ᠲᠥᠪ ᠬᠤᠷᠢᠶᠠᠨ ᠤ ᠠᠵᠤ ᠠᠬᠤᠢ ᠠᠵᠢᠯ ᠤᠨ ᠬᠤᠷᠠᠯᠳᠤᠭᠠᠨ ᠤ ᠵᠢᠷᠭᠤᠭᠠᠨ ᠶᠡᠭᠡ ᠣᠨᠴᠠᠯᠢᠭ ᠤᠨ ᠲᠠᠶᠢᠯᠤᠮᠵᠢ
ᠨᠡᠶᠢᠲᠡᠯᠡᠭᠰᠡᠨ ᠴᠠᠭ᠄
2016/1/15
     ︽13᠂ 5︾ ᠲᠦᠯᠦᠪᠵᠢᠭᠦᠯᠭᠡ ᠶᠢᠨ ᠡᠬᠢᠯᠡᠯᠲᠡ ᠶᠢᠨ ᠵᠢᠯ —— 2016 ᠣᠨ ᠳᠤ ᠳᠤᠮᠳᠠᠳᠤ ᠤᠯᠤᠰ ᠤᠨ ᠠᠵᠤ ᠠᠬᠤᠶ ᠶᠠᠮᠠᠷ ᠶᠠᠮᠠᠷ ᠰᠢᠨ᠎ᠡ ᠬᠠᠨᠳᠤᠰᠢ ᠲᠠᠢ ᠪᠣᠢ︖      12 ᠳ᠋ᠤᠭᠠᠷ ᠰᠠᠷ᠎ᠠ ᠶᠢᠨ 18᠎ ᠤ ᠡᠳᠦᠷ ᠠᠴᠠ 21᠎ ᠤ ᠡᠳᠦᠷ ᠪᠣᠯᠲᠠᠯ᠎ᠠ ᠶᠠᠪᠤᠭᠳᠠᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠨᠢ ᠢᠷᠡᠬᠦ ᠵᠢᠯ ᠤᠨ ᠠᠵᠤ ᠠᠬᠤᠢ ᠶᠢᠨ ᠪᠠᠶᠢᠳᠠᠯ᠂ ᠲᠣᠭᠳᠠᠭᠤᠨ ᠨᠡᠮᠡᠭᠳᠡᠯ ᠤᠨ ᠭᠤᠣᠯᠳᠠᠯᠭ᠎ᠠ᠂ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠪᠠᠶᠢᠯᠳᠤᠬᠤ ᠠᠷᠭ᠎ᠠ ᠪᠣᠳᠤᠯᠭ᠎ᠠ ᠡᠭᠦᠷᠭᠡ᠂ ᠴᠢᠬᠤᠯᠠ ᠦᠭᠡᠷᠡᠴᠢᠯᠡᠯᠲᠡ ᠶᠢᠨ ᠬᠦᠷᠢᠶ᠎ᠡ ᠬᠡᠪᠴᠢᠶ᠎ᠡ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠭᠤᠣᠯ ᠠᠭᠤᠯᠭ᠎ᠠ ᠪᠠ ᠨᠡᠬᠡᠬᠡᠯᠲᠡ ᠶᠢᠨ ᠪᠠᠶᠢᠯᠳᠤᠬᠤ ᠪᠣᠳᠤᠯᠭ᠎ᠠ ᠳᠤ ᠲᠣᠳᠤᠷᠬᠠᠢ ᠪᠠᠶᠢᠷᠢᠯᠠᠭᠤᠯᠤᠯᠲᠠ ᠬᠢᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠨᠡᠮᠡᠭᠳᠡᠯ ᠢ ᠲᠣᠭᠳᠠᠭᠤᠨ ᠪᠠᠶᠢᠯᠭᠠᠬᠤ ᠨᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠨᠡᠩ ᠴᠢᠬᠤᠯᠠᠴᠢᠯᠠᠬᠤ ᠬᠡᠷᠡᠭᠲᠡᠢ ᠭᠡᠪᠡ᠃      ᠪᠠᠶᠢᠳᠠᠯ ᠠᠴᠠ ᠦᠵᠡᠪᠡᠯ᠄ ᠰᠢᠨ᠎ᠡ ᠬᠡᠪ ᠪᠠᠶᠢᠳᠠᠯ ᠳᠣᠣᠷ᠎ᠠ ᠦᠨᠳᠦᠰᠦᠨ ᠬᠠᠨᠳᠤᠰᠢ ᠰᠠᠶᠢᠵᠢᠷᠠᠵᠤ ᠪᠠᠶᠢᠪᠡᠴᠦ ᠬᠦᠴᠢᠷᠳᠡᠯ ᠪᠣᠯᠤᠨ ᠦᠷᠢᠰᠦᠯᠳᠦᠭᠡᠨ ᠮᠦᠨ ᠲᠤᠯᠭᠠᠷᠠᠵᠤ ᠪᠠᠶᠢᠨ᠎ᠠ      2016 ᠣᠨ ᠪᠣᠯ ︽13᠂ 5︾ ᠲᠦᠯᠦᠪᠵᠢᠭᠦᠯᠭᠡ ᠶᠢᠨ ᠡᠬᠢᠯᠡᠯᠲᠡ ᠶᠢᠨ ᠵᠢᠯ ᠮᠦᠨ᠂ ᠰᠢᠨ᠎ᠡ ᠲᠠᠪᠤᠨ ᠵᠢᠯ ᠳᠤ ᠳᠤᠮᠳᠠᠳᠤ ᠤᠯᠤᠰ ᠤᠨ ᠠᠵᠤ ᠠᠬᠤᠢ ᠶᠠᠮᠠᠷ ᠪᠠᠶᠢᠳᠠᠯ ᠳᠤ ᠲᠤᠯᠭᠠᠷᠠᠬᠤ ᠪᠣᠢ︖      ᠬᠤᠷᠠᠯ ᠠᠴᠠ ᠮᠠᠨ ᠤ ᠤᠯᠤᠰ ᠤᠨ ᠠᠵᠤ ᠠᠬᠤᠢ ᠶᠢᠨ ᠲᠤᠯᠭᠠᠷᠠᠵᠤ ᠪᠠᠶᠢᠭ᠎ᠠ ᠪᠦᠬᠦᠶᠢᠯᠡ ᠪᠠᠶᠢᠳᠠᠯ ᠢ ᠮᠠᠭᠠᠳᠯᠠᠨ ᠰᠣᠳᠤᠯᠤᠭᠠᠳ ᠵᠢᠭᠠᠵᠤ ᠭᠠᠷᠭᠠᠭᠰᠠᠨ ᠨᠢ᠂ ᠰᠢᠨ᠎ᠡ ᠬᠡᠪ ᠪᠠᠶᠢᠳᠠᠯ ᠢ ᠲᠠᠨᠢᠬᠤ᠂ ᠰᠢᠨ᠎ᠡ ᠬᠡᠪ ᠪᠠᠶᠢᠳᠠᠯ ᠳᠤ ᠵᠣᠬᠢᠴᠠᠬᠤ᠂ ᠰᠢᠨ᠎ᠡ ᠬᠡᠪ ᠪᠠᠶᠢᠳᠠᠯ ᠢ ᠬᠥᠲᠥᠯᠥᠨ ᠳᠠᠭᠠᠭᠤᠯᠬᠤ ᠪᠣᠯ᠂ ᠣᠳᠣᠬᠠᠨ ᠪᠠ ᠬᠤᠶᠢᠰᠢᠳᠠ ᠶᠢᠨ ᠨᠢᠭᠡᠨ ᠬᠤᠭᠤᠴᠠᠭᠠᠨ ᠤ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠶᠢᠨ ᠶᠡᠭᠡ ᠯᠣᠭᠢᠭ ᠮᠦᠨ᠂ ᠡᠨᠡ ᠨᠢ ᠳᠡᠯᠡᠬᠡᠢ ᠶᠢᠨ ᠠᠵᠤ ᠠᠬᠤᠢ ᠶᠢᠨ ᠤᠷᠲᠤ ᠦᠶᠡᠯᠡᠯ ᠤᠨ ᠬᠤᠭᠤᠴᠠᠭ᠎ᠠ ᠪᠠ ᠮᠠᠨ ᠤ ᠤᠯᠤᠰ ᠤᠨ ᠬᠦᠭᠵᠢᠯᠲᠡ ᠶᠢᠨ ᠱᠠᠳᠤ ᠦᠶ᠎ᠡ ᠶᠢᠨ ᠴᠢᠨᠠᠷᠲᠠᠶ ᠰᠢᠨᠵᠢ ᠲᠡᠮᠳᠡᠭ ᠵᠢᠴᠢ ᠲᠡᠭᠦᠨ ᠤ ᠬᠠᠷᠢᠯᠴᠠᠨ ᠦᠢᠯᠡᠴᠢᠯᠡᠯ ᠳᠤ ᠬᠢᠭᠰᠡᠨ ᠶᠡᠷᠦᠩᠬᠡᠶᠢᠯᠡᠭᠰᠡᠨ ᠴᠢᠬᠤᠯᠠ ᠶᠡᠭᠡ ᠮᠠᠭᠠᠳᠯᠠᠯᠲᠠ ᠪᠣᠯᠤᠨ᠎ᠠ᠃      ᠬᠤᠷᠠᠯ ᠠᠴᠠ ᠦᠵᠡᠭᠰᠡᠨ ᠨᠢ᠂ ᠨᠢᠭᠡ ᠲᠠᠯ᠎ᠠ ᠪᠠᠷ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠦᠨᠳᠦᠰᠦᠨ ᠲᠠᠯ᠎ᠠ ᠨᠢ ᠰᠠᠶᠢᠨ ᠪᠠᠶᠢᠵᠤ᠂ ᠳᠠᠯᠳᠠ ᠬᠦᠴᠦᠨ ᠶᠡᠭᠡ᠂ ᠤᠶᠠᠨ ᠴᠢᠨᠠᠷ ᠴᠢᠩᠭ᠎ᠠ᠂ ᠡᠷᠭᠢᠨ ᠲᠣᠭᠤᠷᠢᠮ ᠦᠷᠭᠡᠨ᠂ ᠨᠦᠭᠦᠭᠡ ᠲᠠᠯ᠎ᠠ ᠪᠠᠷ ᠪᠠᠰᠠ ᠤᠯᠠᠨ ᠠᠷᠪᠢᠨ ᠬᠦᠴᠢᠷᠳᠡᠯ ᠪᠠ ᠦᠷᠢᠰᠦᠯᠳᠦᠭᠡᠨ ᠲᠤᠯᠭᠠᠷᠠᠵᠤ᠂ ᠣᠨᠴᠠᠭᠠᠶᠢᠯᠠᠨ ᠪᠦᠲᠦᠴᠡ ᠶᠢᠨ ᠴᠢᠨᠠᠷᠲᠠᠢ ᠦᠢᠯᠡᠳᠪᠦᠷᠢᠯᠡᠯ ᠤᠨ ᠴᠢᠳᠠᠪᠤᠷᠢ ᠶᠢᠨ ᠦᠯᠡᠭᠦᠳᠡᠯ ᠨᠡᠯᠢᠶᠡᠳ ᠬᠦᠨᠳᠦ ᠨᠣᠴᠢᠲᠠᠢ ᠪᠠᠶᠢᠨ᠎ᠠ᠃      ᠡᠳ᠋ ᠤᠨ ᠵᠠᠰᠠᠭ ᠤᠨ ᠶᠠᠮᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠣᠳᠤᠯᠬᠤ ᠭᠠᠵᠠᠷ ᠤᠨ ᠤᠤᠯ ᠤᠨ ᠳᠠᠷᠤᠭ᠎ᠠ᠂ ᠳᠤᠮᠳᠠᠳᠤ ᠶᠢᠨ ᠰᠢᠨ᠎ᠡ ᠬᠠᠩᠭᠠᠯᠭ᠎ᠠ ᠶᠢᠨ ᠠᠵᠤ ᠠᠬᠤᠶ ᠶᠢᠨ ᠤᠬᠠᠭᠠᠨ ᠤ ᠰᠣᠳᠤᠯᠬᠤ ᠬᠦᠷᠢᠶᠡᠯᠡᠩ ᠤᠨ ᠳᠠᠷᠤᠭ᠎ᠠ ᠵᠢᠶ᠋ᠨ ᠺᠠᠩ ᠵᠢᠭᠠᠨ ᠭᠠᠷᠭᠠᠭᠰᠠᠨ ᠨᠢ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠠᠵᠤ ᠠᠬᠤᠢ ᠶᠢᠨ ᠪᠠᠶᠢᠳᠠᠯ ᠳᠤ ᠬᠢᠭᠰᠡᠨ ᠮᠠᠭᠠᠳᠯᠠᠯᠲᠠ ᠨᠢ᠂ ᠮᠠᠨ ᠤ ᠤᠯᠤᠰ ᠤᠨ ᠪᠦᠬᠦᠶᠢᠯᠡ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠪᠠ ᠠᠵᠢᠯ ᠣᠯᠭᠤᠬᠤ ᠨᠢ ᠤᠶᠠᠨ ᠴᠢᠨᠠᠷ ᠢ ᠲᠣᠳᠤᠷᠬᠠᠶᠢᠯᠠᠬᠤ ᠶᠢᠨ ᠬᠠᠮᠲᠤ᠂ ᠪᠠᠰᠠ ᠪᠦᠲᠦᠴᠡ ᠶᠢᠨ ᠲᠣᠬᠢᠷᠠᠭᠤᠯᠯᠤᠯᠲᠠ ᠶᠢᠨ ᠡᠪᠡᠷᠰᠢᠶᠡᠯ ᠢ ᠡᠷᠬᠡᠪᠰᠢ ᠲᠡᠰᠪᠦᠷᠢᠯᠡᠵᠦ᠂ ᠨᠢᠭᠡ ᠪᠦᠯᠦᠭ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠵᠦ ᠪᠠᠶᠢᠬᠤ ᠠᠵᠤ ᠠᠬᠤᠶᠢᠯᠠᠯ ᠢ ᠰᠢᠭᠰᠢᠭᠳᠡᠭᠦᠯᠦᠨ᠎ᠡ ᠭᠡᠪᠡ᠃      ᠲᠥᠷᠦ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠰᠣᠳᠤᠯᠤᠭᠴᠢ ᠵᠠᠩ ᠯᠢ ᠴᠢᠶᠦᠨ ᠤ ᠦᠵᠡᠬᠦ ᠪᠠᠷ᠂ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠵᠤ ᠪᠠᠶᠢᠭ᠎ᠠ ᠢᠳᠡᠪᠬᠢᠲᠡᠶ ᠦᠷ᠎ᠡ ᠪᠦᠲᠦᠮᠵᠢ ᠶᠢ ᠣᠯᠵᠤ ᠬᠠᠷᠠᠨ᠂ ᠢᠷᠡᠭᠡᠳᠦᠢ ᠶᠢᠨ ᠠᠵᠢᠯ ᠤᠨ ᠢᠲᠡᠭᠡᠯ ᠢᠶᠠᠨ ᠨᠡᠮᠡᠭᠳᠡᠭᠦᠯᠵᠦ᠂ ᠲᠦᠭᠰᠢᠭᠦᠷᠢᠲᠦ ᠴᠢᠭ ᠪᠠ ᠲᠣᠭᠳᠠᠭᠤᠨ ᠪᠤᠰᠤ ᠴᠢᠨᠠᠷ ᠢ ᠣᠯᠵᠤ ᠬᠠᠷᠠᠨ᠂ ᠲᠣᠭᠲᠠᠭᠤᠨ ᠤ ᠳᠤᠮᠳᠠ ᠤᠷᠤᠭᠰᠢᠯᠠᠵᠤ ᠪᠠᠶᠢᠭ᠎ᠠ ᠰᠠᠶᠢᠨ ᠪᠠᠶᠢᠳᠠᠯ ᠢ ᠪᠠᠷᠢᠮᠳᠠᠯᠠᠵᠤ᠂ ᠠᠵᠤ ᠠᠬᠤᠶ ᠶᠢᠨ ᠬᠥᠭᠵᠢᠯᠲᠡ ᠨᠢ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ ᠰᠢᠨ᠎ᠡ ᠬᠡᠪ ᠪᠠᠶᠢᠳᠠᠯ ᠢ ᠲᠣᠭᠳᠠᠭᠤᠬᠠᠨ ᠪᠠᠶᠢᠯᠭᠠᠬᠤ ᠬᠡᠷᠡᠭᠲᠡᠢ ᠭᠡᠪᠡ᠃      ᠨᠡᠮᠡᠭᠳᠡᠯ ᠠᠴᠠ ᠦᠵᠡᠪᠡᠯ᠄ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠨᠡᠩ ᠴᠢᠬᠤᠯᠠᠴᠢᠯᠠᠬᠤ ᠬᠡᠷᠡᠭᠲᠡᠢ      ᠠᠵᠤ ᠠᠬᠤᠢ ᠶᠢᠨ ᠬᠦᠭᠵᠢᠯᠲᠡ ᠶᠢ ᠬᠦᠲᠦᠯᠦᠨ ᠳᠠᠭᠠᠭᠤᠯᠬᠤ ᠰᠢᠨ᠎ᠡ ᠬᠡᠪ ᠪᠠᠶᠢᠳᠠᠯ ᠤᠨ ᠱᠠᠭᠠᠷᠳᠠᠯᠭ᠎ᠠ ᠳᠣᠣᠷ᠎ᠠ᠂ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠬᠡᠳᠦᠶᠢᠪᠡᠷ ᠤᠳᠠᠭᠠᠰᠢᠷᠠᠭᠰᠠᠨ ᠪᠣᠯᠪᠠᠴᠤ᠂ ᠬᠦᠭᠵᠢᠯᠲᠡ ᠳᠡᠭᠡᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢᠨ ᠳᠡᠭᠡᠭᠰᠢᠯᠡᠭᠦᠯᠦᠯᠲᠡ ᠶᠢ ᠨᠡᠩ ᠴᠢᠬᠤᠯᠠᠴᠢᠯᠠᠪᠠ᠃      ᠡᠨᠡ ᠵᠢᠯ ᠤᠨ ᠡᠮᠦᠨ᠎ᠡ ᠭᠤᠷᠪᠠᠨ ᠤᠯᠠᠷᠢᠯ ᠳᠤ ᠮᠠᠨ ᠤ ᠤᠯᠤᠰ ᠤᠨ GDP ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ 6.9%᠎ ᠪᠠᠷ ᠨᠡᠮᠡᠭᠳᠡᠪᠡ᠃ 11 ᠳ᠋ᠦ᠋ᠭᠡᠷ ᠰᠠᠷ᠎ᠠ ᠳᠤ ᠨᠡᠶᠢᠲᠡᠯᠡᠭᠰᠡᠨ ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢ ᠲᠣᠭᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠤᠮᠵᠢ︾᠎ ᠳᠤ ᠳᠤᠷᠠᠳᠤᠭᠰᠠᠨ ᠨᠢ᠂ ᠬᠤᠶᠢᠰᠢᠳᠠ ᠶᠢᠨ ᠲᠠᠪᠤᠨ ᠵᠢᠯ ᠳᠤ᠂ ᠳᠤᠮᠳᠠᠳᠤ ᠤᠯᠤᠰ ᠤᠨ ᠠᠵᠤ ᠠᠬᠤᠢ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ ᠬᠠᠷᠠᠯᠲᠠ ᠶᠢ ᠪᠠᠷᠢᠮᠳᠠᠯᠠᠵᠤ᠂ 2016 ᠣᠨ ᠠᠴᠠ 2020 ᠣᠨ ᠬᠦᠷᠲᠡᠯᠡᠬᠢ ᠠᠵᠤ ᠠᠬᠤᠢ ᠶᠢᠨ ᠵᠢᠯ ᠪᠦᠷᠢ ᠨᠡᠮᠡᠭᠳᠡᠬᠦ ᠳᠣᠣᠷᠠᠳᠣ ᠬᠢᠵᠠᠭᠠᠷ ᠢ 6.5%᠎ ᠠᠴᠠ ᠳᠡᠭᠡᠭᠰᠢ ᠪᠠᠶᠢᠯᠭᠠᠨ᠎ᠠ ᠭᠡᠪᠡ᠃      ᠲᠣᠭᠠᠨ ᠤ ᠠᠷᠤ ᠳᠠᠬᠢ ᠨᠡᠮᠡᠭᠳᠡᠯ ᠤᠨ ᠬᠥᠳᠡᠯᠭᠡᠬᠦ ᠬᠦᠴᠦᠨ ᠤ ᠲᠤᠬᠠᠢ᠂ ᠬᠤᠷᠠᠯ ᠠᠴᠠ ᠴᠢᠬᠤᠯᠠᠴᠢᠯᠠᠭᠰᠠᠨ ᠎ ᠨᠢ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠣᠯ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠬᠤ ᠪᠠ ᠬᠥᠲᠥᠯᠥᠨ ᠵᠢᠯᠣᠭᠤᠳᠬᠤ ᠴᠢᠬᠤᠯᠠ ᠶᠡᠭᠡ ᠰᠢᠨ᠎ᠡ ᠡᠭᠦᠳᠦᠯᠲᠡ ᠮᠦᠨ᠂ ᠤᠯᠠᠨ ᠤᠯᠤᠰ ᠤᠨ ᠮᠦᠩᠭᠦᠨ ᠭᠦᠢᠯᠡᠭᠡᠭᠡᠨ ᠤ ᠬᠢᠮᠤᠷᠠᠯ ᠡᠭᠦᠰᠦᠭᠰᠡᠨ ᠤ ᠳᠠᠷᠠᠭᠠᠬᠢ ᠶᠡᠷᠦᠩᠬᠡᠶᠢᠯᠡᠭᠰᠡᠨ ᠤᠯᠤᠰ ᠤᠨ ᠬᠦᠴᠦᠨ ᠤ ᠦᠷᠢᠰᠦᠯᠳᠦᠭᠡᠨ ᠤ ᠰᠢᠨ᠎ᠡ ᠪᠠᠶᠢᠳᠠᠯ ᠳᠤ ᠵᠣᠬᠢᠴᠠᠬᠤ ᠰᠠᠨᠠᠭᠠᠴᠢᠯᠠᠭᠠᠲᠤ ᠰᠤᠩᠭᠤᠯᠲᠠ ᠮᠦᠨ᠂ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠬᠤ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ ᠭᠡᠪᠡ᠃      ᠪᠣᠳᠠᠲᠠᠢ ᠠᠴᠠ ᠦᠵᠡᠪᠡᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠴᠢᠩᠭᠠᠳᠬᠠᠬᠤ ᠳᠤ ᠬᠠᠷᠢᠯᠴᠠᠨ ᠤᠶᠠᠯᠳᠤᠵᠤ ᠬᠡᠷᠡᠭᠵᠢᠭᠦᠯᠬᠦ ᠲᠠᠪᠤᠨ ᠶᠡᠭᠡ ᠲᠦᠷᠦ ᠶᠢᠨ ᠪᠤᠳᠤᠯᠭ᠎ᠠ ᠶᠢᠨ ᠲᠦᠰᠢᠭ ᠲᠤᠯᠭᠠᠭᠤᠷᠢ ᠶᠢ ᠳᠤᠷᠠᠳᠴᠠᠢ᠃ ᠨᠢᠭᠡ ᠳᠤ ᠬᠤᠷᠸ᠎ᠠ ᠲᠦᠷᠦ ᠶᠢᠨ ᠪᠤᠳᠤᠯᠭ᠎ᠠ ᠶᠢ ᠲᠣᠭᠲᠠᠭᠤᠨ ᠪᠠᠶᠢᠯᠭᠠᠵᠤ᠂ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠳᠤ ᠲᠣᠭᠳᠠᠭᠤᠨ ᠬᠤᠷᠸ᠎ᠠ ᠠᠵᠤ ᠠᠬᠤᠢ ᠶᠢᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ︔ ᠬᠤᠶᠠᠷ ᠲᠤ ᠠᠵᠤ ᠦᠢᠯᠡᠰ ᠤᠨ ᠲᠥᠷᠦ ᠶᠢᠨ ᠪᠣᠳᠤᠯᠭ᠎ᠠ ᠣᠨᠤᠪᠴᠢᠲᠠᠢ ᠪᠠᠶᠢᠵᠤ᠂ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ ᠲᠣᠭᠲᠠᠭᠠᠬᠤ ᠬᠡᠷᠡᠭᠲᠡᠢ︔ ᠭᠤᠷᠪᠠ ᠳᠤ ᠬᠤᠮᠠᠬᠢ ᠲᠦᠷᠦ ᠶᠢᠨ ᠪᠤᠳᠤᠯᠭ᠎ᠠ ᠶᠢ ᠠᠮᠢᠳᠤᠯᠢᠭ ᠪᠠᠶᠢᠯᠭᠠᠵᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠠᠵᠤ ᠠᠬᠤᠶᠢᠯᠠᠯ ᠤᠨ ᠠᠮᠢᠳᠤ ᠰᠤᠷᠭᠤᠭ ᠬᠦᠴᠦᠨ ᠪᠠ ᠬᠡᠷᠡᠭᠯᠡᠭᠴᠢᠳ ᠤᠨ ᠳᠠᠯᠳᠠ ᠬᠦᠴᠦᠨ ᠢ ᠬᠦᠭᠵᠢᠭᠡᠬᠦ ᠶᠢ ᠲᠡᠭᠦᠯᠳᠡᠷᠵᠢᠭᠦᠯᠬᠦ ᠬᠡᠷᠡᠭᠲᠡᠢ︔ ᠳᠥᠷᠪᠡ ᠳᠤ ᠦᠭᠡᠷᠡᠴᠢᠯᠡᠯᠲᠡ ᠶᠢᠨ ᠲᠥᠷᠦ ᠶᠢᠨ ᠪᠣᠳᠤᠯᠭ᠎ᠠ ᠪᠣᠳᠠᠲᠠᠢ ᠪᠠᠶᠢᠵᠤ᠂ ᠦᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ ᠠᠬᠢᠭᠤᠯᠬᠤ ᠬᠡᠷᠡᠭᠲᠡᠢ︔ ᠲᠠᠪᠤ ᠳᠤ ᠨᠡᠶᠢᠭᠡᠮ ᠤᠨ ᠲᠥᠷᠦ ᠶᠢᠨ ᠪᠣᠳᠤᠯᠭ᠎ᠠ ᠶᠢᠨ ᠰᠠᠭᠤᠷᠢ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠳᠣᠣᠷ᠎ᠠ ᠬᠢᠵᠠᠭᠠᠷ ᠢ ᠪᠠᠲᠤ ᠰᠠᠬᠢᠬᠤ ᠬᠡᠷᠡᠭᠲᠡᠢ᠃      ᠲᠥᠷᠥ ᠶᠢᠨ ᠶᠠᠪᠤᠳᠠᠯ ᠤᠨ ᠬᠤᠷᠢᠶ᠎ᠡ ᠶᠢᠨ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠡᠬᠢ ᠪᠠᠶᠠᠯᠢᠭ ᠬᠢᠭᠡᠳ ᠣᠷᠴᠢᠨ ᠲᠣᠭᠤᠷᠢᠨ ᠤ ᠲᠦᠷᠦ ᠶᠢᠨ ᠪᠤᠳᠤᠯᠭ᠎ᠠ ᠰᠤᠳᠤᠯᠬᠤ ᠭᠠᠵᠠᠷ ᠤᠨ ᠳᠡᠳ᠋ ᠳᠠᠷᠤᠭ᠎ᠠ ᠯᠢᠦ ᠵᠢᠶᠦ᠋ᠨ ᠠᠴᠠ᠂ 2016 ᠣᠨ ᠳᠤ ᠳᠤᠮᠳᠠᠳᠤ ᠤᠯᠤᠰ ᠤᠨ ᠠᠵᠤ ᠠᠬᠤᠶ ᠮᠦᠨᠴᠦ ᠪᠠᠭᠤᠷᠠᠯᠲᠠ ᠶᠢᠨ ᠶᠠᠪᠤᠴᠠ ᠳᠤ ᠣᠷᠣᠰᠢᠬᠤ ᠪᠣᠯᠣᠨ᠎ᠠ᠃ ᠲᠥᠪ ᠬᠤᠷᠢᠶ᠎ᠠ ᠠᠴᠠ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠳᠤᠷᠠᠳᠤᠭᠰᠠᠨ ᠤ ᠡᠴᠦᠰ ᠤᠨ ᠵᠣᠷᠢᠯᠭ᠎ᠠ ᠪᠣᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦ ᠶᠢ ᠪᠣᠶᠢᠵᠢᠭᠤᠯᠬᠤ ᠪᠣᠯᠣᠨ᠎ᠠ᠂ ᠤᠷᠲᠤᠪᠲᠤᠷ ᠪᠠ ᠤᠷᠲᠤ ᠬᠤᠭᠤᠴᠠᠭᠠᠨ ᠠᠴᠠ ᠦᠵᠡᠪᠡᠯ ᠡᠨᠡ ᠎ ᠨᠢ ᠲᠣᠭᠲᠠᠭᠤᠨ ᠢᠶᠠᠷ ᠨᠡᠮᠡᠭᠳᠡᠭᠦᠯᠬᠦ ᠲᠠᠢ ᠨᠢᠭᠡᠳᠦᠯᠲᠡᠶ ᠶᠤᠮ ᠭᠡᠪᠡ᠃       ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠠᠵᠤ ᠠᠬᠤᠶ ᠶᠢᠨ ᠨᠡᠮᠡᠭᠳᠡᠯ ᠤᠨ ᠲᠣᠭᠲᠠᠪᠤᠷᠢᠵᠢᠭᠤᠯᠤᠯᠲᠠ ᠶᠢ ᠨᠡᠩ ᠢᠯᠡᠭᠦᠦ ᠴᠢᠬᠤᠯᠠᠴᠢᠯᠠᠬᠤ ᠨᠢ ᠠᠷᠠᠳ ᠢᠷᠭᠡᠳ ᠤᠨ ᠠᠮᠢᠳᠤᠷᠠᠯ ᠎ ᠲᠠᠢ ᠶᠠᠮᠠᠷ ᠬᠠᠷᠢᠴᠠᠭ᠎ᠠ ᠲᠠᠢ ᠪᠤᠢ︖ ︽ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠣᠭᠲᠠᠭᠠᠭᠰᠠᠨ ᠨᠢ ᠠᠷᠠᠳ ᠢᠷᠭᠡᠳ ᠤᠨ ᠳᠡᠷᠭᠡᠳᠡᠬᠢ ᠰᠢᠨ᠎ᠡ ᠬᠡᠷᠡᠭᠯᠡᠭᠡᠨ ᠤ ᠵᠠᠭᠪᠤᠷ ᠤᠨ ᠬᠠᠨᠭ᠍ᠭᠠᠯᠭ᠎ᠠ ᠶᠢ ᠨᠡᠩ ᠴᠢᠬᠤᠯᠠᠴᠢᠯᠠᠵᠤ ᠪᠠᠶᠢᠬᠤ ᠶᠢ ᠬᠠᠷᠠᠭᠤᠯᠤᠨ᠎ᠠ᠃︾ ᠭᠤᠸᠠᠩ ᠹᠠ ᠰᠠᠭᠤᠷᠢ ᠮᠥᠡᠭᠭᠦᠨ ᠤ ᠰᠤᠳᠤᠯᠤᠭᠴᠢ᠂ ᠳᠡᠳ᠋ ᠶᠡᠷᠦᠩᠬᠡᠶ ᠳᠠᠭᠠᠭᠠᠮᠠᠯ ᠵᠦ ᠫᠢᠡᠭ ᠠᠴᠠ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠨᠢ ᠠᠷᠠᠳ ᠢᠷᠭᠡᠳ ᠲᠠᠢ ᠨᠢᠭᠲᠠ ᠬᠤᠯᠪᠣᠭ᠎ᠠ ᠲᠠᠢ ᠪᠠᠶᠢᠵᠤ᠂ ᠰᠢᠨ᠎ᠡ ᠬᠡᠷᠡᠭᠯᠡᠭᠡ ᠪᠣᠯᠣᠨ ᠦᠢᠯᠡᠴᠢᠯᠡᠭᠡᠨ ᠤ ᠦᠢᠯᠡᠰ ᠨᠢ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠳᠤ ᠪᠠᠰᠠ ᠨᠢᠭᠡᠨ ᠬᠥᠳᠡᠯᠭᠡᠭᠴᠢ ᠬᠦᠴᠦ ᠪᠣᠯᠵᠤ᠂ ᠢᠷᠡᠭᠡᠳᠦᠶ ᠳᠤ ᠳᠤᠮᠳᠠᠳᠤ ᠤᠯᠤᠰ ᠤᠨ GDP᠎ ᠳᠤ ᠡᠵᠡᠯᠡᠬᠦ ᠬᠤᠪᠢ ᠶᠢᠨ ᠵᠢᠩ ᠠᠯᠬᠤᠮ ᠠᠯᠬᠤᠮ ᠢᠶᠠᠷ ᠳᠡᠭᠡᠭᠰᠢᠯᠡᠬᠦ ᠪᠣᠯᠣᠨ᠎ᠠ ᠭᠡᠵᠦ ᠦᠵᠡᠪᠡ᠃      ᠡᠭᠦᠷᠭᠡ ᠶᠢ ᠠᠵᠢᠭᠯᠠᠪᠠᠯ᠄ ᠪᠠᠶᠢᠯᠳᠤᠬᠤ ᠠᠷᠭ᠎ᠠ ᠶᠢᠨ ᠲᠠᠯ᠎ᠠ ᠪᠠᠷ ᠲᠠᠪᠤᠨ ᠶᠡᠭᠡ ᠵᠠᠩᠭᠢᠯᠠᠭ᠎ᠠ ᠶᠢᠨ ᠴᠢᠭ᠋ ᠢ ᠠᠳᠬᠤᠬᠤ ᠬᠡᠷᠡᠭᠲᠡᠢ      2016 ᠣᠨ ᠤ ᠳᠤᠮᠳᠠᠳᠤ ᠤᠯᠤᠰ ᠤᠨ ᠠᠵᠤ ᠠᠬᠤᠶ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠡᠭᠦᠷᠭᠡ ᠮᠠᠰᠢ ᠨᠦᠰᠡᠷ ᠬᠦᠨᠳᠦ ᠶᠤᠮ᠃ ᠡᠭᠦᠨ ᠳᠤ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ︽ᠪᠠᠶᠢᠯᠳᠤᠬᠤ ᠪᠤᠳᠤᠯᠭ᠎ᠠ︾ ᠪᠣᠯᠣᠨ ︽ᠪᠠᠶᠢᠯᠳᠤᠬᠤ ᠠᠷᠭ᠎ᠠ︾᠎ ᠶᠢᠨ ᠲᠠᠯ᠎ᠠ ᠪᠠᠷ ᠲᠣᠬᠢᠷᠠᠭᠤᠯᠤᠯᠲᠠ ᠬᠢᠵᠦ᠂ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠲᠣᠭᠲᠠᠭᠤᠨ ᠪᠠᠶᠢᠯᠭᠠᠬᠤ ᠶᠢᠨ ᠬᠠᠮᠲᠤ ᠤᠷᠤᠭᠰᠢᠯᠠᠬᠤ ᠶᠢ ᠪᠠᠷᠢᠮᠲᠠᠯᠠᠨ᠂ ᠠᠶᠢᠵᠠᠮ ᠪᠣᠯᠣᠨ ᠡᠷᠴᠢᠮ ᠢ ᠰᠠᠶᠢᠲᠤᠷ ᠡᠵᠡᠮᠳᠡᠵᠦ᠂ ᠪᠠᠶᠢᠯᠳᠤᠬᠤ ᠠᠷᠭ᠎ᠠ ᠶᠢᠨ ᠲᠠᠯ᠎ᠠ ᠪᠠᠷ ᠵᠠᠩᠭᠢᠯᠠᠭ᠎ᠠ ᠶᠢᠨ ᠴᠢᠭ᠋ ᠢ ᠠᠳᠬᠤᠵᠤ᠂ ᠭᠤᠣᠯᠳᠠᠭᠤ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ᠂ ᠬᠥᠮᠦᠷᠭᠡ ᠶᠢᠨ ᠬᠠᠳᠠᠭᠠᠯᠠᠮᠵᠢ ᠶᠢ ᠦᠭᠡᠶᠢᠰᠭᠡᠬᠦ᠂ ᠬᠦᠰᠢᠭᠦᠷᠭᠡ ᠶᠢ ᠦᠭᠡᠶᠢᠰᠭᠡᠬᠦ᠂ ᠥᠪᠡᠷ ᠤᠨ ᠥᠷᠲᠡᠭ ᠢ ᠪᠠᠭᠤᠷᠠᠭᠤᠯᠬᠤ᠂ ᠳᠤᠲᠠᠭᠳᠠᠯ ᠢ ᠨᠥᠬᠦᠪᠥᠷᠢᠯᠡᠬᠦ ᠲᠠᠪᠤᠨ ᠶᠡᠭᠡ ᠡᠭᠦᠷᠭᠡ ᠶᠢ ᠰᠠᠶᠢᠲᠤᠷ ᠠᠳᠬᠤᠬᠤ ᠬᠡᠷᠡᠭᠲᠡᠢ᠃      ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠵᠦ ᠪᠠᠶᠢᠭ᠎ᠠ ᠲᠠᠯ᠎ᠠ ᠶᠢ ᠢᠳᠡᠪᠬᠢᠲᠡᠶ ᠯᠠᠪᠳᠠᠭᠤᠨ ᠲᠣᠬᠢᠷᠠᠮᠵᠢᠲᠠᠢ ᠰᠢᠢᠳᠪᠦᠷᠢᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠬᠤ ᠪᠠ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠠᠷᠢᠴᠠᠭ᠎ᠠ ᠶᠢ ᠲᠣᠬᠢᠷᠠᠮᠵᠢᠲᠠᠢ ᠰᠢᠢᠳᠪᠦᠷᠢᠯᠡᠵᠦ᠂ ᠠᠯᠢ ᠪᠣᠯᠬᠤ ᠪᠠᠷ ᠢᠯᠡᠭᠦᠬᠡᠨ ᠨᠡᠶᠢᠯᠡᠭᠦᠯᠦᠨ ᠳᠠᠬᠢᠨ ᠵᠣᠬᠢᠶᠠᠨ ᠪᠠᠶᠢᠭᠤᠯᠵᠤ᠂ ᠴᠥᠭᠡᠬᠡᠨ ᠲᠠᠮᠫᠦᠷᠠᠭᠤᠯᠤᠨ ᠢᠯᠭᠠᠷᠠᠭᠤᠯᠤᠨ ᠪᠣᠳᠣᠵᠣ᠂ ᠠᠵᠢᠯᠲᠠᠨ ᠠᠵᠢᠯᠴᠢᠨ ᠢ ᠲᠥᠪᠬᠢᠨᠡᠭᠦᠯᠬᠦ ᠠᠵᠢᠯ ᠢ ᠰᠠᠶᠢᠲᠤᠷ ᠬᠢᠬᠦ ᠶᠢ ᠬᠤᠷᠠᠯ ᠠᠴᠠ ᠳᠤᠷᠠᠳᠤᠭᠰᠠᠨ ᠤ ᠬᠠᠮᠲᠤ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ ᠰᠢᠨ᠎ᠡ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠬᠦ ᠶᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃      ᠠᠵᠤ ᠠᠬᠤᠶᠢᠯᠠᠯ ᠢ ᠬᠠᠪᠰᠤᠷᠴᠤ ᠥᠪᠡᠷ ᠤᠨ ᠦᠷᠳᠡᠭ ᠢ ᠨᠢ ᠪᠠᠭᠤᠷᠠᠭᠤᠯᠬᠤ ᠲᠠᠯ᠎ᠠ ᠪᠠᠷ᠂ ᠬᠤᠷᠠᠯ ᠳᠤ ᠪᠣᠳᠠᠲᠤ ᠴᠣᠭᠴᠠ ᠶᠢᠨ ᠠᠵᠤ ᠠᠬᠤᠶ ᠶᠢᠨ ᠠᠵᠤ ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠬᠤ ᠠᠵᠢᠯᠯᠠᠭ᠎ᠠ ᠥᠷᠨᠢᠭᠦᠯᠬᠦ ᠶᠢ ᠳᠤᠷᠠᠳᠴᠤ᠂ ︽ᠬᠠᠮ ᠲᠥᠷᠥ ᠶᠢᠨ ᠪᠣᠳᠣᠯᠭ᠎ᠠ︾ ᠭᠠᠷᠭᠠᠵᠠᠶ᠃ ᠡᠭᠦᠨ ᠳᠤ᠂ ᠳᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠦᠷᠳᠡᠭ᠂ ᠨᠡᠶᠢᠭᠡᠮ ᠤᠨ ᠳᠠᠭᠠᠳᠬᠠᠯ ᠤᠨ ᠵᠠᠷᠤᠳᠠᠯ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠥᠪᠡᠷ ᠤᠨ ᠦᠷᠲᠡᠭ᠂ ᠴᠠᠬᠢᠯᠭᠠᠨ ᠬᠦᠴᠦᠨ ᠤ ᠦᠨ᠎ᠡ ᠬᠠᠩᠰᠢ ᠵᠢᠴᠢ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠲᠡᠭ ᠢ ᠪᠠᠭᠤᠷᠠᠭᠤᠯᠬᠤ ᠬᠡᠷᠡᠭᠲᠡᠢ᠃      ᠭᠡᠷ ᠪᠠᠶᠢᠰᠢᠩ ᠭᠠᠵᠠᠷ ᠬᠦᠷᠦᠩᠭᠡ ᠶᠢᠨ ᠬᠥᠮᠥᠷᠭᠡ ᠶᠢᠨ ᠬᠠᠳᠠᠭᠠᠯᠠᠮᠵᠢ ᠶᠢ ᠰᠢᠢᠳᠪᠦᠷᠢᠯᠡᠬᠦ ᠲᠠᠯ᠎ᠠ ᠪᠠᠷ᠂ ᠬᠥᠯᠥᠰᠥᠨ ᠠᠵᠢᠯᠴᠢᠳ ᠢ ᠬᠤᠲᠠ ᠶᠢᠨ ᠠᠷᠠᠳ ᠪᠣᠯᠭᠠᠬᠤ ᠶᠢ ᠲᠥᠷᠭᠡᠳᠬᠡᠬᠦ ᠪᠠᠷ ᠳᠠᠮᠵᠢᠭᠤᠯᠤᠨ᠂ ᠪᠦᠲᠦᠮᠵᠢᠲᠡᠶ ᠬᠡᠷᠡᠭᠴᠡᠭᠡ ᠶᠢ ᠥᠷᠭᠡᠳᠬᠡᠵᠦ᠂ ᠬᠠᠩᠭᠠᠯᠭ᠎ᠠ ᠬᠡᠷᠡᠭᠴᠡᠭᠡᠨ ᠤ ᠵᠠᠮ ᠢ ᠨᠡᠪᠲᠡᠷᠡᠭᠦᠯᠦᠨ᠂ ᠬᠥᠮᠦᠷᠭᠡ ᠶᠢᠨ ᠬᠠᠳᠠᠭᠠᠯᠠᠮᠵᠢ ᠶᠢ ᠦᠭᠡᠶᠢᠰᠬᠡᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠢ ᠲᠣᠭᠲᠠᠪᠤᠷᠵᠢᠭᠤᠯᠬᠤ ᠶᠢ ᠳᠤᠷᠠᠳᠤᠪᠠ᠃ ᠡᠭᠦᠨ ᠤ ᠬᠠᠮᠲᠤ ᠪᠠᠰᠠ ᠤᠯᠠᠨ ᠨᠡᠶᠢᠲᠡ ᠶᠢᠨ ᠭᠡᠷ ᠲᠦᠷᠢᠶᠡᠰᠦᠯᠡᠯ ᠤᠨ ᠡᠷᠬᠡ ᠶᠢ ᠡᠷᠥᠭᠡ ᠠᠮᠠ ᠶᠢᠨ ᠪᠤᠰᠤ ᠬᠥᠮᠦᠨ ᠠᠮᠠ ᠬᠦᠷᠲᠡᠯ᠎ᠡ ᠥᠷᠭᠡᠳᠬᠡᠬᠦ᠂ ᠭᠡᠷ ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠢ ᠵᠣᠷᠢᠭᠵᠢᠭᠤᠯᠤᠨ ᠦᠨ᠎ᠡ ᠬᠠᠨᠭ᠍ᠰᠢ ᠶᠢ ᠪᠠᠭᠤᠷᠠᠭᠤᠯᠬᠤ᠂ ᠴᠠᠭ ᠦᠶ᠎ᠡ ᠠᠴᠠ ᠬᠤᠴᠣᠷᠣᠭᠰᠠᠨ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠬᠤ ᠵᠡᠷᠭᠡ ᠠᠷᠭ᠎ᠠ ᠶᠢ ᠳᠤᠷᠠᠳᠤᠨ ᠭᠠᠷᠭᠠᠵᠠᠶ᠃      ᠪᠦᠲᠦᠮᠵᠢᠲᠡᠶ ᠬᠠᠩᠭᠠᠯᠭ᠎ᠠ ᠶᠢ ᠥᠷᠭᠡᠳᠬᠡᠬᠦ ᠲᠠᠯ᠎ᠠ ᠪᠠᠷ᠂ ᠬᠤᠷᠠᠯ ᠠᠴᠠ ᠶᠠᠳᠠᠭᠤ ᠶᠢ ᠲᠡᠳᠬᠦᠬᠦ ᠪᠡᠷᠬᠡ ᠰᠡᠳᠦᠪ ᠢ ᠰᠢᠢᠳᠪᠦᠷᠢᠯᠡᠬᠦ᠂ ᠠᠵᠤ ᠠᠬᠤᠶᠢᠯᠠᠯ ᠤᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠲᠡᠰ ᠳᠡᠪᠰᠢᠭᠦᠯᠬᠦ ᠶᠢ ᠳᠡᠮᠵᠢᠬᠦ᠂ ᠡᠯ᠎ᠡ ᠲᠦᠷᠦᠯ ᠤᠨ ᠰᠢᠨ᠎ᠡ ᠡᠭᠦᠳᠦᠯᠲᠡ ᠶᠢ ᠪᠤᠶᠢᠵᠢᠭᠤᠯᠬᠤ᠂ ᠰᠠᠭᠤᠷᠢ ᠪᠡᠯᠡᠳᠬᠡᠮᠵᠢ ᠶᠢ ᠪᠠᠶᠢᠭᠤᠯᠬᠤ᠂ ᠬᠥᠳᠡᠯᠮᠦᠷᠢᠴᠢᠳ ᠢ ᠵᠠᠬ᠎ᠠ ᠳᠡᠯᠭᠡᠭᠦᠷ ᠲᠠᠢ ᠲᠣᠬᠢᠷᠠᠯᠴᠠᠭᠤᠯᠬᠤ᠂ ᠬᠥᠳᠡᠭᠡ ᠠᠵᠤ ᠠᠬᠤᠶ ᠶᠢᠨ ᠦᠢᠯᠡᠳᠪᠦᠷᠢᠯᠡᠯ ᠢ ᠰᠠᠶᠢᠲᠤᠷ ᠠᠳᠬᠤᠬᠤ ᠵᠡᠷᠭᠡ ᠲᠠᠯ᠎ᠠ ᠠᠴᠠ ᠰᠢᠨ᠎ᠡ ᠠᠷᠭ᠎ᠠ ᠵᠠᠮ ᠳᠤᠷᠠᠳᠤᠭᠰᠠᠨ ᠪᠠᠶᠢᠨ᠎ᠠ᠃      ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ᠂ ᠬᠤᠷᠠᠯ ᠠᠴᠠ ᠢᠲᠡᠭᠡᠮᠵᠢ ᠶᠢᠨ ᠭᠡᠷ᠎ᠡ ᠶᠢ ᠵᠦᠷᠢᠴᠡᠭᠰᠡᠳ ᠢ ᠬᠠᠤᠯᠢ ᠶᠣᠰᠣᠭᠠᠷ ᠰᠢᠢᠳᠪᠦᠷᠢᠯᠡᠬᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠠᠷᠢᠯᠭᠠᠬᠤ᠂ ᠪᠦᠬᠦ ᠲᠠᠯ᠎ᠠ ᠪᠠᠷ ᠬᠢᠨᠠᠨ ᠬᠠᠮᠢᠶᠠᠷᠬᠤ ᠶᠢ ᠴᠢᠩᠭᠠᠳᠬᠠᠬᠤ ᠵᠡᠷᠭᠡ ᠡᠭᠦᠷᠭᠡ ᠶᠢ ᠳᠤᠷᠠᠳᠤᠨ ᠭᠠᠷᠭᠠᠪᠠ᠃      ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠤᠯᠤᠰ ᠤᠨ ᠬᠥᠭᠵᠢᠭᠦᠯᠦᠯᠲᠡ ᠪᠣᠯᠤᠨ ᠥᠭᠡᠷᠡᠴᠢᠯᠡᠯᠲᠡ ᠶᠢᠨ ᠰᠤᠳᠤᠯᠭᠠᠨ ᠤ ᠬᠦᠷᠢᠶᠡᠯᠡᠩ ᠤᠨ ᠭᠦᠢᠴᠡᠳᠬᠡᠬᠦ ᠳᠠᠷᠤᠭ᠎ᠠ ᠯᠢᠦ ᠶᠣᠸᠠᠨ ᠴᠦᠨ ᠠᠴᠠ᠂ ᠲᠥᠪ ᠬᠤᠷᠢᠶ᠎ᠡ ᠶᠢᠨ ᠳᠤᠷᠠᠳᠤᠭᠰᠠᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠨᠢ ︽ᠬᠦᠰᠢᠭᠰᠡᠨ ᠠᠵᠤ ᠠᠬᠤᠶᠢᠯᠠᠯ︾᠂ ᠶᠡᠬᠡᠪᠡᠷ ᠥᠷᠲᠦᠭᠰᠡᠨ ᠠᠵᠤ ᠠᠬᠤᠶᠢᠯᠠᠯ ᠪᠣᠯᠤᠨ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠵᠦ ᠪᠠᠶᠢᠭ᠎ᠠ ᠠᠵᠤ ᠠᠬᠤᠶᠢᠯᠠᠯ ᠤᠨ ᠲᠣᠬᠢᠷᠠᠭᠤᠯᠤᠯᠲᠠ ᠲᠠᠢ ᠬᠤᠯᠪᠤᠭᠳᠠᠨ᠎ᠠ᠃ ᠡᠨᠡᠬᠦ ᠲᠣᠬᠢᠷᠠᠭᠤᠯᠤᠯᠲᠠ ᠨᠢ ᠤᠷᠲᠤᠪᠲᠤᠷ ᠪᠠ ᠤᠷᠲᠤ ᠬᠤᠭᠤᠴᠠᠭᠠᠨ ᠤ ᠠᠵᠤ ᠠᠬᠤᠶ ᠶᠢᠨ ᠡᠷᠡᠭᠦᠯ ᠪᠥᠭᠡᠳ ᠦᠷᠭᠦᠯᠵᠢᠯᠡᠬᠦ ᠬᠥᠭᠵᠢᠯᠲᠡ ᠶᠢ ᠨᠡᠩ ᠢᠯᠡᠭᠦᠦ ᠴᠢᠬᠤᠯᠠᠴᠢᠯᠠᠪᠠ᠂ ᠬᠠᠷᠢᠨ ᠣᠬᠤᠷ ᠬᠤᠭᠤᠴᠠᠭᠠᠨ ᠤ ᠠᠵᠤ ᠠᠬᠤᠶ ᠶᠢᠨ ᠬᠡᠯᠪᠡᠯᠵᠡᠯ ᠢ ᠠᠷᠭᠠᠴᠠᠬᠤ ᠶᠢᠨ ᠲᠥᠯᠦᠭᠡ ᠯᠠ ᠪᠢᠰᠢ ᠶᠤᠮ ᠭᠡᠵᠦ ᠦᠵᠡᠪᠡ᠃      ᠳᠡᠭᠡᠷ᠎ᠡ ᠳᠤᠷᠠᠳᠤᠭᠰᠠᠨ ᠲᠠᠪᠤᠨ ᠶᠡᠭᠡ ᠪᠠᠶᠢᠯᠳᠤᠬᠤ ᠠᠷᠭ᠎ᠠ ᠶᠢᠨ ᠡᠭᠦᠷᠭᠡ ᠳᠤ ᠴᠢᠭᠯᠡᠭᠦᠯᠦᠨ᠂ ᠯᠢ ᠽᠥᠸᠧ ᠵᠢᠶᠦ᠋ᠨ ᠠᠴᠠ ᠡᠳᠡᠭᠡᠷ ᠡᠭᠦᠷᠭᠡ ᠨᠢ ᠳᠣᠲᠣᠭᠠᠳᠤ ᠳᠠᠭᠠᠨ ᠬᠠᠷᠢᠯᠴᠠᠨ ᠬᠤᠯᠪᠤᠭ᠎ᠠ ᠲᠠᠢ ᠶᠤᠮ ᠭᠡᠵᠦ ᠢᠯᠡᠷᠬᠡᠶᠢᠯᠡᠪᠡ᠄ ᠡᠨᠡ ᠵᠢᠯ ᠵᠠᠰᠠᠭ ᠤᠨ ᠣᠷᠳᠣᠨ ᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠᠷ ᠳᠠᠮᠵᠢᠭᠤᠯᠤᠨ᠂ ︽ᠲᠥᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠥᠭ ᠲᠥᠮᠡᠨ ᠢᠶᠠᠷ ᠢᠶᠠᠨ ᠰᠢᠨ᠎ᠡ ᠶᠢ ᠡᠭᠦᠳᠬᠦ︾᠎ ᠳᠤ ᠮᠡᠳᠡᠭᠳᠡᠬᠦ᠋ᠢᠴᠡ ᠦᠷ᠎ᠡ ᠪᠦᠲᠦᠮᠵᠢ ᠤᠯᠪᠠ︔ ᠭᠡᠲᠡᠯ᠎ᠡ ᠢᠷᠡᠬᠦ ᠵᠢᠯ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠭᠦᠨᠵᠡᠭᠡᠶ ᠬᠡᠷᠡᠭᠵᠢᠭᠦᠯᠬᠦ ᠶᠢᠨ ᠬᠠᠮᠲᠤ ᠴᠢᠬᠤᠯᠠᠴᠢᠯᠠᠬᠤ ᠶᠣᠰᠤᠲᠠᠢ ᠠᠵᠢᠯ ᠪᠣᠯ ᠳᠠᠷᠤᠶ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠯᠢᠭᠳᠡᠭᠦᠯᠬᠦ ᠪᠠ ᠠᠳᠠᠯ ᠦᠢᠯᠡᠰ ᠴᠤᠭᠴᠠᠯᠠᠨ ᠰᠢᠨ᠎ᠡ ᠶᠢ ᠡᠭᠦᠳᠬᠦ ᠶᠢ ᠠᠬᠢᠭᠤᠯᠬᠤ ᠶᠢ ᠤᠶᠠᠯᠳᠤᠭᠤᠯᠬᠤ ᠪᠣᠯᠣᠨ᠎ᠠ᠃ ︽ᠤᠤᠯ ᠤᠨ ᠬᠦᠰᠢᠭᠰᠡᠨ ᠠᠵᠤ ᠠᠬᠤᠶᠢᠯᠠᠯ ᠤᠨ ᠡᠵᠡᠯᠡᠵᠦ ᠪᠠᠶᠢᠭ᠎ᠠ‌ᠢᠲᠡᠬᠡᠮᠵᠢ ᠶᠢᠨ ᠵᠢᠭᠡᠯᠡᠯᠭᠡ᠂ ᠭᠠᠵᠠᠷ ᠰᠢᠷᠣᠶ ᠵᠡᠷᠭᠡ ᠶᠢ ᠪᠠᠭᠲᠠᠭᠠᠭᠰᠠᠨ ᠡᠯ᠎ᠡ ᠲᠥᠷᠥᠯ ᠤᠨ ᠡᠬᠢ ᠪᠠᠶᠠᠯᠢᠭ ᠢ ᠴᠦᠮ ᠵᠠᠰᠠᠭ ᠤᠨ ᠣᠷᠳᠣᠨ ᠤ ᠵᠢᠯᠤᠭᠤᠳᠤᠯᠭ᠎ᠠ ᠳᠣᠣᠷ᠎ᠠ ᠰᠢᠨ᠎ᠡ ᠪᠠᠷ ᠬᠥᠭᠵᠢᠭᠰᠡᠨ ᠠᠵᠤ ᠦᠢᠯᠡᠰ ᠵᠥᠭ ᠲᠥᠪᠯᠡᠷᠡᠭᠦᠯᠵᠦ᠂ ᠬᠠᠭᠤᠴᠢᠨ ᠢ ᠦᠭᠡᠶᠢᠰᠬᠡᠨ ᠰᠢᠨ᠎ᠡ ᠶᠢ ᠪᠠᠶᠢᠭᠤᠯᠬᠤ ᠶᠢ ᠪᠡᠶᠡᠯᠡᠭᠦᠯᠬᠦ ᠪᠣᠯᠣᠨ᠎ᠠ ᠭᠡᠵᠦ ᠯᠢ ᠽᠥᠸᠧ ᠵᠢᠶᠦ᠋ᠨ ᠬᠡᠯᠡᠪᠡ᠃      ᠥᠭᠡᠷᠡᠴᠢᠯᠡᠯᠲᠡ ᠶᠢ ᠠᠵᠢᠭᠯᠠᠪᠠᠯ᠄ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠳ᠋ ᠤᠨ ᠵᠠᠰᠠᠭ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ᠂ ᠨᠡᠶᠢᠭᠡᠮ ᠤᠨ ᠳᠠᠭᠠᠳᠬᠠᠯ ᠲᠦᠷᠪᠡᠠ ᠶᠡᠭᠡ ᠬᠦᠷᠢᠶ᠎ᠡ ᠶᠢ ᠳᠣᠪᠣᠶᠢᠯᠠᠭᠠᠬᠤ ᠬᠡᠷᠡᠭᠲᠡᠢ      ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ᠂ ᠬᠥᠮᠦᠷᠭᠡ ᠶᠢᠨ ᠬᠠᠳᠠᠭᠠᠯᠠᠮᠵᠢ ᠶᠢ ᠦᠭᠡᠶᠢᠰᠭᠡᠬᠦ᠂ ᠬᠦᠰᠢᠭᠦᠷᠭᠡ ᠶᠢ ᠦᠭᠡᠶᠢᠰᠭᠡᠬᠦ᠂ ᠥᠪᠡᠷ ᠤᠨ ᠥᠷᠲᠡᠭ ᠢ ᠪᠠᠭᠤᠷᠠᠭᠤᠯᠬᠤ᠂ ᠳᠤᠲᠠᠭᠳᠠᠯ ᠢ ᠨᠥᠬᠦᠪᠥᠷᠢᠯᠡᠬᠦ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠥᠭᠡᠷᠡᠴᠢᠯᠡᠯᠲᠡ ᠶᠢ ᠡᠷᠬᠡᠪᠰᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ᠃ ᠡᠭᠦᠨ ᠳᠤ ᠬᠠᠨᠳᠤᠭᠤᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ᠴᠢᠬᠤᠯᠠ ᠬᠦᠷᠢᠶ᠎ᠡ ᠬᠡᠪᠴᠢᠶ᠎ᠡ ᠪᠣᠯᠣᠨ ᠵᠠᠩᠭᠢᠯᠠᠭ᠎ᠠ ᠶᠢᠨ ᠭᠤᠭᠴᠣᠭᠠᠨ ᠳᠠᠬᠢ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠴᠢᠬᠤᠯᠠ ᠶᠡᠭᠡ ᠳᠠᠭᠠᠭᠤᠯᠬᠤ ᠦᠢᠯᠡᠳᠦᠯ ᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠬᠤ ᠪᠠᠷ ᠳᠤᠷᠠᠳᠴᠠᠢ᠃      ᠰᠤᠷᠪᠤᠯᠵᠢᠯᠠᠭᠴᠢ ᠠᠴᠠ᠂ ᠬᠤᠷᠠᠯ ᠳᠡᠭᠡᠷ᠎ᠡ ᠳᠤᠷᠠᠳᠤᠭᠰᠠᠨ ᠥᠭᠡᠷᠡᠴᠢᠯᠡᠯᠲᠡ ᠨᠢ ᠭᠤᠣᠯᠳᠠᠭᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠪᠣᠯᠤᠨ ᠨᠡᠶᠢᠭᠡᠮ ᠤᠨ ᠳᠠᠭᠠᠳᠬᠠᠯ ᠤᠨ ᠥᠭᠡᠷᠡᠴᠢᠯᠡᠯᠲᠡ ᠵᠡᠷᠭᠡ ᠳᠥᠷᠪᠡᠨ ᠬᠦᠷᠢᠶᠡᠨ ᠳᠤ ᠲᠥᠪᠯᠡᠷᠡᠵᠦ ᠪᠠᠶᠢᠨ᠎ᠠ ᠭᠡᠵᠦ ᠳ᠋ᠦᠡᠭᠨᠡᠨ ᠡᠮᠬᠢᠯᠡᠪᠡ᠃      — — ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠳᠤᠮᠳᠠ᠂ ᠬᠤᠷᠠᠯ ᠠᠴᠠ ᠤᠯᠤᠰ ᠤᠨ ᠥᠮᠴᠢᠯᠡᠯ ᠤᠨ ᠬᠦᠷᠦᠩᠭᠡ ᠶᠢᠨ ᠪᠡᠯᠡ ᠣᠷᠣᠭᠤᠯᠤᠯᠲᠠ ᠪᠣᠯᠣᠨ ᠡᠵᠡᠩᠨᠡᠯᠲᠡ ᠶᠢᠨ ᠺᠣᠮᠫᠠᠨᠢ ᠶᠢ ᠲᠥᠷᠭᠡᠨ ᠥᠭᠡᠷᠡᠴᠢᠯᠡᠨ ᠪᠠᠶᠢᠭᠤᠯᠵᠤ᠂ ᠮᠣᠨᠣᠫᠣᠯᠢ ᠶᠢᠨ ᠠᠵᠢᠯ ᠲᠥᠷᠥᠯ ᠤᠨ ᠥᠭᠡᠷᠡᠴᠢᠯᠡᠯᠲᠡ ᠶᠢ ᠲᠥᠷᠭᠡᠨ ᠠᠬᠢᠭᠤᠯᠬᠤ ᠬᠡᠷᠡᠭᠲᠡᠶ ᠭᠡᠵᠦ ᠳᠤᠷᠠᠳᠴᠠᠢ᠃      — ᠡᠳ᠋ ᠤᠨ ᠵᠠᠰᠠᠭ ᠤᠨ ᠭᠠᠶᠢᠯᠢ ᠶᠢᠨ ᠥᠭᠡᠷᠡᠴᠢᠯᠡᠯᠲᠡ ᠳᠤ᠂ ᠬᠤᠷᠠᠯ ᠠᠴᠠ ᠲᠥᠪ ᠪᠠ ᠣᠷᠣᠨ ᠨᠤᠲᠤᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠠᠳᠬᠤᠵᠤ᠂ ᠣᠷᠣᠨ ᠨᠤᠲᠤᠭ ᠤᠨ ᠭᠠᠶᠢᠯᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠷᠣᠨ ᠨᠤᠲᠤᠭ ᠤᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠵᠡᠷᠭᠡ ᠵᠠᠩᠭᠢᠯᠠᠭ᠎ᠠ ᠶᠢᠨ ᠴᠢᠨᠠᠷᠲᠠᠶ ᠠᠰᠠᠭᠤᠳᠠᠯ ᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠲᠤᠷᠠᠳᠪᠠ᠃      — ᠮᠥᠩᠭᠦᠨ ᠭᠦᠢᠯᠭᠡᠭᠡᠨ ᠤ ᠥᠭᠡᠷᠡᠴᠢᠯᠡᠯᠲᠡ ᠳᠤ᠂ ᠬᠤᠷᠠᠯ ᠠᠴᠠ ᠪᠡᠯᠡ ᠲᠣᠬᠢᠷᠠᠭᠤᠯᠬᠤ ᠴᠢᠳᠠᠮᠵᠢ ᠪᠠᠷ ᠪᠦᠷᠢᠨ ᠲᠡᠭᠦᠯᠳᠡᠷ᠂ ᠰᠠᠭᠤᠷᠢ ᠲᠦᠷᠢᠮ ᠯᠠᠪᠳᠠᠭᠤᠨ ᠪᠠᠲᠤᠲᠠᠶ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠦᠲᠦᠮᠵᠢᠲᠡᠶ᠂ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠬᠠᠮᠠᠭᠠᠯᠠᠬᠤ ᠰᠲ᠋ᠣᠺ ᠤᠨ ᠵᠠᠬ᠎ᠠ ᠳᠡᠯᠭᠡᠭᠦᠷ ᠢ ᠲᠦᠷᠭᠡᠨ ᠪᠤᠢ ᠪᠣᠯᠭᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠰᠢᠮᠳᠠᠭᠤᠯᠤᠨ ᠰᠤᠳᠤᠯᠤᠨ ᠳᠤᠷᠠᠳᠬᠤ ᠶᠢᠨ ᠬᠠᠮᠲᠤ ᠪᠠᠩᠬᠢ ᠶᠢᠨ ᠰᠢᠰᠲ᠋ᠧᠮ ᠤᠨ ᠥᠭᠡᠷᠡᠴᠢᠯᠡᠯᠲᠡ ᠶᠢ ᠲᠦᠷᠭᠡᠳᠬᠡᠬᠦ ᠬᠡᠷᠡᠭᠲᠡᠢ ᠭᠡᠵᠦ ᠳᠤᠷᠠᠳᠪᠠ᠃      — ᠨᠡᠶᠢᠭᠡᠮ ᠤᠨ ᠪᠠᠲᠤᠯᠠᠭ᠎ᠠ ᠶᠢᠨ ᠥᠭᠡᠷᠡᠴᠢᠯᠡᠯᠲᠡ ᠳᠤ᠂ ᠬᠤᠷᠠᠯ ᠠᠴᠠ ᠬᠤᠪᠢ ᠬᠥᠮᠦᠨ ᠤ ᠳᠠᠩᠰᠠᠨ ᠡᠷᠦᠬᠡ ᠶᠢ ᠲᠡᠭᠦᠯᠳᠡᠷᠵᠢᠭᠦᠯᠵᠦ᠂ ᠨᠠᠷᠢᠪᠴᠢᠯᠠᠨ ᠪᠣᠳᠣᠵᠥ ᠲᠡᠩᠴᠡᠭᠦᠷᠢᠰᠢᠭᠦᠯᠬᠦ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠬᠦ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢᠨ ᠬᠠᠮᠲᠤ ᠪᠠᠰᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠶ ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠦ ᠳᠤᠷᠠᠳᠪᠠ᠃      ᠣᠯᠠᠨ ᠲᠤᠰᠬᠠᠶ ᠮᠡᠷᠭᠡᠵᠢᠯᠲᠡᠨ ᠤ ᠢᠯᠡᠷᠬᠡᠶᠢᠯᠡᠭᠰᠡᠨ ᠢᠶᠠᠷ᠂ ᠳᠡᠭᠡᠷ᠎ᠡ ᠳᠤᠷᠠᠳᠤᠭᠰᠠᠨ ᠲᠦᠷᠪᠡᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢ ᠪᠤᠳᠠᠳᠤ ᠠᠵᠤ ᠠᠬᠤᠶ ᠶᠢᠨ ᠬᠥᠭᠵᠢᠯᠲᠡ ᠶᠢᠨ ᠡᠭᠦᠷᠭᠡ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠲᠠᠢ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠠᠵᠤ ᠠᠬᠤᠶ ᠶᠢᠨ ᠤᠷᠲᠤ ᠬᠤᠭᠤᠴᠠᠭ᠎ᠠ ᠪᠠᠷ ᠡᠷᠡᠭᠦᠯ ᠢᠶᠠᠷ ᠬᠥᠭᠵᠢᠭᠦᠯᠬᠦ ᠶᠢ ᠠᠬᠢᠭᠤᠯᠬᠤ ᠪᠣᠯᠣᠨ᠎ᠠ ᠭᠡᠪᠡ᠃      ᠠᠷᠠᠳ ᠤᠨ ᠠᠮᠢᠳᠤᠷᠠᠯ ᠢ ᠠᠵᠢᠭᠯᠠᠪᠠᠯ᠄ ᠲᠦᠢᠯ ᠤᠨ ᠣᠨᠣᠪᠴᠢᠲᠠᠢ ᠬᠠᠪᠰᠤᠷᠤᠨ ᠲᠡᠳᠬᠦᠬᠦ ᠪᠠ ᠲᠦᠷᠦ ᠶᠢᠨ ᠪᠤᠳᠤᠯᠭ᠎ᠠ ᠶᠢᠨ ᠳᠣᠣᠷᠠᠳᠤ ᠪᠠᠲᠤᠯᠠᠭ᠎ᠠ ᠶᠢ ᠴᠢᠬᠤᠯᠠᠴᠢᠯᠠᠬᠤ ᠬᠡᠷᠡᠭᠲᠡᠢ      ᠮᠠᠨ ᠤ ᠤᠯᠤᠰ ᠤᠨ ᠶᠠᠳᠠᠭᠤ ᠶᠢ ᠲᠡᠳᠬᠦᠬᠦ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠤ ᠵᠠᠩᠭᠢᠯᠠᠭ᠎ᠠ ᠶᠢᠨ ᠦᠶ᠎ᠡ ᠶᠢᠨ ᠠᠬᠤᠶ ᠪᠠᠶᠢᠳᠠᠯ ᠤᠨ ᠳᠣᠣᠷ᠎ᠠ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠠᠴᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠵᠤ ᠠᠬᠤᠶ ᠶᠢᠨ ᠬᠦᠴᠢᠷᠳᠡᠯ ᠢ ᠬᠠᠪᠰᠤᠷᠠᠨ ᠲᠡᠳᠬᠦᠬᠦ ᠪᠠ ᠲᠦᠷᠦ ᠶᠢᠨ ᠪᠤᠳᠤᠯᠭ᠎ᠠ ᠶᠢᠨ ᠳᠣᠣᠷᠠᠳᠤ ᠪᠠᠲᠤᠯᠠᠭ᠎ᠠ ᠶᠢ ᠳᠣᠪᠣᠶᠢᠯᠭᠠᠪᠠ᠃      ᠬᠤᠷᠠᠯ ᠠᠴᠠ ᠳᠤᠷᠠᠳᠤᠭᠰᠠᠨ ᠨᠢ᠂ ᠣᠨᠴᠠᠭᠠᠶ ᠬᠥᠮᠦᠰ ᠤᠨ ᠣᠨᠴᠠᠭᠠᠶ ᠬᠦᠴᠢᠷᠳᠡᠯ ᠢ ᠲᠦᠢᠯ ᠤᠨ ᠣᠨᠣᠪᠴᠢᠲᠠᠢ ᠬᠠᠪᠰᠤᠷᠤᠨ ᠲᠡᠳᠬᠦᠬᠦ ᠶᠢ ᠨᠡᠩ ᠴᠢᠬᠤᠯᠠᠴᠢᠯᠠᠬᠤ ᠬᠡᠷᠡᠭᠲᠡᠶ᠃ ᠨᠡᠶᠢᠭᠡᠮ ᠤᠨ ᠲᠦᠷᠦ ᠶᠢᠨ ᠪᠤᠳᠤᠯᠭ᠎ᠠ ᠪᠠᠷ ᠳᠣᠣᠷᠠᠳᠤ ᠪᠠᠲᠤᠯᠠᠭ᠎ᠠ ᠪᠣᠯᠭᠠᠬᠤ ᠪᠣᠯ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠰᠠᠭᠤᠷᠢ ᠱᠤᠭᠤᠮ ᠢ ᠰᠠᠬᠢᠵᠤ᠂ ᠨᠡᠶᠢᠭᠡᠮ ᠤᠨ ᠪᠠᠲᠤᠯᠠᠭ᠎ᠠ ᠶᠢᠨ ᠨᠡᠶᠢᠭᠡᠮ ᠤᠨ ᠲᠣᠭᠲᠠᠪᠤᠷᠢᠵᠢᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠭᠤᠣᠯᠳᠠᠯᠭ᠎ᠠ ᠪᠠᠨ ᠳᠠᠭᠠᠭᠠᠨ ᠠᠪᠬᠤ ᠳᠡᠭᠡᠷ᠎ᠡ ᠲᠠᠯᠪᠢᠵᠤ᠂ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠲᠤᠯᠠᠬᠤ ᠬᠡᠷᠡᠭᠲᠡᠶ ᠭᠡᠪᠡ᠃      ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠬᠡᠷᠬᠢᠨ ᠰᠠᠶᠢᠲᠤᠷ ᠬᠢᠬᠦ ᠳᠤ ᠴᠢᠭᠯᠡᠭᠦᠯᠵᠦ᠂ ᠬᠤᠷᠠᠯ ᠠᠴᠠ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠵᠦ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠵᠤ᠂ ᠲᠠᠩᠰᠠ ᠡᠪᠬᠡᠮᠡᠯ ᠪᠠᠶᠢᠭᠤᠯᠤᠨ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠵᠣᠷᠢᠭᠤᠯᠤᠨ᠂ ᠪᠡᠯᠡ ᠮᠥᠩᠭᠦ᠂ ᠲᠦᠷᠦ ᠶᠢᠨ ᠪᠤᠳᠤᠯᠭ᠎ᠠ᠂ ᠠᠵᠢᠯ ᠵᠡᠷᠭᠡ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠨᠡᠨ ᠠᠳᠬᠤᠵᠤ ᠪᠣᠳᠠᠲᠠᠶ ᠠᠵᠢᠯᠯᠠᠨ᠂ ᠶᠠᠳᠠᠭᠤ ᠶᠢ ᠲᠡᠳᠬᠦᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠵᠠᠷᠢᠮ ᠲᠤᠰᠬᠠᠶ ᠮᠡᠷᠭᠡᠵᠢᠯᠲᠡᠨ ᠤ ᠢᠯᠡᠷᠬᠡᠶᠢᠯᠡᠭᠰᠡᠨ ᠢᠶᠠᠷ᠂ ᠠᠷᠠᠳ ᠤᠨ ᠠᠮᠢᠳᠤᠷᠠᠯ ᠢ ᠪᠠᠲᠤᠯᠠᠬᠤ ᠳᠤ ᠠᠵᠢᠯ ᠣᠯᠭᠤᠯᠲᠠ ᠶᠢ ᠨᠡᠮᠡᠭᠳᠡᠭᠦᠯᠬᠦ ᠠᠴᠠ ᠰᠠᠯᠵᠤ ᠴᠢᠳᠠᠬᠤ ᠦᠭᠡᠢ᠃ ᠪᠦᠲᠦᠴᠡ ᠶᠢᠨ ᠴᠢᠨᠠᠷ ᠲᠠᠢ ᠲᠤᠬᠢᠷᠠᠭᠤᠯᠤᠯᠳᠠ ᠪᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠲᠦᠷᠦ ᠶᠢᠨ ᠪᠤᠳᠤᠯᠭ᠎ᠠ ᠶᠢᠨ ᠳᠣᠣᠷᠠᠳᠤ ᠪᠠᠲᠤᠯᠠᠭ᠎ᠠ ᠨᠢ ᠪᠣᠯᠵᠤ ᠦᠨᠳᠦᠰᠦᠨ ᠠᠴᠠ ᠨᠢ ᠪᠡᠶᠡᠯᠡᠭᠦᠯᠦᠭᠰᠡᠨ ᠶᠠᠪᠤᠳᠠᠯ ᠪᠣᠯᠣᠨ᠎ᠠ ᠭᠡᠪᠡ᠃      ᠵᠢᠶᠠ ᠺᠠᠩ ᠵᠢᠭᠠᠵᠤ ᠭᠠᠷᠭᠠᠭᠰᠠᠨ ᠨᠢ᠂ ᠡᠨᠡ ᠬᠡᠳᠦᠨ ᠵᠢᠯ ᠳᠤ ᠮᠠᠨ ᠤ ᠤᠯᠤᠰ ᠤᠨ ᠠᠵᠢᠯ ᠣᠯᠭᠤᠯᠲᠠ ᠶᠢᠨ ᠪᠠᠶᠢᠳᠠᠯ ᠨᠡᠯᠢᠶᠡᠳ ᠵᠦᠭᠡᠷ᠂ ᠲᠦᠷᠦᠭᠦᠦ ᠭᠤᠷᠪᠠᠨ ᠤᠯᠠᠷᠢᠯ ᠳᠤ ᠰᠢᠨ᠎ᠡ ᠪᠠᠷ ᠠᠵᠢᠯ ᠣᠯᠤᠭᠰᠠᠨ ᠬᠥᠮᠦᠨ ᠤ ᠲᠤᠭ᠎ᠠ 1000 ᠲᠦᠮᠡ ᠶᠢ ᠳᠠᠪᠠᠵᠠᠢ᠂ ᠡᠳᠡᠭᠡᠷ ᠨᠢ ᠴᠥᠮ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠦᠷ᠎ᠡ ᠪᠦᠲᠦᠭᠡᠯ ᠮᠥᠨ᠃ ᠠᠵᠤ ᠠᠬᠤᠶ ᠶᠢᠨ ᠪᠦᠲᠦᠴᠡ ᠳᠤᠮᠳᠠᠬᠢ ᠦᠢᠯᠡᠴᠢᠯᠡᠭᠡᠨ ᠤ ᠦᠢᠯᠡᠰ ᠤᠨ ᠡᠵᠡᠯᠡᠬᠦ ᠬᠠᠷᠢᠴᠠᠯ ᠤᠨ ᠳᠡᠭᠡᠭᠰᠢᠯᠡᠬᠦ ᠶᠢ ᠳᠠᠭᠠᠯᠳᠤᠨ᠂ GDP ᠨᠢᠭᠡ ᠵᠠᠭᠤᠨ ᠤ ᠴᠡᠭ ᠨᠡᠮᠡᠭᠳᠡᠬᠦ ᠪᠦᠷᠢ ᠳᠤ ᠬᠠᠩᠭᠠᠭᠰᠠᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠨᠢᠭᠡᠨᠲᠡ ᠨᠢᠭᠡ ᠬᠤᠪᠢ ᠢᠶᠠᠷ ᠨᠡᠮᠡᠭᠳᠡᠪᠡ ᠭᠡᠪᠡ᠃      ᠨᠡᠭᠡᠭᠡᠯᠲᠡ ᠬᠢᠬᠦ ᠶᠢ ᠠᠵᠢᠭᠯᠠᠪᠠᠯ᠄ ᠥᠨᠳᠥᠷ ᠬᠢᠷᠢ ᠬᠡᠮᠵᠢᠶ᠎ᠡ ᠲᠠᠢ ᠬᠤᠣᠰ ᠬᠠᠨᠳᠤᠯᠭᠠᠲᠤ ᠨᠡᠭᠡᠭᠡᠯᠲᠡ ᠶᠢ ᠴᠢᠬᠤᠯᠠᠴᠢᠯᠠᠬᠤ ᠬᠡᠷᠡᠭᠲᠡᠢ      ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠳᠠᠭᠠᠯᠳᠤᠨ᠂ ᠠᠽᠢᠶ᠎ᠠ ᠲᠢᠪ ᠤᠨ ᠪᠡᠯᠡ ᠣᠷᠣᠭᠤᠯᠤᠯᠲᠠ ᠶᠢᠨ ᠪᠠᠩᠬᠢ᠂ ᠲᠣᠷᠭᠠᠨ ᠵᠠᠮ ᠤᠨ ᠰᠠᠭᠤᠷᠢ ᠮᠥᠩᠭᠦ ᠵᠡᠷᠭᠡ ᠪᠠᠶᠢᠭᠤᠯᠤᠮᠵᠢ ᠨᠤᠭᠤᠳ ᠠᠯᠬᠤᠮ ᠠᠯᠬᠤᠮ ᠢᠶᠠᠷ ᠨᠥᠯᠥᠭᠡ ᠪᠠᠨ ᠪᠠᠳᠠᠷᠠᠭᠤᠯᠵᠤ᠂ ᠳᠤᠮᠳᠠᠳᠤ ᠤᠯᠤᠰ ᠤᠨ ᠭᠠᠳᠠᠭᠠᠳᠤ ᠲᠠᠢ ᠨᠡᠭᠡᠭᠡᠯᠲᠡ ᠶᠢᠨ ᠲᠦᠷᠦ ᠶᠢᠨ ᠪᠤᠳᠦᠯᠭ᠎ᠠ ᠴᠤ ᠬᠥᠮᠦᠰ ᠤᠨ ᠠᠩᠬᠠᠷᠤᠯ ᠢ ᠶᠡᠭᠡ ᠪᠠᠷ ᠲᠠᠲᠠᠬᠤ ᠪᠣᠯᠪᠠ᠃      ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠠᠴᠠ ᠳᠤᠷᠠᠳᠤᠭᠰᠠᠨ ᠨᠢ᠂ ᠭᠠᠳᠠᠭᠠᠳᠤ ᠲᠠᠢ ᠨᠡᠭᠡᠭᠡᠯᠲᠡ ᠶᠢ ᠶᠢ ᠥᠷᠭᠡᠳᠬᠡᠵᠦ᠂ ᠥᠨᠳᠥᠷ ᠬᠢᠷᠢ ᠬᠡᠮᠵᠢᠶ᠎ᠡ ᠲᠠᠢ ᠬᠤᠣᠰ ᠬᠠᠨᠳᠤᠯᠭᠠᠲᠤ ᠨᠡᠭᠡᠭᠡᠯᠲᠡ ᠶᠢ ᠠᠬᠢᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠢ ᠭᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠭᠠᠳᠠᠭᠠᠳᠤ ᠲᠠᠢ ᠨᠡᠭᠡᠭᠡᠯᠲᠡ ᠶᠢᠨ ᠣᠷᠣᠨ ᠪᠦᠰᠡ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠭᠠᠳᠠᠭᠠᠳᠤ ᠠᠷᠠᠯᠵᠢᠶᠠᠨ ᠤ ᠤᠬᠢ ᠰᠢᠯᠢᠳᠡᠭ ᠢ ᠣᠷᠣᠭᠤᠯᠵᠤ ᠭᠠᠷᠭᠠᠬᠤ᠂ ᠭᠠᠳᠠᠭᠠᠳᠤ ᠶᠢᠨ ᠪᠡᠯᠡ ᠮᠥᠩᠭᠦ ᠶᠢ ᠢᠳᠡᠪᠬᠢᠲᠡᠶ ᠠᠰᠢᠭᠯᠠᠬᠤ᠂ ᠤᠯᠤᠰ ᠤᠨ ᠬᠤᠭᠤᠷᠣᠨᠳᠣᠬᠢ ᠦᠢᠯᠡᠳᠪᠦᠷᠢᠯᠡᠬᠦ ᠴᠢᠳᠠᠪᠤᠷᠢ ᠪᠣᠯᠤᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠬᠠᠮᠲᠤᠷᠠᠯᠴᠠᠭ᠎ᠠ ᠶᠢ ᠴᠢᠩᠭᠠᠳᠬᠠᠬᠤ᠂ ᠴᠢᠯᠥᠭᠡᠲᠦ ᠠᠷᠠᠯᠵᠢᠶᠠᠨ ᠤ ᠣᠷᠣᠨ ᠵᠢᠴᠢ ᠪᠡᠯᠡ ᠣᠷᠣᠭᠤᠯᠤᠯᠲᠠ ᠶᠢᠨ ᠬᠡᠯᠡᠯᠴᠡᠭᠡᠷ ᠤᠨ ᠬᠡᠯᠡᠯᠴᠡᠭᠡ ᠶᠢ ᠲᠦᠷᠭᠡᠳᠬᠡᠬᠦ᠂ ᠪᠦᠬᠦ ᠪᠥᠮᠪᠥᠷᠴᠡᠭ ᠤᠨ ᠠᠵᠤ ᠠᠬᠤᠶ ᠶᠢᠨ ᠵᠠᠰᠠᠯᠲᠠ ᠵᠡᠷᠭᠡ ᠠᠵᠢᠯ ᠳᠤ ᠢᠳᠡᠪᠬᠢᠲᠡᠶ ᠣᠷᠣᠯᠴᠠᠬᠤ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ᠃ ᠭᠠᠳᠠᠭᠠᠳᠤ ᠪᠡᠯᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ ᠠᠰᠢᠭᠯᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠡᠭᠡᠭᠡ ᠠᠳᠠᠯᠢ ᠪᠠᠷ ᠦᠵᠡᠵᠦ᠂ ᠡᠷᠬᠡ ᠲᠡᠭᠰᠢ ᠪᠠᠷ ᠬᠠᠨᠳᠤᠬᠤ ᠬᠡᠷᠡᠭᠲᠡᠢ᠃ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠽᠢᠶ᠎ᠠ ᠲᠢᠪ ᠤᠨ ᠪᠡᠯᠡ ᠣᠷᠣᠭᠤᠯᠤᠯᠲᠠ ᠶᠢᠨ ᠪᠠᠩᠬᠢ᠂ ᠲᠣᠷᠭᠠᠨ ᠵᠠᠮ ᠤᠨ ᠰᠠᠭᠤᠷᠢ ᠮᠥᠩᠭᠦ ᠵᠡᠷᠭᠡ ᠪᠠᠶᠢᠭᠤᠯᠤᠮᠵᠢ ᠶᠢᠨ ᠪᠡᠯᠡ ᠲᠣᠬᠢᠷᠠᠭᠤᠯᠬᠤ ᠲᠤᠯᠭᠠᠭᠤᠷᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠴᠢᠬᠤᠯᠠ ᠶᠡᠭᠡ ᠪᠡᠯᠭᠡ ᠲᠡᠮᠳᠡᠭᠲᠦ ᠢᠨᠵᠧᠨᠧᠷᠢᠩ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃      ᠬᠤᠣᠰ ᠬᠠᠨᠳᠤᠯᠭᠠᠲᠤ ᠭᠠᠳᠠᠭᠰᠢ ᠨᠡᠭᠡᠭᠡᠯᠳᠡ ᠶᠢ ᠲᠦᠯᠬᠢᠨ ᠠᠬᠢᠭᠤᠯᠬᠤ ᠨᠢ᠂ ᠭᠠᠳᠠᠭᠠᠳᠤ ᠤᠯᠤᠰ ᠠᠴᠠ ᠳᠤᠮᠳᠠᠳᠤ ᠤᠯᠤᠰ ᠲᠤ ᠪᠡᠯᠡ ᠣᠷᠣᠭᠤᠯᠬᠤ ᠪᠠ ᠮᠠᠨ ᠤ ᠤᠯᠤᠰ ᠤᠨ ᠭᠠᠳᠠᠭᠠᠳᠤ ᠳᠤ ᠪᠡᠯᠡ ᠣᠷᠣᠭᠤᠯᠬᠤ ᠬᠤᠶᠠᠷ ᠬᠦᠷᠢᠶ᠎ᠡ ᠬᠡᠪᠴᠢᠶᠡᠨ ᠳᠤ ᠴᠥᠮ ᠵᠣᠬᠢᠬᠤ ᠠᠮᠵᠢᠯᠲᠠ ᠭᠠᠷᠭᠠᠬᠤ ᠬᠡᠷᠡᠭᠲᠡᠶ ᠶᠢ ᠬᠠᠷᠠᠭᠤᠯᠵᠤ ᠪᠤᠢ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠳᠡᠮ ᠰᠢᠨᠵᠢᠯᠡᠭᠡᠨ ᠤ ᠺᠣᠮᠢᠰ ᠤᠨ ᠨᠠᠷᠢᠨ ᠪᠢᠴᠢᠭ ᠤᠨ ᠳᠠᠷᠤᠭ᠎ᠠ ᠵᠠᠩ ᠶᠠᠨ ᠱᠧᠩ ᠤᠨ ᠦᠵᠡᠬᠦ ᠪᠠᠷ᠂ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠢ ᠳᠠᠭᠠᠯᠳᠤᠨ᠂ ᠳᠤᠮᠳᠠᠳᠤ ᠤᠯᠤᠰ ᠨᠢᠭᠡᠨᠲᠡ ᠠᠯᠬᠤᠮ ᠠᠯᠬᠤᠮ ᠢᠶᠠᠷ ᠬᠥᠷᠥᠩᠭᠡ ᠶᠢᠨ ᠴᠡᠪᠡᠷ ᠭᠠᠷᠭᠠᠯᠲᠠ ᠶᠢᠨ ᠤᠯᠤᠰ ᠪᠣᠯᠵᠤ ᠪᠣᠢ᠂ ᠡᠨᠡ ᠨᠢ ᠢᠷᠡᠬᠦ ᠵᠢᠯ ᠤᠨ ᠬᠤᠣᠰ ᠬᠠᠨᠳᠤᠯᠭᠠᠲᠤ ᠭᠠᠳᠠᠭᠠᠳᠤ ᠲᠠᠢ ᠨᠡᠭᠡᠭᠡᠯᠲᠡ ᠳᠤ ᠳᠤ ᠨᠡᠩ ᠥᠨᠳᠥᠷ ᠱᠠᠭᠠᠷᠳᠠᠯᠭ᠎ᠠ ᠳᠤᠷᠠᠳᠪᠠ ᠭᠡᠪᠡ᠃      ︽ᠢᠷᠡᠭᠡᠳᠦᠶ ᠳᠤ ᠴᠢᠯᠥᠭᠡᠲᠦ ᠠᠷᠠᠯᠵᠢᠶᠠᠨ ᠤ ᠣᠷᠣᠨ ᠤ ᠪᠠᠶᠢᠭᠤᠯᠤᠯᠲᠠ ᠶᠢ ᠴᠢᠩᠭᠠᠷᠠᠭᠤᠯᠵᠤ᠂ ᠭᠠᠳᠠᠭᠠᠳᠤ ᠳᠤ ᠪᠡᠯᠡ ᠣᠷᠣᠭᠤᠯᠬᠤ ᠪᠠᠷ ᠭᠠᠳᠠᠭᠠᠳᠤ ᠳᠤ ᠲᠠᠸᠠᠷ ᠭᠠᠷᠭᠠᠬᠤ ᠶᠢ ᠳᠠᠶᠢᠴᠢᠯᠠᠵᠤ᠂ ᠡᠭᠦᠨ ᠤ ᠵᠡᠷᠭᠡᠴᠡᠭᠡᠪᠡᠷ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ᠂ ᠥᠪᠡᠷ ᠤᠨ ᠡᠵᠡᠮᠰᠢᠯᠳᠤ ᠨᠡᠷᠡᠳᠤ ᠲᠥᠷᠥᠯ ᠲᠡᠮᠳᠡᠭᠲᠦ᠂ ᠪᠡᠶ᠎ᠡ ᠪᠠᠨ ᠳᠠᠭᠠᠭᠠᠵᠤ ᠡᠵᠡᠩᠨᠡᠨ ᠪᠣᠷᠣᠯᠠᠭᠤᠯᠬᠤ ᠠᠷᠠᠯᠵᠢᠶ᠎ᠠ ᠶᠢ ᠬᠥᠭᠵᠢᠭᠦᠯᠬᠦ ᠪᠠᠷ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ ᠬᠠᠷᠠᠯᠲᠠ ᠶᠢ ᠪᠡᠶᠡᠯᠡᠭᠦᠯᠬᠦ ᠪᠣᠯᠣᠨ᠎ᠠ︾ ᠭᠡᠵᠦ ᠵᠠᠩ ᠶᠠᠨ ᠱᠧᠩ ᠬᠡᠯᠡᠪᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map