︽ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾᠎ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠶᠢᠨ ᠬᠥᠭᠦᠷᠭᠡᠨ ᠪᠠᠬᠢᠯᠡᠯᠲᠡ ᠶᠢ ᠲᠦᠷᠭᠡᠳᠭᠡᠨ ᠪᠦᠲᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2016/1/8
     ᠰᠤᠷᠪᠤᠯᠵᠢᠯᠠᠨ ᠶᠠᠷᠢᠯᠴᠠᠭᠰᠠᠨ ᠴᠠᠭ᠄      2015 ᠤᠨ ᠤ 12 ᠳ᠋ᠤᠭᠠᠷ ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨᠡᠬᠢ 10 ᠴᠠᠭ      ᠰᠤᠷᠪᠤᠯᠵᠢᠯᠠᠨ ᠶᠠᠷᠢᠯᠴᠠᠭᠰᠠᠨ ᠵᠤᠴᠢᠨ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ   ᠸᠧᠨ ᠮᠢᠨ      ᠰᠤᠷᠪᠤᠯᠵᠢᠯᠠᠨ ᠶᠠᠷᠢᠯᠴᠠᠭᠰᠠᠨ ᠠᠭᠤᠯᠭ᠎ᠠ ᠶᠢᠨ ᠲᠣᠪᠴᠢ᠄      ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠨ ᠮᠢᠨ ᠢ ᠤᠷᠢᠵᠤ ︽ᠳᠤᠮᠳᠠᠲᠤ ᠤᠯᠤᠰ ᠦᠪᠦᠷ ᠮᠤᠩᠭᠤᠯ︾ ᠰᠦᠯᠵᠢᠶ᠎ᠡ ᠳᠤ ︽︿ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ﹀᠎ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠶᠢᠨ ᠬᠥᠭᠦᠷᠭᠡᠨ ᠪᠠᠬᠢᠯᠡᠯᠲᠡ ᠶᠢ ᠲᠦᠷᠭᠡᠳᠭᠡᠨ ᠪᠦᠲᠦᠭᠡᠨ ᠪᠠᠶᠢᠭᠤᠯᠤᠶ᠎ᠠ︾ ᠭᠡᠬᠦ ᠭᠤᠣᠯ ᠰᠡᠳᠦᠪ ᠢᠶᠠᠷ ᠲᠠ ᠪᠦᠬᠦᠨ ᠲᠠᠢ ᠰᠦᠯᠵᠢᠶᠡᠨ ᠳᠡᠭᠡᠷ᠎ᠡ ᠶᠠᠷᠢᠯᠴᠠᠭᠤᠯᠬᠤ ᠪᠤᠯᠤᠨ᠎ᠠ᠃ ᠲᠤᠬᠠᠶ ᠶᠢᠨ ᠴᠠᠭ ᠲᠤ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕      ﹇ᠬᠥᠲᠥᠯᠥᠭᠴᠢ﹈      ᠰᠦᠯᠵᠢᠶᠡᠨ ᠠᠨᠳᠠ ᠨᠠᠷ ᠡ ᠰᠠᠶᠢᠨ ᠪᠠᠶᠢᠵᠠᠭᠠᠨᠤ︕ ᠲᠠ ᠪᠦᠬᠦᠨ ᠲᠤᠰ ᠬᠤᠭᠤᠴᠠᠭᠠᠨ ᠤ ︽ᠳᠤᠮᠳᠠᠲᠤ ᠤᠯᠤᠰ ᠦᠪᠦᠷ ᠮᠤᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠨ ᠮᠢᠨ ᠢ ᠤᠷᠢᠨ᠂ ︽︿ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ﹀᠎ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠶᠢᠨ ᠬᠥᠭᠦᠷᠭᠡᠨ ᠪᠠᠬᠢᠯᠡᠯᠲᠡ ᠶᠢ ᠲᠦᠷᠭᠡᠳᠭᠡᠨ ᠪᠦᠲᠦᠭᠡᠨ ᠪᠠᠶᠢᠭᠤᠯᠤᠶ᠎ᠠ︾ ᠭᠡᠬᠦ ᠭᠤᠣᠯ ᠰᠡᠳᠦᠪ ᠢᠶᠠᠷ ᠲᠠ ᠪᠦᠬᠦᠨ ᠲᠠᠢ ᠶᠠᠷᠢᠯᠴᠠᠭᠤᠯᠬᠤ ᠪᠠᠷ ᠪᠤᠯᠪᠠ᠃ ᠸᠧᠨ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ﹇ᠸᠧᠨ ᠮᠢᠨ﹈      ᠬᠥᠲᠥᠯᠥᠭᠴᠢ ᠰᠠᠶᠢᠨ ᠤᠤ︕ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠤ︕      ﹇ᠬᠥᠲᠥᠯᠥᠭᠴᠢ﹈      ᠲᠠ ᠶᠠᠭᠤᠨ ᠤ ᠡᠮᠦᠨ᠎ᠡ ︽ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾᠎ ᠶᠢ ᠨᠠᠶᠢᠷᠠᠭᠤᠯᠤᠨ ᠵᠤᠬᠢᠶᠠᠭᠰᠠᠨ ᠪᠠ ᠴᠤᠬᠤᠯᠠᠪᠤᠷᠢᠯᠠᠭᠰᠠᠨ ᠠᠬᠤᠶ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ︖      ﹇ᠸᠧᠨ ᠮᠢᠨ﹈      ᠵᠠ᠃ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠦᠯᠦᠭᠡᠳ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠳᠠᠷᠤᠮᠠᠯᠯᠠᠨ ᠲᠠᠷᠬᠠᠭᠠᠵᠤ ᠬᠡᠷᠡᠭᠵᠢᠬᠦᠯᠦᠭᠰᠡᠨ ︽ᠳᠤᠮᠳᠠᠳᠤ ᠤᠯᠤᠰ ᠤᠨ ᠵᠡᠭᠦᠨ ᠬᠤᠶᠢᠲᠤ ᠣᠷᠣᠨ ᠵᠡᠭᠦᠨ ᠬᠤᠶᠢᠲᠤ ᠠᠽᠢᠶ᠎ᠠ ᠶᠢᠨ ᠣᠷᠣᠨ ᠪᠦᠰᠡ ᠲᠡᠰᠢ ᠨᠡᠭᠡᠭᠡᠯᠳᠡ ᠬᠢᠬᠦ ᠲᠥᠯᠥᠪᠵᠢᠭᠦᠯᠭᠡ ᠶᠢᠨ ᠲᠣᠪᠴᠢ ︵2012 — 2020 ᠣᠨ︶︾ ︵︽ᠲᠥᠯᠥᠪᠵᠢᠭᠦᠯᠭᠡ ᠶᠢᠨ ᠲᠣᠪᠴᠢ︾ ᠭᠡᠵᠦ ᠲᠣᠪᠴᠢᠯᠠᠨ᠎ᠠ︶᠎ ᠳᠤ ︽ᠬᠥᠯᠥᠨ ᠪᠤᠶᠢᠷ ᠢ ᠳᠡᠮᠵᠢᠵᠤ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠢ ᠪᠠᠶᠢᠭᠤᠯᠤᠨ᠎ᠠ︾ ᠬᠡᠵᠤ ᠲᠤᠲᠤᠷᠬᠠᠢ ᠳᠤᠷᠠᠳᠪᠠ᠃ ︽ᠲᠥᠯᠥᠪᠵᠢᠭᠦᠯᠭᠡ ᠶᠢᠨ ᠲᠣᠪᠴᠢ︾᠎ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠯᠠᠳᠠ᠂ ᠮᠠᠨ ᠤ ᠣᠷᠣᠨ ︽ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ︵︽ᠲᠥᠯᠥᠪᠵᠢᠭᠦᠯᠭᠡ︾ ᠭᠡᠵᠦ ᠲᠣᠪᠴᠢᠯᠠᠨ᠎ᠠ︶᠎ ᠶᠢ ᠨᠡᠶᠢᠷᠠᠭᠤᠯᠤᠨ ᠵᠤᠬᠢᠶᠠᠵᠤ᠂ 2015 ᠤᠨ ᠤ 2 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠳᠤ ᠳᠡᠪᠰᠢᠭᠦᠯᠪᠡ᠃ ᠤᠯᠤᠰ ᠠᠴᠠ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠬᠦᠯᠬᠦ ᠶᠢ ᠳᠠᠭᠠᠯᠳᠤᠨ᠂ ᠢᠯᠠᠩᠭᠤᠶ᠎ᠠ 2015 ᠣᠨ ᠳᠤ᠂ ᠤᠯᠤᠰ ᠠᠴᠠ ︽ᠲᠤᠷᠭᠠᠨ ᠵᠠᠮ ᠤᠨ ᠠᠵᠤ ᠠᠬᠤᠶ ᠶᠢᠨ ᠪᠦᠰᠡ ᠪᠣᠯᠤᠨ 21 ᠳ᠋ᠤᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ ᠢ ᠬᠠᠮᠲᠤ ᠪᠠᠷ ᠪᠠᠶᠢᠭᠤᠯᠬᠤ ᠶᠢ ᠠᠬᠢᠭᠤᠯᠬᠤ ᠢᠷᠡᠭᠡᠳᠦᠶ ᠶᠢᠨ ᠲᠥᠯᠥᠪ ᠪᠣᠯᠤᠨ ᠠᠵᠢᠯᠯᠠᠭ᠎ᠠ︾᠎ ᠶᠢ ᠨᠡᠶᠢᠲᠡᠯᠡᠵᠤ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠲᠡᠷᠢᠭᠦᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠂ ᠣᠷᠣᠰ ᠤᠨ ᠬᠤᠯᠪᠣᠭᠠᠲᠤ ᠤᠯᠤᠰ᠂ ᠮᠣᠩᠭᠤᠯ ᠤᠯᠤᠰ ᠤᠨ ᠭᠤᠷᠪᠠᠨ ᠲᠠᠯ᠎ᠠ ᠶᠢᠨ ᠬᠠᠮᠲᠤᠷᠠᠨ ᠠᠵᠢᠯᠯᠠᠬᠤ ᠳᠤᠮᠳᠠ ᠬᠤᠭᠤᠴᠠᠭᠠᠨ ᠤ ᠵᠠᠮ ᠱᠤᠭᠤᠮ ᠤᠨ ᠵᠢᠷᠤᠭ︾᠎ ᠢ ᠵᠦᠪᠰᠢᠶᠡᠷᠡᠭᠡᠳ᠂ ᠳᠤᠮᠳᠠᠳᠤ ᠣᠷᠣᠰ ᠮᠣᠩᠭᠤᠯ ᠭᠤᠷᠪᠠᠨ ᠲᠠᠯ᠎ᠠ ᠶᠢᠨ ᠣᠷᠣᠨ ᠪᠦᠰᠡ ᠶᠢᠨ ᠬᠤᠭᠤᠷᠣᠨᠳᠣᠬᠢ ᠬᠠᠷᠢᠯᠴᠠᠨ ᠬᠤᠯᠪᠣᠭᠠᠯᠠᠵᠤ ᠬᠠᠮᠲᠤᠷᠠᠯᠴᠠᠬᠤ ᠴᠢᠩᠭ᠎ᠠ ᠬᠦᠰᠡᠯ ᠡᠷᠡᠮᠡᠯᠵᠡᠯ ᠢ ᠢᠯᠡᠷᠡᠭᠦᠯᠦᠭᠰᠡᠨ ᠮᠦᠷᠲᠡᠭᠡᠨ ᠤᠯᠤᠰ ᠤᠨ ᠳᠡᠰ ᠳᠠᠪᠬᠤᠷᠭ᠎ᠠ ᠠᠴᠠ ︽ᠲᠥᠯᠥᠪᠵᠢᠭᠦᠯᠭᠡ︾᠎ ᠶᠢ ᠴᠤᠬᠤᠯᠠᠪᠤᠷᠢᠯᠠᠬᠤ ᠳᠤ ᠰᠠᠶᠢᠨ ᠰᠠᠶᠢᠬᠠᠨ ᠭᠠᠳᠠᠭᠠᠳᠤ ᠨᠥᠬᠦᠴᠡᠯ ᠢ ᠪᠦᠷᠢᠯᠳᠦᠭᠦᠯᠵᠦ ᠦᠭᠭᠦᠭᠰᠡᠨ ᠪᠠᠶᠢᠨ᠎ᠠ᠃ 8 ᠳ᠋ᠤᠭᠠᠷ ᠰᠠᠷ᠎ᠠ ᠶᠢᠨ 18᠎ ᠤ ᠡᠳᠦᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠭᠠᠳᠠᠭᠠᠳᠤ ᠬᠠᠷᠢᠯᠴᠠᠭᠠᠨ ᠤ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠵᠠᠮ ᠲᠡᠭᠡᠭᠡᠪᠦᠷᠢ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠪᠣᠭᠤᠮᠲᠠ ᠶᠢᠨ ᠶᠡᠷᠦᠩᠬᠡᠶ ᠵᠠᠬᠢᠷᠭ᠎ᠠ᠂ ᠵᠢᠭᠤᠯᠴᠢᠯᠠᠯ ᠤᠨ ᠲᠣᠪᠴᠢᠶ᠎ᠠ ᠪᠤᠯᠤᠨ ᠡᠨᠧᠷᠭᠢ ᠶᠢᠨ ᠰᠤᠷᠪᠤᠯᠵᠢ ᠶᠢᠨ ᠲᠤᠪᠴᠢᠶ᠎ᠠ ᠵᠡᠷᠭᠡ ᠨᠠᠢᠮᠠᠨ ᠶᠠᠮᠤᠨ ᠵᠦᠪᠯᠡᠯ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ︽ᠲᠥᠯᠥᠪᠵᠢᠭᠦᠯᠭᠡ︾᠎ ᠶᠢ ᠵᠠᠷᠴᠢᠮ ᠳᠡᠭᠡᠷ᠎ᠡ ᠪᠠᠨ ᠵᠦᠪᠰᠢᠶᠡᠷᠡᠭᠰᠡᠨ ᠬᠠᠷᠢᠭᠤ ᠵᠠᠬᠢᠳᠠᠯ ᠢᠷᠡᠭᠦᠯᠪᠡ᠃      ﹇ᠬᠥᠲᠥᠯᠥᠭᠴᠢ﹈      ᠬᠥᠯᠥᠨ ᠪᠦᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠨᠢ ᠶᠠᠮᠠᠷ ᠲᠠᠯ᠎ᠠ ᠪᠠᠷ ᠢᠯᠡᠷᠡᠵᠦ ᠪᠠᠶᠢᠭ᠎ᠠ ᠪᠤᠢ︖      ﹇ᠸᠧᠨ ᠮᠢᠨ﹈      ᠬᠥᠯᠥᠨ ᠪᠤᠶᠢᠷ ᠬᠤᠳᠠ ᠪᠣᠯ ᠪᠦᠬᠦ ᠤᠯᠤᠰ ᠤᠨ ᠣᠷᠣᠰ ᠮᠣᠩᠭᠤᠯ ᠳᠡᠰᠢ ᠨᠡᠭᠡᠭᠡᠯᠳᠡ ᠬᠢᠵᠤ ᠬᠠᠮᠲᠤᠷᠠᠯᠴᠠᠬᠤ ᠡᠮᠦᠨ᠎ᠡ ᠹᠷᠤᠨᠲ ᠲᠤ ᠪᠠᠶᠢᠷᠢᠯᠠᠵᠤ᠂ ᠬᠢᠯᠢ ᠶᠢᠨ ᠱᠤᠭᠤᠮ ᠤᠨ ᠪᠦᠬᠦ ᠣᠷᠳᠣ ᠨᠢ 1733.32 ᠺᠢᠯᠣᠮᠧᠲᠷ ᠪᠠᠶᠢᠵᠤ᠂ ᠤᠯᠤᠰ ᠤᠨ ᠠᠯᠪᠠᠨ ᠶᠤᠰᠤᠨ ᠤ 8 ᠪᠣᠭᠤᠮᠲᠠ ᠲᠠᠢ᠂ ᠪᠣᠭᠤᠮᠲᠠ ᠶᠢᠨ ᠶᠡᠷᠦᠩᠬᠡᠶ ᠪᠠᠷᠠᠭ᠎ᠠ ᠦᠡᠭᠭᠡᠷᠡᠭᠦᠯᠬᠦ ᠴᠢᠳᠠᠪᠤᠷᠢ ᠨᠢ 7500 ᠲᠦᠮᠡᠨ ᠲᠣᠨ / ᠵᠢᠯ ᠳᠤ ᠬᠦᠷᠴᠦ᠂ ᠳᠤᠮᠳᠠᠳᠤ ᠤᠷᠤᠰ ᠤᠨ ᠠᠷᠠᠯᠵᠢᠶᠠᠨ ᠤ 70%᠎ ᠠᠴᠠ ᠳᠡᠭᠡᠭᠰᠢᠬᠢ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠡᠭᠦᠷᠭᠡᠯᠡᠵᠦ ᠪᠤᠢ᠃ ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠨᠢ ᠤᠯᠤᠰ ᠠᠴᠠ ︽ᠨᠢᠭᠡ ᠪᠦᠰᠡ ᠨᠢᠭᠡ ᠵᠠᠮ︾᠂ ᠵᠡᠭᠦᠨ ᠬᠤᠶᠢᠲᠤ ᠣᠷᠣᠨ ᠤ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠮᠠᠨ ᠤ ᠣᠷᠣᠨ ᠤ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠳᠤ ᠴᠢᠬᠤᠯᠠ ᠦᠢᠯᠡᠳᠦᠯ ᠦᠵᠡᠬᠦᠯᠬᠦ ᠪᠤᠯᠤᠨ᠎ᠠ᠃      ﹇ᠬᠥᠲᠥᠯᠥᠭᠴᠢ﹈      ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠳᠤ ᠶᠠᠮᠠᠷ ᠴᠢᠯᠥᠭᠡᠲᠡᠶ ᠶᠠᠪᠤᠯᠴᠠᠬᠤ ᠪᠠᠶᠢᠷᠢᠰᠢᠯ ᠲᠠᠢ ᠪᠤᠢ︖      ﹇ᠸᠧᠨ ᠮᠢᠨ﹈      ᠬᠤᠰᠢᠭᠤᠴᠢ ᠣᠷᠣᠨ ᠨᠢ ᠣᠷᠣᠰ ᠮᠣᠩᠭᠤᠯ ᠢ ᠬᠤᠯᠪᠣᠨ ᠨᠡᠪᠲᠡᠷᠡᠭᠦᠯᠵᠦ᠂ ᠵᠡᠭᠦᠨ ᠬᠤᠶᠢᠲᠤ ᠣᠷᠣᠨ ᠢ ᠵᠤᠯᠭᠠᠯᠳᠤᠭᠤᠯᠵᠤ᠂ ᠳᠣᠲᠣᠷ ᠭᠠᠵᠠᠷ ᠲᠠᠢ ᠬᠠᠷᠢᠴᠠᠵᠤ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠨ ᠪᠦᠬᠦ ᠲᠠᠯ᠎ᠠ ᠪᠠᠷ ᠴᠢᠯᠥᠭᠡᠲᠡᠶ ᠶᠠᠪᠤᠯᠴᠠᠬᠤ ᠬᠠᠮᠲᠤᠷᠠᠯᠴᠠᠬᠤ ᠬᠦᠭᠵᠢᠯᠲᠡ ᠶᠢᠨ ᠪᠠᠶᠢᠷᠢᠰᠢᠯ ᠢ ᠪᠤᠢ ᠪᠣᠯᠭᠠᠬᠤ ᠪᠤᠯᠤᠨ᠎ᠠ᠃ ᠨᠢᠭᠡ ᠳᠤ ᠬᠠᠶᠢᠯᠠᠷ ᠲᠤᠭᠤᠷᠢᠭ ᠢᠶᠠᠷ ᠭᠤᠣᠯ ᠪᠤᠯᠭᠠᠨ᠂ ᠮᠠᠨᠵᠤᠤᠷ ᠬᠤᠲᠠ ᠪᠠᠷ ᠲᠤᠯᠤᠭᠠᠶᠢᠯᠠᠭᠤᠯᠤᠨ᠂ ᠪᠢᠨᠵᠸᠤ ᠱᠤᠭᠤᠮ ᠳᠠᠭᠠᠤ ᠡᠯ᠎ᠡ ᠬᠤᠰᠢᠭᠤ ᠬᠤᠲᠠ ᠳᠤ ᠭᠤᠣᠯ ᠵᠠᠮ ᠳᠡᠪᠢᠰᠴᠦ᠂ ᠳᠤᠮᠳᠠᠳᠤ ᠤᠷᠤᠰ ᠪᠤᠯᠤᠨ ᠳᠤᠮᠳᠠᠲᠤ ᠮᠣᠩᠭᠤᠯ ᠤᠨ ᠬᠢᠯᠢ ᠳᠠᠭᠠᠤ ᠬᠤᠶᠠᠷ ᠳᠠᠯᠠᠪᠴᠢᠯᠠᠵᠤ᠂ ᠬᠤᠰᠢᠭᠤᠴᠢ ᠣᠷᠣᠨ ᠤ ︽ᠨᠢᠭᠡ ᠭᠤᠤᠯ ᠬᠤᠶᠠᠷ ᠳᠠᠯᠠᠪᠴᠢ︾᠎ ᠶᠢᠨ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠪᠠᠶᠢᠷᠢᠰᠢᠯ ᠢ ᠪᠤᠢ ᠪᠤᠯᠭᠠᠨ᠎ᠠ᠃ ᠬᠤᠶᠠᠷ ᠲᠤ᠂ ᠬᠤᠰᠢᠭᠤᠴᠢ ᠣᠷᠣᠨ ᠤ ᠭᠤᠣᠯ ᠣᠷᠣᠨ ᠬᠠᠶᠢᠯᠠᠷ ᠲᠣᠭᠤᠷᠢᠭ᠂ ᠮᠣᠩᠭᠤᠯ ᠤᠯᠤᠰ ᠤᠨ ᠳᠣᠷᠣᠨᠠᠲᠤ ᠠᠶᠢᠮᠠᠭ ᠤᠨ ᠲᠥᠪ ᠴᠦᠢᠪᠠᠯᠰᠠᠩ ᠬᠤᠲᠠ᠂ ᠣᠷᠣᠰ ᠤᠨ ᠪᠠᠶᠢᠭᠠᠯ ᠬᠢᠯᠢ ᠬᠢᠵᠠᠭᠠᠷ ᠣᠷᠣᠨ ᠤ ᠲᠥᠪ ᠴᠢᠲ᠋ᠠ ᠬᠤᠲᠠ ᠪᠠᠷ ᠲᠤᠯᠭᠠᠭᠤᠷᠢ ᠴᠢᠭ᠋ ᠪᠤᠯᠭᠠᠨ᠂ ︽ᠬᠠᠶᠢᠯᠠᠷ ᠴᠢᠲ᠋ᠠ ᠴᠦᠢᠪᠠᠯᠰᠠᠩ︾᠎ ᠤᠨ ᠣᠷᠣᠨ ᠪᠦᠰᠡ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢᠨ ᠠᠯᠲᠠᠨ ᠭᠤᠷᠪᠠᠯᠵᠢᠨ ᠣᠷᠣᠨ ᠢ ᠴᠤᠭᠴᠠᠯᠠᠵᠤ᠂ ᠮᠣᠩᠭᠤᠯ ᠤᠯᠤᠰ ᠤᠨ ᠵᠡᠭᠦᠨ ᠪᠡᠶ᠎ᠡ ᠶᠢᠨ ᠭᠤᠷᠪᠠᠨ ᠠᠶᠢᠮᠠᠭ ᠣᠷᠣᠨ ᠂ ᠣᠷᠣᠰ ᠤᠨ ᠬᠥᠷᠰᠢ ᠵᠡᠷᠭᠡᠯᠡᠳᠡᠭᠡ ᠭᠤᠷᠪᠠᠨ ᠵᠧᠦ ᠣᠷᠣᠨ ᠪᠤᠯᠤᠨ ᠮᠠᠨ ᠤ ᠤᠯᠤᠰ ᠤᠨ ᠵᠡᠭᠦᠨ ᠬᠤᠶᠢᠲᠤ ᠭᠠᠵᠠᠷ ᠤᠷᠤᠨ ᠳᠤ ᠬᠠᠮᠤᠷᠠᠭᠤᠯᠤᠨ᠎ᠠ᠃ ᠭᠤᠷᠪᠠ ᠳᠤ ᠡᠬᠡ ᠬᠠᠭᠤᠷᠠᠶ ᠪᠤᠯᠤᠨ ᠳᠠᠯᠠᠢ ᠲᠠᠩᠭᠢᠰ ᠤᠨ ᠤᠯᠠᠨ ᠤᠯᠤᠰ ᠤᠨ ᠬᠤᠭᠤᠷᠣᠨᠳᠣᠬᠢ ᠨᠡᠪᠲᠡᠷᠡᠯ ᠵᠠᠮ ᠳᠤ ᠲᠦᠰᠢᠭᠯᠡᠨ ᠨᠡᠭᠡᠭᠡᠯᠲᠡ ᠬᠢᠵᠤ ᠬᠠᠮᠲᠤᠷᠠᠯᠴᠠᠬᠤ ᠬᠦᠷᠢᠶ᠎ᠡ ᠪᠠᠨ ᠥᠷᠭᠡᠳᠬᠡᠵᠦ᠂ ᠪᠢᠨᠵᠸᠤ ᠱᠤᠭᠤᠮ᠂ ᠢᠮᠢᠨ ᠢᠷᠱᠢ ᠱᠤᠭᠤᠮ᠂ ᠮᠠᠨᠵᠤᠤᠷ ᠢᠷᠱᠢ ᠱᠤᠭᠤᠮ ᠢᠶᠠᠷ ᠳᠠᠮᠵᠢᠨ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠵᠡᠷᠭᠡ ᠳᠠᠯᠠᠢ ᠳᠤ ᠭᠠᠷᠬᠤ ᠪᠤᠭᠤᠮᠲᠠ ᠯᠤᠭ᠎ᠠ ᠵᠤᠯᠭᠠᠯᠳᠤᠭᠤᠯᠵᠤ᠂ ᠣᠯᠠᠨ ᠤᠯᠤᠰ ᠤᠨ ᠶᠡᠭᠡ ᠵᠠᠮ ᠢ ᠨᠡᠪᠲᠡᠷᠡᠭᠦᠯᠵᠦ᠂ ᠵᠡᠭᠦᠨ ᠬᠤᠶᠢᠲᠤ ᠣᠷᠣᠨ ᠯᠤᠭ᠎ᠠ ᠶᠢᠨ ᠬᠠᠮᠲᠤᠷᠠᠨ ᠠᠵᠢᠯᠯᠠᠬᠤ ᠶᠢ ᠰᠢᠯᠢᠳᠡᠭᠵᠢᠬᠦᠯᠦᠨ ᠦᠷᠭᠡᠳᠭᠡᠵᠤ᠂ ᠤᠯᠤᠰ ᠤᠨ ᠳᠣᠲᠣᠭᠠᠳᠤ ᠶᠢᠨ ᠡᠭᠡ ᠭᠠᠵᠠᠷ ᠯᠤᠭ᠎ᠠ ᠵᠤᠯᠭᠠᠯᠳᠤᠭᠤᠯᠤᠨ ᠬᠠᠮᠲᠤᠷᠠᠯᠴᠠᠭᠤᠯᠬᠤ ᠶᠢ ᠴᠢᠩᠭᠠᠳᠬᠠᠨ᠂ ᠶᠠᠫᠣᠨ ᠺᠣᠷᠢᠶᠠ ᠯᠤᠭ᠎ᠠ ᠶᠢᠨ ᠬᠠᠮᠲᠤᠷᠠᠯᠴᠠᠬᠤ ᠶᠢ ᠢᠳᠡᠪᠬᠢᠲᠡᠶ ᠦᠷᠨᠢᠬᠦᠯᠦᠨ᠎ᠡ᠃ ᠲᠦᠷᠪᠡ ᠳᠤ ᠳᠤᠲᠤᠭᠰᠢ ᠲᠠᠲᠠᠬᠤ ᠭᠠᠳᠠᠭᠰᠢ ᠬᠤᠯᠪᠣᠭᠠᠯᠠᠬᠤ᠂ ᠬᠠᠷᠢᠯᠴᠠᠨ ᠬᠦᠳᠡᠯᠦᠯᠴᠡᠨ ᠬᠦᠭᠵᠢᠬᠦᠯᠬᠦ ᠰᠡᠳᠬᠢᠴᠡ ᠶᠣᠰᠣᠭᠠᠷ᠂ ᠢᠯᠡ ᠲᠣᠳᠣ ᠣᠨᠴᠠᠯᠢᠭ ᠲᠠᠢ ᠪᠥᠭᠡᠳ ᠥᠨᠳᠥᠷ ᠪᠦᠲᠦᠮᠵᠢᠲᠡᠶ ᠬᠠᠮᠲᠤᠷᠠᠨ ᠬᠥᠳᠡᠯᠦᠯᠴᠡᠬᠦ ᠤᠯᠠᠨ ᠤᠯᠤᠰ ᠤᠨ ᠠᠷᠠᠯᠵᠢᠶ᠎ᠠ ᠬᠤᠳᠠᠯᠳᠤᠭ᠎ᠠ᠂ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭ᠎ᠠ ᠵᠡᠷᠭᠡ ᠬᠠᠮᠲᠤᠷᠠᠯᠴᠠᠭ᠎ᠠ ᠶᠢᠨ ᠴᠢᠳᠠᠮᠵᠢᠳᠤ ᠣᠷᠣᠨ ᠢ ᠪᠦᠲᠦᠭᠡᠨ ᠪᠠᠶᠢᠭᠤᠯᠤᠨ᠎ᠠ᠃      ﹇ᠬᠥᠲᠥᠯᠥᠭᠴᠢ﹈      ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠭᠤᠣᠯᠳᠠᠯᠭ᠎ᠠ ᠲᠠᠢ ᠴᠤᠭᠴᠠᠯᠠᠬᠤ ᠬᠠᠮᠲᠤᠷᠠᠯᠴᠠᠭ᠎ᠠ ᠶᠢᠨ ᠠᠵᠤ ᠦᠢᠯᠡᠰ ᠨᠢ ᠶᠠᠭᠤ ᠪᠤᠢ︖      ﹇ᠸᠧᠨ ᠮᠢᠨ﹈      ᠬᠤᠰᠢᠭᠤᠴᠢ ᠣᠷᠣᠨ ᠢ ᠪᠦᠳᠦᠭᠡᠨ ᠪᠠᠶᠢᠭᠤᠯᠬᠤ ᠶᠠᠪᠤᠴᠠ ᠳᠤᠮᠳᠠ᠂ ᠠᠵᠤ ᠠᠬᠤᠶ ᠶᠢᠨ ᠬᠥᠭᠵᠢᠯᠲᠡ ᠪᠤᠯᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠷᠢᠴᠠᠭ᠎ᠠ ᠶᠢ ᠴᠢᠷᠮᠠᠶᠢᠨ ᠰᠠᠶᠢᠲᠤᠷ ᠰᠢᠢᠳᠪᠦᠷᠢᠯᠡᠭᠡᠳ᠂ ᠠᠮᠢ ᠠᠬᠤᠶ ᠶᠢ ᠴᠢᠩᠭ᠎ᠠ ᠬᠠᠮᠠᠭᠠᠯᠠᠵᠤ᠂ ᠤᠷᠤᠰ ᠮᠣᠩᠭᠤᠯ ᠯᠤᠭ᠎ᠠ ᠶᠢᠨ ᠠᠵᠤ ᠦᠢᠯᠡᠰ ᠤᠨ ᠵᠤᠯᠭᠠᠯᠳᠤᠭᠤᠯᠤᠨ ᠬᠠᠮᠲᠤᠷᠠᠯᠴᠠᠬᠤ ᠶᠢ ᠴᠢᠩᠭᠠᠳᠬᠠᠨ᠎ᠠ᠃ ᠬᠤᠰᠢᠭᠤᠴᠢ ᠣᠷᠣᠨ ᠳᠤ ᠳᠥᠷᠪᠡᠨ ᠲᠥᠷᠥᠯ ᠤᠨ 15 ᠵᠦᠢᠯ ᠢ ᠬᠠᠮᠤᠷᠤᠭᠰᠠᠨ ᠠᠵᠤ ᠦᠢᠯᠡᠰ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠂ ᠲᠤᠬᠠᠶᠢᠯᠠᠪᠠᠯ ᠴᠡᠪᠡᠷ ᠡᠨᠧᠷᠭᠢ᠂ ᠡᠨᠧᠷᠭᠢ ᠶᠢᠨ ᠰᠤᠷᠪᠤᠯᠵᠢ ᠶᠢᠨ ᠬᠢᠮᠢ ᠶᠢᠨ ᠠᠵᠤ ᠦᠢᠯᠡᠳᠪᠦᠷᠢ᠂ ᠡᠬᠢ ᠪᠠᠶᠠᠯᠢᠭ ᠢ ᠨᠠᠷᠢᠨ ᠡᠳ᠋ᠰᠢᠭᠦᠯᠬᠦ 3 ᠵᠦᠢᠯ ᠤᠨ ᠡᠨᠧᠷᠭᠢ ᠶᠢᠨ ᠰᠤᠷᠪᠤᠯᠵᠢ ᠶᠢᠨ ᠪᠣᠯᠪᠠᠰᠤᠷᠠᠭᠤᠯᠬᠤ ᠠᠵᠤ ᠦᠢᠯᠡᠳᠪᠦᠷᠢ᠂ ᠠᠮᠢᠳᠤ ᠪᠣᠳᠠᠰ᠂ ᠬᠦᠢᠲᠡᠨ ᠡᠬᠢ ᠪᠠᠶᠠᠯᠢᠭ᠂ ᠲᠣᠨᠣᠭᠯᠠᠯ ᠦᠢᠯᠡᠳᠬᠦ᠂ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ᠂ ᠡᠯᠧᠺᠲᠷᠣᠨ ᠮᠡᠳᠡᠭᠡ ᠵᠠᠩᠭᠢ᠂ ᠣᠷᠴᠢᠨ ᠠᠬᠤᠶ ᠶᠢ ᠬᠠᠮᠠᠭᠠᠯᠠᠬᠤ 6 ᠵᠦᠢᠯ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠬᠦ ᠪᠤᠯᠪᠠᠰᠤᠷᠠᠭᠤᠯᠬᠤ ᠬᠦᠮᠦᠷᠭᠡᠯᠡᠬᠦ ᠬᠠᠳᠠᠭᠠᠯᠠᠬᠤ ᠪᠠ ᠲᠡᠭᠡᠭᠡᠪᠦᠷᠢᠯᠡᠬᠦ᠂ ᠢᠳᠡᠰᠢᠨ ᠨᠣᠭᠤᠭ᠎ᠠ ᠵᠢᠮᠢᠰ ᠤᠨ ᠵᠦᠢᠯ ᠢ ᠲᠠᠷᠢᠵᠤ ᠭᠠᠳᠠᠭᠠᠳᠤ ᠳᠤ ᠭᠠᠷᠭᠠᠬᠤ᠂ ᠳᠤᠮᠳᠠᠳᠤ ᠤᠷᠤᠰ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠨ ᠪᠣᠯᠪᠠᠰᠤᠷᠠᠭᠤᠯᠬᠤ ᠬᠠᠮᠲᠤᠷᠠᠯᠴᠠᠭ᠎ᠠ ᠶᠢᠨ 3 ᠵᠦᠢᠯ ᠤᠨ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠦᠢᠯᠡᠰ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠢᠵᠢ ᠪᠦᠷᠢᠳᠦᠭᠰᠡᠨ ᠦᠢᠯᠡᠴᠢᠯᠡᠭᠡ ᠵᠡᠷᠭᠡ 3 ᠵᠦᠢᠯ ᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠤᠯᠤᠨ᠎ᠠ᠃      ﹇ᠬᠥᠲᠥᠯᠥᠭᠴᠢ﹈      ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠨᠢ ᠶᠠᠮᠠᠷ ᠴᠢᠭᠯᠡᠯ ᠢᠶᠠᠷ ᠭᠠᠳᠠᠭᠰᠢ ᠨᠡᠪᠲᠡᠷᠡᠬᠦ ᠵᠠᠮ ᠤᠨ ᠪᠥᠳᠥᠭᠡᠨ ᠪᠠᠶᠢᠭᠤᠯᠤᠯᠲᠠ ᠶᠢ ᠬᠢᠵᠤ ᠪᠠᠶᠢᠬᠤ ᠪᠤᠢ︖      ﹇ᠸᠧᠨ ᠮᠢᠨ﹈      ᠬᠤᠰᠢᠭᠤᠴᠢ ᠣᠷᠣᠨ ᠨᠢ ᠣᠷᠣᠰ ᠮᠣᠩᠭᠤᠯ ᠲᠠᠢ ᠨᠡᠪᠲᠡᠷᠡᠯᠴᠡᠭᠰᠡᠨ᠂ ᠵᠡᠭᠦᠨ ᠬᠤᠶᠢᠲᠤ ᠣᠷᠣᠨ ᠲᠠᠢ ᠰᠠᠭᠠᠳ ᠦᠭᠡᠢ ᠨᠡᠪᠲᠡᠷᠡᠭᠦᠯᠦᠭᠰᠡᠨ᠂ ᠳᠣᠲᠣᠷ ᠭᠠᠵᠠᠷ ᠲᠠᠢ ᠵᠠᠯᠭᠠᠯᠳᠤᠭᠰᠠᠨ ᠲᠡᠭᠡᠭᠡᠪᠦᠷᠢ ᠶᠢᠨ ᠵᠠᠮ ᠪᠤᠯᠤᠨ ᠶᠡᠷᠦᠩᠬᠡᠶᠢᠯᠡᠭᠰᠡᠨ ᠪᠤᠰᠤᠭ᠎ᠠ ᠵᠠᠮ ᠬᠠᠷᠢᠯᠴᠠᠭᠠᠨ ᠤ ᠲᠣᠣᠷ ᠢ ᠠᠯᠬᠤᠮ ᠠᠯᠬᠤᠮ ᠢᠶᠠᠷ ᠪᠠᠶᠢᠭᠤᠯᠬᠤ ᠪᠤᠯᠤᠨ᠎ᠠ᠃ ᠨᠢᠭᠡ ᠳᠤ ᠪᠣᠭᠤᠮᠲᠠ ᠪᠠᠷ ᠦᠡᠭᠭᠡᠷᠡᠨ ᠣᠷᠣᠰ ᠲᠤ 3 ᠵᠤᠷᠪᠤᠰ ᠵᠠᠮ ᠢ ᠪᠠᠶᠢᠷᠢᠯᠠᠭᠤᠯᠤᠨ ᠪᠠᠶᠢᠭᠤᠯᠵᠤ᠂ ᠪᠣᠭᠤᠮᠲᠠ ᠎ ᠪᠠᠷ ᠦᠡᠭᠭᠡᠷᠡᠨ ᠮᠤᠩᠭᠤᠯ ᠳᠤ ᠨᠡᠪᠲᠡᠷᠡᠬᠦ 2 ᠵᠤᠷᠪᠤᠰ ᠵᠠᠮ ᠢ ᠲᠦᠯᠦᠪᠵᠢᠬᠦᠯᠦᠨ ᠪᠦᠳᠦᠬᠡᠨ ᠪᠠᠶᠢᠭᠤᠯᠵᠤ᠂ 2 ᠵᠤᠷᠪᠤᠰ ᠪᠢᠨᠵᠸᠤ ᠱᠤᠭᠤᠮ ᠪᠤᠯᠤᠨ ᠢᠮᠢᠨ ᠱᠤᠭᠤᠮ᠂ ᠢᠮᠢᠨ ᠢᠷᠱᠢ ᠱᠤᠭᠤᠮ ᠢᠶᠠᠷ ᠳᠠᠮᠵᠢᠨ ᠵᠡᠬᠦᠨ ᠬᠤᠶᠢᠲᠦ ᠤᠷᠤᠨ ᠤᠮᠠᠷᠠᠲᠤ ᠣᠷᠣᠨ ᠤ ᠳᠠᠯᠠᠢ ᠳᠤ ᠭᠠᠷᠬᠤ ᠪᠤᠭᠤᠮᠲᠠ ᠶᠢᠨ ᠳᠣᠲᠣᠭᠠᠳᠤ ᠵᠠᠮ ᠲᠡᠭᠡᠭᠡᠪᠦᠷᠢ ᠶᠢ ᠬᠤᠯᠪᠤᠭᠰᠠᠨ ᠳᠠᠷᠳᠠᠩ ᠵᠠᠮ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠥᠨᠳᠥᠷ ᠴᠢᠳᠠᠮᠵᠢᠲᠤ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮᠵᠢ ᠶᠢ ᠪᠠᠶᠢᠭᠤᠯᠤᠨ᠎ᠠ᠃ ᠬᠤᠶᠠᠷ ᠲᠤ᠂ ᠪᠣᠭᠤᠮᠲᠠ ᠶᠢᠨ ᠰᠠᠭᠤᠷᠢ ᠪᠡᠯᠡᠳᠬᠡᠮᠵᠢ ᠶᠢ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠤ᠂ ᠪᠣᠭᠤᠮᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠷᠠᠭ᠎ᠠ ᠪᠤᠯᠤᠨ ᠬᠥᠮᠦᠰ ᠢ ᠪᠣᠭᠤᠮᠲᠠ ᠪᠠᠷ ᠥᠩᠭᠡᠷᠡᠭᠦᠯᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠪᠣᠯᠤᠨ ᠮᠡᠳᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠠᠪᠴᠠᠩ ᠵᠡᠷᠭᠡ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠧᠦ᠋ᠷᠣᠫᠠ ᠠᠽᠢᠶ᠎ᠠ ᠶᠢᠨ ᠴᠠᠬᠢᠯᠭᠠᠨ ᠬᠤᠯᠪᠣᠭᠠᠨ ᠤ ᠳᠠᠮᠵᠢᠭᠤᠯᠭ᠎ᠠ ᠶᠢᠨ ᠴᠢᠬᠤᠯᠠ ᠤᠶᠠᠯᠳᠤᠯ ᠴᠢᠭ᠋ ᠢ ᠪᠠᠶᠢᠭᠤᠯᠤᠨ᠎ᠠ᠃      ﹇ᠬᠥᠲᠥᠯᠥᠭᠴᠢ﹈      ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠨᠢ ᠬᠥᠮᠦᠨ ᠨᠡᠶᠢᠭᠡᠮ ᠤᠨ ᠬᠦᠷᠢᠶᠡᠨ ᠳᠤ ᠶᠠᠮᠠᠷ ᠶᠠᠮᠠᠷ ᠲᠠᠯ᠎ᠠ ᠪᠠᠷ ᠬᠠᠮᠲᠤᠷᠠᠯᠴᠠᠬᠤ ᠪᠤᠢ︖      ﹇ᠸᠧᠨ ᠮᠢᠨ﹈      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠢᠭᠡᠳ ᠣᠷᠣᠰ᠂ ᠮᠣᠩᠭᠤᠯ ᠤᠯᠤᠰ ᠬᠦᠷᠰᠢᠯᠡᠨ ᠵᠠᠯᠭᠠᠯᠳᠤᠵᠤ᠂ ᠬᠥᠮᠦᠨ ᠰᠣᠶᠣᠯ ᠬᠠᠷᠢᠯᠴᠠᠨ ᠨᠠᠪᠲᠡᠷᠡᠵᠤ ᠪᠠᠶᠢᠭ᠎ᠠ ᠪᠤᠯᠬᠤᠷ ᠬᠤᠰᠢᠭᠤᠴᠢ ᠣᠷᠣᠨ ᠨᠢ ᠤᠷᠤᠰ᠂ ᠮᠣᠩᠭᠤᠯ ᠯᠤᠭ᠎ᠠ ᠶᠢᠨ ᠰᠣᠶᠣᠯ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠢᠯᠢ ᠠᠯᠤᠰᠯᠠᠭᠰᠠᠨ ᠵᠢᠭᠤᠯᠴᠢᠯᠠᠯ᠂ ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢᠨ ᠰᠠᠭᠤᠷᠢ ᠳᠤ ᠭᠦᠢᠴᠡᠳ ᠲᠦᠰᠢᠭᠯᠡᠨ᠂ ᠭᠤᠣᠯᠳᠠᠭᠤ ᠰᠣᠶᠣᠯ ᠤᠨ ᠬᠤᠷᠠᠯ ᠦᠵᠡᠭᠦᠯᠦᠯᠭᠡ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠳᠥᠷᠪᠡᠨ ᠲᠠᠯ᠎ᠠ ᠶᠢᠨ ᠬᠥᠮᠦᠨ ᠰᠣᠶᠣᠯ ᠤᠨ ᠰᠣᠯᠢᠯᠴᠠᠭ᠎ᠠ ᠬᠤᠷᠰᠢᠯᠴᠠᠭ᠎ᠠ ᠶᠢᠨ ᠬᠦᠷᠢᠶ᠎ᠡ ᠳᠤ ᠬᠠᠮᠲᠤᠷᠠᠯᠴᠠᠭ᠎ᠠ ᠪᠠᠨ ᠦᠷᠨᠢᠬᠦᠯᠦᠨ᠎ᠡ᠃      ﹇ᠬᠥᠲᠥᠯᠥᠭᠴᠢ﹈      ᠬᠥᠯᠥᠨ ᠪᠦᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠢ ᠪᠠᠶᠢᠭᠤᠯᠬᠤ ᠳᠤ ᠶᠠᠮᠠᠷ ᠶᠠᠮᠠᠷ ᠥᠭᠡᠷᠡᠴᠢᠯᠡᠯᠲᠡ ᠬᠢᠵᠦ ᠰᠢᠨ᠎ᠡ ᠶᠢ ᠡᠬᠦᠳᠦᠭᠰᠡᠨ ᠵᠦᠢᠯ ᠪᠠᠶᠢᠬᠤ ᠪᠤᠢ︖      ﹇ᠸᠧᠨ ᠮᠢᠨ﹈      ᠥᠪᠡᠷᠲᠡᠭᠡᠨ ᠵᠠᠰᠠᠬᠤ ᠣᠷᠣᠨ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠤᠨ᠂ ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠪᠠᠶᠢᠭᠤᠯᠤᠯ ᠤᠨ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠢ ᠦᠷᠨᠢᠬᠦᠯᠬᠦ ᠶᠢ ᠨᠢ ᠠᠯᠬᠤᠮ ᠠᠯᠬᠤᠮ ᠢᠶᠠᠷ ᠲᠥᠯᠬᠢᠨ ᠠᠬᠢᠭᠤᠯᠤᠨ᠎ᠠ᠂ ᠡᠭᠦᠨ ᠳᠤ ᠭᠤᠣᠯᠳᠠᠭᠤ ᠭᠠᠳᠠᠭᠠᠳᠤ ᠲᠠᠢ ᠬᠠᠮᠲᠤᠷᠠᠨ ᠠᠵᠢᠯᠯᠠᠬᠤ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠬᠦᠳᠬᠦ᠂ ᠪᠣᠭᠤᠮᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ᠂ ᠠᠵᠤ ᠦᠢᠯᠡᠰ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠬᠦᠯᠬᠦ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠦᠨᠵᠡᠭᠡᠶᠢᠷᠡᠬᠦᠯᠬᠦ ᠳᠥᠷᠪᠡᠨ ᠲᠠᠯ᠎ᠠ ᠶᠢ ᠪᠠᠭᠲᠠᠭᠠᠵᠤ᠂ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ  ᠡᠭᠦᠳᠬᠦ ᠪᠠᠷ ᠲᠦᠯᠬᠢᠨ ᠠᠬᠢᠭᠤᠯᠬᠤ ᠲᠣᠭᠲᠠᠴᠠ ᠂ ᠨᠡᠭᠡᠭᠡᠨ ᠬᠦᠭᠵᠢᠬᠦᠯᠬᠦ ᠴᠢᠯᠦᠭᠡᠲᠠᠢ ᠶᠠᠪᠤᠯᠴᠠᠬᠤ ᠬᠠᠮᠲᠤᠷᠠᠯᠴᠠᠭ᠎ᠠ ᠶᠢᠨ ᠲᠣᠭᠲᠠᠴᠠ᠂ ᠪᠣᠭᠤᠮᠲᠠ ᠪᠠᠷ ᠦᠡᠭᠭᠡᠷᠡᠭᠦᠯᠬᠦ ᠥᠨᠳᠥᠷ ᠪᠦᠲᠦᠮᠵᠢᠲᠡᠶ ᠲᠣᠭᠲᠠᠴᠠ᠂ ᠠᠵᠤ ᠦᠢᠯᠡᠰ ᠢ ᠠᠬᠢᠭᠤᠯᠬᠤ ᠲᠣᠭᠲᠠᠴᠠ᠂ ᠰᠢᠨ᠎ᠡ ᠮᠠᠶ᠋ᠢᠭ ᠤᠨ ᠴᠢᠳᠠᠪᠤᠷᠢᠲᠠᠨ ᠢ ᠣᠷᠣᠭᠤᠯᠵᠤ ᠢᠷᠡᠬᠦ ᠪᠠ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠵᠡᠷᠭᠡ ᠠᠵᠢᠯ ᠢ ᠭᠤᠣᠯᠳᠠᠯᠭ᠎ᠠ ᠲᠠᠢ ᠦᠷᠨᠢᠬᠦᠯᠦᠨ᠎ᠡ᠃      ﹇ᠬᠥᠲᠥᠯᠥᠭᠴᠢ﹈      ︽ᠲᠥᠯᠥᠪᠵᠢᠭᠦᠯᠭᠡ︾᠎ ᠶᠢ ᠴᠤᠬᠤᠯᠠᠪᠤᠷᠢᠯᠠᠭᠰᠠᠨ ᠨᠢ ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠪᠦᠳᠦᠭᠡᠨ ᠪᠠᠶᠢᠭᠤᠯᠤᠯᠲᠠ ᠳᠤ ᠶᠠᠮᠠᠷ ᠶᠠᠮᠠᠷ ᠠᠵᠠ ᠲᠣᠬᠢᠶᠠᠯ ᠬᠠᠨᠭ᠍ᠭᠠᠭᠰᠠᠨ ᠪᠤᠢ︖            ﹇ᠸᠧᠨ ᠮᠢᠨ﹈      ᠨᠢᠭᠡ ᠳᠤ ᠤᠯᠤᠰ ᠤᠨ ᠳᠡᠰ ᠳᠠᠪᠬᠤᠷᠭ᠎ᠠ ᠠᠴᠠ ︽ᠧᠦ᠋ᠷᠣᠫᠠ ᠠᠽᠢᠶ᠎ᠠ ᠶᠢᠨ ᠡᠬᠡ ᠬᠠᠭᠤᠷᠠᠶ ᠶᠢᠨ ᠬᠥᠭᠦᠷᠭᠡ ᠶᠢᠨ ᠴᠢᠬᠤᠯᠠ ᠬᠦᠢᠰᠦ᠂ ᠬᠢᠯᠢ ᠳᠠᠭᠠᠤ ᠣᠷᠣᠨ ᠤ ᠨᠡᠭᠡᠭᠡᠯᠲᠡ ᠬᠢᠵᠤ ᠬᠠᠮᠲᠤᠷᠠᠯᠴᠠᠬᠤ ᠬᠦᠭᠵᠢᠯᠲᠡ ᠶᠢᠨ ᠭᠤᠣᠯᠳᠠᠯᠭ᠎ᠠ ᠲᠠᠢ ᠣᠷᠣᠨ᠂ ᠪᠠᠶᠢᠭᠤᠯᠤᠯ ᠤᠨ ᠲᠣᠭᠲᠠᠴᠠ ᠶᠢᠨ ᠥᠭᠡᠷᠡᠴᠢᠯᠡᠯᠲᠡ ᠬᠢᠵᠤ ᠰᠢᠨ᠎ᠡ ᠶᠢ ᠡᠭᠦᠳᠬᠦ ᠬᠤᠰᠢᠭᠤᠴᠢ ᠣᠷᠣᠨ᠂ ᠬᠥᠷᠰᠢ ᠯᠦᠭᠡ ᠨᠥᠬᠦᠷᠰᠡᠭ ᠪᠦᠭᠡᠳ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠵᠢᠱᠢᠶ᠎ᠡ ᠦᠵᠡᠭᠦᠯᠬᠦ ᠣᠷᠣᠨ︾᠎ ᠤ ᠨᠡᠭᠡᠭᠡᠯᠳᠡ ᠶᠢᠨ ᠪᠠᠶᠢᠯᠳᠤᠬᠤ ᠪᠤᠳᠤᠯᠭ᠎ᠠ ᠶᠢᠨ ᠤᠷᠤᠨ ᠪᠠᠶᠢᠷᠢᠰᠢᠯ ᠢ ᠤᠯᠭᠤᠪᠠ᠃ ᠬᠤᠶᠠᠷ ᠲᠤ ᠤᠯᠤᠰ ᠠᠴᠠ ᠴᠢᠯᠥᠭᠡᠲᠡᠶ ᠶᠠᠪᠤᠯᠴᠠᠬᠤ ᠣᠯᠠᠨ ᠲᠦᠷᠦ ᠶᠢᠨ ᠪᠤᠳᠦᠯᠭ᠎ᠠ ᠶᠢ ᠤᠯᠭᠤᠭᠰᠠᠨ ᠪᠠᠶᠢᠨ᠎ᠠ᠃ ᠡᠭᠦᠨ ᠳᠤ ᠱᠠᠩᠬᠠᠶ ᠶᠢᠨ ᠴᠢᠯᠥᠭᠡᠲᠦ ᠠᠷᠠᠯᠵᠢᠶᠠᠨ ᠤ ᠣᠷᠣᠨ ᠢ   ᠳᠠᠭᠤᠷᠢᠶᠠᠵᠤ ᠪᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠳᠠᠷᠤᠢ ᠲᠥᠪ ᠤᠨ ᠲᠥᠰᠦᠪ ᠤᠨ ᠳᠣᠲᠣᠷᠠᠬᠢ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠨᠥᠬᠦᠪᠥᠷᠢ ᠶᠢᠨ ᠬᠠᠷᠢᠴᠠᠯ ᠢ ᠳᠡᠭᠡᠭᠰᠢᠯᠡᠭᠦᠯᠦᠨ᠂ ᠣᠷᠣᠨ ᠨᠤᠲᠤᠭ ᠤᠨ ᠢᠵᠢ ᠪᠦᠷᠢᠳᠦᠭᠦᠯᠬᠦ ᠶᠢ ᠬᠠᠰᠤᠵᠤ ᠬᠡᠯᠲᠦᠷᠢᠭᠦᠯᠦᠨ᠂ ᠭᠠᠳᠠᠭᠠᠳᠤ ᠡᠬᠢ ᠪᠠᠶᠠᠯᠢᠭ ᠤᠨ ᠴᠢᠨᠠᠷᠲᠠᠶ ᠠᠵᠤ ᠦᠢᠯᠡᠰ ᠤᠨ ᠬᠠᠮᠲᠤᠷᠠᠯᠴᠠᠭ᠎ᠠ ᠪᠤᠯᠤᠨ ᠬᠦᠷᠢᠶᠡᠯᠡᠩ ᠲᠣᠭᠤᠷᠢᠭ ᠵᠡᠷᠭᠡ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠨᠥᠬᠦᠪᠥᠷᠢ ᠣᠯᠭᠤᠬᠤ ᠶᠢ ᠨᠡᠮᠡᠭᠳᠡᠭᠦᠯᠬᠦ ᠵᠡᠷᠭᠡ ᠶᠢ ᠪᠠᠭᠲᠠᠭᠠᠪᠠ᠃ ᠭᠤᠷᠪᠠ ᠳᠤ ︽ᠬᠠᠶᠢᠯᠠᠷ — ᠴᠢᠲ᠋ᠠ —  ᠴᠦᠢᠪᠠᠯᠰᠠᠩ︾᠎ ᠤᠨ ᠤᠯᠠᠨ ᠤᠯᠤᠰ ᠤᠨ ᠬᠠᠮᠲᠤᠷᠠᠯᠴᠠᠭᠠᠨ ᠤ ᠠᠯᠲᠠᠨ ᠭᠤᠷᠪᠠᠯᠵᠢᠨ ᠣᠷᠣᠨ ᠢ ᠳᠡᠮᠵᠢᠨ ᠴᠤᠭᠴᠠᠯᠠᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠢᠯᠢ ᠳᠠᠭᠠᠤ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠬᠠᠮᠲᠤᠷᠠᠯᠴᠠᠭᠠᠨ ᠤ ᠣᠷᠣᠨ ᠵᠡᠷᠭᠡ ᠭᠠᠳᠠᠭᠠᠳᠤ ᠲᠠᠢ ᠴᠢᠯᠥᠭᠡᠲᠡᠶ ᠶᠠᠪᠤᠯᠴᠠᠵᠤ ᠬᠠᠮᠲᠤᠷᠠᠯᠴᠠᠬᠤ ᠲᠠᠪᠴᠠᠩ ᠪᠣᠯᠤᠨ ᠭᠠᠷᠠᠮ ᠤᠨ ᠭᠠᠶᠢᠯᠢ ᠭᠡᠯᠲᠦᠷᠢᠬᠦᠯᠬᠦ ᠣᠷᠣᠨ᠂ ᠭᠠᠶᠢᠯᠢ ᠪᠠᠲᠤᠯᠠᠬᠤ ᠰᠠᠩ ᠬᠥᠮᠥᠷᠭᠡ ᠵᠡᠷᠭᠡ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠤᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠤ᠂ ᠶᠠᠷᠢᠶ᠎ᠠ ᠬᠡᠯᠡᠯᠴᠡᠭᠡᠨ ᠤ ᠲᠠᠪᠴᠠᠩ ᠤᠨ ᠬᠤᠷᠠᠯ ᠴᠤᠭᠯᠠᠭᠠᠨ ᠢ ᠳᠡᠮᠵᠢᠨ ᠦᠷᠨᠢᠬᠦᠯᠦᠭᠰᠡᠨ ᠵᠡᠷᠭᠡ ᠪᠣᠯᠤᠨ᠎ᠠ᠃      ﹇ᠬᠥᠲᠥᠯᠥᠭᠴᠢ﹈      ᠥᠪᠡᠷᠲᠡᠭᠡᠨ ᠵᠠᠰᠠᠬᠤ ᠣᠷᠣᠨ ︽ᠲᠥᠯᠥᠪᠵᠢᠭᠦᠯᠭᠡ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠶᠠᠮᠠᠷ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠠᠪᠤᠭᠰᠠᠨ ᠪᠤᠢ︖      ﹇ᠸᠧᠨ ᠮᠢᠨ﹈      ᠨᠢᠭᠡ ᠳᠤ ︽ᠲᠥᠯᠥᠪᠵᠢᠭᠦᠯᠭᠡ︾᠎ ᠶᠢ ᠤᠬᠠᠭᠤᠯᠤᠨ ᠲᠦᠯᠬᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠲᠥᠯᠥᠪᠵᠢᠭᠦᠯᠭᠡ︾᠎ ᠶᠢᠨ ᠭᠤᠤᠯ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠪᠠ᠃ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠡᠭᠦᠷᠭᠡ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ︽ᠲᠥᠯᠥᠪᠵᠢᠭᠦᠯᠭᠡ︾᠎ ᠳᠤ ᠳᠤᠷᠠᠳᠤᠭᠰᠠᠨ ᠬᠠᠷᠠᠯᠲᠠ᠂ ᠡᠭᠦᠷᠭᠡ ᠪᠤᠯᠤᠨ ᠱᠠᠭᠠᠷᠳᠠᠯᠭ᠎ᠠ ᠶᠣᠰᠣᠭᠠᠷ᠂ ᠪᠣᠳᠠᠲᠠᠶ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ︽ᠲᠦᠯᠦᠪᠵᠢᠬᠦᠯᠭᠡ︾᠎ ᠶᠢ ᠦᠨᠡᠨ ᠬᠦ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠪᠠ᠃ ᠭᠤᠷᠪᠠ ᠳᠤ ᠤᠯᠤᠰ ᠤᠨ ᠬᠤᠯᠪᠣᠭᠳᠠᠯ ᠪᠦᠬᠦᠢ ᠶᠠᠮᠤᠨ ᠵᠦᠪᠯᠡᠯ ᠯᠦᠭᠡ ᠢᠳᠡᠪᠬᠢᠲᠠᠢ ᠪᠠᠷ ᠨᠡᠪᠲᠡᠷᠡᠯᠴᠡᠬᠦ ᠶᠢ ᠴᠢᠩᠭᠠᠳᠬᠠᠨ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠲᠡᠭᠦᠯᠳᠡᠷᠵᠢᠬᠦᠯᠬᠦ ᠶᠢ ᠴᠢᠩᠭ᠎ᠠ ᠠᠳᠬᠤᠨ᠂ ︽ᠲᠥᠯᠥᠪᠵᠢᠭᠦᠯᠭᠡ︾᠎ ᠶᠢᠨ ᠤᠷᠤᠭᠰᠢᠲᠠᠶ ᠬᠡᠷᠡᠭᠵᠢᠬᠦᠯᠦᠭᠳᠡᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃      ﹇ᠬᠥᠲᠥᠯᠥᠭᠴᠢ﹈      ᠵᠠ ᠰᠠᠶᠢᠨ ᠪᠤᠯᠤᠯ᠎ᠠ᠂ ᠸᠧᠨ ᠡᠷᠬᠢᠯᠡᠭᠴᠢ ᠶᠢᠨ ᠨᠠᠷᠢᠨ ᠲᠤᠲᠤᠷᠬᠠᠢ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠡᠬᠦᠨ ᠢᠶᠠᠷ ᠳᠠᠮᠵᠢᠨ ᠪᠢᠳᠡ ︽ᠲᠥᠯᠥᠪᠵᠢᠭᠦᠯᠭᠡ︾᠎ ᠶᠢ ᠨᠡᠶᠢᠲᠡᠯᠡᠨ ᠬᠡᠷᠡᠭᠵᠢᠬᠦᠯᠦᠭᠰᠡᠨ ᠳᠤ ᠨᠡᠩ ᠭᠦᠨᠵᠡᠭᠡᠶ ᠤᠶᠢᠯᠠᠭᠠᠯᠲᠠ ᠲᠠᠨᠢᠯᠲᠠ ᠲᠠᠢ ᠪᠤᠯᠤᠭᠰᠠᠨ ᠪᠠᠶᠢᠨ᠎ᠠ᠃ ᠡᠭᠦᠨ ᠤ ᠬᠠᠮᠲᠤ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠤᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map