2015 —2017 ᠤᠨ ᠤ ᠦᠪᠦᠷ ᠮᠤᠩᠭᠤᠯ ᠤᠨ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ
ᠨᠡᠶᠢᠲᠡᠯᠡᠭᠰᠡᠨ ᠴᠠᠭ᠄
2015/6/19
     ᠰᠤᠷᠪᠤᠯᠵᠢᠯᠠᠭ᠎ᠠ ᠶᠢᠨ ᠭᠤᠤᠯ ᠰᠡᠳᠦᠪ᠄ 2015 —2017 ᠤᠨ ᠤ ᠦᠪᠦᠷ ᠮᠤᠩᠭᠤᠯ ᠤᠨ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ      ᠰᠤᠷᠪᠤᠯᠵᠢᠯᠠᠭᠰᠠᠨ ᠴᠠᠭ᠄ 2015 ᠤᠨ ᠤ 6 ᠳ᠋ᠤᠭᠠᠷ ᠰᠠᠷ᠎ᠠ ᠶᠢᠨ 10᠎ ᠤ ᠦᠳᠡ ᠶᠢᠨ ᠡᠮᠦᠨᠡᠬᠢ 10 ᠴᠠᠭ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ    ᠸᠠᠩ ᠭᠦᠸᠧ ᠯᠢᠨ      ﹇ᠬᠦᠲᠦᠯᠦᠭᠴᠢ﹈ ᠰᠦᠯᠵᠢᠶᠡᠨ ᠠᠨᠳᠠ ᠨᠡᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︖ ᠲᠤᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠶᠢᠨ ᠰᠤᠷᠪᠤᠯᠵᠢᠯᠠᠨ ᠶᠠᠷᠢᠯᠴᠠᠬᠤ ᠫᠷᠤᠭ᠍ᠷᠠᠮ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠸᠠᠩ ᠭᠦᠸᠧ ᠯᠢᠨ ᠢ ᠤᠷᠢᠵᠤ 2015 —2017 ᠤᠨ ᠤ ᠦᠪᠦᠷ ᠮᠤᠩᠭᠤᠯ ᠤᠨ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ  ᠲᠠᠶᠢᠯᠪᠤᠷᠢᠯᠠᠭᠤᠯᠬᠤ ᠶᠢᠨ ᠬᠠᠮᠲᠤ ᠰᠦᠯᠵᠢᠶᠡᠨ ᠠᠨᠳᠠ ᠨᠡᠷ ᠤᠨ ᠰᠡᠳᠬᠢᠯ ᠲᠠᠯᠪᠢᠵᠤ ᠪᠠᠶᠢᠭ᠎ᠠ ᠠᠰᠠᠭᠤᠯᠲᠠ ᠶᠢ ᠬᠠᠷᠢᠭᠤᠯᠬᠤ ᠪᠠᠷ ᠪᠤᠯᠪᠠ᠃ ᠸᠠᠩ ᠲᠢᠩᠬᠢᠮ ᠤᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ﹇ᠸᠠᠩ ᠬᠦᠸᠧ ᠯᠢᠨ﹈ ᠬᠦᠲᠦᠯᠦᠭᠴᠢ ᠰᠠᠶᠢᠨ ᠤᠤ︖ ᠰᠦᠯᠵᠢᠶᠡᠨ ᠠᠨᠳᠠ ᠨᠡᠷ ᠰᠠᠶᠢᠨ ᠪᠠᠶᠢᠵᠠᠭᠠᠨᠠᠤ︖ ᠠᠳᠡ ᠰᠦᠯᠵᠢᠶ᠎ᠡ ᠪᠠᠷ ᠳᠠᠮᠵᠢᠭᠤᠯᠤᠨ ᠲᠠ ᠪᠦᠬᠦᠨ ᠲᠠᠢ ᠵᠤᠭᠤᠭᠳᠠᠬᠤ ᠪᠤᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠰᠦᠯᠵᠢᠶᠡᠨ ᠠᠨᠳᠠ ᠨᠠᠷ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠡᠯ᠎ᠡ ᠵᠦᠢᠯ ᠤᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ︕      ﹇ᠬᠦᠲᠦᠯᠦᠭᠴᠢ﹈  ᠦᠡᠭᠭᠡᠷᠡᠭᠰᠡᠨ ᠵᠢᠯ ᠤᠳ ᠤᠨ ᠬᠢ ᠲᠠᠢ ᠬᠠᠷᠢᠴᠠᠭᠤᠯᠪᠠᠯ᠂ ᠬᠤᠶᠢᠰᠢᠳᠠ ᠶᠢᠨ ᠭᠤᠷᠪᠠᠨ ᠵᠢᠯ ᠳᠤ ᠮᠠᠨ ᠤ ᠤᠷᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠠᠬᠢ ᠨᠥᠬᠦᠪᠥᠷᠢ ᠦᠭᠭᠦ ᠲᠥᠷᠥ ᠶᠢᠨ ᠪᠣᠳᠣᠯᠭ᠎ᠠ ᠳᠤ ᠶᠠᠮᠠᠷ ᠰᠢᠨ᠎ᠡ ᠬᠤᠪᠢᠷᠠᠯᠲᠠ ᠲᠠᠢ ᠪᠤᠯᠬᠤ ᠪᠤᠶ︖      ﹇ᠸᠠᠩ ᠬᠦᠸᠧ ᠯᠢᠨ﹈ 2015 ᠣᠨ ᠠᠴᠠ ᠡᠬᠢᠯᠡᠨ ᠮᠠᠨ ᠤ ᠣᠷᠣᠨ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠠᠬᠢ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠳᠤ ᠴᠢᠬᠤᠯᠠ ᠶᠡᠭᠡ ᠥᠭᠡᠷᠡᠴᠢᠯᠡᠯᠲᠡ ᠬᠢᠵᠤ ᠰᠢᠨ᠎ᠡ ᠶᠢ ᠡᠭᠦᠳᠪᠡ᠂ ︽ ᠮᠠᠰᠢᠨ ᠬᠤᠳᠠᠯᠳᠤᠨ ᠠᠪᠬᠤ ᠶᠢ ᠴᠢᠯᠦᠭᠡᠲᠠᠢ ᠲᠠᠯᠪᠢᠬᠤ᠂ ᠪᠠᠷᠢᠮᠲᠠ ᠪᠠᠷ ᠢᠶᠠᠨ ᠭᠤᠶᠤᠴᠢᠯᠠᠬᠤ᠂ ᠬᠤᠳᠠᠯᠳᠤᠨ ᠠᠪᠬᠤ ᠪᠠ ᠨᠥᠬᠦᠪᠥᠷᠢ ᠦᠭᠭᠦ ᠶᠢ ᠰᠠᠯᠭᠠᠬᠤ᠂ ᠬᠦᠢᠴᠡᠳᠭᠡᠬᠦ ᠶᠢ ᠳᠦᠭᠦᠮᠴᠢᠯᠡᠬᠦ︾ ᠠᠷᠭ᠎ᠠ ᠶᠢ ᠬᠡᠷᠡᠭᠵᠢᠬᠦᠯᠦᠭᠰᠡᠨ ᠨᠢ ᠲᠠᠷᠢᠶᠠᠴᠢᠳ ᠤᠨ ᠡᠵᠡᠨ ᠮᠡᠳᠡᠬᠦ ᠡᠷᠬᠡ ᠶᠢ ᠬᠦᠨᠳᠦᠳᠭᠡᠵᠤ ᠪᠠᠶᠢᠭ᠎ᠠ ᠪᠠ ᠵᠠᠬ᠎ᠠ ᠳᠡᠯᠭᠡᠭᠦᠷᠴᠢᠯᠡᠬᠦ ᠬᠡᠷᠡᠭᠯᠡᠭᠡ ᠳᠤ ᠨᠡᠶᠢᠴᠡᠭᠦᠯᠬᠦ ᠵᠠᠷᠴᠢᠮ ᠢ ᠨᠡᠩ ᠢᠯᠡᠭᠦᠦ ᠬᠠᠷᠠᠭᠤᠯᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠬᠦᠯᠬᠦ ᠬᠠᠨᠳᠤᠯᠭᠠᠲᠤ ᠴᠢᠨᠠᠷ᠂ ᠲᠣᠭᠲᠠᠪᠤᠷᠢᠲᠤ ᠴᠢᠨᠠᠷ᠂ ᠨᠡᠶᠢᠳᠡᠮ ᠠᠰᠢᠭ ᠬᠦᠷᠲᠡᠭᠡᠬᠦ ᠴᠢᠨᠠᠷ᠂ ᠠᠶᠤᠯ ᠦᠭᠡᠢ ᠴᠢᠨᠠᠷ ᠢ ᠬᠦᠴᠦᠯᠡᠨ ᠠᠬᠢᠭᠤᠯᠵᠤ᠂ ᠪᠡᠯᠡ ᠮᠦᠡᠭᠭᠦ ᠶᠢᠨ ᠠᠮᠤᠷ ᠲᠦᠪᠰᠢᠨ ᠪᠠ ᠺᠠᠳ᠋ᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠥᠨᠳᠥᠷ ᠦᠷ᠎ᠡ ᠪᠦᠲᠦᠮᠵᠢᠲᠡᠶ ᠠᠶᠤᠯ ᠦᠭᠡᠶ ᠬᠡᠷᠡᠭᠵᠢᠬᠦᠯᠬᠦ ᠶᠢ ᠦᠨᠡᠨ ᠬᠦ ᠪᠠᠲᠤᠯᠠᠪᠠ᠃ ᠡᠭᠦᠨ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠲᠣᠬᠢᠷᠠᠭᠤᠯᠤᠯᠲᠠ ᠬᠢᠪᠡ᠄ ᠨᠢᠭᠡ ᠳᠤ ᠠᠵᠢᠯᠯᠠᠭᠤᠯᠬᠤ ᠵᠠᠭᠪᠤᠷ ᠢ ︽ᠤᠷᠢᠳᠠᠪᠠᠷ ᠭᠤᠶᠤᠴᠢᠯᠠᠵᠤ ᠳᠠᠷᠠᠭ᠎ᠠ ᠨᠢ ᠮᠠᠰᠢᠨ ᠬᠤᠳᠠᠯᠳᠤᠨ ᠠᠪᠴᠤ ᠳᠠᠬᠢᠭᠠᠳ ᠨᠥᠬᠦᠪᠥᠷᠢ ᠥᠭᠬᠦ︾ ᠪᠠᠶᠢᠭᠰᠠᠨ ᠢ ︽ᠤᠷᠢᠳᠠᠪᠠᠷ ᠮᠠᠰᠢᠨ ᠬᠤᠳᠠᠯᠳᠤᠨ ᠠᠪᠴᠤ ᠳᠠᠷᠠᠭ᠎ᠠ ᠪᠠᠷ ᠨᠥᠬᠦᠪᠥᠷᠢ ᠠᠪᠬᠤ ᠶᠢ ᠭᠤᠶᠤᠴᠢᠯᠠᠬᠤ︾ ᠪᠤᠯᠭᠠᠨ ᠬᠤᠪᠢᠷᠠᠭᠤᠯᠵᠤ ᠬᠤᠳᠠᠯᠳᠤᠨ ᠠᠪᠬᠤ ᠪᠠ ᠨᠦᠬᠦᠪᠦᠷᠢ ᠦᠭᠭᠦ ᠶᠢ ᠰᠠᠯᠭᠠᠪᠠ᠃ ᠬᠤᠶᠠᠷ ᠲᠤ ᠨᠥᠬᠦᠪᠥᠷᠢ ᠦᠭᠭᠦ ᠦᠢᠯᠡᠳᠬᠦᠨ ᠤ ᠵᠠᠬ᠎ᠠ ᠲᠡᠯᠬᠡᠬᠦᠷᠴᠢᠯᠡᠬᠦ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠳᠥᠯᠭᠢᠨ ᠠᠬᠢᠭᠤᠯᠵᠤ᠂ ᠨᠥᠬᠦᠪᠥᠷᠢ ᠦᠭᠭᠦ ᠮᠠᠰᠢᠨ ᠪᠠᠭᠠᠵᠢ ᠶᠢ ᠮᠠᠨ ᠤ ᠤᠯᠤᠰ ᠤᠨ ᠬᠡᠪᠴᠢᠶᠡᠨ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠦᠲᠦᠮᠵᠢᠲᠡᠶ ᠳᠡᠯᠭᠡᠷᠡᠭᠦᠯᠬᠦ ᠪᠠᠷ ᠬᠢᠨᠠᠨ ᠲᠤᠭᠲᠠᠭᠠᠭᠰᠠᠨ ᠦᠨᠡᠮᠯᠡᠯ ᠤᠯᠤᠭᠰᠠᠨ ᠦᠢᠯᠡᠳᠬᠦᠨ ᠪᠤᠯᠭᠠᠵᠤ᠂ ᠳᠡᠯᠭᠡᠷᠡᠭᠦᠯᠬᠦ ᠶᠢ ᠳᠡᠮᠵᠢᠬᠦ ᠭᠠᠷᠴᠠᠭ ᠠᠴᠠ ᠰᠠᠯᠭᠠᠪᠠ᠃ ᠭᠤᠷᠪᠠ ᠳᠤ ᠨᠦᠬᠦᠪᠦᠷᠢ ᠤᠯᠤᠭᠰᠠᠳ ᠲᠤ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠳᠤᠲᠤᠷᠠᠬᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠬᠢᠵᠦ ᠪᠠᠶᠢᠭ᠎ᠠ ᠪᠤᠶ ᠪᠦᠬᠦᠢ ᠬᠤᠪᠢ ᠬᠥᠮᠦᠨ ᠪᠠ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠳᠤ ᠬᠦᠷᠲᠡᠯ᠎ᠡ ᠥᠷᠭᠡᠳᠬᠡᠵᠦ᠂ ᠪᠤᠳᠠᠲᠠᠢ ᠡᠯ᠎ᠡ ᠠᠶᠢᠮᠠᠭ ᠬᠤᠲᠠ ᠨᠤᠭᠤᠳ ᠮᠠᠯᠴᠢᠨ ᠲᠠᠷᠢᠶᠠᠴᠢᠳ ᠤᠨ ᠬᠤᠳᠠᠯᠳᠤᠨ ᠠᠪᠬᠤ ᠴᠢᠳᠠᠪᠤᠷᠢ ᠪᠠ ᠡᠳ᠋ ᠤᠨ ᠵᠠᠰᠠᠭ ᠤᠨ ᠪᠡᠯᠡ ᠮᠦᠡᠭᠭᠦ ᠶᠢᠨ ᠪᠠᠶᠢᠳᠠᠯ ᠢᠶᠠᠨ ᠦᠨᠳᠦᠰᠦᠯᠡᠨ ᠲᠤᠭᠲᠠᠭᠠᠬᠤ ᠪᠤᠯᠭᠠᠪᠠ᠃ ᠳᠥᠷᠪᠡ ᠳᠤ ᠭᠤᠣᠯᠳᠠᠯᠭ᠎ᠠ ᠶᠢ ᠳᠤᠪᠤᠶᠢᠯᠭᠠᠨ ᠦᠢᠯᠡᠳᠭᠦᠨ ᠤ ᠨᠡᠷ᠎ᠡ ᠲᠥᠷᠥᠯ ᠢ ᠪᠠᠭᠠᠰᠬᠠᠵᠤ᠂ 2014 ᠣᠨ ᠤ 89 ᠦᠢᠯᠡᠳᠭᠦᠨ ᠤ ᠨᠡᠷ᠎ᠡ ᠲᠥᠷᠥᠯ ᠪᠠᠶᠢᠭᠰᠠᠨ ᠠᠴᠠ ᠨᠢ ᠡᠨᠡ ᠵᠢᠯ ᠤᠨ 59 ᠦᠢᠯᠡᠳᠭᠦᠨ ᠤ ᠨᠡᠷ᠎ᠡ ᠲᠥᠷᠥᠯ ᠪᠤᠯᠲᠠᠯ᠎ᠠ ᠪᠠᠭᠠᠰᠬᠠᠪᠠ᠃ ᠲᠠᠪᠤ ᠳᠤ ᠡᠵᠡᠩᠨᠡᠨ ᠪᠤᠷᠤᠯᠠᠭᠤᠯᠬᠤ ᠬᠤᠳᠠᠯᠳᠤᠭᠠᠴᠢᠨ ᠢ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠠᠵᠢᠯᠯᠠᠭᠤᠯᠬᠤ ᠴᠤᠪᠤᠷᠠᠯ ᠳᠤ ᠤᠷᠤᠯᠴᠠᠭᠤᠯᠬᠤ ᠦᠭᠡᠢ ᠪᠠᠵᠤ᠂ ᠦᠢᠯᠡᠳᠪᠦᠷᠢᠯᠡᠭᠰᠡᠨ ᠠᠵᠤ ᠠᠬᠤᠶᠢᠯᠠᠯ ᠠᠴᠠ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠡᠵᠡᠨ ᠮᠡᠳᠡᠵᠤ ᠲᠤᠭᠲᠠᠭᠠᠬᠤ ᠶᠢᠨ ᠬᠠᠮᠲᠤ ᠡᠷᠭᠡ ᠤᠯᠤᠭᠰᠠᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠡᠵᠡᠩᠨᠡᠵᠤ ᠪᠠᠶᠢᠭ᠎ᠠ ᠨᠥᠬᠦᠪᠥᠷᠢ ᠦᠭᠭᠦ ᠦᠢᠯᠡᠳᠬᠦᠨ ᠢ ᠡᠵᠡᠩᠨᠡᠨ ᠪᠤᠷᠤᠯᠠᠭᠤᠯᠬᠤ ᠦᠢᠯᠡ ᠠᠵᠢᠯᠯᠠᠭ᠎ᠠ ᠳᠤ ᠵᠤᠬᠢᠴᠠᠩᠭᠤᠢ ᠬᠠᠷᠢᠭᠤᠴᠠᠯᠭ᠎ᠠ ᠡᠭᠦᠷᠭᠡᠯᠡᠨ᠎ᠡ᠃      ﹇ᠬᠦᠲᠦᠯᠦᠭᠴᠢ﹈ ᠲᠠ ᠮᠠᠨ ᠳᠤ ᠮᠠᠨ ᠤ ᠣᠷᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ︖      ﹇ᠸᠠᠩ ᠬᠦᠸᠧ ᠯᠢᠨ﹈ 2014 ᠣᠨ ᠳᠤ᠂ ᠪᠦᠬᠦ ᠣᠷᠣᠨ ᠤ ᠲᠠᠷᠢᠶᠠᠯᠠᠩ ᠤᠨ ᠮᠠᠰᠢᠨ ᠤ ᠶᠡᠷᠦᠩᠭᠡᠶᠢᠯᠡᠭᠰᠡᠨ ᠮᠠᠰᠢᠨᠴᠢᠯᠡᠯᠲᠠ ᠶᠢᠨ ᠬᠢᠷᠢ ᠬᠡᠮᠵᠢᠶ᠎ᠡ 79.8%᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠴᠡᠭ ᠤᠨ 3.8 ᠨᠡᠮᠡᠭᠳᠡᠵᠤ᠂ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠵᠠᠭᠤᠨ ᠤ ᠴᠡᠭ ᠤᠨ 19 ᠳᠡᠭᠡᠭᠦᠷ ᠪᠤᠯᠪᠠ᠃ ᠭᠤᠣᠯ ᠪᠤᠯᠬᠤ ᠲᠠᠷᠢᠮᠠᠯ ᠡᠷᠳᠡᠨᠢ ᠰᠢᠰᠢ᠂ ᠲᠥᠮᠥᠰᠥ ᠶᠢᠨ ᠮᠠᠰᠢᠨ ᠢᠶᠠᠷ ᠬᠤᠷᠢᠶᠠᠬᠤ ᠬᠢᠷᠢ ᠬᠡᠮᠵᠢᠶ᠎ᠡ ᠲᠤᠰ ᠲᠤᠰ 47.4% ᠪᠠ 63.9%᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ ᠵᠠᠭᠤᠨ ᠤ ᠴᠡᠭ ᠤᠨ 9.2 ᠪᠠ 3.1 ᠳᠡᠭᠡᠭᠰᠢᠯᠡᠪᠡ᠃ ᠪᠦᠬᠦ ᠣᠷᠣᠨ ᠤ ᠲᠠᠷᠢᠶᠠᠯᠠᠩ ᠤᠨ ᠮᠠᠰᠢᠨ ᠤ ᠶᠡᠷᠦᠩᠬᠡᠶ ᠬᠥᠳᠡᠯᠭᠡᠬᠦ ᠬᠦᠴᠦᠨ 3631.4 ᠲᠦᠮᠡᠨ ᠺᠢᠯᠣᠸᠠᠲ ᠬᠦᠷᠴᠦ᠂ ᠠᠳᠠᠯᠢ ᠬᠤᠭᠤᠴᠠᠭᠠᠨ ᠤ ᠬᠢ ᠠᠴᠠ 5. 8 %᠎ ᠪᠠᠷ ᠨᠡᠮᠡᠭᠳᠡᠪᠡ︔ ᠲᠷᠠᠺᠲ᠋ᠣᠷ ᠤᠨ ᠶᠡᠷᠦᠩᠬᠡᠶ  ᠲᠤᠭ᠎ᠠ 107.9 ᠲᠦᠮᠡ ᠳᠤ ᠬᠦᠷᠴᠦ᠂ ᠡᠭᠦᠨ ᠳᠤ ᠲᠣᠮᠣ ᠳᠤᠮᠳᠠ ᠬᠡᠯᠪᠡᠷᠢ ᠶᠢᠨ ᠲᠷᠠᠺᠲ᠋ᠣᠷ ᠤᠨ ᠬᠡᠮᠵᠢᠶ᠎ᠡ 67 ᠲᠦᠮᠡ ᠶᠢ ᠳᠠᠪᠠᠪᠠ᠃ ᠪᠦᠬᠦ ᠣᠷᠣᠨ ᠳᠤ ᠲᠠᠷᠢᠶᠠᠯᠠᠩ ᠤᠨ ᠮᠠᠰᠢᠨ ᠤ ᠲᠤᠰᠬᠠᠶ ᠠᠵᠢᠯ ᠤᠨ ᠬᠤᠷᠰᠢᠶ᠎ᠠ 251 ᠰᠢᠨ᠎ᠡ ᠪᠠᠷ ᠨᠡᠮᠡᠭᠳᠡᠵᠤ᠂ ᠶᠡᠷᠦᠩᠬᠡᠶ ᠲᠤᠭ᠎ᠠ ᠨᠢ 1481᠎ ᠳᠤ ᠬᠦᠷᠪᠡ᠃ ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ ᠬᠤᠷᠰᠢᠶ᠎ᠠ ᠪᠣᠯᠤᠨ ᠲᠠᠷᠢᠶᠠᠯᠠᠩ ᠤᠨ ᠮᠠᠰᠢᠨ ᠤ ᠲᠣᠮᠣ ᠡᠷᠦᠬᠡ ᠪᠠᠷ ᠭᠤᠣᠯ ᠬᠦᠴᠦᠨ ᠪᠣᠯᠭᠠᠭᠰᠠᠨ ᠲᠠᠷᠢᠶᠠᠨ ᠭᠠᠵᠠᠷ ᠤᠨ ᠠᠵᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠦᠬᠦ ᠲᠠᠷᠢᠶᠠᠯᠠᠩ ᠤᠨ ᠮᠠᠰᠢᠨ ᠤ ᠠᠵᠢᠯᠯᠠᠬᠤ ᠲᠠᠯᠠᠪᠠᠶ ᠳᠤ ᠡᠵᠡᠯᠡᠵᠤ ᠪᠠᠶᠢᠭ᠎ᠠ ᠬᠤᠪᠢ ᠶᠢᠨ ᠵᠢᠩ 29.1%᠎ ᠳᠤ ᠬᠦᠷᠴᠦ᠂ ᠲᠠᠷᠢᠶᠠᠯᠠᠩ ᠤᠨ ᠮᠠᠰᠢᠨ ᠤ ᠵᠣᠬᠢᠶᠠᠨ ᠪᠠᠶᠢᠭᠤᠯᠤᠯᠲᠠᠴᠢᠯᠠᠯᠲᠠ᠂ ᠬᠡᠪᠴᠢᠶᠡᠵᠢᠯᠲᠡ᠂ ᠠᠵᠤ ᠦᠢᠯᠡᠰᠴᠢᠯᠡᠯᠲᠡ ᠶᠢᠨ ᠬᠡᠮᠵᠢᠶ᠎ᠡ ᠲᠠᠰᠤᠷᠠᠯᠲᠠ ᠦᠭᠡᠶ ᠳᠡᠭᠡᠭᠰᠢᠯᠡᠪᠡ᠃ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠭᠰᠡᠨ ᠶᠠᠪᠤᠳᠠᠯ ᠨᠢ ᠮᠡᠷᠭᠡᠵᠢᠯ ᠤᠨ ᠨᠢᠭᠡᠳᠦᠮᠡᠯᠵᠢᠯᠲᠡ᠂ ᠠᠵᠢᠯᠯᠠᠭᠤᠯᠭ᠎ᠠ ᠶᠢᠨ ᠬᠡᠪᠴᠢᠶᠡᠵᠢᠯᠲᠡ᠂ ᠲᠣᠭᠲᠠᠴᠠ ᠶᠢᠨ ᠰᠢᠨ᠎ᠡ ᠶᠢ ᠡᠭᠦᠳᠭᠦ ᠬᠠᠨᠳᠤᠰᠢ ᠶᠢ ᠢᠯᠡᠷᠡᠭᠦᠯᠪᠡ᠃ ᠪᠦᠬᠦ ᠣᠷᠣᠨ ᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠲᠠᠯᠠᠪᠠᠶ 1920.8 ᠲᠦᠮᠡᠨ ᠮᠥ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 115.8 ᠲᠦᠮᠡᠨ ᠮᠥ ᠨᠡᠮᠡᠭᠳᠡᠪᠡ᠃ ᠪᠦᠬᠦ ᠣᠷᠣᠨ ᠳᠤ 5.8 ᠲᠦᠮᠡᠨ ᠲᠷᠠᠺᠲ᠋ᠣᠷ ᠪᠠ  ᠬᠠᠳᠤᠵᠤ ᠬᠤᠷᠢᠶᠠᠬᠤ ᠬᠠᠮ ᠮᠠᠰᠢᠨ ᠰᠢᠨ᠎ᠡ ᠪᠠᠷ ᠳᠠᠩᠰᠠᠯᠠᠭᠤᠯᠵᠤ᠂ 53.1 ᠲᠦᠮᠡᠨ ᠲᠷᠠᠺᠲ᠋ᠣᠷ ᠰᠢᠯᠭᠠᠭᠤᠯᠤᠨ᠂  ᠬᠠᠳᠤᠵᠤ ᠬᠤᠷᠢᠶᠠᠬᠤ ᠬᠠᠮ ᠮᠠᠰᠢᠨ ᠰᠢᠯᠭᠠᠭᠤᠯᠤᠨ ᠪᠠᠶᠢᠴᠠᠭᠠᠯᠭᠠᠵᠤ᠂ 3.9 ᠲᠦᠮᠡᠨ ᠵᠢᠯᠤᠭᠤᠴᠢ ᠰᠢᠨ᠎ᠡ ᠪᠠᠷ ᠰᠢᠯᠭᠠᠭᠤᠯᠪᠠ᠃      ﹇ᠬᠦᠲᠦᠯᠦᠭᠴᠢ﹈ ᠡᠨᠡ ᠵᠢᠯ ᠤᠨ ᠮᠠᠨ ᠤ ᠤᠷᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠶᠢᠨ ᠨᠥᠬᠦᠪᠥᠷᠢ ᠤᠯᠤᠭᠰᠠᠳ ᠢ ᠬᠡᠷᠬᠢᠨ ᠲᠣᠭᠲᠠᠭᠠᠬᠤ ᠪᠤᠶ︖      ﹇ᠸᠠᠩ ᠬᠦᠸᠧ ᠯᠢᠨ﹈ ᠡᠨᠡ ᠵᠢᠯ ᠮᠠᠨ ᠤ ᠤᠷᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠪᠡᠯᠡ ᠮᠥᠩᠭᠦ ᠶᠢ ᠪᠦᠬᠦ ᠣᠷᠣᠨ ᠤ ᠪᠤᠢ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠬᠤᠰᠢᠭᠤ ᠰᠢᠶᠠᠨ ︵ᠲᠠᠯᠠᠪᠠᠶ︶᠎ ᠶᠢ ᠬᠠᠮᠤᠷᠤᠨ ᠲᠤᠬᠢᠷᠠᠭᠤᠯᠪᠠ᠃ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠤᠯᠤᠭᠰᠠᠳ ᠪᠤᠯ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠰᠢᠭᠤᠳ ᠡᠷᠬᠢᠯᠡᠵᠤ ᠪᠠᠶᠢᠭ᠎ᠠ ᠬᠤᠪᠢ ᠬᠥᠮᠦᠨ ᠪᠤᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠤᠯᠤᠨ᠎ᠠ᠃ ᠨᠥᠬᠦᠪᠥᠷᠢ ᠶᠢᠨ ᠪᠡᠯᠡ ᠮᠥᠩᠭᠦ  ᠪᠠᠴᠢᠭᠤ ᠭᠠᠵᠠᠷ ᠣᠷᠣᠨ ᠪᠤᠯ᠂ ᠮᠠᠯᠴᠢᠨ ᠲᠠᠷᠢᠶᠠᠴᠢᠳ ᠲᠤ ᠨᠥᠬᠦᠪᠥᠷᠢ ᠤᠯᠭᠤᠬᠤ ᠶᠢ ᠡᠩ ᠲᠡᠷᠢᠬᠦᠨ ᠳᠤ ᠪᠠᠲᠤᠯᠠᠨ᠂ ᠪᠤᠳᠠᠲᠠᠢ ᠡᠯ᠎ᠡ ᠠᠶᠢᠮᠠᠭ ᠬᠤᠲᠠ ᠨᠢ ᠮᠠᠯᠴᠢᠨ ᠲᠠᠷᠢᠶᠠᠴᠢᠳ ᠤᠨ ᠬᠤᠳᠠᠯᠳᠤᠨ ᠠᠪᠬᠤ ᠴᠢᠳᠠᠪᠤᠷᠢ ᠪᠠ ᠡᠳ᠋ ᠤᠨ ᠵᠠᠰᠠᠭ ᠤᠨ ᠪᠡᠯᠡ ᠮᠦᠡᠭᠭᠦ ᠶᠢᠨ ᠪᠠᠶᠢᠳᠠᠯ ᠢᠶᠠᠨ ᠦᠨᠳᠦᠰᠦᠯᠡᠨ ᠲᠣᠭᠲᠠᠭᠠᠬᠤ ᠬᠡᠷᠡᠭᠲᠡᠶ᠃      ﹇ᠬᠥᠲᠥᠯᠦᠭᠴᠢ﹈ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠠᠬᠢ ᠨᠥᠬᠦᠪᠥᠷᠢ ᠶᠢᠨ ᠮᠠᠰᠢᠨ ᠪᠠᠭᠠᠵᠢ ᠶᠢᠨ ᠲᠥᠷᠥᠯ ᠵᠦᠢᠯ ᠤᠨ ᠬᠡᠪᠴᠢᠶ᠎ᠡ ᠨᠢ ᠶᠠᠭᠤ ᠪᠤᠶ︖ ᠨᠥᠬᠦᠪᠥᠷᠢ ᠲᠠᠢ ᠮᠠᠰᠢᠨ ᠪᠠᠭᠠᠵᠢ ᠶᠢᠨ ᠦᠢᠯᠡᠳᠭᠦᠨ ᠢ ᠬᠡᠷᠬᠢᠨ ᠠᠰᠠᠭᠤᠨ ᠯᠠᠪᠯᠠᠬᠤ ᠪᠤᠶ︖      ﹇ᠸᠠᠩ ᠭᠦᠸᠧ ᠯᠢᠨ﹈ ᠨᠥᠬᠦᠪᠥᠷᠢ ᠲᠠᠢ ᠮᠠᠰᠢᠨ ᠪᠠᠭᠠᠵᠢ ᠶᠢᠨ ᠲᠥᠷᠥᠯ ᠵᠦᠢᠯ ᠳᠤ ᠬᠥᠳᠡᠯᠭᠡᠭᠴᠢ ᠬᠦᠴᠦᠨ ᠤ ᠮᠠᠰᠢᠨ᠂ ᠬᠠᠭᠠᠯᠪᠤᠷᠢᠯᠠᠵᠤ ᠲᠡᠭᠰᠢᠯᠡᠬᠦ ᠮᠠᠰᠢᠨ᠂ ᠲᠠᠷᠢᠵᠤ ᠪᠣᠷᠳᠣᠭᠤᠷ ᠣᠷᠣᠭᠤᠯᠬᠤ ᠮᠠᠰᠢᠨ᠂ ᠬᠤᠷᠢᠶᠠᠬᠤ ᠮᠠᠰᠢᠨ ᠵᠡᠷᠭᠡ 10 ᠶᠡᠭᠡ ᠲᠦᠷᠦᠯ ᠤᠨ 59 ᠦᠢᠯᠡᠳᠬᠦᠨ ᠤ ᠨᠡᠷ᠎ᠡ ᠲᠥᠷᠥᠯ ᠪᠠᠭᠲᠠᠵᠤ᠂ ᠡᠭᠦᠨ ᠳᠤ ᠠᠴᠢᠶᠠᠯᠠᠬᠤ ᠮᠠᠰᠢᠨ᠂ ᠨᠡᠷᠡᠨ ᠡᠨᠧᠷᠭᠢ ᠶᠢᠨ ᠲᠥᠬᠦᠭᠡᠷᠦᠮᠵᠢ᠂ ᠰᠠᠯᠬᠢ ᠭᠡᠷᠡᠯ ᠬᠠᠷᠢᠯᠴᠠᠨ ᠨᠥᠬᠦᠪᠦᠷᠢᠯᠡᠬᠦ ᠲᠥᠬᠦᠭᠡᠷᠦᠮᠵᠢ ᠵᠡᠷᠭᠡ 7 ᠦᠢᠯᠡᠳᠬᠦᠨ ᠤ ᠨᠡᠷ᠎ᠡ ᠲᠥᠷᠥᠯ ᠵᠥᠪᠬᠡᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠪᠠᠷ ᠮᠠᠯᠵᠢᠬᠤ ᠣᠷᠣᠨ ᠤ ᠮᠠᠯᠴᠢᠳ ᠲᠤ ᠨᠥᠬᠦᠪᠦᠷᠢ ᠣᠯᠭᠤᠬᠤ ᠪᠠᠷ ᠬᠢᠵᠠᠭᠠᠷᠯᠠᠨ᠎ᠠ᠃ ᠪᠤᠳᠠᠲᠠᠢ ᠪᠠᠶᠢᠳᠠᠯ ᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠠᠬᠢ ᠨᠥᠬᠦᠪᠥᠷᠢ ᠶᠢᠨ ᠮᠡᠳᠡᠭᠡ ᠵᠠᠩᠭᠢ ᠎ ᠶᠢ ᠢᠯᠡ ᠪᠣᠯᠭᠠᠬᠤ ᠲᠤᠰᠬᠠᠶ ᠪᠤᠯᠤᠩ ᠠᠴᠠ ᠦᠵᠡᠭᠡᠷᠡᠢ᠃ ᠨᠥᠬᠦᠪᠥᠷᠢ  ᠶᠢᠨ ᠦᠢᠯᠡᠳᠬᠡᠬᠦᠨ ᠢ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ ᠶᠢᠨ ᠬᠠᠪᠰᠤᠷᠤᠮᠵᠢ ᠬᠠᠮᠢᠶᠠᠷᠤᠯᠲᠠ ᠶᠢᠨ ᠰᠢᠰᠲ᠋ᠧᠮ ᠤᠨ ᠲᠡᠷᠢᠭᠦᠨ ᠨᠢᠭᠤᠷ ᠤᠨ ᠨᠥᠬᠦᠪᠥᠷᠢ ᠶᠢᠨ ᠮᠡᠳᠡᠭᠡ ᠵᠠᠩᠭᠢ ᠶᠢ ᠯᠠᠪᠯᠠᠨ ᠠᠰᠠᠭᠤᠬᠤ ᠲᠤᠰᠬᠠᠶ ᠪᠤᠯᠤᠩ ᠠᠴᠠ ᠦᠵᠡᠭᠡᠷᠡᠢ᠃      ﹇ᠬᠥᠲᠥᠯᠦᠭᠴᠢ﹈ ᠨᠥᠬᠦᠪᠥᠷᠢ ᠲᠠᠢ ᠮᠠᠰᠢᠨ ᠪᠠᠭᠠᠵᠢ ᠶᠢᠨ ᠨᠥᠬᠦᠪᠥᠷᠢ ᠥᠭᠬᠦ ᠪᠠᠷᠢᠮᠵᠢᠶ᠎ᠠ ᠶᠢ ᠬᠡᠷᠬᠢᠨ   ᠲᠣᠭᠲᠠᠭᠠᠬᠤ ᠪᠤᠶ︖      ﹇ᠸᠠᠩ ᠭᠦᠸᠧ ᠯᠢᠨ﹈ ᠨᠥᠬᠦᠪᠥᠷᠢ ᠲᠠᠢ ᠮᠠᠰᠢᠨ ᠪᠠᠭᠠᠵᠢ ᠳᠤ ᠨᠤᠷᠮᠠᠴᠢᠯᠠᠭᠰᠠᠨ ᠨᠥᠬᠦᠪᠥᠷᠢ ᠥᠭᠬᠦ ᠎ ᠶᠢ ᠬᠡᠷᠡᠭᠵᠢᠭᠦᠯᠦᠨ᠂ ᠮᠠᠨ ᠣᠷᠣᠨ ᠤ ᠬᠡᠪᠴᠢᠶᠡᠨ ᠳᠤ ᠨᠥᠬᠦᠪᠥᠷᠢ ᠬᠦᠷᠲᠡᠬᠦ ᠲᠠᠷᠢᠶᠠᠯᠠᠩ ᠤᠨ ᠮᠠᠰᠢᠨ ᠤ ᠦᠢᠯᠡᠳᠬᠡᠬᠦᠨ ᠪᠦᠬᠦᠨ ᠳᠤ ᠴᠦᠮ ᠠᠳᠠᠯᠢ ᠨᠢᠭᠡᠨ ᠲᠥᠷᠥᠯ ᠵᠦᠢᠯ᠂ ᠠᠳᠠᠯᠢ ᠨᠢᠭᠡᠨ ᠳᠡᠰ ᠤᠨ ᠦᠢᠯᠡᠳᠬᠦᠨ ᠳᠤ ᠨᠢᠭᠡᠳᠦᠯᠲᠡᠶ ᠨᠤᠷᠮᠠᠴᠢᠯᠠᠭᠰᠠᠨ ᠨᠥᠬᠦᠪᠥᠷᠢ ᠥᠭᠬᠦ ᠶᠢ ᠬᠡᠷᠡᠭᠵᠢᠭᠦᠯᠦᠨ᠎ᠡ᠃ ᠬᠠᠭᠠᠯᠪᠤᠷᠢᠯᠠᠬᠤ ᠦᠭᠡᠢ ᠪᠠᠷ ᠲᠠᠷᠢᠬᠤ ᠮᠠᠰᠢᠨ᠂ ᠭᠦᠨ ᠬᠥᠪᠰᠦᠭᠡᠷᠯᠡᠨ ᠲᠡᠭᠰᠢᠯᠡᠬᠦ ᠮᠠᠰᠢᠨ ᠤ ᠲᠥᠷᠥᠯ ᠤᠨ ᠨᠡᠶᠢᠯᠡᠭᠦᠯᠦᠭᠰᠡᠨ ᠨᠥᠬᠦᠪᠥᠷᠢ ᠶᠢ 10 %᠎ ᠎ ᠶᠢ ᠳᠠᠪᠠᠭᠤᠯᠬᠤ ᠦᠭᠡᠢ︔ ᠮᠠᠯᠵᠢᠬᠤ ᠣᠷᠣᠨ ᠤ ᠮᠠᠯᠴᠢᠳ ᠤᠨ ᠬᠤᠳᠠᠯᠳᠤᠨ  ᠠᠪᠬᠤ ᠮᠠᠯ ᠤᠨ ᠠᠵᠤ ᠠᠬᠤᠶ ᠶᠢᠨ ᠮᠠᠰᠢᠨ ᠳᠤ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠨᠤᠷᠮᠠᠴᠢᠯᠠᠭᠰᠠᠨ ᠨᠥᠬᠦᠪᠥᠷᠢ ᠶᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠨᠡᠮᠡᠭᠡᠳ ᠨᠡᠶᠢᠯᠡᠭᠦᠯᠦᠭᠰᠡᠨ ᠨᠥᠬᠦᠪᠥᠷᠢ ᠶᠢ 20%᠎ ᠶᠢ ᠳᠠᠪᠠᠭᠤᠯᠬᠤ ᠦᠭᠡᠢ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠪᠠᠷ ᠠᠰ ᠎ ᠲᠤᠨᠢ ᠨᠥᠬᠦᠪᠦᠷᠢ ᠥᠭᠭᠦᠭᠰᠡᠨ ᠪᠣᠯ ᠵᠠᠷᠴᠢᠮ ᠳᠡᠭᠡᠷ᠎ᠡ ᠪᠠᠨ ᠨᠢᠳᠤᠨᠤᠨ ᠤᠨ ᠳᠤᠮᠳᠠᠴᠢ ᠪᠣᠷᠣᠯᠠᠭᠤᠯᠤᠨ ᠬᠤᠳᠠᠯᠳᠤᠭᠰᠠᠨ ᠦᠨ᠎ᠡ ᠶᠢᠨ 30%᠎ ᠶᠢ  ᠳᠠᠪᠠᠭᠤᠯᠬᠤ ᠦᠭᠡᠢ ᠪᠠᠶᠢᠬᠤ ᠶᠣᠰᠣᠭᠠᠷ᠂ ᠨᠤᠷᠮᠠᠴᠢᠯᠠᠭᠰᠠᠨ ᠨᠥᠬᠦᠪᠥᠷᠢ ᠥᠭᠬᠦ ᠶᠢ ᠬᠡᠷᠡᠭᠵᠢᠭᠦᠯᠦᠨ᠎ᠡ᠃      ﹇ᠬᠥᠲᠥᠯᠦᠭᠴᠢ﹈ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠠᠬᠢ ᠨᠥᠬᠦᠪᠥᠷᠢ ᠶᠢᠨ ᠬᠠᠮᠢᠶ᠎ᠠ ᠪᠦᠬᠦᠢ  ᠭᠠᠷᠳᠠᠮ ᠢ ᠬᠡᠷᠬᠢᠨ ᠭᠤᠶᠤᠴᠢᠯᠠᠨ ᠭᠦᠢᠴᠡᠳᠬᠡᠬᠦ ᠪᠤᠢ︖      ﹇ᠸᠠᠩ ᠭᠦᠸᠧ ᠯᠢᠨ﹈  2015 ᠣᠨ ᠠᠴᠠ ᠡᠬᠢᠯᠡᠨ ᠮᠠᠨ ᠤ ᠣᠷᠣᠨ ︽ᠤᠷᠢᠳᠠᠪᠠᠷ ᠮᠠᠰᠢᠨ ᠬᠤᠳᠠᠯᠳᠤᠵᠤ ᠠᠪᠤᠭᠠᠳ ᠳᠠᠷᠠᠭ᠎ᠠ ᠨᠢ ᠨᠥᠬᠦᠪᠥᠷᠢ ᠥᠭᠬᠦ ᠶᠢ ᠭᠤᠶᠤᠴᠢᠯᠠᠬᠤ︾ ᠠᠷᠭ᠎ᠠ ᠶᠢ ᠬᠡᠷᠡᠭᠵᠢᠭᠦᠯᠪᠡ᠃ ︵1 ︶  ᠮᠠᠰᠢᠨ ᠬᠤᠳᠠᠯᠳᠤᠨ ᠠᠪᠬᠤ ᠶᠢ ᠴᠢᠯᠦᠭᠡᠲᠡᠢ ᠲᠠᠯᠪᠢᠨ᠎ᠠ᠃ ᠮᠠᠰᠢᠨ ᠬᠤᠳᠠᠯᠳᠤᠨ ᠠᠪᠤᠭᠴᠢ ᠥᠪᠡᠷ ᠤᠨ ᠪᠤᠳᠠᠲᠠᠢ ᠬᠡᠷᠡᠭᠴᠡᠭᠡ ᠪᠠᠨ ᠦᠨᠳᠦᠰᠦᠯᠡᠨ ᠥᠪᠡᠷ ᠢᠶᠠᠨ ᠡᠵᠡᠨ ᠮᠠᠳᠡᠨ ᠮᠠᠰᠢᠨ ᠪᠠᠭᠠᠵᠢ ᠬᠤᠳᠠᠯᠳᠤᠨ ᠠᠪᠴᠤ᠂ ᠥᠪᠡᠷ ᠢᠶᠠᠨ ᠡᠵᠡᠨ ᠮᠠᠳᠡᠨ ᠪᠣᠷᠣᠯᠠᠭᠤᠯᠤᠨ ᠬᠤᠳᠠᠯᠳᠤᠬᠤ ᠠᠵᠤ ᠠᠬᠤᠶᠢᠯᠠᠯ ᠢ ᠰᠤᠩᠭᠤᠨ᠂ ᠥᠪᠡᠷ ᠢᠶᠠᠨ ᠡᠵᠡᠨ ᠮᠡᠳᠡᠨ ᠦᠢᠯᠡᠳᠬᠦᠨ ᠤ ᠬᠡᠪ ᠮᠠᠶ᠋ᠢᠭ ᠢ ᠰᠤᠩᠭᠤᠵᠤ᠂ ᠥᠪᠡᠷ ᠢᠶᠠᠨ ᠡᠵᠡᠨ ᠮᠡᠳᠡᠨ ᠨᠡᠷᠡᠲᠦ ᠲᠡᠮᠳᠡᠭ ᠰᠤᠩᠭᠤᠵᠤ᠂ ᠥᠪᠡᠷ ᠢᠶᠠᠨ ᠡᠵᠡᠨ ᠮᠡᠳᠡᠨ ᠦᠨ᠎ᠡ ᠬᠡᠯᠡᠯᠴᠡᠵᠦ ᠵᠥᠪᠳᠡᠯᠴᠡᠨ᠎ᠡ᠃ ᠮᠠᠰᠢᠨ ᠬᠤᠳᠠᠯᠳᠤᠨ ᠠᠪᠤᠭᠰᠠᠨ ᠤ ᠨᠥᠬᠦᠪᠥᠷᠢ ᠥᠭᠬᠦ ᠶᠢ ᠭᠤᠶᠤᠴᠢᠯᠠᠭᠰᠠᠨ ᠬᠤᠳᠠᠯᠳᠤᠨ ᠠᠪᠤᠭᠴᠢᠳ ᠪᠠᠷᠠᠭ᠎ᠠ  ᠬᠠᠩᠭᠠᠭᠰᠠᠨ ᠠᠵᠤ ᠠᠬᠤᠶᠢᠯᠠᠯ ᠠᠴᠠ ᠫᠢᠶᠣᠣ ᠪᠠᠷᠢᠮᠲᠠ ᠪᠣᠯᠣᠨ ᠬᠤᠳᠠᠯᠳᠤᠨ ᠠᠪᠤᠭᠰᠠᠨ ᠮᠠᠰᠢᠨ ᠪᠠᠭᠠᠵᠢ ᠶᠢᠨ ᠢᠶᠠᠨ ᠦᠨᠳᠦᠰᠦᠨ ᠮᠡᠳᠡᠭᠡ ᠵᠠᠩᠭᠢ ᠶᠢᠨ ᠬᠠᠭᠤᠳᠠᠰᠤ ᠶᠢ ᠠᠪᠴᠤ᠂ ᠮᠠᠰᠢᠨ ᠬᠤᠳᠠᠯᠳᠤᠨ ᠠᠪᠤᠭᠴᠢ ᠶᠢᠨ ᠡᠷᠦᠭᠡ ᠠᠮᠠ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠬᠤ ᠬᠡᠷᠡᠭᠲᠡᠢ᠃ ︵2︶ ᠫᠢᠶᠤᠤ ᠪᠠᠷᠢᠮᠲᠠ ᠪᠠᠷ ᠢᠶᠠᠨ ᠭᠤᠶᠤᠴᠢᠯᠠᠨ᠎ᠠ᠃ ᠮᠠᠰᠢᠨ ᠬᠤᠳᠠᠯᠳᠤᠨ ᠠᠪᠤᠭᠴᠢ  ᠮᠠᠰᠢᠨ ᠬᠤᠳᠠᠯᠳᠤᠵᠤ ᠠᠪᠤᠭᠰᠠᠨ ᠫᠢᠶᠤᠤ ᠪᠠᠷᠢᠮᠲᠠ᠂ ᠮᠠᠰᠢᠨ ᠪᠠᠭᠠᠵᠢ ᠶᠢᠨ ᠦᠨᠳᠦᠰᠦᠨ ᠮᠡᠳᠡᠭᠡ ᠵᠠᠩᠭᠢ ᠶᠢᠨ ᠬᠠᠭᠤᠳᠠᠰᠤ᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠲᠠᠷᠢᠶᠠᠴᠢᠳ ᠲᠤ ᠠᠰᠢᠭ ᠬᠦᠷᠲᠡᠭᠡᠬᠦ ︽ ᠪᠥᠬᠦᠨ ᠳᠤ ᠳᠤᠬᠢᠷᠠᠬᠤ ᠺᠠᠷᠲ︾ ︵ᠪᠠᠩᠬᠢ ᠶᠢᠨ ᠺᠠᠷᠲ︶᠎ ᠎ ᠢᠶᠠᠨ ᠠᠪᠴᠤ᠂ ᠡᠷᠦᠬᠡ ᠠᠮᠠ ᠶᠢᠨ ᠬᠠᠷᠢᠶ᠎ᠠ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠥᠬᠦᠪᠦᠷᠢ ᠥᠭᠬᠦ  ᠭᠤᠶᠤᠴᠢᠯᠠᠯ ᠤᠨ ᠵᠦᠢᠯᠡᠰ ᠢ ᠭᠦᠢᠴᠡᠳᠬᠡᠨ᠎ᠡ᠃ ᠡᠭᠦᠨ ᠤ ᠬᠠᠮᠲᠤ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠠᠬᠢ ᠨᠥᠬᠦᠪᠥᠷᠢ ᠶᠢᠨ ᠬᠠᠪᠰᠤᠷᠤᠮᠵᠢ ᠬᠠᠮᠢᠶᠠᠷᠤᠯᠲᠠ ᠶᠢᠨ ᠰᠢᠰᠧᠲᠮ ᠢᠶᠠᠷ ᠳᠠᠮᠵᠢᠭᠤᠯᠤᠨ ᠨᠥᠬᠦᠪᠥᠷᠢ ᠣᠯᠬᠤ ᠮᠡᠳᠡᠭᠡ ᠵᠠᠩᠭᠢ ᠪᠠᠨ ᠣᠷᠣᠭᠤᠯᠤᠨ᠂ ᠨᠥᠬᠦᠪᠥᠷᠢ ᠣᠯᠬᠤ ᠭᠦᠢᠴᠡᠳᠬᠡᠬᠦ ᠲᠤᠭ᠎ᠠ ᠶᠢ ᠨᠤᠲᠠᠯᠠᠬᠤ ᠪᠢᠴᠢᠭ ᠲᠤ ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠬᠢᠨᠠᠨ ᠬᠠᠷᠭᠤᠭᠤᠯᠬᠤ ᠪᠠᠷ ᠳᠠᠮᠵᠢᠭᠠᠳ᠂ ᠨᠥᠬᠦᠪᠥᠷᠢ ᠬᠦᠷᠲᠡᠬᠦ ᠮᠠᠰᠢᠨ ᠬᠤᠳᠠᠯᠳᠤᠨ ᠠᠪᠤᠭᠴᠢ ᠨᠥᠬᠦᠪᠦᠷᠢ ᠶᠢᠨ ᠭᠦᠢᠴᠡᠳᠬᠡᠬᠦ ᠲᠤᠭ᠎ᠠ ᠶᠢ ᠨᠣᠲᠠᠯᠠᠬᠤ ᠪᠢᠴᠢᠭ ᠠᠪᠴᠤ᠂ ᠳᠡᠭᠡᠷ᠎ᠡ ᠎ ᠨᠢ ᠭᠠᠷ ᠤᠨ ᠦᠰᠦᠭ ᠢᠶᠠᠨ ᠵᠢᠷᠤᠵᠤ᠂ ᠬᠤᠷᠤᠭᠤᠨ ᠤ ᠣᠷᠤᠮ ᠢᠶᠠᠨ  ᠳᠠᠷᠤᠨ᠎ᠠ︔ ᠲᠤᠰ ᠬᠥᠮᠦᠨ ᠨᠢ ᠶᠠᠮᠠᠷ ᠨᠢᠭᠡᠨ ᠰᠢᠯᠲᠠᠭᠠᠨ ᠠᠴᠠ ᠪᠣᠯᠵᠤ ᠲᠤᠬᠠᠶ ᠶᠢᠨ ᠭᠠᠵᠠᠷ ᠲᠤᠨᠢ ᠬᠦᠷᠴᠦ   ᠭᠦᠢᠴᠡᠳᠬᠡᠬᠦ ᠶᠢᠨ ᠠᠷᠭ᠎ᠠ ᠦᠭᠡᠢ ᠪᠣᠯ  ᠪᠤᠰᠤᠳ ᠲᠤ ᠪᠢᠴᠢᠭ ᠢᠶᠠᠷ ᠨᠠᠶᠢᠳᠠᠨ ᠭᠦᠢᠴᠡᠳᠬᠡᠯᠭᠡᠬᠦ ᠬᠡᠷᠡᠭᠲᠡᠢ᠃      ᠮᠠᠯᠴᠢᠳ ᠮᠠᠯ ᠠᠵᠤ ᠠᠬᠤᠶ ᠶᠢᠨ ᠮᠠᠰᠢᠨ ᠬᠤᠳᠠᠯᠳᠤᠨ ᠠᠪᠬᠤ ᠪᠠᠷ ᠭᠤᠶᠤᠴᠢᠯᠠᠬᠤ ᠳᠤ᠂ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠵᠣᠬᠢᠶᠠᠵᠤ ᠲᠠᠷᠬᠠᠭᠠᠭᠰᠠᠨ ᠪᠡᠯᠴᠢᠭᠡᠷ ᠳᠠᠭᠠᠭᠠᠴᠢᠯᠠᠨ  ᠡᠵᠡᠩᠨᠡᠬᠦ ᠦᠨᠡᠮᠯᠡᠯ ᠤᠨ ᠤᠭ ᠵᠦᠢᠯ ᠢ ᠬᠠᠮᠲᠤ ᠳᠤᠨᠢ ᠬᠠᠩᠭᠠᠬᠤ ᠬᠡᠷᠡᠭᠲᠡᠢ︔ ᠡᠷᠦᠬᠡ ᠬᠤᠪᠢᠶᠠᠭᠰᠠᠨ ᠤ   ᠳᠠᠷᠠᠭ᠎ᠠ ᠬᠠᠮᠲᠤ ᠶᠢᠨ ᠪᠡᠯᠴᠢᠭᠡᠷ ᠤᠨ ᠦᠨᠡᠮᠯᠡᠯ ᠪᠤᠶᠤ ᠪᠡᠯᠴᠢᠭᠡᠷ ᠤᠨ ᠦᠨᠡᠮᠯᠡᠯ ᠢ ᠡᠷᠦᠬᠡ ᠳᠤ   ᠣᠯᠭᠤᠭᠠᠳᠤᠢ ᠪᠣᠯ᠂ ᠬᠠᠮᠲᠤ ᠶᠢᠨ ᠪᠡᠯᠴᠢᠭᠡᠷ ᠤᠨ ᠦᠨᠡᠮᠯᠡᠯ ᠤᠨ ᠤᠭ ᠵᠦᠢᠯ ᠬᠢᠭᠡᠳ ᠮᠠᠰᠢᠨ ᠬᠤᠳᠠᠯᠳᠤᠨ ᠠᠪᠤᠭᠴᠢ ᠶᠢᠨ ᠪᠠᠶᠢᠭ᠎ᠠ ᠰᠤᠮᠤ ᠪᠤᠶᠤ ᠭᠠᠴᠠᠭ᠎ᠠ ᠶᠢᠨ ᠬᠢᠵᠦ ᠥᠭᠭᠦᠭᠰᠡᠨ ᠪᠢᠴᠢᠭᠯᠡᠭᠰᠡᠨ ᠭᠡᠷᠡᠴᠢᠯᠡᠬᠦ ᠮᠠᠲ᠋ᠧᠷᠢᠶᠠᠯ ᠬᠠᠩᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠠᠴᠠ  ᠠᠰ ᠲᠤᠨᠢ ᠨᠥᠬᠦᠪᠦᠷᠢ ᠥᠭᠭᠦᠭᠰᠡᠨ ᠪᠣᠯ ᠮᠠᠰᠢᠨ ᠬᠤᠳᠠᠯᠳᠤᠨ ᠠᠪᠤᠭᠴᠢ ᠮᠠᠰᠢᠨ ᠢᠶᠠᠨ ᠬᠤᠳᠠᠯᠳᠤᠵᠤ ᠠᠪᠣᠭᠰᠠᠨ ᠤ ᠳᠠᠷᠠᠭ᠎ᠠ ᠫᠢᠶᠤᠤ ᠪᠠᠷᠢᠮᠲᠠ ᠪᠣᠯᠣᠨ ᠮᠠᠰᠢᠨ ᠪᠠᠭᠠᠵᠢ ᠶᠢᠨ ᠦᠨᠳᠦᠰᠦᠨ ᠮᠡᠳᠡᠭᠡ ᠵᠠᠩᠭᠢ ᠶᠢᠨ  ᠬᠠᠭᠤᠳᠠᠰᠤ ᠵᠡᠷᠭᠡ ᠮᠠᠲ᠋ᠧᠷᠢᠶᠠᠯ ᠢᠶᠠᠨ ᠠᠪᠴᠤ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠨᠥᠬᠦᠪᠦᠷᠢ ᠥᠭᠬᠦ ᠭᠤᠶᠤᠴᠢᠯᠠᠯ ᠭᠠᠷᠭᠠᠵᠤ᠂ ᠬᠤᠰᠢᠭᠤ ᠰᠢᠶᠠᠨ ᠤ ᠲᠠᠷᠢᠶᠠᠯᠠᠩ ᠤᠨ  ᠮᠠᠰᠢᠨ ᠪᠠᠭᠠᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠭᠲᠠᠭᠠᠭᠰᠠᠨ ᠵᠠᠭᠪᠤᠷ ᠶᠣᠰᠣᠭᠠᠷ ᠬᠤᠷᠢᠶᠠᠩᠭᠤᠶᠢᠯᠠᠬᠤ ᠶᠢᠨ ᠬᠠᠮᠲᠤ ᠨᠥᠬᠦᠪᠦᠷᠢ ᠥᠭᠬᠦ ᠴᠤᠪᠤᠷᠠᠯ ᠤᠨ ᠶᠣᠰᠣᠭᠠᠷ ᠵᠥᠭᠡᠯᠡᠨ ᠬᠡᠷᠡᠭᠰᠡᠯ ᠤᠨ ᠰᠢᠰᠲ᠋ᠧᠮ ᠤᠨ ᠭᠠᠳᠠᠨ᠎ᠠ ᠭᠦᠢᠴᠡᠳᠬᠡᠬᠦ ᠬᠡᠷᠡᠭᠲᠡᠶ᠃      ﹇ᠬᠥᠲᠥᠯᠦᠭᠴᠢ﹈ ᠨᠥᠬᠦᠪᠥᠷᠢ ᠶᠢᠨ ᠪᠡᠯᠡ ᠮᠥᠩᠭᠦ ᠶᠢ ᠳ᠋ᠦᠩᠨᠡᠨ ᠪᠣᠳᠣᠬᠤ ᠳᠤ ᠶᠠᠮᠠᠷ ᠶᠠᠮᠠᠷ ᠭᠠᠷᠳᠠᠮ ᠭᠦᠢᠴᠡᠳᠬᠡᠬᠦ ᠴᠢᠬᠤᠯᠠᠲᠠᠶ ᠪᠤᠶ︖      ﹇ᠸᠠᠩ ᠭᠦᠸᠧ ᠯᠢᠨ﹈ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠪᠠᠭᠠᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠥᠬᠦᠪᠦᠷᠢ ᠶᠢᠨ ᠪᠡᠯᠡ ᠮᠥᠩᠭᠦ ᠶᠢ ᠳ᠋ᠦᠩᠨᠡᠨ ᠪᠣᠳᠣᠭᠰᠠᠨ ᠮᠠᠲ᠋ᠧᠷᠢᠶᠠᠯ ᠢ ᠡᠮᠬᠢᠯᠡᠨ ᠬᠤᠷᠢᠶᠠᠩᠭᠤᠶᠢᠯᠠᠵᠤ᠂ ᠵᠠᠷᠴᠢᠮ ᠳᠡᠭᠡᠷ᠎ᠡ ᠪᠠᠨ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠰᠠᠷ᠎ᠠ ᠪᠦᠷᠢ ᠨᠢᠭᠡ ᠤᠳᠠᠭ᠎ᠠ ᠮᠡᠳᠡᠭᠦᠯᠦᠨ ᠬᠦᠷᠭᠡᠬᠦ ᠬᠡᠷᠡᠭᠲᠡᠶ᠃ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠠᠩᠰᠠ ᠮᠡᠳᠡᠭᠦᠯᠵᠦ ᠳ᠋ᠦᠩᠨᠡᠨ ᠪᠣᠳᠣᠭᠰᠠᠨ ᠮᠠᠲ᠋ᠧᠷᠢᠶᠠᠯ ᠢ ᠣᠯᠤᠭᠰᠠᠨ ᠠᠴᠠ ᠡᠬᠢᠯᠡᠨ᠂ ᠨᠥᠬᠦᠪᠥᠷᠢ ᠶᠢᠨ ᠪᠡᠯᠡ ᠮᠥᠩᠭᠦ ᠶᠢ ᠨᠥᠬᠦᠪᠥᠷᠢ ᠣᠯᠣᠭᠴᠢ ᠶᠢᠨ ᠲᠠᠷᠢᠶᠠᠴᠢᠳ ᠲᠤ ᠠᠰᠢᠭ ᠬᠦᠷᠲᠡᠭᠡᠬᠦ ︽ᠪᠦᠬᠦᠨ ᠳᠤ ᠳᠣᠬᠢᠷᠠᠬᠤ ᠺᠠᠷᠲ︾ ︵ᠪᠠᠩᠬᠢ ᠶᠢᠨ ᠺᠠᠷᠲ︶  ᠳᠠᠩᠰᠠᠨ ᠡᠷᠦᠬᠡ ᠳᠤ ᠰᠠᠷ᠎ᠠ ᠪᠦᠷᠢ ᠨᠢᠭᠡ ᠤᠳᠠᠭ᠎ᠠ ᠰᠠᠯᠭᠠᠨ ᠥᠭᠬᠦ ᠬᠡᠷᠡᠭᠲᠡᠢ᠃ ᠮᠠᠯᠴᠢᠨ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠪᠤᠶᠤ ᠪᠤᠰᠤᠳ ᠪᠤᠰᠤᠳ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠳᠤ ᠨᠥᠬᠦᠪᠦᠷᠢᠯᠡᠵᠦ ᠥᠭᠬᠦ ᠪᠡᠯᠡ ᠮᠥᠩᠭᠦ ᠶᠢ ᠪᠣᠯ ᠳᠡᠭᠡᠷ᠎ᠡ ᠳᠤᠷᠠᠳᠤᠭᠰᠠᠨ ᠵᠣᠬᠢᠶᠠᠨ ᠪᠠᠶᠢᠭᠤᠯᠤᠯᠲᠠ ᠶᠢᠨ ᠣᠯᠠᠨ ᠨᠡᠶᠢᠲᠡ ᠶᠢᠨ ᠳᠠᠩᠰᠠᠨ ᠡᠷᠦᠬᠡ ᠳᠤ ᠰᠠᠯᠭᠠᠨ ᠥᠭᠭᠦᠨ᠎ᠡ︔ ᠣᠯᠠᠨ ᠨᠡᠶᠢᠲᠡ ᠶᠢᠨ ᠳᠠᠩᠰᠠᠨ ᠡᠷᠦᠬᠡ ᠪᠠᠶᠢᠭᠤᠯᠤᠭᠠᠳᠤᠢ  ᠬᠤᠷᠰᠢᠶ᠎ᠠ ᠪᠣᠯ ᠬᠤᠷᠰᠢᠶᠠᠨ ᠤ ᠭᠡᠰᠢᠭᠦᠳ ᠢᠶᠠᠷ  ᠵᠥᠪᠰᠢᠶᠡᠷᠡᠭᠦᠯᠦᠭᠡᠳ ᠭᠠᠷ ᠤᠨ ᠦᠰᠦᠭ ᠵᠢᠷᠤᠵᠤ᠂ ᠮᠠᠲ᠋ᠧᠷᠢᠶᠠᠯ ᠢᠶᠠᠨ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠪᠠᠭᠠᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ᠂ ᠬᠤᠷᠰᠢᠶᠠᠨ ᠤ ᠬᠠᠤᠯᠢ ᠶᠢᠨ ᠡᠷᠬᠡᠲᠡᠨ ᠪᠤᠶᠤ ᠭᠡᠰᠢᠭᠦᠨ ᠬᠤᠪᠢ ᠬᠥᠮᠦᠨ ᠤ ᠲᠠᠷᠢᠶᠠᠴᠢᠳ ᠲᠤ ᠠᠰᠢᠭ ᠬᠦᠷᠲᠡᠭᠡᠬᠦ ︽ᠪᠦᠬᠦᠨ ᠳᠤ ᠳᠣᠬᠢᠷᠠᠬᠤ ᠺᠠᠷᠲ︾᠎ ᠤᠨ ᠳᠠᠩᠰᠠᠨ ᠡᠷᠦᠬᠡ ᠳᠤ ᠰᠠᠯᠭᠠᠨ ᠥᠭᠴᠦ ᠪᠣᠯᠣᠨ᠎ᠠ᠃      ﹇ᠬᠥᠲᠥᠯᠥᠭᠴᠢ﹈ ᠨᠥᠬᠦᠪᠥᠷᠢ ᠥᠭᠬᠦ ᠮᠠᠰᠢᠨ ᠪᠠᠭᠠᠵᠢ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠬᠡᠷᠬᠢᠨ ᠲᠣᠭᠲᠠᠭᠠᠬᠤ ᠪᠤᠶ︖      ﹇ᠸᠠᠩ ᠭᠦᠸᠧ ᠯᠢᠨ﹈ 2015 ᠣᠨ ᠠᠴᠠ ᠡᠬᠢᠯᠡᠨ᠂ ᠮᠠᠨ ᠤ ᠣᠷᠣᠨ ᠣᠨᠴᠠ ᠲᠣᠭᠲᠠᠭᠠᠭᠰᠠᠨ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠲᠤᠰᠬᠠᠶ ᠵᠦᠢᠯ ᠤᠨ ᠪᠠᠷᠠᠭ᠎ᠠ ᠬᠠᠩᠭᠠᠬᠤ ᠠᠵᠤ ᠠᠬᠤᠶᠢᠯᠠᠯ ᠭᠡᠵᠦ ᠲᠣᠭᠲᠠᠭᠠᠬᠤ ᠪᠠᠨ ᠪᠣᠯᠢᠪᠠ᠃ ᠮᠠᠨ ᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠡᠮᠳᠡᠭᠯᠡᠭᠦᠯᠦᠨ ᠳᠠᠩᠰᠠᠯᠠᠭᠤᠯᠤᠭᠰᠠᠨ ᠪᠥᠭᠡᠳ ᠦᠢᠯᠡᠳᠪᠦᠷᠢᠯᠡᠬᠦ ᠠᠵᠤ ᠠᠬᠤᠶᠢᠯᠠᠯ ᠤᠨ ᠨᠥᠬᠦᠪᠥᠷᠢ ᠥᠭᠬᠦ ᠦᠢᠯᠡᠳᠬᠦᠨ ᠢ ᠨᠢ ᠡᠵᠡᠩᠨᠡᠨ ᠪᠣᠷᠣᠯᠠᠭᠤᠯᠬᠤ ᠡᠷᠬᠡ ᠶᠢ ᠣᠯᠣᠭᠰᠠᠨ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠪᠥᠬᠦᠨ ᠴᠥᠮ ᠨᠥᠬᠦᠪᠥᠷᠢ ᠥᠭᠬᠦ ᠦᠢᠯᠡᠳᠬᠦᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠪᠣᠯᠵᠤ ᠪᠣᠯᠣᠨ᠎ᠠ︔ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠠᠷᠢᠶᠠᠯᠠᠩ ᠤᠨ ᠮᠠᠰᠢᠨ ᠦᠢᠯᠡᠳᠪᠦᠷᠢᠯᠡᠬᠦ ᠠᠵᠤ ᠠᠬᠤᠶᠢᠯᠠᠯ ᠪᠠ ᠣᠷᠣᠨ ᠤ ᠳᠣᠲᠣᠷ᠎ᠠ ᠭᠠᠳᠠᠨᠠᠬᠢ ᠰᠦ ᠶᠢᠨ ᠦᠢᠯᠡᠰ ᠤᠨ ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠶᠢᠯᠠᠯ ᠤᠳ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠳᠠᠮᠵᠢᠬᠤ ᠦᠭᠡᠢ ᠪᠠᠷ ᠰᠢᠭᠤᠳ ᠮᠠᠰᠢᠨ ᠠᠪᠤᠭᠴᠢᠳ ᠲᠤ ᠰᠢᠭᠤᠳ ᠪᠣᠷᠣᠯᠠᠭᠤᠯᠬᠤ ᠪᠠᠷᠠᠭ᠎ᠠ ᠲᠣᠬᠢᠷᠠᠭᠤᠯᠵᠤ ᠥᠭᠬᠦ ᠶᠢᠨ ᠬᠠᠮᠲᠤ ᠪᠣᠷᠣᠯᠠᠭᠤᠯᠤᠨ ᠬᠤᠳᠠᠯᠳᠤᠭᠰᠠᠨ ᠪᠠᠷᠢᠮᠲᠠ ᠭᠠᠷᠭᠠᠨ ᠬᠢᠵᠦ ᠥᠭᠴᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠴᠥᠮ ᠲᠠᠷᠢᠶᠠᠯᠠᠩ ᠤᠨ ᠮᠠᠰᠢᠨ ᠤ ᠨᠥᠬᠦᠪᠥᠷᠢ ᠥᠭᠬᠦ ᠦᠢᠯᠡᠳᠬᠦᠨ ᠤ ᠦᠢᠯᠡᠳᠪᠦᠷᠢᠯᠡᠵᠦ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠨᠡᠷᠡᠰ ᠢ ᠨᠡᠶᠢᠲᠡᠯᠡᠵᠦ ᠪᠣᠯᠬᠤ ᠦᠭᠡᠶ᠃ ︽ᠬᠡᠨ ᠲᠣᠭᠲᠠᠭᠠᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠤᠨ ᠶᠣᠰᠤᠭᠠᠷ᠂ ᠲᠠᠷᠢᠶᠠᠯᠠᠩ ᠤᠨ ᠮᠠᠰᠢᠨ ᠦᠢᠯᠡᠳᠪᠦᠷᠢᠯᠡᠬᠦ ᠠᠵᠤ ᠠᠬᠤᠶᠢᠯᠠᠯ ᠤᠳ ᠡᠵᠡᠩᠨᠡᠨ ᠪᠣᠷᠣᠯᠠᠭᠤᠯᠬᠤ ᠡᠷᠬᠡ ᠣᠯᠭᠤᠭᠰᠠᠨ ᠬᠤᠳᠠᠯᠳᠤᠭᠠᠴᠢᠨ ᠢ ᠬᠠᠮᠢᠶᠠᠷᠬᠤ᠂ ᠪᠣᠯᠪᠠᠰᠤᠷᠠᠭᠤᠯᠬᠤ ᠡᠭᠦᠷᠭᠡ ᠬᠠᠷᠢᠭᠤᠴᠠᠯᠭ᠎ᠠ ᠲᠠᠢ ᠪᠠᠶᠢᠵᠤ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠬᠥᠮᠦᠵᠢᠭᠦᠯᠦᠨ ᠪᠣᠢ ᠪᠣᠯᠭᠠᠬᠤ ᠶᠢ ᠴᠢᠬᠤᠯᠠᠴᠢᠯᠠᠨ᠂ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠡᠵᠡᠩᠨᠡᠭᠦᠯᠬᠦ᠂ ᠠᠵᠢᠯᠯᠠᠭᠤᠯᠬᠤ ᠪᠠᠨ ᠴᠢᠩᠭ᠎ᠠ ᠵᠢᠷᠤᠮᠵᠢᠭᠤᠯᠤᠨ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠶᠢ ᠰᠠᠶᠢᠲᠤᠷ ᠬᠢᠯᠭᠡᠬᠦ ᠬᠡᠷᠡᠭᠲᠡᠢ︔ ᠲᠡᠷᠡᠴᠢᠯᠡᠨ ᠡᠷᠬᠡ ᠣᠯᠭᠤᠭᠰᠠᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠡᠵᠡᠩᠨᠡᠵᠦ ᠪᠠᠶᠢᠭ᠎ᠠ ᠨᠥᠬᠦᠪᠥᠷᠢ ᠥᠭᠬᠦ ᠦᠢᠯᠡᠳᠬᠦᠨ ᠢ ᠡᠵᠡᠩᠨᠡᠨ ᠪᠣᠷᠤᠯᠠᠭᠤᠯᠬᠤ ᠦᠢᠯᠡ ᠠᠵᠢᠯᠯᠠᠭ᠎ᠠ ᠳᠤ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃      ﹇ᠬᠥᠲᠥᠯᠥᠭᠴᠢ﹈ ᠳᠠᠷᠠᠭᠠᠴᠢ ᠶᠢᠨ ᠠᠯᠬᠤᠮ ᠳᠤ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠠᠯᠢ ᠠᠯᠢ ᠲᠠᠯ᠎ᠠ ᠪᠠᠷ ᠥᠷᠭᠡᠳᠬᠡᠬᠦ ᠪᠤᠶ︖      ﹇ᠸᠠᠩ ᠭᠦᠸᠧ ᠯᠢᠨ﹈ ᠥᠪᠡᠷᠲᠡᠭᠡᠨ ᠵᠠᠰᠠᠬᠤ ᠣᠷᠣᠨ ᠳᠤ ᠣᠳᠣ ᠲᠠᠷᠢᠶᠠᠨ ᠭᠠᠵᠠᠷ 1.3 ᠳ᠋ᠦᠩᠰᠢᠭᠤᠷ ᠮᠥ ᠪᠠᠶᠢᠵᠤ᠂ ᠵᠢᠯ ᠪᠦᠷᠢ ᠪᠠᠷᠤᠭ 2000 ᠲᠦᠮᠡᠨ ᠮᠥ ᠲᠠᠷᠢᠶᠠᠨ ᠭᠠᠵᠠᠷ ᠢ ᠭᠦᠨ ᠬᠥᠪᠰᠥᠭᠡᠷ ᠲᠡᠭᠰᠢᠯᠡᠬᠦ ᠴᠢᠬᠤᠯᠠᠲᠠᠢ ᠪᠣᠢ︔ ᠪᠦᠬᠦ ᠣᠷᠣᠨ ᠳᠤ ᠪᠠᠶᠢᠬᠤ ᠲᠷᠠᠺᠲ᠋ᠣᠷ ᠤᠨ ᠬᠡᠮᠵᠢᠶ᠎ᠡ 108 ᠲᠥᠮᠡᠨ ᠰᠠᠦᠷᠢ ᠳᠤ ᠬᠦᠷᠴᠦ᠂ ᠡᠭᠦᠨ ᠳᠤ 10 ᠲᠥᠮᠡ ᠣᠷᠴᠢᠮ ᠰᠠᠦᠷᠢ ᠲᠷᠠᠺᠲ᠋ᠣᠷ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠴᠢᠬᠤᠯᠠᠲᠠᠢ ᠪᠠᠶᠢᠨ᠎ᠠ᠃ ᠳᠠᠷᠠᠭᠠᠴᠢ ᠶᠢᠨ ᠠᠯᠬᠤᠮ ᠳᠤ ᠪᠢᠳᠡ ᠢᠳᠡᠪᠬᠢᠲᠡᠶ ᠪᠠᠷ ᠰᠦᠪᠡᠭᠴᠢᠯᠡᠨ ᠰᠣᠳᠣᠯᠵᠣ᠂ ᠠᠬ᠎ᠠ ᠳᠡᠭᠦᠦ ᠮᠤᠵᠢ ᠬᠤᠲᠠ ᠣᠷᠣᠨ ᠤ ᠭᠦᠨ ᠬᠥᠪᠰᠥᠭᠡᠷ ᠲᠡᠭᠰᠢᠯᠡᠬᠦ᠂ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠡᠨᠡ ᠬᠤᠶᠠᠷ ᠲᠠᠯ᠎ᠠ ᠶᠢᠨ ᠲᠤᠬᠠᠢ ᠨᠡᠶᠢᠲᠡᠯᠢᠭ ᠵᠢᠱᠢᠶ᠎ᠡ ᠪᠠ ᠲᠤᠷᠰᠢᠯᠭ᠎ᠠ ᠶᠢ ᠰᠣᠷᠣᠯᠴᠠᠨ᠂ ᠡᠨᠡ ᠬᠤᠶᠠᠷ ᠲᠠᠯ᠎ᠠ ᠶᠢᠨ ᠨᠥᠬᠦᠪᠥᠷᠢ ᠥᠭᠬᠦ ᠠᠷᠭ᠎ᠠ ᠶᠢ ᠡᠷᠲᠡᠬᠡᠨ ᠨᠡᠶᠢᠲᠡᠯᠡᠬᠦ ᠪᠠᠷ ᠴᠢᠷᠮᠠᠶᠢᠵᠤ᠂ ᠲᠡᠭᠦᠯᠳᠡᠷᠵᠢᠭᠰᠡᠨ ᠬᠢᠨᠠᠨ ᠬᠠᠮᠢᠶᠠᠷᠬᠤ ᠠᠷᠭ᠎ᠠ ᠪᠠ ᠠᠷᠭ᠎ᠠ ᠬᠡᠮᠵᠢᠶ᠎ᠡ ᠶᠢ ᠪᠤᠶ ᠪᠣᠯᠭᠠᠨ᠂ ᠲᠠᠷᠢᠶᠠᠴᠢᠳ ᠲᠤ ᠠᠰᠢᠭ ᠬᠦᠷᠲᠡᠭᠡᠬᠦ ᠤᠯᠤᠰ ᠤᠨ ᠡᠨᠡ ᠬᠦ ᠲᠥᠷᠥ ᠶᠢᠨ ᠪᠣᠳᠣᠯᠭ᠎ᠠ ᠪᠠᠷ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠭᠴᠢᠳ ᠲᠤ ᠨᠡᠩ ᠢᠯᠡᠭᠦᠦ ᠠᠰᠢᠭ ᠬᠦᠷᠲᠡᠭᠡᠨ᠎ᠡ᠃      ﹇ᠬᠥᠲᠥᠯᠥᠭᠴᠢ﹈ ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠲᠥᠷᠥ ᠶᠢᠨ ᠪᠣᠳᠣᠯᠭ᠎ᠠ ᠶᠢ ᠳᠥᠯᠭᠢᠨ ᠠᠬᠢᠭᠤᠯᠬᠤ ᠪᠠ ᠨᠠᠶᠢᠳᠠᠪᠤᠷᠢᠵᠢᠭᠤᠯᠬᠤ ᠶᠢ ᠪᠠᠲᠤᠯᠠᠬᠤ ᠪᠤᠶ︖      ﹇ᠸᠠᠩ ᠭᠦᠸᠧ ᠯᠢᠨ﹈ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠪᠠᠲᠤᠯᠬᠠᠤ ᠶᠢᠨ ᠲᠤᠰᠠᠲᠠ᠂ ᠳᠣᠣᠷᠠᠬᠢ ᠬᠡᠳᠦᠨ ᠲᠠᠯ᠎ᠠ ᠪᠠᠷ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯ ᠢ ᠴᠢᠩᠭᠠᠷᠠᠭᠤᠯᠤᠨ᠎ᠠ᠃ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠨᠠᠷᠢᠨ ᠨᠢᠮᠪᠠᠶ ᠪᠠᠶᠢᠷᠢᠯᠠᠭᠤᠯᠤᠨ ᠲᠣᠬᠢᠷᠠᠭᠤᠯᠬᠤ ᠬᠡᠷᠡᠭᠲᠡᠶ᠃ ᠠᠶᠢᠮᠠᠭ ᠬᠤᠲᠠ ᠶᠢᠨ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠶᠢᠨ ᠬᠡᠷᠡᠭᠵᠢᠭᠦᠯᠬᠦ ᠲᠥᠰᠦᠯ ᠢ ᠬᠢᠨᠠᠬᠤ᠂ ᠨᠥᠬᠦᠪᠥᠷᠢ ᠥᠭᠬᠦ ᠠᠵᠢᠯ ᠳᠤ ᠬᠢᠨᠠᠯᠲᠠ ᠲᠠᠯᠪᠢᠨ ᠪᠠᠶᠢᠴᠠᠭᠠᠬᠤ᠂ ᠨᠥᠬᠦᠪᠥᠷᠢ ᠥᠭᠬᠦ ᠮᠠᠰᠢᠨ ᠪᠠᠭᠠᠵᠢ ᠶᠢ ᠰᠣᠭᠤᠴᠠᠨ ᠪᠠᠶᠢᠴᠠᠭᠠᠵᠤ ᠬᠢᠨᠠᠨ ᠬᠠᠷᠭᠤᠭᠤᠯᠬᠤ᠂ ᠨᠥᠬᠦᠪᠥᠷᠢ ᠥᠭᠴᠦ ᠪᠠᠶᠢᠭ᠎ᠠ ᠳᠠᠬᠢ ᠵᠠᠭᠠᠯᠳᠤᠯᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠰᠢᠮᠳᠠᠭᠤᠯᠤᠨ ᠰᠢᠢᠳᠪᠦᠷᠢᠯᠡᠭᠦᠯᠬᠦ ᠵᠡᠷᠭᠡ ᠠᠵᠢᠯ ᠢ ᠴᠢᠩᠭᠠᠳᠬᠠᠬᠤ ᠬᠡᠷᠡᠭᠲᠡᠢ᠃ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠤᠰ ᠱᠠᠲᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠥᠬᠦᠪᠥᠷᠢ ᠥᠭᠬᠦ ᠪᠡᠯᠡ ᠮᠥᠩᠭᠦ ᠶᠢ ᠬᠡᠷᠡᠭᠯᠡᠬᠦ ᠪᠠ ᠮᠠᠰᠢᠨ ᠪᠠᠭᠠᠵᠢ ᠶᠢᠨ ᠭᠤᠣᠯᠳᠠᠯᠭ᠎ᠠ ᠲᠠᠢ ᠳᠡᠯᠭᠡᠷᠡᠭᠦᠯᠬᠦ ᠲᠥᠷᠥᠯ ᠵᠦᠢᠯ ᠢ ᠵᠡᠷᠭᠡ ᠶᠠᠪᠤᠳᠠᠯ ᠢ ᠬᠠᠮᠲᠤᠪᠠᠷ ᠰᠤᠳᠤᠯᠤᠨ ᠲᠣᠭᠲᠠᠭᠠᠵᠤ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠬᠠᠮᠲᠤᠷᠠᠨ ᠬᠢᠨᠠᠨ ᠬᠠᠮᠢᠶᠠᠷᠬᠤ ᠬᠡᠷᠡᠭᠲᠡᠢ᠃ ᠬᠤᠶᠠᠷ ᠲᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠢ᠃ ᠲᠧᠯᠸᠢᠰ᠂ ᠲᠣᠣᠷ ᠰᠦᠯᠵᠢᠶ᠎ᠡ᠂ ᠰᠣᠨᠢᠨ᠂ ᠷᠠᠳᠢᠣ᠋ ᠨᠡᠪᠲᠡᠷᠡᠭᠦᠯᠭᠡ ᠵᠡᠷᠭᠡ ᠭᠤᠣᠯ ᠤᠷᠤᠰᠬᠠᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠎ ᠶᠢᠨ ᠤᠬᠠᠭᠤᠯᠭ᠎ᠠ ᠶᠢ ᠣᠯᠠᠨ ᠠᠷᠭ᠎ᠠ ᠵᠠᠮ᠂ ᠪᠦᠬᠦ ᠲᠠᠯ᠎ᠠ ᠪᠠᠷ ᠥᠷᠨᠢᠭᠦᠯᠵᠦ᠂ ᠮᠠᠯᠴᠢᠨ ᠲᠠᠷᠢᠶᠠᠴᠢᠳ ᠪᠠ ᠨᠢᠭᠡᠳᠦᠭᠡᠷ ᠹᠷᠣᠨᠲ ᠤᠨ ᠦᠢᠯᠡᠳᠪᠦᠷᠢᠯᠡᠵᠦ ᠡᠵᠡᠩᠨᠡᠭᠴᠢᠳ ᠲᠤ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠭᠦᠯᠦᠨ᠂ ᠲᠥᠷᠥ ᠶᠢᠨ ᠪᠣᠳᠣᠯᠭ᠎ᠠ ᠶᠢ ᠤᠷᠤᠭᠰᠢᠲᠠᠶ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠫᠠᠶᠢᠰᠠ ᠤᠨ ᠦᠨᠡᠮᠯᠡᠯ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠮᠠᠰᠢᠨ ᠪᠠᠭᠠᠵᠢ ᠬᠤᠳᠠᠯᠳᠤᠨ ᠠᠪᠤᠭᠰᠠᠨ ᠪᠣᠯ ᠥᠮᠴᠢᠯᠡᠭᠴᠢ ᠨᠢ ᠭᠠᠵᠠᠷ ᠤᠨ ᠲᠠᠷᠢᠶᠠᠯᠠᠩ ᠤᠨ ᠮᠠᠰᠢᠨ ᠤ ᠠᠶᠤᠯ ᠦᠭᠡᠢ ᠶᠢ ᠬᠢᠨᠠᠨ ᠬᠠᠮᠢᠶᠠᠷᠬᠤ ᠪᠠᠶᠢᠭᠤᠯᠤᠮᠵᠢ ᠳᠤ ᠫᠠᠶᠢᠰᠠ ᠦᠨᠡᠮᠯᠡᠯ ᠭᠡᠷᠡᠴᠢ ᠶᠢ ᠭᠦᠢᠴᠡᠳᠬᠡᠬᠦ ᠬᠡᠷᠡᠭᠲᠡᠢ᠃ ᠨᠥᠬᠦᠪᠥᠷᠢ ᠥᠭᠬᠦ ᠮᠠᠰᠢᠨ ᠪᠠᠭᠠᠵᠢ ᠶᠢᠨ ᠶᠠᠰᠤ ᠴᠢᠨᠠᠷ ᠤᠨ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠠᠵᠢᠯ ᠢ ᠰᠠᠶᠢᠲᠤᠷ ᠬᠢᠯᠭᠡᠬᠦ ᠬᠡᠷᠡᠭᠲᠡᠶ᠃ ᠨᠥᠬᠦᠪᠥᠷᠢ ᠥᠭᠬᠦ ᠮᠡᠳᠡᠭᠡ ᠵᠠᠩᠭᠢ ᠶᠢ ᠬᠤᠯᠠᠭᠠᠶᠢᠯᠠᠨ ᠠᠪᠤᠭᠰᠠᠨ᠂ ᠰᠠᠷᠢᠭᠠᠯᠠᠭᠰᠠᠨ᠂ ᠵᠠᠳᠠᠷᠠᠭᠤᠯᠤᠭᠰᠠᠨ ᠪᠠ ᠴᠠᠬᠢᠯᠭᠠᠨ ᠬᠤᠯᠪᠣᠭ᠎ᠠ ᠪᠠᠷ ᠮᠡᠬᠡᠯᠡᠭᠰᠡᠨ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠳᠤ ᠬᠠᠮᠢᠶ᠎ᠡ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠨ ᠴᠢᠩᠭ᠎ᠠ ᠴᠣᠬᠢᠯᠲᠠ ᠥᠭᠴᠦ᠂ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃ ᠣᠯᠠᠨ ᠲᠦᠮᠡᠨ ᠤ ᠢᠯᠡᠴᠢᠯᠡᠨ ᠮᠡᠳᠡᠭᠦᠯᠵᠦ ᠵᠠᠭᠠᠯᠳᠤᠯᠭ᠎ᠠ ᠬᠢᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠬᠠᠮᠢᠶ᠎ᠡ ᠪᠦᠬᠦᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳ᠋ᠢᠶᠠᠩᠬᠤᠸᠠ᠂ ᠲᠣᠣᠷ ᠰᠦᠯᠵᠢᠶ᠎ᠡ᠂ ᠵᠠᠬᠢᠳᠠᠯ ᠵᠡᠷᠭᠡ ᠪᠦᠲᠦᠮᠵᠢᠲᠡᠶ ᠬᠡᠯᠪᠡᠷᠢ ᠪᠠᠷ ᠳᠠᠮᠵᠢᠭᠤᠯᠤᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠳᠥᠷᠪᠡ ᠳᠤ ᠵᠠᠰᠠᠭ ᠶᠠᠪᠤᠭᠤᠯᠬᠤ ᠶᠢ ᠢᠯᠡ ᠪᠣᠯᠭᠠᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃  ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ ᠪᠣᠯᠣᠩ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠪᠦᠲᠦᠮᠵᠢᠲᠡᠶ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠬᠡᠷᠡᠭᠵᠢᠭᠦᠯᠬᠦ ᠲᠥᠰᠦᠯ᠂ ᠨᠥᠬᠦᠪᠥᠷᠢ ᠥᠭᠬᠦ ᠲᠤᠭ᠎ᠠ ᠶᠢᠨ ᠦᠵᠡᠮᠦᠷᠢ ᠬᠥᠰᠥᠨᠥᠭᠲᠦ᠂ ᠠᠵᠢᠯᠯᠠᠭᠤᠯᠬᠤ ᠳᠡᠰ ᠳᠠᠷᠠᠭᠠᠯᠠᠯ᠂ ᠵᠠᠭᠠᠯᠳᠤᠬᠤ ᠯᠠᠪᠯᠠᠯᠭ᠎ᠠ ᠥᠭᠬᠦ ᠠᠷᠭ᠎ᠠ ᠮᠠᠶ᠋ᠢᠭ᠂ ᠪᠡᠯᠡ ᠮᠥᠡᠭᠭᠦ ᠶᠢᠨ ᠬᠡᠪᠴᠢᠶ᠎ᠡ ᠪᠠ ᠬᠡᠷᠡᠭᠯᠡᠵᠦ ᠪᠠᠶᠢᠭ᠎ᠠ ᠶᠢᠨ ᠠᠬᠢᠴᠠ᠂ ᠨᠥᠬᠦᠪᠥᠷᠢ ᠶᠢᠨ ᠠᠰᠢᠭ ᠬᠦᠷᠲᠡᠭᠰᠡᠳ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠶᠠᠯᠠᠯᠠᠨ ᠰᠢᠳᠬᠡᠵᠦ ᠪᠠᠶᠢᠭ᠎ᠠ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠢᠯᠡ ᠪᠣᠯᠭᠠᠬᠤ ᠬᠡᠷᠡᠭᠲᠡᠢ᠃ ᠲᠠᠪᠤ ᠳᠤ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠢ᠃ ᠡᠯ᠎ᠡ ᠱᠠᠲᠤᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠪᠠᠭᠤᠯᠭᠠᠵᠤ᠂ ᠣᠷᠣᠨ ᠪᠠᠶᠢᠷᠢ ᠳᠤᠨᠢ ᠣᠨᠣᠪᠴᠢᠲᠠᠶ ᠬᠦᠷᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ᠨᠥᠬᠦᠪᠥᠷᠢ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠡᠷᠡᠭᠯᠡᠵᠦ᠂ ᠪᠡᠯᠡ ᠮᠥᠡᠭᠭᠦ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ︔ ᠵᠣᠭᠤᠰ ᠰᠣᠯᠢᠵᠤ ᠥᠭᠬᠦ ᠶᠢ ᠲᠦᠷᠭᠡᠨ ᠣᠨᠣᠪᠴᠢᠲᠠᠶ ᠳ᠋ᠦᠩᠨᠡᠨ ᠪᠣᠳᠣᠵᠤ᠂ ᠪᠡᠯᠡ ᠮᠥᠩᠭᠦ ᠬᠡᠷᠡᠭᠯᠡᠬᠦ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ᠃      ﹇ᠬᠥᠲᠥᠯᠥᠭᠴᠢ﹈ ᠵᠠ ᠰᠠᠶᠢᠨ ᠪᠣᠯᠣᠯ᠎ᠠ᠂ ᠸᠠᠩ ᠳᠠᠷᠤᠭ᠎ᠠ ᠶᠢᠨ ᠬᠠᠯᠠᠰᠢᠷᠠᠯ ᠦᠭᠡᠢ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠃ ᠴᠠᠭ ᠤᠨ ᠬᠠᠷᠠᠭ᠎ᠠ ᠠᠴᠠ ᠪᠣᠯᠵᠤ᠂ ᠮᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠦᠭᠷᠠᠮ ᠳᠤ ᠪᠠᠶᠠᠷᠲᠠᠶ ᠵᠣᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map