ᠰᠤᠷᠪᠤᠯᠵᠢᠯᠠᠭᠰᠠᠨ ᠴᠠᠭ᠄ | 2015 ᠤᠨ ᠤ 8 ᠳ᠋ᠤᠭᠠᠷ ᠰᠠᠷ᠎ᠠ ᠶᠢᠨ 28 ᠤ ᠡᠳᠤᠷ ᠤᠨ 15 ᠴᠠᠭ | ᠰᠤᠷᠪᠤᠯᠵᠢᠯᠠᠭᠰᠠᠨ ᠵᠣᠴᠢᠨ᠄ | ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠶᠢᠨ ᠵᠦᠪᠯᠡᠯ ᠤᠨ ᠳᠡᠳ᠋ | ᠡᠷᠬᠢᠯᠡᠭᠴᠢ ᠸᠧᠨ ᠮᠢᠨ | | | | | 2014 ᠤᠨ ᠤ 8 ᠳ᠋ᠤᠭᠠᠷ ᠰᠠᠷ᠎ᠠ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠤᠶᠢᠷ᠎ᠠ ᠶᠢᠨ | ᠬᠤᠭᠤᠴᠠᠭᠠᠨ ᠳᠤ ᠵᠡᠬᠦᠨ ᠬᠤᠶᠢᠳᠤ ᠤᠷᠤᠨ ᠢ ᠳᠡᠮᠵᠢᠨ ᠬᠦᠭᠵᠢᠬᠦᠯᠬᠦ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ︾ ︵ᠲᠦᠷᠦ ᠲᠠᠷᠬᠠᠭᠠᠭᠰᠠᠨ ﹇2014] 28 ᠳ᠋ᠤᠭᠠᠷ ᠳᠤᠭᠠᠳᠤ᠂ | ᠳᠤᠷᠤᠭᠰᠢ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠬᠡᠵᠦ ᠲᠦᠬᠦᠮᠴᠢᠯᠡᠨ᠎ᠡ︶ ᠢ ᠨᠡᠶᠢᠳᠡᠯᠡᠵᠦ᠂ ᠵᠡᠬᠦᠨ ᠬᠤᠶᠢᠳᠤ | ᠤᠷᠤᠨ ᠤ ᠠᠵᠦ ᠠᠬᠤᠢ ᠶᠢᠨ ᠨᠡᠮᠡᠭᠳᠡᠯ ᠤᠨ ᠬᠤᠷᠳᠤᠴᠠ ᠢᠯᠠᠳᠳᠠ ᠪᠠᠭᠤᠷᠠᠵᠦ ᠪᠠᠶᠢᠭ᠎ᠠ ᠠᠰᠢᠭ ᠦᠬᠡᠢ ᠪᠠᠶᠢᠳᠠᠯ ᠢ | ᠬᠦᠴᠦ ᠲᠠᠯᠪᠢᠨ ᠡᠷᠬᠢᠬᠦᠯᠵᠦ᠂ ᠬᠦᠭᠵᠢᠯᠳᠡ ᠶᠢᠨ ᠬᠦᠴᠢᠷ ᠰᠡᠳᠤᠪ ᠢ ᠰᠢᠪᠳᠤᠯᠤᠨ ᠰᠢᠢᠳᠪᠤᠷᠢᠯᠡᠵᠦ᠂ ᠵᠡᠭᠦᠨ | ᠬᠤᠶᠢᠳᠤ ᠤᠷᠤᠨ ᠤ ᠠᠵᠦ ᠠᠬᠤᠢ ᠶᠢᠨ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠦᠨ ᠲᠡᠰ ᠢ ᠦᠰᠭᠡᠬᠦ ᠶᠢ | ᠠᠬᠢᠭᠤᠯᠬᠤ ᠪᠠᠷ ᠪᠤᠯᠪᠠ᠃ ᠮᠠᠨ ᠤ ᠤᠷᠤᠨ ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ | ᠤᠨ ᠵᠤᠷᠢᠭ ᠰᠠᠨᠠᠭ᠎ᠠ ᠶᠢ ᠬᠢᠷᠬᠢᠨ ᠲᠤᠤᠱᠯᠠᠭᠤᠯᠣᠨ ᠨᠠᠶᠢᠳᠠᠪᠤᠷᠢᠵᠢᠭᠤᠯᠬᠤ ᠶᠢ ᠨᠠᠷᠢᠨ ᠤᠶᠢᠯᠠᠭᠠᠬᠤ ᠶᠢᠨ ᠲᠤᠰᠠᠳᠠ᠂ | ᠪᠢᠳᠡ ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠶᠢᠨ ᠵᠦᠪᠯᠡᠯ ᠤᠨ ᠳᠡᠳ᠋ | ᠡᠷᠬᠢᠯᠡᠭᠴᠢ ᠸᠧᠨ ᠮᠢᠨ ᠢ ︽ᠳᠤᠮᠳᠠᠳᠤ ᠤᠯᠤᠰ ᠦᠪᠤᠷ ᠮᠤᠩᠭᠤᠯ︾ ᠰᠦᠯᠵᠢᠶᠡᠨ ᠳᠤ ᠤᠷᠢᠨ ᠵᠠᠯᠠᠵᠦ᠂ | ᠰᠦᠯᠵᠢᠶᠡᠨ ᠠᠨᠳᠠ ᠨᠠᠷ ᠲᠠᠢ ᠵᠤᠭᠤᠭᠳᠠᠭᠤᠯᠬᠤ ᠪᠠᠷ ᠪᠤᠯᠪᠠ᠂ ᠲᠤᠬᠠᠢ ᠶᠢᠨ ᠴᠠᠭ ᠲᠤ ᠰᠦᠯᠵᠢᠶᠡᠨ ᠠᠨᠳᠠ ᠨᠠᠷ | ᠢᠳᠡᠪᠬᠢᠲᠡᠢ ᠤᠷᠤᠯᠴᠠᠬᠤ ᠪᠤᠯᠪᠠᠤ︕ | | | ᠰᠤᠷᠪᠤᠯᠵᠢᠯᠠᠨ ᠶᠠᠷᠢᠯᠴᠠᠭᠰᠠᠨ ᠲᠣᠪᠴᠢ᠄ | ᠬᠦᠳᠤᠯᠦᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨᠠᠤ︖ ᠲᠠ ᠪᠦᠬᠦᠨ ︽ᠳᠤᠮᠳᠠᠳᠤ ᠤᠯᠤᠰ | ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ | ᠪᠠᠶᠠᠷᠯᠠᠨ ᠤᠭᠳᠤᠵᠦ ᠪᠠᠶᠢᠨ᠎ᠠ᠃ ᠦᠨᠦᠳᠤᠷ ᠪᠢᠳᠡᠨ ᠤ ᠤᠷᠢᠨ ᠵᠠᠯᠠᠭᠰᠠᠨ ᠵᠤᠴᠢᠨ ᠪᠤᠯ ᠦᠪᠡᠷᠳᠡᠭᠡᠨ ᠵᠠᠰᠠᠬᠤ | ᠤᠷᠤᠨ ᠤ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠨ ᠮᠢᠨ ᠪᠤᠯᠤᠨ᠎ᠠ᠂ | ᠳᠡᠷᠡ ᠤᠳᠤ ︽ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠢ ᠬᠢᠨᠠᠮᠠᠭᠠᠢ ᠲᠤᠤᠱᠯᠠᠭᠤᠯᠣᠨ | ᠨᠠᠶᠢᠳᠠᠪᠤᠷᠢᠵᠢᠭᠤᠯᠵᠦ ᠵᠡᠬᠦᠨ ᠭᠡᠰᠡᠭ ᠤᠨᠠᠶᠢᠮᠠᠭ ᠬᠤᠳᠠ ᠶᠢᠨ ᠬᠦᠭᠵᠢᠨ ᠮᠠᠨᠳᠤᠬᠤ ᠶᠢ ᠲᠦᠷᠭᠡᠳᠭᠡᠨ | ᠠᠬᠢᠭᠤᠯᠤᠶ᠎ᠠ︾ ᠬᠡᠰᠡᠨ ᠭᠤᠤᠯ ᠰᠡᠳᠤᠪ ᠢᠶᠠᠷ ᠤᠯᠠᠨ ᠲᠠᠢ ᠵᠤᠭᠤᠭᠳᠠᠬᠤ ᠪᠤᠯᠤᠨ᠎ᠠ᠂ ᠲᠠ ᠪᠦᠬᠦᠨ ᠫᠷᠦᠭᠷᠡᠮ ᠳᠤ | ᠢᠳᠡᠪᠬᠢᠲᠡᠢ ᠤᠷᠤᠯᠴᠠᠬᠤ ᠶᠢ ᠪᠠᠶᠠᠷᠯᠠᠨ ᠤᠭᠳᠤᠵᠦ ᠪᠠᠶᠢᠨ᠎ᠠ᠃ ᠸᠧᠨ ᠡᠷᠬᠢᠯᠡᠭᠴᠢ ᠡ᠂ ᠲᠠᠨ ᠢ ᠪᠠᠶᠠᠷᠯᠠᠨ | ᠤᠭᠳᠤᠵᠦ ᠪᠠᠶᠢᠨ᠎ᠠ︕ | ᠸᠧᠨ ᠮᠢᠨ᠄ ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨᠠᠤ︖ | ᠬᠦᠳᠦᠯᠦᠭᠴᠢ᠄ ᠸᠧᠨ ᠡᠷᠬᠢᠯᠡᠭᠴᠢ ᠡ᠂ ᠲᠠ ᠶᠠᠭᠤᠨ ᠤ ᠤᠷᠢᠳᠠᠲ᠋ᠦ᠋ᠷᠦ ᠲᠠᠷᠬᠠᠭᠠᠭᠰᠠᠨ 28 ᠳ᠋ᠤᠭᠠᠷ | ᠳᠤᠭᠠᠳᠤ ᠪᠢᠴᠢᠭ ᠮᠠᠲ᠋ᠧᠷᠢᠶᠠᠯ ᠨᠢ ᠶᠠᠮᠠᠷ ᠶᠠᠮᠠᠷ ᠭᠤᠤᠯ ᠤᠨᠴᠠᠯᠢᠭ ᠲᠠᠢ ᠪᠠᠶᠢᠬᠤ ᠶᠢ ᠲᠠᠶᠢᠯᠪᠤᠷᠢᠯᠠᠭᠠᠳ ᠦᠭᠬᠦᠨᠡᠤ︖ | | ᠸᠧᠨ ᠮᠢᠨ᠄ ᠨᠢᠭᠡ ᠳᠤ ᠴᠢᠬᠤᠯᠠ ᠶᠡᠭᠡ ᠲᠦᠷᠦ ᠶᠢᠨ ᠪᠤᠳᠤᠯᠭ᠎ᠠ ᠳᠤ ᠴᠢᠭᠯᠡᠭᠦᠯᠵᠦ᠂ ᠲᠦᠷᠦ ᠶᠢᠨ | ᠪᠤᠳᠤᠯᠭ᠎ᠠ ᠶᠢᠨ ᠦᠨ᠎ᠡ ᠴᠠᠨ᠎ᠠ ᠶᠢ ᠦᠨᠳᠤᠷᠵᠢᠬᠦᠯᠵᠦ᠂ 28 ᠳ᠋ᠤᠭᠠᠷ ᠲᠤᠭᠠᠳᠤ ᠪᠢᠴᠢᠭ ᠮᠠᠲ᠋ᠧᠷᠢᠶᠠᠯ ᠳᠤ ᠪᠤᠳᠠᠲᠠᠢ | ᠳᠡᠮᠵᠢᠯᠭᠡ ᠦᠵᠡᠬᠦᠯᠬᠦ ᠨᠡᠶᠢᠳᠡ140 ᠭᠠᠷᠤᠢ ᠲᠦᠷᠦ ᠶᠢᠨ ᠪᠤᠳᠤᠯᠭ᠎ᠠ ᠶᠢ ᠪᠠᠭᠳᠠᠭᠠᠭᠰᠠᠨ ᠪᠠᠶᠢᠨ᠎ᠠ᠃ ᠬᠤᠶᠠᠷ ᠲᠤ | ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠲᠠᠯ᠎ᠠ ᠪᠠᠷ ᠠᠷᠭ᠎ᠠ ᠤᠬᠠᠭᠠᠨ ᠭᠠᠷᠭᠠᠵᠦ᠂ ᠵᠡᠬᠦᠨ | ᠬᠤᠶᠢᠳᠤ ᠤᠷᠤᠨ ᠤ ᠵᠠᠰᠠᠭ ᠢ ᠴᠤᠮᠬᠠᠳᠬᠠᠨ ᠡᠷᠬᠡ ᠶᠢ ᠲᠤᠷᠤᠭᠰᠢ ᠪᠠᠭᠤᠯᠭᠠᠬᠤ᠂ ᠤᠯᠤᠰ ᠤᠨ ᠦᠮᠴᠢᠯᠡᠯ ᠤᠨ | ᠠᠵᠦ ᠠᠬᠤᠶᠢᠯᠠᠯ ᠤᠨ ᠦᠬᠡᠷᠡᠴᠢᠯᠡᠯᠳᠡ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠶᠢᠯᠠᠯ ᠤᠨ ᠬᠦᠭᠵᠢᠯᠳᠡ | ᠶᠢ ᠳᠡᠮᠵᠢᠬᠦ᠂ ᠬᠦᠳᠡᠭᠡ ᠠᠵᠦ ᠠᠬᠤᠢ ᠶᠢᠨ ᠦᠬᠡᠷᠡᠴᠢᠯᠡᠯᠳᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠦᠬᠡᠷᠡᠴᠢᠯᠡᠯᠳᠡ᠂ ᠡᠬᠢ ᠪᠠᠶᠠᠯᠢᠭ ᠤᠨ ᠬᠡᠯᠪᠡᠷᠢᠳᠤ ᠬᠤᠳᠠ ᠶᠢᠨ ᠦᠬᠡᠷᠡᠴᠢᠯᠡᠯᠳᠡ ᠶᠢ ᠠᠬᠢᠭᠤᠯᠬᠤ ᠵᠡᠷᠭᠡ | ᠲᠠᠯ᠎ᠠ ᠪᠠᠷ ᠴᠦᠮ ᠪᠦᠳᠤᠮᠵᠢᠲᠠᠢ ᠰᠡᠳᠬᠢᠬᠦᠢ ᠪᠤᠯᠤᠨ ᠠᠷᠭ᠎ᠠ ᠶᠢ ᠲᠤᠷᠠᠳᠴᠠᠢ᠃ ᠭᠤᠷᠪᠠ ᠳᠤ ᠪᠡᠯᠡ | ᠤᠷᠤᠭᠤᠯᠤᠯᠳᠠ ᠶᠢᠨ ᠵᠠᠩᠬᠢᠯᠠᠭ᠎ᠠ ᠶᠢᠨ ᠴᠢᠨᠠᠷᠲᠠᠢ ᠦᠢᠯᠡᠳᠤᠯ ᠢ ᠬᠦᠢᠴᠡᠳ ᠪᠠᠳᠠᠷᠠᠭᠤᠯᠵᠦ᠂ ᠪᠡᠯᠡ ᠤᠷᠤᠭᠤᠯᠤᠯᠳᠠ | ᠶᠢᠨ ᠪᠦᠳᠤᠴᠡ ᠶᠢ ᠰᠢᠯᠢᠳᠡᠭᠵᠢᠬᠦᠯᠵᠦ᠂ ᠪᠡᠯᠡ ᠮᠦᠩᠬᠦᠨ ᠤ ᠤᠷᠤᠭᠤᠯᠤᠯᠳᠠ ᠶᠢᠨ ᠬᠠᠨᠳᠤᠰᠢ ᠶᠢ ᠴᠢᠬᠤᠯᠠᠴᠢᠯᠠᠵᠦ᠂ | ᠤᠯᠠᠨ ᠨᠡᠶᠢᠳᠡ ᠶᠢᠨ ᠰᠠᠭᠤᠷᠢ ᠪᠡᠯᠡᠳᠭᠡᠮᠵᠢ ᠪᠤᠯᠤᠨ ᠲᠤᠮᠤ ᠴᠢᠬᠤᠯᠠ ᠰᠠᠭᠤᠷᠢ ᠴᠢᠨᠠᠷᠲᠠᠢ ᠪᠠᠶᠢᠯᠳᠤᠬᠤ ᠪᠤᠳᠤᠯᠭ᠎ᠠ | ᠶᠢᠨ ᠴᠢᠨᠠᠷᠲᠠᠢ ᠲᠦᠷᠦᠯ ᠵᠦᠢᠯ ᠢ ᠲᠦᠪᠯᠡᠷᠡᠬᠦᠯᠦᠨ ᠳᠡᠮᠵᠢᠬᠦ ᠪᠤᠯᠭᠠᠵᠠᠢ᠃ | ᠬᠦᠳᠦᠯᠦᠭᠴᠢ᠄ ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠳᠤ ᠶᠠᠮᠠᠷ ᠶᠠᠮᠠᠷ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠨᠦᠭᠦᠳ ᠪᠠᠶᠢᠬᠤ ᠪᠤᠢ︖ | ᠸᠧᠨ ᠮᠢᠨ ᠄ ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠨᠢ ᠤᠶᠢᠷ᠎ᠠ ᠶᠢᠨ | ᠬᠤᠭᠤᠴᠠᠭᠠᠨ ᠳᠤ ᠵᠡᠬᠦᠨ ᠬᠤᠶᠢᠳᠤ ᠤᠷᠤᠨ ᠢ ᠳᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠤᠯᠤᠨ | ᠴᠢᠬᠤᠯᠠ ᠲᠤᠮᠤ ᠢᠨᠵᠧᠨᠧᠷᠢᠩ ᠤᠨ ᠲᠦᠷᠦᠯ ᠵᠦᠢᠯ ᠳᠤ ᠴᠢᠭᠯᠡᠬᠦᠯᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠬᠦᠴᠤ ᠲᠠᠯᠪᠢᠨ ᠬᠦᠭᠵᠢᠭᠡᠬᠦ᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠦᠬᠡᠷᠡᠴᠢᠯᠡᠯᠳᠡ ᠶᠢ | ᠬᠦᠨᠵᠡᠭᠡᠶᠢᠷᠡᠬᠦᠯᠬᠦ᠂ ᠰᠢᠨ᠎ᠡ ᠶᠢ ᠡᠭᠦᠳᠬᠦ ᠪᠠᠷ ᠬᠦᠭᠵᠢᠯᠳᠡ ᠶᠢᠨ ᠬᠦᠳᠡᠯᠬᠡᠬᠦᠷ ᠪᠤᠯᠭᠠᠬᠤ᠂ ᠠᠵᠦ ᠦᠢᠯᠡᠰ ᠤᠨ | ᠦᠷᠢᠰᠤᠯᠳᠤᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠲᠡᠰ ᠳᠡᠪᠰᠢᠬᠦᠯᠬᠦ᠂ ᠬᠦᠳᠡᠭᠡ ᠠᠵᠦ ᠠᠬᠤᠢ ᠶᠢᠨ | ᠦᠷᠭᠦᠯᠵᠢᠳᠡ ᠬᠦᠭᠵᠢᠬᠦ ᠴᠢᠳᠠᠪᠤᠷᠢ ᠶᠢ ᠨᠡᠮᠡᠭᠳᠡᠭᠦᠯᠬᠦ᠂ ᠬᠤᠳᠠ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠶᠢ | ᠠᠬᠢᠭᠤᠯᠬᠤ᠂ ᠲᠤᠮᠤ ᠴᠢᠬᠤᠯᠠ ᠰᠠᠭᠤᠷᠢ ᠪᠡᠯᠡᠳᠭᠡᠮᠵᠢ ᠶᠢᠨ ᠪᠦᠳᠤᠭᠡᠨ ᠪᠠᠶᠢᠭᠤᠯᠤᠯᠳᠠ ᠶᠢ ᠲᠦᠷᠭᠡᠨ ᠠᠬᠢᠭᠤᠯᠬᠤ᠂ | ᠠᠷᠠᠳ ᠤᠨ ᠠᠮᠢᠳᠤᠷᠠᠯ ᠢ ᠦᠨᠡᠨᠬᠦ ᠪᠠᠳᠤᠯᠠᠨ ᠰᠠᠶᠢᠵᠢᠷᠠᠭᠤᠯᠬᠤ᠂ ᠠᠮᠢ ᠠᠬᠤᠢ ᠶᠢᠨ ᠤᠷᠴᠢᠨ ᠲᠤᠭᠤᠷᠢᠨ ᠤ | ᠬᠠᠮᠠᠭᠠᠯᠠᠯᠳᠠ ᠶᠢ ᠴᠢᠩᠭᠠᠳᠬᠠᠬᠤ᠂ ᠴᠢᠯᠤᠭᠡᠲᠠᠢ ᠶᠠᠪᠤᠯᠴᠠᠬᠤ ᠪᠠ ᠬᠤᠷᠰᠢᠯᠴᠠᠬᠤ ᠶᠢ ᠪᠦᠬᠦ ᠲᠠᠯ᠎ᠠ ᠪᠠᠷ ᠦᠷᠭᠡᠳᠬᠡᠬᠦ᠂ | ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠪᠠᠳᠤᠯᠠᠬᠤ ᠪᠠ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ | ᠴᠢᠩᠭᠠᠷᠠᠭᠤᠯᠬᠤ ᠵᠡᠷᠭᠡ11 ᠲᠠᠯ᠎ᠠ ᠶᠢᠨ35 ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠭᠡᠮᠵᠢᠶ᠎ᠡ ᠶᠢ | ᠲᠤᠷᠠᠳᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠵᠡᠬᠦᠨ ᠬᠤᠶᠢᠳᠤ ᠤᠷᠤᠨ ᠤ ᠲᠤᠮᠤ ᠴᠢᠬᠤᠯᠠ ᠲᠦᠷᠦᠯ ᠵᠦᠢᠯ | ᠤᠨ ᠪᠦᠳᠤᠭᠡᠨ ᠪᠠᠶᠢᠭᠤᠯᠤᠯᠳᠠ ᠶᠢ ᠤᠯᠠᠮ ᠲᠦᠷᠭᠡᠳᠬᠡᠬᠦ ᠶᠢᠨ ᠲᠤᠰᠠᠳᠠ᠂ ᠤᠯᠤᠰ ᠤᠨ ᠬᠦᠭᠵᠢᠬᠦᠯᠦᠯᠳᠡ ᠪᠤᠯᠤᠨ | ᠦᠬᠡᠷᠡᠴᠢᠯᠡᠯᠳᠡ ᠶᠢᠨ ᠵᠦᠪᠯᠡᠯ ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠲᠠᠢ ᠢᠵᠢ | ᠪᠦᠷᠢᠳᠤᠭᠦᠯᠦᠨ ᠵᠡᠭᠦᠨ ᠬᠤᠶᠢᠳᠤ ᠤᠷᠤᠨ ᠳᠤ ᠪᠠᠶᠢᠭᠤᠯᠵᠦ ᠪᠠᠶᠢᠭ᠎ᠠ ᠪᠠ ᠪᠠᠶᠢᠭᠤᠯᠬᠤ ᠬᠡᠵᠦ ᠪᠠᠶᠢᠭ᠎ᠠ ᠲᠤᠮᠤ | ᠴᠢᠬᠤᠯᠠ ᠲᠦᠷᠦᠯ ᠵᠦᠢᠯ ᠤᠨ ᠬᠦᠰᠦᠨᠦᠭᠳᠤ ᠶᠢ ᠨᠡᠶᠢᠳᠡᠯᠡᠵᠦ᠂ ᠮᠠᠨ ᠤ ᠤᠷᠤᠨ ᠤ ᠵᠡᠭᠦᠨ ᠬᠡᠰᠡᠭ ᠤᠨ ᠠᠶᠢᠮᠠᠭ | ᠬᠤᠳᠠ ᠶᠢᠨ29 ᠭᠤᠤᠯᠳᠠᠯᠭ᠎ᠠ ᠲᠠᠢ ᠲᠦᠷᠦᠯ ᠵᠦᠢᠯ ᠲᠡᠭᠦᠨ ᠳᠤ ᠵᠢᠭᠰᠠᠭᠠᠭᠳᠠᠭᠰᠠᠨ ᠪᠠᠶᠢᠨ᠎ᠠ᠃ | ᠬᠦᠳᠤᠯᠦᠭᠴᠢ᠄ ᠦᠪᠡᠷᠳᠡᠭᠡᠨ ᠵᠠᠰᠠᠬᠤ ᠤᠷᠤᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠲᠦᠷᠦ | ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠦ ᠪᠠᠶᠢᠭ᠎ᠠ ᠪᠤᠢ︖ | | ᠸᠧᠨ ᠮᠢᠨ᠄ ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠢ ᠳᠠᠷᠤᠮᠠᠯᠯᠠᠨ | ᠲᠠᠷᠬᠠᠭᠠᠭᠰᠠᠨ ᠤ ᠲᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠡᠭᠡᠳᠤ | ᠭᠡᠮᠵᠢᠶ᠎ᠡ ᠪᠠᠷ ᠬᠦᠨᠳᠤᠳᠭᠡᠨ ᠦᠵᠡᠵᠦ᠂ ᠴᠠᠭ ᠳᠠᠷᠤᠢ ᠳᠤᠨᠢ ︽ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ︽ᠤᠶᠢᠷ᠎ᠠ ᠶᠢᠨ ᠬᠤᠭᠤᠴᠠᠭᠠᠨ ᠳᠤ ᠵᠡᠬᠦᠨ ᠬᠤᠶᠢᠳᠤ ᠤᠷᠤᠨ ᠢ ᠳᠡᠮᠵᠢᠨ ᠬᠦᠭᠵᠢᠬᠦᠯᠬᠦ ᠴᠢᠬᠤᠯᠠ ᠶᠡᠭᠡ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ | ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠤᠯᠳᠠᠯᠭ᠎ᠠ ᠲᠠᠢ ᠡᠭᠦᠷᠭᠡ ᠶᠢ ᠬᠤᠪᠢᠶᠠᠷᠢᠯᠠᠬᠤ ᠲᠦᠰᠦᠯ ᠤᠨ | ᠲᠤᠬᠠᠢ ᠮᠡᠳᠡᠭᠳᠡᠯ︾ ︵ᠦᠪᠤᠷ ᠵᠠᠰᠠᠭ ᠦᠰᠦᠭ ﹇2015﹈ 246 ᠲᠤᠭᠠᠳᠤ︶ ᠢ ᠲᠤᠭᠳᠠᠭᠠᠨ ᠲᠠᠷᠬᠠᠭᠠᠵᠦ᠂ | ᠵᠡᠭᠦᠨ ᠬᠡᠰᠡᠭ ᠤᠨ ᠠᠶᠢᠮᠠᠭ ᠬᠤᠳᠠ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ | ᠤᠳ ᠤᠨ 28 ᠳ᠋ᠤᠭᠠᠷ ᠲᠤᠭᠠᠳᠤ ᠪᠢᠴᠢᠭ ᠮᠠᠲ᠋ᠧᠷᠢᠶᠠᠯ ᠢ ᠬᠦᠴᠤᠲᠠᠢ ᠠᠷᠭ᠎ᠠ ᠬᠡᠮᠵᠢᠶ᠎ᠡ ᠠᠪᠴᠤ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠠᠪᠤᠳᠠᠯ ᠢ ᠬᠢᠨᠠᠮᠠᠭᠠᠢ ᠲᠤᠬᠢᠷᠠᠭᠤᠯᠤᠨ ᠪᠠᠶᠢᠷᠢᠯᠠᠭᠤᠯᠪᠠ᠃ | ᠨᠢᠭᠡ ᠳᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠵᠤᠬᠢᠶᠠᠨ ᠪᠠᠶᠢᠭᠤᠯᠤᠨ ᠰᠤᠷᠤᠯᠴᠠᠪᠠ ᠃ | ᠤᠯᠤᠰ ᠤᠨ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠶᠢᠨ ᠵᠦᠪᠯᠡᠯ ᠤᠨ ᠬᠦᠭᠵᠢᠨ ᠮᠠᠨᠳᠤᠭᠤᠯᠬᠤ ᠵᠤᠷᠭᠠᠨ ᠤ | ᠤᠳᠤᠷᠢᠳᠤᠯᠭ᠎ᠠ ᠶᠢ ᠤᠷᠢᠨ ᠵᠠᠯᠠᠵᠦ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ 46 ᠳ᠋ᠤᠭᠠᠷ | ᠬᠤᠭᠤᠴᠠᠭᠠᠨ ᠤ ᠤᠳᠤᠷᠢᠳᠬᠤ ᠺᠠᠳ᠋ᠷ ᠤᠨ ᠬᠤᠤᠰ ᠠᠮᠠᠷᠠᠯᠳᠠ ᠶᠢᠨ ᠡᠳᠤᠷ ᠤᠨ ᠲᠠᠶᠢᠯᠤᠮᠵᠢ ᠶᠢᠨ ᠬᠤᠷᠠᠯ ᠳᠡᠭᠡᠷ᠎ᠡ | 28 ᠳ᠋ᠤᠭᠠᠷ ᠲᠤᠭᠠᠳᠤ ᠪᠢᠴᠢᠭ ᠮᠠᠲ᠋ᠧᠷᠢᠶᠠᠯ ᠤᠨ ᠴᠢᠬᠤᠯᠠ ᠵᠤᠷᠢᠭ ᠰᠠᠨᠠᠭ᠎ᠠ ᠶᠢ ᠲᠠᠶᠢᠯᠪᠤᠷᠢᠯᠠᠭᠤᠯᠪᠠ᠃ | ᠬᠤᠶᠠᠷ ᠲᠤ ᠲᠤᠰᠬᠠᠢ ᠬᠤᠷᠠᠯ ᠬᠢᠵᠦ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠵᠡᠬᠦᠨ ᠬᠤᠶᠢᠳᠤ ᠤᠷᠤᠨ ᠢ | ᠬᠦᠭᠵᠢᠬᠦᠯᠦᠨ ᠮᠠᠨᠳᠤᠭᠤᠯᠬᠤ ᠵᠡᠷᠭᠡ ᠬᠠᠭᠤᠴᠢᠨ ᠠᠵᠦ ᠦᠢᠯᠡᠳᠪᠤᠷᠢ ᠶᠢᠨ ᠰᠠᠭᠤᠷᠢᠨ ᠭᠠᠵᠠᠷ ᠤᠨ ᠤᠳᠤᠷᠢᠳᠬᠤ | ᠳᠤᠭᠤᠶᠢᠯᠠᠩ ︵ᠦᠷᠭᠡᠳᠭᠡᠭᠰᠡᠨ︶ ᠤᠨ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠲᠤᠮᠤ ᠴᠢᠬᠤᠯᠠ ᠲᠦᠷᠦᠯ | ᠵᠦᠢᠯ ᠤᠨ ᠳᠤᠬᠢᠷᠠᠭᠤᠯᠭ᠎ᠠ ᠶᠢᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠦ᠂ 28 ᠳ᠋ᠤᠭᠠᠷ ᠲᠤᠭᠠᠳᠤ | ᠪᠢᠴᠢᠭ ᠮᠠᠲ᠋ᠧᠷᠢᠶᠠᠯ ᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ 29 ᠭᠤᠤᠯᠳᠠᠯᠭ᠎ᠠ ᠲᠠᠢ ᠲᠦᠷᠦᠯ | ᠵᠦᠢᠯ ᠢ ᠪᠦᠳᠤᠭᠡᠨ ᠪᠠᠶᠢᠭᠤᠯᠬᠤ ᠲᠠᠷᠠᠭ᠎ᠠ ᠠᠯᠬᠤᠮ ᠤᠨᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠭᠤᠷᠪᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠤᠭᠳᠠᠴᠠ ᠶᠢ ᠪᠠᠶᠢᠭᠤᠯᠤᠨ | ᠳᠡᠭᠦᠯᠳᠡᠷᠵᠢᠬᠦᠯᠪᠠ᠃ ᠵᠡᠬᠦᠨ ᠬᠡᠰᠡᠭ ᠤᠨ ᠡᠯ᠎ᠡ ᠠᠶᠢᠮᠠᠭ ᠬᠤᠳᠠ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠳ 28 ᠳ᠋ᠤᠭᠠᠷ ᠪᠢᠴᠢᠭ ᠮᠠᠲ᠋ᠧᠷᠢᠶᠠᠯ ᠤᠨ ᠭᠤᠤᠯᠳᠠᠯᠭ᠎ᠠ ᠲᠠᠢ ᠡᠭᠦᠷᠭᠡ ᠶᠢᠨ ᠡᠬᠡ | ᠳᠠᠩᠰᠠ ᠶᠢ ᠲᠤᠰ ᠲᠤᠰ ᠲᠤᠭᠳᠠᠭᠠᠵᠦ᠂ ᠴᠠᠭ ᠤᠨ ᠬᠦᠰᠦᠨᠦᠭᠳᠤ ᠪᠤᠯᠤᠨ ᠱᠤᠭᠤᠮ ᠤᠨ ᠵᠢᠷᠤᠭ ᠢ | ᠳᠤᠳᠤᠷᠬᠠᠶᠢᠯᠠᠵᠠᠢ᠃ | ᠲᠦᠷᠪᠠ ᠳᠤ ᠲᠤᠤᠱᠯᠠᠭᠤᠯᠤᠨ ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠢ ᠲᠤᠰᠬᠠᠢ ᠰᠢᠮᠳᠠᠭᠤᠯᠤᠨ | ᠪᠠᠶᠢᠴᠠᠭᠠᠪᠠ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠢᠮᠳᠠᠭᠤᠯᠤᠨ ᠪᠠᠶᠢᠴᠠᠭᠠᠬᠤ | ᠲᠤᠭᠤᠶᠢᠯᠠᠩ ᠵᠡᠬᠦᠨ ᠬᠡᠰᠡᠭ ᠤᠨ ᠡᠯ᠎ᠡ ᠠᠶᠢᠮᠠᠭ ᠬᠤᠳᠠ ᠳᠤ ᠬᠦᠷᠴᠤ 28 ᠳ᠋ᠤᠭᠠᠷ ᠲᠤᠭᠠᠳᠤ ᠪᠢᠴᠢᠭ ᠮᠠᠲ᠋ᠧᠷᠢᠶᠠᠯ | ᠢ ᠲᠤᠤᠱᠯᠠᠭᠤᠯᠤᠨ ᠨᠠᠶᠢᠳᠠᠪᠤᠷᠢᠵᠢᠭᠤᠯᠵᠦ ᠪᠠᠶᠢᠭ᠎ᠠ ᠠᠬᠢᠴᠠ ᠶᠢᠨ ᠪᠠᠶᠢᠳᠠᠯ᠂ ᠤᠷᠤᠰᠢᠵᠦ ᠪᠠᠶᠢᠭ᠎ᠠ ᠠᠰᠠᠭᠤᠳᠠᠯ | ᠵᠢᠴᠢ ᠲᠠᠷᠠᠭ᠎ᠠ ᠠᠯᠬᠤᠮ ᠳᠠᠬᠢ ᠰᠠᠨᠠᠭᠤᠯᠭ᠎ᠠ ᠵᠡᠷᠭᠡ ᠪᠠᠶᠢᠳᠠᠯ ᠢ ᠲᠤᠰᠬᠠᠢ ᠪᠠᠶᠢᠴᠠᠭᠠᠨ ᠰᠤᠳᠤᠯᠪᠠ᠂ ᠦᠪᠡᠷᠳᠡᠭᠡᠨ | ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠤᠨ ᠲᠤᠤᠱᠯᠠᠭᠤᠯᠤᠨ ᠨᠠᠶᠢᠳᠠᠪᠤᠷᠢᠵᠢᠭᠤᠯᠵᠦ | ᠪᠠᠶᠢᠭ᠎ᠠ ᠪᠠᠶᠢᠳᠠᠯ ᠢ ᠪᠢᠴᠢᠭ ᠢᠶᠠᠷ ᠰᠢᠮᠳᠠᠭᠤᠯᠤᠨ ᠪᠠᠶᠢᠴᠠᠭᠠᠪᠠ᠃ | ᠬᠦᠳᠤᠯᠦᠭᠴᠢ᠄ 28 ᠳ᠋ᠤᠭᠠᠷ ᠪᠢᠴᠢᠭ ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ | ᠦᠪᠡᠷᠳᠡᠭᠡᠨ ᠵᠠᠰᠠᠬᠤ ᠤᠷᠤᠨ ᠤ ᠠᠬᠢᠴᠠ ᠶᠢᠨ ᠪᠠᠶᠢᠳᠠᠯ ᠶᠠᠮᠠᠷ ᠪᠠᠶᠢᠭ᠎ᠠ ᠪᠤᠢ︖ | ᠸᠧᠨ ᠮᠢᠨ᠄ ᠤᠳᠤ ᠪᠤᠯᠳᠠᠯ᠎ᠠ᠂ 28 ᠳ᠋ᠤᠭᠠᠷ ᠲᠤᠭᠠᠳᠤ ᠪᠢᠴᠢᠭ ᠮᠠᠲ᠋ᠧᠷᠢᠶᠠᠯ ᠳᠤ ᠮᠠᠨ ᠤ ᠤᠷᠤᠨ ᠳᠤ | ᠬᠤᠯᠪᠤᠭᠳᠠᠭᠰᠠᠨ ᠭᠤᠤᠯᠳᠠᠯᠭ᠎ᠠ ᠲᠠᠢ ᠡᠭᠦᠷᠭᠡ ᠪᠤᠯᠤᠨ ᠲᠤᠮᠤ ᠴᠢᠬᠤᠯᠠ ᠲᠦᠷᠦᠯ ᠵᠦᠢᠯ ᠤᠨ ᠪᠦᠳᠤᠭᠡᠨ | ᠪᠠᠶᠢᠭᠤᠯᠤᠯᠳᠠ ᠢᠳᠡᠪᠬᠢᠲᠠᠢ ᠠᠬᠢᠵᠦ ᠪᠠᠶᠢᠨ᠎ᠠ᠃ ᠲᠦᠷᠦ ᠶᠢᠨ ᠪᠤᠳᠤᠯᠭ᠎ᠠ ᠶᠢᠨ ᠡᠭᠦᠷᠭᠡ ᠶᠢᠨ | ᠨᠠᠶᠢᠳᠠᠪᠤᠷᠢᠵᠢᠭᠤᠯᠤᠯᠳᠠ ᠶᠢᠨ ᠲᠠᠯ᠎ᠠ ᠪᠠᠷ᠄ | ᠨᠢᠭᠡ ᠳᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠤᠨ ᠢ ᠤᠯᠠᠮ ᠢᠯᠡᠭᠦᠤ ᠬᠦᠭᠵᠢᠭᠡᠪᠡ᠃ ᠦᠪᠡᠷᠳᠡᠭᠡᠨ | ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ᠭᠤᠷᠪᠠᠨ ᠱᠠᠳᠤᠨ ᠤ ᠡᠷᠭᠡ ᠶᠢᠨ ᠨᠠᠷᠢᠨ ᠳᠠᠩᠰᠠ ᠶᠢ | ᠨᠡᠶᠢᠳᠡᠯᠡᠵᠦ᠂ ᠭᠤᠷᠪᠠᠨ ᠱᠠᠳᠤ ᠪᠠᠷ ᠢᠶᠠᠨ ᠬᠤᠯᠪᠤᠭᠠᠯᠠᠨ ᠬᠦᠳᠡᠯᠦᠯᠴᠡᠬᠦ᠂ ᠡᠷᠬᠡ ᠬᠠᠷᠢᠭᠤᠴᠠᠯᠭ᠎ᠠ ᠢᠯᠡ ᠲᠤᠳᠤᠷᠬᠠᠢ | ᠪᠠᠶᠢᠬᠤ᠂ ᠪᠦᠬᠦ ᠤᠷᠤᠨ ᠢ ᠪᠦᠷᠭᠦᠭᠰᠡᠨ ᠵᠠᠰᠠᠭ ᠤᠨ ᠤᠷᠳᠤᠨ ᠤ ᠡᠷᠬᠡ ᠶᠢᠨ ᠨᠠᠷᠢᠨ ᠳᠠᠩᠰᠠ ᠶᠢᠨ ᠰᠢᠰᠲ᠋ᠧᠮᠵᠢ ᠶᠢ | ᠠᠩᠬ᠎ᠠ ᠠᠯᠬᠤᠮ ᠪᠦᠷᠢᠳᠤᠭᠦᠯᠪᠠ᠃ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠡᠬᠦᠨ ᠬᠡᠰᠡᠭ ᠤᠨ | ᠠᠶᠢᠮᠠᠭ ᠬᠤᠳᠠ ᠶᠢᠨ ᠬᠢᠯᠢ ᠶᠢᠨ ᠭᠠᠳᠠᠨ᠎ᠠ ᠨᠡᠶᠢᠯᠡᠬᠦᠯᠦᠨ ᠬᠤᠳᠠᠯᠳᠤᠨ ᠠᠪᠬᠤ ᠭᠠᠳᠠᠭᠠᠳᠤ ᠭᠤᠪᠢᠭᠤᠯᠭ᠎ᠠ ᠶᠢᠨ | ᠬᠠᠮᠢᠶᠠᠷᠤᠯᠳᠠ ᠶᠢᠨ ᠲᠤᠷᠰᠢᠯᠳᠠ ᠶᠢᠨ ᠠᠵᠢᠯᠯᠠᠬᠤ ᠲᠦᠰᠦᠯ︾ ᠢ ᠲᠤᠭᠳᠠᠭᠠᠪᠠ᠃ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ︽ᠤᠯᠠᠨ ᠨᠡᠶᠢᠳᠡ ᠶᠢᠨ ᠦᠢᠯᠡᠴᠢᠯᠡᠭᠡᠨ ᠤ ᠬᠦᠷᠢᠶᠡᠨ ᠳᠤ ᠵᠠᠰᠠᠭ ᠤᠨ ᠤᠷᠳᠤᠨ ᠪᠤᠯᠤᠨ | ᠨᠡᠶᠢᠭᠡᠮ ᠤᠨ ᠬᠦᠷᠦᠩᠬᠡ ᠶᠢᠨ ᠬᠤᠷᠰᠢᠯᠴᠠᠭ᠎ᠠ ᠶᠢᠨ ᠵᠠᠭᠪᠤᠷᠰᠢᠯ ᠢ ᠳᠡᠯᠭᠡᠷᠡᠬᠦᠯᠬᠦ ᠲᠤᠬᠠᠢ ᠬᠡᠷᠡᠭᠵᠢᠬᠦᠯᠬᠦ ᠰᠠᠨᠠᠯ︾ ᠢ | ᠲᠠᠷᠤᠮᠠᠯᠯᠠᠨ ᠲᠠᠷᠬᠠᠭᠠᠵᠦ᠂PPP ᠲᠦᠷᠦᠯ ᠵᠦᠢᠯ ᠤᠨ ᠪᠡᠯᠡ ᠮᠦᠩᠬᠦ᠂ ᠮᠦᠩᠬᠦᠨ ᠬᠦᠢᠯᠬᠡᠬᠡ᠂ ᠭᠠᠶᠢᠯᠢ ᠶᠢᠨ | ᠵᠠᠷᠤᠳᠠᠯ᠂ ᠭᠠᠵᠠᠷ ᠬᠡᠷᠡᠭᠯᠡᠯᠳᠡ ᠵᠡᠷᠬᠡ ᠲᠠᠯ᠎ᠠ ᠶᠢᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠤᠷᠠᠳᠤᠨ ᠭᠠᠷᠭᠠᠪᠠ | ᠃ ᠵᠠᠰᠠᠭ ᠤᠨ ᠤᠷᠳᠤᠨ ᠪᠤᠯᠤᠨ ᠨᠡᠶᠢᠭᠡᠮ ᠤᠨ ᠬᠦᠷᠦᠩᠬᠡ ᠶᠢᠨ ᠬᠤᠷᠰᠢᠯᠴᠠᠭ᠎ᠠ ᠶᠢᠨ ᠵᠠᠭᠪᠤᠷᠰᠢᠯ ᠢ ᠶᠡᠭᠡ ᠪᠠᠷ | ᠳᠡᠯᠭᠡᠷᠡᠬᠦᠯᠵᠦ᠂ ᠦᠪᠡᠷᠳᠡᠭᠡᠨ ᠵᠠᠰᠠᠬᠤ ᠤᠷᠤᠨ ᠤ PPP ᠲᠦᠷᠦᠯ ᠵᠦᠢᠯ ᠤᠨ ᠬᠦᠮᠦᠷᠭᠡ ᠶᠢ ᠳᠡᠭᠦᠯᠳᠡᠷᠵᠢᠬᠦᠯᠵᠦ᠂ | ᠪᠦᠬᠦ ᠤᠷᠤᠨ ᠳᠤ ᠬᠦᠮᠦᠷᠬᠡᠯᠡᠬᠦ ᠲᠦᠷᠦᠯ ᠵᠦᠢᠯ 201 ᠪᠠᠶᠢᠵᠦ᠂ 2278 ᠳ᠋ᠦᠩᠰᠢᠭᠤᠷ ᠲᠦᠬᠦᠷᠢᠭ ᠤᠨ | ᠶᠡᠷᠦᠩᠬᠡᠢ ᠪᠡᠯᠡ ᠤᠷᠤᠭᠤᠯᠬᠤ ᠪᠠᠷ ᠲᠦᠯᠦᠪᠯᠡᠵᠦ ᠪᠤᠢ᠃ | ᠬᠤᠶᠠᠷ ᠲᠤ ᠰᠢᠨ᠎ᠡ ᠶᠢ ᠡᠭᠦᠳᠬᠦ ᠪᠠᠷ ᠬᠦᠭᠵᠢᠯᠳᠡ ᠶᠢᠨ ᠬᠦᠳᠡᠯᠭᠡᠬᠦᠷ ᠪᠤᠯᠭᠠᠪᠠ᠃ ᠤᠳᠤᠬᠠᠨ ᠳᠤ᠂ | ᠦᠪᠡᠷᠳᠡᠭᠡᠨ ᠵᠡᠰᠠᠬᠤ ᠤᠷᠤᠨ ᠠᠮᠢᠳᠤ ᠪᠤᠳᠠᠰ᠂ ᠰᠢᠨ᠎ᠡ ᠡᠳ᠋ ᠮᠠᠲ᠋ᠧᠷᠢᠶᠠᠯ᠂ ᠡᠨᠧᠷᠬᠢ ᠠᠷᠪᠢᠯᠠᠯᠳᠠ ᠤᠷᠴᠢᠨ | ᠲᠤᠭᠤᠷᠢᠨ ᠤ ᠬᠠᠮᠠᠭᠠᠯᠠᠯᠳᠠ᠂ ᠡᠯᠧᠺᠲᠷᠤᠨ ᠮᠡᠳᠡᠭᠡ ᠵᠠᠩᠬᠢ᠂ ᠳᠡᠭᠡᠳᠤ ᠮᠡᠷᠭᠡᠵᠢᠯ ᠤᠨ ᠦᠢᠯᠡᠴᠢᠯᠡᠭᠡᠨ ᠤ ᠦᠢᠯᠡᠰ | ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠬᠤ ᠠᠵᠦ ᠦᠢᠯᠡᠰ ᠤᠨ ᠬᠦᠷᠢᠶᠡᠨ ᠤ ᠬᠦᠭᠵᠢᠯᠳᠡ | ᠶᠢᠨ ᠲᠦᠯᠦᠪᠵᠢᠬᠦᠯᠬᠡ ᠶᠢ ᠶᠠᠭ ᠰᠤᠳᠤᠯᠤᠨ ᠲᠤᠭᠳᠠᠭᠠᠵᠦ᠂ ᠵᠡᠬᠦᠨ ᠬᠡᠰᠡᠭ ᠤᠨ ᠠᠶᠢᠮᠠᠭ ᠬᠤᠳᠠ ᠶᠢᠨ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠬᠤ ᠠᠵᠦ ᠦᠢᠯᠠᠰ ᠤᠨ ᠴᠢᠳᠠᠮᠵᠢ ᠶᠢᠨ ᠤᠷᠤᠨ ᠪᠠᠶᠢᠷᠢ᠂ ᠠᠵᠦ | ᠦᠢᠯᠠᠰ ᠤᠨ ᠪᠠᠶᠢᠷᠢᠰᠢᠭᠤᠯᠤᠯᠳᠠ ᠪᠤᠯᠤᠨ ᠭᠤᠤᠯ ᠡᠭᠦᠷᠭᠡ ᠶᠢ ᠤᠯᠠᠮ ᠨᠢᠬᠡ ᠠᠯᠬᠤᠮ ᠳᠤᠳᠤᠷᠬᠠᠶᠢᠯᠠᠪᠠ᠃ | ᠭᠤᠷᠪᠠ ᠳᠤ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠲᠦᠷᠭᠡᠨ ᠠᠬᠢᠭᠤᠯᠪᠠ᠃ | ᠵᠡᠬᠦᠨ ᠬᠡᠰᠡᠭ ᠤᠨ ᠠᠶᠢᠮᠠᠭ ᠬᠤᠳᠠ ᠶᠢᠨ ᠬᠤᠳᠠ ᠪᠠᠯᠭᠠᠰᠤᠨ ᠤ ᠰᠠᠭᠤᠷᠢ ᠪᠡᠯᠡᠳᠬᠡᠮᠵᠢ ᠶᠢᠨ ᠪᠦᠳᠤᠭᠡᠨ | ᠪᠠᠶᠢᠭᠤᠯᠤᠯᠳᠠ ᠲᠦᠷᠭᠡᠨ ᠠᠬᠢᠵᠦ᠂2015 ᠤᠨ ᠳᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤ 5 | ᠳ᠋ᠦᠩᠰᠢᠭᠤᠷ ᠲᠦᠬᠦᠷᠢᠭ ᠤᠨ ᠲᠤᠰᠬᠠᠢ ᠪᠠᠯᠡ ᠮᠦᠩᠬᠦ ᠲᠤᠬᠢᠷᠠᠭᠤᠯᠵᠦ᠂ ᠰᠢᠨ᠎ᠡ ᠬᠡᠯᠪᠡᠷᠢ ᠶᠢᠨ ᠬᠤᠳᠠ | ᠪᠠᠯᠭᠠᠰᠤᠵᠢᠯᠳᠠ ᠵᠢᠴᠢ ᠬᠤᠳᠠ ᠬᠦᠳᠡᠭᠡ ᠶᠢᠨ ᠤᠯᠠᠨ ᠨᠡᠶᠢᠳᠡ ᠶᠢᠨ ᠪᠡᠯᠡᠳᠭᠡᠮᠵᠢ ᠶᠢᠨ ᠪᠦᠳᠤᠭᠡᠨ ᠪᠠᠶᠢᠭᠤᠯᠤᠯᠳᠠ | ᠶᠢ ᠳᠡᠮᠵᠢᠪᠠ᠃ ᠤᠳᠤ ᠪᠤᠯᠬᠤ ᠳᠤ ᠮᠠᠨ ᠤ ᠤᠷᠤᠨ ᠪᠡᠶ᠎ᠡ ᠪᠠᠨ ᠲᠠᠭᠠᠭᠠᠭᠰᠠᠨ ᠦᠢᠯᠡᠳᠪᠤᠷᠢ ᠠᠭᠤᠷᠬᠠᠢ ᠶᠢᠨ | ᠤᠷᠤᠨ ᠪᠤᠯᠤᠨ ᠬᠤᠳᠠ ᠲᠤᠭᠤᠷᠢᠭ ᠤᠨ ᠬᠠᠭᠤᠴᠢᠨ ᠠᠵᠦ ᠦᠢᠯᠡᠳᠪᠤᠷᠢ ᠶᠢᠨ ᠲᠤᠭᠤᠷᠢᠭ ᠢ ᠨᠡᠭᠦᠯᠬᠡᠨ | ᠦᠬᠡᠷᠡᠴᠢᠯᠡᠬᠦ ᠲᠤᠰᠬᠠᠢ ᠲᠦᠷᠦᠯ ᠵᠦᠢᠯ ᠳᠤ ᠲᠦᠪ ᠤᠨ ᠲᠦᠰᠦᠪ ᠤᠨ ᠳᠤᠳᠤᠷᠠᠬᠢ ᠪᠡᠯᠡ ᠤᠷᠤᠭᠤᠯᠤᠯᠳᠠ ᠶᠢᠨ | ᠨᠦᠬᠦᠪᠤᠷᠢ ᠪᠡᠯᠡ ᠮᠦᠩᠬᠦ ᠶᠢ ᠨᠡᠶᠢᠳᠡ57315 ᠲᠦᠮᠡᠨ ᠲᠦᠬᠦᠷᠢᠭ ᠪᠤᠯᠤᠨ25884 ᠲᠦᠮᠡᠨ ᠲᠦᠬᠦᠷᠢᠭ | ᠤᠯᠪᠠ᠃ | ᠲᠦᠷᠪᠠ ᠳᠤ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠡᠷᠴᠢᠮ ᠢ ᠴᠢᠩᠭᠠᠯᠠᠪᠠ᠃ ᠵᠡᠭᠦᠨ | ᠬᠡᠰᠡᠭ ᠤᠨ ᠠᠶᠢᠮᠠᠭ ᠬᠤᠳᠠ ᠶᠢᠨ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠲᠦᠷᠭᠡᠨ ᠠᠬᠢᠵᠦ᠂ | ᠰᠠᠭᠤᠷᠢ ᠰᠤᠷᠭᠠᠨ ᠬᠦᠮᠤᠵᠢᠯ᠂ ᠰᠤᠶᠤᠯ ᠬᠡᠬᠡᠷᠡᠯ ᠵᠢᠴᠢ ᠨᠡᠶᠢᠭᠡᠮ ᠤᠨ ᠦᠢᠯᠡᠴᠢᠯᠡᠭᠡ ᠵᠡᠷᠭᠡ ᠤᠯᠠᠨ ᠨᠡᠶᠢᠳᠡ ᠶᠢᠨ | ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠳᠠᠰᠤᠷᠠᠯᠳᠠ ᠦᠬᠡᠢ ᠴᠢᠩᠭᠠᠳᠴᠤ᠂ ᠶᠠᠭ ᠠᠵᠢᠯ ᠣᠯᠭᠤᠯᠲᠠ | ᠦᠬᠡᠢ ᠭᠡᠷ ᠪᠦᠯᠢ ᠳᠤ ᠠᠯᠢ ᠴᠦᠬᠡᠨ ᠳᠡᠭᠡᠨ ᠨᠢᠭᠡ ᠬᠦᠮᠤᠨ ᠳᠤ ᠠᠵᠢᠯ ᠤᠯᠭᠤᠪᠠ᠃ 2015 ᠤᠨ ᠳᠤ᠂ ᠵᠡᠬᠦᠨ | ᠬᠡᠰᠡᠭ ᠤᠨ ᠠᠶᠢᠮᠠᠭ ᠬᠤᠳᠠ ᠶᠢᠨ ᠪᠠᠳᠤᠯᠠᠭ᠎ᠠ ᠶᠢᠨ ᠴᠢᠨᠠᠷᠲᠠᠢ ᠬᠢᠮᠳᠠ ᠤᠷᠤᠨ ᠰᠠᠭᠤᠴᠠ ᠶᠢᠨ ᠪᠠᠷᠢᠯᠭ᠎ᠠ ᠶᠢᠨ | ᠪᠦᠳᠤᠭᠡᠨ ᠪᠠᠶᠢᠭᠤᠯᠤᠯᠳᠠ ᠶᠢᠨ ᠡᠭᠦᠷᠭᠡ12.51 ᠲᠦᠮᠡᠨ ᠢᠵᠢ ᠪᠠᠶᠢᠵᠦ᠂7.8 ᠲᠦᠮᠡᠨ ᠢᠵᠢ ᠶᠢ ᠨᠢ | ᠦᠨᠳᠤᠰᠤᠨ ᠳᠡᠭᠡᠨ ᠪᠠᠶᠢᠭᠤᠯᠪᠠ᠃ | ᠲᠠᠪᠤ ᠳᠤ ᠠᠮᠢ ᠠᠬᠤᠢ ᠶᠢᠨ ᠬᠠᠮᠠᠭᠠᠯᠠᠯᠳᠠ ᠶᠢᠨ ᠪᠦᠳᠤᠭᠡᠨ ᠪᠠᠶᠢᠭᠤᠯᠤᠯᠳᠠ ᠶᠢ ᠤᠯᠠᠮ ᠴᠢᠩᠭᠠᠳᠬᠠᠪᠠ᠃ | ᠠᠮᠢ ᠠᠬᠤᠢ ᠶᠢᠨ ᠪᠤᠯᠪᠠᠰᠤᠨ ᠤ ᠪᠦᠳᠤᠭᠡᠨ ᠪᠠᠶᠢᠭᠤᠯᠤᠯᠳᠠ ᠶᠢ ᠲᠦᠷᠭᠡᠨ ᠠᠬᠢᠭᠤᠯᠬᠤ ᠲᠤᠬᠠᠢ ᠦᠪᠡᠷᠳᠡᠭᠡᠨ | ᠵᠠᠰᠠᠬᠤ ᠤᠷᠤᠨ ᠤ ᠬᠡᠷᠭᠵᠢᠬᠦᠯᠬᠦ ᠲᠦᠰᠦᠯ ᠢ ᠶᠠᠭ ᠰᠤᠳᠤᠯᠤᠨ ᠨᠠᠶᠢᠷᠠᠭᠤᠯᠵᠦ ᠪᠤᠢ᠃ ᠪᠦᠬᠦ ᠤᠷᠤᠨ ᠤ ᠠᠭᠤᠷᠬᠠᠢ | ᠭᠠᠵᠠᠷ ᠰᠢᠨᠵᠢᠯᠡᠭᠡᠨ ᠤ ᠤᠷᠴᠢᠨ ᠳᠤᠭᠤᠷᠢᠨ ᠤ ᠬᠠᠮᠠᠭᠠᠯᠠᠯᠳᠠ ᠬᠢᠭᠡᠳ ᠵᠠᠰᠠᠯᠳᠠ ᠶᠢᠨ ᠲᠦᠯᠦᠪᠵᠢᠬᠦᠯᠬᠡ ᠶᠢ | ᠲᠤᠭᠳᠠᠭᠠᠭᠠᠳ᠂ ᠠᠭᠤᠷᠬᠠᠢ ᠭᠠᠵᠠᠷ ᠰᠢᠨᠵᠢᠯᠡᠭᠡᠨ ᠤ ᠤᠷᠴᠢᠨ ᠳᠤᠭᠤᠷᠢᠨ ᠢ ᠵᠠᠰᠠᠬᠤ ᠪᠠ ᠠᠮᠢ ᠠᠬᠤᠢ ᠶᠢ | ᠰᠡᠷᠬᠦᠬᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠪᠠ᠃ | ᠵᠢᠷᠭᠤᠭ᠎ᠠ ᠳᠤ ᠭᠤᠤᠯᠳᠠᠯᠭ᠎ᠠ ᠲᠠᠢ ᠨᠡᠭᠡᠭᠡᠯᠳᠡ ᠶᠢᠨ ᠳᠠᠪᠴᠠᠩ ᠤᠨ ᠪᠦᠳᠤᠭᠡᠨ ᠪᠠᠶᠢᠭᠤᠯᠤᠯᠳᠠ ᠶᠢ | ᠲᠦᠷᠭᠡᠳᠭᠡᠪᠠ ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ︽ᠦᠪᠤᠷ ᠮᠤᠩᠭᠤᠯ ᠤᠨ ᠮᠤᠩᠭᠤᠯ | ᠤᠯᠤᠰ ᠯᠤᠭ᠎ᠠ ᠪᠦᠬᠦ ᠲᠠᠯ᠎ᠠ ᠪᠠᠷ ᠬᠤᠷᠰᠢᠯᠴᠠᠬᠤ ᠶᠢ ᠬᠦᠨᠵᠡᠶᠢᠭᠡᠶᠢᠷᠡᠭᠦᠯᠬᠦ ᠲᠦᠯᠦᠪᠵᠢᠬᠦᠯᠭᠡ ᠶᠢᠨ ᠬᠦᠳᠤᠯᠪᠤᠷᠢ ︾ | ᠲᠠᠷᠤᠮᠠᠯᠯᠠᠨ ᠲᠠᠷᠬᠠᠭᠠᠪᠠ᠃ ᠮᠠᠨᠵᠤᠤᠷ᠂ ᠡᠷᠢᠶᠡᠨ ᠬᠤᠳᠠ ᠶᠢᠨ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠬᠦ | ᠲᠤᠷᠰᠢᠯᠳᠠ ᠶᠢᠨ ᠤᠷᠤᠨ ᠤ ᠪᠦᠳᠤᠭᠡᠨ ᠪᠠᠶᠢᠭᠤᠯᠤᠯᠳᠠ ᠡᠮᠬᠢ ᠵᠢᠷᠤᠮ ᠲᠠᠢ ᠠᠬᠢᠵᠦ᠂ ᠮᠠᠨᠵᠤᠤᠷ ᠤᠨ | ᠶᠡᠷᠦᠩᠬᠡᠶᠢᠯᠡᠭᠰᠡᠨ ᠭᠠᠶᠢᠯᠢ ᠪᠠᠳᠤᠯᠠᠬᠤ ᠤᠷᠤᠨ ᠪᠠᠶᠢᠭᠤᠯᠬᠤ ᠶᠠᠪᠤᠳᠠᠯ ᠨᠢ ᠲᠦᠷᠦ ᠶᠢᠨ ᠶᠠᠪᠤᠳᠠᠯ ᠤᠨ ᠬᠤᠷᠢᠶᠠᠨ ᠤ | ᠵᠦᠪᠰᠢᠶᠡᠷᠡᠯ ᠢ ᠤᠯᠵᠦ᠂ ︽ᠡᠷᠢᠶᠡᠨ ᠬᠤᠳᠠ ᠶᠢᠨ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠬᠦ ᠲᠤᠷᠰᠢᠳᠠ ᠶᠢᠨ | ᠤᠷᠤᠨ ᠤ ᠪᠦᠳᠤᠭᠡᠨ ᠪᠠᠶᠢᠭᠤᠯᠤᠯᠳᠠ ᠶᠢᠨ ᠶᠡᠷᠦᠩᠬᠡᠢ ᠲᠦᠯᠦᠪᠵᠢᠬᠦᠯᠬᠡ︾ ᠶᠢ ᠶᠠᠭ ᠱᠠᠯᠠᠪᠳᠠᠨ ᠨᠠᠶᠢᠷᠠᠭᠤᠯᠵᠦ᠂ ︽ | ᠬᠦᠯᠤᠨ ᠪᠤᠶᠢᠷ ᠤᠨ ᠳᠤᠮᠳᠠᠳᠤ ᠤᠷᠤᠰ ᠮᠤᠩᠭᠤᠯ ᠤᠨ ᠬᠤᠷᠰᠢᠯᠴᠠᠭᠠᠨ ᠤ ᠬᠤᠰᠢᠭᠤᠴᠢᠯᠠᠬᠤ ᠤᠷᠤᠨ ᠤ ᠪᠦᠳᠤᠭᠡᠨ | ᠪᠠᠶᠢᠭᠤᠯᠤᠯᠳᠠ ᠶᠢᠨ ᠲᠦᠯᠦᠪᠵᠢᠬᠦᠯᠭᠡ ︾ ᠶᠢ ᠨᠢᠭᠡᠨᠳᠡ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠪᠡ᠃ | ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢᠨ ᠲᠠᠯ᠎ᠠ ᠪᠠᠷ᠂ ᠮᠠᠨ ᠤ ᠤᠷᠤᠨ ᠤ 29 | ᠭᠤᠤᠯᠳᠠᠯᠭ᠎ᠠ ᠲᠠᠢ ᠲᠦᠷᠯ ᠵᠦᠢᠯ ᠤᠨ ᠠᠬᠢᠴᠠ ᠲᠦᠷᠭᠡᠳᠴᠤ᠂ ᠬᠤᠤᠯᠢᠨ ᠭᠤᠤᠯ ᠨᠢᠰᠭᠡᠯ ᠤᠨ ᠪᠠᠭᠤᠳᠠᠯ ᠢ ᠰᠢᠨ᠎ᠡ | ᠪᠠᠷ ᠪᠠᠶᠢᠭᠤᠯᠬᠤ᠂ ᠬᠠᠷᠪᠢᠨ ᠠᠴᠠ ᠮᠠᠨᠵᠤᠤᠷ ᠬᠦᠷᠬᠦ ᠲᠡᠮᠤᠷ ᠵᠠᠮ ᠢ ᠴᠠᠬᠢᠯᠭᠠᠨᠴᠢᠯᠠᠬᠤ ᠦᠬᠡᠷᠡᠴᠢᠯᠡᠯᠳᠡ᠂ ᠦᠪᠤᠷ | ᠮᠤᠩᠭᠤᠯ ᠤᠨ ᠰᠢᠯᠢ ᠶᠢᠨ ᠭᠤᠤᠯ ᠠᠶᠢᠮᠠᠭ ᠠᠴᠠ ᠪᠡᠭᠡᠵᠢᠩ᠂ ᠲᠢᠶᠠᠨᠵᠢᠨ ᠢᠶᠠᠷ ᠲᠠᠮᠵᠢᠨ ᠱᠠᠨᠳᠦ᠋ᠩ ᠬᠦᠷᠬᠦ | ᠴᠠᠬᠢᠯᠭᠠᠨ ᠬᠦᠷᠭᠡᠬᠦ ᠵᠠᠮ ᠰᠤᠭᠤᠮ᠂ ᠴᠠᠩᠴᠦ᠋ᠨ ᠱᠧᠨᠵᠧᠨ ᠤᠨ ᠲᠦᠷᠭᠡᠨ ᠬᠤᠷᠳᠤᠴᠠ ᠵᠠᠮ ᠤᠨ ᠲᠦᠩᠯᠢᠶᠤᠤ | ᠠᠴᠠ ᠯᠦᠪᠸᠢ ᠬᠦᠷᠭᠦ ᠬᠡᠰᠡᠭ ᠵᠡᠷᠭᠡ10 ᠲᠦᠷᠦᠯ ᠵᠦᠢᠯ ᠨᠢᠭᠡᠨᠳᠡ ᠪᠠᠷᠢᠯᠭ᠎ᠠ ᠡᠬᠢᠯᠡᠵᠦ᠂ ᠴᠠᠩᠴᠦ᠋ᠨ ᠠᠴᠠ | ᠪᠠᠷᠠᠭᠤᠨ ᠪᠠᠶᠠᠨᠬᠤᠸᠠ ᠬᠦᠷᠬᠦ ᠲᠡᠮᠤᠷ ᠵᠠᠮ᠂ ᠴᠤᠤᠯ ᠭᠤᠤᠯ ᠤᠨ ᠳᠤᠤᠷᠠᠳᠤ ᠤᠷᠤᠰᠬᠠᠯ ᠤᠨ ᠦᠪᠤᠷ ᠮᠤᠩᠭᠤᠯ ᠤᠨ | ᠤᠰᠤᠯᠠᠯᠳᠠ ᠶᠢᠨ ᠤᠷᠤᠨ ᠤ ᠪᠠᠷᠢᠯᠭ᠎ᠠ ᠵᠡᠷᠭᠡ ᠲᠦᠷᠦᠯ ᠵᠦᠢᠯ ᠪᠤᠯᠤᠨ ᠪᠤᠰᠤᠳ ᠲᠦᠷᠦᠯ ᠵᠦᠢᠯ ᠤᠨ ᠤᠷᠢᠳᠠᠴᠢ | ᠠᠵᠢᠯ ᠢ ᠶᠠᠭ ᠱᠠᠯᠠᠪᠳᠠᠨ ᠦᠷᠨᠢᠬᠦᠯᠵᠦ ᠪᠠᠶᠢᠨ᠎ᠠ᠃ | ᠬᠦᠳᠤᠯᠦᠭᠴᠢ᠄ ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠢ ᠦᠪᠤᠷ ᠮᠤᠩᠭᠤᠯ | ᠬᠢᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠢ︖ | ᠸᠧᠨ ᠮᠢᠨ᠄ ᠤᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠰᠢᠮᠳᠠᠭᠤᠯᠤᠨ ᠪᠠᠶᠢᠴᠠᠭᠠᠬᠤ ᠲᠤᠭᠤᠶᠢᠯᠠᠩ | ᠲᠤᠮᠢᠯᠠᠨ ᠵᠡᠭᠦᠨ ᠬᠤᠶᠢᠳᠤ ᠤᠷᠤᠨ ᠳᠤ ᠤᠴᠢᠭᠤᠯᠵᠦ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠢ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠠᠵᠢᠯ ᠢ ᠰᠢᠮᠳᠠᠭᠤᠯᠤᠨ ᠪᠠᠶᠢᠴᠠᠭᠠᠯᠭᠠᠬᠤ ᠪᠠᠷ ᠪᠠᠶᠢᠨ᠎ᠠ᠃ ᠲᠠᠷᠠᠭᠠᠴᠢ | ᠪᠠᠷ᠂ ᠮᠠᠨ ᠤ ᠤᠷᠤᠨ ᠤᠯᠤᠰ ᠤᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ | ᠠᠵᠢᠯ ᠳᠤ ᠨᠢᠭᠳᠠ ᠬᠠᠮᠵᠢᠯᠴᠠᠵᠦ᠂ ᠤᠳᠤᠬᠠᠨ ᠤ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ | ᠬᠦᠭᠵᠢᠯᠳᠡ ᠦᠬᠡᠷᠡᠴᠢᠯᠡᠯᠳᠡ ᠶᠢᠨ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠦ᠂ ᠲᠦᠷᠦ ᠳᠠᠷᠬᠠᠭᠠᠭᠰᠠᠨ 28 | ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠢ ᠦᠷᠬᠦᠯᠵᠢᠯᠡᠨ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠮᠤ | ᠴᠢᠬᠤᠯᠠ ᠲᠦᠷᠦ ᠶᠢᠨ ᠪᠤᠳᠤᠯᠭ᠎ᠠ ᠶᠢ ᠴᠢᠷᠮᠠᠶᠢᠨ ᠨᠠᠶᠢᠳᠠᠪᠤᠷᠢᠵᠢᠭᠤᠯᠬᠤ ᠶᠢ ᠤᠯᠠᠮ ᠴᠢᠩᠭᠠᠳᠬᠠᠵᠦ᠂ ᠭᠤᠤᠯᠳᠠᠯᠭ᠎ᠠ | ᠲᠠᠢ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠲᠦᠷᠭᠡᠨ ᠠᠬᠢᠭᠤᠯᠵᠦ᠂ ᠠᠶᠢᠮᠠᠭ ᠬᠤᠳᠠ᠂ ᠰᠠᠯᠠᠭ᠎ᠠ | ᠮᠦᠴᠢᠷ ᠤᠨ ᠬᠤᠭᠤᠷᠤᠨᠳᠤᠬᠢ ᠠᠵᠢᠯ ᠤᠨ ᠬᠠᠮᠵᠢᠯᠴᠠᠭ᠎ᠠ ᠶᠢ ᠴᠢᠨᠠᠭᠰᠢᠳᠠ ᠪᠤᠢ ᠪᠤᠯᠭᠠᠵᠦ᠂ ᠵᠡᠭᠦᠨ ᠬᠡᠰᠡᠭ ᠤᠨ | ᠠᠶᠢᠮᠠᠭ ᠬᠤᠳᠠ ᠶᠢᠨ ᠬᠦᠭᠵᠢᠨ ᠮᠠᠨᠳᠤᠬᠤ ᠶᠢ ᠲᠦᠷᠭᠡᠳᠭᠡᠨ ᠠᠬᠢᠭᠤᠯᠤᠨ᠎ᠠ᠃ | ᠬᠦᠳᠤᠯᠦᠭᠴᠢ᠄ ᠵᠠ ᠰᠠᠶᠢᠨ ᠪᠤᠯᠤᠯ᠎ᠠ᠂ ᠲᠠᠨ ᠤ ᠲᠠᠶᠢᠯᠪᠤᠷᠢᠯᠠᠯᠳᠠ ᠬᠢᠭᠰᠡᠨ ᠳᠤ ᠲᠠᠯᠠᠷᠬᠠᠵᠦ ᠪᠠᠶᠢᠨ᠎ᠠ᠃ | ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭᠠᠨ ᠤ ᠵᠢᠯᠤᠭᠤᠳᠤᠯᠭ᠎ᠠ | ᠳᠤᠤᠷ᠎ᠠ᠂ ᠮᠠᠨ ᠤ ᠤᠷᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠮᠳᠤ ᠶᠢᠨ ᠴᠢᠷᠮᠠᠶᠢᠯᠭ᠎ᠠ ᠳᠤᠤᠷ᠎ᠠ ᠂ | ᠵᠡᠬᠦᠨ ᠬᠡᠰᠡᠭ ᠤᠨ ᠠᠶᠢᠮᠠᠭ ᠬᠤᠳᠠ ᠶᠢᠨ ᠬᠦᠭᠵᠢᠯ ᠮᠠᠨᠳᠤᠯ ᠢ ᠯᠠᠪᠳᠠᠶᠢᠶ᠎ᠠ ᠬᠦᠴᠤᠲᠠᠢ ᠠᠬᠢᠭᠤᠯᠤᠨ᠎ᠠ ᠭᠡᠳᠡᠭ ᠢ | ᠢᠳᠡᠭᠡᠵᠦ ᠪᠠᠶᠢᠨ᠎ᠠ᠃ ᠸᠧᠨ ᠡᠷᠬᠢᠯᠡᠭᠴᠢ ᠳᠤ ᠳᠠᠬᠢᠨᠳᠠ ᠲᠠᠯᠠᠷᠬᠠᠶ᠎ᠠ᠂ ᠮᠦᠨᠴᠤ ᠰᠦᠯᠵᠢᠶᠡᠨ ᠠᠨᠳᠠ ᠨᠠᠷ ᠤᠨ | ᠬᠦᠯᠢᠶᠡᠨ ᠠᠪᠴᠤ ᠦᠵᠡᠭᠰᠡᠨ ᠳᠤ ᠲᠠᠯᠠᠷᠬᠠᠵᠦ ᠪᠠᠶᠢᠨ᠎ᠠ᠃ ᠡᠨᠡ ᠤᠳᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ | ᠬᠦᠷᠦᠭᠡᠳ ᠲᠠᠭᠦᠰᠤᠯᠠ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠤᠯᠭᠠᠶ᠎ᠠ ︕ | | | |