ᠬᠦᠳᠡᠭᠡ ᠲᠤᠰᠬᠤᠨ ᠤ ᠡᠵᠡᠩᠨᠡᠯᠳᠡ ᠶᠢᠨ ᠭᠤᠤᠯ ᠴᠤᠭᠴᠠ ᠶᠢ ᠳᠦᠷᠭᠡᠳᠭᠡᠨ ᠪᠤᠶᠢᠵᠢᠭᠤᠯᠬᠤ ᠶᠢ ᠭᠡᠷᠬᠢᠨ ᠤᠢᠢᠯᠠᠭᠠᠬᠤ ᠪᠤᠢ︖
ᠨᠡᠶᠢᠲᠡᠯᠡᠭᠰᠡᠨ ᠴᠠᠭ᠄
2015/3/26
ᠭ᠊‍ᠦ᠋ᠳᠡᠭᠡ ᠲᠤᠰᠬᠤᠨ ᠤ ᠡᠵᠡᠩᠨᠡᠯᠳᠡ ᠶᠢᠨ ᠭᠤᠤᠯ ᠴᠤᠭᠴᠠ ᠶᠢ ᠳᠦᠷᠭᠡᠳᠭᠡᠨ ᠪᠤᠶᠢᠵᠢᠭᠤᠯᠬᠤ ᠶᠢ ᠭᠡᠷᠬᠢᠨ ᠤᠢᠢᠯᠠᠭᠠᠬᠤ ᠪᠤᠢ︖       — — ︽ᠬᠦᠳᠡᠭᠡ ᠳᠤᠰᠬᠤᠨ ᠤ ᠭᠠᠵᠠᠷ ᠰᠢᠷᠦᠢ ᠶᠢᠨ ᠡᠵᠡᠩᠨᠡᠯᠳᠡ ᠶᠢᠨ ᠡᠷᠭᠡ ᠶᠢ ᠡᠮᠬᠢ ᠲᠢᠭᠯᠢᠮ ᠲᠠᠢ ᠰᠢᠯᠵᠢᠬᠦᠯᠬᠦ ᠶᠢ ᠬᠦᠳᠦᠯᠦᠨ ᠵᠢᠯᠤᠭᠤᠳᠴᠤ ᠲᠠᠷᠢᠶᠠᠯᠠᠩ ᠤᠨ ᠵᠤᠬᠢᠬᠤ ᠭᠡᠪᠴᠢᠶᠡᠳᠦ ᠡᠵᠡᠩᠨᠡᠯᠲᠡ ᠶᠢ ᠬᠦᠭᠵᠢᠬᠦᠯᠬᠦ ᠳᠤᠬᠠᠢ ᠰᠠᠨᠠᠯ︾᠎ ᠤᠨ ᠳᠠᠶᠢᠯᠦᠮᠵᠢ ︵ᠨᠢᠬᠡ︶                                             ᠲᠤᠰ ᠰᠣᠨᠢᠨ ᠤ ᠰᠣᠷᠪᠤᠯᠵᠢᠯᠠᠭᠴᠢ ᠰᠢᠯᠢᠨᠭᠡᠷᠡᠯ      ᠤᠢᠢᠷ᠎ᠠ ᠳᠤ ᠨᠠᠮ ᠤᠨ ᠲᠦᠪ ᠬᠤᠷᠢᠶ᠎ᠠ ᠪᠤᠯᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠬᠦᠳᠡᠭᠡ ᠳᠤᠰᠬᠤᠨ ᠤ ᠭᠠᠵᠠᠷ ᠰᠢᠷᠦᠢ ᠶᠢᠨ ᠡᠵᠡᠩᠨᠡᠯᠳᠡ ᠶᠢᠨ ᠡᠷᠭᠡ ᠶᠢ ᠡᠮᠬᠢ ᠲᠢᠭᠯᠢᠮ ᠲᠠᠢ ᠰᠢᠯᠵᠢᠬᠦᠯᠬᠦ ᠶᠢ ᠬᠦᠳᠦᠯᠦᠨ ᠵᠢᠯᠤᠭᠤᠳᠴᠤ ᠲᠠᠷᠢᠶᠠᠯᠠᠩ ᠤᠨ ᠵᠤᠬᠢᠬᠤ ᠭᠡᠪᠴᠢᠶᠡᠳᠦ ᠡᠵᠡᠩᠨᠡᠯᠲᠡ ᠶᠢ ᠬᠦᠭᠵᠢᠬᠦᠯᠬᠦ ᠳᠤᠬᠠᠢ ᠰᠠᠨᠠᠯ︾ ︵ᠲᠤᠤᠷ᠎ᠠ ︽ᠰᠠᠨᠠᠯ︾ ᠬᠡᠵᠤ ᠲᠦᠬᠦᠮᠴᠢᠯᠡᠶ᠎ᠠ︶᠎ ᠢ ᠳᠠᠷᠤᠮᠠᠯᠯᠠᠨ ᠲᠠᠷᠬᠠᠭᠠᠵᠤ᠂ ︽ᠰᠢᠨ᠎ᠠ ᠮᠠᠶ᠋ᠢᠭ ᠎ ᠤᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠠ ᠶᠢ ᠳᠦᠷᠭᠡᠳᠭᠡᠨ ᠪᠠᠶᠢᠭᠤᠯᠤᠨ᠎ᠠ︾ ᠬᠡᠵᠤ ᠲᠤᠷᠠᠳᠴᠠᠢ᠃ ᠲᠠᠬᠡᠪᠡᠯ ᠮᠠᠨ ᠤ ᠤᠷᠤᠨ ᠪᠤᠳᠠᠳᠤ ᠪᠠᠶᠢᠳᠠᠯ ᠳᠠᠭᠠᠨ ᠵᠤᠬᠢᠴᠠᠭᠤᠯᠤᠨ ᠰᠢᠨ᠎ᠠ ᠮᠠᠶ᠋ᠢᠭ ᠤᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠠ ᠶᠢᠨ ᠪᠠᠶᠢᠭᠤᠯᠤᠯᠳᠠ ᠶᠢ ᠬᠡᠷᠬᠢᠨ ᠲᠦᠷᠬᠡᠳᠬᠡᠬᠦ ᠪᠤᠢ︖ ᠪᠠᠶᠢᠭᠤᠯᠤᠯᠳᠠ ᠶᠢᠨ ᠶᠠᠪᠤᠴᠠ ᠳᠤ ᠶᠠᠭᠤ ᠶᠢ ᠠᠩᠬᠠᠷᠬᠤ ᠴᠢᠬᠤᠯᠠᠳᠠᠢ ᠪᠤᠢ︖ ᠡᠳᠡᠬᠡᠷ ᠠᠰᠠᠭᠤᠯᠳᠠ ᠶᠢ ᠡᠪᠤᠷᠯᠡᠨ ᠰᠤᠷᠪᠤᠯᠵᠢᠯᠠᠭᠴᠢ ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠡᠶᠢᠬᠡᠮ ᠤᠨ ᠰᠤᠳᠤᠯᠭᠠᠨ ᠤ ᠭᠠᠵᠠᠷ ᠎ ᠤᠨ ᠳᠡᠳ᠋ ᠳᠠᠷᠤᠭ᠎ᠠ᠂ ᠰᠤᠳᠤᠯᠤᠭᠴᠢ ᠤᠷᠤᠨᠴᠢ ᠭᠤᠸᠠᠢ ᠶᠢ ᠰᠤᠷᠪᠤᠯᠵᠢᠯᠠᠵᠤ᠂ ᠬᠠᠷᠢᠭᠤᠯᠳᠠ ᠤᠯᠬᠤ ᠶᠢ ᠵᠤᠷᠢᠯ᠎ᠠ᠃       ᠰᠤᠷᠪᠤᠯᠵᠢᠯᠠᠭᠴᠢ᠄ ︽ᠰᠠᠨᠠᠯ︾᠎ ᠳᠤ ︽ᠭᠡᠷ ᠪᠦᠯᠢ ᠶᠢᠨ ᠡᠵᠡᠩᠨᠡᠯᠳᠡ ᠶᠢᠨ ᠰᠠᠭᠤᠷᠢ ᠦᠢᠯᠡᠳᠦᠯ ᠢ ᠪᠠᠳᠠᠷᠠᠭᠤᠯᠤᠨ᠎ᠠ︾ ᠭᠡᠰᠡᠨ ᠪᠠᠶᠢᠨ᠎ᠠ᠃ ᠡᠨᠡ ᠲᠠᠯ᠎ᠠ ᠪᠠᠷ ᠶᠠᠭᠤ ᠶᠢ ᠠᠩᠬᠠᠷᠬᠤ ᠴᠢᠬᠤᠯᠠᠳᠠᠢ ᠪᠤᠢ︖      ᠤᠷᠤᠨᠴᠢ᠄ ᠤᠳᠤᠬᠠᠨ ᠳᠤ ᠮᠠᠨ ᠤ ᠤᠷᠤᠨ ᠮᠠᠯᠵᠢᠬᠤ ᠲᠠᠷᠢᠶᠠᠯᠠᠬᠤ ᠤᠷᠤᠨ ᠤ ᠭᠡᠷ ᠪᠦᠯᠢ ᠶᠢᠨ ᠡᠵᠡᠩᠨᠡᠯᠳᠡ ᠶᠢᠨ ᠰᠠᠭᠤᠷᠢᠨ ᠳᠡᠭᠡᠷ᠎ᠠ ᠭᠡᠪᠴᠢᠶ᠎ᠠ ᠶᠢ ᠨᠢ ᠦᠷᠭᠡᠳᠭᠡᠡ᠂ ᠤᠳᠤ ᠦᠶ᠎ᠠ ᠶᠢᠨ ᠮᠠᠯ ᠠᠵᠦ ᠠᠬᠤᠢ ᠲᠠᠷᠢᠶᠠᠯᠠᠩ ᠢ ᠬᠦᠴᠦᠯᠡᠨ ᠬᠦᠭᠵᠢᠬᠦᠯᠵᠤ ᠪᠤᠢ᠃ ᠶᠠᠭᠤᠨ ᠤ ᠡᠮᠤᠨ᠎ᠠ ︽ᠰᠠᠨᠠᠯ︾᠎ ᠳᠤ ᠳᠤᠷᠠᠳᠤᠭᠰᠠᠨ ︽ᠳᠤᠰᠬᠠᠢᠢᠵᠢᠭᠰᠠᠨ᠂ ᠡᠷᠴᠢᠮᠵᠢᠭᠰᠡᠨ ᠲᠠᠷᠢᠶᠠᠯᠠᠩ ᠦᠢᠯᠡᠳᠪᠦᠷᠢᠯᠡᠯ ᠡᠷᠬᠢᠯᠡᠳᠡᠭ ᠭᠡᠷ ᠪᠦᠯᠢ ᠶᠢᠨ ᠲᠠᠷᠢᠶᠠᠯᠠᠩ ᠤᠨ ᠳᠠᠯᠠᠪᠠᠢ ᠶᠢ ᠭᠤᠤᠯᠳᠠᠯᠭ᠎ᠠ ᠲᠠᠢ ᠪᠤᠶᠢᠵᠢᠭᠤᠯᠬᠤ︾ ᠭᠡᠳᠡᠭ ᠤᠨ ᠪᠠᠷᠢᠮᠵᠢᠶ᠎ᠠ ᠶᠢ ᠳᠤᠳᠤᠷᠬᠠᠢᠢᠯᠠᠬᠤ ᠭᠡᠷᠡᠭᠳᠡᠢ᠃ ᠭᠠᠵᠠᠷ ᠤᠷᠤᠨ ᠤ ᠡᠬᠢ ᠪᠠᠶᠠᠯᠢᠭ ᠤᠨ ᠪᠠᠶᠢᠷᠢᠰᠢᠭᠤᠯᠤᠯᠳᠠ ᠶᠢᠨ ᠠᠳᠠᠯᠢ ᠪᠤᠰᠤ ᠶᠢ ᠦᠨᠳᠤᠰᠤᠯᠡᠨ ᠶᠠᠮᠠᠷ ᠪᠠᠷᠢᠮᠵᠢᠶ᠎ᠠ ᠎ ᠳᠤ ᠬᠦᠷᠬᠡᠬᠦ ᠭᠡᠷ ᠪᠦᠯᠢ ᠶᠢᠨ ᠮᠠᠯᠵᠢᠯ ᠤᠨ ᠳᠠᠯᠠᠪᠠᠢ ᠪᠤᠯᠤᠨ ᠲᠠᠷᠢᠶᠠᠯᠠᠩ ᠤᠨ ᠳᠠᠯᠠᠪᠠᠢ ᠶᠢ ︽ᠨᠠᠷᠠᠰ ᠤᠨ ᠭᠠᠷᠴᠠᠭ︾᠎ ᠲᠤ ᠤᠷᠤᠭᠤᠯᠬᠤ ᠠᠵᠢᠯ ᠢ ᠨᠠᠷᠢᠯᠢᠭ ᠬᠢᠬᠦ ᠴᠢᠬᠤᠯᠠᠳᠠᠢ᠃ ᠭᠡᠳᠦᠢ ᠭᠡᠪᠴᠢᠶ᠎ᠠ ᠲᠠᠢ ᠶᠢ ᠨᠢ ᠭᠡᠪᠴᠢᠶᠡᠵᠢᠭᠰᠡᠨ ᠭᠡᠵᠦ ᠳᠤᠭᠳᠠᠭᠠᠬᠤ ᠳᠤᠬᠠᠢ ᠤᠷᠤᠨ ᠨᠤᠳᠤᠭ ᠤᠨ ᠵᠠᠰᠠᠭ ᠤᠨ ᠤᠷᠳᠤᠨ ᠵᠢᠴᠢ ᠮᠠᠯᠴᠢᠨ ᠲᠠᠷᠢᠶᠠᠴᠢᠨ ᠬᠠᠮᠳᠤ ᠪᠠᠷ ᠶᠠᠷᠢᠯᠴᠠᠨ ᠵᠦᠪᠳᠡᠯᠴᠡᠬᠦ ᠴᠢᠬᠤᠯᠠᠳᠠᠢ ᠶᠤᠮ᠃ ᠡᠬᠦᠨ ᠳᠤ ᠪᠠᠰᠠ ᠬᠢᠨᠠᠨ ᠬᠠᠮᠢᠶᠠᠷᠬᠤ ᠪᠠᠶᠢᠭᠤᠯᠤᠮᠵᠢ ᠶᠢ ᠪᠦᠷᠢᠨᠰᠢᠬᠦᠯᠵᠦ᠂ ᠳᠦᠪ ᠭᠤᠤᠯᠴᠢ ᠪᠠᠷ ᠰᠢᠯᠭᠠᠨ ᠳᠤᠭᠳᠠᠭᠠᠬᠤ ᠶᠢᠨ ᠬᠠᠮᠳᠤ ᠢᠯᠡ ᠪᠠᠷ ᠨᠡᠶᠢᠳᠡᠯᠡᠪᠡᠯ ᠰᠠᠶᠢᠨ᠃       ᠰᠤᠷᠪᠤᠯᠵᠢᠯᠠᠭᠴᠢ᠄ ᠮᠠᠯᠵᠢᠬᠤ ᠤᠷᠤᠨ ᠳᠤ ᠬᠠᠮᠳᠤ ᠶᠢᠨ ᠡᠵᠡᠩᠨᠡᠯᠳᠡ ᠶᠢᠨ ᠰᠢᠨ᠎ᠠ ᠬᠡᠯᠪᠡᠷᠢ ᠶᠢ ᠰᠦᠪᠡᠭᠴᠢᠯᠡᠬᠦ ᠳᠤ ᠶᠠᠭᠤ ᠶᠢ ᠴᠡᠬᠡᠷᠯᠡᠬᠦ ᠪᠤᠢ︖      ᠤᠷᠤᠨᠴᠢ᠄ ᠰᠢᠨ᠎ᠠ ᠡᠵᠡᠩᠨᠡᠯᠳᠡ ᠶᠢᠨ ᠭᠤᠤᠯ ᠴᠤᠭᠴᠠ ᠶᠢ ᠪᠠᠶᠢᠭᠤᠯᠬᠤ ᠭᠡᠳᠡᠭ ᠨᠢ ᠬᠠᠮᠤᠭ ᠶᠡᠭᠡ ᠬᠠᠤᠯᠢ ᠴᠠᠭᠠᠵᠠ ᠶᠢᠨ ᠭᠤᠤᠯ ᠴᠤᠭᠴᠠ ᠶᠢ ᠪᠠᠶᠢᠭᠤᠯᠬᠤ ᠶᠠᠪᠤᠳᠠᠯ ᠮᠦᠨ᠃ ᠵᠢᠱᠢᠶᠡᠯᠡᠪᠡᠯ ᠮᠠᠯᠴᠢᠨ ᠲᠠᠷᠢᠶᠠᠴᠢᠨ ᠤ ᠪᠠᠶᠢᠭᠤᠯᠤᠭᠰᠠᠨ ᠬᠤᠷᠰᠢᠶ᠎ᠠ ᠪᠤᠯ ᠳᠠᠷᠤᠢ ᠬᠠᠤᠯᠢ ᠶᠢᠨ ᠡᠷᠭᠡᠳᠡᠨ ᠢᠶᠠᠷ ᠭᠤᠤᠯ ᠴᠤᠭᠴᠠ ᠪᠤᠯᠭᠠᠭᠰᠠᠨ ᠨᠡᠶᠢᠳᠡ ᠶᠢᠨ ᠦᠮᠴᠢᠯᠡᠯ ᠤᠨ ᠵᠤᠬᠢᠶᠠᠨ ᠪᠠᠶᠢᠭᠤᠯᠤᠯᠳᠠ ᠶᠢᠨ ᠭᠡᠯᠪᠡᠷᠢ ᠪᠠᠷ ᠤᠷᠤᠰᠢᠵᠦ ᠪᠤᠢ᠃ ᠡᠨᠡ ᠪᠤᠯ ᠨᠢᠬᠡ ᠵᠦᠢᠯ ᠤᠨ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠪᠠᠶᠢᠭ᠎ᠠ᠃ ︽ᠰᠠᠨᠠᠯ︾᠎ ᠳᠤ ︽ᠨᠦᠬᠦᠴᠡᠯ ᠲᠠᠢ ᠭᠠᠵᠠᠷ ᠤᠷᠤᠨ ᠨᠢ ᠲᠠᠷᠢᠶᠠᠴᠢᠳ ᠤᠨ ᠬᠦᠰᠡᠯ ᠢ ᠦᠨᠳᠦᠰᠦᠯᠡᠨ ᠲᠠᠷᠢᠶᠠᠨ ᠭᠠᠵᠠᠷ ᠢ ᠨᠢᠬᠡᠳᠦᠯᠳᠡᠢ ᠵᠠᠯᠭᠠᠯᠳᠤᠭᠤᠯᠤᠨ ᠳᠡᠭᠰᠢᠯᠡᠨ ᠵᠠᠰᠠᠵᠦ᠂ ᠭᠠᠵᠠᠷ ᠰᠢᠷᠦᠢ ᠶᠢ ᠬᠤᠪᠢ ᠪᠠᠷ ᠨᠤᠭᠤᠯᠤᠨ ᠬᠡᠮᠵᠢᠶᠡᠯᠡᠵᠦ᠂ ᠡᠷᠭᠡ ᠶᠢ ᠡᠷᠦᠬᠡ ᠳᠤ ᠳᠤᠳᠤᠷᠬᠠᠢᠢᠯᠠᠨ᠂ ᠡᠵᠡᠩᠨᠡᠯᠳᠡ ᠠᠴᠠ ᠤᠯᠤᠭᠰᠠᠨ ᠠᠰᠢᠬ ᠤᠷᠤᠯᠭ᠎ᠠ ᠪᠠᠨ ᠤᠷᠤᠭᠤᠯᠤᠭᠰᠠᠨ ᠬᠤᠪᠢ ᠶᠤᠰᠤᠭᠠᠷ ᠬᠤᠪᠢᠶᠠᠷᠢᠯᠠᠵᠦ ᠪᠤᠯᠤᠨ᠎ᠠ ᠁︾ ᠭᠡᠵᠦ ᠪᠤᠢ᠃ ᠲᠠᠬᠡᠭᠰᠡᠬᠡᠷ ᠮᠠᠨ ᠤ ᠮᠠᠯᠵᠢᠬᠤ ᠤᠷᠤᠨ ᠳᠤ ᠨᠤᠳᠤᠭ ᠪᠡᠯᠴᠢᠬᠡᠷ ᠢᠶᠠᠨ ᠭᠡᠷᠬᠢᠨ ᠬᠡᠮᠵᠢᠶᠡᠯᠡᠬᠦ ᠪᠤᠢ ᠭᠡᠬᠦ ᠠᠰᠠᠭᠤᠳᠠᠯ ᠲᠤᠷᠠᠳᠤᠭᠳᠠᠬᠤ ᠨᠢ ᠵᠠᠶᠢᠯᠠᠰᠢ ᠦᠬᠡᠢ᠃ ᠲᠠᠷᠢᠶᠠᠨ ᠭᠠᠵᠠᠷ ᠢ ᠬᠡᠮᠵᠢᠶᠡᠯᠡᠬᠦ ᠳᠤ ᠬᠠᠷᠢᠴᠠᠩᠭᠤᠢ ᠪᠠᠷ ᠬᠢᠯᠪᠡᠷ ᠰᠢᠬ ᠪᠠᠶᠢᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠤᠭᠳᠠᠭᠠᠬᠤ ᠳᠤ ᠴᠦ ᠬᠢᠯᠪᠡᠷ ᠪᠠᠶᠢᠳᠠᠭ ᠶᠤᠮ᠃ ᠮᠠᠯ ᠤᠨ ᠪᠡᠯᠴᠢᠬᠡᠷ ᠬᠠᠷᠢᠨ ᠪᠠᠶᠢᠭᠠᠯᠢ ᠶᠢᠨ ᠤᠷᠴᠢᠨ ᠠᠬᠤᠢ ᠪᠠ ᠠᠭᠤᠷ ᠠᠮᠢᠰᠬᠤᠯ ᠳᠤ ᠶᠡᠭᠡ ᠨᠦᠯᠦᠬᠡᠯᠡᠭᠳᠡᠳᠡᠭ ᠪᠤᠯᠬᠤᠷ ᠨᠤᠳᠤᠭ ᠪᠡᠯᠴᠢᠬᠡᠷ ᠢ ᠬᠡᠮᠵᠢᠶᠡᠯᠡᠬᠦ ᠦᠨ᠎ᠠ ᠬᠠᠩᠰᠢ ᠮᠠᠰᠢ ᠳᠤᠭᠳᠠᠪᠤᠷᠢ ᠦᠬᠡᠢ᠂ ᠰᠢᠯᠵᠢᠯᠳᠡ ᠶᠢᠨ ᠬᠤᠭᠤᠴᠠᠭ᠎ᠠ ᠤᠬᠤᠷ ᠪᠠᠶᠢᠵᠦ᠂ ᠮᠠᠯᠴᠢᠳ ᠴᠤ ᠨᠤᠳᠤᠭ ᠪᠡᠯᠴᠢᠬᠡᠷ ᠤᠨ ᠡᠵᠡᠩᠨᠡᠯᠳᠡ ᠶᠢᠨ ᠡᠷᠬᠡ ᠪᠠᠨ ᠤᠷᠳᠤ ᠬᠤᠭᠤᠴᠠᠭ᠎ᠠ ᠪᠠᠷ ᠰᠢᠯᠵᠢᠬᠦᠯᠬᠦ ᠳᠤᠷ᠎ᠠ ᠦᠬᠡᠢ ᠪᠠᠶᠢᠳᠠᠭ᠃ ᠡᠶᠢᠮᠤ ᠪᠤᠯᠬᠤᠷ ᠲᠠᠷᠢᠶᠠᠨ ᠭᠠᠵᠠᠷ ᠤᠨ ᠡᠵᠡᠩᠨᠡᠯᠳᠡ ᠶᠢᠨ ᠡᠷᠬᠡ ᠶᠢᠨ ᠰᠢᠯᠵᠢᠬᠦᠯᠦᠯᠳᠡ ᠶᠢ ᠮᠠᠯᠵᠢᠬᠤ ᠤᠷᠤᠨ ᠳᠤ ᠦᠬᠦᠮᠡᠯ ᠢᠶᠠᠷ ᠳᠠᠭᠤᠷᠢᠶᠠᠨ ᠬᠡᠷᠡᠭᠵᠢᠬᠦᠯᠬᠦ ᠶᠢ ᠴᠡᠬᠡᠷᠯᠡᠬᠦ ᠬᠡᠷᠡᠭᠳᠠᠢ᠃      ᠰᠤᠷᠪᠤᠯᠵᠢᠯᠠᠭᠴᠢ᠄ ᠳᠡᠭᠡᠪᠡᠯ ᠡᠬᠦᠨ ᠢ ᠦᠷᠳᠡᠭᠯᠡᠬᠦ ᠲᠤᠬᠢᠳᠠᠢ ᠠᠷᠭ᠎ᠠ ᠬᠡᠮᠵᠢᠶ᠎ᠠ ᠪᠠᠶᠢᠬᠤ ᠤᠤ︖       ᠤᠷᠤᠨᠴᠢ᠄ ᠮᠠᠯᠴᠢᠳ ᠤᠨ ᠮᠠᠯ ᠤᠨᠤᠭ᠎ᠠ ᠶᠢ ᠬᠡᠮᠵᠢᠶᠡᠯᠡᠵᠦ ᠳᠡᠶᠢᠯᠬᠦ ᠪᠢᠰᠢᠤ︕ ᠤᠤᠯ ᠤᠨ ᠪᠠᠷᠢᠭᠠᠳᠠ ᠨᠢᠬᠡᠲᠦᠯ ᠤᠨ ᠦᠶᠡᠰ ᠲᠤ ᠮᠠᠯ ᠤᠨᠤᠭ᠎ᠠ ᠪᠠᠷ ᠬᠤᠪᠢ ᠤᠷᠤᠭᠤᠯᠵᠦ ᠪᠠᠶᠢᠭᠰᠠᠨ ᠠᠮᠵᠢᠯᠳᠠ ᠲᠠᠢ ᠵᠢᠱᠢᠶ᠎ᠠ ᠤᠯᠠᠨ ᠪᠠᠶᠢᠭᠰᠠᠨ ᠳᠤᠯᠠ ᠡᠬᠦᠨ ᠢᠶᠠᠷ ᠯᠠᠪᠯᠠᠯᠳᠠ ᠪᠤᠯᠭᠠᠵᠦ ᠴᠤ ᠪᠤᠯᠤᠨ᠎ᠠ᠃ ᠨᠤᠳᠤᠭ ᠪᠡᠯᠴᠢᠬᠡᠷ ᠤᠨ ᠬᠡᠮᠵᠢᠶᠡᠯᠡᠯᠳᠡ ᠨᠢ ᠨᠡᠩ ᠠᠮᠢᠳᠤᠯᠢᠭ ᠪᠤᠳᠠᠳᠠᠢ ᠠᠷᠭ᠎ᠠ ᠬᠡᠮᠵᠢᠶ᠎ᠠ ᠶᠢ ᠱᠠᠭᠠᠷᠳᠠᠳᠠᠭ᠃ ᠡᠬᠦᠨ ᠢ ᠪᠤᠳᠠᠳᠠᠶᠢᠵᠢᠭᠤᠯᠬᠤ ᠎ ᠳᠤ ᠮᠠᠯᠵᠢᠬᠤ ᠤᠷᠤᠨ ᠤ ᠦᠪᠡᠷ ᠤᠨ ᠬᠢᠨᠢ ᠦᠪᠡᠷᠮᠢᠴᠡ ᠮᠡᠷᠭᠡᠵᠢᠯ ᠤᠨ ᠡᠯᠧᠮᠧᠨ᠋ᠲ ᠢ ᠬᠦᠨᠳᠦᠳᠭᠡᠵᠦ᠂ ᠠᠰᠢᠬ ᠳᠤᠰᠠ ᠶᠢ ᠬᠤᠪᠢᠶᠠᠷᠢᠯᠠᠬᠤ ᠬᠠᠷᠢᠴᠠᠯ ᠢ ᠬᠦᠢᠴᠡᠳ ᠪᠤᠳᠤᠯᠬᠢᠯᠠᠪᠠᠯ ᠵᠤᠬᠢᠨ᠎ᠠ᠃      ᠰᠤᠷᠪᠤᠯᠵᠢᠯᠠᠭᠴᠢ᠄ ︽ᠰᠠᠨᠠᠯ︾᠎ ᠳᠤ ᠪᠠᠰᠠ ︽ᠲᠠᠷᠢᠶᠠᠴᠢᠨ ᠡᠷᠦᠬᠡ ᠶᠢᠨ ᠬᠤᠭᠤᠷᠤᠨᠳᠤᠬᠢ ᠬᠠᠮᠳᠤᠷᠠᠭᠰᠠᠨ ᠡᠵᠡᠩᠨᠡᠯᠳᠡ ᠶᠢ ᠳᠦᠷᠭᠡᠳᠭᠡᠨ ᠬᠦᠭᠵᠢᠬᠦᠯᠦᠨ᠎ᠠ︾ ᠬᠡᠮᠡᠨ ᠲᠤᠷᠠᠳᠴᠦ᠂ ᠬᠦᠳᠡᠭᠡ ᠳᠤᠰᠬᠤᠨ ᠤ ᠬᠤᠷᠰᠢᠭᠰᠠᠨ ᠮᠦᠩᠬᠦᠨ ᠬᠦᠢᠯᠬᠡᠬᠡ ᠶᠢ ᠪᠤᠶᠢᠵᠢᠭᠤᠯᠤᠨ ᠬᠦᠭᠵᠢᠬᠦᠯᠵᠤ᠂ ᠳᠠᠷᠢᠶᠠᠴᠢᠳ ᠤᠨ ᠳᠤᠰᠬᠠᠢ ᠬᠤᠷᠰᠢᠶ᠎ᠠ ᠶᠢᠨ ᠬᠤᠯᠪᠤᠭᠠᠳᠤ ᠬᠤᠷᠰᠢᠶ᠎ᠠ ᠶᠢ ᠬᠦᠭᠵᠢᠬᠦᠯᠬᠦ ᠶᠢ ᠬᠦᠳᠦᠯᠦᠨ ᠵᠢᠯᠤᠭᠤᠳᠬᠤ ᠭᠡᠷᠡᠭᠳᠡᠢ ᠭᠡᠬᠦ ᠮᠡᠳᠦ ᠪᠠᠷ ᠱᠠᠭᠠᠷᠳᠠᠯ᠎ᠠ᠃ ᠡᠨᠡ ᠲᠤᠬᠠᠢ ᠦᠵᠡᠯᠳᠡ ᠪᠠᠨ ᠶᠠᠷᠢᠬᠤ ᠤᠤ︖      ᠤᠷᠤᠨᠴᠢ᠄ ᠮᠠᠨ ᠤ ᠮᠠᠯᠵᠢᠬᠤ ᠤᠷᠤᠨ ᠳᠤ ᠲᠠᠩ ᠭᠠᠭᠴᠠ ᠪᠡᠶ᠎ᠠ ᠪᠠᠨ ᠳᠠᠭᠠᠭᠠᠨ ᠮᠠᠯ ᠠᠵᠤ ᠠᠬᠤᠢ ᠡᠷᠬᠢᠯᠡᠵᠦ ᠪᠠᠶᠢᠭ᠎ᠠ ᠮᠠᠯᠴᠢᠨ ᠵᠤᠩᠬᠢᠯᠠᠬᠤ ᠳᠤᠭ᠎ᠠ ᠶᠢ ᠡᠵᠡᠯᠡᠵᠤ᠂ ᠮᠠᠯᠴᠢᠳ ᠤᠨ ᠳᠤᠰᠬᠠᠢ ᠬᠤᠷᠰᠢᠶ᠎ᠠ ᠭᠠᠭᠴᠠᠭᠠᠷ ᠢᠶᠠᠨ ᠵᠠᠬ᠎ᠠ ᠳᠡᠯᠭᠡᠬᠦᠷ ᠲᠤ ᠴᠡᠷᠢᠭᠯᠡᠬᠦ ᠭᠡᠭᠴᠢ ᠮᠠᠰᠢ ᠬᠦᠴᠢᠷᠳᠡᠢ ᠶᠤᠮ᠃ ᠡᠨᠡ ᠲᠠᠯ᠎ᠠ ᠪᠠᠷ ︽ᠰᠠᠨᠠᠯ︾ ᠎ ᠳᠤ ᠮᠠᠰᠢ ᠤᠯᠠᠨ ᠳᠦᠷᠦ ᠶᠢᠨ ᠪᠤᠳᠤᠯᠭ᠎ᠠ ᠶᠢᠨ ᠳᠡᠮᠵᠢᠯᠬᠡ ᠦᠵᠡᠬᠦᠯᠬᠦ ᠶᠢ ᠲᠤᠷᠠᠳᠴᠠᠢ᠃ ᠡᠨᠡ ᠨᠢ ᠮᠠᠯᠴᠢᠳ ᠤᠨ ᠳᠤᠰᠬᠠᠢ ᠬᠤᠷᠰᠢᠶ᠎ᠠ ᠨᠤᠭᠤᠳ ᠲᠤ ᠬᠤᠯᠪᠤᠭᠠᠳᠤ ᠬᠤᠷᠰᠢᠶ᠎ᠠ ᠪᠠᠶᠢᠭᠤᠯᠤᠨ ᠵᠠᠬ᠎ᠠ ᠳᠡᠯᠭᠡᠬᠦᠷ ᠲᠤ ᠴᠡᠷᠢᠭᠯᠡᠬᠦ ᠬᠤᠪᠤᠷ ᠨᠠᠨᠳᠢᠨ ᠠᠵᠠ ᠲᠤᠬᠢᠶᠠᠯ ᠢ ᠤᠯᠭᠤᠪᠠ᠃ ᠡᠨᠡ ᠲᠠᠯ᠎ᠠ ᠶᠢᠨ ᠠᠵᠢᠯ ᠢ ᠭᠠᠭᠴᠠ ᠵᠠᠰᠠᠭ ᠤᠨ ᠤᠷᠳᠤᠨ ᠬᠢᠪᠡᠯ ᠪᠤᠯᠴᠢᠬᠠᠬᠤ ᠪᠢᠰᠢ᠂ ᠠᠳᠠᠯᠢ ᠪᠤᠰᠤ ᠲᠠᠯ᠎ᠠ ᠶᠢᠨ ᠬᠢᠨ ᠦᠪᠡᠷ ᠤᠨ ᠦᠵᠡᠯᠳᠡ ᠪᠠᠷᠢᠮᠳᠠᠯᠠᠯ ᠪᠠ ᠬᠦᠰᠡᠯ ᠱᠠᠭᠠᠷᠳᠠᠯᠭ᠎ᠠ ᠪᠠᠨ ᠴᠢᠯᠦᠬᠡᠳᠡᠢ ᠲᠠᠯᠬᠡᠵᠤ᠂ ᠪᠤᠰᠤᠳ ᠤᠨ ᠠᠰᠢᠬ ᠳᠤᠰᠠ ᠶᠢ ᠴᠤ ᠪᠤᠳᠤᠯᠬᠢᠯᠠᠬᠤ ᠭᠡᠷᠡᠭᠳᠡᠢ ᠶᠤᠮ᠃      ᠰᠤᠷᠪᠤᠯᠵᠢᠯᠠᠭᠴᠢ᠄ ︽ᠰᠠᠨᠠᠯ︾᠎ ᠳᠤ ︽ᠠᠵᠦ ᠠᠬᠤᠢᠢᠯᠠᠯᠵᠢᠭᠰᠠᠨ ᠡᠵᠡᠩᠨᠡᠯᠳᠡ ᠲᠤ ᠳᠤᠬᠢᠷᠠᠬᠤ ᠤᠳᠤ ᠦᠶ᠎ᠠ ᠶᠢᠨ ᠲᠠᠷᠢᠵᠦ ᠳᠡᠵᠢᠬᠡᠬᠦ ᠦᠢᠯᠡᠰ ᠢ ᠬᠦᠭᠵᠢᠬᠦᠯᠬᠦ ᠶᠢ ᠵᠤᠷᠢᠭᠵᠢᠭᠤᠯᠤᠨ᠎ᠠ︾ ᠭᠡᠵᠤ ᠲᠤᠷᠠᠳᠤᠯ᠎ᠠ᠃ ᠡᠨᠡ ᠲᠠᠯ᠎ᠠ ᠪᠠᠷ ᠶᠠᠭᠤ ᠶᠢ ᠠᠩᠬᠠᠷᠴᠦ᠂ ᠶᠠᠭᠠᠬᠢᠵᠤ ᠬᠢᠪᠡᠯ ᠵᠤᠬᠢᠬᠤ ᠪᠤᠢ︖      ᠤᠷᠤᠨᠴᠢ᠄ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠢ ᠡᠳ᠋ᠰᠢᠬᠦᠯᠦᠨ ᠪᠤᠯᠪᠠᠰᠤᠷᠠᠭᠤᠯᠵᠤ᠂ ᠬᠦᠢᠯᠬᠡᠬᠡᠵᠤ ᠪᠤᠷᠤᠯᠠᠭᠤᠯᠬᠤ ᠪᠠᠷ ᠭᠤᠤᠯ ᠪᠤᠯᠭᠠᠭᠰᠠᠨ ᠲᠠᠭᠠᠭᠤᠯᠤᠭᠴᠢ ᠠᠵᠤ ᠠᠬᠤᠢᠢᠯᠠᠯ ᠢ ᠪᠤᠶᠢᠵᠢᠭᠤᠯᠤᠨ ᠬᠦᠭᠵᠢᠬᠦᠯᠬᠦ ᠬᠡᠷᠡᠭᠳᠠᠢ᠃ ᠲᠠᠶᠢᠮᠤ ᠪᠢᠰᠢ᠂ ᠬᠡᠷᠪᠡ ᠠᠵᠤ ᠠᠬᠤᠶᠢᠯᠠᠯ ᠤᠳ ᠭᠠᠵᠠᠷ ᠰᠢᠷᠦᠢ ᠨᠦᠬᠡᠴᠡᠯᠡᠬᠦ ᠮᠡᠳᠤ ᠶᠢᠨ ᠤᠨᠳᠤᠤ ᠵᠤᠷᠢᠯᠭ᠎ᠠ ᠲᠠᠢ ᠪᠤᠯᠤᠭᠰᠠᠭᠠᠷ ᠮᠠᠯᠴᠢᠨ ᠲᠠᠷᠢᠶᠠᠴᠢᠨ ᠳᠤ ᠬᠡᠮᠵᠢᠶᠡᠯᠡᠰᠢ ᠦᠬᠡᠢ ᠬᠤᠬᠢᠷᠠᠯ ᠤᠴᠠᠷᠠᠭᠤᠯᠵᠤ ᠮᠡᠳᠡᠨ᠎ᠠ᠃ ᠠᠵᠦ ᠠᠬᠤᠢᠢᠯᠠᠯ ᠢ ᠲᠡᠳᠬᠦᠨ ᠲᠠᠮᠵᠢᠵᠤ ᠪᠠᠶᠢᠭᠠᠳ ᠮᠠᠯᠴᠢᠨ ᠲᠠᠷᠢᠶᠠᠴᠢᠨ ᠲᠠᠢ ᠠᠰᠢᠬ ᠳᠤᠰᠠ ᠶᠢᠨ ᠨᠢᠭᠳᠠ ᠬᠠᠷᠢᠴᠠᠭ᠎ᠠ ᠶᠢ ᠪᠠᠶᠢᠭᠤᠯᠵᠦ᠂ ᠬᠠᠷᠢᠯᠴᠠᠨ ᠠᠰᠢᠭᠳᠠᠢ ᠪᠦᠭᠡᠳ ᠡᠷᠭᠡ ᠳᠡᠭᠰᠢ ᠠᠷᠠᠯᠵᠢᠶᠠᠨ ᠤ ᠰᠠᠭᠤᠷᠢᠨ ᠳᠡᠭᠡᠷ᠎ᠠ ᠬᠠᠤᠯᠢ ᠴᠠᠭᠠᠵᠠ ᠶᠢᠨ ᠭᠡᠷ᠎ᠠ ᠶᠢᠨ ᠳᠦᠷᠢᠮ ᠢ ᠭᠡᠷᠡᠭᠵᠢᠬᠦᠯᠬᠦ ᠭᠡᠷᠡᠭᠳᠡᠢ᠃ ᠬᠠᠷᠢᠯᠴᠠᠨ ᠠᠰᠢᠬ ᠳᠤᠰᠠ ᠲᠠᠢ ᠡᠶᠢᠮᠤᠷᠬᠦ ᠬᠠᠷᠢᠴᠠᠭ᠎ᠠ ᠰᠠᠶ᠋ᠢ ᠤᠷᠳᠤ ᠤᠳᠠᠭᠠᠨ ᠳᠤᠭᠳᠠᠵᠦ᠂ ᠦᠷᠨᠢᠨ ᠬᠦᠭᠵᠢᠵᠤ ᠲᠠᠶᠢᠯᠬᠦ ᠶᠤᠮ᠃ ︽ᠰᠠᠨᠠᠯ︾᠎ ᠳᠤ ᠲᠤᠷᠠᠳᠤᠭᠰᠠᠨ ︽ᠤᠯᠠᠨ ᠭᠡᠯᠪᠡᠷᠢ ᠶᠢᠨ ᠲᠠᠷᠢᠶᠠᠯᠩ ᠤᠨ ᠬᠤᠯᠢᠮᠠᠭ ᠦᠮᠴᠢᠯᠡᠯ ᠎ ᠤᠨ ᠠᠵᠦ ᠠᠬᠤᠢ ᠶᠢ ᠬᠦᠭᠵᠢᠬᠦᠯᠬᠦ ᠬᠡᠷᠡᠭᠳᠠᠢ︾ ᠬᠡᠳᠡᠭ ᠨᠢ ᠨᠡᠶᠢᠳᠡ ᠶᠢᠨ ᠦᠮᠴᠢᠯᠡᠯ ᠳᠤ ᠬᠤᠪᠢ ᠶᠢᠨ ᠦᠮᠴᠢᠯᠡᠯ ᠪᠠᠭᠳᠠᠯᠴᠠᠭᠰᠠᠨ ᠤᠯᠠᠨ ᠬᠡᠯᠪᠡᠷᠢ ᠶᠢᠨ ᠦᠮᠴᠢᠯᠡᠯ ᠤᠨ ᠬᠡᠯᠪᠡᠷᠢ ᠶᠢ ᠳᠡᠮᠵᠢᠨ ᠬᠦᠭᠵᠢᠬᠦᠯᠬᠦ ᠶᠢ ᠵᠢᠭᠠᠵᠤ ᠪᠤᠢ᠃ ᠵᠢᠱᠢᠶᠡᠯᠡᠪᠡᠯ᠂ ᠲᠠᠶᠢᠪᠤᠰᠧ ᠬᠤᠰᠢᠭᠤᠨ ᠤ ᠪᠤᠤᠴᠠᠩ ᠲᠤ ᠨᠢᠬᠡᠨ ᠢᠳᠡᠰᠢᠨ ᠨᠤᠭᠤᠭ᠎ᠠ ᠶᠢᠨ ᠠᠷᠠᠯᠵᠢᠶ᠎ᠠ ᠶᠢᠨ ᠨᠡᠶᠢᠳᠡ ᠶᠢᠨ ᠦᠮᠴᠢᠯᠡᠯ ᠤᠨ ᠳᠤᠮᠤ ᠵᠠᠬ᠎ᠠ ᠳᠡᠯᠭᠡᠬᠦᠷ ᠪᠤᠢ᠃ ᠭᠡᠪᠡᠴᠤ ᠲᠠᠬᠦᠨ ᠤ ᠲᠤᠳᠤᠷᠠᠬᠢ ᠮᠠᠰᠢ ᠤᠯᠠᠨ ᠵᠢᠵᠢᠭ ᠰᠠᠩ ᠬᠦᠮᠦᠷᠬᠡ ᠨᠦᠭᠦᠳ ᠢ ᠪᠤᠯ ᠲᠠᠪᠤ ᠭᠤᠷᠪᠠᠨ ᠲᠠᠷᠢᠶᠠᠯᠠᠬᠤ ᠡᠷᠦᠬᠡ ᠠᠴᠠ ᠬᠦᠷᠦᠩᠬᠡ ᠴᠤᠭᠯᠠᠭᠤᠯᠤᠨ ᠪᠠᠶᠢᠭᠤᠯᠤᠭᠰᠠᠨ ᠪᠤᠶᠤ ᠳᠠᠩ ᠭᠠᠭᠴᠠ ᠪᠠᠷ ᠢᠶᠠᠨ ᠪᠡᠯᠡ ᠤᠷᠤᠭᠤᠯᠵᠦ ᠪᠠᠶᠢᠭᠤᠯᠤᠭᠰᠠᠨ ᠠᠵᠢ᠃ ᠡᠨᠡ ᠪᠤᠯ ᠳᠠᠷᠤᠢ ᠳᠤᠮᠤ ᠨᠡᠶᠢᠳᠡ ᠶᠢᠨ ᠦᠮᠴᠢᠯᠡᠯ ᠤᠨ ᠠᠵᠤ ᠠᠬᠤᠢ ᠳᠤᠳᠤᠷ᠎ᠠ ᠵᠢᠵᠢᠭ ᠵᠢᠵᠢᠭ ᠬᠤᠪᠢ ᠶᠢᠨ ᠦᠮᠴᠢᠯᠡᠯ ᠤᠨ ᠠᠵᠤ ᠠᠬᠤᠢ ᠲᠠᠷᠬᠠᠭᠰᠠᠨ ᠨᠢᠬᠡᠨ ᠠᠮᠵᠢᠯᠳᠠ ᠲᠠᠢ ᠵᠢᠱᠢᠶ᠎ᠠ ᠪᠤᠯᠤᠨ᠎ᠠ᠃      ᠰᠤᠷᠪᠤᠯᠵᠢᠯᠠᠭᠴᠢ᠄ ︽ᠰᠠᠨᠠᠯ︾᠎ ᠳᠤ ︽ᠰᠢᠨ᠎ᠠ ᠮᠠᠶ᠋ᠢᠭ ᠤᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ︾᠂ ︽ᠦᠢᠯᠡᠳᠪᠦᠷᠢ ᠬᠤᠳᠠᠯᠳᠤᠭᠠᠨ ᠤ ᠠᠵᠦ ᠠᠬᠤᠢᠢᠯᠠᠯ ᠤᠨ ᠲᠠᠷᠢᠶᠠᠴᠢᠨ ᠡᠷᠦᠬᠡ ᠶᠢᠨ ᠳᠠᠭᠠᠭᠠᠴᠢᠯᠠᠭᠰᠠᠨ ᠭᠠᠵᠠᠷ ᠰᠢᠷᠦᠢ ᠶᠢ ᠳᠦᠷᠢᠶᠡᠰᠦᠯᠡᠬᠦ ᠶᠢ ᠬᠢᠨᠠᠨ ᠬᠠᠮᠢᠶᠠᠷᠬᠤ ᠪᠠ ᠳᠦᠭᠰᠢᠬᠦᠷᠢ ᠶᠢ ᠰᠡᠷᠭᠡᠶᠢᠯᠡᠬᠦ ᠶᠢ ᠴᠢᠩᠭᠠᠳᠬᠠᠬᠤ ᠭᠡᠷᠡᠭᠳᠡᠢ︾ ᠬᠡᠪᠡ᠃ ᠡᠨᠡ ᠨᠢ ᠶᠠᠭᠤ ᠶᠢ ᠬᠠᠷᠡᠭᠤᠯᠵᠤ ᠪᠠᠶᠢᠬᠤ ᠪᠤᠢ︖      ᠤᠷᠤᠨᠴᠢ᠄ ᠳᠦᠷᠦᠯ ᠵᠦᠢᠯ ᠤᠨ ᠪᠡᠯᠡ ᠮᠦᠩᠬᠦ᠂ ᠡᠳ᠋ ᠤᠨ ᠵᠠᠰᠠᠭ᠂ ᠮᠦᠩᠬᠦᠨ ᠬᠦᠢᠯᠬᠡᠬᠡᠨ ᠪᠠ ᠢᠳᠡᠬᠡᠮᠵᠢᠳᠦ ᠵᠢᠬᠡᠯᠡᠯᠬᠡ ᠵᠡᠷᠭᠡ ᠲᠠᠯ᠎ᠠ ᠶᠢᠨ ᠲᠠᠮᠵᠢᠯᠬᠡ ᠬᠦᠷᠳᠡᠬᠡᠬᠦ ᠡᠳᠡᠬᠡᠳ ᠲᠤ ᠭᠡᠷ ᠪᠦᠯᠢ ᠶᠢᠨ ᠮᠠᠯᠵᠢᠯ ᠤᠨ ᠲᠠᠯᠠᠪᠠᠢ ᠪᠤᠯᠤᠨ ᠲᠠᠷᠢᠶᠠᠯᠠᠩ ᠤᠨ ᠳᠠᠯᠠᠪᠠᠢ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ᠂ ᠲᠠᠭᠠᠭᠤᠯᠤᠭᠴᠢ ᠠᠵᠦ ᠠᠬᠤᠢᠢᠯᠠᠯ᠂ ᠨᠡᠶᠢᠬᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠪᠠᠭᠳᠠᠵᠦ᠂ ᠳᠡᠳᠡᠨ ᠳᠤ ᠳᠡᠮᠵᠢᠯᠬᠡ ᠦᠵᠡᠬᠦᠯᠬᠦ ᠡᠷᠴᠢᠮ ᠢᠶᠠᠨ ᠴᠢᠩᠭᠠᠷᠠᠭᠤᠯᠬᠤ ᠪᠤᠯᠤᠨ᠎ᠠ᠃ ᠡᠬᠦᠨ ᠳᠤ ᠪᠠᠷᠢᠮᠵᠢᠶ᠎ᠠ ᠪᠠᠨ ᠬᠡᠷᠬᠢᠨ ᠳᠤᠭᠳᠠᠭᠠᠬᠤ᠂ ᠳᠦᠷᠦ ᠶᠢᠨ ᠪᠤᠳᠤᠯᠭ᠎ᠠ ᠶᠢᠨ ᠦᠢᠯᠡᠳᠦᠯ ᠢ ᠬᠡᠷᠬᠢᠨ ᠪᠠᠳᠠᠷᠠᠭᠤᠯᠬᠤ᠂ ᠡᠷᠭᠡ ᠳᠡᠭᠰᠢ ᠶᠢ ᠭᠡᠷᠬᠢᠨ ᠪᠡᠶᠡᠯᠡᠬᠦᠯᠬᠦ ᠵᠡᠷᠭᠡ ᠪᠤᠳᠠᠳᠠᠢ ᠠᠰᠠᠭᠤᠳᠠᠯ ᠤᠳ ᠢ ᠰᠢᠢᠳᠪᠦᠷᠢᠯᠡᠬᠦ ᠶᠢᠨ ᠬᠠᠮᠳᠤ ᠵᠢᠯᠤᠭᠤᠳᠤᠮᠵᠢ ᠶᠢᠨ ᠴᠢᠨᠠᠷᠳᠠᠢ ᠵᠦᠢᠯᠡᠰ ᠢ ᠵᠦᠪ ᠪᠠᠶᠢᠷᠢᠰᠢᠭᠤᠯᠵᠦ ᠂ ᠤᠯᠠᠨ ᠳᠦᠮᠡᠨ ᠳᠤ ᠵᠦᠪ ᠵᠢᠯᠤᠭᠤᠳᠤᠮᠵᠢ ᠬᠦᠷᠳᠡᠭᠡᠬᠦ ᠴᠢᠬᠤᠯᠠᠳᠠᠢ᠃ ᠪᠠᠰᠠ ᠶᠠᠮᠠᠷ ᠠᠵᠤ ᠠᠬᠤᠢᠢᠯᠠᠯ ᠨᠢ ᠤᠬᠤᠷ ᠬᠤᠭᠤᠴᠠᠭᠠᠨ ᠤ ᠪᠡᠯᠡ ᠴᠤᠭᠯᠠᠭᠤᠯᠬᠤ ᠳᠡᠮᠳᠡᠭᠳᠦ ᠲᠠᠷᠬᠠᠭᠠᠵᠦ ᠪᠤᠯᠬᠤ ᠵᠡᠷᠭᠡ ᠶᠢ ᠪᠤᠳᠠᠳᠠᠢ ᠳᠤᠭᠳᠠᠭᠠᠬᠤ ᠴᠢᠬᠤᠯᠠᠳᠠᠢ ᠰᠢᠬ ᠪᠤᠳᠤᠭᠳᠠᠵᠦ ᠪᠤᠢ᠃      ︽ᠦᠢᠯᠡᠳᠪᠦᠷᠢ ᠬᠤᠳᠠᠯᠳᠤᠭᠠᠨ ᠤ ᠠᠵᠦ ᠠᠬᠤᠢᠢᠯᠠᠯ ᠤᠨ ᠲᠠᠷᠢᠶᠠᠴᠢᠨ ᠡᠷᠦᠬᠡ ᠶᠢᠨ ᠳᠠᠭᠠᠭᠠᠴᠢᠯᠠᠭᠰᠠᠨ ᠭᠠᠵᠠᠷ ᠰᠢᠷᠦᠢ ᠶᠢ ᠳᠦᠷᠢᠶᠡᠰᠦᠯᠡᠬᠦ ᠶᠢ ᠬᠢᠨᠠᠨ ᠬᠠᠮᠢᠶᠠᠷᠬᠤ ᠪᠠ ᠳᠦᠭᠰᠢᠬᠦᠷᠢ ᠶᠢ ᠰᠡᠷᠭᠡᠶᠢᠯᠡᠬᠦ ᠶᠢ ᠴᠢᠩᠭᠠᠳᠬᠠᠨ᠎ᠠ︾ ᠬᠡᠳᠡᠭ ᠨᠢ ᠭᠤᠤᠯᠳᠠᠭᠤ ᠳᠤᠮᠤ ᠠᠵᠦ ᠠᠬᠤᠢᠢᠯᠠᠯ ᠠᠴᠠ ᠮᠠᠯᠴᠢᠨ ᠲᠠᠷᠢᠶᠠᠴᠢᠨ ᠤ ᠲᠠᠷᠢᠶᠠᠨ ᠭᠠᠵᠠᠷ᠂ ᠨᠤᠳᠤᠭ ᠪᠡᠯᠴᠢᠬᠡᠷ ᠢ ᠳᠦᠷᠢᠶᠡᠰᠦᠯᠡᠭᠰᠡᠨ ᠤ ᠰᠡᠬᠦᠯᠡᠷ ᠭᠡᠷᠪᠡ ᠠᠶᠤᠯ ᠳᠦᠭᠰᠢᠬᠦᠷᠢ ᠭᠠᠷᠪᠠᠯ ᠭᠡᠨ ᠬᠠᠷᠢᠭᠤᠴᠠᠬᠤ ᠳᠤᠬᠠᠢ ᠳᠤᠳᠤᠷᠬᠠᠢ ᠪᠠᠷᠢᠮᠳᠠ ᠭᠠᠷᠭᠠᠬᠤ ᠶᠢ ᠵᠢᠭᠠᠵᠤ ᠪᠤᠢ᠃ ᠪᠤᠳᠠᠳᠠᠢ ᠪᠠᠷ ᠬᠡᠯᠡᠪᠡᠯ᠂ ᠠᠵᠦ ᠠᠬᠤᠢᠢᠯᠠᠯ ᠮᠠᠯᠴᠢᠨ ᠲᠠᠷᠢᠶᠠᠴᠢᠨ ᠤ ᠨᠤᠳᠤᠭ ᠪᠡᠯᠴᠢᠬᠡᠷ᠂ ᠲᠠᠷᠢᠶᠠᠨ ᠭᠠᠵᠠᠷ ᠢ ᠲᠦᠷᠢᠶᠠᠰᠦᠯᠡᠬᠡᠳ ᠤᠯᠠᠨ ᠵᠢᠯ ᠪᠤᠯᠤᠭᠰᠠᠨ ᠤ ᠲᠠᠷᠠᠭ᠎ᠠ ᠵᠠᠬ᠎ᠠ ᠳᠡᠯᠭᠡᠬᠦᠷ ᠤᠨ ᠦᠨ᠎ᠠ ᠬᠠᠩᠰᠢ ᠬᠤᠪᠢᠷᠠᠭᠰᠠᠨ ᠪᠤᠯᠪᠠᠴᠤ ᠳᠦᠷᠢᠶᠡᠰᠦᠨ ᠦᠨ᠎ᠠ ᠬᠠᠩᠰᠢ ᠬᠤᠪᠢᠷᠠᠭᠰᠠᠨ ᠦᠬᠡᠢ︔ ᠨᠤᠳᠤᠭ ᠪᠡᠯᠴᠢᠬᠡᠷ᠂ ᠲᠠᠷᠢᠶᠠᠨ ᠭᠠᠵᠠᠷ ᠤᠨ ᠦᠨ᠎ᠠ ᠦᠰᠦᠭᠰᠡᠨ ᠪᠤᠯᠪᠠᠴᠤ ᠮᠠᠯᠴᠢᠨ ᠲᠠᠷᠢᠶᠠᠴᠢᠨ ᠳᠤ ᠨᠦᠬᠦᠵᠦ ᠦᠭᠬᠦᠭᠰᠡᠨ ᠦᠬᠡᠢ ᠮᠡᠳᠤ ᠶᠢᠨ ᠠᠰᠠᠭᠤᠳᠠᠯ ᠤᠳ ᠢ ᠰᠢᠢᠳᠪᠤᠷᠢᠯᠡᠬᠦ ᠪᠤᠯᠤᠨ᠎ᠠ᠃ ᠡᠬᠦᠨ ᠳᠤ ᠵᠠᠰᠠᠭ ᠤᠨ ᠤᠷᠳᠤᠨ ᠠᠴᠠ ᠭᠠᠳᠠᠨ᠎ᠠ ᠭᠤᠷᠪᠠᠳᠤᠭᠠᠷ ᠡᠳᠡᠭᠡᠳ ᠪᠠᠶᠢᠵᠦ᠂ ᠨᠡᠶᠢᠳᠡ ᠶᠢᠨ ᠠᠰᠠᠷᠠᠮᠵᠢ ᠶᠢᠨ ᠬᠡᠯᠪᠡᠷᠢ ᠪᠠᠷ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠶᠢ ᠪᠠᠳᠤᠯᠠᠪᠠᠯ ᠵᠤᠬᠢᠨ᠎ᠠ᠃ ᠭᠡᠬᠦ ᠲᠡᠭᠡᠨ ᠵᠠᠰᠠᠭ ᠤᠨ ᠤᠷᠳᠤᠨ ᠠᠴᠠ ᠵᠠᠷᠤᠳᠠᠯ ᠮᠦᠩᠬᠦ ᠦᠭᠬᠦ ᠵᠡᠷᠭᠡ ᠠᠷᠭ᠎ᠠ ᠪᠠᠷ ᠡᠳᠡᠭᠡᠷ ᠵᠤᠬᠢᠶᠠᠨ ᠪᠠᠶᠢᠭᠤᠯᠤᠯᠳᠠ ᠶᠢ ᠲᠠᠳᠬᠦᠨ ᠲᠠᠮᠵᠢᠬᠦ ᠴᠢᠬᠤᠯᠠᠳᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map