ᠥᠪᠥᠷ ᠮᠣᠩᠭᠤᠯ ᠤᠨ ︽ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠲᠦᠷᠭᠡᠳᠭᠡᠨ ᠬᠥᠭᠵᠢᠭᠦᠯᠬᠦ ᠲᠤᠬᠠᠶ ᠰᠠᠨᠠᠯ︾ ᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2015/8/11
     2015 ᠤᠨ ᠤ 7 ᠳ᠋ᠤᠭᠠᠷ ᠰᠠᠷ᠎ᠠ ᠶᠢᠨ 13᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠲᠦᠷᠭᠡᠳᠭᠡᠨ ᠬᠥᠭᠵᠢᠭᠦᠯᠬᠦ ᠲᠤᠬᠠᠶ ᠰᠠᠨᠠᠯ︾᠎ ᠢ ᠳᠠᠷᠤᠮᠠᠯᠯᠠᠨ ᠲᠠᠷᠬᠠᠭᠠᠵᠤ᠂ 2020 ᠣᠨ ᠪᠣᠯᠬᠤ ᠳᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠠᠵᠢᠯᠯᠠᠭᠠᠨ ᠤ ᠲᠣᠭᠲᠠᠴᠠ ᠶᠢ ᠨᠡᠯᠢᠶᠡᠳ ᠪᠦᠷᠢᠨ ᠲᠡᠭᠦᠯᠳᠡᠷ ᠪᠤᠯᠭᠠᠵᠤ᠂ ᠦᠢᠯᠡᠴᠢᠯᠡᠭᠡᠨ ᠤ ᠴᠢᠳᠠᠪᠤᠷᠢ ᠶᠢ ᠮᠡᠳᠡᠭᠳᠡᠬᠦ᠋ᠢᠴᠡ ᠳᠡᠭᠡᠭᠰᠢᠯᠡᠬᠦᠯᠵᠤ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠨᠡᠩ ᠥᠷᠭᠡᠨ ᠳᠡᠯᠭᠡᠷ ᠪᠤᠯᠭᠠᠵᠤ᠂ ᠳᠠᠭᠠᠳᠬᠠᠯ ᠳᠤ ᠤᠷᠤᠬᠤ ᠬᠦᠮᠦᠨ ᠤ ᠲᠤᠭ᠎ᠠ ᠶᠢ ᠶᠡᠬᠡᠪᠡᠷ ᠨᠡᠮᠡᠭᠳᠡᠭᠦᠯᠵᠤ᠂ ᠪᠦᠬᠦ ᠣᠷᠣᠨ ᠤ ᠡᠷᠡᠭᠦᠯ ᠬᠠᠮᠠᠭᠠᠯᠠᠯ ᠤᠨ ᠶᠡᠷᠦᠩᠭᠡᠢ ᠵᠠᠷᠤᠳᠠᠯ ᠳᠤᠲᠤᠷ᠎ᠠ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠲᠥᠯᠥᠪᠦᠷᠢ ᠶᠢᠨ ᠵᠠᠷᠤᠯᠭ᠎ᠠ ᠶᠢᠨ ᠡᠵᠡᠯᠡᠬᠦ ᠬᠤᠪᠢ ᠶᠢᠨ ᠵᠢᠩ ᠢ ᠨᠢ ᠮᠡᠳᠡᠭᠳᠡᠬᠦ᠋ᠢᠴᠡ ᠳᠡᠭᠡᠭᠰᠢᠯᠡᠭᠦᠯᠦᠨ᠎ᠡ ᠭᠡᠵᠤ ᠳᠤᠷᠠᠳᠪᠠ᠃      ᠰᠠᠨᠠᠯ ᠳᠤ ᠵᠢᠭᠠᠵᠤ ᠭᠠᠷᠭᠠᠭᠰᠠᠨ ᠨᠢ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠪᠣᠯ ᠮᠠᠨ ᠤ ᠤᠯᠤᠰ ᠤᠨ ᠣᠯᠠᠨ ᠳᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠲᠦᠷᠭᠡᠳᠭᠡᠨ ᠬᠥᠭᠵᠢᠭᠦᠯᠬᠦ ᠎ ᠨᠢ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠯᠤᠭ᠎ᠠ ᠶᠢᠨ ᠠᠪᠴᠠᠯᠳᠤᠵᠤ ᠬᠠᠷᠢᠯᠴᠠᠨ ᠨᠦᠬᠦᠪᠦᠷᠢᠯᠡᠬᠦ᠂ ᠨᠡᠶᠢᠯᠡᠮᠡᠯ ᠬᠦᠴᠦᠨ ᠪᠤᠯᠵᠤ ᠪᠦᠷᠢᠯᠳᠦᠬᠦ᠂ ᠣᠯᠠᠨ ᠳᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠬᠢᠵᠢᠬᠦᠯᠬᠦ᠂ ᠠᠷᠠᠳ ᠣᠯᠠᠨ ᠤ ᠣᠯᠠᠨ ᠶᠠᠩᠵᠤᠴᠢᠯᠠᠭᠰᠠᠨ ᠡᠷᠡᠭᠦᠯ ᠮᠡᠨᠳᠦ ᠶᠢ ᠪᠠᠲᠤᠯᠠᠬᠤ ᠬᠡᠷᠡᠭᠴᠡᠭᠡ ᠶᠢ ᠬᠠᠩᠭᠠᠬᠤ ᠳᠤ ᠠᠰᠢᠭᠲᠠᠢ︔ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ ᠠᠬᠢᠭᠤᠯᠬᠤ ᠳᠤ ᠠᠰᠢᠭᠲᠠᠶ︔ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠶ︔ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠰᠠᠯᠲᠠ ᠶᠢᠨ  ᠪᠠᠶᠢᠭᠤᠯᠤᠯ ᠢ ᠰᠢᠨᠡᠴᠢᠯᠡᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠶ︔ ᠲᠤᠭᠲᠠᠭᠤᠨ ᠢᠶᠠᠷ ᠨᠡᠮᠡᠭᠳᠡᠬᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠠᠰᠢᠭᠲᠠᠶ ᠶᠤᠮ ᠬᠡᠵᠠᠢ᠃      ︽ᠰᠠᠨᠠᠯ︾᠎ ᠳᠤ ᠲᠤᠲᠤᠷᠬᠠᠶᠢᠯᠠᠭᠰᠠᠨ ᠨᠢ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠬᠥᠭᠵᠢᠭᠦᠯᠬᠦ ᠶᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠰᠠᠯᠲᠠ ᠶᠢᠨ ᠰᠢᠰᠲ᠋ᠧᠮᠵᠢ ᠪᠤᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠶᠢᠨ ᠴᠢᠬᠤᠯᠠ ᠠᠳᠬᠤᠴᠠ ᠪᠠᠨ ᠪᠣᠯᠭᠠᠵᠤ᠂ ᠬᠥᠮᠦᠨ ᠢᠶᠠᠷ ᠦᠨᠳᠦᠰᠦ ᠪᠤᠯᠭᠠᠨ᠂ ᠵᠠᠰᠠᠭ ᠤᠨ ᠣᠷᠳᠣᠨ ᠬᠥᠲᠥᠯᠥᠨ ᠵᠢᠯᠣᠭᠤᠳᠴᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠦᠨᠳᠦᠰᠦᠨ ᠵᠠᠷᠴᠢᠮ ᠢ ᠪᠠᠷᠢᠮᠲᠠᠯᠠᠵᠤ᠂  ᠠᠷᠠᠳ ᠣᠯᠠᠨ ᠤ ᠣᠯᠠᠨ ᠶᠠᠩᠵᠤᠴᠢᠯᠠᠬᠰᠠᠨ ᠡᠷᠡᠭᠦᠯ ᠮᠡᠨᠳᠦ ᠶᠢᠨ ᠪᠠᠲᠤᠯᠠᠭ᠎ᠠ ᠪᠤᠯᠤᠨ ᠦᠢᠯᠡᠴᠢᠯᠡᠭᠡᠨ ᠤ ᠲᠠᠯ᠎ᠠ ᠪᠠᠷ ᠬᠢ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠳᠦᠷᠢᠮ ᠤᠨ ᠪᠠᠶᠢᠭᠤᠯᠤᠯᠲᠠ᠂ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠪᠤᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠤ ᠪᠠᠶᠢᠳᠠᠯ ᠳᠤ ᠨᠡᠶᠢᠴᠡᠭᠰᠡᠨ᠂ ᠪᠦᠲᠦᠴᠡ ᠨᠢ ᠵᠦᠶ ᠵᠣᠬᠢᠰᠲᠠᠶ᠂ ᠠᠵᠢᠯᠯᠠᠭᠠᠨ ᠨᠢ ᠦᠷ᠎ᠡ ᠪᠦᠲᠦᠮᠵᠢ ᠰᠠᠶᠢᠲᠠᠶ ᠣᠯᠠᠨ ᠳᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠦᠲᠦᠭᠡᠨ ᠪᠠᠶᠢᠭᠤᠯᠬᠤ ᠬᠡᠷᠡᠭᠲᠠᠢ ᠬᠡᠪᠡ᠃      ᠰᠠᠨᠠᠯ ᠳᠤ ᠡᠷᠡᠭᠦᠯ ᠮᠡᠨᠳᠦ ᠶᠢᠨ ᠳᠠᠭᠠᠳᠬᠠᠯ ᠢ ᠲᠦᠷᠭᠡᠳᠭᠡᠨ ᠬᠦᠭᠵᠢᠬᠦᠯᠬᠦ ᠭᠤᠣᠯ ᠡᠭᠦᠷᠭᠡ ᠶᠢ ᠭᠤᠷᠪᠠᠨ ᠲᠠᠯ᠎ᠠ ᠪᠠᠷ ᠳᠤᠷᠠᠳᠤᠭᠰᠠᠨ ᠪᠠᠶᠢᠨ᠎ᠠ᠄      ᠨᠢᠭᠡ ᠳᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ ᠳᠥᠯᠭᠢᠨ ᠠᠬᠢᠭᠤᠯᠬᠤ ᠬᠡᠷᠡᠭᠲᠠᠢ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠢ ᠳᠠᠭᠠᠭᠠᠨ ᠠᠪᠴᠤ ᠰᠢᠢᠳᠪᠦᠷᠢᠯᠡᠬᠦ ᠶᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠶᠢᠨ ᠬᠠᠮᠲᠤ ᠵᠢᠷᠤᠮᠵᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠨᠤᠭᠤᠳ ᠡᠯ᠎ᠡ ᠲᠥᠷᠥᠯ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ  ᠦᠢᠯᠡᠴᠢᠯᠡᠭᠡ ᠳᠤ ᠣᠷᠣᠯᠴᠠᠬᠤ ᠶᠢ ᠵᠤᠷᠢᠭᠵᠢᠭᠤᠯᠬᠤ ᠬᠡᠷᠡᠭᠲᠠᠢ︔ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠨᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠯᠤᠭ᠎ᠠ ᠬᠠᠮᠲᠤᠷᠠᠨ ᠠᠵᠢᠯᠯᠠᠬᠤ ᠶᠢ ᠵᠣᠷᠢᠭᠵᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠨᠢ ᠵᠢᠭᠠᠨ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠵᠠᠷᠤᠳᠠᠯ ᠳᠤ ᠬᠢᠨᠠᠯᠲᠠ ᠲᠠᠯᠪᠢᠬᠤ ᠬᠢᠵᠠᠭᠠᠷᠯᠠᠬᠤ ᠪᠠ ᠦᠨᠡᠯᠡᠬᠦ ᠶᠢ ᠴᠢᠩᠭᠠᠳᠬᠠᠬᠤ ᠬᠡᠷᠡᠭᠲᠠᠢ᠃ ᠬᠤᠶᠠᠷ ᠲᠤ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠬᠦᠨ ᠢ ᠡᠯᠪᠡᠭᠵᠢᠭᠦᠯᠬᠦ ᠬᠡᠷᠡᠭᠲᠠᠢ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠯᠤᠭ᠎ᠠ ᠣᠷᠭᠠᠨᠢᠭ ᠢᠶᠠᠷ ᠠᠪᠴᠠᠯᠳᠤᠭᠰᠠᠨ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠶᠡᠬᠡᠪᠡᠷ ᠬᠦᠭᠵᠢᠬᠦᠯᠵᠤ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠯᠦᠭᠡ ᠬᠤᠯᠪᠤᠭ᠎ᠠ ᠲᠠᠢ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠬᠦᠨ ᠢ ᠢᠳᠡᠪᠬᠢᠲᠡᠶ ᠪᠠᠷ ᠨᠡᠭᠡᠭᠡᠨ ᠬᠦᠭᠵᠢᠭᠦᠯᠬᠦ ᠬᠡᠷᠡᠭᠲᠠᠢ︔ ᠠᠯᠪᠠᠨ ᠬᠡᠮᠳᠦᠯ ᠤᠨ ᠨᠦᠬᠦᠪᠦᠷᠢ ᠶᠢᠨ ᠳᠠᠭᠠᠳᠬᠠᠯ ᠢᠶᠠᠷ ᠭᠠᠷᠳᠠᠴᠠ ᠪᠠᠨ ᠪᠤᠯᠭᠠᠬᠤ ᠶᠢ ᠵᠣᠷᠢᠭᠵᠢᠭᠤᠯᠵᠤ᠂ ᠴᠢᠳᠠᠪᠤᠷᠢ ᠪᠠᠨ ᠠᠯᠳᠠᠭᠰᠠᠨ ᠣᠷᠣᠯᠭ᠎ᠠ ᠶᠢᠨ ᠬᠤᠬᠢᠷᠠᠯ ᠤᠨ ᠳᠠᠭᠠᠳᠬᠠᠯ ᠢ ᠬᠦᠭᠵᠢᠬᠦᠯᠵᠤ᠂ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠳ ᠡᠪᠡᠳᠴᠢᠨ ᠡᠮᠭᠡᠭ ᠪᠤᠶᠤ ᠰᠠᠨᠠᠭᠠᠨ ᠳᠤ ᠦᠭᠡᠶ ᠰᠢᠷᠬᠠᠲᠤᠯ ᠠᠴᠠ ᠪᠤᠯᠤᠭᠰᠠᠨ ᠣᠷᠣᠯᠭ᠎ᠠ ᠶᠢᠨ ᠬᠤᠬᠢᠷᠠᠯ ᠢ ᠨᠢ ᠨᠦᠬᠦᠪᠦᠷᠢᠯᠡᠬᠦ ᠬᠡᠷᠡᠭᠲᠠᠢ︔ ᠨᠠᠰᠤᠲᠠᠶᠢᠴᠤᠳ᠂ ᠵᠡᠮᠳᠡᠭᠴᠦᠳ ᠲᠤ ᠵᠣᠷᠢᠭᠤᠯᠤᠭᠰᠠᠨ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠬᠦᠨ ᠢ ᠢᠳᠡᠪᠬᠢᠲᠡᠶ ᠨᠡᠭᠡᠭᠡᠨ ᠬᠦᠭᠵᠢᠬᠦᠯᠵᠤ᠂ ᠡᠮ ᠡᠮᠨᠡᠯᠭᠡ ᠶᠢᠨ ᠠᠵᠢᠯ ᠡᠷᠬᠢᠯᠡᠬᠦ ᠳᠠᠭᠠᠳᠬᠠᠯ ᠢ ᠲᠦᠷᠭᠡᠳᠭᠡᠨ ᠬᠦᠭᠵᠢᠭᠦᠯᠬᠦ ᠬᠡᠷᠡᠭᠲᠠᠢ᠃ ᠭᠤᠷᠪᠠ ᠳᠤ ᠬᠠᠮᠢᠶᠠᠷᠤᠯᠲᠠ ᠪᠤᠯᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠠᠢ᠃ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠳᠠᠭᠠᠳᠬᠠᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠨᠳᠣᠣ ᠭᠠᠵᠠᠷ ᠰᠢᠯᠵᠢᠭᠦᠯᠦᠨ ᠡᠮᠨᠡᠭᠦᠯᠬᠦ᠂ ᠡᠪᠡᠳᠴᠢᠨ ᠦᠵᠡᠭᠦᠯᠬᠦ ᠶᠢ ᠳ᠋ᠦᠩᠨᠡᠨ ᠪᠣᠳᠣᠬᠤ ᠵᠡᠷᠭᠡ ᠰᠢᠯᠢᠳᠡᠭ ᠦᠢᠯᠡᠴᠢᠯᠡᠭᠡ ᠶᠢ ᠴᠢᠷᠮᠠᠶᠢᠨ ᠬᠠᠨᠭ᠍ᠭᠠᠬᠤ ᠬᠡᠷᠡᠭᠲᠠᠢ︔ ᠮᠡᠳᠡᠭᠡ ᠵᠠᠩᠭᠢᠵᠢᠯᠳᠡ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠨᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠎ ᠯᠦᠭᠡ ᠴᠢᠬᠤᠯᠠ ᠪᠦᠬᠦᠢ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠳᠡᠮᠵᠢᠬᠦ ᠬᠡᠷᠡᠭᠲᠠᠢ᠃      ᠰᠠᠨᠠᠯ ᠳᠤ ᠱᠠᠭᠠᠷᠳᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠤᠯᠤᠨ ᠰᠠᠯᠠᠭ᠎ᠠ ᠮᠥᠴᠢᠷ ᠤᠨ ᠬᠠᠮᠵᠢᠯᠴᠠᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠣᠭᠲᠠᠴᠠ ᠶᠢ ᠰᠢᠨᠡᠴᠢᠯᠡᠵᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠠᠢ︔ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠲᠤ ᠪᠡᠯᠡ ᠤᠷᠤᠭᠤᠯᠬᠤ ᠶᠢ ᠬᠥᠲᠥᠯᠥᠨ ᠵᠢᠯᠣᠭᠤᠳᠴᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢ ᠵᠤᠷᠢᠭᠵᠢᠭᠤᠯᠤᠨ ᠬᠠᠤᠯᠢ ᠶᠤᠰᠤᠨ ᠤ᠂ ᠯᠠᠪᠳᠠᠭᠤᠨ ᠲᠣᠭᠲᠠᠭᠤᠨ᠂ ᠠᠮᠤᠷ ᠲᠦᠪᠰᠢᠨ ᠵᠠᠷᠴᠢᠮ ᠢ ᠵᠢᠷᠤᠮᠯᠠᠭᠤᠯᠵᠤ᠂ ᠪᠡᠯᠡ ᠤᠷᠤᠭᠤᠯᠤᠨ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠡᠮ ᠡᠮᠨᠡᠯᠭᠡ᠂ ᠨᠡᠶᠢᠭᠡᠮ ᠲᠣᠭᠤᠷᠢᠭ ᠤᠨ ᠨᠠᠰᠤᠲᠠᠨ ᠤ ᠠᠰᠠᠷᠠᠮᠵᠢ᠂ ᠡᠷᠡᠭᠦᠯ ᠮᠡᠨᠳᠦ ᠶᠢᠨ  ᠪᠠᠶᠢᠴᠠᠭᠠᠯᠲᠠ ᠵᠡᠷᠭᠡ ᠦᠢᠯᠡᠴᠢᠯᠡᠭᠡᠨ ᠤ ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠬᠤᠯᠪᠣᠭᠳᠠᠯ ᠪᠦᠬᠦᠢ ᠦᠢᠯᠡᠴᠢᠯᠡᠭᠡ ᠶᠢ ᠭᠠᠷᠳᠠᠬᠤ ᠬᠡᠷᠡᠭᠲᠠᠢ︔ ᠡᠳ᠋ ᠤᠨ ᠵᠠᠰᠠᠭ ᠭᠠᠶᠢᠯᠢ ᠲᠠᠲᠠᠪᠤᠷᠢ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠥᠭᠬᠦ ᠨᠥᠬᠦᠪᠥᠷᠢ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠤᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠠᠢ︔ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠰᠠᠯᠠᠭ᠎ᠠ ᠮᠥᠴᠢᠷ ᠬᠢᠨᠠᠨ ᠬᠠᠮᠢᠶᠠᠷᠬᠤ ᠬᠠᠮᠲᠤᠷᠠᠭᠰᠠᠨ ᠲᠣᠭᠲᠠᠴᠠ ᠶᠢ ᠲᠡᠭᠦᠯᠳᠡᠷᠵᠢᠬᠦᠯᠬᠦ ᠬᠡᠷᠡᠭᠲᠠᠢ︔ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠮᠵᠢᠯᠲᠠ ᠲᠠᠢ ᠲᠤᠷᠰᠢᠯᠭ᠎ᠠ ᠪᠠᠨ ᠢᠳᠡᠪᠬᠢᠲᠡᠶ ᠳᠡᠯᠭᠡᠷᠡᠭᠦᠯᠦᠨ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠬᠦᠭᠵᠢᠬᠦᠯᠬᠦ ᠳᠤ ᠰᠠᠶᠢᠨ ᠰᠠᠶᠢᠬᠠᠨ ᠨᠡᠶᠢᠭᠡᠮ ᠤᠨ ᠬᠡᠪ ᠪᠠᠶᠢᠳᠠᠯ ᠢ ᠬᠠᠮᠲᠤ ᠪᠠᠷ ᠪᠤᠶ ᠪᠣᠯᠭᠠᠬᠤ ᠬᠡᠷᠡᠭᠲᠡᠶ ᠭᠡᠪᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map