦ᠂  ᠤᠷᠢᠳᠡᠪᠡᠷ ᠦᠨᠡᠮᠯᠡᠯ ᠤᠯᠭᠤᠨ ᠳᠠᠷᠠᠭ᠎ᠠ ᠪᠠᠷ ᠨᠢ ᠬᠢᠨᠠᠬᠤ ᠵᠡᠷᠭᠡ ᠲᠤᠷᠰᠢᠯᠳᠠ ᠬᠢᠵᠦ᠂ ᠵᠠᠷᠢᠮ ᠦᠨᠡᠮᠯᠡᠯ ᠰᠤᠯᠢᠬᠤ ᠶᠢ ᠵᠦᠪᠰᠢᠶᠡᠷᠡᠬᠦᠯᠬᠦ ᠳᠤ ᠲᠤᠬᠠᠢ ᠶᠢᠨ ᠭᠠᠵᠠᠷ ᠨᠢ ᠬᠢᠨᠠᠨ ᠪᠠᠶᠢᠴᠠᠭᠠᠳᠠᠭ ᠵᠠᠩᠭᠢᠯᠠᠭ᠎ᠠ ᠶᠢ ᠬᠠᠰᠤᠵᠦ᠂ ᠠᠵᠢᠯ ᠤᠨ ᠭᠤᠤᠯᠳᠠᠯᠭ᠎ᠠ ᠪᠠᠨ ᠬᠢᠨᠠᠨ ᠵᠦᠪᠰᠢᠶᠡᠷᠡᠬᠦ ᠪᠦᠳᠤᠮᠵᠢ ᠶᠢᠨ ᠨᠤᠷᠮ᠎ᠠ ᠶᠢ ᠳᠡᠭᠡᠭᠰᠢᠯᠡᠬᠦᠯᠬᠦ᠂ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠶᠢ ᠪᠤᠭᠤᠨᠢᠰᠬᠠᠬᠤ᠂ ᠬᠢᠨᠠᠨ ᠵᠦᠪᠰᠢᠶᠡᠷᠡᠬᠦ ᠴᠢᠨᠠᠷ ᠶᠢ ᠳᠡᠭᠡᠭᠰᠢᠯᠡᠬᠦᠯᠬᠦ ᠳᠡᠭᠡᠷ᠎ᠡ ᠳᠠᠯᠪᠢᠨ᠎ᠠ᠃ ︽ᠬᠠᠮᠢᠶᠠᠷᠬᠤ︾ ᠭᠡᠳᠡᠭ ᠨᠢ ᠠᠵᠢᠯ ᠤᠨ ᠡᠭᠦᠷᠭᠡ ᠬᠠᠷᠢᠭᠤᠴᠠᠯᠭ᠎ᠠ ᠎ ᠶᠢ ᠤᠯᠠᠮ ᠨᠢᠭᠡ ᠠᠯᠬᠤᠮ ᠲᠤᠳᠤᠷᠬᠠᠶᠢᠯᠠᠵᠦ᠂ ᠬᠦᠳᠠᠯᠤᠯ ᠪᠠᠶᠢᠳᠠᠯ ᠢ ᠬᠢᠨᠠᠨ ᠬᠠᠮᠢᠶᠠᠷᠬᠤ᠂ ᠤᠷᠤᠨ ᠲᠤᠭᠤᠷᠢᠭ ᠢ ᠬᠢᠨᠠᠨ ᠬᠠᠮᠢᠶᠠᠷᠬᠤ᠂ ᠲᠦᠷᠦᠯ ᠬᠤᠪᠢᠶᠠᠨ ᠬᠢᠨᠠᠨ ᠬᠠᠮᠢᠶᠠᠷᠬᠤ ᠠᠷᠭ᠎ᠠ  ᠬᠡᠮᠵᠢᠶ᠎ᠡ ᠶᠢ ᠳᠠᠰᠤᠷᠠᠯᠳᠠ ᠦᠬᠡᠢ ᠳᠡᠭᠦᠯᠳᠡᠷᠵᠢᠬᠦᠯᠵᠦ᠂ ᠵᠠᠬ᠎ᠠ ᠳᠡᠯᠭᠡᠭᠦᠷ ᠤᠨ ᠭᠠᠭᠴᠠᠭᠠᠷ ᠡᠵᠡᠷᠬᠡᠭᠯᠡᠯ ᠪᠠ ᠤᠷᠤᠨ ᠨᠤᠳᠤᠭ ᠤᠨ ᠬᠠᠮᠠᠭᠠᠯᠠᠯᠳᠠ ᠶᠢ  ᠡᠪᠳᠡᠨ᠎ᠠ᠃ ︽ᠵᠠᠰᠠᠬᠤ︾ ᠭᠡᠳᠡᠭ ᠨᠢ ᠨᠡᠶᠢᠭᠡᠮ ᠨᠡᠶᠢᠳᠡ ᠪᠠᠷ ᠢᠶᠠᠨ ᠬᠠᠮᠳᠤ ᠪᠠᠷ ᠵᠠᠰᠠᠬᠤ ᠶᠢ ᠴᠢᠬᠤᠯᠠᠴᠢᠯᠠᠵᠦ᠂ ︽ᠬᠦᠮᠤᠨ ᠪᠦᠬᠦᠨ ᠶᠠᠰᠤ ᠴᠢᠨᠠᠷ ᠢ ᠬᠦᠨᠳᠤᠳᠭᠡᠬᠦ᠂ ᠬᠦᠮᠤᠨ ᠪᠦᠬᠦᠨ ᠶᠠᠰᠤ ᠴᠢᠨᠠᠷ ᠢ ᠡᠭᠦᠳᠬᠦ᠂ ᠬᠦᠮᠤᠨ ᠪᠦᠬᠦᠨ ᠶᠠᠰᠤ ᠴᠢᠨᠠᠷ ᠠᠴᠠ ᠠᠰᠢᠭ ᠬᠦᠷᠳᠡᠬᠦ︾ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ᠃ ᠭᠤᠷᠪᠠ ᠳᠤ᠂ ᠬᠠᠤᠯᠢ ᠬᠡᠷᠡᠭᠵᠢᠬᠦᠯᠤᠨ ᠬᠢᠨᠠᠨ ᠬᠠᠮᠢᠶᠠᠷᠬᠤ ᠰᠢᠨ᠎ᠡ ᠬᠡᠪ ᠵᠠᠭᠪᠤᠷ ᠢ ᠪᠤᠢ ᠪᠤᠯᠭᠠᠨ᠎ᠠ᠃ ᠡᠷᠬᠡ ᠮᠡᠳᠡᠯ ᠪᠠ ᠡᠷᠬᠡ ᠠᠰᠢᠭ ᠢ ᠲᠤᠶᠢᠯᠪᠤᠷᠢᠲᠠᠢ  ᠰᠠᠯᠭᠠᠬᠤ᠂ ᠡᠷᠭᠡ ᠮᠡᠳᠡᠯ ᠪᠠ ᠬᠠᠷᠢᠭᠤᠴᠠᠯᠭ᠎ᠠ ᠶᠢ ᠨᠢᠭᠳᠠ ᠬᠤᠯᠪᠤᠭᠳᠠᠭᠤᠯᠬᠤ ᠵᠠᠷᠴᠢᠮ ᠢᠶᠠᠷ ᠶᠠᠰᠤ ᠴᠢᠨᠠᠷ ᠶᠢᠨ ᠬᠢᠨᠠᠯᠳᠠ ᠬᠠᠮᠢᠶᠠᠷᠤᠯᠳᠠ ᠲᠠᠢ ᠬᠤᠯᠪᠤᠭᠳᠠᠬᠤ ᠵᠰᠠᠭ ᠵᠠᠬᠢᠷᠭᠠᠨ ᠤ ᠲᠤᠷᠭᠠᠭᠤᠯᠢ ᠪᠠ ᠵᠠᠰᠠᠭ ᠵᠬᠢᠷᠭᠠᠨ ᠤ ᠠᠯᠪᠠᠳᠠᠯᠭ᠎ᠠ ᠶᠢᠨ ᠡᠷᠬᠡ ᠶᠢ  ᠴᠡᠭᠴᠡᠯᠡᠵᠦ᠂ ᠬᠠᠤᠯᠢ ᠬᠡᠷᠡᠭᠵᠢᠭᠦᠯᠬᠦ ᠨᠢᠭᠡᠨ ᠪᠠᠶᠢᠭᠤᠯᠤᠮᠵᠢ ᠎ ᠠᠴᠠ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠲᠦᠪᠯᠡᠷᠡᠭᠦᠯᠤᠨ ᠬᠠᠤᠯᠢ ᠬᠡᠷᠡᠭᠵᠢᠭᠦᠯᠬᠦ ᠰᠢᠨ᠎ᠡ ᠬᠡᠪ  ᠵᠠᠭᠪᠤᠷ ᠢ ᠰᠦᠪᠡᠭᠴᠢᠯᠡᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠬᠠᠤᠯᠢ ᠬᠡᠷᠡᠭᠵᠢᠭᠦᠯᠬᠦ ᠠᠵᠢᠯᠳᠠᠳ ᠤᠨ ᠲᠤᠰᠬᠠᠶᠢᠵᠢᠭᠤᠯᠤᠯᠳᠠ᠂ ᠠᠵᠢᠯ ᠤᠨ ᠲᠤᠰᠬᠠᠶᠢᠵᠢᠭᠤᠯᠤᠯᠳᠠ᠂ ᠠᠵᠢᠯᠯᠠᠭ᠎ᠠ ᠶᠢᠨ ᠵᠢᠷᠤᠮᠵᠢᠭᠤᠯᠤᠯᠳᠠ ᠪᠠ ᠲᠤᠨᠤᠭ ᠲᠦᠬᠦᠭᠡᠷᠤᠮᠵᠢ ᠶᠢᠨ ᠪᠠᠷᠢᠮᠵᠢᠶᠠᠵᠢᠭᠤᠯᠤᠯᠳᠠ ᠶᠢ ᠠᠬᠢᠭᠤᠯᠤᠨ᠎ᠠ᠃ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠤᠯᠳᠠ ᠶᠢᠨ ᠱᠠᠳᠤ ᠬᠤᠪᠢᠶᠠᠨ ᠬᠠᠷᠢᠭᠤᠴᠠᠬᠤ ᠲᠦᠷᠢᠮ ᠢ ᠪᠠᠶᠢᠭᠤᠯᠤᠨ᠂ ᠤᠷᠤᠨ ᠤ ᠲᠤᠪᠴᠢᠶ᠎ᠠ ᠨᠢ  ᠬᠦᠨᠳᠤ ᠲᠤᠮᠤ ᠬᠡᠷᠡᠭ ᠢ ᠰᠢᠮᠳᠠᠭᠤᠯᠤᠨ ᠰᠢᠢᠳᠪᠤᠷᠢᠯᠡᠬᠦ ᠶᠢ  ᠵᠢᠯᠤᠭᠤᠳᠬᠤ᠂ ᠤᠷᠤᠨ ᠠᠯᠤᠰᠯᠠᠨ ᠬᠠᠤᠯᠢ ᠬᠡᠷᠡᠭᠵᠢᠭᠦᠯᠬᠦ ᠶᠢ ᠵᠤᠬᠢᠶᠠᠨ ᠪᠠᠶᠢᠭᠤᠯᠬᠤ ᠪᠠ ᠪᠦᠬᠦ ᠤᠷᠤᠨ ᠤ ᠴᠢᠨᠠᠷᠲᠠᠢ ᠬᠤᠳᠠᠯ ᠬᠠᠭᠤᠷᠮᠠᠭ ᠲᠤ  ᠲᠤᠰᠬᠠᠢ ᠴᠤᠬᠢᠯᠳᠠ ᠦᠭᠬᠦ ᠡᠭᠦᠷᠬᠡ ᠶᠢ ᠪᠠᠶᠢᠷᠢᠯᠠᠭᠤᠯᠬᠤ ᠶᠢ ᠬᠠᠷᠢᠭᠤᠴᠠᠨ᠎ᠠ︔ ᠠᠶᠢᠮᠠᠭ ᠬᠤᠳᠠ ᠶᠢᠨ ᠲᠤᠪᠴᠢᠶ᠎ᠠ ᠨᠢ ᠲᠤᠮᠤ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠢᠳᠪᠤᠷᠢᠯᠡᠬᠦ᠂ ᠬᠤᠳᠠᠯ ᠬᠠᠭᠤᠷᠮᠠᠭ ᠲᠤ ᠲᠤᠰᠬᠠᠢ ᠴᠤᠬᠢᠯᠳᠠ ᠦᠭᠬᠦ᠂ ᠰᠢᠶᠠᠨ ᠠᠯᠤᠰᠯᠠᠭᠰᠠᠨ ᠬᠡᠷᠡᠭ ᠎ ᠢ ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠨ᠎ᠠ︔ ᠬᠤᠰᠢᠭᠤ ᠰᠢᠶᠠᠨ ᠤ ᠲᠤᠪᠴᠢᠶ᠎ᠠ ᠨᠢ ᠪᠤᠳᠠᠳᠤ ᠬᠡᠷᠡᠭ ᠢ ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠨ᠎ᠠ᠃ ᠲᠦᠷᠪᠡ ᠳᠤ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠰᠢᠨ᠎ᠠ ᠰᠢᠰᠲ᠋ᠧᠮ ᠢ ᠪᠠᠶᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠱᠠᠳᠤ ᠶᠢᠨ ᠮᠡᠷᠭᠡᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠠᠬᠢᠭᠤᠯᠵᠦ᠂ ︽ᠲᠤᠰᠬᠠᠶᠢᠵᠢᠭᠤᠯᠤᠨ ᠲᠡᠰ ᠦᠰᠬᠡᠬᠦ᠂ ᠬᠡᠪᠴᠢᠶᠡᠵᠢᠬᠦᠯᠤᠨ ᠨᠡᠶᠢᠯᠡᠭᠦᠯᠬᠦ᠂ ᠵᠠᠬ᠎ᠠ ᠳᠡᠯᠭᠡᠭᠦᠷᠴᠢᠯᠡᠨ ᠡᠵᠡᠩᠨᠡᠬᠦ᠂ ᠠᠵᠦ ᠦᠢᠯᠡᠰᠵᠢᠭᠦᠯᠦᠨ ᠬᠦᠭᠵᠢᠭᠦᠯᠬᠦ︾  ᠵᠠᠷᠴᠢᠮ ᠢᠶᠠᠷ ᠤᠨᠴᠠ ᠪᠠᠶᠢᠴᠠᠭᠠᠯᠳᠠ ᠶᠢᠨ ᠪᠦᠯᠦᠭᠯᠡᠯ ᠪᠠ ᠶᠠᠰᠤ ᠴᠢᠨᠠᠷ ᠢ ᠪᠠᠶᠢᠴᠠᠭᠠᠬᠤ ᠪᠦᠯᠦᠭᠯᠡᠯ ᠢ ᠪᠠᠶᠢᠭᠤᠯᠵᠦ᠂ ᠤᠯᠤᠰ ᠤᠨ ᠬᠤᠪᠤᠷ ᠰᠢᠷᠤᠢ ᠶᠢᠨ ᠲᠦᠪ ᠤᠨ ᠤᠯᠠᠨ ᠠᠷᠭ᠎ᠠ ᠵᠠᠮ ᠢᠶᠠᠷ ᠬᠤᠷᠰᠢᠨ ᠪᠡᠯᠡ ᠲᠤᠬᠢᠷᠠᠭᠤᠯᠬᠤ ᠦᠭᠡᠷᠡᠴᠢᠯᠡᠯᠳᠠ ᠶᠢᠨ ᠲᠤᠷᠰᠢᠯᠳᠠ ᠶᠢ ᠡᠬᠢᠯᠡᠭᠦᠯᠵᠦ᠂ ᠤᠯᠤᠰ ᠤᠨ ᠨᠤᠤᠰᠤ ᠨᠤᠯᠤᠤᠷ ᠤᠨ ᠶᠠᠰᠤ ᠴᠢᠨᠠᠷ ᠤᠨ ᠰᠢᠯᠭᠠᠨ ᠪᠠᠶᠢᠴᠠᠭᠠᠯᠳᠠ ᠶᠢᠨ ᠪᠠᠶᠢᠭᠤᠯᠤᠯ ᠤᠨ ᠦᠭᠡᠷᠡᠴᠢᠯᠡᠯᠳᠠ ᠶᠢᠨ ᠲᠤᠷᠰᠢᠯᠳᠠ ᠶᠢᠨ ᠠᠵᠢᠯ ᠢ ᠪᠡᠶᠡᠯᠡᠭᠦᠯᠵᠦ᠂ ᠦᠪᠡᠷᠳᠡᠭᠡᠨ ᠵᠠᠰᠠᠬᠤ ᠤᠷᠤᠨ ᠤ ᠨᠤᠤᠰᠤ ᠨᠤᠯᠤᠤᠷ ᠤᠨ ᠶᠠᠰᠤ ᠴᠢᠨᠠᠷ ᠤᠨ ᠪᠠᠶᠢᠴᠠᠭᠠᠯᠳᠠ ᠶᠢᠨ ᠰᠤᠯᠢᠯᠴᠠᠭᠠᠨ ᠤ ᠲᠠᠪᠴᠠᠩ ᠤᠨ ᠪᠠᠶᠢᠭᠤᠯᠤᠯᠳᠠ ᠶᠢ  ᠲᠦᠷᠭᠡᠳᠭᠡᠨ᠎ᠡ᠃ ᠶᠠᠰᠤ ᠴᠢᠨᠠᠷ ᠲᠤ ᠬᠢᠨᠠᠯᠳᠠ ᠳᠠᠯᠪᠢᠬᠤ ᠮᠡᠷᠭᠡᠵᠢᠯ ᠤᠨ ᠪᠠᠶᠢᠭᠤᠯᠤᠮᠵᠢ ᠶᠢ ᠭᠤᠤᠯᠳᠤ ᠪᠠᠷ ᠨᠡᠶᠢᠯᠡᠭᠦᠯᠬᠦ ᠪᠠ ᠠᠵᠢᠯ ᠲᠦᠷᠦᠯ ᠠᠯᠤᠰᠯᠠᠨ ᠬᠦᠨᠳᠡᠯᠡᠨ ᠨᠡᠶᠢᠯᠡᠭᠦᠯᠬᠦ ᠬᠤᠶᠠᠷ ᠵᠦᠢᠯ ᠤᠨ ᠠᠷᠭ᠎ᠠ ᠵᠠᠮ ᠢᠶᠠᠷ ᠠᠶᠢᠮᠠᠭ ᠬᠤᠳᠠ᠂ ᠬᠤᠰᠢᠭᠤ ᠰᠢᠶᠠᠨ ᠤ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠪᠠᠶᠢᠭᠤᠯᠤᠮᠵᠢ ᠶᠢ ᠨᠡᠶᠢᠯᠡᠭᠦᠯᠬᠦ ᠶᠢ ᠰᠦᠪᠡᠭᠴᠢᠯᠡᠵᠦ᠂ ᠤᠷᠤᠨ ᠲᠤᠭᠤᠷᠢᠭ ᠤᠨ ᠠᠵᠦ ᠠᠬᠤᠢ ᠶᠢᠨ ᠬᠡᠯᠪᠡᠷᠢ ᠪᠠᠨ ᠦᠬᠡᠷᠡᠴᠢᠯᠡᠨ ᠬᠦᠭᠵᠢᠬᠦᠯᠬᠦ ᠳᠤ ᠮᠡᠷᠭᠡᠵᠢᠯ ᠤᠨ ᠪᠠᠶᠢᠭᠤᠯᠤᠮᠵᠢ ᠤᠯᠭᠤᠬᠤ ᠪᠠᠶᠢᠷᠢᠰᠢᠭᠤᠯᠤᠯ ᠢ ᠪᠤᠢ ᠪᠤᠯᠭᠠᠨ᠎ᠠ᠃      ﹇ᠭᠤᠤ ᠢᠩ ᠵᠢᠶᠧ﹈ ᠡᠷᠬᠡ ᠬᠠᠷᠢᠭᠤᠴᠠᠯᠭ᠎ᠠ ᠶᠢ ᠬᠠᠤᠯᠢ ᠪᠠᠷ ᠲᠤᠭᠳᠠᠭᠠᠬᠤ᠂ ᠢᠯᠡ ᠭᠤᠤᠯᠴᠢ ᠪᠠᠶᠢᠯᠭᠠᠬᠤ᠂ ᠠᠷᠢᠭᠤᠨ ᠴᠢᠭᠡᠴᠢ ᠦᠨᠳᠤᠷ ᠦᠷ᠎ᠡ ᠠᠰᠢᠭ ᠲᠠᠢ ᠪᠠᠶᠢᠬᠤ᠂ ᠬᠠᠤᠯᠢ ᠶᠢ ᠰᠠᠬᠢᠬᠤ ᠢᠳᠡᠭᠡᠮᠵᠢ ᠲᠠᠢ ᠪᠠᠶᠢᠬᠤ ᠬᠠᠤᠯᠢ ᠪᠠᠷ ᠵᠠᠰᠠᠭᠰᠠᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠪᠤᠯ ᠬᠤᠶᠢᠰᠢᠳᠠ ᠶᠢᠨ ᠨᠢᠭᠡᠨ ᠬᠤᠭᠤᠴᠠᠭᠠᠨ ᠤ ᠭᠤᠤᠯ ᠡᠭᠦᠷᠭᠡ ᠪᠤᠯᠬᠤᠷ ᠡᠷᠬᠡᠪᠰᠢ ᠰᠤᠯᠠᠷᠠᠰᠢ ᠦᠬᠡᠢ ᠬᠦᠨᠵᠡᠭᠡᠢ ᠠᠬᠢᠭᠤᠯᠬᠤ ᠬᠡᠷᠡᠭᠲᠠᠢ᠃ ᠬᠠᠤᠯᠢ ᠬᠡᠷᠡᠭᠵᠢᠭᠦᠯᠬᠦ ᠲᠤᠭᠳᠠᠴᠠ ᠶᠢ ᠲᠠᠰᠤᠷᠠᠯᠳᠠ ᠦᠬᠡᠢ ᠡᠭᠦᠳᠤᠨ ᠰᠢᠨᠡᠴᠢᠯᠡᠵᠦ᠂ ᠬᠠᠤᠯᠢ ᠬᠡᠷᠡᠭᠵᠢᠬᠦᠯᠬᠦ ᠲᠡᠰ ᠳᠠᠷᠠᠭᠠᠯᠠᠯ ᠢ ᠳᠡᠭᠦᠯᠳᠡᠷᠵᠢᠭᠦᠯᠵᠦ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠶᠢ ᠠᠬᠢᠭᠤᠯᠵᠦ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠴᠢᠩᠭᠠᠷᠠᠭᠤᠯᠵᠦ᠂ ᠬᠠᠤᠯᠢ ᠪᠠᠷ ᠵᠠᠰᠠᠬᠤ ᠠᠵᠢᠯ ᠢ ᠪᠦᠬᠦ ᠲᠠᠯᠠᠴᠢᠯᠠᠬᠤ᠂ ᠪᠦᠬᠦ ᠲᠠᠯ᠎ᠠ ᠶᠢᠨ ᠠᠵᠢᠯ ᠢ ᠬᠠᠤᠯᠢ ᠪᠠᠷ ᠵᠠᠰᠠᠴᠢᠯᠠᠬᠤ ᠶᠢ ᠲᠦᠷᠭᠡᠨ ᠪᠡᠶᠡᠯᠡᠭᠦᠯᠬᠦ ᠬᠡᠷᠡᠭᠲᠠᠢ᠃ ᠨᠢᠭᠡ ᠳᠤ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠶᠢ ᠴᠢᠳᠠᠮᠠᠭᠠᠢ ᠪᠠᠷ ᠬᠡᠷᠡᠭᠯᠡᠨ ᠠᠵᠢᠯ ᠢᠶᠠᠨ ᠦᠷᠨᠢᠭᠦᠯᠬᠦ ᠬᠡᠷᠡᠭᠲᠠᠢ᠃ ᠦᠷᠭᠡᠨ ᠤᠯᠠᠨ ᠺᠠᠳ᠋ᠷ ᠠᠵᠢᠯᠳᠠᠳ‌ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠶᠢ ᠴᠢᠳᠠᠮᠠᠭᠠᠢ ᠎ ᠪᠠᠷ ᠬᠡᠷᠡᠭᠯᠡᠨ ᠠᠵᠢᠯ ᠢᠶᠠᠨ ᠰᠦᠪᠡᠭᠴᠢᠯᠡᠵᠦ᠂ ᠬᠠᠤᠯᠢ ᠪᠠᠷ ᠵᠠᠰᠠᠬᠤ ᠠᠷᠭ᠎ᠠ ᠶᠢ ᠬᠡᠷᠡᠭᠯᠡᠨ ᠵᠦᠷᠢᠴᠡᠯ ᠢ ᠰᠢᠢᠳᠪᠤᠷᠢᠯᠡᠵᠦ᠂ ᠦᠬᠡᠷᠡᠴᠢᠯᠡᠯᠳᠡ ᠶᠢ ᠠᠬᠢᠭᠤᠯᠬᠤ ᠬᠡᠷᠡᠭᠲᠠᠢ᠃ ᠡᠯ᠎ᠡ ᠱᠠᠳᠤᠨ ᠤ ᠤᠳᠤᠷᠢᠳᠬᠤ ᠺᠠᠳ᠋ᠷᠴᠤᠳ ᠬᠠᠤᠯᠢ ᠪᠠᠷ ᠵᠠᠰᠠᠬᠤ ᠶᠢ ᠲᠡᠭᠡᠳᠤᠯᠡᠵᠦ᠂ ᠬᠠᠤᠯᠢ ᠪᠠᠷ ᠵᠠᠰᠠᠬᠤ ᠶᠢ ᠰᠠᠬᠢᠵᠦ᠂ ᠡᠷᠬᠡ ᠲᠠᠢ ᠪᠤᠯ ᠬᠠᠷᠢᠭᠤᠴᠠᠯᠭ᠎ᠠ ᠲᠠᠢ ᠂ ᠡᠷᠬᠡ ᠶᠢ ᠬᠡᠷᠡᠭᠯᠡᠪᠡᠯ ᠬᠢᠨᠠᠯᠳᠠ ᠶᠢ ᠬᠦᠯᠢᠶᠡᠬᠦ᠂ ᠡᠷᠬᠡ ᠶᠢ ᠲᠤᠷ᠎ᠠ ᠪᠠᠷ ᠢᠶᠠᠨ ᠬᠡᠷᠡᠭᠯᠡᠪᠡᠯ ᠬᠠᠷᠢᠭᠤᠴᠠᠯᠭ᠎ᠠ ᠨᠡᠬᠡᠮᠵᠢᠯᠡᠬᠦ ᠶᠤᠰᠤ ᠤᠴᠢᠷ ᠢ ᠤᠶᠢᠯᠠᠭᠠᠵᠦ᠂ ᠬᠠᠤᠯᠢ ᠠᠴᠠ ᠤᠯᠭᠤᠭᠰᠠᠨ ᠡᠷᠬᠡ ᠪᠠᠨ ᠴᠢᠩᠭ᠎ᠠ ᠬᠡᠷᠡᠭᠵᠢᠭᠦᠯᠵᠦ᠂ ᠵᠦᠢ ᠶᠤᠰᠤᠨ ᠤ ᠲᠡᠰ ᠳᠠᠷᠠᠭᠠᠯᠠᠯ ᠢ ᠬᠢᠨᠠᠮᠠᠭᠠᠢ ᠰᠠᠬᠢᠵᠦ᠂ ᠡᠷᠬᠡ ᠶᠢ ᠲᠤᠷ᠎ᠠ ᠪᠠᠷ ᠪᠠᠨ ᠬᠡᠷᠡᠭᠯᠡᠬᠦ ᠶᠢ ᠰᠡᠷᠭᠡᠶᠢᠯᠡᠬᠦ ᠬᠡᠷᠡᠭᠲᠠᠢ᠃ ᠬᠤᠶᠠᠷ ᠲᠤ ᠬᠠᠤᠯᠢ  ᠎ ᠪᠠᠷ ᠵᠠᠰᠠᠬᠤ ᠶᠢ  ᠬᠡᠷᠡᠭᠵᠢᠭᠦᠯᠬᠦ ᠦᠨᠳᠤᠷ ᠪᠦᠳᠤᠮᠵᠢᠲᠠᠢ ᠰᠢᠰᠲ᠋ᠧᠮ ᠢ ᠪᠠᠶᠢᠭᠤᠯᠬᠤ ᠬᠡᠷᠡᠭᠲᠠᠢ᠃ ᠬᠦᠨᠳᠤ ᠴᠢᠬᠤᠯᠠ ᠰᠢᠢᠳᠪᠤᠷᠢᠳᠤ ᠪᠤᠳᠤᠯᠭ᠎ᠠ ᠶᠢᠨ ᠬᠠᠤᠯᠢᠳᠤ ᠴᠢᠨᠠᠷ ᠢ ᠬᠢᠨᠠᠨ ᠪᠠᠶᠢᠴᠠᠭᠠᠬᠤ ᠲᠦᠷᠢᠮ ᠢ ᠰᠤᠳᠤᠯᠤᠨ ᠪᠠᠶᠢᠭᠤᠯᠤᠨ ᠳᠡᠭᠦᠯᠳᠡᠷᠵᠢᠭᠦᠯᠵᠦ᠂ ᠵᠦᠪᠰᠢᠶᠡᠷᠡᠭᠦᠯᠦᠭᠰᠡᠨ ᠦᠬᠡᠢ ᠪᠤᠶᠤ ᠬᠢᠨᠠᠨ ᠪᠠᠶᠢᠴᠠᠭᠠᠭᠠᠳ ᠬᠠᠤᠯᠢ ᠳᠤ ᠨᠡᠶᠢᠴᠡᠭᠰᠡᠨ ᠦᠬᠡᠢ ᠵᠦᠢᠯ ᠢ ᠶᠠᠷᠢᠯᠴᠠᠭᠤᠯᠬᠤ ᠪᠠᠷ ᠳᠡᠪᠰᠢᠬᠦᠯᠬᠦ ᠪᠤᠶᠤ ᠲᠠᠷᠤᠮᠠᠯᠯᠠᠨ ᠲᠠᠷᠬᠠᠭᠠᠵᠦ ᠬᠡᠷᠭᠵᠢᠭᠦᠯᠵᠦ ᠪᠤᠯᠬᠤ ᠦᠬᠡᠢ᠃ ᠡᠷᠬᠡ ᠶᠢᠨ ᠨᠠᠷᠢᠨ ᠳᠠᠩᠰᠠ ᠶᠢᠨ ᠲᠦᠷᠢᠮ ᠢ ᠬᠡᠷᠡᠭᠵᠢᠭᠦᠯᠵᠦ᠂ ᠬᠠᠤᠯᠢ ᠴᠠᠭᠠᠵᠠ ᠬᠠᠤᠯᠢ ᠲᠤᠭᠳᠠᠭᠠᠯ ᠤᠨ ᠲᠤᠭᠳᠠᠭᠠᠯ ᠠᠴᠠ ᠳᠠᠪᠠᠭᠰᠠᠨ ᠡᠷᠬᠡ ᠶᠢ ᠡᠷᠡᠰ ᠬᠠᠰᠤᠵᠦ᠂ ᠡᠷᠬᠡ ᠶᠢᠨ ᠨᠠᠷᠢᠨ ᠳᠠᠩᠰᠠ ᠠᠴᠠ ᠭᠠᠳᠠᠨᠠᠬᠢ ᠡᠷᠬᠡ ᠶᠢ ᠴᠦᠮ ᠬᠡᠷᠡᠭᠵᠢᠭᠦᠯᠵᠦ ᠪᠤᠯᠬᠤ ᠦᠬᠡᠢ᠃ ᠤᠷᠤᠨ ᠤ ᠲᠤᠪᠴᠢᠶ᠎ᠠ ᠡᠨᠡ ᠵᠢᠯ ᠠᠴᠠ ᠡᠬᠢᠯᠡᠨ ᠵᠠᠰᠠᠭ ᠵᠠᠬᠢᠷᠭᠠᠨ ᠤ ᠡᠷᠬᠡ ᠶᠢ ᠶᠡᠬᠡᠪᠡᠷ ᠬᠠᠰᠤᠵᠦ᠂  2017 ᠤᠨ ᠪᠤᠯᠬᠤ ᠳᠤ᠂ ᠵᠠᠰᠠᠭ ᠵᠠᠬᠢᠷᠭᠠᠨ ᠤ ᠡᠷᠬᠡ ᠶᠢᠨ ᠲᠤᠭ᠎ᠠ ᠶᠢ ᠬᠠᠭᠠᠰ ᠠᠴᠠ ᠳᠡᠭᠡᠭᠰᠢ ᠬᠠᠰᠤᠵᠦ ᠴᠦᠬᠡᠳᠬᠡᠨ᠎ᠡ᠃ ᠭᠤᠷᠪᠠ ᠳᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠤᠯᠠᠮ ᠨᠢᠬᠡ ᠠᠯᠬᠤᠮ ᠴᠡᠭᠴᠡᠯᠡᠬᠦ᠂ ᠴᠦᠬᠡᠳᠭᠡᠬᠦ ᠪᠠ ᠵᠢᠷᠤᠮᠵᠢᠭᠤᠯᠬᠤ ᠬᠡᠷᠡᠭᠲᠠᠢ᠃ ᠤᠷᠤᠨ ᠤ ᠲᠤᠪᠴᠢᠶ᠎ᠠ ᠲᠦᠷᠦᠬᠦᠯᠦᠨ ᠵᠠᠰᠠᠭ ᠢ ᠴᠤᠮᠬᠠᠳᠬᠠᠵᠦ ᠡᠷᠬᠡ ᠶᠢ ᠪᠠᠭᠤᠯᠭᠠᠵᠦ᠂ ᠬᠠᠤᠯᠢ ᠶᠢᠨ ᠲᠤᠭᠳᠠᠭᠠᠯ ᠢᠶᠠᠷ ᠤᠷᠤᠨ ᠤ ᠲᠤᠪᠴᠢᠶ᠎ᠠ ᠶᠢᠨ ᠡᠭᠦᠷᠬᠡᠯᠡᠬᠦ ᠬᠡᠷᠡᠭ ᠶᠠᠪᠤᠳᠠᠯ ᠢ ᠭᠠᠷᠭᠠᠪᠠᠯ᠂ ᠭᠤᠷᠪᠠᠨ ᠵᠢᠯ ᠤᠨ  ᠳᠤᠳᠤᠷ᠎ᠠ ᠪᠠᠭᠤᠯᠭᠠᠵᠦ ᠪᠤᠯᠬᠤ ᠶᠢ ᠨᠢ ᠪᠦᠬᠦᠨ ᠢ ᠳᠤᠷᠤᠭᠰᠢ ᠪᠠᠭᠤᠯᠭᠠᠨ᠎ᠠ᠃ ᠦᠯᠡᠳᠡᠭᠡᠬᠦ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠦᠷᠦᠯ ᠵᠦᠢᠯ ᠳᠤ ᠬᠤᠯᠪᠤᠭᠳᠠᠬᠤ ᠬᠢᠨᠠᠨ ᠵᠦᠪᠰᠢᠶᠡᠷᠡᠬᠦ ᠵᠠᠩᠬᠢᠯᠠᠭ᠎ᠠ ᠪᠤᠯᠤᠨ ᠤᠷᠢᠳᠠᠴᠢ ᠨᠦᠬᠦᠴᠡᠯ ᠨᠢ ᠬᠠᠤᠯᠢ ᠶᠢᠨ ᠡᠰᠢ ᠪᠠᠷᠢᠮᠳᠠ ᠦᠬᠡᠢ ᠪᠤᠯ ᠴᠦᠮ ᠬᠦᠴᠤᠨ ᠦᠬᠡᠢ ᠪᠤᠯᠭᠠᠨ᠎ᠠ᠃ ︽ᠬᠢᠨᠠᠨ ᠵᠦᠪᠰᠢᠶᠡᠷᠡᠯ ᠤᠯᠠᠨ ᠪᠠᠶᠢᠬᠤ︾᠎ ᠶᠢ ᠰᠢᠢᠳᠪᠤᠷᠢᠯᠡᠬᠦ ᠰᠠᠭᠤᠷᠢᠨ ᠳᠡᠭᠡᠷ᠎ᠡ᠂ ︽ᠬᠢᠨᠠᠨ ᠵᠦᠪᠰᠢᠶᠡᠷᠡᠭᠦᠯᠬᠦ ᠳᠤ ᠪᠡᠷᠬᠡᠲᠠᠢ ᠪᠠᠶᠢᠬᠤ︾᠎ ᠶᠢ ᠭᠠᠷᠳᠠᠨ ᠵᠠᠰᠠᠬᠤ ᠬᠡᠷᠡᠭᠲᠠᠢ᠃ ᠡᠯ᠎ᠡ ᠱᠠᠳᠤᠨ ᠤ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠳ ᠵᠠᠰᠠᠭ ᠤᠨ ᠶᠠᠪᠤᠳᠠᠯ ᠢ ᠢᠯᠡ ᠪᠤᠯᠭᠠᠬᠤ ᠡᠯ᠎ᠡ ᠵᠦᠢᠯ ᠤᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ︽ᠨᠢᠭᠡ ᠴᠤᠩᠬᠤ︾ ᠪᠠᠶᠢᠭᠤᠯᠤᠨ᠂ ᠰᠦᠯᠵᠢᠶ᠎ᠡ ᠳᠡᠭᠡᠷ᠎ᠡ ᠬᠢᠨᠠᠨ ᠵᠦᠪᠰᠢᠶᠡᠷᠡᠬᠦ ᠶᠢ ᠲᠦᠷᠭᠡᠨ ᠠᠬᠢᠭᠤᠯᠵᠦ᠂ ᠢᠯᠡ ᠭᠦᠢᠴᠡᠳᠭᠡᠬᠦ ᠶᠢ ᠬᠡᠷᠡᠭᠵᠢᠬᠦᠯᠵᠦ᠂ ᠪᠦᠬᠦᠶᠢᠯᠡ ᠬᠢᠨᠠᠨ ᠵᠦᠪᠰᠢᠶᠡᠷᠡᠯ ᠤᠨ ᠬᠦᠯᠢᠶᠡᠨ ᠠᠪᠬᠤ᠂ ᠠᠬᠢᠴᠠ᠂ ᠦᠷ᠎ᠡ ᠳ᠋ᠦᠩ ᠵᠡᠷᠬᠡ ᠶᠢᠨ ᠮᠠᠳᠡᠭᠡ ᠵᠠᠩᠬᠢ ᠶᠢ ᠴᠦᠮ ᠢᠯᠡ ᠪᠤᠯᠭᠠᠬᠤ ᠬᠡᠷᠡᠭᠲᠠᠢ᠃ ᠲᠦᠷᠪᠡ ᠎ ᠳᠤ ᠳᠤᠳᠤᠭᠠᠳᠤ ᠳᠠᠭᠠᠨ ᠬᠢᠨᠠᠯᠳᠠ ᠳᠠᠯᠪᠢᠬᠤ ᠲᠤᠭᠳᠠᠴᠠ ᠶᠢ ᠴᠢᠩᠭᠠᠷᠠᠭᠤᠯᠬᠤ ᠬᠡᠷᠡᠭᠲᠠᠢ᠃ ᠭᠤᠶᠤᠴᠢᠯᠠᠭᠴᠢᠳ ᠤᠨ ᠦᠨᠡᠯᠡᠬᠦ ᠲᠦᠷᠢᠮ ᠢ ᠪᠠᠶᠢᠭᠤᠯᠵᠦ᠂ ᠨᠡᠶᠢᠭᠡᠮ ᠨᠡᠶᠢᠳᠡ ᠶᠢᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠠᠢ᠃ ᠡᠯ᠎ᠡ ᠱᠠᠳᠤᠨ ᠤ ᠬᠠᠤᠯᠢ ᠬᠡᠷᠡᠭᠵᠢᠬᠦᠯᠬᠦ ᠪᠠᠶᠢᠭᠤᠯᠤᠮᠵᠢ ᠨᠤᠭᠤᠳ ᠲᠦᠪ ᠭᠤᠤᠯᠴᠢ  ᠪᠤᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ ᠴᠢᠩᠭ᠎ᠠ ᠲᠦᠷᠢᠮᠵᠢᠭᠦᠯᠵᠦ᠂ ᠭᠤᠤᠯᠳᠠᠯᠭ᠎ᠠ ᠲᠠᠢ  ᠬᠦᠷᠢᠶᠡᠨ ᠳᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠠᠢ᠂ ᠨᠠᠷᠢᠨ ᠨᠢᠭᠳᠠ ᠬᠠᠤᠯᠢ ᠪᠠᠷ ᠵᠠᠰᠠᠬᠤ ᠬᠢᠨᠠᠯᠳᠠ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠳᠡᠭᠦᠯᠳᠡᠷᠵᠢᠭᠦᠯᠦᠨ ᠨᠠᠷᠢᠯᠢᠭᠵᠢᠭᠤᠯᠵᠦ᠂ ᠬᠠᠤᠯᠢ ᠠᠴᠠ ᠵᠦᠷᠢᠴᠡᠨ ᠵᠠᠰᠠᠭ ᠶᠠᠪᠤᠭᠤᠯᠤᠭᠰᠠᠨ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠬᠦ ᠬᠡᠷᠡᠭᠲᠠᠢ᠃      ﹇ᠬᠦᠳᠤᠯᠦᠭᠴᠢ﹈ ᠳᠡᠭᠡᠪᠡᠯ 2015 ᠤᠨ ᠳᠤ ᠶᠠᠭᠠᠬᠢᠬᠤ ᠪᠤᠳᠤᠯ ᠲᠠᠢ ᠪᠠᠶᠢᠨ᠎ᠠ ᠪᠤᠢ︖      ﹇ᠭᠤᠤ ᠢᠩ ᠵᠢᠶᠧ﹈ ︵ᠨᠢᠭᠡ︶ ᠶᠠᠰᠤ ᠴᠢᠨᠠᠷ ᠤᠨ ᠭᠤᠤᠯ ᠰᠡᠳᠤᠪ ᠢ ᠲᠤᠪᠤᠶᠢᠯᠭᠠᠨ᠎ᠠ᠃      ᠨᠢᠭᠡ ᠳᠤ᠂ ᠶᠠᠰᠤ ᠴᠢᠨᠠᠷ ᠢᠶᠠᠷ ᠤᠷᠤᠨ ᠢᠶᠠᠨ ᠬᠦᠴᠤᠷᠭᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠢᠳᠡᠪᠬᠢᠲᠠᠢ ᠬᠡᠷᠡᠭᠵᠢᠬᠦᠯᠦᠨ᠎ᠠ᠃  ᠳᠤᠮᠳᠠᠳᠤ ᠤᠯᠤᠰ ᠤᠨ ᠶᠠᠰᠤ ᠴᠢᠨᠠᠷ ᠤᠨ ᠠᠵᠢᠯ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠶᠠᠰᠤ ᠴᠢᠨᠠᠷ ᠤᠨ ᠬᠤᠷᠸ᠎ᠠ ᠬᠠᠮᠢᠶᠠᠷᠤᠯᠳᠠ ᠶᠢ ᠪᠦᠬᠦ ᠲᠠᠯ᠎ᠠ ᠎ ᠪᠠᠷ ᠴᠢᠩᠭᠠᠳᠬᠠᠨ᠎ᠠ︔ ᠦᠪᠡᠷᠳᠡᠭᠡᠨ ᠵᠠᠰᠠᠬᠤ  ᠤᠷᠤᠨ ᠤ  ᠵᠠᠰᠠᠭ ᠤᠨ ᠤᠷᠳᠤᠨ  ᠎ ᠠᠴᠠ ︽ᠶᠠᠰᠤ ᠴᠢᠨᠠᠷ ᠎ ᠢᠶᠠᠷ ᠤᠷᠤᠨ ᠢᠶᠠᠨ ᠬᠦᠴᠤᠷᠭᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠰᠠᠨᠠᠯ︾᠎ ᠢ ᠲᠤᠭᠳᠠᠭᠠᠨ ᠨᠡᠶᠢᠳᠡᠯᠡᠬᠦ ᠶᠢ ᠲᠦᠷᠭᠡᠳᠬᠡᠵᠦ᠂ ᠶᠠᠰᠤ ᠴᠢᠨᠠᠷ ᠢᠶᠠᠷ ᠤᠷᠤᠨ ᠢᠶᠠᠨ ᠬᠦᠴᠤᠷᠭᠡᠭᠵᠢᠭᠦᠯᠬᠦ ᠬᠠᠷᠠᠯᠳᠠ ᠶᠢ ᠲᠤᠭᠳᠠᠭᠠᠵᠦ᠂ ᠶᠠᠰᠤ ᠴᠢᠨᠠᠷ ᠢᠶᠠᠷ ᠤᠷᠤᠨ ᠢᠶᠠᠨ ᠬᠦᠴᠤᠷᠭᠡᠭᠵᠢᠭᠦᠯᠬᠦ ᠠᠷᠭ᠎ᠠ ᠶᠢ ᠲᠤᠭᠳᠠᠭᠠᠵᠦ᠂ ᠶᠠᠰᠤ ᠴᠢᠨᠠᠷ ᠢᠶᠠᠷ ᠤᠷᠤᠨ ᠢᠶᠠᠨ ᠬᠦᠴᠤᠷᠭᠡᠭᠵᠢᠭᠦᠯᠬᠦ  ᠭᠤᠤᠯᠳᠠᠭ᠎ᠠ ᠶᠢ ᠲᠤᠳᠤᠷᠬᠠᠶᠢᠯᠠᠵᠦ᠂ ᠶᠠᠰᠤ ᠴᠢᠨᠠᠷ ᠢᠶᠠᠷ ᠤᠷᠤᠨ ᠢᠶᠠᠨ ᠬᠦᠴᠤᠷᠭᠡᠭᠵᠢᠭᠦᠯᠬᠦ  ᠬᠠᠷᠢᠭᠤᠴᠠᠯᠭ᠎ᠠ ᠶᠢ ᠨᠠᠷᠢᠯᠢᠭᠵᠢᠭᠤᠯᠵᠦ᠂ ᠦᠪᠤᠷ ᠮᠤᠩᠭᠤᠯ ᠤᠨ ᠠᠵᠦ ᠠᠬᠤᠢ ᠶᠢᠨ ᠶᠠᠰᠤ ᠴᠢᠨᠠᠷ ᠢ ᠪᠦᠬᠦᠯᠢ ᠴᠤᠭᠴᠠ ᠪᠠᠷ ᠨᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ︔ ᠤᠷᠤᠨ ᠤ ᠲᠤᠪᠴᠢᠶ᠎ᠠ ᠶᠢᠨ ᠶᠠᠰᠤ ᠴᠢᠨᠠᠷ ᠎ ᠢᠶᠠᠷ ᠤᠷᠤᠨ ᠢᠶᠠᠨ ᠬᠦᠴᠤᠷᠭᠡᠭᠵᠢᠭᠦᠯᠬᠦ ᠠᠵᠢᠯ ᠤᠨ ᠲᠤᠯᠤᠭᠠᠶᠢᠯᠠᠭᠴᠢ ᠨᠢᠭᠡᠴᠡ ᠶᠢᠨ ᠦᠢᠯᠡᠳᠤᠯ ᠢ ᠨᠢ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠦ᠂ ᠪᠦᠬᠦ ᠤᠷᠤᠨ ᠤ ᠶᠠᠰᠤ ᠴᠢᠨᠠᠷ ᠤᠨ ᠠᠵᠢᠯ ᠢ ᠨᠢᠭᠡᠳᠤᠯᠲᠡᠢ ᠲᠤᠬᠢᠷᠠᠭᠤᠯᠬᠤ ᠪᠠ ᠵᠤᠬᠢᠶᠠᠨ ᠪᠠᠶᠢᠭᠤᠯᠤᠨ ᠵᠤᠬᠢᠴᠠᠭᠤᠯᠬᠤ ᠶᠢ ᠴᠢᠩᠭᠠᠳᠬᠠᠵᠦ᠂ ᠶᠠᠰᠤ ᠴᠢᠨᠠᠷ ᠤᠨ ᠬᠤᠯᠪᠤᠭᠠᠳᠤ ᠬᠤᠷᠠᠯᠳᠤᠭᠠᠨ ᠤ ᠲᠦᠷᠢᠮ ᠢᠶᠠᠷ ᠬᠤᠯᠪᠤᠭᠠᠰᠤ ᠪᠤᠯᠭᠠᠵᠦ᠂ ᠡᠯ᠎ᠡ ᠡᠷᠬᠡ ᠴᠢᠳᠠᠪᠤᠷᠢᠳᠤ ᠰᠠᠯᠠᠭ᠎ᠠ ᠮᠦᠴᠢᠷ ᠤᠨ ᠦᠢᠯᠡᠳᠤᠯ ᠢ ᠶᠡᠭᠡ ᠪᠠᠷ ᠪᠠᠳᠠᠷᠠᠭᠤᠯᠵᠦ᠂ ᠶᠠᠰᠤ ᠴᠢᠨᠠᠷ ᠢᠶᠠᠷ ᠤᠷᠤᠨ ᠢᠶᠠᠨ ᠬᠦᠴᠤᠷᠭᠡᠭᠵᠢᠭᠦᠯᠬᠦ ᠨᠡᠶᠢᠯᠡᠮᠡᠯ ᠬᠦᠴᠤᠨ ᠎ ᠢ ᠪᠦᠷᠢᠯᠳᠤᠭᠦᠯᠦᠨ᠎ᠡ᠃ ᠬᠤᠶᠡᠷ ᠲᠤ ᠨᠡᠷᠡᠳᠤ ᠳᠡᠮᠳᠡᠭ ᠢ ᠪᠤᠶᠢᠵᠢᠭᠤᠯᠬᠤ ᠪᠠ ᠲᠡᠰ ᠦᠰᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠶᠢᠨ ᠶᠠᠰᠤ ᠴᠢᠨᠠᠷ ᠤᠨ  ᠱᠠᠩᠨᠠᠯ ᠪᠤᠯᠤᠨ ᠦᠪᠤᠷ ᠮᠤᠩᠭᠤᠯ ᠤᠨ ᠨᠡᠷᠡᠳᠤ ᠲᠡᠮᠳᠡᠭ ᠢ ᠬᠢᠨᠠᠨ ᠲᠤᠭᠳᠠᠭᠠᠬᠤ ᠠᠷᠭ᠎ᠠ ᠶᠢ ᠳᠠᠷᠤᠶᠢᠬᠠᠨ ᠵᠤᠬᠢᠶᠠᠨ ᠪᠠᠶᠢᠭᠤᠯᠤᠨ ᠵᠠᠰᠠᠨ ᠳᠡᠭᠦᠯᠳᠡᠷᠵᠢᠭᠦᠯᠵᠦ᠂ ᠱᠠᠩᠨᠠᠬᠤ ᠬᠡᠪᠴᠢᠶ᠎ᠡ ᠶᠢ ᠢᠳᠡᠭ ᠢᠳᠡᠭ ᠢᠶᠠᠷ ᠦᠷᠭᠡᠳᠭᠡᠵᠦ᠂ ᠲᠡᠷᠢᠭᠦᠯᠡᠭᠴᠢ ᠶᠢᠨ ᠱᠠᠩᠨᠠᠯ ᠤᠨ ︽ᠠᠯᠳᠠ ᠶᠢᠨ ᠠᠭᠤᠯᠠᠭᠳᠠᠴᠠ︾ ᠪᠠ ᠦᠪᠤᠷ ᠮᠤᠩᠭᠤᠯ ᠤᠨ ᠨᠡᠷᠡᠳᠤ ᠳᠡᠮᠳᠡᠭᠳᠤ ᠎ ᠶᠢᠨ ᠠᠯᠳᠠᠷ ᠢ ᠨᠡᠮᠡᠭᠳᠡᠭᠦᠯᠵᠦ᠂ ᠪᠦᠬᠦ ᠤᠷᠤᠨ ᠤ ᠡᠯ᠎ᠡ ᠲᠦᠷᠦᠯ ᠤᠨ ᠠᠵᠦ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠬᠦᠯᠬᠦ᠂ ᠦᠪᠡᠷ ᠤᠨ ᠨᠡᠷᠡᠳᠤ ᠳᠡᠮᠳᠡᠭ ᠢ ᠡᠭᠦᠳᠬᠦ ᠢᠳᠡᠪᠬᠢᠵᠢᠯ ᠢ ᠨᠢ ᠲᠠᠶᠢᠴᠢᠯᠠᠨ᠎ᠡ︔ ᠪᠦᠬᠦ ᠤᠯᠤᠰ ᠤᠨ ᠠᠯᠳᠠᠷᠳᠤ ᠳᠡᠮᠳᠡᠭ ᠤᠨ ᠵᠢᠱᠢᠶ᠎ᠡ ᠦᠵᠡᠭᠦᠯᠬᠦ ᠤᠷᠤᠨ᠂ ᠶᠠᠰᠤ ᠴᠢᠨᠠᠷ ᠢᠶᠠᠷ ᠭᠤᠳᠠ ᠪᠠᠨ ᠬᠦᠴᠤᠷᠭᠡᠭᠵᠢᠬᠦᠯᠬᠦ ᠵᠢᠱᠢᠶ᠎ᠡ ᠦᠵᠡᠭᠦᠯᠬᠦ ᠬᠤᠳᠠ ᠶᠢ ᠪᠠᠶᠢᠭᠤᠯᠬᠤ ᠠᠵᠢᠯᠯᠠᠭ᠎ᠠ ᠶᠢ ᠶᠡᠭᠡ ᠪᠠᠷ ᠦᠷᠨᠢᠬᠦᠯᠵᠦ᠂ ᠠᠯᠳᠠᠷᠳᠤ ᠳᠡᠮᠳᠡᠭ ᠤᠨ ᠤᠷᠮᠠᠰᠢᠭᠤᠯᠬᠤ ᠦᠢᠯᠡᠳᠤᠯ ᠪᠤᠯᠤᠨ ᠦᠯᠢᠭᠡᠷ ᠳᠠᠭᠤᠷᠢᠶᠠᠯ ᠤᠨ ᠠᠵᠦ ᠠᠬᠤᠶᠢᠯᠠᠯ ᠤᠨ ᠳᠠᠭᠠᠭᠤᠯᠬᠤ ᠦᠢᠯᠡᠳᠤᠯ ᠢ ᠎ ᠨᠢ ᠢᠳᠡᠪᠬᠢᠲᠠᠢ ᠪᠠᠳᠠᠷᠠᠭᠤᠯᠵᠦ᠂ ᠠᠵᠦ ᠠᠬᠤᠶᠢᠯᠠᠯ ᠤᠨ ᠦᠷᠢᠰᠤᠯᠳᠤᠭᠡᠨ ᠤ ᠴᠢᠳᠠᠯ ᠪᠠ ᠶᠠᠰᠤ ᠴᠢᠨᠠᠷ ᠤᠨ ᠶᠡᠷᠦᠩᠬᠡᠢ ᠬᠢᠷᠢ ᠲᠦᠪᠰᠢᠨ ᠤ ᠳᠡᠭᠡᠭᠰᠢᠯᠡᠯᠳᠠ ᠶᠢ ᠠᠬᠢᠭᠤᠯᠤᠨ᠎ᠠ᠃ 2015 ᠤᠨ ᠳᠤ᠂ ᠦᠪᠤᠷ ᠮᠤᠩᠭᠤᠯ ᠤᠨ ᠨᠡᠷᠡᠳᠤ ᠦᠢᠯᠡᠳᠬᠦᠨ ᠤ ᠶᠡᠷᠦᠩᠬᠡᠢ ᠲᠤᠭ᠎ᠠ ᠶᠢ 360᠎ ᠠᠴᠠ ᠳᠠᠪᠠᠭᠤᠯᠬᠤ ᠪᠠᠷ ᠴᠢᠷᠮᠠᠶᠢᠵᠦ᠂ ᠨᠡᠷᠡᠳᠤ ᠳᠡᠮᠳᠡᠭ ᠤᠨ ᠵᠢᠱᠢᠶ᠎ᠡ ᠦᠵᠡᠭᠦᠯᠬᠦ ᠭᠠᠵᠠᠷ ᠤᠷᠤᠨ ᠢ 6  ᠎ ᠶᠢ ᠡᠭᠦᠳᠤᠨ ᠪᠠᠶᠢᠭᠤᠯᠵᠦ᠂ 1-2 ᠨᠡᠷᠡᠳᠤ ᠳᠡᠮᠳᠡᠭ ᠢ ᠭᠤᠤᠯᠳᠠᠯᠭ᠎ᠠ ᠎ ᠲᠠᠢ ᠪᠤᠶᠢᠵᠢᠭᠤᠯᠵᠦ  ᠪᠦᠬᠦ ᠤᠯᠤᠰ ᠤᠨ ᠠᠯᠳᠠᠷᠳᠤ ᠳᠡᠮᠳᠡᠭᠳᠤ ᠶᠢᠨ ᠡᠩᠨᠡᠭᠡᠨ ᠳᠤ ᠤᠷᠤᠭᠤᠯᠤᠨ᠎ᠠ᠃ ᠭᠤᠷᠪᠠ ᠎ ᠳᠤ ᠵᠠᠰᠠᠭ ᠤᠨ ᠤᠷᠳᠤᠨ ᠤ ᠶᠠᠰᠤ ᠴᠢᠨᠠᠷ ᠤᠨ ᠠᠵᠢᠯ ᠢ ᠬᠢᠨᠠᠨ ᠰᠢᠯᠭᠠᠬᠤ ᠶᠢ ᠯᠠᠪᠳᠠᠭᠤᠨ ᠰᠠᠶᠢᠨ ᠠᠳᠬᠤᠨ᠎ᠠ᠃ ᠬᠡᠷᠡᠭᠵᠢᠬᠦᠯᠬᠦ ᠲᠦᠰᠦᠯ ᠢ ᠰᠢᠵᠢᠯᠡᠬᠦ ᠤᠬᠠᠭᠠᠨᠴᠢ ᠪᠠᠷ ᠲᠤᠭᠳᠠᠭᠠᠵᠦ᠂ ᠠᠶᠢᠮᠠᠭ ᠬᠤᠳᠠ ᠶᠢᠨ ᠵᠠᠰᠠᠭ ᠤᠨ ᠤᠷᠳᠤᠨ ᠎ ᠤ ᠶᠠᠰᠤ ᠴᠢᠨᠠᠷ ᠤᠨ ᠠᠵᠢᠯ ᠤᠨ ᠬᠢᠨᠠᠨ ᠰᠢᠯᠭᠠᠬᠤ ᠨᠠᠷᠢᠨ ᠲᠦᠷᠢᠮ ᠢ ᠨᠠᠷᠢᠨ ᠨᠢᠮᠪᠠᠢ ᠲᠤᠭᠳᠠᠭᠠᠵᠦ᠂ ᠬᠢᠨᠠᠨ ᠰᠢᠯᠭᠠᠬᠤ ᠲᠡᠰ ᠳᠠᠷᠠᠭᠠᠯᠠᠯ ᠢ ᠵᠢᠷᠤᠮᠵᠢᠭᠤᠯᠵᠦ᠂ ᠨᠠᠷᠢᠨ ᠨᠢᠭᠳᠠ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠦᠨᠡᠨ ᠎ ᠢ ᠪᠠᠷᠢᠮᠳᠠᠯᠠᠬᠤ᠂ ᠲᠦᠪ ᠭᠤᠤᠯᠴᠢ ᠪᠠᠶᠢᠬᠤ ᠵᠠᠷᠴᠢᠮ ᠢᠶᠠᠷ ᠬᠢᠨᠠᠨ ᠰᠢᠯᠭᠠᠭᠰᠠᠨ ᠦᠷ᠎ᠡ ᠳ᠋ᠦᠩ ᠢ ᠴᠠᠭ ᠳᠠᠷᠤᠢ ᠳᠤᠨᠢ ᠨᠡᠶᠢᠳᠡᠯᠡᠨ᠎ᠡ᠃ ᠠᠶᠢᠮᠠᠭ ᠬᠤᠳᠠ ᠶᠢᠨ ᠶᠠᠰᠤ ᠴᠢᠨᠠᠷ ᠤᠨ ᠠᠵᠢᠯ ᠤᠨ ᠬᠢᠨᠠᠨ ᠰᠢᠯᠭᠠᠯᠳᠠ ᠪᠠᠷ ᠠᠵᠠ ᠲᠤᠬᠢᠶᠠᠯ ᠪᠤᠯᠭᠠᠵᠦ᠂ ᠬᠤᠰᠢᠭᠤ ᠰᠢᠶᠠᠨ ᠤ ᠵᠠᠰᠠᠭ ᠤᠨ ᠤᠷᠳᠤᠨ ᠤ ᠶᠠᠰᠤ ᠴᠢᠨᠠᠷ ᠤᠨ ᠠᠵᠢᠯ ᠤᠨ ᠬᠢᠨᠠᠨ ᠰᠢᠯᠭᠠᠯᠳᠠ ᠶᠢ ᠲᠦᠷᠭᠡᠨ ᠠᠬᠢᠭᠤᠯᠵᠦ᠂ ᠡᠯ᠎ᠡ ᠱᠠᠳᠤᠨ ᠤ ᠵᠠᠰᠠᠭ ᠤᠨ ᠤᠷᠳᠤᠨ ᠤ ᠶᠠᠰᠤ ᠴᠢᠨᠠᠷ ᠤᠨ ᠠᠵᠢᠯ ᠤᠨ ᠡᠷᠴᠢᠮ ᠢᠶᠠᠨ ᠴᠢᠩᠭᠠᠯᠠᠬᠤ ᠶᠢ ᠨᠢ ᠪᠦᠳᠤᠮᠵᠢᠲᠠᠢ ᠪᠠᠷ ᠠᠬᠢᠭᠤᠯᠵᠦ᠂ ᠶᠠᠰᠤ ᠴᠢᠨᠠᠷ ᠤᠨ ᠬᠦᠭᠵᠢᠯᠳᠡ ᠶᠢ ᠠᠬᠢᠭᠤᠯᠤᠨ᠎ᠠ᠃ ᠲᠦᠷᠪᠠ ᠳᠤ ᠶᠠᠰᠤ ᠴᠢᠨᠠᠷ ᠤᠨ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃ ᠭᠤᠤᠯ ᠰᠡᠳᠤᠪᠳᠤ ᠤᠬᠠᠭᠤᠯᠭ᠎ᠠ ᠎ ᠶᠢᠨ ᠠᠵᠢᠯᠯᠠᠭ᠎ᠠ ᠶᠢ ᠨᠢᠮᠪᠠᠢ ᠵᠤᠬᠢᠶᠠᠨ ᠪᠠᠶᠢᠭᠤᠯᠤᠨ᠂ ᠶᠠᠰᠤ ᠴᠢᠨᠠᠷ ᠢᠶᠠᠷ ᠤᠷᠤᠨ ᠢᠶᠠᠨ ᠬᠦᠴᠦᠷᠬᠡᠭᠵᠢᠭᠦᠯᠬᠦ ᠭᠤᠤᠯ ᠰᠡᠳᠤᠪ ᠢ ᠲᠤᠪᠤᠶᠢᠯᠭᠠᠵᠦ᠂ ᠵᠠᠰᠠᠭ ᠤᠨ ᠤᠷᠳᠤᠨ ᠶᠠᠰᠤ ᠴᠢᠨᠠᠷ ᠢ ᠬᠦᠨᠳᠤᠳᠭᠡᠨ ᠦᠵᠡᠬᠦ᠂ ᠠᠵᠦ ᠠᠬᠤᠶᠢᠯᠠᠯ ᠶᠠᠰᠤ ᠴᠢᠨᠠᠷ ᠢ ᠬᠦᠬᠡᠭᠡᠴᠡᠯᠳᠤᠬᠦ᠂ ᠨᠡᠶᠢᠭᠡᠮ ᠨᠡᠶᠢᠳᠡ ᠶᠠᠰᠤ ᠴᠢᠨᠠᠷ ᠢ ᠡᠷᠬᠢᠮᠯᠡᠬᠦ᠂ ᠬᠦᠮᠤᠨ ᠭᠦᠬᠦᠨ ᠶᠠᠰᠤ ᠴᠢᠨᠠᠷ ᠢ ᠠᠩᠬᠠᠷᠬᠤ ᠬᠦᠨ  ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ︔ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠠᠳᠠᠯᠤᠨ ᠰᠤᠳᠤᠯᠵᠦ᠂ ᠶᠠᠷᠢᠶ᠎ᠠ ᠬᠡᠯᠡᠯᠴᠡᠭᠡᠨ ᠤ ᠨᠤᠶᠠᠨ ᠤᠷᠬᠢᠯ ᠢ ᠡᠵᠡᠯᠡᠵᠦ᠂ ᠶᠠᠷᠢᠶ᠎ᠡ ᠬᠡᠯᠡᠯᠴᠡᠭᠡᠨ ᠤ ᠳᠠᠭᠤ ᠴᠢᠮᠡᠭᠡ ᠶᠢ ᠳᠠᠭᠠᠭᠤᠯᠵᠦ᠂ ᠶᠡᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠵᠢᠯᠤᠭᠤᠳᠴᠤ᠂ ᠶᠠᠰᠤ ᠴᠢᠨᠠᠷ ᠤᠨ ᠲᠤᠬᠠᠢ ᠦᠬᠦᠯᠡᠵᠦ᠂ ᠶᠠᠰᠤ ᠴᠢᠨᠠᠷ ᠤᠨ ᠳᠠᠭᠤᠨ ᠢ ᠬᠠᠩᠬᠢᠨᠠᠭᠤᠯᠤᠨ᠎ᠠ᠃ ᠭᠤᠤᠯ ᠵᠡᠭᠤᠴᠢ᠂ ᠰᠢᠨ᠎ᠡ ᠵᠠᠭᠤᠴᠢ ᠨᠠᠷ ᠲᠠᠢ ᠬᠠᠮᠳᠤᠷᠠᠨ ᠠᠵᠢᠯᠯᠠᠬᠤ ᠪᠠᠨ ᠴᠢᠩᠭᠠᠳᠬᠠᠵᠦ᠂ ᠲᠡᠷᠢᠭᠦᠨ ᠤ ᠨᠡᠶᠢᠳᠡᠯᠢᠭ ᠵᠢᠱᠢᠶ᠎ᠡ ᠶᠢ ᠶᠡᠬᠡᠪᠡᠷ ᠤᠬᠠᠭᠤᠯᠵᠦ᠂ ᠶᠠᠰᠤ ᠴᠢᠨᠠᠷ ᠤᠨ ᠠᠰᠠᠭᠤᠳᠠᠯ ᠪᠠ ᠬᠤᠳᠠᠯ ᠬᠠᠭᠤᠷᠮᠠᠭ ᠦᠢᠯᠡᠳᠬᠦᠨ ᠢ ᠬᠠᠶᠢᠷ᠎ᠠ ᠨᠠᠶᠢᠷ ᠦᠬᠡᠢ ᠢᠯᠡᠴᠢᠯᠡᠵᠦ᠂ ᠶᠠᠰᠤ ᠴᠢᠨᠠᠷ ᠢ ᠡᠷᠬᠢᠮᠯᠡᠬᠦ ᠨᠡᠶᠢᠭᠡᠮ ᠤᠨ ᠬᠡᠪ ᠪᠠᠶᠢᠳᠠᠯ ᠢ ᠪᠤᠢ ᠪᠤᠯᠭᠠᠨ᠎ᠠ᠃      ﹇ᠭᠤᠤ ᠢᠩ ᠵᠢᠶᠧ﹈ ︵ᠬᠤᠶᠠᠷ︶ ᠠᠮᠤᠷ ᠲᠦᠪᠰᠢᠨ ᠤ ᠰᠡᠷᠭᠡᠶᠢᠯᠡᠯᠳᠡ ᠶᠢᠨ ᠱᠤᠭᠤᠮ ᠢ ᠪᠠᠬᠢᠯᠡᠨ᠎ᠡ ᠃ ᠨᠢᠬᠡ ᠳᠤ ᠲᠦᠪᠯᠡᠷᠡᠬᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠵᠦ᠂ ᠤᠨᠴᠠᠭᠠᠢ ᠲᠦᠬᠦᠭᠡᠷᠤᠮᠵᠢ ᠶᠢᠨ ᠠᠮᠤᠷ ᠲᠦᠪᠰᠢᠨ ᠢ ᠪᠠᠳᠤᠯᠠᠨ᠎ᠠ᠃ ᠠᠵᠦ ᠠᠬᠤᠶᠢᠯᠠᠯ ᠢᠶᠠᠷ ᠭᠤᠤᠯ ᠴᠤᠭᠴᠠ ᠪᠤᠯᠭᠠᠵᠦ᠂ ᠰᠠᠯᠠᠭ᠎ᠠ ᠮᠦᠴᠢᠷ ᠬᠢᠨᠠᠨ ᠬᠠᠮᠢᠶᠠᠷᠴᠤ᠂ ᠨᠡᠶᠢᠭᠡᠮ ᠨᠡᠶᠢᠳᠡ ᠪᠠᠷ ᠢᠶᠠᠨ ᠬᠢᠨᠠᠯᠳᠠ ᠳᠠᠯᠪᠢᠬᠤ ︽ᠭᠤᠷᠪᠠ ᠶᠢ ᠨᠢᠬᠡ ᠴᠤᠭᠴᠠᠴᠢᠯᠠᠭᠰᠠᠨ︾ ᠤᠨᠴᠠᠭᠠᠢ ᠲᠦᠬᠦᠭᠡᠷᠦᠮᠵᠢ ᠶᠢᠨ ᠠᠮᠤᠷ ᠲᠦᠪᠰᠢᠨ ᠤ ᠲᠤᠭᠳᠠᠴᠠ ᠶᠢ ᠳᠡᠭᠦᠯᠳᠡᠷᠵᠢᠭᠦᠯᠵᠦ᠂ ᠠᠮᠤᠷ ᠲᠦᠪᠰᠢᠨ ᠢ ᠬᠢᠨᠠᠨ ᠬᠠᠮᠢᠶᠠᠷᠬᠤ ᠶᠢ ᠪᠦᠷᠢᠨ ᠪᠦᠷᠬᠦᠭᠦᠯᠬᠦ ᠶᠢ ᠪᠠᠳᠤᠯᠠᠨ᠎ᠠ︔ ᠦᠪᠡᠷᠳᠡᠭᠡᠨ ᠵᠠᠰᠠᠬᠤ ᠤᠷᠤᠨ ᠎ ᠤ ᠵᠠᠰᠠᠭ ᠤᠨ ᠤᠷᠳᠤᠨ ᠤ ᠤᠨᠴᠠᠭᠠᠢ ᠲᠦᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠤᠳᠤᠷᠢᠳᠬᠤ ᠲᠤᠭᠤᠶᠢᠯᠠᠩ ᠪᠠᠶᠢᠭᠤᠯᠬᠤ ᠶᠢ ᠨᠢ ᠠᠬᠢᠭᠤᠯᠵᠦ᠂ ᠨᠢᠭᠡᠳᠤᠯᠲᠠᠢ ᠦᠨᠳᠤᠷ ᠦᠷ᠎ᠡ ᠪᠦᠳᠤᠮᠵᠢ ᠲᠠᠢ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠪᠠ ᠰᠢᠢᠳᠪᠤᠷᠢᠯᠡᠬᠦ ᠲᠠᠪᠴᠠᠩ ᠢ ᠪᠠᠶᠢᠭᠤᠯᠵᠦ᠂ ᠲᠦᠷᠭᠡᠨ ᠲᠤᠰᠬᠠᠯ ᠭᠠᠷᠭᠠᠬᠤ ᠪᠠ ᠪᠠᠴᠢᠮ ᠰᠢᠢᠳᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠤᠨ᠎ᠡ︔ ᠲᠤᠰᠤ ᠬᠡᠢ ᠳᠠᠮᠵᠢᠭᠤᠯᠬᠤ ᠬᠤᠭᠤᠯᠠᠢ ᠶᠢᠨ ᠬᠡᠮ ᠰᠤᠭᠤᠭ ᠢ  ᠴᠡᠭᠴᠡᠯᠡᠨ ᠵᠠᠰᠠᠬᠤ᠂ ᠲᠠᠷᠤᠯᠳᠠ ᠲᠠᠢ ᠰᠢᠯᠵᠢᠮᠡᠯ ᠰᠠᠪᠠ ᠶᠢ ᠪᠠᠶᠢᠴᠠᠭᠠᠬᠤ ᠪᠠ ᠠᠵᠦ ᠦᠢᠯᠡᠳᠪᠤᠷᠢ ᠶᠢᠨ ᠵᠤᠤᠬ᠎ᠠ ᠶᠢᠨ ᠲᠠᠯᠳᠠ ᠬᠡᠮ ᠢ ᠪᠠᠶᠢᠴᠠᠭᠠᠨ ᠰᠢᠢᠳᠪᠤᠷᠢᠯᠡᠬᠦ ᠵᠡᠷᠭᠡ ᠠᠵᠢᠯ ᠎ ᠢ ᠬᠦᠨᠵᠡᠬᠡᠢ ᠦᠷᠨᠢᠬᠦᠯᠵᠦ᠂ ᠡᠷᠳᠡᠬᠡᠨ ᠮᠡᠳᠡᠵᠦ᠂ ᠡᠷᠳᠡᠬᠡᠨ ᠪᠠᠶᠢᠴᠠᠭᠠᠵᠦ᠂ ᠡᠷᠳᠡᠬᠡᠨ ᠵᠠᠰᠠᠬᠤ ᠪᠤᠯᠭᠠᠨ᠎ᠠ  ︔ ᠴᠠᠬᠢᠯᠭᠠᠨ ᠱᠠᠳᠤ ᠶᠢᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠴᠠᠬᠢᠯᠭᠠᠨ ᠱᠠᠳᠤᠨ ᠤ ᠰᠠᠭᠠᠳ ᠤᠨ ᠨᠤᠷᠮ᠎ᠠ ᠪᠠ ᠠᠳᠡᠯ  ᠎ ᠤᠨ ᠨᠤᠷᠮ᠎ᠠ ᠶᠢ ᠭᠢᠵᠠᠭᠠᠷᠯᠠᠨ᠎ᠠ᠃ ᠡᠨᠡ ᠵᠢᠯ ᠤᠯᠤᠰ ᠤᠨ ᠶᠠᠰᠤ ᠴᠢᠨᠠᠷ ᠤᠨ ᠪᠠᠶᠢᠴᠠᠭᠠᠯᠳᠠ ᠶᠢᠨ ᠶᠡᠷᠦᠩᠬᠡᠢ ᠲᠤᠪᠴᠢᠶ᠎ᠠ ᠶᠢᠨ ᠪᠠᠶᠢᠷᠢᠯᠠᠭᠤᠯᠤᠯᠳᠠ ᠪᠠᠷ ᠪᠦᠬᠦ ᠰᠢᠰᠲ᠋ᠧᠮ ᠤᠨ ᠬᠦᠴᠤᠨ ᠢ ᠲᠦᠪᠯᠡᠷᠡᠬᠦᠯᠦᠨ᠂ ᠴᠠᠬᠢᠯᠭᠠᠨ ᠱᠠᠳᠤᠨ ᠤ ᠠᠮᠤᠷ ᠲᠦᠪᠰᠢᠨ ᠢ ᠬᠢᠨᠠᠠ ᠬᠠᠮᠢᠶᠠᠷᠬᠤ ᠶᠡᠭᠡ ᠲᠠᠶᠢᠯᠠᠯᠳᠤᠭᠠᠨ ᠢ ᠦᠷᠨᠢᠭᠦᠯᠦᠨ᠎ᠠ᠃ ᠬᠤᠶᠠᠷ ᠲᠤ ᠦᠢᠯᠡᠳᠭᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠡᠷᠴᠢᠮ ᠢ ᠴᠢᠩᠭᠠᠯᠠᠵᠦ᠂ ᠬᠡᠷᠡᠭᠯᠡᠭᠡᠨ ᠤ ᠪᠤᠳᠠᠰ ᠤᠨ ᠠᠮᠤᠷ ᠲᠦᠪᠰᠢᠨ ᠢ ᠪᠠᠳᠤᠯᠠᠨ᠎ᠠ᠃ ᠡᠨᠡ  ᠵᠢᠯ ᠠᠴᠠ ᠡᠬᠢᠯᠡᠨ᠂ ᠪᠢᠳᠡ ᠦᠢᠯᠡᠳᠬᠦᠨ ᠎ ᠳᠤ ᠬᠢᠨᠠᠯᠳᠠ ᠳᠠᠯᠪᠢᠬᠤ ᠶᠢ ᠰᠤᠭᠤᠴᠠᠨ ᠪᠠᠶᠢᠴᠠᠭᠠᠬᠤ ᠪᠦᠷᠬᠦᠴᠡ ᠶᠢ ᠠᠯᠬᠤᠮ ᠠᠯᠬᠤᠮ ᠢᠶᠠᠷ ᠶᠡᠬᠡᠰᠭᠡᠵᠦ᠂ ᠬᠡᠷᠡᠭᠯᠡᠭᠡᠨ ᠤ ᠪᠣᠳᠠᠰ᠂ ᠡᠯᠧᠺᠲᠷᠤᠨ ᠬᠤᠳᠠᠯᠳᠤᠭ᠎ᠠ ᠶᠢᠨ ᠦᠢᠯᠡᠳᠬᠦᠨ ᠵᠡᠷᠭᠡ ᠰᠢᠨ᠎ᠡ ᠬᠦᠷᠢᠶᠡᠨ ᠤ ᠰᠤᠭᠤᠴᠠᠨ ᠪᠠᠶᠢᠴᠠᠭᠠᠬᠤ ᠬᠡᠪᠴᠢᠶ᠎ᠡ ᠶᠢ ᠦᠷᠭᠡᠳᠬᠡᠵᠦ᠂ ᠰᠤᠭᠤᠴᠠᠨ ᠪᠠᠶᠢᠴᠠᠭᠠᠬᠤ ᠦᠢᠯᠡᠳᠬᠦᠨ ᠤ ᠲᠦᠷᠦᠯ ᠢ 100 ᠲᠦᠷᠦᠯ ᠪᠤᠯᠭᠠᠨ ᠦᠷᠭᠡᠳᠭᠡᠵᠦ᠂ ᠰᠤᠭᠤᠴᠠᠨ ᠪᠠᠶᠢᠴᠠᠭᠠᠬᠤ ᠶᠢ 3000 ᠪᠦᠯᠦᠭ ᠤᠳᠠᠭ᠎ᠠ ᠳᠤ ᠬᠦᠷᠤᠭᠦᠯᠤᠨ᠎ᠡ︔ ᠲᠦᠭᠰᠢᠭᠦᠷᠢ ᠶᠢ ᠬᠢᠨᠠᠨ ᠬᠡᠮᠵᠢᠬᠦ ᠡᠷᠴᠢᠮ ᠢ ᠴᠢᠩᠭᠠᠯᠠᠵᠦ᠂ ᠤᠶᠢᠷ᠎ᠠ ᠶᠢᠨ ᠵᠢᠯ ᠳᠤ ᠬᠢᠷᠢ ᠳᠤ ᠳᠡᠩᠴᠡᠬᠦ ᠨᠤᠷᠮ᠎ᠠ ᠨᠢ ᠳᠤᠤᠷ᠎ᠠ ᠪᠠᠶᠢᠬᠤ ᠦᠢᠯᠡᠳᠭᠦᠨ ᠢ ᠰᠤᠭᠤᠴᠠᠨ ᠪᠠᠶᠢᠴᠠᠭᠠᠵᠦ ᠬᠢᠨᠠᠨ ᠬᠠᠮᠢᠶᠠᠷᠬᠤ᠂ ᠬᠤᠵᠢᠭᠤ ᠰᠢᠢᠳᠪᠤᠷᠢᠯᠡᠬᠦ ᠪᠠ ᠪᠤᠯᠵᠤᠨ ᠶᠠᠷᠢᠯᠴᠠᠬᠤ ᠡᠷᠴᠢᠮ ᠢ ᠴᠢᠩᠭᠠᠷᠠᠭᠤᠯᠤᠨ᠎ᠠ︔ ᠰᠤᠷᠤᠭᠴᠢᠳ ᠤᠨ ᠰᠤᠷᠭᠠᠭᠤᠯᠢ ᠶᠢᠨ ᠬᠤᠪᠴᠠᠰᠤ ᠵᠡᠷᠭᠡ ᠬᠢᠷᠢ ᠳᠤ ᠳᠡᠩᠴᠡᠬᠦ ᠨᠤᠷᠮ᠎ᠠ ᠨᠢ ᠨᠡᠯᠢᠶᠡᠳ ᠳᠤᠤᠷ᠎ᠠ ᠪᠠᠶᠢᠬᠤ 8 ᠲᠦᠷᠦᠯ ᠤᠨ ᠦᠢᠯᠡᠳᠬᠦᠨ ᠪᠤᠯᠤᠨ ᠶᠡᠷᠤᠩᠬᠡᠢ ᠲᠤᠪᠴᠢᠶ᠎ᠠ ᠠᠴᠠ ᠲᠤᠭᠳᠠᠭᠠᠭᠰᠠᠨ10 ᠲᠦᠷᠦᠯ ᠤᠨ ᠭᠤᠤᠯᠳᠠᠯᠭ᠎ᠠ ᠲᠠᠢ ᠦᠢᠯᠡᠳᠬᠦᠨ ᠤ ᠲᠤᠭᠤᠷᠢᠨ ᠳᠤ ᠲᠦᠭᠰᠢᠭᠦᠷᠢ ᠶᠢ ᠬᠢᠨᠠᠨ ᠬᠡᠮᠵᠢᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠨᠢᠭᠦᠯᠦᠨ᠎ᠡ︔ ︽ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠬᠦᠯᠬᠦ ᠠᠵᠢᠯᠯᠠᠭᠠᠨ ᠤ ᠲᠦᠰᠤᠯ︾᠎ ᠢ ᠲᠤᠭᠳᠠᠭᠠᠵᠦ᠂ ᠦᠢᠯᠡᠳᠭᠦᠨ ᠤ ᠲᠡᠰ ᠵᠡᠷᠭᠡ ᠨᠢ ᠨᠡᠯᠢᠶᠡᠳ ᠳᠤᠤᠷ᠎ᠠ ᠪᠠᠶᠢᠬᠤ᠂ ᠪᠠᠷᠢᠮᠵᠢᠶ᠎ᠠ ᠨᠢ ᠨᠠᠶᠢᠳᠠᠪᠤᠷᠢ ᠲᠠᠢ ᠪᠤᠰᠤ ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨᠬᠦ ᠰᠢᠢᠳᠪᠤᠷᠢᠯᠡᠨ᠎ᠠ᠃ ᠭᠤᠷᠪᠠ ᠳᠤ ᠬᠠᠤᠯᠢ ᠬᠡᠷᠡᠭᠵᠢᠭᠦᠯᠦᠨ ᠬᠤᠳᠠᠯ ᠬᠠᠭᠤᠷᠮᠠᠭ ᠵᠦᠢᠯ ᠳᠤ ᠴᠤᠬᠢᠯᠳᠠ ᠦᠭᠬᠦ ᠦᠨᠳᠤᠷ ᠲᠠᠷᠤᠯᠳᠠ ᠶᠢᠨ ᠪᠠᠶᠢᠳᠠᠯ ᠢ ᠢᠮᠠᠭᠳᠠ ᠪᠠᠷᠢᠮᠳᠠᠯᠠᠨ᠎ᠠ᠃ ︽ᠶᠠᠰᠤ ᠴᠢᠨᠠᠷ ᠲᠤ ᠬᠢᠨᠠᠯᠳᠠ ᠳᠠᠯᠪᠢᠬᠤ ᠶᠢ ᠬᠤᠷᠴᠠ ᠰᠠᠯᠠᠮ᠎ᠡ ᠪᠤᠯᠭᠠᠬᠤ︾ ᠠᠵᠢᠯᠯᠠᠭ᠎ᠠ ᠶᠢ ᠬᠦᠨᠵᠡᠬᠡᠢ ᠦᠷᠨᠢᠭᠦᠯᠵᠦ᠂ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠡᠪᠳᠡᠭᠰᠡᠨ᠂ ᠭᠤᠤᠯᠴᠢ ᠦᠷᠢᠰᠤᠯᠳᠤᠭᠡᠨ ᠢ ᠨᠦᠯᠦᠭᠡᠯᠡᠭᠰᠡᠨ ᠶᠠᠰᠤ ᠴᠢᠨᠠᠷ ᠤᠨ ᠠᠮᠤᠷ ᠲᠦᠪᠰᠢᠨ ᠎ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠬᠦᠨᠳᠤ ᠴᠤᠬᠢᠯᠳᠠ ᠦᠭᠬᠦᠨ᠎ᠠ︔ ᠲᠠᠷᠢᠶᠠᠯᠠᠩ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ᠂ ᠴᠠᠬᠢᠯᠭᠠᠨ ᠤᠳᠠᠰᠤ ᠴᠠᠬᠢᠯᠭᠠᠨ ᠳᠡᠭᠡᠰᠤ᠂ ᠮᠠᠰᠢᠨ ᠲᠡᠷᠭᠡᠨ ᠤ ᠰᠡᠯᠪᠢᠭ ᠲᠤᠨᠤᠭ᠂ ᠠᠯᠪᠠᠳᠠᠯᠭ᠎ᠠ ᠶᠢᠨ ᠴᠢᠨᠠᠷᠲᠠᠢ ᠦᠨᠡᠮᠰᠢᠭᠰᠡᠨ ᠦᠢᠯᠡᠳᠭᠦᠨ᠂ ᠰᠢᠷᠭᠡᠭᠯᠢᠭ ᠦᠢᠯᠡᠳᠭᠦᠨ᠂ ᠮᠠᠰᠢᠨ ᠳᠤ ᠬᠡᠷᠡᠭᠯᠡᠬᠦ ᠰᠢᠳᠠᠭᠠᠯᠭ᠎ᠠ ᠶᠢᠨ ᠲᠤᠰᠤ ᠵᠡᠷᠭᠡ ᠦᠢᠯᠡᠳᠭᠦᠨ ᠢ ᠭᠤᠤᠯᠳᠠᠯᠭ᠎ᠠ ᠲᠠᠢ ᠦᠢᠯᠡᠳᠭᠦᠨ ᠪᠤᠯᠭᠠᠵᠦ᠂  ᠲᠡᠭᠦᠨ ᠤ ᠬᠤᠳᠠᠯ ᠬᠠᠭᠤᠷᠮᠠᠭ ᠦᠢᠯᠡᠳᠭᠦᠨ ᠳᠤ  ᠭᠤᠤᠯᠳᠠᠯᠭ᠎ᠠ ᠲᠠᠢ ᠴᠤᠬᠢᠯᠳᠠ ᠦᠭᠬᠦᠨ᠎ᠠ︔ ᠤᠯᠠᠨ ᠨᠡᠶᠢᠳᠡ ᠶᠢᠨ ᠴᠤᠭᠯᠠᠭᠠᠨ ᠤ ᠲᠠᠯᠠᠪᠤᠷ᠂ ᠠᠶᠤᠯᠲᠠᠢ ᠬᠢᠮᠢ ᠪᠤᠳᠢᠰ ᠦᠢᠯᠡᠳᠪᠤᠷᠢᠯᠡᠬᠦ ᠠᠵᠦ ᠠᠬᠤᠶᠢᠯᠠᠯ᠂ ᠰᠢᠪᠳᠤᠷ ᠬᠦᠷᠦᠬᠡᠬᠦ ᠠᠵᠦ ᠠᠬᠤᠶᠢᠯᠠᠯ ᠤᠨ ᠲᠤᠭᠤᠷᠢᠨ ᠳᠤ ᠤᠨᠴᠠᠭᠠᠢ ᠲᠦᠬᠦᠭᠡᠷᠦᠮᠵᠢ ᠶᠢᠨ ᠬᠠᠤᠯᠢ ᠬᠡᠷᠡᠭᠵᠢᠬᠦᠯᠬᠦ ᠪᠠᠶᠢᠴᠠᠭᠠᠯᠳᠠ ᠶᠢ ᠦᠷᠨᠢᠭᠦᠯᠦᠨ᠎ᠡ︔ ᠬᠠᠤᠯᠢ ᠬᠡᠷᠡᠭᠵᠢᠬᠦᠯᠬᠦ ᠪᠠᠷ ᠬᠤᠯᠪᠤᠭᠠᠯᠠᠨ ᠬᠦᠳᠡᠯᠦᠯᠴᠡᠬᠦ ᠶᠢ ᠴᠢᠩᠭᠠᠳᠬᠠᠵᠦ᠂ ᠨᠦᠯᠦᠭᠡ ᠪᠠᠷ ᠳᠤᠩ ᠮᠠᠭᠤ ᠲᠤᠮᠤ ᠬᠡᠷᠡᠭ ᠴᠢᠬᠤᠯᠠ ᠬᠡᠷᠡᠭ ᠢ ᠬᠦᠴᠤ ᠪᠠᠨ ᠬᠠᠮᠳᠤᠳᠬᠠᠨ ᠪᠠᠶᠢᠴᠠᠭᠠᠨ ᠰᠢᠢᠳᠪᠤᠷᠢᠯᠠᠵᠦ᠂ ᠬᠤᠳᠠᠯ ᠬᠠᠭᠤᠷᠮᠠᠭ ᠦᠢᠯᠡᠳᠭᠦᠨ ᠳᠤ ᠦᠴᠤᠭᠡᠨ ᠴᠤ ᠲᠤᠬᠢᠶᠠᠯ ᠤᠯᠭᠤᠬᠤ ᠦᠬᠡᠢ ᠪᠠᠶᠢᠯᠭᠠᠨ᠎ᠠ᠃ ᠬᠠᠤᠯᠢ ᠬᠡᠷᠡᠭᠵᠢᠬᠦᠯᠦᠯᠳᠠ ᠪᠠᠷ ᠬᠤᠳᠠᠯ ᠬᠠᠭᠤᠷᠮᠠᠭ ᠲᠤ ᠴᠤᠬᠢᠯᠳᠠ ᠦᠭᠬᠦ ᠬᠠᠷᠢᠭᠤᠴᠠᠯᠭ᠎ᠠ ᠶᠢ ᠴᠢᠩᠭᠠᠷᠠᠭᠤᠯᠵᠦ᠂ ᠬᠡᠷᠡᠭ ᠢ ᠪᠠᠶᠢᠴᠠᠭᠠᠨ ᠰᠢᠢᠳᠪᠤᠷᠢᠯᠡᠬᠦ ᠲᠤᠭ᠎ᠠ ᠬᠡᠮᠵᠢᠶ᠎ᠡ ᠪᠠᠭᠤᠷᠠᠬᠤ᠂ ᠤᠷᠤᠨ ᠨᠤᠳᠤᠭ ᠤᠨ ᠬᠠᠮᠠᠭᠠᠯᠠᠯᠳᠠ ᠲᠤᠯᠤᠭᠠᠢ ᠦᠨᠳᠡᠶᠢᠬᠦ ᠠᠰᠠᠭᠤᠳᠠᠯ ᠢ ᠰᠢᠢᠳᠪᠤᠷᠢᠯᠡᠵᠦ᠂ ᠬᠡᠷᠡᠭ ᠢ ᠪᠠᠶᠢᠴᠠᠭᠠᠨ ᠰᠢᠢᠳᠪᠤᠷᠢᠯᠡᠭᠰᠡᠨ ᠪᠠᠶᠢᠳᠠᠯ ᠢ ᠵᠠᠰᠠᠭ ᠤᠨ ᠤᠷᠳᠤᠨ ᠤ ᠶᠠᠰᠤ ᠴᠢᠨᠠᠷ ᠤᠨ ᠠᠵᠢᠯ ᠤᠨ ᠬᠢᠨᠠᠨ ᠰᠢᠯᠭᠠᠯᠳᠠ ᠶᠢᠨ ᠠᠭᠤᠯᠭ᠎ᠠ ᠳᠤ ᠤᠷᠤᠭᠤᠯᠤᠨ᠎ᠠ᠃      ﹇ᠭᠤᠤ ᠢᠩ ᠵᠢᠶᠧ﹈ ︵ᠭᠤᠷᠪᠠ︶ ᠶᠠᠰᠤ ᠴᠢᠨᠠᠷ ᠤᠨ ᠰᠠᠭᠤᠷᠢ ᠶᠢ ᠪᠠᠳᠤᠳᠬᠠᠨ᠎ᠠ᠃ ᠨᠢᠭᠡ ᠳᠤ ᠪᠠᠷᠢᠮᠵᠢᠶᠠᠳᠤ ᠵᠢᠷᠤᠮᠵᠢᠭᠤᠯᠤᠯ ᠤᠨ ᠦᠢᠯᠡᠳᠤᠯ ᠢ ᠴᠢᠩᠭᠠᠳᠬᠠᠨ᠎ᠠ᠃ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠷᠢᠮᠵᠢᠶᠠᠭᠤᠯᠤᠯᠳᠠ ᠶᠢᠨ ᠠᠵᠢᠯ ᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ︾᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠰᠢᠨ᠎ᠡ ᠬᠡᠯᠪᠡᠷᠢ ᠶᠢᠨ ᠠᠵᠦ ᠦᠢᠯᠡᠳᠪᠤᠷᠢ᠂ ᠤᠳᠤᠬᠢᠴᠢᠯᠠᠭᠰᠠᠨ ᠲᠠᠷᠢᠶᠠᠯᠠᠩ᠂ ᠦᠢᠯᠡᠴᠢᠯᠡᠭᠡᠨ ᠤ ᠦᠢᠯᠡᠰ᠂ ᠨᠡᠶᠢᠭᠡᠮ ᠤᠨ ᠬᠠᠮᠢᠶᠠᠷᠤᠯᠳᠠ ᠪᠤᠯᠤᠨ ᠤᠯᠠᠨ ᠨᠡᠶᠢᠳᠡ ᠶᠢᠨ ᠦᠢᠯᠡᠴᠢᠯᠡᠭᠡᠨ ᠵᠡᠷᠭᠡ 4 ᠲᠤᠮᠤ ᠪᠠᠷᠢᠮᠵᠢᠶᠠᠳᠤ ᠰᠢᠰᠲ᠋ᠧᠮ ᠤᠨ ᠶᠡᠷᠦᠩᠬᠡᠢ ᠲᠦᠯᠦᠪ ᠪᠠᠶᠢᠳᠠᠯ ᠢ ᠲᠦᠷᠭᠡᠨ ᠪᠤᠢ ᠪᠤᠯᠭᠠᠵᠦ᠂ ᠡᠨᠧᠷᠬᠢ ᠶᠢᠨ ᠠᠵᠦ ᠦᠢᠯᠡᠳᠪᠤᠷᠢ᠂ ᠲᠠᠷᠢᠶᠠᠯᠠᠩ ᠮᠠᠯ ᠠᠵᠦ ᠠᠬᠤᠢ ᠶᠢᠨ ᠮᠠᠰᠢᠨᠴᠢᠯᠠᠯᠳᠠ᠂ ᠠᠮᠢ ᠠᠬᠤᠢ ᠤᠢ ᠰᠢᠭᠤᠢ ᠵᠡᠷᠭᠡ ᠬᠦᠷᠢᠶᠡᠨ ᠤ ᠮᠡᠷᠭᠡᠵᠢᠯ ᠤᠨ ᠪᠠᠷᠢᠮᠵᠢᠶ᠎ᠠ ᠶᠢ ᠭᠤᠤᠯᠳᠠᠯᠭ᠎ᠠ ᠲᠠᠢ ᠰᠤᠳᠤᠯᠤᠨ ᠲᠤᠭᠳᠠᠭᠠᠵᠦ᠂ ᠵᠢᠯ ᠤᠨ ᠳᠤᠳᠤᠷ᠎ᠠ180 ᠲᠦᠷᠦᠯ ᠤᠨ ᠤᠷᠤᠨ ᠨᠤᠳᠤᠭ ᠤᠨ ᠪᠠᠷᠢᠮᠵᠢᠶ᠎ᠠ ᠶᠢ ᠵᠠᠰᠠᠨ ᠲᠤᠭᠳᠠᠭᠠᠬᠤ ᠪᠠᠷ ᠴᠢᠷᠮᠠᠶᠢᠵᠦ᠂ ᠡᠯᠧᠺᠲᠷᠤᠨ ᠮᠡᠳᠡᠭᠡ ᠵᠠᠩᠬᠢ᠂ ᠦᠢᠯᠡᠴᠢᠯᠡᠭᠡᠨ ᠤ ᠦᠢᠯᠡᠰ᠂ ᠴᠠᠭ ᠠᠭᠤᠷ ᠵᠡᠷᠭᠡ ᠪᠠᠷᠢᠮᠵᠢᠶᠠᠵᠢᠭᠤᠯᠬᠤ ᠲᠤᠰᠬᠠᠢ ᠮᠡᠷᠭᠡᠵᠢᠯ ᠤᠨ ᠺᠤᠮᠢᠰ ᠢ10᠎ ᠶᠢ ᠪᠠᠶᠢᠭᠤᠯᠤᠨ᠎ᠠ᠃ ᠬᠤᠶᠠᠷ ᠲᠤ ᠬᠡᠮᠵᠢᠯᠳᠡ ᠶᠢᠨ ᠰᠠᠭᠤᠷᠢ ᠦᠢᠯᠡᠳᠤᠯ ᠢ ᠴᠢᠩᠭᠠᠳᠬᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ︽ᠬᠡᠮᠵᠢᠯᠳᠡ ᠶᠢᠨ ᠬᠦᠭᠵᠢᠯᠳᠠ ᠎ ᠶᠢᠨ ᠲᠦᠯᠦᠪᠵᠢᠭᠦᠯᠭᠡ︾᠎ ᠶᠢ ᠲᠤᠤᠱᠯᠠᠭᠤᠯᠤᠨ ᠬᠡᠷᠡᠭᠵᠢᠬᠦᠯᠵᠦ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠬᠡᠮᠵᠢᠯᠳᠡ ᠶᠢᠨ ᠠᠵᠢᠯ ᠢ ︽ᠠᠷᠪᠠᠨ ᠭᠤᠷᠪᠠ ᠲᠠᠪᠤ︾᠎ ᠶᠢᠨ ᠲᠦᠯᠦᠪᠵᠢᠭᠦᠯᠬᠡ ᠳᠤ ᠤᠷᠤᠭᠤᠯᠤᠭᠰᠠᠨ ᠠᠵᠠ ᠲᠠᠢ ᠲᠤᠬᠢᠶᠠᠯ ᠢ ᠵᠠᠪᠳᠤᠵᠦ᠂ ᠶᠡᠷᠦᠩᠬᠡᠶᠢᠯᠡᠨ ᠲᠦᠯᠦᠪᠵᠢᠭᠦᠯᠵᠦ᠂ ᠰᠢᠨᠵᠢᠯᠠᠬᠦ ᠤᠬᠠᠭᠠᠨᠴᠢ ᠎ ᠪᠠᠷ ᠪᠠᠶᠢᠷᠢᠯᠠᠭᠤᠯᠵᠦ᠂ ᠬᠡᠮᠵᠢᠯᠳᠡ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ ᠲᠡᠰ ᠦᠰᠭᠡᠬᠦ ᠶᠢ ᠠᠬᠢᠭᠤᠯᠤᠨ᠎ᠠ᠃ ︽ᠤᠯᠤᠰ ᠤᠨ ᠡᠨᠧᠷᠬᠢ ᠠᠷᠪᠢᠯᠠᠬᠤ ᠳᠤᠤᠷ᠎ᠠ ᠨᠡᠭᠦᠷᠡᠰᠤᠳᠦ᠋ᠷᠦᠭᠴᠢ ᠠᠵᠢᠯᠯᠠᠭ᠎ᠠ ᠶᠢᠨ ᠲᠦᠮᠡᠨ ᠠᠵᠦ ᠠᠵᠦ ᠠᠬᠤᠶᠢᠯᠠᠯ ᠤᠨ ᠨᠡᠷᠡᠰ︾᠎ ᠤᠨ ᠳᠤᠳᠤᠷᠠᠬᠢ ᠮᠠᠨ ᠤ ᠤᠷᠤᠨ ᠤ  ᠭᠤᠤᠯᠳᠠᠯᠭ᠎ᠠ ᠲᠠᠢ ᠡᠨᠧᠷᠬᠢ  ᠬᠡᠷᠡᠭᠯᠡᠬᠦ 697 ᠨᠢᠭᠡᠴᠡ ᠶᠢᠨ ᠡᠨᠧᠷᠬᠢ  ᠎ ᠶᠢᠨ ᠬᠡᠮᠵᠢᠯᠳᠠ ᠶᠢ ᠬᠢᠨᠠᠨ ᠪᠠᠶᠢᠴᠠᠭᠠᠵᠦ᠂ ᠡᠨᠧᠷᠬᠢ ᠶᠢᠨ ᠬᠡᠮᠵᠢᠯᠳᠡ  ᠎ ᠶᠢ ᠴᠠᠭ ᠦᠷᠭᠦᠯᠵᠢ ᠬᠢᠨᠠᠨ ᠬᠡᠮᠵᠢᠬᠦ ᠰᠢᠰᠲ᠋ᠧᠮ ᠢ ᠳᠡᠭᠦᠯᠳᠡᠷᠵᠢᠭᠦᠯᠵᠦ᠂ ᠬᠡᠮᠵᠢᠯᠳᠡ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠠᠭᠤᠷᠢᠨ ᠭᠠᠵᠠᠷ  ᠎ ᠤᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠵᠦ᠂ ᠤᠯᠤᠰ ᠤᠨ ᠬᠤᠳᠠ ᠎ ᠶᠢᠨ  ᠡᠨᠧᠷᠬᠢ ᠶᠢᠨ ᠬᠡᠮᠵᠢᠯᠳᠠ ᠶᠢᠨ ᠲᠦᠪ ᠤᠨ ᠤᠯᠤᠰ ᠤᠨ ᠰᠢᠯᠭᠠᠨ ᠬᠤᠷᠢᠶᠠᠯᠳᠠ ᠳᠤ ᠬᠢᠷᠢ ᠳᠤ ᠳᠡᠩᠴᠡᠭᠦᠯᠬᠦ ᠎ ᠪᠠᠷ ᠴᠢᠷᠮᠠᠶᠢᠨ᠎ᠠ᠃ ᠭᠤᠷᠪᠠ ᠳᠤ᠂ ᠵᠦᠪᠰᠢᠶᠡᠷᠡᠬᠦ ᠬᠡᠷᠡᠴᠢᠯᠡᠬᠦ ᠶᠢᠨ ᠬᠦᠭᠦᠷᠭᠡ ᠶᠢᠨ ᠦᠢᠯᠡᠳᠤᠯ ᠢ ᠴᠢᠩᠭᠠᠳᠬᠠᠨ᠎ᠠ᠃ ᠮᠠᠨ ᠤ ᠤᠷᠤᠨ ᠤ ᠳᠤᠤᠷ᠎ᠠ ᠨᠡᠭᠦᠷᠡᠰᠤᠳᠦ᠋ᠷᠦᠭᠴᠢ ᠦᠢᠯᠡᠳᠭᠦᠨ ᠢ ᠦᠨᠡᠯᠡᠨ ᠵᠦᠪᠰᠢᠶᠡᠷᠡᠬᠦ ᠪᠠ ᠡᠨᠧᠷᠬᠢ ᠶᠢᠨ ᠬᠠᠮᠢᠶᠠᠷᠤᠯᠳᠠ ᠶᠢᠨ ᠰᠢᠰᠲ᠋ᠧᠮ ᠢ ᠬᠡᠷᠡᠴᠢᠯᠡᠬᠦ ᠠᠵᠢᠯ ᠢ ᠭᠤᠤᠯᠳᠠᠯᠭ᠎ᠠ ᠲᠠᠢ ᠠᠬᠢᠭᠤᠯᠵᠦ᠂ ᠳᠤᠮᠳᠠ ᠵᠢᠵᠢᠭ ᠠᠵᠦ ᠠᠬᠤᠶᠢᠯᠠᠯ ᠤᠨ ᠬᠠᠮᠢᠶᠠᠷᠤᠯᠳᠠ ᠶᠢᠨ ᠰᠢᠰᠲ᠋ᠧᠮ ᠬᠢᠭᠡᠳ ᠦᠢᠯᠡᠳᠭᠦᠨ ᠤ ᠬᠡᠷᠡᠴᠢᠯᠡᠯᠳᠡ ᠲᠠᠬᠢ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠤᠯᠤᠰ ᠤᠨ ᠲᠡᠰ ᠤᠨ ᠤᠷᠭᠠᠨᠢᠭ ᠦᠢᠯᠡᠳᠭᠦᠨ ᠢ ᠵᠦᠪᠰᠢᠶᠡᠷᠡᠬᠦ ᠵᠢᠱᠢᠶ᠎ᠡ ᠦᠵᠡᠭᠦᠯᠬᠦ‍ ᠨᠢᠭᠡ ᠪᠦᠯᠦᠭ ᠲᠦᠷᠦᠯ ᠵᠦᠢᠯ ᠢ ᠪᠤᠶᠢᠵᠢᠭᠤᠯᠤᠨ ᠲᠠᠨᠢᠯᠴᠠᠭᠤᠯᠵᠦ᠂ ᠦᠪᠤᠷ ᠮᠤᠩᠭᠤᠯ ᠤᠨ ᠳᠡᠮᠳᠡᠭᠳᠤ ᠎ ᠶᠢᠨ ᠨᠢᠭᠡ ᠪᠦᠯᠦᠭ ᠲᠤᠷᠰᠢᠯᠳᠠ ᠶᠢᠨ ᠭᠡᠷ ᠪᠤᠯᠤᠨ ᠰᠠᠶᠢᠨ ᠰᠠᠶᠢᠬᠠᠨ ᠠᠵᠢᠯᠯᠠᠭ᠎ᠠ ᠪᠦᠬᠦᠢ ᠲᠤᠷᠰᠢᠯᠳᠠ ᠶᠢᠨ ᠭᠡᠷ ᠢ ᠬᠦᠴᠤ ᠳᠠᠯᠪᠢᠨ ᠪᠤᠶᠢᠵᠢᠭᠤᠯᠤᠨ᠎ᠠ᠃ ᠲᠦᠷᠪᠡ ᠳᠤ ᠰᠢᠯᠭᠠᠨ ᠪᠠᠶᠢᠴᠠᠭᠠᠵᠦ ᠰᠢᠯᠭᠠᠨ ᠬᠡᠮᠵᠢᠬᠦ ᠦᠢᠯᠡᠳᠤᠯ ᠢ ᠴᠢᠩᠭᠠᠳᠬᠠᠨ᠎ᠠ᠃ ᠤᠷᠤᠨ ᠤ ᠲᠤᠪᠴᠢᠶ᠎ᠠ ᠶᠢᠨ ᠶᠠᠰᠤ ᠴᠢᠨᠠᠷ ᠲᠤ ᠬᠢᠨᠠᠯᠳᠠ ᠳᠠᠯᠪᠢᠬᠤ  ᠰᠢᠭᠤᠳ ᠬᠠᠷᠢᠶ᠎ᠠ ᠪᠠᠶᠢᠭᠤᠯᠤᠮᠵᠢ ᠶᠢ ᠨᠡᠶᠢᠯᠡᠭᠦᠯᠵᠦ᠂ ᠤᠨᠴᠠ ᠪᠠᠶᠢᠴᠠᠭᠠᠯᠳᠠ ᠶᠢᠨ ᠪᠠᠶᠢᠭᠤᠯᠤᠮᠵᠢ ᠶᠢ ᠪᠦᠯᠦᠭᠴᠢᠯᠡᠬᠦ ᠦᠭᠡᠷᠡᠴᠢᠯᠡᠯᠳᠡ ᠎ ᠶᠢ ᠲᠦᠯᠦᠪᠯᠡᠭᠡ ᠶᠤᠰᠤᠭᠠᠷ ᠬᠡᠷᠡᠭᠵᠢᠭᠦᠯᠵᠦ᠂ ᠠᠶᠢᠮᠠᠭ ᠬᠤᠳᠠ᠂ ᠬᠤᠰᠢᠭᠤ ᠰᠢᠶᠠᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠰᠠᠯᠠᠭ᠎ᠠ ᠮᠦᠴᠢᠷ ᠤᠨ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠪᠠᠶᠢᠭᠤᠯᠤᠮᠵᠢ ᠶᠢ ᠨᠡᠶᠢᠯᠡᠭᠦᠯᠬᠦ ᠶᠢ ᠢᠳᠡᠪᠬᠢᠲᠠᠢ ᠰᠦᠪᠡᠭᠴᠢᠯᠡᠨ᠎ᠠ᠃ ᠡᠯ᠎ᠡ ᠱᠠᠳᠤ ᠡᠯ᠎ᠡ ᠲᠦᠷᠦᠯ ᠤᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠶᠢᠨ ᠮᠡᠷᠭᠡᠵᠢᠯ ᠤᠨ ᠬᠤᠯᠪᠤᠭᠠᠯᠠᠯ ᠪᠠᠶᠢᠭᠤᠯᠬᠤ ᠶᠢ ᠠᠬᠢᠭᠤᠯᠵᠦ᠂ ᠲᠦᠬᠦᠭᠡᠷᠦᠮᠵᠢ᠂ ᠴᠢᠳᠠᠪᠤᠷᠢᠳᠠᠨ᠂ ᠮᠡᠳᠡᠭᠡ ᠵᠠᠩᠬᠢ ᠶᠢ ᠲᠦᠪᠯᠡᠷᠡᠬᠦᠯᠬᠦ ᠪᠠ ᠬᠠᠮᠳᠤ ᠪᠠᠷ ᠬᠦᠷᠳᠡᠬᠦ ᠪᠤᠯᠭᠠᠵᠦ᠂ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠤᠯᠠᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠳᠠ ᠶᠢ ᠬᠦᠴᠤᠲᠠᠢ ᠠᠬᠢᠭᠤᠯᠤᠨ᠎ᠠ᠃ 2-3 ᠵᠢᠯ ᠎ ᠤᠨ ᠴᠢᠷᠮᠠᠶᠢᠯᠭ᠎ᠠ ᠪᠠᠷ ᠲᠠᠮᠵᠢᠭᠤᠯᠤᠨ᠂ ᠮᠠᠨ ᠤ ᠤᠷᠤᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠪᠠᠶᠢᠭᠤᠯᠤᠮᠵᠢ ᠪᠤᠯᠤᠨ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠰᠢᠨ᠎ᠡ ᠬᠡᠯᠪᠡᠷᠢ ᠶᠢᠨ ᠠᠵᠦ ᠦᠢᠯᠡᠰ ᠢ ᠲᠦᠷᠭᠡᠨ ᠪᠠᠶᠢᠭᠤᠯᠤᠨ ᠬᠦᠴᠤᠷᠬᠡᠭᠵᠢᠬᠦᠯᠬᠦ ᠪᠠᠷ ᠴᠢᠷᠮᠠᠶᠢᠨ᠎ᠠ᠃ ᠲᠠᠪᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠳᠤᠯᠤᠨ ᠳᠠᠭᠠᠭᠤᠯᠬᠤ  ᠦᠢᠯᠡᠳᠤᠯ ᠢ ᠴᠢᠩᠭᠠᠳᠬᠠᠨ᠎ᠠ᠃  ᠡᠷᠳᠡᠮ ᠰᠢᠨᠵᠢᠯᠡᠭᠡᠨ ᠤ ᠳᠠᠭᠠᠭᠤᠯᠤᠭᠴᠢ ᠶᠢ ᠪᠤᠶᠢᠵᠢᠭᠤᠯᠬᠤ ᠰᠢᠯᠢᠨ ᠬᠡᠷᠡᠭᠯᠡᠬᠦ ᠡᠷᠴᠢᠮ ᠢ ᠴᠢᠩᠭᠠᠷᠠᠭᠤᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠰᠢᠨᠵᠢᠯᠡᠭᠡᠨ ᠤ ᠬᠦᠭᠵᠢᠭᠦᠯᠦᠯᠳᠡ ᠎ ᠶᠢᠨ ᠲᠦᠯᠦᠪᠵᠢᠭᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠦ᠂ ᠦᠪᠤᠷ ᠮᠤᠩᠭᠤᠯ ᠤᠨ ᠤᠨᠴᠠᠯᠢᠭ ᠪᠦᠬᠦᠢ ᠶᠠᠰᠤ ᠴᠢᠨᠠᠷ ᠤᠨ ᠪᠠᠶᠢᠴᠠᠭᠠᠯᠳᠠ ᠶᠢᠨ ᠮᠡᠷᠭᠡᠵᠢᠯ ᠤᠨ ᠰᠢᠰᠲ᠋ᠧᠮ ᠢ ᠪᠠᠶᠢᠭᠤᠯᠤᠨ ᠳᠡᠭᠦᠯᠳᠡᠷᠵᠢᠭᠦᠯᠦᠨ᠎ᠠ᠃ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠤᠨ ᠤ ᠬᠢᠨᠠᠨ ᠰᠢᠯᠭᠠᠯᠳᠠ ᠳᠤ ᠰᠢᠨᠵᠢᠯᠡᠬᠦ ᠤᠬᠠᠭᠠᠨ ᠤ ᠰᠤᠳᠤᠯᠤᠯ ᠤᠨ ᠬᠤᠪᠢ ᠶᠢᠨ ᠵᠢᠩ ᠪᠠ ᠮᠡᠭᠡᠵᠢᠯᠳᠡᠳ ᠤᠨ ᠬᠤᠪᠢ ᠬᠦᠮᠤᠨ ᠤ ᠰᠢᠯᠢᠳᠡᠭ ᠢ ᠰᠢᠯᠭᠠᠷᠠᠭᠤᠯᠬᠤ ᠳᠤ ᠰᠢᠨᠵᠢᠯᠡᠬᠦ ᠤᠬᠠᠭᠠᠨ ᠤ ᠦᠷ᠎ᠡ ᠪᠦᠳᠤᠭᠡᠯ ᠤᠨ ᠬᠤᠪᠢ ᠶᠢᠨ ᠵᠢᠩ ᠢ ᠲᠡᠭᠡᠭᠰᠢᠯᠡᠭᠦᠯᠵᠦ᠂ ᠱᠠᠩᠨᠠᠯ ᠬᠦᠷᠳᠡᠭᠰᠡᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠳᠠᠳ ᠤᠨ ᠤᠯᠭᠤᠮᠵᠢ ᠶᠢ ᠦᠰᠭᠡᠵᠦ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠱᠠᠩᠨᠠᠯ ᠬᠦᠷᠳᠡᠭᠰᠠᠨ ᠰᠢᠨᠵᠢᠯᠡᠬᠦ ᠤᠬᠠᠭᠠᠨ ᠤ ᠦᠷ᠎ᠡ ᠪᠦᠳᠤᠭᠡᠯ ᠢ ᠬᠦᠨᠳᠤ ᠪᠠᠷ ᠱᠠᠩᠨᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠦᠴᠢᠷ ᠯᠦᠭᠡ ᠬᠠᠷᠢᠯᠴᠠᠨ ᠨᠡᠪᠳᠡᠷᠡᠯᠴᠡᠬᠦ ᠶᠢ ᠨᠡᠮᠡᠭᠳᠡᠭᠦᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠰᠠᠯᠠᠭ᠎ᠠ ᠮᠦᠴᠢᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠦᠷᠦᠯ ᠵᠦᠢᠯ ᠢ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠵᠢᠭᠦᠯᠬᠡ ᠳᠤ ᠤᠷᠤᠭᠤᠯᠵᠦ᠂ ᠤᠷᠤᠨ ᠤ ᠲᠤᠪᠴᠢᠶ᠎ᠠ ᠶᠢᠨ ᠰᠢᠭᠤᠳ ᠬᠠᠷᠢᠶ᠎ᠠ ᠰᠤᠳᠤᠯᠭᠠᠨ ᠤ ᠲᠦᠷᠦᠯ ᠤᠨ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠰᠢᠯᠭᠠᠨ ᠬᠡᠮᠵᠢᠯᠳᠡ ᠶᠢᠨ ︽ᠬᠤᠤᠰ ᠬᠦᠷᠳᠤ︾ ᠎ ᠶᠢ ᠬᠦᠳᠡᠯᠭᠡᠵᠦ᠂ ᠰᠢᠨᠵᠢᠯᠡᠬᠦ ᠤᠬᠠᠭᠠᠨ ᠰᠤᠳᠤᠯᠤᠯ ᠤᠨ ᠲᠦᠷᠦᠯ ᠵᠦᠢᠯ ᠢ ᠲᠦᠯᠦᠪᠵᠢᠬᠦᠯᠬᠦ᠂ ᠲᠦᠷᠦᠯ ᠲᠤᠭᠳᠠᠭᠠᠬᠤ᠂ ᠪᠤᠭᠤᠮᠳᠠ ᠰᠢᠪᠳᠤᠯᠬᠤ᠂ ᠰᠤᠳᠤᠯᠤᠨ ᠬᠦᠭᠵᠢᠭᠦᠯᠬᠦ ᠲᠠᠯ᠎ᠠ ᠪᠠᠷ ᠡᠷᠴᠢᠮ ᠢᠶᠠᠨ ᠴᠢᠩᠭᠠᠯᠠᠵᠦ᠂ ᠪᠦᠳᠤᠮᠵᠢᠲᠠᠢ ᠠᠷᠭ᠎ᠠ  ᠬᠡᠮᠵᠢᠶ᠎ᠡ ᠠᠪᠴᠤ ᠪᠠᠶᠢᠭᠠᠳ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠳᠤᠭᠡᠯ ᠲᠠᠰᠤᠷᠠᠯᠳᠠ ᠦᠬᠡᠢ ᠴᠤᠯᠭᠤᠷᠠᠨ ᠭᠠᠷᠬᠤ ᠶᠢ ᠵᠤᠷᠢᠭᠵᠢᠭᠤᠯᠤᠨ᠎ᠠ᠃ ᠰᠢᠰᠲ᠋ᠧᠮ ᠤᠨ ᠳᠤᠳᠤᠭᠠᠳᠤ ᠳᠠᠭᠠᠨ ᠪᠢᠳᠡ ᠪᠡᠯᠡ ᠮᠦᠩᠬᠦᠨ ᠤ ᠪᠠᠳᠤᠯᠠᠭ᠎ᠠ᠂ ᠴᠢᠳᠠᠪᠤᠷᠢᠳᠠᠨ ᠤ ᠦᠰᠤᠯᠳᠠ ᠪᠤᠶᠢᠵᠢᠯᠳᠠ᠂ ᠮᠡᠷᠭᠡᠵᠢᠯ ᠤᠨ ᠴᠤᠯᠠ ᠶᠢᠨ ᠲᠡᠪᠰᠢᠯᠳᠡ᠂ ᠺᠠᠳ᠋ᠷ ᠰᠢᠯᠢᠨ ᠰᠤᠩᠭᠤᠬᠤ᠂ ᠱᠠᠩᠨᠠᠨ ᠬᠦᠬᠢᠭᠦᠯᠬᠦ ᠵᠡᠷᠭᠡ ᠨᠢᠭᠡᠨ ᠪᠦᠷᠢᠨ ᠲᠦᠬᠦᠷ ᠲᠦᠷᠦ ᠶᠢᠨ ᠪᠤᠳᠤᠯᠭ᠎ᠠ ᠶᠢᠨ ᠤᠷᠮᠠᠰᠢᠭᠤᠯᠬᠤ ᠲᠤᠭᠳᠠᠴᠠ ᠶᠢ ᠲᠠᠷᠤᠶᠢᠬᠠᠨ ᠪᠠᠶᠢᠭᠤᠯᠤᠨ᠎ᠠ᠃ ᠮᠡᠳᠡᠭᠡ ᠵᠠᠩᠬᠢᠵᠢᠯᠳᠠ ᠶᠢᠨ ᠤᠷᠤᠭᠤᠯᠤᠯᠳᠠ ᠶᠢ ᠨᠡᠮᠡᠭᠳᠡᠭᠦᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠶᠢ ᠲᠤᠭᠠᠴᠢᠯᠠᠬᠤ᠂ ᠰᠦᠯᠵᠢᠶᠡᠴᠢᠯᠡᠬᠦ᠂ ᠤᠶᠤᠨᠴᠢᠯᠠᠬᠤ ᠬᠢᠷᠢ ᠲᠦᠪᠰᠢᠨ ᠪᠠ ᠮᠡᠳᠡᠭᠡ ᠵᠠᠩᠬᠢ ᠶᠢᠨ ᠲᠤᠨᠤᠭᠯᠠᠯ ᠤᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠲᠠᠷᠬᠠᠢ ᠪᠤᠳᠠᠷᠬᠠᠢ ᠬᠠᠮᠢᠶᠠᠷᠤᠯᠳᠠ ᠶᠢᠨ ᠰᠢᠰᠲ᠋ᠧᠮ ᠢ ᠲᠦᠪᠯᠡᠷᠡᠬᠦᠯᠤᠨ ᠨᠡᠶᠢᠯᠡᠭᠦᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠲᠤᠮᠤ ᠲᠠᠪᠴᠠᠩ ᠪᠠ  ᠲᠤᠭ᠎ᠠ ᠪᠠᠷᠢᠮᠳᠠ ᠎ ᠶᠢᠨ ᠲᠤᠮᠤ  ᠬᠦᠮᠤᠷᠭᠡ ᠪᠠᠶᠢᠭᠤᠯᠵᠦ᠂ ᠪᠦᠬᠦ ᠰᠢᠰᠲ᠋ᠧᠮ ᠤᠨ ᠮᠡᠳᠡᠭᠡ ᠵᠠᠩᠬᠢ ᠶᠢᠨ ᠡᠬᠢ ᠪᠠᠶᠠᠯᠢᠭ  ᠎ ᠤᠨ ᠨᠡᠶᠢᠯᠡᠯᠳᠡ ᠶᠢ ᠠᠬᠢᠭᠤᠯᠤᠨ᠎ᠠ᠃      ﹇ᠭᠤᠤ ᠢᠩ ᠵᠢᠶᠧ﹈ ︵ᠲᠦᠷᠪᠡ︶ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ ᠨᠢᠭᠡ ᠳᠤ ᠤᠳᠤᠷᠢᠳᠬᠤ ᠪᠠᠭ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠰᠢ ᠵᠢᠨ‌‍ᠫᠢᠩ ᠶᠡᠷᠦᠩᠬᠡᠢ ᠱᠦᠵᠢ ᠶᠢᠨ ᠠᠯᠢ ᠤᠯᠠᠨ ᠶᠠᠷᠢᠶ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠦ᠂ ᠢᠳᠡᠭᠡᠯ ᠬᠦᠰᠡᠯ ᠢᠶᠠᠨ ᠪᠠᠳᠤᠳᠬᠠᠵᠦ᠂ ᠨᠠᠮ ᠎ ᠤᠨ ᠰᠠᠬᠢᠯᠭ᠎ᠠ ᠪᠤᠯᠤᠨ ᠲᠦᠷᠢᠮ ᠢᠶᠠᠷ ᠴᠢᠩᠭ᠎ᠠ ᠵᠢᠷᠤᠮᠯᠠᠨ ᠠᠵᠢᠯᠯᠠᠵᠦ᠂ ᠨᠠᠮ ᠤᠨ ᠲᠤᠪ ᠬᠤᠷᠢᠶ᠎ᠠ ᠯᠤᠭ᠎ᠠ ᠢᠮᠠᠭᠳᠠ ᠳᠡᠭᠡᠳᠤ ᠬᠡᠮᠵᠢᠶ᠎ᠡ ᠪᠠᠷ ᠨᠢᠭᠡᠳᠤᠯᠲᠠᠢ ᠪᠠᠶᠢᠨ᠎ᠠ︔ ᠬᠦᠮᠤᠨ ᠰᠤᠩᠭᠤᠬᠤ ᠬᠦᠮᠤᠨ ᠬᠡᠷᠡᠭᠯᠡᠬᠦ ᠪᠤᠭᠤᠮᠳᠠ ᠶᠢ ᠴᠢᠩᠭ᠎ᠠ ᠰᠠᠬᠢᠵᠦ᠂ ᠰᠠᠨᠠᠭᠠᠴᠢᠯᠠᠭ᠎ᠠ ᠲᠠᠢ ᠨᠡᠷ᠎ᠡ ᠲᠤᠷᠠᠳᠬᠤ᠂ ᠬᠢᠨᠠᠨ ᠪᠠᠶᠢᠴᠠᠭᠠᠵᠦ ᠬᠢᠨᠠᠨ ᠰᠢᠯᠭᠠᠬᠤ᠂ ᠲᠡᠰ ᠳᠠᠷᠠᠭ᠎ᠠ ᠠᠯᠬᠤᠮ ᠳᠠᠷᠠᠭ᠎ᠠ ᠵᠡᠷᠭᠡ ᠭᠤᠷᠪᠠᠨ ᠪᠤᠭᠤᠮᠳᠠ ᠶᠢ ᠭᠤᠤᠯᠳᠠᠯᠭ᠎ᠠ ᠲᠠᠢ ᠰᠠᠶᠢᠨ ᠰᠠᠬᠢᠵᠦ᠂ ᠺᠠᠳ᠋ᠷ ᠤᠨ ᠳᠠᠩᠰᠠ ᠡᠪᠬᠢᠮᠡᠯ ᠪᠤᠯᠤᠨ ᠬᠤᠪᠢ ᠬᠦᠮᠤᠨ ᠤ ᠬᠠᠮᠢᠶ᠎ᠠ ᠪᠦᠬᠦᠢ ᠶᠠᠪᠤᠳᠠᠯ ᠢ ᠴᠢᠩᠭ᠎ᠠ ᠬᠢᠨᠠᠨ ᠪᠠᠶᠢᠴᠠᠭᠠᠵᠦ᠂ ᠰᠢᠯᠢᠳᠡᠭ ᠪᠤᠰᠤ ᠬᠦᠮᠤᠰ ᠢ ᠰᠤᠩᠭᠤᠨ ᠬᠡᠷᠡᠭᠯᠡᠬᠦ ᠶᠢ ᠰᠡᠷᠭᠡᠶᠢᠯᠡᠨ᠎ᠡ᠃ ᠬᠤᠶᠠᠷ ᠲᠤ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠎ ᠶᠢ ᠰᠠᠶᠢᠳᠤᠷ ᠠᠳᠬᠤᠨ᠎ᠠ᠃ ᠡᠨᠡ ᠵᠢᠯ ᠠᠴᠠ ᠴᠢᠳᠠᠪᠤᠷᠢᠳᠠᠨ ᠢ ᠬᠦᠮᠤᠵᠢᠬᠦᠯᠬᠦ ︽ᠭᠤᠷᠪᠠᠨ ᠵᠢᠯ ᠤᠨ ᠢᠨᠵᠧᠨᠧᠷᠢᠩ︾᠎ ᠢ ᠡᠬᠢᠯᠡᠨ ᠬᠡᠷᠡᠭᠵᠢᠭᠦᠯᠵᠦ᠂ ᠨᠢᠭᠡ ᠪᠦᠯᠦᠭ ᠨᠡᠶᠢᠯᠡᠮᠡᠯ ᠬᠡᠯᠪᠡᠷᠢ ᠶᠢᠨ ᠴᠢᠳᠠᠪᠤᠷᠢᠳᠠᠨ᠂ ᠮᠡᠷᠭᠡᠵᠢᠯ ᠤᠨ ᠲᠤᠰᠬᠠᠢ ᠮᠡᠷᠭᠡᠵᠢᠯᠳᠡᠨ ᠪᠤᠯᠤᠨ ᠰᠢᠨᠵᠢᠯᠡᠬᠦ ᠤᠬᠠᠭᠠᠨ ᠤ ᠳᠠᠭᠠᠭᠤᠯᠤᠭᠴᠢ ᠬᠦᠴᠤᠨ ᠢ ᠰᠤᠩᠭᠤᠨ ᠬᠦᠮᠤᠵᠢᠭᠦᠯᠵᠦ᠂ ᠵᠠᠯᠠᠭᠤ ᠢᠳᠡᠷ ᠨᠠᠰᠤᠨ ᠤ ᠮᠡᠷᠭᠡᠵᠢᠯ ᠤᠨ ᠴᠢᠳᠠᠪᠤᠷᠢᠳᠠᠨ ᠪᠤᠯᠤᠨ ᠡᠷᠳᠡᠮ ᠰᠢᠨᠵᠢᠯᠡᠭᠡᠨ ᠤ ᠮᠡᠷᠭᠡᠵᠢᠯᠳᠡᠨ ᠤ ᠬᠦᠮᠤᠷᠭᠡ ᠶᠢ ᠪᠠᠶᠢᠭᠤᠯᠤᠨ᠎ᠠ︔ ᠤᠷᠢᠨ ᠵᠠᠯᠠᠭᠰᠠᠨ ᠬᠦᠮᠤᠰ ᠤᠨ ᠬᠠᠮᠢᠶᠠᠷᠤᠯᠳᠠ ᠶᠢ ᠴᠢᠬᠤᠯᠠᠴᠢᠯᠠᠵᠦ᠂ ︽ᠠᠵᠢᠯ ᠦᠢᠯᠡᠰ ᠢᠶᠠᠷ ᠴᠢᠳᠠᠪᠤᠷᠢᠳᠠᠨ ᠢ ᠦᠯᠡᠳᠡᠭᠡᠬᠦ᠂ ᠬᠠᠶᠢᠷ᠎ᠠ ᠰᠡᠤᠬᠡᠯᠭᠡ ᠪᠠᠷ ᠴᠢᠳᠠᠪᠤᠷᠢᠳᠠᠨ ᠢ ᠦᠯᠡᠳᠡᠭᠡᠬᠦ᠂ ᠬᠦᠯᠤᠰᠤ ᠤᠯᠭᠤᠮᠵᠢ ᠪᠠᠷ ᠴᠢᠳᠠᠪᠤᠷᠢᠳᠠᠨ ᠢ ᠦᠯᠡᠳᠡᠭᠡᠬᠦ︾ ᠬᠦᠭᠵᠢᠯᠳᠡ ᠶᠢᠨ ᠤᠷᠴᠢᠨ ᠢ ᠪᠤᠢ ᠪᠤᠯᠭᠠᠨ᠎ᠠ᠃ ᠭᠤᠷᠪᠠ ᠳᠤ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠤᠯᠤᠨ  ᠢᠯᠵᠠᠷᠠᠯ ᠢ ᠡᠰᠡᠷᠭᠦᠴᠡᠬᠦ ᠲᠡᠮᠡᠴᠡᠯ ᠢ ᠠᠬᠢᠭᠤᠯᠤᠨ᠎ᠠ᠃ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠤᠭᠤᠳ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠠ ᠬᠤᠷᠠᠯᠳᠤᠭᠠᠨ ᠪᠤᠯᠤᠨ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠶᠢᠰᠤᠳᠤᠭᠡᠷ ᠬᠤᠭᠤᠴᠠᠭᠠᠨ ᠤ ᠵᠢᠷᠭᠤᠳᠤᠭᠠᠷ ᠪᠦᠭᠦᠳᠠ ᠬᠤᠷᠠᠯᠳᠤᠭᠠᠨ ᠤ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠦ᠂ ᠨᠠᠮ ᠤᠨ ᠲᠦᠪ ᠬᠤᠷᠢᠶ᠎ᠠ ᠶᠢᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠡᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠤᠨ ᠮᠠᠭᠠᠳᠯᠠᠯᠳᠠ ᠶᠢᠨ ᠲᠤᠬᠠᠢ ᠲᠠᠨᠢᠯᠳᠠ ᠎ ᠪᠠᠨ ᠲᠠᠰᠤᠷᠠᠯᠳᠠ ᠦᠬᠡᠢ ᠳᠡᠭᠡᠭᠰᠢᠯᠡᠭᠦᠯᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠤᠯᠤᠨ ᠵᠤᠬᠢᠶᠠᠨ ᠪᠠᠶᠢᠭᠤᠯᠠᠯᠳᠠ ᠶᠢᠨ ᠰᠠᠬᠢᠯᠭ᠎ᠠ ᠪᠠᠳᠤ ᠶᠢᠨ ᠲᠤᠬᠠᠢ ᠲᠠᠨᠢᠯᠳᠠ  ᠎ ᠪᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠨᠠᠮ ᠎ ᠤᠨ ᠳᠤᠭᠤᠶᠢᠯᠠᠩ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠪᠠᠶᠢᠭᠤᠯᠭ᠎ᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠢᠨᠠᠯᠳᠠ ᠳᠠᠯᠪᠢᠬᠤ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠠᠵᠢᠯ ᠤᠨ ᠰᠤᠷᠳᠠᠯ ᠢᠶᠠᠨ ᠡᠷᠡᠰ ᠭᠤᠶᠢᠪᠠᠰᠢ ᠦᠬᠡᠢ ᠬᠤᠪᠢᠷᠠᠭᠤᠯᠵᠦ᠂ ᠢᠯᠵᠡᠷᠠᠯ ᠢ ᠡᠰᠡᠷᠭᠦᠴᠡᠬᠦ ᠬᠤᠷᠴᠠ ᠰᠡᠯᠡᠮ᠎ᠡ ᠶᠢ ᠦᠨᠳᠤᠷ ᠳᠠᠯᠠᠶᠢᠵᠦ᠂ ᠲᠦᠷᠢᠮ ᠳᠤᠭᠳᠠᠭᠠᠯ ᠢᠶᠠᠨ ᠪᠠᠳᠤᠳᠬᠠᠬᠤ ᠬᠡᠷᠡᠭᠲᠡᠢ︔ ᠤᠯᠠᠨ ᠲᠦᠮᠡᠨᠴᠢ ᠱᠤᠭᠤᠮ ᠤᠨ ᠬᠦᠮᠤᠵᠢᠯ ᠦᠢᠯᠡᠳᠤᠯᠭᠡ ᠶᠢᠨ ᠠᠵᠢᠯᠯᠠᠭ᠎ᠠ ᠶᠢᠨ ᠦᠷ᠎ᠡ ᠪᠦᠳᠦᠭᠡᠯ ᠢ ᠪᠠᠬᠢᠵᠢᠭᠦᠯᠵᠦ᠂ ᠲᠦᠪ ᠤᠨ ᠨᠠᠢᠮᠠᠨ ᠵᠤᠷᠪᠤᠰ ᠳᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠦ᠂ ︽ᠲᠦᠷᠪᠡᠨ ᠰᠤᠷᠳᠠᠯ︾᠎ ᠤᠨ ᠠᠰᠠᠭᠤᠳᠠᠯ ᠤᠨ ᠰᠢᠨ᠎ᠡ ᠬᠦᠳᠤᠯᠤᠯ ᠪᠠᠶᠢᠳᠠᠯ ᠢ ᠨᠢᠭᠳᠠ ᠠᠵᠢᠭᠯᠡᠵᠦ᠂ ᠵᠠᠷᠯᠢᠭ ᠪᠠᠶᠢᠳᠠᠯ᠎ᠠ ᠬᠡᠷᠡᠭᠵᠢᠭᠦᠯᠬᠦ ᠦᠬᠡᠢ᠂ ᠴᠠᠭᠠᠵᠠᠯᠠᠵᠦ ᠪᠠᠶᠢᠳᠠᠯ᠎ᠠ ᠵᠤᠭᠰᠤᠬᠤ ᠦᠬᠡᠢ᠂ ᠰᠠᠯᠬᠢ ᠰᠦᠷᠦᠨ ᠰᠦᠷᠭᠡᠤ ᠠᠭᠠᠰᠢᠯᠠᠬᠤ ᠰᠠᠬᠢᠯᠭ᠎ᠠ ᠪᠠᠳᠤ ᠠᠴᠠ  ᠵᠦᠷᠢᠴᠡᠭᠰᠡᠨ ᠠᠵᠢᠯᠯᠠᠭ᠎ᠠ ᠶᠢ ᠡᠷᠡᠰ ᠵᠠᠯᠠᠷᠠᠭᠤᠯᠵᠦ᠂ ᠵᠠᠰᠠᠭ ᠤᠨ ᠰᠤᠷᠳᠠᠯ ᠠᠵᠢᠯ ᠲᠦᠷᠦᠯ ᠤᠨ ᠰᠤᠷᠳᠠᠯ ᠢ ᠠᠬᠢᠭᠤᠯᠬᠤ ᠬᠡᠷᠡᠭᠲᠠᠢ᠃ ᠲᠦᠷᠪᠡ ᠳᠤ ᠦᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠢ  ᠴᠢᠩᠭᠠᠳᠬᠠᠨ᠎ᠠ᠃  ᠦᠨᠳᠤᠰᠤᠨ ᠱᠠᠳᠤᠨ ᠎ ᠤ ᠰᠤᠷᠤᠯᠴᠠᠬᠤ ᠬᠡᠯᠪᠡᠷᠢ᠂ ᠦᠢᠯᠡᠴᠢᠯᠡᠬᠦ ᠬᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ ᠴᠢᠩᠭᠠᠳᠬᠠᠵᠦ᠂ ᠤᠯᠠᠨ ᠲᠦᠮᠡᠨ ᠳᠤ ᠦᠢᠯᠡᠴᠢᠯᠡᠬᠦ᠂ ᠤᠯᠠᠨ ᠲᠦᠮᠡᠨ ᠳᠤ ᠠᠵᠢᠯ ᠬᠢᠵᠦ ᠦᠭᠬᠦ ᠪᠠᠷ ᠭᠤᠤᠯ ᠡᠭᠦᠷᠭᠡ ᠪᠠᠨ ᠪᠤᠯᠭᠠᠵᠦ᠂ ᠦᠬᠡᠷᠡᠴᠢᠯᠡᠯᠳᠠ ᠬᠢᠵᠦ ᠰᠢᠨ᠎ᠡ ᠶᠢ ᠡᠭᠦᠳᠬᠦ ᠪᠠᠷ ᠬᠦᠳᠡᠯᠭᠡᠬᠦ ᠬᠦᠴᠤᠨ ᠪᠤᠯᠭᠠᠵᠦ᠂ ᠤᠯᠠᠨ ᠲᠦᠮᠡᠨ ᠳᠤ ᠳᠠᠭᠠᠰᠢᠶᠠᠭᠳᠠᠬᠤ ᠪᠠᠷ ᠪᠠᠷᠢᠮᠵᠢᠶ᠎ᠠ ᠪᠤᠯᠭᠠᠵᠦ᠂ ᠦᠬᠡᠷᠡᠴᠢᠯᠡᠯᠳᠠ ᠳᠤ ᠦᠢᠯᠡᠴᠢᠯᠡᠬᠦ᠂ ᠬᠦᠭᠵᠢᠯᠳᠠ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠴᠬᠦ᠂ ᠨᠠᠮ ᠤᠨ ᠬᠡᠰᠢᠭᠦᠳ ᠲᠤ ᠦᠢᠯᠡᠴᠢᠯᠡᠬᠦ ᠶᠢ ᠦᠨᠡᠨᠬᠦ ᠭᠦᠢᠴᠡᠳᠭᠡᠨ᠎ᠡ︔ ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠦ᠂ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠳ ᠨᠠᠮ ᠤᠨ ᠪᠠᠶᠢᠭᠤᠯᠤᠯᠳᠠ ᠶᠢ ᠠᠳᠬᠤᠬᠤ ᠲᠡᠷᠢᠬᠦᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠲᠤᠰᠢᠶᠠᠯ ᠤᠨ ᠮᠡᠳᠡᠭᠦᠯᠤᠯᠳᠡ ᠶᠢᠨ ᠬᠢᠨᠠᠨ ᠲᠤᠭᠳᠠᠭᠠᠬᠤ ᠲᠤᠭᠳᠠᠴᠠ᠂ ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠷᠢᠭᠤᠴᠠᠯᠭ᠎ᠠ ᠠᠰᠠᠭᠤᠬᠤ ᠲᠦᠷᠢᠮ ᠢ ᠳᠡᠭᠦᠯᠳᠡᠷᠵᠢᠭᠦᠯᠬᠦ ᠪᠠᠷ ᠲᠠᠮᠵᠢᠭᠤᠯᠤᠨ᠂ ᠨᠠᠮ ᠢ ᠴᠢᠩᠭ᠎ᠠ ᠵᠠᠰᠠᠬᠤ ᠶᠢ ᠦᠨᠡᠨ ᠪᠤᠳᠠᠲᠠᠢ ᠨᠠᠶᠢᠳᠠᠪᠤᠷᠢᠵᠢᠭᠤᠯᠬᠤ ᠬᠡᠷᠡᠭᠲᠠᠢ᠂ ᠲᠠᠪᠤ ᠳᠤ ᠳᠤᠳᠤᠭᠠᠳᠤ ᠶᠢᠨ ᠬᠢᠨᠠᠨ ᠪᠤᠳᠤᠬᠤ ᠶᠢ ᠴᠢᠩᠭᠠᠳᠬᠠᠨ᠎ᠠ᠃  ᠲᠤᠰᠢᠶᠠᠯ ᠠᠴᠠ ᠪᠠᠨ ᠰᠠᠯᠬᠤ ᠶᠢᠨ ᠬᠢᠨᠠᠨ ᠪᠤᠳᠤᠯᠳᠠ᠂ ᠲᠤᠰᠢᠶᠠᠯ ᠡᠭᠦᠷᠭᠡᠯᠡᠵᠦ ᠪᠠᠶᠢᠬᠤ ᠶᠢᠨ ᠬᠢᠨᠠᠨ ᠪᠤᠳᠤᠯᠳᠠ ᠪᠤᠯᠤᠨ ᠲᠤᠰᠬᠠᠢ ᠲᠦᠷᠦᠯ ᠤᠨ ᠬᠢᠨᠠᠨ ᠪᠤᠳᠤᠯᠳᠠ ᠶᠢ ᠴᠢᠩᠭᠠᠳᠬᠠᠵᠦ᠂ ︽ᠨᠢᠭᠡ ᠬᠢᠨᠠᠨ ᠳᠠᠪᠬᠤᠷ ᠪᠠᠶᠢᠴᠠᠭᠠᠬᠤ︾᠎ ᠶᠢ ᠬᠦᠨᠵᠡᠭᠡᠶᠢᠷᠡᠬᠦᠯᠵᠦ᠂ ᠦᠨᠳᠤᠰᠤᠨ ᠪᠦᠳᠤᠭᠡᠨ ᠪᠠᠶᠢᠭᠤᠯᠤᠯᠳᠠ ᠶᠢᠨ ᠲᠦᠷᠦᠯ ᠵᠦᠢᠯ᠂ ᠲᠤᠮᠤ ᠲᠤᠭᠠᠨ ᠤ ᠪᠡᠯᠡ ᠮᠦᠩᠬᠦ ᠶᠢᠨ ᠵᠠᠷᠤᠴᠠᠭᠤᠯᠤᠯᠳᠠ ᠵᠡᠷᠭᠡ ᠠᠵᠦ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠎ ᠶᠢ ᠴᠢᠩᠭᠠᠳᠬᠠᠨ᠎ᠠ᠃ ᠲᠤᠭᠳᠠᠮᠠᠯ ᠬᠦᠷᠦᠩᠬᠡ ᠶᠢᠨ ᠬᠠᠮᠢᠶᠠᠷᠤᠯᠳᠠ ᠶᠢ ᠴᠢᠩᠭᠠᠳᠬᠠᠵᠦ᠂ ᠤᠯᠤᠰ ᠤᠨ ᠦᠮᠴᠢᠯᠡᠯ ᠎ ᠤᠨ ᠡᠳ᠋ ᠬᠦᠷᠦᠩᠭᠡ ᠶᠢᠨ ᠦᠷᠳᠡᠭ ᠪᠠᠳᠤᠯᠠᠬᠤ ᠦᠷᠳᠡᠭ ᠨᠡᠮᠡᠭᠳᠡᠭᠦᠯᠬᠦ ᠶᠢ ᠪᠠᠳᠤᠯᠠᠨ᠎ᠠ᠃ ᠵᠢᠷᠭᠤᠭ᠎ᠠ ᠳᠤ ᠪᠠᠶᠢᠭᠤᠯᠭ᠎ᠠ ᠶᠢᠨ ᠪᠠᠶᠢᠭᠤᠯᠤᠯᠳᠠ ᠶᠢ ᠴᠢᠩᠭᠠᠳᠬᠠᠨ᠎ᠠ᠃  ᠶᠠᠰᠤ ᠴᠢᠨᠠᠷ ᠤᠨ ᠬᠠᠮᠢᠶᠠᠷᠤᠯᠳᠠ ᠶᠢᠨ ᠰᠢᠰᠲ᠋ᠧᠮ ᠪᠤᠯᠤᠨ ᠠᠵᠢᠯ ᠤᠨ ᠠᠮᠵᠢᠯᠳᠠ ᠶᠢᠨ ᠬᠢᠨᠠᠨ ᠰᠢᠯᠭᠠᠬᠤ ᠠᠭᠤᠯᠭ᠎ᠠ ᠶᠢ ᠳᠡᠭᠦᠯᠳᠡᠷᠵᠢᠭᠦᠯᠵᠦ᠂ ᠬᠡᠷᠡᠭᠵᠢᠭᠦᠯᠬᠦ ᠬᠦᠴᠤᠨ ᠪᠠ ᠠᠵᠢᠯ ᠤᠨ ᠦᠷ᠎ᠡ ᠪᠦᠳᠤᠮᠵᠢ ᠶᠢ ᠳᠡᠭᠡᠭᠰᠢᠯᠡᠭᠦᠯᠦᠨ᠎ᠠ᠃ ᠤᠷᠤᠨ ᠤ ᠲᠤᠪᠴᠢᠶ᠎ᠠ ᠶᠢᠨ ᠪᠠᠶᠢᠭᠤᠯᠭ᠎ᠠ ᠶᠢᠨ ᠡᠷᠭᠡ ᠴᠢᠳᠠᠪᠤᠷᠢ᠂ ᠪᠠᠶᠢᠭᠤᠯᠤᠮᠵᠢ᠂ ᠠᠵᠢᠯᠳᠠᠨ ᠤ ᠰᠢᠯᠢᠳᠡᠭᠵᠢᠭᠦᠯᠬᠦ ᠪᠠᠶᠢᠷᠢᠯᠠᠭᠤᠯᠤᠯᠳᠠ ᠶᠢ ᠱᠠᠯᠠᠪᠬᠠᠨ ᠬᠢᠵᠦ᠂ ᠡᠷᠬᠡ ᠴᠢᠳᠠᠪᠤᠷᠢ ᠶᠢᠨ ᠨᠡᠶᠢᠯᠡᠬᠦᠯᠦᠯᠳᠠ ᠶᠢᠨ ᠠᠵᠢᠯ ᠢ ᠲᠦᠷᠭᠡᠳᠬᠡᠵᠦ᠂ ᠰᠢᠯᠤᠭᠤᠳᠬᠠᠵᠦ ᠪᠤᠯᠬᠤ ᠶᠢ ᠨᠢ ᠠᠯᠢ  ᠲᠦᠷᠭᠡᠨ ᠢᠶᠠᠷ ᠰᠢᠯᠤᠭᠤᠳᠬᠠᠵᠦ᠂ ᠲᠦᠷ ᠴᠠᠭ ᠰᠢᠯᠤᠭᠤᠳᠬᠠᠵᠦ ᠳᠡᠶᠢᠯᠬᠦ ᠦᠬᠡᠢ ᠳᠤ ᠨᠢ ᠴᠤ ᠵᠤᠬᠢᠴᠠᠭᠤᠯᠬᠤ ᠲᠤᠭᠳᠠᠴᠠ ᠶᠢ ᠪᠠᠶᠢᠭᠤᠯᠤᠨ᠎ᠠ᠃      ﹇ᠬᠦᠳᠤᠯᠦᠭᠴᠢ﹈ ᠵᠠ ᠰᠠᠶᠢᠨ ᠪᠤᠯᠤᠯ᠎ᠠ᠂ ᠭᠤᠤ ᠳᠠᠷᠤᠭ᠎ᠠ ᠶᠢᠨ ᠬᠠᠯᠠᠰᠢᠷᠠᠯ ᠦᠬᠡᠢ ᠲᠠᠶᠢᠯᠪᠤᠷᠢᠯᠠᠭᠰᠠᠨ ᠳᠤ ᠲᠠᠯᠠᠷᠬᠠᠵᠦ ᠪᠠᠶᠢᠨ᠎ᠠ᠂ ᠮᠦᠨᠴᠤ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠯ᠎ᠠ︕ ᠡᠨᠡ ᠤᠳᠠᠭᠠᠨ ᠤ ᠰᠤᠷᠪᠤᠯᠵᠢᠯᠠᠭ᠎ᠠ ᠠᠳᠡ ᠬᠦᠷᠦᠬᠡᠳ ᠲᠡᠭᠦᠰᠤᠯ᠎ᠠ᠂ ᠲᠠᠷᠠᠭᠠᠴᠢ ᠎ ᠶᠢᠨ ᠫᠷᠦᠭᠷᠡᠮ ᠢᠶᠠᠷ ᠪᠠᠶᠠᠷᠲᠠᠢ ᠵᠤᠯᠭᠠᠶ᠎ᠠ︕      
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map