︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠰᠠᠨᠠᠯ︾᠎ ᠢ ᠲᠠᠶᠢᠯᠪᠤᠷᠢᠯᠠᠬᠤ ᠨᠢ
ᠨᠡᠶᠢᠲᠡᠯᠡᠭᠰᠡᠨ ᠴᠠᠭ᠄
2015/6/16
     ᠬᠥᠬᠡ ᠠᠭᠤᠯᠠ ᠬᠥᠬᠡᠮᠳᠦᠭ ᠤᠰᠤ ᠪᠣᠯ ᠠᠯᠲᠠᠨ ᠠᠭᠤᠯᠠ ᠮᠥᠩᠭᠦᠨ ᠬᠠᠶᠢᠷᠬᠠᠨ ᠪᠤᠯᠤᠨ᠎ᠠ      ᠠᠵᠤ ᠠᠬᠤᠶ ᠶᠢ ᠬᠥᠭᠵᠢᠭᠦᠯᠬᠦ ᠶᠢ ᠳᠤᠷᠠᠳᠤᠮᠠᠭᠴᠠ᠂ ᠴᠥᠭᠡᠨ ᠪᠤᠰᠤ ᠬᠦᠮᠦᠰ ᠤᠨ ᠳᠤᠲᠤᠷ᠎ᠠ ᠣᠷᠴᠢᠨ ᠠᠬᠤᠶ ᠶᠢ ᠡᠪᠳᠡᠭᠰᠡᠨ ᠪᠠ ᠠᠮᠢ ᠠᠬᠤᠶ ᠶᠢᠨ ᠪᠣᠯᠪᠠᠰᠤᠨ ᠯᠤᠭ᠎ᠠ ᠡᠰᠡᠷᠭᠦᠴᠡᠯᠳᠦᠭᠰᠡᠨ ᠢᠨᠧᠷᠼᠢ ᠰᠡᠳᠬᠢᠬᠦᠶ ᠲᠡᠷᠡ ᠳᠠᠷᠤᠢ ᠡᠭᠦᠰᠳᠡᠭ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠸᠠᠩ ᠯᠢᠨ ᠡᠾᠧ ᠶᠢᠨ ᠦᠵᠡᠬᠦ ᠪᠠᠷ᠂ ᠠᠵᠤ ᠠᠬᠤᠶ ᠨᠡᠶᠢᠭᠡᠮ ᠢ ᠬᠥᠭᠵᠢᠭᠦᠯᠬᠦ ᠶᠠᠪᠤᠴᠠ ᠳᠤ᠂ ᠬᠥᠮᠦᠰ ᠠᠮᠵᠢᠯᠲᠠ ᠪᠦᠲᠦᠮᠵᠢ ᠪᠠ ᠦᠷ᠎ᠡ ᠪᠦᠲᠦᠮᠵᠢ ᠶᠢ ᠢᠯᠡᠭᠦᠦ ᠴᠢᠬᠤᠯᠠᠴᠢᠯᠠᠭᠠᠳ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠶᠡᠷᠦ ᠨᠢ ᠤᠮᠳᠠᠭᠠᠶᠢᠯᠠᠭᠠᠳ ᠪᠠᠶᠢᠳᠠᠭ᠃ ᠶᠡᠷᠦᠩᠬᠡᠶ ᠳᠤᠨᠢ ᠠᠪᠴᠤ ᠦᠵᠡᠪᠡᠯ᠂ ᠣᠳᠣᠬᠠᠨ ᠳᠤ ᠮᠠᠨ ᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠠᠴᠠ ᠮᠥᠨ ᠬᠦ ᠬᠤᠴᠣᠷᠴᠤ ᠪᠠᠶᠢᠨ᠎ᠠ᠃      ᠣᠶᠢᠷ᠎ᠠ ᠶᠢᠨ ᠵᠢᠯ ᠤᠳ ᠲᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠤᠯᠤᠰ ᠤᠨ ᠡᠯ᠎ᠡ ᠭᠠᠵᠠᠷ ᠤᠨ ᠬᠢᠨ ᠴᠥᠮ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠠᠯ᠎ᠠ ᠪᠠᠷ ᠴᠢᠬᠤᠯᠠ ᠶᠡᠭᠡ ᠠᠬᠢᠴᠠ ᠪᠠ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠭᠡᠪᠡᠴᠦ ᠡᠬᠢ ᠪᠠᠶᠠᠯᠢᠭ ᠤᠨ ᠬᠢᠵᠠᠭᠠᠷᠯᠠᠯ ᠴᠢᠩᠭᠠᠷᠠᠵᠤ᠂ ᠣᠷᠴᠢᠨ ᠲᠤᠭᠤᠷᠢᠨ ᠤ ᠪᠣᠬᠢᠷᠲᠤᠯ ᠬᠦᠨᠳᠦ ᠨᠣᠴᠢᠲᠠᠶ ᠪᠤᠯᠵᠤ᠂ ᠠᠮᠢ ᠠᠬᠤᠶ ᠶᠢᠨ ᠰᠢᠰᠲ᠋ᠧᠮ ᠮᠠᠭᠤᠳᠠᠵᠤ᠂ ᠬᠥᠭᠵᠢᠯᠲᠡ ᠬᠢᠭᠡᠳ ᠬᠥᠮᠦᠨ ᠠᠮᠠ ᠡᠬᠢ ᠪᠠᠶᠠᠯᠢᠭ ᠣᠷᠴᠢᠨ  ᠲᠤᠭᠤᠷᠢᠨ ᠤ ᠬᠤᠭᠤᠷᠣᠨᠳᠣᠬᠢ ᠵᠥᠷᠢᠴᠡᠯ ᠡᠳᠦᠷ ᠢᠷᠡᠬᠦᠶ᠎ᠡ ᠲᠣᠪᠤᠶᠢᠮ᠎ᠠ ᠪᠣᠯᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ  ᠬᠦᠭᠵᠢᠬᠦ ᠶᠢᠨ ᠴᠢᠬᠤᠯᠠ ᠶᠡᠭᠡ ᠪᠣᠭᠤᠮᠢ ᠬᠢᠵᠠᠭᠠᠷᠯᠠᠯ ᠪᠤᠯᠤᠭᠰᠠᠨ ᠪᠠᠶᠢᠨ᠎ᠠ᠃ ︽ᠮᠠᠨ ᠤ ᠤᠯᠤᠰ ᠤᠨ ᠡᠬᠢ ᠪᠠᠶᠠᠯᠢᠭ ᠣᠷᠴᠢᠨ  ᠲᠤᠭᠤᠷᠢᠨ ᠤ ᠲᠠᠯ᠎ᠠ ᠪᠠᠷ ᠬᠢ ᠤᠯᠤᠰ ᠤᠨ ᠦᠨᠳᠦᠰᠦᠨ ᠪᠠᠶᠢᠳᠠᠯ ᠪᠤᠯ᠂ ᠨᠢᠭᠡ ᠳᠤ ᠡᠬᠢ ᠪᠠᠶᠠᠯᠢᠭ ᠣᠷᠴᠢᠨ ᠲᠣᠭᠤᠷᠢᠨ ᠤ ᠪᠣᠭᠤᠮᠢ ᠬᠢᠵᠠᠭᠠᠷᠯᠠᠯ ᠬᠡᠴᠡᠭᠦᠳᠡᠵᠦ᠂ ᠢᠯᠠᠩᠭᠤᠶ᠎ᠠ ᠣᠷᠴᠢᠨ ᠲᠤᠭᠤᠷᠢᠨ ᠤ ᠳᠠᠭᠠᠭᠠᠬᠤ ᠴᠢᠳᠠᠪᠤᠷᠢ ᠨᠢᠭᠡᠨᠲᠡ ᠳᠡᠭᠡᠳᠦ ᠲᠠᠯ᠎ᠠ ᠶᠢᠨ ᠬᠢᠵᠠᠭᠠᠷ ᠲᠠᠭᠠᠨ ᠬᠦᠷᠦᠭᠰᠡᠨ ᠪᠤᠶᠤ ᠣᠶᠢᠷᠠᠳᠤᠭᠰᠠᠨ ᠪᠠᠶᠢᠨ᠎ᠠ︔ ᠬᠤᠶᠠᠷ ᠲᠤ ᠠᠮᠢ ᠠᠬᠤᠶ ᠶᠢᠨ ᠪᠣᠯᠪᠠᠰᠤᠨ ᠤ  ᠪᠠᠶᠢᠭᠤᠯᠤᠯᠲᠠ ᠶᠡᠷᠦᠩᠬᠡᠶ ᠳᠡᠭᠡᠨ ᠠᠵᠤ ᠠᠬᠤᠶ ᠨᠡᠶᠢᠭᠡᠮ ᠤᠨ ᠬᠥᠭᠵᠢᠯᠲᠡ ᠠᠴᠠ ᠬᠤᠴᠣᠷᠴᠤ ᠪᠠᠶᠢᠨ᠎ᠠ᠃︾ ᠡᠬᠢ ᠪᠠᠶᠠᠯᠢᠭ ᠣᠷᠴᠢᠨ ᠲᠣᠭᠤᠷᠢᠨ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠪᠡᠶᠡᠯᠡᠭᠦᠯᠬᠦ ᠳᠠᠬᠢ ᠬᠠᠮᠤᠭ ᠤᠨ ᠴᠢᠩᠭ᠎ᠠ ᠬᠢᠵᠠᠭᠠᠷᠯᠠᠯ᠂ ᠬᠠᠮᠤᠭ ᠤᠨ ᠭᠤᠤᠯ ᠠᠰᠠᠭᠤᠳᠠᠯ᠂ ᠲᠤᠭᠤᠷᠢᠵᠤ ᠭᠠᠷᠤᠰᠢ ᠦᠭᠡᠢ ᠡᠩᠭᠦᠯ ᠪᠤᠯᠵᠤ᠂ ᠵᠠᠶᠢᠯᠠᠵᠤ᠂ ᠲᠣᠭᠤᠷᠢᠵᠤ᠂ ᠪᠤᠴᠠᠬᠤ ᠶᠢᠨ ᠠᠷᠭ᠎ᠠ ᠦᠭᠡᠢ ᠡᠷᠬᠡᠪᠰᠢ ᠰᠢᠢᠳᠪᠦᠷᠢᠯᠡᠭᠦᠰᠢᠲᠠᠢ ᠨᠢᠭᠡᠨ ᠲᠤᠯᠭᠠᠮ᠎ᠠ ᠠᠰᠠᠭᠤᠳᠠᠯ ᠪᠤᠯᠤᠭᠠᠳ ᠪᠠᠶᠢᠨ᠎ᠠ ᠬᠡᠵᠤ ᠲᠤᠰᠬᠠᠢ ᠮᠡᠷᠭᠡᠵᠢᠯᠲᠡᠨ ᠵᠢᠭᠠᠵᠤ ᠭᠠᠷᠭᠠᠭᠰᠠᠨ ᠶᠤᠮ᠃      ᠶᠠᠭᠠᠬᠢᠪᠠᠯ ᠵᠣᠬᠢᠬᠤ ᠪᠤᠶ︖ ︽ᠰᠠᠨᠠᠯ︾ ᠬᠠᠷᠢᠭᠤᠯᠲᠠ ᠦᠭᠪᠡ︕      ︽ᠰᠠᠨᠠᠯ︾᠎ ᠳᠤ᠂ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠴᠢᠬᠤᠯᠠ ᠠᠭᠤᠯᠭ᠎ᠠ ᠪᠤᠯᠬᠤ ᠪᠦᠭᠡᠳ ᠠᠷᠠᠳ ᠲᠦᠮᠡᠨ ᠤ ᠠᠵᠠ ᠵᠢᠷᠭᠠᠯ᠂ ᠦᠨᠳᠦᠰᠦᠲᠡᠨ ᠤ ᠢᠷᠡᠭᠡᠳᠦᠶ ᠲᠠᠢ ᠬᠤᠯᠪᠣᠭᠳᠠᠵᠤ᠂ ︽ᠬᠤᠶᠠᠷ ᠵᠠᠭᠤᠨ ᠵᠢᠯ︾᠎ ᠤᠨ ᠲᠡᠮᠡᠴᠡᠬᠦ ᠬᠠᠷᠠᠯᠲᠠ ᠪᠤᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠪᠡᠶᠡᠯᠡᠭᠦᠯᠬᠦ ᠲᠠᠢ ᠬᠤᠯᠪᠤᠭᠳᠠᠬᠤ ᠶᠤᠮ᠃︾ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠣᠪᠤᠶᠢᠮ᠎ᠠ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠲᠡᠭᠦᠨ ᠢ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ ᠶᠢᠨ ᠡᠯ᠎ᠡ ᠲᠠᠯ᠎ᠠ ᠪᠠ ᠪᠦᠬᠦ ᠶᠠᠪᠤᠴᠠ ᠳᠤ ᠤᠷᠤᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ ᠪᠠ  ᠪᠤᠬᠢᠷᠳᠤᠯ ᠦᠭᠡᠶᠢᠵᠢᠭᠦᠯᠦᠯᠲᠡ ᠯᠦᠭᠡ ᠬᠠᠮᠲᠤ ᠳᠤᠨᠢ ᠲᠦᠯᠬᠢᠨ ᠠᠬᠢᠭᠤᠯᠬᠤ ᠬᠡᠷᠡᠭᠲᠡᠶ᠃︾ ᠬᠡᠵᠤ ᠵᠢᠭᠠᠵᠤ ᠭᠠᠷᠭᠠᠭᠰᠠᠨ ᠪᠠᠶᠢᠨ᠎ᠠ᠂ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠮᠠᠨ ᠤ ᠤᠯᠤᠰ ᠮᠠᠰᠢ ᠡᠷᠲᠡ ᠳᠤᠷᠠᠳᠤᠭᠰᠠᠨ ᠪᠤᠯᠪᠠᠴᠤ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠤᠯᠤᠰ ᠤᠨ ᠭᠤᠣᠯᠳᠠᠯᠭ᠎ᠠ ᠪᠤᠯᠭᠠᠵᠤ᠂ ᠵᠢᠩᠬᠢᠨᠢ ᠪᠠᠷ ᠤᠯᠠᠭᠠᠨ ᠲᠦᠷᠦᠭᠦᠲᠦ ᠪᠢᠴᠢᠭ ᠮᠠᠲ᠋ᠧᠷᠢᠶᠠᠯ ᠪᠤᠯᠭᠠᠭᠰᠠᠨ ᠨᠢ ᠬᠠᠰᠢᠯᠠ  ᠠᠩᠬ᠎ᠠ ᠤᠳᠠᠭ᠎ᠠ ᠶᠤᠮ᠃︾ ᠬᠡᠵᠤ ᠸᠠᠩ ᠯᠢᠨ ᠡᠾᠧ ᠬᠡᠯᠡᠪᠡ᠃      ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠤ ᠠᠬᠤᠶ ᠰᠤᠳᠤᠯᠬᠤ ᠭᠠᠵᠠᠷ ᠤᠨ ᠳᠠᠷᠤᠭ᠎ᠠ ᠢᠦᠶ ᠭᠤᠸᠠᠩ ᠵᠢᠶᠦ᠋ᠨ ᠤ ᠦᠵᠡᠬᠦ ᠪᠠᠷ᠂ ᠡᠨᠡ ᠨᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠮᠠᠨ ᠤ ᠨᠠᠮ ᠤᠨ ᠲᠥᠷᠥ ᠪᠠᠷᠢᠬᠤ ᠶᠢᠨ ᠴᠢᠬᠤᠯᠠ ᠠᠵᠢᠯ ᠪᠤᠯᠭᠠᠵᠤ᠂ 4 ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ ᠪᠠ ᠪᠤᠬᠢᠷᠳᠤᠯ ᠦᠭᠡᠶᠢᠵᠢᠭᠦᠯᠦᠯᠲᠡ ᠶᠢ ᠬᠠᠮᠲᠤ ᠳᠤᠨᠢ ᠲᠦᠯᠬᠢᠨ ᠠᠬᠢᠭᠤᠯᠬᠤ ᠶᠢ ᠬᠠᠷᠠᠭᠤᠯᠵᠤ ᠪᠠᠶᠢᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠳᠤᠷᠠᠳᠤᠭᠰᠠᠨ ᠠᠴᠠ ᠠᠪᠤᠭᠠᠳ ᠣᠳᠣ ᠪᠣᠯᠲᠠᠯ᠎ᠠ᠂ ᠲᠡᠭᠦᠨ ᠢ ᠤᠷᠢᠳ ᠡᠮᠦᠨ᠎ᠡ ᠭᠠᠷᠤᠭ᠎ᠠ ᠦᠭᠡᠶ ᠦᠨᠳᠦᠷ ᠬᠡᠮᠵᠢᠶᠡᠨ ᠳᠤ ᠬᠦᠷᠲᠡᠯ᠎ᠡ ᠳᠡᠭᠡᠭᠰᠢᠯᠡᠭᠦᠯᠪᠡ᠃ ︽ᠣᠶᠢᠷ᠎ᠠ ᠳᠤ ᠨᠡᠶᠢᠲᠡᠯᠡᠭᠰᠡᠨ ᠬᠠᠮᠤᠭ ᠤᠨ ᠴᠢᠩᠭ᠎ᠠ ᠣᠷᠴᠢᠨ ᠲᠤᠭᠤᠷᠢᠨ ᠢ ᠬᠠᠮᠠᠭᠠᠯᠠᠬᠤ ᠬᠠᠤᠯᠢ᠂ ︿ᠤᠰᠤᠨ ᠤ ᠠᠷᠪᠠᠨ ᠵᠤᠷᠪᠤᠰ﹀᠎ ᠲᠠᠢ ᠤᠶᠠᠯᠳᠤᠭᠤᠯᠵᠤ ᠦᠵᠡᠪᠡᠯ᠂ ᠮᠠᠨ ᠤ ᠤᠯᠤᠰ ᠢᠷᠡᠭᠡᠳᠦᠶ ᠶᠢᠨ ᠨᠡᠯᠢᠶᠡᠳ ᠤᠷᠲᠤ ᠬᠤᠭᠤᠴᠠᠭᠠᠨ ᠳᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ᠂ ᠦᠷ᠎ᠡ ᠬᠤᠶᠢᠴᠢᠰ ᠲᠠᠭᠠᠨ ᠨᠢᠭᠡᠨ ᠰᠠᠶᠢᠨ ᠰᠠᠶᠢᠬᠠᠨ ᠣᠷᠣᠰᠢᠨ ᠲᠣᠭᠲᠠᠨᠢᠬᠤ᠂ ᠠᠮᠢᠳᠤᠷᠠᠬᠤ ᠪᠠ ᠬᠦᠭᠵᠢᠬᠦ ᠣᠷᠴᠢᠨ ᠨᠥᠬᠦᠴᠡᠯ ᠬᠠᠩᠭᠠᠬᠤ ᠲᠤᠬᠠᠶ ᠳᠤ᠂ ᠥᠩᠭᠡᠷᠡᠭᠰᠡᠨ ᠤ ᠮᠠᠰᠢ ᠣᠯᠠᠨ ᠠᠷᠭ᠎ᠠ ᠶᠢ ᠬᠤᠪᠢᠷᠠᠭᠤᠯᠬᠤ ᠬᠡᠷᠡᠭᠲᠠᠢ ᠪᠠᠶᠢᠨ᠎ᠠ᠃ ᠬᠥᠬᠡ ᠠᠭᠤᠯᠠ ᠬᠥᠬᠡᠮᠳᠦᠭ ᠤᠰᠤ ᠪᠣᠯ ᠠᠯᠲᠠᠨ ᠠᠭᠤᠯᠠ ᠮᠥᠩᠭᠦᠨ ᠬᠠᠶᠢᠷᠬᠠᠨ ᠪᠤᠯᠤᠨ᠎ᠠ᠂ ᠡᠨᠡ ᠨᠢ ᠢᠷᠡᠭᠡᠳᠦᠶ ᠶᠢᠨ ᠰᠢᠨ᠎ᠡ ᠬᠡᠪ ᠶᠢᠨ ᠪᠠᠶᠢᠳᠠᠯ ᠤᠨ ᠬᠡᠪ ᠪᠠᠶᠢᠳᠠᠯ ᠪᠤᠯᠬᠤ ᠶᠤᠮ᠃︾      ︽ᠰᠠᠨᠠᠯ︾᠎ ᠳᠤ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠷᠪᠢᠯᠠᠬᠤ ᠳᠤᠮᠳᠠ᠂ ᠠᠷᠪᠢᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠠᠮᠤᠭ ᠤᠨ ᠪᠠᠭ᠎ᠠ ᠡᠬᠢ ᠪᠠᠶᠠᠯᠢᠭ ᠤᠨ ᠬᠤᠷᠤᠭᠳᠠᠭᠤᠯᠭ᠎ᠠ ᠪᠠᠷ ᠠᠵᠤ ᠠᠬᠤᠶ ᠨᠡᠶᠢᠭᠡᠮ ᠤᠨ ᠦᠷᠭᠦᠯᠵᠢᠯᠡᠨ ᠬᠦᠭᠵᠢᠬᠦ ᠶᠢ ᠲᠤᠯᠭᠠᠭᠤᠷᠢᠯᠠᠨ᠎ᠠ︔ ᠣᠷᠴᠢᠨ ᠲᠣᠭᠤᠷᠢᠨ ᠢ ᠬᠠᠮᠠᠭᠠᠯᠠᠬᠤ ᠪᠠ ᠬᠥᠭᠵᠢᠭᠦᠯᠬᠦ ᠳᠤᠮᠳᠠ᠂ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠦᠭᠵᠢᠬᠦᠯᠬᠦ ᠶᠢᠨ ᠳᠠᠭᠠᠤ ᠳᠤ ᠬᠠᠮᠠᠭᠠᠯᠠᠵᠤ᠂ ᠬᠠᠮᠠᠭᠠᠯᠠᠬᠤ ᠶᠢᠨ ᠳᠠᠭᠠᠤ ᠳᠤ ᠬᠦᠭᠵᠢᠬᠦᠯᠦᠨ᠎ᠡ︔ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠬᠢᠭᠡᠳ ᠵᠠᠰᠠᠵᠤ ᠰᠡᠷᠭᠦᠭᠡᠬᠦ ᠳᠤᠮᠳᠠ᠂ ᠠᠶᠠᠨᠳᠠᠭᠠᠨ ᠰᠡᠷᠭᠦᠬᠦ ᠪᠠᠷ ᠨᠢ ᠭᠤᠣᠯ ᠪᠣᠯᠭᠠᠵᠤ᠂ ᠬᠥᠮᠦᠨ ᠤ ᠬᠦᠴᠦ ᠪᠠᠷ ᠵᠠᠰᠠᠵᠤ ᠰᠡᠷᠭᠦᠭᠡᠬᠦ ᠯᠦᠭᠡ ᠤᠶᠠᠯᠳᠤᠭᠤᠯᠤᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢ ᠡᠷᠬᠡᠪᠰᠢ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ᠂ ᠤᠷᠴᠢᠯᠳᠤᠭᠤᠯᠤᠨ ᠠᠰᠢᠭᠯᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠴᠢᠩᠭ᠎ᠠ ᠬᠠᠮᠠᠭᠠᠯᠠᠬᠤ ᠰᠠᠭᠤᠷᠢᠨ ᠳᠡᠭᠡᠷ᠎ᠡ ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠯᠤᠭ᠎ᠠ ᠵᠤᠬᠢᠴᠠᠯᠳᠠᠭᠤᠯᠤᠨ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠤᠭᠤᠷᠢᠨ ᠢ ᠬᠠᠮᠠᠭᠠᠯᠠᠬᠤ ᠣᠷᠣᠨ ᠵᠠᠶ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠭᠦ ᠠᠷᠭ᠎ᠠ ᠮᠠᠶ᠋ᠢᠭ ᠢ ᠪᠤᠢ ᠪᠤᠯᠭᠠᠨ᠎ᠠ ᠬᠡᠵᠤ ᠲᠤᠲᠤᠷᠬᠠᠢ ᠳᠤᠷᠠᠳᠤᠭᠰᠠᠨ ᠪᠠᠶᠢᠨ᠎ᠠ᠃ ᠵᠦᠪᠬᠡᠨ ᠦᠢᠯᠡᠳᠪᠦᠷᠢᠯᠡᠯ ᠤᠨ ᠦᠢᠯᠡᠳᠦᠯᠭᠡ ᠳᠤᠮᠳᠠ᠂ ᠬᠡᠷᠬᠢᠨ ᠰᠠᠶ᠋ᠢ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠤ᠂ ᠬᠥᠮᠦᠰ ᠤᠨ ᠠᠮᠢᠳᠤᠷᠠᠯ ᠢ ᠪᠠᠶᠠᠨ ᠴᠢᠨᠡᠭᠡᠯᠢᠭ ᠪᠤᠯᠭᠠᠬᠤ ᠮᠦᠷᠲᠡᠭᠡᠨ᠂ ᠪᠠᠰᠠ ᠣᠷᠴᠢᠨ ᠲᠤᠭᠤᠷᠢᠨ ᠢ ᠬᠠᠮᠠᠭᠠᠯᠠᠵᠤ ᠴᠢᠳᠠᠬᠤ ᠪᠤᠶ︖ ᠲᠥᠷᠥ ᠪᠠᠷᠢᠭᠴᠢ ᠳᠤ ᠠᠪᠴᠤ ᠬᠡᠯᠡᠪᠡᠯ᠂ ᠡᠨᠡ ᠨᠢ ᠬᠦᠴᠢᠷ ᠠᠰᠠᠭᠤᠳᠠᠯ ᠪᠤᠯᠬᠤ ᠪᠦᠭᠡᠳ ᠮᠦᠨ ᠴᠤ ᠰᠢᠯᠭᠠᠯᠲᠠ ᠪᠣᠯᠬᠤ ᠶᠤᠮ᠃      ︽ᠰᠠᠨᠠᠯ︾᠎ ᠳᠤ᠂ ᠠᠵᠤ ᠠᠬᠤᠶ ᠶᠢᠨ ᠬᠥᠭᠵᠢᠯᠲᠡ ᠬᠢᠭᠡᠳ ᠡᠬᠢ ᠪᠠᠶᠠᠯᠢᠭ ᠣᠷᠴᠢᠨ ᠲᠤᠭᠤᠷᠢᠨ ᠤ ᠬᠤᠭᠤᠷᠣᠨᠳᠣᠬᠢ ᠵᠥᠷᠢᠴᠡᠯ ᠢ ᠦᠨᠳᠦᠰᠦᠨ ᠠᠴᠠ ᠨᠢ ᠨᠠᠮᠳᠠᠭᠤᠯᠬᠤ ᠳᠤ᠂ ᠡᠷᠬᠡᠪᠰᠢ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠡᠬᠢ ᠪᠠᠶᠠᠯᠢᠭ ᠢ ᠬᠤᠷᠤᠭᠳᠠᠭᠤᠯᠬᠤ ᠨᠢ ᠪᠠᠭ᠎ᠠ᠂ ᠣᠷᠴᠢᠨ ᠲᠤᠭᠤᠷᠢᠨ ᠢ ᠪᠤᠬᠢᠷᠳᠤᠭᠤᠯᠬᠤ ᠨᠢ ᠪᠠᠭ᠎ᠠ ᠠᠵᠤ ᠦᠢᠯᠡᠰ ᠤᠨ ᠪᠦᠲᠦᠴᠡ ᠶᠢ ᠪᠠᠶᠢᠭᠤᠯᠵᠤ᠂ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠪᠤᠬᠢᠷᠳᠤᠯ ᠦᠬᠡᠢ ᠪᠤᠯᠭᠠᠬᠤ ᠶᠢ  ᠲᠦᠷᠭᠡᠳᠭᠡᠨ ᠠᠬᠢᠭᠤᠯᠵᠤ᠂ ᠠᠵᠤ ᠠᠬᠤᠶ ᠶᠢᠨ ᠪᠣᠬᠢᠷᠲᠤᠯ ᠦᠭᠡᠶ ᠶᠢᠨ ᠬᠡᠮᠵᠢᠶ᠎ᠡ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠵᠦ᠂ ᠬᠥᠭᠵᠢᠯᠲᠡ ᠳᠠᠬᠢ ᠡᠬᠢ ᠪᠠᠶᠠᠯᠢᠭ ᠣᠷᠴᠢᠨ ᠲᠤᠭᠤᠷᠢᠨ ᠤ ᠦᠨ᠎ᠡ ᠦᠷᠲᠡᠭ ᠭᠠᠷᠭᠠᠬᠤ ᠶᠢ ᠪᠦᠲᠦᠮᠵᠢᠲᠡᠶ ᠪᠠᠭᠠᠰᠬᠠᠨ᠎ᠠ ᠬᠡᠵᠤ ᠵᠢᠭᠠᠵᠤ ᠭᠠᠷᠭᠠᠪᠠ᠃      ᠨᠢᠭᠡᠨ ᠵᠦᠢᠯ ᠤᠨ ᠪᠦᠬᠦ ᠣᠷᠣᠨ ᠪᠠᠶᠢᠷᠢ ᠶᠢᠨ ᠰᠢᠰᠲ᠋ᠧᠮᠵᠢᠲᠤ ᠢᠨᠵᠧᠨᠧᠷᠢᠩ      ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠵᠥᠪᠬᠡᠨ ︿ᠡᠪᠡᠰᠦ ᠮᠣᠳᠣ ᠲᠠᠷᠢᠬᠤ﹀᠎ ᠳᠤ ᠬᠢᠵᠠᠭᠠᠷᠯᠠᠭᠳᠠᠬᠤ ᠦᠭᠡᠢ᠂ ᠬᠠᠷᠢᠨ ᠬᠥᠭᠵᠢᠯᠲᠡ ᠶᠢᠨ ᠣᠨᠣᠯᠵᠢᠬᠤᠨ᠂ ᠬᠥᠭᠵᠢᠯᠲᠡ ᠶᠢᠨ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠪᠠᠶᠢᠵᠤ᠂ ᠠᠵᠤ ᠠᠬᠤᠶ᠂ ᠤᠯᠤᠰ ᠲᠥᠷᠥ᠂ ᠰᠣᠶᠣᠯ᠂ ᠨᠡᠶᠢᠭᠡᠮ ᠤᠨ ᠪᠠᠶᠢᠭᠤᠯᠤᠯᠲᠠ ᠵᠡᠷᠭᠡ ᠡᠯ᠎ᠡ ᠲᠠᠯ᠎ᠠ ᠶᠢᠨ ᠬᠢᠨ ᠲᠠᠢ ᠬᠤᠯᠪᠤᠭᠳᠠᠭᠤᠯᠵᠤ᠂ ᠲᠡᠷᠡᠴᠢᠯᠡᠨ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ᠂ ᠣᠷᠣᠨ ᠵᠠᠶ ᠶᠢᠨ ᠪᠥᠲᠥᠴᠡ ᠮᠠᠶ᠋ᠢᠭ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ ᠵᠢᠴᠢ ᠥᠷᠲᠡᠭ ᠤᠨ ᠣᠨᠣᠯᠵᠢᠬᠤᠨ᠂ ᠳᠦᠷᠢᠮ ᠪᠠᠶᠢᠭᠤᠯᠤᠯ ᠯᠤᠭ᠎ᠠ ᠨᠢᠭᠲᠠ ᠬᠤᠯᠪᠤᠭᠳᠠᠵᠤ᠂ ᠨᠢᠭᠡ ᠵᠦᠢᠯ ᠤᠨ ᠪᠦᠬᠦ ᠲᠠᠯ᠎ᠠ ᠶᠢᠨ ᠪᠥᠭᠡᠳ ᠰᠢᠰᠲ᠋ᠧᠮᠵᠢᠲᠤ ᠢᠨᠵᠧᠨᠧᠷᠢᠩ᠂ ᠨᠢᠭᠡ ᠤᠳᠠᠭᠠᠨ ᠤ ᠪᠦᠬᠦ ᠣᠷᠣᠨ ᠪᠠᠶᠢᠷᠢ ᠶᠢᠨ᠂ ᠰᠢᠰᠲ᠋ᠧᠮᠲᠤ ᠴᠢᠨᠠᠷᠲᠠᠶ ᠪᠣᠬᠢᠷᠳᠤᠯ ᠦᠭᠡᠢ ᠬᠤᠪᠢᠰᠤᠯᠲᠠ ᠪᠣᠯᠬᠤ ᠶᠤᠮ᠃︾ ᠭᠡᠵᠦ ᠸᠠᠩ ᠯᠢᠨ ᠡᠾᠧ ᠬᠡᠯᠡᠪᠡ᠃ ᠡᠳᠦᠷ ᠲᠤᠲᠤᠮ ᠤᠨ ᠠᠮᠢᠳᠤᠷᠠᠯ ᠳᠤᠮᠳᠠ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠤᠰᠤ ᠠᠷᠪᠢᠯᠠᠬᠤ ᠲᠠᠷᠢᠶᠠᠯᠠᠩ᠂ ᠬᠤᠭ ᠨᠣᠪᠰᠢ ᠶᠢ ᠲᠥᠷᠥᠯ ᠬᠤᠪᠢᠶᠠᠵᠤ ᠡᠭᠡᠭᠦᠯᠦᠨ ᠬᠤᠷᠢᠶᠠᠬᠤ᠂ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠪᠠ ᠪᠣᠬᠢᠷᠳᠤᠯ ᠦᠭᠡᠢ ᠬᠤᠲᠠ ᠪᠠᠯᠭᠠᠰᠤ ᠶᠢ ᠪᠥᠲᠦᠭᠡᠨ ᠪᠠᠶᠢᠭᠤᠯᠬᠤ ᠵᠡᠷᠭᠡ ᠨᠢ ᠴᠥᠮ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠲᠠᠢ ᠣᠯᠠᠨ ᠲᠠᠯ᠎ᠠ ᠶᠢᠨ ᠬᠠᠷᠢᠴᠠᠭ᠎ᠠ ᠲᠠᠢ ᠶᠤᠮ᠃      ︽ᠰᠠᠨᠠᠯ︾᠎ ᠨᠢ 9 ᠲᠠᠯ᠎ᠠ ᠶᠢᠨ 35 ᠵᠦᠢᠯ ᠢ ᠬᠡᠷᠡᠭᠯᠡᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠶᠡᠷᠦᠩᠬᠡᠶ ᠱᠠᠭᠠᠷᠳᠠᠯᠭ᠎ᠠ᠂ ᠭᠤᠣᠯ ᠬᠠᠷᠠᠯᠲᠠ᠂ ᠠᠵᠢᠯ ᠤᠨ ᠬᠦᠷᠢᠶ᠎ᠡ ᠬᠡᠪᠴᠢᠶ᠎ᠡ᠂ ᠳᠦᠷᠢᠮ ᠤᠨ ᠰᠢᠰᠲ᠋ᠧᠮᠵᠢ᠂ ᠡᠯ᠎ᠡ ᠵᠦᠢᠯ ᠤᠨ ᠪᠠᠲᠤᠯᠠᠭ᠎ᠠ ᠵᠡᠷᠭᠡ ᠶᠢ ᠳᠤᠷᠠᠳᠴᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠬᠤᠭᠤᠴᠠᠭᠠᠨ ᠎ ᠳᠤᠨᠢ ᠪᠠᠲᠤᠯᠠᠵᠤ᠂᠂ ᠥᠭᠡᠷᠡᠴᠢᠯᠡᠯᠲᠡ ᠶᠢᠨ ᠬᠡᠰᠡᠭ ᠪᠤᠰᠠᠭ ᠪᠣᠯᠬᠤ ᠶᠢ ᠰᠡᠷᠭᠡᠶᠢᠯᠡᠬᠦ ᠪᠣᠯᠣᠨ᠎ᠠ᠃      ᠰᠠᠨᠠᠯ ᠳᠤ ︽ᠲᠠᠪᠤ ᠶᠢ ᠪᠠᠷᠢᠮᠲᠠᠯᠠᠬᠤ︾ ᠪᠠ ︽ᠲᠠᠪᠤᠨ ᠵᠦᠢᠯ ᠤᠨ ᠡᠭᠦᠷᠭᠡ︾᠎ ᠶᠢ ᠳᠤᠷᠠᠳᠪᠠ᠃      ︽ᠲᠠᠪᠤ ᠶᠢ ᠪᠠᠷᠢᠮᠲᠠᠯᠠᠬᠤ︾᠎ ᠨᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠨᠳᠦᠰᠦᠨ ᠵᠠᠷᠴᠢᠮ ᠢ ᠲᠣᠳᠣᠷᠬᠠᠶᠢᠯᠠᠪᠠ᠄ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠬᠦ ᠪᠠᠷ ᠦᠨᠳᠦᠰᠦᠨ ᠴᠢᠭᠯᠡᠯᠲᠡ ᠪᠣᠯᠭᠠᠬᠤ ᠶᠢ ᠪᠠᠷᠢᠮᠲᠠᠯᠠᠨ᠎ᠠ︔ ᠪᠣᠬᠢᠷᠲᠤᠯ ᠦᠭᠡᠶ ᠬᠥᠭᠵᠢᠭᠦᠯᠬᠦ᠂ ᠣᠷᠴᠢᠯᠳᠤᠭᠤᠯᠤᠨ ᠬᠥᠭᠵᠢᠭᠦᠯᠬᠦ᠂ ᠨᠡᠭᠦᠷᠡᠰᠦᠲᠥ᠋ᠷᠥᠭᠴᠢ ᠪᠠᠭᠠᠲᠠᠢ ᠬᠥᠭᠵᠢᠭᠦᠯᠬᠦ ᠪᠠᠷ ᠦᠨᠳᠦᠰᠦᠨ ᠠᠷᠭ᠎ᠠ ᠵᠠᠮ ᠪᠣᠯᠭᠠᠬᠤ ᠶᠢ ᠪᠠᠷᠢᠮᠲᠠᠯᠠᠨ᠎ᠠ︔ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠬᠦ ᠬᠥᠳᠡᠯᠭᠡᠭᠦᠷ ᠢᠶᠠᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠨ᠎ᠠ︔ ᠠᠮᠢ ᠠᠬᠤᠶ ᠶᠢᠨ ᠰᠣᠶᠣᠯ ᠢ ᠬᠥᠮᠦᠵᠢᠭᠦᠯᠬᠦ ᠪᠠᠷ ᠴᠢᠬᠤᠯᠡ ᠲᠤᠯᠭᠠᠭᠤᠷᠢ ᠪᠣᠯᠭᠠᠬᠤ ᠶᠢ ᠪᠠᠷᠢᠮᠲᠠᠯᠠᠨ᠎ᠠ︔ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠬᠦ ᠪᠠ ᠪᠦᠬᠦᠯᠢ ᠴᠣᠭᠴᠠ ᠪᠠᠷ ᠨᠢ ᠳᠥᠯᠭᠢᠨ ᠠᠬᠢᠭᠤᠯᠬᠤ ᠪᠠᠷ ᠠᠵᠢᠯ ᠤᠨ ᠠᠷᠭ᠎ᠠ ᠮᠠᠶ᠋ᠢᠭ ᠪᠣᠯᠭᠠᠬᠤ ᠶᠢ ᠪᠠᠷᠢᠮᠲᠠᠯᠠᠨ᠎ᠠ᠃      ︽ᠲᠠᠪᠤᠨ ᠵᠦᠢᠯ ᠤᠨ ᠡᠭᠦᠷᠭᠡ︾᠎ ᠨᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠭᠤᠣᠯ ᠬᠠᠷᠠᠯᠲᠠ ᠶᠢ ᠳᠤᠷᠠᠳᠤᠭᠰᠠᠨ ᠪᠠᠶᠢᠨ᠎ᠠ᠄ ᠪᠡᠶᠡᠴᠢ ᠴᠣᠭᠴᠠ ᠶᠢᠨ ᠴᠢᠳᠠᠮᠵᠢ ᠶᠢᠨ ᠣᠷᠣᠨ ᠲᠣᠭᠲᠠᠭᠠᠯᠲᠠ ᠶᠢ ᠴᠢᠩᠭᠠᠷᠠᠭᠤᠯᠤᠨ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢ ᠨᠡᠭᠡᠭᠡᠨ ᠠᠰᠢᠭᠯᠠᠬᠤ ᠪᠠᠶᠢᠷᠢᠰᠢᠯ ᠢ ᠰᠢᠯᠢᠳᠡᠭᠵᠢᠭᠦᠯᠦᠨ᠎ᠡ︔ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠪᠦᠲᠦᠴᠡ ᠶᠢᠨ ᠲᠣᠬᠢᠷᠠᠭᠤᠯᠤᠯᠲᠠ ᠬᠢᠬᠦ ᠶᠢ ᠳᠥᠯᠭᠢᠨ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ︔ ᠡᠬᠢ ᠪᠠᠶᠠᠯᠢᠭ ᠢ ᠠᠷᠪᠢᠯᠠᠵᠤ ᠣᠷᠴᠢᠯᠳᠤᠭᠤᠯᠤᠨ ᠥᠨᠳᠥᠷ ᠦᠷ᠎ᠡ ᠪᠦᠲᠦᠮᠵᠢᠲᠡᠶ ᠬᠡᠷᠡᠭᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠠᠰᠢᠭᠯᠠᠬᠤ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠢ ᠳᠥᠯᠭᠢᠨ ᠠᠬᠢᠭᠤᠯᠤᠨ᠎ᠠ︔ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮᠵᠢ ᠪᠠ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠨ ᠬᠦ ᠰᠠᠶᠢᠵᠢᠷᠠᠭᠤᠯᠤᠨ᠎ᠠ︔ ᠠᠮᠢ ᠠᠬᠤᠶ ᠶᠢᠨ ᠪᠣᠯᠪᠠᠰᠤᠨ ᠤ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃      ᠣᠳᠣᠬᠠᠨ ᠳᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠪᠠᠰᠠ ᠮᠠᠰᠢ ᠠᠷᠪᠢᠨ ᠠᠰᠠᠭᠤᠳᠠᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠂ ᠵᠢᠱᠢᠶᠡᠯᠡᠪᠡᠯ ᠠᠵᠤ ᠠᠬᠤᠶ ᠶᠢᠨ ᠪᠠᠭᠤᠷᠠᠬᠤ ᠳᠠᠷᠤᠯᠲᠠ ᠨᠢ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ ᠶᠢ ᠤᠯᠠᠮ ᠬᠦᠴᠢᠷ ᠪᠡᠷᠬᠡ ᠲᠠᠢ ᠪᠣᠯᠭᠠᠵᠤ᠂ ᠺᠠᠲᠠᠷᠴᠤᠳ ᠤᠨ ᠠᠮᠢ ᠠᠬᠤᠶ ᠶᠢᠨ ᠲᠤᠬᠠᠢ ᠦᠵᠡᠯᠲᠡ ᠬᠤᠴᠣᠷᠴᠤ ᠪᠠᠶᠢᠭ᠎ᠠ ᠨᠢ ᠭᠦᠢᠴᠡᠳᠬᠡᠬᠦ ᠬᠦᠴᠦᠨ ᠢ ᠪᠠᠭᠤᠷᠠᠶ ᠪᠣᠯᠭᠠᠵᠤ ᠪᠠᠶᠢᠭ᠎ᠠ ᠵᠡᠷᠭᠡ ᠪᠣᠯᠣᠨ᠎ᠠ᠃ ︽︿ᠰᠠᠨᠠᠯ﹀᠎ ᠨᠢ ᠨᠠᠶᠢᠳᠠᠪᠤᠷᠢᠵᠢᠭᠤᠯᠬᠤ ᠤᠨ ᠨᠡᠩ ᠢᠯᠡᠭᠦᠦ ᠴᠢᠬᠤᠯᠠᠴᠢᠯᠠᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠳᠦᠷᠢᠮ ᠢᠶᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠶᠠᠪᠤᠭᠳᠠᠬᠤ ᠶᠢ ᠬᠠᠮᠠᠭᠠᠯᠠᠵᠤ ᠪᠣᠢ᠃︾ ᠭᠡᠵᠦ ᠵᠠᠷᠢᠮ ᠲᠤᠰᠬᠠᠶ ᠮᠡᠷᠭᠡᠵᠢᠯᠲᠡᠨ ᠢᠯᠡᠳᠬᠡᠪᠡ᠃ ᠰᠠᠨᠠᠯ ᠳᠤ᠂ ᠡᠬᠢ ᠡᠭᠦᠰᠦᠯ ᠠᠴᠠ ᠨᠢ ᠰᠡᠷᠭᠡᠶᠢᠯᠡᠬᠦ᠂ ᠶᠠᠪᠤᠴᠠ ᠳᠤᠨᠢ ᠡᠵᠡᠮᠳᠡᠬᠦ᠂ ᠬᠤᠬᠢᠷᠠᠯ ᠢ ᠲᠥᠯᠥᠪᠦᠷᠢᠯᠡᠬᠦ᠂ ᠬᠠᠷᠢᠭᠤᠴᠠᠯᠭ᠎ᠠ ᠶᠢ ᠨᠡᠬᠡᠮᠵᠢᠯᠡᠬᠦ ᠪᠦᠬᠦᠯᠢ ᠴᠣᠭᠴᠠ ᠶᠢᠨ ᠰᠡᠳᠬᠢᠮᠵᠢ ᠶᠢ ᠪᠠᠭᠳᠠᠭᠠᠵᠤ᠂ ᠡᠬᠢ ᠪᠠᠶᠠᠯᠢᠭ ᠣᠷᠴᠢᠨ ᠲᠣᠭᠤᠷᠢᠨ ᠤ ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠪᠠ ᠬᠡᠷᠡᠭᠴᠡᠭᠡ ᠶᠢ ᠵᠠᠬᠢᠷᠤᠨ ᠬᠠᠮᠢᠶᠠᠷᠬᠤ ᠳᠦᠷᠢᠮ ᠢ ᠪᠦᠷᠢᠨᠰᠢᠭᠦᠯᠬᠦ᠂ ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠥᠷᠢ ᠥᠭᠬᠦ ᠲᠣᠭᠲᠠᠴᠠ ᠶᠢ ᠪᠦᠷᠢᠨᠰᠢᠭᠦᠯᠬᠦ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠲᠡᠭᠦᠯᠳᠡᠷᠵᠢᠭᠦᠯᠬᠦ ᠵᠡᠷᠭᠡ 10 ᠲᠠᠯ᠎ᠠ ᠶᠢᠨ ᠴᠢᠬᠤᠯᠠ ᠶᠡᠭᠡ ᠳᠦᠷᠢᠮ ᠢ ᠳᠤᠷᠠᠳᠴᠤ᠂ ᠪᠠᠶᠢᠭᠠᠯᠢ ᠶᠢᠨ ᠠᠮᠢ ᠠᠬᠤᠶ ᠶᠢᠨ ᠣᠷᠣᠨ ᠵᠠᠶ ᠳᠤ ᠨᠢᠭᠡᠳᠦᠯᠲᠡᠶ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠭᠤᠯᠬᠤ᠂ ᠡᠨᠧᠷᠭᠢ ᠠᠷᠪᠢᠯᠠᠭᠰᠠᠨ ᠢ ᠦᠨᠡᠯᠡᠨ ᠵᠢᠱᠢᠵᠤ ᠴᠢᠩᠭ᠎ᠠ ᠬᠢᠨᠠᠨ ᠪᠠᠶᠢᠴᠠᠭᠠᠬᠤ᠂ ᠤᠰᠤᠨ ᠤ ᠡᠬᠢ ᠪᠠᠶᠠᠯᠢᠭ ᠢ ᠨᠤᠲᠠᠯᠠᠬᠤ ᠪᠠ ᠤᠰᠤ ᠲᠠᠲᠠᠬᠤ ᠵᠥᠪᠰᠢᠶᠡᠷᠡᠯ ᠤᠨ ᠳᠦᠷᠢᠮ ᠢ ᠴᠢᠭᠳᠠᠯᠠᠬᠤ ᠶᠢ ᠳᠤᠷᠠᠳᠴᠠᠢ︔ ᠡᠬᠢ ᠪᠠᠶᠠᠯᠢᠭ ᠣᠷᠴᠢᠨ ᠲᠣᠭᠤᠷᠢᠨ ᠤ ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠡᠯ᠎ᠡ ᠲᠥᠷᠥᠯ ᠤᠨ ᠨᠡᠭᠡᠭᠡᠨ ᠠᠰᠢᠭᠯᠠᠬᠤ ᠠᠵᠢᠯᠯᠠᠭ᠎ᠠ ᠶᠢ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠶᠢᠨ ᠳᠣᠲᠣᠷ᠎ᠠ ᠬᠢᠵᠠᠭᠠᠷᠯᠠᠬᠤ ᠶᠢ ᠳᠤᠷᠠᠳᠴᠦ᠂ ᠡᠬᠢ ᠪᠠᠶᠠᠯᠢᠭ ᠤᠨ ᠬᠤᠷᠣᠭᠳᠠᠭᠤᠯᠭ᠎ᠠ ᠶᠢᠨ ︽ᠲᠡᠭᠡᠪᠦᠷ︾᠎ ᠢ ᠵᠦᠶ ᠵᠣᠬᠢᠰᠲᠠᠶ ᠲᠣᠭᠲᠠᠭᠠᠬᠤ ᠬᠡᠷᠡᠭᠲᠡᠢ︔ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠦᠷᠢᠮ ᠢ ᠪᠦᠷᠢᠨᠰᠢᠭᠦᠯᠬᠦ ᠲᠠᠯ᠎ᠠ ᠪᠠᠷ᠂ ᠡᠬᠢ ᠪᠠᠶᠠᠯᠢᠭ ᠤᠨ ᠬᠤᠷᠣᠭᠳᠠᠭᠤᠯᠤᠯ᠂ ᠣᠷᠴᠢᠨ ᠲᠣᠭᠤᠷᠢᠨ ᠤ ᠬᠤᠬᠢᠷᠠᠭᠤᠯᠤᠯ᠂ ᠠᠮᠢ ᠠᠬᠤᠶ ᠶᠢᠨ ᠦᠷ᠎ᠡ ᠠᠰᠢᠭ ᠵᠡᠷᠭᠡ ᠭᠦᠢᠴᠡᠳᠬᠡᠬᠦ ᠲᠤᠭ᠎ᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠬᠦ ᠰᠢᠰᠲ᠋ᠧᠮᠵᠢ ᠳᠤ ᠣᠷᠤᠭᠤᠯᠬᠤ ᠶᠢ ᠳᠤᠷᠠᠳᠴᠤ᠂ ᠣᠷᠣᠨ ᠪᠦᠰᠡ ᠶᠢᠨ ᠪᠡᠶᠡᠴᠢ ᠴᠣᠭᠴᠠ ᠶᠢᠨ ᠴᠢᠳᠠᠮᠵᠢᠲᠤ ᠣᠷᠣᠨ ᠲᠣᠭᠲᠠᠭᠠᠯᠲᠠ ᠶᠢ ᠦᠨᠳᠦᠰᠦᠯᠡᠨ ᠵᠦᠷᠢᠶᠡᠴᠢᠯᠡᠭᠰᠡᠨ ᠰᠢᠯᠭᠠᠨ ᠬᠢᠨᠠᠬᠤ ᠳᠦᠷᠢᠮ ᠢ ᠬᠡᠷᠡᠭᠵᠢᠭᠦᠯᠬᠦ ᠬᠡᠷᠡᠭᠲᠡᠢ︔ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠡᠭᠦᠯᠳᠡᠷᠵᠢᠭᠦᠯᠵᠦ ᠲᠠᠯ᠎ᠠ ᠪᠠᠷ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠱᠠᠭᠠᠷᠳᠠᠯᠭ᠎ᠠ ᠠᠴᠠ ᠵᠦᠷᠢᠴᠡᠭᠰᠡᠨ᠂ ᠡᠬᠢ ᠪᠠᠶᠠᠯᠢᠭ ᠣᠷᠴᠢᠨ ᠲᠣᠭᠤᠷᠢᠨ ᠤ ᠠᠮᠢ ᠠᠬᠤᠶ ᠶᠢ ᠬᠦᠨᠳᠦ ᠨᠣᠴᠢᠲᠠᠶ ᠡᠪᠳᠡᠭᠰᠡᠨ ᠢ ᠲᠡᠮᠳᠡᠭᠯᠡᠨ ᠳᠠᠩᠰᠠᠯᠠᠵᠤ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠬᠦ ᠬᠡᠷᠡᠭᠲᠡᠶ ᠬᠡᠵᠦ ᠳᠤᠷᠠᠳᠴᠠᠢ᠃      ︽ᠢᠯᠠᠩᠭᠤᠶ᠎ᠠ ᠤᠳᠤᠷᠢᠳᠬᠤ ᠺᠠᠲᠠᠷ ᠠᠴᠠ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠨᠢ ᠤᠳᠤᠷᠢᠳᠬᠤ ᠺᠠᠳ᠋ᠷ ᠨᠢᠭᠡᠪᠦᠷᠢ ᠳᠤ ᠨᠢᠭᠡ ᠬᠤᠪᠢ ᠬᠠᠷᠢᠭᠤᠴᠠᠯᠭ᠎ᠠ ᠶᠢᠨ ᠳᠠᠩᠰᠠ ᠡᠪᠬᠡᠮᠡᠯ ᠬᠢᠵᠦ ᠥᠭᠬᠦ ᠪᠣᠯᠣᠨ᠎ᠠ᠃ ᠤᠳᠤᠷᠢᠳᠬᠤ ᠺᠠᠳ᠋ᠷᠴᠤᠳ ᠤᠨ ᠬᠠᠷᠢᠭᠤᠴᠠᠯᠭᠠᠲᠤ ᠰᠡᠳᠬᠢᠯᠭᠡ ᠶᠢ ᠴᠢᠩᠭᠠᠷᠠᠭᠤᠯᠬᠤ ᠳᠤ ᠯᠠᠪ ᠲᠤᠰᠠᠲᠠᠢ ᠪᠠᠶᠢᠵᠤ᠂ ᠤᠳᠤᠷᠢᠳᠬᠤ ᠺᠠᠳ᠋ᠷᠴᠤᠳ ᠥᠩᠭᠡᠨ ᠲᠠᠯ᠎ᠠ ᠶᠢᠨ ᠠᠵᠢᠯ ᠪᠠ ᠠᠵᠢᠯ ᠤᠨ ᠪᠦᠲᠦᠮᠵᠢ ᠶᠢᠨ ᠢᠨᠵᠧᠨᠧᠷᠢᠩ ᠤᠨ ᠲᠥᠯᠥᠭᠡ ᠳᠤᠷ᠎ᠠ ᠪᠠᠷ ᠢᠶᠠᠨ ᠬᠢᠬᠦ ᠶᠢ ᠰᠡᠷᠭᠡᠶᠢᠯᠡᠬᠦ ᠪᠣᠯᠣᠨ᠎ᠠ᠃︾ ᠭᠡᠵᠦ ᠬᠤᠲᠠ ᠶᠢᠨ ᠠᠷᠠᠳ ᠡᠦ ᠠᠪᠤᠭᠠᠶ ᠦᠵᠡᠵᠦ ᠪᠠᠶᠢᠨ᠎ᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠬᠢᠭᠡᠳ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠤᠨ ᠳᠠᠷᠤᠭ᠎ᠠ ᠸᠠᠩ ᠢ ᠵᠠᠭᠤᠴᠢᠯᠠᠭᠤᠷ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠳᠠᠭᠠᠨ ᠢᠯᠡᠷᠬᠡᠶᠢᠯᠡᠭᠰᠡᠨ ᠨᠢ᠂ ᠰᠠᠨᠠᠯ ᠳᠤ ᠳᠤᠷᠠᠳᠤᠭᠰᠠᠨ ᠳᠦᠷᠢᠮ ᠢ ᠵᠠᠯᠭᠠᠭᠠᠳ ᠢᠵᠢ ᠪᠦᠷᠢᠳᠦᠭᠰᠡᠨ ᠬᠠᠤᠯᠢ ᠴᠠᠭᠠᠵᠠ ᠬᠠᠤᠯᠢ ᠲᠣᠭᠲᠠᠭᠠᠯ ᠲᠠᠢ ᠪᠠᠶᠢᠵᠤ ᠨᠠᠷᠢᠯᠠᠭᠵᠢᠭᠤᠯᠬᠤ ᠬᠡᠷᠡᠭᠲᠡᠢ᠃ ᠳᠠᠷᠠᠭᠠᠴᠢ ᠶᠢᠨ ᠠᠯᠬᠤᠮ ᠤᠨ ᠵᠠᠩᠭᠢᠯᠠᠭ᠎ᠠ ᠪᠣᠯ ᠡᠳᠡᠭᠡᠷ ᠳᠦᠷᠢᠮ ᠢ ᠦᠨᠡᠨ ᠬᠦ ᠨᠠᠶᠢᠳᠠᠪᠤᠷᠢᠵᠢᠭᠤᠯᠵᠤ ᠳᠡᠶᠢᠯᠬᠦ ᠡᠰᠡᠬᠦ ᠳᠤ ᠪᠣᠢ᠃ ᠳᠦᠷᠢᠮ ᠤᠨ ᠶᠠᠩᠵᠤ ᠠᠯᠳᠠᠭᠳᠠᠬᠤ ᠦᠭᠡᠢ᠂ ᠳᠦᠷᠰᠦ ᠬᠤᠪᠢᠷᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ᠬᠥᠮᠦᠨ ᠪᠦᠬᠦᠨ ᠴᠥᠮ ᠪᠣᠬᠢᠷᠳᠣᠯ ᠦᠭᠡᠢ ᠠᠮᠢᠳᠤᠷᠠᠯ ᠤᠨ ᠦᠢᠯᠡᠳᠦᠯᠭᠡᠵᠢᠭᠦᠯᠦᠭᠴᠢ ᠮᠦᠨ      ︽ᠰᠠᠨᠠᠯ︾᠎ ᠳᠤ᠂ ᠬᠥᠮᠦᠨ ᠪᠦᠬᠦᠨ ᠴᠥᠮ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠭᠴᠢ ᠮᠦᠨ ᠭᠡᠰᠡᠨ ᠣᠨᠣᠯᠵᠢᠬᠤᠨ ᠢ ᠴᠢᠬᠤᠯᠠᠴᠢᠯᠠᠭᠰᠠᠨ ᠪᠠᠶᠢᠨ᠎ᠠ᠂ ᠡᠨᠡ ᠨᠢ ᠳᠠᠷᠤᠢ ᠨᠡᠶᠢᠲᠡ ᠣᠯᠠᠨ ᠢᠶᠠᠷ ᠢᠶᠠᠨ ᠣᠷᠣᠯᠴᠠᠬᠤ ᠨᠢ ᠮᠦᠨᠴᠦ ᠨᠢᠭᠡᠨ ᠶᠡᠭᠡ ᠭᠢᠯᠠᠰ ᠴᠡᠭ ᠪᠣᠯᠣᠨ᠎ᠠ᠃      ︽ᠰᠠᠨᠠᠯ︾᠎ ᠳᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠲᠦᠷᠭᠡᠳᠬᠡᠨ ᠪᠤᠶ ᠪᠣᠯᠭᠠᠬᠤ ᠬᠡᠷᠡᠭᠲᠡᠶ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠡᠯ᠎ᠡ ᠠᠵᠢᠯ ᠲᠥᠷᠥᠯ ᠤᠨ ᠬᠢᠨ᠂ ᠦᠢ ᠲᠦᠮᠡᠨ ᠠᠶᠢᠯ ᠡᠷᠦᠬᠡ ᠲᠠᠢ ᠬᠤᠯᠪᠣᠭᠳᠠᠨ᠎ᠠ᠃ ᠠᠷᠠᠳ ᠣᠯᠠᠨ ᠤ ᠢᠳᠡᠪᠬᠢᠵᠢᠯ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠎ ᠢ ᠭᠦᠢᠴᠡᠳ ᠪᠠᠳᠠᠷᠠᠭᠤᠯᠤᠨ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠠᠷᠠᠳ ᠤᠨ ᠣᠶᠤᠨ ᠤᠬᠠᠭᠠᠨ ᠢ  ᠲᠦᠪᠯᠡᠷᠡᠭᠦᠯᠦᠨ᠂ ᠠᠷᠠᠳ ᠤᠨ ᠬᠦᠴᠦᠨ ᠢ ᠨᠡᠶᠢᠯᠡᠭᠦᠯᠵᠦ᠂ ᠠᠮᠢᠳᠤᠷᠠᠯ ᠤᠨ ᠠᠷᠭ᠎ᠠ ᠮᠠᠶ᠋ᠢᠭ ᠤᠨ ᠪᠣᠬᠢᠷᠳᠣᠯ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠃ ︽ᠬᠡᠷᠡᠭ ᠳᠡᠭᠡᠷ᠎ᠡ ᠪᠠᠨ᠂ ᠬᠥᠮᠦᠰ ᠤᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠴᠥᠮ ᠢᠳᠡᠭ ᠢᠳᠡᠭ ᠢᠶᠠᠷ ᠳᠡᠭᠡᠭᠰᠢᠯᠡᠵᠦ ᠪᠤᠢ᠂ ᠭᠡᠪᠡᠴᠦ ᠪᠠᠰᠠ ᠬᠡᠷᠬᠢᠨ ᠬᠢᠬᠦ ᠪᠠᠨ ᠮᠡᠳᠡᠬᠦ ᠦᠭᠡᠢ ᠪᠣᠯᠬᠤᠷ᠂ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠶᠢᠨ ᠲᠠᠨᠢᠨ ᠮᠡᠳᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃︾᠎  ᠭᠡᠵᠦ ᠸᠠᠩ ᠯᠢᠨ ᠡᠾᠧ ᠬᠡᠯᠡᠪᠡ  ᠃      ︽ᠰᠠᠨᠠᠯ︾᠎ ᠳᠤ᠂ ᠪᠦᠬᠦ ᠠᠷᠠᠳ ᠤᠨ ᠠᠮᠢ ᠠᠬᠤᠶ ᠶᠢᠨ ᠪᠣᠯᠪᠠᠰᠤᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠲᠣᠲᠣᠷᠬᠠᠶᠢᠯᠠᠭᠰᠠᠨ ᠪᠠᠶᠢᠨ᠎ᠠ᠃ ᠠᠮᠢ ᠠᠬᠤᠶ ᠶᠢᠨ ᠰᠣᠶᠣᠯ ᠂ ᠠᠮᠢ ᠠᠬᠤᠶ ᠶᠢᠨ ᠶᠣᠰᠣ ᠰᠤᠷᠲᠠᠬᠤᠨ ᠢ ᠢᠳᠡᠪᠬᠢᠲᠠᠢ ᠪᠤᠶᠢᠵᠢᠭᠤᠯᠵᠤ᠂ ᠠᠮᠢ ᠠᠬᠤᠶ ᠶᠢᠨ ᠪᠣᠯᠪᠠᠰᠤᠨ ᠢ ᠨᠡᠶᠢᠭᠡᠮ ᠤᠨ ᠭᠤᠣᠯ ᠪᠣᠯᠬᠤ ᠥᠷᠲᠡᠭ ᠤᠨ ᠦᠵᠡᠯᠲᠡ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠲᠡᠭᠡᠬᠦ ᠮᠥᠷᠲᠡᠭᠡᠨ ᠬᠡᠦᠬᠡᠳ ᠪᠠ ᠪᠠᠭᠠᠴᠤᠳ ᠠᠴᠠ ᠡᠬᠢᠯᠡᠨ ᠠᠳᠬᠤᠵᠤ᠂ ᠭᠡᠷ ᠪᠦᠯᠢ᠂ ᠰᠤᠷᠭᠠᠭᠤᠯᠢ ᠶᠢᠨ ᠰᠤᠷᠭᠠᠨ ᠬᠥᠮᠦᠵᠢᠯ ᠠᠴᠠ ᠭᠠᠷᠳᠠᠨ ᠠᠳᠬᠤᠵᠤ᠂  ᠪᠦᠬᠦ ᠨᠡᠶᠢᠭᠡᠮ ᠤᠨ ᠬᠢᠨ ᠢ ᠬᠥᠲᠥᠯᠦᠨ ᠵᠢᠯᠣᠭᠤᠳᠴᠤ ᠪᠠᠶᠢᠭᠠᠳ ᠠᠮᠢ ᠠᠬᠤᠶ ᠶᠢᠨ ᠪᠣᠯᠪᠠᠰᠤᠨ ᠤ ᠦᠵᠡᠯ ᠤᠬᠠᠮᠰᠠᠷ ᠢ ᠪᠣᠢ ᠪᠣᠯᠭᠠᠬᠤ ᠬᠡᠷᠡᠭᠲᠡᠢ ᠃ ᠠᠮᠢ ᠠᠬᠤᠶ ᠶᠢᠨ ᠪᠣᠯᠪᠠᠰᠤᠨ ᠤ ᠰᠤᠷᠭᠠᠨ ᠬᠥᠮᠥᠵᠢᠯ ᠢ ᠬᠡᠪ ᠴᠢᠨᠠᠷ ᠤᠨ ᠰᠤᠷᠭᠠᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠨ᠂ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮᠵᠢ ᠪᠠ ᠺᠠᠳ᠋ᠷᠴᠤᠳ ᠤᠨ ᠬᠥᠮᠥᠵᠢᠯ ᠪᠣᠯᠪᠠᠰᠤᠷᠠᠭᠤᠯᠤᠯ ᠤᠨ ᠰᠢᠰᠲ᠋ᠧᠮᠵᠢ ᠳᠤ  ᠣᠷᠣᠭᠤᠯᠬᠤ ᠬᠡᠷᠡᠭᠲᠡᠢ᠃ ᠡᠭᠦᠨ ᠤ ᠬᠠᠮᠲᠤ᠂  ᠪᠣᠬᠢᠷᠲᠤᠯ ᠦᠭᠡᠶ ᠠᠮᠢᠳᠤᠷᠠᠯ ᠤᠨ ᠠᠷᠭ᠎ᠠ ᠮᠠᠶ᠋ᠢᠭ ᠢ ᠪᠣᠶᠢᠵᠢᠭᠤᠯᠤᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠬᠡᠷᠡᠭᠯᠡᠭᠡᠨ ᠤ ᠦᠵᠡᠯᠲᠡ ᠶᠢ ᠰᠠᠨᠠᠭᠠᠴᠢᠯᠠᠨ᠂ ᠪᠣᠬᠢᠷᠲᠤᠯ ᠦᠭᠡᠶ ᠠᠮᠢᠳᠤᠷᠠᠯ ᠤᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠪᠦᠬᠦ ᠠᠷᠠᠳ ᠤᠨ ᠡᠮᠦᠰᠬᠦ᠂ ᠢᠳᠡᠬᠦ᠂ ᠰᠠᠭᠤᠬᠤ᠂ ᠶᠠᠪᠤᠬᠤ᠂ ᠵᠢᠭᠤᠯᠴᠢᠯᠠᠬᠤ ᠵᠡᠷᠭᠡ ᠲᠠᠯ᠎ᠠ ᠪᠠᠷ ᠠᠵᠢᠯᠴᠢ ᠠᠷᠪᠢᠴᠢ ᠪᠠᠷ ᠭᠠᠮᠨᠠᠨ ᠠᠷᠪᠢᠯᠠᠬᠤ᠂ ᠪᠣᠬᠢᠷᠲᠤᠯ ᠦᠭᠡᠶ ᠳᠣᠣᠷ᠎ᠠ ᠨᠡᠭᠦᠷᠡᠰᠦᠲᠥ᠋ᠷᠥᠭᠴᠢᠲᠦ᠂ ᠪᠣᠯᠪᠠᠰᠤᠨ ᠡᠷᠡᠭᠦᠯ ᠡᠩᠬᠡ ᠠᠷᠭ᠎ᠠ ᠮᠠᠶ᠋ᠢᠭ ᠲᠡᠰᠢ ᠬᠤᠪᠢᠷᠠᠬᠤ ᠶᠢ ᠲᠦᠷᠭᠡᠳᠬᠡᠨ᠂ ᠡᠯ᠎ᠡ ᠵᠦᠢᠯ ᠤᠨ ᠬᠡᠯᠪᠡᠷᠢ ᠶᠢᠨ ᠱᠠᠯᠢᠨ ᠪᠦᠷᠢᠯᠭᠡᠬᠦ᠂ ᠵᠦᠶ ᠵᠣᠬᠢᠰ ᠦᠭᠡᠶ ᠬᠡᠷᠡᠭᠯᠡᠭᠡᠨ ᠬᠢᠬᠦ ᠶᠢ ᠡᠷᠡᠰ ᠬᠤᠷᠢᠭᠯᠠᠬᠤ ᠪᠠ ᠡᠰᠡᠷᠭᠦᠴᠡᠬᠦ ᠬᠡᠷᠡᠭᠲᠡᠢ᠃  ᠨᠡᠶᠢᠲᠡ ᠣᠯᠠᠨ ᠢᠶᠠᠷ ᠢᠶᠠᠨ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠂ ᠡᠯ᠎ᠡ ᠲᠥᠷᠥᠯ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠣᠯᠠᠨ ᠨᠡᠶᠢᠲᠡ ᠶᠢᠨ ᠣᠷᠴᠢᠨ ᠲᠣᠭᠤᠷᠢᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃ ᠢᠯᠡᠴᠢᠯᠡᠨ ᠮᠡᠳᠡᠭᠦᠯᠬᠦ᠂ ᠭᠡᠷᠡᠴᠢᠯᠡᠭᠡ ᠰᠣᠨᠣᠰᠬᠤ᠂ ᠶᠠᠷᠢᠶ᠎ᠠ ᠬᠡᠯᠡᠯᠴᠡᠭᠡᠨ ᠪᠠ ᠨᠡᠶᠢᠲᠡ ᠣᠯᠠᠨ ᠢᠶᠠᠷ ᠢᠶᠠᠨ ᠬᠢᠨᠠᠯᠲᠠ ᠲᠠᠯᠪᠢᠬᠤ ᠵᠡᠷᠭᠡ ᠳᠦᠷᠢᠮ ᠢ ᠲᠡᠭᠦᠯᠳᠡᠷᠵᠢᠭᠦᠯᠵᠦ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠨᠡᠶᠢᠭᠡᠮ ᠤᠨ ᠠᠵᠢᠯᠯᠠᠭᠠᠨ ᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ︽ᠠᠮᠢ ᠠᠬᠤᠶ ᠶᠢᠨ ᠪᠣᠯᠪᠠᠰᠤᠨ ᠤ ᠣᠨᠣᠯᠵᠢᠬᠤᠨ ᠢ ᠪᠤᠶ ᠪᠣᠯᠭᠠᠬᠤ ᠨᠢ ᠪᠦᠬᠦ ᠨᠡᠶᠢᠭᠡᠮ ᠤᠨ ᠠᠰᠢᠭ ᠲᠤᠰᠠ ᠲᠠᠢ  ᠬᠤᠯᠪᠣᠭᠳᠠᠬᠤ ᠪᠣᠯᠬᠤᠷ᠂ ᠪᠦᠬᠦ ᠨᠡᠶᠢᠭᠡᠮ ᠢᠶᠠᠷ ᠢᠶᠠᠨ ᠬᠠᠮᠲᠤᠪᠡᠷ ᠬᠢᠨᠠᠯᠲᠠ ᠲᠠᠯᠪᠢᠬᠤ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠡᠯ᠎ᠡ ᠵᠦᠢᠯ ᠤᠨ ᠦᠢᠯᠡ ᠠᠵᠢᠯᠯᠠᠭ᠎ᠠ ᠴᠢᠬᠤᠯᠠᠲᠠᠢ ᠪᠠᠶᠢᠵᠤ᠂ ᠪᠣᠬᠢᠷᠲᠤᠯ ᠦᠭᠡᠶ ᠬᠦᠭᠵᠢᠭᠦᠯᠬᠦ ᠣᠨᠣᠯᠵᠢᠬᠤᠨ  ᠢ ᠪᠣᠳᠠᠲᠠᠶ ᠠᠵᠢᠯᠯᠠᠭ᠎ᠠ ᠪᠠᠷ ᠢᠶᠠᠨ  ᠦᠢᠯᠡᠳᠦᠯᠭᠡᠵᠢᠭᠦᠯᠬᠦ ᠬᠡᠷᠡᠭᠲᠡᠢ᠃︾ ᠭᠡᠵᠦ ᠸᠠᠩ ᠯᠢᠨ ᠡᠾᠧ ᠬᠡᠯᠡᠪᠡ᠃ ︽ᠠᠮᠢ ᠠᠬᠤᠶ ᠶᠢᠨ ᠣᠷᠴᠢᠨ  ᠲᠣᠭᠤᠷᠢᠨ ᠢ ᠬᠠᠮᠠᠭᠠᠯᠠᠬᠤ ᠎ ᠨᠢ ᠠᠯᠢ ᠨᠢᠭᠡᠨ ᠰᠠᠯᠠᠭ᠎ᠠ ᠮᠥᠴᠢᠷ ᠤᠨ ᠶᠠᠪᠤᠳᠠᠯ ᠪᠢᠰᠢ᠂  ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠪᠠ ᠬᠠᠷᠠᠯᠲᠠ ᠪᠣᠯᠣᠨ᠎ᠠ᠃ ᠠᠷᠠᠳ ᠢᠷᠭᠡᠳ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠪᠠ ᠲᠠᠨᠢᠯᠲᠠ ᠶᠢ ᠳᠡᠭᠡᠭᠰᠢᠯᠡᠭᠦᠯᠬᠦ ᠳᠤ᠂ ᠵᠠᠰᠠᠭ ᠤᠨ ᠣᠷᠳᠣᠨ ᠨᠤᠭᠤᠳ ᠳᠦᠷᠢᠮ ᠢᠶᠠᠷ ᠬᠥᠮᠦᠰ ᠤᠨ ᠣᠷᠴᠢᠨ ᠲᠣᠭᠤᠷᠢᠨ ᠢ ᠡᠪᠳᠡᠭᠰᠡᠨ ᠦᠢᠯᠡ ᠠᠵᠢᠯᠯᠠᠭ᠎ᠠ ᠶᠢ ᠬᠢᠵᠠᠭᠠᠷᠯᠠᠵᠤ᠂ ᠪᠣᠬᠢᠷᠳᠣᠯ ᠦᠭᠡᠢ ᠠᠮᠢ ᠠᠬᠤᠶ ᠶᠢ ᠡᠷᠬᠢᠯᠡᠵᠦ ᠪᠠᠶᠢᠭ᠎ᠠ ᠠᠵᠤ ᠠᠬᠤᠶᠢᠯᠠᠯ ᠪᠠ ᠬᠤᠪᠢ ᠬᠥᠮᠥᠨ ᠢ ᠵᠣᠷᠢᠭᠵᠢᠭᠤᠯᠬᠤ ᠬᠡᠷᠡᠭᠲᠡᠶ᠃︾ ᠭᠡᠵᠦ ᠣᠷᠳᠣᠰ ᠬᠤᠲᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡᠨ ᠤ ᠳᠠᠷᠤᠭ᠎ᠠ ᠶᠠᠩ ᠶᠦᠩ ᠹᠧᠩ ᠰᠠᠨᠠᠭᠤᠯᠪᠠ᠃ ᠡᠭᠦᠨ ᠠᠴᠠ ᠭᠠᠳᠠᠨ᠎ᠠ᠂ ᠲᠤᠰᠬᠠᠶ  ᠮᠡᠷᠭᠡᠵᠢᠯᠲᠡᠳ ᠢᠯᠡᠳᠬᠡᠬᠦ ᠳᠡᠭᠡᠨ᠂ ᠪᠣᠬᠢᠷᠳᠣᠯ ᠦᠭᠡᠢ ᠶᠢᠨ ᠬᠤᠪᠢᠰᠤᠯᠲᠠ ᠶᠢᠨ ᠠᠷᠭ᠎ᠠ ᠪᠠᠷᠢᠯ ᠤᠨ ᠲᠠᠯ᠎ᠠ ᠪᠠᠷ ᠬᠢ ᠠᠬᠢᠯᠲᠠ ᠪᠠ ᠣᠷᠴᠢᠨ ᠲᠣᠭᠤᠷᠢᠨ ᠢ ᠬᠠᠮᠠᠭᠠᠯᠠᠬᠤ ᠣᠨᠣᠯᠵᠢᠬᠤᠨ ᠤ ᠬᠥᠮᠦᠰ ᠤᠨ ᠰᠡᠳᠬᠢᠯ ᠳᠤ ᠬᠠᠳᠠᠩᠰᠢᠬᠤ ᠶᠢ ᠳᠠᠭᠠᠯᠳᠤᠨ᠂ ᠪᠣᠬᠢᠷᠳᠦᠯ ᠦᠭᠡᠶᠢᠵᠢᠯᠲᠡ ᠨᠢ ᠪᠢᠳᠡᠨ ᠤ ᠠᠮᠢᠳᠤᠷᠠᠯ ᠢ ᠦᠯᠦ ᠮᠡᠳᠡᠭᠳᠡᠮ᠎ᠡ ᠪᠠᠷ ᠨᠥᠯᠥᠭᠡᠯᠡᠵᠦ ᠪᠤᠢ᠃ ᠵᠢᠱᠢᠶᠡᠯᠡᠪᠡᠯ ᠣᠷᠣᠰᠢᠨ ᠰᠠᠭᠤᠬᠤ ᠲᠠᠯ᠎ᠠ ᠪᠠᠷ᠂ ᠣᠷᠴᠢᠨ ᠲᠣᠭᠤᠷᠢᠨ ᠰᠠᠶᠢᠵᠢᠷᠠᠯᠲᠠ ᠲᠠᠢ ᠪᠣᠯᠵᠤ᠂ ᠨᠣᠭᠤᠭᠠᠷᠠᠯᠲᠠ ᠨᠡᠮᠡᠭᠳᠡᠬᠦ ᠪᠣᠯᠣᠨ᠎ᠠ︔ ᠭᠠᠳᠠᠭᠰᠢ ᠶᠠᠪᠤᠬᠤ ᠲᠠᠯ᠎ᠠ ᠪᠠᠷ᠂ ᠳᠣᠣᠷ᠎ᠠ ᠨᠡᠭᠦᠷᠡᠰᠦᠲᠥ᠋ᠷᠥᠭᠴᠢᠲᠦ᠂ ᠳᠥᠭᠦᠮ ᠳᠥᠲᠡ ᠵᠠᠮ ᠬᠠᠷᠢᠯᠴᠠᠭᠠᠨ ᠤ ᠰᠢᠰᠲ᠋ᠧᠮᠵᠢ ᠨᠢ ᠨᠡᠩ ᠳᠦᠭᠦᠮ ᠳᠦᠳᠡ ᠪᠣᠯᠤᠨ᠎ᠠ︔ ᠢᠳᠡᠭᠡᠨ ᠤᠮᠳᠠᠭᠠᠨ ᠤ ᠲᠠᠯ᠎ᠠ ᠪᠠᠷ᠂ ᠲᠠᠷᠢᠶᠠᠯᠠᠩ ᠤᠨ ᠣᠷᠴᠢᠯ ᠠᠵᠤ ᠠᠬᠤᠶ ᠶᠢ ᠬᠥᠭᠵᠢᠭᠦᠯᠦᠨ᠂ ᠲᠠᠷᠢᠶᠠᠯᠠᠩ ᠤᠨ ᠪᠣᠬᠢᠷᠲᠤᠯ ᠢ ᠵᠠᠰᠠᠵᠤ᠂ ᠲᠠᠷᠢᠶᠠᠯᠠᠩ ᠤᠨ ᠪᠦᠲᠦᠭᠡᠭᠳᠡᠬᠦᠨ ᠤ  ᠶᠠᠰᠣ ᠴᠢᠨᠠᠷ ᠤᠨ ᠠᠶᠤᠯ ᠦᠭᠡᠢ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠤᠨ ᠳᠡᠭᠡᠭᠰᠢᠯᠡᠬᠦ ᠪᠣᠯᠣᠨ᠎ᠠ᠃ ᠡᠭᠦᠨ ᠤ ᠬᠠᠮᠲᠤ᠂ ᠪᠠᠰᠠ ᠠᠭᠠᠷ ᠮᠠᠨᠳᠠᠯ ᠤᠨ ᠪᠣᠬᠢᠷᠲᠤᠯ᠂ ᠤᠰᠤᠨ ᠤ ᠪᠣᠬᠢᠷᠲᠤᠯ᠂ ᠬᠥᠷᠥᠰᠥ ᠰᠢᠷᠣᠶ ᠶᠢᠨ ᠪᠣᠬᠢᠷᠲᠤᠯ᠂ ᠢᠳᠡᠭᠡᠨ ᠤ ᠠᠮᠤᠷ ᠲᠥᠪᠰᠢᠨ ᠵᠡᠷᠭᠡ ᠶᠢ ᠵᠠᠰᠠᠬᠤ ᠨᠢᠭᠡ ᠪᠦᠯᠦᠭ ᠳᠡᠭᠡᠳᠦ ᠮᠡᠷᠭᠡᠵᠢᠯ ᠤᠨ ᠠᠵᠤ ᠠᠬᠤᠶᠢᠯᠠᠯ ᠪᠤᠢ ᠪᠣᠯᠵᠤ ᠡᠳᠡᠭᠡᠷ ᠬᠦᠷᠢᠶᠡᠨ ᠳᠠᠬᠢ ᠤᠴᠢᠷ ᠶᠠᠪᠤᠳᠠᠯ ᠢ ᠬᠢᠬᠦ ᠪᠠᠷ ᠬᠦᠴᠦᠯᠡᠨ ᠴᠢᠷᠮᠠᠶᠢᠵᠤ᠂ ᠮᠠᠨ ᠤ ᠠᠮᠢᠳᠤᠷᠠᠯ ᠨᠡᠩ ᠰᠠᠨᠠᠭ᠎ᠠ ᠠᠮᠤᠷ ᠪᠠ ᠠᠮᠤᠷ ᠲᠦᠪᠰᠢᠨ ᠪᠣᠯᠣᠨ᠎ᠠ ᠭᠡᠵᠡᠢ᠃      ︽ᠰᠠᠨᠠᠯ︾᠎ ᠨᠢ ᠬᠥᠮᠥᠰ ᠲᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠠᠶᠢᠨ ᠰᠠᠶᠢᠬᠠᠨ ᠠᠯᠤᠰ ᠤᠨ ᠲᠥᠯᠥᠪ ᠢ ᠵᠢᠷᠣᠭᠯᠠᠵᠤ ᠥᠭᠪᠡ᠂ 2020 ᠣᠨ ᠪᠣᠯᠬᠤ ᠳᠤ᠂ ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ ᠪᠠ ᠣᠷᠴᠢᠨ ᠲᠣᠭᠤᠷᠢᠨ ᠯᠤᠭ᠎ᠠ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠴᠢᠬᠤᠯᠠ ᠶᠡᠭᠡ ᠠᠬᠢᠯᠲᠠ ᠲᠠᠢ ᠪᠣᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ  ᠬᠡᠮᠵᠢᠶ᠎ᠡ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠯᠤᠭ᠎ᠠ ᠲᠣᠬᠢᠷᠠᠯᠴᠠᠵᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ  ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠬᠢ ᠪᠠᠶᠠᠯᠢᠭ ᠢ  ᠠᠰᠢᠭᠯᠠᠬᠤ ᠨᠢ ᠨᠡᠩ ᠥᠨᠳᠥᠷ ᠦᠷ᠎ᠡ ᠪᠦᠲᠦᠮᠵᠢᠲᠠᠢ ᠪᠣᠯᠵᠤ᠂ ᠠᠮᠢ ᠠᠬᠤᠶ ᠶᠢᠨ ᠣᠷᠴᠢᠨ ᠲᠣᠭᠤᠷᠢᠨ ᠤ  ᠶᠠᠰᠤ ᠴᠢᠨᠠᠷ ᠶᠡᠷᠦᠩᠭᠡᠢ ᠎ ᠳᠡᠭᠡᠨ  ᠰᠠᠶᠢᠵᠢᠷᠠᠨ  ᠂ ᠠᠮᠢ  ᠠᠬᠤᠶ  ᠶᠢᠨ ᠪᠣᠯᠪᠠᠰᠤᠨ ᠤ ᠴᠢᠬᠤᠯᠠ ᠶᠡᠭᠡ  ᠳᠦᠷᠢᠮ  ᠦᠨᠳᠦᠰᠦᠨ ᠳᠡᠭᠡᠨ ᠪᠣᠢ ᠪᠣᠯᠬᠤ ᠪᠣᠯᠣᠨ᠎ᠠ᠃      ᠬᠡᠯᠡᠯᠭᠡᠨ ᠦᠭᠡᠶ᠂ ᠡᠨᠡ ᠬᠦ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠨᠠᠷ ᠬᠠᠮᠲᠤ ᠳᠠᠭᠠᠨ  ᠴᠢᠷᠮᠠᠶᠢᠬᠤ ᠴᠢᠬᠤᠯᠠᠲᠠᠢ ᠪᠠᠶᠢᠬᠤ ᠶᠢᠨ ᠬᠠᠮᠲᠤ ᠠᠵᠢᠭᠯᠠᠨ ᠬᠦᠯᠢᠶᠡᠵᠦ  ᠪᠠᠶᠢᠶ᠎ᠠ︕      ᠨᠣᠭᠤᠭᠠᠨ ᠬᠤᠪᠢᠰᠤᠯᠲᠠ ᠳᠤᠮᠳᠠᠬᠢ ᠥᠪᠥᠷ ᠮᠣᠩᠭᠤᠯ ᠤᠨ ᠳᠣᠬᠢᠶ᠎ᠠ      ᠣᠶᠢᠷ᠎ᠠ ᠶᠢᠨ ᠵᠢᠯ ᠳᠤ᠂ ᠮᠠᠨ ᠤ ᠣᠷᠣᠨ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ︾᠎ ᠪᠠᠷ ᠬᠠᠷᠠᠯᠲᠠ ᠪᠣᠯᠭᠠᠨ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠪᠠ᠃ ᠡᠨᠡ ᠵᠢᠯ᠂ ᠪᠦᠬᠦ ᠣᠷᠣᠨ ᠤ ᠣᠶ ᠰᠢᠭᠤᠶ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠦᠷᠭᠦᠯᠵᠢᠯᠡᠨ 1000 ᠲᠦᠮᠡᠨ ᠮᠥ ᠠᠴᠠ ᠳᠡᠭᠡᠭᠰᠢ ᠪᠠᠶᠢᠯᠭᠠᠵᠤ᠂ ᠪᠦᠬᠦ ᠤᠯᠤᠰ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠷ ᠬᠠᠮᠤᠭ ᠠᠷᠪᠢᠨ ᠮᠤᠵᠢ ᠣᠷᠣᠨ ᠪᠣᠯᠤᠨ᠎ᠠ᠃ ᠲᠤᠰ ᠤᠳᠠᠭᠠᠨ ᠤ ᠨᠣᠭᠤᠭᠠᠨ ᠤ ᠬᠤᠪᠢᠰᠤᠯᠲᠠ ᠨᠢ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠶᠠᠮᠠᠷ ᠳᠣᠬᠢᠶ᠎ᠠ ᠲᠠᠯᠪᠢᠵᠤ᠂ ᠶᠠᠮᠠᠷ ᠶᠠᠮᠠᠷ ᠴᠢᠭᠯᠡᠯ ᠢ ᠲᠣᠳᠣᠷᠬᠠᠶ ᠵᠢᠭᠠᠭᠰᠠᠨ ᠪᠤᠶ︖      ᠢᠦᠢ ᠭᠤᠸᠠᠩ ᠵᠢᠶᠦ᠋ᠨ ᠤ ᠦᠵᠡᠬᠦ ᠪᠠᠷ᠂ ᠪᠢᠳᠡ ᠶᠠᠭ ᠠᠵᠤ ᠠᠬᠤᠶ ᠰᠢᠨ᠎ᠡ ᠬᠡᠪ ᠪᠠᠶᠢᠳᠠᠯ ᠢ ᠪᠠᠶᠢᠭᠤᠯᠬᠤ ᠪᠠ ᠪᠣᠢ ᠪᠣᠯᠭᠠᠬᠤ ᠴᠠᠭ ᠦᠶ᠎ᠡ ᠳᠤ ᠣᠷᠣᠰᠢᠵᠤ ᠪᠠᠶᠢᠭ᠎ᠠ ᠲᠤᠯᠠ᠂ ᠤᠯᠠᠮᠵᠢᠯᠠᠯᠲᠤ ᠠᠵᠤ ᠠᠬᠤᠶ ᠶᠢᠨ ᠪᠠᠶᠢᠳᠠᠯ ᠠᠴᠠ ᠪᠠᠨ ᠰᠢᠨ᠎ᠡ ᠬᠡᠪ ᠪᠠᠶᠢᠳᠠᠯ ᠲᠡᠰᠢ ᠬᠤᠪᠢᠷᠠᠭᠤᠯᠬᠤ ᠶᠠᠪᠤᠴᠠ ᠳᠤ᠂ ᠬᠤᠷᠳᠤᠴᠠ ᠪᠠᠨ ᠨᠡᠮᠡᠭᠳᠡᠭᠦᠯᠬᠦ ᠪᠠᠷ ᠵᠠᠯᠭᠠᠯᠲᠠ ᠰᠣᠯᠢᠬᠤ᠂ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ᠂ ᠬᠥᠳᠡᠯᠭᠡᠭᠴᠢ ᠬᠦᠴᠦᠨ ᠢ ᠬᠤᠪᠢᠷᠠᠭᠤᠯᠬᠤ ᠴᠢᠬᠤᠯᠠᠲᠠᠢ ᠪᠠᠶᠢᠨ᠎ᠠ᠃ ︽ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ ᠨᠢ ᠮᠠᠨ ᠤ ᠤᠯᠠᠮᠵᠢᠯᠠᠯᠲᠤ ᠠᠵᠤ ᠦᠢᠯᠡᠰ ᠤᠨ ᠢᠷᠡᠭᠡᠳᠦᠶ ᠶᠢᠨ ᠬᠥᠭᠵᠢᠯᠲᠡ ᠳᠠᠬᠢ ᠳᠡᠰ ᠳᠡᠪᠰᠢᠭᠦᠯᠦᠨ ᠦᠶ᠎ᠡ ᠰᠣᠯᠢᠬᠤ ᠳᠤ ᠨᠢᠭᠡᠨ ᠲᠣᠳᠣᠷᠬᠠᠶ ᠴᠢᠭᠯᠡᠯ ᠬᠠᠩᠭᠠᠭᠰᠠᠨ ᠪᠠᠶᠢᠨ᠎ᠠ᠃ ᠨᠢᠭᠡ ᠲᠠᠯ᠎ᠠ ᠪᠠᠷ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠂ ᠨᠥᠭᠦᠭᠡ ᠲᠠᠯ᠎ᠠ ᠪᠠᠷ ᠥᠩᠭᠡᠷᠡᠭᠰᠡᠨ ᠤ ᠠᠮᠢ ᠠᠬᠤᠶ ᠪᠠ ᠣᠷᠴᠢᠨ ᠲᠣᠭᠤᠷᠢᠨ ᠳᠤ ᠬᠠᠨᠳᠤᠭᠤᠯᠤᠭᠰᠠᠨ ᠮᠠᠭᠤ ᠬᠢᠬᠦ ᠠᠷᠭ᠎ᠠ ᠶᠢ ᠥᠭᠡᠷᠡᠴᠢᠯᠡᠬᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠪᠠ ᠱᠠᠭᠠᠷᠳᠠᠯᠭ᠎ᠠ ᠪᠠᠷ ᠠᠪᠴᠤ ᠬᠡᠯᠡᠪᠡᠯ᠂ ᠥᠩᠭᠡᠷᠡᠭᠰᠡᠨ ᠳᠤ ᠠᠵᠤ ᠠᠬᠤᠶ ᠶᠢᠨ ᠦᠷ᠎ᠡ ᠠᠰᠢᠭ ᠤᠨ ᠲᠥᠯᠥᠭᠡ ᠵᠠᠷᠢᠮ ᠪᠣᠬᠢᠷᠲᠤᠯ ᠲᠠᠢ ᠠᠵᠤ ᠦᠢᠯᠡᠰ ᠤᠨ ᠪᠠᠶᠢᠬᠤ ᠶᠢ ᠲᠡᠰᠪᠦᠷᠢᠯᠡᠵᠦ ᠪᠠᠶᠢᠭᠰᠠᠨ᠂ ᠢᠷᠡᠭᠡᠳᠦᠶ ᠳᠤ ᠪᠢᠳᠡᠨ ᠤ ᠲᠡᠰᠪᠦᠷᠢᠯᠡᠬᠦ ᠬᠡᠮᠵᠢᠶ᠎ᠡ ᠶᠠᠪᠤᠬᠤ ᠲᠤᠲᠤᠮ ᠤᠯᠠᠮ ᠳᠣᠣᠷ᠎ᠠ ᠪᠣᠯᠵᠤ᠂ ᠪᠣᠬᠢᠷᠲᠤᠯ ᠢ ᠵᠠᠰᠠᠬᠤ᠂ ᠣᠷᠴᠢᠨ ᠲᠣᠭᠤᠷᠢᠨ ᠢ ᠬᠠᠮᠠᠭᠠᠯᠠᠬᠤ ᠎ ᠨᠢ ᠬᠠᠲᠠᠭᠤ ᠬᠢᠵᠠᠭᠠᠷᠯᠠᠯ ᠪᠣᠯᠬᠤ ᠪᠠᠷ ᠪᠠᠶᠢᠨ᠎ᠠ᠃︾ ︽ᠡᠬᠢ ᠪᠠᠶᠠᠯᠢᠭ ᠢ ᠲᠡᠩᠴᠡᠭᠦᠷᠢᠰᠢᠭᠦᠯᠬᠦ ᠬᠢᠭᠡᠳ ᠣᠷᠴᠢᠨ ᠲᠣᠭᠤᠷᠢᠨ ᠯᠤᠭ᠎ᠠ ᠶᠢᠨ ᠬᠠᠷᠢᠴᠠᠭᠠᠨ ᠤ ᠲᠠᠯ᠎ᠠ ᠪᠠᠷ᠂ ︽ᠰᠠᠨᠠᠯ︾᠎ ᠨᠢ ᠪᠠᠰᠠ ᠨᠢᠭᠡᠨ ᠮᠠᠰᠢ ᠴᠢᠬᠤᠯᠠ ᠴᠢᠭᠯᠡᠯ ᠢ ᠳᠤᠷᠠᠳᠤᠭᠰᠠᠨ ᠪᠠᠶᠢᠨ᠎ᠠ᠂ ᠲᠤᠬᠠᠶᠢᠯᠠᠪᠠᠯ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ᠂ ᠡᠷᠬᠡᠪᠰᠢ ᠣᠷᠴᠢᠨ ᠲᠣᠭᠤᠷᠢᠨ ᠳᠤ ᠠᠰᠢᠭᠲᠠᠶ ᠪᠠᠶᠢᠯᠭᠠᠬᠤ ᠬᠡᠷᠡᠭᠲᠡᠢ ᠮᠥᠷᠲᠡᠭᠡᠨ ᠪᠠᠰᠠ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠬᠤ ᠳᠤ ᠠᠰᠢᠭᠲᠠᠶ ᠪᠠᠶᠢᠯᠭᠠᠬᠤ ᠬᠡᠷᠡᠭᠲᠡᠢ᠃ ᠥᠪᠥᠷ ᠮᠣᠩᠭᠤᠯ ᠠᠮᠢ ᠠᠬᠤᠶ ᠶᠢᠨ ᠬᠠᠯᠬᠠᠪᠴᠢ ᠪᠠ ᠡᠬᠢ ᠪᠠᠶᠠᠯᠢᠭ ᠢᠶᠠᠷ ᠡᠯᠪᠡᠭ ᠳᠡᠯᠪᠡᠭ ᠭᠠᠵᠠᠷ ᠣᠷᠣᠨ ᠪᠣᠯᠣᠭᠰᠠᠨ ᠤ ᠬᠤᠪᠢ ᠳᠤ᠂ ᠣᠷᠴᠢᠨ ᠲᠣᠭᠤᠷᠢᠨ ᠢ ᠬᠠᠮᠠᠭᠠᠯᠠᠬᠤ᠂ ᠪᠣᠬᠢᠷᠳᠣᠯ ᠦᠭᠡᠢ ᠪᠠᠷ ᠬᠥᠭᠵᠢᠭᠦᠯᠬᠦ ᠪᠠᠷ ᠬᠥᠲᠥᠯᠥᠨ ᠵᠢᠯᠣᠭᠤᠳᠤᠭᠤᠯᠬᠤ ᠶᠢ ᠨᠡᠩ ᠴᠢᠬᠤᠯᠠᠲᠠᠢ ᠶᠤᠮ᠃︾ ᠭᠡᠵᠦ ᠢᠦᠢ ᠭᠤᠸᠠᠩ ᠵᠢᠶᠦ᠋ᠨ ᠬᠡᠯᠡᠪᠡ᠃ ᠡᠭᠦᠨ ᠠᠴᠠ ᠭᠠᠳᠠᠨ᠎ᠠ᠂ ᠲᠡᠷᠡ ᠪᠠᠰᠠ ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠳᠤ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠨ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠪᠣᠬᠢᠷᠲᠤᠯ ᠦᠭᠡᠶ ᠠᠵᠤ ᠦᠢᠯᠡᠰ᠂ ᠵᠢᠱᠢᠶᠡᠯᠡᠪᠡᠯ ᠮᠠᠨ ᠤ ᠣᠷᠣᠨ ᠤ ᠡᠨᠧᠷᠭᠢ ᠠᠷᠪᠢᠯᠠᠬᠤ ᠴᠠᠬᠢᠯᠭᠠᠨ ᠮᠠᠰᠢᠨ ᠬᠢᠭᠡᠳ 5 ᠶᠡᠭᠡ ᠰᠠᠭᠤᠷᠢᠨ ᠭᠠᠵᠠᠷ ᠲᠤ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠬᠤ ᠦᠢᠯᠡᠴᠢᠯᠡᠭᠡ ᠬᠠᠩᠭᠠᠵᠤ ᠪᠠᠶᠢᠭ᠎ᠠ ᠠᠵᠤ ᠦᠢᠯᠡᠰ ᠨᠢ ᠨᠡᠩ ᠰᠠᠶᠢᠨ ᠵᠠᠬ᠎ᠠ ᠳᠡᠯᠭᠡᠭᠦᠷ ᠤᠨ ᠣᠷᠣᠨ ᠵᠠᠶ ᠲᠠᠢ ᠪᠣᠯᠤᠨ᠎ᠠ ᠭᠡᠵᠦ ᠦᠵᠡᠪᠡ᠃      ᠸᠠᠩ ᠯᠢᠨ ᠾᠧ ᠶᠢᠨ ᠦᠵᠡᠬᠦ ᠪᠠᠷ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤᠮᠳᠠ᠂ ᠪᠦᠬᠦ ᠤᠯᠤᠰ ᠢᠶᠠᠷ ᠢᠶᠠᠨ ᠨᠢᠭᠡᠨ ᠬᠥᠯᠭᠡ ᠰᠢᠲᠠᠷ᠎ᠠ ᠮᠡᠲᠦ ᠪᠠᠶᠢᠵᠤ᠂ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠳᠣᠣᠷᠠᠳᠤ ᠤᠷᠤᠰᠬᠠᠯ ᠤᠨ ᠣᠷᠣᠨ ᠨᠢ ᠳᠡᠭᠡᠳᠦ ᠤᠷᠤᠰᠬᠠᠯ ᠤᠨ ᠣᠷᠣᠨ ᠢ ᠬᠠᠮᠠᠭᠠᠯᠠᠬᠤ ᠪᠠ ᠭᠡᠳᠡᠷᠭᠦ ᠲᠤᠰᠠᠯᠠᠬᠤ ᠶᠢ ᠴᠢᠩᠭᠠᠳᠬᠠᠬᠤ ᠬᠡᠷᠡᠭᠲᠡᠢ᠃ ︽ᠠᠮᠢ ᠠᠬᠤᠶ ᠶᠢᠨ ᠣᠷᠴᠢᠨ ᠲᠣᠭᠤᠷᠢᠨ ᠬᠡᠪᠡᠷᠡᠭ ᠭᠠᠵᠠᠷ ᠣᠷᠣᠨ ᠳᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ᠂ ᠵᠥᠪᠬᠡᠨ ᠨᠢᠭᠡ ᠯᠠ ᠭᠠᠵᠠᠷ ᠣᠷᠣᠨ ᠤ ᠴᠢᠳᠠᠪᠤᠷᠢ ᠳᠤ ᠲᠦᠰᠢᠭᠯᠡᠬᠦ ᠨᠢ ᠢᠯᠡᠷᠬᠡᠶ ᠬᠦᠷᠦᠯᠴᠡᠬᠦ ᠦᠭᠡᠶ ᠲᠤᠯᠠ᠂ ᠡᠯ᠎ᠡ ᠲᠠᠯ᠎ᠠ ᠶᠢᠨ ᠬᠢᠨ ᠤ ᠳᠡᠮᠵᠢᠯᠭᠡ ᠪᠠᠶᠢᠬᠤ ᠴᠢᠬᠤᠯᠠᠲᠠᠶ᠃︾ ᠡᠭᠦᠨ ᠤ ᠬᠠᠮᠲᠤ᠂ ᠸᠠᠩ ᠯᠢᠨ ᠾᠧ ᠪᠠᠰᠠ ᠵᠢᠭᠠᠵᠤ ᠭᠠᠷᠭᠠᠭᠰᠠᠨ ᠨᠢ᠄ ︽ᠠᠵᠤ ᠠᠬᠤᠶ ᠶᠢᠨ ᠶᠡᠭᠡ ᠪᠠᠭ᠎ᠠ ᠪᠠᠶᠢᠬᠤ ᠨᠢ ᠡᠩ ᠤᠨ ᠬᠤᠲᠠ ᠶᠢᠨ ᠠᠷᠠᠳ ᠲᠤ ᠠᠪᠴᠤ ᠬᠡᠯᠡᠪᠡᠯ᠂ ᠢᠯᠡᠷᠬᠡᠢ ᠪᠣᠳᠠᠲᠤ ᠠᠰᠢᠭ ᠣᠯᠭᠤᠯ᠎ᠠ ᠭᠡᠵᠦ ᠰᠠᠨᠠᠭᠳᠠᠭᠤᠯᠵᠤ ᠴᠢᠳᠠᠬᠤ ᠦᠭᠡᠢ᠃ ᠭᠡᠪᠡᠴᠦ ᠴᠢᠪ ᠬᠡᠮᠡᠨ ᠠᠮᠢ ᠠᠬᠤᠶ ᠶᠢᠨ ᠣᠷᠴᠢᠨ ᠲᠣᠭᠤᠷᠢᠨ ᠡᠪᠳᠡᠭᠳᠡᠪᠡᠯ᠂ ᠠᠮᠢᠳᠤᠷᠠᠯ ᠲᠣᠩ ᠶᠡᠭᠡ ᠨᠥᠯᠥᠭᠡᠯᠡᠭᠳᠡᠯ᠎ᠡ ᠭᠡᠳᠡᠭ ᠢ ᠣᠯᠠᠨ ᠢᠶᠠᠷ ᠢᠶᠠᠨ ᠴᠥᠮ ᠰᠡᠷᠡᠵᠦ ᠮᠡᠳᠡᠬᠦ ᠶᠤᠮ᠃︾ ᠸᠠᠩ ᠯᠢᠨ ᠾᠧ ᠶᠢᠨ ᠬᠡᠯᠡᠬᠦ ᠪᠠᠷ᠂ ᠥᠪᠥᠷ ᠮᠣᠩᠭᠤᠯ ᠪᠣᠯ ᠨᠢᠭᠡᠨ ᠠᠮᠢ ᠠᠬᠤᠶ ᠶᠢᠨ ᠣᠷᠴᠢᠨ ᠲᠣᠭᠤᠷᠢᠨ ᠬᠡᠪᠡᠷᠡᠭ ᠭᠠᠵᠠᠷ ᠣᠷᠣᠨ ᠪᠣᠯᠬᠤ ᠪᠦᠭᠡᠳ ᠥᠷᠭᠡᠷᠢᠭ ᠨᠢ ᠥᠨᠳᠥᠷ᠂ ᠬᠤᠷ᠎ᠠ ᠲᠤᠨᠳᠠᠰᠤ ᠴᠥᠭᠡᠨ᠂ ᠢᠯᠠᠩᠭᠤᠶ᠎ᠠ ᠤᠰᠤᠨ ᠤ ᠣᠷᠴᠢᠨ ᠲᠣᠭᠤᠷᠢᠨ ᠨᠢ ᠬᠠᠮᠤᠭ ᠤᠨ ᠶᠡᠭᠡ ᠬᠢᠵᠠᠭᠠᠷᠯᠠᠯ ᠪᠣᠯᠵᠤ ᠪᠠᠶᠢᠳᠠᠭ᠃ ᠮᠠᠨ ᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠥᠭᠵᠢᠯᠲᠡ ᠶᠢ ᠦᠨᠳᠦᠰᠦᠨ ᠠᠴᠠ ᠰᠠᠶᠢᠵᠢᠷᠠᠭᠤᠯᠤᠶ᠎ᠠ ᠭᠡᠪᠡᠯ᠂ ᠬᠡᠪᠡᠷᠡᠭ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ᠃ ᠲᠡᠷᠡ ᠥᠪᠡᠷᠲᠡᠭᠡᠨ ᠵᠠᠰᠠᠬᠤ ᠣᠷᠣᠨ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢᠨ ᠵᠡᠷᠭᠡᠴᠡᠭᠡᠪᠡᠷ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠨ᠂ ᠪᠦᠬᠦᠯᠢ ᠴᠣᠭᠴᠠ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠰᠠᠨᠠᠯ ᠪᠠ ᠠᠷᠭ᠎ᠠ ᠶᠢ ᠪᠤᠢ ᠪᠤᠯᠭᠠᠬᠤ ᠬᠡᠷᠡᠭᠲᠡᠢ ᠭᠡᠰᠡᠨ ᠰᠠᠨᠠᠭᠤᠯᠭ᠎ᠠ ᠳᠤᠷᠠᠳᠪᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map