ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠠᠬᠦᠯᠳᠡᠷᠵᠢᠬᠦᠯᠬᠦ ᠶᠢ ᠬᠡᠷᠬᠢᠨ ᠤᠢᠢᠯᠠᠭᠠᠬᠤ ᠪᠤᠢ︖
ᠨᠡᠶᠢᠲᠡᠯᠡᠭᠰᠡᠨ ᠴᠠᠭ᠄
2015/3/26
ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠠᠬᠦᠯᠳᠡᠷᠵᠢᠬᠦᠯᠬᠦ ᠶᠢ ᠬᠡᠷᠬᠢᠨ ᠤᠢᠢᠯᠠᠭᠠᠬᠤ ᠪᠤᠢ︖       — ︽ᠬᠦᠳᠡᠭᠡ ᠳᠤᠰᠬᠤᠨ ᠤ ᠭᠠᠵᠠᠷ ᠰᠢᠷᠦᠢ ᠶᠢᠨ ᠡᠵᠡᠩᠨᠡᠯᠳᠡ ᠶᠢᠨ ᠡᠷᠭᠡ ᠶᠢ ᠡᠮᠬᠢ ᠲᠢᠭᠯᠢᠮ ᠲᠠᠢ ᠰᠢᠯᠵᠢᠬᠦᠯᠬᠦ ᠶᠢ ᠬᠦᠳᠦᠯᠦᠨ ᠵᠢᠯᠤᠭᠤᠳᠴᠤ ᠲᠠᠷᠢᠶᠠᠯᠠᠩ ᠤᠨ ᠵᠤᠬᠢᠬᠤ ᠭᠡᠪᠴᠢᠶᠡᠳᠦ ᠡᠵᠡᠩᠨᠡᠯᠲᠡ ᠶᠢ ᠬᠦᠭᠵᠢᠬᠦᠯᠬᠦ ᠳᠤᠬᠠᠢ ᠰᠠᠨᠠᠯ︾᠎ ᠤᠨ ᠳᠠᠶᠢᠯᠦᠮᠵᠢ ︵ᠬᠤᠶᠠᠷ︶                    ᠲᠤᠰ ᠰᠣᠨᠢᠨ ᠤ ᠰᠣᠷᠪᠤᠯᠵᠢᠯᠠᠭᠴᠢ ᠲᠣ · ᠣᠶᠣᠨᠬᠤᠸᠡᠷ      ᠨᠠᠮ ᠤᠨ ᠲᠦᠪ ᠬᠤᠷᠢᠶ᠎ᠠ ᠪᠤᠯᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠤᠢᠢᠷ᠎ᠠ ᠶᠢᠨ ᠡᠳᠤᠷ ᠲᠠᠷᠤᠮᠠᠯᠯᠠᠨ ᠲᠠᠷᠬᠠᠭᠠᠭᠰᠠᠨ ︽ᠬᠦᠳᠡᠭᠡ ᠲᠣᠰᠬᠤᠨ ᠤ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠶᠢ ᠡᠮᠬᠢ ᠲᠢᠭᠯᠢᠮ ᠲᠠᠢ ᠰᠢᠯᠵᠢᠬᠦᠯᠬᠦ ᠶᠢ ᠬᠦᠳᠦᠯᠦᠨ ᠵᠢᠯᠤᠭᠤᠳᠴᠦ ᠲᠠᠷᠢᠶᠠᠯᠠᠩ ᠤᠨ ᠵᠣᠬᠢᠬᠤ ᠬᠡᠪᠴᠢᠶᠡᠳᠦ ᠡᠵᠡᠩᠨᠡᠯᠲᠡ ᠶᠢ ᠬᠦᠭᠵᠢᠭᠦᠯᠬᠦ ᠲᠤᠬᠠᠢ ᠰᠠᠨᠠᠯ︾᠎ ᠨᠢ ᠭᠠᠵᠠᠷ ᠰᠢᠷᠦᠢ ᠶᠢᠨ ᠬᠠᠮᠳᠣ ᠶᠢᠨ ᠡᠵᠡᠩᠨᠡᠯᠳᠡ ᠶᠢᠨ ᠡᠷᠭᠡ᠂ ᠮᠠᠯᠵᠢᠬᠤ ᠲᠠᠷᠢᠶᠠᠯᠠᠬᠤ ᠡᠷᠦᠬᠡ ᠶᠢᠨ ᠳᠠᠭᠠᠭᠠᠴᠢᠯᠠᠯᠲᠠ ᠶᠢᠨ ᠡᠷᠬᠡ ᠪᠤᠯᠤᠨ ᠭᠠᠵᠠᠷ ᠰᠢᠷᠦᠢ ᠶᠢᠨ ᠡᠵᠡᠩᠨᠡᠯᠲᠡ ᠶᠢᠨ ᠡᠷᠬᠡ ᠶᠢ ᠰᠠᠯᠭᠠᠵᠦ᠂ ᠵᠤᠬᠢᠴᠠᠭᠤᠯᠤᠨ ᠲᠤᠬᠢᠷᠠᠭᠤᠯᠬᠤ ᠪᠠᠷ ᠭᠤᠤᠯ ᠠᠭᠤᠯᠭ᠎ᠠ ᠪᠠᠨ ᠪᠤᠯᠭᠠᠭᠰᠠᠨ ᠪᠠᠶᠢᠨ᠎ᠠ᠃ ᠡᠭᠦᠨ ᠳᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠠᠪᠤᠳᠠᠯ ᠨᠢ ᠲᠦᠢᠯ ᠤᠨ ᠴᠢᠬᠤᠯᠠ ᠨᠢᠭᠡᠨ ᠠᠭᠤᠯᠭ᠎ᠠ ᠪᠤᠯᠵᠠᠢ᠃ ᠲᠠᠷᠢᠶᠠᠯᠠᠩ ᠤᠨ ᠨᠡᠶᠢᠬᠡᠮᠴᠢᠯᠡᠭᠰᠡᠨ ᠦᠢᠯᠡᠴᠢᠯᠡᠬᠡᠨ ᠎ ᠤ ᠰᠢᠰᠲ᠋ᠧᠮ ᠢ ᠴᠤᠬᠤᠮ ᠶᠠᠭᠠᠬᠢᠵᠤ ᠪᠠᠶᠢᠭᠤᠯᠤᠨ᠂ ᠬᠡᠷᠬᠢᠨ ᠲᠠᠬᠦᠯᠳᠡᠷᠵᠢᠬᠦᠯᠬᠦ ᠪᠤᠢ︖ ᠡᠨᠡ ᠲᠤᠬᠠᠢ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠳᠠ‌‍ᠶᠢᠨ ᠲᠡᠬᠡᠳᠤ ᠰᠤᠷᠭᠠᠭᠤᠯᠢ ᠶᠢᠨ ᠡᠩᠬᠡ ᠲᠡᠳ᠋ ᠫᠷᠣᠹᠧᠰᠰᠣᠷ ᠪᠢᠳᠡᠨ ᠳᠤ ᠬᠠᠷᠢᠭᠤᠯᠳᠠ ᠦᠭᠬᠦᠯ᠎ᠠ᠃       ᠰᠣᠷᠪᠣᠯᠵᠢᠯᠠᠭᠴᠢ᠄ ᠲᠠᠷᠢᠶᠠᠯᠠᠩ ᠤᠨ ᠵᠣᠬᠢᠬᠤ ᠬᠡᠪᠴᠢᠶᠡᠳᠣ ᠡᠵᠡᠩᠨᠡᠯᠳᠡ ᠶᠢ ᠬᠦᠭᠵᠢᠬᠦᠯᠬᠦ ᠳᠤ ᠶᠠᠭᠤᠨ ᠳᠤ ᠵᠠᠪᠠᠯ ᠲᠠᠷᠢᠶᠠᠯᠠᠩ ᠤᠨ ᠨᠡᠶᠢᠬᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠣᠨ ᠲᠡᠬᠦᠯᠳᠡᠷᠵᠢᠬᠦᠯᠬᠦ ᠴᠢᠬᠤᠯᠠᠳᠠᠢ ᠪᠤᠢ︖      ᠡᠩᠬᠡ᠄ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠶᠢᠨ ᠭᠤᠤᠯ ᠵᠤᠷᠢᠯᠭ᠎ᠠ ᠨᠢ ᠮᠠᠯᠴᠢᠨ ᠲᠠᠷᠢᠶᠠᠴᠢᠨ ᠢ ᠵᠤᠷᠢᠭᠵᠢᠭᠤᠯᠵᠦ ᠪᠠᠶᠢᠭᠠᠳ ᠲᠠᠷᠠᠬᠠᠢ ᠪᠤᠲᠠᠷᠬᠠᠢ ᠡᠵᠡᠩᠨᠡᠯᠲᠡ ᠪᠠᠨ ᠬᠤᠪᠢᠷᠠᠭᠤᠯᠵᠦ ᠵᠤᠬᠢᠬᠤ ᠬᠡᠮᠵᠢᠶᠡᠨ ᠤ ᠬᠡᠪᠴᠢᠶᠡᠵᠢᠭᠰᠡᠨ ᠡᠵᠡᠩᠨᠡᠯᠲᠡ ᠶᠢ ᠪᠤᠢ ᠪᠤᠯᠭᠠᠬᠤ ᠶᠢᠨ ᠲᠦᠯᠦᠭᠡ ᠶᠤᠮ᠃ ᠮᠠᠯᠴᠢᠨ ᠲᠠᠷᠢᠶᠠᠴᠢᠨ ᠦᠪᠡᠷ ᠤᠨ ᠨᠤᠳᠤᠭ ᠪᠡᠯᠴᠢᠬᠡᠷ ᠪᠤᠶᠤ ᠲᠠᠷᠢᠶᠠᠨ ᠭᠠᠵᠠᠷ ᠤᠨ ᠡᠵᠡᠩᠨᠡᠯᠲᠡ ᠶᠢᠨ ᠡᠷᠬᠡ ᠪᠠᠨ ᠪᠤᠰᠤᠳ ᠲᠤ ᠰᠢᠯᠵᠢᠭᠦᠯᠤᠨ ᠦᠭᠴᠦ᠂ ᠳᠠᠭᠠᠭᠠᠴᠢᠯᠠᠯᠲᠠ ᠶᠢᠨ ᠡᠷᠬᠡ ᠪᠠᠨ ᠪᠦᠷᠢᠨ ᠭᠦᠢᠴᠡᠳ ᠠᠰᠢᠬᠯᠠᠵᠦ ᠪᠠᠶᠢᠭᠠᠳ ᠭᠠᠵᠠᠷ ᠨᠤᠲᠤᠭ ᠤᠨ ᠢᠶᠠᠨ ᠠᠰᠢᠭ ᠲᠤᠰᠠ ᠶᠢ ᠬᠦᠷᠲᠡᠵᠦ ᠪᠤᠯᠳᠠᠭ᠃ ᠡᠭᠦᠨ ᠢᠶᠠᠷ ᠲᠠᠮᠵᠢᠭᠠᠳ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠨᠢ ᠨᠢᠭᠡ ᠪᠦᠯᠦᠭ ᠠᠵᠦ ᠠᠬᠤᠶᠢᠯᠠᠯ ᠪᠤᠶᠤ ᠲᠤᠰᠬᠠᠢ ᠬᠤᠷᠰᠢᠶ᠎ᠠ᠂ ᠡᠰᠡᠭᠦᠯ᠎ᠡ ᠬᠤᠪᠢ ᠬᠦᠮᠦᠨ ᠤ ᠭᠠᠷ ᠲᠤ ᠲᠦᠪᠯᠡᠷᠡᠬᠦ ᠪᠤᠯᠤᠨ᠎ᠠ᠃ ᠡᠨᠡ ᠨᠢ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢ ᠬᠡᠪᠴᠢᠶᠡᠵᠢᠬᠦ ᠲᠡᠰᠢ ᠬᠦᠭᠵᠢᠬᠦᠯᠵᠦ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦ ᠶᠢ ᠨᠡᠮᠡᠭᠳᠡᠬᠦᠯᠵᠤ ᠲᠠᠶᠢᠯᠦᠨ᠎ᠠ᠃ ᠡᠨᠡ ᠨᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠷᠠᠳᠤᠭᠰᠠᠨ ᠨᠡᠩ ᠤᠯᠠᠨ ᠠᠵᠦ ᠠᠬᠤᠢ ᠶᠢᠨ ᠠᠵᠢᠯᠯᠠᠭ᠎ᠠ ᠶᠢ ᠵᠠᠬ᠎ᠠ ᠳᠡᠯᠭᠡᠭᠦᠷ ᠤᠨ ᠵᠢᠮ᠎ᠡ ᠶᠤᠰᠤ ᠪᠠᠷ ᠲᠤᠬᠢᠷᠠᠭᠤᠯᠬᠤ ᠲᠦᠷᠦ ᠶᠢᠨ ᠪᠤᠳᠤᠯᠭ᠎ᠠ ᠎ ᠶᠢᠨ ᠴᠢᠭᠯᠡᠯᠲᠡ ᠲᠠᠢ ᠨᠡᠶᠢᠴᠡᠵᠦ ᠪᠤᠢ᠃ ᠮᠦᠨᠴᠦ ᠤᠯᠤᠰ ᠤᠨ ᠨᠦᠬᠦᠪᠦᠷᠢ ᠮᠦᠩᠭᠦ ᠶᠢᠨ ᠲᠡᠮᠵᠢᠯᠭᠡ ᠨᠢ ᠭᠡᠷ ᠪᠦᠯᠢ ᠎ ᠶᠢᠨ ᠲᠤᠮᠤ ᠮᠠᠯᠵᠢᠯ ᠤᠨ ᠲᠠᠯᠠᠪᠠᠢ ᠪᠤᠶᠤ ᠲᠠᠷᠢᠶᠠᠯᠠᠩ ᠤᠨ ᠲᠠᠯᠠᠪᠠᠢ ᠲᠡᠰᠢ ᠲᠦᠪᠯᠡᠷᠡᠵᠦ᠂ ᠲᠡᠭᠦᠨ ᠤ ᠦᠷ᠎ᠡ ᠠᠰᠢᠭ ᠎ ᠢ ᠨᠡᠮᠡᠭᠳᠡᠭᠦᠯᠵᠦ ᠴᠢᠳᠠᠳᠠᠭ᠃ ᠵᠢᠱᠢᠶᠠᠯᠡᠪᠡᠯ᠂ ᠮᠤᠨᠳᠠᠭ ᠶᠡᠭᠡ ᠪᠡᠯᠡ ᠤᠷᠤᠭᠤᠯᠤᠯᠲᠠ ᠨᠢ ᠮᠠᠯᠴᠢᠨ ᠲᠠᠷᠢᠶᠠᠴᠢᠨ ᠬᠦᠮᠦᠨ ᠨᠢᠬᠡᠪᠦᠷᠢ ᠳᠡᠭᠡᠷ᠎ᠡ ᠲᠡᠭᠰᠢᠳᠭᠡᠪᠡᠯ ᠢᠯᠡ ᠦᠭᠡᠢ ᠴᠦᠬᠡᠨ ᠲᠤᠭ᠎ᠠ ᠪᠠᠶᠢᠵᠤ᠂ ᠬᠠᠷᠢᠨ ᠨᠡᠯᠢᠶᠡᠳ ᠤᠯᠠᠨ ᠬᠦᠮᠤᠨ ᠬᠠᠮᠲᠤᠷᠠᠨ ᠬᠤᠷᠰᠢᠭᠰᠠᠨ ᠪᠠᠶᠢᠳᠠᠯ ᠲᠤᠤᠷ᠎ᠠ ᠲᠡᠷᠡ ᠨᠢ ᠨᠠᠯᠢᠶᠡᠳ ᠶᠡᠭᠡ ᠲᠤᠭᠠᠨ ᠤ ᠪᠡᠯᠡ ᠤᠷᠤᠭᠤᠯᠤᠯᠲᠠ ᠪᠤᠯᠵᠦ᠂ ᠲᠤᠮᠤ ᠬᠡᠯᠪᠡᠷᠢ ᠶᠢᠨ ᠮᠠᠰᠢᠨ ᠲᠦᠬᠦᠬᠡᠷᠦᠮᠵᠢ ᠬᠤᠳᠠᠯᠳᠤᠨ ᠠᠪᠬᠤ ᠵᠡᠷᠭᠡ ᠲᠦᠪᠯᠡᠷᠡᠭᠰᠡᠨ ᠪᠡᠯᠡ ᠤᠷᠤᠭᠤᠯᠤᠯᠲᠠ ᠶᠢᠨ ᠠᠰᠢᠭ ᠲᠠᠢ ᠲᠠᠯ᠎ᠠ ᠶᠢ ᠪᠠᠳᠠᠷᠠᠭᠤᠯᠵᠦ ᠴᠢᠳᠠᠳᠠᠭ᠃ ᠡᠨᠡ ᠨᠢ ᠤᠳᠤᠬᠠᠨ ᠤ ᠮᠠᠯᠵᠢᠬᠤ ᠤᠷᠤᠨ ᠲᠤ ᠤᠷᠤᠰᠢᠵᠦ ᠪᠠᠶᠢᠭ᠎ᠠ ᠮᠠᠯᠴᠢᠳ ᠶᠠᠮᠠᠷ ᠨᠢᠭᠡᠨ ᠲᠤᠮᠤ ᠬᠡᠯᠪᠡᠷᠢ ᠶᠢᠨ ᠮᠠᠰᠢᠨ ᠬᠤᠳᠠᠯᠳᠤᠨ ᠠᠪᠤᠪᠠᠯ ᠬᠡᠴᠢᠨᠡᠨ ᠵᠢᠯ ᠦᠷᠢ ᠰᠢᠷᠢ ᠲᠤ ᠤᠨᠠᠬᠤ ᠭᠠᠴᠢᠭᠳᠠᠯᠲᠦ ᠦᠵᠡᠭᠳᠡᠯ ᠠᠴᠠ ᠵᠠᠶᠢᠯᠠᠰᠬᠢᠵᠤ ᠴᠢᠳᠠᠨ᠎ᠠ᠃ ᠨᠦᠭᠦᠭᠡ ᠲᠠᠯ᠎ᠠ ᠪᠠᠷ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠵᠡᠷᠭᠡ ᠨᠢ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠎ ᠤᠨ ᠰᠢᠨ᠎ᠡ ᠨᠢᠭᠡᠨ ᠲᠦᠯᠦᠭᠡᠯᠡᠭᠴᠢ ᠬᠦᠴᠦᠨ ᠪᠤᠯᠵᠦ᠂ ᠵᠠᠬ᠎ᠠ ᠳᠡᠯᠭᠡᠭᠦᠷ ᠲᠤ ᠤᠷᠤᠬᠤ ᠳᠤ ᠡᠷᠬᠡᠪᠰᠢ ᠨᠡᠶᠢᠭᠡᠮ ᠤᠨ ᠤᠯᠠᠨ ᠲᠠᠯ᠎ᠠ ᠶᠢᠨ ᠰᠢᠰᠲ᠋ᠧᠮᠴᠢᠯᠡᠭᠰᠡᠨ ᠦᠢᠯᠡᠴᠢᠯᠡᠭᠡᠨ ᠤ ᠲᠡᠮᠵᠢᠯᠭᠡ ᠶᠢ ᠱᠠᠭᠠᠷᠳᠠᠳᠠᠭ᠃ ᠡᠭᠦᠨ ᠳᠤ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠳᠤ ᠦᠢᠯᠡᠴᠢᠯᠡᠬᠦ ᠤᠯᠠᠮᠵᠢᠯᠠᠯᠲᠦ ᠨᠡᠶᠢᠲᠡ ᠶᠢᠨ ᠦᠢᠯᠡᠴᠢᠯᠡᠭᠡᠨ ᠤ ᠨᠦᠭᠦᠴᠡᠯ ᠢᠶᠠᠨ ᠰᠠᠶᠢᠵᠢᠷᠠᠭᠤᠯᠬᠤ ᠶᠢᠨ ᠬᠠᠮᠲᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠵᠡᠷᠭᠡ ᠪᠤᠯ ᠮᠠᠯᠵᠢᠬᠤ ᠲᠠᠷᠢᠶᠠᠯᠠᠬᠤ ᠤᠷᠤᠨ ᠤ ᠬᠡᠪᠴᠢᠶᠡᠵᠢᠭᠰᠡᠨ ᠠᠵᠦ ᠠᠬᠤᠢ ᠶᠢ ᠬᠦᠭᠵᠢᠭᠦᠯᠬᠦ ᠶᠢᠨ ᠠᠰᠢᠭ ᠲᠠᠢ ᠨᠦᠭᠦᠴᠡᠯ ᠪᠤᠯᠤᠨ᠎ᠠ᠃ ᠭᠡᠪᠡᠴᠦ ᠤᠳᠤ ᠪᠤᠯᠲᠠᠯ᠎ᠠ ᠨᠡᠶᠢᠲᠡ ᠶᠢᠨ ᠦᠢᠯᠡᠴᠢᠯᠡᠭᠡ ᠶᠢ ᠪᠦᠷ ᠵᠠᠰᠠᠭ ᠤᠨ ᠤᠷᠳᠤᠨ ᠠᠴᠠ ᠭᠤᠤᠯᠯᠠᠨ ᠬᠢᠵᠤ᠂ ᠨᠡᠶᠢᠭᠡᠮ ᠤᠨ ᠬᠦᠷᠦᠩᠭᠡ ᠶᠢᠨ ᠤᠷᠤᠯᠴᠠᠯᠭ᠎ᠠ ᠶᠢᠨ ᠬᠠᠷᠢᠴᠠᠯ ᠮᠠᠰᠢ ᠳᠤᠤᠷ᠎ᠠ ᠪᠠᠶᠢᠭᠰᠠᠭᠠᠷ᠃ ᠡᠨᠡ ᠨᠢ ᠵᠠᠬ᠎ᠠ ᠳᠡᠯᠭᠡᠭᠦᠷ ᠤᠨ ᠠᠵᠦ ᠠᠬᠤᠢ ᠶᠢᠨ ᠬᠦᠭᠵᠢᠯᠲᠡ ᠲᠠᠢ ᠵᠤᠬᠢᠴᠠᠬᠤ ᠦᠭᠡᠢ ᠪᠦᠭᠡᠳ ᠵᠠᠰᠠᠭ ᠤᠨ ᠤᠷᠳᠤᠨ ᠤ ᠠᠵᠦ ᠠᠬᠤᠢ ᠶᠢᠨ ᠳᠠᠷᠤᠭᠠᠰᠤ ᠶᠢ ᠴᠦ ᠬᠦᠨᠳᠦᠷᠡᠭᠦᠯᠳᠡᠭ᠃ ᠴᠢᠨᠠᠭᠰᠢᠯᠠᠪᠠᠯ ᠲᠠᠩ ᠴᠤᠯᠭᠤᠢ ᠲᠦᠷᠦᠯ ᠵᠦᠢᠯ ᠤᠨ ᠪᠡᠯᠡ ᠤᠷᠤᠭᠤᠯᠤᠯᠲᠠ ᠨᠢ ᠨᠡᠶᠢᠭᠡᠮ ᠤᠨ ᠬᠢᠨᠠᠯᠲᠠ ᠲᠤᠲᠠᠮᠠᠭ ᠠᠴᠠ ᠪᠤᠯᠵᠦ᠂ ᠢᠯᠵᠠᠷᠠᠵᠦ ᠲᠤᠷᠦ᠋ᠢᠲᠠᠬᠤ ᠶᠠᠪᠤᠳᠠᠯ ᠬᠢᠯᠪᠠᠷᠬᠠᠨ ᠭᠠᠷᠳᠠᠭ ᠪᠠᠶᠢᠨ᠎ᠠ᠃ ᠡᠶᠢᠮᠦ ᠠᠴᠠ ᠨᠢᠭᠡ ᠪᠦᠯᠦᠭ ᠡᠵᠡᠩᠨᠡᠯᠲᠡ ᠶᠢᠨ ᠴᠢᠨᠠᠷᠲᠠᠢ ᠨᠡᠶᠢᠬᠡᠮ ᠤᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠳᠡᠮᠵᠢᠨ ᠬᠦᠭᠵᠢᠬᠦᠯᠵᠤ᠂ ᠵᠠᠬ᠎ᠠ ᠳᠡᠯᠭᠡᠭᠦᠷ ᠲᠤ ᠨᠡᠩ ᠲᠤᠰᠬᠠᠢᠢᠵᠢᠭᠰᠠᠨ᠂ ᠨᠡᠩ ᠲᠡᠭᠦᠯᠳᠡᠷᠵᠢᠭᠰᠡᠨ ᠦᠢᠯᠡᠴᠢᠯᠡᠭᠡ ᠬᠠᠩᠭᠠᠵᠦ ᠳᠡᠶᠢᠯᠬᠦ ᠰᠢᠰᠲ᠋ᠧᠮ ᠢ ᠪᠤᠢ ᠪᠤᠯᠭᠠᠪᠠᠯ ᠵᠤᠬᠢᠨ᠎ᠠ᠃ ᠡᠭᠦᠨ ᠳᠤ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠰᠢᠯᠢᠳᠡᠭ ᠲᠠᠷᠢᠶᠠᠨ ᠦᠷ᠎ᠡ ᠶᠢ ᠪᠤᠶᠢᠵᠢᠭᠤᠯᠬᠤ᠂ ᠬᠡᠮ ᠬᠢᠵᠢᠭ ᠢ ᠨᠢᠭᠡᠲᠦᠯᠲᠠᠢ ᠪᠠᠷ ᠰᠡᠷᠭᠡᠶᠢᠯᠡᠨ ᠵᠠᠰᠠᠬᠤ᠂ ᠬᠦᠷᠦᠰᠦ ᠶᠢ ᠰᠢᠨᠵᠢᠵᠤ ᠪᠤᠷᠳᠤᠭᠤᠷ ᠨᠠᠶᠢᠷᠠᠭᠤᠯᠬᠤ᠂ ᠬᠠᠶᠠᠭᠳᠠᠮᠠᠯ ᠪᠤᠳᠠᠰ ᠢ ᠲᠦᠪᠯᠡᠷᠡᠭᠦᠯᠦᠨ ᠰᠢᠢᠳᠪᠦᠷᠢᠯᠡᠬᠦ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡ ᠪᠠᠭᠲᠠᠵᠦ ᠪᠠᠶᠢᠬᠤ ᠪᠦᠭᠡᠳ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭ᠎ᠠ ᠶᠢᠨ ᠦᠢᠯᠡᠰ ᠢ ᠬᠦᠭᠵᠢᠭᠦᠯᠬᠦ ᠵᠡᠷᠭᠡ ᠭᠦᠢᠯᠭᠡᠭᠡᠨ ᠤ ᠦᠢᠯᠡᠴᠢᠯᠡᠭᠡ ᠴᠦ ᠪᠠᠭᠲᠠᠵᠦ ᠪᠠᠶᠢᠳᠠᠭ᠃ ᠤᠷᠤᠨ ᠨᠤᠲᠤᠭ ᠤᠨ ᠵᠠᠰᠠᠭ ᠤᠨ ᠤᠷᠳᠤᠨ ᠨᠢ ᠨᠡᠶᠢᠲᠡ ᠶᠢᠨ ᠦᠢᠯᠡᠴᠢᠯᠡᠭᠡ ᠪᠠᠨ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠵᠡᠷᠭᠡᠪᠡᠷ ᠮᠠᠯ ᠠᠵᠦ ᠠᠬᠤᠢ ᠲᠠᠷᠢᠶᠠᠯᠠᠩ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠦᠨ᠎ᠡ ᠶᠢ ᠲᠤᠬᠢᠷᠠᠭᠤᠯᠬᠤ᠂ ᠵᠢᠱᠢᠶ᠎ᠡ ᠦᠵᠡᠭᠦᠯᠬᠦ ᠴᠢᠬ ᠢ ᠪᠦᠳᠦᠬᠡᠨ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠨᠡᠶᠢᠭᠡᠮ ᠤᠨ ᠦᠢᠯᠡᠴᠢᠯᠡᠭᠡᠨ ᠳᠤ ᠤᠷᠤᠯᠴᠠᠬᠤ ᠤᠷᠢᠳᠡᠴᠢ ᠨᠦᠭᠦᠴᠡᠯ ᠢ ᠪᠤᠢ ᠪᠤᠯᠭᠠᠬᠤ ᠴᠢᠬᠤᠯᠠᠲᠠᠢ ᠶᠤᠮ᠃ ᠡᠨᠡᠬᠦ ᠰᠠᠭᠤᠷᠢᠨ ᠳᠡᠭᠡᠷ᠎ᠡ ᠪᠤᠳᠠᠲᠤ ᠪᠠᠶᠢᠳᠠᠯ ᠳᠤ ᠵᠤᠬᠢᠴᠠᠬᠰᠠᠨ᠂ ᠨᠡᠶᠢᠭᠡᠮ ᠤᠨ ᠬᠢᠨᠠᠯᠲᠠ ᠲᠠᠯᠪᠢᠬᠤ ᠳᠤ ᠳᠦᠭᠦᠮ ᠪᠠᠶᠢᠳᠠᠭ ᠨᠡᠶᠢᠭᠡᠮ ᠤᠨ ᠦᠢᠯᠡᠴᠢᠯᠡᠭᠡ ᠶᠢ ᠬᠤᠳᠠᠯᠳᠤᠨ ᠠᠪᠬᠤ ᠨᠢ ᠵᠠᠰᠠᠭ ᠤᠨ ᠤᠷᠳᠤᠨ ᠠᠴᠠ ᠪᠦᠬᠦ᠋ᠢᠯᠡ ᠦᠢᠯᠡᠴᠢᠯᠡᠭᠡ ᠶᠢ ᠬᠠᠩᠭᠠᠳᠠᠭ ᠦᠩᠭᠡᠷᠡᠭᠰᠡᠨ ᠤ ᠪᠠᠶᠢᠳᠠᠯ ᠲᠠᠢ ᠬᠠᠷᠢᠴᠠᠭᠤᠯᠪᠠᠯ ᠨᠡᠶᠢᠭᠡᠮ ᠤᠨ ᠦᠷ᠎ᠡ ᠠᠰᠢᠭ ᠢᠶᠠᠷ ᠨᠡᠩ ᠰᠠᠶᠢᠨ ᠪᠤᠯᠳᠠᠭ᠃ ᠤᠴᠢᠷ ᠨᠢ ᠨᠡᠶᠢᠭᠡᠮ ᠤᠨ ᠦᠢᠯᠡᠴᠢᠯᠡᠭᠡ ᠬᠠᠩᠭᠠᠵᠦ ᠦᠭᠬᠦ ᠡᠯ᠎ᠡ ᠵᠤᠬᠢᠶᠠᠨ ᠪᠠᠶᠢᠭᠤᠯᠤᠯᠲᠠ ᠨᠢ ᠨᠡᠩ ᠲᠤᠰᠬᠠᠢᠢᠵᠢᠭᠰᠠᠨ ᠪᠠᠶᠢᠳᠠᠭ ᠪᠦᠭᠡᠳ ᠲᠤᠰ ᠪᠡᠶ᠎ᠡ ᠶᠢᠨ ᠠᠰᠢᠭ ᠲᠤᠰᠠ ᠪᠠᠷ ᠢᠶᠠᠨ ᠰᠠᠭᠤᠷᠢᠯᠠᠭᠰᠠᠨ ᠵᠠᠬ᠎ᠠ ᠳᠡᠯᠭᠡᠭᠦᠷ ᠎ ᠤᠨ ᠦᠷᠢᠰᠦᠯᠳᠦᠭᠡᠨ ᠤ ᠳᠤᠮᠳᠠ ᠤᠷᠤᠰᠢᠵᠦ᠂ ᠬᠤᠷᠴᠨ ᠰᠢᠷᠦᠬᠦᠨ ᠦᠷᠢᠰᠦᠯᠳᠦᠭᠡᠨ ᠨᠢ ᠡᠳᠡᠭᠡᠷ ᠨᠡᠶᠢᠭᠡᠮ ᠤᠨ ᠦᠢᠯᠡᠴᠢᠯᠡᠭᠡ ᠶᠢᠨ ᠶᠠᠰᠤ ᠴᠢᠨᠠᠷ ᠢ ᠲᠠᠰᠤᠷᠠᠯᠳᠠ ᠦᠬᠡᠢ ᠰᠠᠶᠢᠵᠢᠷᠠᠭᠤᠯᠳᠠᠭ ᠶᠤᠮ᠃      ᠰᠣᠷᠪᠣᠯᠵᠢᠯᠠᠭᠴᠢ᠄ ᠰᠢᠨ᠎ᠠ ᠮᠠᠶ᠋ᠢᠬ ᠤᠨ ᠲᠣᠰᠬᠠᠢ ᠠᠵᠢᠯ ᠤᠨ ᠲᠠᠷᠢᠶᠠᠴᠢᠨ ᠤ ᠬᠦᠮᠦᠵᠢᠯ ᠪᠣᠯᠪᠠᠰᠣᠷᠠᠯ ᠢ ᠥᠷᠨᠢᠭᠦᠯᠬᠦ ᠶᠢᠨ ᠴᠢᠬᠤᠯᠠ ᠴᠢᠨᠠᠷ ᠢ ᠬᠡᠷᠬᠢᠨ ᠣᠢᠢᠯᠠᠭᠠᠪᠠᠯ ᠵᠣᠬᠢᠬᠤ ᠪᠣᠢ︖      ᠡᠩᠬᠡ ᠰᠢᠨ᠎ᠡ ᠮᠠᠶ᠋ᠢᠬ ᠤᠨ ᠲᠤᠰᠬᠠᠢ ᠠᠵᠢᠯ ᠤᠨ ᠲᠠᠷᠢᠶᠠᠴᠢᠨ ᠤ ᠬᠦᠮᠦᠵᠢᠯ ᠪᠤᠯᠪᠠᠰᠤᠷᠠᠯ ᠢ ᠴᠢᠩᠭᠠᠳᠬᠠᠬᠤ ᠨᠢ ᠬᠤᠶᠠᠷ ᠵᠦᠢᠯ ᠤᠨ ᠠᠭᠤᠯᠭ᠎ᠠ ᠲᠠᠢ᠃ ᠨᠢᠭᠡ ᠳᠤ᠂ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠪᠠᠨ ᠪᠤᠰᠤᠳ ᠲᠤ ᠰᠢᠯᠵᠢᠭᠦᠯᠦᠨ ᠦᠭᠭᠦᠭᠰᠡᠨ ᠪᠠᠶᠢᠳᠠᠯ ᠳᠤᠤᠷ᠎ᠠ ᠨᠢᠭᠡ ᠪᠦᠯᠦᠭ ᠮᠠᠯᠴᠢᠨ ᠲᠠᠷᠢᠶᠠᠴᠢᠨ ᠬᠦᠳᠡᠯᠮᠦᠷᠢ ᠬᠦᠴᠦ ᠦᠯᠡᠬᠦᠳᠡᠵᠤ ᠢᠷᠡᠳᠡᠭ᠃ ᠡᠳᠡᠭᠡᠷ ᠬᠦᠳᠡᠯᠮᠦᠷᠢ ᠬᠦᠴᠦ ᠨᠢ ᠳᠠᠬᠢᠵᠦ ᠬᠦᠯᠦᠰᠦᠨ ᠠᠵᠢᠯᠴᠢᠨ ᠤ ᠬᠡᠯᠪᠡᠷᠢ ᠪᠠᠷ ᠲᠤᠮᠤ ᠮᠠᠯᠵᠢᠯ ᠤᠨ ᠲᠠᠯᠠᠪᠠᠢ ᠪᠤᠶᠤ ᠲᠠᠷᠢᠶᠠᠯᠠᠩ ᠤᠨ ᠲᠠᠯᠠᠪᠠᠢ ᠳᠤ ᠠᠵᠢᠯᠯᠠᠬᠤ ᠳᠤ ᠲᠡᠷᠡ ᠨᠢ ᠨᠢᠭᠡᠨᠲᠡ ᠲᠤᠷ᠎ᠠ ᠵᠤᠷᠢᠭ ᠢᠶᠠᠷ ᠢᠶᠠᠨ ᠪᠠᠶᠢᠳᠠᠭ ᠲᠠᠷᠬᠠᠢ ᠪᠤᠲᠠᠷᠬᠠᠢ ᠡᠵᠡᠩᠨᠡᠯᠲᠡ ᠪᠢᠰᠢ ᠪᠤᠯᠵᠦ᠂ ᠨᠢᠭᠡᠲᠦᠯᠲᠠᠢ ᠵᠤᠬᠢᠶᠠᠨ ᠪᠠᠶᠢᠭᠤᠯᠤᠯᠲᠠ ᠳᠤᠤᠷᠠᠬᠢ ᠳᠦᠷᠢᠮᠵᠢᠭᠰᠡᠨ ᠬᠦᠳᠡᠯᠮᠦᠷᠢ ᠪᠤᠯᠳᠠᠭ ᠪᠠᠶᠢᠨ᠎ᠠ᠃ ᠡᠶᠢᠮᠦ ᠠᠴᠠ ᠡᠳᠡᠭᠡᠷ ᠬᠦᠮᠦᠰ ᠨᠢ ᠵᠠᠪᠠᠯ ᠴᠢᠩᠭ᠎ᠠ ᠨᠢᠮᠪᠠᠢ ᠬᠦᠮᠦᠵᠢᠯ ᠪᠤᠯᠪᠠᠰᠤᠷᠠᠯ ᠬᠦᠷᠲᠡᠭᠰᠡᠨ ᠪᠠᠶᠢᠬᠤ ᠬᠡᠷᠡᠭᠲᠠᠢ ᠪᠦᠭᠡᠳ ᠠᠵᠢᠯ ᠤᠨ ᠮᠡᠷᠭᠡᠵᠢᠯ ᠴᠢᠳᠠᠪᠤᠷᠢ ᠪᠠᠷ ᠦᠨᠳᠦᠷ ᠪᠠᠶᠢᠬᠤ ᠶᠢ ᠱᠠᠭᠠᠷᠳᠠᠳᠠᠭ ᠶᠤᠮ᠃ ᠬᠤᠶᠠᠷ ᠲᠤ᠂ ᠨᠢᠭᠡ ᠪᠦᠯᠦᠭ ᠲᠤᠰᠬᠠᠶᠢᠵᠢᠭᠰᠠᠨ ᠲᠤᠮᠤ ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠢ ᠪᠤᠶᠤ ᠲᠠᠷᠢᠶᠠᠯᠠᠩ ᠤᠨ ᠲᠠᠯᠠᠪᠠᠢ ᠶᠢᠨ ᠡᠵᠡᠳ᠂ ᠬᠤᠷᠰᠢᠶ᠎ᠠ ᠎ ᠶᠢᠨ ᠳᠠᠭᠠᠭᠤᠯᠤᠭᠴᠢ ᠪᠤᠯᠤᠨ ᠠᠵᠦ ᠠᠬᠤᠶᠢᠯᠠᠯ ᠤᠨ ᠬᠠᠮᠢᠶᠠᠷᠤᠭᠴᠢ ᠵᠡᠷᠭᠡ ᠨᠢ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢᠨ ᠦᠷᠬᠡᠵᠢᠯ ᠢ ᠳᠠᠭᠠᠯᠳᠤᠨ ᠦᠢᠯᠡᠳᠬᠦᠨ ᠤ ᠪᠤᠷᠤᠯᠠᠭᠤᠯᠭ᠎ᠠ ᠵᠡᠷᠭᠡ ᠵᠠᠬ᠎ᠠ ᠳᠡᠯᠭᠡᠭᠦᠷ ᠤᠨ ᠰᠢᠨ᠎ᠡ ᠠᠰᠠᠭᠤᠳᠠᠯ ᠎ ᠳᠤ ᠲᠤᠯᠭᠠᠷᠠᠵᠤ᠂ ᠬᠦᠮᠦᠵᠢᠯ ᠪᠤᠯᠪᠠᠰᠤᠷᠠᠯ ᠨᠢ ᠡᠳᠡᠭᠡᠷ ᠬᠦᠮᠦᠰ ᠲᠤ ᠴᠦ ᠲᠦᠢᠯ ᠤᠨ ᠴᠢᠬᠤᠯᠠ ᠪᠠᠶᠢᠳᠠᠭ᠃ ᠲᠡᠷᠡ ᠮᠦᠷᠲᠡᠭᠡᠨ ᠬᠦᠮᠦᠵᠢᠯ ᠪᠤᠯᠪᠠᠰᠤᠷᠠᠯ ᠨᠢ ᠤᠷᠲᠤ ᠬᠤᠭᠤᠴᠠᠭᠠᠨ ᠤ ᠦᠷᠬᠦᠯᠵᠢ ᠶᠢᠨ ᠴᠢᠨᠠᠷᠲᠠᠢ ᠪᠠᠶᠢᠬᠤ ᠶᠢ ᠱᠠᠭᠠᠷᠳᠠᠵᠦ᠂ ᠰᠢᠨ᠎ᠡ ᠬᠡᠯᠪᠡᠷᠢ ᠶᠢᠨ ᠲᠤᠰᠬᠠᠢ ᠠᠵᠢᠯ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠳᠦᠷᠢᠮᠵᠢᠯ ᠤᠨ ᠪᠤᠢ ᠪᠤᠯᠬᠤ ᠶᠢ ᠱᠠᠭᠠᠷᠳᠠᠵᠤ ᠪᠤᠢ᠃ ᠡᠨᠡ ᠨᠢ ᠮᠦᠨᠴᠦ ᠰᠢᠰᠲ᠋ᠧᠮᠵᠢᠭᠰᠡᠨ ᠨᠡᠶᠢᠭᠡᠮ ᠤᠨ ᠦᠢᠯᠡᠴᠢᠯᠡᠭᠡᠨ ᠤ ᠴᠢᠬᠤᠯᠠ ᠨᠢᠭᠡᠨ ᠠᠭᠤᠯᠭ᠎ᠠ ᠪᠤᠯᠤᠨ᠎ᠠ᠃     ᠰᠣᠷᠪᠣᠯᠵᠢᠯᠠᠭᠴᠢ᠄ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠠᠪᠠᠭᠤᠯᠢᠭ ᠪᠠ ᠦᠢᠯᠡᠳᠤᠯ ᠢ ᠬᠡᠷᠬᠢᠨ ᠪᠠᠳᠠᠷᠠᠭᠤᠯᠵᠤ ᠪᠠᠶᠢᠭᠠᠳ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠣᠷᠠᠯ ᠳᠤᠦ᠋ᠯᠡᠴᠢᠯᠡᠬᠦᠯᠬᠦ ᠪᠣᠢ︖      ᠡᠩᠬᠡ᠄ ᠨᠢᠬᠡ ᠲᠠᠯ᠎ᠠ ᠪᠠᠷ᠂ ᠮᠠᠯᠵᠢᠬᠤ ᠲᠠᠷᠢᠶᠠᠯᠠᠬᠤ ᠤᠷᠤᠨ ᠲᠠᠬᠢ ᠬᠠᠩᠭᠠᠨ ᠪᠤᠷᠤᠯᠠᠭᠤᠯᠬᠤ ᠬᠤᠷᠰᠢᠶ᠎ᠠ ᠨᠢ ᠨᠡᠯᠢᠶᠡᠳ ᠤᠷᠲᠤ ᠬᠤᠭᠤᠴᠠᠭᠠᠨ ᠤ ᠡᠵᠡᠩᠨᠡᠯᠲᠡ ᠪᠠᠷ ᠳᠠᠮᠵᠢᠭᠠᠳ ᠬᠦᠷᠦᠩᠭᠡ ᠶᠢᠨ ᠡᠵᠡᠩᠨᠡᠯᠲᠡ ᠶᠢᠨ ᠬᠡᠯᠪᠡᠷᠢ ᠪᠠᠷ ᠲᠤᠳᠤᠷᠬᠠᠢ᠂ ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠶᠢᠨ ᠠᠷᠭ᠎ᠠ ᠬᠡᠯᠪᠡᠷᠢ ᠪᠠᠷ ᠨᠠᠯᠢᠶᠡᠳ ᠪᠤᠯᠪᠠᠰᠤᠷᠠᠩᠭᠤᠢ ᠪᠤᠯᠤᠭᠰᠠᠨ ᠪᠠᠶᠢᠳᠠᠭ᠃ ᠡᠨᠡ ᠨᠢ ᠮᠠᠯ ᠠᠵᠤ ᠠᠬᠤᠢ ᠲᠠᠷᠢᠶᠠᠯᠠᠩ ᠢ ᠬᠡᠪᠴᠢᠶᠡᠵᠢᠬᠦᠯᠤᠨ ᠡᠵᠡᠩᠨᠡᠬᠦ ᠳᠤ ᠡᠯᠪᠡᠭ ᠪᠠᠶᠠᠯᠢᠭ ᠲᠤᠷᠰᠢᠯᠭ᠎ᠠ ᠬᠠᠩᠭᠠᠭᠰᠠᠨ ᠪᠦᠭᠡᠳ ᠮᠡᠷᠭᠡᠵᠢᠯ ᠤᠨ ᠴᠢᠨᠠᠷᠲᠠᠢ ᠲᠤᠰᠠᠯᠠᠮᠵᠢ ᠤᠯᠭᠤᠵᠦ ᠴᠢᠳᠠᠳᠠᠭ ᠶᠤᠮ᠃ ᠨᠦᠭᠦᠭᠡ ᠲᠠᠯ᠎ᠠ ᠪᠠᠷ᠂ ᠲᠤᠰᠬᠠᠢ ᠬᠤᠷᠰᠢᠶ᠎ᠠ ᠪᠤᠯ ᠮᠠᠯᠴᠢᠨ ᠲᠠᠷᠢᠶᠠᠴᠢᠨ ᠤ ᠡᠵᠡᠩᠨᠡᠯᠲᠡ ᠶᠢᠨ ᠡᠷᠭᠡ ᠶᠢ ᠨᠢᠭᠡᠲᠦᠭᠦᠯᠦᠭᠰᠡᠨ ᠬᠠᠮᠤᠭ ᠰᠠᠶᠢᠨ ᠦᠯᠢᠭᠡᠷ ᠵᠢᠱᠢᠶ᠎ᠡ ᠪᠤᠯᠤᠨ᠎ᠠ᠃ ᠲᠤᠰᠬᠠᠢ ᠬᠤᠷᠰᠢᠶ᠎ᠠ ᠨᠢ ᠡᠵᠡᠩᠨᠡᠯᠲᠡ ᠎ ᠶᠢᠨ ᠡᠷᠬᠡ ᠶᠢ ᠡᠵᠡᠮᠲᠡᠵᠦ᠂ ᠮᠠᠯᠴᠢᠨ ᠲᠠᠷᠢᠶᠠᠴᠢᠨ ᠳᠠᠭᠠᠭᠠᠴᠢᠯᠠᠯᠲᠠ ᠶᠢᠨ ᠡᠷᠬᠡ ᠪᠠᠨ ᠠᠰᠢᠬᠯᠠᠨ ᠬᠤᠪᠢ ᠤᠷᠤᠬᠤ ᠵᠡᠷᠭᠡ ᠬᠡᠯᠪᠡᠷᠢ ᠪᠠᠷ ᠠᠰᠢᠭ ᠤᠯᠵᠠᠪᠤᠷᠢ ᠤᠯᠵᠦ ᠪᠤᠯᠬᠤ ᠪᠦᠭᠡᠳ ᠲᠤᠰᠬᠠᠢ ᠬᠤᠷᠰᠢᠶ᠎ᠠ ᠶᠢᠨ ᠬᠦᠳᠡᠯᠮᠦᠷᠢ ᠲᠤ ᠤᠷᠤᠯᠴᠠᠬᠤ ᠪᠤᠶᠤ ᠪᠤᠰᠤᠳ ᠵᠦᠢᠯ ᠤᠨ ᠬᠦᠳᠡᠯᠮᠦᠷᠢ ᠳᠤ ᠤᠷᠤᠯᠴᠠᠬᠤ ᠬᠡᠯᠪᠡᠷᠢ ᠪᠠᠷ ᠴᠦ ᠤᠷᠤᠯᠭ᠎ᠠ ᠪᠠᠨ ᠨᠡᠮᠡᠭᠳᠡᠭᠦᠯᠵᠦ ᠪᠤᠯᠳᠠᠭ ᠶᠤᠮ᠃      ᠶᠡᠷᠦᠩᠬᠡᠢ ᠳᠤᠨᠢ ᠠᠪᠴᠦ ᠬᠡᠯᠡᠪᠡᠯ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠎ ᠢ ᠪᠠᠶᠢᠭᠤᠯᠵᠦ ᠲᠡᠭᠦᠯᠳᠡᠷᠵᠢᠭᠦᠯᠬᠦ ᠨᠢ ᠤᠯᠠᠨ ᠡᠰᠢᠴᠢᠯᠡᠭᠰᠡᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠪᠠᠶᠢᠭᠤᠯᠬᠤ ᠪᠠᠷ ᠲᠠᠮᠵᠢᠨ ᠮᠠᠯ ᠠᠵᠤ ᠠᠬᠤᠢ ᠲᠠᠷᠢᠶᠠᠯᠠᠩ ᠤᠨ ᠲᠤᠰᠬᠠᠶᠢᠵᠢᠵᠦ ᠬᠡᠪᠵᠢᠶᠡᠵᠢᠬᠦ ᠶᠢ ᠠᠬᠢᠭᠤᠯᠵᠦ᠂ ᠨᠡᠩ ᠬᠦᠨ ᠭᠦᠨᠵᠡᠭᠡᠢ ᠵᠠᠬ᠎ᠠ ᠳᠡᠯᠭᠡᠭᠦᠷᠵᠢᠬᠦᠯᠦᠨ ᠡᠵᠡᠩᠨᠡᠬᠦ ᠶᠢ ᠵᠤᠷᠢᠵᠤ ᠪᠤᠢ᠃ ᠤᠴᠢᠷ ᠨᠢ᠂ ᠬᠤᠷᠰᠢᠵᠦ ᠬᠡᠪᠴᠢᠶᠡᠵᠢᠭᠰᠡᠨ ᠡᠵᠡᠩᠨᠡᠯᠳᠡ ᠬᠢᠬᠦ ᠦᠭᠡᠢ ᠪᠤᠯ ᠮᠠᠯᠴᠢᠨ ᠲᠠᠷᠢᠶᠠᠴᠢᠨ ᠶᠡᠷᠤᠨᠢ ᠵᠠᠬ᠎ᠠ ᠳᠡᠯᠭᠡᠭᠦᠷ ᠤᠨ ᠦᠷᠢᠰᠦᠯᠳᠦᠭᠡᠨ ᠳᠤᠮᠳᠠ ᠲᠤᠷᠤᠢ ᠪᠠᠭᠤᠷᠠᠢ ᠪᠠᠶᠢᠵᠦ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠲᠤᠭᠲᠠᠭᠠᠬᠤ ᠡᠷᠬᠡ ᠪᠠᠨ ᠠᠯᠳᠠᠳᠠᠭ ᠶᠤᠮ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠨᠢ ᠮᠠᠯᠴᠢᠨ ᠲᠠᠷᠢᠶᠠᠴᠢᠨ ᠤ ᠰᠠᠶᠢᠨ ᠳᠤᠷ᠎ᠠ ᠠᠴᠠ ᠪᠠᠨ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠪᠠᠨ ᠰᠢᠯᠵᠢᠬᠦᠯᠬᠦ ᠪᠠᠷ ᠰᠠᠭᠤᠷᠢ ᠪᠤᠯᠭᠠᠭᠰᠠᠨ ᠲᠤᠮᠤ ᠬᠡᠯᠪᠡᠷᠢ ᠶᠢᠨ ᠮᠠᠯᠵᠢᠯ ᠤᠨ ᠲᠠᠯᠠᠪᠠᠢ ᠪᠤᠶᠤ ᠲᠠᠷᠢᠶᠠᠯᠠᠩ ᠤᠨ ᠲᠠᠯᠠᠪᠠᠢ ᠵᠡᠷᠬᠡ ᠲᠤ ᠦᠢᠯᠡᠴᠢᠯᠡᠬᠦ ᠪᠠᠷ ᠤᠷᠢᠳᠡᠴᠢ ᠨᠦᠭᠦᠴᠡᠯ ᠪᠤᠯᠭᠠᠳᠠᠭ ᠤᠴᠢᠷ ᠠᠴᠠ ᠡᠵᠡᠩᠨᠡᠯᠲᠡ ᠶᠢᠨ ᠡᠷᠬᠡ ᠪᠠᠨ ᠰᠢᠯᠵᠢᠭᠦᠯᠦᠭᠰᠡᠨ ᠬᠦᠮᠦᠰ ᠪᠤᠶᠤ ᠡᠵᠡᠩᠨᠡᠯᠲᠡ ᠶᠢᠨ ᠡᠷᠬᠡ ᠶᠢ ᠬᠦᠯᠢᠶᠡᠵᠦ ᠠᠪᠤᠭᠰᠠᠨ ᠬᠦᠮᠦᠰ ᠪᠦᠷ ᠠᠵᠢᠯ ᠤᠨ ᠴᠢᠳᠠᠪᠦᠷᠢ ᠪᠠᠨ ᠳᠡᠭᠡᠭᠰᠢᠯᠡᠭᠦᠯᠬᠦ ᠴᠢᠬᠤᠯᠠᠲᠠᠢ᠃ ᠡᠨᠡ ᠨᠢ ᠤᠷᠲᠤ ᠬᠤᠭᠤᠴᠠᠭᠠᠨ ᠤ ᠬᠦᠮᠦᠵᠢᠯ ᠪᠤᠯᠪᠠᠰᠤᠷᠠᠯ ᠢᠶᠠᠷ ᠳᠠᠮᠵᠢᠨ ᠰᠢᠢᠳᠪᠦᠷᠢᠯᠡᠭᠳᠡᠬᠦ ᠨᠢ ᠵᠠᠶᠢᠯᠠᠰᠢ ᠦᠭᠡᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map