ᠥᠪᠥᠷ ᠮᠣᠩᠭᠤᠯ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠷᠢᠲᠦᠬᠦ ᠠᠰᠠᠭᠤᠳᠠᠯ ᠢ ᠴᠡᠭᠴᠡᠯᠡᠨ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2016/10/31
      ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠠᠴᠠ ᠡᠬᠢᠯᠡᠵᠤ᠂ ᠦᠪᠦᠷ ᠮᠤᠩᠭᠤᠯ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠦᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ ᠪᠠᠶᠢᠨ᠎ᠠ      ᠬᠦᠴᠦ ᠶᠠᠪᠤᠭᠴᠢ ᠮᠠᠯᠴᠢᠨ ᠲᠠᠷᠢᠶᠠᠴᠢᠳ ᠬᠠᠲᠠᠭᠤ ᠰᠢᠷᠭᠠᠭᠤ ᠠᠵᠢᠯᠯᠠᠭᠠᠳ ᠴᠠᠯᠢᠩ ᠢᠶᠠᠨ ᠠᠪᠴᠤ ᠳᠡᠶᠢᠯᠬᠦ ᠦᠭᠡᠢ ᠶᠠᠪᠤᠳᠠᠯ ᠪᠠᠶᠢᠨ ᠳᠠᠬᠢᠨ ᠭᠠᠷᠴᠤ ᠪᠤᠢ᠃ ᠢᠯᠠᠩᠭᠤᠶ᠎ᠠ ᠵᠢᠯ ᠤᠨ ᠡᠴᠦᠰ ᠪᠣᠯᠬᠤ ᠳᠤ᠂ ᠬᠠᠮᠲᠤᠯᠢᠭ ᠤᠨ ᠴᠢᠨᠠᠷᠲᠠᠶ ᠪᠠᠷ ᠴᠠᠯᠢᠩ ᠢᠶᠠᠨ ᠠᠪᠬᠤ᠂ ᠲᠤᠶᠢᠯᠴᠢ ᠠᠷᠭ᠎ᠠ ᠬᠡᠮᠵᠢᠶ᠎ᠡ ᠪᠠᠷ ᠴᠠᠯᠢᠩ ᠢᠶᠠᠨ ᠠᠪᠬᠤ ᠵᠡᠷᠭᠡ ᠶᠠᠪᠤᠳᠠᠯ ᠨᠡᠯᠢᠶᠡᠳ ᠲᠦᠪᠯᠡᠷᠡᠩᠬᠦᠢ ᠪᠠᠶᠢᠭ᠎ᠠ ᠶᠤᠮ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠥᠪᠥᠷ ᠮᠣᠩᠭᠤᠯ ︽ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠦᠷᠢᠲᠦᠬᠦ ᠶᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠲᠤᠬᠠᠶ ᠬᠡᠷᠡᠭᠵᠢᠭᠦᠯᠬᠦ ᠰᠠᠨᠠᠯ︾᠎ ᠢ ᠨᠡᠶᠢᠲᠡᠯᠡᠨ ᠬᠡᠷᠡᠭᠵᠢᠬᠦᠯᠦᠭᠰᠡᠨ ᠤ ᠬᠠᠮᠲᠤ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠬᠢᠨᠠᠯᠲᠠ ᠲᠠᠯᠪᠢᠵᠤ ᠪᠠᠶᠢᠴᠠᠭᠠᠬᠤ᠂ ᠬᠡᠷᠡᠭ ᠢ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠦᠷᠢᠲᠦᠬᠦ ᠠᠰᠠᠭᠤᠳᠠᠯ ᠢ ᠰᠢᠢᠳᠪᠦᠷᠢᠯᠡᠬᠦ ᠠᠵᠢᠯ ᠳᠤ ᠢᠯᠡᠷᠬᠡᠶ ᠦᠷ᠎ᠡ ᠪᠦᠲᠦᠮᠵᠢ ᠤᠯᠬᠤ ᠪᠠᠷ ᠴᠢᠷᠮᠠᠶᠢᠵᠤ ᠪᠠᠶᠢᠨ᠎ᠠ᠃      ◆ ᠵᠢᠷᠤᠮᠵᠢᠭᠤᠯᠤᠨ ᠬᠠᠮᠢᠶᠠᠷᠬᠤ ᠳᠤ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠬᠡᠷᠡᠭᠲᠠᠢ ◆      ᠬᠤᠶᠢᠰᠢᠳᠠ᠂ ᠪᠦᠲᠦᠬᠡᠨ ᠪᠠᠶᠢᠭᠤᠯᠤᠯᠲᠠ ᠶᠢᠨ ᠨᠢᠭᠡᠴᠡ ᠨᠢ ᠪᠠᠷᠢᠯᠭ᠎ᠠ ᠶᠢᠨ ᠨᠢᠭᠡᠴᠡ ᠯᠦᠭᠡ ᠬᠠᠤᠯᠢ ᠶᠣᠰᠣᠭᠠᠷ ᠪᠠᠷᠢᠯᠭ᠎ᠠ ᠶᠢᠨ ᠭᠡᠷ᠎ᠡ ᠲᠤᠭᠲᠠᠵᠤ᠂ ᠶᠡᠷᠦᠩᠬᠡᠶ ᠳᠠᠭᠠᠭᠠᠴᠢᠯᠠᠭᠰᠠᠨ ᠨᠢᠭᠡᠴᠡ ᠨᠢ ᠡᠯ᠎ᠡ ᠲᠤᠰᠬᠠᠶ ᠠᠵᠢᠯ ᠢ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ ᠯᠤᠭ᠎ᠠ ᠬᠠᠤᠯᠢ ᠶᠣᠰᠣᠭᠠᠷ ᠪᠠᠷᠢᠯᠭ᠎ᠠ ᠶᠢᠨ ᠠᠵᠢᠯ ᠢ ᠳᠠᠭᠠᠭᠠᠴᠢᠯᠠᠬᠤ ᠭᠡᠷ᠎ᠡ ᠲᠤᠭᠲᠠᠵᠤ᠂ ᠲᠤᠰᠬᠠᠶ ᠪᠠᠷᠢᠯᠭ᠎ᠠ ᠪᠤᠯᠤᠨ ᠬᠥᠳᠡᠯᠮᠦᠷᠢ ᠦᠢᠯᠡᠴᠢᠯᠡᠭᠡᠨ ᠤ ᠵᠣᠭᠤᠰ ᠢ ᠥᠭᠬᠦ ᠴᠠᠭ ᠬᠤᠭᠤᠴᠠᠭ᠎ᠠ᠂ ᠬᠡᠯᠪᠡᠷᠢ ᠶᠢ ᠲᠤᠲᠤᠷᠬᠠᠶᠢᠯᠠᠬᠤ ᠬᠡᠷᠡᠭᠲᠠᠢ᠃ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠢ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠶᠢ ᠨᠢ ᠲᠦᠷ ᠵᠣᠭᠰᠣᠭᠠᠬᠤ ᠪᠥᠭᠡᠳ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠢ ᠨᠢ ᠦᠵᠡᠵᠤ ᠪᠠᠶᠢᠭᠠᠳ ᠬᠢᠷᠢ ᠬᠡᠮ ᠢ ᠨᠢ ᠪᠠᠭᠤᠷᠠᠭᠤᠯᠬᠤ ᠪᠤᠶᠤ ᠬᠢᠷᠢ ᠬᠡᠮ ᠢ ᠨᠢ ᠬᠠᠰᠤᠬᠤ᠂ ᠴᠢᠨᠠᠭᠰᠢᠯᠠᠪᠠᠯ ᠪᠠᠷᠢᠯᠭ᠎ᠠ ᠶᠢᠨ ᠵᠠᠬ᠎ᠠ ᠳᠡᠯᠭᠡᠭᠦᠷ ᠠᠴᠠ ᠬᠦᠬᠡᠬᠡᠵᠤ ᠭᠠᠷᠭᠠᠬᠤ ᠬᠡᠷᠡᠭᠲᠠᠢ᠃      ᠬᠤᠳᠡ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠠᠶᠢᠭᠤᠯᠵᠤ ᠪᠠᠶᠢᠭ᠎ᠠ᠂ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠰᠡᠯᠪᠢᠨ ᠵᠠᠰᠠᠬᠤ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠪᠠᠷᠢᠯᠭ᠎ᠠ ᠶᠢᠨ ᠲᠦᠷᠦᠯ ᠵᠦᠢᠯ ᠳᠤ ᠴᠥᠮ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠳᠦᠷᠢᠮ ᠢ ᠬᠡᠷᠡᠭᠵᠢᠬᠦᠯᠦᠨ᠎ᠡ᠃ ᠪᠦᠲᠦᠭᠡᠨ ᠪᠠᠶᠢᠭᠤᠯᠬᠤ ᠨᠢᠭᠡᠴᠡ ᠪᠣᠯᠤᠨ ᠪᠠᠷᠢᠯᠭ᠎ᠠ ᠶᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠨᠢ ᠳᠠᠭᠠᠭᠠᠴᠢᠯᠠᠯᠲᠠ ᠵᠠᠷᠯᠠᠭᠰᠠᠨ ᠪᠠ ᠬᠦᠯᠢᠶᠡᠭᠰᠡᠨ ᠤ ᠳᠠᠷᠠᠭ᠎ᠠ 10 ᠡᠳᠦᠷ ᠤᠨ ᠳᠣᠲᠣᠷ᠎ᠠ᠂ ᠡᠷᠬᠡᠪᠰᠢ ᠵᠢᠭᠠᠨ ᠲᠤᠭᠲᠠᠭᠠᠭᠰᠠᠨ ᠰᠠᠯᠠᠭ᠎ᠠ ᠮᠦᠴᠢᠷ ᠲᠤ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠲᠤᠭ᠎ᠠ ᠶᠤᠰᠤᠭᠠᠷ ᠲᠤᠰᠢᠶᠠᠬᠤ ᠬᠡᠷᠡᠭᠲᠡᠶ᠂ ᠡᠰᠡ ᠲᠡᠶᠢᠮᠦ ᠪᠤᠯ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠭᠠᠷ ᠭᠦᠢᠴᠡᠳᠬᠡᠯ ᠬᠢᠵᠦ ᠥᠭᠬᠦ ᠦᠭᠡᠢ᠃ ᠪᠠᠷᠢᠯᠭ᠎ᠠ ᠶᠢᠨ ᠵᠠᠬ᠎ᠠ ᠳᠡᠯᠭᠡᠭᠦᠷ ᠲᠤ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ ᠶᠢ ᠶᠠᠪᠤᠭᠤᠯᠵᠤ᠂ ᠡᠯᠧᠺᠲᠷᠣᠨ ᠢᠶᠠᠷ ᠠᠵᠢᠯ ᠳᠤ ᠭᠠᠷᠬᠤ ᠶᠢ ᠰᠢᠯᠭᠠᠵᠤ᠂ ᠪᠠᠩᠬᠢ ᠪᠠᠷ ᠳᠠᠮᠵᠢᠭᠤᠯᠤᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠨᠢ ᠰᠢᠭᠤᠳ ᠣᠯᠭᠤᠬᠤ ᠶᠢ ᠬᠠᠶᠢᠨ ᠰᠦᠪᠡᠭᠴᠢᠯᠡᠬᠦ ᠬᠡᠷᠡᠭᠲᠠᠢ᠃ ᠭᠡᠷ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠵᠤ᠂ ︽ᠪᠠᠷᠢᠯᠭ᠎ᠠ ᠶᠢᠨ ᠬᠦᠷᠢᠶᠡᠨ ᠎ ᠳᠠᠬᠢ ᠬᠥᠳᠡᠯᠮᠦᠷᠢ ᠶᠢᠨ ᠲᠥᠬᠦᠮ ᠭᠡᠷ᠎ᠡ︾ ᠲᠤᠭᠲᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠭᠬᠦ ᠳᠠᠩᠰᠠᠯᠠᠯᠲᠠ ᠶᠢᠨ ᠳᠦᠷᠢᠮ ᠢ ᠬᠡᠷᠡᠭᠵᠢᠬᠦᠯᠬᠦ ᠬᠡᠷᠡᠭᠲᠠᠢ᠃  ᠲᠦᠷᠦᠯ ᠵᠦᠢᠯ ᠢ ᠭᠤᠤᠯᠯᠠᠨ ᠬᠠᠮᠢᠶᠠᠷᠬᠤ ᠨᠢᠭᠡᠴᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠦᠷᠦᠯ ᠵᠦᠢᠯ ᠤᠨ ᠭᠤᠤᠯᠯᠠᠨ ᠬᠠᠮᠢᠶᠠᠷᠬᠤ ᠨᠢᠭᠡᠴᠡ ᠨᠢ ︽ᠬᠡᠨ ᠭᠤᠤᠯᠯᠠᠨ ᠬᠠᠮᠢᠶᠠᠷᠴᠤ ᠪᠠᠶᠢᠪᠠᠯ ᠬᠡᠨ ᠬᠠᠷᠢᠭᠤᠴᠠᠬᠤ︾ ᠵᠠᠷᠴᠢᠮ ᠤᠨ ᠶᠣᠰᠣᠭᠠᠷ᠂ ᠲᠤᠰ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠎ ᠳᠠᠬᠢ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠭᠬᠦ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠪᠠᠷᠢᠯᠭ᠎ᠠ ᠳᠠᠭᠠᠭᠠᠴᠢᠯᠠᠭᠰᠠᠨ ᠲᠤᠯᠤᠭᠠᠶᠢᠯᠠᠭᠴᠢ ᠳᠤ ᠦᠭᠭᠦ ᠪᠠ ᠰᠠᠷ᠎ᠠ ᠪᠠᠷ ᠦᠯᠦ ᠪᠤᠳᠤᠵᠤ ᠥᠭᠬᠦ ᠶᠠᠪᠤᠳᠠᠯ ᠭᠠᠷᠬᠤ ᠶᠢ ᠴᠢᠩᠭ᠎ᠠ ᠴᠠᠭᠠᠵᠠᠯᠠᠬᠤ ᠬᠡᠷᠡᠭᠲᠠᠢ᠃      ◆ ᠬᠢᠨᠠᠯᠲᠠ ᠲᠠᠯᠪᠢᠨ ᠪᠠᠶᠢᠴᠠᠭᠠᠬᠤ ᠳᠤ ᠬᠠᠮᠢᠶᠠᠷᠤᠯᠲᠠ ᠶᠢᠨ ᠲᠠᠯ᠎ᠠ ᠪᠠᠷ ᠴᠡᠭᠴᠡᠯᠡᠨ ᠵᠠᠰᠠᠬᠤ ᠬᠡᠷᠡᠭᠲᠠᠢ ◆      ᠬᠥᠳᠡᠯᠮᠦᠷᠢ ᠶᠢᠨ ᠪᠠᠲᠤᠯᠠᠭ᠎ᠠ ᠶᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠬᠦᠴᠦᠨ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠢᠭᠡᠳᠦᠭᠡᠷ ᠹᠷᠣᠨᠲ ᠤᠨ ᠬᠢᠨᠠᠨ ᠪᠠᠶᠢᠴᠠᠭᠠᠬᠤ ᠬᠦᠴᠦᠨ ᠢ ᠲᠡᠭᠦᠯᠳᠡᠷᠵᠢᠬᠦᠯᠬᠦ ᠬᠡᠷᠡᠭᠲᠠᠢ᠃  ᠪᠦᠲᠦᠭᠡᠨ ᠪᠠᠶᠢᠭᠤᠯᠬᠤ ᠪᠠ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠥᠳᠡᠯᠮᠦᠷᠢ ᠶᠢᠨ ᠭᠡᠷ᠎ᠡ ᠲᠤᠭᠲᠠᠬᠤ ᠳᠤ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠪᠠᠷᠢᠯᠭ᠎ᠠ ᠶᠢᠨ ᠠᠵᠤ ᠠᠬᠤᠶᠢᠯᠠᠯ ᠤᠨ ᠬᠥᠳᠡᠯᠮᠦᠷᠢ ᠶᠢᠨ ᠭᠡᠷ᠎ᠡ ᠲᠤᠭᠲᠠᠬᠤ ᠳᠤ ᠬᠢᠨᠠᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠯᠦᠭᠡ ᠭᠡᠷ᠎ᠡ ᠲᠤᠭᠲᠠᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠬᠡᠷᠡᠭᠲᠡᠶ᠂ ᠡᠰᠡ ᠲᠡᠶᠢᠮᠦ ᠪᠤᠯ ᠬᠠᠤᠯᠢ ᠶᠣᠰᠣᠭᠠᠷ ᠵᠠᠷᠯᠢᠭᠳᠠᠨ ᠪᠠᠷᠢᠯᠭ᠎ᠠ ᠶᠢ ᠨᠢ ᠵᠤᠭᠰᠤᠭᠠᠨ ᠴᠡᠭᠴᠡᠯᠡᠭᠦᠯᠵᠤ᠂ ᠬᠢᠷᠢ ᠬᠡᠮ ᠢ ᠨᠢ ᠪᠠᠭᠤᠷᠠᠭᠤᠯᠬᠤ ᠪᠤᠶᠤ ᠬᠠᠰᠤᠬᠤ ᠬᠡᠷᠡᠭᠲᠠᠢ᠃ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠭᠬᠦ ᠳᠤ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠠᠷᠢᠶ᠎ᠠ ᠣᠷᠣᠨ ᠤ ᠪᠠᠨ ᠬᠡᠪᠴᠢᠶᠡᠨ ᠳᠤᠲᠤᠷᠠᠬᠢ ᠪᠠᠷᠢᠯᠭ᠎ᠠ ᠶᠢᠨ ᠭᠠᠵᠠᠷ ᠢ ᠤᠯᠠᠷᠢᠯ ᠪᠦᠷᠢ ᠠᠯᠢ ᠴᠦᠬᠡᠨ ᠳᠡᠭᠡᠨ ᠨᠢᠭᠡ ᠤᠳᠠᠭ᠎ᠠ ᠲᠣᠭᠤᠷᠢᠨ ᠪᠠᠶᠢᠴᠠᠭᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠷᠢᠲᠦᠭᠰᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠶ ᠳᠤᠨᠢ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠬᠤ ᠲᠣᠭᠲᠠᠭᠠᠯ ᠤᠨ ᠪᠢᠴᠢᠭ ᠪᠠᠭᠤᠯᠭᠠᠬᠤ ᠬᠡᠷᠡᠭᠲᠠᠢ᠂ ᠬᠡᠷᠪᠡ ᠮᠥᠨ ᠬᠦ ᠰᠢᠢᠳᠪᠦᠷᠢᠯᠡᠵᠤ ᠳᠡᠶᠢᠯᠬᠦ ᠦᠭᠡᠢ ᠪᠤᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠪᠤᠶᠤ ᠴᠢᠨᠠᠭᠰᠢᠯᠠᠪᠠᠯ ᠪᠠᠶᠢᠴᠠᠭᠠᠬᠤ ᠪᠠᠶᠢᠭᠤᠯᠭ᠎ᠠ ᠳᠤ ᠰᠠᠨᠠᠭᠤᠯᠭ᠎ᠠ ᠭᠠᠷᠭᠠᠵᠤ ᠬᠠᠤᠯᠢ ᠶᠣᠰᠣᠭᠠᠷ ᠬᠡᠷᠡᠭ ᠪᠣᠯᠭᠠᠨ ᠳᠠᠩᠰᠠᠯᠠᠭᠤᠯᠵᠤ ᠬᠢᠨᠠᠯᠲᠠ ᠲᠠᠯᠪᠢᠭᠤᠯᠵᠤ ᠪᠣᠯᠤᠨ᠎ᠠ᠃      ◆ ᠬᠡᠷᠡᠭ ᠢ ᠰᠢᠢᠳᠪᠦᠷᠢᠯᠡᠬᠦ ᠳᠡᠭᠡᠨ ᠪᠠᠶᠢᠴᠠᠭᠠᠨ ᠰᠢᠢᠳᠪᠦᠷᠢᠯᠡᠬᠦ ᠠᠴᠠ ᠭᠠᠷᠳᠠᠬᠤ ᠬᠡᠷᠡᠭᠲᠡᠢ ◆      ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠪᠠᠷᠢᠯᠭ᠎ᠠ ᠶᠢᠨ ᠭᠠᠵᠠᠷ ᠲᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠡᠷᠬᠡ ᠶᠢ ᠬᠠᠮᠠᠭᠠᠯᠠᠬᠤ ᠵᠠᠷ ᠤᠨ ᠢᠯᠡᠷᠬᠡᠶᠢᠯᠡᠯ ᠪᠠᠶᠢᠭᠤᠯᠵᠤ᠂ ᠢᠯᠡᠴᠢᠯᠡᠬᠦ ᠵᠠᠭᠠᠯᠳᠤᠬᠤ ᠤᠲᠠᠰᠤ ᠶᠢ ᠨᠡᠶᠢᠲᠡᠯᠡᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠡᠷᠬᠡ ᠪᠠᠨ ᠬᠠᠮᠠᠭᠠᠯᠠᠬᠤ ᠰᠠᠭᠠᠳ ᠦᠭᠡᠢ ᠨᠡᠪᠲᠡᠷᠡᠬᠦ ᠵᠠᠮ ᠎ ᠢ ᠨᠡᠭᠡᠭᠡᠨ ᠥᠭᠴᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠥᠷᠢᠲᠦᠯ ᠢ ᠵᠡᠭᠠᠯᠳᠦᠵᠦ ᠢᠯᠡᠴᠢᠯᠡᠭᠰᠡᠨ ᠬᠡᠷᠡᠭ ᠢ ᠴᠠᠭ ᠲᠤᠬᠠᠶ ᠳᠤᠨᠢ ᠬᠦᠯᠢᠶᠡᠨ ᠠᠪᠬᠤ ᠪᠠ ᠰᠢᠢᠳᠪᠦᠷᠢᠯᠡᠵᠦ᠂ ᠬᠡᠷᠡᠭ ᠤᠨ ᠨᠠᠶᠢᠳᠠᠪᠤᠷᠢᠵᠢᠭᠤᠯᠤᠯᠲᠠ ᠶᠢ ᠮᠥᠷᠳᠡᠵᠦ ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ ᠲᠤ᠂ ᠪᠠᠷᠢᠯᠭ᠎ᠠ ᠶᠢᠨ ᠭᠠᠵᠠᠷ ᠤᠨ ᠪᠠᠶᠢᠭ᠎ᠠ ᠵᠠᠰᠠᠭ ᠤᠨ ᠣᠷᠳᠣᠨ ᠎ ᠠᠴᠠ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠵᠤ᠂ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠳᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠳᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠵᠥᠪᠯᠡᠯ᠂ ᠬᠤᠳᠠ ᠶᠢᠨ ᠭᠡᠷ ᠬᠦᠷᠦᠩᠭᠡ ᠶᠢᠨ ᠬᠠᠮᠢᠶᠠᠷᠤᠯᠲᠠ ᠶᠢᠨ ᠲᠣᠪᠴᠢᠶ᠎ᠠ ᠪᠠ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠳᠠᠷᠤᠶᠢᠬᠠᠨ ᠣᠷᠣᠯᠴᠠᠵᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠎ ᠢᠶᠠᠷ ᠢᠶᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠬᠡᠷᠡᠭᠲᠡᠢ᠃      ᠡᠭᠦᠨ ᠠᠴᠠ ᠭᠠᠳᠠᠨ᠎ᠠ᠂ ︽ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠭᠰᠡᠨ ᠶᠠᠪᠤᠳᠠᠯ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠲᠤᠬᠠᠶ ᠬᠡᠷᠡᠭᠵᠢᠭᠦᠯᠬᠦ ᠰᠠᠨᠠᠯ︾᠎ ᠢ ᠦᠨᠳᠦᠰᠦᠯᠡᠨ᠂ ᠠᠵᠢᠯ ᠥᠯᠥ ᠬᠢᠬᠦ᠂ ᠲᠥᠷᠢᠮ ᠢ ᠦᠯᠦ ᠨᠠᠶᠢᠳᠠᠪᠤᠷᠢᠵᠢᠭᠤᠯᠬᠤ᠂ ᠬᠢᠨᠠᠯᠲᠠ ᠬᠠᠮᠢᠶᠠᠷᠤᠯᠲᠠ ᠳᠤᠲᠠᠮᠠᠭ ᠠᠴᠠ ᠪᠣᠯᠵᠤ ᠴᠢᠬᠤᠯᠠ ᠮᠡᠳᠡᠭᠡ ᠵᠠᠩᠭᠢ ᠶᠢ ᠬᠤᠵᠢᠳ ᠮᠡᠳᠡᠭᠦᠯᠦᠭᠰᠡᠨ᠂ ᠣᠷᠬᠢᠭᠳᠠᠭᠤᠯᠤᠨ ᠮᠡᠳᠡᠭᠦᠯᠦᠭᠰᠡᠨ᠂ ᠨᠢᠭᠤᠭᠰᠠᠨ ᠪᠠ ᠢᠯᠡᠴᠢᠯᠡᠭᠰᠡᠨ ᠵᠠᠭᠠᠯᠳᠤᠭᠰᠠᠨ ᠬᠡᠷᠡᠭ ᠢ ᠵᠦᠢ ᠵᠣᠬᠢᠰᠲᠠᠶ ᠰᠢᠢᠳᠪᠦᠷᠢᠯᠡᠭᠰᠡᠨ ᠦᠭᠡᠢ᠂ ᠵᠥᠷᠢᠴᠡᠯ ᠢ ᠬᠤᠷᠴᠠᠳᠬᠠᠭᠰᠠᠨ ᠠᠴᠠ ᠪᠤᠯᠵᠦ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠵᠡᠷᠭᠡ ᠪᠠᠶᠢᠳᠠᠯ ᠳᠤ ᠴᠢᠳᠠᠪᠤᠷᠢ ᠡᠭᠦᠷᠭᠡ ᠬᠠᠷᠢᠭᠤᠴᠠᠯᠭ᠎ᠠ ᠢᠶᠠᠷ ᠨᠢ ᠬᠠᠮᠢᠶ᠎ᠠ ᠪᠦᠬᠦᠢ ᠭᠠᠵᠠᠷ ᠣᠷᠣᠨ᠂ ᠨᠢᠭᠡᠴᠡ ᠪᠣᠯᠤᠨ ᠬᠤᠯᠪᠣᠭᠳᠠᠯ ᠪᠦᠬᠦᠢ ᠬᠥᠮᠦᠰ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃            ᠦᠪᠦᠷ ᠮᠤᠩᠭᠤᠯ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠦᠷᠢᠳᠦᠬᠦ ᠠᠰᠠᠭᠤᠳᠠᠯ ᠢ ᠰᠢᠢᠳᠪᠦᠷᠢᠯᠡᠵᠤ ᠪᠠᠶᠢᠨ᠎ᠠ      ★ ᠵᠠᠩᠭᠢᠯᠠᠭ᠎ᠠ ᠶᠢᠨ ᠦᠭᠡ᠄ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠᠷ ᠵᠠᠰᠠᠨ ᠴᠡᠭᠴᠡᠯᠡᠬᠦ ᠭᠤᠣᠯᠳᠠᠯᠭ᠎ᠠ ᠪᠣᠯᠭᠠᠨ᠎ᠠ ★      ︽ᠬᠡᠷᠡᠭᠵᠢᠭᠦᠯᠬᠦ ᠰᠠᠨᠠᠯ︾᠎ ᠳᠤ ᠲᠣᠳᠣᠷᠬᠠᠶᠢᠯᠠᠭᠰᠠᠨ ᠢᠶᠠᠷ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠬᠠᠮᠢᠶᠠᠷᠤᠯᠲᠠ᠂ ᠵᠠᠮ ᠲᠡᠭᠡᠭᠡᠪᠦᠷᠢ᠂ ᠤᠰᠤᠨ ᠠᠰᠢᠭᠯᠠᠯᠲᠠ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠪᠠ ᠬᠢᠮᠢ ᠶᠢᠨ ᠠᠵᠤ ᠦᠢᠯᠡᠳᠪᠦᠷᠢ᠂ ᠪᠣᠯᠪᠠᠰᠤᠷᠠᠭᠤᠯᠬᠤ ᠦᠢᠯᠡᠳᠬᠦ᠂ ᠬᠤᠭᠤᠯᠠ ᠤᠮᠳᠠᠭᠠᠨ ᠤ ᠦᠢᠯᠡᠴᠢᠯᠡᠭᠡ ᠵᠡᠷᠭᠡ ᠴᠠᠯᠢᠩ ᠥᠷᠢᠲᠦᠬᠦ ᠠᠰᠠᠭᠤᠳᠠᠯ ᠠᠮᠠᠷᠬᠠᠨ ᠭᠠᠷᠬᠤ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠢᠯ ᠲᠦᠷᠤᠯ ᠢᠶᠠᠷ ᠵᠠᠰᠠᠨ ᠴᠡᠭᠴᠡᠯᠡᠬᠦ ᠭᠤᠣᠯᠳᠠᠯᠭ᠎ᠠ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠪᠠᠷ ᠭᠠᠷᠲᠠᠴᠠ ᠪᠣᠯᠭᠠᠵᠤ᠂ ᠴᠠᠯᠢᠩ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠷ ᠭᠤᠣᠯ ᠪᠣᠯᠭᠠᠵᠤ᠂ ᠴᠠᠯᠢᠩ ᠢ ᠲᠤᠭ᠎ᠠ ᠶᠣᠰᠣᠭᠠᠷ ᠥᠭᠬᠦ ᠪᠠᠷ ᠵᠠᠩᠭᠢᠯᠠᠭ᠎ᠠ ᠪᠣᠯᠭᠠᠵᠤ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠬᠥᠳᠡᠯᠦᠩᠭᠦᠢ ᠪᠠᠷ ᠬᠢᠨᠠᠨ ᠬᠠᠮᠢᠶᠠᠷᠬᠤ᠂ ᠢᠲᠡᠭᠡᠯ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠶᠢ ᠤᠶᠠᠯᠳᠤᠭᠤᠯᠤᠭᠰᠠᠨ ᠳᠦᠷᠢᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠪᠡᠷ ᠢ ᠪᠠᠨ ᠱᠠᠭᠠᠷᠳᠠᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠡᠶᠢᠭᠡᠮ ᠨᠡᠶᠢᠲᠡ ᠬᠠᠮᠵᠢᠯᠴᠠᠨ ᠬᠢᠨᠠᠯᠲᠠ ᠲᠠᠯᠪᠢᠬᠤ᠂ ᠬᠠᠤᠯᠢ ᠴᠠᠭᠠᠵᠠ ᠬᠤᠯᠪᠣᠭᠠᠯᠠᠨ ᠰᠢᠳᠬᠡᠬᠦ ᠠᠵᠢᠯ ᠤᠨ ᠰᠢᠰᠲ᠋ᠧᠮᠵᠢ ᠶᠢ ᠪᠦᠷᠢᠨᠰᠢᠭᠦᠯᠵᠦ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠦᠨᠡᠨ ᠬᠦ ᠴᠢᠩᠭᠠᠳᠬᠠᠵᠤ᠂  ᠴᠡᠭᠴᠡᠯᠡᠨ ᠵᠠᠰᠠᠬᠤ ᠨᠡᠶᠢᠯᠡᠯ ᠬᠦᠴᠦᠨ ᠢ ᠪᠤᠢ ᠪᠣᠯᠭᠠᠬᠤ ᠪᠠᠷ ᠬᠠᠷᠠᠯᠲᠠ ᠡᠭᠦᠷᠭᠡ ᠪᠣᠯᠭᠠᠬᠤ ᠬᠡᠷᠡᠭᠲᠡᠢ᠃      ︽ᠬᠡᠷᠡᠭᠵᠢᠭᠦᠯᠬᠦ ᠰᠠᠨᠠᠯ︾᠎ ᠳᠤ ᠳᠤᠷᠠᠳᠤᠭᠰᠠᠨ ᠨᠢ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠵᠠᠰᠠᠨ ᠴᠡᠭᠴᠡᠯᠡᠵᠦ᠂ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠲᠤᠰᠠᠳᠠ᠂ 2017 ᠣᠨ ᠤ ᠳᠡᠭᠡᠳᠦ ᠬᠠᠭᠠᠰ ᠵᠢᠯ ᠪᠣᠯᠬᠤ ᠳᠤ᠂ ᠡᠯ᠎ᠡ ᠭᠠᠵᠠᠷ ᠣᠷᠣᠨ ᠪᠠᠴᠢᠮ ᠪᠠᠶᠢᠳᠠᠯ ᠢ ᠠᠷᠭᠠᠴᠠᠬᠤ ᠡᠷᠭᠢᠯᠲᠡᠲᠦ ᠮᠥᠩᠭᠦᠨ ᠤ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠪᠦᠭᠡᠳ ᠪᠠᠴᠢᠮ ᠪᠠᠶᠢᠳᠠᠯ ᠢ ᠠᠷᠭᠠᠴᠠᠬᠤ ᠡᠷᠭᠢᠯᠲᠡᠲᠦ ᠮᠥᠩᠭᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠵᠠᠮ ᠲᠡᠭᠡᠭᠡᠪᠦᠷᠢ᠂ ᠤᠰᠤᠨ ᠠᠰᠢᠭᠯᠠᠯᠲᠠ ᠵᠡᠷᠭᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︵ᠳᠣᠷᠣᠭᠰᠢ ︽ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠵᠦ ᠲᠣᠪᠴᠢᠯᠠᠨ᠎ᠠ︶ ᠴᠠᠯᠢᠩ ᠤᠨ ᠪᠠᠲᠤᠯᠠᠭ᠎ᠠ ᠶᠢᠨ ᠮᠥᠩᠭᠦ᠂ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠠᠯᠢᠩ ᠥᠭᠬᠦ ᠠᠷᠭ᠎ᠠ᠂ ᠴᠠᠯᠢᠩ ᠪᠠ ᠪᠠᠷᠢᠯᠭ᠎ᠠ ᠶᠢᠨ ᠵᠣᠭᠤᠰ ᠢ ᠠᠰ ᠲᠤᠨᠢ ᠲᠠᠩᠰᠠ ᠬᠤᠪᠢᠶᠠᠨ ᠬᠠᠮᠢᠶᠠᠷᠬᠤ᠂ ᠪᠠᠩᠬᠢ ᠠᠴᠠ ᠰᠠᠷ᠎ᠠ ᠪᠦᠷᠢ ᠴᠠᠯᠢᠩ ᠣᠷᠣᠯᠠᠨ ᠥᠭᠬᠦ᠂ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠤᠷ ᠲᠤ ᠡᠷᠬᠡ ᠠᠰᠢᠭ ᠬᠠᠮᠠᠭᠠᠯᠠᠬᠤ ᠵᠠᠷ ᠨᠡᠶᠢᠲᠡᠯᠡᠬᠦ ᠵᠡᠷᠭᠡ ᠠᠵᠢᠯ ᠤᠨ ᠲᠥᠷᠢᠮ ᠪᠣᠯᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ 2017 ᠣᠨ ᠤ ᠡᠴᠦᠰ ᠪᠣᠯᠬᠤ ᠳᠤ᠂ ᠠᠵᠤ ᠠᠬᠤᠶᠢᠯᠠᠯ ᠤᠨ ᠮᠡᠳᠡᠭᠡ ᠵᠠᠩᠭᠢ ᠴᠤᠭᠯᠠᠭᠤᠯᠬᠤ ᠰᠢᠰᠲ᠋ᠧᠮᠵᠢ ᠂ ᠴᠠᠯᠢᠩ ᠤᠨ ᠥᠷᠢᠲᠦᠯ ᠢ ᠤᠷᠢᠳᠴᠢᠯᠠᠨ ᠰᠡᠷᠡᠮᠵᠢᠯᠡᠭᠦᠯᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠠᠤᠯᠢ ᠴᠠᠭᠠᠵᠠ ᠯᠤᠭ᠎ᠠ ᠵᠣᠯᠭᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ 2018 ᠣᠨ ᠤ ᠡᠴᠦᠰ ᠪᠣᠯᠬᠤ ᠳᠤ᠂ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠴᠠᠭᠠᠨ ᠤ  ᠮᠥᠩᠭᠦ ᠪᠠᠷ ᠲᠥᠯᠥᠬᠦ᠂ ᠥᠮᠴᠢᠲᠡᠨ ᠳᠠᠭᠠᠭᠠᠴᠢᠯᠠᠬᠤ᠂ ᠪᠠᠩᠬᠢ ᠶᠢᠨ ᠳᠠᠭᠠᠭᠠᠯᠲᠠ ᠶᠢᠨ ᠪᠢᠴᠢᠭ ᠵᠡᠷᠭᠡ ᠳᠦᠷᠢᠮ ᠪᠣᠯᠤᠨ ᠬᠤᠳᠠᠯᠳᠤᠭᠠᠨ ᠤ ᠳᠠᠭᠠᠳᠬᠠᠯ ᠢ ᠣᠷᠣᠭᠤᠯᠤᠨ ᠠᠪᠴᠢᠷᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ 2020 ᠣᠨ ᠪᠣᠯᠬᠤ ᠳᠤ᠂ ᠪᠥᠬᠦ ᠣᠷᠣᠨ ᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠠᠰᠠᠭᠤᠳᠠᠯ ᠢ ᠵᠠᠰᠠᠨ ᠴᠡᠭᠴᠡᠯᠡᠬᠦ ᠪᠦᠷᠢᠨ ᠲᠡᠭᠦᠯᠳᠡᠷ ᠲᠣᠭᠲᠠᠴᠠ ᠲᠠᠢ ᠂ ᠬᠠᠷᠢᠭᠤᠴᠠᠯᠭ᠎ᠠ ᠨᠠᠶᠢᠳᠠᠪᠤᠷᠢᠵᠢᠭᠤᠯᠤᠯᠲᠠ ᠲᠠᠢ᠂ ᠬᠦᠴᠦᠨ ᠲᠡᠭᠦᠯᠳᠡᠷ ᠬᠢᠨᠠᠯᠲᠠ ᠬᠠᠮᠢᠶᠠᠷᠤᠯᠲᠠ ᠲᠠᠢ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠵᠡᠢ᠃        ★ ᠵᠠᠩᠭᠢᠯᠠᠭ᠎ᠠ ᠶᠢᠨ ᠦᠭᠡ᠄ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠰᠠᠷ᠎ᠠ ᠪᠦᠷᠢ ᠣᠷᠣᠯᠠᠨ ᠦᠭᠬᠦ ᠬᠡᠷᠡᠭᠲᠡᠢ ★      ︽ᠰᠠᠨᠠᠯ︾᠎ ᠳᠤ ᠲᠤᠳᠤᠷᠬᠠᠶᠢᠯᠠᠭᠰᠠᠨ ᠨᠢ᠂ ᠪᠥᠬᠦ ᠣᠷᠣᠨ ᠤ ᠪᠤᠢ ᠪᠥᠬᠦᠢ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠴᠦᠮ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠢᠷᠢᠶᠠᠨ ᠳᠠᠬᠢ ᠪᠠᠲᠤᠯᠠᠭ᠎ᠠ ᠶᠢᠨ ᠮᠦᠩᠭᠦ ᠶᠢ ᠢᠯᠭᠠᠷᠠᠭᠤᠯᠤᠨ ᠵᠢᠷᠤᠮᠵᠢᠭᠤᠯᠬᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠲᠤᠰᠢᠶᠠᠬᠤ ᠬᠡᠷᠡᠭᠲᠡᠶ ᠭᠡᠵᠡᠢ᠃      ᠡᠭᠦᠨ ᠠᠴᠠ ᠭᠠᠳᠠᠨ᠎ᠠ᠂ ︽ᠰᠠᠨᠠᠯ︾᠎ ᠳᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠦᠷᠢᠲᠦᠬᠦ ᠶᠠᠪᠤᠳᠠᠯ ᠢ ᠪᠦᠬᠦ ᠲᠠᠯ᠎ᠠ ᠪᠠᠷ ᠵᠠᠰᠠᠬᠤ ᠠᠰᠠᠭᠤᠳᠠᠯ ᠤᠨ ᠪᠦᠬᠦ ᠬᠠᠷᠢᠭᠤᠴᠠᠯᠭ᠎ᠠ ᠶᠢ ᠡᠭᠦᠷᠭᠡᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠦᠷᠢᠲᠦᠬᠦ ᠠᠰᠠᠭᠤᠳᠠᠯ ᠤᠯᠠᠨᠲᠠ ᠵᠠᠯᠭ᠎ᠠ ᠭᠠᠷᠳᠠᠭ ᠪᠠ ᠶᠡᠭᠡ ᠪᠠᠷ ᠢᠯᠡᠴᠢᠯᠡᠵᠦ ᠵᠠᠭᠠᠯᠳᠤᠳᠠᠭ ᠭᠠᠵᠠᠷ ᠣᠷᠣᠨ ᠵᠢᠴᠢ ᠬᠠᠤᠯᠢ ᠶᠢ ᠵᠥᠷᠢᠴᠡᠭᠰᠡᠨ ᠬᠦᠨᠳᠦ ᠶᠡᠭᠡ ᠬᠡᠷᠡᠭ ᠲᠤ ᠭᠤᠣᠯᠳᠠᠯᠭ᠎ᠠ ᠲᠠᠢ ᠪᠠᠷ ᠰᠢᠮᠳᠠᠭᠤᠯᠤᠨ ᠪᠠᠶᠢᠴᠠᠭᠠᠯᠲᠠ ᠬᠢᠬᠦ ᠬᠡᠷᠡᠭᠲᠡᠢ᠃ ᠵᠠᠰᠠᠭ ᠤᠨ ᠣᠷᠳᠣᠨ ᠤ ᠪᠡᠯᠠ ᠤᠷᠤᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠳᠤ ᠪᠠᠷᠢᠯᠭ᠎ᠠ ᠶᠢᠨ ᠵᠣᠭᠤᠰ ᠢ ᠦᠷᠢᠲᠦᠭᠰᠡᠨ ᠪᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠦᠷᠢᠲᠦᠭᠰᠡᠨ ᠠᠰᠠᠭᠤᠳᠠᠯ ᠳᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠲᠦᠷᠦᠯ ᠤᠨ ᠠᠵᠤ ᠠᠬᠤᠶᠢᠯᠠᠯ ᠤᠳ ᠡᠯᠰᠡᠨ ᠬᠡᠷᠡᠭᠯᠡᠵᠦ ᠪᠠᠶᠢᠭ᠎ᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠲᠤᠰ ᠬᠦᠮᠦᠨ ᠳᠤ ᠴᠠᠯᠢᠩ ᠢ ᠨᠢ ᠬᠠᠤᠯᠢ ᠶᠤᠰᠤᠭᠠᠷ ᠰᠠᠷ᠎ᠠ ᠪᠦᠷᠢ ᠲᠤᠭ᠎ᠠ ᠶᠤᠰᠤᠭᠠᠷ ᠦᠭᠬᠦ ᠬᠡᠷᠡᠭᠲᠡᠢ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ︵ᠰᠢᠭᠤᠳ ᠳᠠᠭᠠᠭᠠᠴᠢᠯᠠᠭᠰᠠᠨ ᠪᠠᠷᠢᠯᠭ᠎ᠠ ᠶᠢᠨ ᠨᠢᠭᠡᠴᠡ ᠶᠢᠨ ᠳᠠᠭᠠᠭᠠᠴᠢᠯᠠᠭᠤᠯᠬᠤ ᠪᠠᠷᠢᠯᠭ᠎ᠠ ᠶᠢᠨ ᠲᠤᠰᠬᠠᠶ ᠠᠵᠢᠯ ᠤᠨ ᠲᠤᠰᠬᠠᠢ ᠳᠠᠭᠠᠭᠠᠴᠢᠯᠠᠯᠲᠠ ᠶᠢᠨ ᠠᠵᠤ ᠠᠬᠤᠶᠢᠯᠠᠯ᠂ ᠳᠣᠷᠣᠭᠰᠢ ᠠᠳᠠᠯᠢ︶᠎ ᠨᠢ ᠳᠠᠭᠠᠭᠠᠴᠢᠯᠠᠭᠰᠠᠨ ᠪᠠᠷᠢᠯᠭ᠎ᠠ ᠶᠢᠨ ᠲᠦᠷᠦᠯ ᠵᠦᠢᠯ ᠳᠠᠬᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠥᠭᠬᠦ ᠳᠤ ᠪᠣᠳᠠᠲᠠᠶ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ ︵ᠪᠠᠷᠢᠯᠭ᠎ᠠ ᠳᠠᠭᠠᠭᠠᠴᠢᠯᠠᠭᠰᠠᠨ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ᠤᠨ ᠳᠠᠭᠠᠭᠠᠴᠢᠯᠠᠭᠤᠯᠤᠭᠰᠠᠨ ᠪᠠᠷᠢᠯᠭ᠎ᠠ ᠶᠢᠨ ᠲᠤᠰᠬᠠᠶ ᠠᠵᠢᠯ ᠤᠨ ᠠᠵᠤ ᠠᠬᠤᠶᠢᠯᠠᠯ᠂ ᠳᠣᠷᠣᠭᠰᠢ ᠠᠳᠠᠯᠢ︶᠎ ᠨᠢ ᠡᠯᠰᠡᠨ ᠬᠡᠷᠡᠭᠯᠡᠵᠦ ᠪᠠᠶᠢᠭ᠎ᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠥᠭᠬᠦ ᠳᠤ ᠰᠢᠭᠤᠳ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠭᠡᠵᠦ ᠱᠠᠭᠠᠷᠳᠠᠵᠠᠢ᠃      ᠡᠭᠦᠨ ᠤ ᠬᠠᠮᠲᠤ ᠲᠤᠳᠤᠷᠬᠠᠶᠢᠯᠠᠭᠰᠠᠨ ᠨᠢ᠂ ᠡᠯ᠎ᠡ ᠭᠠᠵᠠᠷ ᠣᠷᠣᠨ ᠨᠤᠭᠤᠳ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠦᠩᠭᠦ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠬᠠᠮᠲᠤ ᠵᠢᠯ ᠤᠨ ᠪᠥᠳᠥᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠪᠴᠢᠶ᠎ᠡ ᠪᠠ ᠲᠦᠷᠦᠭᠦᠦ ᠵᠢᠯ ᠤᠨ ᠴᠠᠯᠢᠩ ᠢ ᠦᠷᠢᠲᠦᠭᠰᠡᠨ ᠵᠣᠭᠤᠰ ᠤᠨ ᠲᠤᠭ᠎ᠠ ᠵᠡᠷᠭᠡ ᠪᠠᠶᠢᠳᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠪᠠᠷᠢᠮᠵᠢᠶ᠎ᠠ ᠶᠢ ᠵᠣᠬᠢᠰᠲᠠᠶ ᠪᠠᠷ ᠳᠡᠭᠡᠭᠰᠢᠯᠡᠭᠦᠯᠬᠦ ᠬᠡᠷᠡᠭᠲᠡᠢ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠷᠤᠯᠠᠨ ᠦᠭᠬᠦ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠦᠩᠭᠦ ᠶᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠨ ᠨᠡᠬᠡᠮᠵᠢᠯᠡᠨ ᠲᠦᠯᠦᠬᠦ ᠬᠡᠷᠡᠭᠲᠡᠢ᠃ ᠡᠯ᠎ᠡ ᠲᠦᠷᠦᠯ ᠤᠨ ᠠᠵᠤ ᠠᠬᠤᠶᠢᠯᠠᠯ ᠤᠳ ᠪᠠᠩᠬᠢ ᠳᠤ ᠨᠠᠶᠢᠳᠠᠵᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠷᠤᠯᠠᠨ ᠦᠭᠭᠦᠭᠦᠯᠬᠦ ᠬᠡᠷᠡᠭᠲᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠬᠦᠴᠦ ᠶᠠᠪᠤᠭᠴᠢ ᠮᠠᠯᠴᠢᠨ ᠲᠠᠷᠢᠶᠠᠴᠢᠨ ᠳᠤ ᠪᠠᠷᠢᠯᠭ᠎ᠠ ᠶᠢᠨ ᠠᠵᠤ ᠠᠬᠤᠶᠢᠯᠠᠯ ᠨᠢ ᠴᠠᠯᠢᠩ ᠢ ᠨᠢ ᠰᠠᠷ᠎ᠠ ᠪᠦᠷᠢ ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠨᠡᠮᠡᠭᠰᠡᠨ ᠪᠠᠩᠬᠢ ᠶᠢᠨ ᠳᠠᠩᠰᠠ ᠡᠷᠦᠬᠡ ᠳᠤᠨᠢ ᠤᠷᠤᠭᠤᠯᠤᠨ ᠦᠭᠴᠦ᠂ ᠬᠤᠪᠢ ᠬᠥᠮᠦᠨ ᠨᠢ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠢᠶᠠᠨ ᠪᠠᠩᠬᠢ ᠠᠷᠭ᠎ᠠ ᠵᠠᠮ ᠢᠶᠠᠷ ᠠᠪᠴᠦ ᠪᠤᠯᠬᠤ ᠪᠤᠯᠭᠠᠬᠤ ᠬᠡᠷᠡᠭᠲᠡᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠳᠤᠲᠤᠷᠠᠬᠢ ᠨᠡᠶᠢᠭᠡᠮ ᠤᠨ ᠪᠠᠲᠤᠯᠠᠭ᠎ᠠ ᠶᠢᠨ ᠺᠠᠷᠲ ᠦᠭᠡᠢ ᠬᠦᠴᠦ ᠶᠠᠪᠤᠭᠴᠢ ᠮᠠᠯᠴᠢᠨ ᠲᠠᠷᠢᠶᠠᠴᠢᠨ ᠳᠤ ᠪᠤᠯ ᠪᠠᠷᠢᠯᠭ᠎ᠠ ᠶᠢᠨ ᠠᠵᠤ ᠠᠬᠤᠶᠢᠯᠠᠯ ᠨᠢ ᠬᠠᠷᠢᠭᠤᠴᠠᠨ ᠲᠡᠭᠦᠨ ᠳᠤ ᠪᠠᠩᠬᠢ ᠶᠢᠨ ᠴᠠᠯᠢᠩ ᠤᠨ ᠺᠠᠷᠲ ᠭᠦᠢᠴᠡᠳᠬᠡᠵᠦ ᠦᠭᠬᠦ ᠪᠦᠭᠡᠳ ᠴᠠᠯᠢᠩ ᠢ ᠎ ᠨᠢ ᠰᠠᠷ᠎ᠠ ᠪᠦᠷᠢ ᠪᠠᠩᠬᠢ ᠪᠠᠷ ᠤᠷᠤᠯᠠᠨ ᠦᠭᠭᠦᠭᠦᠯᠬᠦ ᠬᠡᠷᠡᠭᠲᠡᠢ᠃ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠦᠷᠦ ᠠᠯᠪᠠᠨ ᠲᠠᠷᠬᠠᠭᠠᠭᠰᠠᠨ ﹇2016﹈ 1 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠲᠦᠷᠢᠮ ᠢᠶᠠᠨ ᠪᠦᠷᠢᠨᠰᠢᠭᠦᠯᠦᠨ ᠲᠤᠭᠲᠠᠭᠠᠬᠤ ᠶᠢᠨ ᠬᠠᠮᠲᠤ ᠠᠵᠤ ᠠᠬᠤᠶᠢᠯᠠᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠡᠷᠡᠭᠲᠡᠢ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ᠂ ᠪᠠᠷᠢᠯᠭ᠎ᠠ ᠶᠢᠨ ᠠᠵᠤ ᠠᠬᠤᠶᠢᠯᠠᠯ ᠨᠢ ᠴᠥᠮ ᠰᠢᠭᠤᠳ ᠡᠯᠰᠡᠨ ᠬᠡᠷᠡᠭᠯᠡᠭᠰᠡᠨ ᠬᠥᠯᠥᠰᠥᠨ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠳ ᠲᠠᠢ ᠤᠷᠢᠳᠠᠪᠠᠷ ᠬᠥᠳᠡᠯᠮᠦᠷᠢ ᠶᠢᠨ ᠭᠡᠷ᠎ᠡ ᠲᠤᠭᠲᠠᠭᠰᠠᠨ ᠤ ᠳᠠᠷᠠᠭ᠎ᠠ ᠪᠠᠷᠢᠯᠭ᠎ᠠ ᠶᠢᠨ ᠠᠵᠢᠯ ᠳᠤ ᠤᠷᠤᠯᠴᠠᠭᠤᠯᠵᠤ᠂ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠰᠦᠯᠵᠢᠶᠡᠨ ᠳᠡᠭᠡᠷ᠎ᠡ ᠮᠡᠳᠡᠭᠦᠯᠦᠨ ᠳᠠᠩᠰᠠᠯᠠᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ᠬᠥᠳᠡᠯᠮᠦᠷᠢ ᠶᠢᠨ ᠳᠠᠭᠠᠭᠠᠴᠢᠯᠠᠯᠲᠠ ᠶᠢᠨ ᠠᠵᠢᠯᠯᠠᠭ᠎ᠠ ᠬᠢᠬᠦ ᠬᠥᠳᠡᠯᠮᠦᠷᠢ ᠶᠢᠨ ᠠᠵᠢᠯᠴᠢᠨ ᠢ ᠬᠡᠷᠡᠭᠯᠡᠬᠦ ᠳᠤ ᠶᠡᠷᠦᠩᠬᠡᠶᠢᠯᠡᠨ ᠳᠠᠭᠠᠭᠠᠴᠢᠯᠠᠭᠰᠠᠨ ᠲᠠᠯ᠎ᠠ ᠨᠢ ᠬᠥᠳᠡᠯᠮᠦᠷᠢ ᠶᠢᠨ ᠠᠵᠢᠯᠴᠢᠨ ᠢ ᠦᠨᠡᠨ ᠨᠡᠷ᠎ᠡ ᠪᠠᠷ ᠨᠢ ᠳᠠᠩᠰᠠᠯᠠᠵᠤ᠂ ᠦᠨᠡᠨ ᠨᠡᠷ᠎ᠡ ᠶᠢᠨ ᠳᠦᠷᠢᠮᠲᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠤᠷᠤᠭᠤᠯᠵᠤ᠂ ᠨᠡᠷᠡᠰ ᠤᠨ ᠳᠡᠪᠲᠡᠷ ᠢ ᠬᠦᠳᠡᠯᠮᠦᠷᠢ ᠶᠢᠨ ᠬᠠᠷᠠᠮᠵᠢ ᠥᠭᠬᠦ ᠦᠨᠳᠦᠰᠦᠨ ᠡᠰᠢ ᠪᠠᠷᠢᠮᠲᠠ ᠪᠣᠯᠭᠠᠵᠤ᠂ ᠠᠳᠠᠭ ᠲᠠᠭᠠᠨ 3 ᠵᠢᠯ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃      ★ ᠵᠠᠩᠭᠢᠯᠠᠭ᠎ᠠ ᠶᠢᠨ ᠦᠭᠡ᠄ ᠬᠤᠷᠤᠨ ᠰᠠᠨᠠᠭ᠎ᠠ ᠪᠠᠷ ᠴᠠᠯᠢᠩ ᠦᠷᠢᠲᠦᠬᠦ ᠳᠤ ᠴᠢᠩᠭ᠎ᠠ ᠴᠣᠬᠢᠯᠲᠠ ᠥᠭᠴᠦ ᠰᠦᠷᠳᠡᠭᠦᠯᠬᠦ ᠬᠡᠷᠡᠭᠲᠡᠢ ★      ︽ᠰᠠᠨᠠᠯ︾᠎ ᠳᠤ ᠲᠤᠳᠤᠷᠬᠠᠶᠢᠯᠠᠭᠰᠠᠨ ᠨᠢ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠮᠲᠤᠷᠠᠨ ᠪᠠᠶᠢᠴᠠᠭᠠᠬᠤ᠂ ᠬᠠᠮᠲᠤᠷᠠᠨ ᠬᠡᠷᠡᠭ ᠰᠢᠢᠳᠪᠦᠷᠢᠯᠡᠬᠦ᠂ ᠬᠠᠮᠲᠤᠷᠠᠨ ᠰᠢᠮᠳᠠᠭᠤᠯᠤᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠠᠪᠴᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠲᠠᠩᠨᠠᠨ ᠰᠢᠢᠳᠪᠦᠷᠢᠯᠡᠬᠦ ᠡᠷᠴᠢᠮ ᠢ ᠴᠢᠩᠭᠠᠳᠬᠠᠵᠤ᠂ ᠬᠤᠷᠤᠨ ᠰᠠᠨᠠᠭ᠎ᠠ ᠲᠠᠢ ᠪᠠᠷ ᠴᠠᠯᠢᠩ ᠥᠷᠢᠲᠦᠬᠦ ᠪᠠ ᠴᠠᠯᠢᠩ ᠦᠷᠢᠲᠦᠨ ᠤᠷᠭᠤᠨ ᠳᠠᠯᠳᠠᠯᠠᠬᠤ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠶᠢ ᠬᠦᠴᠦᠲᠡᠶ ᠴᠣᠬᠢᠯᠲᠠ ᠥᠭᠴᠦ ᠰᠦᠷᠳᠡᠭᠦᠯᠬᠦ ᠬᠡᠷᠡᠭᠲᠡᠢ ᠭᠡᠪᠡ᠃      ︽ᠰᠠᠨᠠᠯ︾᠎ ᠳᠤ ᠲᠣᠳᠣᠷᠬᠠᠶ ᠳᠤᠷᠠᠳᠤᠭᠰᠠᠨ ᠨᠢ᠂ ᠬᠥᠳᠡᠯᠮᠦᠷᠢ ᠦᠢᠯᠡᠴᠢᠯᠡᠭᠡᠨ ᠤ ᠳᠠᠭᠠᠭᠠᠴᠢᠯᠠᠯᠲᠠ ᠶᠢᠨ ᠭᠡᠷ᠎ᠡ ᠠᠴᠠ ᠪᠤᠯᠵᠤ ᠡᠭᠦᠰᠦᠭᠰᠡᠨ ᠬᠦᠳᠡᠯᠮᠦᠷᠢ ᠦᠢᠯᠡᠴᠢᠯᠡᠭᠡᠨ ᠤ ᠵᠠᠷᠤᠳᠠᠯ ︵ᠬᠥᠳᠡᠯᠮᠦᠷᠢ ᠶᠢᠨ ᠬᠥᠯᠥᠰᠥ ᠣᠯᠭᠤᠮᠵᠢ ᠪᠠᠭᠲᠠᠨ᠎ᠠ︶᠎ ᠤᠨ ᠮᠠᠷᠭᠤᠯᠳᠤᠭᠠᠨ ᠵᠠᠭᠤᠷᠠᠯᠳᠤᠭᠠᠨ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ᠎ᠡ ᠶᠢᠨ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠶᠡᠷᠦᠩᠬᠡᠶ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠤᠭᠲᠠᠭᠠᠯ ᠢ ᠦᠨᠳᠦᠰᠦᠯᠡᠨ ᠰᠢᠢᠳᠪᠦᠷᠢᠯᠡᠬᠦ ᠬᠡᠷᠡᠭᠲᠡᠢ᠃ ᠬᠥᠳᠡᠯᠮᠦᠷᠢ ᠶᠢᠨ ᠭᠡᠷ᠎ᠡ ᠠᠴᠠ ᠪᠤᠯᠵᠤ ᠡᠭᠦᠰᠦᠭᠰᠡᠨ ᠴᠠᠯᠢᠩ ᠤᠨ ᠮᠠᠷᠭᠤᠯᠳᠤᠭᠠᠳ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠪᠠ ᠲᠠᠰᠤᠯᠤᠨ ᠰᠢᠢᠳᠪᠦᠷᠢᠯᠡᠬᠦ ᠬᠠᠤᠯᠢ︾᠎ ᠶᠢᠨ ᠲᠣᠭᠲᠠᠭᠠᠯ ᠶᠣᠰᠣᠭᠠᠷ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠡᠶᠡᠳᠡᠭᠦᠯᠦᠯᠭᠡ ᠵᠡᠷᠭᠡ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠴᠠᠯᠢᠩ ᠮᠠᠷᠭᠤᠯᠳᠤᠭᠠᠨ ᠢ ᠨᠢ ᠲᠤᠰ ᠭᠠᠵᠠᠷ ᠪᠤᠶᠤ ᠣᠶᠢᠷᠠᠯᠴᠠᠭ᠎ᠠ ᠭᠠᠵᠠᠷ ᠲᠤᠨᠢ ᠰᠢᠢᠳᠪᠦᠷᠢᠯᠡᠵᠦ ᠦᠭᠬᠦ ᠬᠡᠷᠡᠭᠲᠡᠢ᠃ ᠡᠯ᠎ᠡ ᠱᠠᠲᠤᠨ ᠤ ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠭᠠᠨ ᠢ ᠲᠠᠰᠤᠯᠤᠨ ᠰᠢᠢᠳᠪᠦᠷᠢᠯᠡᠬᠦ ᠵᠤᠪᠯᠡᠯ ᠨᠢ ᠴᠠᠯᠢᠩ ᠢ ᠥᠷᠢᠲᠦᠭᠰᠡᠨ ᠬᠡᠷᠡᠭ ᠲᠤ ︽ᠰᠠᠭᠠᠳ ᠥᠭᠡᠢ ᠨᠡᠪᠲᠡᠷᠡᠬᠦ ᠵᠠᠮ︾ ᠨᠡᠭᠡᠭᠡᠨ ᠦᠭᠴᠦ᠂ ᠰᠢᠯᠵᠢᠭᠦᠯᠦᠨ ᠲᠠᠰᠤᠯᠬᠤ᠂ ᠰᠢᠯᠵᠢᠭᠦᠯᠦᠨ ᠰᠢᠭᠦᠬᠦ᠂ ᠲᠠᠰᠤᠯᠠᠨ ᠰᠢᠭᠦᠬᠦ ᠶᠢ ᠠᠪᠴᠠᠯᠳᠤᠭᠤᠯᠬᠤ ᠶᠢ ᠴᠢᠩᠭᠠᠳᠬᠠᠵᠤ᠂ ᠴᠠᠯᠢᠩ ᠦᠷᠢᠲᠦᠯ ᠤᠨ ᠮᠠᠷᠭᠤᠯᠳᠤᠭᠠᠨ ᠤ ᠬᠡᠷᠡᠭ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ ᠭᠡᠪᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map