︽ᠨᠡᠭᠦᠷᠡᠰᠦ ᠶᠢ ᠤᠯᠠᠷᠢᠭᠤᠯᠬᠤ ᠠᠵᠤ ᠠᠬᠤᠶᠢᠯᠠᠯ ᠬᠢᠭᠡᠳ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠬᠦ ᠬᠤᠯᠪᠣᠭᠳᠠᠯ ᠪᠦᠬᠦᠢ ᠤᠴᠢᠷ ᠤᠨ ᠲᠤᠬᠠᠢ ᠮᠡᠳᠡᠭᠳᠡᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2015/7/31
     ᠰᠤᠷᠪᠤᠯᠵᠢᠯᠠᠨ ᠶᠠᠷᠢᠯᠴᠠᠭᠰᠠᠨ ᠴᠠᠭ᠄      2015 ᠤᠨ ᠤ 7 ᠳ᠋ᠤᠭᠠᠷ ᠰᠠᠷ᠎ᠠ ᠶᠢᠨ 22᠎ ᠤᠨ ᠡᠳᠦᠷ ᠤᠨ  ᠦᠳᠡ ᠵᠢᠨ‌ᠡᠮᠦᠨ᠎ᠡ ᠶᠢᠨ 10 ᠴᠠᠭ            ᠰᠤᠷᠪᠤᠯᠵᠢᠯᠠᠨ ᠶᠠᠷᠢᠯᠴᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠭᠢᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠨᠡᠭᠦᠷᠡᠰᠦᠨ ᠠᠵᠤ ᠦᠢᠯᠡᠳᠪᠦᠷᠢ ᠶᠢᠨ ᠲᠣᠪᠴᠢᠶ᠎ᠠ ᠶᠢᠨ ᠳᠠᠷᠤᠭ᠎ᠠ  ᠸᠠᠩ ᠵᠢᠶᠦ᠋ᠨ ᠹᠧᠩ      ᠰᠤᠷᠪᠤᠯᠵᠢᠯᠠᠨ ᠶᠠᠷᠢᠯᠴᠠᠭᠰᠠᠨ ᠲᠣᠪᠴᠢ᠄      ︽ᠨᠡᠭᠦᠷᠡᠰᠦ ᠶᠢ ᠤᠯᠠᠷᠢᠭᠤᠯᠬᠤ ᠠᠵᠤ ᠠᠬᠤᠶᠢᠯᠠᠯ ᠬᠢᠭᠡᠳ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠬᠦ ᠬᠤᠯᠪᠣᠭᠳᠠᠯ ᠪᠦᠬᠦᠢ ᠤᠴᠢᠷ ᠤᠨ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠤᠯᠤᠭᠰᠠᠨ ᠤ ᠬᠠᠮᠲᠤ ᠥᠪᠥᠷ ᠵᠠᠰᠠᠭ ᠠᠯᠪᠠᠨ ᠲᠠᠷᠬᠠᠭᠠᠭᠰᠠᠨ ﹇2015﹈ 57 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢᠶᠠᠷ ᠢᠯᠡ ᠨᠡᠶᠢᠲᠡᠯᠡᠪᠡ᠃ ᠨᠡᠶᠢᠭᠡᠮ ᠤᠨ ᠣᠯᠠᠨ ᠨᠡᠶᠢᠲᠡ ᠪᠠ ᠨᠡᠭᠦᠷᠡᠰᠦᠨ ︵ᠤᠯᠠᠷᠢᠭᠤᠯᠬᠤ᠂ ᠦᠢᠯᠡᠳᠪᠦᠷᠢᠯᠡᠬᠦ︶᠎ ᠤ ᠠᠵᠤ ᠠᠬᠤᠶᠢᠯᠠᠯ ᠤᠳ ᠲᠤ ︽ᠮᠡᠳᠡᠭᠳᠡᠯ︾᠎ ᠤᠨ ᠬᠤᠯᠪᠣᠭᠳᠠᠯ ᠪᠦᠬᠦᠢ ᠠᠭᠤᠯᠭ᠎ᠠ ᠶᠢ ᠤᠯᠠᠮ ᠨᠢᠭᠡ ᠠᠯᠬᠤᠮ ᠭᠦᠨᠵᠡᠭᠡᠶ ᠣᠶᠢᠯᠠᠭᠠᠭᠤᠯᠬᠤ ᠶᠢᠨ ᠲᠤᠰᠠᠳᠠ᠂ ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠭᠢᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠨᠡᠭᠦᠷᠡᠰᠦᠨ ᠤ ᠠᠵᠤ ᠦᠢᠯᠡᠳᠪᠦᠷᠢ ᠶᠢᠨ ᠲᠣᠪᠴᠢᠶ᠎ᠠ ᠶᠢᠨ ᠳᠠᠷᠤᠭ᠎ᠠ ᠸᠠᠩ ᠵᠢᠶᠦ᠋ᠨ ᠹᠧᠩ ᠢ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠳᠤ ᠤᠷᠢᠵᠤ᠂ ᠳᠠᠶᠠᠭᠠᠷ ᠣᠯᠠᠨ ᠲᠠᠢ ᠶᠠᠷᠢᠯᠴᠠᠭᠤᠯᠬᠤ ᠪᠤᠯᠤᠨ᠎ᠠ᠃ ᠥᠷᠭᠡᠨ ᠣᠯᠠᠨ ᠰᠦᠯᠵᠢᠶᠡᠨ ᠠᠨᠳᠠ ᠨᠡᠷ ᠲᠤᠬᠠᠢ ᠶᠢᠨ ᠴᠠᠭ ᠎ ᠲᠤᠨᠢ ᠢᠳᠡᠪᠬᠢᠲᠡᠶ  ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕      ﹇ᠬᠥᠲᠥᠯᠥᠭᠴᠢ﹈᠄      ᠰᠦᠯᠵᠢᠶᠡᠨ ᠠᠨᠳᠠ ᠨᠡᠷ᠂ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ︽ᠳᠤᠮᠳᠠᠳᠤ  ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ  ᠤᠭᠲᠤᠵᠤ ᠪᠠᠶᠢᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠭᠢᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠨᠡᠭᠦᠷᠡᠰᠦᠨ ᠠᠵᠤ ᠦᠢᠯᠡᠳᠪᠦᠷᠢ ᠶᠢᠨ ᠲᠣᠪᠴᠢᠶ᠎ᠠ ᠶᠢᠨ ᠳᠠᠷᠤᠭ᠎ᠠ ᠸᠠᠩ ᠵᠢᠶᠦ᠋ᠨ ᠹᠧᠩ ᠶᠢ ᠤᠷᠢᠵᠤ᠂ ᠲᠡᠭᠦᠨ ᠢᠶᠠᠷ ︽ᠨᠡᠭᠦᠷᠡᠰᠦ ᠶᠢ ᠤᠯᠠᠷᠢᠭᠤᠯᠬᠤ ᠠᠵᠤ ᠠᠬᠤᠶᠢᠯᠠᠯ ᠬᠢᠭᠡᠳ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠬᠦ ᠬᠤᠯᠪᠣᠭᠳᠠᠯ ᠪᠦᠬᠦᠢ ᠤᠴᠢᠷ ᠤᠨ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 57 ᠳ᠋ᠤᠭᠠᠷ ᠲᠣᠭᠠᠲᠤ︶᠎ ᠤᠨ ᠲᠤᠬᠠᠢ ᠣᠯᠠᠨ ᠳᠤ ᠰᠦᠯᠵᠢᠶᠡᠨ ᠳᠡᠭᠡᠷ᠎ᠡ ᠲᠠᠶᠢᠯᠪᠤᠷᠢᠯᠠᠯᠲᠠ ᠬᠢᠬᠦ ᠪᠠᠷ ᠪᠠᠶᠢᠨ᠎ᠠ᠃ ᠸᠠᠩ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕        ﹇ᠸᠠᠩ ᠵᠢᠶᠦ᠋ᠨ ᠹᠧᠩ﹈᠄      ᠬᠦᠲᠦᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︖      ﹇ᠬᠥᠲᠥᠯᠥᠭᠴᠢ﹈᠄      ᠸᠠᠩ ᠡᠷᠬᠢᠯᠡᠭᠴᠢ ᠡ᠂ ᠲᠠ ᠪᠢᠳᠡᠨ ᠳᠤ ︽ᠨᠡᠭᠦᠷᠡᠰᠦ ᠶᠢ ᠤᠯᠠᠷᠢᠭᠤᠯᠬᠤ ᠠᠵᠤ ᠠᠬᠤᠶᠢᠯᠠᠯ ᠬᠢᠭᠡᠳ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠬᠦ ᠬᠤᠯᠪᠣᠭᠳᠠᠯ ᠪᠦᠬᠦᠢ ᠤᠴᠢᠷ ᠤᠨ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠨᠡᠶᠢᠲᠡᠯᠡᠭᠰᠡᠨ ᠠᠬᠤᠶ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖      ﹇ᠸᠠᠩ ᠵᠢᠶᠦ᠋ᠨ ᠹᠧᠩ﹈᠄      ︽ᠮᠡᠳᠡᠭᠳᠡᠯ︾᠎ ᠢ ᠭᠤᠣᠯᠳᠠᠭᠤ ᠮᠠᠨ ᠤ ᠤᠯᠤᠰ ᠤᠨ ᠨᠡᠭᠦᠷᠡᠰᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠬᠡᠷᠡᠭᠴᠡᠭᠡ ᠠᠴᠠ ᠪᠠᠨ ᠶᠡᠭᠡ᠂ ᠦᠢᠯᠡᠳᠪᠦᠷᠢᠯᠡᠬᠦ ᠴᠢᠳᠠᠪᠤᠷᠢ ᠬᠦᠨᠳᠦ ᠨᠣᠴᠢᠲᠠᠶ ᠦᠯᠡᠬᠦᠳᠡᠵᠦ ᠪᠠᠶᠢᠬᠤ ᠣᠳᠣᠬᠢ ᠪᠠᠶᠢᠳᠠᠯ ᠳᠤ ᠴᠢᠭᠯᠡᠭᠦᠯᠦᠨ᠂ ᠦᠢᠯᠡᠳᠪᠦᠷᠢᠯᠡᠬᠦ ᠴᠢᠳᠠᠪᠤᠷᠢ ᠦᠯᠡᠬᠦᠳᠡᠵᠦ ᠪᠠᠶᠢᠭ᠎ᠠ ᠶᠢ ᠡᠬᠢ ᠡᠭᠦᠰᠦᠯ ᠠᠴᠠ ᠨᠢ ᠠᠷᠢᠯᠭᠠᠵᠤ᠂ ᠮᠠᠨ ᠤ ᠣᠷᠣᠨ ᠤ ᠨᠡᠭᠦᠷᠡᠰᠦᠨ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠲᠣᠭᠲᠠᠭᠠᠵᠤ ᠨᠡᠶᠢᠲᠡᠯᠡᠭᠰᠡᠨ ᠶᠤᠮ᠃      ᠪᠦᠬᠦ ᠤᠯᠤᠰ ᠤᠨ ᠪᠠᠶᠢᠳᠠᠯ ᠠᠴᠠ ᠠᠪᠴᠤ ᠦᠵᠡᠪᠡᠯ᠂ 2000 ᠣᠨ ᠠᠴᠠ 2012 ᠣᠨ ᠪᠣᠯᠲᠠᠯᠠᠬᠢ 13 ᠵᠢᠯ ᠤᠨ ᠬᠤᠭᠤᠷᠣᠨᠳᠤ᠂ ᠮᠠᠨ ᠤ ᠤᠯᠤᠰ ᠤᠨ ᠨᠡᠭᠦᠷᠡᠰᠦᠨ ᠤ ᠭᠠᠷᠤᠯᠲᠠ 9.98 ᠳ᠋ᠦᠩᠰᠢᠭᠤᠷ ᠲᠣᠨ ᠪᠠᠶᠢᠭᠰᠠᠨ ᠠᠴᠠ ᠪᠠᠨ 36.5 ᠳ᠋ᠦᠩᠰᠢᠭᠤᠷ ᠲᠣᠨ ᠳᠤ ᠬᠦᠷᠲᠡᠯ᠎ᠡ ᠨᠡᠮᠡᠭᠳᠡᠪᠡ᠃ ᠣᠶᠢᠷ᠎ᠠ ᠶᠢᠨ ᠬᠡᠳᠦᠨ ᠵᠢᠯ ᠳᠤ᠂ ︽ᠭᠤᠷᠪᠠᠨ ᠬᠤᠭᠤᠴᠠᠭ᠎ᠠ ᠳᠠᠪᠬᠤᠴᠠᠭᠰᠠᠨ︾᠂ ᠠᠭᠠᠷ ᠮᠠᠨᠳᠠᠯ ᠤᠨ ᠪᠣᠬᠢᠷᠲᠤᠯ ᠢ ᠵᠠᠰᠠᠬᠤ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦᠨ ᠤ ᠳᠠᠭᠠᠷᠢᠯᠲᠠ ᠵᠡᠷᠭᠡ ᠳᠤ ᠨᠥᠯᠥᠭᠡᠯᠡᠭᠳᠡᠵᠦ᠂ ᠪᠦᠬᠦ ᠤᠯᠤᠰ ᠤᠨ ᠨᠡᠭᠦᠷᠡᠰᠦᠨ ᠤ ᠬᠡᠷᠡᠭᠴᠡᠭᠡ ᠶᠡᠭᠡ ᠬᠡᠮᠵᠢᠶ᠎ᠡ ᠪᠠᠷ ᠪᠠᠭᠠᠰᠪᠠ᠃ 2013 ᠣᠨ ᠤ ᠭᠠᠷᠤᠯᠲᠠ 39.7 ᠳ᠋ᠦᠩᠰᠢᠭᠤᠷ ᠲᠣᠨ᠂ 2014 ᠣᠨ ᠤ ᠭᠠᠷᠤᠯᠲᠠ 38.7 ᠳ᠋ᠦᠩᠰᠢᠭᠤᠷ ᠲᠣᠨ ᠪᠠᠶᠢᠵᠤ᠂ 2.5%᠎ ᠪᠠᠷ ᠪᠠᠭᠤᠷᠠᠪᠠ᠂ ᠡᠨᠡ ᠨᠢ 2000 ᠣᠨ ᠠᠴᠠ ᠨᠠᠰᠢᠬᠢ ᠠᠩᠬ᠎ᠠ ᠤᠳᠠᠭᠠᠨ ᠤ ᠰᠥᠭᠡᠷᠭᠦ ᠨᠡᠮᠡᠭᠳᠡᠯ ᠪᠣᠯᠣᠨ᠎ᠠ᠃ 2015 ᠣᠨ ᠤ 1 — 4 ᠳ᠋ᠦ᠋ᠭᠡᠷ ᠰᠠᠷ᠎ᠠ ᠪᠣᠯᠲᠠᠯ᠎ᠠ᠂ ᠪᠦᠬᠦ ᠤᠯᠤᠰ ᠤᠨ ᠲᠦᠭᠦᠬᠡᠢ ᠨᠡᠭᠦᠷᠡᠰᠦᠨ ᠤ ᠭᠠᠷᠤᠯᠲᠠ 11. 5 ᠳ᠋ᠦᠩᠰᠢᠭᠤᠷ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6 .1 %᠎ ᠪᠠᠷ ᠪᠠᠭᠤᠷᠠᠪᠠ᠃      ᠤᠯᠤᠰ ᠤᠨ ᠡᠨᠧᠷᠭᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢᠨ ᠲᠥᠯᠥᠪᠯᠡᠭᠡ ᠳᠤ᠂ 2020 ᠣᠨ ᠪᠣᠯᠬᠤ ᠳᠤ ᠪᠦᠬᠦ ᠤᠯᠤᠰ ᠤᠨ ᠨᠡᠭᠦᠷᠡᠰᠦᠨ ᠤ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ 42 ᠳ᠋ᠦᠩᠰᠢᠭᠤᠷ ᠲᠣᠨ ᠣᠷᠴᠢᠮ ᠳᠤ ᠬᠢᠵᠠᠭᠠᠷᠯᠠᠨ᠎ᠠ ᠭᠡᠵᠦ ᠳᠤᠷᠠᠳᠤᠭᠰᠠᠨ ᠪᠠᠶᠢᠨ᠎ᠠ᠃ ᠭᠡᠪᠡᠴᠦ ᠣᠳᠣᠬᠠᠨ ᠤ ᠪᠦᠬᠦ ᠤᠯᠤᠰ ᠤᠨ ᠣᠳᠣ ᠪᠠᠶᠢᠭ᠎ᠠ ᠨᠡᠭᠦᠷᠡᠰᠦ ᠦᠢᠯᠡᠳᠪᠦᠷᠢᠯᠡᠬᠦ ᠴᠢᠳᠠᠪᠤᠷᠢ 40 ᠳ᠋ᠦᠩᠰᠢᠭᠤᠷ ᠲᠣᠨ ᠢ ᠳᠠᠪᠠᠭᠠᠳ᠂ 2020 ᠣᠨ ᠤ ᠪᠦᠬᠦ ᠤᠯᠤᠰ ᠤᠨ ᠨᠡᠭᠦᠷᠡᠰᠦᠨ ᠤ ᠬᠡᠷᠡᠭᠯᠡᠭᠡ ᠶᠢ ᠬᠢᠵᠠᠭᠠᠷᠯᠠᠬᠤ ᠬᠠᠷᠠᠯᠲᠠ ᠳᠤ ᠣᠶᠢᠷᠠᠳᠠᠵᠤ ᠪᠣᠢ᠃ ᠣᠳᠣᠬᠠᠨ ᠳᠤ ᠪᠦᠲᠦᠭᠡᠨ ᠪᠠᠶᠢᠭᠤᠯᠵᠤ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠨᠡᠮᠡᠪᠡᠯ᠂ ᠪᠦᠬᠦ ᠤᠯᠤᠰ ᠤᠨ ᠨᠡᠭᠦᠷᠡᠰᠦᠨ ᠤ ᠶᠡᠷᠦᠩᠬᠡᠢ ᠦᠢᠯᠡᠳᠪᠦᠷᠢᠯᠡᠬᠦ ᠴᠢᠳᠠᠪᠤᠷᠢ 2020 ᠣᠨ ᠤ ᠬᠡᠷᠡᠭᠯᠡᠭᠡᠨ ᠤ ᠬᠢᠵᠠᠭᠠᠷᠯᠠᠬᠤ ᠬᠡᠮᠵᠢᠶ᠎ᠡ ᠠᠴᠠ ᠬᠤᠯᠠ ᠳᠠᠪᠠᠭ᠋ᠤ ᠪᠣᠯᠣᠨ᠎ᠠ᠃      ﹇ᠸᠠᠩ ᠵᠢᠶᠦ᠋ᠨ ᠹᠧᠩ﹈᠄      ᠮᠠᠨ ᠤ ᠣᠷᠣᠨ ᠤ ᠪᠠᠶᠢᠳᠠᠯ ᠠᠴᠠ ᠠᠪᠴᠤ ᠦᠵᠡᠪᠡᠯ᠂ 2014 ᠣᠨ ᠤ ᠮᠠᠨ ᠤ ᠣᠷᠣᠨ ᠤ ᠨᠡᠭᠦᠷᠡᠰᠦᠨ ᠤ ᠭᠠᠷᠤᠯᠲᠠ 9.9 ᠳ᠋ᠦᠩᠰᠢᠭᠤᠷ ᠲᠣᠨ ᠪᠠᠶᠢᠵᠤ᠂ ᠭᠠᠳᠠᠭᠰᠢ ᠪᠣᠷᠣᠯᠠᠭᠤᠯᠤᠭᠰᠠᠨ ᠪᠠ ᠳᠣᠲᠣᠭᠠᠳᠤ ᠬᠡᠷᠡᠭᠴᠡᠭᠡ ᠶᠢᠨ ᠬᠠᠷᠢᠴᠠᠯ ᠨᠢ 6:4 ᠪᠣᠯᠣᠨ᠎ᠠ᠃ ᠣᠳᠣᠬᠠᠨ ᠤ ᠵᠠᠬ᠎ᠠ ᠳᠡᠯᠭᠡᠭᠦᠷ ᠤᠨ ᠪᠠᠶᠢᠳᠠᠯ ᠤᠨ ᠳᠣᠣᠷ᠎ᠠ᠂ ᠭᠠᠳᠠᠭᠰᠢ ᠪᠣᠷᠣᠯᠠᠭᠤᠯᠬᠤ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠳᠤ ᠲᠦᠢᠯ ᠤᠨ ᠬᠦᠴᠢᠷᠳᠡᠯ ᠲᠠᠢ ᠪᠠᠶᠢᠵᠤ᠂ ᠣᠷᠣᠨ ᠤ ᠲᠣᠲᠣᠷ᠎ᠠ ᠰᠢᠨ᠎ᠡ ᠪᠠᠷ ᠨᠡᠮᠡᠭᠳᠡᠭᠰᠡᠨ ᠨᠡᠭᠦᠷᠡᠰᠦᠨ ᠤ ᠬᠤᠷᠣᠭᠳᠠᠭᠤᠯᠤᠭ᠎ᠠ ᠨᠢ ᠭᠤᠣᠯᠳᠠᠭᠤ ᠤᠯᠤᠰ ᠠᠴᠠ ᠨᠢᠭᠡᠨᠲᠡ ᠵᠥᠪᠰᠢᠶᠡᠷᠡᠭᠰᠡᠨ ᠮᠠᠨ ᠣᠷᠣᠨ ᠤ ᠪᠦᠲᠦᠭᠡᠨ ᠪᠠᠶᠢᠭᠤᠯᠵᠤ ᠪᠠᠶᠢᠭ᠎ᠠ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ ᠤ ᠨᠡᠪᠲᠡᠷᠡᠯ ᠵᠠᠮ ᠤᠨ ᠴᠠᠬᠢᠯᠭᠠᠨ ᠡᠭᠦᠰᠭᠡᠭᠴᠢ ᠴᠡᠭ᠂ ᠴᠢᠬᠤᠯᠠ ᠶᠡᠭᠡ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠳᠤ ᠲᠥᠪᠯᠡᠷᠡᠵᠦ ᠪᠤᠢ᠂ ᠵᠢᠱᠢᠯᠲᠡ ᠪᠠᠷ 2016 ᠣᠨ ᠠᠴᠠ ᠡᠬᠢᠯᠡᠨ ᠵᠠᠯᠭᠠᠯᠳᠤᠭ᠎ᠠ ᠪᠠᠷ ᠠᠰᠢᠭᠯᠠᠯᠲᠠ ᠳᠤ ᠣᠷᠣᠭᠤᠯᠵᠤ᠂ 2018᠎ ᠠᠴᠠ ᠬᠤᠶᠢᠰᠢ ᠪᠦᠬᠦᠨ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠤᠭᠤᠯᠤᠭᠠᠳ᠂ ᠳᠦᠭᠦᠷᠡᠩ ᠠᠴᠢᠶ᠎ᠠ ᠪᠠᠷ ᠠᠵᠢᠯᠯᠠᠭᠤᠯᠤᠭᠰᠠᠨ ᠤ ᠳᠠᠷᠠᠭ᠎ᠠ ᠵᠢᠯ ᠳᠤ 4 ᠳ᠋ᠦᠩᠰᠢᠭᠤᠷ ᠲᠣᠨ ᠨᠡᠭᠦᠷᠡᠰᠦ ᠤᠯᠠᠷᠢᠭᠤᠯᠬᠤ ᠪᠣᠯᠣᠨ᠎ᠠ᠃ ᠡᠭᠦᠨ ᠢ ᠦᠨᠳᠦᠰᠦᠯᠡᠨ ᠲᠥᠰᠦᠭᠡᠯᠡᠨ ᠪᠣᠳᠣᠪᠠᠯ᠂ ᠮᠠᠨ ᠤ ᠣᠷᠣᠨ ᠤ ᠨᠡᠭᠦᠷᠡᠰᠦᠨ ᠤ ᠬᠡᠷᠡᠭᠴᠡᠭᠡ ᠶᠢᠨ ᠣᠷᠭᠢᠯ ᠨᠢ 2018 ᠣᠨ ᠳᠤ 14 ᠳ᠋ᠦᠩᠰᠢᠭᠤᠷ ᠲᠣᠨ ᠪᠠᠶᠢᠵᠤ ᠂ ᠡᠭᠦᠨ ᠳᠤ᠂ ᠣᠷᠣᠨ ᠠᠴᠠ ᠭᠠᠷᠬᠤ ᠨᠢ 6 ᠳ᠋ᠦᠩᠰᠢᠭᠤᠷ ᠲᠣᠨ᠂ ᠣᠷᠣᠨ ᠤ ᠳᠣᠲᠣᠷᠠᠬᠢ ᠨᠢ 8 ᠳ᠋ᠦᠩᠰᠢᠭᠤᠷ ᠲᠣᠨ ᠪᠣᠯᠣᠨ᠎ᠠ᠃ ᠮᠠᠨ ᠤ ᠣᠷᠣᠨ ᠤ ᠪᠠᠶᠢᠭᠤᠯᠵᠤ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠬᠤᠶᠠᠷ ᠵᠢᠯ ᠤᠨ ᠳᠠᠷᠠᠭ᠎ᠠ ᠠᠰᠢᠭᠯᠠᠯᠲᠠ ᠳᠤ ᠣᠷᠣᠬᠤ ᠨᠥᠬᠦᠴᠡᠯ ᠢ ᠪᠦᠷᠢᠯᠳᠦᠭᠦᠯᠵᠦ᠂ ᠶᠡᠷᠦᠩᠬᠡᠢ ᠦᠢᠯᠡᠳᠪᠦᠷᠢᠯᠡᠬᠦ ᠴᠢᠳᠠᠪᠤᠷᠢ ᠨᠢ ᠭᠠᠷᠤᠯᠲᠠ ᠶᠢᠨ ᠣᠷᠭᠢᠯ ᠬᠡᠮᠵᠢᠭᠳᠡᠯ ᠠᠴᠠ ᠳᠠᠪᠠᠭ᠋ᠤ ᠪᠣᠯᠤᠨ᠎ᠠ᠃      ᠡᠭᠦᠨ ᠠᠴᠠ ᠭᠠᠳᠠᠨ᠎ᠠ᠂ ᠮᠠᠨ ᠤ ᠣᠷᠣᠨ ᠤ ᠤᠯᠠᠷᠢᠭᠤᠯᠬᠤ ᠳᠤ ᠢᠵᠢ ᠪᠦᠷᠢᠳᠦᠭᠦᠯᠬᠦ ᠲᠥᠷᠥᠯ ᠵᠦᠢᠯ ᠲᠣᠬᠢᠷᠠᠭᠤᠯᠤᠭᠰᠠᠨ ᠨᠡᠭᠦᠷᠡᠰᠦᠨ ᠤ ᠡᠬᠢ ᠪᠠᠶᠠᠯᠢᠭ ᠲᠤ ᠪᠠᠰᠠ ᠬᠡᠰᠡᠭ ᠦᠢᠯᠡᠳᠪᠦᠷᠢᠯᠡᠬᠦ ᠴᠢᠳᠠᠪᠤᠷᠢ ᠶᠢ ᠪᠠᠶᠢᠭᠤᠯᠬᠤ ᠪᠠᠷ ᠪᠣᠢ᠃ ᠠᠵᠤ ᠠᠬᠤᠶᠢᠯᠠᠯ ᠲᠦᠭᠰᠢᠭᠦᠷᠢᠲᠦ ᠠᠭᠤᠷᠬᠠᠶ ᠬᠠᠶᠢᠬᠤ ᠡᠷᠬᠡ ᠲᠠᠢ ᠪᠠᠶᠢᠵᠤ ᠪᠠᠶᠢᠭᠠᠳ ᠪᠠᠰᠠ ᠠᠭᠤᠷᠬᠠᠶ ᠨᠡᠭᠡᠭᠡᠬᠦ ᠶᠢ ᠱᠠᠭᠠᠷᠳᠠᠵᠤ ᠪᠤᠢ᠃ ᠮᠠᠨ ᠤ ᠣᠷᠣᠨ ᠤ ᠤᠯᠤᠰ ᠠᠴᠠ ᠵᠥᠪᠰᠢᠶᠡᠷᠡᠭᠡᠳ ᠰᠢᠨ᠎ᠡ ᠪᠠᠷ ᠪᠠᠶᠢᠭᠤᠯᠤᠭᠰᠠᠨ ᠴᠠᠬᠢᠯᠭᠠᠨ ᠡᠭᠦᠰᠭᠡᠭᠴᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠨᠢ ᠪᠠᠰᠠ  ᠵᠣᠬᠢᠬᠤ ᠨᠡᠭᠦᠷᠡᠰᠦᠨ ᠤ ᠡᠬᠢ ᠪᠠᠶᠠᠯᠢᠭ ᠢ ᠰᠢᠨ᠎ᠡ ᠪᠠᠷ ᠲᠣᠬᠢᠷᠠᠭᠤᠯᠬᠤ ᠴᠢᠬᠤᠯᠠᠲᠠᠶ ᠪᠠᠶᠢᠭ᠎ᠠ ᠲᠤᠯᠠ᠂ ᠬᠡᠷᠪᠡ ᠬᠢᠵᠠᠭᠠᠷᠯᠠᠬᠤ ᠦᠭᠡᠶ ᠪᠣᠯ ᠮᠠᠨ ᠤ ᠣᠷᠣᠨ ᠤ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠶᠢᠭ᠎ᠠ ᠵᠥᠷᠢᠴᠡᠯ ᠢ ᠤᠯᠠᠮ  ᠬᠤᠷᠴᠠᠳᠬᠠᠬᠤ ᠪᠣᠯᠣᠨ᠎ᠠ᠃      ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠶᠢᠭ᠎ᠠ ᠠᠴᠠ ᠪᠣᠯᠣᠭᠰᠠᠨ ᠰᠢᠭᠤᠳ ᠦᠷ᠎ᠡ ᠳ᠋ᠦᠩ ᠨᠢ ᠨᠡᠭᠦᠷᠡᠰᠦᠨ ᠤ ᠦᠨ᠎ᠡ ᠬᠢᠮᠳᠠ᠂ ᠦᠷ᠎ᠡ ᠠᠰᠢᠭ ᠪᠠᠷᠤᠭᠲᠠᠶ᠂ ᠠᠵᠤ ᠠᠬᠤᠶᠢᠯᠠᠯ ᠤᠨ ᠡᠵᠡᠩᠨᠡᠯᠲᠡ ᠬᠦᠴᠢᠷᠲᠡᠶ ᠪᠣᠯᠪᠠ᠃ 2014 ᠣᠨ ᠳᠤ᠂ ᠪᠦᠬᠦ ᠣᠷᠣᠨ ᠤ ᠨᠡᠭᠦᠷᠡᠰᠦᠨ ᠤ ᠠᠵᠤ ᠠᠬᠤᠶᠢᠯᠠᠯ ᠤᠨ ᠠᠯᠳᠠᠭᠳᠠᠯ ᠤᠨ ᠬᠡᠪᠴᠢᠶ᠎ᠡ 28.1% ᠪᠠᠶᠢᠵᠤ᠂ ᠵᠣᠭᠰᠤᠭᠠᠭᠰᠠᠨ ᠪᠤᠶᠤ ᠵᠣᠭᠰᠤᠩᠭᠤᠶᠢᠷᠠᠭᠰᠠᠨ ᠨᠡᠭᠦᠷᠡᠰᠦᠨ ᠠᠭᠤᠷᠬᠠᠶ 35 %᠎ ᠶᠢ ᠡᠵᠡᠯᠡᠵᠦ᠂ ᠠᠵᠢᠯ ᠲᠥᠷᠥᠯ ᠤᠨ ᠠᠰᠢᠭ ᠬᠤᠨᠵᠢᠪᠣᠷᠢ 27.3%᠎ ᠪᠠᠷ ᠳᠣᠷᠣᠭᠰᠢᠯᠠᠪᠠ᠃ 2015 ᠣᠨ ᠤ 1-4 ᠳ᠋ᠦ᠋ᠭᠡᠷ ᠰᠠᠷ᠎ᠠ ᠪᠣᠯᠲᠠᠯ᠎ᠠ᠂ ᠪᠦᠬᠦ ᠣᠷᠣᠨ ᠤ ᠨᠡᠭᠦᠷᠡᠰᠦᠨ ᠤ ᠠᠵᠢᠯ ᠲᠥᠷᠥᠯ ᠤᠨ ᠠᠰᠢᠭ ᠬᠤᠨᠵᠢᠪᠣᠷᠢ ᠠᠳᠠᠯᠢ ᠬᠤᠭᠤᠴᠠᠭᠠᠨ ᠤ ᠬᠢ ᠠᠴᠠ 28.4%᠎ ᠪᠠᠷ ᠳᠣᠷᠣᠭᠰᠢᠯᠠᠵᠤ᠂ ᠤᠯᠠᠮ ᠨᠢᠭᠡ ᠠᠯᠬᠤᠮ ᠪᠠᠭᠤᠷᠠᠬᠤ ᠬᠠᠨᠳᠤᠰᠢ ᠎ ᠲᠠᠢ ᠪᠣᠯᠪᠠ᠃      ᠳᠡᠭᠡᠷ᠎ᠡ ᠳᠤᠷᠠᠳᠤᠭᠰᠠᠨ ᠪᠠᠶᠢᠳᠠᠯ ᠠᠴᠠ ᠦᠵᠡᠵᠦ ᠭᠠᠷᠬᠤ ᠨᠢ᠄ ᠢᠷᠡᠬᠦ 3᠎ ᠠᠴᠠ 5 ᠵᠢᠯ ᠳᠤ ᠪᠦᠬᠦ ᠤᠯᠤᠰ ᠤᠨ ᠨᠡᠭᠦᠷᠡᠰᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠬᠡᠷᠡᠭᠴᠡᠭᠡ ᠠᠴᠠ ᠪᠠᠨ ᠶᠡᠭᠡ ᠪᠠᠶᠢᠬᠤ ᠨᠢ ᠰᠢᠨ᠎ᠡ ᠬᠡᠪ ᠪᠠᠶᠢᠳᠠᠯ ᠪᠣᠯᠵᠤ᠂ ᠬᠠᠮᠤᠭ ᠤᠨ ᠲᠣᠪᠤᠶᠢᠮ᠎ᠠ ᠠᠰᠠᠭᠤᠳᠠᠯ ᠪᠣᠯ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠯ ᠪᠣᠯᠣᠨ᠎ᠠ᠃      ᠳᠡᠭᠡᠷᠡᠬᠢ ᠪᠠᠶᠢᠳᠠᠯ ᠳᠤ ᠰᠠᠭᠤᠷᠢᠯᠠᠨ ᠪᠤᠳᠣᠯᠬᠢᠯᠠᠭᠠᠳ᠂ ᠮᠠᠨ ᠤ ᠣᠷᠣᠨ ᠤ ᠨᠡᠭᠦᠷᠡᠰᠦᠨ ᠠᠵᠤ ᠦᠢᠯᠡᠳᠪᠦᠷᠢ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠠᠵᠤ ᠠᠬᠤᠶᠢᠯᠠᠯ ᠰᠠᠶᠢᠨ ᠳᠤᠷ᠎ᠠ ᠠᠴᠠ ᠪᠠᠨ ᠪᠠᠶᠢᠬᠤ᠂ ᠵᠠᠬ᠎ᠠ ᠲᠡᠯᠭᠡᠭᠦᠷᠴᠢᠯᠡᠨ ᠠᠵᠢᠯᠯᠠᠭᠤᠯᠬᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠵᠠᠷᠴᠢᠮ ᠢᠶᠠᠷ ᠤᠯᠠᠷᠢᠭᠤᠯᠬᠤ ᠠᠵᠤ ᠠᠬᠤᠶᠢᠯᠠᠯ ᠬᠢᠭᠡᠳ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠬᠤ ᠶᠢ ᠳᠦᠯᠬᠢᠨ ᠠᠬᠢᠭᠤᠯᠵᠤ᠂  ᠤᠯᠠᠷᠢᠭᠤᠯᠬᠤ ᠲᠥᠷᠥᠯ ᠵᠦᠢᠯ ᠬᠢᠭᠡᠳ ᠨᠡᠭᠦᠷᠡᠰᠦᠨ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠯᠤᠭ᠎ᠠ ᠵᠣᠬᠢᠴᠠᠯᠳᠣᠭᠤᠯᠬᠤ᠂ ᠵᠡᠷᠭᠡ ᠳᠤᠨᠢ ᠬᠢᠬᠦ ᠶᠢ ᠪᠡᠶᠡᠯᠡᠭᠦᠯᠵᠦ᠂  ᠦᠢᠯᠡᠳᠪᠦᠷᠢᠯᠡᠬᠦ ᠪᠠ ᠬᠡᠷᠡᠭᠴᠡᠭᠡ ᠶᠢ ᠪᠦᠲᠦᠮᠵᠢᠲᠠᠢ ᠨᠡᠶᠢᠯᠡᠭᠦᠯᠦᠨ ᠵᠣᠯᠭᠠᠯᠳᠤᠭᠤᠯᠬᠤ ᠶᠢ ᠠᠬᠢᠭᠤᠯᠵᠤ᠂  ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠵᠦ ᠪᠠᠶᠢᠭ᠎ᠠ ᠶᠢ ᠪᠦᠲᠦᠮᠵᠢᠲᠠᠢ ᠠᠷᠢᠯᠭᠠᠬᠤ ᠴᠢᠬᠤᠯᠠ ᠲᠠᠢ ᠪᠠᠶᠢᠭ᠎ᠠ ᠪᠦᠭᠡᠳ ᠪᠠᠰᠠᠴᠤ ᠨᠥᠬᠦᠴᠡᠯ ᠲᠠᠢ ᠪᠠᠶᠢᠨ᠎ᠠ᠃ ︽ᠠᠵᠤ ᠠᠬᠤᠶᠢᠯᠠᠯ ᠤᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠵᠠᠬ᠎ᠠ ᠳᠡᠯᠭᠡᠭᠦᠷ ᠤᠨ ᠣᠷᠴᠢᠨ ᠠᠬᠤᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ  ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ︵2014︶ 14 ᠳ᠋ᠦ᠋ᠭᠡᠷ ᠲᠤᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠲᠤᠰ ︽ᠮᠡᠳᠡᠭᠳᠡᠯ ︾᠎ ᠢ ᠨᠡᠶᠢᠲᠡᠯᠡᠪᠡ᠃      ﹇ᠬᠥᠲᠥᠯᠥᠭᠴᠢ﹈᠄      ︽ᠮᠡᠳᠡᠭᠳᠡᠯ︾᠎ ᠨᠢ  ᠣᠳᠣᠬᠠᠨ ᠤ ᠨᠡᠭᠦᠷᠡᠰᠦᠨ ᠤ ᠠᠵᠤ ᠠᠬᠤᠶ ᠶᠢᠨ ᠪᠠᠶᠢᠳᠠᠯ ᠤᠨ ᠳᠣᠣᠷ᠎ᠠ ᠶᠠᠮᠠᠷ ᠴᠢᠬᠤᠯᠠ ᠶᠡᠭᠡ ᠠᠴᠢ ᠬᠤᠯᠪᠣᠭᠳᠠᠯ ᠲᠠᠢ ᠪᠤᠶ︖      ﹇ᠸᠠᠩ ᠵᠢᠶᠦ᠋ᠨ ᠹᠧᠩ﹈᠄      ᠣᠳᠣᠬᠠᠨ ᠳᠤ᠂ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢᠨ ᠪᠠᠶᠢᠷᠢᠰᠢᠭᠤᠯᠤᠯ ᠤᠨ ᠲᠠᠯ᠎ᠠ ᠪᠠᠷ ᠬᠢ ᠤᠯᠤᠰ ᠤᠨ ᠶᠡᠷᠦᠩᠬᠡᠶ ᠱᠠᠭᠠᠷᠳᠠᠯᠭ᠎ᠠ ᠪᠣᠯ ᠦᠢᠯᠡᠳᠪᠦᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠡᠵᠡᠮᠳᠡᠵᠦ᠂ ᠵᠡᠭᠦᠨ ᠬᠡᠰᠡᠭ ᠲᠤ ᠪᠠᠶᠢᠭᠤᠯᠬᠤ ᠦᠭᠡᠶ᠂ ᠳᠤᠮᠳᠠ ᠬᠡᠰᠡᠭ ᠲᠤ ᠨᠢᠭᠡ ᠶᠢ ᠪᠤᠴᠠᠭᠠᠵᠤ ᠭᠠᠷᠭᠠᠪᠠᠯ ᠨᠢᠭᠡ ᠶᠢ ᠪᠠᠶᠢᠭᠤᠯᠬᠤ᠂ ᠪᠠᠷᠠᠭᠤᠨ ᠬᠡᠰᠡᠭ ᠲᠤ ᠲᠣᠮᠣ ᠬᠡᠯᠪᠡᠷᠢ ᠶᠢᠨ ᠨᠡᠭᠦᠷᠡᠰᠦ ᠴᠠᠬᠢᠯᠭᠠᠨ ᠤ ᠰᠠᠭᠤᠷᠢᠨ ᠭᠠᠵᠠᠷ ᠪᠣᠯᠣᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠎ ᠤᠨ ᠨᠡᠭᠦᠷᠡᠰᠦ ᠬᠡᠷᠡᠭᠯᠡᠬᠦ ᠬᠡᠷᠡᠭᠴᠡᠭᠡ ᠶᠢᠨ ᠱᠠᠭᠠᠷᠳᠠᠯᠭ᠎ᠠ ᠶᠢ ᠦᠨᠳᠦᠰᠦᠯᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠣᠬᠢᠷᠠᠭᠤᠯᠤᠨ᠎ᠠ᠃ ᠥᠭᠡᠷ᠎ᠡ ᠪᠠᠷ ᠬᠡᠯᠡᠪᠡᠯ᠂ ᠣᠳᠣᠬᠠᠨ ᠳᠤ ᠮᠠᠨ ᠤ ᠣᠷᠣᠨ ᠰᠢᠨ᠎ᠡ ᠪᠠᠷ ᠪᠠᠶᠢᠭᠤᠯᠬᠤ ᠶᠢ ᠤᠯᠤᠰ ᠠᠴᠠ ᠵᠥᠪᠰᠢᠶᠡᠷᠡᠭᠰᠡᠨ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ ᠤᠯᠠᠷᠢᠭᠤᠯᠬᠤ ᠵᠡᠷᠭᠡ ᠲᠦᠷᠤᠯ ᠵᠦᠢᠯ ᠢ ᠠᠰᠢᠭᠯᠠᠨ ᠤᠯᠠᠷᠢᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠤᠭᠠᠳᠤᠢ ᠲᠣᠭᠲᠠᠭᠠᠯ ᠠᠴᠠ ᠵᠦᠷᠢᠴᠡᠭᠰᠡᠨ ᠨᠡᠭᠦᠷᠡᠰᠦᠨ ᠠᠭᠤᠷᠬᠠᠶ ᠯᠤᠭ᠎ᠠ ᠳᠠᠬᠢᠨ ᠵᠣᠬᠢᠶᠠᠨ ᠪᠠᠶᠢᠭᠤᠯᠪᠠᠯ᠂ ᠲᠣᠭᠲᠠᠭᠠᠯ ᠠᠴᠠ ᠵᠥᠷᠢᠴᠡᠭᠰᠡᠨ ᠨᠡᠭᠦᠷᠡᠰᠦᠨ ᠠᠭᠤᠷᠬᠠᠶ ᠶᠢᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠳᠤ ᠲᠦᠷᠭᠡᠭᠡᠨ ᠣᠷᠣᠬᠤ ᠶᠢ ᠠᠬᠢᠭᠤᠯᠵᠤ᠂ ᠦᠯᠡᠳᠡᠭᠡᠯ ᠪᠡᠯᠡ ᠣᠷᠣᠭᠤᠯᠤᠯᠲᠠ ᠶᠢ ᠨᠢ ᠠᠮᠢᠳᠤᠯᠢᠭᠵᠢᠭᠤᠯᠵᠤ ᠴᠢᠳᠠᠬᠤ ᠪᠠᠷ ᠪᠠᠷᠠᠬᠤ ᠦᠭᠡᠢ᠂ ᠪᠠᠰᠠ ᠰᠢᠨ᠎ᠡ ᠪᠠᠷ ᠪᠠᠶᠢᠭᠤᠯᠤᠭᠰᠠᠨ ᠤᠯᠠᠷᠢᠭᠤᠯᠬᠤ ᠲᠥᠷᠥᠯ ᠵᠦᠢᠯ ᠤᠨ ᠲᠦᠭᠦᠬᠡᠶ ᠡᠳ᠋ ᠤᠨ  ᠬᠠᠩᠭᠠᠯᠭ᠎ᠠ ᠶᠢ ᠪᠠᠲᠤᠯᠠᠵᠤ᠂ ᠨᠡᠭᠦᠷᠡᠰᠦᠨ ᠤ ᠡᠬᠢ ᠪᠠᠶᠠᠯᠢᠭ ᠬᠢᠭᠡᠳ ᠦᠢᠯᠡᠳᠪᠦᠷᠢᠯᠡᠬᠦ ᠴᠢᠳᠠᠪᠤᠷᠢ ᠶᠢᠨ ᠰᠢᠨ᠎ᠡ ᠪᠠᠷ ᠣᠷᠣᠭᠤᠯᠬᠤ ᠬᠡᠮᠵᠢᠶ᠎ᠡ ᠶᠢ ᠪᠠᠭᠠᠰᠬᠠᠨ᠂ ᠨᠠᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠯ ᠢ ᠡᠬᠢ ᠡᠭᠦᠰᠦᠯ ᠠᠴᠠ ᠨᠢ ᠠᠷᠢᠯᠭᠠᠵᠤ᠂ ᠨᠢᠭᠡ ᠯᠡ ᠳᠡᠭᠡᠷ᠎ᠡ ᠣᠯᠠᠨ ᠢ ᠪᠦᠲᠦᠭᠡᠵᠦ ᠴᠢᠳᠠᠨ᠎ᠠ᠃ ᠪᠣᠳᠠᠲᠠᠶ ᠪᠠᠷ ᠬᠡᠯᠡᠪᠡᠯ ᠳᠣᠣᠷᠠᠬᠢ ᠬᠡᠳᠦᠨ ᠲᠠᠯ᠎ᠠ ᠪᠤᠢ᠄      ᠨᠢᠭᠡ ᠳᠤ ᠲᠣᠭᠲᠠᠭᠠᠯ ᠠᠴᠠ ᠵᠥᠷᠢᠴᠡᠭᠰᠡᠨ ᠨᠡᠭᠦᠷᠡᠰᠦᠨ ᠠᠭᠤᠷᠬᠠᠶ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠪᠠᠶᠢᠨ᠎ᠠ᠃ ᠣᠳᠣᠬᠠᠨ ᠳᠤ ᠮᠠᠨ ᠤ ᠣᠷᠣᠨ ᠤ ᠵᠥᠪᠰᠢᠶᠡᠷᠡᠭᠦᠯᠦᠭᠡᠳᠦᠢ ᠪᠠᠷ ᠤᠷᠢᠳᠠᠪᠠᠷ ᠪᠠᠶᠢᠭᠤᠯᠤᠭᠰᠠᠨ ᠨᠢᠭᠡ ᠪᠦᠯᠦᠭ ᠨᠡᠭᠦᠷᠡᠰᠦᠨ ᠠᠭᠤᠷᠬᠠᠶ ᠨᠢ ᠤᠯᠠᠷᠢᠭᠤᠯᠬᠤ ᠲᠦᠷᠤᠯ ᠵᠦᠢᠯ ᠢ ᠨᠠᠶᠢᠳᠠᠪᠤᠷᠢᠵᠢᠭᠤᠯᠤᠭᠠᠳᠤᠢ ᠠᠴᠠ ᠪᠣᠯᠵᠤ ᠲᠥᠷᠥᠯ ᠵᠦᠢᠯ ᠤᠨ ᠬᠢᠨᠠᠨ ᠵᠥᠪᠰᠢᠶᠡᠷᠡᠭᠦᠯᠬᠦ ᠪᠠ ᠬᠠᠶᠢᠬᠤ ᠤᠯᠠᠷᠢᠭᠤᠯᠬᠤ ᠮᠠᠯᠲᠠᠬᠤ ᠭᠠᠷᠳᠠᠮ ᠢ ᠶᠡᠷᠦ ᠭᠦᠢᠴᠡᠳᠬᠡᠬᠦ ᠠᠷᠭ᠎ᠠ ᠦᠭᠡᠢ ᠪᠠᠶᠢᠨ᠎ᠠ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠡᠳᠡᠭᠡᠷ ᠨᠡᠭᠦᠷᠡᠰᠦᠨ ᠠᠭᠤᠷᠬᠠᠶ ᠶᠢᠨ ᠶᠡᠷᠦᠩᠭᠡᠢ  ᠦᠢᠯᠡᠳᠪᠦᠷᠢᠯᠡᠬᠦ ᠴᠢᠳᠠᠪᠤᠷᠢ ᠨᠢ 2 ᠳ᠋ᠦᠩᠰᠢᠭᠤᠷ ᠲᠣᠨ ᠰᠢᠬᠠᠮ ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠶᠢ 900 ᠳ᠋ᠦᠩᠰᠢᠭᠤᠷ ᠲᠥᠭᠦᠷᠢᠭ ᠢᠶᠠᠷ ᠲᠥᠯᠥᠪᠯᠡᠵᠦ᠂ 600 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ  ᠪᠶᠡᠯᠡᠭᠦᠯᠦᠭᠡᠳ ᠪᠠᠶᠢᠨ᠎ᠠ᠃  ᠨᠢᠳᠤᠨᠤᠨ ᠤ 9 ᠳ᠋ᠦ᠋ᠭᠡᠷ ᠰᠠᠷ᠎ᠠ ᠳᠤ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ  ᠵᠥᠪᠯᠡᠯ ︽ᠬᠠᠤᠯᠢ ᠪᠤᠰᠤ ᠳᠤ ᠴᠣᠬᠢᠯᠲᠠ ᠥᠭᠴᠦ ᠬᠠᠤᠯᠢ ᠠᠴᠠ ᠵᠦᠷᠢᠴᠡᠭᠰᠡᠨ ᠢ ᠵᠠᠰᠠᠬᠤ︾ ᠲᠤᠰᠬᠠᠶ ᠵᠦᠢᠯ ᠢᠶᠠᠷ  ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠦᠭᠰᠡᠨ ᠠᠴᠠ ᠨᠠᠰᠢ᠂ ᠡᠳᠡᠭᠡᠷ ᠨᠡᠭᠦᠷᠡᠰᠦᠨ ᠠᠭᠤᠷᠬᠠᠶ ᠨᠤᠭᠤᠳ ᠬᠠᠭᠠᠰ ᠵᠢᠯ ᠢᠯᠡᠭᠦᠦ ᠦᠢᠯᠡᠳᠪᠦᠷᠢᠯᠡᠯ ᠢᠶᠠᠨ ᠵᠣᠭᠰᠤᠭᠠᠵᠤ ᠪᠠᠶᠢᠭᠤᠯᠬᠤ ᠪᠠᠨ ᠵᠣᠭᠰᠤᠭᠠᠪᠠ᠃ ᠠᠰᠢᠭᠯᠠᠯᠲᠠ ᠳᠤ ᠣᠷᠣᠭᠰᠠᠨ ᠪᠠ ᠤᠳᠠᠯ ᠦᠭᠡᠶ ᠦᠢᠯᠡᠳᠪᠦᠷᠢᠯᠡᠯ ᠳᠤ ᠣᠷᠣᠮᠠᠷ ᠪᠠᠶᠢᠭ᠎ᠠ ᠨᠡᠭᠦᠷᠡᠰᠦᠨ ᠠᠭᠤᠷᠬᠠᠶ ᠨᠤᠭᠤᠳ ᠢ ᠨᠢᠭᠡ ᠯᠡ ᠬᠥᠭ ᠢᠶᠠᠷ ᠬᠠᠰᠢᠵᠤ ᠬᠤᠷᠢᠭᠯᠠᠪᠠᠯ᠂ ᠠᠵᠤ ᠠᠬᠤᠶᠢᠯᠠᠯ ᠯᠤᠲᠤ ᠶᠡᠭᠡ ᠪᠡᠯᠡ ᠮᠥᠩᠭᠦ ᠶᠢᠨ ᠳᠠᠷᠤᠭᠠᠰᠤ ᠡᠭᠦᠷᠭᠡᠯᠡᠵᠦ᠂ ᠣᠷᠣᠨ ᠨᠤᠲᠤᠭ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠠᠷᠤᠯᠲᠠ ᠴᠤ ᠲᠠᠰᠤᠷᠠᠯᠲᠠ ᠦᠭᠡᠶ ᠨᠡᠮᠡᠭᠳᠡᠨ᠂ ᠴᠢᠨᠠᠭᠰᠢᠯᠠᠪᠠᠯ ᠨᠡᠶᠢᠭᠡᠮ ᠤᠨ ᠲᠣᠭᠲᠠᠭᠤᠨ  ᠤ ᠠᠰᠠᠭᠤᠳᠠᠯ ᠭᠠᠷᠴᠣ ᠮᠡᠳᠡᠬᠦ ᠲᠤᠯᠠ᠂ ᠨᠡᠭᠦᠷᠡᠰᠦᠨ ᠤ ᠠᠵᠤ ᠠᠬᠤᠶᠢᠯᠠᠯ ᠤᠳ ᠵᠠᠰᠠᠭ ᠤᠨ ᠣᠷᠳᠣᠨ ᠢᠶᠠᠷ ᠡᠨᠡ ᠬᠦ ᠬᠦᠴᠢᠷ ᠰᠡᠳᠦᠪ ᠢ ᠰᠢᠢᠳᠪᠦᠷᠢᠯᠡᠭᠦᠯᠬᠦ ᠶᠢ ᠴᠢᠩᠭ᠎ᠠ ᠱᠠᠭᠠᠷᠳᠠᠵᠤ ᠪᠣᠢ᠃ ᠬᠡᠷᠪᠡ ᠡᠳᠡᠭᠡᠷ ᠲᠥᠷᠥᠯ ᠵᠦᠢᠯ ᠤᠳ ᠢ ᠮᠠᠨ ᠤ ᠣᠷᠣᠨ ᠤ ᠰᠢᠨ᠎ᠡ ᠪᠠᠷ ᠪᠠᠶᠢᠭᠤᠯᠤᠭᠰᠠᠨ ᠲᠣᠮᠣ ᠬᠡᠯᠪᠡᠷᠢ ᠶᠢᠨ ᠨᠡᠭᠦᠷᠡᠰᠦ ᠴᠠᠬᠢᠯᠭᠠᠨ ᠤ ᠰᠠᠭᠤᠷᠢᠨ ᠭᠠᠵᠠᠷ ᠪᠣᠯᠣᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠯᠦᠭᠡ ᠳᠠᠬᠢᠨ ᠵᠣᠬᠢᠶᠠᠨ ᠪᠠᠶᠢᠭᠤᠯᠵᠤ ᠴᠢᠳᠠᠪᠠᠯ᠂ ᠡᠨᠡ ᠬᠦ ᠬᠦᠴᠢᠷ ᠰᠡᠳᠦᠪ ᠰᠢᠢᠳᠪᠦᠷᠢᠯᠡᠭᠳᠡᠬᠦ ᠪᠣᠯᠣᠨ᠎ᠠ᠃      ᠬᠤᠶᠠᠷ ᠲᠤ ᠠᠵᠤ ᠠᠬᠤᠶᠢᠯᠠᠯ ᠳᠤ ᠵᠣᠭᠰᠤᠩᠭᠤᠶᠢᠷᠠᠵᠤ ᠪᠠᠶᠢᠭ᠎ᠠ ᠠᠭᠤᠷᠬᠠᠶ ᠬᠠᠶᠢᠬᠤ ᠡᠷᠬᠡ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ ᠪᠠᠶᠢᠨ᠎ᠠ᠃ ᠣᠳᠣᠬᠠᠨ ᠳᠤ᠂ ᠮᠠᠨ ᠤ ᠣᠷᠣᠨ ᠨᠡᠭᠦᠷᠡᠰᠦᠨ ᠤ ᠠᠭᠤᠷᠬᠠᠶ ᠶᠢᠨ ᠡᠷᠬᠡ ᠲᠠᠢ  ᠪᠣᠯᠣᠭᠰᠠᠨ ᠪᠣᠶᠣ ᠨᠢᠭᠡ ᠪᠦᠯᠦᠭ ᠲᠥᠪ ᠤᠨ ᠠᠵᠤ ᠠᠬᠤᠶᠢᠯᠠᠯ᠂ ᠮᠤᠵᠢ ᠶᠢᠨ ᠭᠠᠳᠠᠨᠠᠬᠢ ᠤᠯᠤᠰ ᠤᠨ ᠦᠮᠴᠢᠯᠡᠯᠲᠦ ᠠᠵᠤ ᠠᠬᠤᠶᠢᠯᠠᠯ ᠰᠲ᠋ᠣᠺ ᠤᠨ ᠡᠷᠬᠡ ᠬᠤᠳᠠᠯᠳᠤᠨ ᠠᠪᠬᠤ ᠪᠠᠷ ᠳᠠᠮᠵᠢᠭᠤᠯᠤᠨ ᠪᠣᠳᠠᠲᠠᠶ ᠪᠠᠶᠢᠭ᠎ᠠ ᠨᠡᠭᠦᠷᠡᠰᠦᠨ ᠤ ᠠᠭᠤᠷᠬᠠᠶ ᠶᠢᠨ ᠡᠷᠬᠡ ᠶᠢᠨ ᠡᠬᠢ ᠪᠠᠶᠠᠯᠢᠭ ᠤᠨ ᠬᠡᠮᠵᠢᠶ᠎ᠡ ᠪᠠᠷ ᠨᠡᠯᠢᠶᠡᠳ ᠶᠡᠭᠡ ᠪᠠᠶᠢᠨ᠎ᠠ᠃ ᠳᠠᠬᠢᠨ ᠵᠣᠬᠢᠶᠠᠨ ᠪᠠᠶᠢᠭᠤᠯᠬᠤ ᠪᠠᠷ ᠳᠠᠮᠵᠢᠭᠤᠯᠤᠭᠠᠳ᠂ ᠤᠯᠠᠷᠢᠭᠤᠯᠬᠤ ᠲᠥᠷᠥᠯ ᠵᠦᠢᠯ ᠢᠶᠠᠷ ᠠᠵᠤ ᠠᠬᠤᠶᠢᠯᠠᠯ ᠳᠤ ᠵᠣᠭᠰᠤᠩᠭᠤᠶᠢᠷᠠᠵᠤ ᠪᠠᠶᠢᠭ᠎ᠠ ᠨᠡᠭᠦᠷᠡᠰᠦᠨ ᠤ ᠠᠭᠤᠷᠬᠠᠢ ᠶᠢᠨ ᠡᠷᠬᠡ ᠶᠢ ᠠᠮᠢᠳᠤᠯᠢᠭᠵᠢᠭᠤᠯᠪᠠᠯ᠂ ᠵᠠᠰᠠᠭ ᠤᠨ ᠣᠷᠳᠣᠨ ᠨᠡᠭᠦᠷᠡᠰᠦᠨ ᠤ ᠡᠬᠢ ᠪᠠᠶᠠᠯᠢᠭ ᠢ ᠳᠠᠬᠢᠨ ᠰᠢᠨ᠎ᠡ ᠪᠠᠷ ᠲᠣᠬᠢᠷᠠᠭᠤᠯᠬᠤ ᠴᠢᠬᠤᠯᠠ ᠦᠭᠡᠶ ᠪᠣᠯᠵᠤ᠂ ᠵᠠᠬ᠎ᠠ ᠳᠡᠯᠭᠡᠭᠦᠷ ᠲᠤ ᠰᠢᠨ᠎ᠡ ᠪᠠᠷ ᠣᠷᠣᠭᠤᠯᠬᠤ ᠨᠡᠭᠦᠷᠡᠰᠦᠨ ᠤ ᠡᠬᠢ ᠪᠠᠶᠠᠯᠢᠭ ᠢ ᠵᠣᠬᠢᠬᠤ ᠬᠡᠮᠵᠢᠶ᠎ᠡ ᠪᠠᠷ ᠪᠠᠭᠠᠰᠬᠠᠬᠤ ᠪᠣᠯᠣᠨ᠎ᠠ᠃ ᠠᠩᠬ᠎ᠠ ᠠᠯᠬᠤᠮ ᠤᠨ ᠣᠶᠢᠯᠠᠭᠠᠭᠰᠠᠨ ᠢᠶᠠᠷ᠂ ᠬᠡᠰᠡᠭ ᠠᠵᠤ ᠠᠬᠤᠶᠢᠯᠠᠯ ᠴᠤ ᠡᠨᠡ ᠲᠠᠯ᠎ᠠ ᠶᠢᠨ ᠬᠦᠰᠡᠯ ᠰᠠᠨᠠᠭ᠎ᠠ ᠲᠠᠢ  ᠪᠠᠶᠢᠨ᠎ᠠ᠃      ᠭᠤᠷᠪᠠ ᠳᠤ ᠨᠡᠭᠦᠷᠡᠰᠦ ᠶᠢ ᠤᠯᠠᠷᠢᠭᠤᠯᠬᠤ ᠲᠥᠷᠥᠯ ᠵᠦᠢᠯ ᠬᠢᠭᠡᠳ ᠨᠡᠭᠦᠷᠡᠰᠦᠨ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠴᠠᠬᠤ ᠦᠭᠡᠢ᠂ ᠵᠡᠷᠭᠡ ᠳᠤᠨᠢ ᠬᠢᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠪᠠᠶᠢᠨ᠎ᠠ᠃ ᠮᠠᠨ ᠤ ᠠᠩᠬ᠎ᠠ ᠠᠯᠬᠤᠮ ᠤᠨ ᠲᠥᠰᠥᠭᠡᠯᠡᠭᠰᠡᠨ ᠪᠣᠳᠣᠭᠰᠠᠨ ᠢᠶᠠᠷ᠂ ᠮᠠᠨ ᠤ ᠣᠷᠣᠨ ᠰᠢᠨ᠎ᠡ ᠪᠠᠷ ᠪᠠᠶᠢᠭᠤᠯᠬᠤ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠡᠷᠡᠭᠰᠡᠬᠦ ᠰᠢᠨ᠎ᠡ ᠪᠠᠷ ᠲᠣᠬᠢᠷᠠᠭᠤᠯᠬᠤ ᠨᠡᠭᠦᠷᠡᠰᠦᠨ ᠤ ᠡᠬᠢ ᠪᠠᠶᠠᠯᠢᠭ 400 ᠳ᠋ᠦᠩᠰᠢᠭᠤᠷ ᠲᠣᠨ ᠪᠠᠶᠢᠵᠤ᠂ ᠦᠢᠯᠡᠳᠪᠦᠷᠢᠯᠡᠬᠦ ᠴᠢᠳᠠᠪᠤᠷᠢ ᠶᠢ ᠰᠢᠨ᠎ᠡ ᠪᠠᠷ 4 ᠳ᠋ᠦᠩᠰᠢᠭᠤᠷ ᠲᠤᠨ ᠨᠡᠮᠡᠭᠳᠡᠭᠦᠯᠬᠦ ᠪᠣᠯᠣᠨ᠎ᠠ᠃ ᠣᠳᠣᠬᠠᠨ ᠤ ᠤᠯᠤᠰ ᠠᠴᠠ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ ᠪᠠᠶᠢᠭ᠎ᠠ ᠪᠠᠶᠢᠳᠠᠯ ᠤᠨ ᠳᠣᠣᠷ᠎ᠠ᠂ ᠡᠶᠢᠮᠦᠷᠬᠦ ᠶᠡᠭᠡ ᠬᠡᠪᠴᠢᠶ᠎ᠡ ᠪᠦᠬᠦᠢ ᠰᠢᠨ᠎ᠡ ᠪᠠᠷ  ᠪᠠᠶᠢᠭᠤᠯᠬᠤ ᠨᠡᠭᠦᠷᠡᠰᠦᠨ ᠠᠭᠤᠷᠬᠠᠶ ᠶᠢᠨ ᠲᠥᠷᠥᠯ ᠵᠦᠢᠯ ᠢ ᠬᠢᠨᠠᠨ ᠵᠥᠪᠰᠢᠶᠡᠷᠡᠭᠦᠯᠬᠦ ᠳᠤ ᠮᠠᠰᠢ ᠶᠡᠭᠡ ᠬᠦᠴᠢᠷᠲᠠᠢ ᠪᠠᠶᠢᠵᠤ᠂ ᠬᠢᠨᠠᠨ ᠵᠥᠪᠰᠢᠶᠡᠷᠡᠯ᠎ᠡ ᠴᠤ ᠭᠡᠰᠡᠨ ᠪᠠᠰᠠ ᠨᠡᠯᠢᠶᠡᠳ ᠤᠷᠲᠤ ᠴᠠᠭ ᠬᠡᠷᠡᠭᠰᠡᠬᠦ ᠶᠢᠨ ᠳᠡᠭᠡᠷ᠎ᠡ ᠪᠠᠰᠠ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠬᠤ ᠦᠶᠡᠯᠡᠬᠦ ᠬᠤᠭᠤᠴᠠᠭ᠎ᠠ ᠨᠢ ᠣᠷᠳᠣ ᠪᠣᠯᠬᠤᠷ᠂  ᠤᠯᠠᠷᠢᠭᠤᠯᠬᠤ ᠲᠥᠷᠥᠯ ᠵᠦᠢᠯ ᠯᠦᠭᠡ ᠵᠡᠷᠭᠡ ᠳᠤᠨᠢ ᠪᠦᠲᠦᠭᠡᠨ ᠪᠠᠶᠢᠭᠤᠯᠬᠤ᠂ ᠵᠡᠷᠭᠡ ᠳᠤᠨᠢ ᠠᠰᠢᠭᠯᠠᠯᠲᠠ ᠳᠤ ᠣᠷᠣᠭᠤᠯᠬᠤ ᠳᠤ ᠲᠤᠩ ᠬᠦᠴᠢᠷᠲᠠᠢ ᠪᠠᠶᠢᠵᠤ᠂ ᠪᠠᠰᠠ ᠨᠡᠭᠦᠷᠡᠰᠦ — ᠴᠠᠬᠢᠯᠭᠠᠨ᠂ ᠨᠡᠭᠦᠷᠡᠰᠦ — ᠬᠢᠮᠢ ᠶᠢ ᠨᠢᠭᠡ ᠴᠣᠭᠴᠠᠵᠢᠭᠤᠯᠬᠤ ᠳᠠᠪᠠᠭᠤᠯᠢᠭ  ᠢ ᠪᠠᠳᠠᠷᠠᠭᠤᠯᠬᠤ ᠶᠢᠨ ᠠᠷᠭ᠎ᠠ ᠦᠭᠡᠢ ᠶᠤᠮ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠪᠠᠷ ᠳᠠᠮᠵᠢᠭᠤᠯᠤᠨ᠂ ᠤᠯᠠᠷᠢᠭᠤᠯᠬᠤ ᠲᠥᠷᠥᠯ ᠵᠦᠢᠯ ᠬᠢᠭᠡᠳ ᠨᠢᠭᠡᠨᠲᠡ ᠪᠠᠶᠢᠭ᠎ᠠ ᠠᠭᠤᠷᠬᠠᠶ ᠶᠢᠨ ᠡᠷᠬᠡ ᠲᠠᠢ ᠪᠣᠯᠪᠠᠴᠤ  ᠤᠯᠠᠷᠢᠭᠤᠯᠬᠤ ᠲᠥᠷᠥᠯ ᠵᠦᠢᠯ ᠦᠭᠡᠢ ᠪᠠᠶᠢᠭ᠎ᠠ ᠨᠡᠭᠦᠷᠡᠰᠦᠨ ᠤ ᠠᠵᠤ ᠠᠬᠤᠶᠢᠯᠠᠯ ︵ᠪᠠᠶᠢᠭᠤᠯᠤᠭᠠᠳᠤᠢ᠂ ᠪᠠᠶᠢᠭᠤᠯᠵᠤ ᠪᠠᠶᠢᠭ᠎ᠠ᠂ ᠨᠢᠭᠡᠨᠲᠡ ᠠᠰᠢᠭᠯᠠᠯᠲᠠ ᠳᠤ ᠤᠷᠤᠭᠰᠠᠨ ᠪᠠᠭᠲᠠᠨ᠎ᠠ︶ ᠎ ᠯᠤᠭ᠎ᠠ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠪᠠᠯ᠂ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠵᠦ ᠪᠠᠶᠢᠭ᠎ᠠ ᠶᠢ ᠪᠦᠲᠦᠮᠵᠢᠲᠡᠶ ᠪᠠᠷ᠂ ᠲᠣᠭᠲᠠᠭᠤᠨ ᠢᠶᠠᠷ ᠠᠷᠢᠯᠭᠠᠵᠤ ᠴᠢᠳᠠᠬᠤ ᠮᠥᠷᠲᠡᠭᠡᠨ ᠪᠠᠰᠠ ᠤᠯᠠᠷᠢᠭᠤᠯᠬᠤ ᠲᠥᠷᠥᠯ ᠵᠦᠢᠯ ᠤᠨ ᠨᠡᠭᠦᠷᠡᠰᠦᠨ ᠤ ᠡᠬᠢ ᠪᠠᠶᠠᠯᠢᠭ ᠤᠨ ᠠᠰᠠᠭᠤᠳᠠᠯ ᠢ ᠰᠢᠢᠳᠪᠦᠷᠢᠯᠡᠵᠦ ᠴᠢᠳᠠᠨ᠎ᠠ᠃      ᠳᠥᠷᠪᠡ ᠳᠤ ᠣᠳᠣ ᠪᠠᠶᠢᠭ᠎ᠠ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠪᠠᠶᠢᠨ᠎ᠠ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠪᠠᠷ ᠳᠠᠮᠵᠢᠭᠤᠯᠤᠨ᠂ ᠨᠡᠭᠦᠷᠡᠰᠦ ᠬᠡᠷᠡᠭᠯᠡᠵᠦ ᠪᠠᠶᠢᠭ᠎ᠠ ᠠᠵᠤ ᠠᠬᠤᠶᠢᠯᠠᠯ ᠳᠤ ᠲᠣᠬᠢᠷᠠᠭᠤᠯᠤᠭᠰᠠᠨ ᠨᠡᠭᠦᠷᠡᠰᠦᠨ ᠤ ᠡᠬᠢ ᠪᠠᠶᠠᠯᠢᠭ  ᠬᠢᠭᠡᠳ ᠬᠠᠤᠯᠢ ᠶᠣᠰᠣᠨ ᠤ ᠨᠡᠭᠦᠷᠡᠰᠦᠨ ᠠᠭᠤᠷᠬᠠᠶ ᠯᠤᠭ᠎ᠠ ᠶᠢᠨ ᠡᠬᠢ ᠪᠠᠶᠠᠯᠢᠭ ᠢᠶᠠᠨ ᠰᠣᠯᠢᠬᠤ ᠪᠤᠶᠤ ᠡᠬᠢ ᠪᠠᠶᠠᠯᠢᠭ ᠢᠶᠠᠨ ᠨᠡᠶᠢᠯᠡᠭᠦᠯᠬᠦ ᠶᠢ ᠳᠡᠮᠵᠢᠪᠡᠯ᠂ ᠰᠢᠨ᠎ᠡ ᠪᠠᠷ ᠲᠣᠬᠢᠷᠠᠭᠤᠯᠤᠭᠰᠠᠨ ᠨᠡᠭᠦᠷᠡᠰᠦᠨ ᠠᠭᠤᠷᠬᠠᠶ ᠶᠢᠨ ᠨᠡᠭᠡᠭᠡᠬᠦ ᠠᠬᠢᠴᠠ ᠪᠣᠯᠣᠨ ᠦᠢᠯᠡᠳᠪᠦᠷᠢᠯᠡᠬᠦ ᠴᠢᠳᠠᠪᠤᠷᠢ ᠪᠠᠨ ᠲᠠᠯᠪᠢᠵᠤ ᠭᠠᠷᠭᠠᠬᠤ ᠶᠢ ᠨᠢ ᠤᠳᠠᠭᠠᠰᠢᠷᠠᠭᠤᠯᠵᠤ᠂ ᠣᠳᠣ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠯ ᠢ ᠠᠷᠢᠯᠭᠠᠵᠤ ᠪᠣᠯᠣᠨ᠎ᠠ  ᠃      ﹇ᠬᠥᠲᠥᠯᠥᠭᠴᠢ﹈᠄      ︽ᠮᠡᠳᠡᠭᠳᠡᠯ︾᠎ ᠳᠤ ᠶᠠᠮᠠᠷ ᠶᠠᠮᠠᠷ ᠭᠤᠣᠯ ᠠᠭᠤᠯᠭ᠎ᠠ ᠲᠠᠢ ᠪᠤᠶ︖      ﹇ᠸᠠᠩ ᠵᠢᠶᠦ᠋ᠨ ᠹᠧᠩ﹈᠄      ᠭᠤᠣᠯᠳᠠᠭᠤ ᠬᠤᠶᠠᠷ ᠲᠠᠯ᠎ᠠ ᠶᠢᠨ ᠠᠭᠤᠯᠭ᠎ᠠ ᠲᠠᠢ᠃      ︵ᠨᠢᠭᠡ︶ ︽ᠮᠡᠳᠡᠭᠳᠡᠯ︾᠎ ᠳᠤ ᠲᠣᠭᠲᠠᠭᠠᠭᠰᠠᠨ ᠦᠨᠳᠦᠰᠦᠨ ᠵᠠᠷᠴᠢᠮ᠃ ᠨᠢᠭᠡ ᠳᠤ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠭᠡᠨ᠂ ᠠᠵᠤ ᠠᠬᠤᠶᠢᠯᠠᠯ ᠤᠨ ᠰᠠᠶᠢᠨ ᠳᠤᠷ᠎ᠠ ᠠᠴᠠ ᠪᠠᠨ ᠪᠠᠶᠢᠵᠤ᠂ ᠵᠠᠬ᠎ᠠ ᠲᠡᠯᠭᠡᠭᠦᠷᠴᠢᠯᠡᠨ ᠠᠵᠢᠯᠯᠠᠭᠤᠯᠵᠤ᠂ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠤᠶᠠᠷ ᠲᠤ ︽ᠮᠡᠳᠡᠭᠳᠡᠯ︾ ᠪᠣᠯ 126 ᠳ᠋ᠤᠭᠠᠷ ᠲᠤᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠦᠷᠭᠦᠯᠵᠢᠯᠡᠯ ᠪᠠᠶᠢᠵᠤ᠂ ᠨᠡᠭᠦᠷᠡᠰᠦᠨ ᠤ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠬᠤ ᠶᠢ ᠳᠥᠯᠭᠢᠨ ᠠᠬᠢᠭᠤᠯᠬᠤ ᠪᠤᠯ ᠪᠤᠳᠠᠲᠠᠶᠢᠵᠢᠭᠤᠯᠤᠭᠰᠠᠨ ᠪᠦᠭᠡᠳ ᠠᠵᠢᠯᠯᠠᠭᠤᠯᠬᠤ ᠴᠢᠨᠠᠷᠲᠠᠢ ᠲᠤᠭᠲᠠᠭᠠᠯ ᠪᠤᠯᠬᠤ ᠲᠤᠯᠠ ᠂ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠪᠤᠯᠤᠨ᠎ᠠ᠃      ︵ᠬᠤᠶᠠᠷ︶ ︽ᠮᠡᠳᠡᠭᠳᠡᠯ︾᠎ ᠳᠤ ᠳᠤᠷᠠᠳᠤᠭᠰᠠᠨ ᠭᠤᠣᠯ ᠠᠷᠭ᠎ᠠ ᠬᠡᠮᠵᠢᠶ᠎ᠡ᠃ 1. ︽ᠮᠡᠳᠡᠭᠳᠡᠯ︾᠎ ᠳᠤ ᠲᠤᠲᠤᠷᠬᠠᠶᠢᠯᠠᠭᠰᠠᠨ ᠨᠢ᠂ ᠨᠡᠭᠦᠷᠡᠰᠦᠨ ᠤ ᠡᠬᠢ ᠪᠠᠶᠠᠯᠢᠭ ᠤᠨ ᠠᠭᠤᠷᠬᠠᠶ ᠶᠢᠨ ᠦᠢᠯᠡᠰ ᠤᠨ ᠡᠷᠬᠡ ᠲᠠᠢ ᠨᠡᠭᠦᠷᠡᠰᠦᠨ ᠤ ᠠᠵᠤ ᠠᠬᠤᠶᠢᠯᠠᠯ ᠬᠢᠭᠡᠳ ᠤᠯᠠᠷᠢᠭᠤᠯᠬᠤ ᠠᠵᠤ ᠠᠬᠤᠶᠢᠯᠠᠯ ᠳᠠᠬᠢᠨ ᠵᠣᠬᠢᠶᠠᠨ ᠪᠠᠶᠢᠭᠤᠯᠬᠤ ᠶᠢᠨ ᠬᠠᠮᠲᠤ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠪᠠᠶᠢᠪᠠᠯ᠂ ᠤᠯᠠᠷᠢᠭᠤᠯᠬᠤ ᠠᠵᠤ ᠠᠬᠤᠶᠢᠯᠠᠯ ᠤᠨ ᠥᠪᠡᠷ ᠤᠨ ᠠᠭᠤᠷᠬᠠᠶ ᠶᠢᠨ ᠦᠢᠯᠡᠰ ᠤᠨ ᠡᠷᠬᠡ ᠪᠠᠷ ᠢᠶᠠᠨ ᠡᠬᠢ ᠪᠠᠶᠠᠯᠢᠭ ᠤᠨ ᠲᠣᠬᠢᠷᠠᠭᠤᠯᠤᠯᠲᠠ ᠬᠢᠵᠤ ᠪᠤᠢ ᠭᠡᠵᠦ ᠦᠵᠡᠵᠦ ᠪᠤᠯᠤᠨ᠎ᠠ᠃ ᠨᠢᠭᠡ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠭᠲᠠᠭᠠᠭᠰᠠᠨ ᠨᠡᠭᠦᠷᠡᠰᠦ ᠶᠢ ᠤᠯᠠᠷᠢᠭᠤᠯᠬᠤ ᠲᠦᠷᠦᠯ ᠵᠦᠢᠯ ᠤᠨ ᠨᠡᠭᠦᠷᠡᠰᠦ ᠲᠣᠬᠢᠷᠠᠭᠤᠯᠬᠤ ᠦᠨ᠎ᠡ ᠬᠠᠨᠭ᠍ᠰᠢ ᠶᠢᠨ ᠵᠤᠭᠤᠰ ᠤᠨ ᠪᠠᠷᠢᠮᠵᠢᠶ᠎ᠠ ᠶᠤᠰᠤᠭᠠᠷ ᠳᠠᠬᠢᠨ ᠵᠣᠬᠢᠶᠠᠨ ᠪᠠᠶᠢᠭᠤᠯᠬᠤ ᠠᠵᠢᠯ ᠢ ᠪᠡᠶᠡᠯᠡᠭᠦᠯᠬᠦ ᠬᠡᠷᠡᠭᠲᠡᠶ᠃ ᠬᠤᠶᠠᠷ ᠲᠤ ᠬᠤᠯᠪᠣᠭᠳᠠᠬᠤ ᠨᠡᠭᠦᠷᠡᠰᠦᠨ ᠤ ᠡᠬᠢ ᠪᠠᠶᠠᠯᠢᠭ ᠢ ᠤᠯᠤᠰ ᠤᠨ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢᠨ ᠬᠤᠪᠢᠶᠠᠷᠢᠯᠠᠵᠤ ᠦᠭᠭᠦᠭᠰᠡᠨ ᠠᠭᠤᠷᠬᠠᠢ ᠳᠤ ᠤᠷᠤᠭᠤᠯᠤᠭᠰᠠᠨ ᠪᠠᠶᠢᠬᠤ ᠬᠡᠷᠡᠭᠲᠠᠢ᠃ ᠭᠤᠷᠪᠠ ᠳᠤ ᠤᠯᠠᠷᠢᠯᠠᠭᠤᠯᠬᠤ ᠠᠵᠤ ᠠᠬᠤᠶᠢᠯᠠᠯ ᠤᠨ ᠡᠵᠡᠯᠡᠵᠤ ᠪᠠᠶᠢᠭ᠎ᠠ ᠰᠲ᠋ᠣᠺ ᠤᠨ ᠡᠷᠬᠡ ᠳᠤ ᠵᠤᠬᠢᠴᠠᠯᠳᠤᠬᠤ ᠡᠬᠢ ᠪᠠᠶᠠᠯᠢᠭ ᠤᠨ ᠬᠡᠮᠵᠢᠶ᠎ᠡ ᠨᠢ ᠲᠤᠰ ᠬᠤᠪᠢᠶᠠᠷᠢᠯᠠᠵᠤ ᠦᠭᠭᠦᠭᠰᠡᠨ ᠠᠭᠤᠷᠬᠠᠢ ᠶᠢᠨ ᠬᠠᠳᠠᠭᠠᠯᠠᠭᠳᠠᠴᠠ ᠶᠢᠨ 49 %᠎ ᠠᠴᠠ ᠳᠡᠭᠡᠭᠰᠢ ᠳᠤ ᠬᠦᠷᠦᠭᠰᠡᠨ ᠪᠠᠶᠢᠬᠤ ᠪᠤᠶᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠰᠡᠨ ᠪᠠᠶᠢᠬᠤ ᠬᠡᠷᠡᠭᠲᠠᠢ      ﹇ᠸᠠᠩ ᠵᠢᠶᠦ᠋ᠨ ᠹᠧᠩ﹈᠄      2. ︽ᠮᠡᠳᠡᠭᠳᠡᠯ︾᠎ ᠳᠤ ᠨᠡᠶᠢᠯᠡᠭᠦᠯᠵᠤ ᠳᠠᠬᠢᠨ ᠵᠣᠬᠢᠶᠠᠨ ᠪᠠᠶᠢᠭᠤᠯᠬᠤ ᠳᠤ ᠤᠷᠤᠯᠴᠠᠭᠰᠠᠨ ᠠᠵᠤ ᠠᠬᠤᠶᠢᠯᠠᠯ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠨ᠎ᠡ ᠬᠡᠵᠤ ᠲᠤᠲᠤᠷᠬᠠᠶᠢᠯᠠᠭᠰᠠᠨ ᠪᠠᠶᠢᠨ᠎ᠠ᠃ ᠨᠢᠭᠡ ᠳᠤ ᠤᠯᠠᠷᠢᠭᠤᠯᠬᠤ ᠠᠵᠤ ᠠᠬᠤᠶᠢᠯᠠᠯ ᠬᠤᠪᠢ ᠤᠷᠤᠭᠤᠯᠤᠯᠲᠠ ᠡᠷᠬᠡᠰᠢᠶᠡᠵᠤ ᠪᠠᠶᠢᠭ᠎ᠠ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠤᠨ ᠬᠠᠷᠢᠶ᠎ᠠ ᠪᠦᠬᠦᠢ ᠬᠠᠤᠯᠢ ᠶᠣᠰᠣᠨ ᠤ ᠨᠡᠭᠦᠷᠡᠰᠦᠨ ᠠᠭᠤᠷᠬᠠᠶ ᠶᠢᠨ ᠡᠷᠭᠢᠨ ᠲᠣᠭᠤᠷᠢᠨ ᠳᠤ ᠠᠭᠤᠷᠬᠠᠶ ᠶᠢᠨ ᠦᠢᠯᠡᠰ ᠤᠨ ᠡᠷᠬᠡ ᠶᠢ ᠲᠤᠰᠠᠭᠠᠷ ᠨᠢ ᠲᠤᠬᠢᠷᠠᠭᠤᠯᠬᠤ ᠳᠤ ᠲᠤᠬᠢᠷᠠᠬᠤ ᠦᠭᠡᠶ ᠦᠯᠡᠳᠡᠭᠳᠡᠯ ᠡᠬᠢ ᠪᠠᠶᠠᠯᠢᠭ ᠪᠠᠶᠢᠪᠠᠯ᠂ ᠨᠡᠭᠦᠷᠡᠰᠦᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠤᠯᠤᠨ ᠨᠡᠭᠡᠭᠡᠨ ᠠᠰᠢᠭᠯᠠᠬᠤ ᠲᠥᠯᠥᠪᠵᠢᠭᠦᠯᠭᠡ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ ᠲᠤᠰ ᠨᠡᠭᠦᠷᠡᠰᠦᠨ ᠠᠭᠤᠷᠬᠠᠶ ᠳᠤ ᠡᠮᠬᠢᠯᠡᠨ ᠨᠡᠶᠢᠯᠡᠭᠦᠯᠵᠦ ᠨᠡᠭᠡᠭᠡᠨ ᠠᠰᠢᠭᠯᠠᠬᠤ ᠶᠢ ᠲᠣᠬᠢᠷᠠᠭᠤᠯᠵᠤ ᠪᠤᠯᠤᠨ᠎ᠠ᠂ ᠪᠣᠳᠠᠲᠠᠶ ᠳᠡᠰ ᠳᠠᠷᠠᠭᠠᠯᠠᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠤ᠂ ᠰᠢᠨ᠎ᠡ ᠪᠠᠷ ᠨᠡᠮᠡᠭᠳᠡᠭᠦᠯᠦᠭᠰᠡᠨ ᠨᠡᠭᠦᠷᠡᠰᠦᠨ ᠤ ᠡᠬᠢ ᠪᠠᠶᠠᠯᠢᠭ ᠤᠨ ᠦᠨ᠎ᠡ ᠬᠠᠨᠭ᠍ᠰᠢ ᠶᠢᠨ ᠵᠤᠭᠤᠰ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠭᠲᠠᠭᠠᠭᠰᠠᠨ ᠨᠡᠭᠦᠷᠡᠰᠦ ᠶᠢ ᠤᠯᠠᠷᠢᠭᠤᠯᠬᠤ ᠲᠦᠷᠦᠯ ᠵᠦᠢᠯ ᠤᠨ ᠨᠡᠭᠦᠷᠡᠰᠦ ᠲᠣᠬᠢᠷᠠᠭᠤᠯᠬᠤ ᠦᠨ᠎ᠡ ᠬᠠᠨᠭ᠍ᠰᠢ ᠶᠢᠨ ᠵᠤᠭᠤᠰ ᠤᠨ ᠪᠠᠷᠢᠮᠵᠢᠶ᠎ᠠ ᠶᠣᠰᠣᠭᠠᠷ ᠲᠤᠰᠢᠶᠠᠨ᠎ᠠ᠃ ᠬᠤᠶᠠᠷ ᠲᠤ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠣᠰᠣᠭᠠᠷ ᠰᠲ᠋ᠣᠺ ᠤᠨ ᠡᠷᠬᠡ᠂ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠬᠢᠨᠠᠨ ᠵᠦᠪᠰᠢᠶᠡᠷᠡᠭᠦᠯᠬᠦ ᠳᠡᠰ ᠳᠠᠷᠠᠭᠠᠯᠠᠯ ᠢ ᠭᠦᠢᠴᠡᠳᠬᠡᠬᠦ ᠦᠭᠡᠶ ᠪᠠᠷ ᠰᠢᠭᠤᠳ ᠬᠤᠯᠪᠣᠭᠳᠠᠯ ᠪᠦᠬᠦᠢ ᠭᠠᠷᠳᠠᠮ ᠢ ᠭᠦᠢᠴᠡᠳᠭᠡᠵᠤ ᠪᠤᠯᠤᠨ᠎ᠠ᠃ ᠭᠤᠷᠪᠠ ᠳᠤ ᠪᠣᠳᠠᠲᠠᠶ ᠶᠠᠪᠤᠴᠠ ᠳᠤ ᠠᠵᠤ ᠠᠬᠤᠶᠢᠯᠠᠯ ᠤᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠬᠦ ᠲᠤᠬᠠᠢ ᠤᠯᠤᠰ ᠤᠨ ᠭᠠᠶᠢᠯᠢ ᠲᠠᠲᠠᠪᠤᠷᠢ ᠵᠡᠷᠭᠡ  ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠤ ᠪᠤᠯᠤᠨ᠎ᠠ᠃ ᠳᠥᠷᠪᠡ ᠳᠤ ᠥᠪᠡᠷᠲᠡᠭᠡᠨ ᠵᠠᠰᠠᠬᠤ ᠣᠷᠣᠨ ᠤ ᠭᠤᠤᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠨᠢ ᠲᠤᠰ ᠬᠤᠪᠢᠶᠠᠷᠢᠯᠠᠵᠤ ᠦᠭᠭᠦᠭᠰᠡᠨ ᠨᠡᠭᠦᠷᠡᠰᠦᠨ ᠠᠭᠤᠷᠬᠠᠶ ᠶᠢᠨ ᠬᠢᠨᠠᠨ ᠵᠦᠪᠰᠢᠶᠡᠷᠡᠭᠦᠯᠬᠦ ᠶᠢᠨ ᠮᠡᠳᠡᠭᠦᠯᠦᠨ ᠵᠥᠪᠰᠢᠶᠡᠷᠡᠭᠦᠯᠬᠦ ᠶᠢ ᠡᠩ ᠲᠡᠷᠢᠭᠦᠨ ᠳᠤ ᠲᠤᠬᠢᠷᠠᠭᠤᠯᠬᠤ ᠬᠡᠷᠡᠭᠲᠡᠶ᠃      3. ︽ᠮᠡᠳᠡᠭᠳᠡᠯ︾᠎ ᠳᠤ ᠨᠡᠭᠦᠷᠡᠰᠦ ᠲᠤᠬᠢᠷᠠᠭᠤᠯᠵᠤ ᠦᠭᠭᠦᠭᠰᠡᠨ ᠤᠯᠠᠷᠢᠭᠤᠯᠬᠤ ᠠᠵᠤ ᠠᠬᠤᠶᠢᠯᠠᠯ ᠬᠢᠭᠡᠳ ᠬᠠᠤᠯᠢ ᠶᠣᠰᠣᠨ ᠤ ᠨᠡᠭᠦᠷᠡᠰᠦᠨ ᠠᠭᠤᠷᠬᠠᠶ ᠶᠢᠨ ᠡᠬᠢ ᠪᠠᠶᠠᠯᠢᠭ ᠢᠶᠠᠨ ᠰᠣᠯᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠨ᠎ᠡ ᠬᠡᠵᠠᠢ᠃      4. ︽ᠮᠡᠳᠡᠭᠳᠡᠯ︾᠎ ᠳᠤ ᠬᠤᠯᠪᠣᠭᠳᠠᠯ ᠪᠦᠬᠦᠢ ᠬᠢᠵᠠᠭᠠᠷᠯᠠᠬᠤ ᠨᠥᠬᠦᠴᠡᠯ ᠲᠤᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠬᠢᠭᠡᠳ ᠤᠯᠠᠷᠢᠭᠤᠯᠬᠤ ᠠᠵᠤ ᠠᠬᠤᠶᠢᠯᠠᠯ᠂ ᠨᠡᠭᠦᠷᠡᠰᠦᠨ ᠤ ᠡᠬᠢ ᠪᠠᠶᠠᠯᠢᠭ ᠤᠨ ᠠᠭᠤᠷᠬᠠᠶ ᠶᠢᠨ ᠦᠢᠯᠡᠰ ᠤᠨ ᠡᠷᠬᠡ ᠲᠠᠢ ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ  ᠵᠦᠪᠯᠡᠯᠴᠡᠭᠡᠷ ᠲᠤᠭᠲᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭ᠎ᠠ ᠪᠤᠯᠤᠨ ᠡᠭᠦᠷᠭᠡ ᠶᠢ ᠲᠤᠲᠤᠷᠬᠠᠶᠢᠯᠠᠨ᠎ᠠ᠃      ﹇ᠬᠥᠲᠥᠯᠥᠭᠴᠢ﹈᠄      ᠵᠠ᠂ ᠸᠠᠩ ᠡᠷᠬᠢᠯᠡᠭᠴᠢ ᠶᠢᠨ ᠲᠠᠶᠢᠯᠪᠤᠷᠢᠯᠠᠯᠲᠠ ᠬᠢᠭᠰᠡᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ ᠨᠠᠷ ᠤᠨ  ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠪᠡ᠂  ᠳᠠᠷᠠᠭᠠᠴᠢ ᠶᠢᠨ ᠫᠷᠦᠭᠷᠠᠮ ᠳᠤ ᠳᠠᠬᠢᠨ ᠵᠤᠯᠭᠠᠶ᠎ᠠ︕
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯᠧᠺᠲᠷᠤᠨ ᠵᠠᠰᠠᠭ ᠤᠨ  ᠶᠠᠪᠤᠳᠠᠯ ᠤᠨ ᠭᠠᠵᠠᠷ ᠤᠨ ᠳᠠᠷᠤᠭ᠎ᠠ ᠡᠾᠧ ᠪᠢᠶᠤᠤ ᠡᠷᠬᠢᠮ ᠵᠣᠴᠢᠨ ᠳᠤ ᠪᠠᠷ᠎ᠠ ᠪᠣᠯᠵᠤ ᠥᠪᠡᠷᠲᠡᠭᠡᠨ ᠵᠠᠰᠠᠬᠤ ᠣᠷᠣᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ ᠨᠢ
     ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠭᠢᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠨᠡᠭᠦᠷᠡᠰᠦᠨ ᠠᠵᠤ ᠦᠢᠯᠡᠳᠪᠦᠷᠢ ᠶᠢᠨ ᠲᠣᠪᠴᠢᠶ᠎ᠠ ᠶᠢᠨ ᠳᠠᠷᠤᠭ᠎ᠠ ᠸᠠᠩ ᠵᠢᠶᠦ᠋ᠨ ᠹᠧᠩ ︽ᠳᠤᠮᠳᠠᠳᠤ ᠤᠯᠤᠰ   ᠥᠪᠥᠷ ᠮᠣᠩᠭᠤᠯ︾ ᠰᠦᠯᠵᠢᠶ᠎ᠡ ᠳᠤ ᠰᠠᠭᠠᠳᠠᠵᠤ ᠪᠠᠶᠢᠭ᠎ᠠ ᠨᠢ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map