ᠥᠪᠥᠷ ᠮᠣᠩᠭᠤᠯ ︽2015 ᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠢᠨ᠎ᠡ ᠲᠣᠭᠲᠠᠭᠠᠯ ᠤᠨ ᠰᠢᠢᠳᠪᠦᠷᠢᠯᠡᠬᠦ ᠠᠷᠭ᠎ᠠ︾᠎ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2015/9/30
     ᠵᠠᠮ ᠬᠠᠷᠢᠯᠴᠠᠭᠠᠨ ᠤ ᠬᠠᠦᠯᠢ ᠠᠴᠠ ᠵᠥᠷᠢᠴᠡᠭᠰᠡᠨ ᠬᠥᠨᠳᠥ ᠨᠣᠴᠢᠲᠠᠢ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠴᠢᠩᠭ᠎ᠠ ᠪᠠᠶᠢᠴᠠᠭᠠᠵᠤ᠂ ᠬᠤᠣᠷ ᠲᠠᠲᠠᠭᠠᠳ ᠲᠡᠷᠭᠡ ᠵᠢᠯᠣᠭᠤᠳᠬᠤ᠂ ᠮᠥᠷᠥᠶᠢᠴᠡᠨ ᠬᠥᠭᠡᠭᠡᠴᠡᠯᠳᠦᠵᠦ ᠵᠢᠯᠤᠭᠤᠳᠬᠤ᠂ ᠠᠶᠠᠨᠴᠢᠳ ᠨᠢ ᠲᠤᠭ᠎ᠠ ᠠᠴᠠ ᠬᠡᠲᠦᠷᠡᠬᠦ᠂ ᠠᠶᠤᠯᠲᠤ ᠬᠢᠮᠢ ᠶᠢᠨ ᠵᠦᠢᠯ ᠤᠨ ᠲᠡᠭᠡᠭᠡᠪᠦᠷᠢ ᠶᠢᠨ ᠲᠡᠷᠭᠡ ᠬᠠᠦᠯᠢ ᠶᠢ ᠵᠥᠷᠢᠴᠡᠨ ᠲᠡᠭᠡᠭᠡᠪᠦᠷᠢᠯᠡᠬᠦ ᠵᠡᠷᠭᠡ ᠦᠢᠯᠡ ᠠᠵᠢᠯᠯᠠᠭ᠎ᠠ ᠶᠢ ᠪᠠᠭᠠᠰᠬᠠᠵᠤ᠂ ︽ᠵᠠᠮ ᠬᠠᠷᠢᠯᠴᠠᠭ᠎ᠠ ᠶᠢᠨ ᠬᠦᠨᠳᠦ ᠨᠣᠴᠢᠲᠠᠶ ᠬᠠᠦᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠦᠮ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠳᠤ ᠣᠷᠤᠭᠤᠯᠬᠤ︾ ᠠᠭᠤᠯᠭ᠎ᠠ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ︽ᠡᠷᠡᠭᠦᠦ ᠶᠢᠨ ᠬᠠᠤᠯᠢ ᠶᠢᠨ ᠵᠠᠰᠠᠪᠤᠷᠢ ᠣᠷᠣᠭᠤᠯᠤᠭᠰᠠᠨ ᠲᠥᠰᠦᠯ ︵ᠶᠢᠰᠦ︶︾᠎ ᠶᠢ ᠲᠣᠭᠲᠠᠭᠠᠵᠤ᠂ ᠳᠣᠣᠷ᠎ᠠ ᠬᠠᠭᠠᠰ ᠵᠢᠯ ᠳᠤ ᠨᠡᠶᠢᠲᠡᠯᠡᠨ ᠬᠡᠷᠡᠭᠵᠢᠭᠦᠯᠬᠦ ᠪᠣᠯᠣᠮᠵᠢᠲᠠᠢ ᠪᠠᠶᠢᠨ᠎ᠠ᠂ ᠡᠭᠦᠨ ᠤ ᠳᠣᠲᠣᠷ᠎ᠠ ᠵᠠᠰᠠᠮᠠᠯ ᠵᠠᠮ ᠤᠨ ᠮᠠᠰᠢᠨ ᠲᠡᠷᠬᠡᠨ ᠤ ᠠᠶᠠᠨᠴᠢᠳ ᠨᠢ ᠲᠤᠭ᠎ᠠ ᠠᠴᠠ ᠬᠡᠲᠦᠷᠡᠬᠦ᠂ ᠬᠡᠳᠦ ᠬᠤᠷᠳᠤᠨ ᠶᠠᠪᠤᠭᠤᠯᠬᠤ ᠪᠠ ᠠᠶᠤᠯᠲᠤ ᠬᠢᠮᠢ ᠶᠢᠨ ᠵᠦᠢᠯ ᠤᠨ ᠲᠡᠭᠡᠭᠡᠪᠦᠷᠢ ᠶᠢᠨ ᠲᠡᠷᠭᠡ ᠬᠠᠦᠯᠢ ᠶᠢ ᠵᠥᠷᠢᠴᠡᠨ ᠲᠡᠭᠡᠭᠡᠪᠦᠷᠢᠯᠡᠬᠦ ᠶᠢ ᠨᠢᠭᠡᠨᠲᠡ ᠭᠡᠨᠡᠨ ᠢᠶᠠᠷ ᠵᠢᠯᠣᠭᠤᠳᠤᠭᠰᠠᠨ ᠶᠠᠯ᠎ᠠ ᠳᠤ ᠣᠷᠤᠭᠤᠯᠵᠤ᠂ ︽ᠬᠤᠣᠷ ᠲᠠᠲᠠᠭᠰᠠᠨ ᠤ ᠳᠠᠷᠠᠭ᠎ᠠ ᠵᠢᠯᠤᠭᠤᠳᠬᠤ︾᠎ ᠶᠢ ᠴᠤ ᠡᠷᠡᠭᠦᠦ ᠶᠢᠨ ᠬᠠᠦᠯᠢ ᠳᠤ ᠣᠷᠤᠭᠤᠯᠬᠤ ᠪᠣᠯᠣᠮᠵᠢᠲᠠᠢ ᠪᠠᠶᠢᠨ᠎ᠠ᠃      ᠠᠯᠪᠠᠨ ᠠᠵᠢᠯᠲᠠᠨ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠰᠣᠭᠲᠣᠭᠤ ᠪᠠᠷ ᠲᠡᠷᠭᠡ ᠵᠢᠯᠤᠭᠤᠳᠬᠤ ᠶᠢ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠳᠤ ᠣᠷᠤᠭᠤᠯᠤᠨ᠎ᠠ      ᠠᠷᠢᠬᠢ ᠤᠤᠭᠤᠭᠠᠳ ︵ᠰᠣᠭᠲᠣᠭᠤ︶  ᠲᠡᠷᠭᠡ ᠵᠢᠯᠤᠭᠤᠳᠬᠤ᠂ ᠬᠤᠣᠷ ᠲᠠᠲᠠᠭᠠᠳ ᠲᠡᠷᠭᠡ ᠵᠢᠯᠣᠭᠤᠳᠬᠤ᠂ ᠬᠡᠳᠦ ᠬᠤᠷᠳᠤᠨ ᠵᠢᠯᠣᠭᠤᠳᠬᠤ᠂ ᠮᠥᠷᠥᠶᠢᠴᠡᠨ ᠬᠥᠭᠡᠭᠡᠴᠡᠯᠳᠦᠵᠦ ᠵᠢᠯᠤᠭᠤᠳᠬᠤ᠂ ᠦᠨᠡᠮᠯᠡᠯ ᠦᠭᠡᠶ ᠪᠠᠷ ᠲᠡᠷᠭᠡ ᠵᠢᠯᠣᠭᠤᠳᠬᠤ᠂ ᠠᠶᠠᠨᠴᠢᠳ ᠨᠢ ᠲᠤᠭ᠎ᠠ ᠠᠴᠠ ᠬᠡᠲᠦᠷᠡᠬᠦ᠂ ᠠᠶᠤᠯᠲᠤ ᠬᠢᠮᠢ ᠶᠢᠨ ᠵᠦᠢᠯ ᠤᠨ ᠲᠡᠭᠡᠭᠡᠪᠦᠷᠢ ᠶᠢᠨ ᠲᠡᠷᠭᠡ ᠬᠠᠦᠯᠢ ᠶᠢ ᠵᠥᠷᠢᠴᠡᠨ ᠲᠡᠭᠡᠭᠡᠪᠦᠷᠢᠯᠡᠬᠦ᠂ ᠮᠠᠰᠢᠨ ᠲᠡᠷᠭᠡ ᠪᠠᠨ ᠬᠤᠭᠤᠴᠠᠭ᠎ᠠ ᠶᠣᠰᠤᠭᠠᠷ ᠰᠢᠯᠭᠠᠨ ᠪᠠᠶᠢᠴᠠᠭᠠᠯᠭᠠᠭᠰᠠᠨ ᠦᠭᠡᠢ᠂ ᠵᠢᠯᠣᠭᠤᠴᠢ ᠶᠢᠨ ᠦᠨᠡᠮᠯᠡᠯ ᠢᠶᠠᠨ ᠬᠤᠭᠤᠴᠠᠭ᠎ᠠ ᠶᠣᠰᠣᠭᠠᠷ ᠰᠢᠯᠭᠠᠨ ᠪᠠᠶᠢᠴᠠᠭᠠᠵᠤ ᠬᠢᠨᠠᠨ ᠪᠠᠲᠤᠯᠠᠭᠤᠯᠤᠭᠰᠠᠨ ᠦᠭᠡᠢ ᠪᠥᠭᠡᠳ ᠪᠣᠬᠢᠷᠲᠤᠭᠤᠯᠤᠨ ᠰᠡᠪᠲᠦᠭᠡᠭᠰᠡᠨ ᠲᠡᠷᠭᠡᠨ ᠤ ᠨᠣᠮᠧᠷ ᠫᠠᠶᠢᠰᠠ ᠶᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠵᠣᠷᠢᠭᠤᠳᠠ ᠳᠠᠯᠳᠠᠯᠠᠨ ᠬᠠᠯᠠᠬᠠᠯᠠᠭᠰᠠᠨ ᠵᠡᠷᠭᠡ ᠬᠦᠨᠳᠦ ᠨᠣᠴᠢᠲᠠᠶ ᠵᠠᠮ ᠬᠠᠷᠢᠯᠴᠠᠭᠠᠨ ᠤ ᠬᠠᠦᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠵᠥᠷᠢᠴᠡᠭᠰᠡᠳ ᠢ ᠴᠥᠮ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠬᠡᠵᠦ᠂ ᠵᠠᠮ ᠬᠠᠷᠢᠯᠴᠠᠭᠠᠨ ᠤ ᠬᠠᠦᠯᠢ ᠠᠴᠠ ᠵᠥᠷᠢᠴᠡᠭᠰᠡᠨ ᠬᠥᠨᠳᠥ ᠨᠣᠴᠢᠲᠠᠢ ᠦᠢᠯᠡ ᠠᠵᠢᠯᠯᠠᠭ᠎ᠠ ᠶᠢ ᠴᠥᠮ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠳᠤ ᠣᠷᠤᠭᠤᠯᠤᠨ᠎ᠠ᠃ ᠲᠥᠷᠥ ᠶᠢᠨ ᠠᠯᠪᠠᠨ ᠠᠵᠢᠯᠲᠠᠨ ᠳᠡᠭᠡᠷ᠎ᠡ ᠳᠤᠷᠠᠳᠤᠭᠰᠠᠨ ᠬᠠᠦᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠭᠦᠨ ᠤ ᠪᠠᠶᠢᠭ᠎ᠠ ᠨᠢᠭᠡᠴᠡ ᠪᠣᠯᠤᠨ ᠠᠳᠠᠯᠢ ᠱᠠᠲᠤᠨ ᠤ ᠬᠢᠨᠠᠨ ᠪᠠᠶᠢᠴᠠᠭᠠᠬᠤ᠂ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠳᠡᠵᠦ᠂ ᠬᠠᠤᠯᠢ ᠰᠠᠬᠢᠯᠭ᠎ᠠ ᠶᠢᠨ ᠶᠣᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃      ᠬᠠᠭᠤᠷᠮᠠᠭ ᠢᠶᠠᠷ ᠴᠠᠭ ᠲᠡᠮᠳᠡᠭᠯᠡᠭᠰᠡᠨ ᠵᠢᠯᠣᠭᠤᠴᠢ ᠶᠢᠨ ᠰᠤᠷᠭᠠᠭᠤᠯᠢ ᠪᠣᠯᠣᠨ ᠰᠤᠷᠤᠭᠴᠢ ᠶᠢ ᠴᠢᠩᠭ᠎ᠠ ᠪᠠᠶᠢᠴᠠᠭᠠᠨ᠎ᠠ      ᠲᠣᠮᠣ ᠳᠤᠮᠳᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡᠨ ᠤ ᠵᠢᠯᠣᠭᠤᠴᠢ ᠶᠢ ᠴᠠᠭ ᠲᠡᠮᠳᠡᠭᠯᠡᠨ ᠪᠣᠯᠪᠠᠰᠤᠷᠠᠭᠤᠯᠬᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠭᠤᠷᠮᠠᠭ ᠢᠶᠠᠷ ᠴᠠᠭ ᠲᠡᠮᠳᠡᠭᠯᠡᠭᠰᠡᠨ ᠵᠢᠯᠣᠭᠤᠴᠢ ᠶᠢᠨ ᠰᠤᠷᠭᠠᠭᠤᠯᠢ ᠪᠣᠯᠣᠨ ᠠᠵᠢᠯᠲᠠᠨ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠵᠢᠯᠣᠭᠤᠴᠢ ᠶᠢᠨ ᠰᠢᠯᠭᠠᠯᠲᠠ ᠳᠠᠬᠢ ᠪᠦᠬᠦ ᠶᠠᠪᠤᠴᠠ ᠶᠢ ᠲᠡᠷᠡ ᠳᠠᠷᠤᠢ ᠳᠤᠨᠢ ᠬᠢᠨᠠᠨ ᠵᠠᠬᠢᠷᠴᠤ᠂ ᠮᠠᠰᠢᠨ ᠲᠡᠷᠭᠡᠨ ᠤ ᠲᠥᠷᠥᠯ ᠤᠨ ᠵᠢᠯᠣᠭᠤᠴᠢ ᠶᠢᠨ ᠰᠢᠯᠭᠠᠯᠲᠠ ᠶᠢᠨ ᠪᠥᠬᠦ ᠶᠠᠪᠤᠴᠠ ᠶᠢ ᠳᠠᠭᠤᠨ ᠳᠠᠪᠲᠠᠮᠵᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠰᠢᠬᠦ ᠶᠢ ᠬᠡᠷᠡᠭᠵᠢᠭᠦᠯᠦᠨ᠎ᠡ᠃ ︽ᠮᠠᠰᠢᠨᠲᠤ ᠲᠡᠷᠭᠡᠨ ᠤ ᠵᠢᠯᠣᠭᠤᠴᠢ ᠶᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠬᠢᠷᠢ ᠬᠡᠮ ᠤᠨ ᠨᠥᠬᠦᠴᠡᠯ︾᠎ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠢᠯᠣᠭᠤᠴᠢ ᠪᠣᠯᠪᠠᠰᠤᠷᠠᠭᠤᠯᠬᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠢ ᠵᠢᠷᠤᠮᠵᠢᠭᠤᠯᠤᠨ᠎ᠠ᠃ ᠲᠡᠷᠭᠡᠨ ᠤ ᠵᠢᠯᠣᠭᠤᠴᠢ ᠵᠠᠮ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠢ ᠭᠤᠶᠤᠴᠢᠯᠠᠬᠤ ᠳᠤ ᠡᠷᠬᠡᠪᠰᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠠᠷᠭᠠᠵᠤ ᠥᠭᠭᠦᠭᠰᠡᠨ 3 ᠵᠢᠯ ᠤᠨ ᠳᠣᠲᠣᠷ᠎ᠠ ᠭᠤᠣᠯ ᠬᠠᠷᠢᠭᠤᠴᠠᠯᠭ᠎ᠠ ᠡᠭᠦᠷᠭᠡᠯᠡᠬᠦ ᠠᠴᠠ ᠳᠡᠭᠡᠭᠰᠢᠬᠢ ᠵᠠᠮ ᠬᠠᠷᠢᠯᠴᠠᠭᠠᠨ ᠤ ᠨᠡᠯᠢᠶᠡᠳ ᠶᠡᠭᠡ ᠠᠳᠡᠯ ᠭᠠᠷᠭᠠᠭᠰᠠᠨ ᠦᠭᠡᠢ᠂ ᠵᠠᠮ ᠬᠠᠷᠢᠯᠴᠠᠭᠠᠨ ᠤ ᠬᠠᠦᠯᠢ ᠵᠦᠷᠢᠴᠡᠭᠡᠳ 12 ᠬᠤᠪᠢ ᠪᠠᠨ ᠲᠦᠭᠦᠷᠲᠡᠯ᠎ᠡ ᠲᠡᠮᠳᠡᠭᠯᠡᠭᠦᠯᠦᠭᠰᠡᠨ ᠦᠭᠡᠶ᠂ ᠠᠷᠢᠬᠢ ᠤᠤᠭᠤᠭᠠᠳ ︵ᠰᠣᠭᠲᠣᠭᠤ︶ ᠵᠢᠯᠤᠭᠤᠳᠤᠭᠰᠠᠨ ᠲᠡᠮᠳᠡᠭᠯᠡᠯ ᠦᠭᠡᠢ᠂ ᠬᠤᠣᠷᠲᠤ ᠡᠳ᠋ ᠲᠠᠲᠠᠭᠰᠠᠨ ᠲᠡᠮᠳᠡᠭᠯᠡᠯ ᠦᠭᠡᠶ ᠪᠠᠶᠢᠬᠤ ᠭᠡᠷᠡᠴᠢ ᠶᠢ ᠣᠯᠭᠤᠬᠤ ᠬᠡᠷᠡᠭᠲᠡᠢ᠃      ᠬᠡᠰᠡᠭ ᠮᠠᠰᠢᠨ ᠲᠡᠷᠭᠡ ᠬᠡᠳᠦ ᠬᠤᠷᠳᠤᠨ ᠶᠠᠪᠤᠭᠤᠯᠤᠭᠰᠠᠨ ᠪᠣᠶᠣ ᠠᠴᠢᠶ᠎ᠡ ᠨᠢ ᠬᠡᠲᠦᠷᠡᠭᠰᠡᠨ ᠪᠠᠶᠢᠪᠠᠯ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠨᠢ ᠬᠦᠴᠦᠨ ᠦᠭᠡᠢ ᠪᠣᠯᠭᠠᠨ᠎ᠠ      ᠲᠡᠭᠡᠭᠡᠪᠦᠷᠢ ᠶᠢᠨ ᠲᠡᠷᠭᠡ᠂ ᠵᠢᠭᠤᠯᠴᠢᠯᠠᠯ ᠤᠨ ᠬᠥᠯᠥᠰᠦᠨ ᠲᠡᠷᠭᠡ᠂ ᠠᠶᠤᠯᠲᠤ ᠡᠳ᠋ ᠤᠨ ᠲᠡᠭᠡᠭᠡᠪᠦᠷᠢ ᠶᠢᠨ ᠲᠡᠷᠭᠡ᠂ ᠰᠤᠷᠭᠠᠭᠤᠯᠢ ᠶᠢᠨ ᠲᠡᠷᠭᠡᠨ ᠤ ᠠᠶᠠᠨᠴᠢᠳ ᠤᠨ ᠲᠤᠭ᠎ᠠ ᠨᠢ ᠲᠣᠭᠲᠠᠭᠰᠠᠨ ᠲᠤᠭ᠎ᠠ ᠶᠢᠨ 20%᠎ ᠶᠢ ᠳᠠᠪᠠᠵᠤ ᠂ ᠲᠣᠭᠲᠠᠭᠠᠭᠰᠠᠨ ᠴᠠᠭ ᠤᠨ ᠬᠤᠷᠳᠤᠴᠠ ᠠᠴᠠ 30 % ᠬᠡᠲᠦᠷᠡᠭᠰᠡᠨ ᠵᠡᠷᠭᠡ ᠬᠠᠦᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠲᠣᠮᠣ ᠳᠤᠮᠳᠠ ᠬᠡᠯᠪᠡᠷᠢ ᠶᠢᠨ ᠠᠶᠠᠨᠴᠢᠳ ᠪᠣᠶᠤ ᠲᠡᠭᠡᠭᠡᠪᠦᠷᠢ ᠶᠢᠨ ᠲᠡᠷᠭᠡ ᠨᠢ ᠬᠤᠭᠤᠴᠠᠭ᠎ᠠ ᠬᠡᠲᠦᠷᠡᠲᠡᠯ᠎ᠡ ᠰᠢᠯᠭᠠᠨ ᠪᠠᠶᠢᠴᠠᠭᠠᠯᠭᠠᠭᠰᠠᠨ ᠦᠭᠡᠢ ᠪᠠᠷ ᠵᠠᠮ ᠳᠤ ᠭᠠᠷᠴᠤ ᠶᠠᠪᠤᠭᠰᠠᠨ ᠢ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠢᠶᠠᠷ ᠦᠵᠡᠵᠦ᠂ ᠬᠠᠤᠯᠢ ᠶᠣᠰᠣᠭᠠᠷ ᠰᠢᠳᠬᠡᠨ ᠲᠣᠷᠭᠠᠬᠤ ᠠᠴᠠ ᠭᠠᠳᠠᠨ᠎ᠠ ᠬᠠᠮᠢᠶ᠎ᠡ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠮᠠᠰᠢᠨ ᠲᠡᠷᠭᠡᠨ ᠤ ᠬᠠᠷᠢᠶ᠎ᠠ ᠠᠵᠤ ᠠᠬᠤᠶᠢᠯᠠᠯ ᠢ ᠰᠢᠪᠠᠳᠠᠨ ᠱᠠᠭᠠᠷᠳᠠᠵᠤ ᠪᠠᠶᠢᠭᠠᠳ ᠠᠷᠭ᠎ᠠ ᠬᠡᠮᠵᠢᠶ᠎ᠡ ᠠᠪᠤᠭᠤᠯᠵᠤ ᠳᠠᠯᠳᠠ ᠭᠡᠮ ᠢ ᠠᠷᠢᠯᠭᠠᠬᠤ ᠬᠡᠷᠡᠭᠲᠡᠢ᠃ 12 ᠰᠠᠷ᠎ᠠ ᠶᠢᠨ ᠳᠣᠲᠣᠷ᠎ᠠ ᠬᠤᠶᠠᠷ ᠤᠳᠠᠭ᠎ᠠ ᠭᠠᠷᠤᠭᠰᠠᠨ ᠪᠠᠶᠢᠪᠠᠯ ᠠᠷᠭ᠎ᠠ ᠬᠡᠮᠵᠢᠶ᠎ᠡ ᠠᠪᠴᠤ ᠳᠠᠯᠳᠠ ᠭᠡᠮ ᠢ ᠠᠷᠢᠯᠭᠠᠭᠰᠠᠨ ᠦᠭᠡᠢ ᠪᠠᠷ ᠦᠷᠭᠦᠯᠵᠢᠯᠡᠨ ᠠᠵᠢᠯᠯᠠᠭᠰᠠᠨ ᠢᠶᠠᠷ ᠦᠵᠡᠵᠦ᠂ ᠲᠡᠭᠦᠨ ᠤ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ︔ ᠬᠡᠲᠦᠷᠡᠭᠰᠡᠨ ᠬᠤᠷᠳᠤᠴᠠ ᠨᠢ 50%᠎ ᠠᠴᠠ ᠳᠡᠭᠡᠭᠰᠢ ᠪᠣᠯᠣᠭᠰᠠᠨ ᠪᠠᠶᠢᠪᠠᠯ ᠵᠢᠯᠤᠭᠤᠴᠢ ᠶᠢᠨ ᠦᠨᠡᠮᠯᠡᠯ ᠢ ᠪᠠᠰᠠ ᠬᠦᠴᠦᠨ ᠦᠭᠡᠢ ᠪᠣᠯᠭᠠᠨ᠎ᠠ︔ ᠠᠷᠢᠬᠢ ᠤᠤᠭᠤᠭᠰᠠᠨ ᠤ ᠳᠠᠷᠠᠭ᠎ᠠ ᠮᠠᠰᠢᠨ ᠲᠡᠷᠭᠡ ᠵᠢᠯᠤᠭᠤᠳᠴᠤ᠂ ᠬᠥᠮᠦᠨ ᠢ ᠦᠬᠦᠭᠦᠯᠦᠭᠰᠡᠨ ᠵᠠᠮ ᠬᠠᠷᠢᠯᠴᠠᠭᠠᠨ ᠤ ᠠᠳᠡᠯ ᠭᠠᠷᠭᠠᠵᠤ ᠭᠤᠣᠯ ᠬᠠᠷᠢᠭᠤᠴᠠᠯᠭ᠎ᠠ ᠠᠴᠠ ᠳᠡᠭᠡᠭᠰᠢᠬᠢ ᠬᠠᠷᠢᠭᠤᠴᠠᠯᠭ᠎ᠠ ᠡᠭᠦᠷᠭᠡᠯᠡᠬᠦ ᠶᠣᠰᠣᠲᠠᠢ ᠪᠠᠶᠢᠪᠠᠯ ᠲᠡᠭᠦᠨ ᠤ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠨᠢ ᠬᠦᠴᠦᠨ ᠦᠭᠡᠢ ᠪᠣᠯᠭᠠᠭᠰᠠᠨ ᠪᠠᠶᠢᠪᠠᠯ 3 ᠵᠢᠯ ᠤᠨ ᠳᠣᠲᠣᠷ᠎ᠠ ᠳᠠᠬᠢᠨ ᠭᠤᠶᠤᠴᠢᠯᠠᠵᠤ ᠪᠣᠯᠬᠤ ᠦᠭᠡᠢ ᠪᠥᠭᠡᠳ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠬᠦ ᠮᠥᠷᠲᠡᠭᠡᠨ ︽ᠬᠠᠷ᠎ᠠ ᠳᠠᠩᠰᠠ︾᠎ ᠶᠢ ᠨᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠨᠡᠶᠢᠲᠡ ᠳᠤ ᠨᠡᠶᠢᠲᠡᠯᠡᠨ᠎ᠡ᠃     ᠰᠢᠨ᠎ᠡ ᠬᠡᠪᠯᠡᠯ ᠤᠨ ᠴᠠᠭ ᠤᠨ ᠬᠤᠷᠳᠤ ᠶᠢᠨ ᠬᠢᠵᠠᠭᠠᠷᠯᠠᠯᠲᠠ ᠶᠢ ᠭᠠᠳᠠᠭᠰᠢ ᠭᠠᠷᠬᠤ ᠳᠤ ᠪᠠᠨ ᠰᠠᠶᠢᠲᠤᠷ ᠦᠵᠡᠭᠡᠷᠡᠢ      ᠲᠣᠮᠣ ᠳᠤᠮᠳᠠ ᠬᠡᠯᠪᠡᠷᠢ ᠶᠢᠨ ᠠᠶᠠᠨᠴᠢᠳ ᠤᠨ ᠲᠡᠷᠭᠡ ᠲᠦᠷᠭᠡᠨ ᠬᠤᠷᠳᠤ ᠶᠢᠨ ᠵᠠᠰᠠᠮᠠᠯ ᠵᠠᠮ ᠳᠡᠭᠡᠷ᠎ᠡ ᠬᠤᠷᠳᠤᠴᠠ ᠪᠠᠨ 100 ᠺᠢᠯᠣᠮᠧᠲᠷ \ ᠴᠠᠭ ᠠᠴᠠ ᠳᠠᠪᠠᠭᠤᠯᠵᠤ ᠪᠣᠯᠬᠤ ᠦᠭᠡᠢ᠂ ᠨᠢᠭᠡᠳᠦᠭᠡᠷ ᠳᠡᠰ ᠤᠨ ᠵᠠᠰᠠᠮᠠᠯ ᠵᠠᠮ᠂ ᠬᠤᠶᠠᠳᠤᠭᠠᠷ ᠳᠡᠰ ᠤᠨ ᠵᠠᠰᠠᠮᠠᠯ ᠵᠠᠮ᠂ ᠭᠤᠷᠪᠠᠳᠤᠭᠠᠷ ᠳᠡᠰ ᠠᠴᠠ ᠳᠣᠷᠣᠭᠰᠢᠬᠢ ᠵᠠᠰᠠᠮᠠᠯ ᠵᠠᠮ ᠳᠡᠭᠡᠷ᠎ᠡ ᠶᠠᠪᠤᠬᠤ ᠬᠤᠷᠳᠤᠴᠠ ᠪᠠᠨ ᠲᠤᠰᠪᠣᠷᠢ 80 ᠺᠢᠯᠣᠮᠧᠲᠷ᠂ 70 ᠺᠢᠯᠣᠮᠧᠲᠷ᠂ 60 ᠺᠢᠯᠣᠮᠧᠲᠷ \ ᠴᠠᠭ ᠠᠴᠠ ᠳᠠᠪᠠᠭᠤᠯᠵᠤ ᠪᠣᠯᠬᠤ ᠦᠭᠡᠢ᠂ ᠰᠥᠨᠢ ᠶᠢᠨ ᠬᠤᠷᠳᠤᠴᠠ ᠪᠠᠨ ᠬᠤᠷᠳᠤᠴᠠ ᠬᠢᠵᠠᠭᠠᠷᠯᠠᠬᠤ ᠬᠡᠮᠵᠢᠭᠳᠡᠯ ᠤᠨ 80%᠎ ᠠᠴᠠ ᠬᠡᠲᠦᠷᠡᠭᠦᠯᠵᠦ ᠪᠣᠯᠬᠤ ᠦᠭᠡᠶ᠃ ᠲᠣᠮᠣ ᠳᠤᠮᠳᠠ ᠬᠡᠯᠪᠡᠷᠢ ᠶᠢᠨ ᠠᠴᠢᠶᠠᠨ ᠤ ᠲᠡᠷᠭᠡ ᠲᠦᠷᠭᠡᠨ ᠬᠤᠷᠳᠤ ᠶᠢᠨ ᠵᠠᠰᠠᠮᠠᠯ ᠵᠠᠮ ᠳᠡᠭᠡᠷ᠎ᠡ ᠬᠤᠷᠳᠤᠴᠠ ᠪᠠᠨ 80 ᠺᠢᠯᠣᠮᠧᠲᠷ \ ᠴᠠᠭ ᠠᠴᠠ ᠳᠠᠪᠠᠭᠤᠯᠵᠤ ᠪᠣᠯᠬᠤ ᠦᠭᠡᠢ᠂ ᠨᠢᠭᠡᠳᠦᠭᠡᠷ ᠳᠡᠰ ᠤᠨ ᠵᠠᠰᠠᠮᠠᠯ ᠵᠠᠮ᠂ ᠬᠤᠶᠠᠳᠤᠭᠠᠷ ᠳᠡᠰ ᠤᠨ ᠵᠠᠰᠠᠮᠠᠯ ᠵᠠᠮ᠂ ᠭᠤᠷᠪᠠᠳᠤᠭᠠᠷ ᠳᠡᠰ ᠠᠴᠠ ᠳᠣᠷᠣᠭᠰᠢᠬᠢ ᠵᠠᠰᠠᠮᠠᠯ ᠵᠠᠮ ᠳᠡᠭᠡᠷ᠎ᠡ ᠬᠤᠷᠳᠤᠴᠠ ᠪᠠᠨ ᠲᠤᠰᠪᠣᠷᠢ 70 ᠺᠢᠯᠣᠮᠧᠲᠷ᠂ 60 ᠺᠢᠯᠣᠮᠧᠲᠷ᠂ 50 ᠺᠢᠯᠣᠮᠧᠲᠷ \ ᠴᠠᠭ ᠠᠴᠠ ᠳᠠᠪᠠᠭᠤᠯᠵᠤ ᠪᠣᠯᠬᠤ ᠦᠭᠡᠢ᠃ ᠬᠤᠷᠳᠤᠴᠠ ᠬᠢᠵᠠᠭᠠᠷᠯᠠᠬᠤ ᠪᠠᠷᠢᠮᠵᠢᠶ᠎ᠠ ᠨᠢ ᠳᠡᠭᠡᠷᠡᠬᠢ ᠪᠠᠷᠢᠮᠵᠢᠶ᠎ᠠ ᠠᠴᠠ ᠳᠣᠣᠷ᠎ᠠ ᠪᠠᠶᠢᠪᠠᠯ᠂ ᠲᠤᠰ ᠵᠠᠮ ᠤᠨ ᠬᠡᠰᠡᠭ ᠤᠨ ᠪᠠᠷᠢᠮᠵᠢᠶ᠎ᠠ ᠪᠠᠷ ᠪᠠᠷᠢᠮᠵᠢᠶᠠᠯᠠᠨ᠎ᠠ᠃      ︽ᠲᠡᠭᠡᠭᠡᠪᠦᠷᠢ ᠶᠢᠨ ᠲᠡᠷᠭᠡ ᠶᠢ ᠲᠡᠭᠡᠭᠡᠪᠦᠷᠢ ᠶᠢᠨ ᠪᠣᠰᠣ ᠲᠡᠷᠭᠡ ᠪᠣᠯᠭᠠᠭᠰᠠᠨ︾ ᠲᠡᠷᠭᠡ ᠳᠤ ᠰᠢᠨ᠎ᠡ ᠲᠣᠭᠲᠠᠭᠠᠯ ᠭᠠᠷᠭᠠᠪᠠ      ︽ᠲᠡᠭᠡᠭᠡᠪᠦᠷᠢ ᠶᠢᠨ ᠲᠡᠷᠭᠡ ᠶᠢ ᠲᠡᠭᠡᠭᠡᠪᠦᠷᠢ ᠶᠢᠨ ᠪᠣᠰᠣ ᠲᠡᠷᠭᠡ ᠪᠣᠯᠭᠠᠭᠰᠠᠨ︾ ᠠᠶᠠᠨᠴᠢᠳ ᠤᠨ ᠲᠡᠷᠭᠡ ᠶᠢ ᠬᠠᠤᠯᠢ ᠪᠤᠰᠤ ᠪᠠᠷ ᠡᠵᠡᠩᠨᠡᠬᠦ ᠦᠢᠯᠡ ᠠᠵᠢᠯᠯᠠᠭ᠎ᠠ ᠶᠢ ᠴᠠᠭᠠᠵᠠᠯᠠᠬᠤ ᠶᠢᠨ ᠲᠥᠯᠥᠭᠡ᠂ ︽ᠲᠡᠭᠡᠭᠡᠪᠦᠷᠢ ᠶᠢᠨ ᠲᠡᠷᠭᠡ ᠶᠢ ᠲᠡᠭᠡᠭᠡᠪᠦᠷᠢ ᠶᠢᠨ ᠪᠣᠰᠣ ᠲᠡᠷᠭᠡ ᠪᠣᠯᠭᠠᠭᠰᠠᠨ︾ ᠠᠶᠠᠨᠴᠢᠳ ᠤᠨ ᠲᠡᠷᠭᠡ ᠳᠤ ᠡᠷᠬᠡᠪᠰᠢ ᠨᠢᠬᠡᠲᠦᠯᠲᠡᠢ ᠢᠯᠡᠳᠬᠡᠮᠵᠢ ᠶᠢᠨ ᠲᠡᠮᠳᠡᠭ ᠨᠠᠭᠠᠬᠤ ᠪᠣᠶᠤ ᠰᠦᠷᠴᠢᠨ ᠪᠣᠳᠣᠬᠤ ᠬᠡᠷᠡᠭᠲᠡᠢ᠃ ᠵᠢᠭᠤᠯᠴᠢᠯᠠᠯ ᠤᠨ ᠬᠥᠯᠦᠰᠦᠨ ᠲᠡᠷᠭᠡᠨ ᠎ ᠳᠤ ︽ᠲᠡᠷᠭᠡ ᠬᠥᠯᠦᠰᠦᠯᠡᠭᠦᠯᠬᠦ ᠡᠵᠡᠩᠨᠡᠯᠲᠡ ᠶᠢᠨ ᠲᠡᠮᠳᠡᠭ︾ ᠦᠭᠡᠢ ᠪᠤᠶᠤ ᠬᠠᠭᠤᠷᠮᠠᠭ ︽ᠲᠡᠷᠭᠡ ᠬᠥᠯᠦᠰᠦᠯᠡᠭᠦᠯᠬᠦ ᠡᠵᠡᠩᠨᠡᠯᠲᠡ ᠶᠢᠨ ᠲᠡᠮᠳᠡᠭ︾᠎ ᠲᠠᠢ᠂ ᠬᠡᠪᠴᠢᠶ᠎ᠡ ᠠᠴᠠ ᠪᠠᠨ ᠬᠡᠲᠦᠷᠡᠨ ᠡᠵᠡᠩᠨᠡᠭᠰᠡᠨ᠂ ᠵᠢᠴᠢ ︽ᠲᠡᠭᠡᠭᠡᠪᠦᠷᠢ ᠶᠢᠨ ᠲᠡᠷᠭᠡ ᠶᠢ ᠲᠡᠭᠡᠭᠡᠪᠦᠷᠢ ᠶᠢᠨ ᠪᠣᠰᠣ ᠲᠡᠷᠭᠡ ᠪᠣᠯᠭᠠᠭᠰᠠᠨ︾ ᠠᠶᠠᠨᠴᠢᠳ ᠤᠨ ᠲᠡᠷᠭᠡ ᠬᠠᠤᠯᠢ ᠪᠤᠰᠤ ᠪᠠᠷ ᠡᠵᠡᠩᠨᠡᠬᠦ ᠳᠤ ᠬᠤᠯᠪᠣᠭᠳᠠᠭᠰᠠᠨ ᠪᠠᠶᠢᠪᠠᠯ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ︽ᠵᠠᠮ ᠲᠡᠭᠡᠭᠡᠪᠦᠷᠢ ᠶᠢᠨ ᠳᠦᠷᠢᠮ︾ ᠶᠣᠰᠣᠭᠠᠷ ᠴᠢᠩᠭ᠎ᠠ ᠪᠠᠷ ᠰᠢᠳᠬᠡᠨ ᠲᠣᠷᠭᠠᠨ᠎ᠠ᠃      ᠠᠶᠤᠯᠲᠤ ᠬᠢᠮᠢ ᠶᠢᠨ ᠵᠦᠢᠯ ᠤᠨ ᠲᠡᠭᠡᠭᠡᠪᠦᠷᠢ ᠶᠢᠨ ᠲᠡᠷᠭᠡ 500 ᠮᠧᠲᠷ ᠠᠴᠠ ᠳᠡᠭᠡᠭᠰᠢᠬᠢ ᠵᠠᠰᠠᠮᠠᠯ ᠵᠠᠮ ᠤᠨ ᠨᠦᠬᠡᠨ ᠵᠠᠮ ᠢᠶᠠᠷ ᠨᠡᠪᠲᠡᠷᠡᠬᠦ ᠶᠢ ᠴᠢᠩᠭ᠎ᠠ ᠴᠠᠭᠠᠵᠠᠯᠠᠨ᠎ᠠ᠃ ᠠᠵᠤ ᠠᠬᠤᠶᠢᠯᠠᠯ ᠲᠡᠬᠡᠬᠡᠪᠦᠷᠢ ᠶᠢᠨ ᠬᠢᠷᠢ ᠴᠢᠳᠠᠮᠵᠢ ᠣᠯᠣᠭᠰᠠᠨ ᠦᠭᠡᠢ᠂ ᠲᠡᠷᠭᠡ ᠨᠢ ᠲᠡᠭᠡᠭᠡᠪᠦᠷᠢ ᠶᠢᠨ ᠵᠥᠪᠰᠢᠶᠡᠷᠡᠯ ᠣᠯᠤᠭᠰᠠᠨ ᠦᠭᠡᠢ᠂ ᠵᠢᠯᠣᠭᠤᠴᠢ ᠪᠣᠯᠣᠨ ᠳᠠᠷᠤᠨ ᠬᠦᠷᠭᠡᠭᠴᠢ ᠨᠢ ᠠᠶᠤᠯᠲᠤ ᠬᠢᠮᠢ ᠶᠢᠨ ᠵᠦᠢᠯ ᠢ ᠲᠡᠬᠡᠬᠡᠪᠦᠷᠢᠯᠡᠬᠦ ᠠᠵᠢᠯ ᠡᠷᠬᠢᠯᠡᠬᠦ ᠬᠢᠷᠢ ᠬᠡᠮ ᠣᠯᠤᠭᠰᠠᠨ ᠦᠭᠡᠢ ᠪᠠᠷ ᠠᠶᠤᠯᠲᠤ ᠬᠢᠮᠢ ᠶᠢᠨ ᠵᠦᠢᠯ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠵᠤ᠂ ᠦᠢᠯᠡᠳᠪᠦᠷᠢᠯᠡᠯ ᠤᠨ ᠠᠵᠤ ᠠᠬᠤᠶᠢᠯᠠᠯ ᠨᠢ ᠭᠡᠷᠡᠴᠢ ᠦᠨᠡᠮᠯᠡᠯ ᠪᠦᠷᠢᠨ ᠪᠤᠰᠤ᠂ ᠠᠵᠢᠯᠯᠠᠬᠤ ᠬᠢᠷᠢ ᠬᠡᠮ ᠤᠨ ᠦᠨᠡᠮᠯᠡᠯ ᠦᠭᠡᠶ ᠪᠠ ᠬᠢᠷᠢ ᠲᠡᠩᠴᠡᠭᠰᠡᠨ ᠦᠭᠡᠢ ᠲᠡᠷᠭᠡᠨ ᠳᠤ ᠠᠶᠤᠯᠲᠤ ᠬᠢᠮᠢ ᠶᠢᠨ ᠵᠦᠢᠯ ᠠᠴᠢᠶᠠᠯᠠᠬᠤ ᠶᠢ ᠴᠢᠩᠭ᠎ᠠ ᠴᠠᠭᠠᠵᠠᠯᠠᠵᠤ᠂ ᠬᠠᠤᠯᠢ ᠪᠤᠰᠤ ᠪᠠᠷ ᠠᠶᠤᠯᠲᠤ ᠬᠢᠮᠢ ᠶᠢᠨ ᠵᠦᠢᠯ ᠠᠴᠢᠶᠠᠯᠠᠬᠤ ᠶᠢ ᠴᠢᠩᠭ᠎ᠠ ᠴᠠᠭᠠᠵᠠᠯᠠᠨ᠎ᠠ᠃  ᠰᠢᠨ᠎ᠡ ᠪᠠᠷ ᠪᠦᠷᠢᠳᠬᠡᠭᠦᠯᠦᠭᠰᠡᠨ ᠰᠢᠩᠭᠡᠨ ᠪᠡᠶᠡᠲᠦ ᠠᠶᠤᠯᠲᠤ ᠡᠳ᠋ ᠰᠠᠪᠠᠯᠠᠬᠤ ᠪᠢᠲᠡᠭᠦᠦ ᠲᠡᠷᠭᠡ ᠶᠢᠨ ᠪᠠᠴᠢᠮ ᠲᠠᠰᠤᠯᠪᠤᠷᠢ ᠶᠢᠨ ᠲᠥᠬᠦᠭᠡᠷᠦᠮᠵᠢ ᠶᠢᠨ ᠰᠢᠯᠭᠠᠨ ᠪᠠᠶᠢᠴᠠᠭᠠᠯᠲᠠ ᠪᠠ ᠡᠬᠢ ᠡᠭᠦᠰᠦᠯ ᠠᠴᠠ ᠨᠢ ᠠᠳᠬᠤᠬᠤ ᠶᠢ ᠴᠢᠩᠭᠠᠳᠬᠠᠵᠤ᠂ ᠪᠠᠴᠢᠮ ᠲᠠᠰᠤᠯᠪᠤᠷᠢ ᠶᠢᠨ ᠲᠥᠬᠦᠭᠡᠷᠦᠮᠵᠢ ᠤᠭᠰᠠᠷᠠᠭᠰᠠᠨ ᠦᠭᠡᠶ ᠰᠢᠩᠭᠡᠨ ᠪᠡᠶᠡᠲᠦ ᠠᠶᠤᠯᠲᠤ ᠡᠳ᠋ ᠰᠠᠪᠠᠯᠠᠬᠤ ᠪᠢᠲᠡᠭᠦᠦ ᠲᠡᠷᠭᠡ ᠵᠠᠮ ᠳᠡᠭᠡᠷ᠎ᠡ ᠭᠠᠷᠬᠤ ᠶᠢ ᠴᠢᠩᠭ᠎ᠠ ᠴᠠᠭᠠᠵᠠᠯᠠᠬᠤ ᠪᠥᠭᠡᠳ ᠶᠠᠪᠤᠬᠤ ᠳᠤᠮᠳᠠ ᠪᠠᠴᠢᠮ ᠲᠠᠰᠤᠯᠪᠤᠷᠢ ᠶᠢᠨ ᠲᠥᠬᠦᠭᠡᠷᠦᠮᠵᠢ ᠶᠢᠨ ᠨᠡᠬᠡᠬᠡᠭᠳᠡᠬᠦ ᠦᠭᠡᠢ ᠪᠠᠶᠢᠬᠤ ᠶᠢ ᠡᠷᠬᠡᠪᠰᠢ ᠪᠠᠲᠤᠯᠠᠬᠤ ᠬᠡᠷᠡᠭᠲᠡᠢ᠃ ᠠᠳᠠᠯᠢ ᠨᠢᠭᠡᠨ ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠤᠶᠠᠷ ᠵᠢᠯ ᠤᠨ ᠳᠣᠲᠣᠷ᠎ᠠ ᠠᠶᠠᠨᠴᠢᠳ ᠤᠨ ᠲᠤᠭ᠎ᠠ ᠨᠢ ᠬᠡᠲᠦᠷᠡᠭᠰᠡᠨ᠂ ᠳᠠᠭᠠᠭᠠᠴᠠ ᠨᠢ ᠬᠡᠲᠦᠷᠡᠵᠦ ᠬᠠᠦᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠤᠶᠠᠷ ᠤᠳᠠᠭ᠎ᠠ ᠠᠴᠠ ᠳᠡᠭᠡᠭᠰᠢ ᠭᠠᠷᠭᠠᠭᠰᠠᠨ ᠪᠠᠶᠢᠪᠠᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠠᠮᠤᠷ ᠲᠦᠪᠰᠢᠨ ᠪᠣᠯᠣᠨ ᠡᠵᠡᠩᠨᠡᠯᠲᠡ ᠶᠢ ᠭᠤᠣᠯᠴᠢᠯᠠᠨ ᠬᠠᠮᠢᠶᠠᠷᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠲᠤᠰ ᠲᠤᠰ 2000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃      ᠬᠦᠨᠳᠦ ᠶᠡᠭᠡ ᠠᠴᠠ ᠳᠡᠭᠡᠭᠰᠢᠬᠢ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠢ ᠤᠭᠴᠠᠷᠠᠭᠤᠯᠤᠨ᠎ᠠ      ᠲᠡᠭᠡᠭᠡᠪᠦᠷᠢ ᠶᠢᠨ ᠠᠶᠠᠨᠴᠢᠳ ᠤᠨ ᠲᠡᠷᠭᠡ ᠨᠢ ᠨᠡᠯᠢᠶᠡᠳ ᠶᠡᠭᠡ ᠠᠴᠠ ᠳᠡᠭᠡᠭᠰᠢᠬᠢ ᠵᠠᠮ ᠬᠠᠷᠢᠯᠴᠠᠭᠠᠨ ᠤ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠪᠠᠶᠢᠪᠠᠯ᠂ ᠠᠮᠤᠷ ᠲᠥᠪᠰᠢᠨ ᠳᠤ ᠬᠢᠨᠠᠯᠲᠠ ᠲᠠᠯᠪᠢᠬᠤ᠂ ᠵᠠᠮ ᠬᠠᠷᠢᠯᠴᠠᠭ᠎ᠠ ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠦᠨᠳᠦ ᠶᠡᠭᠡ ᠠᠴᠠ ᠳᠡᠭᠡᠭᠰᠢᠬᠢ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠢ ᠬᠠᠤᠯᠢ ᠶᠣᠰᠣᠭᠠᠷ ᠤᠭᠴᠠᠷᠠᠭᠤᠯᠵᠤ᠂ 5 ᠵᠢᠯ ᠤᠨ ᠳᠣᠲᠣᠷ᠎ᠠ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠲᠤᠰᠢᠶᠠᠯ ᠢ ᠡᠭᠦᠷᠭᠡᠯᠡᠵᠦ ᠪᠣᠯᠬᠤ ᠦᠭᠡᠢ︔ ᠶᠠᠯ᠎ᠠ ᠬᠢᠭᠰᠡᠨ ᠳᠤ ᠲᠣᠭᠠᠴᠢᠭᠳᠠᠭᠰᠠᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠦᠨᠳᠦ ᠶᠡᠭᠡ ᠠᠴᠠ ᠳᠡᠭᠡᠭᠰᠢᠬᠢ ᠪᠤᠶᠤ ᠬᠠᠭᠠᠰ ᠵᠢᠯ ᠤᠨ ᠳᠣᠲᠣᠷ᠎ᠠ ᠨᠡᠯᠢᠶᠡᠳ ᠶᠡᠭᠡ ᠬᠠᠷᠢᠭᠤᠴᠠᠯᠭ᠎ᠠ ᠶᠢᠨ ᠠᠳᠡᠯ ᠢ ᠬᠤᠶᠠᠷ ᠤᠳᠠᠭ᠎ᠠ ᠭᠠᠷᠭᠠᠭᠰᠠᠨ ᠵᠠᠮ ᠲᠡᠭᠡᠭᠡᠪᠦᠷᠢ ᠶᠢᠨ ᠠᠵᠤ ᠠᠬᠤᠶᠢᠯᠠᠯ ᠢ ᠵᠠᠮ ᠬᠠᠷᠢᠯᠴᠠᠭᠠᠨ ᠤ ᠰᠠᠯᠠᠭ᠎ᠠ ᠮᠥᠴᠢᠷ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠴᠡᠭᠴᠡᠯᠡᠭᠰᠡᠨ ᠤ ᠳᠠᠷᠠᠭ᠎ᠠ ᠠᠶᠤᠯᠭᠦᠶ ᠦᠢᠯᠡᠳᠪᠦᠷᠢᠯᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠰᠡᠷᠭᠦᠭᠡᠨ ᠡᠵᠡᠩᠨᠡᠬᠦ ᠶᠢ ᠵᠦᠪᠰᠢᠶᠡᠷᠡᠨ᠎ᠡ︔ ᠠᠵᠢᠯ ᠢ ᠨᠢ ᠵᠣᠭᠰᠣᠭᠠᠨ ᠴᠡᠭᠴᠡᠯᠡᠭᠦᠯᠦᠭᠡᠳ ᠮᠥᠨ ᠯᠡ ᠠᠶᠤᠯᠭᠦᠶ ᠦᠢᠯᠡᠳᠪᠦᠷᠢᠯᠡᠬᠦ ᠨᠥᠬᠦᠴᠡᠯ ᠪᠦᠷᠢᠯᠳᠦᠭᠦᠯᠦᠭᠰᠡᠨ ᠦᠭᠡᠶ ᠪᠠᠶᠢᠪᠠᠯ᠂ ᠵᠠᠮ ᠲᠡᠭᠡᠭᠡᠪᠦᠷᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠵᠠᠷᠯᠢᠭᠳᠠᠵᠤ ᠪᠠᠶᠢᠭᠠᠳ ᠬᠤᠪᠢᠷᠠᠭᠠᠬᠤ᠂ ᠲᠡᠮᠳᠡᠭᠯᠡᠯᠲᠡ ᠶᠢ ᠎ ᠨᠢ ᠬᠦᠴᠦᠨ ᠦᠭᠡᠢ ᠪᠣᠯᠭᠠᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map