ᠬᠦᠴᠤ ᠴᠢᠳᠠᠯ ᠢᠶᠠᠨ ᠲᠤᠶᠢᠯ ᠤᠨ ᠤᠨᠤᠴᠢᠲᠠᠢ ᠬᠡᠷᠡᠭᠯᠡᠵᠦ ᠠᠵᠢᠯ ᠤᠯᠭᠤᠬᠤ ᠢᠨᠵᠧᠨᠧᠷᠢᠩ ᠢ ᠬᠦᠨᠵᠡᠭᠡᠢ ᠠᠬᠢᠭᠤᠯᠤᠨ ᠠᠵᠢᠯ ᠤᠯᠭᠤᠬᠤ ᠬᠠᠷᠠᠯᠳᠠ ᠶᠢᠨ ᠡᠭᠦᠷᠭᠡ ᠶᠢ ᠪᠠᠳᠤᠯᠠᠨ ᠪᠡᠶᠡᠯᠡᠭᠦᠯᠤᠶ᠎ᠡ
ᠨᠡᠶᠢᠲᠡᠯᠡᠭᠰᠡᠨ ᠴᠠᠭ᠄
2015/5/8
ᠬᠦᠴᠤ ᠴᠢᠳᠠᠯ ᠢᠶᠠᠨ ᠲᠤᠶᠢᠯ ᠤᠨ ᠤᠨᠤᠴᠢᠲᠠᠢ ᠬᠡᠷᠡᠭᠯᠡᠵᠦ ᠠᠵᠢᠯ ᠤᠯᠭᠤᠬᠤ ᠢᠨᠵᠧᠨᠧᠷᠢᠩ ᠢ ᠬᠦᠨᠵᠡᠭᠡᠢ ᠠᠬᠢᠭᠤᠯᠤᠨ ᠠᠵᠢᠯ ᠤᠯᠭᠤᠬᠤ ᠬᠠᠷᠠᠯᠳᠠ ᠶᠢᠨ ᠡᠭᠦᠷᠭᠡ ᠶᠢ ᠪᠠᠳᠤᠯᠠᠨ ᠪᠡᠶᠡᠯᠡᠭᠦᠯᠤᠶ᠎ᠡᠦᠪᠡᠷᠳᠡᠭᠡᠨ ᠵᠠᠰᠠᠬᠤ ᠤᠷᠤᠨ ᠤ ᠬᠦᠮᠤᠨ ᠤ  ᠬᠦᠴᠤᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠤᠭᠦᠨ᠂ ᠠᠵᠢᠯ ᠤᠯᠭᠤᠬᠤ ᠲᠤᠪᠴᠢᠶ᠎ᠠ ᠶᠢᠨ ᠲᠠᠷᠤᠭ᠎ᠠ                                           ᠸᠠᠩ ᠶᠢᠤ ᠬᠤᠩ
        ᠬᠦᠳᠤᠯᠦᠭᠴᠢ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨᠠᠤ ᠤᠤ︖ ᠲᠠ ᠪᠦᠬᠦᠨ ᠤ ᠲᠤᠰ ᠬᠤᠭᠤᠴᠠᠭᠠᠨ ᠤ ︽ᠳᠤᠮᠳᠠᠳᠤ ᠤᠯᠤᠰ   ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠨ ᠶᠠᠷᠢᠯᠴᠠᠬᠤ ᠫᠷᠦᠭᠷᠡᠮ ᠢ ᠬᠢᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠠᠵᠢᠯ ᠤᠯᠭᠤᠬᠤ ᠪᠤᠯ ᠠᠷᠠᠳ ᠤᠨ ᠠᠮᠢᠳᠤᠷᠠᠯ ᠤᠨ ᠦᠨᠳᠤᠰᠤ ᠮᠦᠨ᠂ ᠠᠵᠢᠯ ᠤᠯᠭᠤᠬᠤ ᠶᠢ ᠠᠬᠢᠭᠤᠯᠬᠤ ᠪᠤᠯ ᠴᠦᠮ ᠡᠯ᠎ᠡ ᠱᠠᠳᠤᠨ ᠤ ᠵᠠᠰᠠᠭ ᠤᠨ ᠤᠷᠳᠤᠨ ᠤ ᠠᠵᠢᠯ ᠤᠨ ᠴᠢᠬᠤᠯᠠ ᠠᠴᠠ  ᠴᠢᠬᠤᠯᠠ ᠵᠦᠢᠯ ᠪᠤᠯᠤᠭᠰᠠᠭᠠᠷ ᠢᠷᠡᠪᠡ᠂ ᠠᠵᠦ ᠠᠬᠤᠢ ᠶᠢᠨ ᠰᠢᠨ᠎ᠡ ᠬᠡᠪ ᠪᠠᠶᠢᠳᠠᠯ ᠤᠨ ᠳᠠᠭᠠᠭᠤᠯᠭ᠎ᠠ ᠪᠤᠯᠤᠨ ᠳᠠᠶᠢᠴᠢᠯᠠᠯᠳᠠ ᠳᠤᠤᠷ᠎ᠠ᠂ ᠮᠠᠨ ᠤ  ᠤᠷᠤᠨ ᠤ ᠠᠵᠢᠯ ᠤᠯᠭᠤᠬᠤ ᠪᠠᠶᠢᠳᠠᠯ ᠳᠤ ᠶᠠᠭ ᠬᠦᠨᠵᠡᠭᠡᠢ ᠬᠤᠪᠢᠷᠠᠯᠳᠠ ᠲᠤᠯᠭᠠᠷᠠᠵᠦ  ᠪᠤᠢ᠂ ᠮᠠᠨ ᠤ ᠤᠷᠤᠨ ᠤ ᠠᠵᠢᠯ ᠤᠯᠭᠤᠬᠤ ᠠᠵᠢᠯ ᠎ ᠤᠨ ᠲᠠᠯ᠎ᠠ ᠪᠠᠷ ᠬᠢ ᠬᠠᠮᠢᠶ᠎ᠠ ᠪᠦᠬᠦᠢ ᠪᠠᠶᠢᠳᠠᠯ ᠢ ᠤᠯᠠᠮ ᠨᠢᠬᠡ ᠠᠯᠬᠤᠮ ᠤᠶᠢᠯᠠᠭᠠᠬᠤ ᠶᠢᠨ ᠲᠤᠰᠠᠳᠠ᠂ ᠦᠨᠦᠳᠤᠷ ᠪᠢᠳᠡ ᠦᠪᠡᠷᠳᠡᠭᠡᠨ ᠵᠠᠰᠠᠬᠤ ᠤᠷᠤᠨ ᠤ ᠬᠦᠮᠤᠨ ᠤ  ᠬᠦᠴᠤᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠤᠭᠦᠨ᠂ ᠠᠵᠢᠯ ᠤᠯᠭᠤᠬᠤ ᠲᠤᠪᠴᠢᠶ᠎ᠠ ᠶᠢᠨ ᠲᠠᠷᠤᠭ᠎ᠠ ᠸᠠᠩ ᠶᠢᠤ ᠬᠤᠩ ᠢ ᠵᠠᠯᠠᠵᠦ ᠲᠠ ᠪᠦᠬᠦᠨ ᠲᠠᠢ ᠵᠤᠭᠤᠭᠳᠠᠭᠤᠯᠬᠤ ᠪᠤᠯᠤᠯ᠎ᠠ᠃ ᠸᠠᠩ ᠲᠤᠪᠴᠢᠶᠠᠨ ᠳᠠᠷᠤᠭ᠎ᠠ ᠡ᠂ ᠲᠠ ᠰᠠᠶᠢᠨ ᠤᠤ︕         ᠸᠠᠩ ᠶᠢᠤ ᠬᠤᠩ ᠬᠦᠳᠤᠯᠦᠭᠴᠢ ᠰᠠᠶᠢᠨ ᠤᠤ᠂  ᠰᠦᠯᠵᠢᠶᠡᠨ ᠠᠨᠳᠠ ᠨᠠᠷ ᠰᠠᠶᠢᠨ ᠤᠤ︕ ᠠᠳᠡ ᠠᠵᠢᠯ ᠤᠯᠭᠤᠬᠤ ᠠᠵᠢᠯ ᠤᠨ ᠡᠨᠡᠬᠦ ᠰᠡᠳᠤᠪ ᠢᠶᠠᠷ ᠲᠠ ᠪᠦᠬᠦᠨ ᠲᠠᠢ ᠵᠤᠭᠤᠭᠳᠠᠬᠤ ᠪᠤᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠂ ᠮᠦᠨᠴᠤ ᠲᠠ ᠪᠦᠬᠦᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠢᠯ ᠤᠯᠭᠤᠬᠤ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠦ ᠪᠠᠶᠢᠨ᠎ᠠ᠃         ᠬᠦᠳᠤᠯᠦᠭᠴᠢ ᠸᠠᠩ ᠳᠠᠷᠤᠭ᠎ᠠ ᠡ  ᠂  ᠲᠠ ᠤᠳᠤᠬᠠᠨ ᠳᠤ ᠮᠠᠨ ᠤ ᠤᠷᠤᠨ ᠤ  ᠠᠵᠢᠯ  ᠤᠯᠭᠤᠬᠤ  ᠪᠠᠶᠢᠳᠠᠯ  ᠶᠡᠷᠦᠩᠬᠡᠢ  ᠎ ᠳᠡᠭᠡᠨ  ᠶᠠᠮᠠᠷ  ᠪᠠᠶᠢᠬᠤ  ᠎ ᠶᠢ  ᠲᠠᠨᠢᠯᠴᠠᠭᠤᠯᠤᠭᠠᠳ ᠦᠭᠬᠦᠨᠡᠤ︖         ᠸᠠᠩ ᠶᠢᠤ ᠬᠤᠩ ᠤᠶᠢᠷ᠎ᠠ ᠶᠢᠨ ᠵᠢᠯ ᠤᠳ ᠲᠤ᠂ ᠠᠵᠦ ᠠᠬᠤᠢ ᠶᠢᠨ ᠨᠡᠮᠡᠭᠳᠡᠯ ᠤᠨ ᠬᠤᠷᠳᠤᠴᠠ ᠠᠯᠭᠤᠷᠯᠠᠭᠰᠠᠨ ᠵᠡᠷᠭᠡ ᠬᠦᠴᠤᠨ ᠵᠦᠢᠯ ᠤᠨ ᠨᠦᠯᠦᠭᠡᠯᠡᠯ ᠠᠴᠠ  ᠪᠤᠯᠤᠭᠠᠳ᠂ ᠮᠠᠨ ᠤ ᠤᠷᠤᠨ ᠤ ᠠᠵᠢᠯ ᠤᠯᠭᠤᠬᠤ ᠪᠠᠶᠢᠳᠠᠯ ᠶᠡᠷᠦ ᠠᠴᠠ ᠮᠠᠰᠢ ᠬᠠᠳᠠᠭᠤ  ᠪᠡᠷᠬᠡ  ᠪᠠᠶᠢᠭᠰᠠᠨ ᠴᠤ ᠦᠪᠡᠷᠳᠡᠭᠡᠨ ᠵᠠᠰᠠᠬᠤ ᠤᠷᠤᠨ ᠎ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠷᠭ᠎ᠠ ᠪᠦᠬᠦᠨ ᠢ ᠰᠦᠪᠡᠭᠴᠢᠯᠡᠨ ᠠᠵᠢᠯ ᠤᠯᠭᠤᠬᠤ ᠶᠢ ᠦᠷᠭᠡᠳᠭᠡᠵᠦ᠂ ᠠᠳᠠᠯ ᠦᠢᠯᠡᠰ ᠪᠤᠰᠬᠠᠵᠦ ᠠᠵᠢᠯ ᠤᠯᠭᠤᠬᠤ ᠢᠨᠵᠧᠨᠧᠷᠢᠩ ᠢ ᠪᠦᠬᠦ ᠬᠦᠴᠤᠨ ᠢᠶᠠᠷ ᠬᠡᠷᠡᠭᠵᠢᠭᠦᠯᠵᠦ ᠂ ᠤᠷᠢᠳ ᠬᠤᠵᠢᠳ ᠳᠡᠭᠡᠳᠤ ᠰᠤᠷᠭᠠᠭᠤᠯᠢ ᠲᠡᠭᠦᠰᠦᠭᠴᠢᠳ ᠲᠤ ᠠᠵᠢᠯ ᠤᠯᠭᠤᠨ ᠠᠳᠠᠯ ᠦᠢᠯᠡᠰ ᠪᠤᠰᠬᠠᠬᠤ ᠶᠢ ᠠᠬᠢᠭᠤᠯᠬᠤ᠂ ᠬᠦᠴᠢᠷᠳᠡᠯ ᠲᠠᠢ ᠠᠵᠦ ᠠᠬᠤᠶᠢᠯᠠᠯ ᠢ ᠲᠤᠰᠠᠯᠠᠨ ᠠᠵᠢᠯ ᠤᠯᠭᠤᠬᠤ ᠤᠷᠤᠨ ᠪᠠᠶᠢᠷᠢ ᠶᠢ ᠲᠤᠭᠳᠠᠪᠤᠷᠢᠵᠢᠭᠤᠯᠬᠤ᠂ ︽ᠠᠵᠢᠯ ᠦᠬᠡᠢ︾ ᠡᠷᠦᠬᠡ ᠭᠡᠷ ᠤᠨ ᠠᠵᠢᠯ ᠤᠯᠬᠤ ᠳᠤᠨᠢ ᠳᠤᠰᠠᠯᠠᠮᠵᠢ ᠦᠵᠡᠭᠦᠯᠬᠦ ᠵᠡᠷᠭᠡ ᠠᠯᠢ ᠤᠯᠠᠨ ᠴᠢᠭᠯᠡᠬᠦᠯᠬᠦ ᠴᠢᠨᠠᠷ ᠢᠶᠠᠷ ᠴᠢᠩᠭ᠎ᠠ᠂ ᠳᠡᠳᠬᠦᠬᠦ ᠬᠦᠴᠤᠨ ᠢᠶᠠᠷ ᠶᠡᠭᠡ᠂ ᠦᠨ᠎ᠡ ᠴᠠᠨ᠎ᠠ ᠪᠠᠷ ᠦᠨᠳᠤᠷ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠲᠤᠭᠳᠠᠭᠠᠨ ᠨᠡᠶᠢᠳᠡᠯᠡᠵᠦ᠂ ᠠᠵᠢᠯ ᠤᠯᠭᠤᠨ ᠠᠳᠠᠯ ᠦᠢᠯᠡᠰ ᠪᠤᠰᠬᠠᠬᠤ ᠨᠡᠯᠢᠶᠡᠳ ᠪᠦᠷᠢᠨ ᠲᠦᠬᠦᠷ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠠᠶᠢᠭᠤᠯᠵᠦ᠂ ᠠᠵᠢᠯ ᠤᠯᠭᠤᠬᠤ ᠬᠡᠪᠴᠢᠶ᠎ᠡ ᠶᠢᠨ ᠲᠠᠰᠤᠷᠠᠯᠳᠠ ᠦᠬᠡᠢ ᠦᠷᠬᠡᠵᠢᠬᠦ ᠶᠢ ᠠᠬᠢᠭᠤᠯᠤᠨ ᠪᠡᠶᠡᠯᠡᠬᠦᠯᠦᠭᠡᠳ᠂ ᠪᠦᠬᠦ ᠤᠷᠤᠨ ᠤ ᠠᠵᠢᠯ ᠤᠯᠭᠤᠬᠤ ᠪᠠᠶᠢᠳᠠᠯ ᠢ ᠦᠨᠳᠤᠰᠤᠨ ᠳᠡᠭᠡᠨ ᠲᠤᠭᠳᠠᠭᠤᠨ ᠪᠤᠯᠭᠠᠪᠠ᠃ ᠬᠡᠪᠡᠴᠤ ᠠᠵᠢᠯ ᠤᠯᠭᠤᠬᠤ ᠳᠠᠷᠤᠯᠳᠠ ᠮᠦᠨᠬᠦ ᠮᠠᠰᠢ ᠶᠡᠭᠡ ᠪᠠᠶᠢᠵᠦ᠂ ᠬᠤᠳᠠ ᠪᠠᠯᠭᠠᠰᠤᠨ ᠤ ᠠᠵᠢᠯ ᠤᠯᠭᠤᠬᠤ ᠴᠢᠬᠤᠯᠠ ᠲᠠᠢ ᠬᠦᠮᠤᠰ ᠤᠨ ᠶᠡᠷᠦᠩᠬᠡᠢ ᠲᠤᠭ᠎ᠠ ᠮᠦᠨᠬᠦ ᠮᠠᠰᠢ ᠤᠯᠠᠨ ᠪᠠᠶᠢᠬᠤ ᠪᠠ ᠪᠠᠰᠠ ᠲᠠᠷᠢᠶᠠᠯᠠᠬᠤ ᠮᠠᠯᠵᠢᠬᠤ ᠤᠷᠤᠨ ᠤ ᠦᠯᠡᠭᠦᠤ ᠬᠦᠳᠡᠯᠮᠤᠷᠢ ᠶᠢᠨ ᠬᠦᠴᠤᠨ ᠢ ᠰᠢᠯᠵᠢᠭᠦᠯᠦᠨ ᠠᠵᠢᠯ ᠤᠯᠭᠤᠬᠤ ᠶᠡᠷᠦᠩᠬᠡᠢ ᠬᠡᠮᠵᠢᠶᠡᠨ ᠤ ᠳᠠᠷᠤᠯᠳᠠ ᠴᠤ ᠲᠤᠩ ᠶᠡᠭᠡ ᠪᠠᠶᠢᠨ᠎ᠠ᠃ 2015 ᠤᠨ ᠳᠤ ᠮᠠᠨ ᠤ ᠤᠷᠤᠨ ᠤ ᠵᠦᠪᠭᠡᠨ ᠳᠡᠭᠡᠳᠤ ᠰᠤᠷᠭᠠᠭᠤᠯᠢ ᠲᠡᠭᠦᠰᠬᠦ ᠰᠤᠷᠤᠭᠴᠢᠳ11.6 ᠲᠦᠮᠡ ᠪᠠᠶᠢᠵᠦ᠂ ᠤᠷᠤᠨ ᠤ ᠭᠠᠳᠠᠨ᠎ᠠ ᠪᠠᠶᠢᠬᠤ ᠦᠪᠤᠷ ᠮᠤᠩᠭᠤᠯ ᠨᠤᠳᠤᠭ ᠲᠠᠢ ᠰᠤᠷᠤᠭᠴᠢ᠂ ᠦᠢᠯᠡᠴᠢᠯᠡᠭᠡᠨ ᠤ ᠬᠤᠭᠤᠴᠠᠭ᠎ᠠ ᠨᠢ ᠲᠤᠯᠵᠦ ᠳᠠᠬᠢᠨ ᠰᠢᠨ᠎ᠡ ᠪᠠᠷ ᠠᠵᠢᠯ ᠤᠯᠭᠤᠬᠤ ᠪᠠ ᠦᠩᠭᠡᠷᠡᠭᠰᠡᠨ ᠳᠤ ᠠᠵᠢᠯ ᠤᠯᠤᠭᠠᠳᠤᠢ ᠰᠤᠷᠤᠭᠴᠢ15.6 ᠲᠦᠮᠡ ᠪᠠᠶᠢᠨ᠎ᠠ᠃  ᠡᠭᠦᠨ ᠤ ᠳᠡᠭᠡᠷ᠎ᠡ ᠪᠠᠰᠠ ᠠᠵᠢᠯ ᠤᠯᠭᠤᠬᠤ ᠳᠤ ᠬᠦᠴᠢᠷᠳᠠᠯ ᠲᠠᠢ ᠪᠠᠶᠢᠬᠤ ᠬᠦᠮᠤᠰ᠂ ᠰᠢᠯᠢᠭᠳᠡᠬᠦᠯᠦᠭᠰᠡᠨ ᠬᠤᠴᠤᠷᠠᠩᠭᠤᠢ ᠦᠢᠯᠡᠳᠪᠤᠷᠢᠯᠡᠯ ᠤᠨ ᠴᠢᠳᠡᠪᠬᠢ ᠠᠴᠠ ᠪᠤᠢ ᠪᠤᠯᠤᠭᠰᠠᠨ ᠠᠵᠢᠯ ᠠᠯᠳᠠᠭᠰᠠᠳ  ᠵᠡᠷᠭᠡ ᠶᠢ ᠨᠡᠮᠡᠪᠡᠯ ᠠᠵᠢᠯ ᠤᠯᠭᠤᠬᠤ ᠪᠠᠶᠢᠳᠠᠯ ᠮᠦᠨᠬᠦ ᠮᠠᠰᠢ ᠬᠠᠳᠠᠭᠤᠵᠢᠯᠲᠠᠢ ᠪᠠᠶᠢᠨ᠎ᠠ᠃         ᠬᠦᠳᠤᠯᠦᠭᠴᠢ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠪᠤᠯ ᠲᠦᠪ ᠎ ᠠᠴᠠ ᠲᠤᠷᠠᠳᠤᠭᠰᠠᠨ ᠪᠠᠶᠢᠯᠳᠤᠬᠤ ᠪᠤᠳᠤᠯᠭ᠎ᠠ ᠶᠢᠨ ᠮᠠᠭᠠᠳᠯᠠᠯ ᠮᠦᠨ᠂ ᠰᠢᠨ᠎ᠡ ᠬᠡᠪ ᠪᠠᠶᠢᠳᠠᠯ ᠳᠤᠤᠷ᠎ᠠ᠂ ᠮᠠᠨ ᠤ ᠤᠷᠤᠨ ᠤ ᠠᠵᠢᠯ ᠤᠯᠭᠤᠬᠤ ᠠᠵᠢᠯ ᠳᠤ ᠶᠠᠮᠠᠷ ᠰᠢᠨ᠎ᠡ ᠪᠠᠶᠢᠳᠠᠯ ᠪᠠ ᠰᠢᠨ᠎ᠡ ᠦᠷᠢᠰᠤᠯᠳᠤᠭᠡᠨ ᠲᠤᠯᠭᠠᠷᠠᠵᠦ ᠪᠠᠶᠢᠬᠤ ᠪᠤᠢ︖         ᠸᠠᠩ ᠶᠢᠤ ᠬᠤᠩ ᠮᠢᠨᠤ ᠤᠶᠢᠯᠭᠠᠬᠤ ᠪᠠᠷ ᠭᠤᠤᠯ ᠨᠢ ᠭᠤᠷᠪᠠᠨ ᠲᠠᠯ᠎ᠠ ᠶᠢᠨ ᠤᠨᠴᠠᠯᠢᠭ ᠎ ᠲᠠᠢ ᠪᠠᠶᠢᠨ᠎ᠠ᠄ ᠨᠢᠭᠡ ᠳᠤ ᠠᠵᠢᠯ ᠤᠯᠭᠤᠬᠤ ᠳᠤ ᠲᠤᠯᠭᠠᠷᠠᠵᠦ ᠪᠠᠶᠢᠭ᠎ᠠ ᠭᠤᠤᠯ ᠵᠦᠷᠢᠴᠡᠯ ᠶᠠᠭ ᠤᠯᠠᠷᠢᠨ ᠬᠤᠪᠢᠷᠠᠵᠦ ᠪᠠᠶᠢᠨ᠎ᠠ᠃  ᠶᠡᠷᠦᠩᠬᠡᠢ ᠬᠡᠮᠵᠢᠶᠡᠨ ᠤ ᠵᠦᠷᠢᠴᠡᠯ ᠭᠤᠤᠯ ᠪᠤᠯᠵᠦ ᠪᠠᠶᠢᠭᠰᠠᠨ ᠠᠴᠠ ᠪᠠᠨ ᠪᠦᠳᠤᠴᠡ ᠎ ᠶᠢᠨ ᠴᠢᠨᠠᠷᠲᠠᠢ ᠵᠦᠷᠢᠴᠡᠯ ᠭᠤᠤᠯ ᠪᠤᠯᠬᠤ ᠵᠦᠭ ᠶᠠᠭ ᠤᠯᠠᠷᠢᠵᠦ ᠪᠠᠶᠢᠨ᠎ᠠ᠃ ᠤᠳᠤᠬᠠᠨ ᠳᠤ᠂ ᠠᠵᠢᠯ ᠤᠯᠭᠤᠯᠳᠠ ᠎ ᠶᠢᠨ ᠪᠦᠳᠤᠴᠡ ᠶᠢᠨ ᠴᠢᠨᠠᠷᠲᠠᠢ ᠵᠦᠷᠢᠴᠡᠯ ᠨᠢ ᠬᠤᠶᠠᠷ ᠲᠠᠯ᠎ᠠ ᠪᠠᠷ ᠲᠤᠪᠤᠶᠢᠵᠦ ᠪᠠᠶᠢᠨ᠎ᠠ᠃ ᠨᠢᠬᠡ ᠲᠠᠯ᠎ᠠ ᠪᠠᠷ᠂ ᠬᠦᠳᠡᠯᠮᠤᠷᠢᠯᠡᠭᠴᠢᠳ ᠤᠨ ᠶᠡᠷᠦᠩᠬᠡᠢ ᠮᠡᠳᠡᠯᠬᠡ ᠪᠤᠯᠪᠠᠰᠤᠷᠠᠯ ᠳᠤᠤᠷ᠎ᠠ ᠪᠠᠶᠢᠵᠦ᠂ ᠠᠵᠢᠯ ᠡᠷᠢᠭᠰᠡᠳ ᠤᠨ ᠲᠤᠰᠬᠠᠢ ᠮᠡᠷᠭᠡᠵᠢᠯ ᠤᠨ ᠪᠤᠯᠪᠠᠰᠤᠷᠠᠯ᠂ ᠮᠡᠷᠭᠡᠵᠢᠯ ᠴᠢᠳᠠᠪᠤᠷᠢ ᠶᠢᠨ ᠬᠢᠷᠢ ᠬᠡᠮᠵᠢᠶ᠎ᠡ ᠨᠢ ᠵᠠᠬ᠎ᠠ ᠳᠡᠯᠭᠡᠬᠦᠷ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠨᠡᠶᠢᠴᠡᠬᠦ ᠦᠬᠡᠢ ᠠᠴᠠ ᠪᠤᠯᠤᠭᠠᠳ ︽ᠵᠠᠷᠢᠮ ᠬᠦᠮᠤᠨ ᠬᠢᠬᠦ ᠠᠵᠢᠯ ᠦᠬᠡᠢ᠂ ᠵᠠᠷᠢᠮ ᠠᠵᠢᠯ ᠢ ᠬᠢᠬᠦ ᠬᠦᠮᠤᠨ  ᠦᠬᠡᠢ︾ ᠦᠵᠡᠭᠳᠡᠯ ᠪᠤᠢ ᠪᠤᠯᠵᠦ᠂ ᠦᠷᠬᠦᠯᠵᠢᠯᠡᠨ ᠰᠢᠷᠦᠭᠦᠰᠬᠦ ᠪᠠᠶᠢᠳᠠᠯ ᠲᠠᠢ ᠪᠠᠶᠢᠨ᠎ᠠ᠃ ᠨᠦᠭᠦᠬᠡ ᠲᠠᠯ᠎ᠠ ᠪᠠᠷ᠂ ᠰᠢᠨ᠎ᠡ ᠬᠡᠪ ᠪᠠᠶᠢᠳᠠᠯ ᠳᠤᠤᠷ᠎ᠠ  ᠠᠵᠦ ᠦᠢᠯᠡᠰ ᠤᠨ ᠪᠦᠳᠤᠴᠡ ᠶᠢ ᠲᠤᠬᠢᠷᠠᠭᠤᠯᠬᠤ᠂ ᠦᠢᠯᠡᠳᠪᠤᠷᠢᠯᠡᠬᠦ ᠴᠢᠳᠠᠮᠵᠢ ᠶᠢᠨ ᠦᠯᠡᠬᠦᠳᠡᠯ ᠢ ᠰᠢᠢᠳᠪᠤᠷᠢᠯᠡᠬᠦ ᠠᠷᠭ᠎ᠠ ᠶᠢᠨ ᠨᠠᠶᠢᠳᠠᠪᠤᠷᠢᠵᠢᠭᠤᠯᠤᠯ ᠢ ᠳᠠᠭᠠᠯᠳᠤᠨ᠂ ᠨᠢᠬᠡ ᠪᠦᠯᠦᠭ ᠠᠵᠢᠯ ᠲᠦᠷᠦᠯ ᠤᠨ ᠠᠵᠦ ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠳᠡ ᠬᠦᠴᠢᠷᠳᠡᠯ ᠲᠠᠢ ᠪᠤᠯᠵᠦ᠂ ᠪᠦᠳᠤᠴᠡ ᠶᠢᠨ ᠴᠢᠨᠠᠷᠲᠠᠢ ᠠᠵᠢᠯᠴᠢᠨ ᠤ ᠬᠠᠰᠤᠯᠳᠠ ᠨᠢ ᠪᠦᠳᠤᠴᠡ ᠶᠢᠨ ᠴᠢᠨᠠᠷᠲᠠᠢ ᠠᠵᠢᠯ ᠠᠯᠳᠠᠬᠤ ᠪᠠ ᠳᠠᠯᠳᠠᠮᠠᠯ ᠠᠵᠢᠯ ᠠᠯᠳᠠᠬᠤ ᠪᠤᠯᠭᠠᠵᠠᠢ᠃ ᠡᠳᠡᠭᠡᠷ ᠪᠦᠳᠤᠴᠡ ᠶᠢᠨ ᠴᠢᠨᠠᠷᠲᠠᠢ ᠵᠦᠷᠢᠴᠡᠯ ᠢ ᠬᠢᠷᠬᠢᠨ ᠰᠢᠢᠳᠪᠤᠷᠢᠯᠠᠵᠦ᠂ ᠲᠤᠭᠳᠠᠭᠤᠨ ᠨᠡᠮᠡᠭᠳᠡᠬᠦᠯᠬᠦ ᠬᠢᠭᠡᠳ ᠲᠤᠭᠳᠠᠭᠤᠨ ᠠᠵᠢᠯ ᠤᠯᠭᠤᠬᠤ᠂ ᠪᠦᠳᠤᠴᠡ ᠶᠢ ᠲᠤᠬᠢᠷᠠᠭᠤᠯᠬᠤ ᠬᠢᠭᠡᠳ ᠠᠵᠢᠯ ᠤᠯᠭᠤᠬᠤ ᠶᠢ ᠠᠬᠢᠭᠤᠯᠬᠤ ᠶᠢ ᠵᠤᠬᠢᠴᠠᠭᠤᠯᠤᠨ ᠠᠬᠢᠭᠤᠯᠬᠤ ᠶᠠᠪᠤᠳᠠᠯ ᠪᠤᠯ ᠠᠵᠢᠯ ᠤᠯᠭᠤᠬᠤ ᠠᠵᠢᠯ ᠳᠤ ᠲᠤᠯᠭᠠᠷᠠᠵᠦ ᠪᠠᠶᠢᠭ᠎ᠠ ᠳᠤᠮᠤ ᠰᠡᠳᠤᠪ ᠪᠤᠯᠤᠨ᠎ᠠ᠃ ᠬᠤᠶᠠᠷ ᠲᠤ ᠠᠵᠢᠯ ᠤᠯᠭᠤᠬᠤ ᠨᠡᠮᠡᠭᠳᠡᠯ ᠤᠨ ᠴᠢᠭ᠋ ᠤᠯᠠᠷᠢᠨ ᠬᠤᠪᠢᠷᠠᠵᠦ᠂ ᠠᠵᠢᠯ ᠤᠯᠭᠤᠬᠤ ᠰᠢᠨ᠎ᠡ ᠨᠡᠮᠡᠭᠳᠡᠯ ᠤᠨ ᠴᠢᠭ᠋ ᠢ ᠪᠤᠶᠢᠵᠢᠭᠤᠯᠤᠨ ᠪᠠᠶᠢᠭᠤᠯᠬᠤ ᠬᠡᠷᠡᠭ ᠲᠠᠢ ᠪᠠᠶᠢᠨ᠎ᠠ᠃ ᠰᠢᠨ᠎ᠡ ᠬᠡᠪ ᠪᠠᠶᠢᠳᠠᠯ ᠳᠤᠤᠷ᠎ᠠ᠂ ᠠᠵᠦ ᠠᠬᠤᠢ ᠶᠢᠨ ᠨᠡᠮᠡᠭᠳᠡᠯ ᠤᠨ ᠬᠡᠯᠪᠡᠷᠢ ᠶᠢᠨ ᠬᠤᠪᠢᠷᠠᠯᠳᠠ᠂ ᠠᠵᠦ ᠦᠢᠯᠡᠰ ᠤᠨ ᠪᠦᠳᠤᠴᠡ ᠶᠢᠨ ᠲᠤᠬᠢᠷᠠᠭᠤᠯᠤᠯᠳᠠ ᠶᠢ ᠳᠠᠭᠠᠯᠳᠤᠨ᠂ ᠰᠢᠨ᠎ᠡ ᠠᠵᠦ ᠦᠢᠯᠡᠰ ᠪᠤᠯᠤᠨ ᠰᠢᠨ᠎ᠡ ᠬᠡᠷᠡᠭᠴᠡᠭᠡ ᠶᠢ ᠵᠠᠶᠢᠯᠠᠰᠢ ᠦᠬᠡᠢ ᠪᠤᠢ ᠪᠤᠯᠭᠠᠵᠦ᠂ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ᠂ ᠭᠤᠷᠪᠠᠳᠤᠭᠠᠷ ᠠᠵᠦ ᠦᠢᠯᠡᠰ ᠂ ᠰᠢᠶᠠᠨ ᠤ ᠬᠡᠪᠴᠢᠶ᠎ᠡ ᠶᠢᠨ ᠠᠵᠦ ᠠᠬᠤᠢ᠂ ᠠᠷᠠᠳ ᠠᠴᠠ ᠡᠷᠬᠢᠯᠡᠭᠰᠡᠨ ᠬᠤᠪᠢ ᠶᠢᠨ ᠠᠵᠦ ᠠᠬᠤᠢ ᠨᠢ ᠰᠢᠨ᠎ᠡ ᠠᠵᠦ ᠠᠬᠤᠢ ᠶᠢᠨ ᠨᠡᠮᠡᠭᠳᠡᠯ ᠤᠨ ᠴᠢᠭ᠋ ᠪᠤᠯᠬᠤ ᠪᠤᠯᠤᠨ᠎ᠠ᠃ ᠡᠨᠡ ᠨᠢ ᠪᠢᠳᠡᠨ ᠳᠤ ᠠᠵᠢᠯ ᠤᠯᠭᠤᠬᠤ ᠶᠢ ᠠᠬᠢᠭᠤᠯᠬᠤ ᠶᠠᠪᠤᠴᠠ ᠳᠤ ᠭᠠᠵᠠᠷ ᠤᠷᠤᠨ ᠤ ᠪᠠᠶᠢᠳᠠᠯ ᠳᠤ ᠲᠤᠬᠢᠷᠠᠭᠤᠯᠤᠨ᠂ ᠪᠤᠳᠠᠲᠠᠢ ᠪᠠᠶᠢᠳᠠᠯ ᠲᠠᠢ ᠤᠶᠠᠯᠳᠤᠭᠤᠯᠵᠦ᠂ ᠰᠢᠨ᠎ᠡ ᠶᠢ ᠡᠭᠦᠳᠤᠨ ᠨᠡᠭᠡᠭᠡᠵᠦ᠂ ᠠᠵᠢᠯ ᠤᠯᠭᠤᠬᠤ ᠰᠢᠨ᠎ᠡ ᠨᠡᠮᠡᠭᠳᠡᠯ ᠤᠨ ᠴᠢᠭ᠋ ᠢ ᠡᠷᠢᠵᠦ᠂ ᠪᠤᠶᠢᠵᠢᠭᠤᠯᠬᠤ ᠪᠠ ᠪᠠᠶᠢᠭᠤᠯᠤᠭᠠᠳ᠂ ᠡᠭᠦᠨ ᠪᠠᠷ ᠳᠠᠮᠵᠢᠨ ᠠᠵᠢᠯ ᠤᠯᠭᠤᠬᠤ ᠤᠷᠤᠨ ᠪᠠᠶᠢᠷᠢ ᠡᠷᠢᠨ ᠤᠯᠵᠦ᠂ ᠠᠵᠢᠯ ᠤᠯᠭᠤᠬᠤ ᠤᠷᠤᠨ ᠵᠠᠢ  ᠎ ᠶᠢ ᠦᠷᠭᠡᠳᠬᠡᠵᠦ᠂ ᠨᠡᠩ ᠤᠯᠠᠨ ᠨᠦᠭᠦᠴᠡᠯ ᠢ ᠪᠦᠷᠢᠳᠤᠭᠦᠯᠵᠦ᠂ ᠭᠦᠢᠴᠡᠳ ᠠᠵᠢᠯ ᠤᠯᠭᠤᠬᠤ ᠶᠢ ᠪᠡᠶᠡᠯᠡᠬᠦᠯᠬᠦ ᠶᠢ ᠠᠬᠢᠭᠤᠯᠬᠤ ᠶᠢ ᠱᠠᠭᠠᠷᠳᠠᠵᠦ ᠪᠠᠶᠢᠨ᠎ᠠ᠃ ᠭᠤᠷᠪᠠ ᠳᠤ ᠭᠤᠤᠯᠳᠠᠯᠭ᠎ᠠ ᠲᠠᠢ ᠪᠦᠯᠦᠭᠯᠡᠯ ᠳᠤ ᠠᠵᠢᠯ ᠤᠯᠭᠤᠬᠤ ᠡᠭᠦᠷᠭᠡ ᠬᠦᠨᠳᠤᠷᠡᠵᠦ᠂  ᠡᠭᠦᠷᠬᠡ ᠳᠠᠷᠤᠯᠳᠠ ᠦᠷᠬᠦᠯᠵᠢᠯᠡᠨ ᠶᠡᠭᠡᠰᠴᠤ ᠪᠠᠶᠢᠨ᠎ᠠ  ᠃ ᠡᠭᠦᠨ ᠳᠤ ᠭᠤᠤᠯ ᠨᠢ ᠭᠤᠷᠪᠠᠨ ᠲᠤᠮᠤ ᠪᠦᠯᠦᠭᠯᠡᠯ ᠤᠨ ᠠᠰᠠᠭᠤᠳᠠᠯ ᠪᠤᠢ᠂ ᠨᠢᠭᠡ ᠳᠤ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠴᠢᠳ ᠢᠶᠠᠷ ᠭᠤᠤᠯᠳᠠᠭᠤᠯᠤᠭᠰᠠᠨ ᠵᠠᠯᠠᠭᠤᠴᠤᠳ ᠲᠤ ᠠᠵᠢᠯ ᠤᠯᠭᠤᠬᠤ ᠠᠰᠠᠭᠤᠳᠠᠯ᠂ ᠬᠤᠶᠠᠷ ᠲᠤ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠤᠯᠭᠤᠬᠤ ᠠᠰᠠᠭᠤᠳᠠᠯ᠂ ᠭᠤᠷᠪᠠ ᠳᠤ ᠠᠵᠢᠯ ᠤᠯᠬᠤ ᠳᠤ ᠬᠦᠴᠢᠷᠲᠠᠢ ᠪᠠᠶᠢᠭ᠎ᠠ ᠪᠦᠯᠦᠭᠯᠡᠯ ᠳᠤ ᠠᠵᠢᠯ ᠤᠯᠭᠤᠬᠤ ᠠᠰᠠᠭᠤᠳᠠᠯ ᠪᠤᠯᠤᠨ᠎ᠠ᠃ ᠬᠢᠷᠬᠢᠨ ᠪᠦᠳᠤᠮᠵᠢᠲᠠᠢ ᠪᠠᠷ ᠠᠵᠢᠯ ᠤᠯᠭᠤᠬᠤ ᠬᠡᠪᠴᠢᠶ᠎ᠡ ᠶᠢ ᠦᠷᠬᠡᠳᠭᠡᠬᠦ᠂ ᠠᠵᠢᠯ ᠤᠯᠭᠤᠬᠤ ᠠᠷᠭ᠎ᠠ ᠵᠠᠮ ᠢ ᠰᠢᠯᠤᠭᠤᠳᠬᠠᠬᠤ᠂ ᠰᠢᠨ᠎ᠡ ᠶᠢ ᠡᠭᠦᠳᠤᠨ ᠠᠵᠢᠯ ᠤᠯᠭᠤᠬᠤ ᠳᠤ ᠦᠢᠯᠡᠴᠢᠯᠡᠵᠦ᠂ ᠡᠳᠡᠭᠡᠷ ᠭᠤᠤᠯᠳᠠᠯᠭ᠎ᠠ  ᠎ ᠲᠠᠢ ᠪᠦᠯᠦᠭᠯᠡᠯ ᠳᠤ ᠭᠦᠢᠴᠡᠳ ᠠᠵᠢᠯ ᠤᠯᠭᠤᠬᠤ ᠶᠢ ᠠᠬᠢᠭᠤᠯᠵᠦ  ᠂ ᠲᠤᠭᠳᠠᠭᠤᠨ ᠠᠵᠢᠯ ᠤᠯᠭᠤᠬᠤ ᠪᠤᠯ ᠮᠠᠨ ᠤ ᠡᠮᠤᠨ᠎ᠡ ᠲᠠᠯᠪᠢᠭᠳᠠᠵᠦ ᠪᠠᠶᠢᠭ᠎ᠠ ᠴᠢᠬᠤᠯᠠ ᠡᠭᠦᠷᠬᠡ ᠮᠦᠨ᠃         ᠬᠡᠯᠡᠯᠭᠡᠨ ᠦᠬᠡᠢ᠂ ᠰᠢᠨ᠎ᠡ ᠬᠦᠴᠢᠷᠳᠠᠯ ᠪᠠ ᠠᠰᠠᠭᠤᠳᠠᠯ ᠳᠤ ᠬᠠᠨᠳᠤᠭᠤᠯᠵᠦ᠂ ᠪᠢᠳᠡ ᠪᠠᠰᠠ ᠠᠵᠦ ᠠᠬᠤᠢ ᠶᠢᠨ ᠬᠦᠭᠵᠢᠯᠳᠠ ᠶᠢᠨ ᠰᠢᠨ᠎ᠡ ᠬᠡᠪ ᠪᠠᠶᠢᠳᠠᠯ ᠨᠢ ᠴᠤ ᠰᠢᠨ᠎ᠡ ᠠᠵᠦ ᠦᠢᠯᠡᠰ ᠪᠤᠯᠤᠨ ᠰᠢᠨ᠎ᠡ ᠬᠡᠷᠡᠭᠴᠡᠭᠡ ᠶᠢ ᠵᠠᠶᠢᠯᠠᠰᠢ ᠦᠬᠡᠢ ᠪᠤᠢ ᠪᠤᠯᠭᠠᠵᠦ᠂ ᠢᠯᠠᠩᠭᠤᠶ᠎ᠠ ᠮᠠᠨ ᠤ ᠤᠷᠤᠨ ᠤ ᠦᠢᠯᠡᠴᠢᠯᠡᠭᠡᠨ ᠤ ᠬᠡᠪᠴᠢᠶ᠎ᠡ ᠪᠠᠭ᠎ᠠ᠂ ᠲᠡᠰ ᠲᠠᠪᠬᠤᠷᠭ᠎ᠠ ᠳᠤᠤᠷ᠎ᠠ ᠪᠠᠶᠢᠵᠦ᠂ ᠬᠦᠭᠵᠢᠯᠳᠡ ᠶᠢᠨ ᠤᠷᠤᠨ ᠵᠠᠢ ᠴᠤ ᠮᠠᠰᠢ ᠶᠡᠭᠡ ᠪᠠᠶᠢᠬᠤ ᠪᠤᠯᠬᠤᠷ ᠰᠤᠶᠤᠯ ᠤᠨ ᠵᠢᠭᠤᠯᠴᠢᠯᠠᠯ᠂ ᠨᠠᠰᠤᠳᠠᠨ ᠤ ᠡᠷᠡᠭᠦᠯ ᠮᠡᠨᠳᠤ ᠶᠢᠨ ᠠᠰᠠᠷᠠᠯ᠂ ᠪᠠᠶ᠎ᠡ ᠶᠢᠨ ᠲᠠᠮᠢᠷ ᠤᠨ ᠴᠢᠬᠢᠷᠠᠭᠵᠢᠭᠤᠯᠤᠯ᠂ ᠡᠯᠧᠺᠲᠷᠤᠨ ᠬᠤᠳᠠᠯᠳᠤᠭ᠎ᠠ ᠶᠢᠨ ᠶᠠᠪᠤᠳᠠᠯ ᠵᠡᠷᠬᠡ ᠠᠵᠦ ᠦᠢᠯᠡᠰ ᠨᠢ ᠠᠵᠦ ᠠᠬᠤᠢ ᠶᠢᠨ ᠨᠡᠮᠡᠭᠳᠡᠯ ᠤᠨ ᠰᠢᠨ᠎ᠡ ᠴᠢᠭ᠋ ᠪᠤᠯᠵᠦ᠂ ᠮᠦᠨᠴᠤ ᠠᠵᠢᠯ ᠤᠯᠭᠤᠯᠳᠠ ᠶᠢ ᠦᠷᠭᠡᠳᠬᠡᠬᠦ ᠳᠤ ᠨᠡᠩ ᠶᠡᠭᠡ ᠤᠷᠤᠨ ᠵᠠᠢ ᠤᠯᠭᠤᠨ ᠦᠭᠬᠦ ᠪᠤᠯᠤᠨ᠎ᠠ ᠬᠡᠳᠡᠭ ᠢ ᠤᠯᠵᠦ ᠬᠠᠷᠠᠯ᠎ᠠ᠃ ᠢᠢᠮᠤ ᠠᠴᠠ ᠪᠢᠳᠠ ᠡᠳᠡᠭᠡᠷ ᠠᠰᠢᠭᠲᠠᠢ ᠲᠤᠬᠢᠶᠠᠯ ᠢ ᠵᠠᠪᠳᠤᠵᠦ᠂ ᠠᠵᠦ ᠠᠬᠤᠢ ᠶᠢᠨ ᠪᠦᠳᠤᠴᠡ ᠶᠢ ᠲᠤᠬᠢᠷᠠᠭᠤᠯᠬᠤ᠂ ᠠᠵᠦ ᠦᠢᠯᠠᠰ ᠤᠨ ᠬᠡᠯᠪᠡᠷᠢ ᠶᠢ ᠬᠤᠪᠢᠷᠠᠭᠤᠯᠤᠨ ᠲᠡᠰ ᠦᠰᠭᠡᠬᠦ ᠳᠤ ᠬᠦᠮᠤᠨ ᠤ ᠬᠦᠴᠤᠨ ᠤ ᠡᠬᠢ ᠪᠠᠶᠠᠯᠢᠭ ᠤᠨ ᠮᠡᠳᠡᠯᠭᠡ ᠪᠤᠯᠪᠡᠰᠤᠷᠠᠯ ᠢ ᠲᠡᠭᠡᠭᠰᠢᠯᠡᠬᠦᠯᠬᠦ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠲᠤᠬᠢᠷᠠᠯᠴᠠᠵᠦ᠂ ᠪᠦᠳᠤᠴᠡ ᠶᠢᠨ ᠴᠢᠨᠠᠷᠲᠠᠢ ᠠᠵᠢᠯ ᠠᠯᠳᠠᠬᠤ ᠲᠦᠭᠰᠢᠭᠦᠷᠢ ᠶᠢ ᠡᠵᠡᠮᠳᠡᠬᠦ ᠪᠠ ᠠᠷᠢᠯᠭᠠᠵᠦ᠂ ᠰᠢᠨ᠎ᠡ ᠪᠠᠷ ᠮᠠᠨᠳᠤᠭᠰᠠᠨ ᠠᠵᠦ ᠦᠢᠯᠡᠰ᠂ ᠳᠡᠭᠡᠳᠤ ᠰᠢᠨ᠎ᠡ ᠮᠡᠷᠭᠡᠵᠢᠯ ᠎ ᠤᠨ ᠠᠵᠦ ᠦᠢᠯᠡᠰ᠂ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠵᠢᠴᠢ ᠰᠢᠨ᠎ᠡ ᠪᠠᠶᠢᠳᠠᠯ ᠲᠦᠯᠦᠪ ᠤᠨ ᠬᠦᠭᠵᠢᠯᠳᠡ ᠪᠠᠷ ᠳᠠᠮᠵᠢᠭᠤᠯᠤᠨ᠂ ᠨᠡᠩ ᠪᠦᠷᠢᠨ ᠭᠦᠢᠴᠡᠳ ᠪᠦᠬᠡᠳ ᠦᠨᠳᠤᠷ ᠴᠢᠨᠰᠠᠭ᠎ᠠ ᠪᠦᠬᠦᠢ ᠠᠵᠢᠯ ᠤᠯᠭᠤᠯᠳᠠ ᠶᠢ ᠪᠡᠶᠡᠯᠡᠬᠦᠯᠬᠦ ᠶᠢ ᠠᠬᠢᠭᠤᠯᠬᠤ ᠬᠡᠷᠡᠭᠲᠠᠢ ᠪᠠᠶᠢᠨ᠎ᠠ᠃         ᠬᠦᠳᠤᠯᠦᠭᠴᠢ ᠡᠳᠡᠭᠡᠷ ᠬᠦᠴᠢᠷᠳᠡᠯ ᠪᠠ ᠦᠷᠢᠰᠤᠯᠳᠤᠭᠡᠨ ᠳᠤ ᠬᠠᠨᠳᠤᠭᠤᠯᠵᠦ᠂ ᠡᠨᠡ ᠵᠢᠯ ᠵᠠᠰᠠᠭ ᠤᠨ ᠤᠷᠳᠤᠨ ᠠᠴᠠ ᠠᠵᠢᠯ ᠤᠯᠭᠤᠯᠳᠠ ᠶᠢ ᠠᠬᠢᠭᠤᠯᠬᠤ ᠲᠠᠯ᠎ᠠ ᠪᠠᠷ ᠶᠠᠮᠡᠷ ᠠᠵᠢᠯ ᠤᠨ ᠬᠠᠷᠠᠯᠳᠠ ᠤᠳ ᠢ ᠲᠤᠭᠳᠠᠭᠠᠭᠰᠠᠨ ᠪᠤᠢ︖         ᠸᠠᠩ ᠶᠢᠤ ᠬᠤᠩ ᠡᠩ ᠲᠡᠷᠢᠬᠦᠨ ᠳᠤ ᠲᠠ ᠪᠦᠬᠦᠨ ᠳᠤ ᠮᠠᠨ ᠤ ᠡᠨᠡ ᠵᠢᠯ ᠤᠨ ᠠᠵᠢᠯ ᠎ ᠤᠨ ᠬᠠᠷᠠᠯᠳᠠ ᠪᠠᠨ ᠲᠠᠨᠢᠯᠴᠠᠭᠤᠯᠤᠶ᠎ᠠ᠃ ᠡᠨᠡ  ᠵᠢᠯ᠂ ᠪᠦᠬᠦ ᠤᠷᠤᠨ ᠤ ᠬᠤᠳᠠ ᠪᠠᠯᠭᠠᠰᠤ ᠶᠢᠨ ᠠᠵᠢᠯ ᠤᠯᠭᠤᠯᠳᠠ ᠳᠤ 25 ᠲᠦᠮᠡᠨ ᠬᠦᠮᠤᠨ ᠠᠴᠠ ᠳᠡᠭᠡᠭᠰᠢ ᠰᠢᠨ᠎ᠡ ᠪᠠᠷ ᠨᠡᠮᠡᠭᠳᠡᠬᠦᠯᠬᠦ ᠶᠢ ᠪᠠᠳᠤᠯᠠᠨ ᠪᠡᠶᠡᠯᠡᠬᠦᠯᠵᠦ᠂26 ᠲᠦᠮᠡ ᠳᠤ ᠬᠦᠷᠤᠬᠦᠯᠬᠦ ᠪᠠᠷ ᠴᠢᠷᠮᠠᠶᠢᠵᠦ᠂ ᠬᠤᠳᠠ ᠪᠠᠯᠭᠠᠰᠤ ᠶᠢᠨ ᠪᠦᠷᠢᠳᠭᠡᠯᠭᠡᠬᠦ ᠠᠵᠢᠯ ᠠᠯᠳᠠᠭᠰᠠᠳ ᠤᠨ ᠨᠤᠷᠮ᠎ᠠ ᠶᠢ 4.0%᠎ ᠤᠨ ᠳᠤᠳᠤᠷ᠎ᠠ ᠬᠢᠵᠠᠭᠠᠷᠯᠠᠨ᠎ᠠ︔ ᠠᠵᠢᠯ ᠠᠯᠳᠠᠭᠰᠠᠳ ᠤᠨ5 ᠲᠦᠮᠡᠨ ᠬᠦᠮᠤᠨ ᠳᠤ ᠳᠠᠬᠢᠨ ᠠᠵᠢᠯ ᠤᠯᠭᠤᠵᠦ᠂ ᠠᠵᠢᠯ ᠤᠯᠬᠤ ᠳᠤ ᠬᠦᠴᠢᠷᠲᠠᠢ ᠪᠠᠶᠢᠭ᠎ᠠ ᠬᠦᠮᠤᠰ ᠤᠨ 6 ᠲᠦᠮᠡᠨ ᠬᠦᠮᠤᠨ ᠳᠤ ᠠᠵᠢᠯ ᠤᠯᠭᠤᠬᠤ ᠶᠢ ᠪᠡᠶᠡᠯᠡᠬᠦᠯᠦᠨ᠎ᠡ᠃ ᠬᠤᠳᠠ ᠪᠠᠯᠭᠠᠰᠤ ᠶᠢᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠳᠤ13 ᠲᠦᠮᠡᠨ ᠬᠦᠮᠤᠨ ᠪᠤᠯᠪᠠᠰᠤᠷᠠᠭᠤᠯᠵᠦ᠂  ᠪᠤᠯᠪᠠᠰᠤᠷᠠᠭᠤᠯᠤᠭᠰᠠᠨ ᠤ ᠰᠡᠭᠦᠯᠡᠷ11 ᠲᠦᠮᠡᠨ ᠬᠦᠮᠤᠨ ᠳᠤ ᠠᠵᠢᠯ ᠤᠯᠭᠤᠬᠤ ᠶᠢ ᠪᠡᠶᠡᠯᠡᠬᠦᠯᠦᠨ᠎ᠡ︔ ᠲᠠᠷᠢᠶᠠᠴᠢᠨ ᠮᠠᠯᠴᠢᠨ ᠢ ᠰᠢᠯᠵᠢᠬᠦᠯᠬᠦ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠎ ᠳᠤ13 ᠲᠦᠮᠡᠨ ᠬᠦᠮᠤᠨ ᠪᠤᠯᠪᠠᠰᠤᠷᠠᠭᠤᠯᠤᠨ᠎ᠠ᠃ ᠠᠳᠠᠯ ᠦᠢᠯᠡᠰ ᠪᠤᠰᠬᠠᠬᠤ ᠪᠤᠯᠪᠠᠰᠤᠷᠠᠭᠤᠯᠤᠯ ᠳᠤ 5 ᠲᠦᠮᠡᠨ ᠬᠦᠮᠤᠨ ᠪᠤᠯᠪᠠᠰᠤᠷᠠᠭᠤᠯᠵᠦ᠂ ᠪᠤᠯᠪᠠᠰᠤᠷᠠᠭᠤᠯᠤᠭᠰᠠᠨ ᠤ ᠰᠡᠭᠦᠯᠡᠷ4 ᠲᠦᠮᠡᠨ ᠬᠦᠮᠤᠨ ᠢᠶᠠᠷ ᠠᠮᠵᠢᠯᠳᠠ ᠪᠠᠷ ᠠᠳᠠᠯ ᠦᠢᠯᠡᠰ ᠪᠤᠰᠬᠠᠯᠭᠠᠵᠦ᠂ ᠡᠭᠦᠳᠤᠨ ᠪᠠᠶᠢᠭᠤᠯᠤᠭᠰᠠᠨ ᠠᠳᠠᠯ ᠦᠢᠯᠡᠰ ᠲᠤ13 ᠲᠦᠮᠡ ᠠᠴᠠ ᠳᠡᠭᠡᠭᠰᠢᠬᠢ ᠬᠦᠮᠤᠨ ᠎ ᠳᠤ ᠠᠵᠢᠯ ᠤᠯᠭᠤᠨ᠎ᠠ︔23 ᠳ᠋ᠦᠩᠰᠢᠭᠤᠷ ᠲᠦᠭᠦᠷᠢᠭ ᠤᠨ ᠪᠠᠭ᠎ᠠ ᠲᠤᠭᠠᠨ ᠤ ᠪᠠᠳᠤᠯᠠᠭ᠎ᠠ ᠶᠢᠨ ᠵᠢᠭᠡᠯᠡᠯᠬᠡ ᠳᠠᠯᠪᠢᠨ᠎ᠠ᠃ ᠲᠠᠷᠢᠶᠠᠯᠠᠬᠤ ᠮᠠᠯᠵᠢᠬᠤ ᠤᠷᠤᠨ ᠤ ᠬᠦᠳᠡᠯᠮᠤᠷᠢ ᠶᠢᠨ ᠬᠦᠴᠤᠨ ᠢ ᠰᠢᠯᠵᠢᠭᠦᠯᠤᠨ 245 ᠬᠦᠮᠤᠨ ᠳᠤ ᠠᠵᠢᠯ ᠤᠯᠭᠤᠵᠦ᠂ ᠡᠭᠦᠨ ᠳᠤ 6 ᠰᠠᠷ᠎ᠠ ᠠᠴᠠ ᠳᠡᠭᠡᠭᠰᠢ ᠠᠵᠢᠯ ᠤᠯᠭᠤᠨ ᠰᠢᠯᠵᠢᠬᠦᠯᠬᠦ ᠬᠦᠮᠤᠨ ᠢ 200 ᠲᠦᠮᠡ  ᠎ ᠠᠴᠠ ᠳᠡᠭᠡᠭᠰᠢ  ᠎ ᠳᠤ ᠬᠦᠷᠤᠬᠦᠯᠦᠨ᠎ᠡ︔ ᠠᠵᠢᠯ ᠠᠯᠳᠠᠭᠰᠠᠳ ᠤᠨ ᠳᠠᠭᠠᠳᠬᠠᠯ ᠳᠤ 237 ᠲᠦᠮᠡᠨ ᠬᠦᠮᠤᠨ ᠢ ᠤᠷᠤᠯᠴᠠᠭᠤᠯᠵᠦ᠂ ᠪᠦᠬᠦᠨ ᠢ ᠦᠨᠡᠨ ᠨᠡᠷ᠎ᠡ ᠶᠢᠨ ᠲᠦᠷᠢᠮ ᠢᠶᠠᠷ ᠬᠠᠮᠢᠶᠠᠷᠤᠨ᠎ᠠ︔ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠢ18 ᠳ᠋ᠦᠩᠰᠢᠭᠤᠷ ᠲᠦᠭᠦᠷᠢᠭ ᠳᠠᠳᠠᠪᠤᠷᠢᠯᠠᠨ ᠲᠤᠰᠢᠶᠠᠨ᠎ᠠ᠃         ᠬᠦᠳᠤᠯᠦᠭᠴᠢ ᠡᠳᠡᠭᠡᠷ ᠬᠠᠷᠠᠯᠳᠠᠳᠤ ᠡᠭᠦᠷᠭᠡ ᠶᠢ ᠪᠠᠳᠤᠯᠠᠨ ᠪᠡᠶᠡᠯᠡᠬᠦᠯᠬᠦ ᠳᠤ ᠬᠦᠴᠤᠨ ᠳᠡᠭᠦᠯᠳᠡᠷ ᠲᠦᠷᠦ ᠶᠢᠨ ᠪᠤᠳᠤᠯᠭ᠎ᠠ ᠪᠤᠯᠤᠨ ᠠᠷᠭ᠎ᠠ ᠬᠡᠮᠵᠢᠶ᠎ᠡ ᠠᠴᠠ ᠯᠠᠪᠲᠠᠢ ᠰᠠᠯᠵᠦ ᠴᠢᠳᠠᠬᠤ ᠦᠬᠡᠢ ᠪᠠᠶᠢᠬ᠎ᠠ᠂ ᠳᠡᠭᠡᠪᠡᠯ ᠡᠨᠡ ᠵᠢᠯ ᠠᠵᠢᠯ ᠤᠯᠭᠤᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ︖         ᠸᠠᠩ ᠶᠢᠤ ᠬᠤᠩ ᠲᠦᠭᠦᠮᠴᠢᠯᠡᠭᠡᠳ ᠬᠡᠯᠡᠪᠡᠯ᠄ ᠨᠢᠭᠡ ᠭᠤᠤᠯ ᠰᠤᠭᠤᠮ ᠢ ᠪᠠᠳᠤ ᠡᠵᠡᠮᠰᠢᠵᠦ᠂ ᠵᠢᠷᠭᠤᠭᠠᠨ ᠭᠤᠤᠯᠳᠠᠯᠭ᠎ᠠ ᠲᠠᠢ ᠠᠵᠢᠯ ᠢ ᠠᠳᠬᠤᠵᠦ᠂ ᠭᠤᠷᠪᠠᠨ ᠲᠠᠯ᠎ᠠ  ᠎ ᠶᠢᠨ ᠠᠵᠢᠯ ᠤᠨ ᠱᠠᠭᠠᠷᠳᠠᠯᠭ᠎ᠠ ᠶᠢ ᠴᠢᠩᠭᠠᠷᠠᠭᠤᠯᠤᠨ᠎ᠠ᠃ ᠪᠤᠳᠠᠲᠠᠢ ᠪᠠᠷ ᠬᠡᠯᠡᠪᠡᠯ᠄ ᠠᠵᠢᠯ ᠤᠯᠭᠤᠬᠤ ᠢᠳᠡᠪᠬᠢᠲᠠᠢ ᠲᠦᠷᠦ ᠶᠢᠨ ᠪᠤᠳᠤᠯᠭ᠎ᠠ ᠶᠢ ᠳᠡᠭᠦᠯᠳᠡᠷᠵᠢᠬᠦᠯᠬᠦ ᠪᠠ ᠨᠠᠶᠢᠳᠠᠪᠤᠷᠢᠵᠢᠭᠤᠯᠵᠦ᠂ ᠠᠳᠠᠯ ᠦᠢᠯᠡᠰ ᠪᠤᠰᠬᠠᠨ ᠠᠵᠢᠯ ᠤᠯᠭᠤᠬᠤ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠦ᠂ ᠠᠵᠢᠯ ᠤᠯᠭᠤᠬᠤ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠎ ᠤ ᠲᠦᠯᠦᠪᠯᠡᠭᠡ ᠪᠠᠷ ᠭᠤᠤᠯ ᠱᠤᠭᠤᠮ ᠪᠤᠯᠭᠠᠵᠦ᠂ ᠠᠵᠢᠯ ᠢᠶᠠᠨ ᠨᠢᠭᠡᠳᠤᠯᠲᠠᠢ ᠲᠦᠯᠦᠪᠵᠢᠭᠦᠯᠦᠨ ᠪᠠᠶᠢᠷᠢᠯᠠᠭᠤᠯᠵᠦ᠂ ᠡᠯ᠎ᠡ ᠵᠦᠢᠯ ᠤᠨ ᠬᠠᠷᠠᠯᠳᠠᠳᠤ ᠡᠭᠦᠷᠬᠡ ᠶᠢ ᠳᠡᠷᠡ ᠶᠤᠰᠤᠭᠠᠷ ᠨᠢ  ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠳᠠᠯ ᠦᠢᠯᠡᠰ ᠪᠤᠰᠬᠠᠨ ᠠᠵᠢᠯ ᠤᠯᠭᠤᠬᠤ ᠢᠨᠵᠧᠨᠧᠷᠢᠩ᠂ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠳᠤ ᠳᠡᠭᠦᠰ ᠳᠡᠮᠳᠡᠭ ᠵᠢᠷᠤᠨ᠎ᠠ  ᠃         ᠰᠡᠳᠬᠢᠯ ᠰᠠᠨᠠᠭ᠎ᠠ ᠬᠦᠴᠤᠨ ᠴᠢᠳᠠᠯ ᠢᠶᠠᠨ ᠨᠢᠭᠡᠳᠭᠡᠵᠦ ᠵᠢᠷᠭᠤᠭᠠᠨ ᠵᠦᠢᠯ ᠤᠨ ᠭᠤᠤᠯᠳᠠᠯᠭ᠎ᠠ ᠎ ᠲᠠᠢ ᠠᠵᠢᠯ ᠢ ᠰᠠᠶᠢᠳᠤᠷ ᠠᠳᠬᠤᠨ᠎ᠠ᠃ ᠨᠢᠭᠡ ᠳᠤ ᠬᠤᠳᠠ ᠬᠦᠳᠡᠭᠡ ᠶᠢ ᠨᠢᠭᠡᠳᠤᠯᠲᠠᠢ ᠲᠦᠯᠦᠪᠯᠡᠵᠦ ᠠᠷᠭ᠎ᠠ ᠪᠦᠬᠦᠨ ᠢ ᠰᠦᠪᠡᠭᠴᠢᠯᠡᠨ ᠠᠵᠢᠯ ᠤᠯᠭᠤᠬᠤ ᠶᠢ ᠦᠷᠭᠡᠳᠬᠡᠨ᠎ᠡ᠃ ᠬᠤᠶᠡᠷ ᠲᠤ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠢ ᠴᠢᠩᠭᠠᠳᠬᠠᠵᠦ᠂ ᠠᠵᠢᠯ ᠤᠯᠭᠤᠯᠳᠠ ᠶᠢᠨ ᠪᠦᠳᠤᠴᠡ ᠶᠢᠨ ᠴᠢᠨᠠᠷᠲᠠᠢ ᠵᠦᠷᠢᠴᠡᠯ ᠢ ᠰᠢᠢᠳᠪᠤᠷᠢᠯᠡᠨ᠎ᠡ᠃ ᠭᠤᠷᠪᠠ ᠳᠤ ᠦᠢ ᠤᠯᠠᠨ ᠠᠳᠠᠯ ᠦᠢᠯᠡᠰ ᠪᠤᠰᠬᠠᠬᠤ ᠶᠢ ᠪᠦᠬᠦ ᠲᠠᠯ᠎ᠠ ᠪᠠᠷ ᠠᠬᠢᠭᠤᠯᠵᠦ᠂ ᠠᠳᠠᠯ ᠦᠢᠯᠡᠰ ᠤᠨ ᠪᠤᠰᠬᠠᠯᠳᠠ ᠪᠠᠷ ᠠᠵᠢᠯ ᠤᠯᠤᠭᠤᠬᠤ ᠶᠢ ᠳᠠᠶᠢᠴᠢᠯᠠᠬᠤ ᠶᠢ ᠠᠬᠢᠭᠤᠯᠤᠨ᠎ᠠ᠃ ᠳᠦᠷᠪᠡ ᠳᠤ ᠠᠵᠢᠯ ᠤᠯᠭᠤᠬᠤ ᠲᠤᠰᠠᠯᠠᠮᠵᠢ ᠶᠢᠨ ᠠᠵᠢᠯ ᠢ ᠤᠯᠠᠮ ᠴᠢᠩᠭᠠᠳᠬᠠᠵᠦ᠂ ᠬᠦᠴᠢᠷᠳᠡᠯ ᠲᠠᠢ ᠪᠦᠯᠦᠭᠯᠡᠯ ᠎ ᠳᠤ ᠲᠤᠭᠳᠠᠭᠤᠨ ᠠᠵᠢᠯ ᠤᠯᠤᠭᠤᠬᠤ ᠶᠢ ᠠᠬᠢᠭᠤᠯᠤᠨ᠎ᠠ᠃ ᠳᠠᠪᠤ ᠳᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠠᠵᠢᠯ ᠤᠯᠭᠤᠯᠳᠠ ᠶᠢᠨ ᠦᠨᠡᠨ ᠨᠡᠷ᠎ᠡ ᠶᠢᠨ ᠲᠦᠷᠢᠮ ᠢᠶᠠᠷ ᠬᠠᠮᠢᠶᠠᠷᠬᠤ ᠶᠢ ᠪᠦᠬᠦ ᠲᠠᠯ᠎ᠠ ᠪᠠᠷ ᠬᠡᠷᠡᠭᠵᠢᠬᠦᠯᠦᠨ᠎ᠡ᠃ ᠵᠢᠷᠭᠤᠭ᠎ᠠ ᠳᠤ ᠠᠵᠢᠯ ᠤᠯᠭᠤᠬᠤ ᠠᠵᠢᠯ ᠠᠯᠳᠠᠬᠤ ᠮᠡᠳᠡᠭᠡ ᠵᠠᠩᠬᠢ ᠶᠢᠨ ᠬᠢᠨᠠᠨ ᠬᠡᠮᠵᠢᠯᠳᠡ ᠶᠢ ᠴᠢᠩᠭᠠᠷᠠᠭᠤᠯᠵᠦ᠂ ᠠᠵᠢᠯ ᠤᠯᠭᠤᠬᠤ ᠪᠠᠶᠢᠳᠠᠯ ᠢ ᠦᠨᠳᠤᠰᠤᠨ ᠳᠡᠭᠡᠨ ᠲᠤᠭᠳᠠᠭᠤᠨ ᠪᠠᠶᠢᠯᠭᠠᠨ᠎ᠠ᠃         ᠵᠢᠷᠭᠤᠭᠠᠨ ᠵᠦᠢᠯ ᠤᠨ ᠭᠤᠤᠯᠳᠠᠯᠭ᠎ᠠ ᠲᠠᠢ ᠠᠵᠢᠯ ᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠬᠤ ᠶᠢᠨ ᠲᠤᠰᠠᠳᠠ᠂ ᠭᠤᠷᠪᠠᠨ ᠲᠠᠯ᠎ᠠ ᠶᠢᠨ ᠠᠵᠢᠯ ᠤᠨ ᠱᠠᠭᠠᠷᠳᠠᠯᠭ᠎ᠠ ᠶᠢ ᠴᠢᠩᠭᠠᠷᠠᠭᠤᠯᠤᠨ᠎ᠠ᠃ ᠨᠢᠭᠡ ᠳᠤ  ᠬᠠᠷᠢᠭᠤᠴᠠᠯᠭᠠᠳᠤ ᠤᠬᠠᠮᠰᠠᠷ ᠢ ᠳᠡᠭᠡᠭᠰᠢᠯᠡᠬᠦᠯᠵᠦ᠂ ᠵᠤᠷᠢᠭᠲᠠᠢ ᠪᠠᠷ ᠬᠠᠷᠢᠭᠤᠴᠠᠬᠤ ᠪᠤᠯᠭᠠᠨ᠎ᠠ᠃ ᠬᠤᠶᠠᠷ ᠲᠤ ᠦᠨᠳᠤᠰᠤᠨ ᠱᠠᠳᠤᠨ ᠤ ᠰᠠᠭᠤᠷᠢ ᠠᠵᠢᠯ ᠢ ᠴᠢᠩᠭᠠᠷᠠᠭᠤᠯᠵᠦ᠂ ᠬᠦᠴᠤᠲᠠᠢ ᠠᠳᠬᠤᠨ ᠨᠠᠶᠢᠳᠠᠪᠤᠷᠢᠵᠢᠭᠤᠯᠤᠨ᠎ᠠ᠃  ᠭᠤᠷᠪᠠ ᠳᠤ ᠰᠢᠮᠳᠠᠭᠤᠯᠤᠨ ᠪᠠᠶᠢᠴᠠᠭᠠᠵᠦ ᠲᠤᠬᠢᠷᠠᠭᠤᠯᠬᠤ ᠶᠢ ᠴᠢᠩᠭᠠᠷᠠᠭᠤᠯᠵᠦ᠂ ᠪᠦᠬᠦ ᠶᠠᠪᠤᠴᠠ ᠳᠤ ᠦᠷ᠎ᠡ ᠪᠦᠳᠤᠮᠵᠢ ᠶᠢ ᠨᠢ ᠮᠦᠷᠳᠡᠨ ᠬᠡᠯᠡᠯᠴᠡᠨ᠎ᠠ᠃         ᠬᠦᠳᠦᠯᠦᠭᠴᠢ ᠬᠤᠳᠠ ᠬᠦᠳᠡᠭᠡ ᠶᠢᠨ ᠠᠵᠢᠯ ᠤᠯᠭᠤᠯᠳᠠ ᠶᠢ ᠨᠢᠭᠡᠳᠤᠯᠲᠡᠢ ᠲᠦᠯᠦᠪᠯᠡᠬᠦ ᠪᠤᠯ ᠬᠤᠳᠠ ᠬᠦᠳᠡᠭᠡ ᠶᠢ ᠪᠦᠷᠭᠦᠭᠰᠡᠨ᠂ ᠲᠦᠷᠢᠮᠵᠢᠬᠦᠯᠦᠨ ᠨᠢᠭᠡᠳᠭᠡᠭᠰᠡᠨ ᠠᠵᠢᠯ ᠤᠯᠭᠤᠬᠤ ᠬᠠᠮᠢᠶᠠᠷᠤᠯᠳᠠ ᠶᠢᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠪᠠᠶᠢᠭᠤᠯᠵᠦ᠂ ᠬᠤᠳᠠ ᠬᠦᠳᠡᠭᠡ ᠶᠢᠨ ᠬᠦᠳᠡᠯᠮᠤᠷᠢ ᠎ ᠶᠢᠨ ᠬᠦᠴᠤᠨ ᠤ ᠡᠬᠢ ᠪᠠᠶᠠᠯᠢᠭ ᠪᠤᠯᠤᠨ ᠠᠵᠢᠯ ᠤᠯᠭᠤᠬᠤ ᠠᠵᠢᠯ ᠢ ᠨᠢᠭᠡᠳᠤᠯᠲᠠᠢ ᠬᠠᠮᠢᠶᠠᠷᠬᠤ ᠶᠠᠪᠤᠳᠠᠯ ᠪᠤᠯᠤᠨ᠎ᠠ᠃ ᠡᠨᠡ  ᠵᠢᠯ ᠬᠤᠳᠠ ᠬᠦᠳᠡᠭᠡ ᠶᠢᠨ ᠠᠵᠢᠯ ᠤᠯᠭᠤᠯᠳᠠ ᠶᠢ ᠨᠢᠭᠡᠳᠤᠯᠲᠠᠢ ᠲᠦᠯᠦᠪᠯᠡᠬᠦ ᠲᠠᠯ᠎ᠠ ᠪᠠᠷ ᠠᠯᠢ ᠬᠡᠳᠤᠨ ᠲᠠᠯ᠎ᠠ ᠶᠢᠨ ᠠᠵᠢᠯ ᠢ ᠲᠤᠪᠤᠶᠢᠯᠭᠠᠨ ᠰᠠᠶᠢᠳᠤᠷ ᠠᠳᠬᠤᠬᠤ ᠪᠤᠢ︖         ᠸᠠᠩ ᠶᠢᠤ ᠬᠤᠩ ᠬᠤᠳᠠ ᠬᠦᠳᠡᠭᠡ ᠶᠢᠨ ᠠᠵᠢᠯ ᠤᠯᠭᠤᠯᠳᠠ ᠶᠢ ᠨᠢᠭᠡᠳᠤᠯᠲᠠᠢ ᠲᠦᠯᠦᠪᠯᠡᠬᠦ ᠲᠠᠯ᠎ᠠ ᠪᠠᠷ ᠳᠠᠪᠤᠨ ᠵᠠᠩᠬᠢᠯᠠᠭ᠎ᠠ ᠶᠢ ᠲᠤᠪᠤᠶᠢᠯᠭᠠᠨ ᠰᠠᠶᠢᠳᠤᠷ ᠠᠳᠬᠤᠨ᠎ᠠ᠃ ᠨᠢᠭᠡ ᠳᠤ ᠭᠠᠵᠠᠷ ᠤᠷᠤᠨ ᠎ ᠤ ᠪᠠᠶᠢᠳᠠᠯ ᠳᠤ ᠲᠤᠬᠢᠷᠠᠭᠤᠯᠤᠨ ᠠᠵᠢᠯ ᠤᠯᠭᠤᠬᠤ ᠰᠢᠨ᠎ᠡ ᠨᠡᠮᠡᠭᠳᠡᠯ ᠤᠨ ᠴᠢᠭ᠋ ᠢ ᠰᠦᠪᠡᠭᠴᠢᠯᠡᠨ ᠡᠷᠢᠨ᠎ᠠ᠃ ᠠᠵᠦ ᠦᠢᠯᠡᠰ ᠤᠨ ᠬᠦᠭᠵᠢᠯᠳᠡ᠂ ᠰᠢᠶᠠᠨ ᠤ ᠬᠡᠪᠴᠢᠶ᠎ᠡ ᠶᠢᠨ ᠠᠵᠦ ᠠᠬᠤᠢ ᠶᠢᠨ ᠬᠦᠭᠵᠢᠯᠳᠡ ᠳᠤ ᠰᠠᠨᠠᠭᠠᠴᠢᠯᠠᠭ᠎ᠠ ᠠᠴᠠ ᠎ ᠪᠠᠨ ᠲᠤᠬᠢᠷᠠᠯᠴᠠᠵᠦ᠂ ᠠᠵᠢᠯ ᠤᠯᠭᠤᠬᠤ ᠨᠡᠩ  ᠤᠯᠠᠨ ᠠᠵᠢᠯ ᠤᠨ ᠪᠠᠶᠢᠷᠢ ᠶᠢ ᠠᠭᠤᠳᠠᠯᠯᠠᠨ ᠤᠯᠵᠦ᠂ ᠬᠦᠳᠡᠯᠮᠤᠷᠢᠯᠡᠭᠴᠢᠳ ᠲᠤ ᠭᠦᠢᠴᠡᠳ ᠠᠵᠢᠯ ᠤᠯᠭᠤᠬᠤ ᠶᠢ ᠠᠬᠢᠭᠤᠯᠤᠨ᠎ᠠ᠃ ᠠᠵᠦ ᠠᠬᠤᠢ ᠶᠢ ᠬᠦᠭᠵᠢᠭᠦᠯᠬᠦ ᠬᠢᠭᠡᠳ ᠠᠵᠢᠯ ᠤᠯᠭᠤᠯᠳᠠ ᠶᠢ ᠠᠬᠢᠭᠤᠯᠬᠤ ᠬᠤᠯᠪᠤᠭᠠᠯᠠᠨ ᠬᠦᠳᠡᠯᠤᠯᠴᠡᠬᠦ ᠲᠤᠭᠳᠠᠴᠠ ᠶᠢ ᠤᠯᠠᠮ ᠪᠦᠷᠢᠨᠰᠢᠬᠦᠯᠦᠨ ᠳᠡᠭᠦᠯᠳᠡᠷᠵᠢᠬᠦᠯᠵᠦ᠂ ᠳᠠᠪᠠᠭᠤᠯᠢᠭ ᠠᠵᠦ ᠦᠢᠯᠡᠰ ᠪᠤᠯᠤᠨ ᠲᠤᠮᠤ ᠴᠢᠬᠤᠯᠠ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠳᠤ ᠲᠦᠰᠢᠭᠯᠡᠨ᠂ ᠠᠵᠢᠯ ᠤᠯᠭᠤᠬᠤ ᠤᠷᠤᠨ ᠪᠠᠶᠢᠷᠢ ᠶᠢ ᠢᠳᠡᠪᠬᠢᠲᠠᠢ ᠨᠡᠭᠡᠬᠡᠵᠦ᠂ ᠠᠵᠢᠯ ᠤᠯᠭᠤᠬᠤ ᠬᠡᠮᠵᠢᠶ᠎ᠡ ᠶᠢ ᠦᠷᠭᠡᠳᠬᠡᠨ᠎ᠡ᠃ ᠬᠤᠶᠠᠷ ᠲᠤ ᠠᠵᠢᠯ ᠤᠨ ᠪᠠᠶᠢᠷᠢ ᠶᠢ ᠵᠤᠯᠭᠠᠭᠤᠯᠬᠤ ᠠᠷᠭ᠎ᠠ ᠬᠡᠮᠵᠢᠶ᠎ᠡ ᠶᠢ ᠱᠠᠳᠤ ᠬᠤᠪᠢᠶᠠᠨ ᠨᠠᠶᠢᠳᠠᠪᠤᠷᠢᠵᠢᠭᠤᠯᠤᠨ᠎ᠠ᠃ ᠲᠤᠮᠤ ᠴᠢᠬᠤᠯᠠ ᠲᠦᠷᠦᠯ ᠵᠦᠢᠯ ᠤᠨ ᠠᠬᠢᠴᠠ ᠶᠢ ᠮᠦᠷᠳᠡᠨ ᠳᠠᠭᠠᠬᠤ ᠠᠵᠢᠯ ᠤᠨ ᠲᠤᠭᠳᠠᠴᠠ ᠶᠢ ᠳᠡᠭᠦᠯᠳᠡᠷᠵᠢᠬᠦᠯᠵᠦ᠂ ᠮᠡᠳᠡᠭᠡ ᠵᠡᠩᠬᠢ ᠶᠢ ᠵᠤᠯᠭᠠᠭᠤᠯᠬᠤ᠂ ᠠᠵᠢᠯ ᠤᠨ ᠪᠠᠶᠢᠷᠢ ᠶᠢ ᠵᠤᠯᠭᠠᠭᠤᠯᠬᠤ ᠪᠠ  ᠪᠤᠯᠪᠠᠰᠤᠷᠠᠭᠤᠯᠤᠯ ᠬᠡᠷᠡᠭᠴᠡᠭᠡ ᠶᠢ ᠵᠤᠯᠭᠠᠭᠤᠯᠬᠤ ᠬᠡᠪᠴᠢᠯᠡᠭᠰᠡᠨ ᠠᠵᠢᠯ ᠢ ᠴᠢᠩᠭᠠᠠᠭᠤᠯᠵᠦ᠂ ᠵᠠᠰᠠᠭ ᠤᠨ ᠤᠷᠳᠤᠨ ᠠᠴᠠ ᠪᠡᠯᠡ ᠤᠷᠤᠭᠤᠯᠤᠭᠰᠠᠨ ᠲᠤᠮᠤ ᠴᠢᠬᠤᠯᠠ ᠲᠦᠷᠦᠯ ᠵᠦᠢᠯ ᠤᠨ ᠠᠵᠢᠯ ᠤᠨ ᠪᠠᠶᠢᠷᠢ ᠶᠢ ᠪᠠᠶᠢᠴᠠᠭᠠᠨ ᠤᠶᠢᠯᠠᠭᠠᠬᠤ ᠪᠠ ᠳᠠᠩᠰᠠᠯᠠᠨ ᠪᠦᠷᠢᠳᠭᠡᠬᠦ ᠲᠦᠷᠢᠮ ᠢ ᠳᠡᠭᠦᠯᠳᠡᠷᠵᠢᠬᠦᠯᠵᠦ᠂ ᠠᠵᠢᠯ ᠤᠯᠭᠤᠬᠤ ᠠᠵᠢᠯ ᠎ ᠤᠨ ᠨᠠᠶᠢᠳᠠᠪᠤᠷᠢᠵᠢᠭᠤᠯᠤᠯ ᠢ ᠠᠬᠢᠭᠤᠯᠤᠨ᠎ᠠ᠃ ᠭᠤᠷᠪᠠ ᠳᠤ ᠬᠦᠳᠡᠯᠮᠤᠷᠢ ᠨᠢᠭᠳᠠᠷᠠᠭᠰᠠᠨ ᠠᠵᠦ ᠦᠢᠯᠡᠰ᠂ ᠦᠢᠯᠡᠴᠢᠯᠡᠭᠡᠨ ᠤ ᠦᠢᠯᠡᠰ ᠢᠯᠠᠩᠭᠤᠶ᠎ᠠ ᠰᠢᠶᠠᠨ ᠤ ᠬᠡᠪᠴᠢᠶᠡᠨ ᠤ ᠠᠵᠦ ᠠᠬᠤᠢ ᠶᠢᠨ ᠠᠵᠢᠯ ᠤᠯᠭᠤᠬᠤ ᠭᠤᠤᠯ ᠠᠷᠭ᠎ᠠ ᠵᠠᠮ ᠤᠨ ᠦᠢᠯᠡᠳᠤᠯ ᠢ ᠨᠢ ᠭᠦᠢᠴᠡᠳ ᠪᠠᠳᠠᠷᠠᠭᠤᠯᠵᠦ᠂ ᠠᠵᠢᠯ ᠤᠯᠭᠤᠬᠤ ᠰᠢᠨ᠎ᠡ ᠨᠡᠮᠡᠭᠳᠡᠯ ᠤᠨ ᠴᠢᠭ᠋ ᠢ ᠢᠳᠡᠪᠬᠢᠲᠠᠢ ᠡᠷᠢᠯᠬᠢᠯᠡᠨ ᠨᠡᠬᠡᠭᠡᠵᠦ᠂ ᠬᠤᠳᠠ ᠬᠦᠳᠡᠭᠡ ᠶᠢᠨ ᠬᠦᠳᠡᠯᠮᠤᠷᠢᠯᠡᠭᠴᠢᠳ ᠲᠤ ᠠᠵᠢᠯ ᠤᠯᠭᠤᠬᠤ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ᠂ ᠠᠵᠦ ᠦᠢᠯᠡᠳᠪᠤᠷᠢᠵᠢᠬᠦᠯᠦᠯᠳᠡ ᠪᠤᠯᠤᠨ ᠲᠠᠷᠢᠶᠠᠯᠠᠬᠤ ᠮᠠᠯᠵᠢᠬᠤ ᠤᠷᠤᠨ ᠤ ᠤᠳᠤᠬᠢᠴᠢᠯᠠᠬᠤ ᠠᠬᠢᠴᠠ ᠶᠢ ᠲᠦᠯᠬᠢᠨ ᠠᠬᠢᠭᠤᠯᠬᠤ ᠳᠤᠮᠳᠠ ᠬᠦᠳᠡᠯᠮᠤᠷᠢ ᠨᠢᠭᠳᠠᠷᠠᠭᠰᠠᠨ ᠠᠵᠦ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠳᠤᠮᠳᠠ ᠵᠢᠵᠢᠭ ᠠᠵᠦ ᠠᠬᠤᠶᠢᠯᠠᠯ᠂ ᠠᠷᠠᠳ ᠠᠴᠠ ᠡᠷᠬᠢᠯᠡᠭᠰᠡᠨ ᠠᠵᠦ ᠠᠬᠤᠢ ᠵᠢᠴᠢ ᠰᠢᠨ᠎ᠡ ᠬᠡᠯᠪᠡᠷᠢ ᠶᠢᠨ ᠠᠵᠦ ᠦᠢᠯᠡᠰ ᠤᠨ ᠬᠦᠭᠵᠢᠯᠳᠡ ᠶᠢ ᠶᠡᠭᠡ ᠬᠦᠴᠤᠨ ᠢᠶᠠᠷ ᠵᠤᠷᠢᠭᠵᠢᠭᠤᠯᠬᠤ ᠪᠠ ᠳᠡᠮᠵᠢᠵᠦ᠂ ᠭᠠᠶᠢᠯᠢ ᠳᠠᠳᠠᠪᠤᠷᠢ ᠶᠢ ᠬᠠᠰᠤᠵᠦ ᠬᠡᠯᠳᠤᠷᠢᠬᠦᠯᠬᠦ᠂ ᠨᠠᠶᠢᠭᠡᠮ ᠤᠨ ᠳᠠᠭᠠᠳᠬᠠᠯ ᠤᠨ ᠨᠦᠬᠦᠪᠤᠷᠢ ᠦᠭᠬᠦ᠂ ᠪᠡᠯᠡ ᠮᠦᠩᠬᠦ ᠪᠠᠷ ᠳᠡᠳᠬᠦᠬᠦ ᠵᠡᠷᠭᠡ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠠᠵᠢᠯ  ᠤᠯᠭᠤᠯᠳᠠ ᠶᠢ ᠰᠢᠩᠭᠡᠭᠡᠬᠦ ᠠᠴᠢᠶᠠᠯᠠᠭᠴᠢ ᠪᠡᠶ᠎ᠡ ᠶᠢ ᠢᠳᠡᠪᠬᠢᠲᠠᠢ ᠪᠤᠶᠢᠵᠢᠭᠤᠯᠤᠨ ᠪᠤᠢ ᠪᠤᠯᠭᠠᠵᠦ᠂ ᠠᠵᠢᠯ ᠤᠯᠭᠤᠬᠤ ᠠᠷᠭ᠎ᠠ ᠵᠠᠮ ᠢ ᠨᠡᠩ ᠢᠯᠡᠭᠦᠤ ᠦᠷᠭᠡᠳᠬᠡᠵᠦ᠂ ᠠᠵᠢᠯ ᠤᠯᠭᠤᠬᠤ ᠠᠵᠢᠯ ᠤᠨ ᠪᠠᠶᠢᠷᠢ ᠶᠢ ᠨᠡᠮᠡᠭᠳᠡᠬᠦᠯᠦᠨ᠎ᠡ᠃ ᠲᠦᠷᠪᠡ ᠳᠤ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠢ ᠲᠦᠷᠭᠡᠨ ᠲᠦᠯᠬᠢᠨ ᠬᠦᠭᠵᠢᠬᠦᠯᠬᠦ  ᠎ ᠪᠠᠷ ᠲᠠᠷᠢᠶᠠᠴᠢᠨ ᠮᠠᠯᠴᠢᠳ ᠢ ᠤᠶᠢᠷ᠎ᠠ ᠬᠠᠪᠢ ᠲᠤᠬᠠᠢ ᠶᠢᠨ ᠭᠠᠵᠠᠷ ᠲᠤᠨᠢ ᠰᠢᠯᠵᠢᠭᠦᠯᠦᠨ ᠠᠵᠢᠯ ᠤᠯᠤᠭᠤᠬᠤ ᠶᠢ ᠠᠬᠢᠭᠤᠯᠬᠤ ᠶᠢᠨ ᠪᠦᠳᠤᠮᠵᠢᠲᠠᠢ ᠠᠷᠭ᠎ᠠ ᠵᠠᠮ ᠪᠤᠯᠭᠠᠨ᠎ᠠ᠃ ᠦᠪᠡᠷᠳᠡᠭᠡᠨ ᠵᠠᠰᠠᠬᠤ ᠤᠷᠤᠨ ᠠᠴᠠ ᠬᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠨᠡᠶᠢᠳᠡ‌‍ᠶᠢᠨ ᠠᠰᠠᠷᠠᠮᠵᠢ ᠶᠢᠨ ᠴᠢᠨᠠᠷᠲᠠᠢ ᠮᠡᠳᠡᠭᠡ ᠵᠠᠩᠬᠢ ᠶᠢᠨ ᠦᠢᠯᠡᠴᠢᠯᠡᠭᠡᠨ ᠤ ᠳᠠᠪᠴᠠᠩ ︽ᠱᠠᠩᠨᠠᠯ ᠢᠶᠠᠷ ᠨᠦᠬᠦᠪᠤᠷᠢ ᠶᠢ ᠤᠷᠤᠯᠠᠭᠤᠯᠬᠤ︾ ᠲᠦᠷᠦᠯ ᠵᠦᠢᠯ ᠢ ᠦᠷᠬᠦᠯᠵᠢᠯᠡᠨ ᠬᠡᠷᠡᠭᠵᠢᠬᠦᠯᠬᠦ ᠪᠤᠯᠤᠨ᠎ᠠ᠂ ︽ᠵᠠᠭᠤᠨ ᠡᠷᠦᠭᠡ ᠠᠷᠪᠠᠨ ᠬᠦᠴᠤᠷᠬᠡᠭ︾ ᠬᠡᠷ ᠪᠦᠯᠢ ᠶᠢᠨ ᠦᠢᠯᠡᠴᠢᠯᠡᠭᠡᠨ ᠤ ᠠᠵᠦ ᠠᠬᠤᠶᠢᠯᠠᠯ ︵ᠨᠢᠭᠡᠴᠡ︶᠎ ᠢ ᠡᠭᠦᠳᠤᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠵᠤᠬᠢᠶᠠᠨ ᠪᠠᠶᠢᠭᠤᠯᠵᠦ᠂ ᠬᠡᠷ ᠪᠦᠯᠢ ᠶᠢᠨ ᠦᠢᠯᠡᠴᠢᠯᠡᠭᠡᠨ ᠤ ᠠᠵᠦ ᠠᠬᠤᠶᠢᠯᠠᠯ ᠢ ᠵᠢᠯᠤᠭᠤᠳᠤᠨ ᠤᠯᠠᠮᠵᠢᠯᠠᠯᠳᠤ ᠲᠦᠯᠦᠪ ᠪᠠᠶᠢᠳᠠᠯ ᠠᠴᠠ ᠨᠢ ᠤᠳᠤ ᠦᠶ᠎ᠡ ᠶᠢᠨ ᠦᠢᠯᠡᠴᠢᠯᠡᠭᠡᠨ ᠤ ᠲᠦᠯᠦᠪ ᠪᠠᠶᠢᠳᠠᠯ ᠦᠬᠡᠳᠡ ᠤᠯᠠᠷᠢᠭᠤᠯᠵᠦ᠂ ᠵᠢᠵᠢᠭ᠂ ᠲᠠᠷᠬᠠᠢ ᠬᠡᠯᠪᠡᠷᠢ ᠶᠢᠨ ᠵᠠᠭᠤᠴᠢ ᠮᠠᠶ᠋ᠢᠭ ᠤᠨ ᠦᠢᠯᠡᠴᠢᠯᠡᠭᠡᠨ ᠠᠴᠠ ᠨᠢ ᠳᠡᠮᠳᠡᠭᠵᠢᠬᠦᠯᠬᠦ᠂ ᠬᠡᠪᠴᠢᠶᠡᠵᠢᠬᠦᠯᠬᠦ ᠦᠬᠡᠳᠡ ᠬᠦᠭᠵᠢᠬᠦᠯᠵᠦ᠂ ᠬᠡᠷ ᠪᠦᠯᠢ ᠶᠢᠨ ᠦᠢᠯᠡᠴᠢᠯᠡᠭᠡᠨ ᠤ ᠠᠵᠢᠯ ᠤᠯᠤᠭᠤᠬᠤ ᠢᠳᠡᠪᠬᠢ ᠦᠢᠯᠡᠳᠤᠯ ᠢ ᠨᠢ ᠨᠡᠩ ᠰᠠᠶᠢᠨ ᠪᠠᠳᠠᠷᠠᠭᠤᠯᠤᠨ᠎ᠠ᠃ ᠡᠨᠡ ᠵᠢᠯ ᠨᠢᠳᠤᠨᠤᠨ ᠤ ᠰᠠᠭᠤᠷᠢ ᠳᠡᠭᠡᠷ᠎ᠡ ᠂ ᠳᠠᠬᠢᠨ 5 ︽ᠠᠷᠪᠠᠨ ᠬᠦᠴᠤᠷᠭᠡᠭ︾ 61 ︽ᠵᠠᠭᠤᠨ ᠡᠷᠤᠬᠡ︾ ᠬᠡᠷ ᠪᠦᠯᠢ ᠶᠢᠨ ᠦᠢᠯᠡᠴᠢᠯᠡᠭᠡᠨ ᠤ ᠠᠵᠦ ᠠᠬᠤᠶᠢᠯᠠᠯ ᠢ ᠠᠳᠠᠯᠢᠳᠬᠠᠨ ᠰᠢᠯᠭᠠᠷᠠᠭᠤᠯᠬᠤ ᠪᠠᠷ ᠪᠠᠶᠢᠨ᠎ᠠ᠃ ᠳᠠᠪᠤ ᠳᠤ ᠲᠠᠷᠢᠶᠠᠯᠠᠬᠤ ᠮᠠᠯᠵᠢᠬᠤ ᠤᠷᠤᠨ ᠤ ᠦᠯᠡᠬᠦᠤ ᠬᠦᠳᠡᠯᠮᠤᠷᠢ ᠶᠢᠨ ᠬᠦᠴᠤᠨ ᠢ ᠢᠳᠡᠪᠬᠢᠲᠠᠯ ᠵᠢᠯᠤᠭᠤᠳᠤᠨ ᠬᠤᠳᠠ ᠪᠠᠯᠭᠠᠰᠤ ᠪᠤᠯᠤᠨ ᠲᠠᠷᠢᠶᠠᠯᠠᠩ ᠤᠨ ᠪᠤᠰᠤ ᠠᠵᠦ ᠦᠢᠯᠡᠰ ᠦᠬᠡᠳᠡ ᠰᠢᠯᠵᠢᠬᠦᠯᠦᠨ ᠠᠵᠢᠯ ᠤᠯᠭᠤᠵᠦ᠂ ᠤᠯᠠᠨ ᠠᠷᠭ᠎ᠠ ᠵᠠᠮ ᠢ ᠬᠤᠤᠰᠯᠠᠭᠤᠯᠤᠨ ᠬᠡᠷᠡᠭᠯᠡᠵᠦ ᠲᠠᠷᠢᠶᠠᠴᠢᠨ ᠮᠠᠯᠴᠢᠨ ᠬᠦᠯᠤᠰᠤᠨ ᠠᠵᠢᠯᠴᠢᠨ ᠳᠤ ᠠᠵᠢᠯ ᠤᠯᠭᠤᠨ ᠠᠳᠠᠯ ᠦᠢᠯᠡᠰ ᠪᠤᠰᠬᠠᠯᠭᠠᠨ᠎ᠠ᠃ ︽ᠲᠠᠷᠢᠶᠠᠴᠢᠨ ᠬᠦᠯᠤᠰᠤᠨ ᠠᠵᠢᠯᠴᠢᠨ ᠳᠤ ᠦᠢᠯᠡᠴᠢᠯᠡᠬᠦ ᠠᠵᠢᠯ ᠢ ᠤᠯᠠᠮ ᠰᠠᠶᠢᠨ ᠬᠢᠬᠦ ᠲᠤᠬᠠᠢ ᠲᠦᠷᠦ ᠶᠢᠨ ᠶᠠᠪᠤᠳᠠᠯ ᠎ ᠤᠨ ᠬᠤᠷᠢᠶᠠᠨ  ᠎ ᠤ ᠰᠠᠨᠠᠯ︾᠎ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠳᠡᠭᠡᠷ᠎ᠡ ᠬᠠᠭᠠᠰ ᠵᠢᠯ ᠎ ᠳᠤ ᠰᠤᠳᠤᠯᠤᠨ ᠨᠤᠳᠠᠯᠠᠭᠰᠠᠨ ᠰᠠᠭᠤᠷᠢᠨ ᠳᠡᠭᠡᠷ᠎ᠡ ᠦᠪᠡᠷᠳᠡᠭᠡᠨ ᠵᠠᠰᠠᠬᠤ ᠤᠷᠤᠨ ᠤ ᠬᠡᠷᠡᠭᠵᠢᠬᠦᠯᠬᠦ ᠰᠠᠨᠠᠯ ᠢ  ᠨᠡᠶᠢᠳᠠᠯᠠᠨ᠎ᠠ᠂ ᠡᠯ᠎ᠡ ᠭᠠᠵᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠢ ᠰᠠᠶᠢᠨ ᠬᠢᠵᠦ᠂ ᠬᠤᠳᠠ ᠪᠠᠯᠭᠠᠰᠤᠵᠢᠯᠳᠠ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠᠷ ᠲᠦᠰᠢᠭ ᠪᠤᠯᠭᠠᠵᠦ᠂ ᠲᠠᠷᠢᠶᠠᠯᠠᠩ ᠲᠤᠰᠠᠯᠠᠬᠤ ᠦᠢᠯᠡᠳᠪᠤᠷᠢᠯᠡᠯ ᠤᠨ ᠪᠦᠳᠤᠭᠡᠭᠳᠡᠭᠦᠨ ᠤ ᠰᠤᠯᠢᠯᠴᠠᠭ᠎ᠠ᠂ ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ ᠤ ᠦᠢᠯᠡᠴᠢᠯᠡᠭᠡ᠂ ᠵᠢᠭᠤᠯᠴᠢᠯᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠦ᠂ ᠤᠨᠴᠠᠯᠢᠭᠳᠤ ᠲᠡᠵᠢᠭᠡᠪᠤᠷᠢ ᠶᠢᠨ ᠦᠢᠯᠡᠰ᠂ ᠠᠮᠤ ᠪᠤᠳᠠᠭᠠᠨ ᠤ ᠡᠳ᠋ᠰᠢᠬᠦᠯᠬᠦ ᠦᠢᠯᠡᠰ ᠵᠡᠷᠬᠡ ᠤᠨᠴᠠᠯᠢᠭᠳᠤ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰ᠂ ᠲᠤᠰᠬᠠᠶᠢᠵᠢᠭᠰᠠᠨ ᠬᠤᠷᠰᠢᠵᠢᠯ ᠢ ᠬᠦᠭᠵᠢᠬᠦᠯᠬᠦ ᠪᠠ ᠰᠢᠨ᠎ᠡ ᠬᠡᠯᠪᠡᠷᠢ ᠶᠢᠨ ᠠᠵᠢᠯ ᠲᠦᠷᠦᠯ ᠤᠨ ᠲᠠᠷᠢᠶᠠᠴᠢᠳ ᠢ ᠵᠤᠷᠢᠭᠵᠢᠭᠤᠯᠤᠨ ᠳᠡᠮᠵᠢᠵᠦ᠂ ᠲᠤᠬᠠᠢ ᠶᠢᠨ ᠭᠠᠵᠠᠷ ᠤᠶᠢᠷ᠎ᠠ ᠤᠷᠴᠢᠮ ᠳᠤᠨᠢ ᠰᠢᠯᠵᠢᠬᠦᠯᠦᠨ ᠠᠵᠢᠯ ᠤᠯᠭᠤᠬᠤ ᠪᠠ ᠠᠳᠠᠯ ᠦᠢᠯᠡᠰ ᠪᠤᠰᠬᠠᠬᠤ ᠶᠢ ᠤᠯᠠᠨ ᠠᠷᠭ᠎ᠠ ᠵᠠᠮ ᠢᠶᠠᠷ ᠠᠬᠢᠭᠤᠯᠬᠤ ᠬᠡᠷᠡᠭᠲᠠᠢ᠃         ᠬᠦᠳᠤᠯᠦᠭᠴᠢ ᠪᠢᠳᠡᠨ ᠤ ᠮᠡᠳᠡᠭᠡᠵᠢ ᠪᠠᠷ᠂ ᠠᠵᠢᠯ ᠲᠦᠷᠦᠯ ᠤᠨ ᠪᠤᠯᠪᠠᠰᠤᠷᠠᠭᠤᠯᠤᠯ ᠢ ᠴᠢᠩᠭᠠᠳᠬᠠᠬᠤ ᠪᠤᠯ ᠠᠵᠢᠯ ᠤᠯᠭᠤᠯᠳᠠ ᠶᠢᠨ ᠪᠦᠳᠤᠴᠡ ᠶᠢᠨ ᠴᠢᠨᠠᠷᠲᠠᠢ ᠵᠦᠷᠢᠴᠡᠯ ᠢ ᠰᠢᠢᠳᠪᠤᠷᠢᠯᠡᠬᠦ ᠦᠨᠳᠤᠰᠤᠨ ᠠᠷᠭ᠎ᠠ ᠬᠡᠮᠵᠢᠶ᠎ᠡ ᠮᠦᠨ᠂ ᠡᠨᠡ ᠵᠢᠯ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠢ ᠴᠢᠩᠭᠠᠳᠬᠠᠬᠤ ᠲᠠᠯ᠎ᠠ ᠪᠠᠷ ᠦᠪᠡᠷᠳᠡᠭᠡᠨ ᠵᠠᠰᠠᠬᠤ ᠤᠷᠤᠨ ᠠᠯᠢ ᠠᠯᠢ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠨ ᠬᠢᠬᠦ ᠪᠤᠢ︖         ᠸᠠᠩ ᠶᠢᠤ ᠬᠤᠩ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠤᠨ ᠲᠠᠯ᠎ᠠ ᠪᠠᠷ ᠭᠤᠷᠪᠠᠨ ᠶᠠᠪᠤᠳᠠᠯ ᠢ ᠲᠤᠪᠤᠶᠢᠯᠭᠠᠨ ᠠᠳᠬᠤᠨ᠎ᠠ᠃ ᠨᠢᠬᠡ ᠳᠤ ᠠᠵᠢᠯ ᠤᠯᠭᠤᠬᠤ ᠮᠡᠷᠭᠡᠵᠢᠯ ᠴᠢᠳᠠᠪᠤᠷᠢ᠂ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ  ᠪᠤᠯᠤᠨ ᠠᠳᠠᠯ ᠦᠢᠯᠡᠰ ᠪᠤᠰᠬᠠᠬᠤ ᠪᠤᠯᠪᠠᠰᠤᠷᠠᠭᠤᠯᠤᠯ ᠢ ᠨᠢᠭᠡᠳᠤᠯᠲᠠᠢ ᠲᠦᠯᠦᠪᠯᠡᠨ ᠠᠬᠢᠭᠤᠯᠵᠦ᠂ ᠬᠦᠳᠡᠯᠮᠤᠷᠢᠯᠡᠭᠴᠢᠳ ᠲᠤ ᠴᠢᠭᠯᠡᠬᠦᠯᠬᠦ ᠴᠢᠨᠠᠷᠲᠠᠢ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠶᠢ ᠬᠦᠷᠳᠡᠬᠡᠨ᠎ᠡ᠃ ᠪᠤᠯᠪᠠᠰᠤᠷᠠᠭᠤᠯᠤᠯ ᠤᠨ ᠨᠦᠬᠦᠪᠤᠷᠢ ᠶᠢᠨ ᠪᠠᠷᠢᠮᠵᠢᠶ᠎ᠠ ᠶᠢ ᠲᠤᠬᠢᠷᠠᠭᠤᠯᠬᠤ ᠲᠤᠭᠳᠠᠴᠠ ᠶᠢ ᠪᠠᠶᠢᠭᠤᠯᠬᠤ ᠶᠢ ᠠᠬᠢᠭᠤᠯᠵᠦ᠂ ᠪᠤᠯᠪᠠᠰᠤᠷᠠᠭᠤᠯᠤᠯ ᠤᠨ ᠨᠦᠬᠦᠪᠤᠷᠢ ᠎ ᠶᠢᠨ ᠲᠦᠷᠦ ᠶᠢᠨ ᠪᠤᠳᠤᠯᠭ᠎ᠠ᠂ ᠪᠤᠯᠪᠠᠰᠤᠷᠠᠭᠤᠯᠤᠯ ᠤᠨ ᠨᠦᠬᠦᠪᠤᠷᠢ ᠶᠢᠨ ᠪᠠᠷᠢᠮᠵᠢᠶ᠎ᠠ ᠶᠢ ᠪᠦᠷᠢᠨᠰᠢᠬᠦᠯᠦᠨ ᠳᠡᠬᠦᠯᠳᠡᠷᠵᠢᠬᠦᠯᠵᠦ᠂ ᠤᠨᠴᠠᠯᠢᠭᠳᠤ ᠪᠤᠯᠪᠠᠰᠤᠷᠠᠭᠤᠯᠤᠯ ᠤᠨ ᠳᠡᠮᠳᠡᠭᠳᠤ ᠪᠤᠯᠤᠨ ᠨᠠᠷᠢᠯᠢᠭ ᠵᠦᠢᠯᠡᠰ ᠤᠨ ᠲᠤᠰᠬᠠᠢ ᠪᠤᠯᠪᠠᠰᠤᠷᠠᠭᠤᠯᠤᠯ ᠢ ᠳᠡᠳᠬᠦᠬᠦ ᠡᠷᠴᠢᠮ ᠢ ᠴᠢᠩᠭᠠᠯᠠᠵᠦ᠂  ᠪᠤᠯᠪᠠᠰᠤᠷᠠᠭᠤᠯᠬᠤ ᠪᠠᠶᠢᠭᠤᠯᠤᠮᠵᠢ ᠪᠤᠯᠤᠨ ᠪᠤᠯᠪᠠᠰᠤᠷᠠᠭᠤᠯᠤᠯ ᠳᠤ ᠤᠷᠤᠯᠴᠠᠬᠤ ᠬᠦᠮᠤᠰ ᠤᠨ ᠢᠳᠡᠪᠬᠢᠵᠢᠯ ᠢ ᠲᠠᠶᠢᠴᠢᠯᠠᠨ᠎ᠠ᠃ ᠡᠨᠡ ᠵᠢᠯ ᠬᠤᠳᠠ ᠪᠠᠯᠭᠠᠰᠤ ᠶᠢᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠳᠤ 13 ᠲᠦᠮᠡᠨ ᠬᠦᠮᠤᠨ᠂ ᠠᠳᠠᠯ ᠦᠢᠯᠡᠰ ᠪᠤᠰᠬᠠᠬᠤ ᠪᠤᠯᠪᠠᠰᠤᠷᠠᠭᠤᠯᠤᠯ ᠳᠤ 5 ᠲᠦᠮᠡᠨ ᠬᠦᠮᠤᠨ ᠪᠤᠯᠪᠠᠰᠤᠷᠠᠭᠤᠯᠵᠦ᠂ ︽ᠬᠠᠪᠤᠷ ᠤᠨ ᠲᠦᠯᠬᠢᠭᠡᠨ ᠠᠵᠢᠯᠯᠠᠭ᠎ᠠ︾᠎ ᠶᠢ ᠦᠷᠬᠦᠯᠵᠢᠯᠡᠨ ᠵᠤᠬᠢᠶᠠᠨ ᠪᠠᠶᠢᠭᠤᠯᠤᠨ ᠦᠷᠨᠢᠬᠦᠯᠵᠦ᠂ ᠲᠠᠷᠢᠶᠠᠯᠠᠬᠤ ᠮᠠᠯᠵᠢᠬᠤ ᠤᠷᠤᠨ ᠤ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ  ᠪᠤᠯᠪᠠᠰᠤᠷᠠᠭᠤᠯᠤᠯ ᠳᠤ13 ᠲᠦᠮᠡ ᠭᠠᠷᠤᠢ ᠬᠦᠮᠤᠰ ᠢ ᠤᠷᠤᠯᠴᠠᠭᠤᠯᠤᠨ᠎ᠠ  ᠃ ᠬᠤᠶᠠᠷ ᠲᠤ ᠪᠤᠯᠪᠠᠰᠤᠷᠠᠭᠤᠯᠤᠯ ᠤᠨ ᠲᠠᠮᠳᠡᠭᠳᠤ ᠶᠢ ᠪᠤᠢ ᠪᠤᠯᠭᠠᠵᠦ᠂ ᠪᠤᠯᠪᠠᠰᠤᠷᠠᠭᠤᠯᠤᠯ ᠤᠨ ᠲᠡᠰ ᠵᠡᠷᠭᠡ ᠪᠤᠯᠤᠨ ᠶᠠᠰᠤ ᠴᠢᠨᠠᠷ ᠢ ᠳᠡᠭᠡᠭᠰᠢᠯᠡᠬᠦᠯᠵᠦ᠂ ᠠᠵᠢᠯ ᠤᠯᠭᠤᠯᠳᠠ ᠶᠢᠨ ᠲᠤᠭᠳᠠᠭᠤᠨ ᠴᠢᠨᠠᠷ ᠢ ᠨᠡᠮᠡᠭᠳᠡᠬᠦᠯᠦᠨ᠎ᠡ᠃ ᠵᠠᠬᠢᠶᠠᠯᠠᠭ᠎ᠠ ᠂ ᠬᠠᠨᠳᠤᠯᠭ᠎ᠠ᠂ ᠲᠤᠭᠳᠠᠭᠰᠠᠨ ᠪᠠᠶᠢᠷᠢ ᠶᠢᠨ ᠬᠡᠯᠪᠡᠷᠢ ᠶᠢᠨ ᠪᠤᠯᠪᠠᠰᠤᠷᠠᠭᠤᠯᠤᠯ ᠪᠠ ᠤᠨᠴᠠᠯᠢᠭᠳᠤ ᠳᠡᠮᠳᠡᠭᠳᠤ᠂ ᠨᠠᠷᠢᠯᠢᠭ ᠵᠦᠢᠯᠡᠰ ᠤᠨ ᠲᠤᠰᠬᠠᠢ ᠮᠡᠷᠭᠡᠵᠢᠯ ᠤᠨ ᠪᠤᠯᠪᠠᠰᠤᠷᠠᠭᠤᠯᠤᠯ ᠢ ᠶᠡᠬᠡᠪᠡᠷ ᠦᠷᠨᠢᠬᠦᠯᠵᠦ᠂ ᠪᠦᠬᠦ ᠵᠢᠯ ᠳᠤ ᠵᠠᠬᠢᠶᠠᠯᠠᠭ᠎ᠠ᠂ ᠬᠠᠨᠳᠤᠯᠭ᠎ᠠ ᠬᠡᠯᠪᠡᠷᠢ ᠶᠢᠨ ᠪᠤᠯᠪᠠᠰᠤᠷᠠᠭᠤᠯᠤᠯ ᠢ ᠪᠤᠯᠪᠠᠰᠤᠷᠠᠭᠤᠯᠤᠯ ᠤᠨ ᠶᠡᠷᠦᠩᠬᠡᠢ ᠲᠤᠭᠠᠨ ᠤ 70%᠎ ᠠᠴᠠ ᠳᠡᠭᠡᠭᠰᠢ ᠳᠤ ᠬᠦᠷᠦᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠠᠵᠢᠯ ᠤᠯᠭᠤᠬᠤ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠤᠨ ᠳᠡᠮᠳᠡᠭᠳᠤ ᠶᠢ 30᠎ ᠶᠢ ᠪᠤᠶᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠨᠡᠷᠡᠳᠤ ᠪᠤᠯᠪᠠᠰᠤᠷᠠᠭᠤᠯᠤᠯ ᠤᠨ ᠳᠡᠮᠳᠡᠭᠳᠤ ᠶᠢ10᠎ ᠶᠢ ᠰᠤᠩᠭᠤᠨ ᠲᠤᠭᠳᠠᠭᠠᠨ᠎ᠠ᠃ ᠭᠤᠷᠪᠠ ᠳᠤ ᠠᠵᠢᠯ ᠮᠡᠷᠭᠡᠵᠢᠯ ᠎ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠤᠨ ᠳᠠᠳᠤᠯᠭ᠎ᠠ ᠪᠤᠯᠪᠠᠰᠤᠷᠠᠯ ᠤᠨ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠠᠬᠢᠭᠤᠯᠵᠦ᠂ ᠳᠠᠳᠤᠯᠭ᠎ᠠ ᠪᠤᠯᠪᠠᠰᠤᠷᠠᠯ ᠤᠨ ᠴᠢᠳᠠᠪᠤᠷᠢ ᠶᠢ ᠲᠠᠰᠤᠷᠠᠯᠳᠠ ᠦᠬᠡᠢ ᠳᠡᠭᠡᠭᠰᠢᠯᠡᠬᠦᠯᠦᠨ᠎ᠡ᠃  ᠡᠨᠡ ᠵᠢᠯ ᠪᠦᠬᠦ ᠤᠷᠤᠨ ᠳᠤ ᠠᠶᠢᠮᠠᠭ ᠬᠤᠳᠠ ᠶᠢᠨ ᠲᠡᠰ ᠤᠨ ᠳᠠᠳᠤᠯᠭ᠎ᠠ ᠪᠤᠯᠪᠠᠰᠤᠷᠠᠯ ᠤᠨ 5 ᠰᠠᠭᠤᠷᠢᠨ ᠭᠠᠵᠠᠷ᠂ ᠦᠪᠷᠳᠡᠭᠡᠨ ᠵᠠᠰᠠᠬᠤ ᠤᠷᠤᠨ ᠤ ᠲᠡᠰ ᠤᠨ ᠵᠢᠱᠢᠶ᠎ᠡ ᠦᠵᠡᠬᠦᠯᠬᠦ ᠳᠠᠳᠤᠯᠭ᠎ᠠ ᠪᠤᠯᠪᠠᠰᠤᠷᠠᠯ ᠤᠨ 1 ᠰᠠᠭᠤᠷᠢᠨ ᠭᠠᠵᠠᠷ ᠢ  ᠬᠢᠨᠠᠨ ᠲᠤᠭᠳᠠᠭᠠᠵᠦ᠂ ᠳᠠᠳᠤᠯᠭ᠎ᠠ ᠪᠤᠯᠪᠠᠰᠤᠷᠠᠯ ᠤᠨ ᠦᠷ᠎ᠡ ᠪᠦᠳᠤᠮᠵᠢ ᠶᠢ ᠨᠡᠩ ᠴᠢᠬᠤᠯᠠᠴᠢᠯᠠᠵᠦ᠂ ᠬᠢᠨᠠᠨ ᠲᠤᠭᠳᠠᠭᠠᠬᠤ ᠪᠠᠷᠢᠮᠵᠢᠶ᠎ᠠ ᠶᠢ ᠴᠢᠩᠭᠠᠯᠠᠵᠦ᠂ ᠲᠤᠭ᠎ᠠ ᠶᠢ ᠴᠢᠩᠭ᠎ᠠ ᠬᠢᠵᠠᠭᠠᠷᠯᠠᠨ᠎ᠠ᠃ ᠦᠪᠡᠷᠳᠡᠭᠡᠨ ᠵᠠᠰᠠᠬᠤ ᠤᠷᠤᠨ ᠠᠴᠠ ︽ᠱᠠᠩᠨᠠᠯ ᠢᠶᠠᠷ ᠨᠦᠬᠦᠪᠤᠷᠢ ᠶᠢ ᠤᠷᠤᠯᠠᠭᠤᠯᠬᠤ︾ ᠲᠦᠷᠦᠯ ᠵᠦᠢᠯ ᠢᠶᠠᠷ ᠳᠠᠮᠵᠢᠭᠤᠯᠤᠨ ᠲᠤᠪᠤᠶᠢᠮ᠎ᠠ ᠠᠮᠵᠢᠯᠳᠠ ᠪᠦᠳᠤᠭᠡᠯ ᠲᠠᠢ ᠳᠠᠳᠤᠯᠭ᠎ᠠ  ᠪᠤᠯᠪᠠᠰᠤᠷᠠᠯ ᠤᠨ ᠰᠠᠭᠤᠷᠢᠨ ᠭᠠᠵᠠᠷ  ᠎ ᠢ ᠦᠷᠭᠦᠯᠵᠢᠯᠡᠨ ᠱᠠᠩᠨᠠᠨ ᠬᠦᠬᠢᠭᠦᠯᠦᠨ᠎ᠡ᠃         ᠬᠦᠳᠤᠯᠦᠭᠴᠢ ᠯᠢ ᠺᠧ ᠴᠢᠶᠠᠩ ᠶᠠᠷᠦᠩᠬᠡᠢ ᠰᠠᠶᠢᠳ ᠤᠨ ᠦᠬᠡ ᠪᠠᠷ ᠬᠡᠯᠡᠪᠡᠯ᠂  ᠦᠢ ᠤᠯᠠᠨ ᠠᠳᠠᠯ ᠦᠢᠯᠡᠰ ᠪᠤᠰᠬᠠᠬᠤ᠂ ᠲᠦᠭ ᠲᠦᠮᠡᠨ ᠰᠢᠨ᠎ᠡ ᠶᠢ ᠡᠭᠦᠳᠬᠦ ᠪᠤᠯ ᠳᠤᠮᠳᠠᠳᠤ ᠤᠯᠤᠰ ᠤᠨ ᠠᠵᠦ  ᠠᠬᠤᠢ ᠶᠢᠨ ᠨᠢᠭᠡᠨ ᠰᠢᠨ᠎ᠡ ᠬᠦᠳᠡᠯᠭᠡᠬᠦ ᠮᠠᠰᠢᠨ᠂ ᠰᠢᠨ᠎ᠡ ᠳᠠᠶᠢᠴᠢᠯᠠᠭᠤᠷ ᠮᠠᠰᠢᠨ ᠮᠦᠨ᠃ ᠦᠪᠡᠷᠳᠡᠭᠡᠨ ᠵᠠᠰᠠᠬᠤ ᠤᠷᠤᠨ ᠡᠨᠡ ᠵᠢᠯ  ᠬᠢᠷᠬᠢᠨ‌ᠦᠢ ᠤᠯᠠᠨ ᠠᠳᠠᠯ ᠦᠢᠯᠡᠰ ᠪᠤᠰᠬᠠᠬᠤ ᠶᠢ ᠠᠬᠢᠭᠤᠯᠵᠦ᠂ ᠠᠳᠠᠯ ᠦᠢᠯᠡᠰ ᠪᠤᠰᠬᠠᠬᠤ ᠎ ᠪᠠᠷ ᠠᠵᠢᠯ ᠤᠯᠭᠤᠬᠤ ᠶᠢ ᠳᠠᠶᠢᠴᠢᠯᠠᠬᠤ ᠶᠢ ᠠᠬᠢᠭᠤᠯᠬᠤ ᠪᠤᠢ︖         ᠸᠠᠩ ᠶᠢᠤ ᠬᠤᠩ ᠦᠢ ᠤᠯᠠᠨ ᠠᠳᠠᠯ ᠦᠢᠯᠡᠰ ᠪᠤᠰᠬᠠᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠲᠦᠷᠪᠡᠨ ᠵᠠᠩᠬᠢᠯᠠᠭ᠎ᠠ ᠶᠢᠨ ᠠᠯᠬᠤᠮ ᠢ ᠲᠤᠪᠤᠶᠢᠮ᠎ᠠ ᠠᠳᠬᠤᠬᠤ ᠬᠡᠷᠡᠭᠲᠠᠢ᠃ ᠨᠢᠭᠡ ᠳᠤ ᠲᠦᠷᠦ ᠎ ᠶᠢᠨ ᠪᠤᠳᠤᠯᠭ᠎ᠠ ᠪᠠᠷ ᠵᠢᠯᠤᠭᠤᠳᠤᠭᠤᠯᠬᠤ ᠪᠠ ᠦᠢᠯᠡᠴᠢᠯᠡᠭᠡᠨ ᠤ ᠲᠡᠰ ᠢ ᠳᠡᠭᠡᠭᠰᠢᠯᠡᠬᠦᠯᠬᠦ ᠪᠠᠷ ᠳᠠᠮᠵᠢᠭᠤᠯᠤᠨ ᠪᠦᠬᠦ ᠠᠷᠠᠳ ᠢᠶᠠᠷ ᠢᠶᠠᠨ ᠠᠳᠠᠯ ᠦᠢᠯᠡᠰ ᠪᠤᠰᠬᠠᠬᠤ ᠤᠷᠴᠢᠨ ᠠᠬᠤᠢ ᠶᠢ ᠪᠤᠢ ᠪᠤᠯᠭᠠᠵᠦ᠂ ᠦᠢ ᠤᠠᠯᠠᠨ ᠠᠳᠠᠯ ᠦᠢᠯᠡᠰ ᠪᠤᠰᠬᠠᠬᠤ᠂ ᠲᠦᠭ ᠲᠦᠮᠡᠨ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠠᠬᠢᠭᠤᠯᠤᠨ᠎ᠠ  ᠃ ᠭᠤᠤᠯᠳᠠᠯᠭ᠎ᠠ ᠲᠠᠢ ᠪᠦᠯᠦᠭᠯᠡᠯ ᠤᠨ ᠠᠳᠠᠯ ᠦᠢᠯᠡᠰ ᠪᠤᠰᠬᠠᠨ ᠠᠵᠢᠯ ᠤᠯᠭᠤᠬᠤ ᠶᠢ ᠳᠡᠮᠵᠢᠨ ᠠᠬᠢᠭᠤᠯᠬᠤ ᠲᠤᠬᠠᠢ ᠤᠯᠤᠰ ᠤᠨ ᠭᠠᠶᠢᠯᠢ ᠎ ᠶᠢᠨ ᠶᠡᠷᠦᠩᠬᠡᠢ ᠲᠤᠪᠴᠢᠶ᠎ᠠ᠂ ᠡᠳ᠋ ᠤᠨ ᠵᠠᠰᠠᠭ ᠤᠨ ᠶᠠᠮᠤᠨ᠂ ᠬᠦᠮᠤᠨ ᠤ ᠬᠦᠴᠤᠨ ᠤ ᠡᠬᠢ  ᠪᠠᠶᠠᠯᠢᠭ ᠨᠡᠶᠢᠭᠡᠮ ᠎ ᠤᠨ ᠪᠠᠳᠤᠯᠠᠭ᠎ᠠ ᠶᠢᠨ ᠶᠠᠮᠤᠨ ᠤ ᠬᠠᠮᠢᠶ᠎ᠠ ᠪᠦᠬᠦᠢ ᠭᠠᠶᠢᠯᠢ ᠳᠠᠳᠠᠪᠤᠷᠢ ᠶᠢᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠡᠯ᠎ᠡ ᠲᠦᠷᠦᠯ ᠤᠨ ᠪᠦᠯᠦᠭᠯᠡᠯ ᠳᠤ ᠠᠵᠢᠯ ᠤᠯᠭᠤᠬᠤ ᠶᠢ ᠠᠬᠢᠭᠤᠯᠤᠨ᠎ᠠ᠃ ᠬᠤᠶᠡᠷ ᠲᠤ ᠠᠳᠠᠯ ᠦᠢᠯᠡᠰ ᠪᠤᠰᠬᠠᠬᠤ ᠦᠢᠯᠡᠴᠢᠯᠡᠭᠡᠨ ᠤ ᠠᠷᠭ᠎ᠠ ᠪᠠᠷᠢᠯ ᠢ ᠢᠳᠡᠪᠬᠢᠲᠠᠢ ᠪᠠᠶᠠᠯᠢᠭᠵᠢᠭᠤᠯᠵᠦ᠂ ᠪᠠᠭ᠎ᠠ ᠲᠤᠭᠠᠨ ᠤ ᠪᠠᠳᠤᠯᠠᠭ᠎ᠠ ᠶᠢᠨ ᠵᠢᠬᠡᠯᠡᠯᠬᠡ ᠶᠢᠨ ᠬᠠᠮᠢᠶᠠᠷᠤᠯᠳᠠ ᠶᠢᠨ ᠠᠷᠭ᠎ᠠ ᠪᠤᠯᠤᠨ ᠳᠠᠮ ᠬᠦᠤ ᠮᠦᠩᠬᠦ ᠶᠢᠨ ᠲᠦᠷᠦ ᠶᠢᠨ ᠪᠤᠳᠤᠯᠭ᠎ᠠ ᠶᠢ ᠳᠡᠭᠦᠯᠳᠡᠷᠵᠢᠬᠦᠯᠵᠦ᠂ ᠠᠵᠢᠯᠯᠠᠬᠤ ᠵᠢᠷᠤᠮᠵᠢᠯ ᠢ ᠲᠦᠷᠢᠮᠵᠢᠬᠦᠯᠦᠨ᠎ᠡ᠃ ᠠᠳᠠᠯ ᠦᠢᠯᠡᠰ ᠪᠤᠰᠬᠠᠬᠤ ᠬᠦᠭᠵᠢᠯᠳᠡ ᠶᠢᠨ ᠪᠡᠯᠡ ᠮᠦᠩᠬᠦ᠂ ᠪᠠᠭ᠎ᠠ ᠲᠤᠭᠠᠨ ᠤ ᠵᠢᠭᠡᠯᠡᠯᠭᠡ ᠶᠢᠨ ᠪᠠᠳᠤᠯᠠᠭ᠎ᠠ ᠶᠢᠨ ᠰᠠᠭᠤᠷᠢ ᠮᠦᠩᠬᠦ᠂ ᠳᠠᠮ ᠬᠦᠤ ᠮᠦᠩᠬᠦ ᠶᠢᠨ ᠪᠡᠯᠡ ᠮᠦᠩᠬᠦᠨ ᠤ ᠤᠷᠤᠭᠤᠯᠤᠯᠳᠠ ᠶᠢᠨ ᠡᠷᠴᠢᠮ ᠪᠤᠯᠤᠨ ᠠᠳᠠᠯ ᠦᠢᠯᠡᠰ ᠪᠤᠰᠬᠠᠬᠤ ᠲᠦᠷᠢᠶᠡᠰᠤᠨ ᠮᠦᠩᠬᠦ ᠶᠢᠨ ᠨᠦᠬᠦᠪᠤᠷᠢ᠂ ᠬᠡᠷᠡᠭᠯᠡᠬᠦ ᠵᠠᠷᠤᠳᠠᠯ ᠤᠨ ᠨᠦᠬᠦᠪᠤᠷᠢ ᠪᠠ ᠠᠮᠵᠢᠯᠳᠠ ᠲᠠᠢ ᠠᠳᠠᠯ ᠦᠢᠯᠡᠰ ᠪᠤᠰᠬᠠᠭᠰᠠᠨ ᠱᠠᠩᠨᠠᠯ ᠵᠡᠷᠭᠡ ᠳᠡᠳᠬᠦᠯᠳᠡ ᠶᠢᠨ ᠡᠷᠴᠢᠮ ᠢ ᠤᠯᠠᠮ ᠴᠢᠩᠭᠠᠯᠠᠨ᠎ᠠ᠃ ᠲᠠᠷᠢᠶᠠᠴᠢᠨ ᠮᠠᠯᠴᠢᠳ ᠤᠨ ᠠᠳᠠᠯ ᠦᠢᠯᠡᠰ ᠪᠤᠰᠬᠠᠨ ᠠᠵᠢᠯ ᠤᠯᠬᠤ ᠳᠤ ᠳᠡᠮᠵᠢᠯᠬᠡ  ᠦᠵᠡᠬᠦᠯᠵᠦ᠂ ᠠᠳᠠᠯ ᠦᠢᠯᠡᠰ ᠪᠤᠰᠬᠠᠭᠰᠠᠨ ᠲᠦᠷᠦᠯ ᠵᠦᠢᠯ ᠎ ᠢᠶᠠᠷ ᠨᠢ ᠵᠤᠬᠢᠬᠤ ᠬᠠᠷᠢᠴᠠᠯ ᠤᠨ ᠳᠠᠮ ᠬᠦᠤ ᠮᠦᠩᠬᠦ ᠤᠯᠭᠤᠨ᠎ᠠ᠃ ᠭᠤᠷᠪᠠ ᠳᠤ ᠠᠳᠠᠯ ᠦᠢᠯᠡᠰ ᠪᠤᠰᠬᠠᠬᠤ ᠦᠢᠯᠡᠴᠢᠯᠡᠭᠡᠨ ᠤ ᠲᠠᠪᠴᠠᠩ ᠢ ᠤᠯᠠᠮ ᠪᠦᠷᠢᠨᠰᠢᠬᠦᠯᠦᠨ ᠳᠡᠭᠦᠯᠳᠡᠷᠵᠢᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠠᠳᠠᠯ ᠦᠢᠯᠡᠰ ᠪᠤᠰᠬᠠᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢᠨ ᠰᠠᠨᠠᠯ ᠢ ᠲᠦᠷᠭᠡᠬᠡᠨ ᠨᠠᠶᠢᠳᠡᠯᠡᠵᠦ ᠂ ᠠᠳᠠᠯ ᠦᠢᠯᠡᠰ ᠪᠤᠰᠬᠠᠬᠤ ᠬᠦᠷᠢᠶᠡᠯᠡᠩ ᠪᠤᠯᠤᠨ ᠠᠳᠠᠯ ᠦᠢᠯᠡᠰ ᠪᠤᠰᠬᠠᠬᠤ ᠨᠠᠪᠴᠢᠯᠳᠠ ᠶᠢᠨ ᠰᠠᠭᠤᠷᠢᠨ ᠭᠠᠵᠠᠷ᠂ ᠠᠳᠠᠯ ᠦᠢᠯᠡᠰ ᠪᠤᠰᠬᠠᠬᠤ ᠪᠤᠯᠪᠠᠰᠤᠷᠠᠭᠤᠯᠤᠯ ᠤᠨ ᠲᠤᠭᠳᠠᠭᠰᠠᠨ ᠴᠢᠭ᠋ ᠤᠨ ᠪᠠᠶᠢᠭᠤᠯᠤᠮᠵᠢ ᠪᠠ ᠳᠠᠳᠤᠯᠭ᠎ᠠ ᠪᠤᠯᠪᠠᠰᠤᠷᠠᠯ ᠤᠨ ᠰᠠᠭᠤᠷᠢᠨ ᠭᠠᠵᠠᠷ᠂ ᠤᠠᠯᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠤ ᠲᠦᠪ ᠵᠡᠷᠭᠡ ᠶᠢᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠠᠳᠠᠯ ᠦᠢᠯᠡᠰ ᠪᠤᠰᠬᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠵᠦ᠂ ᠠᠳᠠᠯ ᠦᠢᠯᠡᠰ ᠪᠤᠰᠬᠠᠬᠤ ᠪᠤᠯᠪᠠᠰᠤᠷᠠᠭᠤᠯᠤᠯ ᠤᠨ ᠪᠠᠭᠰᠢ ᠨᠠᠷ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠠᠳᠠᠯ ᠦᠢᠯᠡᠰ ᠪᠤᠰᠬᠠᠬᠤ ᠨᠡᠪᠴᠢᠯᠳᠡ ᠶᠢᠨ ᠪᠤᠳᠠᠳᠤ ᠴᠤᠭᠴᠠ ᠎ ᠶᠢ ᠳᠡᠳᠬᠦᠨ ᠵᠢᠯᠤᠭᠤᠳᠬᠤ ᠲᠦᠷᠦ ᠶᠢᠨ ᠪᠤᠳᠤᠯᠭ᠎ᠠ ᠪᠤᠯᠤᠨ ᠪᠤᠳᠠᠲᠠᠢ ᠠᠵᠢᠯᠯᠠᠬᠤ ᠠᠷᠭ᠎ᠠ ᠶᠢ ᠲᠤᠭᠳᠠᠭᠠᠨ ᠳᠡᠭᠦᠯᠳᠡᠷᠵᠢᠬᠦᠯᠵᠦ᠂ ᠲᠦᠷᠦᠯ ᠵᠦᠢᠯ ᠢ ᠬᠦᠷᠢᠶᠡᠯᠡᠩ ᠳᠤ ᠤᠷᠤᠭᠤᠯᠬᠤ᠂ ᠲᠦᠷᠦ ᠶᠢᠨ ᠪᠤᠳᠤᠯᠭ᠎ᠠ ᠶᠢ ᠡᠷᠦᠬᠡ ᠳᠤ ᠤᠶᠢᠯᠠᠭᠠᠭᠤᠯᠬᠤ ᠠᠳᠡᠯ ᠦᠢᠯᠡᠰ ᠪᠤᠰᠬᠠᠬᠤ ᠳᠡᠳᠬᠦᠯᠳᠡ ᠶᠢᠨ ᠲᠤᠭᠳᠠᠴᠠ ᠶᠢ ᠪᠤᠢ ᠪᠤᠯᠭᠠᠨ᠎ᠠ᠃ ᠡᠨᠡ ᠵᠢᠯ ᠦᠪᠡᠷᠳᠡᠭᠡᠨ ᠵᠠᠰᠠᠬᠤ ᠤᠷᠤᠨ ᠤ ᠲᠡᠰ ᠤᠨ ᠵᠢᠱᠢᠶ᠎ᠡ ᠦᠵᠡᠬᠦᠯᠬᠦ ᠴᠢᠨᠠᠷᠲᠠᠢ ᠠᠳᠠᠯ ᠦᠢᠯᠡᠰ ᠪᠤᠰᠬᠠᠬᠤ ᠬᠦᠷᠢᠶᠡᠯᠡᠩ ᠎ ᠤᠨ ᠨᠡᠪᠴᠢᠯᠳᠡ ᠶᠢᠨ ᠰᠠᠭᠤᠷᠢᠨ ᠭᠠᠵᠠᠷ 5᠎ ᠶᠢ ᠦᠨᠡᠯᠡᠨ ᠲᠤᠭᠳᠠᠭᠠᠵᠦ᠂ ᠤᠯᠤᠰ ᠤᠨ ᠲᠡᠰ ᠤᠨ ᠠᠳᠠᠯ ᠦᠢᠯᠡᠰ ᠪᠤᠰᠬᠠᠬᠤ ᠨᠡᠪᠴᠢᠯᠳᠡ ᠶᠢᠨ ᠰᠠᠭᠤᠷᠢᠨ ᠭᠠᠵᠠᠷ ᠤᠨ ᠡᠩᠨᠡᠭᠡᠨ ᠳᠤ 1 ᠰᠠᠭᠤᠷᠢᠨ ᠭᠠᠵᠠᠷ  ᠎ ᠢ ᠤᠷᠤᠭᠤᠯᠬᠤ ᠪᠠᠷ ᠴᠢᠷᠮᠠᠶᠢᠨ᠎ᠠ᠃ ᠠᠳᠠᠯ ᠦᠢᠯᠡᠰ ᠪᠤᠰᠬᠠᠬᠤ ᠬᠦᠷᠢᠶᠡᠯᠡᠩ ᠤᠨ ᠨᠡᠪᠴᠢᠯᠳᠡ ᠶᠢᠨ ᠰᠠᠭᠤᠷᠢᠨ ᠭᠠᠵᠠᠷ  ᠎ ᠤᠨ ︽ᠱᠠᠩᠨᠠᠯ ᠎ ᠢᠶᠠᠷ ᠨᠦᠬᠦᠪᠤᠷᠢ ᠶᠢ ᠤᠷᠤᠯᠠᠭᠤᠯᠬᠤ︾ ᠲᠦᠷᠦᠯ ᠵᠦᠢᠯ ᠢ ᠦᠷᠭᠦᠯᠵᠢᠯᠡᠨ ᠵᠤᠬᠢᠶᠠᠨ ᠪᠠᠶᠢᠭᠤᠯᠤᠨ ᠬᠡᠷᠡᠭᠵᠢᠬᠦᠯᠵᠦ᠂  ᠪᠠᠷᠢᠮᠵᠢᠶ᠎ᠠ ᠶᠢ ᠴᠢᠩᠭᠠᠳᠬᠠᠨ᠂ ᠲᠤᠭ᠎ᠠ ᠶᠢ ᠬᠢᠵᠠᠭᠠᠷᠯᠠᠵᠦ᠂ ᠪᠤᠳᠠᠳᠤ ᠠᠰᠢᠭ ᠢ ᠲᠤᠪᠤᠶᠢᠯᠭᠠᠨ᠎ᠠ᠃ ᠲᠦᠷᠪᠡ ᠳᠤ ᠠᠳᠠᠯ ᠦᠢᠯᠡᠰ ᠪᠤᠰᠬᠠᠬᠤ ᠬᠡᠯᠪᠡᠷᠢ ᠶᠢᠨ ᠭᠠᠵᠠᠷ ᠤᠷᠤᠨ ᠢ ᠡᠭᠦᠰᠭᠡᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠤᠨ᠎ᠠ᠃ ᠵᠤᠬᠢᠶᠠᠨ ᠪᠠᠶᠢᠭᠤᠯᠤᠯᠳᠠ ᠤᠳᠤᠷᠢᠳᠤᠯᠭ᠎ᠠ ᠶᠢᠨ ᠰᠢᠰᠲ᠋ᠧᠮᠵᠢ᠂ ᠲᠦᠷᠦ ᠶᠢᠨ ᠪᠤᠳᠤᠯᠭ᠎ᠠ ᠪᠠᠷ ᠳᠡᠳᠬᠦᠬᠦ ᠰᠢᠰᠲ᠋ᠧᠮᠵᠢ᠂ ᠠᠳᠠᠯ ᠦᠢᠯᠡᠰ ᠪᠤᠰᠬᠠᠬᠤ ᠪᠤᠯᠪᠠᠰᠤᠷᠠᠭᠤᠯᠤᠯ ᠤᠨ ᠰᠢᠰᠲ᠋ᠧᠮᠵᠢ᠂ ᠠᠳᠠᠯ ᠦᠢᠯᠡᠰ ᠪᠤᠰᠬᠠᠬᠤ ᠦᠢᠯᠡᠴᠢᠯᠡᠭᠡᠨ ᠤ ᠰᠢᠰᠲ᠋ᠧᠮᠵᠢ᠂ ᠠᠵᠢᠯ ᠤᠨ ᠬᠢᠨᠠᠨ ᠰᠢᠯᠭᠠᠬᠤ ᠰᠢᠰᠲ᠋ᠧᠮᠵᠢ ᠶᠢ ᠤᠯᠠᠮ ᠪᠦᠷᠢᠨᠰᠢᠬᠦᠯᠦᠨ ᠳᠡᠬᠦᠯᠳᠡᠷᠵᠢᠬᠦᠯᠵᠦ᠂ ᠵᠠᠰᠠᠭ ᠤᠨ ᠤᠷᠳᠤᠨ ᠤ ᠡᠷᠬᠡ  ᠴᠢᠳᠠᠪᠤᠷᠢ ᠶᠢ ᠴᠢᠩᠭᠠᠳᠬᠠᠵᠦ᠂ ᠵᠠᠰᠠᠭ ᠤᠨ ᠤᠷᠳᠤᠨ ᠭᠤᠤᠯᠯᠠᠵᠦ᠂  ᠰᠠᠯᠠᠭ᠎ᠠ ᠮᠦᠴᠢᠷ ᠬᠤᠯᠪᠤᠭᠠᠯᠠᠨ ᠬᠦᠳᠡᠯᠤᠯᠴᠡᠵᠦ᠂ ᠪᠦᠬᠦ ᠨᠡᠶᠢᠭᠡᠮ ᠢᠶᠠᠷ ᠢᠶᠠᠨ ᠤᠷᠤᠯᠴᠠᠬᠤ ᠡᠭᠦᠳᠤᠨ ᠪᠠᠶᠢᠭᠤᠯᠬᠤ ᠪᠠᠶᠢᠭᠤᠯᠤᠯ ᠪᠤᠯᠤᠨ ᠲᠤᠭᠳᠠᠴᠠ ᠶᠢ ᠪᠤᠢ ᠪᠤᠯᠭᠠᠬᠤ ᠶᠢ ᠠᠬᠢᠭᠤᠯᠵᠦ᠂ ᠠᠳᠠᠯ ᠦᠢᠯᠡᠰ ᠪᠤᠰᠬᠠᠬᠤ ᠬᠡᠯᠪᠡᠷᠢ ᠶᠢᠨ ᠭᠠᠵᠠᠷ ᠤᠷᠤᠨ ᠢ ᠡᠭᠦᠳᠤᠨ ᠪᠠᠶᠢᠭᠤᠯᠬᠤ ᠠᠵᠢᠯ ᠤᠨ ᠪᠤᠳᠠᠳᠤ ᠦᠷ᠎ᠡ ᠠᠰᠢᠭ ᠤᠯᠬᠤ ᠶᠢ ᠎ ᠨᠢ ᠪᠠᠳᠤᠯᠠᠨ᠎ᠠ᠃ ᠡᠴᠤᠰ ᠤᠨ ᠬᠢᠨᠠᠨ ᠲᠤᠭᠳᠠᠭᠠᠯ ᠳᠤ ᠬᠢᠷᠢ ᠳᠤ ᠳᠡᠩᠴᠡᠭᠰᠡᠨ ᠦᠬᠡᠢ ᠭᠠᠵᠠᠷ ᠤᠷᠤᠨ ᠢ  ᠰᠢᠮᠳᠠᠭᠤᠯᠤᠨ ᠪᠠᠶᠢᠴᠠᠭᠠᠬᠤ ᠪᠠ ᠦᠨᠡᠯᠡᠬᠦ ᠶᠢ ᠴᠢᠩᠭᠠᠳᠬᠠᠨ᠎ᠠ᠃ ᠠᠳᠠᠯ ᠦᠢᠯᠡᠰ ᠪᠤᠰᠬᠠᠬᠤ ᠵᠢᠱᠢᠶ᠎ᠡ ᠦᠵᠡᠭᠦᠯᠬᠦ ᠳᠡᠯᠭᠡᠭᠦᠷ ᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠦᠷᠬᠦᠯᠵᠢᠯᠡᠨ ᠵᠤᠬᠢᠶᠠᠨ ᠪᠠᠶᠢᠭᠤᠯᠤᠨ ᠦᠷᠨᠢᠬᠦᠯᠦᠨ᠎ᠡ᠃         ᠬᠦᠳᠤᠯᠦᠭᠴᠢ ᠠᠵᠢᠯ ᠤᠯᠭᠤᠬᠤ ᠳᠤ ᠬᠦᠴᠢᠷᠳᠡᠯ ᠲᠠᠢ ᠪᠦᠯᠦᠭᠯᠡᠯ ᠳᠤ ᠠᠵᠢᠯ ᠤᠯᠭᠤᠬᠤ ᠎ ᠶᠢ ᠠᠬᠢᠭᠤᠯᠬᠤ ᠪᠤᠯ ᠠᠵᠢᠯ ᠤᠯᠭᠤᠬᠤ ᠳᠤ ᠬᠦᠴᠢᠷᠳᠠᠯ ᠲᠠᠢ ᠪᠦᠯᠦᠭᠯᠡᠯ ᠤᠨ ᠠᠮᠢᠳᠤᠷᠠᠯ ᠢ ᠰᠠᠶᠢᠵᠢᠷᠠᠭᠤᠯᠬᠤ ᠦᠨᠳᠤᠰᠤᠨ ᠤᠷᠢᠳᠠᠯ ᠪᠠ ᠠᠷᠭ᠎ᠠ ᠵᠠᠮ ᠪᠤᠯᠬᠤ ᠮᠦᠷᠳᠡᠭᠡᠨ ᠪᠠᠰᠠᠴᠤ ᠨᠡᠶᠢᠭᠡᠮ ᠵᠢᠷᠤᠮᠳᠤ ᠡᠪ ᠵᠤᠬᠢᠴᠠᠯᠳᠤ ᠨᠡᠶᠢᠭᠡᠮ ᠢ ᠴᠤᠭᠴᠠᠯᠠᠨ ᠪᠠᠶᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠦᠨ᠃  ᠡᠨᠡ ᠵᠢᠯ ᠠᠵᠢᠯ  ᠤᠯᠭᠤᠯᠳᠠ ᠶᠢᠨ ᠲᠤᠰᠠᠯᠠᠮᠵᠢ  ᠎ ᠶᠢ ᠴᠢᠩᠭᠠᠷᠠᠭᠤᠯᠵᠦ᠂ ᠠᠵᠢᠯ ᠤᠯᠭᠤᠬᠤ ᠳᠤ ᠬᠦᠴᠢᠷᠳᠠᠯ ᠲᠠᠢ  ᠪᠦᠯᠦᠭᠯᠡᠯ ᠳᠤ ᠲᠤᠭᠳᠠᠭᠤᠨ ᠠᠵᠢᠯ ᠤᠯᠭᠤᠬᠤ ᠲᠠᠯ᠎ᠠ ᠪᠠᠷ ᠶᠠᠮᠠᠷ ᠶᠠᠮᠠᠷ ᠭᠤᠤᠯᠳᠠᠯᠭ᠎ᠠ ᠲᠠᠢ ᠠᠵᠢᠯ ᠢ ᠰᠠᠶᠢᠳᠤᠷ ᠬᠢᠬᠦ ᠪᠤᠢ︖         ᠸᠠᠩ ᠶᠢᠤ ᠬᠤᠩ ᠭᠤᠷᠪᠠᠨ ᠭᠤᠤᠯᠳᠠᠯᠭ᠎ᠠ ᠶᠢ ᠲᠤᠪᠤᠶᠢᠮ᠎ᠠ ᠠᠳᠬᠤᠨ᠎ᠠ᠃ ᠨᠢᠭᠡ ᠳᠤ ᠬᠤᠳᠠ ᠬᠦᠳᠡᠭᠡ ᠶᠢᠨ ᠠᠵᠢᠯ ᠤᠯᠭᠤᠬᠤ ᠳᠤ ᠬᠦᠴᠢᠷᠳᠡᠯ ᠲᠠᠢ ᠪᠠᠶᠢᠭ᠎ᠠ ᠬᠦᠮᠤᠰ  ᠎ ᠢ ᠳᠡᠳᠬᠦᠨ‌ᠠᠵᠢᠯ ᠤᠯᠬᠤ ᠶᠢ ᠲᠡᠷᠢᠬᠦᠨ ᠬᠠᠷᠠᠯᠳᠠ ᠪᠠᠨ ᠪᠤᠯᠭᠠᠵᠦ᠂ ᠠᠵᠢᠯ ᠤᠯᠬᠤ ᠳᠤ ᠬᠦᠴᠢᠷᠳᠡᠯ ᠲᠠᠢ ᠬᠦᠮᠤᠰ ᠢ ᠳᠡᠳᠬᠦᠨ ᠲᠤᠰᠠᠯᠠᠬᠤ ᠡᠷᠴᠢᠮ ᠢ ᠤᠯᠠᠮ ᠢᠯᠡᠭᠦᠤ ᠴᠢᠩᠭᠠᠯᠠᠵᠦ᠂ ᠠᠵᠢᠯ ᠤᠯᠭᠤᠬᠤ ᠲᠤᠰᠠᠯᠠᠮᠵᠢ ᠶᠢᠨ ᠲᠤᠭᠳᠠᠴᠠ ᠶᠢ ᠳᠡᠭᠦᠯᠳᠡᠷᠵᠢᠬᠦᠯᠵᠦ᠂ ᠠᠵᠢᠯ ᠠᠯᠳᠠᠭᠰᠠᠳ ᠢ ᠬᠠᠪᠰᠤᠷᠤᠨ ᠠᠵᠢᠯ ᠠᠯᠳᠠᠬᠤ ᠦᠶᠡᠯᠡᠯ ᠤᠨ ᠬᠤᠭᠤᠴᠠᠭ᠎ᠠ ᠶᠢ ᠨᠢ ᠪᠤᠭᠤᠨᠢᠰᠬᠠᠵᠦ᠂ ᠠᠵᠢᠯ ᠤᠯᠬᠤ ᠳᠤ ᠬᠦᠴᠢᠷᠳᠠᠯ ᠲᠠᠢ ᠬᠦᠮᠤᠰ ᠢ ᠭᠤᠤᠯᠳᠠᠯᠭ᠎ᠠ ᠲᠠᠢ ᠳᠡᠳᠬᠦᠨ ᠠᠵᠢᠯ ᠤᠯᠭᠤᠵᠦ᠂ ᠠᠵᠢᠯ ᠦᠬᠡᠢ ᠡᠷᠤᠬᠡ ᠭᠡᠷ ᠢ ᠦᠬᠡᠢ ᠪᠤᠯᠭᠠᠨ᠎ᠠ᠃ ᠬᠤᠶᠡᠷ ᠲᠤ ᠠᠵᠢᠯ ᠤᠯᠭᠤᠬᠤ ᠲᠤᠰᠠᠯᠠᠮᠵᠢ ᠶᠢ ᠲᠦᠷᠢᠮᠵᠢᠬᠦᠯᠬᠦ᠂  ᠤᠷᠳᠤ ᠬᠤᠭᠤᠴᠠᠭ᠎ᠠ ᠪᠠᠷ ᠪᠦᠳᠦᠮᠵᠢᠬᠦᠯᠬᠦ᠂ ᠨᠠᠷᠢᠯᠢᠭᠵᠢᠭᠤᠯᠬᠤ ᠪᠠᠶᠢᠭᠤᠯᠤᠯᠳᠠ ᠶᠢ ᠴᠢᠩᠭᠠᠳᠬᠠᠨ᠎ᠠ᠃ ᠬᠤᠳᠠ ᠪᠠᠯᠭᠠᠰᠤ ᠎ ᠶᠢᠨ ︽ᠠᠵᠢᠯ ᠦᠬᠡᠢ ᠡᠷᠤᠬᠡ︾᠎ ᠳᠤ ᠠᠵᠢᠯ ᠤᠯᠭᠤᠬᠤ ᠲᠤᠰᠠᠯᠠᠮᠵᠢ ᠶᠢᠨ ᠠᠵᠢᠯ ᠢ ᠤᠯᠠᠮ ᠨᠢᠬᠡ ᠠᠯᠬᠤᠮ ᠰᠠᠶᠢᠳᠤᠷ ᠬᠢᠬᠦ ᠲᠤᠬᠠᠢ ᠦᠪᠡᠷᠳᠡᠭᠡᠨ ᠵᠠᠰᠠᠬᠤ ᠤᠷᠤᠨ ᠤ ᠮᠡᠳᠡᠭᠳᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠵᠢᠯ ᠤᠯᠬᠤ ᠳᠤ ᠬᠦᠴᠢᠷᠳᠠᠯ ᠲᠠᠢ ᠬᠦᠮᠤᠰ ᠪᠤᠯᠤᠨ ︽ᠠᠵᠢᠯ ᠦᠬᠡᠢ ᠡᠷᠤᠬᠡ︾᠎ ᠶᠢ ᠪᠦᠷᠢᠳᠭᠡᠨ ᠲᠤᠭᠳᠠᠭᠠᠬᠤ ᠪᠠ ᠴᠢᠭᠯᠡᠬᠦᠯᠬᠦ ᠴᠢᠨᠠᠷᠲᠠᠢ ᠳᠡᠳᠬᠦᠬᠦ ᠠᠵᠢᠯ ᠢ ᠰᠠᠶᠢᠳᠤᠷ ᠬᠢᠵᠦ᠂ ᠮᠦᠷᠳᠡᠨ ᠰᠤᠷᠪᠤᠯᠵᠢᠯᠠᠬᠤ ᠶᠢ ᠴᠢᠩᠭᠠᠳᠬᠠᠵᠦ᠂ ︽ᠠᠵᠢᠯ ᠦᠬᠡᠢ ᠡᠷᠤᠬᠡ︾᠎ ᠳᠤ  ᠦᠨᠡᠨ ᠨᠡᠷ᠎ᠡ ᠶᠢᠨ ᠲᠦᠷᠢᠮᠳᠤ ᠬᠦᠳᠡᠯᠦᠩᠭᠦᠢ ᠬᠠᠮᠢᠶᠠᠷᠤᠯᠳᠠ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠪᠦᠬᠦ ᠬᠡᠪᠴᠢᠶᠡᠨ᠎ᠡ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠢ ᠬᠠᠩᠭᠠᠨ᠎ᠠ᠃ ᠭᠤᠷᠪᠠ ᠳᠤ ᠨᠡᠶᠢᠳᠡ ᠶᠢᠨ ᠠᠰᠠᠷᠠᠮᠵᠢ ᠶᠢᠨ ᠤᠷᠤᠨ ᠪᠠᠶᠢᠷᠢ ᠶᠢ ᠶᠡᠭᠡ ᠪᠠᠷ ᠨᠡᠬᠡᠬᠡᠵᠦ᠂ ᠠᠵᠢᠯ ᠤᠯᠬᠤ ᠳᠤ ᠬᠦᠴᠢᠷᠳᠠᠯ ᠲᠠᠢ ᠬᠦᠮᠤᠰ ᠢ ᠢᠳᠡᠪᠬᠢᠲᠠᠢ ᠲᠦᠪᠬᠢᠨᠡᠬᠦᠯᠬᠦ ᠪᠠ ︽ᠠᠵᠢᠯ ᠦᠬᠡᠢ ᠡᠷᠦᠬᠡ︾᠎ ᠳᠤ ᠠᠵᠢᠯ ᠤᠯᠭᠤᠨ᠎ᠠ᠃ ᠨᠠᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ  ᠎ ᠶᠢ ᠨᠡᠬᠡᠬᠡᠨ ᠬᠦᠭᠵᠢᠬᠦᠯᠬᠦ ᠬᠠᠮᠢᠶᠠᠷᠬᠤ ᠬᠡᠷᠡᠭᠯᠡᠬᠦ ᠠᠷᠭ᠎ᠠ ᠶᠢ ᠲᠦᠷᠭᠡᠨ ᠲᠤᠭᠳᠠᠭᠠᠵᠦ᠂` ᠨᠡᠶᠢᠳᠡ ᠶᠢᠨ ᠠᠰᠠᠷᠠᠮᠵᠢ ᠶᠢᠨ ᠠᠵᠢᠯ ᠎ ᠤᠨ ᠪᠠᠶᠢᠷᠢ ᠶᠢᠨ ᠲᠦᠪᠬᠢᠨᠡᠬᠦᠯᠦᠯᠳᠡ ᠶᠢᠨ ᠬᠡᠯᠪᠡᠷᠢ ᠶᠢ ᠰᠢᠨᠡᠴᠢᠯᠡᠵᠦ᠂ ᠭᠠᠵᠠᠷ ᠤᠷᠤᠨ ᠤ ᠪᠠᠶᠢᠳᠠᠯ ᠳᠤ ᠲᠤᠬᠢᠷᠠᠭᠤᠯᠤᠨ ᠠᠵᠢᠯ ᠤᠯᠭᠤᠬᠤ ᠠᠵᠢᠯ ᠤᠨ ᠪᠠᠶᠢᠷᠢ ᠶᠢ ᠨᠡᠬᠡᠬᠡᠵᠦ᠂ ᠦᠨᠳᠤᠰᠤᠨ ᠱᠠᠳᠤᠨ ᠤ ᠲᠠᠪᠴᠠᠩ ᠰᠠᠭᠤᠭᠠᠯᠢ ᠠᠷᠠᠳ ᠲᠠᠢ ᠤᠶᠢᠷᠬᠠᠨ ᠪᠠᠶᠢᠬᠤ ᠳᠠᠪᠠᠭᠤᠯᠢᠭ ᠢ ᠬᠦᠢᠴᠡᠳ ᠪᠠᠳᠠᠷᠠᠭᠤᠯᠵᠦ᠂ ᠨᠡᠶᠢᠭᠡᠮ ᠲᠤᠭᠤᠷᠢᠭ ᠤᠨ ᠪᠤᠳᠠᠳᠤ ᠴᠤᠭᠴᠠ ᠶᠢ ᠡᠬᠦᠳᠤᠨ ᠡᠷᠬᠢᠯᠡᠬᠦ᠂ ᠤᠨᠴᠠᠯᠢᠭᠳᠤ ᠲᠤᠰᠠᠯᠠᠮᠵᠢ ᠵᠡᠷᠬᠡ ᠠᠵᠢᠯᠯᠠᠭ᠎ᠠ ᠶᠢ ᠦᠷᠨᠢᠬᠦᠯᠬᠦ  ᠂ ᠡᠯ᠎ᠡ ᠲᠦᠷᠦᠯ ᠤᠨ ᠬᠠᠷᠠᠭᠠᠯᠵᠠᠳᠤ ᠳᠡᠳᠭᠦᠮᠵᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠬᠤᠳᠠ ᠬᠦᠳᠡᠭᠡ ᠶᠢᠨ ᠠᠵᠢᠯ ᠤᠯᠬᠤ ᠳᠤ ᠬᠦᠴᠢᠷᠳᠠᠯ ᠲᠠᠢ ᠬᠦᠮᠤᠰ ᠎ ᠲᠤ ᠠᠵᠢᠯ ᠤᠯᠭᠤᠬᠤ ᠪᠠ ︽ᠠᠵᠢᠯ ᠦᠬᠡᠢ ᠡᠷᠦᠬᠡ︾᠎ ᠶᠢᠨ ᠬᠦᠳᠡᠯᠦᠯ ᠪᠠᠶᠢᠳᠠᠯ ᠢ ᠦᠬᠡᠢ ᠪᠤᠯᠭᠠᠨ᠎ᠠ᠃         ᠬᠦᠳᠤᠯᠦᠭᠴᠢ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠨᠢ ᠢᠳᠡᠪᠬᠢᠲᠠᠢ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠴᠢᠬᠤᠯᠠ ᠠᠴᠢᠶᠠᠯᠠᠭᠴᠢ ᠪᠡᠶ᠎ᠡ ᠪᠠ ᠵᠠᠰᠠᠭ ᠤᠨ ᠤᠷᠳᠤᠨ ᠬᠦᠳᠡᠯᠮᠤᠷᠢᠯᠡᠭᠴᠢᠳ ᠲᠤ ᠰᠢᠭᠤᠳ ᠦᠢᠯᠡᠴᠢᠯᠡᠬᠦ ᠠᠷᠭ᠎ᠠ ᠪᠠᠷᠢᠯ ᠪᠤᠯᠤᠭᠰᠠᠨ ᠤ ᠬᠤᠪᠢ ᠳᠤ ᠲᠡᠭᠦᠨ ᠤ ᠴᠢᠳᠠᠪᠤᠷᠢ ᠶᠢᠨ ᠪᠠᠶᠢᠭᠤᠯᠤᠯᠳᠠ ᠨᠢ ᠦᠢᠯᠡᠴᠢᠯᠡᠭᠡᠨ ᠤ ᠶᠠᠰᠤ ᠴᠢᠨᠠᠷ ᠪᠤᠯᠤᠨ  ᠬᠢᠷᠢ ᠲᠦᠪᠰᠢᠨ ᠢ ᠨᠦᠯᠦᠭᠡᠯᠡᠵᠦ ᠪᠠᠶᠢᠳᠠᠭ᠂ ᠡᠨᠡ ᠵᠢᠯ ᠠᠵᠢᠯ ᠤᠯᠭᠤᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠬᠦ ᠲᠠᠯ᠎ᠠ ᠪᠠᠷ ᠦᠪᠡᠷᠳᠡᠭᠡᠨ ᠵᠠᠰᠠᠬᠤ ᠤᠷᠤᠨ ᠶᠠᠮᠠᠷ ᠴᠢᠬᠤᠯᠠ ᠠᠷᠭ᠎ᠠ ᠬᠡᠮᠵᠢᠶ᠎ᠡ ᠨᠦᠭᠦᠳ ᠢ ᠠᠪᠬᠤ ᠪᠤᠢ︖         ᠸᠠᠩ ᠶᠢᠤ ᠬᠤᠩ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠤ ᠲᠠᠪᠴᠠᠩ ᠎ ᠤᠨ ᠪᠠᠶᠢᠭᠤᠯᠤᠯᠳᠠ ᠶᠢ ᠬᠦᠴᠤᠲᠠᠢ ᠰᠠᠶᠢᠨ ᠠᠳᠬᠤᠵᠦ᠂ ᠳᠠᠪᠤᠨ ᠲᠠᠯ᠎ᠠ ᠪᠠᠷ ᠲᠦᠷᠭᠡᠨ ᠳᠠᠪᠰᠢᠯᠳᠠ ᠲᠠᠢ  ᠪᠤᠯᠭᠠᠨ᠎ᠠ᠃ ᠨᠢᠭᠡ ᠳᠤ ᠠᠵᠢᠯ ᠤᠯᠭᠤᠬᠤ ᠮᠡᠳᠡᠭᠡ ᠵᠠᠩᠬᠢ ᠶᠢᠨ ᠰᠦᠯᠵᠢᠶᠡᠨ ᠤ ᠪᠠᠶᠢᠭᠤᠯᠤᠯᠳᠠ ᠶᠢ ᠲᠦᠷᠭᠡᠨ ᠠᠬᠢᠭᠤᠯᠤᠨ᠎ᠠ᠃ ᠬᠦᠳᠡᠯᠮᠤᠷᠢ ᠠᠵᠢᠯ ᠤᠯᠭᠤᠬᠤ ᠭᠤᠤᠯᠯᠠᠭᠴᠢ ᠲᠤᠬᠠᠶᠢᠯᠠᠭᠰᠠᠨ ᠠᠵᠢᠯ ᠤᠨ  ᠬᠤᠪᠢᠶᠠᠷᠢ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠦᠢᠯᠡᠳᠤᠯᠳᠤ ᠮᠤᠳᠧᠯ ᠬᠡᠰᠡᠭ ᠢ ᠤᠯᠠᠮ ᠳᠡᠭᠦᠯᠳᠡᠷᠵᠢᠭᠦᠯᠵᠦ᠂ ᠬᠤᠳᠠ ᠬᠦᠳᠡᠭᠡ ᠶᠢᠨ ᠰᠢᠨ᠎ᠡ ᠪᠠᠷ ᠨᠡᠮᠡᠭᠳᠡᠭᠰᠡᠨ ᠠᠵᠢᠯ ᠤᠯᠭᠤᠯᠳᠠ᠂ ᠪᠦᠷᠢᠳᠭᠡᠭᠰᠡᠨ ᠠᠵᠢᠯ ᠠᠯᠳᠠᠭᠰᠠᠳ᠂ ᠠᠵᠢᠯ ᠤᠯᠬᠤ ᠎ ᠳᠤ ᠬᠦᠴᠢᠷᠳᠡᠯ ᠲᠠᠢ ᠬᠦᠮᠤᠰ ᠵᠡᠷᠭᠡ ᠶᠢᠰᠤᠨ ᠲᠦᠷᠦᠯ ᠤᠨ ᠬᠦᠮᠤᠰ ᠤᠨ ᠦᠨᠡᠨ ᠨᠡᠷ᠎ᠡ ᠶᠢᠨ ᠲᠦᠷᠢᠮᠳᠤ ᠬᠦᠳᠡᠯᠦᠩᠬᠦᠢ ᠬᠠᠮᠢᠶᠠᠷᠤᠯᠳᠠ ᠶᠢᠨ ᠠᠵᠢᠯ ᠤᠯᠭᠤᠬᠤ ᠪᠦᠷᠢᠳᠭᠡᠯ ᠤᠨ ᠮᠡᠳᠡᠭᠦᠯᠦᠯᠳᠡ ᠶᠢᠨ ᠬᠦᠰᠤᠨᠦᠭ ᠤᠨ ᠲᠤᠭ᠎ᠠ ᠪᠠᠷᠢᠮᠳᠠ ᠬᠢᠭᠡᠳ ᠮᠡᠳᠡᠭᠡ ᠵᠠᠩᠬᠢ ᠶᠢᠨ ᠰᠢᠰᠲ᠋ᠧᠮ ᠤᠨ ᠲᠤᠭ᠎ᠠ ᠪᠠᠷᠢᠮᠳᠠ ᠶᠢ ᠪᠦᠬᠦ ᠲᠠᠯ᠎ᠠ ᠪᠠᠷ ᠠᠮᠠ ᠰᠡᠭᠡᠷ ᠵᠤᠯᠭᠠᠭᠤᠯᠤᠨ᠎ᠠ᠃ ᠦᠪᠡᠷᠳᠡᠭᠡᠨ ᠵᠠᠰᠠᠬᠤ ᠤᠷᠤᠨ ᠠᠴᠠ ᠭᠠᠴᠠᠭ᠎ᠠ ᠲᠤᠰᠬᠤᠨ ᠬᠦᠷᠳᠡᠯᠡᠬᠢ᠂ ᠳᠠᠪᠤᠨ ᠱᠠᠳᠤ ᠨᠡᠪᠳᠡᠷᠡᠯᠴᠡᠬᠦ᠂ ᠬᠤᠳᠠ ᠬᠦᠳᠡᠭᠡ ᠶᠢ ᠪᠦᠷᠬᠦᠬᠦ ᠤᠯᠠᠨ ᠨᠡᠶᠢᠳᠡ ᠶᠢᠨ ᠠᠵᠢᠯ ᠤᠯᠭᠤᠬᠤ ᠮᠡᠳᠡᠭᠡ ᠵᠠᠩᠬᠢ ᠶᠢᠨ ᠦᠢᠯᠡᠴᠢᠯᠡᠭᠡᠨ ᠤ ᠰᠦᠯᠵᠢᠶ᠎ᠡ ᠪᠠᠶᠢᠭᠤᠯᠬᠤ ᠶᠢ ᠢᠳᠡᠪᠬᠢᠲᠠᠢ ᠠᠬᠢᠭᠤᠯᠵᠦ᠂ ᠦᠢᠯᠡᠴᠢᠯᠡᠭᠡᠨ ᠤ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠤ ᠰᠦᠯᠵᠢᠶᠡᠨ ᠳᠡᠭᠡᠷ᠎ᠡ ᠦᠢᠯᠡᠴᠢᠯᠡᠭᠡᠨ ᠤ ᠲᠤᠮᠤ ᠲᠠᠩᠬᠢᠮ ᠪᠠᠶᠢᠭᠤᠯᠬᠤ ᠶᠢ ᠲᠦᠷᠭᠡᠨ ᠠᠬᠢᠭᠤᠯᠵᠦ᠂ ᠰᠦᠯᠵᠢᠶᠡᠨ ᠳᠡᠭᠡᠷ᠎ᠡ ᠦᠢᠯᠡᠴᠢᠯᠡᠬᠦ ᠲᠤᠮᠤ ᠲᠠᠩᠬᠢᠮ ᠤᠨ ᠪᠠᠶᠢᠭᠤᠯᠤᠯᠳᠠ ᠶᠢ ᠤᠯᠠᠨ ᠲᠦᠮᠡᠨ ᠯᠦᠭᠡ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠬᠠᠩᠭᠠᠬᠤ ︽ᠳᠡᠭ ᠵᠠᠶᠢᠳᠤ︾ ᠳᠠᠪᠴᠠᠩ ᠪᠤᠯᠭᠠᠨ᠎ᠠ᠃ ᠬᠤᠶᠠᠷ ᠲᠤ ᠠᠵᠢᠯ ᠤᠯᠭᠤᠬᠤ ᠦᠢᠯᠡᠴᠢᠯᠡᠭᠡ ᠪᠤᠯᠤᠨ ᠠᠵᠢᠯ ᠤᠯᠭᠤᠬᠤ ᠬᠠᠮᠢᠶᠠᠷᠤᠯᠳᠠ ᠶᠢᠨ ᠲᠤᠭᠳᠠᠭᠠᠯ︾᠎ ᠢ ᠬᠢᠨᠠᠮᠠᠭᠠᠢ ᠨᠠᠶᠢᠳᠡᠪᠤᠷᠢᠵᠢᠭᠤᠯᠤᠨ᠎ᠠ᠃ ︽ᠠᠵᠢᠯ ᠤᠯᠭᠤᠬᠤ ᠦᠢᠯᠡᠴᠢᠯᠡᠭᠡ ᠪᠤᠯᠤᠨ ᠠᠵᠢᠯ ᠤᠯᠭᠤᠬᠤ ᠬᠠᠮᠢᠶᠠᠷᠤᠯᠳᠠ ᠶᠢᠨ ᠲᠤᠭᠳᠠᠭᠠᠯ ᠳᠤ ᠵᠠᠰᠠᠪᠤᠷᠢ ᠤᠷᠤᠭᠤᠯᠬᠤ ᠲᠤᠬᠠᠢ ᠬᠦᠮᠤᠨ ᠤ ᠬᠦᠴᠤᠨ ᠤ ᠡᠬᠢ ᠪᠠᠶᠠᠯᠢᠭ  ᠪᠤᠯᠤᠨ ᠨᠡᠶᠢᠭᠡᠮ ᠤᠨ ᠪᠠᠳᠤᠯᠠᠭ᠎ᠠ ᠶᠢᠨ ᠶᠠᠮᠤᠨ ᠤ ᠲᠤᠭᠳᠠᠭᠠᠯ︾ ᠪᠤᠯᠤᠨ ︽ᠠᠵᠢᠯ ᠤᠯᠭᠤᠯᠳᠠ ᠠᠵᠢᠯ ᠠᠯᠳᠠᠯᠳᠠ ᠶᠢᠨ ᠪᠦᠷᠢᠳᠭᠡᠯ ᠤᠨ ᠬᠠᠮᠢᠶᠠᠷᠤᠯᠳᠠ ᠶᠢᠨ ᠠᠷᠭ᠎ᠠ ᠎ ᠶᠢ ᠤᠯᠠᠮ ᠳᠡᠭᠦᠯᠳᠡᠷᠵᠢᠬᠦᠯᠬᠦ︾ ᠮᠡᠳᠡᠭᠳᠡᠯ ᠤᠨ ᠵᠤᠷᠢᠭ ᠰᠠᠨᠠᠭ᠎ᠠ  ᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠵᠢᠯ ᠤᠯᠭᠤᠬᠤ ᠦᠢᠯᠡᠴᠢᠯᠡᠭᠡ ᠪᠤᠯᠤᠨ ᠠᠵᠢᠯ ᠤᠯᠭᠤᠬᠤ ᠬᠠᠮᠢᠶᠠᠷᠤᠯᠳᠠ ᠶᠢᠨ ᠠᠵᠢᠯ ᠢ ᠶᠡᠭᠡ ᠪᠠᠷ ᠴᠢᠩᠭᠠᠳᠬᠠᠵᠦ ᠂ ᠠᠵᠢᠯ ᠤᠯᠭᠤᠯᠳᠠ ᠠᠵᠢᠯ ᠠᠯᠳᠠᠯᠳᠠ ᠶᠢᠨ ᠪᠦᠷᠢᠳᠭᠡᠯ ᠤᠨ ᠬᠠᠮᠢᠶᠠᠷᠤᠯᠳᠠ ᠶᠢᠨ ᠠᠷᠭ᠎ᠠ ᠶᠢ ᠤᠯᠠᠮ ᠢᠯᠡᠭᠦᠤ ᠳᠡᠭᠦᠯᠳᠡᠷᠵᠢᠬᠦᠯᠦᠨ᠎ᠡ᠃ ᠠᠵᠢᠯ ᠠᠯᠳᠠᠯᠳᠠ ᠶᠢᠨ ᠪᠦᠷᠢᠳᠭᠡᠯ ᠤᠨ ᠨᠦᠬᠦᠴᠡᠯ ᠢ ᠠᠭᠤᠵᠢᠭᠤ ᠳᠠᠯᠪᠢᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠠᠵᠢᠯ ᠤᠯᠭᠠᠯᠳᠠ ᠶᠢᠨ ᠪᠦᠷᠢᠳᠭᠡᠯ ᠤᠨ ᠮᠡᠳᠡᠭᠡ ᠵᠠᠩᠬᠢ ᠴᠤᠭᠯᠠᠭᠤᠯᠬᠤ ᠠᠷᠭ᠎ᠠ ᠵᠠᠮ ᠢ ᠦᠷᠭᠡᠳᠭᠡᠵᠦ᠂ ᠠᠵᠢᠯ ᠤᠯᠭᠤᠯᠳᠠ ᠠᠵᠢᠯ ᠠᠯᠳᠠᠯᠳᠠ ᠶᠢᠨ ᠪᠦᠷᠢᠳᠭᠡᠯ ᠤᠨ ᠮᠡᠳᠡᠭᠡ ᠵᠠᠩᠬᠢ ᠶᠢᠨ ᠬᠦᠳᠡᠯᠦᠩᠭᠦᠢ ᠬᠠᠮᠢᠶᠠᠷᠤᠯᠳᠠ ᠶᠢ ᠪᠡᠶᠡᠯᠡᠬᠦᠯᠦᠨ᠎ᠡ᠃ ᠭᠤᠷᠪᠠ ᠳᠤ ᠵᠠᠰᠠᠭ ᠤᠨ ᠤᠷᠳᠤᠨ ᠤ ᠬᠤᠳᠠᠯᠳᠤᠨ ᠠᠪᠬᠤ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠤ ᠠᠵᠢᠯ ᠢ ᠢᠳᠡᠪᠬᠢᠲᠠᠢ ᠠᠬᠢᠭᠤᠯᠤᠨ᠎ᠠ᠃ ᠬᠤᠰᠢᠭᠤ ᠰᠢᠶᠠᠨ ᠠᠴᠠ ᠳᠤᠷᠤᠭᠰᠢᠬᠢ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯᠳᠠᠳ ᠲᠤᠭᠳᠠᠭᠤᠨ ᠪᠤᠰᠤ᠂ ᠠᠵᠢᠯ ᠤᠨ ᠵᠠᠷᠤᠳᠠᠯ ᠬᠦᠷᠦᠯᠴᠡᠭᠡ ᠦᠬᠡᠢ  ᠂ ᠳᠤᠤᠷ  ᠰᠦᠯᠵᠢᠶ᠎ᠡ ᠶᠢᠨ ᠪᠠᠶᠢᠭᠤᠯᠤᠯᠳᠠ ᠬᠤᠴᠤᠷᠤᠩᠭᠤᠢ ᠪᠠᠶᠢᠬᠤ ᠵᠡᠷᠭᠡ ᠠᠵᠢᠯ ᠢ ᠬᠢᠵᠠᠭᠠᠷᠯᠠᠵᠦ ᠪᠠᠶᠢᠭ᠎ᠠ ᠪᠤᠭᠤᠮᠢ ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠠᠵᠦ᠂ ᠠᠵᠢᠯ ᠤᠨ ᠬᠡᠷᠡᠭᠵᠢᠬᠦᠯᠦᠯᠳᠡ ᠶᠢᠨ ᠬᠦᠴᠤᠨ ᠢ ᠨᠡᠮᠡᠭᠳᠡᠬᠦᠯᠦᠨ᠎ᠡ᠃ ᠲᠦᠷᠪᠡ ᠳᠤ ᠦᠨᠳᠤᠰᠤᠨ ᠱᠠᠳᠤᠨ ᠤ ᠲᠠᠪᠴᠠᠩ ᠤᠨ ᠠᠵᠢᠯᠳᠠᠳ ᠤᠨ ᠴᠢᠳᠠᠪᠤᠷᠢ ᠶᠢᠨ ᠪᠠᠶᠢᠭᠤᠯᠤᠯᠳᠠ ᠶᠢ  ᠴᠢᠩᠭᠠᠳᠬᠠᠨ᠎ᠠ᠃ ︽ᠲᠦᠮᠡᠨ ᠬᠦᠮᠤᠨ ᠢ ᠪᠤᠯᠪᠠᠰᠤᠷᠠᠭᠤᠯᠬᠤ ᠲᠦᠷᠦᠯ ᠵᠦᠢᠯ︾᠎ ᠢ ᠦᠷᠭᠦᠯᠵᠢᠯᠡᠨ ᠬᠡᠷᠡᠭᠵᠢᠬᠦᠯᠵᠦ᠂ ᠠᠵᠢᠯᠳᠠᠳ ᠤᠨ ᠭᠠᠷᠳᠠᠨ ᠭᠦᠢᠴᠡᠳᠭᠡᠬᠦ ᠴᠢᠳᠠᠪᠤᠷᠢ ᠪᠤᠯᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠵᠦ᠂ ᠪᠦᠬᠦ ᠵᠢᠯ ᠳᠤ 3000  ᠭᠠᠷᠤᠢ ᠬᠦᠮᠤᠨ ᠎ ᠢ ᠪᠤᠯᠪᠠᠰᠤᠷᠠᠭᠤᠯᠤᠨ᠎ᠠ᠃ ᠳᠠᠪᠤ ᠳᠤ ᠠᠵᠢᠯ ᠤᠯᠭᠤᠬᠤ ᠲᠤᠰᠬᠠᠢ ᠦᠢᠯᠡᠴᠢᠯᠡᠭᠡᠨ ᠤ ᠠᠵᠢᠯᠯᠠᠭ᠎ᠠ ᠶᠢ ᠶᠡᠭᠡ ᠪᠠᠷ ᠦᠷᠨᠢᠬᠦᠯᠦᠨ᠎ᠡ᠃ ᠠᠵᠢᠯ ᠤᠯᠭᠤᠬᠤ ᠬᠤᠯᠪᠤᠭᠠᠳᠤ ᠬᠤᠷᠠᠯ ᠤᠨ ᠪᠦᠷᠢᠯᠳᠤᠭᠦᠨ ᠨᠢᠭᠡᠴᠡ ᠶᠢᠨ ᠦᠢᠯᠡᠳᠤᠯ ᠢ ᠨᠢ ᠭᠦᠢᠴᠡᠳ ᠪᠠᠳᠠᠷᠠᠭᠤᠯᠵᠦ᠂ ᠬᠠᠷᠢᠯᠴᠠᠨ ᠨᠡᠪᠳᠡᠷᠡᠯᠴᠡᠬᠦ ᠵᠤᠬᠢᠴᠠᠯᠳᠤᠬᠤ ᠶᠢ ᠴᠢᠩᠭᠠᠳᠬᠠᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠤᠯᠪᠤᠭᠠᠯᠠᠨ ︽ᠠᠵᠢᠯ ᠤᠯᠭᠤᠬᠤ ᠲᠤᠰᠠᠯᠠᠮᠵᠢ ᠶᠢᠨ ᠰᠠᠷ᠎ᠠ︾  ᠂ ︽ᠠᠷᠠᠳ ᠠᠴᠠ ᠡᠷᠬᠢᠯᠡᠭᠰᠡᠨ ᠠᠵᠦ ᠠᠬᠤᠶᠢᠯᠠᠯ ᠤᠨ ᠤᠷᠢᠨ ᠡᠯᠰᠡᠬᠦ ᠭᠠᠷᠠᠭ︾ ᠵᠡᠷᠭᠡ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠵᠤᠬᠢᠶᠠᠨ ᠪᠠᠶᠢᠭᠤᠯᠤᠨ ᠦᠷᠨᠢᠬᠦᠯᠵᠦ᠂ ᠬᠦᠳᠡᠯᠮᠤᠷᠢᠯᠡᠭᠴᠢᠳ ᠲᠤ ᠲᠦᠭᠦᠮ ᠪᠤᠭᠡᠳ ᠲᠦᠷᠬᠡᠨ᠂ ᠴᠢᠭᠯᠡᠬᠦᠯᠬᠦ ᠴᠢᠨᠠᠷᠲᠠᠢ ᠠᠵᠢᠯ ᠤᠯᠭᠤᠬᠤ ᠦᠢᠯᠡᠴᠢᠯᠡᠭᠡᠨ ᠬᠠᠩᠭᠠᠵᠦ᠂  ᠲᠤᠭᠳᠠᠭᠤᠨ ᠢᠶᠠᠷ ᠠᠵᠢᠯ ᠤᠯᠭᠤᠬᠤ᠂ ᠭᠦᠢᠴᠡᠳ ᠠᠵᠢᠯ ᠤᠯᠭᠤᠬᠤ᠂ ᠴᠢᠨᠠᠷ ᠰᠠᠶᠢᠲᠠᠢ ᠪᠠᠷ ᠠᠵᠢᠯ ᠤᠯᠭᠤᠬᠤ ᠶᠢ ᠪᠠᠶᠡᠯᠡᠬᠦᠯᠬᠦ ᠶᠢ ᠠᠬᠢᠭᠤᠯᠤᠨ᠎ᠠ᠃         ᠬᠦᠳᠤᠯᠦᠭᠴᠢ ᠠᠵᠢᠯ ᠤᠯᠭᠤᠯᠳᠠ ᠠᠵᠢᠯ ᠠᠯᠳᠠᠯᠳᠠ ᠶᠢᠨ ᠮᠡᠳᠡᠭᠡ ᠵᠠᠩᠬᠢ ᠶᠢ ᠬᠢᠨᠠᠨ ᠬᠡᠮᠵᠢᠬᠦ ᠠᠵᠢᠯ ᠢ ᠰᠠᠶᠢᠳᠤᠷ ᠬᠢᠬᠦ ᠪᠤᠯ ᠠᠵᠢᠯ ᠤᠯᠭᠤᠯᠳᠠ ᠶᠢᠨ ᠪᠠᠶᠢᠳᠠᠯ ᠢ ᠤᠨᠤᠪᠴᠢᠲᠠᠢ ᠮᠠᠭᠠᠳᠯᠠᠬᠤ ᠶᠢᠨ ᠴᠢᠬᠤᠯᠠ ᠰᠠᠭᠤᠷᠢ ᠮᠦᠨ᠂  ᠡᠨᠡ ᠵᠢᠯ ᠮᠠᠨ ᠤ ᠤᠷᠤᠨ‌ᠠᠵᠢᠯ ᠤᠯᠭᠤᠯᠳᠠ ᠠᠵᠢᠯ ᠠᠯᠳᠠᠯᠳᠠ ᠶᠢᠨ ᠮᠡᠳᠡᠭᠡ ᠵᠠᠩᠬᠢ ᠶᠢ ᠬᠢᠨᠠᠨ ᠬᠡᠮᠵᠢᠬᠦ  ᠪᠠ ᠠᠵᠢᠯ ᠠᠯᠳᠠᠯᠳᠠ ᠶᠢᠨ ᠳᠠᠭᠠᠳᠬᠠᠯ ᠢᠶᠠᠷ ᠠᠵᠢᠯ ᠤᠯᠭᠤᠬᠤ ᠶᠢ ᠠᠬᠢᠭᠤᠯᠬᠤ ᠲᠠᠯ᠎ᠠ ᠪᠠᠷ ᠶᠠᠮᠠᠷ ᠬᠡᠳᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠬᠦ ᠪᠤᠢ︖         ᠸᠠᠩ ᠶᠢᠤ ᠬᠤᠩ ᠲᠦᠷᠪᠡᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ  ᠃ ᠨᠢᠭᠡ ᠳᠤ ᠠᠵᠢᠯ ᠤᠯᠭᠤᠯᠳᠠ ᠠᠵᠢᠯ ᠠᠯᠳᠠᠯᠳᠠ ᠶᠢᠨ ᠬᠦᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠎ ᠶᠢ ᠴᠢᠩᠭᠠᠷᠠᠭᠤᠯᠤᠨ᠎ᠠ᠃ ᠠᠵᠢᠯ ᠤᠯᠭᠤᠯᠳᠠ ᠶᠢᠨ ᠬᠢᠨᠠᠨ ᠬᠡᠮᠵᠢᠬᠦ ᠲᠠᠯ᠎ᠠ ᠪᠠᠷ ᠠᠵᠢᠯ ᠤᠯᠭᠤᠯᠳᠠ ᠶᠢᠨ ᠮᠡᠳᠡᠭᠡ ᠵᠠᠩᠬᠢ ᠶᠢᠨ ᠰᠢᠰᠲ᠋ᠧᠮ᠂ ᠨᠡᠶᠢᠭᠡᠮ ᠤᠨ ᠪᠠᠳᠤᠯᠠᠭ᠎ᠠ ᠶᠢᠨ ᠮᠡᠳᠡᠭᠡ ᠵᠠᠩᠬᠢ ᠶᠢᠨ ᠰᠢᠰᠲ᠋ᠧᠮ᠂ ᠬᠦᠳᠡᠯᠮᠤᠷᠢ ᠶᠢᠨ ᠬᠠᠷᠢᠴᠠᠭᠠᠨ ᠤ ᠮᠡᠳᠡᠭᠡ ᠵᠠᠩᠬᠢ ᠶᠢᠨ ᠰᠢᠰᠲ᠋ᠧᠮ ᠵᠡᠷᠭᠡ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠲᠤᠭ᠎ᠠ ᠪᠠᠷᠢᠮᠳᠠ ᠡᠬᠢ ᠪᠠᠶᠠᠯᠢᠭ ᠢ ᠬᠠᠮᠳᠤ ᠪᠠᠷ ᠬᠦᠷᠳᠡᠬᠦ ᠶᠢ ᠲᠦᠷᠭᠡᠨ ᠠᠬᠢᠭᠤᠯᠤᠨ ᠪᠡᠶᠡᠯᠡᠬᠦᠯᠵᠦ᠂ ᠠᠵᠢᠯ ᠤᠯᠭᠤᠯᠳᠠ ᠎ ᠶᠢᠨ ᠮᠡᠳᠡᠭᠡ ᠵᠠᠩᠬᠢ ᠶᠢ ᠬᠢᠨᠠᠨ ᠬᠡᠮᠵᠢᠬᠦ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ᠃ ᠠᠵᠢᠯ ᠠᠯᠳᠠᠯᠳᠠ ᠶᠢ ᠬᠢᠨᠠᠨ ᠬᠡᠮᠵᠢᠬᠦ ᠲᠠᠯ᠎ᠠ ᠪᠠᠷ ᠡᠭᠦᠰᠴᠤ ᠮᠡᠳᠡᠬᠦ ᠪᠦᠳᠤᠴᠡ ᠶᠢᠨ ᠴᠢᠨᠠᠷᠲᠠᠢ ᠠᠵᠢᠯ ᠠᠯᠳᠠᠬᠤ ᠶᠢ ᠠᠷᠭᠠᠴᠠᠭᠠᠬᠤ ᠤᠷᠢᠳᠡᠴᠢ ᠲᠦᠰᠦᠯ ᠢ ᠨᠠᠷᠢᠯᠢᠭ ᠲᠤᠭᠳᠠᠭᠠᠵᠦ᠂ ᠲᠦᠷᠦ ᠶᠢᠨ ᠪᠤᠳᠤᠯᠭ᠎ᠠ ᠶᠢᠨ ᠨᠦᠭᠡᠴᠡ ᠲᠠᠢ ᠪᠠᠶᠢᠯᠭᠠᠨ᠎ᠠ᠃ ᠡᠨᠡ ᠵᠢᠯ ᠪᠦᠬᠦ ᠤᠷᠤᠨ ᠤ ᠠᠵᠢᠯ ᠠᠯᠳᠠᠯᠳᠠ ᠶᠢ ᠬᠢᠨᠠᠨ ᠬᠡᠮᠵᠢᠬᠦ ᠠᠵᠦ ᠠᠬᠤᠶᠢᠯᠠᠯ 3380 ᠭᠠᠷᠤᠢ ᠳᠤ ᠬᠦᠷᠬᠦ ᠲᠤᠯᠠ ᠲᠤᠭ᠎ᠠ ᠪᠠᠷᠢᠮᠳᠠ ᠶᠢ ᠴᠤᠭᠯᠠᠭᠤᠯᠬᠤ᠂ ᠬᠤᠷᠢᠶᠠᠩᠭᠤᠶᠢᠯᠠᠬᠤ ᠪᠠ ᠵᠠᠳᠠᠯᠤᠨ ᠮᠡᠳᠡᠬᠦᠯᠬᠦ ᠵᠡᠷᠭᠡ ᠠᠵᠢᠯ ᠤᠳ ᠢ ᠬᠢᠨᠠᠮᠠᠭᠠᠢ ᠬᠢᠵᠦ ᠂ ᠠᠵᠢᠯ ᠤᠯᠭᠤᠯᠳᠠ ᠶᠢᠨ ᠪᠠᠶᠢᠳᠠᠯ ᠳᠤ ᠮᠠᠭᠠᠳᠯᠠᠯᠳᠠ ᠬᠢᠬᠦ ᠶᠢ ᠴᠢᠩᠭᠠᠳᠬᠠᠵᠦ᠂ ᠰᠢᠢᠳᠪᠤᠷᠢᠳᠤ ᠪᠤᠳᠤᠯᠭ᠎ᠠ ᠳᠤ ᠨᠠᠶᠢᠳᠠᠪᠤᠷᠢᠲᠠᠢ ᠲᠤᠭ᠎ᠠ ᠪᠠᠷᠢᠮᠳᠠ ᠤᠯᠭᠤᠨ᠎ᠠ᠃ ᠬᠤᠶᠠᠷ ᠲᠤ ᠨᠡᠶᠢᠭᠡᠮ ᠤᠨ ᠪᠠᠳᠤᠯᠠᠭ᠎ᠠ ᠶᠢᠨ ᠬᠠᠮᠢᠶᠠᠷᠤᠯᠳᠠ ᠶᠢᠨ ᠮᠡᠳᠡᠭᠡ ᠵᠠᠩᠬᠢ ᠶᠢᠨ ᠰᠢᠰᠲ᠋ᠧᠮ ᠤᠨ ᠬᠡᠷᠡᠭᠯᠡᠯᠳᠡ ᠶᠢ ᠯᠠᠪᠳᠠᠭᠤᠨ ᠰᠠᠶᠢᠳᠤᠷ ᠠᠳᠬᠤᠨ᠎ᠠ᠃ ᠪᠦᠬᠦ ᠤᠷᠤᠨ ᠤ ᠠᠵᠢᠯ ᠠᠯᠳᠠᠯᠳᠠ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠠᠷᠳᠠᠨ ᠭᠦᠢᠴᠡᠳᠭᠡᠬᠦ ᠶᠢ ᠪᠡᠶᠡᠯᠡᠬᠦᠯᠦᠭᠰᠡᠨ ᠰᠠᠭᠤᠷᠢᠨ ᠳᠡᠭᠡᠷ᠎ᠡ᠂ ᠨᠡᠶᠢᠭᠡᠮ ᠤᠨ ᠳᠠᠭᠠᠳᠬᠠᠯ ᠢ ᠡᠳ᠋ ᠤᠨ ᠶᠠᠪᠤᠳᠠᠯ ᠤᠨ ᠰᠢᠰᠲ᠋ᠧᠮ ᠪᠤᠯᠤᠨ ᠮᠦᠩᠬᠦᠨ ᠭᠦᠢᠯᠬᠡᠬᠡ ᠭᠠᠶᠢᠯᠢ ᠶᠢᠨ ᠰᠢᠰᠲ᠋ᠧᠮ ᠯᠤᠭ᠎ᠠ ᠵᠤᠯᠭᠠᠭᠤᠯᠬᠤ ᠶᠢ ᠢᠳᠡᠪᠬᠢᠲᠠᠢ ᠠᠬᠢᠭᠤᠯᠵᠦ᠂ ᠰᠦᠯᠵᠢᠶᠡᠵᠢᠬᠦᠯᠦᠯᠳᠡ ᠶᠢᠨ ᠲᠤᠭ᠎ᠠ ᠪᠠᠷᠢᠮᠳᠠ ᠶᠢ ᠮᠡᠳᠡᠭᠦᠯᠦᠨ ᠬᠦᠷᠬᠡᠬᠦ ᠠᠵᠢᠯ ᠢ ᠴᠢᠩᠭᠠᠷᠠᠭᠤᠯᠵᠦ᠂ ᠠᠵᠢᠯ ᠠᠯᠳᠠᠯᠳᠠ ᠶᠢᠨ ᠳᠠᠭᠠᠳᠬᠠᠯ ᠤᠨ ᠮᠡᠳᠡᠭᠡ ᠵᠠᠩᠬᠢᠵᠢᠯᠳᠠ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠳᠡᠭᠡᠭᠰᠢᠯᠡᠬᠦᠯᠦᠨ᠎ᠡ᠃ ᠳᠡᠭᠡᠷ᠎ᠡ ᠬᠠᠭᠠᠰ ᠵᠢᠯ ᠳᠤ ᠦᠪᠡᠷᠳᠡᠭᠡᠨ ᠵᠠᠰᠠᠬᠤ ᠤᠷᠤᠨ ᠬᠠᠮᠢᠶ᠎ᠠ ᠪᠦᠬᠦᠢ ᠨᠢᠭᠡᠴᠡ ᠶᠢ ᠵᠤᠬᠢᠶᠠᠨ ᠪᠠᠶᠢᠭᠤᠯᠤᠨ ᠲᠤᠰᠬᠠᠢ ᠰᠢᠮᠳᠠᠭᠤᠯᠤᠨ ᠪᠠᠶᠢᠴᠠᠭᠠᠯᠳᠠ ᠬᠢᠵᠦ᠂ ᠪᠦᠬᠦᠨ ᠢ ᠰᠦᠯᠵᠢᠶᠡᠵᠢᠬᠦᠯᠦᠨ ᠵᠤᠯᠭᠤᠭᠤᠯᠬᠤ ᠶᠢ ᠠᠬᠢᠭᠤᠯᠤᠨ᠎ᠠ᠃ ᠭᠤᠷᠪᠠ ᠳᠤ ᠪᠡᠯᠡ ᠮᠦᠩᠬᠦᠨ ᠤ ᠬᠠᠮᠢᠶᠠᠷᠤᠯᠳᠠ ᠶᠢ ᠴᠢᠩᠭᠠᠷᠠᠭᠤᠯᠤᠨ᠎ᠠ᠃ ᠠᠵᠢᠯ ᠠᠯᠳᠠᠯᠳᠠ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠴᠤᠪᠤᠷᠠᠯ ᠢ ᠤᠯᠠᠮ ᠳᠡᠬᠦᠯᠳᠡᠷᠵᠢᠬᠦᠯᠵᠦ᠂ ᠠᠵᠢᠯ ᠠᠯᠳᠠᠯᠳᠠ ᠶᠢᠨ ᠳᠠᠭᠠᠳᠬᠠᠯ ᠤᠨ ᠰᠠᠭᠤᠷᠢ ᠮᠦᠩᠬᠦ᠂ ᠠᠵᠢᠯ ᠤᠯᠭᠤᠯᠳᠠ ᠶᠢᠨ ᠲᠤᠰᠬᠠᠢ ᠪᠡᠯᠡ ᠮᠦᠩᠬᠦ ᠶᠢᠨ ᠬᠠᠮᠢᠶᠠᠷᠤᠯᠳᠠ ᠪᠠ ᠬᠡᠷᠡᠭᠯᠡᠯᠳᠡ  ᠎ ᠶᠢ ᠲᠦᠷᠢᠮᠵᠢᠬᠦᠯᠵᠦ᠂ ᠭᠠᠷᠳᠠᠨ ᠭᠦᠢᠴᠡᠳᠭᠡᠬᠦ ᠶᠢᠨ ᠲᠦᠭᠰᠢᠬᠦᠷᠢ ᠶᠢ ᠪᠦᠳᠤᠮᠵᠢᠲᠠᠢ ᠪᠠᠷ ᠰᠠᠷᠭᠡᠶᠢᠯᠡᠵᠦ᠂ ᠰᠠᠭᠤᠷᠢ ᠮᠦᠩᠬᠦ  ᠎ ᠶᠢ ᠠᠶᠤᠯ ᠦᠬᠡᠢ ᠡᠷᠬᠢᠯᠳᠤᠬᠦᠯᠬᠦ ᠶᠢ ᠪᠠᠳᠤᠯᠠᠨ᠎ᠠ᠃ ᠲᠦᠷᠪᠡ ᠳᠤ ᠠᠵᠢᠯ ᠠᠯᠳᠠᠯᠳᠠ ᠶᠢᠨ ᠳᠠᠭᠠᠳᠬᠠᠯ ᠤᠨ ᠠᠵᠢᠯ ᠤᠯᠭᠤᠯᠳᠠ ᠶᠢ ᠠᠬᠢᠭᠤᠯᠬᠤ ᠦᠢᠯᠡᠳᠤᠯ ᠢ ᠨᠢ ᠪᠠᠳᠠᠷᠠᠭᠤᠯᠵᠦ᠂ ᠠᠵᠢᠯ ᠠᠯᠳᠠᠯᠳᠠ ᠶᠢᠨ ᠳᠠᠭᠠᠳᠬᠠᠯ ᠢᠶᠠᠷ ᠠᠵᠦ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠬᠦᠮᠤᠨ ᠤ ᠬᠦᠴᠤᠨ ᠤ ᠡᠬᠢ ᠪᠠᠶᠠᠯᠢᠭ ᠨᠡᠶᠢᠭᠡᠮ ᠎ ᠤᠨ ᠪᠠᠳᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠵᠡᠷᠭᠡ ᠰᠠᠯᠭ᠎ᠠ ᠮᠦᠴᠢᠷ ᠤᠨ ᠮᠡᠳᠡᠭᠳᠡᠯ ᠤᠨ ᠵᠤᠷᠢᠭ ᠰᠠᠨᠠᠭ᠎ᠠ ᠪᠤᠯᠤᠨ ᠬᠦᠴᠢᠷᠳᠡᠯ ᠲᠠᠢ ᠠᠵᠦ ᠠᠬᠤᠶᠢᠯᠠᠯ ᠢ ᠲᠤᠰᠠᠯᠠᠨ ᠠᠵᠢᠯ ᠤᠯᠭᠤᠬᠤ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠵᠦ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠎ ᠶᠢ ᠲᠤᠭᠳᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠦᠨᠡᠨᠬᠦ ᠪᠤᠳᠠᠳᠠᠢ ᠳᠤ ᠨᠠᠶᠢᠳᠠᠪᠤᠷᠢᠵᠢᠭᠤᠯᠤᠨ᠎ᠠ᠃         ᠬᠦᠳᠤᠯᠦᠭᠴᠢ ᠵᠠ ᠰᠠᠶᠢᠨ ᠪᠤᠯᠤᠯ᠎ᠠ᠂ ᠸᠠᠩ ᠳᠠᠷᠤᠭ᠎ᠠ ᠶᠢᠨ ᠬᠠᠯᠠᠰᠢᠷᠠᠯ ᠦᠬᠡᠢ ᠲᠠᠶᠢᠯᠪᠤᠷᠢᠯᠠᠨ ᠶᠠᠷᠢᠭᠰᠠᠨ ᠳᠤ ᠲᠠᠯᠠᠷᠬᠠᠵᠦ ᠪᠠᠶᠢᠨ᠎ᠠ᠂ ᠮᠦᠨᠴᠤ ᠰᠦᠯᠵᠢᠶᠡᠨ ᠠᠨᠳᠠ ᠨᠠᠷ ᠤᠨ ᠢᠳᠡᠪᠬᠢᠲᠠᠢ ᠤᠷᠤᠯᠴᠠᠭᠰᠠᠨ ᠳᠤ ᠲᠠᠯᠠᠷᠬᠠᠵᠦ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠲᠡᠭᠦᠰᠤᠯ᠎ᠡ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠤᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map