︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2015/7/9
     ᠪᠡᠯᠡ ᠣᠷᠣᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠨᠡᠶᠢᠭᠡᠮ ᠤᠨ ᠬᠥᠷᠥᠩᠭᠡ ᠶᠢ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠷᠢᠶ᠎ᠡ ᠳᠤ ᠲᠡᠳᠡᠨ ᠣᠷᠣᠭᠤᠯᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠬᠦ ᠶᠢ ᠳᠥᠯᠭᠢᠨ ᠠᠬᠢᠭᠤᠯᠵᠤ᠂ ᠮᠠᠨ ᠤ ᠣᠷᠣᠨ ᠤ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠳᠡᠰ ᠳᠡᠪᠰᠢᠭᠦᠯᠬᠦ ᠶᠢ ᠠᠬᠢᠭᠤᠯᠬᠤ ᠶᠢᠨ ᠲᠤᠰᠠᠳᠠ᠂ ᠲᠤᠰ ᠠᠷᠭ᠎ᠠ ᠶᠢ ᠲᠣᠭᠲᠠᠭᠠᠪᠠ᠃      1᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠠᠮᠠᠷ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ ᠪᠤᠶ︖      ︵ᠨᠢᠭᠡ︶ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠳᠠᠩᠰᠠᠯᠠᠭᠤᠯᠤᠭᠰᠠᠨ ᠪᠥᠭᠡᠳ ᠳᠠᠩᠰᠠᠯᠠᠭᠤᠯᠤᠭᠰᠠᠨ ᠬᠥᠷᠥᠩᠭᠡ ᠨᠢ ᠠᠷᠠᠳ ᠤᠨ ᠵᠣᠭᠤᠰ ᠢᠶᠠᠷ 500 ᠲᠦᠮᠡᠨ ᠲᠥᠭᠦᠷᠢᠭ ᠠᠴᠠ ᠳᠣᠣᠷ᠎ᠠ ᠦᠭᠡᠶ ᠪᠠᠶᠢᠵᠤ᠂ ᠵᠣᠬᠢᠬᠤ ᠪᠡᠯᠡ ᠮᠥᠩᠭᠦ ᠴᠤᠭᠯᠠᠭᠤᠯᠬᠤ ᠴᠢᠳᠠᠪᠤᠷᠢ ᠲᠠᠢ᠂ ᠲᠣᠭᠲᠠᠮᠠᠯ ᠡᠵᠡᠩᠨᠡᠯᠲᠡ ᠶᠢᠨ ᠭᠠᠵᠠᠷ ᠲᠠᠢ ᠪᠠ ᠲᠤᠬᠠᠶᠢᠯᠠᠭᠰᠠᠨ ᠠᠵᠢᠯ ᠯᠤᠭ᠎ᠠ ᠲᠣᠬᠢᠷᠠᠯᠴᠠᠭᠰᠠᠨ ᠬᠠᠲᠠᠭᠤ ᠵᠥᠭᠡᠯᠡᠨ ᠬᠡᠷᠡᠭᠰᠡᠯ ᠤᠨ ᠪᠡᠯᠡᠳᠬᠡᠮᠵᠢ ᠲᠠᠢ᠂ ᠪᠡᠯᠡ ᠣᠷᠣᠭᠤᠯᠬᠤ ᠬᠠᠮᠢᠶᠠᠷᠤᠯᠲᠠ ᠶᠢᠨ ᠪᠠᠶᠠᠯᠢᠭ ᠲᠤᠷᠰᠢᠯᠭ᠎ᠠ ᠪᠠ ᠰᠠᠶᠢᠨ ᠰᠠᠶᠢᠬᠠᠨ ᠬᠠᠮᠢᠶᠠᠷᠤᠯᠲᠠ ᠶᠢᠨ ᠠᠮᠵᠢᠯᠲᠠ ᠪᠦᠲᠦᠮᠵᠢ᠂ ᠰᠠᠭᠤᠷᠢ ᠮᠥᠩᠭᠦ ᠶᠢᠨ ᠪᠡᠯᠡ ᠣᠷᠣᠭᠤᠯᠬᠤ ᠬᠠᠮᠢᠶᠠᠷᠤᠯᠲᠠ ᠪᠠ ᠲᠦᠭᠰᠢᠭᠦᠷᠢ ᠶᠢ ᠬᠢᠵᠠᠭᠠᠷᠯᠠᠬᠤ ᠪᠦᠷᠢᠨᠰᠢᠭᠰᠡᠨ ᠴᠤᠪᠤᠷᠠᠯ᠂ ᠲᠥᠷᠥᠯ ᠵᠦᠢᠯ ᠰᠢᠯᠢᠨ ᠰᠣᠩᠭᠤᠬᠤ ᠲᠣᠭᠲᠠᠴᠠ ᠪᠠ ᠪᠡᠯᠡ ᠣᠷᠣᠭᠤᠯᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮᠰᠢᠭᠰᠠᠨ ᠲᠣᠭᠲᠠᠴᠠ᠂ ᠪᠡᠯᠡ ᠣᠷᠣᠭᠤᠯᠤᠭᠤᠯᠤᠭᠰᠠᠨ ᠠᠵᠤ ᠠᠬᠤᠶᠢᠯᠠᠯ ᠳᠤ ᠠᠳᠠᠯ ᠦᠢᠯᠡᠰ ᠴᠣᠭᠴᠠᠯᠠᠬᠤ ᠬᠠᠪᠰᠤᠷᠤᠨ ᠵᠢᠯᠣᠭᠤᠳᠣᠮᠵᠢ᠂ ᠬᠠᠮᠢᠶᠠᠷᠤᠯᠲᠠ ᠶᠢᠨ ᠯᠠᠪᠯᠠᠭ᠎ᠠ ᠥᠭᠬᠦ ᠵᠡᠷᠭᠡ ᠥᠷᠲᠡᠭ ᠨᠡᠮᠡᠭᠳᠡᠯ ᠤᠨ ᠦᠢᠯᠡᠴᠢᠯᠡᠭᠡ ᠬᠠᠩᠭᠠᠵᠤ ᠳᠡᠶᠢᠯᠬᠦ︔      ︵ᠬᠤᠶᠠᠷ︶ ᠰᠠᠭᠤᠷᠢ ᠮᠥᠩᠭᠦ ᠶᠢᠨ ᠬᠠᠮᠢᠶᠠᠷᠤᠯᠲᠠ ᠶᠢᠨ 3 ᠵᠢᠯ ᠠᠴᠠ ᠳᠡᠭᠡᠭᠰᠢ ᠠᠵᠢᠯ ᠤᠨ ᠲᠤᠷᠰᠢᠯᠭ᠎ᠠ ᠲᠠᠢ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠠᠳᠠᠭ ᠲᠠᠭᠠᠨ 3 ᠨᠡᠷ᠎ᠡ ᠪᠠᠶᠢᠵᠤ᠂ ᠠᠳᠠᠭ ᠲᠠᠭᠠᠨ 3᠎ ᠠᠴᠠ ᠳᠡᠭᠡᠭᠰᠢᠬᠢ‌ᠠᠵᠤ ᠠᠬᠤᠶᠢᠯᠠᠯ ᠳᠤ ᠪᠡᠯᠡ ᠣᠷᠣᠯᠠᠭᠤᠯᠵᠤ ᠠᠮᠵᠢᠯᠲᠠ ᠣᠯᠣᠭᠰᠠᠨ ᠵᠢᠱᠢᠶ᠎ᠡ ᠎ ᠲᠠᠢ ᠪᠠᠶᠢᠬᠤ︔      ︵ᠭᠤᠷᠪᠠ︶ ᠰᠠᠭᠤᠷᠢ ᠮᠥᠩᠭᠦ ᠬᠠᠮᠢᠶᠠᠷᠬᠤ ᠪᠠᠶᠢᠭᠤᠯᠤᠮᠵᠢ ᠵᠢᠴᠢ ᠲᠡᠭᠦᠨ ᠤ ᠠᠵᠢᠯᠲᠠᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠰᠢᠳᠬᠡᠯ ᠢ ᠣᠯᠵᠤ ᠥᠩᠭᠡᠷᠡᠭᠰᠡᠨ ᠮᠠᠭᠤ ᠲᠡᠮᠳᠡᠭᠯᠡᠯ ᠦᠭᠡᠶ ᠪᠠᠶᠢᠬᠤ᠃      2᠂ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ ᠪᠠᠩᠬᠢ ᠶᠠᠮᠠᠷ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ ᠪᠤᠶ︖      ︵ᠨᠢᠭᠡ︶ ᠡᠳ᠋ ᠬᠥᠷᠥᠩᠭᠡ ᠶᠢ ᠨᠠᠶᠢᠳᠠᠯᠭ᠎ᠠ ᠪᠠᠷ ᠬᠠᠮᠢᠶᠠᠷᠬᠤ ᠡᠵᠡᠩᠨᠡᠯᠲᠡ ᠶᠢᠨ ᠬᠢᠷᠢ ᠴᠢᠳᠠᠮᠵᠢ ᠲᠠᠢ᠂ ᠪᠡᠯᠡ ᠣᠷᠣᠭᠤᠯᠬᠤ ᠶᠢᠨ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ ᠲᠤᠷᠰᠢᠯᠭ᠎ᠠ ᠲᠠᠢ ᠪᠠᠶᠢᠬᠤ︔      ︵ᠬᠤᠶᠠᠷ︶ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠶᠢᠨ ᠭᠤᠣᠯ ᠪᠡᠯᠡ ᠭᠠᠷᠭᠠᠭᠴᠢ᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠯᠤᠭ᠎ᠠ ᠰᠲ᠋ᠣᠺ ᠤᠨ ᠡᠷᠬᠡ᠂ ᠥᠭᠴᠡᠭᠡ ᠪᠠ ᠲᠥᠷᠥᠯ ᠰᠠᠳᠤᠨ ᠤ ᠵᠡᠷᠭᠡ ᠬᠤᠯᠪᠣᠭᠳᠠᠯ ᠪᠣᠯᠣᠨ ᠠᠰᠢᠭ ᠬᠤᠣᠷ ᠤᠨ ᠬᠠᠷᠢᠴᠠᠭ᠎ᠠ ᠦᠭᠡᠢ ᠪᠠᠶᠢᠬᠤ︔      ︵ᠭᠤᠷᠪᠠ︶ ᠬᠦᠨᠳᠦ ᠶᠡᠭᠡ ᠠᠳᠡᠯ ᠪᠠ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠪᠠᠷ ᠰᠢᠳᠬᠡᠭᠳᠡᠵᠦ ᠥᠩᠭᠡᠷᠡᠭᠰᠡᠨ ᠮᠠᠭᠤ ᠲᠡᠮᠳᠡᠭᠯᠡᠯ ᠦᠭᠡᠶ ᠪᠠᠶᠢᠬᠤ᠃      3᠂ ᠬᠥᠲᠥᠯᠥᠨ ᠵᠢᠯᠣᠭᠤᠳᠬᠤ ᠰᠠᠭᠤᠷᠢ ᠮᠥᠩᠭᠦ ᠢ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠬᠠᠮᠲᠤᠷᠠᠨ ᠡᠭᠦᠰᠬᠡᠨ ᠪᠠᠶᠢᠭᠤᠯᠬᠤ ᠶᠢ ᠭᠤᠶᠤᠴᠢᠯᠠᠬᠤ ᠳᠤ ᠶᠠᠮᠠᠷ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ ᠪᠤᠶ︖      ︵ᠨᠢᠭᠡ︶ ᠭᠤᠣᠯ ᠡᠭᠦᠰᠬᠡᠭᠴᠢ ︵ᠬᠤᠷᠰᠢᠬᠴᠢ᠂ ᠳᠣᠷᠣᠭᠰᠢ ᠠᠳᠠᠯᠢ︶᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠨᠠᠶᠢᠳᠠᠵᠤ ᠬᠠᠮᠢᠶᠠᠷᠤᠭᠤᠯᠬᠤ ᠪᠠᠩᠬᠢ ᠶᠢ ᠨᠢᠭᠡᠨᠲᠡ ᠦᠨᠳᠦᠰᠦᠨ ᠳᠡᠭᠡᠨ ᠲᠣᠭᠲᠠᠭᠠᠭᠰᠠᠨ ᠪᠠᠶᠢᠬᠤ ᠶᠢᠨ ᠬᠠᠮᠲᠤ ᠡᠭᠦᠰᠬᠡᠭᠴᠢ ᠶᠢᠨ ᠵᠥᠪᠯᠡᠯᠴᠡᠭᠡᠷ᠂ ᠰᠠᠭᠤᠷᠢ ᠮᠥᠩᠭᠦ ᠶᠢᠨ ᠳᠦᠷᠢᠮ ︵ᠬᠤᠷᠰᠢᠬᠤ ᠵᠥᠪᠯᠡᠯᠴᠡᠭᠡᠷ᠂ ᠳᠣᠷᠣᠭᠰᠢ ᠠᠳᠠᠯᠢ︶᠂ ᠨᠠᠶᠢᠳᠠᠵᠤ ᠬᠠᠮᠢᠶᠠᠷᠤᠭᠤᠯᠬᠤ ᠵᠥᠪᠯᠡᠯᠴᠡᠭᠡᠷ᠂ ᠪᠡᠯᠡ ᠮᠥᠩᠭᠦ ᠶᠢ ᠨᠠᠶᠢᠳᠠᠵᠤ ᠬᠠᠮᠢᠶᠠᠷᠤᠭᠤᠯᠬᠤ ᠵᠥᠪᠯᠡᠯᠴᠡᠭᠡᠷ ᠳᠡᠭᠡᠷ᠎ᠡ ᠠᠩᠬᠠᠨ ᠤ ᠭᠠᠷ ᠤᠨ ᠦᠰᠦᠭ ᠵᠢᠷᠤᠭᠰᠠᠨ ᠪᠠᠶᠢᠬᠤ︔ ᠪᠤᠰᠤᠳ ᠪᠡᠯᠡ ᠭᠠᠷᠭᠠᠭᠴᠢ ︵ᠬᠤᠷᠰᠢᠬᠴᠢ᠂ ᠳᠣᠷᠣᠭᠰᠢ ᠠᠳᠠᠯᠢ︶᠎ ᠨᠢ ᠨᠢᠭᠡᠨᠲᠡ ᠨᠠᠶᠢᠳᠠᠪᠤᠷᠢᠵᠢᠭᠰᠠᠨ ᠤ ᠬᠠᠮᠲᠤ ᠪᠡᠯᠡ ᠮᠥᠩᠭᠦ ᠶᠢ ᠪᠣᠯᠵᠣᠨ ᠲᠣᠭᠲᠠᠭᠰᠠᠨ ᠶᠣᠰᠣᠭᠠᠷ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠨᠢ ᠥᠭᠬᠦ ᠶᠢ ᠪᠠᠲᠤᠯᠠᠭᠰᠠᠨ ᠪᠠᠶᠢᠬᠤ︔      ︵ᠬᠤᠶᠠᠷ︶ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠶᠢᠨ ᠴᠤᠭᠯᠠᠭᠤᠯᠤᠭᠰᠠᠨ ᠪᠡᠯᠡ ᠮᠥᠩᠭᠦ ᠶᠢᠨ ᠪᠦᠬᠦ ᠲᠤᠭ᠎ᠠ ᠨᠢ ᠠᠷᠠᠳ ᠤᠨ ᠵᠣᠭᠤᠰ ᠲᠤ 3 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ︔ ᠭᠤᠣᠯ ᠡᠭᠦᠰᠬᠡᠭᠴᠢ ᠶᠢᠨ ᠪᠡᠯᠡ ᠭᠠᠷᠭᠠᠭᠰᠠᠨ ᠲᠤᠭ᠎ᠠ ᠨᠢ ᠠᠷᠠᠳ ᠤᠨ ᠵᠣᠭᠤᠰ ᠢᠶᠠᠷ 5000 ᠲᠦᠮᠡᠨ ᠲᠥᠭᠦᠷᠢᠭ ᠠᠴᠠ ᠳᠣᠣᠷ᠎ᠠ ᠦᠭᠡᠢ ᠪᠠᠶᠢᠵᠤ᠂ ᠪᠤᠰᠤᠳ ᠭᠠᠭᠴᠠᠭᠠᠷ ᠪᠡᠯᠡ ᠭᠠᠷᠭᠠᠭᠴᠢ ᠶᠢᠨ ᠪᠡᠯᠡ ᠭᠠᠷᠭᠠᠭᠰᠠᠨ ᠲᠤᠭ᠎ᠠ ᠨᠢ ᠠᠷᠠᠳ ᠤᠨ ᠵᠣᠭᠤᠰ ᠢᠶᠠᠷ 1000 ᠲᠦᠮᠡᠨ ᠲᠥᠭᠦᠷᠢᠭ ᠠᠴᠠ ᠳᠣᠣᠷ᠎ᠠ ᠦᠭᠡᠢ ᠪᠠᠶᠢᠬᠤ︔ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢᠨ ᠪᠡᠯᠡ ᠭᠠᠷᠭᠠᠭᠴᠢ ᠠᠴᠠ ᠭᠠᠳᠠᠨᠠᠬᠢ ᠪᠤᠰᠤᠳ ᠪᠡᠯᠡ ᠭᠠᠷᠭᠠᠭᠴᠢ ᠶᠢᠨ ᠲᠤᠭ᠎ᠠ ᠬᠡᠮᠵᠢᠶ᠎ᠡ ᠨᠢ 3 ︵ ᠪᠠᠭᠲᠠᠨ᠎ᠠ︶᠎ ᠠᠴᠠ ᠲᠤᠲᠠᠭᠤ ᠦᠭᠡᠢ ᠪᠠᠶᠢᠵᠤ᠂ ᠡᠭᠦᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠤᠶᠤ ᠬᠤᠪᠢ ᠬᠥᠮᠦᠨ ᠪᠡᠯᠡ ᠭᠠᠷᠭᠠᠭᠴᠢ 2 ︵ᠪᠠᠭᠲᠠᠨ᠎ᠠ︶᠎ ᠠᠴᠠ ᠲᠤᠲᠠᠭᠤ ᠦᠭᠡᠶ ᠪᠠᠶᠢᠬᠤ  ︔      ︵ᠭᠤᠷᠪᠠ︶ ᠰᠠᠭᠤᠷᠢ ᠮᠥᠩᠭᠦ ᠶᠢ ᠬᠠᠮᠢᠶᠠᠷᠬᠤ ᠪᠠᠶᠢᠭᠤᠯᠤᠮᠵᠢ ᠨᠢ ᠰᠲ᠋ᠣᠺ ᠤᠨ ᠡᠷᠬᠡ ᠶᠢᠨ ᠪᠡᠯᠡ ᠣᠷᠣᠭᠤᠯᠬᠤ ᠰᠠᠭᠤᠷᠢ ᠮᠥᠩᠭᠦ ᠳᠤ ᠭᠠᠷᠭᠠᠬᠤ ᠪᠡᠯᠡ ᠲᠤᠰᠢᠶᠠᠵᠤ᠂ ᠪᠡᠯᠡ ᠭᠠᠷᠭᠠᠬᠤ ᠬᠠᠷᠢᠴᠠᠯ ᠢ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠶᠢᠨ ᠶᠡᠷᠦᠩᠬᠡᠶ ᠬᠡᠪᠴᠢᠶ᠎ᠡ ᠶᠢᠨ 1%᠎ ᠠᠴᠠ ᠳᠣᠣᠷ᠎ᠠ ᠪᠠᠶᠢᠯᠭᠠᠬᠤ ᠦᠭᠡᠶ᠂ ᠪᠣᠳᠠᠲᠠᠶ ᠬᠠᠷᠢᠴᠠᠯ ᠢ ᠰᠠᠭᠤᠷᠢ ᠮᠥᠩᠭᠦ ᠶᠢᠨ ᠳᠦᠷᠢᠮ ᠳᠡᠭᠡᠨ ᠲᠣᠳᠣᠷᠬᠠᠶᠢᠯᠠᠬᠤ ᠬᠡᠷᠡᠭᠲᠡᠢ᠃      4᠂ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠶᠢ ᠮᠡᠳᠡᠭᠦᠯᠵᠦ ᠬᠢᠨᠠᠭᠤᠯᠬᠤ ᠳᠡᠰ ᠳᠠᠷᠠᠭᠠᠯᠠᠯ ᠨᠢ ᠶᠠᠭᠤ ᠶᠠᠭᠤ ᠪᠠᠶᠢᠳᠠᠭ ᠪᠤᠶ︖      ︵ᠨᠢᠭᠡ︶ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠪᠠᠶᠢᠭᠤᠯᠬᠤ ᠪᠤᠶᠤ ᠪᠡᠯᠡ ᠨᠡᠮᠡᠭᠳᠡᠭᠦᠯᠦᠨ ᠰᠲ᠋ᠣᠺ ᠥᠷᠭᠡᠳᠬᠡᠬᠦ ᠠᠯᠪᠠᠨ ᠵᠠᠷ ᠢ ᠨᠡᠶᠢᠭᠡᠮ ᠳᠤ ᠢᠯᠡ ᠨᠡᠶᠢᠲᠡᠯᠡᠨ᠎ᠡ᠃      ︵ᠬᠤᠶᠠᠷ︶ ᠰᠠᠭᠤᠷᠢ ᠮᠥᠩᠭᠦ ᠬᠠᠮᠢᠶᠠᠷᠬᠤ ᠪᠠᠶᠢᠭᠤᠯᠤᠮᠵᠢ ᠨᠢ ᠲᠤᠰ ᠠᠷᠭ᠎ᠠ ᠶᠢᠨ ᠲᠣᠭᠲᠠᠭᠠᠯ ᠪᠣᠯᠣᠨ ᠠᠯᠪᠠᠨ ᠵᠠᠷ ᠤᠨ ᠱᠠᠭᠠᠷᠳᠠᠯᠭ᠎ᠠ ᠶᠢ ᠦᠨᠳᠦᠰᠦᠯᠡᠨ᠂ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠶᠢ ᠵᠣᠬᠢᠶᠠᠨ ᠪᠠᠶᠢᠭᠤᠯᠬᠤ ᠲᠥᠰᠦᠯ ᠪᠤᠶᠤ ᠪᠡᠯᠡ ᠨᠡᠮᠡᠭᠳᠡᠭᠦᠯᠦᠨ ᠰᠲ᠋ᠣᠺ ᠥᠷᠭᠡᠳᠬᠡᠬᠦ ᠲᠥᠰᠦᠯ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠨ᠎ᠡ᠃      ︵ᠭᠤᠷᠪᠠ︶ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠨᠠᠶᠢᠳᠠᠵᠤ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠳᠡᠭᠡᠭᠰᠢ ᠮᠡᠳᠡᠭᠦᠯᠦᠭᠰᠡᠨ ᠲᠥᠰᠦᠯ ᠢ ᠬᠢᠨᠠᠨ ᠲᠣᠭᠲᠠᠭᠠᠵᠤ᠂ ᠬᠢᠨᠠᠨ ᠲᠣᠭᠲᠠᠭᠠᠬᠤ ᠶᠢ ᠳᠠᠮᠵᠢᠭᠰᠠᠨ ᠤ ᠳᠠᠷᠠᠭ᠎ᠠ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠪᠠᠶᠢᠭᠤᠯᠬᠤ ᠪᠠᠷ ᠪᠠᠶᠢᠭ᠎ᠠ ᠪᠤᠶᠤ ᠮᠥᠩᠭᠦ ᠨᠡᠮᠡᠭᠳᠡᠭᠦᠯᠦᠨ ᠰᠲ᠋ᠣᠺ ᠥᠷᠭᠡᠳᠬᠡᠬᠦ ᠰᠠᠭᠤᠷᠢ ᠮᠥᠩᠭᠦ ᠳᠤ ᠡᠭᠦᠷᠭᠡ ᠭᠦᠢᠴᠡᠳᠬᠡᠭᠰᠡᠨ ᠤ ᠪᠠᠶᠢᠴᠠᠭᠠᠯᠲᠠ ᠪᠠ ᠬᠤᠪᠢ ᠣᠷᠣᠭᠤᠯᠬᠤ ᠬᠡᠯᠡᠯᠴᠡᠭᠡᠷ ᠬᠢᠬᠦ ᠶᠢ ᠥᠷᠨᠢᠭᠦᠯᠦᠨ᠎ᠡ᠃      ︵ᠳᠥᠷᠪᠡ︶ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠢᠨᠠᠨ ᠲᠣᠭᠲᠠᠭᠠᠭᠰᠠᠨ ᠰᠠᠨᠠᠯ ᠢ ᠦᠨᠳᠦᠰᠦᠯᠡᠨ᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠰᠠᠭᠤᠷᠢ ᠮᠥᠩᠭᠦ ᠶᠢᠨ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢ ᠱᠠᠭᠠᠷᠳᠠᠵᠤ᠂ ᠡᠯ᠎ᠡ ᠪᠡᠯᠡ ᠭᠠᠷᠭᠠᠭᠴᠢᠳ ᠬᠠᠮᠢᠶ᠎ᠠ ᠪᠦᠬᠦᠢ ᠵᠥᠪᠯᠡᠯᠴᠡᠭᠡᠷ ᠢ ᠲᠣᠭᠲᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠵᠢᠩᠬᠢᠨᠢ ᠲᠥᠰᠦᠯ ᠢ ᠮᠡᠳᠡᠭᠦᠯᠦᠨ᠎ᠡ᠃      ︵ᠲᠠᠪᠤ︶ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠭᠦᠢᠴᠡᠳᠬᠡᠭᠰᠡᠨ ᠤ ᠪᠠᠶᠢᠴᠠᠭᠠᠯᠲᠠ ᠶᠢᠨ ᠰᠠᠨᠠᠯ ᠢ ᠯᠠᠪᠯᠠᠵᠤ᠂ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ  ᠶᠢᠨ ᠲᠥᠰᠦᠯ ᠢ ᠵᠢᠩᠬᠢᠨᠢ ᠪᠠᠷ ᠨᠤᠲᠠᠯᠠᠬᠤ ᠶᠢᠨ ᠬᠠᠮᠲᠤ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢᠨ ᠲᠥᠯᠥᠪᠯᠡᠭᠡ ᠶᠢ ᠳᠣᠷᠣᠭᠰᠢ ᠪᠠᠭᠤᠯᠭᠠᠵᠤ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠤ ᠨᠠᠶᠢᠳᠠᠯᠭ᠎ᠠ ᠪᠠᠷ ᠬᠠᠮᠢᠶᠠᠷᠬᠤ ᠲᠤᠰᠬᠠᠶ ᠳᠠᠩᠰᠠᠨ ᠳᠤ ᠰᠠᠯᠭᠠᠨ ᠥᠭᠴᠦ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠰᠲ᠋ᠣᠺ ᠤᠨ ᠡᠷᠬᠡ ᠶᠢ ᠪᠡᠯᠡ ᠣᠷᠣᠭᠤᠯᠬᠤ ᠶᠢᠨ ᠰᠠᠭᠤᠷᠢ ᠮᠥᠩᠭᠦ ᠶᠢᠨ ᠳᠠᠩᠰᠠᠨ ᠡᠷᠦᠬᠡ ᠳᠤ ᠰᠠᠯᠭᠠᠨ ᠥᠭᠭᠦᠨ᠎ᠡ᠃      5᠂ ᠨᠠᠶᠢᠳᠠᠯᠭ᠎ᠠ ᠶᠢ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠶᠠᠮᠠᠷ ᠶᠠᠮᠠᠷ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ ᠪᠤᠶ︖      ︵ᠨᠢᠭᠡ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠬᠤ︔      ︵ᠬᠤᠶᠠᠷ︶ ᠳᠠᠩᠰᠠᠯᠠᠭᠤᠯᠤᠭᠰᠠᠨ ᠬᠥᠷᠥᠩᠭᠡ ᠨᠢ ᠠᠷᠠᠳ ᠤᠨ ᠵᠣᠭᠤᠰ ᠢᠶᠠᠷ 1 ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠶ ᠪᠠᠶᠢᠵᠤ︔      ︵ᠭᠤᠷᠪᠠ︶ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ 1 ᠵᠢᠯ ᠠᠴᠠ ᠳᠡᠭᠡᠭᠰᠢ ᠬᠢᠭᠰᠡᠨ ᠪᠠᠶᠢᠬᠤ︔      ︵ᠳᠥᠷᠪᠡ︶ ᠰᠲ᠋ᠣᠺ ᠤᠨ ᠡᠷᠬᠡ ᠪᠠᠷ ᠪᠡᠯᠡ ᠣᠷᠣᠭᠤᠯᠬᠤ 3 ᠵᠢᠯ ᠠᠴᠠ ᠳᠡᠭᠡᠭᠰᠢ ᠬᠠᠮᠢᠶ᠎ᠠ ᠪᠦᠬᠦᠢ ᠥᠩᠭᠡᠷᠡᠯᠲᠡ ᠲᠠᠢ ᠠᠵᠢᠯᠯᠠᠭᠴᠢᠳ ᠠᠳᠠᠭ ᠲᠠᠭᠠᠨ 5 ᠨᠡᠷ᠎ᠡ ᠪᠠᠶᠢᠬᠤ︔      ︵ᠲᠠᠪᠤ︶ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠲᠡᠭᠦᠯᠳᠡᠷᠵᠢᠭᠰᠡᠨ ᠬᠠᠮᠢᠶᠠᠷᠤᠯᠲᠠ ᠶᠢᠨ ᠳᠦᠷᠢᠮ ᠲᠠᠢ ᠪᠠᠶᠢᠬᠤ︔      ︵ᠵᠢᠷᠭᠤᠭ᠎ᠠ︶ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠲᠥᠷᠥᠯ ᠵᠦᠢᠯ ᠤᠨ ᠠᠵᠢᠯᠯᠠᠭᠠᠨ ᠤ ᠠᠮᠵᠢᠯᠲᠠ ᠣᠯᠣᠭᠰᠠᠨ ᠲᠤᠷᠰᠢᠯᠭ᠎ᠠ ᠭᠤᠷᠪᠠ ᠠᠴᠠ ᠳᠡᠭᠡᠭᠰᠢ ᠪᠠᠶᠢᠬᠤ᠃      6᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠳᠤ ᠭᠤᠣᠯᠳᠠᠭᠤ ᠶᠠᠭᠤ ᠶᠠᠭᠤ ᠪᠠᠭᠲᠠᠬᠤ ᠪᠤᠶ︖      ︵ᠨᠢᠭᠡ︶ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠶᠢᠨ ᠲᠥᠰᠦᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠴᠢᠨᠠᠷ ᠢ ᠬᠢᠨᠠᠬᠤ ᠳᠤ ᠣᠷᠣᠯᠴᠠᠨ᠎ᠠ︔      ︵ᠬᠤᠶᠠᠷ︶ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠳᠤ ᠡᠭᠦᠷᠭᠡ ᠪᠠᠨ ᠭᠦᠢᠴᠡᠳᠬᠡᠭᠰᠡᠨ ᠪᠠᠶᠢᠴᠠᠭᠠᠯᠲᠠ᠂ ᠬᠤᠪᠢ ᠣᠷᠣᠭᠤᠯᠬᠤ ᠬᠡᠯᠡᠯᠴᠡᠭᠡᠷ ᠬᠢᠬᠦ᠂ ᠰᠠᠭᠤᠷᠢ ᠮᠥᠩᠭᠦ ᠶᠢᠨ ᠳᠦᠷᠢᠮ ᠲᠣᠭᠲᠠᠭᠠᠬᠤ ᠠᠵᠢᠯ ᠥᠷᠨᠢᠭᠦᠯᠦᠨ᠎ᠡ︔      ︵ᠭᠤᠷᠪᠠ︶ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ ᠲᠥᠯᠥᠭᠡᠯᠡᠨ ᠪᠡᠯᠡ ᠭᠠᠷᠭᠠᠬᠤ ᠲᠤᠭ᠎ᠠ ᠪᠠᠷ ᠬᠢᠵᠠᠭᠠᠷ ᠪᠣᠯᠭᠠᠨ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠳᠤ ᠪᠡᠯᠡ ᠭᠠᠷᠭᠠᠭᠴᠢ ᠶᠢᠨ ᠡᠷᠬᠡ ᠪᠠᠨ ᠬᠡᠷᠡᠭᠵᠢᠭᠦᠯᠬᠦ ᠶᠢᠨ ᠬᠠᠮᠲᠤ ᠵᠣᠬᠢᠴᠠᠩᠭᠤᠢ ᠡᠭᠦᠷᠭᠡ ᠶᠢ ᠡᠭᠦᠷᠭᠡᠯᠡᠵᠦ᠂ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠶᠢᠨ ᠠᠵᠤ ᠠᠬᠤᠶᠢᠯᠠᠯ ᠳᠤ ᠲᠥᠯᠥᠭᠡᠯᠡᠭᠴᠢ ᠲᠣᠮᠢᠯᠠᠨ᠂ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠶᠢᠨ ᠪᠡᠯᠡ ᠣᠷᠣᠭᠤᠯᠬᠤ ᠬᠠᠨᠳᠤᠰᠢ ᠳᠤ ᠬᠢᠨᠠᠯᠲᠠ ᠲᠠᠯᠪᠢᠨ᠎ᠠ︔      ︵ᠳᠥᠷᠪᠡ︶ ᠳᠠᠭᠠᠭᠠᠴᠢᠯᠠᠯᠲᠠ ᠵᠠᠷᠯᠠᠬᠤ ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠵᠢᠭᠠᠨ ᠲᠣᠭᠲᠠᠭᠠᠭᠰᠠᠨ ᠤᠯᠤᠰ ᠤᠨ ᠬᠥᠮᠥᠷᠭᠡ ᠤ ᠲᠥᠪᠯᠡᠷᠡᠭᠦᠯᠦᠨ ᠥᠭᠬᠦ ᠶᠢ ᠣᠷᠣᠯᠠᠨ ᠭᠦᠢᠴᠡᠳᠬᠡᠬᠦ ᠪᠠᠩᠬᠢ ᠶᠢᠨ ᠬᠡᠪᠴᠢᠶᠡᠨ ᠳᠤ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢᠨ ᠨᠠᠶᠢᠳᠠᠯᠭ᠎ᠠ ᠪᠠᠷ ᠬᠠᠮᠢᠶᠠᠷᠬᠤ ᠲᠤᠰᠬᠠᠶ ᠳᠠᠩᠰᠠ ᠶᠢ ᠪᠠᠶᠢᠭᠤᠯᠵᠤ᠂ ᠰᠠᠭᠤᠷᠢ ᠮᠥᠩᠭᠦ ᠶᠢᠨ ᠳᠦᠷᠢᠮ ᠢ ᠪᠣᠯᠵᠣᠨ ᠲᠣᠭᠲᠠᠭᠰᠠᠨ ᠢ ᠦᠨᠳᠦᠰᠦᠯᠡᠨ᠂ ᠪᠤᠰᠤᠳ ᠪᠡᠯᠡ ᠭᠠᠷᠭᠠᠭᠴᠢ ᠪᠡᠯᠡ ᠭᠠᠷᠭᠠᠭᠰᠠᠨ ᠪᠡᠯᠡ ᠮᠥᠩᠭᠦ ᠪᠠᠨ ᠬᠤᠭᠤᠴᠠᠭ᠎ᠠ ᠶᠣᠰᠣᠭᠠᠷ ᠲᠤᠰᠢᠶᠠᠭᠰᠠᠨ ᠮᠥᠷᠲᠡᠭᠡᠨ ᠭᠦᠢᠴᠡᠳ ᠲᠤᠭ᠎ᠠ ᠪᠠᠷ ᠣᠷᠣᠨ ᠳᠤᠨᠢ ᠣᠷᠣᠭᠤᠯᠤᠭᠰᠠᠨ ᠤ ᠳᠠᠷᠠᠭ᠎ᠠ᠂ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ ᠰᠠᠭᠤᠷᠢ ᠮᠥᠩᠭᠦ ᠶᠢᠨ ᠳᠠᠩᠰᠠᠨ ᠡᠷᠦᠬᠡ ᠳᠤ ᠰᠠᠯᠭᠠᠨ ᠥᠭᠭᠦᠨ᠎ᠡ︔      ︵ᠲᠠᠪᠤ︶ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢᠨ ᠠᠰᠢᠭ ᠬᠤᠪᠢᠶᠠᠭᠰᠠᠨ᠂ ᠤᠬᠤᠷᠢᠵᠤ ᠭᠠᠷᠤᠭᠰᠠᠨ ᠵᠡᠷᠭᠡ ᠪᠡᠯᠡ ᠮᠥᠩᠭᠦ ︵ᠡᠬᠡ ᠮᠥᠩᠭᠦ ᠪᠠ ᠠᠰᠢᠭ ᠣᠷᠣᠯᠭ᠎ᠠ ᠪᠠᠭᠲᠠᠨ᠎ᠠ︶᠎ ᠶᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢᠨ ᠨᠠᠶᠢᠳᠠᠯᠭ᠎ᠠ ᠪᠠᠷ ᠬᠠᠮᠢᠶᠠᠷᠬᠤ ᠲᠤᠰᠬᠠᠶ ᠳᠠᠩᠰᠠᠨ ᠳᠤ ᠴᠠᠭ ᠲᠤᠬᠠᠶ ᠳᠤᠨᠢ ᠰᠠᠯᠭᠠᠨ ᠣᠷᠣᠭᠤᠯᠤᠨ᠎ᠠ︔      ︵ᠵᠢᠷᠭᠤᠭ᠎ᠠ︶ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ᠂ ᠰᠲ᠋ᠣᠺ ᠤᠨ ᠡᠬᠡ ᠮᠥᠩᠭᠦ ᠶᠢᠨ ᠬᠤᠪᠢᠷᠠᠯᠲᠠ ᠶᠢᠨ ᠪᠠᠶᠢᠳᠠᠯ ᠬᠢᠭᠡᠳ ᠪᠤᠰᠤᠳ ᠴᠢᠬᠤᠯᠠ ᠶᠡᠭᠡ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ᠎ᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map