ᠰᠢᠨ᠎ᠡ ᠬᠡᠪ ᠪᠠᠶᠢᠳᠠᠯ ᠳᠤ ᠵᠣᠬᠢᠴᠠᠭᠤᠯᠵᠤ  ᠰᠢᠨ᠎ᠡ ᠠᠵᠠ ᠲᠣᠬᠢᠶᠠᠯ ᠢ ᠵᠠᠪᠳᠤᠨ  ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2015/5/19
     ᠰᠤᠷᠪᠤᠯᠵᠢᠯᠠᠨ ᠶᠠᠷᠢᠯᠴᠠᠭᠰᠠᠨ ᠭᠤᠣᠯ ᠰᠡᠳᠦᠪ᠄      ᠰᠢᠨ᠎ᠡ ᠬᠡᠪ ᠪᠠᠶᠢᠳᠠᠯ ᠳᠤ ᠵᠣᠬᠢᠴᠠᠭᠤᠯᠵᠤ  ᠰᠢᠨ᠎ᠡ ᠠᠵᠠ ᠲᠣᠬᠢᠶᠠᠯ ᠢ ᠵᠠᠪᠳᠤᠨ  ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠶ᠎ᠠ      ᠰᠤᠷᠪᠤᠯᠵᠢᠯᠠᠨ ᠶᠠᠷᠢᠯᠴᠠᠭᠰᠠᠨ ᠴᠠᠭ᠄ 2015 ᠣᠨ ᠤ 5 ᠳ᠋ᠤᠭᠠᠷ ᠰᠠᠷ᠎ᠠ ᠶᠢᠨ 6᠎ ᠤ ᠡᠳᠦᠷ      ᠰᠤᠷᠪᠤᠯᠵᠢᠯᠠᠭᠰᠠᠨ ᠵᠣᠴᠢᠨ᠄ ᠲᠦᠩᠯᠢᠶᠣᠣ ᠬᠤᠲᠠ ᠶᠢᠨ ᠠᠵᠤ ᠠᠬᠤᠢ ᠮᠡᠳᠡᠭᠡ ᠵᠠᠩᠭᠢᠵᠢᠭᠤᠯᠤᠯᠲᠠ ᠶᠢᠨ ᠵᠥᠪᠯᠡᠯ ᠤᠨ ᠡᠷᠬᠢᠯᠡᠭᠴᠢ    ᠸᠠᠩ ᠴᠢᠶᠦ᠋ᠩ      ᠰᠤᠷᠪᠤᠯᠵᠢᠯᠠᠨ ᠶᠠᠷᠢᠯᠴᠠᠭᠰᠠᠨ ᠲᠣᠪᠴᠢ ᠲᠠᠨᠢᠯᠴᠠᠭᠤᠯᠭ᠎ᠠ᠄      ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠣᠷᠣᠭᠰᠠᠨ ᠶᠠᠪᠤᠳᠠᠯ ᠪᠣᠯ᠂ ᠰᠢ ᠶᠢᠨ ᠫᠢᠩ ᠨᠥᠬᠦᠷ ᠢᠶᠠᠷ ᠶᠡᠷᠦᠩᠬᠡᠢ ᠱᠦᠵᠢ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠬᠢᠭᠰᠡᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠮᠠᠭᠠᠳᠯᠠᠯ ᠪᠣᠯᠣᠨ᠎ᠠ᠃ ᠡᠶᠢᠮᠦᠷᠬᠦᠦ ᠠᠵᠤ ᠠᠬᠤᠢ ᠶᠢᠨ ᠬᠥᠭᠵᠢᠯᠲᠡ ᠶᠢᠨ ᠣᠷᠴᠢᠨ ᠪᠠᠶᠢᠳᠠᠯ ᠳᠣᠣᠷ᠎ᠠ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠤ ᠠᠬᠤᠢ ᠶᠢᠨ ᠰᠢᠨ᠎ᠡ ᠬᠡᠪ ᠪᠠᠶᠢᠳᠠᠯ ᠤᠨ ᠲᠤᠬᠠᠢ ᠲᠥᠪ᠂ ᠥᠪᠡᠷᠲᠡᠭᠡᠨ ᠵᠠᠰᠠᠬᠤ ᠣᠷᠣᠨ ᠤ ᠵᠠᠳᠠᠯᠤᠯᠲᠠ ᠮᠠᠭᠠᠳᠯᠠᠯ ᠪᠠ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠬᠡᠪ ᠪᠠᠶᠢᠳᠠᠯ ᠳᠤ ᠵᠣᠬᠢᠴᠠᠭᠤᠯᠤᠨ᠂ ᠰᠢᠨ᠎ᠡ ᠠᠵᠠ ᠲᠣᠬᠢᠶᠠᠯ ᠢ ᠵᠠᠪᠳᠤᠨ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠠᠵᠤ ᠠᠬᠤᠢ ᠶᠢᠨ ᠬᠤᠷᠳᠤᠴᠠ ᠶᠢ ᠨᠡᠮᠡᠭᠳᠡᠭᠦᠯᠬᠦ᠂ ᠬᠥᠭᠵᠢᠭᠦᠯᠬᠦ ᠠᠷᠭ᠎ᠠ ᠮᠠᠶ᠋ᠢᠭ᠂ ᠠᠵᠤ ᠠᠬᠤᠢ ᠶᠢᠨ ᠪᠦᠲᠦᠴᠡ᠂ ᠨᠡᠮᠡᠭᠳᠡᠯ ᠤᠨ ᠬᠥᠳᠡᠯᠭᠡᠬᠦ ᠬᠦᠴᠦᠨ ︽ᠳᠥᠷᠪᠡᠨ ᠵᠦᠭ ᠴᠢᠭᠯᠡᠯ ᠢᠶᠠᠨ ᠰᠣᠯᠢᠬᠤ︾᠎ ᠶᠢ ᠭᠦᠢᠴᠡᠳ ᠲᠠᠨᠢᠬᠤ ᠪᠠ ᠰᠠᠶᠢᠳᠤᠷ ᠡᠵᠡᠮᠰᠢᠬᠦ ᠪᠠᠷ ᠭᠤᠣᠯᠳᠠᠯᠭ᠎ᠠ ᠪᠣᠯᠭᠠᠨ᠂ ᠰᠢᠨ᠎ᠡ ᠬᠡᠪ ᠪᠠᠶᠢᠳᠠᠯ ᠳᠣᠣᠷᠠᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠬᠤᠪᠢᠷᠠᠯᠲᠠ ᠳᠤ ᠬᠤᠪᠢᠰᠤᠩᠭᠤᠢ ᠪᠠᠷ ᠬᠠᠨᠳᠤᠵᠤ᠂ ᠯᠠᠪᠳᠠᠭᠤᠨ ᠢᠶᠠᠷ ᠨᠡᠮᠡᠭᠳᠡᠭᠦᠯᠬᠦ ᠶᠢ ᠰᠢᠨ᠎ᠡ ᠬᠡᠪ ᠪᠠᠶᠢᠳᠠᠯ ᠳᠣᠣᠷᠠᠬᠢ ᠲᠡᠷᠢᠭᠦᠨ ᠴᠢᠬᠤᠯᠠ ᠡᠭᠦᠷᠭᠡ ᠪᠣᠯᠭᠠᠨ᠂ ᠨᠡᠮᠡᠭᠳᠡᠯ ᠤᠨ ᠰᠢᠨ᠎ᠡ ᠴᠡᠭ ᠢ ᠪᠣᠶᠢᠵᠢᠭᠤᠯᠬᠤ ᠶᠢ ᠰᠢᠨ᠎ᠡ ᠬᠡᠪ ᠪᠠᠶᠢᠳᠠᠯ ᠳᠣᠣᠷᠠᠬᠢ ᠭᠤᠣᠯ ᠳᠠᠭᠠᠷᠢᠬᠤ ᠴᠢᠭᠯᠡᠯ ᠪᠣᠯᠭᠠᠪᠠ᠃ ᠣᠶᠢᠷ᠎ᠠ ᠳᠤ᠂ ᠪᠢᠳᠡ ᠲᠦᠩᠯᠢᠶᠣᠣ ᠬᠤᠲᠠ ᠶᠢᠨ ᠠᠵᠤ ᠠᠬᠤᠢ ᠠᠵᠤ ᠠᠬᠤᠢ ᠮᠡᠳᠡᠭᠡ ᠵᠠᠩᠭᠢᠵᠢᠭᠤᠯᠤᠯᠲᠠ ᠶᠢᠨ ᠵᠥᠪᠯᠡᠯ ᠤᠨ ᠡᠷᠬᠢᠯᠡᠭᠴᠢ ᠸᠠᠩ ᠴᠢᠶᠦ᠋ᠩ ᠢ ᠤᠷᠢᠵᠤ᠂ ᠲᠦᠩᠯᠢᠶᠣᠣ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠᠶᠢᠳᠠᠯ ᠬᠢᠭᠡᠳ ᠳᠠᠷᠠᠭ᠎ᠠ ᠠᠯᠬᠤᠮ ᠤᠨ ᠪᠣᠳᠣᠯᠬᠢᠯᠠᠯ ᠤᠨ ᠲᠤᠬᠠᠢ ᠰᠦᠯᠵᠢᠶᠡᠨ ᠠᠨᠳᠠ ᠨᠠᠷ ᠲᠠᠢ ᠵᠤᠭᠤᠭᠳᠠᠭᠤᠯᠬᠤ ᠪᠠᠷ ᠪᠤᠯᠪᠠ᠃ ᠲᠤᠬᠠᠢ ᠶᠢᠨ ᠴᠠᠭ ᠳᠤᠨᠢ ᠰᠦᠯᠵᠢᠶᠡᠨ ᠠᠨᠳᠠ ᠨᠠᠷ ᠤᠨ ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠳᠤᠵᠦ  ᠪᠠᠶᠢᠨᠠᠮ︕      ﹇ᠬᠥᠲᠥᠯᠥᠭᠴᠢ﹈᠄ ᠰᠦᠯᠵᠢᠶᠡᠨ ᠠᠨᠳᠠ ᠨᠠᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︖ ᠲᠤᠰ ᠬᠤᠭᠤᠴᠠᠭᠠᠨ ᠤ ︽ᠳᠤᠮᠳᠠᠳᠤ ᠤᠯᠤᠰ  ᠂ ᠦᠪᠤᠷ ᠮᠤᠩᠭᠤᠯ  ︾ ᠰᠦᠯᠵᠢᠶ᠎ᠡ ᠶᠢᠨ ᠰᠤᠷᠪᠤᠯᠵᠢᠯᠠᠵᠤ ᠶᠠᠷᠢᠯᠴᠠᠬᠤ ᠫᠷᠦᠭᠷᠡᠮ ᠢ ᠬᠦᠯᠢᠶᠡᠨ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠥᠨᠥᠳᠥᠷ ᠪᠢᠳᠡ‌‍ᠲ᠋ᠦ᠋ᠩᠯᠢᠶᠣᠣ ᠬᠤᠲᠠ ᠶᠢᠨ ᠠᠵᠤ ᠠᠬᠤᠢ ᠮᠡᠳᠡᠭᠡ ᠵᠠᠩᠭᠢᠵᠢᠭᠤᠯᠤᠯᠲᠠ ᠶᠢᠨ ᠵᠥᠪᠯᠡᠯ ᠤᠨ ᠡᠷᠬᠢᠯᠡᠭᠴᠢ ᠸᠠᠩ ᠴᠢᠶᠦ᠋ᠩ ᠢ ᠤᠷᠢᠵᠤ ᠲᠦᠩᠯᠢᠶᠣᠣ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠵᠦ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠣᠯᠠᠨ ᠲᠠᠢ ᠰᠦᠯᠵᠢᠶᠡᠨ ᠳᠡᠭᠡᠷ᠎ᠡ ᠵᠣᠭᠤᠭᠳᠠᠬᠤ ᠪᠣᠯᠣᠨ᠎ᠠ᠃ ᠸᠠᠩ ᠡᠷᠬᠢᠯᠡᠭᠴᠢ ᠡ᠂ ᠳᠠᠨ ᠢ ᠪᠠᠶᠠᠷᠯᠠᠨ ᠤᠭᠳᠤᠵᠦ ᠪᠠᠶᠢᠨ᠎ᠠ︕      ﹇ᠸᠠᠩ ᠴᠢᠶᠥ᠋ᠩ﹈᠄ ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ ︖ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠦᠯᠵᠢᠶ᠎ᠡ ᠪᠠᠷ ᠳᠠᠮᠵᠢᠭᠤᠯᠤᠨ ᠲᠠ ᠪᠦᠬᠦᠨ ᠲᠠᠢ ᠵᠤᠭᠤᠭᠳᠠᠬᠤ ᠪᠤᠯᠤᠭᠰᠠᠨ ᠳᠠᠭᠠᠨ ᠮᠠᠰᠢ ᠪᠠᠶᠠᠷᠯᠠᠵᠦ ᠪᠠᠶᠢᠨ᠎ᠠ᠃ ᠰᠦᠯᠵᠢᠶᠡᠨ ᠠᠨᠳᠠ ᠨᠠᠷ ᠲᠦᠩᠯᠢᠶᠣᠣ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠳᠠᠯᠠᠷᠬᠠᠵᠦ ᠪᠠᠶᠢᠨ᠎ᠠ︕      ﹇ᠬᠥᠲᠥᠯᠥᠭᠴᠢ﹈᠄ ᠸᠠᠩ ᠡᠷᠬᠢᠯᠡᠭᠴᠢ ᠡ᠂ ᠲᠦᠩᠯᠢᠶᠣᠣ ᠬᠤᠲᠠ ᠶᠢᠨ 2015 ᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠨᠢ ᠶᠠᠭᠤ ᠪᠤᠢ︖ᠸᠠᠩ ᠴᠢᠶᠦ᠋ᠩ᠄ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠣᠣᠷᠠᠬᠢ ᠲᠣᠲᠣᠭᠠᠳᠤ ᠬᠡᠷᠡᠭᠴᠡᠭᠡ ᠱᠠᠭᠠᠷᠲᠠᠯᠭ᠎ᠠ ᠪᠣᠯᠣᠨ ᠬᠠᠨᠳᠤᠯᠭ᠎ᠠ ᠶᠢᠨ ᠴᠢᠨᠠᠷᠲᠠᠢ ᠬᠤᠪᠢᠷᠠᠯᠲᠠ ᠶᠢ ᠭᠦᠢᠴᠡᠳ ᠪᠣᠳᠣᠯᠬᠢᠯᠠᠨ᠂ ᠲᠦᠩᠯᠢᠶᠣᠣ ᠬᠤᠲᠠ ᠶᠢᠨ ᠠᠵᠤ ᠠᠬᠤᠢ ᠶᠢᠨ ᠬᠤᠪᠢᠷᠠᠯᠲᠠ ᠶᠢᠨ ᠱᠠᠲᠤ ᠦᠶ᠎ᠡ ᠶᠢᠨ ᠴᠢᠨᠠᠷᠲᠠᠢ ᠣᠨᠴᠠᠯᠢᠭ ᠪᠣᠯᠣᠨ ᠭᠠᠳᠠᠭᠠᠳᠤ ᠣᠷᠴᠢᠨ ᠨᠦᠬᠦᠴᠡᠯ ᠤᠨ ᠨᠥᠯᠥᠭᠡ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠭᠰᠠᠨ ᠤᠷᠢᠳᠠᠯ ᠳᠣᠣᠷ᠎ᠠ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ 2015 ᠣᠨ ᠤ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠣᠯ ᠵᠢᠱᠢᠭᠰᠡᠨ ᠬᠠᠷᠠᠯᠲᠠ ᠶᠢ ᠲᠣᠳᠣᠷᠬᠠᠶᠢᠯᠠᠪᠠ᠄ ᠡᠨᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠠᠳᠠᠯᠢ ᠬᠤᠭᠤᠴᠠᠭᠠᠨ ᠤ ᠎ ᠬᠢ ᠠᠴᠠ10%᠎ ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠰᠢᠨ᠎ᠡ ᠪᠠᠷ 40 ᠡᠷᠦᠬᠡ ᠨᠡᠮᠡᠭᠳᠡᠭᠦᠯᠦᠨ᠎ᠡ︔ 500 ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠎ ᠲᠠᠢ ᠲᠥᠷᠥᠯ ᠵᠦᠢᠯ 280᠎ ᠶᠢ ᠰᠢᠨ᠎ᠡ ᠪᠠᠷ ᠠᠵᠢᠯ ᠡᠬᠢᠯᠡᠭᠦᠯᠬᠦ ᠪᠠ ᠦᠷᠭᠦᠯᠵᠢᠯᠡᠨ ᠪᠠᠶᠢᠭᠤᠯᠵᠤ᠂ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 600 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃      ﹇ᠬᠦᠳᠤᠯᠦᠭᠴᠢ﹈ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠴᠦᠮ ᠶᠠᠭᠤ ᠶᠠᠭᠤ ᠶᠢ ᠬᠢᠬᠦ ᠴᠢᠬᠤᠯᠠᠲᠠᠢ ᠪᠣᠢ ᠭᠡᠳᠡᠭ ᠢ ᠲᠠ ᠪᠢᠳᠡᠨ ᠳᠤ ᠲᠠᠨᠢᠯᠴᠠᠭᠤᠯᠤᠭᠠᠳ ᠥᠭᠭᠦᠨᠦ︖      ﹇ᠸᠠᠩ ᠴᠢᠶᠥ᠋ᠩ﹈ ᠰᠢᠨ᠎ᠡ ᠬᠡᠪ ᠪᠠᠶᠢᠳᠠᠯ ᠤᠨ ᠳᠣᠣᠷ᠎ᠠ᠂ ᠡᠶᠢᠮᠦᠷᠬᠦ ᠬᠠᠷᠠᠯᠲᠠ ᠶᠢ ᠪᠡᠶᠡᠯᠡᠭᠦᠯᠬᠦ ᠳᠤ᠂ ᠳᠣᠣᠷᠠᠬᠢ ᠭᠤᠷᠪᠠᠨ ᠲᠠᠯ᠎ᠠ ᠶᠢ ᠭᠦᠢᠴᠡᠳᠬᠡᠬᠦ ᠬᠡᠷᠡᠭᠲᠡᠢ᠄ ᠨᠢᠭᠡ ᠳᠤ ᠠᠵᠤ ᠦᠢᠯᠡᠰ ᠤᠨ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ︽ᠭᠤᠷᠪᠠᠨ ᠲᠣᠮᠣ ᠠᠵᠤ ᠦᠢᠯᠡᠰ ᠤᠨ ᠲᠥᠪᠯᠡᠷᠡᠭᠰᠡᠨ ᠪᠥᠯᠬᠦᠮ︾᠎ ᠢ ᠪᠠᠬᠢᠵᠢᠭᠦᠯᠦᠨ ᠳᠡᠭᠡᠭᠰᠢᠯᠡᠭᠦᠯᠦᠨ᠎ᠡ︔ ᠬᠤᠶᠠᠷ ᠲᠤ ᠲᠥᠷᠥᠯ ᠵᠦᠢᠯ ᠤᠨ ᠪᠥᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠠᠵᠤ ᠦᠢᠯᠡᠰ ᠤᠨ ᠪᠥᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ︔ ᠭᠤᠷᠪᠠ ᠳᠤ ᠰᠢᠨ᠎ᠡ ᠶᠢ ᠡᠭᠦᠳᠬᠦ ᠬᠥᠳᠡᠯᠭᠡᠭᠦᠷ ᠢ ᠲᠡᠭᠦᠯᠳᠡᠷᠵᠢᠭᠦᠯᠦᠨ᠂ ᠠᠵᠤ ᠦᠢᠡᠯᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢᠨ ︽ᠬᠤᠶᠠᠷ ᠢ ᠳᠡᠭᠡᠭᠰᠢᠯᠡᠭᠦᠯᠬᠦ︾᠎ ᠶᠢ ᠪᠡᠶᠡᠯᠡᠭᠦᠯᠦᠨ᠎ᠡ᠃      ﹇ᠬᠦᠳᠤᠯᠦᠭᠴᠢ﹈ ᠸᠠᠩ ᠡᠷᠬᠢᠯᠡᠭᠴᠢ ᠡ᠂ ᠲᠠᠨ ᠤ ᠰᠠᠶ᠋ᠢ ᠶᠢᠨ ᠳᠤᠷᠠᠳᠤᠭᠰᠠᠨ ︽ᠭᠤᠷᠪᠠᠨ ᠲᠣᠮᠣ ᠠᠵᠤ ᠦᠢᠯᠡᠰ ᠤᠨ ᠲᠥᠪᠯᠡᠷᠡᠭᠰᠡᠨ ᠪᠥᠯᠬᠦᠮ︾ ᠭᠡᠳᠡᠭ ᠨᠢ ᠶᠠᠭᠤ ᠶᠢ ᠵᠢᠭᠠᠵᠤ ᠪᠠᠶᠢᠬᠤ ᠪᠣᠢ︖      ﹇ᠸᠠᠩ ᠴᠢᠶᠥ᠋ᠩ﹈ ︽ᠭᠤᠷᠪᠠᠨ ᠲᠣᠮᠣ ᠠᠵᠤ ᠦᠢᠯᠡᠰ ᠤᠨ ᠲᠥᠪᠯᠡᠷᠡᠭᠰᠡᠨ ᠪᠥᠯᠬᠦᠮ︾᠎ ᠢ ᠪᠥᠲᠦᠭᠡᠨ ᠪᠠᠶᠢᠭᠤᠯᠬᠤ ᠪᠣᠯ ᠲᠦᠩᠯᠢᠶᠣᠣ ᠬᠤᠲᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ︽8337︾ ᠬᠥᠭᠵᠢᠯᠲᠡ ᠶᠢᠨ ᠰᠡᠳᠬᠢᠮᠵᠢ ᠶᠢ ᠪᠥᠬᠦ ᠲᠠᠯ᠎ᠠ ᠪᠠᠷ ᠲᠤᠤᠱᠯᠠᠭᠤᠯᠵᠤ᠂ ᠡᠬᠢ ᠪᠠᠶᠠᠯᠢᠭ ᠤᠨ ᠲᠥᠷᠥᠯᠬᠢ ᠨᠥᠬᠦᠴᠡᠯ᠂ ᠣᠷᠣᠨ ᠪᠠᠶᠢᠷᠢ ᠶᠢᠨ ᠳᠠᠪᠠᠭᠤᠯᠢᠭ᠂ ᠪᠠᠶᠢᠭᠠᠯᠢ ᠶᠢᠨ ᠣᠷᠴᠢᠨ ᠲᠣᠭᠤᠷᠢᠨ᠂ ᠠᠵᠤ ᠦᠢᠯᠡᠰ ᠤᠨ ᠪᠠᠶᠢᠷᠢᠰᠢᠭᠤᠯᠤᠯ ᠎ ᠳᠠᠭᠠᠨ ᠲᠦᠰᠢᠭᠯᠡᠵᠦ ᠵᠢᠷᠤᠭᠯᠠᠭᠰᠠᠨ ᠨᠢᠭᠡᠨ ᠠᠤᠭ᠎ᠠ ᠶᠡᠭᠡ ᠲᠥᠰᠥᠪ ᠪᠣᠯᠬᠤ ᠶᠤᠮ᠃ ᠡᠨᠡᠬᠦ ᠲᠥᠰᠥᠪ ᠤᠨ ᠪᠤᠲᠠᠲᠠᠢ ᠠᠭᠤᠯᠭ᠎ᠠ ᠪᠣᠯ᠄ ᠬᠤᠶᠢᠲᠤ ᠬᠡᠰᠡᠭ ᠲᠡᠭᠡᠨ ᠬᠤᠣᠯᠢᠨ ᠭᠤᠣᠯ ᠬᠤᠲᠠ᠂ ᠵᠠᠷᠤᠳ ᠬᠤᠰᠢᠭᠤ ᠪᠠᠷ ᠭᠤᠣᠯᠳᠠᠯᠭ᠎ᠠ ᠪᠣᠯᠭᠠᠨ᠂ ᠳᠠᠪᠠᠭᠤᠯᠢᠭ ᠢᠶᠠᠨ ᠪᠠᠳᠠᠷᠠᠭᠤᠯᠵᠤ ᠡᠷᠬᠢᠨ ᠲᠣᠭᠤᠷᠢᠨ ᠤ ᠭᠠᠵᠠᠷ ᠣᠷᠣᠨ ᠤ ᠨᠡᠭᠦᠷᠡᠰᠦ᠂ ᠴᠠᠬᠢᠯᠭᠠᠨ ᠬᠦᠴᠦᠨ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠥᠩᠭᠡᠨᠴᠠᠭᠠᠨ ᠤ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠪᠯᠡᠷᠡᠭᠰᠡᠨ ᠪᠥᠯᠬᠦᠮ ᠢ ᠪᠥᠲᠦᠭᠡᠨ ᠪᠠᠶᠢᠭᠤᠯᠵᠤ᠂ ᠨᠡᠭᠦᠷᠡᠰᠦ ᠴᠠᠬᠢᠯᠭᠠᠨ ᠬᠥᠩᠭᠡᠨᠴᠠᠭᠠᠨ᠂ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠵᠡᠷᠭᠡ ᠠᠵᠤ ᠦᠢᠯᠡᠰ ᠤᠨ ᠲᠥᠪᠯᠡᠷᠡᠨ ᠪᠥᠯᠬᠦᠮᠵᠢᠬᠦ᠂ ᠳᠡᠭᠡᠳᠦ ᠳᠡᠰᠵᠢᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠬᠥᠩᠭᠡᠨᠴᠠᠭᠠᠨ ᠤ ᠰᠢᠨ᠎ᠡ ᠮᠠᠲ᠋ᠧᠷᠢᠶᠠᠯ ᠢ ᠬᠠᠯᠠᠭᠤᠨ ᠢ ᠳᠠᠮᠵᠢᠭᠤᠯᠬᠤ᠂ ᠮᠠᠰᠢᠨ ᠲᠡᠷᠭᠡᠨ ᠤ ᠲᠣᠨᠣᠭᠯᠠᠭᠠᠰᠤ᠂ ᠵᠢᠮᠲᠣ ᠵᠠᠮ ᠬᠠᠷᠢᠯᠴᠠᠭᠠᠨ ᠳᠤ ᠬᠡᠷᠡᠭᠯᠡᠬᠦ ᠮᠠᠲ᠋ᠧᠷᠢᠶᠠᠯ ᠪᠣᠯᠣᠨ ᠬᠤᠣᠰ ᠲᠡᠭ ᠪᠥᠬᠦᠢ ᠬᠥᠩᠭᠡᠨᠴᠠᠭᠠᠨ ᠎ ᠤ ᠢᠯᠳᠠᠰᠦ᠂ ᠢᠰᠦᠯᠳᠦᠭᠦᠯᠦᠭᠰᠡᠨ ᠬᠥᠩᠭᠡᠨᠴᠠᠭᠠᠨ ᠤ ᠢᠯᠳᠠᠰᠦ ᠵᠡᠷᠭᠡ ᠳᠡᠭᠡᠳᠦ ᠳᠡᠰ ᠤᠨ ᠦᠢᠯᠡᠳᠬᠦᠨ ᠤ ᠴᠢᠭᠯᠡᠯ ᠲᠡᠰᠢ ᠬᠥᠭᠵᠢᠭᠦᠯᠦᠨ᠎ᠡ︔ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢ ᠴᠢᠯᠠᠭᠤᠨ ᠲᠣᠰᠣᠨ ᠤ ᠣᠷᠣᠯᠠᠬᠤ ᠡᠳ᠋᠂ ᠡᠲ᠋ᠢᠯ ᠠᠯᠺᠣᠣᠯ ᠤᠨ ᠰᠡᠭᠦᠯᠴᠢ ᠶᠢᠨ ᠦᠢᠯᠡᠳᠬᠦᠨ ᠵᠡᠷᠭᠡ ᠨᠠᠷᠢᠯᠠᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠲᠡᠰᠢ ᠬᠥᠭᠵᠢᠭᠦᠯᠦᠨ᠎ᠡ᠃ ᠬᠥᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠲᠣᠮᠣ ᠬᠡᠯᠪᠡᠷᠢ ᠶᠢᠨ ᠰᠠᠭᠤᠷᠢᠨ ᠭᠠᠵᠠᠷ᠂ ᠣᠳᠣ ᠦᠶ᠎ᠡ ᠶᠢᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠬᠦ ᠲᠠᠯ᠎ᠠ ᠪᠠᠷ ᠪᠥᠲᠦᠭᠡᠨ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠢ ᠨᠥᠯᠦᠭᠡᠯᠡᠨ ᠳᠠᠶᠢᠴᠢᠯᠠᠭᠰᠠᠨ᠂ ᠣᠷᠣᠰ ᠮᠣᠩᠭᠤᠯ ᠯᠤᠭ᠎ᠠ ᠵᠠᠯᠭᠠᠭᠤᠯᠤᠭᠰᠠᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠤᠷᠰᠢᠯᠴᠠᠭᠠᠨ ᠤ ᠣᠷᠣᠨ ᠢ ᠪᠣᠢ ᠪᠣᠯᠭᠠᠨ᠎ᠠ᠃ ᠳᠤᠮᠳᠠᠳᠤ ᠬᠡᠰᠡᠭ ᠲᠡᠭᠡᠨ ᠬᠤᠷᠴᠢᠨ ᠲᠣᠭᠤᠷᠢᠭ ᠂ ᠨᠡᠬᠡᠬᠡᠯᠲᠡ ᠶᠢᠨ ᠲᠣᠭᠤᠷᠢᠭ᠂ ᠺᠠᠶᠢᠯᠤ ᠰᠢᠶᠠᠨ ᠢᠶᠠᠷ ᠭᠤᠣᠯᠳᠠᠯᠭ᠎ᠠ ᠪᠣᠯᠭᠠᠨ᠂ ᠭᠤᠣᠯ ᠬᠤᠲᠠ ᠲᠤᠭᠤᠷᠢᠭ ᠤᠨ ᠴᠢᠳᠠᠪᠤᠷᠢᠲᠠᠨ᠂ ᠪᠡᠯᠡ ᠮᠥᠩᠭᠦ᠂ ᠮᠡᠷᠭᠡᠵᠢᠯ ᠵᠡᠷᠭᠡ ᠴᠢᠬᠤᠯᠡ ᠬᠦᠴᠦᠨ ᠵᠦᠢᠯ ᠢ ᠰᠢᠩᠭᠡᠭᠡᠨ ᠠᠪᠬᠤ ᠴᠢᠳᠠᠪᠤᠷᠢ ᠪᠠ ᠬᠤᠷᠠᠭᠤᠯᠬᠤ ᠳᠠᠪᠠᠭᠤᠯᠢᠭ ᠲᠤ ᠲᠦᠰᠢᠭᠯᠡᠨ᠂ ᠡᠷᠳᠡᠨᠢ ᠰᠢᠰᠢ ᠶᠢᠨ ᠠᠮᠢᠳᠤ ᠪᠤᠳᠠᠰ᠂ ᠣᠳᠣ ᠦᠶ᠎ᠡ ᠶᠢᠨ ᠮᠤᠩᠭᠤᠯ ᠡᠮ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠤᠨ ᠲᠥᠪᠯᠡᠷᠡᠭᠰᠡᠨ ᠪᠥᠯᠬᠦᠮ ᠢ ᠪᠠᠶᠢᠭᠤᠯᠤᠨ᠎ᠠ᠃ ᠡᠮᠦᠨᠡᠲᠦ ᠬᠡᠰᠡᠭ ᠲᠡᠭᠡᠨ ᠬᠤᠷᠴᠢᠨ ᠵᠡᠭᠦᠨ ᠭᠠᠷᠤᠨ ᠳᠤᠮᠳᠠᠲᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠦᠷᠢᠶ᠎ᠡ ᠬᠤᠰᠢᠭᠤ᠂ ᠨᠠᠢᠮᠠᠨ ᠬᠤᠰᠢᠭᠤ ᠪᠠᠷ ᠭᠤᠣᠯᠳᠠᠯᠭ᠎ᠠ ᠪᠣᠯᠭᠠᠨ᠂ ᠵᠡᠭᠦᠨ ᠬᠤᠶᠢᠲᠤ ᠶᠢᠨ ᠭᠤᠷᠪᠠᠨ ᠮᠤᠵᠢ ᠯᠤᠭ᠎ᠠ ᠵᠠᠯᠭᠠᠯᠳᠤᠭᠰᠠᠨ ᠭᠠᠵᠠᠷ ᠣᠷᠣᠨ ᠤ ᠳᠠᠪᠠᠭᠤᠯᠢᠭ ᠪᠥᠬᠦᠢ ᠠᠵᠤ ᠦᠢᠯᠡᠰ ᠪᠠ ᠳᠡᠭᠡᠳᠦ ᠳᠡᠰ ᠤᠨ ᠴᠢᠬᠤᠯᠡ ᠬᠦᠴᠦᠨ ᠵᠦᠢᠯ ᠳᠤ ᠨᠡᠶᠢᠯᠡᠵᠦ᠂ ᠲᠤᠨᠤᠭ ᠲᠥᠬᠦᠭᠡᠷᠦᠮᠵᠢ ᠦᠢᠯᠡᠳᠬᠦ᠂ ᠪᠣᠬᠢᠷᠳᠤᠯ ᠦᠭᠡᠢ ᠢᠳᠡᠭᠡᠨ ᠡᠳ᠋ᠰᠢᠭᠦᠯᠬᠦ᠂ ᠰᠢᠨ᠎ᠡ ᠬᠡᠯᠪᠡᠷᠢ ᠶᠢᠨ ᠣᠨᠴᠠ ᠲᠥᠷᠥᠯ ᠤᠨ ᠪᠣᠯᠣᠳ ᠵᠡᠷᠭᠡ ᠠᠵᠤ ᠦᠢᠯᠡᠰ ᠤᠨ ᠲᠥᠪᠯᠡᠷᠡᠭᠰᠡᠨ ᠪᠥᠯᠬᠦᠮ ᠢ ᠪᠠᠶᠢᠭᠤᠯᠤᠨ᠎ᠠ᠃       ︽ᠭᠤᠷᠪᠠᠨ ᠲᠣᠮᠣ ᠠᠵᠤ ᠦᠢᠯᠡᠰ ᠤᠨ ᠲᠥᠪᠯᠡᠷᠡᠭᠰᠡᠨ ᠪᠥᠯᠬᠦᠮ︾᠎ ᠳᠤ ᠲᠦᠩᠯᠢᠶᠣᠣ ᠣᠷᠣᠨ ᠭᠤᠣᠯᠯᠠᠬᠤ ᠦᠢᠯᠡᠰ ᠤᠨ ᠴᠢᠳᠠᠪᠬᠢ ᠶᠢᠨ ᠣᠷᠣᠨ ᠲᠣᠭᠲᠠᠭᠠᠯᠲᠠ ᠶᠢ ᠲᠣᠳᠣᠷᠬᠠᠶᠢᠯᠠᠨ᠂ ᠦᠢᠯᠡᠳᠪᠦᠷᠢᠯᠡᠯ ᠤᠨ ᠴᠢᠬᠤᠯᠡ ᠬᠦᠴᠦᠨ ᠵᠦᠢᠯ ᠤᠨ ᠳᠠᠪᠠᠭᠤᠯᠢᠭ ᠭᠠᠵᠠᠷ ᠣᠷᠣᠨ ᠲᠡᠰᠢ ᠲᠥᠪᠯᠡᠷᠡᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠠᠭᠤᠯᠤᠭᠳᠠᠬᠤᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠵᠦᠷᠢᠶᠡᠴᠢᠯᠡᠭᠰᠡᠨ ᠥᠷᠢᠰᠦᠯᠳᠦᠭᠡᠨ ᠤ ᠳᠠᠪᠠᠭᠤᠯᠢᠭ ᠢ ᠳᠣᠪᠣᠶᠢᠯᠭᠠᠨ᠂ ᠲᠦᠩᠯᠢᠶᠣᠣ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠣᠯ ᠥᠷᠢᠰᠦᠯᠳᠦᠬᠦ ᠴᠢᠳᠠᠯ ᠢ ᠨᠡᠮᠡᠭᠳᠡᠭᠦᠯᠪᠡ᠃      ﹇ᠬᠦᠲᠦᠯᠦᠭᠴᠢ﹈ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠡᠷᠭᠢᠨ ᠲᠦᠯᠬᠢᠨ ᠠᠬᠢᠭᠤᠯᠬᠤ ᠪᠤᠢ︖      ﹇ᠸᠠᠩ ᠴᠢᠶᠦ᠋ᠡᠭ﹈ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠬᠤ ᠳᠤ ᠳᠤᠤᠷᠠᠬᠢ ᠭᠤᠷᠪᠠᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠠᠢ᠄      ᠨᠢᠭᠡᠳᠦᠭᠡᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠬᠤ ᠳᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠠᠩᠬᠢᠯᠠᠭ᠎ᠠ ᠪᠤᠯᠤᠨ᠎ᠠ᠃ ᠡᠨᠡ ᠵᠢᠯ᠂ ᠲᠦᠡᠭᠯᠢᠶᠤᠤ ᠬᠤᠲᠠ ᠶᠢᠨ ᠯᠢᠶᠠᠨ ᠬᠦᠡᠭᠭᠡᠨᠴᠠᠭᠠᠨ ᠬᠠᠪᠲᠠᠰᠤ ᠪᠦᠰᠡ ᠢᠯᠳᠠᠰᠤ᠂ ᠴᠤᠸᠠᠩ ᠶᠤᠸᠠᠨ ᠦᠨᠳᠦᠷ ᠬᠦᠴᠦᠯᠡᠴᠡᠲᠦ ᠤᠶᠠᠨ ᠬᠦᠡᠭᠭᠡᠨᠴᠡᠭᠠᠨ ᠤ ᠬᠠᠶᠢᠯᠤᠰᠢ᠂ ᠯᠢᠶᠠᠨ ᠮᠤᠤ ᠬᠦᠡᠭᠭᠡᠨᠴᠠᠭᠠᠨ ᠬᠠᠪᠲᠠᠰᠤ ᠪᠦᠰᠡ ᠢᠯᠳᠠᠰᠤ ᠬᠢᠭᠡᠳ ᠬᠤᠤᠰ ᠲᠡᠭ ᠲᠠᠢ ᠢᠯᠳᠠᠰᠤ᠂ ᠺᠠᠨᠭ᠌ ᠨᠠᠢ ᠡᠯ  ᠡᠲ᠋ᠢᠯ ᠬᠤᠶᠠᠷᠴᠢ ᠠᠯᠺᠤᠤᠯ ᠵᠡᠷᠭᠡ ᠴᠢᠬᠤᠯᠠ ᠶᠡᠭᠡ ᠲᠦᠷᠦᠯ ᠵᠦᠢᠯ ᠳᠤ ᠭᠤᠤᠯᠳᠠᠯᠭ᠎ᠠ ᠲᠠᠢ ᠲᠦᠯᠬᠢᠨ ᠠᠬᠢᠭᠤᠯᠬᠤ ᠶᠢ ᠬᠡᠷᠡᠭᠵᠢᠬᠦᠯᠵᠤ᠂ ᠬᠠᠷᠢᠭᠤᠴᠠᠯᠭᠠᠲᠤ ᠨᠢᠭᠡᠴᠡ ᠶᠢ ᠲᠤᠲᠤᠷᠬᠠᠶᠢᠯᠠᠨ᠂ ᠪᠤᠳᠠᠲᠠᠢ ᠬᠠᠷᠢᠭᠤᠴᠠᠯᠭ᠎ᠠ ᠲᠠᠢ ᠬᠦᠮᠦᠰ ᠢ ᠲᠤᠭᠲᠠᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠠᠭ ᠬᠤᠭᠤᠴᠠᠭ᠎ᠠ᠂ ᠠᠬᠢᠴᠠ᠂ ᠪᠡᠯᠡ ᠮᠦᠡᠭᠭᠦ ᠵᠡᠷᠭᠡ ᠵᠠᠩᠬᠢᠯᠠᠭ᠎ᠠ ᠶᠢᠨ ᠴᠢᠭ᠋ ᠢ ᠴᠢᠩᠭ᠎ᠠ ᠪᠠᠷᠢᠨ ᠂ ᠡᠮᠦᠨᠡᠬᠢ ᠬᠤᠭᠤᠴᠠᠭ᠎ᠠ᠂ ᠠᠵᠢᠯ ᠡᠬᠢᠯᠡᠬᠦᠯᠬᠦ᠂ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠤᠷᠤᠭᠤᠯᠬᠤ ᠵᠡᠷᠭᠡ ᠲᠠᠯ᠎ᠠ ᠠᠴᠠ ᠪᠦᠬᠦ ᠶᠠᠪᠤᠴᠠ ᠳᠤᠨᠢ ᠮᠦᠷᠳᠡᠨ ᠳᠠᠭᠠᠵᠤ᠂ ᠲᠦᠷᠦᠯ ᠵᠦᠢᠯ ᠤᠨ ᠪᠡᠯᠡ ᠤᠷᠤᠭᠤᠯᠤᠯᠲᠠ ᠳᠤ ᠪᠦᠬᠦ ᠬᠦᠴᠦᠨ ᠢᠶᠠᠷ ᠢᠶᠠᠨ ᠨᠦᠬᠦᠴᠡᠯ ᠪᠦᠷᠢᠯᠳᠦᠬᠦᠯᠦᠨ᠂ ᠲᠤᠭᠲᠠᠭᠰᠠᠨ ᠴᠠᠭ ᠲᠠᠭᠠᠨ ᠪᠤᠶᠤ ᠤᠷᠢᠳᠴᠢᠯᠠᠨ ᠠᠵᠢᠯ ᠳᠠᠭᠤᠰᠬᠠᠨ ᠠᠰᠢᠭᠯᠠᠯᠲᠠ ᠳᠤ ᠤᠷᠤᠭᠤᠯᠬᠤ ᠶᠢ ᠦᠨᠡᠨᠬᠦ ᠪᠠᠲᠤᠯᠠᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠢᠭ᠋ ᠢ ᠲᠦᠷᠭᠡᠳᠭᠡᠨ ᠪᠤᠢ ᠪᠤᠯᠭᠠᠨ᠎ᠠ᠃      ᠬᠤᠶᠠᠳᠤᠭᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠬᠤ ᠳᠤ᠂ ᠪᠤᠬᠢᠷᠳᠤᠯ ᠦᠭᠡᠢ ᠬᠦᠭᠵᠢᠬᠦᠯᠬᠦ ᠪᠤᠯ ᠴᠢᠭᠯᠡᠯ ᠪᠤᠯᠤᠨ᠎ᠠ᠃ ᠲᠦᠡᠭᠯᠢᠶᠤᠤ ᠬᠤᠲᠠ ᠮᠸᠡᠭ ᠳ᠋ᠦᠡᠭ ᠡᠨᠧᠷᠬᠢ ᠶᠢᠨ  ᠤᠷᠴᠢᠯ ᠠᠵᠤ ᠠᠬᠤᠢ ᠶᠢᠨ ᠵᠢᠱᠢᠶ᠎ᠡ ᠦᠵᠡᠬᠦᠯᠬᠦ ᠢᠨᠵᠧᠨᠧᠷᠢᠩ ᠳᠤ ᠲᠦᠰᠢᠭᠯᠡᠨ᠂ ᠤᠷᠤᠨ ᠪᠦᠰᠡ ᠶᠢᠨ ᠪᠢᠴᠢᠯ ᠴᠠᠬᠢᠯᠭᠠᠨ ᠲᠤᠤᠷ ᠤᠨ ᠢᠨᠵᠧᠨᠧᠷᠢᠩ᠂ ᠲᠤᠮᠤ ᠬᠡᠷᠡᠭᠯᠡᠭᠴᠢᠳ ᠲᠤ ᠰᠢᠭᠤᠳ ᠴᠠᠬᠢᠯᠭᠠᠨ ᠬᠠᠨᠭ᠍ᠭᠠᠬᠤ ᠲᠦᠷᠦ ᠶᠢᠨ ᠪᠤᠳᠤᠯᠭ᠎ᠠ ᠶᠢ ᠬᠦᠢᠴᠡᠳ ᠠᠰᠢᠭᠯᠠᠵᠤ᠂ ᠨᠡᠭᠦᠷᠡᠰᠦ ᠴᠠᠬᠢᠯᠭᠠᠨ ᠬᠦᠡᠭᠭᠡᠨᠴᠠᠭᠠᠨ ᠵᠡᠷᠭᠡ ᠡᠨᠧᠷᠬᠢ ᠶᠡᠭᠡ ᠵᠠᠷᠤᠴᠠᠭᠤᠯᠵᠤ ᠪᠠᠶᠢᠭ᠎ᠠ ᠠᠵᠤ ᠦᠢᠯᠡᠰ ᠤᠨ ᠳᠤᠤᠷ᠎ᠠ ᠨᠡᠭᠦᠷᠠᠰᠤᠳᠦ᠋ᠷᠦᠭᠴᠢ ᠲᠠᠢ ᠪᠠᠷ ᠤᠷᠴᠢᠯᠳᠤᠭᠤᠯᠤᠨ ᠬᠦᠭᠵᠢᠬᠦᠯᠬᠦ ᠶᠢ ᠲᠦᠯᠬᠢᠨ ᠠᠬᠢᠭᠤᠯᠵᠤ᠂ ᠬᠦᠡᠭᠭᠡᠨᠴᠠᠭᠠᠨ ᠤ ᠰᠢᠨ᠎ᠡ ᠮᠠᠲ᠋ᠧᠷᠢᠶᠠᠯ ᠤᠨ ᠦᠢᠯᠡᠳᠭᠦᠨ ᠢ ᠠᠩᠬᠠᠨ ᠤ ᠳᠡᠰ ᠤᠨ ᠡᠳ᠋ᠰᠢᠬᠦᠯᠬᠡ ᠠᠴᠠ ᠬᠦᠨᠵᠡᠬᠡᠢ ᠨᠠᠷᠢᠯᠢᠭ ᠡᠳ᠋ᠰᠢᠭᠦᠯᠬᠦ ᠲᠠᠰᠢ ᠬᠡᠯᠪᠡᠷᠢ ᠶᠢ ᠨᠢ ᠬᠤᠪᠢᠷᠠᠭᠤᠯᠵᠤ᠂ ᠬᠦᠡᠭᠭᠡᠨᠴᠠᠭᠠᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠨᠵᠡᠭᠡᠢ ᠨᠠᠷᠢᠯᠢᠭᠵᠢᠭᠤᠯᠤᠯᠲᠠ᠂ ᠦᠨᠳᠦᠷ ᠳᠡᠰᠵᠢᠬᠦᠯᠦᠯᠲᠡ᠂ ᠰᠢᠨ᠎ᠡ ᠬᠡᠯᠪᠡᠷᠢᠵᠢᠭᠦᠯᠦᠯᠲᠡ ᠲᠡᠰᠢ ᠬᠦᠭᠵᠢᠬᠦ ᠶᠢ ᠪᠡᠶᠡᠯᠡᠭᠦᠯᠦᠨ᠎ᠡ᠃ ᠡᠷᠳᠡᠨᠢ ᠰᠢᠰᠢ ᠶᠢᠨ ᠠᠮᠢᠳᠤ ᠪᠤᠳᠠᠰ ᠤᠨ ᠠᠵᠤ ᠦᠢᠯᠡᠰ ᠲᠤ ᠬᠡᠯᠬᠢᠶ᠎ᠡ ᠶᠢ ᠤᠷᠲᠤᠳᠬᠠᠬᠤ᠂ ᠴᠢᠨᠠᠷ ᠢ ᠳᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠬᠦ ᠪᠠᠷ ᠭᠤᠤᠯ ᠳᠠᠭᠠᠷᠢᠬᠤ ᠴᠢᠭᠯᠡᠯ ᠪᠤᠯᠭᠠᠨ᠂ ᠡᠷᠳᠡᠨᠢ ᠰᠢᠰᠢ ᠶᠢᠨ ᠡᠬᠢ ᠪᠠᠶᠠᠯᠢᠭ ᠢ ᠦᠨᠳᠦᠷ ᠦᠷ᠎ᠡ  ᠠᠰᠢᠭ ᠲᠠᠢ᠂ ᠡᠷᠬᠢᠯᠳᠦᠭᠦᠯᠦᠨ ᠠᠰᠢᠭᠯᠠᠬᠤ ᠶᠢ ᠴᠢᠷᠮᠠᠶᠢᠨ ᠲᠦᠯᠬᠢᠨ ᠠᠬᠢᠭᠤᠯᠤᠨ᠎ᠠ᠃ ᠪᠤᠬᠢᠷᠳᠤᠯ ᠦᠭᠡᠢ ᠲᠠᠷᠢᠶᠠᠯᠠᠩ  ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠶᠢ ᠡᠳ᠋ᠰᠢᠬᠦᠯᠬᠦ ᠠᠵᠤ ᠦᠢᠯᠡᠰ ᠢ ᠲᠠᠷᠢᠶᠠᠯᠠᠩ ᠮᠠᠯ ᠠᠵᠤ ᠠᠬᠤᠢ ᠶᠢᠨ ᠡᠯᠪᠡᠭ ᠪᠠᠶᠠᠯᠢᠭ ᠡᠬᠢ ᠪᠠᠶᠠᠯᠢᠭ ᠢᠶᠠᠷ ᠲᠦᠰᠢᠭ ᠪᠤᠯᠭᠠᠨ᠂ ᠨᠠᠷᠢᠯᠢᠭ ᠬᠦᠨᠵᠡᠭᠡᠢ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠨᠢ ᠤᠷᠲᠤᠳᠬᠠᠨ ᠦᠷᠭᠡᠵᠢᠬᠦᠯᠵᠤ᠂ ᠲᠦᠷᠦᠯ ᠲᠡᠮᠳᠡᠭ ᠪᠤᠶᠢᠵᠢᠭᠤᠯᠬᠤ ᠶᠢ ᠴᠢᠩᠭᠠᠷᠠᠭᠤᠯᠤᠨ᠂ ᠪᠤᠬᠢᠷᠳᠤᠯ ᠦᠭᠡᠢ ᠢᠳᠡᠭᠡᠨ ᠡᠳ᠋ᠰᠢᠭᠦᠯᠬᠦ ᠠᠵᠤ ᠦᠢᠯᠡᠰ ᠤᠨ ᠦᠨᠳᠦᠷ ᠨᠡᠮᠡᠯᠲᠡ ᠦᠷᠲᠡᠭ ᠲᠠᠢ᠂ ᠠᠵᠤ ᠦᠢᠯᠡᠰᠴᠢᠯᠡᠬᠦ ᠲᠡᠰᠢ ᠬᠦᠭᠵᠢᠬᠦ ᠶᠢ ᠲᠦᠯᠬᠢᠨ ᠠᠬᠢᠭᠤᠯᠤᠨ᠎ᠠ᠃ ᠤᠳᠤ ᠦᠶ᠎ᠡ ᠶᠢᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠲᠤ ᠨᠠᠷᠢᠯᠢᠭ ᠬᠦᠨᠵᠡᠭᠡᠢ ᠪᠤᠯᠪᠠᠰᠤᠷᠠᠭᠤᠯᠬᠤ᠂ ᠴᠤᠪᠤᠷᠠᠯ ᠦᠢᠯᠡᠳᠭᠦᠨ ᠨᠡᠭᠡᠭᠡᠬᠦ ᠵᠠᠮ ᠢᠶᠠᠷ ᠵᠠᠮᠨᠠᠭᠤᠯᠬᠤ ᠶᠢ ᠪᠠᠷᠢᠮᠲᠠᠯᠠᠨ᠂ ᠰᠢᠨ᠎ᠡ ᠶᠢ ᠡᠭᠦᠳᠴᠦ ᠬᠦᠭᠵᠢᠬᠦ ᠶᠢ ᠪᠡᠶᠡᠯᠡᠭᠦᠯᠦᠨ᠎ᠡ᠃ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠲᠤ ᠴᠠᠬᠢᠭᠤᠷᠲᠤ ᠡᠯᠡᠰᠦ ᠶᠢᠨ ᠡᠨᠧᠷᠬᠢ ᠶᠢ ᠶᠡᠷᠦᠩᠭᠡᠶᠢᠯᠡᠨ ᠨᠡᠭᠡᠭᠡᠨ ᠠᠰᠢᠭᠯᠠᠬᠤ ᠶᠢ ᠴᠢᠩᠭᠠᠳᠬᠠᠨ᠂ ᠪᠡᠶ᠎ᠡ ᠪᠠᠨ ᠳᠠᠭᠠᠭᠠᠨ ᠰᠢᠨ᠎ᠡ ᠶᠢ ᠡᠭᠦᠳᠭᠦ ᠪᠠ ᠮᠡᠷᠭᠡᠵᠢᠯ ᠦᠭᠡᠷᠡᠴᠢᠯᠡᠯᠲᠡ ᠬᠢᠬᠦ ᠡᠷᠴᠢᠮ ᠢ ᠨᠢ ᠨᠡᠮᠡᠭᠳᠡᠭᠦᠯᠵᠤ᠂ ᠳᠡᠭᠡᠲᠦ ᠳᠡᠰ ᠤᠨ ᠰᠢᠯ ᠰᠠᠭᠤᠷᠢ ᠬᠠᠪᠲᠠᠰᠤ ᠬᠢᠭᠡᠳ ᠹᠦ᠋ ᠱᠸᠡᠭ ᠡᠯᠡᠰᠦ᠂ ᠴᠢᠯᠠᠭᠤᠨ ᠲᠤᠰᠤᠨ ᠤ ᠴᠠᠪᠠ ᠶᠢ ᠳᠠᠷᠤᠬᠤ ᠡᠯᠡᠰᠦ ᠵᠡᠷᠭᠡ ᠴᠠᠬᠢᠭᠤᠷᠲᠤ ᠡᠯᠡᠰᠦ ᠶᠢ ᠬᠦᠨᠵᠡᠭᠡᠢ ᠪᠤᠯᠪᠠᠰᠤᠷᠠᠭᠤᠯᠤᠭᠰᠠᠨ ᠦᠢᠯᠡᠳᠭᠦᠨ ᠢ ᠰᠤᠳᠤᠯᠤᠨ ᠨᠡᠭᠡᠭᠡᠵᠤ ᠦᠢᠯᠡᠳᠪᠦᠷᠢᠯᠡᠨ᠎ᠡ᠃ ᠤᠳᠤ ᠦᠶ᠎ᠡ ᠶᠢᠨ ᠮᠤᠩᠭᠤᠯ ᠡᠮ ᠤᠨ ᠠᠵᠤ ᠦᠢᠯᠡᠰ ᠤᠨ ᠲᠠᠯ᠎ᠠ ᠪᠠᠷ ᠡᠬᠢ ᠪᠠᠶᠠᠯᠢᠭ ᠢ ᠠᠭᠤᠳᠠᠯᠯᠠᠬᠤ ᠪᠠᠷ ᠳᠠᠮᠵᠢᠭᠤᠯᠤᠨ᠂ ᠡᠳ᠋ ᠬᠦᠷᠦᠩᠭᠡ ᠶᠢ ᠳᠠᠬᠢᠨ ᠵᠤᠬᠢᠶᠠᠨ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠤᠷᠠᠨ ᠲᠠᠷᠬ᠎ᠠ ᠶᠢ ᠢᠳᠡᠪᠬᠢᠲᠠᠢ ᠤᠷᠤᠭᠤᠯᠵᠤ ᠢᠷᠡᠨ᠂ ᠰᠢᠨ᠎ᠡ ᠲᠦᠷᠦᠯ ᠵᠦᠢᠯ ᠢ ᠨᠡᠭᠡᠭᠡᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠡᠮᠴᠢᠯᠡᠬᠡᠨ ᠤ ᠪᠠᠶᠢᠭᠤᠯᠤᠮᠵᠢ᠂ ᠦᠢᠯᠡᠳᠪᠦᠷᠢᠯᠡᠬᠦ ᠠᠵᠤ ᠠᠬᠤᠶᠢᠯᠠᠯ ᠢᠶᠠᠷ ᠦᠨᠳᠦᠰᠦᠨ ᠴᠢᠬᠤᠯᠠ ᠬᠦᠴᠦᠨ ᠵᠦᠢᠯ ᠪᠤᠯᠭᠠᠭᠰᠠᠨ ᠮᠤᠩᠭᠤᠯ ᠡᠮ ᠤᠨ ᠠᠵᠤ ᠦᠢᠯᠡᠰ ᠤᠨ ᠪᠦᠭᠡᠮᠨᠡᠷᠡᠯ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠤᠨ᠎ᠠ᠃ 2015 ᠤᠨ ᠳᠤ᠂ ᠲᠦᠡᠭᠯᠢᠶᠤᠤ ᠬᠤᠲᠠ ᠬᠦᠡᠭᠭᠡᠨᠴᠠᠭᠠᠨ ᠤ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠲᠤ ᠦᠢᠯᠡᠳᠪᠦᠷᠢᠯᠡᠬᠦ ᠴᠢᠳᠠᠪᠤᠷᠢ 80 ᠲᠦᠮᠡᠨ ᠳᠤᠨ᠂  ᠦᠢᠯᠡᠳᠭᠦᠨ 40᠎ ᠶᠢ ᠰᠢᠨ᠎ᠡ ᠪᠠᠷ ᠪᠤᠯᠪᠠᠰᠤᠷᠠᠭᠤᠯᠤᠨ ᠨᠡᠮᠡᠭᠳᠡᠭᠦᠯᠵᠤ᠂ ᠬᠦᠡᠭᠭᠡᠨᠴᠡᠭᠠᠨ ᠢ ᠲᠤᠬᠠᠢ ᠶᠢᠨ ᠭᠠᠵᠠᠷ ᠲᠤᠨᠢ ᠤᠯᠠᠷᠢᠭᠤᠯᠤᠨ ᠪᠤᠯᠪᠠᠰᠤᠷᠠᠭᠤᠯᠬᠤ ᠨᠤᠷᠮ᠎ᠠ ᠶᠢ 80%᠎ ᠳᠤ ᠬᠦᠷᠦᠭᠦᠯᠦᠨ᠎ᠡ︔ ᠡᠷᠳᠡᠨᠢ ᠰᠢᠰᠢ ᠶᠢᠨ ᠠᠮᠢᠳᠤ ᠪᠤᠳᠠᠰ ᠤᠨ ᠠᠵᠤ ᠦᠢᠯᠡᠰ ᠤᠨ ᠲᠠᠯ᠎ᠠ ᠪᠠᠷ ᠠᠵᠤ ᠦᠢᠯᠡᠰ ᠤᠨ ᠬᠡᠯᠬᠢᠶ᠎ᠡ ᠶᠢ 5 ᠵᠤᠷᠪᠤᠰ᠂ ᠦᠢᠯᠡᠳᠭᠦᠨ 30᠂ ᠴᠠᠷᠳᠠᠭᠤᠯ ᠢ ᠬᠤᠪᠢᠷᠠᠭᠤᠯᠬᠤ ᠨᠤᠷᠮ᠎ᠠ ᠶᠢ 53%᠎ ᠠᠴᠠ ᠳᠡᠭᠡᠭᠰᠢ ᠪᠠᠶᠢᠯᠭᠠᠬᠤ ᠶᠢ ᠰᠢᠨ᠎ᠡ ᠪᠠᠷ ᠨᠡᠮᠡᠭᠳᠡᠭᠦᠯᠦᠨ᠎ᠡ︔ ᠤᠳᠤ ᠦᠶ᠎ᠡ ᠶᠢᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠲᠠᠯ᠎ᠠ ᠪᠠᠷ ᠠᠵᠤ ᠦᠢᠯᠡᠰ ᠤᠨ ᠬᠡᠯᠬᠢᠶ᠎ᠡ ᠶᠢ 5 ᠵᠤᠷᠪᠤᠰ ᠳᠠᠪᠠᠭᠤᠯᠬᠤ ᠪᠠᠷ ᠴᠢᠷᠮᠠᠶᠢᠵᠤ᠂ ᠡᠲ᠋ᠢᠯ ᠬᠤᠶᠠᠷᠴᠢ ᠠᠯᠺᠤᠤᠯ ᠤᠨ ᠦᠢᠯᠡᠳᠪᠦᠷᠢᠯᠡᠬᠦ ᠴᠢᠳᠠᠪᠤᠷᠢ ᠶᠢ 30 ᠲᠦᠮᠡᠨ ᠳᠤᠨ ᠰᠢᠨ᠎ᠡ ᠪᠠᠷ ᠨᠡᠮᠡᠭᠳᠡᠭᠦᠯᠦᠨ᠎ᠡ᠃      ﹇ᠸᠠᠩ ᠴᠢᠶᠦ᠋ᠡᠭ﹈ ᠭᠤᠷᠪᠠᠳᠤᠭᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠬᠤ ᠳᠤ᠂ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠪᠤᠯ ᠬᠦᠳᠡᠯᠭᠡᠬᠦᠷ ᠪᠤᠯᠤᠨ᠎ᠠ ᠃ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠬᠦᠭᠵᠢᠯᠲᠡ ᠶᠢᠨ ᠲᠠᠯ᠎ᠠ ᠪᠠᠷ᠂ ᠲᠦᠡᠭᠯᠢᠶᠤᠤ ᠬᠤᠲᠠ ᠨᠢᠺᠧᠯ ᠲᠠᠮᠦᠷ ᠤᠨ ᠬᠠᠶᠢᠯᠤᠰᠢ ᠬᠢᠭᠡᠳ ᠬᠦᠨᠵᠡᠭᠡᠢ ᠡᠳ᠋ᠰᠢᠭᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠶᠠᠰᠤ ᠴᠢᠨᠠᠷ ᠰᠠᠶᠢᠲᠠᠢ ᠤᠨᠴᠠᠭᠠᠢ ᠪᠤᠯᠤᠳ᠂ ᠰᠢᠨ᠎ᠡ ᠬᠡᠯᠪᠡᠷᠢ ᠶᠢᠨ ᠬᠠᠶᠢᠯᠤᠰᠢ ᠵᠡᠷᠭᠡ ᠳᠠᠪᠰᠢᠩᠭᠤᠢ ᠪᠦᠲᠦᠴᠡ ᠮᠠᠲ᠋ᠧᠷᠢᠶᠠᠯ ᠢ ᠢᠳᠡᠪᠬᠢᠲᠠᠢ ᠬᠦᠭᠵᠢᠬᠦᠯᠵᠤ᠂ ᠨᠢᠺᠧᠯ ᠲᠡᠮᠦᠷ ᠤᠨ ᠬᠠᠶᠢᠯᠤᠰᠢ ᠶᠢᠨ ᠦᠢᠯᠡᠳᠪᠦᠷᠢᠯᠡᠬᠦ ᠴᠢᠳᠠᠪᠤᠷᠢ ᠶᠢ 20 ᠲᠦᠮᠡᠨ ᠳᠤᠨ ᠢ ᠳᠠᠪᠠᠭᠤᠯᠬᠤ ᠶᠢ ᠲᠦᠯᠬᠢᠨ ᠠᠬᠢᠭᠤᠯᠵᠤ᠂ ᠵᠢᠪᠡᠷᠡᠭᠦ ᠦᠭᠡᠢ ᠪᠤᠯᠤᠳ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠰᠢᠨ᠎ᠡ ᠰᠢᠪᠲᠤᠯᠤᠯᠲᠠ ᠲᠠᠢ ᠪᠤᠯᠭᠠᠬᠤ ᠶᠢ ᠪᠡᠶᠡᠯᠡᠬᠦᠯᠦᠨ᠎ᠡ᠃ ᠲᠠᠪᠤᠨ ᠶᠡᠭᠡ ᠴᠠᠬᠢᠯᠭᠠᠨ ᠬᠦᠴᠦᠨ ᠤ ᠪᠦᠯᠦᠭᠯᠡᠯ ᠵᠡᠷᠭᠡ ᠠᠵᠤ ᠠᠬᠤᠶᠢᠯᠠᠯ ᠢᠶᠠᠷ ᠭᠤᠤᠯᠳᠠᠯᠭ᠎ᠠ ᠪᠤᠯᠭᠠᠨ᠂ ᠰᠢᠨ᠎ᠡ ᠡᠨᠧᠷᠬᠢ ᠶᠢᠨ ᠵᠢᠱᠢᠶ᠎ᠡ ᠦᠵᠡᠬᠦᠯᠬᠦ ᠬᠤᠲᠠ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠤᠯᠭᠠᠵᠤ᠂ ᠰᠠᠯᠬᠢᠨ ᠬᠦᠴᠦᠨ᠂ ᠬᠡᠷᠡᠯ ᠸᠤᠯᠲ᠂ ᠠᠮᠢᠳᠤ ᠪᠤᠳᠠᠰ ᠤᠨ ᠡᠳ᠋ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢ ᠲᠦᠷᠭᠡᠳᠭᠡᠨ ᠠᠬᠢᠭᠤᠯᠵᠤ᠂ ᠬᠡᠷᠡᠯ ᠸᠤᠯᠲ ᠢᠶᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢᠨ ᠪᠠᠭᠲᠠᠭᠠᠮᠵᠢ ᠶᠢ 20 ᠲᠦᠮᠡᠨ ᠺᠢᠯᠤᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠮᠠᠰᠢᠨ ᠲᠤᠨᠤᠭᠯᠠᠯ ᠦᠢᠯᠡᠳᠬᠦ ᠠᠵᠤ ᠦᠢᠯᠡᠰ ᠤᠨ ᠲᠠᠯ᠎ᠠ ᠪᠠᠷ ᠰᠠᠯᠬᠢᠨ ᠡᠨᠧᠷᠬᠢ ᠶᠢ ᠨᠡᠭᠡᠭᠡᠬᠦ ᠪᠠ ᠰᠠᠯᠬᠢᠨ ᠬᠦᠴᠦᠨ ᠤ ᠴᠠᠬᠢᠯᠭᠠᠨ ᠤ ᠲᠦᠬᠦᠭᠡᠷᠦᠮᠵᠢ ᠶᠢ ᠢᠵᠢ ᠪᠦᠷᠢᠳᠦᠭᠦᠯᠬᠦ᠂  ᠭᠤᠤᠯᠯᠠᠬᠤ ᠠᠵᠤ ᠠᠬᠤᠶᠢᠯᠠᠯ ᠤᠨ ᠦᠢᠯᠡᠳᠪᠦᠷᠢᠯᠡᠯ ᠬᠢᠭᠡᠳ ᠮᠠᠰᠢᠨ ᠲᠦᠭᠦᠭᠡᠷᠦᠮᠵᠢ ᠶᠢ ᠢᠵᠢ ᠪᠦᠷᠢᠳᠦᠭᠦᠯᠦᠨ ᠬᠦᠭᠵᠢᠬᠦᠯᠬᠦ ᠴᠢᠭᠯᠡᠯ ᠢ ᠪᠠᠷᠢᠮᠲᠠᠯᠠᠨ᠂ ᠮᠠᠰᠢᠨ ᠲᠦᠭᠦᠭᠡᠷᠦᠮᠵᠢ ᠶᠢ ᠦᠪᠴᠢ ᠪᠤᠯᠪᠠᠰᠤᠷᠠᠭᠤᠯᠬᠤ ᠴᠢᠳᠠᠪᠤᠷᠢ ᠪᠤᠯᠤᠨ ᠰᠠᠭᠤᠷᠢ ᠢᠵᠢ ᠪᠦᠷᠢᠳᠦᠭᠦᠯᠬᠦ ᠬᠢᠷᠢ ᠬᠡᠮᠵᠢᠶ᠎ᠠ ᠶᠢ ᠲᠠᠰᠤᠷᠤᠯᠲᠠ ᠦᠭᠡᠢ ᠳᠡᠭᠡᠭᠰᠢᠯᠡᠬᠦᠯᠵᠤ᠂ ᠰᠠᠯᠬᠢᠨ ᠬᠦᠴᠦᠨ ᠤ ᠴᠠᠬᠢᠯᠭᠠᠨ ᠤ ᠲᠦᠭᠦᠭᠡᠷᠦᠮᠵᠢ᠂ ᠠᠭᠠᠷ ᠤᠨ ᠲᠡᠭᠡᠭᠡᠪᠦᠷᠢ ᠶᠢᠨ ᠭᠡᠷᠡᠭᠰᠡᠯ᠂ ᠮᠠᠰᠢᠨ ᠲᠡᠷᠭᠡᠨ ᠤ ᠰᠡᠯᠪᠢᠭ ᠲᠤᠨᠤᠭ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ᠂ ᠠᠭᠤᠷᠬᠠᠢ ᠶᠢᠨ ᠲᠦᠭᠦᠭᠡᠷᠦᠮᠵᠢ᠂ ᠬᠦᠡᠭᠭᠡᠨᠴᠠᠭᠠᠨ ᠮᠠᠲ᠋ᠧᠷᠢᠶᠠᠯ ᠡᠳ᠋ᠰᠢᠬᠦᠯᠬᠦ ᠲᠦᠭᠦᠬᠡᠷᠦᠮᠵᠢ ᠵᠡᠷᠭᠡ ᠮᠠᠰᠢᠨ ᠲᠤᠨᠤᠭᠯᠠᠯ ᠦᠢᠯᠡᠳᠭᠦ ᠲᠦᠷᠦᠯ ᠵᠦᠢᠯ ᠢ ᠶᠡᠭᠡᠪᠡᠷ ᠤᠷᠤᠭᠤᠯᠵᠤ ᠢᠷᠡᠨ᠎ᠡ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ ᠡᠬᠢ ᠪᠠᠶᠠᠯᠢᠭ ᠤᠨ ᠰᠠᠭᠤᠷᠢ ᠪᠠ ᠡᠨᠧᠷᠬᠢ ᠶᠢᠨ ᠳᠠᠪᠠᠭᠤᠯᠢᠭ ᠲᠠᠭᠠᠨ ᠲᠦᠰᠢᠭᠯᠡᠨ᠂ ᠨᠡᠭᠦᠷᠡᠰᠦ ᠴᠠᠬᠢᠯᠭᠠᠨ ᠴᠠᠬᠢᠭᠤᠷ ᠬᠢᠭᠡᠳ ᠬᠡᠷᠡᠯ ᠸᠤᠯᠲ ᠶᠢ ᠨᠢᠭᠡ ᠴᠤᠭᠴᠠᠵᠢᠭᠤᠯᠬᠤ ᠲᠦᠷᠦᠯ ᠵᠦᠢᠯ᠂ ᠪᠢᠳᠤᠷᠶ᠎ᠠ ᠲᠠᠯᠠᠰᠲᠤ ᠶᠢ ᠬᠦᠨᠵᠡᠭᠡᠢ ᠡᠳ᠋ᠰᠢᠭᠦᠯᠬᠦ ᠲᠦᠷᠦᠯ ᠵᠦᠢᠯ ᠢ ᠢᠳᠡᠪᠬᠢᠲᠠᠢ ᠲᠦᠯᠬᠢᠨ ᠠᠬᠢᠭᠤᠯᠵᠤ᠂ ᠡᠨᠡ ᠵᠢᠯ 500 ᠳᠤᠨ ᠳᠠᠩ ᠲᠠᠯᠠᠰᠲᠤ ᠴᠠᠬᠢᠭᠤᠷ᠂ 1600 ᠲᠦᠮᠡᠨ ᠮᠢᠯᠢᠮᠧᠲᠷ ᠪᠢᠳᠤᠷᠶ᠎ᠠ ᠶᠢ ᠬᠦᠨᠵᠡᠭᠡᠢ ᠡᠳ᠋ᠰᠢᠭᠦᠯᠦᠭᠰᠡᠨ ᠦᠢᠯᠡᠳᠭᠦᠨ ᠤ ᠴᠢᠳᠠᠪᠤᠷᠢ ᠶᠢ ᠪᠤᠢ ᠪᠤᠯᠭᠠᠨ᠎ᠠ᠃      ﹇ᠬᠥᠲᠥᠯᠦᠭᠴᠢ﹈ ᠸᠠᠩ ᠡᠷᠬᠢᠯᠡᠭᠴᠢ ᠡ᠂ ᠲᠠᠨ ᠤ ᠲᠠᠨᠢᠯᠴᠠᠭᠤᠯᠤᠭᠰᠠᠨ ᠢᠶᠠᠷ ᠳᠠᠮᠵᠢᠭᠠᠳ ᠪᠢᠳᠡ ᠲᠦᠩᠯᠢᠶᠣᠣ ᠬᠤᠲᠠ ᠶᠢᠨ 2015 ᠣᠨ ᠤ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠳᠤ ᠪᠠᠰᠠ ᠰᠢᠨ᠎ᠡ ᠶᠢ ᠡᠭᠦᠳᠬᠦ ᠬᠥᠳᠡᠯᠭᠡᠭᠦᠷ ᠢ ᠲᠡᠭᠦᠯᠳᠡᠷᠵᠢᠭᠦᠯᠦᠨ᠂ ᠠᠵᠤ ᠦᠢᠯᠡᠰ ᠤᠨ ᠬᠦᠭᠵᠢᠯᠲᠡ ᠶᠢᠨ ᠴᠢᠨᠠᠷ ᠴᠢᠨᠰᠠᠭ᠎ᠠ ᠶᠢᠨ ︽ᠬᠤᠶᠠᠷ ᠳᠡᠭᠡᠭᠰᠢᠯᠡᠭᠦᠯᠬᠦ︾᠎ ᠶᠢ ᠪᠡᠶᠡᠯᠡᠭᠦᠯᠬᠦ ᠴᠢᠬᠤᠯᠠᠲᠠᠢ ᠭᠡᠰᠡᠨ ᠢ ᠣᠶᠢᠯᠠᠭᠠᠪᠠ᠂ ᠲᠡᠭᠡᠪᠡᠯ ᠶᠠᠮᠠᠷ ᠶᠠᠮᠠᠷ ᠠᠵᠢᠯ ᠬᠢᠬᠦ ᠪᠠᠷ ᠲᠦᠯᠦᠪᠯᠡᠵᠦ ᠪᠠᠶᠢᠬᠤ ᠪᠤᠢ︖      ﹇ᠸᠠᠩ ᠴᠢᠶᠦ᠋ᠩ﹈ ᠰᠢᠨ᠎ᠡ ᠬᠡᠪ ᠪᠠᠶᠢᠳᠠᠯ  ᠳᠤ  ᠵᠣᠬᠢᠴᠠᠭᠤᠯᠤᠨ᠂ ᠲᠦᠩᠯᠢᠶᠣᠣ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠬᠦᠭᠵᠢᠯᠲᠡ ᠶᠢ ᠪᠡᠶᠡᠯᠡᠭᠦᠯᠬᠦ ᠳᠤ᠂ ᠮᠡᠷᠭᠡᠵᠢᠯ ᠤᠨ ᠰᠢᠨ᠎ᠡ ᠶᠢ ᠡᠭᠦᠳᠬᠦ ᠶᠢ  ᠴᠢᠩᠭᠠᠷᠠᠭᠤᠯᠤᠨ᠂ ᠠᠵᠤ ᠦᠢᠯᠡᠰ ᠤᠨ ᠭᠤᠣᠯ ᠦᠷᠢᠰᠦᠯᠳᠦᠬᠦ ᠴᠢᠳᠠᠯ ᠢ ᠴᠢᠩᠭᠠᠷᠠᠭᠤᠯᠬᠤ ᠪᠣᠯ ᠵᠠᠶᠢᠯᠠᠰᠢ ᠦᠭᠡᠢ ᠰᠤᠩᠭᠤᠯᠲᠠ ᠪᠣᠯᠣᠨ᠎ᠠ᠃ ᠰᠢᠨ᠎ᠡ ᠨᠢᠭᠡᠨ ᠵᠢᠯ ᠳᠤ᠂ ᠲᠦᠩᠯᠢᠶᠣᠣ ᠬᠤᠲᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠮᠡᠷᠭᠡᠵᠢᠯ ᠤᠨ ᠪᠣᠭᠤᠮᠲᠠ ᠰᠢᠪᠲᠤᠯᠬᠤ ᠪᠠ ᠳᠡᠯᠭᠡᠷᠡᠭᠦᠯᠦᠨ ᠬᠡᠷᠡᠭᠯᠡᠬᠦ  ᠠᠵᠢᠯ ᠢ ᠦᠷᠨᠢᠭᠦᠯᠦᠨ᠂ ᠭᠤᠣᠯᠯᠠᠬᠤ ᠮᠡᠷᠭᠡᠵᠢᠯ ᠢ ᠡᠵᠡᠮᠰᠢᠭᠰᠡᠨ᠂ ᠠᠵᠢᠯ ᠲᠦᠷᠦᠯ ᠤᠨ ᠬᠦᠭᠵᠢᠯᠲᠡ ᠶᠢ ᠬᠦᠲᠦᠯᠦᠨ ᠳᠠᠭᠠᠭᠤᠯᠤᠭᠰᠠᠨ ᠨᠢᠭᠡ ᠪᠦᠯᠦᠭ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠤᠨ᠎ᠠ᠃ᠪᠤᠳᠠᠳᠠᠢ ᠪᠠᠷ ᠬᠡᠯᠡᠪᠡᠯ᠂ ᠮᠧᠢ ᠬᠤᠸᠠ ᠠᠮᠢᠳᠤ ᠪᠤᠳᠠᠰ᠂ ᠮᠣᠩᠭᠤᠯ ᠡᠮ ᠤᠨ ᠬᠤᠪᠢ ᠣᠷᠣᠭᠤᠯᠣᠯᠲᠠ᠂ ᠶᠢᠨ ᠯᠢᠶᠠᠨ ᠬᠥᠩᠭᠡᠨᠴᠠᠭᠠᠨ ᠤ ᠮᠠᠲ᠋ᠧᠷᠢᠶᠠᠯ ᠵᠡᠷᠭᠡ ᠠᠵᠤ ᠠᠬᠤᠶᠢᠯᠠᠯ ᠢᠶᠠᠷ ᠲᠠᠪᠴᠠᠩ ᠪᠣᠯᠭᠠᠵᠤ᠂ ᠥᠪᠥᠷ ᠮᠣᠩᠭᠤᠯ ᠤᠨ ᠮᠣᠩᠭᠤᠯ ᠡᠮ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠬᠦᠷᠢᠶᠠᠯᠠᠩ᠂ ᠥᠪᠥᠷ ᠮᠣᠩᠭᠤᠯ ᠤᠨ ᠵᠡᠭᠦᠨ ᠬᠡᠰᠡᠭ ᠤᠨ ᠬᠥᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠢᠨᠵᠧᠨᠧᠷᠢᠩ  ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠡᠷᠳᠡᠨᠢ ᠰᠢᠰᠢ ᠶᠢᠨ ᠠᠮᠢᠳᠤ ᠪᠤᠳᠠᠰ ᠤᠨ ᠠᠵᠤ ᠦᠢᠯᠡᠰ ᠢ ᠭᠦᠨᠵᠡᠭᠡᠶᠢᠷᠡᠭᠦᠯᠬᠦ ᠶᠢ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠯᠤᠭ᠎ᠠ ᠬᠤᠷᠰᠢᠯᠴᠠᠨ᠂ ᠮᠧᠢ ᠬᠤᠸᠠ ᠠᠮᠢᠳᠤ ᠪᠣᠳᠠᠰ ᠢ ᠤᠯᠤᠰ ᠤᠨ ᠳᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠢᠶᠠᠷ ᠠᠮᠵᠢᠯᠲᠠᠢ ᠮᠡᠳᠡᠭᠦᠯᠬᠦ ᠶᠢ ᠲᠥᠯᠬᠢᠨ ᠠᠬᠢᠭᠤᠯᠵᠤ᠂ 2015 ᠣᠨ ᠳᠤ 2 ᠵᠦᠢᠯ ᠠᠴᠠ ᠳᠡᠭᠡᠭᠰᠢᠬᠢ ᠢᠳᠡᠭᠡᠨ ᠤ ᠲᠥᠷᠦᠯ ᠤᠨ ᠪᠤᠶᠤ ᠡᠮ ᠡᠮᠨᠡᠯᠭᠡ ᠶᠢᠨ ᠲᠥᠷᠥᠯ ᠤᠨ ᠳᠡᠭᠡᠳᠦ ᠳᠡᠰ ᠤᠨ ᠰᠢᠪᠲᠤᠷᠲᠤ ᠬᠦᠴᠢᠯ ᠤᠨ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠰᠢᠨ᠎ᠡ  ᠬᠥᠩᠭᠡᠨᠴᠠᠭᠠᠨ ᠤ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ ᠶᠢᠨ ᠯᠢᠶᠠᠨ ᠬᠥᠩᠭᠡᠨᠴᠠᠭᠠᠨ ᠤ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠢᠭᠡᠳ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠶᠡᠭᠡ ᠰᠤᠷᠭᠠᠭᠤᠯᠢ ᠬᠢᠭᠡᠳ ᠮᠥᠭᠳᠡᠨ ᠤ ᠬᠥᠩᠭᠡᠨᠴᠠᠭᠠᠨ ᠮᠠᠭᠨᠢ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠦᠢᠯᠡᠳᠪᠦᠷᠢᠯᠡᠬᠦ ᠵᠢᠭᠠᠬᠤ ᠰᠤᠷᠬᠤ ᠲᠠᠯ᠎ᠠ ᠶᠢᠨ ᠬᠤᠷᠰᠢᠯᠴᠠᠭ᠎ᠠ ᠬᠢᠬᠦ ᠶᠢ ᠲᠥᠯᠬᠢᠨ ᠠᠬᠢᠭᠤᠯᠵᠤ᠂ 2015 ᠣᠨ ᠳᠤ ᠥᠴᠥᠬᠡᠨ ᠬᠤᠷᠣᠭᠳᠠᠯᠳᠤ ᠠᠷᠭ᠎ᠠ ᠲᠤᠶᠢᠯ ᠤᠨ ᠮᠡᠷᠭᠡᠵᠢᠯ ᠤᠨ ᠨᠡᠭᠡᠭᠡᠯᠲᠡ ᠪᠠ ᠬᠡᠷᠡᠭᠯᠡᠯᠲᠡ᠂ ᠳᠣᠣᠷ᠎ᠠ ᠬᠤᠷᠣᠭᠳᠠᠯ ᠥᠨᠳᠦᠷ ᠦᠷ᠎ᠡ ᠠᠰᠢᠭ ᠲᠠᠢ ᠬᠥᠩᠭᠡᠨᠴᠠᠭᠠᠨ ᠴᠠᠬᠢᠯᠭᠠᠨ ᠵᠠᠳᠠᠯᠤᠯ ᠤᠨ ᠮᠡᠷᠭᠡᠵᠢᠯ ᠤᠨ ᠰᠤᠳᠤᠯᠤᠯ ᠤᠨ ᠲᠠᠯ᠎ᠠ ᠪᠠᠷ ᠱᠠᠲᠤ ᠦᠶ᠎ᠡ ᠶᠢᠨ ᠴᠢᠨᠠᠷᠲᠠᠢ ᠮᠡᠷᠭᠡᠵᠢᠯ ᠤᠨ ᠦᠷ᠎ᠡ ᠪᠦᠲᠦᠭᠡᠯ ᠢ ᠣᠯᠬᠤ ᠶᠢᠨ ᠬᠠᠮᠲᠤ  ᠤᠯᠠᠷᠢᠭᠤᠯᠬᠤ ᠶᠢ ᠬᠡᠷᠡᠭᠵᠢᠭᠦᠯᠦᠨ᠎ᠡ᠃      ﹇ᠸᠠᠩ  ᠴᠢᠶᠦ᠋ᠩ﹈ ᠮᠡᠳᠡᠭᠡ ᠵᠠᠩᠭᠢᠵᠢᠭᠤᠯᠬᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ︽ᠮᠡᠳᠡᠭᠡ ᠵᠠᠩᠭᠢᠵᠢᠯᠲᠠ ᠬᠢᠭᠡᠳ ᠣᠶᠣᠨᠴᠢᠯᠠᠯᠲᠠ︾᠎ ᠎ ᠶᠢ ᠭᠦᠨᠵᠡᠭᠡᠢ ᠠᠭᠤᠰᠤᠯᠴᠠᠭᠤᠯᠬᠤ ᠶᠢ ᠬᠡᠷᠡᠭᠵᠢᠭᠦᠯᠦᠨ᠎ᠡ᠃ ︽ᠪᠥᠷᠬᠦᠬᠦᠯ ᠣᠶᠣᠨᠴᠢ ᠲᠦᠩᠯᠢᠶᠣᠣ︾᠎ ᠶᠢᠨ ᠲᠦᠷᠦᠯ ᠵᠦᠢᠯ ᠤᠨ ᠪᠦᠬᠦ ᠲᠠᠯ᠎ᠠ ᠪᠠᠷ ᠡᠬᠢᠯᠡᠭᠦᠯᠦᠨ ᠠᠵᠢᠯᠯᠠᠭᠤᠯᠬᠤ ᠶᠢ ᠲᠥᠯᠬᠢᠨ ᠠᠬᠢᠭᠤᠯᠬᠤ ᠪᠠᠷ ᠳᠠᠮᠵᠢᠭᠤᠯᠤᠨ᠂ ᠠᠵᠤ ᠦᠢᠯᠡᠰ ᠤᠨ ᠮᠡᠳᠡᠭᠡ  ᠵᠠᠩᠭᠢᠴᠢᠯᠠᠬᠤ  ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ ᠪᠠᠷ ᠠᠵᠤ ᠠᠬᠤᠶᠢᠯᠠᠯ ᠤᠨ ᠦᠢᠯᠡᠳᠪᠦᠷᠢᠯᠡᠯ᠂ ᠬᠠᠮᠢᠶᠠᠷᠤᠯᠲᠠ᠂ ᠪᠣᠷᠣᠯᠠᠭᠤᠯᠭ᠎ᠠ ᠶᠢᠨ ᠰᠢᠰᠲ᠋ᠧᠮᠵᠢ ᠶᠢ ᠥᠭᠡᠷᠡᠴᠢᠯᠡᠨ᠂  ᠦᠢᠯᠡᠳᠬᠦᠨ ᠤ ᠣᠶᠣᠨᠴᠢᠯᠠᠯᠲᠠ᠂ ᠲᠥᠬᠦᠭᠡᠷᠦᠮᠵᠢ ᠶᠢᠨ ᠣᠶᠣᠨᠴᠢᠯᠠᠯᠲᠠ᠂ ᠦᠢᠯᠡᠳᠪᠦᠷᠢᠯᠡᠯ ᠤᠨ ᠣᠶᠣᠨᠴᠢᠯᠠᠯᠲᠠ᠂ ᠬᠠᠮᠢᠶᠠᠷᠤᠯᠲᠠ ᠶᠢᠨ ᠣᠶᠣᠨᠴᠢᠯᠠᠯᠲᠠ᠂ ᠦᠢᠯᠡᠴᠢᠯᠡᠭᠡᠨ ᠤ ᠣᠶᠣᠨᠴᠢᠯᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠡᠭᠦᠯᠡᠨ ᠠᠮᠢ ᠠᠬᠤᠢ︾᠎ ᠶᠢᠨ ᠲᠦᠩᠯᠢᠶᠣᠣ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠢᠨᠵᠧᠨᠧᠷᠢᠩ ᠢ ᠡᠬᠢᠯᠡᠭᠦᠯᠦᠨ᠂ ᠳᠤᠮᠳᠠᠳᠤ ᠮᠣᠩᠭᠤᠯ ᠣᠷᠣᠰ ᠤᠨ ᠮᠡᠳᠡᠭᠡ ᠵᠠᠩᠭᠢ ᠶᠢᠨ ᠭᠠᠷᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠬᠤᠰᠢᠭᠤ ᠰᠢᠶᠠᠨ ᠤ ᠣᠷᠣᠨ ᠪᠦᠰᠡ ᠶᠢᠨ ᠮᠡᠳᠡᠭᠡ ᠵᠠᠩᠭᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠵᠤ ᠦᠢᠯᠡᠰ ᠤᠨ ᠬᠦᠭᠵᠢᠯᠲᠡ ᠶᠢᠨ ᠡᠯ᠎ᠡ ᠭᠤᠭᠴᠣᠭᠠᠨ ᠳᠠᠬᠢ ᠮᠡᠳᠡᠭᠡ ᠵᠠᠩᠭᠢ ᠶᠢᠨ ᠮᠡᠷᠭᠡᠵᠢᠯ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠡᠭᠦᠯᠡᠨ ᠪᠤᠳᠣᠯᠲᠠ ᠶᠢᠨ ᠠᠵᠤ ᠦᠢᠯᠡᠰ ᠤᠨ ᠪᠦᠯᠦᠭᠯᠡᠯᠵᠢᠨ ᠬᠥᠭᠵᠢᠬᠦ ᠶᠢ ᠲᠦᠯᠬᠢᠨ ᠠᠬᠢᠭᠤᠯᠤᠨ᠎ᠠ  ᠃      ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠴᠦᠯᠡᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠦᠭᠵᠢᠯᠲᠡ ᠶᠢᠨ ᠠᠮᠢᠵᠢᠷᠡᠯ ᠤᠨ ᠬᠦᠴᠦᠨ ᠢ ᠴᠢᠩᠭᠠᠷᠠᠭᠤᠯᠤᠨ᠎ᠠ᠃ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠤ 2015 ᠣᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ︽6+1︾ ᠲᠤᠰᠬᠠᠢ ᠵᠦᠢᠯ ᠤᠨ ᠠᠵᠢᠯᠯᠠᠭ᠎ᠠ᠂ ᠲᠣᠬᠠᠶᠢᠯᠠᠪᠠᠯ ᠠᠵᠤ ᠦᠢᠯᠡᠳᠪᠦᠷᠢ ᠶᠢᠨ ᠰᠠᠭᠤᠷᠢ ᠶᠢ ᠪᠠᠬᠢᠵᠢᠭᠦᠯᠬᠦ᠂ ᠣᠶᠣᠨᠴᠢ ᠪᠠᠷ ᠦᠢᠯᠡᠳᠬᠦ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ᠂ ᠴᠡᠷᠢᠭ ᠤᠨ ᠬᠡᠷᠡᠭᠯᠡᠭᠡᠨ ᠤ ᠬᠡᠷᠡᠭᠰᠡᠯ ᠦᠢᠯᠡᠳᠪᠦᠷᠢᠯᠡᠬᠦ ᠬᠢᠭᠡᠳ ᠠᠷᠠᠳ ᠤᠨ ᠬᠡᠷᠡᠭᠯᠡᠭᠡᠨ ᠤ ᠬᠡᠷᠡᠭᠰᠡᠯi ᠦᠢᠯᠡᠳᠪᠦᠷᠢᠯᠡᠬᠦ ᠶᠢᠨ ᠠᠭᠤᠰᠤᠯᠴᠠᠯ ᠤᠨ ᠭᠦᠨᠵᠡᠭᠡᠶᠢᠷᠡᠨ ᠬᠥᠭᠵᠢᠬᠦ ᠶᠢ ᠲᠥᠯᠬᠢᠨ ᠠᠬᠢᠭᠤᠯᠬᠤ᠂ ᠠᠵᠤ ᠦᠢᠯᠡᠳᠪᠦᠷᠢ ᠶᠢᠨ ᠪᠣᠬᠢᠷᠳᠤᠯ ᠦᠭᠡᠢ ᠪᠠᠷ ᠬᠦᠭᠵᠢᠬᠦ᠂ ᠦᠷᠭᠡᠨ ᠪᠦᠰᠡᠲᠦ ᠳᠤᠮᠳᠠᠳᠤ ᠤᠯᠤᠰ 2015᠂  ᠪᠠᠭ᠎ᠠ ᠵᠢᠵᠢᠭ ᠠᠵᠤ ᠠᠬᠤᠶᠢᠯᠠᠯ ᠢ ᠳᠡᠳᠬᠦᠨ ᠲᠤᠰᠠᠯᠠᠬᠤ ᠲᠤᠰᠬᠠᠢ ᠵᠦᠢᠯ ᠤᠨ ᠠᠵᠢᠯᠯᠠᠭ᠎ᠠ ᠪᠠ ᠠᠵᠢᠯ ᠤᠨ ᠰᠤᠷᠲᠠᠯ ᠢ ᠬᠠᠯᠠᠨ ᠰᠠᠶᠢᠵᠢᠷᠠᠭᠤᠯᠬᠤ ᠣᠨ ᠤ ᠠᠵᠢᠯᠯᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠢ ᠥᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠦᠮᠴᠢᠯᠡᠯᠲᠦ ᠡᠳ᠋ ᠬᠥᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠳᠠᠬᠢ ᠬᠤᠯᠢᠮᠠᠭ ᠦᠮᠴᠢᠯᠡᠯ ᠤᠨ ᠳᠦᠷᠢᠮ ᠤᠨ ᠦᠭᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠰᠲ᠋ᠣᠺ ᠤᠨ ᠡᠷᠬᠡ ᠶᠢᠨ ᠪᠦᠲᠦᠴᠡ ᠶᠢᠨ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠠᠰᠤᠷᠠᠯᠲᠠ ᠦᠭᠡᠢ  ᠲᠡᠭᠦᠯᠳᠡᠷᠵᠢᠭᠦᠯᠵᠦ᠂ ᠤᠯᠤᠰ ᠤᠨ ᠦᠮᠴᠢᠯᠡᠯᠲᠦ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠵᠤ ᠦᠢᠯᠡᠰ ᠤᠨ ᠬᠦᠭᠵᠢᠯᠲᠡ ᠶᠢᠨ ᠶᠠᠰᠤ ᠴᠢᠨᠠᠷ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃      ﹇ᠬᠦᠲᠦᠯᠦᠭᠴᠢ﹈ ᠵᠠ᠂ ᠸᠠᠩ ᠡᠷᠬᠢᠯᠡᠭᠴᠢ ᠶᠢᠨ ᠬᠠᠯᠠᠰᠢᠷᠠᠯ ᠦᠭᠡᠢ ᠬᠠᠷᠢᠭᠤᠯᠤᠭᠰᠠᠨ ᠳᠤ ᠲᠤᠩ ᠲᠠᠯᠠᠷᠬᠠᠵᠤ ᠪᠠᠶᠢᠨ᠎ᠠ  ᠂ ᠮᠦᠨᠴᠦ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠵᠤ ᠪᠠᠶᠢᠨ᠎ᠠ︕ ᠲᠤᠰ ᠤᠳᠠᠭᠠᠨ ᠤ ᠰᠤᠷᠪᠤᠯᠵᠢᠯᠠᠭᠰᠠᠨ ᠶᠠᠷᠢᠯᠴᠠᠭ᠎ᠠ ᠠᠳᠡ ᠬᠦᠷᠲᠡᠯ᠎ᠡ ᠲᠡᠭᠦᠰᠦᠯ᠎ᠡ᠂ ᠳᠠᠷᠠᠭᠠᠴᠢ ᠶᠢᠨ ᠫᠷᠦᠭᠷᠡᠮ ᠳᠤ ᠪᠠᠶᠠᠷᠳᠠᠢ ᠵᠣᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map