︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠱᠠᠲᠦ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2015/9/2
     ᠤᠶᠢᠷ᠎ᠠ ᠶᠢᠨ ᠵᠢᠯ ᠳᠤ᠂ ᠮᠠᠨ ᠤ ᠣᠷᠣᠨ ᠤ ᠠᠵᠤ ᠠᠬᠤᠶ ᠪᠤᠯᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠦᠳᠳᠦᠷ ᠲᠦᠷᠭᠡᠨ ᠬᠥᠭᠵᠢᠬᠦ ᠶᠢ ᠳᠠᠭᠠᠯᠳᠤᠨ᠂ ᠪᠦᠬᠦ ᠣᠷᠣᠨ ᠤ ᠴᠠᠬᠢᠯᠭᠠᠨ ᠱᠠᠲᠤ ᠬᠡᠷᠡᠭᠯᠡᠬᠦ ᠲᠤᠭ᠎ᠠ ᠬᠡᠮᠵᠢᠶ᠎ᠡ 2008 ᠣᠨ ᠤ 8689 ᠪᠠᠶᠢᠭᠰᠠᠨ ᠠᠴᠠ ᠪᠠᠨ ᠨᠡᠮᠡᠭᠳᠡᠭᠡᠳ 2014 ᠤᠨ ᠤ ᠡᠴᠥᠰ ᠪᠤᠯᠬᠤ ᠳᠤ 54329 ᠪᠣᠯᠵᠦ᠂ ᠤᠶᠢᠷ᠎ᠠ ᠶᠢᠨ 5 ᠵᠢᠯ ᠤᠨ ᠳᠤᠮᠳᠠᠴᠢ ᠪᠠᠷ ᠨᠡᠮᠡᠭᠳᠡᠭᠰᠡᠨ ᠨᠣᠷᠮ᠎ᠠ ᠨᠢ 36.45% ᠪᠤᠯᠪᠠ᠃ ᠭᠡᠲᠡᠯ᠎ᠡ ᠤᠷᠤᠨ ᠰᠠᠭᠤᠴᠠ ᠶᠢᠨ ᠲᠤᠭᠤᠷᠢᠭ ᠲᠠᠬᠢ ᠴᠠᠬᠢᠯᠭᠠᠨ ᠱᠠᠲᠤ ᠬᠠᠭᠤᠴᠢᠷᠠᠨ᠂ ᠠᠷᠠᠴᠢᠯᠠᠵᠦ ᠬᠠᠮᠠᠭᠠᠯᠠᠬᠤ ᠬᠦᠮᠦᠨ ᠦᠭᠡᠢ᠂ ᠴᠠᠬᠢᠯᠭᠠᠨ  ᠱᠠᠲᠦ ᠶᠢᠨ ᠠᠳᠡᠯ ᠭᠠᠷᠪᠠᠯ ᠠᠳᠡᠯ ᠠᠬᠤᠢ ᠬᠢᠭᠡᠳ ᠦᠢᠯᠡᠳᠪᠦᠷᠢ ᠬᠠᠷᠢᠯᠴᠠᠨ ︽ᠲᠦᠯᠬᠢᠯᠴᠡᠬᠦ︾ ᠵᠡᠷᠭᠡ ᠠᠰᠠᠭᠤᠳᠠᠯ ᠨᠢ  ᠥᠨᠳᠥᠷ ᠠᠰᠠᠷ ᠲᠤ ᠰᠠᠭᠤᠭ᠎ᠠ ᠮᠠᠰᠢ ᠣᠯᠠᠨ ᠰᠠᠭᠤᠭᠠᠯᠢ ᠠᠷᠠᠳ ᠢ ᠲᠦᠪᠡᠭᠳᠡᠭᠦᠯᠪᠡ᠃ ᠤᠶᠢᠷ᠎ᠠ ᠳᠤ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠬᠢᠯᠭᠠᠨ ᠱᠠᠲᠦ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ︵ᠳᠤᠷᠤᠭᠰᠢ ︽ᠠᠷᠭ᠎ᠠ︾ ᠬᠡᠵᠤ ᠲᠤᠪᠴᠢᠯᠠᠨ᠎ᠠ︶᠎ ᠶᠢ ᠬᠢᠨᠠᠨ ᠵᠦᠪᠯᠡᠭᠡᠳ ᠪᠠᠲᠤᠯᠠᠪᠠ᠃ ᠡᠨᠡ ᠨᠢ ᠴᠠᠬᠢᠯᠭᠠᠨ ᠱᠠᠲᠤ ᠦᠢᠯᠡᠳᠪᠦᠷᠢᠯᠡᠬᠦ᠂ ᠡᠵᠡᠩᠨᠡᠬᠦ᠂ ᠬᠤᠳᠠᠯᠳᠤᠨ ᠠᠪᠬᠤ᠂ ᠠᠷᠠᠴᠢᠯᠠᠵᠦ ᠬᠠᠮᠠᠭᠠᠯᠠᠬᠤ᠂ ᠬᠡᠷᠡᠭᠯᠡᠬᠦ ᠬᠠᠮᠢᠶᠠᠷᠤᠯᠲᠠ᠂ ᠪᠠᠶᠢᠴᠠᠭᠠᠨ ᠰᠢᠯᠭᠠᠬᠤ ᠪᠠᠶᠢᠴᠠᠭᠠᠨ ᠬᠡᠮᠵᠢᠬᠦ᠂ ᠬᠢᠨᠠᠯᠲᠠ ᠲᠠᠯᠪᠢᠵᠦ ᠬᠠᠮᠢᠶᠠᠷᠬᠤ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭ᠎ᠠ ᠪᠠ ᠡᠭᠦᠷᠭᠡ ᠶᠢ ᠬᠠᠤᠯᠢ ᠴᠠᠭᠠᠵᠠ ᠶᠢᠨ ᠲᠠᠯ᠎ᠠ ᠳᠤ ᠭᠠᠷᠭᠠᠨ ᠲᠣᠳᠤᠷᠬᠠᠢ ᠪᠣᠯᠭᠠᠭᠰᠠᠨ ᠢ ᠬᠠᠷᠠᠭᠤᠯᠵᠤ ᠪᠠᠶᠢᠨ᠎ᠠ᠃ ︽ᠠᠷᠭ᠎ᠠ︾᠎ ᠶᠢ 8 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠬᠦᠯᠪᠡ᠃            ᠴᠠᠬᠢᠯᠭᠠᠨ ᠱᠠᠲᠤ ᠶᠢ ᠠᠷᠠᠴᠢᠯᠠᠵᠦ ᠬᠠᠮᠠᠭᠠᠯᠠᠬᠤ ᠠᠵᠢᠯ ᠢ ᠬᠡᠨ ᠬᠢᠬᠦ ᠪᠤᠶ︖            ᠦᠢᠯᠡᠳᠥᠭᠰᠡᠨ ᠨᠢᠭᠡᠴᠡ ᠶᠢᠨ ᠪᠤᠷᠤᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠬᠡᠪᠴᠢᠶᠡᠨ ᠳᠤ ᠤᠷᠤᠭᠤᠯᠪᠠ            ᠴᠠᠬᠢᠯᠭᠠᠨ ᠱᠠᠲᠤ ᠶᠢᠨ ᠬᠡᠷᠡᠭᠯᠡᠬᠦ ᠬᠡᠮᠵᠢᠶ᠎ᠡ ᠶᠡᠭᠡ᠂ ᠠᠷᠠᠴᠢᠯᠠᠵᠦ ᠬᠠᠮᠠᠭᠠᠯᠠᠬᠤ ᠵᠠᠬ᠎ᠠ ᠳᠡᠯᠭᠡᠭᠦᠷ ᠵᠢᠷᠤᠮᠵᠢᠭᠤᠨ ᠪᠤᠰᠤ᠂ ᠠᠷᠠᠴᠢᠯᠠᠵᠦ ᠬᠠᠮᠠᠭᠠᠯᠠᠬᠤ ᠴᠢᠨᠠᠷ ᠴᠢᠨᠰᠠᠭ᠎ᠠ ᠬᠡᠵᠢᠶᠡᠳᠡ ᠠᠳᠠᠯᠢ ᠪᠤᠰᠤ ᠪᠠᠶᠢᠵᠤ᠂ ᠵᠠᠷᠢᠮ ᠠᠷᠠᠴᠢᠯᠠᠵᠦ ᠬᠠᠮᠠᠭᠠᠯᠠᠬᠤ ᠨᠢᠭᠡᠴᠡ  ᠥᠪᠡᠷ ᠤᠨ ᠥᠷᠲᠡᠭ ᠢᠶᠠᠨ ᠠᠷᠪᠢᠯᠠᠬᠤ ᠶᠢᠨ ᠲᠦᠯᠦᠭᠡ᠂ ᠴᠢᠨᠠᠭᠰᠢᠯᠠᠪᠠᠯ ᠬᠢᠮᠳᠠ ᠦᠨ᠎ᠡ ᠪᠠᠷ ᠦᠷᠢᠰᠦᠯᠳᠦᠭᠡᠨ ᠤ ᠵᠠᠬ᠎ᠠ ᠳᠡᠯᠭᠡᠭᠦᠷ ᠢ ᠪᠤᠯᠢᠶᠠᠵᠤ ᠪᠤᠢ᠃ ᠡᠶᠢᠮᠦ ᠠᠴᠠ᠂ ︽ᠠᠷᠭ᠎ᠠ︾᠎ ᠳᠤ᠂ ᠴᠠᠬᠢᠯᠭᠠᠨ ᠱᠠᠲᠤ ᠶᠢ ᠠᠷᠠᠴᠢᠯᠠᠵᠦ ᠬᠠᠮᠠᠭᠠᠯᠠᠬᠤ ᠠᠵᠢᠯ ᠢ ᠦᠢᠯᠡᠳᠥᠭᠰᠡᠨ ᠨᠢᠭᠡᠴᠡ ᠶᠢᠨ ᠪᠤᠷᠤᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠬᠡᠪᠴᠢᠶᠡᠨ ᠳᠤ ᠤᠷᠤᠭᠤᠯᠵᠤ᠂ ᠦᠢᠯᠡᠳᠥᠭᠰᠡᠨ ᠨᠢᠭᠡᠴᠡ ᠶᠢᠨ ᠡᠭᠦᠷᠭᠡ ᠪᠠ ᠬᠠᠷᠢᠭᠤᠴᠠᠯᠭ᠎ᠠ ᠪᠤᠯᠭᠠᠨ᠎ᠠ᠃ ᠴᠠᠬᠢᠯᠭᠠᠨ ᠱᠠᠲᠤ ᠦᠢᠯᠡᠳᠥᠭᠰᠡᠨ ᠨᠢᠭᠡᠴᠡ ᠶᠢᠨ ᠰᠢᠭᠤᠳ ᠬᠢᠬᠦ ᠪᠤᠶᠤ ᠡᠷᠬᠡ ᠤᠯᠭᠤᠬᠤ ᠪᠠ ᠪᠤᠰᠤᠳ ᠠᠷᠠᠴᠢᠯᠠᠵᠦ ᠬᠠᠮᠠᠭᠠᠯᠠᠬᠤ ᠺᠤᠮᠫᠠᠨᠢ ᠳᠤ ᠨᠠᠶᠢᠳᠠᠬᠤ ᠪᠠᠷ ᠳᠠᠮᠵᠢᠭᠤᠯᠤᠨ ᠦᠢᠯᠡᠳᠪᠦᠷᠢᠯᠡᠭᠰᠡᠨ ᠦᠢᠯᠡᠳᠭᠦᠨ ᠢ ᠨᠢ ᠠᠷᠠᠴᠢᠯᠠᠵᠦ ᠬᠠᠮᠠᠭᠠᠯᠠᠬᠤ ᠶᠢ ᠵᠤᠷᠢᠭᠵᠢᠭᠤᠯᠬᠤ ᠪᠠ ᠰᠠᠨᠠᠭᠠᠴᠢᠯᠠᠵᠦ᠂ ᠴᠠᠬᠢᠯᠭᠠᠨ ᠱᠠᠲᠤ ᠦᠢᠯᠡᠳᠬᠦ ᠠᠵᠤ ᠠᠬᠤᠶᠢᠯᠠᠯ ᠤᠨ ᠵᠢᠷᠤᠭᠯᠠᠨ ᠲᠦᠯᠦᠪᠯᠡᠬᠦ᠂ ᠦᠢᠯᠡᠳᠬᠦ᠂ ᠤᠭᠰᠠᠷᠠᠬᠤ᠂ ᠦᠭᠡᠷᠡᠴᠢᠯᠡᠬᠦ᠂ ᠰᠡᠯᠪᠢᠨ ᠵᠠᠰᠠᠬᠤ ᠪᠠ ᠠᠷᠠᠴᠢᠯᠠᠵᠦ ᠬᠠᠮᠠᠭᠠᠯᠠᠬᠤ ᠪᠦᠬᠦ ᠶᠠᠪᠤᠴᠠ ᠪᠦᠬᠦᠢ ᠲᠤᠷᠰᠢᠳᠠ ᠶᠢᠨ ᠦᠢᠯᠡᠴᠢᠯᠡᠭᠡᠨ ᠤ ᠬᠠᠷᠢᠭᠤᠴᠠᠯᠭ᠎ᠠ ᠶᠢᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠂ ᠦᠢᠯᠡᠳᠥᠭᠰᠡᠨ ᠨᠢᠭᠡᠴᠡ ᠪᠠᠷ ᠭᠤᠤᠯ ᠪᠣᠯᠭᠠᠭᠰᠠᠨ ᠠᠷᠠᠴᠢᠯᠠᠵᠦ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠤᠨ᠎ᠠ᠃ ᠴᠠᠬᠢᠯᠭᠠᠨ ᠱᠠᠲᠤ ᠦᠢᠯᠡᠳᠥᠭᠰᠡᠨ ᠨᠢᠭᠡᠴᠡ ᠶᠢᠨ ᠥᠪᠡᠷ ᠢᠶᠠᠨ ᠪᠠᠶᠢᠭᠤᠯᠤᠭᠰᠠᠨ ᠪᠤᠶᠤ ᠡᠷᠬᠡ ᠣᠯᠭᠤᠯᠲᠠ ᠪᠠ ᠨᠠᠶᠢᠳᠠᠯᠭ᠎ᠠ ᠶᠢ ᠨᠢ ᠬᠦᠯᠢᠶᠡᠭᠰᠡᠨ ᠠᠷᠠᠴᠢᠯᠠᠵᠦ ᠬᠠᠮᠠᠭᠠᠯᠠᠬᠤ ᠠᠵᠤ ᠠᠬᠤᠶᠢᠯᠠᠯ ᠲᠤᠰ ᠠᠵᠦ ᠠᠬᠤᠶᠢᠯᠠᠯ ᠤᠨ ᠦᠢᠯᠡᠳᠦᠭᠰᠡᠨ ᠴᠠᠬᠢᠯᠭᠠᠨ ᠱᠠᠲᠦ ᠶᠢ ᠠᠷᠠᠴᠢᠯᠠᠵᠦ ᠬᠠᠮᠠᠭᠠᠯᠠᠬᠤ ᠳᠤ᠂ ᠴᠠᠬᠢᠯᠭᠠᠨ ᠱᠠᠲᠤ ᠶᠢᠨ ᠪᠠᠶᠢᠭ᠎ᠠ ᠭᠠᠵᠠᠷ ᠤᠨ ᠵᠠᠰᠠᠭ ᠵᠠᠬᠢᠷᠭᠠᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠪᠦᠷᠢᠳᠭᠡᠯᠭᠡᠨ ᠳᠠᠩᠰᠠᠯᠠᠭᠤᠯᠵᠤ᠂  ᠠᠷᠠᠴᠢᠯᠠᠵᠦ ᠬᠠᠮᠠᠭᠠᠯᠠᠬᠤ ᠶᠠᠰᠤ ᠴᠢᠨᠠᠷ ᠤᠨ ᠲᠠᠯ᠎ᠠ ᠪᠠᠷ ᠴᠠᠬᠢᠯᠭᠠᠨ ᠱᠠᠲᠦ ᠦᠢᠯᠡᠳᠥᠭᠰᠡᠨ ᠠᠵᠦ ᠠᠬᠤᠶᠢᠯᠠᠯ ᠨᠢ ᠨᠢᠭᠡᠳᠦᠭᠡᠷ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠠᠢ ᠭᠡᠵᠦ ᠲᠣᠭᠲᠠᠭᠠᠭᠰᠠᠨ ᠪᠠᠶᠢᠨ᠎ᠠ᠃      ︽ᠠᠷᠭ᠎ᠠ︾᠎ ᠳᠤ ᠡᠭᠦᠨ ᠤ ᠵᠡᠷᠭᠡᠴᠡᠪᠡᠷ ᠠᠷᠠᠴᠢᠯᠠᠵᠦ ᠬᠠᠮᠠᠭᠠᠯᠠᠬᠤ ᠠᠵᠢᠯ ᠬᠢᠬᠦ ᠬᠦᠮᠥᠰ ᠤᠨ ᠬᠢᠷᠢ ᠴᠢᠳᠠᠮᠵᠢ ᠪᠤᠯᠤᠨ  ᠠᠷᠠᠴᠢᠯᠠᠵᠦ ᠬᠠᠮᠠᠭᠠᠯᠠᠬᠤ ᠴᠠᠬᠢᠯᠭᠠᠨ ᠱᠠᠲᠦ ᠶᠢᠨ ᠰᠠᠤᠷᠢ ᠶᠢᠨ ᠲᠤᠭ᠎ᠠ᠂ ᠬᠤᠯᠪᠣᠭᠳᠠᠯ ᠪᠦᠬᠦᠢ ᠲᠡᠮᠳᠡᠭᠯᠡᠯ ᠤᠨ ᠬᠠᠳᠠᠭᠠᠯᠠᠬᠤ ᠬᠤᠭᠤᠴᠠᠭ᠎ᠠ ᠳᠤ ᠱᠠᠭᠠᠷᠳᠠᠯᠭ᠎ᠠ ᠳᠤᠷᠠᠳᠴᠤ᠂ ᠪᠠᠰᠠ ᠴᠠᠬᠢᠯᠭᠠᠨ ᠱᠠᠲᠤ ᠶᠢᠨ ᠳᠣᠲᠣᠷ᠎ᠠ ᠠᠷᠠᠴᠢᠯᠠᠵᠦ ᠬᠠᠮᠠᠭᠠᠯᠠᠬᠤ ᠮᠡᠳᠡᠭᠡ ᠵᠠᠩᠭᠢ ᠨᠡᠶᠢᠲᠡᠯᠡᠬᠦ᠂  ᠪᠠᠴᠢᠮ ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ ᠳ᠋ᠢᠶᠠᠩᠬᠤᠸᠠ ᠶᠢᠨ 24 ᠴᠠᠭ ᠢᠶᠠᠷ ᠪᠦᠲᠥᠮᠵᠢᠲᠠᠢ ᠬᠠᠷᠢᠭᠤ ᠦᠭᠬᠦ ᠶᠢ ᠦᠨᠡᠨ ᠬᠦ ᠪᠠᠲᠤᠯᠠᠬᠤ᠂ ᠠᠷᠠᠴᠢᠯᠠᠵᠦ ᠬᠠᠮᠠᠭᠠᠯᠠᠬᠤ ᠪᠠ ᠰᠠᠭᠠᠳ ᠭᠡᠮ ᠢ ᠰᠢᠢᠳᠪᠦᠷᠢᠯᠡᠭᠰᠡᠨ ᠲᠡᠮᠳᠡᠭᠯᠡᠯ ᠪᠠᠶᠢᠭᠤᠯᠬᠤ ᠵᠡᠷᠭᠡ ᠶᠢ ᠪᠠᠭᠲᠠᠭᠠᠭᠰᠠᠨ ᠠᠷᠠᠴᠢᠯᠠᠵᠦ ᠬᠠᠮᠠᠭᠠᠯᠠᠬᠤ ᠨᠢᠭᠡᠴᠡ ᠶᠢᠨ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠭᠰᠠᠨ ᠪᠠᠶᠢᠨ᠎ᠠ᠃      ᠡᠭᠦᠨ ᠠᠴᠠ ᠭᠠᠳᠠᠨ᠎ᠠ᠂ ᠶᠠᠰᠦ ᠴᠢᠨᠠᠷ ᠤᠨ ᠪᠣᠭᠤᠮᠲᠠ ᠶᠢ ᠡᠬᠢ ᠡᠭᠦᠰᠥᠯ ᠠᠴᠠ ᠨᠢ ᠴᠢᠩᠭ᠎ᠠ ᠠᠳᠬᠤᠬᠤ ᠶᠢᠨ ᠲᠥᠯᠥᠭᠡ᠂ ︽ᠠᠷᠭ᠎ᠠ︾᠎ ᠳᠤ ᠬᠡᠷᠡᠭᠯᠡᠭᠡᠨ ᠠᠴᠠ ᠭᠠᠷᠭᠠᠭᠰᠠᠨ ᠰᠡᠯᠪᠢᠭ ᠲᠣᠨᠤᠭ ᠢ ᠴᠠᠬᠢᠯᠭᠠᠨ ᠱᠠᠲᠤ ᠦᠢᠯᠡᠳᠪᠦᠷᠢᠯᠡᠬᠦ ᠳᠤ ᠬᠡᠷᠡᠭᠯᠡᠬᠦ ᠶᠢ ᠴᠠᠭᠠᠵᠠᠯᠠᠨ᠎ᠠ ᠬᠡᠵᠤ ᠲᠣᠭᠲᠠᠭᠠᠭᠰᠠᠨ ᠪᠠᠶᠢᠨ᠎ᠠ᠃ ᠦᠢᠯᠡᠳᠬᠦ ᠨᠢᠭᠡᠴᠡ ᠪᠠᠰᠠ ᠳᠤᠤᠷᠠᠬᠢ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠬᠦ ᠬᠡᠷᠡᠭᠲᠠᠢ ᠭᠡᠵᠦ ᠱᠠᠭᠠᠷᠳᠠᠪᠠ᠄ ᠦᠢᠯᠡᠳᠪᠦᠷᠢ ᠠᠴᠠ ᠭᠠᠷᠭᠠᠬᠤ ᠪᠢᠴᠢᠭ ᠮᠠᠲ᠋ᠧᠷᠢᠶᠠᠯ ᠳᠤ ᠴᠠᠬᠢᠯᠭᠠᠨ ᠱᠠᠲᠤ  ᠬᠢᠭᠡᠳ ᠭᠤᠣᠯ ᠪᠣᠯᠬᠤ ᠰᠡᠯᠪᠢᠭ ᠲᠣᠨᠤᠭ ᠤᠨ ᠬᠢᠨᠢ ᠵᠢᠷᠤᠭᠯᠠᠨ ᠲᠥᠯᠥᠪᠯᠡᠭᠰᠡᠨ ᠬᠡᠷᠡᠭᠯᠡᠬᠦ ᠵᠢᠯ ᠬᠤᠭᠤᠴᠠᠭ᠎ᠠ ᠬᠢᠭᠡᠳ ᠲᠤᠭ᠎ᠠ ᠤᠳᠠᠭ᠎ᠠ ᠶᠢ ᠲᠣᠳᠤᠷᠬᠠᠢ ᠲᠡᠮᠳᠡᠭᠯᠡᠭᠰᠡᠨ ᠪᠠᠶᠢᠬᠤ ᠬᠡᠷᠡᠭᠲᠠᠢ︔ ᠶᠠᠰᠤ ᠴᠢᠨᠠᠷ ᠢ ᠪᠠᠲᠤᠯᠠᠬᠤ ᠬᠤᠭᠤᠴᠠᠭᠠᠨ ᠳᠠᠬᠢ ᠬᠠᠮᠢᠶ᠎ᠠ ᠪᠦᠬᠦᠢ ᠦᠢᠯᠡᠴᠢᠯᠡᠭᠡ ᠪᠠ ᠡᠭᠦᠷᠭᠡ ᠶᠢ ᠰᠠᠶᠢᠲᠤᠷ ᠭᠦᠢᠴᠡᠳᠭᠡᠬᠦ ᠬᠡᠷᠡᠭᠲᠠᠢ︔ ᠴᠠᠬᠢᠯᠭᠠᠨ ᠱᠠᠲᠤ ᠶᠢᠨ ᠠᠵᠢᠯᠯᠠᠭᠠᠨ ᠤ ᠪᠠᠶᠢᠳᠠᠯ ᠢ ᠮᠥᠷᠳᠡᠨ ᠪᠠᠶᠢᠴᠠᠭᠠᠵᠤ᠂ ᠬᠦᠨᠳᠦ ᠨᠣᠴᠢᠲᠠᠶ ᠠᠳᠡᠯ ᠤᠨ ᠳᠠᠯᠳᠠ ᠭᠡᠮ ᠢ ᠣᠯᠵᠤ ᠮᠡᠳᠡᠪᠡᠯ᠂ ᠬᠡᠷᠡᠭᠯᠡᠵᠤ ᠪᠦᠬᠦᠢ ᠨᠢᠭᠡᠴᠡ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠠᠢ︔ ᠴᠠᠬᠢᠯᠭᠠᠨ ᠱᠠᠲᠦ ᠶᠢᠨ ᠠᠮᠤᠷ ᠲᠦᠪᠰᠢᠨ ᠳᠤ ᠬᠦᠨᠥᠭᠡᠯᠲᠠᠢ  ᠠᠳᠠᠯᠢ ᠴᠢᠨᠠᠷ ᠤᠨ ᠭᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠴᠢᠷᠠᠬᠤ ᠬᠡᠷᠡᠭᠲᠠᠢ᠃            ᠴᠠᠬᠢᠯᠭᠠᠨ ᠱᠠᠲᠤᠨ ᠳᠤ ᠰᠠᠭᠤᠬᠤ ᠳᠤ ᠶᠠᠮᠠᠷ ᠲᠤᠭᠲᠠᠭᠠᠯ ᠲᠠᠢ ᠪᠤᠶ︖            ᠴᠠᠬᠢᠯᠭᠠᠨ ᠱᠠᠲᠦ ᠶᠢᠨ ᠤᠭᠰᠠᠷᠠᠭ᠎ᠠ ᠲᠣᠨᠤᠭ ᠪᠤᠶᠤ ᠲᠡᠮᠳᠡᠭ ᠢ ᠡᠪᠳᠡᠵᠦ ᠪᠣᠯᠬᠤ ᠦᠭᠡᠢ            ︽ᠠᠷᠭ᠎ᠠ︾᠎ ᠳᠤ ᠴᠠᠬᠢᠯᠭᠠᠨ ᠱᠠᠲᠤᠨ ᠳᠤ ᠰᠠᠭᠤᠬᠤ ᠳᠤ᠂ ᠠᠶᠤᠯ ᠦᠭᠡᠢ ᠬᠡᠷᠡᠭᠯᠡᠬᠦ ᠲᠣᠳᠣᠷᠬᠠᠶᠢᠯᠠᠯᠲᠠ ᠪᠤᠯᠤᠨ ᠠᠮᠤᠷ ᠲᠦᠪᠰᠢᠨ ᠤ ᠠᠩᠬᠠᠷᠬᠤ ᠵᠦᠢᠯᠡᠰ ᠢ ᠵᠢᠷᠤᠮᠯᠠᠬᠤ ᠬᠡᠷᠡᠭᠲᠠᠢ᠃ ᠨᠢᠭᠡ ᠳᠤ ᠬᠡᠪ ᠤᠨ ᠪᠤᠰᠤ ᠪᠠᠶᠢᠳᠠᠯ ᠳᠤ ᠪᠠᠶᠢᠭ᠎ᠠ ᠢᠯᠡᠷᠭᠡᠶᠢᠯᠡᠯᠲᠡ ᠲᠠᠢ ᠴᠠᠬᠢᠯᠭᠠᠨ ᠱᠠᠲᠤᠨ ᠳᠤ ᠰᠠᠭᠤᠵᠤ ᠪᠤᠯᠬᠤ ᠦᠭᠡᠢ︔ ᠬᠤᠶᠠᠷ ᠲᠤ ᠬᠡᠪ ᠤᠨ ᠪᠤᠰᠤ ᠠᠷᠭ᠎ᠠ ᠪᠠᠷᠢᠯ ᠢᠶᠠᠷ ᠴᠠᠬᠢᠯᠭᠠᠨ ᠱᠠᠲᠤ ᠶᠢᠨ ᠳᠠᠪᠬᠤᠷᠯᠢᠭ ᠤᠨ ᠡᠭᠦᠳᠡ ᠪᠤᠶᠤ ᠰᠡᠤᠬᠡᠨ ᠡᠭᠦᠳᠡ ᠶᠢ ᠨᠡᠭᠡᠭᠡᠵᠤ ᠪᠤᠯᠬᠤ ᠦᠭᠡᠢ︔ ᠭᠤᠷᠪᠠ ᠳᠤ ᠴᠠᠬᠢᠯᠭᠠᠨ ᠱᠠᠲᠤ ᠶᠢᠨ ᠤᠭᠰᠠᠷᠠᠭ᠎ᠠ ᠲᠣᠨᠤᠭ ᠪᠤᠶᠤ ᠲᠡᠮᠳᠡᠭ ᠢ ᠠᠪᠴᠦ ᠬᠠᠶᠠᠵᠦ᠂ ᠡᠪᠳᠡᠵᠦ ᠪᠣᠯᠬᠤ ᠦᠭᠡᠢ︔ ᠳᠥᠷᠪᠡ ᠳᠤ ᠲᠣᠭᠲᠠᠭᠰᠠᠨ ᠨᠣᠷᠮ᠎ᠠ ᠪᠦᠬᠦᠢ ᠠᠴᠢᠶ᠎ᠠ ᠠᠴᠠ ᠬᠡᠲᠦᠷᠡᠭᠰᠡᠨ ᠴᠠᠬᠢᠯᠭᠠᠨ ᠱᠠᠲᠦ ᠳᠤ ᠰᠠᠭᠤᠵᠦ ᠪᠣᠯᠬᠤ ᠦᠭᠡᠢ ᠪᠤᠶᠤ ᠲᠣᠭᠲᠠᠭᠰᠠᠨ ᠨᠣᠷᠮ᠎ᠠ ᠪᠦᠬᠦᠢ ᠠᠴᠢᠶ᠎ᠠ ᠠᠴᠠ ᠬᠡᠲᠦᠷᠡᠭᠰᠡᠨ ᠪᠠᠷᠠᠭ᠎ᠠ ᠵᠡᠷᠭᠡ ᠶᠢ ᠲᠡᠭᠡᠭᠡᠵᠦ ᠪᠣᠯᠬᠤ ᠦᠭᠡᠢ᠃ ᠡᠭᠦᠨ ᠠᠴᠠ ᠭᠠᠳᠠᠨ᠎ᠠ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠦᠢᠯᠡ ᠠᠵᠢᠯᠯᠠᠭ᠎ᠠ ᠬᠢᠬᠦ ᠪᠦᠷᠢᠨ ᠴᠢᠳᠠᠪᠤᠷᠢ ᠲᠠᠢ ᠬᠥᠮᠦᠨ ᠤ ᠪᠠᠷ᠎ᠠ ᠪᠤᠯᠤᠯᠭ᠎ᠠ ᠲᠠᠢ ᠪᠠᠷ ᠴᠠᠬᠢᠯᠭᠠᠨ ᠱᠠᠲᠤᠨ ᠳᠤ ᠰᠠᠭᠤᠬᠤ ᠬᠡᠷᠡᠭᠲᠡᠢ᠃ ᠰᠠᠭᠤᠭᠰᠠᠨ ᠴᠠᠬᠢᠯᠭᠠᠨ ᠱᠠᠲᠤ ᠠᠳᠡᠯ ᠭᠠᠷᠪᠠᠯ᠂  ᠴᠠᠬᠢᠯᠭᠠᠨ ᠱᠠᠲᠦ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠲᠠᠢ ᠴᠠᠭ ᠲᠤᠬᠠᠶ ᠳᠤᠨᠢ ᠬᠠᠷᠢᠯᠴᠠᠵᠦ᠂ ᠴᠠᠬᠢᠯᠭᠠᠨ ᠱᠠᠲᠦ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠵᠢᠯᠣᠭᠤᠳᠣᠯᠭ᠎ᠠ ᠶᠢ ᠲᠠᠭᠠᠬᠤ ᠬᠡᠷᠡᠭᠲᠠᠢ ᠬᠡᠵᠤ ᠲᠤᠭᠲᠠᠭᠠᠪᠠ᠃            ᠴᠠᠬᠢᠯᠭᠠᠨ ᠱᠠᠲᠤ ᠶᠢ ᠰᠡᠯᠪᠢᠨ ᠵᠠᠰᠠᠬᠤ ᠪᠡᠯᠡ ᠮᠥᠩᠭᠦ ᠶᠢ ᠬᠠᠮᠢᠭ᠎ᠠ ᠠᠴᠠ ᠭᠠᠷᠭᠠᠬᠤ ᠪᠤᠶ︖            ᠪᠡᠯᠡ ᠮᠥᠩᠭᠦ ᠴᠤᠭᠯᠠᠭᠤᠯᠬᠤ ᠬᠡᠳᠦᠨ ᠠᠷᠭ᠎ᠠ ᠮᠠᠶ᠋ᠢᠭ ᠢ ᠲᠤᠲᠤᠷᠬᠠᠶᠢᠯᠠᠪᠠ            ︽ᠠᠷᠭ᠎ᠠ︾᠎ ᠨᠢ ᠴᠠᠬᠢᠯᠭᠠᠨ ᠱᠠᠲᠤ ᠶᠢᠨ ᠠᠵᠢᠯᠯᠠᠭᠠᠨ ᠢ ᠠᠷᠠᠴᠢᠯᠠᠬᠤ ᠵᠠᠷᠤᠳᠠᠯ ᠳᠤ ᠲᠣᠭᠲᠠᠭᠠᠯ ᠭᠠᠷᠭᠠᠪᠠ᠄ ᠨᠢᠭᠡ ᠳᠤ᠂ ᠠᠳᠠᠯ ᠠᠬᠤᠶ ᠶᠢᠨ ᠦᠢᠯᠡᠴᠢᠯᠡᠭᠡᠨ ᠤ ᠨᠢᠭᠡᠴᠡ ᠨᠢ ᠣᠷᠣᠨ ᠰᠠᠭᠤᠴᠠ ᠶᠢᠨ ᠪᠠᠭ᠎ᠠ ᠲᠣᠭᠤᠷᠢᠭ ᠤᠨ ᠴᠠᠬᠢᠯᠭᠠᠨ ᠱᠠᠲᠤ ᠬᠡᠷᠡᠭᠯᠡᠬᠦ ᠪᠠ ᠬᠠᠮᠢᠶᠠᠷᠬᠤ ᠬᠠᠷᠢᠭᠤᠴᠠᠯᠭ᠎ᠠ ᠶᠢᠨ ᠨᠢᠭᠡᠴᠡ ᠪᠠᠶᠢᠪᠠᠯ᠂ ᠠᠳᠠᠯ ᠠᠬᠤᠶ ᠶᠢᠨ ᠦᠢᠯᠡᠴᠢᠯᠡᠭᠡᠨ ᠤ ᠵᠠᠷᠤᠳᠠᠯ ᠳᠤ ᠴᠠᠬᠢᠯᠭᠠᠨ ᠱᠠᠲᠤ ᠶᠢᠨ ᠠᠵᠢᠯᠯᠠᠭᠠᠨ ᠢ ᠬᠠᠮᠠᠭᠠᠯᠠᠬᠤ ᠵᠠᠷᠤᠳᠠᠯ ᠢ ᠠᠰ ᠲᠤᠨᠢ ᠳᠠᠩᠰᠠ ᠪᠠᠶᠢᠭᠤᠯᠬᠤ ᠶᠢᠨ ᠬᠠᠮᠲᠦ ᠬᠠᠮᠠᠭᠠᠯᠠᠬᠤ ᠵᠠᠷᠤᠯᠭ᠎ᠠ ᠶᠢᠨ ᠪᠠᠶᠢᠳᠠᠯ ᠢ ᠬᠠᠭᠠᠰ ᠵᠢᠯ ᠳᠤ ᠨᠢᠭᠡ ᠤᠳᠠᠭ᠎ᠠ ᠨᠡᠶᠢᠲᠡᠯᠡᠬᠦ ᠬᠡᠷᠡᠭᠲᠠᠢ︔ ᠬᠤᠶᠠᠷ ᠲᠤ᠂ ᠣᠷᠣᠨ ᠰᠠᠭᠤᠴᠠ ᠶᠢᠨ ᠴᠠᠬᠢᠯᠭᠠᠨ ᠱᠠᠲᠤ ᠶᠢ ᠰᠢᠨᠡᠳᠭᠡᠬᠦ᠂ ᠥᠭᠡᠷᠡᠴᠢᠯᠡᠬᠦ ᠪᠠ ᠰᠡᠯᠪᠢᠨ ᠵᠠᠰᠠᠬᠤ ᠵᠠᠷᠤᠳᠠᠯ ᠢ ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ ᠣᠷᠣᠨ ᠰᠠᠭᠤᠴᠠ ᠶᠢᠨ ᠲᠤᠰᠬᠠᠶ ᠵᠦᠢᠯ ᠤᠨ ᠰᠡᠯᠪᠢᠨ ᠵᠠᠰᠠᠬᠤ ᠰᠠᠭᠤᠷᠢ ᠮᠥᠩᠭᠦ ᠠᠴᠠ ᠭᠠᠷᠭᠠᠬᠤ ᠬᠡᠷᠡᠭᠲᠡᠢ᠃ ᠣᠷᠣᠨ ᠰᠠᠭᠤᠴᠠ ᠶᠢᠨ ᠲᠤᠰᠬᠠᠶ ᠵᠦᠢᠯ ᠤᠨ ᠰᠡᠯᠪᠢᠨ ᠵᠠᠰᠠᠬᠤ ᠰᠠᠭᠤᠷᠢ ᠮᠦᠩᠭᠦ ᠶᠢᠨ ᠦᠯᠡᠳᠡᠪᠦᠷᠢ ᠨᠢ ᠬᠦᠷᠦᠯᠴᠡᠬᠦ ᠦᠭᠡᠢ ᠪᠤᠶᠤ ᠣᠷᠣᠨ ᠰᠠᠭᠤᠴᠠ ᠶᠢᠨ ᠲᠤᠰᠬᠠᠶ ᠵᠦᠢᠯ ᠤᠨ ᠰᠡᠯᠪᠢᠨ ᠵᠠᠰᠠᠬᠤ ᠰᠠᠭᠤᠷᠢ ᠮᠥᠩᠭᠦ ᠪᠠᠶᠢᠭᠤᠯᠤᠭᠠᠳᠥᠢ  ᠪᠠᠶᠢᠵᠦ᠂ ᠬᠠᠮᠢᠶ᠎ᠠ ᠪᠦᠬᠦᠢ ᠥᠮᠴᠢᠲᠡᠨ ᠵᠠᠷᠤᠳᠠᠯ ᠢ ᠡᠭᠦᠷᠭᠡᠯᠡᠨ᠎ᠡ ᠭᠡᠵᠦ ᠪᠣᠯᠵᠣᠨ ᠲᠣᠭᠲᠠᠭᠰᠠᠨ ᠪᠠᠶᠢᠪᠠᠯ᠂ ᠪᠣᠯᠵᠣᠨ ᠲᠣᠭᠲᠠᠭᠰᠠᠨ ᠶᠣᠰᠣᠭᠠᠷ ᠡᠭᠦᠷᠭᠡᠯᠡᠨ᠎ᠡ︔ ᠪᠣᠯᠵᠣᠨ ᠲᠣᠭᠲᠠᠭᠰᠠᠨ ᠦᠭᠡᠶ ᠪᠤᠶᠤ ᠪᠣᠯᠵᠣᠨ ᠲᠣᠭᠲᠠᠭᠰᠠᠨ ᠨᠢ ᠲᠣᠳᠣᠷᠬᠠᠶ ᠦᠭᠡᠶ ᠪᠤᠯ ᠪᠠᠷᠢᠯᠭ᠎ᠠ ᠶᠢᠨ ᠶᠡᠷᠦᠩᠭᠡᠢ ᠲᠠᠯᠠᠪᠠᠢ ᠳᠠᠬᠢ ᠲᠤᠰᠬᠠᠶ ᠥᠮᠴᠢᠯᠡᠬᠦ ᠬᠡᠰᠡᠭ ᠤᠨ ᠡᠵᠡᠯᠡᠵᠦ ᠪᠦᠬᠦᠢ ᠬᠠᠷᠢᠴᠠᠯ ᠶᠣᠰᠣᠭᠠᠷ ᠬᠠᠮᠢᠶ᠎ᠠ ᠪᠦᠬᠦᠢ ᠥᠮᠴᠢᠲᠡᠨ ᠡᠭᠦᠷᠭᠡᠯᠡᠨ᠎ᠡ︔ ᠭᠤᠷᠪᠠ ᠳᠤ ᠣᠷᠣᠨ ᠰᠠᠭᠤᠴᠠ ᠶᠢᠨ ᠪᠠᠭ᠎ᠠ ᠲᠣᠭᠤᠷᠢᠭ ᠤᠨ ᠴᠠᠬᠢᠯᠭᠠᠨ ᠱᠠᠲᠤ ᠶᠢ ᠪᠠᠶᠢᠴᠠᠭᠠᠨ ᠰᠢᠯᠭᠠᠬᠤ᠂ ᠪᠠᠶᠢᠴᠠᠭᠠᠨ ᠬᠡᠮᠵᠢᠬᠦ ᠪᠠᠶᠢᠭᠤᠯᠤᠮᠵᠢ  ᠬᠦᠨᠳᠦ ᠨᠣᠴᠢᠲᠠᠶ ᠠᠳᠡᠯ ᠭᠠᠷᠬᠤ ᠳᠠᠯᠳᠠ ᠭᠡᠮ ᠣᠷᠣᠰᠢᠵᠤ ᠪᠠᠶᠢᠭ᠎ᠠ ᠶᠢ ᠦᠨᠡᠮᠰᠢᠭᠡᠳ᠂ ᠴᠢᠬᠤᠯᠠ ᠶᠡᠭᠡ ᠰᠡᠯᠪᠢᠨ ᠵᠠᠰᠠᠯᠲᠠ ᠬᠢᠬᠦ᠂ ᠦᠭᠡᠷᠡᠴᠢᠯᠡᠬᠦ ᠪᠤᠶᠤ ᠰᠢᠨᠡᠳᠬᠡᠬᠦ ᠦᠭᠡᠢ ᠪᠤᠯ ᠳᠠᠯᠳᠠ ᠭᠡᠮ ᠢ ᠠᠷᠢᠯᠭᠠᠬᠤ ᠳᠤ ᠪᠡᠷᠬᠡ ᠪᠥᠭᠡᠳ ᠬᠠᠮᠢᠶ᠎ᠠ ᠪᠦᠬᠦᠢ ᠲᠠᠯ᠎ᠠ ᠨᠢ ᠵᠠᠷᠤᠳᠠᠯ ᠴᠤᠭᠯᠠᠭᠤᠯᠬᠤ᠂ ᠴᠡᠭᠴᠡᠯᠡᠨ ᠰᠠᠶᠢᠵᠢᠷᠠᠭᠤᠯᠬᠤ ᠲᠥᠰᠦᠯ ᠳᠤ ᠰᠠᠨᠠᠯ ᠨᠢᠭᠡᠳᠬᠦ ᠦᠭᠡᠢ ᠪᠤᠯ ᠴᠠᠬᠢᠯᠭᠠᠨ ᠱᠠᠲᠤ ᠶᠢᠨ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠴᠠᠬᠢᠯᠭᠠᠨ ᠱᠠᠲᠤ ᠶᠢ ᠬᠡᠷᠡᠭᠯᠡᠵᠦ ᠪᠠᠶᠢᠭ᠎ᠠ ᠪᠠ ᠬᠠᠮᠢᠶᠠᠷᠴᠦ ᠪᠠᠶᠢᠭ᠎ᠠ ᠬᠠᠷᠢᠭᠤᠴᠠᠯᠭᠠᠲᠤ ᠨᠢᠭᠡᠴᠡ᠂ ᠦᠮᠴᠢᠲᠡᠨ ᠤ ᠲᠥᠯᠥᠭᠡᠯᠡᠭᠴᠢ ᠪᠣᠯᠤᠨ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠭᠡᠷ ᠪᠠᠶᠢᠰᠢᠩ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯ ᠦᠭᠡᠢ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠎ ᠤᠳ ᠢ ᠵᠣᠬᠢᠶᠠᠨ ᠪᠠᠶᠢᠭᠤᠯᠤᠨ ᠬᠠᠮᠲᠤ ᠪᠠᠷ ᠵᠥᠪᠳᠡᠯᠴᠡᠵᠦ᠂ ᠴᠠᠬᠢᠯᠭᠠᠨ ᠱᠠᠲᠤ ᠶᠢ ᠰᠡᠯᠪᠢᠨ ᠵᠠᠰᠠᠬᠤ᠂ ᠥᠭᠡᠷᠡᠴᠢᠯᠡᠬᠦ ᠪᠤᠶᠤ ᠰᠢᠨᠡᠳᠬᠡᠬᠦ ᠲᠥᠰᠦᠯ ᠪᠤᠯᠤᠨ ᠵᠠᠷᠤᠳᠠᠯ ᠴᠤᠭᠯᠠᠭᠤᠯᠬᠤ ᠲᠥᠰᠦᠯ ᠢ ᠲᠤᠭᠲᠠᠭᠠᠬᠤ ᠬᠡᠷᠡᠭᠲᠠᠢ︔ ᠳᠥᠷᠪᠡ ᠳᠤ ᠣᠷᠣᠨ ᠰᠠᠭᠤᠴᠠ ᠬᠢᠭᠡᠳ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠦᠲᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠳᠣᠲᠣᠷᠠᠬᠢ ᠴᠠᠬᠢᠯᠭᠠᠨ ᠱᠠᠲᠤ ᠶᠢᠨ ᠨᠦᠬᠡᠨ ᠭᠤᠳᠣᠮ᠂ ᠮᠠᠰᠢᠨ ᠤ ᠭᠡᠷ ᠵᠡᠷᠭᠡ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠦ ᠬᠠᠮᠢᠶᠠᠷᠬᠤ ᠪᠠᠨ ᠴᠢᠩᠭᠠᠳᠬᠠᠬᠤ ᠬᠡᠷᠡᠭᠲᠠᠢ᠃ ᠭᠡᠷ ᠪᠠᠶᠢᠰᠢᠩ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠣᠷᠣᠨ ᠰᠠᠭᠤᠴᠠ ᠶᠢᠨ ᠪᠠᠭ᠎ᠠ ᠲᠣᠭᠤᠷᠢᠭ ᠤᠨ ᠴᠠᠬᠢᠯᠭᠠᠨ ᠱᠠᠲᠤ ᠶᠢ ᠠᠷᠠᠴᠢᠯᠠᠵᠦ ᠬᠠᠮᠠᠭᠠᠯᠠᠬᠤ ᠵᠠᠷᠤᠳᠠᠯ ᠤᠨ ᠬᠠᠮᠢᠶᠠᠷᠤᠯᠲᠠ ᠪᠤᠯᠤᠨ ᠴᠠᠬᠢᠯᠭᠠᠨ ᠱᠠᠲᠤ ᠶᠢ ᠰᠡᠯᠪᠢᠨ ᠵᠠᠰᠠᠬᠤ᠂ ᠥᠭᠡᠷᠡᠴᠢᠯᠡᠬᠦ᠂ ᠰᠢᠨᠡᠳᠬᠡᠬᠦ ᠪᠡᠯᠡ ᠮᠥᠩᠭᠦ ᠴᠤᠭᠯᠠᠭᠤᠯᠬᠤ ᠠᠵᠢᠯ ᠤᠨ ᠵᠢᠯᠤᠭᠤᠳᠤᠯᠭ᠎ᠠ ᠪᠤᠯᠤᠨ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠬᠡᠷᠡᠭᠲᠠᠢ᠃            ᠬᠠᠭᠤᠴᠢᠨ ᠴᠠᠬᠢᠯᠭᠠᠨ ᠱᠠᠲᠤ ᠶᠢ ᠬᠡᠷᠬᠢᠨ ᠰᠢᠢᠳᠪᠦᠷᠢᠯᠡᠬᠦ ᠪᠤᠶ︖            ᠠᠮᠤᠷ ᠲᠦᠪᠰᠢᠨ ᠤ ᠭᠤᠣᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠬᠤ ᠳᠤ ᠵᠢᠭᠰᠠᠭᠠᠨ᠎ᠠ            ᠠᠮᠤᠷ ᠲᠦᠪᠰᠢᠨ ᠤ ᠳᠠᠯᠳᠠ ᠭᠡᠮ ᠨᠡᠯᠢᠶᠡᠳ ᠶᠡᠭᠡ ᠪᠠᠶᠢᠭ᠎ᠠ ᠬᠠᠭᠤᠴᠢᠨ ᠴᠠᠬᠢᠯᠭᠠᠨ ᠱᠠᠲᠦ ᠳᠤ ᠴᠢᠭᠯᠡᠭᠦᠯᠦᠨ᠂ ︽ᠠᠷᠭ᠎ᠠ︾᠎ ᠳᠤ ᠳᠣᠣᠷᠠᠬᠢ ᠮᠡᠲᠦ ᠲᠣᠭᠲᠠᠭᠠᠯ ᠭᠠᠷᠭᠠᠪᠠ᠄ ᠨᠢᠭᠡ ᠳᠤ ᠰᠢᠯᠭᠠᠨ ᠪᠠᠶᠢᠴᠠᠭᠠᠬᠤ ᠲᠦᠷᠦᠯ ᠵᠦᠢᠯ ᠢ ᠨᠡᠮᠡᠭᠳᠡᠭᠦᠯᠬᠦ ᠬᠡᠷᠡᠭᠲᠡᠢ᠃ 15 ᠵᠢᠯ ᠠᠴᠠ ᠳᠡᠭᠡᠭᠰᠢ ᠬᠡᠷᠡᠭᠯᠡᠭᠰᠡᠨ ᠴᠠᠬᠢᠯᠭᠠᠨ ᠱᠠᠲᠤ ᠶᠢ ᠲᠣᠭᠲᠠᠮᠠᠯ ᠬᠤᠭᠤᠴᠠᠭ᠎ᠠ ᠲᠠᠢ ᠰᠢᠯᠭᠠᠨ ᠪᠠᠶᠢᠴᠠᠭᠠᠬᠤ ᠳᠤ᠂ ᠴᠢᠳᠠᠮᠵᠢ ᠶᠢᠨ ᠴᠢᠨᠠᠷᠲᠠᠶ ᠲᠤᠷᠰᠢᠯᠲᠠ ᠬᠢᠬᠦ ᠵᠡᠷᠭᠡ ᠪᠠᠶᠢᠴᠠᠭᠠᠯᠲᠠ ᠬᠢᠬᠦ ᠬᠡᠷᠡᠭᠲᠠᠢ᠃ ᠬᠤᠶᠠᠷ ᠲᠤ ᠡᠳᠦᠷ ᠲᠤᠲᠤᠮ ᠤᠨ ᠠᠷᠠᠴᠢᠯᠠᠵᠦ ᠬᠠᠮᠠᠭᠠᠯᠠᠬᠤ ᠪᠠᠨ ᠴᠢᠩᠭᠠᠳᠬᠠᠬᠤ ᠬᠡᠷᠡᠭᠲᠠᠢ᠃15 ᠵᠢᠯ ᠠᠴᠠ ᠳᠡᠭᠡᠭᠰᠢ ᠬᠡᠷᠡᠭᠯᠡᠭᠰᠡᠨ ᠴᠠᠬᠢᠯᠭᠠᠨ ᠱᠠᠲᠤ ᠶᠢ ᠬᠡᠷᠡᠭᠯᠡᠵᠤ ᠪᠠᠶᠢᠭ᠎ᠠ ᠨᠢᠭᠡᠴᠡ ᠪᠣᠯᠤᠨ ᠠᠷᠠᠴᠢᠯᠠᠵᠦ ᠬᠠᠮᠠᠭᠠᠯᠠᠬᠤ ᠨᠢᠭᠡᠴᠡ ᠨᠢ ᠴᠠᠬᠢᠯᠭᠠᠨ ᠱᠠᠲᠦ ᠶᠢᠨ ᠪᠣᠳᠠᠲᠤ ᠪᠠᠶᠢᠳᠠᠯ ᠢ ᠦᠨᠳᠦᠰᠦᠯᠡᠨ ᠠᠷᠠᠴᠢᠯᠠᠵᠦ ᠬᠠᠮᠠᠭᠠᠯᠠᠬᠤ ᠤᠳᠠᠭ᠎ᠠ ᠬᠢᠭᠡᠳ ᠲᠦᠷᠦᠯ ᠵᠦᠢᠯ ᠢ ᠨᠡᠮᠡᠭᠳᠡᠭᠦᠯᠬᠦ ᠬᠡᠷᠡᠭᠲᠠᠢ᠃ ᠭᠤᠷᠪᠠ ᠳᠤ ᠠᠶᠤᠯ ᠦᠭᠡᠢ ᠶᠢᠨ ᠦᠨᠡᠯᠡᠨ ᠵᠢᠱᠢᠯᠲᠡ ᠬᠢᠬᠦ ᠬᠡᠷᠡᠭᠲᠠᠢ᠃ ᠴᠠᠬᠢᠯᠭᠠᠨ ᠱᠠᠲᠤ ᠶᠢᠨ ᠵᠢᠷᠤᠭᠯᠠᠨ ᠲᠥᠯᠥᠪᠯᠡᠭᠰᠡᠨ ᠬᠡᠷᠡᠭᠯᠡᠬᠦ ᠬᠤᠭᠤᠴᠠᠭ᠎ᠠ ᠨᠢ ᠲᠤᠯᠤᠭᠠᠳ᠂ ᠦᠷᠭᠦᠯᠵᠢᠯᠡᠨ ᠬᠡᠷᠡᠭᠯᠡᠬᠦ ᠴᠢᠬᠤᠯᠠᠲᠠᠢ ᠪᠣᠯ ᠠᠮᠤᠷ ᠲᠦᠪᠰᠢᠨ ᠤ ᠦᠨᠡᠯᠡᠨ ᠵᠢᠱᠢᠯᠲᠡ ᠬᠢᠬᠦ ᠬᠡᠷᠡᠭᠲᠠᠢ︔ ᠦᠷᠭᠦᠯᠵᠢᠯᠡᠨ ᠬᠡᠷᠡᠭᠯᠡᠬᠦ ᠨᠥᠬᠦᠴᠡᠯ ᠬᠢᠭᠡᠳ ᠴᠠᠬᠢᠯᠭᠠᠨ ᠱᠠᠲᠦ ᠳᠤ ᠵᠤᠷᠢᠭᠤᠯᠤᠨ ᠰᠢᠯᠭᠠᠨ ᠪᠠᠶᠢᠴᠠᠭᠠᠯᠲᠠ ᠬᠢᠬᠦ ᠪᠠ ᠠᠷᠠᠴᠢᠯᠠᠵᠦ ᠬᠠᠮᠠᠭᠠᠯᠠᠬᠤ ᠠᠷᠭ᠎ᠠ ᠬᠡᠮᠵᠢᠶ᠎ᠡ ᠲᠤᠭᠲᠠᠭᠠᠬᠤ ᠬᠡᠷᠡᠭᠲᠠᠢ᠃ ᠳᠥᠷᠪᠡ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠠᠢ᠃ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯ ᠦᠭᠡᠢ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠶᠢ ᠱᠠᠭᠠᠷᠳᠠᠨ ᠬᠠᠭᠤᠴᠢᠨ ᠴᠠᠬᠢᠯᠭᠠᠨ ᠱᠠᠲᠤ ᠶᠢ ᠭᠤᠤᠯᠳᠠᠯᠭ᠎ᠠ ᠲᠠᠢ ᠠᠮᠤᠷ ᠲᠦᠪᠰᠢᠨ ᠤ ᠬᠢᠨᠠᠯᠲᠠ ᠲᠠᠯᠪᠢᠵᠤ ᠪᠠᠶᠢᠴᠠᠭᠠᠬᠤ ᠳᠤ ᠵᠢᠭᠰᠠᠭᠠᠵᠦ᠂ ᠲᠤᠰᠬᠠᠶᠢᠯᠠᠨ ᠬᠢᠨᠠᠨ ᠪᠠᠶᠢᠴᠠᠭᠠᠬᠤ ᠲᠥᠯᠥᠪᠯᠡᠭᠡ ᠲᠤᠭᠲᠠᠭᠠᠨ᠂ ᠬᠡᠷᠡᠭᠯᠡᠵᠤ ᠪᠠᠶᠢᠭ᠎ᠠ ᠨᠢᠭᠡᠴᠡ ᠶᠢ ᠰᠢᠮᠳᠠᠭᠤᠯᠤᠨ ᠠᠮᠤᠷ ᠲᠦᠪᠰᠢᠨ ᠤ ᠬᠠᠮᠢᠶᠠᠷᠤᠯᠲᠠ ᠶᠢ ᠨᠢ ᠴᠢᠩᠭᠠᠳᠬᠠᠯᠭᠠᠬᠤ ᠬᠡᠷᠡᠭᠲᠠᠢ᠃            ᠴᠠᠬᠢᠯᠭᠠᠨ ᠱᠠᠲᠤᠨ ᠳᠤ ᠰᠠᠭᠤᠬᠤ ᠳᠤ ᠬᠡᠷᠬᠢᠨ ᠨᠡᠩ ᠪᠠᠲᠤᠯᠠᠭ᠎ᠠ ᠲᠠᠢ ᠪᠤᠯᠬᠤ ᠪᠤᠶ︖            ᠴᠠᠬᠢᠯᠭᠠᠨ ᠱᠠᠲᠦ ᠶᠢᠨ ᠬᠠᠷᠢᠭᠤᠴᠠᠯᠭ᠎ᠠ ᠶᠢᠨ ᠳᠠᠭᠠᠳᠬᠠᠯ ᠢ ᠬᠡᠷᠡᠭᠵᠢᠭᠦᠯᠥᠨ᠎ᠡ  ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠪᠠᠶᠢᠭᠤᠯᠤᠨ᠎ᠠ            ︽ᠠᠷᠭ᠎ᠠ︾᠎ ᠳᠤ ᠴᠠᠬᠢᠯᠭᠠᠨ ᠱᠠᠲᠤ ᠶᠢᠨ ᠠᠯᠤᠰ ᠠᠴᠠ ᠬᠢᠨᠠᠨ ᠬᠡᠮᠵᠢᠬᠦ ᠰᠢᠰᠲ᠋ᠧᠮ ᠪᠠᠶᠢᠭᠤᠯᠬᠤ ᠳᠦᠷᠢᠮ ᠢ ᠲᠤᠭᠲᠠᠭᠠᠵᠤ᠂ ᠴᠠᠬᠢᠯᠭᠠᠨ ᠱᠠᠲᠦ ᠶᠢᠨ ᠰᠠᠭᠠᠳ ᠪᠤᠶᠤ ᠠᠳᠡᠯ ᠢ ᠴᠠᠭ ᠲᠤᠬᠠᠶ ᠳᠤᠨᠢ ᠰᠡᠷᠡᠮᠵᠢᠯᠡᠭᠦᠯᠬᠦ᠂ ᠲᠦᠷᠭᠡᠨ ᠠᠪᠤᠷᠠᠵᠤ ᠲᠤᠰᠠᠯᠠᠬᠤ᠂ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ᠂ ᠠᠮᠤᠷ ᠲᠦᠪᠰᠢᠨ ᠠᠵᠢᠯᠯᠠᠭᠠᠨ ᠲᠠᠢ ᠪᠠᠶᠢᠬᠤ ᠶᠢ ᠪᠠᠲᠤᠯᠠᠬᠤ ᠶᠢ ᠦᠨᠡᠨ ᠬᠦ ᠪᠠᠲᠤᠯᠠᠨ᠂ ᠴᠠᠬᠢᠯᠭᠠᠨ ᠱᠠᠲᠦ ᠶᠢᠨ ᠠᠮᠤᠷ ᠲᠦᠪᠰᠢᠨ ᠢ ᠬᠢᠨᠠᠨ ᠬᠠᠮᠢᠶᠠᠷᠬᠤ ᠬᠢᠷᠢ ᠬᠡᠮᠵᠢᠶ᠎ᠡ ᠶᠢ ᠨᠡᠩ ᠰᠠᠶᠢᠲᠤᠷ ᠳᠡᠭᠡᠭᠰᠢᠯᠡᠬᠦᠯᠪᠡ᠃      ᠴᠠᠬᠢᠯᠭᠠᠨ ᠱᠠᠲᠦ ᠶᠢᠨ ᠬᠠᠷᠢᠭᠤᠴᠠᠯᠭ᠎ᠠ ᠶᠢᠨ ᠳᠠᠭᠠᠳᠬᠠᠯ ᠢ ᠬᠡᠷᠡᠭᠵᠢᠬᠦᠯᠬᠦ ᠨᠢ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠶᠢᠨ ᠬᠡᠷᠡᠭᠯᠡᠨ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢ ᠠᠬᠢᠭᠤᠯᠵᠤ᠂ ᠬᠠᠷᠢᠭᠤᠴᠠᠯᠭ᠎ᠠ ᠶᠢᠨ ᠲᠥᠯᠥᠪᠦᠷᠢ ᠵᠡᠷᠭᠡ ᠲᠠᠯ᠎ᠠ ᠪᠠᠷ ᠬᠢ ᠬᠠᠤᠯᠢ ᠴᠠᠭᠠᠵᠠ ᠶᠢᠨ ᠵᠠᠭᠤᠷᠠᠯᠳᠤᠭᠠᠨ ᠢ ᠰᠢᠢᠳᠪᠦᠷᠢᠯᠡᠵᠤ᠂ ᠨᠡᠶᠢᠭᠡᠮ ᠤᠨ ᠵᠥᠷᠢᠴᠡᠯ ᠢ ᠨᠠᠮᠳᠠᠭᠤᠯᠤᠨ ᠠᠷᠢᠯᠭᠠᠬᠤ ᠪᠦᠲᠦᠮᠵᠢᠲᠡᠶ ᠠᠷᠭ᠎ᠠ ᠮᠠᠶ᠋ᠢᠭ ᠪᠠ ᠠᠷᠭ᠎ᠠ ᠪᠠᠷᠢᠯ ᠪᠣᠯᠬᠤ ᠲᠤᠯᠠ᠂ ︽ᠠᠷᠭ᠎ᠠ︾᠎ ᠳᠤ ᠴᠠᠬᠢᠯᠭᠠᠨ ᠱᠠᠲᠤ ᠬᠡᠷᠡᠭᠯᠡᠵᠦ ᠬᠠᠮᠢᠶᠠᠷᠴᠤ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢ ᠳᠠᠭᠠᠳᠬᠠᠯ ᠳᠤ ᠣᠷᠣᠯᠴᠠᠬᠤ ᠭᠤᠣᠯ ᠴᠣᠭᠴᠠ ᠪᠣᠯᠭᠠᠭᠰᠠᠨ᠂ ᠣᠨᠴᠠ ᠲᠥᠷᠥᠯ ᠤᠨ ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠶᠢᠯᠠᠯ᠂ ᠪᠠᠶᠢᠴᠠᠭᠠᠨ ᠰᠢᠯᠭᠠᠬᠤ ᠪᠠᠶᠢᠭᠤᠯᠤᠮᠵᠢ ᠬᠢᠭᠡᠳ ᠠᠷᠠᠴᠢᠯᠠᠵᠦ ᠬᠠᠮᠠᠭᠠᠯᠠᠬᠤ ᠨᠢᠭᠡᠴᠡ ᠤᠷᠤᠯᠴᠠᠭᠰᠠᠨ᠂ ᠨᠡᠶᠢᠭᠡᠮ ᠤᠨ ᠥᠷᠭᠡᠨ ᠳᠡᠯᠭᠡᠷ ᠦᠨᠡᠮᠰᠢᠯ ᠪᠠ ᠵᠥᠪᠰᠢᠶᠡᠷᠡᠯ ᠢ ᠤᠯᠤᠭᠰᠨ ᠴᠠᠬᠢᠯᠭᠠᠨ ᠱᠠᠲᠦ ᠶᠢᠨ ᠰᠠᠭᠠᠳ ᠪᠤᠶᠤ ᠡ᠊ᠨᠳᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ ᠪᠠᠶᠢᠭᠤᠯᠪᠠ︔ ᠳᠠᠭᠠᠳᠬᠠᠯ ᠤᠨ ᠺᠣᠮᠫᠠᠨᠢ ᠪᠠᠷ ᠭᠤᠤᠯ ᠴᠣᠭᠴᠠ ᠪᠣᠯᠭᠠᠭᠰᠠᠨ ᠴᠠᠬᠢᠯᠭᠠᠨ ᠱᠠᠲᠦ ᠶᠢᠨ ᠰᠠᠭᠠᠳ ᠪᠤᠶᠤ  ᠠᠳᠡᠯ ᠤᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠵᠤ᠂ ᠠᠪᠤᠷᠠᠨ ᠲᠤᠰᠠᠯᠠᠬᠤ ᠪᠠ ᠲᠦᠯᠦᠪᠥᠷᠢ ᠦᠭᠬᠦ ᠴᠢᠳᠠᠪᠤᠷᠢ ᠶᠢ ᠳᠡᠭᠡᠭᠰᠢᠯᠡᠭᠦᠯᠪᠡ᠃            ᠭᠤᠣᠯᠳᠠᠯᠭ᠎ᠠ ᠲᠠᠢ ᠭᠠᠵᠠᠷ ᠤᠨ ᠴᠠᠬᠢᠯᠭᠠᠨ ᠱᠠᠲᠦ ᠳᠤ ᠶᠠᠮᠠᠷ ᠱᠠᠭᠠᠷᠳᠠᠯᠭ᠎ᠠ ᠲᠠᠢ ᠪᠤᠶ︖            ᠬᠤᠣᠰ ᠪᠤᠴᠠᠯ ᠬᠡᠯᠬᠢᠶᠡᠨ ᠴᠠᠬᠢᠯᠭᠠᠨ ᠬᠠᠨᠭ᠍ᠭᠠᠯᠭ᠎ᠠ ᠲᠣᠬᠢᠷᠠᠭᠤᠯᠤᠨ᠎ᠠ            ᠬᠥᠮᠦᠨ ᠬᠠᠷ᠎ᠠ ᠬᠤᠷᠠᠵᠦ ᠴᠤᠭᠯᠠᠷᠠᠬᠤ ᠲᠠᠯᠠᠪᠤᠷ ᠤᠨ ᠴᠠᠬᠢᠯᠭᠠᠨ ᠱᠠᠲᠤ ᠶᠢᠨ ᠪᠦᠲᠦᠮᠵᠢᠲᠠᠢ ᠠᠵᠢᠯᠯᠠᠭᠠᠨ ᠲᠠᠢ ᠪᠠᠶᠢᠬᠤ᠂ ᠴᠠᠬᠢᠯᠭᠠᠨ ᠵᠤᠭᠰᠤᠬᠤ ᠠᠴᠠ ᠪᠤᠯᠵᠤ ᠴᠠᠬᠢᠯᠭᠠᠨ ᠱᠠᠲᠤᠨ ᠳᠤ ᠰᠠᠭᠤᠭᠰᠠᠨ ᠬᠦᠮᠥᠰ ᠢ ᠲᠦᠪᠡᠭᠳᠡᠭᠦᠯᠬᠦ ᠠᠴᠠ ᠵᠠᠶᠢᠯᠠᠰᠬᠢᠯᠭᠡᠬᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠠᠷᠭ᠎ᠠ︾᠎ ᠶᠢᠨ ᠠᠷᠪᠠᠨ ᠭᠤᠷᠪᠠᠳᠤᠭᠠᠷ ᠵᠦᠢᠯ ᠳᠤ᠄ ᠡᠮᠨᠡᠯᠭᠡ ᠶᠢᠨ ᠬᠤᠷᠢᠶ᠎ᠠ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠳᠡᠯᠭᠡᠭᠦᠷ ᠵᠡᠷᠭᠡ ᠬᠥᠮᠦᠨ ᠬᠠᠷ᠎ᠠ ᠬᠤᠷᠠᠵᠦ ᠴᠤᠭᠯᠠᠷᠠᠬᠤ ᠭᠠᠵᠠᠷ ᠤᠨ ᠴᠠᠬᠢᠯᠭᠠᠨ ᠱᠠᠲᠤ᠂ ᠰᠢᠨ᠎ᠡ ᠪᠠᠷ ᠤᠭᠰᠠᠷᠠᠭᠰᠠᠨ ᠴᠠᠬᠢᠯᠭᠠᠨ ᠱᠠᠲᠤ ᠵᠢᠴᠢ 10 ᠳᠠᠪᠬᠤᠷ ᠠᠴᠠ ᠳᠡᠭᠡᠭᠰᠢ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠴᠠᠬᠢᠯᠭᠠᠨ ᠱᠠᠲᠤᠨ ᠳᠤ ᠬᠤᠣᠰ ᠪᠤᠴᠠᠯ ᠬᠡᠯᠬᠢᠶᠡᠨ ᠴᠠᠬᠢᠯᠭᠠᠨ ᠬᠠᠨᠭ᠍ᠭᠠᠯᠭ᠎ᠠ ᠪᠤᠶᠤ ᠪᠡᠯᠡᠳᠬᠡᠯ ᠴᠠᠬᠢᠯᠭᠠᠨ ᠡᠭᠦᠰᠭᠡᠭᠴᠢ ᠲᠤᠬᠢᠷᠠᠭᠤᠯᠬᠤ ᠬᠡᠷᠡᠭᠲᠠᠢ ᠭᠡᠵᠦ ᠱᠠᠭᠠᠷᠳᠠᠭᠰᠠᠨ ᠪᠠᠶᠢᠨ᠎ᠠ᠃            ᠠᠷᠠᠴᠢᠯᠠᠵᠦ ᠬᠠᠮᠠᠭᠠᠯᠠᠬᠤ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠬᠦ ᠪᠤᠶ︖            ᠬᠠᠮᠢᠶ᠎ᠠ ᠪᠦᠬᠦᠢ ᠪᠠᠶᠢᠭᠤᠯᠤᠮᠵᠢ ᠨᠤᠭᠤᠳ 8 ᠶᠡᠭᠡ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ            ᠴᠠᠬᠢᠯᠭᠠᠨ ᠱᠠᠲᠤ ᠶᠢ ᠲᠤᠭᠲᠠᠮᠠᠯ ᠬᠤᠭᠤᠴᠠᠭ᠎ᠠ ᠲᠠᠢ ᠪᠠᠶᠢᠴᠠᠭᠠᠨ ᠰᠢᠯᠭᠠᠬᠤ᠂ ᠪᠠᠶᠢᠴᠠᠭᠠᠨ ᠬᠡᠮᠵᠢᠬᠦ ᠨᠢ ᠠᠷᠠᠴᠢᠯᠠᠵᠦ ᠬᠠᠮᠠᠭᠠᠯᠠᠬᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠵᠡᠷᠭᠡᠴᠡᠪᠡᠷ ᠪᠠᠰᠠ ᠴᠠᠬᠢᠯᠭᠠᠨ ᠱᠠᠲᠦ ᠶᠢᠨ ᠠᠵᠢᠯᠯᠠᠭᠠᠨ ᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠣᠯᠵᠤ ᠮᠡᠳᠡᠨ᠂ ᠴᠠᠭ ᠲᠤᠬᠠᠶ ᠳᠤᠨᠢ ᠰᠢᠮᠳᠠᠭᠤᠯᠤᠨ ᠰᠢᠢᠳᠪᠦᠷᠢᠯᠡᠵᠤ ᠳᠡᠶᠢᠯᠦᠨ᠎ᠡ᠃ ᠡᠭᠦᠨ ᠳᠤ᠂ ︽ᠠᠷᠭ᠎ᠠ︾᠎ ᠳᠤ ᠴᠠᠬᠢᠯᠭᠠᠨ ᠱᠠᠲᠤ ᠶᠢ ᠪᠠᠶᠢᠴᠠᠭᠠᠨ ᠰᠢᠯᠭᠠᠬᠤ᠂ ᠪᠠᠶᠢᠴᠠᠭᠠᠨ ᠬᠡᠮᠵᠢᠬᠦ ᠲᠠᠯ᠎ᠠ ᠪᠠᠷ᠄ ᠨᠢᠭᠡ ᠳᠤ᠂ ᠪᠠᠶᠢᠴᠠᠭᠠᠨ ᠰᠢᠯᠭᠠᠬᠤ᠂ ᠪᠠᠶᠢᠴᠠᠭᠠᠨ ᠬᠡᠮᠵᠢᠬᠦ ᠠᠵᠢᠯᠲᠠᠨ ᠪᠠᠶᠢᠴᠠᠭᠠᠨ ᠰᠢᠯᠭᠠᠬᠤ᠂ ᠪᠠᠶᠢᠴᠠᠭᠠᠨ ᠬᠡᠮᠵᠢᠬᠦ ᠬᠢᠷᠢ ᠬᠡᠮ ᠢ ᠤᠯᠤᠭᠰᠠᠨ ᠪᠠᠶᠢᠬᠤ ᠬᠡᠷᠡᠭᠲᠠᠢ︔ ᠬᠤᠶᠠᠷ ᠲᠤ᠂ ᠪᠠᠶᠢᠴᠠᠭᠠᠨ ᠰᠢᠯᠭᠠᠬᠤ᠂ ᠪᠠᠶᠢᠴᠠᠭᠠᠨ ᠬᠡᠮᠵᠢᠬᠦ᠂ ᠠᠮᠤᠷ ᠲᠦᠪᠰᠢᠨ ᠤ ᠦᠨᠡᠯᠡᠨ ᠵᠢᠱᠢᠬᠦ ᠠᠵᠢᠯᠯᠠᠭ᠎ᠠ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠠᠢ︔ ᠭᠤᠷᠪᠠ ᠳᠤ ᠪᠠᠶᠢᠴᠠᠭᠠᠨ ᠰᠢᠯᠭᠠᠬᠤ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 5 ᠡᠳᠦᠷ ᠤᠨ ᠳᠣᠲᠣᠷ᠎ᠠ ᠪᠠᠶᠢᠴᠠᠭᠠᠨ ᠰᠢᠯᠭᠠᠬᠤ ᠠᠵᠢᠯ ᠢ ᠲᠣᠬᠢᠷᠠᠭᠤᠯᠬᠤ᠂ ᠪᠠᠶᠢᠴᠠᠭᠠᠨ ᠰᠢᠯᠭᠠᠬᠤ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ 10 ᠡᠳᠦᠷ ᠤᠨ ᠳᠣᠲᠣᠷ᠎ᠠ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠬᠢᠵᠦ ᠥᠭᠬᠦ ᠬᠡᠷᠡᠭᠲᠠᠢ︔ ᠳᠥᠷᠪᠡ ᠳᠤ ᠴᠠᠬᠢᠯᠭᠠᠨ ᠱᠠᠲᠤ ᠬᠡᠷᠡᠭᠯᠡᠵᠦ ᠬᠠᠮᠢᠶᠠᠷᠴᠤ ᠪᠦᠬᠦᠢ ᠬᠠᠷᠢᠭᠤᠴᠠᠯᠭᠠᠲᠤ ᠨᠢᠭᠡᠴᠡ ᠶᠢ ᠲᠣᠭᠲᠠᠭᠠᠯ ᠶᠣᠰᠣᠭᠠᠷ ᠪᠠᠶᠢᠴᠠᠭᠠᠨ ᠰᠢᠯᠭᠠᠭᠤᠯᠬᠤ ᠪᠠᠷ ᠭᠤᠶᠤᠴᠢᠯᠠᠬᠤ ᠶᠢ ᠰᠢᠮᠳᠠᠭᠤᠯᠵᠦ᠂ ᠬᠤᠭᠤᠴᠠᠭ᠎ᠠ ᠬᠡᠲᠦᠷᠡᠲᠡᠯ᠎ᠡ ᠪᠠᠶᠢᠴᠠᠭᠠᠨ ᠰᠢᠯᠭᠠᠭᠤᠯᠬᠤ ᠪᠠᠷ ᠭᠤᠶᠤᠴᠢᠯᠠᠭᠰᠠᠨ ᠦᠭᠡᠢ ᠪᠤᠯ ᠴᠠᠬᠢᠯᠭᠠᠨ ᠱᠠᠲᠤ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯ ᠦᠭᠡᠢ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠠᠢ︔ ᠲᠠᠪᠤ ᠳᠤ ᠪᠠᠶᠢᠴᠠᠭᠠᠨ ᠰᠢᠯᠭᠠᠬᠤ ᠠᠵᠢᠯᠯᠠᠭ᠎ᠠ ᠳᠤᠮᠳᠠ᠂ ᠴᠠᠬᠢᠯᠭᠠᠨ ᠱᠠᠲᠤ ᠦᠢᠯᠡᠳᠪᠦᠷᠢᠯᠡᠬᠦ᠂ ᠬᠡᠷᠡᠭᠯᠡᠵᠦ ᠬᠠᠮᠢᠶᠠᠷᠴᠤ ᠪᠦᠬᠦᠢ ᠬᠠᠷᠢᠭᠤᠴᠠᠯᠭᠠᠲᠤ ᠨᠢᠭᠡᠴᠡ ᠳᠤ ᠬᠠᠤᠯᠢ ᠴᠠᠭᠠᠵᠠ᠂ ᠬᠠᠤᠯᠢ ᠲᠤᠭᠲᠠᠭᠠᠯ᠂ ᠪᠠᠷᠢᠮᠵᠢᠶ᠎ᠠ ᠶᠢ ᠬᠡᠷᠡᠭᠵᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠥᠷᠢᠵᠢᠭᠤᠯᠬᠤ ᠬᠠᠮᠢᠶ᠎ᠠ ᠪᠦᠬᠦᠢ ᠠᠵᠢᠯ ᠤᠨ ᠶᠠᠰᠤ ᠴᠢᠨᠠᠷ ᠲᠤ ᠬᠢᠨᠠᠨ ᠪᠠᠶᠢᠴᠠᠭᠠᠯᠲᠠ ᠬᠢᠨ᠎ᠡ︔ ᠵᠢᠷᠭᠤᠭ᠎ᠠ ᠎ ᠳᠤ᠂ ᠪᠠᠶᠢᠴᠠᠭᠠᠨ ᠰᠢᠯᠭᠠᠬᠤ᠂ ᠪᠠᠶᠢᠴᠠᠭᠠᠨ ᠬᠡᠮᠵᠢᠬᠦ᠂ ᠠᠮᠤᠷ ᠲᠦᠪᠰᠢᠨ ᠤ ᠦᠨᠡᠯᠡᠨ ᠵᠢᠱᠢᠬᠦ ᠠᠵᠢᠯᠯᠠᠭ᠎ᠠ ᠳᠤᠮᠳᠠ ᠤᠶᠢᠯᠠᠭᠠᠵᠤ ᠮᠡᠳᠡᠭᠰᠡᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠡᠭᠦᠷᠭᠡ ᠲᠠᠢ︔ ᠳᠤᠯᠤᠭ᠎ᠠ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠰᠠᠨ᠂ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠴᠠᠬᠢᠯᠭᠠᠨ ᠱᠠᠲᠤ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯ ᠦᠭᠡᠢ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠨ᠎ᠡ︔ ᠨᠠᠢᠮᠠ ᠳᠤ ᠪᠠᠶᠢᠴᠠᠭᠠᠨ ᠰᠢᠯᠭᠠᠬᠤ᠂ ᠪᠠᠶᠢᠴᠠᠭᠠᠨ ᠬᠡᠮᠵᠢᠬᠦ᠂ ᠠᠮᠤᠷ ᠲᠦᠪᠰᠢᠨ ᠤ ᠦᠨᠡᠯᠡᠨ ᠵᠢᠱᠢᠬᠦ  ᠠᠵᠢᠯᠯᠠᠭ᠎ᠠ ᠳᠤ ᠴᠠᠬᠢᠯᠭᠠᠨ ᠱᠠᠲᠦ ᠶᠢᠨ ᠡ᠊ᠨᠳᠡᠯ ᠤᠨ ᠳᠠᠯᠳᠠ ᠭᠡᠮ ᠢ ᠣᠯᠵᠤ ᠮᠡᠳᠡᠪᠡᠯ᠂ ᠬᠡᠷᠡᠭᠯᠡᠵᠦ ᠬᠠᠮᠢᠶᠠᠷᠴᠤ ᠪᠦᠬᠦᠢ ᠬᠠᠷᠢᠭᠤᠴᠠᠯᠭᠠᠲᠤ ᠨᠢᠭᠡᠴᠡ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠃ ᠬᠦᠨᠳᠦ ᠨᠣᠴᠢᠲᠠᠶ ᠠᠳᠡᠯ ᠭᠠᠷᠬᠤ ᠳᠠᠯᠳᠠ ᠭᠡᠮ ᠣᠷᠣᠰᠢᠵᠤ ᠪᠠᠶᠢᠪᠠᠯ᠂ ᠪᠠᠰᠠ ᠬᠡᠷᠡᠭᠯᠡᠵᠦ ᠬᠠᠮᠢᠶᠠᠷᠴᠤ ᠪᠦᠬᠦᠢ ᠬᠠᠷᠢᠭᠤᠴᠠᠯᠭᠠᠲᠤ ᠨᠢᠭᠡᠴᠡ ᠳᠤ  ᠴᠠᠬᠢᠯᠭᠠᠨ ᠱᠠᠲᠤ ᠶᠢ ᠬᠡᠷᠡᠭᠯᠡᠬᠦ ᠪᠠᠨ ᠲᠦᠷ ᠵᠤᠭᠰᠤᠭᠠᠬᠤ ᠶᠢ ᠪᠢᠴᠢᠭ ᠢᠶᠠᠷ ᠮᠡᠳᠡᠭᠳᠡᠨ᠂ ᠴᠠᠭ ᠲᠤᠬᠠᠶ ᠳᠤᠨᠢ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠬᠡᠷᠡᠭᠲᠠᠢ᠃            ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠬᠡᠷᠬᠢᠨ ᠪᠦᠬᠦ ᠬᠦᠴᠥᠨ ᠪᠠᠷ ᠢᠶᠠᠨ ᠬᠢᠬᠦ ᠪᠤᠶ︖            ᠴᠠᠬᠢᠯᠭᠠᠨ ᠱᠠᠲᠦ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠠᠪᠴᠠᠩ ᠪᠠᠶᠢᠭᠤᠯᠤᠨ᠎ᠠ            ︽ᠠᠷᠭ᠎ᠠ︾᠎ ᠶᠢᠨ ᠲᠠᠪᠢᠳᠤᠭᠠᠷ ᠵᠦᠢᠯ ᠳᠤ᠂ ᠴᠠᠬᠢᠯᠭᠠᠨ ᠱᠠᠲᠤ ᠬᠡᠷᠡᠭᠯᠡᠵᠦ ᠬᠠᠮᠢᠶᠠᠷᠴᠤ ᠪᠦᠬᠦᠢ ᠬᠠᠷᠢᠭᠤᠴᠠᠯᠭᠠᠲᠤ ᠨᠢᠭᠡᠴᠡ᠂ ᠠᠷᠠᠴᠢᠯᠠᠵᠦ ᠬᠠᠮᠠᠭᠠᠯᠠᠬᠤ ᠨᠢᠭᠡᠴᠡ᠂ ᠪᠠᠶᠢᠴᠠᠭᠠᠨ ᠰᠢᠯᠭᠠᠬᠤ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠲᠤᠰ ᠨᠢᠭᠡᠴᠡ ᠶᠢᠨ ᠴᠠᠬᠢᠯᠭᠠᠨ ᠱᠠᠲᠦ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠵᠦᠢᠯ ᠤᠨ ᠪᠡᠯᠡᠳᠭᠡᠯ ᠲᠥᠰᠦᠯ ᠲᠤᠭᠲᠠᠭᠠᠨ᠂ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠬᠤ ᠬᠡᠷᠡᠭᠲᠠᠢ ᠭᠡᠵᠦ ᠲᠣᠭᠲᠠᠭᠠᠭᠰᠠᠨ ᠪᠠᠶᠢᠨ᠎ᠠ᠃      ᠤᠳᠤᠬᠠᠨ ᠳᠤ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠨᠢ ᠬᠥᠬᠡᠬᠤᠲᠠ᠂ ᠪᠤᠭᠤᠲᠤ᠂ ᠦᠬᠠᠶ᠂ ᠣᠷᠳᠣᠰ᠂ ᠬᠢᠩᠭᠠᠨ ᠠᠶᠢᠮᠠᠭ ᠵᠡᠷᠭᠡ 5 ᠭᠠᠵᠠᠷ ᠣᠷᠣᠨ ᠳᠤ ᠴᠠᠬᠢᠯᠭᠠᠨ ᠱᠠᠲᠦ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ 96116 ᠨᠣᠮᠧᠷ ᠤᠨ ᠲᠠᠪᠴᠠᠩ ᠪᠠᠶᠢᠭᠤᠯᠪᠠ᠃ ᠡᠭᠦᠨ ᠤ ᠬᠠᠮᠲᠤ᠂ ᠪᠦᠬᠦ ᠣᠷᠣᠨ ᠤ ᠬᠡᠪᠴᠢᠶᠡᠨ ᠳᠤ ᠬᠡᠷᠡᠭᠯᠡᠵᠦ ᠪᠠᠶᠢᠭ᠎ᠠ ᠨᠢᠭᠡᠴᠡ ᠪᠠᠷ ᠬᠠᠷᠢᠭᠤᠴᠠᠯᠭ᠎ᠠ ᠶᠢᠨ ᠭᠤᠤᠯ ᠴᠣᠭᠴᠠ ᠪᠣᠯᠭᠠᠭᠰᠠᠨ᠂ ᠴᠠᠬᠢᠯᠭᠠᠨ ᠱᠠᠲᠤ ᠶᠢ ᠠᠷᠠᠴᠢᠯᠠᠵᠦ ᠬᠠᠮᠠᠭᠠᠯᠠᠬᠤ ᠨᠢᠭᠡᠴᠡ ᠪᠠᠷ ᠭᠤᠤᠯ ᠬᠦᠴᠦᠨ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠠᠶᠢᠭᠤᠯᠵᠦ᠂ ᠲᠣᠣᠷ ᠴᠢᠭ᠋ ᠢ ᠵᠦᠢ ᠵᠤᠬᠢᠰᠲᠠᠢ ᠪᠠᠶᠢᠷᠢᠰᠢᠭᠤᠯᠤᠨ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠴᠠᠬᠢᠯᠭᠠᠨ ᠱᠠᠲᠤ ᠶᠢᠨ ᠪᠠᠴᠢᠮ ᠪᠠᠶᠢᠳᠠᠯ ᠤᠨ ᠲᠤᠰᠠᠯᠠᠮᠵᠢ ᠭᠤᠶᠤᠵᠦ ᠲᠦᠭᠰᠢᠭᠦᠷᠢ ᠮᠡᠳᠡᠭᠡᠯᠡᠭᠰᠡᠨ ᠢ ᠲᠦᠷᠭᠡᠨ᠂ ᠦᠨᠳᠦᠷ ᠦᠷ᠎ᠡ ᠪᠦᠲᠦᠮᠵᠢᠲᠠᠢ᠂ ᠣᠨᠣᠪᠴᠢᠲᠠᠶ ᠰᠢᠢᠳᠪᠥᠷᠢᠯᠡᠬᠦ ᠪᠠᠷ ᠴᠢᠷᠮᠠᠶᠢᠵᠦ ᠪᠣᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map