ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ 15  ᠳ᠋ᠤᠭᠠᠷ ᠲᠤᠭᠠᠳᠤ  ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠦ  ᠪᠦᠬᠦ ᠤᠷᠤᠨ ᠤ ᠵᠠᠰᠠᠭ ᠤᠨ ᠤᠷᠳᠤᠨ ᠎ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠪᠦᠬᠦ ᠬᠦᠴᠤᠨ ᠢᠶᠠᠷ ᠰᠠᠶᠢᠳᠤᠷ ᠬᠢᠶ᠎ᠡ
ᠨᠡᠶᠢᠲᠡᠯᠡᠭᠰᠡᠨ ᠴᠠᠭ᠄
2015/5/8
ᠰᠤᠷᠪᠤᠯᠵᠢᠯᠠᠭ᠎ᠠ ᠶᠠᠷᠢᠯᠴᠠᠭ᠎ᠠ ᠶᠢᠨ ᠭᠤᠤᠯ ᠰᠡᠳᠤᠪ᠄      ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ 15  ᠳ᠋ᠤᠭᠠᠷ ᠲᠤᠭᠠᠳᠤ  ᠪᠢᠴᠢᠭ      ᠮᠠᠲ᠋ᠧᠷᠢᠶᠠᠯ ᠤᠨ ᠵᠤᠷᠢᠭ ᠰᠠᠨᠠᠭ᠎ᠠ  ᠎ ᠶᠢ ᠬᠢᠨᠠᠮᠠᠭᠠᠢ ᠲᠤᠤᠱᠯᠠᠭᠤᠯᠵᠦ  ᠪᠦᠬᠦ ᠤᠷᠤᠨ ᠤ ᠵᠠᠰᠠᠭ ᠤᠨ      ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠵᠢᠨ‌ᠠᠵᠢᠯ ᠢ ᠪᠦᠬᠦ ᠬᠦᠴᠤᠨ ᠢᠶᠠᠷ ᠰᠠᠶᠢᠳᠤᠷ ᠬᠢᠶ᠎ᠡᠰᠤᠷᠪᠤᠯᠵᠢᠯᠠᠭᠰᠠᠨ ᠴᠠᠭ᠄ 2015 ᠤᠨ ᠤ 4 ᠳ᠋ᠤᠭᠠᠷ ᠰᠠᠷ᠎ᠠ ᠶᠢᠨ 27᠎ ᠤ ᠡᠳᠤᠷᠰᠤᠷᠪᠤᠯᠵᠢᠯᠠᠭᠰᠠᠨ ᠵᠤᠴᠢᠨ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ                      ᠳᠡᠳ᠋ ᠲᠤᠭᠤᠷᠢᠨ ᠪᠠᠶᠢᠴᠠᠭᠠᠭᠴᠢ ᠳᠠᠪᠬᠤᠷᠪᠠᠶᠠᠷᠰᠤᠷᠪᠤᠯᠵᠢᠯᠠᠭ᠎ᠠ ᠶᠠᠷᠢᠯᠴᠠᠭ᠎ᠠ ᠶᠢᠨ ᠲᠤᠪᠴᠢ᠄      ᠵᠠᠰᠠᠭ ᠤᠨ ᠤᠷᠳᠤᠨ ᠤ ᠰᠦᠯᠵᠢᠶ᠎ᠡ ᠨᠢ ᠵᠠᠰᠠᠭ ᠤᠨ ᠤᠷᠳᠤᠨ ᠬᠢᠭᠡᠳ ᠠᠷᠠᠳ ᠤᠯᠠᠨ ᠢ ᠬᠤᠯᠪᠤᠬᠤ ᠬᠦᠬᠦᠷᠭᠡ ᠪᠠ ᠬᠤᠯᠪᠤᠭᠠᠰᠤ ᠪᠤᠯᠤᠭᠰᠠᠨ ᠤ ᠬᠤᠪᠢ ᠳᠤ᠂ ᠲᠡᠭᠦᠨ ᠢ ᠪᠦᠳᠤᠭᠡᠨ ᠪᠠᠶᠢᠭᠤᠯᠬᠤ ᠪᠠᠶᠢᠳᠠᠯ ᠨᠢ ᠵᠠᠰᠠᠭ ᠎ ᠤᠨ ᠤᠷᠳᠤᠨ ᠤ ᠠᠷᠠᠳ ᠤᠯᠠᠨ ᠳᠤ ᠦᠢᠯᠡᠴᠢᠯᠡᠬᠦ ᠴᠢᠳᠠᠪᠤᠷᠢ ᠪᠤᠯᠤᠨ ᠬᠢᠷᠢ ᠬᠡᠮᠵᠢᠶ᠎ᠡ ᠲᠠᠢ ᠰᠢᠭᠤᠳ ᠬᠤᠯᠪᠤᠭᠳᠠᠨ᠎ᠠ᠃ ᠡᠨᠡ ᠵᠢᠯ ᠤᠨ 3 ᠳ᠋ᠤᠭᠠᠷ ᠰᠠᠷ᠎ᠠ ᠠᠴᠠ ᠡᠬᠢᠯᠡᠨ ᠵᠢᠯ ᠤᠨ ᠡᠴᠤᠰ ᠪᠤᠯᠳᠠᠯ᠎ᠠ᠂ ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠠᠩᠬᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠪᠠᠷ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠤᠭᠳᠠᠭᠠᠪᠠ᠂ ᠡᠨᠡᠬᠦ ᠠᠵᠢᠯ ᠨᠢ ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠬᠦᠭᠵᠢᠯᠳᠠ ᠳᠤ ᠴᠢᠬᠤᠯᠠ ᠠᠴᠢ ᠬᠤᠯᠪᠤᠭᠳᠠᠯ ᠲᠠᠢ ᠪᠦᠬᠡᠳ ᠪᠠᠰᠠᠴᠤ ᠨᠡᠶᠢᠭᠡᠮ ᠨᠡᠶᠢᠳᠡ ᠶᠢᠨ ᠪᠠ ᠠᠷᠠᠳ ᠤᠯᠠᠨ ᠤ ᠠᠩᠬᠠᠷᠤᠯ ᠢ ᠶᠡᠬᠡᠳᠡ ᠳᠠᠳᠠᠵᠦ ᠪᠤᠢ᠃ ᠦᠨᠦᠳᠤᠷ᠂ ᠪᠢᠳᠡ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠳᠡᠳ᠋ ᠲᠤᠭᠤᠷᠢᠨ ᠪᠠᠶᠢᠴᠠᠭᠠᠭᠴᠢ  ᠳᠠᠪᠬᠤᠷᠪᠠᠶᠠᠷ ᠢ ᠤᠷᠢᠨ ᠵᠠᠯᠠᠵᠦ᠂  ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠠᠯ᠎ᠠ ᠎ ᠪᠠᠷ ᠲᠠ ᠪᠦᠬᠦᠨ ᠲᠠᠢ ᠵᠤᠭᠤᠭᠳᠠᠭᠤᠯᠬᠤ ᠪᠠᠷ ᠪᠤᠯᠤᠯ᠎ᠠ᠃      ﹇ᠬᠦᠳᠤᠯᠦᠭᠴᠢ﹈ ᠰᠦᠯᠵᠢᠶᠡᠨ ᠠᠨᠳᠠ ᠨᠠᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︖ ᠲᠠ ᠪᠦᠬᠦᠨ ᠤ ᠡᠨᠡ  ᠬᠤᠭᠤᠴᠠᠭᠠᠨ ᠤ ︽ᠳᠤᠮᠳᠠᠳᠤ ᠤᠯᠤᠰ  ᠂ ᠦᠪᠤᠷ ᠮᠤᠩᠭᠤᠯ  ︾ ᠰᠦᠯᠵᠢᠶ᠎ᠡ ᠶᠢᠨ ᠰᠤᠷᠪᠤᠯᠵᠢᠯᠠᠭ᠎ᠠ ᠶᠠᠷᠢᠯᠴᠠᠭ᠎ᠠ  ᠎ ᠶᠢᠨ ᠫᠷᠦᠭᠷᠡᠮ ᠢ ᠬᠦᠯᠢᠶᠡᠨ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠵᠠᠰᠠᠭ ᠎ ᠤᠨ ᠤᠷᠳᠤᠨ ᠤ ᠰᠦᠯᠵᠢᠶ᠎ᠡ ᠨᠢ ᠵᠠᠰᠠᠭ ᠤᠨ ᠤᠷᠳᠤᠨ ᠬᠢᠭᠡᠳ ᠠᠷᠠᠳ ᠤᠯᠠᠨ ᠢ ᠬᠤᠯᠪᠤᠬᠤ ᠬᠦᠬᠦᠷᠭᠡ ᠪᠠ ᠬᠤᠯᠪᠤᠭᠠᠰᠤ ᠪᠤᠯᠤᠭᠰᠠᠨ ᠤ ᠬᠤᠪᠢ ᠳᠤ᠂ ᠲᠡᠭᠦᠨ ᠢ ᠪᠦᠳᠤᠭᠡᠨ ᠪᠠᠶᠢᠭᠤᠯᠬᠤ ᠪᠠᠶᠢᠳᠠᠯ ᠨᠢ ᠵᠠᠰᠠᠭ ᠤᠨ ᠤᠷᠳᠤᠨ ᠤ ᠠᠷᠠᠳ ᠤᠯᠠᠨ ᠳᠤ ᠦᠢᠯᠡᠴᠢᠯᠡᠬᠦ ᠴᠢᠳᠠᠪᠤᠷᠢ ᠪᠤᠯᠤᠨ ᠬᠢᠷᠢ ᠬᠡᠮᠵᠢᠶ᠎ᠡ ᠲᠠᠢ ᠰᠢᠭᠤᠳ ᠬᠤᠯᠪᠤᠭᠳᠠᠨ᠎ᠠ᠃ ᠡᠨᠡ ᠵᠢᠯ ᠎ ᠤᠨ 3 ᠳ᠋ᠤᠭᠠᠷ ᠰᠠᠷ᠎ᠠ ᠠᠴᠠ ᠡᠬᠢᠯᠡᠨ ᠵᠢᠯ ᠤᠨ ᠡᠴᠤᠰ ᠪᠤᠯᠳᠠᠯ᠎ᠠ᠂ ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠠᠩᠬᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠪᠠᠷ ᠲᠦᠷᠦ ᠶᠢᠨ ᠶᠠᠪᠤᠳᠠᠯ ᠎ ᠤᠨ ᠬᠤᠷᠢᠶᠠᠨ ᠤ ᠠᠯᠪᠠᠨ ᠲᠢᠩᠬᠢᠮ ᠲᠤᠭᠳᠠᠭᠠᠪᠠ  ᠂ ᠡᠨᠡᠬᠦ ᠠᠵᠢᠯ ᠨᠢ ᠪᠦᠬᠦ ᠤᠯᠤᠰ ᠤᠨ ᠵᠠᠰᠠᠭ ᠤᠨ ᠤᠷᠳᠤᠨ ᠎ ᠤ ᠰᠦᠯᠵᠢᠶ᠎ᠡ ᠶᠢᠨ ᠬᠦᠭᠵᠢᠯᠳᠠ ᠳᠤ ᠴᠢᠬᠤᠯᠠ ᠠᠴᠢ ᠬᠤᠯᠪᠤᠭᠳᠠᠯ ᠲᠠᠢ ᠪᠦᠬᠡᠳ ᠪᠠᠰᠠᠴᠤ ᠨᠡᠶᠢᠭᠡᠮ ᠨᠡᠶᠢᠳᠡ ᠶᠢᠨ ᠪᠠ ᠠᠷᠠᠳ ᠤᠯᠠᠨ ᠤ ᠠᠩᠬᠠᠷᠤᠯ ᠢ ᠶᠡᠬᠡᠳᠡ ᠳᠠᠳᠠᠵᠦ ᠪᠤᠢ᠃ ᠦᠨᠦᠳᠤᠷ᠂ ᠪᠢᠳᠡ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠳᠡᠳ᠋ ᠲᠤᠭᠤᠷᠢᠨ ᠪᠠᠶᠢᠴᠠᠭᠠᠭᠴᠢ ᠳᠠᠪᠬᠤᠷᠪᠠᠶᠠᠷ ᠢ ᠤᠷᠢᠨ ᠵᠠᠯᠠᠵᠦ᠂ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠠᠯ᠎ᠠ ᠪᠠᠷ ᠲᠠ ᠪᠦᠬᠦᠨ ᠲᠠᠢ ᠵᠤᠭᠤᠭᠳᠠᠭᠤᠯᠬᠤ ᠪᠠᠷ ᠪᠤᠯᠤᠯ᠎ᠠ᠃ ᠲᠠ᠊  ᠳᠠᠷᠤᠭ᠎ᠠ ᠡ᠂ ᠲᠠᠨ ᠢ ᠪᠠᠶᠠᠷᠯᠠᠨ ᠤᠭᠳᠤᠵᠦ ᠪᠠᠶᠢᠨ᠎ᠠ︕      ﹇ᠲᠠᠪᠬᠤᠷᠪᠠᠶᠠᠷ﹈ ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠠᠳᠡ ᠵᠠᠰᠠᠭ ᠤᠨ ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠶᠢᠨ ᠡᠨᠡᠬᠦ ᠰᠡᠳᠤᠪ ᠢᠶᠠᠷ  ᠲᠠ ᠪᠦᠬᠦᠨ ᠲᠠᠢ ᠵᠤᠭᠤᠭᠳᠠᠬᠤ ᠪᠤᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠮᠦᠨᠴᠤ ᠲᠠ ᠪᠦᠬᠦᠨ ᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠦᠯᠵᠢᠶ᠎ᠡ ᠶᠢᠨ ᠬᠦᠭᠵᠢᠯᠳᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠦ ᠪᠠᠶᠢᠨ᠎ᠠ᠃      ﹇ᠬᠦᠳᠤᠯᠦᠭᠴᠢ﹈ ᠲᠠ᠊  ᠲᠠᠷᠤᠭ᠎ᠠ ᠡ᠂ ᠲᠠ ᠤᠳᠤ ᠡᠨᠡ ᠤᠳᠠᠭᠠᠨ ᠤ ᠪᠦᠬᠦ ᠤᠯᠤᠰ ᠤᠨ ᠵᠠᠰᠠᠭ ᠎ ᠤᠨ ᠤᠷᠳᠤᠨ ᠤ ᠰᠦᠯᠵᠢᠶᠡᠨ ᠤ ᠨᠡᠶᠢᠳᠡᠮ ᠪᠠᠶᠢᠴᠠᠭᠠᠯᠳᠠ ᠶᠢᠨ ᠠᠵᠢᠯ ᠢ ᠦᠷᠨᠢᠬᠦᠯᠬᠦ ᠨᠢ ᠶᠠᠮᠠᠷ ᠴᠢᠬᠤᠯᠠ ᠠᠴᠢ ᠬᠤᠯᠪᠤᠭᠳᠠᠯ ᠲᠠᠢ ᠪᠠ ᠶᠠᠮᠠᠷ ᠬᠠᠷᠠᠯᠳᠠ ᠲᠠᠢ ᠪᠠᠶᠢᠬᠤ ᠶᠢ ᠶᠠᠷᠢᠭᠠᠳ‌ᠥᠭᠭᠦᠨ᠎ᠡ ᠤᠤ︖      ﹇ᠲᠠᠪᠬᠤᠷᠪᠠᠶᠠᠷ﹈  ᠤᠶᠢᠷ᠎ᠠ ᠶᠢᠨ ᠵᠢᠯ ᠤᠳ ᠲᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠎ ᠠᠴᠠ ᠵᠠᠰᠠᠭ ᠤᠨ ᠤᠷᠳᠤᠨ ᠤ ᠰᠦᠯᠵᠢᠶ᠎ᠡ ᠶᠢᠨ ᠬᠦᠭᠵᠢᠯᠳᠠ ᠶᠢ ᠳᠡᠭᠡᠳᠤ ᠬᠡᠮᠵᠢᠶ᠎ᠡ ᠪᠠᠷ ᠬᠦᠨᠳᠤᠳᠭᠡᠨ ᠦᠵᠡᠵᠦ  ᠂ ᠵᠠᠰᠠᠭ ᠤᠨ ᠤᠷᠳᠤᠨ ᠤ  ᠰᠦᠯᠵᠢᠶ᠎ᠡ ᠶᠢᠨ ᠪᠠᠶᠢᠭᠤᠯᠤᠯᠳᠠ ᠴᠢᠯᠤᠭᠡᠲᠠᠢ ᠬᠦᠭᠵᠢᠭᠰᠡᠭᠡᠷ ᠢᠷᠠᠪᠠ᠂ ᠭᠡᠪᠡᠴᠤ ᠵᠠᠷᠢᠮ ᠰᠦᠯᠵᠢᠶ᠎ᠡ ᠳᠤ ︽ᠴᠠᠭ ᠲᠠᠷᠤᠢ ᠳᠤᠨᠢ ᠰᠢᠨᠡᠴᠢᠯᠡᠬᠦ ᠦᠬᠡᠢ᠂ ᠠᠭᠤᠯᠭ᠎ᠠ ᠨᠢ ᠤᠨᠤᠪᠴᠢ ᠦᠬᠡᠢ᠂ ᠬᠦᠳᠡᠯᠤᠯᠴᠡᠬᠦ ᠨᠢ ᠬᠠᠷᠢᠭᠤ ᠲᠤᠰᠬᠠᠯ ᠦᠬᠡᠢ᠂ ᠦᠢᠯᠡᠴᠢᠯᠡᠭᠡ ᠨᠢ ᠬᠡᠷᠡᠭᠯᠡᠬᠦᠨ ᠦᠬᠡᠢ︾ ᠵᠡᠷᠬᠡ ᠠᠰᠠᠭᠤᠳᠠᠯ ᠤᠷᠤᠰᠢᠵᠦ  ᠂ ᠵᠠᠰᠠᠭ ᠤᠨ ᠤᠷᠳᠤᠨ ᠤ ᠲᠦᠷᠢ ᠲᠦᠷᠬᠦ ᠪᠠ ᠢᠳᠡᠭᠡᠬᠦᠯᠬᠦ ᠬᠦᠴᠤᠨ ᠢ ᠬᠦᠨᠳᠤ ᠨᠤᠴᠢᠲᠠᠢ ᠨᠦᠯᠦᠭᠡᠯᠡᠭᠡᠳ᠂ ᠠᠷᠠᠳ ᠤᠯᠠᠨ ᠮᠠᠰᠢ ᠴᠢᠩᠭ᠎ᠠ ᠲᠤᠰᠬᠠᠯ ᠲᠠᠢ ᠪᠠᠶᠢᠨ᠎ᠠ᠃ ᠢᠢᠮᠤ ᠠᠴᠠ ᠲᠦᠪ ᠵᠠᠰᠠᠭ ᠤᠨ ᠤᠷᠳᠤᠨ ᠬᠢᠷᠢ ᠳᠤ ᠳᠡᠩᠴᠡᠬᠦ ᠦᠬᠡᠢ ᠰᠦᠯᠵᠢᠶ᠎ᠡ ᠶᠢ ᠬᠠᠭᠠᠨ ᠵᠤᠭᠰᠤᠭᠠᠵᠦ᠂ ︽ᠲᠦᠷᠪᠡᠨ ᠦᠬᠡᠢ︾ ᠠᠰᠠᠭᠤᠳᠠᠯ ᠎ ᠢ ᠲᠤᠶᠢᠯᠪᠤᠷᠢᠲᠠᠢ ᠰᠢᠢᠳᠪᠤᠷᠢᠯᠠᠵᠦ᠂ ︽ᠦᠬᠦᠮᠡᠯ ᠰᠦᠯᠵᠢᠶ᠎ᠡ︾ ᠪᠠ ︽ᠤᠨᠳᠠᠭ᠎ᠠ ᠰᠦᠯᠵᠢᠶ᠎ᠡ︾᠎ ᠶᠢ ᠴᠡᠪᠡᠷᠯᠡᠵᠦ᠂ ᠵᠠᠰᠠᠭ ᠤᠨ ᠤᠷᠳᠤᠨ ᠤ ᠠᠷᠠᠳ ᠤᠯᠠᠨ ᠳᠤ ᠦᠢᠯᠡᠴᠢᠯᠡᠬᠦ ᠴᠢᠳᠠᠪᠤᠷᠢ ᠪᠤᠯᠤᠨ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠎ ᠪᠠᠷ ᠵᠤᠷᠢᠭ ᠰᠢᠭᠤᠳᠤᠭᠰᠠᠨ ᠪᠠᠶᠢᠨ᠎ᠠ᠃      ﹇ᠬᠦᠳᠤᠯᠦᠭᠴᠢ﹈ ᠡᠨᠡ ᠤᠳᠠᠭᠠᠨ ᠤ ᠵᠠᠰᠠᠭ ᠤᠨ ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠶᠠᠮᠠᠷ ᠤᠷᠴᠢᠨ ᠪᠠᠶᠢᠳᠠᠯ ᠳᠤᠤᠷ᠎ᠠ ᠦᠷᠨᠢᠬᠦᠯᠦᠭᠰᠡᠨ ᠪᠤᠢ︖      ﹇ᠲᠠᠪᠬᠤᠷᠪᠠᠶᠠᠷ﹈  ᠤᠷᠳᠤ ᠬᠤᠭᠤᠴᠠᠭᠠᠨ ᠤ ᠲᠤᠷᠰᠢ᠂ ᠲᠦᠪ ᠤᠨ ᠪᠠ ᠲᠦᠷᠦ ᠶᠢᠨ ᠶᠡᠪᠤᠳᠠᠯ ᠎ ᠤᠨ ᠬᠤᠷᠢᠶ᠎ᠠ ᠶᠢᠨ ᠤᠳᠤᠷᠢᠳᠤᠯᠭ᠎ᠠ ᠴᠦᠮ ᠵᠠᠰᠠᠭ ᠤᠨ ᠤᠷᠳᠤᠨ ᠤ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠶᠢ ᠳᠡᠭᠡᠳᠤ ᠬᠡᠮᠵᠢᠶ᠎ᠡ ᠪᠠᠷ ᠬᠦᠨᠳᠤᠳᠭᠡᠨ ᠦᠵᠡᠵᠦ᠂ ᠵᠠᠰᠠᠭ ᠤᠨ ᠤᠷᠳᠤᠨ ᠤ ᠮᠡᠳᠡᠭᠡ ᠵᠠᠩᠬᠢᠵᠢᠯᠳᠠ ᠳᠤ ︽ᠤᠷᠢᠳᠠᠪᠡᠷ ᠨᠢᠬᠡ ᠠᠯᠬᠤᠮ ᠠᠯᠬᠤᠬᠤ ᠬᠡᠷᠡᠭᠲᠠᠢ︾ ᠬᠡᠰᠡᠨ ᠱᠠᠭᠠᠷᠳᠠᠯᠭ᠎ᠠ ᠲᠤᠷᠠᠳᠪᠠ᠃  ᠡᠨᠡ ᠬᠡᠳᠤᠨ ᠵᠢᠯ᠂ ᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠯᠢ ᠤᠯᠠᠨ ᠪᠢᠴᠢᠭ  ᠮᠠᠲ᠋ᠧᠷᠢᠶᠠᠯ ᠲᠠᠷᠤᠮᠠᠯᠯᠠᠨ ᠲᠠᠷᠬᠠᠭᠠᠵᠦ᠂ ᠵᠠᠰᠠᠭ ᠤᠨ ᠤᠷᠳᠤᠨ ᠤ ᠰᠦᠯᠵᠢᠶ᠎ᠡ ᠶᠢᠨ ᠪᠠᠶᠢᠭᠤᠯᠤᠯᠳᠠ ᠪᠠ ᠬᠠᠮᠢᠶᠠᠷᠤᠯᠳᠠ ᠶᠢ ᠵᠢᠯᠤᠭᠤᠳᠪᠠ᠃      ᠨᠢᠳᠤᠨᠤᠨ ᠤ 11 ᠳ᠋ᠤᠭᠡᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠠᠵᠢᠯ ᠤᠨ ᠰᠤᠯᠢᠯᠴᠠᠬᠤ ᠬᠤᠷᠠᠯ ᠬᠢᠵᠦ᠂ ᠵᠠᠰᠠᠭ ᠤᠨ ᠤᠷᠳᠤᠨ ᠤ ᠰᠦᠯᠵᠢᠶ᠎ᠡ ᠶᠢᠨ ᠠᠵᠢᠯ ᠢ ᠬᠢᠷᠬᠢᠨ ᠰᠠᠶᠢᠨ ᠬᠢᠬᠦ ᠠᠰᠠᠭᠤᠳᠠᠯ ᠢ ᠰᠤᠳᠤᠯᠤᠨ ᠶᠠᠷᠢᠯᠴᠠᠪᠠ᠃      2014 ᠤᠨ ᠤ11 ᠳ᠋ᠤᠭᠡᠷ ᠰᠠᠷ᠎ᠠ ᠶᠢᠨ17᠎ ᠤ ᠡᠳᠤᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠵᠠᠰᠠᠭ ᠤᠨ ᠤᠷᠳᠤᠨ ᠤ ᠰᠦᠯᠵᠢᠶ᠎ᠡ ᠶᠢᠨ ᠮᠡᠳᠡᠭᠡ ᠵᠡᠩᠬᠢ ᠶᠢᠨ ᠠᠭᠤᠯᠭ᠎ᠠ ᠶᠢᠨ ᠪᠠᠶᠢᠭᠤᠯᠤᠯᠳᠠ ᠎ ᠶᠢ  ᠴᠢᠩᠭᠠᠳᠬᠠᠬᠤ ᠲᠤᠬᠠᠢ ᠰᠠᠨᠠᠯ︾ ︵ᠲᠦᠷᠦ ᠠᠯᠪᠠᠨ ᠲᠠᠷᠬᠠᠭᠠᠭᠰᠠᠨ ﹇2014﹈ 57 ᠳ᠋ᠤᠭᠠᠷ ᠲᠤᠭᠠᠳᠤ︶ ᠎ ᠢ ᠨᠡᠶᠢᠳᠡᠯᠡᠵᠦ᠂ ᠵᠠᠰᠠᠭ ᠤᠨ ᠤᠷᠳᠤᠨ ᠤ ᠰᠦᠯᠵᠢᠶ᠎ᠡ ᠶᠢᠨ ᠠᠭᠤᠯᠭ᠎ᠠ ᠶᠢᠨ ᠪᠠᠶᠢᠭᠤᠯᠤᠯᠳᠠ ᠳᠤ ᠲᠤᠳᠤᠷᠬᠠᠢ ᠱᠠᠭᠠᠷᠳᠠᠯᠭ᠎ᠠ ᠲᠤᠷᠠᠳᠴᠤ᠂ ᠬᠤᠶᠢᠰᠢᠳᠠ ᠶᠢᠨ ᠨᠢᠭᠡᠨ ᠬᠤᠭᠤᠴᠠᠭᠠᠨ ᠳᠤ ᠮᠠᠨ ᠤ ᠤᠯᠤᠰ ᠤᠨ ᠵᠠᠰᠠᠭ ᠤᠨ ᠤᠷᠳᠤᠨ ᠎ ᠤ ᠰᠦᠯᠵᠢᠶ᠎ᠡ ᠶᠢᠨ ᠪᠠᠶᠢᠭᠤᠯᠤᠯᠳᠠ ᠶᠢ ᠵᠢᠯᠤᠭᠤᠳᠬᠤ ᠬᠦᠳᠤᠯᠪᠤᠷᠢ ᠶᠢᠨ ᠴᠢᠨᠠᠷᠲᠠᠢ ᠪᠢᠴᠢᠭ ᠮᠠᠲ᠋ᠧᠷᠢᠶᠠᠯ  ᠪᠤᠯᠭᠠᠪᠠ᠃        2015 ᠤᠨ ᠤ 3 ᠳ᠋ᠤᠭᠠᠷ ᠰᠠᠷ᠎ᠠ ᠶᠢᠨ 11᠎ ᠤ ᠡᠳᠤᠷ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠠᠩᠬᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠲᠤᠬᠠᠢ ᠮᠡᠳᠡᠭᠳᠡᠯ︾ ︵ᠲᠦᠷᠦ ᠲᠠᠷᠬᠠᠭᠠᠭᠰᠠᠨ ﹇2015﹈15 ᠳ᠋ᠤᠭᠠᠷ ᠲᠤᠭᠠᠳᠤ︶ ᠪᠠᠭᠤᠯᠭᠠᠵᠦ᠂ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠠᠵᠢᠯ ᠢ ᠨᠠᠷᠢᠨ ᠪᠠᠶᠢᠷᠢᠯᠠᠭᠤᠯᠪᠠ᠃      ᠡᠨᠡ ᠵᠢᠯ ᠤᠨ 4 ᠳ᠋ᠤᠭᠠᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠎ ᠤᠨ ᠵᠠᠰᠠᠭ ᠤᠨ ᠤᠷᠳᠤᠨ ᠤ ᠮᠡᠳᠡᠭᠡ ᠵᠡᠩᠬᠢ ᠶᠢ ᠢᠯᠡ ᠪᠤᠯᠭᠠᠬᠤ ᠠᠵᠢᠯ ᠤᠨ ᠠᠯᠪᠠᠨ ᠭᠡᠷ ᠪᠡᠭᠡᠵᠢᠩ ᠳᠤ ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠶᠢᠨ ᠪᠤᠯᠪᠠᠰᠤᠷᠠᠯ ᠤᠨ ᠠᠩᠬᠢ ᠡᠷᠬᠢᠯᠡᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠢ ᠪᠠᠶᠢᠷᠢᠯᠠᠭᠤᠯᠵᠦ᠂ ᠪᠤᠳᠠᠲᠠᠢ ᠱᠠᠭᠠᠷᠳᠠᠯᠭ᠎ᠠ ᠲᠤᠷᠠᠳᠪᠠ᠃      ᠡᠳᠡᠭᠡᠷ ᠠᠯᠢ ᠤᠯᠠᠨ ᠪᠠᠶᠢᠷᠢᠯᠠᠭᠤᠯᠤᠯᠳᠠ ᠪᠠ ᠲᠤᠬᠢᠷᠠᠭᠤᠯᠭ᠎ᠠ ᠨᠢ ᠡᠨᠡ ᠤᠳᠠᠭᠠᠨ ᠤ ᠵᠠᠰᠠᠭ ᠤᠨ ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠬᠠᠷᠠᠭᠤᠯᠤᠭᠰᠠᠨ ᠪᠠᠶᠢᠨ᠎ᠠ᠃      ﹇ᠬᠦᠳᠤᠯᠦᠭᠴᠢ﹈ ᠡᠨᠡ ᠤᠳᠠᠭᠠᠨ ᠤ ᠵᠠᠰᠠᠭ ᠤᠨ ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠨᠢ ᠶᠠᠮᠠᠷ ᠤᠨᠴᠠᠯᠢᠭ ᠲᠠᠢ ᠪᠤᠢ︖  ᠶᠠᠭᠤᠨ ᠳᠤ ᠤᠯᠠᠨ ᠤ ᠠᠩᠬᠠᠷᠤᠯ ᠢ ᠲᠠᠳᠠᠵᠦ ᠪᠠᠶᠢᠬᠤ ᠪᠤᠢ︖      ﹇ᠲᠠᠪᠬᠤᠷᠪᠠᠷᠠᠷ﹈ ᠪᠠᠭᠴᠠᠯᠠᠭᠠᠳ ᠬᠡᠯᠡᠪᠡᠯ᠂ ᠡᠨᠡ ᠤᠳᠠᠭᠠᠨ ᠤ ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠨᠢ ᠭᠤᠤᠯ ᠨᠢ ᠳᠤᠤᠷᠠᠬᠢ ᠮᠡᠳᠤ ᠬᠤᠶᠠᠷ ᠤᠨᠴᠠᠯᠢᠭ ᠲᠠᠢ᠄      ᠨᠢᠭᠡ ᠳᠤ ᠲᠡᠭ ᠬᠦᠯᠢᠴᠡᠯ ᠤᠨ ᠬᠠᠮᠤᠭ ᠳᠤᠤᠷ᠎ᠠ ᠬᠢᠵᠠᠭᠠᠷ ᠢ ᠲᠤᠭᠳᠠᠭᠠᠵᠠᠢ᠃ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠡᠯ᠎ᠡ ᠵᠠᠰᠠᠭ ᠤᠨ ᠤᠷᠳᠤᠨ ᠤ ᠰᠦᠯᠵᠢᠶ᠎ᠡ ᠶᠢ ᠪᠠᠶᠢᠴᠠᠭᠠᠬᠤ ᠪᠠ ᠬᠤᠪᠢ ᠲᠤᠭᠳᠠᠭᠠᠬᠤ ᠶᠢᠨ ᠬᠠᠮᠳᠤ ᠭᠠᠭᠴᠠ ᠵᠦᠢᠯ ᠢᠶᠠᠷ ᠦᠬᠡᠶᠢᠰᠭᠡᠬᠦ ᠪᠠ 40 ᠬᠤᠪᠢ ᠪᠠᠷ ︽ᠵᠤᠭᠰᠤᠭᠠᠬᠤ︾ ᠳᠤᠤᠷ᠎ᠠ ᠬᠢᠵᠠᠭᠠᠷ ᠢ ᠲᠤᠳᠤᠷᠬᠠᠢ ᠲᠤᠭᠳᠠᠭᠠᠵᠠᠢ  ᠃ ︽ᠭᠠᠭᠴᠠ ᠵᠦᠢᠯ ᠢᠶᠠᠷ ᠦᠬᠡᠶᠢᠰᠭᠡᠬᠦ︾ ᠬᠡᠳᠡᠭ ᠨᠢ ᠲᠠᠷᠤᠢ ᠰᠦᠯᠵᠢᠶ᠎ᠡ ᠶᠢᠨ ᠳᠤᠳᠤᠷ᠎ᠠ ︽ᠰᠦᠯᠵᠢᠶᠡᠨ ᠳᠤᠨᠢ ᠤᠷᠤᠬᠤ ᠶᠢᠨ ᠠᠷᠭ᠎ᠠ ᠦᠬᠡᠢ᠂ ᠰᠦᠯᠵᠢᠶ᠎ᠡ ᠪᠠᠨ ᠰᠢᠨᠡᠴᠢᠯᠡᠭᠰᠡᠨ ᠦᠬᠡᠢ᠂ ᠪᠤᠯᠤᠩ ᠢᠶᠠᠨ ᠰᠢᠨᠡᠴᠢᠯᠡᠭᠰᠡᠨ ᠦᠬᠡᠢ᠂ ᠬᠦᠨᠳᠤ ᠨᠤᠴᠢᠲᠠᠢ ᠠᠯᠳᠠᠭ᠎ᠠ ᠪᠤᠷᠤᠭᠤ ᠲᠠᠢ ᠪᠠ  ᠬᠦᠳᠡᠯᠦᠯᠴᠡᠭᠡ  ᠎ ᠶᠢᠨ ᠬᠠᠷᠢᠭᠤ ᠲᠤᠰᠬᠠᠯ ᠨᠢ ᠪᠠᠷᠤᠭᠲᠠᠢ︾ ᠵᠡᠷᠭᠡ ᠲᠠᠪᠤᠨ ᠵᠦᠢᠯ ᠤᠨ ᠬᠦᠢᠴᠡᠳᠭᠡᠯ ᠲᠤᠭᠠᠨ ᠤ ᠠᠯᠢ ᠨᠢᠭᠡᠨ ᠵᠦᠢᠯ ᠤᠨ ᠪᠠᠶᠢᠳᠠᠯ ᠨᠢ ᠪᠠᠶᠢᠪᠠᠯ ᠬᠢᠷᠢ ᠳᠤ ᠦᠯᠦ ᠳᠡᠩᠴᠡᠬᠦ ᠰᠦᠯᠵᠢᠶ᠎ᠡ ᠪᠠᠷ ᠰᠢᠭᠤᠳ ᠨᠤᠳᠠᠯᠠᠨ ᠲᠤᠭᠳᠠᠭᠠᠨ᠎ᠠ︔ ︽40 ᠬᠤᠪᠢ ᠪᠠᠷ ᠵᠤᠭᠰᠤᠭᠠᠬᠤ︾ ᠭᠡᠳᠡᠭ ᠨᠢ ᠲᠠᠷᠤᠢ ᠡᠯ᠎ᠡ ᠵᠦᠢᠯ ᠤᠨ ᠭᠦᠢᠴᠡᠳᠭᠡᠯ ᠲᠤᠭᠠᠨ ᠤ ᠳᠤᠳᠤᠷ᠎ᠠ ᠨᠡᠶᠢᠳᠡ ᠬᠠᠰᠤᠭᠰᠠᠨ ᠬᠤᠪᠢ ᠨᠢ 40 ᠬᠤᠪᠢ ᠠᠴᠠ ᠬᠡᠳᠤᠷᠡᠭᠰᠡᠨ ᠰᠦᠯᠵᠢᠶ᠎ᠡ ᠶᠢ ᠮᠦᠨᠬᠦ ᠬᠢᠷᠢ ᠳᠤ ᠦᠯᠦ ᠳᠡᠩᠴᠡᠬᠦ ᠰᠦᠯᠵᠢᠶ᠎ᠡ ᠪᠠᠷ ᠰᠢᠭᠤᠳ ᠨᠤᠳᠠᠯᠠᠨ ᠲᠤᠭᠳᠠᠭᠠᠨ᠎ᠠ᠃ ᠬᠢᠷᠢ ᠳᠤ ᠳᠡᠩᠴᠡᠭᠰᠡᠨ ᠦᠬᠡᠢ ᠰᠦᠯᠵᠢᠶ᠎ᠡ ᠶᠢ ᠲᠡᠷᠡ ᠲᠠᠷᠤᠢ ᠳᠤᠨᠢ ᠬᠠᠭᠠᠨ ᠵᠤᠭᠰᠤᠭᠠᠵᠦ ᠴᠡᠭᠴᠡᠯᠡᠨ ᠵᠠᠰᠠᠨ᠎ᠠ᠃      ᠬᠤᠶᠠᠷ ᠲᠤ ᠴᠡᠭᠴᠡᠯᠡᠨ ᠵᠠᠰᠠᠬᠤ ᠬᠠᠷᠢᠭᠤᠴᠠᠯᠭ᠎ᠠ ᠨᠡᠬᠡᠮᠵᠢᠯᠡᠬᠦ  ᠴᠢᠩᠭ᠎ᠠ ᠲᠦᠷᠢᠮ ᠢ ᠲᠤᠭᠳᠠᠭᠠᠵᠠᠢ ᠃ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠳᠤ᠂ ᠬᠠᠷᠢᠭᠤᠴᠠᠯᠭ᠎ᠠ ᠨᠡᠬᠡᠮᠵᠢᠯᠡᠬᠦ ᠴᠢᠩᠭ᠎ᠠ ᠲᠦᠷᠢᠮ ᠢ ᠬᠡᠷᠡᠭᠵᠢᠬᠦᠯᠦᠨ᠎ᠡ  ᠃  ᠬᠢᠷᠢ ᠳᠤ ᠳᠡᠩᠴᠡᠭᠰᠡᠨ ᠦᠬᠡᠢ᠂ ᠪᠠᠷᠢᠮᠵᠢᠶ᠎ᠡ ᠳᠤ ᠬᠦᠷᠦᠭᠰᠡᠨ ᠦᠬᠡᠢ ᠰᠦᠯᠵᠢᠶ᠎ᠡ ᠳᠤ ᠵᠠᠰᠠᠭ ᠵᠠᠬᠢᠷᠭᠠᠨ ᠤ ᠨᠡᠪᠳᠡᠷᠡᠭᠦᠯᠬᠡ ᠬᠢᠬᠦ᠂ ᠪᠤᠯᠵᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠶᠢ ᠠᠪᠬᠤ ᠠᠴᠠ ᠭᠠᠳᠠᠨ᠎ᠠ ᠪᠠᠰᠠ ᠵᠠᠭᠤᠴᠢ ᠡᠳᠡᠭᠡᠳ ᠢᠶᠠᠷ ᠲᠠᠮᠵᠢᠭᠤᠯᠤᠨ ᠢᠯᠡ ᠯᠡᠪᠡᠷᠡᠬᠦᠯᠵᠦ᠂ ᠰᠦᠯᠵᠢᠶ᠎ᠡ ᠶᠢ ᠡᠷᠡᠰ ᠬᠠᠰᠤᠬᠤ ᠶᠢᠨ ᠬᠠᠮᠳᠤ ᠬᠠᠤᠯᠢ ᠪᠤᠰᠤ ᠰᠦᠯᠵᠢᠶ᠎ᠡ ᠪᠠᠷ ᠰᠢᠢᠳᠪᠤᠷᠢᠯᠡᠨ᠎ᠡ᠃      ﹇ᠬᠦᠳᠤᠯᠦᠭᠴᠢ﹈ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠴᠢᠬᠤᠯᠠ ᠶᠡᠭᠡ ᠠᠴᠢ ᠬᠤᠯᠪᠤᠭᠳᠠᠯ ᠎ ᠲᠠᠢ ᠪᠠᠶᠢᠨ᠎ᠠ᠂ ᠳᠡᠭᠡᠪᠡᠯ ᠮᠠᠨ ᠤ ᠤᠷᠤᠨ ᠡᠨᠡ ᠤᠳᠠᠭᠠᠨ ᠤ ᠠᠵᠢᠯ ᠢ ᠬᠡᠷᠬᠢᠨ ᠲᠤᠬᠢᠷᠠᠭᠤᠯᠤᠭᠰᠠᠨ ᠪᠤᠢ︖      ﹇ᠲᠠᠪᠬᠤᠷᠪᠠᠶᠠᠷ﹈ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠶᠢ ᠲᠦᠷᠪᠡᠨ ᠱᠠᠳᠤ ᠦᠶ᠎ᠡ ᠬᠤᠪᠢᠶᠠᠵᠦ ᠶᠠᠪᠤᠭᠳᠠᠭᠤᠯᠬᠤ ᠪᠦᠭᠡᠳ ᠱᠠᠳᠤ ᠦᠶ᠎ᠡ ᠪᠦᠷᠢ ᠶᠢᠨ ᠡᠭᠦᠷᠭᠡ ᠨᠢ ᠴᠦᠮ ᠮᠠᠰᠢ ᠬᠦᠨᠳᠤ ᠶᠤᠮ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠡᠯ᠎ᠡ ᠱᠠᠳᠤ ᠦᠶ᠎ᠡ ᠶᠢᠨ ᠠᠵᠢᠯ ᠢ ᠬᠢᠨᠠᠮᠠᠭᠠᠢ ᠰᠠᠶᠢᠨ ᠪᠡᠶᠡᠯᠡᠭᠦᠯᠬᠦ ᠬᠡᠷᠡᠭᠲᠠᠢ᠃      ᠨᠢᠭᠡᠳᠤᠭᠡᠷ ᠱᠠᠳᠤᠨ ᠳᠤ ᠪᠤᠯ ᠦᠨᠳᠤᠰᠤᠨ ᠮᠡᠳᠡᠭᠡ ᠵᠠᠩᠬᠢ ᠶᠢ ᠲᠠᠭᠯᠠᠨ ᠮᠡᠳᠡᠭᠦᠯᠬᠦ ᠠᠵᠢᠯ ᠢ ᠲᠤᠭᠳᠠᠭᠰᠠᠨ ᠴᠠᠭ ᠲᠤᠨᠢ ᠪᠠᠶᠡᠯᠡᠭᠦᠯᠦᠨ᠎ᠡ᠃ ᠡᠨᠡᠬᠦ ᠱᠠᠳᠤᠨ ᠤ ᠡᠭᠦᠷᠭᠡ ᠪᠤᠯ  ︽ᠵᠠᠰᠠᠭ ᠤᠨ ᠤᠷᠳᠤᠨ ᠤ ᠰᠦᠯᠵᠢᠶ᠎ᠡ ᠶᠢᠨ ᠦᠨᠳᠤᠰᠤᠨ ᠮᠡᠳᠡᠭᠡ ᠵᠠᠩᠬᠢ ᠶᠢᠨ ᠬᠦᠰᠤᠨᠦᠭᠳᠤ︾᠂ ︽ᠵᠠᠰᠠᠭ ᠤᠨ ᠤᠷᠳᠤᠨ ᠤ ᠰᠦᠯᠵᠢᠶ᠎ᠡ ᠶᠢᠨ ᠪᠤᠯᠤᠩ  ︵ᠰᠢᠰᠲ᠋ᠧᠮ︶᠎ ᠤᠨ ᠦᠨᠳᠤᠰᠤᠨ ᠮᠡᠳᠡᠭᠡ ᠵᠠᠩᠬᠢ ᠶᠢᠨ ᠬᠦᠰᠤᠨᠦᠭᠳᠤ︾᠎ ᠶᠢ ᠲᠠᠭᠯᠠᠨ ᠮᠡᠳᠡᠬᠦᠯᠬᠦ ᠠᠵᠢᠯ ᠎ ᠢ ᠲᠤᠭᠳᠠᠭᠠᠭᠰᠠᠨ ᠴᠠᠭ ᠪᠠ ᠠᠯᠬᠤᠮ ᠲᠠᠷᠠᠭ᠎ᠠ ᠪᠠᠷ ᠪᠠᠶᠡᠯᠡᠬᠦᠯᠵᠦ᠂ ᠲᠤᠭ᠎ᠠ ᠪᠠᠷᠢᠮᠳᠠ ᠶᠢ ᠡᠷᠬᠡᠪᠰᠢ ᠦᠨᠡᠨ ᠪᠤᠳᠠᠲᠠᠢ᠂ ᠤᠨᠤᠪᠴᠢᠲᠠᠢ᠂ ᠪᠦᠷᠢᠨ᠂ ᠲᠦᠷᠢᠮᠵᠢᠯ ᠲᠠᠢ ᠪᠠᠶᠢᠯᠭᠠᠬᠤ ᠶᠢ ᠱᠠᠭᠠᠷᠳᠠᠨ᠎ᠠ᠃      ᠬᠤᠶᠠᠳᠤᠭᠠᠷ ᠱᠠᠳᠤᠨ ᠳᠤ ᠪᠤᠯ ᠴᠡᠭᠴᠡᠯᠡᠨ ᠵᠠᠰᠠᠬᠤ ᠶᠢ ᠵᠤᠬᠢᠶᠠᠨ ᠪᠠᠶᠢᠭᠤᠯᠵᠦ᠂ ᠴᠡᠭᠴᠡᠯᠡᠨ ᠵᠠᠰᠠᠬᠤ ᠮᠡᠳᠡᠬᠦᠯᠦᠯᠳᠡ ᠪᠢᠴᠢᠨ᠎ᠠ᠃ 4 ᠳ᠋ᠤᠭᠡᠷ ᠰᠠᠷ᠎ᠠ ᠶᠢᠨ 25᠎ ᠠᠴᠠ ᠬᠤᠶᠢᠰᠢ ᠪᠤᠯ ᠨᠡᠶᠢᠳᠡᠮ ᠪᠠᠶᠢᠴᠠᠭᠠᠬᠤ ᠠᠵᠢᠯ ᠤᠨ ᠬᠤᠶᠠᠳᠤᠭᠠᠷ ᠱᠠᠳᠤ ᠪᠤᠯᠤᠨ᠎ᠠ᠃ ᠡᠯ᠎ᠡ ᠨᠢᠭᠡᠴᠡ ᠨᠦᠭᠦᠳ ︽ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠶᠢᠨ ᠬᠤᠪᠢ ᠲᠤᠭᠳᠠᠭᠠᠬᠤ ᠬᠦᠰᠤᠨᠦᠭᠳᠤ︾᠎ ᠶᠢᠨ ᠬᠤᠪᠢ ᠲᠤᠭᠳᠠᠭᠠᠬᠤ ᠭᠦᠢᠴᠡᠳᠭᠡᠯ ᠲᠤᠭ᠎ᠠ ᠪᠤᠯᠤᠨ ᠬᠤᠪᠢ ᠬᠠᠰᠤᠬᠤ ᠨᠠᠷᠢᠨ ᠲᠦᠷᠢᠮ ᠲᠠᠢ ᠬᠠᠷᠢᠴᠠᠭᠤᠯᠤᠨ᠂ ᠦᠪᠡᠷᠰᠡᠳ ᠤᠨ ᠰᠦᠯᠵᠢᠶ᠎ᠡ ᠶᠢᠨ ᠢᠶᠠᠨ ᠪᠤᠯᠤᠩ ᠪᠤᠯᠤᠨ ᠠᠭᠤᠯᠭ᠎ᠠ ᠶᠢ ᠵᠠᠬ᠎ᠠ ᠲᠠᠷᠠᠭᠠᠯᠠᠨ ᠪᠠᠶᠢᠴᠠᠭᠠᠵᠦ᠂ ᠠᠰᠠᠭᠤᠳᠠᠯ ᠪᠠᠶᠢᠪᠠᠯ ᠲᠡᠷᠡ ᠲᠠᠷᠤᠢ ᠳᠤᠨᠢ ᠴᠡᠭᠴᠡᠯᠡᠨ ᠵᠠᠰᠠᠬᠤ ᠬᠡᠷᠡᠭᠲᠠᠢ᠃ ᠪᠠᠶᠢᠴᠠᠭᠠᠵᠦ ᠭᠠᠷᠭᠠᠭᠰᠠᠨ ᠠᠰᠠᠭᠤᠳᠠᠯ ᠢᠶᠠᠨ ᠦᠨᠳᠤᠰᠤᠯᠡᠨ᠂ ᠴᠡᠭᠴᠡᠯᠡᠨ ᠵᠠᠰᠠᠬᠤ ᠲᠦᠰᠦᠯ ᠲᠤᠭᠳᠠᠭᠠᠬᠤ ᠶᠢᠨ ᠬᠠᠮᠳᠤ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠬᠦᠯᠬᠦ ᠬᠡᠷᠡᠭᠲᠠᠢ᠃ ᠰᠦᠯᠵᠢᠶ᠎ᠡ ᠨᠢ ᠨᠡᠭᠡᠬᠡᠭᠳᠡᠬᠦ ᠦᠬᠡᠢ᠂ ᠮᠡᠳᠡᠭᠡ ᠵᠠᠩᠬᠢ ᠶᠢ ᠰᠢᠨᠡᠴᠢᠯᠡᠭᠰᠡᠨ ᠦᠬᠡᠢ᠂ ᠪᠤᠯᠤᠩ ᠨᠢ ᠠᠭᠤᠯᠭ᠎ᠠ ᠦᠬᠡᠢ᠂  ᠬᠦᠳᠡᠯᠦᠯᠴᠡᠭᠡ ᠨᠢ ᠲᠤᠰᠬᠠᠯ ᠦᠬᠡᠢ᠂ ᠵᠠᠯᠭᠠᠯᠳᠠ ᠨᠢ ᠬᠤᠭᠤᠰᠤᠨ ᠪᠤᠶᠤ ᠪᠤᠷᠤᠭᠤ ᠵᠢᠴᠢ ᠲᠠᠰᠢᠶ᠎ᠠ ᠦᠰᠦᠭ ᠮᠠᠰᠢ ᠤᠯᠠᠨ ᠪᠠᠶᠢᠬᠤ ᠪᠠ ᠠᠭᠤᠯᠭ᠎ᠠ ᠨᠢ ᠬᠤᠳᠠᠯ ᠬᠠᠭᠤᠷᠮᠠᠭ ᠪᠠᠶᠢᠬᠤ ᠠᠰᠠᠭᠤᠳᠠᠯ ᠢ ᠮᠠᠰᠢ ᠤᠬᠤᠷᠬᠠᠨ ᠬᠤᠭᠤᠴᠠᠭᠠᠨ ᠳᠤᠳᠤᠷ᠎ᠠ ᠰᠢᠢᠳᠪᠤᠷᠢᠯᠡᠬᠦ  ᠎ ᠶᠢ ᠱᠠᠭᠠᠷᠳᠠᠨ᠎ᠠ᠃ ᠡᠭᠦᠨ ᠤ ᠬᠠᠮᠳᠤ ︽ᠪᠦᠬᠦ ᠤᠯᠤᠰ ᠤᠨ ᠵᠠᠰᠠᠭ ᠎ ᠤᠨ ᠤᠷᠳᠤᠨ ᠤ ᠰᠦᠯᠵᠢᠶ᠎ᠡ ᠶᠢᠨ ᠬᠤᠪᠢ ᠲᠤᠭᠳᠠᠭᠠᠬᠤ ᠬᠦᠰᠤᠨᠦᠭᠳᠤ︾᠎ ᠳᠠᠬᠢ ᠡᠯ᠎ᠡ ᠵᠦᠢᠯ ᠤᠨ ᠭᠦᠢᠴᠡᠳᠭᠡᠯ ᠲᠤᠭ᠎ᠠ ᠪᠤᠯᠤᠨ ᠬᠤᠪᠢ ᠬᠠᠰᠤᠬᠤ ᠨᠠᠷᠢᠨ ᠲᠦᠷᠢᠮ ᠲᠠᠢ ᠬᠠᠷᠢᠴᠠᠭᠤᠯᠵᠦ᠂ ︽ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠬᠤᠪᠢ ᠲᠤᠭᠳᠠᠭᠠᠬᠤ ᠬᠦᠰᠤᠨᠦᠭᠳᠤ︾᠎ ᠶᠢ ᠲᠠᠭᠯᠠᠨ ᠮᠡᠳᠡᠭᠦᠯᠬᠦ ᠠᠵᠢᠯ ᠢ ᠬᠢᠨᠠᠮᠠᠭᠠᠢ ᠪᠠᠶᠡᠯᠡᠬᠦᠯᠵᠦ᠂ ᠬᠤᠪᠢ ᠲᠤᠭᠳᠠᠭᠠᠬᠤ ᠳᠠᠭᠠᠨ ᠪᠤᠰᠤᠳᠴᠢ ᠪᠦᠭᠡᠳ ᠦᠨᠡᠨ ᠪᠠᠶᠢᠬᠤ ᠶᠢ ᠱᠠᠭᠠᠷᠳᠠᠨ᠎ᠠ᠃ ᠡᠯ᠎ᠡ ᠱᠠᠳᠤᠨ ᠤ ᠵᠠᠰᠠᠭ ᠤᠨ ᠤᠷᠳᠤᠨ ᠨᠤᠭᠤᠳ ᠬᠢᠨᠠᠮᠠᠭᠠᠢ ᠬᠠᠷᠢᠭᠤᠴᠠᠬᠤ᠂ ᠪᠤᠰᠤᠳᠴᠢ ᠪᠦᠭᠡᠳ ᠭᠤᠤᠯᠴᠢ ᠪᠠᠶᠢᠬᠤ ᠤᠪᠤᠷ ᠢᠶᠠᠷ ᠬᠠᠷᠢᠶ᠎ᠠ ᠪᠦᠬᠦᠢ ᠭᠠᠵᠠᠷ ᠤᠷᠤᠨ ᠤ ᠪᠠᠨ ᠡᠯ᠎ᠡ ᠨᠢᠭᠡᠴᠡ ᠶᠢᠨ ᠬᠤᠪᠢ ᠤᠯᠭᠤᠭᠰᠠᠨ ᠪᠠᠶᠢᠳᠠᠯ ᠢ ᠬᠢᠨᠠᠨ ᠬᠠᠷᠭᠤᠭᠤᠯᠬᠤ ᠬᠡᠷᠡᠭᠲᠠᠢ᠃ ᠦᠪᠡᠷᠰᠡᠳ ᠢᠶᠠᠨ ᠬᠢᠨᠠᠨ ᠦᠨᠡᠯᠡᠬᠦ ᠪᠠ ᠳᠡᠭᠡᠳᠤ ᠱᠠᠳᠤᠨ ᠤ ᠰᠠᠯᠠᠭ᠎ᠠ ᠮᠦᠴᠢᠷ ᠤᠨ ᠬᠢᠨᠠᠨ ᠪᠠᠶᠢᠴᠠᠭᠠᠬᠤ ᠪᠠᠷ ᠲᠠᠮᠵᠢᠭᠤᠯᠤᠨ ᠲᠤᠰ ᠭᠠᠵᠠᠷ ᠤᠷᠤᠨ ᠤ ᠵᠠᠰᠠᠭ ᠤᠨ ᠤᠷᠳᠤᠨ ᠤ ᠰᠦᠯᠵᠢᠶ᠎ᠡ ᠶᠢᠨ ᠪᠦᠬᠦᠶᠢᠯᠡ ᠪᠠᠶᠢᠳᠠᠯ ᠢ ᠡᠵᠡᠮᠰᠢᠬᠦ ᠶᠢ ᠪᠡᠶᠡᠯᠡᠬᠦᠯᠬᠦ ᠬᠡᠷᠡᠭᠲᠠᠢ᠃      6 ᠳ᠋ᠤᠭᠠᠷ ᠰᠠᠷ᠎ᠠ ᠠᠴᠠ ᠡᠬᠢᠯᠡᠨ ᠭᠤᠷᠪᠠᠳᠤᠭᠠᠷ ᠱᠠᠳᠤ ᠪᠠ ᠲᠦᠷᠪᠡᠳᠤᠭᠡᠷ ᠱᠠᠳᠤ ᠳᠤ ᠤᠷᠤᠨ᠎ᠠ᠂ ᠡᠨᠡᠬᠦ ᠱᠠᠳᠤᠨ ᠳᠤ ᠭᠤᠤᠯ ᠨᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠨᠡᠶᠢᠳᠡᠮ ᠪᠠᠶᠢᠴᠠᠭᠠᠬᠤ ᠬᠡᠪᠴᠢᠶᠡᠨ ᠳᠤᠳᠤᠷᠠᠬᠢ ᠪᠦᠬᠦᠶᠢᠯᠡ ᠰᠦᠯᠵᠢᠶ᠎ᠡ ᠶᠢᠨ ᠬᠠᠮᠢᠶ᠎ᠠ ᠪᠦᠬᠦᠢ ᠪᠠᠶᠢᠳᠠᠯ ᠢ ᠰᠤᠭᠤᠴᠠᠨ ᠬᠢᠨᠠᠨ ᠪᠠᠶᠢᠴᠠᠭᠠᠬᠤ ᠪᠠ ᠬᠢᠨᠠᠨ ᠲᠤᠭᠳᠠᠭᠠᠵᠦ᠂ ᠵᠢᠯ ᠤᠨ ᠡᠴᠤᠰ ᠲᠤ ᠨᠡᠪᠳᠡᠷᠡᠭᠦᠯᠭᠡ ᠬᠢᠬᠦ ᠪᠠ ᠳ᠋ᠦᠩᠨᠡᠯᠳᠡ ᠬᠢᠨ᠎ᠠ᠃      ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠶᠢ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠳᠡᠭᠡᠳᠤ ᠬᠡᠮᠵᠢᠶ᠎ᠡ ᠪᠠᠷ ᠬᠦᠨᠳᠤᠳᠭᠡᠨ ᠦᠵᠡᠵᠦ᠂ ᠲᠤᠰᠬᠠᠶᠢᠯᠠᠨ ᠵᠢᠭᠠᠪᠤᠷᠢ ᠦᠭᠴᠤ᠂ ᠠᠵᠢᠯ ᠤᠨ ᠦᠷᠨᠢᠯᠳᠠ ᠶᠢ ᠵᠢᠯᠤᠭᠤᠳᠪᠠ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠲᠤᠰᠬᠠᠢ ᠬᠦᠮᠤᠨ ᠲᠤᠬᠢᠷᠠᠭᠤᠯᠤᠨ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠦᠷᠨᠢᠭᠦᠯᠪᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠰᠡᠳᠭᠢᠯ ᠨᠢᠭᠡᠳᠤᠨ ᠬᠦᠴᠤ ᠪᠠᠨ ᠬᠠᠮᠳᠤᠳᠬᠠᠵᠦ᠂ ᠡᠯ᠎ᠡ ᠲᠦᠷᠦᠯ ᠤᠨ ᠠᠵᠢᠯ ᠢ ᠰᠠᠶᠢᠳᠤᠷ ᠴᠢᠷᠮᠠᠶᠢᠨ ᠬᠢᠵᠦ᠂ ᠡᠯ᠎ᠡ ᠱᠠᠳᠤ ᠦᠶ᠎ᠡ ᠶᠢᠨ ᠨᠡᠶᠢᠳᠡᠮ ᠪᠠᠶᠢᠴᠠᠭᠠᠯᠳᠠ ᠶᠢᠨ ᠡᠭᠦᠷᠭᠡ ᠶᠢ ᠬᠤᠭᠤᠴᠠᠭ᠎ᠠ ᠶᠤᠰᠤᠭᠠᠷ ᠲᠡᠭᠦᠰ ᠪᠡᠶᠡᠯᠡᠬᠦᠯᠬᠦ ᠶᠢ ᠬᠦᠰᠡᠶ᠎ᠡ᠃      ﹇ᠬᠦᠳᠤᠯᠦᠭᠴᠢ﹈ ᠡᠨᠡ ᠤᠳᠠᠭᠠᠨ ᠤ ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠪᠤᠯ ᠲᠦᠪ ᠵᠠᠰᠠᠭ ᠤᠨ ᠤᠷᠳᠤᠨ ᠠᠴᠠ ᠠᠪᠤᠭᠰᠠᠨ ᠵᠠᠰᠠᠭ ᠶᠢᠨ ᠤᠷᠳᠤᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ᠂ ᠰᠢᠨ᠎ᠡ ᠶᠢ ᠡᠭᠦᠳᠤᠨ ᠬᠠᠮᠢᠶᠠᠷᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂  ᠮᠠᠨ ᠤ ᠤᠷᠤᠨ ᠤ ᠡᠯ᠎ᠡ ᠱᠠᠳᠤᠨ ᠤ ᠵᠠᠰᠠᠭ ᠤᠨ ᠤᠷᠳᠤᠨ ᠤ ᠰᠦᠯᠵᠢᠶ᠎ᠡ ᠨᠢ ᠶᠡᠭᠡ ᠶᠢ ᠪᠦᠳᠤᠭᠡᠬᠦ᠂ ᠵᠤᠷᠢᠭᠲᠠᠢ ᠪᠠᠷ ᠡᠭᠦᠷᠭᠡᠯᠡᠬᠦ ᠬᠠᠷᠢᠭᠤᠴᠠᠯᠭᠠᠳᠤ ᠤᠬᠠᠮᠰᠠᠷ ᠢ ᠪᠤᠢ ᠪᠤᠯᠭᠠᠵᠦ᠂ ᠵᠠᠰᠠᠭ ᠤᠨ ᠤᠷᠳᠤᠨ ᠤ ᠰᠦᠯᠵᠢᠶ᠎ᠡ ᠶᠢ ᠰᠠᠶᠢᠳᠤᠷ ᠪᠠᠶᠢᠭᠤᠯᠵᠦ ᠰᠠᠶᠢᠳᠤᠷ ᠬᠠᠮᠢᠶᠠᠷᠴᠤ ᠰᠠᠶᠢᠳᠤᠷ ᠬᠡᠷᠡᠭᠯᠡᠵᠦ᠂ ᠨᠡᠶᠢᠭᠡᠮ ᠨᠡᠶᠢᠳᠡ ᠪᠤᠯᠤᠨ ᠠᠷᠠᠳ ᠤᠯᠠᠨ ᠳᠤ ᠦᠢᠯᠡᠴᠢᠯᠡᠬᠦ ᠴᠢᠳᠠᠪᠤᠷᠢ ᠪᠤᠯᠤᠨ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠬᠦᠯᠬᠦ ᠬᠡᠷᠡᠭᠲᠠᠢ᠃      ᠲᠠ᠊ ᠲᠠᠷᠤᠭ᠎ᠠ ᠶᠢᠨ ᠬᠠᠯᠠᠰᠢᠷᠠᠯ ᠦᠬᠡᠢ ᠲᠠᠶᠢᠯᠪᠤᠷᠢᠯᠠᠭᠰᠠᠨ ᠳᠤ ᠲᠤᠩ ᠶᠡᠭᠡ ᠲᠠᠯᠠᠷᠬᠠᠵᠦ ᠪᠠᠶᠢᠨ᠎ᠠ᠂ ᠮᠦᠨᠴᠤ ᠰᠦᠯᠵᠢᠶᠡᠨ ᠠᠨᠳᠠ ᠨᠠᠷ ᠤᠨ ᠢᠳᠡᠪᠬᠢᠲᠠᠢ ᠤᠷᠤᠯᠴᠠᠭᠰᠠᠨ ᠳᠤ ᠲᠠᠯᠠᠷᠬᠠᠵᠦ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠳᠡᠭᠦᠰᠤᠯ᠎ᠡ᠂ ᠲᠠᠷᠠᠭᠠᠴᠢ ᠶᠢᠨ ᠫᠷᠦᠭᠷᠡᠮ ᠢᠶᠠᠷ ᠲᠠᠬᠢᠨ ᠪᠠᠶᠠᠷᠲᠠᠢ ᠵᠤᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map