ᠨᠡᠷᠡᠲᠦ ᠲᠥᠷᠥᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠯᠠᠭᠠᠨᠬᠠᠳᠠ ᠶᠢᠨ ᠵᠢᠭᠤᠯᠴᠢᠯᠠᠯ ᠤᠨ ᠦᠢᠯᠡᠰ ᠤᠨ ᠳᠠᠪᠠᠯᠳᠠᠳᠤ ᠮᠠᠶ᠋ᠢᠭ ᠤᠨ ᠬᠥᠭᠵᠢᠯᠲᠡ ᠶᠢ ᠳᠥᠯᠭᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2015/7/22
     ᠰᠤᠷᠪᠤᠯᠵᠢᠯᠠᠨ ᠶᠠᠷᠢᠯᠴᠠᠭᠰᠠᠨ ᠴᠠᠭ᠄ 2015 ᠤᠨ ᠤ 7 ᠳ᠋ᠤᠭᠠᠷ ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨᠡᠬᠢ 10 ᠴᠠᠭ      ᠰᠤᠷᠪᠤᠯᠵᠢᠯᠠᠨ ᠶᠠᠷᠢᠯᠴᠠᠭᠰᠠᠨ ᠵᠣᠴᠢᠨ᠄ ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ  ᠶᠠᠨ ᠬᠤᠢ      ᠰᠤᠷᠪᠤᠯᠵᠢᠯᠠᠨ ᠶᠠᠷᠢᠯᠴᠠᠭᠰᠠᠨ ᠲᠣᠪᠴᠢ᠄      ᠤᠯᠠᠭᠠᠨᠬᠠᠳᠠ ᠬᠤᠲᠠ ᠪᠤᠯ ᠡᠯᠪᠡᠭ ᠳᠡᠯᠪᠡᠭ ᠵᠢᠭᠤᠯᠴᠢᠯᠠᠯ ᠤᠨ ᠡᠬᠢ ᠪᠠᠶᠠᠯᠢᠭ ᠲᠠᠢ᠂ 2015 ᠣᠨ ᠳᠤ᠂ ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠲᠣᠪᠴᠢᠶ᠎ᠠ ᠨᠡᠷᠡᠲᠦ ᠲᠡᠮᠳᠡᠭᠲᠦ ᠦᠵᠡᠮᠵᠢᠲᠦ ᠣᠷᠣᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠤᠯᠠᠭᠠᠨᠬᠠᠳᠠ ᠶᠢᠨ ᠵᠢᠭᠤᠯᠴᠢᠯᠠᠯ ᠤᠨ ᠦᠢᠯᠡᠰ ᠤᠨ ᠳᠠᠪᠠᠯᠳᠠᠳᠤ ᠮᠠᠶ᠋ᠢᠭ ᠤᠨ ᠬᠥᠭᠵᠢᠯᠲᠡ ᠶᠢ ᠴᠢᠷᠮᠠᠶᠢᠨ ᠠᠬᠢᠭᠤᠯᠪᠠ᠃ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠲᠤᠯᠠᠳᠠ᠂ ᠣᠶᠢᠷ᠎ᠠ ᠳᠤ ᠪᠢᠳᠡ ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ ᠶᠠᠨ ᠬᠤᠢ ᠶᠢ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶ᠎ᠡ ᠳᠤ ᠤᠷᠢᠵᠤ᠂ ᠲᠠ ᠨᠡᠷ ᠲᠠᠢ ᠶᠠᠷᠢᠯᠴᠠᠬᠤ ᠪᠤᠯᠤᠨ᠎ᠠ᠃ ᠲᠤᠬᠠᠢ ᠶᠢᠨ ᠴᠠᠭ ᠲᠤ᠂ ᠥᠷᠭᠡᠨ ᠣᠯᠠᠨ ᠰᠦᠯᠵᠢᠶᠡᠨ ᠠᠨᠳᠠ ᠨᠡᠷ ᠮᠢᠨᠢ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ ﹇ᠬᠥᠲᠥᠯᠥᠭᠴᠢ﹈      ᠰᠦᠯᠵᠢᠶᠡᠨ ᠠᠨᠳᠠ ᠨᠡᠷ᠂ ᠰᠠᠶᠢᠨ ᠪᠠᠶᠢᠵᠠᠭᠠᠨᠠᠤ︕  ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠬᠠᠯᠠᠭᠤᠨ ᠵᠤᠨ ᠮᠤᠷᠢᠯᠠᠨ ᠰᠠᠭᠠᠲᠤᠬᠤ ᠳᠤ᠂ ᠮᠠᠨ ᠤ ᠣᠷᠣᠨ ᠤ ᠵᠢᠭᠤᠯᠴᠢᠯᠠᠯ ᠤᠨ ᠬᠦᠭᠵᠢᠶᠡᠨᠲᠦ ᠤᠯᠠᠷᠢᠯ ᠢ ᠤᠭᠲᠤᠨ ᠠᠪᠤᠪᠠ᠃ ᠥᠨᠥᠳᠦᠷ ᠪᠢᠳᠡ ᠵᠢᠭᠤᠯᠴᠢᠯᠠᠯ ᠤᠨ ᠲᠤᠬᠠᠶ ᠶᠠᠷᠢᠯᠴᠠᠶ᠎ᠠ᠃ ᠲᠤᠰ ᠬᠤᠭᠤᠴᠠᠭᠠᠨ ᠳᠤ ᠪᠢᠳᠡ ᠠᠵᠠ ᠲᠠᠢ ᠪᠠᠷ ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠲᠤᠪᠴᠢᠶ᠎ᠠ ᠶᠢᠨ ᠳᠠᠷᠤᠭ᠎ᠠ ᠶᠠᠨ ᠬᠤᠢ ᠶᠢ ᠤᠷᠢᠨ᠂ ᠰᠦᠯᠵᠢᠶᠡᠨ ᠠᠨᠳᠠ ᠨᠡᠷ ᠲᠠᠢ ᠤᠯᠠᠭᠠᠨᠬᠠᠳᠠ ᠶᠢᠨ ᠵᠢᠭᠤᠯᠴᠢᠯᠠᠯ ᠤᠨ ᠬᠥᠭᠵᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠶᠠᠷᠢᠯᠴᠠᠭᠤᠯᠬᠤ ᠪᠠᠷ ᠪᠤᠯᠪᠠ᠃ ᠶᠠᠨ ᠲᠣᠪᠴᠢᠶᠠᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ ﹇ᠶᠠᠨ ᠬᠤᠢ﹈      ᠬᠦᠲᠦᠯᠦᠭᠴᠢ ᠰᠠᠶᠢᠨ ᠤᠤ︕ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︕ ﹇ᠬᠥᠲᠥᠯᠥᠭᠴᠢ﹈      ᠲᠠᠨ ᠢ ᠤᠭᠲᠤᠵᠤ ᠪᠠᠶᠢᠨ᠎ᠠ᠂ ᠲᠠ ᠤᠳᠤ ᠣᠯᠠᠨ ᠳᠤ ᠦᠵᠡᠰᠬᠦᠯᠡᠩᠲᠦ ᠰᠠᠶᠢᠬᠠᠨ ᠰᠤᠨᠢᠨ ᠭᠠᠶᠢᠬᠠᠮᠰᠢᠭ ᠤᠯᠠᠭᠠᠨᠬᠠᠳᠠ ᠶᠢ ᠤᠶᠢᠯᠠᠭᠠᠭᠤᠯᠬᠤ ᠶᠢᠨ ᠲᠤᠯᠠᠳᠠ᠂ ᠲᠠ ᠤᠷᠢᠳ ᠢᠶᠠᠷ ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠤᠨ ᠦᠨᠳᠦᠰᠦᠨ ᠲᠦᠢᠮᠣ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ︖ ﹇ᠶᠠᠨ ᠬᠤᠢ﹈      ᠵᠠ ᠲᠡᠭᠡᠶ᠎ᠡ᠃ ᠤᠯᠠᠭᠠᠨᠬᠠᠳᠠ ᠪᠣᠯ ᠳᠤᠮᠳᠠᠳᠤ ᠤᠯᠤᠰ ᠤᠨ ᠤᠮᠠᠷᠠᠲᠤ ᠣᠷᠣᠨ ᠤ ᠲᠠᠯ᠎ᠠ ᠨᠤᠲᠤᠭ ᠤᠨ ᠰᠣᠶᠣᠯ ᠤᠨ ᠵᠢᠭᠤᠯᠴᠢᠯᠠᠯ ᠤᠨ ᠦᠵᠡᠮᠵᠢᠲᠦ ᠰᠠᠶᠢᠬᠠᠨ ᠳᠠᠷᠬᠠᠨ ᠣᠷᠣᠨ ᠶᠤᠮ᠂ ᠠᠳᠡᠬᠢ ᠶᠢᠨ ᠦᠡᠭᠭᠡ ᠦᠵᠡᠮᠵᠢ ᠰᠦᠷᠯᠢᠭ ᠰᠠᠶᠢᠬᠠᠨ᠂ ᠤᠷᠲᠤ ᠤᠳᠠᠭᠠᠨ ᠲᠡᠦᠬᠡ ᠰᠣᠶᠣᠯ ᠤᠨ ᠤᠯᠠ ᠮᠦᠷ ᠲᠠᠢ᠃ ᠡ᠊ᠨᠡ ᠬᠦ ᠡᠯᠪᠡᠭ ᠪᠠᠶᠠᠯᠢᠭ ᠰᠤᠨᠢᠨ ᠭᠠᠶᠢᠬᠠᠮᠰᠢᠭ ᠨᠤᠲᠤᠭ ᠤᠰᠤᠨ ᠳᠤ᠂ ᠠᠭᠤᠯᠠᠨ ᠬᠠᠶᠢᠷᠬᠠᠨ᠂ ᠡᠯᠡᠰᠦ ᠮᠠᠩᠬ᠎ᠠ᠂ ᠨᠤᠲᠤᠭ ᠪᠡᠯᠴᠢᠭᠡᠷ᠂ ᠣᠶ ᠰᠢᠭᠤᠶ᠂ ᠬᠠᠯᠠᠭᠤᠨ ᠷᠠᠰᠢᠶᠠᠨ᠂ ᠮᠥᠰᠥ ᠴᠠᠰᠤ᠂ ᠨᠠᠭᠤᠷ ᠪᠦᠷᠢᠲᠦ᠂ ᠮᠥᠰᠥᠨ ᠵᠢᠤ᠂ ᠪᠣᠷᠵᠢᠨ ᠴᠢᠯᠠᠭᠤᠨ ᠣᠶ ᠵᠡᠷᠭᠡ ᠪᠠᠶᠢᠭᠠᠯᠢ ᠶᠢᠨ ᠦᠵᠡᠮᠵᠢ᠂ ᠬᠤᠪᠣᠷ ᠴᠤᠬᠠᠭ ᠠᠮᠢᠲᠠᠨ ᠤᠷᠭᠤᠮᠠᠯ᠂ ᠮᠣᠩᠭᠤᠯ ᠦᠨᠳᠦᠰᠦᠲᠡᠨ ᠤ ᠵᠠᠩ ᠦᠢᠯᠡ ᠂ ᠲᠡᠦᠬᠡ ᠶᠢᠨ ᠳᠤᠷᠠᠰᠬᠠᠯᠲᠤ ᠵᠦᠢᠯ ᠡᠷᠲᠡᠨ ᠤ ᠦᠯᠡᠳᠡᠭᠳᠡᠯ ᠵᠡᠷᠭᠡ ᠠᠯᠢ ᠣᠯᠠᠨ ᠵᠢᠭᠤᠯᠴᠢᠯᠠᠯ ᠤᠨ ᠡᠬᠢ ᠪᠠᠶᠠᠯᠢᠭ ᠤᠨ ᠲᠥᠷᠥᠯ ᠵᠦᠢᠯ ᠴᠥᠮ ᠪᠠᠶᠢᠨ᠎ᠠ᠃ ᠤᠯᠠᠭᠠᠨᠬᠠᠳᠠ 10000 ᠵᠢᠯ ᠤᠨ ᠥᠨᠢ ᠤᠳᠠᠭᠠᠨ ᠲᠡᠦᠬᠡ ᠲᠠᠢ ᠮᠦᠷᠲᠡᠭᠡᠨ 8000 ᠵᠢᠯ ᠤᠨ ᠭᠡᠷᠡᠯ ᠰᠠᠴᠤᠷᠠᠩᠭᠤᠶ ᠪᠣᠯᠪᠠᠰᠤᠨ ᠲᠠᠢ ᠪᠠᠶᠢᠵᠤ᠂ ᠤᠯᠠᠭᠠᠨᠬᠠᠳᠠ ᠰᠤᠶᠤᠯ᠂ ᠲᠠᠯ᠎ᠠ ᠨᠤᠲᠤᠭ ᠤᠨ ᠬᠦᠷᠡᠯ ᠵᠡᠪᠰᠡᠭ ᠤᠨ ᠰᠣᠶᠣᠯ᠂ ᠬᠢᠳᠠᠨ ᠤ ᠯᠢᠶᠣᠤ ᠰᠣᠶᠣᠯ ᠤᠨ ᠡᠭᠦᠰᠦᠭᠰᠡᠨ ᠭᠠᠵᠠᠷ ᠮᠥᠨ᠃ ᠪᠦᠬᠦ ᠬᠤᠲᠠ ᠳᠤ ᠣᠳᠣ ᠪᠠᠶᠢᠭ᠎ᠠ ᠡᠯ᠎ᠡ ᠴᠠᠭ ᠦᠶ᠎ᠡ ᠶᠢᠨ ᠲᠡᠦᠬᠡ ᠰᠣᠶᠣᠯ ᠤᠨ ᠪᠠᠭᠤᠷᠢ 7300 ᠭᠠᠷᠤᠢ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠠᠰ ᠢ ᠡᠵᠡᠯᠡᠵᠦ ᠪᠠᠶᠢᠨ᠎ᠠ᠃ ᠡᠭᠦᠨ ᠳᠤ ᠪᠦᠬᠦ ᠤᠯᠤᠰ ᠤᠨ ᠭᠤᠣᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ 50᠂ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ 47 ᠪᠠᠶᠢᠵᠤ᠂ ᠬᠤᠲᠠ ᠶᠢᠨ ᠳᠡᠰ ᠤᠨ ᠭᠤᠣᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ 42᠂ ᠤᠯᠤᠰ ᠤᠨ ᠣᠶ ᠰᠢᠭᠤᠶ ᠶᠢᠨ ᠴᠡᠴᠡᠷᠯᠢᠭ 6᠂ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 8᠂ ᠤᠯᠤᠰ ᠤᠨ ᠳᠡᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ 7᠂ ᠭᠠᠵᠠᠷ ᠤᠨ ᠢᠯᠴᠢ ᠶᠢᠨ ᠬᠠᠯᠠᠭᠤᠨ ᠷᠠᠰᠢᠶᠠᠨ 3 ᠪᠤᠢ᠃ ᠳᠡᠯᠡᠬᠡᠶ ᠶᠢᠨ ᠳᠡᠰ ᠤᠨ ᠤᠯᠤᠰ ᠤᠨ ᠰᠣᠶᠣᠯ ᠤᠨ ᠵᠢᠭᠤᠯᠴᠢᠯᠠᠯ ᠤᠨ ᠨᠡᠷᠡᠲᠦ ᠭᠠᠵᠠᠷ 4 ᠪᠤᠢ᠃ ᠪᠦᠬᠦ ᠬᠤᠲᠠ ᠳᠤ ᠰᠢᠯᠢᠳᠡᠭ ᠳᠡᠰ ᠤᠨ ᠵᠢᠭᠤᠯᠴᠢᠯᠠᠯ ᠤᠨ ᠡᠬᠢ ᠪᠠᠶᠠᠯᠢᠭ 109 ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠭᠠᠨ ᠲᠡᠷᠢᠭᠦᠨ ᠳᠤ ᠪᠠᠶᠢᠷᠢᠯᠠᠵᠤ᠂ ︽ᠥᠪᠡᠷᠲᠡᠭᠡᠨ ᠵᠠᠰᠠᠬᠤ ᠣᠷᠣᠨ ᠤ ᠬᠤᠷᠢᠶᠠᠩᠭᠤᠶ ᠳᠦᠷᠢ︾ ᠬᠡᠵᠤ ᠨᠡᠷᠡᠯᠡᠭᠳᠡᠪᠡ᠃ ﹇ᠬᠥᠲᠥᠯᠥᠭᠴᠢ﹈      ᠪᠢᠳᠡᠨ ᠤ ᠤᠶᠢᠯᠠᠭᠠᠭᠰᠠᠨ ᠢᠶᠠᠷ ᠡᠨᠡ ᠵᠢᠯ ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠲᠣᠪᠴᠢᠶ᠎ᠠ ᠤᠳᠤ ᠶᠠᠭ ᠨᠡᠷᠡᠲᠦ ᠲᠡᠮᠳᠡᠭᠲᠦ ᠦᠵᠡᠮᠵᠢᠲᠦ ᠣᠷᠣᠨ ᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠵᠤ ᠪᠠᠶᠢᠨ᠎ᠠ᠂ ᠲᠠ ᠪᠢᠳᠡᠨ ᠳᠤ ᠨᠠᠷᠢᠨ ᠲᠠᠨᠢᠯᠴᠠᠭᠤᠯᠤᠭᠠᠳ ᠦᠭᠭᠦᠨ᠎ᠡ ᠤᠤ︖﹇ᠶᠠᠨ ᠬᠤᠢ﹈      2015 ᠤᠨ ᠤ ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠨᠡᠷᠡᠲᠦ ᠲᠡᠮᠳᠡᠭᠲᠦ ᠦᠵᠡᠮᠵᠢᠲᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠭᠤᠣᠯ ᠠᠭᠤᠯᠭ᠎ᠠ ᠪᠤᠯ ᠳᠠᠷᠤᠢ ᠬᠡᠰᠢᠭᠲᠡᠨ ᠬᠤᠰᠢᠭᠤᠨ ᠤ 5A ᠳᠡᠰ ᠤᠨ ᠦᠵᠡᠮᠵᠢᠲᠦ ᠤᠷᠤᠨ ᠢ ᠪᠠᠶᠢᠭᠤᠯᠬᠤ ᠠᠵᠢᠯ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ ︽ᠥᠪᠡᠷᠲᠡᠭᠡᠨ ᠵᠠᠰᠠᠬᠤ ᠣᠷᠣᠨ ᠤ ᠨᠡᠷᠡᠲᠦ ᠲᠡᠮᠳᠡᠭᠲᠦ ᠵᠢᠭᠤᠯᠴᠢᠯᠠᠯ ᠤᠨ ᠦᠵᠡᠮᠵᠢᠲᠦ ᠣᠷᠣᠨ ᠢ ᠡᠭᠦᠳᠦᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾᠎ ᠲᠠᠢ ᠤᠶᠠᠯᠳᠤᠭᠤᠯᠤᠨ᠂ ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠣᠳᠠᠲᠠᠶ ᠪᠠᠶᠢᠳᠠᠯ᠂ ᠠᠵᠤ ᠦᠢᠯᠡᠰ ᠤᠨ ᠰᠠᠭᠤᠷᠢ ᠪᠤᠯᠤᠨ ᠵᠠᠬ᠎ᠠ ᠳᠡᠯᠭᠡᠭᠦᠷ ᠤᠨ ᠨᠦᠯᠦᠭᠡᠨ ᠳᠤ ᠰᠠᠭᠤᠷᠢᠯᠠᠨ᠂ ᠪᠢᠳᠡ ᠬᠡᠰᠢᠭᠲᠡᠨ ᠤ ᠳᠡᠯᠡᠬᠡᠶ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠳᠤᠲᠤᠷᠠᠬᠢ ᠴᠢᠯᠠᠭᠤᠨ ᠣᠶ᠂ ᠳᠠᠯᠠᠢ ᠨᠠᠭᠤᠷ᠂ ᠬᠤᠸᠠᠩ ᠭᠠᠨᠭ᠌ ᠯᠢᠶᠠᠩ᠂ ᠪᠠᠶᠠᠨ ᠣᠪᠣᠭ᠎ᠠ ᠵᠡᠷᠭᠡ ᠳᠥᠷᠪᠡᠨ ᠦᠵᠡᠮᠵᠢᠲᠦ ᠣᠷᠣᠨ ᠢ ᠪᠦᠬᠦᠯᠢ ᠴᠣᠭᠴᠠ ᠪᠠᠷ ᠨᠢ ᠤᠯᠤᠰ ᠤᠨ 5A ᠳᠡᠰ ᠤᠨ ᠦᠵᠡᠮᠵᠢᠲᠦ ᠤᠷᠤᠨ ᠪᠤᠯᠭᠠᠨ ᠪᠠᠶᠢᠭᠤᠯᠤᠨ᠎ᠠ᠂ ᠣᠳᠣ ᠨᠢᠭᠡᠨᠲᠡ ᠤᠯᠠᠭᠠᠨᠬᠠᠳᠠ ᠬᠤᠲᠠ ᠶᠢᠨ ᠳᠠᠷᠤᠭ᠎ᠠ ᠪᠢᠯᠢᠭᠬᠦᠦ ᠎ ᠪᠠᠷ ᠲᠦᠷᠦᠭᠦᠯᠡᠭᠦᠯᠦᠭᠰᠡᠨ ᠨᠡᠷᠡᠲᠦ ᠲᠡᠮᠳᠡᠭᠲᠦ ᠦᠵᠡᠮᠵᠢᠲᠦ ᠣᠷᠣᠨ ᠢ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠭᠰᠠᠨ ᠮᠦᠷᠲᠡᠭᠡᠨ ᠦᠵᠡᠮᠵᠢᠲᠦ ᠣᠷᠣᠨ ᠢ ᠡᠭᠦᠳᠦᠨ ᠪᠠᠶᠢᠭᠤᠯᠬᠤ ᠪᠠᠶᠢᠴᠠᠭᠠᠨ ᠰᠤᠳᠤᠯᠤᠯᠲᠠ ᠬᠢᠬᠦ᠂ ᠬᠠᠮᠲᠤᠷᠠᠨ ᠰᠤᠳᠤᠯᠬᠤ᠂ ᠳᠡᠰ ᠦᠰᠬᠡᠬᠦ ᠲᠥᠰᠦᠯ ᠢ ᠲᠣᠭᠲᠠᠭᠠᠬᠤ ᠠᠵᠢᠯ ᠢ ᠪᠡᠶᠡᠯᠡᠭᠦᠯᠪᠡ᠃ ᠡᠭᠦᠨ ᠤ ᠬᠠᠮᠲᠤ᠂ ᠤᠯᠠᠭᠠᠨ ᠪᠣᠳᠣᠩ ᠤᠯᠤᠰ ᠤᠨ ᠵᠢᠭᠤᠯᠴᠢᠯᠠᠯ ᠤᠨ ᠦᠵᠡᠮᠵᠢᠲᠦ ᠣᠷᠣᠨ ᠳᠤ ᠤᠯᠤᠰ ᠤᠨ ᠵᠢᠭᠤᠯᠴᠢᠯᠠᠯ ᠤᠨ ᠵᠤᠰᠠᠯᠠᠩ ᠢ ᠪᠠᠶᠢᠭᠤᠯᠬᠤ ᠪᠠᠷ ᠳᠤᠷᠠᠳᠪᠠ᠃  ᠪᠦᠬᠦ ᠬᠤᠲᠠ ᠳᠤ ᠤᠯᠠᠭᠠᠨᠬᠠᠳᠠ ᠬᠤᠲᠠ ᠶᠢᠨ ᠣᠨᠴᠠᠯᠢᠭ ᠪᠦᠬᠦᠢ ᠨᠡᠶᠢᠲᠡ 12 ᠵᠢᠭᠤᠯᠴᠢᠯᠠᠯ ᠤᠨ ᠦᠵᠡᠮᠵᠢᠲᠦ ᠣᠷᠣᠨ ᠢ ᠲᠣᠭᠲᠠᠭᠠᠵᠤ᠂ 3 ᠵᠢᠯ ᠤᠨ ᠳᠣᠲᠣᠷ᠎ᠠ 5A ᠳᠡᠰ ᠤᠨ ᠪᠤᠶᠤ ᠥᠨᠳᠥᠷ A ᠳᠡᠰ ᠤᠨ ᠵᠢᠭᠤᠯᠴᠢᠯᠠᠯ ᠤᠨ ᠦᠵᠡᠮᠵᠢᠲᠦ ᠣᠷᠣᠨ᠂ ᠤᠯᠤᠰ ᠤᠨ ᠳᠡᠰ ᠤᠨ ᠪᠤᠶᠤ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠭᠤᠯᠴᠢᠯᠠᠯ ᠵᠤᠰᠠᠯᠠᠩ ᠢ ᠦᠨᠳᠦᠰᠦᠨ ᠳᠡᠭᠡᠨ ᠪᠦᠲᠦᠭᠡᠨ ᠪᠠᠶᠢᠭᠤᠯᠵᠤ᠂ ᠰᠣᠶᠣᠯ ᠪᠤᠯᠤᠨ ᠵᠢᠭᠤᠯᠴᠢᠯᠠᠯ ᠢ ᠤᠶᠠᠯᠳᠤᠭᠤᠯᠤᠭᠰᠠᠨ ᠨᠢᠭᠡ ᠪᠦᠯᠦᠭ ᠦᠯᠢᠭᠡᠷ ᠵᠢᠱᠢᠶ᠎ᠡ ᠦᠵᠡᠭᠦᠯᠬᠦ ᠲᠦᠷᠦᠯ ᠵᠦᠢᠯ ᠢ ᠬᠦᠭᠵᠢᠭᠦᠯᠦᠨ᠎ᠡ᠃ ᠨᠥᠬᠦᠴᠡᠯ ᠲᠠᠢ ᠬᠤᠰᠢᠭᠤ ᠰᠢᠶᠠᠨ  ᠤ ᠣᠯᠠᠨ ᠨᠡᠷᠡᠲᠦ ᠵᠢᠭᠤᠯᠴᠢᠯᠠᠯ ᠤᠨ ᠦᠵᠡᠮᠵᠢ ᠶᠢᠨ ᠣᠷᠣᠨ ᠪᠠᠶᠢᠭᠤᠯᠬᠤ ᠶᠢ ᠨᠢ ᠵᠤᠷᠢᠭᠵᠢᠭᠤᠯᠤᠨ᠎ᠠ᠃ ﹇ᠬᠦᠲᠦᠯᠦᠭᠴᠢ﹈      ᠮᠢᠨᠤ ᠤᠶᠢᠯᠠᠭᠠᠭᠰᠠᠨ ᠢᠶᠠᠷ᠂ ᠡᠨᠡ ᠵᠢᠯ ᠤᠨ ᠲᠠᠪᠤᠨ ᠰᠠᠷ᠎ᠠ ᠶᠢᠨ ᠨᠢᠭᠡᠨ ᠪᠤᠯᠤᠭᠠᠳᠤᠢ ᠪᠠᠷ᠂ ᠤᠯᠠᠭᠠᠨᠬᠠᠳᠠ ᠬᠤᠲᠠ ᠶᠢᠨ ᠵᠢᠭᠤᠯᠴᠢᠯᠠᠯ ᠳᠤ ᠵᠠᠷᠢᠮ ᠥᠩᠭᠡᠷᠡᠭᠰᠡᠨ ᠳᠤ ᠭᠠᠷᠤᠭᠠᠳᠤᠢ ᠪᠠᠶᠠᠷᠯᠠᠭᠤᠰᠢᠲᠠᠶ ᠦᠵᠡᠭᠳᠡᠯ ᠲᠤᠬᠠᠶᠢᠯᠠᠪᠠᠯ᠂ ᠦᠵᠡᠮᠵᠢ ᠶᠢᠨ ᠤᠷᠤᠨ ᠤ ᠬᠠᠯᠠᠮᠰᠢᠯ᠂ ᠲᠤᠰᠬᠠᠶ ᠭᠠᠯᠲᠤ ᠲᠡᠷᠭᠡᠨ ᠤ ᠬᠠᠯᠠᠮᠰᠢᠯ᠂ ᠰᠢᠭᠤᠳ ᠨᠡᠪᠲᠡᠷᠡᠬᠦ ᠲᠡᠷᠭᠡᠨ ᠤ ᠬᠠᠯᠠᠮᠰᠢᠯ᠂ ᠨᠢᠰᠭᠡᠯ ᠬᠦᠯᠦᠰᠦᠯᠡᠬᠦ ᠬᠠᠯᠠᠮᠰᠢᠯ ᠵᠡᠷᠭᠡ ᠪᠠᠶᠢᠳᠠᠯ ᠢᠯᠡᠷᠡᠯ᠎ᠡ ᠬᠡᠰᠡᠨ᠂ ᠡᠨᠡ ᠨᠢ ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠪᠤᠯᠤᠨ ᠵᠢᠭᠤᠯᠴᠢᠯᠠᠯ ᠤᠨ ᠦᠢᠯᠡᠳᠬᠦᠨ ᠨᠢ ᠤᠯᠠᠮ ᠠᠴᠠ ᠤᠯᠠᠮ ᠮᠡᠳᠡᠷᠡᠭᠳᠡᠵᠤ ᠪᠠᠶᠢᠭ᠎ᠠ ᠶᠢ ᠬᠠᠷᠠᠭᠤᠯᠵᠤ ᠪᠠᠶᠢᠨ᠎ᠠ᠂ ᠡᠨᠡ ᠵᠢᠯ ᠤᠨ ᠬᠦᠯᠢᠶᠡᠨ ᠠᠪᠬᠤ ᠬᠥᠮᠦᠨ ᠤ ᠲᠤᠭ᠎ᠠ ᠶᠡᠭᠡ ᠬᠡᠮᠵᠢᠶ᠎ᠡ ᠪᠠᠷ ᠳᠡᠭᠡᠭᠰᠢᠯᠡᠬᠦ ᠨᠢ ᠯᠠᠪᠲᠠᠶ ᠪᠠᠶᠢᠭ᠎ᠠ᠃ ᠲᠠ ᠤᠬᠠᠭᠤᠯᠬᠤ ᠬᠠᠷᠠᠭᠠᠰᠤ ᠠᠴᠠ᠂ ᠡᠨᠡ ᠵᠢᠯ ᠤᠯᠠᠭᠠᠨᠬᠠᠳᠠ ᠬᠤᠲᠠ ᠶᠢᠨ ᠵᠢᠭᠤᠯᠴᠢᠯᠠᠯ ᠳᠤ ᠶᠠᠮᠠᠷ ᠶᠠᠮᠠᠷ ᠭᠢᠯᠠᠰ ᠴᠢᠭ᠋ ᠲᠠᠢ ᠪᠠᠶᠢᠬᠤ ᠶᠢ ᠲᠠᠨᠢᠯᠴᠠᠭᠤᠯᠤᠭᠠᠳ ᠦᠭᠭᠦᠨ᠎ᠡ ᠤᠤ︖   ﹇ᠶᠠᠨ ᠬᠤᠢ﹈      ᠡᠨᠡ ᠵᠢᠯ᠂ ᠤᠯᠠᠭᠠᠨᠬᠠᠳᠠ ᠬᠤᠲᠠ ᠶᠢᠨ ᠵᠢᠭᠤᠯᠴᠢᠯᠠᠯ ᠦᠷᠭᠦᠯᠵᠢᠯᠡᠨ ᠤᠬᠠᠭᠤᠯᠭ᠎ᠠ ᠪᠣᠷᠣᠯᠠᠭᠤᠯᠭ᠎ᠠ ᠶᠢᠨ ︽ᠬᠠᠮ ᠨᠢᠳᠤᠷᠭ᠎ᠠ︾᠎ ᠶᠢᠨ ᠠᠷᠭ᠎ᠠ ᠠᠪᠴᠤ᠂ ᠵᠠᠬ᠎ᠠ ᠳᠡᠯᠭᠡᠭᠦᠷ ᠤᠨ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃      ᠨᠢᠭᠡ ᠳᠤ ᠵᠠᠭᠤᠴᠢᠯᠠᠭᠤᠷ ᠤᠨ ᠤᠬᠠᠭᠤᠯᠭ᠎ᠠ ᠪᠠᠨ ᠦᠷᠭᠦᠯᠵᠢᠯᠡᠨ ᠰᠠᠶᠢᠲᠤᠷ ᠬᠢᠨ᠎ᠡ᠃ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠠᠴᠠ ᠲᠥᠪ ᠲᠧᠯᠸᠢᠰ ᠤᠨ ︽ᠳᠡᠯᠡᠬᠡᠢ ᠳ᠋ᠠᠬᠢᠨ ᠤ ᠦᠷᠯᠦᠭᠡ ᠶᠢᠨ ᠰᠤᠨᠢᠨ︾ ᠪᠤᠯᠤᠩ ᠳᠤ ᠨᠢᠭᠡᠳᠦᠯᠲᠠᠢ ᠲᠠᠯᠪᠢᠵᠤ ᠪᠦᠬᠦᠢ ᠵᠢᠭᠤᠯᠴᠢᠯᠠᠯ ᠤᠨ ᠳᠦᠷᠢ ᠲᠥᠷᠬᠦ ᠶᠢᠨ ᠵᠠᠷ ᠮᠡᠳᠡᠭᠡ ᠶᠢᠨ ᠤᠬᠠᠭᠤᠯᠭ᠎ᠠ ᠳᠤ ᠤᠷᠤᠯᠴᠠᠨ᠎ᠠ︔ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ᠂ ᠵᠢᠭᠤᠯᠴᠢᠯᠠᠯ ᠤᠨ ᠨᠢᠭᠡᠳᠦᠭᠡᠷ ᠰᠦᠯᠵᠢᠶ᠎ᠡ ᠵᠡᠷᠭᠡ ᠲᠤᠰᠬᠠᠶ ᠮᠡᠷᠭᠡᠵᠢᠯ ᠤᠨ ᠵᠠᠭᠤᠴᠢ ᠪᠤᠯᠤᠨ ᠤᠯᠠᠭᠠᠨᠬᠠᠳᠠ ᠶᠢᠨ ᠡᠳᠦᠷ ᠤᠨ ᠰᠣᠨᠢᠨ᠂ ᠤᠯᠠᠭᠠᠨᠬᠠᠳᠠ ᠶᠢᠨ ᠣᠷᠣᠶ ᠶᠢᠨ ᠰᠣᠨᠢᠨ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ ᠤᠯᠠᠭᠠᠨᠬᠠᠳᠠ ᠶᠢᠨ ᠵᠢᠭᠤᠯᠴᠢᠯᠠᠯ ᠢ ᠪᠦᠬᠦ ᠲᠠᠯ᠎ᠠ ᠪᠠᠷ ᠤᠬᠠᠭᠤᠯᠤᠨ᠂ 2015 ᠣᠨ ᠳᠤ ︽ ᠤᠯᠠᠭᠠᠨᠬᠠᠳᠠ ᠶᠢᠨ ᠰᠠᠭᠤᠭᠳᠠᠯ︾ ᠪᠤᠯᠤᠩ ᠂ ᠤᠯᠠᠭᠠᠨᠬᠠᠳᠠ ᠶᠢᠨ ᠡᠳᠦᠷ ᠤᠨ ᠰᠣᠨᠢᠨ ᠪᠤᠯᠤᠨ ᠤᠯᠠᠭᠠᠨᠬᠠᠳᠠ ᠣᠷᠣᠶ ᠶᠢᠨ ᠰᠣᠨᠢᠨ ᠳᠤ ᠵᠢᠭᠤᠯᠴᠢᠯᠠᠯ ᠤᠨ ᠲᠤᠰᠬᠠᠶ ᠪᠤᠯᠤᠩ ᠨᠡᠭᠡᠭᠡᠵᠤ ᠤᠯᠠᠭᠠᠨᠬᠠᠳᠠ ᠶᠢᠨ ᠵᠢᠭᠤᠯᠴᠢᠯᠠᠯ ᠤᠨ ᠡᠬᠢ ᠪᠠᠶᠠᠯᠢᠭ ᠢ ᠤᠬᠠᠭᠤᠯᠵᠤ᠂ ᠤᠯᠠᠭᠠᠨᠬᠠᠳᠠ ᠶᠢᠨ ᠵᠢᠭᠤᠯᠴᠢᠯᠠᠯ ᠤᠨ ᠦᠢᠯᠡᠳᠬᠦᠨ ᠢ ᠲᠠᠨᠢᠯᠴᠠᠭᠤᠯᠵᠤ᠂ ᠤᠯᠠᠭᠠᠨᠬᠠᠳᠠ ᠶᠢᠨ ᠬᠥᠮᠦᠨ ᠤᠯᠠᠭᠠᠨᠬᠠᠳᠠ ᠳᠤ ᠪᠠᠨ ᠵᠢᠭᠤᠯᠴᠢᠯᠠᠬᠤ ᠰᠠᠶᠢᠨ ᠰᠠᠶᠢᠬᠠᠨ ᠵᠢᠭᠤᠯᠴᠢᠯᠠᠯ ᠤᠨ ᠤᠷᠴᠢᠨ ᠪᠠᠶᠢᠳᠠᠯ ᠢ ᠪᠤᠶ ᠪᠣᠯᠭᠠᠬᠤ︔ ︽ᠤᠯᠠᠭᠠᠨᠬᠠᠳᠠ ᠰᠤᠶᠤᠯ ᠤᠨ ᠣᠯᠠᠨ ᠤᠯᠤᠰ ᠤᠨ ᠵᠢᠭᠤᠯᠴᠢᠯᠠᠯ ᠤᠨ ᠡᠳᠦᠷ︾᠎ ᠢᠶᠠᠷ ᠭᠤᠣᠯ ᠰᠡᠳᠦᠪ ᠪᠤᠯᠭᠠᠨ᠂  ᠲᠤᠬᠠᠢ ᠶᠢᠨ ᠴᠠᠭ ᠲᠤ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ ᠤ ᠬᠤᠷᠢᠶ᠎ᠠ ᠲᠠᠢ ᠬᠠᠮᠲᠤᠷᠠᠨ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ · ᠲᠠᠯ᠎ᠠ ᠨᠤᠲᠤᠭ ᠤᠨ ᠲᠣᠷᠭᠠᠨ ᠵᠠᠮ ᠤᠨ ᠤᠯᠠᠭᠠᠨᠬᠠᠳᠠ ᠳᠠᠬᠢ ᠠᠶᠠᠯᠠᠯ︾ ᠲᠣᠮᠣ ᠶᠠᠷᠢᠶᠠᠨ ᠤ ᠲᠠᠪᠴᠠᠩ᠂ ᠤᠨᠴᠠᠯᠢᠭᠲᠦ ᠠᠵᠢᠯᠯᠠᠭ᠎ᠠ ᠦᠷᠨᠢᠬᠦᠯᠬᠦ ᠪᠠᠷ ᠲᠦᠯᠦᠪᠯᠡᠵᠤ ᠪᠠᠶᠢᠨ᠎ᠠ᠃ ᠲᠢᠶᠠᠨᠵᠢᠨ ᠤ ᠠᠭᠠᠷ ᠤᠨ ᠠᠶᠠᠯᠠᠯ ᠤᠨ ᠬᠢᠨ ᠲᠠᠢ ᠬᠠᠮᠲᠤᠷᠠᠨ᠂ ︽ᠳᠤᠮᠳᠠᠳᠤ ᠤᠯᠤᠰ ᠤᠨ ᠨᠢᠭᠤᠭᠳᠠᠮᠠᠯ ᠭᠤᠸ᠎ᠠ ᠰᠠᠶᠢᠬᠠᠨ ᠢ ᠡᠷᠢᠬᠦ︾ ᠠᠵᠢᠯᠯᠠᠭ᠎ᠠ ᠥᠷᠨᠢᠭᠦᠯᠵᠦ᠂ ᠵᠢᠭᠤᠯᠴᠢᠯᠠᠯ ᠳᠤ ᠨᠡᠪᠲᠡᠷᠡᠭᠰᠡᠨ ᠬᠥᠮᠦᠨ ᠢ ᠤᠷᠢᠵᠤ ᠮᠠᠨ ᠤ ᠬᠤᠲᠠ ᠶᠢᠨ ᠭᠤᠣᠯᠳᠠᠯᠭ᠎ᠠ ᠲᠠᠢ ᠦᠵᠡᠮᠵᠢ ᠶᠢᠨ ᠣᠷᠣᠨ ᠳᠤ ᠬᠦᠨᠵᠡᠭᠡᠶᠢᠷᠡᠨ᠂ ᠠᠯᠪᠠᠨ ᠤ ᠪᠢᠴᠢᠯ ᠪᠦᠷᠭᠡ᠂ ᠸᠢᠴᠠᠲ ᠪᠤᠯᠤᠨ ᠬᠠᠮᠲᠤᠷᠠᠨ ᠠᠵᠢᠯᠯᠠᠬᠤ ᠵᠢᠭᠤᠯᠴᠢᠯᠠᠯ ᠤᠨ ᠰᠦᠯᠵᠢᠶ᠎ᠡ ᠳᠤ ᠬᠠᠮᠲᠤᠪᠡᠷ ᠬᠦᠳᠡᠯᠦᠯᠴᠡᠬᠦ  ᠠᠵᠢᠯᠯᠠᠭ᠎ᠠ ᠶᠢ ᠦᠷᠨᠢᠭᠦᠯᠦᠨ᠎ᠡ᠃      ᠬᠤᠶᠠᠷ ᠲᠤ ᠰᠢᠨ᠎ᠡ ᠵᠠᠭᠤᠴᠢᠯᠠᠭᠤᠷ ᠤᠨ ᠤᠯᠠᠮᠵᠢᠯᠠᠬᠤ ᠨᠢ ᠲᠦᠷᠭᠡᠨ᠂ ᠴᠢᠭ᠋ ᠠᠴᠠ ᠴᠢᠭ᠋ ᠲᠤ ᠬᠦᠷᠬᠦ᠂  ᠥᠨᠳᠥᠷ ᠦᠷ᠎ᠡ ᠪᠦᠲᠦᠮᠵᠢᠲᠠᠢ ᠪᠠᠶᠢᠳᠠᠭ ᠣᠨᠴᠠᠯᠢᠭ ᠢ ᠭᠦᠢᠴᠡᠳ ᠠᠰᠢᠭᠯᠠᠵᠤ᠂ ᠡᠯ᠎ᠡ ᠶᠡᠭᠡ ᠵᠢᠭᠤᠯᠴᠢᠯᠠᠯ ᠤᠨ ᠰᠦᠯᠵᠢᠶ᠎ᠡ ᠪᠤᠯᠤᠨ  ᠡᠯᠧᠺᠲᠷᠤᠨ ᠬᠤᠳᠠᠯᠳᠤᠭᠠᠨ ᠤ ᠲᠠᠪᠴᠠᠩ ᠲᠠᠢ ᠬᠠᠮᠲᠤᠷᠠᠨ ᠠᠵᠢᠯᠯᠠᠬᠤ ᠪᠠᠨ ᠴᠢᠩᠭᠠᠳᠬᠠᠵᠤ᠂ ᠬᠤᠲᠠ ᠶᠢᠨ ᠵᠢᠭᠤᠯᠴᠢᠯᠠᠯ ᠤᠨ ᠲᠣᠪᠴᠢᠶ᠎ᠠ ᠶᠢᠨ ︽ᠭᠤᠷᠪᠠᠨ ᠪᠢᠴᠢᠯ ᠨᠢᠭᠡ ᠰᠦᠯᠵᠢᠶ᠎ᠡ︾᠎ ᠶᠢᠨ ᠠᠯᠪᠠᠨ ᠰᠦᠯᠵᠢᠶᠡᠨ ᠲᠠᠪᠴᠠᠩ ᠢ ᠰᠠᠶᠢᠲᠤᠷ ᠡᠷᠬᠢᠯᠡᠵᠦ᠂ ᠰᠢᠨ᠎ᠡ ᠵᠠᠭᠤᠴᠢᠯᠠᠭᠤᠷ ᠲᠤ ᠵᠢᠭᠤᠯᠴᠢᠯᠠᠭᠴᠢᠳ ᠲᠤ ᠨᠡᠩ ᠪᠦᠷᠢᠨ ᠨᠡᠩ ᠰᠠᠶᠢᠨ ᠨᠡᠩ ᠤᠶᠢᠷᠠᠲᠤᠭᠰᠠᠨ ᠤᠬᠠᠭᠤᠯᠭ᠎ᠠ ᠶᠢᠨ ᠠᠭᠤᠯᠭ᠎ᠠ ᠬᠠᠨᠭ᠍ᠭᠠᠨ᠎ᠠ᠃      ᠭᠤᠷᠪᠠ ᠳᠤ ᠤᠯᠤᠰ ᠤᠨ ᠵᠢᠭᠤᠯᠴᠢᠯᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠵᠢᠴᠢ ᠵᠢᠭᠤᠯᠴᠢᠯᠠᠭᠴᠢᠳ ᠤᠯᠠᠨᠲᠠᠢ ᠴᠢᠬᠤᠯᠠ ᠬᠤᠲᠠ ᠶᠢᠨ ᠡᠷᠬᠢᠯᠡᠬᠦ ᠨᠥᠯᠥᠭᠡ ᠶᠡᠭᠡᠲᠠᠢ ᠵᠢᠭᠤᠯᠴᠢᠯᠠᠯ ᠤᠨ ᠠᠷᠠᠯᠵᠢᠶᠠᠨ ᠤ ᠴᠤᠭᠯᠠᠭᠠᠨ᠂ ᠦᠵᠡᠰᠬᠦᠯᠡᠩ ᠳᠤ ᠢᠳᠡᠪᠬᠢᠲᠡᠶ ᠤᠷᠤᠯᠴᠠᠨ᠎ᠠ᠃ ᠤᠯᠠᠭᠠᠨᠬᠠᠳᠠ ᠶᠢᠨ ᠵᠢᠭᠤᠯᠴᠢᠯᠠᠯ ᠤᠨ ᠲᠤᠰᠬᠠᠶ ᠲᠠᠨᠢᠯᠴᠠᠭᠤᠯᠬᠤ ᠬᠤᠷᠠᠯ ᠢ ᠨᠡᠩ ᠶᠡᠭᠡ ᠬᠡᠪᠴᠢᠶᠡᠨ᠎ᠡ ᠡᠷᠬᠢᠯᠡᠵᠤ᠂ ᠪᠡᠭᠡᠵᠢᠩ᠂ ᠲᠢᠶᠠᠨᠵᠢᠨ᠂ ᠡᠾᠧᠪᠸᠢ᠂ ᠯᠢᠶᠤᠤᠨᠢᠩ᠂ ᠱᠠᠨᠳᠦ᠋ᠡᠭ ᠵᠡᠷᠭᠡ ᠵᠢᠭᠤᠯᠴᠢᠯᠠᠭᠴᠢᠳ ᠤᠯᠠᠨᠲᠠᠢ ᠴᠢᠬᠤᠯᠠ ᠵᠢᠭᠤᠯᠴᠢᠯᠠᠯ ᠤᠨ ᠤᠷᠤᠨ ᠢ ᠪᠠᠲᠤᠳᠬᠠᠵᠤ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠪᠠᠷᠠᠭᠤᠨ ᠡᠮᠦᠨᠡᠲᠦ ᠵᠡᠷᠭᠡ ᠶᠢᠨ ᠵᠢᠭᠤᠯᠴᠢᠯᠠᠭᠴᠢᠳ ᠤᠯᠠᠨᠲᠠᠢ ᠤᠷᠤᠨ ᠢ ᠦᠷᠭᠡᠳᠭᠡᠨ᠂ ᠰᠢᠨ᠎ᠡ ᠬᠠᠭᠤᠴᠢᠨ ᠵᠢᠭᠤᠯᠴᠢᠯᠠᠭᠴᠢᠳ ᠤᠯᠠᠨᠲᠠᠢ ᠤᠷᠤᠨ ᠤ ᠱᠠᠲᠤᠯᠵᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠶ᠂ ᠱᠠᠨᠳᠦ᠋ᠩ ᠬᠤᠶᠢᠭ᠂ ᠯᠢᠶᠤᠤᠨᠢᠩ ᠤᠨ ᠪᠠᠷᠠᠭᠤᠨ ᠬᠡᠰᠡᠭ ᠤᠨ ᠲᠤᠭᠤᠷᠢᠨ ᠳᠤ᠂ ᠵᠢᠭᠤᠯᠴᠢᠯᠠᠬᠤ ᠬᠠᠮ ᠲᠡᠷᠭᠡ ᠶᠢᠨ ᠠᠷᠭ᠎ᠠ ᠪᠠᠷ ᠲᠣᠭᠤᠷᠢᠨ ᠶᠠᠪᠤᠵᠤ ᠤᠬᠠᠭᠤᠯᠤᠨ ᠲᠠᠨᠢᠯᠴᠠᠭᠤᠯᠤᠨ᠎ᠠ︔  ᠵᠢᠭᠤᠯᠴᠢᠯᠠᠯ ᠤᠨ ᠦᠵᠡᠮᠵᠢᠲᠦ ᠣᠷᠣᠨ ᠤ ᠤᠮᠠᠷᠠᠲᠤ ᠱᠤᠭᠤᠮ ᠤᠨ ᠬᠤᠯᠪᠣᠭ᠎ᠠ ᠪᠠᠶᠢᠭᠤᠯᠬᠤ ᠶᠢ ᠵᠤᠷᠢᠭᠵᠢᠭᠤᠯᠤᠨ ᠣᠯᠠᠨ ᠵᠦᠢᠯ ᠤᠨ ᠤᠬᠠᠭᠤᠯᠭ᠎ᠠ ᠲᠠᠨᠢᠯᠴᠠᠭᠤᠯᠭ᠎ᠠ ᠪᠤᠯᠤᠨ ᠪᠣᠷᠣᠯᠠᠭᠤᠯᠭ᠎ᠠ ᠶᠢᠨ ᠠᠵᠢᠯᠯᠠᠭ᠎ᠠ ᠦᠷᠨᠢᠬᠦᠯᠦᠨ᠎ᠡ᠃ ᠵᠢᠯ ᠤᠨ ᠳᠤᠲᠤᠷ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ 35 ᠬᠤᠲᠠ ᠳᠤ ᠤᠯᠠᠭᠠᠨᠬᠠᠳᠠ ᠶᠢᠨ ᠵᠢᠭᠤᠯᠴᠢᠯᠠᠯ ᠤᠨ ᠲᠤᠰᠬᠠᠶ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠭᠤᠯᠤᠨ᠎ᠠ᠃ ᠲᠠᠶᠢᠸᠠᠨ᠂ ᠺᠤᠷᠢᠶᠠ᠂ ᠶᠠᠫᠣᠨ᠂ ᠮᠣᠩᠭᠤᠯ᠂ ᠣᠷᠣᠰ ᠵᠡᠷᠭᠡ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠲᠠᠬᠢ ᠤᠬᠠᠭᠤᠯᠭ᠎ᠠ ᠶᠢ ᠢᠳᠡᠪᠬᠢᠲᠡᠶ ᠬᠢᠵᠤ᠂ ᠲᠠᠶᠢᠸᠠᠨ ᠤ ᠠᠶᠠᠯᠠᠯ ᠵᠢᠭᠤᠯᠴᠢᠯᠠᠯ ᠤᠨ ᠨᠡᠶᠢᠭᠡᠮᠯᠢᠭ ᠮᠠᠨ ᠤ ᠬᠤᠲᠠ ᠳᠤ ᠢᠷᠡᠵᠤ ᠦᠵᠡᠮᠵᠢ ᠰᠤᠨᠢᠷᠬᠠᠬᠤ ᠪᠠ ᠪᠦᠯᠬᠦᠮ ᠪᠠᠶᠢᠭᠤᠯᠤᠨ ᠰᠠᠭᠤᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠬᠭᠤᠯᠵᠤ᠂  ᠺᠤᠷᠢᠶᠠ᠂ ᠶᠠᠫᠣᠨ ᠳᠤ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠭᠤᠯᠵᠤ᠂ ᠵᠢᠭᠤᠯᠴᠢᠯᠠᠯ ᠤᠨ ᠦᠢᠯᠡᠳᠬᠦᠨ ᠢ ᠴᠢᠭᠯᠡᠭᠦᠯᠬᠦ ᠬᠠᠨᠳᠤᠯᠭᠠᠲᠤ ᠴᠢᠨᠠᠷ ᠲᠠᠢ ᠪᠤᠷᠤᠯᠠᠭᠤᠯᠤᠨ ᠡᠳᠡᠭᠡᠷ ᠤᠯᠤᠰ ᠪᠤᠯᠤᠨ ᠭᠠᠵᠠᠷ ᠣᠷᠣᠨ ᠤ ᠵᠢᠭᠤᠯᠴᠢᠯᠠᠭᠴᠢᠳ ᠢ ᠲᠠᠲᠠᠨ ᠤᠯᠠᠭᠠᠨᠬᠠᠳᠠ ᠳᠤ ᠢᠷᠡᠵᠤ ᠵᠢᠭᠤᠯᠴᠢᠯᠠᠨ ᠲᠤᠭᠤᠷᠢᠬᠤ ᠪᠠ ᠵᠢᠭᠤᠯᠴᠢᠯᠠᠨ ᠠᠮᠠᠷᠠᠯᠲᠠ ᠬᠢᠯᠭᠡᠨ᠎ᠡ᠃      ᠳᠥᠷᠪᠡ ᠳᠤ ᠵᠢᠭᠤᠯᠴᠢᠯᠠᠯ ᠤᠨ ᠤᠬᠠᠭᠤᠯᠭ᠎ᠠ ᠪᠣᠷᠣᠯᠠᠭᠤᠯᠭ᠎ᠠ ᠶᠢᠨ ᠰᠢᠨ᠎ᠡ ᠵᠠᠭᠪᠤᠷ ᠢ ᠨᠡᠭᠡᠭᠡᠵᠤ᠂ ᠵᠢᠭᠤᠯᠴᠢᠯᠠᠭᠴᠢᠳ ᠤᠯᠠᠨᠲᠠᠢ ᠵᠠᠬ᠎ᠠ ᠳᠡᠯᠭᠡᠭᠦᠷ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ ᠢ ᠰᠠᠶᠢᠲᠤᠷ ᠠᠳᠬᠤᠨ᠎ᠠ᠃ ᠠᠶᠠᠯᠠᠯ ᠵᠢᠭᠤᠯᠴᠢᠯᠠᠯ ᠤᠨ ᠺᠣᠮᠫᠠᠨᠢ ᠵᠢᠭᠤᠯᠴᠢᠯᠠᠯ ᠤᠨ ᠬᠦᠯᠦᠰᠦᠨ ᠨᠢᠰᠬᠡᠯ ᠪᠤᠯᠤᠨ ᠭᠦᠭ ᠤᠯᠠᠷᠢᠯ ᠠᠴᠠ ᠭᠠᠳᠠᠨᠠᠬᠢ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠶᠢ ᠤᠯᠠᠨᠲᠠ ᠵᠣᠬᠢᠶᠠᠨ ᠪᠠᠶᠢᠭᠤᠯᠬᠤ ᠶᠢ ᠨᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ᠂ 2014 ᠣᠨ ᠳᠤ ᠨᠡᠪᠲᠡᠷᠡᠭᠦᠯᠦᠭᠰᠡᠨ ᠱᠠᠨᠳᠦ᠋ᠩ ᠤᠨ ᠵᠢᠨᠠᠨ᠂ ᠴᠢᠩᠳᠣᠤ ᠶᠢᠨ ᠵᠢᠭᠤᠯᠴᠢᠯᠠᠯ ᠤᠨ ᠬᠦᠯᠦᠰᠦᠨ ᠨᠢᠰᠬᠡᠯ ᠤᠨ ᠰᠠᠭᠤᠷᠢᠨ ᠳᠡᠭᠡᠷ᠎ᠡ ᠶᠠᠨᠲ᠋ᠠᠢ᠂ ᠬᠠᠩᠵᠧᠦ ᠶᠢᠨ ᠵᠢᠭᠤᠯᠴᠢᠯᠠᠯ ᠤᠨ ᠬᠦᠯᠦᠰᠦᠨ ᠨᠢᠰᠬᠡᠯ᠂ ᠲᠠᠶᠢᠸᠠᠨ᠂ ᠺᠤᠷᠢᠶᠠ ᠠᠴᠠ ᠤᠯᠠᠭᠠᠨᠬᠠᠳᠠ ᠬᠦᠷᠬᠦ ᠵᠢᠭᠤᠯᠴᠢᠯᠠᠯ ᠤᠨ ᠬᠦᠯᠦᠰᠦᠨ ᠨᠢᠰᠬᠡᠯ ︵ᠪᠡᠭᠡᠵᠢᠩ ᠳᠤ ᠬᠢᠯᠢ ᠪᠠᠷ ᠤᠷᠤᠬᠤ ᠭᠠᠷᠳᠠᠮ ᠬᠦᠢᠴᠡᠳᠭᠡᠨ᠎ᠡ︶᠎ ᠢ ᠰᠢᠨ᠎ᠡ ᠪᠠᠷ ᠨᠡᠭᠡᠭᠡᠬᠦ ᠪᠠᠷ ᠲᠦᠯᠦᠪᠯᠡᠵᠤ ᠪᠠᠶᠢᠨ᠎ᠠ᠃ ᠤᠯᠠᠭᠠᠨᠬᠠᠳᠠ ᠶᠢᠨ ᠤᠯᠤᠰ ᠤᠨ ᠵᠢᠭᠤᠯᠴᠢᠯᠠᠯ᠂ ᠠᠭᠠᠷ ᠤᠨ ᠠᠶᠠᠯᠠᠯ  ᠤᠨ ᠤᠯᠤᠰ ᠤᠨ ᠵᠢᠭᠤᠯᠴᠢᠯᠠᠯ᠂ ᠣᠷᠴᠢᠨ ᠲᠣᠭᠤᠷᠢᠨ ᠤ ᠤᠯᠤᠰ ᠤᠨ ᠵᠢᠭᠤᠯᠴᠢᠯᠠᠯ᠂ ᠺᠠᠶᠢᠯᠸᠢ ᠠᠶᠠᠯᠠᠯ ᠵᠢᠭᠤᠯᠴᠢᠯᠠᠯ ᠤᠨ ᠺᠣᠮᠫᠠᠨᠢ ᠵᠡᠷᠭᠡ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠶᠢ ᠵᠣᠬᠢᠶᠠᠨ ᠪᠠᠶᠢᠭᠤᠯᠤᠨ ᠰᠠᠶᠢᠲᠤᠷ ᠵᠤᠬᠢᠴᠠᠭᠤᠯᠤᠨ᠎ᠠ᠃  ᠱᠧᠨ᠋ᠶᠠᠩ᠂ ᠱᠠᠨ ᠬᠠᠢ ᠭᠤᠸᠠᠨ ᠠᠴᠠ ᠤᠯᠠᠭᠠᠨᠬᠠᠳᠠ ᠬᠦᠷᠬᠦ᠂ ᠬᠦᠬᠡᠬᠤᠲᠠ ᠠᠴᠠ ᠬᠡᠰᠢᠭᠲᠡᠨ ᠬᠤᠰᠢᠭᠤ ᠬᠦᠷᠬᠦ ᠲᠤᠰᠬᠠᠶ ᠭᠠᠯᠲᠤ ᠲᠡᠷᠭᠡ ᠨᠡᠪᠲᠡᠷᠡᠭᠦᠯᠵᠤ᠂ ᠡᠭᠦᠨ ᠳᠤ  ᠱᠧᠨ᠋ᠶᠠᠩ ᠠᠴᠠ ᠤᠯᠠᠭᠠᠨᠬᠠᠳᠠ ᠬᠦᠷᠬᠦ ᠵᠢᠭᠤᠯᠴᠢᠯᠠᠯ ᠤᠨ ᠲᠤᠰᠬᠠᠶ ᠭᠠᠯᠲᠤ ᠲᠡᠷᠭᠡ 20 ᠴᠤᠪᠤᠭ᠎ᠠ ᠲᠤᠬᠢᠷᠠᠭᠤᠯᠵᠤ᠂ ᠴᠤᠪᠤᠭ᠎ᠠ ᠪᠦᠷᠢ ᠪᠠᠷᠤᠭ 430 ᠬᠥᠮᠦᠨ ᠠᠴᠢᠶᠠᠯᠠᠨ᠎ᠠ︔ ᠵᠢᠨᠢᠩ ᠲᠦᠡᠭᠯᠢᠶᠤᠤ ᠶᠢᠨ ᠲᠡᠮᠦᠷ ᠵᠠᠮ ᠤᠨ ᠬᠢᠨ ᠲᠠᠢ ᠬᠠᠮᠲᠤᠷᠠᠨ ᠠᠵᠢᠯᠯᠠᠵᠤ᠂ ︽ᠮᠠᠤ ᠽᠧ ᠳ᠋ᠦᠩ ᠨᠡᠷᠡᠮᠵᠢᠲᠦ︾ ᠭᠠᠯᠲᠤ ᠲᠡᠷᠭᠡ ᠶᠢ ᠠᠰᠢᠭᠯᠠᠨ᠂ ᠬᠦᠬᠡᠬᠤᠲᠠ ᠠᠴᠠ ᠬᠡᠰᠢᠭᠲᠡᠨ ᠬᠤᠰᠢᠭᠤ ᠬᠦᠷᠬᠦ ᠵᠢᠭᠤᠯᠴᠢᠯᠠᠯ ᠤᠨ ᠲᠤᠰᠬᠠᠶ ᠭᠠᠯᠲᠤ ᠲᠡᠷᠭᠡ 10 ᠴᠤᠪᠤᠭ᠎ᠠ ᠨᠡᠪᠲᠡᠷᠡᠭᠦᠯᠦᠨ᠎ᠡ᠃ ᠪᠡᠭᠡᠵᠢᠩ ᠲᠢᠶᠠᠨᠵᠢᠨ ᠡᠾᠧᠪᠸᠢ ᠣᠷᠣᠨ ᠤ ᠵᠢᠭᠤᠯᠴᠢᠯᠠᠯ ᠤᠨ ᠬᠠᠮᠲᠤᠷᠠᠨ ᠠᠵᠢᠯᠯᠠᠬᠤ ᠶᠢ ᠰᠢᠨ᠎ᠡ ᠰᠢᠪᠲᠤᠯᠤᠯᠲᠠ ᠲᠠᠢ ᠪᠣᠯᠭᠠᠵᠤ᠂ ᠪᠡᠭᠡᠵᠢᠩ ᠲᠢᠶᠠᠨᠵᠢᠨ ᠡᠾᠧᠪᠸᠢ ᠶᠢᠨ ᠵᠢᠭᠤᠯᠴᠢᠯᠠᠯ ᠢ ᠨᠢᠭᠡ ᠴᠤᠭᠴᠠᠵᠢᠭᠤᠯᠤᠨ ᠬᠠᠮᠲᠤᠷᠠᠯᠴᠠᠬᠤ ᠲᠠᠪᠴᠠᠩ᠂ ︽ᠦᠪᠦᠷ ᠮᠣᠩᠭᠤᠯ ᠤᠨ ᠵᠡᠭᠦᠨ ᠬᠡᠰᠡᠭ᠂ ᠡᠾᠧᠪᠸᠢ ᠶᠢᠨ ᠬᠤᠶᠢᠲᠤ ᠬᠡᠰᠡᠭ᠂ ᠯᠢᠶᠤᠤᠨᠢᠩ ᠤᠨ ᠪᠠᠷᠠᠭᠤᠨ ᠬᠡᠰᠡᠭ︾᠎ ᠤᠨ ᠬᠠᠮᠲᠤᠷᠠᠯᠴᠠᠬᠤ ᠴᠸᠡᠭᠳᠧ᠂ ᠴᠢᠨ ᠬᠤᠸᠠᠩ ᠳ᠋ᠤᠤ᠂ ᠲᠠᠩᠱᠠᠨ᠂ ᠤᠯᠠᠭᠠᠨᠬᠠᠳᠠ ᠶᠢᠨ ︽3 + 1︾ ᠬᠠᠮᠲᠤᠷᠠᠨ ᠠᠵᠢᠯᠯᠠᠬᠤ ᠲᠠᠪᠴᠠᠩ ᠢ ᠰᠠᠶᠢᠲᠤᠷ ᠠᠰᠢᠭᠯᠠᠨ᠎ᠠ᠃ ᠵᠠᠰᠠᠭ ᠤᠨ ᠣᠷᠳᠣᠨ ᠲᠦᠷᠦᠭᠦᠯᠡᠨ᠂ ᠠᠵᠤ ᠠᠬᠤᠶᠢᠯᠠᠯ ᠠᠵᠢᠯᠯᠠᠴᠠᠭᠠᠬᠤ ᠬᠡᠯᠪᠡᠷᠢ ᠪᠠᠷ᠂ ᠪᠡᠭᠡᠵᠢᠩ ᠲᠢᠶᠠᠨᠵᠢᠨ ᠡᠾᠧᠪᠸᠢ ᠵᠡᠷᠭᠡ 5 ᠬᠤᠲᠠ ᠳᠤ ᠤᠯᠠᠭᠠᠨᠬᠠᠳᠠ ᠳᠤ ᠬᠦᠷᠬᠦ ᠵᠢᠭᠤᠯᠴᠢᠯᠠᠯ ᠤᠨ ᠰᠢᠭᠤᠳ ᠨᠡᠪᠲᠡᠷᠡᠬᠦ ᠲᠡᠷᠭᠡ ᠶᠢ ᠨᠡᠪᠲᠡᠷᠡᠭᠦᠯᠪᠡ᠃ 5 ᠳ᠋ᠤᠭᠠᠷ ᠰᠠᠷ᠎ᠠ ᠶᠢᠨ 23᠎ ᠤ ᠡᠳᠦᠷ᠂ ᠪᠢᠳᠡ ᠢᠦᠢ ᠯᠦᠡᠭ ᠱᠠ ᠨᠠᠭᠤᠷ ᠲᠤ ︽ᠪᠡᠭᠡᠵᠢᠩ ᠲᠢᠶᠠᠨᠵᠢᠨ ᠡᠾᠧᠪᠸᠢ ᠶᠢᠨ ᠵᠢᠭᠤᠯᠴᠢᠯᠠᠯ ᠤᠨ ᠰᠢᠭᠤᠳ ᠨᠡᠪᠲᠡᠷᠡᠬᠦ ᠲᠡᠷᠭᠡ ᠤᠯᠠᠭᠠᠨᠬᠠᠳᠠ ᠳᠤ ᠤᠷᠤᠬᠤ ᠭᠠᠷ ᠤᠨ ᠦᠰᠦᠭ ᠵᠢᠷᠤᠬᠤ ᠶᠣᠰᠣᠯᠠᠯ ᠵᠢᠴᠢ ᠣᠷᠣᠨ ᠪᠦᠰᠡ ᠶᠢᠨ ᠵᠢᠭᠤᠯᠴᠢᠯᠠᠯ ᠤᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ︾᠎ ᠢ ᠡᠷᠬᠢᠯᠡᠵᠤ᠂ 318 ᠰᠢᠭᠤᠳ ᠨᠡᠪᠲᠡᠷᠡᠬᠦ ᠲᠡᠷᠭᠡ᠂ 30 ᠲᠤᠰᠬᠠᠶ ᠭᠠᠯᠲᠤ ᠲᠡᠷᠭᠡ ᠤᠯᠠᠭᠠᠨᠬᠠᠳᠠ ᠳᠤ ᠤᠷᠤᠪᠠ᠃ ᠰᠢᠭᠤᠳ ᠨᠡᠪᠲᠡᠷᠡᠬᠦ ᠲᠡᠷᠭᠡ ᠪᠠᠷ ᠵᠢᠯᠤᠭᠤᠳᠤᠯᠭ᠎ᠠ ᠪᠤᠯᠭᠠᠵᠤ᠂  ᠬᠤᠪᠢ ᠶᠢᠨ ᠮᠠᠰᠢᠨ ᠢᠶᠠᠷ ᠵᠢᠭᠤᠯᠴᠢᠯᠠᠬᠤ ᠵᠠᠬ᠎ᠠ ᠳᠡᠯᠭᠡᠭᠦᠷ ᠢ ᠨᠡᠭᠡᠭᠡᠵᠦ᠂ ᠪᠡᠭᠡᠵᠢᠩ ᠲᠢᠶᠠᠨᠵᠢᠨ ᠡᠾᠧᠪᠸᠢ ᠶᠢᠨ ᠵᠢᠭᠤᠯᠴᠢᠯᠠᠭᠴᠢᠳ ᠢ ᠰᠢᠨ᠎ᠡ ᠪᠠᠷ 100 ᠲᠦᠮᠡ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠪᠡ᠃ ᠡᠨᠡ ᠨᠢ ᠤᠯᠠᠭᠠᠨᠬᠠᠳᠠ ᠨᠢ ᠲᠤᠰ ᠣᠷᠣᠨ ᠪᠦᠰᠡ ᠶᠢᠨ ᠵᠢᠭᠤᠯᠴᠢᠯᠠᠯ ᠤᠨ ᠬᠠᠷᠠᠯᠲᠠᠲᠤ ᠤᠷᠤᠨ ᠪᠤᠯᠤᠭᠰᠠᠨ ᠤ ᠬᠤᠪᠢ ᠳᠤ ᠡᠳᠦᠷ ᠢᠷᠡᠬᠦᠶ᠎ᠡ ᠪᠣᠯᠪᠠᠰᠤᠷᠠᠩᠭᠤᠶ ᠪᠤᠯᠵᠤ ᠪᠠᠶᠢᠬᠤ ᠶᠢ ᠬᠠᠷᠠᠭᠤᠯᠵᠤ ᠪᠠᠶᠢᠨ᠎ᠠ᠃ ﹇ᠬᠦᠲᠦᠯᠦᠭᠴᠢ﹈      ᠣᠶᠢᠷ᠎ᠠ ᠶᠢᠨ ᠬᠤᠭᠤᠴᠠᠭᠠᠨ ᠳᠤ ᠤᠯᠤᠰ ᠤᠨ ᠵᠢᠭᠤᠯᠴᠢᠯᠠᠯ ᠤᠨ ᠲᠣᠪᠴᠢᠶ᠎ᠠ ᠠᠴᠠ ᠵᠢᠭᠤᠯᠴᠢᠯᠠᠯ ᠤᠨ ᠪᠣᠯᠪᠠᠰᠤᠨ ᠪᠤᠰᠤ ᠬᠡᠷᠡᠭ ᠢ ᠳᠠᠬᠢᠨ ᠨᠢᠭᠡ ᠤᠳᠠᠭ᠎ᠠ ᠨᠡᠪᠲᠡᠷᠡᠭᠦᠯᠪᠡ᠂ ᠮᠠᠨ ᠤ ᠤᠯᠠᠭᠠᠨᠬᠠᠳᠠ ᠬᠤᠲᠠ ᠶᠢᠨ  ᠵᠢᠭᠤᠴᠢᠯᠠᠯ ᠤᠨ ᠲᠣᠪᠴᠢᠶ᠎ᠠ ᠪᠣᠯᠪᠠᠰᠤᠨ ᠵᠢᠭᠤᠯᠴᠢᠯᠠᠯ ᠤᠨ ᠲᠠᠯ᠎ᠠ ᠪᠠᠷ ᠶᠠᠮᠠᠷ ᠶᠠᠮᠠᠷ ᠠᠷᠭ᠎ᠠ ᠪᠠᠷᠢᠯ ᠪᠠᠶᠢᠬᠤ ᠪᠤᠶ︖ ﹇ᠶᠠᠨ ᠬᠤᠢ﹈      ᠪᠢᠳᠠᠨ ᠬᠤᠲᠠ ᠶᠢᠨ ᠨᠠᠮ ᠤᠨ ᠬᠤᠷᠢᠶ᠎ᠠ ᠶᠢᠨ ᠪᠣᠯᠪᠠᠰᠤᠨ ᠤ ᠠᠯᠪᠠᠨ ᠭᠡᠷ ᠤᠨ ᠬᠠᠮᠲᠤ ︽ᠪᠣᠯᠪᠠᠰᠤᠨ ᠵᠢᠭᠤᠯᠴᠢᠯᠠᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠢ ᠲᠣᠭᠲᠠᠭᠠᠵᠤ᠂ ᠠᠯᠢ ᠣᠯᠠᠨ ᠲᠤᠰᠬᠠᠶ ᠠᠵᠢᠯᠯᠠᠭ᠎ᠠ ᠪᠠ ᠪᠣᠯᠪᠠᠰᠤᠨ ᠵᠢᠭᠤᠴᠢᠯᠠᠯ ᠳᠤ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂  ᠥᠷᠭᠡᠨ ᠣᠯᠠᠨ ᠬᠤᠲᠠ ᠶᠢᠨ ᠠᠷᠠᠳ ᠪᠣᠯᠪᠠᠰᠤᠨ ᠢᠶᠠᠷ ᠵᠢᠭᠤᠯᠴᠢᠯᠠᠬᠤ ᠶᠢ ᠬᠥᠲᠥᠯᠥᠨ ᠵᠢᠯᠣᠭᠤᠳᠴᠤ᠂ ᠵᠢᠭᠤᠯᠴᠢᠯᠠᠯ ᠤᠨ ᠠᠵᠢᠯ ᠬᠢᠵᠦ ᠪᠠᠶᠢᠭ᠎ᠠ ᠬᠥᠮᠦᠰ ᠤᠨ ᠡᠷᠬᠢᠯᠡᠭᠰᠡᠨ ᠠᠵᠢᠯ ᠤᠨ ᠶᠣᠰᠣ ᠮᠣᠷᠠᠯ ᠤᠨ ᠬᠥᠮᠦᠵᠢᠯ ᠢ ᠴᠢᠩᠭᠠᠳᠬᠠᠵᠤ᠂ ᠵᠢᠭᠤᠯᠴᠢᠯᠠᠯ ᠤᠨ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠦᠢᠯᠡ ᠠᠵᠢᠯᠯᠠᠭ᠎ᠠ ᠶᠢ ᠳᠦᠷᠢᠮᠵᠢᠭᠦᠯᠪᠡ᠃      ᠡᠩ ᠲᠡᠷᠢᠭᠦᠨ ᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠠᠶᠢᠨ ᠰᠠᠶᠢᠬᠠᠨ ᠪᠣᠯᠪᠠᠰᠤᠨ   ᠵᠢᠭᠤᠯᠴᠢᠯᠠᠯ ᠤᠨ ᠣᠷᠴᠢᠨ ᠪᠠᠶᠢᠳᠠᠯ ᠢ ᠪᠤᠶ ᠪᠣᠯᠭᠠᠪᠠ᠃ ᠪᠣᠯᠪᠠᠰᠤᠨ ᠵᠢᠭᠤᠯᠴᠢᠯᠠᠯ ᠳᠤ ᠤᠬᠠᠭᠤᠯᠭ᠎ᠠ  ᠬᠥᠮᠦᠵᠢᠯ ᠪᠣᠯ ᠴᠢᠬᠤᠯᠠ ᠶᠤᠮ᠃ ᠰᠣᠨᠢᠨ ᠮᠡᠳᠡᠭᠡ ᠶᠢᠨ ᠵᠠᠭᠤᠴᠢ᠂ ᠦᠵᠡᠭᠦᠯᠦᠯᠭᠡ ᠶᠢᠨ ᠰᠠᠮᠪᠠᠷ᠎ᠠ ᠡᠯᠭᠦᠮᠡᠯ ᠵᠢᠷᠤᠭ᠂ ᠡᠯᠧᠺᠲᠷᠣᠨ ᠳᠡᠯᠭᠡᠴᠡ᠂ ᠷᠠᠳᠢᠣ᠋ ᠲᠧᠯᠸᠢᠰ ᠵᠡᠷᠭᠡ ᠪᠠᠷ ᠳᠠᠮᠵᠢᠭᠤᠯᠤᠨ᠂ ︽ᠵᠢᠭᠤᠯᠴᠢᠯᠠᠯ ᠤᠨ ᠬᠠᠤᠯᠢ︾᠎ ᠳᠠᠬᠢ ᠪᠣᠯᠪᠠᠰᠤᠨ ᠵᠢᠭᠤᠯᠴᠢᠯᠠᠯ ᠤᠨ ᠲᠠᠯ᠎ᠠ ᠪᠠᠷ ᠬᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠶᠡᠬᠡᠪᠡᠷ ᠤᠬᠠᠭᠤᠯᠤᠨ ᠲᠥᠭᠡᠮᠡᠯᠵᠢᠭᠦᠯᠦᠨ᠎ᠡ᠃ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠵᠠᠩᠭᠢᠯᠠᠭ᠎ᠠ ᠪᠠ ᠭᠤᠣᠯᠳᠠᠯᠭ᠎ᠠ ᠲᠠᠢ ᠴᠠᠭ ᠬᠤᠭᠤᠴᠠᠭᠠᠨ ᠤ ᠪᠣᠯᠪᠠᠰᠣᠨ ᠵᠢᠭᠤᠯᠴᠢᠯᠠᠯ ᠤᠨ ᠠᠵᠢᠯ ᠢ ᠰᠠᠶᠢᠲᠤᠷ ᠠᠳᠬᠤᠵᠤ᠂ ᠠᠶᠠᠯᠠᠯ ᠵᠢᠭᠤᠯᠴᠢᠯᠠᠯ ᠤᠨ ᠺᠣᠮᠫᠠᠨᠢ ᠪᠣᠯᠣᠨ ᠵᠠᠮᠴᠢᠯᠠᠭᠴᠢᠳ ᠪᠦᠯᠬᠦᠮ  ᠳᠠᠭᠠᠭᠤᠯᠵᠤ ᠪᠣᠯᠪᠠᠰᠤᠨ ᠵᠢᠭᠤᠯᠴᠢᠯᠠᠬᠤ ᠬᠠᠷᠢᠭᠤᠴᠠᠯᠭ᠎ᠠ ᠶᠢ ᠴᠢᠩᠭᠠᠳᠬᠠᠪᠠ᠃      ᠳᠠᠷᠠᠭ᠎ᠠ ᠳᠤᠨᠢ᠂ ᠵᠢᠭᠤᠯᠴᠢᠯᠠᠯ ᠤᠨ ᠠᠵᠢᠯ ᠲᠥᠷᠥᠯ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ᠃ ᠪᠣᠯᠪᠠᠰᠤᠨ ᠵᠢᠭᠤᠯᠴᠢᠯᠠᠯ ᠤᠨ ᠠᠵᠢᠯ ᠨᠢ ᠠᠵᠢᠯ ᠲᠥᠷᠥᠯ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠲᠠᠢ ᠨᠢᠭᠲᠠ ᠬᠤᠯᠪᠣᠭᠳᠠᠯ ᠲᠠᠢ  ᠪᠠᠶᠢᠳᠠᠭ ᠪᠣᠯᠬᠤᠷ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯᠯᠠᠭ᠎ᠠ ᠶᠢᠨ ᠶᠠᠪᠤᠳᠠᠯ ᠤᠨ ᠳᠤᠮᠳᠠ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠯᠪᠠᠰᠤᠨ ᠵᠢᠭᠤᠯᠴᠢᠯᠠᠯ ᠤᠨ ᠠᠵᠢᠯ ᠢ ᠠᠵᠢᠯ ᠲᠥᠷᠥᠯ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ  ᠠᠭᠤᠰᠬᠠᠨ ᠨᠡᠪᠴᠢᠭᠦᠯᠪᠡ᠃ ᠬᠠᠮᠵᠢᠯᠴᠠᠨ ᠭᠦᠳᠡᠯᠦᠯᠴᠬᠦ ᠠᠵᠢᠯ ᠤᠨ ᠲᠣᠭᠲᠠᠴᠠ ᠶᠢ ᠪᠠᠶᠢᠭᠤᠯᠤᠨ  ᠪᠦᠷᠢᠨᠰᠢᠭᠦᠯᠪᠡ᠃ ᠪᠣᠯᠪᠠᠰᠤᠨ ᠵᠢᠭᠤᠯᠴᠢᠯᠠᠯ ᠤᠨ ᠠᠵᠢᠯ ᠤᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠬᠤ ᠴᠢᠬᠤᠯᠠ ᠲᠠᠢ ᠲᠤᠯᠠ᠂ ᠬᠠᠮᠲᠤ ᠪᠠᠷ ᠠᠳᠬᠤᠵᠤ ᠴᠤᠭ ᠢᠶᠠᠷ ᠬᠠᠮᠢᠶᠠᠷᠬᠤ ᠠᠵᠢᠯ ᠤᠨ ᠬᠡᠪ ᠪᠠᠶᠢᠳᠠᠯ ᠪᠣᠯᠣᠨ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠤᠷᠲᠤ ᠬᠤᠭᠤᠴᠠᠭᠠᠨ ᠤ ᠪᠦᠲᠦᠮᠵᠢᠲᠠᠢ ᠲᠣᠭᠲᠠᠴᠠ ᠶᠢ ᠪᠠᠶᠢᠭᠤᠯᠤᠨ᠎ᠠ᠃ ᠨᠥᠯᠥᠭᠡ ᠮᠠᠭᠤᠲᠠᠢ ᠪᠣᠯᠪᠠᠰᠤᠨ ᠪᠤᠰᠤ ᠦᠢᠯᠡ ᠠᠵᠢᠯᠯᠠᠭ᠎ᠠ ᠡᠭᠦᠰᠬᠦ ᠳᠤ ᠬᠦᠷᠪᠡᠯ᠂ ᠶᠠᠪᠤᠳᠠᠯ ᠎ ᠳᠤ ᠬᠤᠯᠪᠣᠭᠳᠠᠬᠤ ᠵᠢᠭᠤᠯᠴᠢᠯᠠᠯ ᠤᠨ ᠠᠵᠤ ᠠᠬᠤᠶᠢᠯᠠᠯ ᠪᠣᠯᠣᠨ ᠠᠵᠢᠯ ᠡᠷᠬᠢᠯᠡᠵᠦ ᠪᠠᠶᠢᠭ᠎ᠠ ᠬᠥᠮᠦᠰ ᠠᠴᠠ ᠬᠠᠤᠯᠢ ᠶᠣᠰᠣᠭᠠᠷ ᠬᠠᠷᠢᠭᠤᠴᠠᠯᠭ᠎ᠠ  ᠨᠡᠬᠡᠮᠵᠢᠯᠡᠵᠦ᠂ ᠪᠣᠯᠪᠠᠰᠤᠨ ᠵᠢᠭᠤᠯᠴᠢᠯᠠᠯ ᠤᠨ ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠪᠠ᠃      ᠭᠤᠷᠪᠠᠳᠤᠭᠠᠷ ᠲᠤ᠂ ᠵᠢᠭᠤᠯᠴᠢᠯᠠᠭᠴᠢᠳ ᠤᠨ ᠪᠣᠯᠪᠠᠰᠤᠨ ᠪᠣᠰᠤ ᠵᠢᠭᠤᠯᠴᠢᠯᠠᠯ ᠤᠨ ᠳᠠᠩᠰᠠ ᠡᠪᠬᠡᠮᠡᠯ ᠢ  ᠪᠠᠶᠢᠭᠤᠯᠪᠠ᠃ ︽ᠵᠢᠭᠤᠯᠴᠢᠯᠠᠭᠴᠢᠳ ᠤᠨ ᠪᠣᠯᠪᠠᠰᠤᠨ ᠪᠣᠰᠤ ᠵᠢᠭᠤᠯᠴᠢᠯᠠᠯ ᠤᠨ ᠲᠡᠮᠳᠡᠭᠯᠡᠯ ᠤᠨ ᠬᠠᠮᠢᠶᠠᠷᠤᠯᠲᠠ ᠶᠢᠨ ᠠᠷᠭ᠎ᠠ︾᠎ ᠶᠢ ᠦᠨᠳᠦᠰᠦᠯᠡᠨ᠂ ᠵᠢᠭᠤᠯᠴᠢᠯᠠᠯ ᠤᠨ ᠦᠵᠡᠮᠵᠢᠲᠦ ᠣᠷᠣᠨ ︵ᠴᠢᠭ᠋︶᠂  ᠵᠢᠭᠤᠯᠴᠢᠯᠠᠯ ᠤᠨ ᠺᠣᠮᠫᠠᠨᠢ᠂ ᠵᠢᠭᠤᠯᠴᠢᠯᠠᠯ ᠤᠨ ᠪᠠᠭᠤᠳᠠᠯ ᠵᠡᠷᠭᠡ ᠵᠢᠭᠤᠯᠴᠢᠯᠠᠯ ᠳᠤ ᠬᠤᠯᠪᠤᠭᠳᠠᠬᠤ ᠠᠵᠤ ᠠᠬᠤᠶᠢᠯᠠᠯ ᠯᠤᠭ᠎ᠠ ᠬᠤᠯᠪᠣᠭᠠᠯᠠᠨ ᠬᠦᠳᠡᠯᠦᠯᠴᠡᠵᠦ᠂ ᠵᠢᠭᠤᠯᠴᠢᠯᠠᠭᠴᠢᠳ ᠤᠨ ᠪᠣᠯᠪᠠᠰᠤᠨ ᠪᠤᠰᠤ ᠵᠢᠭᠤᠯᠴᠢᠯᠠᠯ ᠤᠨ ᠮᠡᠳᠡᠭᠡ ᠵᠠᠩᠭᠢ ᠶᠢ ᠮᠡᠳᠡᠭᠳᠡᠬᠦ ᠲᠣᠭᠲᠠᠴᠠ ᠶᠢ ᠪᠤᠶ ᠪᠣᠯᠭᠠᠪᠠ᠃ ︽ᠤᠯᠠᠭᠠᠨ ᠬᠠᠷ᠎ᠠ ᠢᠯᠡᠴᠢᠯᠡᠯ ᠤᠨ ᠪᠤᠯᠤᠩ︾ ᠳᠡᠭᠡᠷ᠎ᠡ ᠵᠢᠭᠤᠯᠴᠢᠯᠠᠭᠴᠢᠳ ᠤᠨ ᠪᠣᠯᠪᠠᠰᠤᠨ ᠪᠤᠰᠤ ᠵᠢᠭᠤᠯᠴᠢᠯᠠᠯ ᠤᠨ ᠠᠵᠢᠯᠯᠠᠭ᠎ᠠ ᠶᠢ ᠨᠡᠶᠢᠲᠡᠯᠡᠵᠦ᠂ ᠤᠯᠠᠭᠠᠨᠬᠠᠳᠠ ᠶᠢᠨ ᠵᠢᠭᠤᠯᠴᠢᠯᠠᠯ ᠤᠨ ᠰᠦᠯᠵᠢᠶ᠎ᠡ ᠵᠢᠴᠢ ᠬᠤᠲᠠ ᠶᠢᠨ ᠳᠡᠰ ᠤᠨ ᠰᠣᠨᠢᠨ ᠮᠡᠳᠡᠭᠡᠨ ᠤ ᠵᠠᠭᠤᠴᠢᠯᠠᠭᠤᠷ ᠳᠡᠭᠡᠷ᠎ᠡ ᠢᠯᠡᠴᠢᠯᠡᠪᠡ᠃ ᠬᠢᠨᠠᠯᠲᠠ ᠲᠠᠯᠪᠢᠬᠤ ᠪᠠ ᠵᠠᠯᠬᠠᠭᠠᠨ ᠰᠢᠳᠬᠡᠬᠦ ᠪᠠᠷ ᠳᠠᠮᠵᠢᠭᠤᠯᠤᠨ ᠵᠢᠭᠤᠯᠴᠢᠯᠠᠯ ᠤᠨ ᠪᠣᠯᠪᠠᠰᠤᠨ ᠪᠤᠰᠤ ᠠᠵᠢᠯᠯᠠᠭ᠎ᠠ ᠶᠢ ᠬᠢᠯᠢᠩᠨᠡᠨ  ᠪᠤᠷᠤᠭᠤᠰᠢᠶᠠᠬᠤ ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠵᠤ᠂ ᠪᠣᠯᠪᠠᠰᠤᠨ ᠵᠢᠭᠤᠯᠴᠢᠯᠠᠯ ᠢ ᠳᠡᠯᠭᠡᠷᠡᠭᠦᠯᠬᠦ ᠵᠣᠷᠢᠯᠭ᠎ᠠ ᠳᠠᠭᠠᠨ ᠬᠦᠷᠦᠭᠦᠯᠪᠡ᠃ ﹇ᠬᠦᠲᠦᠯᠦᠭᠴᠢ﹈      ᠶᠠᠨ ᠲᠣᠪᠴᠢᠶᠠᠨ ᠳᠠᠷᠤᠭ᠎ᠠ ᠡ᠂ ᠣᠳᠣᠬᠠᠨ ᠳᠤ ᠨᠡᠩ ᠶᠡᠭᠡ ᠲᠣᠬᠢᠷᠠᠭᠰᠠᠨ ᠬᠡᠪᠴᠢᠶᠡᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠᠶᠢᠨ᠎ᠠ ᠤᠤ︖  ᠡᠶᠢᠮᠦ ᠪᠣᠯ ᠨᠡᠩ ᠣᠯᠠᠨ ᠬᠦᠮᠦᠰ ᠤᠯᠠᠭᠠᠨᠬᠠᠳᠠ ᠶᠢ ᠰᠡᠳᠬᠢᠯ ᠬᠠᠨᠤᠲᠠᠯ᠎ᠠ ᠵᠣᠭᠠᠴᠠᠨ ᠲᠣᠭᠤᠷᠢᠭᠤᠯᠬᠤ ᠳᠤ ᠰᠠᠶᠢᠨ ᠪᠢᠰᠢᠤ᠃ ﹇ᠶᠠᠨ ᠬᠤᠢ﹈      ᠪᠠᠶᠢᠨ᠎ᠠ᠂ ᠣᠳᠣᠬᠠᠨ ᠳᠤ ᠶᠠᠭ ᠬᠡᠰᠢᠭᠲᠡᠨ ᠬᠤᠰᠢᠭᠤᠨ ᠤ ᠵᠢᠭᠤᠯᠴᠢᠯᠠᠯ ᠤᠨ ᠵᠢᠯ ᠤᠨ ᠺᠠᠷᠲ ᠢ ᠭᠦᠢᠴᠡᠳᠬᠡᠵᠦ ᠪᠤᠢ᠂ ᠬᠡᠰᠢᠭᠲᠡᠨ ᠬᠤᠰᠢᠭᠤ ᠪᠣᠯ ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠲᠣᠮᠤ ᠬᠤᠰᠢᠭᠤ ᠪᠣᠯᠣᠨ᠎ᠠ᠂ ᠦᠵᠡᠮᠵᠢᠲᠦ ᠣᠷᠣᠨ ᠣᠯᠠᠨ ᠪᠦᠭᠡᠳ ᠤᠯᠤᠰ ᠤᠨ ᠳᠣᠲᠣᠭᠠᠳᠤ ᠳᠤ ᠵᠣᠬᠢᠬᠤ  ᠨᠡᠷ᠎ᠡ ᠠᠯᠳᠠᠷ ᠲᠠᠢ ᠶᠤᠮ ᠃ ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠲᠣᠪᠴᠢᠶ᠎ᠠ᠂ ᠬᠡᠰᠢᠭᠲᠡᠨ ᠬᠤᠰᠢᠭᠤᠨ ᠤ ᠵᠠᠰᠠᠭ ᠤᠨ ᠣᠷᠳᠣᠨ ᠬᠠᠮᠲᠤᠷᠠᠨ ︽ᠬᠡᠰᠢᠭᠲᠡᠨ ᠬᠤᠰᠢᠭᠤᠨ ᠤ ᠦᠵᠡᠮᠵᠢᠲᠦ ᠣᠷᠣᠨ ᠤ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ︾᠎ ᠢ ᠳᠤᠷᠠᠳᠴᠤ᠂ ᠪᠦᠬᠦ ᠬᠤᠲᠠ ᠶᠢᠨ ᠬᠡᠪᠴᠢᠶᠡᠨ ᠳᠣᠲᠣᠷ᠎ᠠ ᠬᠡᠰᠢᠭᠲᠡᠨ ᠬᠤᠰᠢᠭᠤᠨ ᠤ ᠵᠢᠭᠤᠯᠴᠢᠯᠠᠯ ᠤᠨ ᠵᠢᠯ ᠤᠨ ᠺᠠᠷᠲ ᠲᠠᠷᠬᠠᠭᠠᠵᠤ ᠪᠠᠶᠢᠨ᠎ᠠ᠃ ᠡᠨᠡ ᠬᠦ ᠵᠢᠭᠤᠯᠴᠢᠯᠠᠯ ᠤᠨ ᠵᠢᠯ ᠤᠨ ᠺᠠᠷᠲ ᠨᠢ ᠣᠳᠣᠬᠠᠨ ᠳᠤ ᠬᠡᠷᠡᠭᠯᠡᠭᠳᠡᠬᠦ ᠬᠡᠪᠴᠢᠶ᠎ᠡ ᠨᠢ ᠵᠥᠪᠬᠡᠨ ᠤᠯᠠᠭᠠᠨᠬᠠᠳᠠ ᠪᠠᠷ ᠬᠢᠵᠠᠭᠠᠷᠯᠠᠭᠳᠠᠵᠤ ᠪᠠᠶᠢᠬᠤ ᠪᠠ ᠭᠠᠳᠠᠷ ᠣᠷᠣᠨ ᠳᠤ ᠠᠵᠢᠯᠯᠠᠵᠤ ᠪᠠᠶᠢᠭ᠎ᠠ ᠤᠯᠠᠭᠠᠨᠬᠠᠳᠠ ᠶᠢᠨ ᠬᠥᠮᠦᠨ ᠵᠢᠴᠢ ᠤᠯᠠᠭᠠᠨᠬᠠᠳᠠ ᠶᠢᠨ ᠰᠤᠷᠭᠠᠭᠤᠯᠢ ᠳᠤ ᠪᠠᠶᠢᠭ᠎ᠠ ᠣᠶᠣᠲᠠᠳ ᠢᠶᠠᠷ ᠬᠢᠵᠠᠭᠠᠷᠯᠠᠭᠳᠠᠵᠤ ᠪᠠᠶᠢᠨ᠎ᠠ᠃      ᠬᠤᠲᠠ ᠶᠢᠨ ᠠᠷᠠᠳ ᠬᠠᠮᠤᠭ ᠤᠨ ᠳᠣᠣᠷ᠎ᠠ ᠥᠪᠡᠷ ᠤᠨ ᠥᠷᠲᠡᠭ ᠢᠶᠠᠷ ᠬᠡᠰᠢᠭᠲᠡᠨ ᠬᠤᠰᠢᠭᠤ ᠪᠠᠷ ᠵᠣᠭᠠᠴᠠᠵᠤ ᠪᠣᠯᠤᠨ᠎ᠠ᠃ ᠴᠢᠯᠠᠭᠤᠨ ᠣᠶ᠂ ᠳᠠᠯᠠᠢ ᠨᠠᠭᠤᠷ ᠵᠡᠷᠭᠡ 7  ᠭᠤᠣᠯ ᠦᠵᠡᠮᠵᠢᠲᠦ ᠣᠷᠣᠨ ᠤ ᠡᠭᠦᠳᠡᠨ ᠪᠢᠯᠧᠲ ᠤᠨ ᠪᠦᠬᠦ ᠦᠨ᠎ᠡ ᠨᠢ 650 ᠲᠥᠭᠦᠷᠢᠭ ᠪᠠᠶᠢᠵᠤ᠂ ᠺᠠᠷᠲ ᠲᠠᠢ ᠪᠣᠯᠪᠠᠯ ᠵᠥᠪᠬᠡᠨ 168 ᠲᠥᠭᠦᠷᠢᠭ᠂ ᠪᠦᠬᠦ ᠵᠢᠯ ᠤᠨ ᠳᠣᠲᠣᠷ᠎ᠠ ᠬᠦᠴᠦᠨ ᠲᠠᠢ ᠪᠠᠶᠢᠵᠤ  ᠂ ᠤᠳᠠᠭ᠎ᠠ ᠲᠤᠭ᠎ᠠ ᠭᠡᠵᠦ ᠬᠢᠵᠠᠭᠠᠷᠯᠠᠬᠤ ᠦᠭᠡᠢ᠃ ᠬᠤᠶᠠᠷᠳᠠᠬᠢ ᠵᠢᠯ ᠤᠨ ᠣᠨ ᠤ ᠬᠢᠨᠠᠨ ᠪᠠᠶᠢᠴᠠᠭᠠᠯᠲᠠ ᠨᠢ᠂ ᠵᠥᠪᠬᠡᠨ 158 ᠲᠥᠭᠦᠷᠢᠭ ᠪᠣᠯᠣᠨ᠎ᠠ᠃ ᠡᠨᠡ ᠨᠢ ᠨᠡᠩ ᠣᠯᠠᠨ ᠬᠤᠲᠠ ᠶᠢᠨ ᠠᠷᠠᠳ ᠲᠤ ᠤᠯᠠᠭᠠᠨᠬᠠᠳᠠ ᠪᠣᠯᠣᠨ ᠬᠡᠰᠢᠭᠲᠡᠨ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠢ ᠣᠶᠢᠯᠠᠭᠠᠭᠤᠯᠵᠤ᠂ ᠨᠡᠩ ᠣᠯᠠᠨ  ᠬᠥᠮᠥᠰ ᠵᠢᠭᠤᠯᠴᠢᠯᠠᠯ ᠳᠤ ᠰᠡᠳᠬᠢᠯ ᠲᠠᠯᠪᠢᠭᠤᠯᠵᠤ᠂ ᠬᠤᠲᠠ ᠶᠢᠨ ᠠᠷᠠᠳ ᠤᠨ ᠠᠮᠠ ᠪᠠᠷ ᠳᠠᠮᠵᠢᠭᠤᠯᠤᠨ᠂  ᠵᠢᠭᠤᠯᠴᠢᠯᠠᠯ ᠢ ᠤᠬᠠᠭᠤᠯᠬᠤ ᠪᠣᠯᠣᠨ᠎ᠠ᠃      ᠤᠯᠠᠭᠠᠨᠬᠠᠳᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠴᠢᠭᠯᠡᠯ ᠨᠢ ᠵᠣᠷᠢᠭᠰᠠᠨ ᠭᠠᠵᠠᠷ ᠲᠤᠨᠢ ᠵᠢᠭᠤᠯᠴᠢᠯᠠᠭᠤᠯᠵᠤ᠂ ᠭᠦᠨ ᠭᠦᠨᠵᠡᠭᠡᠶ ᠣᠶᠢᠯᠠᠭᠠᠬᠤ ᠵᠠᠩᠭᠢᠯᠠᠭ᠎ᠠ ᠠᠴᠠ ᠦᠷ᠎ᠡ ᠠᠰᠢᠭ ᠣᠯᠵᠤ᠂ ᠡᠭᠦᠳᠡᠨ ᠪᠢᠯᠧᠲ ᠤᠨ ᠠᠵᠤ ᠠᠬᠤᠢ ᠶᠢ ᠢᠳᠡᠭ ᠢᠳᠡᠭ ᠢᠶᠠᠷ ᠰᠤᠯᠠᠷᠠᠭᠤᠯᠤᠨ᠎ᠠ᠃ ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠲᠣᠪᠴᠢᠶ᠎ᠠ ᠨᠢ ᠭᠤᠷᠪᠠᠨ ᠵᠢᠯ ᠤᠨ ᠬᠤᠭᠤᠴᠠᠭ᠎ᠠ ᠬᠡᠷᠡᠭᠯᠡᠨ ᠪᠦᠬᠦ ᠬᠤᠲᠠ ᠳᠤ ᠵᠢᠯ ᠤᠨ ᠺᠠᠷᠲ ᠤᠨ ᠠᠵᠢᠯ ᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠬᠤᠲᠠ ᠶᠢᠨ ᠠᠷᠠᠳ ᠺᠠᠷᠲ ᠢᠶᠠᠷ ᠢᠶᠠᠨ  ᠪᠦᠬᠦ ᠬᠤᠲᠠ ᠶᠢᠨ ᠦᠵᠡᠮᠵᠢᠲᠦ ᠣᠷᠣᠨ ᠢᠶᠠᠷ ᠵᠤᠭᠠᠴᠠᠵᠤ  ᠪᠣᠯᠬᠤ ᠪᠣᠯᠭᠠᠨ᠎ᠠ᠃ ﹇ᠬᠦᠲᠦᠯᠦᠭᠴᠢ﹈      ᠤᠯᠤᠰ ᠤᠨ ᠵᠢᠭᠤᠯᠴᠢᠯᠠᠯ ᠤᠨ ᠲᠣᠪᠴᠢᠶ᠎ᠠ ᠠᠴᠠ ᠪᠦᠬᠦ ᠤᠯᠤᠰ ᠤᠨ ᠬᠡᠪᠴᠢᠶᠡᠨ ᠳᠤ ᠵᠢᠭᠤᠯᠴᠢᠯᠠᠯ ᠤᠨ ᠭᠠᠵᠠᠷ ᠤᠨ ᠵᠣᠷᠯᠦᠩ ᠤᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ ᠶᠡᠭᠡ ᠪᠠᠷ ᠲᠦᠯᠬᠢᠨ ᠠᠬᠢᠭᠤᠯᠬᠤ ᠶᠢ ᠱᠠᠭᠠᠷᠳᠠᠵᠤ᠂ ᠣᠳᠣ ᠪᠦᠬᠦ ᠤᠯᠤᠰ ᠤᠨ ᠦᠵᠡᠮᠵᠢᠲᠦ ᠣᠷᠣᠨ ᠦᠵᠡᠮᠵᠢ ᠶᠢᠨ ᠴᠢᠭ᠋ ᠪᠣᠯᠭᠠᠨ ᠴᠥᠮ ᠵᠢᠭᠤᠯᠴᠢᠯᠠᠯ ᠤᠨ ᠲᠣᠪᠴᠢᠶ᠎ᠠ ᠶᠢᠨ ᠳᠠᠭᠠᠭᠤᠯᠭ᠎ᠠ ᠳᠣᠣᠷ᠎ᠠ ᠵᠣᠷᠯᠣᠩ ᠤᠨ ᠪᠦᠲᠦᠭᠡᠨ ᠪᠠᠶᠢᠭᠤᠯᠤᠯᠲᠠ  ᠪᠣᠯᠣᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ ᠪᠤᠢ᠂ ᠮᠠᠨ ᠤ ᠤᠯᠠᠭᠠᠨᠬᠠᠳᠠ ᠬᠤᠲᠠ ᠵᠢᠭᠤᠯᠴᠢᠯᠠᠯ ᠤᠨ ᠵᠣᠷᠯᠣᠩ ᠳᠤ ᠴᠢᠭᠯᠡᠭᠦᠯᠦᠭᠰᠡᠨ ᠦᠭᠡᠷᠡᠴᠢᠯᠡᠨ ᠪᠠᠶᠢᠭᠤᠯᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠠᠵᠢᠯᠯᠠᠭ᠎ᠠ ᠠᠪᠴᠤ ᠪᠠᠶᠢᠬᠤ ᠪᠤᠶ︖ ﹇ᠶᠠᠨ ᠬᠤᠢ﹈      ᠵᠣᠷᠯᠣᠩ ᠪᠣᠯ ᠪᠣᠯᠪᠠᠰᠤᠨ ᠤ ᠴᠢᠬᠤᠯᠠ ᠴᠣᠩᠬᠤ ᠮᠥᠨ᠂ ᠵᠢᠭᠤᠯᠴᠢᠯᠠᠯ ᠤᠨ ᠶᠠᠪᠤᠴᠠ ᠳᠤ ᠳᠤᠲᠠᠭᠳᠠᠵᠤ ᠪᠣᠯᠤᠰᠢ ᠦᠭᠡᠶ ᠦᠨᠳᠦᠰᠦᠨ ᠡᠯᠧᠮᠧᠨ᠋ᠲ ᠮᠦᠨ᠂ ᠨᠢᠭᠡ ᠤᠯᠤᠰ ᠪᠣᠯᠣᠨ ᠭᠠᠵᠠᠷ ᠣᠷᠣᠨ ᠤ ᠪᠣᠯᠪᠠᠰᠤᠨ ᠤ ᠬᠡᠮᠵᠢᠶᠡᠨ ᠤ ᠴᠢᠬᠤᠯᠠ ᠢᠯᠡᠷᠡᠯ ᠪᠣᠯᠣᠨ᠎ᠠ᠃ ᠣᠳᠣᠬᠠᠨ ᠳᠤ᠂ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠪᠤᠵᠠᠷ᠂ ᠡᠷᠦᠶ ᠬᠤᠷᠤᠶ ᠦᠭᠡᠶ᠂ ᠨᠥᠬᠦᠴᠡᠯ ᠢᠶᠠᠷ ᠠᠨᠠᠢ᠂ ᠴᠦᠬᠡᠨ᠂ ᠬᠤᠯᠠ ᠪᠠᠶᠢᠬᠤ ᠨᠢ ᠠᠷᠠᠳ ᠣᠯᠠᠨ ᠪᠣᠯᠣᠨ ᠥᠷᠭᠡᠨ ᠣᠯᠠᠨ ᠵᠢᠭᠤᠯᠴᠢᠯᠠᠭᠴᠢᠳ ᠴᠢᠩᠭ᠎ᠠ ᠲᠤᠰᠬᠠᠯ ᠲᠠᠢ ᠪᠠᠶᠢᠬᠤ ᠠᠰᠠᠭᠤᠳᠠᠯ ᠪᠣᠯᠣᠨ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠣᠯᠣᠨ ᠵᠢᠭᠤᠯᠴᠢᠯᠠᠯ ᠤᠨ ᠶᠠᠪᠤᠴᠠ ᠶᠢᠨ ᠬᠠᠮᠤᠭ ᠤᠨ ᠪᠠᠭᠤᠷᠠᠶ ᠲᠠᠯ᠎ᠠ ᠪᠣᠯᠵᠤ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ 4 ᠳ᠋ᠦ᠋ᠭᠡᠷ ᠰᠠᠷ᠎ᠠ ᠶᠢᠨ 13᠎ ᠤ ᠡᠳᠦᠷ ᠥᠪᠥᠷ ᠮᠣᠩᠭᠤᠯ ᠤᠨ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠬᠤᠪᠢᠰᠬᠠᠯᠲᠤ ᠠᠵᠢᠯ ᠢ ᠳᠥᠯᠭᠢᠨ  ᠠᠬᠢᠭᠤᠯᠬᠤ ᠬᠤᠷᠠᠯ ᠬᠤᠷᠠᠯᠳᠤᠭᠤᠯᠵᠤ᠂ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠨ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠵᠦ ᠴᠢᠳᠠᠬᠤ ᠦᠭᠡᠶ ᠭᠠᠵᠠᠷ ᠣᠷᠣᠨ ᠲᠠᠢ ᠬᠠᠷᠢᠭᠤᠴᠠᠯᠭ᠎ᠠ  ᠬᠡᠯᠡᠯᠴᠡᠬᠦ ᠪᠠᠷ ᠪᠣᠯᠪᠠ᠃ 2015 ᠣᠨ ᠳᠤ᠂ ᠤᠯᠠᠭᠠᠨᠬᠠᠳᠠ ᠬᠤᠲᠠ ᠨᠡᠶᠢᠲᠡ 5270 ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠵᠢᠭᠤᠯᠴᠢᠯᠠᠯ ᠭᠠᠵᠠᠷ ᠤᠨ ᠵᠣᠷᠯᠦᠩ 61᠎ ᠶᠢ ᠰᠢᠨ᠎ᠡ ᠪᠠᠷ ᠪᠠᠶᠢᠭᠤᠯᠬᠤ ᠪᠠ ᠨᠡᠶᠢᠲᠡ 540 ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠵᠢᠭᠤᠯᠴᠢᠯᠠᠯ ᠤᠨ ᠭᠠᠵᠠᠷ ᠤᠨ ᠵᠣᠷᠯᠣᠩ ᠎ ᠶᠢ ᠦᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ ᠪᠤᠢ᠂ ᠡᠨᠡ ᠨᠢ ᠥᠪᠡᠷᠲᠡᠭᠡᠨ ᠵᠠᠰᠠᠬᠤ ᠣᠷᠣᠨ ᠤ 2015 ᠣᠨ ᠳᠤ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠶᠡᠷᠦᠩᠬᠡᠶ ᠡᠭᠦᠷᠭᠡ ᠶᠢᠨ1/5᠎ ᠠᠴᠠ ᠢᠯᠡᠭᠦᠦ ᠶᠢ ᠡᠵᠡᠯᠡᠵᠦ᠂ ᠴᠠᠭ ᠪᠠᠴᠢᠮ᠂ ᠲᠤᠭ᠎ᠠ ᠬᠡᠮᠵᠢᠶ᠎ᠡ ᠣᠯᠠᠨ᠂ ᠡᠭᠦᠷᠭᠡ ᠬᠦᠨᠳᠦ ᠪᠣᠯᠬᠤᠷ ᠳᠡᠭᠡᠳᠦ ᠳᠣᠣᠷᠠᠳᠤ ᠱᠠᠲᠤ ᠪᠠᠷ ᠢᠶᠠᠨ ᠰᠠᠨᠠᠭ᠎ᠠ ᠰᠡᠳᠬᠢᠯ ᠨᠢᠭᠡᠳᠴᠦ᠂ ᠬᠠᠮᠲᠤ ᠪᠠᠷ ᠴᠢᠷᠮᠠᠶᠢᠵᠤ᠂ ᠡᠨᠡ ᠬᠦ ᠠᠵᠢᠯ ᠢ ᠪᠦᠬᠦ ᠬᠤᠲᠠ ᠶᠢᠨ ᠵᠢᠭᠤᠯᠴᠢᠯᠠᠯ ᠤᠨ ︽ᠵᠥᠭᠡᠯᠡᠨ ᠣᠷᠴᠢᠨ ᠲᠣᠭᠤᠷᠢᠨ︾᠂ ᠬᠤᠲᠠ ᠶᠢᠨ ᠠᠷᠠᠳ ᠲᠤ ᠲᠦᠬᠡᠮᠡᠯ ᠠᠰᠢᠭ ᠬᠦᠷᠲᠡᠭᠡᠬᠦ ᠪᠠ ᠪᠣᠯᠪᠠᠰᠤᠨ ᠵᠢᠭᠤᠯᠴᠢᠯᠠᠯ ᠤᠨ ᠰᠢᠨ᠎ᠡ ᠬᠡᠪ ᠰᠤᠷᠲᠠᠯ ᠢ ᠳᠠᠶᠢᠴᠢᠯᠠᠬᠤ ᠨᠢᠭᠡᠨ ᠰᠢᠨ᠎ᠡ ᠲᠥᠷᠥ ᠶᠢᠨ ᠪᠣᠳᠣᠯᠭ᠎ᠠ ᠪᠣᠯᠭᠠᠨ ᠳᠥᠯᠭᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠠᠴᠠ 6 ᠳ᠋ᠤᠭᠠᠷ ᠰᠠᠷ᠎ᠠ ᠶᠢᠨ 15᠎ ᠤ ᠡᠳᠦᠷ ᠠᠴᠠ ᠡᠮᠦᠨ᠎ᠡ  ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢ  ᠱᠠᠭᠠᠷᠳᠠᠪᠠ᠂ ᠵᠣᠷᠯᠣᠩ ᠤᠨ ᠬᠤᠪᠢᠰᠬᠠᠯ ᠤᠨ ᠪᠦᠲᠦᠭᠡᠨ ᠪᠠᠶᠢᠭᠤᠯᠬᠤ ᠥᠭᠡᠷᠡᠴᠢᠯᠡᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠲᠤᠰᠬᠠᠶ ᠪᠡᠯᠡ ᠮᠥᠩᠭᠦ ᠭᠠᠷᠭᠠᠨ ᠡᠯ᠎ᠡ ᠭᠠᠵᠠᠷ ᠤᠨ ᠬᠢᠨ ᠤ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠱᠠᠩᠨᠠᠯ ᠤᠨ ᠨᠥᠬᠦᠪᠥᠷᠢ ᠳᠤ ᠬᠡᠷᠡᠭᠯᠡᠵᠦ᠂ ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ ᠠᠷᠭ᠎ᠠ ᠪᠠᠷ ᠱᠠᠭᠠᠷᠳᠠᠯᠭ᠎ᠠ ᠶᠣᠰᠣᠭᠠᠷ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠭᠠᠵᠠᠷ ᠣᠷᠣᠨ ᠢ ᠱᠠᠩᠨᠠᠨ ᠬᠦᠬᠢᠭᠦᠯᠵᠦ᠂ ᠡᠭᠦᠷᠭᠡ ᠪᠠᠨ ᠪᠡᠶᠡᠯᠡᠭᠦᠯᠵᠦ ᠴᠢᠳᠠᠭ᠎ᠠ ᠦᠭᠡᠶ ᠭᠠᠵᠠᠷ ᠣᠷᠣᠨ ᠲᠠᠢ ᠴᠢᠩᠭ᠎ᠠ ᠪᠠᠷ ᠬᠠᠷᠢᠭᠤᠴᠠᠯᠭ᠎ᠠ ᠬᠡᠯᠡᠯᠴᠡᠨ᠎ᠡ᠃ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠦᠨᠡᠨ ᠬᠦ ᠪᠠᠲᠤᠯᠠᠨ ᠪᠡᠶᠡᠯᠡᠭᠦᠯᠬᠦ ᠶᠢ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠬᠦ ᠬᠡᠷᠡᠭ ᠲᠠᠢ ᠪᠠᠶᠢᠨ᠎ᠠ᠃ ᠪᠢᠳᠡ ᠵᠣᠷᠯᠣᠩ ᠤᠨ ᠬᠤᠪᠢᠰᠬᠠᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠲᠣᠭᠲᠠᠭᠠᠵᠤ᠂ 2017 ᠣᠨ ᠪᠣᠯᠬᠤ ᠳᠤ᠂ ᠪᠦᠬᠦ ᠬᠤᠲᠠ ᠶᠢᠨ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠨᠥᠬᠦᠴᠡᠯ ᠢ ᠲᠦᠢᠯᠪᠤᠷᠢᠲᠠᠶ ᠰᠠᠶᠢᠵᠢᠷᠠᠭᠤᠯᠤᠨ᠎ᠠ᠃ ﹇ᠬᠦᠲᠦᠯᠦᠭᠴᠢ﹈      ᠶᠠᠨ ᠲᠣᠪᠴᠢᠶᠠᠨ ᠳᠠᠷᠤᠭ᠎ᠠ ᠡ᠂ ᠣᠳᠣᠬᠠᠨ ᠤ ᠪᠠᠶᠢᠳᠠᠯ ᠠᠴᠠ ᠦᠵᠡᠪᠡᠯ᠂ ᠲᠠᠨ ᠤ ᠵᠢᠱᠢᠬᠦ ᠪᠠᠷ ᠡᠨᠡ ᠨᠢᠭᠡ ᠵᠢᠯ ᠳᠤ ᠤᠯᠠᠭᠠᠨᠬᠠᠳᠠ ᠬᠤᠲᠠ ᠶᠢᠨ ᠪᠦᠬᠦ ᠵᠢᠯ ᠤᠨ ᠵᠢᠭᠤᠯᠴᠢᠯᠠᠯ ᠤᠨ ᠬᠦᠯᠢᠶᠡᠨ ᠠᠪᠬᠤ ᠬᠥᠮᠦᠨ ᠤ ᠲᠤᠭ᠎ᠠ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ ᠳᠤ ᠶᠠᠮᠠᠷ ᠬᠤᠪᠢᠷᠠᠯᠲᠠ ᠭᠠᠷᠬᠤ ᠪᠣᠯ︖ ﹇ᠶᠠᠨ ᠬᠤᠢ﹈      ᠡᠨᠡ ᠵᠢᠯ ᠤᠨ ᠲᠠᠪᠤᠨ ᠰᠠᠷ᠎ᠠ ᠶᠢᠨ ᠨᠢᠭᠡᠨ ᠤ ᠰᠢᠵᠢᠷ ᠠᠯᠲᠠᠨ ᠠᠮᠠᠷᠠᠯᠲᠠ ᠶᠢᠨ ᠭᠠᠷᠠᠭ ᠲᠤ ᠤᠯᠠᠭᠠᠨᠬᠠᠳᠠ ᠬᠤᠲᠠ ᠵᠢᠭᠤᠯᠴᠢᠯᠠᠭᠴᠢᠳ ᠢ 48.5 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠎ ᠨᠢ 2.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19%᠎  ᠪᠠ 14.4% ᠎ ᠪᠠᠷ ᠨᠡᠮᠡᠭᠳᠡᠵᠡᠶ᠃ ᠡᠭᠦᠨ ᠳᠤ ᠨᠢᠭᠡ ᠡᠳᠦᠷ ᠤᠨ   ᠵᠤᠭᠠᠴᠠᠯ  ᠳᠤ 38.6 ᠲᠦᠮᠡᠨ ᠬᠥᠮᠦᠨ ᠤᠳᠠᠭ᠎ᠠ᠂ ᠵᠢᠭᠤᠯᠴᠢᠯᠠᠯ ᠤᠨ ᠣᠷᠣᠯᠭ᠎ᠠ 1.16 ᠳ᠋ᠦᠩᠰᠢᠭᠤᠷ ᠲᠥᠭᠦᠷᠢᠭ ᠂ ᠬᠤᠨᠤᠭᠤᠳᠠ ᠵᠤᠭᠠᠴᠠᠯ ᠳᠤ 9. 9 ᠲᠦᠮᠡᠨ ᠬᠥᠮᠦᠨ ᠤᠳᠠᠭ᠎ᠠ᠂ ᠵᠢᠭᠤᠯᠴᠢᠯᠠᠯ ᠤᠨ ᠣᠷᠣᠯᠭ᠎ᠠ 1.4 ᠳ᠋ᠦᠩᠰᠢᠭᠤᠷ ᠲᠥᠭᠦᠷᠢᠭ ᠲᠤ ᠬᠦᠷᠪᠡ ᠃      2014 ᠣᠨ ᠳᠤ ᠤᠯᠠᠭᠠᠨᠬᠠᠳᠠ ᠬᠤᠲᠠ ᠶᠢᠨ ᠪᠦᠬᠦ ᠵᠢᠯ ᠳᠤ ᠵᠢᠭᠤᠯᠴᠢᠯᠠᠭᠴᠢᠳ ᠢ 1139 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 20.9%᠎ ᠪᠠᠷ ᠨᠡᠮᠡᠭᠳᠡᠨ᠂ ᠵᠢᠭᠤᠯᠴᠢᠯᠠᠯ ᠤᠨ ᠣᠷᠣᠯᠭ᠎ᠠ 180 ᠳ᠋ᠦᠩᠰᠢᠭᠤᠷ ᠲᠥᠭᠦᠷᠢᠭ ᠢ ᠡᠭᠦᠳᠴᠦ᠂ ᠠᠳᠠᠯᠢ ᠬᠤᠭᠤᠴᠠᠭᠠᠨ ᠤ ᠬᠢ ᠠᠴᠠ 9%᠎ ᠪᠠᠷ ᠨᠡᠮᠡᠭᠳᠡᠵᠦ᠂ ᠵᠢᠭᠤᠯᠴᠢᠯᠠᠯ ᠤᠨ ᠣᠷᠣᠯᠭ᠎ᠠ ᠶᠢᠨ ᠨᠡᠮᠡᠭᠳᠡᠯ ᠤᠨ ᠬᠠᠷᠢᠴᠠᠯ ᠨᠢ ᠵᠢᠭᠤᠯᠴᠢᠯᠠᠯ ᠤᠨ ᠬᠥᠮᠦᠨ ᠤᠳᠠᠭ᠎ᠠ ᠶᠢᠨ ᠨᠡᠮᠡᠭᠳᠡᠯ ᠤᠨ ᠬᠠᠷᠢᠴᠠᠯ ᠠᠴᠠ ᠦᠨᠳᠦᠷ ᠪᠣᠯᠪᠠ᠃      2015 ᠣᠨ ᠳᠤ ᠪᠦᠬᠦ ᠵᠢᠯ ᠳᠤ ᠵᠢᠭᠤᠯᠴᠢᠯᠠᠭᠴᠢᠳ ᠢ ᠪᠠᠷᠤᠭ 1200 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 190 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠣᠨ᠎ᠠ᠃ ﹇ᠬᠦᠲᠦᠯᠦᠭᠴᠢ﹈      ᠶᠠᠨ ᠳᠠᠷᠤᠭ᠎ᠠ ᠶᠢᠨ ᠲᠠᠨᠢᠯᠴᠠᠭᠤᠯᠭ᠎ᠠ ᠶᠢ ᠰᠤᠨᠤᠰᠤᠭᠠᠳ᠂ ᠪᠢᠳᠡ ᠤᠯᠠᠭᠠᠨᠬᠠᠳᠠ ᠶᠢᠨ ᠵᠢᠭᠤᠯᠴᠢᠯᠠᠯ ᠤᠨ ᠠᠵᠢᠯ ᠳᠤ ᠨᠡᠩ ᠭᠦᠨ ᠣᠶᠢᠯᠠᠭᠠᠯᠲᠠ ᠲᠠᠢ ᠪᠣᠯᠤᠯ᠎ᠠ᠂ ᠮᠦᠨᠴᠦ ᠨᠡᠩ ᠣᠯᠠᠨ ᠰᠦᠯᠵᠢᠶᠡᠨ ᠨᠠᠶᠢᠵᠠ ᠨᠡᠷ ᠤᠯᠠᠭᠠᠨᠬᠠᠳᠠ ᠳᠤ ᠬᠦᠷᠴᠦ ᠲᠣᠭᠤᠷᠢᠨ ᠦᠵᠡᠬᠦ ᠰᠠᠨᠠᠭ᠎ᠠ ᠪᠣᠳᠣᠯ ᠢ ᠨᠢ ᠬᠦᠭᠵᠢᠭᠡᠭᠰᠡᠨ ᠪᠠᠶᠢᠬ᠎ᠠ᠃ ᠠᠳᠡ ᠶᠠᠨ ᠲᠣᠪᠴᠢᠶᠠᠨ ᠳᠠᠷᠤᠭ᠎ᠠ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠮᠥᠨ ᠴᠦ ᠰᠦᠯᠵᠢᠶᠡᠨ ᠤ ᠨᠠᠶᠢᠵᠠ ᠨᠡᠷ ᠤᠨ ᠣᠷᠣᠯᠴᠠᠭᠰᠠᠨ ᠳᠤ ᠲᠠᠯᠠᠷᠬᠠᠵᠤ ᠪᠠᠶᠢᠨ᠎ᠠ︕ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠲᠠᠢ ᠵᠣᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map