︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠲᠠᠲᠠᠪᠤᠷᠢᠯᠠᠨ ᠬᠡᠷᠡᠭᠯᠡᠬᠦ ᠶᠢᠨ ᠬᠠᠮᠢᠶᠠᠷᠤᠯᠲᠠ ᠶᠢᠨ ᠠᠷᠭ᠎ᠠ︾᠎ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2016/11/15
                                 ᠥᠪᠥᠷ ᠵᠠᠰᠠᠭ ᠥᠰᠥᠭ ﹇2016﹈ 64 ᠳ᠋ᠤᠭᠡᠷ ᠲᠤᠭᠠᠳᠤ                                                       3 ᠳ᠋ᠤᠭᠠᠷ ᠰᠠᠷ᠎ᠠ ᠶᠢᠨ14᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠠ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠲᠠᠲᠠᠪᠤᠷᠢᠯᠠᠨ ᠬᠡᠷᠡᠭᠯᠡᠬᠦ ᠶᠢᠨ ᠬᠠᠮᠢᠶᠠᠷᠤᠯᠲᠠ ᠶᠢᠨ ᠠᠷᠭ᠎ᠠ︾᠎ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠦᠭᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠰᠤᠷᠭᠠᠨ      ᠬᠦᠮᠦᠵᠢᠯ ᠤᠨ ᠨᠡᠮᠡᠯᠲᠡ ᠶᠢ ᠲᠠᠲᠠᠪᠤᠷᠢᠯᠠᠨ ᠬᠡᠷᠡᠭᠯᠡᠬᠦ ᠶᠢᠨ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ   ᠶᠡᠷᠦᠩᠬᠡᠢ ᠲᠥᠷᠢᠮ      ᠨᠢᠭᠡᠳᠦᠭᠡᠷ ᠵᠦᠢᠯ   ᠮᠠᠨ ᠤ ᠣᠷᠣᠨ ᠤ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢᠨ ᠲᠠᠲᠠᠪᠤᠷᠢᠯᠠᠨ ᠬᠡᠷᠡᠭᠯᠡᠬᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠣᠯᠠᠨ ᠠᠷᠭ᠎ᠠ ᠵᠠᠮ ᠢᠶᠠᠷ ᠰᠤᠷᠭᠠᠨ ᠬᠦᠮᠦᠵᠢᠯ ᠤᠨ ᠵᠠᠷᠤᠳᠠᠯ ᠢ ᠴᠤᠭᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠠᠵᠢᠯ ᠦᠢᠯᠡᠰ ᠤᠨ ᠬᠦᠭᠵᠢᠯᠲᠡ ᠶᠢ ᠲᠦᠷᠭᠡᠳᠭᠡᠬᠦ ᠶᠢᠨ ᠲᠤᠰᠠᠲᠠ᠂ ︽ᠪᠥᠬᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠰᠤᠷᠭᠠᠨ ᠬᠦᠮᠦᠵᠢᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠲᠠᠲᠠᠪᠤᠷᠢᠯᠠᠬᠤ ᠶᠢ ᠵᠦᠪᠰᠢᠶᠡᠷᠡᠬᠦ ᠲᠤᠬᠠᠢ ᠡᠳ᠋ ᠤᠨ ᠵᠠᠰᠠᠭ ᠤᠨ ᠶᠠᠮᠤᠨ ᠤ ᠬᠠᠷᠢᠭᠤ ᠵᠠᠬᠢᠳᠠᠯ︾ ︵ᠡᠳ᠋ ᠶᠡᠷᠥᠩᠬᠡᠶᠢᠯᠡᠭᠰᠡᠨ ᠵᠠᠬᠢᠳᠠᠯ ﹇2005﹈ 33 ᠳ᠋ᠤᠭᠠᠷ ᠲᠣᠭᠠᠲᠤ ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠲᠠᠲᠠᠪᠤᠷᠢᠯᠠᠬᠤ ᠶᠢᠨ ᠲᠠᠲᠠᠪᠤᠷᠢᠯᠠᠬᠤ ᠪᠠᠷᠢᠮᠵᠢᠶ᠎ᠠ ᠶᠢ ᠲᠣᠬᠢᠷᠠᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠤ ᠬᠠᠷᠢᠭᠤ ᠵᠠᠬᠢᠳᠠᠯ︾ ︵ᠡᠳ᠋ ᠶᠡᠷᠥᠷᠩᠬᠡᠶᠢᠯᠡᠭᠰᠡᠨ ᠵᠠᠬᠢᠳᠠᠯ ﹇2010﹈ 80 ᠳ᠋ᠤᠭᠠᠷ ᠲᠤᠭᠠᠲᠤ︶᠂ ︽ᠵᠠᠰᠠᠭ ᠤᠨ ᠣᠷᠳᠣᠨ ᠤ ᠲᠦᠰᠦᠪ ᠤᠨ ᠰᠢᠰᠲ᠋ᠧᠮᠵᠢ ᠶᠢ ᠳᠡᠭᠦᠯᠳᠡᠷᠵᠢᠭᠦᠯᠬᠦ ᠬᠤᠯᠪᠤᠭᠳᠠᠯ ᠪᠦᠬᠦᠢ ᠠᠰᠠᠭᠤᠳᠠᠯ ᠤᠳ ᠤᠨ ᠲᠤᠬᠠᠢ ᠡᠳ᠋ ᠵᠠᠰᠠᠭ ᠤᠨ ᠶᠠᠮᠤᠨ ᠤ ᠮᠡᠳᠡᠭᠳᠡᠯ︾ ︵ᠡᠳ᠋ ᠲᠦᠰᠦᠪ ﹇2014﹈ 368 ᠳ᠋ᠤᠭᠠᠷ ᠲᠣᠭᠠᠲᠤ︶᠎ ᠤᠨ ᠬᠤᠯᠪᠣᠭᠳᠠᠯ ᠪᠦᠬᠦᠢ ᠲᠣᠭᠲᠠᠭᠠᠯ ᠪᠣᠯᠣᠨ ᠵᠣᠷᠢᠭ ᠰᠠᠨᠠᠭ᠎ᠠ ᠶᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ 2015 ᠣᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠡᠩ ᠤᠨ ᠣᠯᠠᠨ ᠨᠡᠶᠢᠲᠡ ᠶᠢᠨ ᠦᠢᠯᠡᠰ ᠤᠨ ᠲᠦᠰᠦᠪ ᠲᠤ ᠰᠢᠯᠵᠢᠭᠦᠯᠦᠨ ᠵᠢᠭᠰᠠᠭᠠᠵᠤ᠂ ᠣᠷᠤᠯᠭ᠎ᠠ ᠶᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ 7᠄ 3᠎ ᠶᠢᠨ ᠬᠠᠷᠢᠴᠠᠯ ᠶᠣᠰᠤᠭᠠᠷ ᠬᠤᠪᠢᠶᠠᠬᠤ ᠶᠢ ᠬᠡᠷᠡᠭᠵᠢᠭᠦᠯᠦᠨ᠎ᠡ᠂ ᠳᠠᠷᠤᠢ 70 %᠎ ᠶᠢ ᠥᠪᠡᠷᠲᠡᠭᠡᠨ ᠵᠠᠰᠠᠬᠤ ᠣᠷᠣᠨ ᠤ ᠳᠡᠰ ᠤᠨ ᠤᠯᠤᠰ ᠤᠨ ᠬᠦᠮᠦᠷᠭᠡ ᠳᠤ ᠲᠤᠰᠢᠶᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠡᠳ᠋ ᠤᠨ ᠵᠠᠰᠠᠭ ᠤᠨ ᠲᠦᠰᠦᠪ ᠲᠤ ᠣᠷᠤᠭᠤᠯᠤᠨ᠎ᠠ︔ 30%᠎ ᠶᠢ ᠠᠶᠢᠮᠠᠭ ᠬᠤᠲᠠ ᠶᠢᠨ ᠳᠠᠰ ᠤᠨ ᠤᠯᠤᠰ ᠤᠨ ᠬᠥᠮᠥᠷᠭᠡ ᠳᠤ ᠲᠤᠰᠢᠶᠠᠵᠤ᠂ ᠠᠶᠢᠮᠠᠭ ᠬᠤᠲᠠ ᠶᠢᠨ ᠳᠡᠰ ᠤᠨ ᠡᠳ᠋ ᠤᠨ ᠵᠠᠰᠠᠭ ᠤᠨ ᠲᠥᠰᠥᠪ ᠲᠤ ᠣᠷᠤᠭᠤᠯᠤᠨ᠎ᠠ᠃ ᠵᠠᠷᠤᠯᠭ᠎ᠠ ᠶᠢ ᠵᠥᠪᠰᠢᠶᠡᠷᠡᠭᠰᠡᠨ ᠣᠨ ᠤ ᠲᠥᠰᠥᠪ ᠤᠨ ᠶᠣᠰᠤᠭᠠᠷ ᠬᠡᠷᠡᠭᠵᠢᠭᠦᠯᠵᠦ᠂ ︽ᠣᠷᠣᠯᠭ᠎ᠠ ᠵᠠᠷᠤᠯᠭ᠎ᠠ ᠶᠢ ᠨᠢ ᠠᠰ ᠠᠰ ᠲᠠᠭᠠᠨ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠭᠤᠷᠪᠠᠳᠤᠭᠠᠷ ᠵᠦᠢᠯ   ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠳᠤ ᠤᠷᠢᠳᠠᠪᠠᠷ ᠬᠤᠷᠢᠶᠠᠨ ᠠᠪᠴᠤ ᠳᠠᠷᠠᠭ᠎ᠠ ᠳᠤᠨᠢ ᠵᠠᠷᠤᠬᠤ ᠵᠠᠷᠴᠢᠮ ᠢ ᠪᠠᠷᠢᠮᠲᠠᠯᠠᠨ᠎ᠠ᠃      ᠬᠤᠶᠠᠳᠤᠭᠠᠷ ᠪᠥᠯᠥᠭ   ᠲᠠᠲᠠᠪᠤᠷᠢᠯᠠᠨ ᠬᠠᠮᠢᠶᠠᠷᠬᠤ      ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠦᠷᠲᠡᠭ ᠨᠡᠮᠡᠭᠳᠡᠯ ᠤᠨ ᠭᠠᠶᠢᠯᠢ᠂ ᠡᠵᠡᠩᠨᠡᠯᠲᠡ ᠶᠢᠨ ᠭᠠᠶᠢᠯᠢ᠂ ᠬᠡᠷᠡᠭᠯᠡᠭᠡ ᠶᠢᠨ ᠭᠠᠶᠢᠯᠢ ︵ᠳᠣᠷᠤᠭᠰᠢ ︽ᠭᠤᠷᠪᠠᠨ ᠭᠠᠶᠢᠯᠢ︾ ᠬᠡᠵᠥ ᠲᠣᠪᠴᠢᠯᠠᠨ᠎ᠠ︶ ᠲᠤᠰᠢᠶᠠᠬᠤ ᠨᠢᠭᠡᠴᠡ ᠪᠣᠯᠣᠨ ᠬᠤᠪᠢ ᠬᠦᠮᠦᠨ ︵ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠭᠰᠠᠨ ᠠᠵᠤ ᠠᠬᠤᠶᠢᠯᠠᠯ᠂ ᠭᠠᠳᠠᠭᠠᠳᠤ ᠤᠯᠤᠰ ᠤᠨ ᠠᠵᠤ ᠠᠬᠤᠶᠢᠯᠠᠯ ᠵᠢᠴᠢ ᠭᠠᠳᠠᠭᠠᠳᠤ ᠶᠢᠨ ᠬᠠᠷᠢᠶ᠎ᠠ ᠲᠠᠢ ᠬᠤᠪᠢ ᠬᠦᠮᠦᠨ ᠢ ᠪᠠᠭᠲᠠᠭᠠᠨ᠎ᠠ︶ ᠪᠦᠬᠦᠨ᠂ ᠲᠤᠰ ᠠᠷᠭ᠎ᠠ ᠶᠢᠨ ᠶᠣᠰᠤᠭᠠᠷ ᠣᠷᠣᠨ ᠨᠤᠲᠤᠭ ᠰᠤᠷᠭᠠᠨ ᠬᠦᠮᠦᠵᠢᠯ ᠤᠨ ᠨᠡᠮᠡᠯᠲᠡ ᠲᠤᠰᠢᠶᠠᠬᠤ ᠬᠡᠷᠡᠭᠲᠡᠢ᠃      ᠲᠠᠪᠤᠳᠤᠭᠠᠷ ᠵᠦᠢᠯ   ᠣᠷᠣᠨ ᠨᠣᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢᠨ ᠲᠠᠲᠠᠪᠤᠷᠢᠯᠠᠬᠤ ᠪᠠᠷᠢᠮᠵᠢᠶ᠎ᠠ ᠨᠢ ᠨᠢᠭᠡᠴᠡ ᠪᠣᠯᠣᠨ ᠬᠤᠪᠢ ᠬᠦᠮᠦᠨ ᠤ ᠪᠣᠳᠠᠲᠠᠢ ᠲᠤᠰᠢᠶᠠᠭᠰᠠᠨ ︽ᠭᠤᠷᠪᠠᠨ ᠭᠠᠶᠢᠯᠢ︾᠎ ᠶᠢᠨ ᠭᠠᠶᠢᠯᠢ ᠶᠢᠨ ᠲᠣᠭᠠᠨ ᠤ 2% ᠪᠣᠯᠤᠨ᠎ᠠ᠃      ᠵᠢᠷᠭᠤᠳᠤᠭᠠᠷ ᠵᠦᠢᠯ   ᠡᠯ᠎ᠡ ᠱᠠᠳᠤᠨ ᠤ ᠣᠷᠣᠨ ᠨᠤᠲᠤᠭ ᠤᠨ ᠭᠠᠶᠢᠯᠢ ᠶᠢᠨ ᠰᠠᠯᠠᠭ᠎ᠠ ᠮᠦᠴᠢᠷ ᠤᠳ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠲᠠᠲᠠᠪᠤᠷᠢᠯᠠᠬᠤ ᠥᠶ᠎ᠡ ᠳᠤ᠂ ᠳᠣᠣᠷᠠᠬᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠄      ︵ᠨᠢᠭᠡ︶ ᠪᠣᠭᠤᠮᠲᠠ ᠨᠤᠭᠤᠳ ᠭᠠᠳᠠᠭᠠᠳᠤ ᠠᠴᠠ ᠣᠷᠤᠭᠤᠯᠬᠤ ᠦᠢᠯᠡᠳᠬᠦᠨ ᠤ ᠲᠠᠲᠠᠪᠤᠷᠢᠯᠠᠨ ᠠᠪᠬᠤ ᠥᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡ ᠶᠢᠨ ᠭᠠᠶᠢᠯᠢ ᠠᠴᠠ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠠᠮᠡᠯᠲᠡ ᠲᠠᠲᠠᠪᠤᠷᠢᠯᠠᠬᠤ ᠦᠭᠡᠢ︔      ︵ᠬᠤᠶᠠᠷ︶ ᠭᠠᠳᠠᠭᠠᠳᠤ ᠳᠤ ᠭᠠᠷᠭᠠᠬᠤ ᠦᠢᠯᠡᠳᠬᠦᠨ ᠤ ᠭᠠᠶᠢᠯᠢ ᠶᠢ ᠪᠣᠴᠠᠭᠠᠬᠤ ᠳᠤ ᠨᠢᠭᠡᠨᠲᠡ ᠲᠠᠲᠠᠪᠤᠷᠢᠯᠠᠭᠰᠠᠨ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠨᠢ ᠪᠣᠴᠠᠭᠠᠬᠤ ᠦᠭᠡᠢ︔      ︵ᠭᠤᠷᠪᠠ︶ ᠵᠦᠪᠰᠢᠶᠡᠷᠡᠯ ᠢᠶᠠᠷ ︽ᠭᠤᠷᠪᠠᠨ ᠭᠠᠶᠢᠯᠢ︾᠎ ᠶᠢ ᠬᠠᠰᠤᠵᠤ ᠲᠠᠲᠠᠪᠤᠷᠢᠯᠠᠬᠤ ᠪᠣᠶᠤ ᠬᠡᠯᠲᠦᠷᠢᠭᠦᠯᠬᠦ ᠨᠢᠭᠡᠴᠡ ᠪᠠ ᠬᠤᠪᠢ ᠬᠦᠮᠦᠨ ᠠᠴᠠ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠨᠢ ᠬᠠᠷᠢᠴᠠᠩᠭᠤᠢ ᠪᠠᠷ ᠬᠦᠩᠭᠡᠯᠡᠨ ᠲᠠᠲᠠᠪᠤᠷᠢᠯᠠᠬᠤ ᠪᠤᠶᠤ ᠬᠡᠯᠲᠦᠷᠢᠭᠦᠯᠦᠨ᠎ᠡ︔      ︵ᠲᠥᠷᠪᠡ︶ ︽ᠭᠤᠷᠪᠠᠨ ᠭᠠᠶᠢᠯᠢ︾᠎ ᠳᠤ ᠤᠷᠢᠳᠠᠪᠠᠷ ᠲᠠᠲᠠᠪᠤᠷᠢᠯᠠᠵᠤ ᠳᠠᠷᠠᠭ᠎ᠠ ᠳᠤᠨᠢ ᠡᠭᠡᠭᠦᠯᠦᠨ ᠥᠭᠬᠦ᠂ ᠤᠷᠢᠳᠠᠪᠠᠷ ᠲᠠᠲᠠᠪᠤᠷᠢᠯᠠᠵᠤ ᠳᠠᠷᠠᠭ᠎ᠠ ᠨᠢ ᠪᠣᠴᠠᠭᠠᠬᠤ᠂ ᠪᠠᠷᠢᠨ ᠲᠠᠲᠠᠪᠤᠷᠢᠯᠠᠵᠤ ᠪᠠᠷᠢᠨ ᠪᠣᠴᠠᠭᠠᠬᠤ ᠠᠷᠭ᠎ᠠ ᠶᠢ ᠬᠡᠷᠡᠭᠵᠢᠭᠦᠯᠦᠭᠰᠡᠨ ᠪᠣᠯ ᠠᠰᠲᠠᠭᠠᠨ ᠲᠣᠭᠲᠠᠭᠠᠯ ᠲᠠᠢ ᠠᠴᠠ ᠭᠠᠳᠠᠨ᠎ᠠ᠂ ︽ᠭᠤᠷᠪᠠᠨ ᠭᠠᠶᠢᠯᠢ︾᠎ ᠳᠤ ᠳᠠᠭᠠᠯᠳᠤᠭᠤᠯᠤᠨ ᠲᠠᠲᠠᠪᠤᠷᠢᠯᠠᠭᠰᠠᠨ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠪᠤᠴᠠᠭᠠᠬᠤ ︵ᠡᠬᠡᠭᠦᠯᠦᠨ ᠥᠭᠬᠦ︶ ᠦᠭᠡᠢ︔      ︵ᠲᠠᠪᠤ︶ ᠥᠢᠯᠡᠳᠪᠦᠷᠢᠯᠡᠯ ᠤᠨ ᠠᠵᠤ ᠠᠬᠤᠶᠢᠯᠠᠯ ᠤᠳ ᠦᠪᠡᠷ ᠤᠨ ᠦᠢᠯᠡᠳᠪᠦᠷᠢᠯᠡᠭᠰᠡᠨ ᠪᠠᠷᠠᠭ᠎ᠠ ᠪᠠᠨ ᠭᠠᠳᠠᠭᠠᠳᠤ ᠳᠤ ᠭᠠᠷᠭᠠᠬᠤ ᠳᠤ ᠲᠤᠯᠭᠠᠨ ᠬᠡᠯᠲᠦᠷᠢᠭᠦᠯᠦᠭᠰᠡᠨ ᠦᠷᠲᠡᠭ ᠨᠡᠮᠡᠭᠳᠡᠯ ᠤᠨ ᠭᠠᠶᠢᠯᠢ ᠠᠴᠠ ᠲᠣᠭᠲᠠᠭᠠᠯ ᠶᠣᠰᠤᠭᠠᠷ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠲᠠᠲᠠᠪᠤᠷᠢᠯᠠᠨ ᠠᠪᠬᠤ ᠬᠡᠷᠡᠭᠲᠡᠢ᠃      ᠳᠣᠯᠤᠳᠤᠭᠠᠷ ᠵᠦᠢᠯ   ᠲᠤᠰ ᠠᠷᠭ᠎ᠠ ᠶᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠬᠠᠰᠤᠵᠤ ᠬᠡᠯᠲᠦᠷᠢᠭᠦᠯᠬᠦ ᠵᠦᠢᠯᠡᠰ ᠠᠴᠠ ᠭᠠᠳᠠᠨ᠎ᠠ᠂ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠨᠢ ᠲᠣᠭᠲᠠᠭᠠᠭᠰᠠᠨ ᠬᠦᠷᠢᠶ᠎ᠡ ᠬᠡᠪᠴᠢᠶ᠎ᠡ ᠪᠠ ᠪᠠᠷᠢᠮᠵᠢᠶ᠎ᠠ ᠶᠣᠰᠤᠭᠠᠷ ᠲᠠᠲᠠᠪᠤᠷᠢᠯᠠᠨ ᠠᠪᠬᠤ ᠬᠡᠷᠡᠭᠲᠡᠢ᠂ ᠶᠠᠮᠠᠷᠪᠠ ᠨᠢᠭᠡᠴᠡ ᠪᠠ ᠬᠤᠪᠢ ᠬᠦᠮᠦᠨ ᠭᠡᠳ ᠳᠤᠷ᠎ᠠ ᠪᠠᠷ ᠢᠶᠠᠨ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠲᠠᠲᠠᠪᠤᠷᠢᠯᠠᠬᠤ ᠶᠢ ᠬᠠᠰᠤᠵᠤ ᠬᠡᠯᠳᠦᠷᠢᠭᠦᠯᠵᠦ ᠪᠣᠯᠬᠤ ᠦᠭᠡᠢ᠃      ᠨᠠᠢᠮᠠᠳᠤᠭᠠᠷ ᠵᠦᠢᠯ   ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠰᠤᠷᠭᠠᠨ ᠬᠦᠮᠦᠵᠢᠯ ᠤᠨ ᠵᠠᠷᠤᠳᠠᠯ ᠤᠨ ᠨᠡᠮᠡᠯᠲᠡ ᠶᠢ ᠲᠠᠲᠠᠪᠤᠷᠢᠯᠠᠨ ᠠᠪᠬᠤ ᠳᠤ ᠵᠡᠷᠭᠡ ᠳᠤᠨᠢ ᠲᠠᠲᠠᠪᠤᠷᠢᠯᠠᠨ ᠠᠪᠴᠤ᠂ ᠲᠠᠲᠠᠪᠤᠷᠢᠯᠠᠨ ᠠᠪᠬᠤ ᠳᠤ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠢᠭᠡᠳᠦᠯᠲᠡᠢ ᠲᠠᠷᠤᠮᠠᠯᠯᠠᠭᠰᠠᠨ ︽ᠪᠦᠭᠦᠲᠡ ᠨᠠᠶᠢᠷᠠᠮᠳᠠᠬᠤ ᠲᠤᠮᠳᠠᠲᠤ ᠠᠷᠠᠳ ᠤᠯᠤᠰ ᠤᠨ ᠨᠡᠶᠢᠳᠡᠮ ᠬᠡᠷᠡᠭᠯᠡᠭᠡᠨ ᠤ ᠵᠣᠭᠤᠰ ᠲᠤᠰᠢᠶᠠᠬᠤ ᠪᠢᠴᠢᠭ︾᠎ ᠢ ᠬᠡᠷᠡᠭᠯᠡᠨ᠎ᠡ᠃      ᠶᠢᠰᠦᠳᠦᠭᠡᠷ ᠵᠦᠢᠯ   ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢᠨ ᠲᠠᠲᠠᠪᠤᠷᠢᠯᠠᠵᠤ ᠬᠠᠮᠢᠶᠠᠷᠬᠤ ᠶᠢ ᠰᠤᠷᠭᠠᠨ ᠬᠦᠮᠦᠵᠢᠯ ᠤᠨ ᠨᠡᠮᠡᠯᠲᠡ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠬᠡᠷᠡᠭᠵᠢᠭᠦᠯᠦᠨ᠎ᠡ᠃      ᠠᠷᠪᠠᠳᠤᠭᠠᠷ ᠵᠦᠢᠯ   ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢᠨ ᠣᠷᠣᠯᠭ᠎ᠠ ᠶᠢ ᠬᠠᠷᠢᠴᠠᠯ ᠶᠣᠰᠤᠭᠠᠷ ᠲᠤᠰ ᠭᠠᠵᠠᠷ ᠲᠤᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠠ ᠠᠶᠢᠮᠠᠭ ᠬᠤᠲᠠ ᠶᠢᠨ ᠳᠡᠰ ᠤᠨ ᠤᠯᠤᠰ ᠤᠨ ᠬᠦᠮᠦᠷᠭᠡ ᠳᠤ ᠲᠤᠰᠢᠶᠠᠵᠤ᠂ ᠲᠤᠰ ᠲᠤᠰ ᠥᠪᠡᠷᠲᠡᠭᠡᠨ ᠵᠠᠰᠠᠬᠤ ᠣᠷᠣᠨ ᠤ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠦᠰᠦᠪ ᠤᠨ ᠬᠠᠮᠢᠶᠠᠷᠤᠯᠲᠠ ᠳᠤ ᠣᠷᠤᠭᠤᠯᠬᠤ ᠬᠡᠷᠡᠭᠲᠡᠢ᠃      ᠠᠷᠪᠠᠨ ᠨᠢᠭᠡᠳᠦᠭᠡᠷ ᠵᠦᠢᠯ   ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠬᠦᠮᠦᠷᠭᠡ ᠳᠤ ᠲᠤᠰᠢᠶᠠᠬᠤ ᠳᠤ ᠵᠠᠰᠠᠭ ᠤᠨ ᠣᠷᠳᠣᠨ ᠤ ᠲᠥᠰᠦᠪ ᠤᠨ ᠣᠷᠤᠯᠭ᠎ᠠ ᠵᠠᠷᠤᠯᠭ᠎ᠠ ᠶᠢᠨ ᠠᠩᠭᠢᠯᠠᠬᠤ ᠵᠦᠢᠯ ᠤᠨ 1030216 ᠵᠣᠷᠪᠣᠰ ᠤᠨ ︽ᠣᠷᠣᠨ ᠨᠣᠳᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢᠨ ᠣᠷᠣᠯᠭ᠎ᠠ︾᠎ ᠶᠢᠨ ᠠᠩᠭᠢᠯᠠᠬᠤ ᠵᠦᠢᠯ ᠳᠤ ᠲᠠᠭᠯᠠᠨ ᠵᠢᠭᠰᠠᠭᠠᠬᠤ ᠬᠡᠷᠡᠭᠲᠡᠢ᠃      ᠭᠤᠷᠪᠠᠳᠤᠭᠠᠷ ᠪᠥᠯᠦᠭ   ᠲᠥᠰᠦᠪ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ      ᠠᠷᠪᠠᠨ ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠣᠨ ᠤ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢᠨ ᠣᠷᠤᠯᠭ᠎ᠠ ᠶᠢᠨ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯᠯᠠᠭᠠᠨ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠳᠠᠷᠠᠭᠠᠬᠢ ᠣᠨ ᠤ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢᠨ ᠲᠠᠲᠠᠪᠤᠷᠢᠯᠠᠬᠤ ᠣᠷᠤᠯᠭ᠎ᠠ ᠶᠢ ᠵᠦᠢ ᠵᠣᠬᠢᠰᠲᠠᠢ ᠪᠠᠷ ᠲᠦᠰᠦᠭᠡᠯᠡᠵᠦ᠂ ᠲᠤᠰᠬᠠᠢ ᠪᠡᠯᠡ ᠮᠦᠩᠭᠦ ᠶᠢᠨ ᠲᠦᠷᠦᠯ ᠵᠦᠢᠯ ᠤᠨ ᠵᠠᠷᠤᠯᠭ᠎ᠠ ᠶᠢᠨ ᠲᠦᠰᠦᠪ ᠢ ᠨᠠᠶᠢᠷᠠᠭᠤᠯᠤᠨ ᠵᠣᠭᠢᠶᠠᠬᠤ ᠱᠠᠭᠠᠷᠳᠠᠯᠭ᠎ᠠ ᠶᠣᠰᠤᠭᠠᠷ ᠪᠡᠯᠡ ᠮᠦᠩᠭᠦ ᠶᠢᠨ ᠲᠣᠬᠢᠷᠠᠭᠤᠯᠤᠯᠲᠠ ᠶᠢᠨ ᠪᠣᠳᠠᠲᠠᠢ ᠲᠦᠰᠦᠯ ᠢ ᠳᠤᠷᠠᠳᠤᠨ ᠭᠠᠷᠭᠠᠵᠤ᠂ ᠳᠠᠷᠠᠭᠠᠬᠢ ᠣᠨ ᠤ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢᠨ ᠣᠷᠤᠯᠭ᠎ᠠ ᠵᠠᠷᠤᠯᠭ᠎ᠠ ᠶᠢᠨ ᠲᠦᠰᠦᠪ ᠤᠨ ᠡᠬᠡ ᠲᠥᠰᠥᠯ ᠪᠠ ᠢᠷᠡᠭᠡᠳᠦᠢ ᠶᠢᠨ ᠭᠤᠷᠪᠠᠨ ᠵᠢᠯ ᠤᠨ ᠣᠷᠤᠯᠭ᠎ᠠ ᠵᠠᠷᠤᠯᠭ᠎ᠠ ᠶᠢᠨ ᠲᠦᠯᠦᠪᠵᠢᠭᠦᠯᠭᠡ ᠶᠢᠨ ᠡᠬᠡ ᠲᠥᠰᠥᠯ ᠢ ᠨᠠᠶᠢᠷᠠᠭᠤᠯᠤᠨ ᠵᠣᠬᠢᠶᠠᠵᠤ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠲᠠᠢ ᠵᠥᠪᠳᠡᠯᠴᠡᠭᠰᠡᠨ ᠤ ᠳᠠᠷᠠᠭ᠎ᠠ ᠲᠤᠰ ᠱᠠᠳᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃      ᠠᠷᠪᠠᠨ ᠭᠤᠷᠪᠠᠳᠤᠭᠠᠷ ᠵᠦᠢᠯ   ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢᠨ ᠵᠠᠷᠤᠯᠭ᠎ᠠ ᠶᠢᠨ ᠲᠦᠰᠦᠪ ᠢ ᠨᠠᠶᠢᠷᠠᠭᠤᠯᠤᠨ ᠵᠣᠬᠢᠶᠠᠬᠤ ᠳᠤ᠂ ᠵᠠᠷᠤᠯᠭ᠎ᠠ ᠶᠢᠨ ᠬᠠᠨᠳᠤᠰᠢ ᠶᠢ ᠪᠣᠳᠠᠲᠠᠢ ᠲᠣᠬᠢᠷᠠᠭᠤᠯᠤᠭᠰᠠᠨ ᠵᠠᠰᠠᠭ ᠤᠨ ᠣᠷᠳᠣᠨ ᠤ ᠲᠦᠰᠦᠪ ᠤᠨ ᠣᠷᠣᠯᠭ᠎ᠠ ᠵᠠᠷᠤᠯᠭ᠎ᠠ ᠶᠢᠨ ᠠᠩᠭᠢᠯᠠᠬᠤ ᠵᠦᠢᠯ ᠢ ᠲᠠᠭᠯᠠᠨ ᠵᠢᠭᠰᠠᠭᠠᠬᠤ ᠬᠡᠷᠡᠭᠲᠡᠢ᠃      ᠲᠥᠷᠪᠡᠳᠦᠭᠡᠷ ᠪᠥᠯᠦᠭ   ᠬᠡᠷᠡᠭᠯᠡᠬᠦ ᠪᠠ ᠬᠠᠮᠢᠶᠠᠷᠬᠤ      ᠠᠷᠪᠠᠨ ᠳᠦᠷᠪᠡᠳᠦᠭᠡᠷ ᠵᠦᠢᠯ   ᠣᠷᠣᠨ ᠨᠣᠳᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠲᠦᠰᠦᠪ ᠲᠤ ᠣᠷᠣᠭᠤᠯᠬᠤ᠂ ᠨᠠᠷᠢᠨ ᠲᠦᠷᠦᠯ ᠬᠤᠪᠢᠶᠠᠨ ᠲᠣᠭᠠᠴᠠᠭᠠᠯᠠᠬᠤ᠂ ᠤᠷᠢᠳᠠᠪᠠᠷ ᠬᠤᠷᠢᠶᠠᠨ ᠠᠪᠴᠤ ᠳᠠᠷᠠᠭ᠎ᠠ ᠨᠢ ᠵᠠᠷᠤᠬᠤ᠂ ᠨᠢᠭᠡᠳᠦᠯᠲᠡᠢ ᠲᠦᠯᠦᠪᠯᠡᠨ ᠲᠣᠬᠢᠷᠠᠭᠤᠯᠬᠤ ᠵᠠᠷᠴᠢᠮ ᠤᠨ ᠶᠣᠰᠤᠭᠠᠷ ᠬᠠᠮᠢᠶᠠᠷᠬᠤ ᠪᠠ ᠬᠡᠷᠡᠭᠯᠡᠬᠦ ᠬᠡᠷᠡᠭᠲᠡᠢ᠃      ᠠᠷᠪᠠᠨ ᠲᠠᠪᠤᠳᠤᠭᠠᠷ ᠵᠦᠢᠯ   ᠣᠷᠣᠨ ᠨᠣᠳᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠭᠤᠣᠯᠳᠠᠭᠤ ᠡᠰᠡᠭᠦᠯ᠎ᠡ ᠲᠤᠰᠬᠠᠶᠢᠯᠠᠨ ᠰᠤᠷᠭᠠᠨ ᠬᠦᠮᠦᠵᠢᠯ ᠤᠨ ᠠᠵᠢᠯ ᠦᠢᠯᠡᠰ ᠤᠨ ᠬᠦᠭᠵᠢᠯᠲᠡ ᠳᠤ ᠬᠡᠷᠡᠭᠯᠡᠨ᠎ᠡ᠂ ᠡᠭᠦᠨ ᠳᠤ ᠠᠯᠪᠠᠨ ᠵᠢᠷᠤᠮ ᠤᠨ ᠰᠤᠷᠭᠠᠨ ᠬᠦᠮᠦᠵᠢᠯ᠂ ᠥᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠪᠠ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠳᠡᠭᠡᠲᠦ ᠵᠡᠷᠭᠡ ᠶᠢᠨ ᠰᠤᠷᠭᠠᠨ ᠬᠦᠮᠦᠵᠢᠯ ᠤᠨ ᠬᠦᠭᠵᠢᠯᠲᠡ ᠵᠢᠴᠢ ᠠᠵᠤ ᠠᠬᠤᠶᠢᠯᠠᠯ ᠠᠴᠠ ᠰᠠᠯᠭᠠᠵᠤ ᠠᠯᠪᠠᠨ ᠵᠢᠷᠤᠮ ᠤᠨ ᠰᠤᠷᠭᠠᠨ ᠬᠦᠮᠦᠵᠢᠯ ᠢ ᠡᠷᠬᠢᠯᠡᠬᠦ ᠳᠤ ᠨᠥᠬᠦᠪᠦᠷᠢᠯᠡᠬᠦ ᠵᠡᠷᠭᠡ ᠵᠠᠷᠤᠯᠭ᠎ᠠ ᠳᠤ ᠬᠡᠷᠡᠭᠯᠡᠬᠦ ᠬᠡᠷᠡᠭᠲᠡᠢ᠂ ᠪᠠᠭᠰᠢ ᠠᠵᠢᠯᠲᠠᠨ ᠠᠵᠢᠯᠴᠢᠨ ᠤ ᠴᠠᠯᠢᠩ ᠠᠰᠠᠷᠠᠮᠵᠢ ᠪᠣᠯᠣᠨ ᠱᠠᠩᠨᠠᠯ ᠣᠯᠭᠤᠬᠤ ᠳᠤ ᠬᠡᠷᠡᠭᠯᠡᠵᠦ ᠪᠣᠯᠬᠤ ᠦᠭᠡᠢ᠃      ᠠᠷᠪᠠᠨ ᠵᠢᠷᠭᠤᠳᠤᠭᠠᠷ ᠵᠦᠢᠯ   ᠣᠷᠣᠨ ᠨᠣᠲᠤᠭ ᠤᠨ ᠰᠤᠷᠭᠠᠨ ᠬᠦᠮᠦᠵᠢᠯ ᠤᠨ ᠨᠡᠮᠡᠯᠲᠡ ᠠᠴᠠ ᠭᠠᠷᠳᠠᠮ ᠤᠨ ᠵᠠᠷᠤᠳᠠᠯ ᠢ ᠭᠠᠷᠭᠠᠨ ᠠᠪᠬᠤ ᠡᠰᠡᠭᠦᠯ᠎ᠡ ᠲᠠᠲᠠᠪᠤᠷᠢᠯᠠᠨ ᠠᠪᠬᠤ ᠳᠤ ᠵᠠᠷᠤᠬᠤ ᠪᠣᠶᠤ ᠣᠷᠤᠯᠠᠨ ᠲᠠᠲᠠᠪᠤᠷᠢᠯᠠᠵᠤ ᠪᠣᠯᠬᠤ ᠦᠭᠡᠢ᠃      ᠠᠷᠪᠠᠨ ᠳᠣᠯᠤᠳᠤᠭᠠᠷ ᠵᠦᠢᠯ   ᠣᠨ ᠳᠠᠭᠤᠰᠤᠭᠰᠠᠨ ᠤ ᠳᠠᠷᠠᠭ᠎ᠠ᠂ ᠡᠯ᠎ᠡ ᠱᠠᠲᠤᠨ ᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠣᠷᠣᠨ ᠨᠣᠲᠤᠭ ᠤᠨ ᠰᠤᠷᠭᠠᠨ ᠬᠦᠮᠦᠵᠢᠯ ᠤᠨ ᠨᠡᠮᠡᠯᠲᠡ ᠪᠠᠨ ᠰᠠᠯᠠᠭ᠎ᠠ ᠮᠦᠴᠢᠷ ᠤᠨ ᠢᠶᠠᠨ ᠲᠦᠰᠦᠪ ᠤᠨ ᠭᠦᠢᠴᠡᠳᠭᠡᠯ ᠳᠡᠭᠡᠨ ᠣᠷᠤᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠮᠡᠳᠡᠭᠦᠯᠵᠦ ᠬᠢᠨᠠᠨ ᠵᠦᠪᠰᠢᠶᠡᠷᠡᠭᠦᠯᠬᠦ ᠬᠡᠷᠡᠭᠲᠡᠢ᠃      ᠲᠠᠪᠤᠳᠤᠭᠠᠷ ᠪᠥᠯᠥᠭ   ᠬᠢᠨᠠᠯᠲᠠ ᠲᠠᠯᠪᠢᠵᠦ ᠪᠠᠶᠢᠴᠠᠭᠠᠬᠤ      ᠠᠷᠪᠠᠨ ᠨᠠᠢᠮᠠᠳᠤᠭᠠᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠲᠠᠲᠠᠪᠤᠷᠢᠯᠠᠨ ᠠᠪᠬᠤ ᠪᠠ ᠬᠡᠷᠡᠭᠯᠡᠵᠦ ᠬᠠᠮᠢᠶᠠᠷᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠱᠠᠲᠤᠨ ᠤ ᠡᠳ᠋ ᠤᠨ ᠵᠠᠰᠠᠭ᠂ ᠰᠤᠷᠭᠠᠨ ᠬᠦᠮᠦᠵᠢᠯ ᠪᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠨᠢᠭᠲᠠ ᠬᠠᠮᠵᠢᠯᠴᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠣᠷᠣᠨ ᠨᠣᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢᠨ ᠲᠠᠲᠠᠪᠤᠷᠢᠯᠠᠬᠤ ᠪᠠ ᠬᠡᠷᠡᠭᠯᠡᠵᠦ ᠬᠠᠮᠢᠶᠠᠷᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃      ᠠᠷᠪᠠ ᠶᠢᠰᠤᠳᠤᠭᠡᠷ ᠵᠦᠢᠯ   ᠡᠯ᠎ᠡ ᠱᠠᠲᠤᠨ ᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠲᠣᠭᠲᠠᠭᠠᠯ ᠶᠣᠰᠤᠭᠠᠷ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠬᠡᠷᠡᠭᠯᠡᠵᠦ᠂ ᠪᠡᠯᠡ ᠮᠦᠩᠭᠦ ᠶᠢᠨ ᠬᠡᠷᠡᠭᠯᠡᠭᠡᠨ ᠤ ᠦᠷ᠎ᠡ ᠠᠰᠢᠭ ᠢ ᠳᠡᠭᠡᠭᠰᠢᠯᠡᠭᠦᠯᠵᠦ᠂ ᠲᠤᠭᠲᠠᠭᠰᠠᠨ ᠬᠤᠭᠤᠴᠠᠭ᠎ᠠ ᠲᠠᠢ ᠪᠠᠷ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠠ ᠳᠡᠭᠡᠲᠦ ᠱᠠᠲᠤᠨ ᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠲᠤ ᠪᠡᠯᠡ ᠮᠦᠩᠭᠦ ᠶᠢᠨ ᠬᠡᠷᠡᠭᠯᠡᠭᠰᠡᠨ ᠪᠠᠶᠢᠳᠠᠯ ᠢᠶᠠᠨ ᠮᠡᠳᠡᠭᠦᠯᠬᠦ ᠭᠡᠷᠡᠭᠲᠡᠢ᠃      ᠬᠤᠷᠢᠳᠤᠭᠠᠷ ᠵᠦᠢᠯ   ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢᠨ ᠵᠠᠷᠤᠯᠭ᠎ᠠ ᠶᠢ ᠡᠷᠬᠡᠪᠰᠢ ᠲᠥᠯᠥᠪᠯᠡᠭᠡ ᠪᠠ ᠲᠣᠭᠲᠠᠭᠰᠠᠨ ᠬᠡᠷᠡᠭᠴᠡᠭᠡ ᠶᠣᠰᠤᠭᠠᠷ ᠬᠡᠷᠡᠭᠯᠡᠬᠦ ᠬᠡᠷᠡᠭᠲᠡᠢ᠂ ᠶᠠᠮᠠᠷᠪᠠ ᠰᠠᠯᠠᠭ᠎ᠠ ᠮᠦᠴᠢᠷ ᠪᠣᠯᠣᠨ ᠨᠢᠭᠡᠴᠡ ᠭᠡᠳ ᠳᠤᠷ᠎ᠠ ᠪᠠᠷ ᠢᠶᠠᠨ ᠰᠢᠬᠠᠨ ᠡᠵᠡᠯᠡᠵᠦ᠂ ᠲᠠᠰᠤᠳᠠᠨ ᠥᠯᠡᠳᠡᠭᠡᠬᠦ ᠪᠠ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃      ᠬᠤᠷᠢᠨ ᠨᠢᠭᠡᠳᠦᠭᠡᠷ ᠵᠦᠢᠯ   ᠲᠥᠷᠥ ᠶᠢᠨ ᠶᠠᠪᠤᠳᠠᠯ ᠤᠨ ᠬᠤᠷᠢᠶ᠎ᠠ ᠪᠣᠶᠤ ᠡᠳ᠋ ᠤᠨ ᠵᠠᠰᠠᠭ ᠤᠨ ᠶᠠᠮᠤᠨ ᠢᠶᠠᠷ ᠵᠦᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠬᠠᠰᠤᠵᠤ ᠲᠠᠲᠠᠪᠤᠷᠢᠯᠠᠬᠤ᠂ ᠬᠤᠶᠢᠰᠢᠯᠠᠭᠤᠯᠤᠨ ᠲᠠᠲᠠᠪᠤᠷᠢᠯᠠᠬᠤ᠂ ᠲᠠᠲᠠᠪᠤᠷᠢᠯᠠᠬᠤ ᠶᠢ ᠵᠣᠭᠰᠣᠭᠠᠬᠤ ᠪᠣᠶᠣ ᠡᠵᠡᠯᠡᠨ ᠠᠪᠬᠤ᠂ ᠲᠠᠰᠤᠳᠠᠨ ᠥᠯᠡᠳᠡᠭᠡᠬᠦ᠂ ᠰᠢᠯᠵᠢᠭᠦᠯᠦᠨ ᠬᠡᠷᠡᠭᠯᠡᠭᠰᠡᠨ ᠪᠠᠶᠢᠪᠠᠯ᠂ ︽ᠡᠳ᠋ ᠤᠨ ᠵᠠᠰᠠᠭ ᠤᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠰᠢᠳᠭᠡᠯ ᠲᠣᠷᠭᠠᠭᠤᠯᠢ ᠶᠢᠨ ᠲᠥᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 427 ᠳ᠋ᠤᠭᠠᠷ ᠲᠣᠭᠠᠲᠤ︶ ᠪᠣᠯᠣᠨ ︽ᠵᠠᠰᠠᠭ ᠵᠠᠬᠢᠷᠭᠠᠨ ᠠᠵᠢᠯ ᠥᠢᠯᠡᠰ ᠤᠨ ᠴᠢᠨᠠᠷᠲᠠᠢ ᠰᠥᠢᠳᠭᠡᠯ ᠬᠤᠷᠢᠶᠠᠬᠤ ᠪᠠ ᠲᠣᠷᠭᠠᠵᠤ ᠬᠤᠷᠢᠶᠠᠭᠰᠠᠨ ᠣᠷᠤᠯᠭ᠎ᠠ ᠵᠠᠷᠤᠯᠭ᠎ᠠ ᠶᠢ ᠠᠰ ᠠᠰᠲᠠᠭᠠᠨ ᠬᠠᠮᠢᠶᠠᠷᠬᠤ ᠲᠣᠭᠲᠠᠭᠠᠯ ᠠᠴᠠ ᠵᠥᠷᠢᠴᠡᠭᠰᠡᠨ ᠵᠠᠰᠠᠭ ᠵᠠᠬᠢᠷᠭᠠᠨ ᠤ ᠰᠢᠳᠭᠡᠯ ᠤᠨ ᠲᠦᠷ ᠬᠡᠷᠡᠭᠵᠢᠭᠦᠯᠬᠦ ᠲᠣᠭᠲᠠᠭᠠᠯ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 281 ᠳ᠋ᠤᠭᠠᠷ ᠲᠣᠭᠠᠲᠤ︶ ᠶᠣᠰᠤᠭᠠᠷ ᠬᠠᠷᠢᠭᠤᠴᠠᠯᠭᠠᠳᠠᠨ ᠠᠴᠠ ᠨᠢ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠃      ᠵᠢᠷᠭᠤᠳᠤᠭᠠᠷ ᠪᠥᠯᠥᠭ   ᠳᠠᠭᠠᠯᠳᠤᠭᠤᠯᠤᠯ ᠳᠥᠷᠢᠮ      ᠬᠤᠷᠢᠨ ᠬᠤᠶᠠᠳᠤᠭᠠᠷ ᠵᠦᠢᠯ   ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠤᠤᠯ ᠤᠨ ︽︿ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ ᠶᠢ ᠲᠠᠲᠠᠪᠤᠷᠢᠯᠠᠨ ᠬᠡᠷᠡᠭᠯᠡᠬᠦ ᠶᠢᠨ ᠬᠠᠮᠢᠶᠠᠷᠤᠯᠲᠠ ᠶᠢᠨ ᠠᠷᠭ᠎ᠠ﹀᠎ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠥᠰᠥᠭ ﹇2005﹈ 255 ᠳ᠋ᠤᠭᠠᠷ ᠲᠣᠭᠠᠲᠤ︶᠎ ᠢ ᠵᠡᠷᠭᠡ ᠳᠤᠨᠢ ᠬᠦᠴᠦᠨ ᠦᠭᠡᠢ ᠪᠣᠯᠭᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map