︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠣᠭᠲᠠᠭᠠᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2015/9/21
     ᠰᠤᠷᠪᠤᠯᠵᠢᠯᠠᠭᠰᠠᠨ ᠴᠠᠭ᠄      2015 ᠣᠨ ᠤ 9 ᠳ᠋ᠤᠭᠡᠷ ᠰᠠᠷ᠎ᠠ ᠶᠢᠨ 14᠎ ᠤ ᠡᠳᠦᠷ ᠤᠨ ᠦᠳᠡ ᠶᠢᠨ ᠡᠮᠦᠨ᠎ᠡ 10 ᠴᠠᠭ ᠲᠤ      ᠰᠤᠷᠪᠤᠯᠵᠢᠯᠠᠭᠰᠠᠨ ᠵᠤᠴᠢᠨ᠄      ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠤᠨ ᠳᠡᠳ᠋ ᠡᠷᠬᠢᠯᠡᠭᠴᠢ   ᠵᠠᠩ ᠪᠠᠢ ᠴᠧᠩ
     ᠰᠤᠷᠪᠤᠯᠵᠢᠯᠠᠨ ᠶᠠᠷᠢᠯᠴᠠᠭᠰᠠᠨ ᠲᠤᠪᠴᠢ᠄      ᠠᠵᠤ ᠠᠬᠤᠶᠢᠯᠠᠯ ᠤᠨ ᠬᠠᠦᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠥᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠳᠥᠭᠦᠮᠴᠢᠯᠡᠨ᠎ᠡ︶᠎ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢᠶᠠᠷ ᠬᠢᠨᠠᠨ ᠪᠠᠲᠤᠯᠠᠭᠠᠳ ᠥᠪᠥᠷ ᠵᠠᠰᠠᠭ ᠲᠠᠷᠬᠠᠭᠠᠭᠰᠠᠨ【2015】64 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠢᠶᠠᠷ ᠢᠯᠡ ᠪᠠᠷ ᠨᠡᠶᠢᠲᠡᠯᠡᠭᠰᠡᠨ ᠪᠠᠶᠢᠨ᠎ᠠ᠃ ︽ᠲᠣᠭᠲᠠᠭᠠᠯ︾᠎ ᠤᠨ ᠨᠡᠶᠢᠲᠡᠯᠡᠯᠲᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠠᠵᠢᠯ ᠤᠨ ᠨᠢᠭᠡᠨ ᠲᠣᠮᠣ ᠶᠠᠪᠤᠳᠠᠯ ᠪᠣᠯᠬᠤ ᠪᠥᠭᠡᠳ ᠪᠥᠬᠦ ᠣᠷᠣᠨ ᠤ ᠠᠵᠤ ᠠᠬᠤᠶᠢᠯᠠᠯ ᠤᠨ ᠬᠠᠦᠯᠢ ᠶᠣᠰᠣᠨ ᠤ ᠡᠵᠡᠩᠨᠡᠯᠲᠡ ᠎ ᠳᠤ ︽ᠬᠠᠮᠠᠭᠠᠯᠠᠯᠲᠠ ᠶᠢᠨ ᠰᠢᠭᠦᠷ︾ ᠣᠯᠭᠤᠭᠰᠠᠨ ᠪᠠᠶᠢᠨ᠎ᠠ᠃ ︽ᠲᠣᠭᠲᠠᠭᠠᠯ︾᠎ ᠤᠨ ᠬᠤᠯᠪᠤᠭᠳᠠᠯ ᠪᠥᠬᠦᠢ ᠠᠭᠤᠯᠭ᠎ᠠ ᠶᠢ ᠨᠡᠶᠢᠭᠡᠮ ᠳᠠᠶᠠᠭᠠᠷ ᠪᠣᠯᠣᠨ ᠥᠷᠭᠡᠨ ᠣᠯᠠᠨ ᠠᠵᠤ ᠠᠬᠤᠶᠢᠯᠠᠯ ᠳᠤ ᠨᠠᠷᠢᠨ ᠣᠶᠢᠯᠠᠭᠠᠭᠤᠯᠬᠤ ᠶᠢᠨ ᠲᠤᠰᠠᠲᠠ᠂ ᠣᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠤᠨ ᠳᠡᠳ᠋ ᠡᠷᠬᠢᠯᠡᠭᠴᠢ ᠵᠠᠩ ᠪᠠᠢ ᠴᠧᠩ ᠢ ︽ᠳᠤᠮᠳᠠᠲᠤ ᠤᠯᠤᠰ᠂ ᠥᠪᠥᠷ ᠮᠣᠩᠭᠤᠯ︾ ᠰᠦᠯᠵᠢᠶᠡᠨ ᠳᠤ ᠣᠷᠢᠵᠤ ᠲᠠ ᠪᠥᠬᠦᠨ ᠲᠠᠢ ᠶᠠᠷᠢᠯᠴᠠᠭᠤᠯᠬᠤ ᠪᠣᠯᠣᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠲᠤᠬᠠᠢ ᠶᠢᠨ ᠴᠠᠭ ᠲᠤᠨᠢ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠬᠥᠲᠥᠯᠥᠭᠴᠢ ᠄ ᠰᠦᠯᠵᠢᠶᠡᠨ ᠠᠨᠳᠠ ᠨᠠᠷ ᠡ᠂ ᠰᠠᠶᠢᠨ ᠪᠠᠶᠢᠴᠠᠭᠠᠨ᠎ᠠ ᠦᠦ᠂ ᠲᠠ ᠪᠥᠬᠦᠨ ᠲᠤᠰ ᠬᠤᠭᠤᠴᠠᠭᠠᠨ ᠤ ︽ᠳᠤᠮᠳᠠᠲᠤ ᠤᠯᠤᠰ   ᠥᠪᠥᠷ ᠮᠣᠩᠭᠤᠯ︾ ᠪᠣᠯᠣᠩ ᠤᠨ ᠰᠦᠯᠵᠢᠶᠡᠨ ᠰᠣᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠠᠵᠠ ᠵᠠᠪᠰᠢᠶᠠᠨ ᠲᠠᠢ ᠪᠠᠷ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠤᠨ ᠳᠡᠳ᠋ ᠡᠷᠬᠢᠯᠡᠭᠴᠢ ᠵᠠᠩ ᠪᠠᠢ ᠴᠧᠩ ᠢ ᠠᠳᠡ ᠣᠷᠢᠨ ᠢᠷᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠣᠭᠲᠠᠭᠠᠯ ︵ᠳᠣᠷᠣᠭᠰᠢ ︽ᠲᠣᠭᠲᠠᠭᠠᠯ︾ ᠭᠡᠵᠦ ᠳᠥᠭᠦᠮᠴᠢᠯᠡᠨ᠎ᠡ︶᠎ ᠤᠨ ᠬᠤᠯᠪᠤᠭᠳᠠᠯ ᠪᠥᠬᠦᠢ ᠪᠠᠶᠢᠳᠠᠯ ᠤᠨ ᠲᠣᠬᠠᠢ ᠮᠠᠨ ᠳᠤ ᠨᠠᠷᠢᠨ ᠲᠠᠶᠢᠯᠤᠮᠵᠢ ᠬᠢᠬᠦ ᠪᠣᠯᠣᠨ᠎ᠠ᠃ ᠵᠠᠩ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ᠃      ᠵᠠᠩ ᠪᠠᠢ ᠴᠧᠩ᠄ ᠬᠥᠲᠥᠯᠥᠭᠴᠢ ᠲᠠ ᠰᠠᠶᠢᠨ ᠪᠠᠶᠢᠨᠤ᠂ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨ᠎ᠠ ᠦᠦ ᠃ ᠡᠨᠡ ᠬᠥ᠋ ᠵᠠᠪᠰᠢᠶᠠᠨ ᠢᠶᠠᠷ ᠲᠠ ᠪᠥᠬᠦᠨ ᠲᠠᠢ ᠵᠣᠭᠤᠭᠳᠠᠬᠤ ᠪᠣᠯᠣᠭᠰᠠᠨ ᠳᠠᠭᠠᠨ ᠲᠤᠩ ᠪᠠᠶᠠᠷᠲᠠᠢ ᠪᠠᠶᠢᠨ᠎ᠠ᠃      ᠬᠥᠲᠥᠯᠥᠭᠴᠢ᠄ ᠵᠠᠩ ᠡᠷᠬᠢᠯᠡᠭᠴᠢ ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠣᠭᠲᠠᠭᠠᠯ︾᠎ ᠢ ᠲᠣᠭᠤᠷᠪᠢᠨ ᠪᠢᠴᠢᠭᠰᠡᠨ ᠶᠠᠪᠤᠴᠠ ᠨᠤᠭᠤᠳ ᠢ ᠤᠷᠢᠳᠠᠪᠡᠷ ᠮᠠᠨ ᠳᠤ ᠲᠠᠨᠢᠯᠴᠠᠭᠤᠯᠤᠭᠠᠳ ᠥᠭᠭᠦᠨᠦ︖      ᠵᠠᠩ ᠪᠠᠢ ᠴᠧᠩ᠄ ᠪᠣᠯᠣᠨ᠎ᠠ᠃ ᠡᠨᠡ ᠵᠢᠯ ᠤᠨ ᠡᠬᠢᠨ ᠠᠴᠠ ᠠᠪᠤᠭᠠᠳ 4 ᠳ᠋ᠤᠭᠡᠷ ᠰᠠᠷ᠎ᠠ ᠶᠢᠨ ᠡᠴᠦᠰ ᠬᠥᠷᠲᠡᠯ᠎ᠡ᠂ ᠪᠢᠳᠡ ︽ᠲᠣᠭᠲᠠᠭᠠᠯ︾᠎ ᠤᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠣᠳᠣᠯᠣᠯᠲᠠ ᠶᠢᠨ ᠠᠵᠢᠯ ᠢ ᠪᠡᠶᠡᠯᠡᠭᠦᠯᠵᠡᠢ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠦᠪᠯᠡᠯᠭᠡᠨ ᠤ ᠬᠤᠯᠪᠤᠭᠳᠠᠯ ᠪᠥᠬᠦᠢ ᠰᠠᠯᠠᠭ᠎ᠠ ᠮᠦᠴᠢᠷ ᠢᠶᠠᠷ ᠪᠦᠷᠢᠯᠳᠦᠭᠰᠡᠨ ᠬᠠᠮᠲᠤᠷᠠᠨ ᠠᠵᠢᠯᠯᠠᠬᠤ 6 ᠳᠤᠭᠤᠶᠢᠯᠠᠩ ᠪᠠᠶᠢᠭᠤᠯᠤᠨ᠂ ᠡᠯ᠎ᠡ ᠠᠶᠢᠮᠠᠭ ᠬᠤᠲᠠ ᠪᠠᠷ ᠬᠦᠷᠴᠦ᠂ ᠬᠠᠮᠢᠶ᠎ᠡ ᠪᠥᠬᠦᠢ ᠪᠠᠶᠢᠴᠠᠭᠠᠨ ᠰᠣᠳᠣᠯᠣᠯᠲᠠ ᠶᠢᠨ ᠠᠵᠢᠯ ᠢ ᠥᠷᠨᠢᠭᠦᠯᠦᠨ᠂ ᠡᠯ᠎ᠡ ᠠᠶᠢᠮᠠᠭ ᠬᠤᠲᠠ ᠶᠢᠨ ᠬᠤᠯᠪᠤᠭᠳᠠᠯ ᠪᠥᠬᠦᠢ ᠰᠠᠯᠠᠭ᠎ᠠ ᠮᠦᠴᠢᠷ᠂ ᠡᠯ᠎ᠡ ᠲᠥᠷᠥᠯ ᠤᠨ ᠠᠵᠤ ᠠᠬᠤᠶᠢᠯᠠᠯ ᠠᠴᠠ ᠣᠳᠣᠬᠠᠨ ᠤ ᠠᠵᠤ ᠠᠬᠤᠶᠢᠯᠠᠯ ᠤᠨ ᠡᠷᠬᠡ ᠪᠠᠨ ᠬᠠᠮᠠᠭᠠᠯᠠᠵᠤ ᠳᠠᠷᠤᠭᠠᠰᠤ ᠬᠥᠩᠭᠡᠯᠡᠬᠦ ᠲᠣᠬᠠᠢ ᠰᠠᠨᠠᠯ ᠰᠠᠨᠠᠭᠤᠯᠭ᠎ᠠ ᠰᠣᠨᠣᠰᠴᠠᠢ︔ ᠠᠶᠢᠮᠠᠭ ᠬᠤᠲᠠ ᠶᠢᠨ ᠰᠠᠨᠠᠯ ᠪᠠ ᠰᠠᠨᠠᠭᠤᠯᠭ᠎ᠠ ᠶᠢ ᠪᠢᠳᠡ ᠰᠢᠰᠲ᠋ᠧᠮ ᠲᠠᠢ ᠪᠠᠷ ᠡᠮᠬᠢᠯᠡᠨ ᠰᠣᠩᠭᠤᠭᠰᠠᠨ ᠤ ᠬᠠᠮᠲᠤ᠂ ᠪᠣᠰᠤᠳ ᠮᠤᠵᠢ ᠤᠷᠤᠨ ᠬᠤᠲᠠ ᠶᠢᠨ ᠬᠤᠯᠪᠤᠭᠳᠠᠯ ᠪᠥᠬᠦᠢ ᠪᠢᠴᠢᠭ ᠮᠠᠲ᠋ᠧᠷᠢᠶᠠᠯ ᠢ ᠯᠠᠪᠯᠠᠯᠲᠠ ᠪᠣᠯᠭᠠᠨ᠂ ︽ᠲᠣᠭᠲᠠᠭᠠᠯ︾᠎ ᠤᠨ ᠠᠩᠬ᠎ᠠ ᠨᠤᠤᠷᠠᠭ ᠢ 5 ᠳ᠋ᠤᠭᠠᠷ ᠰᠠᠷ᠎ᠠ ᠶᠢᠨ ᠳᠤᠮᠳᠠᠴᠢ ᠪᠠᠷ ᠪᠢᠴᠢᠵᠦ ᠭᠠᠷᠭᠠᠭᠠᠳ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠡ ᠵᠡᠷᠭᠡ ᠬᠤᠯᠪᠤᠭᠳᠠᠯ ᠪᠥᠬᠦᠢ ᠲᠢᠩᠬᠢᠮ ᠲᠣᠪᠴᠢᠶ᠎ᠡ ᠳᠤ ᠥᠭᠴᠦ ᠰᠠᠨᠠᠯ ᠬᠤᠷᠢᠶᠠᠪᠠ᠃ ᠡᠯ᠎ᠡ ᠲᠢᠩᠬᠢᠮ ᠲᠣᠪᠴᠢᠶᠡᠨ ᠤ ᠪᠤᠴᠠᠭᠠᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠤᠭᠤᠯᠤᠨ ᠲᠡᠭᠦᠯᠳᠡᠷᠵᠢᠭᠦᠯᠵᠦ᠂ 5 ᠳ᠋ᠤᠭᠠᠷ ᠰᠠᠷ᠎ᠠ ᠶᠢᠨ ᠳᠤᠮᠳᠠᠴᠢ ᠪᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠣᠭᠲᠠᠭᠠᠯ ︵ᠮᠡᠳᠡᠭᠦᠯᠦᠨ ᠬᠥᠷᠭᠡᠬᠦ ᠨᠤᠤᠷᠠᠭ︶︾᠎ ᠢ ᠪᠢᠴᠢᠵᠦ ᠭᠠᠷᠭᠠᠭᠠᠳ ᠬᠢᠨᠠᠨ ᠵᠦᠪᠯᠡᠭᠦᠯᠭᠦ ᠪᠠᠷ ᠥᠪᠡᠷᠲᠡᠭᠡᠨ ᠵᠠᠰᠠᠬᠤ ᠣᠷᠣᠨ ᠎ ᠤ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ ᠶᠤᠮ᠃      ᠬᠥᠲᠥᠯᠥᠭᠴᠢ᠄ ᠶᠠᠮᠠᠷ ᠠᠬᠤᠢ ᠪᠠᠶᠢᠳᠠᠯ ᠠᠴᠠ ᠪᠣᠯᠵᠤ ︽ᠲᠣᠭᠲᠠᠭᠠᠯ︾ ᠭᠠᠷᠭᠠᠭᠰᠠᠨ ᠪᠣᠢ︖      ᠵᠠᠩ ᠪᠠᠢ ᠴᠧᠩ ᠄ ᠣᠳᠣᠬᠠᠨ ᠤ ᠪᠡᠷᠬᠡ ᠪᠣᠳᠣᠯᠢᠶᠡᠨᠲᠠᠢ ᠠᠵᠤ ᠠᠬᠤᠢ ᠶᠢᠨ ᠪᠠᠶᠢᠳᠠᠯ ᠪᠣᠯᠣᠨ ᠬᠡᠯᠪᠡᠷᠢ ᠶᠢ ᠰᠢᠯᠵᠢᠭᠦᠯᠦᠨ ᠪᠥᠲᠦᠴᠡ ᠶᠢ ᠲᠣᠬᠢᠷᠠᠭᠤᠯᠬᠤ ᠲᠤᠩ ᠬᠠᠳᠠᠭᠤᠵᠢᠯᠲᠠᠢ ᠡᠭᠦᠷᠭᠡ ᠶᠢᠨ ᠡᠮᠦᠨ᠎ᠡ᠂ ᠮᠠᠨ ᠤ ᠣᠷᠣᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠮᠠᠰᠢ ᠣᠯᠠᠨ ᠬᠦᠴᠢᠷᠳᠡᠯ ᠪᠣᠯᠣᠨ ᠠᠰᠠᠭᠤᠳᠠᠯ ᠢᠯᠡᠷᠡᠵᠦ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠳᠠᠷᠤᠭᠠᠰᠤ ᠬᠥᠩᠭᠡᠷᠡᠬᠦ ᠶᠢᠨ ᠠᠷᠭ᠎ᠠ ᠦᠭᠡᠢ ᠪᠣᠯᠵᠠᠢ᠃ ᠵᠢᠱᠢᠶᠡᠯᠡᠪᠡᠯ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠶᠢᠨ ᠡᠮᠦᠨᠡᠬᠢ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠡ ᠥᠨᠳᠥᠷ᠂ ᠲᠥᠷᠥᠯ ᠵᠦᠢᠯ ᠣᠯᠠᠨ᠂ ᠬᠢᠨᠠᠨ ᠵᠦᠪᠰᠢᠶᠡᠷᠡᠬᠦ ᠦᠶᠡᠯᠡᠯ ᠤᠨ ᠬᠤᠭᠤᠴᠠᠭ᠎ᠠ ᠤᠷᠲᠤ︔ ᠵᠠᠭᠤᠴᠢᠯᠠᠭᠤᠷ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠳᠤ ᠬᠦᠴᠦᠨ ᠲᠡᠭᠦᠯᠳᠡᠷ ᠥᠷᠢᠰᠦᠯᠳᠦᠭᠡᠨ ᠪᠠᠶᠢᠬᠤ ᠦᠭᠡᠢ᠂ ᠵᠢᠭᠠᠨ ᠲᠣᠭᠲᠠᠭᠰᠠᠨ ᠦᠢᠯᠡᠴᠢᠯᠡᠭᠡ ᠪᠣᠯᠣᠨ ᠭᠠᠭᠴᠠᠭᠠᠷ ᠡᠵᠡᠮᠰᠢᠨ ᠡᠵᠡᠩᠨᠡᠬᠦ ᠪᠠᠶᠢᠳᠠᠯ ᠠᠳᠠᠯᠢ ᠪᠣᠰᠤ ᠬᠡᠮᠵᠢᠶ᠎ᠡ ᠪᠠᠷ ᠣᠷᠣᠰᠢᠵᠤ ᠪᠠᠶᠢᠬᠤ︔ ᠵᠠᠰᠠᠭ ᠤᠨ ᠣᠷᠣᠨ ᠤ ᠬᠡᠰᠡᠭ ᠪᠠᠶᠢᠭᠤᠯᠤᠮᠵᠢ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠶᠢᠨ ᠪᠠᠶᠢᠷᠢ ᠨᠢ ᠪᠣᠷᠣᠭᠤᠳᠠᠵᠤ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠤ ᠵᠠᠰᠠᠭ ᠵᠠᠬᠢᠷᠭᠠᠨ ᠤ ᠠᠷᠭ᠎ᠠ ᠠᠪᠴᠢᠯ ᠢᠶᠠᠷ ᠭᠠᠷ ᠳᠥᠷᠥᠬᠦ ᠪᠣᠶᠤ ᠰᠢᠢᠳᠪᠦᠷᠢᠯᠡᠨ ᠲᠣᠭᠲᠠᠭᠠᠬᠤ︔ ᠬᠠᠦᠯᠢ ᠶᠣᠰᠤᠭᠠᠷ ᠠᠵᠢᠯᠯᠠᠬᠤ ᠦᠭᠡᠢ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠬᠢᠨᠠᠨ ᠪᠠᠶᠢᠴᠠᠭᠠᠬᠤ᠂ ᠳᠤᠷ᠎ᠠ ᠪᠠᠷ ᠢᠶᠠᠨ ᠠᠳᠠᠯᠢᠳᠬᠠᠯ ᠬᠢᠬᠦ᠂ ᠳᠤᠷ᠎ᠠ ᠪᠠᠷ ᠢᠶᠠᠨ ᠲᠤᠰᠠᠯᠠᠮᠵᠢ ᠠᠪᠬᠤ ᠵᠡᠷᠭᠡ ᠦᠵᠡᠭᠳᠡᠯ ᠪᠠᠶᠢᠨ ᠪᠠᠶᠢᠨ ᠭᠠᠷᠴᠤ ᠪᠠᠶᠢᠨ᠎ᠠ ᠭᠡᠵᠦ ᠠᠵᠤ ᠠᠬᠤᠶᠢᠯᠠᠯ ᠤᠳ ᠨᠡᠶᠢᠳᠡᠮ ᠲᠤᠰᠬᠠᠵᠤ ᠪᠠᠶᠢᠪᠠ᠃      ᠡᠭᠦᠨ ᠤ ᠬᠠᠮᠲᠤᠲᠠ᠂ ᠡᠨᠡ ᠵᠢᠯ ᠤᠨ 4 ᠳ᠋ᠤᠭᠡᠷ ᠰᠠᠷ᠎ᠠ ᠶᠢᠨ 8᠎ ᠤ ᠡᠳᠦᠷ ᠯᠢ ᠺᠧ ᠴᠢᠶᠠᠩ ᠶᠡᠷᠦᠩᠬᠡᠢ ᠰᠠᠶᠢᠳ ᠲᠥᠷᠥ ᠶᠢᠨ ᠶᠠᠪᠤᠳᠠᠯ ᠤᠨ ᠬᠤᠷᠢᠶ᠎ᠡ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠭᠠᠰ ᠵᠢᠯ ᠤᠨ ᠴᠠᠭ ᠢ ᠲᠥᠪᠯᠡᠷᠡᠭᠦᠯᠦᠨ ᠲᠤᠰᠬᠠᠢ ᠠᠵᠢᠯᠯᠠᠭ᠎ᠠ ᠶᠠᠪᠤᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤ ᠠᠪᠴᠤ ᠪᠠᠶᠢᠭᠠᠳ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠬᠡᠷᠡᠭᠲᠡᠢ ᠭᠡᠵᠥ ᠱᠠᠭᠠᠷᠳᠠᠪᠠ᠃ ᠠᠵᠤ ᠠᠬᠤᠶᠢᠯᠠᠯ ᠤᠨ ᠵᠢᠷᠤᠬᠡᠰᠢᠶᠠᠯ ᠪᠣᠯᠣᠨ ᠬᠦᠴᠢᠷᠳᠡᠯ ᠢ ᠬᠠᠦᠯᠢ ᠶᠣᠰᠤᠭᠠᠷ ᠬᠠᠪᠰᠤᠷᠤᠨ ᠠᠷᠢᠯᠭᠠᠵᠤ᠂ ᠮᠠᠨ ᠤ ᠣᠷᠣᠨ ᠤ ᠠᠵᠤ ᠠᠬᠤᠶᠢᠯᠠᠯ ᠤᠨ ᠬᠠᠦᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠦᠴᠦᠯᠡᠴᠡ ᠪᠠᠨ ᠶᠡᠬᠡᠰᠬᠡᠵᠦ᠂ ᠠᠵᠤ ᠠᠬᠤᠶᠢᠯᠠᠯ ᠤᠨ ᠳᠤᠳᠤᠭᠠᠳᠤᠬᠢ ᠳᠠᠯᠳᠠ ᠬᠦᠴᠦᠨ ᠪᠣᠯᠣᠨ ᠭᠠᠳᠠᠭᠠᠳᠤᠬᠢ ᠠᠮᠢᠵᠢᠷᠠᠯ ᠤᠨ ᠬᠦᠴᠦᠨ ᠢ ᠣᠷᠭᠢᠯᠠᠭᠤᠯᠵᠤ᠂ ᠮᠠᠨ ᠤ ᠣᠷᠣᠨ ᠤ ᠪᠡᠯᠡ ᠣᠷᠤᠭᠤᠯᠤᠯᠲᠠ ᠪᠣᠯᠣᠨ ᠦᠢᠡᠯᠳᠪᠦᠷᠢᠯᠡᠯ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠣᠭᠲᠠᠭᠠᠯ︾ ᠪᠣᠢ ᠪᠣᠯᠵᠤ ᠮᠡᠨᠳᠦᠯᠡᠵᠡᠢ᠃      ᠬᠦᠲᠦᠯᠦᠭᠴᠢ᠄      ︽ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠣᠭᠲᠠᠭᠠᠯ︾᠎ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠪᠣᠢ︖      ᠵᠠᠩ ᠪᠠᠢ ᠴᠧᠩ᠄      ᠶᠡᠷᠦᠩᠭᠡᠢ ᠳᠤ ᠨᠢ ᠠᠪᠴᠤ ᠦᠵᠡᠪᠡᠯ᠂ ︽ᠲᠣᠭᠲᠠᠭᠠᠯ︾ ᠭᠠᠷᠭᠠᠬᠤ ᠪᠣᠯ ᠥᠭᠡᠷᠡᠴᠢᠯᠡᠯᠲᠡ ᠶᠢᠨ ᠠᠰᠢᠭ ᠲᠤᠰᠠ ᠶᠢ ᠢᠯᠡᠷᠡᠭᠦᠯᠬᠦ ᠬᠡᠷᠡᠭᠴᠡᠭᠡ ᠪᠣᠯᠬᠤ ᠪᠦᠭᠡᠳ ᠬᠠᠣᠯᠢᠵᠢᠯ ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ ᠬᠡᠷᠡᠭᠴᠡᠭᠡ ᠪᠣᠯᠣᠨ᠎ᠠ᠂ ᠮᠦᠨᠴᠦ ᠮᠠᠨ ᠤ ᠣᠷᠣᠨ ᠤ ᠣᠳᠣᠬᠢ ᠠᠵᠤ ᠠᠬᠤᠢ ᠶᠢᠨ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ ᠪᠣᠯᠣᠨ᠎ᠠ᠃ ᠪᠣᠳᠠᠲᠠᠢ ᠪᠠᠷ ᠠᠪᠴᠤ ᠦᠵᠡᠪᠡᠯ᠂ ᠲᠡᠷᠡ ᠨᠢ ᠳᠣᠣᠷᠠᠬᠢ ᠭᠤᠷᠪᠠᠨ ᠴᠢᠬᠤᠯᠠ ᠠᠴᠢ ᠬᠤᠯᠪᠣᠭᠳᠠᠯ ᠢ ᠢᠯᠡᠷᠡᠭᠦᠯᠵᠡᠢ᠄ ᠨᠢᠭᠡ ᠳᠤ ᠬᠠᠣᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ᠂ ᠤᠯᠤᠰ ᠢᠶᠠᠨ ᠬᠠᠣᠯᠢ ᠪᠠᠷ ᠵᠠᠰᠠᠬᠤ᠂ ᠣᠷᠣᠨ ᠢᠶᠠᠨ ᠬᠠᠣᠯᠢ ᠪᠠᠷ ᠵᠠᠰᠠᠬᠤ ᠶᠢ ᠲᠦᠷᠭᠡᠳᠬᠡᠨ ᠠᠬᠢᠭᠤᠯᠬᠤ ᠲᠣᠬᠠᠢ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠢᠯᠡᠷᠡᠭᠦᠯᠪᠡ︔ ᠬᠤᠶᠠᠷ ᠲᠤ ︽ᠬᠠᠣᠯᠢᠵᠢᠯ ᠵᠠᠰᠠᠭ ᠤᠨ ᠣᠷᠳᠣᠨ︾ ᠪᠣᠯᠣᠨ ᠦᠢᠯᠡᠴᠢᠯᠡᠬᠦ ᠬᠡᠯᠪᠡᠷᠢ ᠶᠢᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠳᠤ ᠠᠰᠢᠭᠲᠠᠢ︔ ᠭᠤᠷᠪᠠ ᠳᠤ ᠥᠷᠭᠡᠨ ᠣᠯᠠᠨ ᠠᠵᠤ ᠠᠬᠤᠶᠢᠯᠠᠯ ᠤᠨ ᠡᠵᠡᠩᠨᠡᠭᠴᠢᠳ ᠤᠨ ᠬᠦᠰᠡᠯ ᠱᠠᠭᠠᠷᠳᠠᠯᠭ᠎ᠠ ᠪᠣᠯᠣᠨ ᠨᠡᠶᠢᠭᠡᠮ ᠨᠡᠶᠢᠲᠡ ᠶᠢᠨ ᠡᠷᠡᠮᠡᠯᠵᠡᠯ ᠳᠤ ᠨᠡᠶᠢᠴᠡᠭᠰᠡᠨ ᠪᠠᠶᠢᠨ᠎ᠠ᠃      ᠬᠦᠲᠦᠯᠦᠭᠴᠢ᠄      ᠲᠠ ︽ᠲᠣᠭᠲᠠᠭᠠᠯ︾᠎ ᠤᠨ ᠠᠭᠤᠯᠭ᠎ᠠ ᠨᠤᠭᠤᠳ ᠪᠠ ᠠᠵᠢᠯ ᠤᠨ ᠭᠤᠣᠯᠳᠠᠯᠭ᠎ᠠ ᠶᠢ ᠳᠦᠭᠦᠮᠬᠡᠨ ᠲᠣᠲᠤᠷᠬᠠᠶᠢᠯᠠᠭᠠᠳ ᠥᠭᠭᠦᠨ᠎ᠡ ᠤᠤ︖      ᠵᠠᠩ ᠪᠠᠢ ᠴᠧᠩ᠄      ︽ᠲᠣᠭᠲᠠᠭᠠᠯ︾᠎ ᠤᠨ ᠠᠭᠤᠯᠭ᠎ᠠ ᠨᠢ ᠨᠡᠶᠢᠲᠡ 25 ᠵᠦᠢᠯ᠂ ᠭᠤᠣᠯᠳᠠᠭᠤ ᠠᠵᠤ ᠠᠬᠤᠶᠢᠯᠠᠯ ᠤᠨ ᠡᠭᠦᠷᠭᠡᠯᠡᠬᠦ ᠶᠣᠰᠣ ᠲᠠᠢ ᠨᠡᠶᠢᠭᠡᠮ ᠤᠨ ᠬᠠᠷᠢᠭᠤᠴᠠᠯᠭ᠎ᠠ ᠬᠢᠭᠡᠳ ᠡᠭᠦᠷᠭᠡ᠂ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠪᠡᠶᠡᠴᠢ ᠴᠣᠭᠴᠠ ᠪᠠ ᠬᠠᠮᠢᠶ᠎ᠠ ᠪᠦᠬᠦᠢ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ᠂ ᠬᠠᠮᠠᠭᠠᠯᠠᠬᠤ ᠠᠷᠭ᠎ᠠ ᠬᠡᠮᠵᠢᠶ᠎ᠡ᠂ ᠬᠠᠣᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠣᠭᠲᠠᠭᠠᠪᠠ᠃ ᠲᠣᠭᠲᠠᠭᠠᠯ ᠢ ᠲᠤᠭᠤᠷᠪᠢᠨ ᠪᠢᠴᠢᠬᠦ ᠶᠠᠪᠤᠴᠠ ᠳᠤ᠂ ᠬᠠᠷᠢᠶᠠᠯᠠᠬᠤ ᠬᠠᠣᠯᠢ ᠶᠢ ᠬᠠᠷᠢᠯᠴᠠᠨ ᠨᠢᠭᠡᠳᠦᠯᠲᠡᠢ ᠪᠠᠶᠢᠯᠭᠠᠬᠤ ᠮᠦᠷᠲᠡᠭᠡᠨ ᠳᠦᠷᠢᠮ ᠲᠣᠭᠲᠠᠭᠠᠯ ᠤᠨ ᠰᠢᠨ᠎ᠡ ᠶᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠨᠴᠠᠯᠢᠭ ᠢ ᠢᠯᠡᠷᠡᠭᠦᠯᠬᠦ ᠵᠠᠷᠴᠢᠮ ᠢ ᠪᠠᠷᠢᠮᠲᠠᠯᠠᠵᠤ᠂ ᠦᠢᠯᠡᠳᠦᠯᠭᠡ ᠶᠢᠨ ᠲᠤᠷᠰᠢᠯᠭ᠎ᠠ ᠪᠠᠨ ᠬᠢᠨᠠᠮᠠᠭᠠᠢ ᠪᠠᠷ ᠳ᠋ᠦᠩᠨᠡᠵᠦ᠂ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠠᠵᠢᠯ ᠳᠤ ᠣᠷᠣᠰᠢᠵᠤ  ᠪᠠᠶᠢᠭ᠎ᠠ ᠳᠣᠪᠤᠶᠢᠮ᠎ᠠ ᠠᠰᠠᠭᠤᠳᠠᠯ ᠤᠳ ᠢ ᠡᠷᠢᠨ ᠵᠦᠢᠴᠢᠯᠡᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠨᠦᠭᠦᠳ ᠢ ᠳᠤᠷᠠᠳᠴᠠᠢ᠃ ᠬᠠᠷᠢᠶᠠᠯᠠᠬᠤ ᠬᠠᠣᠯᠢ ᠳᠤ ᠨᠢᠭᠡᠨᠲᠡ ᠲᠤᠲᠤᠷᠬᠠᠢ ᠲᠣᠭᠲᠠᠭᠠᠭᠰᠠᠨ ᠠᠭᠤᠯᠭ᠎ᠠ ᠶᠢ ︽ᠲᠣᠭᠲᠠᠭᠠᠯ︾᠎ ᠳᠤ ᠳᠠᠪᠬᠤᠴᠠᠨ ᠲᠣᠭᠲᠠᠭᠠᠭᠰᠠᠨ ᠦᠭᠡᠢ᠂ ᠭᠤᠣᠯᠳᠠᠭᠤ ᠲᠦᠷᠥ ᠠᠴᠠ ᠲᠤᠲᠤᠷᠬᠠᠢ ᠲᠣᠭᠲᠠᠭᠠᠭᠰᠠᠨ ᠦᠭᠡᠢ ᠵᠠᠰᠠᠭ ᠵᠠᠬᠢᠷᠭᠠᠨ ᠤ ᠪᠠᠶᠢᠭᠤᠯᠭ᠎ᠠ ᠪᠣᠯᠣᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ᠂ ᠵᠠᠭᠤᠴᠢᠯᠠᠭᠤᠷ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠵᠢᠴᠢ ᠠᠵᠤ ᠠᠬᠤᠶᠢᠯᠠᠯ ᠤᠨ ᠡᠷᠬᠡ ᠠᠰᠢᠭ ᠲᠤ ᠬᠠᠯᠳᠠᠬᠤ ᠵᠡᠷᠭᠡ ᠨᠡᠯᠢᠶᠡᠳ ᠲᠥᠪᠯᠡᠷᠡᠩᠭᠦᠢ ᠣᠷᠤᠰᠢᠵᠤ ᠪᠠᠶᠢᠭ᠎ᠠ ᠵᠠᠰᠠᠭ ᠵᠠᠬᠢᠷᠭᠠᠨ ᠤ ᠰᠦᠢᠳᠬᠡᠯ ᠬᠤᠷᠢᠶᠠᠬᠤ᠂ ᠰᠢᠯᠭᠠᠨ ᠪᠠᠶᠢᠴᠠᠭᠠᠬᠤ᠂ ᠬᠠᠣᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠮᠡᠲᠦ ᠶᠢᠨ ᠭᠤᠣᠯᠳᠠᠯᠭ᠎ᠠ ᠲᠠᠢ ᠬᠦᠷᠢᠶ᠎ᠡ ᠨᠦᠭᠦᠳ ᠢ ᠵᠢᠷᠤᠮᠵᠢᠭᠤᠯᠤᠭᠰᠠᠨ ᠪᠠᠶᠢᠨ᠎ᠠ᠃      ᠬᠦᠲᠦᠯᠦᠭᠴᠢ᠄      ︽ᠲᠣᠭᠲᠠᠭᠠᠯ︾᠎ ᠳᠤ ᠵᠠᠰᠠᠭ ᠵᠠᠬᠢᠷᠭᠠᠨ ᠤ ᠪᠡᠶᠡᠴᠢ ᠴᠣᠭᠴᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖      ᠵᠠᠩ ᠪᠠᠢ ᠴᠧᠩ᠄      ᠭᠤᠣᠯᠳᠠᠭᠤ ᠳᠥᠷᠪᠡᠨ ᠠᠷᠭ᠎ᠠ ᠬᠡᠮᠵᠢᠶ᠎ᠡ ᠠᠪᠴᠠᠢ᠄ ᠨᠢᠭᠡ ᠳᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠶᠠᠪᠤᠭᠤᠯᠵᠤ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠦᠢᠳᠬᠡᠯ ᠬᠤᠷᠢᠶᠠᠬᠤ᠂ ᠬᠠᠣᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠵᠡᠷᠭᠡ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠠᠬᠢ ᠵᠣᠬᠢᠰ ᠦᠭᠡᠢ ᠦᠢᠯᠡᠳᠬᠦᠢ᠂ ᠬᠠᠣᠯᠢ ᠵᠦᠷᠢᠴᠡᠭᠰᠡᠨ ᠦᠢᠯᠡᠳᠬᠦᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠵᠠᠢ᠃ ᠬᠤᠶᠠᠷ ᠲᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠲᠣᠷᠭᠠᠭᠤᠯᠢ ᠥᠭᠬᠦ ᠪᠠ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠳᠤ ᠪᠠᠨ ᠬᠠᠣᠯᠢ ᠪᠠᠷ ᠲᠣᠭᠲᠠᠭᠠᠭᠰᠠᠨ ᠡᠷᠬᠡ ᠮᠡᠳᠡᠯ᠂ ᠵᠢᠷᠤᠮ ᠤᠨ ᠶᠤᠰᠣ ᠪᠠᠷ ᠶᠠᠪᠤᠭᠤᠯᠬᠤ ᠶᠣᠰᠤᠲᠠᠢ᠃ ᠭᠤᠷᠪᠠ ᠳᠤ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠬᠠᠮᠢᠶᠠᠷᠤᠯᠲᠠ ᠳᠤ ᠪᠠᠨ ᠵᠢᠱᠢᠶ᠎ᠡ ᠦᠵᠡᠭᠦᠯᠬᠦ᠂ ᠨᠡᠶᠢᠲᠡ ᠳᠤ ᠵᠠᠷᠯᠠᠬᠤ᠂ ᠢᠳᠬᠠᠨ ᠴᠡᠭᠡᠷᠯᠡᠭᠦᠯᠬᠦ᠂ ᠪᠣᠯᠵᠣᠨ ᠶᠠᠷᠢᠯᠴᠠᠬᠤ ᠵᠡᠷᠭᠡ ᠬᠡᠯᠪᠡᠷᠢ ᠶᠢ ᠭᠤᠣᠯᠴᠢᠯᠠᠨ ᠬᠡᠷᠡᠭᠯᠡᠵᠦ᠂ ᠠᠵᠤ ᠠᠬᠤᠶᠢᠯᠠᠯ ᠢ ᠰᠤᠷᠭᠠᠨ ᠬᠦᠮᠦᠵᠢᠭᠦᠯᠦᠨ᠂ ᠬᠦᠲᠦᠯᠦᠨ ᠵᠢᠯᠣᠭᠤᠳᠴᠦ᠂ ᠰᠢᠮᠳᠠᠭᠤᠯᠤᠨ ᠬᠠᠣᠯᠢ ᠠᠴᠠ ᠵᠦᠷᠢᠴᠡᠬᠦ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠵᠠᠯᠠᠷᠠᠭᠤᠯᠬᠤ ᠶᠤᠰᠤᠲᠠᠢ᠃ ᠳᠥᠷᠪᠡ ᠳᠤ ᠠᠵᠤ ᠠᠬᠤᠶᠢᠯᠠᠯ ᠠᠴᠠ ᠨᠡᠯᠢᠶᠡᠳ ᠲᠥᠪᠯᠡᠷᠡᠯ ᠲᠠᠢ ᠲᠤᠰᠬᠠᠵᠤ ᠪᠠᠶᠢᠭ᠎ᠠ ᠠᠵᠤ ᠠᠬᠤᠶᠢᠯᠠᠯ ᠤᠳ ᠢ ᠠᠯᠪᠠᠳᠠᠬᠤ ᠶᠤᠮ ᠤᠤ ᠡᠰᠡᠬᠦᠯ᠎ᠡ ᠬᠡᠯᠪᠡᠷᠢ ᠶᠢ ᠨᠢ ᠥᠭᠡᠷᠡᠲᠡᠭᠦᠯᠦᠨ ᠠᠯᠪᠠᠳᠠᠵᠤ ᠪᠠᠶᠢᠭᠠᠳ ᠠᠳᠠᠯᠢᠳᠬᠠᠯ ᠳᠤ ᠣᠷᠣᠯᠴᠠᠭᠤᠯᠬᠤ᠂ ᠲᠡᠷᠡᠴᠢᠯᠡᠨ ᠰᠦᠢᠳᠬᠡᠯ ᠬᠤᠷᠢᠶᠠᠬᠤ ᠮᠡᠲᠦ ᠶᠢᠨ ᠠᠵᠤ ᠠᠬᠤᠶᠢᠯᠠᠯ ᠤᠨ ᠬᠠᠣᠯᠢ ᠶᠣᠰᠤᠨ ᠤ ᠡᠷᠬᠡ ᠠᠰᠢᠭ ᠲᠤ ᠬᠠᠯᠳᠠᠬᠤ ᠦᠢᠯᠡ ᠠᠵᠢᠯᠯᠠᠭ᠎ᠠ ᠶᠢ ︽ᠲᠣᠭᠲᠠᠭᠠᠯ︾᠎ ᠤᠨ ᠠᠷᠪᠠᠨ ᠨᠠᠢᠮᠠᠳᠤᠭᠠᠷ ᠵᠦᠢᠯ᠂ ᠠᠷᠪᠠ ᠶᠢᠰᠦᠳᠦᠭᠡᠷ ᠵᠦᠢᠯ ᠳᠤ ᠴᠠᠭᠠᠵᠠᠯᠠᠬᠤ ᠴᠢᠨᠠᠷᠲᠠᠢ ᠱᠠᠭᠠᠷᠳᠠᠯᠭ᠎ᠠ ᠲᠣᠭᠲᠠᠭᠠᠭᠰᠠᠨ ᠪᠣᠯᠬᠤᠷ ᠠᠳᠡ ᠨᠠᠷᠢᠨ ᠶᠠᠷᠢᠬᠤ ᠦᠭᠡᠢ᠃      ᠬᠦᠲᠦᠯᠦᠭᠴᠢ᠄      ︽ᠲᠣᠭᠲᠠᠭᠠᠯ︾᠎ ᠳᠤ ᠠᠵᠢᠯ ᠲᠥᠷᠥᠯ ᠤᠨ ᠨᠡᠶᠢᠭᠡᠮᠯᠢᠭ ᠪᠣᠯᠣᠨ ᠰᠣᠨᠢᠨ ᠮᠡᠳᠡᠭᠡᠨ ᠤ ᠵᠠᠭᠤᠴᠢᠯᠠᠭᠤᠷ ᠤᠨ ᠎ ᠬᠢᠨ ᠦᠢᠯᠡᠳᠦᠯ ᠢᠶᠠᠨ ᠬᠡᠷᠬᠢᠨ ᠢᠳᠡᠪᠬᠢᠲᠡᠢ ᠪᠠᠳᠠᠷᠠᠭᠤᠯᠬᠤ ᠲᠠᠯ᠎ᠠ ᠪᠠᠷ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠢ︖      ᠵᠠᠩ ᠪᠠᠢ ᠴᠧᠩ᠄      ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠠᠵᠢᠯ ᠳᠤ ᠬᠤᠯᠪᠣᠭᠳᠠᠯ ᠪᠦᠬᠦᠢ ᠠᠵᠢᠯ ᠲᠥᠷᠥᠯ ᠤᠨ ᠨᠡᠶᠢᠭᠡᠮᠯᠢᠭ ᠪᠣᠯᠣᠨ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠢᠳᠡᠪᠬᠢᠲᠡᠢ ᠣᠷᠣᠯᠴᠠᠬᠤ ᠶᠠᠪᠤᠳᠠᠯ ᠱᠠᠭᠠᠷᠳᠠᠨ᠎ᠠ᠃ ᠲᠡᠳᠡᠨ ᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠤᠰᠠᠳᠠ᠂ ᠡᠯ᠎ᠡ ᠠᠵᠢᠯ ᠲᠥᠷᠥᠯ ᠤᠨ ᠨᠡᠶᠢᠭᠡᠮᠯᠢᠭ  ︵ᠬᠤᠳᠠᠯᠳᠤᠭᠠᠴᠢᠨ ᠤ ᠡᠪᠯᠡᠯ︶ ᠪᠣᠯᠣᠨ ᠰᠣᠨᠢᠨ ᠮᠡᠳᠡᠭᠡᠨ ᠤ ᠵᠠᠭᠤᠴᠢᠯᠠᠭᠤᠷ ᠤᠳ ᠥᠪᠡᠷ ᠤᠨ ᠦᠢᠯᠡ ᠠᠵᠢᠯᠯᠠᠭ᠎ᠠ ᠪᠠᠨ ᠬᠠᠣᠯᠢ ᠶᠤᠰᠣ ᠪᠠᠷ ᠵᠢᠷᠤᠮᠵᠢᠭᠤᠯᠬᠤ ᠬᠡᠷᠡᠭᠲᠡᠢ᠃ ᠨᠢᠭᠡ ᠳᠤ ᠠᠵᠢᠯ ᠲᠥᠷᠥᠯ ᠤᠨ ᠨᠡᠶᠢᠭᠡᠮᠯᠢᠭ ᠤᠳ ᠬᠠᠣᠯᠢ ᠴᠠᠭᠠᠵᠠ᠂ ᠵᠠᠰᠠᠭ ᠵᠠᠬᠢᠷᠭᠠᠨ ᠤ ᠬᠠᠣᠯᠢ ᠲᠣᠭᠲᠠᠭᠠᠯ ᠤᠨ ᠦᠨᠳᠦᠰᠦᠯᠡᠯ ᠦᠭᠡᠢ ᠪᠠᠷ ᠠᠵᠤ ᠠᠬᠤᠶᠢᠯᠠᠯ ᠢ ᠨᠡᠶᠢᠭᠡᠮᠯᠢᠭ ᠲᠡᠭᠡᠨ ᠠᠯᠪᠠᠳᠠᠨ ᠣᠷᠣᠭᠤᠯᠬᠤ ᠪᠣᠶᠣ ᠬᠡᠯᠪᠡᠷᠢ ᠶᠢ ᠨᠢ ᠥᠭᠡᠷᠡᠲᠡᠭᠦᠯᠦᠨ ᠠᠯᠪᠠᠳᠠᠨ ᠣᠷᠣᠭᠤᠯᠵᠤ ᠪᠣᠯᠬᠤ ᠦᠭᠡᠢ︔ ᠨᠡᠶᠢᠭᠡᠮᠯᠢᠭ ᠤᠨ ᠰᠦᠢᠳᠬᠡᠯ ᠬᠤᠷᠢᠶᠠᠬᠤ ᠪᠠᠷᠢᠮᠵᠢᠶ᠎ᠠ ᠲᠣᠭᠲᠠᠭᠠᠬᠤ ᠪᠣᠶᠣ ᠲᠣᠬᠢᠷᠠᠭᠤᠯᠤᠯᠲᠠ ᠬᠢᠬᠦ ᠳᠡᠭᠡᠨ ᠤᠯᠤᠰ ᠠᠴᠠ ᠲᠣᠭᠲᠠᠭᠠᠭᠰᠠᠨ ᠵᠢᠷᠦᠮ ᠪᠣᠯᠣᠨ ᠱᠠᠭᠠᠷᠳᠠᠯᠭ᠎ᠠ ᠶᠣᠰᠣ ᠪᠠᠷ ᠬᠡᠷᠡᠭᠵᠢᠭᠦᠯᠬᠦ ᠬᠡᠷᠡᠭᠲᠡᠢ︔ ᠬᠤᠶᠠᠷ ᠲᠤ ᠰᠣᠨᠢᠨ ᠮᠡᠳᠡᠭᠡᠨ ᠤ ᠵᠠᠭᠤᠴᠢᠯᠠᠭᠤᠷ ᠤᠳ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠪᠠᠨ ᠪᠤᠰᠤᠳᠴᠢ ᠪᠦᠭᠡᠳ ᠦᠨᠡᠨ ᠪᠣᠳᠠᠲᠠᠢ᠂ ᠲᠥᠪ ᠭᠤᠤᠯᠴᠢ ᠪᠠᠷ ᠮᠡᠳᠡᠭᠡᠯᠡᠬᠦ ᠬᠡᠷᠡᠭᠲᠡᠢ᠂ ᠪᠤᠳᠠᠳᠤ ᠶᠠᠪᠤᠳᠠᠯ ᠢ ᠦᠰᠬᠡᠬᠦ ᠪᠤᠶᠤ ᠬᠤᠳᠠᠯ ᠬᠠᠭᠤᠷᠮᠠᠭ ᠢᠶᠠᠷ ᠮᠡᠳᠡᠭᠡᠯᠡᠵᠦ ᠪᠣᠯᠬᠤ ᠦᠭᠡᠢ᠂ ᠰᠦᠬᠡᠷᠬᠦ ᠮᠡᠳᠡᠭᠡ ᠵᠠᠩᠭᠢ ᠶᠢ ᠯᠡᠪᠡᠷᠡᠭᠦᠯᠬᠦ ᠪᠠᠷ ᠠᠶᠤᠯᠭᠠᠨ ᠠᠵᠤ ᠠᠬᠤᠶᠢᠯᠠᠯ ᠠᠴᠠ ᠡᠳ᠋ ᠪᠤᠳᠠᠰ ᠪᠤᠶᠤ ᠪᠤᠰᠤᠳ ᠠᠰᠢᠭ ᠲᠤᠰᠠ ᠬᠢᠨᠠᠨ ᠱᠤᠯᠤᠵᠤ ᠪᠣᠯᠬᠤ ᠦᠭᠡᠢ  ᠃      ᠬᠦᠲᠦᠯᠦᠭᠴᠢ᠄      ᠵᠠ᠂ ᠵᠠᠩ ᠡᠷᠬᠢᠯᠡᠭᠴᠢ ᠶᠢᠨ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠃ ︽ᠲᠤᠭᠲᠠᠭᠠᠯ︾ ᠭᠠᠷᠭᠠᠭᠰᠠᠨ ᠎ ᠨᠢ᠂ ᠶᠠᠭ ᠮᠠᠨ ᠤ ᠡᠷᠡᠮᠡᠯᠵᠡᠯᠡᠭᠰᠡᠨ ᠰᠢᠭ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠦᠩᠭᠡᠯᠡᠵᠦ᠂ ᠮᠠᠨ ᠤ ᠣᠷᠣᠨ ᠤ ᠠᠵᠤ ᠠᠬᠤᠶᠢᠯᠠᠯ ᠤᠨ ᠬᠠᠣᠯᠢ ᠶᠣᠰᠣᠨ ᠤ ᠡᠵᠡᠩᠨᠡᠯᠲᠡ ᠶᠢ ᠲᠤᠯᠭᠠᠭᠤᠷᠢᠯᠠᠬᠤ ︽ᠬᠠᠮᠠᠭᠠᠯᠠᠯᠲᠠ ᠶᠢᠨ ᠰᠢᠬᠦᠷ︾ ᠪᠣᠯᠬᠤ ᠶᠢ ᠢᠲᠡᠭᠡᠵᠦ ᠪᠠᠶᠢᠨ᠎ᠠ︕ ᠵᠠᠩ ᠡᠷᠬᠢᠯᠡᠭᠴᠢ ᠮᠠᠨ ᠤ ᠰᠦᠯᠵᠢᠶᠡᠨ ᠳᠤ ᠢᠷᠡᠭᠰᠡᠨ ᠳᠤ ᠳᠠᠬᠢᠨ ᠲᠠᠯᠠᠷᠬᠠᠵᠤ ᠪᠠᠶᠢᠨ᠎ᠠ᠂ ᠮᠦᠨᠴᠦ ᠰᠦᠯᠵᠢᠶᠡᠨ ᠠᠨᠳᠠ ᠨᠠᠷ ᠤᠨ ᠣᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠣᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map