ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠰᠣᠨᠢᠨ ᠮᠡᠳᠡᠭᠡ ᠨᠡᠶᠢᠲᠡᠯᠡᠭᠴᠢ ᠹᠧᠩ ᠷᠧᠨ ᠹᠸᠢ ᠶᠢᠨ ︽ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠎ ᠤᠨ ᠲᠣᠬᠠᠢ ᠲᠠᠶᠢᠯᠤᠮᠵᠢ
ᠨᠡᠶᠢᠲᠡᠯᠡᠭᠰᠡᠨ ᠴᠠᠭ᠄
2016/11/28
       ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠷᠬᠡ ᠶᠢᠨ  ᠠᠵᠢᠯᠯᠠᠭ᠎ᠠ ᠶᠢ ᠢᠯᠡ ᠪᠠᠶᠢᠯᠭᠠᠬᠤ ᠨᠢ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠣᠯᠣᠨ ᠬᠢᠨᠠᠯᠲᠠ ᠲᠠᠯᠪᠢᠬᠤ ᠡᠷᠬᠡ ᠶᠢ ᠪᠠᠲᠤᠯᠠᠨ᠂ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠮᠵᠢ ᠪᠣᠯᠣᠨ ᠭᠦᠢᠴᠡᠳᠬᠡᠬᠦ ᠬᠦᠴᠦᠨ ᠢ ᠨᠡᠮᠡᠭᠳᠡᠭᠦᠯᠵᠦ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ᠂ ᠰᠢᠨ᠎ᠡ ᠶᠢ ᠡᠭᠦᠳᠦᠭᠰᠡᠨ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠣᠯᠣᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠣᠭᠴᠠᠯᠠᠨ ᠪᠠᠶᠢᠭᠤᠯᠬᠤ ᠴᠢᠬᠤᠯᠠ ᠠᠭᠤᠯᠭ᠎ᠠ  ᠪᠣᠯᠣᠨ᠎ᠠ᠃ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ︽ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠂ ᠣᠯᠠᠨ ᠲᠦᠮᠡᠨ ᠳᠤ ︽ᠬᠡᠷᠡᠭᠵᠢᠭᠦᠯᠬᠦ ᠰᠠᠨᠠᠯ︾᠎ ᠤᠨ ᠭᠤᠣᠯ ᠠᠭᠤᠯᠭ᠎ᠠ ᠪᠠ ᠬᠠᠷᠠᠯᠲᠠᠲᠤ ᠡᠭᠦᠷᠭᠡ ᠶᠢ ᠭᠦᠨᠵᠡᠭᠡᠢ ᠣᠶᠢᠯᠠᠭᠠᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠭᠴᠢ ᠹᠧᠩ ᠷᠧᠨ ᠹᠸᠢ ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃      ᠰᠤᠷᠪᠤᠯᠵᠢᠯᠠᠭᠴᠢ᠄  ᠲᠠ ︽ᠬᠡᠷᠡᠭᠵᠢᠭᠦᠯᠬᠦ ᠰᠠᠨᠠᠯ︾᠎ ᠢ ᠨᠡᠶᠢᠲᠡᠯᠡᠭᠰᠡᠨ ᠠᠬᠤᠶ ᠪᠠᠶᠢᠳᠠᠯ ᠢ  ᠲᠠᠨᠢᠯᠴᠠᠭᠤᠯᠤᠭᠠᠳ ᠥᠭᠭᠦᠨ᠎ᠡ ᠤᠤ᠃      ᠹᠧᠩ ᠷᠧᠨ ᠹᠸᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠤᠩ ᠴᠢᠬᠤᠯᠠᠴᠢᠯᠠᠨ ᠦᠵᠡᠵᠦ᠂ ᠭᠤᠷᠪᠠᠳᠤᠭᠠᠷ ᠪᠥᠬᠦᠳᠡ ᠬᠤᠷᠠᠯ ᠠᠴᠠ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢ ᠢᠯᠡ ᠪᠣᠯᠭᠠᠬᠤ᠂ ᠬᠠᠮᠢᠶᠠᠷᠤᠯᠲᠠ ᠶᠢ ᠢᠯᠡ ᠪᠣᠯᠭᠠᠬᠤ᠂ ᠦᠢᠯᠡᠴᠢᠯᠡᠭᠡ ᠶᠢ ᠢᠯᠡ ᠪᠣᠯᠭᠠᠬᠤ᠂ ᠦᠷ᠎ᠡ ᠳ᠋ᠦᠩ ᠢ ᠢᠯᠡ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠲᠣᠲᠣᠷᠬᠠᠶᠢᠯᠠᠪᠠ᠃ ᠳᠥᠷᠪᠡᠳᠦᠭᠡᠷ ᠪᠥᠬᠦᠳᠡ ᠬᠤᠷᠠᠯ ᠠᠴᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ︽ᠳᠥᠷᠪᠡ ᠶᠢ ᠢᠯᠡ ᠪᠣᠯᠭᠠᠬᠤ︾ ᠲᠠᠯ᠎ᠠ ᠪᠠᠷ ᠰᠢᠢᠳᠪᠦᠷᠢᠲᠦ ᠪᠤᠳᠤᠯᠭ᠎ᠠ᠂  ᠬᠡᠷᠡᠭᠵᠢᠭᠦᠯᠦᠯᠲᠡ᠂ ᠬᠠᠮᠢᠶᠠᠷᠤᠯᠲᠠ᠂ ᠦᠢᠯᠡᠴᠢᠯᠡᠭᠡ ᠪᠣᠯᠣᠨ ᠦᠷ᠎ᠡ ᠳ᠋ᠦᠩ ︽ᠲᠠᠪᠤ ᠶᠢ ᠢᠯᠡ ᠪᠣᠯᠭᠠᠬᠤ︾ ᠪᠣᠯᠭᠠᠨ ᠥᠷᠭᠡᠳᠬᠡᠬᠦ ᠬᠡᠷᠡᠭᠲᠡᠢ ᠭᠡᠵᠦ ᠳᠤᠷᠠᠳᠪᠠ᠃ ᠡᠨᠡ ᠵᠢᠯ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠣᠨ ᠪᠣᠳᠠᠲᠠᠶ ᠡᠭᠦᠷᠭᠡ ᠢ ᠲᠣᠲᠤᠷᠬᠠᠶᠢᠯᠠᠭᠰᠠᠨ ᠤ ᠬᠠᠮᠲᠤ ᠪᠠᠰᠠ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠤᠳ ᠲᠤ ᠪᠤᠳᠠᠲᠠᠢ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠪᠣᠳᠠᠲᠠᠶ ᠳᠦᠷᠢᠮ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃ ᠲᠡᠷᠢᠭᠦᠯᠡᠭᠴᠢ ᠪᠦ᠋ ᠰᠢᠶᠤᠤ ᠯᠢᠨ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠳᠤ ︽ᠬᠡᠷᠡᠭᠵᠢᠭᠦᠯᠬᠦ ᠰᠠᠨᠠᠯ ︾᠎ ᠢ ᠲᠤᠭᠤᠷᠪᠢᠨ ᠪᠢᠴᠢᠬᠦ ᠶᠢ ᠳᠠᠭᠠᠭᠠᠯᠭᠠᠭᠰᠠᠨ ᠪᠠᠶᠢᠨ᠎ᠠ᠃ ᠲᠤᠭᠤᠷᠪᠢᠨ ᠪᠢᠴᠢᠬᠦ ᠶᠠᠪᠤᠴᠠ ᠳᠤ᠂ ᠭᠤᠣᠯᠳᠠᠭᠤ ︽ᠰᠠᠨᠠᠯ︾᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠠᠵᠢᠯ ᠤᠨ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠢ ᠦᠨᠳᠦᠰᠦᠯᠡᠭᠰᠡᠨ ᠪᠥᠭᠡᠳ ᠪᠤᠰᠤᠳ ᠮᠤᠵᠢ ᠣᠷᠣᠨ ᠤ ᠠᠮᠵᠢᠯᠲᠠ ᠎ ᠲᠠᠢ ᠲᠤᠷᠰᠢᠯᠭ᠎ᠠ ᠪᠣᠯᠣᠨ ᠠᠷᠭ᠎ᠠ ᠶᠢ ᠰᠢᠩᠭᠡᠭᠡᠨ ᠠᠪᠴᠤ  ᠲᠣᠯᠢᠳᠠᠪᠠ᠃ ︽ᠬᠡᠷᠡᠭᠵᠢᠭᠦᠯᠬᠦ ᠰᠠᠨᠠᠯ︾᠎ ᠤᠨ ᠡᠭᠡ ᠨᠤᠤᠷᠠᠭ ᠢ ᠪᠢᠴᠢᠵᠦ ᠳᠠᠭᠤᠰᠤᠭᠰᠠᠨ ᠤ ᠲᠡᠷᠠᠭ᠎ᠠ᠂ ᠡᠯ᠎ᠡ ᠠᠶᠢᠮᠠᠭ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠤᠷᠢᠳ ᠬᠤᠵᠢᠳ 3 ᠤᠳᠠᠭ᠎ᠠ ᠪᠢᠴᠢᠭ ᠢᠶᠠᠷ ᠰᠠᠨᠠᠯ ᠠᠪᠤᠭᠰᠠᠨ ᠤ ᠬᠠᠮᠲᠤ ᠳᠤᠷᠠᠳᠤᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠵᠤ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠠᠯᠪᠠᠨ ᠶᠣᠰᠣᠭᠠᠷ ᠳᠠᠷᠤᠮᠠᠯᠯᠠᠨ ᠲᠠᠷᠬᠠᠭᠠᠪᠠ᠃     ᠰᠤᠷᠪᠤᠯᠵᠢᠯᠠᠭᠴᠢ᠄ ︽ᠬᠡᠷᠡᠭᠵᠢᠭᠦᠯᠬᠦ ᠰᠠᠨᠠᠯ︾᠎ ᠳᠤ ᠶᠠᠮᠠᠷ ᠶᠠᠮᠠᠷ ᠴᠢᠬᠤᠯᠠ ᠠᠭᠤᠯᠭ᠎ᠠ ᠶᠢ ᠪᠠᠭᠲᠠᠭᠠᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠤᠬᠠᠶ ᠶᠠᠮᠠᠷ ᠶᠠᠮᠠᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠤᠢ︖      ᠹᠧᠩ ᠷᠧᠨ ᠹᠧᠢ᠄ ︽ᠬᠡᠷᠡᠭᠵᠢᠭᠦᠯᠬᠦ ᠰᠠᠨᠠᠯ︾᠎ ᠢ ᠨᠡᠶᠢᠲᠡ 8 ᠬᠡᠰᠡᠭ᠂ 24 ᠵᠦᠢᠯ ᠳᠤ ᠬᠤᠪᠢᠶᠠᠪᠠ᠃ ᠨᠢᠭᠡ ᠳᠤ ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠳᠤᠷᠠᠳᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠯᠡ ᠪᠣᠯᠭᠠᠬᠤ ᠶᠢ ᠬᠡᠪ ᠤᠨ ᠪᠠᠶᠢᠳᠠᠯ ᠪᠣᠯᠭᠠᠵᠤ᠂ ᠢᠯᠡ ᠪᠤᠰᠤ ᠪᠠᠶᠢᠯᠭᠠᠬᠤ ᠶᠢ ᠣᠨᠴᠠᠭᠠᠶ ᠪᠠᠶᠢᠳᠠᠯ ᠪᠣᠯᠭᠠᠨ᠂ ︽ᠲᠠᠪᠤᠨ ᠢᠯᠡ ᠪᠣᠯᠭᠠᠬᠤ︾᠎ ᠶᠢ ᠢᠳᠡᠪᠬᠢᠲᠡᠶ ᠲᠦᠯᠬᠢᠨ ᠠᠬᠢᠭᠤᠯᠵᠤ ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠯᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠵᠦ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ᠂ ᠰᠢᠨ᠎ᠡ ᠶᠢ ᠡᠭᠦᠳᠦᠭᠰᠡᠨ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠬᠦ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠬᠤᠶᠠᠷ ᠲᠤ ᠱᠠᠲᠤᠴᠢ ᠴᠢᠨᠠᠷᠲᠠᠶ ᠠᠵᠢᠯ ᠎ ᠤᠨ ᠬᠠᠷᠠᠯᠲᠠ ᠶᠢ ᠲᠣᠭᠲᠠᠭᠠᠪᠠ᠃ 2016 ᠣᠨ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠳᠦᠷᠢᠮ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ︔ 2018 ᠣᠨ ᠪᠣᠯᠬᠤ ᠳᠤ᠂ ᠡᠯ᠎ᠡ ᠵᠦᠢᠯ ᠤᠨ ᠠᠵᠢᠯ ᠢ ᠰᠢᠨ᠎ᠡ ᠰᠢᠪᠲᠤᠯᠤᠯᠲᠠ ᠲᠠᠢ ᠪᠣᠯᠭᠠᠵᠤ᠂ ᠢᠯᠡ ᠪᠣᠯᠭᠠᠬᠤ ᠠᠭᠤᠯᠭ᠎ᠠ ᠶᠢ ᠡᠷᠬᠡ ᠶᠢᠨ ᠠᠵᠢᠯᠯᠠᠭᠠᠨ ᠤ ᠪᠦᠬᠦ ᠴᠤᠪᠤᠷᠠᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠬᠦ ᠶᠠᠪᠤᠴᠠ ᠶᠢ ᠬᠠᠮᠤᠷᠤᠭᠤᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ︔ 2020 ᠣᠨ ᠪᠣᠯᠬᠤ ᠳᠤ᠂ ᠪᠦᠬᠦ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠶᠡᠷᠦᠩᠬᠡᠶ ᠳᠤᠨᠢ ᠰᠢᠨ᠎ᠡ ᠳᠡᠭᠲᠡᠷ ᠲᠤ ᠭᠠᠷᠭᠠᠵᠤ᠂ ᠢᠯᠡ ᠪᠣᠯᠭᠠᠬᠤ ᠶᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠵᠠᠰᠠᠭ ᠤᠨ ᠣᠷᠳᠣᠨ ᠢ ᠤᠯᠠᠮ ᠢᠯᠡ ᠲᠣᠳᠣ ᠪᠣᠯᠭᠠᠵᠤ ᠠᠷᠠᠳ ᠤᠯᠠᠨ ᠤ ᠨᠡᠩ ᠢᠯᠡᠭᠦᠦ ᠣᠶᠢᠯᠠᠭᠠᠯᠴᠠᠭ᠎ᠠ ᠪᠠ ᠢᠲᠡᠭᠡᠯ ᠳᠡᠮᠵᠢᠯᠭᠡ ᠶᠢ ᠣᠯᠬᠤ ᠪᠣᠯᠭᠠᠨ᠎ᠠ᠃ ᠭᠤᠷᠪᠠ ᠳᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠳᠣᠷᠬᠠᠶᠢᠯᠠᠪᠠ᠃ ᠡᠭᠦᠨ ᠳᠤ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠪᠦᠬᠦ ᠶᠠᠪᠤᠴᠠ ᠶᠢ ᠢᠯᠡ ᠪᠣᠯᠭᠠᠬᠤ᠂ ᠵᠠᠰᠠᠭ ᠤᠨ ᠶᠠᠪᠤᠳᠠᠯ ᠳᠤ ᠴᠢᠯᠥᠭᠡᠲᠡᠶ ᠣᠷᠣᠯᠴᠠᠬᠤ ᠶᠢ ᠥᠷᠭᠡᠳᠬᠡᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠬᠤ᠂ ᠵᠠᠰᠠᠭ ᠤᠨ ᠶᠠᠪᠤᠳᠠᠯ ᠤᠨ ᠲᠤᠬᠠᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠤᠨ ᠰᠤᠳᠤᠯᠤᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠵᠠᠮ ᠢ ᠥᠷᠭᠡᠳᠬᠡᠬᠦ ᠶᠢ ᠲᠦᠯᠬᠢᠨ ᠠᠬᠢᠭᠤᠯᠬᠤ ᠵᠢᠷᠭᠤᠭᠠᠨ ᠵᠦᠢᠯ ᠤᠨ ᠠᠵᠢᠯ ᠤᠨ ᠡᠭᠦᠷᠭᠡ ᠶᠢ ᠪᠠᠭᠲᠠᠭᠠᠵᠤ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠰᠠᠯᠠᠭ᠎ᠠ ᠮᠥᠴᠢᠷ ᠤᠳ ᠤᠨ ᠠᠵᠢᠯᠯᠠᠵᠤ ᠬᠡᠷᠡᠭᠵᠢᠭᠦᠯᠬᠦ ᠳᠤ ᠳᠥᠭᠦᠮ ᠦᠵᠡᠭᠦᠯᠪᠡ᠃ ᠲᠦᠷᠪᠡ ᠳᠤ ᠲᠡᠰ ᠳᠠᠷᠠᠭᠠᠯᠠᠯ ᠤᠨ ᠵᠢᠷᠤᠮᠵᠢᠯ ᠢ ᠨᠠᠷᠢᠯᠢᠬᠵᠢᠭᠤᠯᠪᠠ᠃ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢᠨ ᠭᠤᠣᠯ ᠴᠣᠭᠴᠠ ᠂ ᠭᠤᠣᠯ ᠠᠭᠤᠯᠭ᠎ᠠ᠂ ᠠᠵᠢᠯ ᠤᠨ ᠳᠡᠰ ᠳᠠᠷᠠᠭᠠᠯᠠᠯ ᠵᠢᠴᠢ ᠴᠠᠭ ᠤᠨ ᠬᠢᠵᠠᠭᠠᠷᠲᠤ ᠱᠠᠭᠠᠷᠳᠠᠯᠭ᠎ᠠ ᠵᠡᠷᠭᠡ ᠶᠢ ᠴᠥᠮ ᠲᠣᠳᠣᠷᠬᠠᠶ ᠲᠣᠭᠲᠠᠭᠠᠭᠰᠠᠨ ᠪᠠᠶᠢᠨ᠎ᠠ᠃ ︽ᠬᠡᠷᠡᠭᠵᠢᠭᠦᠯᠬᠦ ᠰᠠᠨᠠᠯ︾᠎ ᠨᠢ ᠥᠩᠭᠡᠷᠡᠭᠰᠡᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠶᠢᠷᠢᠯᠠᠭᠤᠯᠤᠯᠲᠠ ᠶᠢᠨ  ᠭᠦᠨᠵᠡᠭᠡᠶᠢᠷᠡᠭᠦᠯᠦᠯ ᠪᠠ ᠦᠷᠭᠦᠯᠵᠢᠯᠡᠯ ᠪᠣᠯᠬᠤ ᠮᠥᠷᠲᠡᠭᠡᠨ ᠦᠢᠯᠡᠳᠦᠯᠭᠡ ᠶᠢᠨ ᠳᠤᠮᠳᠠ ᠰᠦᠪᠡᠭᠴᠢᠯᠡᠵᠦ ᠣᠯᠣᠭᠰᠠᠨ ᠲᠤᠷᠰᠢᠯᠭ᠎ᠠ ᠪᠠ ᠠᠷᠭ᠎ᠠ ᠶᠢ ᠰᠢᠩᠭᠡᠭᠡᠨ ᠠᠪᠤᠭᠰᠠᠨ ᠢᠶᠠᠷ᠂ ᠮᠠᠰᠢ ᠤᠯᠠᠨ ᠲᠠᠯ᠎ᠠ ᠶᠢᠨ ᠰᠢᠨ᠎ᠡ ᠶᠢ ᠡᠭᠦᠳᠦᠭᠰᠡᠨ ᠠᠭᠤᠯᠭ᠎ᠠ ᠲᠠᠢ ᠪᠦᠭᠡᠳ ᠢᠯᠠᠩᠭᠤᠶ᠎ᠠ ︽ᠲᠠᠪᠤ ᠶᠢ ᠢᠯᠡ ᠪᠣᠯᠭᠠᠬᠤ︾᠎ ᠶᠢᠨ ᠬᠦᠷᠢᠶ᠎ᠡ ᠬᠡᠪᠴᠢᠶ᠎ᠡ᠂ ᠠᠭᠤᠯᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠨ ᠨᠠᠷᠢᠯᠢᠬᠵᠢᠭᠤᠯᠪᠠ᠃ ᠰᠢᠢᠳᠪᠦᠷᠢᠲᠦ ᠪᠣᠳᠣᠯᠭ᠎ᠠ ᠶᠢ ᠢᠯᠡ ᠪᠣᠯᠭᠠᠬᠤ ᠶᠢ ᠲᠦᠯᠬᠢᠨ ᠠᠬᠢᠭᠤᠯᠬᠤ ᠨᠢ ᠳᠠᠷᠤᠶ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠤᠷᠢᠳᠴᠢᠯᠠᠨ ᠢᠯᠡ ᠪᠣᠯᠭᠠᠬᠤ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠣᠳᠣᠯᠭ᠎ᠠ ᠶᠢᠨ ᠲᠥᠰᠦᠯ ᠪᠠ ᠦᠨᠳᠦᠰᠦ ᠪᠠᠷᠢᠮᠲᠠ ᠶᠢ ᠢᠯᠡ ᠪᠣᠯᠭᠠᠬᠤ ᠂ ᠤᠯᠠᠨ ᠨᠡᠶᠢᠲᠡ ᠶᠢᠨ ᠰᠠᠨᠠᠯ ᠢ ᠰᠣᠨᠣᠰᠬᠤ᠂ ᠡᠯ᠎ᠡ ᠡᠲᠡᠭᠡᠳ ᠤᠨ ᠲᠥᠯᠥᠭᠡᠯᠡᠭᠴᠢᠳ ᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠤᠷᠠᠯᠳᠤᠭᠠᠨ ᠳᠤ ᠰᠤᠯᠠ ᠣᠷᠣᠯᠴᠠᠭᠤᠯᠬᠤ᠂ ᠵᠠᠰᠠᠭ ᠤᠨ ᠣᠷᠳᠣᠨ ᠤ ᠵᠥᠪᠯᠡᠨ ᠲᠣᠭᠲᠠᠭᠰᠠᠨ ᠵᠦᠢᠯᠡᠰ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠢᠯᠡ ᠪᠣᠯᠭᠠᠬᠤ ᠳᠥᠷᠪᠡᠨ ᠭᠤᠣᠯᠳᠠᠯᠭ᠎ᠠ ᠲᠠᠢ ᠭᠤᠭᠴᠤᠭ᠎ᠠ ᠶᠢᠨ ᠳᠡᠰ ᠳᠠᠷᠠᠭᠠᠯᠠᠯ ᠤᠨ ᠱᠠᠭᠠᠷᠳᠠᠯᠭ᠎ᠠ ᠶᠢ ᠳᠦᠷᠢᠮᠵᠢᠭᠦᠯᠦᠨ᠂ ᠰᠢᠢᠳᠪᠦᠷᠢᠲᠦ ᠪᠤᠳᠤᠯᠭ᠎ᠠ ᠶᠢᠨ ᠢᠯᠡ ᠲᠣᠳᠣᠴᠠ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠬᠦ ᠶᠠᠪᠤᠳᠠᠯ ᠪᠣᠯᠣᠨ᠎ᠠ᠃ ᠬᠡᠷᠡᠭᠵᠢᠭᠦᠯᠦᠯᠲᠡ ᠶᠢ ᠢᠯᠡ ᠪᠣᠯᠭᠠᠬᠤ ᠶᠢ ᠲᠦᠯᠬᠢᠨ ᠠᠬᠢᠭᠤᠯᠬᠤ ᠨᠢ ᠳᠠᠷᠤᠶ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ᠂ ᠴᠢᠬᠤᠯᠠ ᠲᠦᠷᠦ ᠶᠢᠨ ᠪᠤᠳᠤᠯᠭ᠎ᠠ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ᠂ ᠲᠥᠰᠦᠪ ᠪᠠ ᠲᠥᠰᠦᠪ ᠤᠨ ᠭᠦᠢᠴᠡᠳᠬᠡᠯ ᠤᠨ ᠬᠡᠷᠡᠭᠵᠢᠭᠦᠯᠦᠯᠲᠡ᠂ ᠬᠢᠨᠠᠨ ᠪᠣᠳᠣᠵᠤ ᠢᠯᠡᠷᠡᠭᠦᠯᠦᠭᠰᠡᠨ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠵᠢᠴᠢ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠣᠯᠠᠨ ᠲᠦᠮᠡᠨ ᠳᠤ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠣᠶᠢᠯᠠᠭᠠᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠵᠢᠭᠦᠯᠦᠯᠲᠡ ᠶᠢᠨ ᠬᠦᠴᠦᠨ ᠢ ᠨᠡᠮᠡᠭᠳᠡᠭᠦᠯᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠭᠦᠢᠴᠡᠳ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠶᠠᠪᠤᠳᠠᠯ ᠪᠣᠯᠣᠨ᠎ᠠ᠃ ᠬᠠᠮᠢᠶᠠᠷᠤᠯᠲᠠ ᠶᠢ ᠢᠯᠡ ᠪᠣᠯᠭᠠᠬᠤ ᠎ ᠶᠢ ᠲᠦᠯᠬᠢᠨ ᠠᠬᠢᠭᠤᠯᠬᠤ ᠨᠢ ᠳᠠᠷᠤᠶ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ ᠢ ᠪᠦᠬᠦ ᠲᠠᠯ᠎ᠠ ᠪᠠᠷ  ᠳᠡᠯᠭᠡᠷᠡᠭᠦᠯᠵᠦ᠂ ᠵᠠᠰᠠᠭ ᠵᠠᠬᠢᠷᠭᠠᠨ ᠤ ᠡᠷᠬᠡ ᠶᠢ ᠳᠦᠷᠢᠮ ᠤᠨ ︽ᠰᠢᠩᠭᠡᠯᠢᠭ︾᠎ ᠲᠤ ᠦᠨᠡᠨᠬᠦ ᠬᠤᠷᠢᠵᠤ᠂ ᠢᠯᠡ ᠲᠣᠳᠣ ᠠᠵᠢᠯᠯᠠᠭᠤᠯᠵᠤ᠂ ᠤᠯᠠᠨ ᠲᠦᠮᠡᠨ ᠤ ᠬᠢᠨᠠᠯᠲᠠ ᠶᠢ ᠴᠠᠭ ᠢᠮᠠᠭᠲᠠ ᠬᠦᠯᠢᠶᠡᠬᠦ ᠪᠣᠯᠭᠠᠬᠤ ᠶᠠᠪᠤᠳᠠᠯ ᠪᠣᠯᠣᠨ᠎ᠠ᠃ ᠦᠢᠯᠡᠴᠢᠯᠡᠭᠡ ᠶᠢ ᠢᠯᠡ ᠪᠣᠯᠭᠠᠬᠤ ᠶᠢ ᠲᠦᠯᠬᠢᠨ ᠠᠬᠢᠭᠤᠯᠬᠤ᠂ ᠨᠢᠭᠡ ᠲᠠᠯ᠎ᠠ ᠪᠠᠷ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠨᠦᠬᠦᠭᠡ ᠲᠠᠯ᠎ᠠ ᠪᠠᠷ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠎ ᠶᠢᠨ ᠱᠠᠭᠠᠷᠳᠠᠯᠭ᠎ᠠ ᠶᠣᠰᠣᠭᠠᠷ᠂ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠦᠷᠭᠡᠪᠴᠢᠯᠡᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠬᠦ ᠵᠦᠭ ᠤᠷᠲᠤᠳᠬᠠᠬᠤ ᠶᠢ ᠲᠦᠯᠬᠢᠨ ᠠᠬᠢᠭᠤᠯᠵᠤ᠂ ᠰᠦᠯᠵᠢᠶ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠠᠭᠪᠤᠷ ᠢ ᠪᠦᠷᠢᠯᠳᠦᠭᠦᠯᠬᠦ ᠶᠠᠪᠤᠳᠠᠯ ᠪᠣᠯᠣᠨ᠎ᠠ᠃ ᠡᠭᠦᠨ ᠤ ᠬᠠᠮᠲᠤ ᠪᠠᠰᠠ ᠤᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠡᠷᠡᠭ ᠡᠷᠬᠢᠯᠡᠬᠦ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠤᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠦᠯᠵᠢᠶᠡᠨ ᠳᠡᠭᠡᠷ᠎ᠡ ᠬᠡᠷᠡᠭ ᠡᠷᠬᠢᠯᠡᠬᠦ ᠦᠢᠯᠡᠴᠢᠯᠡᠭᠡ ᠶᠢ ᠶᠡᠬᠡᠪᠡᠷ ᠲᠦᠯᠬᠢᠨ ᠠᠬᠢᠭᠤᠯᠤᠨ᠎ᠠ᠃ ᠦᠷ᠎ᠡ ᠳ᠋ᠦᠩ ᠢ ᠢᠯᠡ ᠪᠣᠯᠭᠠᠬᠤ ᠶᠢ ᠲᠦᠯᠬᠢᠨ ᠠᠬᠢᠭᠤᠯᠬᠤ ᠎ ᠨᠢ ᠳᠠᠷᠤᠶ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠤᠭᠤᠳ ᠴᠢᠬᠤᠯᠠ ᠶᠡᠭᠡ ᠰᠢᠢᠳᠪᠦᠷᠢᠲᠦ ᠪᠤᠳᠤᠯᠭ᠎ᠠ᠂ ᠴᠢᠬᠤᠯᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠥᠭᠵᠢᠯᠲᠡ ᠶᠢ ᠲᠦᠯᠬᠢᠨ ᠠᠬᠢᠭᠤᠯᠬᠤ ᠲᠥᠯᠥᠪᠵᠢᠭᠦᠯᠭᠡ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠂ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠤᠳ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠠᠪᠤᠳᠠᠯ ᠪᠣᠯᠣᠨ᠎ᠠ᠃ ᠡᠭᠦᠨ ᠤ ᠬᠠᠮᠲᠤ ᠪᠠᠰᠠ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠮᠥᠷᠳᠡᠨ ᠳᠠᠭᠠᠵᠤ ᠬᠠᠷᠢᠭᠤ ᠲᠤᠰᠬᠠᠬᠤ ᠪᠠ ᠦᠨᠡᠯᠡᠨ ᠵᠢᠱᠢᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠵᠦ᠂ ᠦᠷ᠎ᠡ ᠳ᠋ᠦᠩ ᠢ ᠢᠯᠡ ᠪᠣᠯᠭᠠᠬᠤ ᠢᠲᠡᠭᠡᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃      ᠰᠤᠷᠪᠤᠯᠵᠢᠯᠠᠭᠴᠢ᠄ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠤᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠲᠤᠰᠬᠠᠯ ᠭᠠᠷᠭᠠᠬᠤ ᠲᠠᠯ᠎ᠠ ᠪᠠᠷ᠂ ︽ᠬᠡᠷᠡᠭᠵᠢᠬᠦᠯᠬᠦ ᠰᠠᠨᠠᠯ︾᠎ ᠳᠤ ᠶᠠᠮᠠᠷ ᠶᠠᠮᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠤᠶ︖      ᠹᠸᠡᠭ ᠷᠧᠨ ᠹᠸᠢ᠄ ︽ᠬᠡᠷᠡᠭᠵᠢᠭᠦᠯᠬᠦ ᠰᠠᠨᠠᠯ︾᠎ ᠨᠢ ᠲᠠᠶᠢᠯᠤᠮᠵᠢ ᠬᠢᠬᠦ ᠲᠤᠰᠬᠠᠯ ᠭᠠᠷᠭᠠᠬᠤ ᠠᠵᠢᠯ ᠳᠤ ᠳᠥᠷᠪᠡᠨ ᠲᠠᠯ᠎ᠠ ᠶᠢᠨ ᠲᠣᠭᠲᠠᠭᠠᠯ ᠭᠠᠷᠭᠠᠪᠠ᠃ ᠨᠢᠭᠡ ᠳᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠳᠤ ᠬᠡᠨ ᠲᠤᠭᠤᠷᠪᠢᠭᠰᠠᠨ ᠪᠤᠯ ᠬᠡᠨ ᠲᠠᠶᠢᠯᠤᠮᠵᠢ ᠬᠢᠬᠦ ᠵᠠᠷᠴᠢᠮ ᠢ ᠵᠢᠷᠤᠮᠯᠠᠵᠤ᠂ ᠵᠠᠷᠢᠮ ᠬᠤᠯᠪᠣᠭᠳᠠᠬᠤ ᠬᠡᠪᠴᠢᠶ᠎ᠡ ᠨᠢ ᠥᠷᠭᠡᠨ᠂ ᠨᠡᠶᠢᠭᠡᠮ ᠨᠡᠶᠢᠲᠡ ᠶᠢᠨ ᠬᠢᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭᠳᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠭᠰᠠᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠦᠷᠦᠭᠦᠯᠡᠨ ᠤᠬᠠᠭᠤᠯᠵᠤ ᠲᠠᠶᠢᠯᠤᠮᠵᠢ ᠬᠢᠬᠦ ᠬᠡᠷᠡᠭᠲᠡᠶ᠃ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠲᠤᠰᠬᠠᠯ ᠭᠠᠷᠭᠠᠬᠤ ᠳᠤ ᠬᠠᠷᠢᠶ᠎ᠠ ᠣᠷᠣᠨ ᠳᠤᠨᠢ ᠬᠠᠮᠢᠶᠠᠷᠠᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠤᠯᠯᠠᠨ ᠬᠠᠮᠢᠶᠠᠷᠴᠤ ᠪᠠᠶᠢᠪᠠᠯ ᠬᠡᠨ ᠬᠠᠷᠢᠭᠤᠴᠠᠬᠤ ᠵᠠᠷᠴᠢᠮ ᠢ ᠪᠠᠷᠢᠮᠲᠠᠯᠠᠬᠤ ᠬᠡᠷᠡᠭᠲᠠᠢ᠂ ᠪᠠᠰᠠ ᠠᠳᠠᠯᠢ ᠪᠤᠰᠤ ᠪᠠᠶᠢᠳᠠᠯ ᠳᠤᠤᠷ᠎ᠠ ᠲᠤᠰᠬᠠᠯ ᠭᠠᠷᠭᠠᠬᠤ ᠠᠵᠢᠯ ᠤᠨ ᠨᠢᠭᠡᠳᠦᠭᠡᠷ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠤᠲᠤᠷᠬᠠᠶᠢᠯᠠᠭᠰᠠᠨ ᠪᠠᠶᠢᠨ᠎ᠠ᠃ ᠬᠤᠶᠠᠷ ᠲᠤ ᠠᠭᠤᠯᠭ᠎ᠠ ᠶᠢ ᠲᠤᠲᠤᠷᠬᠠᠶᠢᠯᠠᠬᠤ ᠬᠡᠷᠡᠭᠲᠠᠢ᠃ ᠲᠠᠶᠢᠯᠤᠮᠵᠢ ᠬᠢᠬᠦ ᠠᠵᠢᠯ ᠤᠨ ᠬᠠᠨᠳᠤᠯᠭᠠᠲᠤ ᠴᠢᠨᠠᠷ ᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠠᠬᠤᠶ ᠪᠠᠶᠢᠳᠠᠯ ᠤᠨ ᠦᠨᠳᠦᠰᠦ ᠪᠠᠷᠢᠮᠲᠠ᠂ ᠬᠠᠷᠠᠯᠲᠠᠲᠤ ᠡᠭᠦᠷᠭᠡ᠂ ᠭᠤᠣᠯ ᠠᠭᠤᠯᠭ᠎ᠠ᠂ ᠬᠤᠯᠪᠣᠭᠳᠠᠬᠤ ᠬᠡᠪᠴᠢᠶ᠎ᠡ᠂ ᠰᠢᠨ᠎ᠡ ᠬᠠᠭᠤᠴᠢᠨ ᠲᠦᠷᠦ ᠶᠢᠨ ᠪᠤᠳᠤᠯᠭ᠎ᠠ ᠶᠢᠨ ᠵᠥᠷᠢᠶ᠎ᠡ ᠵᠡᠷᠭᠡ ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠢ ᠭᠤᠣᠯᠳᠠᠯᠭ᠎ᠠ ᠲᠠᠢ ᠲᠠᠶᠢᠯᠪᠤᠷᠢᠯᠠᠬᠤ ᠬᠡᠷᠡᠭᠲᠠᠢ᠃ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠠᠪᠤᠴᠠ ᠳᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠲᠠ ᠮᠥᠷᠳᠡᠨ᠂ ᠲᠠᠶᠢᠯᠤᠮᠵᠢ ᠬᠢᠬᠦ ᠠᠵᠢᠯ ᠢ ᠦᠷᠭᠦᠯᠵᠢᠯᠡᠨ ᠥᠷᠨᠢᠭᠦᠯᠵᠦ᠂ ᠰᠡᠵᠢᠭ ᠲᠥᠭᠡᠷᠢᠭᠳᠡᠯ ᠢ ᠴᠠᠭ ᠲᠤᠬᠠᠶ ᠳᠤᠨᠢ ᠲᠠᠶᠢᠯᠪᠤᠷᠢᠯᠠᠨ ᠠᠯᠳᠠᠷᠠᠭᠠᠬᠤ ᠬᠡᠷᠡᠭᠲᠠᠢ᠃ ᠭᠤᠷᠪᠠ ᠳᠤ ᠠᠷᠭ᠎ᠠ ᠮᠠᠶ᠋ᠢᠭ ᠢ ᠲᠤᠲᠤᠷᠬᠠᠶᠢᠯᠠᠬᠤ ᠬᠡᠷᠡᠭᠲᠠᠢ᠃ ᠵᠡᠷᠭᠡ ᠳᠤᠨᠢ ᠲᠠᠶᠢᠯᠤᠮᠵᠢ ᠬᠢᠬᠦ ᠶᠢ ᠪᠡᠶᠡᠯᠡᠭᠦᠯᠬᠦ ᠬᠡᠷᠡᠭᠲᠠᠢ᠂ ᠲᠤᠬᠠᠶᠢᠯᠠᠪᠠᠯ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠲᠦᠷᠦ ᠶᠢᠨ ᠪᠤᠳᠤᠯᠭ᠎ᠠ ᠲᠣᠭᠲᠠᠭᠠᠬᠤ ᠲᠠᠢ ᠵᠡᠷᠭᠡ ᠳᠤᠨᠢ ᠵᠣᠬᠢᠶᠠᠨ ᠪᠠᠶᠢᠭᠤᠯᠤᠨ᠂ ᠵᠡᠷᠭᠡ ᠳᠤᠨᠢ ᠲᠣᠬᠢᠷᠠᠭᠤᠯᠵᠤ᠂ ᠲᠠᠶᠢᠯᠤᠮᠵᠢ ᠶᠢᠨ ᠲᠥᠰᠦᠯ ᠪᠣᠯᠤᠨ ᠲᠥᠷᠥ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠵᠡᠷᠭᠡ ᠳᠤᠨᠢ ᠬᠢᠨᠠᠨ ᠵᠦᠪᠰᠢᠶᠡᠷᠡᠬᠦ ᠬᠡᠷᠡᠭᠲᠠᠢ︔ ᠲᠠᠶᠢᠯᠤᠮᠵᠢ ᠬᠢᠬᠦ ᠡᠩᠨᠡᠭᠡ ᠪᠠᠶᠢᠭᠤᠯᠵᠤ᠂ ᠲᠦᠷᠦ ᠶᠢᠨ ᠪᠤᠳᠤᠯᠭ᠎ᠠ ᠲᠣᠭᠲᠠᠭᠠᠬᠤ ᠳᠤ ᠤᠷᠤᠯᠴᠠᠭᠰᠠᠨ ᠪᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠡᠵᠡᠮᠰᠢᠭᠰᠡᠨ᠂ ᠬᠤᠯᠪᠣᠭᠳᠠᠯ ᠪᠦᠬᠦᠢ ᠬᠦᠷᠢᠶᠡᠨ ᠳᠠᠬᠢ ᠲᠤᠬᠠᠶᠢᠯᠠᠭᠰᠠᠨ ᠠᠵᠢᠯ ᠢ ᠤᠶᠢᠯᠠᠭᠠᠳᠠᠭ ᠲᠤᠰᠬᠠᠶ ᠮᠡᠷᠭᠡᠵᠢᠯᠲᠡᠨ ᠡᠷᠳᠡᠮᠲᠡᠳ ᠤᠨ ᠦᠢᠯᠡᠳᠦᠯ ᠢ ᠨᠢ ᠪᠠᠳᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠳᠤ ᠭᠦᠨᠵᠡᠭᠡᠶ ᠲᠠᠶᠢᠯᠤᠮᠵᠢ ᠬᠢᠯᠭᠡᠵᠤ᠂ ᠲᠠᠶᠢᠯᠤᠮᠵᠢ ᠬᠢᠬᠦ ᠰᠢᠨᠵᠢᠯᠡᠬᠦ ᠤᠬᠠᠭᠠᠨᠴᠢ ᠴᠢᠨᠠᠷ᠂  ᠡᠷᠭᠡ ᠰᠦᠷᠲᠦ ᠴᠢᠨᠠᠷ ᠢ ᠨᠡᠮᠡᠭᠳᠡᠭᠦᠯᠬᠦ ᠬᠡᠷᠡᠭᠲᠠᠢ᠃ ᠲᠦᠷᠪᠡ ᠳᠤ᠂ ᠴᠠᠭ ᠤᠨ ᠬᠢᠵᠠᠭᠠᠷ ᠢ ᠲᠤᠲᠤᠷᠬᠠᠶᠢᠯᠠᠬᠤ ᠬᠡᠷᠡᠭᠲᠠᠢ᠃ ᠴᠠᠭ ᠲᠤᠬᠠᠶ ᠳᠤᠨᠢ ᠲᠤᠰᠬᠠᠯ ᠭᠠᠷᠭᠠᠵᠤ᠂ ᠤᠨᠴᠠᠭᠠᠢ ᠴᠢᠬᠤᠯᠠ ᠶᠡᠭᠡ᠂ ᠴᠢᠬᠤᠯᠠ ᠶᠡᠭᠡ ᠭᠡᠨᠡᠳᠲᠡ ᠶᠢᠨ ᠬᠡᠷᠡᠭ ᠲᠤ ᠬᠤᠯᠪᠤᠭᠳᠠᠬᠤ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ᠂ ᠬᠠᠮᠤᠭ ᠤᠨ ᠤᠳᠠᠭᠠᠨ ᠳᠠᠭᠠᠨ 24 ᠴᠠᠭ ᠤᠨ ᠳᠣᠲᠣᠷ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠬᠦ ᠬᠡᠷᠡᠭᠲᠠᠢ︔ ᠪᠤᠰᠤᠳ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ 48 ᠴᠠᠭ ᠤᠨ ᠳᠣᠲᠣᠷ᠎ᠠ ᠲᠤᠰᠬᠠᠯ ᠭᠠᠷᠭᠠᠬᠤ ᠬᠡᠷᠡᠭᠲᠡᠶ ᠪᠥᠭᠡᠳ ᠠᠵᠢᠯ ᠤᠨ ᠠᠬᠢᠴᠠ ᠶᠢᠨ ᠪᠠᠶᠢᠳᠠᠯ ᠢ ᠦᠨᠳᠦᠰᠦᠯᠡᠨ ᠦᠷᠭᠦᠯᠵᠢᠯᠡᠨ ᠡᠷᠭᠡ ᠰᠦᠷᠲᠦ ᠮᠡᠳᠡᠭᠡ ᠵᠠᠩᠭᠢ ᠨᠡᠶᠢᠲᠡᠯᠡᠬᠦ ᠬᠡᠷᠡᠭᠲᠠᠢ᠃      ᠰᠤᠷᠪᠤᠯᠵᠢᠯᠠᠭᠴᠢ᠄  ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠬᠦᠯᠬᠦ ᠪᠠ ᠥᠷᠭᠡᠳᠬᠡᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖      ᠹᠸᠡᠭ ᠷᠧᠨ ᠹᠸᠢ᠄ ᠨᠢᠭᠡ ᠳᠤ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠪᠤᠯᠤᠨ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠤᠷᠳᠤᠨ ᠤ ᠰᠦᠯᠵᠢᠶᠡᠨ ᠦᠷᠲᠡᠭᠡ ᠶᠢᠨ ᠪᠥᠳᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠠᠵᠢᠯᠯᠠᠭᠠᠨ ᠤ ᠬᠢᠷᠢ ᠲᠦᠪᠰᠢᠨ ᠢ ᠲᠠᠰᠤᠷᠠᠯᠲᠠ ᠦᠬᠡᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠲᠡᠭᠦᠨ ᠢ ᠮᠡᠳᠡᠭᠡ ᠵᠠᠩᠭᠢ ᠶᠢ ᠨᠡᠩ ᠪᠦᠬᠦ ᠲᠠᠯ᠎ᠠ ᠪᠠᠷ ᠢᠯᠡ ᠪᠤᠯᠭᠠᠬᠤ ᠨᠢᠭᠡᠳᠦᠭᠡᠷ ᠲᠠᠪᠴᠠᠩ᠂ ᠨᠡᠩ  ᠡᠷᠬᠡ ᠰᠦᠷᠲᠦ ᠲᠦᠷᠦ ᠶᠢᠨ ᠪᠤᠳᠤᠯᠭ᠎ᠠ ᠶᠢ ᠨᠡᠶᠢᠲᠡᠯᠡᠨ ᠲᠠᠶᠢᠯᠤᠮᠵᠢ ᠬᠢᠬᠦ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ ᠲᠠᠪᠴᠠᠩ᠂ ᠬᠠᠯᠠᠮᠰᠢᠯ ᠠᠰᠠᠭᠤᠳᠠᠯ ᠳᠤ ᠴᠠᠭ ᠲᠤᠬᠠᠶ ᠳᠤᠨᠢ ᠲᠤᠰᠬᠠᠯ ᠭᠠᠷᠭᠠᠬᠤ ᠪᠠ ᠠᠷᠠᠳ ᠲᠤ ᠨᠡᠩ ᠲᠦᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠪᠤᠯᠭᠠᠨ ᠪᠠᠶᠢᠭᠤᠯᠤᠨ᠎ᠠ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠰᠦᠷ ᠬᠦᠴᠦᠨ ᠲᠠᠢ ᠨᠡᠶᠢᠲᠡᠯᠡᠬᠦ ᠴᠢᠳᠠᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠮᠵᠢᠶᠡᠲᠤ ᠪᠢᠴᠢᠭ ᠮᠠᠲ᠋ᠧᠷᠢᠶᠠᠯ ᠢ ᠵᠢᠯᠣᠭᠤᠳᠬᠤ ᠪᠠ ᠦᠢᠯᠡᠴᠢᠯᠡᠬᠦ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠬᠤᠶᠠᠷ ᠲᠤ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠪᠠᠳᠠᠷᠠᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠳ ᠰᠣᠨᠢᠨ ᠮᠡᠳᠡᠭᠡᠨ ᠤ ᠵᠠᠭᠤᠴᠢᠯᠠᠭᠤᠷ ᠯᠤᠭ᠎ᠠ ᠶᠢᠨ ᠨᠡᠪᠲᠡᠷᠡᠯᠴᠡᠭᠡ ᠬᠤᠯᠪᠤᠯᠴᠠᠭ᠎ᠠ ᠪᠠᠨ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠮᠡᠳᠡᠭᠡ ᠵᠠᠩᠭᠢ ᠨᠡᠶᠢᠲᠡᠯᠡᠬᠦ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ᠂ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ᠂ ᠦᠨᠡᠨ ᠪᠠᠶᠢᠳᠠᠯ ᠢ ᠢᠯᠭᠠᠨ ᠲᠤᠳᠤᠯᠠᠬᠤ᠂ ᠣᠯᠠᠨ ᠤ ᠬᠠᠯᠠᠮᠰᠢᠯ ᠠᠰᠠᠭᠤᠳᠠᠯ ᠳᠤ ᠲᠤᠰᠬᠠᠯ ᠭᠠᠷᠭᠠᠬᠤ᠂ ᠠᠵᠢᠯ ᠢ ᠠᠬᠢᠭᠤᠯᠬᠤ ᠢᠳᠡᠪᠬᠢᠲᠠᠢ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠠᠢ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠪᠢᠴᠢᠯ ᠪᠦᠷᠭᠡ ᠸᠢᠴᠠᠲ ᠪᠤᠯᠤᠨ ᠰᠢᠯᠵᠢᠮᠡᠯ ᠬᠡᠷᠡᠭᠯᠡᠭᠴᠢᠳ ᠤᠨ ᠦᠵᠦᠬᠦᠷ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠬᠦᠴᠦ ᠲᠠᠯᠪᠢᠨ ᠪᠠᠶᠢᠭᠤᠯᠵᠤ᠂ ᠬᠦᠯᠢᠶᠡᠨ ᠠᠪᠤᠭᠴᠢᠳ ᠤᠨ ᠣᠨᠴᠠᠯᠢᠭ ᠪᠤᠯᠤᠨ ᠬᠡᠷᠡᠭᠴᠡᠭᠡ ᠶᠢ ᠦᠨᠳᠦᠰᠦᠯᠡᠨ᠂ ᠶᠠᠷᠢᠯᠴᠠᠬᠤ ᠰᠡᠳᠦᠪ ᠢ ᠰᠠᠨᠠᠭᠠᠴᠢᠯᠠᠭ᠎ᠠ ᠲᠠᠢ ᠪᠠᠷ ᠲᠣᠬᠢᠷᠠᠭᠤᠯᠵᠤ᠂ ᠰᠢᠨ᠎ᠡ ᠵᠠᠭᠤᠴᠢᠯᠠᠭᠤᠷ ᠢᠶᠠᠷ ᠵᠠᠰᠠᠭ ᠤᠨ ᠣᠷᠳᠣᠨ ᠤ ᠡᠷᠭᠡ ᠰᠦᠷᠲᠦ ᠮᠡᠳᠡᠭᠡ ᠵᠠᠩᠭᠢ ᠶᠢ ᠨᠡᠶᠢᠲᠡᠯᠡᠬᠦ ᠡᠷᠴᠢᠮ ᠢ ᠴᠢᠩᠭᠠᠷᠠᠭᠤᠯᠵᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠮᠡᠳᠡᠭᠡ ᠵᠠᠩᠭᠢ ᠬᠦᠷᠭᠡᠭᠦ ᠬᠠᠷᠢᠴᠠᠯ ᠢ ᠳᠡᠭᠡᠭᠰᠢᠯᠡᠭᠦᠯᠵᠦ᠂ ᠰᠢᠨ᠎ᠡ ᠵᠠᠭᠤᠴᠢᠯᠠᠭᠤᠷ ᠢᠶᠠᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠨᠡᠶᠢᠲᠡᠯᠡᠬᠦ ᠶᠢ ᠪᠠᠶᠢᠩᠭᠤᠵᠢᠭᠤᠯᠬᠤ ᠠᠵᠢᠯ ᠢ ᠪᠡᠶᠡᠯᠡᠭᠦᠯᠦᠨ᠎ᠡ᠃ ᠵᠢᠱᠢᠶᠡᠯᠡᠪᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠨᠢᠳᠤᠨᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠡᠯᠡᠯ︾᠎ ᠤᠨ ᠸᠢᠴᠠᠲ ᠤᠨ ᠲᠠᠪᠴᠠᠩ ᠢ ᠨᠡᠭᠡᠭᠡᠵᠤ᠂ ᠤᠯᠠᠨ ᠲᠦᠮᠡᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠴᠢᠬᠤᠯᠠ ᠮᠡᠳᠡᠭᠡ ᠵᠠᠩᠭᠢ ᠶᠢ ᠲᠡᠷᠡ ᠳᠣᠣᠷ᠎ᠠ ᠨᠢ ᠤᠶᠢᠯᠠᠭᠠᠬᠤ ᠎ ᠳᠤᠨᠢ ᠳᠦᠭᠦᠮ ᠦᠵᠡᠭᠦᠯᠦᠭᠰᠡᠨ ᠪᠠᠶᠢᠨ᠎ᠠ᠃      ᠰᠤᠷᠪᠤᠯᠵᠢᠯᠠᠭᠴᠢ᠄ ᠪᠢᠳᠡ ︽ᠬᠡᠷᠡᠭᠵᠢᠭᠦᠯᠬᠦ ᠰᠠᠨᠠᠯ︾᠎ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠠᠯ᠎ᠠ ᠪᠠᠷ ᠰᠢᠨ᠎ᠡ ᠲᠣᠭᠲᠠᠭᠠᠯ ᠭᠠᠷᠭᠠᠭᠰᠠᠨ ᠢ ᠠᠩᠬᠠᠷᠴᠤ ᠮᠡᠳᠡᠯ᠎ᠡ᠂ ᠲᠠᠨᠢᠯᠴᠠᠭᠤᠯᠵᠤ ᠦᠭᠭᠦᠨᠡᠦ᠃      ᠹᠧᠩ ᠷᠧᠨ ᠹᠸᠢ᠄ ᠡᠨᠡ ᠲᠠᠯ᠎ᠠ ᠪᠠᠷ ᠭᠤᠣᠯᠳᠠᠭᠤ ᠳᠦᠷᠪᠡᠨ ᠵᠦᠢᠯ ᠤᠨ ᠠᠵᠢᠯ ᠢ ᠰᠠᠶᠢᠲᠤᠷ ᠠᠳᠬᠤᠨ᠎ᠠ᠃ ᠨᠢᠭᠡ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠦᠨᠳᠦᠰᠦᠨ ᠭᠠᠷᠴᠠᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠳᠠᠯᠢ ᠪᠤᠰᠤ ᠱᠠᠲᠤ ᠳᠠᠪᠬᠤᠷᠭ᠎ᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠢᠯᠡ ᠪᠣᠯᠭᠠᠬᠤ ᠡᠷᠬᠡ ᠶᠢᠨ ᠬᠢᠵᠠᠭᠠᠷ ᠪᠠ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠰᠢᠰᠲ᠋ᠧᠮ ᠲᠠᠢ ᠡᠮᠬᠢᠯᠡᠨ ᠴᠡᠭᠴᠡᠯᠡᠵᠦ᠂ ᠢᠯᠠᠩᠭᠤᠶ᠎ᠠ ᠡᠷᠬᠡ᠂ ᠪᠡᠯᠡ ᠮᠥᠩᠭᠦ᠂ ᠠᠷᠠᠳ ᠤᠨ ᠠᠮᠢᠳᠤᠷᠠᠯ᠂ ᠬᠢᠨᠠᠯᠲᠠ ᠬᠠᠮᠢᠶᠠᠷᠤᠯᠲᠠ ᠵᠡᠷᠭᠡ ᠲᠠᠢ ᠬᠤᠯᠪᠤᠭᠳᠠᠬᠤ ᠲᠠᠯ᠎ᠠ ᠶᠢ ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ ᠪᠠᠷᠢᠮᠵᠢᠶ᠎ᠠ ᠶᠢ ᠲᠠᠰᠤᠷᠠᠯᠲᠠ ᠦᠭᠡᠢ ᠨᠠᠷᠢᠯᠢᠭᠵᠢᠭᠤᠯᠤᠨ᠎ᠠ᠃ ᠬᠤᠶᠠᠷ ᠲᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠬᠢ ᠡᠭᠦᠰᠦᠯ ᠠᠴᠠ ᠨᠢ ᠮᠠᠭᠠᠳᠯᠠᠨ ᠲᠣᠭᠲᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠦᠴᠢᠷ ᠤᠳ ᠠᠯᠪᠠᠨ ᠪᠢᠴᠢᠭ ᠬᠢᠨᠠᠭᠤᠯᠬᠤ ᠦᠶᠡᠰ᠂ ᠠᠯᠪᠠᠨ ᠪᠢᠴᠢᠭ ᠤᠨ ᠢᠯᠡ ᠪᠤᠯᠭᠠᠬᠤ ᠰᠢᠨᠵᠢ ᠴᠢᠨᠠᠷ ︵ᠪᠦᠬᠦ ᠠᠭᠤᠯᠭ᠎ᠠ ᠶᠢ ᠢᠯᠡ ᠪᠤᠯᠭᠠᠬᠤ᠂ ᠬᠠᠰᠤᠭᠰᠠᠨ ᠤ ᠳᠠᠷᠠᠭ᠎ᠠ ᠢᠯᠡ ᠪᠤᠯᠭᠠᠬᠤ᠂ ᠦᠯᠦ ᠢᠯᠡ ᠪᠣᠯᠭᠠᠬᠤ︶᠂ ᠢᠯᠡ ᠪᠤᠯᠭᠠᠬᠤ ᠠᠷᠭ᠎ᠠ ᠬᠡᠯᠪᠡᠷᠢ ︵ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ᠂ ᠢᠯᠡ ᠪᠣᠯᠭᠠᠬᠤ ᠪᠠᠷ ᠭᠤᠶᠤᠴᠢᠯᠠᠬᠤ︶ ᠵᠡᠷᠭᠡ ᠲᠠᠯ᠎ᠠ ᠶᠢᠨ ᠰᠠᠨᠠᠯ ᠢᠶᠠᠨ ᠲᠤᠳᠤᠷᠬᠠᠶᠢᠯᠠᠵᠤ᠂ ᠠᠯᠪᠠᠨ ᠪᠢᠴᠢᠭ ᠲᠠᠢ ᠬᠠᠮᠲᠤ ᠳᠤᠨᠢ ᠬᠢᠨᠠᠨ ᠵᠥᠪᠰᠢᠶᠡᠷᠡᠭᠦᠯᠬᠦ ᠬᠡᠷᠡᠭᠲᠡᠶ᠃ ᠢᠯᠡ ᠪᠣᠯᠭᠠᠬᠤ ᠪᠠᠷ ᠭᠤᠶᠤᠴᠢᠯᠠᠬᠤ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠨᠡᠶᠢᠭᠡᠮ ᠨᠡᠶᠢᠲᠡ ᠶᠢᠨ ᠬᠢᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠣᠨᠴᠠᠭᠠᠶ ᠬᠡᠷᠡᠭᠴᠡᠭᠡ ᠶᠢ ᠨᠢ ᠬᠠᠩᠭᠠᠨ᠎ᠠ᠃ ᠭᠤᠷᠪᠠ ᠳᠤ ᠢᠯᠡ ᠪᠣᠯᠭᠠᠬᠤ ᠠᠭᠤᠯᠭ᠎ᠠ ᠶᠢ ᠬᠥᠳᠡᠯᠦᠩᠭᠦᠶ ᠲᠤᠬᠢᠷᠠᠭᠤᠯᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠤᠳ ᠴᠦᠮ ᠵᠢᠯ ᠪᠦᠷᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠰᠢᠨ᠎ᠡ ᠱᠠᠭᠠᠷᠳᠠᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠢ ᠲᠤᠭᠲᠠᠭᠠᠭᠰᠠᠨ ᠪᠠ ᠵᠠᠰᠠᠪᠤᠷᠢ ᠣᠷᠣᠭᠤᠯᠤᠭᠰᠠᠨ ᠪᠠᠶᠢᠳᠠᠯ ᠵᠢᠴᠢ ᠨᠡᠶᠢᠭᠡᠮ ᠨᠡᠶᠢᠲᠡ ᠶᠢᠨ ᠬᠢᠨ ᠤ ᠠᠩᠬᠠᠷᠤᠯ ᠢ ᠦᠨᠳᠦᠰᠦᠯᠡᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠣᠨ ᠤ ᠠᠵᠢᠯ ᠤᠨ ᠲᠣᠪᠴᠢ ᠶᠢ ᠲᠣᠭᠲᠠᠭᠠᠵᠤ᠂ ᠢᠯᠡ ᠪᠣᠯᠭᠠᠬᠤ ᠠᠭᠤᠯᠭ᠎ᠠ ᠪᠠᠨ ᠨᠠᠷᠢᠯᠢᠭᠵᠢᠭᠤᠯᠬᠤ ᠬᠡᠷᠡᠭᠲᠡᠢ᠃ ᠵᠢᠯ ᠪᠦᠷᠢ ᠦᠯᠦ ᠢᠯᠠ ᠨᠡᠶᠢᠲᠡᠯᠡᠬᠦ ᠮᠡᠳᠡᠭᠡ ᠵᠠᠩᠭᠢ ᠪᠠ ᠢᠯᠡ ᠪᠤᠯᠭᠠᠬᠤ ᠪᠠᠷ ᠭᠤᠶᠤᠴᠢᠯᠠᠬᠤ ᠮᠡᠳᠡᠭᠡ ᠵᠠᠩᠭᠢ ᠪᠠᠨ ᠦᠪᠡᠷᠲᠡᠭᠡᠨ ᠪᠦᠬᠦ ᠲᠠᠯ᠎ᠠ ᠪᠠᠷ ᠪᠠᠶᠢᠴᠠᠭᠠᠵᠤ᠂ ᠢᠯᠡ ᠪᠤᠯᠭᠠᠬᠤ ᠶᠣᠰᠣᠲᠠᠶ ᠪᠠᠶᠢᠲᠠᠯ᠎ᠠ ᠢᠯᠡ ᠪᠤᠯᠭᠠᠭᠰᠠᠨ ᠦᠭᠡᠢ ᠮᠡᠳᠡᠭᠡ ᠵᠠᠩᠭᠢ ᠶᠢ ᠤᠯᠵᠤ ᠮᠡᠳᠡᠪᠡᠯ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠂ ᠢᠯᠡ ᠪᠤᠯᠭᠠᠬᠤ ᠪᠠᠷ ᠭᠤᠶᠤᠴᠢᠯᠠᠬᠤ ᠪᠠᠨ ᠬᠤᠪᠢᠷᠠᠭᠤᠯᠤᠭᠠᠳ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠵᠤ ᠪᠤᠯᠤᠨ᠎ᠠ᠃ ᠲᠦᠷᠪᠡ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠡᠰᠡᠷᠭᠦ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠰᠡᠷᠭᠦ ᠲᠠᠯ᠎ᠠ ᠶᠢᠨ ᠨᠠᠷᠢᠨ ᠳᠠᠩᠰᠠ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠲᠣᠭᠲᠠᠭᠠᠵᠤ᠂ ᠡᠯ᠎ᠡ ᠰᠠᠯᠠᠭ᠎ᠠ ᠮᠦᠴᠢᠷ ᠤᠨ ᠦᠯᠦ ᠢᠯᠡ ᠪᠣᠯᠭᠠᠬᠤ ᠬᠡᠷᠡᠭ ᠶᠠᠪᠤᠳᠠᠯ ᠪᠠ ᠦᠨᠳᠦᠰᠦ ᠪᠠᠷᠢᠮᠲᠠ ᠶᠢ ᠲᠤᠳᠤᠷᠬᠠᠶᠢᠯᠠᠬᠤ ᠶᠢᠨ ᠬᠠᠮᠲᠤ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠡᠰᠡᠷᠭᠦ ᠲᠠᠯ᠎ᠠ ᠶᠢᠨ ᠨᠠᠷᠢᠨ ᠳᠠᠩᠰᠠ ᠠᠴᠠ ᠭᠠᠳᠠᠨᠠᠬᠢ ᠵᠦᠢᠯ ᠢ ᠵᠠᠷᠴᠢᠮ ᠳᠡᠭᠡᠷ᠎ᠡ ᠪᠠᠨ ᠴᠥᠮ ᠬᠠᠤᠯᠢ ᠲᠣᠭᠲᠠᠭᠠᠯ ᠶᠣᠰᠣᠭᠠᠷ ᠢᠯᠡ ᠪᠤᠯᠭᠠᠨ᠎ᠠ᠃ ᠢᠯᠡ ᠪᠤᠯᠭᠠᠬᠤ ᠠᠴᠠ ᠡᠮᠦᠨ᠎ᠡ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠲᠦᠷᠢᠮ ᠢ ᠲᠡᠭᠦᠯᠳᠡᠷᠵᠢᠭᠦᠯᠵᠦ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠨᠢᠭᠤᠴᠠ ᠶᠢ ᠬᠠᠮᠠᠭᠠᠯᠠᠬᠤ ᠬᠠᠷᠢᠴᠠᠭ᠎ᠠ ᠶᠢ ᠲᠣᠬᠢᠲᠠᠶ ᠰᠢᠢᠳᠪᠦᠷᠢᠯᠡᠨ᠎ᠡ᠃      ᠰᠤᠷᠪᠤᠯᠵᠢᠯᠠᠭᠴᠢ᠄ ︽ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠲᠠᠷᠬᠠᠭᠠᠭᠰᠠᠨ ᠤ ᠰᠡᠭᠦᠯᠡᠷ᠂ ᠵᠠᠰᠠᠭ ᠤᠨ ᠣᠷᠳᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠨᠠᠶᠢᠳᠠᠪᠤᠷᠢᠵᠢᠭᠤᠯᠬᠤ ᠶᠠᠪᠤᠳᠠᠯ ᠢ ᠳᠥᠯᠭᠢᠨ ᠠᠬᠢᠭᠤᠯᠬᠤ ᠪᠤᠢ︖      ᠹᠧᠩ ᠷᠧᠨ ᠹᠸᠢ᠄ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠨᠠᠮ ᠤᠨ ᠬᠤᠷᠢᠶ᠎ᠠ ᠶᠢᠨ ᠨᠢᠭᠡᠳᠦᠯᠲᠡᠶ ᠤᠳᠤᠷᠢᠳᠤᠯᠭ᠎ᠠ ᠶᠢᠨ ᠳᠣᠣᠷ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠦᠷᠦᠭᠦᠯᠡᠨ ᠰᠠᠶᠢᠲᠤᠷ ᠬᠢᠵᠦ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠬᠤ ᠬᠡᠷᠡᠭᠲᠡᠢ᠃ ᠬᠤᠶᠠᠷ ᠲᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠢ ᠲᠤᠳᠤᠷᠬᠠᠶᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠠᠯᠪᠠᠨ ᠲᠢᠩᠬᠢᠮ ︵ᠭᠡᠷ︶᠎ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠲᠤᠰ ᠭᠠᠵᠠᠷ ᠣᠷᠣᠨ ᠲᠤᠰ ᠰᠢᠰᠲ᠋ᠧᠮᠵᠢ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠣᠬᠢᠶᠠᠨ ᠪᠠᠶᠢᠭᠤᠯᠤᠨ ᠵᠤᠬᠢᠴᠠᠭᠤᠯᠬᠤ᠂ ᠵᠢᠯᠣᠭᠤᠳᠴᠤ ᠲᠦᠯᠬᠢᠨ ᠠᠬᠢᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠪᠤᠲᠠᠲᠠᠢ ᠬᠠᠷᠢᠭᠤᠴᠠᠬᠤ ᠬᠡᠷᠡᠭᠲᠡᠢ᠃ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠢᠯᠡ ᠪᠣᠯᠭᠠᠬᠤ ᠪᠠ ᠵᠢᠯᠣᠭᠤᠳᠬᠤ ᠳᠠᠪᠬᠤᠷ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ ᠂ ᠲᠤᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠪᠦᠬᠦ ᠰᠢᠰᠲ᠋ᠧᠮ ᠵᠢᠴᠢ ᠬᠢᠨᠠᠨ ᠬᠠᠮᠢᠶᠠᠷᠴᠤ ᠪᠠᠶᠢᠭ᠎ᠠ ᠠᠵᠢᠯ ᠲᠦᠷᠦᠯ ᠤᠨ ᠢᠶᠠᠨ ᠬᠡᠷᠡᠭ ᠡᠷᠬᠢᠯᠡᠬᠦ ᠶᠢ ᠢᠯᠡ ᠪᠣᠯᠭᠠᠬᠤ ᠠᠵᠢᠯ ᠢ ᠬᠢᠨᠠᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃ ᠭᠤᠷᠪᠠ ᠳᠤ ᠰᠤᠷᠭᠠᠨ ᠬᠥᠮᠦᠵᠢᠯ ᠤᠨ ᠪᠤᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠯᠪᠠᠳᠠᠨ ᠤ ᠪᠣᠯᠪᠠᠰᠤᠷᠠᠭᠤᠯᠤᠯ ᠤᠨ ᠬᠢᠴᠢᠶᠡᠯ ᠲᠦᠷᠦᠯ ᠳᠤ ᠤᠷᠤᠭᠤᠯᠵᠤ᠂ ᠡᠯ᠎ᠡ ᠱᠠᠲᠤᠨ ᠤ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠳᠤ ᠲᠤᠰᠢᠭ᠍ᠯᠡᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠳ ᠢᠯᠠᠩᠭᠤᠶ᠎ᠠ ᠤᠳᠤᠷᠢᠳᠬᠤ ᠺᠠᠲᠠᠷᠴᠤᠳ ᠤᠨ ᠪᠤᠯᠪᠠᠰᠤᠷᠠᠭᠤᠯᠤᠯ ᠢ ᠴᠢᠩᠭᠠᠳᠬᠠᠵᠤ᠂ ᠢᠯᠡ ᠪᠤᠯᠭᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠮᠡᠳᠡᠭᠡ ᠵᠠᠩᠭᠢ ᠨᠡᠶᠢᠲᠡᠯᠡᠬᠦ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ᠂ ᠤᠯᠠᠨ ᠤ ᠠᠩᠬᠠᠷᠤᠯ ᠳᠤ ᠬᠠᠷᠢᠭᠤ ᠲᠤᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ 3 ᠵᠢᠯ ᠤᠨ ᠳᠣᠲᠣᠷ᠎ᠠ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠢᠵᠦ ᠪᠠᠶᠢᠭ᠎ᠠ ᠠᠵᠢᠯᠲᠠᠳ ᠢ ᠨᠢᠭᠡ ᠤᠳᠠᠭ᠎ᠠ ᠡᠭᠡᠯᠵᠢᠯᠡᠨ ᠪᠣᠯᠪᠠᠰᠤᠷᠠᠭᠤᠯᠤᠨ᠎ᠠ᠃ ᠳᠥᠷᠪᠡ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠷᠠᠭᠤᠯᠬᠤ ᠬᠡᠷᠡᠭᠲᠡᠶ᠃ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮᠵᠢ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠡᠷᠬᠡ ᠬᠦᠨᠳᠦ ᠶᠢ 4%᠎ ᠠᠴᠠ ᠳᠣᠣᠷ᠎ᠠ ᠪᠠᠶᠢᠯᠭᠠᠬᠤ ᠦᠭᠡᠢ  ᠪᠥᠭᠡᠳ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠶᠢᠳᠠᠯ ᠳᠤ ᠰᠢᠪᠠᠳᠠᠨ ᠪᠠᠶᠢᠴᠠᠭᠠᠯᠲᠠ ᠬᠢᠵᠦ᠂ ᠢᠯᠠ ᠪᠤᠯᠭᠠᠬᠤ ᠠᠵᠢᠯ ᠢ ᠪᠤᠲᠠᠲᠠᠢ ᠨᠠᠶᠢᠳᠠᠪᠤᠷᠢᠵᠢᠭᠤᠯᠤᠭᠰᠠᠨ ᠦᠭᠡᠢ ᠪᠠᠶᠢᠭᠰᠠᠳ ᠢ ᠵᠠᠷᠯᠠᠨ ᠰᠢᠭᠦᠮᠵᠢᠯᠡᠬᠦ ᠬᠡᠷᠡᠭᠲᠡᠢ︔ ᠵᠠᠰᠠᠭ ᠤᠨ ᠶᠠᠪᠤᠳᠠᠯ ᠢ ᠢᠯᠡ ᠪᠣᠯᠭᠠᠬᠤ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠢᠯᠡ ᠪᠤᠯᠭᠠᠬᠤ ᠡᠭᠦᠷᠭᠡ ᠪᠠᠨ ᠭᠦᠢᠴᠡᠳᠬᠡᠭᠰᠡᠨ ᠤᠢᠭᠡᠢ ᠪᠤᠶᠤ ᠦᠯᠦ ᠢᠯᠡ ᠪᠤᠯᠭᠠᠬᠤ ᠵᠦᠢᠯᠡᠰ ᠢ ᠢᠯᠡ ᠪᠤᠯᠭᠠᠭᠰᠠᠨ ᠪᠠ ᠬᠦᠨᠳᠦ ᠨᠣᠴᠢᠲᠠᠶ ᠨᠥᠯᠥᠭᠡ ᠦᠵᠡᠭᠦᠯᠦᠭᠰᠡᠨ ᠪᠤᠯ ᠬᠤᠯᠪᠣᠭᠳᠠᠯ ᠪᠦᠬᠦᠢ ᠨᠢᠭᠡᠴᠡ ᠪᠣᠯᠤᠨ ᠬᠦᠮᠦᠰ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠡᠭᠦᠨ ᠤ ᠬᠠᠮᠲᠤ᠂ ᠪᠢᠳᠡ ᠪᠠᠰᠠ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠠᠷᠭ᠎ᠠ ᠵᠠᠮ ᠢ ᠮᠡᠳᠡᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠷᠬᠡ ᠶᠢ ᠭᠤᠶᠤᠴᠢᠯᠠᠬᠤ ᠶᠢ ᠤᠶᠢᠯᠭᠠᠭᠤᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠠᠶᠢᠯᠭᠠᠬᠤ ᠪᠠᠷ ᠳᠠᠮᠵᠢᠭᠤᠯᠤᠨ᠂ ᠠᠷᠠᠳ ᠤᠯᠠᠨ ᠤ ᠨᠡᠩ ᠢᠯᠡᠭᠦᠦ ᠣᠶᠢᠯᠠᠭᠠᠯᠲᠠ᠂ ᠢᠲᠡᠭᠡᠯ ᠪᠠ ᠳᠡᠮᠵᠢᠯᠭᠡ ᠶᠢ ᠤᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map