ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠬᠦᠳᠦᠯᠲᠡ
ᠨᠡᠶᠢᠲᠡᠯᠡᠭᠰᠡᠨ ᠴᠠᠭ᠄
2016/10/9
     ᠰᠤᠷᠪᠤᠯᠵᠢᠯᠠᠭᠰᠠᠨ ᠴᠠᠭ᠄      2016 ᠤᠨ ᠤ 9 ᠳ᠋ᠤᠭᠡᠷ ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨᠡᠬᠢ 9 ᠴᠠᠭ      ᠰᠤᠷᠪᠤᠯᠵᠢᠯᠠᠭᠰᠠᠨ ᠵᠤᠴᠢᠨ᠄      ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠤᠤ ᠶᠦᠡᠭ ᠬᠤᠸᠠ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ︽12·5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠬᠢᠨ ᠰᠢᠨ᠎ᠡ ᠶᠢ ᠡᠭᠦᠳᠬᠦ ᠮᠠᠶ᠋ᠢᠭ ᠤᠨ ᠤᠯᠤᠰ ᠢ ᠪᠥᠳᠥᠭᠡᠨ ᠪᠠᠶᠢᠭᠤᠯᠬᠤ ᠲᠤᠬᠠᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠪᠠᠶᠢᠭᠤᠯᠤᠯ ᠤᠨ ᠲᠣᠭᠲᠠᠴᠠ ᠶᠢ ᠪᠦᠷᠢᠨᠰᠢᠬᠦᠯᠬᠦ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ᠂ ᠦᠢᠯᠡᠴᠢᠯᠡᠭᠡᠨ ᠤ ᠦᠷ᠎ᠡ ᠠᠰᠢᠭ ᠢ ᠨᠡᠮᠡᠭᠳᠡᠭᠦᠯᠬᠦ ᠵᠡᠷᠭᠡ ᠲᠠᠯ᠎ᠠ ᠪᠠᠷ ᠮᠠᠰᠢ ᠤᠯᠠᠨ ᠠᠰᠢᠭ ᠲᠠᠢ ᠰᠦᠪᠡᠭᠴᠢᠯᠡᠯᠳᠡ ᠪᠤᠯᠤᠨ ᠦᠢᠯᠡᠳᠦᠯᠭᠡ ᠬᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠠᠯᠬᠤᠴᠠ ᠲᠦᠷᠭᠡᠳᠦᠭᠰᠡᠨ ᠪᠠᠶᠢᠨ᠎ᠠ᠃ 2015 ᠣᠨ ᠪᠣᠯᠬᠤ ᠳᠤ᠂ ᠮᠠᠨ ᠤ ᠣᠷᠣᠨ ᠤ ᠭᠤᠣᠯ ᠪᠣᠯᠬᠤ ᠲᠠᠷᠢᠮᠠᠯ ᠤᠨ ᠰᠠᠶᠢᠨ ᠦᠷ᠎ᠡ ᠶᠢᠨ ᠪᠦᠷᠬᠦᠴᠡ ᠶᠢᠨ ᠨᠤᠷᠮ᠎ᠠ 95%᠎ ᠠᠴᠠ ᠳᠡᠭᠡᠭᠰᠢ ᠳᠤ ᠬᠦᠷᠴᠦ᠂ ᠭᠡᠷ ᠤᠨ ᠲᠡᠵᠢᠭᠡᠪᠦᠷᠢ ᠶᠢᠨ ᠰᠠᠶᠢᠨ ᠡᠭᠦᠯᠳᠡᠷ ᠢ ᠰᠠᠶᠢᠵᠢᠷᠠᠭᠤᠯᠤᠭᠰᠠᠨ ᠨᠣᠷᠮ᠎ᠠ 98%᠎ ᠠᠴᠠ ᠳᠡᠭᠡᠭᠰᠢ ᠳᠤ ᠬᠦᠷᠴᠦ᠂ ᠲᠠᠷᠢᠮᠠᠯ ᠤᠨ ᠶᠡᠷᠦᠩᠭᠡᠶᠢᠯᠡᠭᠰᠡᠨ ᠮᠠᠰᠢᠨᠴᠢᠯᠠᠯᠲᠠ ᠶᠢᠨ ᠬᠡᠮᠵᠢᠶ᠎ᠡ 81%᠎ ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 51.8%᠎ ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠨᠢ ᠪᠦᠬᠦ ᠣᠷᠣᠨ ᠤ ᠠᠮᠤ ᠪᠤᠳᠠᠭᠠᠨ ᠤ ︽ᠠᠷᠪᠠᠨ ᠬᠤᠶᠠᠷ ᠵᠢᠯ ᠳᠠᠷᠠᠭᠠᠯᠠᠭᠰᠠᠨ ᠡᠯᠪᠡᠭ ᠬᠤᠷᠢᠶᠠᠯᠲᠠ︾᠂ ᠮᠠᠯ ᠠᠵᠤ ᠠᠬᠤᠶ ᠶᠢᠨ ︽ᠠᠷᠪᠠᠨ ᠨᠢᠭᠡᠨ ᠵᠢᠯ ᠳᠠᠷᠠᠭᠠᠯᠠᠭᠰᠠᠨ ᠲᠣᠭᠲᠠᠭᠤᠨ ᠦᠰᠦᠯᠲᠡ︾ᠮᠠᠯᠴᠢᠨ ᠲᠠᠷᠢᠶᠠᠴᠢᠳ ᠤᠨ ︽ᠠᠷᠪᠠᠨ ᠬᠤᠶᠠᠷ ᠵᠢᠯ ᠳᠠᠷᠠᠭᠠᠯᠠᠭᠰᠠᠨ ᠣᠷᠣᠯᠭ᠎ᠠ ᠶᠢᠨ ᠨᠡᠮᠡᠭᠳᠡᠯ︾᠎ ᠲᠠᠢ ᠪᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃                                                ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠭᠰᠡᠨ ᠳᠤ ᠪᠠᠶᠠᠷᠯᠠᠵᠤ ᠪᠠᠶᠢᠨ᠎ᠠ︕ ᠥᠨᠥᠳᠦᠷ ᠪᠢᠳᠡ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠤᠤ ᠶᠦᠡᠭ ᠬᠤᠸᠠ ᠶᠢ ᠤᠷᠢᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠤᠬᠠᠶ ᠲᠠ ᠪᠦᠬᠦᠨ ᠲᠠᠢ ᠰᠦᠯᠵᠢᠶ᠎ᠡ ᠪᠠᠷ ᠰᠣᠯᠢᠯᠴᠠᠬᠤ ᠶᠢᠨ ᠬᠠᠮᠲᠤ᠂ ᠰᠦᠯᠵᠢᠶᠡᠨ ᠠᠨᠳᠠ ᠨᠠᠷ ᠤᠨ ᠠᠰᠠᠭᠤᠯᠲᠠ ᠶᠢ ᠬᠠᠷᠢᠭᠤᠯᠬᠤ ᠪᠣᠯᠤᠨ᠎ᠠ᠃ ᠵᠣᠣ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ︕      ᠵᠤᠤ ᠶᠦᠡᠭ ᠬᠤᠸᠠ      ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠ ᠣᠯᠠᠨ ᠲᠠᠢ ᠰᠦᠯᠵᠢᠶ᠎ᠡ ᠪᠠᠷ ᠶᠠᠷᠢᠯᠴᠠᠬᠤ ᠪᠤᠯᠤᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ᠃      ᠬᠥᠲᠥᠯᠥᠭᠴᠢ᠄      ︽12·5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖      ᠵᠤᠤ ᠶᠦᠡᠭ ᠬᠤᠸᠠ᠄      ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠪᠣᠯᠤᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠤᠬᠠᠶᠢᠯᠠᠭᠰᠠᠨ ᠠᠵᠢᠯ ᠤᠨ ᠪᠣᠳᠠᠲᠠᠶ ᠲᠠᠢ ᠤᠶᠠᠯᠳᠤᠭᠤᠯᠤᠨ ᠭᠤᠤᠯᠳᠠᠭᠤ ᠳᠣᠣᠷᠠᠬᠢ ᠭᠤᠷᠪᠠᠨ ᠲᠠᠯ᠎ᠠ ᠶᠢᠨ ᠪᠦᠳᠦᠭᠡᠨ ᠪᠠᠶᠢᠭᠤᠯᠤᠯᠲᠠ ᠶᠢ ᠳᠤᠪᠤᠶᠢᠯᠭᠠᠪᠠ᠄      ᠨᠢᠭᠡ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠪᠠ᠃ ᠰᠢᠨ᠎ᠡ ᠴᠠᠭ ᠦᠶ᠎ᠡ ᠳᠠᠬᠢ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠎ ᠨᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠣᠯᠭᠠᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠢᠶᠠᠷ ᠭᠤᠤᠯᠯᠠᠭᠴᠢ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠮᠡᠷᠭᠡᠵᠢᠯ ᠤᠨ ᠰᠤᠳᠤᠯᠤᠯ ᠤᠨ ᠬᠦᠷᠢᠶᠡᠯᠡᠩ ᠪᠤᠯᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠶᠢᠨ ᠪᠠᠶᠢᠴᠠᠭᠠᠬᠤ ᠲᠥᠯᠥᠪᠵᠢᠭᠦᠯᠭᠡ ᠶᠢᠨ ᠬᠦᠷᠢᠶᠡᠯᠡᠩ ᠢᠶᠠᠷ ᠨᠥᠬᠦᠪᠥᠷᠢ ᠪᠣᠯᠭᠠᠵᠤ᠂ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠪᠤᠯᠤᠨ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠢᠶᠠᠷ ᠤᠳᠤᠷᠢᠳᠬᠠᠯ ᠪᠤᠯᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠪᠠᠶᠢᠭᠤᠯᠪᠠ᠃      ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠱᠠᠲᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ 22 ᠪᠠᠶᠢᠭᠤᠯᠵᠤ᠂ 1760 ᠠᠵᠢᠯᠲᠠᠨ ᠲᠠᠢ︔ ᠮᠠᠯ ᠠᠵᠤ ᠠᠬᠤᠶ ᠲᠠᠷᠢᠶᠠᠯᠠᠩ ᠲᠠᠢ ᠬᠤᠯᠪᠣᠭᠳᠠᠬᠤ ᠭᠤᠣᠯᠳᠠᠯᠭ᠎ᠠ ᠲᠠᠢ ᠨᠡᠭᠡᠭᠡᠯᠲᠡᠲᠦ ᠲᠤᠷᠰᠢᠯᠲᠠ ᠶᠢᠨ ᠲᠠᠰᠤᠭ 10᠂ ᠢᠨᠵᠧᠨᠧᠷᠢᠩ ᠤᠨ ᠮᠡᠷᠭᠡᠵᠢᠯ ᠤᠨ ᠰᠤᠳᠤᠯᠤᠯ ᠤᠨ ᠲᠥᠪ 23᠎ ᠂ ᠰᠢᠨᠵᠢᠯᠡᠬᠦ ᠤᠬᠠᠭᠠᠨ ᠤ ᠰᠤᠳᠤᠯᠤᠯ ᠤᠨ ᠰᠠᠭᠤᠷᠢᠨ ᠭᠠᠵᠠᠷ ᠢ 24 ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠡᠭᠦᠳᠦᠯᠲᠡ ᠶᠢᠨ ᠲᠠᠪᠴᠠᠩ ᠢ ᠠᠩᠬ᠎ᠠ ᠠᠯᠬᠤᠮ ᠪᠠᠶᠢᠭᠤᠯᠪᠠ᠃ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠪᠤᠯᠤᠨ ᠮᠠᠯᠴᠢᠨ ᠲᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠪᠠᠷ ᠭᠤᠣᠯ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠲᠥᠷᠪᠡᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠰᠢᠰᠲ᠋ᠧᠮᠵᠢ ᠪᠣᠯᠤᠨ ᠠᠮᠢᠲᠠᠨ ᠤ ᠬᠢᠵᠢᠭ ᠢ ᠰᠡᠷᠭᠡᠶᠢᠯᠡᠬᠦ ᠬᠢᠭᠡᠳ ᠬᠢᠨᠠᠯᠲᠠ ᠲᠠᠯᠪᠢᠬᠤ ᠰᠢᠰᠲ᠋ᠧᠮᠵᠢ᠂ ᠭᠤᠷᠪᠠᠨ ᠱᠠᠲᠤᠨ ᠤ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠤᠷᠢᠳᠴᠢᠯᠠᠨ ᠰᠡᠷᠡᠮᠵᠢᠯᠡᠵᠤ ᠬᠢᠨᠠᠨ ᠬᠡᠮᠵᠢᠬᠦ ᠰᠢᠰᠲ᠋ᠧᠮᠵᠢ ᠪᠣᠯᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠳᠡᠯᠭᠡᠷᠡᠭᠦᠯᠬᠦ ᠪᠠᠶᠢᠭᠤᠯᠤᠮᠵᠢ ︵ᠡᠭᠦᠨ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ 12᠂ ᠠᠶᠢᠮᠠᠭ ᠬᠤᠲᠠ ᠶᠢᠨ ᠱᠠᠲᠤᠨ ᠤ 131᠂ ᠬᠤᠰᠢᠭᠤ ᠰᠢᠶᠠᠨ ᠠᠴᠠ ᠳᠣᠷᠣᠭᠰᠢᠬᠢ 2086︶᠎ ᠶᠢ ᠨᠡᠶᠢᠲᠡ 2229 ᠪᠠᠶᠢᠭᠤᠯᠵᠤ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠠᠵᠢᠯᠲᠠᠨ 2 ᠲᠦᠮᠡ ᠪᠠᠶᠢᠵᠤ᠂ ᠡᠯ᠎ᠡ ᠵᠦᠢᠯ ᠤᠨ ᠮᠡᠷᠭᠡᠵᠢᠯ ᠤᠨ ᠳᠡᠯᠭᠡᠷᠡᠭᠦᠯᠦᠯᠲᠡ ᠪᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠡᠭᠦᠷᠭᠡᠯᠡᠬᠦ ᠴᠢᠳᠠᠪᠤᠷᠢ ᠶᠢ ᠪᠦᠷᠢᠳᠦᠬᠦᠯᠪᠡ᠃      ᠬᠤᠶᠠᠷ ᠲᠤ ᠪᠠᠶᠢᠭᠤᠯᠤᠯ ᠲᠣᠭᠲᠠᠴᠠ ᠶᠢᠨ ᠰᠢᠨ᠎ᠡ ᠡᠭᠦᠳᠦᠯᠲᠡ ᠳᠤ ᠰᠠᠭᠤᠷᠢᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠥᠭᠡᠷᠡᠴᠢᠯᠡᠯᠲᠡ ᠬᠢᠵᠦ ᠬᠠᠶᠢᠨ ᠰᠦᠪᠡᠭᠴᠢᠯᠡᠬᠦ ᠠᠯᠬᠤᠴᠠ ᠪᠠᠨ ᠬᠦᠴᠦᠯᠡᠨ ᠲᠦᠷᠭᠡᠳᠬᠡᠪᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠦᠴᠦᠨ ᠴᠢᠳᠠᠯ ᠢᠶᠠᠨ ᠨᠢᠭᠲᠠᠷᠠᠭᠤᠯᠬᠤ ᠶᠢᠨ ᠲᠤᠰᠠᠳᠠ᠂ ᠲᠥᠷᠥᠯ ᠵᠦᠢᠯ ᠢᠶᠠᠷ ᠬᠤᠯᠪᠣᠭᠠᠰᠤ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠤᠨ ᠠᠶᠢᠮᠠᠭ ᠬᠤᠳᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ 6 ᠪᠠᠶᠢᠭᠤᠯᠤᠮᠵᠢ ᠲᠠᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠵᠥᠪᠯᠡᠯᠴᠡᠭᠡᠷ ᠎ ᠲᠤ ᠭᠠᠷ ᠤᠨ ᠦᠰᠦᠭ ᠵᠢᠷᠤᠪᠠ︔ ᠲᠠᠷᠢᠶᠠᠯᠠᠩ ᠮᠠᠯ ᠠᠵᠤ ᠠᠬᠤᠶ ᠶᠢᠨ ᠭᠤᠣᠯ ᠤᠳᠤᠷᠢᠳᠤᠮᠵᠢ ᠪᠣᠯᠬᠤ ᠠᠵᠤ ᠦᠢᠯᠡᠰ ᠤᠨ ᠲᠤᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠎ ᠠᠴᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠪᠠ ᠰᠤᠮᠤ ᠪᠠᠯᠭᠠᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠬᠥᠮᠦᠰ ᠣᠷᠣᠯᠴᠠᠭᠰᠠᠨ ᠭᠤᠣᠯᠳᠠᠯᠭ᠎ᠠ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠦᠯᠬᠦᠮ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠳᠲᠡᠷ ᠲᠦᠷᠭᠡᠨ ᠪᠣᠳᠠᠲᠠᠶᠢᠵᠢᠬᠤ ᠶᠢ ᠲᠦᠯᠬᠢᠨ ᠠᠬᠢᠭᠤᠯᠪᠠ᠃ ᠡᠯ᠎ᠡ ᠬᠤᠰᠢᠭᠤ ᠰᠢᠶᠠᠨ ᠨᠢ ᠠᠵᠢᠯᠲᠠᠨ ᠤᠷᠢᠵᠤ ᠬᠡᠷᠡᠭᠯᠡᠬᠦ ᠲᠦᠷᠢᠮ ᠂ ᠠᠵᠢᠯ ᠤᠨ ᠰᠢᠯᠭᠠᠨ ᠦᠨᠡᠯᠡᠬᠦ ᠲᠦᠷᠢᠮ᠂ ᠳᠡᠯᠭᠡᠷᠡᠭᠦᠯᠬᠦ ᠬᠠᠷᠢᠭᠤᠴᠠᠯᠭ᠎ᠠ ᠶᠢᠨ ᠲᠦᠷᠢᠮ᠂ ᠠᠵᠢᠯᠲᠠᠳ ᠤᠨ ᠪᠣᠯᠪᠠᠰᠤᠷᠠᠭᠤᠯᠤᠯ ᠤᠨ ᠳᠦᠷᠢᠮ ᠪᠠ ᠣᠯᠠᠨ ᠡᠰᠢᠴᠢᠯᠡᠭᠰᠡᠨ ᠳᠡᠯᠭᠡᠷᠡᠭᠦᠯᠬᠦ ᠲᠦᠷᠢᠮ ᠵᠡᠷᠭᠡ ᠲᠠᠪᠤᠨ ᠵᠦᠢᠯ ᠤᠨ ᠠᠵᠢᠯ ᠤᠨ ᠲᠦᠷᠢᠮ ᠢ ᠴᠥᠮ ᠪᠠᠶᠢᠭᠤᠯᠤᠨ ᠲᠡᠭᠦᠯᠳᠡᠷᠵᠢᠭᠦᠯᠵᠦ᠂ ᠲᠤᠬᠠᠶᠢᠯᠠᠪᠠᠯ ︽ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠬᠠᠷᠢᠭᠤᠴᠠᠯᠭ᠎ᠠ ᠲᠠᠢ ᠬᠥᠮᠥᠨ︾᠂ ︽ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠰᠠᠳ︾᠂ ︽ᠲᠤᠰᠬᠠᠢ ᠮᠡᠷᠭᠡᠵᠢᠯᠲᠡᠨ — ᠮᠡᠷᠭᠡᠵᠢᠯ ᠤᠨ ᠵᠢᠭᠠᠨ ᠵᠢᠯᠤᠭᠤᠳᠤᠭᠴᠢ — ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ — ᠨᠥᠯᠥᠭᠡᠯᠡᠨ ᠳᠠᠶᠢᠴᠢᠯᠠᠬᠤ ᠡᠷᠦᠬᠡ︾ ᠵᠡᠷᠭᠡ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠨᠡᠨ ᠬᠦ ᠪᠦᠲᠦᠮᠵᠢᠲᠡᠶ ᠰᠢᠨ᠎ᠡ ᠲᠣᠭᠲᠠᠴᠠ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ ᠪᠦᠷᠢᠯᠳᠦᠭᠦᠯᠪᠡ᠃      ᠭᠤᠷᠪᠠ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠳᠤ ᠰᠠᠭᠤᠷᠢᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠲᠥᠯᠥᠨ ᠳᠠᠭᠠᠭᠤᠯᠬᠤ ᠶᠢ ᠬᠦᠴᠦᠯᠡᠨ ᠠᠬᠢᠭᠤᠯᠪᠠ᠃ ︽12·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠠᠯᠠᠭ᠎ᠠ ᠮᠥᠴᠢᠷ ᠤᠳ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠣᠷᠣᠨ ᠨᠤᠲᠤᠭ ᠤᠨ ᠡᠯ᠎ᠡ ᠲᠦᠷᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ 1023 ᠵᠦᠢᠯ ᠢ ᠳᠠᠭᠠᠭᠠᠵᠤ ᠠᠪᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠂ ᠥᠪᠡᠷᠲᠡᠭᠡᠨ ᠵᠠᠰᠠᠬᠤ ᠣᠷᠣᠨ ᠤ ᠠᠮᠢᠳᠡᠠ ᠤᠷᠭᠤᠮᠠᠯ ᠤᠨ ᠲᠦᠷᠦᠯ ᠡᠭᠦᠯᠳᠡᠷ ᠢ 102 ᠬᠢᠨᠠᠨ ︵ᠦᠨᠡᠮᠰᠢᠨ︶ ᠲᠤᠭᠲᠠᠭᠠᠵᠤ᠂ ᠤᠯᠤᠰ ᠤᠨ ᠲᠡᠰ᠂ ᠮᠤᠵᠢ ᠶᠠᠮᠤᠨ ᠤ ᠲᠡᠰ ᠵᠢᠴᠢ ᠠᠶᠢᠮᠠᠭ ᠬᠤᠳᠠ ᠶᠢᠨ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ 101 ᠣᠯᠪᠠ᠃ ᠡᠯ᠎ᠡ ᠵᠦᠢᠯ ᠤᠨ ᠰᠢᠨ᠎ᠡ ᠲᠥᠷᠥᠯ ᠡᠭᠦᠯᠳᠡᠷ ᠢ 130 ᠭᠠᠷᠤᠶ ᠳᠡᠯᠭᠡᠷᠡᠭᠦᠯᠵᠦ᠂ ᠰᠢᠨ᠎ᠡ ᠮᠡᠷᠭᠡᠵᠢᠯ ᠢ ᠲᠥᠪᠯᠡᠷᠡᠭᠦᠯᠦᠨ ᠵᠢᠱᠢᠶ᠎ᠡ ᠦᠵᠡᠭᠦᠯᠦᠭᠰᠡᠨ ᠨᠢ 80 ᠭᠠᠷᠤᠶ ᠪᠠᠶᠢᠨ᠎ᠠ᠃      ᠲᠠᠷᠢᠮᠠᠯ ᠤᠨ ᠦᠢᠯᠡᠰ ᠲᠤ ᠠᠮᠤ ᠪᠤᠳᠠᠭ᠎ᠠ ᠲᠤᠰᠤ ᠲᠠᠷᠢᠮᠠᠯ ᠤᠨ ᠥᠨᠳᠥᠷ ᠤᠨᠠᠯᠲᠠ ᠶᠢ ᠡᠭᠦᠳᠦᠨ ᠪᠠᠶᠢᠭᠤᠯᠬᠤ ᠂ ᠡᠷᠳᠡᠨᠢ ᠰᠢᠰᠢ ᠶᠢ ︽ᠬᠤᠶᠠᠷ ᠢ ᠬᠤᠶᠠᠷ ᠵᠠᠭᠤ ᠨᠡᠮᠡᠭᠳᠡᠭᠦᠯᠬᠦ︾ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠦᠢᠯᠡᠳᠪᠦᠷᠢᠯᠡᠯ ᠢ ᠨᠢᠭᠲᠠ ᠤᠶᠠᠯᠳᠤᠭᠤᠯᠬᠤ ᠶᠢ ᠠᠬᠢᠭᠤᠯᠪᠠ᠃ ᠠᠮᠤ ᠪᠤᠳᠠᠭᠠᠨ ᠤ ᠳᠠᠩ ᠬᠤᠷᠢᠶᠠᠯᠲᠠ ᠨᠢ 2010 ᠣᠨ ᠳᠤ ᠮᠦ ᠪᠦᠷᠢ ᠳᠡᠭᠡᠨ 261.6 ᠺᠢᠯᠣᠭ᠍ᠷᠠᠮ ᠪᠠᠶᠢᠭᠰᠠᠨ ᠠᠴᠠ ᠪᠠᠨ ᠨᠡᠮᠡᠭᠳᠡᠭᠡᠳ 2015 ᠣᠨ ᠳᠤ 329.1 ᠺᠢᠯᠣᠭ᠍ᠷᠠᠮ ᠪᠣᠯᠵᠤ᠂ 25.8 %᠎ ᠪᠠᠷ ᠨᠡᠮᠡᠭᠳᠡᠵᠦ᠂ ᠠᠮᠤ ᠪᠤᠳᠠᠭᠠᠨ ᠤ ᠬᠤᠷᠢᠶᠠᠯᠲᠠ ᠳᠤ ᠨᠢᠭᠡᠴᠢ ᠲᠠᠯᠠᠪᠠᠢ ᠶᠢᠨ ᠤᠨᠠᠯᠲᠠ  ᠳᠡᠭᠡᠭᠰᠢᠯᠡᠭᠦᠯᠬᠦ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 83.2%᠎ ᠲᠤ ᠬᠦᠷᠪᠡ᠃ ᠮᠠᠯ ᠠᠵᠤ ᠠᠬᠤᠶ ᠶᠢᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ᠂ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠬᠤ ᠪᠠ ᠨᠤᠲᠤᠭ ᠤᠨ ᠡᠭᠦᠯᠳᠡᠷ ᠰᠠᠶᠢᠵᠢᠷᠠᠭᠤᠯᠤᠭᠰᠠᠨ ᠵᠡᠷᠭᠡ ᠳᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠮᠠᠯ ᠤᠨ ᠪᠣᠳᠠᠭᠠᠯᠢ ︵ᠪᠡᠶ᠎ᠡ︶᠎ ᠶᠢᠨ ᠭᠠᠷᠤᠯᠲᠠ ᠶᠢ ᠳᠡᠭᠡᠭᠰᠢᠯᠡᠭᠦᠯᠬᠦ ᠳᠤ ᠵᠠᠩᠭᠢᠯᠠᠭ᠎ᠠ ᠶᠢᠨ ᠦᠢᠯᠡᠳᠦᠯ ᠭᠠᠷᠭᠠᠪᠠ᠃ ᠳ᠋ᠣᠪᠧᠷ ᠬᠤᠨᠢ᠂ ᠠᠦ᠋ᠰᠲᠷᠠᠯᠢᠶ᠎ᠠ ᠶᠢᠨ ᠴᠠᠭᠠᠨ ᠬᠤᠨᠢ ᠶᠢ ᠲᠤᠰ ᠭᠠᠵᠠᠷ ᠤᠨ ᠬᠤᠨᠢ ᠲᠠᠢ ᠡᠷᠯᠢᠰᠡᠵᠢᠭᠦᠯᠦᠭᠡᠳ᠂ 4 ᠰᠠᠷ᠎ᠠ ᠪᠣᠯᠣᠭᠰᠠᠨ ᠬᠤᠷᠠᠭ᠎ᠠ ᠨᠢ ᠲᠤᠰ ᠭᠠᠵᠠᠷ ᠤᠨ ᠬᠢ ᠠᠴᠠ 300 ᠲᠥᠭᠦᠷᠢᠭ ᠤᠨ ᠣᠷᠣᠯᠭ᠎ᠠ ᠨᠡᠮᠡᠭᠳᠡᠭᠦᠯᠵᠦ᠂ ᠬᠤᠨᠢᠨ ᠮᠢᠬᠠᠨ ᠤ ᠦᠨ᠎ᠡ ᠪᠠᠭᠤᠷᠠᠭᠰᠠᠨ ᠤ ᠳᠠᠷᠠᠭᠠᠬᠢ ᠥᠪᠥᠷ ᠮᠣᠩᠭᠤᠯ ᠤᠨ ᠬᠤᠨᠢᠨ ᠤ ᠦᠰᠦᠯᠲᠡ ᠶᠢᠨ ᠴᠢᠭᠯᠡᠯᠲᠦ ᠠᠰᠠᠭᠤᠳᠠᠯ ᠢ ᠰᠢᠢᠳᠪᠦᠷᠢᠯᠡᠪᠡ᠃ ᠦᠢᠯᠡᠳᠪᠦᠷᠢᠯᠡᠬᠦ ᠴᠢᠨᠠᠷ ᠴᠢᠳᠠᠪᠤᠷᠢ ᠶᠢᠨ ᠬᠡᠮᠵᠢᠨ ᠲᠣᠭᠲᠠᠭᠠᠯᠲᠠ ᠶᠢ ᠦᠨᠳᠦᠰᠦᠯᠡᠪᠡᠯ᠂ ᠬᠤᠯᠰᠲᠸᠢᠨ ᠰᠠᠭᠠᠯᠢ ᠶᠢᠨ ᠦᠨᠢᠶᠡᠨ ᠤ ᠭᠠᠷᠤᠯᠲᠠ ᠨᠢ 2010 ᠣᠨ ᠤ ᠬᠢ ᠠᠴᠠ 862 ᠺᠢᠯᠣᠭ᠍ᠷᠠᠮ ᠨᠡᠮᠡᠭᠳᠡᠵᠦ᠂ ᠰᠥᠨᠢᠳ ᠠᠯᠠᠰᠢᠨ ᠬᠤᠨᠢ ᠪᠣᠯᠤᠨ ᠰᠢᠮᠮᠧᠨᠲ᠋ᠠᠯ ᠦᠬᠡᠷ ᠤᠨ ᠬᠡᠩᠭᠦᠳᠡᠭ ᠤᠨ ᠬᠦᠨᠳᠦ ᠨᠢ ᠲᠤᠰ ᠲᠤᠰ 2.6 ᠺᠢᠯᠣᠭ᠍ᠷᠠᠮ ᠪᠠ 20.5 ᠺᠢᠯᠣᠭ᠍ᠷᠠᠮ ᠨᠡᠮᠡᠭᠳᠡᠪᠡ᠃      ᠬᠥᠲᠥᠯᠥᠭᠴᠢ᠄      ᠣᠳᠣᠬᠠᠨ ᠳᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠯ᠎ᠠ ᠪᠠᠷ ᠪᠠᠰᠠ ᠶᠠᠮᠠᠷ ᠶᠠᠮᠠᠷ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠬᠤ ᠪᠤᠢ︖      ᠵᠤᠤ ᠶᠦᠩ ᠬᠤᠸᠠ᠄      ᠨᠢᠭᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠥᠳᠡᠯᠭᠡᠬᠦ ᠬᠦᠴᠦ ᠬᠦᠷᠦᠯᠴᠡᠬᠦ ᠦᠭᠡᠢ ᠪᠠᠶᠢᠨ᠎ᠠ᠃ ︽ᠲᠥᠷᠥᠯ ᠵᠦᠢᠯ ᠲᠣᠭᠲᠠᠭᠠᠬᠤ — ᠦᠷ᠎ᠡ ᠪᠦᠲᠦᠭᠡᠯ — ᠲᠤᠰᠢᠶᠠᠯ ᠤᠨ ᠴᠣᠯᠠ︾᠎ ᠶᠢᠨ ᠤᠳᠤᠷᠢᠳᠤᠮᠵᠢ ᠨᠢ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠲᠣᠭᠲᠠᠭᠠᠬᠤ ᠶᠢᠨ ᠡᠬᠢᠨ ᠤ ᠵᠣᠷᠢᠯᠭ᠎ᠠ ᠨᠢ ᠦᠷ᠎ᠡ ᠪᠦᠲᠦᠭᠡᠯ ᠢ ᠦᠨᠡᠯᠡᠬᠦ᠂ ᠲᠤᠰᠢᠶᠠᠯ ᠤᠨ ᠴᠣᠯᠠ ᠳᠡᠪᠰᠢᠭᠦᠯᠬᠦ ᠶᠢᠨ ᠲᠥᠯᠥᠭᠡ ᠯᠠ ᠪᠣᠯᠵᠤ ᠪᠠᠶᠢᠨ᠎ᠠ︔ ᠵᠠᠷᠢᠮ ᠬᠤᠰᠢᠭᠤ ᠰᠢᠶᠠᠨ ᠵᠢᠴᠢ ᠲᠡᠭᠦᠨ ᠠᠴᠠ ᠳᠣᠷᠣᠭᠰᠢᠬᠢ ᠦᠨᠳᠦᠰᠦᠨ ᠱᠠᠲᠤᠨ ᠤ ᠮᠡᠷᠭᠡᠵᠢᠯ ᠤᠨ ᠠᠵᠢᠯᠳᠠᠨ ᠪᠠ ︽ᠨᠤᠲᠤᠭ ᠤᠨ ᠮᠡᠷᠭᠡᠵᠢᠯᠲᠡᠨ︾᠎ ᠨᠢ ᠰᠤᠷᠤᠯᠭ᠎ᠠ ᠶᠢᠨ ᠨᠠᠮᠲᠠᠷ ᠳᠣᠣᠷ᠎ᠠ ᠪᠤᠶᠤ ᠱᠠᠩᠨᠠᠯ ᠣᠯᠬᠤ ᠵᠡᠷᠭᠡ ᠨᠥᠬᠦᠴᠡᠯ ᠤᠨ ᠬᠢᠵᠠᠭᠠᠷᠯᠠᠯ ᠠᠴᠠ ᠪᠤᠯᠵᠤ᠂ ᠲᠤᠰᠢᠶᠠᠯ ᠤᠨ ᠴᠣᠯᠠ ᠨᠢ ᠳᠡᠪᠰᠢᠭᠳᠡᠬᠦ ᠦᠭᠡᠢ ᠠᠴᠠ ᠪᠣᠯᠵᠤ ᠠᠵᠢᠯ ᠤᠨ ᠢᠳᠡᠪᠬᠢᠵᠢᠯ ᠨᠢ ᠨᠥᠯᠥᠭᠡᠯᠡᠭᠳᠡᠵᠦ ᠪᠠᠶᠢᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠨᠡᠯᠡᠯᠲᠡ ᠳᠤ ᠡᠷᠳᠡᠮ ᠰᠢᠨᠵᠢᠯᠡᠭᠡᠨ ᠢ ᠬᠦᠨᠳᠦᠳᠬᠡᠵᠦ ᠬᠡᠷᠡᠭᠯᠡᠭᠡᠨ ᠢ ᠬᠥᠩᠭᠡᠪᠴᠢᠯᠡᠭᠰᠡᠨ ᠠᠴᠠ ᠪᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ ᠳᠤ ᠴᠥᠮ ᠠᠰᠢᠭ ᠣᠯᠵᠠᠪᠤᠷᠢ ᠣᠯᠬᠤ ᠦᠭᠡᠢ ᠪᠤᠶᠤ ᠠᠰᠢᠭ ᠣᠯᠵᠠᠪᠤᠷᠢ ᠬᠢᠭᠡᠳ ᠬᠦᠴᠦ ᠬᠦᠯᠦᠰᠦ ᠵᠠᠷᠤᠴᠠᠭᠤᠯᠤᠭᠰᠠᠨ ᠯᠤᠭ᠎ᠠ ᠶᠢᠨ ᠬᠠᠷᠢᠴᠠᠯ ᠨᠢ ᠲᠡᠩᠴᠡᠵᠦ ᠣᠴᠢᠬᠤ ᠦᠭᠡᠢ ᠠᠴᠠ ᠪᠣᠯᠵᠤ ᠰᠢᠨ᠎ᠡ ᠶᠢ ᠡᠭᠦᠳᠬᠦ ᠢᠳᠡ ᠵᠣᠷᠢᠭ ᠨᠢ ᠭᠦᠢᠴᠡᠳ ᠦᠭᠡᠢ ᠪᠣᠯᠵᠤ ᠪᠠᠶᠢᠨ᠎ᠠ᠃     ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠭᠤᠣᠯ ᠰᠡᠳᠦᠪ ᠵᠤᠭᠰᠤᠩᠭᠤᠶᠢᠷᠠᠨ ᠬᠤᠴᠣᠷᠴᠤ ᠪᠠᠶᠢᠨ᠎ᠠ᠃ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ 90%᠎ ᠠᠴᠠ ᠳᠡᠭᠡᠭᠰᠢᠬᠢ ᠪᠠᠶᠢᠭᠤᠯᠤᠮᠵᠢ ᠶᠢᠨ ︽ᠭᠤᠷᠪᠠᠨ ᠡᠷᠬᠡ︾ ︵ᠬᠥᠮᠦᠨ᠂ ᠵᠣᠭᠤᠰ ᠮᠥᠩᠭᠦ᠂ ᠡᠳ᠋ ᠪᠣᠳᠠᠰ︶᠎ ᠶᠢ ᠰᠤᠮᠤ ᠰᠢᠶᠠᠩ ᠪᠠᠯᠭᠠᠰᠤ ᠬᠠᠮᠢᠶᠠᠷᠴᠤ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠶᠢ ᠬᠤᠰᠢᠭᠤ ᠰᠢᠶᠠᠨ ᠤ ᠱᠠᠲᠤᠨ ᠤ ᠳᠡᠯᠭᠡᠷᠡᠭᠦᠯᠬᠦ ᠪᠠᠶᠢᠭᠤᠯᠤᠮᠵᠢ ᠬᠠᠷᠢᠭᠤᠴᠠᠵᠤ ᠪᠠᠶᠢᠬᠤ ᠠᠴᠠ ᠪᠤᠯᠵᠤ᠂ ︽ᠬᠤᠶᠠᠭᠤᠯᠠ ᠪᠠᠨ ᠬᠠᠮᠢᠶᠠᠷᠬᠤ ᠦᠯᠦ ᠬᠠᠮᠢᠶᠠᠷᠬᠤ︾ ᠪᠤᠰᠤᠳᠴᠢ ᠪᠠᠶᠢᠳᠠᠯ ᠢ ᠪᠤᠶ ᠪᠣᠯᠭᠠᠨ᠂ ᠰᠤᠮᠤ ᠰᠢᠶᠠᠩ ᠪᠠᠯᠭᠠᠰᠤ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠪᠠᠶᠢᠭᠤᠯᠤᠮᠵᠢ ᠨᠢ ᠡᠳᠦᠷ ᠲᠤᠳᠤᠮ ᠤᠨ ᠠᠵᠢᠯ ᠦᠷᠨᠢᠭᠦᠯᠬᠦ ᠳᠡᠭᠡᠨ ᠵᠦᠪᠬᠡᠨ ᠰᠤᠮᠤ ᠰᠢᠶᠠᠩ ᠪᠠᠯᠭᠠᠰᠤ ᠶᠢᠨ ᠭᠤᠤᠯ ᠪᠤᠯᠬᠤ ᠵᠠᠰᠠᠭ ᠤᠨ ᠶᠠᠪᠤᠳᠠᠯ ᠲᠤᠭᠤᠷᠢᠨ ᠳᠤ ᠠᠵᠢᠯ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ︽ᠳᠤᠲᠠᠭᠤᠳᠠᠯ︾ ᠪᠤᠯᠪᠠ᠃ ᠣᠯᠠᠩᠬᠢ ᠲᠣᠭᠠᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠨᠢᠭᠡᠴᠡ ᠨᠦᠭᠦᠳ ᠴᠢᠬᠤᠯᠠ ᠪᠦᠬᠦᠢ ᠲᠤᠷᠰᠢᠯᠲᠠ ᠬᠢᠵᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠲᠥᠬᠦᠭᠡᠷᠦᠮᠵᠢ ᠪᠠᠷ ᠳᠤᠲᠠᠭᠳᠠᠵᠤ᠂ ᠲᠤᠷᠰᠢᠯᠭ᠎ᠠ ᠳᠠᠭᠠᠨ ᠲᠦᠰᠢᠭᠯᠡᠨ᠂ ᠦᠵᠡᠭᠦᠯᠵᠦ ᠵᠢᠭᠠᠬᠤ ᠠᠷᠭ᠎ᠠ ᠬᠡᠯᠪᠡᠷᠢ ᠪᠠᠷ ᠮᠠᠯᠴᠢᠨ ᠲᠠᠷᠢᠶᠠᠴᠢᠳ ᠲᠤ ᠦᠢᠯᠡᠴᠢᠯᠡᠵᠦ ᠪᠠᠶᠢᠨ᠎ᠠ᠃ ᠰᠢᠨ᠎ᠡ ᠡᠭᠦᠳᠦᠯᠲᠡ ᠶᠢᠨ ᠭᠤᠤᠯ ᠴᠣᠭᠴᠠ ᠪᠤᠯᠬᠤ — ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠴᠥᠭᠡᠨ ᠪᠠᠶᠢᠨ᠎ᠠ᠃        ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠡᠩᠨᠡᠭᠡᠨ ᠤ ᠪᠦᠲᠦᠴᠡ ᠵᠦᠢ ᠵᠤᠬᠢᠰ ᠦᠭᠡᠢ ᠪᠠᠶᠢᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠤ ᠡᠩᠨᠡᠭᠡ ᠶᠢᠨ ᠪᠦᠲᠦᠴᠡ ᠵᠦᠢ ᠵᠤᠬᠢᠰ ᠦᠭᠡᠢ ᠪᠠᠶᠢᠬᠤ ᠪᠦᠭᠡᠳ ᠨᠢᠭᠡᠳᠦᠭᠡᠷ ᠹᠷᠣᠨᠲ ᠲᠤ ᠠᠵᠢᠯᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠯᠠᠭᠤ ᠠᠵᠢᠯᠳᠡᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠠᠵᠢᠯᠳᠡᠠ ᠳᠤᠲᠠᠭᠳᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠮᠠᠨ ᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠬᠥᠳᠡᠯᠮᠦᠷᠢ ᠶᠢᠨ ᠬᠦᠴᠦᠨ ᠢᠯᠠᠩᠭᠤᠶ᠎ᠠ ᠵᠠᠯᠠᠭᠤ ᠢᠳᠡᠷ ᠬᠥᠳᠡᠯᠮᠦᠷᠢ ᠶᠢᠨ ᠬᠦᠴᠦᠨ ᠦᠷᠭᠦᠯᠵᠢᠯᠡᠨ ᠰᠢᠯᠵᠢᠬᠦ ᠶᠢ ᠳᠠᠭᠠᠯᠳᠤᠨ᠂ ︽ᠬᠡᠨ ᠲᠠᠷᠢᠶ᠎ᠠ ᠲᠠᠷᠢᠬᠤ︾ ︽ᠬᠡᠷᠬᠢᠨ ᠲᠠᠷᠢᠶ᠎ᠠ ᠲᠠᠷᠢᠬᠤ︾ ᠶᠠᠪᠤᠳᠠᠯ ᠨᠢ ᠨᠢᠭᠡᠨᠲᠡ ᠪᠣᠳᠠᠲᠠᠶ ᠪᠥᠭᠡᠳ ᠲᠤᠯᠭᠠᠮ᠎ᠠ ᠠᠰᠠᠭᠤᠳᠠᠯ ᠪᠣᠯᠤᠭᠰᠠᠨ ᠪᠠᠶᠢᠨ᠎ᠠ᠂ ᠮᠠᠨ ᠤ ᠤᠷᠤᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠪᠤᠶᠢᠵᠢᠭᠤᠯᠬᠤ ᠬᠦᠮᠦᠵᠢᠭᠦᠯᠬᠦ ᠳᠤ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠢᠯ ᠤᠨ ᠪᠡᠯᠡ ᠮᠥᠩᠭᠦ ᠪᠠᠶᠢᠬᠤ ᠦᠭᠡᠢ ᠪᠤᠯᠬᠤᠷ᠂ ᠪᠦᠷᠢᠮᠦᠰᠦᠨ 2014 ᠣᠨ ᠠᠴᠠ ᠡᠬᠢᠯᠡᠨ ᠬᠡᠷᠡᠭᠵᠢᠭᠦᠯᠦᠭᠰᠡᠨ ᠲᠦᠪ ᠤᠨ ᠲᠦᠷᠦᠯ ᠵᠦᠢᠯ ᠳᠤ ᠲᠦᠰᠢᠭᠯᠡᠵᠦ᠂ ᠵᠢᠯ ᠪᠦᠷᠢ 5000 ᠬᠥᠮᠦᠨ ᠪᠤᠯᠪᠠᠰᠤᠷᠠᠭᠤᠯᠵᠤ᠂ ᠡᠨᠡ ᠵᠢᠯ 1000 ᠬᠦᠮᠦᠨ ᠪᠤᠯᠭᠠᠨ ᠨᠡᠮᠡᠭᠳᠡᠭᠦᠯᠬᠦ ᠪᠠᠷ ᠪᠠᠶᠢᠨ᠎ᠠ᠂ ᠡᠨᠡ ᠨᠢ ᠮᠠᠯᠴᠢᠨ ᠲᠠᠷᠢᠶᠠᠴᠢᠳ ᠤᠨ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢ ᠮᠦᠨ ᠯᠡ ᠬᠠᠩᠭᠠᠵᠤ ᠳᠡᠶᠢᠯᠬᠦ ᠦᠭᠡᠢ ᠪᠠᠶᠢᠨ᠎ᠠ᠃      ᠲᠦᠷᠪᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠮᠥᠩᠭᠦ ᠶᠢᠨ ᠣᠷᠣᠭᠤᠯᠤᠯᠲᠠ ᠬᠦᠷᠦᠯᠴᠡᠬᠦ ᠦᠭᠡᠢ ᠪᠠᠶᠢᠨ᠎ᠠ᠃ ᠤᠢᠢᠷ᠎ᠠ ᠶᠢᠨ ᠵᠢᠯ ᠤᠨ ᠲᠤᠷᠰᠢ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠶᠢ ᠡᠭᠦᠳᠬᠦ ᠰᠠᠭᠤᠷᠢ ᠮᠦᠩᠭᠦ ᠶᠢᠨ ᠲᠤᠰᠬᠠᠶ ᠵᠦᠢᠯ ᠨᠢ ᠬᠡᠳᠦ᠋ᠢᠪᠡᠷ ᠡᠳᠦᠢ ᠲᠡᠳᠦᠢ ᠨᠡᠮᠡᠭᠳᠡᠭᠰᠡᠨ ᠪᠤᠯᠪᠠᠴᠤ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠯᠦᠭᠡ ᠬᠠᠷᠢᠴᠠᠭᠤᠯᠬᠤ ᠳᠤ ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠢᠮ ᠰᠠᠶᠢᠨ ᠰᠢᠨ᠎ᠡ ᠡᠭᠦᠳᠦᠯᠲᠡ ᠶᠢᠨ ᠵᠦᠢᠯ ᠨᠢ ᠦᠷᠭᠦᠯᠵᠢᠯᠡᠨ ᠲᠣᠭᠲᠠᠭᠤᠨ ᠳᠡᠮᠵᠢᠯᠭᠡ ᠪᠠᠷ ᠳᠤᠲᠠᠮᠠᠭ ᠪᠠᠶᠢᠨ᠎ᠠ᠃ ᠪᠦᠬᠦ ᠣᠷᠣᠨ ᠳᠤ ᠮᠡᠷᠭᠡᠵᠢᠯ ᠢ ᠳᠡᠯᠭᠡᠷᠡᠭᠦᠯᠬᠦ ᠵᠠᠷᠤᠳᠠᠯ ᠪᠠᠶᠢᠬᠤ ᠦᠭᠡᠢ ᠪᠤᠯᠬᠤᠷ᠂ ᠳᠡᠯᠭᠡᠷᠡᠭᠦᠯᠬᠦ ᠠᠵᠢᠯ ᠨᠢ ᠭᠤᠣᠯᠳᠠᠭᠤ ᠲᠥᠪ ᠪᠠ ᠥᠪᠡᠷᠲᠡᠭᠡᠨ ᠵᠠᠰᠠᠬᠤ ᠣᠷᠣᠨ ᠤ ᠲᠦᠷᠦᠯ ᠵᠦᠢᠯ ᠳᠤ ᠲᠦᠰᠢᠭᠯᠡᠵᠦ᠂ ᠲᠣᠭᠲᠠᠭᠤᠨ ᠵᠠᠷᠤᠳᠠᠯ ᠤᠨ ᠳᠡᠮᠵᠢᠯᠭᠡ ᠪᠠᠶᠢᠬᠤ ᠦᠭᠡᠢ᠃ ᠥᠪᠡᠷᠲᠡᠭᠡᠨ ᠵᠠᠰᠠᠬᠤ ᠣᠷᠣᠨ ᠳᠤ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠤᠳᠤᠯᠤᠯ ᠤᠨ ᠲᠥᠪ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠰᠠᠭᠤᠷᠢ ᠨᠥᠬᠦᠴᠡᠯ ᠤᠨ ᠪᠡᠯᠡ ᠮᠦᠩᠭᠦ ᠶᠢᠨ ᠤᠷᠤᠭᠤᠯᠤᠯᠲᠠ ᠪᠠᠶᠢᠬᠤ ᠦᠭᠡᠢ ᠪᠤᠯᠬᠤᠷ᠂ ᠤᠯᠤᠰ ᠤᠨ ᠲᠦᠷᠦᠯ ᠵᠦᠢᠯ ᠤᠨ ᠣᠯᠠᠩᠬᠢ ᠳᠤᠨᠢ ᠰᠠᠭᠤᠷᠢ ᠪᠦᠲᠦᠭᠡᠨ ᠪᠠᠶᠢᠭᠤᠯᠤᠯᠲᠠ ᠬᠢᠬᠦ ᠶᠢ ᠵᠦᠪᠰᠢᠶᠡᠷᠡᠬᠦ ᠦᠭᠡᠢ ᠪᠠᠶᠢᠨ᠎ᠠ᠂ ᠡᠶᠢᠮᠦ ᠠᠴᠠ ᠲᠤᠷᠰᠢᠯᠲᠠ ᠬᠢᠬᠦ ᠲᠥᠬᠦᠭᠡᠷᠦᠮᠵᠢ ᠶᠢ ᠰᠢᠨᠡᠳᠬᠡᠵᠦ ᠴᠢᠳᠠᠬᠤ ᠦᠭᠡᠢ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠢᠳᠪᠦᠷᠢᠯᠡᠵᠦ ᠴᠢᠳᠠᠬᠤ ᠦᠬᠡᠢ ᠪᠠᠶᠢᠨ᠎ᠠ᠃      ᠬᠥᠲᠥᠯᠥᠭᠴᠢ᠄      ᠳᠠᠷᠠᠭᠠᠴᠢ ᠶᠢᠨ ᠠᠯᠬᠤᠮ ᠳᠤ ᠮᠠᠨ ᠤ ᠤᠷᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠯᠬᠢᠨ ᠠᠬᠢᠭᠤᠯᠬᠤ ᠶᠢᠨ ᠭᠤᠣᠯᠳᠠᠯᠭ᠎ᠠ ᠲᠠᠢ ᠠᠵᠢᠯ ᠶᠠᠭᠤ ᠶᠠᠭᠤ ᠪᠠᠶᠢᠬᠤ ᠪᠤᠢ︖      ᠵᠣᠣ ᠶᠥᠩ ᠬᠤᠸᠠ᠄      ᠨᠢᠭᠡ ᠳᠤ ᠬᠥᠲᠥᠯᠥᠨ ᠳᠠᠭᠠᠭᠤᠯᠬᠤ ᠴᠢᠨᠠᠷᠲᠠᠶ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠤᠳᠤ ᠦᠶ᠎ᠡ ᠶᠢᠨ ᠦᠷ᠎ᠡ ᠡᠭᠦᠯᠳᠡᠷ ᠤᠨ ᠦᠢᠯᠡᠰ᠂ ᠤᠶᠤᠨᠴᠢ ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠣᠷᠴᠢᠨ ᠲᠤᠭᠤᠷᠢᠨ᠂ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢᠵᠢᠯᠲᠠ ᠵᠡᠷᠭᠡ ᠵᠠᠩᠭᠢᠯᠠᠭ᠎ᠠ ᠶᠢᠨ ᠭᠤᠤᠯᠯᠠᠬᠤ ᠰᠢᠨᠵᠢᠯᠡᠬᠦ ᠤᠬᠠᠭᠠᠨ ᠤ ᠮᠡᠷᠭᠡᠵᠢᠯ ᠤᠨ ᠰᠤᠳᠤᠯᠤᠨ ᠨᠡᠭᠡᠭᠡᠵᠦ ᠠᠰᠢᠭᠯᠠᠬᠤ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠲᠦᠷᠦᠯ ᠡᠭᠦᠯᠳᠡᠷ᠂ ᠰᠢᠨ᠎ᠡ ᠮᠡᠷᠭᠡᠵᠢᠯ ᠪᠠ ᠰᠢᠨ᠎ᠡ ᠲᠤᠨᠤᠬ ᠲᠥᠬᠦᠭᠡᠷᠦᠮᠵᠢ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃      ᠬᠤᠶᠠᠷ ᠲᠤ ᠰᠢᠰᠲ᠋ᠧᠮ ᠤᠨ ᠴᠢᠨᠠᠷᠲᠠᠶ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ︽ᠭᠠᠵᠠᠷ ᠰᠢᠷᠤᠢ ᠪᠠᠨ ᠪᠠᠲᠤᠯᠠᠨ᠂ ᠤᠨᠠᠯᠲᠠ ᠪᠠᠨ ᠳᠡᠭᠡᠭᠰᠢᠯᠡᠭᠦᠯᠬᠦ︾ ᠪᠠ ︽ᠬᠤᠨᠢ ᠢᠮᠠᠭ᠎ᠠ ᠶᠢᠨ ᠲᠤᠭ᠎ᠠ ᠲᠤᠯᠤᠭᠠᠢ ᠶᠢ ᠲᠤᠭᠲᠠᠭᠤᠨ ᠪᠠᠶᠢᠯᠭᠠᠵᠤ ᠦᠬᠡᠷ ᠭᠠᠭ᠋ᠠᠶ ᠵᠢᠭᠦᠷᠲᠡᠨ ᠤ ᠲᠤᠭ᠎ᠠ ᠶᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ ᠭᠤᠣᠯᠳᠠᠯᠭ᠎ᠠ ᠲᠠᠢ ᠲᠤᠤᠱᠯᠠᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠬᠢᠭᠡᠳ ᠲᠦᠷᠦᠯ ᠵᠦᠢᠯ ᠳᠡᠭᠡᠭᠰᠢᠯᠡᠭᠦᠯᠬᠦ ᠶᠢ ᠰᠠᠶᠢᠲᠤᠷ ᠬᠡᠷᠡᠭᠵᠢᠭᠦᠯᠵᠦ᠂ ᠠᠮᠤ ᠪᠤᠳᠠᠭᠠᠨ ᠤ ᠪᠤᠬᠢᠷᠳᠤᠯ ᠦᠭᠡᠢ ᠥᠨᠳᠥᠷ ᠪᠦᠲᠦᠮᠵᠢᠲᠡᠶ ᠪᠠᠷ ᠬᠤᠷᠢᠶᠠᠯᠲᠠ ᠶᠢ ᠨᠢ ᠨᠡᠮᠡᠭᠳᠡᠭᠦᠯᠬᠦ ᠮᠡᠷᠭᠡᠵᠢᠯ ᠤᠨ ᠳᠡᠯᠭᠡᠷᠡᠭᠦᠯᠬᠦ ᠶᠢ ᠭᠦᠨᠵᠡᠭᠡᠢ ᠦᠷᠨᠢᠭᠦᠯᠵᠦ᠂ ᠲᠡᠵᠢᠭᠡᠨ ᠦᠷᠡᠵᠢᠭᠦᠯᠬᠦ ᠮᠡᠷᠭᠡᠵᠢᠯ ᠢ ᠪᠠᠷᠢᠮᠵᠢᠶᠠᠵᠢᠭᠤᠯᠤᠨ ᠬᠡᠪᠴᠢᠶᠡᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠤᠷᠢᠶᠠᠯᠲᠠ ᠤᠨᠠᠯᠲᠠ ᠶᠢ ᠲᠣᠭᠲᠠᠪᠤᠷᠢᠵᠢᠭᠤᠯᠤᠨ ᠨᠡᠮᠡᠭᠳᠡᠭᠦᠯᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠶᠡᠷᠦᠩᠬᠡᠶᠢᠯᠡᠭᠰᠡᠨ ᠰᠢᠢᠳᠪᠦᠷᠢᠯᠡᠬᠦ ᠲᠤᠤᠱᠲᠠᠢ ᠲᠥᠰᠦᠯ ᠢ ᠰᠤᠳᠤᠯᠵᠤ ᠳᠤᠷᠠᠳᠤᠨ ᠭᠠᠷᠭᠠᠬᠤ ᠪᠠᠷ ᠴᠢᠷᠮᠠᠶᠢᠨ᠎ᠠ᠃     ᠭᠤᠷᠪᠠ ᠳᠤ ᠪᠦᠬᠦᠯᠢ ᠴᠣᠭᠴᠠ ᠶᠢᠨ ᠴᠢᠨᠠᠷᠲᠠᠶ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠡᠯ᠎ᠡ ᠲᠠᠯ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠢ ᠵᠣᠯᠭᠠᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠪᠣᠯᠣᠨ ᠮᠡᠷᠭᠡᠵᠢᠯ ᠢ ᠵᠣᠯᠭᠠᠭᠤᠯᠬᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ  ᠰᠤᠳᠤᠯᠤᠯ ᠬᠢᠭᠡᠳ ᠳᠡᠯᠭᠡᠷᠡᠭᠦᠯᠦᠯᠲᠡ ᠶᠢ ᠵᠣᠯᠭᠠᠭᠤᠯᠬᠤ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤ ᠶᠢᠨ ᠴᠣᠭᠴᠠ ᠪᠣᠯᠤᠨ ᠪᠥᠬᠦ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠢ ︽ ᠵᠣᠬᠢᠴᠠᠯᠳᠤᠨ ᠳᠠᠭᠠᠯᠳᠤᠭᠰᠠᠨ ᠪᠠᠶᠢᠳᠠᠯ︾᠎ ᠲᠠᠢ ᠪᠣᠯᠭᠠᠨ᠎ᠠ᠃      ᠳᠦᠷᠪᠡ ᠳᠤ ᠲᠦᠷᠢᠮ ᠤᠨ ᠴᠢᠨᠠᠷᠲᠠᠶ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠡᠷᠬᠡ ᠠᠰᠢᠭ ᠬᠤᠪᠢᠶᠠᠷᠢᠯᠠᠬᠤ ᠶᠢ ᠪᠦᠷᠢᠨᠰᠢᠭᠦᠯᠵᠦ᠂ ᠦᠷ᠎ᠡ ᠪᠦᠲᠦᠭᠡᠯ ᠤᠨ ᠡᠷᠬᠡ ᠠᠰᠢᠭ ᠢ ᠬᠤᠪᠢᠶᠠᠨ ᠡᠳ᠋ᠯᠡᠬᠦ᠂ ᠰᠢᠯᠵᠢᠭᠦᠯᠦᠨ ᠤᠯᠠᠷᠢᠭᠤᠯᠬᠤ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠢ ᠲᠦᠷᠦᠯ ᠬᠤᠪᠢᠶᠠᠨ ᠬᠠᠮᠢᠶᠠᠷᠬᠤ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠤ ᠦᠷ᠎ᠡ ᠪᠦᠲᠦᠭᠡᠯ ᠢᠶᠠᠨ ᠤᠯᠠᠷᠢᠭᠤᠯᠤᠨ ᠠᠰᠢᠭ ᠣᠷᠣᠯᠭ᠎ᠠ ᠬᠤᠪᠢᠶᠠᠨ ᠡᠳ᠋ᠯᠡᠬᠦ ᠬᠠᠷᠢᠴᠠᠯ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠣᠨ ᠠᠵᠢᠯᠳᠠᠨ ᠢ ᠲᠥᠷᠥᠯ ᠬᠤᠪᠢᠶᠠᠨ ᠦᠨᠡᠯᠡᠬᠦ ᠶᠢ ᠲᠥᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠬᠥᠭᠵᠢᠭᠡᠨ᠎ᠡ᠃      ᠬᠥᠲᠥᠯᠥᠭᠴᠢ᠄      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠠᠯᠢ ᠬᠡᠳᠦᠨ ᠲᠠᠯ᠎ᠠ ᠪᠠᠷ ᠰᠢᠢᠳᠪᠦᠷᠢᠯᠡᠬᠦ ᠴᠢᠬᠤᠯᠠ ᠲᠠᠢ ᠪᠤᠶ︖      ᠵᠣᠣ ᠶᠥᠡᠭ ᠬᠤᠸᠠ᠄      ᠨᠢᠭᠡ ᠳᠤ ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠪᠥᠯᠥᠭ ᠬᠡᠰᠡᠭᠯᠡᠯ ᠪᠣᠯᠣᠨ ᠥᠮᠴᠢᠯᠡᠯ ᠤᠨ ᠳᠦᠷᠢᠮ ᠤᠨ ᠵᠠᠭᠠᠭ ᠬᠢᠵᠠᠭᠠᠷ ᠢ ᠡᠪᠳᠡᠵᠦ᠂ ᠥᠪᠥᠷ ᠮᠣᠩᠭᠤᠯ ᠤᠨ ᠣᠨᠴᠠᠯᠢᠭ ᠪᠥᠬᠦᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠤᠢ ᠪᠣᠯᠭᠠᠨ᠎ᠠ︔ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠᠶᠢᠭᠤᠯᠤᠮᠵᠢ ᠶᠢᠨ ᠡᠭᠦᠷᠭᠡᠯᠡᠵᠦ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠭᠦᠷᠭᠡ ᠴᠢᠳᠠᠪᠤᠷᠢ ᠶᠢ ᠲᠣᠳᠣᠷᠬᠠᠶᠢᠯᠠᠵᠤ᠂ ᠬᠤᠰᠢᠭᠤ ᠰᠢᠶᠠᠨ ᠰᠤᠮᠤ ᠰᠢᠶᠠᠩ ᠤᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠᠶᠢᠭᠤᠯᠤᠮᠵᠢ ᠪᠠᠨ ᠵᠦᠢ ᠵᠣᠬᠢᠰᠲᠠᠶ ᠪᠠᠶᠢᠷᠢᠯᠠᠭᠤᠯᠤᠨ᠂ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠ᠂ ︽ᠭᠤᠷᠪᠠᠨ ᠡᠷᠬᠡ ᠶᠢ ᠬᠤᠰᠢᠭᠤ ᠰᠢᠶᠠᠨ ᠳᠤ ᠪᠤᠴᠠᠭᠠᠬᠤ︾᠎ ᠶᠢ ᠠᠯᠬᠤᠮ ᠠᠯᠬᠤᠮ ᠢᠶᠠᠷ ᠬᠡᠷᠡᠭᠵᠢᠭᠦᠯᠦᠨ ᠶᠠᠪᠤᠭᠳᠠᠭᠤᠯᠤᠨ᠎ᠠ᠃ ᠠᠵᠢᠯ ᠤᠨ ᠵᠠᠷᠤᠳᠠᠯ ᠢ ᠲᠣᠬᠢᠷᠠᠭᠤᠯᠤᠨ᠂ ᠬᠠᠮᠢᠶ᠎ᠡ ᠪᠦᠬᠦᠢ ᠲᠤᠰᠬᠠᠶ ᠮᠡᠷᠭᠡᠵᠢᠯ ᠢ ᠳᠡᠯᠭᠡᠷᠡᠭᠦᠯᠬᠦ ᠠᠵᠢᠯ ᠤᠨ ᠬᠡᠪ ᠤᠨ ᠪᠠᠶᠢᠳᠠᠯ ᠢᠶᠠᠷ ᠥᠷᠨᠢᠬᠦ ᠶᠢ ᠪᠠᠲᠤᠯᠠᠨ᠎ᠠ᠃      ᠬᠤᠶᠠᠷ ᠲᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠴᠢᠳᠠᠪᠤᠷᠢᠲᠠᠨ ᠢ ᠬᠥᠮᠦᠵᠢᠭᠦᠯᠬᠦ᠂ ᠲᠠᠲᠠᠨ ᠠᠪᠴᠢᠷᠠᠬᠤ ᠪᠠ ᠬᠡᠷᠡᠭᠯᠡᠬᠦ ᠳᠤᠮᠳᠠᠬᠢ ᠬᠥᠮᠦᠨ ᠬᠡᠷᠡᠭᠯᠡᠬᠦ ᠨᠢᠭᠡᠴᠡ ᠶᠢᠨ ᠭᠤᠣᠯᠯᠠᠬᠤ ᠪᠠᠶᠢᠷᠢ ᠰᠠᠭᠤᠷᠢ ᠶᠢ ᠭᠦᠢᠴᠡᠳ ᠪᠠᠳᠠᠷᠠᠭᠤᠯᠵᠤ᠂ ᠬᠡᠷᠡᠭᠴᠡᠭᠡ ᠪᠠᠨ ᠦᠨᠳᠦᠰᠦᠯᠡᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠪᠦᠲᠦᠴᠡ ᠶᠢ ᠰᠢᠯᠢᠳᠡᠭᠵᠢᠭᠦᠯᠦᠨ᠂ ᠬᠥᠮᠦᠨ ᠬᠡᠷᠡᠭᠯᠡᠬᠦ ᠨᠢᠭᠡᠴᠡ ᠳᠤ ᠴᠢᠳᠠᠪᠤᠷᠢᠲᠠᠨ ᠢ ᠤᠷᠢᠨ ᠬᠡᠷᠡᠭᠯᠡᠬᠦ ᠶᠢᠨ ᠡᠵᠡᠨ ᠮᠡᠳᠡᠬᠦ ᠡᠷᠬᠡ ᠪᠠ ᠠᠮᠢᠳᠤᠯᠢᠭ ᠪᠠᠶᠢᠬᠤ ᠲᠥᠷᠥ ᠶᠢᠨ ᠪᠣᠳᠣᠯᠭ᠎ᠠ ᠶᠢ ᠣᠯᠭᠤᠵᠣ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠪᠦᠲᠦᠴᠡ ᠶᠢᠨ ᠠᠰᠠᠭᠤᠳᠠᠯ ᠢ ᠰᠢᠢᠳᠪᠦᠷᠢᠯᠡᠨ᠎ᠡ︔ ᠴᠢᠳᠠᠪᠤᠷᠢᠲᠠᠨ ᠢ ᠦᠨᠡᠯᠡᠵᠦ ᠰᠢᠯᠭᠠᠨ ᠬᠢᠨᠠᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠴᠢᠳᠠᠪᠤᠷᠢᠲᠠᠨ ᠢ ᠬᠢᠨᠠᠨ ᠰᠢᠯᠭᠠᠷᠠᠭᠤᠯᠵᠤ ᠲᠣᠭᠲᠠᠭᠠᠬᠤ ᠳᠤᠮᠳᠠᠬᠢ ᠬᠥᠮᠦᠨ ᠬᠡᠷᠡᠭᠯᠡᠬᠦ ᠨᠢᠭᠡᠴᠡ ᠶᠢᠨ ᠭᠤᠣᠯ ᠤᠳᠤᠷᠢᠳᠤᠮᠵᠢ ᠶᠢᠨ ᠦᠢᠯᠡᠳᠦᠯ ᠢ ᠳᠣᠪᠣᠶᠢᠯᠭᠠᠨ᠂ ︽ᠰᠤᠷᠤᠯᠭ᠎ᠠ ᠶᠢᠨ ᠨᠠᠮᠲᠠᠷ ᠢ ᠯᠠ ᠬᠥᠭᠡᠭᠡᠴᠡᠯᠳᠦᠬᠦ᠂ ᠲᠤᠰᠢᠶᠠᠯ ᠤᠨ ᠴᠣᠯᠠ ᠶᠢ ᠯᠠ ᠬᠥᠭᠡᠭᠡᠴᠡᠯᠳᠦᠬᠦ᠂ ᠥᠭᠦᠯᠡᠯ ᠨᠡᠶᠢᠲᠡᠯᠡᠬᠦ ᠶᠢ ᠯᠡ ᠬᠥᠭᠡᠭᠡᠴᠡᠯᠳᠦᠬᠦ᠂ ᠱᠠᠩᠨᠠᠯ ᠬᠦᠷᠲᠡᠬᠦ ᠶᠢ ᠯᠠ ᠬᠥᠭᠡᠭᠡᠴᠡᠯᠳᠦᠬᠦ︾ ᠦᠵᠡᠭᠳᠡᠯ ᠠᠴᠠ ᠵᠠᠶᠢᠯᠠᠰᠬᠢᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠥᠮᠦᠵᠢᠭᠦᠯᠬᠦ ᠲᠤᠰᠬᠠᠶ ᠵᠦᠢᠯ ᠢ ᠬᠡᠷᠡᠭᠵᠢᠭᠦᠯᠵᠦ᠂ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠶᠢ ᠪᠠᠶᠢᠭᠤᠯᠤᠨ᠂ ᠲᠤᠰᠬᠠᠶ ᠵᠦᠢᠯ ᠤᠨ ᠪᠡᠯᠡ ᠮᠥᠩᠭᠦ ᠶᠢ ᠲᠣᠬᠢᠷᠠᠭᠤᠯᠵᠤ᠂ ᠬᠥᠮᠦᠵᠢᠭᠦᠯᠬᠦ ᠬᠡᠪᠴᠢᠶ᠎ᠡ ᠪᠠᠨ ᠥᠷᠭᠡᠳᠬᠡᠨ᠂ ᠨᠡᠩ ᠤᠯᠠᠨ ᠮᠠᠯᠴᠢᠨ ᠲᠠᠷᠢᠶᠠᠴᠢᠳ ᠲᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠬᠥᠷᠲᠡᠭᠡᠬᠦ ᠠᠵᠠ ᠵᠠᠪᠰᠢᠶᠠᠨ ᠣᠯᠭᠤᠨ᠎ᠠ᠃      ᠭᠤᠷᠪᠠ ᠳᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠬᠠᠤᠯᠢ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠯᠲᠠ ᠶᠢ ᠠᠬᠢᠭᠤᠯᠬᠤ ᠬᠠᠤᠯᠢ︾᠂ ︽ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠦᠢᠯᠡᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠣᠯᠣᠨ ᠳᠡᠯᠭᠡᠷᠡᠭᠦᠯᠦᠯᠲᠡ ᠳᠤ ᠬᠡᠷᠡᠭᠰᠡᠬᠦ ᠵᠠᠷᠤᠳᠠᠯ ᠢ ᠤᠷᠳᠤ ᠬᠤᠭᠤᠴᠠᠭᠠᠨ ᠤ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠣᠷᠣᠭᠤᠯᠤᠯᠲᠠ ᠪᠣᠯᠭᠠᠨ ᠡᠳ᠋ ᠤᠨ ᠵᠠᠰᠠᠭ ᠤᠨ ᠲᠥᠰᠦᠪ ᠲᠤ ᠣᠷᠤᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠲᠠᠷᠢᠶᠠᠯᠠᠩ ᠮᠠᠯ ᠠᠵᠤ ᠠᠬᠤᠶ ᠳᠤ ᠰᠢᠨ᠎ᠡ ᠮᠡᠷᠭᠡᠵᠢᠯ᠂ ᠰᠢᠨ᠎ᠡ ᠲᠦᠷᠦᠯ ᠡᠭᠦᠯᠳᠡᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ᠂ ᠦᠷ᠎ᠡ ᠪᠦᠲᠦᠭᠡᠯ ᠢ ᠤᠯᠠᠷᠢᠭᠤᠯᠬᠤ ᠵᠢᠴᠢ ᠳᠡᠯᠭᠡᠷᠡᠭᠦᠯᠬᠦ ᠳᠤ ᠨᠥᠬᠦᠴᠡᠯ ᠪᠦᠷᠢᠯᠳᠦᠭᠦᠯᠵᠦ ᠥᠭᠬᠦ ᠶᠢᠨ ᠬᠠᠮᠲᠤ᠂ ᠡᠳ᠋ ᠤᠨ ᠬᠦᠴᠦᠨ ᠤ ᠪᠠᠲᠤᠯᠠᠭ᠎ᠠ ᠬᠠᠨᠭ᠍ᠭᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠲᠣᠭᠲᠠᠭᠤᠨ ᠢᠶᠠᠷ ᠳᠡᠮᠵᠢᠨ᠎ᠡ᠃      ᠬᠥᠲᠥᠯᠥᠭᠴᠢ᠄      ᠵᠣᠣ ᠳᠠᠷᠤᠭ᠎ᠠ ᠶᠢᠨ ᠲᠠᠶᠢᠯᠦᠮᠵᠢ ᠬᠢᠭᠰᠡᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠨᠠᠶᠢᠵᠠ ᠨᠠᠷ ᠤᠨ ᠣᠷᠣᠯᠴᠠᠭᠰᠠᠨ ᠳᠤ ᠪᠠᠶᠠᠷᠯᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠬᠤᠭᠤᠴᠠᠭᠠᠨ ᠤ ᠫᠷᠤᠭ᠍ᠷᠠᠮ ᠳᠤ ᠪᠠᠶᠠᠷᠲᠠᠢ ᠵᠣᠯᠭᠠᠶ᠎ᠠ︕
     ᠳᠡᠳ᠋ ᠲᠢᠩᠬᠢᠮ ᠤᠨ ᠳᠠᠷᠤᠭ᠎ᠠ ᠵᠤᠤ ᠶᠦᠩ ᠬᠤᠸᠠ ᠥᠪᠡᠷᠲᠡᠭᠡᠨ ᠵᠠᠰᠠᠬᠤ ᠣᠷᠣᠨ ᠤ ᠡᠷᠳᠡᠨᠢ ᠰᠢᠰᠢ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠦᠯᠬᠦᠮ ᠤᠨ ᠲᠤᠬᠠᠶ ᠶᠢᠨ ᠭᠠᠵᠠᠷ ᠤᠨ ᠦᠵᠡᠭᠦᠯᠦᠯᠭᠡ ᠳᠤ ᠣᠷᠣᠯᠴᠠᠵᠤ ᠪᠠᠶᠢᠭ᠎ᠠ ᠨᠢ
     ᠳᠡᠳ᠋ ᠲᠢᠩᠬᠢᠮ ᠤᠨ ᠳᠠᠷᠤᠭ᠎ᠠ ᠵᠤᠤ ᠶᠦᠩ ᠬᠤᠸᠠ ᠪᠣᠯᠤᠨ ᠲᠧᠭᠨᠢᠭ ᠮᠡᠷᠭᠡᠵᠢᠯ ᠤᠨ ᠠᠵᠢᠯᠲᠠᠳ ᠬᠠᠮᠲᠤ ᠪᠠᠷ ᠡᠷᠳᠡᠨᠢ ᠰᠢᠰᠢ ᠶᠢᠨ ᠥᠨᠳᠥᠷ ᠬᠤᠷᠢᠶᠠᠯᠲᠠ ᠲᠠᠢ᠂ ᠥᠨᠳᠥᠷ ᠪᠦᠳᠦᠮᠵᠢᠳᠦ ᠪᠤᠶᠢᠵᠢᠭᠤᠯᠬᠤ ᠮᠡᠷᠭᠡᠵᠢᠯ ᠢ ᠰᠤᠳᠤᠯᠤᠨ ᠶᠠᠷᠢᠯᠴᠠᠵᠤ ᠪᠠᠶᠢᠭ᠎ᠠ ᠨᠢ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map