ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠠᠪᠴᠠᠩ ᠪᠠᠶᠢᠭᠤᠯᠵᠤ  ᠴᠠᠬᠢᠯᠭᠠᠨ ᠱᠠᠲᠤ ᠶᠢᠨ ᠠᠵᠢᠯᠯᠠᠭᠠᠨ ᠤ ᠠᠮᠤᠷ ᠲᠥᠪᠰᠢᠨ ᠢ ᠦᠨᠡᠨᠬᠦ ᠪᠠᠲᠤᠯᠠᠨ᠎ᠠ
ᠨᠡᠶᠢᠲᠡᠯᠡᠭᠰᠡᠨ ᠴᠠᠭ᠄
2015/7/14
     
     ᠰᠤᠷᠪᠤᠯᠵᠢᠯᠠᠨ ᠶᠠᠷᠢᠯᠴᠠᠭᠰᠠᠨ ᠭᠤᠤᠯ ᠰᠡᠳᠦᠪ᠄ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠠᠪᠴᠠᠩ ᠪᠠᠶᠢᠭᠤᠯᠵᠤ   ᠴᠠᠬᠢᠯᠭᠠᠨ ᠱᠠᠲᠤ ᠶᠢᠨ ᠠᠵᠢᠯᠯᠠᠭᠠᠨ ᠤ ᠠᠮᠤᠷ ᠲᠥᠪᠰᠢᠨ ᠢ ᠦᠨᠡᠨᠬᠦ ᠪᠠᠲᠤᠯᠠᠨ᠎ᠠ      ᠰᠤᠷᠪᠤᠯᠵᠢᠯᠠᠭᠰᠠᠨ ᠴᠠᠭ᠄ 2015 ᠤᠨ ᠤ 7 ᠳ᠋ᠤᠭᠠᠷ ᠰᠠᠷ᠎ᠠ ᠶᠢᠨ 1᠎ ᠤ ᠡᠳᠦᠷ ᠤᠨ ᠦᠳᠡ ᠶᠢᠨ ᠬᠤᠶᠢᠨ᠎ᠠ ᠶᠢᠨ 3 ᠴᠠᠭ      ᠰᠤᠷᠪᠤᠯᠵᠢᠯᠠᠭᠰᠠᠨ ᠵᠤᠴᠢᠨ᠄ ᠦᠪᠡᠷᠲᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠢᠶᠠᠷ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠹᠧᠩ ᠶᠧ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠴᠠᠬᠢᠯᠭᠠᠨ ᠱᠠᠲᠤ ᠨᠢ ᠬᠥᠮᠦᠰ ᠤᠨ ᠣᠷᠣᠵᠤ ᠭᠠᠷᠬᠤ ᠶᠢᠨ ᠴᠢᠬᠤᠯᠠ ᠪᠠᠭᠠᠵᠢ ᠪᠣᠯᠵᠠᠢ᠃ ᠴᠠᠬᠢᠯᠭᠠᠨ ᠱᠠᠲᠤ ᠶᠢᠨ ᠠᠵᠢᠯᠯᠠᠭᠠᠨ ᠤ ᠠᠮᠤᠷ ᠲᠥᠪᠰᠢᠨ ᠡᠰᠡᠬᠦ ᠨᠢ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠬᠢᠭᠡᠳ ᠠᠮᠢᠳᠤᠷᠠᠯ ᠤᠨ ᠶᠠᠰᠤ ᠴᠢᠨᠠᠷ ᠯᠤᠭ᠎ᠠ ᠰᠢᠭᠤᠳ ᠬᠠᠷᠢᠴᠠᠭ᠎ᠠ ᠎ ᠲᠠᠢ ᠪᠠᠶᠢᠳᠠᠭ᠃ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠢᠶᠠᠷ ᠬᠢᠨᠠᠯᠲᠠ ᠲᠠᠯᠪᠢᠬᠤ ᠲᠣᠪᠴᠢᠶ᠎ᠠ ᠴᠠᠬᠢᠯᠭᠠᠨ ᠱᠠᠲᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂   ᠠᠷᠠᠳ ᠤᠨ ᠠᠮᠢᠳᠤᠷᠠᠯ ᠢ ᠪᠠᠲᠤᠯᠠᠬᠤ ᠦᠢᠯᠡᠴᠢᠯᠡᠭᠡ ᠳᠠᠬᠢ ᠶᠠᠰᠤ ᠴᠢᠨᠠᠷ ᠲᠤ ᠮᠡᠷᠭᠡᠵᠢᠯ ᠢᠶᠠᠷ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠬᠢᠯᠭᠠᠨ ᠱᠠᠲᠤ ᠶᠢᠨ  ᠠᠵᠢᠯᠯᠠᠭᠠᠨ ᠤ ᠬᠢᠨᠠᠨ ᠬᠠᠮᠢᠶᠠᠷᠬᠤ ᠪᠠ ᠴᠠᠬᠢᠯᠭᠠᠨ ᠱᠠᠲᠤ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠥᠭᠡᠷᠡᠴᠢᠯᠡᠯᠲᠡ ᠶᠢ ᠢᠳᠡᠪᠬᠢᠲᠠᠢ ᠲᠦᠯᠬᠢᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠶ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠤ ᠴᠠᠬᠢᠯᠭᠠᠨ ᠱᠠᠲᠤ ᠤᠨ ᠠᠮᠤᠷ ᠲᠦᠪᠰᠢᠨ ᠤ ᠨᠡᠩ ᠥᠨᠳᠥᠷ ᠱᠠᠭᠠᠷᠳᠠᠯᠭ᠎ᠠ ᠶᠢ ᠬᠠᠩᠭᠠᠵᠤ᠂ ᠠᠷᠠᠳ ᠤᠨ ᠠᠮᠢᠳᠤᠷᠠᠯ ᠢ ᠪᠠᠲᠤᠯᠠᠬᠤ ᠦᠢᠯᠡᠴᠢᠯᠡᠭᠡ ᠴᠢᠬᠤᠯᠠ ᠶᠡᠭᠡ ᠦᠢᠯᠡᠳᠦᠯ ᠢᠶᠠᠨ ᠪᠠᠳᠠᠷᠠᠭᠤᠯᠪᠠ᠃ ᠬᠠᠮᠢᠶ᠎ᠠ ᠪᠦᠬᠦᠢ ᠪᠠᠶᠢᠳᠠᠯ ᠢ ᠭᠦᠨᠵᠡᠭᠡᠢ ᠣᠶᠢᠯᠠᠭᠠᠬᠤ ᠶᠢᠨ ᠲᠥᠯᠥᠭᠡ᠂ ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠢᠶᠠᠷ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠹᠧᠩ ᠶᠧ ᠶᠢ ᠤᠷᠢᠵᠤ ︽ᠳᠤᠮᠳᠠᠳᠤ ᠤᠯᠤᠰ  ᠥᠪᠥᠷ ᠮᠣᠩᠭᠤᠯ︾᠎ ᠤᠨ ᠰᠦᠯᠵᠢᠶᠡᠨ  ᠳᠡᠭᠡᠷ᠎ᠡ ᠳᠠᠶᠠᠭᠠᠷ ᠣᠯᠠᠨ ᠲᠠᠢ ᠶᠠᠷᠢᠯᠴᠠᠭᠤᠯᠬᠤ ᠪᠠᠷ ᠪᠤᠢ᠂ ᠲᠤᠬᠠᠢ ᠶᠢᠨ ᠴᠠᠭ ᠲᠤᠨᠢ ᠰᠦᠯᠵᠢᠶᠡᠨ ᠠᠨᠳᠠ ᠨᠠᠷ ᠤᠨ ᠢᠳᠡᠪᠬᠢᠲᠠᠢ ᠤᠷᠤᠯᠴᠠᠬᠤ ᠶᠢ ᠪᠠᠶᠠᠷᠯᠠᠨ  ᠤᠭᠳᠤᠵᠦ ᠪᠠᠶᠢᠨ᠎ᠠ︕  ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ ᠬᠥᠲᠥᠯᠥᠭᠴᠢ᠄      ᠰᠦᠯᠵᠢᠶᠡᠨ ᠠᠨᠳᠠ ᠨᠠᠷ ᠡ᠂ ᠰᠠᠶᠢᠨ ᠪᠠᠶᠢᠵᠠᠭᠠᠨ᠎ᠠ ᠤᠤ︕ ᠲᠠ ᠪᠦᠬᠦᠨ ᠤ ᠲᠤᠰ  ᠬᠤᠭᠤᠴᠠᠭᠠᠨ ᠤ ︽ᠳᠤᠮᠳᠠᠳᠤ ᠤᠯᠤᠰ  ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠨ ᠶᠠᠷᠢᠯᠴᠠᠬᠤ  ᠫᠷᠦᠭᠷᠡᠮ ᠢ  ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃  ᠣᠳᠣᠬᠠᠨ ᠳᠤ ᠴᠠᠬᠢᠯᠭᠠᠨ ᠱᠠᠲᠤ ᠨᠢ  ᠬᠥᠮᠦᠰ ᠤᠨ ᠣᠷᠣᠵᠤ ᠭᠠᠷᠬᠤ ᠴᠢᠬᠤᠯᠠ ᠪᠠᠭᠠᠵᠢ ᠪᠣᠯᠣᠭᠰᠠᠨ ᠪᠠᠶᠢᠨ᠎ᠠ᠃ ᠴᠠᠬᠢᠯᠭᠠᠨ ᠱᠠᠲᠤ ᠶᠢᠨ ᠠᠵᠢᠯᠯᠠᠭᠠᠨ ᠤ ᠠᠮᠤᠷ ᠲᠥᠪᠰᠢᠨ ᠪᠠᠶᠢᠬᠤ ᠡᠰᠡᠬᠦ ᠨᠢ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠬᠢᠭᠡᠳ ᠠᠮᠢᠳᠤᠷᠠᠯ ᠤᠨ ᠶᠠᠰᠤ ᠴᠢᠨᠠᠷ ᠯᠤᠭ᠎ᠠ ᠰᠢᠭᠤᠳ ᠬᠠᠷᠢᠴᠠᠭ᠎ᠠ ᠲᠠᠢ ᠪᠠᠶᠢᠳᠠᠭ᠃ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠢᠶᠠᠷ ᠬᠢᠨᠠᠯᠲᠠ ᠲᠠᠯᠪᠢᠬᠤ ᠲᠣᠪᠴᠢᠶ᠎ᠠ ᠴᠠᠬᠢᠯᠭᠠᠨ ᠱᠠᠲᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂  ᠴᠠᠬᠢᠯᠭᠠᠨ ᠱᠠᠲᠤ ᠶᠢᠨ ᠠᠵᠢᠯᠯᠠᠭᠠᠨ ᠢ ᠬᠢᠨᠠᠨ ᠬᠠᠮᠢᠶᠠᠷᠬᠤ ᠪᠠ ᠴᠠᠬᠢᠯᠭᠠᠨ ᠱᠠᠲᠤ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠥᠭᠡᠷᠡᠴᠢᠯᠡᠯᠲᠡ ᠶᠢ ᠢᠳᠡᠪᠬᠢᠲᠠᠢ ᠲᠦᠯᠬᠢᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠶ  ᠳᠡᠭᠡᠭᠰᠢᠯᠡᠭᠦᠯᠦᠭᠡᠳ᠂ ᠨᠡᠯᠢᠶᠡᠳ ᠰᠠᠶᠢᠨ ᠦᠷ᠎ᠡ ᠪᠦᠲᠦᠮᠵᠢ ᠣᠯᠪᠠ᠃  ᠬᠤᠯᠪᠣᠭᠳᠠᠯ ᠪᠦᠬᠦᠢ ᠪᠠᠶᠢᠳᠠᠯ ᠢ ᠭᠦᠨᠵᠡᠭᠡᠢ ᠣᠶᠢᠯᠠᠭᠠᠬᠤ ᠶᠢᠨ ᠲᠥᠯᠥᠭᠡ᠂ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠢᠶᠠᠷ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠹᠧᠩ ᠶᠧ ᠶᠢ ᠤᠷᠢᠵᠤ ᠬᠤᠯᠪᠣᠭᠳᠠᠯ ᠪᠦᠬᠦᠢ ᠪᠠᠶᠢᠳᠠᠯ ᠢ ᠨᠠᠷᠢᠨ ᠲᠠᠨᠢᠯᠴᠠᠭᠤᠯᠬᠤ ᠪᠠᠷ ᠪᠠᠶᠢᠨ᠎ᠠ᠂ ᠰᠦᠯᠵᠢᠶᠡᠨ ᠤ ᠠᠨᠳᠠ ᠨᠠᠷ ᠪᠢᠳᠡᠨ ᠤ ᠰᠤᠷᠪᠤᠯᠵᠢᠯᠠᠭ᠎ᠠ ᠳᠤ ᠢᠳᠡᠪᠬᠢᠲᠠᠢ ᠣᠷᠣᠯᠴᠠᠬᠤ ᠶᠢ ᠪᠠᠶᠠᠷᠯᠠᠨ ᠤᠭᠲᠠᠵᠤ ᠪᠠᠶᠢᠨ᠎ᠠ  ᠃ ᠹᠧᠩ ᠳᠠᠷᠤᠭ᠎ᠠ ᠡ᠂ ᠲᠠᠨ ᠢ ᠪᠠᠶᠠᠷᠯᠠᠨ ᠣᠭᠳᠣᠵᠣ ᠪᠠᠶᠢᠨ᠎ᠠ  ︕ᠹᠧᠩ ᠶᠧ᠄        ᠬᠦᠳᠥᠯᠥᠭᠴᠢ ᠲᠠ ᠰᠠᠶᠢᠨ ᠤᠤ᠂ ᠰᠥᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾᠎ ᠪᠠᠷ ᠳᠠᠮᠵᠢᠭᠤᠯᠤᠨ ᠲᠠ ᠪᠦᠬᠦᠨ ᠲᠠᠢ ᠵᠣᠭᠤᠭᠳᠠᠬᠤ ᠪᠣᠯᠣᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠮᠠᠨ ᠤ ᠶᠠᠰᠤ ᠴᠢᠨᠠᠷ ᠲᠤ ᠮᠡᠷᠭᠡᠵᠢᠯ ᠢᠶᠠᠷ ᠬᠢᠨᠠᠯᠲᠠ ᠲᠠᠯᠪᠢᠬᠤ ᠰᠠᠯᠠᠭ᠎ᠠ ᠮᠦᠴᠢᠷ ᠤᠨ ᠡᠯ᠎ᠡ ᠵᠦᠢᠯ ᠤᠨ ᠠᠵᠢᠯ ᠎ ᠢ ᠠᠩᠬᠠᠷᠴᠦ ᠳᠡᠮᠵᠢᠭᠰᠡᠭᠡᠷ ᠢᠷᠡᠭᠰᠡᠨ ᠲᠠ ᠪᠦᠬᠦᠨ ᠳᠤ ᠲᠠᠯᠠᠷᠬᠠᠵᠣ ᠪᠠᠶᠢᠨ᠎ᠠ  ︕ ᠬᠥᠲᠥᠯᠥᠭᠴᠢ᠄      ᠴᠠᠬᠢᠯᠭᠠᠨ ᠱᠠᠲᠤ ᠭᠡᠭᠰᠡᠭᠡᠷ᠂ ᠲᠡᠷᠡ ᠨᠢ ᠮᠠᠨ ᠤ ᠠᠮᠢᠳᠤᠷᠠᠯ ᠮᠤᠭ᠎ᠠ ᠨᠢᠭᠲᠠ ᠬᠤᠯᠪᠣᠭᠳᠠᠯ ᠲᠠᠢ ᠭᠡᠰᠡᠨ ᠶᠡᠷᠦᠩᠭᠡᠢ ᠲᠥᠷᠥᠭᠳᠡᠯ ᠥᠭᠳᠡᠭ᠂ ᠢᠯᠠᠩᠭᠤᠶ᠎ᠠ ᠬᠤᠲᠠ ᠶᠢᠨ ᠬᠥᠮᠥᠰ ᠡᠳᠦᠷ ᠪᠣᠯᠭᠠᠨ ᠴᠠᠬᠢᠯᠭᠠᠨ ᠱᠠᠲᠤ ᠲᠠᠢ ᠬᠠᠷᠢᠯᠴᠠᠳᠠᠭ᠃  ᠹᠧᠩ ᠳᠠᠷᠤᠭ᠎ᠠ ᠡ᠂ ᠪᠦᠬᠦ ᠣᠷᠣᠨ ᠤ ᠬᠡᠷᠡᠭᠯᠡᠵᠦ ᠪᠠᠶᠢᠭ᠎ᠠ ᠴᠠᠬᠢᠯᠭᠠᠨ ᠱᠠᠲᠤ ᠶᠢᠨ ᠶᠡᠷᠦᠩᠬᠡᠶ ᠲᠤᠭ᠎ᠠ ᠨᠢ ᠬᠡᠳᠦᠶ ᠪᠠᠶᠢᠬᠤ ᠪᠤᠶ︖ ᠬᠥᠭᠵᠢᠯᠲᠡ ᠶᠢᠨ ᠬᠤᠷᠳᠤᠴᠠ ᠨᠢ ᠶᠠᠮᠠᠷ ᠪᠠᠶᠢᠭ᠎ᠠ ᠪᠤᠶ︖ ᠹᠧᠩ ᠶᠧ᠄        ᠮᠠᠨ ᠤ ᠪᠦᠷᠢᠳᠬᠡᠭᠰᠡᠨ ᠠᠴᠠ ᠦᠵᠡᠪᠡᠯ᠂ 2014 ᠣᠨ ᠤ ᠡᠴᠦᠰ ᠪᠣᠯᠲᠠᠯ᠎ᠠ᠂ ᠮᠠᠨ ᠤ ᠣᠷᠣᠨ ᠤ  ᠬᠡᠷᠡᠭᠯᠡᠵᠦ ᠪᠠᠶᠢᠭ᠎ᠠ ᠴᠠᠬᠢᠯᠭᠠᠨ ᠱᠠᠲᠤ 54239 ᠰᠠᠤᠷᠢ ᠪᠠᠶᠢᠵᠤ᠂ 2014 ᠣᠨ ᠳᠤ 9700 ᠭᠠᠷᠤᠢ  ᠰᠠᠤᠷᠢ ᠴᠠᠬᠢᠯᠭᠠᠨ ᠱᠠᠲᠤ ᠰᠢᠨ᠎ᠡ ᠪᠠᠷ ᠨᠡᠮᠡᠪᠡ᠃ ᠣᠶᠢᠷ᠎ᠠ ᠶᠢᠨ ᠲᠠᠪᠤᠨ ᠵᠢᠯ ᠤᠨ ᠲᠤᠷᠰᠢ᠂ ᠳᠤᠮᠳᠠᠴᠢ ᠪᠠᠷ ᠵᠢᠯ ᠪᠦᠷᠢ 36.6%᠎ ᠶᠢᠨ ᠬᠤᠷᠳᠤᠴᠠ ᠪᠠᠷ ᠨᠡᠮᠡᠭᠳᠡᠵᠦ᠂  ᠭᠠᠳᠠᠨ᠎ᠠ ᠮᠤᠵᠢ ᠣᠷᠣᠨ ᠤ ᠨᠡᠮᠡᠭᠳᠡᠯ ᠤᠨ ᠬᠤᠷᠳᠤᠴᠠ ᠲᠠᠢ ᠬᠠᠷᠢᠴᠠᠭᠤᠯᠪᠠᠯ ᠮᠥᠨ ᠯᠡ ᠨᠡᠯᠢᠶᠡᠳ ᠶᠡᠭᠡ ᠪᠠᠶᠢᠨ᠎ᠠ᠃ ᠬᠥᠲᠥᠯᠥᠭᠴᠢ᠄      ᠲᠤᠰ ᠬᠤᠭᠤᠴᠠᠭᠠᠨ ᠤ ᠫᠷᠦᠭᠷᠡᠮ ᠢ ᠬᠢᠬᠦ ᠶᠢᠨ ᠲᠥᠯᠥᠭᠡ᠂ ᠪᠢ ᠲᠤᠰᠬᠠᠶᠢᠯᠠᠨ ᠮᠠᠨ ᠤ ᠥᠪᠥᠷ ᠮᠣᠩᠭᠤᠯ ᠤᠨ ᠶᠠᠰᠤ ᠰᠢᠨ᠎ᠡ ᠪᠠᠷ ᠬᠢᠨᠠᠯᠲᠠ ᠲᠠᠯᠪᠢᠬᠤ ᠲᠣᠪᠴᠢᠶ᠎ᠠ ᠶᠢᠨ ᠰᠦᠯᠵᠢᠶᠡᠨ ᠳᠤ᠂  ᠴᠠᠬᠢᠯᠭᠠᠨ ᠱᠠᠲᠤ ᠨᠢ ᠮᠠᠨ ᠤ ᠣᠷᠣᠨ ᠤ ᠮᠠᠰᠢ ᠠᠷᠪᠢᠨ ᠠᠯᠤᠰ ᠪᠤᠶᠢᠳᠠ ᠬᠤᠲᠠ ᠬᠥᠳᠡᠭᠡ ᠪᠠᠷ ᠴᠦ ᠥᠷᠭᠡᠨ ᠢᠶᠠᠷ ᠬᠡᠷᠡᠭᠯᠡᠭᠳᠡᠵᠦ ᠪᠠᠶᠢᠬᠤ ᠶᠢ ᠣᠶᠢᠯᠠᠭᠠᠪᠠ᠃ ᠲᠡᠭᠡᠪᠡᠯ᠂ ᠹᠸᠡᠭ ᠲᠣᠪᠴᠢᠶᠠᠨ ᠳᠠᠷᠤᠭ᠎ᠠ ᠡ᠂ ᠴᠠᠬᠢᠯᠭᠠᠨ ᠱᠠᠲᠤ ᠶᠢᠨ ᠲᠤᠭ᠎ᠠ ᠬᠡᠮᠵᠢᠶ᠎ᠡ ᠶᠢᠨ ᠨᠡᠮᠡᠭᠳᠡᠯ ᠨᠢ ᠮᠠᠨ ᠤ ᠨᠡᠶᠢᠭᠡᠮ ᠳᠤ ᠶᠠᠮᠠᠷ ᠶᠠᠮᠠᠷ ᠨᠥᠯᠥᠭᠡ ᠦᠵᠡᠭᠦᠯᠬᠦ ᠪᠤᠶ︖ ᠶᠡᠷᠦᠩᠬᠡᠶ ᠠᠶᠤᠯ ᠦᠭᠡᠢ ᠠᠵᠢᠯᠯᠠᠭᠠᠨ ᠤ ᠶᠡᠷᠦᠩᠭᠡᠢ ᠪᠠᠶᠢᠳᠠᠯ ᠨᠢ ᠶᠠᠮᠠᠷ ᠪᠤᠶ︖ ᠹᠧᠩ ᠶᠧ᠄        ᠠᠵᠤ ᠠᠬᠤᠶ᠂ ᠮᠡᠷᠭᠡᠵᠢᠯ ᠤᠨ ᠬᠦᠭᠵᠢᠬᠦ ᠶᠢ ᠳᠠᠭᠠᠯᠳᠤᠨ᠂ ᠪᠠᠷᠢᠯᠭ᠎ᠠ ᠪᠠᠷᠢᠬᠤ ᠲᠤᠲᠤᠮ ᠥᠨᠳᠥᠷ ᠪᠣᠯᠵᠤ᠂ ᠴᠠᠬᠢᠯᠭᠠᠨ ᠱᠠᠲᠤ ᠶᠢᠨ ᠲᠤᠭ᠎ᠠ ᠬᠡᠮᠵᠢᠶ᠎ᠡ ᠴᠦ ᠨᠢᠰᠬᠦ ᠮᠡᠲᠦ ᠲᠦᠷᠭᠡᠨ ᠨᠡᠮᠡᠭᠳᠡᠵᠦ᠂ ᠴᠠᠬᠢᠯᠭᠠᠨ ᠱᠠᠲᠤ ᠬᠡᠷᠡᠭᠯᠡᠬᠦ ᠬᠡᠪᠴᠢᠶ᠎ᠡ ᠴᠦ ᠶᠠᠪᠤᠬᠤ ᠲᠤᠲᠤᠮ ᠥᠷᠭᠡᠵᠢᠨ᠂ ᠪᠢᠳᠡᠨ ᠤ ᠠᠮᠢᠳᠤᠷᠠᠯ ᠴᠦ ᠴᠠᠬᠢᠯᠭᠠᠨ ᠱᠠᠲᠤ ᠠᠴᠠ ᠰᠠᠯᠵᠤ ᠴᠢᠳᠠᠬᠤ ᠪᠠᠨ ᠪᠣᠯᠢᠵᠠᠢ ᠭᠡᠵᠦ ᠬᠡᠯᠡᠵᠦ ᠪᠣᠯᠤᠨ᠎ᠠ᠂ ᠵᠢᠱᠢᠶᠡᠯᠡᠪᠡᠯ ᠥᠨᠳᠥᠷ ᠳᠠᠪᠬᠤᠷᠭᠠᠲᠤ ᠣᠷᠣᠨ ᠰᠠᠭᠤᠴᠠ᠂ ᠠᠯᠪᠠᠨ ᠠᠰᠠᠷ᠂ ᠵᠣᠴᠢᠳ ᠤᠨ ᠪᠠᠭᠤᠳᠠᠯ ᠤᠨ ᠡᠭᠴᠡ ᠴᠠᠬᠢᠯᠭᠠᠨ ᠱᠠᠲᠤ᠂ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠢ ᠡᠪᠡᠳᠴᠢᠲᠡᠨ ᠤ ᠣᠷᠣ ᠲᠠᠢ ᠨᠢ ᠲᠡᠭᠡᠭᠡᠵᠦ ᠪᠣᠯᠬᠤ ᠴᠠᠬᠢᠯᠭᠠᠨ ᠱᠠᠲᠤ᠂ ᠬᠤᠳᠠᠯᠳᠤᠭᠠᠨ ᠤ ᠲᠠᠯᠠᠪᠠᠢ ᠪᠣᠯᠣᠨ ᠬᠡᠳᠦ ᠳᠡᠯᠭᠡᠭᠦᠷ ᠲᠤ ᠬᠡᠷᠡᠭᠯᠡᠵᠦ ᠪᠠᠶᠢᠭ᠎ᠠ ᠠᠦ᠋ᠲ᠋ᠣ᠋ ᠲᠦᠰᠢᠬᠦᠷᠳᠦ ᠱᠠᠲᠤ  ᠪᠠ ᠠᠦ᠋ᠲ᠋ᠣ᠋ ᠶᠠᠪᠠᠭᠠᠨ ᠬᠥᠮᠦᠨ ᠤ ᠵᠠᠮ ᠵᠡᠷᠭᠡ ᠪᠠᠶᠢᠨ᠎ᠠ᠃ ᠴᠠᠬᠢᠯᠭᠠᠨ ᠱᠠᠲᠤ ᠨᠢ ᠮᠠᠨ ᠤ ᠠᠮᠢᠳᠤᠷᠠᠯ ᠢ ᠦᠨᠡᠬᠡᠷ ᠮᠠᠰᠢ ᠣᠯᠠᠨ ᠳᠥᠭᠦᠮ ᠳᠦᠳᠡ ᠪᠣᠯᠭᠠᠵᠤ ᠪᠠᠶᠢᠭ᠎ᠠ ᠪᠣᠯᠪᠠᠴᠤ ᠪᠠᠰᠠ ᠴᠠᠬᠢᠯᠭᠠᠨ ᠱᠠᠲᠤ ᠎ ᠶᠢ  ᠬᠡᠷᠡᠭᠯᠡᠬᠦ ᠠᠮᠤᠷ ᠲᠦᠪᠰᠢᠨ ᠳᠤ ᠮᠠᠰᠢ ᠶᠡᠭᠡ ᠥᠷᠢᠰᠥᠯᠳᠦᠭᠡᠨ ᠲᠤᠯᠭᠠᠷᠠᠵᠤ᠂ ᠴᠠᠬᠢᠯᠭᠠᠨ ᠱᠠᠲᠤ ᠦᠢᠯᠡᠳᠬᠦ᠂ ᠤᠭᠰᠠᠷᠠᠬᠤ᠂ ᠠᠷᠠᠴᠢᠯᠠᠵᠤ ᠬᠠᠮᠠᠭᠠᠯᠠᠬᠤ᠂ ᠬᠡᠷᠡᠭᠯᠡᠬᠦ᠂ ᠰᠢᠯᠭᠠᠨ ᠪᠠᠶᠢᠴᠠᠭᠠᠬᠤ᠂ ᠬᠢᠨᠠᠯᠲᠠ ᠲᠠᠯᠪᠢᠬᠤ  ᠵᠠᠩᠭᠢᠯᠠᠭ᠎ᠠ ᠨᠢᠭᠡᠪᠦᠷᠢ ᠳᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ ᠤ ᠬᠠᠮᠲᠤ ᠪᠠᠰᠠ ᠴᠠᠬᠢᠯᠭᠠᠨ ᠱᠠᠲᠤ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠰᠢᠯᠭᠠᠨ ᠪᠠᠶᠢᠴᠠᠭᠠᠬᠤ ᠳᠦᠷᠢᠮ ᠳᠤ ᠲᠠᠰᠤᠷᠠᠯᠲᠠ ᠦᠭᠡᠶ ᠵᠠᠰᠠᠪᠤᠷᠢ ᠣᠷᠣᠭᠤᠯᠵᠤ᠂ ᠲᠡᠭᠦᠯᠳᠡᠷᠵᠢᠭᠦᠯᠬᠦ ᠶᠢ ᠠᠬᠢᠭᠤᠯᠵᠠᠢ᠃ ᠣᠶᠢᠷ᠎ᠠ ᠶᠢᠨ ᠬᠤᠶᠠᠷ ᠵᠢᠯ ᠤᠨ ᠲᠤᠷᠰᠢ᠂ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠢ ᠬᠠᠮᠵᠢᠨ ︽ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠱᠠᠲᠤ ᠶᠢᠨ ᠬᠠᠮᠢᠶᠠᠷᠤᠯᠲᠠ ᠶᠢᠨ ᠠᠷᠭ᠎ᠠ︾᠎ ᠶᠢ  ᠶᠠᠭ ᠲᠣᠭᠲᠠᠭᠠᠵᠤ᠂ ᠴᠠᠬᠢᠯᠭᠠᠨ ᠱᠠᠲᠤ ᠶᠢ ᠵᠢᠷᠤᠮᠵᠢᠭᠤᠯᠤᠨ ᠬᠠᠮᠢᠶᠠᠷᠬᠤ ᠶᠢ ᠳᠥᠯᠭᠢᠨ ᠠᠬᠢᠭᠤᠯᠬᠤ ᠪᠠᠷ ᠪᠤᠢ᠃ ᠬᠥᠬᠡᠬᠤᠲᠠ ᠳᠤ ᠳᠡᠭᠡᠷ᠎ᠡ ᠵᠠᠭᠤᠨ ᠤ ᠨᠠᠶᠠᠭᠠᠳ ᠣᠨ ᠪᠠ ᠶᠡᠷᠡᠭᠡᠳ ᠣᠨ ᠤ ᠦᠶ᠎ᠡ ᠳᠤ ᠴᠠᠬᠢᠯᠭᠠᠨ ᠱᠠᠲᠤ ᠶᠢᠨ ᠲᠤᠭ᠎ᠠ ᠨᠡᠯᠢᠶᠡᠳ ᠴᠥᠭᠡᠨ ᠪᠠᠶᠢᠵᠤ᠂ 2003 ᠣᠨ ᠠᠴᠠ ᠡᠬᠢᠯᠡᠨ ᠬᠤᠲᠠ ᠶᠢᠨ ᠪᠦᠲᠦᠭᠡᠨ ᠪᠠᠶᠢᠭᠤᠯᠤᠯᠲᠠ ᠲᠦᠷᠭᠡᠨ ᠬᠦᠭᠵᠢᠬᠦ ᠵᠠᠮ ᠳᠤ ᠣᠷᠣᠵᠤ᠂ ᠴᠠᠬᠢᠯᠭᠠᠨ ᠱᠠᠲᠤ ᠬᠡᠷᠡᠭᠯᠡᠬᠦ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠭᠰᠡᠨ ᠪᠠᠶᠢᠨ᠎ᠠ᠃ ᠤᠴᠢᠷ ᠨᠢ ᠴᠠᠬᠢᠯᠭᠠᠨ ᠱᠠᠲᠤ ᠶᠢᠨ ᠶᠡᠬᠡᠩᠬᠢ ᠶᠢ ᠣᠶᠢᠷ᠎ᠠ ᠶᠢᠨ ᠬᠡᠳᠦᠨ ᠵᠢᠯ ᠳᠤ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠠᠶᠢᠭ᠎ᠠ ᠲᠤᠯᠠ᠂ ᠨᠡᠯᠢᠶᠡᠳ ᠰᠢᠨ᠎ᠡ ᠪᠠᠶᠢᠭ᠎ᠠ ᠪᠣᠯᠬᠤᠷ  ᠰᠠᠭᠠᠳ ᠭᠠᠷᠬᠤ ᠨᠣᠷᠮ᠎ᠠ ᠬᠠᠷᠢᠴᠠᠩᠭᠤᠶ ᠨᠡᠯᠢᠶᠡᠳ ᠳᠣᠣᠷ᠎ᠠ ᠪᠠᠶᠢᠨ᠎ᠠ᠃ ᠲᠡᠭᠡᠬᠦ ᠮᠥᠷᠲᠡᠭᠡᠨ ᠡᠳᠡᠭᠡᠷ ᠵᠢᠯ ᠳᠤ ᠵᠠᠷᠢᠮ ᠨᠢᠭᠡᠴᠡ ᠨᠦᠭᠦᠳ ᠬᠠᠭᠤᠴᠢᠨ ᠴᠠᠬᠢᠯᠭᠠᠨ ᠱᠠᠲᠤ ᠪᠠᠨ ᠲᠠᠰᠤᠷᠠᠯᠲᠠ ᠦᠭᠡᠢ ᠳᠡᠰ  ᠳᠡᠪᠰᠢᠭᠦᠯᠦᠨ᠂ ᠰᠢᠨᠡᠳᠬᠡᠨ ᠵᠠᠰᠠᠬᠤ ᠪᠠ ᠰᠤᠯᠢᠵᠤ᠂ ᠠᠮᠤᠷ ᠲᠦᠪᠰᠢᠨ ᠤ ᠪᠠᠶᠢᠳᠠᠯ ᠢ ᠨᠢ ᠱᠠᠭᠠᠷᠳᠠᠯᠭ᠎ᠠ ᠳᠤ  ᠨᠡᠶᠢᠴᠡᠭᠦᠯᠬᠦ ᠶᠢ ᠪᠠᠲᠤᠯᠠᠭᠰᠠᠨ ᠢᠶᠠᠷ ᠂ ᠴᠠᠬᠢᠯᠭᠠᠨ ᠱᠠᠲᠤ ᠶᠢᠨ ᠲᠤᠰ ᠪᠡᠶ᠎ᠡ ᠶᠢᠨ ᠠᠮᠤᠷ ᠲᠦᠪᠰᠢᠨ ᠤ ᠪᠠᠶᠢᠳᠠᠯ ᠠᠴᠠ ᠪᠣᠯᠣᠭᠰᠠᠨ ᠠᠳᠡᠯ ᠦᠨᠳᠦᠰᠦᠨ ᠳᠡᠭᠡᠨ ᠭᠠᠷᠤᠭᠰᠠᠨ ᠦᠭᠡᠢ ᠪᠦᠭᠡᠳ ᠪᠦᠬᠦ ᠣᠷᠣᠨ ᠤ ᠴᠠᠬᠢᠯᠭᠠᠨ ᠱᠠᠲᠤ ᠶᠢᠨ ᠠᠮᠤᠷ ᠲᠦᠪᠰᠢᠨ ᠤ ᠶᠡᠷᠦᠩᠬᠡᠶ ᠪᠠᠶᠢᠳᠠᠯ ᠨᠡᠯᠢᠶᠡᠳ ᠵᠦᠭᠡᠷ ᠪᠠᠶᠢᠨ᠎ᠠ᠃ ᠬᠥᠲᠥᠯᠥᠭᠴᠢ᠄      ᠴᠠᠬᠢᠯᠭᠠᠨ ᠱᠠᠲᠤ ᠶᠢᠨ ᠠᠮᠤᠷ ᠲᠦᠪᠰᠢᠨ ᠤ ᠠᠰᠠᠭᠤᠳᠠᠯ ᠪᠣᠯ ᠥᠷᠭᠡᠨ ᠣᠯᠠᠨ ᠬᠡᠷᠡᠭᠯᠡᠭᠴᠢᠳ ᠤᠨ ᠰᠡᠳᠬᠢᠯ ᠲᠠᠯᠪᠢᠵᠤ ᠪᠠᠶᠢᠭ᠎ᠠ ᠬᠡᠯᠡᠯᠴᠡᠭᠡᠨ ᠶᠡᠬᠡᠲᠡᠢ ᠠᠰᠠᠭᠤᠳᠠᠯ ᠪᠣᠯᠣᠨ᠎ᠠ᠃ ᠰᠣᠨᠣᠰᠬᠤᠯᠠᠷ ᠪᠢᠳᠠ ᠴᠠᠬᠢᠯᠭᠠᠨ  ᠱᠠᠲᠤ ᠶᠢᠨ ᠬᠡᠷᠡᠭᠯᠡᠯᠲᠡ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠭᠰᠠᠨ ᠤ ᠬᠠᠮᠲᠤ ᠪᠠᠰᠠ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠠᠪᠴᠠᠩ ᠤᠨ ᠲᠥᠪ ᠪᠠᠶᠢᠭᠤᠯᠤᠭᠰᠠᠨ ᠪᠠᠶᠢᠨ᠎ᠠ᠂ ᠹᠸᠡᠭ ᠳᠠᠷᠤᠭ᠎ᠠ ᠲᠠ ᠲᠠᠪᠴᠠᠩ ᠤᠨ ᠲᠥᠪ ᠤᠨ ᠪᠠᠶᠢᠭᠤᠯᠤᠯᠲᠠ ᠶᠢᠨ ᠪᠠᠶᠢᠳᠠᠯ ᠢ ᠶᠠᠷᠢᠭᠠᠳ ᠥᠭᠭᠦᠨ᠎ᠡ ᠤᠤ᠃ ᠹᠧᠩ ᠶᠧ᠄      ᠲᠤᠰ ᠲᠥᠪ ᠪᠣᠯ ᠭᠤᠣᠯᠳᠠᠭᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠢᠯᠣᠭᠤᠳᠬᠤ ᠰᠢᠰᠲ᠋ᠧᠮ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠥᠷᠲᠡᠭᠡ ᠭᠡᠬᠦ ᠬᠤᠶᠠᠷ ᠬᠡᠰᠡᠭ ᠎ ᠢᠶᠠᠷ   ᠪᠦᠷᠢᠯᠳᠦᠭᠰᠡᠨ ᠶᠤᠮ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮ ᠨᠢ ᠭᠤᠣᠯᠳᠠᠭᠤ ᠨᠠᠢᠮᠠᠨ ᠬᠤᠪᠢᠶᠠᠷᠢ ᠰᠢᠰᠲ᠋ᠧᠮ ᠎ ᠢᠶᠠᠷ ᠪᠦᠷᠢᠯᠳᠦᠪᠡ᠃ ᠴᠠᠭ ᠴᠠᠭ ᠲᠤᠨᠢ ᠬᠢᠨᠠᠨ ᠡᠵᠡᠮᠳᠡᠬᠦ᠂ ᠠᠪᠢᠶ᠎ᠠ ᠪᠠᠷ  ᠲᠤᠬᠤᠷᠤᠭᠤᠯᠬᠤ᠂ ᠴᠠᠬᠢᠯᠭᠠᠨ ᠱᠠᠲᠤ ᠶᠢᠨ ᠠᠵᠢᠯᠯᠠᠭᠠᠨ ᠤ ᠰᠠᠭᠠᠳ ᠢ ᠴᠠᠭ ᠴᠠᠭ ᠲᠤᠨᠢ ᠳᠠᠮᠵᠢᠭᠤᠯᠬᠤ᠂ ᠡ᠊ᠨᠳᠡᠯ ᠤᠨ ᠶᠠᠪᠤᠴᠠ ᠶᠢᠨ ᠪᠦᠬᠦ ᠥᠩᠭᠡᠷᠡᠯᠲᠡ ᠶᠢ ᠲᠡᠮᠳᠡᠭᠯᠡᠬᠦ᠂ ᠴᠠᠬᠢᠯᠭᠠᠨ ᠱᠠᠲᠤ ᠶᠢᠨ ᠠᠵᠢᠯᠯᠠᠭᠠᠨ ᠤ ᠲᠤᠭ᠎ᠠ ᠪᠠᠷᠢᠮᠲᠠ ᠶᠢ ᠪᠦᠷᠢᠳᠬᠡᠬᠦ᠂  ᠰᠡᠯᠪᠢᠨ ᠵᠠᠰᠠᠵᠤ ᠠᠷᠠᠴᠢᠯᠠᠬᠤ ᠳᠤ ᠬᠢᠨᠠᠯᠲᠠ ᠲᠠᠯᠪᠢᠬᠤ ᠰᠢᠰᠲ᠋ᠧᠮ ᠪᠠᠶᠢᠭᠤᠯᠬᠤ᠂ ᠣᠯᠠᠨ ᠲᠠᠰᠳᠤ ᠴᠠᠬᠢᠯᠭᠠᠨ ᠱᠠᠲᠤ ᠶᠢᠨ ᠪᠤᠳᠠᠰᠯᠢᠭ ᠬᠤᠯᠪᠤᠭᠠᠲᠤ ᠰᠦᠯᠵᠢᠶ᠎ᠡ ᠪᠠᠶᠢᠭᠤᠯᠬᠤ ᠵᠡᠷᠭᠡ ᠴᠢᠳᠠᠮᠵᠢ ᠶᠢ ᠪᠡᠶᠡᠯᠡᠭᠦᠯᠬᠦ ᠪᠠᠷ ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠳᠤ ᠬᠦᠷᠴᠦ᠂ ᠡᠴᠦᠰ ᠲᠤᠨᠢ ︽ᠬᠠᠮᠤᠭ ᠤᠨ ᠲᠡᠷᠢᠭᠦᠨ ᠳᠤ ᠮᠡᠳᠡᠭᠡ ᠵᠠᠩᠭᠢ ᠶᠢ ᠡᠵᠡᠮᠰᠢᠬᠦ᠂ ᠬᠠᠮᠤᠭ ᠤᠨ ᠲᠡᠷᠢᠭᠦᠨ ᠳᠤ ᠵᠠᠷᠯᠢᠭ ᠭᠠᠷᠭᠠᠬᠤ᠂ ᠬᠠᠮᠤᠭ ᠤᠨ ᠲᠡᠷᠢᠭᠦᠨ ᠳᠤ ᠠᠪᠤᠷᠠᠨ  ᠲᠤᠰᠠᠯᠠᠬᠤ᠂ ᠬᠠᠮᠤᠭ ᠤᠨ ᠲᠡᠷᠢᠭᠦᠨ ᠳᠤ ᠪᠠᠶᠢᠴᠠᠭᠠᠨ ᠰᠢᠢᠳᠪᠦᠷᠢᠯᠡᠬᠦ︾ ᠵᠣᠷᠢᠯᠭ᠎ᠠ ᠳᠤ  ᠬᠦᠷᠦᠬᠦ ᠪᠣᠯᠣᠨ᠎ᠠ᠃ ᠡᠨᠡ ᠵᠢᠯ ᠮᠠᠨ ᠤ ᠲᠣᠪᠴᠢᠶ᠎ᠠ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠦᠬᠠᠶ ᠬᠤᠲᠠ᠂ ᠬᠢᠩᠭᠠᠨ ᠠᠶᠢᠮᠠᠭ ᠢ ᠡᠩ ᠲᠡᠷᠢᠭᠦᠨ ᠳᠤ ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠬᠦ ᠶᠢ ᠱᠠᠭᠠᠷᠳᠠᠪᠠ᠃ ᠬᠥᠲᠥᠯᠥᠭᠴᠢ᠄      ᠪᠢᠳᠡ ᠶᠠᠭᠤᠨ ᠤ ᠤᠴᠢᠷ ᠠᠴᠠ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠬᠡᠷᠡᠭᠲᠡᠶ ᠪᠤᠶ︖ ᠶᠠᠮᠠᠷ ᠠᠴᠢ ᠬᠤᠯᠪᠣᠭᠳᠠᠯ ᠲᠠᠢ ᠪᠤᠶ︖ ᠹᠧᠩ ᠶᠧ᠄        ᠳᠤᠮᠳᠠᠳᠤ ᠤᠯᠤᠰ ᠣᠳᠣ ᠨᠢᠭᠡᠨᠲᠡ ᠳᠡᠯᠡᠬᠡᠶ ᠳᠡᠭᠡᠷ᠎ᠡ ᠴᠠᠬᠢᠯᠭᠠᠨ ᠱᠠᠲᠤ ᠲᠠᠢ ᠪᠠᠶᠢᠬᠤ ᠬᠡᠮᠵᠢᠶ᠎ᠡ ᠪᠠᠷ ᠬᠠᠮᠤᠭ ᠤᠨ ᠶᠡᠭᠡ ᠤᠯᠤᠰ ᠪᠣᠯᠵᠠᠢ᠂ 2014 ᠣᠨ ᠤ ᠡᠴᠦᠰ ᠪᠣᠯᠲᠠᠯ᠎ᠠ᠂ ᠪᠦᠬᠦ ᠤᠯᠤᠰ ᠤᠨ ᠬᠡᠷᠡᠭᠯᠡᠵᠦ ᠪᠠᠶᠢᠭ᠎ᠠ ᠴᠠᠬᠢᠯᠭᠠᠨ ᠱᠠᠲᠤ  360 ᠲᠦᠮᠡᠨ ᠰᠠᠤᠷᠢ ᠶᠢ ᠳᠠᠪᠠᠵᠤ᠂ ᠥᠪᠥᠷ ᠮᠣᠩᠭᠤᠯ ᠣᠷᠣᠨ ᠤ ᠴᠠᠬᠢᠯᠭᠠᠨ ᠱᠠᠲᠤ ᠶᠢᠨ ᠲᠤᠭ᠎ᠠ ᠬᠡᠮᠵᠢᠶ᠎ᠡ ᠨᠢᠳᠤᠨᠤᠨ ᠤ ᠵᠢᠯ ᠤᠨ ᠡᠴᠦᠰ ᠲᠤ 54239 ᠰᠠᠤᠷᠢ ᠳᠤ ᠬᠦᠷᠴᠦ᠂ ᠴᠠᠬᠢᠯᠭᠠᠨ ᠱᠠᠲᠤ ᠨᠢ ᠬᠥᠮᠦᠰ ᠤᠨ ᠭᠠᠷᠴᠤ ᠣᠷᠤᠬᠤ ᠴᠢᠬᠤᠯᠠ ᠪᠠᠭᠠᠵᠢ ᠪᠣᠯᠣᠭᠰᠠᠨ ᠪᠠᠶᠢᠨ᠎ᠠ᠃ ᠴᠠᠬᠢᠯᠭᠠᠨ ᠱᠠᠲᠤ ᠶᠢᠨ ᠠᠵᠢᠯᠯᠠᠭᠠᠨ ᠤ ᠠᠶᠤᠯ ᠦᠭᠡᠢ ᠡᠰᠡᠬᠦ ᠨᠢ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠬᠢᠭᠡᠳ ᠠᠮᠢᠳᠤᠷᠠᠯ ᠤᠨ ᠶᠠᠰᠤ ᠴᠢᠨᠠᠷ ᠲᠤ ᠰᠢᠭᠤᠳ ᠬᠤᠯᠪᠤᠭᠳᠠᠵᠤ ᠪᠠᠶᠢᠳᠠᠭ᠃      ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠪᠣᠯ ᠣᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠨ᠂ ᠣᠯᠠᠨ ᠲᠦᠮᠡᠨ ᠤ ᠴᠠᠬᠢᠯᠭᠠᠨ ᠱᠠᠲᠤ ᠳᠤ ᠰᠠᠭᠤᠬᠤ ᠳᠤ ᠠᠮᠤᠷ ᠲᠦᠪᠰᠢᠨ ᠭᠠᠷᠬᠤ ᠶᠢᠨ ᠵᠠᠶᠢᠯᠠᠰᠢ ᠦᠭᠡᠶ ᠱᠠᠭᠠᠷᠳᠠᠯᠭ᠎ᠠ ᠶᠢ ᠬᠠᠩᠭᠠᠬᠤ ᠪᠣᠯᠣᠨ᠎ᠠ᠃ ᠣᠳᠣᠬᠠᠨ ᠳᠤ᠂ ᠵᠠᠷᠢᠮ ᠴᠠᠬᠢᠯᠭᠠᠨ ᠱᠠᠲᠤ ᠶᠢᠨ ᠬᠠᠮᠢᠶᠠᠷᠤᠯᠲᠠ ᠪᠣᠯᠣᠨ ᠬᠠᠮᠠᠭᠠᠯᠠᠯᠲᠠ ᠨᠢ ᠬᠦᠷᠦᠯᠴᠡᠬᠦ ᠦᠭᠡᠢ ᠠᠴᠠ ᠪᠣᠯᠵᠤ᠂ ᠴᠠᠬᠢᠯᠭᠠᠨ ᠱᠠᠲᠤ ᠳᠤ ᠬᠥᠮᠥᠨ ᠬᠤᠷᠢᠭᠳᠠᠬᠤ ᠵᠡᠷᠭᠡ ᠠᠳᠡᠯ ᠪᠠᠶᠢᠨ ᠳᠠᠬᠢᠨ ᠭᠠᠷᠴᠤ᠂ ᠴᠠᠬᠢᠯᠭᠠᠨ ᠱᠠᠲᠤ ᠶᠢ ᠬᠠᠮᠠᠭᠠᠯᠠᠵᠤ ᠠᠷᠠᠴᠢᠯᠠᠬᠤ  ᠵᠠᠷᠢᠮ ᠨᠢᠭᠡᠴᠡ ᠨᠢ ᠪᠠᠭ᠎ᠠ᠂ ᠲᠠᠷᠠᠬᠠᠢ᠂ ᠡᠮᠬᠢ ᠵᠠᠮᠪᠠᠷᠠᠭ᠎ᠠ ᠦᠭᠡᠢ ᠪᠠᠶᠢᠵᠤ᠂ ᠲᠤᠬᠠᠶ ᠶᠢᠨ ᠲᠠᠯᠠᠪᠠᠢ ᠳᠤ ᠲᠣᠭᠲᠠᠭᠰᠠᠨ ᠴᠠᠭ ᠲᠠᠭᠠᠨ ᠬᠦᠷᠴᠦ ᠠᠪᠤᠷᠠᠨ ᠲᠤᠰᠠᠯᠠᠵᠤ ᠳᠡᠶᠢᠯᠬᠦ ᠦᠭᠡᠢ ᠠᠴᠠ ᠪᠣᠯᠵᠤ ᠂ ᠬᠦᠮᠦᠰ ᠴᠠᠬᠢᠯᠭᠠᠨ ᠱᠠᠲᠤᠨ ᠳᠤ ᠨᠡᠯᠢᠶᠡᠳ ᠤᠷᠲᠤ ᠴᠠᠭ ᠢᠶᠠᠷ ᠬᠤᠷᠢᠭᠳᠠᠵᠤ᠂ ᠴᠠᠬᠢᠯᠭᠠᠨ ᠱᠠᠲᠤ ᠶᠢᠨ ᠠᠮᠤᠷ ᠲᠦᠪᠰᠢᠨ ᠳᠤ ᠣᠯᠠᠨ ᠲᠦᠮᠡᠨ ᠰᠡᠵᠢᠭ ᠲᠦᠷᠦᠵᠦ ᠠᠶᠢᠳᠠᠰ ᠲᠦᠷᠦᠬᠦ ᠪᠣᠯᠣᠭᠰᠠᠨ ᠪᠠᠶᠢᠨ᠎ᠠ᠃ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠦᠢᠯᠡᠴᠢᠯᠡᠭᠡᠨ ᠤ ᠲᠠᠪᠴᠠᠩ ᠎ ᠢᠶᠠᠷ ᠳᠠᠮᠵᠢᠭᠤᠯᠤᠨ᠂ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠦᠮᠦᠰ ᠴᠠᠬᠢᠯᠭᠠᠨ ᠱᠠᠲᠤᠨ ᠳᠤ  ᠬᠤᠷᠢᠭᠳᠠᠭᠰᠠᠨ ᠤ ᠳᠠᠷᠠᠭ᠎ᠠ ᠲᠥᠷᠭᠡᠨ ᠠᠪᠤᠷᠠᠭᠳᠠᠬᠤ ᠶᠢ ᠪᠠᠲᠤᠯᠠᠨ᠎ᠠ᠃ ᠹᠧᠩ ᠶᠧ᠄        ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠨᠢ ᠮᠦᠨᠴᠦ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ᠂  ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠤᠳᠠᠳᠤ ᠬᠡᠷᠡᠭᠴᠡᠭᠡ ᠪᠣᠯᠣᠨ᠎ᠠ᠃ ︽96116︾ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠦᠢᠯᠡᠴᠢᠯᠡᠭᠡᠨ ᠤ ᠲᠠᠪᠴᠠᠩ ᠨᠢ ᠴᠠᠬᠢᠯᠭᠠᠨ ᠱᠠᠲᠤ ᠶᠢᠨ ᠠᠮᠤᠷ ᠲᠦᠪᠰᠢᠨ ᠤ ᠪᠠᠶᠢᠳᠠᠯ ᠤᠨ ᠮᠡᠳᠡᠭᠡ ᠵᠠᠩᠭᠢ ᠪᠣᠯᠣᠨ ᠴᠠᠬᠢᠯᠭᠠᠨ ᠱᠠᠲᠤ ᠶᠢ ᠬᠠᠮᠠᠭᠠᠯᠠᠵᠤ ᠠᠷᠠᠴᠢᠯᠠᠬᠤ ᠨᠢᠭᠡᠴᠡ ᠶᠢᠨ ᠪᠤᠲᠠᠲᠠᠢ ᠠᠵᠢᠯ ᠤᠨ ᠪᠠᠶᠢᠳᠠᠯ ᠢ ᠬᠥᠳᠡᠯᠦᠩᠭᠦᠢ ᠪᠠᠷ ᠲᠤᠰᠬᠠᠨ᠂ ᠲᠤᠭ᠎ᠠ ᠪᠠᠷᠢᠮᠲᠠ ᠶᠢ ᠲᠣᠳᠣᠷᠬᠠᠶ᠂ ᠪᠠᠶᠢᠳᠠᠯ ᠢ ᠢᠯᠡ ᠪᠣᠯᠭᠠᠵᠤ᠂ ᠶᠠᠪᠤᠴᠠ ᠳᠤ᠂ ᠶᠠᠪᠤᠴᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ  ᠴᠢᠩᠭᠠᠷᠠᠭᠤᠯᠬᠤ ᠬᠦᠴᠦᠲᠡᠶ ᠭᠠᠷᠳᠠᠴᠠ ᠪᠣᠯᠬᠤ ᠮᠥᠷᠲᠡᠭᠡᠨ ᠪᠠᠰᠠ ᠡ᠊ᠨᠳᠡᠯ ᠢ ᠡᠵᠡᠮᠳᠡᠬᠦ ᠠᠴᠠ  ᠠᠪᠤᠭᠠᠳ ᠰᠠᠭᠠᠳ ᠢ ᠡᠵᠡᠮᠳᠡᠬᠦ ᠬᠦᠷᠲᠡᠯ᠎ᠡ ᠨᠥᠬᠦᠴᠡᠯ ᠪᠦᠷᠢᠳᠦᠭᠦᠯᠵᠦ ᠥᠭᠭᠦᠭᠰᠡᠨ ᠪᠠᠶᠢᠨ᠎ᠠ᠃ ᠡᠭᠦᠨ ᠤ ᠬᠠᠮᠲᠤ᠂ ᠨᠡᠶᠢᠭᠡᠮ ᠨᠡᠶᠢᠲᠡ ᠳᠤ  ᠴᠠᠬᠢᠯᠭᠠᠨ ᠱᠠᠲᠤ ᠶᠢᠨ ᠠᠮᠤᠷ ᠲᠦᠪᠰᠢᠨ ᠤ ᠪᠠᠶᠢᠳᠠᠯ ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠪᠠᠷ ᠳᠠᠮᠵᠢᠭᠤᠯᠤᠨ᠂ ᠨᠡᠶᠢᠭᠡᠮ ᠤᠨ ᠬᠢᠨᠠᠯᠲᠠ ᠲᠠᠯᠪᠢᠬᠤ ᠪᠠ ᠵᠠᠬ᠎ᠠ ᠳᠡᠯᠭᠡᠭᠦᠷ ᠤᠨ ᠰᠢᠯᠢᠳᠡᠭ ᠨᠢ  ᠢᠯᠠᠵᠤ ᠰᠢᠭᠠᠷᠤ ᠨᠢ ᠰᠢᠭᠰᠢᠭᠳᠡᠬᠦ ᠲᠣᠭᠲᠠᠴᠠ ᠶᠢ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠬᠡᠯᠪᠡᠷᠢ ᠦᠭᠡᠶ ᠭᠠᠷ ᠢᠶᠠᠷ ᠠᠳᠠᠯ ᠠᠬᠤᠶ᠂ ᠬᠠᠮᠠᠭᠠᠯᠠᠵᠤ ᠠᠷᠠᠴᠢᠯᠠᠬᠤ ᠵᠡᠷᠭᠡ ᠨᠢᠭᠡᠴᠡ ᠶᠢ ᠬᠡᠳᠡᠷᠬᠦᠦ ᠰᠢᠬᠠᠮᠳᠠᠭᠤᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠣᠯᠠᠨ ᠰᠠᠯᠠᠭ᠎ᠠ ᠮᠥᠴᠢᠷ ᠶᠡᠷᠦᠩᠬᠡᠶᠢᠯᠡᠨ ᠬᠢᠨᠠᠨ ᠬᠠᠮᠢᠶᠠᠷᠬᠤ ᠲᠣᠭᠲᠠᠴᠠ ᠶᠢ ᠪᠤᠶ ᠪᠣᠯᠭᠠᠬᠤ ᠶᠢ ᠳᠥᠯᠭᠢᠨ ᠠᠬᠢᠭᠤᠯᠪᠠ᠃ ᠬᠥᠲᠥᠯᠥᠭᠴᠢ᠄      ᠹᠧᠩ ᠳᠠᠷᠤᠭ᠎ᠠ ᠡ᠂ ᠲᠠ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠥᠷᠭᠡᠨ ᠣᠯᠠᠨ ᠰᠦᠯᠵᠢᠶᠡᠨ ᠨᠠᠶᠢᠵᠠ ᠨᠡᠷ ᠲᠠᠨᠢᠯᠴᠠᠭᠤᠯᠵᠤ  ᠥᠭᠭᠦᠨ᠎ᠡ ᠦᠦ︕ ᠹᠧᠩ ᠶᠧ᠄        ᠵᠠ᠃ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠦᠢᠯᠡᠴᠢᠯᠡᠭᠡᠨ ᠤ ᠲᠠᠪᠴᠠᠩ ᠤᠨ ᠴᠢᠳᠠᠮᠵᠢ᠄ ᠨᠢᠭᠡ ᠳᠤ ᠪᠠᠴᠢᠮ ᠪᠠᠶᠢᠳᠠᠯ ᠢ ᠠᠷᠭᠠᠴᠠᠵᠤ ᠵᠣᠬᠢᠴᠠᠭᠤᠯᠤᠨ ᠵᠢᠯᠣᠭᠤᠳᠬᠤ  ᠴᠢᠳᠠᠮᠵᠢ ᠶᠢ ᠪᠠᠳᠠᠷᠠᠭᠤᠯᠤᠨ᠎ᠠ᠃  ᠬᠦᠮᠦᠰ ᠴᠠᠬᠢᠯᠭᠠᠨ ᠱᠠᠲᠤᠨ ᠳᠤ ᠬᠤᠷᠢᠭᠳᠠᠭᠰᠠᠨ ᠳ᠋ᠢᠶᠠᠩᠬᠤᠸᠠ ᠶᠢ  ᠲᠤᠰᠤᠭᠰᠠᠨ ᠤ ᠳᠠᠷᠠᠭ᠎ᠠ᠂ ᠴᠠᠬᠢᠯᠭᠠᠨ ᠱᠠᠲᠤᠨ ᠤ ᠭᠡᠷ᠎ᠡ ᠲᠤᠭᠲᠠᠭᠰᠠᠨ ᠨᠢᠭᠡᠴᠡ ᠴᠠᠬᠢᠯᠭᠠᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠳᠠᠭᠠᠵᠤ ᠬᠢᠬᠦ ᠳᠡᠰ ᠳᠠᠷᠠᠭᠠᠯᠠᠯ ᠬᠢᠭᠡᠳ ᠴᠠᠭ ᠬᠤᠭᠤᠴᠠᠭᠠᠨ ᠤ ᠱᠠᠭᠠᠷᠳᠠᠯᠭ᠎ᠠ ᠶᠣᠰᠣᠭᠠᠷ ᠠᠪᠤᠷᠠᠨ ᠲᠤᠰᠠᠯᠠᠬᠤ ᠶᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ᠎ᠠ︔ ᠬᠠᠮᠠᠭᠠᠯᠠᠨ ᠠᠷᠠᠴᠢᠯᠠᠬᠤ ᠨᠢᠭᠡᠴᠡ ᠶᠢᠨ ᠎ ᠬᠢᠨ ᠴᠠᠭ ᠲᠤᠬᠠᠶ ᠳᠤᠨᠢ ᠠᠪᠤᠷᠠᠨ ᠲᠤᠰᠠᠯᠠᠵᠤ ᠲᠡᠶᠢᠯᠬᠦ ᠦᠭᠡᠢ ᠪᠣᠯ᠂ ᠣᠶᠢᠷ᠎ᠠ ᠬᠠᠪᠢ ᠶᠢᠨ ᠪᠤᠰᠤᠳ ᠴᠠᠬᠢᠯᠭᠠᠨ ᠱᠠᠲᠤ ᠬᠠᠮᠠᠭᠠᠯᠠᠨ ᠠᠷᠠᠴᠢᠯᠠᠬᠤ ᠨᠢᠭᠡᠴᠡ  ᠪᠤᠶᠤ ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠵᠡᠷᠭᠡ ᠠᠪᠤᠷᠠᠨ ᠲᠤᠰᠠᠯᠠᠬᠤ ᠬᠦᠴᠦᠨ ᠢ ᠵᠣᠬᠢᠴᠠᠭᠤᠯᠤᠨ᠂ ᠠᠮᠤᠷ ᠲᠥᠪᠰᠢᠨ᠂ ᠲᠦᠷᠭᠡᠨ᠂ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠵᠤ᠂ ᠬᠦᠮᠦᠰ ᠤᠨ ᠴᠠᠬᠢᠯᠭᠠᠨ ᠱᠠᠲᠤᠨ ᠳᠤ ᠬᠤᠷᠢᠭᠳᠠᠬᠤ ᠴᠠᠭ ᠢ ᠬᠠᠮᠤᠭ ᠤᠨ ᠶᠡᠭᠡ ᠬᠡᠮᠵᠢᠶ᠎ᠡ ᠪᠠᠷ  ᠪᠣᠭᠤᠨᠢᠰᠬᠠᠨ᠎ᠠ᠃ ᠬᠤᠶᠠᠷ ᠲᠤ  ᠯᠠᠪᠯᠠᠭ᠎ᠠ ᠦᠭᠬᠦ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠤᠨ᠎ᠠ᠃  ᠴᠠᠬᠢᠯᠭᠠᠨ ᠱᠠᠲᠤ ᠶᠢᠨ ᠠᠮᠤᠷ ᠲᠥᠪᠰᠢᠨ ᠤ ᠲᠣᠬᠠᠢ ᠣᠯᠠᠨ ᠲᠦᠮᠡᠨ ᠤ ᠯᠠᠪᠯᠠᠭ᠎ᠠ ᠠᠪᠬᠤ᠂ ᠵᠠᠭᠠᠯᠳᠤᠯᠭ᠎ᠠ ᠬᠢᠬᠦ  ᠪᠠ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ᠂ ᠣᠯᠠᠨ ᠲᠦᠮᠡᠨ ᠤ ᠴᠠᠬᠢᠯᠭᠠᠨ ᠱᠠᠲᠤ ᠬᠡᠷᠡᠭᠯᠡᠬᠦ ᠳᠠᠬᠢ ᠠᠮᠤᠷ ᠲᠥᠪᠰᠢᠨ ᠤ ᠠᠰᠠᠭᠤᠳᠠᠯ ᠳᠤ ᠬᠠᠷᠢᠭᠤᠯᠲᠠ ᠥᠭᠬᠦ ᠪᠠ ᠵᠣᠬᠢᠴᠠᠭᠤᠯᠤᠨ ᠰᠢᠢᠳᠪᠦᠷᠢᠯᠡᠵᠦ᠂ ᠴᠠᠬᠢᠯᠭᠠᠨ ᠱᠠᠲᠤ ᠶᠢ ᠠᠷᠠᠴᠢᠯᠠᠵᠤ ᠬᠠᠮᠠᠭᠠᠯᠠᠬᠤ᠂ ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠵᠡᠷᠭᠡ ᠠᠪᠤᠷᠠᠨ ᠲᠤᠰᠠᠯᠠᠬᠤ ᠬᠦᠴᠦᠨ ᠳᠤ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ  ᠪᠣᠯᠪᠠᠰᠤᠷᠠᠭᠤᠯᠤᠯ ᠪᠠ ᠮᠡᠷᠭᠡᠵᠢᠯ ᠢᠶᠠᠷ ᠵᠢᠯᠣᠭᠤᠳᠣᠯᠭ᠎ᠠ ᠬᠢᠵᠦ᠂ ᠶᠠᠰᠤ ᠴᠢᠨᠠᠷ ᠲᠤ ᠮᠡᠷᠭᠡᠵᠢᠯ ᠢᠶᠠᠷ ᠬᠢᠨᠠᠯᠲᠠ ᠲᠠᠯᠪᠢᠬᠤ ᠰᠢᠰᠲ᠋ᠧᠮ ᠤᠨ ᠣᠯᠠᠨ ᠲᠦᠮᠡᠨ ᠳᠤ ᠦᠢᠯᠡᠴᠢᠯᠡᠬᠦ᠂ ᠨᠡᠶᠢᠭᠡᠮ ᠳᠤ ᠦᠢᠯᠡᠴᠢᠯᠡᠬᠦ ᠴᠣᠩᠬᠤ  ᠪᠣᠯᠭᠠᠨ᠎ᠠ᠃  ᠭᠤᠷᠪᠠ ᠳᠤ ᠲᠦᠭᠰᠢᠭᠦᠷᠢ ᠶᠢ ᠬᠢᠨᠠᠨ ᠡᠵᠡᠮᠳᠡᠬᠦ ᠴᠢᠳᠠᠪᠤᠷᠢ ᠶᠢ ᠪᠠᠳᠠᠷᠠᠭᠤᠯᠤᠨ᠎ᠠ᠃ ᠴᠠᠬᠢᠯᠭᠠᠨ ᠱᠠᠲᠤᠨ ᠳᠤ ᠬᠥᠮᠥᠨ ᠬᠤᠷᠢᠭᠳᠠᠬᠤ ᠵᠡᠷᠭᠡ ᠰᠠᠭᠠᠳ ᠤᠨ ᠲᠤᠭ᠎ᠠ ᠪᠠᠷᠢᠮᠲᠠ ᠶᠢ ᠴᠠᠭ ᠲᠣᠬᠠᠢ ᠳᠤᠨᠢ ᠪᠦᠷᠢᠳᠬᠡᠬᠦ ᠪᠠ ᠵᠠᠳᠠᠯᠤᠯᠲᠠ ᠬᠢᠵᠦ᠂ ᠲᠦᠭᠰᠢᠭᠦᠷᠢ ᠶᠢ ᠬᠢᠨᠠᠨ ᠬᠡᠮᠵᠢᠬᠦ  ᠠᠵᠢᠯ ᠦᠷᠨᠢᠭᠦᠯᠵᠦ᠂ ᠴᠠᠭ ᠲᠤᠬᠠᠶ ᠳᠤᠨᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠂ ᠴᠠᠬᠢᠯᠭᠠᠨ ᠱᠠᠲᠤ ᠶᠢᠨ ᠠᠮᠤᠷ ᠲᠦᠪᠰᠢᠨ ᠢ ᠬᠥᠳᠡᠯᠦᠩᠭᠦᠶ ᠬᠢᠨᠠᠨ ᠬᠠᠮᠢᠶᠠᠷᠬᠤ ᠪᠠ ᠰᠢᠨᠵᠢᠯᠡᠬᠦ ᠤᠬᠠᠭᠠᠨᠴᠢ ᠪᠠᠷ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃ ᠳᠥᠷᠪᠡ ᠳᠤ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠴᠢᠳᠠᠪᠤᠷᠢ ᠶᠢ ᠪᠠᠳᠠᠷᠠᠭᠤᠯᠤᠨ᠎ᠠ᠃ ᠴᠠᠬᠢᠯᠭᠠᠨ ᠱᠠᠲᠤ ᠶᠢᠨ ᠠᠮᠤᠷ ᠲᠦᠪᠰᠢᠨ ᠤ ᠪᠠᠶᠢᠳᠠᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠲᠡᠯᠡᠵᠦ᠂ ᠲᠣᠬᠠᠢ ᠶᠢᠨ ᠭᠠᠵᠠᠷ ᠤᠨ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠬᠢᠯᠭᠠᠨ  ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠤᠬᠠᠶ ᠰᠠᠨᠠᠭᠤᠯᠭ᠎ᠠ ᠳᠣᠷᠠᠳᠴᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠂ ᠴᠠᠬᠢᠯᠭᠠᠨ ᠱᠠᠲᠤ ᠶᠢ ᠬᠡᠷᠡᠭᠯᠡᠬᠦ ᠂ ᠠᠷᠠᠴᠢᠯᠠᠨ ᠬᠠᠮᠠᠭᠠᠯᠠᠬᠤ ᠨᠢᠭᠡᠴᠡ ᠶᠢᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠯᠠᠨ ᠰᠠᠯᠠᠭ᠎ᠠ ᠮᠥᠴᠢᠷ ᠶᠡᠷᠦᠩᠬᠡᠶᠢᠯᠡᠨ ᠬᠢᠨᠠᠨ ᠬᠠᠮᠢᠶᠠᠷᠬᠤ ᠲᠣᠭᠲᠠᠴᠠ ᠶᠢ ᠪᠤᠶ ᠪᠣᠯᠭᠠᠬᠤ ᠶᠢ ᠲᠦᠯᠬᠢᠨ ᠠᠬᠢᠭᠤᠯᠤᠨ᠎ᠠ᠃ ᠬᠥᠲᠥᠯᠥᠭᠴᠢ᠄      ᠪᠢᠳᠡ ᠴᠠᠬᠢᠯᠭᠠᠨ‌‍ᠱᠠᠲᠤᠨ ᠳᠤ ᠭᠠᠷᠬᠤ ᠳᠤ ᠴᠠᠬᠢᠯᠭᠠᠨ ᠱᠠᠲᠤ ᠪᠣᠯᠭᠠᠨ ᠳᠤ ᠳ᠋ᠢᠶᠠᠩᠬᠤᠸᠠ ᠶᠢᠨ ᠨᠣᠮᠧᠷ ᠎ ᠨᠢ 96116  ᠭᠡᠰᠡᠨ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠫᠠᠶᠢᠰᠠ  ᠨᠠᠭᠠᠵᠤ ᠪᠠᠶᠢᠬᠤ ᠶᠢ ᠣᠯᠵᠣ ᠬᠠᠷᠠᠳᠠᠭ᠂ ᠴᠠᠬᠢᠯᠭᠠᠨ ᠱᠠᠲᠤ ᠪᠣᠯᠭᠠᠨ ᠳᠤ ᠪᠠᠰᠠ ᠠᠳᠠᠯᠢ ᠪᠤᠰᠤ ᠶᠢᠨ 5 ᠣᠷᠣᠨᠲᠦ ᠲᠤᠭ᠎ᠠ ᠶᠢᠨ ᠳ᠋ᠤᠭᠠᠷ ᠪᠠᠶᠢᠳᠠᠭ᠂ ᠹᠸᠡᠭ ᠳᠠᠷᠤᠭ᠎ᠠ ᠲᠠ ᠡᠨᠡᠬᠦ ᠫᠠᠶᠢᠰᠠ ᠶᠢᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠤ ᠦᠭᠭᠦᠨ᠎ᠡ ᠦᠦ︖ ᠹᠧᠩ ᠶᠧ᠄       ᠮᠠᠨ ᠤ ᠬᠥᠬᠡᠬᠤᠲᠠ ᠶᠢᠨ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠦᠢᠯᠡᠴᠢᠯᠡᠭᠡᠨ ᠤ ᠲᠠᠪᠴᠠᠩ ᠪᠣᠯ 96116 ᠭᠡᠰᠡᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠠᠪᠴᠠᠩ ᠢᠶᠠᠷ ᠭᠤᠣᠯ ᠪᠣᠯᠭᠠᠵᠤ᠂ ᠴᠠᠬᠢᠯᠭᠠᠨ ᠱᠠᠲᠤ ᠶᠢᠨ ᠲᠣᠣᠷ ᠰᠦᠯᠵᠢᠶᠡᠨ ᠤ ᠠᠪᠤᠷᠠᠨ ᠲᠤᠰᠠᠯᠠᠬᠤ ᠰᠢᠰᠲ᠋ᠧᠮᠵᠢ ᠪᠠᠷ ᠠᠴᠢᠶᠠᠯᠠᠭᠴᠢ ᠪᠣᠯᠭᠠᠭᠰᠠᠨ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠬᠤ  ᠶᠡᠷᠦᠩᠬᠡᠶᠢᠯᠡᠭᠰᠡᠨ ᠴᠢᠨᠠᠷᠲᠠᠶ ᠬᠠᠮᠢᠶᠠᠷᠤᠯᠲᠠ ᠶᠢᠨ ᠲᠠᠪᠴᠠᠩ ᠪᠠᠶᠢᠵᠤ᠂ ᠪᠦᠬᠦ ᠬᠤᠲᠠ ᠶᠢᠨ ᠬᠦᠮᠦᠨ ᠭᠠᠷᠬᠤ ᠴᠠᠬᠢᠯᠭᠠᠨ ᠱᠠᠲᠤ ᠳᠤ ᠦᠢᠯᠡᠴᠢᠯᠡᠭᠡ ᠬᠠᠩᠭᠠᠳᠠᠭ᠃ ᠪᠦᠬᠦ ᠬᠤᠲᠠ ᠶᠢᠨ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠬᠤ ᠨᠢᠭᠡᠳᠦᠯᠲᠡᠢ ᠳ᠋ᠢᠶᠠᠩᠬᠤᠸᠠ ᠪᠣᠯ 96116 ᠪᠣᠯᠬᠤ ᠪᠦᠭᠡᠳ ᠪᠦᠭᠦᠯᠢ ᠡᠳᠦᠷ 24 ᠴᠠᠭ ᠢᠶᠠᠷ ᠲᠦᠭᠰᠢᠭᠦᠷᠢ ᠮᠡᠳᠡᠭᠦᠯᠦᠭᠰᠡᠨ ᠢ ᠬᠦᠯᠢᠶᠡᠨ ᠠᠪᠴᠤ᠂ ᠠᠪᠤᠷᠠᠨ ᠲᠤᠰᠠᠯᠠᠬᠤ ᠶᠢ ᠵᠢᠯᠣᠭᠤᠳᠳᠠᠭ᠃  ᠤᠤᠯ ᠤᠨ ᠴᠠᠬᠢᠯᠭᠠᠨ ᠱᠠᠲᠤ ᠶᠢᠨ ᠠᠪᠤᠷᠠᠨ ᠲᠤᠰᠠᠯᠠᠬᠤ ᠲᠠᠷᠠᠬᠠᠶ ᠪᠤᠲᠠᠷᠬᠠᠶ ᠡᠬᠢ ᠪᠠᠶᠠᠯᠢᠭ ᠢ ᠡᠮᠬᠢᠯᠡᠨ  ᠨᠡᠶᠢᠯᠡᠭᠦᠯᠵᠦ  ᠰᠢᠯᠢᠳᠡᠭᠵᠢᠭᠦᠯᠦᠭᠡᠳ᠂ ᠲᠣᠣᠷ ᠰᠦᠯᠵᠢᠶᠡᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠯᠳᠦᠭᠦᠯᠪᠡ᠃ ᠪᠦᠬᠦ ᠬᠤᠲᠠ ᠶᠢᠨ ᠣᠷᠣᠨ ᠪᠦᠰᠡ ᠶᠢ 27 ᠲᠤᠤᠷᠯᠠᠯ ᠪᠣᠯᠭᠠᠨ ᠬᠤᠪᠢᠶᠠᠵᠤ᠂  ᠲᠣᠣᠷᠯᠠᠯ ᠨᠢᠭᠡᠪᠦᠷᠢ ᠳᠤ 1 ᠠᠪᠤᠷᠠᠨ ᠲᠤᠰᠠᠯᠠᠬᠤ ᠥᠷᠲᠡᠭᠡ ᠪᠠᠶᠢᠭᠤᠯᠤᠭᠰᠠᠨ ᠪᠥᠭᠡᠳ ᠬᠠᠮᠤᠭ ᠤᠨ ᠣᠶᠢᠷ᠎ᠠ ᠪᠠᠶᠢᠭ᠎ᠠ ᠥᠷᠲᠡᠭᠡ ᠶᠢ  ᠲᠤᠰ ᠲᠣᠣᠷᠯᠠᠯ ᠤᠨ ᠨᠦᠬᠦᠪᠦᠷᠢ ᠠᠪᠤᠷᠠᠨ ᠲᠤᠰᠠᠯᠠᠬᠤ ᠥᠷᠲᠡᠭᠡ ᠪᠣᠯᠭᠠᠵᠤ᠂ ᠡᠯ᠎ᠡ ᠥᠷᠲᠡᠭᠡ ᠶᠢᠨ ᠲᠤᠰᠬᠠᠶ ᠮᠡᠷᠭᠡᠵᠢᠯ ᠤᠨ ᠠᠵᠢᠯᠲᠠᠨ ᠴᠠᠭ ᠢᠮᠠᠭᠲᠠ ᠵᠠᠷᠯᠢᠭ ᠬᠦᠯᠢᠶᠡᠨ ᠵᠢᠯᠣᠭᠤᠳᠬᠤ ᠲᠥᠪ ᠤᠨ ᠵᠢᠯᠣᠭᠤᠳᠴᠦ ᠠᠪᠤᠷᠠᠨ ᠲᠤᠰᠠᠯᠠᠬᠤ ᠶᠢ ᠳᠠᠭᠠᠨ᠎ᠠ᠃  ᠭᠤᠣᠯ ᠭᠠᠵᠠᠷ ᠨᠢ ᠲᠦᠭᠰᠢᠭᠦᠷᠢ ᠮᠡᠳᠡᠭᠦᠯᠦᠭᠰᠡᠨ ᠳ᠋ᠢᠶᠠᠩᠬᠤᠸᠠ ᠶᠢ ᠲᠤᠰᠤᠭᠰᠠᠨ ᠳᠠᠷᠠᠭ᠎ᠠ᠂ ᠲᠡᠷᠡ ᠳᠠᠷᠤᠶ ᠳᠤᠨᠢ ᠠᠪᠤᠷᠠᠨ ᠲᠤᠰᠠᠯᠠᠬᠤ ᠶᠢᠨ ᠵᠢᠯᠣᠭᠤᠳᠬᠤ ᠰᠢᠰᠲ᠋ᠧᠮ ᠢ ᠬᠦᠳᠡᠯᠭᠡᠵᠦ᠂ ᠳᠡᠰ ᠳᠠᠪᠬᠤᠷᠭ᠎ᠠ ᠬᠤᠪᠢᠶᠠᠨ ᠭᠡᠷ᠎ᠡ ᠲᠣᠭᠲᠠᠭᠰᠠᠨ ᠠᠷᠠᠴᠢᠯᠠᠨ ᠬᠠᠮᠠᠭᠠᠯᠠᠬᠤ ᠨᠢᠭᠡᠴᠡ᠂  ᠲᠣᠣᠷᠯᠠᠯ ᠤᠨ ᠠᠪᠤᠷᠠᠨ ᠲᠤᠰᠠᠯᠠᠬᠤ ᠥᠷᠲᠡᠭᠡ ᠪᠠ ᠵᠢᠵᠢᠭᠦᠷᠯᠡᠵᠦ ᠪᠠᠶᠢᠭ᠎ᠠ ᠢᠨᠵᠧᠨᠧᠷ ᠲᠤᠬᠠᠶ ᠶᠢᠨ ᠲᠠᠯᠠᠪᠠᠢ ᠳᠤ ᠬᠦᠷᠦᠯᠴᠡᠨ ᠠᠪᠤᠷᠠᠨ ᠲᠤᠰᠠᠯᠠᠬᠤ ᠶᠢ ᠵᠢᠯᠣᠭᠤᠳᠤᠨ ᠲᠣᠬᠢᠷᠠᠭᠤᠯᠵᠤ᠂ ᠬᠤᠷᠢᠭᠳᠠᠭᠰᠠᠨ ᠬᠥᠮᠦᠰ ᠢ ᠬᠠᠮᠤᠭ ᠤᠨ ᠣᠬᠤᠷ ᠬᠤᠭᠤᠴᠠᠭᠠᠨ ᠳᠤ ᠠᠪᠤᠷᠠᠵᠤ ᠭᠠᠷᠭᠠᠬᠤ ᠶᠢ ᠪᠠᠲᠤᠯᠠᠨ᠎ᠠ᠃ ᠲᠠᠪᠴᠠᠩ ᠳᠤ ᠪᠠᠰᠠ ᠬᠤᠲᠠ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮ ᠢ ᠣᠷᠣᠭᠤᠯᠵᠤ᠂ 110 ᠵᠢᠴᠢ 119᠎ ᠲᠠᠢ ᠬᠠᠮᠲᠤᠷᠠᠨ ᠬᠦᠳᠡᠯᠦᠯᠴᠡᠬᠦ ᠶᠢ ᠪᠡᠶᠡᠯᠡᠭᠦᠯᠪᠡ᠃      ᠴᠠᠬᠢᠯᠭᠠᠨ ᠱᠠᠲᠤ ᠨᠢᠭᠡᠪᠦᠷᠢ ᠳᠤ ᠨᠠᠭᠠᠭᠰᠠᠨ ᠲᠤᠰᠬᠠᠶ ᠠᠪᠤᠷᠠᠨ ᠲᠤᠰᠠᠯᠠᠬᠤ ᠲᠡᠮᠳᠡᠭ ᠨᠢ ᠭᠤᠣᠯᠳᠠᠭᠤ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠱᠠᠲᠤ ᠶᠢᠨ ᠳ᠋ᠢᠶᠠᠩᠬᠤᠸᠠ ᠶᠢᠨ ᠰᠠᠨᠠᠭᠤᠯᠤᠮᠵᠢ ᠪᠣᠯᠣᠨ ᠴᠠᠬᠢᠯᠭᠠᠨ ᠱᠠᠲᠤ ᠶᠢᠨ ᠳ᠋ᠤᠭᠠᠷ ᠢ ᠪᠠᠭᠲᠠᠭᠠᠨ᠂ ᠴᠠᠬᠢᠯᠭᠠᠨ ᠱᠠᠲᠤ ᠨᠢᠭᠡᠪᠦᠷᠢ ᠶᠢᠨ ᠲᠣᠲᠤᠷᠠᠬᠢ ᠢᠯᠡ ᠭᠠᠵᠠᠷ ᠨᠠᠭᠠᠵᠤ᠂  ᠴᠠᠬᠢᠯᠭᠠᠨ ᠱᠠᠲᠤ ᠳᠤ ᠭᠠᠷᠤᠭᠰᠠᠨ ᠬᠦᠮᠦᠰ ᠤᠨ ᠬᠠᠮᠤᠭ ᠤᠨ ᠳᠥᠭᠦᠮ ᠳᠥᠲᠡ ᠪᠦᠭᠡᠳ ᠲᠦᠷᠭᠡᠨ ᠠᠷᠭ᠎ᠠ  ᠮᠠᠶ᠋ᠢᠭ ᠢᠶᠠᠷ ᠠᠪᠤᠷᠠᠯ ᠡᠷᠢᠬᠦ ᠳᠣᠬᠢᠶ᠎ᠠ ᠭᠠᠷᠭᠠᠬᠤ ᠳᠤ ᠳᠦᠬᠦᠮ ᠦᠵᠡᠭᠦᠯᠪᠡ᠃ ᠴᠠᠬᠢᠯᠭᠠᠨ ᠱᠠᠲᠤ ᠳᠤ ᠭᠠᠷᠤᠭᠰᠠᠳ ᠴᠠᠬᠢᠯᠭᠠᠨ ᠱᠠᠲᠤᠨ ᠳᠤ ᠬᠤᠷᠢᠭᠳᠠᠭᠰᠠᠨ ᠤ ᠳᠠᠷᠠᠭ᠎ᠠ᠂ ᠲᠤᠰᠬᠠᠶ ᠱᠤᠭᠤᠮ ᠤᠨ ᠳ᠋ᠢᠶᠠᠩᠬᠤᠸᠠ ᠶᠢ ᠤᠲᠠᠰᠤᠳᠠᠪᠠᠯ᠂ ᠴᠠᠬᠢᠯᠭᠠᠨ ᠱᠠᠲᠤ ᠶᠢᠨ ᠳ᠋ᠤᠭᠠᠷ ᠢ ᠮᠡᠳᠡᠭᠦᠯᠦᠭᠰᠡᠨ ᠤ ᠳᠠᠷᠠᠭ᠎ᠠ᠂ ᠳᠠᠷᠤᠶ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠮᠡᠳᠡᠭᠡ ᠵᠠᠩᠭᠢ ᠶᠢᠨ ᠰᠢᠰᠲ᠋ᠧᠮ ᠲᠤᠲᠤᠷ᠎ᠠ ᠠᠴᠠ ᠴᠠᠬᠢᠯᠭᠠᠨ ᠱᠠᠲᠤ ᠬᠡᠷᠡᠭᠯᠡᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠤ ᠨᠢᠭᠡᠴᠡ᠂ ᠨᠠᠷᠢᠨ ᠲᠤᠲᠤᠷᠬᠠᠢ ᠣᠷᠣᠨ ᠪᠠᠶᠢᠷᠢ᠂  ᠬᠠᠷᠢᠶ᠎ᠠ ᠠᠷᠠᠴᠢᠯᠠᠨ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠶᠢ ᠲᠦᠷᠭᠡᠨ ᠡᠷᠢᠵᠤ ᠣᠯᠣᠨ᠂ ᠵᠢᠯᠣᠭᠤᠳᠬᠤ ᠰᠢᠰᠲ᠋ᠧᠮ ᠨᠢ ᠠᠷᠠᠴᠢᠯᠠᠨ ᠬᠠᠮᠠᠭᠠᠯᠠᠬᠤ ᠨᠢᠭᠡᠴᠡ ᠳᠤ  ᠴᠠᠭ ᠲᠣᠬᠠᠢ ᠳᠤᠨᠢ ᠮᠡᠳᠡᠭᠳᠡᠵᠦ ᠨᠢᠭᠡᠳᠦᠭᠡᠷ ᠴᠠᠭ ᠲᠤ ᠲᠤᠬᠠᠶ ᠶᠢᠨ ᠭᠠᠵᠠᠷ ᠲᠤ ᠬᠦᠷᠴᠦ ᠠᠪᠤᠷᠠᠨ ᠲᠤᠰᠠᠯᠠᠬᠤ ᠪᠣᠯᠣᠨ᠎ᠠ᠃  ᠴᠠᠬᠢᠯᠭᠠᠨ ᠱᠠᠲᠤᠨ ᠳᠤ ᠰᠠᠭᠤᠭᠴᠢᠳ ᠲᠤ ᠢᠯᠡᠭᠦᠦ ᠨᠢᠭᠡ ᠠᠮᠤᠷ ᠲᠦᠪᠰᠢᠨ ᠢ ᠪᠠᠲᠤᠯᠠᠬᠤ ᠱᠤᠭᠤᠮ ᠲᠠᠢ ᠪᠣᠯᠭᠠᠭᠰᠠᠨ ᠢᠶᠠᠷ ᠪᠠᠷᠠᠬᠤ ᠦᠭᠡᠢ᠂ ᠪᠠᠰᠠ ᠥᠩᠭᠡᠷᠡᠭᠰᠡᠨ ᠤ ᠡᠯ᠎ᠡ ᠠᠷᠠᠴᠢᠯᠠᠨ ᠬᠠᠮᠠᠭᠠᠯᠠᠬᠤ ᠨᠢᠭᠡᠴᠡ ᠶᠢᠨ ᠲᠤᠰ ᠲᠤᠰ ᠢᠶᠠᠷ ᠢᠶᠠᠨ ᠠᠵᠢᠯᠯᠠᠵᠤ ᠪᠠᠶᠢᠭᠰᠠᠨ ᠪᠠ ᠮᠡᠳᠡᠭᠡ ᠵᠠᠩᠭᠢ ᠶᠢᠨ ᠲᠡᠭᠰᠢ ᠬᠡᠮ ᠦᠭᠡᠶ ᠪᠠᠶᠢᠭᠰᠠᠨ ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠵᠤ  ᠠᠪᠤᠷᠠᠬᠤ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ ᠬᠥᠲᠥᠯᠥᠭᠴᠢ᠄      ᠪᠦᠷᠢᠳᠬᠡᠯ ᠢ ᠦᠨᠳᠦᠰᠦᠯᠡᠪᠡᠯ᠂ ᠬᠥᠬᠡᠬᠤᠲᠠ ᠶᠢᠨ ᠴᠠᠬᠢᠯᠭᠠᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠠᠪᠴᠠᠩ ᠢ 2015 ᠣᠨ ᠤ 4 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠯᠡᠭᠰᠡᠨ ᠠᠴᠠ ᠨᠠᠰᠢ᠂ 6 ᠳ᠋ᠤᠭᠠᠷ ᠰᠠᠷ᠎ᠠ ᠶᠢᠨ 2᠎ ᠤᠨ ᠡᠳᠦᠷ ᠪᠣᠯᠲᠠᠯ᠎ᠠ ᠨᠡᠶᠢᠲᠡ ᠲᠦᠭᠰᠢᠭᠦᠷᠢ ᠶᠢᠨ  ᠮᠡᠳᠡᠭᠦᠯᠦᠭᠰᠡᠨ ᠢ 497 ᠤᠳᠠᠭ᠎ᠠ ᠬᠦᠯᠢᠶᠡᠨ ᠠᠪᠴᠤ᠂ 409 ᠬᠤᠷᠢᠭᠳᠠᠭᠰᠠᠨ ᠬᠥᠮᠦᠨ ᠢ ᠠᠪᠤᠷᠠᠨ᠂ 85 ᠤᠳᠠᠭ᠎ᠠ ᠯᠠᠪᠯᠠᠯᠭ᠎ᠠ ᠥᠭᠴᠦ᠂ 79 ᠤᠳᠠᠭ᠎ᠠ ᠵᠠᠭᠠᠯᠳᠤᠯᠭ᠎ᠠ ᠣᠯᠪᠠ᠃ ᠹᠧᠩ ᠳᠠᠷᠤᠭ᠎ᠠ ᠡ᠂  ᠪᠦᠷᠢᠳᠬᠡᠭᠰᠡᠨ ᠲᠤᠭ᠎ᠠ ᠪᠠᠷᠢᠮᠲᠠ ᠠᠴᠠ ᠠᠪᠴᠤ ᠦᠵᠡᠪᠡᠯ ᠲᠠᠪᠴᠠᠩ ᠤᠨ ᠲᠥᠪ ᠬᠠᠰᠢᠯᠠ ᠬᠢᠷᠢ ᠲᠡᠩᠴᠡᠵᠡᠢ᠃ ᠲᠡᠭᠡᠪᠡᠯ᠂ ᠹᠸᠡᠭ ᠳᠠᠷᠤᠭ᠎ᠠ ᠲᠠ  ᠴᠠᠬᠢᠯᠭᠠᠨ ᠱᠠᠲᠤᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠪ ᠡᠮᠦᠨ᠎ᠡ ᠬᠤᠶᠢᠨ᠎ᠠ ᠶᠠᠮᠠᠷ ᠬᠤᠪᠢᠷᠠᠯᠲᠠ ᠲᠠᠢ ᠪᠠᠶᠢᠬᠤ ᠶᠢ ᠲᠠᠨᠢᠯᠴᠠᠭᠤᠯᠤᠭᠠᠳ ᠦᠭᠭᠦᠨ᠎ᠡ ᠤᠤ︖ ᠹᠧᠩ ᠶᠧ᠄    ᠠᠪᠤᠷᠠᠨ ᠲᠤᠰᠠᠯᠠᠬᠤ ᠴᠠᠭ ᠤᠨ ᠲᠠᠯ᠎ᠠ ᠪᠠᠷ ᠠᠪᠴᠤ ᠬᠡᠯᠡᠪᠡᠯ᠂ 96116 ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠪ ᠎ ᠢ ᠡᠬᠢᠯᠡᠵᠦ ᠬᠡᠷᠡᠭᠯᠡᠬᠦ ᠠᠴᠠ ᠡᠮᠦᠨ᠎ᠡ᠂ ᠴᠠᠬᠢᠯᠭᠠᠨ ᠱᠠᠲᠤ ᠶᠢᠨ ᠠᠷᠠᠴᠢᠯᠠᠨ ᠬᠠᠮᠠᠭᠠᠯᠠᠬᠤ ᠨᠢᠭᠡᠴᠡ ᠶᠢᠨ ᠬᠤᠷᠢᠭᠳᠠᠭᠰᠠᠨ ᠬᠥᠮᠥᠨ ᠢ ᠠᠪᠤᠷᠠᠨ ᠲᠤᠰᠠᠯᠠᠬᠤ ᠦᠷ᠎ᠡ ᠪᠦᠲᠦᠮᠵᠢ ᠶᠢᠨ ᠪᠠᠶᠢᠳᠠᠯ ᠢ ᠭᠤᠣᠯᠳᠠᠭᠤ ᠶᠠᠰᠤ ᠴᠢᠨᠠᠷ ᠲᠤ ᠮᠡᠷᠭᠡᠵᠢᠯ ᠢᠶᠠᠷ ᠬᠢᠨᠠᠯᠲᠠ ᠲᠠᠯᠪᠢᠬᠤ ᠰᠠᠯᠠᠭ᠎ᠠ ᠮᠥᠴᠢᠷ ᠢᠶᠠᠷ ᠲᠤᠬᠠᠶ ᠶᠢᠨ ᠲᠠᠯᠠᠪᠠᠢ ᠳᠤ ᠳᠠᠭᠤᠷᠢᠶᠠᠮᠠᠯ ᠠᠪᠤᠷᠠᠯ  ᠡᠷᠢᠬᠦ ᠠᠵᠢᠯᠯᠠᠭ᠎ᠠ ᠬᠢᠯᠭᠡᠬᠦ ᠠᠷᠭ᠎ᠠ ᠮᠠᠶ᠋ᠢᠭ ᠢᠶᠠᠷ  ᠰᠤᠭᠤᠴᠠᠨ ᠪᠠᠶᠢᠴᠠᠭᠠᠯᠭᠠᠳ ᠣᠶᠢᠯᠠᠭᠠᠵᠤ ᠪᠣᠯᠣᠨ᠎ᠠ᠃  ᠲᠠᠪᠴᠠᠩ ᠨᠡᠪᠲᠡᠷᠡᠭᠦᠯᠬᠦ ᠠᠴᠠ ᠡᠮᠦᠨ᠎ᠡ ᠬᠤᠶᠠᠷ ᠬᠤᠪᠢ ᠣᠷᠴᠢᠮ ᠤᠨ ᠠᠷᠠᠴᠢᠯᠠᠨ ᠬᠠᠮᠠᠭᠠᠯᠠᠬᠤ ᠨᠢᠭᠡᠴᠡ ᠶᠢᠨ ᠲᠤᠬᠠᠶ ᠶᠢᠨ ᠲᠠᠯᠠᠪᠠᠢ ᠳᠤ ᠢᠷᠡᠭᠰᠡᠨ ᠴᠠᠭ ᠨᠢ 35 ᠮᠢᠨᠦ᠋ᠲ ᠢ ᠳᠠᠪᠠᠵᠤ᠂ ᠲᠠᠪᠴᠠᠩ ᠢ  ᠨᠡᠪᠲᠡᠷᠡᠭᠦᠯᠦᠭᠰᠡᠨ ᠤ ᠳᠠᠷᠠᠭ᠎ᠠ ᠳᠤᠮᠳᠠᠴᠢ ᠪᠠᠷ 15ᠮᠢᠨᠦ᠋ᠲ ᠬᠦᠷᠬᠦ ᠦᠭᠡᠶ ᠪᠣᠯᠵᠤ᠂ ᠤᠯᠤᠰ ᠤᠨ ᠲᠣᠭᠲᠠᠭᠠᠭᠰᠠᠨ 30 ᠮᠢᠨᠦ᠋ᠲ ᠠᠴᠠ ᠬᠤᠯᠠ ᠳᠣᠣᠷ᠎ᠠ ᠪᠣᠯᠵᠠᠢ᠃      ᠠᠪᠤᠷᠠᠨ ᠲᠤᠰᠠᠯᠠᠬᠤ ᠠᠶᠤᠯ ᠦᠭᠡᠢ ᠴᠢᠨᠠᠷ ᠠᠴᠠ ᠠᠪᠴᠤ ᠬᠡᠯᠡᠪᠡᠯ᠂ ᠥᠩᠭᠡᠷᠡᠭᠰᠡᠨ ᠳᠤ ᠴᠠᠬᠢᠯᠭᠠᠨ ᠱᠠᠲᠤᠨ ᠳᠤ ᠬᠥᠮᠥᠨ ᠬᠤᠷᠢᠭᠳᠠᠪᠠᠯ᠂ ᠮᠠᠰᠢ ᠣᠯᠠᠨ ᠬᠥᠮᠦᠨ ᠵᠥᠪᠬᠡᠨ 110᠎ ᠶᠢ ᠤᠲᠠᠰᠤᠳᠠᠬᠤ ᠶᠢ ᠮᠡᠳᠡᠳᠡᠭ᠃  ᠡᠶᠢᠮᠦᠷᠬᠦ ᠪᠠᠶᠢᠳᠠᠯ ᠤᠨ ᠳᠣᠣᠷ᠎ᠠ᠂ 110 ᠪᠣᠯ ᠶᠡᠷᠦ ᠳᠡᠭᠡᠨ ᠭᠠᠯ ᠤᠨᠲᠠᠷᠠᠭᠠᠬᠤ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠠᠪᠤᠷᠠᠨ ᠲᠤᠰᠠᠯᠠᠭᠤᠯᠳᠠᠭ᠃ ᠭᠠᠯ ᠤᠨᠲᠠᠷᠠᠭᠠᠬᠤ ᠠᠩᠭᠢ ᠶᠢᠨ ᠭᠡᠰᠢᠭᠦᠳ ᠬᠠᠷᠢᠨ ᠬᠦᠷᠦᠭᠰᠡᠨ ᠤ ᠳᠠᠷᠠᠭ᠎ᠠ᠂ ᠣᠯᠠᠩᠬᠢ ᠳᠠᠭᠠᠨ ᠰᠢᠩᠭᠡᠨ ᠳᠠᠷᠣᠴᠠᠳᠣ ᠵᠠᠭᠤᠳᠠᠭ ᠵᠡᠷᠭᠡ ᠪᠠᠭᠠᠵᠢ ᠶᠢ ᠬᠡᠷᠡᠭᠯᠡᠨ ᠴᠠᠬᠢᠯᠭᠠᠨ ᠱᠠᠲᠤ ᠶᠢᠨ ᠡᠭᠦᠳᠡ ᠶᠢ ᠠᠯᠪᠠ ᠪᠠᠷ ᠨᠡᠭᠡᠭᠡᠳᠡᠭ᠃ ᠭᠡᠲᠡᠯ᠎ᠡ ᠨᠡᠭᠡᠭᠡᠭᠰᠡᠨ ᠤ ᠳᠠᠷᠠᠭ᠎ᠠ᠂ ᠠᠰᠠᠷ ᠬᠢᠭᠡᠳ ᠴᠠᠬᠢᠯᠭᠠᠨ ᠱᠠᠲᠤ ᠶᠢᠨ ᠲᠠᠰᠤᠯᠭ᠎ᠠ ᠶᠢᠨ ᠬᠤᠭᠤᠷᠣᠨᠳᠣ ᠪᠠᠰᠠ ᠵᠠᠶ ᠲᠠᠢ ᠪᠠᠶᠢᠵᠤ᠂ ᠬᠥᠮᠦᠨ ᠢ ᠴᠠᠬᠢᠯᠭᠠᠨ ᠱᠠᠲᠤ ᠶᠢᠨ ᠲᠠᠰᠤᠯᠭ᠎ᠠ ᠳᠣᠲᠣᠷ᠎ᠠ ᠠᠴᠠ ᠭᠠᠷᠭᠠᠬᠤ  ᠦᠶ᠎ᠡ ᠲᠤᠰᠬᠠᠶ ᠠᠷᠭ᠎ᠠ ᠬᠡᠮᠵᠢᠶ᠎ᠡ ᠦᠭᠡᠶ ᠪᠣᠯ ᠴᠠᠬᠢᠯᠭᠠᠨ ᠱᠠᠲᠤ ᠶᠢ ᠪᠠᠬᠢᠯᠢᠭ᠌ ᠡᠵᠡᠮᠳᠡᠬᠦ ᠳᠤ ᠲᠤᠩ ᠬᠦᠴᠢᠷ ᠪᠠᠶᠢᠵᠤ᠂ ᠴᠠᠬᠢᠯᠭᠠᠨ ᠱᠠᠲᠤ ᠪᠠᠰᠠ ᠬᠦᠳᠡᠯᠵᠦ ᠮᠡᠳᠡᠨ᠎ᠡ᠂ ᠴᠢᠨᠠᠭᠰᠢᠯᠠᠪᠠᠯ ︿ᠵᠦᠷᠢᠭᠳᠡᠯ﹀ ᠵᠡᠷᠭᠡ ᠬᠦᠨᠳᠦ ᠨᠣᠴᠢᠲᠠᠶ ᠬᠡᠮᠳᠦᠭᠡᠬᠦ ᠡ᠊ᠨᠳᠡᠯ ᠭᠠᠷᠴᠤ  ᠮᠡᠳᠡᠨ᠎ᠡ᠃ 96116᠎ ᠶᠢ ᠨᠡᠪᠲᠡᠷᠡᠭᠦᠯᠦᠭᠰᠡᠨ ᠤ ᠳᠠᠷᠠᠭ᠎ᠠ᠂ ᠴᠠᠬᠢᠯᠭᠠᠨ ᠱᠠᠲᠤ ᠶᠢᠨ ᠠᠪᠤᠷᠠᠨ ᠲᠤᠰᠠᠯᠠᠬᠤ ᠠᠵᠢᠯ ᠨᠡᠩ ᠲᠤᠰᠬᠠᠶᠢᠵᠢᠪᠠ᠃  ᠴᠠᠬᠢᠯᠭᠠᠨ ᠱᠠᠲᠤᠨ ᠳᠤ ᠰᠠᠭᠤᠭᠴᠢᠳ ᠬᠡᠷᠪᠡ ᠴᠠᠬᠢᠯᠭᠠᠨ ᠱᠠᠲᠤᠨ ᠳᠤ  ᠬᠤᠷᠢᠭᠳᠠᠪᠠᠯ᠂ ᠭᠠᠷ ᠤᠲᠠᠰᠤ ᠂ ᠴᠠᠬᠢᠯᠭᠠᠨ ᠱᠠᠲᠤ ᠶᠢᠨ ᠳᠣᠲᠣᠷᠠᠬᠢ ᠰᠡᠷᠡᠮᠵᠢ ᠶᠢᠨ ᠬᠤᠩᠬᠤ᠂ ᠡᠰᠡᠬᠦᠯ᠎ᠡ ᠭᠤᠷᠪᠠᠳᠡᠬᠢ ᠡᠲᠡᠭᠡᠳ ᠤᠨ ᠶᠠᠷᠢᠯᠴᠠᠬᠤ ᠲᠣᠨᠣᠭᠯᠠᠯ ᠢᠶᠠᠷ ᠪᠢᠳᠡᠨ ᠲᠠᠢ ᠨᠡᠪᠲᠡᠷᠡᠪᠡᠯ᠂ ᠪᠢᠳᠡ ᠲᠤᠰᠬᠠᠶ ᠮᠡᠷᠭᠡᠵᠢᠯ ᠤᠨ ᠠᠵᠢᠯᠲᠠᠨ ᠲᠣᠬᠢᠷᠠᠭᠤᠯᠤᠨ ᠴᠠᠭ ᠲᠤᠬᠠᠶ ᠳᠤᠨᠢ ᠬᠦᠷᠦᠭᠦᠯᠵᠦ᠂ ᠲᠤᠰᠬᠠᠶ ᠮᠡᠷᠭᠡᠵᠢᠯ ᠤᠨ ᠦᠨᠡᠮᠯᠡᠯ ᠲᠠᠢ ᠠᠷᠠᠴᠢᠯᠠᠨ ᠬᠠᠮᠠᠭᠠᠯᠠᠭᠴᠢ ᠮᠡᠷᠭᠡᠵᠢᠯ ᠤᠨ ᠠᠷᠭ᠎ᠠ ᠬᠡᠮᠵᠢᠶ᠎ᠡ  ᠶᠤᠰᠤᠭᠠᠷ ᠮᠠᠰᠢ ᠲᠦᠷᠬᠡᠨ ᠠᠪᠤᠷᠠᠨ ᠲᠤᠰᠠᠯᠠᠬᠤ ᠪᠣᠯᠣᠨ᠎ᠠ᠂ ᠴᠠᠬᠢᠯᠭᠠᠨ ᠱᠠᠲᠤᠨ ᠳᠤ ᠰᠠᠭᠤᠭᠴᠢᠳ ᠠᠪᠤᠷᠠᠨ ᠲᠤᠰᠠᠯᠠᠬᠤ ᠶᠠᠪᠤᠳᠠᠯ ᠳᠤ ᠬᠠᠮᠵᠢᠳᠠᠭ ᠯᠡ ᠶᠤᠮ ᠪᠣᠯ ᠠᠶᠤᠯ ᠦᠭᠡᠢ ᠶᠢᠨ ᠴᠢᠨᠠᠷ ᠢ ᠪᠠᠲᠤᠯᠠᠵᠤ ᠴᠢᠳᠠᠨ᠎ᠠ᠃      ᠣᠨᠣᠪᠴᠢᠲᠠᠶ ᠣᠷᠣᠨ ᠪᠠᠶᠢᠷᠢ ᠶᠢᠨ ᠲᠣᠭᠲᠠᠭᠠᠯᠲᠠ ᠠᠴᠠ ᠠᠪᠴᠤ ᠬᠡᠯᠡᠪᠡᠯ᠂ ᠲᠠᠪᠴᠠᠩ ᠢ ᠨᠡᠪᠲᠡᠷᠡᠭᠦᠯᠬᠦ ᠠᠴᠠ ᠡᠮᠦᠨ᠎ᠡ ᠬᠤᠷᠢᠭᠳᠠᠭᠰᠠᠨ ᠬᠥᠮᠦᠰ ᠠᠪᠤᠷᠠᠨ ᠲᠤᠰᠠᠯᠠᠬᠤ ᠰᠢᠭᠤᠳ ᠨᠡᠪᠲᠡᠷᠡᠬᠦ ᠳ᠋ᠢᠶᠠᠩᠬᠤᠸᠠ ᠶᠢ ᠤᠲᠠᠰᠤᠳᠠᠵᠤ ᠲᠤᠰᠠᠯᠠᠮᠵᠢ ᠭᠤᠶᠤᠴᠢᠯᠠᠬᠤ ᠳᠤ᠂ ᠮᠠᠰᠢ ᠣᠯᠠᠨ ᠬᠥᠮᠦᠨ ᠳᠤ ᠴᠥᠮ ᠨᠢᠭᠡᠨ ᠮᠠᠳᠠᠭ ᠲᠠᠢ ᠶᠠᠪᠤᠳᠠᠯ ᠲᠤᠯᠭᠠᠷᠠᠭᠰᠠᠨ ᠪᠠᠶᠢᠳᠠᠭ᠂ ᠲᠡᠷᠡ ᠨᠢ ᠳᠠᠷᠤᠶ ᠬᠠᠶ᠋ᠢᠭ ᠢᠶᠠᠨ ᠳᠦᠷᠰᠦᠯᠡᠬᠦ ᠳᠤ ᠶᠡᠭᠡ ᠲᠥᠪᠡᠭ ᠲᠠᠢ ᠪᠥᠭᠡᠳ ᠪᠠᠰᠠ ᠠᠮᠠᠨ ᠠᠶᠠᠯᠭᠤ᠂ ᠣᠷᠣᠨ ᠪᠠᠶᠢᠷᠢ ᠪᠠᠨ ᠲᠦᠷᠰᠦᠯᠡᠭᠰᠡᠨ ᠨᠢ ᠵᠣᠬᠢᠰ ᠦᠭᠡᠶ᠂ ᠣᠶᠣᠨ ᠰᠠᠨᠠᠭᠠᠨ ᠳᠡᠭᠡᠷ᠎ᠡ ᠪᠠᠨ ᠪᠠᠴᠢᠮᠳᠠᠵᠤ ᠰᠠᠨᠳᠤᠷᠤᠭᠰᠠᠨ ᠵᠡᠷᠭᠡ ᠠᠰᠠᠭᠤᠳᠠᠯ ᠠᠴᠠ ᠪᠣᠯᠵᠤ᠂ ᠵᠠᠷᠢᠮ ᠦᠶ᠎ᠡ ᠳᠤ ᠪᠣᠷᠤᠭᠤ ᠣᠶᠢᠯᠠᠭᠠᠭᠤᠯᠬᠤ᠂ ᠴᠢᠨᠠᠭᠰᠢᠯᠠᠪᠠᠯ ᠠᠪᠤᠷᠠᠨ ᠲᠤᠰᠠᠯᠠᠬᠤ ᠬᠥᠮᠦᠰ ᠢ ᠪᠣᠷᠤᠭᠤ ᠪᠠᠷ ᠵᠢᠯᠤᠭᠤᠳᠴᠤ᠂ ᠬᠥᠮᠦᠨ ᠤ ᠬᠦᠴᠦᠨ ᠢ ᠪᠦᠷᠢᠯᠭᠡᠬᠦ ᠪᠠᠷ ᠪᠠᠷᠠᠬᠤ ᠦᠭᠡᠶ᠂ ᠪᠠᠰᠠ ᠴᠠᠭ ᠰᠠᠭᠠᠲᠠᠭᠠᠳᠠᠭ᠃ 96116 ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠪ ᠶᠢ ᠡᠬᠢᠯᠡᠭᠦᠯᠵᠦ ᠬᠡᠷᠡᠭᠯᠡᠭᠰᠡᠨ ᠤ ᠳᠠᠷᠠᠭ᠎ᠠ᠂ ᠬᠤᠲᠠ ᠶᠢᠨ ᠠᠷᠠᠳ ᠴᠠᠬᠢᠯᠭᠠᠨ ᠱᠠᠲᠤ ᠳᠤ ᠬᠤᠷᠢᠭᠳᠠᠬᠤ ᠵᠡᠷᠭᠡ ᠠᠰᠠᠭᠤᠳᠠᠯ ᠲᠤᠯᠭᠠᠷᠠᠪᠠᠯ᠂ ᠴᠠᠬᠢᠯᠭᠠᠨ ᠱᠠᠲᠤ ᠶᠢᠨ ᠳᠣᠲᠣᠷ᠎ᠠ ᠨᠠᠭᠠᠵᠤ ᠪᠠᠶᠢᠭ᠎ᠠ 96116 ᠭᠡᠰᠡᠨ ᠲᠡᠮᠳᠡᠭ ᠤᠨ ᠳᠣᠣᠷᠠᠲᠤ ᠲᠠᠯ᠎ᠠ ᠶᠢᠨ ᠴᠠᠬᠢᠯᠭᠠᠨ ᠱᠠᠲᠤ ᠶᠢᠨ ᠳ᠋ᠤᠭᠠᠷ ᠢ ᠮᠡᠳᠡᠭᠦᠯᠪᠡᠯ᠂ ᠠᠵᠢᠯᠲᠠᠨ ᠨᠥᠭᠦᠭᠡ ᠲᠠᠯ᠎ᠠ ᠶᠢᠨ ᠣᠨᠣᠪᠴᠢᠲᠠᠶ ᠣᠷᠣᠨ ᠪᠠᠶᠢᠷᠢ ᠶᠢ ᠳᠠᠷᠤᠶ ᠲᠦᠷᠭᠡᠨ ᠲᠣᠭᠲᠠᠭᠠᠵᠤ᠂ ᠠᠰᠠᠷ ᠤᠨ ᠮᠥᠷ ᠪᠣᠯᠣᠨ ᠣᠷᠣᠴᠠ ᠶᠢ ᠨᠠᠷᠢᠨ ᠣᠨᠣᠪᠴᠢᠲᠠᠶ ᠣᠯᠵᠤ ᠪᠣᠯᠤᠨ᠎ᠠ᠃ ᠴᠠᠬᠢᠯᠭᠠᠨ ᠱᠠᠲᠤ ᠶᠢᠨ ᠳ᠋ᠤᠭᠠᠷ ᠪᠣᠯ ᠨᠢᠭᠡ ᠬᠡᠯᠬᠢᠶ᠎ᠡ 6 ᠣᠷᠣᠨᠲᠤ ᠲᠤᠭ᠎ᠠ ᠲᠠᠢ ᠲᠡᠮᠳᠡᠭ ᠪᠣᠯᠬᠤ ᠪᠥᠭᠡᠳ ᠴᠠᠬᠢᠯᠭᠠᠨ ᠱᠠᠲᠤ ᠶᠢᠨ ᠭᠠᠵᠠᠷ ᠵᠦᠶ ᠶᠢᠨ ᠪᠠᠶᠢᠷᠢᠯᠠᠯ᠂ ᠰᠡᠯᠪᠢᠨ ᠵᠠᠰᠠᠵᠤ ᠠᠷᠠᠴᠢᠯᠠᠬᠤ ᠨᠢᠭᠡᠴᠡ ᠵᠡᠷᠭᠡ ᠮᠡᠳᠡᠭᠡ ᠵᠠᠩᠭᠢ ᠨᠢ ᠴᠥᠮ ᠡᠭᠦᠨ ᠳᠤ ᠪᠠᠭᠲᠠᠵᠤ᠂ ᠭᠠᠵᠠᠷ ᠵᠦᠶ ᠶᠢᠨ ᠣᠷᠣᠨ ᠪᠠᠶᠢᠷᠢ ᠶᠢᠨ ᠵᠦᠷᠢᠶ᠎ᠡ ᠨᠢ 5 ᠮᠧᠲᠷ ᠢ ᠳᠠᠪᠠᠭ᠋ᠤ ᠦᠭᠡᠢ ᠶᠤᠮ᠃ ᠬᠥᠲᠥᠯᠥᠭᠴᠢ᠄        ᠹᠧᠩ ᠳᠠᠷᠤᠭ᠎ᠠ ᠡ᠂ ᠴᠠᠬᠢᠯᠭᠠᠨ ᠱᠠᠲᠤ ᠬᠡᠷᠡᠭᠯᠡᠭᠡᠨ ᠤ ᠠᠮᠢ ᠨᠠᠰᠤ ᠲᠠᠢ ᠤᠤ︖ ᠶᠡᠷᠦ ᠳᠡᠭᠡᠨ ᠬᠡᠳᠦᠶ ᠤᠷᠳᠤ ᠬᠤᠭᠤᠴᠠᠭ᠎ᠠ ᠬᠡᠷᠡᠭᠯᠡᠬᠦ ᠪᠤᠶ︖ ᠹᠧᠩ ᠶᠧ᠄        ᠴᠠᠬᠢᠯᠭᠠᠨ ᠱᠠᠲᠤ ᠶᠢᠨ ᠠᠮᠢ ᠨᠠᠰᠤ ᠶᠢᠨ ᠲᠤᠬᠠᠶ ᠮᠠᠨ ᠤ ᠤᠯᠤᠰ ᠤᠨ ᠬᠠᠮᠢᠶ᠎ᠡ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠳᠣᠷᠬᠠᠶ ᠲᠣᠭᠲᠠᠭᠠᠯ ᠭᠠᠷᠭᠠᠭᠠᠳᠤᠢ᠃ ᠭᠡᠪᠡᠴᠦ ᠴᠠᠬᠢᠯᠭᠠᠨ ᠱᠠᠲᠤ ᠶᠢᠨ ᠬᠠᠮᠢᠶ᠎ᠡ ᠪᠦᠬᠦᠢ ᠰᠡᠯᠪᠢᠭ ᠲᠣᠨᠤᠭ ᠤᠨ ᠲᠤᠬᠠᠢ ᠤᠯᠤᠰ ᠠᠴᠠ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠲᠠᠢ ᠪᠠᠶᠢᠳᠠᠭ᠂ ᠬᠡᠷᠪᠡ ᠰᠡᠯᠪᠢᠨ ᠵᠠᠰᠠᠵᠤ ᠠᠷᠠᠴᠢᠯᠠᠭᠠᠳ᠂ ᠰᠡᠯᠪᠢᠭ ᠲᠣᠨᠤᠭ ᠢ ᠴᠠᠭ ᠲᠤᠬᠠᠶ ᠳᠤᠨᠢ ᠰᠣᠯᠢᠬᠤ ᠶᠢᠨ ᠬᠠᠮᠲᠤ ᠰᠢᠯᠭᠠᠨ ᠪᠠᠶᠢᠴᠠᠭᠠᠬᠤ ᠰᠠᠯᠠᠭ᠎ᠠ ᠮᠥᠴᠢᠷ ᠢᠶᠠᠷ ᠪᠠᠶᠢᠴᠠᠭᠠᠯᠭᠠᠭᠠᠳ ᠠᠶᠤᠯ ᠦᠭᠡᠢ ᠶᠢᠨ ᠱᠠᠭᠠᠷᠳᠠᠯᠭ᠎ᠠ ᠳᠤ ᠨᠡᠶᠢᠴᠡᠵᠦ ᠪᠠᠶᠢᠪᠠᠯ ᠦᠷᠭᠦᠯᠵᠢᠯᠡᠨ ᠬᠡᠷᠡᠭᠯᠡᠵᠦ ᠪᠣᠯᠤᠨ᠎ᠠ᠃ ᠭᠠᠳᠠᠭᠠᠳᠤ ᠳᠤ ᠵᠠᠭᠤ ᠭᠠᠷᠤᠶ ᠵᠢᠯ ᠤᠨ ᠴᠠᠬᠢᠯᠭᠠᠨ ᠱᠠᠲᠤ ᠶᠢ ᠪᠠᠰᠠ ᠦᠷᠭᠦᠯᠵᠢᠯᠡᠨ ᠬᠡᠷᠡᠭᠯᠡᠵᠦ ᠪᠠᠶᠢᠨ᠎ᠠ᠂ ᠧᠦ᠋ᠷᠣᠫᠠ ᠶᠢᠨ ᠵᠠᠷᠢᠮ ᠬᠠᠭᠤᠴᠢᠨ ᠪᠠᠷᠢᠯᠭ᠎ᠠ ᠳᠤ ᠬᠡᠷᠡᠰᠬᠡ ᠲᠠᠢ᠂ ᠲᠦᠯᠬᠢᠵᠦ ᠲᠠᠲᠠᠬᠤ ᠬᠡᠯᠪᠡᠷᠢ ᠶᠢᠨ ᠬᠠᠭᠤᠴᠢᠨ ᠮᠠᠶ᠋ᠢᠭ ᠤᠨ ᠴᠠᠬᠢᠯᠭᠠᠨ ᠱᠠᠲᠤ ᠶᠢ ᠪᠠᠰᠠ ᠬᠠᠷᠠᠭᠳᠠᠵᠤ ᠪᠠᠶᠢᠳᠠᠭ᠃ ᠡᠶᠢᠮᠦ ᠠᠴᠠ ᠴᠠᠬᠢᠯᠭᠠᠨ ᠱᠠᠲᠤ ᠨᠢ ᠬᠡᠷᠡᠭᠯᠡᠭᠡᠨ ᠤ ᠠᠮᠢ ᠨᠠᠰᠤ ᠲᠠᠢ ᠭᠡᠬᠦ ᠬᠡᠯᠡᠯᠭᠡ ᠪᠠᠶᠢᠬᠤ ᠦᠭᠡᠢ᠃ ᠬᠥᠲᠥᠯᠥᠭᠴᠢ᠄        ᠹᠧᠩ ᠳᠠᠷᠤᠭ᠎ᠠ ᠡ᠂ ᠨᠢᠭᠡ ᠦᠶ᠎ᠡ ᠴᠠᠬᠢᠯᠭᠠᠨ ᠱᠠᠲᠤ ᠶᠢᠨ ᠠᠮᠤᠷ ᠲᠦᠪᠰᠢᠨ ᠤ ᠲᠤᠬᠠᠶ ᠵᠠᠷᠢᠮ ᠮᠡᠳᠡᠭᠡᠯᠡᠯ ᠬᠠᠷᠠᠭᠳᠠᠭᠠᠳ ᠪᠠᠶᠢᠭᠰᠠᠨ ᠨᠢ ᠮᠠᠰᠢ ᠣᠯᠠᠨ ᠰᠦᠯᠵᠢᠶᠡᠨ ᠠᠨᠳᠠ ᠨᠡᠷ ᠴᠦᠮ ᠡᠨᠡ ᠲᠠᠯ᠎ᠠ ᠪᠠᠷ ᠰᠠᠨᠠᠭ᠎ᠠ ᠵᠣᠪᠠᠵᠤ ᠪᠠᠶᠢᠭᠰᠠᠨ ᠪᠠᠶᠢᠵᠤ ᠮᠡᠳᠡᠨ᠎ᠡ᠂ ᠪᠢᠳᠡᠨ ᠤ ᠡᠳᠦᠷ ᠪᠦᠷᠢ ᠰᠠᠭᠤᠵᠤ ᠪᠠᠶᠢᠭ᠎ᠠ ᠴᠠᠬᠢᠯᠭᠠᠨ ᠱᠠᠲᠤ ᠨᠢ ᠠᠮᠤᠷ ᠲᠦᠪᠰᠢᠨ ᠦᠦ᠂ ᠬᠡᠨᠡᠳᠲᠡ ᠡᠵᠮᠳᠡᠯ ᠢᠶᠠᠨ ᠠᠯᠳᠠᠭᠠᠳ ᠣᠨᠠᠬᠤ ᠪᠣᠯᠣᠯᠴᠠᠭ᠎ᠠ ᠲᠠᠢ ᠦᠦ︖ ᠹᠧᠩ ᠶᠧ᠄        ᠣᠨᠠᠬᠤ ᠪᠣᠯᠤᠯᠴᠠᠭ᠎ᠠ ᠪᠠᠷᠤᠭ ᠪᠠᠶᠢᠬᠤ ᠦᠭᠡᠢ᠃ ᠦᠨᠡᠨ ᠳᠡᠭᠡᠨ ᠣᠯᠠᠨ ᠢᠶᠠᠷ ᠢᠶᠠᠨ ᠰᠠᠨᠠᠭ᠎ᠠ ᠵᠣᠪᠠᠭ᠋ᠤ ᠬᠡᠷᠡᠭ ᠦᠭᠡᠢ᠂ ᠴᠠᠬᠢᠯᠭᠠᠨ ᠱᠠᠲᠤ ᠪᠣᠯ ᠲᠤᠰ ᠪᠡᠶ᠎ᠡ ᠨᠢ ᠮᠠᠰᠢ ᠠᠮᠤᠷ ᠲᠦᠪᠰᠢᠨ ᠦᠢᠯᠡᠳᠬᠦᠨ ᠶᠤᠮ᠂ ᠠᠶᠤᠯ ᠦᠭᠡᠶ ᠶᠢᠨ ᠢᠯᠡᠳᠬᠡᠮᠵᠢ ᠨᠢ ᠮᠠᠰᠢ ᠥᠨᠳᠥᠷ ᠪᠠᠶᠢᠳᠠᠭ᠃ ᠦᠢᠯᠡᠳᠬᠦ ᠳᠤ ᠡᠷᠬᠡᠪᠰᠢ ᠵᠥᠪᠰᠢᠶᠡᠷᠡᠯ ᠤᠨ ᠦᠨᠡᠮᠯᠡᠯ ᠣᠯᠵᠤ᠂ ᠡᠷᠬᠡᠪᠰᠢ ᠬᠠᠮᠢᠶ᠎ᠡ ᠪᠦᠬᠦᠢ ᠪᠠᠷᠢᠮᠵᠢᠶ᠎ᠠ ᠶᠣᠰᠣᠭᠠᠷ ᠦᠢᠯᠡᠳᠴᠦ᠂ ᠡᠷᠬᠡᠪᠰᠢ ᠪᠦᠷᠢᠨ ᠲᠡᠭᠦᠯᠳᠡᠷ ᠬᠠᠮᠠᠭᠠᠯᠠᠯᠲᠠ ᠶᠢᠨ ᠲᠣᠨᠣᠭᠯᠠᠯ ᠲᠠᠢ ᠪᠠᠶᠢᠬᠤ ᠬᠡᠷᠡᠭᠲᠡᠢ ᠪᠠᠶᠢᠳᠠᠭ︔ ᠣᠨᠠᠬᠤ ᠨᠢ ᠬᠤᠷᠳᠤ ᠪᠠᠨ ᠠᠯᠳᠠᠭᠰᠠᠨ ᠢ ᠬᠠᠷᠠᠭᠤᠯᠵᠤ ᠪᠠᠶᠢᠭ᠎ᠠ ᠶᠤᠮ᠂ ᠭᠡᠪᠡᠴᠦ ᠴᠠᠬᠢᠯᠭᠠᠨ ᠱᠠᠲᠤ ᠨᠢ ᠬᠤᠷᠳᠤ ᠶᠢ ᠪᠠᠶᠢᠴᠠᠭᠠᠨ ᠬᠡᠮᠵᠢᠬᠦ ᠲᠣᠨᠣᠭᠯᠠᠯ ᠲᠠᠢ᠂ ᠬᠤᠷᠳᠤ ᠨᠢ ᠬᠡᠪ ᠤᠨ ᠪᠤᠰᠤ ᠪᠣᠯᠣᠭᠰᠠᠨ ᠦᠶ᠎ᠡ ᠳᠤ᠂ ᠴᠠᠬᠢᠯᠭᠠᠨ ᠱᠠᠲᠤ ᠲᠣᠷᠣᠮᠰᠣᠯᠠᠵᠤ᠂ ᠵᠣᠭᠰᠣᠬᠤ ᠪᠣᠯᠣᠨ᠎ᠠ᠃ ᠬᠡᠷᠪᠡ ᠲᠣᠷᠣᠮᠰᠣᠯᠠᠵᠤ ᠳᠡᠶᠢᠯᠬᠦ ᠦᠭᠡᠶ ᠪᠣᠯ ᠴᠠᠬᠢᠯᠭᠠᠨ ᠱᠠᠲᠤ ᠶᠢᠨ ᠬᠤᠷᠳᠤ ᠬᠢᠵᠠᠭᠠᠷᠯᠠᠭᠤᠷ᠂ ᠠᠮᠤᠷ ᠲᠥᠪᠰᠢᠨ ᠤ ᠬᠠᠪᠴᠢᠭᠤᠷ ᠨᠢ ᠴᠠᠬᠢᠯᠭᠠᠨ ᠱᠠᠲᠤ ᠶᠢᠨ ᠲᠠᠰᠤᠯᠭ᠎ᠠ ᠶᠢ ᠵᠠᠯᠠᠭᠤᠷ ᠵᠠᠮ ᠳᠡᠭᠡᠷ᠎ᠡ ᠶᠠᠭ ᠪᠠᠴᠢᠮ ᠲᠣᠷᠣᠮᠰᠣᠯᠠᠬᠤ ᠠᠳᠠᠯᠢ ᠬᠠᠪᠴᠢᠵᠤ ᠠᠪᠳᠠᠭ︔ ᠪᠠᠰᠠ ᠬᠠᠮᠤᠭ ᠰᠡᠭᠦᠯᠴᠢ ᠶᠢᠨ ᠨᠢᠭᠡ ᠭᠤᠭᠴᠤᠭ᠎ᠠ ᠪᠠᠶᠢᠳᠠᠭ᠂ ᠳᠠᠷᠤᠶ ᠨᠠᠮᠬᠠᠳᠬᠠᠭᠤᠷ ᠢ ᠴᠠᠬᠢᠯᠭᠠᠨ ᠱᠠᠲᠤᠨ ᠤ ᠨᠥᠬᠡᠨ ᠭᠤᠳᠣᠮ ᠤᠨ ᠬᠠᠮᠤᠭ ᠤᠨ ᠳᠣᠣᠷᠠᠲᠤ ᠲᠠᠯ᠎ᠠ ᠳᠤ ᠲᠠᠯᠪᠢᠵᠤ᠂ ᠴᠠᠬᠢᠯᠭᠠᠨ ᠱᠠᠲᠤ ᠤᠨᠠᠭᠰᠠᠨ ᠴᠤ ᠨᠠᠮᠬᠠᠳᠬᠠᠬᠤ ᠦᠢᠯᠡᠳᠦᠯ ᠦᠵᠡᠭᠦᠯᠵᠦ ᠴᠢᠳᠠᠳᠠᠭ᠃ ᠬᠥᠲᠥᠯᠥᠭᠴᠢ᠄        ᠹᠧᠩ ᠳᠠᠷᠤᠭ᠎ᠠ ᠶᠢᠨ ᠬᠠᠯᠠᠰᠢᠷᠠᠯ ᠦᠭᠡᠢ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠮᠦᠨᠴᠦ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠃ ᠴᠠᠭ ᠤᠨ ᠬᠠᠷᠠᠭ᠎ᠠ ᠪᠠᠷ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠦᠭᠷᠠᠮ ᠳᠤ ᠪᠠᠶᠠᠷᠲᠠᠶ ᠵᠣᠯᠭᠠᠶ᠎ᠠ︕
     96116 ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠪ ᠪᠠᠴᠢᠮ ᠠᠪᠤᠷᠠᠯᠲᠠ ᠶᠢᠨ ᠲᠡᠮᠳᠡᠭ ᠢ ᠵᠢᠩᠬᠢᠨᠢ ᠪᠠᠷ ᠲᠠᠷᠬᠠᠭᠠᠪᠠ
     ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠯᠣᠭᠤᠳᠤᠯᠭ᠎ᠠ ᠶᠢᠨ ᠲᠥᠪ ᠤᠨ ᠬᠢᠨᠠᠨ ᠡᠵᠡᠮᠳᠡᠬᠦ ᠲᠠᠰᠤᠭ
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯᠧᠺᠲᠷᠤᠨ ᠵᠠᠰᠠᠭ ᠤᠨ ᠶᠠᠪᠤᠳᠠᠯ ᠤᠨ ᠭᠠᠵᠠᠷ ᠤᠨ ᠳᠠᠷᠤᠭ᠎ᠠ ᠡᠾᠧ ᠪᠢᠶᠤᠤ ᠡᠷᠬᠢᠮ ᠵᠣᠴᠢᠨ ᠳᠤ ᠪᠠᠷ᠎ᠠ ᠪᠣᠯᠵᠤ ᠥᠪᠡᠷᠲᠡᠭᠡᠨ ᠵᠠᠰᠠᠬᠤ ᠣᠷᠣᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ ᠨᠢ
     ᠥᠪᠡᠷᠲᠡᠭᠡᠨ ᠵᠠᠰᠠᠬᠤ ᠣᠷᠣᠨ ᠶᠢᠨ ᠶᠠᠰᠤ ᠴᠢᠨᠠᠷ ᠲᠤ ᠮᠡᠷᠭᠡᠵᠢᠯ ᠢᠶᠠᠷ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠹᠧᠩ ᠶᠧ ︽ᠳᠤᠮᠳᠠᠳᠤ ᠤᠯᠤᠰ   ᠥᠪᠥᠷ ᠮᠣᠩᠭᠤᠯ︾ ᠰᠦᠯᠵᠢᠶ᠎ᠡ ᠳᠤ ᠰᠠᠭᠠᠳᠠᠵᠤ ᠪᠠᠶᠢᠭ᠎ᠠ ᠨᠢ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map